ᠥᠪᠥᠷ ᠮᠣᠩᠭᠣᠯᠤᠨ ᠥᠪᠡᠷᠲᠡᠭᠡᠨ ᠵᠠᠰᠠᠬᠤ ᠣᠷᠣᠨᠤ ᠠᠷᠠᠳᠤᠨ ᠵᠠᠰᠠᠭᠤᠨ ᠣᠷᠳᠣᠨ
ᠥᠪᠥᠷ ᠵᠠᠰᠠᠭ ᠦᠰᠦᠭ [ 2024 ] 216 ᠳ᠋ᠤᠭ᠋ᠠᠷ ᠲᠣᠭ᠋ᠠᠲᠤ
《ᠪᠤᠭᠤᠲᠤ ᠬᠤᠳᠠ ᠵᠢᠨ ᠴᠢᠩᠱ᠌ᠠᠨ ᠲᠣᠭᠣᠷᠢᠭᠤᠨ ᠭᠠᠵᠠᠷ ᠰᠢᠷᠣᠢ ᠵᠢ ᠲᠠᠲᠠᠪᠤᠷᠢᠯᠠᠨ ᠬᠤᠷᠢᠶᠠᠵᠤ
ᠬᠡᠰᠡᠭ ᠵᠶ᠋ᠡᠷ ᠨᠡᠭᠡᠭᠡᠨ ᠬᠥᠭᠵᠢᠭᠦᠯᠬᠦ ᠲᠣᠬᠢᠷᠠᠭᠤᠯᠤᠯᠲᠠ ᠵᠢᠨ ᠲᠥᠰᠥᠯ ( 2022 – 2024 ᠣᠨ ) 》ᠤᠨ
ᠲᠤᠬᠠᠢ ᠥᠪᠥᠷ ᠮᠣᠩᠭᠣᠯᠤᠨ ᠥᠪᠡᠷᠲᠡᠭᠡᠨ ᠵᠠᠰᠠᠬᠤ ᠣᠷᠣᠨᠤ ᠠᠷᠠᠳᠤᠨ ᠵᠠᠰᠠᠭᠤᠨ ᠣᠷᠳᠣᠨᠤ ᠴᠣᠬᠣᠯᠠᠪᠤᠷᠢ
ᠪᠤᠭᠤᠲᠤ ᠬᠣᠲᠠ ᠵᠢᠨ ᠠᠷᠠᠳᠤᠨ ᠵᠠᠰᠠᠭᠤᠨ ᠣᠷᠳᠣᠨᠳᠤ ᠄
ᠲᠠᠨᠤ ᠬᠣᠲᠠ ᠵᠢᠨ 《〈ᠪᠤᠭᠤᠲᠤ ᠬᠣᠲᠠ ᠵᠢᠨ ᠴᠢᠩᠱ᠌ᠠᠨ ᠲᠣᠭᠣᠷᠢᠭᠤᠨ ᠭᠠᠵᠠᠷ ᠰᠢᠷᠣᠢ ᠵᠢ ᠲᠠᠲᠠᠪᠤᠷᠢᠯᠠᠨ ᠬᠤᠷᠢᠶᠠᠵᠤ ᠬᠡᠰᠡᠭ ᠵᠶ᠋ᠡᠷ ᠨᠡᠭᠡᠭᠡᠨ ᠬᠥᠭᠵᠢᠭᠦᠯᠬᠦ ᠲᠣᠬᠢᠷᠠᠭᠤᠯᠤᠯᠲᠠ ᠵᠢᠨ ᠲᠥᠰᠥᠯ ( 2022 – 2024 ᠣᠨ ) 〉ᠢ ᠬᠢᠨᠠᠨ ᠵᠥᠪᠰᠢᠶᠡᠷᠡᠭᠦᠯᠬᠦ ᠲᠤᠬᠠᠢ ᠡᠰᠢᠯᠡᠯᠲᠡ 》 (ᠪᠤᠭᠤᠲᠤ ᠣᠷᠳᠣᠨ ᠮᠡᠳᠡᠭᠦᠯᠦᠯᠲᠡ [2024] 167 ᠳ᠋ᠤᠭ᠋ᠠᠷ ᠲᠣᠭ᠋ᠠᠲᠤ) ᠵᠢ ᠭᠥᠯᠢᠶᠡᠨ ᠠᠪᠴᠤ ᠣᠢ᠌ᠯᠠᠭ᠋ᠠᠯᠠ ᠃ ᠡᠳᠦᠭᠡ ᠳᠣᠣᠷᠠᠬᠢ ᠮᠡᠲᠦ ᠴᠣᠬᠣᠯᠠᠪᠤᠷᠢᠯᠠᠪᠠ ᠄
