ᠢᠯᠡ ᠵᠠᠰᠠᠭ   -   ᠵᠠᠰᠠᠭ᠎ᠤᠨ ᠤᠷᠳᠤᠨ᠎ᠤ ᠪᠢᠴᠢᠭ ᠮᠠᠲ᠋ᠧᠷᠢᠶᠠᠯ
《ᠭᠦᠬᠡᠬᠤᠲᠠ ᠵᠢᠨ ᠢᠦᠢ ᠴᠢᠤᠸᠠᠨ ᠲᠣᠭᠣᠷᠢᠭ᠎ᠤᠨ ᠭᠠᠵᠠᠷ ᠰᠢᠷᠣᠢ ᠵᠢ ᠲᠠᠲᠠᠪᠤᠷᠢᠯᠠᠨ ᠬᠤᠷᠢᠶᠠᠵᠤ ᠬᠡᠰᠡᠭ ᠵᠶ᠋ᠡᠷ ᠨᠡᠭᠡᠭᠡᠨ ᠬᠥᠭᠵᠢᠭᠦᠯᠬᠦ ᠲᠣᠬᠢᠷᠠᠭᠤᠯᠤᠯᠲᠠ ᠵᠢᠨ ᠲᠥᠰᠥᠯ (2022 – 2024 ᠣᠨ)》᠎ᠤᠨ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠴᠣᠬᠣᠯᠠᠪᠤᠷᠢ
ᠨᠡᠶ᠋ᠢᠲᠡᠯᠡᠭᠰᠡᠨ ᠴᠠᠭ᠄ 2024-12-13

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ

ᠥᠪᠥᠷ ᠵᠠᠰᠠᠭ ᠦᠰᠦᠭ [ 2024 ] 213 ᠳ᠋ᠤᠭ᠋ᠠᠷ ᠲᠣᠭ᠋ᠠᠲᠤ


《ᠭᠦᠬᠡᠬᠤᠲᠠ ᠵᠢᠨ ᠢᠦᠢ ᠴᠢᠤᠸᠠᠨ ᠲᠣᠭᠣᠷᠢᠭ᠎ᠤᠨ ᠭᠠᠵᠠᠷ ᠰᠢᠷᠣᠢ ᠵᠢ ᠲᠠᠲᠠᠪᠤᠷᠢᠯᠠᠨ

ᠬᠤᠷᠢᠶᠠᠵᠤ ᠬᠡᠰᠡᠭ ᠵᠶ᠋ᠡᠷ ᠨᠡᠭᠡᠭᠡᠨ ᠬᠥᠭᠵᠢᠭᠦᠯᠬᠦ ᠲᠣᠬᠢᠷᠠᠭᠤᠯᠤᠯᠲᠠ ᠵᠢᠨ ᠲᠥᠰᠥᠯ

( 2022 – 2024 ᠣᠨ ) 》᠎ᠤᠨ ᠲᠤᠬᠠᠢ ᠥᠪᠥᠷ ᠮᠣᠩᠭᠣᠯ᠎ᠤᠨ ᠥᠪᠡᠷᠲᠡᠭᠡᠨ

ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠴᠣᠬᠣᠯᠠᠪᠤᠷᠢ

      

ᠭᠦᠬᠡᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠳᠤ᠄

       ᠲᠠᠨ᠎ᠤ ᠬᠣᠲᠠ ᠵᠢᠨ 《ᠭᠦᠬᠡᠬᠤᠲᠠ ᠵᠢᠨ ᠢᠦᠢ ᠴᠢᠤᠸᠠᠨ ᠲᠣᠭᠣᠷᠢᠭ᠎ᠤᠨ ᠭᠠᠵᠠᠷ ᠰᠢᠷᠣᠢ ᠵᠢ ᠲᠠᠲᠠᠪᠤᠷᠢᠯᠠᠨ ᠬᠤᠷᠢᠶᠠᠵᠤ ᠬᠡᠰᠡᠭ ᠵᠶ᠋ᠡᠷ ᠨᠡᠭᠡᠭᠡᠨ ᠬᠥᠭᠵᠢᠭᠦᠯᠬᠦ ᠲᠣᠬᠢᠷᠠᠭᠤᠯᠤᠯᠲᠠ ᠵᠢᠨ ᠲᠥᠰᠥᠯ᠎ᠢ  ᠵᠥᠪᠰᠢᠶᠡᠷᠡᠭᠦᠯᠬᠦ ᠲᠤᠬᠠᠢ ᠡᠰᠢᠯᠡᠯᠲᠡ 》 (ᠭᠦᠬᠡᠬᠤᠲᠠ ᠵᠠᠰᠠᠭ ᠲᠠᠷᠬᠠᠭ᠋ᠠᠭᠰᠠᠨ [2024] 282 ᠳ᠋ᠤᠭ᠋ᠠᠷ ᠲᠣᠭ᠋ᠠᠲᠤ) ᠵᠢ ᠭᠥᠯᠢᠶᠡᠨ ᠠᠪᠴᠤ ᠣᠢ᠌ᠯᠠᠭ᠋ᠠᠯ᠎ᠠ ᠃ ᠡᠳᠦᠭᠡ ᠳᠣᠣᠷᠠᠬᠢ ᠮᠡᠲᠦ ᠴᠣᠬᠣᠯᠠᠪᠤᠷᠢᠯᠠᠪᠠ ᠄

