ᠨᠢᠭᠡ ᠭᠣᠣᠯ ᠰᠢᠵᠢᠮ᠎ᠢ ᠲᠤᠭᠤᠰᠢᠲᠠᠢ ᠨᠠᠢ᠌ᠳᠠᠪᠤᠷᠢᠵᠢᠭᠤᠯᠤᠨ᠎ᠠ   -   ᠲᠥᠷᠥ ᠵᠢᠨ ᠪᠣᠳᠣᠯᠭ᠎ᠠ ᠵᠢᠨ ᠲᠠᠢ᠌ᠯᠤᠮᠵᠢ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠴᠢᠬᠤᠯᠠ ᠡᠨᠧᠷᠭᠢ ᠪᠠ ᠪᠠᠢ᠌ᠯᠳᠤᠬᠤ ᠪᠣᠳᠣᠯᠭ᠎ᠠ ᠵᠢᠨ ᠡᠬᠢ ᠪᠠᠶᠠᠯᠢᠭ᠎ᠤᠨ ᠰᠠᠭᠤᠷᠢᠨ᠎ᠤ ᠪᠦᠲᠦᠭᠡᠨ ᠪᠠᠢ᠌ᠭᠤᠯᠤᠯᠲᠠ ᠵᠢ ᠠᠬᠢᠭᠤᠯᠬᠤ ᠳᠦᠷᠢᠮ
ᠨᠡᠶ᠋ᠢᠲᠡᠯᠡᠭᠰᠡᠨ ᠴᠠᠭ᠄ 2025-05-13


       ᠲᠤᠰ ᠳᠦᠷᠢᠮ᠎ᠳᠤ ᠨᠡᠢ᠍ᠢ᠍ᠳᠡ 9 ᠪᠦᠯᠦᠭ 79 ᠵᠦᠢ᠍ᠯ ᠪᠠᠢ᠌ᠵᠤ ᠂  ᠤᠯᠤᠰ᠎ᠤᠨ ᠴᠢᠬᠤᠯᠠ ᠡᠨᠧᠷᠭᠢ ᠪᠠ ᠪᠠᠢ᠌ᠯᠳᠤᠬᠤ ᠪᠣᠳᠣᠯᠭ᠎ᠠ ᠵᠢᠨ ᠡᠬᠢ ᠪᠠᠶᠠᠯᠢᠭ᠎ᠤᠨ ᠰᠠᠭᠤᠷᠢᠨ᠎ᠤ  ᠪᠦᠲᠦᠭᠡᠨ ᠪᠠᠢ᠌ᠭᠤᠯᠤᠯᠲᠠ ᠵᠢᠨ  ᠵᠢᠯᠤᠭᠣᠳᠬᠤ ᠦᠵᠡᠯ ᠰᠠᠨᠠᠭ᠎ᠠ᠂  ᠬᠠᠷᠠᠯᠲᠠᠲᠤ  ᠡᠭᠦᠷᠭᠡ ᠵᠢ ᠲᠣᠳᠣᠷᠬᠠᠢ᠌ᠯᠠᠭᠰᠠᠨ  ᠪᠥᠭᠡᠳ  ᠤᠯᠠᠮᠵᠢᠯᠠᠯᠲᠤ  ᠡᠨᠧᠷᠭᠢ᠂  ᠰᠢᠨ᠎ᠡ  ᠡᠨᠧᠷᠭᠢ᠂  ᠪᠠᠢ᠌ᠯᠳᠤᠬᠤ ᠪᠣᠳᠣᠯᠭ᠎ᠠ ᠵᠢᠨ ᠡᠬᠢ ᠪᠠᠶᠠᠯᠢᠭ᠎ᠢ ᠨᠡᠭᠡᠭᠡᠨ ᠠᠰᠢᠭᠯᠠᠬᠤ ᠪᠠ  ᠦᠢ᠍ᠯᠡᠳᠪᠦᠷᠢᠯᠡᠯ ᠬᠠᠩᠭ᠋ᠠᠯᠭ᠎ᠠ ᠨᠥᠭᠡᠴᠡᠯᠡᠯᠲᠡ ᠪᠣᠷᠤᠯᠠᠭᠤᠯᠭ᠎ᠠ ᠵᠢᠨ  ᠲᠣᠭᠲᠠᠯᠴᠠᠭ᠎ᠠ ᠵᠢᠨ  ᠪᠠᠢ᠌ᠭᠤᠯᠤᠯᠲᠠ ᠵᠢᠴᠢ ᠬᠣᠯᠪᠣᠭᠳᠠᠯ ᠪᠦᠬᠦᠢ ᠪᠠᠲᠤᠯᠠᠭ᠎ᠠ ᠵᠢᠨ ᠠᠷᠭ᠎ᠠ ᠬᠡᠮᠵᠢᠶ᠎ᠡ ᠵᠡᠷᠭᠡ ᠵᠢᠨ ᠲᠠᠯ᠎ᠠ᠎ᠪᠠᠷ ᠪᠣᠳᠠᠲᠠᠢ ᠲᠣᠭᠲᠠᠭ᠋ᠠᠯ ᠭᠠᠷᠭ᠋ᠠᠪᠠ ᠃ 

