2025 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠦᠨᠳᠦᠰᠦᠲᠡᠨ᠎ᠤ ᠲᠤᠬᠠᠢ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠰᠠᠷ᠎ᠠ》 《ᠦᠨᠳᠦᠰᠦᠲᠡᠨ᠎ᠤ ᠲᠤᠬᠠᠢ ᠬᠠᠤᠯᠢ᠎ᠪᠠᠷ ᠵᠠᠰᠠᠬᠤ ᠤᠬᠠᠭᠤᠯᠭ᠎ᠠ ᠵᠢᠨ ᠭᠠᠷᠠᠭ》
ᠴᠠᠭ᠎ᠤᠨ ᠲᠣᠬᠢᠷᠠᠭᠤᠯᠤᠯᠲᠠ
ᠦᠨᠳᠦᠰᠦᠲᠡᠨ᠎ᠤ ᠲᠤᠬᠠᠢ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠰᠠᠷ᠎ᠠ᠄ 5 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ 5 ᠳ᠋ᠤᠭ᠋ᠠᠷ ᠰᠠᠷ᠎ᠠ ᠵᠢᠨ 31᠎ᠤ ᠡᠳᠦᠷ
ᠦᠨᠳᠦᠰᠦᠲᠡᠨ᠎ᠤ ᠲᠤᠬᠠᠢ ᠬᠠᠤᠯᠢ᠎ᠪᠠᠷ ᠵᠠᠰᠠᠬᠤ ᠤᠬᠠᠭᠤᠯᠭ᠎ᠠ ᠵᠢᠨ ᠭᠠᠷᠠᠭ᠄ 5 ᠳ᠋ᠤᠭ᠋ᠠᠷ ᠰᠠᠷ᠎ᠠ ᠵᠢᠨ 25᠎ᠤ ᠡᠳᠦᠷ᠎ᠠᠴᠠ 5 ᠳ᠋ᠤᠭ᠋ᠠᠷ ᠰᠠᠷ᠎ᠠ ᠵᠢᠨ 31᠎ᠤ ᠡᠳᠦᠷ
ᠠᠵᠢᠯ᠎ᠤᠨ ᠭᠣᠣᠯ ᠰᠡᠳᠦᠪ
ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠨ᠂ ᠪᠦᠯᠬᠦᠮᠳᠡᠨ ᠲᠡᠮᠡᠴᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠢ᠌ᠭᠤᠯᠤᠯᠲᠠ ᠵᠢ ᠪᠦᠬᠦ ᠲᠠᠯ᠎ᠠ᠎ᠪᠠᠷ ᠲᠦᠯᠬᠢᠨ ᠠᠬᠢᠭᠤᠯᠤᠨ᠎ᠠ᠃
ᠶᠡᠷᠦᠩᠬᠡᠢ ᠱᠠᠭ᠋ᠠᠷᠳᠠᠯᠭ᠎ᠠ
ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠬᠤ ᠵᠢ ᠪᠠᠷᠢᠮᠲᠠᠯᠠᠨ᠂ ᠨᠠᠮ᠎ᠤᠨ ᠬᠣᠷᠢᠳᠤᠭ᠋ᠠᠷ ᠶᠡᠬᠡ ᠬᠤᠷᠠᠯ ᠪᠠ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ᠂ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠲᠤᠬᠠᠢ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠴᠢᠬᠤᠯᠠ ᠦᠵᠡᠯ ᠰᠠᠨᠠᠭ᠎ᠠ ᠪᠠ ᠪᠦᠬᠦ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠬᠥᠬᠢᠭᠦᠯᠦᠨ ᠰᠠᠢ᠌ᠰᠢᠶᠠᠬᠤ ᠶᠡᠬᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠤᠬᠠᠭᠤᠯᠵᠤ ᠲᠤᠭᠤᠰᠢᠯᠠᠭᠤᠯᠤᠨ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠠᠵᠢᠯ᠎ᠤᠨ ᠭᠣᠣᠯ ᠱᠤᠭᠤᠮ ᠪᠣᠯᠭ᠋ᠠᠵᠤ᠂ 《ᠳᠥᠷᠪᠡ ᠵᠢ ᠶᠡᠬᠡ᠎ᠪᠠᠷ ᠤᠬᠠᠭᠤᠯᠬᠤ》 ᠪᠠ 《ᠭᠤᠷᠪᠠ ᠵᠢ ᠲᠣᠳᠣᠷᠬᠠᠢ᠌ᠯᠠᠨ ᠶᠠᠷᠢᠬᠤ》᠎ᠯᠤᠭ᠎ᠠ ᠨᠢᠭᠲᠠ ᠤᠶᠠᠯᠳᠤᠭᠤᠯᠤᠨ᠂ ᠨᠠᠮ᠎ᠤᠨ ᠦᠨᠳᠦᠰᠦᠲᠡᠨ᠎ᠤ ᠲᠤᠬᠠᠢ ᠣᠨᠣᠯ᠎ᠤᠨ ᠲᠥᠷᠥ ᠵᠢᠨ ᠪᠣᠳᠣᠯᠭ᠎ᠠ ᠪᠠ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠤᠬᠠᠭᠤᠯᠭ᠎ᠠ ᠬᠥᠮᠦᠵᠢᠯ᠎ᠢ ᠪᠥᠬᠥ ᠲᠠᠯ᠎ᠠ᠎ᠪᠠᠷ ᠴᠢᠩᠭ᠋ᠠᠳᠬᠠᠵᠤ᠂ ᠪᠥᠬᠥ ᠣᠷᠣᠨ᠎ᠤ ᠦᠨᠳᠦᠰᠦᠲᠡᠨ᠎ᠨᠦᠭᠦᠳ᠎ᠤᠨ ᠺᠠᠳ᠋ᠷ ᠣᠯᠠᠨ ᠲᠦᠮᠡᠨ᠎ᠢ ᠬᠥᠮᠥᠵᠢᠭᠦᠯᠦᠨ ᠳᠠᠭ᠋ᠠᠭᠤᠯᠵᠤ ᠪᠠᠢ᠌ᠭ᠋ᠠᠳ 《ᠬᠣᠶᠠᠷ᠎ᠢ ᠲᠣᠭᠲᠠᠭ᠋ᠠᠭᠰᠠᠨ》᠎ᠢ ᠡᠷᠡᠰ ᠬᠦᠷᠢᠶᠡᠯᠡᠵᠦ᠂ 《ᠬᠣᠶᠠᠷ᠎ᠢ ᠬᠠᠮᠠᠭ᠋ᠠᠯᠠᠬᠤ》 ᠵᠢ ᠡᠷᠡᠰ ᠪᠡᠶᠡᠯᠡᠭᠦᠯᠦᠨ᠂ 《ᠨᠢᠭᠡ ᠭᠣᠣᠯ ᠰᠢᠵᠢᠮ᠎ᠢ ᠲᠤᠭᠤᠰᠢᠯᠠᠭᠤᠯᠤᠨ᠂ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠵᠦ᠂ ᠮᠣᠩᠭᠣᠯ ᠮᠣᠷᠢᠨ᠎ᠤ ᠵᠣᠷᠢᠭ ᠰᠠᠨᠠᠭ᠎ᠠ ᠵᠢ ᠪᠠᠳᠠᠷᠠᠭᠤᠯᠤᠨ᠂ ᠰᠢᠨ᠎ᠡ ᠵᠠᠮ᠎ᠢ ᠨᠡᠭᠡᠭᠡᠵᠦ ᠳᠤᠮᠳᠠ ᠲᠦᠪᠰᠢᠨ᠎ᠳᠤ ᠳᠠᠪᠰᠢᠬᠤ》 ᠲᠠᠯ᠎ᠠ᠎ᠪᠠᠷ ᠨᠡᠩ ᠶᠡᠬᠡ ᠠᠬᠢᠴᠠ᠎ᠲᠠᠢ ᠪᠣᠯᠬᠤ᠎ᠪᠠᠷ ᠴᠢᠷᠮᠠᠢ᠌ᠨ᠎ᠠ᠃
ᠭᠣᠣᠯᠳᠠᠯᠭ᠎ᠠ᠎ᠲᠠᠢ ᠤᠬᠠᠭᠤᠯᠬᠤ ᠠᠭᠤᠯᠭ᠎ᠠ
