ᠨᠢᠭᠡ ᠭᠣᠣᠯ ᠰᠢᠵᠢᠮ᠎ᠢ ᠲᠤᠭᠤᠰᠢᠲᠠᠢ ᠨᠠᠢ᠌ᠳᠠᠪᠤᠷᠢᠵᠢᠭᠤᠯᠤᠨ᠎ᠠ   -   ᠲᠥᠷᠥ ᠵᠢᠨ ᠪᠣᠳᠣᠯᠭ᠎ᠠ ᠵᠢᠨ ᠲᠠᠢ᠌ᠯᠤᠮᠵᠢ
ᠣᠯᠠᠨ ᠬᠠᠷᠠᠭ᠋ᠠᠰᠤ᠎ᠠᠴᠠ ᠤᠬᠠᠭᠤᠯᠵᠤ ᠦᠨᠳᠦᠰᠦᠲᠡᠨ᠎ᠤ ᠪᠦᠯᠬᠦᠮᠳᠡᠯ᠎ᠢ ᠬᠦᠮᠦᠰ᠎ᠤᠨ ᠰᠡᠳᠬᠢᠯ᠎ᠳᠤ ᠬᠠᠳᠠᠩᠰᠢᠭᠤᠯᠤᠨ ᠮᠠᠨ᠎ᠤ ᠣᠷᠣᠨ 《ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠰᠠᠷ᠎ᠠ》 ᠵᠢᠨ ᠠᠵᠢᠯᠯᠠᠭ᠎ᠠ ᠵᠢ ᠭᠦᠨᠵᠡᠭᠡᠢ ᠥᠷᠨᠢᠭᠦᠯᠪᠡ
ᠨᠡᠶ᠋ᠢᠲᠡᠯᠡᠭᠰᠡᠨ ᠴᠠᠭ᠄ 2025-06-03


   ᠪᠦᠭᠦ ᠣᠷᠣᠨ᠎ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠤᠨ᠎ᠬᠢᠨ ᠨᠠᠮ᠎ᠤᠨ ᠦᠨᠳᠦᠰᠦᠲᠡᠨ᠎ᠤ ᠤᠨᠤᠯ᠎ᠤᠨ ᠲᠦᠷᠦ ᠵᠢᠨ ᠪᠣᠳᠣᠯᠭ᠎ᠠ ᠪᠣᠯᠣᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠰᠤᠷᠤᠯᠴᠠᠯᠭ᠎ᠠ ᠪᠣᠯᠪᠠᠰᠤᠷᠠᠯ᠎ᠢ ᠥᠷᠭᠡᠨ ᠳᠡᠯᠭᠡᠷ ᠥᠷᠨᠢᠭᠦᠯᠵᠦ᠂ ᠤᠯᠠᠨ ᠨᠡᠢ᠌ᠲᠡ ᠵᠢᠨ ᠲᠠᠯᠠᠪᠤᠷ᠎ᠤᠨ ᠡᠯᠧᠺᠲᠷᠣᠨ ᠳᠡᠯᠭᠡᠴᠡ᠂ ᠦᠢ᠍ᠯᠡᠴᠢᠯᠡᠭᠡᠨ᠎ᠤ ᠴᠣᠩᠬᠣᠪᠴᠢ᠎ᠳᠠᠬᠢ ᠳᠡᠯᠭᠡᠴᠡ ᠪᠣᠯᠣᠨ ᠤᠯᠠᠨ ᠨᠡᠢ᠌ᠲᠡ ᠵᠢᠨ ᠵᠠᠮ ᠬᠠᠷᠢᠯᠴᠠᠭ᠋ᠠᠨ᠎ᠤ ᠰᠢᠯᠵᠢᠭᠡ ᠲᠧᠯᠸᠢᠰ ᠵᠡᠷᠭᠡ ᠠᠴᠢᠶᠠᠯᠠᠪᠤᠷᠢ ᠵᠢ ᠠᠰᠢᠭᠯᠠᠨ ᠲᠤᠰᠬᠠᠢ ᠰᠡᠳᠦᠪᠲᠦ ᠤᠬᠠᠭᠤᠯᠭ᠎ᠠ ᠥᠷᠨᠢᠭᠦᠯᠵᠦ᠂ ᠤᠬᠠᠭᠤᠯᠤᠨ ᠲᠠᠢ᠌ᠯᠪᠤᠷᠢᠯᠠᠬᠤ ᠪᠦᠯᠭᠦᠮ ᠵᠣᠬᠢᠶᠠᠨ ᠪᠠᠢ᠌ᠭᠤᠯᠵᠤ ᠦᠨᠳᠦᠰᠦᠨ ᠱᠠᠲᠤᠨ᠎ᠳᠤ ᠣᠴᠢᠭᠤᠯᠤᠨ ᠨᠠᠮ᠎ᠤᠨ ᠦᠨᠳᠦᠰᠦᠲᠡᠨ᠎ᠤ ᠤᠨᠤᠯ᠎ᠤᠨ ᠲᠦᠷᠦ ᠵᠢᠨ ᠪᠣᠳᠣᠯᠭ᠎ᠠ ᠪᠣᠯᠣᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠲᠤᠬᠠᠢ ᠤᠬᠠᠭᠤᠯᠤᠨ ᠲᠠᠢ᠌ᠯᠪᠤᠷᠢᠯᠠᠯᠲᠠ ᠥᠷᠨᠢᠭᠦᠯᠪᠡ ᠁

  5 ᠰᠠᠷ᠎ᠠ ᠪᠣᠯ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠰᠠᠷ᠎ᠠ》 ᠪᠠᠢ᠌ᠵᠤ᠂ 5 ᠰᠠᠷ᠎ᠠ ᠵᠢᠨ 25᠎ᠤ ᠡᠳᠦᠷ᠎ᠠᠴᠠ 31᠎ᠤ ᠡᠳᠦᠷ ᠪᠣᠯ 《ᠦᠨᠳᠦᠰᠦᠲᠡᠨ᠎ᠤ ᠬᠠᠤᠯᠢ᠎ᠪᠠᠷ ᠵᠠᠰᠠᠬᠤ ᠤᠬᠠᠭᠤᠯᠭ᠎ᠠ ᠵᠢᠨ ᠭᠠᠷᠠᠭ》 ᠪᠣᠯᠣᠨ᠎ᠠ᠃ ᠣᠢ᠌ᠷ᠎ᠠ ᠵᠢᠨ ᠡᠳᠦᠷ᠎ᠤᠳ᠎ᠲᠤ᠂ ᠪᠦᠭᠦ ᠣᠷᠣᠨ᠎ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠤᠨ᠎ᠬᠢᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠠᠵᠢᠯ᠎ᠤᠨ ᠭᠣᠣᠯ ᠰᠢᠵᠢᠮ ᠪᠤᠯᠭ᠋ᠠᠵᠤ᠂ 《ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠢ᠌ᠭᠤᠯᠤᠯᠲᠠ ᠵᠢ ᠪᠦᠭᠦ ᠲᠠᠯ᠎ᠠ᠎ᠪᠠᠷ ᠠᠬᠢᠭᠤᠯᠬᠤ》 ᠭᠣᠣᠯ ᠰᠡᠳᠦᠪ᠎ᠤᠨ ᠲᠣᠭᠣᠷᠢᠨ᠎ᠳᠤ ᠨᠠᠮ᠎ᠤᠨ ᠦᠨᠳᠦᠰᠦᠲᠡᠨ᠎ᠤ ᠤᠨᠤᠯ ᠲᠦᠷᠦ ᠵᠢᠨ ᠪᠣᠳᠣᠯᠭ᠎ᠠ ᠪᠣᠯᠣᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠤᠬᠠᠭᠤᠯᠬᠤ ᠠᠵᠢᠯᠯᠠᠭ᠎ᠠ ᠵᠢ ᠥᠷᠭᠡᠨ ᠭᠦᠨᠵᠡᠭᠡᠢ ᠥᠷᠨᠢᠭᠦᠯᠪᠡ᠃

   ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠬᠠᠭᠤᠯᠬᠤ ᠬᠡᠯᠲᠡᠰ᠂ ᠨᠢᠭᠡᠳᠦᠮᠡᠯ ᠹᠷᠣᠨᠲ᠎ᠤᠨ ᠬᠡᠯᠲᠡᠰ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠂ ᠦᠨᠳᠦᠰᠦᠲᠡᠨ᠎ᠤ ᠬᠡᠷᠡᠭ ᠡᠷᠭᠢᠯᠡᠭᠦ ᠵᠥᠪᠯᠡᠯ᠂ ᠬᠠᠤᠯᠢ ᠴᠠᠭ᠋ᠠᠵᠠ ᠵᠢᠨ ᠲᠢᠩᠬᠢᠮ ᠬᠠᠮᠲᠤᠷᠠᠨ ᠠᠵᠢᠯ᠎ᠤᠨ ᠲᠥᠰᠥᠯ ᠲᠣᠭᠲᠠᠭ᠋ᠠᠵᠤ᠂ 《ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠰᠠᠷ᠎ᠠ》᠂ 《ᠦᠨᠳᠦᠰᠦᠲᠡᠨ᠎ᠤ ᠬᠠᠤᠯᠢ᠎ᠪᠠᠷ ᠵᠠᠰᠠᠬᠤ ᠤᠬᠠᠭᠤᠯᠭ᠎ᠠ ᠵᠢᠨ ᠭᠠᠷᠠᠭ》᠎ᠤᠨ ᠠᠵᠢᠯ᠎ᠢ ᠪᠦᠭᠦ ᠲᠠᠯ᠎ᠠ᠎ᠪᠠᠷ ᠪᠠᠢ᠌ᠷᠢᠯᠠᠭᠤᠯᠵᠤ᠂ ᠪᠦᠭᠦ ᠣᠷᠣᠨ᠎ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠬᠠᠭᠤᠯᠭ᠎ᠠ ᠵᠢᠨ ᠠᠵᠢᠯ᠎ᠤᠨ ᠠᠷᠭ᠎ᠠ᠎ᠪᠠᠨ ᠲᠠᠰᠤᠷᠠᠯᠲᠠ ᠦᠭᠡᠢ ᠰᠢᠯᠢᠳᠡᠭᠵᠢᠭᠦᠯᠵᠦ᠂ ᠨᠠᠮ᠎ᠤᠨ ᠦᠨᠳᠦᠰᠦᠲᠡᠨ᠎ᠤ ᠣᠨᠣᠯ ᠲᠥᠷᠥ ᠵᠢᠨ ᠪᠣᠳᠣᠯᠭ᠎ᠠ ᠪᠠ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠪᠠᠢ᠌ᠭᠤᠯᠭ᠎ᠠ᠎ᠳᠤ ᠣᠷᠣᠭᠤᠯᠬᠤ᠂ ᠠᠵᠤ ᠠᠬᠤᠢ᠌ᠯᠠᠯ᠎ᠳᠤ ᠣᠷᠣᠭᠤᠯᠬᠤ᠂ ᠨᠡᠢ᠌ᠭᠡᠮ ᠲᠣᠭᠣᠷᠢᠭ᠎ᠲᠤ ᠣᠷᠣᠭᠤᠯᠬᠤ᠂ ᠭᠠᠴᠠᠭ᠎ᠠ ᠲᠣᠰᠬᠣᠨ᠎ᠳᠤ ᠣᠷᠣᠭᠤᠯᠬᠤ᠂ ᠰᠤᠷᠭ᠋ᠠᠭᠤᠯᠢ᠎ᠳᠤ ᠣᠷᠣᠭᠤᠯᠬᠤ᠂ ᠰᠤᠮᠤᠨ ᠠᠩᠭᠢ᠎ᠳᠤ ᠣᠷᠣᠭᠤᠯᠬᠤ᠂ ᠱᠠᠰᠢᠨ ᠰᠤᠷᠲᠠᠬᠤᠨ᠎ᠤ ᠠᠵᠢᠯᠯᠠᠭ᠋ᠠᠨ᠎ᠤ ᠲᠠᠯᠠᠪᠤᠷ ᠭᠠᠵᠠᠷ᠎ᠲᠤ ᠣᠷᠣᠭᠤᠯᠬᠤ᠂ ᠰᠣᠶᠣᠯ ᠵᠢᠭᠤᠯᠴᠢᠯᠠᠯ᠎ᠤᠨ ᠲᠠᠯᠠᠪᠤᠷ ᠭᠠᠵᠠᠷ᠎ᠲᠤ ᠣᠷᠣᠭᠤᠯᠬᠤ᠂ ᠰᠦᠯᠵᠢᠶᠡᠨ᠎ᠳᠤ ᠣᠷᠣᠭᠤᠯᠬᠤ᠂ ᠡᠯ᠎ᠡ ᠬᠦᠷᠢᠶᠡᠨ᠎ᠳᠤ ᠣᠷᠣᠭᠤᠯᠬᠤ ᠵᠢ ᠠᠬᠢᠭᠤᠯᠬᠤ ᠬᠡᠷᠡᠭᠲᠡᠢ ᠭᠡᠵᠦ ᠱᠠᠭ᠋ᠠᠷᠳᠠᠪᠠ᠃

   ᠤᠯᠠᠭ᠋ᠠᠨᠬᠠᠳᠠ ᠬᠣᠲᠠ ᠵᠢᠨ ᠪᠠᠭ᠋ᠠᠷᠢᠨ ᠪᠠᠷᠠᠭᠤᠨ ᠬᠣᠰᠢᠭᠤ 《ᠣᠴᠢ ᠠᠨᠠᠷ᠎ᠤᠨ ᠦᠷ᠎ᠡ》 ᠤᠬᠠᠭᠤᠯᠤᠨ ᠲᠠᠢ᠌ᠯᠪᠤᠷᠢᠯᠠᠬᠤ ᠬᠤᠪᠢᠶᠠᠷᠢ ᠠᠩᠭᠢ ᠵᠣᠬᠢᠶᠠᠨ ᠪᠠᠢ᠌ᠭᠤᠯᠵᠤ᠂ ᠪᠠᠶᠠᠨᠨᠠᠭᠤᠷ ᠬᠣᠲᠠ 《ᠣᠨᠣᠯ ᠰᠤᠷᠤᠯᠴᠠᠬᠤ ᠬᠥᠩᠭᠡᠨ ᠮᠣᠷᠢᠲᠤ ᠴᠡᠷᠢᠭ》᠎ᠤᠨ ᠬᠤᠪᠢᠶᠠᠷᠢ ᠣᠯᠠᠨ ᠲᠦᠮᠡᠨᠴᠢᠯᠡᠭᠰᠡᠨ ᠤᠬᠠᠭᠤᠯᠤᠨ ᠲᠠᠢ᠌ᠯᠪᠤᠷᠢᠯᠠᠬᠤ ᠪᠦᠯᠭᠦᠮ ᠵᠣᠬᠢᠶᠠᠨ ᠪᠠᠢ᠌ᠭᠤᠯᠵᠤ᠂ ᠠᠯᠠᠱ᠌ᠠ ᠠᠢ᠌ᠮᠠᠭ 《ᠲᠡᠮᠡᠭᠡᠨ ᠨᠢᠷᠤᠭᠤᠨ ᠳᠡᠭᠡᠷᠡᠬᠢ ᠨᠡᠭᠦᠳᠡᠯ ᠬᠢᠴᠢᠶᠡᠯ᠎ᠤᠨ ᠲᠠᠩᠬᠢᠮ》 ᠭᠠᠷᠭ᠋ᠠᠪᠠ ᠁ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠣᠨᠣᠯ᠎ᠤᠨ ᠲᠤᠰᠬᠠᠢ ᠮᠡᠷᠭᠡᠵᠢᠯᠲᠡᠨ᠂ ᠠᠵᠢᠯ ᠲᠥᠷᠥᠯ᠎ᠤᠨ ᠭᠣᠣᠯᠯᠠᠭᠴᠢ᠂ ᠠᠷᠠᠳ᠎ᠤᠨ ᠨᠠᠷᠠᠲᠤ ᠲᠠᠢ᠌ᠯᠪᠤᠷᠢᠯᠠᠭᠴᠢ ᠵᠡᠷᠭᠡ ᠬᠥᠮᠥᠰ᠎ᠢ ᠵᠣᠬᠢᠶᠠᠨ ᠪᠠᠢ᠌ᠭᠤᠯᠵᠤ ᠭᠣᠪᠢ ᠲᠠᠯ᠎ᠠ ᠨᠤᠲᠤᠭ ᠵᠶ᠋ᠠᠷ ᠶᠠᠪᠤᠵᠤ᠂ ᠭᠠᠴᠠᠭ᠎ᠠ ᠲᠣᠰᠬᠣᠨ᠂ ᠨᠡᠢ᠌ᠭᠡᠮ ᠲᠣᠭᠣᠷᠢᠭ᠎ᠲᠤ ᠭᠦᠨᠵᠡᠭᠡᠢ᠌ᠷᠡᠨ᠂ 《ᠵᠠᠬᠢᠶᠠᠯᠠᠭ᠎ᠠ》᠎ᠪᠠᠷ ᠤᠬᠠᠭᠤᠯᠤᠨ ᠲᠠᠢ᠌ᠯᠪᠤᠷᠢᠯᠠᠵᠤ᠂ ᠨᠠᠮ᠎ᠤᠨ ᠦᠨᠳᠦᠰᠦᠲᠡᠨ᠎ᠤ ᠣᠨᠣᠯ ᠲᠥᠷᠥ ᠵᠢᠨ ᠪᠣᠳᠣᠯᠭ᠎ᠠ ᠵᠢᠨ 《ᠡᠭᠡᠯ ᠠᠷᠠᠳ᠎ᠤᠨ ᠭᠡᠷ᠎ᠲᠤ ᠣᠷᠣᠬᠤ》 ᠵᠢ ᠬᠦᠴᠦᠲᠡᠢ ᠠᠬᠢᠭᠤᠯᠪᠠ᠃

   ᠪᠦᠭᠦ ᠣᠷᠣᠨ᠎ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠤᠨ᠎ᠬᠢᠨ ᠠᠵᠢᠯᠯᠠᠭ᠎ᠠ ᠵᠢᠨ ᠭᠡᠯᠪᠡᠷᠢ᠎ᠪᠠᠨ ᠲᠠᠰᠤᠷᠠᠯᠲᠠ ᠦᠭᠡᠢ ᠰᠢᠨᠡᠴᠢᠯᠡᠵᠦ᠂ ᠬᠠᠷᠢᠯᠴᠠᠨ ᠬᠣᠷᠰᠢᠯᠴᠠᠬᠤ ᠲᠠᠪᠴᠠᠩ᠎ᠢ ᠪᠠᠢ᠌ᠭᠤᠯᠵᠤ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠰᠠᠨᠠᠭ᠋ᠠᠴᠢᠯᠠᠭ᠎ᠠ ᠦᠭᠡᠢ ᠭᠥᠯᠢᠶᠡᠨ ᠠᠪᠤᠭᠴᠢ ᠪᠠᠢ᠌ᠭᠰᠠᠨ᠎ᠠᠴᠠ᠎ᠪᠠᠨ ᠰᠠᠨᠠᠭ᠋ᠠᠴᠢᠯᠠᠭ᠋ᠠᠲᠤ ᠤᠯᠠᠮᠵᠢᠯᠠᠭᠴᠢ ᠪᠤᠯᠬᠤ ᠵᠢ ᠵᠣᠷᠢᠭᠵᠢᠭᠤᠯᠪᠠ᠃ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠭᠢᠯᠡᠭᠦ ᠵᠥᠪᠯᠡᠯ ᠣᠯᠠᠨ ᠰᠠᠯᠠᠭ᠎ᠠ ᠮᠥᠴᠢᠷ᠎ᠲᠠᠢ ᠬᠠᠮᠲᠤᠷᠠᠨ 《ᠭᠡᠷᠡᠯ ᠵᠢᠷᠤᠭᠲᠤ ᠤᠮᠠᠷᠠᠲᠤ ᠬᠢᠯᠢ · ᠰᠡᠳᠬᠢᠯ ᠨᠢᠭᠡᠳᠦᠨ ᠬᠦᠰᠡᠯ ᠵᠡᠭᠦᠳᠦ᠎ᠪᠠᠨ ᠲᠡᠷᠭᠡᠯᠰᠢᠭᠦᠯᠦᠶ᠎ᠡ — ᠮᠢᠨᠤ ᠳᠡᠷᠭᠡᠳᠡᠬᠢ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠥᠯᠢᠭᠡᠷ》 ᠭᠡᠬᠦ ᠭᠡᠷᠡᠯ ᠵᠢᠷᠤᠭ᠎ᠤᠨ ᠪᠦᠲᠦᠭᠡᠯ ᠡᠯᠰᠡᠬᠦ ᠤᠷᠤᠯᠳᠤᠭ᠋ᠠᠨ ᠥᠷᠨᠢᠭᠦᠯᠵᠦ᠂ ᠦᠨᠳᠦᠰᠦᠲᠡᠨ᠎ᠨᠦᠭᠦᠳ᠎ᠤᠨ ᠺᠠᠳ᠋ᠷ ᠣᠯᠠᠨ ᠲᠦᠮᠡᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠥᠯᠢᠭᠡᠷ᠎ᠢ ᠬᠠᠮᠲᠤ᠎ᠪᠠᠷ ᠰᠠᠢ᠌ᠲᠤᠷ ᠶᠠᠷᠢᠬᠤ ᠵᠢ ᠵᠣᠷᠢᠬ᠍ᠵᠢᠭᠤᠯᠪᠠ; ᠥᠪᠡᠷᠲᠡᠭᠡᠨ ᠵᠠᠰᠠᠬᠤ ᠣᠷᠣᠨ᠎ᠤ ᠣᠷᠴᠢᠭᠤᠯᠭ᠎ᠠ ᠵᠢᠨ ᠲᠥᠪ 《ᠣᠷᠴᠢᠭᠤᠯᠭ᠎ᠠ ᠵᠢᠨ ᠲᠥᠪ · ᠠᠨᠠᠷ᠎ᠤᠨ ᠦᠷ᠎ᠡ》 ᠵᠠᠯᠠᠭᠤᠴᠤᠳ᠎ᠤᠨ ᠦᠢ᠍ᠯᠡᠴᠢᠯᠡᠭᠡᠨ᠎ᠤ ᠠᠩᠭᠢ ᠪᠠᠢ᠌ᠭᠤᠯᠵᠤ᠂ ᠨᠡᠢ᠌ᠭᠡᠮ ᠲᠣᠭᠣᠷᠢᠭ᠎ᠲᠤ ᠭᠦᠨᠵᠡᠭᠡᠢ᠌ᠷᠡᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠭᠣᠣᠯ ᠰᠡᠳᠦᠪᠲᠦ ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠵᠦ᠂ ᠨᠠᠮ᠎ᠤᠨ ᠠᠷᠠᠳ᠎ᠲᠤ ᠠᠰᠢᠭ ᠬᠦᠷᠲᠡᠭᠡᠬᠦ ᠲᠥᠷᠥ ᠵᠢᠨ ᠪᠣᠳᠣᠯᠭ᠎ᠠ ᠵᠢ ᠥᠷᠭᠡᠨ ᠵᠶ᠋ᠡᠷ ᠤᠬᠠᠭᠤᠯᠪᠠ; ᠭᠦᠯᠥᠨ ᠪᠤᠢ᠌ᠷ ᠬᠣᠲᠠ ᠵᠢᠨ ᠦᠨᠳᠦᠰᠦᠲᠡᠨ᠎ᠤ ᠬᠡᠷᠡᠭ ᠡᠷᠭᠢᠯᠡᠭᠦ ᠵᠥᠪᠯᠡᠯ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ》 ᠭᠣᠣᠯ ᠰᠡᠳᠦᠪᠲᠦ ᠰᠢᠯᠦᠭ ᠳᠠᠭᠤᠤ ᠵᠢᠨ ᠪᠦᠲᠦᠭᠡᠯ ᠡᠯᠰᠡᠬᠦ ᠠᠵᠢᠯᠯᠠᠭ᠎ᠠ ᠥᠷᠨᠢᠭᠦᠯᠵᠦ᠂ ᠦᠨᠳᠦᠰᠦᠲᠡᠨ᠎ᠨᠦᠭᠦᠳ᠎ᠤᠨ ᠺᠠᠳ᠋ᠷ ᠣᠯᠠᠨ ᠲᠦᠮᠡᠨ᠎ᠤ ᠭᠣᠣᠯ ᠰᠡᠳᠦᠪᠲᠦ ᠰᠢᠯᠦᠭ ᠳᠠᠭᠤᠤ ᠵᠣᠬᠢᠶᠠᠨ ᠪᠦᠲᠦᠭᠡᠬᠦ ᠵᠢ ᠵᠣᠷᠢᠬ᠍ᠵᠢᠭᠤᠯᠪᠠ; ᠭᠢᠩᠭ᠋ᠠᠨ ᠠᠢ᠌ᠮᠠᠭ ᠤᠬᠠᠭᠤᠯᠤᠨ ᠲᠠᠢ᠌ᠯᠪᠤᠷᠢᠯᠠᠬᠤ ᠵᠠᠭᠪᠤᠷ᠎ᠤᠨ ᠰᠢᠨ᠎ᠡ ᠵᠢ ᠡᠭᠦᠳᠴᠦ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠭᠡᠷᠡᠯ ᠰᠠᠴᠤᠷᠠᠩᠭᠤᠢ ᠲᠡᠦᠬᠡ᠎ᠪᠠᠨ ᠡᠷᠭᠢᠴᠡᠭᠦᠯᠬᠦ᠂ ᠳᠡᠷᠭᠡᠳᠡᠬᠢ ᠨᠡᠢ᠌ᠲᠡᠯᠢᠭ ᠵᠢᠱ᠌ᠢᠶ᠎ᠡ᠎ᠠᠴᠠ᠎ᠪᠠᠨ ᠰᠤᠷᠤᠯᠴᠠᠬᠤ᠂ ᠵᠢᠷᠭ᠋ᠠᠯᠲᠤ ᠠᠮᠢᠳᠤᠷᠠᠯ ᠵᠶ᠋ᠠᠨ ᠳᠡᠯᠭᠡᠨ ᠦᠵᠡᠭᠦᠯᠭᠦ ᠵᠢ ᠬᠥᠲᠥᠯᠥᠨ ᠵᠢᠯᠣᠭᠣᠳᠪᠠ᠁ ᠭᠡᠯᠪᠡᠷᠢ ᠤᠯᠠᠨ ᠶᠠᠩᠵᠤ ᠵᠢᠨ᠂ ᠠᠭᠤᠯᠭ᠎ᠠ ᠡᠯᠪᠡᠭ ᠪᠠᠶᠠᠯᠢᠭ ᠤᠬᠠᠭᠤᠯᠭ᠎ᠠ ᠵᠢᠨ ᠠᠵᠢᠯᠯᠠᠭ᠎ᠠ᠎ᠨᠢ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠣᠢ᠌ᠯᠠᠭ᠋ᠠᠭᠳᠠᠬᠤᠨ ᠪᠣᠯᠣᠨ ᠨᠠᠮ᠎ᠤᠨ ᠦᠨᠳᠦᠰᠦᠲᠡᠨ᠎ᠤ ᠤᠨᠤᠯ ᠲᠦᠷᠤ ᠵᠢᠨ ᠪᠣᠳᠣᠯᠭ᠎ᠠ ᠵᠢ ᠤᠷᠢᠬᠠᠨ ᠰᠠᠯᠬᠢ ᠥᠭᠭᠢᠶᠡᠮᠦᠷ ᠬᠤᠷ᠎ᠠ ᠮᠡᠲᠦ᠎ᠪᠠᠷ ᠬᠥᠮᠥᠰ᠎ᠤᠨ ᠰᠡᠳᠬᠢᠯ᠎ᠢ ᠤᠮᠳᠠᠯᠠᠪᠠ᠃

   ᠲᠦᠩᠯᠢᠶᠣᠣ ᠬᠤᠳᠠ᠂ ᠤᠯᠠᠭ᠋ᠠᠨᠬᠠᠳᠠ ᠬᠤᠳᠠ᠂ ᠦᠬᠠᠢ ᠬᠤᠳᠠ ᠵᠡᠷᠭᠡ ᠭᠠᠵᠠᠷ᠎ᠤᠨ᠎ᠬᠢᠨ 《ᠦᠨᠳᠦᠰᠦᠲᠡᠨ᠎ᠤ ᠲᠦᠷᠦ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠰᠠᠷ᠎ᠠ》 ᠵᠢᠨ ᠭᠣᠣᠯ ᠲᠠᠯᠠᠪᠤᠷ᠎ᠤᠨ ᠠᠵᠢᠯᠯᠠᠭ᠎ᠠ ᠳᠤᠮᠳᠠ ᠪᠣᠳᠠᠰ᠎ᠤᠨ ᠪᠤᠰᠤ ᠰᠣᠶᠣᠯ᠎ᠤᠨ ᠥᠪ᠎ᠤᠨ ᠦᠵᠡᠭᠦᠯᠭᠡ ᠵᠢᠨ ᠲᠣᠭᠣᠷᠢᠭ ᠲᠣᠬᠢᠷᠠᠭᠤᠯᠵᠤ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠷᠢᠳᠢ ᠰᠢᠳᠢ ᠵᠢ ᠭᠦᠢ᠍ᠴᠡᠳ ᠢᠯᠡᠷᠡᠭᠦᠯᠪᠡ; ᠪᠠᠶᠠᠨᠨᠠᠭᠤᠷ ᠬᠣᠲᠠ ᠵᠢᠨ ᠯᠢᠨᠾᠧ ᠲᠣᠭᠣᠷᠢᠭ ᠠᠵᠢᠯᠯᠠᠭ᠎ᠠ ᠳᠤᠮᠳᠠ᠎ᠪᠠᠨ ᠤᠯᠠᠮᠵᠢᠯᠠᠯᠲᠤ ᠭᠠᠷ ᠤᠷᠠᠯᠠᠯ᠎ᠤᠨ ᠪᠦᠲᠦᠭᠡᠭᠳᠡᠬᠦᠨ᠎ᠤ ᠦᠵᠡᠭᠦᠯᠭᠡ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠠᠮᠲᠠᠲᠤ ᠢᠳᠡᠭᠡᠨ᠎ᠢ ᠪᠡᠶᠡᠴᠢᠯᠡᠨ ᠣᠢ᠌ᠯᠠᠭ᠋ᠠᠬᠤ ᠵᠡᠷᠭᠡ ᠠᠭᠤᠯᠭ᠎ᠠ ᠲᠣᠬᠢᠷᠠᠭᠤᠯᠵᠤ᠂ ᠬᠣᠲᠠ ᠵᠢᠨ ᠠᠷᠠᠳ᠎ᠤᠨ ᠠᠯᠢ ᠣᠯᠠᠨ ᠵᠢᠭᠤᠯᠴᠢᠯᠠᠬᠰᠠᠳ᠎ᠢ ᠣᠷᠣᠯᠴᠠᠭᠤᠯᠤᠭᠰᠠᠨ ᠪᠠᠢ᠌ᠨ᠎ᠠ; ᠥᠪᠥᠷ ᠮᠣᠩᠭᠣᠯ᠎ᠤᠨ ᠤᠷᠠᠯᠢᠭ ᠵᠦᠴᠦᠭᠡ ᠵᠢᠨ ᠬᠦᠷᠢᠶᠡᠯᠡᠩ᠎ᠤᠨ ᠪᠡᠭᠡᠵᠢᠩ ᠵᠦᠴᠦᠭᠡ ᠵᠢᠨ ᠪᠦᠯᠭᠦᠮ ᠲᠥᠪ᠎ᠤᠨ ᠦᠨᠳᠦᠰᠦᠲᠡᠨ᠎ᠤ ᠶᠡᠬᠡ ᠰᠤᠷᠭ᠋ᠠᠭᠤᠯᠢ ᠵᠢᠨ ᠬᠠᠷᠢᠶᠠᠲᠤ ᠳᠤᠮᠳᠠᠳᠤ ᠰᠤᠷᠭ᠋ᠠᠭᠤᠯᠢ ᠵᠢᠨ ᠭᠦᠭᠡᠬᠣᠲᠠ᠎ᠳᠠᠬᠢ ᠬᠤᠪᠢᠶᠠᠷᠢ ᠰᠤᠷᠭ᠋ᠠᠭᠤᠯᠢ ᠵᠢᠨ ᠪᠠᠭᠰᠢ ᠰᠤᠷᠤᠬ᠍ᠴᠢᠳ᠎ᠲᠤ ᠪᠡᠭᠡᠵᠢᠩ ᠵᠦᠴᠦᠭᠡ ᠵᠢ ᠪᠡᠶᠡᠴᠢᠯᠡᠨ ᠣᠢ᠌ᠯᠠᠭ᠋ᠠᠬᠤ ᠠᠵᠢᠯᠯᠠᠭ᠎ᠠ ᠥᠷᠨᠢᠭᠦᠯᠪᠡ ᠁ ᠪᠦᠭᠦ ᠣᠷᠣᠨ᠎ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠤᠨ᠎ᠬᠢᠨ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠪᠠᠳᠠᠷᠠᠭᠤᠯᠬᠤ ᠵᠢ ᠤᠬᠠᠭᠤᠯᠬᠤ ᠠᠵᠢᠯᠯᠠᠭ᠎ᠠ᠎ᠳᠤ ᠠᠭᠤᠰᠤᠯᠴᠠᠭᠤᠯᠵᠤ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠳᠤᠮᠳᠠᠳᠤ ᠵᠢᠨ ᠰᠣᠶᠣᠯ᠎ᠤᠨ ᠲᠤᠬᠠᠢ ᠭᠦᠨ ᠳᠠᠪᠬᠤᠷᠭ᠎ᠠ ᠵᠢᠨ ᠬᠠᠮᠲᠤ ᠵᠢᠨ ᠲᠠᠨᠢᠯᠲᠠ ᠵᠢ ᠴᠢᠩᠭ᠋ᠠᠳᠬᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠤᠶᠤᠨ ᠰᠠᠨᠠᠭ᠋ᠠᠨ᠎ᠤ ᠭᠡᠷ ᠣᠷᠣᠨ᠎ᠢ ᠬᠦᠴᠦᠯᠡᠨ ᠴᠣᠭᠴᠠᠯᠠᠵᠠᠢ᠃

   ᠡᠭᠦᠨ᠎ᠤ ᠬᠠᠮᠲᠤ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠤᠨ᠎ᠬᠢᠨ ᠳᠠᠮᠵᠢᠭᠤᠯᠭ᠎ᠠ ᠵᠢᠨ ᠵᠢᠭᠰᠠᠭ᠋ᠠᠯ᠎ᠤᠨ ᠭᠠᠵᠠᠷ᠎ᠤᠨ ᠠᠷᠭ᠎ᠠ ᠵᠠᠮ ᠵᠶ᠋ᠠᠨ ᠲᠠᠰᠤᠷᠠᠯᠲᠠ ᠦᠭᠡᠢ ᠥᠷᠭᠡᠳᠬᠡᠵᠦ᠂ ᠰᠦᠯᠵᠢᠶᠡᠨ ᠲᠠᠪᠴᠠᠩ᠎ᠢ ᠭᠦᠢ᠍ᠴᠡᠳ ᠠᠰᠢᠭᠯᠠᠨ ᠨᠠᠮ᠎ᠤᠨ ᠦᠨᠳᠦᠰᠦᠲᠡᠨ᠎ᠤ ᠣᠨᠣᠯ᠎ᠤᠨ ᠲᠥᠷᠥ ᠵᠢᠨ ᠪᠣᠳᠣᠯᠭ᠎ᠠ ᠪᠠ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠤᠬᠠᠭᠤᠯᠭ᠎ᠠ ᠵᠢ ᠥᠷᠭᠡᠨ ᠵᠶ᠋ᠡᠷ ᠥᠷᠨᠢᠭᠦᠯᠵᠦ᠂ 《ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠰᠠᠷ᠎ᠠ》 ᠵᠢᠨ ᠭᠣᠣᠯ ᠰᠡᠳᠦᠪᠲᠦ ᠰᠢᠷᠢᠰ ᠮᠡᠳᠡᠭᠳᠡᠯ᠂ ᠤᠷᠳᠤ ᠵᠢᠷᠤᠭ᠂ ᠣᠬᠣᠷ ᠸᠢᠳᠢᠤ᠋ ᠵᠢᠴᠢ ᠰᠦᠯᠵᠢᠶᠡᠨ᠎ᠤ ᠱᠠᠩᠨᠠᠯᠲᠤ ᠰᠡᠳᠦᠪ ᠬᠠᠷᠢᠭᠤᠯᠬᠤ ᠠᠵᠢᠯᠯᠠᠭ᠎ᠠ ᠥᠷᠨᠢᠭᠦᠯᠬᠦ ᠵᠡᠷᠭᠡ ᠠᠷᠭ᠎ᠠ ᠭᠡᠯᠪᠡᠷᠢ᠎ᠪᠠᠷ ᠳᠠᠮᠵᠢᠭᠤᠯᠤᠨ᠂ ᠨᠠᠮ᠎ᠤᠨ ᠦᠨᠳᠦᠰᠦᠲᠡᠨ᠎ᠤ ᠣᠨᠣᠯ᠎ᠤᠨ ᠲᠥᠷᠥ ᠵᠢᠨ ᠪᠣᠳᠣᠯᠭ᠎ᠠ ᠪᠠ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠰᠦᠯᠵᠢᠶᠡᠨ ᠤᠬᠠᠭᠤᠯᠭ᠎ᠠ ᠵᠢᠨ ᠵᠢᠭᠰᠠᠭ᠋ᠠᠯ᠎ᠢ ᠪᠠᠢ᠌ᠭᠤᠯᠵᠤ᠂ ᠤᠬᠠᠭᠤᠯᠭ᠎ᠠ ᠬᠥᠮᠦᠵᠢᠯ᠎ᠤᠨ ᠦᠷ᠎ᠡ ᠪᠦᠲᠦᠮᠵᠢ ᠵᠢ ᠪᠦᠲᠦᠮᠵᠢᠲᠡᠶ ᠳᠡᠭᠡᠭᠰᠢᠯᠡᠭᠦᠯᠪᠡ᠃

   ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠭᠢᠯᠡᠭᠦ ᠵᠥᠪᠯᠡᠯ᠎ᠤᠨ ᠬᠠᠮᠢᠶ᠎ᠠ ᠪᠦᠬᠦᠢ ᠬᠠᠷᠢᠭᠤᠴᠠᠯᠭ᠋ᠠᠲᠠᠨ᠎ᠠᠴᠠ ᠪᠦᠭᠦ ᠣᠷᠣᠨ᠎ᠤ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠪᠦᠲᠦᠮᠵᠢᠲᠡᠶ ᠲᠤᠷᠰᠢᠯᠭ᠎ᠠ ᠪᠠ ᠠᠷᠭ᠎ᠠ ᠬᠢᠳᠡᠯ ᠵᠶ᠋ᠡᠨ ᠴᠠᠭ ᠲᠤᠬᠠᠢ᠎ᠳᠤᠨᠢ ᠳ᠋ᠦᠩᠨᠡᠵᠦ᠂ ᠨᠠᠮ᠎ᠤᠨ ᠦᠨᠳᠦᠰᠦᠲᠡᠨ᠎ᠤ ᠣᠨᠣᠯ᠎ᠤᠨ ᠲᠥᠷᠥ ᠵᠢᠨ ᠪᠣᠳᠣᠯᠭ᠎ᠠ ᠪᠠ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠤᠬᠠᠭᠤᠯᠭ᠎ᠠ ᠬᠥᠮᠦᠵᠢᠯ᠎ᠤᠨ ᠣᠷᠳᠣ ᠬᠤᠭᠤᠴᠠᠭ᠋ᠠᠨ᠎ᠤ ᠪᠦᠲᠦᠮᠵᠢᠲᠦ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠵᠦ᠂ 《ᠭᠤᠷᠪᠠᠨ ᠰᠠᠯᠵᠤ ᠴᠢᠳᠠᠬᠤ ᠦᠭᠡᠢ》᠂ 《ᠳᠥᠷᠪᠡᠨ ᠬᠠᠮᠲᠤᠳᠬᠠᠬᠤ》᠂ 《ᠲᠠᠪᠤᠨ ᠬᠠᠮᠲᠤ ᠵᠢᠨ ᠲᠠᠨᠢᠯᠲᠠ》 ᠵᠢᠴᠢ 《ᠲᠤᠯᠤᠭ᠋ᠠᠨ ᠲᠠᠯ᠎ᠠ᠎ᠪᠠᠷ ᠵᠢᠱ᠌ᠢᠶᠡᠴᠢ ᠪᠤᠯᠬᠤ》 ᠵᠡᠷᠭᠡ ᠣᠢ᠌ᠯᠠᠭ᠋ᠠᠭᠳᠠᠬᠤᠨ᠎ᠢ ᠬᠥᠮᠥᠰ᠎ᠤᠨ ᠰᠡᠳᠬᠢᠯ᠎ᠳᠤ ᠬᠠᠳᠠᠩᠰᠢᠭᠤᠯᠬᠤ ᠬᠡᠷᠡᠭᠲᠡᠢ ᠭᠡᠵᠦ ᠢᠯᠡᠳᠬᠡᠪᠡ᠃


ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