ᠢᠯᠡ ᠵᠠᠰᠠᠭ   -   ᠣᠳᠣᠷᠢᠳᠤᠯᠭ᠎ᠠ᠎ᠶᠢᠨ ᠲᠠᠨᠢᠯᠴᠠᠭᠤᠯᠭ᠎ᠠ
ᠪᠣᠣ ᠰᠢᠶᠠᠨ ᠬᠤᠸᠠ
ᠨᠡᠶ᠋ᠢᠲᠡᠯᠡᠭᠰᠡᠨ ᠴᠠᠭ᠄ 2023-01-17

 

6380954334728532627529491.jpg


 

     ᠳᠡᠳ᠋ ᠲᠡᠷᠢᠭᠦᠯᠡᠭᠴᠢ ᠪᠣᠣ ᠰᠢᠶᠠᠨ ᠬᠤᠸᠠ

     ᠠᠵᠢᠯ᠎ᠤᠨ ᠬᠤᠪᠢᠶᠠᠷᠢ᠄

     ᠲᠡᠷᠢᠭᠦᠯᠡᠭᠴᠢ ᠵᠢ ᠬᠠᠪᠰᠤᠷᠤᠨ ᠰᠤᠷᠭ᠋ᠠᠨ ᠬᠥᠮᠥᠵᠢᠯ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ᠂ ᠡᠮᠴᠢᠯᠡᠭᠡᠨ᠎ᠤ ᠪᠠᠲᠤᠯᠠᠭ᠎ᠠ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠤᠨ ᠰᠡᠷᠭᠡᠶ᠋ᠢᠯᠡᠨ ᠬᠤᠷᠢᠭᠯᠠᠯᠲᠠ ᠵᠡᠷᠭᠡ ᠲᠠᠯ᠎ᠠ ᠵᠢᠨ ᠠᠵᠢᠯ᠎ᠤᠳ᠎ᠢ ᠬᠠᠷᠢᠭᠤᠴᠠᠨ᠎ᠠ᠃

    ᠥᠪᠡᠷᠲᠡᠭᠡᠨ ᠵᠠᠰᠠᠭ᠍ᠤ ᠣᠷᠣᠨ᠎ᠤ ᠰᠤᠷᠭ᠋ᠠᠨ ᠬᠥᠮᠥᠵᠢᠯ᠎ᠤᠨ ᠲᠢᠩᠬᠢᠮ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠂ ᠥᠪᠡᠷᠲᠡᠭᠡᠨ ᠵᠠᠰᠠᠭ᠍ᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠤᠳᠤᠯᠭ᠋ᠠᠨ᠎ᠤ ᠬᠦᠷᠢᠶᠡᠯᠡᠩ᠂ ᠤᠯᠤᠰ᠎ᠤᠨ ᠰᠦ ᠰᠠᠭ᠋ᠠᠯᠢ ᠵᠢᠨ ᠦᠢ᠍ᠯᠡᠰ᠎ᠤᠨ ᠮᠡᠷᠭᠡᠵᠢᠯ᠎ᠤᠨ ᠰᠢᠨᠡᠴᠢᠯᠡᠯᠲᠡ ᠵᠢᠨ ᠲᠥᠪ᠎ᠢ ᠬᠤᠪᠢᠳᠠᠨ ᠬᠠᠮᠢᠶᠠᠷᠤᠨ᠎ᠠ᠃

     ᠥᠪᠡᠷᠲᠡᠭᠡᠨ ᠵᠠᠰᠠᠭ᠍ᠤ ᠣᠷᠣᠨ᠎ᠤ ᠡᠪ ᠬᠠᠮᠲᠤ ᠵᠠᠯᠠᠭᠤᠴᠤᠳ᠎ᠤᠨ ᠡᠪᠯᠡᠯ᠂ ᠥᠪᠡᠷᠲᠡᠭᠡᠨ ᠵᠠᠰᠠᠭ᠍ᠤ ᠣᠷᠣᠨ᠎ᠤ ᠡᠮᠡᠭᠲᠡᠶ᠋ᠢᠴᠦᠳ᠎ᠤᠨ ᠵᠥᠪᠯᠡᠯ᠂ ᠥᠪᠡᠷᠲᠡᠭᠡᠨ ᠵᠠᠰᠠᠭ᠍ᠤ ᠣᠷᠣᠨ᠎ᠤ ᠨᠡᠶ᠋ᠢᠭᠡᠮ᠎ᠤᠨ ᠰᠢᠨᠵᠢᠯᠡᠬᠦ ᠤᠬᠠᠭ᠋ᠠᠨ᠎ᠤ ᠬᠦᠷᠢᠶᠡᠨ᠎ᠤ ᠬᠤᠯᠪᠣᠭ᠎ᠠ᠎ᠲᠠᠢ ᠬᠠᠷᠢᠴᠠᠨ᠎ᠠ᠃

     ᠲᠡᠷᠢᠭᠦᠯᠡᠭᠴᠢ ᠵᠢᠨ ᠲᠤᠰᠢᠶᠠᠭᠰᠠᠨ ᠪᠤᠰᠤᠳ ᠠᠵᠢᠯ᠎ᠤᠳ᠎ᠢ ᠭᠦᠢ᠍ᠴᠡᠳᠬᠡᠨ᠎ᠡ᠃

     ᠲᠣᠪᠴᠢ ᠨᠠᠮᠲᠠᠷ᠄

     ᠪᠦᠦ ᠰᠢᠶᠠᠨ ᠬᠤᠸᠠ᠂ ᠡᠷᠡᠭᠲᠡᠶ᠂ ᠬᠢᠲᠠᠳ ᠦᠨᠳᠦᠰᠦᠲᠡᠨ᠂ 1969 ᠣᠨ᠎ᠤ 3 ᠰᠠᠷ᠎ᠠ᠎ᠳᠤ ᠲᠥᠷᠥᠪᠡ᠃ ᠠᠰᠫᠢᠷᠠᠨᠲ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠡᠰᠢᠭᠦᠨ᠃

    ᠤᠳᠤ ᠥᠪᠥᠷ ᠮᠣᠩᠭᠤᠯ᠎ᠤᠨ ᠥᠪᠡᠷᠲᠡᠭᠡᠨ ᠵᠠᠰᠠᠭ᠍ᠤ ᠣᠷᠣᠨ᠎ᠤ ᠳᠡᠳ᠋ ᠲᠡᠷᠢᠭᠦᠯᠡᠭᠴᠢ᠂ ᠵᠠᠰᠠᠭ᠎ᠤᠨ ᠣᠷᠳᠣᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠡᠰᠢᠭᠦᠨ᠎ᠤ ᠲᠤᠰᠢᠶᠠᠯ᠎ᠳᠤ ᠪᠤᠢ᠃


ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