《ᠵᠢᠷᠭᠤᠭ᠋ᠠᠨ ᠥᠭᠦᠯᠡᠪᠦᠷᠢ ᠦᠭᠡᠨ᠎ᠤ ᠪᠣᠳᠠᠲᠤ ᠶᠠᠪᠤᠳᠠᠯ ᠪᠠ ᠶᠣᠰᠣ ᠤᠴᠢᠷ》 ᠪᠣᠯ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠱᠦᠵᠢ ᠰᠦᠨ ᠱᠣᠣ ᠴᠧᠩ ᠵᠣᠬᠢᠶᠠᠯ᠂ ᠶᠠᠷᠢᠶᠠᠨ᠎ᠳᠤ᠎ᠪᠠᠨ ᠳ᠋ᠦᠩᠨᠡᠵᠦ ᠲᠣᠳᠣᠷᠬᠠᠢ᠌ᠯᠠᠨ ᠲᠠᠢ᠌ᠯᠪᠤᠷᠢᠯᠠᠭᠰᠠᠨ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠬᠠᠮᠲᠤ ᠵᠢᠨ ᠰᠡᠳᠬᠢᠯ᠎ᠤᠨ ᠳᠠᠭᠤᠨ ᠪᠣᠯᠣᠨ᠎ᠠ
ᠥᠪᠥᠷ ᠮᠣᠩᠭᠣᠯ ᠣᠷᠣᠨ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠠᠮᠤᠭ᠎ᠤᠨ ᠡᠷᠲᠡ ᠨᠠᠮ᠎ᠤᠨ ᠵᠣᠬᠢᠶᠠᠨ ᠪᠠᠢ᠌ᠭᠤᠯᠤᠯᠲᠠ ᠵᠢ ᠪᠠᠢ᠌ᠭᠤᠯᠤᠭᠰᠠᠨ ᠦᠨᠳᠦᠰᠦᠲᠡᠨ᠎ᠤ ᠭᠠᠵᠠᠷ ᠣᠷᠣᠨ ᠪᠣᠯᠣᠨ᠎ᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠰᠢᠭᠤᠳ ᠤᠳᠤᠷᠢᠳᠤᠯᠭ᠎ᠠ ᠳᠣᠣᠷ᠎ᠠ ᠪᠠᠢ᠌ᠭᠤᠯᠤᠭᠳᠠᠭᠰᠠᠨ ᠶᠤᠮ
ᠥᠪᠥᠷ ᠮᠣᠩᠭᠣᠯ ᠪᠣᠯ ᠨᠠᠮ᠎ᠤᠨ ᠲᠥᠪ ᠬᠣᠷᠢᠶᠠᠨ᠎ᠤ ᠳᠡᠮᠵᠢᠯᠭᠡ ᠳᠣᠣᠷ᠎ᠠ ᠬᠥᠭᠵᠢᠭᠰᠡᠨ ᠶᠤᠮ
ᠥᠪᠥᠷ ᠮᠣᠩᠭᠣᠯ᠎ᠤᠨ ᠠᠵᠢᠯ᠎ᠤᠨ ᠳᠤᠮᠳᠠ ᠢᠯᠡᠷᠡᠭᠰᠡᠨ ᠴᠢᠬᠤᠯᠠ ᠶᠡᠬᠡ ᠬᠡᠯᠪᠡᠷᠢᠯ ᠵᠥᠷᠢᠶ᠎ᠡ ᠵᠢ ᠴᠥᠮ ᠨᠠᠮ᠎ᠤᠨ ᠲᠥᠪ ᠬᠣᠷᠢᠶᠠᠨ᠎ᠠᠴᠠ ᠬᠠᠪᠰᠤᠷᠤᠨ ᠵᠠᠯᠠᠷᠠᠭᠤᠯᠤᠭᠰᠠᠨ ᠶᠤᠮ
ᠥᠪᠥᠷ ᠮᠣᠩᠭᠣᠯ᠎ᠤᠨ ᠰᠢᠨ᠎ᠡ ᠴᠠᠭ ᠦᠶ᠎ᠡ ᠵᠢᠨ ᠬᠥᠭᠵᠢᠯᠲᠡ ᠵᠢᠨ ᠠᠮᠵᠢᠯᠲᠠ ᠪᠦᠲᠦᠮᠵᠢ ᠵᠢ ᠪᠣᠯ ᠶᠡᠷᠦᠩᠬᠡᠢ ᠱᠦᠵᠢ ᠰᠢ ᠵᠢᠨ ᠫᠢᠩ᠎ᠤᠨ ᠳᠣᠲᠣᠨᠣ ᠬᠠᠯᠠᠮᠵᠢᠯᠠᠯ ᠪᠠ ᠵᠢᠯᠣᠭᠣᠳᠤᠯᠭ᠎ᠠ ᠳᠣᠣᠷ᠎ᠠ ᠣᠯᠣᠭᠰᠠᠨ ᠶᠤᠮ
ᠥᠪᠥᠷ ᠮᠣᠩᠭᠣᠯ ᠵᠢᠱ᠌ᠢᠶᠡᠴᠢ ᠥᠪᠡᠷᠲᠡᠭᠡᠨ ᠵᠠᠰᠠᠬᠤ ᠣᠷᠣᠨ ᠪᠣᠯᠣᠭᠰᠠᠨ᠎ᠤ ᠵᠢᠱ᠌ᠢᠶᠡᠴᠢ᠎ᠨᠢ ᠨᠠᠮ᠎ᠤᠨ ᠦᠭᠡ ᠵᠢ ᠰᠣᠨᠣᠰᠤᠭᠰᠠᠨ᠎ᠳᠤ ᠪᠣᠢ
ᠥᠪᠥᠷ ᠮᠣᠩᠭᠣᠯ ᠪᠣᠯ ᠨᠠᠮ᠎ᠤᠨ ᠲᠥᠪ ᠬᠣᠷᠢᠶᠠᠨ᠎ᠤ ᠳᠡᠮᠵᠢᠯᠭᠡ ᠳᠣᠣᠷ᠎ᠠ ᠬᠥᠭᠵᠢᠭᠰᠡᠨ ᠶᠤᠮ (ᠬᠣᠶᠠᠷ)
ᠥᠪᠥᠷ ᠮᠣᠩᠭᠣᠯ ᠨᠠᠮ᠎ᠤᠨ ᠲᠥᠪ ᠬᠣᠷᠢᠶᠠᠨ᠎ᠤ ᠤᠳᠤᠷᠢᠳᠤᠯᠭ᠎ᠠ ᠪᠠ ᠳᠡᠮᠵᠢᠯᠭᠡ ᠳᠣᠣᠷ᠎ᠠ ᠬᠥᠭᠵᠢᠯᠲᠡ ᠵᠢᠨ ᠰᠢᠨ᠎ᠡ ᠬᠠᠭᠤᠳᠠᠰᠤ ᠵᠢ ᠲᠠᠰᠤᠷᠠᠯᠲᠠ ᠦᠭᠡᠢ ᠪᠢᠴᠢᠭᠯᠡᠵᠦ ᠪᠣᠢ
ᠡᠯ᠎ᠡ ᠲᠡᠦᠬᠡᠨ ᠴᠠᠭ ᠦᠶ᠎ᠡ᠎ᠳᠤ᠂ ᠨᠠᠮ᠎ᠤᠨ ᠲᠥᠪ ᠬᠣᠷᠢᠶ᠎ᠠ ᠥᠪᠥᠷ ᠮᠣᠩᠭᠣᠯ᠎ᠢ ᠴᠥᠮ ᠬᠦᠴᠦᠷᠬᠡᠭ ᠶᠡᠬᠡ ᠪᠥᠭᠡᠳ ᠪᠠᠲᠤ ᠪᠠᠬᠢ᠂ ᠪᠣᠳᠠᠲᠠᠢ ᠵᠢ ᠡᠷᠬᠢᠮᠯᠡᠭᠰᠡᠨ ᠪᠥᠭᠡᠳ ᠨᠠᠷᠢᠨ ᠪᠤᠲᠠᠲᠠᠢ ᠬᠠᠯᠠᠮᠵᠢᠯᠠᠵᠤ ᠳᠡᠮᠵᠢᠭᠰᠡᠭᠡᠷ ᠢᠷᠡᠭᠰᠡᠨ ᠶᠤᠮ᠃ ᠨᠠᠮ᠎ᠤᠨ ᠲᠥᠪ ᠬᠣᠷᠢᠶᠠᠨ᠎ᠤ ᠤᠳᠤᠷᠢᠳᠤᠯᠭ᠎ᠠ ᠪᠠ ᠳᠡᠮᠵᠢᠯᠭᠡ ᠳᠣᠣᠷ᠎ᠠ᠂ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ ᠬᠦᠰᠡᠯ ᠨᠠᠶ᠋ᠢᠳᠠᠯᠭ᠎ᠠ ᠵᠢ ᠪᠠᠲᠤ ᠴᠡᠭᠡᠵᠢᠯᠡᠵᠦ᠂ ᠡᠭᠦᠷᠭᠡ ᠬᠠᠷᠢᠭᠤᠴᠠᠯᠭ᠎ᠠ᠎ᠪᠠᠨ ᠵᠣᠷᠢᠭᠲᠠᠢ᠎ᠪᠠᠷ ᠡᠭᠦᠷᠭᠡᠯᠡᠵᠦ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠡᠶᠡᠯᠡᠭᠦᠯᠬᠦ ᠠᠶᠠᠨ ᠵᠠᠮ᠎ᠳᠤ ᠥᠪᠥᠷ ᠮᠣᠩᠭᠣᠯ᠎ᠤᠨ ᠬᠥᠭᠵᠢᠯᠲᠡ ᠵᠢᠨ ᠰᠢᠨ᠎ᠡ ᠬᠠᠭᠤᠳᠠᠰᠤ ᠵᠢ ᠲᠠᠰᠤᠷᠠᠯᠳᠡ ᠦᠭᠡᠢ ᠪᠢᠴᠢᠭᠯᠡᠵᠦ ᠪᠣᠢ᠃
ᠪᠦᠬᠦ ᠤᠯᠤᠰ᠎ᠤᠨ ᠠᠷᠠᠳ ᠲᠦᠮᠡᠨ᠎ᠲᠠᠢ ᠬᠠᠮᠲᠤ᠎ᠪᠠᠷ ᠥᠭᠡᠷᠡᠴᠢᠯᠡᠯᠲᠡ ᠨᠡᠭᠡᠭᠡᠯᠲᠡ ᠪᠠ ᠨᠡᠢ᠌ᠭᠡᠮ ᠵᠢᠷᠤᠮᠲᠤ ᠣᠳᠣᠬᠢᠴᠢᠯᠠᠯᠲᠠ ᠵᠢᠨ ᠪᠦᠲᠦᠭᠡᠨ ᠪᠠᠢ᠌ᠭᠤᠯᠤᠯᠲᠠ ᠵᠢᠨ ᠠᠭᠤᠤ ᠶᠡᠬᠡ ᠠᠮᠵᠢᠯᠲᠠ ᠪᠦᠲᠦᠮᠵᠢ ᠵᠢ ᠡᠭᠦᠳᠦᠨ ᠪᠦᠲᠦᠭᠡᠪᠡ
ᠳᠤᠮᠳᠠᠳᠤ ᠤᠯᠤᠰ᠎ᠤᠨ ᠡᠪ ᠬᠠᠮᠲᠤ ᠨᠠᠮ ᠪᠦᠬᠦ ᠤᠯᠤᠰ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭ᠋ᠠᠭᠤᠯᠵᠤ ᠦᠵᠡᠯ ᠰᠠᠨᠠᠭ᠎ᠠ᠎ᠪᠠᠨ ᠴᠢᠯᠦᠭᠡᠯᠡᠨ᠂ ᠡᠷᠡᠰ ᠰᠢᠭᠤᠷᠬᠠᠢ᠎ᠪᠠᠷ ᠤᠷᠤᠭᠰᠢᠯᠠᠨ ᠳᠠᠪᠰᠢᠵᠤ᠂ ᠥᠭᠡᠷᠡᠴᠢᠯᠡᠯᠲᠡ ᠨᠡᠭᠡᠭᠡᠯᠲᠡ ᠪᠠ ᠨᠡᠢ᠌ᠭᠡᠮ ᠵᠢᠷᠤᠮᠲᠤ ᠣᠳᠣᠬᠢᠴᠢᠯᠠᠯᠲᠠ ᠵᠢᠨ ᠪᠦᠲᠦᠭᠡᠨ ᠪᠠᠢ᠌ᠭᠤᠯᠤᠯᠲᠠ ᠵᠢᠨ ᠠᠭᠤᠤ ᠶᠡᠬᠡ ᠠᠮᠵᠢᠯᠲᠠ ᠪᠦᠲᠦᠮᠵᠢ ᠵᠢ ᠡᠭᠦᠳᠦᠨ ᠪᠦᠲᠦᠭᠡᠵᠡᠢ᠃ ᠨᠠᠮ᠎ᠤᠨ ᠲᠥᠪ ᠬᠣᠷᠢᠶᠠᠨ᠎ᠤ ᠬᠦᠴᠦᠲᠡᠢ ᠳᠡᠮᠵᠢᠯᠭᠡ ᠳᠣᠣᠷ᠎ᠠ᠂ ᠪᠠᠷᠠᠭᠤᠨ ᠣᠷᠣᠨ᠎ᠢ ᠶᠡᠬᠡ᠎ᠪᠠᠷ ᠨᠡᠭᠡᠭᠡᠨ ᠬᠥᠭᠵᠢᠭᠦᠯᠬᠦ᠂ ᠵᠡᠭᠦᠨ ᠬᠣᠢ᠌ᠲᠤ ᠵᠢᠨ ᠬᠠᠭᠤᠴᠢᠨ ᠠᠵᠤ ᠦᠢ᠍ᠯᠡᠳᠪᠦᠷᠢ ᠵᠢᠨ ᠰᠠᠭᠤᠷᠢᠨ ᠭᠠᠵᠠᠷ᠎ᠢ ᠬᠥᠭᠵᠢᠭᠦᠯᠦᠨ ᠮᠠᠨᠳᠤᠭᠤᠯᠬᠤ᠂ ᠬᠢᠯᠢ ᠬᠢᠵᠠᠭ᠋ᠠᠷ ᠣᠷᠣᠨ᠎ᠢ ᠬᠥᠭᠵᠢᠭᠦᠯᠦᠨ ᠬᠢᠯᠢ ᠵᠢᠨ ᠠᠷᠠᠳ᠎ᠢ ᠪᠠᠶᠠᠵᠢᠭᠤᠯᠬᠤ ᠵᠡᠷᠭᠡ ᠪᠠᠢ᠌ᠯᠳᠤᠬᠤ ᠪᠣᠳᠣᠯᠭ᠎ᠠ ᠵᠢ ᠬᠡᠷᠡᠭᠵᠢᠭᠦᠯᠬᠦ ᠬᠡᠪᠴᠢᠶᠡᠨ᠎ᠳᠤ ᠥᠪᠥᠷ ᠮᠣᠩᠭᠣᠯ ᠬᠠᠮᠤᠷᠤᠭᠳᠠᠵᠤ᠂ ᠥᠪᠥᠷ ᠮᠣᠩᠭᠣᠯ᠎ᠤᠨ ᠠᠵᠤ ᠠᠬᠤᠢ ᠵᠢᠨ ᠳᠠᠪᠠᠯᠲᠠ ᠬᠥᠭᠵᠢᠯᠲᠡ ᠵᠢ ᠠᠬᠢᠭᠤᠯᠵᠠᠢ᠃ 1994 ᠣᠨ᠎ᠳᠤ ᠭᠠᠢ᠌ᠯᠢ ᠬᠤᠪᠢᠶᠠᠷᠢᠯᠠᠬᠤ ᠳᠦᠷᠢᠮ᠎ᠢ ᠬᠡᠷᠡᠭᠵᠢᠭᠦᠯᠦᠭᠰᠡᠨ᠎ᠠᠴᠠ ᠨᠠᠭ᠋ᠠᠰᠢ᠂ 2011 ᠣᠨ ᠪᠣᠯᠲᠠᠯ᠎ᠠ᠂ ᠥᠪᠥᠷ ᠮᠣᠩᠭᠣᠯ ᠲᠥᠪ᠎ᠤᠨ ᠰᠢᠯᠵᠢᠭᠦᠯᠦᠨ ᠥᠭᠬᠦ ᠪᠡᠯᠡ ᠮᠥᠩᠭᠥ ᠵᠢ ᠨᠡᠶ᠋ᠢᠲᠡ 7916.1 ᠳ᠋ᠦᠩᠰᠢᠭᠤᠷ ᠲᠥᠭᠥᠷᠢᠭ ᠣᠯᠪᠠ᠃ 2002-2009 ᠣᠨ᠎ᠳᠤ᠂ ᠥᠪᠥᠷ ᠮᠣᠩᠭᠣᠯ᠎ᠤᠨ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠢ ᠦᠷᠳᠡᠭ᠎ᠤᠨ ᠨᠡᠮᠡᠭᠳᠡᠯ᠎ᠤᠨ ᠬᠤᠷᠳᠤᠴᠠ ᠨᠠᠢ᠍ᠮᠠᠨ ᠵᠢᠯ ᠳᠠᠷᠠᠭ᠋ᠠᠯᠠᠨ ᠪᠦᠬᠦ ᠤᠯᠤᠰ᠎ᠤᠨ ᠡᠯ᠎ᠡ ᠮᠤᠵᠢ (ᠬᠤᠳᠠ᠂ ᠥᠪᠡᠷᠲᠡᠭᠡᠨ ᠵᠠᠰᠠᠬᠤ ᠣᠷᠣᠨ) ᠵᠢᠨ ᠲᠡᠷᠢᠭᠦᠨ᠎ᠳᠤ ᠪᠠᠢ᠌ᠷᠢᠯᠠᠪᠠ᠃ 2011 ᠣᠨ᠎ᠳᠤ᠂ ᠪᠥᠬᠥ ᠣᠷᠣᠨ᠎ᠤ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠢ ᠥᠷᠲᠡᠭ 9458.12 ᠳ᠋ᠦᠩᠰᠢᠭᠤᠷ ᠲᠥᠭᠥᠷᠢᠭ᠎ᠲᠤ ᠬᠦᠷᠴᠦ᠂ 1978 ᠣᠨ᠎ᠤ 163 ᠳᠠᠬᠢᠨ ᠪᠣᠯᠪᠠ; ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠢ ᠦᠷᠲᠡᠭ᠎ᠨᠢ ᠬᠥᠮᠥᠨ ᠳᠤᠮᠳᠠᠴᠢ᠎ᠪᠠᠷ 38276 ᠲᠥᠭᠥᠷᠢᠭ᠎ᠲᠤ ᠬᠦᠷᠴᠦ᠂ 1978 ᠣᠨ᠎ᠤ 121 ᠳᠠᠬᠢᠨ ᠪᠣᠯᠵᠠᠢ; ᠡᠳ᠋᠎ᠤᠨ ᠵᠠᠰᠠᠭ᠎ᠤᠨ ᠡᠩ᠎ᠤᠨ ᠤᠯᠠᠨ ᠨᠡᠶ᠋ᠢᠲᠡ ᠵᠢᠨ ᠲᠥᠰᠥᠪ᠎ᠤᠨ ᠣᠷᠣᠯᠭ᠎ᠠ 1356.67 ᠳ᠋ᠦᠩᠰᠢᠭᠤᠷ ᠲᠥᠭᠥᠷᠢᠭ᠎ᠲᠤ ᠬᠦᠷᠴᠦ᠂ 1978 ᠣᠨ᠎ᠤ 197 ᠲᠠᠬᠢᠨ ᠪᠣᠯᠵᠠᠢ᠃ ᠡᠨᠡ ᠬᠦ᠌ ᠬᠤᠭᠤᠴᠠᠭ᠋ᠠᠨ᠎ᠳᠤ᠂ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠠᠮᠢᠳᠤᠷᠠᠯ ᠦᠷᠭᠦᠯᠵᠢᠯᠡᠨ ᠰᠠᠢ᠌ᠵᠢᠷᠠᠵᠤ᠂ ᠨᠡᠢ᠌ᠭᠡᠮ᠎ᠤᠨ ᠠᠵᠢᠯ ᠦᠢ᠍ᠯᠡᠰ ᠥᠷᠨᠢᠨ ᠬᠥᠭᠵᠢᠵᠦ᠂ ᠪᠦᠬᠦ ᠤᠯᠤᠰ᠎ᠤᠨ ᠠᠷᠠᠳ ᠲᠦᠮᠡᠨ᠎ᠲᠠᠢ ᠬᠠᠮᠲᠤ᠎ᠪᠠᠷ ᠥᠭᠡᠷᠡᠴᠢᠯᠡᠯᠲᠡ ᠨᠡᠭᠡᠭᠡᠯᠲᠡ ᠵᠢᠨ ᠶᠡᠬᠡ ᠤᠷᠤᠰᠬᠠᠯ ᠳᠤᠮᠳᠠ ᠡᠷᠡᠯᠬᠡᠭᠯᠡᠨ ᠤᠷᠤᠭᠰᠢᠯᠠᠵᠤ᠂ ᠢᠳᠡᠵᠦ ᠡᠮᠦᠰᠬᠦᠳᠤᠪᠠᠨ ᠵᠥᠪ ᠦᠭᠡᠢ ᠪᠠᠢ᠌ᠭᠰᠠᠨ᠎ᠠᠴᠠ᠎ᠪᠠᠨ ᠶᠡᠷᠦᠩᠬᠡᠢ᠎ᠳᠤ᠎ᠪᠠᠨ ᠴᠢᠨᠡᠭᠡᠯᠢᠭᠵᠢᠵᠦ᠂ ᠪᠦᠬᠦ ᠲᠠᠯ᠎ᠠ᠎ᠪᠠᠷ ᠴᠢᠨᠡᠭᠡᠯᠢᠭᠵᠢᠬᠦ ᠲᠡᠢ᠌ᠰᠢ ᠤᠷᠤᠭᠰᠢᠯᠠᠭᠰᠠᠨ ᠲᠡᠦᠬᠡᠲᠦ ᠴᠢᠨᠠᠷᠲᠠᠢ ᠳᠠᠪᠠᠯᠲᠠ ᠵᠢ ᠪᠡᠶᠡᠯᠡᠭᠦᠯᠵᠡᠢ᠃
ᠥᠪᠥᠷ ᠮᠣᠩᠭᠣᠯ᠎ᠤᠨ ᠠᠵᠤ ᠠᠬᠤᠢ ᠵᠢᠨ ᠬᠥᠭᠵᠢᠯᠲᠡ ᠵᠢ ᠳᠡᠮᠵᠢᠪᠡ᠃ ᠤᠯᠤᠰ᠎ᠤᠨ ᠪᠠᠢ᠌ᠯᠳᠤᠬᠤ ᠪᠣᠳᠣᠯᠭ᠎ᠠ᠎ᠳᠤ᠂ ᠥᠪᠥᠷ ᠮᠣᠩᠭᠣᠯ ᠪᠣᠯ ᠪᠠᠷᠠᠭᠤᠨ ᠣᠷᠣᠨ᠎ᠢ ᠶᠡᠬᠡ᠎ᠪᠠᠷ ᠨᠡᠭᠡᠭᠡᠨ ᠬᠥᠭᠵᠢᠭᠦᠯᠬᠦ ᠪᠠ ᠵᠡᠭᠦᠨ ᠬᠣᠢ᠌ᠲᠤ ᠵᠢᠨ ᠬᠠᠭᠤᠴᠢᠨ ᠠᠵᠤ ᠦᠢ᠍ᠯᠡᠳᠪᠦᠷᠢ ᠵᠢᠨ ᠰᠠᠭᠤᠷᠢᠨ᠎ᠢ ᠬᠥᠭᠵᠢᠭᠦᠯᠦᠨ ᠮᠠᠨᠳᠤᠭᠤᠯᠬᠤ ᠪᠠᠢ᠌ᠯᠳᠤᠬᠤ ᠪᠣᠳᠣᠯᠭ᠎ᠠ᠎ᠳᠤ ᠵᠡᠷᠭᠡ᠎ᠪᠠᠷ ᠬᠠᠮᠤᠷᠤᠭᠳᠠᠭᠰᠠᠨ ᠴᠣᠷᠢ ᠵᠢᠨ ᠭᠠᠭᠴᠠ 《ᠵᠡᠭᠦᠨᠲᠡᠬᠢ ᠮᠥᠷᠲᠡᠭᠡᠨ ᠪᠠᠷᠠᠭᠤᠨᠲᠠᠬᠢ》 ᠮᠤᠵᠢ ᠣᠷᠣᠨ ᠪᠠᠢ᠌ᠵᠤ᠂ ᠨᠠᠮ᠎ᠤᠨ ᠲᠥᠪ ᠬᠣᠷᠢᠶ᠎ᠠ ᠥᠪᠥᠷ ᠮᠣᠩᠭᠣᠯ᠎ᠢ ᠴᠢᠬᠤᠯᠠᠴᠢᠯᠠᠨ ᠬᠠᠯᠠᠮᠵᠢᠯᠠᠵᠤ ᠪᠠᠢ᠌ᠬᠤ ᠵᠢ ᠬᠠᠷᠠᠭᠤᠯᠵᠠᠢ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠪᠠᠢ᠌ᠭᠤᠯᠤᠭᠳᠠᠭᠰᠠᠨ᠎ᠠᠴᠠ᠎ᠪᠠᠨ ᠠᠪᠤᠭ᠋ᠠᠳ ᠠᠮᠤ ᠪᠤᠳᠠᠭ᠋ᠠᠨ᠎ᠤ ᠬᠤᠷᠢᠶᠠᠯᠲᠠ ᠰᠠᠢ᠌ᠲᠠᠢ ᠣᠷᠣᠨ ᠪᠣᠯᠵᠤ ᠢᠷᠡᠪᠡ᠂ 1953-1968 ᠣᠨ᠎ᠳᠤ᠂ ᠤᠯᠤᠰ᠎ᠲᠤ ᠨᠡᠢ᠍ᠢ᠍ᠳᠡ 106.32 ᠳ᠋ᠦᠩᠰᠢᠭᠤᠷ ᠵᠢᠩ ᠠᠮᠤ ᠪᠤᠳᠠᠭ᠎ᠠ ᠲᠤᠰᠢᠶᠠᠭᠰᠠᠨ ᠪᠣᠯᠪᠠᠴᠤ 1969 ᠣᠨ᠎ᠠᠴᠠ ᠡᠬᠢᠯᠡᠨ ᠠᠮᠤ ᠪᠤᠳᠠᠭ᠋ᠠᠨ᠎ᠤ ᠬᠤᠷᠢᠶᠠᠯᠲᠠ ᠠᠨᠠᠢ ᠪᠣᠯᠤᠭᠰᠠᠨ ᠪᠠᠢ᠌ᠨ᠎ᠠ᠃ 1981 ᠣᠨ᠎ᠤ 8 ᠳ᠋ᠤᠭ᠋ᠠᠷ ᠰᠠᠷ᠎ᠠ ᠵᠢᠨ 3᠎ᠤ ᠡᠳᠦᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ 《ᠲᠥᠪ᠎ᠤᠨ ᠱᠦᠵᠢ ᠨᠠᠷ᠎ᠤᠨ ᠭᠠᠵᠠᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯ᠎ᠢ ᠶᠠᠷᠢᠯᠴᠠᠭᠰᠠᠨ ᠲᠣᠪᠴᠢ》 ᠵᠢ ᠤᠯᠠᠮᠵᠢᠯᠠᠨ ᠶᠠᠪᠤᠭᠤᠯᠪᠠ᠂ 《ᠲᠣᠪᠴᠢ》᠎ᠳᠤ ᠥᠪᠥᠷ ᠮᠣᠩᠭᠣᠯ 《ᠤᠢ ᠰᠢᠭᠤᠢ ᠮᠠᠯ ᠠᠵᠤ ᠠᠬᠤᠢ᠎ᠪᠠᠷ ᠭᠣᠣᠯ ᠪᠣᠯᠭ᠋ᠠᠵᠤ᠂ ᠤᠯᠠᠨ ᠲᠦᠷᠦᠯ᠎ᠢ ᠡᠵᠡᠩᠨᠡᠬᠦ》 ᠠᠵᠢᠯ᠎ᠤᠨ ᠴᠢᠭᠯᠡᠯᠲᠡ ᠵᠢ ᠳᠤᠷᠠᠳᠴᠤ᠂ 《ᠲᠠᠷᠢᠶᠠᠯᠠᠬᠤ ᠣᠷᠣᠨ᠎ᠳᠤ᠎ᠪᠠᠨ ᠠᠮᠤ ᠪᠤᠳᠠᠭ᠎ᠠ᠂ ᠲᠣᠰᠣ᠂ ᠰᠢᠬᠢᠷ ᠪᠠ ᠲᠠᠷᠢᠶᠠᠯᠠᠩ ᠲᠤᠰᠠᠯᠠᠬᠤ ᠠᠵᠤ ᠠᠬᠤᠢ᠎ᠪᠠᠨ ᠴᠤ᠌ ᠨᠡᠯᠢᠶᠡᠳ ᠰᠠᠢ᠌ᠨ ᠬᠥᠭᠵᠢᠭᠦᠯᠬᠦ ᠬᠡᠷᠡᠭᠲᠡᠢ》 ᠭᠡᠵᠦ ᠱᠠᠭ᠋ᠠᠷᠳᠠᠵᠠᠢ᠃
ᠥᠪᠥᠷ ᠮᠣᠩᠭᠣᠯ᠎ᠤᠨ ᠲᠠᠷᠢᠶᠠᠯᠠᠩ᠎ᠤᠨ ᠳᠣᠲᠣᠭ᠋ᠠᠳᠤ ᠪᠦᠲᠦᠴᠡ ᠪᠠ ᠦᠢ᠍ᠯᠡᠳᠪᠦᠷᠢᠯᠡᠯ᠎ᠤᠨ ᠪᠠᠢ᠌ᠷᠢᠰᠢᠭᠤᠯᠤᠯᠲᠠ᠎ᠳᠤ ᠲᠣᠬᠢᠷᠠᠭᠤᠯᠤᠯᠲᠠ ᠬᠢᠬᠦ ᠵᠢ ᠳᠡᠮᠵᠢᠬᠦ ᠵᠢᠨ ᠲᠥᠯᠥᠭᠡ᠂ ᠤᠯᠤᠰ᠎ᠠᠴᠠ ᠵᠢᠯ ᠪᠦᠷᠢ ᠥᠪᠥᠷ ᠮᠣᠩᠭᠣᠯ᠎ᠳᠤ ᠠᠮᠤ ᠪᠤᠳᠠᠭ᠎ᠠ ᠲᠣᠬᠢᠷᠠᠭᠤᠯᠤᠨ ᠰᠢᠯᠵᠢᠭᠦᠯᠵᠦ ᠥᠭᠬᠦ᠎ᠪᠠᠷ ᠲᠣᠭᠲᠠᠭ᠋ᠠᠭᠰᠠᠨ ᠮᠥᠷᠲᠡᠭᠡᠨ ᠥᠪᠥᠷ ᠮᠣᠩᠭᠣᠯ᠎ᠢ ᠡᠯ᠎ᠡ ᠠᠵᠤ ᠦᠢ᠍ᠯᠡᠰ ᠵᠶ᠋ᠡᠨ ᠵᠣᠬᠢᠴᠠᠩᠭᠤᠢ᠎ᠪᠠᠷ ᠬᠥᠭᠵᠢᠭᠦᠯᠬᠦ ᠵᠢᠨ ᠬᠠᠮᠲᠤ ᠠᠮᠤ ᠪᠤᠳᠠᠭ᠎ᠠ ᠳᠤᠲᠠᠭᠳᠠᠵᠤ ᠪᠠᠢ᠌ᠭ᠎ᠠ ᠠᠰᠠᠭᠤᠳᠠᠯ᠎ᠢ ᠠᠯᠬᠤᠮ ᠠᠯᠬᠤᠮ ᠵᠶ᠋ᠠᠷ ᠰᠢᠢ᠍ᠳᠪᠦᠷᠢᠯᠡᠬᠦ ᠬᠡᠷᠡᠭᠲᠡᠢ ᠭᠡᠵᠦ ᠨᠠᠮ᠎ᠤᠨ ᠲᠥᠪ ᠬᠣᠷᠢᠶ᠎ᠠ ᠱᠠᠭ᠋ᠠᠷᠳᠠᠪᠠ᠃ ᠨᠠᠮ᠎ᠤᠨ ᠲᠥᠪ ᠬᠣᠷᠢᠶᠠᠨ᠎ᠤ ᠬᠠᠯᠠᠮᠵᠢᠯᠠᠯ ᠳᠣᠣᠷ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠯ᠎ᠡ ᠱᠠᠲᠤᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠲᠠᠷᠢᠶᠠᠯᠠᠩ᠎ᠤᠨ ᠥᠭᠡᠷᠡᠴᠢᠯᠡᠯᠲᠡ ᠪᠠ ᠠᠵᠤ ᠦᠢ᠍ᠯᠡᠰ᠎ᠤᠨ ᠪᠦᠲᠦᠴᠡ ᠵᠢᠨ ᠲᠣᠬᠢᠷᠠᠭᠤᠯᠤᠯᠲᠠ ᠵᠢ ᠭᠦᠨᠵᠡᠭᠡᠢ ᠠᠬᠢᠭᠤᠯᠵᠤ᠂ ᠲᠠᠷᠢᠶᠠᠯᠠᠩ᠎ᠤᠨ ᠦᠨᠳᠦᠰᠦᠨ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠵᠤ᠂ ᠥᠷᠭᠡᠨ ᠤᠯᠠᠨ ᠲᠠᠷᠢᠶᠠᠴᠢᠳ᠎ᠤᠨ ᠦᠢ᠍ᠯᠡᠳᠪᠦᠷᠢᠯᠡᠯ᠎ᠤᠨ ᠢᠳᠡᠪᠬᠢᠵᠢᠯ᠎ᠢ ᠲᠠᠢ᠍ᠢ᠍ᠴᠢᠯᠠᠵᠦ᠂ 1992 ᠣᠨ ᠪᠣᠯᠬᠤ᠎ᠳᠤ᠂ ᠥᠪᠥᠷ ᠮᠣᠩᠭᠣᠯ᠎ᠤᠨ ᠠᠮᠤ ᠪᠤᠳᠠᠭ᠋ᠠᠨ᠎ᠤ ᠤᠨᠠᠯᠲᠠ ᠠᠩᠬ᠎ᠠ ᠤᠳᠠᠭ᠎ᠠ ᠵᠠᠭᠤᠨ ᠳ᠋ᠦᠩᠰᠢᠭᠤᠷ ᠺᠢᠯᠣᠭ᠌ᠷᠠᠮ᠎ᠤᠨ ᠪᠣᠭᠣᠮᠲᠠ ᠵᠢ ᠳᠠᠪᠠᠵᠤ᠂ ᠠᠮᠤ ᠪᠤᠳᠠᠭ᠎ᠠ᠎ᠪᠠᠷ ᠥᠪᠡᠷ᠎ᠢ᠎ᠪᠠᠨ ᠬᠠᠩᠭ᠋ᠠᠬᠤ᠎ᠳᠤ ᠦᠯᠡᠳᠡᠪᠦᠷᠢ᠎ᠲᠠᠢ ᠪᠣᠯᠬᠤ ᠵᠢ ᠪᠦᠷᠢᠮᠦᠰᠦᠨ ᠪᠡᠶᠡᠯᠡᠭᠦᠯᠵᠦ᠂ 《ᠪᠤᠳᠠᠭ᠎ᠠ ᠢᠳᠡᠬᠦ᠎ᠳᠤ ᠪᠤᠴᠠᠭ᠋ᠠᠨ ᠪᠣᠷᠣᠯᠠᠭᠤᠯᠬᠤ᠎ᠳᠤ ᠲᠦᠰᠢᠭᠯᠡᠬᠦ》 ᠲᠡᠦᠬᠡ ᠵᠢ ᠲᠤᠢ᠌ᠯᠪᠤᠷᠢᠲᠠᠢ ᠡᠴᠦᠰᠯᠡᠭᠦᠯᠵᠡᠢ᠃
ᠲᠠᠷᠢᠶᠠᠯᠠᠩ ᠮᠠᠯ ᠠᠵᠤ ᠠᠬᠤᠢ ᠵᠢᠨ ᠬᠥᠭᠵᠢᠯᠲᠡ ᠵᠢ ᠳᠡᠮᠵᠢᠬᠦ ᠵᠢᠨ ᠲᠥᠯᠥᠭᠡ᠂ ᠥᠪᠥᠷ ᠮᠣᠩᠭᠣᠯ 2004 ᠣᠨ᠎ᠳᠤ ᠮᠠᠯ ᠠᠵᠤ ᠠᠬᠤᠢ ᠵᠢᠨ ᠭᠠᠢ᠌ᠯᠢ ᠵᠢ ᠬᠦᠴᠦᠨ ᠦᠭᠡᠢ ᠪᠣᠯᠭ᠋ᠠᠵᠤ᠂ ᠪᠥᠬᠥ ᠤᠯᠤᠰ᠎ᠤᠨ᠎ᠬᠢ᠎ᠠᠴᠠ ᠭᠤᠷᠪᠠᠨ ᠵᠢᠯ ᠤᠷᠢᠳᠴᠢᠯᠠᠵᠠᠢ; 2005 ᠣᠨ᠎ᠳᠤ ᠲᠠᠷᠢᠶᠠᠯᠠᠩ᠎ᠤᠨ ᠭᠠᠢ᠌ᠯᠢ ᠵᠢ ᠬᠦᠴᠦᠨ ᠦᠭᠡᠢ ᠪᠣᠯᠭ᠋ᠠᠵᠤ᠂ ᠪᠦᠬᠦ ᠤᠯᠤᠰ᠎ᠠᠴᠠ ᠨᠢᠭᠡ ᠵᠢᠯ ᠤᠷᠢᠳᠴᠢᠯᠠᠵᠤ᠂ ᠥᠪᠥᠷ ᠮᠣᠩᠭᠣᠯ᠎ᠤᠨ ᠲᠠᠷᠢᠶᠠᠯᠠᠩ ᠮᠠᠯ ᠠᠵᠤ ᠠᠬᠤᠢ ᠵᠢᠨ ᠰᠠᠭᠤᠷᠢᠨ ᠭᠠᠵᠠᠷ ᠪᠦᠲᠦᠭᠡᠨ ᠪᠠᠶ᠋ᠢᠭᠤᠯᠬᠤ ᠬᠥᠭᠵᠢᠯᠲᠡ ᠵᠢᠨ ᠣᠷᠣᠨ ᠵᠠᠢ ᠵᠢ ᠤᠯᠠᠮ ᠨᠢᠭᠡ ᠠᠯᠬᠤᠮ ᠥᠷᠭᠡᠳᠬᠡᠵᠡᠢ᠃ 2011 ᠣᠨ ᠪᠣᠯᠬᠤ᠎ᠳᠤ᠂ ᠥᠪᠥᠷ ᠮᠣᠩᠭᠣᠯ᠎ᠤᠨ ᠠᠮᠤ ᠪᠤᠳᠠᠭ᠋ᠠᠨ᠎ᠤ ᠶᠡᠷᠦᠩᠬᠡᠢ ᠤᠨᠠᠯᠲᠠ 514.68 ᠳ᠋ᠦᠩᠰᠢᠭᠤᠷ ᠵᠢᠩ᠎ᠳᠤ ᠬᠦᠷᠴᠦ᠂ ᠲᠡᠦᠬᠡ ᠵᠢᠨ ᠰᠢᠨ᠎ᠡ ᠲᠡᠮᠳᠡᠭᠯᠡᠯ᠎ᠢ ᠡᠭᠦᠳᠪᠡ; ᠮᠠᠯ ᠠᠵᠤ ᠠᠬᠤᠢ ᠵᠢᠨ ᠣᠨ᠎ᠤ ᠮᠠᠯ᠎ᠤᠨ ᠲᠣᠭ᠎ᠠ ᠲᠣᠯᠣᠭ᠋ᠠᠢ 10762 ᠲᠦᠮᠡ᠎ᠳᠤ ᠬᠦᠷᠴᠦ᠂ ᠲᠤᠯᠤᠭ᠋ᠠᠨ ᠵᠢᠯ ᠳᠠᠷᠠᠭ᠋ᠠᠯᠠᠨ ᠳ᠋ᠦᠩᠰᠢᠭᠤᠷ ᠭᠠᠷᠤᠢ ᠪᠠᠢ᠌ᠯᠭ᠋ᠠᠬᠤ᠎ᠪᠠᠨ ᠪᠠᠲᠤᠯᠠᠪᠠ᠃
2000 ᠣᠨ᠎ᠤ 10 ᠰᠠᠷ᠎ᠠ᠎ᠳᠤ᠂ ᠲᠦᠷᠦ ᠵᠢᠨ ᠶᠠᠪᠤᠳᠠᠯ᠎ᠤᠨ ᠬᠣᠷᠢᠶ᠎ᠠ ᠪᠠᠷᠠᠭᠤᠨ ᠣᠷᠣᠨ᠎ᠢ ᠶᠡᠬᠡ᠎ᠪᠠᠷ ᠨᠡᠭᠡᠭᠡᠨ ᠬᠥᠭᠵᠢᠭᠦᠯᠬᠦ ᠪᠠᠢ᠌ᠯᠳᠤᠬᠤ ᠪᠣᠳᠣᠯᠭ᠎ᠠ ᠵᠢ ᠬᠡᠷᠡᠭᠵᠢᠭᠦᠯᠬᠦ ᠬᠡᠪᠴᠢᠶᠡᠨ᠎ᠳᠤ ᠥᠪᠥᠷ ᠮᠣᠩᠭᠣᠯ᠎ᠢ ᠣᠷᠣᠭᠤᠯᠬᠤ᠎ᠪᠠᠷ ᠲᠣᠭᠲᠠᠭ᠋ᠠᠵᠤ᠂ ᠥᠪᠥᠷ ᠮᠣᠩᠭᠣᠯ᠎ᠤᠨ ᠳᠡᠭᠦᠯᠢᠨ ᠨᠢᠰᠬᠦ᠎ᠳᠤ ᠵᠢᠭᠦᠷ ᠤᠷᠭᠤᠭᠤᠯᠵᠠᠢ᠃ 2007 ᠣᠨ᠎ᠤ 8 ᠳ᠋ᠤᠭ᠋ᠠᠷ ᠰᠠᠷ᠎ᠠ ᠵᠢᠨ 2᠎ᠤᠨ ᠡᠳᠦᠷ᠂ ᠲᠥᠷᠥ ᠵᠢᠨ ᠶᠠᠪᠤᠳᠠᠯ᠎ᠤᠨ ᠬᠣᠷᠢᠶ᠎ᠠ 《ᠵᠡᠭᠦᠨ ᠬᠣᠢ᠌ᠲᠤ ᠣᠷᠣᠨ᠎ᠢ ᠬᠥᠭᠵᠢᠭᠦᠯᠦᠨ ᠮᠠᠨᠳᠤᠭᠤᠯᠬᠤ ᠲᠥᠯᠦᠪᠵᠢᠭᠦᠯᠭᠡ》 ᠵᠢ ᠵᠥᠪᠰᠢᠶᠡᠷᠡᠵᠦ᠂ ᠥᠪᠥᠷ ᠮᠣᠩᠭᠣᠯ᠎ᠤᠨ ᠵᠡᠭᠦᠨ ᠬᠡᠰᠡᠭ᠎ᠲᠤ ᠪᠠᠢ᠌ᠭ᠎ᠠ ᠬᠥᠯᠥᠨ ᠪᠣᠶ᠋ᠢᠷ ᠬᠣᠲᠠ᠂ ᠬᠢᠩᠭ᠋ᠠᠨ ᠠᠢ᠌ᠮᠠᠭ᠂ ᠲᠦᠩᠯᠢᠶᠣᠣ ᠬᠣᠲᠠ᠂ ᠤᠯᠠᠭ᠋ᠠᠨᠬᠠᠳᠠ ᠬᠣᠲᠠ᠂ ᠰᠢᠯᠢ ᠵᠢᠨ ᠭᠣᠣᠯ ᠠᠢ᠌ᠮᠠᠭ ᠵᠡᠷᠭᠡ ᠲᠠᠪᠤᠨ ᠠᠢ᠌ᠮᠠᠭ ᠬᠣᠲᠠ ᠵᠢ ᠵᠢᠭᠰᠠᠭ᠋ᠠᠨ ᠣᠷᠣᠭᠤᠯᠵᠤ᠂ ᠥᠷᠲᠡᠭ ᠨᠡᠮᠡᠭᠳᠡᠯ᠎ᠤᠨ ᠭᠠᠢ᠌ᠯᠢ ᠵᠢ᠎ᠨᠢ ᠬᠠᠰᠤᠵᠤ ᠬᠡᠯᠲᠦᠷᠢᠭᠦᠯᠬᠦ᠂ ᠡᠬᠢ ᠪᠠᠶᠠᠯᠢᠭ᠎ᠤᠨ ᠬᠡᠯᠪᠡᠷᠢ ᠵᠢᠨ ᠬᠣᠲᠠ᠎ᠪᠠᠷ ᠬᠡᠯᠪᠡᠷᠢ᠎ᠪᠠᠨ ᠬᠤᠪᠢᠷᠠᠭᠤᠯᠬᠤ᠂ ᠤᠯᠤᠰ᠎ᠤᠨ ᠥᠮᠴᠢᠯᠡᠯᠲᠦ ᠠᠵᠤ ᠠᠬᠤᠢ᠌ᠯᠠᠯ᠎ᠤᠨ ᠳᠠᠷᠤᠭ᠋ᠠᠰᠤ ᠵᠢ᠎ᠨᠢ ᠬᠥᠩᠭᠡᠷᠡᠭᠦᠯᠬᠦ ᠵᠡᠷᠭᠡ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢ ᠬᠦᠷᠲᠡᠬᠦ ᠪᠣᠯᠭ᠋ᠠᠪᠠ᠃ ᠨᠠᠮ᠎ᠤᠨ ᠲᠥᠪ ᠬᠣᠷᠢᠶᠠᠨ᠎ᠤ ᠤᠳᠤᠷᠢᠳᠤᠯᠭ᠎ᠠ ᠪᠠ ᠳᠡᠮᠵᠢᠯᠭᠡ ᠳᠣᠣᠷ᠎ᠠ᠂ ᠥᠪᠥᠷ ᠮᠣᠩᠭᠣᠯ ᠤᠨ ᠠᠵᠤ ᠠᠬᠤᠢ ᠵᠢᠨ ᠪᠦᠲᠦᠴᠡ᠎ᠳᠤ᠎ᠪᠠᠨ ᠲᠣᠬᠢᠷᠠᠭᠤᠯᠤᠯᠲᠠ ᠬᠢᠬᠦ ᠴᠢᠬᠤᠯᠠ ᠠᠯᠬᠤᠮ᠎ᠢ ᠠᠯᠬᠤᠵᠤ᠂ ᠲᠠᠷᠢᠶᠠᠯᠠᠩ ᠮᠠᠯ ᠠᠵᠤ ᠠᠬᠤᠢ ᠵᠢᠨ ᠰᠠᠭᠤᠷᠢ ᠪᠣᠯᠬᠤ ᠪᠠᠢ᠌ᠷᠢ ᠰᠠᠭᠤᠷᠢ ᠡᠳᠦᠷ ᠢᠷᠡᠬᠦᠶ᠎ᠡ ᠪᠡᠬᠢᠵᠢᠨ᠂ ᠠᠵᠤ ᠦᠢ᠍ᠯᠡᠳᠪᠦᠷᠢ ᠵᠢᠨ ᠭᠣᠣᠯᠯᠠᠬᠤ ᠪᠠᠢ᠌ᠷᠢ ᠰᠠᠭᠤᠷᠢ ᠮᠡᠳᠡᠭᠳᠡᠬᠦᠢ᠌ᠴᠡ ᠴᠢᠩᠭ᠋ᠠᠷᠠᠵᠤ᠂ ᠦᠢ᠍ᠯᠡᠴᠢᠯᠡᠭᠡᠨ᠎ᠤ ᠦᠢ᠍ᠯᠡᠰ᠎ᠤᠨ ᠬᠥᠭᠵᠢᠯᠲᠡ ᠵᠢᠨ ᠬᠢᠷᠢ ᠲᠦᠪᠰᠢᠨ ᠲᠠᠰᠤᠷᠠᠯᠳᠠ ᠦᠭᠡᠢ ᠳᠡᠭᠡᠭᠰᠢᠯᠡᠵᠦ᠂ ᠭᠤᠷᠪᠠᠨ ᠠᠵᠤ ᠦᠢ᠍ᠯᠡᠰ᠎ᠤᠨ ᠪᠦᠲᠦᠴᠡ 1978 ᠣᠨ᠎ᠤ 32.7᠄ 45.4᠄ 21.9 ᠪᠠᠢ᠌ᠭᠰᠠᠨ᠎ᠠᠴᠠ᠎ᠪᠠᠨ 2011 ᠣᠨ᠎ᠤ 10.8᠄ 45.7᠄ 43.5 ᠪᠣᠯᠵᠤ ᠬᠤᠪᠢᠷᠠᠪᠠ᠃ ᠠᠵᠤ ᠦᠢ᠍ᠯᠡᠳᠪᠦᠷᠢ ᠵᠢᠨ ᠠᠵᠤ ᠠᠬᠤᠢ ᠵᠢᠨ ᠬᠥᠭᠵᠢᠯᠲᠡ᠎ᠨᠢ ᠥᠪᠥᠷ ᠮᠣᠩᠭᠣᠯ᠎ᠤᠨ ᠠᠵᠤ ᠠᠬᠤᠢ ᠵᠢᠨ ᠲᠦᠷᠭᠡᠨ ᠨᠡᠮᠡᠭᠳᠡᠯ᠎ᠢ ᠠᠬᠢᠭᠤᠯᠪᠠ᠃
1988 ᠣᠨ᠎ᠳᠤ᠂ ᠤᠯᠤᠰ᠎ᠠᠴᠠ ᠣᠷᠳᠣᠰ᠎ᠤᠨ ᠥᠨᠳᠥᠷᠯᠢᠭ᠎ᠲᠤ ᠱᠧᠨ ᠹᠦ᠋ — ᠳ᠋ᠦᠩᠱ᠌ᠧᠩ ᠨᠡᠭᠦᠷᠡᠰᠦᠨ ᠠᠭᠤᠷᠬᠠᠢ ᠪᠠ ᠵᠡᠭᠦᠨᠭ᠋ᠠᠷ ᠨᠡᠭᠦᠷᠡᠰᠦᠨ ᠠᠭᠤᠷᠬᠠᠢ ᠵᠢ ᠨᠡᠭᠡᠭᠡᠨ ᠬᠥᠭᠵᠢᠭᠦᠯᠬᠦ᠎ᠪᠠᠷ250 ᠭᠠᠷᠤᠢ ᠳ᠋ᠦᠩᠰᠢᠭᠤᠷ ᠲᠥᠭᠥᠷᠢᠭ᠎ᠤᠨ ᠪᠡᠯᠡ ᠣᠷᠣᠭᠤᠯᠵᠤ᠂ ᠶᠡᠬᠡ ᠵᠤᠤ ᠠᠢ᠌ᠮᠠᠭ (ᠤᠳᠤ ᠵᠢᠨ ᠣᠷᠳᠣᠰ ᠬᠤᠳᠠ)᠎ᠤᠨ ᠠᠵᠤ ᠦᠢ᠍ᠯᠡᠳᠪᠦᠷᠢ ᠵᠢᠨ ᠪᠦᠲᠦᠭᠡᠨ ᠪᠠᠢ᠌ᠭᠤᠯᠤᠯᠲᠠ ᠵᠢᠨ ᠬᠥᠰᠢᠭᠡ ᠵᠢ ᠨᠡᠭᠡᠭᠡᠭᠰᠡᠨ ᠪᠠᠢ᠌ᠨ᠎ᠠ᠃ ᠡᠭᠦᠨ᠎ᠠᠴᠠ ᠰᠡᠭᠦᠯᠡᠷ᠂ ᠡᠨᠡ ᠬᠦ᠌ ᠭᠠᠵᠠᠷ ᠣᠷᠣᠨ᠎ᠨᠢ ᠥᠪᠥᠷ ᠮᠣᠩᠭᠣᠯ᠎ᠳᠠᠬᠢ ᠪᠡᠯᠡ ᠣᠷᠣᠭᠤᠯᠤᠯᠲᠠ ᠵᠢ ᠬᠠᠮᠤᠭ᠎ᠤᠨ ᠠᠷᠪᠢᠨ ᠲᠠᠲᠠᠭᠰᠠᠨ ᠪᠠ ᠠᠵᠤ ᠠᠬᠤᠢ ᠵᠢᠨ ᠬᠥᠭᠵᠢᠯᠲᠡ᠎ᠪᠠᠷ ᠬᠠᠮᠤᠭ᠎ᠤᠨ ᠲᠦᠷᠭᠡᠨ ᠭᠠᠵᠠᠷ ᠣᠷᠣᠨ ᠪᠣᠯᠤᠭᠰᠠᠨ᠎ᠤ ᠬᠠᠮᠲᠤ ᠪᠠᠰᠠ ᠳᠤᠮᠳᠠᠳᠤ ᠤᠯᠤᠰ᠎ᠤᠨ ᠪᠠᠷᠠᠭᠤᠨ ᠬᠡᠰᠡᠭ᠎ᠤᠨ ᠬᠠᠮᠤᠭ᠎ᠤᠨ ᠶᠡᠬᠡ ᠥᠷᠢᠰᠦᠯᠳᠦᠬᠦ ᠬᠦᠴᠦᠨ᠎ᠲᠠᠢ ᠬᠣᠲᠠ ᠵᠢᠨ ᠨᠢᠭᠡ᠎ᠨᠢ ᠪᠣᠯᠪᠠ᠃
