6 ᠰᠠᠷ᠎ᠠ ᠵᠢᠨ 18᠎ᠤ ᠡᠳᠦᠷ᠂ ᠲᠥᠪ᠎ᠤᠨ ᠠᠮᠢ ᠠᠨᠬᠤᠢ ᠣᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠬᠣᠶᠠᠳᠤᠭ᠋ᠠᠷ ᠬᠢᠨᠠᠨ ᠪᠠᠢ᠌ᠴᠠᠭ᠋ᠠᠬᠤ ᠳᠤᠭᠤᠢ᠌ᠯᠠᠩ᠎ᠠᠴᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠳᠤ ᠬᠣᠷᠢᠨ ᠨᠢᠭᠡᠳᠦᠭᠡᠷ ᠪᠦᠯᠦᠭ᠎ᠤᠨ ᠵᠠᠬᠢᠳᠠᠯ ᠰᠣᠷᠪᠣᠯᠵᠢᠯᠠᠯ ᠵᠶ᠋ᠠᠷ ᠢᠯᠡᠴᠢᠯᠡᠨ ᠮᠡᠳᠡᠭᠦᠯᠦᠭᠰᠡᠨ 53 ᠬᠤᠪᠢ ᠬᠡᠷᠡᠭ (ᠭᠣᠣᠯᠳᠠᠯᠭ᠎ᠠ᠎ᠲᠠᠢ ᠠᠩᠬᠠᠷᠬᠤ 6 ᠬᠤᠪᠢ)᠎ᠢ ᠰᠢᠢ᠍ᠳᠪᠦᠷᠢᠯᠡᠭᠦᠯᠬᠦ᠎ᠪᠠᠷ ᠲᠤᠰᠢᠶᠠᠵᠠᠢ᠂ ᠡᠭᠦᠨ᠎ᠳᠤ ᠤᠲᠠᠰᠤ᠎ᠪᠠᠷ ᠢᠯᠡᠴᠢᠯᠡᠨ ᠮᠡᠳᠡᠭᠦᠯᠦᠭᠰᠡᠨ ᠬᠡᠷᠡᠭ 26 ᠬᠤᠪᠢ᠂ ᠵᠠᠬᠢᠳᠠᠯ ᠵᠶ᠋ᠠᠷ ᠢᠯᠡᠴᠢᠯᠡᠨ ᠮᠡᠳᠡᠭᠦᠯᠦᠭᠰᠡᠨ ᠬᠡᠷᠡᠭ 27 ᠬᠤᠪᠢ ᠪᠣᠢ᠃ ᠲᠤᠰ ᠪᠦᠯᠦᠭ᠎ᠤᠨ ᠵᠠᠬᠢᠳᠠᠯ ᠰᠤᠷᠪᠤᠯᠵᠢᠯᠠᠯ ᠵᠶ᠋ᠠᠷ ᠢᠯᠡᠴᠢᠯᠡᠨ ᠮᠡᠳᠡᠭᠦᠯᠦᠭᠰᠡᠨ ᠬᠡᠷᠡᠭ᠎ᠲᠤ ᠬᠥᠬᠡᠬᠣᠲᠠ᠎ᠳᠤ ᠬᠣᠯᠪᠣᠭᠳᠠᠬᠤ 6 ᠬᠤᠪᠢ᠂ ᠪᠣᠭᠤᠲᠤ ᠬᠣᠲᠠ᠎ᠳᠤ ᠬᠣᠯᠪᠣᠭᠳᠠᠬᠤ 8 ᠬᠤᠪᠢ᠂ ᠬᠥᠯᠥᠨ ᠪᠤᠢ᠌ᠷ ᠬᠣᠲᠠ᠎ᠳᠤ ᠬᠣᠯᠪᠣᠭᠳᠠᠬᠤ 4 ᠬᠤᠪᠢ᠂ ᠬᠢᠩᠭ᠋ᠠᠨ ᠠᠢ᠌ᠮᠠᠭ᠎ᠲᠤ ᠬᠣᠯᠪᠣᠭᠳᠠᠬᠤ 2 ᠬᠤᠪᠢ᠂ ᠲᠥᠩᠯᠢᠶᠣᠣ ᠬᠣᠲᠠ᠎ᠳᠤ ᠬᠣᠯᠪᠣᠭᠳᠠᠬᠤ 10 ᠬᠤᠪᠢ᠂ ᠤᠯᠠᠭ᠋ᠠᠨᠬᠠᠳᠠ ᠬᠣᠲᠠ᠎ᠳᠤ ᠬᠣᠯᠪᠣᠭᠳᠠᠬᠤ 6 ᠬᠤᠪᠢ᠂ ᠰᠢᠯᠢ ᠵᠢᠨ ᠭᠣᠣᠯ ᠠᠢ᠌ᠮᠠᠭ᠎ᠲᠤ ᠬᠣᠯᠪᠣᠭᠳᠠᠬᠤ 1 ᠬᠤᠪᠢ᠂ ᠤᠯᠠᠭ᠋ᠠᠨᠴᠠᠪ ᠬᠣᠲᠠ᠎ᠳᠤ ᠬᠣᠯᠪᠣᠭᠳᠠᠬᠤ 2 ᠬᠤᠪᠢ᠂ ᠣᠷᠳᠣᠰ ᠬᠣᠲᠠ᠎ᠳᠤ ᠬᠣᠯᠪᠣᠭᠳᠠᠬᠤ 12 ᠬᠤᠪᠢ᠂ ᠦᠬᠠᠢ ᠬᠣᠲᠠ᠎ᠳᠤ ᠬᠣᠯᠪᠣᠭᠳᠠᠬᠤ 1 ᠬᠤᠪᠢ᠂ ᠠᠯᠠᠱ᠌ᠠ ᠠᠢ᠌ᠮᠠᠭ᠎ᠲᠤ ᠬᠣᠯᠪᠣᠭᠳᠠᠬᠤ 1 ᠬᠤᠪᠢ ᠪᠣᠢ᠃ ᠲᠤᠰ ᠪᠦᠯᠦᠭ ᠵᠠᠬᠢᠳᠠᠯ ᠰᠤᠷᠪᠤᠯᠵᠢᠯᠠᠯ ᠵᠶ᠋ᠠᠷ ᠢᠯᠡᠴᠢᠯᠡᠨ ᠮᠡᠳᠡᠭᠦᠯᠦᠭᠰᠡᠨ ᠬᠡᠷᠡᠭ᠎ᠲᠤ ᠤᠰᠤᠨ᠎ᠤ ᠪᠤᠬᠢᠷᠳᠤᠯ᠎ᠤᠨ ᠬᠡᠷᠡᠭ 5 ᠬᠤᠪᠢ᠂ ᠠᠭ᠋ᠠᠷ ᠮᠠᠨᠳᠠᠯ᠎ᠤᠨ ᠪᠣᠬᠢᠷᠳᠤᠯ᠎ᠤᠨ ᠬᠡᠷᠡᠭ 5 ᠬᠤᠪᠢ᠂ ᠬᠦᠷᠦᠰᠦ ᠰᠢᠷᠣᠢ ᠵᠢᠨ ᠪᠣᠬᠢᠷᠳᠣᠯ᠎ᠤᠨ ᠬᠡᠷᠡᠭ 5 ᠬᠤᠪᠢ᠂ ᠠᠮᠢ ᠠᠬᠤᠢ ᠵᠢ ᠡᠪᠳᠡᠭᠰᠡᠨ ᠬᠡᠷᠡᠭ 32 ᠬᠤᠪᠢ᠂ ᠱᠤᠤᠭᠢᠶᠠᠨ᠎ᠤ ᠪᠣᠬᠢᠷᠳᠣᠯ᠎ᠤᠨ ᠬᠡᠷᠡᠭ 4 ᠬᠤᠪᠢ᠂ ᠪᠣᠰᠣᠳ ᠠᠰᠠᠭᠤᠳᠠᠯ᠎ᠤᠨ ᠬᠡᠷᠡᠭ 2 ᠬᠤᠪᠢ ᠪᠣᠢ᠃ ᠲᠤᠬᠠᠢ ᠵᠢᠨ ᠡᠳᠦᠷ ᠳᠡᠭᠡᠷᠡᠬᠢ ᠵᠠᠬᠢᠳᠠᠯ ᠰᠣᠷᠪᠣᠯᠵᠢᠯᠠᠯ ᠵᠶ᠋ᠠᠷ ᠢᠯᠡᠴᠢᠯᠡᠨ ᠮᠡᠳᠡᠭᠦᠯᠦᠭᠰᠡᠨ ᠬᠡᠷᠡᠭ᠎ᠢ ᠴᠥᠮ ᠬᠣᠯᠪᠣᠭᠳᠠᠯ ᠪᠦᠬᠦᠢ ᠠᠢ᠌ᠮᠠᠭ ᠬᠣᠲᠠ᠎ᠳᠤ ᠰᠢᠯᠵᠢᠭᠦᠯᠦᠨ ᠪᠠᠢ᠌ᠴᠠᠭ᠋ᠠᠨ ᠰᠢᠢ᠍ᠳᠪᠦᠷᠢᠯᠡᠭᠦᠯᠵᠦ ᠪᠠᠢ᠌ᠨ᠎ᠠ᠃
6 ᠰᠠᠷ᠎ᠠ ᠵᠢᠨ 18᠎ᠤ ᠡᠳᠦᠷ ᠪᠣᠯᠲᠠᠯ᠎ᠠ᠂ ᠲᠥᠪ᠎ᠤᠨ ᠠᠮᠢ ᠠᠬᠤᠢ ᠣᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠬᠣᠶᠠᠳᠤᠭ᠋ᠠᠷ ᠬᠢᠨᠠᠨ ᠪᠠᠢ᠌ᠴᠠᠭ᠋ᠠᠬᠤ ᠳᠤᠭᠤᠢ᠌ᠯᠠᠩ᠎ᠠᠴᠠ ᠮᠠᠨ᠎ᠤ ᠣᠷᠣᠨ᠎ᠳᠤ ᠵᠠᠬᠢᠳᠠᠯ ᠰᠤᠷᠪᠤᠯᠵᠢᠯᠠᠯ ᠵᠶ᠋ᠠᠷ ᠢᠯᠡᠴᠢᠯᠡᠨ ᠮᠡᠳᠡᠭᠦᠯᠦᠭᠰᠡᠨ ᠬᠡᠷᠡᠭ᠎ᠢ ᠨᠡᠢ᠌ᠲᠡ ᠬᠣᠷᠢᠨ ᠨᠢᠭᠡ ᠪᠦᠯᠦᠭ᠂ 953 ᠬᠤᠪᠢ (ᠭᠣᠣᠯᠳᠠᠯᠭ᠎ᠠ᠎ᠲᠠᠢ ᠠᠩᠬᠠᠷᠬᠤ 116 ᠬᠤᠪᠢ) ᠵᠢ ᠰᠢᠢ᠍ᠳᠪᠦᠷᠢᠯᠡᠭᠦᠯᠬᠦ᠎ᠪᠠᠷ ᠲᠤᠰᠢᠶᠠᠪᠠ᠂ ᠡᠭᠦᠨ᠎ᠳᠤ ᠤᠲᠠᠰᠤ᠎ᠪᠠᠷ ᠢᠯᠡᠴᠢᠯᠡᠨ ᠮᠡᠳᠡᠭᠦᠯᠦᠭᠰᠡᠨ ᠬᠡᠷᠡᠭ 