ᠨᠢᠭᠡ ᠭᠣᠣᠯ ᠰᠢᠵᠢᠮ᠎ᠢ ᠲᠤᠭᠤᠰᠢᠲᠠᠢ ᠨᠠᠢ᠌ᠳᠠᠪᠤᠷᠢᠵᠢᠭᠤᠯᠤᠨ᠎ᠠ   -   ᠲᠥᠷᠥ ᠵᠢᠨ ᠪᠣᠳᠣᠯᠭ᠎ᠠ ᠵᠢᠨ ᠲᠠᠢ᠌ᠯᠤᠮᠵᠢ
ᠬᠥᠯᠥᠨ ᠪᠤᠢ᠌ᠷ ᠬᠤᠲᠠ ᠵᠢᠨ ᠵᠠᠰᠠᠭ᠎ᠤᠨ ᠣᠷᠳᠣᠨ᠎ᠤ ᠠᠯᠪᠠᠨ ᠭᠡᠷ ᠦᠨᠳᠦᠰᠦᠲᠡᠨ᠎ᠤ ᠬᠠᠤᠯᠢ᠎ᠪᠠᠷ ᠵᠠᠰᠠᠬᠤ ᠲᠥᠷᠥ ᠵᠢᠨ ᠪᠣᠳᠣᠯᠭ᠎ᠠ ᠵᠢᠨ ᠲᠤᠰᠬᠠᠢ ᠰᠡᠳᠦᠪᠲᠦ ᠲᠠᠢ᠌ᠯᠤᠮᠵᠢ ᠥᠷᠨᠢᠭᠦᠯᠪᠡ
ᠨᠡᠶ᠋ᠢᠲᠡᠯᠡᠭᠰᠡᠨ ᠴᠠᠭ᠄ 2025-05-26


    ᠨᠠᠮ᠎ᠤᠨ ᠦᠨᠳᠦᠰᠦᠲᠡᠨ᠎ᠤ ᠲᠥᠷᠦ ᠵᠢᠨ ᠪᠣᠳᠣᠯᠭ᠎ᠠ ᠵᠢ ᠭᠦᠨᠵᠡᠭᠡᠢ ᠲᠤᠭᠤᠰᠢᠯᠠᠭᠤᠯᠵᠤ ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ  ᠤᠬᠠᠮᠰᠠᠷ᠎ᠢ ᠪᠠᠲᠤ ᠴᠣᠭᠴᠠᠯᠠᠨ ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠠᠬᠢᠭᠤᠯᠵᠤ ᠂ ᠵᠠᠰᠠᠭ᠎ᠤᠨ ᠣᠷᠳᠣᠨ᠎ᠤ ᠠᠯᠪᠠᠨ ᠭᠡᠷ᠎ᠤᠨ ᠺᠠᠳ᠋ᠷ ᠠᠵᠢᠯᠲᠠᠨ᠎ᠤ ᠦᠨᠳᠦᠰᠦᠲᠡᠨ᠎ᠤ ᠬᠠᠤᠯᠢ᠎ᠪᠠᠷ ᠵᠠᠰᠠᠬᠤ ᠰᠡᠳᠬᠢᠬᠦᠢ ᠵᠢ ᠳᠡᠭᠡᠭᠰᠢᠯᠡᠭᠦᠯᠬᠦ ᠵᠢᠨ ᠲᠤᠰᠠᠳᠠ ᠂ 5 ᠰᠠᠷ᠎ᠠ ᠵᠢᠨ 22᠎ᠤᠨ ᠡᠳᠦᠷ ᠂  ᠬᠥᠯᠥᠨ ᠪᠤᠢ᠌ᠷ  ᠬᠤᠲᠠ ᠵᠢᠨ ᠵᠠᠰᠠᠭ᠎ᠤᠨ ᠣᠷᠳᠣᠨ᠎ᠤ  ᠠᠯᠪᠠᠨ ᠭᠡᠷ ᠦᠨᠳᠦᠰᠦᠲᠡᠨ᠎ᠤ ᠬᠠᠤᠯᠢ᠎ᠪᠠᠷ ᠵᠠᠰᠠᠬᠤ ᠲᠥᠷᠦ ᠵᠢᠨ ᠪᠣᠳᠣᠯᠭ᠎ᠠ ᠵᠢᠨ ᠲᠤᠰᠬᠠᠢ ᠰᠡᠳᠦᠪᠲᠦ ᠲᠠᠢ᠌ᠯᠤᠮᠵᠢ ᠥᠷᠨᠢᠭᠦᠯᠪᠡ ᠃

    ᠬᠤᠲᠠ ᠵᠢᠨ ᠵᠠᠰᠠᠭ᠎ᠤᠨ  ᠣᠷᠳᠣᠨ᠎ᠤ ᠠᠯᠪᠠᠨ ᠭᠡᠷ᠎ᠤᠨ ᠺᠠᠳ᠋ᠷ ᠠᠵᠢᠯᠲᠠᠨ 40 ᠭᠠᠷᠤᠢ ᠬᠥᠮᠥᠨ ᠰᠤᠷᠤᠯᠴᠠᠯᠭ᠎ᠠ᠎ᠳᠤ ᠣᠷᠣᠯᠴᠠᠵᠠᠢ ᠃  ᠲᠠᠢ᠌ᠯᠤᠮᠵᠢ᠎ᠳᠤ ᠪᠡᠭᠡᠵᠢᠩ ᠬᠤᠲᠠ ᠵᠢᠨ ᠸᠠᠩ ᠢᠦᠢ ᠮᠧᠶ (  ᠬᠠᠢ᠌ᠯᠠᠷ ) ᠬᠠᠤᠯᠢᠴᠢ ᠵᠢᠨ ᠬᠡᠷᠡᠭ ᠡᠷᠬᠢᠯᠡᠬᠦ ᠭᠠᠵᠠᠷ᠎ᠤᠨ ᠳᠡᠳ᠋ ᠡᠷᠬᠢᠯᠡᠭᠴᠢ ᠳ᠋ᠦᠩ ᠰᠢᠶᠠᠩ  ᠶᠢᠩ᠎ᠢ ᠤᠷᠢᠵᠤ 《  ᠤᠮᠠᠷᠠᠲᠤ ᠬᠢᠯᠢ ᠵᠢᠨ ᠪᠦᠯᠬᠦᠮᠳᠡᠯ᠎ᠤᠨ ᠰᠠᠭᠤᠷᠢ ᠵᠢ ᠪᠡᠬᠢᠵᠢᠭᠦᠯᠵᠦ ᠦᠵᠡᠰᠬᠦᠯᠡᠩᠲᠦ ᠰᠠᠢ᠌ᠬᠠᠨ ᠬᠥᠯᠥᠨ ᠪᠤᠶ᠋ᠢᠷ᠎ᠢ ᠬᠠᠮᠲᠤ᠎ᠪᠠᠷ ᠪᠦᠲᠦᠭᠡᠨ  ᠪᠠᠢ᠌ᠭᠤᠯᠤᠶ᠎ᠠ 》 ᠭᠡᠬᠦ ᠰᠡᠳᠦᠪ ᠵᠶ᠋ᠠᠷ 《  ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠠᠬᠢᠭᠤᠯᠬᠤ  ᠳᠦᠷᠢᠮ 》᠎ᠤᠨ ᠲᠤᠬᠠᠢ ᠲᠤᠰᠬᠠᠢ ᠰᠡᠳᠦᠪᠲᠦ ᠲᠠᠢ᠌ᠯᠤᠮᠵᠢ ᠬᠢᠯᠭᠡᠪᠡ ᠃ 《  ᠳᠦᠷᠢᠮ 》᠎ᠤᠨ ᠬᠠᠤᠯᠢ ᠲᠣᠭᠲᠠᠭ᠋ᠠᠭᠰᠠᠨ ᠠᠬᠤᠢ ᠪᠠᠢ᠌ᠳᠠᠯ ᠂ ᠭᠣᠣᠯ ᠵᠦᠢ᠍ᠯ ᠵᠤᠷᠪᠤᠰ ᠂  ᠪᠣᠳᠠᠲᠠᠢ ᠠᠵᠢᠯᠯᠠᠭ᠋ᠠᠨ ᠵᠡᠷᠭᠡ ᠲᠠᠯ᠎ᠠ᠎ᠠᠴᠠ ᠰᠢᠰᠲ᠋ᠧᠮ᠎ᠲᠠᠢ ᠲᠠᠢ᠌ᠯᠤᠮᠵᠢ ᠬᠢᠪᠡ ᠃ ᠬᠡᠷᠡᠭ᠎ᠤᠨ ᠵᠢᠱ᠌ᠢᠶ᠎ᠡ ᠂ ᠲᠣᠭ᠎ᠠ ᠪᠠᠷᠢᠮᠲᠠ ᠵᠡᠷᠭᠡ᠎ᠪᠠᠷ ᠳᠠᠮᠵᠢᠭᠤᠯᠤᠨ ᠂ 《  ᠳᠦᠷᠢᠮ 》᠎ᠤᠨ ᠤᠯᠤᠰ ᠲᠥᠷᠥ ᠵᠢᠨ ᠤᠳᠤᠷᠢᠳᠤᠮᠵᠢ ᠂ ᠰᠣᠶᠣᠯ᠎ᠤᠨ ᠠᠭᠤᠰᠤᠯᠴᠠᠯ ᠂ ᠠᠵᠤ ᠠᠬᠤᠢ ᠵᠢᠨ ᠬᠥᠭᠵᠢᠯᠲᠡ ᠵᠡᠷᠭᠡ ᠬᠦᠷᠢᠶ᠎ᠡ ᠴᠠᠷᠠᠭ᠋ᠠᠨ᠎ᠳᠠᠬᠢ ᠦᠢ᠍ᠯᠡᠳᠦᠯᠭᠡ ᠵᠢᠨ  ᠠᠷᠭ᠎ᠠ ᠵᠠᠮ᠎ᠢ ᠭᠦᠨᠵᠡᠭᠡᠢ ᠲᠠᠢ᠌ᠯᠪᠤᠷᠢᠯᠠᠵᠤ ᠂ ᠦᠨᠳᠦᠰᠦᠲᠡᠨ᠎ᠤ ᠣᠷᠣᠨ᠎ᠤ ᠬᠠᠤᠯᠢᠵᠢᠯ᠎ᠤᠨ ᠪᠠᠢ᠌ᠭᠤᠯᠤᠯᠲᠠ ᠵᠢ ᠣᠢ᠌ᠯᠠᠭ᠋ᠠᠬᠤ᠂ ᠦᠨᠳᠦᠰᠦᠨ ᠱᠠᠲᠤᠨ᠎ᠤ  ᠵᠠᠰᠠᠯᠲᠠ ᠵᠢᠨ ᠴᠢᠳᠠᠪᠤᠷᠢ ᠵᠢ ᠳᠡᠭᠡᠭᠰᠢᠯᠡᠭᠦᠯᠬᠦ᠎ᠳᠤ ᠲᠤᠰᠬᠠᠢ ᠮᠡᠷᠭᠡᠵᠢᠯ᠎ᠤᠨ ᠬᠠᠷᠠᠭ᠋ᠠᠰᠤ ᠪᠠ ᠠᠵᠢᠯᠯᠠᠭ᠋ᠠᠨ᠎ᠤ ᠵᠦᠭᠯᠡᠭᠦᠷ ᠬᠠᠩᠭ᠋ᠠᠪᠠ ᠃

  ᠲᠠᠷᠠᠭ᠋ᠠᠴᠢ ᠵᠢᠨ ᠠᠯᠬᠤᠮ᠎ᠳᠤ ᠂  ᠬᠥᠯᠥᠨ ᠪᠤᠢ᠌ᠷ  ᠬᠤᠲᠠ ᠵᠢᠨ ᠵᠠᠰᠠᠭ᠎ᠤᠨ ᠣᠷᠳᠣᠨ᠎ᠤ ᠠᠯᠪᠠᠨ ᠭᠡᠷ ᠣᠯᠠᠨ ᠶᠠᠩᠵᠤᠴᠢᠯᠠᠭᠰᠠᠨ ᠤᠬᠠᠭᠤᠯᠭ᠎ᠠ ᠵᠢᠨ ᠠᠵᠢᠯᠯᠠᠭ᠎ᠠ ᠵᠢ  ᠦᠷᠭᠦᠯᠵᠢᠯᠡᠨ ᠥᠷᠨᠢᠭᠦᠯᠵᠦ ᠂ ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢ ᠺᠠᠳ᠋ᠷ ᠠᠵᠢᠯᠲᠠᠨ᠎ᠤ ᠰᠡᠳᠬᠢᠯ᠎ᠳᠤ ᠭᠦᠨ ᠬᠠᠳᠠᠩᠰᠢᠭᠤᠯᠵᠤ ᠂ ᠤᠮᠠᠷᠠᠲᠤ ᠬᠢᠯᠢ ᠵᠢᠨ  ᠦᠨᠳᠦᠰᠦᠲᠡᠨ᠎ᠤ ᠪᠦᠯᠬᠦᠮᠳᠡᠯ᠎ᠤᠨ ᠠᠮᠢᠨ ᠰᠤᠳᠠᠰᠤ ᠵᠢ ᠬᠠᠮᠲᠤ᠎ᠪᠠᠷ ᠰᠠᠬᠢᠨ ᠬᠠᠮᠠᠭ᠋ᠠᠯᠠᠨ᠎ᠠ ᠃

 


ᠢᠷᠡᠯᠲᠡ᠄ ᠬᠥᠯᠥᠨ ᠪᠤᠢ᠌ᠷ ᠬᠤᠲᠠ ᠵᠢᠨ ᠵᠠᠰᠠᠭ᠎ᠤᠨ ᠣᠷᠳᠣᠨ