ᠣᠷᠳᠣᠰ ᠬᠤᠳᠠ᠎ᠪᠠᠷ ᠵᠢᠱ᠌ᠢᠶᠡᠯᠡᠬᠦ᠎ᠳᠤ᠂ ᠣᠷᠳᠣᠰ ᠬᠤᠳᠠ ᠵᠢᠨ ᠤᠤᠯ᠎ᠤᠨ ᠨᠡᠷ᠎ᠡ᠎ᠨᠢ ᠶᠡᠬᠡ ᠵᠤᠤ ᠠᠢ᠌ᠮᠠᠭ ᠪᠣᠯᠣᠨ᠎ᠠ᠃ 1978 ᠣᠨ᠎ᠳᠤ᠂ ᠪᠥᠬᠥ ᠠᠢ᠌ᠮᠠᠭ᠎ᠤᠨ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠢ ᠥᠷᠲᠡᠭ᠎ᠨᠢ ᠵᠥᠪᠬᠡᠨ 3.46 ᠳ᠋ᠦᠩᠰᠢᠭᠤᠷ ᠲᠥᠭᠥᠷᠢᠭ ᠪᠠᠢ᠌ᠵᠤ᠂ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠢ ᠥᠷᠲᠡᠭ᠎ᠨᠢ ᠬᠥᠮᠥᠨ ᠳᠤᠮᠳᠠᠴᠢ᠎ᠪᠠᠷ 344 ᠲᠥᠭᠥᠷᠢᠭ ᠪᠠᠢ᠌ᠪᠠ᠃ ᠥᠭᠡᠷᠡᠴᠢᠯᠡᠯᠲᠡ ᠨᠡᠭᠡᠭᠡᠯᠲᠡ ᠢᠯᠠᠩᠭᠤᠶ᠎ᠠ ᠪᠠᠷᠠᠭᠤᠨ ᠣᠷᠣᠨ᠎ᠢ ᠶᠡᠬᠡ᠎ᠪᠠᠷ ᠨᠡᠭᠡᠭᠡᠨ ᠬᠥᠭᠵᠢᠭᠦᠯᠬᠦ ᠪᠠᠢ᠌ᠯᠳᠤᠬᠤ ᠪᠣᠳᠣᠯᠭ᠎ᠠ ᠵᠢ ᠬᠡᠷᠡᠭᠵᠢᠭᠦᠯᠦᠭᠰᠡᠨ᠎ᠠᠴᠠ ᠨᠠᠭ᠋ᠠᠰᠢ᠂ ᠪᠥᠬᠥ ᠬᠣᠲᠠ ᠵᠢᠨ ᠠᠵᠤ ᠦᠢ᠍ᠯᠡᠳᠪᠦᠷᠢ ᠵᠢᠨ ᠠᠵᠤ ᠠᠬᠤᠢ ᠵᠢᠨ ᠶᠡᠷᠦᠩᠬᠡᠢ ᠬᠡᠮᠵᠢᠶ᠎ᠡ ᠲᠠᠰᠤᠷᠠᠯᠲᠠ ᠦᠭᠡᠢ ᠥᠷᠭᠡᠳᠴᠦ᠂ ᠶᠠᠰᠤ ᠴᠢᠨᠠᠷ᠎ᠨᠢ ᠦᠷᠭᠦᠯᠵᠢᠯᠡᠨ ᠳᠡᠭᠡᠭᠰᠢᠯᠡᠵᠦ᠂ ᠠᠵᠤ ᠦᠢ᠍ᠯᠡᠰ᠎ᠤᠨ ᠲᠣᠭᠲᠠᠯᠴᠠᠭ᠎ᠠ᠎ᠨᠢ ᠡᠳᠦᠷ ᠢᠷᠡᠬᠦᠶ᠎ᠡ ᠲᠡᠭᠦᠯᠳᠡᠷᠵᠢᠪᠡ᠃ 2011 ᠣᠨ᠎ᠳᠤ ᠪᠦᠬᠦ ᠬᠣᠲᠠ ᠵᠢᠨ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠪᠦᠬᠦ ᠥᠷᠲᠡᠭ᠎ᠨᠢ 3218.5 ᠳ᠋ᠦᠩᠰᠢᠭᠤᠷ ᠲᠥᠭᠥᠷᠢᠭ᠎ᠲᠤ ᠬᠦᠷᠴᠦ᠂ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠪᠦᠬᠦ ᠥᠷᠲᠡᠭ᠎ᠨᠢ ᠬᠥᠮᠥᠨ ᠳᠤᠮᠳᠠᠴᠢ᠎ᠪᠠᠷ 7.28 ᠲᠦᠮᠡᠨ ᠲᠥᠭᠥᠷᠢᠭ᠎ᠲᠤ ᠬᠦᠷᠴᠦ᠂ ᠠᠵᠤ ᠠᠬᠤᠢ ᠨᠡᠢ᠌ᠭᠡᠮ᠎ᠤᠨ ᠳᠦᠷᠰᠦ ᠪᠠᠢ᠌ᠳᠠᠯ᠎ᠳᠤ ᠲᠡᠭᠷᠢ ᠭᠠᠵᠠᠷ᠎ᠢ ᠳᠣᠩᠰᠣᠯᠭ᠋ᠠᠮ᠎ᠠ ᠬᠤᠪᠢᠷᠠᠯᠲᠠ ᠭᠠᠷᠴᠠᠢ᠃ ᠲᠡᠷᠡ ᠦᠶ᠎ᠡ᠎ᠠᠴᠠ ᠡᠬᠢᠯᠡᠨ᠂ ᠣᠷᠳᠣᠰ ᠬᠣᠲᠠ ᠵᠢᠨ ᠣᠯᠠᠨ ᠵᠦᠢ᠍ᠯ᠎ᠤᠨ ᠠᠵᠤ ᠠᠬᠤᠢ ᠵᠢᠨ ᠵᠢᠭ᠋ᠠᠯᠲᠠ ᠲᠣᠭ᠎ᠠ᠎ᠨᠢ ᠪᠠᠷᠠᠭᠤᠨ ᠬᠡᠰᠡᠭ᠎ᠤᠨ ᠬᠣᠲᠠ ᠴᠢᠨᠠᠭᠰᠢᠯᠠᠪᠠᠯ ᠪᠥᠬᠥ ᠤᠯᠤᠰ᠎ᠤᠨ ᠡᠮᠦᠨ᠎ᠡ ᠡᠩᠨᠡᠭᠡᠨ᠎ᠳᠤ ᠣᠷᠣᠵᠤ᠂ ᠪᠥᠬᠥ ᠤᠯᠤᠰ᠎ᠤᠨ ᠡᠨᠧᠷᠭᠢ ᠵᠢᠨ ᠨᠤᠲᠤᠭ ᠳᠡᠪᠢᠰᠬᠡᠷ᠎ᠲᠤ ᠵᠣᠬᠢᠬᠤ ᠪᠠᠢ᠌ᠷᠢ ᠰᠠᠭᠤᠷᠢ ᠵᠢ ᠡᠵᠡᠯᠡᠬᠦ ᠪᠣᠯᠪᠠ᠃
1992 ᠣᠨ᠎ᠤ 11 ᠳ᠋ᠦ᠍ᠭᠡᠷ ᠰᠠᠷ᠎ᠠ᠎ᠳᠤ᠂ ᠲᠥᠷᠥ ᠵᠢᠨ ᠶᠠᠪᠤᠳᠠᠯ᠎ᠤᠨ ᠬᠣᠷᠢᠶ᠎ᠠ᠎ᠪᠠᠷ ᠵᠥᠪᠰᠢᠶᠡᠷᠡᠭᠦᠯᠦᠭᠡᠳ ᠪᠤᠭᠤᠲᠤ ᠵᠢᠨ ᠬᠣᠪᠣᠷ ᠰᠢᠷᠣᠢ ᠵᠢᠨ ᠳᠡᠭᠡᠳᠦ ᠰᠢᠨ᠎ᠡ ᠮᠡᠷᠭᠡᠵᠢᠯ᠎ᠤᠨ ᠠᠵᠤ ᠦᠢ᠍ᠯᠡᠰ᠎ᠤᠨ ᠨᠡᠭᠡᠭᠡᠯᠲᠡ ᠵᠢᠨ ᠲᠣᠭᠣᠷᠢᠭ᠎ᠨᠢ ᠥᠪᠥᠷ ᠮᠣᠩᠭᠣᠯ᠎ᠤᠨ ᠠᠩᠬᠠᠳᠠᠭᠴᠢ ᠤᠯᠤᠰ᠎ᠤᠨ ᠲᠠᠰ᠎ᠤᠨ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ ᠪᠣᠯᠤᠭᠰᠠᠨ ᠪᠠᠢ᠌ᠨ᠎ᠠ᠃
2003 ᠣᠨ᠎ᠳᠤ᠂ ᠪᠦᠬᠦ ᠤᠯᠤᠰ᠎ᠤᠨ ᠬᠠᠮᠤᠭ᠎ᠤᠨ ᠶᠡᠬᠡ ᠬᠠᠭᠤᠷᠠᠢ ᠵᠠᠮ᠎ᠤᠨ ᠬᠢᠯᠢ ᠵᠢᠨ ᠪᠣᠭᠣᠮᠲᠠ — ᠮᠠᠨᠵᠤᠤᠷ ᠪᠣᠭᠣᠮᠲᠠ᠎ᠪᠠᠷ ᠶᠡᠬᠡ ᠬᠡᠮᠵᠢᠶᠡᠨ᠎ᠤ ᠪᠠᠷᠠᠭ᠎ᠠ ᠵᠢ ᠣᠷᠣᠭᠤᠯᠵᠤ ᠭᠠᠷᠭ᠋ᠠᠬᠤ ᠪᠣᠯᠪᠠ᠃
ᠥᠪᠥᠷ ᠮᠣᠩᠭᠣᠯ᠎ᠤᠨ ᠰᠤᠷᠭ᠋ᠠᠨ ᠬᠥᠮᠦᠵᠢᠯ᠎ᠤᠨ ᠦᠢ᠍ᠯᠡᠰ᠎ᠤᠨ ᠬᠥᠭᠵᠢᠯᠲᠡ ᠵᠢ ᠳᠡᠮᠵᠢᠪᠡ᠃ 1980 ᠣᠨ᠎ᠳᠤ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠵᠥᠪᠰᠢᠶᠡᠷᠡᠯ ᠵᠶ᠋ᠡᠷ᠂ ᠰᠤᠷᠭ᠋ᠠᠨ ᠬᠥᠮᠦᠵᠢᠯ᠎ᠤᠨ ᠶᠠᠮᠤᠨ᠂ ᠤᠯᠤᠰ᠎ᠤᠨ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ ᠬᠠᠮᠲᠤᠷᠠᠨ 《ᠦᠨᠳᠦᠰᠦᠲᠡᠨ᠎ᠤ ᠰᠤᠷᠭ᠋ᠠᠨ ᠬᠥᠮᠦᠵᠢᠯ᠎ᠤᠨ ᠠᠵᠢᠯ᠎ᠢ ᠴᠢᠩᠭ᠋ᠠᠳᠬᠠᠬᠤ ᠲᠤᠬᠠᠢ ᠰᠠᠨᠠᠯ》᠎ᠢ ᠨᠡᠢ᠌ᠲᠡᠯᠡᠵᠦ᠂ ᠪᠠᠭ᠎ᠠ ᠰᠤᠷᠭ᠋ᠠᠭᠤᠯᠢ ᠵᠢᠨ ᠲᠠᠪᠤᠨ ᠵᠢᠯ᠎ᠤᠨ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠢ ᠲᠦᠭᠡᠮᠡᠯᠵᠢᠭᠦᠯᠬᠦ ᠠᠵᠢᠯ᠎ᠢ ᠰᠠᠢ᠌ᠲᠤᠷ ᠠᠳᠬᠤᠵᠤ᠂ 3 ~ 5 ᠵᠢᠯ ᠳᠣᠲᠣᠷ᠎ᠠ᠂ ᠮᠠᠯᠵᠢᠬᠤ ᠣᠷᠣᠨ᠎ᠤ ᠪᠠᠭ᠎ᠠ ᠰᠤᠷᠭ᠋ᠠᠭᠤᠯᠢ ᠵᠢ ᠴᠥᠮ ᠤᠯᠤᠰ᠎ᠠᠴᠠ ᠡᠷᠬᠢᠯᠡᠭᠦᠯᠬᠦ᠎ᠪᠠᠷ ᠴᠢᠷᠮᠠᠢ᠌ᠵᠤ᠂ ᠥᠪᠥᠷ ᠮᠣᠩᠭᠣᠯ ᠢᠯᠠᠩᠭᠤᠶ᠎ᠠ ᠮᠠᠯᠵᠢᠬᠤ ᠣᠷᠣᠨ᠎ᠤ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠬᠥᠭᠵᠢᠯᠲᠡ᠎ᠳᠤ ᠢᠳᠡᠪᠬᠢᠲᠡᠢ ᠠᠬᠢᠭᠤᠯᠬᠤ ᠦᠢ᠍ᠯᠡᠳᠦᠯ ᠦᠵᠡᠭᠦᠯᠬᠦ ᠵᠢ ᠱᠠᠭ᠋ᠠᠷᠳᠠᠪᠠ᠃ ᠤᠯᠤᠰ ᠠᠷᠠᠳ᠎ᠤᠨ ᠠᠵᠤ ᠠᠬᠤᠢ ᠪᠠ ᠨᠡᠢ᠌ᠭᠡᠮ᠎ᠤᠨ ᠬᠥᠭᠵᠢᠯᠲᠡ ᠵᠢᠨ ᠵᠢᠷᠭᠤᠳᠤᠭ᠋ᠠᠷ ᠲᠠᠪᠤᠨ ᠵᠢᠯ᠎ᠤᠨ ᠲᠥᠯᠥᠪᠯᠡᠭᠡ (1981-1985 ᠣᠨ)᠎ᠠᠴᠠ ᠤᠯᠤᠰ ᠠᠷᠠᠳ᠎ᠤᠨ ᠠᠵᠤ ᠠᠬᠤᠢ ᠪᠠ ᠨᠡᠢ᠌ᠭᠡᠮ᠎ᠤᠨ ᠬᠥᠭᠵᠢᠯᠲᠡ ᠵᠢᠨ ᠠᠷᠪᠠᠨ ᠨᠢᠭᠡᠳᠦᠭᠡᠷ ᠲᠠᠪᠤᠨ ᠵᠢᠯ᠎ᠤᠨ ᠲᠥᠯᠦᠪᠵᠢᠭᠦᠯᠭᠡ ᠵᠢᠨ ᠬᠥᠲᠥᠯᠪᠦᠷᠢ (2006-2010 ᠣᠨ) ᠬᠦᠷᠲᠡᠯ᠎ᠡ᠂ ᠲᠠᠪᠤᠨ ᠵᠢᠯ᠎ᠤᠨ ᠲᠥᠯᠦᠪᠵᠢᠭᠦᠯᠭᠡ (ᠲᠥᠯᠥᠪᠯᠡᠭᠡ) ᠪᠣᠯᠭ᠋ᠠᠨ᠎ᠳᠤ ᠴᠥᠮ ᠥᠪᠥᠷ ᠮᠣᠩᠭᠣᠯ᠎ᠢ ᠪᠠᠭᠲᠠᠭ᠋ᠠᠭᠰᠠᠨ ᠬᠢᠯᠢ ᠬᠢᠵᠠᠭ᠋ᠠᠷ᠎ᠤᠨ ᠦᠨᠳᠦᠰᠦᠲᠡᠨ᠎ᠤ ᠭᠠᠵᠠᠷ ᠣᠷᠣᠨ᠎ᠤ ᠰᠤᠷᠭ᠋ᠠᠨ ᠬᠥᠮᠦᠵᠢᠯ᠎ᠤᠨ ᠦᠢ᠍ᠯᠡᠰ᠎ᠤᠨ ᠬᠥᠭᠵᠢᠯᠲᠡ᠎ᠳᠤ ᠲᠣᠳᠣᠷᠬᠠᠢ ᠬᠠᠷᠠᠯᠲᠠ ᠱᠠᠭ᠋ᠠᠷᠳᠠᠯᠭ᠎ᠠ ᠳᠤᠷᠠᠳᠴᠤ᠂ ᠨᠠᠮ᠎ᠤᠨ ᠲᠥᠪ ᠬᠣᠷᠢᠶ᠎ᠠ ᠬᠢᠯᠢ ᠬᠢᠵᠠᠭ᠋ᠠᠷ᠎ᠤᠨ ᠦᠨᠳᠦᠰᠦᠲᠡᠨ᠎ᠤ ᠭᠠᠵᠠᠷ ᠣᠷᠣᠨ᠎ᠤ ᠰᠤᠷᠭ᠋ᠠᠨ ᠬᠥᠮᠦᠵᠢᠯ᠎ᠢ ᠴᠢᠬᠤᠯᠠᠴᠢᠯᠠᠵᠤ ᠪᠠᠢ᠌ᠭᠰᠠᠨ᠎ᠢ ᠬᠠᠷᠠᠭᠤᠯᠵᠠᠢ᠃