568 ᠬᠤᠪᠢ᠂ ᠵᠠᠬᠢᠳᠠᠯ ᠵᠶ᠋ᠠᠷ ᠢᠯᠡᠴᠢᠯᠡᠨ ᠮᠡᠳᠡᠭᠦᠯᠦᠭᠰᠡᠨ ᠬᠡᠷᠡᠭ 385 ᠬᠤᠪᠢ ᠪᠣᠢ᠃ 953 ᠬᠤᠪᠢ ᠵᠠᠬᠢᠳᠠᠯ ᠰᠤᠷᠪᠤᠯᠵᠢᠯᠠᠯ ᠵᠶ᠋ᠠᠷ ᠢᠯᠡᠴᠢᠯᠡᠨ ᠮᠡᠳᠡᠭᠦᠯᠦᠭᠰᠡᠨ ᠬᠡᠷᠡᠭ᠎ᠲᠤ ᠬᠥᠬᠡᠬᠣᠲᠠ᠎ᠳᠤ ᠬᠣᠯᠪᠣᠭᠳᠠᠬᠤ 160 ᠬᠤᠪᠢ᠂ ᠪᠤᠭᠤᠲᠤ ᠬᠣᠲᠠ᠎ᠳᠤ ᠬᠣᠯᠪᠣᠭᠳᠠᠬᠤ 76 ᠬᠤᠪᠢ᠂ ᠬᠥᠯᠥᠨ ᠪᠤᠢ᠌ᠷ ᠬᠣᠲᠠ᠎ᠳᠤ ᠬᠣᠯᠪᠣᠭᠳᠠᠬᠤ 85 ᠬᠤᠪᠢ᠂ ᠬᠢᠩᠭ᠋ᠠᠨ ᠠᠢ᠌ᠮᠠᠭ᠎ᠲᠤ ᠬᠣᠯᠪᠣᠭᠳᠠᠬᠤ 68 ᠬᠤᠪᠢ᠂ ᠲᠥᠩᠯᠢᠶᠤᠤ ᠬᠣᠲᠠ᠎ᠳᠤ ᠬᠣᠯᠪᠣᠭᠳᠠᠬᠤ 120 ᠬᠤᠪᠢ᠂ ᠤᠯᠠᠭ᠋ᠠᠨᠬᠠᠳᠠ ᠬᠣᠲᠠ᠎ᠳᠤ ᠬᠣᠯᠪᠣᠭᠳᠠᠬᠤ 116 ᠬᠤᠪᠢ᠂ ᠰᠢᠯᠢ ᠵᠢᠨ ᠭᠣᠣᠯ ᠠᠢ᠌ᠮᠠᠭ᠎ᠲᠤ ᠬᠣᠯᠪᠣᠭᠳᠠᠬᠤ 27 ᠬᠤᠪᠢ᠂ ᠤᠯᠠᠭ᠋ᠠᠨᠴᠠᠪ ᠬᠣᠲᠠ᠎ᠳᠤ ᠬᠣᠯᠪᠤᠭᠳᠠᠬᠤ 60 ᠬᠤᠪᠢ᠂ ᠣᠷᠳᠣᠰ ᠬᠣᠲᠠ᠎ᠳᠤ ᠬᠣᠯᠪᠣᠭᠳᠠᠬᠤ 153 ᠬᠤᠪᠢ᠂ ᠪᠠᠶᠠᠨᠨᠠᠭᠤᠷ ᠬᠣᠲᠠ᠎ᠳᠤ ᠬᠣᠯᠪᠣᠭᠳᠠᠬᠤ 54 ᠬᠤᠪᠢ᠂ ᠦᠬᠠᠢ ᠬᠣᠲᠠ᠎ᠳᠤ ᠬᠣᠯᠪᠣᠭᠳᠠᠬᠤ 24 ᠬᠤᠪᠢ᠂ ᠠᠯᠠᠱ᠌ᠠ ᠠᠢ᠌ᠮᠠᠭ᠎ᠲᠤ ᠬᠣᠯᠪᠣᠭᠳᠠᠬᠤ 10 ᠬᠤᠪᠢ ᠪᠣᠢ᠃