ᠢᠯᠡ ᠵᠠᠰᠠᠭ   -   ᠵᠠᠰᠠᠭ᠎ᠤᠨ ᠤᠷᠳᠤᠨ᠎ᠤ ᠪᠢᠴᠢᠭ ᠮᠠᠲ᠋ᠧᠷᠢᠶᠠᠯ
ᠥᠪᠡᠷᠲᠡᠭᠡᠨ ᠵᠠᠰᠠᠬᠤ ᠣᠷᠣᠨ᠎ᠤ ᠠᠭ᠋ᠠᠷ᠎ᠤᠨ ᠴᠡᠪᠡᠷᠴᠡ ᠵᠢ ᠦᠷᠭᠦᠯᠵᠢᠯᠡᠨ ᠰᠠᠢ᠌ᠵᠢᠷᠠᠭᠤᠯᠬᠤ ᠠᠵᠢᠯᠯᠠᠭ᠋ᠠᠨ᠎ᠤ ᠬᠡᠷᠡᠭᠵᠢᠭᠦᠯᠬᠦ ᠲᠥᠰᠥᠯ᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ
ᠨᠡᠶ᠋ᠢᠲᠡᠯᠡᠭᠰᠡᠨ ᠴᠠᠭ᠄ 2024-11-14

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ

ᠠᠷᠠᠳ᠎ᠤᠨ ᠵᠠᠰᠠᠭ᠎ᠤᠨ ᠣᠷᠳᠣᠨ᠎ᠤ ᠪᠢᠴᠢᠭ ᠮᠠᠲ᠋ᠧᠷᠢᠶᠠᠯ

                   ᠥᠪᠥᠷ ᠵᠠᠰᠠᠭ ᠲᠠᠷᠬᠠᠭ᠋ᠠᠭᠰᠠᠨ [2024] 17 ᠳ᠋ᠤᠭ᠋ᠠᠷ ᠲᠣᠭ᠋ᠠᠲᠤ

 

ᠥᠪᠡᠷᠲᠡᠭᠡᠨ ᠵᠠᠰᠠᠬᠤ ᠣᠷᠣᠨ᠎ᠤ ᠠᠭ᠋ᠠᠷ᠎ᠤᠨ ᠴᠡᠪᠡᠷᠴᠡ ᠵᠢ ᠦᠷᠭᠦᠯᠵᠢᠯᠡᠨ ᠰᠠᠢ᠌ᠵᠢᠷᠠᠭᠤᠯᠬᠤ ᠠᠵᠢᠯᠯᠠᠭ᠋ᠠᠨ᠎ᠤ ᠬᠡᠷᠡᠭᠵᠢᠭᠦᠯᠬᠦ ᠲᠥᠰᠥᠯ᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ

 

ᠡᠯ᠎ᠡ ᠠᠢ᠌ᠮᠠᠭ᠎ᠤᠨ ᠵᠠᠬᠢᠷᠭ᠎ᠠ ᠂  ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠂  ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ ᠂  ᠠᠯᠪᠠᠨ ᠭᠡᠷ ᠂  ᠲᠢᠩᠬᠢᠮ ᠂  ᠲᠣᠪᠴᠢᠶ᠎ᠠ ᠂  ᠡᠯ᠎ᠡ ᠲᠣᠮᠣ ᠠᠵᠤ ᠠᠬᠤᠢ᠌ᠯᠠᠯ ᠂  ᠠᠵᠢᠯ ᠦᠢ᠍ᠯᠡᠰ᠎ᠤᠨ ᠨᠢᠭᠡᠴᠢ᠎ᠳᠤ ᠄

        ᠡᠳᠦᠭᠡ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠭ᠋ᠠᠷ᠎ᠤᠨ ᠴᠡᠪᠡᠷᠴᠡ ᠵᠢ ᠦᠷᠭᠦᠯᠵᠢᠯᠡᠨ ᠰᠠᠢ᠌ᠵᠢᠷᠠᠭᠤᠯᠬᠤ ᠠᠵᠢᠯᠯᠠᠭ᠋ᠠᠨ᠎ᠤ ᠬᠡᠷᠡᠭᠵᠢᠭᠦᠯᠬᠦ ᠲᠥᠰᠥᠯ 》᠎ᠢ ᠲᠠ ᠨᠠᠷ᠎ᠲᠤ ᠳᠠᠷᠤᠮᠠᠯᠯᠠᠨ ᠶᠠᠪᠤᠭᠤᠯᠤᠯ᠎ᠠ ᠂  ᠪᠣᠳᠠᠲᠠᠢ᠎ᠲᠠᠢ᠎ᠪᠠᠨ ᠤᠶᠠᠯᠳᠤᠭᠤᠯᠤᠨ ᠂  ᠬᠢᠨᠠᠮᠠᠭ᠋ᠠᠢ ᠲᠤᠭᠤᠰᠢᠯᠠᠭᠤᠯᠤᠨ ᠨᠠᠢ᠌ᠳᠠᠪᠤᠷᠢᠵᠢᠭᠤᠯᠲᠤᠭ᠋ᠠᠢ ᠃

       

                                               2024 ᠣᠨ᠎ᠤ 5 ᠳ᠋ᠤᠭ᠋ᠠᠷ ᠰᠠᠷ᠎ᠠ ᠵᠢᠨ14᠎ᠤ ᠡᠳᠦᠷ    

       (ᠲᠤᠰ ᠪᠢᠴᠢᠭ ᠮᠠᠲ᠋ᠧᠷᠢᠶᠠᠯ᠎ᠢ ᠢᠯᠡ ᠨᠡᠢ᠌ᠲᠡᠯᠡᠨ᠎ᠡ )

 

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠭ᠋ᠠᠷ᠎ᠤᠨ ᠴᠡᠪᠡᠷᠴᠡ ᠵᠢ ᠦᠷᠭᠦᠯᠵᠢᠯᠡᠨ  ᠰᠠᠢ᠌ᠵᠢᠷᠠᠭᠤᠯᠬᠤ ᠠᠵᠢᠯᠯᠠᠭ᠋ᠠᠨ᠎ᠤ ᠬᠡᠷᠡᠭᠵᠢᠭᠦᠯᠬᠦ ᠲᠥᠰᠥᠯ

      《〈  ᠠᠭ᠋ᠠᠷ᠎ᠤᠨ ᠴᠡᠪᠡᠷᠴᠡ ᠵᠢ ᠦᠷᠭᠦᠯᠵᠢᠯᠡᠨ ᠰᠠᠢ᠌ᠵᠢᠷᠠᠭᠤᠯᠬᠤ ᠠᠵᠢᠯᠯᠠᠭ᠋ᠠᠨ᠎ᠤ ᠲᠥᠯᠥᠪᠯᠡᠭᠡ 〉 ᠵᠢ ᠳᠠᠷᠤᠮᠠᠯᠯᠠᠨ ᠶᠠᠪᠤᠭᠤᠯᠬᠤ ᠲᠤᠬᠠᠢ ᠲᠥᠷᠥ ᠵᠢᠨ ᠶᠠᠪᠤᠳᠠᠯ᠎ᠤᠨ ᠬᠣᠷᠢᠶᠠᠨ᠎ᠤ ᠮᠡᠳᠡᠭᠳᠡᠯ 》 (ᠲᠥᠷᠥ ᠲᠠᠷᠬᠠᠭ᠋ᠠᠭᠰᠠᠨ [2023] 24  ᠳ᠋ᠦ᠍ᠭᠡᠷ ᠲᠣᠭ᠋ᠠᠲᠤ ) ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ ᠂  ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠠᠵᠢᠯ᠎ᠤᠨ ᠭᠣᠣᠯ ᠰᠢᠵᠢᠮ᠎ᠢ ᠪᠠᠲᠤ ᠡᠵᠡᠮᠰᠢᠨ ᠂  ᠴᠡᠩᠬᠡᠷ ᠣᠭᠲᠠᠷᠭᠤᠢ ᠵᠢᠨ ᠬᠠᠮᠠᠭ᠋ᠠᠯᠠᠯᠲᠠ ᠵᠢᠨ ᠳᠠᠢ᠌ᠯᠠᠯᠳᠤᠭ᠋ᠠᠨ᠎ᠢ ᠦᠷᠭᠦᠯᠵᠢᠯᠡᠨ ᠭᠦᠨᠵᠡᠭᠡᠢ ᠰᠠᠢ᠌ᠲᠤᠷ ᠬᠢᠵᠦ ᠂  ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠦᠨᠡᠨ ᠬᠦ᠌ ᠪᠡᠬᠢᠵᠢᠭᠦᠯᠦᠨ ᠂  ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠢ᠌ᠭᠡᠮ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠵᠢᠨ ᠲᠤᠰᠠᠳᠠ ᠂  ᠠᠵᠢᠯ᠎ᠤᠨ ᠪᠣᠳᠠᠲᠠᠢ᠎ᠲᠠᠢ ᠤᠶᠠᠯᠳᠤᠭᠤᠯᠤᠨ ᠂  ᠲᠣᠰ ᠲᠥᠰᠥᠯ᠎ᠢ ᠲᠣᠭᠲᠠᠭ᠋ᠠᠪᠠ ᠃

       ᠨᠢᠭᠡ ᠂  ᠶᠡᠷᠦᠩᠬᠡᠢ ᠱᠠᠭ᠋ᠠᠷᠳᠠᠯᠭ᠎ᠠ

      (ᠨᠢᠭᠡ ) ᠭᠣᠣᠯᠳᠠᠯᠭ᠎ᠠ ᠪᠣᠯᠬᠤ ᠣᠷᠣᠨ ᠪᠦᠰᠡ ᠃  ᠬᠥᠬᠡᠬᠤᠲᠠ ᠵᠢᠨ ᠰᠢᠨ᠎ᠡ ᠬᠤᠲᠠ ᠲᠣᠭᠣᠷᠢᠭ ᠂  ᠬᠣᠲᠣᠩ ᠠᠷᠠᠳ᠎ᠤᠨ ᠲᠣᠭᠣᠷᠢᠭ ᠂  ᠢᠦᠢ ᠴᠢᠦᠸᠠᠨ ᠲᠣᠭᠣᠷᠢᠭ ᠂  ᠰᠠᠢ᠌ᠬᠠᠨ ᠲᠣᠭᠣᠷᠢᠭ ᠂  ᠲᠦᠮᠡᠳ ᠵᠡᠭᠦᠨ ᠬᠣᠰᠢᠭᠤ ᠂  ᠲᠣᠭᠲᠠᠬᠤ ᠰᠢᠶᠠᠨ ᠂  ᠬᠣᠷᠢᠨᠭᠡᠷ ᠰᠢᠶᠠᠨ ᠂  ᠴᠢᠩ ᠱᠦᠢ ᠾᠧ ᠰᠢᠶᠠᠨ ᠂  ᠪᠤᠭᠤᠲᠤ ᠬᠤᠲᠠ ᠵᠢᠨ ᠳ᠋ᠦᠩ ᠾᠧ ᠲᠣᠭᠣᠷᠢᠭ ᠂  ᠬᠥᠨᠳᠡᠯᠡᠨ ᠲᠣᠭᠣᠷᠢᠭ ᠂  ᠴᠢᠩᠱ᠌ᠠᠨ ᠲᠣᠭᠣᠷᠢᠭ ᠂  ᠵᠢᠦᠶᠤᠸᠠᠨ ᠲᠣᠭᠣᠷᠢᠭ ᠂  ᠲᠦᠮᠡᠳ ᠪᠠᠷᠠᠭᠤᠨ ᠬᠣᠰᠢᠭᠤ ᠂  ᠲᠦᠩᠯᠢᠶᠣᠣ ᠬᠤᠲᠠ ᠵᠢᠨ ᠬᠣᠷᠴᠢᠨ ᠲᠣᠭᠣᠷᠢᠭ ᠂  ᠤᠯᠠᠭ᠋ᠠᠨᠬᠠᠳᠠ ᠬᠤᠲᠠ ᠵᠢᠨ ᠶᠤᠸᠠᠨ ᠪᠦᠦ ᠱᠠᠨ ᠲᠣᠭᠣᠷᠢᠭ ᠂  ᠨᠢᠩᠴᠧᠩ ᠰᠢᠶᠠᠨ ᠂  ᠣᠷᠳᠣᠰ ᠬᠤᠲᠠ ᠵᠢᠨ ᠵᠡᠭᠦᠨᠭ᠋ᠠᠷ ᠬᠣᠰᠢᠭᠤ ᠂  ᠳᠠᠯᠠᠳ ᠬᠣᠰᠢᠭᠤ ᠂  ᠪᠠᠶᠠᠨᠨᠠᠭᠤᠷ ᠬᠤᠲᠠ ᠵᠢᠨ ᠯᠢᠨ ᠾᠧ ᠲᠣᠭᠣᠷᠢᠭ ᠂  ᠤᠷᠠᠳ᠎ᠤᠨ ᠡᠮᠦᠨᠡᠲᠦ ᠬᠣᠰᠢᠭᠤ ᠂  ᠦᠬᠠᠢ ᠬᠤᠲᠠ ᠵᠢᠴᠢ ᠡᠷᠬᠢᠨ ᠲᠣᠭᠣᠷᠢᠨ᠎ᠤ ᠭᠠᠵᠠᠷ ᠣᠷᠣᠨ ᠃

      (ᠬᠣᠶᠠᠷ ) ᠭᠣᠣᠯ ᠬᠠᠷᠠᠯᠲᠠ ᠃ 2025 ᠣᠨ ᠪᠣᠯᠬᠤ᠎ᠳᠤ ᠂  ᠪᠥᠬᠦ ᠣᠷᠣᠨ᠎ᠤ ᠨᠠᠷᠢᠨ ᠮᠥᠬᠥᠯᠢᠭᠲᠦ ᠡᠳ᠋ (PM2.5 )᠎ᠤᠨ  ᠥᠳᠬᠡᠴᠡ ᠵᠢ 2020 ᠣᠨ᠎ᠤ᠎ᠬᠢ᠎ᠠᠴᠠ 7.1% ᠪᠠᠭᠤᠷᠠᠭᠤᠯᠵᠤ ᠂  ᠴᠡᠪᠡᠷ ᠰᠠᠢ᠌ᠨ ᠠᠭ᠋ᠠᠷ᠎ᠲᠠᠢ  ᠡᠳᠦᠷ᠎ᠤᠨ  ᠠᠳᠠᠯᠢᠳᠬᠠᠮᠵᠢ ᠵᠢ 90.7%᠎ᠠᠴᠠ ᠳᠡᠭᠡᠭᠰᠢ ᠪᠣᠯᠭ᠋ᠠᠨ ᠂  ᠬᠦᠨᠳᠦ ᠪᠣᠬᠢᠷᠲᠤᠭᠰᠠᠨ ᠵᠢᠴᠢ ᠲᠡᠭᠦᠨ᠎ᠠᠴᠠ ᠳᠡᠭᠡᠭᠰᠢ ᠪᠣᠬᠢᠷᠲᠤᠭᠰᠠᠨ ᠡᠳᠦᠷ᠎ᠤᠨ ᠠᠳᠠᠯᠢᠳᠬᠠᠮᠵᠢ ᠵᠢ 0.5% ᠵᠢᠨ ᠳᠣᠲᠣᠷ᠎ᠠ ᠬᠢᠵᠠᠭ᠋ᠠᠷᠯᠠᠨ᠎ᠠ ;  ᠠᠽᠣᠲ᠎ᠤᠨ ᠢᠰᠦᠮᠡᠭ ᠂   ᠠᠭᠤᠷᠰᠢᠬᠤ ᠴᠢᠨᠠᠷᠲᠠᠢ ᠣᠷᠭ᠋ᠠᠨᠢᠭ ᠪᠣᠳᠠᠰ (VOCs )᠊ᠷ᠎ᠤᠨ  ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ ᠵᠢ 2020 ᠣᠨ᠎ᠤ᠎ᠬᠢ᠎ᠠᠴᠠ ᠲᠣᠰ ᠲᠣᠰ 10%᠎ᠠᠴᠠ ᠳᠡᠭᠡᠭᠰᠢ ᠪᠠᠭᠤᠷᠠᠭᠤᠯᠤᠨ᠎ᠠ ᠃  ᠦᠬᠠᠢ ᠬᠤᠳᠠ ᠵᠢᠴᠢ ᠡᠷᠬᠢᠨ ᠲᠣᠭᠣᠷᠢᠨ᠎ᠤ ᠭᠠᠵᠠᠷ ᠣᠷᠣᠨ᠎ᠤ PM2.5 ᠂  ᠮᠥᠬᠥᠯᠢᠭᠲᠦ ᠡᠳ᠋ (PM10 )᠎ᠤᠨ  ᠥᠳᠬᠡᠴᠡ ᠵᠢ 2020 ᠣᠨ᠎ᠤ᠎ᠬᠢ᠎ᠠᠴᠠ ᠲᠤᠰ ᠲᠤᠰ 12.6% ᠂ 10.5% ᠪᠠᠭᠤᠷᠠᠭᠤᠯᠵᠤ ᠂  ᠴᠡᠪᠡᠷ ᠰᠠᠢ᠌ᠨ ᠠᠭ᠋ᠠᠷ᠎ᠲᠠᠢ  ᠡᠳᠦᠷ᠎ᠤᠨ ᠠᠳᠠᠯᠢᠳᠬᠠᠮᠵᠢ ᠵᠢ 82.8%᠎ᠠᠴᠠ ᠳᠡᠭᠡᠭᠰᠢ ᠪᠣᠯᠭ᠋ᠠᠨ ᠂  ᠬᠦᠨᠳᠦ ᠪᠣᠬᠢᠷᠲᠤᠭᠰᠠᠨ ᠵᠢᠴᠢ ᠲᠡᠭᠦᠨ᠎ᠠᠴᠠ ᠳᠡᠭᠡᠭᠰᠢ ᠪᠣᠬᠢᠷᠲᠤᠭᠰᠠᠨ ᠡᠳᠦᠷ᠎ᠤᠨ  ᠠᠳᠠᠯᠢᠳᠬᠠᠮᠵᠢ ᠵᠢ 0.2%᠎ᠤᠨ ᠳᠣᠲᠣᠷ᠎ᠠ ᠬᠢᠵᠠᠭ᠋ᠠᠷᠯᠠᠨ᠎ᠠ ᠃

       ᠬᠣᠶᠠᠷ ᠂  ᠠᠵᠤ ᠦᠢ᠍ᠯᠡᠰ᠎ᠤᠨ ᠪᠣᠬᠢᠷᠲᠤᠯ ᠦᠭᠡᠢ ᠲᠡᠢ᠌ᠰᠢ ᠬᠡᠯᠪᠡᠷᠢ᠎ᠪᠠᠨ ᠬᠤᠪᠢᠷᠠᠭᠤᠯᠤᠨ ᠳᠡᠰ ᠳᠡᠪᠰᠢᠬᠦ ᠵᠢ ᠠᠬᠢᠭᠤᠯᠤᠨ᠎ᠠ

      (ᠭᠤᠷᠪᠠ ) ᠠᠵᠤ ᠦᠢ᠍ᠯᠡᠰ᠎ᠤᠨ ᠪᠦᠲᠦᠴᠡ ᠪᠠ ᠪᠠᠢ᠌ᠷᠢᠰᠢᠭᠤᠯᠤᠯᠲᠠ ᠵᠢ ᠰᠢᠯᠢᠳᠡᠭᠵᠢᠭᠦᠯᠦᠨ᠎ᠡ ᠃  ᠰᠢᠨ᠎ᠡ᠎ᠪᠠᠷ ᠪᠠᠢ᠌ᠭᠤᠯᠬᠤ ᠥᠭᠡᠷᠡᠴᠢᠯᠡᠨ ᠪᠠᠶ᠋ᠢᠭᠤᠯᠬᠤ ᠪᠠ ᠥᠷᠭᠡᠳᠬᠡᠨ ᠪᠠᠶ᠋ᠢᠭᠤᠯᠬᠤ ᠲᠥᠷᠥᠯ ᠵᠦᠢ᠍ᠯ᠎ᠳᠤ ᠵᠠᠷᠴᠢᠮ ᠳᠡᠭᠡᠷ᠎ᠡ᠎ᠪᠠᠨ ᠴᠡᠪᠡᠷ ᠲᠡᠭᠡᠭᠡᠪᠦᠷᠢ ᠵᠢᠨ ᠠᠷᠭ᠎ᠠ ᠬᠡᠯᠪᠡᠷᠢ ᠵᠢ ᠬᠡᠷᠡᠭᠯᠡᠨ᠎ᠡ ᠃  ᠴᠠᠬᠢᠯᠭ᠋ᠠᠨ ᠬᠦᠴᠦᠨ ᠪᠠ ᠢᠯᠴᠢ ᠵᠢᠨ ᠬᠦᠴᠦᠨ᠎ᠤ ᠦᠢ᠍ᠯᠡᠳᠪᠦᠷᠢᠯᠡᠯ ᠬᠠᠩᠭ᠋ᠠᠯᠭ᠎ᠠ ᠵᠢᠨ ᠠᠵᠢᠯ ᠲᠥᠷᠥᠯ᠎ᠠᠴᠠ ᠭᠠᠳᠠᠨ᠎ᠠ ᠂  ᠦᠢ᠍ᠯᠡᠳᠪᠦᠷᠢᠯᠡᠬᠦ ᠴᠢᠳᠠᠮᠵᠢ ᠵᠢ ᠰᠣᠯᠢᠬᠤ᠎ᠳᠤ ᠬᠣᠯᠪᠣᠭᠳᠠᠭᠰᠠᠨ ᠪᠤᠰᠤᠳ ᠲᠥᠷᠥᠯ ᠵᠦᠢ᠍ᠯ᠎ᠤᠨ ᠰᠣᠯᠢᠭᠳᠠᠭᠰᠠᠨ ᠦᠢ᠍ᠯᠡᠳᠪᠦᠷᠢᠯᠡᠬᠦ ᠴᠢᠳᠠᠮᠵᠢ ᠵᠢᠴᠢ ᠲᠥᠬᠥᠷ ᠪᠡᠯᠡᠳᠬᠡᠮᠵᠢ ᠵᠢ᠎ᠨᠢ  ᠬᠠᠭ᠋ᠠᠵᠤ ᠵᠣᠭᠰᠣᠭ᠋ᠠᠭᠰᠠᠨ᠎ᠤ ᠳᠠᠷᠠᠭ᠎ᠠ ᠂  ᠰᠢᠨ᠎ᠡ᠎ᠪᠠᠷ ᠪᠠᠢ᠌ᠭᠤᠯᠤᠭᠰᠠᠨ ᠲᠥᠷᠥᠯ ᠵᠦᠢ᠍ᠯ ᠵᠶ᠋ᠠᠨ ᠠᠰᠢᠭᠯᠠᠯᠲᠠ᠎ᠳᠤ ᠣᠷᠣᠭᠤᠯᠵᠤ ᠪᠣᠯᠣᠨ᠎ᠠ ᠃  ᠪᠣᠯᠣᠳ ᠲᠡᠮᠦᠷ᠎ᠤᠨ ᠦᠢ᠍ᠯᠡᠳᠪᠦᠷᠢᠯᠡᠬᠦ ᠴᠢᠳᠠᠮᠵᠢ᠎ᠪᠠᠨ ᠰᠢᠨ᠎ᠡ᠎ᠪᠠᠷ ᠨᠡᠮᠡᠭᠳᠡᠭᠦᠯᠬᠦ ᠵᠢ ᠴᠢᠩᠭ᠎ᠠ ᠴᠠᠭ᠋ᠠᠵᠠᠯᠠᠵᠤ ᠂  ᠪᠣᠯᠣᠳ ᠲᠡᠮᠦᠷ ᠂  ᠬᠡᠦᠷᠰᠢᠭᠦᠯᠬᠦ ᠂  ᠰᠢᠲᠠᠭ᠋ᠠᠨ ᠪᠠᠷᠢᠯᠳᠤᠭᠤᠯᠬᠤ ᠵᠢ ᠨᠢᠭᠡ ᠴᠣᠭᠴᠠᠵᠢᠭᠤᠯᠤᠭᠰᠠᠨ ᠪᠠᠢ᠌ᠷᠢᠰᠢᠭᠤᠯᠤᠯᠲᠠ ᠵᠢ ᠬᠡᠷᠡᠭᠵᠢᠭᠦᠯᠦᠨ ᠂  ᠬᠡᠦᠷᠰᠢᠭᠦᠯᠬᠦ ᠠᠵᠤ ᠦᠢ᠍ᠯᠡᠰ᠎ᠤᠨ ᠬᠡᠯᠬᠢᠶ᠎ᠡ᠎ᠪᠠᠨ ᠳᠣᠣᠷᠠᠳᠤ ᠬᠡᠯᠬᠢᠶᠡᠨ᠎ᠤ ᠳᠡᠭᠡᠳᠦ ᠨᠡᠮᠡᠯᠲᠡ ᠥᠷᠲᠡᠭ᠎ᠲᠠᠢ ᠨᠠᠷᠢᠯᠢᠭ ᠬᠢᠮᠢ ᠵᠢᠨ ᠠᠵᠤ ᠦᠢ᠍ᠯᠡᠳᠪᠦᠷᠢ ᠵᠢᠨ ᠦᠢ᠍ᠯᠡᠳᠬᠦᠨ ᠲᠡᠢ᠌ᠰᠢ ᠤᠷᠲᠤᠳᠬᠠᠬᠤ ᠵᠢ ᠠᠬᠢᠭᠤᠯᠤᠨ᠎ᠠ ᠃  ᠠᠵᠤ ᠦᠢ᠍ᠯᠡᠰ᠎ᠤᠨ ᠲᠥᠷᠥ ᠵᠢᠨ ᠪᠣᠳᠣᠯᠭ᠎ᠠ ᠪᠠ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠭ᠋ᠠᠷᠳᠠᠯᠭ᠎ᠠ᠎ᠳᠤ ᠨᠡᠢ᠌ᠴᠡᠬᠦ ᠦᠭᠡᠢ ᠬᠣᠴᠣᠷᠤᠩᠭᠤᠢ ᠦᠢ᠍ᠯᠡᠳᠪᠦᠷᠢᠯᠡᠬᠦ ᠴᠢᠳᠠᠮᠵᠢ ᠵᠢ ᠬᠠᠤᠯᠢ ᠲᠣᠭᠲᠠᠭ᠋ᠠᠯ ᠶᠣᠰᠣᠭ᠋ᠠᠷ ᠪᠤᠴᠠᠭ᠋ᠠᠨ ᠭᠠᠷᠭ᠋ᠠᠬᠤ ᠬᠡᠷᠡᠭᠲᠡᠢ ᠃  ᠱᠦᠢ᠍ᠨᠢ ᠵᠢ ᠬᠥᠭ᠎ᠢ᠎ᠨᠢ  ᠥᠩᠭᠡᠷᠡᠭᠦᠯᠦᠨ ᠪᠠᠢ᠌ᠩᠭᠤᠰᠢᠭᠤᠯᠵᠤ ᠦᠢ᠍ᠯᠡᠳᠪᠦᠷᠢᠯᠡᠬᠦ ᠵᠢ ᠨᠠᠢ᠌ᠳᠠᠪᠤᠷᠢᠵᠢᠭᠤᠯᠤᠨ᠎ᠠ ᠃ (  ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠂  ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ ᠂  ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠂  ᠡᠨᠧᠷᠭᠢ ᠵᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠵᠤ ᠂  ᠡᠯ᠎ᠡ ᠠᠢ᠌ᠮᠠᠭ᠎ᠤᠨ ᠵᠠᠬᠢᠷᠭ᠎ᠠ ᠂  ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠨᠠᠢ᠌ᠳᠠᠪᠤᠷᠢᠵᠢᠭᠤᠯᠤᠨ᠎ᠠ ᠃  ᠳᠣᠷᠣᠭᠰᠢᠬᠢ ᠵᠢ ᠴᠥᠮ ᠡᠯ᠎ᠡ ᠠᠢ᠌ᠮᠠᠭ᠎ᠤᠨ ᠵᠠᠬᠢᠷᠭ᠎ᠠ ᠂  ᠬᠤᠳᠡ ᠵᠢᠨ ᠠᠷᠠᠳ᠎ᠤᠨ ᠵᠠᠰᠠᠭ᠎ᠤᠨ ᠣᠷᠳᠣᠨ ᠨᠠᠢ᠌ᠳᠠᠪᠤᠷᠢᠵᠢᠭᠤᠯᠬᠤ ᠴᠢᠬᠤᠯᠠᠲᠠᠢ ᠪᠣᠯᠬᠣᠷ ᠂  ᠳᠡᠬᠢᠵᠦ ᠵᠢᠭᠰᠠᠭ᠋ᠠᠬᠤ ᠦᠭᠡᠢ )

      (ᠳᠥᠷᠪᠡ ) ᠤᠯᠠᠮᠵᠢᠯᠠᠯᠲᠤ ᠠᠵᠤ ᠦᠢ᠍ᠯᠡᠰ᠎ᠤᠨ ᠪᠦᠯᠦᠭᠵᠢᠯ᠎ᠢ ᠳᠡᠰ ᠳᠡᠪᠰᠢᠭᠦᠯᠵᠦ ᠥᠭᠡᠷᠡᠴᠢᠯᠡᠨ ᠰᠢᠨᠡᠳᠬᠡᠬᠦ ᠵᠢ ᠥᠷᠨᠢᠭᠦᠯᠦᠨ᠎ᠡ ᠃  ᠣᠳᠣ ᠪᠠᠢ᠌ᠭ᠎ᠠ ᠠᠵᠤ ᠦᠢ᠍ᠯᠡᠰ᠎ᠤᠨ ᠪᠦᠯᠦᠭᠵᠢᠯ᠎ᠳᠤ 《ᠨᠢᠭᠡ ᠠᠵᠤ ᠦᠢ᠍ᠯᠡᠰ᠎ᠤᠨ ᠪᠦᠯᠦᠭᠵᠢᠯ᠎ᠳᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠵᠦ ᠂  ᠲᠥᠷᠥᠯ ᠬᠤᠪᠢᠶᠠᠨ ᠵᠠᠰᠠᠬᠤ 》  ᠵᠠᠷᠴᠢᠮ ᠶᠣᠰᠣᠭ᠋ᠠᠷ ᠴᠡᠭᠴᠡᠯᠡᠨ ᠵᠠᠰᠠᠵᠤ ᠳᠡᠭᠡᠭᠰᠢᠯᠡᠭᠦᠯᠬᠦ ᠲᠥᠰᠥᠯ᠎ᠢ ᠲᠣᠭᠲᠠᠭ᠋ᠠᠵᠤ ᠂ 2027 ᠣᠨ᠎ᠤ ᠰᠡᠭᠦᠯᠴᠢ᠎ᠠᠴᠠ ᠡᠮᠦᠨ᠎ᠡ ᠴᠡᠭᠴᠡᠯᠡᠨ ᠵᠠᠰᠠᠬᠤ ᠵᠢ ᠦᠨᠳᠦᠰᠦᠨ᠎ᠳᠤ᠎ᠪᠠᠨ ᠪᠡᠶᠡᠯᠡᠭᠦᠯᠬᠦ ᠬᠡᠷᠡᠭᠲᠡᠢ ᠃  ᠳᠤᠮᠳᠠ ᠵᠢᠵᠢᠭ ᠬᠡᠯᠪᠡᠷᠢ ᠵᠢᠨ ᠤᠯᠠᠮᠵᠢᠯᠠᠯᠲᠤ ᠦᠢ᠍ᠯᠡᠳᠬᠦ ᠦᠢ᠍ᠯᠡᠰ᠎ᠤᠨ ᠠᠵᠤ ᠠᠬᠤᠢ᠌ᠯᠠᠯ ᠲᠥᠪᠯᠡᠷᠡᠵᠦ ᠪᠠᠢ᠌ᠭ᠎ᠠ ᠠᠢ᠌ᠮᠠᠭ ᠬᠣᠲᠠ᠎ᠨᠤᠭᠤᠳ ᠠᠭ᠋ᠠᠷ ᠮᠠᠨᠳᠠᠯ᠎ᠳᠤ ᠬᠣᠯᠪᠣᠭᠳᠠᠬᠤ ᠠᠵᠤ ᠦᠢ᠍ᠯᠡᠰ᠎ᠤᠨ ᠪᠦᠯᠦᠭᠵᠢᠯ᠎ᠤᠨ ᠬᠥᠭᠵᠢᠯᠲᠡ ᠵᠢᠨ ᠲᠥᠯᠦᠪᠵᠢᠭᠦᠯᠭᠡ ᠵᠢ ᠲᠣᠭᠲᠠᠭ᠋ᠠᠵᠤ ᠂  ᠲᠥᠷᠥᠯ ᠵᠦᠢ᠍ᠯ᠎ᠤᠨ ᠬᠢᠨᠠᠨ ᠵᠥᠪᠰᠢᠶᠡᠷᠡᠬᠦ ᠵᠢ ᠴᠢᠩᠳᠠᠯᠠᠵᠤ ᠂  ᠪᠣᠬᠢᠷᠲᠤᠯ᠎ᠤᠨ ᠬᠥᠳᠡᠭᠡ ᠲᠣᠰᠬᠣᠨ ᠲᠡᠢ᠌ᠰᠢ ᠰᠢᠯᠵᠢᠬᠦ ᠵᠢ ᠴᠢᠩᠭ᠎ᠠ ᠰᠡᠷᠭᠡᠢ᠌ᠯᠡᠬᠦ ᠬᠡᠷᠡᠭᠲᠡᠢ ᠃  ᠠᠵᠤ ᠦᠢ᠍ᠯᠡᠰ᠎ᠤᠨ ᠪᠦᠯᠦᠭᠵᠢᠯ᠎ᠤᠳ  ᠲᠤᠬᠠᠢ ᠵᠢᠨ ᠭᠠᠵᠠᠷ ᠣᠷᠣᠨ᠎ᠤ ᠪᠠᠢ᠌ᠳᠠᠯ᠎ᠳᠤ᠎ᠪᠠᠨ ᠲᠣᠬᠢᠷᠠᠭᠤᠯᠵᠤ ᠪᠠᠢ᠌ᠭ᠋ᠠᠳ ᠲᠥᠪᠯᠡᠷᠡᠭᠦᠯᠦᠨ ᠢᠯᠴᠢ ᠬᠠᠩᠭ᠋ᠠᠬᠤ ᠂  ᠠᠭᠤᠷ ᠬᠠᠩᠭ᠋ᠠᠬᠤ ᠂  ᠢᠳᠡᠪᠬᠢᠵᠢᠭᠦᠯᠦᠭᠰᠡᠨ ᠨᠡᠭᠦᠷᠡᠰᠦ ᠵᠢ ᠳᠠᠬᠢᠨᠲᠠ ᠡᠭᠦᠰᠬᠡᠬᠦ ᠵᠡᠷᠭᠡ ᠲᠥᠪ᠎ᠢ  ᠪᠦᠲᠦᠭᠡᠨ ᠪᠠᠶ᠋ᠢᠭᠤᠯᠬᠤ ᠬᠡᠷᠡᠭᠲᠡᠢ ᠃  ᠬᠢᠨᠠᠯᠲᠠ ᠲᠠᠯᠪᠢᠵᠤ ᠪᠠᠢ᠌ᠴᠠᠭ᠋ᠠᠬᠤ ᠡᠷᠴᠢᠮ ᠵᠶ᠋ᠡᠨ ᠴᠢᠩᠭ᠋ᠠᠷᠠᠭᠤᠯᠵᠤ ᠂ 《ᠲᠠᠷᠠᠬᠠᠢ ᠪᠤᠲᠠᠷᠬᠠᠢ ᠡᠮᠬᠢ ᠵᠠᠮᠪᠠᠷᠠᠭ᠎ᠠ ᠦᠭᠡᠢ ᠪᠠ ᠪᠣᠬᠢᠷᠲᠤᠯ ᠶᠡᠬᠡᠲᠡᠢ 》  ᠠᠵᠤ ᠠᠬᠤᠢ᠌ᠯᠠᠯ᠎ᠤᠨ ᠪᠤᠴᠠᠭ᠋ᠠᠳ ᠢᠯᠡᠷᠡᠬᠦ ᠵᠢ ᠴᠢᠩᠭ᠎ᠠ ᠰᠡᠷᠭᠡᠢ᠌ᠯᠡᠬᠦ ᠬᠡᠷᠡᠭᠲᠡᠢ ᠃ (ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠂  ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ ᠂  ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠂  ᠡᠨᠧᠷᠭᠢ ᠵᠢᠨ ᠲᠣᠪᠴᠢᠶ᠎ᠠ ᠂  ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ )

      (ᠲᠠᠪᠤ ) VOCs᠊ᠰ ᠎ᠤᠨ ᠠᠭᠤᠯᠤᠭᠳᠠᠴᠠ   ᠳᠣᠣᠷ᠎ᠠ (ᠦᠭᠡᠢ ) ᠲᠦᠭᠦᠬᠡᠢ ᠮᠠᠲ᠋ᠧᠷᠢᠶᠠᠯ ᠪᠠ ᠲᠤᠰᠠᠯᠠᠬᠤ ᠮᠠᠲ᠋ᠧᠷᠢᠶᠠᠯ ᠵᠶ᠋ᠡᠷ ᠣᠷᠣᠯᠠᠭᠤᠯᠬᠤ ᠵᠢ ᠲᠦᠷᠭᠡᠳᠬᠡᠨ ᠬᠡᠷᠡᠭᠵᠢᠭᠦᠯᠦᠨ᠎ᠡ ᠃ VOCs᠊ᠰ᠎ᠤᠨ  ᠠᠭᠤᠯᠤᠭᠳᠠᠴᠠ ᠶᠡᠬᠡᠲᠡᠢ ᠰᠢᠷ ᠪᠤᠳᠤᠭ ᠂  ᠲᠣᠰᠣᠨ ᠪᠡᠬᠡ ᠂  ᠨᠠᠭ᠋ᠠᠯᠲᠠ ᠵᠢᠨ ᠡᠳ᠋ ᠂  ᠴᠡᠪᠡᠷᠯᠡᠨ ᠤᠬᠢᠶᠠᠬᠤ ᠡᠳ᠋ ᠵᠡᠷᠭᠡ ᠵᠢ ᠦᠢ᠍ᠯᠡᠳᠪᠦᠷᠢᠯᠡᠬᠦ ᠪᠠ ᠬᠡᠷᠡᠭᠯᠡᠬᠦ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠢ  ᠴᠢᠩᠭ᠎ᠠ ᠬᠢᠵᠠᠭ᠋ᠠᠷᠯᠠᠵᠤ ᠂  ᠣᠳᠣ ᠵᠢᠨ ᠡᠳᠡᠭᠡᠷ᠎ᠢ ᠬᠡᠷᠡᠭᠯᠡᠵᠦ ᠪᠠᠢ᠌ᠭ᠎ᠠ ᠠᠵᠤ ᠠᠬᠤᠢ᠌ᠯᠠᠯ᠎ᠳᠤ VOCs᠊ᠰ᠎ᠤᠨ  ᠠᠭᠤᠯᠤᠭᠳᠠᠴᠠ ᠳᠣᠣᠷ᠎ᠠ (ᠦᠭᠡᠢ ) ᠲᠦᠭᠦᠬᠡᠢ ᠮᠠᠲ᠋ᠧᠷᠢᠶᠠᠯ ᠪᠠ ᠲᠤᠰᠠᠯᠠᠬᠤ ᠮᠠᠲ᠋ᠧᠷᠢᠶᠠᠯ ᠵᠶ᠋ᠠᠷ ᠣᠷᠣᠯᠠᠭᠤᠯᠬᠤ ᠲᠥᠯᠥᠪᠯᠡᠭᠡ ᠵᠢ ᠲᠣᠭᠲᠠᠭ᠋ᠠᠨ ᠬᠡᠷᠡᠭᠵᠢᠭᠦᠯᠵᠦ ᠂  ᠭᠣᠣᠯᠳᠠᠯᠭ᠎ᠠ ᠪᠣᠯᠬᠤ ᠣᠷᠣᠨ ᠪᠦᠰᠡ ᠂  ᠤᠯᠤᠰ᠎ᠤᠨ ᠥᠮᠴᠢᠯᠡᠯᠲᠦ ᠠᠵᠤ ᠠᠬᠤᠢ᠌ᠯᠠᠯ᠎ᠤᠨ ᠬᠡᠷᠡᠭᠯᠡᠬᠦ ᠬᠠᠷᠢᠴᠠᠯ᠎ᠢ᠎ᠨᠢ  ᠨᠡᠮᠡᠭᠳᠡᠭᠦᠯᠬᠦ ᠬᠡᠷᠡᠭᠲᠡᠢ ᠃  VOCs᠊ᠰ᠎ᠤᠨ  ᠠᠭᠤᠯᠤᠭᠳᠠᠴᠠ ᠳᠣᠣᠷ᠎ᠠ (ᠦᠭᠡᠢ ) ᠰᠢᠷ ᠪᠤᠳᠤᠭ ᠪᠠ ᠨᠠᠭ᠋ᠠᠯᠲᠠ ᠵᠢᠨ ᠡᠳ᠋᠎ᠢ ᠭᠡᠷ ᠪᠠᠢ᠌ᠰᠢᠩ᠎ᠤᠨ ᠪᠠᠷᠢᠯᠭ᠎ᠠ ᠪᠠ ᠬᠤᠲᠠ ᠵᠢᠨ ᠶᠠᠪᠤᠳᠠᠯ᠎ᠤᠨ ᠪᠠᠷᠢᠯᠭ᠎ᠠ᠎ᠳᠤ ᠪᠦᠬᠦ ᠲᠠᠯ᠎ᠠ᠎ᠪᠠᠷ ᠳᠡᠯᠭᠡᠷᠡᠭᠦᠯᠦᠨ ᠬᠡᠷᠡᠭᠯᠡᠨ᠎ᠡ ᠂  ᠭᠡᠷ ᠳᠣᠲᠣᠷᠠᠬᠢ ᠭᠠᠵᠠᠷ ᠳᠡᠪᠢᠰᠬᠦ ᠰᠢᠷᠳᠡᠬᠦ ᠠᠵᠢᠯ ᠂  ᠭᠡᠷ᠎ᠤᠨ ᠭᠠᠳᠠᠨᠠᠬᠢ ᠪᠠᠷᠢᠯᠭ᠎ᠠ ᠵᠢᠨ ᠬᠠᠮᠠᠭ᠋ᠠᠯᠠᠯᠲᠠ ᠪᠠ ᠬᠤᠲᠠ ᠵᠢᠨ ᠵᠠᠮ ᠬᠠᠷᠢᠯᠴᠠᠭ᠋ᠠᠨ᠎ᠤ ᠲᠡᠮᠳᠡᠭ᠎ᠲᠤ ᠣᠨᠴᠠᠭ᠋ᠠᠢ ᠴᠢᠳᠠᠮᠵᠢ ᠵᠢᠨ ᠱᠠᠭ᠋ᠠᠷᠳᠠᠯᠭ᠎ᠠ᠎ᠲᠠᠢ᠎ᠠᠴᠠ ᠪᠤᠰᠤᠳ᠎ᠲᠤ᠎ᠨᠢ  ᠦᠨᠳᠦᠰᠦᠨ᠎ᠳᠤ᠎ᠪᠠᠨ VOCs᠊ᠰ᠎ᠤᠨ ᠠᠭᠤᠯᠤᠭᠳᠠᠴᠠ ᠳᠣᠣᠷ᠎ᠠ (ᠦᠭᠡᠢ ) ᠰᠢᠷ ᠪᠤᠳᠤᠭ᠎ᠢ ᠬᠡᠷᠡᠭᠯᠡᠬᠦ ᠬᠡᠷᠡᠭᠲᠡᠢ ᠃ 2025 ᠣᠨ ᠪᠣᠯᠬᠤ᠎ᠳᠤ ᠂  ᠠᠵᠤ ᠦᠢ᠍ᠯᠡᠳᠪᠦᠷᠢ ᠵᠢᠨ ᠠᠭᠤᠰᠬᠠᠮᠠᠯ ᠰᠢᠷ ᠪᠤᠳᠤᠭ ᠂  ᠲᠣᠰᠣᠨ ᠪᠡᠬᠡ ᠵᠢᠨ ᠬᠡᠷᠡᠭᠯᠡᠬᠦ ᠬᠠᠷᠢᠴᠠᠯ᠎ᠢ 2020 ᠣᠨ᠎ᠤ᠎ᠬᠢ᠎ᠠᠴᠠ ᠲᠣᠰ ᠲᠣᠰ 20 ᠵᠠᠭᠤᠨ᠎ᠤ ᠴᠡᠭ ᠪᠠ 10 ᠵᠠᠭᠤᠨ᠎ᠤ ᠴᠡᠭ ᠪᠠᠭᠤᠷᠠᠭᠤᠯᠵᠤ ᠂  ᠠᠭᠤᠰᠬᠠᠮᠠᠯ ᠨᠠᠭ᠋ᠠᠯᠲᠠ ᠵᠢᠨ ᠡᠳ᠋᠎ᠤᠨ ᠬᠡᠷᠡᠭᠯᠡᠬᠦ ᠬᠡᠮᠵᠢᠶ᠎ᠡ ᠵᠢ 20% ᠪᠠᠭᠤᠷᠠᠭᠤᠯᠤᠨ᠎ᠠ ᠃ (ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠂  ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ ᠂  ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ ᠂  ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ )

       ᠭᠤᠷᠪᠠ ᠂  ᠡᠨᠧᠷᠭᠢ ᠵᠢᠨ ᠠᠷᠢᠭᠤᠨ ᠴᠡᠪᠡᠷ ᠥᠨᠳᠥᠷ ᠦᠷ᠎ᠡ ᠠᠰᠢᠭ᠎ᠲᠠᠢ  ᠬᠥᠭᠵᠢᠬᠦ ᠵᠢ ᠠᠬᠢᠭᠤᠯᠤᠨ᠎ᠠ

      (ᠵᠢᠷᠭᠤᠭ᠎ᠠ ) ᠡᠨᠧᠷᠭᠢ ᠵᠢᠨ ᠪᠦᠲᠦᠴᠡ ᠵᠢ ᠲᠦᠷᠭᠡᠳᠬᠡᠨ ᠲᠣᠬᠢᠷᠠᠭᠤᠯᠤᠨ᠎ᠠ ᠃  ᠰᠢᠨ᠎ᠡ ᠡᠨᠧᠷᠭᠢ ᠪᠠ ᠴᠡᠪᠡᠷ ᠡᠨᠧᠷᠭᠢ ᠵᠢ ᠶᠡᠬᠡ᠎ᠪᠠᠷ ᠬᠥᠭᠵᠢᠭᠦᠯᠵᠦ ᠂  ᠤᠯᠠᠮᠵᠢᠯᠠᠯᠲᠤ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠵᠢ ᠳᠡᠰ ᠳᠡᠪᠰᠢᠭᠦᠯᠵᠦ ᠥᠭᠡᠷᠡᠴᠢᠯᠡᠨ ᠰᠢᠨᠡᠳᠬᠡᠬᠦ᠎ᠪᠠᠨ ᠲᠦᠷᠭᠡᠳᠬᠡᠨ᠎ᠡ ᠃  ᠥᠪᠡᠷ᠎ᠤᠨ ᠪᠡᠯᠡᠳᠬᠡᠯ ᠨᠡᠭᠦᠷᠡᠰᠦ ᠰᠢᠲᠠᠭ᠋ᠠᠬᠤ ᠮᠠᠰᠢᠨ ᠴᠣᠭᠴᠠᠯᠠᠪᠤᠷᠢ᠎ᠳᠤ ᠴᠡᠪᠡᠷ ᠡᠨᠧᠷᠭᠢ᠎ᠪᠠᠷ ᠣᠷᠣᠯᠠᠭᠤᠯᠬᠤ ᠵᠢ ᠬᠡᠷᠡᠭᠵᠢᠭᠦᠯᠵᠦ ᠂  ᠲᠥᠷᠥ ᠵᠢᠨ ᠪᠣᠳᠣᠯᠭ᠎ᠠ ᠵᠢᠨ ᠵᠥᠪᠰᠢᠶᠡᠷᠡᠯ᠎ᠲᠠᠢ  ᠬᠦᠷᠢᠶ᠎ᠡ ᠴᠠᠷᠠᠭ᠋ᠠᠨ᠎ᠠᠴᠠ ᠭᠠᠳᠠᠨ᠎ᠠ ᠥᠪᠡᠷ᠎ᠤᠨ ᠪᠡᠯᠡᠳᠬᠡᠯ ᠨᠡᠭᠦᠷᠡᠰᠦ ᠰᠢᠲᠠᠭ᠋ᠠᠬᠤ ᠮᠠᠰᠢᠨ ᠴᠣᠭᠴᠠᠯᠠᠪᠤᠷᠢ ᠵᠢ ᠰᠢᠨ᠎ᠡ᠎ᠪᠠᠷ (ᠥᠷᠭᠡᠳᠬᠡᠨ ) ᠪᠠᠢ᠌ᠭᠤᠯᠬᠤ ᠵᠢ ᠡᠷᠡᠰ ᠴᠠᠭ᠋ᠠᠵᠠᠯᠠᠨ᠎ᠠ ᠃ 2025 ᠣᠨ ᠪᠣᠯᠬᠤ᠎ᠳᠤ ᠂  ᠰᠢᠨ᠎ᠡ ᠡᠨᠧᠷᠭᠢ ᠵᠢᠨ ᠮᠠᠰᠢᠨ ᠴᠣᠭᠴᠠᠯᠠᠪᠤᠷᠢ ᠵᠢᠨ ᠬᠡᠪᠴᠢᠶ᠎ᠡ ᠵᠢ ᠢᠯᠴᠢ ᠵᠢᠨ ᠴᠠᠬᠢᠯᠭ᠋ᠠᠨ᠎ᠤ ᠮᠠᠰᠢᠨ ᠴᠣᠭᠴᠠᠯᠠᠪᠤᠷᠢ ᠵᠢᠨ ᠬᠡᠪᠴᠢᠶ᠎ᠡ᠎ᠠᠴᠠ ᠳᠠᠪᠠᠭᠤᠯᠵᠤ ᠂  ᠤᠯᠤᠰ᠎ᠠᠴᠠ ᠪᠠᠭᠤᠯᠭ᠋ᠠᠭᠰᠠᠨ ᠳᠠᠬᠢᠯᠲᠠ ᠡᠨᠧᠷᠭᠢ ᠵᠢᠨ ᠴᠠᠬᠢᠯᠭ᠋ᠠᠨ ᠬᠦᠴᠦᠨ᠎ᠢ ᠰᠢᠩᠭᠡᠬᠡᠨ ᠪᠠᠭᠲᠠᠭ᠋ᠠᠬᠤ ᠡᠭᠦᠷᠭᠡ᠎ᠪᠠᠨ ᠪᠡᠶᠡᠯᠡᠭᠦᠯᠦᠨ᠎ᠡ ;  ᠴᠢᠯᠠᠭᠤᠵᠢᠮᠠᠯ᠎ᠤᠨ ᠪᠤᠰᠤ ᠡᠨᠧᠷᠭᠢ ᠵᠢᠨ ᠬᠡᠷᠡᠭᠯᠡᠭᠡ ᠵᠢᠨ ᠬᠤᠪᠢ ᠵᠢᠨ ᠵᠢᠩ᠎ᠢ 18%᠎ᠳᠤ ᠬᠦᠷᠦᠭᠦᠯᠵᠦ ᠂  ᠠᠵᠤ ᠦᠢ᠍ᠯᠡᠳᠪᠦᠷᠢ ᠵᠢᠨ ᠦᠵᠦᠭᠦᠷ ᠡᠨᠧᠷᠭᠢ ᠵᠢᠨ ᠬᠡᠷᠡᠭᠯᠡᠭᠡ᠎ᠳᠤ ᠡᠵᠡᠯᠡᠬᠦ ᠴᠠᠬᠢᠯᠭ᠋ᠠᠨ ᠡᠨᠧᠷᠬᠢ ᠵᠢᠨ ᠬᠤᠪᠢ ᠵᠢᠨ ᠵᠢᠩ᠎ᠢ 30% ᠣᠷᠴᠢᠮ᠎ᠳᠤ ᠬᠦᠷᠦᠭᠦᠯᠦᠨ᠎ᠡ ;  ᠪᠦᠬᠦ ᠣᠷᠣᠨ᠎ᠤ ᠡᠨᠧᠷᠭᠢ ᠵᠢᠨ ᠬᠡᠷᠡᠭᠯᠡᠭᠡ ᠵᠢᠨ ᠶᠡᠷᠦᠩᠬᠡᠢ ᠬᠡᠮᠵᠢᠶᠡᠨ᠎ᠳᠤ ᠡᠵᠡᠯᠡᠬᠦ ᠨᠡᠭᠦᠷᠡᠰᠦᠨ᠎ᠤ ᠬᠡᠷᠡᠭᠯᠡᠭᠡ ᠵᠢᠨ ᠬᠤᠪᠢ ᠵᠢᠨ ᠵᠢᠩ᠎ᠢ ᠪᠠᠭᠤᠷᠠᠭᠤᠯᠤᠭ᠋ᠠᠳ 75%᠎ᠠᠴᠠ ᠳᠣᠷᠣᠭᠰᠢ ᠪᠣᠯᠭ᠋ᠠᠨ᠎ᠠ ᠃ (ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠂  ᠡᠨᠧᠷᠭᠢ ᠵᠢᠨ ᠲᠣᠪᠴᠢᠶ᠎ᠠ ᠂  ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ ᠂  ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ )

      (ᠳᠣᠯᠣᠭ᠎ᠠ ) ᠨᠡᠭᠦᠷᠡᠰᠦ ᠰᠢᠲᠠᠭ᠋ᠠᠬᠤ ᠭᠥᠧᠧᠯᠦ ᠵᠢ ᠰᠢᠭᠰᠢᠭᠳᠡᠭᠦᠯᠵᠦ ᠴᠡᠭᠴᠡᠯᠡᠨ ᠵᠠᠰᠠᠬᠤ ᠡᠷᠴᠢᠮ ᠵᠶ᠋ᠡᠨ ᠴᠢᠩᠭ᠋ᠠᠷᠠᠭᠤᠯᠤᠨ᠎ᠠ ᠃  ᠡᠯ᠎ᠡ ᠭᠠᠵᠠᠷ ᠣᠷᠣᠨ᠎ᠨᠢ  ᠨᠡᠭᠦᠷᠡᠰᠦ ᠰᠢᠲᠠᠭ᠋ᠠᠵᠤ ᠢᠯᠴᠢ ᠬᠠᠩᠭ᠋ᠠᠬᠤ ᠭᠥᠧᠧᠯᠦ ᠵᠢ ᠣᠷᠣᠯᠠᠭᠤᠯᠬᠤ ᠲᠥᠷᠥᠯ ᠵᠦᠢ᠍ᠯ ᠵᠶ᠋ᠠᠨ ᠬᠣᠲᠠ ᠪᠠᠯᠭ᠋ᠠᠰᠤ ᠵᠢᠨ ᠢᠯᠴᠢ ᠬᠠᠩᠭ᠋ᠠᠬᠤ ᠲᠥᠯᠦᠪᠵᠢᠭᠦᠯᠭᠡ᠎ᠳᠤ ᠣᠷᠣᠭᠤᠯᠬᠤ ᠬᠡᠷᠡᠭᠲᠡᠢ ᠃  ᠬᠣᠰᠢᠭᠤ ᠰᠢᠶᠠᠨ ᠵᠢᠴᠢ ᠲᠡᠭᠦᠨ᠎ᠠᠴᠠ ᠳᠡᠭᠡᠭᠰᠢᠬᠢ ᠬᠣᠲᠠ ᠵᠢᠨ ᠪᠠᠢ᠌ᠭᠤᠯᠤᠭᠰᠠᠨ ᠲᠣᠭᠣᠷᠢᠭ ᠂  ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠲᠤ ᠵᠠᠷᠴᠢᠮ ᠳᠡᠭᠡᠷ᠎ᠡ᠎ᠪᠠᠨ ᠴᠠᠭ ᠪᠦᠷᠢ 35 ᠠᠭᠤᠷᠰᠢᠯᠲᠠ ᠵᠢᠨ ᠲᠤᠨ ᠵᠢᠴᠢ ᠲᠡᠭᠦᠨ᠎ᠠᠴᠠ ᠳᠣᠷᠣᠭᠰᠢᠬᠢ ᠨᠡᠭᠦᠷᠡᠰᠦ ᠰᠢᠲᠠᠭ᠋ᠠᠬᠤ ᠭᠥᠧᠧᠯᠦ ᠵᠢ ᠰᠢᠨ᠎ᠡ᠎ᠪᠠᠷ ᠪᠠᠶ᠋ᠢᠭᠤᠯᠬᠤ ᠦᠭᠡᠢ ᠂  ᠪᠤᠰᠤᠳ ᠭᠠᠵᠠᠷ ᠣᠷᠣᠨ᠎ᠳᠤ ᠵᠠᠷᠴᠢᠮ ᠳᠡᠭᠡᠷ᠎ᠡ᠎ᠪᠠᠨ ᠴᠠᠭ ᠪᠦᠷᠢ 10 ᠠᠭᠤᠷᠰᠢᠯᠲᠠ ᠵᠢᠨ ᠲᠣᠨ᠎ᠠᠴᠠ ᠳᠣᠷᠣᠭᠰᠢᠬᠢ ᠨᠡᠭᠦᠷᠡᠰᠦ ᠰᠢᠲᠠᠭ᠋ᠠᠬᠤ ᠭᠥᠧᠧᠯᠦ ᠵᠢ ᠳᠠᠬᠢᠵᠤ ᠰᠢᠨ᠎ᠡ᠎ᠪᠠᠷ ᠪᠠᠶ᠋ᠢᠭᠤᠯᠬᠤ ᠦᠭᠡᠢ ᠃  ᠴᠠᠬᠢᠯᠭ᠋ᠠᠨ ᠬᠦᠴᠦᠨ ᠂  ᠢᠯᠴᠢ ᠵᠢᠨ ᠬᠠᠩᠭ᠋ᠠᠯᠭ᠎ᠠ ᠵᠢ ᠪᠠᠲᠤᠯᠠᠭᠰᠠᠨ ᠤᠷᠢᠲᠠᠯ ᠳᠣᠣᠷ᠎ᠠ ᠂ 30 ᠲᠦᠮᠡᠨ ᠺᠢᠯᠣᠸᠠᠲ ᠵᠢᠴᠢ ᠲᠡᠭᠦᠨ᠎ᠠᠴᠠ ᠳᠡᠭᠡᠭᠰᠢᠬᠢ ᠢᠯᠴᠢ ᠴᠠᠬᠢᠯᠭ᠋ᠠᠨ᠎ᠢ ᠵᠡᠷᠭᠡ᠎ᠪᠠᠷ ᠦᠢ᠍ᠯᠡᠳᠪᠦᠷᠢᠯᠡᠬᠦ ᠮᠠᠰᠢᠨ ᠴᠣᠭᠴᠠᠯᠠᠪᠤᠷᠢ ᠵᠢᠨ ᠢᠯᠴᠢ ᠬᠠᠩᠭ᠋ᠠᠬᠤ ᠷᠠᠳᠢᠦ᠋ᠰ᠎ᠨᠢ 15 ᠺᠢᠯᠣᠮᠧᠲᠷ᠎ᠤᠨ ᠬᠡᠪᠴᠢᠶᠡᠨ ᠳᠣᠲᠣᠷᠠᠬᠢ ᠨᠡᠭᠦᠷᠡᠰᠦ ᠰᠢᠲᠠᠭ᠋ᠠᠵᠤ ᠢᠯᠴᠢ ᠬᠠᠩᠭ᠋ᠠᠬᠤ ᠭᠥᠧᠧᠯᠦ ᠵᠢ ᠬᠠᠭ᠋ᠠᠵᠤ ᠵᠣᠭᠰᠣᠭ᠋ᠠᠨ ᠡᠮᠬᠢᠯᠡᠨ ᠨᠡᠢ᠌ᠯᠡᠭᠦᠯᠬᠦ᠎ᠪᠠᠨ ᠲᠦᠷᠭᠡᠳᠬᠡᠨ ᠠᠬᠢᠭᠤᠯᠤᠨ᠎ᠠ ᠃ 2025 ᠣᠨ᠎ᠤ ᠰᠡᠭᠦᠯᠴᠢ᠎ᠠᠴᠠ ᠡᠮᠦᠨ᠎ᠡ ᠂  ᠠᠢ᠌ᠮᠠᠭ᠎ᠤᠨ ᠵᠠᠬᠢᠷᠭ᠎ᠠ ᠂  ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠪᠠᠢ᠌ᠭ᠎ᠠ ᠭᠠᠵᠠᠷ᠎ᠤᠨ ᠬᠤᠲᠠ ᠵᠢᠨ ᠪᠠᠢ᠌ᠭᠤᠯᠤᠭᠰᠠᠨ ᠲᠣᠭᠣᠷᠢᠭ᠎ᠲᠤ ᠤᠳᠣ ᠬᠡᠷᠡᠭᠯᠡᠭᠳᠡᠵᠦ ᠪᠠᠢ᠌ᠭ᠎ᠠ ᠴᠠᠭ ᠪᠦᠷᠢ 35 ᠠᠭᠤᠷᠰᠢᠯᠲᠠ ᠵᠢᠨ ᠲᠤᠨ (ᠡᠭᠦᠨ᠎ᠢ ᠪᠠᠭᠲᠠᠭ᠋ᠠᠬᠤ ᠦᠭᠡᠢ ) ᠎ᠠᠴᠠ ᠳᠣᠷᠣᠭᠰᠢᠬᠢ ᠨᠡᠭᠦᠷᠡᠰᠦ ᠰᠢᠲᠠᠭ᠋ᠠᠬᠤ ᠭᠥᠧᠧᠯᠦ ᠵᠢ ᠦᠨᠳᠦᠰᠦᠨ᠎ᠳᠤ᠎ᠪᠠᠨ ᠰᠢᠭᠰᠢᠭᠳᠡᠭᠦᠯᠦᠨ᠎ᠡ ᠂  ᠡᠭᠦᠨ᠎ᠳᠤ ᠬᠥᠬᠡᠬᠤᠲᠠ ᠂  ᠪᠤᠭᠤᠲᠤ ᠬᠤᠲᠠ ᠂  ᠦᠬᠠᠢ ᠬᠤᠲᠠ᠎ᠳᠠᠬᠢ ᠴᠠᠭ ᠪᠦᠷᠢ 65 ᠠᠭᠤᠷᠰᠢᠯᠲᠠ ᠵᠢᠨ ᠲᠤᠨ (ᠡᠭᠦᠨ᠎ᠢ ᠪᠠᠭᠲᠠᠭ᠋ᠠᠬᠤ ᠦᠭᠡᠢ ) ᠎ᠠᠴᠠ ᠳᠣᠷᠣᠭᠰᠢᠬᠢ ᠨᠡᠭᠦᠷᠡᠰᠦ ᠰᠢᠲᠠᠭ᠋ᠠᠬᠤ ᠭᠥᠧᠧᠯᠦ ᠵᠢ ᠰᠢᠭᠰᠢᠭᠳᠡᠭᠦᠯᠦᠨ᠎ᠡ ᠃ (ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠂  ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠂  ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ ᠂  ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ ᠂  ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠂  ᠡᠨᠧᠷᠭᠢ ᠵᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ )

      (ᠨᠠᠢ᠍ᠮᠠ ) ᠠᠵᠤ ᠦᠢ᠍ᠯᠡᠳᠪᠦᠷᠢ ᠵᠢᠨ ᠵᠤᠤᠬ᠎ᠠ ᠵᠢ ᠴᠡᠪᠡᠷ ᠡᠨᠧᠷᠭᠢ᠎ᠪᠠᠷ ᠣᠷᠣᠯᠠᠭᠤᠯᠬᠤ ᠵᠢ ᠬᠡᠷᠡᠭᠵᠢᠭᠦᠯᠦᠨ᠎ᠡ ᠃  ᠠᠵᠤ ᠦᠢ᠍ᠯᠡᠰ᠎ᠤᠨ ᠲᠥᠷᠥ ᠵᠢᠨ ᠪᠣᠳᠣᠯᠭ᠎ᠠ᠎ᠳᠤ ᠨᠡᠢ᠌ᠴᠡᠬᠦ ᠦᠭᠡᠢ ᠰᠢᠲᠠᠭ᠋ᠠᠯᠭ᠎ᠠ ᠵᠢᠨ ᠲᠥᠷᠥᠯ᠎ᠤᠨ ᠨᠡᠭᠦᠷᠡᠰᠦᠨ ᠬᠡᠢ ᠵᠢᠨ ᠵᠤᠤᠬ᠎ᠠ ᠵᠢ ᠰᠢᠭᠰᠢᠭᠳᠡᠭᠦᠯᠬᠦ ᠵᠢᠨ ᠬᠠᠮᠲᠤ ᠰᠢᠨ᠎ᠡ᠎ᠪᠠᠷ ᠪᠠᠶ᠋ᠢᠭᠤᠯᠬᠤ ᠵᠢ ᠴᠠᠭ᠋ᠠᠵᠠᠯᠠᠵᠤ ᠂  ᠬᠠᠯᠠᠭ᠋ᠠᠬᠤ ᠵᠤᠤᠬ᠎ᠠ ᠂  ᠬᠠᠯᠠᠭ᠋ᠠᠯᠲᠠ ᠲᠤᠭᠤᠯᠤᠭᠤᠯᠬᠤ ᠵᠤᠤᠬ᠎ᠠ ᠂  ᠬᠠᠲᠠᠭ᠋ᠠᠬᠤ ᠵᠤᠤᠬ᠎ᠠ ᠂  ᠬᠠᠢ᠌ᠯᠤᠭᠤᠯᠬᠤ ᠵᠤᠤᠬ᠎ᠠ᠎ᠳᠤ ᠠᠷᠢᠭᠤᠨ ᠴᠡᠪᠡᠷ ᠳᠣᠣᠷ᠎ᠠ ᠨᠡᠭᠦᠷᠡᠰᠦᠲᠥ᠋ᠷᠥᠭᠴᠢᠲᠦ ᠡᠨᠧᠷᠭᠢ ᠬᠡᠷᠡᠭᠯᠡᠬᠦ ᠵᠢ ᠠᠬᠢᠭᠤᠯᠤᠨ᠎ᠠ ᠃  ᠪᠣᠬᠢᠷᠲᠤᠯ ᠶᠡᠬᠡᠲᠡᠢ ᠲᠦᠯᠡᠰᠢ ᠬᠡᠷᠡᠭᠯᠡᠵᠦ ᠪᠠᠢ᠌ᠭ᠎ᠠ ᠠᠵᠤ ᠦᠢ᠍ᠯᠡᠳᠪᠦᠷᠢ ᠵᠢᠨ ᠵᠤᠤᠬ᠎ᠠ᠎ᠳᠤ ᠠᠵᠤ ᠦᠢ᠍ᠯᠡᠳᠪᠦᠷᠢ ᠵᠢᠨ ᠦᠯᠡᠳᠡᠭᠳᠡᠯ ᠢᠯᠴᠢ ᠂  ᠴᠠᠬᠢᠯᠭ᠋ᠠᠨ ᠡᠨᠧᠷᠭᠢ ᠂  ᠪᠠᠢ᠌ᠭ᠋ᠠᠯᠢ ᠵᠢᠨ ᠰᠢᠲᠠᠮᠠᠬᠠᠢ ᠬᠡᠢ ᠵᠡᠷᠭᠡ ᠵᠢ ᠬᠠᠯᠠᠨ ᠬᠡᠷᠡᠭᠯᠡᠬᠦ ᠵᠢ᠎ᠨᠢ  ᠠᠮᠤᠷ ᠲᠦᠪᠰᠢᠨ ᠯᠠᠪᠳᠠᠭᠤᠨ ᠵᠶ᠋ᠠᠷ ᠠᠬᠢᠭᠤᠯᠤᠨ᠎ᠠ ᠃  ᠰᠢᠲᠠᠭ᠋ᠠᠯᠭ᠎ᠠ ᠵᠢᠨ ᠲᠥᠷᠥᠯ᠎ᠤᠨ ᠨᠡᠭᠦᠷᠡᠰᠦᠨ ᠬᠡᠢ ᠵᠢᠨ ᠵᠤᠤᠬ᠎ᠠ ᠵᠢ ᠴᠡᠪᠡᠷ ᠡᠨᠧᠷᠬᠢ᠎ᠪᠠᠷ ᠣᠷᠣᠯᠠᠭᠤᠯᠬᠤ ᠵᠢ ᠠᠬᠢᠭᠤᠯᠬᠤ ᠪᠤᠶᠤ ᠭᠠᠵᠠᠷ ᠣᠷᠣᠨ᠎ᠤ ᠪᠠᠢ᠌ᠳᠠᠯ᠎ᠳᠤ᠎ᠨᠢ  ᠲᠣᠬᠢᠷᠠᠭᠤᠯᠤᠨ ᠬᠦᠷᠢᠶᠡᠯᠡᠩ ᠲᠣᠭᠣᠷᠢᠭ (ᠪᠦᠯᠦᠭᠵᠢᠯ ) ᠎ᠲᠤ ᠲᠥᠪᠯᠡᠷᠡᠭᠦᠯᠦᠨ ᠬᠡᠢ ᠬᠠᠩᠭ᠋ᠠᠬᠤ ᠂  ᠲᠠᠷᠠᠬᠠᠢ ᠪᠤᠲᠠᠷᠬᠠᠢ᠎ᠪᠠᠷ ᠬᠡᠷᠡᠭᠯᠡᠬᠦ ᠵᠢ ᠬᠡᠷᠡᠭᠵᠢᠭᠦᠯᠦᠨ᠎ᠡ ᠃ (ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ ᠂  ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠂  ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠂  ᠡᠨᠧᠷᠭᠢ ᠵᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ )

      (ᠶᠢᠰᠦ ) ᠴᠡᠪᠡᠷ ᠳᠤᠯᠠᠭ᠋ᠠᠯᠠᠭ᠎ᠠ᠎ᠪᠠᠷ ᠥᠭᠡᠷᠡᠴᠢᠯᠡᠨ ᠰᠢᠨᠡᠳᠬᠡᠬᠦ ᠵᠢ ᠦᠷᠭᠦᠯᠵᠢᠯᠡᠨ ᠠᠬᠢᠭᠤᠯᠤᠨ᠎ᠠ ᠃  ᠲᠥᠪ᠎ᠤᠨ ᠡᠳ᠋᠎ᠤᠨ ᠵᠠᠰᠠᠭ᠎ᠠᠴᠠ ᠳᠡᠮᠵᠢᠬᠦ ᠤᠮᠠᠷᠠᠲᠤ ᠣᠷᠣᠨ᠎ᠤ ᠴᠡᠪᠡᠷ ᠳᠤᠯᠠᠭ᠋ᠠᠯᠠᠭ᠎ᠠ ᠵᠢᠨ ᠬᠡᠪᠴᠢᠶᠡᠨ᠎ᠳᠤ ᠣᠷᠣᠭᠤᠯᠤᠭᠰᠠᠨ ᠬᠤᠲᠠ᠎ᠨᠤᠭᠤᠳ ᠥᠭᠡᠷᠡᠴᠢᠯᠡᠨ ᠰᠢᠨᠡᠳᠬᠡᠬᠦ ᠡᠭᠦᠷᠭᠡ᠎ᠪᠠᠨ ᠴᠢᠨᠠᠷ ᠪᠠ ᠬᠡᠮᠵᠢᠶ᠎ᠡ ᠵᠢ᠎ᠨᠢ  ᠪᠠᠲᠤᠯᠠᠨ ᠪᠡᠶᠡᠯᠡᠭᠦᠯᠬᠦ ᠬᠡᠷᠡᠭᠲᠡᠢ ᠃  ᠪᠠᠷᠢᠯᠭ᠎ᠠ ᠵᠢᠨ ᠡᠨᠧᠷᠭᠢ ᠵᠢᠨ ᠠᠰᠢᠭᠯᠠᠮᠵᠢ ᠵᠢᠨ ᠲᠦᠪᠰᠢᠨ᠎ᠢ ᠪᠦᠬᠦ ᠲᠠᠯ᠎ᠠ᠎ᠪᠠᠷ ᠳᠡᠭᠡᠭᠰᠢᠯᠡᠭᠦᠯᠵᠦ ᠂  ᠨᠢᠭᠡᠨᠲᠡ ᠪᠠᠢ᠌ᠭ᠎ᠠ ᠬᠥᠳᠡᠭᠡ ᠲᠣᠰᠬᠤᠨ᠎ᠤ ᠭᠡᠷ ᠪᠠᠢ᠌ᠰᠢᠩ᠎ᠢ ᠡᠨᠧᠷᠭᠢ ᠠᠷᠪᠢᠯᠠᠬᠤ ᠪᠣᠯᠭ᠋ᠠᠨ ᠥᠭᠡᠷᠡᠴᠢᠯᠡᠨ ᠰᠢᠨᠡᠳᠬᠡᠬᠦ᠎ᠪᠠᠨ ᠲᠦᠷᠭᠡᠳᠬᠡᠨ᠎ᠡ ᠃  ᠲᠠᠷᠢᠶᠠᠯᠠᠬᠤ ᠮᠠᠯᠵᠢᠬᠤ ᠣᠷᠣᠨ᠎ᠤ ᠰᠠᠭᠤᠭ᠋ᠠᠯᠢ ᠠᠷᠠᠳ᠎ᠤᠨ ᠠᠮᠢᠳᠤᠷᠠᠯ ᠂  ᠪᠡᠯᠡᠳᠬᠡᠮᠵᠢᠲᠦ ᠲᠠᠷᠢᠶᠠᠯᠠᠩ ᠮᠠᠯ ᠠᠵᠤ ᠠᠬᠤᠢ ᠵᠢᠨ ᠰᠤᠯᠠ ᠨᠡᠭᠦᠷᠡᠰᠦ ᠵᠢ᠎ᠨᠢ  ᠴᠡᠪᠡᠷ ᠡᠨᠧᠷᠬᠢ᠎ᠪᠠᠷ ᠣᠷᠣᠯᠠᠭᠤᠯᠬᠤ ᠵᠢ ᠯᠠᠪᠳᠠᠭᠤᠨ ᠵᠶ᠋ᠠᠷ ᠠᠬᠢᠭᠤᠯᠤᠨ᠎ᠠ ᠃  ᠡᠯ᠎ᠡ ᠭᠠᠵᠠᠷ ᠣᠷᠣᠨ᠎ᠨᠢ  ᠴᠡᠪᠡᠷ ᠳᠤᠯᠠᠭ᠋ᠠᠯᠠᠭ᠎ᠠ᠎ᠪᠠᠷ ᠥᠭᠡᠷᠡᠴᠢᠯᠡᠨ ᠰᠢᠨᠡᠳᠬᠡᠬᠦ ᠵᠢ ᠪᠦᠬᠦᠯᠢ ᠴᠣᠭᠴᠠ᠎ᠪᠠᠷ ᠪᠡᠶᠡᠯᠡᠭᠦᠯᠦᠭᠰᠡᠨ ᠭᠠᠵᠠᠷ ᠣᠷᠣᠨ ᠵᠶ᠋ᠠᠨ ᠪᠣᠬᠢᠷᠲᠤᠯ ᠶᠡᠬᠡᠲᠡᠢ ᠲᠦᠯᠡᠰᠢ ᠲᠦᠯᠡᠬᠦ ᠵᠢ ᠴᠠᠭ᠋ᠠᠵᠠᠯᠠᠬᠤ ᠣᠷᠣᠨ ᠪᠣᠯᠭ᠋ᠠᠨ ᠬᠠᠤᠯᠢ ᠶᠣᠰᠣᠭ᠋ᠠᠷ ᠬᠤᠪᠢᠶᠠᠷᠢᠯᠠᠨ ᠲᠣᠭᠲᠠᠭ᠋ᠠᠵᠤ ᠂  ᠬᠢᠨᠠᠯᠲᠠ ᠲᠠᠯᠪᠢᠵᠤ ᠪᠠᠢ᠌ᠴᠠᠭ᠋ᠠᠬᠤ ᠡᠷᠴᠢᠮ ᠵᠶ᠋ᠠᠨ ᠴᠢᠩᠭ᠋ᠠᠷᠠᠭᠤᠯᠤᠨ ᠂  ᠰᠤᠯᠠ ᠨᠡᠭᠦᠷᠡᠰᠦ ᠳᠠᠬᠢᠵᠤ ᠰᠢᠲᠠᠭ᠋ᠠᠬᠤ ᠵᠢ ᠰᠡᠷᠭᠡᠢ᠌ᠯᠡᠨ ᠬᠣᠷᠢᠭᠯᠠᠨ᠎ᠠ ;  ᠴᠡᠪᠡᠷ ᠳᠤᠯᠠᠭ᠋ᠠᠯᠠᠭ᠎ᠠ ᠵᠢ ᠲᠦᠷ ᠬᠡᠷᠡᠭᠵᠢᠭᠦᠯᠦᠭᠡᠳᠦᠢ ᠭᠠᠵᠠᠷ ᠣᠷᠣᠨ᠎ᠤ ᠲᠠᠸᠠᠷ᠎ᠤᠨ ᠨᠡᠭᠦᠷᠡᠰᠦᠨ᠎ᠤ ᠶᠠᠰᠤ ᠴᠢᠨᠠᠷ᠎ᠲᠠᠬᠢ ᠬᠢᠨᠠᠯᠲᠠ ᠬᠠᠮᠢᠶᠠᠷᠤᠯᠲᠠ᠎ᠪᠠᠨ ᠴᠢᠩᠭ᠋ᠠᠷᠠᠭᠤᠯᠤᠨ᠎ᠠ ᠃ 2025 ᠣᠨ᠎ᠤ ᠰᠡᠭᠦᠯᠴᠢ᠎ᠠᠴᠠ ᠡᠮᠦᠨ᠎ᠡ ᠂  ᠭᠣᠣᠯᠳᠠᠯᠭ᠎ᠠ ᠪᠣᠯᠬᠤ ᠣᠷᠣᠨ ᠪᠦᠰᠡ ᠵᠢᠨ ᠬᠤᠲᠠ ᠵᠢᠨ ᠳᠤᠮᠳᠠᠬᠢ ᠲᠣᠰᠬᠤᠨ ᠂  ᠬᠤᠲᠠ ᠬᠥᠳᠡᠭᠡ ᠵᠢᠨ ᠠᠭᠤᠯᠵᠠᠷ ᠬᠡᠰᠡᠭ ᠵᠶ᠋ᠠᠷ ᠪᠠᠢ᠌ᠭ᠎ᠠ ᠰᠤᠯᠠ ᠨᠡᠭᠦᠷᠡᠰᠦ ᠵᠢ ᠦᠨᠳᠦᠰᠦᠨ᠎ᠳᠤ᠎ᠪᠠᠨ ᠠᠷᠢᠯᠭ᠋ᠠᠨ᠎ᠠ ᠃ (ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ ᠂  ᠡᠨᠧᠷᠭᠢ ᠵᠢᠨ ᠲᠣᠪᠴᠢᠶ᠎ᠠ ᠂  ᠡᠳ᠋᠎ᠤᠨ ᠵᠠᠰᠠᠭ᠎ᠤᠨ ᠲᠢᠩᠬᠢᠮ ᠂  ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠂  ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ )

       ᠳᠥᠷᠪᠡ ᠂  ᠵᠠᠮ ᠬᠠᠷᠢᠯᠴᠠᠭ᠎ᠠ ᠵᠢᠨ ᠲᠠᠯ᠎ᠠ᠎ᠪᠠᠷ ᠪᠣᠬᠢᠷᠳᠤᠯ ᠦᠭᠡᠢ ᠪᠠ ᠨᠡᠬᠦᠷᠡᠰᠦᠳᠦ᠋ᠷᠦᠭᠴᠢ ᠪᠠᠭ᠎ᠠ ᠭᠠᠳᠠᠭᠰᠢᠯᠠᠭᠤᠯᠬᠤ ᠲᠡᠢ᠌ᠰᠢ ᠭᠡᠯᠪᠡᠷᠢ᠎ᠪᠠᠨ ᠬᠤᠪᠢᠷᠠᠭᠤᠯᠬᠤ ᠵᠢ ᠠᠬᠢᠭᠤᠯᠤᠨ᠎ᠠ

      (ᠠᠷᠪᠠ ) ᠪᠠᠷᠠᠭ᠎ᠠ ᠲᠡᠭᠡᠭᠡᠪᠦᠷᠢ ᠵᠢᠨ ᠪᠦᠲᠦᠴᠡ ᠵᠢ ᠦᠷᠭᠦᠯᠵᠢᠯᠡᠨ ᠰᠢᠯᠢᠳᠡᠭᠵᠢᠭᠦᠯᠦᠨ ᠲᠣᠬᠢᠷᠠᠭᠤᠯᠤᠨ᠎ᠠ ᠃  ᠨᠡᠭᠦᠷᠡᠰᠦ ᠂  ᠬᠦᠳᠡᠷ ᠵᠡᠷᠭᠡ ᠥᠷᠭᠡᠨ ᠬᠡᠷᠡᠭᠴᠡᠭᠡᠨ᠎ᠤ ᠲᠠᠸᠠᠷ᠎ᠤᠨ ᠬᠣᠯᠠᠪᠲᠤᠷ ᠪᠠ ᠬᠣᠯᠠ ᠵᠠᠮ᠎ᠤᠨ ᠲᠡᠭᠡᠭᠡᠪᠦᠷᠢ᠎ᠳᠤ ᠡᠩ ᠲᠡᠷᠢᠭᠦᠨ᠎ᠳᠤ ᠲᠡᠮᠦᠷ ᠵᠠᠮ ᠵᠶ᠋ᠠᠷ ᠲᠡᠭᠡᠭᠡᠪᠦᠷᠢᠯᠡᠬᠦ ᠠᠷᠭ᠎ᠠ ᠵᠢ ᠬᠡᠷᠡᠭᠯᠡᠵᠦ ᠂  ᠣᠢ᠌ᠷ᠎ᠠ ᠵᠠᠮ᠎ᠤᠨ ᠲᠡᠭᠡᠭᠡᠪᠦᠷᠢ᠎ᠳᠤ ᠡᠩ ᠲᠡᠷᠢᠭᠦᠨ᠎ᠳᠤ ᠪᠢᠲᠡᠭᠦᠦ ᠪᠦᠰᠡᠨ ᠳᠠᠮᠵᠢᠯᠭ᠋ᠠᠨ᠎ᠤ ᠵᠠᠮ ᠂  ᠬᠣᠭᠣᠯᠠᠢ ᠭᠤᠤᠷᠰᠤ ᠪᠤᠶᠤ ᠰᠢᠨ᠎ᠡ ᠡᠨᠧᠷᠭᠢ ᠵᠢᠨ ᠲᠡᠷᠭᠡ ᠵᠢ ᠬᠡᠷᠡᠭᠯᠡᠬᠦ ᠬᠡᠷᠡᠭᠲᠡᠢ ᠃  ᠴᠡᠪᠡᠷ ᠲᠡᠭᠡᠭᠡᠪᠦᠷᠢ ᠵᠢ ᠨᠡᠭᠦᠷᠡᠰᠦᠨ ᠠᠭᠤᠷᠬᠠᠢ ᠂  ᠪᠣᠯᠣᠳ ᠲᠡᠮᠦᠷ ᠂  ᠢᠯᠴᠢ ᠵᠢᠨ ᠴᠠᠬᠢᠯᠭ᠋ᠠᠨ ᠂  ᠥᠩᠭᠡᠲᠦ ᠲᠡᠮᠦᠷᠯᠢᠭ ᠂  ᠬᠡᠦᠷᠰᠢᠭᠦᠯᠬᠦ ᠂  ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠵᠡᠷᠭᠡ ᠠᠵᠢᠯ ᠲᠥᠷᠥᠯ᠎ᠤᠨ ᠰᠢᠨ᠎ᠡ᠎ᠪᠠᠷ ᠪᠠᠢ᠌ᠭᠤᠯᠬᠤ ᠪᠠ ᠥᠭᠡᠷᠡᠴᠢᠯᠡᠵᠦ ᠥᠷᠭᠡᠳᠬᠡᠨ ᠪᠠᠶ᠋ᠢᠭᠤᠯᠬᠤ ᠲᠥᠷᠥᠯ ᠵᠦᠢ᠍ᠯ᠎ᠢ᠎ᠨᠢ  ᠬᠢᠨᠠᠨ ᠬᠠᠷᠭᠤᠭᠤᠯᠬᠤ ᠪᠠ ᠬᠢᠨᠠᠨ ᠬᠠᠮᠢᠶᠠᠷᠬᠤ ᠵᠢᠨ ᠭᠣᠣᠯᠳᠠᠯᠭ᠎ᠠ ᠪᠣᠯᠭ᠋ᠠᠬᠤ᠎ᠪᠠᠷ ᠬᠠᠢ᠌ᠨ ᠰᠦᠪᠡᠭᠴᠢᠯᠡᠨ᠎ᠡ ᠃  ᠥᠷᠭᠡᠨ ᠬᠡᠷᠡᠭᠴᠡᠭᠡᠨ᠎ᠤ ᠪᠠᠷᠠᠭ᠎ᠠ ᠵᠢᠨ ᠣᠨ᠎ᠤ ᠲᠡᠭᠡᠭᠡᠪᠦᠷᠢ ᠵᠢᠨ ᠬᠡᠮᠵᠢᠶ᠎ᠡ᠎ᠨᠢ 150 ᠲᠦᠮᠡᠨ ᠲᠣᠨ᠎ᠠᠴᠠ ᠳᠡᠭᠡᠭᠰᠢᠬᠢ ᠪᠠᠷᠠᠭ᠋ᠠᠨ᠎ᠤ ᠭᠦᠢ᠍ᠯᠭᠡᠭᠡᠨ᠎ᠤ ᠬᠦᠷᠢᠶᠡᠯᠡᠩ ᠲᠣᠭᠣᠷᠢᠭ ᠂  ᠦᠢ᠍ᠯᠡᠳᠪᠦᠷᠢ ᠠᠭᠤᠷᠬᠠᠢ ᠵᠢᠨ ᠠᠵᠤ ᠠᠬᠤᠢ᠌ᠯᠠᠯ ᠪᠠ ᠨᠡᠭᠦᠷᠡᠰᠦ ᠬᠠᠳᠠᠭ᠋ᠠᠯᠠᠬᠤ ᠰᠠᠭᠤᠷᠢᠨ ᠭᠠᠵᠠᠷ᠎ᠢ ᠰᠢᠨ᠎ᠡ᠎ᠪᠠᠷ ᠪᠠᠶ᠋ᠢᠭᠤᠯᠬᠤ ᠪᠠ ᠨᠡᠭᠦᠯᠭᠡᠨ ᠪᠠᠢ᠌ᠭᠤᠯᠬᠤ᠎ᠳᠤ ᠂  ᠵᠠᠷᠴᠢᠮ ᠳᠡᠭᠡᠷ᠎ᠡ᠎ᠪᠠᠨ ᠲᠡᠮᠦᠷ ᠵᠠᠮ᠎ᠳᠤ ᠲᠤᠰᠬᠠᠢ ᠬᠡᠷᠡᠭᠯᠡᠬᠦ ᠵᠠᠮ ᠱᠤᠭᠤᠮ ᠪᠤᠶᠤ ᠬᠣᠭᠣᠯᠠᠢ ᠭᠤᠤᠷᠰᠤ ᠵᠢ ᠵᠠᠯᠭ᠋ᠠᠵᠤ ᠣᠷᠣᠭᠤᠯᠤᠨ᠎ᠠ ᠃ 2025 ᠣᠨ ᠪᠣᠯᠬᠤ᠎ᠳᠤ ᠂  ᠪᠥᠬᠦ ᠣᠷᠣᠨ᠎ᠤ ᠲᠡᠮᠦᠷ ᠵᠠᠮ ᠵᠶ᠋ᠠᠷ ᠪᠠᠷᠠᠭ᠎ᠠ ᠲᠡᠭᠡᠭᠡᠪᠦᠷᠢᠯᠡᠬᠦ ᠬᠡᠮᠵᠢᠶ᠎ᠡ ᠵᠢ 2020 ᠣᠨ᠎ᠤ᠎ᠬᠢ᠎ᠠᠴᠠ 10% ᠣᠷᠴᠢᠮ ᠨᠡᠮᠡᠭᠳᠡᠭᠦᠯᠵᠦ ᠂ 500 ᠺᠢᠯᠣᠮᠧᠲᠷ᠎ᠤᠨ ᠵᠠᠢ᠎ᠠᠴᠠ ᠬᠣᠯᠠ ᠮᠤᠵᠢ (ᠣᠷᠣᠨ ᠂  ᠬᠤᠲᠠ ) ᠠᠯᠤᠰᠯᠠᠨ ᠭᠠᠳᠠᠭᠰᠢ ᠲᠡᠭᠡᠭᠡᠪᠦᠷᠢᠯᠡᠬᠦ ᠨᠡᠭᠦᠷᠡᠰᠦ ᠪᠠ ᠬᠡᠦᠷᠡᠰᠦ ᠵᠢ ᠲᠡᠮᠦᠷ ᠵᠠᠮ ᠵᠶ᠋ᠠᠷ ᠲᠡᠭᠡᠭᠡᠪᠦᠷᠢᠯᠡᠭᠰᠡᠨ ᠬᠠᠷᠢᠴᠠᠯ᠎ᠢ᠎ᠨᠢ 90%᠎ᠠᠴᠠ  ᠳᠡᠭᠡᠭᠰᠢ᠎ᠳᠤ ᠬᠦᠷᠦᠭᠦᠯᠬᠦ᠎ᠪᠠᠷ ᠴᠢᠷᠮᠠᠢ᠌ᠨ᠎ᠠ ᠃ (  ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ ᠂  ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠂  ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ )

      (ᠠᠷᠪᠠᠨ ᠨᠢᠭᠡ ) ᠮᠠᠰᠢᠨᠲᠤ ᠲᠡᠷᠭᠡ ᠵᠢᠨ ᠴᠡᠪᠡᠷᠰᠢᠭᠦᠯᠦᠯᠲᠡ ᠵᠢ ᠲᠦᠷᠭᠡᠳᠬᠡᠨ ᠳᠡᠭᠡᠭᠰᠢᠯᠡᠭᠦᠯᠦᠨ᠎ᠡ ᠃  ᠬᠥᠬᠡᠬᠤᠲᠠ ᠪᠤᠭᠤᠲᠤ ᠣᠷᠳᠣᠰ ᠂  ᠦᠬᠠᠢ ᠬᠤᠲᠠ ᠵᠢᠴᠢ ᠡᠷᠬᠢᠨ ᠲᠣᠭᠣᠷᠢᠨ᠎ᠤ ᠭᠠᠵᠠᠷ ᠣᠷᠣᠨ᠎ᠳᠤ ᠴᠡᠪᠡᠷ ᠲᠡᠭᠡᠭᠡᠪᠦᠷᠢ ᠵᠢᠨ ᠲᠤᠷᠰᠢᠯᠲᠠ ᠵᠢᠨ ᠴᠡᠭ᠎ᠤᠨ ᠬᠤᠲᠠ ᠵᠢᠨ ᠪᠦᠲᠦᠭᠡᠨ ᠪᠠᠢ᠌ᠭᠤᠯᠤᠯᠲᠠ ᠵᠢ ᠥᠷᠨᠢᠭᠦᠯᠵᠦ ᠂   ᠴᠡᠪᠡᠷ ᠲᠡᠭᠡᠭᠡᠪᠦᠷᠢ ᠵᠢ ᠤᠷᠢᠳ ᠵᠶ᠋ᠠᠷ ᠬᠡᠷᠡᠭᠵᠢᠭᠦᠯᠬᠦ ᠬᠥᠲᠥᠯᠥᠨ ᠳᠠᠭ᠋ᠠᠭᠤᠯᠬᠤ ᠲᠣᠭᠣᠷᠢᠭ᠎ᠢ ᠪᠣᠶ ᠪᠣᠯᠭ᠋ᠠᠨ᠎ᠠ ᠃  ᠢᠯᠴᠢ ᠵᠢᠨ ᠴᠠᠬᠢᠯᠭ᠋ᠠᠨ ᠂  ᠪᠣᠯᠣᠳ ᠲᠡᠮᠦᠷ ᠂  ᠨᠡᠭᠦᠷᠡᠰᠦ ᠂  ᠬᠡᠦᠷᠰᠢᠭᠦᠯᠬᠦ ᠂  ᠥᠩᠭᠡᠲᠦ ᠲᠡᠮᠦᠷᠯᠢᠭ ᠂  ᠱᠦᠢ᠍ᠨᠢ ᠵᠡᠷᠭᠡ ᠠᠵᠢᠯ ᠲᠥᠷᠥᠯ ᠪᠠ ᠪᠠᠷᠠᠭ᠋ᠠᠨ᠎ᠤ ᠭᠦᠢ᠍ᠯᠭᠡᠭᠡᠨ᠎ᠤ ᠬᠦᠷᠢᠶᠡᠯᠡᠩ ᠲᠣᠭᠣᠷᠢᠭ᠎ᠲᠤ 《ᠰᠢᠨ᠎ᠡ ᠡᠨᠧᠷᠭᠢ ᠵᠢᠨ ᠬᠦᠨᠳᠦ ᠠᠴᠢᠶᠠᠨ᠎ᠤ ᠮᠠᠰᠢᠨ ᠲᠡᠷᠭᠡ + ᠰᠤᠯᠠ᠎ᠠᠴᠠ ᠴᠢᠩᠭᠡᠯᠢᠭ ᠵᠶ᠋ᠠᠷ ᠲᠡᠭᠡᠭᠡᠪᠦᠷᠢᠯᠡᠬᠦ ᠪᠣᠯᠭ᠋ᠠᠨ ᠬᠤᠪᠢᠷᠠᠭᠤᠯᠬᠤ 》  ᠲᠡᠭᠡᠭᠡᠪᠦᠷᠢ ᠵᠢᠨ ᠬᠡᠪ ᠵᠠᠭᠪᠤᠷ᠎ᠢ ᠳᠡᠯᠭᠡᠷᠡᠭᠦᠯᠦᠨ᠎ᠡ ᠃  ᠬᠤᠲᠠ ᠵᠢᠨ ᠪᠠᠢ᠌ᠭᠤᠯᠤᠭᠰᠠᠨ ᠲᠣᠭᠣᠷᠢᠭ᠎ᠤᠨ ᠰᠢᠨ᠎ᠡ᠎ᠪᠠᠷ ᠨᠡᠮᠡᠭᠳᠡᠭᠰᠡᠨ ᠪᠠ ᠰᠢᠨᠡᠳᠬᠡᠭᠰᠡᠨ ᠨᠡᠶ᠋ᠢᠲᠡ ᠵᠢᠨ ᠮᠠᠰᠢᠨ ᠲᠡᠷᠭᠡ ᠂  ᠣᠷᠴᠢᠨ ᠲᠣᠭᠣᠷᠢᠨ᠎ᠤ ᠠᠷᠢᠭᠤᠨ ᠴᠡᠪᠡᠷ ᠂  ᠲᠦᠷᠢᠶᠡᠰᠦᠯᠡᠬᠦ ᠂  ᠠᠵᠢᠯ᠎ᠳᠤ ᠭᠠᠷᠬᠤ ᠂  ᠬᠥᠩᠭᠡᠨ ᠮᠠᠶᠢᠭ᠎ᠤᠨ ᠪᠠᠷᠠᠭ᠋ᠠᠨ᠎ᠤ ᠭᠦᠢ᠍ᠯᠭᠡᠭᠡᠨ᠎ᠤ ᠲᠣᠬᠢᠷᠠᠭᠤᠯᠤᠨ ᠬᠦᠷᠭᠡᠬᠦ ᠲᠡᠷᠭᠡ ᠬᠥᠰᠬᠡ᠎ᠳᠤ ᠰᠢᠨ᠎ᠡ ᠡᠨᠧᠷᠭᠢ ᠂  ᠴᠡᠪᠡᠷ ᠡᠨᠧᠷᠭᠢ ᠵᠢᠨ ᠮᠠᠰᠢᠨ ᠲᠡᠷᠭᠡ ᠬᠡᠷᠡᠭᠯᠡᠬᠦ ᠵᠢ ᠲᠦᠷᠭᠡᠳᠬᠡᠨ ᠠᠬᠢᠭᠤᠯᠤᠨ᠎ᠠ ᠃  ᠣᠨ᠎ᠤ ᠰᠢᠯᠭ᠋ᠠᠨ ᠪᠠᠢ᠌ᠴᠠᠭ᠋ᠠᠯᠲᠠ ᠵᠢᠨ ᠪᠠᠢ᠌ᠭᠤᠯᠤᠮᠵᠢ᠎ᠳᠤ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ᠎ᠪᠠᠨ ᠴᠢᠩᠭ᠋ᠠᠷᠠᠭᠤᠯᠵᠤ ᠂  ᠬᠦᠨᠳᠦ ᠠᠴᠢᠶᠠᠨ᠎ᠤ ᠮᠠᠰᠢᠨ ᠲᠡᠷᠭᠡ ᠵᠢᠨ ᠵᠠᠮ᠎ᠤᠨ ᠪᠠᠢ᠌ᠴᠠᠭ᠋ᠠᠯᠲᠠ ᠪᠠ ᠡᠷᠦᠬᠡ᠎ᠳᠤ ᠣᠷᠣᠵᠤ ᠪᠠᠢ᠌ᠴᠠᠭ᠋ᠠᠬᠤ ᠵᠢ ᠴᠢᠩᠭ᠋ᠠᠳᠬᠠᠨ ᠂  ᠬᠠᠤᠯᠢ᠎ᠠᠴᠠ ᠵᠥᠷᠢᠴᠡᠭᠰᠡᠨ ᠡᠯ᠎ᠡ ᠲᠥᠷᠥᠯ᠎ᠤᠨ ᠦᠢ᠍ᠯᠡ ᠠᠵᠢᠯᠯᠠᠭ᠎ᠠ᠎ᠳᠤ ᠬᠠᠤᠯᠢ ᠶᠣᠰᠣᠭ᠋ᠠᠷ ᠴᠢᠩᠭ᠎ᠠ ᠴᠣᠬᠢᠯᠲᠠ ᠥᠭᠬᠦ ᠬᠡᠷᠡᠭᠲᠡᠢ ᠃ 2025 ᠣᠨ ᠪᠣᠯᠬᠤ᠎ᠳᠤ ᠂  ᠰᠢᠨ᠎ᠡ ᠡᠨᠧᠷᠭᠢ ᠪᠠ ᠤᠯᠤᠰ᠎ᠤᠨ ᠵᠢᠷᠭᠤᠳᠤᠭ᠋ᠠᠷ ᠱᠠᠲᠤᠨ᠎ᠤ ᠪᠣᠬᠢᠷᠲᠤᠯ ᠭᠠᠳᠠᠭᠰᠢᠯᠠᠭᠤᠯᠬᠤ ᠪᠠᠷᠢᠮᠵᠢᠶᠠᠲᠤ ᠠᠴᠢᠶᠠᠨ᠎ᠤ ᠮᠠᠰᠢᠨ ᠲᠡᠷᠭᠡ ᠵᠢᠨ ᠳᠠᠩᠰᠠᠯᠠᠭᠤᠯᠤᠭᠰᠠᠨ ᠲᠣᠭ᠋ᠠᠨ᠎ᠤ ᠡᠵᠡᠯᠡᠬᠦ ᠬᠠᠷᠢᠴᠠᠯ᠎ᠢ 40%᠎ᠳᠤ ᠬᠦᠷᠦᠭᠦᠯᠵᠦ ᠂  ᠰᠢᠨ᠎ᠡ ᠡᠨᠧᠷᠭᠢ ᠵᠢᠴᠢ ᠴᠡᠪᠡᠷ ᠡᠨᠧᠷᠭᠢ ᠵᠢᠨ ᠨᠡᠶ᠋ᠢᠲᠡ ᠵᠢᠨ ᠮᠠᠰᠢᠨ ᠲᠡᠷᠭᠡᠨ᠎ᠤ ᠬᠠᠷᠢᠴᠠᠯ᠎ᠢ 80%᠎ᠳᠤ ᠬᠦᠷᠦᠭᠦᠯᠦᠨ ᠂  ᠲᠦᠷᠭᠡᠨ᠎ᠤ ᠵᠠᠰᠠᠮᠠᠯ ᠵᠠᠮ᠎ᠤᠨ ᠦᠢ᠍ᠯᠡᠴᠢᠯᠡᠭᠡᠨ᠎ᠤ ᠲᠣᠭᠣᠷᠢᠭ᠎ᠲᠠᠬᠢ ᠲᠦᠷᠭᠡᠨ ᠴᠡᠨᠡᠭᠯᠡᠬᠦ ᠥᠷᠲᠡᠭᠡ ᠵᠢᠨ ᠪᠦᠷᠬᠦᠴᠡ ᠵᠢᠨ ᠨᠣᠷᠮ᠎ᠠ ᠵᠢ 60%᠎ᠳᠤ ᠬᠦᠷᠦᠭᠦᠯᠬᠦ᠎ᠪᠠᠷ ᠴᠢᠷᠮᠠᠢ᠌ᠵᠤ ᠂  ᠴᠠᠢ᠌ᠶᠢᠦ ᠲᠣᠰᠣᠨ᠎ᠤ ᠠᠴᠢᠶᠠᠨ᠎ᠤ ᠮᠠᠰᠢᠨ ᠲᠡᠷᠭᠡ ᠵᠢᠨ ᠭᠠᠳᠠᠭᠰᠢᠯᠠᠭᠤᠯᠤᠯᠲᠠ ᠵᠢᠨ ᠪᠠᠢ᠌ᠴᠠᠭ᠋ᠠᠨ ᠰᠢᠯᠭ᠋ᠠᠬᠤ᠎ᠳᠤ ᠬᠢᠷᠢ ᠲᠡᠩᠴᠡᠭᠰᠡᠨ ᠨᠣᠷᠮ᠎ᠠ ᠵᠢ 90%᠎ᠠᠴᠠ ᠳᠠᠪᠠᠭᠤᠯᠤᠨ᠎ᠠ ᠃ (ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ ᠂  ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ ᠂  ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ ᠂  ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠂  ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ ᠂  ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠂  ᠡᠨᠧᠷᠭᠢ ᠵᠢᠨ ᠲᠣᠪᠴᠢᠶ᠎ᠠ ᠵᠡᠷᠭᠡ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ )

      (ᠠᠷᠪᠠᠨ ᠬᠣᠶᠠᠷ ) ᠵᠠᠮᠨᠠᠬᠤ ᠪᠤᠰᠤ ᠬᠥᠳᠡᠯᠭᠡᠭᠡᠨᠲᠦ ᠮᠠᠰᠢᠨ ᠮᠧᠬᠠᠨᠢᠭ᠎ᠢ ᠶᠡᠷᠦᠩᠬᠡᠢ᠌ᠯᠡᠨ ᠵᠠᠰᠠᠬᠤ᠎ᠪᠠᠨ ᠴᠢᠩᠭ᠋ᠠᠷᠠᠭᠤᠯᠤᠨ᠎ᠠ ᠃  ᠲᠡᠮᠦᠷ ᠵᠠᠮ᠎ᠤᠨ ᠪᠠᠷᠠᠭ᠋ᠠᠨ᠎ᠤ ᠲᠠᠯᠠᠪᠤᠷ ᠂  ᠪᠠᠷᠠᠭ᠋ᠠᠨ᠎ᠤ ᠭᠦᠢ᠍ᠯᠭᠡᠭᠡᠨ᠎ᠤ ᠬᠦᠷᠢᠶᠡᠯᠡᠩ ᠲᠣᠭᠣᠷᠢᠭ ᠂  ᠨᠢᠰᠬᠡᠯ᠎ᠤᠨ ᠪᠠᠭᠤᠳᠠᠯ ᠵᠢᠴᠢ ᠢᠯᠴᠢ ᠵᠢᠨ ᠴᠠᠬᠢᠯᠭ᠋ᠠᠨ ᠂  ᠪᠣᠯᠣᠳ ᠲᠡᠮᠦᠷ ᠂  ᠨᠡᠭᠦᠷᠡᠰᠦ ᠂  ᠬᠡᠦᠷᠰᠢᠭᠦᠯᠬᠦ ᠂  ᠪᠠᠷᠢᠯᠭ᠎ᠠ ᠵᠢᠨ ᠮᠠᠲ᠋ᠧᠷᠢᠶᠠᠯ ᠂  ᠠᠭᠤᠷᠬᠠᠢ ᠵᠡᠷᠭᠡ ᠦᠢ᠍ᠯᠡᠳᠪᠦᠷᠢ ᠠᠭᠤᠷᠬᠠᠢ ᠵᠢᠨ ᠠᠵᠤ ᠠᠬᠤᠢ᠌ᠯᠠᠯ᠎ᠤᠨ ᠳᠣᠲᠣᠭ᠋ᠠᠳᠤ᠎ᠳᠠᠬᠢ ᠠᠵᠢᠯᠯᠠᠭ᠋ᠠᠨ᠎ᠤ ᠲᠡᠷᠭᠡ ᠬᠥᠰᠬᠡ ᠪᠠ ᠮᠧᠬᠠᠨᠢᠭ᠎ᠤᠨ ᠰᠢᠨ᠎ᠡ ᠡᠨᠧᠷᠭᠢ᠎ᠪᠠᠷ ᠰᠢᠨᠡᠳᠬᠡᠵᠦ ᠥᠭᠡᠷᠡᠴᠢᠯᠡᠬᠦ ᠵᠢ ᠠᠬᠢᠭᠤᠯᠵᠤ ᠂  ᠰᠢᠨ᠎ᠡ᠎ᠪᠠᠷ ᠨᠡᠮᠡᠭᠳᠡᠭᠰᠡᠨ ᠪᠠ ᠰᠢᠨᠡᠳᠬᠡᠭᠰᠡᠨ 3 ᠲᠣᠨ᠎ᠠᠴᠠ ᠳᠣᠷᠣᠭᠰᠢᠬᠢ ᠤᠳᠬᠤᠭᠤᠷ ᠲᠡᠷᠭᠡ᠎ᠪᠠᠨ ᠰᠢᠨ᠎ᠡ ᠡᠨᠧᠷᠭᠢ ᠵᠢᠨ ᠲᠡᠷᠭᠡ ᠪᠣᠯᠭ᠋ᠠᠬᠤ ᠵᠢ  ᠵᠣᠷᠢᠭᠵᠢᠭᠤᠯᠤᠨ᠎ᠠ ᠃  ᠵᠠᠮᠨᠠᠬᠤ ᠪᠤᠰᠤ ᠬᠥᠳᠡᠯᠭᠡᠭᠡᠨᠲᠦ ᠮᠧᠬᠠᠨᠢᠭ᠎ᠤᠨ ᠭᠠᠳᠠᠭᠰᠢᠯᠠᠭᠤᠯᠤᠯᠲᠠ ᠵᠢ ᠡᠵᠡᠮᠳᠡᠬᠦ ᠲᠣᠭᠣᠷᠢᠭ᠎ᠲᠠᠬᠢ ᠬᠠᠮᠢᠶᠠᠷᠤᠯᠲᠠ ᠡᠵᠡᠮᠳᠡᠯ ᠵᠶ᠋ᠡᠨ ᠴᠢᠩᠭ᠋ᠠᠷᠠᠭᠤᠯᠵᠤ ᠂  ᠵᠠᠮᠨᠠᠬᠤ ᠪᠤᠰᠤ ᠬᠥᠳᠡᠯᠭᠡᠭᠡᠨᠲᠦ ᠮᠧᠬᠠᠨᠢᠭ᠎ᠢ ᠳ᠋ᠤᠭ᠋ᠠᠷᠯᠠᠨ ᠳᠠᠩᠰᠠᠯᠠᠬᠤ᠎ᠳᠤ ᠳᠠᠩᠰᠠᠯᠠᠬᠤ ᠴᠢᠬᠤᠯᠠᠲᠠᠢ ᠵᠢ᠎ᠨᠢ  ᠪᠦᠬᠦᠨ᠎ᠢ ᠳᠠᠩᠰᠠᠯᠠᠵᠤ ᠂  ᠳᠤᠮᠳᠠ ᠪᠠᠷᠠᠭᠤᠨ ᠬᠡᠰᠡᠭ᠎ᠤᠨ 6 ᠠᠢ᠌ᠮᠠᠭ ᠬᠤᠲᠠ ᠵᠢᠨ ᠮᠠᠰᠢᠨ ᠲᠡᠷᠭᠡᠨ᠎ᠤ ᠭᠠᠳᠠᠭᠰᠢᠯᠠᠭᠤᠯᠤᠭᠰᠠᠨ ᠤᠲᠤᠭ᠎ᠠ ᠵᠢᠨ ᠣᠨ᠎ᠤ ᠰᠤᠭᠤᠴᠢᠨ ᠪᠠᠢ᠌ᠴᠠᠭ᠋ᠠᠵᠤ ᠰᠤᠭᠤᠴᠢᠨ   ᠰᠢᠯᠭ᠋ᠠᠬᠤ ᠬᠠᠷᠢᠴᠠᠯ᠎ᠢ 20%᠎ᠠᠴᠠ ᠳᠣᠣᠷ᠎ᠠ ᠪᠠᠢ᠌ᠯᠭ᠋ᠠᠵᠤ ᠪᠣᠯᠬᠤ ᠦᠭᠡᠢ ᠂  ᠪᠤᠰᠤᠳ ᠠᠢ᠌ᠮᠠᠭ ᠬᠤᠲᠠ ᠵᠢᠨ᠎ᠬᠢ ᠵᠢ 10%᠎ᠠᠴᠠ ᠳᠣᠣᠷ᠎ᠠ ᠪᠠᠢ᠌ᠯᠭ᠋ᠠᠵᠤ ᠪᠣᠯᠬᠤ ᠦᠭᠡᠢ ᠃ 2025 ᠣᠨ ᠪᠣᠯᠬᠤ᠎ᠳᠤ ᠂  ᠬᠤᠲᠠ ᠵᠢᠨ ᠲᠣᠭᠣᠷᠢᠭ᠎ᠲᠠᠬᠢ ᠪᠠᠷᠢᠯᠭ᠎ᠠ ᠵᠢᠨ ᠮᠧᠬᠠᠨᠢᠭ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠳ᠋ᠤᠭ᠋ᠠᠷᠯᠠᠬᠤ ᠳᠠᠩᠰᠠᠯᠠᠯᠲᠠ ᠵᠢᠨ ᠭᠤᠷᠪᠠᠨ ᠱᠠᠲᠤᠨ᠎ᠤ ᠬᠣᠯᠪᠣᠭ᠋ᠠᠲᠤ ᠰᠦᠯᠵᠢᠶ᠎ᠡ ᠵᠢ ᠪᠡᠶᠡᠯᠡᠭᠦᠯᠵᠦ ᠂  ᠵᠠᠮᠨᠠᠬᠤ ᠪᠤᠰᠤ ᠬᠥᠳᠡᠯᠭᠡᠭᠡᠨᠲᠦ ᠮᠧᠬᠠᠨᠢᠭ᠎ᠤᠨ 《ᠬᠠᠷ᠎ᠠ ᠤᠲᠤᠭ᠎ᠠ ᠪᠠᠭ᠋ᠠᠭᠢᠭᠤᠯᠬᠤ 》  ᠦᠵᠡᠭᠳᠡᠯ᠎ᠢ ᠦᠨᠳᠦᠰᠦᠨ᠎ᠳᠤ᠎ᠪᠠᠨ ᠠᠷᠢᠯᠭ᠋ᠠᠵᠤ ᠂  ᠨᠢᠭᠡᠳᠦᠭᠡᠷ ᠱᠠᠲᠤᠨ᠎ᠤ ᠵᠢᠴᠢ ᠲᠡᠭᠦᠨ᠎ᠠᠴᠠ ᠳᠣᠷᠣᠭᠰᠢᠬᠢ ᠭᠠᠳᠠᠭᠰᠢᠯᠠᠭᠤᠯᠬᠤ ᠪᠠᠷᠢᠮᠵᠢᠶ᠎ᠠ ᠵᠢᠨ ᠵᠠᠮᠨᠠᠬᠤ ᠪᠤᠰᠤ ᠬᠥᠳᠡᠯᠭᠡᠭᠡᠨᠲᠦ ᠮᠧᠬᠠᠨᠢᠭ᠎ᠢ ᠦᠨᠳᠦᠰᠦᠨ᠎ᠳᠤ᠎ᠪᠠᠨ ᠰᠢᠭᠰᠢᠭᠳᠡᠭᠦᠯᠦᠨ᠎ᠡ ᠃ (ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠂  ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠂  ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ ᠂  ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ ᠂  ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ ᠂  ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ ᠂  ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠂  ᠡᠨᠧᠷᠭᠢ ᠵᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ )

      (ᠠᠷᠪᠠᠨ ᠭᠤᠷᠪᠠ ) ᠪᠣᠯᠪᠠᠰᠤᠷᠠᠭᠤᠯᠤᠭᠰᠠᠨ ᠲᠣᠰᠣᠨ᠎ᠤ ᠶᠠᠰᠤ ᠴᠢᠨᠠᠷ᠎ᠲᠠᠬᠢ ᠪᠦᠬᠦ ᠶᠠᠪᠤᠴᠠ ᠵᠢᠨ ᠬᠠᠮᠢᠶᠠᠷᠤᠯᠲᠠ ᠡᠵᠡᠮᠳᠡᠯ᠎ᠢ ᠴᠢᠩᠭ᠋ᠠᠳᠬᠠᠨ᠎ᠠ ᠃  ᠲᠣᠰᠣᠨ᠎ᠤ ᠵᠦᠢ᠍ᠯ᠎ᠤᠨ ᠭᠠᠳᠠᠭ᠋ᠠᠳᠤ᠎ᠠᠴᠠ ᠣᠷᠣᠭᠤᠯᠬᠤ ᠂  ᠦᠢ᠍ᠯᠡᠳᠪᠦᠷᠢᠯᠡᠬᠦ ᠂  ᠬᠥᠮᠥᠷᠭᠡᠯᠡᠨ ᠬᠠᠳᠠᠭ᠋ᠠᠯᠠᠬᠤ ᠂  ᠲᠡᠭᠡᠭᠡᠪᠦᠷᠢᠯᠡᠬᠦ ᠂  ᠪᠣᠷᠣᠯᠠᠭᠤᠯᠬᠤ ᠂  ᠬᠡᠷᠡᠭᠯᠡᠬᠦ ᠪᠦᠬᠦ ᠲᠠᠯ᠎ᠠ ᠵᠢᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠨ ᠂  ᠥᠪᠡᠰᠦᠪᠡᠨ ᠦᠢ᠍ᠯᠡᠳᠦᠭᠰᠡᠨ ᠲᠣᠰᠣ ᠰᠠᠪᠠᠯᠠᠬᠤ ᠲᠡᠷᠭᠡ ᠂  ᠲᠣᠰᠣ ᠨᠡᠮᠡᠬᠦ ᠨᠡᠭᠦᠳᠡᠯ ᠲᠡᠷᠭᠡ ᠪᠠ ᠬᠠᠤᠯᠢ ᠪᠤᠰᠤ ᠲᠣᠰᠣ ᠨᠡᠮᠡᠬᠦ ᠥᠷᠲᠡᠭᠡ ᠴᠡᠭ᠎ᠢ  ᠪᠦᠬᠦ ᠲᠠᠯ᠎ᠠ᠎ᠪᠠᠷ ᠢᠯᠭ᠋ᠠᠷᠠᠭᠤᠯᠤᠨ ᠴᠡᠭᠴᠡᠯᠡᠵᠦ ᠂  ᠤᠯᠤᠰ᠎ᠤᠨ ᠪᠠᠷᠢᠮᠵᠢᠶ᠎ᠠ ᠱᠠᠭ᠋ᠠᠷᠳᠠᠯᠭ᠎ᠠ᠎ᠳᠤ ᠨᠡᠢ᠌ᠴᠡᠬᠦ ᠦᠭᠡᠢ ᠲᠣᠰᠣᠨ᠎ᠤ ᠵᠦᠢ᠍ᠯ᠎ᠢ  ᠦᠢ᠍ᠯᠡᠳᠪᠦᠷᠢᠯᠡᠬᠦ ᠂  ᠭᠠᠳᠠᠭ᠋ᠠᠳᠤ᠎ᠠᠴᠠ ᠣᠷᠣᠭᠤᠯᠬᠤ ᠂  ᠪᠣᠷᠣᠯᠠᠭᠤᠯᠬᠤ ᠦᠢ᠍ᠯᠡ ᠠᠵᠢᠯᠯᠠᠭ᠎ᠠ᠎ᠳᠤ ᠬᠠᠤᠯᠢ ᠶᠣᠰᠣᠭ᠋ᠠᠷ ᠴᠣᠬᠢᠯᠲᠠ ᠥᠭᠬᠦ ᠬᠡᠷᠡᠭᠲᠡᠢ ᠃  ᠠᠴᠢᠶᠠᠨ᠎ᠤ ᠲᠡᠷᠭᠡ ᠂  ᠵᠠᠮᠨᠠᠬᠤ ᠪᠤᠰᠤ ᠬᠥᠳᠡᠯᠭᠡᠭᠡᠨᠲᠦ ᠮᠧᠬᠠᠨᠢᠭ ᠂  ᠣᠩᠭᠣᠴᠠ ᠰᠠᠯ᠎ᠤᠨ ᠲᠣᠰᠣᠨ᠎ᠤ ᠰᠠᠪᠠ᠎ᠳᠠᠬᠢ ᠴᠠᠢ᠌ᠶᠢᠦ ᠲᠣᠰᠣ ᠵᠢ ᠰᠤᠭᠤᠴᠢᠨ ᠰᠢᠯᠭ᠋ᠠᠬᠤ   ᠤᠳᠠᠭ᠎ᠠ ᠳᠠᠷᠠᠭ᠋ᠠᠯᠠᠯ ᠵᠶ᠋ᠠᠨ ᠳᠡᠭᠡᠭᠰᠢᠯᠡᠭᠦᠯᠦᠨ ᠂  ᠠᠰᠠᠭᠤᠳᠠᠯ᠎ᠤᠨ ᠰᠦᠪᠡᠭᠴᠢ ᠵᠢᠨ ᠢᠷᠡᠯᠲᠡ᠎ᠪᠠᠷ ᠮᠥᠷᠳᠡᠬᠦ ᠵᠢᠨ ᠬᠠᠮᠲᠤ ᠬᠠᠮᠢᠶ᠎ᠠ ᠪᠦᠬᠦᠢ ᠭᠣᠣᠯ ᠴᠣᠭᠴᠠ ᠵᠢᠨ ᠬᠠᠷᠢᠭᠤᠴᠠᠯᠭ᠎ᠠ ᠵᠢ ᠴᠢᠩᠭ᠎ᠠ ᠨᠡᠬᠡᠮᠵᠢᠯᠡᠨ᠎ᠡ ᠃ (ᠥᠪᠡᠷᠲᠡᠭᠡᠨ ᠵᠠᠰᠠᠬᠤ ᠣᠷᠣᠨ᠎ᠤ ᠡᠨᠧᠷᠭᠢ ᠵᠢᠨ ᠲᠣᠪᠴᠢᠶ᠎ᠠ ᠂  ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ ᠂  ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ ᠂  ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ ᠂  ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠂  ᠬᠥᠬᠡᠬᠣᠲᠠ ᠪᠣᠭᠣᠮᠲᠠ ᠂  ᠮᠠᠨᠵᠤᠤᠷ ᠪᠣᠭᠣᠮᠲᠠ ᠵᠡᠷᠭᠡ ᠰᠠᠯᠠᠭ᠎ᠠ ᠮᠥᠴᠢᠷ ᠨᠢᠭᠡᠴᠢ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ )

       ᠲᠠᠪᠤ ᠂  ᠨᠠᠷᠢᠯᠢᠭᠵᠢᠭᠤᠯᠤᠨ ᠬᠠᠮᠢᠶᠠᠷᠬᠤ ᠲᠦᠪᠰᠢᠨ ᠵᠶ᠋ᠡᠨ ᠳᠡᠭᠡᠭᠰᠢᠯᠡᠭᠦᠯᠦᠨ᠎ᠡ

      (ᠠᠷᠪᠠᠨ ᠳᠥᠷᠪᠡ ) ᠲᠣᠭᠣᠰᠣᠨ ᠪᠣᠬᠢᠷᠳᠤᠯ᠎ᠢ ᠶᠡᠷᠦᠩᠬᠡᠢ᠌ᠯᠡᠨ ᠵᠠᠰᠠᠬᠤ᠎ᠪᠠᠨ ᠭᠦᠨᠵᠡᠭᠡᠢ᠌ᠷᠡᠭᠦᠯᠦᠨ᠎ᠡ ᠃  ᠪᠦᠲᠦᠭᠡᠨ   ᠪᠠᠢ᠌ᠭᠤᠯᠬᠤ ᠨᠢᠭᠡᠴᠢ ᠪᠠ ᠪᠠᠷᠢᠯᠭ᠎ᠠ ᠪᠠᠷᠢᠬᠤ ᠨᠢᠭᠡᠴᠢ ᠵᠢᠨ ᠲᠣᠭᠣᠰᠣ ᠳᠡᠭᠳᠡᠬᠦ ᠵᠢ ᠰᠡᠷᠭᠡᠢ᠌ᠯᠡᠨ ᠬᠢᠵᠠᠭ᠋ᠠᠷᠯᠠᠬᠤ ᠬᠠᠷᠢᠭᠤᠴᠠᠯᠭ᠎ᠠ ᠵᠢ᠎ᠨᠢ  ᠨᠠᠢ᠌ᠳᠠᠪᠤᠷᠢᠵᠢᠭᠤᠯᠵᠤ ᠂ 《ᠵᠢᠷᠭᠤᠭ᠋ᠠᠨ ᠵᠠᠭᠤᠨ᠎ᠤ ᠵᠠᠭᠤ 》 ᠵᠢ ᠴᠢᠩᠭ᠎ᠠ ᠬᠡᠷᠡᠭᠵᠢᠭᠦᠯᠵᠦ ᠂  ᠲᠣᠭᠣᠰᠣᠨ ᠪᠣᠬᠢᠷᠳᠤᠯ᠎ᠢ ᠰᠡᠷᠭᠡᠢ᠌ᠯᠡᠨ ᠵᠠᠰᠠᠬᠤ ᠵᠠᠷᠤᠳᠠᠯ᠎ᠢ᠎ᠨᠢ  ᠪᠠᠷᠢᠯᠭ᠎ᠠ ᠵᠢᠨ ᠦᠨ᠎ᠡ᠎ᠳᠤ ᠣᠷᠣᠭᠤᠯᠵᠤ ᠂  ᠪᠠᠷᠢᠯᠭ᠎ᠠ ᠵᠢᠨ ᠭᠠᠵᠠᠷ᠎ᠲᠤ ᠸᠢᠳᠢᠤ᠋ ᠭᠡᠲᠡᠭᠦᠯ ᠤᠭᠰᠠᠷᠠᠬᠤ ᠵᠢᠨ ᠬᠠᠮᠲᠤ ᠲᠤᠬᠠᠢ ᠵᠢᠨ ᠭᠠᠵᠠᠷ᠎ᠤᠨ ᠬᠢᠨᠠᠨ ᠬᠠᠮᠢᠶᠠᠷᠬᠤ ᠲᠠᠪᠴᠠᠩ᠎ᠳᠤ ᠵᠠᠯᠭ᠋ᠠᠵᠤ ᠣᠷᠣᠭᠤᠯᠬᠤ ᠵᠢ ᠵᠣᠷᠢᠭᠵᠢᠭᠤᠯᠤᠨ᠎ᠠ ᠃  ᠬᠣᠲᠠ ᠵᠢᠨ ᠣᠯᠠᠨ ᠨᠡᠶ᠋ᠢᠲᠡ ᠵᠢᠨ ᠣᠷᠣᠨ ᠪᠦᠰᠡ ᠂  ᠤᠷᠲᠤ ᠬᠤᠭᠤᠴᠠᠭ᠎ᠠ᠎ᠪᠠᠷ ᠨᠡᠭᠡᠭᠡᠨ ᠪᠦᠲᠦᠭᠡᠨ ᠪᠠᠢ᠌ᠭᠤᠯᠤᠭ᠋ᠠᠳᠤᠢ ᠬᠠᠯᠴᠠᠭ᠋ᠠᠢ ᠭᠠᠵᠠᠷ ᠂  ᠬᠠᠶᠠᠭᠳᠠᠭᠰᠠᠨ ᠬᠠᠭᠤᠴᠢᠨ ᠦᠢ᠍ᠯᠡᠳᠪᠦᠷᠢ ᠵᠢᠨ ᠲᠣᠭᠣᠷᠢᠭ ᠂  ᠪᠠᠷᠠᠭ᠋ᠠᠨ᠎ᠤ ᠭᠦᠢ᠍ᠯᠭᠡᠭᠡᠨ᠎ᠤ ᠬᠦᠷᠢᠶᠡᠯᠡᠩ ᠲᠣᠭᠣᠷᠢᠭ ᠂  ᠮᠠᠰᠢᠨ ᠲᠡᠷᠭᠡᠨ᠎ᠤ ᠲᠣᠮᠣ ᠬᠡᠯᠪᠡᠷᠢ ᠵᠢᠨ ᠵᠣᠭᠰᠣᠭ᠋ᠠᠯ ᠵᠡᠷᠭᠡ ᠵᠢ ᠵᠢᠭᠰᠠᠭ᠋ᠠᠨ ᠪᠠᠢ᠌ᠴᠠᠭ᠋ᠠᠵᠤ ᠳᠠᠩᠰᠠ ᠡᠪᠬᠡᠮᠡᠯ ᠪᠠᠶ᠋ᠢᠭᠤᠯᠬᠤ ᠵᠢᠨ ᠬᠠᠮᠲᠤ ᠂  ᠨᠣᠭᠣᠭ᠋ᠠᠷᠠᠭᠤᠯᠬᠤ ᠂  ᠳᠡᠪᠢᠰᠴᠦ ᠬᠠᠲᠠᠭᠤᠷᠠᠭᠤᠯᠬᠤ ᠂  ᠴᠡᠪᠡᠷᠯᠡᠬᠦ ᠵᠡᠷᠭᠡ ᠲᠣᠭᠣᠰᠣ ᠰᠡᠷᠭᠡᠢ᠌ᠯᠡᠬᠦ ᠠᠷᠭ᠎ᠠ ᠬᠡᠮᠵᠢᠶ᠎ᠡ ᠠᠪᠬᠤ ᠬᠡᠷᠡᠭᠲᠡᠢ ᠃  ᠨᠡᠭᠦᠷᠡᠰᠦ ᠂  ᠬᠣᠭ ᠰᠢᠷᠣᠢ ᠂  ᠴᠢᠯᠠᠭᠤᠨ ᠮᠠᠲ᠋ᠧᠷᠢᠶᠠᠯ ᠂  ᠱᠦᠢ᠍ᠨᠢ ᠂  ᠨᠤᠨᠳᠠᠭ ᠨᠡᠭᠦᠷᠡᠰᠦᠨ᠎ᠤ ᠦᠨᠡᠰᠦ ᠂  ᠬᠣᠭ ᠨᠣᠪᠰᠢ ᠵᠡᠷᠭᠡ ᠡᠳ᠋ ᠮᠠᠲ᠋ᠧᠷᠢᠶᠠᠯ ᠵᠥᠭᠡᠭᠡᠪᠦᠷᠢᠯᠡᠬᠦ ᠲᠡᠷᠭᠡ ᠬᠥᠰᠬᠡ᠎ᠪᠠᠨ ᠪᠦᠷᠢᠨ ᠪᠢᠲᠡᠭᠦᠮᠵᠢᠯᠡᠬᠦ ᠪᠠ ᠪᠦᠷᠢᠬᠦ ᠵᠡᠷᠭᠡ ᠠᠷᠭ᠎ᠠ ᠬᠡᠮᠵᠢᠶ᠎ᠡ ᠵᠢ ᠨᠠᠢ᠌ᠳᠠᠪᠤᠷᠢᠵᠢᠭᠤᠯᠤᠨ᠎ᠠ ᠃  ᠬᠤᠲᠠ ᠵᠢᠨ ᠭᠣᠣᠯ ᠵᠠᠮ ᠪᠠ ᠪᠤᠰᠤᠳ ᠵᠠᠮ ᠂  ᠬᠤᠲᠠ ᠬᠥᠳᠡᠭᠡ ᠵᠢᠨ ᠠᠭᠤᠯᠵᠠᠷ ᠬᠡᠰᠡᠭ ᠵᠡᠷᠭᠡ ᠭᠣᠣᠯᠳᠠᠯᠭ᠎ᠠ ᠪᠣᠯᠬᠤ ᠵᠠᠮ᠎ᠤᠨ ᠬᠡᠰᠡᠭ᠎ᠢ ᠮᠧᠬᠠᠨᠢᠭᠵᠢᠭᠤᠯᠤᠨ ᠴᠡᠪᠡᠷᠯᠡᠬᠦ ᠡᠷᠴᠢᠮ ᠵᠶ᠋ᠠᠨ ᠴᠢᠩᠭ᠋ᠠᠷᠠᠭᠤᠯᠤᠨ᠎ᠠ ᠃ 2025 ᠣᠨ ᠪᠣᠯᠬᠤ᠎ᠳᠤ ᠂  ᠰᠢᠨ᠎ᠡ᠎ᠪᠠᠷ ᠪᠠᠢ᠌ᠭᠤᠯᠤᠭᠰᠠᠨ ᠪᠠᠷᠢᠯᠭ᠎ᠠ ᠵᠢᠨ ᠲᠠᠯᠠᠪᠠᠶ᠎ᠳᠠᠬᠢ ᠤᠭᠰᠠᠷᠠᠮᠠᠯ ᠮᠠᠶᠢᠭ᠎ᠤᠨ ᠪᠠᠷᠢᠯᠭ᠎ᠠ ᠵᠢᠨ ᠡᠵᠡᠯᠡᠬᠦ ᠬᠠᠷᠢᠴᠠᠯ᠎ᠢ 30%᠎ᠳᠤ ᠬᠦᠷᠦᠭᠦᠯᠦᠨ᠎ᠡ ;  ᠠᠢ᠌ᠮᠠᠭ᠎ᠤᠨ ᠵᠠᠬᠢᠷᠭ᠎ᠠ ᠂  ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠪᠠᠢ᠌ᠭ᠎ᠠ ᠭᠠᠵᠠᠷ᠎ᠤᠨ ᠬᠤᠲᠠ ᠵᠢᠨ ᠪᠠᠢ᠌ᠭᠤᠯᠤᠭᠰᠠᠨ ᠲᠣᠭᠣᠷᠢᠭ᠎ᠲᠠᠬᠢ ᠵᠠᠮ᠎ᠤᠨ ᠮᠧᠬᠠᠨᠢᠭᠵᠢᠭᠤᠯᠤᠨ ᠴᠡᠪᠡᠷᠯᠡᠬᠦ ᠨᠣᠷᠮ᠎ᠠ ᠵᠢ 80% ᠣᠷᠴᠢᠮ᠎ᠳᠤ ᠬᠦᠷᠦᠭᠦᠯᠵᠦ ᠂  ᠰᠢᠶᠠᠨ᠎ᠤ ᠬᠤᠲᠠ ᠵᠢᠨ᠎ᠬᠢ ᠵᠢ 70% ᠣᠷᠴᠢᠮ᠎ᠳᠤ ᠬᠦᠷᠦᠭᠦᠯᠦᠨ᠎ᠡ ᠃ (ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ ᠂  ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ ᠂  ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠂  ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ )

      (ᠠᠷᠪᠠᠨ ᠲᠠᠪᠤ ) ᠠᠭᠤᠷᠬᠠᠢ ᠵᠢᠨ ᠠᠮᠢ ᠠᠬᠤᠢ ᠵᠢᠨ ᠣᠷᠴᠢᠨ ᠲᠣᠭᠣᠷᠢᠨ᠎ᠢ ᠶᠡᠷᠦᠩᠬᠡᠢ᠌ᠯᠡᠨ ᠵᠠᠰᠠᠬᠤ ᠵᠢ ᠠᠬᠢᠭᠤᠯᠤᠨ᠎ᠠ ᠃  ᠠᠭᠤᠷᠬᠠᠢ ᠵᠢᠨ ᠠᠮᠢ ᠠᠬᠤᠢ ᠵᠢ ᠰᠡᠷᠭᠦᠭᠡᠬᠦ ᠡᠷᠴᠢᠮ ᠵᠶ᠋ᠡᠨ ᠴᠢᠩᠭ᠋ᠠᠷᠠᠭᠤᠯᠵᠤ ᠂  ᠴᠢᠯᠠᠭᠤᠯᠢᠭ ᠨᠡᠭᠦᠷᠡᠰᠦ ᠵᠢ ᠰᠢᠨᠵᠢᠯᠡᠬᠦ ᠤᠬᠠᠭ᠋ᠠᠨᠴᠢ᠎ᠪᠠᠷ ᠰᠢᠢ᠍ᠳᠪᠦᠷᠢᠯᠡᠨ ᠠᠰᠢᠭᠯᠠᠵᠤ ᠂  ᠨᠡᠭᠡᠭᠡᠨ ᠮᠠᠯᠲᠠᠬᠤ ᠂  ᠠᠴᠢᠶᠠᠯᠠᠵᠤ ᠪᠠᠭᠤᠯᠭ᠋ᠠᠬᠤ ᠂  ᠲᠡᠭᠡᠭᠡᠪᠦᠷᠢᠯᠡᠬᠦ ᠵᠡᠷᠭᠡ ᠭᠣᠭᠴᠣᠭ᠋ᠠᠨ᠎ᠳᠠᠬᠢ ᠲᠣᠭᠣᠰᠣ ᠰᠢᠷᠣᠢ ᠵᠢ ᠨᠠᠮᠳᠠᠭ᠋ᠠᠵᠤ ᠳᠠᠷᠤᠬᠤ ᠠᠷᠭ᠎ᠠ ᠬᠡᠮᠵᠢᠶ᠎ᠡ᠎ᠪᠠᠨ ᠴᠢᠩᠭ᠋ᠠᠷᠠᠭᠤᠯᠬᠤ ᠬᠡᠷᠡᠭᠲᠡᠢ ᠃  ᠰᠢᠨ᠎ᠡ᠎ᠪᠠᠷ ᠪᠠᠢ᠌ᠭᠤᠯᠤᠭᠰᠠᠨ ᠠᠭᠤᠷᠬᠠᠢ᠎ᠳᠤ ᠵᠠᠷᠴᠢᠮ ᠳᠡᠭᠡᠷ᠎ᠡ᠎ᠪᠠᠨ ᠲᠡᠮᠦᠷ ᠵᠠᠮ᠎ᠤᠨ ᠲᠤᠰᠬᠠᠢ ᠱᠤᠭᠤᠮ ᠪᠠᠢ᠌ᠭᠤᠯᠬᠤ ᠪᠤᠶᠤ ᠪᠤᠰᠤᠳ ᠴᠡᠪᠡᠷᠬᠡᠨ ᠲᠡᠭᠡᠭᠡᠪᠦᠷᠢᠯᠡᠬᠦ ᠠᠷᠭ᠎ᠠ ᠬᠡᠯᠪᠡᠷᠢ ᠵᠢ ᠬᠡᠷᠡᠭᠯᠡᠬᠦ ᠬᠡᠷᠡᠭᠲᠡᠢ ᠃  ᠨᠡᠭᠦᠷᠡᠰᠦᠨ ᠠᠭᠤᠷᠬᠠᠢ ᠂  ᠨᠡᠭᠦᠷᠡᠰᠦᠨ ᠴᠢᠯᠠᠭᠤ ᠵᠢᠨ ᠥᠪᠡᠰᠦᠪᠡᠨ ᠨᠣᠴᠣᠵᠤ ᠰᠢᠲᠠᠬᠤ ᠵᠢ᠎ᠨᠢ  ᠬᠢᠨᠠᠨ ᠬᠠᠮᠢᠶᠠᠷᠬᠤ᠎ᠪᠠᠨ ᠴᠢᠩᠭ᠋ᠠᠳᠬᠠᠵᠤ ᠂  ᠭᠠᠯ ᠨᠣᠴᠣᠵᠤ ᠰᠢᠲᠠᠬᠤ ᠴᠡᠭ᠎ᠢ ᠬᠥᠳᠡᠯᠦᠩᠭᠦᠢ᠎ᠪᠠᠷ ᠤᠨᠲᠠᠷᠠᠭ᠋ᠠᠵᠤ ᠠᠷᠢᠯᠭ᠋ᠠᠬᠤ ᠵᠢ ᠪᠡᠶᠡᠯᠡᠭᠦᠯᠦᠨ᠎ᠡ ᠃  ᠬᠢᠵᠠᠭ᠋ᠠᠷᠯᠠᠭᠰᠠᠨ ᠬᠤᠭᠤᠴᠠᠭ᠋ᠠᠨ᠎ᠳᠤ ᠴᠡᠭᠴᠡᠯᠡᠨ ᠰᠠᠢ᠌ᠵᠢᠷᠠᠭᠤᠯᠤᠭ᠋ᠠᠳ ᠮᠥᠨ ᠬᠦ᠌ ᠪᠠᠷᠢᠮᠵᠢᠶ᠎ᠠ᠎ᠳᠤ ᠬᠦᠷᠦᠭᠰᠡᠨ ᠦᠭᠡᠢ ᠠᠭᠤᠷᠬᠠᠢ ᠵᠢ ᠠᠶᠤᠯ ᠦᠭᠡᠢ ᠦᠢ᠍ᠯᠡᠳᠪᠦᠷᠢᠯᠡᠬᠦ ᠂  ᠬᠥᠷᠥᠰᠥ ᠰᠢᠷᠣᠢ ᠵᠢ ᠬᠠᠮᠠᠭ᠋ᠠᠯᠠᠬᠤ ᠂  ᠠᠮᠢ ᠠᠬᠤᠢ ᠣᠷᠴᠢᠨ ᠲᠣᠭᠣᠷᠢᠨ ᠵᠡᠷᠭᠡ ᠵᠢᠨ ᠱᠠᠭ᠋ᠠᠷᠳᠠᠯᠭ᠎ᠠ ᠵᠢ ᠦᠨᠳᠦᠰᠦᠯᠡᠨ ᠬᠠᠤᠯᠢ ᠶᠣᠰᠣᠭ᠋ᠠᠷ ᠬᠠᠭ᠋ᠠᠵᠤ ᠵᠣᠭᠰᠤᠭ᠋ᠠᠬᠤ ᠬᠡᠷᠡᠭᠲᠡᠢ ᠃ (ᠥᠪᠡᠷᠲᠡᠭᠡᠨ ᠵᠠᠰᠠᠬᠤ ᠣᠷᠣᠨ᠎ᠤ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠢᠩᠬᠢᠮ ᠂  ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠂  ᠤᠰᠤᠨ ᠠᠰᠢᠭᠯᠠᠯᠲᠠ ᠵᠢᠨ ᠲᠢᠩᠬᠢᠮ ᠂  ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠲᠢᠩᠬᠢᠮ ᠂  ᠡᠨᠧᠷᠭᠢ ᠵᠢᠨ ᠲᠣᠪᠴᠢᠶ᠎ᠠ ᠂  ᠣᠶ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶ᠎ᠠ ᠂  ᠤᠯᠤᠰ᠎ᠤᠨ ᠠᠭᠤᠷᠬᠠᠢ ᠵᠢᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠨ ᠥᠪᠥᠷ ᠮᠣᠩᠭᠣᠯ᠎ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠨᠢᠭᠡᠴᠢ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ )

      (ᠠᠷᠪᠠᠨ ᠵᠢᠷᠭᠤᠭ᠎ᠠ ) ᠡᠰᠢ ᠰᠦᠷᠡᠯ᠎ᠢ ᠶᠡᠷᠦᠩᠬᠡᠢ᠌ᠯᠡᠨ ᠠᠰᠢᠭᠯᠠᠬᠤ ᠪᠠ ᠰᠢᠲᠠᠭ᠋ᠠᠵᠤ ᠬᠠᠶᠠᠬᠤ ᠵᠢ ᠴᠠᠭ᠋ᠠᠵᠠᠯᠠᠬᠤ ᠠᠵᠢᠯ ᠵᠶ᠋ᠠᠨ ᠴᠢᠩᠭ᠋ᠠᠳᠬᠠᠨ᠎ᠠ ᠃  ᠡᠰᠢ ᠰᠦᠷᠡᠯ᠎ᠢ ᠬᠣᠷᠢᠶᠠᠨ ᠬᠠᠳᠠᠭ᠋ᠠᠯᠠᠵᠤ ᠲᠡᠭᠡᠭᠡᠪᠦᠷᠢᠯᠡᠬᠦ ᠲᠣᠭᠲᠠᠯᠴᠠᠭ᠎ᠠ ᠵᠢ ᠪᠦᠷᠢᠨᠰᠢᠭᠦᠯᠦᠨ ᠲᠡᠭᠦᠯᠳᠡᠷᠵᠢᠭᠦᠯᠵᠦ ᠂  ᠡᠰᠢ ᠰᠦᠷᠡᠯ᠎ᠢ ᠠᠵᠤ ᠦᠢ᠍ᠯᠡᠰᠵᠢᠭᠦᠯᠬᠦ ᠴᠢᠳᠠᠪᠤᠷᠢ᠎ᠪᠠᠨ ᠳᠡᠭᠡᠭᠰᠢᠯᠡᠭᠦᠯᠦᠨ ᠂  ᠲᠠᠷᠢᠶᠠᠨ ᠭᠠᠵᠠᠷ᠎ᠠᠴᠠ ᠬᠣᠷᠢᠶᠠᠨ ᠰᠢᠯᠵᠢᠭᠦᠯᠬᠦ ᠦᠷ᠎ᠡ ᠪᠦᠲᠦᠮᠵᠢ ᠵᠢ ᠳᠡᠭᠡᠭᠰᠢᠯᠡᠭᠦᠯᠵᠦ ᠂ 2025 ᠣᠨ᠎ᠳᠤ ᠪᠥᠬᠦ ᠣᠷᠣᠨ᠎ᠤ ᠡᠰᠢ ᠰᠦᠷᠡᠯ᠎ᠤᠨ ᠶᠡᠷᠦᠩᠬᠡᠢ᠌ᠯᠡᠨ ᠠᠰᠢᠭᠯᠠᠬᠤ ᠨᠣᠷᠮ᠎ᠠ ᠵᠢ 90%᠎ᠳᠤ ᠬᠦᠷᠦᠭᠦᠯᠦᠨ᠎ᠡ ᠃  ᠡᠯ᠎ᠡ ᠭᠠᠵᠠᠷ ᠣᠷᠣᠨ᠎ᠨᠢ  ᠪᠣᠳᠠᠲᠠᠢ᠎ᠲᠠᠢ᠎ᠪᠠᠨ ᠤᠶᠠᠯᠳᠤᠭᠤᠯᠤᠨ ᠡᠰᠢ ᠰᠦᠷᠡᠯ ᠰᠢᠲᠠᠭ᠋ᠠᠵᠤ ᠬᠠᠶᠠᠬᠤ ᠵᠢ ᠴᠠᠭ᠋ᠠᠵᠠᠯᠠᠬᠤ ᠬᠦᠷᠢᠶ᠎ᠡ ᠬᠡᠪᠴᠢᠶ᠎ᠡ᠎ᠪᠠᠨ ᠣᠨᠣᠴᠠᠲᠠᠢ ᠬᠤᠪᠢᠶᠠᠷᠢᠯᠠᠬᠤ ᠵᠢᠨ ᠬᠠᠮᠲᠤ ᠨᠡᠢ᠌ᠭᠡᠮ᠎ᠳᠤ ᠵᠠᠷᠯᠠᠬᠤ ᠬᠡᠷᠡᠭᠲᠡᠢ ᠃  ᠲᠣᠣᠷᠵᠢᠭᠤᠯᠤᠭᠰᠠᠨ ᠬᠢᠨᠠᠯᠲᠠ ᠬᠠᠮᠢᠶᠠᠷᠤᠯᠲᠠ ᠵᠢᠨ ᠲᠣᠭᠲᠠᠯᠴᠠᠭ᠎ᠠ ᠵᠢ ᠲᠡᠭᠦᠯᠳᠡᠷᠵᠢᠭᠦᠯᠵᠦ ᠂  ᠡᠳᠦᠷ ᠲᠤᠳᠤᠮ᠎ᠤᠨ ᠪᠠ ᠭᠣᠣᠯᠳᠠᠯᠭ᠎ᠠ ᠪᠣᠯᠬᠤ ᠴᠠᠭ ᠬᠤᠭᠤᠴᠠᠭ᠋ᠠᠨ᠎ᠳᠤ ᠲᠣᠭᠣᠷᠢᠨ ᠪᠠᠢ᠌ᠴᠠᠭ᠋ᠠᠬᠤ ᠵᠢ ᠴᠢᠩᠭ᠋ᠠᠳᠬᠠᠨ ᠂  ᠭᠠᠯᠳᠠᠵᠤ ᠰᠢᠲᠠᠭ᠋ᠠᠬᠤ ᠠᠵᠢᠯᠯᠠᠭ᠎ᠠ ᠵᠢ ᠴᠠᠭ ᠲᠤᠬᠠᠢ᠎ᠳᠤ᠎ᠨᠢ  ᠣᠯᠵᠤ ᠢᠯᠡᠷᠡᠭᠦᠯᠬᠦ ᠪᠠ ᠬᠣᠷᠢᠭᠯᠠᠬᠤ ᠬᠡᠷᠡᠭᠲᠡᠢ ᠃ (ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ ᠂  ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠂  ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠂  ᠥᠪᠥᠷ ᠮᠣᠩᠭᠣᠯ᠎ᠤᠨ ᠴᠠᠭ ᠠᠭᠤᠷ᠎ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠨᠢᠭᠡᠴᠢ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ )

       ᠵᠢᠷᠭᠤᠭ᠎ᠠ ᠂  ᠣᠯᠡᠨ ᠪᠣᠬᠢᠷᠳᠤᠯ ᠪᠣᠳᠠᠰ᠎ᠤᠨ ᠭᠠᠳᠠᠭᠰᠢᠯᠠᠭᠤᠯᠤᠯᠲᠠ ᠵᠢ ᠬᠠᠮᠵᠢᠯᠴᠠᠨ ᠪᠠᠭ᠋ᠠᠰᠬᠠᠬᠤ ᠠᠵᠢᠯ ᠵᠶ᠋ᠠᠨ ᠴᠢᠩᠭ᠋ᠠᠷᠠᠭᠤᠯᠤᠨ᠎ᠠ

      (ᠠᠷᠪᠠᠨ ᠲᠤᠯᠤᠭ᠎ᠠ ) VOCs᠊ᠷ᠎ᠤᠨ  ᠪᠥᠬᠦ ᠶᠠᠪᠤᠴᠠ ᠪᠦᠬᠦ ᠵᠠᠩᠭᠢᠯᠠᠭ᠎ᠠ᠎ᠳᠤ᠎ᠨᠢ  ᠶᠡᠷᠦᠩᠬᠡᠢ᠌ᠯᠡᠨ ᠵᠠᠰᠠᠬᠤ ᠵᠢ ᠴᠢᠩᠭ᠋ᠠᠷᠠᠭᠤᠯᠤᠨ᠎ᠠ ᠃  ᠳᠣᠣᠷ᠎ᠠ ᠠᠰᠢᠭᠯᠠᠮᠵᠢᠲᠤ VOCs᠊ᠯ᠎ᠢ  ᠵᠠᠰᠠᠬᠤ ᠪᠡᠯᠡᠳᠬᠡᠮᠵᠢ᠎ᠪᠠᠨ ᠳᠡᠭᠡᠭᠰᠢᠯᠡᠭᠦᠯᠬᠦ ᠢᠨᠵᠧᠨᠧᠷᠢᠩ᠎ᠢ ᠬᠡᠷᠡᠭᠵᠢᠭᠦᠯᠵᠦ ᠂  ᠲᠡᠷᠢᠭᠦᠨ᠎ᠤ ᠦᠢ᠍ᠯᠡᠳᠪᠦᠷᠢᠯᠡᠯ᠎ᠤᠨ ᠤᠷ᠎ᠠ ᠮᠡᠷᠭᠡᠰᠢᠯ ᠪᠠ ᠪᠣᠬᠢᠷᠲᠤᠯ᠎ᠢ ᠥᠨᠳᠥᠷ ᠪᠦᠲᠦᠮᠵᠢᠲᠡᠢ᠎ᠪᠠᠷ ᠵᠠᠰᠠᠬᠤ   ᠪᠡᠯᠡᠳᠬᠡᠮᠵᠢ ᠵᠢ ᠶᠡᠬᠡ᠎ᠪᠠᠷ ᠬᠡᠷᠡᠭᠵᠢᠭᠦᠯᠦᠨ᠎ᠡ ᠃ VOCs ᠠᠭᠤᠯᠤᠭᠳᠠᠭᠰᠠᠨ ᠮᠠᠲ᠋ᠧᠷᠢᠶᠠᠯ ᠦᠢ᠍ᠯᠡᠳᠪᠦᠷᠢᠯᠡᠬᠦ ᠂  ᠬᠠᠳᠠᠭ᠋ᠠᠯᠠᠬᠤ ᠂  ᠲᠡᠭᠡᠭᠡᠪᠦᠷᠢᠯᠡᠬᠦ ᠂  ᠬᠡᠷᠡᠭᠯᠡᠬᠦ ᠵᠡᠷᠭᠡ ᠪᠥᠬᠦ ᠶᠠᠪᠤᠴᠠ᠎ᠳᠤ ᠵᠢᠭᠰᠠᠭ᠋ᠠᠨ ᠪᠠᠢ᠌ᠴᠠᠭ᠋ᠠᠬᠤ ᠠᠵᠢᠯ᠎ᠢ ᠥᠷᠨᠢᠭᠦᠯᠵᠦ ᠂  ᠬᠠᠮᠢᠶ᠎ᠠ ᠪᠦᠬᠦᠢ ᠪᠠᠷᠢᠮᠵᠢᠶ᠎ᠠ ᠱᠠᠭ᠋ᠠᠷᠳᠠᠯᠭ᠎ᠠ᠎ᠳᠤ ᠬᠦᠷᠴᠦ ᠳᠡᠶ᠋ᠢᠯᠬᠦ ᠦᠭᠡᠢ ᠵᠢ᠎ᠨᠢ  ᠬᠤᠭᠤᠴᠠᠭ᠎ᠠ ᠬᠢᠵᠠᠭ᠋ᠠᠷᠯᠠᠨ ᠲᠤᠭᠤᠰᠢᠲᠠᠢ ᠴᠡᠭᠴᠡᠯᠡᠨ ᠵᠠᠰᠠᠭᠤᠯᠤᠨ᠎ᠠ ᠃  ᠬᠡᠢ᠌ᠯᠡᠭᠦᠷ ᠰᠠᠪᠠ᠎ᠲᠠᠢ  ᠮᠠᠰᠢᠨ ᠲᠡᠷᠭᠡᠨ᠎ᠳᠤ ᠨᠢᠭᠲᠠ ᠪᠢᠲᠡᠭᠦᠮᠵᠢᠯᠡᠭᠰᠡᠨ ᠲᠦᠷᠭᠡᠨ ᠵᠠᠯᠭ᠋ᠠᠭ᠋ᠠᠰᠤ ᠵᠢ ᠳᠡᠯᠭᠡᠷᠡᠭᠦᠯᠦᠨ ᠬᠡᠷᠡᠭᠯᠡᠵᠦ ᠂  ᠪᠣᠬᠢᠷ ᠤᠰᠤ ᠰᠢᠢ᠍ᠳᠪᠦᠷᠢᠯᠡᠬᠦ ᠲᠠᠯᠠᠪᠤᠷ᠎ᠲᠠᠬᠢ ᠥᠳᠬᠡᠴᠡ ᠶᠡᠬᠡ᠎ᠲᠠᠢ  ᠣᠷᠭ᠋ᠠᠨᠢᠭ ᠬᠠᠶᠠᠭᠳᠠᠮᠠᠯ ᠬᠡᠢ ᠵᠢ ᠲᠤᠰᠠᠭ᠋ᠠᠷ ᠴᠤᠭᠯᠠᠭᠤᠯᠤᠨ ᠰᠢᠢ᠍ᠳᠪᠦᠷᠢᠯᠡᠬᠦ ᠬᠡᠷᠡᠭᠲᠡᠢ ᠃ VOCs  ᠠᠭᠤᠯᠤᠭᠳᠠᠭᠰᠠᠨ ᠣᠷᠭ᠋ᠠᠨᠢᠭ ᠬᠠᠶᠠᠭᠳᠠᠮᠠᠯ ᠤᠰᠤ ᠬᠠᠳᠠᠭ᠋ᠠᠯᠠᠬᠤ ᠬᠡᠢ᠌ᠯᠡᠭᠦᠷ ᠰᠠᠪᠠ ᠂  ᠲᠣᠨᠣᠭᠯᠠᠯ᠎ᠤᠨ ᠲᠣᠭᠣᠷᠢᠭ᠎ᠲᠠᠬᠢ ᠤᠰᠤ ᠬᠤᠷᠠᠮᠳᠤᠭᠤᠯᠬᠤ ᠬᠤᠳᠳᠤᠭ (ᠤᠰᠤᠨ ᠲᠠᠲᠠᠭ᠋ᠠᠯ )᠎ᠤᠨ  ᠣᠷᠭ᠋ᠠᠨᠢᠭ ᠬᠠᠶᠠᠭᠳᠠᠮᠠᠯ ᠬᠡᠢ ᠵᠢ ᠨᠢᠭᠲᠠ ᠪᠢᠲᠡᠭᠦᠮᠵᠢᠯᠡᠨ ᠰᠢᠢ᠍ᠳᠪᠦᠷᠢᠯᠡᠬᠦ ᠬᠡᠷᠡᠭᠲᠡᠢ ᠃  ᠠᠵᠤ ᠠᠬᠤᠢ᠌ᠯᠠᠯ᠎ᠤᠳ ᠭᠠᠯ ᠪᠠᠮᠪᠠᠷᠲᠤ ᠰᠢᠲᠠᠭ᠋ᠠᠭᠴᠢ ᠲᠣᠨᠣᠭᠯᠠᠯ ᠵᠶ᠋ᠡᠷ ᠡᠳᠦᠷ ᠳᠣᠳᠣᠮ᠎ᠤᠨ ᠠᠭ᠋ᠠᠷ ᠮᠠᠨᠳᠠᠯ᠎ᠤᠨ ᠪᠣᠬᠢᠷᠲᠤᠯ᠎ᠢ ᠰᠢᠢ᠍ᠳᠪᠦᠷᠢᠯᠡᠬᠦ ᠪᠡᠯᠡᠳᠬᠡᠮᠵᠢ ᠪᠣᠯᠭ᠋ᠠᠵᠤ ᠪᠣᠯᠬᠤ ᠦᠭᠡᠢ ᠃  ᠠᠮᠤᠷ ᠲᠦᠪᠰᠢᠨ᠎ᠢ  ᠪᠠᠲᠤᠯᠠᠭᠰᠠᠨ ᠤᠷᠢᠲᠠᠯ ᠳᠣᠣᠷ᠎ᠠ ᠂  ᠲᠣᠰᠣ ᠬᠠᠳᠠᠭ᠋ᠠᠯᠠᠬᠤ ᠬᠥᠮᠥᠷᠭᠡ ᠂  ᠲᠣᠰᠣᠨ᠎ᠤ ᠬᠡᠢ᠌ᠯᠡᠭᠦᠷ ᠰᠠᠪᠠ᠎ᠲᠠᠢ  ᠲᠡᠷᠭᠡ ᠂  ᠲᠣᠰᠣ ᠨᠡᠮᠡᠬᠦ ᠥᠷᠲᠡᠭᠡ ᠵᠢᠨ ᠲᠣᠰᠣ ᠬᠡᠢ ᠵᠢ ᠡᠭᠡᠭᠦᠯᠦᠨ ᠬᠤᠷᠢᠶᠠᠬᠤ ᠵᠠᠰᠠᠯᠲᠠ ᠵᠢ ᠠᠬᠢᠭᠤᠯᠬᠤ ᠬᠡᠷᠡᠭᠲᠡᠢ ᠃  ᠲᠣᠰᠣᠨ᠎ᠤ ᠵᠦᠢ᠍ᠯ᠎ᠢ  ᠬᠠᠳᠠᠭ᠋ᠠᠯᠠᠵᠤ ᠲᠡᠭᠡᠭᠡᠪᠦᠷᠢᠯᠡᠬᠦ ᠪᠣᠷᠣᠯᠠᠭᠤᠯᠬᠤ ᠪᠦᠬᠦ ᠶᠠᠪᠤᠴᠠ᠎ᠳᠠᠬᠢ VOCs᠊ᠷ᠎ᠤᠨ  ᠭᠠᠳᠠᠭᠰᠢᠯᠠᠭᠤᠯᠬᠤ ᠬᠡᠮᠵᠢᠶ᠎ᠡ ᠵᠢ ᠬᠢᠵᠠᠭ᠋ᠠᠷᠯᠠᠬᠤ ᠡᠷᠴᠢᠮ ᠵᠶ᠋ᠠᠨ ᠴᠢᠩᠭ᠋ᠠᠷᠠᠭᠤᠯᠵᠤ ᠂  ᠡᠯ᠎ᠡ ᠭᠠᠵᠠᠷ ᠣᠷᠣᠨ᠎ᠨᠢ  ᠲᠣᠰᠣ ᠬᠡᠢ ᠵᠢ ᠡᠭᠡᠭᠦᠯᠦᠨ ᠬᠤᠷᠢᠶᠠᠬᠤ ᠰᠢᠰᠲ᠋ᠧᠮ᠎ᠤᠨ ᠲᠤᠰᠬᠠᠢ ᠵᠦᠢ᠍ᠯ᠎ᠤᠨ ᠪᠠᠢ᠌ᠴᠠᠭ᠋ᠠᠬᠤ ᠠᠵᠢᠯ᠎ᠢ  ᠵᠢᠯ ᠪᠦᠷᠢ ᠶᠠᠳᠠᠬᠤ᠎ᠳᠤ᠎ᠪᠠᠨ ᠨᠢᠭᠡ ᠤᠳᠠᠭ᠎ᠠ ᠥᠷᠨᠢᠭᠦᠯᠬᠦ ᠬᠡᠷᠡᠭᠲᠡᠢ ᠃  ᠭᠣᠣᠯᠳᠠᠯᠭ᠎ᠠ ᠪᠣᠯᠬᠤ ᠣᠷᠣᠨ ᠪᠦᠰᠡ ᠵᠢᠨ VOCs᠎ᠳᠤ  ᠬᠣᠯᠪᠣᠭᠳᠠᠭᠰᠠᠨ ᠭᠣᠣᠯᠳᠠᠯᠭ᠎ᠠ ᠪᠣᠯᠬᠤ ᠠᠵᠢᠯ ᠲᠥᠷᠥᠯ᠎ᠳᠤ ᠣᠨᠴᠠᠭ᠋ᠠᠢ ᠬᠢᠵᠠᠭ᠋ᠠᠷᠯᠠᠬᠤ ᠱᠠᠭ᠋ᠠᠷᠳᠠᠯᠭ᠎ᠠ ᠵᠢ ᠴᠢᠩᠭ᠎ᠠ ᠬᠡᠷᠡᠭᠵᠢᠭᠦᠯᠬᠦ ᠬᠡᠷᠡᠭᠲᠡᠢ ᠃ (ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠂  ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠲᠢᠩᠬᠢᠮ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ )

      (ᠠᠷᠪᠠᠨ ᠨᠠᠢ᠍ᠮᠠ ) ᠭᠣᠣᠯᠳᠠᠯᠭ᠎ᠠ ᠪᠣᠯᠬᠤ ᠠᠵᠢᠯ ᠲᠥᠷᠥᠯ᠎ᠤᠨ ᠪᠣᠬᠢᠷᠲᠤᠯ᠎ᠢ ᠭᠦᠨᠵᠡᠭᠡᠢ ᠵᠠᠰᠠᠬᠤ ᠵᠢ ᠠᠬᠢᠭᠤᠯᠤᠨ᠎ᠠ ᠃  ᠪᠣᠯᠣᠳ ᠲᠡᠮᠦᠷ ᠂  ᠬᠡᠦᠷᠰᠢᠭᠦᠯᠬᠦ ᠂  ᠱᠦᠢ᠍ᠨᠢ ᠵᠡᠷᠭᠡ ᠭᠣᠣᠯᠳᠠᠯᠭ᠎ᠠ ᠪᠣᠯᠬᠤ ᠠᠵᠢᠯ ᠲᠥᠷᠥᠯ ᠵᠢᠴᠢ ᠨᠡᠭᠦᠷᠡᠰᠦ ᠲᠦᠯᠡᠬᠦ ᠭᠥᠧᠧᠯᠦ ᠵᠢᠨ ᠬᠡᠲᠦ ᠳᠣᠣᠷ᠎ᠠ ᠭᠠᠳᠠᠭᠰᠢᠯᠠᠭᠤᠯᠬᠤ᠎ᠪᠠᠷ ᠥᠭᠡᠷᠡᠴᠢᠯᠡᠨ ᠰᠠᠢ᠌ᠵᠢᠷᠠᠭᠤᠯᠬᠤ ᠵᠢ ᠴᠢᠨᠠᠷ ᠰᠠᠢ᠌ᠲᠠᠢ ᠠᠬᠢᠭᠤᠯᠤᠨ᠎ᠠ ᠃ 2025 ᠣᠨ᠎ᠤ ᠰᠡᠭᠦᠯᠴᠢ᠎ᠠᠴᠠ ᠡᠮᠦᠨ᠎ᠡ ᠂  ᠪᠣᠯᠣᠳ ᠲᠡᠮᠦᠷ᠎ᠤᠨ ᠠᠵᠢᠯ ᠲᠥᠷᠥᠯ᠎ᠤᠨ 80%᠎ᠠᠴᠠ ᠳᠡᠭᠡᠭᠰᠢᠬᠢ ᠦᠢ᠍ᠯᠡᠳᠪᠦᠷᠢᠯᠡᠬᠦ   ᠴᠢᠳᠠᠮᠵᠢ᠎ᠳᠤ ᠬᠡᠲᠦ ᠳᠣᠣᠷ᠎ᠠ ᠭᠠᠳᠠᠭᠰᠢᠯᠠᠭᠤᠯᠬᠤ᠎ᠪᠠᠷ ᠥᠭᠡᠷᠡᠴᠢᠯᠡᠨ ᠰᠠᠢ᠌ᠵᠢᠷᠠᠭᠤᠯᠬᠤ ᠵᠢ ᠪᠡᠶᠡᠯᠡᠭᠦᠯᠦᠨ᠎ᠡ ;  ᠴᠠᠭ ᠪᠦᠷᠢ 65 ᠠᠭᠤᠷᠰᠢᠯᠲᠠ ᠵᠢᠨ ᠲᠤᠨ᠎ᠠᠴᠠ ᠳᠡᠭᠡᠭᠰᠢᠬᠢ ᠨᠡᠭᠦᠷᠡᠰᠦ ᠲᠦᠯᠡᠬᠦ ᠭᠦᠸᠧᠯᠦ (ᠴᠠᠬᠢᠯᠭ᠋ᠠᠨ ᠬᠦᠴᠦᠨ᠎ᠢ ᠪᠠᠭᠲᠠᠭ᠋ᠠᠨ᠎ᠠ ) ᠵᠢᠨ  ᠬᠡᠲᠦ ᠳᠣᠣᠷ᠎ᠠ ᠭᠠᠳᠠᠭᠰᠢᠯᠠᠭᠤᠯᠬᠤ᠎ᠪᠠᠷ ᠥᠭᠡᠷᠡᠴᠢᠯᠡᠨ ᠰᠠᠢ᠌ᠵᠢᠷᠠᠭᠤᠯᠬᠤ ᠵᠢ ᠦᠨᠳᠦᠰᠦᠨ᠎ᠳᠤ᠎ᠪᠠᠨ ᠪᠡᠶᠡᠯᠡᠭᠦᠯᠵᠦ ᠂  ᠭᠠᠳᠠᠭᠰᠢᠯᠠᠭᠤᠯᠬᠤ ᠬᠢᠵᠠᠭ᠋ᠠᠷ ᠬᠡᠮᠵᠢᠭᠳᠡᠯ᠎ᠳᠤ ᠨᠡᠭᠦᠷᠡᠰᠦ ᠲᠦᠯᠡᠬᠦ ᠴᠠᠬᠢᠯᠭ᠋ᠠᠨ ᠦᠢ᠍ᠯᠡᠳᠪᠦᠷᠢ ᠵᠢᠨ ᠬᠡᠲᠦ ᠳᠣᠣᠷ᠎ᠠ ᠭᠠᠳᠠᠭᠰᠢᠯᠠᠭᠤᠯᠬᠤ᠎ᠪᠠᠷ ᠥᠭᠡᠷᠡᠴᠢᠯᠡᠨ ᠰᠠᠢ᠌ᠵᠢᠷᠠᠭᠤᠯᠬᠤ ᠱᠠᠭ᠋ᠠᠷᠳᠠᠯᠭ᠎ᠠ᠎ᠪᠠᠷ ᠯᠠᠪᠯᠠᠯᠲᠠ ᠪᠣᠯᠭ᠋ᠠᠨ᠎ᠠ ;  ᠬᠡᠦᠷᠰᠢᠭᠦᠯᠬᠦ ᠠᠵᠢᠯ ᠲᠥᠷᠥᠯ᠎ᠳᠤ ᠬᠡᠲᠦ ᠳᠣᠣᠷ᠎ᠠ ᠭᠠᠳᠠᠭᠰᠢᠯᠠᠭᠤᠯᠬᠤ᠎ᠪᠠᠷ ᠥᠭᠡᠷᠡᠴᠢᠯᠡᠨ ᠰᠠᠢ᠌ᠵᠢᠷᠠᠭᠤᠯᠬᠤ ᠵᠢ ᠪᠥᠬᠦ ᠲᠠᠯ᠎ᠠ᠎ᠪᠠᠷ ᠪᠡᠶᠡᠯᠡᠭᠦᠯᠦᠨ᠎ᠡ ᠃ 2027 ᠣᠨ᠎ᠤ ᠰᠡᠭᠦᠯᠴᠢ᠎ᠠᠴᠠ ᠡᠮᠦᠨ᠎ᠡ ᠂  ᠪᠣᠯᠣᠳ ᠲᠡᠮᠦᠷ᠎ᠤᠨ ᠠᠵᠢᠯ ᠲᠥᠷᠥᠯ᠎ᠳᠤ ᠬᠡᠲᠦ ᠳᠣᠣᠷ᠎ᠠ ᠭᠠᠳᠠᠭᠰᠢᠯᠠᠭᠤᠯᠬᠤ᠎ᠪᠠᠷ ᠥᠭᠡᠷᠡᠴᠢᠯᠡᠨ ᠰᠠᠢ᠌ᠵᠢᠷᠠᠭᠤᠯᠬᠤ ᠵᠢ ᠪᠥᠬᠦ ᠲᠠᠯ᠎ᠠ᠎ᠪᠠᠷ ᠪᠡᠶᠡᠯᠡᠭᠦᠯᠦᠨ᠎ᠡ ᠃ 2028 ᠣᠨ᠎ᠤ ᠰᠡᠭᠦᠯᠴᠢ᠎ᠠᠴᠠ ᠡᠮᠦᠨ᠎ᠡ ᠂  ᠱᠦᠢ᠍ᠨᠢ ᠵᠢᠨ ᠠᠵᠢᠯ ᠲᠥᠷᠥᠯ᠎ᠳᠤ ᠬᠡᠲᠦ ᠳᠣᠣᠷ᠎ᠠ ᠭᠠᠳᠠᠭᠰᠢᠯᠠᠭᠤᠯᠬᠤ᠎ᠪᠠᠷ ᠥᠭᠡᠷᠡᠴᠢᠯᠡᠨ ᠰᠠᠢ᠌ᠵᠢᠷᠠᠭᠤᠯᠬᠤ ᠵᠢ ᠦᠨᠳᠦᠰᠦᠨ᠎ᠳᠤ᠎ᠪᠠᠨ ᠪᠡᠶᠡᠯᠡᠭᠦᠯᠦᠨ᠎ᠡ ᠃ (ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠂  ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ ) ᠠᠭ᠋ᠠᠷ ᠮᠠᠨᠳᠠᠯ᠎ᠳᠤ ᠬᠣᠯᠪᠣᠭᠳᠠᠭᠰᠠᠨ ᠠᠵᠢᠯ ᠳᠥᠷᠦᠯ᠎ᠤᠨ ᠦᠷ᠎ᠡ ᠪᠦᠳᠦᠮᠵᠢ᠎ᠪᠠᠷ ᠳᠣᠣᠷ᠎ᠠ ᠪᠠ ᠦᠢ᠍ᠯᠡᠳᠦᠯ ᠵᠶ᠋ᠡᠨ ᠠᠯᠳᠠᠭᠰᠠᠨ ᠪᠣᠬᠢᠷᠳᠤᠯ ᠵᠠᠰᠠᠬᠤ ᠪᠡᠯᠡᠳᠬᠡᠮᠵᠢ᠎ᠳᠤ ᠵᠢᠭᠰᠠᠭ᠋ᠠᠨ ᠪᠠᠢ᠌ᠴᠠᠭ᠋ᠠᠵᠤ ᠴᠡᠭᠴᠡᠯᠡᠨ ᠵᠠᠰᠠᠬᠤ ᠠᠵᠢᠯ᠎ᠢ ᠥᠷᠨᠢᠭᠦᠯᠦᠨ᠎ᠡ ᠃  ᠠᠵᠤ ᠦᠢ᠍ᠯᠡᠳᠪᠦᠷᠢ ᠵᠢᠨ ᠠᠵᠤ ᠠᠬᠤᠢ᠌ᠯᠠᠯ᠎ᠳᠤ ᠲᠣᠭᠣᠰᠣ ᠳᠡᠭᠳᠡᠬᠦ ᠵᠢ ᠬᠠᠮᠢᠶᠠᠷᠤᠨ ᠬᠢᠵᠠᠭ᠋ᠠᠷᠯᠠᠬᠤ ᠠᠵᠢᠯ ᠵᠶ᠋ᠠᠨ ᠴᠢᠩᠭ᠋ᠠᠷᠠᠭᠤᠯᠵᠤ ᠂  ᠨᠤᠨᠳᠠᠭᠯᠢᠭ ᠪᠣᠳᠠᠰ ᠣᠪᠣᠭ᠋ᠠᠯᠠᠬᠤ ᠲᠠᠯᠠᠪᠠᠢ ᠵᠢ ᠪᠦᠷᠢᠨ ᠪᠢᠲᠡᠭᠦᠮᠵᠢᠯᠡᠵᠦ ᠂  ᠭᠣᠣᠯᠳᠠᠯᠭ᠎ᠠ ᠪᠣᠯᠬᠤ ᠠᠵᠤ ᠠᠬᠤᠢ᠌ᠯᠠᠯ᠎ᠨᠢ  ᠡᠷᠬᠡᠪᠰᠢ ᠸᠢᠳᠢᠤ᠋ ᠭᠡᠲᠡᠭᠦᠯ᠎ᠤᠨ ᠰᠢᠰᠲ᠋ᠧᠮ ᠤᠭᠰᠠᠷᠠᠬᠤ ᠬᠡᠷᠡᠭᠲᠡᠢ ᠃  ᠪᠢᠦᠮᠠᠰ ᠡᠨᠧᠷᠭᠢᠲᠦ ᠭᠥᠧᠧᠯᠦ᠎ᠳᠤ ᠲᠤᠰᠬᠠᠢ ᠵᠤᠤᠬ᠎ᠠ ᠵᠢ ᠬᠡᠷᠡᠭᠯᠡᠬᠦ ᠵᠢᠨ ᠬᠠᠮᠲᠤ ᠂  ᠪᠣᠬᠢᠷᠲᠤᠯ᠎ᠢ ᠥᠨᠳᠥᠷ ᠪᠦᠲᠦᠮᠵᠢᠲᠡᠶ ᠵᠠᠰᠠᠬᠤ ᠪᠡᠯᠡᠳᠬᠡᠮᠵᠢ ᠵᠢ ᠳᠦᠬᠦᠷᠵᠢᠭᠦᠯᠬᠦ ᠬᠡᠷᠡᠭᠲᠡᠢ ᠃  ᠠᠰᠢᠭᠯᠠᠯᠲᠠ᠎ᠳᠤ ᠪᠠᠢ᠌ᠭ᠎ᠠ ᠰᠢᠲᠠᠮᠠᠬᠠᠢ ᠬᠡᠢ ᠲᠦᠯᠡᠳᠡᠭ ᠭᠦᠸᠧᠯᠦ ᠵᠢᠨ ᠠᠽᠣᠲ᠎ᠤᠨ ᠰᠢᠲᠠᠭ᠋ᠠᠯᠭ᠎ᠠ ᠪᠠᠭ᠋ᠠᠲᠠᠢ ᠪᠠᠢ᠌ᠯᠭ᠋ᠠᠬᠤ᠎ᠪᠠᠷ ᠥᠭᠡᠷᠡᠴᠢᠯᠡᠨ ᠰᠠᠢ᠌ᠵᠢᠷᠠᠭᠤᠯᠬᠤ ᠵᠢ 2025 ᠣᠨ᠎ᠤ ᠰᠡᠭᠦᠯᠴᠢ᠎ᠠᠴᠠ ᠡᠮᠦᠨ᠎ᠡ ᠦᠨᠳᠦᠰᠦᠨ᠎ᠳᠤ᠎ᠪᠠᠨ ᠪᠡᠶᠡᠯᠡᠭᠦᠯᠦᠨ᠎ᠡ ᠃  ᠦᠬᠠᠢ ᠬᠤᠲᠠ ᠵᠢᠴᠢ ᠡᠷᠬᠢᠨ ᠲᠣᠭᠣᠷᠢᠨ᠎ᠤ ᠭᠠᠵᠠᠷ ᠣᠷᠣᠨ᠎ᠤ ᠠᠵᠤ ᠦᠢ᠍ᠯᠡᠳᠪᠦᠷᠢ ᠵᠢᠨ ᠠᠵᠤ ᠠᠬᠤᠢ᠌ᠯᠠᠯ᠎ᠨᠢ  ᠠᠭ᠋ᠠᠷ ᠮᠠᠨᠳᠠᠯ᠎ᠤᠨ ᠪᠣᠬᠢᠷᠲᠤᠯ ᠪᠣᠳᠠᠰ᠎ᠤᠨ ᠣᠨᠴᠠᠭ᠋ᠠᠶ ᠭᠠᠳᠠᠭᠰᠢᠯᠠᠭᠤᠯᠤᠯᠲᠠ ᠵᠢᠨ ᠬᠢᠵᠠᠭ᠋ᠠᠷ ᠬᠡᠮᠵᠢᠭᠳᠡᠯ᠎ᠤᠨ ᠱᠠᠭ᠋ᠠᠷᠳᠠᠯᠭ᠎ᠠ ᠵᠢ ᠴᠢᠩᠭ᠎ᠠ ᠬᠡᠷᠡᠭᠵᠢᠭᠦᠯᠵᠦ ᠂  ᠪᠤᠰᠤᠳ ᠭᠣᠣᠯᠳᠠᠯᠭ᠎ᠠ ᠪᠣᠯᠬᠤ ᠣᠷᠣᠨ ᠪᠦᠰᠡ ᠵᠢᠨ ᠠᠵᠤ ᠦᠢ᠍ᠯᠡᠳᠪᠦᠷᠢ ᠵᠢᠨ ᠠᠵᠤ ᠠᠬᠤᠢ᠌ᠯᠠᠯ ᠪᠠ ᠪᠥᠬᠦ ᠣᠷᠣᠨ᠎ᠤ ᠲᠡᠮᠦᠷ᠎ᠤᠨ ᠬᠠᠢ᠌ᠯᠤᠰᠢ ᠵᠢᠨ ᠠᠵᠢᠯ ᠲᠥᠷᠥᠯ᠎ᠨᠢ 2026 ᠣᠨ᠎ᠤ 1 ᠳ᠋ᠦ᠍ᠭᠡᠷ ᠰᠠᠷ᠎ᠠ ᠵᠢᠨ 1᠎ᠤ ᠡᠳᠦᠷ᠎ᠠᠴᠠ ᠡᠬᠢᠯᠡᠨ ᠪᠦᠷ ᠠᠭ᠋ᠠᠷ ᠮᠠᠨᠳᠠᠯ᠎ᠤᠨ ᠪᠣᠬᠢᠷᠲᠤᠯ ᠪᠣᠳᠠᠰ᠎ᠤᠨ ᠣᠨᠴᠠᠭ᠋ᠠᠶ ᠭᠠᠳᠠᠭᠰᠢᠯᠠᠭᠤᠯᠤᠯᠲᠠ ᠵᠢᠨ ᠬᠢᠵᠠᠭ᠋ᠠᠷ ᠬᠡᠮᠵᠢᠭᠳᠡᠯ᠎ᠤᠨ ᠱᠠᠭ᠋ᠠᠷᠳᠠᠯᠭ᠎ᠠ ᠵᠢ ᠬᠡᠷᠡᠭᠵᠢᠭᠦᠯᠦᠨ᠎ᠡ ᠃ (ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠂  ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ ᠂  ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ )

      (ᠠᠷᠪᠠ ᠶᠢᠰᠦ ) ᠢᠳᠡᠭᠡᠨ ᠤᠮᠳᠠᠭ᠋ᠠᠨ᠎ᠤ ᠲᠣᠰᠣᠨ ᠣᠲᠤᠭ᠎ᠠ ᠪᠠ ᠦᠮᠡᠬᠡᠢ ᠮᠠᠭᠤᠬᠠᠢ ᠰᠣᠨᠢᠨ ᠦᠨᠦᠷ᠎ᠢ ᠲᠤᠰᠬᠠᠢ᠌ᠯᠠᠨ ᠵᠠᠰᠠᠬᠤ ᠠᠵᠢᠯ᠎ᠢ ᠥᠷᠨᠢᠭᠦᠯᠦᠨ᠎ᠡ ᠃  ᠬᠤᠲᠠ ᠵᠢᠨ ᠪᠠᠢ᠌ᠭᠤᠯᠤᠭᠰᠠᠨ ᠲᠣᠭᠣᠷᠢᠭ᠎ᠲᠤ ᠰᠢᠨ᠎ᠡ᠎ᠪᠠᠷ ᠪᠠᠢ᠌ᠭᠤᠯᠵᠤ ᠥᠭᠡᠷᠡᠴᠢᠯᠡᠨ ᠥᠷᠭᠡᠳᠬᠡᠵᠦ ᠪᠠᠢ᠌ᠭᠤᠯᠤᠭᠰᠠᠨ ᠢᠳᠡᠭᠡᠨ ᠤᠮᠳᠠᠭ᠋ᠠᠨ᠎ᠤ ᠦᠢ᠍ᠯᠡᠴᠢᠯᠡᠭᠡᠨ᠎ᠤ ᠲᠥᠷᠥᠯ ᠵᠦᠢ᠍ᠯ᠎ᠢ ᠴᠢᠩᠭ᠎ᠠ ᠬᠢᠨᠠᠨ ᠬᠠᠷᠭᠤᠭᠤᠯᠵᠤ ᠂  ᠰᠠᠭᠤᠭ᠋ᠠᠯᠢ ᠠᠷᠠᠳ᠎ᠤᠨ ᠠᠰᠠᠷ᠎ᠤᠨ ᠣᠢ᠌ᠷ᠎ᠠ ᠬᠠᠪᠢ᠎ᠪᠠᠷ᠎ᠬᠢ ᠢᠳᠡᠭᠡᠨ ᠤᠮᠳᠠᠭ᠋ᠠᠨ᠎ᠤ ᠦᠢ᠍ᠯᠡᠴᠢᠯᠡᠭᠡᠨ᠎ᠤ   ᠨᠢᠭᠡᠴᠢ ᠵᠢᠨ ᠪᠠᠢ᠌ᠷᠢᠰᠢᠭᠤᠯᠤᠯᠲᠠ᠎ᠳᠠᠬᠢ ᠬᠠᠮᠢᠶᠠᠷᠤᠯᠲᠠ᠎ᠪᠠᠨ ᠴᠢᠩᠭ᠋ᠠᠷᠠᠭᠤᠯᠤᠨ ᠂  ᠢᠳᠡᠭᠡᠨ ᠤᠮᠳᠠᠭ᠋ᠠᠨ᠎ᠤ ᠦᠢ᠍ᠯᠡᠴᠢᠯᠡᠭᠡᠨ᠎ᠤ ᠨᠢᠭᠡᠴᠢ ᠨᠡᠭᠡᠭᠡᠬᠦ᠎ᠪᠠᠷ ᠲᠥᠯᠥᠪᠯᠡᠵᠦ ᠪᠠᠢ᠌ᠭ᠎ᠠ ᠪᠠᠷᠢᠯᠭ᠎ᠠ᠎ᠳᠤ ᠤᠲᠤᠭ᠋ᠠᠨ᠎ᠤ ᠲᠤᠰᠬᠠᠢ ᠬᠣᠭᠣᠯᠠᠢ ᠵᠠᠮ᠎ᠢ ᠵᠢᠷᠤᠵᠤ ᠲᠥᠯᠥᠪᠯᠡᠨ ᠪᠠᠢ᠌ᠭᠤᠯᠵᠤ ᠂  ᠲᠤᠰᠤᠨ ᠤᠲᠤᠭ᠎ᠠ ᠭᠠᠳᠠᠭᠰᠢᠯᠠᠭᠤᠯᠬᠤ ᠢᠳᠡᠭᠡᠨ ᠤᠮᠳᠠᠭ᠋ᠠᠨ᠎ᠤ ᠦᠢ᠍ᠯᠡᠴᠢᠯᠡᠭᠡᠨ᠎ᠤ ᠨᠢᠭᠡᠴᠢ᠎ᠨᠢ  ᠡᠷᠬᠡᠪᠰᠢ ᠲᠣᠰᠣᠨ ᠣᠲᠤᠭ᠎ᠠ ᠴᠡᠪᠡᠷᠰᠢᠭᠦᠯᠬᠦ ᠪᠡᠯᠡᠳᠬᠡᠮᠵᠢ ᠤᠭᠰᠠᠷᠠᠬᠤ ᠬᠡᠷᠡᠭᠲᠡᠢ ᠃  ᠢᠳᠡᠭᠡᠨ ᠤᠮᠳᠠᠭ᠋ᠠᠨ᠎ᠤ ᠲᠤᠰᠤᠨ ᠤᠲᠤᠭ᠋ᠠᠨ᠎ᠤ ᠪᠣᠬᠢᠷᠲᠤᠯ᠎ᠢ ᠵᠠᠰᠠᠬᠤ ᠪᠡᠯᠡᠳᠬᠡᠮᠵᠢ ᠵᠢ ᠬᠠᠮᠠᠭ᠋ᠠᠯᠠᠬᠤ ᠪᠠ ᠬᠠᠤᠯᠢ ᠬᠡᠷᠡᠭᠵᠢᠭᠦᠯᠵᠦ ᠬᠢᠨᠠᠨ ᠬᠠᠮᠢᠶᠠᠷᠬᠤ᠎ᠪᠠᠨ ᠴᠢᠩᠭ᠋ᠠᠳᠬᠠᠵᠤ ᠂  ᠨᠥᠬᠥᠴᠡᠯ᠎ᠲᠠᠢ ᠭᠠᠵᠠᠷ ᠣᠷᠣᠨ᠎ᠤ᠎ᠬᠢᠨ᠎ᠤ ᠵᠠᠰᠠᠬᠤ ᠪᠡᠯᠡᠳᠬᠡᠮᠵᠢ᠎ᠪᠠᠨ ᠭᠤᠷᠪᠠᠳᠠᠭᠢ ᠡᠲᠡᠭᠡᠳ ᠵᠶ᠋ᠠᠷ ᠠᠵᠢᠯᠯᠠᠭᠤᠯᠵᠤ ᠪᠠᠲᠤᠯᠠᠨ ᠬᠠᠮᠢᠶᠠᠷᠤᠭᠤᠯᠬᠤ ᠵᠢᠴᠢ ᠰᠦᠯᠵᠢᠶ᠎ᠡ᠎ᠪᠠᠷ ᠬᠢᠨᠠᠨ ᠡᠵᠡᠮᠳᠡᠭᠦᠯᠬᠦ ᠵᠢ᠎ᠨᠢ  ᠠᠬᠢᠭᠤᠯᠤᠨ᠎ᠠ ᠃  ᠬᠢᠮᠢ ᠵᠢᠨ ᠠᠵᠤ ᠦᠢ᠍ᠯᠡᠳᠪᠦᠷᠢ ᠂  ᠡᠮ ᠦᠢ᠍ᠯᠡᠳᠬᠦ ᠂  ᠢᠳᠡᠭᠡᠨ᠎ᠤ ᠵᠦᠢ᠍ᠯ ᠪᠣᠯᠪᠠᠰᠤᠷᠠᠭᠤᠯᠬᠤ ᠵᠡᠷᠭᠡ ᠠᠵᠢᠯ ᠲᠥᠷᠥᠯ᠎ᠤᠨ᠎ᠬᠢᠨ᠎ᠤ ᠦᠮᠡᠬᠡᠢ ᠦᠨᠦᠷ᠎ᠲᠤ ᠭᠦᠨᠵᠡᠭᠡᠢ ᠵᠠᠰᠠᠯᠲᠠ ᠬᠢᠬᠦ ᠵᠢ᠎ᠨᠢ  ᠠᠬᠢᠭᠤᠯᠤᠨ ᠂  ᠬᠣᠭ ᠨᠣᠪᠰᠢ ᠂  ᠪᠣᠬᠢᠷ ᠤᠰᠤᠨ᠎ᠤ ᠪᠣᠬᠢᠷᠳᠤᠯ᠎ᠢ ᠲᠥᠪᠯᠡᠷᠡᠭᠦᠯᠦᠨ ᠰᠢᠢ᠍ᠳᠪᠦᠷᠢᠯᠡᠬᠦ ᠪᠡᠯᠡᠳᠬᠡᠮᠵᠢ ᠵᠢᠨ ᠭᠣᠣᠯᠳᠠᠯᠭ᠎ᠠ ᠪᠣᠯᠬᠤ ᠭᠣᠭᠴᠣᠭ᠋ᠠᠨ᠎ᠳᠤ ᠦᠮᠡᠬᠡᠢ ᠦᠨᠦᠷ᠎ᠢ ᠰᠡᠷᠭᠡᠢ᠌ᠯᠡᠨ ᠵᠠᠰᠠᠬᠤ᠎ᠪᠠᠨ ᠴᠢᠩᠭ᠋ᠠᠳᠬᠠᠨ᠎ᠠ ᠃  ᠦᠮᠡᠬᠡᠢ ᠮᠠᠭᠤᠬᠠᠢ ᠰᠣᠨᠢᠨ ᠦᠨᠦᠷ᠎ᠨᠢ  ᠠᠷᠠᠳ᠎ᠲᠤ ᠨᠥᠯᠥᠭᠡ ᠪᠣᠯᠵᠤ ᠪᠠᠢ᠌ᠭ᠎ᠠ ᠠᠰᠠᠭᠤᠳᠠᠯ᠎ᠢ ᠵᠢᠭᠰᠠᠭ᠋ᠠᠨ ᠪᠠᠢ᠌ᠴᠠᠭ᠋ᠠᠵᠤ ᠴᠡᠭᠴᠡᠯᠡᠨ ᠵᠠᠰᠠᠬᠤ ᠠᠵᠢᠯ᠎ᠢ ᠥᠷᠨᠢᠭᠦᠯᠵᠦ ᠂  ᠵᠠᠭ᠋ᠠᠯᠳᠤᠯᠭ᠎ᠠ ᠲᠥᠪᠯᠡᠷᠡᠭᠰᠡᠨ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ ᠂  ᠭᠣᠣᠯᠳᠠᠯᠭ᠎ᠠ ᠪᠣᠯᠬᠤ ᠠᠵᠤ ᠠᠬᠤᠢ᠌ᠯᠠᠯ᠎ᠳᠤ ᠦᠮᠡᠬᠡᠢ ᠮᠠᠭᠤᠬᠠᠢ ᠦᠨᠦᠷ᠎ᠢ ᠰᠦᠯᠵᠢᠶ᠎ᠡ᠎ᠪᠠᠷ ᠬᠢᠨᠠᠨ ᠰᠢᠨᠵᠢᠬᠦ ᠲᠥᠬᠦᠭᠡᠷᠦᠮᠵᠢ ᠵᠢ ᠤᠭᠰᠠᠷᠠᠨ ᠠᠵᠢᠯᠯᠠᠭᠤᠯᠤᠨ᠎ᠠ ᠃ (ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠂  ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ )

      (ᠬᠣᠷᠢ ) ᠠᠭ᠋ᠠᠷ ᠮᠠᠨᠳᠠᠯ᠎ᠤᠨ ᠰᠢᠪᠲᠦᠷ᠎ᠤᠨ ᠪᠣᠬᠢᠷᠲᠤᠯ᠎ᠢ ᠰᠡᠷᠭᠡᠢ᠌ᠯᠡᠨ ᠡᠵᠡᠮᠳᠡᠬᠦ ᠵᠢ ᠠᠬᠢᠭᠤᠯᠤᠨ᠎ᠠ ᠃   ᠪᠠᠷᠢᠮᠵᠢᠶᠠᠵᠢᠭᠤᠯᠤᠨ ᠬᠡᠪᠴᠢᠶᠡᠵᠢᠯ᠎ᠲᠠᠢ  ᠲᠡᠵᠢᠭᠡᠨ ᠦᠷᠡᠵᠢᠭᠦᠯᠬᠦ ᠵᠢ ᠬᠡᠷᠡᠭᠵᠢᠭᠦᠯᠵᠦ ᠂  ᠮᠠᠯ ᠵᠢᠭᠦᠷᠲᠡᠨ ᠲᠡᠵᠢᠭᠡᠨ ᠦᠷᠡᠵᠢᠭᠦᠯᠬᠦ᠎ᠳᠤ ᠡᠬᠢ ᠢᠷᠡᠯᠲᠡ᠎ᠠᠴᠠ᠎ᠨᠢ  ᠲᠣᠭ᠎ᠠ ᠲᠣᠯᠣᠭ᠋ᠠᠢ ᠵᠢ᠎ᠨᠢ  ᠪᠠᠭ᠋ᠠᠰᠬᠠᠬᠤ ᠂  ᠶᠠᠪᠤᠴᠠ ᠵᠢ᠎ᠨᠢ  ᠡᠵᠡᠮᠳᠡᠬᠦ ᠵᠢ ᠵᠣᠷᠢᠭᠵᠢᠭᠤᠯᠤᠨ ᠂  ᠢᠯᠭ᠋ᠠᠳᠠᠰᠤ ᠵᠢ ᠵᠥᠭᠡᠭᠡᠨ ᠬᠦᠷᠭᠡᠬᠦ ᠂  ᠬᠠᠳᠠᠭ᠋ᠠᠯᠠᠬᠤ ᠵᠢᠴᠢ ᠰᠢᠢ᠍ᠳᠪᠦᠷᠢᠯᠡᠬᠦ ᠪᠡᠯᠡᠳᠬᠡᠮᠵᠢ ᠵᠢ ᠪᠢᠲᠡᠭᠦᠮᠵᠢᠯᠡᠬᠦ ᠵᠢ᠎ᠨᠢ  ᠳᠡᠮᠵᠢᠵᠦ ᠂  ᠬᠠᠶᠠᠭᠳᠠᠮᠠᠯ ᠬᠡᠢ ᠵᠢ ᠬᠣᠷᠢᠶᠠᠨ ᠴᠤᠭᠯᠠᠭᠤᠯᠬᠤ ᠪᠠ ᠰᠢᠢ᠍ᠳᠪᠦᠷᠢᠯᠡᠬᠦ ᠵᠢ ᠴᠢᠩᠭ᠋ᠠᠳᠬᠠᠨ᠎ᠠ ᠃  ᠬᠢᠮᠢ ᠵᠢᠨ ᠪᠣᠷᠳᠣᠭᠤᠷ ᠣᠷᠤᠭᠤᠯᠬᠤ ᠬᠡᠮᠵᠢᠶ᠎ᠡ ᠵᠢ ᠪᠠᠭ᠋ᠠᠰᠬᠠᠨ ᠦᠷ᠎ᠡ ᠠᠰᠢᠭ᠎ᠢ᠎ᠨᠢ  ᠨᠡᠮᠡᠭᠳᠡᠭᠦᠯᠬᠦ ᠵᠢ ᠳᠡᠯᠭᠡᠷᠡᠭᠦᠯᠵᠦ ᠂  ᠬᠥᠷᠥᠰᠥ ᠰᠢᠷᠣᠢ ᠵᠢ ᠪᠠᠢ᠌ᠴᠠᠭ᠋ᠠᠨ ᠰᠢᠯᠭ᠋ᠠᠵᠤ ᠨᠠᠢ᠌ᠷᠠᠯᠭ᠎ᠠ᠎ᠲᠠᠢ ᠪᠣᠷᠳᠣᠭᠤᠷ ᠣᠷᠤᠭᠤᠯᠬᠤ ᠠᠵᠢᠯ᠎ᠢ ᠥᠷᠨᠢᠭᠦᠯᠦᠨ ᠂  ᠪᠣᠷᠳᠣᠭᠤᠷ᠎ᠢ ᠭᠦᠨ ᠣᠷᠣᠭᠤᠯᠬᠤ ᠂  ᠤᠰᠤ ᠪᠣᠷᠳᠣᠭᠤᠷ᠎ᠢ ᠨᠢᠭᠡ ᠴᠣᠭᠴᠠᠵᠢᠭᠤᠯᠬᠤ ᠵᠡᠷᠭᠡ ᠥᠨᠳᠥᠷ ᠦᠷ᠎ᠡ ᠪᠦᠲᠦᠮᠵᠢᠲᠡᠶ᠎ᠪᠠᠷ ᠪᠣᠷᠳᠣᠭᠤᠷ ᠣᠷᠣᠭᠤᠯᠬᠤ ᠮᠡᠷᠭᠡᠵᠢᠯ᠎ᠢ ᠬᠡᠷᠡᠭᠵᠢᠭᠦᠯᠵᠦ ᠂  ᠣᠷᠭ᠋ᠠᠨᠢᠭ ᠪᠣᠷᠳᠣᠭᠤᠷ ᠨᠡᠮᠡᠵᠦ ᠣᠷᠣᠭᠤᠯᠬᠤ ᠵᠢ ᠵᠣᠷᠢᠭᠵᠢᠭᠤᠯᠤᠨ᠎ᠠ ᠃  ᠠᠽᠣᠲ ᠪᠣᠷᠳᠣᠭᠤᠷ ᠂  ᠬᠤᠵᠢᠷ ᠂  ᠱᠦᠢ᠍ᠨᠢ ᠵᠡᠷᠭᠡ ᠠᠵᠢᠯ ᠲᠥᠷᠥᠯ᠎ᠤᠨ ᠰᠢᠪᠲᠦᠷ᠎ᠤᠨ ᠭᠠᠳᠠᠭᠰᠢᠯᠠᠭᠤᠯᠤᠯᠲᠠ ᠵᠢᠨ ᠵᠠᠰᠠᠯᠲᠠ ᠵᠢ ᠴᠢᠩᠭ᠋ᠠᠳᠬᠠᠬᠤ ᠬᠡᠷᠡᠭᠲᠡᠢ ᠃  ᠠᠵᠤ ᠦᠢ᠍ᠯᠡᠳᠪᠦᠷᠢ ᠵᠢᠨ ᠢᠷᠡᠯᠲᠡᠲᠦ ᠣᠲᠤᠭ᠎ᠠ ᠤᠨᠢᠶᠠᠷ᠎ᠤᠨ ᠬᠦᠬᠦᠷ ᠦᠭᠡᠢ᠌ᠳᠡᠭᠦᠯᠬᠦ ᠱᠡᠦ ᠦᠭᠡᠢ᠌ᠳᠡᠭᠦᠯᠬᠦ᠎ᠳᠤ ᠰᠢᠪᠲᠦᠷ ᠵᠢᠭᠤᠲᠠᠬᠤ ᠵᠢ ᠰᠡᠷᠭᠡᠢ᠌ᠯᠡᠨ ᠡᠵᠡᠮᠳᠡᠬᠦ᠎ᠪᠠᠨ ᠴᠢᠩᠭ᠋ᠠᠷᠠᠭᠤᠯᠵᠤ ᠂  ᠬᠠᠶᠠᠭᠳᠠᠮᠠᠯ ᠬᠡᠢ ᠭᠠᠳᠠᠭᠰᠢᠯᠠᠭᠤᠯᠬᠤ ᠠᠮᠠᠰᠠᠷ᠎ᠲᠠᠬᠢ ᠵᠢᠭᠤᠲᠠᠭᠰᠠᠨ ᠰᠢᠪᠲᠦᠷ᠎ᠤᠨ ᠥᠳᠬᠡᠴᠡ ᠵᠢ ᠵᠠᠷᠴᠢᠮ ᠳᠡᠭᠡᠷ᠎ᠡ᠎ᠪᠠᠨ 8 ᠮᠢᠯᠢᠭ᠌ᠷᠠᠮ / ᠺᠦᠪ ᠮᠧᠲᠷ᠎ᠤᠨ ᠳᠣᠲᠣᠷ᠎ᠠ ᠬᠢᠵᠠᠭ᠋ᠠᠷᠯᠠᠬᠤ ᠬᠡᠷᠡᠭᠲᠡᠢ ᠃ (ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠂  ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ )

       ᠲᠤᠯᠤᠭ᠎ᠠ ᠂  ᠠᠭ᠋ᠠᠷ ᠮᠠᠨᠳᠠᠯ᠎ᠤᠨ ᠣᠷᠴᠢᠨ ᠲᠣᠭᠣᠷᠢᠨ᠎ᠤ ᠬᠠᠮᠢᠶᠠᠷᠤᠯᠲᠠ ᠵᠢᠨ ᠲᠣᠭᠲᠠᠯᠴᠠᠭ᠎ᠠ ᠵᠢ ᠲᠡᠭᠦᠯᠳᠡᠷᠵᠢᠭᠦᠯᠦᠨ᠎ᠡ

      (ᠬᠣᠷᠢᠨ ᠨᠢᠭᠡ ) ᠣᠷᠣᠨ ᠪᠦᠰᠡ᠎ᠨᠦᠭᠦᠳ᠎ᠤᠨ ᠬᠣᠯᠪᠤᠭ᠋ᠠᠯᠠᠨ ᠰᠡᠷᠭᠡᠢ᠌ᠯᠡᠵᠦ ᠬᠣᠯᠪᠤᠭ᠋ᠠᠯᠠᠨ ᠡᠵᠡᠮᠳᠡᠬᠦ ᠵᠢ   ᠴᠢᠩᠭ᠋ᠠᠷᠠᠭᠤᠯᠤᠨ᠎ᠠ ᠃  ᠠᠭ᠋ᠠᠷ᠎ᠤᠨ ᠴᠡᠪᠡᠷᠴᠡ᠎ᠨᠢ  ᠪᠠᠷᠢᠮᠵᠢᠶ᠎ᠠ᠎ᠳᠤ ᠬᠦᠷᠦᠭᠰᠡᠨ ᠦᠭᠡᠢ ᠠᠢ᠌ᠮᠠᠭ ᠬᠣᠲᠠ ᠂  ᠬᠣᠰᠢᠭᠤ ᠰᠢᠶᠠᠨ (ᠬᠣᠲᠠ ᠂  ᠲᠣᠭᠣᠷᠢᠭ )᠎ᠨᠤᠭᠤᠳ ᠠᠭ᠋ᠠᠷ ᠮᠠᠨᠳᠠᠯ᠎ᠤᠨ ᠣᠷᠴᠢᠨ ᠲᠣᠭᠣᠷᠢᠨ᠎ᠤ ᠴᠢᠨᠠᠷ᠎ᠢ  ᠲᠣᠭᠲᠠᠭᠰᠠᠨ ᠬᠤᠭᠤᠴᠠᠭ᠋ᠠᠨ᠎ᠳᠤ ᠪᠠᠷᠢᠮᠵᠢᠶ᠎ᠠ᠎ᠳᠤ ᠬᠦᠷᠦᠭᠦᠯᠬᠦ ᠲᠥᠯᠦᠪᠵᠢᠭᠦᠯᠭᠡ ᠵᠢ ᠨᠠᠢ᠌ᠷᠠᠭᠤᠯᠤᠨ ᠵᠣᠬᠢᠶᠠᠵᠤ ᠂  ᠪᠠᠷᠢᠮᠵᠢᠶ᠎ᠠ᠎ᠳᠤ ᠬᠦᠷᠦᠭᠦᠯᠬᠦ ᠠᠵᠢᠯ᠎ᠤᠨ ᠱᠤᠭᠤᠮ᠎ᠤᠨ ᠵᠢᠷᠤᠭ ᠵᠢᠴᠢ ᠭᠣᠣᠯᠳᠠᠯᠭ᠎ᠠ ᠪᠣᠯᠬᠤ ᠡᠭᠦᠷᠭᠡ᠎ᠪᠠᠨ ᠲᠣᠳᠣᠷᠬᠠᠢ᠌ᠯᠠᠬᠤ ᠵᠢᠨ ᠬᠠᠮᠲᠤ ᠨᠡᠢ᠌ᠭᠡᠮ᠎ᠳᠤ ᠢᠯᠡ ᠪᠣᠯᠭ᠋ᠠᠬᠤ ᠬᠡᠷᠡᠭᠲᠡᠢ ᠃  ᠨᠢᠭᠡᠳᠦᠯᠲᠡᠢ ᠲᠥᠯᠥᠪᠵᠢᠭᠦᠯᠬᠦ ᠂  ᠨᠢᠭᠡᠳᠦᠯᠲᠡᠢ ᠪᠠᠷᠢᠮᠵᠢᠶ᠎ᠠ᠎ᠪᠠᠷ ᠠᠵᠢᠯᠯᠠᠬᠤ ᠂  ᠨᠢᠭᠡᠳᠦᠯᠲᠡᠢ ᠬᠢᠨᠠᠨ ᠬᠡᠮᠵᠢᠬᠦ ᠂  ᠨᠢᠭᠡᠳᠦᠯᠲᠡᠢ ᠬᠠᠤᠯᠢ ᠬᠡᠷᠡᠭᠵᠢᠭᠦᠯᠬᠦ ᠂  ᠪᠣᠬᠢᠷᠲᠤᠯ᠎ᠢ ᠨᠢᠭᠡᠳᠦᠯᠲᠡᠢ ᠰᠡᠷᠭᠡᠢ᠌ᠯᠡᠨ ᠵᠠᠰᠠᠬᠤ ᠠᠷᠭ᠎ᠠ ᠬᠡᠮᠵᠢᠶ᠎ᠡ ᠵᠢᠨ ᠱᠠᠭ᠋ᠠᠷᠳᠠᠯᠭ᠎ᠠ ᠶᠣᠰᠣᠭ᠋ᠠᠷ ᠂  ᠭᠣᠣᠯᠳᠠᠯᠭ᠎ᠠ ᠪᠣᠯᠬᠤ ᠣᠷᠣᠨ ᠪᠦᠰᠡ ᠵᠢᠨ ᠠᠭ᠋ᠠᠷ ᠮᠠᠨᠳᠠᠯ᠎ᠤᠨ ᠪᠣᠬᠢᠷᠲᠤᠯ᠎ᠢ ᠬᠣᠯᠪᠤᠭ᠋ᠠᠯᠠᠨ ᠰᠡᠷᠭᠡᠢ᠌ᠯᠡᠵᠦ ᠬᠣᠯᠪᠤᠭ᠋ᠠᠯᠠᠨ ᠡᠵᠡᠮᠳᠡᠵᠦ ᠬᠣᠯᠪᠤᠭ᠋ᠠᠯᠠᠨ ᠵᠠᠰᠠᠬᠤ ᠠᠵᠢᠯ᠎ᠢ ᠭᠦᠨᠵᠡᠭᠡᠢ᠌ᠷᠡᠭᠦᠯᠦᠨ ᠪᠣᠳᠠᠲᠠᠢ᠌ᠵᠢᠭᠤᠯᠤᠨ᠎ᠠ ᠃  ᠪᠡᠭᠡᠵᠢᠩ ᠲᠢᠶᠠᠨᠵᠢᠨ ᠾᠧᠪᠧᠢ ᠵᠢᠴᠢ ᠡᠷᠬᠢᠨ ᠲᠣᠭᠣᠷᠢᠨ᠎ᠤ ᠭᠠᠵᠠᠷ ᠣᠷᠣᠨ ᠂  ᠵᠡᠭᠦᠨ ᠬᠣᠢ᠌ᠲᠤ ᠵᠢᠨ ᠭᠤᠷᠪᠠᠨ ᠮᠤᠵᠢ ᠂  ᠨᠢᠩᠰᠢᠶᠠ ᠵᠡᠷᠭᠡ ᠬᠥᠷᠰᠢ ᠵᠡᠷᠭᠡᠯᠡᠳᠡᠭᠡ ᠮᠤᠵᠢ ᠣᠷᠣᠨ᠎ᠯᠤᠭ᠎ᠠ ᠵᠢᠨ ᠬᠣᠯᠪᠤᠭ᠋ᠠᠯᠠᠨ ᠰᠡᠷᠭᠡᠢ᠌ᠯᠡᠵᠦ ᠬᠣᠯᠪᠤᠭ᠋ᠠᠯᠠᠨ ᠡᠵᠡᠮᠳᠡᠬᠦ᠎ᠪᠠᠨ ᠴᠢᠩᠭ᠋ᠠᠳᠬᠠᠨ᠎ᠠ ᠃  ᠬᠥᠷᠰᠢ ᠵᠡᠷᠭᠡᠯᠡᠳᠡᠭᠡ ᠠᠢ᠌ᠮᠠᠭ ᠬᠤᠲᠠ ᠬᠣᠭᠣᠷᠣᠨᠳᠤ᠎ᠪᠠᠨ ᠨᠡᠪᠲᠡᠷᠡᠯᠴᠡᠨ ᠬᠠᠮᠵᠢᠯᠴᠠᠬᠤ᠎ᠪᠠᠨ ᠴᠢᠩᠭ᠋ᠠᠳᠬᠠᠵᠤ ᠂  ᠬᠣᠯᠪᠤᠭ᠋ᠠᠯᠠᠨ ᠰᠡᠷᠭᠡᠢ᠌ᠯᠡᠵᠦ ᠬᠣᠯᠪᠤᠭ᠋ᠠᠯᠠᠨ ᠡᠵᠡᠮᠳᠡᠬᠦ ᠪᠠ ᠬᠣᠯᠪᠣᠭ᠋ᠠᠯᠠᠵᠤ ᠰᠣᠯᠪᠢᠴᠠᠨ ᠬᠠᠤᠯᠢ ᠬᠡᠷᠡᠭᠵᠢᠭᠦᠯᠬᠦ ᠵᠢ ᠠᠬᠢᠭᠤᠯᠤᠨ᠎ᠠ ᠃  ᠮᠤᠵᠢ ᠵᠢᠨ ᠵᠠᠭ᠋ᠠᠭ ᠱᠤᠭᠤᠮ᠎ᠤᠨ ᠬᠣᠶᠠᠷ ᠬᠠᠪᠢ ᠵᠢᠨ 20 ᠺᠢᠯᠣᠮᠧᠲᠷ᠎ᠤᠨ ᠳᠣᠲᠣᠷᠠᠬᠢ ᠭᠠᠵᠠᠷ ᠣᠷᠣᠨ᠎ᠳᠠᠬᠢ ᠠᠭ᠋ᠠᠷ ᠮᠠᠨᠳᠠᠯ᠎ᠳᠤ ᠬᠣᠯᠪᠣᠭᠳᠠᠭᠰᠠᠨ ᠭᠣᠣᠯᠳᠠᠯᠭ᠎ᠠ ᠪᠣᠯᠬᠤ ᠠᠵᠢᠯ ᠲᠥᠷᠥᠯ᠎ᠤᠨ ᠰᠢᠨ᠎ᠡ᠎ᠪᠠᠷ ᠪᠠᠶ᠋ᠢᠭᠤᠯᠬᠤ ᠲᠥᠷᠥᠯ ᠵᠦᠢ᠍ᠯ ᠵᠢᠴᠢ ᠰᠠᠯᠬᠢᠨ ᠤᠷᠤᠭᠤ ᠬᠡᠰᠡᠭ᠎ᠤᠨ ᠠᠭ᠋ᠠᠷ᠎ᠤᠨ ᠴᠡᠪᠡᠷᠴᠡ᠎ᠳᠤ ᠨᠥᠯᠥᠭᠡ ᠶᠡᠬᠡᠲᠡᠢ ᠰᠢᠨ᠎ᠡ᠎ᠪᠠᠷ ᠪᠠᠶ᠋ᠢᠭᠤᠯᠬᠤ ᠥᠨᠳᠥᠷ ᠴᠠᠬᠤ ᠵᠢᠨ   ᠢᠷᠡᠯᠲᠡ᠎ᠲᠠᠢ  ᠲᠥᠷᠥᠯ ᠵᠦᠢ᠍ᠯ᠎ᠳᠤ ᠂  ᠵᠠᠬ᠎ᠠ ᠨᠡᠢ᠌ᠯᠡᠭᠰᠡᠨ ᠮᠤᠵᠢ᠎ᠯᠤᠭ᠎ᠠ ᠣᠷᠴᠢᠨ ᠲᠣᠭᠣᠷᠢᠨ᠎ᠤ ᠨᠥᠯᠥᠭᠡᠯᠡᠯ᠎ᠤᠨ ᠦᠨᠡᠯᠡᠯᠲᠡ ᠵᠢᠨ ᠨᠢᠭᠡᠳᠦᠯᠲᠦ ᠴᠢᠨᠠᠷᠲᠠᠢ ᠵᠥᠪᠳᠡᠯᠴᠡᠭᠡ ᠵᠢ ᠥᠷᠨᠢᠭᠦᠯᠬᠦ ᠬᠡᠷᠡᠭᠲᠡᠢ ᠃ (ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ )

      (ᠬᠣᠷᠢᠨ ᠬᠣᠶᠠᠷ ) ᠪᠣᠬᠢᠷᠲᠤᠯ ᠶᠡᠬᠡᠲᠡᠢ ᠴᠠᠭ ᠠᠭᠤᠷ᠎ᠢ  ᠠᠷᠭ᠋ᠠᠴᠠᠭ᠋ᠠᠬᠤ ᠲᠣᠭᠲᠠᠴᠠ᠎ᠪᠠᠨ ᠲᠡᠭᠦᠯᠳᠡᠷᠵᠢᠭᠦᠯᠦᠨ᠎ᠡ ᠃   ᠪᠣᠬᠢᠷᠲᠤᠯ ᠶᠡᠬᠡᠲᠡᠢ ᠴᠠᠭ ᠠᠭᠤᠷ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠪᠡᠯᠡᠳᠬᠡᠯ ᠲᠥᠰᠥᠯ᠎ᠢ ᠵᠠᠰᠠᠪᠤᠷᠢᠯᠠᠨ ᠲᠡᠭᠦᠯᠳᠡᠷᠵᠢᠭᠦᠯᠵᠦ ᠂  ᠪᠣᠬᠢᠷᠲᠤᠯ ᠶᠡᠬᠡᠲᠡᠢ ᠴᠠᠭ ᠠᠭᠤᠷ᠎ᠢ ᠠᠷᠭ᠋ᠠᠴᠠᠭ᠋ᠠᠬᠤ 《ᠥᠪᠡᠷᠲᠡᠭᠡᠨ ᠵᠠᠰᠠᠬᠤ ᠣᠷᠣᠨ - ᠠᠢ᠌ᠮᠠᠭ ᠬᠤᠲᠠ - ᠬᠣᠰᠢᠭᠤ ᠰᠢᠶᠠᠨ (ᠬᠤᠲᠠ ᠂  ᠲᠣᠭᠣᠷᠢᠭ )》  ᠭᠤᠷᠪᠠᠨ ᠱᠠᠲᠤᠨ᠎ᠤ ᠪᠡᠯᠡᠳᠬᠡᠯ ᠲᠥᠰᠥᠯ᠎ᠤᠨ   ᠲᠣᠭᠲᠠᠯᠴᠠᠭ᠎ᠠ ᠵᠢ ᠰᠢᠨᠡᠳᠬᠡᠨ᠎ᠡ ᠃  ᠠᠮᠢ ᠠᠬᠤᠢ ᠣᠷᠴᠢᠨ ᠲᠣᠭᠣᠷᠢᠨ ᠂  ᠴᠠᠭ ᠠᠭᠤᠷ᠎ᠤᠨ ᠰᠠᠯᠠᠭ᠎ᠠ ᠮᠥᠴᠢᠷ᠎ᠤᠨ᠎ᠬᠢᠨ᠎ᠤ ᠬᠠᠮᠲᠤᠷᠠᠨ ᠵᠥᠪᠳᠡᠯᠴᠡᠵᠦ ᠤᠷᠢᠳᠴᠢᠯᠠᠨ ᠮᠡᠳᠡᠭᠦᠯᠬᠦ ᠲᠣᠭᠲᠠᠴᠠ ᠵᠢ ᠪᠦᠷᠢᠨᠰᠢᠭᠦᠯᠦᠨ ᠂  ᠪᠣᠬᠢᠷᠲᠤᠯ ᠶᠡᠬᠡᠲᠡᠢ ᠴᠠᠭ ᠠᠭᠤᠷ᠎ᠢ  ᠲᠥᠰᠥᠭᠡᠯᠡᠬᠦ ᠣᠨᠣᠪᠴᠢ ᠵᠢᠨ ᠨᠣᠷᠮ᠎ᠠ ᠪᠠ ᠴᠠᠭ ᠬᠤᠭᠤᠴᠠᠭ᠋ᠠᠲᠤ ᠴᠢᠨᠠᠷ᠎ᠢ  ᠳᠡᠭᠡᠭᠰᠢᠯᠡᠭᠦᠯᠦᠨ᠎ᠡ ᠃  ᠭᠣᠣᠯᠳᠠᠯᠭ᠎ᠠ ᠪᠣᠯᠬᠤ ᠠᠵᠢᠯ ᠲᠥᠷᠥᠯ᠎ᠤᠨ ᠠᠵᠤ ᠠᠬᠤᠢ᠌ᠯᠠᠯ᠎ᠤᠨ ᠠᠮᠵᠢᠯᠲᠠ ᠪᠦᠲᠦᠮᠵᠢ᠎ᠳᠤ ᠲᠠᠰ ᠬᠤᠪᠢᠶᠠᠬᠤ ᠵᠢ ᠪᠥᠬᠦ ᠲᠠᠯ᠎ᠠ᠎ᠪᠠᠷ ᠥᠷᠨᠢᠭᠦᠯᠵᠦ ᠂  ᠵᠦᠷᠢᠶᠡᠴᠢᠯᠡᠭᠰᠡᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠵᠢ ᠬᠡᠷᠡᠭᠵᠢᠭᠦᠯᠦᠨ᠎ᠡ ᠃  ᠪᠠᠴᠢᠮ ᠪᠠᠢ᠌ᠳᠠᠯ᠎ᠢ ᠠᠷᠭ᠋ᠠᠴᠠᠭ᠋ᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠨᠠᠷᠢᠨ ᠬᠠᠭᠤᠳᠠᠰᠤ ᠵᠢᠨ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠵᠢ ᠴᠢᠩᠭ᠋ᠠᠳᠬᠠᠵᠤ ᠂  ᠠᠭ᠋ᠠᠷ ᠮᠠᠨᠳᠠᠯ᠎ᠳᠤ ᠬᠣᠯᠪᠣᠭᠳᠠᠬᠤ ᠠᠵᠤ ᠠᠬᠤᠢ᠌ᠯᠠᠯ ᠪᠦᠬᠦᠨ᠎ᠢ ᠬᠠᠮᠤᠷᠤᠭᠤᠯᠬᠤ ᠵᠢ ᠪᠡᠶᠡᠯᠡᠭᠦᠯᠦᠨ᠎ᠡ ᠃ (ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠂  ᠥᠪᠥᠷ ᠮᠣᠩᠭᠣᠯ᠎ᠤᠨ ᠴᠠᠭ ᠠᠭᠤᠷ᠎ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ )

        ᠨᠠᠢ᠍ᠮᠠ ᠂  ᠬᠢᠨᠠᠨ ᠬᠠᠮᠢᠶᠠᠷᠬᠤ ᠴᠢᠳᠠᠪᠤᠷᠢ᠎ᠪᠠᠨ ᠪᠦᠲᠦᠮᠵᠢᠲᠡᠢ ᠳᠡᠭᠡᠭᠰᠢᠯᠡᠭᠦᠯᠦᠨ᠎ᠡ

      (ᠬᠣᠷᠢᠨ ᠭᠤᠷᠪᠠ ) ᠬᠢᠨᠠᠨ ᠰᠢᠨᠵᠢᠵᠦ ᠬᠢᠨᠠᠨ ᠡᠵᠡᠮᠳᠡᠬᠦ ᠲᠣᠭᠲᠠᠯᠴᠠᠭ᠎ᠠ ᠵᠢᠨ ᠪᠠᠢ᠌ᠭᠤᠯᠤᠯᠲᠠ ᠵᠢ ᠲᠡᠭᠦᠯᠳᠡᠷᠵᠢᠭᠦᠯᠦᠨ᠎ᠡ ᠃  ᠠᠭ᠋ᠠᠷ ᠮᠠᠨᠳᠠᠯ᠎ᠤᠨ ᠣᠷᠴᠢᠨ ᠲᠣᠭᠣᠷᠢᠨ᠎ᠢ  ᠬᠢᠨᠠᠨ ᠰᠢᠨᠵᠢᠬᠦ ᠲᠣᠣᠷ ᠰᠦᠯᠵᠢᠶ᠎ᠡ ᠵᠢ ᠲᠡᠭᠦᠯᠳᠡᠷᠵᠢᠭᠦᠯᠵᠦ ᠂  ᠠᠵᠤ ᠦᠢ᠍ᠯᠡᠳᠪᠦᠷᠢ ᠪᠠ ᠪᠠᠷᠠᠭ᠋ᠠᠨ᠎ᠤ ᠭᠦᠢ᠍ᠯᠭᠡᠭᠡᠨ᠎ᠤ ᠬᠦᠷᠢᠶᠡᠯᠡᠩ ᠲᠣᠭᠣᠷᠢᠭ ᠂  ᠲᠡᠮᠦᠷ ᠵᠠᠮ᠎ᠤᠨ ᠪᠠᠷᠠᠭ᠋ᠠᠨ᠎ᠤ ᠲᠠᠯᠠᠪᠤᠷ ᠂  ᠨᠢᠰᠬᠡᠯ᠎ᠤᠨ ᠪᠠᠭᠤᠳᠠᠯ ᠂  ᠵᠠᠰᠠᠮᠠᠯ ᠵᠠᠮ ᠵᠡᠷᠭᠡ ᠵᠢᠨ ᠠᠭ᠋ᠠᠷ ᠮᠠᠨᠳᠠᠯ᠎ᠤᠨ ᠣᠷᠴᠢᠨ ᠲᠣᠭᠣᠷᠢᠨ᠎ᠢ  ᠬᠢᠨᠠᠨ ᠰᠢᠨᠵᠢᠬᠦ᠎ᠪᠠᠨ ᠴᠢᠩᠭ᠋ᠠᠳᠬᠠᠵᠤ ᠂  ᠰᠢᠯᠢ ᠵᠢᠨ ᠭᠣᠣᠯ ᠠᠢ᠌ᠮᠠᠭ ᠂  ᠠᠯᠠᠱ᠌ᠠ ᠠᠢ᠌ᠮᠠᠭ᠎ᠲᠤ ᠠᠭ᠋ᠠᠷ ᠮᠠᠨᠳᠠᠯ᠎ᠤᠨ ᠠᠬᠤᠢ ᠪᠠᠢ᠌ᠳᠠᠯ᠎ᠢ  ᠠᠵᠢᠭᠯᠠᠨ ᠰᠢᠨᠵᠢᠬᠦ ᠥᠷᠲᠡᠭᠡ ᠵᠢ ᠨᠡᠮᠡᠵᠦ ᠪᠠᠢ᠌ᠭᠤᠯᠤᠨ᠎ᠠ ᠃  ᠡᠯᠡᠰᠦᠨ᠎ᠤ ᠢᠷᠡᠯᠲᠡ ᠵᠢᠨ ᠣᠷᠣᠨ ᠵᠢᠴᠢ ᠡᠯᠡᠰᠦᠨ ᠰᠢᠭᠤᠷᠭ᠎ᠠ ᠵᠢᠨ ᠥᠩᠭᠡᠷᠡᠬᠦ ᠬᠡᠰᠡᠭ᠎ᠤᠨ ᠴᠠᠭ ᠠᠭᠤᠷ ᠂  ᠠᠭ᠋ᠠᠷ᠎ᠤᠨ ᠴᠡᠪᠡᠷᠴᠡ ᠵᠡᠷᠭᠡ ᠵᠢ ᠬᠢᠨᠠᠨ ᠰᠢᠨᠵᠢᠬᠦ ᠲᠣᠣᠷ ᠰᠦᠯᠵᠢᠶ᠎ᠡ᠎ᠪᠠᠨ ᠨᠢᠭᠡ ᠴᠣᠭᠴᠠᠵᠢᠭᠤᠯᠤᠨ ᠪᠠᠢ᠌ᠭᠤᠯᠬᠤ ᠵᠢ ᠴᠢᠩᠭ᠋ᠠᠳᠬᠠᠨ᠎ᠠ ᠃  ᠠᠭ᠋ᠠᠷ ᠮᠠᠨᠳᠠᠯ᠎ᠤᠨ ᠣᠷᠴᠢᠨ ᠲᠣᠭᠣᠷᠢᠨ᠎ᠤ ᠪᠣᠬᠢᠷᠲᠤᠯ ᠭᠠᠳᠠᠭᠰᠢᠯᠠᠭᠤᠯᠬᠤ ᠭᠣᠣᠯᠳᠠᠯᠭ᠎ᠠ ᠪᠣᠯᠬᠤ ᠨᠢᠭᠡᠴᠢ ᠵᠢᠨ ᠨᠡᠷᠡᠰ᠎ᠤᠨ ᠵᠢᠭᠰᠠᠭ᠋ᠠᠯᠲᠠ ᠵᠢ ᠲᠣᠭᠲᠠᠮᠠᠯ ᠬᠤᠭᠤᠴᠠᠭ᠎ᠠ᠎ᠲᠠᠢ ᠰᠢᠨᠡᠳᠬᠡᠵᠦ ᠂  ᠨᠥᠬᠥᠴᠡᠯ᠎ᠳᠤ ᠨᠡᠢ᠌ᠴᠡᠬᠦ ᠠᠵᠤ ᠠᠬᠤᠢ᠌ᠯᠠᠯ ᠪᠦᠬᠦᠨ᠎ᠢ ᠬᠠᠮᠤᠷᠬᠤ᠎ᠪᠠᠨ ᠦᠨᠡᠨ ᠬᠦ᠌   ᠪᠠᠲᠤᠯᠠᠬᠤ ᠬᠡᠷᠡᠭᠲᠡᠢ ᠃  ᠠᠵᠤ ᠠᠬᠤᠢ᠌ᠯᠠᠯ᠎ᠤᠨ ᠠᠵᠢᠯ᠎ᠤᠨ ᠪᠠᠢ᠌ᠳᠠᠯ᠎ᠢ ᠬᠢᠨᠠᠨ ᠡᠵᠡᠮᠳᠡᠬᠦ ᠂  ᠴᠠᠬᠢᠯᠭ᠋ᠠᠨ ᠬᠡᠷᠡᠭᠯᠡᠬᠦ (ᠡᠨᠧᠷᠭᠢ ᠬᠡᠷᠡᠭᠯᠡᠬᠦ ) ᠵᠢ  ᠬᠢᠨᠠᠨ ᠡᠵᠡᠮᠳᠡᠬᠦ ᠂   ᠸᠢᠳᠢᠤ᠋ ᠭᠡᠲᠡᠭᠦᠯ ᠵᠡᠷᠭᠡ ᠵᠢ ᠤᠭᠰᠠᠷᠠᠬᠤ ᠵᠢᠨ ᠬᠠᠮᠲᠤ ᠂  ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠤᠨ ᠰᠦᠯᠵᠢᠶ᠎ᠡ᠎ᠯᠦᠭᠡ ᠬᠣᠯᠪᠣᠬᠤ ᠵᠢ ᠠᠬᠢᠭᠤᠯᠤᠨ᠎ᠠ ᠃  ᠡᠯ᠎ᠡ ᠱᠠᠲᠤᠨ᠎ᠤ ᠬᠥᠳᠡᠯᠭᠡᠭᠡᠨᠲᠦ ᠮᠠᠰᠢᠨ ᠮᠧᠬᠠᠨᠢᠭ᠎ᠤᠨ ᠣᠷᠴᠢᠨ ᠲᠣᠭᠣᠷᠢᠨ᠎ᠢ ᠬᠢᠨᠠᠨ ᠬᠠᠮᠢᠶᠠᠷᠬᠤ ᠴᠢᠳᠠᠪᠤᠷᠢ ᠵᠢᠨ ᠪᠠᠢ᠌ᠭᠤᠯᠤᠯᠲᠠ᠎ᠪᠠᠨ ᠴᠢᠩᠭ᠋ᠠᠳᠬᠠᠵᠤ ᠂  ᠥᠪᠡᠷᠲᠡᠭᠡᠨ ᠵᠠᠰᠠᠬᠤ ᠣᠷᠣᠨ ᠂  ᠠᠢ᠌ᠮᠠᠭ ᠬᠤᠲᠠ ᠵᠢᠨ ᠬᠦᠨᠳᠦ ᠬᠡᠯᠪᠡᠷᠢ ᠵᠢᠨ ᠴᠠᠢ᠌ᠶᠢᠦ ᠮᠠᠰᠢᠨ ᠲᠡᠷᠭᠡ ᠪᠠ ᠵᠠᠮᠨᠠᠬᠤ ᠪᠤᠰᠤ ᠬᠥᠳᠡᠯᠭᠡᠭᠡᠨᠲᠦ ᠮᠧᠬᠠᠨᠢᠭ᠎ᠢ ᠠᠯᠤᠰ ᠡᠵᠡᠮᠰᠢᠯᠲᠦ ᠰᠦᠯᠵᠢᠶ᠎ᠡ᠎ᠪᠠᠷ ᠬᠢᠨᠠᠨ ᠡᠵᠡᠮᠳᠡᠬᠦ ᠲᠠᠪᠴᠠᠩ᠎ᠢ᠎ᠨᠢ  ᠲᠡᠭᠦᠯᠳᠡᠷᠵᠢᠭᠦᠯᠦᠨ᠎ᠡ ᠃ (ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠂  ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ ᠂  ᠣᠶ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶ᠎ᠠ ᠂  ᠥᠪᠥᠷ ᠮᠣᠩᠭᠣᠯ᠎ᠤᠨ ᠴᠠᠭ ᠠᠭᠤᠷ᠎ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠨᠢᠭᠡᠴᠢ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ )

      (ᠬᠣᠷᠢᠨ ᠳᠥᠷᠪᠡ ) ᠠᠭ᠋ᠠᠷ ᠮᠠᠨᠳᠠᠯ᠎ᠤᠨ ᠣᠷᠴᠢᠨ ᠲᠣᠭᠣᠷᠢᠨ᠎ᠤ ᠬᠢᠨᠠᠨ ᠬᠠᠮᠢᠶᠠᠷᠬᠤ ᠬᠠᠤᠯᠢ ᠬᠡᠷᠡᠭᠵᠢᠭᠦᠯᠦᠯᠲᠡ ᠵᠢ ᠴᠢᠩᠭ᠋ᠠᠳᠬᠠᠨ᠎ᠠ ᠃ 《ᠬᠣᠶᠠᠷ᠎ᠢ ᠰᠤᠭᠤᠴᠢᠨ ᠪᠠᠢ᠌ᠴᠠᠭ᠋ᠠᠵᠤ ᠂  ᠨᠢᠭᠡ ᠵᠢ ᠢᠯᠡ ᠪᠣᠯᠭ᠋ᠠᠬᠤ 》  ᠬᠢᠨᠠᠯᠲᠠ ᠬᠠᠮᠢᠶᠠᠷᠤᠯᠲᠠ ᠵᠢᠨ ᠳᠦᠷᠢᠮ᠎ᠢ ᠲᠡᠭᠦᠯᠳᠡᠷᠵᠢᠭᠦᠯᠵᠦ ᠂  ᠲᠤᠬᠠᠢ ᠵᠢᠨ ᠲᠠᠯᠠᠪᠤᠷ᠎ᠤᠨ ᠪᠤᠰᠤ ᠬᠢᠨᠠᠯᠲᠠ ᠬᠠᠮᠢᠶᠠᠷᠤᠯᠲᠠ ᠵᠢᠨ ᠠᠷᠭ᠎ᠠ ᠪᠠᠷᠢᠯ᠎ᠤᠨ ᠬᠡᠷᠡᠭᠯᠡᠭᠡᠨ᠎ᠢ ᠥᠷᠭᠡᠳᠬᠡᠨ᠎ᠡ ᠃  ᠪᠣᠬᠢᠷᠲᠤᠯ᠎ᠤᠨ ᠡᠬᠢ ᠢᠷᠡᠯᠲᠡ ᠵᠢ ᠠᠦ᠋ᠲ᠋ᠣ᠋᠎ᠪᠠᠷ ᠬᠢᠨᠠᠨ ᠰᠢᠨᠵᠢᠬᠦ ᠲᠥᠬᠦᠭᠡᠷᠦᠮᠵᠢ ᠵᠢᠨ ᠠᠵᠢᠯᠯᠠᠭ᠋ᠠᠨ᠎ᠤ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ ᠂  ᠬᠢᠨᠠᠨ ᠰᠢᠨᠵᠢᠭᠰᠡᠨ ᠲᠣᠭ᠎ᠠ ᠪᠠᠷᠢᠮᠲᠠ ᠵᠢᠨ ᠴᠢᠨᠠᠷᠯᠢᠭ ᠪᠠ ᠲᠣᠭᠲᠠᠭᠤᠨ ᠳᠠᠮᠵᠢᠭᠤᠯᠭ᠎ᠠ ᠵᠢ ᠦᠨᠡᠨ ᠬᠦ᠌ ᠪᠠᠲᠤᠯᠠᠬᠤ ᠬᠡᠷᠡᠭᠲᠡᠢ ᠃  ᠭᠣᠣᠯᠳᠠᠯᠭ᠎ᠠ ᠪᠣᠯᠬᠤ ᠣᠷᠣᠨ ᠪᠦᠰᠡ ᠂  ᠭᠣᠣᠯᠳᠠᠯᠭ᠎ᠠ ᠪᠣᠯᠬᠤ ᠠᠵᠢᠯ ᠲᠥᠷᠥᠯ᠎ᠳᠤ ᠬᠢᠨᠠᠯᠲᠠ ᠲᠠᠯᠪᠢᠬᠤ ᠬᠠᠤᠯᠢ ᠬᠡᠷᠡᠭᠵᠢᠭᠦᠯᠬᠦ ᠵᠢ ᠴᠢᠩᠭ᠋ᠠᠷᠠᠭᠤᠯᠤᠨ ᠂  ᠲᠤᠰᠬᠠᠢ ᠬᠠᠤᠯᠢ ᠬᠡᠷᠡᠭᠵᠢᠭᠦᠯᠬᠦ ᠂  ᠬᠠᠮᠲᠤᠷᠠᠨ ᠬᠠᠤᠯᠢ ᠬᠡᠷᠡᠭᠵᠢᠭᠦᠯᠬᠦ ᠂  ᠰᠣᠯᠪᠢᠴᠠᠨ ᠬᠠᠤᠯᠢ ᠬᠡᠷᠡᠭᠵᠢᠭᠦᠯᠬᠦ ᠂  ᠢᠯᠡ᠎ᠪᠠᠷ ᠪᠠᠢ᠌ᠴᠠᠭ᠋ᠠᠵᠤ ᠳᠠᠯᠳᠠᠭᠤᠷ ᠰᠤᠷᠪᠤᠯᠵᠢᠯᠠᠬᠤ ᠵᠢ ᠥᠷᠨᠢᠭᠦᠯᠵᠦ ᠂  ᠠᠭ᠋ᠠᠷ ᠮᠠᠨᠳᠠᠯ᠎ᠤᠨ ᠪᠣᠬᠢᠷᠳᠤᠯ᠎ᠢ ᠰᠡᠷᠭᠡᠢ᠌ᠯᠡᠨ ᠵᠠᠰᠠᠬᠤ ᠪᠡᠯᠡᠳᠬᠡᠮᠵᠢ ᠂  ᠠᠦ᠋ᠲ᠋ᠣ᠋᠎ᠪᠠᠷ ᠬᠢᠨᠠᠨ ᠰᠢᠨᠵᠢᠬᠦ ᠲᠥᠬᠦᠭᠡᠷᠦᠮᠵᠢ ᠵᠢ ᠬᠡᠪ᠎ᠤᠨ ᠪᠤᠰᠤ᠎ᠪᠠᠷ ᠠᠵᠢᠯᠯᠠᠭᠤᠯᠬᠤ ᠪᠠ ᠲᠣᠭ᠎ᠠ ᠪᠠᠷᠢᠮᠲᠠ ᠵᠢ ᠬᠠᠭᠤᠷᠮᠠᠭ ᠵᠶ᠋ᠠᠷ ᠵᠣᠬᠢᠶᠠᠬᠤ ᠵᠡᠷᠭᠡ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠬᠦ ᠬᠡᠷᠡᠭᠲᠡᠢ ᠃  ᠠᠮᠢ ᠠᠬᠤᠢ ᠣᠷᠴᠢᠨ ᠲᠣᠭᠣᠷᠢᠨ᠎ᠤ ᠬᠦᠷᠢᠶᠡᠨ᠎ᠳᠠᠬᠢ ᠳᠣᠣᠷ᠎ᠠ ᠦᠨ᠎ᠡ ᠪᠠ ᠴᠢᠨᠠᠷ ᠪᠠᠷᠤᠭᠲᠠᠢ᠎ᠪᠠᠷ ᠳᠠᠭ᠋ᠠᠭ᠋ᠠᠴᠢᠯᠠᠯᠲᠠ ᠣᠨᠣᠭᠰᠠᠨ ᠡᠷᠦᠢ ᠬᠤᠷᠤᠢ ᠦᠭᠡᠢ ᠪᠠᠢ᠌ᠳᠠᠯ᠎ᠢ ᠵᠠᠰᠠᠬᠤ᠎ᠪᠠᠷ ᠣᠯᠠᠨ ᠵᠦᠢ᠍ᠯ᠎ᠤᠨ ᠠᠷᠭ᠎ᠠ ᠬᠡᠮᠵᠢᠶ᠎ᠡ ᠠᠪᠴᠤ ᠂  ᠡᠷᠬᠡ ᠲᠡᠭᠰᠢ᠎ᠪᠠᠷ ᠥᠷᠢᠰᠦᠯᠳᠦᠬᠦ ᠣᠷᠴᠢᠨ ᠨᠥᠬᠥᠴᠡᠯ᠎ᠢ ᠪᠣᠶ ᠪᠣᠯᠭ᠋ᠠᠨ᠎ᠠ ᠃ (ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠂  ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ ᠂  ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ )

      (ᠬᠣᠷᠢᠨ ᠲᠠᠪᠤ ) ᠰᠢᠨᠵᠢᠯᠡᠬᠦ ᠤᠬᠠᠭ᠋ᠠᠨ ᠲᠧᠭᠨᠢᠭ  ᠮᠡᠷᠭᠡᠵᠢᠯ᠎ᠤᠨ ᠲᠤᠯᠭ᠋ᠠᠭᠤᠷᠢᠯᠠᠬᠤ ᠴᠢᠳᠠᠪᠤᠷᠢ ᠵᠢ ᠳᠡᠭᠡᠭᠰᠢᠯᠡᠭᠦᠯᠦᠨ᠎ᠡ ᠃  ᠶᠡᠬᠡ ᠳᠡᠭᠡᠳᠦ ᠰᠤᠷᠭ᠋ᠠᠭᠤᠯᠢ ᠂  ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠦᠷᠢᠶᠡᠯᠡᠩ ᠭᠠᠵᠠᠷ ᠪᠠ ᠠᠵᠤ ᠠᠬᠤᠢ᠌ᠯᠠᠯ᠎ᠤᠨ᠎ᠬᠢᠨ᠎ᠤ ᠰᠢᠨᠵᠢᠯᠡᠬᠦ ᠤᠬᠠᠭ᠋ᠠᠨ ᠲᠧᠭᠨᠢᠭ  ᠮᠡᠷᠭᠡᠵᠢᠯ᠎ᠤᠨ ᠰᠢᠨ᠎ᠡ ᠡᠭᠦᠳᠦᠯᠲᠡ ᠵᠢᠨ ᠲᠠᠪᠴᠠᠩ ᠪᠠᠶ᠋ᠢᠭᠤᠯᠬᠤ ᠵᠢ ᠳᠡᠮᠵᠢᠵᠦ ᠂  ᠭᠣᠣᠯᠳᠠᠯᠭ᠎ᠠ ᠪᠣᠯᠬᠤ ᠣᠷᠣᠨ ᠪᠦᠰᠡ ᠵᠢᠨ ᠠᠭ᠋ᠠᠷ ᠮᠠᠨᠳᠠᠯ᠎ᠤᠨ ᠪᠣᠬᠢᠷᠲᠤᠯ ᠪᠣᠢ ᠪᠣᠯᠤᠭᠰᠠᠨ ᠰᠢᠯᠲᠠᠭ᠋ᠠᠨ ᠂  ᠣᠯᠠᠨ ᠪᠣᠬᠢᠷᠲᠤᠯ ᠪᠣᠳᠠᠰ᠎ᠢ ᠬᠠᠮᠵᠢᠯᠴᠠᠨ ᠬᠢᠵᠠᠭ᠋ᠠᠷᠯᠠᠬᠤ ᠂  ᠪᠣᠬᠢᠷᠲᠤᠯ᠎ᠢ ᠪᠠᠭ᠋ᠠᠰᠬᠠᠵᠤ ᠨᠡᠭᠦᠷᠡᠰᠦᠲᠥ᠋ᠷᠥᠭᠴᠢ ᠵᠢ ᠪᠠᠭᠤᠷᠠᠭᠤᠯᠬᠤ ᠲᠠᠯ᠎ᠠ᠎ᠪᠠᠷ ᠬᠠᠮᠵᠢᠯᠴᠠᠨ ᠦᠷ᠎ᠡ ᠠᠰᠢᠭ ᠵᠶ᠋ᠡᠨ ᠨᠡᠮᠡᠭᠳᠡᠭᠦᠯᠬᠦ ᠂  ᠬᠣᠯᠪᠤᠭ᠋ᠠᠯᠠᠨ ᠰᠡᠷᠭᠡᠢ᠌ᠯᠡᠵᠦ ᠬᠣᠯᠪᠤᠭ᠋ᠠᠯᠠᠨ ᠡᠵᠡᠮᠳᠡᠵᠦ ᠬᠣᠯᠪᠤᠭ᠋ᠠᠯᠠᠨ ᠵᠠᠰᠠᠬᠤ ᠵᠡᠷᠭᠡ ᠲᠠᠯ᠎ᠠ ᠵᠢᠨ ᠰᠤᠳᠤᠯᠭ᠋ᠠᠨ᠎ᠢ ᠴᠢᠩᠭ᠋ᠠᠳᠬᠠᠵᠤ ᠂  ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠦᠷ᠎ᠡ ᠪᠦᠲᠦᠭᠡᠯ᠎ᠢ ᠤᠯᠠᠷᠢᠭᠤᠯᠤᠨ ᠳᠡᠯᠭᠡᠷᠡᠭᠦᠯᠬᠦ ᠡᠷᠴᠢᠮ ᠵᠶ᠋ᠠᠨ ᠴᠢᠩᠭ᠋ᠠᠷᠠᠭᠤᠯᠤᠨ᠎ᠠ ᠃  ᠠᠭ᠋ᠠᠷ ᠮᠠᠨᠳᠠᠯ᠎ᠤᠨ ᠪᠣᠬᠢᠷᠲᠤᠯ᠎ᠤᠨ ᠡᠬᠢ ᠢᠷᠡᠯᠲᠡ ᠵᠢᠨ ᠭᠠᠳᠠᠭᠰᠢᠯᠠᠭᠤᠯᠤᠯᠲᠠ ᠵᠢᠨ ᠲᠣᠳᠣᠷᠬᠠᠢ ᠬᠠᠭᠤᠳᠠᠰᠤ ᠵᠢ ᠨᠠᠢ᠌ᠷᠠᠭᠤᠯᠤᠨ ᠵᠣᠬᠢᠶᠠᠬᠤ ᠵᠢ ᠵᠢᠷᠤᠮᠵᠢᠭᠤᠯᠬᠤ ᠂  ᠪᠠᠷᠢᠮᠵᠢᠶᠠᠵᠢᠭᠤᠯᠬᠤ ᠂  ᠲᠤᠰᠬᠠᠢ᠌ᠵᠢᠭᠤᠯᠬᠤ ᠵᠢ ᠠᠬᠢᠭᠤᠯᠵᠤ ᠂ 2025 ᠣᠨ᠎ᠤ ᠰᠡᠭᠦᠯᠴᠢ᠎ᠠᠴᠠ ᠡᠮᠦᠨ᠎ᠡ ᠂  ᠡᠯ᠎ᠡ ᠠᠢ᠌ᠮᠠᠭ ᠬᠤᠲᠠ ᠵᠢᠨ ᠭᠠᠳᠠᠭᠰᠢᠯᠠᠭᠤᠯᠤᠯᠲᠠ ᠵᠢᠨ ᠲᠣᠳᠣᠷᠬᠠᠢ ᠬᠠᠭᠤᠳᠠᠰᠤ ᠵᠢ ᠨᠠᠢ᠌ᠷᠠᠭᠤᠯᠤᠨ ᠵᠣᠬᠢᠶᠠᠬᠤ ᠵᠢ ᠪᠡᠶᠡᠯᠡᠭᠦᠯᠬᠦ ᠵᠢᠨ ᠬᠠᠮᠲᠤ ᠬᠥᠳᠡᠯᠦᠩᠭᠦᠢ᠎ᠪᠠᠷ ᠰᠢᠨᠡᠳᠬᠡᠬᠦ ᠵᠢ ᠪᠡᠶᠡᠯᠡᠭᠦᠯᠦᠨ᠎ᠡ ᠃ (ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠂  ᠰᠢᠨᠵᠢᠯᠡᠬᠦ ᠤᠬᠠᠭ᠋ᠠᠨ ᠲᠧᠭᠨᠢᠭ  ᠮᠡᠷᠭᠡᠵᠢᠯ᠎ᠤᠨ ᠲᠢᠩᠬᠢᠮ ᠂  ᠥᠪᠥᠷ ᠮᠣᠩᠭᠣᠯ᠎ᠤᠨ ᠴᠠᠭ ᠠᠭᠤᠷ᠎ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠨᠢᠭᠡᠴᠢ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ )

       ᠶᠢᠰᠦ ᠂  ᠬᠠᠤᠯᠢ ᠲᠣᠭᠲᠠᠭ᠋ᠠᠯ᠎ᠤᠨ ᠪᠠᠷᠢᠮᠵᠢᠶ᠎ᠠ ᠪᠠ ᠠᠵᠤ ᠠᠬᠤᠢ ᠵᠢᠨ ᠲᠥᠷᠥ ᠵᠢᠨ ᠪᠣᠳᠣᠯᠭ᠎ᠠ ᠵᠢ ᠪᠦᠷᠢᠨᠰᠢᠭᠦᠯᠦᠨ᠎ᠡ

      (ᠬᠣᠷᠢᠨ ᠵᠢᠷᠭᠤᠭ᠎ᠠ ) ᠬᠠᠤᠯᠢ ᠲᠣᠭᠲᠠᠭ᠋ᠠᠯ ᠪᠠ ᠪᠠᠷᠢᠮᠵᠢᠶ᠎ᠠ ᠵᠢᠨ ᠲᠣᠭᠲᠠᠯᠴᠠᠭ᠎ᠠ ᠵᠢᠨ ᠪᠠᠢ᠌ᠭᠤᠯᠤᠯᠲᠠ ᠵᠢ ᠠᠬᠢᠭᠤᠯᠤᠨ᠎ᠠ ᠃  ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠠᠤᠯᠢ ᠲᠣᠭᠲᠠᠭ᠋ᠠᠬᠤ ᠲᠥᠯᠥᠪᠯᠡᠭᠡ ᠶᠣᠰᠣᠭ᠋ᠠᠷ ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠳᠦᠷᠢᠮ 》  ᠪᠠ 《ᠦᠬᠠᠢ ᠬᠤᠲᠠ ᠵᠢᠴᠢ ᠡᠷᠬᠢᠨ ᠲᠣᠭᠣᠷᠢᠨ᠎ᠤ ᠭᠠᠵᠠᠷ ᠣᠷᠣᠨ᠎ᠤ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠳᠦᠷᠢᠮ 》᠎ᠳᠤ ᠵᠠᠰᠠᠪᠤᠷᠢ ᠣᠷᠣᠭᠤᠯᠬᠤ ᠠᠵᠢᠯ᠎ᠢ ᠴᠠᠭ ᠲᠤᠬᠠᠢ᠎ᠳᠤ᠎ᠨᠢ  ᠠᠬᠢᠭᠤᠯᠤᠨ᠎ᠠ ᠃  ᠬᠠᠮᠢᠶ᠎ᠠ ᠪᠦᠬᠦᠢ ᠠᠵᠢᠯ ᠲᠥᠷᠥᠯ᠎ᠤᠨ ᠠᠭ᠋ᠠᠷ ᠮᠠᠨᠳᠠᠯ᠎ᠤᠨ ᠪᠣᠬᠢᠷᠲᠤᠯ ᠪᠣᠳᠠᠰ᠎ᠢ ᠭᠠᠳᠠᠭᠰᠢᠯᠠᠭᠤᠯᠬᠤ ᠣᠷᠣᠨ ᠨᠤᠲᠤᠭ᠎ᠤᠨ ᠪᠠᠷᠢᠮᠵᠢᠶ᠎ᠠ ᠪᠠ ᠮᠡᠷᠭᠡᠵᠢᠯ᠎ᠤᠨ ᠵᠢᠷᠤᠮᠵᠢᠯ᠎ᠤᠨ ᠰᠤᠳᠤᠯᠭ᠋ᠠᠨ᠎ᠢ ᠥᠷᠨᠢᠭᠦᠯᠦᠨ᠎ᠡ ᠃  ᠨᠡᠭᠦᠷᠡᠰᠦ ᠂  ᠪᠥᠭᠡᠭᠡᠨᠡᠷᠡᠯ ᠾᠯᠣᠷᠣ᠋ ᠡᠲ᠋ᠧᠨ (PVC ) ᠵᠡᠷᠭᠡ ᠠᠵᠢᠯ ᠲᠦᠷᠦᠯ᠎ᠤᠨ ᠠᠮᠵᠢᠯᠲᠠ ᠪᠦᠲᠦᠮᠵᠢ ᠵᠢᠨ ᠳᠡᠰ ᠬᠤᠪᠢᠶᠠᠬᠤ ᠮᠡᠷᠭᠡᠵᠢᠯ᠎ᠤᠨ ᠵᠦᠭᠯᠡᠭᠦᠷ᠎ᠢ ᠲᠣᠭᠲᠠᠭ᠋ᠠᠨ᠎ᠠ ᠃ (ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠂  ᠬᠠᠤᠯᠢ ᠴᠠᠭ᠋ᠠᠵᠠ ᠵᠢᠨ ᠲᠢᠩᠬᠢᠮ ᠂  ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ )

      (ᠬᠣᠷᠢᠨ ᠳᠣᠯᠣᠭ᠎ᠠ ) ᠦᠨ᠎ᠡ ᠬᠠᠩᠰᠢ ᠵᠢᠨ ᠤᠷᠮᠠᠰᠢᠭᠤᠯᠤᠨ ᠬᠢᠵᠠᠭ᠋ᠠᠷᠯᠠᠬᠤ ᠲᠣᠭᠲᠠᠴᠠ ᠵᠢ ᠲᠡᠭᠦᠯᠳᠡᠷᠵᠢᠭᠦᠯᠦᠨ᠎ᠡ ᠃  ᠣᠷᠭᠢᠯ ᠵᠠᠪᠠ ᠦᠶᠡᠴᠢᠯᠡᠭᠰᠡᠨ ᠴᠠᠬᠢᠯᠭ᠋ᠠᠨ᠎ᠤ ᠦᠨ᠎ᠡ ᠵᠢᠨ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠵᠤ ᠂  ᠪᠣᠷᠣᠯᠠᠭᠤᠯᠬᠤ ᠴᠠᠬᠢᠯᠭ᠋ᠠᠨ᠎ᠤ ᠦᠨ᠎ᠡ ᠵᠢᠨ ᠥᠭᠡᠷᠡᠴᠢᠯᠡᠯᠲᠡ ᠵᠢ ᠠᠬᠢᠭᠤᠯᠤᠨ᠎ᠠ ᠃  ᠦᠨ᠎ᠡ ᠬᠠᠩᠰᠢ ᠵᠢᠨ ᠲᠥᠷᠥ ᠵᠢᠨ ᠪᠣᠳᠣᠯᠭ᠎ᠠ ᠬᠢᠭᠡᠳ ᠠᠵᠤ ᠦᠢ᠍ᠯᠡᠰ ᠪᠣᠯᠣᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠥᠷᠥ ᠵᠢᠨ ᠪᠣᠳᠣᠯᠭ᠎ᠠ ᠵᠢᠨ ᠬᠠᠮᠵᠢᠯᠴᠠᠭ᠎ᠠ ᠵᠢ ᠴᠢᠩᠭ᠋ᠠᠷᠠᠭᠤᠯᠤᠨ ᠂  ᠡᠨᠧᠷᠭᠢ ᠵᠢᠨ ᠬᠣᠷᠣᠭᠳᠠᠯ ᠂  ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠤᠨ ᠠᠮᠵᠢᠯᠲᠠ ᠪᠦᠲᠦᠮᠵᠢ ᠵᠢᠨ ᠬᠢᠷᠢ ᠲᠦᠪᠰᠢᠨ᠎ᠢ ᠶᠡᠷᠦᠩᠬᠡᠢ᠌ᠯᠡᠨ ᠪᠣᠳᠣᠯᠬᠢᠯᠠᠵᠤ ᠂  ᠡᠨᠧᠷᠭᠢ ᠵᠢᠨ ᠬᠣᠷᠣᠭᠳᠠᠯ ᠶᠡᠬᠡᠲᠡᠢ ᠠᠵᠢᠯ ᠲᠥᠷᠥᠯ᠎ᠤᠨ ᠴᠠᠬᠢᠯᠭ᠋ᠠᠨ᠎ᠤ ᠱᠠᠲᠤᠯᠢᠭ ᠦᠨ᠎ᠡ ᠵᠢᠨ ᠳᠦᠷᠢᠮ᠎ᠢ  ᠨᠠᠢ᠌ᠳᠠᠪᠤᠷᠢᠵᠢᠭᠤᠯᠬᠤ ᠬᠡᠷᠡᠭᠲᠡᠢ ᠃  ᠡᠯ᠎ᠡ ᠭᠠᠵᠠᠷ ᠣᠷᠣᠨ᠎ᠤ᠎ᠬᠢᠨ᠎ᠤ ᠰᠢᠨ᠎ᠡ ᠡᠨᠧᠷᠭᠢ ᠵᠢᠨ ᠬᠤᠳᠠ ᠵᠢᠨ ᠤᠯᠠᠨ ᠨᠡᠶ᠋ᠢᠲᠡ ᠵᠢᠨ ᠮᠠᠰᠢᠨ ᠲᠡᠷᠭᠡᠨ᠎ᠤ ᠴᠠᠬᠢᠯᠭ᠋ᠠᠨ ᠴᠡᠨᠡᠭᠯᠡᠬᠦ᠎ᠳᠤ ᠢᠳᠡᠪᠬᠢᠲᠡᠢ ᠳᠡᠮᠵᠢᠯᠭᠡ ᠦᠵᠡᠭᠦᠯᠬᠦ ᠵᠢ ᠵᠣᠷᠢᠭᠵᠢᠭᠤᠯᠤᠨ᠎ᠠ ᠃  ᠴᠡᠪᠡᠷ ᠳᠤᠯᠠᠭ᠋ᠠᠯᠠᠭ᠎ᠠ ᠵᠢᠨ 《ᠨᠡᠭᠦᠷᠡᠰᠦ᠎ᠠᠴᠠ ᠴᠠᠬᠢᠯᠭ᠋ᠠᠨ ᠬᠡᠷᠡᠭᠯᠡᠬᠦ ᠪᠣᠯᠭ᠋ᠠᠵᠤ ᠥᠭᠡᠷᠡᠴᠢᠯᠡᠬᠦ 》  ᠵᠢᠴᠢ ᠳᠤᠯᠠᠭ᠋ᠠᠯᠠᠭ᠎ᠠ᠎ᠳᠤ ᠬᠡᠷᠡᠭᠯᠡᠬᠦ ᠴᠠᠬᠢᠯᠭ᠋ᠠᠨ ᠪᠣᠷᠣᠯᠠᠭᠤᠯᠬᠤ ᠲᠠᠯ᠎ᠠ ᠵᠢᠨ ᠣᠷᠬᠢᠯ ᠵᠠᠪᠠ ᠵᠢᠨ ᠴᠠᠬᠢᠯᠭ᠋ᠠᠨ᠎ᠤ ᠦᠨ᠎ᠡ ᠵᠢᠨ ᠳᠦᠷᠢᠮ᠎ᠢ ᠴᠢᠩᠭ᠎ᠠ ᠨᠠᠢ᠌ᠳᠠᠪᠤᠷᠢᠵᠢᠭᠤᠯᠤᠨ᠎ᠠ ;  ᠬᠤᠲᠠ ᠪᠠᠯᠭ᠋ᠠᠰᠤ ᠵᠢᠨ ᠰᠢᠲᠠᠮᠠᠬᠠᠢ ᠬᠡᠢ ᠳᠠᠮᠵᠢᠭᠤᠯᠵᠤ ᠲᠦᠭᠡᠭᠡᠬᠦ ᠲᠠᠰ ᠱᠠᠲᠤ ᠵᠢ ᠪᠠᠭ᠋ᠠᠰᠬᠠᠵᠤ ᠂  ᠳᠠᠮᠵᠢᠭᠤᠯᠵᠤ ᠲᠦᠭᠡᠭᠡᠬᠦ ᠰᠢᠲᠠᠮᠠᠬᠠᠢ ᠬᠡᠢ ᠵᠢᠨ ᠦᠨ᠎ᠡ ᠵᠢ ᠵᠦᠢ ᠵᠣᠬᠢᠰᠲᠠᠢ ᠲᠣᠭᠲᠠᠭ᠋ᠠᠬᠤ ᠵᠢᠨ ᠬᠠᠮᠲᠤ ᠴᠢᠩᠭ᠎ᠠ ᠬᠢᠨᠠᠨ ᠬᠠᠮᠢᠶᠠᠷᠴᠤ ᠂  ᠰᠢᠲᠠᠮᠠᠬᠠᠢ ᠬᠡᠢ ᠵᠢᠨ ᠦᠵᠦᠭᠦᠷ ᠪᠣᠷᠤᠯᠠᠭᠤᠯᠭ᠎ᠠ ᠵᠢᠨ ᠦᠨ᠎ᠡ ᠬᠠᠩᠰᠢ ᠬᠢᠭᠡᠳ ᠬᠤᠳᠠᠯᠳᠤᠨ ᠠᠪᠬᠤ ᠦᠨ᠎ᠡ ᠬᠠᠩᠰᠢ ᠵᠢᠨ ᠬᠣᠯᠪᠤᠭ᠋ᠠᠯᠠᠨ ᠬᠥᠳᠡᠯᠦᠯᠴᠡᠬᠦ ᠲᠣᠭᠲᠠᠴᠠ ᠵᠢ ᠲᠡᠭᠦᠯᠳᠡᠷᠵᠢᠭᠦᠯᠵᠦ ᠂  ᠴᠡᠪᠡᠷ ᠳᠤᠯᠠᠭ᠋ᠠᠯᠠᠭ᠎ᠠ᠎ᠳᠠᠬᠢ ᠰᠢᠲᠠᠮᠠᠬᠠᠢ ᠬᠡᠢ ᠵᠢᠨ ᠦᠨ᠎ᠡ ᠵᠢᠨ ᠲᠥᠷᠥ ᠵᠢᠨ ᠪᠣᠳᠣᠯᠭ᠎ᠠ ᠵᠢ ᠰᠠᠢ᠌ᠲᠤᠷ ᠨᠠᠢ᠌ᠳᠠᠪᠤᠷᠢᠵᠢᠭᠤᠯᠤᠨ᠎ᠠ ᠃ (ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠂  ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠂  ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ ᠂  ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ )

      (ᠬᠣᠷᠢᠨ ᠨᠠᠢ᠍ᠮᠠ ) ᠡᠳ᠋᠎ᠤᠨ ᠵᠠᠰᠠᠭ ᠮᠥᠩᠭᠥᠨ ᠭᠦᠢ᠍ᠯᠭᠡᠭᠡᠨ᠎ᠤ ᠬᠥᠲᠥᠯᠥᠨ ᠵᠢᠯᠤᠭᠣᠳᠬᠤ ᠦᠢ᠍ᠯᠡᠳᠦᠯ᠎ᠢ  ᠪᠠᠳᠠᠷᠠᠭᠤᠯᠤᠨ᠎ᠠ ᠃  ᠲᠥᠪ᠎ᠤᠨ ᠡᠳ᠋᠎ᠤᠨ ᠵᠠᠰᠠᠭ᠎ᠤᠨ ᠳᠡᠮᠵᠢᠯᠭᠡ ᠵᠢ ᠢᠳᠡᠪᠬᠢᠲᠡᠢ᠎ᠪᠠᠷ ᠴᠢᠷᠮᠠᠢ᠌ᠨ ᠣᠯᠵᠤ ᠤᠮᠠᠷᠠᠲᠤ ᠣᠷᠣᠨ᠎ᠳᠠᠬᠢ ᠴᠡᠪᠡᠷ ᠳᠤᠯᠠᠭ᠋ᠠᠯᠠᠭ᠎ᠠ ᠵᠢᠨ ᠬᠦᠷᠢᠶ᠎ᠡ ᠬᠡᠪᠴᠢᠶ᠎ᠡ ᠵᠢ ᠥᠷᠭᠡᠳᠬᠡᠵᠦ ᠂  ᠪᠣᠬᠢᠷᠲᠤᠯ᠎ᠢ ᠪᠠᠭ᠋ᠠᠰᠬᠠᠵᠤ ᠨᠡᠭᠦᠷᠡᠰᠦᠲᠥ᠋ᠷᠥᠭᠴᠢ ᠵᠢ ᠪᠠᠭᠤᠷᠠᠭᠤᠯᠬᠤ ᠬᠠᠮᠵᠢᠯᠴᠠᠭ᠋ᠠᠨ᠎ᠤ ᠲᠦᠷᠦᠯ ᠵᠦᠢ᠍ᠯ᠎ᠳᠤ ᠡᠳ᠋᠎ᠤᠨ ᠵᠠᠰᠠᠭ᠎ᠤᠨ ᠬᠠᠷᠠᠭ᠋ᠠᠯᠵᠠᠯ ᠦᠵᠡᠭᠦᠯᠦᠨ᠎ᠡ ᠃  ᠤᠯᠠᠮᠵᠢᠯᠠᠯᠲᠤ ᠠᠵᠤ ᠦᠢ᠍ᠯᠡᠰ ᠵᠢᠴᠢ ᠪᠦᠯᠦᠭᠵᠢᠯ᠎ᠤᠨ ᠲᠠᠰ ᠳᠡᠪᠰᠢᠬᠦ ᠂  ᠠᠵᠤ ᠦᠢ᠍ᠯᠡᠳᠪᠦᠷᠢ ᠵᠢᠨ ᠪᠣᠬᠢᠷᠲᠤᠯ᠎ᠢ ᠵᠠᠰᠠᠬᠤ ᠂  ᠲᠡᠮᠦᠷ ᠵᠠᠮ᠎ᠤᠨ ᠲᠤᠰᠬᠠᠢ ᠱᠤᠭᠤᠮ᠎ᠢ ᠪᠦᠲᠦᠭᠡᠨ ᠪᠠᠢ᠌ᠭᠤᠯᠬᠤ ᠂  ᠰᠢᠨ᠎ᠡ ᠡᠨᠧᠷᠭᠢ ᠵᠢᠨ ᠲᠡᠮᠦᠷ ᠵᠠᠮ᠎ᠤᠨ ᠲᠣᠨᠤᠭ ᠲᠥᠬᠦᠭᠡᠷᠦᠮᠵᠢ ᠵᠢ ᠳᠡᠯᠭᠡᠷᠡᠭᠦᠯᠬᠦ ᠵᠡᠷᠭᠡ ᠬᠦᠷᠢᠶ᠎ᠡ ᠴᠠᠷᠠᠭ᠎ᠠ ᠪᠠ ᠠᠵᠢᠯ ᠲᠥᠷᠥᠯ᠎ᠤᠨ ᠠᠮᠵᠢᠯᠲᠠ ᠪᠦᠲᠦᠮᠵᠢ ᠵᠢᠨ ᠳᠡᠰ ᠠᠩᠭᠢᠯᠠᠯ ᠵᠶ᠋ᠠᠷ ᠲᠦᠷᠦᠭᠦᠯᠡᠭᠴᠢ ᠠᠵᠤ ᠠᠬᠤᠢ᠌ᠯᠠᠯ᠎ᠳᠤ ᠵᠠᠬ᠎ᠠ ᠳᠡᠯᠭᠡᠭᠦᠷᠴᠢᠯᠡᠭᠰᠡᠨ ᠠᠷᠭ᠎ᠠ ᠮᠠᠶᠢᠭ ᠵᠶ᠋ᠠᠷ ᠢᠲᠡᠭᠡᠮᠵᠢᠲᠦ ᠵᠢᠭᠡᠯᠡᠯᠭᠡ ᠵᠢᠨ ᠪᠡᠯᠡ ᠲᠣᠬᠢᠷᠠᠭᠤᠯᠭ᠎ᠠ ᠵᠢᠨ ᠳᠡᠮᠵᠢᠯᠭᠡ ᠦᠵᠡᠭᠦᠯᠬᠦ ᠡᠷᠴᠢᠮ ᠵᠶ᠋ᠠᠨ ᠴᠢᠩᠭ᠋ᠠᠷᠠᠭᠤᠯᠵᠤ ᠂  ᠨᠡᠢ᠌ᠭᠡᠮ᠎ᠤᠨ ᠬᠥᠷᠥᠩᠭᠡ ᠮᠥᠩᠭᠥ ᠵᠢᠨ ᠣᠷᠣᠭᠤᠯᠤᠯᠲᠠ ᠵᠢ ᠬᠥᠲᠥᠯᠥᠨ ᠵᠢᠯᠣᠭᠣᠳᠤᠨ᠎ᠠ ᠃ (ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ ᠂  ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ ᠂  ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠂  ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ ᠂  ᠡᠨᠧᠷᠭᠢ ᠵᠢᠨ ᠲᠣᠪᠴᠢᠶ᠎ᠠ ᠂  ᠣᠷᠣᠨ ᠨᠤᠲᠤᠭ᠎ᠤᠨ ᠮᠥᠩᠭᠥᠨ ᠭᠦᠢ᠍ᠯᠭᠡᠭᠡᠨ᠎ᠤ ᠬᠠᠮᠢᠶᠠᠷᠤᠯᠲᠠ ᠵᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ )

       ᠠᠷᠪᠠ ᠂  ᠪᠦᠬᠦ ᠠᠷᠠᠳ᠎ᠤᠨ ᠠᠵᠢᠯᠯᠠᠭ᠋ᠠᠨ᠎ᠢ ᠢᠳᠡᠪᠬᠢᠲᠡᠢ ᠥᠷᠨᠢᠭᠦᠯᠦᠨ᠎ᠡ

      (ᠬᠣᠷᠢ ᠶᠢᠰᠦ ) ᠮᠡᠳᠡᠭᠡ ᠵᠠᠩᠭᠢ᠎ᠪᠠᠨ ᠢᠯᠡ ᠪᠣᠯᠭ᠋ᠠᠬᠤ ᠵᠢ ᠠᠬᠢᠭᠤᠯᠤᠨ᠎ᠠ ᠃  ᠪᠣᠬᠢᠷᠳᠤᠯ ᠭᠠᠳᠠᠭᠰᠢᠯᠠᠭᠤᠯᠬᠤ ᠨᠢᠭᠡᠴᠢ ᠪᠠ ᠭᠤᠷᠪᠠᠳᠠᠭᠢ ᠡᠲᠡᠭᠡᠳ᠎ᠠᠴᠠ ᠵᠠᠰᠠᠬᠤ ᠂  ᠠᠵᠢᠯᠯᠠᠭᠤᠯᠤᠨ ᠬᠠᠮᠠᠭ᠋ᠠᠯᠠᠬᠤ ᠂  ᠪᠠᠢ᠌ᠴᠠᠭ᠋ᠠᠨ ᠰᠢᠨᠵᠢᠬᠦ ᠪᠠᠢ᠌ᠭᠤᠯᠤᠮᠵᠢ ᠵᠢᠨ ᠬᠤᠳᠠᠯ ᠬᠠᠭᠤᠷᠮᠠᠭ ᠵᠣᠬᠢᠶᠠᠬᠤ ᠦᠢ᠍ᠯᠡ ᠠᠵᠢᠯᠯᠠᠭ᠎ᠠ ᠵᠢ ᠢᠲᠡᠭᠡᠮᠵᠢ ᠵᠢᠨ ᠲᠡᠮᠳᠡᠭᠯᠡᠯ᠎ᠳᠤ ᠣᠷᠣᠭᠤᠯᠵᠤ ᠂  ᠲᠣᠭᠲᠠᠮᠠᠯ ᠬᠤᠭᠤᠴᠠᠭ᠎ᠠ᠎ᠲᠠᠢ᠎ᠪᠠᠷ ᠨᠡᠢ᠌ᠭᠡᠮ᠎ᠳᠤ ᠨᠡᠢ᠌ᠲᠡᠯᠡᠨ᠎ᠡ ᠃  ᠪᠣᠬᠢᠷᠲᠤᠯ ᠭᠠᠳᠠᠭᠰᠢᠯᠠᠭᠤᠯᠵᠤ ᠪᠠᠢ᠌ᠭ᠎ᠠ ᠭᠣᠣᠯᠳᠠᠯᠭ᠎ᠠ ᠪᠣᠯᠬᠤ ᠨᠢᠭᠡᠴᠢ᠎ᠨᠢ  ᠦᠪᠡᠰᠦᠪᠡᠨ ᠬᠢᠨᠠᠨ ᠬᠡᠮᠵᠢᠭᠰᠡᠨ ᠪᠠ ᠪᠣᠬᠢᠷᠲᠤᠯ ᠭᠠᠳᠠᠭᠰᠢᠯᠠᠭᠤᠯᠤᠭᠰᠠᠨ ᠲᠣᠭ᠎ᠠ ᠪᠠᠷᠢᠮᠲᠠ ᠂  ᠪᠣᠬᠢᠷᠲᠤᠯ᠎ᠢ  ᠵᠠᠰᠠᠭᠰᠠᠨ ᠠᠷᠭ᠎ᠠ ᠬᠡᠮᠵᠢᠶ᠎ᠡ ᠂  ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠤᠯᠢ ᠵᠢ ᠵᠥᠷᠢᠴᠡᠭᠰᠡᠨ ᠵᠶ᠋ᠠᠷ ᠰᠢᠢ᠍ᠳᠬᠡᠭᠳᠡᠵᠦ ᠲᠣᠷᠭ᠋ᠠᠭᠳᠠᠭᠰᠠᠨ ᠵᠢᠴᠢ ᠴᠡᠭᠴᠡᠯᠡᠵᠦ ᠰᠠᠢ᠌ᠵᠢᠷᠠᠭᠤᠯᠤᠭᠰᠠᠨ ᠵᠡᠷᠭᠡ ᠮᠡᠳᠡᠭᠡ ᠵᠠᠩᠭᠢ᠎ᠪᠠᠨ ᠴᠠᠭ ᠲᠤᠬᠠᠢ᠎ᠳᠤ᠎ᠨᠢ  ᠨᠡᠢ᠌ᠲᠡᠯᠡᠬᠦ ᠬᠡᠷᠡᠭᠲᠡᠢ ᠃ (ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠂  ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠂  ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ )

      (ᠭᠤᠴᠢ ) ᠪᠦᠬᠦ ᠠᠷᠠᠳ᠎ᠤᠨ ᠠᠵᠢᠯᠯᠠᠭ᠋ᠠᠨ᠎ᠢ ᠬᠡᠷᠡᠭᠵᠢᠭᠦᠯᠦᠨ᠎ᠡ ᠃  ᠤᠬᠠᠭᠤᠯᠵᠤ ᠬᠥᠲᠥᠯᠥᠨ ᠵᠢᠯᠤᠭᠣᠳᠬᠤ ᠵᠢ ᠴᠢᠩᠭ᠋ᠠᠳᠬᠠᠵᠤ ᠂  ᠠᠷᠠᠳ ᠢᠷᠭᠡᠳ᠎ᠤᠨ ᠣᠷᠴᠢᠨ ᠲᠣᠭᠣᠷᠢᠨ᠎ᠤ ᠦᠵᠡᠯ ᠤᠬᠠᠮᠰᠠᠷ᠎ᠢ᠎ᠨᠢ  ᠳᠡᠭᠡᠭᠰᠢᠯᠡᠭᠦᠯᠵᠦ ᠂  ᠠᠪᠰᠠᠷᠬᠠᠨ ᠪᠥᠭᠡᠳ ᠲᠣᠬᠢᠷᠠᠮᠵᠢᠲᠠᠢ ᠂  ᠪᠣᠬᠢᠷᠲᠤᠯ ᠦᠭᠡᠢ ᠪᠠ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠂  ᠪᠣᠯᠪᠠᠰᠤᠨ ᠪᠥᠭᠡᠳ ᠡᠷᠡᠭᠦᠯ ᠰᠠᠷᠠᠭᠤᠯ ᠠᠮᠢᠳᠤᠷᠠᠯ᠎ᠤᠨ ᠠᠷᠭ᠎ᠠ ᠮᠠᠶᠢᠭ᠎ᠢ ᠪᠣᠢ ᠪᠣᠯᠭ᠋ᠠᠬᠤ ᠵᠢ ᠠᠬᠢᠭᠤᠯᠤᠨ ᠂  ᠨᠡᠢ᠌ᠭᠡᠮ᠎ᠤᠨ ᠡᠯ᠎ᠡ ᠡᠲᠡᠭᠡᠳ᠎ᠤᠨ᠎ᠬᠢᠨ᠎ᠢ ᠳᠠᠶ᠋ᠢᠴᠢᠯᠠᠨ ᠠᠭ᠋ᠠᠷ᠎ᠤᠨ ᠴᠡᠪᠡᠷᠴᠡ ᠵᠢ ᠬᠠᠮᠲᠤ᠎ᠪᠠᠷ ᠰᠠᠢ᠌ᠵᠢᠷᠠᠭᠤᠯᠤᠨ᠎ᠠ ᠃  ᠵᠠᠰᠠᠭ᠎ᠤᠨ ᠣᠷᠳᠣᠨ ᠲᠦᠷᠦᠭᠦᠯᠡᠨ ᠪᠣᠬᠢᠷᠲᠤᠯ ᠦᠭᠡᠢ ᠬᠤᠳᠠᠯᠳᠤᠨ ᠠᠪᠤᠯᠲᠠ ᠵᠢ ᠥᠷᠨᠢᠭᠦᠯᠵᠦ ᠂  ᠤᠯᠤᠰ᠎ᠤᠨ ᠥᠮᠴᠢᠯᠡᠯᠲᠦ ᠠᠵᠤ ᠠᠬᠤᠢ᠌ᠯᠠᠯ ᠲᠦᠷᠦᠭᠦᠯᠡᠨ ᠪᠣᠬᠢᠷᠲᠤᠯ ᠦᠭᠡᠢ ᠦᠢ᠍ᠯᠡᠳᠪᠦᠷᠢᠯᠡᠨ᠎ᠡ ᠃  ᠢᠯᠡᠴᠢᠯᠡᠨ ᠮᠡᠳᠡᠭᠦᠯᠦᠭᠰᠡᠨ᠎ᠢ ᠱᠠᠩᠨᠠᠬᠤ ᠲᠣᠭᠲᠠᠴᠠ᠎ᠪᠠᠨ ᠲᠡᠭᠦᠯᠳᠡᠷᠵᠢᠭᠦᠯᠵᠦ ᠂  ᠣᠯᠠᠨ ᠨᠡᠶ᠋ᠢᠲᠡ ᠵᠢᠨ ᠣᠷᠴᠢᠨ ᠲᠣᠭᠣᠷᠢᠨ᠎ᠤ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢᠨ ᠰᠦᠪᠡᠭᠴᠢ ᠵᠢ ᠢᠳᠡᠪᠬᠢᠲᠡᠢ ᠬᠠᠩᠭ᠋ᠠᠬᠤ ᠵᠢ᠎ᠨᠢ  ᠵᠣᠷᠢᠭᠵᠢᠭᠤᠯᠵᠤ ᠂  ᠬᠠᠤᠯᠢ᠎ᠠᠴᠠ ᠵᠥᠷᠢᠴᠡᠭᠰᠡᠨ ᠨᠡᠢ᠌ᠲᠡᠯᠢᠭ ᠬᠡᠷᠡᠭ᠎ᠤᠨ ᠵᠢᠱ᠌ᠢᠶ᠎ᠡ ᠵᠢ ᠢᠯᠡᠴᠢᠯᠡᠬᠦ ᠬᠡᠷᠡᠭᠲᠡᠢ ᠃ (ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠂  ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ )

       ᠠᠭ᠋ᠠᠷ ᠮᠠᠨᠳᠠᠯ᠎ᠤᠨ ᠪᠣᠬᠢᠷᠲᠤᠯ᠎ᠢ  ᠰᠡᠷᠭᠡᠢ᠌ᠯᠡᠨ ᠵᠠᠰᠠᠬᠤ ᠠᠵᠢᠯ᠎ᠳᠠᠬᠢ ᠨᠠᠮ᠎ᠤᠨ ᠪᠦᠬᠦ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠨ ᠴᠢᠩᠭ᠋ᠠᠳᠬᠠᠵᠤ ᠂  ᠡᠯ᠎ᠡ ᠠᠢ᠌ᠮᠠᠭ᠎ᠤᠨ ᠵᠠᠬᠢᠷᠭ᠎ᠠ ᠂  ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠂  ᠡᠯ᠎ᠡ ᠬᠣᠰᠢᠭᠤ ᠰᠢᠶᠠᠨ (  ᠬᠣᠲᠠ ᠂  ᠲᠣᠭᠣᠷᠢᠭ  )᠎ᠤ  ᠠᠷᠠᠳ᠎ᠤᠨ ᠵᠠᠰᠠᠭ᠎ᠤᠨ ᠣᠷᠳᠣᠨ᠎ᠨᠢ  ᠲᠤᠰ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠠᠭ᠋ᠠᠷ᠎ᠤᠨ ᠴᠡᠪᠡᠷᠴᠡ᠎ᠳᠤ ᠶᠡᠷᠦᠩᠬᠡᠢ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ ᠃  ᠡᠯ᠎ᠡ ᠠᠢ᠌ᠮᠠᠭ ᠬᠣᠲᠠ᠎ᠨᠢ  ᠲᠤᠰ ᠭᠠᠵᠠᠷ ᠣᠷᠣᠨ᠎ᠤ ᠬᠡᠷᠡᠭᠵᠢᠭᠦᠯᠬᠦ ᠲᠥᠰᠥᠯ ᠵᠶ᠋ᠡᠨ ᠵᠣᠬᠢᠶᠠᠨ ᠪᠠᠢ᠌ᠭᠤᠯᠤᠨ ᠲᠣᠭᠲᠠᠭ᠋ᠠᠵᠤ ᠂  ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠨᠢ  ᠲᠤᠰ ᠠᠵᠢᠯ ᠲᠥᠷᠥᠯ ᠲᠤᠰ ᠬᠦᠷᠢᠶᠡᠨ᠎ᠳᠠᠬᠢ ᠠᠭ᠋ᠠᠷ ᠮᠠᠨᠳᠠᠯ᠎ᠤᠨ ᠪᠣᠬᠢᠷᠲᠤᠯ᠎ᠢ  ᠰᠡᠷᠭᠡᠢ᠌ᠯᠡᠨ ᠵᠠᠰᠠᠬᠤ ᠠᠵᠢᠯ ᠵᠶ᠋ᠠᠨ ᠦᠨᠡᠨ ᠬᠦ᠌ ᠰᠠᠢ᠌ᠲᠤᠷ ᠬᠢᠬᠦ ᠬᠡᠷᠡᠭᠲᠡᠢ ᠃  ᠭᠣᠣᠯᠳᠠᠯᠭ᠎ᠠ ᠪᠣᠯᠬᠣ ᠭᠠᠵᠠᠷ ᠣᠷᠣᠨ ᠂  ᠭᠣᠣᠯᠳᠠᠯᠭ᠎ᠠ ᠪᠣᠯᠬᠣ ᠠᠵᠢᠯ ᠲᠦᠷᠦᠯ᠎ᠢ ᠴᠢᠩᠭ᠎ᠠ ᠠᠩᠬᠠᠷᠴᠤ ᠂  ᠲᠦᠷᠦᠯ ᠵᠦᠢ᠍ᠯ ᠵᠶ᠋ᠠᠷ ᠲᠤᠯᠭ᠋ᠠᠭᠤᠷᠢᠯᠠᠯ ᠪᠣᠯᠭ᠋ᠠᠵᠤ ᠂  ᠬᠢᠨᠠᠯᠲᠠ ᠬᠠᠮᠢᠶᠠᠷᠤᠯᠲᠠ᠎ᠪᠠᠷ ᠭᠠᠷᠳᠠᠴᠠ ᠪᠣᠯᠭ᠋ᠠᠨ ᠂  ᠲᠤᠰ ᠲᠥᠰᠥᠯ᠎ᠢ ᠨᠠᠢ᠌ᠳᠠᠪᠤᠷᠢᠵᠢᠭᠤᠯᠬᠤ ᠠᠵᠢᠯ ᠵᠶ᠋ᠠᠨ ᠦᠨᠡᠨ ᠬᠦ᠌ ᠴᠢᠩᠭ᠎ᠠ ᠪᠣᠳᠠᠲᠠᠢ ᠠᠳᠬᠤᠬᠤ ᠬᠡᠷᠡᠭᠲᠡᠢ ᠃  ᠨᠡᠪᠲᠡᠷᠡᠭᠦᠯᠦᠨ ᠮᠡᠳᠡᠭᠡᠯᠡᠬᠦ ᠂  ᠨᠡᠷᠡᠰ᠎ᠤᠨ ᠵᠢᠭᠰᠠᠭ᠋ᠠᠯᠲᠠ ᠬᠢᠬᠦ ᠂  ᠵᠣᠬᠢᠴᠠᠭᠤᠯᠵᠤ ᠲᠣᠬᠢᠷᠠᠭᠤᠯᠬᠤ ᠂  ᠪᠣᠯᠵᠣᠨ ᠶᠠᠷᠢᠯᠴᠠᠬᠤ ᠂  ᠰᠢᠮᠳᠠᠭᠤᠯᠤᠨ ᠪᠠᠢ᠌ᠴᠠᠭ᠋ᠠᠬᠤ ᠂  ᠰᠢᠯᠭ᠋ᠠᠨ ᠬᠢᠨᠠᠬᠤ ᠠᠵᠢᠯ᠎ᠤᠨ ᠲᠣᠭᠲᠠᠴᠠ᠎ᠪᠠᠨ ᠴᠢᠩᠭ᠋ᠠᠷᠠᠭᠤᠯᠵᠤ ᠂  ᠡᠯ᠎ᠡ ᠵᠦᠢ᠍ᠯ᠎ᠤᠨ ᠠᠵᠢᠯ᠎ᠤᠨ ᠠᠷᠭ᠎ᠠ ᠬᠡᠮᠵᠢᠶ᠎ᠡ ᠵᠢᠨ ᠨᠠᠢ᠌ᠳᠠᠪᠤᠷᠢᠵᠢᠭᠳᠠᠨ ᠦᠷ᠎ᠡ ᠪᠦᠲᠦᠮᠵᠢ ᠣᠯᠬᠤ ᠵᠢ ᠦᠨᠡᠨ ᠬᠦ᠌ ᠪᠠᠲᠤᠯᠠᠵᠤ ᠂  ᠣᠷᠴᠢᠨ ᠲᠣᠭᠣᠷᠢᠨ᠎ᠤ ᠠᠭ᠋ᠠᠷ᠎ᠤᠨ ᠴᠡᠪᠡᠷᠴᠡ ᠵᠢ ᠦᠷᠭᠦᠯᠵᠢᠯᠡᠨ ᠰᠠᠢ᠌ᠵᠢᠷᠠᠭᠤᠯᠵᠤ ᠂  ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠪᠠ ᠦᠵᠡᠰᠬᠦᠯᠡᠩᠲᠦ ᠰᠠᠢ᠌ᠬᠠᠨ ᠥᠪᠥᠷ ᠮᠣᠩᠭᠣᠯ᠎ᠤᠨ ᠪᠦᠲᠦᠭᠡᠨ ᠪᠠᠢ᠌ᠭᠤᠯᠤᠯᠲᠠ ᠵᠢ ᠬᠦᠴᠦᠯᠡᠨ ᠠᠬᠢᠭᠤᠯᠬᠤ ᠬᠡᠷᠡᠭᠲᠡᠢ ᠃

       

                      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ

                                             2024 ᠣᠨ᠎ᠤ 5 ᠳ᠋ᠤᠭ᠋ᠠᠷ ᠰᠠᠷ᠎ᠠ ᠵᠢᠨ 15᠎ᠤ ᠡᠳᠦᠷ ᠳᠠᠷᠤᠮᠠᠯᠯᠠᠨ ᠲᠠᠷᠬᠠᠭ᠋ᠠᠪᠠ

 

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