ᠨᠠᠮ᠎ᠤᠨ ᠬᠣᠷᠢᠳᠤᠭ᠋ᠠᠷ ᠶᠡᠬᠡ ᠬᠤᠷᠠᠯ ᠪᠠ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ᠂ ᠭᠤᠷᠪᠠᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ; ᠰᠢ ᠵᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ᠂ ᠰᠢ ᠵᠢᠨ ᠫᠢᠩ᠎ᠤᠨ ᠰᠣᠶᠣᠯ᠎ᠤᠨ ᠦᠵᠡᠯ ᠰᠠᠨᠠᠭ᠎ᠠ᠂ ᠶᠡᠷᠦᠩᠬᠡᠢ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠲᠤᠬᠠᠢ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠴᠢᠬᠤᠯᠠ ᠦᠵᠡᠯ ᠰᠠᠨᠠᠭ᠎ᠠ᠂ ᠶᠡᠷᠦᠩᠬᠡᠢ ᠱᠦᠵᠢ ᠰᠢ ᠵᠢᠨ ᠫᠢᠩ᠎ᠤᠨ ᠪᠦᠬᠦ ᠤᠯᠤᠰ᠎ᠤᠨ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢ ᠬᠥᠬᠢᠭᠦᠯᠦᠨ ᠰᠠᠢ᠌ᠰᠢᠶᠠᠬᠤ ᠶᠡᠬᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ; ᠲᠥᠪ᠎ᠤᠨ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠦᠨᠳᠦᠰᠦᠲᠡᠨ᠎ᠤ ᠲᠤᠬᠠᠢ ᠠᠵᠢᠯ᠎ᠤᠨ ᠬᠤᠷᠠᠯᠳᠤᠭ᠋ᠠᠨ᠎ᠤ ᠵᠣᠷᠢᠭ ᠰᠠᠨᠠᠭ᠎ᠠ; ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢ ᠠᠬᠢᠭᠤᠯᠬᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠂ 《ᠮᠣᠩᠭᠣᠯ ᠮᠣᠷᠢᠨ᠎ᠤ ᠵᠣᠷᠢᠭ ᠰᠠᠨᠠᠭ᠎ᠠ》 ᠪᠠ 《ᠤᠮᠠᠷᠠᠲᠤ ᠵᠢᠨ ᠭᠤᠷᠪᠠᠨ ᠣᠷᠣᠨ᠎ᠤ ᠵᠣᠷᠢᠭ ᠰᠠᠨᠠᠭ᠎ᠠ》 ᠵᠢ ᠪᠠᠳᠠᠷᠠᠭᠤᠯᠬᠤ᠎ᠪᠠᠷ ᠦᠨᠳᠦᠰᠦᠨ ᠠᠭᠤᠯᠤᠭᠳᠠᠬᠤᠨ ᠪᠣᠯᠭ᠋ᠠᠭᠰᠠᠨ ᠤᠮᠠᠷᠠᠲᠤ ᠬᠢᠯᠢ ᠵᠢᠨ ᠰᠣᠶᠣᠯ; 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠦᠨᠳᠦᠰᠦᠨ ᠬᠠᠤᠯᠢ》 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠤᠯᠤᠰ᠎ᠤᠨ ᠨᠡᠢ᠌ᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠤᠨ ᠬᠠᠤᠯᠢ》 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠠᠬᠢᠭᠤᠯᠬᠤ ᠳᠦᠷᠢᠮ》 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠥ ᠲᠠᠯ᠎ᠠ᠎ᠪᠠᠷ ᠪᠦᠲᠦᠭᠡᠨ ᠪᠠᠶ᠋ᠢᠭᠤᠯᠬᠤ ᠵᠢ ᠠᠬᠢᠭᠤᠯᠬᠤ ᠳᠦᠷᠢᠮ》 ᠵᠡᠷᠭᠡ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠃
ᠠᠵᠢᠯ᠎ᠤᠨ ᠲᠣᠬᠢᠷᠠᠭᠤᠯᠤᠯᠲᠠ
ᠲᠤᠰᠬᠠᠢ ᠬᠦᠷᠢᠶᠡᠨ᠎ᠳᠠᠬᠢ ᠠᠵᠢᠯ
ᠡᠨᠡ ᠵᠢᠯ ᠭᠠᠴᠠᠭ᠎ᠠ ᠲᠣᠰᠬᠣᠨ ᠪᠠ ᠨᠡᠢ᠌ᠭᠡᠮ ᠲᠣᠭᠣᠷᠢᠭ᠎ᠲᠤ ᠭᠣᠣᠯᠳᠠᠯᠭ᠎ᠠ᠎ᠲᠠᠢ ᠬᠠᠨᠳᠤᠭᠤᠯᠤᠨ᠂ ᠠᠯᠪᠠᠨ ᠪᠠᠢ᠌ᠭᠤᠯᠭ᠎ᠠ᠂ ᠠᠵᠤ ᠠᠬᠤᠢ᠌ᠯᠠᠯ᠂ ᠰᠤᠷᠭ᠋ᠠᠭᠤᠯᠢ᠂ ᠴᠡᠷᠢᠭ᠎ᠤᠨ ᠰᠤᠮᠤᠨ ᠠᠩᠭᠢ᠂ ᠱᠠᠰᠢᠨ ᠰᠤᠷᠲᠠᠬᠤᠨ᠎ᠤ ᠠᠵᠢᠯᠯᠠᠭ᠎ᠠ ᠵᠢᠨ ᠲᠠᠯᠠᠪᠤᠷ ᠭᠠᠵᠠᠷ᠂ ᠰᠣᠶᠣᠯ ᠵᠢᠭᠤᠯᠴᠢᠯᠠᠯ᠎ᠤᠨ ᠲᠠᠯᠠᠪᠤᠷ ᠭᠠᠵᠠᠷ᠂ ᠰᠦᠯᠵᠢᠶ᠎ᠡ ᠵᠡᠷᠭᠡ 9 ᠬᠦᠷᠢᠶ᠎ᠡ ᠴᠠᠷᠠᠭ᠎ᠠ ᠵᠢᠴᠢ ᠨᠡᠢ᠌ᠭᠡᠮ᠎ᠤᠨ ᠡᠯ᠎ᠡ ᠬᠦᠷᠢᠶ᠎ᠡ ᠵᠢ ᠨᠢᠭᠡᠳᠦᠯᠲᠡᠢ ᠲᠥᠯᠥᠪᠯᠡᠨ ᠬᠠᠮᠤᠷᠴᠤ ᠠᠵᠢᠯ ᠵᠶ᠋ᠠᠨ ᠥᠷᠨᠢᠭᠦᠯᠦᠨ᠎ᠡ᠃
ᠠᠯᠪᠠᠨ ᠪᠠᠢ᠌ᠭᠤᠯᠭ᠎ᠠ᠎ᠳᠤ ᠦᠷᠨᠢᠭᠦᠯᠦᠨ᠎ᠡ
《ᠭᠤᠷᠪᠠᠨ ᠬᠤᠷᠠᠯ ᠨᠢᠭᠡ ᠬᠢᠴᠢᠶᠡᠯ》᠂ ᠨᠠᠮ᠎ᠤᠨ ᠭᠣᠣᠯ ᠰᠡᠳᠦᠪᠲᠦ ᠡᠳᠦᠷ᠂ ᠠᠯᠪᠠᠨ ᠪᠠᠢ᠌ᠭᠤᠯᠭ᠎ᠠ ᠵᠢᠨ ᠺᠠᠳ᠋ᠷᠴᠤᠳ᠎ᠤᠨ ᠤᠯᠤᠰ ᠲᠥᠷᠥ ᠣᠨᠣᠯ᠎ᠤᠨ ᠰᠤᠷᠤᠯᠴᠠᠯᠭ᠎ᠠ ᠵᠡᠷᠭᠡ ᠵᠢ ᠥᠷᠨᠢᠭᠦᠯᠬᠦ᠎ᠪᠠᠷ ᠳᠠᠮᠵᠢᠭᠤᠯᠤᠨ᠂ ᠨᠠᠮ᠎ᠤᠨ ᠭᠡᠰᠢᠭᠦᠨ ᠺᠠᠳ᠋ᠷᠴᠤᠳ᠎ᠢ ᠬᠥᠲᠥᠯᠥᠨ ᠵᠢᠯᠤᠭᠣᠳᠴᠤ ᠪᠠᠢ᠌ᠭ᠋ᠠᠳ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠵᠢᠨ ᠪᠠᠶᠠᠯᠢᠭ ᠠᠭᠤᠯᠤᠭᠳᠠᠬᠤᠨ᠎ᠢ ᠨᠠᠩ ᠭᠦᠨᠵᠡᠭᠡᠢ ᠲᠠᠨᠢᠭᠤᠯᠤᠨ᠎ᠠ᠃ ᠠᠯᠪᠠᠨ ᠪᠠᠢ᠌ᠭᠤᠯᠭ᠎ᠠ ᠵᠢᠨ ᠨᠠᠮ᠎ᠤᠨ ᠭᠡᠰᠢᠭᠦᠨ ᠺᠠᠳ᠋ᠷ᠂ ᠠᠵᠢᠯ᠎ᠠᠴᠠ᠎ᠪᠠᠨ ᠠᠮᠠᠷᠠᠭᠰᠠᠨ ᠺᠠᠳ᠋ᠷ᠂ ᠲᠤᠰᠬᠠᠢ ᠮᠡᠷᠭᠡᠵᠢᠯᠲᠡᠨ ᠡᠷᠳᠡᠮᠲᠡᠨ᠎ᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠳᠤ ᠨᠠᠮ᠎ᠤᠨ ᠦᠨᠳᠦᠰᠦᠲᠡᠨ᠎ᠤ ᠲᠤᠬᠠᠢ ᠣᠨᠣᠯ ᠲᠥᠷᠥ ᠵᠢᠨ ᠪᠣᠳᠣᠯᠭ᠎ᠠ ᠪᠠ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠤᠬᠠᠭᠤᠯᠭ᠎ᠠ ᠲᠠᠢ᠌ᠯᠤᠮᠵᠢ ᠵᠢ ᠰᠠᠢ᠌ᠲᠤᠷ ᠬᠢᠨ᠎ᠡ᠃ ᠬᠣᠣᠰᠯᠠᠯ ᠪᠠᠢ᠌ᠭᠤᠯᠵᠤ ᠬᠠᠮᠲᠤ᠎ᠪᠠᠷ ᠪᠠᠶ᠋ᠢᠭᠤᠯᠬᠤ᠂ ᠬᠣᠶᠠᠷ᠎ᠲᠤ ᠮᠡᠳᠡᠭᠦᠯᠦᠨ ᠬᠣᠶᠠᠷ᠎ᠲᠤ ᠦᠢ᠍ᠯᠡᠴᠢᠯᠡᠬᠦ ᠵᠡᠷᠭᠡ ᠠᠷᠭ᠎ᠠ ᠬᠡᠯᠪᠡᠷᠢ᠎ᠪᠠᠷ ᠳᠠᠮᠵᠢᠭᠤᠯᠤᠨ᠂ ᠦᠢ᠍ᠯᠡᠴᠢᠯᠡᠬᠦ ᠡᠲᠡᠭᠡᠳ ᠪᠠ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠪᠠᠴᠢᠮᠳᠠᠵᠤ ᠬᠦᠴᠢᠷᠳᠡᠵᠦ ᠵᠣᠪᠠᠵᠤ ᠬᠦᠰᠡᠵᠦ ᠪᠠᠢ᠌ᠭ᠎ᠠ ᠠᠰᠠᠭᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠠᠷᠠᠳ᠎ᠤᠨ ᠠᠮᠢᠳᠤᠷᠠᠯ᠎ᠤᠨ ᠨᠢᠭᠡ ᠪᠦᠯᠦᠭ ᠪᠣᠳᠠᠲᠤ ᠶᠠᠪᠤᠳᠠᠯ᠎ᠢ ᠰᠠᠢ᠌ᠲᠤᠷ ᠰᠢᠢ᠍ᠳᠪᠦᠷᠢᠯᠡᠨ ᠭᠦᠢ᠍ᠴᠡᠳᠬᠡᠵᠦ᠂ ᠠᠯᠪᠠᠨ ᠪᠠᠢ᠌ᠭᠤᠯᠭ᠎ᠠ ᠵᠢᠨ ᠺᠠᠳ᠋ᠷᠴᠤᠳ᠎ᠢ ᠬᠥᠲᠥᠯᠥᠨ ᠵᠢᠯᠤᠭᠣᠳᠴᠤ ᠪᠠᠢ᠌ᠭ᠋ᠠᠳ ᠨᠠᠮ᠎ᠤᠨ ᠦᠨᠳᠦᠰᠦᠲᠡᠨ᠎ᠤ ᠲᠤᠬᠠᠢ ᠤᠨᠤᠯ ᠲᠦᠷᠦ ᠵᠢᠨ ᠪᠣᠳᠣᠯᠭ᠎ᠠ ᠪᠠ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠰᠤᠷᠤᠯᠴᠠᠨ ᠤᠬᠠᠭᠤᠯᠬᠤ ᠪᠠ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠲᠠᠯ᠎ᠠ᠎ᠪᠠᠷ ᠬᠡᠪ ᠳᠠᠭᠤᠷᠢᠶᠠᠯ ᠪᠣᠯᠵᠤ᠂ ᠦᠯᠢᠭᠡᠷ ᠳᠠᠭᠤᠷᠢᠶᠠᠯ ᠦᠵᠡᠭᠦᠯᠦᠨ᠎ᠡ᠃
ᠠᠵᠤ ᠠᠬᠤᠢ᠌ᠯᠠᠯ᠎ᠳᠤ ᠦᠷᠨᠢᠭᠦᠯᠦᠨ᠎ᠡ
《ᠠᠵᠤ ᠠᠬᠤᠢ᠌ᠯᠠᠯ᠎ᠢ ᠲᠤᠰᠠᠯᠠᠬᠤ ᠠᠵᠢᠯᠯᠠᠭ᠋ᠠᠨ》᠎ᠯᠤᠭ᠎ᠠ ᠤᠶᠠᠯᠳᠤᠭᠤᠯᠤᠨ᠂ ᠠᠵᠤ ᠠᠬᠤᠢ᠌ᠯᠠᠯ᠎ᠳᠤ ᠬᠣᠯᠪᠣᠭᠳᠠᠬᠤ ᠲᠥᠷᠥ ᠵᠢᠨ ᠪᠣᠳᠣᠯᠭ᠎ᠠ ᠵᠢᠨ ᠤᠬᠠᠭᠤᠯᠤᠨ ᠲᠤᠭᠤᠰᠢᠯᠠᠭᠤᠯᠬᠤ ᠬᠦᠴᠦᠨ᠎ᠢ ᠴᠢᠩᠭ᠋ᠠᠳᠬᠠᠵᠤ᠂ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠤᠨ ᠪᠤᠲᠠᠲᠠᠢ᠌ᠵᠢᠭᠤᠯᠬᠤ ᠵᠢ ᠦᠨᠡᠨ ᠬᠦ᠌ ᠪᠠᠲᠤᠯᠠᠨ᠎ᠠ᠃ ᠰᠤᠷᠤᠯᠴᠠᠯᠭ᠎ᠠ᠂ ᠪᠣᠯᠪᠠᠰᠤᠷᠠᠯ᠂ ᠲᠥᠷᠥ ᠵᠢᠨ ᠪᠣᠳᠣᠯᠭ᠎ᠠ᠂ ᠬᠠᠤᠯᠢ ᠴᠠᠭ᠋ᠠᠵᠠ᠂ ᠦᠢ᠍ᠯᠡᠴᠢᠯᠡᠭᠡ ᠵᠢ ᠦᠢ᠍ᠯᠡᠳᠪᠦᠷᠢ ᠵᠢᠨ ᠲᠠᠰᠤᠭ ᠪᠠ ᠠᠩᠭᠢ ᠳᠤᠭᠤᠢ᠌ᠯᠠᠩ᠎ᠳᠤ ᠬᠦᠷᠭᠡᠬᠦ ᠠᠵᠢᠯ᠎ᠢ ᠦᠷᠨᠢᠭᠦᠯᠦᠨ᠂ ᠨᠠᠮ᠎ᠤᠨ ᠡᠭᠦᠷ᠎ᠤᠨ ᠱᠦᠵᠢ ᠵᠢ ᠵᠣᠬᠢᠶᠠᠨ ᠪᠠᠢ᠌ᠭᠤᠯᠵᠤ ᠪᠠᠢ᠌ᠭ᠋ᠠᠳ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠲᠤᠰᠬᠠᠢ ᠰᠡᠳᠦᠪᠲᠦ ᠨᠠᠮ᠎ᠤᠨ ᠬᠢᠴᠢᠶᠡᠯ ᠶᠠᠷᠢᠭᠤᠯᠵᠤ᠂ ᠬᠠᠮᠲᠤ ᠵᠢᠨ ᠠᠵᠢᠯᠯᠠᠭ᠎ᠠ ᠵᠢᠴᠢ ᠰᠢᠯᠢᠳᠡᠭ ᠨᠠᠮ᠎ᠤᠨ ᠭᠡᠰᠢᠭᠦᠨ᠂ ᠠᠵᠢᠯ ᠲᠦᠷᠦᠯ᠎ᠤᠨ ᠬᠤᠰᠢᠭᠤᠴᠢᠯᠠᠭᠴᠢ᠂ ᠬᠥᠳᠡᠯᠮᠦᠷᠢ ᠵᠢᠨ ᠵᠢᠱ᠌ᠢᠶᠡᠴᠢ ᠤᠷᠠᠨ ᠳᠠᠷᠬᠠᠳ ᠵᠡᠷᠭᠡ ᠲᠡᠷᠢᠭᠦᠨ᠎ᠤ ᠨᠡᠢ᠌ᠲᠡᠯᠢᠭ ᠵᠢᠱ᠌ᠢᠶ᠎ᠡ ᠵᠢᠨ ᠭᠣᠣᠯ ᠰᠡᠳᠦᠪᠲᠦ ᠤᠬᠠᠭᠤᠯᠤᠨ ᠲᠠᠢ᠌ᠯᠪᠤᠷᠢᠯᠠᠬᠤ ᠠᠵᠢᠯᠯᠠᠭ᠎ᠠ ᠵᠢ ᠵᠣᠬᠢᠶᠠᠨ ᠪᠠᠢ᠌ᠭᠤᠯᠤᠨ ᠥᠷᠨᠢᠭᠦᠯᠵᠦ᠂ ᠠᠵᠢᠯᠲᠠᠨ ᠠᠵᠢᠯᠴᠢᠨ᠎ᠤ ᠦᠰᠦᠨ ᠪᠣᠶ᠋ᠢᠵᠢᠯᠲᠠ ᠪᠠ ᠠᠵᠤ ᠠᠬᠤᠢ᠌ᠯᠠᠯ᠎ᠤᠨ ᠬᠥᠭᠵᠢᠯᠲᠡ ᠵᠢ ᠬᠣᠯᠪᠣᠯᠳᠤᠭᠤᠯᠤᠭᠰᠠᠨ 《ᠰᠡᠳᠬᠢᠯ᠎ᠤᠨ ᠬᠣᠯᠪᠣᠭ᠋ᠠᠰᠤ》 ᠵᠢ ᠪᠠᠢ᠌ᠭᠤᠯᠵᠤ᠂ ᠡᠶ᠎ᠡ ᠵᠣᠬᠢᠴᠠᠯ᠎ᠲᠠᠢ ᠬᠥᠳᠡᠯᠮᠦᠷᠢ ᠵᠢᠨ ᠬᠠᠷᠢᠴᠠᠭ᠎ᠠ ᠵᠢ ᠪᠠᠢ᠌ᠭᠤᠯᠤᠨ᠎ᠠ᠃
ᠨᠡᠢ᠌ᠭᠡᠮ ᠲᠣᠭᠣᠷᠢᠭ᠎ᠲᠤ ᠦᠷᠨᠢᠭᠦᠯᠦᠨ᠎ᠡ