     01  ᠵᠢᠯᠤᠭᠣᠳᠬᠤ ᠦᠵᠡᠯ ᠰᠠᠨᠠᠭ᠎ᠠ ᠵᠢᠴᠢ  ᠬᠠᠷᠠᠯᠲᠠᠲᠤ  ᠡᠭᠦᠷᠭᠡ ᠵᠢᠨ ᠲᠤᠬᠠᠢ

       ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠢᠯᠡᠳᠬᠡᠯ᠎ᠳᠤ 《ᠡᠨᠧᠷᠭᠢ ᠵᠢᠨ ᠬᠤᠪᠢᠰᠬᠠᠯ᠎ᠢ ᠭᠦᠨᠵᠡᠭᠡᠢ ᠠᠬᠢᠭᠤᠯᠵᠤ ᠂ ᠡᠨᠧᠷᠭᠢ ᠵᠢᠨ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠬᠡᠷᠡᠭᠲᠡᠢ 》 ᠬᠡᠮᠡᠨ  ᠲᠣᠳᠣᠷᠬᠠᠢ ᠳᠤᠷᠠᠳᠤᠨ  ᠭᠠᠷᠭ᠋ᠠᠭᠰᠠᠨ ᠪᠠᠢ᠌ᠳᠠᠭ ᠃  ᠳᠦᠷᠢᠮ᠎ᠳᠤ ᠶᠡᠷᠦᠩᠬᠡᠢ ᠱᠦᠵᠢ ᠰᠢ  ᠵᠢᠨ ᠫᠢᠩ᠎ᠤᠨ  ᠥᠪᠥᠷ ᠮᠣᠩᠭᠣᠯ᠎ᠳᠤ  ᠵᠢᠭ᠋ᠠᠪᠤᠷᠢᠯᠠᠭᠰᠠᠨ  ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ  ᠪᠠ  ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ  ᠲᠤᠭᠤᠰᠢᠯᠠᠭᠤᠯᠤᠨ  ᠨᠠᠢ᠌ᠳᠠᠪᠤᠷᠢᠵᠢᠭᠤᠯᠬᠤ᠎ᠪᠠᠷ ᠳᠣᠣᠷᠠᠬᠢ ᠵᠦᠢ᠍ᠯᠡᠰ᠎ᠢ ᠲᠣᠳᠣᠷᠬᠠᠢ ᠳᠣᠭᠲᠠᠭ᠋ᠠᠪᠠ ᠂  ᠤᠯᠤᠰ᠎ᠤᠨ ᠴᠢᠬᠤᠯᠠ ᠡᠨᠧᠷᠭᠢ  ᠪᠠ  ᠪᠠᠢ᠌ᠯᠳᠤᠬᠤ ᠪᠣᠳᠣᠯᠭ᠎ᠠ ᠵᠢᠨ ᠡᠬᠢ ᠪᠠᠶᠠᠯᠢᠭ᠎ᠤᠨ ᠰᠠᠭᠤᠷᠢᠨ᠎ᠢ ᠪᠦᠲᠦᠭᠡᠨ  ᠪᠠᠢ᠌ᠭᠤᠯᠬᠤ᠎ᠳᠤ ᠂  ᠰᠢ  ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠵᠤ ᠂  ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠵᠢ  ᠪᠠᠷᠢᠮᠲᠠᠯᠠᠨ ᠂  ᠨᠠᠮ᠎ᠤᠨ ᠲᠥᠪ ᠬᠣᠷᠢᠶᠠᠨ᠎ᠤ ᠥᠪᠥᠷ ᠮᠣᠩᠭᠣᠯ᠎ᠳᠠᠬᠢ  ᠪᠠᠢ᠌ᠯᠳᠤᠬᠤ ᠪᠣᠳᠣᠯᠭ᠎ᠠ ᠵᠢᠨ ᠪᠠᠢ᠌ᠷᠢ ᠲᠣᠭᠲᠠᠭ᠋ᠠᠯᠲᠠ ᠵᠢ ᠪᠠᠲᠤ ᠡᠵᠡᠮᠰᠢᠵᠦ ᠂  ᠰᠢᠨ᠎ᠡ ᠬᠥᠭᠵᠢᠯᠲᠡ ᠵᠢᠨ  ᠣᠨᠣᠯᠵᠢᠬᠤᠨ᠎ᠢ ᠪᠦᠷᠢᠨ ᠪᠦᠲᠦᠨ ᠂  ᠵᠥᠪ  ᠣᠨᠣᠪᠴᠢᠲᠠᠶ ᠂  ᠪᠦᠬᠦ ᠲᠠᠯ᠎ᠠ᠎ᠪᠠᠷ ᠲᠤᠭᠤᠰᠢᠯᠠᠭᠤᠯᠵᠤ᠂  ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ  ᠪᠠᠲᠤ ᠴᠣᠭᠴᠠᠯᠠᠬᠤ᠎ᠪᠠᠷ ᠭᠣᠣᠯ  ᠰᠢᠵᠢᠮ  ᠪᠣᠯᠭ᠋ᠠᠵᠤ ᠂  ᠠᠮᠢ ᠠᠬᠤᠢ ᠵᠢ  ᠤᠷᠢᠳ ᠵᠶ᠋ᠠᠷ ᠪᠣᠳᠣᠯᠬᠢᠯᠠᠬᠤ ᠂  ᠪᠣᠬᠢᠷᠲᠤᠯ ᠦᠭᠡᠢ ᠬᠥᠭᠵᠢᠭᠦᠯᠬᠦ᠎ᠪᠠᠷ ᠤᠳᠤᠷᠢᠳᠤᠮᠵᠢ ᠪᠣᠯᠭ᠋ᠠᠵᠤ ᠂  ᠤᠯᠠᠮᠵᠢᠯᠠᠯᠲᠤ ᠡᠨᠧᠷᠭᠢ ᠵᠢᠨ ᠠᠵᠤ ᠦᠢ᠍ᠯᠡᠰ᠎ᠤᠨ ᠬᠡᠯᠪᠡᠷᠢ᠎ᠪᠠᠨ  ᠬᠤᠪᠢᠷᠠᠭᠤᠯᠤᠨ ᠲᠠᠰ  ᠳᠡᠪᠰᠢᠭᠦᠯᠬᠦ ᠵᠢ  ᠠᠬᠢᠭᠤᠯᠵᠤ ᠂  ᠪᠣᠬᠢᠷᠲᠤᠯ ᠦᠭᠡᠢ ᠡᠨᠧᠷᠭᠢ ᠵᠢ  ᠶᠡᠬᠡ᠎ᠪᠠᠷ  ᠬᠥᠭᠵᠢᠭᠦᠯᠵᠦ ᠂  ᠬᠣᠪᠣᠷ ᠰᠢᠷᠣᠢ ᠵᠡᠷᠭᠡ ᠪᠠᠢ᠌ᠯᠳᠤᠬᠤ ᠪᠣᠳᠣᠯᠭ᠎ᠠ ᠵᠢᠨ ᠡᠬᠢ ᠪᠠᠶᠠᠯᠢᠭ᠎ᠢ ᠬᠠᠮᠠᠭ᠋ᠠᠯᠠᠬᠤ ᠴᠢᠨᠠᠷᠲᠠᠢ᠎ᠪᠠᠷ ᠨᠡᠭᠡᠭᠡᠨ ᠬᠥᠭᠵᠢᠭᠦᠯᠬᠦ ᠂  ᠴᠢᠨᠠᠷ ᠰᠠᠢ᠌ᠲᠠᠢ ᠠᠰᠢᠭᠯᠠᠬᠤ ᠂  ᠵᠢᠷᠤᠮᠵᠢᠭᠤᠯᠤᠨ ᠬᠠᠮᠢᠶᠠᠷᠬᠤ ᠵᠢ ᠴᠢᠩᠭ᠋ᠠᠳᠬᠠᠨ ᠂  ᠡᠨᠧᠷᠭᠢ ᠵᠢᠨ ᠡᠬᠢ ᠪᠠᠶᠠᠯᠢᠭ᠎ᠢ ᠲᠤᠬᠠᠢ ᠵᠢᠨ ᠭᠠᠵᠠᠷ ᠎ᠲᠤ᠎ᠪᠠᠨ  ᠭᠦᠨᠵᠡᠭᠡᠢ  ᠡᠳ᠋ᠰᠢᠭᠦᠯᠦᠨ ᠪᠣᠯᠪᠠᠰᠤᠷᠠᠭᠤᠯᠬᠤ ᠵᠢ ᠴᠢᠩᠭ᠋ᠠᠳᠬᠠᠵᠤ ᠂  ᠤᠯᠤᠰ᠎ᠤᠨ ᠴᠢᠬᠤᠯᠠ ᠡᠨᠧᠷᠭᠢ ᠵᠢᠨ ᠰᠠᠭᠤᠷᠢᠨ᠎ᠢ ᠪᠤᠵᠠᠭ᠋ᠠᠢ᠌ᠷᠠᠭᠤᠯᠤᠨ ᠬᠦᠴᠦᠷᠬᠡᠭᠵᠢᠭᠦᠯᠵᠦ ᠂  ᠪᠠᠢ᠌ᠯᠳᠤᠬᠤ ᠪᠣᠳᠣᠯᠭ᠎ᠠ ᠵᠢᠨ ᠡᠬᠢ ᠪᠠᠶᠠᠯᠢᠭ᠎ᠤᠨ ᠠᠵᠤ ᠦᠢ᠍ᠯᠡᠰ᠎ᠢ ᠰᠠᠢ᠌ᠲᠤᠷ ᠬᠥᠭᠵᠢᠭᠦᠯᠦᠨ᠎ᠡ ᠃ 