ᠥᠪᠡᠷᠲᠡᠭᠡᠨ ᠵᠠᠰᠠᠬᠤ ᠣᠷᠣᠨᠤ ᠪᠠᠢ᠌ᠭ᠋ᠠᠯᠢ ᠵᠢᠨ ᠡᠬᠢ ᠪᠠᠶᠠᠯᠢᠭᠤᠨ ᠲᠢᠩᠬᠢᠮ ᠲᠤᠰᠬᠠᠢ ᠮᠡᠷᠭᠡᠵᠢᠯᠲᠡᠨᠢ ᠵᠣᠬᠢᠶᠠᠨ ᠪᠠᠢ᠌ᠭᠤᠯᠵᠤ ᠨᠤᠲᠠᠯᠠᠭᠤᠯᠬᠤ ᠪᠠ ᠬᠢᠨᠠᠨ ᠪᠠᠢ᠌ᠴᠠᠭ᠋ᠠᠯᠭ᠋ᠠᠭ᠋ᠠᠳ ᠂ 《 ᠪᠤᠭᠤᠲᠤ ᠬᠤᠳᠠ ᠵᠢᠨ ᠴᠢᠩᠱ᠌ᠠᠨ ᠲᠣᠭᠣᠷᠢᠭᠤᠨ ᠭᠠᠵᠠᠷ ᠰᠢᠷᠣᠢ ᠵᠢ ᠲᠠᠲᠠᠪᠤᠷᠢᠯᠠᠨ ᠬᠤᠷᠢᠶᠠᠵᠤ ᠬᠡᠰᠡᠭ ᠵᠶ᠋ᠡᠷ ᠨᠡᠭᠡᠭᠡᠨ ᠬᠥᠭᠵᠢᠭᠦᠯᠬᠦ ᠲᠣᠬᠢᠷᠠᠭᠤᠯᠤᠯᠲᠠ ᠵᠢᠨ ᠲᠥᠰᠥᠯ (2022 – 2024 ᠣᠨ ) 》ᠨᠢ 《ᠪᠦᠭᠦᠳᠡ ᠨᠠᠢ᠌ᠷᠠᠮᠳᠠᠬᠤ ᠲᠤᠮᠳᠠᠳᠤ ᠠᠷᠠᠳ ᠤᠯᠤᠰᠤᠨ ᠭᠠᠵᠠᠷ ᠰᠢᠷᠣᠢ ᠵᠢᠨ ᠬᠠᠮᠢᠶᠠᠷᠤᠯᠲᠠ ᠵᠢᠨ ᠬᠠᠤᠯᠢ 》 ᠪᠠ 《 〈ᠭᠠᠵᠠᠷ ᠰᠢᠷᠣᠢ ᠵᠢ ᠲᠠᠲᠠᠪᠤᠷᠢᠯᠠᠨ ᠬᠤᠷᠢᠶᠠᠵᠤ ᠬᠡᠰᠡᠭ ᠵᠶ᠋ᠡᠷ ᠨᠡᠭᠡᠭᠡᠨ ᠬᠥᠭᠵᠢᠭᠦᠯᠬᠦ ᠪᠠᠷᠢᠮᠵᠢᠶᠠ 〉 ᠵᠢ ᠳᠠᠷᠤᠮᠠᠯᠯᠠᠨ ᠶᠠᠪᠤᠭᠤᠯᠬᠤ ᠲᠤᠬᠠᠢ ᠪᠠᠢ᠌ᠭ᠋ᠠᠯᠢ ᠵᠢᠨ ᠡᠬᠢ ᠪᠠᠶᠠᠯᠢᠭᠤᠨ ᠶᠠᠮᠤᠨᠤ ᠮᠡᠳᠡᠭᠳᠡᠯ 》 (ᠪᠠᠢ᠌ᠭ᠋ᠠᠯᠢ ᠡᠬᠢ ᠪᠠᠶᠠᠯᠢᠭ ᠲᠣᠭᠲᠠᠭ᠋ᠠᠯ [2023 ] 7 ᠳ᠋ᠤᠭ᠋ᠠᠷ ᠲᠣᠭ᠋ᠠᠲᠤ) ᠵᠢᠴᠢ 《ᠥᠪᠥᠷ ᠮᠣᠩᠭᠣᠯᠤᠨ ᠥᠪᠡᠷᠲᠡᠭᠡᠨ ᠵᠠᠰᠠᠬᠤ ᠣᠷᠣᠨᠤ ᠭᠠᠵᠠᠷ ᠰᠢᠷᠣᠢ ᠵᠢ ᠲᠠᠲᠠᠪᠤᠷᠢᠯᠠᠨ ᠬᠤᠷᠢᠶᠠᠵᠤ ᠬᠡᠰᠡᠭ ᠵᠶ᠋ᠡᠷ ᠨᠡᠭᠡᠭᠡᠨ ᠬᠥᠭᠵᠢᠭᠦᠯᠬᠦ ᠵᠢ ᠬᠡᠷᠡᠭᠵᠢᠭᠦᠯᠬᠦ ᠨᠠᠷᠢᠨ ᠳᠦᠷᠢᠮ (ᠲᠤᠷᠰᠢᠨ ᠬᠡᠷᠡᠭᠵᠢᠭᠦᠯᠬᠦ ) 》ᠤᠨ ᠬᠣᠯᠪᠣᠭᠳᠠᠯ ᠪᠦᠬᠦᠢ ᠲᠣᠭᠲᠠᠭ᠋ᠠᠯ ᠪᠠ ᠱᠠᠭ᠋ᠠᠷᠳᠠᠯᠭᠠᠳᠤ ᠨᠡᠢ᠌ᠴᠡᠵᠦ ᠂ ᠤᠯᠤᠰᠤᠨ ᠨᠤᠲᠤᠭ ᠳᠡᠪᠢᠰᠬᠡᠷᠤᠨ ᠣᠷᠣᠨ ᠵᠠᠢ ᠵᠢᠨ ᠶᠡᠷᠦᠩᠬᠡᠢ ᠲᠥᠯᠦᠪᠵᠢᠭᠦᠯᠭᠡ ᠵᠢᠨ ᠬᠠᠮᠢᠶᠠᠷᠤᠨ ᠡᠵᠡᠮᠳᠡᠬᠦ ᠳᠦᠷᠢᠮᠳᠤ ᠨᠡᠢ᠌ᠴᠡᠵᠦ ᠪᠠᠢ᠌ᠨᠠ ᠃ ᠡᠢ᠌ᠨ ᠬᠦ᠌ 《 ᠪᠤᠭᠤᠲᠤ ᠬᠤᠳᠠ ᠵᠢᠨ ᠴᠢᠩᠱ᠌ᠠᠨ ᠲᠣᠭᠣᠷᠢᠭᠤᠨ ᠭᠠᠵᠠᠷ ᠰᠢᠷᠣᠢ ᠵᠢ ᠲᠠᠲᠠᠪᠤᠷᠢᠯᠠᠨ ᠬᠤᠷᠢᠶᠠᠵᠤ ᠬᠡᠰᠡᠭ ᠵᠶ᠋ᠡᠷ ᠨᠡᠭᠡᠭᠡᠨ ᠬᠥᠭᠵᠢᠭᠦᠯᠬᠦ ᠲᠣᠬᠢᠷᠠᠭᠤᠯᠤᠯᠲᠠ ᠵᠢᠨ ᠲᠥᠰᠥᠯ ( 2022 – 2024 ᠣᠨ ) 》ᠢ ᠵᠠᠷᠴᠢᠮ ᠳᠡᠭᠡᠷᠡᠪᠠᠨ ᠵᠥᠪᠰᠢᠶᠡᠷᠡᠪᠡ ᠂ ᠡᠯᠡ ᠵᠦᠢ᠍ᠯᠤᠨ ᠠᠵᠢᠯ ᠵᠶ᠋ᠠᠨ ᠬᠠᠤᠯᠢ ᠲᠣᠭᠲᠠᠭ᠋ᠠᠯ ᠶᠣᠰᠣᠭ᠋ᠠᠷ ᠰᠠᠢ᠌ᠲᠤᠷ ᠬᠢᠲᠦᠭᠡᠢ ᠃
2024 ᠣᠨᠤ 11 ᠳ᠋ᠦ᠍ᠭᠡᠷ ᠰᠠᠷᠠ ᠵᠢᠨ 5ᠤ ᠡᠳᠦᠷ
(ᠲᠤᠰ ᠪᠢᠴᠢᠭ ᠮᠠᠲᠸᠷᠢᠶᠠᠯᠢ ᠢᠯᠡ ᠨᠡᠢ᠌ᠲᠡᠯᠡᠨᠡ )