ᠢᠯᠡ ᠵᠠᠰᠠᠭ   -   ᠣᠳᠣᠷᠢᠳᠤᠯᠭ᠎ᠠ᠎ᠶᠢᠨ ᠲᠠᠨᠢᠯᠴᠠᠭᠤᠯᠭ᠎ᠠ
ᠵᠧᠩ ᠭᠤᠸᠠᠩ ᠵᠤᠤ
ᠨᠡᠶ᠋ᠢᠲᠡᠯᠡᠭᠰᠡᠨ ᠴᠠᠭ᠄ 2023-01-17

郑光照.jpg


ᠳᠡᠳ᠋ ᠲᠡᠷᠢᠭᠦᠯᠡᠭᠴᠢ   ᠵᠧᠩ ᠭᠤᠸᠠᠩ ᠵᠤᠤ

ᠠᠵᠢᠯ᠎ᠤᠨ ᠬᠤᠪᠢᠶᠠᠷᠢ᠄

ᠲᠡᠷᠢᠭᠦᠯᠡᠭᠴᠢ ᠵᠢ ᠬᠠᠪᠰᠤᠷᠴᠤ ᠳᠣᠲᠣᠭ᠋ᠠᠳᠤ ᠵᠢ ᠬᠠᠮᠠᠭ᠋ᠠᠯᠠᠬᠤ᠂ ᠬᠠᠤᠯᠢ ᠴᠠᠭ᠋ᠠᠵᠠ᠂ ᠵᠠᠬᠢᠳᠠᠯ ᠰᠤᠷᠪᠤᠯᠵᠢᠯᠠᠯ ᠵᠡᠷᠭᠡ ᠲᠠᠯ᠎ᠠ ᠵᠢᠨ ᠠᠵᠢᠯ᠎ᠤᠳ᠎ᠢ ᠬᠠᠷᠢᠭᠤᠴᠠᠨ᠎ᠠ᠃

ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠂ ᠬᠠᠤᠯᠢ ᠴᠠᠭ᠋ᠠᠵᠠ ᠵᠢᠨ ᠲᠢᠩᠬᠢᠮ (ᠭᠢᠨᠳᠠᠨ᠎ᠤ ᠬᠠᠮᠢᠶᠠᠷᠤᠯᠲᠠ ᠵᠢᠨ ᠲᠣᠪᠴᠢᠶ᠎ᠠ)᠂ ᠵᠠᠬᠢᠳᠠᠯ ᠰᠤᠷᠪᠤᠯᠵᠢᠯᠠᠯ᠎ᠤᠨ ᠲᠣᠪᠴᠢᠶ᠎ᠠ ᠵᠢ ᠬᠤᠪᠢᠳᠠᠨ ᠬᠠᠮᠢᠶᠠᠷᠤᠨ᠎ᠠ᠃

ᠥᠪᠡᠷᠲᠡᠭᠡᠨ ᠵᠠᠰᠠᠬᠤ ᠣᠷᠣᠨ᠎ᠤ ᠥᠨᠳᠥᠷ ᠵᠡᠷᠭᠡ ᠵᠢᠨ ᠰᠢᠭᠦᠬᠦ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠪᠠᠢ᠌ᠴᠠᠭ᠋ᠠᠬᠤ ᠬᠣᠷᠢᠶ᠎ᠠ᠂ ᠤᠯᠤᠰ᠎ᠤᠨ ᠠᠮᠤᠷ ᠲᠦᠪᠰᠢᠨ᠎ᠤ ᠲᠢᠩᠬᠢᠮ᠂ ᠥᠪᠥᠷ ᠮᠣᠩᠭᠣᠯ᠎ᠤᠨ ᠬᠢᠯᠢ᠎ᠠᠴᠠ ᠣᠷᠣᠵᠤ ᠭᠠᠷᠬᠤ ᠬᠢᠯᠢ ᠵᠢᠨ ᠬᠠᠮᠠᠭ᠋ᠠᠯᠠᠯᠲᠠ ᠵᠢᠨ ᠪᠠᠢ᠌ᠴᠠᠭ᠋ᠠᠯᠲᠠ ᠵᠢᠨ ᠶᠡᠷᠦᠩᠬᠡᠢ ᠥᠷᠲᠡᠭᠡ᠎ᠲᠠᠢ ᠬᠠᠷᠢᠴᠠᠨ᠎ᠠ᠃

ᠲᠡᠷᠢᠭᠦᠯᠡᠭᠴᠢ ᠵᠢᠨ ᠲᠤᠰᠢᠶᠠᠭᠰᠠᠨ ᠪᠤᠰᠤᠳ ᠠᠵᠢᠯ᠎ᠤᠳ᠎ᠢ ᠪᠡᠶᠡᠯᠡᠭᠦᠯᠦᠨ᠎ᠡ᠃

 

ᠲᠣᠪᠴᠢ ᠨᠠᠮᠲᠠᠷ᠄

ᠵᠧᠩ ᠭᠤᠸᠠᠩ ᠵᠤᠤ᠂ ᠡᠷᠡᠭᠲᠡᠢ᠂ ᠬᠢᠲᠠᠳ ᠦᠨᠳᠦᠰᠦᠲᠡᠨ᠂ 1966 ᠣᠨ᠎ᠤ 9 ᠳ᠋ᠦ᠍ᠭᠡᠷ ᠰᠠᠷ᠎ᠠ᠎ᠳᠤ ᠲᠥᠷᠥᠪᠡ᠂ ᠠᠵᠢᠯ᠎ᠤᠨ ᠪᠠᠢ᠌ᠷᠢ ᠳᠡᠭᠡᠷᠡᠬᠢ ᠠᠰᠫᠢᠷᠠᠨᠲ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠡᠰᠢᠭᠦᠨ᠃

ᠣᠳᠣ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ᠂ ᠵᠠᠰᠠᠭ᠎ᠤᠨ ᠣᠷᠳᠣᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠭᠡᠰᠢᠭᠦᠨ᠂ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠨᠠᠮ᠎ᠤᠨ ᠬᠣᠷᠢᠶᠠᠨ᠎ᠤ ᠱᠦᠵᠢ᠂ ᠲᠢᠩᠬᠢᠮ᠎ᠤᠨ ᠳᠠᠷᠤᠭ᠎ᠠ᠂ ᠬᠢᠨᠠᠨ ᠪᠠᠢ᠌ᠴᠠᠭ᠋ᠠᠬᠤ ᠳᠠᠷᠤᠭ᠎ᠠ᠂ ᠳᠡᠳ᠋ ᠶᠡᠷᠦᠩᠬᠡᠢ ᠴᠠᠭᠳᠠᠭ᠋ᠠᠨ ᠵᠠᠬᠢᠷᠤᠭᠴᠢ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠤᠯᠤᠰ ᠬᠠᠤᠯᠢ ᠴᠠᠭ᠋ᠠᠵᠠ ᠵᠢᠨ ᠬᠣᠷᠢᠶᠠᠨ᠎ᠤ ᠳᠡᠳ᠋ ᠱᠦᠵᠢ (ᠲᠤᠰᠢᠶᠠᠯ ᠬᠠᠪᠰᠤᠷᠭ᠋ᠠᠭᠰᠠᠨ) ᠵᠢᠨ ᠲᠤᠰᠢᠶᠠᠯ᠎ᠳᠤ ᠪᠣᠢ᠃

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