      02 ᠤᠯᠠᠮᠵᠢᠯᠠᠯᠲᠤ  ᠡᠨᠧᠷᠭᠢ ᠵᠢ ᠨᠡᠭᠡᠭᠡᠨ ᠠᠰᠢᠭᠯᠠᠬᠤ  ᠲᠤᠬᠠᠢ 

       ᠥᠪᠥᠷ ᠮᠣᠩᠭᠣᠯ᠎ᠤᠨ ᠨᠡᠭᠦᠷᠡᠰᠦᠨ᠎ᠤ ᠡᠬᠢ ᠪᠠᠶᠠᠯᠢᠭ᠎ᠤᠨ  ᠪᠠᠲᠤᠯᠠᠭ᠋ᠠᠲᠤ ᠬᠠᠳᠠᠭ᠋ᠠᠯᠠᠭᠳᠠᠴᠠ ᠵᠢᠨ  ᠬᠡᠮᠵᠢᠶ᠎ᠡ ᠪᠥᠬᠥ ᠤᠯᠤᠰ᠎ᠤᠨ ᠳᠥᠷᠪᠡᠨ᠎ᠤ ᠨᠢᠭᠡ᠎ᠠᠴᠠ ᠳᠡᠭᠡᠭᠰᠢᠬᠢ  ᠬᠤᠪᠢ ᠵᠢ  ᠡᠵᠡᠯᠡᠨ ᠂  ᠴᠢᠯᠠᠭᠤᠨ  ᠲᠣᠰᠣ  ᠰᠢᠲᠠᠮᠠᠬᠠᠢ  ᠬᠡᠢ ᠵᠢᠨ ᠡᠬᠢ ᠪᠠᠶᠠᠯᠢᠭ᠎ᠤᠨ ᠳᠠᠯᠳᠠ ᠬᠦᠴᠦᠨ ᠯᠤᠲᠤ ᠶᠡᠬᠡ ᠪᠠᠢ᠌ᠨ᠎ᠠ ᠃  ᠤᠯᠤᠰ᠎ᠤᠨ ᠡᠨᠧᠷᠭᠢ ᠵᠢᠨ ᠠᠮᠤᠷ ᠲᠦᠪᠰᠢᠨ  ᠪᠠ  ᠠᠵᠤ ᠦᠢ᠍ᠯᠡᠰ᠎ᠤᠨ ᠬᠡᠯᠬᠢᠶ᠎ᠡ ᠬᠠᠩᠭ᠋ᠠᠯᠭ᠎ᠠ ᠵᠢᠨ  ᠬᠡᠯᠬᠢᠶᠡᠨ᠎ᠤ  ᠠᠮᠤᠷ ᠲᠦᠪᠰᠢᠨ᠎ᠢ ᠪᠠᠲᠤᠯᠠᠬᠤ ᠲᠠᠯ᠎ᠠ᠎ᠪᠠᠷ ᠴᠤ᠌ ᠲᠡᠷᠡ ᠂  ᠤᠯᠤᠰ᠎ᠤᠨ ᠡᠨᠧᠷᠭᠢ ᠵᠢᠨ ᠪᠠᠢ᠌ᠯᠳᠤᠬᠤ ᠪᠣᠳᠣᠯᠭ᠎ᠠ ᠵᠢᠨ ᠪᠠᠢ᠌ᠷᠢᠰᠢᠭᠤᠯᠤᠯᠲᠠ ᠵᠢ ᠰᠢᠯᠢᠳᠡᠭᠵᠢᠭᠦᠯᠬᠦ  ᠪᠠ  ᠪᠦᠬᠦ ᠤᠯᠤᠰ ᠵᠶ᠋ᠠᠷ ᠵᠶ᠋ᠠᠨ 《ᠬᠣᠣᠰ ᠨᠡᠭᠦᠷᠡᠰᠦᠲᠥ᠋ᠷᠥᠭᠴᠢ 》 ᠵᠢᠨ  ᠪᠠᠢ᠌ᠯᠳᠤᠬᠤ ᠪᠣᠳᠣᠯᠭ᠎ᠠ ᠵᠢᠨ ᠬᠠᠷᠠᠯᠲᠠ᠎ᠪᠠᠨ  ᠪᠡᠶᠡᠯᠡᠭᠦᠯᠬᠦ ᠵᠢ ᠠᠬᠢᠭᠤᠯᠬᠤ ᠲᠠᠯ᠎ᠠ᠎ᠪᠠᠷ ᠴᠤ᠌ ᠲᠡᠷᠡ ᠂  ᠥᠪᠥᠷ ᠮᠣᠩᠭᠣᠯ ᠴᠥᠮ ᠴᠢᠬᠤᠯᠠ ᠪᠠᠢ᠌ᠷᠢ ᠰᠠᠭᠤᠷᠢ ᠪᠠ ᠦᠢ᠍ᠯᠡᠳᠦᠯ᠎ᠲᠠᠢ ᠶᠤᠮ ᠃  ᠳᠦᠷᠢᠮ᠎ᠳᠤ ᠶᠡᠷᠦᠩᠬᠡᠢ ᠱᠦᠵᠢ ᠰᠢ  ᠵᠢᠨ ᠫᠢᠩ᠎ᠤᠨ 《ᠤᠯᠠᠮᠵᠢᠯᠠᠯᠲᠤ ᠡᠨᠧᠷᠭᠢ ᠵᠢᠨ ᠠᠵᠤ ᠦᠢ᠍ᠯᠡᠰ᠎ᠤᠨ ᠬᠡᠯᠪᠡᠷᠢ᠎ᠪᠠᠨ  ᠬᠤᠪᠢᠷᠠᠭᠤᠯᠤᠨ ᠲᠡᠰ ᠳᠡᠪᠰᠢᠭᠦᠯᠬᠦ ᠵᠢ ᠠᠬᠢᠭᠤᠯᠬᠤ 》 ᠲᠤᠬᠠᠢ ᠴᠢᠬᠤᠯᠠ ᠱᠠᠭ᠋ᠠᠷᠳᠠᠯᠭ᠎ᠠ ᠵᠢ ᠡᠷᠡᠰ  ᠲᠤᠭᠤᠰᠢᠯᠠᠭᠤᠯᠤᠨ  ᠨᠠᠢ᠌ᠳᠠᠪᠤᠷᠢᠵᠢᠭᠤᠯᠬᠤ᠎ᠪᠠᠷ  ᠨᠡᠭᠦᠷᠡᠰᠦ ᠵᠢ ᠠᠮᠤᠷ ᠲᠦᠪᠰᠢᠨ ᠪᠣᠬᠢᠷᠲᠤᠯ ᠦᠭᠡᠢ  ᠣᠶᠤᠨᠯᠢᠭ ᠵᠶ᠋ᠠᠷ  ᠨᠡᠭᠡᠭᠡᠨ ᠮᠠᠯᠲᠠᠬᠤ ᠪᠠ ᠠᠷᠢᠭᠤᠨ ᠴᠡᠪᠡᠷ ᠥᠨᠳᠥᠷ ᠪᠦᠲᠦᠮᠵᠢᠲᠡᠢ ᠡᠷᠴᠢᠮᠵᠢᠭᠦᠯᠦᠨ ᠠᠰᠢᠭᠯᠠᠬᠤ ᠵᠢ ᠴᠢᠩᠭ᠋ᠠᠳᠬᠠᠵᠤ ᠂  ᠨᠡᠭᠦᠷᠡᠰᠦ᠎ᠪᠠᠷ ᠰᠠᠭᠤᠷᠢ ᠪᠣᠯᠭ᠋ᠠᠭᠰᠠᠨ ᠪᠦᠬᠦ ᠠᠵᠤ ᠦᠢ᠍ᠯᠡᠰ᠎ᠤᠨ ᠬᠡᠯᠬᠢᠶ᠎ᠡ ᠵᠢ ᠴᠣᠭᠴᠠᠯᠠᠵᠤ ᠂  ᠨᠡᠭᠦᠷᠡᠰᠦ ᠵᠢ ᠲᠣᠭᠲᠠᠭᠤᠨ ᠭᠠᠷᠤᠯᠲᠠ᠎ᠲᠠᠢ ᠲᠣᠭᠲᠠᠭᠤᠨ ᠬᠠᠩᠭ᠋ᠠᠯᠭ᠎ᠠ᠎ᠲᠠᠢ ᠪᠣᠯᠭ᠋ᠠᠬᠤ ᠪᠠ  ᠤᠯᠠᠷᠢᠭᠤᠯᠤᠨ  ᠦᠷᠳᠡᠭ᠎ᠢ ᠎ᠨᠢ  ᠨᠡᠮᠡᠭᠳᠡᠭᠦᠯᠬᠦ ᠵᠢ ᠪᠡᠶᠡᠯᠡᠭᠦᠯᠦᠨ᠎ᠡ  ᠬᠡᠮᠡᠨ  ᠲᠣᠳᠣᠷᠬᠠᠢ ᠲᠣᠭᠲᠠᠭ᠋ᠠᠵᠠᠢ ᠃  ᠡᠭᠦᠨ᠎ᠤ ᠬᠠᠮᠲᠤ ᠂  ᠴᠢᠯᠠᠭᠤᠨ ᠲᠣᠰᠣ ᠰᠢᠲᠠᠮᠠᠬᠠᠢ ᠬᠡᠢ ᠵᠢᠨ ᠡᠬᠢ ᠪᠠᠶᠠᠯᠢᠭ᠎ᠢ ᠬᠠᠢ᠌ᠨ  ᠰᠢᠨᠵᠢᠵᠦ  ᠨᠡᠭᠡᠭᠡᠨ ᠠᠰᠢᠭᠯᠠᠬᠤ ᠡᠷᠴᠢᠮ ᠵᠶ᠋ᠡᠨ ᠴᠢᠩᠭ᠋ᠠᠷᠠᠭᠤᠯᠵᠤ ᠂  ᠴᠢᠯᠠᠭᠤᠨ ᠲᠣᠰᠣ ᠰᠢᠲᠠᠮᠠᠬᠠᠢ ᠬᠡᠢ ᠵᠢᠨ ᠨᠥᠭᠡᠴᠡ᠎ᠪᠠᠨ  ᠠᠷᠪᠢᠵᠢᠭᠤᠯᠤᠨ  ᠭᠠᠷᠤᠯᠲᠠ᠎ᠪᠠᠨ ᠨᠡᠮᠡᠭᠳᠡᠭᠦᠯᠵᠦ ᠂  ᠴᠢᠯᠠᠭᠤᠨ ᠲᠣᠰᠣ ᠰᠢᠲᠠᠮᠠᠬᠠᠢ ᠬᠡᠢ ᠵᠢᠨ ᠬᠠᠩᠭ᠋ᠠᠯᠭ᠎ᠠ ᠵᠢᠨ ᠴᠢᠳᠠᠪᠤᠷᠢ ᠵᠢ ᠳᠡᠭᠡᠭᠰᠢᠯᠡᠭᠦᠯᠦᠨ᠎ᠡ  ᠬᠡᠮᠡᠨ  ᠳᠣᠭᠲᠠᠭ᠋ᠠᠪᠠ᠃ 

