ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ   -   ᠰᠢᠮᠳᠠᠭᠤᠯᠤᠨ ᠪᠠᠢ᠌ᠴᠠᠭ᠋ᠠᠵᠤ ᠪᠠᠢ᠌ᠭ᠋ᠠᠳ ᠴᠡᠭᠴᠡᠯᠡᠨ ᠰᠠᠢ᠌ᠵᠢᠷᠠᠭᠤᠯᠬᠤ
ᠲᠥᠪ᠎ᠤᠨ ᠠᠮᠢ ᠠᠬᠤᠢ ᠣᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠬᠣᠶᠠᠳᠤᠭ᠋ᠠᠷ ᠬᠢᠨᠠᠨ ᠪᠠᠢ᠌ᠴᠠᠭ᠋ᠠᠬᠤ ᠳᠤᠭᠤᠢ᠌ᠯᠠᠩ᠎ᠠᠴᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠳᠤ ᠲᠤᠰᠢᠶᠠᠨ ᠰᠢᠢ᠍ᠳᠪᠦᠷᠢᠯᠡᠭᠦᠯᠦᠭᠰᠡᠨ ᠠᠷᠪᠠᠨ ᠨᠢᠭᠡᠳᠦᠭᠡᠷ ᠪᠦᠯᠦᠭ᠎ᠤᠨ 27 ᠬᠤᠪᠢ ᠣᠯᠠᠨ ᠲᠦᠮᠡᠨ᠎ᠤ ᠵᠠᠬᠢᠳᠠᠯ ᠰᠣᠷᠪᠣᠯᠵᠢᠯᠠᠯ ᠵᠶ᠋ᠠᠷ ᠢᠯᠡᠴᠢᠯᠡᠨ ᠮᠡᠳᠡᠭᠦᠯᠦᠭᠰᠡᠨ ᠬᠡᠷᠡᠭ᠎ᠢ ᠰᠢᠢ᠍ᠳᠪᠦᠷᠢᠯᠡᠭᠰᠡᠨ ᠪᠠᠢ᠌ᠳᠠᠯ
ᠨᠡᠶ᠋ᠢᠲᠡᠯᠡᠭᠰᠡᠨ ᠴᠠᠭ᠄ 2025-06-18

      ᠲᠥᠪ᠎ᠤᠨ ᠠᠮᠢ ᠠᠬᠤᠢ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠬᠣᠶᠠᠳᠤᠭ᠋ᠠᠷ ᠬᠢᠨᠠᠨ ᠪᠠᠢ᠌ᠴᠠᠭ᠋ᠠᠬᠤ ᠳᠤᠭᠤᠢ᠌ᠯᠠᠩ (ᠳᠣᠷᠤᠭᠰᠢ 《ᠲᠥᠪ᠎ᠤᠨ ᠬᠢᠨᠠᠨ ᠪᠠᠢ᠌ᠴᠠᠭ᠋ᠠᠬᠤ ᠳᠤᠭᠤᠢ᠌ᠯᠠᠩ》 ᠭᠡᠵᠦ ᠳᠦᠭᠦᠮᠴᠢᠯᠡᠨ᠎ᠡ)᠎ᠤᠨ ᠠᠵᠢᠯ᠎ᠤᠨ ᠱᠠᠭ᠋ᠠᠷᠳᠠᠯᠭ᠎ᠠ ᠶᠣᠰᠣᠭ᠋ᠠᠷ᠂ 6 ᠰᠠᠷ᠎ᠠ ᠵᠢᠨ 17᠎ᠤ ᠡᠳᠦᠷ᠂ ᠪᠦᠬᠦ ᠣᠷᠣᠨ ᠵᠶ᠋ᠠᠷ ᠵᠶ᠋ᠠᠨ ᠲᠥᠪ᠎ᠤᠨ ᠬᠢᠨᠠᠨ ᠪᠠᠢ᠌ᠴᠠᠭ᠋ᠠᠬᠤ ᠳᠤᠭᠤᠢ᠌ᠯᠠᠩ᠎ᠠᠴᠠ ᠲᠤᠰᠢᠶᠠᠨ ᠰᠢᠢ᠍ᠳᠪᠦᠷᠢᠯᠡᠭᠦᠯᠦᠭᠰᠡᠨ ᠠᠷᠪᠠᠨ ᠨᠢᠭᠡᠳᠦᠭᠡᠷ ᠪᠦᠯᠦᠭ᠎ᠤᠨ 27 ᠬᠤᠪᠢ ᠵᠠᠬᠢᠳᠠᠯ ᠰᠤᠷᠪᠤᠯᠵᠢᠯᠠᠯ ᠵᠶ᠋ᠠᠷ ᠢᠯᠡᠴᠢᠯᠠᠨ ᠮᠡᠳᠡᠭᠦᠯᠦᠭᠰᠡᠨ ᠬᠡᠷᠡᠭ᠎ᠢ ᠪᠠᠢ᠌ᠴᠠᠭ᠋ᠠᠨ ᠰᠢᠢ᠍ᠳᠪᠦᠷᠢᠯᠡᠪᠡ᠂ ᠡᠭᠦᠨ᠎ᠳᠤ 7 ᠬᠤᠪᠢ ᠵᠢ᠎ᠨᠢ ᠨᠢᠭᠡᠳᠡ ᠰᠢᠢ᠍ᠳᠪᠦᠷᠢᠯᠡᠨ ᠳᠠᠭᠤᠰᠬᠠᠵᠤ᠂ 17 ᠬᠤᠪᠢ ᠵᠢ ᠱᠠᠳᠤᠴᠢ ᠴᠢᠨᠠᠷᠳᠠᠢ᠎ᠪᠠᠷ ᠰᠢᠢ᠍ᠳᠪᠦᠷᠢᠯᠡᠨ ᠳᠠᠭᠤᠰᠬᠠᠵᠤ᠂ 3 ᠬᠤᠪᠢ ᠵᠢ᠎ᠨᠢ ᠰᠢᠢ᠍ᠳᠪᠦᠷᠢᠯᠡᠵᠦ ᠳᠠᠭᠤᠰᠬᠠᠭ᠋ᠠᠳᠤᠢ᠂ 3 ᠨᠢᠭᠡᠴᠢ ᠵᠢ ᠵᠠᠷᠯᠢᠭᠲᠡᠨ ᠴᠡᠭᠴᠡᠯᠡᠨ ᠰᠠᠢ᠌ᠵᠢᠷᠠᠭᠤᠯᠵᠤ᠂ 8 ᠨᠢᠭᠡᠴᠢ ᠵᠢ ᠬᠡᠷᠡᠭ ᠪᠣᠯᠭ᠋ᠠᠨ ᠳᠠᠩᠰᠠᠯᠠᠵᠤ ᠰᠢᠢ᠍ᠳᠬᠡᠨ ᠲᠤᠷᠭ᠋ᠠᠵᠤ᠂ 2 ᠬᠦᠮᠤᠨ᠎ᠳᠤ ᠬᠠᠷᠢᠭᠤᠴᠠᠯᠭ᠎ᠠ ᠲᠤᠯᠭ᠋ᠠᠪᠠ᠃

      6 ᠰᠠᠷ᠎ᠠ ᠵᠢᠨ 17᠎ᠤ ᠡᠳᠤᠷ ᠪᠣᠯᠲᠠᠯ᠎ᠠ᠂ ᠪᠥᠬᠦ ᠣᠷᠣᠨ ᠵᠶ᠋ᠠᠷ ᠵᠶ᠋ᠠᠨ ᠨᠢᠭᠡᠨᠲᠡ 1 — 11 ᠳ᠋ᠣᠭᠡᠷ ᠪᠦᠯᠦᠭ᠎ᠤᠨ 395 ᠬᠤᠪᠢ ᠵᠠᠬᠢᠳᠠᠯ ᠰᠤᠷᠪᠤᠯᠵᠢᠯᠡᠯ ᠵᠶ᠋ᠠᠷ ᠢᠯᠡᠴᠢᠯᠡᠨ ᠮᠡᠳᠡᠭᠦᠯᠦᠭᠰᠡᠨ ᠬᠡᠷᠡᠭ᠎ᠢ ᠪᠠᠢ᠌ᠴᠠᠭ᠋ᠠᠨ ᠰᠢᠢ᠍ᠳᠪᠦᠷᠢᠯᠡᠵᠦ᠂ ᠡᠭᠦᠨ᠎ᠳᠤ 151 ᠬᠤᠪᠢ ᠵᠢ᠎ᠨᠢ ᠨᠢᠭᠡᠨᠲᠡ ᠰᠢᠢ᠍ᠳᠪᠦᠷᠢᠯᠡᠨ ᠳᠠᠭᠤᠰᠬᠠᠵᠤ᠂ 209 ᠬᠤᠪᠢ ᠵᠢ ᠱᠠᠲᠤᠴᠢ ᠴᠢᠨᠠᠷᠲᠠᠢ᠎ᠪᠠᠷ ᠰᠢᠢ᠍ᠳᠪᠦᠷᠢᠯᠡᠨ ᠳᠠᠭᠤᠰᠬᠠᠵᠤ᠂ 35 ᠬᠤᠪᠢ ᠵᠢ᠎ᠨᠢ ᠰᠢᠢ᠍ᠳᠪᠦᠷᠢᠯᠡᠵᠦ ᠳᠠᠭᠤᠰᠬᠠᠭ᠋ᠠᠳᠤᠢ᠂ 88 ᠨᠢᠭᠡᠴᠢ ᠵᠢ ᠵᠠᠷᠯᠢᠭᠲᠡᠨ ᠴᠡᠭᠴᠡᠯᠡᠨ ᠰᠠᠢ᠌ᠵᠢᠷᠠᠭᠤᠯᠵᠤ᠂ 46 ᠨᠢᠭᠡᠴᠢ ᠵᠢ ᠬᠡᠷᠡᠭ ᠪᠣᠯᠭ᠋ᠠᠨ ᠳᠠᠩᠰᠠᠯᠠᠵᠤ ᠲᠣᠷᠭ᠋ᠠᠨ ᠰᠢᠢ᠍ᠳᠬᠡᠵᠦ᠂ ᠵᠣᠭᠣᠰ ᠵᠶ᠋ᠠᠷ ᠲᠣᠷᠭ᠋ᠠᠭᠰᠠᠨ ᠬᠡᠮᠵᠢᠶ᠎ᠡ 251542.71 ᠲᠦᠭᠦᠷᠢᠭ᠎ᠲᠤ ᠬᠦᠷᠴᠦ᠂ 18 ᠬᠤᠪᠢ ᠵᠢ᠎ᠨᠢ ᠬᠡᠷᠡᠭ ᠪᠣᠯᠭ᠋ᠠᠨ ᠳᠠᠩᠰᠠᠯᠠᠵᠤ ᠲᠠᠩᠨᠠᠨ ᠪᠠᠢ᠌ᠴᠠᠭ᠋ᠠᠵᠤ᠂ 3 ᠬᠦᠮᠦᠨ᠎ᠢ ᠡᠷᠡᠭᠦᠦ ᠵᠢᠨ ᠬᠡᠷᠡᠭ ᠵᠶ᠋ᠡᠷ ᠲᠦᠷ ᠬᠣᠷᠢᠵᠤ᠂ 5 ᠬᠦᠮᠦᠨ᠎ᠲᠠᠢ ᠪᠣᠯᠵᠣᠨ ᠶᠠᠷᠢᠯᠴᠠᠵᠤ᠂ 8 ᠬᠦᠮᠦᠨ᠎ᠳᠤ ᠬᠠᠷᠢᠭᠤᠴᠠᠯᠭ᠎ᠠ ᠲᠤᠯᠭ᠋ᠠᠪᠠ᠃

      ᠬᠣᠯᠪᠣᠭᠳᠠᠯ ᠪᠦᠬᠦᠢ ᠵᠠᠬᠢᠳᠠᠯ ᠰᠣᠷᠪᠣᠯᠵᠢᠯᠠᠯ ᠵᠶ᠋ᠠᠷ ᠢᠯᠡᠴᠢᠯᠡᠨ ᠮᠡᠳᠡᠭᠦᠯᠦᠭᠰᠡᠨ ᠬᠡᠷᠡᠭ᠎ᠢ ᠲᠥᠪ᠎ᠤᠨ ᠬᠢᠨᠠᠨ ᠪᠠᠢ᠌ᠴᠠᠭ᠋ᠠᠬᠤ ᠳᠤᠭᠤᠢ᠌ᠯᠠᠩ᠎ᠤᠨ ᠬᠢᠨᠠᠨ ᠪᠠᠢ᠌ᠴᠠᠭ᠋ᠠᠬᠤ ᠵᠢᠨ ᠳᠠᠭ᠋ᠠᠤ ᠴᠡᠭᠴᠡᠯᠡᠨ ᠰᠠᠢ᠌ᠵᠢᠷᠠᠭᠤᠯᠬᠤ ᠠᠵᠢᠯ᠎ᠤᠨ ᠱᠠᠭ᠋ᠠᠷᠳᠠᠯᠭ᠎ᠠ ᠶᠣᠰᠣᠭ᠋ᠠᠷ ᠪᠠᠢ᠌ᠴᠠᠭ᠋ᠠᠨ ᠰᠢᠢ᠍ᠳᠪᠦᠷᠢᠯᠡᠵᠦ ᠴᠡᠭᠴᠡᠯᠡᠨ ᠰᠠᠢ᠌ᠵᠢᠷᠠᠭᠤᠯᠬᠤ ᠠᠵᠢᠯ᠎ᠢ ᠦᠷᠭᠦᠯᠵᠢᠯᠡᠨ ᠠᠬᠢᠭᠤᠯᠬᠤ ᠪᠣᠯᠣᠨ᠎ᠠ᠃

      《ᠲᠥᠪ᠎ᠤᠨ ᠠᠮᠢ ᠠᠬᠤᠢ ᠣᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠬᠢᠨᠠᠨ ᠪᠠᠢ᠌ᠴᠠᠭ᠋ᠠᠯᠲᠠ ᠵᠢᠨ ᠣᠯᠠᠨ ᠲᠦᠮᠡᠨ᠎ᠤ ᠵᠠᠬᠢᠳᠠᠯ ᠰᠣᠷᠪᠣᠯᠵᠢᠯᠠᠯ᠎ᠤᠨ ᠢᠯᠡᠴᠢᠯᠡᠨ ᠮᠡᠳᠡᠭᠦᠯᠦᠯᠲᠡ ᠵᠢ ᠰᠢᠯᠵᠢᠭᠦᠯᠦᠨ ᠰᠢᠢ᠍ᠳᠪᠦᠷᠢᠯᠡᠭᠦᠯᠬᠦ ᠪᠠ ᠬᠢᠨᠠᠨ ᠪᠠᠢ᠌ᠴᠠᠭ᠋ᠠᠬᠤ ᠵᠢᠨ ᠳᠠᠭ᠋ᠠᠤ ᠴᠡᠭᠴᠡᠯᠡᠨ ᠰᠠᠢ᠌ᠵᠢᠷᠠᠭᠤᠯᠬᠤ ᠵᠢ ᠢᠯᠡ ᠪᠣᠯᠭ᠋ᠠᠭᠰᠠᠨ ᠪᠠᠢ᠌ᠳᠠᠯ᠎ᠤᠨ ᠨᠠᠷᠢᠨ ᠠᠭᠤᠯᠭ᠎ᠠ ᠵᠢᠨ ᠬᠦᠰᠦᠨᠦᠭᠲᠦ (11 ᠳ᠋ᠦ᠍ᠭᠡᠷ ᠪᠦᠯᠦᠭ)》 (ᠨᠠᠷᠢᠨ ᠪᠠᠢ᠌ᠳᠠᠯ᠎ᠢ ᠬᠣᠶᠠᠷ ᠬᠡᠮᠵᠢᠯᠲᠦ ᠺᠣᠳ᠋᠎ᠢ ᠰᠢᠷᠪᠢᠵᠦ ᠦᠵᠡᠭᠡᠷᠡᠢ)


中央第二生态环境保护督察组交办内蒙古自治区第十一批 27 件群众信访举报件办理情况.jpg

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