ᠨᠢᠭᠡ ᠭᠣᠣᠯ ᠰᠢᠵᠢᠮ᠎ᠢ ᠲᠤᠭᠤᠰᠢᠲᠠᠢ ᠨᠠᠢ᠌ᠳᠠᠪᠤᠷᠢᠵᠢᠭᠤᠯᠤᠨ᠎ᠠ   -   ᠲᠥᠷᠥ ᠵᠢᠨ ᠪᠣᠳᠣᠯᠭ᠎ᠠ ᠵᠢᠨ ᠲᠠᠢ᠌ᠯᠤᠮᠵᠢ
ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠣ ᠴᠣᠭᠴᠠᠯᠠᠬᠣ ᠵᠢᠨ ᠲᠦᠯᠦᠭᠡ ᠴᠠᠬᠠᠷ ᠪᠠᠷᠠᠭᠣᠨ ᠭᠠᠷᠣᠨ ᠡᠮᠦᠨᠡᠲᠣ ᠬᠣᠰᠢᠭᠣᠨ᠎ᠤ ᠴᠢᠯᠥᠭᠡᠯᠡᠯᠲᠡ ᠨᠡᠶ᠋ᠢᠭᠡᠮ ᠲᠣᠭᠣᠷᠢᠭ᠎ᠤᠨ᠎ᠬᠢᠨ ᠪᠡᠶ᠎ᠡ ᠵᠢᠨ ᠲᠠᠮᠢᠷ᠎ᠤᠨ ᠴᠤᠭᠯᠠᠭ᠋ᠠᠨ ᠦᠷᠨᠢᠭᠦᠯᠪᠡ
ᠨᠡᠶ᠋ᠢᠲᠡᠯᠡᠭᠰᠡᠨ ᠴᠠᠭ᠄ 2025-05-23


      2025 ᠣᠨ᠎ᠤ 《ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠰᠠᠷ᠎ᠠ》 《ᠦᠨᠳᠦᠰᠦᠲᠡᠨ᠎ᠤ ᠬᠠᠤᠯᠢ᠎ᠪᠠᠷ ᠵᠠᠰᠠᠬᠤ  ᠤᠬᠠᠭᠤᠯᠭ᠎ᠠ ᠵᠢᠨ  ᠭᠠᠷᠠᠭ 》 ᠪᠣᠯᠬᠤ ᠲᠠᠰᠢᠷᠠᠮ᠎ᠳᠤ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠤᠯᠠᠮ ᠨᠢᠭᠡ ᠠᠯᠬᠤᠮ ᠠᠬᠢᠭᠤᠯᠬᠤ ᠵᠢᠨ ᠲᠥᠯᠥᠭᠡ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ  ᠴᠣᠭᠴᠠᠯᠠᠵᠣ ᠂ ᠪᠦᠯᠬᠦᠮᠳᠡᠯ᠎ᠲᠠᠢ ᠡᠶ᠎ᠡ ᠵᠣᠬᠢᠴᠠᠯ᠎ᠲᠠᠢ ᠨᠡᠶ᠋ᠢᠭᠡᠮ ᠲᠣᠭᠣᠷᠢᠭ᠎ᠤᠨ ᠠᠭᠤᠷ ᠠᠮᠢᠰᠬᠤᠯ᠎ᠢ ᠪᠣᠶ  ᠪᠣᠯᠭ᠋ᠠᠵᠣ ᠂ ᠰᠠᠭᠤᠭ᠋ᠠᠯᠢ ᠠᠷᠠᠳ᠎ᠤᠨ ᠣᠶᠤᠨ᠎ᠤ ᠰᠣᠶᠣᠯ᠎ᠤᠨ ᠠᠮᠢᠳᠤᠷᠠᠯ᠎ᠢ ᠪᠠᠶᠠᠯᠢᠭᠵᠢᠭᠤᠯᠤᠨ᠎ᠠ ᠃ ᠡᠭᠦᠨ᠎ᠳᠤ 5 ᠰᠠᠷ᠎ᠠ ᠵᠢᠨ 2᠎ᠤᠨ  ᠡᠳᠦᠷ  ᠲᠣᠭ᠎ᠤᠨ ᠠᠭᠤᠯᠠ ᠪᠠᠯᠭ᠋ᠠᠰᠤᠨ᠎ᠤ ᠴᠢᠯᠥᠭᠡᠯᠡᠯᠲᠡ ᠨᠡᠶ᠋ᠢᠭᠡᠮ ᠲᠣᠭᠣᠷᠢᠭ᠎ᠤᠨ ᠬᠠᠮᠲᠤᠷᠠᠭᠰᠠᠨ ᠬᠣᠰᠢᠭᠤᠨ᠎ᠤ ᠬᠣᠷᠢᠶ᠎ᠠ ᠵᠢᠨ ᠨᠡᠶ᠋ᠢᠭᠡᠮ᠎ᠤᠨ ᠠᠵᠢᠯ᠎ᠤᠨ ᠬᠡᠯᠲᠡᠰ᠂ ᠦᠨᠳᠦᠰᠦᠲᠡᠨ᠎ᠤ ᠵᠥᠪᠯᠡᠯ᠂ ᠬᠠᠤᠯᠢ ᠴᠠᠭ᠋ᠠᠵᠠ ᠵᠢᠨ ᠲᠣᠪᠴᠢᠶ᠎ᠠ᠂ ᠲᠤᠷᠰᠢᠯᠲᠠ ᠵᠢᠨ ᠪᠠᠭ᠎ᠠ ᠰᠤᠷᠭ᠋ᠠᠭᠤᠯᠢ ᠨᠡᠶ᠋ᠢᠭᠡᠮ ᠲᠣᠭᠣᠷᠢᠭ᠎ᠤᠨ ᠳᠥᠷᠪᠡᠳᠦᠭᠡᠷ ᠬᠤᠭᠤᠴᠠᠭ᠋ᠠᠨ᠎ᠤ 《ᠤᠯᠠᠭ᠋ᠠᠨ ᠠᠨᠠᠷ ᠬᠤᠨᠳᠠᠭ᠋ᠠᠲᠤ》 ᠰᠣᠨᠢᠷᠬᠠᠯᠲᠤ ᠲᠠᠮᠢᠷ᠎ᠤᠨ ᠴᠤᠭᠯᠠᠭ᠋ᠠᠨ᠎ᠢ ᠡᠷᠭᠢᠯᠡᠪᠡ᠂ ᠣᠯᠠᠨ ᠶᠠᠩᠵᠤ ᠵᠢᠨ ᠰᠣᠨᠢᠷᠬᠠᠯᠲᠤ ᠬᠥᠳᠡᠯᠭᠡᠭᠡᠨ ᠵᠶ᠋ᠠᠷ ᠳᠠᠮᠵᠢᠨ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠢ ᠪᠠᠶᠠᠷ ᠬᠥᠷ᠎ᠲᠠᠢ ᠠᠭᠤᠷ ᠠᠮᠢᠰᠬᠤᠯ᠎ᠤᠨ ᠳᠤᠮᠳᠠ ᠬᠠᠷᠢᠯᠴᠠᠨ  ᠬᠠᠮᠵᠢᠯᠴᠠᠭᠤᠯᠵᠤ᠂ ᠪᠦᠯᠬᠦᠮᠳᠡᠨ ᠳᠠᠪᠰᠢᠬᠤ ᠵᠣᠷᠢᠭ ᠰᠠᠨᠠᠭ᠎ᠠ ᠵᠢ  ᠢᠯᠡᠷᠡᠬᠦᠯᠦᠨ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠰᠠᠶ᠋ᠢᠨ ᠰᠠᠶ᠋ᠢᠬᠠᠨ ᠠᠭᠤᠷ ᠠᠮᠢᠰᠬᠤᠯ᠎ᠢ ᠪᠤᠢ ᠪᠤᠯᠭ᠋ᠠᠵᠤ ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ  ᠴᠣᠭᠴᠠᠯᠠᠪᠠ ᠃