ᠨᠠᠮ᠎ᠤᠨ ᠭᠡᠰᠢᠭᠦᠨ ᠪᠠ ᠣᠯᠠᠨ ᠲᠦᠮᠡᠨ᠎ᠤ ᠦᠢ᠍ᠯᠡᠴᠢᠯᠡᠭᠡᠨ᠎ᠤ ᠲᠥᠪ᠂ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠠᠩᠭᠢ ᠪᠠ ᠠᠳᠠᠯ ᠠᠬᠤᠢ ᠵᠢᠨ᠎ᠬᠢᠨ᠎ᠤ ᠦᠢ᠍ᠯᠡᠳᠦᠯ᠎ᠢ ᠢᠳᠡᠪᠬᠢᠲᠡᠢ ᠪᠠᠳᠠᠷᠠᠭᠤᠯᠵᠤ᠂ ᠠᠳᠠᠯ ᠠᠬᠤᠢ ᠵᠢᠨ ᠸᠢᠴᠠᠲ᠎ᠤᠨ ᠴᠤᠭᠯᠠᠷᠠᠯ᠂ ᠬᠤᠪᠢᠰᠬᠠᠯᠲᠤ ᠰᠦᠯᠵᠢᠶᠡᠨ᠎ᠤ ᠴᠤᠭᠯᠠᠷᠠᠯ᠂ ᠦᠵᠡᠭᠦᠯᠭᠡ ᠵᠢᠨ ᠰᠠᠮᠪᠠᠷ᠎ᠠ ᠵᠡᠷᠭᠡ ᠵᠢ ᠠᠰᠢᠭᠯᠠᠨ᠂ ᠠᠷᠠᠳ᠎ᠲᠤ ᠠᠰᠢᠭ ᠬᠦᠷᠲᠡᠭᠡᠬᠦ ᠨᠠᠮ᠎ᠤᠨ ᠲᠥᠷᠥ ᠵᠢᠨ ᠪᠣᠳᠣᠯᠭ᠎ᠠ ᠬᠢᠭᠡᠳ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠯᠦᠭᠡ ᠨᠢᠭᠲᠠ ᠬᠣᠯᠪᠣᠭ᠎ᠠ᠎ᠲᠠᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠤᠬᠠᠭᠤᠯᠤᠨ᠎ᠠ᠃ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠭᠣᠣᠯ ᠰᠡᠳᠦᠪᠲᠦ ᠠᠵᠢᠯᠯᠠᠭ᠎ᠠ ᠵᠢ ᠵᠣᠬᠢᠶᠠᠨ ᠪᠠᠢ᠌ᠭᠤᠯᠵᠤ᠂ ᠰᠢᠯᠢᠳᠡᠭ ᠤᠳᠬ᠎ᠠ ᠤᠷᠠᠯᠢᠭ᠎ᠤᠨ ᠰᠣᠳᠣᠨ ᠪᠦᠲᠦᠭᠡᠯ᠎ᠢ ᠲᠣᠭᠯᠠᠨ ᠨᠡᠪᠲᠡᠷᠡᠭᠦᠯᠬᠦ᠂ ᠬᠥᠷᠰᠢ ᠵᠡᠷᠭᠡᠯᠡᠳᠡᠭᠡ᠎ᠪᠠᠷ ᠵᠶ᠋ᠡᠨ ᠪᠦᠯᠬᠦᠮᠳᠡᠨ ᠬᠠᠪᠰᠤᠷᠤᠯᠴᠠᠬᠤ ᠰᠢᠷᠢᠰ ᠠᠵᠢᠯᠯᠠᠭ᠎ᠠ ᠵᠢ ᠦᠷᠨᠢᠭᠦᠯᠦᠨ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠬᠠᠮᠲᠤ᠎ᠪᠠᠷ ᠰᠠᠭᠤᠷᠢᠰᠢᠨ ᠬᠠᠮᠲᠤ᠎ᠪᠠᠷ ᠰᠤᠷᠤᠯᠴᠠᠬᠤ᠂ ᠬᠠᠮᠲᠤ᠎ᠪᠠᠷ ᠪᠠᠢ᠌ᠭᠤᠯᠵᠤ ᠬᠠᠮᠲᠤ᠎ᠪᠠᠷ ᠬᠥᠷᠲᠡᠬᠦ᠂ ᠬᠠᠮᠲᠤ᠎ᠪᠠᠷ ᠠᠵᠢᠯᠯᠠᠵᠤ ᠬᠠᠮᠲᠤ᠎ᠪᠠᠷ ᠪᠠᠶᠠᠰᠬᠤ ᠨᠡᠢ᠌ᠭᠡᠮ᠎ᠤᠨ ᠨᠥᠬᠥᠴᠡᠯ᠎ᠢ ᠢᠳᠡᠪᠬᠢᠲᠡᠢ ᠪᠣᠢ ᠪᠣᠯᠭ᠋ᠠᠨ᠎ᠠ᠃
ᠭᠠᠴᠠᠭ᠎ᠠ ᠲᠣᠰᠬᠣᠨ᠎ᠳᠤ ᠦᠷᠨᠢᠭᠦᠯᠦᠨ᠎ᠡ
《ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠥᠯᠢᠭᠡᠷ᠎ᠢ ᠰᠠᠢ᠌ᠲᠤᠷ ᠶᠠᠷᠢᠬᠤ》 ᠠᠵᠢᠯᠯᠠᠭ᠋ᠠᠨ᠎ᠢ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠭᠠᠴᠠᠭ᠎ᠠ ᠲᠣᠰᠬᠣᠨ᠎ᠤ 《ᠬᠣᠶᠠᠷ ᠵᠥᠪᠯᠡᠯ》᠎ᠤᠨ ᠪᠠᠭ᠎ᠤᠨ ᠪᠦᠷᠢᠯᠳᠦᠭᠦᠨ᠂ ᠲᠣᠰᠬᠣᠨ᠎ᠳᠤ ᠰᠠᠭᠤᠭᠰᠠᠨ ᠠᠵᠢᠯᠯᠠᠬᠤ ᠠᠩᠭᠢ᠂ ᠠᠬᠠᠮᠠᠳ ᠨᠠᠮ᠎ᠤᠨ ᠭᠡᠰᠢᠭᠦᠨ᠂ ᠣᠯᠠᠨ ᠲᠦᠮᠡᠨ᠎ᠤ ᠪᠦᠯᠬᠦᠮ᠎ᠤᠨ ᠵᠣᠬᠢᠶᠠᠨ ᠪᠠᠢ᠌ᠭᠤᠯᠤᠯᠲᠠ ᠵᠡᠷᠭᠡ᠎ᠨᠢ ᠡᠳᠦᠷ ᠲᠤᠲᠤᠮ᠎ᠤᠨ ᠠᠵᠢᠯ᠎ᠲᠠᠢ᠎ᠪᠠᠨ ᠤᠶᠠᠯᠳᠤᠭᠤᠯᠤᠨ ᠠᠢ᠌ᠯ ᠡᠷᠦᠬᠡ᠎ᠪᠠᠷ ᠰᠤᠷᠪᠤᠯᠵᠢᠯᠠᠵᠤ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠯᠦᠭᠡ ᠬᠠᠮᠲᠤ᠎ᠪᠠᠷ ᠵᠣᠭᠣᠭ ᠳᠡᠯᠭᠡᠨ᠂ ᠨᠠᠮ᠎ᠤᠨ ᠦᠨᠳᠦᠰᠦᠲᠡᠨ᠎ᠤ ᠲᠤᠬᠠᠢ ᠲᠥᠷᠥ ᠵᠢᠨ ᠪᠣᠳᠣᠯᠭ᠎ᠠ ᠵᠢᠨ ᠬᠡᠷᠡᠯ ᠰᠠᠴᠤᠷᠠᠩᠭᠤᠢ ᠠᠮᠵᠢᠯᠲᠠ ᠪᠦᠲᠦᠮᠵᠢ ᠵᠢ ᠶᠠᠷᠢᠯᠴᠠᠵᠤ᠂ ᠦᠨᠳᠦᠰᠦᠲᠡᠨ᠎ᠨᠦᠭᠦᠳ᠎ᠤᠨ ᠮᠠᠯᠴᠢᠨ ᠲᠠᠷᠢᠶᠠᠴᠢᠳ᠎ᠢ ᠢᠳᠡᠪᠬᠢᠲᠡᠢ᠎ᠪᠠᠷ ᠬᠥᠲᠥᠯᠥᠨ ᠵᠢᠯᠤᠭᠣᠳᠴᠤ ᠪᠠᠢ᠌ᠭ᠋ᠠᠳ ᠦᠵᠡᠰᠬᠦᠯᠡᠩᠲᠦ ᠰᠠᠢ᠌ᠬᠠᠨ ᠬᠥᠳᠡᠭᠡ ᠲᠣᠰᠬᠣᠨ᠎ᠤ ᠪᠦᠲᠦᠭᠡᠨ ᠪᠠᠢ᠌ᠭᠤᠯᠤᠯᠲᠠ ᠪᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠦᠢ᠍ᠯᠡᠳᠦᠯᠭᠡ᠎ᠳᠤ ᠣᠷᠣᠯᠴᠠᠭᠤᠯᠤᠨ᠎ᠠ᠃ 《ᠨᠠᠮ᠎ᠤᠨ ᠠᠴᠢ᠎ᠳᠤ ᠲᠠᠯᠠᠷᠬᠠᠨ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ ᠳᠠᠭ᠋ᠠᠬᠤ》 ᠭᠣᠣᠯ ᠰᠡᠳᠦᠪᠲᠦ ᠤᠬᠠᠭᠤᠯᠤᠨ ᠲᠠᠢ᠌ᠯᠪᠤᠷᠢᠯᠠᠯᠲᠠ ᠬᠢᠭᠡᠳ 《ᠠᠨᠠᠷ᠎ᠤᠨ ᠬᠡᠯᠬᠢᠶ᠎ᠡ》 ᠲᠦᠷᠦ ᠵᠢᠨ ᠪᠣᠳᠣᠯᠭ᠎ᠠ᠂ ᠮᠡᠷᠭᠡᠵᠢᠯ᠂ ᠦᠢ᠍ᠯᠡᠴᠢᠯᠡᠭᠡ ᠵᠢ ᠦᠨᠳᠦᠰᠦᠨ ᠱᠠᠲᠤᠨ᠎ᠳᠤ ᠬᠦᠷᠭᠡᠬᠦ ᠠᠵᠢᠯᠯᠠᠭ᠎ᠠ᠎ᠯᠤᠭ᠎ᠠ ᠤᠶᠠᠯᠳᠤᠭᠤᠯᠤᠨ ᠦᠨᠳᠦᠰᠦᠲᠡᠨ᠎ᠤ 18 ᠰᠢᠶᠠᠩ (ᠰᠤᠮᠤ)᠎ᠳᠤ ᠭᠦᠨᠵᠡᠭᠡᠢ᠌ᠷᠡᠵᠦ ᠨᠠᠮ᠎ᠤᠨ ᠦᠨᠳᠦᠰᠦᠲᠡᠨ᠎ᠤ ᠲᠤᠬᠠᠢ ᠤᠨᠤᠯ ᠲᠦᠷᠦ ᠵᠢᠨ ᠪᠣᠳᠣᠯᠭ᠎ᠠ ᠪᠠ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠤᠬᠠᠭᠤᠯᠭ᠎ᠠ ᠵᠢ ᠴᠢᠩᠭ᠋ᠠᠳᠬᠠᠨ᠎ᠠ᠃
ᠰᠤᠷᠭ᠋ᠠᠭᠤᠯᠢ᠎ᠨᠤᠭᠤᠳ᠎ᠲᠤ ᠦᠷᠨᠢᠭᠦᠯᠦᠨ᠎ᠡ