      03 ᠰᠢᠨ᠎ᠡ  ᠡᠨᠧᠷᠭᠢ ᠵᠢ ᠨᠡᠭᠡᠭᠡᠨ ᠠᠰᠢᠭᠯᠠᠬᠤ ᠲᠤᠬᠠᠢ

       ᠥᠪᠥᠷ ᠮᠣᠩᠭᠣᠯ᠎ᠳᠤ ᠡᠯᠪᠡᠭ ᠪᠠᠶᠠᠯᠢᠭ  ᠰᠠᠯᠬᠢᠨ  ᠡᠨ᠋ᠸᠷᠭᠢ ᠪᠠ  ᠨᠠᠷᠠᠨ᠎ᠤ  ᠡᠨ᠋ᠸᠷᠬᠢ ᠵᠢᠨ  ᠡᠬᠢ ᠪᠠᠶᠠᠯᠢᠭ᠎ᠲᠠᠢ  ᠪᠠᠢ᠌ᠳᠠᠭ ᠂  ᠡᠭᠦᠨ᠎ᠳᠤ  ᠮᠡᠷᠭᠡᠵᠢᠯ ᠵᠶ᠋ᠠᠷ  ᠨᠡᠭᠡᠭᠡᠨ ᠠᠰᠢᠭᠯᠠᠵᠤ  ᠪᠣᠯᠬᠤᠢ᠌ᠴᠠ  ᠰᠠᠯᠬᠢᠨ ᠡᠨᠧᠷᠭᠢ ᠂  ᠨᠡᠷᠡᠨ᠎ᠤ ᠡᠨᠧᠷᠭᠢ ᠵᠢᠨ ᠬᠡᠮᠵᠢᠶ᠎ᠡ ᠲᠣᠰ  ᠪᠦᠷᠢ  ᠪᠥᠬᠥ ᠤᠯᠤᠰ᠎ᠤᠨ 1/2 ᠂ 1/5᠎ᠠᠴᠠ  ᠳᠡᠭᠡᠭᠰᠢᠬᠢ  ᠬᠤᠪᠢ ᠵᠢ  ᠡᠵᠡᠯᠡᠳᠡᠭ ᠤᠴᠢᠷ᠎ᠠᠴᠠ  ᠮᠠᠨ᠎ᠤ ᠤᠯᠤᠰ᠎ᠤᠨ ᠰᠢᠨ᠎ᠡ ᠡᠨᠧᠷᠭᠢ ᠵᠢᠨ ᠠᠵᠤ ᠦᠢ᠍ᠯᠡᠰ᠎ᠤᠨ ᠬᠥᠭᠵᠢᠯᠲᠡ ᠵᠢᠨ ᠳᠠᠯᠳᠠ ᠬᠦᠴᠦᠨ ᠵᠶ᠋ᠡᠷ ᠬᠠᠮᠤᠭ᠎ᠤᠨ ᠶᠡᠬᠡ ᠲᠥᠯᠥᠭᠡᠯᠡᠬᠦ ᠴᠢᠨᠠᠷᠲᠠᠢ ᠭᠠᠵᠠᠷ ᠣᠷᠣᠨ  ᠪᠣᠯᠵᠠᠢ ᠃  ᠳᠦᠷᠢᠮ ᠎ᠨᠢ  ᠮᠠᠨ᠎ᠤ ᠣᠷᠣᠨ᠎ᠤ ᠰᠢᠨ᠎ᠡ ᠡᠨᠧᠷᠭᠢ ᠵᠢᠨ ᠡᠬᠢ ᠪᠠᠶᠠᠯᠢᠭ᠎ᠤᠨ  ᠤᠤᠭ᠋ᠠᠯ ᠨᠥᠭᠦᠴᠡᠯ  ᠪᠠ  ᠬᠠᠷᠢᠴᠠᠩᠭᠤᠢ  ᠳᠠᠪᠠᠭᠤᠯᠢᠭ᠎ᠲᠤ ᠰᠠᠭᠤᠷᠢᠯᠠᠵᠤ ᠂  ᠰᠢᠨ᠎ᠡ ᠡᠨᠧᠷᠭᠢ ᠵᠢᠨ ᠨᠡᠭᠡᠭᠡᠨ ᠠᠰᠢᠭᠯᠠᠯᠲᠠ ᠵᠢ ᠡᠨᠧᠷᠭᠢ ᠵᠢᠨ ᠬᠥᠭᠵᠢᠯᠲᠡ ᠵᠢᠨ  ᠤᠷᠢᠳ ᠵᠶ᠋ᠠᠷ ᠪᠣᠳᠣᠯᠬᠢᠯᠠᠬᠤ  ᠬᠦᠷᠢᠶᠡᠨ᠎ᠳᠤ ᠣᠷᠣᠭᠤᠯᠵᠤ ᠂  ᠰᠢᠨ᠎ᠡ ᠡᠨᠧᠷᠭᠢ ᠵᠢ  ᠨᠡᠭᠡᠭᠡᠨ  ᠠᠰᠢᠭᠯᠠᠬᠤ  ᠶᠡᠷᠦᠩᠬᠡᠢ  ᠬᠡᠮᠵᠢᠶᠡᠨ᠎ᠤ  ᠬᠠᠷᠠᠯᠲᠠ ᠵᠢ ᠰᠢᠨᠵᠢᠯᠡᠬᠦ ᠤᠬᠠᠭ᠋ᠠᠨᠴᠢ᠎ᠪᠠᠷ ᠵᠦᠢ ᠵᠣᠬᠢᠰᠲᠠᠢ  ᠳᠣᠭᠲᠠᠭ᠋ᠠᠨ ᠂  ᠵᠣᠬᠢᠴᠠᠩᠭᠤᠢ ᠠᠷᠭ᠎ᠠ ᠬᠡᠮᠵᠢᠶ᠎ᠡ ᠠᠪᠴᠤ ᠪᠠᠢ᠌ᠭ᠋ᠠᠳ ᠰᠢᠨ᠎ᠡ ᠡᠨᠧᠷᠭᠢ ᠵᠢᠨ ᠵᠠᠬ᠎ᠠ ᠳᠡᠯᠭᠡᠭᠦᠷ  ᠪᠠᠢ᠌ᠭᠤᠯᠬᠤ ᠵᠢ ᠠᠬᠢᠭᠤᠯᠵᠤ ᠂  ᠰᠢᠨ᠎ᠡ ᠡᠨᠧᠷᠭᠢ ᠵᠢᠨ ᠠᠵᠤ ᠦᠢ᠍ᠯᠡᠰ᠎ᠤᠨ ᠳᠠᠪᠠᠭᠤᠯᠢᠭ᠎ᠢ ᠪᠠᠳᠠᠷᠠᠭᠤᠯᠤᠨ ᠂  ᠣᠲᠣ ᠦᠶ᠎ᠡ ᠵᠢᠨ ᠡᠨᠧᠷᠭᠢ ᠵᠢᠨ ᠠᠵᠤ ᠠᠬᠤᠢ ᠵᠢ ᠪᠥᠬᠥ ᠬᠦᠴᠦᠨ ᠵᠶ᠋ᠡᠷ ᠵᠶ᠋ᠡᠨ ᠬᠥᠭᠵᠢᠭᠦᠯᠦᠨ᠎ᠡ  ᠬᠡᠮᠡᠨ  ᠲᠣᠳᠣᠷᠬᠠᠢ  ᠲᠣᠭᠲᠠᠭ᠋ᠠᠭᠰᠠᠨ ᠪᠠᠢ᠌ᠨ᠎ᠠ ᠃ 