       ᠠᠵᠢᠯᠯᠠᠭ᠎ᠠ ᠵᠢᠨ ᠲᠤᠬᠠᠶ ᠵᠢᠨ ᠡᠳᠦᠷ᠂ ᠴᠢᠯᠥᠭᠡᠯᠡᠯᠲᠡ ᠨᠡᠶ᠋ᠢᠭᠡᠮ ᠲᠣᠭᠣᠷᠢᠭ᠎ᠤᠨ ᠬᠦᠷᠢᠶᠡᠨ᠎ᠳᠤ  ᠬᠠᠷᠠᠩᠭ᠎ᠠ ᠬᠡᠩᠭᠡᠷᠭᠡ ᠨᠢᠵᠢᠭᠢᠨᠡᠨ᠂ ᠶᠡᠷᠦ ᠪᠤᠰᠤ ᠵᠢᠨ ᠬᠥᠷ ᠬᠥᠭᠵᠢᠶᠡᠨ᠎ᠲᠠᠢ ᠪᠠᠶ᠋ᠢᠵᠤ᠂ ᠭᠠᠵᠠᠷ ᠪᠣᠯᠭ᠋ᠠᠨ᠎ᠳᠤ ᠬᠠᠯᠠᠭᠤᠨ ᠰᠡᠳᠬᠢᠯᠭᠡ ᠡᠶ᠎ᠡ ᠵᠣᠬᠢᠴᠠᠯ᠎ᠲᠠᠢ ᠠᠭᠤᠷ ᠠᠮᠢᠰᠬᠤᠯ ᠵᠶ᠋ᠠᠷ ᠪᠢᠯᠬᠠᠵᠤ᠂ ᠥᠪᠡᠷᠮᠢᠴᠡ ᠣᠨᠴᠠᠯᠢᠭ᠎ᠲᠠᠢ 《ᠪᠡᠶ᠎ᠡ ᠵᠢᠨ ᠲᠠᠮᠢᠷ᠎ᠤᠨ ᠴᠤᠭᠯᠠᠭ᠋ᠠᠨ》 ᠬᠥᠷ ᠬᠥᠭᠵᠢᠶᠡᠨ ᠵᠶ᠋ᠠᠷ ᠡᠬᠢᠯᠡᠪᠡ᠃ ᠡᠯ᠎ᠡ ᠲᠥᠯᠥᠭᠡᠯᠡᠭᠴᠢᠳ᠎ᠤᠨ ᠠᠩᠭᠢ ᠮᠣᠷᠳᠠᠬᠤ᠎ᠪᠠᠷ ᠪᠡᠯᠡᠳᠬᠡᠵᠦ᠂ 200 ᠭᠠᠷᠤᠶ ᠰᠠᠭᠤᠭ᠋ᠠᠯᠢ ᠠᠷᠠᠳ ᠬᠥᠳᠡᠯᠭᠡᠭᠡᠨ ᠵᠶ᠋ᠠᠷ ᠵᠠᠭᠤᠴᠢ ᠪᠣᠯᠭ᠋ᠠᠨ᠂ ᠨᠡᠶ᠋ᠢᠭᠡᠮ ᠲᠣᠭᠣᠷᠢᠭ᠎ᠤᠨ ᠡᠶ᠎ᠡ ᠵᠣᠬᠢᠴᠠᠯ᠎ᠤᠨ ᠰᠢᠨ᠎ᠡ ᠦᠵᠡᠮᠵᠢ ᠵᠢ ᠵᠢᠷᠤᠭᠯᠠᠵᠠᠶ᠃ ᠠᠵᠢᠯᠯᠠᠭ᠎ᠠ᠎ᠨᠢ 《ᠵᠢᠮᠢᠰ ᠢᠳᠡᠰᠢᠨ ᠨᠣᠭᠣᠭ᠎ᠠ ᠵᠢ ᠤᠷᠠᠬᠠᠨ᠎ᠳᠠᠭᠠᠨ ᠣᠷᠣᠭᠤᠯᠬᠤ》᠎ᠪᠠᠷ ᠬᠥᠰᠢᠭᠡ᠎ᠪᠠᠨ ᠰᠡᠬᠦᠵᠦ᠂ ᠲᠠᠮᠢᠷᠴᠢᠳ ᠠᠮᠢᠰᠬᠤᠭ᠎ᠠ᠎ᠪᠠᠨ ᠳᠠᠷᠤᠨ ᠬᠦᠴᠦ᠎ᠪᠠᠨ ᠭᠠᠶ᠋ᠢᠬᠠᠭᠤᠯᠵᠤ᠂ ᠵᠢᠮᠢᠰ ᠢᠳᠡᠰᠢᠨ ᠨᠣᠭᠣᠭ᠎ᠠ ᠵᠢ ᠵᠠᠪᠠᠯ ᠤᠯᠬᠤ ᠭᠡᠵᠦ ᠪᠠᠶ᠋ᠢᠨ᠎ᠠ᠃ ᠳᠠᠷᠠᠭ᠎ᠠ᠎ᠨᠢ᠂ 《ᠯᠣᠩᠬᠣᠨ᠎ᠤ ᠠᠮᠠᠰᠠᠷ᠎ᠤᠨ  ᠪᠤᠤᠬᠢᠶ᠎ᠠ》᠂ 《ᠨᠠᠢ᠍ᠮᠠᠯᠵᠢ ᠭᠣᠣᠯ ᠭᠠᠲᠤᠯᠬᠤ》 ᠤᠷᠤᠯᠳᠤᠭ᠋ᠠᠨ᠎ᠨᠢ ᠪᠦᠯᠬᠦᠮ ᠨᠡᠶ᠋ᠢᠲᠡ ᠵᠢᠨ ᠤᠷᠤᠯᠳᠤᠭ᠋ᠠᠨ ᠪᠠ ᠬᠠᠮᠲᠤ ᠨᠡᠶ᠋ᠢᠲᠡ ᠵᠢᠨ ᠬᠠᠮᠵᠢᠯᠴᠠᠭ᠎ᠠ ᠵᠢ ᠤᠷᠠᠨ ᠵᠶ᠋ᠠᠷ ᠠᠭᠤᠰᠤᠯᠴᠠᠭᠤᠯᠵᠤ᠂ ᠰᠠᠭᠤᠭ᠋ᠠᠯᠢ ᠠᠷᠠᠳ᠎ᠤᠨ ᠬᠣᠭᠣᠷᠣᠨᠳᠣ᠎ᠪᠠᠨ ᠰᠡᠳᠬᠢᠯ ᠰᠠᠨᠠᠭ᠎ᠠ᠎ᠪᠠᠨ ᠮᠡᠳᠡᠯᠴᠡᠨ ᠬᠠᠮᠵᠢᠯᠴᠠᠵᠤ᠂ ᠤᠷᠢᠶ᠎ᠠ᠎ᠨᠢ ᠬᠠᠩᠭᠢᠨᠠᠮ᠎ᠠ ᠪᠠᠶ᠋ᠢᠵᠤ᠂ ᠰᠠᠭᠤᠭ᠋ᠠᠯᠢ ᠠᠷᠠᠳ᠎ᠤᠨ ᠬᠣᠭᠣᠷᠣᠨᠳᠣᠬᠢ ᠵᠠᠢ ᠵᠢ ᠤᠢ᠍ᠢ᠍ᠷᠠᠳᠤᠭᠤᠯᠤᠭᠰᠠᠨ ᠮᠥᠷᠲᠡᠭᠡᠨ ᠪᠠᠰᠠ ᠢᠲᠡᠭᠡᠯᠴᠡᠭᠡ᠎ᠪᠠᠨ ᠨᠡᠮᠡᠭᠳᠡᠭᠦᠯᠪᠡ᠃ ᠬᠦᠴᠦ ᠨᠡᠮᠡᠬᠦ ᠳᠠᠭᠤᠨ ᠳᠤᠮᠳᠠ᠂ ᠬᠥᠳᠡᠯᠭᠡᠭᠡᠨ᠎ᠤ ᠠᠭᠤᠷ ᠠᠮᠢᠰᠬᠤᠯ᠎ᠢ ᠣᠷᠭᠢᠯ᠎ᠳᠤ ᠬᠦᠷᠭᠡᠪᠡ᠃ 《ᠫᠢᠩᠫᠠᠩ ᠪᠥᠮᠪᠥᠭᠡ ᠵᠢᠨ ᠬᠣᠰᠢᠭᠤᠴᠢ》 ᠵᠢᠨ ᠠᠵᠢᠯᠯᠠᠭ᠎ᠠ ᠳᠤᠮᠳᠠ᠂ ᠣᠯᠠᠨ ᠵᠶ᠋ᠠᠷ ᠵᠶ᠋ᠠᠨ ᠭᠠᠷ᠎ᠲᠠᠭᠠᠨ  ᠰᠠᠪᠬ᠎ᠠ ᠪᠠᠷᠢᠵᠤ᠂ ᠭᠠᠷ᠎ᠤᠨ ᠬᠤᠷᠳᠤᠴᠠ ᠪᠠ ᠤᠷ᠎ᠠ ᠮᠡᠷᠭᠡᠵᠢᠯ ᠵᠶ᠋ᠠᠨ ᠠᠳᠠᠯᠢᠳᠬᠠᠵᠤ᠂ ᠫᠢᠩᠫᠠᠩ ᠪᠥᠮᠪᠥᠭᠡ ᠵᠢ ᠬᠠᠶ᠋ᠢᠷᠴᠠᠭ᠎ᠲᠤ ᠯᠠᠪᠳᠠᠭᠤᠨ ᠬᠠᠪᠴᠢᠭᠤᠯᠤᠨ ᠣᠷᠣᠭᠤᠯᠵᠤ᠂ ᠳᠠᠮᠵᠢᠭᠤᠯᠬᠤ ᠳᠤᠮᠳᠠ ᠨᠡᠪᠲᠡᠷᠡᠯᠴᠡᠭᠡ᠂ ᠪᠦᠯᠬᠦᠮᠳᠡᠯ ᠬᠠᠮᠵᠢᠯᠴᠠᠭ᠎ᠠ ᠵᠢ ᠨᠡᠮᠡᠭᠳᠡᠭᠦᠯᠦᠭᠰᠡᠨ ᠵᠶ᠋ᠠᠷ ᠪᠠᠷᠠᠬᠤ ᠥᠬᠡᠶ᠂ ᠨᠠᠩ ᠴᠤ᠌ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠨᠢᠭᠲᠠᠷᠠᠯ᠎ᠤᠨ ᠬᠦᠴᠦᠨ᠎ᠢ ᠠᠬᠢᠭᠤᠯᠵᠤ᠂ ᠨᠡᠶ᠋ᠢᠭᠡᠮ ᠲᠣᠭᠣᠷᠢᠭ᠎ᠤᠨ ᠲᠥᠪᠯᠡᠩᠭᠦᠢ ᠬᠦᠴᠦᠨ᠎ᠢ ᠳᠡᠭᠡᠭᠰᠢᠯᠡᠭᠦᠯᠪᠡ᠃ 《ᠲᠡᠪᠡᠭ ᠪᠥᠵᠢᠭᠯᠡᠬᠦ》 ᠶᠠᠪᠤᠴᠠ᠎ᠳᠤ᠂ ᠲᠠᠮᠢᠷᠴᠢᠳ ᠪᠦᠬᠦ ᠠᠩᠬᠠᠷᠤᠯ ᠵᠶ᠋ᠠᠨ ᠲᠥᠪᠯᠡᠷᠡᠭᠦᠯᠦᠨ᠂ ᠡᠷᠲᠡᠨ᠎ᠤ ᠬᠥᠮᠦᠰ᠎ᠤᠨ ᠳᠡᠪᠦᠷ᠎ᠡ ᠰᠢᠳᠡᠬᠦ ᠵᠢ ᠳᠠᠭᠤᠷᠢᠶᠠᠵᠤ᠂ ᠲᠡᠪᠡᠭ᠎ᠢ ᠵᠠᠯᠭ᠋ᠠᠭ᠎ᠠ᠎ᠪᠠᠷ ᠣᠨᠢᠯᠠᠵᠤ ᠰᠢᠳᠡᠳᠡᠭ᠃ ᠡᠲᠡᠭᠡᠷ ᠠᠵᠢᠯᠯᠠᠭ᠎ᠠ ᠵᠢᠨ ᠲᠥᠷᠥᠯ  ᠵᠦᠢ᠍ᠯ᠎ᠨᠢ  ᠰᠣᠨᠢᠷᠬᠠᠯᠲᠠᠶ ᠪᠠᠶ᠋ᠢᠵᠤ᠂ ᠣᠯᠠᠨ᠎ᠢ ᠪᠠᠶᠠᠷ ᠬᠥᠷ᠎ᠲᠠᠢ᠂ ᠠᠭᠤᠵᠢᠭᠤ ᠲᠠᠯᠪᠢᠭᠤ ᠪᠣᠯᠭ᠋ᠠᠭᠰᠠᠨ ᠵᠶ᠋ᠠᠷ ᠪᠠᠷᠠᠬᠤ ᠥᠬᠡᠶ᠂ ᠰᠠᠭᠤᠭ᠋ᠠᠯᠢ ᠠᠷᠠᠳ᠎ᠤᠨ ᠨᠡᠶ᠋ᠢᠭᠡᠮ ᠲᠣᠭᠣᠷᠢᠭ᠎ᠤᠨ ᠬᠡᠷᠡᠭ ᠶᠠᠪᠤᠳᠠᠯ᠎ᠳᠤ ᠣᠷᠣᠯᠴᠠᠬᠤ ᠬᠠᠯᠠᠭᠤᠨ ᠰᠡᠳᠬᠢᠯᠭᠡ ᠵᠢ ᠨᠠᠩ ᠬᠥᠭᠵᠢᠭᠡᠪᠡ᠃ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠮᠡᠳᠡᠯᠭᠡ ᠵᠢᠨ ᠠᠰᠠᠭᠤᠯᠲᠠ ᠬᠠᠷᠢᠭᠤᠯᠲᠠ ᠵᠢᠨ ᠭᠣᠭᠴᠣᠭ᠎ᠠ᠎ᠳᠤ᠂ ᠨᠡᠶ᠋ᠢᠭᠡᠮ ᠲᠣᠭᠣᠷᠢᠭ ᠪᠠᠰᠠ ᠰᠠᠭᠤᠭ᠋ᠠᠯᠢ ᠠᠷᠠᠳ᠎ᠲᠤ ᠭᠡᠨᠡᠳᠲᠡ ᠵᠢᠨ ᠪᠠᠶᠠᠷ ᠬᠦᠷᠭᠡᠵᠦ᠂ ᠰᠠᠭᠤᠭ᠋ᠠᠯᠢ ᠠᠷᠠᠳ ᠢᠳᠡᠪᠬᠢᠲᠡᠢ᠎ᠪᠠᠷ ᠭᠠᠷ ᠡᠷᠭᠦᠨ ᠵᠠᠪᠳᠤᠨ ᠬᠠᠷᠢᠭᠤᠯᠵᠤ᠂ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢ ᠬᠥᠮᠦᠰ᠎ᠤᠨ ᠰᠡᠳᠬᠢᠯ᠎ᠳᠤ ᠭᠦᠨ ᠬᠠᠳᠠᠩᠰᠢᠭᠤᠯᠵᠠᠢ᠃

       ᠨᠡᠶ᠋ᠢᠭᠡᠮ ᠲᠣᠭᠣᠷᠢᠭ᠎ᠤᠨ ᠤᠷᠠᠨ ᠰᠠᠶ᠋ᠢᠬᠠᠨ᠎ᠤ ᠠᠩᠭᠢ ᠰᠠᠭᠤᠭ᠋ᠠᠯᠢ ᠠᠷᠠᠳ᠎ᠤᠨ ᠦᠵᠡᠵᠦ ᠰᠣᠨᠢᠷᠬᠠᠬᠤ ᠳᠤᠷᠠᠲᠠᠶ ᠬᠡᠯᠪᠡᠷᠢ᠎ᠪᠠᠷ ᠰᠠᠭᠤᠭ᠋ᠠᠯᠢ ᠠᠷᠠᠳ᠎ᠲᠤ ᠭᠣᠶ᠋ᠢᠳᠠ ᠰᠠᠶ᠋ᠢᠬᠠᠨ ᠲᠣᠭᠯᠠᠯᠲᠠ ᠠᠪᠴᠢᠷᠠᠵᠤ᠂ ᠥᠩᠭᠡᠷᠡᠭᠰᠡᠨ᠎ᠤ ᠮᠠᠰᠢ ᠣᠯᠠᠨ ᠰᠠᠭᠤᠭ᠋ᠠᠯᠢ ᠠᠷᠠᠳ᠎ᠤᠨ ᠠᠩᠬᠠᠷᠤᠯ᠎ᠢ ᠲᠠᠲᠠᠵᠤ᠂ ᠵᠠᠷᠢᠮ᠎ᠨᠢ ᠥᠪᠡᠷ᠎ᠤᠨ ᠡᠷᠬᠡ ᠥᠬᠡᠶ ᠣᠷᠣᠯᠴᠠᠵᠤ᠂ ᠵᠠᠷᠢᠮ᠎ᠨᠢ ᠬᠥᠭᠵᠢᠭᠡᠨ ᠵᠣᠷᠢᠭᠵᠢᠭᠤᠯᠬᠤ ᠠᠩᠭᠢ᠂ ᠰᠦᠷ ᠰᠦᠯᠳᠡ ᠵᠢᠨ ᠤᠷᠤᠯᠳᠤᠭ᠋ᠠᠨ᠎ᠳᠤ ᠣᠷᠣᠯᠴᠠᠵᠤ᠂ ᠲᠣᠰ ᠤᠳᠠᠭ᠋ᠠᠨ᠎ᠤ ᠠᠵᠢᠯᠯᠠᠭ᠎ᠠ᠎ᠳᠤ ᠨᠠᠩ ᠣᠯᠠᠨ ᠪᠠᠶᠠᠷ ᠪᠠᠶᠠᠰᠤᠯ ᠪᠠ ᠠᠮᠢᠵᠢᠷᠠᠯ᠎ᠤᠨ ᠬᠦᠴᠦᠨ ᠨᠡᠮᠡᠷᠢᠯᠡᠵᠡᠶ᠃