ᠵᠠᠯᠠᠭᠤᠴᠤᠳ ᠪᠠᠭ᠋ᠠᠴᠤᠳ᠎ᠤᠨ ᠣᠨᠴᠠᠯᠢᠭ᠎ᠯᠤᠭ᠎ᠠ ᠤᠶᠠᠯᠳᠤᠭᠤᠯᠤᠨ ᠰᠤᠷᠭ᠋ᠠᠭᠤᠯᠢ ᠵᠢᠨ ᠬᠦᠷᠢᠶᠡᠨ᠎ᠳᠠᠬᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠭᠣᠣᠯ ᠰᠡᠳᠦᠪᠲᠦ ᠠᠵᠢᠯᠯᠠᠭ᠎ᠠ ᠵᠢ ᠤᠯᠠᠨ ᠶᠠᠩᠵᠤ᠎ᠪᠠᠷ᠂ ᠪᠠᠶᠠᠯᠢᠭ ᠬᠡᠯᠪᠡᠷᠢ᠎ᠲᠠᠢ ᠥᠷᠨᠢᠭᠦᠯᠦᠨ᠎ᠡ᠃ 《ᠰᠤᠷᠭ᠋ᠠᠭᠤᠯᠢ᠎ᠳᠤ ᠣᠷᠣᠬᠤ ᠨᠠᠰᠤᠨ᠎ᠠᠴᠠ ᠡᠮᠦᠨᠡᠬᠢ ᠨᠡᠢ᠌ᠲᠡᠯᠢᠭ ᠬᠡᠯᠡ》 ᠵᠢᠨ ᠰᠤᠷᠭ᠋ᠠᠨ ᠬᠥᠮᠦᠵᠢᠯ᠎ᠤᠨ ᠲᠤᠰᠬᠠᠢ ᠲᠥᠯᠥᠪᠯᠡᠭᠡ ᠵᠢ ᠭᠦᠨᠵᠡᠭᠡᠢ ᠬᠡᠷᠡᠭᠵᠢᠭᠦᠯᠵᠦ᠂ ᠤᠯᠤᠰ᠎ᠤᠨ ᠨᠡᠢ᠌ᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠪᠦᠬᠦ ᠲᠠᠯ᠎ᠠ᠎ᠪᠠᠷ ᠳᠡᠯᠭᠡᠷᠡᠭᠦᠯᠦᠨ ᠲᠦᠭᠡᠮᠡᠯᠵᠢᠭᠦᠯᠵᠦ᠂ ᠤᠯᠤᠰ᠎ᠠᠴᠠ ᠨᠢᠭᠡᠳᠦᠯᠲᠡᠢ ᠨᠠᠢ᠌ᠷᠠᠭᠤᠯᠤᠭᠰᠠᠨ ᠵᠢᠭ᠋ᠠᠬᠤ ᠮᠠᠲ᠋ᠧᠷᠢᠶᠠᠯ᠎ᠢ ᠪᠦᠬᠦ ᠲᠠᠯ᠎ᠠ᠎ᠪᠠᠷ ᠳᠡᠯᠭᠡᠷᠡᠭᠦᠯᠦᠨ ᠬᠡᠷᠡᠭᠯᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠬᠠᠷᠠᠬᠠᠨ ᠪᠠᠭ᠎ᠠ᠎ᠠᠴᠠ᠎ᠨᠢ ᠬᠡᠦᠬᠡᠳ᠎ᠤᠨ ᠤᠶᠤᠨ ᠰᠠᠨᠠᠭ᠋ᠠᠨ᠎ᠳᠤ ᠬᠠᠳᠠᠩᠰᠢᠭᠤᠯᠤᠨ᠎ᠠ᠃
ᠴᠡᠷᠢᠭ᠎ᠤᠨ ᠰᠤᠮᠤᠨ ᠠᠩᠭᠢ᠎ᠳᠤ ᠦᠷᠨᠢᠭᠦᠯᠦᠨ᠎ᠡ
ᠨᠠᠮ᠎ᠤᠨ ᠭᠣᠣᠯ ᠰᠡᠳᠦᠪᠲᠦ ᠡᠳᠦᠷ᠎ᠤᠨ ᠠᠵᠢᠯᠯᠠᠭ᠎ᠠ᠂ ᠡᠯ᠎ᠡ ᠲᠥᠷᠥᠯ᠎ᠤᠨ ᠲᠥᠪᠯᠡᠷᠡᠭᠦᠯᠦᠨ ᠪᠣᠯᠪᠠᠰᠤᠷᠠᠭᠤᠯᠬᠤ ᠪᠠ ᠡᠭᠡᠯᠵᠢᠯᠡᠨ ᠪᠣᠯᠪᠠᠰᠤᠷᠠᠭᠤᠯᠬᠤ᠂ ᠶᠡᠬᠡ ᠳᠡᠭᠡᠳᠦ ᠰᠤᠷᠭ᠋ᠠᠭᠤᠯᠢ ᠵᠢᠨ ᠰᠤᠷᠭ᠋ᠠᠨ ᠬᠥᠮᠦᠵᠢᠯ᠎ᠤᠨ ᠪᠣᠯᠪᠠᠰᠤᠷᠠᠯ ᠳᠤᠮᠳᠠ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠪᠠ ᠬᠠᠤᠯᠢ᠎ᠪᠠᠷ ᠵᠠᠰᠠᠬᠤ ᠬᠥᠮᠦᠵᠢᠯ᠎ᠤᠨ ᠬᠠᠪᠰᠤᠷᠤᠨ ᠵᠢᠯᠤᠭᠣᠳᠬᠤ ᠬᠢᠴᠢᠶᠡᠯ᠎ᠢ ᠲᠣᠬᠢᠷᠠᠭᠤᠯᠵᠤ᠂ ᠬᠠᠪᠰᠤᠷᠤᠨ ᠳᠠᠭ᠋ᠠᠭᠤᠯᠵᠤ ᠬᠠᠪᠰᠤᠷᠤᠨ ᠪᠠᠶ᠋ᠢᠭᠤᠯᠬᠤ᠂ ᠴᠡᠭ᠎ᠲᠤ ᠰᠠᠭᠤᠵᠤ ᠪᠠᠢ᠌ᠴᠠᠭ᠋ᠠᠨ ᠰᠤᠳᠤᠯᠬᠤ ᠵᠡᠷᠭᠡ᠎ᠯᠦᠭᠡ ᠤᠶᠠᠯᠳᠤᠭᠤᠯᠤᠨ᠂ ᠨᠠᠮ᠎ᠤᠨ ᠦᠨᠳᠦᠰᠦᠲᠡᠨ᠎ᠤ ᠲᠤᠬᠠᠢ ᠤᠨᠤᠯ ᠲᠦᠷᠦ ᠵᠢᠨ ᠪᠣᠳᠣᠯᠭ᠎ᠠ ᠪᠠ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠤᠬᠠᠭᠤᠯᠤᠨ ᠲᠠᠢ᠌ᠯᠪᠤᠷᠢᠯᠠᠬᠤ ᠪᠠ ᠲᠣᠳᠣᠷᠬᠠᠢ᠌ᠯᠠᠨ ᠲᠠᠢ᠌ᠯᠪᠤᠷᠢᠯᠠᠬᠤ ᠠᠵᠢᠯᠯᠠᠭ᠎ᠠ ᠵᠢ ᠥᠷᠨᠢᠭᠦᠯᠵᠦ᠂ ᠦᠨᠳᠦᠰᠦᠲᠡᠨ᠎ᠨᠦᠭᠦᠳ᠎ᠤᠨ ᠵᠢᠯᠣᠭᠣᠳᠤᠭᠴᠢ ᠪᠠᠢ᠌ᠯᠳᠤᠭᠴᠢᠳ᠎ᠢ ᠬᠥᠮᠥᠵᠢᠭᠦᠯᠦᠨ ᠵᠢᠯᠤᠭᠣᠳᠴᠤ ᠪᠠᠢ᠌ᠭ᠋ᠠᠳ ᠳᠡᠭᠡᠳᠦ ᠬᠡᠮᠵᠢᠶᠡᠨ᠎ᠤ ᠬᠠᠷᠢᠭᠤᠴᠠᠯᠭ᠋ᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ᠎ᠪᠠᠷ ᠤᠯᠤᠰ ᠵᠶ᠋ᠠᠨ ᠬᠦᠴᠦᠷᠬᠡᠭᠵᠢᠭᠦᠯᠬᠦ ᠴᠡᠷᠢᠭ ᠵᠶ᠋ᠡᠨ ᠬᠦᠴᠦᠷᠬᠡᠭᠵᠢᠭᠦᠯᠬᠦ ᠦᠢ᠍ᠯᠡᠳᠦᠯᠭᠡ᠎ᠳᠤ ᠣᠷᠣᠯᠴᠠᠭᠤᠯᠤᠨ᠎ᠠ᠃
ᠱᠠᠰᠢᠨ ᠰᠤᠷᠲᠠᠬᠤᠨ᠎ᠤ ᠠᠵᠢᠯᠯᠠᠭ᠎ᠠ ᠵᠢᠨ ᠲᠠᠯᠠᠪᠤᠷ ᠭᠠᠵᠠᠷ᠎ᠲᠤ ᠦᠷᠨᠢᠭᠦᠯᠦᠨ᠎ᠡ
ᠨᠠᠮ᠎ᠤᠨ ᠦᠨᠳᠦᠰᠦᠲᠡᠨ᠎ᠤ ᠲᠤᠬᠠᠢ ᠲᠥᠷᠥ ᠵᠢᠨ ᠪᠣᠳᠣᠯᠭ᠎ᠠ ᠪᠠ ᠱᠠᠰᠢᠨ ᠰᠤᠷᠲᠠᠬᠤᠨ᠎ᠤ ᠲᠤᠬᠠᠢ ᠠᠵᠢᠯ᠎ᠤᠨ ᠦᠨᠳᠦᠰᠦᠨ ᠴᠢᠭᠯᠡᠯᠲᠡ ᠵᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠱᠠᠰᠢᠨ ᠰᠤᠷᠲᠠᠬᠤᠨ᠎ᠤ ᠪᠠᠭᠰᠢ ᠠᠵᠢᠯᠲᠠᠨ ᠪᠠ ᠱᠠᠰᠢᠨ ᠰᠢᠲᠦᠭᠴᠢᠳ᠎ᠲᠤ ᠬᠠᠨᠳᠤᠭᠤᠯᠤᠨ ᠦᠨᠳᠦᠰᠦᠨ ᠬᠠᠤᠯᠢ ᠪᠠ ᠦᠨᠳᠦᠰᠦᠲᠡᠨ ᠱᠠᠰᠢᠨ ᠰᠤᠷᠲᠠᠬᠤᠨ᠎ᠤ ᠬᠦᠷᠢᠶᠡᠨ᠎ᠳᠠᠬᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠶᠡᠬᠡ᠎ᠪᠠᠷ ᠤᠬᠠᠭᠤᠯᠵᠤ᠂ ᠡᠬᠡ ᠣᠷᠣᠨᠴᠢ ᠦᠵᠡᠯ᠎ᠤᠨ ᠬᠥᠮᠦᠵᠢᠯ᠂ ᠨᠡᠢ᠌ᠭᠡᠮ ᠵᠢᠷᠤᠮ᠎ᠤᠨ ᠭᠣᠣᠯᠯᠠᠬᠤ ᠦᠷᠳᠡᠭ᠎ᠤᠨ ᠦᠵᠡᠯᠲᠡ ᠵᠢᠨ ᠬᠥᠮᠦᠵᠢᠯ ᠪᠠ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠤᠬᠠᠭᠤᠯᠭ᠎ᠠ ᠬᠥᠮᠦᠵᠢᠯ᠎ᠢ ᠥᠷᠨᠢᠭᠦᠯᠵᠦ᠂ ᠱᠠᠰᠢᠨ ᠰᠤᠷᠲᠠᠬᠤᠨ᠎ᠤ ᠪᠠᠭᠰᠢ ᠠᠵᠢᠯᠲᠠᠨ ᠪᠠ ᠱᠠᠰᠢᠨ ᠰᠢᠲᠦᠭᠴᠢᠳ᠎ᠢ ᠢᠳᠡᠪᠬᠢᠲᠡᠢ ᠬᠦᠲᠦᠯᠦᠨ ᠵᠢᠯᠣᠭᠣᠳᠴᠤ ᠪᠠᠢ᠌ᠭ᠋ᠠᠳ ᠦᠨᠳᠦᠰᠦᠲᠡᠨ᠎ᠤ ᠪᠦᠯᠬᠦᠮᠳᠡᠯ᠂ ᠱᠠᠰᠢᠨ ᠰᠤᠷᠲᠠᠬᠤᠨ᠎ᠤ ᠡᠶ᠎ᠡ ᠵᠣᠬᠢᠴᠠᠯ᠂ ᠨᠡᠢ᠌ᠭᠡᠮ᠎ᠤᠨ ᠲᠣᠭᠲᠠᠭᠤᠨ ᠪᠠᠢ᠌ᠳᠠᠯ᠎ᠢ ᠤᠬᠠᠮᠰᠠᠷ᠎ᠠᠴᠠ᠎ᠪᠠᠨ ᠬᠠᠮᠠᠭ᠋ᠠᠯᠠᠬᠤ ᠪᠣᠯᠭ᠋ᠠᠨ᠎ᠠ᠃
ᠰᠣᠶᠣᠯ ᠵᠢᠭᠤᠯᠴᠢᠯᠠᠯ᠎ᠤᠨ ᠲᠠᠯᠠᠪᠤᠷ ᠭᠠᠵᠠᠷ᠎ᠲᠤ ᠦᠷᠨᠢᠭᠦᠯᠦᠨ᠎ᠡ
ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢ ᠲᠤᠰᠬᠠᠵᠤ ᠳᠡᠶ᠋ᠢᠯᠬᠦ ᠲᠡᠦᠬᠡ ᠵᠢᠨ ᠳᠤᠷᠠᠰᠬᠠᠯᠲᠤ ᠵᠦᠢ᠍ᠯ ᠪᠠ ᠲᠡᠦᠬᠡ ᠵᠢᠨ ᠪᠣᠳᠠᠲᠤ ᠬᠡᠷᠡᠭ ᠵᠶ᠋ᠡᠷ ᠠᠴᠢᠶᠠᠯᠠᠪᠤᠷᠢ ᠪᠣᠯᠭ᠋ᠠᠵᠤ᠂ ᠵᠢᠷᠤᠭ ᠦᠰᠦᠭ ᠬᠣᠣᠰᠯᠠᠭᠤᠯᠤᠭᠰᠠᠨ ᠳᠡᠯᠭᠡᠨ ᠦᠵᠡᠭᠦᠯᠭᠡ ᠵᠢᠨ ᠰᠠᠮᠪᠠᠷ᠎ᠠ᠂ ᠪᠦᠷᠢᠨ ᠵᠠᠭᠤᠴᠢᠲᠤ ᠳᠡᠯᠭᠡᠨ ᠦᠵᠡᠭᠦᠯᠭᠡ ᠵᠡᠷᠭᠡ ᠠᠷᠭ᠎ᠠ ᠪᠠᠷᠢᠯ ᠵᠶ᠋ᠠᠷ ᠳᠠᠮᠵᠢᠭᠤᠯᠤᠨ᠂ ᠲᠡᠦᠬᠡ ᠵᠢᠨ ᠳᠤᠷᠠᠰᠬᠠᠯᠲᠤ ᠵᠦᠢ᠍ᠯ᠎ᠳᠤ ᠠᠭᠤᠯᠤᠭᠳᠠᠵᠤ ᠪᠠᠢ᠌ᠭ᠎ᠠ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠵᠢᠨ ᠠᠭᠤᠯᠤᠭᠳᠠᠬᠤᠨ᠎ᠢ ᠲᠣᠳᠣᠷᠬᠠᠢ᠌ᠯᠠᠨ ᠲᠠᠢ᠌ᠯᠪᠤᠷᠢᠯᠠᠨ᠎ᠠ᠃ ᠣᠲᠣ ᠪᠠᠢ᠌ᠭ᠎ᠠ ᠳᠡᠯᠭᠡᠨ ᠦᠵᠡᠭᠦᠯᠭᠡ ᠵᠢᠨ ᠪᠠᠢ᠌ᠷᠢᠰᠢᠯᠯᠤᠭᠠ ᠤᠶᠠᠯᠳᠤᠭᠤᠯᠤᠨ᠂ ᠦᠨᠳᠦᠰᠦᠲᠡᠨ᠎ᠨᠦᠭᠦᠳ᠎ᠤᠨ ᠬᠠᠮᠲᠤ᠎ᠪᠠᠷ ᠡᠳ᠋ᠯᠡᠵᠦ ᠬᠠᠮᠲᠤ᠎ᠪᠠᠷ ᠬᠥᠷᠲᠡᠭᠰᠡᠨ ᠳᠤᠮᠳᠠᠳᠤ ᠵᠢᠨ ᠰᠣᠶᠣᠯ᠎ᠤᠨ ᠲᠡᠮᠳᠡᠭ ᠪᠠ ᠳᠦᠷᠢ ᠲᠥᠷᠬᠦ ᠵᠢ ᠰᠢᠭᠢᠳᠬᠡᠨ ᠣᠷᠣᠭᠤᠯᠵᠤ᠂ ᠤᠬᠠᠭᠤᠯᠤᠨ ᠳᠡᠯᠭᠡᠨ ᠦᠵᠡᠭᠦᠯᠬᠦ᠎ᠪᠠᠨ ᠴᠢᠩᠭ᠋ᠠᠳᠬᠠᠨ᠂ ᠰᠣᠶᠣᠯ ᠵᠢᠭᠤᠯᠴᠢᠯᠠᠯ᠎ᠤᠨ ᠠᠭᠤᠰᠤᠯᠴᠠᠯ᠎ᠢ ᠠᠬᠢᠭᠤᠯᠵᠤ᠂ ᠰᠣᠶᠣᠯ ᠵᠢᠭᠤᠯᠴᠢᠯᠠᠯ᠎ᠤᠨ ᠲᠠᠯᠠᠪᠤᠷ ᠭᠠᠵᠠᠷ᠎ᠢ ᠨᠠᠮ᠎ᠤᠨ ᠦᠨᠳᠦᠰᠦᠲᠡᠨ᠎ᠤ ᠲᠤᠬᠠᠢ ᠣᠨᠣᠯ ᠲᠥᠷᠥ ᠵᠢᠨ ᠪᠣᠳᠣᠯᠭ᠎ᠠ ᠪᠠ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠤᠬᠠᠭᠤᠯᠬᠤ ᠴᠢᠬᠤᠯᠠ ᠴᠣᠩᠬᠣᠪᠴᠢ ᠪᠣᠯᠭ᠋ᠠᠨ᠎ᠠ᠃
ᠰᠦᠯᠵᠢᠶᠡᠨ᠎ᠳᠤ ᠦᠷᠨᠢᠭᠦᠯᠦᠨ᠎ᠡ
《ᠢᠨᠲ᠋ᠧᠷ ᠰᠦᠯᠵᠢᠶ᠎ᠡ + ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ》 ᠠᠵᠢᠯᠯᠠᠭ᠋ᠠᠨ᠎ᠢ ᠭᠦᠨᠵᠡᠭᠡᠢ ᠬᠡᠷᠡᠭᠵᠢᠭᠦᠯᠵᠦ᠂ ᠡᠯ᠎ᠡ ᠰᠠᠯᠠᠭ᠎ᠠ ᠮᠥᠴᠢᠷ ᠨᠢᠭᠡᠴᠢ ᠢᠯᠠᠩᠭᠤᠶ᠎ᠠ ᠦᠨᠳᠦᠰᠦᠲᠡᠨ᠎ᠤ ᠬᠡᠷᠡᠭ ᠡᠷᠭᠢᠯᠡᠬᠦ ᠵᠥᠪᠯᠡᠯ᠎ᠤᠨ ᠭᠡᠰᠢᠭᠦᠨ ᠨᠢᠭᠡᠴᠢ᠎ᠨᠦᠭᠦᠳ ᠫᠣᠷᠲ᠋ᠧᠯ ᠰᠦᠯᠵᠢᠶ᠎ᠡ ᠪᠤᠶᠤ ᠸᠢᠴᠠᠲ᠎ᠤᠨ ᠨᠡᠶ᠋ᠢᠲᠡ ᠵᠢᠨ ᠲᠠᠪᠴᠠᠩ᠎ᠳᠤ ᠤᠬᠠᠭᠤᠯᠭ᠎ᠠ ᠵᠢᠨ ᠲᠤᠰᠬᠠᠢ ᠪᠤᠯᠤᠩ ᠭᠠᠷᠭ᠋ᠠᠵᠤ᠂ ᠨᠠᠮ᠎ᠤᠨ ᠦᠨᠳᠦᠰᠦᠲᠡᠨ᠎ᠤ ᠲᠤᠬᠠᠢ ᠣᠨᠣᠯ ᠲᠥᠷᠥ ᠵᠢᠨ ᠪᠣᠳᠣᠯᠭ᠎ᠠ ᠪᠠ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠤᠬᠠᠭᠤᠯᠤᠨ ᠲᠠᠢ᠌ᠯᠪᠤᠷᠢᠯᠠᠬᠤ ᠠᠵᠢᠯ᠎ᠢ ᠰᠠᠢ᠌ᠲᠤᠷ ᠬᠢᠨ᠎ᠡ᠃ ᠡᠯ᠎ᠡ ᠭᠣᠣᠯ ᠪᠣᠯᠬᠤ ᠵᠠᠭᠤᠴᠢᠯᠠᠭᠤᠷ᠎ᠤᠨ᠎ᠬᠢᠨ ᠰᠢᠨ᠎ᠡ ᠵᠠᠭᠤᠴᠢᠯᠠᠭᠤᠷ᠎ᠤᠨ ᠲᠠᠪᠴᠠᠩ᠎ᠤᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠰᠦᠯᠵᠢᠶᠡᠨ᠎ᠤ ᠢᠷᠭᠡᠳ᠎ᠤᠨ ᠳᠤᠷᠠᠲᠠᠶ᠎ᠠ ᠬᠦᠯᠢᠶᠡᠨ ᠠᠪᠬᠤ ᠣᠬᠣᠷ ᠸᠢᠳᠢᠤ᠋ ᠵᠡᠷᠭᠡ ᠪᠦᠲᠦᠭᠡᠯ᠎ᠢ ᠵᠣᠬᠢᠶᠠᠨ ᠪᠦᠲᠦᠭᠡᠵᠦ ᠤᠬᠠᠭᠤᠯᠤᠨ ᠲᠠᠨᠢᠯᠴᠠᠭᠤᠯᠵᠤ᠂ ᠢᠨᠲ᠋ᠧᠷ ᠰᠦᠯᠵᠢᠶ᠎ᠡ ᠵᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠬᠠᠮᠤᠭ᠎ᠤᠨ ᠶᠡᠬᠡ ᠨᠡᠮᠡᠭᠳᠡᠯ ᠪᠣᠯᠭ᠋ᠠᠨ᠎ᠠ᠃
ᠡᠯ᠎ᠡ ᠬᠦᠷᠢᠶ᠎ᠡ ᠴᠠᠷᠠᠭ᠋ᠠᠨ᠎ᠳᠤ ᠦᠷᠨᠢᠭᠦᠯᠦᠨ᠎ᠡ