      04  ᠪᠠᠢ᠌ᠯᠳᠤᠬᠤ ᠪᠣᠳᠣᠯᠭ᠎ᠠ ᠵᠢᠨ ᠡᠬᠢ ᠪᠠᠶᠠᠯᠢᠭ᠎ᠢ ᠨᠡᠭᠡᠭᠡᠨ ᠠᠰᠢᠭᠯᠠᠬᠤ ᠲᠤᠬᠠᠢ

       ᠥᠪᠥᠷ ᠮᠣᠩᠭᠣᠯ᠎ᠤᠨ ᠨᠤᠲᠤᠭ  ᠳᠡᠪᠢᠰᠬᠡᠷ  ᠥᠷᠭᠡᠨ ᠠᠭᠤᠳᠠᠮ ᠂  ᠠᠭᠤᠷᠬᠠᠢ  ᠪᠦᠷᠢᠯᠳᠦᠭᠰᠡᠨ  ᠭᠠᠵᠠᠷ ᠰᠢᠨᠵᠢᠯᠡᠭᠡᠨ᠎ᠤ ᠨᠥᠬᠥᠴᠡᠯ ᠵᠶ᠋ᠠᠷ  ᠳᠠᠪᠠᠭᠤᠯᠢᠭ ᠂  ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ ᠵᠶ᠋ᠠᠷ  ᠡᠯᠪᠡᠭ  ᠳᠡᠯᠪᠡᠭ  ᠪᠠᠢ᠌ᠳᠠᠭ ᠃  ᠨᠡᠭᠦᠷᠡᠰᠦ ᠂  ᠬᠠᠷ᠎ᠠ ᠲᠤᠭᠤᠯᠭ᠎ᠠ ᠂  ᠴᠠᠢ᠌ᠷ ᠂  ᠮᠥᠩᠭᠥ ᠂  ᠬᠣᠪᠣᠷ ᠰᠢᠷᠣᠢ ᠵᠡᠷᠭᠡ 20 ᠵᠦᠢ᠍ᠯ᠎ᠤᠨ ᠠᠭᠤᠷᠬᠠᠢ ᠵᠢᠨ ᠭᠠᠷᠤᠯᠲᠠ ᠵᠢᠨ  ᠪᠠᠲᠤᠯᠠᠭ᠋ᠠᠲᠤ  ᠬᠠᠳᠠᠭ᠋ᠠᠯᠠᠭᠳᠠᠴᠠ ᠵᠢᠨ ᠬᠡᠮᠵᠢᠶ᠎ᠡ᠎ᠪᠠᠷ ᠵᠶ᠋ᠡᠨ  ᠪᠥᠬᠥ ᠤᠯᠤᠰ᠎ᠲᠤ  ᠲᠡᠷᠢᠭᠦᠯᠡᠵᠦ ᠪᠣᠢ ᠃  ᠳᠦᠷᠢᠮ ᠎ᠨᠢ  ᠮᠠᠨ᠎ᠤ ᠣᠷᠣᠨ᠎ᠤ ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠎ᠤᠨ  ᠤᠤᠭ᠋ᠠᠯ ᠨᠥᠭᠦᠴᠡᠯ᠎ᠤᠨ  ᠣᠨᠴᠠᠯᠢᠭ ᠪᠠ ᠪᠠᠢ᠌ᠯᠳᠤᠬᠤ ᠪᠣᠳᠣᠯᠭ᠎ᠠ ᠵᠢᠨ ᠪᠠᠢ᠌ᠷᠢ ᠲᠣᠭᠲᠠᠭ᠋ᠠᠯᠲᠠ᠎ᠳᠤ ᠰᠠᠭᠤᠷᠢᠯᠠᠨ ᠂  ᠪᠠᠢ᠌ᠯᠳᠤᠬᠤ ᠪᠣᠳᠣᠯᠭ᠎ᠠ ᠵᠢᠨ ᠡᠬᠢ ᠪᠠᠶᠠᠯᠢᠭ᠎ᠤᠨ ᠳᠠᠪᠠᠭᠤᠯᠢᠭ ᠵᠶ᠋ᠠᠨ  ᠪᠠᠳᠠᠷᠠᠭᠤᠯᠵᠤ ᠂  ᠪᠠᠢ᠌ᠯᠳᠤᠬᠤ ᠪᠣᠳᠣᠯᠭ᠎ᠠ ᠵᠢᠨ ᠡᠬᠢ ᠪᠠᠶᠠᠯᠢᠭ᠎ᠢ ᠵᠦᠢ ᠵᠣᠬᠢᠰᠲᠠᠢ ᠪᠥᠭᠡᠳ ᠡᠮᠬᠢ ᠵᠢᠷᠤᠮ᠎ᠲᠠᠢ᠎ᠪᠠᠷ ᠨᠡᠭᠡᠭᠡᠨ  ᠠᠰᠢᠭᠯᠠᠬᠤ ᠵᠢ ᠠᠬᠢᠭᠤᠯᠵᠤ ᠂  ᠨᠢᠭᠡᠳᠦᠯᠲᠡᠢ ᠲᠥᠯᠥᠪᠯᠡᠨ ᠨᠡᠭᠡᠭᠡᠨ  ᠠᠰᠢᠭᠯᠠᠬᠤ  ᠪᠠ  ᠬᠠᠮᠠᠭ᠋ᠠᠯᠠᠵᠤ ᠂  ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ ᠵᠡᠷᠭᠡ ᠡᠵᠡᠮᠳᠡᠬᠦ ᠱᠤᠭᠤᠮ᠎ᠢ  ᠪᠠᠢ᠌ᠯᠳᠤᠬᠤ ᠪᠣᠳᠣᠯᠭ᠎ᠠ ᠵᠢᠨ ᠡᠬᠢ ᠪᠠᠶᠠᠯᠢᠭ᠎ᠤᠨ ᠣᠷᠣᠨ ᠪᠦᠰᠡ ᠎ᠯᠦᠭᠡ  ᠭᠦᠢ᠍ᠴᠡᠳ ᠵᠣᠯᠭ᠋ᠠᠭᠤᠯᠬᠤ ᠵᠢ ᠪᠡᠶᠡᠯᠡᠭᠦᠯᠦᠨ᠎ᠡ  ᠬᠡᠮᠡᠨ  ᠲᠣᠳᠣᠷᠬᠠᠢ ᠲᠣᠭᠲᠠᠭ᠋ᠠᠵᠠᠢ ᠃  ᠡᠭᠦᠨ᠎ᠤ ᠬᠠᠮᠲᠤ ᠂  ᠬᠣᠪᠣᠷ ᠰᠢᠷᠣᠢ ᠵᠢᠨ ᠡᠬᠢ ᠪᠠᠶᠠᠯᠢᠭ᠎ᠢ ᠬᠠᠤᠯᠢ ᠶᠣᠰᠣᠭ᠋ᠠᠷ ᠬᠠᠮᠠᠭ᠋ᠠᠯᠠᠬᠤ ᠪᠠ ᠵᠦᠢ ᠵᠣᠬᠢᠰᠲᠠᠢ ᠨᠡᠭᠡᠭᠡᠨ ᠠᠰᠢᠭᠯᠠᠵᠤ ᠂  ᠬᠣᠪᠣᠷ ᠰᠢᠷᠣᠢ ᠵᠢᠨ ᠪᠥᠬᠥ ᠠᠵᠤ ᠦᠢ᠍ᠯᠡᠰ᠎ᠤᠨ  ᠬᠡᠯᠬᠢᠶᠡᠨ᠎ᠤ  ᠬᠥᠭᠵᠢᠯᠲᠡ ᠵᠢ ᠵᠢᠷᠤᠮᠵᠢᠭᠤᠯᠤᠨ ᠂  ᠪᠥᠬᠥ ᠤᠯᠤᠰ᠎ᠲᠠᠬᠢ  ᠬᠠᠮᠤᠭ᠎ᠤᠨ ᠲᠣᠮᠣ ᠬᠣᠪᠣᠷ ᠰᠢᠷᠣᠢ ᠵᠢᠨ ᠰᠢᠨ᠎ᠡ ᠮᠠᠲ᠋ᠧᠷᠢᠶᠠᠯ᠎ᠤᠨ ᠰᠠᠭᠤᠷᠢᠨ ᠪᠠ ᠪᠥᠬᠥ ᠳᠡᠯᠡᠬᠡᠢ᠎ᠳᠠᠬᠢ  ᠲᠡᠷᠢᠭᠦᠨ᠎ᠤ ᠬᠣᠪᠣᠷ ᠰᠢᠷᠣᠢ ᠵᠢᠨ ᠬᠡᠷᠡᠭᠯᠡᠭᠡᠨ᠎ᠤ ᠰᠠᠭᠤᠷᠢᠨ᠎ᠢ ᠪᠦᠲᠦᠭᠡᠨ ᠪᠠᠢ᠌ᠭᠤᠯᠤᠨ᠎ᠠ  ᠬᠡᠮᠡᠨ  ᠳᠣᠭᠲᠠᠭ᠋ᠠᠪᠠ ᠃ 

      05 ᠦᠢ᠍ᠯᠡᠳᠪᠦᠷᠢᠯᠡᠯ ᠬᠠᠩᠭ᠋ᠠᠯᠭ᠎ᠠ ᠨᠥᠭᠡᠴᠡᠯᠡᠯᠲᠡ ᠪᠣᠷᠤᠯᠠᠭᠤᠯᠭ᠎ᠠ ᠵᠢᠨ  ᠲᠣᠭᠲᠠᠯᠴᠠᠭ᠎ᠠ ᠵᠢ ᠪᠠᠢ᠌ᠭᠤᠯᠬᠤ  ᠲᠤᠬᠠᠢ

       ᠣᠯᠠᠨ ᠵᠢᠯ᠎ᠤᠨ  ᠲᠤᠷᠰᠢᠳᠠ ᠂  ᠮᠠᠨ᠎ᠤ ᠣᠷᠣᠨ  ᠡᠨᠧᠷᠭᠢ ᠵᠢᠨ ᠠᠵᠤ ᠠᠬᠤᠢ ᠵᠢᠨ ᠣᠯᠠᠨ ᠵᠦᠢ᠍ᠯ᠎ᠤᠨ ᠭᠦᠢ᠍ᠴᠡᠳᠬᠡᠯ ᠲᠣᠭ᠎ᠠ᠎ᠪᠠᠷ ᠵᠶ᠋ᠠᠨ  ᠪᠥᠬᠥ ᠤᠯᠤᠰ᠎ᠲᠤ  ᠲᠡᠷᠢᠭᠦᠯᠡᠭᠰᠡᠭᠡᠷ  ᠢᠷᠡᠵᠡᠢ᠃  ᠤᠯᠤᠰ᠎ᠤᠨ ᠡᠨᠧᠷᠭᠢ ᠵᠢᠨ ᠠᠮᠤᠷ ᠲᠦᠪᠰᠢᠨ᠎ᠢ ᠪᠠᠲᠤᠯᠠᠬᠤ  ᠲᠠᠯ᠎ᠠ᠎ᠳᠤ  ᠥᠪᠥᠷ ᠮᠣᠩᠭᠣᠯ᠎ᠤᠨ ᠪᠠᠢ᠌ᠷᠢ ᠰᠠᠭᠤᠷᠢ ᠮᠠᠰᠢ ᠲᠣᠪᠣᠢ᠌ᠮ᠎ᠠ ᠪᠠᠢ᠌ᠨ᠎ᠠ ᠃  ᠳᠦᠷᠢᠮ᠎ᠳᠤ 《ᠤᠯᠤᠰ᠎ᠤᠨ  ᠶᠡᠬᠡ ᠶᠠᠪᠤᠳᠠᠯ 》᠎ᠢ ᠪᠠᠷᠢᠮᠲᠠᠯᠠᠵᠤ ᠂  ᠤᠯᠤᠰ᠎ᠤᠨ ᠠᠵᠤ ᠦᠢ᠍ᠯᠡᠰ᠎ᠤᠨ ᠬᠡᠯᠬᠢᠶ᠎ᠡ  ᠪᠠ  ᠬᠠᠩᠭ᠋ᠠᠯᠭ᠎ᠠ ᠵᠢᠨ ᠬᠡᠯᠬᠢᠶ᠎ᠡ ᠵᠢᠨ ᠠᠮᠤᠷ ᠲᠦᠪᠰᠢᠨ᠎ᠢ  ᠦᠨᠡᠨ ᠬᠦ᠌  ᠬᠠᠮᠠᠭ᠋ᠠᠯᠠᠵᠤ ᠂  ᠡᠨᠧᠷᠭᠢ ᠵᠢᠨ ᠬᠠᠩᠭ᠋ᠠᠯᠭ᠎ᠠ ᠵᠢ  ᠪᠠᠲᠤᠯᠠᠬᠤ  ᠠᠮᠤᠷ ᠲᠦᠪᠰᠢᠨ ᠨᠠᠢ᠌ᠳᠠᠪᠤᠷᠢᠲᠠᠢ  ᠲᠣᠭᠲᠠᠯᠴᠠᠭ᠎ᠠ  ᠪᠠᠶ᠋ᠢᠭᠤᠯᠬᠤ ᠵᠢ  ᠠᠬᠢᠭᠤᠯᠵᠤ ᠂  ᠡᠨ᠋ᠸᠷᠭᠢ ᠵᠢ ᠰᠠᠭᠤᠷᠢ᠎ᠠᠴᠠ᠎ᠨᠢ ᠪᠠᠲᠤᠯᠠᠬᠤ ᠴᠢᠳᠠᠪᠤᠷᠢ᠎ᠪᠠᠨ ᠴᠢᠩᠭ᠋ᠠᠷᠠᠭᠤᠯᠤᠨ  ᠡᠨᠧᠷᠭᠢ ᠵᠢᠨ ᠬᠠᠩᠭ᠋ᠠᠯᠭ᠎ᠠ ᠵᠢᠨ ᠴᠢᠨᠠᠷ᠎ᠢ  ᠰᠠᠢ᠌ᠵᠢᠷᠠᠭᠤᠯᠵᠤ ᠂  ᠡᠨᠧᠷᠭᠢ ᠵᠢ ᠭᠠᠳᠠᠭᠰᠢ  ᠭᠠᠷᠭ᠋ᠠᠬᠤ  ᠴᠢᠳᠠᠪᠤᠷᠢ᠎ᠪᠠᠨ  ᠲᠣᠭᠲᠠᠪᠤᠷᠢᠵᠢᠭᠤᠯᠵᠤ ᠂  ᠨᠡᠭᠦᠷᠡᠰᠦ ᠴᠠᠬᠢᠯᠭ᠋ᠠᠨ ᠲᠣᠰᠣ ᠬᠡᠢ ᠵᠢᠨ ᠠᠮᠤᠷ ᠲᠦᠪᠰᠢᠨ  ᠪᠥᠭᠡᠳ  ᠲᠣᠭᠲᠠᠭᠤᠨ  ᠬᠠᠩᠭ᠋ᠠᠯᠭ᠎ᠠ ᠵᠢ ᠪᠠᠲᠤᠯᠠᠨ᠎ᠠ  ᠬᠡᠮᠡᠨ  ᠲᠣᠳᠣᠷᠬᠠᠢ  ᠳᠣᠭᠲᠠᠭ᠋ᠠᠪᠠ ᠃ 

