ᠢᠯᠡ ᠵᠠᠰᠠᠭ   -   ᠵᠠᠰᠠᠭ᠎ᠤᠨ ᠤᠷᠳᠤᠨ᠎ᠤ ᠪᠢᠴᠢᠭ ᠮᠠᠲ᠋ᠧᠷᠢᠶᠠᠯ
ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠵᠠᠭᠤᠷᠠᠯᠳᠤᠭ᠋ᠠᠨ᠎ᠢ ᠰᠡᠷᠭᠡᠢ᠌ᠯᠡᠬᠦ ᠪᠠ ᠰᠢᠢ᠍ᠳᠪᠦᠷᠢᠯᠡᠬᠦ ᠠᠷᠭ᠎ᠠ ᠵᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ
ᠨᠡᠶ᠋ᠢᠲᠡᠯᠡᠭᠰᠡᠨ ᠴᠠᠭ᠄ 2024-12-18

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ

ᠠᠷᠠᠳ᠎ᠤᠨ ᠵᠠᠰᠠᠭ᠎ᠤᠨ ᠣᠷᠳᠣᠨ᠎ᠤ ᠪᠢᠴᠢᠭ ᠮᠠᠲ᠋ᠧᠷᠢᠶᠠᠯ

 

ᠥᠪᠥᠷ ᠵᠠᠰᠠᠭ ᠲᠠᠷᠬᠠᠭ᠋ᠠᠭᠰᠠᠨ [2024] 27 ᠳ᠋ᠤᠭ᠋ᠠᠷ ᠲᠣᠭ᠋ᠠᠲᠤ

 

ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠵᠠᠭᠤᠷᠠᠯᠳᠤᠭ᠋ᠠᠨ᠎ᠢ ᠰᠡᠷᠭᠡᠢ᠌ᠯᠡᠬᠦ ᠪᠠ ᠰᠢᠢ᠍ᠳᠪᠦᠷᠢᠯᠡᠬᠦ ᠠᠷᠭ᠎ᠠ ᠵᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ

 

ᠡᠯ᠎ᠡ ᠠᠢ᠌ᠮᠠᠭ᠎ᠤᠨ ᠵᠠᠬᠢᠷᠭ᠎ᠠ ᠂  ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠂  ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ ᠂  ᠠᠯᠪᠠᠨ ᠭᠡᠷ ᠂  ᠲᠢᠩᠬᠢᠮ ᠂  ᠲᠣᠪᠴᠢᠶ᠎ᠠ ᠂  ᠡᠯ᠎ᠡ ᠲᠣᠮᠣ ᠠᠵᠤ ᠠᠬᠤᠢ᠌ᠯᠠᠯ ᠂  ᠠᠵᠢᠯ ᠦᠢ᠍ᠯᠡᠰ᠎ᠤᠨ ᠨᠢᠭᠡᠴᠢ᠎ᠳᠤ ᠄

       ᠡᠳᠦᠭᠡ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠵᠠᠭᠤᠷᠠᠯᠳᠤᠭ᠋ᠠᠨ᠎ᠢ  ᠰᠡᠷᠭᠡᠢ᠌ᠯᠡᠬᠦ ᠪᠠ ᠰᠢᠢ᠍ᠳᠪᠦᠷᠢᠯᠡᠬᠦ ᠠᠷᠭ᠎ᠠ 》 ᠵᠢ ᠲᠠ ᠨᠠᠷ᠎ᠲᠤ ᠳᠠᠷᠤᠮᠠᠯᠯᠠᠨ ᠶᠠᠪᠤᠭᠤᠯᠤᠯ᠎ᠠ ᠂  ᠪᠣᠳᠠᠲᠠᠢ᠎ᠲᠠᠢ᠎ᠪᠠᠨ ᠤᠶᠠᠯᠳᠤᠭᠤᠯᠤᠨ ᠂  ᠬᠢᠨᠠᠮᠠᠭ᠋ᠠᠢ ᠵᠢᠷᠤᠮᠯᠠᠨ ᠬᠡᠷᠡᠭᠵᠢᠭᠦᠯᠲᠦᠭᠡᠢ ᠃

 

2024 ᠣᠨ᠎ᠤ 10 ᠳ᠋ᠤᠭ᠋ᠠᠷ ᠰᠠᠷ᠎ᠠ ᠵᠢᠨ 16᠎ᠤ ᠡᠳᠦᠷ    

      (ᠲᠣᠰ ᠪᠢᠴᠢᠭ ᠮᠠᠲ᠋ᠧᠷᠢᠶᠠᠯ᠎ᠢ ᠢᠯᠡ ᠨᠡᠢ᠌ᠲᠡᠯᠡᠨ᠎ᠡ )

 

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ

ᠵᠠᠭᠤᠷᠠᠯᠳᠤᠭ᠋ᠠᠨ᠎ᠢ ᠰᠡᠷᠭᠡᠢ᠌ᠯᠡᠬᠦ ᠪᠠ ᠰᠢᠢ᠍ᠳᠪᠦᠷᠢᠯᠡᠬᠦ ᠠᠷᠭ᠎ᠠ

ᠨᠢᠭᠡᠳᠦᠭᠡᠷ ᠪᠦᠯᠦᠭ    ᠶᠡᠷᠦᠩᠬᠡᠢ ᠳᠦᠷᠢᠮ

       ᠨᠢᠭᠡᠳᠦᠭᠡᠷ ᠵᠦᠢ᠍ᠯ    ᠡᠮᠴᠢᠯᠡᠭᠡᠨ᠎ᠤ ᠵᠠᠭᠤᠷᠠᠯᠳᠤᠭ᠋ᠠᠨ᠎ᠢ ᠪᠦᠲᠦᠮᠵᠢᠲᠡᠶ ᠰᠡᠷᠭᠡᠢ᠌ᠯᠡᠬᠦ ᠪᠠ ᠲᠣᠬᠢᠲᠠᠢ ᠰᠢᠢ᠍ᠳᠪᠦᠷᠢᠯᠡᠵᠦ ᠂  ᠡᠮᠴᠢ ᠪᠠ ᠡᠪᠡᠳᠴᠢᠲᠡᠨ ᠬᠣᠶᠠᠷ ᠲᠠᠯ᠎ᠠ ᠵᠢᠨ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠨ ᠂  ᠡᠮᠴᠢ ᠪᠠ ᠡᠪᠡᠳᠴᠢᠲᠡᠨ᠎ᠤ ᠡᠶ᠎ᠡ ᠵᠣᠬᠢᠴᠠᠯ᠎ᠤᠨ ᠬᠠᠷᠢᠴᠠᠭ᠎ᠠ ᠪᠠ ᠡᠮᠴᠢᠯᠡᠭᠡᠨ᠎ᠤ ᠡᠮᠬᠢ ᠵᠢᠷᠤᠮ᠎ᠢ ᠬᠠᠮᠠᠭ᠋ᠠᠯᠠᠵᠤ ᠂  ᠡᠮᠴᠢᠯᠡᠭᠡᠨ᠎ᠤ ᠠᠮᠤᠷ ᠲᠦᠪᠰᠢᠨ᠎ᠢ ᠪᠠᠲᠤᠯᠠᠬᠤ ᠵᠢᠨ ᠲᠤᠰᠠᠳᠠ ᠂ 《ᠪᠥᠬᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠠᠷᠠᠳ᠎ᠤᠨ ᠡᠶᠡᠳᠡᠭᠦᠯᠭᠡ ᠵᠢᠨ ᠬᠠᠤᠯᠢ 》᠂ 《ᠪᠥᠬᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠦᠨᠳᠦᠰᠦᠨ ᠡᠮᠴᠢᠯᠡᠭᠡ ᠡᠷᠡᠭᠦᠯ ᠬᠠᠮᠠᠭ᠋ᠠᠯᠠᠯ ᠬᠢᠭᠡᠳ ᠡᠷᠡᠭᠦᠯ ᠮᠡᠨᠳᠦ ᠵᠢ ᠠᠬᠢᠭᠤᠯᠬᠤ ᠬᠠᠤᠯᠢ 》᠂ 《ᠡᠮᠴᠢᠯᠡᠭᠡᠨ᠎ᠤ ᠵᠠᠭᠤᠷᠠᠯᠳᠤᠭ᠋ᠠᠨ᠎ᠢ ᠰᠡᠷᠭᠡᠢ᠌ᠯᠡᠬᠦ ᠪᠠ ᠰᠢᠢ᠍ᠳᠪᠦᠷᠢᠯᠡᠬᠦ ᠳᠦᠷᠢᠮ 》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠥᠷᠢᠴᠡᠯ ᠵᠠᠭᠤᠷᠠᠯᠳᠤᠭ᠋ᠠᠨ᠎ᠢ ᠣᠯᠠᠨ ᠡᠰᠢᠵᠢᠭᠦᠯᠦᠨ ᠰᠢᠢ᠍ᠳᠪᠦᠷᠢᠯᠡᠬᠦ ᠳᠦᠷᠢᠮ 》  ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠦᠨᠳᠦᠰᠦᠯᠡᠨ ᠂  ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ ᠤᠶᠠᠯᠳᠤᠭᠤᠯᠵᠤ ᠂  ᠲᠣᠰ ᠠᠷᠭ᠎ᠠ ᠵᠢ ᠲᠣᠭᠲᠠᠭ᠋ᠠᠪᠠ ᠃

       ᠬᠣᠶᠠᠳᠤᠭ᠋ᠠᠷ ᠵᠦᠢ᠍ᠯ    ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠡᠮᠴᠢᠯᠡᠭᠡᠨ᠎ᠤ ᠵᠠᠭᠤᠷᠠᠯᠳᠤᠭ᠋ᠠᠨ᠎ᠢ ᠰᠡᠷᠭᠡᠢ᠌ᠯᠡᠬᠦ ᠪᠠ ᠰᠢᠢ᠍ᠳᠪᠦᠷᠢᠯᠡᠬᠦ᠎ᠳᠤ ᠲᠣᠰ ᠠᠷᠭ᠎ᠠ ᠬᠡᠷᠡᠭᠯᠡᠭᠳᠡᠨ᠎ᠡ ᠃

       ᠲᠣᠰ ᠠᠷᠭ᠎ᠠ᠎ᠳᠤ ᠬᠡᠯᠡᠵᠦ ᠪᠠᠢ᠌ᠭ᠎ᠠ ᠡᠮᠴᠢᠯᠡᠭᠡᠨ᠎ᠤ ᠵᠠᠭᠤᠷᠠᠯᠳᠤᠭ᠋ᠠᠨ ᠭᠡᠳᠡᠭ᠎ᠨᠢ  ᠡᠮᠴᠢ ᠪᠠ ᠡᠪᠡᠳᠴᠢᠲᠡᠨ ᠬᠣᠶᠠᠷ ᠲᠠᠯ᠎ᠠ ᠵᠢᠨ ᠣᠨᠣᠰᠢᠯᠠᠨ ᠡᠮᠨᠡᠬᠦ ᠠᠵᠢᠯᠯᠠᠭ᠎ᠠ᠎ᠠᠴᠠ ᠪᠣᠯᠣᠭᠰᠠᠨ ᠮᠠᠷᠭᠤᠭ᠋ᠠᠨ᠎ᠢ ᠵᠢᠭ᠋ᠠᠵᠤ ᠪᠣᠢ ᠃ 

       ᠡᠮᠴᠢ ᠵᠢᠨ ᠲᠠᠯ᠎ᠠ ᠭᠡᠳᠡᠭ᠎ᠨᠢ  ᠡᠮᠴᠢᠯᠡᠭᠡᠨ᠎ᠤ ᠪᠠᠢ᠌ᠭᠤᠯᠤᠮᠵᠢ ᠵᠢᠴᠢ ᠲᠡᠭᠦᠨ᠎ᠤ ᠡᠮᠨᠡᠯᠭᠡ ᠵᠢᠨ ᠠᠵᠢᠯᠲᠠᠨ᠎ᠢ ᠵᠢᠭ᠋ᠠᠵᠤ ᠪᠣᠢ ᠂  ᠡᠪᠡᠳᠴᠢᠲᠡᠨ᠎ᠤ ᠲᠠᠯ᠎ᠠ ᠭᠡᠳᠡᠭ᠎ᠨᠢ  ᠭᠣᠣᠯᠳᠠᠭᠤ ᠡᠪᠡᠳᠴᠢᠲᠡᠨ ᠵᠢᠴᠢ ᠲᠡᠭᠦᠨ᠎ᠤ ᠣᠢ᠌ᠷ᠎ᠠ ᠲᠥᠷᠥᠯ ᠰᠠᠳᠤᠨ ᠂  ᠨᠠᠢ᠌ᠳᠠᠭᠰᠠᠨ ᠣᠷᠣᠯᠠᠭᠴᠢ ᠪᠤᠶᠤ ᠬᠠᠤᠯᠢ᠎ᠳᠤ ᠲᠣᠭᠲᠠᠭ᠋ᠠᠭᠰᠠᠨ ᠣᠷᠣᠯᠠᠭᠴᠢ ᠵᠡᠷᠭᠡ ᠬᠠᠮᠢᠶ᠎ᠠ ᠪᠦᠬᠦᠢ ᠬᠥᠮᠥᠰ᠎ᠢ ᠵᠢᠭ᠋ᠠᠵᠤ ᠪᠣᠢ ᠃

       ᠭᠤᠷᠪᠠᠳᠤᠭ᠋ᠠᠷ ᠵᠦᠢ᠍ᠯ    ᠡᠮᠴᠢᠯᠡᠭᠡᠨ᠎ᠤ ᠵᠠᠭᠤᠷᠠᠯᠳᠤᠭ᠋ᠠᠨ᠎ᠢ ᠰᠡᠷᠭᠡᠢ᠌ᠯᠡᠬᠦ ᠪᠠ ᠰᠢᠢ᠍ᠳᠪᠦᠷᠢᠯᠡᠬᠦ ᠠᠵᠢᠯ᠎ᠨᠢ  ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠠᠵᠢᠯ᠎ᠤᠨ ᠭᠣᠣᠯ ᠰᠢᠵᠢᠮ ᠪᠣᠯᠭ᠋ᠠᠬᠤ ᠵᠢ ᠪᠠᠷᠢᠮᠲᠠᠯᠠᠵᠤ ᠂  ᠠᠷᠠᠳ ᠲᠦᠮᠡᠨ ᠵᠶ᠋ᠠᠷ ᠭᠣᠣᠯ ᠪᠣᠯᠭ᠋ᠠᠬᠤ ᠬᠥᠭᠵᠢᠯᠲᠡ ᠵᠢᠨ ᠦᠵᠡᠯ ᠰᠠᠨᠠᠭ᠎ᠠ ᠵᠢ ᠪᠠᠷᠢᠮᠲᠠᠯᠠᠨ ᠂  ᠰᠢᠨ᠎ᠡ ᠴᠠᠭ ᠦᠶ᠎ᠡ ᠵᠢᠨ 《ᠹᠧᠩᠴᠢᠶᠣᠣ ᠵᠢᠨ ᠲᠤᠷᠰᠢᠯᠭ᠎ᠠ 》 ᠵᠢ ᠪᠠᠷᠢᠮᠲᠠᠯᠠᠨ ᠬᠥᠭᠵᠢᠭᠦᠯᠬᠦ ᠬᠡᠷᠡᠭᠲᠡᠢ ᠃

       ᠳᠥᠷᠪᠡᠳᠦᠭᠡᠷ ᠵᠦᠢ᠍ᠯ    ᠡᠮᠴᠢ ᠵᠢᠨ ᠲᠠᠯ᠎ᠠ ᠵᠢᠨ᠎ᠬᠢᠨ ᠵᠠᠩᠭᠢᠯᠠᠭ᠎ᠠ ᠵᠢᠨ ᠠᠵᠢᠯ ᠵᠶ᠋ᠠᠨ ᠤᠷᠢᠳᠴᠢᠯᠠᠨ ᠭᠦᠢ᠍ᠴᠡᠳᠬᠡᠵᠦ ᠂  ᠣᠨᠣᠰᠢᠯᠠᠨ ᠡᠮᠨᠡᠬᠦ ᠠᠵᠢᠯᠯᠠᠭ᠎ᠠ᠎ᠪᠠᠨ ᠵᠢᠷᠤᠮᠵᠢᠭᠤᠯᠤᠨ ᠂  ᠡᠮᠴᠢᠯᠡᠭᠡᠨ᠎ᠤ ᠦᠢ᠍ᠯᠡᠴᠢᠯᠡᠭᠡ᠎ᠪᠠᠨ ᠰᠠᠢ᠌ᠵᠢᠷᠠᠭᠤᠯᠵᠤ ᠂  ᠡᠮᠴᠢᠯᠡᠭᠡᠨ᠎ᠤ ᠶᠠᠰᠤ ᠴᠢᠨᠠᠷ ᠵᠶ᠋ᠠᠨ ᠳᠡᠭᠡᠭᠰᠢᠯᠡᠭᠦᠯᠦᠨ ᠂  ᠲᠦᠭᠰᠢᠭᠦᠷᠢ ᠵᠢᠨ ᠬᠠᠮᠢᠶᠠᠷᠤᠯᠲᠠ᠎ᠪᠠᠨ ᠴᠢᠩᠭ᠋ᠠᠳᠬᠠᠵᠤ ᠂  ᠲᠦᠭᠰᠢᠭᠦᠷᠢ ᠵᠢᠨ ᠭᠡᠮ ᠰᠣᠭᠣᠭ᠎ᠢ ᠴᠠᠭ ᠲᠤᠬᠠᠢ᠎ᠳᠤ᠎ᠨᠢ  ᠠᠷᠢᠯᠭ᠋ᠠᠨ ᠂  ᠡᠮᠴᠢᠯᠡᠭᠡᠨ᠎ᠤ ᠵᠠᠭᠤᠷᠠᠯᠳᠤᠭ᠋ᠠᠨ᠎ᠢ ᠰᠡᠷᠭᠡᠢ᠌ᠯᠡᠨ ᠪᠠᠭ᠋ᠠᠰᠬᠠᠬᠤ ᠬᠡᠷᠡᠭᠲᠡᠢ ᠃

       ᠲᠠᠪᠤᠳᠤᠭ᠋ᠠᠷ ᠵᠦᠢ᠍ᠯ    ᠡᠮᠴᠢᠯᠡᠭᠡᠨ᠎ᠤ ᠵᠠᠭᠤᠷᠠᠯᠳᠤᠭ᠋ᠠᠨ᠎ᠢ  ᠰᠢᠢ᠍ᠳᠪᠦᠷᠢᠯᠡᠬᠦ᠎ᠳᠤ ᠬᠠᠷᠢᠶ᠎ᠠ ᠭᠠᠵᠠᠷ ᠬᠠᠷᠢᠭᠤᠴᠠᠬᠤ ᠂  ᠡᠷᠬᠡ ᠲᠡᠭᠰᠢ ᠲᠥᠪ ᠭᠣᠤᠯᠴᠢ ᠂  ᠴᠠᠭ ᠲᠤᠬᠠᠢ᠎ᠳᠤ᠎ᠨᠢ  ᠮᠥᠷᠲᠡᠭᠡᠨ ᠠᠷᠠᠳ᠎ᠲᠤ ᠳᠥᠭᠥᠮ ᠦᠵᠡᠭᠦᠯᠬᠦ ᠵᠠᠷᠴᠢᠮ᠎ᠢ  ᠵᠢᠷᠤᠮᠯᠠᠵᠤ ᠂  ᠪᠣᠳᠠᠲᠤ ᠬᠡᠷᠡᠭ᠎ᠢ᠎ᠨᠢ  ᠲᠣᠳᠣᠷᠬᠠᠢ ᠪᠣᠯᠭ᠋ᠠᠬᠤ ᠂  ᠴᠢᠨᠠᠷ ᠲᠣᠭᠲᠠᠭ᠋ᠠᠯᠲᠠ ᠵᠢ᠎ᠨᠢ  ᠣᠨᠣᠪᠴᠢᠲᠠᠢ ᠪᠠᠢ᠌ᠯᠭ᠋ᠠᠬᠤ ᠂  ᠬᠠᠷᠢᠭᠤᠴᠠᠯᠭ᠎ᠠ ᠵᠢ᠎ᠨᠢ  ᠲᠣᠳᠣᠷᠬᠠᠢ ᠪᠠᠢ᠌ᠯᠭ᠋ᠠᠬᠤ ᠂  ᠬᠠᠤᠯᠢ ᠶᠣᠰᠣᠭ᠋ᠠᠷ ᠰᠢᠢ᠍ᠳᠪᠦᠷᠢᠯᠡᠬᠦ ᠵᠢ ᠪᠡᠶᠡᠯᠡᠭᠦᠯᠬᠦ ᠬᠡᠷᠡᠭᠲᠡᠢ ᠃

       ᠵᠢᠷᠭᠤᠳᠤᠭ᠋ᠠᠷ ᠵᠦᠢ᠍ᠯ    ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠵᠠᠰᠠᠭ᠎ᠤᠨ ᠣᠷᠳᠣᠨ ᠵᠶ᠋ᠠᠷ ᠭᠣᠣᠯᠯᠠᠨ ᠵᠢᠯᠣᠭᠣᠳᠤᠭᠤᠯᠤᠭᠰᠠᠨ ᠂  ᠰᠠᠯᠠᠭ᠎ᠠ ᠮᠥᠴᠢᠷ᠎ᠤᠳ ᠬᠠᠮᠵᠢᠯᠴᠠᠨ ᠠᠵᠢᠯᠯᠠᠭᠰᠠᠨ ᠂  ᠨᠡᠢ᠌ᠭᠡᠮ᠎ᠤᠨ᠎ᠬᠢᠨ ᠬᠠᠮᠲᠤᠷᠠᠨ ᠬᠠᠮᠵᠢᠯᠴᠠᠭᠰᠠᠨ ᠡᠮᠴᠢᠯᠡᠭᠡᠨ᠎ᠤ ᠵᠠᠭᠤᠷᠠᠯᠳᠤᠭ᠋ᠠᠨ᠎ᠢ  ᠰᠢᠢ᠍ᠳᠪᠦᠷᠢᠯᠡᠬᠦ ᠲᠣᠭᠲᠠᠴᠠ ᠵᠢ ᠪᠠᠢ᠌ᠭᠤᠯᠤᠨ ᠲᠡᠭᠦᠯᠳᠡᠷᠵᠢᠭᠦᠯᠵᠦ ᠂  ᠡᠮᠴᠢᠯᠡᠭᠡᠨ᠎ᠤ ᠵᠠᠭᠤᠷᠠᠯᠳᠤᠭ᠋ᠠᠨ᠎ᠢ  ᠰᠡᠷᠭᠡᠢ᠌ᠯᠡᠬᠦ ᠪᠠ ᠰᠢᠢ᠍ᠳᠪᠦᠷᠢᠯᠡᠬᠦ ᠠᠵᠢᠯ᠎ᠢ  ᠠᠮᠤᠭᠤᠯᠠᠩᠲᠤ ᠪᠠᠢ᠌ᠭᠤᠯᠤᠯᠲᠠ ᠵᠢᠨ ᠰᠢᠯᠭ᠋ᠠᠨ ᠬᠢᠨᠠᠵᠤ ᠦᠨᠡᠯᠡᠬᠦ ᠲᠣᠭᠲᠠᠯᠴᠠᠭ᠎ᠠ᠎ᠳᠤ ᠣᠷᠣᠭᠤᠯᠬᠤ ᠬᠡᠷᠡᠭᠲᠡᠢ ᠃

       ᠳᠣᠯᠣᠳᠤᠭ᠋ᠠᠷ ᠵᠦᠢ᠍ᠯ    ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠳ ᠡᠮᠴᠢᠯᠡᠭᠡᠨ᠎ᠤ ᠶᠠᠰᠤ ᠴᠢᠨᠠᠷ ᠪᠠ ᠠᠮᠤᠷ ᠲᠦᠪᠰᠢᠨ᠎ᠢ ᠬᠢᠨᠠᠨ ᠬᠠᠮᠢᠶᠠᠷᠬᠤ ᠂  ᠡᠮᠴᠢᠯᠡᠭᠡᠨ᠎ᠤ ᠵᠠᠭᠤᠷᠠᠯᠳᠤᠭ᠋ᠠᠨ᠎ᠳᠤ ᠵᠠᠰᠠᠭ ᠵᠠᠬᠢᠷᠭ᠋ᠠᠨ᠎ᠤ ᠡᠶᠡᠳᠡᠭᠦᠯᠭᠡ ᠬᠢᠬᠦ ᠂  ᠡᠮᠴᠢᠯᠡᠭᠡᠨ᠎ᠤ ᠠᠳᠡᠯ᠎ᠤᠨ ᠵᠠᠰᠠᠭ ᠵᠠᠬᠢᠷᠭ᠋ᠠᠨ᠎ᠤ ᠪᠠᠢ᠌ᠴᠠᠭ᠋ᠠᠨ ᠰᠢᠢ᠍ᠳᠪᠦᠷᠢᠯᠡᠬᠦ ᠡᠭᠦᠷᠭᠡ ᠴᠢᠳᠠᠪᠤᠷᠢ᠎ᠪᠠᠨ ᠭᠦᠢ᠍ᠴᠡᠳᠬᠡᠵᠦ ᠂  ᠡᠮᠴᠢᠯᠡᠭᠡᠨ᠎ᠤ ᠪᠠᠢ᠌ᠭᠤᠯᠤᠮᠵᠢ ᠵᠢ ᠵᠢᠭ᠋ᠠᠨ ᠵᠢᠯᠤᠭᠣᠳᠬᠤ ᠪᠠ ᠬᠢᠨᠠᠯᠲᠠ ᠲᠠᠯᠪᠢᠵᠤ ᠪᠠᠢ᠌ᠭ᠋ᠠᠳ ᠡᠮᠴᠢᠯᠡᠭᠡᠨ᠎ᠤ ᠵᠠᠭᠤᠷᠠᠯᠳᠤᠭ᠋ᠠᠨ᠎ᠢ ᠰᠡᠷᠭᠡᠢ᠌ᠯᠡᠬᠦ ᠪᠠ ᠰᠢᠢ᠍ᠳᠪᠦᠷᠢᠯᠡᠬᠦ ᠠᠵᠢᠯ᠎ᠢ ᠰᠠᠢ᠌ᠲᠤᠷ ᠬᠢᠯᠭᠡᠵᠦ ᠂  ᠡᠮᠴᠢ ᠪᠠ ᠡᠪᠡᠳᠴᠢᠲᠡᠨ ᠬᠣᠶᠠᠷ ᠲᠠᠯ᠎ᠠ ᠵᠢ ᠬᠥᠲᠥᠯᠥᠨ ᠵᠢᠯᠤᠭᠣᠳᠴᠤ ᠪᠠᠢ᠌ᠭ᠋ᠠᠳ ᠡᠮᠴᠢᠯᠡᠭᠡᠨ᠎ᠤ ᠵᠠᠭᠤᠷᠠᠯᠳᠤᠭ᠋ᠠᠨ᠎ᠢ ᠬᠠᠤᠯᠢ ᠶᠣᠰᠣᠭ᠋ᠠᠷ ᠰᠢᠢ᠍ᠳᠪᠦᠷᠢᠯᠡᠭᠦᠯᠬᠦ ᠬᠡᠷᠡᠭᠲᠡᠢ ᠃

       ᠨᠠᠢ᠍ᠮᠠᠳᠤᠭ᠋ᠠᠷ ᠵᠦᠢ᠍ᠯ    ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠎ᠨᠤᠭᠤᠳ ᠭᠤᠷᠪᠠᠳᠤᠭ᠋ᠠᠷ ᠲᠠᠰ᠎ᠤᠨ ᠡᠮᠨᠡᠯᠭᠡ ᠵᠢᠨ ᠬᠣᠷᠢᠶ᠎ᠠ ᠪᠠ ᠨᠥᠬᠥᠴᠡᠯ᠎ᠲᠠᠢ ᠬᠣᠶᠠᠳᠤᠭ᠋ᠠᠷ ᠲᠠᠰ᠎ᠤᠨ ᠡᠮᠨᠡᠯᠭᠡ ᠵᠢᠨ ᠬᠣᠷᠢᠶᠠᠨ᠎ᠳᠤ ᠴᠠᠭᠳᠠᠭ᠋ᠠᠨ᠎ᠤ ᠶᠠᠪᠤᠳᠠᠯ᠎ᠤᠨ ᠲᠠᠰᠤᠭ ᠲᠣᠬᠢᠷᠠᠭᠤᠯᠵᠤ ᠂  ᠴᠢᠬᠤᠯᠠ ᠪᠦᠬᠦᠢ ᠴᠠᠭᠳᠠᠭ᠋ᠠᠨ᠎ᠤ ᠬᠦᠴᠦᠨ ᠲᠣᠬᠢᠷᠠᠭᠤᠯᠬᠤ ᠬᠡᠷᠡᠭᠲᠡᠢ; ᠨᠥᠬᠥᠴᠡᠯ ᠪᠦᠷᠢᠳᠦᠭᠦᠯᠦᠭᠡᠳᠦᠢ ᠬᠣᠶᠠᠳᠤᠭ᠋ᠠᠷ ᠲᠠᠰ᠎ᠤᠨ ᠡᠮᠨᠡᠯᠭᠡ ᠵᠢᠨ ᠬᠣᠷᠢᠶᠠᠨ᠎ᠤ ᠡᠷᠭᠢᠨ ᠲᠣᠭᠣᠷᠢᠨ᠎ᠳᠤ ᠠᠮᠤᠷ᠎ᠢ ᠬᠠᠮᠠᠭ᠋ᠠᠯᠠᠬᠤ ᠬᠠᠷᠠᠭᠤᠯ᠎ᠤᠨ ᠭᠠᠵᠠᠷ (ᠴᠠᠭᠳᠠᠨ ᠪᠠᠢ᠌ᠴᠠᠭ᠋ᠠᠬᠤ᠎ᠳᠤ ᠡᠷᠬᠡᠪᠰᠢ ᠬᠦᠷᠬᠦ ᠴᠡᠭ )  ᠲᠣᠬᠢᠷᠠᠭᠤᠯᠬᠤ ᠬᠡᠷᠡᠭᠲᠡᠢ ᠃  ᠡᠮᠴᠢᠯᠡᠭᠡᠨ᠎ᠤ ᠪᠠᠢ᠌ᠭᠤᠯᠤᠮᠵᠢ ᠵᠢᠨ ᠠᠮᠤᠷ᠎ᠢ ᠬᠠᠮᠠᠭ᠋ᠠᠯᠠᠬᠤ ᠲᠠᠯ᠎ᠠ᠎ᠪᠠᠷ᠎ᠬᠢ ᠡᠮᠬᠢ ᠵᠢᠷᠤᠮ᠎ᠢ ᠬᠠᠤᠯᠢ ᠶᠣᠰᠣᠭ᠋ᠠᠷ ᠬᠠᠮᠠᠭ᠋ᠠᠯᠠᠵᠤ ᠂  ᠡᠮᠴᠢᠯᠡᠭᠡᠨ᠎ᠤ ᠡᠮᠬᠢ ᠳᠢᠭᠯᠢᠮ᠎ᠢ ᠰᠠᠮᠠᠭᠤᠷᠠᠭᠤᠯᠬᠤ ᠵᠡᠷᠭᠡ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠵᠢ ᠪᠠᠢ᠌ᠴᠠᠭ᠋ᠠᠨ ᠰᠢᠢ᠍ᠳᠪᠦᠷᠢᠯᠡᠬᠦ ᠪᠠ ᠴᠣᠬᠢᠯᠲᠠ ᠥᠭᠬᠦ ᠬᠡᠷᠡᠭᠲᠡᠢ ᠃

       ᠶᠢᠰᠦᠳᠦᠭᠡᠷ ᠵᠦᠢ᠍ᠯ    ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠳ ᠡᠮᠴᠢᠯᠡᠭᠡᠨ᠎ᠤ ᠵᠠᠭᠤᠷᠠᠯᠳᠤᠭ᠋ᠠᠨ᠎ᠤ ᠠᠷᠠᠳ᠎ᠤᠨ ᠡᠶᠡᠳᠡᠭᠦᠯᠭᠡ ᠵᠢᠨ ᠠᠵᠢᠯ᠎ᠢ ᠬᠠᠷᠢᠭᠤᠴᠠᠨ ᠵᠢᠯᠤᠭᠣᠳᠴᠤ ᠂  ᠡᠮᠴᠢᠯᠡᠭᠡᠨ᠎ᠤ ᠵᠠᠭᠤᠷᠠᠯᠳᠤᠭ᠋ᠠᠨ᠎ᠢ ᠡᠶᠡᠳᠡᠭᠦᠯᠬᠦ ᠠᠵᠢᠯ᠎ᠤᠨ ᠵᠢᠷᠤᠮᠵᠢᠭᠤᠯᠤᠯᠲᠠ ᠂  ᠲᠤᠰᠬᠠᠢ᠌ᠵᠢᠯᠲᠠ ᠵᠢ ᠠᠬᠢᠭᠤᠯᠬᠤ ᠬᠡᠷᠡᠭᠲᠡᠢ ᠃ 

       ᠡᠯ᠎ᠡ ᠭᠠᠵᠠᠷ ᠣᠷᠣᠨ᠎ᠨᠢ  ᠬᠡᠷᠡᠭᠴᠡᠭᠡ᠎ᠪᠠᠨ ᠦᠨᠳᠦᠰᠦᠯᠡᠨ ᠡᠮᠴᠢᠯᠡᠭᠡᠨ᠎ᠤ ᠵᠠᠭᠤᠷᠠᠯᠳᠤᠭ᠋ᠠᠨ᠎ᠤ ᠠᠷᠠᠳ᠎ᠤᠨ ᠡᠶᠡᠳᠡᠭᠦᠯᠭᠡ ᠵᠢᠨ ᠺᠣᠮᠢᠰ᠎ᠢ ᠪᠠᠢ᠌ᠭᠤᠯᠵᠤ ᠂  ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠳᠣᠲᠣᠷᠠᠬᠢ ᠡᠮᠴᠢᠯᠡᠭᠡᠨ᠎ᠤ ᠵᠠᠭᠤᠷᠠᠯᠳᠤᠭ᠋ᠠᠨ᠎ᠤ ᠠᠷᠠᠳ᠎ᠤᠨ ᠡᠶᠡᠳᠡᠭᠦᠯᠭᠡ ᠵᠢᠨ ᠠᠵᠢᠯ᠎ᠢ  ᠬᠠᠷᠢᠭᠤᠴᠠᠭᠤᠯᠤᠨ ᠂  ᠮᠡᠳᠡᠭᠡ ᠵᠠᠩᠭᠢ ᠨᠡᠪᠲᠡᠷᠡᠯᠴᠡᠬᠦ ᠲᠣᠭᠲᠠᠴᠠ ᠵᠢ ