ᠢᠯᠡ ᠵᠠᠰᠠᠭ   -   ᠳᠡᠳ᠋ ᠲᠡᠷᠢᠭᠦᠯᠡᠭ᠌ᠴᠢ
ᠳᠠᠢ᠌ᠴᠢᠨ
ᠨᠡᠶ᠋ᠢᠲᠡᠯᠡᠭᠰᠡᠨ ᠴᠠᠭ᠄ 2023-01-17

6380974173307859228786334.jpg

 

      ᠳᠡᠳ᠋ ᠲᠡᠷᠢᠭᠦᠯᠡᠭᠴᠢ ᠳᠠᠶ᠋ᠢᠴᠢᠨ

      ᠠᠵᠢᠯ᠎ᠤᠨ ᠬᠤᠪᠢᠶᠠᠷᠢ᠄

      ᠲᠡᠷᠢᠭᠦᠯᠡᠭᠴᠢ ᠵᠢ ᠬᠠᠪᠰᠤᠷᠴᠤ ᠤᠰᠤᠨ ᠠᠰᠢᠭᠯᠠᠯᠲᠠ᠂ ᠲᠠᠷᠢᠶᠠᠯᠠᠩ ᠮᠠᠯ ᠠᠵᠤ ᠠᠬᠤᠢ ᠪᠠ ᠮᠠᠯᠵᠢᠬᠤ ᠲᠠᠷᠢᠶᠠᠯᠠᠭ᠍ᠤ ᠣᠷᠣᠨ᠂ ᠤᠢ ᠰᠢᠭᠤᠢ ᠪᠠ ᠨᠤᠲᠤᠭ ᠪᠡᠯᠴᠢᠭᠡᠷ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠵᠡᠷᠭᠡ ᠲᠠᠯ᠎ᠠ ᠵᠢᠨ ᠠᠵᠢᠯ᠎ᠤᠳ᠎ᠢ ᠬᠠᠷᠢᠭᠤᠴᠠᠨ᠎ᠠ᠃

    ᠥᠪᠡᠷᠲᠡᠭᠡᠨ ᠵᠠᠰᠠᠭ᠍ᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠂ ᠤᠢ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶ᠎ᠠ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠥᠪᠡᠷᠲᠡᠭᠡᠨ ᠵᠠᠰᠠᠭ᠍ᠤ ᠣᠷᠣᠨ᠎ᠤ ᠲᠠᠷᠢᠶᠠᠯᠠᠩ ᠮᠠᠯ ᠠᠵᠤ ᠠᠬᠤᠢ ᠵᠢᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠂ ᠥᠪᠥᠷ ᠮᠣᠩᠭᠤᠯ᠎ᠤᠨ ᠤᠢ ᠰᠢᠭᠤᠢ ᠵᠢᠨ ᠠᠵᠤ ᠦᠢ᠍ᠯᠡᠳᠪᠦᠷᠢ ᠵᠢᠨ ᠪᠦᠯᠦᠭᠯᠡᠯ᠂ ᠥᠪᠥᠷ ᠮᠣᠩᠭᠤᠯ᠎ᠤᠨ ᠤᠰᠤᠨ᠎ᠤ ᠶᠠᠪᠤᠳᠠᠯ᠎ᠤᠨ ᠪᠡᠯᠡ ᠣᠷᠣᠭᠤᠯᠤᠯᠲᠠ ᠵᠢᠨ ᠪᠦᠯᠦᠭᠯᠡᠯ᠎ᠤᠨ ᠬᠢᠵᠠᠭ᠋ᠠᠷᠲᠤ ᠺᠣᠮᠫᠠᠨᠢ᠂ ᠥᠪᠥᠷ ᠮᠣᠩᠭᠤᠯ᠎ᠤᠨ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠬᠠᠶ᠋ᠢᠨ ᠬᠡᠮᠵᠢᠵᠦ ᠵᠢᠷᠤᠭᠯᠠᠨ ᠲᠥᠯᠥᠪᠯᠡᠬᠦ ᠬᠦᠷᠢᠶᠡᠯᠡᠩ᠎ᠤᠨ ᠬᠢᠵᠠᠭ᠋ᠠᠷᠲᠤ ᠺᠣᠮᠫᠠᠨᠢ ᠵᠢ ᠬᠤᠪᠢᠳᠠᠨ ᠬᠠᠮᠢᠶᠠᠷᠤᠨ᠎ᠠ᠃

    ᠥᠪᠥᠷ ᠮᠣᠩᠭᠤᠯ᠎ᠤᠨ ᠴᠠᠭ ᠠᠭᠤᠷ᠎ᠤᠨ ᠲᠣᠪᠴᠢᠶ᠎ᠠ᠂ ᠳᠤᠮᠳᠠᠳᠤ ᠤᠯᠤᠰ᠎ᠤᠨ ᠲᠠᠷᠢᠶᠠᠯᠠᠩ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠲᠠᠯ᠎ᠠ ᠨᠤᠲᠤᠭ᠎ᠤᠨ ᠰᠤᠳᠤᠯᠬᠤ ᠭᠠᠵᠠᠷ᠂ ᠳᠤᠮᠳᠠᠳᠤ ᠤᠯᠤᠰ᠎ᠤᠨ ᠲᠠᠷᠢᠶᠠᠯᠠᠩ᠎ᠤᠨ ᠮᠠᠰᠢᠨᠴᠢᠯᠠᠯᠲᠠ ᠵᠢᠨ ᠰᠢᠨᠵᠢᠯᠡᠬᠦ ᠤᠬᠠᠭ᠋ᠠᠨ᠎ᠤ ᠰᠤᠳᠤᠯᠬᠤ ᠬᠦᠷᠢᠶᠡᠯᠡᠩ᠎ᠤᠨ ᠬᠥᠬᠡᠬᠤᠲᠠ᠎ᠳᠠᠬᠢ ᠬᠤᠪᠢᠶᠠᠷᠢ ᠬᠦᠷᠢᠶᠡᠯᠡᠩ᠂ ᠤᠰᠤᠨ ᠠᠰᠢᠭᠯᠠᠯᠲᠠ ᠵᠢᠨ ᠶᠠᠮᠤᠨ᠎ᠤ ᠮᠠᠯᠵᠢᠬᠤ ᠣᠷᠣᠨ᠎ᠤ ᠤᠰᠤᠨ ᠠᠰᠢᠭᠯᠠᠯᠲᠠ ᠵᠢᠨ ᠰᠢᠨᠵᠢᠯᠡᠬᠦ ᠤᠬᠠᠭ᠋ᠠᠨ᠎ᠤ ᠰᠤᠳᠤᠯᠬᠤ ᠭᠠᠵᠠᠷ᠎ᠲᠠᠢ ᠬᠠᠷᠢᠯᠴᠠᠨ᠎ᠠ᠃

      ᠲᠡᠷᠢᠭᠦᠯᠡᠭᠴᠢ ᠵᠢᠨ ᠲᠤᠰᠢᠶᠠᠭᠰᠠᠨ ᠪᠤᠰᠤᠳ ᠠᠵᠢᠯ᠎ᠢ ᠪᠡᠶᠡᠯᠡᠭᠦᠯᠦᠨ᠎ᠡ᠃

      ᠲᠣᠪᠴᠢ ᠨᠠᠮᠲᠠᠷ᠄

    ᠳᠠᠶ᠋ᠢᠴᠢᠨ᠂ ᠡᠷᠡᠭᠲᠡᠢ᠂ ᠮᠣᠩᠭᠤᠯ ᠦᠨᠳᠦᠰᠦᠲᠡᠨ᠂ 1967 ᠣᠨ᠎ᠤ 4 ᠳ᠋ᠦ᠍ᠭᠡᠷ ᠰᠠᠷ᠎ᠠ᠎ᠳᠤ ᠲᠦᠷᠦᠪᠠ᠂ ᠶᠡᠭᠡ ᠰᠤᠷᠭ᠋ᠠᠭᠤᠯᠢ ᠵᠢᠨ ᠰᠤᠷᠤᠯᠭ᠎ᠠ ᠵᠢᠨ ᠨᠠᠮᠲᠠᠷ᠎ᠲᠠᠢ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠡᠰᠢᠭᠦᠨ᠃

    ᠣᠳᠣ ᠥᠪᠤᠷ ᠮᠤᠩᠭᠤᠯ᠎ᠤᠨ ᠦᠪᠡᠷᠲᠡᠭᠡᠡ ᠵᠠᠰᠬᠠᠤ ᠤᠷᠤᠨ᠎ᠤ ᠲᠡᠳ᠋ ᠲᠡᠷᠢᠭᠦᠯᠡᠭᠴᠢ᠂ ᠵᠠᠰᠠᠭ᠎ᠤᠨ ᠤᠷᠳᠤᠨ᠎ᠤ ᠨᠠᠮ᠎ᠤᠨ ᠣᠳᠣᠷᠢᠳᠬᠤ ᠲᠣᠭᠤᠶ᠋ᠢᠯᠠᠩ᠎ᠤᠨ ᠭᠡᠰᠢᠭᠦᠨ᠎ᠤ ᠲᠣᠰᠢᠶᠠᠯ᠎ᠳᠤ ᠪᠤᠢ᠃


ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