ᠨᠠᠮ᠎ᠤᠨ ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠦᠨᠳᠦᠰᠦᠲᠡᠨ᠎ᠤ ᠬᠠᠤᠯᠢᠵᠢᠯ᠎ᠤᠨ ᠤᠬᠠᠭᠤᠯᠭ᠎ᠠ ᠬᠥᠮᠦᠵᠢᠯ᠎ᠢ ᠴᠢᠩᠭ᠋ᠠᠳᠬᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠵᠢᠨ ᠲᠥᠯᠥᠭᠡ᠂ 5 ᠰᠠᠷ᠎ᠠ ᠵᠢᠨ 14᠎ᠤ ᠡᠳᠦᠷ᠂ 《ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠶ᠋ᠢᠭᠤᠯᠤᠯᠲᠠ ᠵᠢ ᠪᠥᠬᠥ ᠲᠠᠯ᠎ᠠ᠎ᠪᠠᠷ ᠠᠬᠢᠭᠣᠯᠣᠶᠠ 》᠎ᠪᠠᠷ ᠭᠤᠤᠯ ᠰᠡᠳᠦᠪ ᠪᠣᠯᠭ᠋ᠠᠭᠰᠠᠨ 2025 ᠣᠨ᠎ᠤ 《ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠰᠠᠷ᠎ᠠ》 ᠵᠢᠨ ᠤᠬᠠᠭᠤᠯᠭ᠎ᠠ ᠵᠢᠨ ᠠᠵᠢᠯᠯᠠᠭ᠎ᠠ ᠶᠠᠪᠤᠭᠳᠠᠪᠠ᠃ ᠠᠵᠢᠯᠯᠠᠭ᠎ᠠ ᠵᠢ ᠬᠣᠰᠢᠭᠣᠨ᠎ᠤ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠂ ᠬᠣᠰᠢᠭᠣᠨ᠎ᠤ ᠨᠠᠮ᠎ᠤᠨ ᠬᠣᠷᠢᠶᠠᠨ᠎ᠤ ᠨᠢᠭᠡᠳᠦᠮᠡᠯ ᠹᠷᠣᠨᠲ᠎ᠤᠨ ᠬᠡᠯᠲᠡᠰ᠂ ᠰᠤᠷᠭ᠋ᠠᠨ ᠬᠥᠮᠦᠵᠢᠯ ᠪᠡᠶ᠎ᠡ ᠵᠢᠨ ᠲᠠᠮᠢᠷ᠎ᠤᠨ ᠲᠣᠪᠴᠢᠶ᠎ᠠ᠂ ᠦᠨᠳᠦᠰᠦᠲᠡᠨ᠎ᠤ ᠬᠡᠷᠡᠭ ᠡᠷᠭᠢᠯᠡᠬᠦ ᠵᠥᠪᠯᠡᠯ᠂ ᠬᠠᠤᠯᠢ ᠴᠠᠭ᠋ᠠᠵᠠ ᠵᠢᠨ ᠲᠣᠪᠴᠢᠶ᠎ᠠ ᠬᠠᠮᠲᠤᠷᠠᠨ ᠡᠷᠭᠢᠯᠡᠪᠡ᠃


ᠠᠵᠢᠯᠯᠠᠭ᠎ᠠ ᠵᠢᠨ ᠲᠤᠬᠠᠶ ᠵᠢᠨ ᠲᠠᠯᠠᠪᠠᠶ᠎ᠳᠤ ᠣᠯᠠᠨ ᠬᠢᠯᠠᠰ ᠴᠡᠭ ᠢᠯᠡᠷᠡᠵᠦ᠂ ᠭᠤᠤᠯᠯᠠᠨ ᠡᠷᠭᠢᠯᠡᠭᠰᠡᠨ ᠲᠠᠯ᠎ᠠ ᠵᠢᠨ᠎ᠬᠢᠨ ᠤᠬᠠᠭᠤᠯᠭ᠎ᠠ ᠵᠢᠨ ᠰᠠᠮᠪᠠᠷ᠎ᠠ ᠪᠠ ᠮᠠᠲ᠋ᠧᠷᠢᠶᠠᠯ ᠲᠠᠷᠬᠠᠭ᠋ᠠᠬᠤ ᠣᠷᠣᠨ᠎ᠢ ᠨᠠᠷᠢᠨ ᠨᠢᠮᠪᠠᠶ ᠪᠠᠶ᠋ᠢᠷᠢᠯᠠᠭᠤᠯᠵᠤ᠂ ᠣᠯᠠᠨ ᠲᠦᠮᠡᠨ᠎ᠤ ᠦᠨᠳᠦᠰᠦᠲᠡᠨ᠎ᠤ ᠲᠥᠷᠥ ᠵᠢᠨ ᠪᠣᠳᠣᠯᠭ᠎ᠠ ᠪᠠ ᠬᠠᠤᠯᠢ᠎ᠪᠠᠷ ᠵᠠᠰᠠᠬᠤ ᠮᠡᠳᠡᠯᠭᠡ ᠵᠢ ᠭᠦᠨᠵᠡᠭᠡᠶ ᠣᠶ᠋ᠢᠯᠠᠭ᠋ᠠᠬᠤ᠎ᠳᠤ ᠲᠥᠬᠥᠮ ᠦᠵᠡᠭᠦᠯᠪᠡ; ᠪᠣᠳᠠᠰ᠎ᠤᠨ ᠪᠤᠰᠤ ᠰᠣᠶᠣᠯ᠎ᠤᠨ ᠥᠪ᠂ ᠰᠣᠶᠣᠯ᠎ᠤᠨ ᠡᠭᠦᠳᠦᠯᠲᠡ ᠵᠢᠨ ᠦᠵᠡᠭᠦᠯᠭᠡ ᠵᠢᠨ ᠲᠣᠭᠣᠷᠢᠭ᠎ᠲᠤ᠂ ᠬᠠᠷᠠᠭ᠎ᠠ ᠳᠦᠭᠦᠷᠡᠩ ᠦᠵᠡᠭᠦᠯᠭᠡ ᠵᠢᠨ ᠪᠣᠳᠠᠰ᠎ᠨᠢ ᠦᠨᠳᠦᠰᠦᠲᠡᠨ᠎ᠤ ᠰᠣᠶᠣᠯ᠎ᠤᠨ ᠷᠢᠳᠢ ᠰᠢᠳᠢ ᠵᠢ ᠭᠦᠢ᠍ᠴᠡᠳ ᠢᠯᠡᠷᠡᠭᠦᠯᠪᠡ᠃ ᠡᠭᠦᠨ᠎ᠠᠴᠠ ᠭᠠᠳᠠᠨ᠎ᠠ᠂ ᠤᠯᠠᠭ᠋ᠠᠨᠮᠥ᠋ᠴᠢᠷ᠎ᠤᠨ ᠠᠪᠴᠢᠷᠠᠭᠰᠠᠨ ᠭᠣᠶ᠋ᠢᠳᠠ ᠰᠠᠶ᠋ᠢᠬᠠᠨ ᠲᠣᠭᠯᠠᠯᠲᠠ᠎ᠨᠢ ᠠᠵᠢᠯᠯᠠᠭ᠎ᠠ᠎ᠳᠤ ᠭᠦᠨ ᠵᠤᠵᠠᠭ᠋ᠠᠨ ᠰᠣᠶᠣᠯ᠎ᠤᠨ ᠠᠭᠤᠷ ᠠᠮᠢᠰᠬᠤᠯ᠎ᠢ ᠨᠡᠮᠡᠷᠢᠯᠡᠵᠦ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠭᠤᠤᠯ ᠬᠥᠭ ᠠᠶᠠᠰ᠎ᠢ ᠴᠢᠪᠬᠠᠳᠠᠵᠤ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠠᠬ᠎ᠠ ᠳᠡᠭᠦᠦ ᠮᠡᠲᠦ ᠳᠣᠲᠣᠨᠣ᠂ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠬᠤ ᠣᠶᠤᠨ ᠰᠠᠨᠠᠭ᠋ᠠᠨ᠎ᠤ ᠳᠦᠷᠰᠦ ᠪᠠᠶ᠋ᠢᠳᠠᠯ᠎ᠢ ᠠᠮᠢᠳᠤᠯᠢᠭ ᠵᠶ᠋ᠠᠷ ᠢᠯᠡᠷᠡᠭᠦᠯᠪᠡ᠃


ᠲᠣᠰ ᠤᠳᠠᠭ᠋ᠠᠨ᠎ᠤ ᠠᠵᠢᠯᠯᠠᠭ᠎ᠠ᠎ᠨᠢ ᠡᠯᠪᠡᠭ ᠪᠠᠶᠠᠯᠢᠭ ᠬᠡᠯᠪᠡᠷᠢ᠎ᠪᠠᠷ ᠳᠠᠮᠵᠢᠭᠤᠯᠤᠨ᠂ ᠨᠠᠮ᠎ᠤᠨ ᠦᠨᠳᠦᠰᠦᠲᠡᠨ᠎ᠤ ᠣᠨᠣᠯ᠎ᠤᠨ ᠲᠥᠷᠥ ᠵᠢᠨ ᠪᠣᠳᠣᠯᠭ᠎ᠠ ᠪᠠ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠬᠥᠮᠦᠰ᠎ᠤᠨ ᠰᠡᠳᠬᠢᠯ᠎ᠳᠤ ᠬᠠᠳᠠᠩᠰᠢᠭᠤᠯᠵᠤ᠂ ᠣᠯᠠᠨ ᠲᠦᠮᠡᠨ᠎ᠤ ᠦᠨᠳᠦᠰᠦᠲᠡᠨ᠎ᠤ ᠪᠦᠯᠬᠦᠮᠳᠡᠯ᠎ᠤᠨ ᠤᠬᠠᠮᠰᠠᠷ ᠪᠠ ᠬᠠᠤᠯᠢ᠎ᠪᠠᠷ ᠵᠠᠰᠠᠬᠤ ᠦᠵᠡᠯᠲᠡ ᠵᠢ ᠴᠢᠩᠭ᠋ᠠᠷᠠᠭᠤᠯᠵᠤ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠭᠦᠨ ᠵᠤᠵᠠᠭ᠋ᠠᠨ ᠠᠭᠤᠷ ᠠᠮᠢᠰᠬᠤᠯ᠎ᠢ ᠪᠣᠶ ᠪᠣᠯᠭ᠋ᠠᠪᠠ᠃