ᠡᠯ᠎ᠡ ᠠᠵᠢᠯ ᠲᠦᠷᠦᠯ᠎ᠤᠨ᠎ᠬᠢᠨ ᠡᠷᠬᠡ ᠴᠢᠳᠠᠮᠵᠢ ᠡᠭᠦᠷᠭᠡ ᠬᠠᠷᠢᠭᠤᠴᠠᠯᠭ᠎ᠠ᠎ᠲᠠᠢ᠎ᠪᠠᠨ ᠤᠶᠠᠯᠳᠤᠭᠤᠯᠵᠤ᠂ ᠠᠷᠭ᠎ᠠ ᠬᠡᠯᠪᠡᠷᠢ ᠪᠠ ᠠᠴᠢᠶᠠᠯᠠᠪᠤᠷᠢ ᠵᠢᠨ ᠲᠠᠯ᠎ᠠ᠎ᠪᠠᠷ ᠢᠳᠡᠪᠬᠢᠲᠡᠢ ᠰᠢᠨ᠎ᠡ ᠵᠢ ᠡᠭᠦᠳᠴᠦ᠂ ᠨᠠᠮ᠎ᠤᠨ ᠦᠨᠳᠦᠰᠦᠲᠡᠨ᠎ᠤ ᠲᠤᠬᠠᠢ ᠤᠨᠤᠯ ᠲᠦᠷᠦ ᠵᠢᠨ ᠪᠣᠳᠣᠯᠭ᠎ᠠ ᠪᠠ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠭᠦᠨᠵᠡᠭᠡᠢ ᠤᠬᠠᠭᠤᠯᠤᠨ᠂ ᠦᠨᠳᠦᠰᠦᠲᠡᠨ᠎ᠨᠦᠭᠦᠳ᠎ᠤᠨ ᠺᠠᠳ᠋ᠷ ᠤᠯᠠᠨ ᠲᠦᠮᠡᠨ᠎ᠢ ᠬᠥᠲᠥᠯᠥᠨ ᠵᠢᠯᠤᠭᠣᠳᠴᠤ ᠪᠠᠢ᠌ᠭ᠋ᠠᠳ ᠬᠠᠮᠲᠤ ᠵᠢᠨ ᠤᠬᠠᠮᠰᠠᠷ᠂ ᠡᠵᠡᠨ ᠬᠥᠮᠥᠨ᠎ᠤ ᠤᠬᠠᠮᠰᠠᠷ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠤᠬᠠᠮᠰᠠᠷ᠂ ᠨᠠᠮ ᠵᠶ᠋ᠠᠨ ᠬᠠᠢ᠌ᠷᠠᠯᠠᠵᠤ ᠤᠯᠤᠰ ᠵᠶ᠋ᠠᠨ ᠬᠠᠢ᠌ᠷᠠᠯᠠᠬᠤ ᠤᠬᠠᠮᠰᠠᠷ᠎ᠢ ᠪᠠᠲᠤ ᠪᠤᠢ ᠪᠣᠯᠭ᠋ᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠢ᠌ᠭᠤᠯᠤᠯᠲᠠ ᠵᠢᠨ ᠠᠭᠤᠤ ᠶᠡᠬᠡ ᠦᠢ᠍ᠯᠡᠳᠦᠯᠭᠡ᠎ᠳᠤ ᠤᠬᠠᠮᠰᠠᠷ᠎ᠠᠴᠠ᠎ᠪᠠᠨ ᠣᠷᠣᠯᠴᠠᠬᠤ ᠪᠣᠯᠭ᠋ᠠᠨ᠎ᠠ᠃
ᠭᠣᠣᠯ ᠲᠠᠯᠠᠪᠤᠷ᠎ᠤᠨ ᠭᠣᠣᠯᠳᠠᠯᠭ᠎ᠠ ᠪᠣᠯᠬᠤ ᠠᠵᠢᠯ
ᠭᠣᠣᠯ ᠲᠠᠯᠠᠪᠤᠷ᠎ᠤᠨ ᠠᠵᠢᠯᠯᠠᠭ᠎ᠠ
4 ᠳ᠋ᠦ᠍ᠭᠡᠷ ᠰᠠᠷ᠎ᠠ ᠵᠢᠨ ᠰᠡᠭᠦᠯᠴᠢ᠎ᠪᠠᠷ᠂ ᠦᠬᠠᠢ ᠬᠣᠲᠠ᠎ᠳᠤ ᠪᠥᠬᠥ ᠣᠷᠣᠨ᠎ᠤ 《ᠦᠨᠳᠦᠰᠦᠲᠡᠨ᠎ᠤ ᠲᠤᠬᠠᠢ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠰᠠᠷ᠎ᠠ》 ᠵᠢᠨ ᠭᠣᠣᠯ ᠲᠠᠯᠠᠪᠤᠷ᠎ᠤᠨ ᠠᠵᠢᠯᠯᠠᠭ᠎ᠠ ᠶᠠᠪᠤᠭᠳᠠᠭᠤᠯᠤᠨ᠎ᠠ᠃
ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠰᠢᠷᠢᠰ ᠠᠵᠢᠯᠯᠠᠭ᠎ᠠ
ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠤᠬᠠᠭᠤᠯᠭ᠎ᠠ ᠵᠢᠨ ᠵᠢᠷᠤᠭᠲᠤ ᠵᠠᠷ ᠪᠠ ᠤᠬᠠᠭᠤᠯᠭ᠎ᠠ ᠵᠢᠨ ᠣᠬᠣᠷ ᠸᠢᠳᠢᠣ᠋ ᠡᠯᠰᠡᠬᠦ ᠠᠵᠢᠯᠯᠠᠭ᠎ᠠ᠎ᠳᠤ ᠱᠠᠩᠨᠠᠯ ᠭᠥᠷᠳᠡᠭᠰᠡᠨ ᠪᠦᠲᠦᠭᠡᠯ᠎ᠢ ᠨᠡᠢ᠌ᠲᠡᠯᠡᠵᠦ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠭᠢᠯᠡᠬᠦ ᠵᠥᠪᠯᠡᠯ᠎ᠤᠨ ᠫᠤᠷᠲᠸᠯ ᠰᠦᠯᠵᠢᠶ᠎ᠡ ᠪᠠ ᠸᠢᠴᠠᠲ᠎ᠤᠨ ᠨᠡᠶ᠋ᠢᠲᠡ ᠵᠢᠨ ᠲᠠᠪᠴᠠᠩ ᠵᠶ᠋ᠠᠷ ᠳᠠᠮᠵᠢᠭᠤᠯᠤᠨ ᠱᠠᠩᠨᠠᠯ ᠭᠥᠷᠳᠡᠭᠰᠡᠨ ᠪᠦᠲᠦᠭᠡᠯ᠎ᠢ ᠬᠤᠭᠤᠴᠠᠭ᠎ᠠ ᠪᠦᠯᠦᠭ ᠬᠤᠪᠢᠶᠠᠨ ᠳᠡᠯᠭᠡᠨ ᠦᠵᠡᠭᠦᠯᠦᠨ᠎ᠡ᠂ ᠲᠡᠳᠡᠭᠡᠷ᠎ᠢ ᠡᠯ᠎ᠡ ᠰᠠᠯᠠᠭ᠎ᠠ ᠮᠥᠴᠢᠷ ᠨᠢᠭᠡᠴᠢ ᠵᠢᠨ᠎ᠬᠢᠨ ᠪᠠᠭᠤᠯᠭ᠋ᠠᠨ ᠠᠪᠴᠤ ᠤᠬᠠᠭᠤᠯᠬᠤ᠎ᠳᠤ ᠬᠡᠷᠡᠭᠯᠡᠵᠦ ᠪᠣᠯᠣᠨ᠎ᠠ᠃ 《ᠭᠡᠷᠡᠯ ᠵᠢᠷᠤᠭ᠎ᠲᠠᠬᠢ ᠤᠮᠠᠷᠠᠲᠤ ᠬᠢᠯᠢ · ᠰᠡᠳᠬᠢᠯ ᠵᠶ᠋ᠡᠨ ᠨᠢᠭᠡᠳᠬᠡᠨ ᠬᠦᠰᠡᠯ ᠵᠡᠭᠦᠳᠦ᠎ᠪᠠᠨ ᠲᠡᠷᠭᠡᠯᠰᠢᠭᠦᠯᠦᠶ᠎ᠡ — ᠮᠢᠨᠤ ᠳᠡᠷᠭᠡᠳᠡᠬᠢ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠦᠯᠢᠭᠡᠷ》 ᠭᠡᠬᠦ ᠭᠡᠷᠡᠯ ᠵᠢᠷᠤᠭ᠎ᠤᠨ ᠪᠦᠲᠦᠭᠡᠯ ᠡᠯᠰᠡᠬᠦ ᠤᠷᠤᠯᠳᠤᠭ᠋ᠠᠨ᠎ᠤ ᠠᠵᠢᠯᠯᠠᠭ᠎ᠠ ᠵᠢ ᠡᠷᠬᠢᠯᠡᠨ᠎ᠡ᠃
ᠵᠢᠱ᠌ᠢᠶ᠎ᠡ ᠦᠵᠡᠭᠦᠯᠵᠦ ᠬᠦᠲᠦᠯᠦᠨ ᠳᠠᠭ᠋ᠠᠭᠤᠯᠬᠤ ᠠᠵᠢᠯᠯᠠᠭ᠎ᠠ
ᠡᠯ᠎ᠡ ᠱᠠᠲᠤᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠨᠢᠭᠡᠴᠢ᠎ᠨᠦᠭᠦᠳ ᠵᠢᠱ᠌ᠢᠶ᠎ᠡ ᠦᠵᠡᠭᠦᠯᠵᠦ ᠦᠯᠢᠭᠡᠷ ᠳᠠᠭᠤᠷᠢᠶᠠᠯ ᠪᠣᠯᠬᠤ ᠦᠢ᠍ᠯᠡᠳᠦᠯ ᠵᠶ᠋ᠡᠨ ᠭᠦᠢ᠍ᠴᠡᠳ ᠪᠠᠳᠠᠷᠠᠭᠤᠯᠵᠤ᠂ ᠤᠯᠠᠨ ᠠᠷᠭ᠎ᠠ ᠵᠠᠮ ᠵᠶ᠋ᠠᠷ ᠤᠬᠠᠭᠤᠯᠭ᠎ᠠ ᠵᠢᠨ ᠠᠵᠢᠯ ᠵᠶ᠋ᠡᠨ ᠰᠠᠢ᠌ᠲᠤᠷ ᠬᠢᠨ᠎ᠡ᠃ ᠡᠯ᠎ᠡ ᠱᠠᠲᠤᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶᠡᠴᠢ ᠨᠠᠷ ᠲᠦᠷᠦᠭᠦᠯᠡᠨ ᠦᠨᠳᠦᠰᠦᠨ ᠱᠠᠲᠤᠨ᠎ᠳᠤ ᠭᠦᠨᠵᠡᠭᠡᠢ᠌ᠷᠡᠵᠦ ᠤᠬᠠᠭᠤᠯᠤᠨ ᠲᠠᠢ᠌ᠯᠪᠤᠷᠢᠯᠠᠬᠤ ᠠᠵᠢᠯ ᠦᠷᠨᠢᠭᠦᠯᠦᠨ᠎ᠡ᠃ ᠡᠯ᠎ᠡ ᠱᠠᠲᠤᠨ᠎ᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠬᠥᠮᠦᠵᠢᠯ ᠦᠢ᠍ᠯᠡᠳᠦᠯᠭᠡ ᠵᠢᠨ ᠰᠠᠭᠤᠷᠢᠨ ᠭᠠᠵᠠᠷ᠎ᠤᠨ᠎ᠬᠢᠨ ᠬᠣᠯᠪᠤᠭ᠋ᠠᠯᠠᠨ ᠰᠤᠷᠤᠯᠴᠠᠵᠤ ᠬᠣᠯᠪᠤᠭ᠋ᠠᠯᠠᠨ ᠪᠠᠶ᠋ᠢᠭᠤᠯᠬᠤ ᠵᠡᠷᠭᠡ ᠭᠣᠣᠯ ᠰᠡᠳᠦᠪᠲᠦ ᠠᠵᠢᠯᠯᠠᠭ᠎ᠠ ᠦᠷᠨᠢᠭᠦᠯᠦᠨ᠎ᠡ᠃