ᠥᠪᠥᠷ ᠮᠣᠩᠭᠣᠯ ᠬᠠᠮᠢᠶ᠎ᠠ ᠪᠦᠬᠦᠢ ᠱᠠᠭ᠋ᠠᠷᠳᠠᠯᠭ᠎ᠠ ᠵᠢ ᠬᠢᠨᠠᠮᠠᠭ᠋ᠠᠢ ᠲᠤᠭᠤᠰᠢᠯᠠᠭᠤᠯᠤᠨ ᠬᠡᠷᠡᠭᠵᠢᠭᠦᠯᠵᠦ᠂ ᠬᠢᠯᠢ ᠬᠢᠵᠠᠭ᠋ᠠᠷ᠎ᠤᠨ ᠦᠨᠳᠦᠰᠦᠲᠡᠨ᠎ᠤ ᠭᠠᠵᠠᠷ ᠣᠷᠣᠨ᠎ᠤ ᠰᠤᠷᠭ᠋ᠠᠨ ᠬᠥᠮᠦᠵᠢᠯ᠎ᠢ ᠳᠡᠮᠵᠢᠬᠦ ᠲᠤᠬᠠᠢ ᠨᠠᠮ᠎ᠤᠨ ᠲᠥᠪ ᠬᠣᠷᠢᠶᠠᠨ᠎ᠤ ᠬᠣᠯᠪᠣᠭᠳᠠᠯ ᠪᠦᠬᠦᠢ ᠲᠦᠷᠦ ᠵᠢᠨ ᠪᠣᠳᠣᠯᠭ᠎ᠠ ᠵᠢ ᠰᠠᠢ᠌ᠲᠤᠷ ᠬᠡᠷᠡᠭᠯᠡᠵᠦ᠂ ᠬᠥᠳᠡᠭᠡ ᠲᠣᠰᠬᠣᠨ᠎ᠤ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠱᠠᠲᠤᠨ᠎ᠳᠠᠬᠢ ᠶᠠᠳᠠᠭᠤ ᠬᠦᠴᠢᠷᠳᠡᠯᠲᠡᠢ ᠭᠡᠷ ᠪᠦᠯᠢ ᠵᠢᠨ ᠰᠤᠷᠤᠭᠴᠢᠳ᠎ᠲᠤ 《ᠰᠦᠢ᠍ᠳᠬᠡᠯ ᠬᠤᠷᠢᠶᠠᠬᠤ ᠦᠭᠡᠢ᠎ᠪᠠᠷ ᠬᠢᠴᠢᠶᠡᠯ᠎ᠤᠨ ᠪᠢᠴᠢᠭ ᠬᠠᠩᠭ᠋ᠠᠵᠤ᠂ ᠰᠤᠯᠠ ᠰᠦᠢ᠍ᠳᠬᠡᠯ᠎ᠢ ᠬᠡᠯᠲᠦᠷᠢᠭᠦᠯᠬᠦ ᠵᠢᠨ ᠬᠠᠮᠲᠤ᠂ ᠪᠠᠢ᠌ᠷᠢ᠎ᠳᠤ ᠰᠠᠭᠤᠬᠤ ᠰᠤᠷᠤᠭᠴᠢᠳ᠎ᠲᠤ ᠵᠣᠬᠢᠬᠤ ᠬᠡᠮᠵᠢᠶᠡᠨ᠎ᠤ ᠠᠮᠢᠳᠤᠷᠠᠯ᠎ᠤᠨ ᠰᠦᠢ᠍ᠳᠬᠡᠯ ᠨᠥᠬᠥᠪᠦᠷᠢᠯᠡᠬᠦ》 《ᠬᠣᠶᠠᠷ᠎ᠢ ᠬᠡᠯᠲᠦᠷᠢᠭᠦᠯᠵᠦ ᠨᠢᠭᠡ ᠵᠢ ᠨᠥᠬᠥᠪᠦᠷᠢᠯᠡᠬᠦ》 ᠲᠦᠷᠦ ᠵᠢᠨ ᠪᠣᠳᠣᠯᠭ᠎ᠠ ᠵᠢ ᠤᠷᠢᠳ ᠵᠶ᠋ᠠᠷ ᠬᠡᠷᠡᠭᠵᠢᠭᠦᠯᠵᠦ᠂ ᠰᠤᠷᠭ᠋ᠠᠨ ᠬᠥᠮᠦᠵᠢᠯ᠎ᠤᠨ ᠠᠵᠢᠯ ᠢᠯᠠᠩᠭᠤᠶ᠎ᠠ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠲᠠᠯ᠎ᠠ᠎ᠪᠠᠷ ᠮᠠᠰᠢ ᠶᠡᠬᠡ ᠠᠮᠵᠢᠯᠲᠠ ᠪᠦᠲᠦᠮᠵᠢ ᠣᠯᠬᠤ ᠵᠢ ᠠᠬᠢᠭᠤᠯᠪᠠ᠃
ᠥᠪᠥᠷ ᠮᠣᠩᠭᠣᠯ᠎ᠤᠨ ᠰᠣᠶᠣᠯ᠎ᠤᠨ ᠦᠢ᠍ᠯᠡᠰ᠎ᠤᠨ ᠬᠥᠭᠵᠢᠯᠲᠡ ᠵᠢ ᠳᠡᠮᠵᠢᠪᠡ᠃ ᠥᠭᠡᠷᠡᠴᠢᠯᠡᠯᠲᠡ ᠨᠡᠭᠡᠭᠡᠯᠲᠡ ᠬᠢᠭᠰᠡᠨ ᠡᠬᠢᠨ᠎ᠤ ᠦᠶ᠎ᠡ᠎ᠳᠤ᠂ ᠨᠠᠮ᠎ᠤᠨ ᠲᠥᠪ ᠬᠣᠷᠢᠶ᠎ᠠ ᠬᠢᠯᠢ ᠬᠢᠵᠠᠭ᠋ᠠᠷ᠎ᠤᠨ ᠦᠨᠳᠦᠰᠦᠲᠡᠨ᠎ᠤ ᠭᠠᠵᠠᠷ ᠣᠷᠣᠨ᠎ᠤ ᠰᠣᠶᠣᠯ᠎ᠤᠨ ᠪᠠᠢ᠌ᠭᠤᠯᠤᠯᠲᠠ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ ᠪᠠᠢ᠌ᠪᠠ᠃ ᠤᠯᠤᠰ ᠠᠷᠠᠳ᠎ᠤᠨ ᠠᠵᠤ ᠠᠬᠤᠢ ᠪᠠ ᠨᠡᠢ᠌ᠭᠡᠮ᠎ᠤᠨ ᠬᠥᠭᠵᠢᠯᠲᠡ ᠵᠢᠨ ᠵᠢᠷᠭᠤᠳᠤᠭ᠋ᠠᠷ ᠲᠠᠪᠤᠨ ᠵᠢᠯ᠎ᠤᠨ ᠲᠥᠯᠥᠪᠯᠡᠭᠡ (1981-1985 ᠣᠨ)᠎ᠳᠤ᠄ 《ᠴᠥᠭᠡᠨ ᠲᠣᠭ᠋ᠠᠲᠤ ᠦᠨᠳᠦᠰᠦᠲᠡᠨ᠎ᠤ ᠭᠠᠵᠠᠷ ᠣᠷᠣᠨ᠂ ᠢᠯᠠᠩᠭᠤᠶ᠎ᠠ ᠬᠢᠯᠢ ᠬᠢᠵᠠᠭ᠋ᠠᠷ ᠣᠷᠣᠨ᠎ᠤ ᠰᠣᠶᠣᠯ᠎ᠤᠨ ᠦᠢ᠍ᠯᠡᠰ᠎ᠢ ᠢᠳᠡᠪᠬᠢᠲᠡᠢ ᠬᠥᠭᠵᠢᠭᠦᠯᠵᠦ᠂ ᠨᠣᠮ᠎ᠤᠨ ᠰᠠᠩ᠂ ᠰᠣᠶᠣᠯ᠎ᠤᠨ ᠣᠷᠳᠣᠨ᠂ ᠮᠦᠽᠧᠢ᠂ ᠺᠢᠨᠣ᠋ ᠵᠦᠴᠦᠭᠡ ᠵᠢᠨ ᠲᠢᠶᠠᠲᠷ ᠵᠡᠷᠭᠡ ᠰᠣᠶᠣᠯ᠎ᠤᠨ ᠪᠡᠯᠡᠳᠬᠡᠮᠵᠢ ᠵᠢ ᠪᠠᠶ᠋ᠢᠭᠤᠯᠬᠤ ᠪᠠ ᠥᠷᠭᠡᠳᠬᠡᠬᠦ ᠬᠡᠷᠡᠭᠲᠡᠢ᠂ ᠵᠦᠴᠦᠭᠡ ᠵᠢᠨ ᠪᠦᠯᠬᠦᠮ ᠦᠭᠡᠢ ᠰᠢᠶᠠᠨ᠂ ᠬᠣᠰᠢᠭᠤᠨ᠎ᠳᠤ ᠤᠯᠠᠭ᠋ᠠᠨᠮᠥ᠋ᠴᠢᠷ ᠮᠠᠶᠢᠭ᠎ᠤᠨ ᠲᠣᠭᠯᠠᠯᠲᠠ ᠵᠢᠨ ᠠᠩᠭᠢ ᠪᠠᠶ᠋ᠢᠭᠤᠯᠬᠤ ᠬᠡᠷᠡᠭᠲᠡᠢ》 ᠭᠡᠵᠦ ᠲᠣᠳᠣᠷᠬᠠᠢ ᠲᠣᠬᠢᠷᠠᠭᠤᠯᠵᠠᠢ᠃ ᠥᠪᠥᠷ ᠮᠣᠩᠭᠣᠯ ᠤᠯᠠᠭ᠋ᠠᠨᠮᠥ᠋ᠴᠢᠷ᠎ᠤᠨ ᠰᠢᠯᠢᠳᠡᠭ ᠤᠯᠠᠮᠵᠢᠯᠠᠯ᠎ᠢ ᠶᠡᠬᠡ᠎ᠪᠠᠷ ᠪᠠᠳᠠᠷᠠᠭᠤᠯᠵᠤ᠂ ᠥᠷᠭᠡᠨ ᠠᠭᠤᠳᠠᠮ ᠮᠠᠯᠵᠢᠬᠤ ᠲᠠᠷᠢᠶᠠᠯᠠᠬᠤ ᠣᠷᠣᠨ᠎ᠤ ᠰᠣᠶᠣᠯ᠎ᠤᠨ ᠦᠢ᠍ᠯᠡᠰ᠎ᠤᠨ ᠬᠥᠭᠵᠢᠯᠲᠡ ᠵᠢ ᠠᠬᠢᠭᠤᠯᠪᠠ᠃
21 ᠳ᠋ᠦ᠍ᠭᠡᠷ ᠵᠠᠭᠤᠨ᠎ᠳᠤ ᠣᠷᠣᠭᠰᠠᠨ᠎ᠤ ᠳᠠᠷᠠᠭ᠎ᠠ᠂ ᠤᠯᠤᠰ᠎ᠠᠴᠠ ᠬᠡᠷᠡᠭᠵᠢᠭᠦᠯᠵᠦ ᠪᠠᠢ᠌ᠭ᠎ᠠ ᠰᠣᠶᠣᠯ ᠵᠶ᠋ᠠᠷ ᠠᠷᠠᠳ᠎ᠲᠤ ᠠᠰᠢᠭ ᠬᠦᠷᠲᠡᠭᠡᠬᠦ ᠴᠢᠬᠤᠯᠠ ᠶᠡᠬᠡ ᠢᠨᠵᠧᠨᠧᠷᠢᠩ ᠵᠡᠷᠭᠡ ᠭᠣᠣᠯᠳᠠᠯᠭ᠎ᠠ ᠪᠣᠯᠬᠤ ᠢᠨᠵᠧᠨᠧᠷᠢᠩ᠎ᠨᠢ ᠥᠪᠥᠷ ᠮᠣᠩᠭᠣᠯ᠎ᠤᠨ ᠰᠣᠶᠣᠯ᠎ᠤᠨ ᠲᠣᠮᠣ ᠣᠷᠣᠨ᠎ᠤ ᠪᠦᠲᠦᠭᠡᠨ ᠪᠠᠢ᠌ᠭᠤᠯᠤᠯᠲᠠ ᠵᠢ ᠯᠠᠪᠳᠠᠭᠤᠨ ᠵᠶ᠋ᠠᠷ ᠠᠬᠢᠭᠤᠯᠬᠤ᠂ ᠰᠣᠶᠣᠯ᠎ᠤᠨ ᠪᠠᠢ᠌ᠭᠤᠯᠤᠯ᠎ᠤᠨ ᠥᠭᠡᠷᠡᠴᠢᠯᠡᠯᠲᠡ ᠵᠢ ᠯᠠᠪᠳᠠᠭᠤᠨ ᠵᠶ᠋ᠠᠷ ᠬᠡᠷᠡᠭᠵᠢᠭᠦᠯᠬᠦ᠂ ᠰᠣᠶᠣᠯ᠎ᠤᠨ ᠦᠢ᠍ᠯᠡᠰ ᠪᠠ ᠰᠣᠶᠣᠯ᠎ᠤᠨ ᠠᠵᠤ ᠦᠢ᠍ᠯᠡᠰ᠎ᠤᠨ ᠡᠷᠡᠭᠦᠯ ᠵᠶ᠋ᠡᠷ ᠬᠥᠭᠵᠢᠬᠦ᠎ᠳᠤ ᠬᠦᠴᠦᠨ ᠨᠡᠮᠡᠷᠢᠯᠡᠪᠡ᠃ 2011 ᠣᠨ ᠳᠤ᠂ ᠲᠥᠪ ᠪᠣᠯᠣᠨ ᠣᠷᠣᠨ ᠨᠤᠲᠤᠭ᠎ᠤᠨ ᠡᠳ᠋᠎ᠤᠨ ᠵᠠᠰᠠᠭ᠎ᠠᠴᠠ ᠥᠪᠥᠷ ᠮᠣᠩᠭᠣᠯ᠎ᠤᠨ ᠰᠣᠶᠣᠯ᠎ᠤᠨ ᠦᠢ᠍ᠯᠡᠰ᠎ᠲᠤ 16.81 ᠳ᠋ᠦᠩᠰᠢᠭᠤᠷ ᠲᠥᠭᠥᠷᠢᠭ᠎ᠤᠨ ᠵᠠᠷᠤᠳᠠᠯ ᠣᠷᠣᠭᠤᠯᠪᠠ᠂ ᠡᠭᠦᠨ᠎ᠳᠤ ᠵᠥᠪᠬᠡᠨ ᠨᠣᠮ᠎ᠤᠨ ᠰᠠᠩ᠂ ᠰᠣᠶᠣᠯ᠎ᠤᠨ ᠣᠷᠳᠣᠨ (ᠦᠷᠳᠡᠭᠡ)᠂ ᠤᠷᠠᠨ ᠵᠢᠷᠤᠭ᠎ᠤᠨ ᠣᠷᠳᠣᠨ᠎ᠢ ᠰᠦᠢ᠍ᠳᠬᠡᠯ ᠬᠤᠷᠢᠶᠠᠬᠤ ᠦᠭᠡᠢ᠎ᠪᠠᠷ ᠨᠡᠭᠡᠭᠡᠬᠦ ᠭᠠᠭᠴᠠ ᠵᠦᠢ᠍ᠯ᠎ᠳᠤ ᠤᠯᠤᠰ᠎ᠠᠴᠠ 3.19 ᠳ᠋ᠦᠩᠰᠢᠭᠤᠷ ᠲᠥᠭᠥᠷᠢᠭ᠎ᠤᠨ ᠪᠡᠯᠡ ᠮᠥᠩᠭᠥ ᠲᠣᠬᠢᠷᠠᠭᠤᠯᠪᠠ᠃ 21 ᠳ᠋ᠦ᠍ᠭᠡᠷ ᠵᠠᠭᠤᠨ᠎ᠳᠤ ᠣᠷᠣᠭᠰᠠᠨ᠎ᠠᠴᠠ ᠨᠠᠭ᠋ᠠᠰᠢ᠂ ᠥᠪᠥᠷ ᠮᠣᠩᠭᠣᠯ ᠴᠢᠬᠤᠯᠠ ᠶᠡᠬᠡ ᠰᠣᠶᠣᠯ᠎ᠤᠨ ᠪᠡᠯᠡᠳᠬᠡᠮᠵᠢ ᠵᠢᠨ ᠪᠦᠲᠦᠭᠡᠨ ᠪᠠᠢ᠌ᠭᠤᠯᠤᠯᠲᠠ ᠵᠢᠨ ᠡᠷᠴᠢᠮ ᠵᠶ᠋ᠡᠨ ᠲᠠᠰᠤᠷᠠᠯᠲᠠ ᠦᠭᠡᠢ ᠴᠢᠩᠭ᠋ᠠᠷᠠᠭᠤᠯᠵᠤ᠂ ᠥᠪᠥᠷ ᠮᠣᠩᠭᠣᠯ᠎ᠤᠨ ᠮᠦᠽᠧᠢ᠂ ᠥᠪᠥᠷ ᠮᠣᠩᠭᠣᠯ᠎ᠤᠨ ᠣᠯᠠᠨ ᠤᠯᠤᠰ᠎ᠤᠨ ᠬᠤᠷᠠᠯ ᠦᠵᠡᠰᠬᠦᠯᠡᠩ᠎ᠤᠨ ᠲᠥᠪ᠂ ᠤᠯᠠᠭ᠋ᠠᠨ ᠲᠢᠶᠠᠲᠷ ᠵᠶ᠋ᠠᠷ ᠲᠥᠯᠥᠭᠡᠯᠡᠭᠦᠯᠦᠭᠰᠡᠨ ᠦᠯᠡᠮᠵᠢ ᠣᠯᠠᠨ ᠪᠡᠯᠭᠡ ᠲᠡᠮᠳᠡᠭ᠎ᠤᠨ ᠴᠢᠨᠠᠷᠲᠠᠢ ᠰᠣᠶᠣᠯ᠎ᠤᠨ ᠪᠡᠯᠡᠳᠬᠡᠮᠵᠢ ᠵᠢ ᠵᠠᠯᠭ᠋ᠠᠭ᠎ᠠ᠎ᠪᠠᠷ ᠪᠠᠢ᠌ᠭᠤᠯᠤᠨ ᠳᠠᠭᠤᠰᠬᠠᠵᠤ ᠠᠰᠢᠭᠯᠠᠯᠲᠠ᠎ᠳᠤ ᠣᠷᠣᠭᠤᠯᠪᠠ᠃ ᠪᠦᠬᠦ ᠣᠷᠣᠨ᠎ᠤ ᠡᠯ᠎ᠡ ᠭᠠᠵᠠᠷ᠎ᠲᠤ ᠣᠷᠣᠨ ᠨᠤᠲᠤᠭ᠎ᠤᠨ ᠣᠨᠴᠠᠯᠢᠭ ᠵᠶ᠋ᠠᠷ ᠢᠯᠡ ᠲᠣᠳᠣ ᠨᠣᠮ᠎ᠤᠨ ᠰᠠᠩ᠂ ᠰᠣᠶᠣᠯ᠎ᠤᠨ ᠣᠷᠳᠣᠨ᠂ ᠰᠣᠶᠣᠯ᠎ᠤᠨ ᠠᠵᠢᠯᠯᠠᠭ᠎ᠠ ᠵᠢᠨ ᠲᠥᠪᠤᠳᠢ ᠪᠠᠢ᠌ᠭᠤᠯᠵᠤ᠂ ᠪᠦᠬᠦ ᠣᠷᠣᠨ᠎ᠤ ᠬᠤᠲᠠ ᠬᠥᠳᠡᠭᠡ ᠪᠥᠬᠥᠨ᠎ᠢ ᠬᠠᠮᠤᠷᠤᠭᠰᠠᠨ ᠤᠯᠠᠨ ᠨᠡᠶ᠋ᠢᠲᠡ ᠵᠢᠨ ᠰᠣᠶᠣᠯ᠎ᠤᠨ ᠦᠢ᠍ᠯᠡᠴᠢᠯᠡᠭᠡᠨ᠎ᠤ ᠲᠣᠣᠷ᠎ᠢ ᠦᠨᠳᠦᠰᠦᠨ᠎ᠳᠤ᠎ᠪᠠᠨ ᠪᠦᠷᠢᠯᠳᠦᠭᠦᠯᠪᠡ᠃
ᠥᠪᠥᠷ ᠮᠣᠩᠭᠣᠯ᠎ᠤᠨ ᠡᠷᠡᠭᠦᠯ ᠬᠠᠮᠠᠭ᠋ᠠᠯᠠᠯ᠎ᠤᠨ ᠦᠢ᠍ᠯᠡᠰ᠎ᠤᠨ ᠬᠥᠭᠵᠢᠯᠲᠡ ᠵᠢ ᠳᠡᠮᠵᠢᠪᠡ᠃ ᠨᠠᠮ᠎ᠤᠨ ᠠᠷᠪᠠᠨ ᠨᠢᠭᠡᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠥᠬᠥᠳᠡ ᠬᠤᠷᠠᠯᠳᠤᠭ᠋ᠠᠨ᠎ᠤ ᠳᠠᠷᠠᠭ᠎ᠠ᠂ ᠨᠠᠮ᠎ᠤᠨ ᠲᠥᠪ ᠬᠣᠷᠢᠶᠠᠨ᠎ᠤ ᠳᠡᠮᠵᠢᠯᠭᠡ ᠳᠣᠣᠷ᠎ᠠ᠂ ᠥᠪᠥᠷ ᠮᠣᠩᠭᠣᠯ᠎ᠤᠨ ᠡᠷᠡᠭᠦᠯ ᠬᠠᠮᠠᠭ᠋ᠠᠯᠠᠯ᠎ᠤᠨ ᠪᠠᠢ᠌ᠭᠤᠯᠤᠮᠵᠢ᠂ ᠠᠵᠢᠯᠲᠠᠨ ᠪᠠ ᠡᠪᠡᠳᠴᠢᠲᠡᠨ᠎ᠤ ᠣᠷᠣ ᠵᠢᠯ ᠳᠠᠷᠠᠭ᠋ᠠᠯᠠᠨ ᠨᠡᠮᠡᠭᠳᠡᠵᠦ᠂ ᠡᠯ᠎ᠡ ᠱᠠᠲᠤᠨ᠎ᠤ ᠡᠯ᠎ᠡ ᠲᠥᠷᠥᠯ᠎ᠤᠨ ᠡᠮᠨᠡᠯᠭᠡ ᠵᠢᠨ ᠬᠣᠷᠢᠶᠠᠨ᠎ᠤ ᠲᠥᠬᠥᠭᠡᠷᠦᠮᠵᠢ ᠪᠡᠯᠡᠳᠬᠡᠮᠵᠢ ᠨᠠᠩ ᠳᠠᠪᠰᠢᠩᠭᠤᠢ ᠪᠣᠯᠵᠤ᠂ ᠡᠮᠴᠢᠯᠡᠭᠡᠨ᠎ᠤ ᠣᠨᠣᠰᠢᠯᠠᠨ ᠡᠮᠨᠡᠬᠦ ᠬᠢᠷᠢ ᠲᠦᠪᠰᠢᠨ ᠢᠯᠡᠳᠲᠡ ᠳᠡᠭᠡᠭᠰᠢᠯᠡᠨ᠂ ᠦᠢ᠍ᠯᠡᠴᠢᠯᠡᠭᠡᠨ᠎ᠤ ᠴᠢᠳᠠᠪᠤᠷᠢ ᠲᠠᠰᠤᠷᠠᠯᠲᠠ ᠦᠭᠡᠢ ᠳᠡᠭᠡᠭᠰᠢᠯᠡᠵᠦ᠂ ᠦᠢ᠍ᠯᠡᠴᠢᠯᠡᠭᠡᠨ᠎ᠤ ᠬᠡᠪᠴᠢᠶ᠎ᠡ ᠪᠥᠬᠥ ᠲᠠᠯ᠎ᠠ᠎ᠪᠠᠷ ᠥᠷᠭᠡᠵᠢᠪᠡ᠃ 2007 ᠣᠨ᠎ᠳᠤ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠵᠢᠯ᠎ᠤᠨ ᠳᠣᠬᠢᠷᠠᠭᠤᠯᠤᠯᠲᠠ᠎ᠪᠠᠷ᠂ ᠥᠪᠥᠷ ᠮᠣᠩᠭᠣᠯ ᠬᠣᠲᠠ ᠪᠠᠯᠭ᠋ᠠᠰᠤᠨ᠎ᠤ ᠰᠠᠭᠤᠭ᠋ᠠᠯᠢ ᠠᠷᠠᠳ᠎ᠤᠨ ᠡᠮᠴᠢᠯᠡᠭᠡᠨ᠎ᠤ ᠦᠨᠳᠦᠰᠦᠨ ᠳᠠᠭ᠋ᠠᠳᠬᠠᠯ (ᠬᠣᠲᠠ ᠪᠠᠯᠭ᠋ᠠᠰᠤᠨ᠎ᠤ ᠰᠠᠭᠤᠭ᠋ᠠᠯᠢ ᠠᠷᠠᠳ᠎ᠤᠨ ᠡᠮᠴᠢᠯᠡᠭᠡᠨ᠎ᠤ ᠳᠠᠭ᠋ᠠᠳᠬᠠᠯ ᠭᠡᠵᠦ ᠲᠣᠪᠴᠢᠯᠠᠨ᠎ᠠ)᠎ᠤᠨ ᠲᠤᠷᠰᠢᠯᠲᠠ ᠵᠢᠨ ᠴᠡᠭ ᠪᠠ ᠮᠠᠯᠵᠢᠬᠤ ᠲᠠᠷᠢᠶᠠᠯᠠᠬᠤ ᠣᠷᠣᠨ᠎ᠤ ᠰᠢᠨ᠎ᠡ ᠮᠠᠶᠢᠭ᠎ᠤᠨ ᠬᠤᠷᠰᠢᠭᠰᠠᠨ ᠡᠮᠴᠢᠯᠡᠭᠡ ᠵᠢᠨ ᠳᠦᠷᠢᠮ᠎ᠢ ᠪᠦᠬᠦ ᠲᠠᠯ᠎ᠠ᠎ᠪᠠᠷ ᠠᠬᠢᠭᠤᠯᠬᠤ ᠠᠵᠢᠯ ᠵᠶ᠋ᠠᠨ ᠡᠬᠢᠯᠡᠭᠦᠯᠪᠡ ᠃ ᠬᠤᠳᠠ᠎ᠳᠤ ᠡᠮᠴᠢᠯᠡᠭᠡᠨ᠎ᠤ ᠳᠠᠭ᠋ᠠᠳᠬᠠᠯ᠎ᠤᠨ ᠬᠡᠪᠴᠢᠶ᠎ᠡ ᠵᠢ ᠤᠤᠯ᠎ᠨᠢ ᠬᠤᠳᠠ ᠪᠠᠯᠭ᠋ᠠᠰᠤᠨ᠎ᠤ ᠠᠵᠢᠯ ᠡᠷᠬᠢᠯᠡᠭᠰᠡᠳ᠎ᠢ ᠪᠠᠭᠲᠠᠭ᠋ᠠᠵᠤ ᠪᠠᠢ᠌ᠭᠰᠠᠨ᠎ᠠᠴᠠ ᠰᠣᠷᠣᠭᠴᠢᠳ᠂ ᠬᠡᠦᠬᠡᠳ᠎ᠤᠳ᠂ ᠨᠠᠰᠤᠲᠠᠢ᠌ᠴᠤᠳ ᠵᠡᠷᠭᠡ ᠬᠤᠳᠠ ᠪᠠᠯᠭ᠋ᠠᠰᠤᠨ᠎ᠤ ᠠᠵᠢᠯ ᠦᠯᠦ ᠡᠷᠬᠢᠯᠡᠭᠰᠡᠳ᠎ᠲᠤ ᠬᠦᠷᠲᠡᠯ᠎ᠡ ᠥᠷᠭᠡᠳᠬᠡᠪᠡ᠂ ᠬᠥᠳᠡᠭᠡ ᠲᠣᠰᠬᠣᠨ᠎ᠳᠤ ᠬᠥᠳᠡᠭᠡ ᠲᠣᠰᠬᠣᠨ᠎ᠤ ᠰᠢᠨ᠎ᠡ ᠮᠠᠶᠢᠭ᠎ᠤᠨ ᠬᠤᠷᠰᠢᠭᠰᠠᠨ ᠡᠮᠴᠢᠯᠡᠭᠡ ᠵᠢᠨ ᠬᠡᠪᠴᠢᠶ᠎ᠡ ᠵᠢ ᠲᠤᠷᠰᠢᠯᠲᠠ ᠵᠢᠨ ᠴᠡᠭ᠎ᠤᠨ ᠭᠠᠵᠠᠷ ᠣᠷᠣᠨ᠎ᠢ ᠪᠠᠭᠲᠠᠭ᠋ᠠᠵᠤ ᠪᠠᠢ᠌ᠭᠰᠠᠨ ᠪᠦᠬᠦ ᠣᠷᠣᠨ᠎ᠳᠤ ᠬᠦᠷᠲᠡᠯ᠎ᠡ ᠳᠡᠯᠭᠡᠷᠡᠭᠦᠯᠵᠦ᠂ ᠪᠦᠬᠦ ᠤᠯᠤᠰ᠎ᠤᠨ ᠲᠥᠯᠥᠪᠯᠡᠭᠡ᠎ᠠᠴᠠ ᠨᠢᠭᠡ ᠵᠢᠯ ᠤᠷᠢᠳᠴᠢᠯᠠᠨ ᠪᠦᠬᠦᠨ᠎ᠢ ᠬᠠᠮᠤᠷᠤᠭᠤᠯᠬᠤ᠎ᠪᠠᠨ ᠪᠡᠶᠡᠯᠡᠭᠦᠯᠦᠭᠰᠡᠨ ᠵᠶ᠋ᠡᠷ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠠᠮᠢ ᠨᠠᠰᠤ ᠡᠷᠡᠭᠦᠯ ᠮᠡᠨᠳᠤ᠎ᠳᠤ ᠨᠡᠩ ᠰᠠᠢ᠌ᠨ ᠪᠠᠲᠤᠯᠠᠭ᠎ᠠ ᠦᠵᠡᠭᠦᠯᠬᠦ ᠪᠣᠯᠵᠠᠢ᠃
ᠦᠨᠳᠦᠰᠦᠨ ᠱᠠᠲᠤᠨ᠎ᠳᠤ ᠡᠮ ᠡᠮ ᠡᠮᠴᠢᠯᠡᠭᠡ ᠬᠦᠷᠭᠡᠵᠦ᠂ ᠮᠠᠯᠴᠢᠨ ᠲᠠᠷᠢᠶᠠᠴᠢᠳ᠎ᠤᠨ ᠪᠡᠶ᠎ᠡ ᠰᠡᠳᠬᠢᠯ᠎ᠤᠨ ᠡᠷᠡᠭᠦᠯ ᠮᠡᠨᠳᠦ ᠪᠠᠢ᠌ᠬᠤ ᠵᠢ ᠪᠠᠲᠤᠯᠠᠪᠠ
ᠥᠪᠥᠷ ᠮᠣᠩᠭᠣᠯ᠎ᠳᠤ ᠬᠢᠯᠢ ᠬᠢᠵᠠᠭ᠋ᠠᠷ ᠣᠷᠣᠨ᠎ᠢ ᠬᠥᠭᠵᠢᠭᠦᠯᠵᠦ ᠠᠷᠠᠳ᠎ᠢ ᠪᠠᠶᠠᠵᠢᠭᠤᠯᠬᠤ ᠪᠠᠢ᠌ᠯᠳᠤᠬᠤ ᠪᠣᠳᠣᠯᠭ᠎ᠠ ᠵᠢ ᠦᠢ᠍ᠯᠡᠳᠦᠯᠭᠡᠵᠢᠭᠦᠯᠪᠡ᠃ 1999 ᠣᠨ᠎ᠳᠤ᠂ ᠲᠥᠪ᠎ᠤᠨ ᠦᠨᠳᠦᠰᠦᠲᠡᠨ᠎ᠤ ᠠᠵᠢᠯ᠎ᠤᠨ ᠬᠤᠷᠠᠯ ᠵᠶ᠋ᠠᠷ ᠬᠢᠯᠢ ᠬᠢᠵᠠᠭ᠋ᠠᠷ ᠣᠷᠣᠨ᠎ᠢ ᠬᠥᠭᠵᠢᠭᠦᠯᠵᠦ ᠠᠷᠠᠳ᠎ᠢ ᠪᠠᠶᠠᠵᠢᠭᠤᠯᠬᠤ ᠠᠵᠢᠯᠯᠠᠭ᠋ᠠᠨ᠎ᠢ ᠠᠬᠢᠭᠤᠯᠬᠤ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ ᠭᠠᠷᠭ᠋ᠠᠵᠠᠢ᠂ ᠡᠨᠡ ᠪᠣᠯ ᠬᠢᠯᠢ ᠬᠢᠵᠠᠭ᠋ᠠᠷ ᠣᠷᠣᠨ᠎ᠤ 《ᠠᠷᠠᠳ᠎ᠢ ᠪᠠᠶᠠᠵᠢᠭᠤᠯᠬᠤ᠂ ᠬᠢᠯᠢ ᠬᠢᠵᠠᠭ᠋ᠠᠷ ᠣᠷᠣᠨ᠎ᠢ ᠬᠥᠭᠵᠢᠭᠦᠯᠬᠦ᠂ ᠤᠯᠤᠰ ᠵᠶ᠋ᠠᠨ ᠬᠦᠴᠦᠷᠬᠡᠭᠵᠢᠭᠦᠯᠬᠦ᠂ ᠬᠥᠷᠰᠢ ᠵᠡᠷᠭᠡᠯᠡᠳᠡᠭᠡ᠎ᠲᠠᠢ᠎ᠪᠠᠨ ᠡᠶ᠎ᠡ ᠨᠠᠢ᠌ᠷᠠᠮᠳᠠᠭᠤ ᠪᠠᠢ᠌ᠬᠤ》 ᠵᠢ ᠠᠬᠢᠭᠤᠯᠬᠤ ᠴᠢᠬᠤᠯᠠ ᠶᠡᠬᠡ ᠪᠠᠢ᠌ᠯᠳᠤᠬᠤ ᠪᠣᠳᠣᠯᠭ᠎ᠠ ᠵᠢᠨ ᠪᠠᠢ᠌ᠷᠢᠯᠠᠭᠤᠯᠤᠯᠲᠠ ᠪᠠᠢ᠌ᠵᠤ᠂ ᠥᠪᠥᠷ ᠮᠣᠩᠭᠣᠯ᠎ᠤᠨ ᠬᠢᠯᠢ ᠬᠢᠵᠠᠭ᠋ᠠᠷ᠎ᠤᠨ 20 ᠬᠣᠰᠢᠭᠤ ᠬᠣᠲᠠ ᠲᠣᠭᠣᠷᠢᠭ᠂ 61.2 ᠲᠦᠮᠡᠨ ᠺᠦᠸᠠᠳ᠋ ᠺᠢᠯᠣᠮᠧᠲᠷ᠂ 162.8 ᠰᠢᠬᠠᠮ ᠲᠦᠮᠡᠨ ᠬᠥᠮᠥᠨ ᠠᠮᠠ ᠵᠢ ᠪᠠᠭᠲᠠᠭ᠋ᠠᠵᠠᠢ᠃ 20 ᠭᠠᠷᠤᠢ ᠵᠢᠯ᠎ᠤᠨ ᠲᠤᠷᠰᠢ᠂ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠵᠥᠪ ᠣᠨᠣᠪᠴᠢᠲᠠᠶ ᠤᠳᠤᠷᠢᠳᠤᠯᠭ᠎ᠠ ᠪᠠ ᠤᠯᠤᠰ᠎ᠤᠨ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ ᠵᠡᠷᠭᠡ ᠶᠠᠮᠤᠨ ᠵᠥᠪᠯᠡᠯ᠎ᠤᠨ ᠬᠦᠴᠦᠲᠡᠢ ᠳᠡᠮᠵᠢᠯᠭᠡ ᠳᠣᠣᠷ᠎ᠠ᠂ ᠥᠪᠥᠷ ᠮᠣᠩᠭᠣᠯ ᠬᠢᠯᠢ ᠬᠢᠵᠠᠭ᠋ᠠᠷ ᠣᠷᠣᠨ᠎ᠤ ᠪᠣᠳᠠᠲᠤ ᠪᠠᠢ᠌ᠳᠠᠯ᠎ᠳᠤ᠎ᠪᠠᠨ ᠰᠠᠭᠤᠷᠢᠯᠠᠨ᠂ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ᠎ᠪᠠᠷ ᠰᠢᠪᠲᠤᠯᠤᠯᠲᠠ ᠵᠢᠨ ᠴᠡᠭ ᠪᠣᠯᠭ᠋ᠠᠵᠤ᠂ ᠬᠢᠯᠢ ᠬᠢᠵᠠᠭ᠋ᠠᠷ᠎ᠤᠨ ᠬᠣᠰᠢᠭᠤ ᠬᠣᠲᠠ ᠲᠣᠭᠣᠷᠢᠭ᠎ᠲᠠᠬᠢ ᠳᠡᠮᠵᠢᠯᠭᠡ᠎ᠪᠠᠨ ᠲᠠᠰᠤᠷᠠᠯᠲᠠ ᠦᠭᠡᠢ ᠨᠡᠮᠡᠭᠳᠡᠭᠦᠯᠦᠭᠡᠳ ᠵᠠᠮ᠂ ᠴᠠᠬᠢᠯᠭ᠋ᠠᠨ᠂ ᠤᠰᠤ᠂ ᠴᠢᠮᠡᠭᠡ ᠬᠣᠯᠪᠣᠭ᠎ᠠ ᠵᠡᠷᠭᠡ᠎ᠪᠠᠷ ᠭᠣᠣᠯ ᠪᠣᠯᠭ᠋ᠠᠭᠰᠠᠨ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠢ᠌ᠭᠤᠯᠤᠯᠲᠠ ᠵᠢᠨ ᠨᠢᠭᠡ ᠪᠦᠯᠦᠭ ᠲᠥᠷᠥᠯ ᠵᠦᠢ᠍ᠯ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ᠂ ᠨᠤᠷᠠᠬᠤ ᠠᠶᠤᠯᠲᠠᠢ ᠭᠡᠷ ᠪᠠᠢ᠌ᠰᠢᠩ᠎ᠢ ᠰᠢᠨᠡᠳᠬᠡᠨ ᠵᠠᠰᠠᠬᠤ᠂ ᠣᠷᠴᠢᠨ ᠨᠥᠭᠦᠴᠡᠯ᠎ᠢ ᠴᠡᠭᠴᠡᠯᠡᠨ ᠰᠠᠢ᠌ᠵᠢᠷᠠᠭᠤᠯᠬᠤ ᠵᠡᠷᠭᠡ᠎ᠪᠠᠷ ᠭᠣᠣᠯ ᠪᠣᠯᠭ᠋ᠠᠭᠰᠠᠨ ᠠᠷᠠᠳ᠎ᠤᠨ ᠠᠮᠢᠳᠤᠷᠠᠯ᠎ᠤᠨ ᠨᠢᠭᠡ ᠪᠦᠯᠦᠭ ᠲᠥᠷᠥᠯ ᠵᠦᠢ᠍ᠯ᠂ ᠰᠤᠷᠭ᠋ᠠᠨ ᠬᠥᠮᠦᠵᠢᠯ᠂ ᠰᠣᠶᠣᠯ᠂ ᠡᠷᠡᠭᠦᠯ ᠬᠠᠮᠠᠭ᠋ᠠᠯᠠᠯ᠎ᠤᠨ ᠠᠵᠢᠯ ᠦᠢ᠍ᠯᠡᠰ ᠵᠡᠷᠭᠡ᠎ᠪᠠᠷ ᠭᠣᠣᠯᠳᠠᠯᠭ᠎ᠠ ᠪᠣᠯᠭ᠋ᠠᠭᠰᠠᠨ ᠨᠡᠢ᠌ᠭᠡᠮ᠎ᠤᠨ ᠠᠵᠢᠯ ᠦᠢ᠍ᠯᠡᠰ᠎ᠤᠨ ᠨᠢᠭᠡ ᠪᠦᠯᠦᠭ ᠲᠥᠷᠥᠯ ᠵᠦᠢ᠍ᠯ ᠵᠢᠴᠢ ᠲᠠᠷᠢᠶᠠᠯᠠᠬᠤ ᠵᠢ ᠵᠣᠭᠰᠣᠭ᠋ᠠᠵᠤ ᠣᠶ ᠰᠢᠭᠤᠢ ᠨᠤᠲᠤᠭ ᠪᠡᠯᠴᠢᠭᠡᠷ᠎ᠢ ᠰᠡᠷᠭᠦᠭᠡᠬᠦ ᠵᠡᠷᠭᠡ᠎ᠪᠠᠷ ᠭᠣᠣᠯᠳᠠᠯᠭ᠎ᠠ ᠪᠣᠯᠭ᠋ᠠᠭᠰᠠᠨ ᠠᠮᠢ ᠠᠬᠤᠢ ᠵᠢᠨ ᠪᠦᠲᠦᠭᠡᠨ ᠪᠠᠢ᠌ᠭᠤᠯᠤᠯᠲᠠ ᠵᠢᠨ ᠨᠢᠭᠡ ᠪᠦᠯᠦᠭ ᠲᠥᠷᠥᠯ ᠵᠦᠢ᠍ᠯ᠎ᠢ ᠬᠡᠷᠡᠭᠵᠢᠭᠦᠯᠦᠭᠰᠡᠨ ᠵᠶ᠋ᠡᠷ᠂ ᠬᠢᠯᠢ ᠬᠢᠵᠠᠭ᠋ᠠᠷ ᠣᠷᠣᠨ᠎ᠤ ᠶᠡᠷᠦᠩᠬᠡᠢ᠌ᠯᠡᠭᠰᠡᠨ ᠠᠵᠤ ᠠᠬᠤᠢ ᠵᠢᠨ ᠪᠣᠳᠠᠲᠤ ᠬᠦᠴᠦᠨ᠎ᠤ ᠢᠯᠡᠳᠲᠡ ᠴᠢᠩᠭ᠋ᠠᠷᠠᠬᠤ ᠵᠢ ᠠᠬᠢᠭᠤᠯᠤᠨ᠂ ᠰᠠᠭᠤᠷᠢ ᠪᠡᠯᠡᠳᠬᠡᠮᠵᠢ ᠪᠠ ᠣᠯᠠᠨ ᠨᠡᠶ᠋ᠢᠲᠡ ᠵᠢᠨ ᠦᠨᠳᠦᠰᠦᠨ ᠦᠢ᠍ᠯᠡᠴᠢᠯᠡᠭᠡᠨ᠎ᠤ ᠲᠣᠭᠲᠠᠯᠴᠠᠭ᠎ᠠ ᠵᠢ ᠲᠠᠰᠤᠷᠠᠯᠲᠠ ᠦᠭᠡᠢ ᠪᠦᠷᠢᠨᠰᠢᠭᠦᠯᠵᠦ᠂ ᠬᠢᠯᠢ ᠬᠢᠵᠠᠭ᠋ᠠᠷ ᠣᠷᠣᠨ᠎ᠤ ᠠᠷᠠᠳ᠎ᠤᠨ ᠦᠢ᠍ᠯᠡᠳᠪᠦᠷᠢᠯᠡᠯ ᠠᠮᠢᠳᠤᠷᠠᠯ᠎ᠤᠨ ᠨᠥᠬᠥᠴᠡᠯ᠎ᠢ ᠶᠡᠬᠡ᠎ᠪᠠᠷ ᠰᠠᠢ᠌ᠵᠢᠷᠠᠭᠤᠯᠤᠨ᠂ ᠭᠠᠳᠠᠭ᠋ᠠᠳᠤ ᠨᠡᠭᠡᠭᠡᠯᠲᠡ ᠵᠢᠨ ᠬᠢᠷᠢ ᠲᠦᠪᠰᠢᠨ᠎ᠢ ᠦᠷᠭᠦᠯᠵᠢᠯᠡᠨ ᠳᠡᠭᠡᠭᠰᠢᠯᠡᠭᠦᠯᠵᠦ᠂ ᠦᠨᠳᠦᠰᠦᠲᠡᠨ᠎ᠤ ᠪᠦᠯᠬᠦᠮᠳᠡᠯ ᠪᠠ ᠬᠢᠯᠢ ᠬᠢᠵᠠᠭ᠋ᠠᠷ᠎ᠤᠨ ᠲᠣᠭᠲᠠᠭᠤᠨ᠎ᠤ ᠦᠷ᠎ᠡ ᠪᠦᠲᠦᠮᠵᠢ ᠵᠢ ᠲᠣᠪᠣᠢ᠌ᠮ᠎ᠠ ᠪᠣᠯᠭ᠋ᠠᠪᠠ᠃
ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠎ᠠ ᠦᠯᠡᠮᠵᠢ ᠦᠷ᠎ᠡ ᠪᠦᠲᠦᠮᠵᠢ ᠣᠯᠪᠠ᠃ 1995 ᠣᠨ᠎ᠤ 9 ᠳ᠋ᠦ᠍ᠭᠡᠷ ᠰᠠᠷ᠎ᠠ᠎ᠳᠤ᠂ ᠨᠠᠮ᠎ᠤᠨ ᠠᠷᠪᠠᠨ ᠳᠥᠷᠪᠡᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠲᠠᠪᠤᠳᠤᠭ᠋ᠠᠷ ᠪᠥᠬᠥᠳᠡ ᠬᠤᠷᠠᠯᠳᠤᠭ᠋ᠠᠨ ᠵᠶ᠋ᠠᠷ ᠣᠷᠣᠨ ᠪᠦᠰᠡ ᠵᠢᠨ ᠵᠣᠬᠢᠴᠠᠩᠭᠤᠢ ᠬᠥᠭᠵᠢᠯᠲᠡ ᠵᠢ ᠲᠣᠪᠤᠢ᠌ᠯᠭ᠋ᠠᠨ ᠴᠢᠬᠤᠯᠠᠴᠢᠯᠠᠵᠤ᠂ ᠪᠠᠷᠠᠭᠤᠨ ᠬᠡᠰᠡᠭ᠎ᠤᠨ ᠶᠠᠳᠠᠭᠤ ᠬᠦᠴᠢᠷᠳᠡᠯᠲᠡᠢ ᠭᠠᠵᠠᠷ ᠣᠷᠣᠨ᠎ᠤ ᠶᠠᠳᠠᠭᠤ ᠵᠢ ᠲᠡᠳᠬᠦᠵᠦ ᠨᠡᠭᠡᠭᠡᠨ ᠬᠥᠭᠵᠢᠭᠦᠯᠬᠦ ᠠᠬᠢᠴᠠ ᠵᠢ ᠲᠦᠷᠭᠡᠳᠬᠡᠵᠦ᠂ ᠵᠡᠭᠦᠨ ᠪᠠᠷᠠᠭᠤᠨ ᠬᠡᠰᠡᠭ᠎ᠤᠨ ᠭᠠᠵᠠᠷ ᠣᠷᠣᠨ᠎ᠤ ᠬᠥᠭᠵᠢᠯᠲᠡ ᠲᠡᠩᠴᠡᠭᠦᠷᠢ ᠦᠭᠡᠢ ᠪᠠᠢ᠌ᠬᠤ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠬᠦ ᠬᠡᠷᠡᠭᠲᠡᠢ ᠭᠡᠵᠦ ᠳᠤᠷᠠᠳᠤᠨ ᠭᠠᠷᠭ᠋ᠠᠵᠠᠢ᠃ 1996 ᠣᠨ᠎ᠤ 5 ᠳ᠋ᠤᠭ᠋ᠠᠷ ᠰᠠᠷ᠎ᠠ᠎ᠳᠤ᠂ ᠲᠦᠷᠦ ᠵᠢᠨ ᠶᠠᠪᠤᠳᠠᠯ᠎ᠤᠨ ᠬᠣᠷᠢᠶ᠎ᠠ ᠪᠡᠭᠡᠵᠢᠩ᠎ᠳᠤ ᠶᠠᠳᠠᠭᠤ ᠵᠢ ᠲᠡᠳᠬᠦᠬᠦ ᠬᠠᠮᠵᠢᠯᠴᠠᠭ᠋ᠠᠨ᠎ᠤ ᠬᠤᠷᠠᠯ ᠬᠤᠷᠠᠯᠳᠤᠭᠤᠯᠵᠤ᠂ ᠠᠵᠤ ᠠᠬᠤᠢ ᠬᠠᠷᠢᠴᠠᠩᠭᠤᠢ ᠬᠥᠭᠵᠢᠭᠰᠡᠨ ᠭᠠᠵᠠᠷ ᠣᠷᠣᠨ ᠪᠠ ᠠᠵᠤ ᠠᠬᠤᠢ ᠬᠥᠭᠵᠢᠭᠡᠳᠦᠢ ᠭᠠᠵᠠᠷ ᠣᠷᠣᠨ᠎ᠤ ᠶᠠᠳᠠᠭᠤ ᠵᠢ ᠲᠡᠳᠬᠦᠬᠦ ᠬᠠᠮᠵᠢᠯᠴᠠᠭ᠎ᠠ᠂ ᠳᠠᠷᠤᠢ ᠵᠡᠭᠦᠨ ᠪᠠᠷᠠᠭᠤᠨ ᠣᠷᠣᠨ᠎ᠤ ᠶᠠᠳᠠᠭᠤ ᠵᠢ ᠲᠡᠳᠬᠦᠬᠦ ᠬᠠᠮᠵᠢᠯᠴᠠᠭ᠎ᠠ ᠵᠢ ᠥᠷᠨᠢᠭᠦᠯᠬᠦ ᠲᠠᠯ᠎ᠠ᠎ᠪᠠᠷ ᠪᠣᠳᠠᠲᠠᠢ ᠪᠠᠢ᠌ᠷᠢᠯᠠᠭᠤᠯᠤᠯᠲᠠ ᠬᠢᠵᠦ᠂ ᠥᠪᠥᠷ ᠮᠣᠩᠭᠣᠯ᠎ᠢ ᠠᠵᠢᠯ ᠲᠦᠷᠦᠯ᠎ᠤᠨ ᠰᠢᠰᠲ᠋ᠧᠮ ᠵᠶ᠋ᠡᠷ ᠵᠶ᠋ᠡᠨ ᠪᠡᠭᠡᠵᠢᠩ ᠬᠠᠪᠰᠤᠷᠤᠨ ᠲᠡᠳᠬᠦᠬᠦ᠎ᠪᠠᠷ ᠲᠣᠭᠲᠠᠪᠠ᠃ 1997 ᠣᠨ᠎ᠤ ᠡᠬᠢ᠎ᠪᠠᠷ᠂ ᠪᠡᠭᠡᠵᠢᠩ ᠥᠪᠥᠷ ᠮᠣᠩᠭᠣᠯ ᠬᠣᠶᠠᠷ ᠭᠠᠵᠠᠷ᠎ᠤᠨ 《ᠶᠠᠳᠠᠭᠤ ᠵᠢ ᠲᠡᠳᠬᠦᠬᠦ ᠬᠠᠮᠵᠢᠯᠴᠠᠭ᠎ᠠ ᠪᠠ ᠠᠵᠤ ᠠᠬᠤᠢ ᠮᠡᠷᠭᠡᠵᠢᠯ᠎ᠤᠨ ᠬᠠᠮᠲᠤᠷᠠᠯᠴᠠᠭ᠎ᠠ ᠵᠢᠨ ᠬᠡᠯᠡᠯᠴᠡᠭᠡ ᠵᠢᠨ ᠲᠣᠪᠴᠢ》᠎ᠳᠤ ᠭᠠᠷᠤᠨ ᠦᠰᠦᠭ ᠵᠢᠷᠤᠵᠤ᠂ ᠬᠣᠶᠠᠷ ᠭᠠᠵᠠᠷ᠎ᠤᠨ᠎ᠬᠢᠨ ᠠᠵᠢᠯ ᠲᠦᠷᠦᠯ᠎ᠤᠨ ᠰᠢᠰᠲ᠋ᠧᠮ ᠵᠶ᠋ᠡᠷ ᠵᠶ᠋ᠡᠨ ᠬᠠᠪᠰᠤᠷᠤᠨ ᠲᠡᠳᠬᠦᠬᠦ ᠠᠵᠢᠯ᠎ᠢ ᠵᠢᠩᠬᠢᠨᠢ᠎ᠪᠠᠷ ᠡᠬᠢᠯᠡᠭᠦᠯᠦᠭᠰᠡᠨ ᠵᠶ᠋ᠠᠨ ᠲᠤᠩᠬᠠᠭᠯᠠᠪᠠ᠃ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠎ᠠ᠎ᠨᠢ ᠥᠪᠥᠷ ᠮᠣᠩᠭᠣᠯ ᠪᠠ ᠨᠡᠢ᠌ᠰᠯᠡᠯ ᠪᠡᠭᠡᠵᠢᠩ᠎ᠢ ᠨᠢᠭᠲᠠ ᠬᠣᠯᠪᠣᠵᠠᠢ᠃ ᠪᠡᠭᠡᠵᠢᠩ ᠶᠡᠬᠡ ᠬᠡᠮᠵᠢᠶᠡᠨ᠎ᠤ ᠬᠥᠮᠥᠨ᠎ᠤ ᠬᠦᠴᠦᠨ᠂ ᠪᠣᠳᠠᠰ᠎ᠤᠨ ᠬᠦᠴᠦᠨ ᠪᠠ ᠡᠳ᠋᠎ᠤᠨ ᠬᠦᠴᠦᠨ᠎ᠢ ᠣᠷᠣᠭᠤᠯᠤᠭ᠋ᠠᠳ᠂ ᠬᠠᠪᠰᠤᠷᠤᠨ ᠲᠡᠳᠬᠦᠬᠦ ᠬᠠᠮᠵᠢᠯᠴᠠᠭ᠋ᠠᠨ᠎ᠤ ᠬᠡᠳᠦᠨ ᠮᠢᠩᠭ᠋ᠠᠨ ᠲᠦᠷᠦᠯ ᠵᠦᠢ᠍ᠯ᠎ᠢ ᠬᠡᠷᠡᠭᠵᠢᠭᠦᠯᠵᠦ᠂ ᠠᠵᠤ ᠠᠬᠤᠢ᠌ᠯᠠᠯ᠎ᠤᠳ᠎ᠤᠨ ᠥᠪᠥᠷ ᠮᠣᠩᠭᠣᠯ᠎ᠳᠤ ᠢᠷᠡᠵᠦ ᠪᠡᠯᠡ ᠣᠷᠣᠭᠤᠯᠬᠤ ᠵᠢ᠎ᠨᠢ ᠵᠣᠷᠢᠭᠵᠢᠭᠤᠯᠤᠨ ᠳᠡᠮᠵᠢᠵᠦ᠂ ᠠᠵᠤ ᠦᠢ᠍ᠯᠡᠰ᠎ᠤᠨ ᠬᠥᠭᠵᠢᠯᠲᠡ᠂ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠢ᠌ᠭᠤᠯᠤᠯᠲᠠ᠂ ᠰᠤᠷᠭ᠋ᠠᠨ ᠬᠥᠮᠦᠵᠢᠯ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠂ ᠰᠣᠶᠣᠯ ᠪᠡᠶ᠎ᠡ ᠵᠢᠨ ᠲᠠᠮᠢᠷ ᠡᠷᠡᠭᠦᠯ ᠬᠠᠮᠠᠭ᠋ᠠᠯᠠᠯ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ᠂ ᠺᠠᠳ᠋ᠷ ᠪᠠ ᠴᠢᠳᠠᠪᠤᠷᠢᠲᠠᠨ ᠵᠡᠷᠭᠡ ᠲᠠᠯ᠎ᠠ᠎ᠪᠠᠷ ᠥᠪᠥᠷ ᠮᠣᠩᠭᠣᠯ᠎ᠳᠤ ᠪᠦᠬᠦ ᠲᠠᠯ᠎ᠠ ᠵᠢᠨ ᠳᠡᠮᠵᠢᠯᠭᠡ ᠦᠵᠡᠭᠦᠯᠪᠡ᠃
ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠎ᠠ᠎ᠨᠢ ᠨᠠᠮ᠎ᠤᠨ ᠲᠥᠪ ᠬᠣᠷᠢᠶᠠᠨ᠎ᠤ ᠪᠦᠬᠦ ᠤᠯᠤᠰ ᠵᠶ᠋ᠠᠷ ᠵᠶ᠋ᠠᠨ ᠨᠢᠭᠡᠨ ᠬᠥᠯᠭᠡ ᠰᠢᠲᠠᠷ᠎ᠠ ᠮᠡᠲᠦ ᠪᠠᠢ᠌ᠬᠤ ᠦᠵᠡᠯ ᠰᠠᠨᠠᠭ᠎ᠠ ᠵᠢ ᠢᠯᠡᠷᠡᠭᠦᠯᠵᠦ᠂ ᠥᠪᠥᠷ ᠮᠣᠩᠭᠣᠯ ᠪᠠ ᠪᠡᠭᠡᠵᠢᠩ᠎ᠤᠨ ᠭᠦᠨ ᠵᠤᠵᠠᠭ᠋ᠠᠨ ᠨᠠᠢ᠌ᠷ ᠰᠡᠳᠬᠢᠯᠭᠡ ᠵᠢ ᠨᠢᠭᠲᠠᠷᠠᠭᠤᠯᠵᠤ᠂ ᠨᠡᠢ᠌ᠰᠯᠡᠯ ᠪᠠ ᠬᠢᠯᠢ ᠬᠢᠵᠠᠭ᠋ᠠᠷ᠎ᠤᠨ ᠦᠨᠳᠦᠰᠦᠲᠡᠨ᠎ᠤ ᠭᠠᠵᠠᠷ ᠣᠷᠣᠨ᠎ᠤ ᠬᠠᠮᠲᠤ᠎ᠪᠠᠷ ᠪᠦᠯᠬᠦᠮᠳᠡᠨ ᠳᠠᠪᠰᠢᠵᠤ᠂ ᠬᠠᠮᠲᠤ᠎ᠪᠠᠷ ᠴᠡᠴᠡᠭᠯᠡᠨ ᠬᠥᠭᠵᠢᠭᠰᠡᠨ ᠦᠵᠡᠰᠬᠦᠯᠡᠩᠲᠦ ᠰᠠᠢ᠌ᠬᠠᠨ ᠵᠢᠷᠤᠭ᠎ᠢ ᠵᠢᠷᠤᠭᠯᠠᠵᠠᠢ᠃
ᠲᠥᠷᠥ ᠵᠢᠨ ᠶᠠᠪᠤᠳᠠᠯ᠎ᠤᠨ ᠬᠣᠷᠢᠶ᠎ᠠ 《ᠥᠪᠥᠷ ᠮᠣᠩᠭᠣᠯ᠎ᠤᠨ ᠠᠵᠤ ᠠᠬᠤᠢ ᠨᠡᠢ᠌ᠭᠡᠮ᠎ᠤᠨ ᠴᠢᠨᠠᠷᠯᠢᠭ ᠪᠥᠭᠡᠳ ᠲᠦᠷᠭᠡᠨ ᠬᠥᠭᠵᠢᠯᠲᠡ ᠵᠢ ᠤᠯᠠᠮ ᠨᠢᠭᠡ ᠠᠯᠬᠤᠮ ᠠᠬᠢᠭᠤᠯᠬᠤ ᠲᠤᠬᠠᠢ ᠰᠠᠨᠠᠯ᠎ᠤᠳ》᠎ᠢ ᠨᠡᠢ᠌ᠲᠡᠯᠡᠪᠡ ᠃
2011 ᠣᠨ᠎ᠤ 6 ᠳ᠋ᠤᠭ᠋ᠠᠷ ᠰᠠᠷ᠎ᠠ᠎ᠳᠤ᠂ ᠥᠪᠥᠷ ᠮᠣᠩᠭᠣᠯ᠎ᠤᠨ ᠠᠵᠤ ᠠᠬᠤᠢ ᠨᠡᠢ᠌ᠭᠡᠮ᠎ᠤᠨ ᠴᠢᠨᠠᠷᠯᠢᠭ ᠪᠥᠭᠡᠳ ᠲᠦᠷᠭᠡᠨ ᠬᠥᠭᠵᠢᠯᠲᠡ ᠵᠢ ᠤᠯᠠᠮ ᠨᠢᠭᠡ ᠠᠯᠬᠤᠮ ᠠᠬᠢᠭᠤᠯᠵᠤ᠂ ᠥᠪᠥᠷ ᠮᠣᠩᠭᠣᠯ᠎ᠤᠨ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠰᠢᠨ᠎ᠡ ᠳᠠᠪᠠᠯᠲᠠ ᠵᠢ ᠪᠡᠶᠡᠯᠡᠭᠦᠯᠬᠦ ᠵᠢ ᠴᠢᠷᠮᠠᠢ᠌ᠨ ᠠᠬᠢᠭᠤᠯᠬᠤ ᠵᠢᠨ ᠲᠤᠰᠠᠳᠠ᠂ ᠲᠥᠷᠥ ᠵᠢᠨ ᠶᠠᠪᠤᠳᠠᠯ᠎ᠤᠨ ᠬᠣᠷᠢᠶ᠎ᠠ 《ᠥᠪᠥᠷ ᠮᠣᠩᠭᠣᠯ᠎ᠤᠨ ᠠᠵᠤ ᠠᠬᠤᠢ ᠨᠡᠢ᠌ᠭᠡᠮ᠎ᠤᠨ ᠴᠢᠨᠠᠷᠯᠢᠭ ᠪᠥᠭᠡᠳ ᠲᠦᠷᠭᠡᠨ ᠬᠥᠭᠵᠢᠯᠲᠡ ᠵᠢ ᠤᠯᠠᠮ ᠨᠢᠭᠡ ᠠᠯᠬᠤᠮ ᠠᠬᠢᠭᠤᠯᠬᠤ ᠲᠤᠬᠠᠢ ᠰᠠᠨᠠᠯ᠎ᠤᠳ》᠎ᠢ ᠨᠡᠢ᠌ᠲᠡᠯᠡᠵᠦ᠂ ᠥᠪᠥᠷ ᠮᠣᠩᠭᠣᠯ᠎ᠤᠨ ᠬᠥᠭᠵᠢᠯᠲᠡ᠎ᠳᠤ ᠣᠷᠣᠰᠢᠵᠤ ᠪᠠᠢ᠌ᠭ᠎ᠠ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠢ᠌ᠭᠤᠯᠤᠯᠲᠠ ᠬᠣᠴᠤᠷᠤᠩᠭᠤᠢ᠂ ᠠᠮᠢ ᠠᠬᠤᠢ ᠣᠷᠴᠢᠨ ᠲᠣᠭᠣᠷᠢᠨ ᠬᠡᠪᠡᠷᠡᠭ᠂ ᠠᠵᠤ ᠦᠢ᠍ᠯᠡᠰ᠎ᠤᠨ ᠪᠦᠲᠦᠴᠡ ᠲᠠᠩ ᠴᠤᠯᠭᠤᠢ᠂ ᠣᠷᠣᠨ ᠪᠦᠰᠡ ᠵᠢᠨ ᠬᠥᠭᠵᠢᠯᠲᠡ ᠲᠡᠩᠴᠡᠭᠦᠷᠢ ᠦᠭᠡᠢ᠂ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠴᠢᠳᠠᠪᠤᠷᠢ ᠳᠣᠷᠣᠢ ᠵᠡᠷᠭᠡ ᠲᠣᠪᠣᠢ᠌ᠮ᠎ᠠ ᠬᠦᠴᠢᠷᠳᠡᠯ ᠪᠠ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠪᠡ ᠃ 《ᠰᠠᠨᠠᠯ》᠎ᠳᠤ ᠠᠵᠤ ᠦᠢ᠍ᠯᠡᠰ᠂ ᠡᠳ᠋᠎ᠤᠨ ᠵᠠᠰᠠᠭ ᠭᠠᠢ᠌ᠯᠢ᠂ ᠮᠥᠩᠭᠥᠨ ᠭᠦᠢ᠍ᠯᠭᠡᠭᠡ᠂ ᠪᠡᠯᠡ ᠣᠷᠣᠭᠤᠯᠤᠯᠲᠠ᠂ ᠤᠯᠤᠰ᠎ᠤᠨ ᠭᠠᠵᠠᠷ ᠰᠢᠷᠣᠢ ᠡᠬᠢ ᠪᠠᠶᠠᠯᠢᠭ᠂ ᠴᠠᠯᠢᠩ ᠣᠷᠣᠯᠭ᠎ᠠ ᠵᠢᠨ ᠬᠤᠪᠢᠶᠠᠷᠢᠯᠠᠯᠲᠠ ᠵᠡᠷᠭᠡ ᠲᠠᠯ᠎ᠠ ᠵᠢᠨ ᠪᠣᠳᠠᠲᠠᠢ ᠲᠥᠷᠥ ᠵᠢᠨ ᠪᠣᠳᠣᠯᠭ᠎ᠠ ᠵᠢᠨ ᠳᠡᠮᠵᠢᠯᠭᠡ ᠵᠢ ᠲᠣᠳᠣᠷᠬᠠᠢ ᠲᠣᠭᠲᠠᠭ᠋ᠠᠪᠠ ᠃ ᠥᠭᠡᠷᠡᠴᠢᠯᠡᠯᠲᠡ ᠨᠡᠭᠡᠭᠡᠯᠲᠡ ᠬᠢᠭᠡᠳ ᠨᠡᠢ᠌ᠭᠡᠮ ᠵᠢᠷᠤᠮ᠎ᠤᠨ ᠣᠳᠣᠬᠢᠴᠢᠯᠠᠯᠲᠠ ᠵᠢᠨ ᠪᠦᠲᠦᠭᠡᠨ ᠪᠠᠢ᠌ᠭᠤᠯᠤᠯᠲᠠ ᠵᠢᠨ ᠰᠢᠨ᠎ᠡ ᠴᠠᠭ ᠦᠶ᠎ᠡ᠎ᠳᠤ᠂ ᠨᠠᠮ᠎ᠤᠨ ᠲᠥᠪ ᠬᠣᠷᠢᠶᠠᠨ᠎ᠤ ᠳᠣᠲᠣᠨᠣ ᠬᠠᠯᠠᠮᠵᠢᠯᠠᠯ ᠳᠣᠣᠷ᠎ᠠ᠂ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ᠂ ᠰᠠᠢ᠌ᠨ ᠰᠠᠢ᠌ᠬᠠᠨ ᠭᠡᠷ ᠣᠷᠣᠨ ᠵᠶ᠋ᠠᠨ ᠬᠠᠮᠲᠤ᠎ᠪᠠᠷ ᠪᠦᠲᠦᠭᠡᠨ ᠪᠠᠶ᠋ᠢᠭᠤᠯᠬᠤ ᠭᠠᠢ᠌ᠬᠠᠮᠰᠢᠭᠲᠤ ᠬᠠᠭᠤᠳᠠᠰᠤ ᠵᠢ ᠬᠠᠮᠲᠤ᠎ᠪᠠᠷ ᠪᠢᠴᠢᠭᠯᠡᠭᠰᠡᠨ ᠪᠠᠢ᠌ᠨ᠎ᠠ᠃ ᠥᠪᠥᠷ ᠮᠣᠩᠭᠣᠯ ᠠᠵᠤ ᠠᠬᠤᠢ ᠨᠡᠢ᠌ᠭᠡᠮ ᠵᠡᠷᠭᠡ ᠲᠠᠯ᠎ᠠ᠎ᠪᠠᠷ ᠴᠥᠮ ᠲᠠᠪᠠᠯᠳᠠᠳᠤ ᠮᠠᠶᠢᠭ᠎ᠤᠨ ᠬᠥᠭᠵᠢᠯᠲᠡ ᠵᠢ ᠪᠡᠶᠡᠯᠡᠭᠦᠯᠵᠦ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠭᠡᠬᠦ ᠡᠨᠡ ᠬᠦ᠌ ᠡᠷᠬᠢᠮ ᠳᠡᠭᠡᠳᠦ ᠢᠷᠠᠭᠤ ᠠᠯᠳᠠᠷ᠎ᠢ ᠣᠷᠳᠣ ᠬᠤᠭᠤᠴᠠᠭ᠎ᠠ᠎ᠪᠠᠷ ᠬᠠᠢ᠌ᠷᠠᠯᠠᠨ ᠬᠠᠮᠠᠭ᠋ᠠᠯᠠᠵᠤ᠂ ᠰᠢᠨ᠎ᠡ ᠲᠡᠦᠬᠡᠨ ᠴᠠᠭ ᠦᠶ᠎ᠡ ᠵᠢᠨ ᠠᠵᠤ ᠠᠬᠤᠢ ᠨᠡᠢ᠌ᠭᠡᠮ᠎ᠤᠨ ᠬᠥᠭᠵᠢᠯᠲᠡ᠎ᠳᠤ ᠰᠠᠭᠤᠷᠢ ᠲᠠᠯᠪᠢᠵᠤ ᠥᠭᠭᠦᠭᠰᠡᠨ ᠪᠠᠢ᠌ᠨ᠎ᠠ ᠃