       ᠱᠠᠩᠨᠠᠯ ᠣᠯᠭᠣᠬᠤ ᠭᠣᠭᠴᠣᠭ᠎ᠠ ᠵᠢᠨ ᠲᠡᠭᠦᠰ ᠠᠮᠵᠢᠯᠲᠠ᠎ᠲᠠᠢ ᠳᠠᠭᠤᠰᠬᠤ ᠵᠢ ᠳᠠᠭ᠋ᠠᠯᠳᠤᠨ᠂ ᠲᠣᠰ ᠤᠳᠠᠭ᠋ᠠᠨ᠎ᠤ ᠨᠡᠶ᠋ᠢᠭᠡᠮ ᠲᠣᠭᠣᠷᠢᠭ᠎ᠤᠨ ᠰᠣᠨᠢᠷᠬᠠᠯᠲᠤ ᠪᠡᠶ᠎ᠡ ᠵᠢᠨ ᠲᠠᠮᠢᠷ᠎ᠤᠨ ᠴᠤᠭᠯᠠᠭ᠋ᠠᠨ ᠴᠤ᠌ ᠲᠡᠭᠦᠰ ᠠᠮᠵᠢᠯᠲᠠ᠎ᠲᠠᠢ ᠥᠨᠳᠥᠷᠯᠡᠪᠡ᠃ ᠰᠠᠭᠤᠭ᠋ᠠᠯᠢ ᠠᠷᠠᠳ᠎ᠤᠳ᠄ 《ᠪᠡᠶ᠎ᠡ ᠵᠢᠨ ᠲᠠᠮᠢᠷ᠎ᠤᠨ ᠴᠤᠭᠯᠠᠭ᠋ᠠᠨ᠎ᠳᠤ ᠱᠠᠩᠨᠠᠯ ᠠᠪᠬᠤ ᠡᠰᠡᠬᠦ᠎ᠨᠢ ᠴᠢᠬᠤᠯᠠ ᠪᠢᠰᠢ᠂ ᠣᠷᠣᠯᠴᠠᠬᠤ᠎ᠨᠢ ᠴᠢᠬᠤᠯᠠ᠂ ᠣᠯᠠᠨ ᠵᠶ᠋ᠠᠷ ᠵᠶ᠋ᠠᠨ ᠬᠠᠮᠲᠤ᠎ᠪᠠᠷ ᠪᠠᠶᠠᠷᠯᠠᠪᠠᠯ ᠪᠣᠯᠴᠢᠬᠠᠨ᠎ᠠ! ᠡᠨᠡ ᠬᠥᠳᠡᠯᠭᠡᠭᠡᠨ᠎ᠨᠢ ᠪᠢᠳᠡᠨ᠎ᠳᠤ ᠪᠠᠶᠠᠷ ᠪᠠᠶᠠᠰᠤᠯ ᠪᠠ ᠭᠦᠨ ᠵᠤᠵᠠᠭ᠋ᠠᠨ ᠨᠥᠬᠥᠷᠯᠡᠯ᠎ᠢ ᠠᠪᠴᠢᠷᠠᠵᠤ ᠥᠭᠴᠡᠶ》᠃

       ᠲᠠᠷᠠᠭ᠋ᠠᠴᠢ ᠵᠢᠨ ᠠᠯᠬᠤᠮ᠎ᠳᠤ᠂ ᠨᠡᠶ᠋ᠢᠭᠡᠮ ᠲᠣᠭᠣᠷᠢᠭ᠎ᠤᠨ᠎ᠬᠢᠨ ᠨᠠᠮ᠎ᠤᠨ ᠪᠠᠶ᠋ᠢᠭᠤᠯᠤᠯᠲᠠ᠎ᠪᠠᠷ ᠬᠦᠳᠦᠯᠥᠨ ᠳᠠᠭ᠋ᠠᠭᠤᠯᠬᠤ ᠵᠢ ᠦᠷᠭᠦᠯᠵᠢᠯᠡᠨ ᠪᠠᠷᠢᠮᠲᠠᠯᠠᠵᠤ᠂ ᠠᠷᠠᠳ ᠲᠦᠮᠡᠨ᠎ᠳᠤ ᠦᠢ᠍ᠯᠡᠴᠢᠯᠡᠬᠦ ᠵᠥᠭᠡᠯᠡᠨ ᠪᠣᠳᠠᠲᠤ ᠬᠦᠴᠦᠨ ᠵᠶ᠋ᠠᠨ ᠳᠡᠭᠡᠭᠰᠢᠯᠡᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠦᠨᠡᠨ ᠪᠣᠳᠠᠲᠠᠢ ᠲᠦᠷᠦᠭᠳᠡᠯ᠎ᠲᠠᠢ ᠪᠦᠲᠦᠮᠵᠢᠲᠡᠢ ᠪᠠᠲᠤ ᠴᠣᠭᠴᠠᠯᠠᠨ᠎ᠠ᠃ ᠣᠯᠠᠨ ᠡᠰᠢᠵᠢᠭᠰᠡᠨ᠂ ᠰᠣᠨᠢᠷᠬᠠᠯᠲᠠᠶ ᠠᠵᠢᠯᠯᠠᠭ᠎ᠠ ᠵᠢ ᠪᠠᠶ᠋ᠢᠩᠭᠤᠵᠢᠭᠤᠯᠤᠨ ᠤᠬᠠᠭ᠋ᠠᠯᠠᠬᠤ ᠪᠠ ᠵᠣᠬᠢᠶᠠᠨ ᠪᠠᠶ᠋ᠢᠭᠤᠯᠵᠤ᠂ ᠰᠠᠭᠤᠭ᠋ᠠᠯᠢ ᠠᠷᠠᠳ᠎ᠤᠨ ᠣᠶᠤᠨ᠎ᠤ ᠠᠮᠢᠳᠤᠷᠠᠯ᠎ᠢ ᠪᠠᠶᠠᠯᠢᠭᠵᠢᠭᠤᠯᠤᠨ᠂ ᠬᠥᠷᠰᠢ ᠵᠡᠷᠭᠡᠯᠡᠳᠡᠭᠡ ᠵᠢᠨ ᠪᠦᠯᠬᠦᠮᠳᠡᠯ ᠨᠥᠬᠥᠷᠯᠡᠯ᠎ᠢ ᠨᠡᠮᠡᠭᠳᠡᠭᠦᠯᠵᠦ᠂ ᠨᠡᠶ᠋ᠢᠭᠡᠮ ᠲᠣᠭᠣᠷᠢᠭ᠎ᠤᠨ ᠡᠶ᠎ᠡ ᠵᠣᠬᠢᠴᠠᠯ᠎ᠲᠠᠢ ᠪᠠᠶ᠋ᠢᠬᠤ ᠵᠢ ᠠᠬᠢᠭᠤᠯᠤᠨ᠎ᠠ᠃ ᠨᠡᠩ ᠤᠯᠠᠨ ᠰᠠᠭᠤᠭ᠋ᠠᠯᠢ ᠠᠷᠠᠳ᠎ᠤᠨ ᠨᠡᠶ᠋ᠢᠭᠡᠮ ᠲᠣᠭᠣᠷᠢᠭ᠎ᠤᠨ ᠦᠢ᠍ᠯᠡᠴᠢᠯᠡᠭᠡ᠂ ᠨᠡᠶ᠋ᠢᠭᠡᠮ ᠲᠣᠭᠣᠷᠢᠭ᠎ᠤᠨ ᠪᠦᠳᠦᠭᠡᠨ ᠪᠠᠶ᠋ᠢᠭᠤᠯᠤᠯᠲᠠ᠂ ᠨᠡᠶ᠋ᠢᠭᠡᠮ ᠲᠣᠭᠣᠷᠢᠭ᠎ᠤᠨ ᠵᠠᠰᠠᠯᠲᠠ᠎ᠳᠤ ᠣᠷᠣᠯᠴᠠᠬᠤ ᠵᠢ ᠬᠥᠭᠵᠢᠭᠡᠵᠦ᠂ ᠨᠡᠶ᠋ᠢᠭᠡᠮ ᠲᠣᠭᠣᠷᠢᠭ᠎ᠤᠨ ᠬᠠᠷᠢᠯᠴᠠᠨ ᠬᠠᠪᠰᠤᠷᠤᠯᠴᠠᠬᠤ ᠰᠠᠢ᠍ᠢ᠍ᠨ ᠰᠠᠶ᠋ᠢᠬᠠᠨ ᠬᠡᠪ ᠰᠤᠷᠲᠠᠯ᠎ᠢ ᠪᠦᠷᠢᠯᠳᠦᠭᠦᠯᠬᠦ ᠵᠢ ᠠᠬᠢᠭᠤᠯᠵᠤ᠂  ᠰᠠᠢ᠍ᠢ᠍ᠨ ᠰᠠᠶ᠋ᠢᠬᠠᠨ ᠵᠠᠰᠠᠯᠲᠠ ᠵᠢᠨ ᠢᠷᠡᠭᠡᠳᠦᠢ ᠵᠢ ᠬᠠᠮᠲᠤ᠎ᠪᠠᠷ ᠵᠢᠷᠤᠭᠯᠠᠨ᠎ᠠ᠃


ᠢᠷᠡᠯᠲᠡ᠄ ᠴᠠᠬᠠᠷ ᠪᠠᠷᠠᠭᠣᠨ ᠭᠠᠷᠣᠨ ᠡᠮᠦᠨᠡᠲᠣ ᠬᠣᠰᠢᠭᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠭᠡᠷ