ᠨᠢᠭᠡ ᠭᠣᠣᠯ ᠰᠢᠵᠢᠮ᠎ᠢ ᠲᠤᠭᠤᠰᠢᠲᠠᠢ ᠨᠠᠢ᠌ᠳᠠᠪᠤᠷᠢᠵᠢᠭᠤᠯᠤᠨ᠎ᠠ   -   ᠲᠥᠷᠥ ᠵᠢᠨ ᠪᠣᠳᠣᠯᠭ᠎ᠠ ᠵᠢᠨ ᠲᠠᠢ᠌ᠯᠤᠮᠵᠢ
2025 ᠣᠨ᠎ᠤ 《ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠰᠠᠷ᠎ᠠ》 ᠵᠢᠨ ᠰᠢᠷᠢᠰ ᠠᠵᠢᠯᠯᠠᠭ᠎ᠠ ᠪᠠᠶᠠᠨᠨᠠᠭᠤᠷ ᠬᠤᠲᠠ ᠵᠢᠨ ᠡᠯ᠎ᠡ ᠬᠣᠰᠢᠭᠤ ᠰᠢᠶᠠᠨ᠎ᠳᠤ ᠬᠦᠷ ᠬᠦᠭᠵᠢᠶᠡᠨᠲᠡᠢ ᠶᠠᠪᠤᠭᠳᠠᠭᠰᠠᠨ ᠪᠠᠢ᠌ᠨ᠎ᠠ
ᠨᠡᠶ᠋ᠢᠲᠡᠯᠡᠭᠰᠡᠨ ᠴᠠᠭ᠄ 2025-05-23


  2025 ᠣᠨ᠎ᠤ 《ᠦᠨᠳᠦᠰᠦᠲᠡᠨ᠎ᠤ ᠲᠦᠷᠦ ᠵᠢᠨ ᠪᠤᠳᠤᠯᠭ᠎ᠠ ᠵᠢᠨ ᠤᠬᠠᠭᠤᠯᠭ᠎ᠠ ᠵᠢᠨ ᠰᠠᠷ᠎ᠠ》᠂ 《ᠦᠨᠳᠦᠰᠦᠲᠡᠨ᠎ᠤ ᠬᠠᠤᠯᠢ᠎ᠪᠠᠷ ᠵᠠᠰᠠᠬᠤ ᠤᠬᠠᠭᠤᠯᠭ᠎ᠠ ᠵᠢᠨ ᠭᠠᠷᠠᠭ》᠎ᠤᠨ  ᠬᠤᠭᠤᠴᠠᠭ᠋ᠠᠨ᠎ᠳᠤ ᠂ ᠪᠠᠶᠠᠨᠨᠠᠭᠤᠷ ᠬᠤᠳᠠ ᠵᠢᠨ ᠡᠯ᠎ᠡ ᠬᠤᠰᠢᠭᠤ ᠰᠢᠶᠠᠨ ᠲᠣᠭᠤᠷᠢᠭ᠂ ᠡᠯ᠎ᠡ ᠠᠵᠤ ᠠᠬᠤᠶ᠋ᠢᠯᠠᠯ ᠠᠵᠢᠯ ᠦᠢ᠍ᠯᠡᠰ᠎ᠤᠨ  ᠨᠢᠭᠡᠴᠢ ᠂ ᠡᠯ᠎ᠡ ᠦᠨᠳᠦᠰᠦᠨ ᠱᠠᠲᠤᠨ᠎ᠤ ᠵᠣᠬᠢᠶᠠᠨ ᠪᠠᠶ᠋ᠢᠭᠤᠯᠤᠯᠲᠠ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠭᠤᠣᠯ ᠰᠢᠵᠢᠮ᠎ᠢ ᠪᠠᠲᠤ ᠡᠵᠡᠮᠳᠡᠵᠦ᠂ 《ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠶ᠋ᠢᠭᠤᠯᠤᠯᠲᠠ ᠵᠢ ᠪᠦᠬᠦ ᠲᠠᠯ᠎ᠠ᠎ᠪᠠᠷ ᠠᠬᠢᠭᠤᠯᠬᠤ》᠎ᠪᠠᠷ ᠭᠤᠣᠯ ᠰᠡᠳᠦᠪ ᠪᠣᠯᠭ᠋ᠠᠵᠤ᠂ ᠪᠦᠬᠦ ᠬᠤᠳᠠ ᠵᠢᠨ ᠬᠡᠪᠴᠢᠶᠡᠨ᠎ᠳᠤ ᠠᠵᠢᠯᠯᠠᠭ᠎ᠠ ᠵᠢᠨ ᠥᠷᠨᠢᠯᠲᠡ ᠵᠢ ᠦᠳᠲᠡᠷ ᠲᠦᠷᠭᠡᠨ ᠪᠤᠢ ᠪᠣᠯᠭ᠋ᠠᠵᠤ᠂ ᠤᠯᠠᠨ ᠲᠠᠯ᠎ᠠ᠎ᠪᠠᠷ ᠬᠦᠴᠦᠯᠡᠬᠦ᠂ ᠪᠦᠬᠦ ᠠᠷᠠᠳ ᠵᠶ᠋ᠠᠷ ᠵᠶ᠋ᠠᠨ ᠴᠤᠤᠷᠢᠶᠠᠲᠤᠨ ᠲᠠᠭ᠋ᠠᠬᠤ᠂ ᠪᠦᠬᠦ ᠴᠠᠷᠠᠭ᠎ᠠ ᠵᠢ ᠬᠠᠮᠤᠷᠬᠤ ᠬᠥᠭᠵᠢᠶᠡᠨᠲᠡᠢ ᠪᠠᠶ᠋ᠢᠳᠠᠯ᠎ᠢ ᠪᠤᠢ ᠪᠣᠯᠭ᠋ᠠᠵᠤ᠂ 《ᠨᠢᠭᠡ ᠭᠠᠷᠠᠭ ᠨᠢᠭᠡ ᠰᠠᠷ᠎ᠠ》 ᠵᠢᠨ ᠠᠵᠢᠯᠯᠠᠭ᠎ᠠ ᠬᠦᠷ  ᠬᠦᠭᠵᠢᠶᠡᠨᠲᠡᠢ ᠶᠠᠪᠤᠭᠳᠠᠪᠠ ᠃
   ᠯᠢᠨ ᠾᠧ ᠲᠣᠭᠤᠷᠢᠭ ᠰᠢᠨ᠎ᠡ ᠵᠢ ᠡᠭᠦᠳᠬᠦ ᠬᠡᠯᠪᠡᠷᠢ᠎ᠪᠠᠷ 2025 ᠣᠨ᠎ᠤ 《ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠰᠠᠷ᠎ᠠ》᠂ 《ᠦᠨᠳᠦᠰᠦᠲᠡᠨ᠎ᠤ ᠬᠠᠤᠯᠢ᠎ᠪᠠᠷ ᠵᠠᠰᠠᠬᠤ ᠤᠬᠠᠭᠤᠯᠭ᠎ᠠ ᠵᠢᠨ ᠭᠠᠷᠠᠭ》᠎ᠤᠨ ᠠᠵᠢᠯᠯᠠᠭ᠎ᠠ ᠵᠢ ᠡᠬᠢᠯᠡᠭᠦᠯᠵᠦ᠂ 16  ᠪᠦᠷᠢᠯᠳᠦᠬᠦᠨ ᠎ᠲᠠᠢ 《ᠤᠯᠠᠭ᠋ᠠᠨ ᠠᠨᠠᠷ》 ᠤᠬᠠᠭᠤᠯᠤᠨ ᠲᠠᠶ᠋ᠢᠯᠪᠤᠷᠢᠯᠠᠬᠤ ᠪᠦᠯᠬᠦᠮ᠎ᠢ ᠵᠣᠬᠢᠶᠠᠨ ᠪᠠᠶ᠋ᠢᠭᠤᠯᠵᠤ᠂ ᠰᠢᠶᠠᠩ ᠪᠠᠯᠭ᠋ᠠᠰᠤ᠂ ᠵᠡᠭᠡᠯᠢ ᠭᠤᠳᠤᠮᠵᠢ᠎ᠳᠤ ᠭᠦᠨᠵᠡᠭᠡᠶ᠋ᠢᠷᠡᠨ  ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ 《ᠣᠯᠠᠨ ᠲᠦᠮᠡᠨ  ᠣᠯᠠᠨ ᠲᠦᠮᠡᠨ᠎ᠳᠤ᠎ᠪᠠᠨ  ᠶᠠᠷᠢᠬᠤ 》 ᠲᠣᠭᠤᠷᠢᠨ ᠤᠬᠠᠭᠤᠯᠤᠨ ᠲᠠᠶ᠋ᠢᠯᠪᠤᠷᠢᠯᠠᠬᠤ ᠠᠵᠢᠯᠯᠠᠭ᠎ᠠ ᠵᠢ ᠥᠷᠨᠢᠭᠦᠯᠪᠡ᠃ 4 ᠰᠠᠷ᠎ᠠ ᠵᠢᠨ 30᠎ᠤ ᠡᠳᠦᠷ᠎ᠠᠴᠠ 5 ᠰᠠᠷ᠎ᠠ ᠵᠢᠨ 7᠎ᠤ ᠡᠳᠦᠷ ᠪᠣᠯᠲᠠᠯ᠎ᠠ᠂ ᠨᠡᠶ᠋ᠢᠲᠡ 10 ᠰᠢᠶᠠᠩ ᠪᠠᠯᠭ᠋ᠠᠰᠤ (ᠲᠠᠷᠢᠶᠠᠯᠠᠩ᠎ᠤᠨ ᠲᠠᠯᠠᠪᠠᠶ)᠂ ᠵᠡᠭᠡᠯᠢ ᠭᠤᠳᠤᠮᠵᠢ᠎ᠳᠤ ᠭᠦᠨᠵᠡᠭᠡᠶ᠋ᠢᠷᠡᠨ ᠤᠬᠠᠭᠤᠯᠤᠨ ᠲᠠᠶ᠋ᠢᠯᠪᠤᠷᠢᠯᠠᠵᠤ᠂ ᠡᠯ᠎ᠡ ᠬᠠᠷᠢᠶ᠎ᠠ ᠣᠷᠣᠨ᠎ᠤ ᠨᠠᠮ᠎ᠤᠨ ᠭᠡᠰᠢᠭᠦᠨ ᠺᠠᠳ᠋ᠷ ᠣᠯᠠᠨ ᠲᠦᠮᠡᠨ 500 ᠭᠠᠷᠤᠶ ᠬᠥᠮᠦᠨ ᠤᠬᠠᠭᠤᠯᠤᠨ ᠲᠠᠶ᠋ᠢᠯᠪᠤᠷᠢᠯᠠᠬᠤ ᠵᠢ ᠰᠣᠨᠣᠰᠪᠠ᠃


临河区.jpg


   ᠳ᠋ᠧᠩᠺᠸᠤ ᠰᠢᠶᠠᠨ᠎ᠤ᠎ᠬᠢᠨ 《ᠤᠯᠠᠭ᠋ᠠᠨ ᠪᠥᠴᠡᠲᠡᠨ ᠭᠠᠯ ᠪᠠᠮᠪᠠᠷ ᠳᠠᠮᠵᠢᠭᠤᠯᠬᠤ᠂ ᠠᠨᠠᠷ᠎ᠤᠨ ᠦᠷ᠎ᠡ ᠵᠢᠨ ᠬᠦᠰᠡᠯ ᠵᠡᠭᠦᠳᠦ᠎ᠪᠠᠨ  ᠲᠡᠷᠭᠡᠯᠰᠢᠭᠦᠯᠬᠦ》 ᠳ᠋ᠧᠩᠺᠸᠤ ᠰᠢᠶᠠᠨ᠎ᠤ ᠭᠤᠷᠪᠠᠳᠤᠭ᠋ᠠᠷ ᠬᠤᠭᠤᠴᠠᠭ᠋ᠠᠨ᠎ᠤ ᠤᠯᠠᠭ᠋ᠠᠨ ᠪᠥᠴᠡᠲᠡᠨ  ᠲᠠᠶ᠋ᠢᠯᠪᠤᠷᠢᠯᠠᠭᠴᠢ ᠵᠢᠨ ᠤᠷᠤᠯᠳᠤᠭ᠋ᠠᠨ ᠵᠢᠴᠢ 《ᠦᠨᠳᠦᠰᠦᠲᠡᠨ᠎ᠤ ᠲᠦᠷᠦ ᠵᠢᠨ ᠪᠤᠳᠤᠯᠭ᠎ᠠ ᠵᠢᠨ ᠤᠬᠠᠭᠤᠯᠭ᠎ᠠ ᠵᠢᠨ ᠰᠠᠷ᠎ᠠ》᠂ 《ᠦᠨᠳᠦᠰᠦᠲᠡᠨ᠎ᠤ ᠬᠠᠤᠯᠢ᠎ᠪᠠᠷ ᠵᠠᠰᠠᠬᠤ ᠤᠬᠠᠭᠤᠯᠭ᠎ᠠ ᠵᠢᠨ ᠭᠠᠷᠠᠭ》᠎ᠤᠨ ᠠᠵᠢᠯᠯᠠᠭ᠎ᠠ ᠥᠷᠨᠢᠭᠦᠯᠪᠡ᠃ ᠤᠯᠠᠭ᠋ᠠᠨ ᠪᠦᠴᠡᠲᠡᠨ  ᠲᠠᠶ᠋ᠢᠯᠪᠤᠷᠢᠯᠠᠭᠴᠢ ᠬᠤᠪᠢᠰᠬᠠᠯ᠎ᠤᠨ ᠤᠳᠤᠮᠰᠢᠯ᠎ᠢ  ᠤᠯᠠᠮᠵᠢᠯᠠᠵᠤ ᠂ ᠨᠠᠮ᠎ᠤᠨ ᠦᠯᠢᠭᠡᠷ᠎ᠢ ᠶᠠᠷᠢᠬᠤ ᠂  ᠨᠤᠲᠤᠭ᠎ᠤᠨ ᠰᠢᠨ᠎ᠡ  ᠬᠤᠪᠢᠷᠠᠯᠲᠠ᠂ ᠬᠦᠭᠵᠢᠯᠲᠡ ᠵᠢᠨ ᠦᠯᠢᠭᠡᠷ᠎ᠢ ᠶᠠᠷᠢᠬᠤ᠂ ᠶᠡᠷᠦᠩᠬᠡᠢ ᠱᠦᠵᠢ ᠰᠢ ᠵᠢᠨ ᠫᠢᠩ᠎ᠤᠨ ᠰᠤᠷᠭ᠋ᠠᠯ᠎ᠢ ᠴᠡᠭᠡᠵᠢᠯᠡᠵᠦ ᠦᠰᠦᠨ ᠪᠣᠢ᠌ᠵᠢᠬᠤ ᠦᠯᠢᠭᠡᠷ᠎ᠢ ᠶᠠᠷᠢᠬᠤ᠂  ᠳᠤᠮᠳᠠᠲᠤ ᠵᠢᠨ ᠬᠦᠪᠡᠭᠦᠳ ᠦᠬᠢᠳ ᠨᠢᠭᠡ ᠭᠡᠷ ᠪᠦᠯᠢ ᠮᠡᠲᠦ ᠳᠤᠲᠤᠨᠤ ᠦᠨᠳᠦᠰᠦᠲᠡᠨ᠎ᠤ  ᠪᠦᠯᠬᠦᠮᠳᠡᠯ᠎ᠢ ᠶᠠᠷᠢᠬᠤ᠂  ᠬᠤᠰᠢᠭᠤᠴᠢ ᠵᠢᠱ᠌ᠢᠶᠡᠴᠢ᠎ᠳᠤ ᠬᠦᠨᠳᠦᠳᠬᠡᠯ ᠳᠡᠪᠰᠢᠭᠦᠯᠵᠦ᠂  ᠳᠠᠭᠤᠷᠢᠶᠠᠯ᠎ᠤᠨ ᠦᠯᠢᠭᠡᠷ᠎ᠢ  ᠶᠠᠷᠢᠬᠤ᠂ ᠬᠥᠬᠡᠮᠳᠦᠭ ᠨᠣᠭᠤᠭ᠋ᠠᠨ ᠠᠭᠤᠯᠠ ᠤᠰᠤ ᠵᠢ ᠰᠠᠬᠢᠨ ᠬᠠᠮᠠᠭ᠋ᠠᠯᠠᠵᠤ᠂ ᠠᠮᠢ ᠠᠬᠤᠢ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢ  ᠶᠠᠷᠢᠬᠤ᠂  ᠡᠬᠡ ᠤᠯᠤᠰ᠎ᠤᠨ ᠤᠮᠠᠷᠠᠳᠤ ᠬᠢᠯᠢ ᠵᠢ ᠬᠠᠮᠠᠭ᠋ᠠᠯᠠᠵᠤ᠂ ᠤᠯᠤᠰ ᠬᠢᠯᠢ ᠬᠢᠵᠠᠭ᠋ᠠᠷ᠎ᠢ ᠬᠠᠮᠠᠭ᠋ᠠᠯᠠᠬᠤ ᠵᠢ  ᠶᠠᠷᠢᠬᠤ ᠵᠡᠷᠭᠡ ᠳᠣᠯᠣᠭ᠋ᠠᠨ ᠭᠣᠣᠯ ᠰᠡᠳᠦᠪ᠎ᠤᠨ ᠲᠣᠭᠤᠷᠢᠨ᠎ᠳᠤ  ᠭᠣᠢ᠌ᠳᠠ ᠰᠠᠢ᠌ᠬᠠᠨ ᠶᠠᠷᠢᠭᠰᠠᠨ ᠪᠠᠢ᠌ᠨ᠎ᠠ᠃


磴口县.jpg


