ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ
ᠠᠷᠠᠳ᠎ᠤᠨ ᠵᠠᠰᠠᠭ᠎ᠤᠨ ᠣᠷᠳᠣᠨ᠎ᠤ ᠪᠢᠴᠢᠭ ᠮᠠᠲᠸᠷᠢᠶᠠᠯ
ᠥᠪᠥᠷ ᠵᠠᠰᠠᠭ ᠲᠠᠷᠬᠠᠭ᠋ᠠᠭᠰᠠᠨ [2024] 19 ᠳ᠋ᠦ᠍ᠭᠡᠷ ᠲᠣᠭ᠋ᠠᠲᠤ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠬᠠᠮᠢᠶᠠᠷᠤᠯᠲᠠ ᠵᠢᠨ ᠲᠦᠷ ᠬᠡᠷᠡᠭᠵᠢᠭᠦᠯᠬᠦ ᠠᠷᠭ᠎ᠠ》 ᠵᠢ
ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ
ᠡᠯ᠎ᠡ ᠠᠢ᠌ᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠢ᠌ᠯᠠᠯ᠂ ᠠᠵᠢᠯ ᠦᠢ᠍ᠯᠡᠰ᠎ᠤᠨ ᠨᠢᠭᠡᠴᠢ᠎ᠳᠤ᠄
ᠡᠳᠦᠭᠡ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠬᠠᠮᠢᠶᠠᠷᠤᠯᠲᠠ ᠵᠢᠨ ᠲᠦᠷ ᠬᠡᠷᠡᠭᠵᠢᠭᠦᠯᠬᠦ ᠠᠷᠭ᠎ᠠ》 ᠵᠢ ᠲᠠ ᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ᠎ᠲᠠᠢ᠎ᠪᠠᠨ ᠤᠶᠠᠯᠳᠤᠭᠤᠯᠤᠨ᠂ ᠬᠢᠨᠠᠮᠠᠭ᠋ᠠᠢ ᠵᠢᠷᠤᠮᠯᠠᠨ ᠬᠡᠷᠡᠭᠵᠢᠭᠦᠯᠲᠦᠭᠡᠢ᠃
2024 ᠣᠨ᠎ᠤ 6 ᠳ᠋ᠤᠭ᠋ᠠᠷ ᠰᠠᠷ᠎ᠠ ᠵᠢᠨ 4᠎ᠤ ᠡᠳᠦᠷ
(ᠲᠤᠰ ᠪᠢᠴᠢᠭ ᠮᠠᠲᠸᠷᠢᠶᠠᠯ᠎ᠢ ᠢᠯᠡ ᠨᠡᠢ᠌ᠲᠡᠯᠡᠨ᠎ᠡ)
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠬᠠᠮᠢᠶᠠᠷᠤᠯᠲᠠ ᠵᠢᠨ ᠲᠦᠷ ᠬᠡᠷᠡᠭᠵᠢᠭᠦᠯᠬᠦ ᠠᠷᠭ᠎ᠠ
ᠨᠢᠭᠡᠳᠦᠭᠡᠷ ᠪᠦᠯᠦᠭ ᠶᠡᠷᠦᠩᠬᠡᠢ ᠳᠦᠷᠢᠮ
ᠨᠢᠭᠡᠳᠦᠭᠡᠷ ᠵᠦᠢ᠍ᠯ ᠰᠢᠨ᠎ᠡ ᠬᠥᠭᠵᠢᠯᠲᠡ ᠵᠢᠨ ᠣᠨᠣᠯᠵᠢᠬᠤᠨ᠎ᠢ ᠪᠦᠷᠢᠨ ᠪᠦᠲᠦᠨ᠂ ᠵᠥᠪ ᠣᠨᠣᠪᠴᠢᠲᠠᠶ᠂ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠠᠵᠢᠯ᠎ᠤᠨ ᠭᠣᠣᠯ ᠰᠢᠵᠢᠮ᠎ᠢ ᠪᠠᠲᠤ ᠡᠵᠡᠮᠰᠢᠵᠦ᠂ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠬᠠᠮᠢᠶᠠᠷᠤᠯᠲᠠ ᠵᠢ ᠴᠢᠩᠭ᠋ᠠᠳᠬᠠᠨ᠂ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠠᠮᠤᠷ ᠲᠦᠪᠰᠢᠨ᠎ᠢ ᠪᠠᠲᠤᠯᠠᠵᠤ᠂ ᠪᠠᠢ᠌ᠭ᠋ᠠᠯᠢ ᠬᠥᠮᠥᠨ᠂ ᠬᠠᠤᠯᠢ ᠵᠢᠨ ᠡᠷᠬᠡᠲᠡᠨ ᠪᠠ ᠬᠠᠤᠯᠢ ᠵᠢᠨ ᠡᠷᠬᠡᠲᠡᠨ ᠪᠤᠰᠤ ᠵᠣᠬᠢᠶᠠᠨ ᠪᠠᠢ᠌ᠭᠤᠯᠤᠯᠲᠠ᠎ᠨᠤᠭᠤᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠨ᠂ ᠵᠠᠰᠠᠭ᠎ᠤᠨ ᠣᠷᠳᠣᠨ᠎ᠤ ᠵᠠᠰᠠᠯᠲᠠ ᠵᠢᠨ ᠴᠢᠳᠠᠪᠤᠷᠢ ᠪᠠ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠬᠢᠷᠢ ᠲᠦᠪᠰᠢᠨ᠎ᠢ ᠳᠡᠭᠡᠭᠰᠢᠯᠡᠭᠦᠯᠵᠦ᠂ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠦᠨ᠎ᠡ ᠥᠷᠲᠡᠭ᠎ᠢ ᠪᠠᠳᠠᠷᠠᠭᠤᠯᠬᠤ ᠵᠢᠨ ᠲᠤᠰᠠᠳᠠ᠂ ᠬᠠᠮᠢᠶ᠎ᠠ ᠪᠦᠬᠦᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ ᠤᠶᠠᠯᠳᠤᠭᠤᠯᠵᠦ᠂ ᠲᠣᠰ ᠠᠷᠭ᠎ᠠ ᠵᠢ ᠲᠣᠭᠲᠠᠭ᠋ᠠᠪᠠ᠃
ᠬᠣᠶᠠᠳᠤᠭ᠋ᠠᠷ ᠵᠦᠢ᠍ᠯ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠣᠯᠠᠨ ᠨᠡᠶ᠋ᠢᠲᠡ ᠵᠢᠨ ᠳ᠋ᠠᠢ᠌ᠲ᠋ᠠ ᠵᠢ ᠴᠤᠭᠯᠠᠭᠤᠯᠬᠤ᠂ ᠵᠠᠰᠠᠬᠤ᠂ ᠡᠮᠬᠢᠯᠡᠬᠦ᠂ ᠬᠠᠳᠠᠭ᠋ᠠᠯᠠᠬᠤ᠂ ᠪᠣᠯᠪᠠᠰᠤᠷᠠᠭᠤᠯᠬᠤ᠂ ᠳᠠᠮᠵᠢᠭᠤᠯᠬᠤ᠂ ᠬᠠᠮᠲᠤ᠎ᠪᠠᠷ ᠭᠥᠷᠳᠡᠬᠦ᠂ ᠴᠢᠯᠥᠭᠡᠲᠡᠢ ᠪᠣᠯᠭ᠋ᠠᠬᠤ᠂ ᠨᠡᠭᠡᠭᠡᠨ ᠠᠰᠢᠭᠯᠠᠬᠤ ᠵᠢᠴᠢ ᠳ᠋ᠠᠢ᠌ᠲ᠋ᠠ ᠵᠢᠨ ᠠᠮᠤᠷ ᠲᠦᠪᠰᠢᠨ᠎ᠤ ᠬᠠᠮᠢᠶᠠᠷᠤᠯᠲᠠ ᠵᠡᠷᠭᠡ ᠠᠵᠢᠯᠯᠠᠭ᠎ᠠ᠎ᠨᠤᠭᠤᠳ᠎ᠲᠤ ᠲᠣᠰ ᠠᠷᠭ᠎ᠠ ᠵᠢ ᠲᠣᠬᠢᠷᠠᠭᠤᠯᠤᠨ ᠬᠡᠷᠡᠭᠯᠡᠨ᠎ᠡ᠃
ᠭᠤᠷᠪᠠᠳᠤᠭ᠋ᠠᠷ ᠵᠦᠢ᠍ᠯ ᠲᠤᠰ ᠠᠷᠭ᠎ᠠ᠎ᠳᠤ ᠢᠯᠡᠷᠡᠭᠰᠡᠨ ᠦᠭᠡᠰ᠎ᠤᠨ ᠤᠳᠬ᠎ᠠ᠄
(ᠨᠢᠭᠡ) ᠣᠯᠠᠨ ᠨᠡᠶ᠋ᠢᠲᠡ ᠵᠢᠨ ᠳ᠋ᠠᠢ᠌ᠲ᠋ᠠ ᠭᠡᠭᠴᠢ᠎ᠨᠢ ᠲᠦᠷᠦ ᠵᠢᠨ ᠪᠠᠢ᠌ᠭᠤᠯᠭ᠎ᠠ ᠪᠠ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠠᠴᠠ ᠡᠷᠬᠡ ᠣᠯᠭᠣᠭᠰᠠᠨ ᠤᠯᠠᠨ ᠨᠡᠶ᠋ᠢᠲᠡ ᠵᠢᠨ ᠠᠵᠢᠯ ᠶᠠᠪᠤᠳᠠᠯ᠎ᠢ ᠬᠠᠮᠢᠶᠠᠷᠬᠤ ᠡᠭᠦᠷᠭᠡ ᠴᠢᠳᠠᠪᠤᠷᠢ᠎ᠲᠠᠢ ᠪᠠᠢ᠌ᠭᠤᠯᠤᠮᠵᠢ (ᠳᠣᠷᠣᠭᠰᠢ ᠤᠯᠠᠨ ᠨᠡᠶ᠋ᠢᠲᠡ ᠵᠢᠨ ᠬᠠᠮᠢᠶᠠᠷᠤᠯᠲᠠ ᠪᠠ ᠦᠢ᠍ᠯᠡᠴᠢᠯᠡᠭᠡᠨ᠎ᠤ ᠪᠠᠢ᠌ᠭᠤᠯᠤᠮᠵᠢ ᠭᠡᠵᠦ ᠶᠡᠷᠦᠩᠬᠡᠢ᠌ᠯᠡᠨ ᠨᠡᠷᠡᠢ᠌ᠳᠪᠡ) ᠵᠢᠨ ᠤᠯᠠᠨ ᠨᠡᠶ᠋ᠢᠲᠡ ᠵᠢᠨ ᠬᠠᠮᠢᠶᠠᠷᠤᠯᠲᠠ ᠵᠢᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ ᠪᠤᠶᠤ ᠤᠯᠠᠨ ᠨᠡᠶ᠋ᠢᠲᠡ ᠵᠢᠨ ᠦᠢ᠍ᠯᠡᠴᠢᠯᠡᠭᠡ ᠬᠠᠩᠭ᠋ᠠᠬᠤ ᠶᠠᠪᠤᠴᠠ᠎ᠳᠤ᠎ᠪᠠᠨ ᠴᠤᠭᠯᠠᠭᠤᠯᠤᠭᠰᠠᠨ᠂ ᠪᠤᠢ ᠪᠣᠯᠭ᠋ᠠᠭᠰᠠᠨ ᠡᠯ᠎ᠡ ᠲᠦᠷᠦᠯ᠎ᠤᠨ ᠳ᠋ᠠᠢ᠌ᠲ᠋ᠠ ᠵᠢᠴᠢ ᠪᠤᠰᠤᠳ ᠪᠠᠢ᠌ᠭᠤᠯᠤᠮᠵᠢ᠎ᠨᠤᠭᠤᠳ᠎ᠤᠨ ᠤᠯᠠᠨ ᠨᠡᠶ᠋ᠢᠲᠡ ᠵᠢᠨ ᠦᠢ᠍ᠯᠡᠴᠢᠯᠡᠭᠡ ᠬᠠᠩᠭ᠋ᠠᠬᠤ ᠶᠠᠪᠤᠴᠠ᠎ᠳᠤ᠎ᠪᠠᠨ ᠴᠤᠭᠯᠠᠭᠤᠯᠤᠭᠰᠠᠨ᠂ ᠪᠤᠢ ᠪᠣᠯᠭ᠋ᠠᠭᠰᠠᠨ ᠤᠯᠠᠨ ᠨᠡᠶ᠋ᠢᠲᠡ ᠵᠢᠨ ᠠᠰᠢᠭ ᠲᠤᠰᠠ᠎ᠳᠤ ᠬᠣᠯᠪᠣᠭᠳᠠᠭᠰᠠᠨ ᠡᠯ᠎ᠡ ᠲᠦᠷᠦᠯ᠎ᠤᠨ ᠳ᠋ᠠᠢ᠌ᠲ᠋ᠠ ᠵᠢ ᠵᠢᠭ᠋ᠠᠵᠤ ᠪᠠᠢ᠌ᠨ᠎ᠠ᠃
(ᠬᠣᠶᠠᠷ) ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠭᠡᠭᠴᠢ᠎ᠨᠢ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠠᠴᠠ ᠲᠣᠭᠲᠠᠭ᠋ᠠᠭᠰᠠᠨ ᠲᠣᠰ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠬᠠᠮᠢᠶᠠᠷᠤᠯᠲᠠ ᠵᠢᠨ ᠡᠭᠦᠷᠭᠡ ᠬᠠᠷᠢᠭᠤᠴᠠᠯᠭ᠎ᠠ ᠡᠭᠦᠷᠭᠡᠯᠡᠬᠦ ᠪᠠᠢ᠌ᠭᠤᠯᠤᠮᠵᠢ ᠵᠢ ᠵᠢᠭ᠋ᠠᠵᠤ ᠪᠣᠢ᠂ ᠲᠡᠷᠡ᠎ᠨᠢ ᠲᠣᠰ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠣᠯᠠᠨ ᠨᠡᠶ᠋ᠢᠲᠡ ᠵᠢᠨ ᠳ᠋ᠠᠢ᠌ᠲ᠋ᠠ ᠵᠢ ᠴᠤᠭᠯᠠᠭᠤᠯᠬᠤ᠂ ᠬᠡᠷᠡᠭᠯᠡᠬᠦ᠂ ᠬᠠᠮᠢᠶᠠᠷᠬᠤ ᠵᠡᠷᠭᠡ᠎ᠯᠦᠭᠡ ᠬᠣᠯᠪᠣᠭᠳᠠᠬᠤ ᠠᠵᠢᠯ᠎ᠤᠳ᠎ᠢ ᠵᠣᠬᠢᠴᠠᠭᠤᠯᠤᠨ ᠰᠢᠢ᠍ᠳᠪᠦᠷᠢᠯᠡᠬᠦ ᠵᠢ ᠬᠠᠷᠢᠭᠤᠴᠠᠨ᠎ᠠ᠃
(ᠭᠤᠷᠪᠠ) ᠡᠬᠢ ᠳ᠋ᠠᠢ᠌ᠲ᠋ᠠ ᠵᠢᠨ ᠰᠠᠯᠠᠭ᠎ᠠ ᠮᠥᠴᠢᠷ ᠭᠡᠭᠴᠢ᠎ᠨᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠢ ᠦᠨᠳᠦᠰᠦᠯᠡᠨ ᠲᠣᠭᠲᠠᠭ᠋ᠠᠭᠰᠠᠨ ᠶᠠᠮᠠᠷ ᠨᠢᠭᠡᠨ ᠲᠦᠷᠦᠯ᠎ᠤᠨ ᠤᠯᠠᠨ ᠨᠡᠶ᠋ᠢᠲᠡ ᠵᠢᠨ ᠳ᠋ᠠᠢ᠌ᠲ᠋ᠠ ᠴᠤᠭᠯᠠᠭᠤᠯᠬᠤ ᠬᠠᠤᠯᠢ᠎ᠪᠠᠷ ᠲᠣᠭᠲᠠᠭ᠋ᠠᠭᠰᠠᠨ ᠰᠠᠯᠠᠭ᠎ᠠ ᠮᠥᠴᠢᠷ᠎ᠢ ᠵᠢᠭ᠋ᠠᠵᠤ ᠪᠠᠢ᠌ᠨ᠎ᠠ᠃
(ᠳᠥᠷᠪᠡ) ᠳ᠋ᠠᠢ᠌ᠲ᠋ᠠ ᠵᠢ ᠠᠰᠢᠭᠯᠠᠬᠤ ᠭᠣᠣᠯ ᠴᠣᠭᠴᠠ ᠭᠡᠭᠴᠢ᠎ᠨᠢ ᠤᠯᠠᠨ ᠨᠡᠶ᠋ᠢᠲᠡ ᠵᠢᠨ ᠳ᠋ᠠᠢ᠌ᠲ᠋ᠠ ᠵᠢ ᠰᠤᠷᠪᠤᠯᠵᠢᠯᠠᠬᠤ᠂ ᠰᠢᠯᠵᠢᠭᠦᠯᠦᠨ ᠬᠡᠷᠡᠭᠯᠡᠬᠦ ᠪᠠ ᠠᠰᠢᠭᠯᠠᠬᠤ ᠪᠠᠢ᠌ᠭ᠋ᠠᠯᠢ ᠬᠥᠮᠥᠨ᠂ ᠬᠠᠤᠯᠢ ᠵᠢᠨ ᠡᠷᠬᠡᠲᠡᠨ ᠪᠠ ᠬᠠᠤᠯᠢ ᠵᠢᠨ ᠡᠷᠬᠡᠲᠡᠨ ᠪᠤᠰᠤ ᠵᠣᠬᠢᠶᠠᠨ ᠪᠠᠢ᠌ᠭᠤᠯᠤᠯᠲᠠ ᠵᠢ ᠵᠢᠭ᠋ᠠᠵᠤ ᠪᠠᠢ᠌ᠨ᠎ᠠ᠃
(ᠲᠠᠪᠤ) ᠤᠯᠠᠨ ᠨᠡᠶ᠋ᠢᠲᠡ ᠵᠢᠨ ᠳ᠋ᠠᠢ᠌ᠲ᠋ᠠ ᠵᠢ ᠬᠠᠮᠲᠤ᠎ᠪᠠᠷ ᠬᠦᠷᠲᠡᠬᠦ ᠭᠡᠭᠴᠢ᠎ᠨᠢ ᠤᠯᠠᠨ ᠨᠡᠶ᠋ᠢᠲᠡ ᠵᠢᠨ ᠬᠠᠮᠢᠶᠠᠷᠤᠯᠲᠠ ᠪᠠ ᠦᠢ᠍ᠯᠡᠴᠢᠯᠡᠭᠡᠨ᠎ᠤ ᠪᠠᠢ᠌ᠭᠤᠯᠤᠮᠵᠢ᠎ᠨᠤᠭᠤᠳ ᠬᠠᠤᠯᠢ᠎ᠪᠠᠷ ᠲᠣᠭᠲᠠᠭ᠋ᠠᠭᠰᠠᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ ᠪᠤᠶᠤ ᠤᠯᠠᠨ ᠨᠡᠶ᠋ᠢᠲᠡ ᠵᠢᠨ ᠦᠢ᠍ᠯᠡᠴᠢᠯᠡᠭᠡ ᠬᠠᠩᠭ᠋ᠠᠬᠤ ᠬᠡᠷᠡᠭᠴᠡᠭᠡ᠎ᠠᠴᠠ ᠪᠣᠯᠵᠤ᠂ ᠪᠤᠰᠤᠳ ᠤᠯᠠᠨ ᠨᠡᠶ᠋ᠢᠲᠡ ᠵᠢᠨ ᠬᠠᠮᠢᠶᠠᠷᠤᠯᠲᠠ ᠪᠠ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠳ᠋ᠠᠢ᠌ᠲ᠋ᠠ᠂ ᠳ᠋ᠠᠢ᠌ᠲ᠋ᠠ ᠵᠢᠨ ᠦᠢ᠍ᠯᠡᠴᠢᠯᠡᠭᠡ ᠵᠢ ᠬᠠᠤᠯᠢ ᠶᠣᠰᠣᠭ᠋ᠠᠷ ᠣᠯᠬᠤ ᠪᠤᠶᠤ ᠪᠤᠰᠤᠳ ᠤᠯᠠᠨ ᠨᠡᠶ᠋ᠢᠲᠡ ᠵᠢᠨ ᠬᠠᠮᠢᠶᠠᠷᠤᠯᠲᠠ ᠪᠠ ᠦᠢ᠍ᠯᠡᠴᠢᠯᠡᠭᠡᠨ᠎ᠤ ᠪᠠᠢ᠌ᠭᠤᠯᠤᠮᠵᠢ᠎ᠳᠤ ᠳ᠋ᠠᠢ᠌ᠲ᠋ᠠ᠂ ᠳ᠋ᠠᠢ᠌ᠲ᠋ᠠ ᠵᠢᠨ ᠦᠢ᠍ᠯᠡᠴᠢᠯᠡᠭᠡ ᠬᠠᠩᠭ᠋ᠠᠬᠤ ᠦᠢ᠍ᠯᠡ ᠠᠵᠢᠯᠯᠠᠭ᠎ᠠ ᠵᠢ ᠵᠢᠭ᠋ᠠᠵᠤ ᠪᠠᠢ᠌ᠨ᠎ᠠ᠃
(ᠵᠢᠷᠭᠤᠭ᠎ᠠ) ᠣᠯᠠᠨ ᠨᠡᠶ᠋ᠢᠲᠡ ᠵᠢᠨ ᠳ᠋ᠠᠢ᠌ᠲ᠋ᠠ ᠵᠢ ᠴᠢᠯᠦᠭᠡᠲᠡᠢ ᠪᠣᠯᠭ᠋ᠠᠬᠤ ᠭᠡᠭᠴᠢ᠎ᠨᠢ ᠣᠯᠠᠨ ᠨᠡᠶ᠋ᠢᠲᠡ ᠵᠢᠨ ᠬᠠᠮᠢᠶᠠᠷᠤᠯᠲᠠ ᠪᠠ ᠦᠢ᠍ᠯᠡᠴᠢᠯᠡᠭᠡᠨ᠎ᠤ ᠪᠠᠢ᠌ᠭᠤᠯᠤᠮᠵᠢ᠎ᠨᠤᠭᠤᠳ ᠬᠠᠤᠯᠢ ᠶᠣᠰᠣᠭ᠋ᠠᠷ ᠨᠡᠢ᠌ᠭᠡᠮ᠎ᠳᠤ ᠠᠩᠬᠠᠨ᠎ᠤ ᠴᠢᠨᠠᠷᠲᠠᠢ᠂ ᠮᠠᠰᠢᠨ ᠵᠶ᠋ᠠᠷ ᠤᠩᠰᠢᠭᠤᠯᠤᠨ ᠠᠪᠴᠤ ᠪᠣᠯᠬᠤ᠂ ᠨᠡᠢ᠌ᠭᠡᠮᠴᠢᠯᠡᠭᠦᠯᠦᠨ ᠳᠠᠬᠢᠨᠲᠠ ᠠᠰᠢᠭᠯᠠᠬᠤ᠎ᠪᠠᠷ ᠬᠠᠩᠭ᠋ᠠᠵᠤ ᠪᠣᠯᠬᠤ ᠳ᠋ᠠᠢ᠌ᠲ᠋ᠠ ᠬᠠᠩᠭ᠋ᠠᠵᠤ ᠪᠠᠢ᠌ᠳᠠᠭ ᠣᠯᠠᠨ ᠨᠡᠶ᠋ᠢᠲᠡ ᠵᠢᠨ ᠦᠢ᠍ᠯᠡᠴᠢᠯᠡᠭᠡ ᠵᠢ ᠵᠢᠭ᠋ᠠᠵᠤ ᠪᠠᠢ᠌ᠨ᠎ᠠ᠃
ᠳᠥᠷᠪᠡᠳᠦᠭᠡᠷ ᠵᠦᠢ᠍ᠯ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠬᠠᠮᠢᠶᠠᠷᠤᠯᠲᠠ᠎ᠳᠤ ᠡᠷᠴᠢᠮᠵᠢᠭᠦᠯᠦᠨ ᠪᠦᠲᠦᠭᠡᠨ ᠪᠠᠶ᠋ᠢᠭᠤᠯᠬᠤ᠂ ᠪᠠᠷᠢᠮᠵᠢᠶ᠎ᠠ ᠵᠢ ᠨᠢᠭᠡᠳᠬᠡᠬᠦ᠂ ᠲᠥᠷᠥᠯ ᠠᠩᠭᠢᠯᠠᠨ ᠲᠠᠰ ᠬᠤᠪᠢᠶᠠᠬᠤ᠂ ᠨᠢᠭᠡᠳᠦᠯᠲᠡᠢ ᠴᠤᠭᠯᠠᠭᠤᠯᠵᠤ ᠬᠠᠮᠲᠤ᠎ᠪᠠᠷ ᠬᠡᠷᠡᠭᠯᠡᠬᠦ᠂ ᠡᠮᠬᠢᠳᠬᠡᠨ ᠨᠡᠢ᠌ᠯᠡᠭᠦᠯᠬᠦ᠂ ᠬᠡᠷᠡᠭᠴᠡᠭᠡ ᠱᠠᠭ᠋ᠠᠷᠳᠠᠯᠭ᠎ᠠ᠎ᠪᠠᠷ ᠤᠳᠤᠷᠢᠳᠤᠮᠵᠢ ᠪᠣᠯᠭ᠋ᠠᠬᠤ᠂ ᠬᠠᠮᠲᠤ᠎ᠪᠠᠷ ᠭᠥᠷᠳᠡᠵᠦ ᠴᠢᠯᠥᠭᠡᠲᠡᠢ ᠪᠣᠯᠭ᠋ᠠᠬᠤ᠂ ᠠᠮᠤᠷ ᠲᠦᠪᠰᠢᠨ ᠡᠵᠡᠮᠳᠡᠵᠦ ᠪᠣᠯᠬᠤᠢ᠌ᠴᠠ ᠵᠠᠷᠴᠢᠮ᠎ᠢ ᠵᠢᠷᠤᠮᠯᠠᠬᠤ ᠬᠡᠷᠡᠭᠲᠡᠢ᠃
ᠲᠠᠪᠤᠳᠤᠭ᠋ᠠᠷ ᠵᠦᠢ᠍ᠯ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠳᠣᠣᠷᠠᠬᠢ ᠠᠵᠢᠯ᠎ᠤᠨ ᠡᠭᠦᠷᠭᠡ ᠬᠠᠷᠢᠭᠤᠴᠠᠯᠭ᠎ᠠ ᠵᠢ ᠡᠭᠦᠷᠭᠡᠯᠡᠨ᠎ᠡ᠄
(ᠨᠢᠭᠡ) ᠲᠣᠰ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠬᠠᠮᠢᠶᠠᠷᠤᠯᠲᠠ ᠵᠢᠨ ᠠᠵᠢᠯ᠎ᠢ ᠨᠢᠭᠡᠳᠦᠯᠲᠡᠢ ᠲᠥᠯᠥᠪᠯᠡᠵᠦ᠂ ᠠᠵᠢᠯ᠎ᠤᠨ ᠵᠣᠬᠢᠴᠠᠭᠤᠯᠬᠤ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠵᠦ᠂ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠲᠡᠭᠦᠯᠳᠡᠷᠵᠢᠭᠦᠯᠦᠨ᠎ᠡ᠃
(ᠬᠣᠶᠠᠷ) ᠣᠯᠠᠨ ᠨᠡᠶ᠋ᠢᠲᠡ ᠵᠢᠨ ᠬᠠᠮᠢᠶᠠᠷᠤᠯᠲᠠ ᠪᠠ ᠦᠢ᠍ᠯᠡᠴᠢᠯᠡᠭᠡᠨ᠎ᠤ ᠪᠠᠢ᠌ᠭᠤᠯᠤᠮᠵᠢ᠎ᠨᠤᠭᠤᠳ᠎ᠲᠤ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠬᠠᠮᠢᠶᠠᠷᠤᠯᠲᠠ ᠵᠢᠨ ᠡᠭᠦᠷᠭᠡ ᠪᠠ ᠱᠠᠭ᠋ᠠᠷᠳᠠᠯᠭ᠎ᠠ ᠵᠢ ᠳᠤᠷᠠᠳᠤᠨ᠎ᠠ᠃
(ᠭᠤᠷᠪᠠ) ᠲᠣᠰ ᠱᠠᠲᠤᠨ᠎ᠤ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠭᠠᠷᠴᠠᠭ᠎ᠢ ᠨᠠᠢ᠌ᠷᠠᠭᠤᠯᠤᠨ ᠵᠣᠬᠢᠶᠠᠬᠤ ᠪᠠ ᠬᠠᠮᠠᠭ᠋ᠠᠯᠠᠵᠤ᠂ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠨᠠᠷᠢᠨ ᠬᠠᠭᠤᠳᠠᠰᠤ᠎ᠪᠠᠷ ᠬᠠᠮᠢᠶᠠᠷᠬᠤ ᠬᠠᠮᠢᠶᠠᠷᠤᠯᠲᠠ ᠵᠢᠨ ᠲᠣᠭᠲᠠᠴᠠ ᠵᠢ ᠪᠠᠢ᠌ᠭᠤᠯᠤᠨ᠎ᠠ᠃
(ᠳᠥᠷᠪᠡ) ᠪᠠᠷᠢᠮᠵᠢᠶᠠᠵᠢᠭᠤᠯᠤᠭᠰᠠᠨ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠯᠦᠭᠡ ᠬᠠᠮᠳᠤᠷᠠᠯᠴᠠᠨ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠬᠠᠮᠢᠶ᠎ᠠ ᠪᠦᠬᠦᠢ ᠪᠠᠷᠢᠮᠵᠢᠶ᠎ᠠ ᠪᠠ ᠮᠡᠷᠭᠡᠵᠢᠯ᠎ᠤᠨ ᠵᠢᠷᠤᠮᠵᠢᠯ᠎ᠢ ᠲᠣᠭᠲᠠᠭ᠋ᠠᠨ᠎ᠠ᠃
(ᠲᠠᠪᠤ) ᠪᠠᠢ᠌ᠭᠤᠯᠤᠮᠵᠢ ᠵᠢᠨ ᠣᠷᠣᠨ ᠲᠣᠭ᠎ᠠ ᠵᠢᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠯᠦᠭᠡ ᠬᠠᠮᠳᠤᠷᠠᠯᠴᠠᠵᠦ ᠪᠠᠢ᠌ᠭ᠋ᠠᠳ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠢ ᠦᠨᠳᠦᠰᠦᠯᠡᠨ ᠣᠯᠠᠨ ᠨᠡᠶ᠋ᠢᠲᠡ ᠵᠢᠨ ᠳ᠋ᠠᠢ᠌ᠲ᠋ᠠ ᠴᠤᠭᠯᠠᠭᠤᠯᠬᠤ ᠪᠠ ᠬᠠᠩᠭ᠋ᠠᠬᠤ ᠬᠠᠷᠢᠭᠤᠴᠠᠯᠭ᠋ᠠᠲᠤ ᠰᠠᠯᠠᠭ᠎ᠠ ᠮᠥᠴᠢᠷ᠎ᠢ ᠲᠤᠳᠤᠷᠬᠠᠢ ᠲᠤᠨᠨᠳᠠᠭ᠋ᠠᠨ᠎ᠠ᠃
(ᠵᠢᠷᠭᠤᠭ᠎ᠠ) ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠬᠠᠮᠢᠶᠠᠷᠤᠯᠲᠠ ᠵᠢᠨ ᠠᠵᠢᠯ᠎ᠤᠨ ᠰᠢᠯᠭ᠋ᠠᠨ ᠬᠢᠨᠠᠭ᠋ᠠᠳ ᠦᠨᠡᠯᠡᠬᠦ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠵᠦ᠂ ᠲᠡᠭᠦᠨ᠎ᠢ ᠵᠠᠰᠠᠭ᠎ᠤᠨ ᠣᠷᠳᠣᠨ᠎ᠤ ᠣᠨ᠎ᠤ ᠬᠠᠷᠠᠯᠲᠠᠲᠤ ᠬᠠᠷᠢᠭᠤᠴᠠᠯᠭ᠎ᠠ ᠵᠢᠨ ᠳᠦᠷᠢᠮ᠎ᠤᠨ ᠭᠣᠣᠯᠳᠠᠯᠭ᠎ᠠ᠎ᠲᠠᠢ ᠰᠢᠯᠭ᠋ᠠᠨ ᠬᠢᠨᠠᠬᠤ ᠬᠡᠪᠴᠢᠶᠡᠨ᠎ᠳᠤ ᠣᠷᠣᠭᠤᠯᠤᠨ᠎ᠠ᠃
(ᠳᠣᠯᠣᠭ᠎ᠠ) ᠬᠣᠯᠪᠣᠭᠳᠠᠯ ᠪᠦᠬᠦᠢ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠰᠤᠷᠭ᠋ᠠᠨ ᠬᠥᠮᠦᠵᠢᠯ ᠪᠠ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠠᠢ᠌ᠭᠤᠯᠤᠮᠵᠢ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠂ ᠠᠵᠤ ᠠᠬᠤᠢ᠌ᠯᠠᠯ ᠵᠡᠷᠭᠡ ᠲᠠᠯ᠎ᠠ ᠵᠢᠨ ᠲᠤᠰᠬᠠᠢ ᠮᠡᠷᠭᠡᠵᠢᠯᠲᠡᠳ ᠵᠶ᠋ᠡᠷ ᠪᠦᠷᠢᠯᠳᠦᠭᠰᠡᠨ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠲᠤᠰᠬᠠᠢ ᠮᠡᠷᠭᠡᠵᠢᠯᠲᠡᠳ᠎ᠤᠨ ᠺᠣᠮᠢᠰ᠎ᠢ ᠪᠠᠢ᠌ᠭᠤᠯᠵᠤ᠂ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠬᠠᠮᠢᠶᠠᠷᠤᠯᠲᠠ᠎ᠳᠠᠬᠢ ᠴᠢᠬᠤᠯᠠ ᠶᠡᠬᠡ᠂ ᠬᠦᠴᠢᠷ ᠲᠦᠪᠡᠭᠲᠡᠢ ᠠᠰᠠᠭᠤᠳᠠᠯ᠎ᠤᠳ᠎ᠢ ᠬᠠᠷᠢᠭᠤᠴᠠᠨ ᠰᠤᠳᠤᠯᠵᠤ ᠨᠤᠲᠠᠯᠠᠨ᠂ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠲᠦᠭᠰᠢᠭᠦᠷᠢ ᠵᠢ ᠦᠨᠡᠯᠡᠨ ᠵᠢᠱ᠌ᠢᠵᠦ᠂ ᠲᠤᠰᠬᠠᠢ ᠮᠡᠷᠭᠡᠵᠢᠯ᠎ᠤᠨ ᠰᠠᠨᠠᠭᠤᠯᠭ᠎ᠠ ᠳᠤᠷᠠᠳᠤᠨ᠎ᠠ᠃
(ᠨᠠᠢ᠍ᠮᠠ) ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠪᠤᠰᠤᠳ ᠬᠠᠮᠢᠶᠠᠷᠤᠯᠲᠠ ᠵᠢᠨ ᠡᠭᠦᠷᠭᠡ ᠬᠠᠷᠢᠭᠤᠴᠠᠯᠭᠠᠨᠤᠭᠤᠳ᠃
ᠵᠢᠷᠭᠤᠳᠤᠭ᠋ᠠᠷ ᠵᠦᠢ᠍ᠯ ᠤᠯᠠᠨ ᠨᠡᠶ᠋ᠢᠲᠡ ᠵᠢᠨ ᠬᠠᠮᠢᠶᠠᠷᠤᠯᠲᠠ ᠪᠠ ᠦᠢ᠍ᠯᠡᠴᠢᠯᠡᠭᠡᠨ᠎ᠤ ᠪᠠᠢ᠌ᠭᠤᠯᠤᠮᠵᠢ᠎ᠨᠤᠭᠤᠳ ᠲᠤᠰ ᠪᠠᠢ᠌ᠭᠤᠯᠤᠮᠵᠢ ᠵᠢᠨ ᠵᠶ᠋ᠠᠨ ᠤᠯᠠᠨ ᠨᠡᠶ᠋ᠢᠲᠡ ᠵᠢᠨ ᠳ᠋ᠠᠢ᠌ᠲ᠋ᠠ ᠵᠢᠨ ᠬᠠᠮᠢᠶᠠᠷᠤᠯᠲᠠ ᠵᠢ ᠬᠠᠷᠢᠭᠤᠴᠠᠵᠤ᠂ ᠳᠣᠣᠷᠠᠬᠢ ᠠᠵᠢᠯ᠎ᠤᠨ ᠡᠭᠦᠷᠭᠡ ᠬᠠᠷᠢᠭᠤᠴᠠᠯᠭ᠎ᠠ ᠵᠢ ᠳᠠᠭ᠋ᠠᠭ᠋ᠠᠨ ᠡᠭᠦᠷᠭᠡᠯᠡᠨ᠎ᠡ᠄
(ᠨᠢᠭᠡ) ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠬᠠᠮᠢᠶᠠᠷᠤᠯᠲᠠ ᠵᠢᠨ ᠬᠠᠷᠠᠯᠲᠠ᠂ ᠬᠠᠷᠢᠭᠤᠴᠠᠯᠭ᠎ᠠ᠂ ᠬᠡᠷᠡᠭᠵᠢᠭᠦᠯᠬᠦ ᠪᠠᠢ᠌ᠭᠤᠯᠤᠮᠵᠢ ᠵᠢᠴᠢ ᠠᠵᠢᠯᠲᠠᠳ᠎ᠢ ᠲᠤᠳᠤᠷᠬᠠᠢ ᠲᠤᠨᠨᠳᠠᠭ᠋ᠠᠨ᠎ᠠ᠃
(ᠬᠣᠶᠠᠷ) ᠲᠣᠰ ᠪᠠᠢ᠌ᠭᠤᠯᠤᠮᠵᠢ ᠵᠢᠨ ᠵᠶ᠋ᠡᠨ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠭᠠᠷᠴᠠᠭ᠎ᠢ ᠨᠠᠢ᠌ᠷᠠᠭᠤᠯᠤᠨ ᠵᠣᠬᠢᠶᠠᠵᠤ᠂ ᠲᠣᠰ ᠪᠠᠢ᠌ᠭᠤᠯᠤᠮᠵᠢ ᠵᠢᠨ ᠵᠶ᠋ᠡᠨ ᠣᠯᠠᠨ ᠨᠡᠶ᠋ᠢᠲᠡ ᠵᠢᠨ ᠳ᠋ᠠᠢ᠌ᠲ᠋ᠠ ᠴᠤᠭᠯᠠᠭᠤᠯᠤᠭᠰᠠᠨ ᠨᠠᠷᠢᠨ ᠬᠠᠭᠤᠳᠠᠰᠤ ᠪᠠ ᠵᠢᠷᠤᠮᠵᠢᠯ᠎ᠢ ᠬᠠᠤᠯᠢ ᠶᠣᠰᠣᠭ᠋ᠠᠷ ᠲᠣᠭᠲᠠᠭ᠋ᠠᠨ᠎ᠠ᠃
(ᠭᠤᠷᠪᠠ) ᠲᠣᠰ ᠪᠠᠢ᠌ᠭᠤᠯᠤᠮᠵᠢ ᠵᠢᠨ ᠵᠶ᠋ᠡᠨ ᠣᠯᠠᠨ ᠨᠡᠶ᠋ᠢᠲᠡ ᠵᠢᠨ ᠳ᠋ᠠᠢ᠌ᠲ᠋ᠠ ᠴᠤᠭᠯᠠᠭᠤᠯᠬᠤ᠂ ᠵᠠᠰᠠᠬᠤ᠂ ᠡᠮᠬᠢᠯᠠᠬᠦ᠂ ᠬᠠᠳᠠᠭ᠋ᠠᠯᠠᠬᠤ᠂ ᠪᠣᠯᠪᠠᠰᠤᠷᠠᠭᠤᠯᠬᠤ᠂ ᠳᠠᠮᠵᠢᠭᠤᠯᠬᠤ᠂ ᠬᠠᠮᠲᠤ᠎ᠪᠠᠷ ᠭᠥᠷᠳᠡᠬᠦ᠂ ᠴᠢᠯᠥᠭᠡᠲᠡᠢ ᠪᠣᠯᠭ᠋ᠠᠬᠤ᠂ ᠨᠡᠭᠡᠭᠡᠨ ᠠᠰᠢᠭᠯᠠᠬᠤ ᠵᠢᠴᠢ ᠳ᠋ᠠᠢ᠌ᠲ᠋ᠠ ᠵᠢᠨ ᠠᠮᠤᠷ ᠲᠦᠪᠰᠢᠨ᠎ᠢ ᠬᠠᠮᠢᠶᠠᠷᠤᠨ᠎ᠠ᠃
(ᠳᠥᠷᠪᠡ) ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠪᠤᠰᠤᠳ ᠬᠠᠮᠢᠶᠠᠷᠤᠯᠲᠠ ᠵᠢᠨ ᠡᠭᠦᠷᠭᠡ ᠬᠠᠷᠢᠭᠤᠴᠠᠯᠭᠠᠨᠤᠭᠤᠳ᠃
ᠳᠣᠯᠣᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠪᠠ ᠳ᠋ᠠᠢ᠌ᠲ᠋ᠠ ᠵᠢᠨ ᠬᠠᠮᠢᠶᠠᠷᠤᠯᠲᠠ ᠵᠢᠨ ᠲᠣᠪᠴᠢᠶ᠎ᠠ ᠪᠣᠯᠣᠨ᠎ᠠ᠂ ᠲᠡᠷᠡ᠎ᠨᠢ ᠪᠥᠬᠥ ᠣᠷᠣᠨ᠎ᠤ ᠤᠯᠠᠨ ᠨᠡᠶ᠋ᠢᠲᠡ ᠵᠢᠨ ᠳ᠋ᠠᠢ᠌ᠲ᠋ᠠ ᠵᠢᠨ ᠬᠠᠮᠢᠶᠠᠷᠤᠯᠲᠠ ᠵᠢᠨ ᠠᠵᠢᠯ᠎ᠢ ᠨᠢᠭᠡᠳᠦᠯᠲᠡᠢ ᠲᠥᠯᠥᠪᠯᠡᠬᠦ᠂ ᠵᠣᠬᠢᠶᠠᠨ ᠪᠠᠶ᠋ᠢᠭᠤᠯᠬᠤ᠂ ᠵᠢᠭ᠋ᠠᠨ ᠵᠢᠯᠤᠭᠣᠳᠬᠤ᠂ ᠵᠣᠬᠢᠴᠠᠭᠤᠯᠬᠤ᠂ ᠬᠢᠨᠠᠯᠲᠠ ᠲᠠᠯᠪᠢᠬᠤ ᠠᠵᠢᠯ᠎ᠢ ᠬᠠᠷᠢᠭᠤᠴᠠᠨ᠎ᠠ᠃
ᠥᠪᠡᠷᠲᠡᠭᠡᠨ ᠵᠠᠰᠠᠬᠤ ᠣᠷᠣᠨ᠎ᠤ ᠲᠣᠮᠣ ᠳ᠋ᠠᠢ᠌ᠲ᠋ᠠ ᠵᠢᠨ ᠲᠥᠪ᠎ᠨᠢ ᠥᠪᠡᠷᠲᠡᠭᠡᠨ ᠵᠠᠰᠠᠬᠤ ᠣᠷᠣᠨ᠎ᠤ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠲᠠᠪᠴᠠᠩ᠎ᠢ ᠪᠠᠢ᠌ᠭᠤᠯᠤᠨ ᠠᠵᠢᠯᠯᠠᠭᠤᠯᠬᠤ᠂ ᠣᠯᠠᠨ ᠨᠡᠶ᠋ᠢᠲᠡ ᠵᠢᠨ ᠳ᠋ᠠᠢ᠌ᠲ᠋ᠠ ᠵᠢ ᠰᠢᠰᠲᠸᠮ ᠵᠶ᠋ᠡᠷ ᠬᠠᠮᠢᠶᠠᠷᠬᠤ᠂ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠭᠠᠷᠴᠠᠭ᠎ᠢ ᠠᠵᠢᠯᠯᠠᠭᠤᠯᠵᠦ ᠪᠠᠳᠤᠯᠠᠬᠤ᠂ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠠᠮᠤᠷ ᠲᠦᠪᠰᠢᠨ᠎ᠢ ᠪᠠᠲᠤᠯᠠᠬᠤ ᠵᠡᠷᠭᠡ ᠮᠡᠷᠭᠡᠵᠢᠯ᠎ᠤᠨ ᠦᠢ᠍ᠯᠡᠴᠢᠯᠡᠭᠡᠨ ᠵᠶ᠋ᠠᠷ ᠲᠤᠯᠭ᠋ᠠᠭᠤᠷᠢᠯᠠᠬᠤ ᠠᠵᠢᠯ᠎ᠤᠳ᠎ᠢ ᠬᠠᠷᠢᠭᠤᠴᠠᠨ᠎ᠠ᠃
ᠡᠯ᠎ᠡ ᠠᠢ᠌ᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠨᠤᠭᠤᠳ ᠲᠣᠰ ᠱᠠᠲᠤᠨ᠎ᠤ᠎ᠪᠠᠨ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠬᠢᠭᠡᠳ ᠪᠣᠳᠠᠲᠠᠢ ᠠᠵᠢᠯ ᠡᠭᠦᠷᠭᠡᠯᠡᠬᠦ ᠨᠢᠭᠡᠴᠢ᠎ᠪᠠᠨ ᠲᠣᠭᠲᠠᠭ᠋ᠠᠬᠤ ᠵᠢᠨ ᠬᠠᠮᠲᠤ᠂ ᠡᠭᠦᠷᠭᠡ ᠬᠠᠷᠢᠭᠤᠴᠠᠯᠭ᠎ᠠ ᠵᠢ᠎ᠨᠢ ᠲᠤᠳᠤᠷᠬᠠᠢ ᠲᠤᠨᠨᠳᠠᠭ᠋ᠠᠬᠤ ᠬᠡᠷᠡᠭᠲᠡᠢ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠤᠯᠤᠰ᠎ᠤᠨ ᠠᠮᠤᠷ ᠲᠦᠪᠰᠢᠨ᠎ᠤ ᠬᠣᠷᠢᠶᠠᠨ᠎ᠤ ᠠᠯᠪᠠᠨ ᠭᠡᠷ᠂ ᠢᠨᠲ᠋ᠤ᠊ᠷ ᠰᠦᠯᠵᠢᠶᠡᠨ᠎ᠤ ᠮᠡᠳᠡᠭᠡ ᠵᠠᠩᠭᠢ ᠵᠢᠨ ᠠᠯᠪᠠᠨ ᠭᠡᠷ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠡᠯᠲᠠ ᠵᠢᠨ ᠲᠢᠩᠬᠢᠮ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠂ ᠤᠯᠤᠰ᠎ᠤᠨ ᠠᠮᠤᠷ ᠲᠦᠪᠰᠢᠨ᠎ᠤ ᠲᠢᠩᠬᠢᠮ ᠵᠡᠷᠭᠡ ᠰᠠᠯᠠᠭ᠎ᠠ ᠮᠥᠴᠢᠷ᠎ᠤᠳ ᠲᠣᠰ ᠲᠣᠰ᠎ᠤᠨ ᠡᠭᠦᠷᠭᠡ ᠬᠠᠷᠢᠭᠤᠴᠠᠯᠭ᠎ᠠ ᠵᠢᠨ ᠵᠶ᠋ᠠᠨ ᠶᠣᠰᠣᠭ᠋ᠠᠷ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠠᠵᠢᠯ᠎ᠢ ᠰᠠᠢ᠌ᠲᠤᠷ ᠬᠢᠬᠦ ᠬᠡᠷᠡᠭᠲᠡᠢ᠃
ᠬᠣᠶᠠᠳᠤᠭ᠋ᠠᠷ ᠪᠦᠯᠦᠭ ᠲᠠᠪᠴᠠᠩ ᠬᠢᠭᠡᠳ ᠭᠠᠷᠴᠠᠭ᠎ᠤᠨ ᠬᠠᠮᠢᠶᠠᠷᠤᠯᠲᠠ
ᠨᠠᠢ᠍ᠮᠠᠳᠤᠭ᠋ᠠᠷ ᠵᠦᠢ᠍ᠯ ᠣᠯᠠᠨ ᠨᠡᠶ᠋ᠢᠲᠡ ᠵᠢᠨ ᠳ᠋ᠠᠢ᠌ᠲ᠋ᠠ᠎ᠳᠤ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠲᠠᠪᠴᠠᠩ ᠵᠶ᠋ᠠᠷ ᠳᠠᠮᠵᠢᠭᠤᠯᠤᠨ ᠨᠢᠭᠡᠳᠦᠯᠲᠡᠢ ᠬᠠᠮᠢᠶᠠᠷᠤᠯᠲᠠ ᠵᠢ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ᠎ᠤ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠪᠥᠬᠥ ᠣᠷᠣᠨ᠎ᠤ ᠨᠢᠭᠡ ᠴᠣᠭᠴᠠᠵᠢᠭᠤᠯᠤᠭᠰᠠᠨ ᠵᠠᠰᠠᠭ᠎ᠤᠨ ᠶᠠᠪᠤᠳᠠᠯ᠎ᠤᠨ ᠲᠣᠮᠣ ᠳ᠋ᠠᠢ᠌ᠲ᠋ᠠ ᠵᠢᠨ ᠳᠣᠭᠲᠠᠯᠴᠠᠭ᠎ᠠ᠎ᠳᠤ ᠲᠦᠰᠢᠭᠯᠡᠨ ᠪᠥᠬᠥ ᠣᠷᠣᠨ᠎ᠤ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠲᠠᠪᠴᠠᠩ᠎ᠤᠨ ᠪᠠᠢ᠌ᠭᠤᠯᠤᠯᠲᠠ ᠵᠢ ᠨᠢᠭᠡᠳᠦᠯᠲᠡᠢ ᠲᠥᠯᠥᠪᠯᠡᠬᠦ ᠪᠠ ᠠᠬᠢᠭᠤᠯᠵᠤ᠂ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠲᠠᠪᠴᠠᠩ ᠪᠠᠢ᠌ᠭᠤᠯᠬᠤ ᠪᠠᠷᠢᠮᠵᠢᠶ᠎ᠠ ᠵᠢ ᠲᠣᠭᠲᠠᠭ᠋ᠠᠨ᠂ ᠣᠯᠠᠨ ᠨᠡᠶ᠋ᠢᠲᠡ ᠵᠢᠨ ᠳ᠋ᠠᠢ᠌ᠲ᠋ᠠ ᠵᠢ ᠡᠮᠬᠢᠳᠬᠡᠬᠦ᠂ ᠬᠠᠮᠲᠤ᠎ᠪᠠᠷ ᠭᠥᠷᠳᠡᠬᠦ᠂ ᠴᠢᠯᠥᠭᠡᠲᠡᠢ ᠪᠣᠯᠭ᠋ᠠᠬᠤ ᠵᠢᠨ ᠨᠢᠭᠡᠳᠦᠯᠲᠡᠢ ᠰᠠᠭᠤᠷᠢ ᠪᠡᠯᠡᠳᠬᠡᠮᠵᠢ ᠪᠣᠯᠭ᠋ᠠᠬᠤ ᠬᠡᠷᠡᠭᠲᠡᠢ᠃
ᠪᠥᠬᠥ ᠣᠷᠣᠨ᠎ᠤ ᠨᠢᠭᠡᠳᠦᠯᠲᠡᠢ ᠪᠠᠷᠢᠮᠵᠢᠶ᠎ᠠ ᠶᠣᠰᠣᠭ᠋ᠠᠷ᠂ ᠠᠢ᠌ᠮᠠᠭ ᠬᠣᠲᠠ ᠵᠢᠨ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠲᠣᠰ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠲᠠᠪᠴᠠᠩ ᠪᠠᠶ᠋ᠢᠭᠤᠯᠬᠤ ᠪᠠ ᠬᠠᠮᠢᠶᠠᠷᠬᠤ ᠵᠢ ᠬᠠᠷᠢᠭᠤᠴᠠᠬᠤ ᠵᠢᠨ ᠬᠠᠮᠲᠤ᠂ ᠥᠪᠡᠷᠲᠡᠭᠡᠨ ᠵᠠᠰᠠᠬᠤ ᠣᠷᠣᠨ᠎ᠤ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠲᠠᠪᠴᠠᠩ᠎ᠯᠤᠭ᠎ᠠ ᠵᠣᠯᠭ᠋ᠠᠭᠤᠯᠵᠤ᠂ ᠪᠥᠬᠥ ᠣᠷᠣᠨ᠎ᠳᠠᠬᠢ ᠣᠯᠠᠨ ᠨᠡᠶ᠋ᠢᠲᠡ ᠵᠢᠨ ᠳ᠋ᠠᠢ᠌ᠲ᠋ᠠ ᠵᠢ ᠬᠠᠮᠲᠤ᠎ᠪᠠᠷ ᠭᠥᠷᠳᠡᠵᠦ ᠴᠢᠯᠥᠭᠡᠲᠡᠢ ᠪᠣᠯᠭ᠋ᠠᠬᠤ ᠴᠣᠷ᠎ᠤᠨ ᠭᠠᠭᠴᠠ ᠨᠡᠪᠲᠡᠷᠡᠯ ᠵᠠᠮ᠎ᠢ ᠪᠣᠶ ᠪᠣᠯᠭ᠋ᠠᠬᠤ ᠬᠡᠷᠡᠭᠲᠡᠢ᠃ ᠬᠣᠰᠢᠭᠤ ᠰᠢᠶᠠᠨ (ᠬᠣᠲᠠ᠂ ᠲᠣᠭᠣᠷᠢᠭ)᠎ᠨᠤᠭᠤᠳ ᠵᠠᠷᠴᠢᠮ ᠳᠡᠭᠡᠷ᠎ᠡ᠎ᠪᠠᠨ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠲᠠᠪᠴᠠᠩ᠎ᠢ ᠲᠤᠰᠠᠭ᠋ᠠᠷ ᠪᠠᠶ᠋ᠢᠭᠤᠯᠬᠤ ᠦᠭᠡᠢ᠃
ᠣᠯᠠᠨ ᠨᠡᠶ᠋ᠢᠲᠡ ᠵᠢᠨ ᠬᠠᠮᠢᠶᠠᠷᠤᠯᠲᠠ ᠪᠠ ᠦᠢ᠍ᠯᠡᠴᠢᠯᠡᠭᠡᠨ᠎ᠤ ᠪᠠᠢ᠌ᠭᠤᠯᠤᠮᠵᠢ᠎ᠨᠤᠭᠤᠳ ᠲᠣᠰ ᠱᠠᠲᠤᠨ᠎ᠤ᠎ᠪᠠᠨ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠲᠠᠪᠴᠠᠩ ᠵᠶ᠋ᠠᠷ ᠳᠠᠮᠵᠢᠭᠤᠯᠤᠨ ᠣᠯᠠᠨ ᠨᠡᠶ᠋ᠢᠲᠡ ᠵᠢᠨ ᠳ᠋ᠠᠢ᠌ᠲ᠋ᠠ ᠵᠢ ᠬᠠᠮᠲᠤ᠎ᠪᠠᠷ ᠭᠥᠷᠳᠡᠵᠦ ᠴᠢᠯᠥᠭᠡᠲᠡᠢ ᠪᠣᠯᠭ᠋ᠠᠬᠤ ᠬᠡᠷᠡᠭᠲᠡᠢ᠂ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠲᠠᠪᠴᠠᠩ᠎ᠠᠴᠠ ᠭᠠᠳᠠᠨ᠎ᠠ ᠬᠠᠮᠲᠤ᠎ᠪᠠᠷ ᠭᠥᠷᠳᠡᠵᠦ ᠴᠢᠯᠥᠭᠡᠲᠡᠢ ᠪᠣᠯᠭ᠋ᠠᠬᠤ ᠨᠡᠪᠲᠡᠷᠡᠯ ᠵᠠᠮ᠎ᠢ ᠰᠢᠨ᠎ᠡ᠎ᠪᠠᠷ ᠪᠠᠢ᠌ᠭᠤᠯᠵᠤ ᠪᠣᠯᠬᠤ ᠦᠭᠡᠢ; ᠨᠢᠭᠡᠨᠲᠡ ᠪᠠᠢ᠌ᠭᠤᠯᠴᠢᠬᠠᠭᠰᠠᠨ ᠪᠣᠯ᠂ ᠠᠭ᠋ᠠᠵᠢᠮ ᠵᠶ᠋ᠠᠷ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠲᠠᠪᠴᠠᠩ᠎ᠯᠤᠭ᠎ᠠ ᠨᠡᠢ᠌ᠯᠡᠭᠦᠯᠬᠦ ᠬᠡᠷᠡᠭᠲᠡᠢ᠃
ᠶᠢᠰᠦᠳᠦᠭᠡᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷᠤᠳᠯᠦᠭᠡ ᠬᠠᠮᠳᠤᠷᠠᠯᠴᠠᠨ᠂ ᠤᠯᠤᠰ᠎ᠤᠨ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠲᠥᠷᠥᠯ ᠠᠩᠭᠢᠯᠠᠨ ᠲᠠᠰ ᠬᠤᠪᠢᠶᠠᠬᠤ ᠬᠣᠯᠪᠣᠭᠳᠠᠯ ᠪᠦᠬᠦᠢ ᠱᠠᠭ᠋ᠠᠷᠳᠠᠯᠭ᠎ᠠ ᠶᠣᠰᠣᠭ᠋ᠠᠷ᠂ ᠪᠥᠬᠥ ᠣᠷᠣᠨ᠎ᠤ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠲᠥᠷᠥᠯ ᠠᠩᠭᠢᠯᠠᠨ ᠲᠠᠰ ᠬᠤᠪᠢᠶᠠᠬᠤ ᠳᠦᠷᠢᠮ᠎ᠢ ᠲᠣᠭᠲᠠᠭ᠋ᠠᠵᠤ᠂ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠲᠥᠷᠥᠯ ᠠᠩᠭᠢᠯᠠᠨ ᠲᠠᠰ ᠬᠤᠪᠢᠶᠠᠬᠤ ᠬᠠᠮᠲᠤ᠎ᠪᠠᠷ ᠭᠥᠷᠳᠡᠬᠦ ᠪᠠ ᠴᠢᠯᠥᠭᠡᠲᠡᠢ ᠪᠣᠯᠭ᠋ᠠᠬᠤ ᠵᠢ ᠠᠬᠢᠭᠤᠯᠬᠤ ᠬᠡᠷᠡᠭᠲᠡᠢ; ᠲᠣᠭᠲᠠᠭ᠋ᠠᠭᠰᠠᠨ ᠲᠠᠰ ᠳᠠᠷᠠᠭ᠋ᠠᠯᠠᠯ ᠪᠠ ᠠᠷᠭ᠎ᠠ ᠵᠠᠮ ᠶᠣᠰᠣᠭ᠋ᠠᠷ᠂ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠲᠥᠷᠥᠯ ᠠᠩᠭᠢᠯᠠᠨ ᠲᠠᠰ ᠬᠣᠪᠢᠶᠠᠬᠤ ᠵᠢ ᠢᠯᠭ᠋ᠠᠨ ᠲᠠᠨᠢᠵᠤ ᠮᠠᠭ᠋ᠠᠳᠯᠠᠨ ᠲᠣᠭᠲᠠᠭ᠋ᠠᠬᠤ ᠠᠵᠢᠯ ᠥᠷᠨᠢᠭᠦᠯᠬᠦ ᠬᠡᠷᠡᠭᠲᠡᠢ᠃
ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠠᠵᠢᠯ ᠲᠥᠷᠥᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠲᠥᠷᠥᠯ ᠠᠩᠭᠢᠯᠠᠨ ᠲᠠᠰ ᠬᠤᠪᠢᠶᠠᠬᠤ ᠬᠠᠮᠢᠶ᠎ᠠ ᠪᠦᠬᠦᠢ ᠲᠣᠭᠲᠠᠭ᠋ᠠᠯ᠎ᠢ ᠦᠨᠳᠦᠰᠦᠯᠡᠨ᠂ ᠲᠣᠰ ᠠᠵᠢᠯ ᠲᠥᠷᠥᠯ᠎ᠤᠨ ᠵᠶ᠋ᠡᠨ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠲᠥᠷᠥᠯ ᠠᠩᠭᠢᠯᠠᠨ ᠲᠠᠰ ᠬᠤᠪᠢᠶᠠᠬᠤ᠎ᠳᠤ ᠬᠡᠷᠡᠭᠵᠢᠭᠦᠯᠬᠦ ᠨᠠᠷᠢᠨ ᠳᠦᠷᠢᠮ᠎ᠢ ᠲᠣᠭᠲᠠᠭ᠋ᠠᠵᠤ ᠪᠣᠯᠣᠨ᠎ᠠ᠃ ᠠᠢ᠌ᠮᠠᠭ ᠬᠣᠲᠠ ᠵᠢᠨ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠲᠥᠷᠥᠯ ᠠᠩᠭᠢᠯᠠᠨ ᠲᠠᠰ ᠬᠤᠪᠢᠶᠠᠬᠤ ᠬᠠᠮᠢᠶ᠎ᠠ ᠪᠦᠬᠦᠢ ᠲᠣᠭᠲᠠᠭ᠋ᠠᠯ᠎ᠢ ᠦᠨᠳᠦᠰᠦᠯᠡᠨ᠂ ᠪᠣᠳᠠᠲᠠᠢ᠎ᠲᠠᠢ᠎ᠪᠠᠨ ᠤᠶᠠᠯᠳᠤᠭᠤᠯᠤᠨ ᠪᠣᠳᠠᠲᠠᠢ ᠳᠦᠷᠢᠮ᠎ᠢ ᠲᠣᠭᠲᠠᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠪᠦᠷᠢᠳᠬᠡᠭᠦᠯᠦᠨ ᠳᠠᠩᠰᠠᠯᠠᠭᠤᠯᠵᠤ ᠪᠣᠯᠣᠨ᠎ᠠ᠃
ᠠᠷᠪᠠᠳᠤᠭ᠋ᠠᠷ ᠵᠦᠢ᠍ᠯ ᠣᠯᠠᠨ ᠨᠡᠶ᠋ᠢᠲᠡ ᠵᠢᠨ ᠳ᠋ᠠᠢ᠌ᠲ᠋ᠠ᠎ᠳᠤ ᠨᠢᠭᠡᠳᠦᠯᠲᠡᠢ ᠭᠠᠷᠴᠠᠭ᠎ᠤᠨ ᠬᠠᠮᠢᠶᠠᠷᠤᠯᠲᠠ ᠵᠢ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ᠎ᠤ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠥᠪᠡᠷᠲᠡᠭᠡᠨ ᠵᠠᠰᠠᠬᠤ ᠣᠷᠣᠨ᠂ ᠠᠢ᠌ᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ) ᠭᠤᠷᠪᠠᠨ ᠱᠠᠲᠤᠨ᠎ᠤ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠭᠠᠷᠴᠠᠭ᠎ᠢ ᠨᠢᠭᠡ ᠴᠣᠭᠴᠠᠵᠢᠭᠤᠯᠬᠤ ᠪᠦᠲᠦᠭᠡᠨ ᠪᠠᠢ᠌ᠭᠤᠯᠤᠯᠲᠠ ᠵᠢ ᠨᠢᠭᠡᠳᠦᠯᠲᠡᠢ ᠲᠥᠯᠥᠪᠯᠡᠨ ᠠᠬᠢᠭᠤᠯᠵᠤ᠂ ᠭᠠᠷᠴᠠᠭ ᠨᠠᠢ᠌ᠷᠠᠭᠤᠯᠤᠨ ᠵᠣᠬᠢᠶᠠᠬᠤ ᠨᠢᠭᠡᠳᠦᠯᠲᠡᠢ ᠪᠠᠷᠢᠮᠵᠢᠶ᠎ᠠ ᠵᠢ ᠲᠣᠭᠲᠠᠭ᠋ᠠᠨ᠂ ᠪᠥᠬᠥ ᠣᠷᠣᠨ᠎ᠤ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠭᠠᠷᠴᠠᠭ᠎ᠢ ᠵᠣᠬᠢᠶᠠᠨ ᠪᠠᠢ᠌ᠭᠤᠯᠵᠤ ᠨᠠᠢ᠌ᠷᠠᠭᠤᠯᠤᠨ ᠵᠣᠬᠢᠶᠠᠬᠤ ᠵᠢᠨ ᠬᠠᠮᠲᠤ᠂ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠲᠠᠪᠴᠠᠩ ᠵᠶ᠋ᠠᠷ ᠳᠠᠮᠵᠢᠭᠤᠯᠤᠨ ᠨᠡᠢ᠌ᠲᠡᠯᠡᠬᠦ ᠪᠠ ᠰᠢᠨᠡᠳᠬᠡᠬᠦ ᠬᠡᠷᠡᠭᠲᠡᠢ᠃
ᠠᠢ᠌ᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ)᠎ᠤ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠨᠢᠭᠡᠳᠦᠯᠲᠡᠢ ᠪᠠᠷᠢᠮᠵᠢᠶ᠎ᠠ ᠶᠣᠰᠣᠭ᠋ᠠᠷ᠂ ᠲᠣᠰ ᠱᠠᠲᠤᠨ᠎ᠤ᠎ᠪᠠᠨ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠭᠠᠷᠴᠠᠭ᠎ᠢ ᠵᠣᠬᠢᠶᠠᠨ ᠪᠠᠢ᠌ᠭᠤᠯᠵᠤ ᠨᠠᠢ᠌ᠷᠠᠭᠤᠯᠤᠨ ᠵᠣᠬᠢᠶᠠᠬᠤ ᠵᠢᠨ ᠬᠠᠮᠲᠤ᠂ ᠳᠡᠭᠡᠳᠦ ᠨᠢᠭᠡ ᠱᠠᠲᠤᠨ᠎ᠤ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ᠎ᠪᠠᠨ ᠮᠡᠳᠡᠭᠦᠯᠵᠦ ᠬᠢᠨᠠᠨ ᠬᠠᠷᠭᠤᠭᠤᠯᠬᠤ ᠬᠡᠷᠡᠭᠲᠡᠢ᠃
ᠣᠯᠠᠨ ᠨᠡᠶ᠋ᠢᠲᠡ ᠵᠢᠨ ᠬᠠᠮᠢᠶᠠᠷᠤᠯᠲᠠ ᠪᠠ ᠦᠢ᠍ᠯᠡᠴᠢᠯᠡᠭᠡᠨ᠎ᠤ ᠪᠠᠢ᠌ᠭᠤᠯᠤᠮᠵᠢ᠎ᠨᠤᠭᠤᠳ ᠨᠢᠭᠡᠳᠦᠯᠲᠡᠢ ᠪᠠᠷᠢᠮᠵᠢᠶ᠎ᠠ ᠶᠣᠰᠣᠭ᠋ᠠᠷ᠂ ᠲᠣᠰ ᠰᠠᠯᠠᠭ᠎ᠠ ᠮᠥᠴᠢᠷ᠎ᠤᠨ ᠵᠶ᠋ᠡᠨ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠭᠠᠷᠴᠠᠭ᠎ᠢ ᠨᠠᠢ᠌ᠷᠠᠭᠤᠯᠤᠨ ᠵᠣᠬᠢᠶᠠᠬᠤ ᠵᠢᠨ ᠬᠠᠮᠲᠤ᠂ ᠠᠳᠠᠯᠢ ᠱᠠᠲᠤᠨ᠎ᠤ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ᠎ᠪᠠᠨ ᠮᠡᠳᠡᠭᠦᠯᠵᠦ ᠬᠢᠨᠠᠨ ᠬᠠᠷᠭᠤᠭᠤᠯᠬᠤ ᠬᠡᠷᠡᠭᠲᠡᠢ᠃
ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠭᠠᠷᠴᠠᠭ᠎ᠲᠤ ᠣᠯᠠᠨ ᠨᠡᠶ᠋ᠢᠲᠡ ᠵᠢᠨ ᠳ᠋ᠠᠢ᠌ᠲ᠋ᠠ᠎ᠳᠠᠬᠢ ᠳ᠋ᠠᠢ᠌ᠲ᠋ᠠ ᠵᠢᠨ ᠬᠡᠯᠪᠡᠷᠢ᠂ ᠬᠠᠮᠲᠤ᠎ᠪᠠᠷ ᠬᠦᠷᠲᠡᠬᠦ ᠠᠭᠤᠯᠭ᠎ᠠ᠂ ᠬᠠᠮᠲᠤ᠎ᠪᠠᠷ ᠬᠦᠷᠲᠡᠬᠦ ᠲᠥᠷᠥᠯ ᠬᠡᠯᠪᠡᠷᠢ᠂ ᠬᠠᠮᠲᠤ᠎ᠪᠠᠷ ᠬᠦᠷᠲᠡᠬᠦ ᠨᠥᠬᠥᠴᠡᠯ᠂ ᠬᠠᠮᠲᠤ᠎ᠪᠠᠷ ᠬᠦᠷᠲᠡᠬᠦ ᠬᠡᠪᠴᠢᠶ᠎ᠡ᠂ ᠴᠢᠯᠥᠭᠡᠲᠡᠢ ᠪᠣᠯᠭ᠋ᠠᠬᠤ ᠬᠠᠷᠢᠶᠠᠲᠤ ᠴᠢᠨᠠᠷ᠂ ᠰᠢᠨᠡᠳᠬᠡᠬᠦ ᠳᠠᠪᠲᠠᠮᠵᠢ ᠪᠠ ᠣᠯᠠᠨ ᠨᠡᠶ᠋ᠢᠲᠡ ᠵᠢᠨ ᠳ᠋ᠠᠢ᠌ᠲ᠋ᠠ ᠵᠢ ᠴᠤᠭᠯᠠᠭᠤᠯᠬᠤ᠂ ᠬᠢᠨᠠᠨ ᠵᠥᠪᠰᠢᠶᠡᠷᠡᠬᠦ᠂ ᠬᠠᠩᠭ᠋ᠠᠬᠤ ᠰᠠᠯᠠᠭ᠎ᠠ ᠮᠥᠴᠢᠷ ᠵᠡᠷᠭᠡ ᠠᠭᠤᠯᠭ᠎ᠠ᠎ᠨᠤᠭᠤᠳ᠎ᠢ ᠪᠠᠭᠲᠠᠭ᠋ᠠᠬᠤ ᠬᠡᠷᠡᠭᠲᠡᠢ᠃
ᠠᠷᠪᠠᠨ ᠨᠢᠭᠡᠳᠦᠭᠡᠷ ᠵᠦᠢ᠍ᠯ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠤᠨ ᠦᠨᠳᠦᠰᠦᠯᠡᠯ ᠪᠤᠶᠤ ᠬᠠᠤᠯᠢ᠎ᠪᠠᠷ ᠲᠣᠭᠲᠠᠭ᠋ᠠᠭᠰᠠᠨ ᠡᠭᠦᠷᠭᠡ ᠴᠢᠳᠠᠪᠤᠷᠢ᠎ᠳᠤᠨᠢ ᠬᠤᠪᠢᠷᠠᠯᠲᠠ ᠭᠠᠷᠪᠠᠯ᠂ ᠣᠯᠠᠨ ᠨᠡᠶ᠋ᠢᠲᠡ ᠵᠢᠨ ᠬᠠᠮᠢᠶᠠᠷᠤᠯᠲᠠ ᠪᠠ ᠦᠢ᠍ᠯᠡᠴᠢᠯᠡᠭᠡᠨ᠎ᠤ ᠪᠠᠢ᠌ᠭᠤᠯᠤᠮᠵᠢ᠎ᠨᠢ 15 ᠠᠵᠢᠯᠯᠠᠬᠤ ᠡᠳᠦᠷ᠎ᠤᠨ ᠳᠣᠲᠣᠷ᠎ᠠ ᠲᠣᠰ ᠪᠠᠢ᠌ᠭᠤᠯᠤᠮᠵᠢ ᠵᠢᠨ ᠵᠶ᠋ᠠᠨ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠭᠠᠷᠴᠠᠭ᠎ᠢ ᠰᠢᠨᠡᠳᠬᠡᠬᠦ ᠵᠢᠨ ᠬᠠᠮᠲᠤ᠂ ᠠᠳᠠᠯᠢ ᠱᠠᠲᠤᠨ᠎ᠤ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ᠎ᠪᠠᠨ ᠮᠡᠳᠡᠭᠦᠯᠵᠦ ᠬᠢᠨᠠᠨ ᠬᠠᠷᠭᠤᠭᠤᠯᠬᠤ ᠬᠡᠷᠡᠭᠲᠡᠢ᠃
ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ 5 ᠠᠵᠢᠯᠯᠠᠬᠤ ᠡᠳᠦᠷ᠎ᠤᠨ ᠳᠣᠲᠣᠷ᠎ᠠ ᠬᠢᠨᠠᠨ ᠲᠣᠭᠲᠠᠭ᠋ᠠᠬᠤ ᠵᠢᠨ ᠬᠠᠮᠲᠤ᠂ ᠲᠣᠰ ᠱᠠᠲᠤᠨ᠎ᠤ᠎ᠪᠠᠨ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠭᠠᠷᠴᠠᠭ᠎ᠢ ᠰᠢᠨᠡᠳᠬᠡᠬᠦ ᠬᠡᠷᠡᠭᠲᠡᠢ᠃
ᠠᠷᠪᠠᠨ ᠬᠣᠶᠠᠳᠤᠭ᠋ᠠᠷ ᠵᠦᠢ᠍ᠯ ᠡᠳ᠋᠎ᠤᠨ ᠵᠠᠰᠠᠭ᠎ᠤᠨ ᠴᠢᠨᠠᠷᠲᠠᠢ ᠪᠡᠯᠡ ᠮᠥᠩᠭᠥ ᠵᠢ ᠬᠡᠷᠡᠭᠯᠡᠨ ᠮᠡᠳᠡᠭᠡ ᠵᠠᠩᠭᠢ ᠵᠢᠨ ᠰᠢᠰᠲ᠋ᠧᠮ ᠵᠶ᠋ᠠᠨ ᠰᠢᠨ᠎ᠡ᠎ᠪᠠᠷ ᠪᠠᠶ᠋ᠢᠭᠤᠯᠬᠤ ᠪᠠ ᠲᠠᠰ ᠳᠡᠪᠰᠢᠭᠦᠯᠦᠨ ᠥᠭᠡᠷᠡᠴᠢᠯᠡᠵᠦ ᠰᠠᠢ᠌ᠵᠢᠷᠠᠭᠤᠯᠬᠤ᠎ᠳᠤ᠂ ᠲᠥᠷᠥᠯ ᠵᠦᠢ᠍ᠯ᠎ᠤᠨ ᠨᠢᠭᠡᠴᠢ᠎ᠨᠢ ᠲᠥᠷᠥᠯ ᠵᠦᠢ᠍ᠯ ᠲᠣᠭᠲᠠᠭ᠋ᠠᠵᠤ ᠮᠡᠳᠡᠭᠦᠯᠦᠨ ᠵᠥᠪᠰᠢᠶᠡᠷᠡᠭᠦᠯᠬᠦ ᠱᠠᠲᠤ ᠦᠶ᠎ᠡ᠎ᠳᠤ᠎ᠪᠠᠨ ᠠᠳᠠᠯᠢ ᠱᠠᠲᠤᠨ᠎ᠤ᠎ᠪᠠᠨ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠲᠥᠷᠥᠯ ᠵᠦᠢ᠍ᠯ᠎ᠯᠦᠭᠡ ᠬᠣᠯᠪᠣᠭᠳᠠᠬᠤ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠭᠠᠷᠴᠠᠭ ᠵᠶ᠋ᠠᠨ ᠲᠤᠰᠢᠶᠠᠬᠤ ᠬᠡᠷᠡᠭᠲᠡᠢ; ᠲᠥᠷᠥᠯ ᠵᠦᠢ᠍ᠯ᠎ᠤᠨ ᠠᠵᠢᠯ ᠳᠠᠭᠤᠰᠴᠤ ᠰᠢᠯᠭ᠋ᠠᠨ ᠬᠤᠷᠢᠶᠠᠵᠤ ᠠᠪᠬᠤ᠎ᠠᠴᠠ ᠡᠮᠦᠨ᠎ᠡ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠭᠠᠷᠴᠠᠭ ᠵᠶ᠋ᠠᠨ ᠰᠢᠨᠡᠳᠬᠡᠬᠦ ᠵᠢᠨ ᠬᠠᠮᠲᠤ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠲᠠᠪᠴᠠᠩ᠎ᠳᠤ ᠬᠠᠮᠢᠶ᠎ᠠ ᠪᠦᠬᠦᠢ ᠣᠯᠠᠨ ᠨᠡᠶ᠋ᠢᠲᠡ ᠵᠢᠨ ᠳ᠋ᠠᠢ᠌ᠲ᠋ᠠ ᠵᠢ ᠬᠠᠮᠲᠤ᠎ᠳᠤ ᠬᠦᠷᠲᠡᠭᠡᠬᠦ ᠪᠠ ᠡᠮᠬᠢᠯᠡᠬᠦ ᠬᠡᠷᠡᠭᠲᠡᠢ᠃
ᠵᠠᠰᠠᠭ᠎ᠤᠨ ᠣᠷᠳᠣᠨ ᠦᠢ᠍ᠯᠡᠴᠢᠯᠡᠭᠡ ᠬᠤᠳᠠᠯᠳᠤᠨ ᠠᠪᠬᠤ ᠠᠷᠭ᠎ᠠ ᠮᠠᠶᠢᠭ ᠵᠶ᠋ᠠᠷ ᠳᠠᠮᠵᠢᠭᠤᠯᠤᠨ ᠪᠣᠶ ᠪᠣᠯᠭ᠋ᠠᠭᠰᠠᠨ ᠪᠤᠶᠤ ᠠᠵᠢᠯᠯᠠᠭᠤᠯᠵᠤ ᠪᠠᠢ᠌ᠭ᠎ᠠ ᠮᠡᠳᠡᠭᠡ ᠵᠠᠩᠭᠢ ᠵᠢᠨ ᠰᠢᠰᠲ᠋ᠧᠮ᠎ᠢ ᠡᠮᠦᠨᠡᠬᠢ ᠵᠤᠷᠪᠤᠰ᠎ᠲᠠᠬᠢ ᠲᠣᠭᠲᠠᠭ᠋ᠠᠯ ᠶᠣᠰᠣᠭ᠋ᠠᠷ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠭᠠᠷᠴᠠᠭ ᠵᠶ᠋ᠠᠨ ᠲᠤᠰᠢᠶᠠᠬᠤ ᠪᠠ ᠰᠢᠨᠡᠳᠬᠡᠬᠦ ᠵᠢᠨ ᠬᠠᠮᠲᠤ᠂ ᠬᠠᠮᠢᠶ᠎ᠠ ᠪᠦᠬᠦᠢ ᠣᠯᠠᠨ ᠨᠡᠶ᠋ᠢᠲᠡ ᠵᠢᠨ ᠳ᠋ᠠᠢ᠌ᠲ᠋ᠠ ᠵᠢ ᠡᠮᠬᠢᠯᠡᠬᠦ ᠬᠡᠷᠡᠭᠲᠡᠢ᠃
ᠭᠤᠷᠪᠠᠳᠤᠭ᠋ᠠᠷ ᠪᠦᠯᠦᠭ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠬᠠᠩᠭ᠋ᠠᠯᠭ᠎ᠠ
ᠠᠷᠪᠠᠨ ᠭᠤᠷᠪᠠᠳᠤᠭ᠋ᠠᠷ ᠵᠦᠢ᠍ᠯ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ 《ᠨᠢᠭᠡ ᠳ᠋ᠠᠢ᠌ᠲ᠋ᠠ ᠨᠢᠭᠡ ᠢᠷᠡᠯᠲᠡ ᠨᠢᠭᠡ ᠪᠠᠷᠢᠮᠵᠢᠶ᠎ᠠ》᠎ᠲᠠᠢ ᠪᠠᠢ᠌ᠬᠤ ᠱᠠᠭ᠋ᠠᠷᠳᠠᠯᠭ᠎ᠠ ᠶᠣᠰᠣᠭ᠋ᠠᠷ᠂ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠡᠬᠢ ᠳ᠋ᠠᠢ᠌ᠲ᠋ᠠ ᠵᠢᠨ ᠰᠠᠯᠠᠭ᠎ᠠ ᠮᠥᠴᠢᠷ᠎ᠢ ᠲᠤᠳᠤᠷᠬᠠᠢ ᠲᠤᠨᠨᠳᠠᠭ᠋ᠠᠬᠤ ᠬᠡᠷᠡᠭᠲᠡᠢ᠃ ᠣᠯᠠᠨ ᠨᠡᠶ᠋ᠢᠲᠡ ᠵᠢᠨ ᠳ᠋ᠠᠢ᠌ᠲ᠋ᠠ ᠵᠢ ᠴᠤᠭᠯᠠᠭᠤᠯᠬᠤ ᠠᠵᠢᠯᠯᠠᠭ᠎ᠠ᠎ᠳᠤ ᠬᠠᠤᠯᠢ ᠶᠣᠰᠣᠨ᠎ᠤ᠂ ᠵᠦᠢ ᠶᠣᠰᠣᠨ᠎ᠤ᠂ ᠴᠢᠬᠤᠯᠠ ᠪᠦᠬᠦᠢ ᠵᠠᠷᠴᠢᠮ᠎ᠢ ᠵᠢᠷᠤᠮᠯᠠᠵᠤ᠂ ᠬᠠᠤᠯᠢ᠎ᠪᠠᠷ ᠲᠣᠭᠲᠠᠭ᠋ᠠᠭᠰᠠᠨ ᠡᠷᠬᠡ ᠵᠢᠨ ᠬᠡᠪᠴᠢᠶ᠎ᠡ᠂ ᠬᠦᠷᠢᠶ᠎ᠡ ᠬᠡᠪᠴᠢᠶ᠎ᠡ᠂ ᠲᠠᠰ ᠳᠠᠷᠠᠭ᠋ᠠᠯᠠᠯ ᠪᠠ ᠪᠠᠷᠢᠮᠵᠢᠶ᠎ᠠ ᠵᠢᠷᠤᠮᠵᠢᠯ ᠶᠣᠰᠣᠭ᠋ᠠᠷ ᠳ᠋ᠠᠢ᠌ᠲ᠋ᠠ ᠴᠤᠭᠯᠠᠭᠤᠯᠬᠤ ᠬᠡᠷᠡᠭᠲᠡᠢ᠃ ᠬᠠᠮᠲᠤ᠎ᠪᠠᠷ ᠬᠦᠷᠲᠡᠬᠦ ᠠᠷᠭ᠎ᠠ ᠵᠠᠮ ᠵᠶ᠋ᠠᠷ ᠣᠯᠵᠤ ᠪᠣᠯᠬᠤ ᠪᠤᠶᠤ ᠨᠤᠲᠠᠯᠠᠵᠤ ᠪᠣᠯᠬᠤ ᠳ᠋ᠠᠢ᠌ᠲ᠋ᠠ ᠵᠢ ᠣᠯᠠᠨ ᠨᠡᠶ᠋ᠢᠲᠡ ᠵᠢᠨ ᠬᠠᠮᠢᠶᠠᠷᠤᠯᠲᠠ ᠪᠠ ᠦᠢ᠍ᠯᠡᠴᠢᠯᠡᠭᠡᠨ᠎ᠤ ᠪᠠᠢ᠌ᠭᠤᠯᠤᠮᠵᠢ ᠳᠠᠪᠬᠤᠷᠳᠠᠭᠤᠯᠤᠨ ᠴᠤᠭᠯᠠᠭᠤᠯᠵᠤ ᠪᠣᠯᠬᠤ ᠦᠭᠡᠢ᠃
ᠰᠠᠯᠠᠭ᠎ᠠ ᠮᠥᠴᠢᠷ ᠠᠯᠤᠰᠯᠠᠨ ᠬᠠᠮᠵᠢᠯᠴᠠᠨ ᠴᠤᠭᠯᠠᠭᠤᠯᠬᠤ᠎ᠳᠤ ᠬᠣᠯᠪᠣᠭᠳᠠᠭᠰᠠᠨ ᠣᠯᠠᠨ ᠨᠡᠶ᠋ᠢᠲᠡ ᠵᠢᠨ ᠳ᠋ᠠᠢ᠌ᠲ᠋ᠠ ᠵᠢ ᠪᠣᠯ ᠠᠳᠠᠯᠢ ᠱᠠᠲᠤᠨ᠎ᠤ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ᠎ᠢ ᠨᠢᠭᠡᠳᠦᠯᠲᠡᠢ ᠲᠥᠯᠥᠪᠯᠡᠨ ᠵᠣᠬᠢᠴᠠᠭᠤᠯᠵᠤ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠵᠢ᠎ᠨᠢ ᠦᠨᠳᠦᠰᠦᠯᠡᠨ ᠵᠣᠬᠢᠬᠤ ᠠᠵᠢᠯ᠎ᠤᠨ ᠬᠤᠪᠢᠶᠠᠷᠢᠯᠠᠯ ᠵᠠᠭ᠋ᠠᠭᠯᠠᠨ ᠲᠣᠭᠲᠠᠭ᠋ᠠᠵᠤ᠂ ᠴᠤᠭᠯᠠᠭᠤᠯᠵᠤ ᠳᠡᠩᠰᠡᠯᠡᠨ ᠲᠡᠮᠳᠡᠭᠯᠡᠬᠦ ᠵᠢᠨ ᠬᠠᠮᠲᠤ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠨᠢᠭᠡᠳᠦᠯᠲᠡᠢ ᠭᠠᠷᠴᠠᠭ᠎ᠤᠨ ᠬᠠᠮᠢᠶᠠᠷᠤᠯᠲᠠ᠎ᠳᠤ ᠣᠷᠣᠭᠤᠯᠤᠨ᠂ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠪᠦᠷᠢᠨ ᠪᠦᠲᠦᠨ ᠴᠢᠨᠠᠷ᠂ ᠣᠨᠣᠪᠴᠢᠲᠤ ᠴᠢᠨᠠᠷ᠂ ᠨᠢᠭᠡᠳᠦᠯᠲᠦ ᠴᠢᠨᠠᠷ ᠪᠠ ᠴᠠᠭ ᠬᠤᠭᠤᠴᠠᠭ᠋ᠠᠲᠤ ᠴᠢᠨᠠᠷ᠎ᠢ ᠪᠠᠲᠤᠯᠠᠬᠤ ᠬᠡᠷᠡᠭᠲᠡᠢ᠃
ᠣᠯᠠᠨ ᠨᠡᠶ᠋ᠢᠲᠡ ᠵᠢᠨ ᠬᠠᠮᠢᠶᠠᠷᠤᠯᠲᠠ ᠪᠠ ᠦᠢ᠍ᠯᠡᠴᠢᠯᠡᠭᠡᠨ᠎ᠤ ᠪᠠᠢ᠌ᠭᠤᠯᠤᠮᠵᠢ᠎ᠨᠤᠭᠤᠳ ᠴᠤᠭᠯᠠᠭᠤᠯᠤᠭᠰᠠᠨ ᠣᠯᠠᠨ ᠨᠡᠶ᠋ᠢᠲᠡ ᠵᠢᠨ ᠳ᠋ᠠᠢ᠌ᠲ᠋ᠠ᠎ᠪᠠᠨ ᠨᠢᠭᠡᠳᠦᠯᠲᠡᠢ ᠳ᠋ᠤᠭ᠋ᠠᠷᠯᠠᠵᠤ᠂ ᠪᠠᠢ᠌ᠭ᠋ᠠᠯᠢ ᠬᠥᠮᠥᠨ᠎ᠳᠤ ᠬᠣᠯᠪᠣᠭᠳᠠᠭᠰᠠᠨ ᠳ᠋ᠠᠢ᠌ᠲ᠋ᠠ ᠵᠢ ᠠᠷᠠᠳ ᠢᠷᠭᠡᠨ᠎ᠤ ᠪᠡᠶ᠎ᠡ ᠵᠢᠨ ᠬᠢᠷᠢ ᠬᠡᠮ᠎ᠤᠨ ᠨᠣᠮᠧᠷ ᠵᠶ᠋ᠡᠷ᠎ᠨᠢ ᠴᠣᠷ᠎ᠤᠨ ᠭᠠᠭᠴᠠ ᠢᠯᠭ᠋ᠠᠬᠤ ᠲᠡᠮᠳᠡᠭ ᠪᠣᠯᠭ᠋ᠠᠵᠤ᠂ ᠬᠠᠤᠯᠢ᠎ᠪᠠᠷ ᠲᠣᠭᠲᠠᠭ᠋ᠠᠭᠰᠠᠨ ᠡᠷᠬᠡ ᠲᠤᠰᠢᠶᠠᠯ᠎ᠢ᠎ᠨᠢ ᠦᠨᠳᠦᠰᠦᠯᠡᠨ ᠪᠠᠢ᠌ᠭ᠋ᠠᠯᠢ ᠬᠥᠮᠥᠨ᠎ᠤ ᠳᠣᠣᠷᠠᠬᠢ ᠰᠠᠭᠤᠷᠢ ᠳ᠋ᠠᠢ᠌ᠲ᠋ᠠ ᠵᠢ ᠴᠤᠭᠯᠠᠭᠤᠯᠬᠤ ᠬᠡᠷᠡᠭᠲᠡᠢ᠄
(ᠨᠢᠭᠡ) ᠳᠠᠩᠰᠠᠯᠠᠨ ᠲᠡᠮᠳᠡᠭᠯᠡᠭᠰᠡᠨ ᠡᠷᠦᠬᠡ ᠠᠮᠠ ᠵᠢᠨ ᠳ᠋ᠠᠢ᠌ᠲ᠋ᠠ ᠵᠢ ᠪᠣᠯ᠂ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠬᠠᠷᠢᠭᠤᠴᠠᠨ᠎ᠠ᠃
(ᠬᠣᠶᠠᠷ) ᠨᠡᠭᠦᠳᠡᠯ ᠬᠥᠮᠥᠨ ᠠᠮᠠ ᠵᠢᠨ ᠣᠷᠣᠰᠢᠨ ᠰᠠᠭᠤᠬᠤ ᠵᠢ ᠳᠠᠩᠰᠠᠯᠠᠨ ᠲᠡᠮᠳᠡᠭᠯᠡᠭᠰᠡᠨ᠂ ᠣᠷᠣᠨ ᠰᠠᠭᠤᠴᠠ ᠵᠢᠨ ᠬᠠᠶᠢᠭ᠎ᠤᠨ ᠬᠤᠪᠢᠷᠠᠭᠰᠠᠨᠢ ᠳᠠᠩᠰᠠᠯᠠᠨ ᠲᠡᠮᠳᠡᠭᠯᠡᠭᠰᠡᠨ ᠪᠠ ᠣᠷᠣᠰᠢᠨ ᠰᠠᠭᠤᠬᠤ ᠦᠨᠡᠮᠯᠡᠯ᠎ᠢ ᠭᠦᠢ᠍ᠴᠡᠳᠬᠡᠭᠰᠡᠨ ᠳ᠋ᠠᠢ᠌ᠲ᠋ᠠ ᠵᠢ ᠪᠣᠯ᠂ ᠨᠡᠭᠦᠳᠡᠯ ᠬᠥᠮᠥᠨ ᠠᠮᠠ ᠵᠢᠨ ᠦᠢ᠍ᠯᠡᠴᠢᠯᠡᠭᠡᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠂ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ ᠨᠠᠶ᠋ᠢᠳᠠᠯᠭ᠎ᠠ ᠵᠢ ᠬᠦᠯᠢᠶᠡᠭᠰᠡᠨ ᠰᠤᠮᠤ ᠰᠢᠶᠠᠩ ᠪᠠᠯᠭ᠋ᠠᠰᠤᠨ᠎ᠤ ᠠᠷᠠᠳ᠎ᠤᠨ ᠵᠠᠰᠠᠭ᠎ᠤᠨ ᠣᠷᠳᠣᠨ ᠪᠤᠶᠤ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠤᠨ ᠨᠡᠭᠦᠳᠡᠯ ᠬᠥᠮᠥᠨ ᠠᠮᠠ ᠵᠢᠨ ᠦᠢ᠍ᠯᠡᠴᠢᠯᠡᠭᠡᠨ᠎ᠤ ᠬᠠᠮᠢᠶᠠᠷᠤᠯᠲᠠ ᠵᠢᠨ ᠪᠠᠢ᠌ᠭᠤᠯᠤᠮᠵᠢ ᠬᠠᠷᠢᠭᠤᠴᠠᠨ᠎ᠠ᠃
(ᠭᠤᠷᠪᠠ) ᠰᠠᠭᠤᠭ᠋ᠠᠯᠢ ᠠᠷᠠᠳ᠎ᠤᠨ ᠣᠷᠣᠭ᠎ᠤᠨ ᠪᠦᠷᠢᠳᠬᠡᠯ᠎ᠤᠨ ᠳ᠋ᠠᠢ᠌ᠲ᠋ᠠ ᠵᠢ ᠪᠣᠯ᠂ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠂ ᠰᠤᠮᠤ ᠰᠢᠶᠠᠩ ᠪᠠᠯᠭ᠋ᠠᠰᠤᠨ᠎ᠤ ᠠᠷᠠᠳ᠎ᠤᠨ ᠵᠠᠰᠠᠭ᠎ᠤᠨ ᠣᠷᠳᠣᠨ᠂ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ ᠬᠠᠷᠢᠭᠤᠴᠠᠨ᠎ᠠ᠃
(ᠳᠥᠷᠪᠡ) ᠲᠥᠷᠥᠭᠰᠡᠨᠤ ᠪᠠ ᠨᠠᠰᠤ ᠪᠠᠷᠠᠭᠰᠠᠨ᠎ᠤ ᠪᠦᠷᠢᠳᠬᠡᠯ᠎ᠤᠨ ᠳ᠋ᠠᠢ᠌ᠲ᠋ᠠ ᠵᠢ ᠪᠣᠯ᠂ ᠡᠷᠡᠭᠦᠯ ᠬᠠᠮᠠᠭ᠋ᠠᠯᠠᠯ ᠡᠷᠡᠭᠦᠯ ᠮᠡᠡᠳᠦ ᠵᠢᠨ ᠰᠠᠯᠠᠭ᠎ᠠ ᠮᠥᠴᠢᠷ᠂ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠬᠠᠷᠢᠭᠤᠴᠠᠨ᠎ᠠ᠃
(ᠲᠠᠪᠤ) ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠳ᠋ᠠᠢ᠌ᠲ᠋ᠠ ᠵᠢ ᠪᠣᠯ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠰᠠᠯᠠᠭ᠎ᠠ ᠮᠥᠴᠢᠷ᠂ ᠰᠤᠮᠤ ᠰᠢᠶᠠᠩ ᠪᠠᠯᠭ᠋ᠠᠰᠤᠨ᠎ᠤ ᠠᠷᠠᠳ᠎ᠤᠨ ᠵᠠᠰᠠᠭ᠎ᠤᠨ ᠣᠷᠳᠣᠨ᠂ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ ᠬᠠᠷᠢᠭᠤᠴᠠᠨ᠎ᠠ᠃
(ᠵᠢᠷᠭᠤᠭ᠎ᠠ) ᠨᠡᠢ᠌ᠭᠡᠮ᠎ᠤᠨ ᠪᠠᠲᠤᠯᠠᠭ᠎ᠠ ᠵᠢᠨ ᠳ᠋ᠠᠢ᠌ᠲ᠋ᠠ ᠬᠢᠭᠡᠳ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ ᠵᠢᠨ ᠳ᠋ᠠᠢ᠌ᠲ᠋ᠠ ᠵᠢ ᠪᠣᠯ᠂ ᠭᠠᠢ᠌ᠯᠢ ᠵᠢᠨ ᠶᠠᠪᠤᠳᠠᠯ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ᠂ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ ᠬᠠᠷᠢᠭᠤᠴᠠᠨ᠎ᠠ᠃
(ᠳᠣᠯᠣᠭ᠎ᠠ) ᠰᠤᠷᠭ᠋ᠠᠨ ᠬᠥᠮᠦᠵᠢᠯ᠎ᠤᠨ ᠳ᠋ᠠᠢ᠌ᠲ᠋ᠠ ᠵᠢ ᠪᠣᠯ ᠂ ᠰᠤᠷᠭ᠋ᠠᠨ ᠬᠥᠮᠦᠵᠢᠯ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ ᠬᠢᠭᠡᠳ ᠶᠡᠬᠡ ᠳᠡᠭᠡᠳᠦ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠠᠢ᠌ᠭᠤᠯᠤᠮᠵᠢ ᠬᠠᠷᠢᠭᠤᠴᠠᠨ᠎ᠠ᠃
(ᠨᠠᠢ᠍ᠮᠠ) ᠵᠡᠮᠳᠡᠭᠴᠦᠳ᠎ᠢ ᠳᠠᠩᠰᠠᠯᠠᠨ ᠲᠡᠮᠳᠡᠭᠯᠡᠭᠰᠡᠨ ᠳ᠋ᠠᠢ᠌ᠲ᠋ᠠ ᠵᠢ ᠪᠣᠯ ᠂ ᠵᠡᠮᠳᠡᠭᠴᠦᠳ᠎ᠤᠨ ᠠᠵᠢᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠬᠠᠷᠢᠭᠤᠴᠠᠨ᠎ᠠ᠃
(ᠶᠢᠰᠦ) ᠣᠷᠣᠨ ᠰᠠᠭᠤᠴᠠ ᠵᠢᠨ ᠨᠡᠶ᠋ᠢᠲᠡ ᠵᠢᠨ ᠬᠤᠷᠠᠮᠳᠤᠭᠤᠯᠭ᠎ᠠ ᠵᠢᠨ ᠮᠥᠩᠭᠥ ᠵᠢ ᠳᠡᠩᠰᠡᠯᠡᠨ ᠲᠡᠮᠳᠡᠭᠯᠡᠭᠰᠡᠨ ᠳ᠋ᠠᠢ᠌ᠲ᠋ᠠ ᠵᠢ ᠪᠣᠯ᠂ ᠣᠷᠣᠨ ᠰᠠᠭᠤᠴᠠ ᠵᠢᠨ ᠨᠡᠶ᠋ᠢᠲᠡ ᠵᠢᠨ ᠬᠤᠷᠠᠮᠳᠤᠭᠤᠯᠭ᠎ᠠ ᠵᠢᠨ ᠮᠥᠩᠭᠥ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠬᠠᠷᠢᠭᠤᠴᠠᠨ᠎ᠠ᠃
(ᠠᠷᠪᠠ) ᠬᠣᠯᠪᠣᠭᠳᠠᠯ ᠪᠦᠬᠦᠢ ᠬᠢᠷᠢ ᠬᠡᠮ᠎ᠤᠨ ᠦᠨᠡᠮᠯᠡᠯ ᠪᠠ ᠠᠵᠢᠯ ᠡᠷᠬᠢᠯᠡᠬᠦ ᠦᠨᠡᠮᠯᠡᠯ᠎ᠤᠨ ᠳ᠋ᠠᠢ᠌ᠲ᠋ᠠ ᠵᠢ ᠪᠣᠯ ᠂ ᠡᠳᠡᠭᠡᠷ ᠠᠵᠢᠯ ᠮᠡᠷᠭᠡᠵᠢᠯ᠎ᠤᠨ ᠬᠢᠷᠢ ᠬᠡᠮ᠎ᠤᠨ ᠦᠨᠡᠮᠯᠡᠯ ᠪᠠ ᠠᠵᠢᠯ ᠡᠷᠬᠢᠯᠡᠬᠦ ᠦᠨᠡᠮᠯᠡᠯ᠎ᠢ ᠣᠯᠭᠣᠭᠰᠠᠨ ᠨᠢᠭᠡᠴᠢ ᠬᠠᠷᠢᠭᠤᠴᠠᠨ᠎ᠠ᠃
(ᠠᠷᠪᠠᠨ ᠨᠢᠭᠡ) ᠥᠯᠥ ᠬᠥᠳᠡᠯᠬᠦ ᠬᠥᠷᠥᠩᠭᠡ ᠵᠢ ᠳᠠᠩᠰᠠᠯᠠᠨ ᠲᠡᠮᠳᠡᠭᠯᠡᠭᠰᠡᠨ ᠳ᠋ᠠᠢ᠌ᠲ᠋ᠠ ᠵᠢ ᠪᠣᠯ ᠂ ᠪᠠᠢ᠌ᠭ᠋ᠠᠯᠢ ᠵᠢᠨ ᠡᠬᠢ ᠪᠠᠶᠠᠯᠢᠭ᠎ᠤᠨ ᠰᠠᠯᠠᠭ᠎ᠠ ᠮᠥᠴᠢᠷ ᠬᠠᠷᠢᠭᠤᠴᠠᠨ᠎ᠠ᠃
ᠠᠷᠪᠠᠨ ᠳᠥᠷᠪᠡᠳᠦᠭᠡᠷ ᠵᠦᠢ᠍ᠯ ᠬᠠᠤᠯᠢ ᠵᠢᠨ ᠡᠷᠬᠡᠲᠡᠨ ᠪᠠ ᠬᠠᠤᠯᠢ ᠵᠢᠨ ᠡᠷᠬᠡᠲᠡᠨ ᠪᠤᠰᠤ ᠵᠣᠬᠢᠶᠠᠨ ᠪᠠᠢ᠌ᠭᠤᠯᠤᠯᠲᠠ᠎ᠨᠤᠭᠤᠳ᠎ᠨᠢ ᠵᠣᠬᠢᠶᠠᠨ ᠪᠠᠢ᠌ᠭᠤᠯᠤᠯᠲᠠ ᠵᠢᠨ ᠪᠠᠢ᠌ᠭᠤᠯᠤᠮᠵᠢ ᠵᠢᠨ ᠨᠢᠭᠡᠳᠦᠯᠲᠡᠢ ᠨᠡᠢ᠌ᠭᠡᠮ᠎ᠤᠨ ᠢᠲᠡᠭᠡᠮᠵᠢ ᠵᠢᠨ ᠤᠷᠤᠯᠠᠬᠣ ᠨᠤᠮᠤ᠊ᠷ ᠵᠶ᠋ᠡᠷ ᠴᠣᠷ᠎ᠤᠨ ᠭᠠᠭᠴᠠ ᠢᠯᠭ᠋ᠠᠬᠤ ᠲᠡᠮᠳᠡᠭ ᠪᠣᠯᠭ᠋ᠠᠵᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠣᠬᠢᠶᠠᠨ ᠪᠠᠢ᠌ᠭᠤᠯᠤᠯᠲᠠ ᠵᠢᠨ ᠪᠠᠢ᠌ᠭᠤᠯᠤᠮᠵᠢ ᠵᠢᠨ ᠨᠢᠭᠡᠳᠦᠯᠲᠡᠢ ᠨᠡᠢ᠌ᠭᠡᠮ᠎ᠤᠨ ᠢᠲᠡᠭᠡᠮᠵᠢ ᠵᠢᠨ ᠤᠷᠤᠯᠠᠬᠣ ᠨᠤᠮᠤ᠊ᠷᠤᠨ ᠬᠠᠮᠢᠶᠠᠷᠤᠯᠲᠠ ᠵᠢᠨ ᠠᠷᠭ᠎ᠠ》 ᠶᠣᠰᠣᠭ᠋ᠠᠷ ᠨᠢᠭᠡᠳᠦᠯᠲᠡᠢ ᠬᠠᠮᠢᠶᠠᠷᠬᠤ ᠬᠡᠷᠡᠭᠲᠡᠢ᠃ ᠬᠠᠤᠯᠢ᠎ᠪᠠᠷ ᠲᠣᠭᠲᠠᠭ᠋ᠠᠭᠰᠠᠨ ᠡᠷᠬᠡ ᠲᠤᠰᠢᠶᠠᠯ᠎ᠢ᠎ᠨᠢ ᠦᠨᠳᠦᠰᠦᠯᠡᠨ ᠬᠠᠤᠯᠢ ᠵᠢᠨ ᠡᠷᠬᠡᠲᠡᠨ ᠪᠠ ᠬᠠᠤᠯᠢ ᠵᠢᠨ ᠡᠷᠬᠡᠲᠡᠨ ᠪᠤᠰᠤ ᠵᠣᠬᠢᠶᠠᠨ ᠪᠠᠢ᠌ᠭᠤᠯᠤᠯᠲᠠ ᠵᠢᠨ ᠳᠣᠣᠷᠠᠬᠢ ᠰᠠᠭᠤᠷᠢ ᠳ᠋ᠠᠢ᠌ᠲ᠋ᠠ ᠵᠢ ᠴᠤᠭᠯᠠᠭᠤᠯᠬᠤ ᠬᠡᠷᠡᠭᠲᠡᠢ᠄
(ᠨᠢᠭᠡ) ᠡᠵᠡᠩᠨᠡᠯᠲᠡ ᠵᠢᠨ ᠭᠣᠣᠯ ᠴᠣᠭᠴᠠ ᠵᠢ ᠳᠠᠩᠰᠠᠯᠠᠨ ᠲᠡᠮᠳᠡᠭᠯᠡᠭᠰᠡᠨ ᠳ᠋ᠠᠢ᠌ᠲ᠋ᠠ ᠵᠢ ᠪᠣᠯ ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ ᠬᠠᠷᠢᠭᠤᠴᠠᠨ᠎ᠠ᠃
(ᠬᠣᠶᠠᠷ) ᠨᠡᠢ᠌ᠭᠡᠮ᠎ᠤᠨ ᠪᠦᠯᠬᠦᠮ᠂ ᠠᠷᠠᠳ᠎ᠠᠴᠠ ᠡᠷᠬᠢᠯᠡᠭᠰᠡᠨ ᠠᠵᠤ ᠠᠬᠤᠢ᠌ᠯᠠᠯ᠎ᠤᠨ ᠪᠤᠰᠤ ᠨᠡᠢ᠍ᠬᠡᠮ ᠦ᠋᠊ᠨ ᠵᠤᠬᠢᠶᠠᠨ ᠪᠠᠢ᠍ᠭᠤᠯᠤᠯᠲᠠ᠂ ᠰᠠᠭᠤᠷᠢ ᠮᠥᠩᠭᠥᠨ᠎ᠤ ᠨᠡᠢ᠌ᠭᠡᠮᠯᠢᠭ᠂ ᠭᠠᠴᠠᠭ᠋ᠠᠨ᠎ᠤ ᠠᠷᠠᠳ᠎ᠤᠨ ᠵᠥᠪᠯᠡᠯ᠂ ᠰᠠᠭᠤᠭ᠋ᠠᠯᠢ ᠠᠷᠠᠳ᠎ᠤᠨ ᠵᠥᠪᠯᠡᠯ ᠵᠡᠷᠭᠡ ᠵᠣᠬᠢᠶᠠᠨ ᠪᠠᠢ᠌ᠭᠤᠯᠤᠯᠲᠠ ᠵᠢ ᠳᠠᠩᠰᠠᠯᠠᠨ ᠲᠡᠮᠳᠡᠭᠯᠡᠭᠰᠡᠨ ᠳ᠋ᠠᠢ᠌ᠲ᠋ᠠ ᠵᠢ ᠪᠣᠯ᠂ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ ᠬᠠᠷᠢᠭᠤᠴᠠᠨ᠎ᠠ᠃
(ᠭᠤᠷᠪᠠ) ᠠᠯᠪᠠᠨ ᠪᠠᠢ᠌ᠭᠤᠯᠭ᠎ᠠ᠂ ᠠᠵᠢᠯ ᠦᠢ᠍ᠯᠡᠰ᠎ᠤᠨ ᠨᠢᠭᠡᠴᠢ᠂ ᠣᠷᠣᠨ ᠲᠣᠭ᠎ᠠ ᠵᠢᠨ ᠠᠯᠪᠠᠨ ᠭᠡᠷ᠎ᠠᠴᠠ ᠪᠠᠢ᠌ᠭᠤᠯᠤᠮᠵᠢ ᠣᠷᠣᠨ ᠲᠣᠭ᠎ᠠ ᠵᠢ᠎ᠨᠢ ᠰᠢᠭᠤᠳ ᠬᠠᠮᠢᠶᠠᠷᠴᠤ ᠪᠦᠬᠦᠢ ᠣᠯᠠᠨ ᠲᠦᠮᠡᠨ᠎ᠤ ᠪᠦᠯᠬᠦᠮ ᠵᠡᠷᠭᠡ ᠵᠣᠬᠢᠶᠠᠨ ᠪᠠᠢ᠌ᠭᠤᠯᠤᠯᠲᠠ ᠵᠢ ᠳᠠᠩᠰᠠᠯᠠᠨ ᠲᠡᠮᠳᠡᠭᠯᠡᠭᠰᠡᠨ ᠳ᠋ᠠᠢ᠌ᠲ᠋ᠠ ᠵᠢ ᠪᠣᠯ ᠂ ᠪᠠᠢ᠌ᠭᠤᠯᠤᠮᠵᠢ ᠣᠷᠣᠨ ᠲᠣᠭ᠎ᠠ ᠵᠢᠨ ᠰᠠᠯᠠᠭ᠎ᠠ ᠮᠥᠴᠢᠷ ᠬᠠᠷᠢᠭᠤᠴᠠᠨ᠎ᠠ᠃
(ᠳᠥᠷᠪᠡ) ᠬᠠᠤᠯᠢᠴᠢ ᠵᠢᠨ ᠠᠵᠢᠯ ᠡᠷᠬᠢᠯᠡᠬᠦ ᠪᠠᠢ᠌ᠭᠤᠯᠤᠮᠵᠢ᠂ ᠠᠯᠪᠠᠨ ᠭᠡᠷᠡᠴᠢᠯᠡᠭᠡ ᠵᠢᠨ ᠭᠠᠵᠠᠷ᠂ ᠦᠨᠳᠦᠰᠦᠨ ᠱᠠᠲᠤᠨ᠎ᠤ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠭᠠᠵᠠᠷ᠂ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠬᠤ ᠪᠠᠢ᠌ᠭᠤᠯᠤᠮᠵᠢ᠂ ᠬᠥᠨᠳᠡᠯᠡᠨ᠎ᠠᠴᠠ ᠲᠠᠰᠤᠯᠬᠤ ᠺᠣᠮᠢᠰ ᠵᠡᠷᠭᠡ ᠵᠣᠬᠢᠶᠠᠨ ᠪᠠᠢ᠌ᠭᠤᠯᠤᠯᠲᠠ ᠵᠢ ᠳᠠᠩᠰᠠᠯᠠᠨ ᠲᠡᠮᠳᠡᠭᠯᠡᠭᠰᠡᠨ ᠳ᠋ᠠᠢ᠌ᠲ᠋ᠠ ᠵᠢ ᠪᠣᠯ ᠂ ᠬᠠᠤᠯᠢ ᠴᠠᠭ᠋ᠠᠵᠠ ᠵᠢᠨ ᠰᠠᠯᠠᠭ᠎ᠠ ᠮᠥᠴᠢᠷ ᠬᠠᠷᠢᠭᠤᠴᠠᠨ᠎ᠠ᠃
(ᠲᠠᠪᠤ) ᠱᠠᠰᠢᠨ ᠰᠤᠷᠲᠠᠬᠤᠨ᠎ᠤ ᠠᠵᠢᠯᠯᠠᠭ᠎ᠠ ᠵᠢᠨ ᠲᠠᠯᠠᠪᠤᠷ ᠭᠠᠵᠠᠷ᠎ᠢ ᠵᠢ ᠳᠠᠩᠰᠠᠯᠠᠨ ᠲᠡᠮᠳᠡᠭᠯᠡᠭᠰᠡᠨ ᠳ᠋ᠠᠢ᠌ᠲ᠋ᠠ ᠵᠢ ᠪᠣᠯ ᠂ ᠱᠠᠰᠢᠨ ᠰᠤᠷᠲᠠᠬᠤᠨ᠎ᠤ ᠬᠡᠷᠡᠭ ᠡᠷᠬᠢᠯᠡᠬᠦ ᠰᠠᠯᠠᠭ᠎ᠠ ᠮᠥᠴᠢᠷ ᠬᠠᠷᠢᠭᠤᠴᠠᠨ᠎ᠠ᠃
(ᠵᠢᠷᠭᠤᠭ᠎ᠠ) ᠦᠨᠳᠦᠰᠦᠨ ᠱᠠᠲᠤᠨ᠎ᠤ ᠠᠵᠢᠯᠴᠢᠨ᠎ᠤ ᠡᠪᠯᠡᠯ ᠵᠡᠷᠭᠡ ᠵᠣᠬᠢᠶᠠᠨ ᠪᠠᠢ᠌ᠭᠤᠯᠤᠯᠲᠠ ᠵᠢ ᠳᠠᠩᠰᠠᠯᠠᠨ ᠲᠡᠮᠳᠡᠭᠯᠡᠭᠰᠡᠨ ᠳ᠋ᠠᠢ᠌ᠲ᠋ᠠ ᠵᠢ ᠪᠣᠯ᠂ ᠠᠵᠢᠯᠴᠢᠨ᠎ᠤ ᠡᠪᠯᠡᠯ ᠬᠠᠷᠢᠭᠤᠴᠠᠨ᠎ᠠ᠃
(ᠳᠣᠯᠣᠭ᠎ᠠ) ᠬᠥᠳᠡᠭᠡ ᠲᠣᠰᠬᠣᠨ᠎ᠤ ᠬᠠᠮᠲᠤ ᠵᠢᠨ ᠠᠵᠤ ᠠᠬᠤᠢ ᠵᠢᠨ ᠵᠣᠬᠢᠶᠠᠨ ᠪᠠᠢ᠌ᠭᠤᠯᠤᠯᠲᠠ ᠵᠢ ᠳᠠᠩᠰᠠᠯᠠᠨ ᠲᠡᠮᠳᠡᠭᠯᠡᠭᠰᠡᠨ ᠳ᠋ᠠᠢ᠌ᠲ᠋ᠠ ᠵᠢ ᠪᠣᠯ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠰᠠᠯᠠᠭ᠎ᠠ ᠮᠥᠴᠢᠷ ᠬᠠᠷᠢᠭᠤᠴᠠᠨ᠎ᠠ᠃
(ᠨᠠᠢ᠍ᠮᠠ) ᠵᠣᠬᠢᠶᠠᠨ ᠪᠠᠢ᠌ᠭᠤᠯᠤᠯᠲᠠ ᠵᠢᠨ ᠪᠠᠢ᠌ᠭᠤᠯᠤᠮᠵᠢ ᠵᠢᠨ ᠨᠢᠬᠡᠳᠦᠯᠳᠡᠢ ᠨᠡᠢ᠌ᠭᠡᠮ᠎ᠤᠨ ᠢᠲᠡᠭᠡᠮᠵᠢ ᠵᠢᠨ ᠤᠷᠤᠯᠠᠬᠣ ᠨᠤᠮᠤ᠊ᠷᠤᠨ ᠮᠡᠳᠡᠭᠡ ᠵᠠᠩᠭᠢ ᠵᠢ ᠬᠠᠷᠭᠤᠭᠤᠯᠵᠤ ᠬᠢᠨᠠᠬᠤ᠂ ᠳ᠋ᠠᠢ᠌ᠲ᠋ᠠ ᠵᠢ ᠬᠠᠮᠲᠤ᠎ᠪᠠᠷ ᠭᠥᠷᠳᠡᠬᠦ᠂ ᠮᠡᠳᠡᠭᠡ ᠵᠠᠩᠭᠢ ᠵᠢᠨ ᠳ᠋ᠠᠢ᠌ᠲ᠋ᠠ ᠵᠢᠨ ᠰᠢᠰᠲ᠋ᠧᠮ᠎ᠢ ᠲᠡᠭᠦᠯᠳᠡᠷᠵᠢᠭᠦᠯᠬᠦ᠂ ᠠᠵᠢᠯᠯᠠᠭᠤᠯᠬᠤ᠂ ᠬᠠᠮᠠᠭ᠋ᠠᠯᠠᠬᠤ ᠵᠢ ᠪᠣᠯ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ ᠬᠠᠷᠢᠭᠤᠴᠠᠨ᠎ᠠ᠃
ᠠᠷᠪᠠᠨ ᠲᠠᠪᠤᠳᠤᠭ᠋ᠠᠷ ᠵᠦᠢ᠍ᠯ ᠪᠠᠢ᠌ᠭ᠋ᠠᠯᠢ ᠵᠢᠨ ᠡᠬᠢ ᠪᠠᠶᠠᠯᠢᠭ᠂ ᠤᠰᠤᠨ ᠠᠰᠢᠭᠯᠠᠯᠲᠠ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠂ ᠣᠶ ᠰᠢᠭᠤᠢ ᠪᠠ ᠨᠤᠳᠣᠭ ᠪᠡᠯᠴᠢᠭᠡᠷ᠂ ᠴᠠᠭ ᠠᠭᠤᠷ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ᠂ ᠬᠣᠲᠠ ᠵᠢᠨ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠬᠢᠭᠡᠳ ᠬᠣᠯᠪᠣᠭᠳᠠᠯ ᠪᠦᠬᠦᠢ ᠰᠤᠳᠤᠯᠭ᠋ᠠᠨ ᠬᠢᠵᠦ ᠪᠠᠢ᠌ᠭ᠎ᠠ ᠠᠵᠢᠯ ᠦᠢ᠍ᠯᠡᠰ᠎ᠤᠨ ᠨᠢᠭᠡᠴᠢ᠎ᠨᠦᠭᠦᠳ᠂ ᠬᠠᠤᠯᠢ᠎ᠪᠠᠷ ᠲᠣᠭᠲᠠᠭ᠋ᠠᠭᠰᠠᠨ ᠡᠷᠬᠡ ᠲᠤᠰᠢᠶᠠᠯ ᠵᠶ᠋ᠠᠨ ᠦᠨᠳᠦᠰᠦᠯᠡᠨ ᠤᠯᠤᠰ᠎ᠤᠨ ᠭᠠᠵᠠᠷ ᠰᠢᠷᠣᠢ ᠵᠢᠨ ᠣᠷᠣᠨ ᠵᠠᠢ ᠵᠢᠨ ᠬᠡᠷᠡᠭᠴᠡᠭᠡ᠂ ᠭᠠᠵᠠᠷ ᠰᠢᠷᠣᠢ᠂ ᠠᠭᠤᠷᠬᠠᠢ ᠵᠢᠨ ᠭᠠᠷᠤᠯᠲᠠ᠂ ᠤᠢ ᠰᠢᠭᠤᠢ᠂ ᠪᠡᠯᠴᠢᠭᠡᠷ ᠭᠠᠵᠠᠷ᠂ ᠨᠤᠭᠤ ᠭᠠᠵᠠᠷ᠂ ᠤᠰᠤ᠂ ᠵᠢᠭ᠋ᠠᠰᠤᠨ ᠠᠵᠤ ᠠᠬᠤᠢ᠂ ᠬᠡᠭᠡᠷ᠎ᠡ ᠵᠢᠨ ᠠᠮᠢᠲᠠᠨ᠂ ᠠᠭᠤᠷ ᠠᠮᠢᠰᠬᠤᠯ᠂ ᠴᠠᠭ ᠠᠭᠤᠷ ᠵᠢᠴᠢ ᠭᠡᠷ ᠪᠠᠢ᠌ᠰᠢᠩ ᠪᠠᠷᠢᠯᠭ᠎ᠠ᠂ ᠭᠠᠵᠠᠷ ᠳᠣᠣᠷᠠᠬᠢ ᠬᠣᠭᠣᠯᠠᠢ ᠭᠤᠤᠷᠰᠤ᠂ ᠬᠤᠳᠠ ᠵᠢᠨ ᠤᠭᠰᠠᠷᠠᠭ᠎ᠠ ᠲᠤᠨᠤᠭ ᠵᠡᠷᠭᠡ ᠪᠠᠢ᠌ᠭ᠋ᠠᠯᠢ ᠵᠢᠨ ᠡᠬᠢ ᠪᠠᠶᠠᠯᠢᠭ ᠪᠠ ᠣᠷᠣᠨ ᠵᠠᠢ ᠵᠢᠨ ᠭᠠᠵᠠᠷ ᠵᠦᠢ ᠵᠢᠨ ᠰᠠᠭᠤᠷᠢ ᠳ᠋ᠠᠢ᠌ᠲ᠋ᠠ ᠵᠢ ᠴᠤᠭᠯᠠᠭᠤᠯᠬᠤ᠂ ᠬᠢᠨᠠᠨ ᠵᠥᠪᠰᠢᠶᠡᠷᠡᠬᠦ ᠪᠠ ᠬᠠᠩᠭ᠋ᠠᠬᠤ ᠬᠡᠷᠡᠭᠲᠡᠢ᠃
ᠠᠷᠪᠠᠨ ᠵᠢᠷᠭᠤᠳᠤᠭ᠋ᠠᠷ ᠵᠦᠢ᠍ᠯ ᠣᠯᠠᠨ ᠨᠡᠶ᠋ᠢᠲᠡ ᠵᠢᠨ ᠬᠠᠮᠢᠶᠠᠷᠤᠯᠲᠠ ᠪᠠ ᠦᠢ᠍ᠯᠡᠴᠢᠯᠡᠭᠡᠨ᠎ᠤ ᠪᠠᠢ᠌ᠭᠤᠯᠤᠮᠵᠢ᠎ᠨᠤᠭᠤᠳ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠭᠠᠷᠴᠠᠭ᠎ᠲᠠᠬᠢ ᠰᠢᠨᠡᠳᠬᠡᠬᠦ ᠳᠠᠪᠲᠠᠮᠵᠢ ᠵᠢ ᠦᠨᠳᠦᠰᠦᠯᠡᠨ᠂ ᠲᠣᠰ ᠪᠠᠢ᠌ᠭᠤᠯᠤᠮᠵᠢ ᠵᠢᠨ ᠵᠶ᠋ᠠᠨ ᠬᠠᠮᠲᠤ᠎ᠪᠠᠷ ᠭᠥᠷᠳᠡᠬᠦ ᠣᠯᠠᠨ ᠨᠡᠶ᠋ᠢᠲᠡ ᠵᠢᠨ ᠳ᠋ᠠᠢ᠌ᠲ᠋ᠠ ᠵᠢ ᠰᠢᠨᠡᠳᠬᠡᠵᠦ᠂ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠪᠦᠷᠢᠨ ᠪᠦᠲᠦᠨ ᠴᠢᠨᠠᠷ᠂ ᠣᠨᠣᠪᠴᠢᠲᠤ ᠴᠢᠨᠠᠷ᠂ ᠨᠢᠭᠡᠳᠦᠯᠲᠦ ᠴᠢᠨᠠᠷ ᠪᠠ ᠴᠠᠭ ᠬᠤᠭᠤᠴᠠᠭ᠋ᠠᠲᠤ ᠴᠢᠨᠠᠷ᠎ᠢ ᠪᠠᠲᠤᠯᠠᠬᠤ ᠬᠡᠷᠡᠭᠲᠡᠢ᠃
ᠠᠷᠪᠠᠨ ᠳᠣᠯᠣᠳᠤᠭ᠋ᠠᠷ ᠵᠦᠢ᠍ᠯ ᠣᠯᠠᠨ ᠨᠡᠶ᠋ᠢᠲᠡ ᠵᠢᠨ ᠬᠠᠮᠢᠶᠠᠷᠤᠯᠲᠠ ᠪᠠ ᠦᠢ᠍ᠯᠡᠴᠢᠯᠡᠭᠡᠨ᠎ᠤ ᠪᠠᠢ᠌ᠭᠤᠯᠤᠮᠵᠢ᠎ᠨᠤᠭᠤᠳ ᠲᠣᠰ ᠪᠠᠢ᠌ᠭᠤᠯᠤᠮᠵᠢ ᠵᠢᠨ ᠵᠶ᠋ᠡᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ ᠬᠡᠷᠡᠭᠴᠡᠭᠡ ᠪᠠ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠠᠵᠢᠯ᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠲᠣᠰ ᠪᠠᠢ᠌ᠭᠤᠯᠤᠮᠵᠢ ᠵᠢᠨ ᠵᠶ᠋ᠠᠨ ᠣᠯᠠᠨ ᠨᠡᠶ᠋ᠢᠲᠡ ᠵᠢᠨ ᠳ᠋ᠠᠢ᠌ᠲ᠋ᠠ᠎ᠳᠤ ᠳ᠋ᠠᠢ᠌ᠲ᠋ᠠ ᠵᠢᠨ ᠵᠠᠰᠠᠯᠲᠠ ᠥᠷᠨᠢᠭᠦᠯᠵᠦ᠂ ᠳ᠋ᠠᠢ᠌ᠲ᠋ᠠ ᠵᠢᠨ ᠴᠢᠨᠠᠷ᠎ᠢ ᠳᠡᠭᠡᠭᠰᠢᠯᠡᠭᠦᠯᠬᠦ ᠬᠡᠷᠡᠭᠲᠡᠢ᠃
ᠣᠯᠠᠨ ᠨᠡᠶ᠋ᠢᠲᠡ ᠵᠢᠨ ᠬᠠᠮᠢᠶᠠᠷᠤᠯᠲᠠ ᠪᠠ ᠦᠢ᠍ᠯᠡᠴᠢᠯᠡᠭᠡᠨ᠎ᠤ ᠪᠠᠢ᠌ᠭᠤᠯᠤᠮᠵᠢ᠎ᠨᠤᠭᠤᠳ ᠪᠠᠰᠠ ᠲᠣᠰ ᠱᠠᠲᠤᠨ᠎ᠤ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ᠎ᠪᠠᠨ ᠳ᠋ᠠᠢ᠌ᠲ᠋ᠠ ᠵᠢᠨ ᠵᠠᠰᠠᠯᠲᠠ ᠵᠢᠨ ᠬᠡᠷᠡᠭᠴᠡᠭᠡ ᠱᠠᠭ᠋ᠠᠷᠳᠠᠯᠭ᠎ᠠ᠎ᠪᠠᠨ ᠳᠤᠷᠠᠳᠴᠤ ᠪᠣᠯᠣᠨ᠎ᠠ᠂ ᠲᠣᠰ ᠱᠠᠲᠤᠨ᠎ᠤ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠬᠠᠮᠢᠶ᠎ᠠ ᠪᠦᠬᠦᠢ ᠵᠠᠰᠠᠯᠲᠠ ᠵᠢᠨ ᠬᠡᠷᠡᠭᠴᠡᠭᠡ ᠱᠠᠭ᠋ᠠᠷᠳᠠᠯᠭ᠎ᠠ ᠵᠢᠴᠢ ᠠᠵᠢᠯ᠎ᠤᠨ ᠱᠠᠭ᠋ᠠᠷᠳᠠᠯᠭ᠎ᠠ᠎ᠲᠠᠢ᠎ᠪᠠᠨ ᠤᠶᠠᠯᠳᠤᠭᠤᠯᠤᠨ᠂ ᠳ᠋ᠠᠢ᠌ᠲ᠋ᠠ ᠵᠢᠨ ᠵᠠᠰᠠᠯᠲᠠ ᠵᠢᠨ ᠬᠠᠮᠢᠶ᠎ᠠ ᠪᠦᠬᠦᠢ ᠠᠵᠢᠯ᠎ᠤᠳ᠎ᠢ ᠨᠢᠭᠡᠳᠦᠯᠲᠡᠢ ᠲᠥᠯᠥᠪᠯᠡᠨ ᠥᠷᠨᠢᠭᠦᠯᠬᠦ ᠬᠡᠷᠡᠭᠲᠡᠢ᠃
ᠠᠷᠪᠠᠨ ᠨᠠᠢ᠍ᠮᠠᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠂ ᠠᠢ᠌ᠮᠠᠭ ᠬᠣᠲᠠ ᠵᠢᠨ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠬᠣᠯᠪᠣᠭᠳᠠᠯ ᠪᠦᠬᠦᠢ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠯᠦᠭᠡ ᠬᠠᠮᠳᠤᠷᠠᠯᠴᠠᠨ᠂ ᠲᠣᠰ ᠱᠠᠲᠤᠨ᠎ᠤ ᠪᠠᠢ᠌ᠭ᠋ᠠᠯᠢ ᠬᠥᠮᠥᠨ᠂ ᠬᠠᠤᠯᠢ ᠵᠢᠨ ᠡᠷᠬᠡᠲᠡᠨ᠂ ᠡᠯᠧᠺᠲᠷᠣᠨ ᠦᠨᠡᠮᠯᠡᠯ᠂ ᠨᠡᠢ᠌ᠭᠡᠮ᠎ᠤᠨ ᠢᠲᠡᠭᠡᠮᠵᠢ᠂ ᠪᠠᠢ᠌ᠭ᠋ᠠᠯᠢ ᠵᠢᠨ ᠡᠬᠢ ᠪᠠᠶᠠᠯᠢᠭ ᠪᠠ ᠣᠷᠣᠨ ᠵᠠᠢ ᠵᠢᠨ ᠭᠠᠵᠠᠷ ᠵᠦᠢ ᠵᠡᠷᠭᠡ ᠰᠠᠭᠤᠷᠢ ᠳ᠋ᠠᠢ᠌ᠲ᠋ᠠ ᠵᠢᠨ ᠬᠥᠮᠥᠷᠭᠡ ᠵᠢ ᠪᠠᠶ᠋ᠢᠭᠤᠯᠬᠤ ᠪᠠ ᠬᠠᠮᠢᠶᠠᠷᠴᠤ᠂ ᠪᠣᠳᠠᠲᠤ ᠬᠡᠷᠡᠭᠴᠡᠭᠡ᠎ᠪᠠᠨ ᠦᠨᠳᠦᠰᠦᠯᠡᠨ ᠡᠯ᠎ᠡ ᠬᠦᠷᠢᠶ᠎ᠡ ᠴᠠᠷᠠᠭ᠋ᠠᠨ᠎ᠤ ᠭᠣᠣᠯ ᠰᠡᠳᠦᠪᠲᠦ ᠳ᠋ᠠᠢ᠌ᠲ᠋ᠠ ᠵᠢᠨ ᠬᠥᠮᠥᠷᠭᠡ᠂ ᠲᠤᠰᠬᠠᠢ ᠰᠡᠳᠦᠪᠲᠦ ᠳ᠋ᠠᠢ᠌ᠲ᠋ᠠ ᠵᠢᠨ ᠬᠥᠮᠥᠷᠭᠡ ᠪᠠᠢ᠌ᠭᠤᠯᠬᠤ ᠵᠢ ᠠᠬᠢᠭᠤᠯᠬᠤ ᠬᠡᠷᠡᠭᠲᠡᠢ᠃
ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠳᠤ ᠠᠰᠲᠠᠭ᠋ᠠᠨ ᠳᠣᠭᠲᠠᠭ᠋ᠠᠭᠰᠠᠨ᠎ᠠᠴᠠ ᠭᠠᠳᠠᠨ᠎ᠠ᠂ ᠰᠠᠭᠤᠷᠢ ᠳ᠋ᠠᠢ᠌ᠲ᠋ᠠ ᠵᠢᠨ ᠬᠥᠮᠥᠷᠭᠡ ᠵᠢᠨ ᠳ᠋ᠠᠢ᠌ᠲ᠋ᠠ ᠵᠢ ᠥᠪᠡᠷᠲᠡᠭᠡᠨ ᠵᠠᠰᠠᠬᠤ ᠣᠷᠣᠨ᠎ᠤ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠲᠠᠪᠴᠠᠩ᠎ᠳᠤ ᠲᠥᠪᠯᠡᠷᠡᠭᠦᠯᠦᠨ ᠪᠠᠶ᠋ᠢᠭᠤᠯᠬᠤ ᠪᠤᠶᠤ ᠥᠪᠡᠷᠲᠡᠭᠡᠨ ᠵᠠᠰᠠᠬᠤ ᠣᠷᠣᠨ᠎ᠤ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠲᠠᠪᠴᠠᠩ᠎ᠯᠤᠭ᠎ᠠ ᠵᠣᠯᠭ᠋ᠠᠭᠤᠯᠬᠤ᠎ᠪᠠᠷ ᠳᠠᠮᠵᠢᠭᠤᠯᠤᠨ᠂ ᠰᠠᠭᠤᠷᠢ ᠳ᠋ᠠᠢ᠌ᠲ᠋ᠠ ᠵᠢᠨ ᠬᠥᠮᠥᠷᠭᠡ ᠵᠢᠨ ᠳ᠋ᠠᠢ᠌ᠲ᠋ᠠ ᠵᠢ ᠨᠥᠬᠥᠴᠡᠯ ᠦᠭᠡᠢ᠎ᠪᠠᠷ ᠡᠮᠬᠢᠯᠡᠬᠦ ᠪᠤᠶᠤ ᠡᠭᠡᠭᠦᠯᠦᠨ ᠪᠤᠴᠠᠭ᠋ᠠᠬᠤ ᠵᠢ ᠪᠡᠶᠡᠯᠡᠭᠦᠯᠬᠦ ᠬᠡᠷᠡᠭᠲᠡᠢ᠃ ᠤᠯᠠᠨ ᠨᠡᠶ᠋ᠢᠲᠡ ᠵᠢᠨ ᠬᠠᠮᠢᠶᠠᠷᠤᠯᠲᠠ ᠪᠠ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠭᠠᠷᠤᠨ ᠦᠰᠦᠭ ᠵᠢᠷᠤᠵᠤ ᠣᠯᠭᠣᠭᠰᠠᠨ ᠡᠯᠧᠺᠲᠷᠣᠨ ᠦᠨᠡᠮᠯᠡᠯᠨᠦᠭᠦᠳᠢ ᠡᠯᠧᠺᠲᠷᠣᠨ ᠦᠨᠡᠮᠯᠡᠯ᠎ᠤᠨ ᠬᠥᠮᠥᠷᠭᠡ᠎ᠳᠤ ᠴᠠᠭ ᠲᠤᠬᠠᠢᠳᠤᠨᠢ ᠡᠮᠬᠢᠯᠡᠨ ᠲᠥᠪᠯᠡᠷᠡᠭᠦᠯᠬᠦ ᠬᠡᠷᠡᠭᠲᠡᠢ᠃
ᠠᠷᠪᠠ ᠶᠢᠰᠦᠳᠦᠭᠡᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ 《ᠬᠡᠷᠡᠭᠴᠡᠭᠡ ᠶᠣᠰᠣᠭ᠋ᠠᠷ ᠡᠭᠡᠭᠦᠯᠦᠨ ᠪᠤᠴᠠᠭ᠋ᠠᠬᠤ᠂ ᠠᠮᠤᠷ ᠲᠦᠪᠰᠢᠨ ᠵᠶ᠋ᠡᠷ ᠡᠵᠡᠮᠳᠡᠵᠦ ᠪᠣᠯᠬᠤ》 ᠵᠠᠷᠴᠢᠮ ᠶᠣᠰᠣᠭ᠋ᠠᠷ᠂ ᠥᠪᠡᠷᠲᠡᠭᠡᠨ ᠵᠠᠰᠠᠬᠤ ᠣᠷᠣᠨ᠎ᠤ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠲᠠᠪᠴᠠᠩ ᠵᠶ᠋ᠠᠷ ᠳᠠᠮᠵᠢᠭᠤᠯᠤᠨ ᠠᠢ᠌ᠮᠠᠭ ᠬᠣᠲᠠ ᠵᠢᠨ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠲᠠᠪᠴᠠᠩ᠎ᠳᠤ ᠳ᠋ᠠᠢ᠌ᠲ᠋ᠠ ᠵᠢ᠎ᠨᠢ ᠳᠠᠷᠤᠢ᠌ᠬᠠᠨ ᠡᠭᠡᠬᠦᠯᠦᠨ ᠪᠤᠴᠠᠭ᠋ᠠᠬᠤ ᠬᠡᠷᠡᠭᠲᠡᠢ᠃
ᠳᠥᠷᠪᠡᠳᠦᠭᠡᠷ ᠪᠦᠯᠦᠭ ᠣᠯᠠᠨ ᠨᠡᠶ᠋ᠢᠲᠡ ᠵᠢᠨ ᠳ᠋ᠠᠢ᠌ᠲ᠋ᠠ ᠵᠢ ᠬᠠᠮᠲᠤ᠎ᠪᠠᠷ ᠬᠦᠷᠲᠡᠬᠦ
ᠬᠣᠷᠢᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠂ ᠠᠢ᠌ᠮᠠᠭ ᠬᠣᠲᠠ ᠵᠢᠨ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠬᠠᠩᠭ᠋ᠠᠯᠭ᠎ᠠ ᠬᠡᠷᠡᠭᠴᠡᠭᠡ ᠵᠢ ᠵᠣᠯᠭ᠋ᠠᠭᠤᠯᠬᠤ ᠪᠦᠲᠦᠮᠵᠢᠲᠡᠶ ᠲᠣᠭᠲᠠᠴᠠ ᠪᠠᠢ᠌ᠭᠤᠯᠤᠨ᠂ ᠣᠯᠠᠨ ᠨᠡᠶ᠋ᠢᠲᠡ ᠵᠢᠨ ᠳ᠋ᠠᠢ᠌ᠲ᠋ᠠ ᠵᠢ ᠬᠠᠮᠲᠤ᠎ᠪᠠᠷ ᠭᠥᠷᠳᠡᠬᠦ 《ᠬᠡᠷᠡᠭᠴᠡᠭᠡ ᠱᠠᠭ᠋ᠠᠷᠳᠠᠯᠭ᠎ᠠ ᠵᠢᠨ ᠨᠠᠷᠢᠨ ᠬᠠᠭᠤᠳᠠᠰᠤ᠂ ᠬᠠᠷᠢᠭᠤᠴᠠᠯᠭ᠎ᠠ ᠵᠢᠨ ᠨᠠᠷᠢᠨ ᠬᠠᠭᠤᠳᠠᠰᠤ᠂ ᠠᠯᠳᠠᠨᠨᠳᠠᠯᠲᠠᠢ ᠵᠦᠢ᠍ᠯᠡᠰ ᠦ᠋᠊ᠨ ᠨᠠᠷᠢᠨ ᠬᠠᠭᠤᠳᠠᠰᠤ》 ᠵᠢᠨ ᠨᠠᠷᠢᠨ ᠬᠠᠭᠤᠳᠠᠰᠤ᠎ᠪᠠᠷ ᠬᠠᠮᠢᠶᠠᠷᠬᠤ ᠬᠠᠮᠢᠶᠠᠷᠤᠯᠲᠠ ᠵᠢ ᠪᠡᠶᠡᠯᠡᠭᠦᠯᠬᠦ ᠬᠡᠷᠡᠭᠲᠡᠢ᠃
ᠣᠯᠠᠨ ᠨᠡᠶ᠋ᠢᠲᠡ ᠵᠢᠨ ᠬᠠᠮᠢᠶᠠᠷᠤᠯᠲᠠ ᠪᠠ ᠦᠢ᠍ᠯᠡᠴᠢᠯᠡᠭᠡᠨ᠎ᠤ ᠪᠠᠢ᠌ᠭᠤᠯᠤᠮᠵᠢ᠎ᠨᠤᠭᠤᠳ᠎ᠤᠨ ᠬᠣᠭᠣᠷᠣᠨᠳᠤ᠎ᠪᠠᠨ 《ᠬᠠᠮᠲᠤ᠎ᠪᠠᠷ ᠭᠥᠷᠳᠡᠬᠦ ᠵᠢ ᠵᠠᠷᠴᠢᠮ ᠪᠣᠯᠭ᠋ᠠᠨ᠂ ᠬᠠᠮᠲᠤ᠎ᠪᠠᠷ ᠦᠯᠦ ᠭᠦᠷᠲᠡᠬᠦ ᠵᠢ ᠣᠨᠴᠠᠭ᠋ᠠᠢ ᠪᠠᠢ᠌ᠳᠠᠯ ᠪᠣᠯᠭ᠋ᠠᠬᠤ》 ᠱᠠᠭ᠋ᠠᠷᠳᠠᠯᠭ᠎ᠠ ᠶᠣᠰᠣᠭ᠋ᠠᠷ᠂ ᠣᠯᠠᠨ ᠨᠡᠶ᠋ᠢᠲᠡ ᠵᠢᠨ ᠳ᠋ᠠᠢ᠌ᠲ᠋ᠠ ᠵᠢ ᠦᠨ᠎ᠡ ᠲᠥᠯᠥᠪᠦᠷᠢ ᠦᠭᠡᠢ᠎ᠪᠠᠷ ᠬᠠᠮᠲᠤ᠎ᠪᠠᠷ ᠭᠥᠷᠳᠡᠬᠦ ᠬᠡᠷᠡᠭᠲᠡᠢ᠃
ᠣᠯᠠᠨ ᠨᠡᠶ᠋ᠢᠲᠡ ᠵᠢᠨ ᠬᠠᠮᠢᠶᠠᠷᠤᠯᠲᠠ ᠪᠠ ᠦᠢ᠍ᠯᠡᠴᠢᠯᠡᠭᠡᠨ᠎ᠤ ᠪᠠᠢ᠌ᠭᠤᠯᠤᠮᠵᠢ᠎ᠨᠤᠭᠤᠳ ᠬᠠᠮᠲᠤ᠎ᠪᠠᠷ ᠭᠥᠷᠳᠡᠬᠦ ᠬᠡᠷᠡᠭᠴᠡᠭᠡ ᠱᠠᠭ᠋ᠠᠷᠳᠠᠯᠭ᠎ᠠ ᠳᠤᠷᠠᠳᠬᠤ᠎ᠳᠤ᠎ᠪᠠᠨ᠂ ᠬᠡᠷᠡᠭᠯᠡᠭᠡᠨ᠎ᠤ ᠲᠠᠯᠠᠪᠤᠷ ᠵᠶ᠋ᠠᠨ ᠲᠣᠳᠣᠷᠬᠠᠢ᠌ᠯᠠᠬᠤ ᠵᠢᠨ ᠬᠠᠮᠲᠤ ᠲᠡᠭᠦᠨ᠎ᠤ᠎ᠪᠠᠨ ᠦᠨᠡᠨ ᠪᠣᠳᠠᠲᠤ ᠴᠢᠨᠠᠷ᠂ ᠲᠣᠭᠲᠠᠭ᠋ᠠᠯ᠎ᠳᠤ ᠨᠡᠢ᠌ᠴᠡᠬᠦ ᠴᠢᠨᠠᠷ᠂ ᠠᠮᠤᠷ ᠲᠦᠪᠰᠢᠨ ᠴᠢᠨᠠᠷ᠎ᠢ ᠠᠮᠠᠯᠠᠬᠤ ᠬᠡᠷᠡᠭᠲᠡᠢ; ᠬᠠᠮᠲᠤ᠎ᠪᠠᠷ ᠬᠦᠷᠲᠡᠬᠦ᠎ᠪᠠᠷ ᠳᠠᠮᠵᠢᠵᠤ ᠣᠯᠣᠭᠰᠠᠨ ᠣᠯᠠᠨ ᠨᠡᠶ᠋ᠢᠲᠡ ᠵᠢᠨ ᠳ᠋ᠠᠢ᠌ᠲ᠋ᠠ ᠵᠢ ᠲᠣᠰ ᠪᠠᠢ᠌ᠭᠤᠯᠤᠮᠵᠢ ᠵᠢᠨ ᠬᠠᠤᠯᠢ᠎ᠪᠠᠷ ᠲᠣᠭᠲᠠᠭ᠋ᠠᠭᠰᠠᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ᠂ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠬᠡᠷᠡᠭᠴᠡᠭᠡ ᠵᠢ ᠬᠠᠩᠭ᠋ᠠᠬᠤ᠎ᠳᠤ ᠬᠡᠷᠡᠭᠯᠡᠬᠦ ᠬᠡᠷᠡᠭᠲᠡᠢ᠂ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠳᠤ ᠠᠰᠲᠠᠭ᠋ᠠᠨ ᠳᠣᠭᠲᠠᠭ᠋ᠠᠭᠰᠠᠨ᠎ᠠᠴᠠ ᠭᠠᠳᠠᠨ᠎ᠠ᠂ ᠶᠠᠮᠠᠷᠪᠠ ᠬᠡᠯᠪᠡᠷᠢ᠎ᠪᠠᠷ ᠭᠤᠷᠪᠠᠳᠠᠭᠢ ᠡᠲᠡᠭᠡᠳ᠎ᠲᠤ ᠬᠠᠩᠭ᠋ᠠᠵᠤ ᠪᠣᠯᠬᠤ ᠦᠭᠡᠢ᠂ ᠪᠤᠰᠤᠳ ᠶᠠᠮᠠᠷᠪᠠ ᠵᠣᠷᠢᠯᠭ᠎ᠠ᠎ᠪᠠᠷ ᠴᠤ᠌ ᠬᠡᠷᠡᠭᠯᠡᠵᠦ ᠪᠣᠯᠬᠤ ᠦᠭᠡᠢ᠃
ᠬᠣᠷᠢᠨ ᠨᠢᠭᠡᠳᠦᠭᠡᠷ ᠵᠦᠢ᠍ᠯ ᠣᠯᠠᠨ ᠨᠡᠶ᠋ᠢᠲᠡ ᠵᠢᠨ ᠳ᠋ᠠᠢ᠌ᠲ᠋ᠠ ᠵᠢ ᠬᠠᠮᠲᠤ᠎ᠪᠠᠷ ᠬᠦᠷᠲᠡᠬᠦ ᠰᠢᠨᠵᠢ ᠴᠢᠨᠠᠷ ᠵᠶ᠋ᠠᠷ᠎ᠨᠢ ᠨᠥᠬᠥᠴᠡᠯ ᠦᠭᠡᠢ᠎ᠪᠠᠷ ᠬᠠᠮᠲᠤ᠎ᠪᠠᠷ ᠬᠦᠷᠲᠡᠬᠦ᠂ ᠨᠥᠬᠥᠴᠡᠯ᠎ᠲᠠᠢ᠎ᠪᠠᠷ ᠬᠠᠮᠲᠤ᠎ᠪᠠᠷ ᠬᠦᠷᠲᠡᠬᠦ ᠪᠠ ᠬᠠᠮᠲᠤ᠎ᠪᠠᠷ ᠬᠦᠷᠲᠡᠵᠦ ᠦᠯᠦ ᠪᠣᠯᠬᠤ ᠬᠡᠮᠡᠨ 3 ᠲᠥᠷᠥᠯ᠎ᠳᠤ ᠬᠤᠪᠢᠶᠠᠨ᠎ᠠ᠃
(ᠨᠢᠭᠡ) ᠣᠯᠠᠨ ᠨᠡᠶ᠋ᠢᠲᠡ ᠵᠢᠨ ᠬᠠᠮᠢᠶᠠᠷᠤᠯᠲᠠ ᠪᠠ ᠦᠢ᠍ᠯᠡᠴᠢᠯᠡᠭᠡᠨ᠎ᠤ ᠪᠦᠬᠦᠢ᠌ᠯᠡ ᠪᠠᠢ᠌ᠭᠤᠯᠤᠮᠵᠢ᠎ᠨᠤᠭᠤᠳ᠎ᠲᠤ ᠬᠠᠩᠭ᠋ᠠᠭ᠋ᠠᠳ ᠬᠦᠷᠲᠡᠭᠡᠨ ᠬᠡᠷᠡᠭᠯᠡᠭᠦᠯᠵᠦ ᠪᠣᠯᠬᠤ ᠣᠯᠠᠨ ᠨᠡᠶ᠋ᠢᠲᠡ ᠵᠢᠨ ᠳ᠋ᠠᠢ᠌ᠲ᠋ᠠ᠎ᠨᠢ ᠨᠥᠬᠥᠴᠡᠯ ᠦᠭᠡᠢ᠎ᠪᠠᠷ ᠬᠠᠮᠲᠤ᠎ᠪᠠᠷ ᠬᠦᠷᠲᠡᠬᠦ ᠲᠥᠷᠥᠯ᠎ᠳᠤ ᠬᠠᠷᠢᠶᠠᠯᠠᠭᠳᠠᠨ᠎ᠠ᠃
(ᠬᠣᠶᠠᠷ) ᠵᠣᠬᠢᠬᠤ ᠨᠥᠬᠥᠴᠡᠯ ᠵᠶ᠋ᠡᠷ ᠬᠠᠮᠢᠶ᠎ᠠ ᠪᠦᠬᠦᠢ ᠣᠯᠠᠨ ᠨᠡᠶ᠋ᠢᠲᠡ ᠵᠢᠨ ᠬᠠᠮᠢᠶᠠᠷᠤᠯᠲᠠ ᠪᠠ ᠦᠢ᠍ᠯᠡᠴᠢᠯᠡᠭᠡᠨ᠎ᠤ ᠪᠠᠢ᠌ᠭᠤᠯᠤᠮᠵᠢ᠎ᠨᠤᠭᠤᠳ᠎ᠲᠤ ᠬᠠᠩᠭ᠋ᠠᠭ᠋ᠠᠳ ᠬᠦᠷᠲᠡᠭᠡᠨ ᠬᠡᠷᠡᠭᠯᠡᠭᠦᠯᠵᠦ ᠪᠣᠯᠬᠤ ᠣᠯᠠᠨ ᠨᠡᠶ᠋ᠢᠲᠡ ᠵᠢᠨ ᠳ᠋ᠠᠢ᠌ᠲ᠋ᠠ᠎ᠨᠢ ᠨᠥᠬᠥᠴᠡᠯ᠎ᠲᠠᠢ᠎ᠪᠠᠷ ᠬᠠᠮᠲᠤ᠎ᠪᠠᠷ ᠬᠦᠷᠲᠡᠬᠦ ᠲᠥᠷᠥᠯ᠎ᠳᠤ ᠬᠠᠷᠢᠶᠠᠯᠠᠭᠳᠠᠨ᠎ᠠ᠃
(ᠭᠤᠷᠪᠠ) ᠪᠤᠰᠤᠳ ᠣᠯᠠᠨ ᠨᠡᠶ᠋ᠢᠲᠡ ᠵᠢᠨ ᠬᠠᠮᠢᠶᠠᠷᠤᠯᠲᠠ ᠪᠠ ᠦᠢ᠍ᠯᠡᠴᠢᠯᠡᠭᠡᠨ᠎ᠤ ᠪᠠᠢ᠌ᠭᠤᠯᠤᠮᠵᠢ᠎ᠨᠤᠭᠤᠳ᠎ᠲᠤ ᠬᠠᠩᠭ᠋ᠠᠭ᠋ᠠᠳ ᠬᠦᠷᠲᠡᠭᠡᠨ ᠬᠡᠷᠡᠭᠯᠡᠭᠦᠯᠬᠦ᠎ᠳᠤ ᠲᠣᠬᠢᠷᠠᠬᠤ ᠦᠭᠡᠢ ᠣᠯᠠᠨ ᠨᠡᠶ᠋ᠢᠲᠡ ᠵᠢᠨ ᠳ᠋ᠠᠢ᠌ᠲ᠋ᠠ᠎ᠨᠢ ᠬᠠᠮᠲᠤ᠎ᠪᠠᠷ ᠬᠦᠷᠲᠡᠵᠦ ᠦᠯᠦ ᠪᠣᠯᠬᠤ ᠲᠥᠷᠥᠯ᠎ᠳᠤ ᠬᠠᠷᠢᠶᠠᠯᠠᠭᠳᠠᠨ᠎ᠠ᠃
ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠭᠠᠷᠴᠠᠭ᠎ᠢ ᠨᠠᠢ᠌ᠷᠠᠭᠤᠯᠤᠨ ᠵᠣᠬᠢᠶᠠᠬᠤ᠎ᠳᠤ᠎ᠪᠠᠨ᠂ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠬᠠᠮᠲᠤ᠎ᠪᠠᠷ ᠭᠥᠷᠳᠡᠬᠦ ᠲᠥᠷᠥᠯ ᠪᠠ ᠱᠠᠭ᠋ᠠᠷᠳᠠᠯᠭ᠎ᠠ ᠵᠢ ᠲᠣᠭᠲᠠᠭ᠋ᠠᠬᠤ ᠬᠡᠷᠡᠭᠲᠡᠢ᠃ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠤᠨ ᠦᠨᠳᠦᠰᠦᠯᠡᠯ ᠦᠭᠡᠢ ᠪᠣᠯ ᠨᠥᠬᠥᠴᠡᠯ ᠦᠭᠡᠢ᠎ᠪᠠᠷ ᠬᠠᠮᠲᠤ᠎ᠪᠠᠷ ᠬᠦᠷᠲᠡᠬᠦ ᠬᠡᠷᠡᠭᠲᠡᠢ; ᠨᠥᠬᠥᠴᠡᠯ᠎ᠲᠠᠢ᠎ᠪᠠᠷ ᠬᠠᠮᠲᠤ᠎ᠪᠠᠷ ᠬᠦᠷᠲᠡᠬᠦ ᠲᠥᠷᠥᠯ ᠪᠠ ᠬᠠᠮᠲᠤ᠎ᠪᠠᠷ ᠬᠦᠷᠲᠡᠵᠦ ᠦᠯᠦ ᠪᠣᠯᠬᠤ ᠲᠥᠷᠥᠯ᠎ᠳᠤ ᠵᠢᠭᠰᠠᠭ᠋ᠠᠭᠳᠠᠭᠰᠠᠨ ᠣᠯᠠᠨ ᠨᠡᠶ᠋ᠢᠲᠡ ᠵᠢᠨ ᠳ᠋ᠠᠢ᠌ᠲ᠋ᠠ᠎ᠳᠤ ᠤᠴᠢᠷ ᠰᠢᠯᠲᠠᠭ᠋ᠠᠨ᠎ᠢ᠎ᠨᠢ ᠲᠣᠳᠣᠷᠬᠠᠢ᠌ᠯᠠᠬᠤ ᠵᠢᠨ ᠬᠠᠮᠲᠤ ᠂ ᠵᠤᠬᠢᠬᠤ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠤᠨ ᠦᠨᠳᠦᠰᠦᠯᠡᠯ᠎ᠢ᠎ᠨᠢ ᠲᠣᠳᠣᠷᠬᠠᠢ᠌ᠯᠠᠬᠤ ᠬᠡᠷᠡᠭᠲᠡᠢ᠃ ᠨᠥᠬᠥᠴᠡᠯ᠎ᠲᠠᠢ᠎ᠪᠠᠷ ᠬᠠᠮᠲᠤ᠎ᠪᠠᠷ ᠬᠦᠷᠲᠡᠬᠦ ᠲᠥᠷᠥᠯ᠎ᠳᠤ ᠵᠢᠭᠰᠠᠭ᠋ᠠᠭᠰᠠᠨ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠬᠠᠮᠲᠤ᠎ᠪᠠᠷ ᠬᠦᠷᠲᠡᠬᠦ ᠨᠥᠬᠥᠴᠡᠯ᠎ᠢ᠎ᠨᠢ ᠲᠣᠳᠣᠷᠬᠠᠢ᠌ᠯᠠᠬᠤ ᠬᠡᠷᠡᠭᠲᠡᠢ᠃
ᠬᠣᠷᠢᠨ ᠬᠣᠶᠠᠳᠤᠭ᠋ᠠᠷ ᠵᠦᠢ᠍ᠯ ᠣᠯᠠᠨ ᠨᠡᠶ᠋ᠢᠲᠡ ᠵᠢᠨ ᠬᠠᠮᠢᠶᠠᠷᠤᠯᠲᠠ ᠪᠠ ᠦᠢ᠍ᠯᠡᠴᠢᠯᠡᠭᠡᠨ᠎ᠤ ᠪᠠᠢ᠌ᠭᠤᠯᠤᠮᠵᠢ᠎ᠨᠤᠭᠤᠳ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠣᠯᠠᠨ ᠨᠡᠶ᠋ᠢᠲᠡ ᠵᠢᠨ ᠳ᠋ᠠᠢ᠌ᠲ᠋ᠠ ᠵᠢ ᠬᠠᠮᠲᠤ᠎ᠪᠠᠷ ᠭᠥᠷᠳᠡᠬᠦ ᠵᠢᠨ ᠬᠠᠷᠢᠶᠠᠯᠠᠭᠳᠠᠬᠤ ᠴᠢᠨᠠᠷ᠎ᠢ ᠰᠢᠨᠵᠢᠯᠡᠬᠦ ᠤᠬᠠᠭ᠋ᠠᠨᠴᠢ ᠪᠥᠭᠡᠳ ᠵᠦᠢ ᠵᠣᠬᠢᠰᠲᠠᠢ ᠲᠣᠭᠲᠠᠭ᠋ᠠᠬᠤ ᠵᠢᠨ ᠬᠠᠮᠲᠤ᠂ ᠲᠣᠭᠲᠠᠮᠠᠯ ᠬᠤᠭᠤᠴᠠᠭ᠎ᠠ᠎ᠲᠠᠢ᠎ᠪᠠᠷ ᠰᠢᠨᠡᠳᠬᠡᠬᠦ ᠬᠡᠷᠡᠭᠲᠡᠢ; ᠨᠥᠬᠥᠴᠡᠯ᠎ᠲᠠᠢ ᠬᠠᠮᠲᠤ᠎ᠪᠠᠷ ᠬᠦᠷᠲᠡᠬᠦ ᠲᠥᠷᠥᠯ᠎ᠤᠨ ᠣᠯᠠᠨ ᠨᠡᠶ᠋ᠢᠲᠡ ᠵᠢᠨ ᠳ᠋ᠠᠢ᠌ᠲ᠋ᠠ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠦᠨᠡᠯᠡᠨ ᠵᠢᠱ᠌ᠢᠵᠦ᠂ ᠦᠨᠡᠯᠡᠨ ᠵᠢᠱ᠌ᠢᠬᠦ᠎ᠪᠠᠷ ᠳᠡᠮᠵᠢᠨ ᠨᠥᠬᠥᠴᠡᠯ ᠦᠭᠡᠢ᠎ᠪᠠᠷ ᠬᠠᠮᠲᠤ᠎ᠪᠠᠷ ᠬᠦᠷᠲᠡᠬᠦ ᠬᠠᠷᠢᠶᠠᠯᠠᠭᠳᠠᠬᠤ ᠴᠢᠨᠠᠷ᠎ᠢ ᠪᠦᠷᠢᠯᠳᠦᠭᠦᠯᠦᠭᠰᠡᠨ ᠣᠯᠠᠨ ᠨᠡᠶ᠋ᠢᠲᠡ ᠵᠢᠨ ᠳ᠋ᠠᠢ᠌ᠲ᠋ᠠ ᠵᠢ ᠪᠣᠯ ᠴᠠᠭ ᠲᠤᠬᠠᠢᠳᠤᠨᠢ ᠨᠥᠬᠥᠴᠡᠯ ᠦᠭᠡᠢ᠎ᠪᠠᠷ ᠬᠠᠮᠲᠤ᠎ᠪᠠᠷ ᠬᠦᠷᠲᠡᠬᠦ ᠲᠥᠷᠥᠯ ᠪᠣᠯᠭ᠋ᠠᠨ ᠬᠤᠪᠢᠷᠠᠭᠤᠯᠬᠤ ᠬᠡᠷᠡᠭᠲᠡᠢ᠃
ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠳᠤ ᠠᠰᠲᠠᠭ᠋ᠠᠨ ᠳᠣᠭᠲᠠᠭ᠋ᠠᠭᠰᠠᠨ᠎ᠠᠴᠠ ᠭᠠᠳᠠᠨ᠎ᠠ᠂ ᠬᠠᠮᠲᠤ᠎ᠪᠠᠷ ᠬᠦᠷᠲᠡᠵᠦ ᠦᠯᠦ ᠪᠣᠯᠬᠤ ᠲᠥᠷᠥᠯ᠎ᠤᠨ ᠣᠯᠠᠨ ᠨᠡᠶ᠋ᠢᠲᠡ ᠵᠢᠨ ᠳ᠋ᠠᠢ᠌ᠲ᠋ᠠ᠎ᠳᠤ ᠬᠠᠤᠯᠢ ᠶᠣᠰᠣᠭ᠋ᠠᠷ ᠰᠡᠷᠬᠡᠭᠢᠨᠢ ᠦᠭᠡᠢ᠌ᠳᠡᠭᠦᠯᠬᠦ ᠵᠡᠷᠭᠡ᠎ᠪᠠᠷ ᠰᠢᠢ᠍ᠳᠪᠦᠷᠢᠯᠡᠭᠰᠡᠨ᠎ᠤ ᠳᠠᠷᠠᠭ᠎ᠠ ᠨᠥᠬᠥᠴᠡᠯ᠎ᠲᠠᠢ ᠬᠠᠮᠲᠤ᠎ᠪᠠᠷ ᠬᠦᠷᠲᠡᠬᠦ ᠲᠥᠷᠥᠯ ᠪᠤᠶᠤ ᠨᠥᠬᠥᠴᠡᠯ ᠦᠭᠡᠢ᠎ᠪᠠᠷ ᠬᠠᠮᠲᠤ᠎ᠪᠠᠷ ᠬᠦᠷᠲᠡᠬᠦ ᠲᠥᠷᠥᠯ ᠪᠣᠯᠭ᠋ᠠᠨ ᠬᠤᠪᠢᠷᠠᠭᠤᠯᠵᠤ ᠪᠣᠯᠣᠨ᠎ᠠ᠃ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠰᠡᠷᠭᠡᠭᠢᠨᠢ ᠦᠭᠡᠢ᠌ᠳᠡᠭᠦᠯᠬᠦ ᠵᠡᠷᠭᠡ ᠰᠢᠢ᠍ᠳᠪᠦᠷᠢᠯᠡᠬᠦ ᠳᠦᠷᠢᠮ᠎ᠢ ᠪᠣᠯ ᠥᠪᠡᠷᠲᠡᠭᠡᠨ ᠵᠠᠰᠠᠬᠤ ᠣᠷᠣᠨ᠎ᠤ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠣᠯᠠᠨ ᠨᠡᠶ᠋ᠢᠲᠡ ᠵᠢᠨ ᠬᠠᠮᠢᠶᠠᠷᠤᠯᠲᠠ ᠪᠠ ᠦᠢ᠍ᠯᠡᠴᠢᠯᠡᠭᠡᠨ᠎ᠤ ᠪᠠᠢ᠌ᠭᠤᠯᠤᠮᠵᠢ᠎ᠯᠤᠭ᠎ᠠ ᠬᠠᠮᠳᠤᠷᠠᠯᠴᠠᠨ ᠲᠣᠭᠲᠠᠭ᠋ᠠᠨ᠎ᠠ᠃
ᠬᠣᠷᠢᠨ ᠭᠤᠷᠪᠠᠳᠤᠭ᠋ᠠᠷ ᠵᠦᠢ᠍ᠯ ᠨᠥᠬᠥᠴᠡᠯ ᠦᠭᠡᠢ᠎ᠪᠠᠷ ᠬᠠᠮᠲᠤ᠎ᠪᠠᠷ ᠭᠥᠷᠳᠡᠬᠦ ᠣᠯᠠᠨ ᠨᠡᠶ᠋ᠢᠲᠡ ᠵᠢᠨ ᠳ᠋ᠠᠢ᠌ᠲ᠋ᠠ ᠵᠢ ᠣᠯᠠᠨ ᠨᠡᠶ᠋ᠢᠲᠡ ᠵᠢᠨ ᠬᠠᠮᠢᠶᠠᠷᠤᠯᠲᠠ ᠪᠠ ᠦᠢ᠍ᠯᠡᠴᠢᠯᠡᠭᠡᠨ᠎ᠤ ᠪᠠᠢ᠌ᠭᠤᠯᠤᠮᠵᠢ᠎ᠨᠢ ᠲᠣᠰ ᠱᠠᠲᠤᠨ᠎ᠤ᠎ᠪᠠᠨ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠲᠠᠪᠴᠠᠩ ᠵᠶ᠋ᠠᠷ ᠳᠡᠮᠵᠢᠨ ᠰᠢᠭᠤᠳ ᠭᠤᠶᠤᠴᠢᠯᠠᠵᠤ ᠠᠪᠤᠨ᠎ᠠ᠃
ᠨᠥᠬᠥᠴᠡᠯ᠎ᠲᠠᠢ᠎ᠪᠠᠷ ᠬᠠᠮᠲᠤ᠎ᠪᠠᠷ ᠬᠦᠷᠲᠡᠬᠦ ᠣᠯᠠᠨ ᠨᠡᠶ᠋ᠢᠲᠡ ᠵᠢᠨ ᠳ᠋ᠠᠢ᠌ᠲ᠋ᠠ ᠵᠢ ᠣᠯᠠᠨ ᠨᠡᠶ᠋ᠢᠲᠡ ᠵᠢᠨ ᠬᠠᠮᠢᠶᠠᠷᠤᠯᠲᠠ ᠪᠠ ᠦᠢ᠍ᠯᠡᠴᠢᠯᠡᠭᠡᠨ᠎ᠤ ᠪᠠᠢ᠌ᠭᠤᠯᠤᠮᠵᠢ᠎ᠨᠤᠭᠤᠳ ᠲᠣᠰ ᠱᠠᠲᠤᠨ᠎ᠤ᠎ᠪᠠᠨ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠲᠠᠪᠴᠠᠩ ᠵᠶ᠋ᠠᠷ ᠳᠠᠮᠵᠢᠭᠤᠯᠤᠨ ᠡᠬᠢ ᠳ᠋ᠠᠢ᠌ᠲ᠋ᠠ ᠵᠢᠨ ᠰᠠᠯᠠᠭ᠎ᠠ ᠮᠥᠴᠢᠷ᠎ᠲᠤ ᠬᠠᠮᠲᠤ᠎ᠪᠠᠷ ᠬᠦᠷᠲᠡᠬᠦ ᠭᠤᠶᠤᠴᠢᠯᠠᠯ ᠳᠡᠪᠰᠢᠭᠦᠯᠵᠦ᠂ ᠡᠬᠢ ᠳ᠋ᠠᠢ᠌ᠲ᠋ᠠ ᠵᠢᠨ ᠰᠠᠯᠠᠭ᠎ᠠ ᠮᠥᠴᠢᠷ᠎ᠨᠢ 5 ᠠᠵᠢᠯᠯᠠᠬᠤ ᠡᠳᠦᠷ᠎ᠤᠨ ᠳᠣᠲᠣᠷ᠎ᠠ ᠬᠠᠷᠢᠭᠤᠯᠲᠠ ᠥᠭᠬᠦ ᠬᠡᠷᠡᠭᠲᠡᠢ᠃ ᠬᠠᠮᠲᠤ᠎ᠪᠠᠷ ᠬᠦᠷᠲᠡᠬᠦ ᠵᠢ ᠵᠥᠪᠰᠢᠶᠡᠷᠡᠭᠰᠡᠨ ᠪᠣᠯ ᠡᠬᠢ ᠳ᠋ᠠᠢ᠌ᠲ᠋ᠠ ᠵᠢᠨ ᠰᠠᠯᠠᠭ᠎ᠠ ᠮᠥᠴᠢᠷ ᠬᠠᠷᠢᠭᠤᠯᠲᠠ ᠥᠭᠭᠦᠭᠰᠡᠨ ᠡᠳᠦᠷ᠎ᠠᠴᠠ᠎ᠪᠠᠨ ᠡᠬᠢᠯᠡᠨ 5 ᠠᠵᠢᠯᠯᠠᠬᠤ ᠡᠳᠦᠷ᠎ᠤᠨ ᠳᠣᠲᠣᠷ᠎ᠠ ᠳ᠋ᠠᠢ᠌ᠲ᠋ᠠ ᠵᠢ ᠬᠠᠮᠲᠤ᠎ᠪᠠᠷ ᠬᠦᠷᠲᠡᠭᠰᠡᠨ ᠪᠠᠢ᠌ᠬᠤ ᠬᠡᠷᠡᠭᠲᠡᠢ; ᠬᠠᠮᠲᠤ᠎ᠪᠠᠷ ᠬᠦᠷᠲᠡᠬᠦ ᠵᠢ ᠲᠡᠪᠴᠢᠪᠡᠯ᠂ ᠤᠴᠢᠷ ᠰᠢᠯᠲᠠᠭ᠋ᠠᠨ ᠵᠶ᠋ᠠᠨ ᠲᠣᠳᠣᠷᠬᠠᠢ᠌ᠯᠠᠬᠤ ᠵᠢᠨ ᠬᠠᠮᠲᠤ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠤᠨ ᠦᠨᠳᠦᠰᠦᠯᠡᠯ ᠬᠠᠩᠭ᠋ᠠᠬᠤ ᠬᠡᠷᠡᠭᠲᠡᠢ᠃ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠲᠠᠪᠴᠠᠩ᠎ᠨᠢ ᠬᠢᠨᠠᠨ ᠬᠠᠷᠭᠤᠭᠤᠯᠵᠤ ᠪᠠᠢ᠌ᠭ᠎ᠠ ᠠᠬᠢᠴᠠ ᠵᠢᠨ ᠯᠠᠪᠯᠠᠯᠲᠠ ᠵᠢ ᠬᠠᠩᠭ᠋ᠠᠬᠤ ᠵᠢᠨ ᠬᠠᠮᠲᠤ᠂ ᠬᠤᠭᠤᠴᠠᠭ᠎ᠠ᠎ᠨᠢ ᠲᠤᠯᠬᠤ᠎ᠠᠴᠠ ᠡᠮᠦᠨ᠎ᠡ ᠰᠢᠮᠳᠠᠭᠤᠯᠤᠨ ᠰᠢᠢ᠍ᠳᠪᠦᠷᠢᠯᠡᠭᠦᠯᠬᠦ᠎ᠪᠠᠷ ᠰᠠᠨᠠᠭᠤᠯᠵᠤ ᠪᠣᠯᠣᠨ᠎ᠠ᠃
ᠬᠠᠮᠲᠤ᠎ᠪᠠᠷ ᠬᠦᠷᠲᠡᠵᠦ ᠦᠯᠦ ᠪᠣᠯᠬᠤ ᠣᠯᠠᠨ ᠨᠡᠶ᠋ᠢᠲᠡ ᠵᠢᠨ ᠳ᠋ᠠᠢ᠌ᠲ᠋ᠠ ᠵᠢ ᠣᠯᠠᠨ ᠨᠡᠶ᠋ᠢᠲᠡ ᠵᠢᠨ ᠬᠠᠮᠢᠶᠠᠷᠤᠯᠲᠠ ᠪᠠ ᠦᠢ᠍ᠯᠡᠴᠢᠯᠡᠭᠡᠨ᠎ᠤ ᠪᠠᠢ᠌ᠭᠤᠯᠤᠮᠵᠢ᠎ᠨᠤᠭᠤᠳ ᠡᠬᠢ ᠳ᠋ᠠᠢ᠌ᠲ᠋ᠠ ᠵᠢᠨ ᠰᠠᠯᠠᠭ᠎ᠠ ᠮᠥᠴᠢᠷ᠎ᠲᠤ ᠬᠠᠷᠭᠤᠭᠤᠯᠬᠤ᠂ ᠬᠠᠷᠢᠴᠠᠭᠤᠯᠬᠤ ᠬᠡᠷᠡᠭᠴᠡᠭᠡ ᠱᠠᠭ᠋ᠠᠷᠳᠠᠯᠭ᠎ᠠ ᠳᠤᠷᠠᠳᠴᠤ ᠪᠣᠯᠣᠨ᠎ᠠ᠂ ᠡᠬᠢ ᠳ᠋ᠠᠢ᠌ᠲ᠋ᠠ ᠵᠢᠨ ᠰᠠᠯᠠᠭ᠎ᠠ ᠮᠥᠴᠢᠷ᠎ᠨᠢ ᠵᠣᠬᠢᠰᠲᠠᠢ ᠠᠷᠭ᠎ᠠ ᠮᠠᠶᠢᠭ ᠵᠶ᠋ᠠᠷ ᠴᠠᠭ ᠲᠤᠬᠠᠢᠳᠤᠨᠢ ᠬᠠᠮᠵᠢᠯᠴᠠᠬᠤ ᠬᠡᠷᠡᠭᠲᠡᠢ᠃ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠳᠤ ᠠᠰᠲᠠᠭ᠋ᠠᠨ ᠲᠣᠭᠲᠠᠭ᠋ᠠᠭᠰᠠᠨ ᠪᠠᠢ᠌ᠪᠠᠯ ᠡᠭᠦᠨ᠎ᠳᠤ ᠪᠠᠭᠲᠠᠭ᠋ᠠᠭᠳᠠᠬᠤ ᠦᠭᠡᠢ᠃
ᠡᠬᠢ ᠳ᠋ᠠᠢ᠌ᠲ᠋ᠠ ᠵᠢᠨ ᠰᠠᠯᠠᠭ᠎ᠠ ᠮᠥᠴᠢᠷ᠎ᠤᠳ ᠲᠣᠭᠲᠠᠭ᠋ᠠᠭᠰᠠᠨ ᠬᠠᠮᠲᠤ᠎ᠪᠠᠷ ᠭᠥᠷᠳᠡᠬᠦ ᠨᠥᠬᠥᠴᠡᠯ ᠵᠢᠴᠢ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ ᠬᠡᠷᠡᠭᠴᠡᠭᠡ ᠵᠢ ᠦᠨᠳᠦᠰᠦᠯᠡᠨ ᠬᠢᠨᠠᠨ ᠬᠠᠷᠭᠤᠭᠤᠯᠵᠤ᠂ ᠬᠡᠷᠡᠭᠯᠡᠭᠡᠨ᠎ᠤ ᠲᠤᠬᠠᠢ᠌ᠯᠠᠭᠰᠠᠨ ᠠᠵᠢᠯ᠎ᠤᠨ ᠠᠬᠤᠢ ᠪᠠᠢ᠌ᠳᠠᠯ᠂ ᠳ᠋ᠠᠢ᠌ᠲ᠋ᠠ ᠬᠡᠷᠡᠭᠯᠡᠬᠦ ᠨᠢᠭᠡᠴᠢ᠂ ᠬᠡᠷᠡᠭᠰᠡᠬᠦ ᠳ᠋ᠠᠢ᠌ᠲ᠋ᠠ᠂ ᠬᠠᠮᠲᠤ᠎ᠪᠠᠷ ᠭᠥᠷᠳᠡᠬᠦ ᠬᠡᠪ ᠵᠠᠭᠪᠤᠷ᠂ ᠳᠠᠭᠤᠰᠬᠤ ᠴᠠᠭ ᠵᠡᠷᠭᠡ ᠴᠢᠬᠤᠯᠡ ᠬᠦᠴᠦᠨ ᠵᠦᠢ᠍ᠯ᠎ᠤᠳ᠎ᠢ ᠬᠢᠨᠠᠨ ᠲᠣᠭᠲᠠᠭ᠋ᠠᠵᠤ᠂ ᠬᠠᠮᠤᠭ᠎ᠤᠨ ᠪᠠᠭ᠎ᠠ ᠡᠷᠬᠡ ᠣᠯᠭᠣᠬᠤ ᠵᠠᠷᠴᠢᠮ ᠶᠣᠰᠣᠭ᠋ᠠᠷ᠂ ᠣᠯᠠᠨ ᠨᠡᠶ᠋ᠢᠲᠡ ᠵᠢᠨ ᠳ᠋ᠠᠢ᠌ᠲ᠋ᠠ ᠵᠢ ᠬᠡᠷᠡᠭᠴᠡᠭᠡ᠎ᠪᠠᠷ ᠵᠶ᠋ᠠᠨ᠂ ᠠᠮᠤᠷ ᠲᠦᠪᠰᠢᠨ ᠵᠶ᠋ᠡᠷ ᠬᠠᠮᠲᠤ᠎ᠪᠠᠷ ᠬᠦᠷᠲᠡᠬᠦ ᠵᠢ ᠦᠨᠡᠨ ᠬᠦ᠌ ᠪᠠᠲᠤᠯᠠᠬᠤ ᠬᠡᠷᠡᠭᠲᠡᠢ᠃
ᠬᠣᠷᠢᠨ ᠳᠥᠷᠪᠡᠳᠦᠭᠡᠷ ᠵᠦᠢ᠍ᠯ ᠣᠯᠠᠨ ᠨᠡᠶ᠋ᠢᠲᠡ ᠵᠢᠨ ᠬᠠᠮᠢᠶᠠᠷᠤᠯᠲᠠ ᠪᠠ ᠦᠢ᠍ᠯᠡᠴᠢᠯᠡᠭᠡᠨ᠎ᠤ ᠪᠠᠢ᠌ᠭᠤᠯᠤᠮᠵᠢ᠎ᠨᠤᠭᠤᠳ ᠬᠠᠮᠲᠤ᠎ᠪᠠᠷ ᠭᠥᠷᠳᠡᠬᠦ ᠭᠠᠷᠴᠠᠭ᠎ᠲᠤ ᠬᠠᠷᠠᠬᠠᠨ ᠣᠷᠣᠭᠤᠯᠤᠭ᠋ᠠᠳᠤᠢ ᠣᠯᠠᠨ ᠨᠡᠶ᠋ᠢᠲᠡ ᠵᠢᠨ ᠳ᠋ᠠᠢ᠌ᠲ᠋ᠠ ᠵᠢ ᠬᠠᠮᠲᠤ᠎ᠪᠠᠷ ᠭᠥᠷᠳᠡᠬᠦ᠎ᠪᠠᠨ ᠭᠤᠶᠤᠴᠢᠯᠠᠬᠤ᠎ᠳᠤ᠂ ᠲᠣᠰ ᠱᠠᠲᠤᠨ᠎ᠤ᠎ᠪᠠᠨ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠲᠠᠪᠴᠠᠩ ᠵᠶ᠋ᠠᠷ ᠳᠠᠮᠵᠢᠭᠤᠯᠤᠨ ᠬᠡᠷᠡᠭᠴᠡᠭᠡ ᠱᠠᠭ᠋ᠠᠷᠳᠠᠯᠭ᠎ᠠ ᠵᠢᠨ ᠭᠤᠶᠤᠴᠢᠯᠠᠯ ᠵᠶ᠋ᠠᠨ ᠳᠡᠪᠰᠢᠭᠦᠯᠵᠦ ᠪᠣᠯᠣᠨ᠎ᠠ᠂ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠬᠢᠨᠠᠵᠤ ᠬᠠᠷᠭᠤᠭᠤᠯᠤᠭ᠋ᠠᠳ᠂ ᠬᠣᠯᠪᠣᠭᠳᠠᠯ ᠪᠦᠬᠦᠢ ᠡᠬᠢ ᠳ᠋ᠠᠢ᠌ᠲ᠋ᠠ ᠵᠢᠨ ᠰᠠᠯᠠᠭ᠎ᠠ ᠮᠥᠴᠢᠷ ᠨᠤᠲᠠᠯᠠᠭᠰᠠᠨ᠎ᠤ ᠳᠠᠷᠠᠭ᠎ᠠ ᠬᠠᠮᠲᠤ᠎ᠪᠠᠷ ᠭᠥᠷᠳᠡᠬᠦ ᠬᠠᠷᠢᠭᠤᠴᠠᠯᠭ᠎ᠠ ᠵᠢᠨ ᠨᠠᠷᠢᠨ ᠬᠠᠭᠤᠳᠠᠰᠤᠨ᠎ᠳᠤ ᠵᠢᠭᠰᠠᠭ᠋ᠠᠨ ᠣᠷᠣᠭᠤᠯᠤᠨ᠎ᠠ᠃ ᠡᠭᠦᠨ᠎ᠳᠤ᠂ ᠵᠥᠪᠰᠢᠶᠡᠷᠡᠭᠰᠡᠨ ᠪᠥᠭᠡᠳ ᠰᠢᠭᠤᠳ ᠬᠠᠮᠲᠤ᠎ᠪᠠᠷ ᠬᠦᠷᠲᠡᠵᠦ ᠳᠡᠶ᠋ᠢᠯᠬᠦ ᠵᠢ᠎ᠨᠢ ᠬᠣᠯᠪᠣᠭᠳᠠᠯ ᠪᠦᠬᠦᠢ ᠡᠬᠢ ᠳ᠋ᠠᠢ᠌ᠲ᠋ᠠ ᠵᠢᠨ ᠰᠠᠯᠠᠭ᠎ᠠ ᠮᠥᠴᠢᠷ 5 ᠠᠵᠢᠯᠯᠠᠬᠤ ᠡᠳᠦᠷ᠎ᠤᠨ ᠳᠣᠲᠣᠷ᠎ᠠ ᠬᠠᠷᠢᠭᠤᠯᠲᠠ ᠥᠭᠬᠦ ᠵᠢᠨ ᠬᠠᠮᠲᠤ ᠬᠠᠷᠢᠭᠤᠯᠲᠠ ᠥᠭᠭᠦᠭᠰᠡᠨ ᠡᠳᠦᠷ᠎ᠠᠴᠠ ᠡᠬᠢᠯᠡᠨ 7 ᠠᠵᠢᠯᠯᠠᠬᠤ ᠡᠳᠦᠷ᠎ᠤᠨ ᠳᠣᠲᠣᠷ᠎ᠠ ᠳ᠋ᠠᠢ᠌ᠲ᠋ᠠ ᠵᠢ ᠡᠮᠬᠢᠯᠡᠬᠦ᠂ ᠬᠠᠮᠲᠤ᠎ᠪᠠᠷ ᠬᠦᠷᠲᠡᠬᠦ ᠵᠢ ᠪᠡᠶᠡᠯᠡᠭᠦᠯᠬᠦ ᠬᠡᠷᠡᠭᠲᠡᠢ; ᠬᠣᠯᠪᠣᠭᠳᠠᠯ ᠪᠦᠬᠦᠢ ᠣᠯᠠᠨ ᠨᠡᠶ᠋ᠢᠲᠡ ᠵᠢᠨ ᠳ᠋ᠠᠢ᠌ᠲ᠋ᠠ ᠵᠢ ᠪᠣᠯᠪᠠᠰᠤᠷᠠᠭᠤᠯᠬᠤ ᠵᠡᠷᠭᠡ ᠰᠢᠢ᠍ᠳᠪᠦᠷᠢᠯᠡᠯᠲᠡ ᠬᠢᠬᠦ ᠴᠢᠬᠤᠯᠠᠲᠠᠢ ᠪᠣᠯ᠂ ᠬᠠᠮᠲᠤ᠎ᠪᠠᠷ ᠬᠦᠷᠲᠡᠵᠦ ᠪᠣᠯᠬᠤ ᠪᠣᠳᠠᠲᠠᠢ ᠴᠠᠭ ᠬᠤᠭᠤᠴᠠᠭ᠎ᠠ ᠵᠢ᠎ᠨᠢ ᠬᠡᠯᠡᠵᠦ ᠥᠭᠬᠦ ᠬᠡᠷᠡᠭᠲᠡᠢ; ᠬᠠᠮᠲᠤ᠎ᠪᠠᠷ ᠬᠦᠷᠲᠡᠬᠦ ᠵᠢ ᠵᠥᠪᠰᠢᠶᠡᠷᠡᠬᠦ ᠦᠭᠡᠢ ᠪᠣᠯ᠂ 5 ᠠᠵᠢᠯᠯᠠᠬᠤ ᠡᠳᠦᠷ᠎ᠤᠨ ᠳᠣᠲᠣᠷ᠎ᠠ ᠤᠴᠢᠷ ᠰᠢᠯᠲᠠᠭ᠋ᠠᠨ ᠵᠶ᠋ᠠᠨ ᠲᠣᠳᠣᠷᠬᠠᠢ᠌ᠯᠠᠬᠤ ᠵᠢᠨ ᠬᠠᠮᠲᠤ ᠵᠤᠬᠢᠬᠤ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠤᠨ ᠦᠨᠳᠦᠰᠦᠯᠡᠯ ᠵᠶ᠋ᠠᠨ ᠬᠠᠩᠭ᠋ᠠᠬᠤ ᠬᠡᠷᠡᠭᠲᠡᠢ᠃
ᠬᠣᠷᠢᠨ ᠲᠠᠪᠤᠳᠤᠭ᠋ᠠᠷ ᠵᠦᠢ᠍ᠯ ᠠᠢ᠌ᠮᠠᠭ ᠬᠣᠲᠠ ᠵᠢᠨ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠲᠠᠪᠴᠠᠩ᠎ᠤᠳ ᠰᠢᠭᠤᠳ ᠣᠯᠵᠤ ᠳᠡᠶ᠋ᠢᠯᠬᠦ ᠦᠭᠡᠢ ᠳᠡᠰ ᠱᠠᠲᠤ ᠠᠯᠤᠰᠯᠠᠭᠰᠠᠨ᠂ ᠭᠠᠵᠠᠷ ᠣᠷᠣᠨ ᠠᠯᠤᠰᠯᠠᠭᠰᠠᠨ ᠵᠡᠷᠭᠡ ᠣᠯᠠᠨ ᠨᠡᠶ᠋ᠢᠲᠡ ᠵᠢᠨ ᠳ᠋ᠠᠢ᠌ᠲ᠋ᠠ ᠵᠢ ᠲᠣᠰ ᠱᠠᠲᠤᠨ᠎ᠤ᠎ᠪᠠᠨ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠶ᠋ᠡᠷ ᠳᠠᠮᠵᠢᠭᠤᠯᠤᠨ ᠳᠡᠭᠡᠳᠦ ᠱᠠᠲᠤᠨ᠎ᠤ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠭᠤᠶᠤᠴᠢᠯᠠᠵᠤ ᠪᠠᠢ᠌ᠭ᠋ᠠᠳ ᠠᠪᠬᠤ ᠬᠡᠷᠡᠭᠲᠡᠢ᠃
ᠣᠯᠠᠨ ᠨᠡᠶ᠋ᠢᠲᠡ ᠵᠢᠨ ᠬᠠᠮᠢᠶᠠᠷᠤᠯᠲᠠ ᠪᠠ ᠦᠢ᠍ᠯᠡᠴᠢᠯᠡᠭᠡᠨ᠎ᠤ ᠪᠠᠢ᠌ᠭᠤᠯᠤᠮᠵᠢ᠎ᠨᠤᠭᠤᠳ ᠤᠯᠤᠰ᠎ᠤᠨ ᠲᠠᠪᠴᠠᠩ᠎ᠤᠨ ᠬᠠᠮᠢᠶ᠎ᠠ ᠪᠦᠬᠦᠢ ᠣᠯᠠᠨ ᠨᠡᠶ᠋ᠢᠲᠡ ᠵᠢᠨ ᠳ᠋ᠠᠢ᠌ᠲ᠋ᠠ ᠵᠢ ᠬᠠᠮᠲᠤ᠎ᠪᠠᠷ ᠭᠥᠷᠳᠡᠬᠦ ᠴᠢᠬᠤᠯᠠᠲᠠᠢ ᠪᠣᠯ᠂ ᠥᠪᠡᠷᠲᠡᠭᠡᠨ ᠵᠠᠰᠠᠬᠤ ᠣᠷᠣᠨ᠎ᠤ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠵᠣᠬᠢᠴᠠᠭᠤᠯᠵᠤ ᠪᠠᠢ᠌ᠭ᠋ᠠᠳ ᠣᠯᠵᠤ ᠥᠭᠬᠦ ᠬᠡᠷᠡᠭᠲᠡᠢ᠃
ᠲᠠᠪᠤᠳᠤᠭ᠋ᠠᠷ ᠪᠦᠯᠦᠭ ᠣᠯᠠᠨ ᠨᠡᠶ᠋ᠢᠲᠡ ᠵᠢᠨ ᠳ᠋ᠠᠢ᠌ᠲ᠋ᠠ ᠵᠢ ᠴᠢᠯᠦᠭᠡᠲᠡᠢ ᠪᠣᠯᠭ᠋ᠠᠬᠤ
ᠬᠣᠷᠢᠨ ᠵᠢᠷᠭᠤᠳᠤᠭ᠋ᠠᠷ ᠵᠦᠢ᠍ᠯ ᠣᠯᠠᠨ ᠨᠡᠶ᠋ᠢᠲᠡ ᠵᠢᠨ ᠳ᠋ᠠᠢ᠌ᠲ᠋ᠠ ᠵᠢ ᠬᠡᠷᠡᠭᠴᠡᠭᠡ ᠱᠠᠭ᠋ᠠᠷᠳᠠᠯᠭ᠎ᠠ᠎ᠪᠠᠷ ᠤᠳᠤᠷᠢᠳᠤᠮᠵᠢ ᠪᠣᠯᠭ᠋ᠠᠨ ᠬᠠᠤᠯᠢ ᠶᠣᠰᠣᠭ᠋ᠠᠷ ᠡᠮᠬᠢ ᠵᠢᠷᠤᠮ᠎ᠲᠠᠢ᠎ᠪᠠᠷ ᠴᠢᠯᠦᠭᠡᠲᠡᠢ ᠪᠣᠯᠭ᠋ᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠂ ᠠᠢ᠌ᠮᠠᠭ ᠬᠣᠲᠠ ᠵᠢᠨ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠲᠣᠰ ᠭᠠᠵᠠᠷ ᠣᠷᠣᠨ᠎ᠤ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠬᠡᠷᠡᠭᠴᠡᠭᠡ᠎ᠪᠠᠨ ᠦᠨᠳᠦᠰᠦᠯᠡᠨ᠂ ᠲᠣᠰ ᠱᠠᠲᠤᠨ᠎ᠤ ᠣᠯᠠᠨ ᠨᠡᠶ᠋ᠢᠲᠡ ᠵᠢᠨ ᠬᠠᠮᠢᠶᠠᠷᠤᠯᠲᠠ ᠪᠠ ᠦᠢ᠍ᠯᠡᠴᠢᠯᠡᠭᠡᠨ᠎ᠤ ᠪᠠᠢ᠌ᠭᠤᠯᠤᠮᠵᠢ᠎ᠯᠤᠭ᠎ᠠ ᠬᠠᠮᠳᠤᠷᠠᠯᠴᠠᠨ ᠣᠯᠠᠨ ᠨᠡᠶ᠋ᠢᠲᠡ ᠵᠢᠨ ᠳ᠋ᠠᠢ᠌ᠲ᠋ᠠ ᠵᠢ ᠴᠢᠯᠦᠭᠡᠲᠡᠢ ᠪᠣᠯᠭ᠋ᠠᠬᠤ ᠣᠨ᠎ᠤ ᠲᠥᠯᠥᠪᠯᠡᠭᠡ ᠵᠢ ᠲᠣᠭᠲᠠᠭ᠋ᠠᠵᠤ᠂ ᠴᠢᠯᠦᠭᠡᠲᠡᠢ ᠪᠣᠯᠭ᠋ᠠᠬᠤ ᠣᠨ᠎ᠤ ᠭᠣᠣᠯᠳᠠᠯᠭ᠎ᠠ᠎ᠪᠠᠨ ᠲᠣᠳᠣᠷᠬᠠᠢ᠌ᠯᠠᠨ᠂ ᠴᠢᠯᠦᠭᠡᠲᠡᠢ ᠪᠣᠯᠭ᠋ᠠᠵᠤ ᠪᠣᠯᠬᠤ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠭᠠᠷᠴᠠᠭ᠎ᠢ ᠨᠡᠢ᠌ᠲᠡᠯᠡᠬᠦ ᠬᠡᠷᠡᠭᠲᠡᠢ᠃ ᠠᠷᠠᠳ᠎ᠤᠨ ᠠᠮᠢᠳᠤᠷᠠᠯ᠎ᠯᠤᠭ᠎ᠠ ᠨᠢᠭᠲᠠ ᠬᠣᠯᠪᠣᠭ᠎ᠠ᠎ᠲᠠᠢ᠂ ᠨᠡᠢ᠌ᠭᠡᠮ᠎ᠳᠤ ᠲᠤᠯᠭ᠋ᠠᠮ ᠱᠠᠭ᠋ᠠᠷᠳᠠᠭᠳᠠᠵᠤ ᠪᠠᠢ᠌ᠭ᠎ᠠ ᠣᠯᠠᠨ ᠨᠡᠶ᠋ᠢᠲᠡ ᠵᠢᠨ ᠳ᠋ᠠᠢ᠌ᠲ᠋ᠠ ᠵᠢ ᠣᠯᠠᠨ ᠨᠡᠶ᠋ᠢᠲᠡ ᠵᠢᠨ ᠳ᠋ᠠᠢ᠌ᠲ᠋ᠠ ᠵᠢ ᠴᠢᠯᠦᠭᠡᠲᠡᠢ ᠪᠣᠯᠭ᠋ᠠᠬᠤ ᠲᠥᠯᠥᠪᠯᠡᠭᠡ᠎ᠳᠤ ᠤᠷᠢᠳ ᠵᠶ᠋ᠠᠷ ᠣᠷᠣᠭᠤᠯᠬᠤ ᠬᠡᠷᠡᠭᠲᠡᠢ᠃
ᠣᠯᠠᠨ ᠨᠡᠶ᠋ᠢᠲᠡ ᠵᠢᠨ ᠬᠠᠮᠢᠶᠠᠷᠤᠯᠲᠠ ᠪᠠ ᠦᠢ᠍ᠯᠡᠴᠢᠯᠡᠭᠡᠨ᠎ᠤ ᠪᠠᠢ᠌ᠭᠤᠯᠤᠮᠵᠢ᠎ᠨᠤᠭᠤᠳ ᠲᠣᠰ ᠨᠢᠭᠡᠴᠢ ᠵᠢᠨ ᠵᠶ᠋ᠡᠨ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠭᠠᠷᠴᠠᠭ᠎ᠤᠨ ᠬᠡᠪᠴᠢᠶᠡᠨ᠎ᠳᠤ᠂ ᠣᠯᠠᠨ ᠨᠡᠶ᠋ᠢᠲᠡ ᠵᠢᠨ ᠳ᠋ᠠᠢ᠌ᠲ᠋ᠠ ᠵᠢ ᠴᠢᠯᠦᠭᠡᠲᠡᠢ ᠪᠣᠯᠭ᠋ᠠᠬᠤ ᠲᠥᠯᠥᠪᠯᠡᠭᠡ᠎ᠪᠠᠨ ᠵᠣᠬᠢᠶᠠᠨ ᠪᠠᠢ᠌ᠭᠤᠯᠵᠤ ᠲᠣᠭᠲᠠᠭ᠋ᠠᠬᠤ ᠵᠢᠨ ᠬᠠᠮᠲᠤ᠂ ᠲᠣᠰ ᠱᠠᠲᠤᠨ᠎ᠤ᠎ᠪᠠᠨ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠲᠠᠪᠴᠠᠩ ᠵᠶ᠋ᠠᠷ ᠳᠠᠮᠵᠢᠭᠤᠯᠤᠨ ᠨᠡᠢ᠌ᠲᠡᠯᠡᠵᠦ᠂ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠭᠠᠷᠴᠠᠭ᠎ᠤᠨ ᠣᠨ᠎ᠤ ᠬᠥᠳᠡᠯᠦᠩᠭᠦᠢ ᠲᠣᠬᠢᠷᠠᠭᠤᠯᠤᠯᠲᠠ ᠵᠢ ᠪᠡᠶᠡᠯᠡᠭᠦᠯᠬᠦ ᠬᠡᠷᠡᠭᠲᠡᠢ᠃
ᠬᠣᠷᠢᠨ ᠳᠣᠯᠣᠳᠤᠭ᠋ᠠᠷ ᠵᠦᠢ᠍ᠯ ᠣᠯᠠᠨ ᠨᠡᠶ᠋ᠢᠲᠡ ᠵᠢᠨ ᠳ᠋ᠠᠢ᠌ᠲ᠋ᠠ ᠵᠢ ᠴᠢᠯᠦᠭᠡᠲᠡᠢ ᠪᠣᠯᠭ᠋ᠠᠬᠤ ᠵᠢᠨ ᠬᠠᠷᠢᠶᠠᠯᠠᠭᠳᠠᠬᠤ ᠴᠢᠨᠠᠷ ᠵᠶ᠋ᠠᠷ᠎ᠨᠢ ᠦᠯᠦ ᠴᠢᠯᠦᠭᠡᠲᠡᠢ ᠪᠣᠯᠭ᠋ᠠᠬᠤ᠂ ᠨᠥᠬᠥᠴᠡᠯ᠎ᠲᠠᠢ᠎ᠪᠠᠷ ᠴᠢᠯᠦᠭᠡᠲᠡᠢ ᠪᠣᠯᠭ᠋ᠠᠬᠤ ᠪᠠ ᠨᠥᠬᠥᠴᠡᠯ ᠦᠭᠡᠢ᠎ᠪᠠᠷ ᠴᠢᠯᠦᠭᠡᠲᠡᠢ ᠪᠣᠯᠭ᠋ᠠᠬᠤ ᠬᠡᠮᠡᠨ 3 ᠲᠥᠷᠥᠯ᠎ᠳᠤ ᠬᠤᠪᠢᠶᠠᠨ᠎ᠠ᠃
(ᠨᠢᠭᠡ) ᠬᠤᠳᠠᠯᠳᠤᠭ᠋ᠠᠨ᠎ᠤ ᠨᠢᠭᠤᠴᠠ᠂ ᠬᠤᠪᠢ ᠬᠥᠮᠥᠨ᠎ᠤ ᠨᠢᠭᠤᠴᠠ᠎ᠳᠤ ᠬᠣᠯᠪᠣᠭᠳᠠᠬᠤ ᠪᠤᠶᠤ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠳᠤ ᠴᠢᠯᠦᠭᠡᠲᠡᠢ ᠪᠣᠯᠭ᠋ᠠᠵᠤ ᠦᠯᠦ ᠪᠣᠯᠬᠤ᠎ᠪᠠᠷ ᠲᠣᠭᠲᠠᠭ᠋ᠠᠭᠰᠠᠨ ᠣᠯᠠᠨ ᠨᠡᠶ᠋ᠢᠲᠡ ᠵᠢᠨ ᠳ᠋ᠠᠢ᠌ᠲ᠋ᠠ᠎ᠨᠢ ᠦᠯᠦ ᠴᠢᠯᠦᠭᠡᠲᠡᠢ ᠪᠣᠯᠭ᠋ᠠᠬᠤ ᠲᠥᠷᠥᠯ ᠬᠡᠯᠪᠡᠷᠢ᠎ᠳᠤ ᠬᠠᠷᠢᠶᠠᠯᠠᠭᠳᠠᠨ᠎ᠠ᠃
(ᠬᠣᠶᠠᠷ) ᠬᠢᠵᠠᠭ᠋ᠠᠷᠯᠠᠨ ᠲᠣᠭᠲᠠᠭ᠋ᠠᠭᠰᠠᠨ ᠡᠲᠡᠭᠡᠳ᠂ ᠬᠡᠷᠡᠭᠴᠡᠭᠡ᠂ ᠬᠡᠷᠡᠭᠯᠡᠬᠦ ᠬᠡᠪᠴᠢᠶ᠎ᠡ ᠵᠡᠷᠭᠡ ᠣᠨᠴᠠᠭ᠋ᠠᠶ ᠨᠥᠬᠥᠴᠡᠯ᠎ᠳᠤ ᠪᠠᠢ᠌ᠭ᠋ᠠᠯᠢ ᠬᠥᠮᠥᠨ᠂ ᠬᠠᠤᠯᠢ ᠵᠢᠨ ᠡᠷᠬᠡᠲᠡᠨ ᠪᠠ ᠬᠠᠤᠯᠢ ᠵᠢᠨ ᠡᠷᠬᠡᠲᠡᠨ ᠪᠤᠰᠤ ᠵᠣᠬᠢᠶᠠᠨ ᠪᠠᠢ᠌ᠭᠤᠯᠤᠯᠲᠠ᠎ᠳᠤ ᠬᠡᠷᠡᠭᠯᠡᠭᠦᠯᠵᠦ ᠪᠣᠯᠬᠤ᠎ᠪᠠᠷ ᠬᠠᠩᠭ᠋ᠠᠬᠤ ᠣᠯᠠᠨ ᠨᠡᠶ᠋ᠢᠲᠡ ᠵᠢᠨ ᠳ᠋ᠠᠢ᠌ᠲ᠋ᠠ᠎ᠨᠢ ᠨᠥᠬᠥᠴᠡᠯ᠎ᠲᠠᠢ᠎ᠪᠠᠷ ᠴᠢᠯᠦᠭᠡᠲᠡᠢ ᠪᠣᠯᠭ᠋ᠠᠬᠤ ᠲᠥᠷᠥᠯ᠎ᠳᠤ ᠬᠠᠷᠢᠶᠠᠯᠠᠭᠳᠠᠨ᠎ᠠ᠃
(ᠭᠤᠷᠪᠠ) ᠦᠯᠦ ᠴᠢᠯᠦᠭᠡᠲᠡᠢ ᠪᠣᠯᠭ᠋ᠠᠬᠤ ᠲᠥᠷᠥᠯ᠂ ᠨᠥᠬᠥᠴᠡᠯ᠎ᠲᠠᠢ᠎ᠪᠠᠷ ᠴᠢᠯᠦᠭᠡᠲᠡᠢ ᠪᠣᠯᠭ᠋ᠠᠬᠤ ᠲᠥᠷᠥᠯ ᠬᠡᠯᠪᠡᠷᠢ᠎ᠠᠴᠠ ᠭᠠᠳᠠᠨᠠᠬᠢ ᠪᠤᠰᠤᠳ ᠣᠯᠠᠨ ᠨᠡᠶ᠋ᠢᠲᠡ ᠵᠢᠨ ᠳ᠋ᠠᠢ᠌ᠲ᠋ᠠ᠎ᠨᠢ ᠨᠥᠬᠥᠴᠡᠯ ᠦᠭᠡᠢ᠎ᠪᠠᠷ ᠴᠢᠯᠦᠭᠡᠲᠡᠢ ᠪᠣᠯᠭ᠋ᠠᠬᠤ ᠲᠥᠷᠥᠯ᠎ᠳᠤ ᠬᠠᠷᠢᠶᠠᠯᠠᠭᠳᠠᠨ᠎ᠠ᠃
ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠭᠠᠷᠴᠠᠭ᠎ᠢ ᠨᠠᠢ᠌ᠷᠠᠭᠤᠯᠤᠨ ᠵᠣᠬᠢᠶᠠᠬᠤ᠎ᠳᠤ᠎ᠪᠠᠨ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠴᠢᠯᠦᠭᠡᠲᠡᠢ ᠪᠣᠯᠭ᠋ᠠᠬᠤ ᠵᠢᠨ ᠲᠥᠷᠥᠯ ᠪᠠ ᠱᠠᠭ᠋ᠠᠷᠳᠠᠯᠭ᠎ᠠ ᠵᠢ᠎ᠨᠢ ᠲᠣᠭᠲᠠᠭ᠋ᠠᠬᠤ ᠵᠢᠨ ᠬᠠᠮᠲᠤ ᠬᠠᠮᠢᠶ᠎ᠠ ᠪᠦᠬᠦᠢ ᠱᠠᠭ᠋ᠠᠷᠳᠠᠯᠭ᠎ᠠ ᠶᠣᠰᠣᠭ᠋ᠠᠷ ᠴᠢᠯᠦᠭᠡᠲᠡᠢ ᠪᠣᠯᠭ᠋ᠠᠬᠤ ᠬᠡᠷᠡᠭᠲᠡᠢ᠃
ᠬᠣᠷᠢᠨ ᠨᠠᠢ᠍ᠮᠠᠳᠤᠭ᠋ᠠᠷ ᠵᠦᠢ᠍ᠯ ᠨᠥᠬᠥᠴᠡᠯ ᠦᠭᠡᠢ᠎ᠪᠠᠷ ᠴᠢᠯᠦᠭᠡᠲᠡᠢ ᠪᠣᠯᠭ᠋ᠠᠬᠤ ᠲᠥᠷᠥᠯ᠎ᠳᠤ ᠵᠢᠭᠰᠠᠭ᠋ᠠᠭᠳᠠᠭᠰᠠᠨ ᠣᠯᠠᠨ ᠨᠡᠶ᠋ᠢᠲᠡ ᠵᠢᠨ ᠳ᠋ᠠᠢ᠌ᠲ᠋ᠠ ᠵᠢ ᠪᠠᠢ᠌ᠭ᠋ᠠᠯᠢ ᠬᠥᠮᠥᠨ᠂ ᠬᠠᠤᠯᠢ ᠵᠢᠨ ᠡᠷᠬᠡᠲᠡᠨ ᠪᠤᠶᠤ ᠬᠠᠤᠯᠢ ᠵᠢᠨ ᠡᠷᠬᠡᠲᠡᠨ ᠪᠤᠰᠤ ᠵᠣᠬᠢᠶᠠᠨ ᠪᠠᠢ᠌ᠭᠤᠯᠤᠯᠲᠠ᠎ᠨᠤᠭᠤᠳ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠲᠠᠪᠴᠠᠩ ᠵᠶ᠋ᠠᠷ ᠳᠠᠮᠵᠢᠭᠤᠯᠤᠨ ᠰᠢᠭᠤᠳ ᠣᠯᠵᠤ ᠪᠣᠯᠣᠨ᠎ᠠ᠃
ᠨᠥᠬᠥᠴᠡᠯ᠎ᠲᠠᠢ᠎ᠪᠠᠷ ᠴᠢᠯᠦᠭᠡᠲᠡᠢ ᠪᠣᠯᠭ᠋ᠠᠬᠤ ᠲᠥᠷᠥᠯ᠎ᠤᠨ ᠣᠯᠠᠨ ᠨᠡᠶ᠋ᠢᠲᠡ ᠵᠢᠨ ᠳ᠋ᠠᠢ᠌ᠲ᠋ᠠ ᠵᠢ ᠪᠠᠢ᠌ᠭ᠋ᠠᠯᠢ ᠬᠥᠮᠥᠨ᠂ ᠬᠠᠤᠯᠢ ᠵᠢᠨ ᠡᠷᠬᠡᠲᠡᠨ ᠪᠤᠶᠤ ᠬᠠᠤᠯᠢ ᠵᠢᠨ ᠡᠷᠬᠡᠲᠡᠨ ᠪᠤᠰᠤ ᠵᠣᠬᠢᠶᠠᠨ ᠪᠠᠢ᠌ᠭᠤᠯᠤᠯᠲᠠ᠎ᠨᠤᠭᠤᠳ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠲᠠᠪᠴᠠᠩ ᠵᠶ᠋ᠠᠷ ᠳᠠᠮᠵᠢᠭᠤᠯᠤᠨ ᠭᠤᠶᠤᠴᠢᠯᠠᠯ ᠳᠡᠪᠰᠢᠭᠦᠯᠵᠦ ᠪᠣᠯᠣᠨ᠎ᠠ᠂ ᠡᠭᠦᠨ᠎ᠳᠤ ᠪᠣᠳᠠᠲᠠᠢ ᠬᠡᠷᠡᠭᠯᠡᠬᠦ ᠲᠠᠯᠠᠪᠤᠷ᠂ ᠳ᠋ᠠᠢ᠌ᠲ᠋ᠠ ᠵᠢᠨ ᠬᠡᠷᠡᠭᠴᠡᠭᠡ ᠱᠠᠭ᠋ᠠᠷᠳᠠᠯᠭ᠎ᠠ ᠵᠢᠨ ᠬᠦᠷᠢᠶ᠎ᠡ ᠬᠡᠪᠴᠢᠶ᠎ᠡ᠂ ᠳ᠋ᠠᠢ᠌ᠲ᠋ᠠ ᠵᠢ ᠬᠠᠩᠭ᠋ᠠᠬᠤ ᠠᠷᠭ᠎ᠠ ᠮᠠᠶᠢᠭ᠂ ᠳ᠋ᠠᠢ᠌ᠲ᠋ᠠ ᠵᠢ ᠬᠡᠷᠡᠭᠯᠡᠬᠦ ᠴᠠᠭ᠎ᠤᠨ ᠬᠢᠵᠠᠭ᠋ᠠᠷ ᠪᠠ ᠠᠮᠤᠷ ᠲᠦᠪᠰᠢᠨ᠎ᠢ ᠪᠠᠲᠤᠯᠠᠬᠤ ᠠᠷᠭ᠎ᠠ ᠬᠡᠮᠵᠢᠶ᠎ᠡ ᠵᠡᠷᠭᠡ᠎ᠪᠠᠨ ᠲᠣᠳᠣᠷᠬᠠᠢ᠌ᠯᠠᠬᠤ ᠬᠡᠷᠡᠭᠲᠡᠢ᠃ ᠣᠯᠠᠨ ᠨᠡᠶ᠋ᠢᠲᠡ ᠵᠢᠨ ᠳ᠋ᠠᠢ᠌ᠲ᠋ᠠ ᠬᠠᠩᠭ᠋ᠠᠬᠤ ᠣᠯᠠᠨ ᠨᠡᠶ᠋ᠢᠲᠡ ᠵᠢᠨ ᠬᠠᠮᠢᠶᠠᠷᠤᠯᠲᠠ ᠪᠠ ᠦᠢ᠍ᠯᠡᠴᠢᠯᠡᠭᠡᠨ᠎ᠤ ᠪᠠᠢ᠌ᠭᠤᠯᠤᠮᠵᠢ᠎ᠨᠢ ᠴᠢᠯᠦᠭᠡᠲᠡᠢ ᠪᠣᠯᠭ᠋ᠠᠬᠤ ᠵᠢ ᠵᠥᠪᠰᠢᠶᠡᠷᠡᠪᠡᠯ᠂ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠬᠡᠷᠡᠭᠴᠡᠭᠡ ᠪᠠ ᠬᠡᠷᠡᠭᠯᠡᠬᠦ ᠬᠡᠪᠴᠢᠶ᠎ᠡ ᠵᠢ ᠲᠣᠳᠣᠷᠬᠠᠢ᠌ᠯᠠᠬᠤ ᠵᠢᠨ ᠬᠠᠮᠲᠤ ᠴᠠᠭ ᠲᠤᠬᠠᠢᠳᠤᠨᠢ ᠭᠤᠶᠤᠴᠢᠯᠠᠭᠴᠢ᠎ᠳᠤ ᠴᠢᠯᠦᠭᠡᠲᠡᠢ ᠪᠣᠯᠭ᠋ᠠᠬᠤ ᠬᠡᠷᠡᠭᠲᠡᠢ; ᠴᠢᠯᠦᠭᠡᠲᠡᠢ ᠪᠣᠯᠭ᠋ᠠᠬᠤ ᠵᠢ ᠡᠰᠡ ᠵᠥᠪᠰᠢᠶᠡᠷᠡᠪᠡᠯ᠂ ᠤᠴᠢᠷ ᠰᠢᠯᠲᠠᠭ᠋ᠠᠨ ᠵᠶ᠋ᠠᠨ ᠲᠣᠳᠣᠷᠬᠠᠢ᠌ᠯᠠᠬᠤ ᠵᠢᠨ ᠬᠠᠮᠲᠤ ᠵᠤᠬᠢᠬᠤ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠤᠨ ᠦᠨᠳᠦᠰᠦᠯᠡᠯ ᠬᠠᠩᠭ᠋ᠠᠬᠤ ᠬᠡᠷᠡᠭᠲᠡᠢ᠃
ᠪᠠᠢ᠌ᠭ᠋ᠠᠯᠢ ᠬᠥᠮᠥᠨ᠂ ᠬᠠᠤᠯᠢ ᠵᠢᠨ ᠡᠷᠬᠡᠲᠡᠨ ᠪᠤᠶᠤ ᠬᠠᠤᠯᠢ ᠵᠢᠨ ᠡᠷᠬᠡᠲᠡᠨ ᠪᠤᠰᠤ ᠵᠣᠬᠢᠶᠠᠨ ᠪᠠᠢ᠌ᠭᠤᠯᠤᠯᠲᠠ᠎ᠨᠤᠭᠤᠳ ᠴᠢᠯᠦᠭᠡᠲᠡᠢ ᠪᠣᠯᠭ᠋ᠠᠭᠰᠠᠨ ᠤᠯᠠᠨ ᠨᠡᠶ᠋ᠢᠲᠡ ᠵᠢᠨ ᠳ᠋ᠠᠢ᠌ᠲ᠋ᠠ᠎ᠨᠢ ᠲᠡᠳᠡᠨ᠎ᠤ ᠬᠤᠪᠢ ᠵᠢᠨ ᠨᠢᠭᠤᠴᠠ᠂ ᠬᠤᠪᠢ ᠬᠥᠮᠥᠨ᠎ᠤ ᠮᠡᠳᠡᠭᠡ ᠵᠠᠩᠭᠢ᠂ ᠬᠤᠳᠠᠯᠳᠤᠭ᠋ᠠᠨ᠎ᠤ ᠨᠢᠭᠤᠴᠠ ᠵᠡᠷᠭᠡ ᠬᠠᠤᠯᠢ ᠶᠣᠰᠣᠨ᠎ᠤ ᠡᠷᠬᠡ ᠠᠰᠢᠭ᠎ᠢ ᠬᠦᠨᠳᠡᠭᠰᠡᠨ ᠭᠡᠵᠦ ᠦᠵᠡᠪᠡᠯ᠂ ᠤᠯᠠᠨ ᠨᠡᠶ᠋ᠢᠲᠡ ᠵᠢᠨ ᠳ᠋ᠠᠢ᠌ᠲ᠋ᠠ ᠵᠢᠨ ᠲᠠᠪᠴᠠᠩ ᠵᠶ᠋ᠠᠷ ᠳᠠᠮᠵᠢᠭᠤᠯᠤᠨ ᠬᠠᠮᠢᠶ᠎ᠠ ᠪᠦᠬᠦᠢ ᠤᠯᠠᠨ ᠨᠡᠶ᠋ᠢᠲᠡ ᠵᠢᠨ ᠬᠠᠮᠢᠶᠠᠷᠤᠯᠲᠠ ᠪᠠ ᠦᠢ᠍ᠯᠡᠴᠢᠯᠡᠭᠡᠨ᠎ᠤ ᠪᠠᠢ᠌ᠭᠤᠯᠤᠮᠵᠢ᠎ᠳᠤ ᠮᠡᠳᠡᠭᠳᠡᠬᠦ ᠵᠢᠨ ᠬᠠᠮᠲᠤ᠂ ᠬᠠᠮᠢᠶ᠎ᠠ ᠪᠦᠬᠦᠢ ᠭᠡᠷᠡᠴᠢ ᠪᠠᠷᠢᠮᠲᠠ ᠵᠢᠨ ᠮᠠᠲ᠋ᠧᠷᠢᠶᠠᠯ ᠵᠶ᠋ᠠᠨ ᠲᠤᠰᠢᠶᠠᠵᠤ ᠪᠣᠯᠣᠨ᠎ᠠ᠃ ᠣᠯᠠᠨ ᠨᠡᠶ᠋ᠢᠲᠡ ᠵᠢᠨ ᠳ᠋ᠠᠢ᠌ᠲ᠋ᠠ ᠵᠢ ᠬᠠᠩᠭ᠋ᠠᠭᠰᠠᠨ ᠣᠯᠠᠨ ᠨᠡᠶ᠋ᠢᠲᠡ ᠵᠢᠨ ᠬᠠᠮᠢᠶᠠᠷᠤᠯᠲᠠ ᠪᠠ ᠦᠢ᠍ᠯᠡᠴᠢᠯᠡᠭᠡᠨ᠎ᠤ ᠪᠠᠢ᠌ᠭᠤᠯᠤᠮᠵᠢ᠎ᠨᠢ ᠬᠠᠮᠢᠶ᠎ᠠ ᠪᠦᠬᠦᠢ ᠭᠡᠷᠡᠴᠢ ᠪᠠᠷᠢᠮᠲᠠ ᠵᠢᠨ ᠮᠠᠲ᠋ᠧᠷᠢᠶᠠᠯ᠎ᠢ ᠣᠯᠣᠭᠰᠠᠨ᠎ᠤ ᠳᠠᠷᠠᠭ᠎ᠠ᠂ ᠴᠢᠯᠦᠭᠡᠲᠡᠢ ᠪᠣᠯᠭ᠋ᠠᠬᠤ᠎ᠪᠠᠨ ᠳᠠᠷᠤᠢ᠌ᠬᠠᠨ ᠵᠣᠭᠰᠤᠭ᠋ᠠᠬᠤ ᠵᠢᠨ ᠬᠠᠮᠲᠤ ᠬᠢᠨᠠᠨ ᠬᠠᠷᠭᠤᠭᠤᠯᠵᠤ᠂ ᠬᠢᠨᠠᠨ ᠬᠠᠷᠭᠤᠭᠤᠯᠤᠭᠰᠠᠨ ᠦᠷ᠎ᠡ ᠳ᠋ᠦᠩ ᠵᠶ᠋ᠠᠨ ᠦᠨᠳᠦᠰᠦᠯᠡᠨ ᠳ᠋ᠠᠢ᠌ᠲ᠋ᠠ ᠵᠢ ᠪᠤᠴᠠᠭ᠋ᠠᠨ ᠠᠪᠬᠤ᠂ ᠴᠢᠯᠦᠭᠡᠲᠡᠢ ᠪᠣᠯᠭ᠋ᠠᠬᠤ ᠵᠢ ᠰᠡᠷᠭᠦᠭᠡᠬᠦ ᠪᠤᠶᠤ ᠬᠠᠤᠯᠢ ᠶᠣᠰᠣᠭ᠋ᠠᠷ ᠰᠢᠢ᠍ᠳᠪᠦᠷᠢᠯᠡᠭᠰᠡᠨ᠎ᠤ ᠳᠠᠷᠠᠭ᠎ᠠ ᠴᠢᠯᠦᠭᠡᠲᠡᠢ ᠪᠣᠯᠭ᠋ᠠᠬᠤ ᠵᠡᠷᠭᠡ ᠠᠷᠭ᠎ᠠ ᠬᠡᠮᠵᠢᠶ᠎ᠡ ᠠᠪᠴᠤ᠂ ᠬᠠᠮᠢᠶ᠎ᠠ ᠪᠦᠬᠦᠢ ᠪᠠᠢ᠌ᠳᠠᠯ᠎ᠢ ᠬᠣᠯᠪᠣᠭᠳᠠᠯ ᠪᠦᠬᠦᠢ ᠪᠠᠢ᠌ᠭ᠋ᠠᠯᠢ ᠬᠥᠮᠥᠨ᠂ ᠬᠠᠤᠯᠢ ᠵᠢᠨ ᠡᠷᠬᠡᠲᠡᠨ ᠪᠤᠶᠤ ᠬᠠᠤᠯᠢ ᠵᠢᠨ ᠡᠷᠬᠡᠲᠡᠨ ᠪᠤᠰᠤ ᠵᠣᠬᠢᠶᠠᠨ ᠪᠠᠢ᠌ᠭᠤᠯᠤᠯᠲᠠ᠎ᠳᠤ ᠴᠠᠭ ᠲᠤᠬᠠᠢᠳᠤᠨᠢ ᠬᠠᠷᠢᠭᠤ ᠲᠤᠰᠬᠠᠬᠤ ᠬᠡᠷᠡᠭᠲᠡᠢ᠃
ᠬᠣᠷᠢ ᠶᠢᠰᠦᠳᠦᠭᠡᠷ ᠵᠦᠢ᠍ᠯ ᠣᠯᠠᠨ ᠨᠡᠶ᠋ᠢᠲᠡ ᠵᠢᠨ ᠬᠠᠮᠢᠶᠠᠷᠤᠯᠲᠠ ᠪᠠ ᠦᠢ᠍ᠯᠡᠴᠢᠯᠡᠭᠡᠨ᠎ᠤ ᠪᠠᠢ᠌ᠭᠤᠯᠤᠮᠵᠢ᠎ᠨᠤᠭᠤᠳ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠯᠦᠭᠡ ᠢᠳᠡᠪᠬᠢᠲᠡᠢ ᠬᠠᠮᠵᠢᠯᠴᠠᠨ ᠪᠠᠢ᠌ᠵᠤ ᠣᠯᠠᠨ ᠨᠡᠶ᠋ᠢᠲᠡ ᠵᠢᠨ ᠳ᠋ᠠᠢ᠌ᠲ᠋ᠠ ᠵᠢ ᠴᠢᠯᠦᠭᠡᠲᠡᠢ ᠪᠣᠯᠭ᠋ᠠᠬᠤ ᠠᠵᠢᠯ᠎ᠢ ᠠᠬᠢᠭᠤᠯᠵᠤ᠂ ᠣᠯᠠᠨ ᠨᠡᠶ᠋ᠢᠲᠡ ᠵᠢᠨ ᠳ᠋ᠠᠢ᠌ᠲ᠋ᠠ ᠵᠢ ᠴᠢᠯᠦᠭᠡᠲᠡᠢ ᠪᠣᠯᠭ᠋ᠠᠬᠤ ᠬᠡᠪᠴᠢᠶᠡᠨ᠎ᠤ ᠬᠥᠳᠡᠯᠦᠩᠭᠦᠢ ᠲᠣᠬᠢᠷᠠᠭᠤᠯᠤᠯᠲᠠ ᠵᠢᠨ ᠲᠣᠭᠲᠠᠴᠠ ᠵᠢ ᠪᠠᠢ᠌ᠭᠤᠯᠤᠨ᠎ᠠ᠂ ᠬᠠᠷᠠᠬᠠᠨ ᠴᠢᠯᠦᠭᠡᠲᠡᠢ ᠪᠣᠯᠣᠭ᠋ᠠᠳᠤᠢ ᠣᠯᠠᠨ ᠨᠡᠶ᠋ᠢᠲᠡ ᠵᠢᠨ ᠳ᠋ᠠᠢ᠌ᠲ᠋ᠠ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠦᠨᠡᠯᠡᠨ ᠵᠢᠱ᠌ᠢᠵᠦ᠂ ᠣᠯᠠᠨ ᠨᠡᠶ᠋ᠢᠲᠡ ᠵᠢᠨ ᠳ᠋ᠠᠢ᠌ᠲ᠋ᠠ ᠵᠢ ᠴᠢᠯᠦᠭᠡᠲᠡᠢ ᠪᠣᠯᠭ᠋ᠠᠬᠤ ᠬᠡᠪᠴᠢᠶ᠎ᠡ ᠵᠢ ᠲᠠᠰᠤᠷᠠᠯᠲᠠ ᠦᠭᠡᠢ ᠥᠷᠭᠡᠳᠬᠡᠬᠦ ᠬᠡᠷᠡᠭᠲᠡᠢ᠃ ᠣᠯᠠᠨ ᠨᠡᠶ᠋ᠢᠲᠡ ᠵᠢᠨ ᠳ᠋ᠠᠢ᠌ᠲ᠋ᠠ ᠵᠢ ᠵᠣᠬᠢᠬᠤ ᠬᠡᠯᠪᠡᠷᠢ᠎ᠪᠠᠷ ᠬᠢᠨᠠᠨ ᠪᠤᠳᠤᠬᠤ ᠰᠠᠯᠠᠭ᠎ᠠ ᠮᠥᠴᠢᠷ᠎ᠲᠤ ᠴᠢᠯᠦᠭᠡᠲᠡᠢ ᠪᠣᠯᠭ᠋ᠠᠬᠤ ᠬᠡᠷᠡᠭᠲᠡᠢ᠃
ᠨᠥᠬᠥᠴᠡᠯ᠎ᠲᠠᠢ᠎ᠪᠠᠷ ᠴᠢᠯᠦᠭᠡᠲᠡᠢ ᠪᠣᠯᠭ᠋ᠠᠬᠤ ᠲᠥᠷᠥᠯ᠎ᠤᠨ ᠣᠯᠠᠨ ᠨᠡᠶ᠋ᠢᠲᠡ ᠵᠢᠨ ᠳ᠋ᠠᠢ᠌ᠲ᠋ᠠ ᠵᠢ ᠦᠨᠡᠯᠡᠨ ᠵᠢᠱ᠌ᠢᠬᠦ᠎ᠪᠠᠷ ᠳᠡᠮᠵᠢᠨ ᠨᠥᠬᠥᠴᠡᠯ ᠦᠭᠡᠢ᠎ᠪᠠᠷ ᠴᠢᠯᠦᠭᠡᠲᠡᠢ ᠪᠣᠯᠭ᠋ᠠᠬᠤ ᠲᠥᠷᠥᠯ ᠪᠣᠯᠭ᠋ᠠᠨ ᠬᠤᠪᠢᠷᠠᠭᠤᠯᠵᠤ ᠪᠣᠯᠬᠤ ᠪᠣᠯ᠂ ᠴᠠᠭ ᠲᠤᠬᠠᠢᠳᠤᠨᠢ ᠨᠥᠬᠥᠴᠡᠯ ᠦᠭᠡᠢ᠎ᠪᠠᠷ ᠴᠢᠯᠦᠭᠡᠲᠡᠢ ᠪᠣᠯᠭ᠋ᠠᠬᠤ ᠲᠥᠷᠥᠯ ᠪᠣᠯᠭ᠋ᠠᠨ ᠬᠤᠪᠢᠷᠠᠭᠤᠯᠬᠤ ᠵᠢᠨ ᠬᠠᠮᠲᠤ᠂ ᠵᠣᠬᠢᠬᠤ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠭᠠᠷᠴᠠᠭ᠎ᠲᠠᠬᠢ ᠴᠢᠯᠦᠭᠡᠲᠡᠢ ᠪᠣᠯᠭ᠋ᠠᠬᠤ ᠵᠢᠨ ᠲᠥᠷᠥᠯ᠎ᠳᠤ ᠲᠣᠬᠢᠷᠠᠭᠤᠯᠤᠯᠲᠠ ᠬᠢᠬᠦ ᠬᠡᠷᠡᠭᠲᠡᠢ᠃
ᠦᠯᠦ ᠴᠢᠯᠦᠭᠡᠲᠡᠢ ᠪᠣᠯᠭ᠋ᠠᠬᠤ ᠲᠥᠷᠥᠯ᠎ᠤᠨ ᠣᠯᠠᠨ ᠨᠡᠶ᠋ᠢᠲᠡ ᠵᠢᠨ ᠳ᠋ᠠᠢ᠌ᠲ᠋ᠠ ᠵᠢ ᠬᠠᠤᠯᠢ ᠶᠣᠰᠣᠭ᠋ᠠᠷ ᠨᠢᠭᠤᠴᠠᠯᠠᠯ᠎ᠠᠴᠠ ᠰᠠᠯᠭ᠋ᠠᠬᠤ᠂ ᠰᠡᠷᠭᠡᠭᠢᠨᠢ ᠦᠭᠡᠢ᠌ᠳᠡᠭᠦᠯᠬᠦ ᠰᠢᠢ᠍ᠳᠪᠦᠷᠢᠯᠡᠯᠲᠡ ᠬᠢᠭᠰᠡᠨ ᠪᠤᠶᠤ ᠬᠠᠮᠢᠶ᠎ᠠ ᠪᠦᠬᠦᠢ ᠡᠷᠬᠡ ᠠᠰᠢᠭ᠎ᠲᠤ ᠬᠥᠮᠥᠨ᠎ᠨᠢ ᠴᠢᠯᠦᠭᠡᠲᠡᠢ ᠪᠣᠯᠭ᠋ᠠᠬᠤ ᠵᠢ ᠵᠥᠪᠰᠢᠶᠡᠷᠡᠭᠰᠡᠨ ᠪᠣᠯ᠂ ᠪᠠᠢ᠌ᠳᠠᠯ᠎ᠢ᠎ᠨᠢ ᠦᠨᠳᠦᠰᠦᠯᠡᠨ ᠨᠥᠬᠥᠴᠡᠯ ᠦᠭᠡᠢ᠎ᠪᠠᠷ ᠴᠢᠯᠦᠭᠡᠲᠡᠢ ᠪᠣᠯᠭ᠋ᠠᠬᠤ ᠲᠥᠷᠥᠯ ᠪᠤᠶᠤ ᠨᠥᠬᠥᠴᠡᠯ᠎ᠲᠠᠢ᠎ᠪᠠᠷ ᠴᠢᠯᠦᠭᠡᠲᠡᠢ ᠪᠣᠯᠭ᠋ᠠᠬᠤ ᠲᠥᠷᠥᠯ ᠪᠣᠯᠭ᠋ᠠᠨ ᠬᠤᠪᠢᠷᠠᠭᠤᠯᠬᠤ ᠵᠢᠨ ᠬᠠᠮᠲᠤ᠂ ᠵᠣᠬᠢᠬᠤ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠭᠠᠷᠴᠠᠭ᠎ᠲᠠᠬᠢ ᠴᠢᠯᠦᠭᠡᠲᠡᠢ ᠪᠣᠯᠭ᠋ᠠᠬᠤ ᠵᠢᠨ ᠲᠥᠷᠥᠯ ᠬᠡᠯᠪᠡᠷᠢ᠎ᠳᠤᠨᠢ ᠲᠣᠬᠢᠷᠠᠭᠤᠯᠤᠯᠲᠠ ᠬᠢᠵᠦ ᠪᠣᠯᠣᠨ᠎ᠠ᠃
ᠵᠢᠷᠭᠤᠳᠤᠭ᠋ᠠᠷ ᠪᠦᠯᠦᠭ ᠣᠯᠠᠨ ᠨᠡᠶ᠋ᠢᠲᠡ ᠵᠢᠨ ᠳ᠋ᠠᠢ᠌ᠲ᠋ᠠ ᠵᠢ ᠨᠡᠭᠡᠭᠡᠨ ᠠᠰᠢᠭᠯᠠᠬᠤ
ᠭᠤᠴᠢᠳᠤᠭ᠋ᠠᠷ ᠵᠦᠢ᠍ᠯ ᠨᠢᠭᠡᠴᠢ ᠪᠠ ᠬᠤᠪᠢ ᠬᠥᠮᠥᠨ᠎ᠤ ᠤᠯᠠᠨ ᠨᠡᠶ᠋ᠢᠲᠡ ᠵᠢᠨ ᠳ᠋ᠠᠢ᠌ᠲ᠋ᠠ ᠵᠢ ᠬᠠᠤᠯᠢ ᠶᠣᠰᠣᠭ᠋ᠠᠷ ᠨᠡᠭᠡᠭᠡᠨ ᠠᠰᠢᠭᠯᠠᠭ᠋ᠠᠳ ᠣᠯᠣᠭᠰᠠᠨ ᠡᠳ᠋ ᠬᠥᠷᠥᠩᠭᠡ ᠵᠢᠨ ᠡᠷᠬᠡ ᠠᠰᠢᠭ᠎ᠢ ᠬᠠᠤᠯᠢ᠎ᠪᠠᠷ ᠬᠠᠮᠠᠭ᠋ᠠᠯᠠᠨ᠎ᠠ᠃
ᠣᠯᠠᠨ ᠨᠡᠶ᠋ᠢᠲᠡ ᠵᠢᠨ ᠳ᠋ᠠᠢ᠌ᠲ᠋ᠠ ᠵᠢ ᠨᠡᠭᠡᠭᠡᠨ ᠠᠰᠢᠭᠯᠠᠬᠤ᠎ᠳᠤ ᠤᠯᠤᠰ᠎ᠤᠨ ᠠᠰᠢᠭ ᠲᠤᠰᠠ᠂ ᠨᠡᠢ᠌ᠭᠡᠮ ᠨᠡᠶ᠋ᠢᠲᠡ ᠵᠢᠨ ᠠᠰᠢᠭ ᠲᠤᠰᠠ ᠪᠠ ᠭᠤᠷᠪᠠᠳᠠᠭᠢ ᠡᠲᠡᠭᠡᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠬᠣᠬᠢᠷᠠᠭᠤᠯᠵᠤ ᠪᠣᠯᠬᠤ ᠦᠭᠡᠢ᠃
ᠭᠤᠴᠢᠨ ᠨᠢᠭᠡᠳᠦᠭᠡᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠂ ᠡᠯ᠎ᠡ ᠠᠢ᠌ᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠨᠤᠭᠤᠳ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠵᠠᠬ᠎ᠠ ᠳᠡᠯᠭᠡᠭᠦᠷ᠎ᠤᠨ ᠡᠵᠡᠩᠨᠡᠯᠲᠡ ᠵᠢᠨ ᠵᠢᠷᠤᠮᠵᠢᠭᠰᠠᠨ ᠲᠣᠭᠲᠠᠯᠴᠠᠭ᠎ᠠ ᠪᠠᠶ᠋ᠢᠭᠤᠯᠬᠤ ᠵᠢ ᠬᠠᠤᠯᠢ ᠶᠣᠰᠣᠭ᠋ᠠᠷ ᠠᠬᠢᠭᠤᠯᠬᠤ ᠬᠡᠷᠡᠭᠲᠡᠢ᠃
ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ᠂ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠡᠷᠬᠡ ᠣᠯᠭᠣᠨ ᠡᠵᠡᠩᠨᠡᠬᠦ᠂ ᠭᠦᠢ᠍ᠯᠭᠡᠭᠡᠨ ᠠᠷᠠᠯᠵᠢᠶᠠᠯᠠᠬᠤ᠂ ᠨᠡᠭᠡᠭᠡᠨ ᠠᠰᠢᠭᠯᠠᠬᠤ ᠵᠡᠷᠭᠡ ᠳᠦᠷᠢᠮ ᠪᠠ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠬᠦ ᠬᠡᠷᠡᠭᠲᠡᠢ᠃
ᠭᠤᠴᠢᠨ ᠬᠣᠶᠠᠳᠤᠭ᠋ᠠᠷ ᠵᠦᠢ᠍ᠯ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠣᠯᠠᠨ ᠨᠡᠶ᠋ᠢᠲᠡ ᠵᠢᠨ ᠳ᠋ᠠᠢ᠌ᠲ᠋ᠠ ᠵᠢ ᠨᠡᠭᠡᠭᠡᠨ ᠠᠰᠢᠭᠯᠠᠬᠤ ᠠᠵᠢᠯ᠎ᠳᠤ ᠵᠢᠭ᠋ᠠᠨ ᠵᠢᠯᠤᠭᠤᠳᠤᠯᠭ᠎ᠠ ᠬᠢᠬᠦ᠎ᠪᠠᠨ ᠴᠢᠩᠭ᠋ᠠᠳᠬᠠᠵᠤ᠂ ᠳ᠋ᠠᠢ᠌ᠲ᠋ᠠ ᠵᠢ ᠨᠡᠭᠡᠭᠡᠨ ᠠᠰᠢᠭᠯᠠᠬᠤ ᠬᠡᠪ ᠵᠠᠭᠪᠤᠷ᠎ᠲᠤ ᠰᠢᠨ᠎ᠡ ᠵᠢ ᠡᠭᠦᠳᠴᠦ᠂ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠦᠢ᠍ᠯᠡᠴᠢᠯᠡᠭᠡᠨ᠎ᠤ ᠳᠦᠷᠢᠮ ᠪᠠ ᠴᠤᠪᠤᠷᠠᠯ᠎ᠢ ᠪᠠᠢ᠌ᠭᠤᠯᠤᠨ᠂ ᠳ᠋ᠠᠢ᠌ᠲ᠋ᠠ ᠵᠢ ᠡᠮᠬᠢᠳᠬᠡᠬᠦ᠂ ᠪᠣᠯᠪᠠᠰᠤᠷᠠᠭᠤᠯᠤᠨ ᠰᠢᠢ᠍ᠳᠪᠦᠷᠢᠯᠡᠬᠦ ᠪᠠ ᠪᠦᠷᠢᠳᠬᠡᠨ ᠵᠠᠳᠠᠯᠬᠤ ᠴᠢᠳᠠᠪᠤᠷᠢ᠎ᠪᠠᠨ ᠳᠡᠭᠡᠭᠰᠢᠯᠡᠭᠦᠯᠬᠦ ᠬᠡᠷᠡᠭᠲᠡᠢ᠃
ᠭᠤᠴᠢᠨ ᠭᠤᠷᠪᠠᠳᠤᠭ᠋ᠠᠷ ᠵᠦᠢ᠍ᠯ ᠬᠠᠤᠯᠢ ᠶᠣᠰᠣᠭ᠋ᠠᠷ ᠴᠢᠯᠦᠭᠡᠲᠡᠢ ᠪᠣᠯᠭ᠋ᠠᠭᠰᠠᠨ ᠣᠯᠠᠨ ᠨᠡᠶ᠋ᠢᠲᠡ ᠵᠢᠨ ᠳ᠋ᠠᠢ᠌ᠲ᠋ᠠ ᠵᠢ ᠡᠵᠡᠩᠨᠡᠭᠰᠡᠨ ᠭᠣᠣᠯ ᠴᠣᠭᠴᠠ ᠪᠠ ᠬᠤᠪᠢ ᠬᠥᠮᠥᠨ᠎ᠢ ᠵᠣᠷᠢᠭᠵᠢᠭᠤᠯᠵᠤ ᠪᠠᠢ᠌ᠭ᠋ᠠᠳ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠂ ᠦᠢ᠍ᠯᠡᠳᠬᠦᠨ᠎ᠢ ᠰᠤᠳᠤᠯᠤᠨ ᠨᠡᠭᠡᠭᠡᠯᠲᠡ᠂ ᠠᠰᠠᠭᠤᠨ ᠯᠠᠪᠯᠠᠬᠤ ᠦᠢ᠍ᠯᠡᠴᠢᠯᠡᠭᠡ᠂ ᠳ᠋ᠠᠢ᠌ᠲ᠋ᠠ ᠵᠢᠨ ᠪᠣᠯᠪᠠᠰᠤᠷᠠᠭᠤᠯᠤᠯᠲᠠ᠂ ᠳ᠋ᠠᠢ᠌ᠲ᠋ᠠ ᠵᠢᠨ ᠵᠠᠳᠠᠯᠤᠯᠲᠠ ᠵᠡᠷᠭᠡ ᠰᠢᠨ᠎ᠡ ᠡᠭᠦᠳᠦᠯᠲᠡ᠎ᠲᠠᠢ ᠦᠢ᠍ᠯᠡᠰ ᠴᠣᠭᠴᠠᠯᠠᠬᠤ ᠠᠵᠢᠯᠯᠠᠭ᠎ᠠ ᠵᠢ ᠥᠷᠨᠢᠭᠦᠯᠦᠨ᠎ᠡ᠃ ᠬᠠᠮᠢᠶ᠎ᠠ ᠪᠦᠬᠦᠢ ᠠᠵᠢᠯᠯᠠᠭ᠎ᠠ᠎ᠠᠴᠠ ᠪᠣᠶ ᠪᠣᠯᠵᠤ ᠡᠭᠦᠰᠦᠭᠰᠡᠨ ᠳ᠋ᠠᠢ᠌ᠲ᠋ᠠ ᠵᠢᠨ ᠦᠢ᠍ᠯᠡᠳᠬᠦᠨ ᠪᠤᠶᠤ ᠳ᠋ᠠᠢ᠌ᠲ᠋ᠠ ᠵᠢᠨ ᠦᠢ᠍ᠯᠡᠴᠢᠯᠡᠭᠡ ᠵᠢ ᠬᠠᠤᠯᠢ ᠶᠣᠰᠣᠭ᠋ᠠᠷ ᠠᠷᠠᠯᠵᠢᠶᠠᠯᠠᠵᠤ ᠪᠣᠯᠣᠨ᠎ᠠ᠂ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠳᠤ ᠠᠰᠲᠠᠭ᠋ᠠᠨ ᠲᠣᠭᠲᠠᠭ᠋ᠠᠭᠰᠠᠨ ᠪᠤᠶᠤ ᠲᠤᠬᠠᠢ ᠵᠢᠨ ᠬᠥᠮᠥᠰ ᠬᠣᠭᠣᠷᠣᠨᠳᠤ᠎ᠪᠠᠨ ᠠᠰᠲᠠᠭ᠋ᠠᠨ ᠪᠣᠯᠵᠣᠭ᠎ᠠ᠎ᠲᠠᠢ ᠪᠠᠢ᠌ᠪᠠᠯ ᠡᠭᠦᠨ᠎ᠳᠤ ᠪᠠᠭᠲᠠᠭ᠋ᠠᠬᠤ ᠦᠭᠡᠢ᠃
ᠳᠣᠯᠣᠳᠤᠭ᠋ᠠᠷ ᠪᠦᠯᠦᠭ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠠᠮᠤᠷ ᠲᠦᠪᠰᠢᠨ
ᠭᠤᠴᠢᠨ ᠳᠥᠷᠪᠡᠳᠦᠭᠡᠷ ᠵᠦᠢ᠍ᠯ ᠤᠯᠤᠰ᠎ᠤᠨ ᠠᠮᠤᠷ ᠲᠦᠪᠰᠢᠨ᠂ ᠢᠨᠲᠸᠷ ᠰᠦᠯᠵᠢᠶᠡᠨ᠎ᠤ ᠮᠡᠳᠡᠭᠡ ᠵᠠᠩᠭᠢ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ᠂ ᠳᠣᠲᠣᠭ᠋ᠠᠳᠤ ᠵᠢ ᠬᠠᠮᠠᠭ᠋ᠠᠯᠠᠬᠤ᠂ ᠠᠮᠤᠷ ᠲᠦᠪᠰᠢᠨ᠂ ᠤᠯᠤᠰ᠎ᠤᠨ ᠨᠢᠭᠤᠴᠠ ᠵᠢ ᠬᠠᠮᠠᠭ᠋ᠠᠯᠠᠬᠤ᠂ ᠤᠯᠤᠰ᠎ᠤᠨ ᠨᠢᠭᠤᠴᠠ ᠲᠡᠮᠳᠡᠭ᠎ᠤᠨ ᠬᠠᠮᠢᠶᠠᠷᠤᠯᠲᠠ ᠵᠡᠷᠭᠡ ᠰᠠᠯᠠᠭ᠎ᠠ ᠮᠥᠴᠢᠷ᠎ᠤᠳ ᠲᠣᠰ ᠲᠣᠰ᠎ᠤᠨ ᠡᠭᠦᠷᠭᠡ ᠬᠠᠷᠢᠭᠤᠴᠠᠯᠭ᠎ᠠ ᠵᠢᠨ ᠵᠶ᠋ᠠᠨ ᠶᠣᠰᠣᠭ᠋ᠠᠷ᠂ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠠᠮᠤᠷ ᠲᠦᠪᠰᠢᠨ᠎ᠤ ᠬᠠᠮᠢᠶᠠᠷᠤᠯᠲᠠ ᠵᠢᠨ ᠠᠵᠢᠯ᠎ᠢ ᠰᠠᠢ᠌ᠲᠤᠷ ᠬᠢᠬᠦ ᠬᠡᠷᠡᠭᠲᠡᠢ᠃
ᠭᠤᠴᠢᠨ ᠲᠠᠪᠤᠳᠤᠭ᠋ᠠᠷ ᠵᠦᠢ᠍ᠯ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠠᠮᠤᠷ ᠲᠦᠪᠰᠢᠨ᠎ᠤ ᠪᠠᠲᠤᠯᠠᠭ᠎ᠠ ᠵᠢᠨ ᠳᠦᠷᠢᠮ᠎ᠢ ᠵᠣᠬᠢᠶᠠᠨ ᠪᠠᠢ᠌ᠭᠤᠯᠵᠤ ᠪᠠᠶ᠋ᠢᠭᠤᠯᠬᠤ ᠵᠢ ᠬᠠᠷᠢᠭᠤᠴᠠᠵᠤ᠂ ᠬᠣᠯᠪᠣᠭᠳᠠᠯ ᠪᠦᠬᠦᠢ ᠰᠠᠯᠠᠭ᠎ᠠ ᠮᠥᠴᠢᠷ᠎ᠯᠦᠭᠡ ᠬᠠᠮᠳᠤᠷᠠᠯᠴᠠᠨ ᠤᠯᠤᠰ᠎ᠤᠨ ᠰᠦᠯᠵᠢᠶᠡᠨ᠎ᠤ ᠠᠮᠤᠷ ᠲᠦᠪᠰᠢᠨ᠎ᠤ ᠵᠡᠷᠭᠡ ᠳᠡᠰ᠎ᠤᠨ ᠬᠠᠮᠠᠭ᠋ᠠᠯᠠᠯᠲᠠ ᠵᠢᠨ ᠳᠦᠷᠢᠮ᠎ᠤᠨ ᠰᠠᠭᠤᠷᠢᠨ ᠳᠡᠭᠡᠷ᠎ᠡ᠂ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠠᠮᠤᠷ ᠲᠦᠪᠰᠢᠨ᠎ᠢ ᠬᠠᠮᠠᠭ᠋ᠠᠯᠠᠬᠤ ᠠᠵᠢᠯ᠎ᠤᠨ ᠠᠷᠭ᠎ᠠ ᠬᠡᠮᠵᠢᠶ᠎ᠡ ᠵᠢ ᠰᠤᠳᠤᠯᠤᠨ ᠲᠣᠭᠲᠠᠭ᠋ᠠᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠲᠣᠭᠲᠠᠭ᠋ᠠᠯ ᠶᠣᠰᠣᠭ᠋ᠠᠷ ᠣᠯᠠᠨ ᠨᠡᠶ᠋ᠢᠲᠡ ᠵᠢᠨ ᠳ᠋ᠠᠢ᠌ᠲ᠋ᠠ ᠵᠢ ᠬᠠᠮᠲᠤ᠎ᠪᠠᠷ ᠭᠥᠷᠳᠡᠬᠦ ᠳ᠋ᠠᠢ᠌ᠲ᠋ᠠ ᠵᠢᠨ ᠬᠥᠮᠥᠷᠭᠡ᠎ᠳᠤ ᠨᠢᠭᠤᠴᠠᠯᠠᠬᠤ ᠠᠷᠭ᠎ᠠ ᠮᠠᠶᠢᠭ᠎ᠢ ᠬᠡᠷᠡᠭᠯᠡᠨ ᠲᠣᠭᠲᠠᠮᠠᠯ ᠬᠤᠭᠤᠴᠠᠭ᠎ᠠ᠎ᠲᠠᠢ᠎ᠪᠠᠷ ᠲᠣᠰ ᠭᠠᠵᠠᠷ ᠣᠷᠣᠨ ᠵᠢᠴᠢ ᠣᠨᠳᠣᠣ ᠭᠠᠵᠠᠷ᠎ᠲᠤ ᠨᠥᠭᠡᠴᠡ ᠬᠤᠪᠢ ᠪᠠᠢ᠌ᠭᠤᠯᠤᠨ ᠬᠠᠳᠠᠭ᠋ᠠᠯᠠᠵᠤ᠂ ᠣᠯᠠᠨ ᠨᠡᠶ᠋ᠢᠲᠡ ᠵᠢᠨ ᠳ᠋ᠠᠢ᠌ᠲ᠋ᠠ ᠵᠢ ᠴᠤᠭᠯᠠᠭᠤᠯᠬᠤ᠂ ᠬᠡᠷᠡᠭᠯᠡᠬᠦ᠂ ᠬᠠᠮᠢᠶᠠᠷᠬᠤ ᠪᠥᠬᠥ ᠶᠠᠪᠤᠴᠠ ᠵᠢᠨ ᠠᠮᠤᠷ ᠲᠦᠪᠰᠢᠨ᠎ᠤ ᠪᠠᠲᠤᠯᠠᠭ᠎ᠠ ᠵᠢᠨ ᠠᠵᠢᠯ᠎ᠢ ᠵᠢᠭ᠋ᠠᠵᠤ ᠵᠢᠯᠣᠭᠣᠳᠤᠨ ᠰᠢᠮᠳᠠᠭᠤᠯᠵᠤ᠂ ᠣᠯᠠᠨ ᠨᠡᠶ᠋ᠢᠲᠡ ᠵᠢᠨ ᠳ᠋ᠠᠢ᠌ᠲ᠋ᠠ ᠵᠢ ᠬᠠᠮᠲᠤ᠎ᠪᠠᠷ ᠭᠥᠷᠳᠡᠬᠦ ᠵᠢᠨ ᠲᠦᠭᠰᠢᠭᠦᠷᠢ ᠵᠢ ᠦᠨᠡᠯᠡᠨ ᠵᠢᠱ᠌ᠢᠬᠦ ᠪᠠ ᠠᠮᠤᠷ ᠲᠦᠪᠰᠢᠨ᠎ᠢ ᠬᠢᠨᠠᠨ ᠪᠠᠢ᠌ᠴᠠᠭ᠋ᠠᠬᠤ᠎ᠪᠠᠨ ᠲᠣᠭᠲᠠᠮᠠᠯ ᠬᠤᠭᠤᠴᠠᠭ᠎ᠠ᠎ᠲᠠᠢ ᠥᠷᠨᠢᠭᠦᠯᠬᠦ ᠬᠡᠷᠡᠭᠲᠡᠢ᠃
ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠳ᠋ᠠᠢ᠌ᠲ᠋ᠠ ᠵᠢᠨ ᠦᠢ᠍ᠯᠡᠳᠬᠦᠨ᠎ᠢ ᠭᠠᠳᠠᠭᠰᠢ ᠭᠠᠷᠭ᠋ᠠᠬᠤ ᠪᠤᠶᠤ ᠳ᠋ᠠᠢ᠌ᠲ᠋ᠠ ᠵᠢᠨ ᠦᠢ᠍ᠯᠡᠴᠢᠯᠡᠭᠡ ᠬᠠᠩᠭ᠋ᠠᠬᠤ᠎ᠳᠤ᠎ᠪᠠᠨ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠠᠮᠤᠷ ᠲᠦᠪᠰᠢᠨ᠎ᠢ ᠪᠠᠲᠤᠯᠠᠬᠤ᠂ ᠬᠢᠨᠠᠨ ᠰᠢᠨᠵᠢᠵᠦ ᠰᠡᠷᠡᠮᠵᠢᠯᠡᠭᠦᠯᠬᠦ ᠪᠠ ᠲᠦᠭᠰᠢᠭᠦᠷᠢ ᠵᠢ ᠦᠨᠡᠯᠡᠨ ᠵᠢᠱ᠌ᠢᠬᠦ ᠲᠣᠭᠲᠠᠯᠴᠠᠭ᠎ᠠ ᠵᠢ ᠪᠠᠢ᠌ᠭᠤᠯᠤᠨ ᠪᠦᠷᠢᠨᠰᠢᠭᠦᠯᠵᠦ᠂ ᠳ᠋ᠠᠢ᠌ᠲ᠋ᠠ ᠵᠢᠨ ᠴᠢᠬᠤᠯᠡ ᠬᠦᠴᠦᠨ ᠵᠦᠢ᠍ᠯ᠎ᠤᠨ ᠭᠦᠢ᠍ᠯᠭᠡᠭᠡᠨ᠎ᠤ ᠪᠥᠬᠥ ᠬᠡᠷᠡᠭᠯᠡᠬᠦ ᠬᠦᠴᠦᠨ ᠪᠦᠭᠦᠢ ᠦᠶᠡᠯᠡᠯ᠎ᠤᠨ ᠬᠤᠭᠤᠴᠠᠭ᠎ᠠ᠂ ᠡᠯ᠎ᠡ ᠵᠠᠩᠭᠢᠯᠠᠭ᠎ᠠ᠎ᠳᠠᠬᠢ ᠬᠠᠷᠢᠭᠤᠴᠠᠯᠭ᠎ᠠ ᠵᠢᠨ ᠭᠣᠣᠯ ᠴᠣᠭᠴᠠ ᠪᠠ ᠪᠠᠷᠢᠮᠵᠢᠶ᠎ᠠ ᠵᠢᠷᠤᠮᠵᠢᠯ᠎ᠤᠨ ᠱᠠᠭ᠋ᠠᠷᠳᠠᠯᠭ᠎ᠠ ᠵᠢ ᠲᠣᠳᠣᠷᠬᠠᠢ᠌ᠯᠠᠬᠤ ᠬᠡᠷᠡᠭᠲᠡᠢ᠃
ᠭᠤᠴᠢᠨ ᠵᠢᠷᠭᠤᠳᠤᠭ᠋ᠠᠷ ᠵᠦᠢ᠍ᠯ ᠣᠯᠠᠨ ᠨᠡᠶ᠋ᠢᠲᠡ ᠵᠢᠨ ᠬᠠᠮᠢᠶᠠᠷᠤᠯᠲᠠ ᠪᠠ ᠦᠢ᠍ᠯᠡᠴᠢᠯᠡᠭᠡᠨ᠎ᠤ ᠪᠠᠢ᠌ᠭᠤᠯᠤᠮᠵᠢ᠎ᠨᠤᠭᠤᠳ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠠᠮᠤᠷ ᠲᠦᠪᠰᠢᠨ᠎ᠳᠠᠬᠢ ᠬᠠᠮᠢᠶᠠᠷᠤᠯᠲᠠ᠎ᠪᠠᠨ ᠴᠢᠩᠭ᠋ᠠᠳᠬᠠᠵᠤ᠂ ᠲᠤᠰ ᠪᠠᠢ᠌ᠭᠤᠯᠤᠮᠵᠢ ᠵᠢᠨ ᠵᠶ᠋ᠠᠨ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠠᠮᠤᠷ ᠲᠦᠪᠰᠢᠨ᠎ᠤ ᠬᠠᠮᠢᠶᠠᠷᠤᠯᠲᠠ ᠵᠢᠨ ᠳᠦᠷᠢᠮ ᠳᠣᠭᠲᠠᠭ᠋ᠠᠯ᠎ᠢ ᠲᠣᠭᠲᠠᠭ᠋ᠠᠨ᠂ ᠣᠯᠠᠨ ᠨᠡᠶ᠋ᠢᠲᠡ ᠵᠢᠨ ᠳ᠋ᠠᠢ᠌ᠲ᠋ᠠ ᠵᠢ ᠲᠥᠷᠥᠯ ᠠᠩᠭᠢᠯᠠᠵᠤ ᠳᠡᠰ ᠬᠤᠪᠢᠶᠠᠨ ᠠᠮᠤᠷ ᠲᠦᠪᠰᠢᠨ᠎ᠢ᠎ᠨᠢ ᠬᠠᠮᠠᠭ᠋ᠠᠯᠠᠬᠤ᠂ ᠲᠦᠭᠰᠢᠭᠦᠷᠢ ᠵᠢ ᠦᠨᠡᠯᠡᠨ ᠵᠢᠱ᠌ᠢᠬᠦ᠂ ᠡᠳᠦᠷ ᠲᠤᠲᠤᠮ ᠬᠢᠨᠠᠨ ᠡᠵᠡᠮᠳᠡᠬᠦ ᠵᠡᠷᠭᠡ ᠬᠠᠮᠢᠶᠠᠷᠤᠯᠲᠠ ᠵᠢᠨ ᠳᠦᠷᠢᠮ᠎ᠢ ᠪᠠᠢ᠌ᠭᠤᠯᠵᠤ᠂ ᠣᠯᠠᠨ ᠨᠡᠶ᠋ᠢᠲᠡ ᠵᠢᠨ ᠳ᠋ᠠᠢ᠌ᠲ᠋ᠠ ᠵᠢ ᠬᠠᠮᠲᠤ᠎ᠪᠠᠷ ᠭᠥᠷᠳᠡᠬᠦ ᠪᠠ ᠴᠢᠯᠦᠭᠡᠲᠡᠢ ᠪᠣᠯᠭ᠋ᠠᠬᠤ ᠲᠠᠯ᠎ᠠ᠎ᠪᠠᠷ᠎ᠬᠢ ᠨᠢᠭᠤᠴᠠ ᠵᠢ ᠬᠠᠮᠠᠭ᠋ᠠᠯᠠᠬᠤ ᠬᠢᠨᠠᠨ ᠪᠠᠢ᠌ᠴᠠᠭ᠋ᠠᠯᠲᠠ ᠵᠡᠷᠭᠡ ᠠᠮᠤᠷ ᠲᠦᠪᠰᠢᠨ᠎ᠤ ᠪᠠᠲᠤᠯᠠᠭ᠎ᠠ ᠵᠢᠨ ᠲᠣᠭᠲᠠᠴᠠ ᠵᠢ ᠪᠦᠷᠢᠨᠰᠢᠭᠦᠯᠬᠦ ᠵᠢᠨ ᠬᠠᠮᠲᠤ᠂ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠠᠮᠤᠷ ᠲᠦᠪᠰᠢᠨ᠎ᠤ ᠪᠠᠢ᠌ᠴᠠᠭ᠋ᠠᠯᠲᠠ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠥᠷᠨᠢᠭᠦᠯᠵᠦ᠂ ᠲᠣᠰ ᠪᠠᠢ᠌ᠭᠤᠯᠤᠮᠵᠢ ᠵᠢᠨ ᠴᠤᠭᠯᠠᠭᠤᠯᠤᠭᠰᠠᠨ᠂ ᠬᠠᠮᠢᠶᠠᠷᠴᠤ ᠪᠠᠢ᠌ᠭ᠎ᠠ ᠪᠠ ᠬᠡᠷᠡᠭᠯᠡᠵᠦ ᠪᠠᠢ᠌ᠭ᠎ᠠ ᠣᠯᠠᠨ ᠨᠡᠶ᠋ᠢᠲᠡ ᠵᠢᠨ ᠳ᠋ᠠᠢ᠌ᠲ᠋ᠠ᠎ᠳᠤ ᠲᠣᠭᠲᠠᠮᠠᠯ ᠬᠤᠭᠤᠴᠠᠭ᠎ᠠ᠎ᠲᠠᠢ᠎ᠪᠠᠷ ᠨᠥᠭᠡᠴᠡ ᠬᠤᠪᠢ ᠪᠠᠢ᠌ᠭᠤᠯᠤᠨ ᠬᠠᠳᠠᠭ᠋ᠠᠯᠠᠵᠤ᠂ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠠᠮᠤᠷ ᠲᠦᠪᠰᠢᠨ᠎ᠤ ᠰᠡᠷᠭᠡᠢ᠌ᠯᠡᠯᠲᠡ ᠵᠢᠨ ᠠᠵᠢᠯ᠎ᠢ ᠰᠠᠢ᠌ᠲᠤᠷ ᠬᠢᠬᠦ ᠬᠡᠷᠡᠭᠲᠡᠢ᠃
ᠤᠯᠠᠨ ᠨᠡᠶ᠋ᠢᠲᠡ ᠵᠢᠨ ᠬᠠᠮᠢᠶᠠᠷᠤᠯᠲᠠ ᠪᠠ ᠦᠢ᠍ᠯᠡᠴᠢᠯᠡᠭᠡᠨ᠎ᠤ ᠪᠠᠢ᠌ᠭᠤᠯᠤᠮᠵᠢ᠎ᠨᠤᠭᠤᠳ ᠤᠯᠠᠨ ᠨᠡᠶ᠋ᠢᠲᠡ ᠵᠢᠨ ᠳ᠋ᠠᠢ᠌ᠲ᠋ᠠ ᠵᠢᠨ ᠠᠮᠤᠷ ᠲᠦᠪᠰᠢᠨ᠎ᠤ ᠬᠠᠮᠢᠶᠠᠷᠤᠯᠲᠠ ᠵᠢᠨ ᠪᠠᠢ᠌ᠭᠤᠯᠤᠮᠵᠢ ᠵᠢ ᠲᠣᠳᠣᠷᠬᠠᠢ᠌ᠯᠠᠵᠤ᠂ ᠠᠮᠤᠷ ᠲᠦᠪᠰᠢᠨ᠎ᠤ ᠬᠠᠮᠢᠶᠠᠷᠤᠯᠲᠠ ᠵᠢᠨ ᠬᠠᠷᠢᠭᠤᠴᠠᠯᠭ᠋ᠠᠲᠠᠨ᠎ᠢ ᠲᠣᠭᠲᠠᠭ᠋ᠠᠨ᠂ ᠠᠵᠢᠯᠲᠠᠳ᠎ᠲᠤ ᠬᠠᠮᠢᠶᠠᠷᠤᠯᠲᠠ ᠬᠢᠬᠦ᠎ᠪᠠᠨ ᠴᠢᠩᠭ᠋ᠠᠳᠬᠠᠵᠤ᠂ ᠰᠢᠰᠲ᠋ᠧᠮ᠎ᠤᠨ ᠠᠮᠤᠷ ᠲᠦᠪᠰᠢᠨ᠎ᠤ ᠬᠠᠮᠠᠭ᠋ᠠᠯᠠᠯᠲᠠ᠎ᠪᠠᠨ ᠴᠢᠩᠭ᠋ᠠᠷᠠᠭᠤᠯᠤᠨ᠂ ᠰᠢᠰᠲ᠋ᠧᠮ᠎ᠤᠨ ᠠᠮᠤᠷ ᠲᠦᠪᠰᠢᠨ᠎ᠤ ᠰᠢᠯᠭ᠋ᠠᠨ ᠲᠣᠭᠲᠠᠭ᠋ᠠᠯᠲᠠ ᠪᠠ ᠲᠦᠭᠰᠢᠭᠦᠷᠢ ᠵᠢᠨ ᠦᠨᠡᠯᠡᠨ ᠵᠢᠱ᠌ᠢᠯᠲᠡ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠵᠣᠬᠢᠶᠠᠨ ᠪᠠᠢ᠌ᠭᠤᠯᠤᠨ ᠥᠷᠨᠢᠭᠦᠯᠵᠦ᠂ ᠮᠡᠳᠡᠭᠡ ᠵᠠᠩᠭᠢ ᠵᠢᠨ ᠰᠢᠰᠲ᠋ᠧᠮ᠎ᠤᠨ ᠠᠮᠤᠷ ᠲᠦᠪᠰᠢᠨ᠎ᠢ ᠪᠠᠲᠤᠯᠠᠬᠤ ᠬᠡᠷᠡᠭᠲᠡᠢ᠃
ᠳ᠋ᠠᠢ᠌ᠲ᠋ᠠ ᠵᠢ ᠠᠰᠢᠭᠯᠠᠭᠰᠠᠨ ᠭᠣᠣᠯ ᠴᠣᠭᠴᠠ᠎ᠨᠤᠭᠤᠳ᠎ᠨᠢ ᠣᠯᠠᠨ ᠨᠡᠶ᠋ᠢᠲᠡ ᠵᠢᠨ ᠬᠠᠮᠢᠶᠠᠷᠤᠯᠲᠠ ᠪᠠ ᠦᠢ᠍ᠯᠡᠴᠢᠯᠡᠭᠡᠨ᠎ᠤ ᠪᠠᠢ᠌ᠭᠤᠯᠤᠮᠵᠢ᠂ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠣᠯᠠᠨ ᠨᠡᠶ᠋ᠢᠲᠡ ᠵᠢᠨ ᠳ᠋ᠠᠢ᠌ᠲ᠋ᠠ ᠵᠢ ᠬᠡᠷᠡᠭᠯᠡᠭᠰᠡᠨ ᠪᠠᠢ᠌ᠳᠠᠯ ᠵᠶ᠋ᠠᠨ ᠲᠣᠭᠲᠠᠮᠠᠯ ᠬᠤᠭᠤᠴᠠᠭ᠎ᠠ᠎ᠲᠠᠢ᠎ᠪᠠᠷ ᠬᠠᠷᠢᠭᠤ ᠲᠤᠰᠬᠠᠬᠤ ᠬᠡᠷᠡᠭᠲᠡᠢ᠃
ᠭᠤᠴᠢᠨ ᠳᠣᠯᠣᠳᠤᠭ᠋ᠠᠷ ᠵᠦᠢ᠍ᠯ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠤᠯᠤᠰ᠎ᠤᠨ ᠠᠮᠤᠷ ᠲᠦᠪᠰᠢᠨ᠂ ᠢᠨᠲᠸᠷ ᠰᠦᠯᠵᠢᠶᠡᠨ᠎ᠤ ᠮᠡᠳᠡᠭᠡ ᠵᠠᠩᠭᠢ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ᠂ ᠳᠣᠲᠣᠭ᠋ᠠᠳᠤ ᠵᠢ ᠬᠠᠮᠠᠭ᠋ᠠᠯᠠᠬᠤ᠂ ᠠᠮᠤᠷ ᠲᠦᠪᠰᠢᠨ᠂ ᠤᠯᠤᠰ᠎ᠤᠨ ᠨᠢᠭᠤᠴᠠ ᠵᠢ ᠬᠠᠮᠠᠭ᠋ᠠᠯᠠᠬᠤ᠂ ᠤᠯᠤᠰ᠎ᠤᠨ ᠨᠢᠭᠤᠴᠠ ᠲᠡᠮᠳᠡᠭ᠎ᠤᠨ ᠬᠠᠮᠢᠶᠠᠷᠤᠯᠲᠠ ᠵᠡᠷᠭᠡ ᠰᠠᠯᠠᠭ᠎ᠠ ᠮᠥᠴᠢᠷ᠎ᠯᠦᠭᠡ ᠬᠠᠮᠳᠤᠷᠠᠯᠴᠠᠨ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠠᠮᠤᠷ ᠲᠦᠪᠰᠢᠨ᠎ᠤ ᠠᠵᠢᠯ᠎ᠤᠨ ᠵᠢᠷᠤᠮᠵᠢᠯ᠎ᠢ ᠲᠣᠭᠲᠠᠭ᠋ᠠᠵᠤ᠂ ᠬᠢᠨᠠᠨ ᠰᠢᠨᠵᠢᠵᠦ ᠰᠡᠷᠡᠮᠵᠢᠯᠡᠭᠦᠯᠬᠦ᠂ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠳᠠᠭ᠋ᠠᠵᠤ ᠭᠦᠢ᠍ᠴᠡᠳᠬᠡᠬᠦ᠂ ᠲᠤᠰᠠᠯᠠᠨ ᠰᠢᠢ᠍ᠳᠪᠦᠷᠢᠯᠡᠬᠦ ᠪᠠ ᠭᠠᠶ ᠭᠠᠮᠰᠢᠭ᠎ᠤᠨ ᠳᠠᠷᠠᠭ᠋ᠠᠬᠢ ᠰᠡᠷᠭᠦᠭᠡᠬᠦ ᠲᠣᠭᠲᠠᠴᠠ ᠵᠢ ᠪᠠᠶ᠋ᠢᠭᠤᠯᠤᠨ᠂ ᠣᠯᠠᠨ ᠨᠡᠶ᠋ᠢᠲᠡ ᠵᠢᠨ ᠬᠠᠮᠢᠶᠠᠷᠤᠯᠲᠠ ᠪᠠ ᠦᠢ᠍ᠯᠡᠴᠢᠯᠡᠭᠡᠨ᠎ᠤ ᠪᠠᠶ᠋ᠢᠭᠤᠯᠤᠮᠵᠢ᠎ᠯᠤᠭ᠎ᠠ ᠵᠢᠨ ᠬᠤᠭᠤᠷᠣᠨᠳᠣᠬᠢ ᠡᠳᠦᠷ ᠲᠤᠲᠤᠮ᠎ᠤᠨ ᠬᠤᠯᠪᠤᠭ᠋ᠠᠯᠠᠨ ᠳᠣᠬᠢᠷᠠᠭᠤᠯᠵᠤ ᠲᠤᠷᠰᠢᠬᠤ ᠠᠵᠢᠯ ᠵᠶ᠋ᠠᠨ ᠴᠢᠩᠭ᠋ᠠᠳᠬᠠᠵᠤ᠂ ᠭᠡᠨᠡᠳᠲᠡ ᠵᠢᠨ ᠬᠡᠷᠡᠭ ᠡᠭᠦᠰᠬᠦ ᠦᠶᠡᠰ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠬᠠᠮᠢᠶ᠎ᠠ ᠪᠥᠬᠦᠶ ᠠᠵᠢᠯᠯᠠᠭ᠋ᠠᠨ᠎ᠤ ᠪᠦᠲᠦᠮᠵᠢᠲᠡᠶ ᠠᠵᠢᠯᠯᠠᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃
ᠭᠤᠴᠢᠨ ᠨᠠᠢ᠍ᠮᠠᠳᠤᠭ᠋ᠠᠷ ᠵᠦᠢ᠍ᠯ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠠᠮᠤᠷ ᠲᠦᠪᠰᠢᠨ᠎ᠳᠤ 《ᠬᠡᠨ ᠴᠤᠭᠯᠠᠭᠤᠯᠪᠠᠯ ᠲᠡᠷᠡ ᠬᠠᠷᠢᠭᠤᠴᠠᠬᠤ᠂ ᠬᠡᠨ ᠬᠡᠷᠡᠭᠯᠡᠪᠡᠯ ᠲᠡᠷᠡ ᠬᠠᠷᠢᠭᠤᠴᠠᠬᠤ᠂ ᠬᠡᠨ ᠬᠡᠷᠡᠭᠵᠢᠭᠦᠯᠪᠡᠯ ᠲᠡᠷᠡ ᠬᠠᠷᠢᠭᠤᠴᠠᠬᠤ》 ᠬᠠᠷᠢᠭᠤᠴᠠᠯᠭ᠎ᠠ ᠵᠢᠨ ᠳᠦᠷᠢᠮ᠎ᠢ ᠬᠡᠷᠡᠭᠵᠢᠭᠦᠯᠦᠨ᠎ᠡ᠃ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠣᠯᠠᠨ ᠨᠡᠶ᠋ᠢᠲᠡ ᠵᠢᠨ ᠬᠠᠮᠢᠶᠠᠷᠤᠯᠲᠠ ᠪᠠ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠭᠣᠣᠯ ᠬᠠᠷᠢᠭᠤᠴᠠᠯᠭ᠋ᠠᠲᠠᠨ ᠪᠣᠯ ᠲᠤᠬᠠᠢ ᠵᠢᠨ ᠨᠢᠭᠡᠴᠢ ᠵᠢᠨ ᠵᠶ᠋ᠡᠨ ᠳ᠋ᠠᠢ᠌ᠲ᠋ᠠ ᠵᠢᠨ ᠠᠮᠤᠷ ᠲᠦᠪᠰᠢᠨ᠎ᠤ ᠠᠵᠢᠯ᠎ᠤᠨ ᠨᠢᠭᠡᠳᠦᠭᠡᠷ ᠬᠠᠷᠢᠭᠤᠴᠠᠯᠭ᠎ᠠ ᠡᠭᠦᠷᠭᠡᠯᠡᠭᠴᠢ ᠪᠣᠯᠣᠨ᠎ᠠ᠃ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠣᠯᠠᠨ ᠨᠡᠶ᠋ᠢᠲᠡ ᠵᠢᠨ ᠬᠠᠮᠢᠶᠠᠷᠤᠯᠲᠠ ᠪᠠ ᠦᠢ᠍ᠯᠡᠴᠢᠯᠡᠭᠡᠨ᠎ᠤ ᠪᠠᠢ᠌ᠭᠤᠯᠤᠮᠵᠢ᠎ᠨᠢ ᠳ᠋ᠠᠢ᠌ᠲ᠋ᠠ ᠵᠢᠨ ᠠᠮᠤᠷ ᠲᠦᠪᠰᠢᠨ᠎ᠤ ᠭᠣᠣᠯ ᠴᠣᠭᠴᠠ ᠵᠢᠨ ᠬᠠᠷᠢᠭᠤᠴᠠᠯᠭ᠎ᠠ᠎ᠪᠠᠨ ᠴᠢᠩᠭ᠋ᠠᠳᠬᠠᠬᠤ ᠪᠠ ᠨᠠᠢ᠌ᠳᠠᠪᠤᠷᠢᠵᠢᠭᠤᠯᠵᠤ᠂ ᠳ᠋ᠠᠢ᠌ᠲ᠋ᠠ ᠵᠢᠨ ᠠᠮᠤᠷ ᠲᠦᠪᠰᠢᠨ᠎ᠤ ᠠᠵᠢᠯᠯᠠᠭ᠋ᠠᠨ᠎ᠤ ᠬᠠᠮᠢᠶᠠᠷᠤᠯᠲᠠ ᠵᠢᠨ ᠪᠠᠢ᠍ᠩᠭᠤᠵᠢᠨᠨᠰᠠᠨ ᠲᠣᠭᠲᠠᠴᠠ ᠵᠢ ᠪᠠᠶ᠋ᠢᠭᠤᠯᠬᠤ ᠬᠡᠷᠡᠭᠲᠡᠢ᠃
ᠨᠠᠢ᠍ᠮᠠᠳᠤᠭ᠋ᠠᠷ ᠪᠦᠯᠦᠭ ᠪᠠᠲᠤᠯᠠᠬᠤ ᠪᠠ ᠬᠢᠨᠠᠯᠲᠠ ᠲᠠᠯᠪᠢᠬᠤ
ᠭᠤᠴᠢ ᠶᠢᠰᠦᠳᠦᠭᠡᠷ ᠵᠦᠢ᠍ᠯ ᠣᠯᠠᠨ ᠨᠡᠶ᠋ᠢᠲᠡ ᠵᠢᠨ ᠳ᠋ᠠᠢ᠌ᠲ᠋ᠠ ᠪᠣᠯ ᠰᠢᠨ᠎ᠡ ᠬᠡᠯᠪᠡᠷᠢ ᠵᠢᠨ ᠣᠯᠠᠨ ᠨᠡᠶ᠋ᠢᠲᠡ ᠵᠢᠨ ᠡᠬᠢ ᠪᠠᠶᠠᠯᠢᠭ ᠮᠥᠨ᠂ ᠶᠠᠮᠠᠷᠪᠠ ᠵᠣᠬᠢᠶᠠᠨ ᠪᠠᠢ᠌ᠭᠤᠯᠤᠯᠲᠠ ᠪᠤᠶᠤ ᠬᠤᠪᠢ ᠬᠥᠮᠥᠨ ᠭᠡᠳ ᠲᠡᠭᠦᠨ᠎ᠢ ᠬᠤᠪᠢᠨ᠎ᠤ᠎ᠪᠠᠨ ᠡᠳ᠋ ᠬᠥᠷᠥᠩᠭᠡ᠎ᠪᠠᠷ ᠦᠵᠡᠬᠦ ᠪᠤᠶᠤ ᠥᠪᠡᠷ᠎ᠤᠨ ᠳᠤᠷ᠎ᠠ᠎ᠪᠠᠷ ᠨᠥᠬᠥᠴᠡᠯ ᠨᠡᠮᠡᠵᠦ᠂ ᠬᠠᠷᠰᠢ ᠰᠠᠭ᠋ᠠᠳ ᠭᠠᠷᠭ᠋ᠠᠵᠤ ᠪᠣᠯᠬᠤ ᠦᠭᠡᠢ᠂ ᠣᠯᠠᠨ ᠨᠡᠶ᠋ᠢᠲᠡ ᠵᠢᠨ ᠳ᠋ᠠᠢ᠌ᠲ᠋ᠠ ᠵᠢ ᠬᠠᠮᠲᠤ᠎ᠪᠠᠷ ᠭᠥᠷᠳᠡᠬᠦ᠂ ᠴᠢᠯᠦᠭᠡᠲᠡᠢ ᠪᠣᠯᠭ᠋ᠠᠬᠤ ᠪᠠ ᠨᠡᠭᠡᠭᠡᠨ ᠠᠰᠢᠭᠯᠠᠬᠤ ᠵᠢ ᠨᠥᠯᠥᠭᠡᠯᠡᠵᠦ ᠪᠣᠯᠬᠤ ᠦᠭᠡᠢ᠃
ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠬᠣᠯᠪᠣᠭᠳᠠᠯ ᠪᠦᠬᠦᠢ ᠰᠠᠯᠠᠭ᠎ᠠ ᠮᠥᠴᠢᠷ᠎ᠯᠦᠭᠡ ᠬᠠᠮᠳᠤᠷᠠᠯᠴᠠᠨ ᠣᠯᠠᠨ ᠨᠡᠶ᠋ᠢᠲᠡ ᠵᠢᠨ ᠳ᠋ᠠᠢ᠌ᠲ᠋ᠠ ᠵᠢ ᠴᠤᠭᠯᠠᠭᠤᠯᠬᠤ᠂ ᠭᠠᠷᠴᠠᠭ ᠵᠣᠬᠢᠶᠠᠬᠤ᠂ ᠡᠮᠬᠢᠳᠬᠡᠬᠦ᠂ ᠬᠠᠮᠲᠤ᠎ᠪᠠᠷ ᠭᠥᠷᠳᠡᠬᠦ᠂ ᠴᠢᠯᠦᠭᠡᠲᠡᠢ ᠪᠣᠯᠭ᠋ᠠᠬᠤ ᠠᠵᠢᠯ᠎ᠤᠨ ᠦᠨᠡᠯᠡᠨ ᠵᠢᠱ᠌ᠢᠬᠦ ᠲᠣᠭᠲᠠᠴᠠ ᠵᠢ ᠪᠠᠢ᠌ᠭᠤᠯᠵᠤ᠂ ᠲᠣᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠬᠠᠮᠢᠶᠠᠷᠤᠯᠲᠠ ᠵᠢᠨ ᠠᠵᠢᠯ᠎ᠳᠤ ᠬᠢᠨᠠᠯᠲᠠ ᠲᠠᠯᠪᠢᠨ᠂ ᠣᠯᠠᠨ ᠨᠡᠶ᠋ᠢᠲᠡ ᠵᠢᠨ ᠳ᠋ᠠᠢ᠌ᠲ᠋ᠠ ᠴᠤᠭᠯᠠᠭᠤᠯᠤᠭᠰᠠᠨ᠂ ᠬᠡᠷᠡᠭᠯᠡᠭᠰᠡᠨ ᠪᠠ ᠬᠠᠮᠢᠶᠠᠷᠤᠭᠰᠠᠨ ᠪᠠᠢ᠌ᠳᠠᠯ᠎ᠤᠳ᠎ᠢ ᠲᠣᠭᠲᠠᠮᠠᠯ ᠬᠤᠭᠤᠴᠠᠭ᠎ᠠ᠎ᠲᠠᠢ ᠦᠨᠡᠯᠡᠨ ᠵᠢᠱ᠌ᠢᠬᠦ ᠵᠢᠨ ᠬᠠᠮᠲᠤ᠂ ᠦᠨᠡᠯᠡᠨ ᠵᠢᠱ᠌ᠢᠭᠰᠡᠨ ᠦᠷ᠎ᠡ ᠳ᠋ᠦᠩ ᠵᠶ᠋ᠠᠨ ᠨᠡᠪᠲᠡᠷᠡᠭᠦᠯᠦᠨ ᠮᠡᠳᠡᠭᠡᠯᠡᠬᠦ ᠬᠡᠷᠡᠭᠲᠡᠢ᠃
ᠳᠥᠴᠢᠳᠦᠭᠡᠷ ᠵᠦᠢ᠍ᠯ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠬᠠᠮᠢᠶᠠᠷᠤᠯᠲᠠ ᠵᠢᠨ ᠴᠢᠬᠤᠯᠠ ᠪᠦᠬᠦᠢ ᠵᠠᠷᠤᠳᠠᠯ᠎ᠢ ᠲᠥᠰᠥᠪ᠎ᠤᠨ ᠬᠠᠮᠢᠶᠠᠷᠤᠯᠲᠠ ᠵᠢᠨ ᠲᠣᠭᠲᠠᠭ᠋ᠠᠯ ᠪᠠ ᠤᠳᠤ ᠪᠠᠢ᠌ᠭ᠎ᠠ ᠪᠡᠯᠡ ᠮᠥᠩᠭᠥ ᠵᠢᠨ ᠠᠷᠭ᠎ᠠ ᠵᠠᠮ ᠵᠶ᠋ᠠᠷ ᠰᠠᠯᠠᠭ᠎ᠠ ᠮᠥᠴᠢᠷ᠎ᠤᠨ ᠲᠥᠰᠥᠪ᠎ᠲᠤ ᠣᠷᠣᠭᠤᠯᠤᠨ᠎ᠠ᠃
ᠳᠥᠴᠢᠨ ᠨᠢᠭᠡᠳᠦᠭᠡᠷ ᠵᠦᠢ᠍ᠯ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠬᠠᠮᠢᠶᠠᠷᠤᠯᠲᠠ ᠵᠢᠨ ᠦᠨᠡᠯᠡᠨ ᠵᠢᠱ᠌ᠢᠬᠦ ᠣᠨ᠎ᠤ ᠲᠥᠰᠥᠯ᠎ᠢ ᠵᠣᠬᠢᠶᠠᠨ ᠪᠠᠢ᠌ᠭᠤᠯᠵᠤ ᠲᠣᠭᠲᠠᠭ᠋ᠠᠭ᠋ᠠᠳ᠂ ᠵᠠᠰᠠᠭ ᠵᠠᠬᠢᠷᠭ᠋ᠠᠨ᠎ᠤ ᠪᠠᠢ᠌ᠭᠤᠯᠭ᠎ᠠ ᠵᠢᠨ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠬᠠᠮᠢᠶᠠᠷᠤᠯᠲᠠ ᠵᠢᠨ ᠠᠵᠢᠯ᠎ᠳᠤ ᠣᠨ᠎ᠤ ᠦᠨᠡᠯᠡᠨ ᠵᠢᠱ᠌ᠢᠯᠲᠡ ᠥᠷᠨᠢᠭᠦᠯᠬᠦ ᠵᠢᠨ ᠬᠠᠮᠲᠤ᠂ ᠦᠨᠡᠯᠡᠨ ᠵᠢᠱ᠌ᠢᠭᠰᠡᠨ ᠦᠷ᠎ᠡ ᠳ᠋ᠦᠩ ᠵᠶ᠋ᠠᠨ ᠢᠷᠡᠬᠦ ᠨᠢᠭᠡ ᠵᠢᠯ᠎ᠤᠨ ᠵᠠᠰᠠᠭ᠎ᠤᠨ ᠶᠠᠪᠤᠳᠠᠯ᠎ᠤᠨ ᠮᠡᠳᠡᠭᠡ ᠵᠠᠩᠭᠢᠴᠢᠯᠠᠯᠲᠠ ᠵᠢᠨ ᠲᠥᠷᠥᠯ ᠵᠦᠢ᠍ᠯ᠎ᠢ ᠬᠢᠨᠠᠨ ᠵᠥᠪᠰᠢᠶᠡᠷᠡᠬᠦ ᠵᠢᠨ ᠴᠢᠬᠤᠯᠠ ᠯᠠᠪᠯᠠᠬᠤ ᠦᠨᠳᠦᠰᠦᠯᠡᠯ ᠪᠣᠯᠭ᠋ᠠᠬᠤ ᠬᠡᠷᠡᠭᠲᠡᠢ᠃
ᠳᠥᠴᠢᠨ ᠬᠣᠶᠠᠳᠤᠭ᠋ᠠᠷ ᠵᠦᠢ᠍ᠯ ᠣᠯᠠᠨ ᠨᠡᠶ᠋ᠢᠲᠡ ᠵᠢᠨ ᠬᠠᠮᠢᠶᠠᠷᠤᠯᠲᠠ ᠪᠠ ᠦᠢ᠍ᠯᠡᠴᠢᠯᠡᠭᠡᠨ᠎ᠤ ᠪᠠᠢ᠌ᠭᠤᠯᠤᠮᠵᠢ᠎ᠨᠤᠭᠤᠳ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠭᠠᠷᠴᠠᠭ᠎ᠢ ᠪᠦᠷᠢᠨ ᠪᠦᠲᠦᠨ᠂ ᠴᠠᠭ ᠲᠤᠬᠠᠢᠳᠤᠨᠢ᠂ ᠵᠢᠷᠤᠮᠵᠢᠯ᠎ᠲᠠᠢ᠎ᠪᠠᠷ ᠬᠠᠩᠭ᠋ᠠᠬᠤ ᠪᠠ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠲᠠᠪᠴᠠᠩ᠎ᠳᠤ ᠣᠯᠠᠨ ᠨᠡᠶ᠋ᠢᠲᠡ ᠵᠢᠨ ᠳ᠋ᠠᠢ᠌ᠲ᠋ᠠ ᠵᠢ ᠨᠡᠢ᠌ᠯᠡᠭᠦᠯᠬᠦ ᠪᠣᠯ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ᠎ᠳᠤ ᠪᠡᠯᠡ ᠣᠷᠣᠭᠤᠯᠬᠤ᠂ ᠠᠵᠢᠯᠯᠠᠭ᠋ᠠᠨ᠎ᠤ ᠬᠠᠮᠠᠭ᠋ᠠᠯᠠᠯᠲᠠ ᠵᠢᠨ ᠵᠠᠷᠤᠳᠠᠯ᠎ᠢ ᠲᠣᠭᠲᠠᠭ᠋ᠠᠬᠤ ᠪᠠ ᠰᠢᠯᠭ᠋ᠠᠵᠤ ᠬᠣᠷᠢᠶᠠᠨ ᠠᠪᠬᠤ ᠵᠢᠨ ᠴᠢᠬᠤᠯᠠ ᠦᠨᠳᠦᠰᠦᠯᠡᠯ ᠪᠣᠯᠣᠨ᠎ᠠ᠃
ᠳᠥᠴᠢᠨ ᠭᠤᠷᠪᠠᠳᠤᠭ᠋ᠠᠷ ᠵᠦᠢ᠍ᠯ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠡᠳ᠋ ᠬᠥᠷᠥᠩᠭᠡ ᠵᠢᠨ ᠳᠡᠩᠰᠡᠯᠡᠨ ᠲᠡᠮᠳᠡᠭᠯᠡᠵᠦ ᠬᠠᠮᠢᠶᠠᠷᠬᠤ ᠳᠦᠷᠢᠮ ᠪᠠ ᠬᠥᠳᠡᠯᠦᠩᠭᠦᠢ ᠬᠠᠮᠢᠶᠠᠷᠤᠯᠲᠠ ᠵᠢᠨ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠵᠦ᠂ ᠲᠣᠰ ᠱᠠᠲᠤᠨ᠎ᠤ᠎ᠪᠠᠨ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠡᠳ᠋ ᠬᠥᠷᠥᠩᠭᠡ ᠵᠢ ᠬᠤᠷᠢᠶᠠᠩᠭᠤᠢ᠌ᠯᠠᠭ᠋ᠠᠳ ᠳᠠᠩᠰᠠᠯᠠᠨ ᠲᠡᠮᠳᠡᠭᠯᠡᠬᠦ ᠬᠡᠷᠡᠭᠲᠡᠢ᠃ ᠣᠯᠠᠨ ᠨᠡᠶ᠋ᠢᠲᠡ ᠵᠢᠨ ᠬᠠᠮᠢᠶᠠᠷᠤᠯᠲᠠ ᠪᠠ ᠦᠢ᠍ᠯᠡᠴᠢᠯᠡᠭᠡᠨ᠎ᠤ ᠪᠠᠢ᠌ᠭᠤᠯᠤᠮᠵᠢ᠎ᠨᠢ ᠲᠣᠰ ᠪᠠᠢ᠌ᠭᠤᠯᠤᠮᠵᠢ ᠵᠢᠨ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠡᠳ᠋ ᠬᠥᠷᠥᠩᠭᠡ᠎ᠪᠠᠨ ᠬᠠᠷᠢᠭᠤᠴᠠᠵᠤ ᠳᠠᠩᠰᠠᠯᠠᠨ ᠲᠡᠮᠳᠡᠭᠯᠡᠵᠦ᠂ ᠲᠣᠰ ᠱᠠᠲᠤᠨ᠎ᠤ᠎ᠪᠠᠨ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠬᠢᠭᠡᠳ ᠤᠯᠤᠰ᠎ᠤᠨ ᠥᠮᠴᠢᠯᠡᠯᠲᠦ ᠡᠳ᠋ ᠬᠥᠷᠥᠩᠭᠡ ᠵᠢᠨ ᠬᠢᠨᠠᠯᠲᠠ ᠬᠠᠮᠢᠶᠠᠷᠤᠯᠲᠠ ᠵᠡᠷᠭᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠵᠶ᠋ᠡᠷ ᠵᠢᠭ᠋ᠠᠨ ᠵᠢᠯᠣᠭᠣᠳᠤᠭᠤᠯᠬᠤ ᠬᠡᠷᠡᠭᠲᠡᠢ᠃
ᠳᠥᠴᠢᠨ ᠳᠥᠷᠪᠡᠳᠦᠭᠡᠷ ᠵᠦᠢ᠍ᠯ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ ᠵᠢ ᠬᠡᠷᠡᠭᠵᠢᠭᠦᠯᠵᠦ᠂ ᠬᠣᠯᠪᠣᠭᠳᠠᠯ ᠪᠦᠬᠦᠢ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠯᠦᠭᠡ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠬᠢᠨᠠᠯᠲᠠ ᠬᠠᠮᠢᠶᠠᠷᠤᠯᠲᠠ ᠵᠢᠨ ᠮᠡᠳᠡᠭᠡ ᠵᠠᠩᠭᠢ᠎ᠪᠠᠨ ᠬᠠᠷᠢᠯᠴᠠᠨ ᠬᠦᠷᠭᠡᠬᠦ ᠪᠠ ᠬᠠᠮᠲᠤ᠎ᠪᠠᠷ ᠭᠥᠷᠳᠡᠵᠦ᠂ ᠢᠨᠲ᠋ᠧᠷ ᠰᠦᠯᠵᠢᠶ᠎ᠡ ᠵᠢᠨ ᠬᠢᠨᠠᠯᠲᠠ ᠬᠠᠮᠢᠶᠠᠷᠤᠯᠲᠠ ᠪᠠ ᠢᠲᠡᠭᠡᠮᠵᠢ ᠵᠢᠨ ᠬᠢᠨᠠᠯᠲᠠ ᠬᠠᠮᠢᠶᠠᠷᠤᠯᠲᠠ ᠵᠢ ᠶᠡᠷᠦᠩᠬᠡᠢ᠌ᠯᠡᠨ ᠥᠷᠨᠢᠭᠦᠯᠵᠦ᠂ ᠣᠯᠠᠨ ᠨᠡᠶ᠋ᠢᠲᠡ ᠵᠢᠨ ᠳ᠋ᠠᠢ᠌ᠲ᠋ᠠ ᠵᠢ ᠬᠠᠮᠲᠤ᠎ᠪᠠᠷ ᠭᠥᠷᠳᠡᠵᠦ ᠴᠢᠯᠦᠭᠡᠲᠡᠢ ᠪᠣᠯᠭ᠋ᠠᠬᠤ᠂ ᠨᠡᠭᠡᠭᠡᠨ ᠠᠰᠢᠭᠯᠠᠬᠤ ᠵᠡᠷᠭᠡ ᠶᠠᠪᠤᠴᠠ᠎ᠳᠠᠬᠢ ᠢᠲᠡᠭᠡᠯ ᠠᠯᠳᠠᠭᠰᠠᠨ᠎ᠤ ᠠᠵᠢᠯᠯᠠᠭ᠎ᠠ᠎ᠨᠤᠭᠤᠳ᠎ᠲᠤ ᠢᠲᠡᠭᠡᠯ ᠠᠯᠳᠠᠭᠰᠠᠨ ᠬᠢᠵᠠᠭ᠋ᠠᠷᠯᠠᠯ᠎ᠢ ᠬᠠᠤᠯᠢ ᠶᠣᠰᠣᠭ᠋ᠠᠷ ᠬᠡᠷᠡᠭᠵᠢᠭᠦᠯᠬᠦ ᠬᠡᠷᠡᠭᠲᠡᠢ᠃
ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠣᠯᠠᠨ ᠨᠡᠶ᠋ᠢᠲᠡ ᠵᠢᠨ ᠬᠠᠮᠢᠶᠠᠷᠤᠯᠲᠠ ᠪᠠ ᠦᠢ᠍ᠯᠡᠴᠢᠯᠡᠭᠡᠨ᠎ᠤ ᠪᠠᠢ᠌ᠭᠤᠯᠤᠮᠵᠢ ᠵᠢ ᠵᠢᠭ᠋ᠠᠨ ᠵᠢᠯᠤᠭᠣᠳᠴᠤ ᠪᠠᠢ᠌ᠭ᠋ᠠᠳ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠬᠠᠮᠢᠶᠠᠷᠤᠯᠲᠠ ᠵᠢᠨ ᠡᠯ᠎ᠡ ᠭᠤᠨᠨᠴᠤᠭ᠋ᠠᠨᠳᠠᠬᠢ ᠢᠯᠡ ᠲᠣᠳᠣᠬᠠᠨ᠂ ᠬᠢᠨᠠᠨ ᠪᠤᠳᠤᠵᠤ ᠪᠣᠯᠬᠤᠢ᠌ᠴᠠ᠂ ᠮᠥᠷᠳᠡᠵᠦ ᠪᠣᠯᠬᠤᠢ᠌ᠴᠠ ᠬᠠᠮᠢᠶᠠᠷᠤᠯᠲᠠ ᠪᠠ ᠲᠦᠭᠰᠢᠭᠦᠷᠢ ᠵᠢ ᠰᠤᠳᠤᠯᠤᠨ ᠮᠠᠭ᠋ᠠᠳᠯᠠᠬᠤ ᠲᠣᠭᠲᠠᠴᠠ ᠵᠢ ᠪᠠᠢ᠌ᠭᠤᠯᠬᠤ ᠬᠡᠷᠡᠭᠲᠡᠢ᠃
ᠣᠯᠠᠨ ᠨᠡᠶ᠋ᠢᠲᠡ ᠵᠢᠨ ᠬᠠᠮᠢᠶᠠᠷᠤᠯᠲᠠ ᠪᠠ ᠦᠢ᠍ᠯᠡᠴᠢᠯᠡᠭᠡᠨ᠎ᠤ ᠪᠠᠢ᠌ᠭᠤᠯᠤᠮᠵᠢ᠎ᠨᠤᠭᠤᠳ ᠵᠢᠴᠢ ᠲᠡᠳᠡᠭᠡᠷ᠎ᠤᠨ ᠠᠵᠢᠯᠲᠠᠳ᠎ᠨᠢ ᠬᠠᠮᠲᠤ᠎ᠪᠠᠷ ᠬᠦᠷᠲᠡᠬᠦ᠎ᠪᠠᠷ ᠳᠠᠮᠵᠢᠭᠤᠯᠵᠤ ᠣᠯᠣᠭᠰᠠᠨ ᠣᠯᠠᠨ ᠨᠡᠶ᠋ᠢᠲᠡ ᠵᠢᠨ ᠳ᠋ᠠᠢ᠌ᠲ᠋ᠠ᠎ᠪᠠᠨ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ᠎ᠳᠤ ᠬᠡᠷᠡᠭᠯᠡᠬᠦ ᠪᠤᠶᠤ ᠪᠤᠰᠤᠳ ᠨᠢᠭᠡᠴᠢ ᠪᠠ ᠬᠤᠪᠢ ᠬᠥᠮᠥᠨ᠎ᠳᠤ ᠬᠠᠩᠭ᠋ᠠᠨ ᠬᠡᠷᠡᠭᠯᠡᠭᠦᠯᠵᠦ ᠪᠣᠯᠬᠤ ᠦᠭᠡᠢ᠂ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ ᠶᠠᠪᠤᠴᠠ᠎ᠳᠤ ᠣᠯᠵᠤ ᠮᠡᠳᠡᠭᠰᠡᠨ ᠬᠤᠳᠠᠯᠳᠤᠭ᠋ᠠᠨ᠎ᠤ ᠨᠢᠭᠤᠴᠠ᠂ ᠬᠤᠪᠢ ᠬᠥᠮᠥᠨ᠎ᠤ ᠮᠡᠳᠡᠭᠡ ᠵᠠᠩᠭᠢ ᠪᠠ ᠬᠤᠪᠢ ᠵᠢᠨ ᠨᠢᠭᠤᠴᠠ ᠵᠢ ᠵᠠᠳᠠᠷᠠᠭᠤᠯᠬᠤ᠂ ᠬᠤᠳᠠᠯᠳᠤᠬᠤ ᠪᠤᠶᠤ ᠪᠤᠰᠤᠳ ᠨᠢᠭᠡᠴᠢ ᠪᠠ ᠬᠤᠪᠢ ᠬᠥᠮᠥᠨ᠎ᠳᠤ ᠬᠠᠤᠯᠢ ᠪᠤᠰᠤ᠎ᠪᠠᠷ ᠬᠠᠩᠭ᠋ᠠᠵᠤ ᠪᠣᠯᠬᠤ ᠦᠭᠡᠢ᠃
ᠳᠥᠴᠢᠨ ᠲᠠᠪᠤᠳᠤᠭ᠋ᠠᠷ ᠵᠦᠢ᠍ᠯ ᠳ᠋ᠠᠢ᠌ᠲ᠋ᠠ ᠵᠢ ᠠᠰᠢᠭᠯᠠᠬᠤ ᠭᠣᠣᠯ ᠴᠣᠭᠴᠠ᠎ᠨᠤᠭᠤᠳ ᠤᠯᠠᠨ ᠨᠡᠶ᠋ᠢᠲᠡ ᠵᠢᠨ ᠳ᠋ᠠᠢ᠌ᠲ᠋ᠠ᠎ᠳᠤ ᠪᠤᠷᠤᠭᠤᠳᠠᠭᠰᠠᠨ᠂ ᠣᠷᠬᠢᠭᠳᠠᠭᠤᠯᠤᠭᠰᠠᠨ ᠵᠡᠷᠭᠡ ᠪᠠᠢ᠌ᠳᠠᠯ ᠣᠷᠣᠰᠢᠵᠤ ᠪᠠᠢ᠌ᠨ᠎ᠠ ᠭᠡᠵᠦ ᠦᠵᠡᠪᠡᠯ᠂ ᠤᠯᠠᠨ ᠨᠡᠶ᠋ᠢᠲᠡ ᠵᠢᠨ ᠳ᠋ᠠᠢ᠌ᠲ᠋ᠠ ᠵᠢᠨ ᠲᠠᠪᠴᠠᠩ ᠵᠶ᠋ᠠᠷ ᠳᠠᠮᠵᠢᠭᠤᠯᠤᠨ ᠲᠤᠰᠬᠠᠵᠤ ᠪᠣᠯᠣᠨ᠎ᠠ; ᠣᠯᠠᠨ ᠨᠡᠶ᠋ᠢᠲᠡ ᠵᠢᠨ ᠳ᠋ᠠᠢ᠌ᠲ᠋ᠠ ᠵᠢ ᠬᠠᠩᠭ᠋ᠠᠭᠰᠠᠨ ᠣᠯᠠᠨ ᠨᠡᠶ᠋ᠢᠲᠡ ᠵᠢᠨ ᠬᠠᠮᠢᠶᠠᠷᠤᠯᠲᠠ ᠪᠠ ᠦᠢ᠍ᠯᠡᠴᠢᠯᠡᠭᠡᠨ᠎ᠤ ᠪᠠᠢ᠌ᠭᠤᠯᠤᠮᠵᠢ᠎ᠨᠢ ᠲᠣᠳᠣᠷᠬᠠᠢ᠌ᠯᠠᠯᠲᠠ ᠬᠠᠳᠠᠨ᠂ ᠬᠢᠨᠠᠨ ᠬᠠᠷᠭᠤᠭᠤᠯᠵᠤ ᠪᠠᠢ᠌ᠭ᠋ᠠᠳ ᠲᠣᠰ ᠲᠣᠰ᠎ᠤᠨ ᠡᠭᠦᠷᠭᠡ ᠬᠠᠷᠢᠭᠤᠴᠠᠯᠭ᠎ᠠ ᠵᠢᠨ ᠬᠡᠪᠴᠢᠶᠡᠨ᠎ᠳᠤ᠎ᠪᠠᠨ ᠴᠠᠭ ᠲᠤᠬᠠᠢᠳᠤᠨᠢ ᠰᠢᠢ᠍ᠳᠪᠦᠷᠢᠯᠡᠨ᠂ ᠬᠠᠷᠢᠭᠤ ᠲᠤᠰᠬᠠᠵᠤ᠂ ᠬᠠᠮᠢᠶ᠎ᠠ ᠪᠦᠬᠦᠢ ᠪᠠᠢ᠌ᠭᠤᠯᠤᠮᠵᠢ᠎ᠳᠤ ᠨᠡᠪᠲᠡᠷᠡᠭᠦᠯᠦᠨ ᠮᠡᠳᠡᠭᠡᠯᠡᠬᠦ ᠬᠡᠷᠡᠭᠲᠡᠢ᠃ ᠪᠣᠳᠠᠲᠠᠢ ᠠᠷᠭ᠎ᠠ ᠵᠢ ᠥᠪᠡᠷᠲᠡᠭᠡᠨ ᠵᠠᠰᠠᠬᠤ ᠣᠷᠣᠨ᠎ᠤ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠣᠭᠲᠠᠭ᠋ᠠᠨ᠎ᠠ᠃
ᠳᠥᠴᠢᠨ ᠵᠢᠷᠭᠤᠳᠤᠭ᠋ᠠᠷ ᠵᠦᠢ᠍ᠯ ᠤᠯᠠᠨ ᠨᠡᠶ᠋ᠢᠲᠡ ᠵᠢᠨ ᠳ᠋ᠠᠢ᠌ᠲ᠋ᠠ ᠬᠠᠩᠭ᠋ᠠᠭᠰᠠᠨ ᠤᠯᠠᠨ ᠨᠡᠶ᠋ᠢᠲᠡ ᠵᠢᠨ ᠬᠠᠮᠢᠶᠠᠷᠤᠯᠲᠠ ᠪᠠ ᠦᠢ᠍ᠯᠡᠴᠢᠯᠡᠭᠡᠨ᠎ᠤ ᠪᠠᠢ᠌ᠭᠤᠯᠤᠮᠵᠢ ᠵᠢᠴᠢ ᠬᠣᠯᠪᠣᠭᠳᠠᠯ ᠪᠦᠬᠦᠢ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠶᠠᠮᠠᠷᠪᠠ ᠨᠢᠭᠡᠴᠢ ᠪᠠ ᠬᠤᠪᠢ ᠬᠥᠮᠥᠨ ᠭᠡᠳ ᠤᠯᠠᠨ ᠨᠡᠶ᠋ᠢᠲᠡ ᠵᠢᠨ ᠳ᠋ᠠᠢ᠌ᠲ᠋ᠠ ᠵᠢ ᠬᠠᠤᠯᠢ᠎ᠠᠴᠠ ᠵᠥᠷᠢᠴᠡᠨ ᠠᠰᠢᠭᠯᠠᠭᠰᠠᠨ ᠦᠢ᠍ᠯᠡ ᠠᠵᠢᠯᠯᠠᠭ᠎ᠠ ᠵᠢ ᠢᠯᠡᠴᠢᠯᠡᠨ ᠮᠡᠳᠡᠭᠦᠯᠬᠦ ᠡᠷᠬᠡ᠎ᠲᠠᠢ᠂ ᠤᠯᠠᠨ ᠨᠡᠶ᠋ᠢᠲᠡ ᠵᠢᠨ ᠳ᠋ᠠᠢ᠌ᠲ᠋ᠠ ᠬᠠᠩᠭ᠋ᠠᠭᠰᠠᠨ ᠤᠯᠠᠨ ᠨᠡᠶ᠋ᠢᠲᠡ ᠵᠢᠨ ᠬᠠᠮᠢᠶᠠᠷᠤᠯᠲᠠ ᠪᠠ ᠦᠢ᠍ᠯᠡᠴᠢᠯᠡᠭᠡᠨ᠎ᠤ ᠪᠠᠢ᠌ᠭᠤᠯᠤᠮᠵᠢ᠂ ᠬᠣᠯᠪᠣᠭᠳᠠᠯ ᠪᠦᠬᠦᠢ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠬᠠᠤᠯᠢ ᠶᠣᠰᠣᠭ᠋ᠠᠷ ᠴᠠᠭ ᠲᠤᠬᠠᠢᠳᠤᠨᠢ ᠰᠢᠢ᠍ᠳᠪᠦᠷᠢᠯᠡᠬᠦ ᠬᠡᠷᠡᠭᠲᠡᠢ᠃
ᠳᠥᠴᠢᠨ ᠳᠣᠯᠣᠳᠤᠭ᠋ᠠᠷ ᠵᠦᠢ᠍ᠯ ᠣᠯᠠᠨ ᠨᠡᠶ᠋ᠢᠲᠡ ᠵᠢᠨ ᠳ᠋ᠠᠢ᠌ᠲ᠋ᠠ ᠵᠢ ᠬᠠᠮᠲᠤ᠎ᠪᠠᠷ ᠭᠥᠷᠳᠡᠵᠦ ᠴᠢᠯᠦᠭᠡᠲᠡᠢ ᠪᠣᠯᠭ᠋ᠠᠬᠤ᠂ ᠨᠡᠭᠡᠭᠡᠨ ᠠᠰᠢᠭᠯᠠᠬᠤ ᠵᠡᠷᠭᠡ ᠶᠠᠪᠤᠴᠠ᠎ᠳᠤ ᠮᠠᠷᠭᠤᠯᠳᠤᠭ᠋ᠠᠨ ᠭᠠᠷᠪᠠᠯ᠂ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠭᠤᠶᠤᠴᠢᠯᠠᠵᠤ ᠵᠣᠬᠢᠴᠠᠭᠤᠯᠤᠨ ᠰᠢᠢ᠍ᠳᠪᠦᠷᠢᠯᠡᠭᠦᠯᠵᠦ ᠪᠣᠯᠣᠨ᠎ᠠ᠃ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠬᠣᠯᠪᠣᠭᠳᠠᠯ ᠪᠦᠬᠦᠢ ᠮᠠᠷᠭᠤᠯᠳᠤᠭ᠋ᠠᠨ᠎ᠲᠠᠢ ᠠᠰᠠᠭᠤᠳᠠᠯ᠎ᠤᠳ᠎ᠢ ᠤᠯᠠᠨ ᠨᠡᠶ᠋ᠢᠲᠡ ᠵᠢᠨ ᠳ᠋ᠠᠢ᠌ᠲ᠋ᠠ ᠵᠢᠨ ᠲᠤᠰᠬᠠᠢ ᠮᠡᠷᠭᠡᠵᠢᠯᠲᠡᠳ᠎ᠤᠨ ᠺᠣᠮᠢᠰ᠎ᠲᠤ ᠲᠤᠰᠢᠶᠠᠨ ᠥᠭᠴᠦ ᠰᠤᠳᠤᠯᠤᠭᠤᠯᠤᠭ᠋ᠠᠳ ᠲᠤᠰᠬᠠᠢ ᠮᠡᠷᠭᠡᠵᠢᠯ᠎ᠤᠨ ᠰᠠᠨᠠᠭᠤᠯᠭ᠎ᠠ ᠳᠤᠷᠠᠳᠤᠭᠤᠯᠵᠤ ᠪᠣᠯᠣᠨ᠎ᠠ᠃
ᠶᠢᠰᠦᠳᠦᠭᠡᠷ ᠪᠦᠯᠦᠭ ᠬᠠᠮᠢᠶ᠎ᠠ ᠪᠦᠬᠦᠢ ᠬᠠᠷᠢᠭᠤᠴᠠᠯᠭ᠎ᠠ
ᠳᠥᠴᠢᠨ ᠨᠠᠢ᠍ᠮᠠᠳᠤᠭ᠋ᠠᠷ ᠵᠦᠢ᠍ᠯ ᠲᠤᠰ ᠠᠷᠭ᠎ᠠ ᠵᠢᠨ ᠲᠣᠭᠲᠠᠭ᠋ᠠᠯ᠎ᠠᠴᠠ ᠵᠥᠷᠢᠴᠡᠭᠰᠡᠨ ᠥᠢ᠍ᠯᠡ ᠠᠵᠢᠯᠯᠠᠭ᠎ᠠ᠎ᠨᠤᠭᠤᠳ᠎ᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠳᠤ ᠨᠢᠭᠡᠨᠲᠡ ᠬᠠᠤᠯᠢ ᠴᠠᠭ᠋ᠠᠵᠠ ᠵᠢᠨ ᠬᠠᠷᠢᠭᠤᠴᠠᠯᠭ᠎ᠠ ᠲᠣᠭᠲᠠᠭ᠋ᠠᠭᠰᠠᠨ ᠪᠠᠢ᠌ᠪᠠᠯ᠂ ᠲᠡᠷᠡ ᠲᠣᠭᠲᠠᠭ᠋ᠠᠯ ᠵᠶ᠋ᠠᠷ᠎ᠨᠢ ᠶᠠᠪᠤᠭᠤᠯᠤᠨ᠎ᠠ᠃
ᠳᠥᠴᠢ ᠶᠢᠰᠦᠳᠦᠭᠡᠷ ᠵᠦᠢ᠍ᠯ ᠣᠯᠠᠨ ᠨᠡᠶ᠋ᠢᠲᠡ ᠵᠢᠨ ᠬᠠᠮᠢᠶᠠᠷᠤᠯᠲᠠ ᠪᠠ ᠦᠢ᠍ᠯᠡᠴᠢᠯᠡᠭᠡᠨ᠎ᠤ ᠪᠠᠢ᠌ᠭᠤᠯᠤᠮᠵᠢ᠎ᠨᠤᠭᠤᠳ ᠵᠢᠴᠢ ᠲᠡᠳᠡᠭᠡᠷ᠎ᠤᠨ ᠠᠵᠢᠯᠲᠠᠳ᠎ᠨᠢ ᠲᠣᠰ ᠠᠷᠭ᠎ᠠ ᠵᠢᠨ ᠲᠣᠭᠲᠠᠭ᠋ᠠᠯ᠎ᠠᠴᠠ ᠵᠥᠷᠢᠴᠡᠵᠦ᠂ ᠲᠤᠤᠷᠠᠬᠢ ᠦᠢᠯᠡ ᠠᠵᠢᠯᠯᠠᠭ᠎ᠠ᠎ᠨᠤᠭᠤᠳ᠎ᠤᠨ ᠨᠢᠭᠡ᠎ᠳᠤ ᠬᠣᠯᠪᠣᠭᠳᠠᠭᠰᠠᠨ ᠪᠠᠢ᠌ᠪᠠᠯ᠂ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠠᠷᠯᠢᠭᠳᠠᠵᠤ ᠪᠠᠢ᠌ᠭ᠋ᠠᠳ ᠬᠤᠭᠤᠴᠠᠭ᠎ᠠ ᠬᠢᠵᠠᠭ᠋ᠠᠷᠯᠠᠨ ᠵᠠᠯᠠᠷᠠᠭᠤᠯᠤᠨ᠎ᠠ; ᠱᠠᠭ᠋ᠠᠷᠳᠠᠯᠭ᠎ᠠ ᠶᠣᠰᠣᠭ᠋ᠠᠷ ᠴᠡᠭᠴᠡᠯᠡᠨ ᠰᠠᠢ᠌ᠵᠢᠷᠠᠭᠤᠯᠤᠭᠰᠠᠨ ᠦᠭᠡᠢ᠂ ᠦᠢᠯᠡ ᠪᠠᠢ᠌ᠳᠠᠯ᠎ᠨᠢ ᠬᠦᠨᠳᠦ ᠨᠣᠴᠢᠲᠠᠢ ᠪᠣᠯ᠂ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠲᠣᠭᠲᠠᠭ᠋ᠠᠯ ᠰᠠᠬᠢᠯᠭ᠎ᠠ ᠬᠠᠤᠯᠢ ᠶᠣᠰᠣᠭ᠋ᠠᠷ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠤ ᠰᠢᠯᠵᠢᠭᠦᠯᠦᠨ ᠬᠦᠷᠭᠡᠵᠦ ᠰᠢᠢ᠍ᠳᠪᠦᠷᠢᠯᠡᠭᠦᠯᠦᠨ᠎ᠡ᠄
(ᠨᠢᠭᠡ) ᠲᠣᠰ ᠪᠠᠢ᠌ᠭᠤᠯᠤᠮᠵᠢ ᠵᠢᠨ ᠵᠶ᠋ᠠᠨ ᠣᠯᠠᠨ ᠨᠡᠶ᠋ᠢᠲᠡ ᠵᠢᠨ ᠳ᠋ᠠᠢ᠌ᠲ᠋ᠠ ᠵᠢ ᠴᠤᠭᠯᠠᠭᠤᠯᠤᠨ ᠡᠮᠬᠢᠯᠡᠬᠦ᠂ ᠭᠠᠷᠴᠠᠭ ᠨᠠᠢ᠌ᠷᠠᠭᠤᠯᠤᠨ ᠵᠣᠬᠢᠶᠠᠬᠤ᠂ ᠬᠠᠮᠲᠤ᠎ᠪᠠᠷ ᠬᠦᠷᠲᠡᠵᠦ ᠴᠢᠯᠦᠭᠡᠲᠡᠢ ᠪᠣᠯᠭ᠋ᠠᠬᠤ᠂ ᠰᠢᠨᠡᠳᠬᠡᠵᠦ ᠬᠠᠮᠠᠭ᠋ᠠᠯᠠᠬᠤ ᠪᠠ ᠠᠮᠤᠷ ᠲᠦᠪᠰᠢᠨ᠎ᠢ ᠪᠠᠲᠤᠯᠠᠬᠤ ᠵᠡᠷᠭᠡ ᠠᠵᠢᠯ ᠵᠶ᠋ᠠᠨ ᠲᠣᠭᠲᠠᠭ᠋ᠠᠯ ᠶᠣᠰᠣᠭ᠋ᠠᠷ ᠰᠠᠢ᠌ᠲᠤᠷ ᠬᠢᠭᠰᠡᠨ ᠦᠭᠡᠢ᠃
(ᠬᠣᠶᠠᠷ) ᠣᠯᠠᠨ ᠨᠡᠶ᠋ᠢᠲᠡ ᠵᠢᠨ ᠳ᠋ᠠᠢ᠌ᠲ᠋ᠠ ᠵᠢ ᠬᠠᠮᠲᠤ᠎ᠪᠠᠷ ᠬᠦᠷᠲᠡᠬᠦ᠂ ᠴᠢᠯᠦᠭᠡᠲᠡᠢ ᠪᠣᠯᠭ᠋ᠠᠬᠤ᠎ᠪᠠᠷ ᠭᠤᠶᠤᠴᠢᠯᠠᠭᠰᠠᠨ ᠭᠤᠶᠤᠴᠢᠯᠠᠯ᠎ᠤᠨ ᠬᠤᠭᠤᠴᠠᠭ᠎ᠠ᠎ᠨᠢ ᠬᠡᠲᠦᠷᠡᠭᠰᠡᠨ ᠪᠠᠢ᠌ᠲᠠᠯ᠎ᠠ ᠬᠢᠨᠠᠨ ᠬᠠᠷᠭᠤᠭᠤᠯᠤᠭᠰᠠᠨ ᠦᠭᠡᠢ ᠪᠠ ᠭᠦᠢ᠍ᠴᠡᠳᠬᠡᠭᠰᠡᠨ ᠦᠭᠡᠢ ᠪᠤᠶᠤ ᠲᠣᠭᠲᠠᠭ᠋ᠠᠯ ᠶᠣᠰᠣᠭ᠋ᠠᠷ ᠳ᠋ᠠᠢ᠌ᠲ᠋ᠠ ᠵᠢ ᠨᠡᠢ᠌ᠯᠡᠭᠦᠯᠬᠦ᠂ ᠬᠠᠮᠲᠤ᠎ᠪᠠᠷ ᠬᠦᠷᠲᠡᠬᠦ᠂ ᠴᠢᠯᠦᠭᠡᠲᠡᠢ ᠪᠣᠯᠭ᠋ᠠᠬᠤ ᠵᠢ ᠪᠡᠶᠡᠯᠡᠭᠦᠯᠦᠭᠰᠡᠨ ᠦᠭᠡᠢ᠃
(ᠭᠤᠷᠪᠠ) ᠬᠠᠤᠯᠢ᠎ᠪᠠᠷ ᠲᠤᠨᠨᠳᠠᠭ᠋ᠠᠨᠨᠰᠠᠨ ᠤᠴᠢᠷ ᠰᠢᠯᠲᠠᠭ᠋ᠠᠨ ᠦᠭᠡᠢ ᠪᠠᠢ᠌ᠲᠠᠯ᠎ᠠ᠎ᠪᠠᠨ ᠴᠢᠨᠠᠷ ᠴᠢᠨᠰᠠᠭ᠎ᠠ ᠵᠢᠨ ᠪᠠᠷᠢᠮᠵᠢᠶᠠᠨ᠎ᠳᠤ ᠨᠡᠢ᠌ᠴᠡᠭᠰᠡᠨ ᠣᠯᠠᠨ ᠨᠡᠶ᠋ᠢᠲᠡ ᠵᠢᠨ ᠳ᠋ᠠᠢ᠌ᠲ᠋ᠠ ᠬᠠᠩᠭ᠋ᠠᠬᠤ ᠵᠢ ᠲᠡᠪᠴᠢᠭᠰᠡᠨ ᠪᠤᠶᠤ ᠬᠠᠩᠭ᠋ᠠᠭᠰᠠᠨ ᠣᠯᠠᠨ ᠨᠡᠶ᠋ᠢᠲᠡ ᠵᠢᠨ ᠳ᠋ᠠᠢ᠌ᠲ᠋ᠠ᠎ᠨᠢ ᠳ᠋ᠠᠢ᠌ᠲ᠋ᠠ ᠵᠢᠨ ᠴᠢᠨᠠᠷ ᠴᠢᠨᠰᠠᠭ᠎ᠠ ᠵᠢᠨ ᠪᠠᠷᠢᠮᠵᠢᠶᠠᠨ᠎ᠳᠤ ᠨᠡᠢ᠌ᠴᠡᠬᠦ ᠦᠭᠡᠢ ᠪᠠᠢ᠌ᠲᠠᠯ᠎ᠠ᠎ᠪᠠᠨ ᠵᠠᠰᠠᠨ ᠰᠠᠢ᠌ᠵᠢᠷᠠᠭᠤᠯᠬᠤ᠂ ᠬᠢᠨᠠᠨ ᠬᠠᠷᠭᠤᠭᠤᠯᠬᠤ᠂ ᠵᠠᠯᠠᠷᠠᠭᠤᠯᠬᠤ ᠵᠢ ᠲᠡᠪᠴᠢᠭᠰᠡᠨ᠃
(ᠳᠥᠷᠪᠡ) ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠠᠮᠤᠷ ᠲᠦᠪᠰᠢᠨ᠎ᠤ ᠬᠠᠮᠢᠶᠠᠷᠤᠯᠲᠠ᠎ᠳᠠᠬᠢ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ᠎ᠪᠠᠨ ᠬᠠᠤᠯᠢ ᠶᠣᠰᠣᠭ᠋ᠠᠷ ᠭᠦᠢ᠍ᠴᠡᠳᠬᠡᠭᠰᠡᠨ ᠦᠭᠡᠢ᠃
(ᠲᠠᠪᠤ) ᠲᠣᠰ ᠠᠷᠭ᠎ᠠ ᠵᠢᠨ ᠲᠣᠭᠲᠠᠭ᠋ᠠᠯ᠎ᠠᠴᠠ ᠵᠥᠷᠢᠴᠡᠭᠰᠡᠨ ᠪᠤᠰᠤᠳ ᠠᠵᠢᠯᠯᠠᠭ᠎ᠠ᠎ᠨᠤᠭᠤᠳ᠃
ᠲᠠᠪᠢᠳᠤᠭ᠋ᠠᠷ ᠵᠦᠢ᠍ᠯ ᠳ᠋ᠠᠢ᠌ᠲ᠋ᠠ ᠵᠢ ᠠᠰᠢᠭᠯᠠᠬᠤ ᠭᠣᠣᠯ ᠴᠣᠭᠴᠠ᠂ ᠤᠯᠠᠨ ᠨᠡᠶ᠋ᠢᠲᠡ ᠵᠢᠨ ᠳ᠋ᠠᠢ᠌ᠲ᠋ᠠ ᠵᠢ ᠨᠡᠭᠡᠭᠡᠨ ᠠᠰᠢᠭᠯᠠᠬᠤ ᠭᠣᠣᠯ ᠴᠣᠭᠴᠠ᠎ᠨᠤᠭᠤᠳ ᠤᠯᠠᠨ ᠨᠡᠶ᠋ᠢᠲᠡ ᠵᠢᠨ ᠳ᠋ᠠᠢ᠌ᠲ᠋ᠠ ᠵᠢ ᠠᠰᠢᠭᠯᠠᠬᠤ ᠶᠠᠪᠤᠴᠠ᠎ᠳᠤ᠎ᠪᠠᠨ ᠲᠤᠤᠷᠠᠬᠢ ᠦᠢ᠍ᠯᠡ ᠠᠵᠢᠯᠯᠠᠭ᠎ᠠ᠎ᠨᠤᠭᠤᠳ᠎ᠤᠨ ᠨᠢᠭᠡ᠎ᠳᠤ ᠬᠣᠯᠪᠣᠭᠳᠠᠭᠰᠠᠨ ᠪᠠᠢ᠌ᠪᠠᠯ᠂ ᠤᠯᠠᠨ ᠨᠡᠶ᠋ᠢᠲᠡ ᠵᠢᠨ ᠬᠠᠮᠢᠶᠠᠷᠤᠯᠲᠠ ᠪᠠ ᠦᠢ᠍ᠯᠡᠴᠢᠯᠡᠭᠡᠨ᠎ᠤ ᠪᠠᠢ᠌ᠭᠤᠯᠤᠮᠵᠢ᠂ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠡᠷᠭᠡ ᠬᠣᠯᠪᠣᠭᠳᠠᠯ ᠪᠦᠬᠦᠢ ᠪᠠᠢ᠌ᠭᠤᠯᠤᠮᠵᠢ᠎ᠨᠢ ᠬᠠᠤᠯᠢ᠎ᠪᠠᠷ ᠲᠣᠭᠲᠠᠭ᠋ᠠᠭᠰᠠᠨ ᠡᠷᠬᠡ ᠵᠢᠨ ᠬᠡᠪᠴᠢᠶ᠎ᠡ ᠪᠠ ᠵᠢᠷᠤᠮ ᠶᠣᠰᠣᠭ᠋ᠠᠷ ᠰᠢᠮᠳᠠᠭᠤᠯᠤᠨ ᠵᠠᠯᠠᠷᠠᠭᠤᠯᠬᠤ ᠵᠢᠨ ᠬᠠᠮᠲᠤ᠂ ᠲᠡᠳᠡᠨ᠎ᠤ ᠤᠯᠠᠨ ᠨᠡᠶ᠋ᠢᠲᠡ ᠵᠢᠨ ᠳ᠋ᠠᠢ᠌ᠲ᠋ᠠ ᠣᠯᠬᠤ ᠬᠠᠮᠢᠶ᠎ᠠ ᠪᠦᠬᠦᠢ ᠡᠷᠬᠡ ᠵᠢᠨ ᠬᠡᠪᠴᠢᠶ᠎ᠡ ᠵᠢ᠎ᠨᠢ ᠲᠦᠷ ᠬᠠᠭ᠋ᠠᠬᠤ ᠬᠡᠷᠡᠭᠲᠡᠢ; ᠱᠠᠭ᠋ᠠᠷᠳᠠᠯᠭ᠎ᠠ ᠶᠣᠰᠣᠭ᠋ᠠᠷ ᠵᠠᠯᠠᠷᠠᠭᠤᠯᠤᠭᠰᠠᠨ ᠦᠭᠡᠢ ᠪᠣᠯ᠂ ᠬᠠᠤᠯᠢ ᠲᠣᠭᠲᠠᠭ᠋ᠠᠯ ᠶᠣᠰᠣᠭ᠋ᠠᠷ ᠰᠢᠢ᠍ᠳᠪᠦᠷᠢᠯᠡᠨ᠎ᠡ᠄
(ᠨᠢᠭᠡ) ᠣᠯᠠᠨ ᠨᠡᠶ᠋ᠢᠲᠡ ᠵᠢᠨ ᠳ᠋ᠠᠢ᠌ᠲ᠋ᠠ ᠵᠢ ᠠᠰᠢᠭᠯᠠᠨ ᠬᠠᠤᠯᠢ ᠪᠤᠰᠤ ᠠᠰᠢᠭ ᠲᠤᠰᠠ ᠣᠯᠣᠭᠰᠠᠨ᠃
(ᠬᠣᠶᠠᠷ) ᠬᠠᠮᠢᠶ᠎ᠠ ᠪᠦᠬᠦᠢ ᠡᠷᠬᠡ ᠠᠰᠢᠭ᠎ᠢ ᠳᠤᠷ᠎ᠠ᠎ᠪᠠᠷ ᠵᠶ᠋ᠠᠨ ᠬᠡᠷᠡᠭᠯᠡᠭᠰᠡᠨ ᠪᠤᠶᠤ ᠤᠯᠤᠰ᠎ᠤᠨ ᠠᠰᠢᠭ ᠲᠤᠰᠠ᠂ ᠨᠡᠢ᠌ᠭᠡᠮ ᠨᠡᠶ᠋ᠢᠲᠡ ᠵᠢᠨ ᠠᠰᠢᠭ ᠲᠤᠰᠠ ᠡᠰᠡᠬᠦᠯ᠎ᠡ ᠪᠤᠰᠤᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠬᠣᠬᠢᠷᠠᠭᠤᠯᠤᠭᠰᠠᠨ᠃
(ᠭᠤᠷᠪᠠ) ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠤᠨ ᠲᠣᠭᠲᠠᠭ᠋ᠠᠯ ᠪᠤᠶᠤ ᠣᠯᠠᠨ ᠨᠡᠶ᠋ᠢᠲᠡ ᠵᠢᠨ ᠳ᠋ᠠᠢ᠌ᠲ᠋ᠠ ᠵᠢ ᠠᠰᠢᠭᠯᠠᠬᠤ ᠵᠥᠪᠯᠡᠯᠴᠡᠭᠡᠷ᠎ᠤᠨ ᠪᠣᠯᠵᠣᠭ᠎ᠠ᠎ᠠᠴᠠ ᠵᠥᠷᠢᠴᠡᠨ ᠣᠯᠠᠨ ᠨᠡᠶ᠋ᠢᠲᠡ ᠵᠢᠨ ᠳ᠋ᠠᠢ᠌ᠲ᠋ᠠ ᠵᠢ ᠬᠡᠷᠡᠭᠯᠡᠭᠰᠡᠨ᠃
(ᠳᠥᠷᠪᠡ) ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠤᠨ ᠲᠣᠭᠲᠠᠭ᠋ᠠᠯ ᠪᠤᠶᠤ ᠣᠯᠠᠨ ᠨᠡᠶ᠋ᠢᠲᠡ ᠵᠢᠨ ᠳ᠋ᠠᠢ᠌ᠲ᠋ᠠ ᠵᠢ ᠠᠰᠢᠭᠯᠠᠬᠤ ᠵᠥᠪᠯᠡᠯᠴᠡᠭᠡᠷ᠎ᠤᠨ ᠪᠣᠯᠵᠣᠭ᠎ᠠ ᠵᠢ ᠵᠥᠷᠢᠴᠡᠵᠦ᠂ ᠠᠮᠤᠷ ᠲᠦᠪᠰᠢᠨ᠎ᠤ ᠪᠠᠲᠤᠯᠠᠭ᠎ᠠ ᠵᠢᠨ ᠠᠷᠭ᠎ᠠ ᠬᠡᠮᠵᠢᠶ᠎ᠡ ᠠᠪᠤᠭᠰᠠᠨ ᠦᠭᠡᠢ᠃
(ᠲᠠᠪᠤ) ᠬᠠᠤᠯᠢ ᠴᠠᠭ᠋ᠠᠵᠠ ᠵᠢᠨ ᠬᠠᠷᠢᠭᠤᠴᠠᠯᠭ᠎ᠠ ᠡᠭᠦᠷᠭᠡᠯᠡᠬᠦ ᠶᠣᠰᠣᠲᠠᠢ ᠪᠤᠰᠤᠳ ᠦᠢᠯᠡ ᠠᠵᠢᠯᠯᠠᠭ᠎ᠠ᠎ᠨᠤᠭᠤᠳ᠃
ᠲᠠᠪᠢᠨ ᠨᠢᠭᠡᠳᠦᠭᠡᠷ ᠵᠦᠢ᠍ᠯ ᠡᠬᠢ ᠳ᠋ᠠᠢ᠌ᠲ᠋ᠠ ᠵᠢᠨ ᠰᠠᠯᠠᠭ᠎ᠠ ᠮᠥᠴᠢᠷ᠎ᠤᠳ᠎ᠲᠤ ᠲᠤᠤᠷᠠᠬᠢ ᠦᠢᠯᠡ ᠠᠵᠢᠯᠯᠠᠭ᠎ᠠ᠎ᠨᠤᠭᠤᠳ᠎ᠤᠨ ᠨᠢᠭᠡ᠎ᠨᠢ ᠪᠠᠢ᠌ᠪᠠᠯ᠂ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠨᠢ ᠬᠠᠮᠢᠶᠠᠷᠤᠯᠲᠠ ᠵᠢᠨ ᠡᠷᠬᠡ ᠵᠢᠨ ᠬᠡᠪᠴᠢᠶ᠎ᠡ ᠶᠣᠰᠣᠭ᠋ᠠᠷ ᠵᠠᠷᠯᠢᠭᠳᠠᠵᠤ ᠪᠠᠢ᠌ᠭ᠋ᠠᠳ ᠬᠤᠭᠤᠴᠠᠭ᠎ᠠ ᠬᠢᠵᠠᠭ᠋ᠠᠷᠯᠠᠵᠤ ᠴᠡᠭᠴᠡᠯᠡᠨ ᠰᠠᠢ᠌ᠵᠢᠷᠠᠭᠤᠯᠬᠤ ᠬᠡᠷᠡᠭᠲᠡᠢ; ᠬᠤᠭᠤᠴᠠᠭ᠎ᠠ ᠬᠡᠲᠦᠷᠡᠭᠰᠡᠨ ᠪᠠᠢ᠌ᠲᠠᠯ᠎ᠠ ᠱᠠᠭ᠋ᠠᠷᠳᠠᠯᠭ᠎ᠠ ᠶᠣᠰᠣᠭ᠋ᠠᠷ ᠴᠡᠭᠴᠡᠯᠡᠨ ᠰᠠᠢ᠌ᠵᠢᠷᠠᠭᠤᠯᠤᠭᠰᠠᠨ ᠦᠭᠡᠢ᠂ ᠦᠢᠯᠡ ᠪᠠᠢ᠌ᠳᠠᠯ᠎ᠨᠢ ᠬᠦᠨᠳᠦ ᠨᠣᠴᠢᠲᠠᠢ ᠪᠠᠢ᠌ᠪᠠᠯ᠂ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠲᠣᠭᠲᠠᠭ᠋ᠠᠯ ᠰᠠᠬᠢᠯᠭ᠎ᠠ ᠬᠠᠤᠯᠢ ᠶᠣᠰᠣᠭ᠋ᠠᠷ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠤ ᠰᠢᠯᠵᠢᠭᠦᠯᠦᠨ ᠬᠦᠷᠭᠡᠵᠦ ᠰᠢᠢ᠍ᠳᠪᠦᠷᠢᠯᠡᠭᠦᠯᠦᠨ᠎ᠡ᠄
(ᠨᠢᠭᠡ) ᠲᠣᠭᠲᠠᠭ᠋ᠠᠯ ᠶᠣᠰᠣᠭ᠋ᠠᠷ ᠣᠯᠠᠨ ᠨᠡᠶ᠋ᠢᠲᠡ ᠵᠢᠨ ᠳ᠋ᠠᠢ᠌ᠲ᠋ᠠ ᠵᠢ ᠴᠤᠭᠯᠠᠭᠤᠯᠵᠤ᠂ ᠭᠠᠷᠴᠠᠭ ᠵᠣᠬᠢᠶᠠᠬᠤ᠂ ᠨᠡᠢ᠌ᠯᠡᠭᠦᠯᠵᠦ᠂ ᠵᠠᠰᠠᠵᠤ᠂ ᠬᠠᠮᠲᠤ᠎ᠪᠠᠷ ᠬᠦᠷᠲᠡᠵᠦ᠂ ᠴᠢᠯᠦᠭᠡᠲᠡᠢ ᠪᠣᠯᠭ᠋ᠠᠭᠰᠠᠨ ᠦᠭᠡᠢ᠃
(ᠬᠣᠶᠠᠷ) ᠬᠠᠮᠲᠤ᠎ᠪᠠᠷ ᠬᠦᠷᠲᠡᠵᠦ ᠣᠯᠣᠭᠰᠠᠨ ᠳ᠋ᠠᠢ᠌ᠲ᠋ᠠ ᠵᠢ ᠳᠠᠬᠢᠨ ᠳᠠᠪᠲᠠᠨ ᠴᠤᠭᠯᠠᠭᠤᠯᠵᠤ᠂ ᠨᠡᠢ᠌ᠭᠡᠮ ᠨᠡᠶ᠋ᠢᠲᠡ ᠵᠢᠨ ᠳᠠᠷᠤᠭ᠋ᠠᠰᠤ ᠡᠭᠦᠷᠬᠡᠯᠡᠯᠢ ᠨᠡᠮᠡᠭᠳᠡᠭᠦᠯᠦᠭᠰᠡᠨ᠃
(ᠭᠤᠷᠪᠠ) ᠣᠯᠠᠨ ᠨᠡᠶ᠋ᠢᠲᠡ ᠵᠢᠨ ᠳ᠋ᠠᠢ᠌ᠲ᠋ᠠ ᠵᠢ ᠬᠠᠮᠲᠤ᠎ᠪᠠᠷ ᠬᠦᠷᠲᠡᠬᠦ᠂ ᠴᠢᠯᠦᠭᠡᠲᠡᠢ ᠪᠣᠯᠭ᠋ᠠᠬᠤ᠎ᠪᠠᠷ ᠭᠤᠶᠤᠴᠢᠯᠠᠭᠰᠠᠨ ᠭᠤᠶᠤᠴᠢᠯᠠᠯ᠎ᠤᠨ ᠬᠤᠭᠤᠴᠠᠭ᠎ᠠ᠎ᠨᠢ ᠬᠡᠲᠦᠷᠡᠭᠰᠡᠨ ᠪᠠᠢ᠌ᠲᠠᠯ᠎ᠠ ᠬᠢᠨᠠᠨ ᠬᠠᠷᠭᠤᠭᠤᠯᠤᠭᠰᠠᠨ ᠦᠭᠡᠢ᠃
(ᠳᠥᠷᠪᠡ) ᠬᠠᠤᠯᠢ᠎ᠪᠠᠷ ᠳᠣᠭᠲᠠᠭ᠋ᠠᠭᠰᠠᠨ ᠤᠴᠢᠷ ᠰᠢᠯᠲᠠᠭ᠋ᠠᠨ ᠦᠭᠡᠢ ᠪᠠᠢ᠌ᠲᠠᠯ᠎ᠠ ᠣᠯᠠᠨ ᠨᠡᠶ᠋ᠢᠲᠡ ᠵᠢᠨ ᠳ᠋ᠠᠢ᠌ᠲ᠋ᠠ ᠵᠢ ᠬᠠᠩᠭ᠋ᠠᠬᠤ᠎ᠪᠠᠨ ᠲᠡᠪᠴᠢᠭᠰᠡᠨ ᠪᠤᠶᠤ ᠬᠠᠩᠭ᠋ᠠᠭᠰᠠᠨ᠎ᠨᠢ ᠪᠤᠷᠤᠭᠤ᠂ ᠪᠦᠷᠢᠨ ᠪᠤᠰᠤ ᠣᠯᠠᠨ ᠨᠡᠶ᠋ᠢᠲᠡ ᠵᠢᠨ ᠳ᠋ᠠᠢ᠌ᠲ᠋ᠠ᠎ᠪᠠᠨ ᠴᠡᠭᠴᠡᠯᠡᠨ ᠵᠠᠰᠠᠬᠤ᠂ ᠬᠢᠨᠠᠨ ᠬᠠᠷᠭᠤᠭᠤᠯᠬᠤ᠂ ᠵᠠᠯᠠᠷᠠᠭᠤᠯᠬᠤ ᠵᠢ ᠲᠡᠪᠴᠢᠭᠰᠡᠨ᠃
(ᠲᠠᠪᠤ) ᠳ᠋ᠠᠢ᠌ᠲ᠋ᠠ ᠵᠢᠨ ᠠᠮᠤᠷ ᠲᠦᠪᠰᠢᠨ᠎ᠤ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ᠎ᠪᠠᠨ ᠬᠠᠤᠯᠢ ᠶᠣᠰᠣᠭ᠋ᠠᠷ ᠭᠦᠢ᠍ᠴᠡᠳᠬᠡᠭᠰᠡᠨ ᠦᠭᠡᠢ᠃
(ᠵᠢᠷᠭᠤᠭ᠎ᠠ) ᠪᠤᠰᠤᠳ ᠳᠦᠷᠢᠮ ᠰᠠᠬᠢᠯᠭ᠎ᠠ ᠵᠢ ᠵᠥᠷᠢᠴᠡᠭᠰᠡᠨ ᠦᠢᠯᠡ ᠠᠵᠢᠯᠯᠠᠭ᠎ᠠ᠎ᠨᠤᠭᠤᠳ᠃
ᠲᠠᠪᠢᠨ ᠬᠣᠶᠠᠳᠤᠭ᠋ᠠᠷ ᠵᠦᠢ᠍ᠯ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠤᠯᠠᠨ ᠨᠡᠶ᠋ᠢᠲᠡ ᠵᠢᠨ ᠬᠠᠮᠢᠶᠠᠷᠤᠯᠲᠠ ᠪᠠ ᠦᠢ᠍ᠯᠡᠴᠢᠯᠡᠭᠡᠨ᠎ᠤ ᠪᠠᠢ᠌ᠭᠤᠯᠤᠮᠵᠢ ᠵᠢᠴᠢ ᠲᠡᠳᠡᠭᠡᠷ᠎ᠤᠨ ᠠᠵᠢᠯᠲᠠᠳ ᠡᠭᠦᠷᠬᠡ ᠬᠠᠷᠢᠭᠤᠴᠠᠯᠭ᠎ᠠ ᠭᠦᠢ᠍ᠴᠡᠳᠬᠡᠬᠦ ᠶᠠᠪᠤᠴᠠ᠎ᠳᠤ᠎ᠪᠠᠨ ᠣᠯᠵᠤ ᠮᠡᠳᠡᠭᠰᠡᠨ ᠬᠤᠪᠢ ᠵᠢᠨ ᠨᠢᠭᠤᠴᠠ᠂ ᠬᠤᠪᠢ ᠬᠥᠮᠥᠨ᠎ᠤ ᠮᠡᠳᠡᠭᠡ ᠵᠠᠩᠭᠢ᠂ ᠬᠤᠳᠠᠯᠳᠤᠭ᠋ᠠᠨ᠎ᠤ ᠨᠢᠭᠤᠴᠠ ᠪᠤᠶᠤ ᠨᠢᠭᠤᠴᠠ ᠵᠢ ᠬᠠᠮᠠᠭ᠋ᠠᠯᠠᠬᠤ ᠶᠣᠰᠣᠲᠠᠢ ᠪᠤᠰᠤᠳ ᠮᠡᠳᠡᠭᠡ ᠵᠠᠩᠭᠢᠨᠤᠭᠤᠳᠢ ᠵᠠᠳᠠᠷᠠᠭᠤᠯᠤᠭᠰᠠᠨ᠂ ᠬᠤᠳᠠᠯᠳᠤᠭᠰᠠᠨ ᠬᠢᠭᠡᠳ ᠬᠠᠤᠯᠢ ᠪᠤᠰᠤ᠎ᠪᠠᠷ ᠪᠤᠰᠤᠳ᠎ᠲᠤ ᠬᠠᠩᠭ᠋ᠠᠭᠰᠠᠨ ᠡᠰᠡᠬᠦᠯ᠎ᠡ ᠡᠭᠦᠷᠬᠡ ᠲᠤᠰᠢᠶᠠᠯ᠎ᠳᠤ᠎ᠪᠠᠨ ᠠᠯᠮᠠᠢ᠍ᠷᠠᠨ ᠤᠰᠤᠯᠳᠠᠨᠨᠰᠠᠨ᠂ ᠡᠷᠬᠡ ᠲᠤᠰᠢᠶᠠᠯ ᠵᠶ᠋ᠠᠨ ᠳᠤᠷ᠎ᠠ᠎ᠪᠠᠷ ᠵᠶ᠋ᠠᠨ ᠬᠡᠷᠡᠭᠯᠡᠭᠰᠡᠨ᠂ ᠬᠤᠪᠢ ᠵᠢᠨ ᠨᠠᠢ᠌ᠷ ᠲᠠᠯ᠎ᠠ ᠬᠠᠷᠠᠵᠥ ᠬᠠᠤᠯᠢ ᠶᠤᠰᠤ ᠵᠢ ᠵᠦᠷᠢᠴᠡᠭᠰᠡᠨ᠎ᠢ ᠬᠠᠤᠯᠢ ᠲᠣᠭᠲᠠᠭ᠋ᠠᠯ ᠶᠣᠰᠣᠭ᠋ᠠᠷ ᠰᠢᠢ᠍ᠳᠪᠦᠷᠢᠯᠡᠨ᠎ᠡ᠃
ᠠᠷᠪᠠᠳᠤᠭ᠋ᠠᠷ ᠪᠦᠯᠦᠭ ᠳᠠᠭ᠋ᠠᠯᠳᠤᠭᠤᠯᠤᠯ ᠳᠦᠷᠢᠮ
ᠲᠠᠪᠢᠨ ᠭᠤᠷᠪᠠᠳᠤᠭ᠋ᠠᠷ ᠵᠦᠢ᠍ᠯ ᠲᠥᠷᠥ ᠵᠢᠨ ᠪᠠᠢ᠌ᠭᠤᠯᠭ᠎ᠠ᠂ ᠲᠥᠪ᠎ᠤᠨ ᠲᠥᠷᠥ ᠵᠢᠨ ᠪᠠᠢ᠌ᠭᠤᠯᠭ᠎ᠠ᠎ᠠᠴᠠ ᠥᠪᠡᠷᠲᠡᠭᠡᠨ ᠵᠠᠰᠠᠬᠤ ᠣᠷᠣᠨ᠎ᠳᠤ ᠲᠣᠮᠢᠯᠠᠨ ᠰᠠᠭᠤᠯᠭ᠋ᠠᠭᠰᠠᠨ ᠪᠠᠢ᠌ᠭᠤᠯᠭ᠎ᠠ ᠪᠤᠶᠤ ᠲᠣᠮᠢᠯᠠᠭᠰᠠᠨ ᠪᠠᠢ᠌ᠭᠤᠯᠤᠮᠵᠢ᠎ᠨᠤᠭᠤᠳ ᠬᠠᠤᠯᠢ᠎ᠪᠠᠷ ᠲᠣᠭᠲᠠᠭ᠋ᠠᠭᠰᠠᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ᠂ ᠣᠯᠠᠨ ᠨᠡᠶ᠋ᠢᠲᠡ ᠵᠢᠨ ᠦᠢ᠍ᠯᠡᠴᠢᠯᠡᠭᠡ ᠬᠠᠩᠭ᠋ᠠᠬᠤ ᠵᠢᠨ ᠲᠤᠰᠠᠳᠠ ᠣᠯᠠᠨ ᠨᠡᠶ᠋ᠢᠲᠡ ᠵᠢᠨ ᠳ᠋ᠠᠢ᠌ᠲ᠋ᠠ ᠵᠢ ᠴᠤᠭᠯᠠᠭᠤᠯᠬᠤ᠂ ᠬᠡᠷᠡᠭᠯᠡᠬᠦ ᠬᠠᠮᠢᠶᠠᠷᠤᠯᠲᠠ᠎ᠳᠤ᠂ ᠲᠣᠰ ᠠᠷᠭ᠎ᠠ ᠵᠢ ᠯᠠᠪᠯᠠᠯᠲᠠ ᠪᠣᠯᠭ᠋ᠠᠨ ᠬᠡᠷᠡᠭᠵᠢᠭᠦᠯᠦᠨ᠎ᠡ᠃ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠳᠤ ᠠᠰᠲᠠᠭ᠋ᠠᠨ ᠲᠣᠭᠲᠠᠭ᠋ᠠᠭᠰᠠᠨ ᠪᠠᠢ᠌ᠪᠠᠯ ᠲᠡᠷᠡ ᠲᠣᠭᠲᠠᠭ᠋ᠠᠯ ᠶᠣᠰᠣᠭ᠋ᠠᠷ ᠬᠡᠷᠡᠭᠵᠢᠭᠦᠯᠦᠨ᠎ᠡ᠃
ᠲᠠᠪᠢᠨ ᠳᠥᠷᠪᠡᠳᠦᠭᠡᠷ ᠵᠦᠢ᠍ᠯ ᠲᠣᠰ ᠠᠷᠭ᠎ᠠ ᠵᠢ ᠳᠠᠷᠤᠮᠠᠯᠯᠠᠨ ᠶᠠᠪᠤᠭᠤᠯᠤᠭᠰᠠᠨ ᠡᠳᠦᠷ᠎ᠠᠴᠠ ᠡᠬᠢᠯᠡᠨ ᠬᠡᠷᠡᠭᠵᠢᠭᠦᠯᠦᠨ᠎ᠡ᠂ 《〈ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠳ᠋ᠠᠢ᠌ᠲ᠋ᠠ ᠵᠢᠨ ᠡᠬᠢ ᠪᠠᠶᠠᠯᠢᠭ᠎ᠤᠨ ᠬᠠᠮᠢᠶᠠᠷᠤᠯᠲᠠ ᠵᠢᠨ ᠠᠷᠭ᠎ᠠ〉 ᠵᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ》 (ᠥᠪᠥᠷ ᠵᠠᠰᠠᠭ ᠠᠯᠪᠠᠨ ᠲᠠᠷᠬᠠᠭ᠋ᠠᠭᠰᠠᠨ [2021] 43 ᠳ᠋ᠤᠭ᠋ᠠᠷ ᠲᠣᠭ᠋ᠠᠲᠤ)᠎ᠢ ᠵᠡᠷᠭᠡ᠎ᠳᠤ᠎ᠨᠢ ᠬᠦᠴᠦᠨ ᠦᠭᠡᠢ ᠪᠣᠯᠭ᠋ᠠᠨ᠎ᠠ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ
2024 ᠣᠨ᠎ᠤ 6 ᠳ᠋ᠤᠭ᠋ᠠᠷ ᠰᠠᠷ᠎ᠠ ᠵᠢᠨ 4᠎ᠤ ᠡᠳᠦᠷ ᠳᠠᠷᠤᠮᠠᠯᠯᠠᠨ ᠲᠠᠷᠬᠠᠭ᠋ᠠᠪᠠ