      

      《  ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠴᠢᠬᠤᠯᠠ ᠡᠨᠧᠷᠭᠢ ᠪᠠ ᠪᠠᠢ᠌ᠯᠳᠤᠬᠤ ᠪᠣᠳᠣᠯᠭ᠎ᠠ ᠵᠢᠨ ᠡᠬᠢ ᠪᠠᠶᠠᠯᠢᠭ᠎ᠤᠨ ᠰᠠᠭᠤᠷᠢᠨ᠎ᠤ  ᠪᠦᠲᠦᠭᠡᠨ  ᠪᠠᠢ᠌ᠭᠤᠯᠤᠯᠲᠠ ᠵᠢ  ᠠᠬᠢᠭᠤᠯᠬᠤ ᠳᠦᠷᠢᠮ 》᠎ᠳᠤ ᠂  ᠨᠠᠮ᠎ᠤᠨ ᠲᠥᠪ ᠬᠣᠷᠢᠶᠠᠨ᠎ᠤ ᠥᠪᠥᠷ ᠮᠣᠩᠭᠣᠯ᠎ᠳᠠᠬᠢ ᠪᠠᠢ᠌ᠯᠳᠤᠬᠤ ᠪᠣᠳᠣᠯᠭ᠎ᠠ ᠵᠢᠨ ᠪᠠᠢ᠌ᠷᠢ ᠲᠣᠭᠲᠠᠭ᠋ᠠᠯᠲᠠ ᠵᠢ  ᠪᠠᠲᠤ ᠡᠵᠡᠮᠰᠢᠵᠦ ᠂  ᠰᠢᠨ᠎ᠡ ᠬᠥᠭᠵᠢᠯᠲᠡ ᠵᠢᠨ  ᠣᠨᠣᠯᠵᠢᠬᠤᠨ᠎ᠢ ᠪᠦᠷᠢᠨ ᠪᠦᠲᠦᠨ ᠂  ᠵᠥᠪ  ᠣᠨᠣᠪᠴᠢᠲᠠᠢ ᠂  ᠪᠦᠬᠦ ᠲᠠᠯ᠎ᠠ᠎ᠪᠠᠷ  ᠲᠤᠭᠤᠰᠢᠯᠠᠭᠤᠯᠵᠤ᠂  ᠠᠮᠢ ᠠᠬᠤᠢ ᠵᠢ  ᠤᠷᠢᠳ ᠵᠶ᠋ᠠᠷ ᠪᠣᠳᠣᠯᠬᠢᠯᠠᠬᠤ ᠂  ᠪᠣᠬᠢᠷᠲᠤᠯ ᠦᠭᠡᠢ ᠬᠥᠭᠵᠢᠭᠦᠯᠬᠦ᠎ᠪᠠᠷ ᠤᠳᠤᠷᠢᠳᠤᠮᠵᠢ  ᠪᠣᠯᠭ᠋ᠠᠨ᠂  ᠥᠪᠥᠷ ᠮᠣᠩᠭᠣᠯ᠎ᠤᠨ ᠡᠨᠧᠷᠭᠢ ᠵᠢᠨ ᠬᠤᠪᠢᠰᠬᠠᠯ᠎ᠢ ᠭᠦᠨᠵᠡᠭᠡᠢ ᠠᠬᠢᠭᠤᠯᠬᠤ ᠂  ᠤᠯᠤᠰ᠎ᠤᠨ ᠡᠨᠧᠷᠭᠢ ᠵᠢᠨ ᠠᠮᠤᠷ ᠲᠦᠪᠰᠢᠨ᠎ᠢ  ᠦᠨᠡᠨ ᠬᠦ᠌  ᠪᠠᠲᠤᠯᠠᠬᠤ ᠂  ᠤᠯᠤᠰ᠎ᠤᠨ ᠴᠢᠬᠤᠯᠠ ᠡᠨᠧᠷᠭᠢ  ᠪᠠ  ᠪᠠᠢ᠌ᠯᠳᠤᠬᠤ ᠪᠣᠳᠣᠯᠭ᠎ᠠ ᠵᠢᠨ ᠡᠬᠢ ᠪᠠᠶᠠᠯᠢᠭ᠎ᠤᠨ ᠰᠠᠭᠤᠷᠢᠨ᠎ᠢ ᠪᠦᠲᠦᠭᠡᠨ ᠪᠠᠶ᠋ᠢᠭᠤᠯᠬᠤ ᠴᠢᠬᠤᠯᠠ ᠶᠡᠬᠡ ᠬᠠᠷᠢᠭᠤᠴᠠᠯᠭ᠎ᠠ  ᠬᠢᠭᠡᠳ  ᠢᠷᠠᠭᠤ ᠠᠯᠳᠠᠷᠲᠤ ᠡᠭᠦᠷᠭᠡ᠎ᠪᠠᠨ ᠰᠠᠢ᠌ᠲᠤᠷ ᠭᠦᠢ᠍ᠴᠡᠳᠬᠡᠬᠦ᠎ᠳᠤ ᠪᠠᠲᠤ ᠴᠢᠩᠭ᠎ᠠ ᠬᠠᠤᠯᠢᠵᠢᠯ᠎ᠤᠨ ᠪᠠᠲᠤᠯᠠᠭ᠎ᠠ  ᠬᠠᠩᠭ᠋ᠠᠪᠠ ᠃ 

       ᠥᠪᠥᠷ ᠮᠣᠩᠭᠣᠯ ᠮᠠᠨ᠎ᠤ ᠤᠯᠤᠰ᠎ᠤᠨ ᠴᠢᠬᠤᠯᠠ  ᠡᠨᠧᠷᠭᠢ  ᠪᠠ ᠪᠠᠢ᠌ᠯᠳᠤᠬᠤ ᠪᠣᠳᠣᠯᠭ᠎ᠠ ᠵᠢᠨ ᠡᠬᠢ ᠪᠠᠶᠠᠯᠢᠭ᠎ᠤᠨ ᠰᠠᠭᠤᠷᠢᠨ ᠪᠣᠯᠤᠭᠰᠠᠨ᠎ᠤ ᠬᠤᠪᠢ᠎ᠳᠤ ᠂ ᠡᠨᠧᠷᠭᠢ ᠵᠢᠨ ᠡᠬᠢ ᠪᠠᠶᠠᠯᠢᠭ᠎ᠤᠨ ᠲᠦᠷᠦᠯ ᠵᠦᠢ᠍ᠯ ᠡᠯᠪᠡᠭ  ᠳᠡᠯᠪᠡᠭ ᠂  ᠨᠡᠭᠦᠷᠡᠰᠦ ᠂  ᠪᠠᠢ᠌ᠭ᠋ᠠᠯᠢ ᠵᠢᠨ ᠰᠢᠲᠠᠮᠠᠬᠠᠢ ᠬᠡᠢ ᠂  ᠰᠠᠯᠬᠢᠨ ᠡᠨᠧᠷᠭᠢ ᠵᠢᠴᠢ ᠨᠡᠷᠡᠨ᠎ᠤ ᠡᠨᠧᠷᠭᠢ ᠵᠡᠷᠭᠡ ᠡᠬᠢ ᠪᠠᠶᠠᠯᠢᠭ ᠵᠶ᠋ᠡᠷ ᠵᠶ᠋ᠡᠨ  ᠴᠥᠮ ᠪᠦᠬᠦ ᠤᠯᠤᠰ᠎ᠤᠨ ᠡᠮᠦᠨ᠎ᠡ ᠡᠩᠨᠡᠭᠡᠨ᠎ᠳᠤ ᠣᠷᠣᠵᠤ ᠂  ᠤᠯᠤᠰ᠎ᠤᠨ ᠠᠵᠤ ᠠᠬᠤᠢ ᠵᠢᠨ ᠬᠥᠭᠵᠢᠯᠲᠡ ᠵᠢ ᠲᠤᠯᠭ᠋ᠠᠭᠤᠷᠢᠯᠠᠬᠤ ᠪᠠ ᠡᠨᠧᠷᠭᠢ ᠵᠢᠨ ᠠᠮᠤᠷ ᠲᠦᠪᠰᠢᠨ ᠵᠶ᠋ᠡᠷ  ᠬᠠᠩᠭ᠋ᠠᠬᠤ ᠵᠢ ᠪᠠᠲᠤᠯᠠᠬᠤ᠎ᠳᠤ ᠴᠢᠬᠤᠯᠠ ᠪᠠᠢ᠌ᠯᠳᠤᠬᠤ ᠪᠣᠳᠣᠯᠭ᠎ᠠ ᠵᠢᠨ ᠪᠠᠢ᠌ᠷᠢ ᠰᠠᠭᠤᠷᠢ᠎ᠲᠠᠢ ᠶᠤᠮ ᠃ 