       ᠥᠪᠡᠷᠲᠡᠭᠡᠨ ᠵᠠᠰᠠᠬᠤ ᠣᠷᠣᠨ᠎ᠤ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠢᠩᠬᠢᠮ ᠲᠤᠰᠬᠠᠢ ᠮᠡᠷᠭᠡᠵᠢᠯᠲᠡᠨ᠎ᠢ ᠵᠣᠬᠢᠶᠠᠨ ᠪᠠᠢ᠌ᠭᠤᠯᠵᠤ ᠨᠤᠲᠠᠯᠠᠭᠤᠯᠬᠤ ᠪᠠ ᠬᠢᠨᠠᠨ ᠪᠠᠢ᠌ᠴᠠᠭ᠋ᠠᠯᠭ᠋ᠠᠭ᠋ᠠᠳ ᠂ 《  ᠭᠦᠬᠡᠬᠤᠲᠠ ᠵᠢᠨ ᠢᠦᠢ ᠴᠢᠤᠸᠠᠨ ᠲᠣᠭᠣᠷᠢᠭ᠎ᠤᠨ ᠭᠠᠵᠠᠷ ᠰᠢᠷᠣᠢ ᠵᠢ ᠲᠠᠲᠠᠪᠤᠷᠢᠯᠠᠨ ᠬᠤᠷᠢᠶᠠᠵᠤ ᠬᠡᠰᠡᠭ ᠵᠶ᠋ᠡᠷ ᠨᠡᠭᠡᠭᠡᠨ ᠬᠥᠭᠵᠢᠭᠦᠯᠬᠦ ᠲᠣᠬᠢᠷᠠᠭᠤᠯᠤᠯᠲᠠ ᠵᠢᠨ ᠲᠥᠰᠥᠯ (2022 – 2024 ᠣᠨ ) 》᠎ᠨᠢ 《ᠪᠦᠭᠦᠳᠡ ᠨᠠᠢ᠌ᠷᠠᠮᠳᠠᠬᠤ ᠲᠤᠮᠳᠠᠳᠤ ᠠᠷᠠᠳ ᠤᠯᠤᠰ᠎ᠤᠨ ᠭᠠᠵᠠᠷ ᠰᠢᠷᠣᠢ ᠵᠢᠨ ᠬᠠᠮᠢᠶᠠᠷᠤᠯᠲᠠ ᠵᠢᠨ ᠬᠠᠤᠯᠢ 》 ᠪᠠ 《 〈ᠭᠠᠵᠠᠷ ᠰᠢᠷᠣᠢ ᠵᠢ ᠲᠠᠲᠠᠪᠤᠷᠢᠯᠠᠨ ᠬᠤᠷᠢᠶᠠᠵᠤ ᠬᠡᠰᠡᠭ ᠵᠶ᠋ᠡᠷ ᠨᠡᠭᠡᠭᠡᠨ ᠬᠥᠭᠵᠢᠭᠦᠯᠬᠦ ᠪᠠᠷᠢᠮᠵᠢᠶ᠎ᠠ 〉 ᠵᠢ ᠳᠠᠷᠤᠮᠠᠯᠯᠠᠨ ᠶᠠᠪᠤᠭᠤᠯᠬᠤ ᠲᠤᠬᠠᠢ ᠪᠠᠢ᠌ᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠤ ᠮᠡᠳᠡᠭᠳᠡᠯ 》 (ᠪᠠᠢ᠌ᠭ᠋ᠠᠯᠢ ᠡᠬᠢ ᠪᠠᠶᠠᠯᠢᠭ ᠲᠣᠭᠲᠠᠭ᠋ᠠᠯ [2023 ] 7 ᠳ᠋ᠤᠭ᠋ᠠᠷ ᠲᠣᠭ᠋ᠠᠲᠤ ) ᠵᠢᠴᠢ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠵᠠᠷ ᠰᠢᠷᠣᠢ ᠵᠢ ᠲᠠᠲᠠᠪᠤᠷᠢᠯᠠᠨ ᠬᠤᠷᠢᠶᠠᠵᠤ ᠬᠡᠰᠡᠭ ᠵᠶ᠋ᠡᠷ ᠨᠡᠭᠡᠭᠡᠨ ᠬᠥᠭᠵᠢᠭᠦᠯᠬᠦ ᠵᠢ ᠬᠡᠷᠡᠭᠵᠢᠭᠦᠯᠬᠦ ᠨᠠᠷᠢᠨ ᠳᠦᠷᠢᠮ (ᠲᠤᠷᠰᠢᠨ ᠬᠡᠷᠡᠭᠵᠢᠭᠦᠯᠬᠦ ) 》᠎ᠤᠨ ᠬᠣᠯᠪᠣᠭᠳᠠᠯ ᠪᠦᠬᠦᠢ ᠲᠣᠭᠲᠠᠭ᠋ᠠᠯ ᠪᠠ ᠱᠠᠭ᠋ᠠᠷᠳᠠᠯᠭ᠎ᠠ᠎ᠳᠤ ᠨᠡᠢ᠌ᠴᠡᠵᠦ᠂ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠶᠡᠷᠦᠩᠬᠡᠢ ᠲᠥᠯᠦᠪᠵᠢᠭᠦᠯᠭᠡ ᠵᠢᠨ ᠬᠠᠮᠢᠶᠠᠷᠤᠨ ᠡᠵᠡᠮᠳᠡᠬᠦ ᠳᠦᠷᠢᠮ᠎ᠳᠤ ᠨᠡᠢ᠌ᠴᠡᠵᠦ ᠪᠠᠢ᠌ᠨ᠎ᠠ ᠃ ᠡᠢ᠌ᠨ ᠬᠦ᠌ 《  ᠭᠦᠬᠡᠬᠤᠲᠠ ᠵᠢᠨ ᠢᠦᠢ ᠴᠢᠤᠸᠠᠨ ᠲᠣᠭᠣᠷᠢᠭ᠎ᠤᠨ ᠭᠠᠵᠠᠷ ᠰᠢᠷᠣᠢ ᠵᠢ ᠲᠠᠲᠠᠪᠤᠷᠢᠯᠠᠨ ᠬᠤᠷᠢᠶᠠᠵᠤ ᠬᠡᠰᠡᠭ ᠵᠶ᠋ᠡᠷ ᠨᠡᠭᠡᠭᠡᠨ ᠬᠥᠭᠵᠢᠭᠦᠯᠬᠦ ᠲᠣᠬᠢᠷᠠᠭᠤᠯᠤᠯᠲᠠ ᠵᠢᠨ ᠲᠥᠰᠥᠯ ( 2022 – 2024 ᠣᠨ ) 》᠎ᠢ ᠵᠠᠷᠴᠢᠮ ᠳᠡᠭᠡᠷ᠎ᠡ᠎ᠪᠠᠨ  ᠵᠥᠪᠰᠢᠶᠡᠷᠡᠪᠡ ᠂ ᠡᠯ᠎ᠡ ᠵᠦᠢ᠍ᠯ᠎ᠤᠨ ᠠᠵᠢᠯ ᠵᠶ᠋ᠠᠨ ᠬᠠᠤᠯᠢ ᠲᠣᠭᠲᠠᠭ᠋ᠠᠯ ᠶᠣᠰᠣᠭ᠋ᠠᠷ ᠰᠠᠢ᠌ᠲᠤᠷ ᠬᠢᠲᠦᠭᠡᠢ ᠃

          2024  ᠣᠨ᠎ᠤ 11 ᠳ᠋ᠦ᠍ᠭᠡᠷ ᠰᠠᠷ᠎ᠠ ᠵᠢᠨ 1᠎ᠤ  ᠡᠳᠦᠷ

      (ᠲᠤᠰ ᠪᠢᠴᠢᠭ  ᠮᠠᠲᠸᠷᠢᠶᠠᠯ᠎ᠢ ᠢᠯᠡ ᠨᠡᠢ᠌ᠲᠡᠯᠡᠨ᠎ᠡ )

 

 

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