ᠰᠦᠯᠵᠢᠶᠡᠨ᠎ᠤ ᠱᠠᠩᠨᠠᠯᠲᠤ ᠮᠡᠳᠡᠯᠭᠡ ᠵᠢᠨ ᠤᠷᠤᠯᠳᠤᠭ᠋ᠠᠨ᠎ᠤ ᠠᠵᠢᠯᠯᠠᠭ᠎ᠠ
《ᠦᠨᠳᠦᠰᠦᠲᠡᠨ᠎ᠤ ᠲᠤᠬᠠᠢ ᠬᠠᠤᠯᠢ᠎ᠪᠠᠷ ᠵᠠᠰᠠᠬᠤ ᠤᠬᠠᠭᠤᠯᠭ᠎ᠠ ᠵᠢᠨ ᠭᠠᠷᠠᠭ》᠎ᠤᠨ ᠬᠤᠭᠤᠴᠠᠭ᠋ᠠᠨ᠎ᠳᠤ᠂ ᠨᠠᠮ᠎ᠤᠨ ᠦᠨᠳᠦᠰᠦᠲᠡᠨ᠎ᠤ ᠲᠤᠬᠠᠢ ᠣᠨᠣᠯ ᠲᠥᠷᠥ ᠵᠢᠨ ᠪᠣᠳᠣᠯᠭ᠎ᠠ ᠪᠠ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠰᠦᠯᠵᠢᠶᠡᠨ᠎ᠤ ᠱᠠᠩᠨᠠᠯᠲᠤ ᠮᠡᠳᠡᠯᠭᠡ ᠵᠢᠨ ᠤᠷᠤᠯᠳᠤᠭ᠋ᠠᠨ᠎ᠤ ᠠᠵᠢᠯᠯᠠᠭ᠎ᠠ ᠵᠢ ᠵᠣᠬᠢᠶᠠᠨ ᠪᠠᠢ᠌ᠭᠤᠯᠤᠨ ᠥᠷᠨᠢᠭᠦᠯᠵᠦ᠂ ᠡᠯ᠎ᠡ ᠰᠠᠯᠠᠭ᠎ᠠ ᠮᠥᠴᠢᠷ ᠨᠢᠭᠡᠴᠢ ᠵᠢ ᠥᠷᠭᠡᠨ ᠵᠶ᠋ᠡᠷ ᠳᠠᠶ᠋ᠢᠴᠢᠯᠠᠨ ᠣᠷᠣᠯᠴᠠᠭᠤᠯᠵᠤ᠂ ᠠᠵᠢᠯᠯᠠᠭ᠎ᠠ ᠵᠢᠨ ᠴᠥᠷᠬᠡᠯᠡᠭᠡ ᠵᠢ ᠸᠢᠴᠠᠲ᠎ᠤᠨ ᠨᠡᠶ᠋ᠢᠲᠡ ᠵᠢᠨ ᠲᠠᠪᠴᠠᠩ ᠵᠶ᠋ᠠᠷ ᠢᠳᠡᠪᠬᠢᠲᠡᠢ ᠳᠠᠮᠵᠢᠭᠤᠯᠤᠨ ᠲᠠᠷᠬᠠᠭ᠋ᠠᠵᠤ᠂ ᠠᠵᠢᠯᠯᠠᠭ᠎ᠠ ᠵᠢᠨ ᠬᠠᠮᠤᠷᠬᠤ ᠬᠡᠪᠴᠢᠶ᠎ᠡ ᠵᠢ ᠴᠢᠷᠮᠠᠢ᠌ᠨ ᠥᠷᠭᠡᠳᠬᠡᠵᠦ᠂ ᠨᠡᠢ᠌ᠭᠡᠮ᠎ᠤᠨ ᠨᠥᠯᠥᠭᠡᠯᠡᠬᠦ ᠬᠦᠴᠦᠨ᠎ᠢ ᠳᠡᠭᠡᠭᠰᠢᠯᠡᠭᠦᠯᠦᠨ᠎ᠡ᠃
ᠤᠬᠠᠭᠤᠯᠭ᠎ᠠ ᠵᠢᠨ ᠣᠬᠣᠷ ᠮᠡᠳᠡᠭᠡ ᠳᠠᠮᠵᠢᠭᠤᠯᠬᠤ ᠠᠵᠢᠯᠯᠠᠭ᠎ᠠ
5 ᠳ᠋ᠤᠭ᠋ᠠᠷ ᠰᠠᠷ᠎ᠠ ᠵᠢᠨ ᠡᠬᠢ᠎ᠪᠠᠷ᠂ ᠰᠢᠯᠵᠢᠮᠡᠯ ᠬᠣᠯᠪᠣᠭ᠎ᠠ᠂ ᠨᠢᠭᠡᠳᠦᠮᠡᠯ ᠬᠣᠯᠪᠣᠭ᠎ᠠ᠂ ᠴᠠᠬᠢᠯᠭ᠋ᠠᠨ ᠬᠣᠯᠪᠣᠭ᠎ᠠ ᠵᠡᠷᠭᠡ ᠡᠵᠡᠩᠨᠡᠨ ᠠᠵᠢᠯᠯᠠᠭᠰᠠᠳ ᠵᠶ᠋ᠠᠷ ᠳᠠᠮᠵᠢᠭᠤᠯᠤᠨ᠂ ᠪᠥᠬᠥ ᠣᠷᠣᠨ᠎ᠤ ᠭᠠᠷ ᠤᠲᠠᠰᠤᠨ᠎ᠤ ᠬᠡᠷᠡᠭᠯᠡᠭᠴᠢᠳ᠎ᠲᠤ ᠨᠠᠮ᠎ᠤᠨ ᠦᠨᠳᠦᠰᠦᠲᠡᠨ᠎ᠤ ᠲᠤᠬᠠᠢ ᠣᠨᠣᠯ ᠲᠥᠷᠥ ᠵᠢᠨ ᠪᠣᠳᠣᠯᠭ᠎ᠠ ᠪᠠ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠤᠬᠠᠭᠤᠯᠭ᠎ᠠ ᠵᠢᠨ ᠨᠡᠶ᠋ᠢᠲᠡ ᠵᠢᠨ ᠠᠰᠠᠷᠠᠮᠵᠢ ᠵᠢᠨ ᠣᠬᠣᠷ ᠮᠡᠳᠡᠭᠡ ᠵᠢ ᠳᠠᠮᠵᠢᠭᠤᠯᠤᠨ᠎ᠠ᠃
ᠠᠵᠢᠯ᠎ᠤᠨ ᠱᠠᠭ᠋ᠠᠷᠳᠠᠯᠭ᠎ᠠ
ᠡᠯ᠎ᠡ ᠰᠠᠯᠠᠭ᠎ᠠ ᠮᠥᠴᠢᠷ ᠨᠢᠭᠡᠴᠢ᠎ᠨᠦᠭᠦᠳ ᠨᠠᠮ᠎ᠤᠨ ᠦᠨᠳᠦᠰᠦᠲᠡᠨ᠎ᠤ ᠲᠤᠬᠠᠢ ᠣᠨᠣᠯ ᠲᠥᠷᠥ ᠵᠢᠨ ᠪᠣᠳᠣᠯᠭ᠎ᠠ ᠪᠠ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠤᠬᠠᠭᠤᠯᠭ᠎ᠠ ᠵᠢᠨ ᠠᠵᠢᠯ᠎ᠢ ᠥᠷᠨᠢᠭᠦᠯᠬᠦ᠎ᠳᠤ᠎ᠪᠠᠨ ᠦᠨᠡᠨ᠎ᠠᠴᠠ ᠵᠥᠪ᠎ᠢ ᠡᠷᠢᠬᠦ ᠵᠢ ᠪᠠᠷᠢᠮᠲᠠᠯᠠᠵᠤ᠂ ᠴᠠᠭ ᠬᠡᠮᠵᠢᠶ᠎ᠡ ᠪᠦᠲᠦᠮᠵᠢ᠎ᠪᠠᠨ ᠡᠵᠡᠮᠳᠡᠬᠦ ᠬᠡᠷᠡᠭᠲᠡᠢ; ᠠᠷᠭ᠎ᠠ ᠬᠡᠯᠪᠡᠷᠢ ᠠᠷᠭ᠎ᠠ ᠮᠠᠶᠢᠭ᠎ᠢ ᠠᠩᠬᠠᠷᠴᠤ᠂ ᠬᠡᠯᠪᠡᠷᠢᠴᠢ ᠦᠵᠡᠯ᠎ᠢ ᠴᠢᠩᠭ᠎ᠠ ᠴᠡᠭᠡᠷᠯᠡᠨ᠂ ᠱᠠᠲᠤ ᠱᠠᠲᠤ᠎ᠪᠠᠷ ᠠᠵᠢᠯ᠎ᠤᠨ ᠡᠭᠦᠷᠭᠡ ᠵᠢ᠎ᠨᠢ ᠨᠡᠮᠡᠭᠳᠡᠭᠦᠯᠵᠦ ᠪᠣᠯᠬᠤ ᠦᠭᠡᠢ᠂ ᠦᠨᠳᠦᠰᠦᠨ ᠱᠠᠲᠤᠨ᠎ᠤ ᠳᠠᠷᠤᠭ᠋ᠠᠰᠤ ᠵᠢ᠎ᠨᠢ ᠨᠡᠮᠡᠭᠳᠡᠭᠦᠯᠵᠦ ᠪᠣᠯᠬᠤ ᠦᠭᠡᠢ; ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠠᠮᠠᠷᠬᠠᠨ ᠬᠦᠯᠢᠶᠡᠨ ᠠᠪᠬᠤ ᠬᠡᠯᠪᠡᠷᠢ᠎ᠪᠠᠷ ᠤᠬᠠᠭᠤᠯᠭ᠎ᠠ ᠵᠢᠨ ᠠᠵᠢᠯ ᠵᠶ᠋ᠠᠨ ᠥᠷᠨᠢᠭᠦᠯᠵᠦ᠂ ᠪᠣᠳᠠᠲᠤ ᠬᠡᠷᠡᠭ ᠲᠣᠭ᠎ᠠ ᠪᠠᠷᠢᠮᠲᠠ᠂ ᠨᠡᠢ᠌ᠲᠡᠯᠢᠭ ᠬᠡᠷᠡᠭ᠎ᠤᠨ ᠵᠢᠱ᠌ᠢᠶ᠎ᠡ᠎ᠪᠠᠷ ᠶᠣᠰᠣ ᠤᠴᠢᠷ᠎ᠢ ᠲᠣᠳᠣᠷᠬᠠᠢ᠌ᠯᠠᠬᠤ᠎ᠳᠤ᠎ᠪᠠᠨ ᠴᠢᠳᠠᠮᠠᠭ᠋ᠠᠢ ᠪᠠᠢ᠌ᠬᠤ ᠬᠡᠷᠡᠭᠲᠡᠢ; ᠪᠦᠲᠦᠮᠵᠢᠲᠡᠶ ᠲᠤᠷᠰᠢᠯᠭ᠎ᠠ ᠪᠠ ᠠᠷᠭ᠎ᠠ ᠵᠢ ᠴᠠᠭ ᠲᠤᠬᠠᠢᠳᠤᠨᠢ ᠳ᠋ᠦᠩᠨᠡᠵᠦ᠂ ᠨᠠᠮ᠎ᠤᠨ ᠦᠨᠳᠦᠰᠦᠲᠡᠨ᠎ᠤ ᠲᠤᠬᠠᠢ ᠣᠨᠣᠯ ᠲᠥᠷᠥ ᠵᠢᠨ ᠪᠣᠳᠣᠯᠭ᠎ᠠ ᠪᠠ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠤᠬᠠᠭᠤᠯᠭ᠎ᠠ ᠬᠥᠮᠦᠵᠢᠯ᠎ᠤᠨ ᠣᠷᠳᠣ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠬᠦ ᠬᠡᠷᠡᠭᠲᠡᠢ᠃