   ᠤᠷᠠᠳ᠎ᠤᠨ ᠬᠤᠶ᠋ᠢᠲᠤ ᠬᠤᠰᠢᠭᠤᠨ᠎ᠤ  ᠴᠠᠭ᠋ᠠᠨ ᠣᠪᠣᠭ᠎ᠠ ᠭᠠᠴᠠᠭ᠋ᠠᠨ᠎ᠤ ᠰᠢᠨ᠎ᠡ ᠴᠠᠭ ᠦᠶ᠎ᠡ ᠵᠢᠨ ᠪᠣᠯᠪᠠᠰᠤᠨ᠎ᠤ   ᠦᠢ᠍ᠯᠡᠳᠦᠯᠭᠡ ᠵᠢᠨ ᠥᠷᠲᠡᠭᠡ᠎ᠳᠤ 《ᠦᠨᠳᠦᠰᠦᠲᠡᠨ᠎ᠨᠦᠭᠦᠳ ᠪᠦᠯᠬᠦᠮᠳᠡᠨ ᠨᠢᠭᠡ ᠬᠡᠷ ᠮᠡᠲᠦ ᠂  ᠬᠠᠤᠯᠢ ᠵᠢ ᠲᠦᠭᠡᠮᠡᠯᠵᠢᠭᠦᠯᠬᠦ ᠤᠬᠠᠭᠤᠯᠭ᠎ᠠ ᠵᠢ ᠬᠥᠮᠦᠰ᠎ᠤᠨ ᠰᠡᠳᠬᠢᠯ᠎ᠳᠤ ᠬᠠᠳᠠᠩᠰᠢᠭᠤᠯᠬᠤ》 ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠵᠦ᠂ 《ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠰᠠᠷ᠎ᠠ》᠂ 《ᠦᠨᠳᠦᠰᠦᠲᠡᠨ᠎ᠤ  ᠬᠠᠤᠯᠢᠵᠢᠯ᠎ᠤᠨ ᠤᠬᠠᠭᠤᠯᠭ᠎ᠠ ᠵᠢᠨ ᠭᠠᠷᠠᠭ》᠎ᠤᠨ ᠠᠵᠢᠯᠯᠠᠭ᠎ᠠ ᠵᠢᠨ ᠬᠥᠰᠢᠭᠡ ᠵᠢ ᠵᠢᠩᠬᠢᠨᠢ᠎ᠪᠠᠷ  ᠡᠬᠢᠯᠡᠭᠦᠯᠵᠦ᠂  ᠡᠯ᠎ᠡ ᠦᠨᠳᠦᠰᠦᠲᠡᠨ᠎ᠤ ᠣᠯᠠᠨ ᠲᠦᠮᠡᠨ᠎ᠳᠤ ᠡᠳᠦᠷ ᠲᠤᠲᠤᠮ᠎ᠤᠨ ᠠᠮᠢᠳᠤᠷᠠᠯ᠎ᠲᠠᠢ ᠨᠢᠭᠲᠠ ᠬᠤᠯᠪᠣᠭ᠎ᠠ᠎ᠲᠠᠢ ᠬᠠᠤᠯᠢ ᠴᠠᠭ᠋ᠠᠵᠠ ᠵᠢᠨ ᠮᠡᠳᠡᠯᠭᠡ ᠵᠢ ᠨᠠᠷᠢᠨ ᠲᠠᠶ᠋ᠢᠯᠪᠤᠷᠢᠯᠠᠪᠠ᠃ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠬᠠᠤᠯᠢ》᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠠᠬᠢᠭᠤᠯᠬᠤ ᠳᠦᠷᠢᠮ》᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠬᠠᠤᠯᠢ》᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 〈ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠬᠠᠤᠯᠢ〉 ᠵᠢ ᠬᠡᠷᠡᠭᠵᠢᠭᠦᠯᠬᠦ ᠠᠷᠭ᠎ᠠ》 ᠵᠡᠷᠭᠡ ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠮᠠᠲ᠋ᠧᠷᠢᠶᠠᠯ᠎ᠢ ᠲᠠᠷᠬᠠᠭ᠋ᠠᠵᠤ᠂  ᠭᠠᠴᠠᠭ᠎ᠠ ᠂ ᠨᠠᠮ᠎ᠤᠨ ᠭᠡᠰᠢᠭᠦᠨ ᠭᠤᠤᠯᠯᠠᠭᠴᠢ ᠡᠷᠦᠬᠡ ᠵᠡᠷᠭᠡ ᠭᠤᠤᠯ ᠪᠣᠯᠬᠤ ᠭᠠᠵᠠᠷ᠎ᠲᠤ ᠤᠬᠠᠭᠤᠯᠭ᠎ᠠ ᠵᠢᠨ ᠬᠠᠭᠤᠳᠠᠰᠤ ᠨᠠᠭ᠋ᠠᠵᠤ᠂ 《ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠰᠠᠷ᠎ᠠ》 ᠵᠢᠨ ᠠᠵᠢᠯᠯᠠᠭ᠎ᠠ ᠵᠢᠨ ᠭᠦᠨ ᠵᠤᠵᠠᠭ᠋ᠠᠨ ᠠᠭᠤᠷ ᠠᠮᠢᠰᠬᠤᠯ᠎ᠢ ᠤᠯᠠᠮ ᠨᠢᠭᠡ ᠠᠯᠬᠤᠮ ᠪᠣᠶ ᠪᠣᠯᠭ᠋ᠠᠪᠠ᠃


乌拉特后旗.png


   ᠬᠠᠩᠭᠢᠨ ᠬᠤᠶ᠋ᠢᠲᠤ ᠬᠤᠰᠢᠭᠤᠨ᠎ᠤ᠎ᠬᠢᠨ ᠱᠠ ᠬᠠᠶ ᠪᠠᠯᠭ᠋ᠠᠰᠤᠨ᠎ᠳᠤ ᠶᠢᠰᠦᠳᠦᠭᠡᠷ ᠬᠤᠭᠤᠴᠠᠭ᠋ᠠᠨ᠎ᠤ ᠠᠯᠢᠮ᠎ᠠ ᠵᠢᠨ ᠴᠡᠴᠡᠭ᠎ᠤᠨ ᠨᠠᠶ᠋ᠢᠷ᠂ ᠱᠠᠮᠪᠠ ᠵᠢᠨ  ᠥᠨᠥᠷ  ᠠᠮᠲᠠ ᠳᠠᠭᠤᠤ ᠬᠥᠭᠵᠢᠮ᠎ᠤᠨ  ᠨᠠᠢ᠌ᠷ᠎ᠲᠠᠢ ᠤᠶᠠᠯᠳᠤᠭᠤᠯᠤᠨ 《ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠰᠠᠷ᠎ᠠ》 ᠵᠢᠨ ᠭᠤᠤᠯ ᠰᠡᠳᠦᠪᠲᠦ ᠠᠵᠢᠯᠯᠠᠭ᠎ᠠ ᠥᠷᠨᠢᠭᠦᠯᠵᠦ᠂ ᠬᠠᠤᠯᠢ ᠴᠠᠭ᠋ᠠᠵᠠ ᠵᠢᠨ ᠯᠠᠪᠯᠠᠭ᠎ᠠ ᠵᠢᠨ ᠲᠠᠪᠴᠠᠩ ᠭᠠᠷᠭ᠋ᠠᠵᠤ᠂ ᠤᠬᠠᠭᠤᠯᠭ᠎ᠠ ᠵᠢᠨ ᠰᠠᠮᠪᠠᠷ᠎ᠠ  ᠳᠡᠯᠭᠡᠵᠦ᠂ ᠦᠨᠳᠦᠰᠦᠲᠡᠨ᠎ᠤ ᠬᠡᠷᠡᠭ ᠡᠷᠭᠢᠯᠡᠬᠦ ᠵᠥᠪᠯᠡᠯ᠎ᠤᠨ ᠠᠵᠢᠯᠲᠠᠨ᠂ ᠦᠨᠳᠦᠰᠦᠨ ᠱᠠᠲᠤᠨ᠎ᠤ ᠠᠷᠠᠳ᠎ᠤᠨ ᠴᠠᠭᠳᠠᠭ᠎ᠠ᠂ ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ ᠰᠠᠶ᠋ᠢᠨ ᠳᠤᠷ᠎ᠠ ᠵᠢᠨ ᠠᠵᠢᠯᠯᠠᠭᠴᠢ  ᠣᠯᠠᠨ ᠲᠦᠮᠡᠨ᠎ᠳᠤ ᠦᠨᠳᠦᠰᠦᠨ ᠬᠠᠤᠯᠢ᠂ ᠢᠷᠭᠡᠨ᠎ᠤ ᠬᠠᠤᠯᠢ ᠵᠢᠨ ᠪᠢᠴᠢᠭ  ᠲᠠᠷᠬᠠᠭ᠋ᠠᠵᠤ᠂ ᠤᠬᠠᠭᠤᠯᠭ᠎ᠠ ᠵᠢᠨ ᠭᠠᠷ ᠳᠡᠪᠲᠡᠷ ᠲᠠᠷᠬᠠᠭ᠋ᠠᠬᠤ᠂ ᠲᠤᠬᠠᠶ ᠵᠢᠨ ᠲᠠᠯᠠᠪᠤᠷ᠎ᠲᠤ ᠲᠠᠶ᠋ᠢᠯᠤᠮᠵᠢ ᠬᠢᠬᠦ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠣᠯᠠᠨ ᠲᠦᠮᠡᠨ᠎ᠳᠤ ᠮᠡᠬᠡᠯᠡᠯ᠎ᠢ ᠡᠰᠡᠷᠭᠦᠴᠡᠬᠦ᠂ ᠬᠤᠤᠷ ᠴᠠᠭ᠋ᠠᠵᠠᠯᠠᠬᠤ᠂ ᠰᠦᠷᠳᠡᠭᠦᠯᠦᠯ᠎ᠢ ᠡᠰᠡᠷᠭᠦᠴᠡᠬᠦ ᠵᠡᠷᠭᠡ ᠡᠳᠦᠷ ᠲᠤᠲᠤᠮ᠎ᠤᠨ ᠠᠮᠢᠳᠤᠷᠠᠯ᠎ᠲᠠᠢ ᠨᠢᠭᠲᠠ ᠬᠤᠯᠪᠣᠭ᠎ᠠ᠎ᠲᠠᠢ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠ ᠠᠮᠤᠷ ᠲᠦᠪᠰᠢᠨ᠎ᠤ ᠰᠡᠷᠭᠡᠶ᠋ᠢᠯᠡᠯᠲᠡ ᠵᠢᠨ ᠮᠡᠳᠡᠯᠭᠡ ᠵᠢ ᠲᠦᠭᠡᠮᠡᠯᠵᠢᠭᠦᠯᠵᠦ᠂ ᠲᠥᠬᠦᠮ ᠣᠶ᠋ᠢᠯᠠᠭ᠋ᠠᠮᠵᠢᠲᠠᠶ ᠦᠭᠡ᠎ᠪᠠᠷ ᠣᠯᠠᠨ ᠲᠦᠮᠡᠨ᠎ᠳᠤ ᠤᠷᠤᠭ ᠬᠡᠷ ᠪᠦᠯᠢ᠂ ᠥᠪ  ᠵᠠᠯᠭ᠋ᠠᠮᠵᠢᠯᠠᠬᠤ  ᠵᠡᠷᠭᠡ ᠠᠰᠠᠭᠤᠳᠠᠯ᠎ᠢ ᠲᠠᠶ᠋ᠢᠯᠪᠤᠷᠢᠯᠠᠨ ᠥᠭᠴᠦ᠂ ᠣᠯᠠᠨ ᠲᠦᠮᠡᠨ᠎ᠢ ᠬᠥᠲᠥᠯᠦᠨ  ᠵᠢᠯᠤᠭᠤᠳᠤᠭᠰᠠᠨ ᠪᠠᠢ᠌ᠨ᠎ᠠ ᠃


杭锦后旗.jpg


   ᠤᠷᠠᠳ᠎ᠤᠨ ᠳᠤᠮᠳᠠᠳᠤ ᠬᠤᠰᠢᠭᠤᠨ᠎ᠤ ᠦᠨᠳᠦᠰᠦᠲᠡᠨ᠎ᠤ ᠬᠡᠷᠡᠭ ᠡᠷᠭᠢᠯᠡᠬᠦ ᠵᠥᠪᠯᠡᠯ ᠭᠠᠭᠴᠠᠮᠤᠳᠤ ᠪᠠᠯᠭ᠋ᠠᠰᠤ᠂ ᠭᠠᠭᠴᠠᠮᠤᠳᠤ ᠪᠣᠭᠤᠮᠲᠠ ᠵᠢᠨ ᠬᠠᠮᠢᠶᠠᠷᠤᠯᠲᠠ ᠵᠢᠨ ᠵᠥᠪᠯᠡᠯ᠂ ᠭᠠᠭᠴᠠᠮᠤᠳᠤ ᠬᠢᠯᠢ᠎ᠪᠠᠷ ᠣᠷᠣᠵᠤ ᠭᠠᠷᠬᠤ ᠬᠢᠯᠢ ᠵᠢᠨ ᠬᠠᠮᠠᠭ᠋ᠠᠯᠠᠯᠲᠠ ᠵᠢᠨ ᠪᠠᠶ᠋ᠢᠴᠠᠭ᠋ᠠᠬᠤ ᠥᠷᠲᠡᠭᠡ᠂ ᠬᠤᠰᠢᠭᠤᠨ᠎ᠤ ᠵᠣᠬᠢᠶᠠᠨ ᠪᠠᠶ᠋ᠢᠭᠤᠯᠬᠤ ᠬᠡᠯᠲᠡᠰ᠂ ᠬᠤᠰᠢᠭᠤᠨ᠎ᠤ ᠨᠢᠭᠡᠳᠦᠮᠡᠯ ᠹᠷᠣᠨᠲ᠎ᠤᠨ ᠬᠡᠯᠲᠡᠰ᠎ᠲᠠᠢ ᠬᠠᠮᠲᠤᠷᠠᠨ 《ᠤᠯᠤᠰ᠎ᠤᠨ ᠲᠤᠭ ᠬᠢᠯᠢ ᠬᠢᠵᠠᠭ᠋ᠠᠷ᠎ᠢ  ᠭᠡᠢ᠌ᠭᠦᠯᠵᠦ᠂  ᠰᠡᠳᠬᠢᠯ ᠨᠢᠭᠡᠳᠦᠨ ᠳᠤᠮᠳᠠᠳᠤ ᠵᠢᠨ  ᠤᠯᠠᠭ᠋ᠠᠨ᠎ᠢ  ᠪᠠᠲᠤ  ᠰᠠᠬᠢᠶ᠎ᠠ》᠂ 《ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠶ᠋ᠢᠭᠤᠯᠤᠯᠲᠠ ᠵᠢ ᠪᠥᠬᠦ ᠲᠠᠯ᠎ᠠ᠎ᠪᠠᠷ ᠠᠬᠢᠭᠤᠯᠬᠤ》 ᠭᠤᠤᠯ ᠰᠡᠳᠦᠪᠲᠦ ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠵᠢᠨ ᠠᠩᠬᠠᠨ᠎ᠤ ᠥᠷᠲᠡᠭᠡ ᠳᠤᠮᠳᠠᠳᠤ ᠮᠣᠩᠭᠤᠯ᠎ᠤᠨ ᠬᠢᠯᠢ ᠵᠢᠨ ᠵᠠᠭ᠋ᠠᠭ᠎ᠤᠨ ᠬᠥᠰᠢᠶ᠎ᠡ᠎ᠳᠤ ᠬᠦᠷᠴᠦ᠂ ᠡᠯ᠎ᠡ  ᠪᠠᠢ᠌ᠭᠤᠯᠭ᠎ᠠ ᠨᠢᠭᠡᠴᠢ ᠵᠢᠨ ᠠᠵᠢᠯᠲᠠᠳ  ᠲᠥᠪ ᠴᠢᠩᠭ᠎ᠠ ᠵᠣᠭᠰᠣᠵᠤ᠂ ᠬᠢᠯᠢ ᠵᠢᠨ ᠪᠠᠶ᠋ᠢᠴᠠᠭ᠋ᠠᠬᠤ ᠥᠷᠲᠡᠭᠡᠨ᠎ᠤ ᠲᠠᠶ᠋ᠢᠯᠪᠤᠷᠢᠯᠠᠭᠴᠢ ᠣᠯᠠᠨ᠎ᠳᠤ ᠬᠢᠯᠢ ᠵᠢᠨ ᠬᠥᠰᠢᠶ᠎ᠡ ᠵᠢᠨ  ᠠᠭᠤᠯᠭ᠎ᠠ  ᠵᠢᠴᠢ ᠠᠴᠢ ᠬᠤᠯᠪᠣᠭᠳᠠᠯ᠎ᠢ ᠲᠠᠶ᠋ᠢᠯᠪᠤᠷᠢᠯᠠᠵᠤ᠂ 《ᠤᠯᠤᠰ᠎ᠤᠨ ᠲᠤᠭ ᠬᠢᠯᠢ ᠬᠢᠵᠠᠭ᠋ᠠᠷ᠎ᠢ  ᠭᠡᠢ᠌ᠭᠦᠯᠵᠦ᠂  ᠰᠡᠳᠬᠢᠯ ᠨᠢᠭᠡᠳᠦᠨ ᠳᠤᠮᠳᠠᠳᠤ ᠵᠢᠨ  ᠤᠯᠠᠭ᠋ᠠᠨ᠎ᠢ  ᠪᠠᠲᠤ  ᠰᠠᠬᠢᠶ᠎ᠠ 》 ᠭᠤᠣᠯ ᠰᠡᠳᠦᠪ᠎ᠤᠨ ᠲᠣᠭᠤᠷᠢᠨ᠎ᠳᠤ ᠤᠶᠠᠩᠭ᠋ᠠᠯᠠᠨ ᠤᠩᠰᠢᠬᠤ ᠠᠵᠢᠯᠯᠠᠭ᠎ᠠ ᠥᠷᠨᠢᠭᠦᠯᠵᠦ᠂ ᠡᠬᠡ ᠤᠯᠤᠰ᠎ᠲᠤ᠎ᠪᠠᠨ  ᠰᠡᠳᠬᠢᠯ ᠵᠶ᠋ᠠᠨ ᠢᠯᠡᠳᠬᠡᠵᠦ᠂ ᠤᠯᠤᠰ᠎ᠤᠨ ᠡᠷᠬᠡ ᠮᠡᠳᠡᠯ ᠪᠣᠯᠤᠨ ᠨᠤᠲᠤᠭ ᠳᠡᠪᠢᠰᠬᠡᠷ᠎ᠤᠨ ᠪᠦᠷᠢᠨ ᠪᠦᠲᠦᠨ ᠪᠠᠶ᠋ᠢᠬᠤ ᠵᠢ ᠬᠠᠮᠠᠭ᠋ᠠᠯᠠᠬᠤ ᠬᠠᠷᠢᠭᠤᠴᠠᠯᠭ᠋ᠠᠲᠤ ᠤᠬᠠᠮᠰᠠᠷ᠎ᠢ ᠭᠦᠨᠵᠡᠭᠡᠢ ᠬᠠᠳᠠᠩᠰᠢᠭᠤᠯᠪᠠ᠃


乌拉特中旗.jpg


   ᠤᠷᠠᠳ᠎ᠤᠨ ᠡᠮᠦᠨᠡᠲᠦ ᠬᠤᠰᠢᠭᠤᠨ᠎ᠤ ᠦᠨᠳᠦᠰᠦᠲᠡᠨ᠎ᠤ ᠬᠡᠷᠡᠭ ᠡᠷᠭᠢᠯᠡᠬᠦ ᠵᠥᠪᠯᠡᠯ 《ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠶ᠋ᠢᠭᠤᠯᠤᠯᠲᠠ ᠵᠢ ᠪᠥᠬᠦ ᠲᠠᠯ᠎ᠠ᠎ᠪᠠᠷ ᠠᠬᠢᠭᠤᠯᠬᠤ》᠎ᠪᠠᠷ ᠭᠤᠤᠯ ᠰᠡᠳᠦᠪ ᠪᠣᠯᠭ᠋ᠠᠵᠤ᠂ ᠮᠤᠨᠠ ᠠᠭᠤᠯᠠ ᠪᠠᠯᠭ᠋ᠠᠰᠤᠨ᠎ᠤ ᠯᠢᠨ ᠬᠠᠶ ᠨᠡᠶ᠋ᠢᠭᠡᠮ ᠲᠣᠭᠤᠷᠢᠭ᠎ᠤᠨ ᠠᠷᠠᠳ᠎ᠤᠨ ᠪᠡᠶ᠎ᠡ ᠮᠠᠬᠠᠪᠣᠳ᠎ᠢ ᠬᠢᠨᠠᠨ ᠬᠡᠮᠵᠢᠬᠦ ᠠᠵᠢᠯᠯᠠᠭ᠎ᠠ ᠵᠢ ᠠᠰᠢᠭᠯᠠᠨ 《ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠰᠠᠷ᠎ᠠ》 ᠵᠢᠨ ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠪᠡ᠃ ᠣᠶ᠋ᠢᠯᠠᠭ᠋ᠠᠮᠵᠢᠲᠠᠶ ᠦᠭᠡ ᠬᠡᠯᠡ᠎ᠪᠠᠷ ᠣᠯᠠᠨ ᠲᠦᠮᠡᠨ᠎ᠳᠤ ᠨᠠᠮ᠎ᠤᠨ ᠦᠨᠳᠦᠰᠦᠲᠡᠨ᠎ᠤ ᠣᠨᠣᠯ ᠲᠥᠷᠥ ᠵᠢᠨ ᠪᠣᠳᠣᠯᠭ᠎ᠠ ᠵᠢ ᠲᠠᠶ᠋ᠢᠯᠪᠤᠷᠢᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠠᠬᠢ ᠪᠣᠶ ᠪᠣᠯᠭ᠋ᠠᠬᠤ ᠭᠤᠤᠯ ᠠᠭᠤᠯᠭ᠎ᠠ ᠵᠢ ᠭᠤᠤᠯᠳᠠᠯᠭ᠎ᠠ᠎ᠲᠠᠢ ᠲᠣᠳᠣᠷᠬᠠᠶ᠋ᠢᠯᠠᠨ  ᠲᠠᠢ᠌ᠯᠪᠤᠷᠢᠯᠠᠪᠠ ᠃ ᠦᠨᠳᠦᠰᠦᠲᠡᠨ᠎ᠤ ᠪᠦᠯᠬᠦᠮᠳᠡᠯ᠎ᠤᠨ ᠤᠷᠢᠶ᠎ᠠ ᠯᠣᠽᠦ᠋ᠩ ᠳᠠᠷᠤᠮᠠᠯᠯᠠᠭᠰᠠᠨ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠤᠭᠤᠲᠠ ᠂ 《ᠳᠤᠮᠳᠠᠳᠤ ᠵᠢᠨ ᠦᠨᠳᠦᠰᠦᠲᠡᠨ ᠨᠢᠭᠡ ᠭᠡᠷ ᠮᠡᠲᠦ ᠳᠣᠲᠣᠨᠣ ᠪᠠᠶ᠋ᠢᠵᠤ᠂ ᠰᠡᠳᠬᠢᠯ ᠨᠢᠭᠡᠳᠦᠨ ᠳᠤᠮᠳᠠᠳᠤ ᠵᠢᠨ ᠵᠡᠭᠦᠳᠦ ᠵᠢ  ᠬᠠᠮᠲᠤ᠎ᠪᠠᠷ  ᠲᠡᠷᠭᠡᠯᠰᠢᠭᠦᠯᠬᠦ》  ᠲᠡᠮᠳᠡᠭ᠎ᠲᠠᠢ  ᠬᠡᠷᠡᠭᠯᠡᠭᠡᠨ᠎ᠤ ᠡᠳ᠋ ᠪᠣᠳᠠᠰ᠎ᠢ 100 ᠭᠠᠷᠤᠢ ᠬᠤᠪᠢ  ᠲᠠᠷᠬᠠᠭ᠋ᠠᠵᠤ᠂ 《ᠭᠤᠷᠪᠠᠨ ᠰᠠᠯᠵᠤ ᠴᠢᠳᠠᠬᠤ ᠦᠭᠡᠢ》᠂ 《ᠲᠠᠪᠤᠨ ᠬᠠᠮᠲᠤ ᠵᠢᠨ ᠲᠠᠨᠢᠯᠲᠠ》 ᠵᠢᠨ ᠣᠶ᠋ᠢᠯᠠᠭ᠋ᠠᠭᠳᠠᠬᠤᠨ᠎ᠢ ᠤᠯᠠᠨ ᠲᠦᠮᠡᠨ᠎ᠤ ᠡᠳᠦᠷ ᠲᠤᠳᠤᠮ᠎ᠤᠨ ᠠᠮᠢᠳᠤᠷᠠᠯ᠎ᠳᠤ ᠠᠭᠤᠰᠤᠯᠴᠠᠭᠤᠯᠵᠤ᠂ 《ᠵᠢᠵᠢᠭ ᠪᠣᠳᠠᠰ》 ᠵᠶ᠋ᠠᠷ 《ᠶᠡᠭᠡ ᠬᠠᠶ᠋ᠢᠷ᠎ᠠ ᠰᠡᠳᠬᠢᠯᠭᠡ》 ᠵᠢ ᠳᠠᠮᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ  ᠴᠣᠭᠴᠠᠯᠠᠬᠤ ᠵᠢ ᠨᠡᠩ ᠤᠯᠠᠨ ᠲᠦᠮᠡᠨ᠎ᠲᠠᠢ ᠣᠶ᠋ᠢᠷᠠᠲᠤᠭᠤᠯᠵᠤ᠂ ᠬᠥᠮᠦᠰ᠎ᠤᠨ ᠬᠦᠷᠢᠶᠡᠯᠡᠯ᠎ᠢ  ᠲᠠᠲᠠᠬᠤ ᠪᠣᠯᠭ᠋ᠠᠪᠠ ᠃


乌拉特前旗.jpg



ᠢᠷᠡᠯᠲᠡ᠄ ᠪᠠᠶᠠᠨᠨᠠᠭᠤᠷ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠭᠡᠷ᠎ᠤᠨ ᠣᠷᠴᠢᠭᠤᠯᠭ᠎ᠠ ᠵᠢᠨ ᠲᠠᠰᠤᠭ