       ᠶᠡᠷᠦᠩᠬᠡᠢ ᠱᠦᠵᠢ ᠰᠢ  ᠵᠢᠨ ᠫᠢᠩ ᠥᠪᠥᠷ ᠮᠣᠩᠭᠣᠯ᠎ᠳᠤ ᠰᠢᠨᠵᠢᠯᠡᠨ ᠪᠠᠢ᠌ᠴᠠᠭ᠋ᠠᠬᠤ᠎ᠳᠤ᠎ᠪᠠᠨ᠂ 《ᠤᠯᠠᠮᠵᠢᠯᠠᠯᠲᠤ ᠡᠨᠧᠷᠭᠢ ᠵᠢᠨ ᠠᠵᠤ ᠦᠢ᠍ᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠲᠠᠰ  ᠳᠡᠪᠰᠢᠭᠦᠯᠬᠦ ᠵᠢ ᠠᠬᠢᠭᠤᠯᠵᠤ ᠂  ᠪᠣᠬᠢᠷᠲᠤᠯ ᠦᠭᠡᠢ ᠡᠨᠧᠷᠭᠢ ᠵᠢ  ᠶᠡᠬᠡ᠎ᠪᠠᠷ  ᠬᠥᠭᠵᠢᠭᠦᠯᠦᠨ ᠂  ᠤᠯᠤᠰ᠎ᠤᠨ ᠴᠢᠬᠤᠯᠠ ᠡᠨᠧᠷᠭᠢ ᠵᠢᠨ ᠰᠠᠭᠤᠷᠢᠨ᠎ᠢ ᠪᠤᠵᠠᠭ᠋ᠠᠢ᠌ᠷᠠᠭᠤᠯᠤᠨ ᠬᠦᠴᠦᠷᠬᠡᠭᠵᠢᠭᠦᠯᠬᠦ ᠪᠣᠯ ᠥᠪᠥᠷ ᠮᠣᠩᠭᠣᠯ᠎ᠤᠨ ᠬᠥᠭᠵᠢᠯᠲᠡ ᠵᠢᠨ ᠭᠣᠣᠯᠳᠠᠯᠭ᠎ᠠ᠎ᠨᠤᠭᠤᠳ᠎ᠤᠨ  ᠳᠣᠲᠣᠷᠠᠬᠢ ᠭᠣᠣᠯᠳᠠᠯᠭ᠎ᠠ ᠮᠥᠨ 》 ᠬᠡᠮᠡᠨ  ᠴᠢᠬᠤᠯᠠᠴᠢᠯᠠᠪᠠ ᠃  ᠶᠡᠷᠦᠩᠬᠡᠢ ᠱᠦᠵᠢ ᠰᠢ  ᠵᠢᠨ ᠫᠢᠩ᠎ᠤᠨ  ᠴᠢᠬᠤᠯᠠ ᠵᠢᠭ᠋ᠠᠪᠤᠷᠢ  ᠱᠠᠭ᠋ᠠᠷᠳᠠᠯᠭ᠎ᠠ᠎ᠨᠢ  ᠰᠢᠨ᠎ᠡ ᠴᠠᠭ ᠦᠶ᠎ᠡ ᠵᠢᠨ ᠥᠪᠥᠷ ᠮᠣᠩᠭᠣᠯ᠎ᠤᠨ ᠡᠨᠧᠷᠭᠢ ᠵᠢᠨ  ᠡᠬᠢ ᠪᠠᠶᠠᠯᠢᠭ᠎ᠤᠨ ᠠᠵᠢᠯ᠎ᠢ ᠰᠠᠢ᠌ᠲᠤᠷ ᠬᠢᠬᠦ᠎ᠳᠤ ᠤᠷᠤᠭᠰᠢᠯᠠᠯᠲᠠ ᠵᠢᠨ ᠴᠢᠭᠯᠡᠯ᠎ᠢ ᠲᠣᠳᠣᠷᠬᠠᠢ  ᠵᠢᠭ᠋ᠠᠨ ᠂  ᠦᠨᠳᠦᠰᠦᠨ ᠵᠢᠷᠤᠮᠯᠠᠯ  ᠬᠠᠩᠭ᠋ᠠᠨ ᠥᠭᠴᠦ ᠂  ᠬᠦᠴᠦᠷᠬᠡᠭ ᠶᠡᠬᠡ  ᠬᠦᠳᠡᠯᠭᠡᠭᠴᠢ  ᠬᠦᠴᠦᠨ  ᠨᠡᠮᠡᠷᠢᠯᠡᠪᠡ ᠃ 

  ᠥᠪᠥᠷ ᠮᠣᠩᠭᠣᠯ᠎ᠤᠨ  ᠲᠤᠬᠠᠢ  ᠶᠡᠷᠦᠩᠬᠡᠢ ᠱᠦᠵᠢ ᠰᠢ ᠵᠢᠨ ᠫᠢᠩ᠎ᠤᠨ  ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠡᠷᠡᠰ  ᠲᠤᠭᠤᠰᠢᠯᠠᠭᠤᠯᠤᠨ  ᠨᠠᠢ᠌ᠳᠠᠪᠤᠷᠢᠵᠢᠭᠤᠯᠵᠤ ᠂  ᠨᠠᠩ ᠲᠣᠭᠲᠠᠭᠤᠨ ᠂  ᠨᠠᠩ ᠠᠮᠤᠷ ᠲᠦᠪᠰᠢᠨ ᠂  ᠨᠠᠩ ᠪᠣᠬᠢᠷᠲᠤᠯ ᠦᠭᠡᠢ ᠤᠯᠤᠰ᠎ᠤᠨ ᠴᠢᠬᠤᠯᠠ  ᠡᠨᠧᠷᠭᠢ  ᠪᠠ ᠪᠠᠢ᠌ᠯᠳᠤᠬᠤ ᠪᠣᠳᠣᠯᠭ᠎ᠠ ᠵᠢᠨ ᠡᠬᠢ ᠪᠠᠶᠠᠯᠢᠭ᠎ᠤᠨ ᠰᠠᠭᠤᠷᠢᠨ᠎ᠢ ᠪᠦᠲᠦᠭᠡᠨ ᠪᠠᠶ᠋ᠢᠭᠤᠯᠬᠤ ᠵᠢᠨ ᠲᠤᠰᠠᠳᠠ ᠂  ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ  ᠬᠣᠷᠢᠶᠠᠨ᠎ᠠᠴᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠴᠢᠬᠤᠯᠠ  ᠡᠨᠧᠷᠭᠢ  ᠪᠠ ᠪᠠᠢ᠌ᠯᠳᠤᠬᠤ ᠪᠣᠳᠣᠯᠭ᠎ᠠ ᠵᠢᠨ ᠡᠬᠢ ᠪᠠᠶᠠᠯᠢᠭ᠎ᠤᠨ ᠰᠠᠭᠤᠷᠢᠨ᠎ᠤ  ᠪᠦᠲᠦᠭᠡᠨ  ᠪᠠᠢ᠌ᠭᠤᠯᠤᠯᠲᠠ ᠵᠢ ᠠᠬᠢᠭᠤᠯᠬᠤ ᠳᠦᠷᠢᠮ 》᠎ᠢ  ᠲᠣᠭᠲᠠᠭ᠋ᠠᠪᠠ ᠃ 

      

      

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