
ᠳᠡᠳ᠋ ᠲᠡᠷᠢᠭᠦᠯᠡᠭᠴᠢ ᠰᠦᠨ ᠵᠢᠶᠦ᠋ᠨ ᠴᠢᠩ
ᠠᠵᠢᠯ᠎ᠤᠨ ᠬᠤᠪᠢᠶᠠᠷᠢ᠄
ᠲᠡᠷᠢᠭᠦᠯᠡᠭᠴᠢ᠎ᠶᠢ ᠬᠠᠪᠰᠤᠷᠴᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠪᠡᠶ᠎ᠡ᠎ᠶᠢᠨ ᠲᠠᠮᠢᠷ᠂ ᠡᠮᠴᠢᠯᠡᠭᠡᠨ᠎ᠦ ᠪᠠᠲᠤᠯᠠᠭ᠎ᠠ᠂ ᠰᠢᠨ᠎ᠡ ᠲᠢᠲᠢᠮᠯᠢᠭ ᠸᠢᠷᠦ᠋ᠰ᠎ᠦᠨ ᠬᠢᠵᠢᠭ᠎ᠦᠨ ᠰᠡᠷᠭᠡᠢᠯᠡᠯᠲᠡ ᠵᠡᠷᠭᠡ ᠲᠠᠯ᠎ᠠ᠎ᠶᠢᠨ ᠠᠵᠢᠯ᠎ᠤᠳ᠎ᠢ ᠬᠢᠨ᠎ᠡ᠃
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ (ᠬᠢᠲᠠᠳ ᠡᠮ ᠡᠮᠨᠡᠯᠭᠡ᠎ᠶᠢᠨ ᠬᠠᠮᠢᠶᠠᠷᠤᠯᠲᠠ᠎ᠶᠢᠨ ᠲᠣᠪᠴᠢᠶ᠎ᠠ)᠂ ᠪᠡᠶ᠎ᠡ᠎ᠶᠢᠨ ᠲᠠᠮᠢᠷ᠎ᠤᠨ ᠲᠣᠪᠴᠢᠶ᠎ᠠ᠂ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠤᠳᠤᠯᠭᠠᠨ᠎ᠤ ᠬᠦᠷᠢᠶᠡᠯᠡᠩ᠂ ᠤᠯᠤᠰ᠎ᠤᠨ ᠰᠦᠨ᠎ᠦ ᠦᠢᠯᠡᠰ᠎ᠦᠨ ᠮᠡᠷᠭᠡᠵᠢᠯ᠎ᠦᠨ ᠰᠢᠨ᠎ᠡ ᠡᠭᠦᠳᠦᠯᠲᠡ᠎ᠶᠢᠨ ᠲᠥᠪ᠂ ᠥᠪᠥᠷ ᠮᠣᠩᠭᠣᠯ᠎ᠤᠨ ᠡᠨᠧᠷᠭᠢ᠎ᠶᠢᠨ ᠰᠤᠳᠤᠯᠭᠠᠨ᠎ᠤ ᠬᠦᠷᠢᠶᠡᠯᠡᠩ (ᠬᠤᠸᠠᠢ ᠷᠧᠦ ᠲᠤᠷᠰᠢᠯᠲᠠ᠎ᠶᠢᠨ ᠲᠠᠰᠤᠭ᠎ᠤᠨ ᠥᠪᠥᠷ ᠮᠣᠩᠭᠣᠯ᠎ᠳᠠᠬᠢ ᠲᠠᠰᠤᠭ)᠎ᠢ ᠬᠤᠪᠢᠳᠠᠨ ᠬᠠᠮᠢᠶᠠᠷᠤᠨ᠎ᠠ᠃
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭᠠᠨ᠎ᠤ ᠨᠡᠢᠭᠡᠮᠯᠢᠭ ᠲᠡᠢ ᠬᠠᠷᠢᠯᠴᠠᠨ᠎ᠠ᠃
ᠲᠡᠷᠢᠭᠦᠯᠡᠭᠴᠢ᠎ᠶᠢᠨ ᠲᠤᠰᠢᠶᠠᠭᠰᠠᠨ ᠪᠤᠰᠤᠳ ᠠᠵᠢᠯ᠎ᠢ ᠪᠡᠶᠡᠯᠡᠭᠦᠯᠦᠨ᠎ᠡ᠃
ᠲᠣᠪᠴᠢ ᠨᠠᠮᠲᠠᠷ᠄
ᠰᠦᠨ ᠵᠢᠶᠦ᠋ᠨ ᠴᠢᠩ᠂ ᠡᠮᠡᠭᠲᠡᠢ᠂ ᠬᠢᠲᠠᠳ ᠦᠨᠳᠦᠰᠦᠲᠡᠨ᠂ 1971 ᠣᠨ᠎ᠤ 3 ᠳ᠋ᠤᠭ᠋ᠠᠷ ᠰᠠᠷ᠎ᠠ᠎ᠳᠤ ᠲᠦᠷᠦᠵᠠᠢ᠂ ᠶᠡᠭᠡ ᠰᠤᠷᠭ᠋ᠠᠭᠤᠯᠢ ᠵᠢᠨ ᠨᠠᠮᠲᠠᠷ᠎ᠲᠠᠢ᠂ ᠳᠤᠮᠳᠠᠳᠤ ᠤᠯᠤᠰ᠎ᠤᠨ ᠠᠷᠠᠳᠴᠢᠯᠠᠯ᠎ᠢ ᠠᠬᠢᠭᠤᠯᠬᠤ ᠬᠤᠷᠠᠯ᠎ᠤᠨ ᠭᠡᠰᠢᠭᠦᠨ᠃
ᠤᠳᠤ ᠳᠤᠮᠳᠠᠳᠤ ᠤᠯᠤᠰ᠎ᠤᠨ ᠠᠷᠠᠳᠴᠢᠯᠠᠯ᠎ᠢ ᠠᠬᠢᠭᠤᠯᠬᠤ ᠬᠤᠷᠠᠯ᠎ᠤᠨ ᠲᠥᠪ ᠬᠤᠷᠢᠶᠠᠨ᠎ᠤ ᠪᠠᠶ᠋ᠢᠩᠭᠤ ᠵᠢᠨ ᠭᠡᠰᠢᠭᠦᠨ᠂ ᠳᠤᠮᠳᠠᠳᠤ ᠤᠯᠤᠰ᠎ᠤᠨ ᠠᠷᠠᠳᠴᠢᠯᠠᠯ᠎ᠢ ᠠᠬᠢᠭᠤᠯᠬᠤ ᠬᠤᠷᠠᠯ᠎ᠤᠨ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠷᠢᠶᠠᠨ᠎ᠤ ᠡᠷᠬᠢᠯᠡᠭᠴᠢ ᠭᠡᠰᠢᠭᠦᠨ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭᠴᠢ᠎ᠶᠢᠨ ᠲᠤᠰᠢᠶᠠᠯ᠎ᠳᠤ ᠪᠤᠢ ᠃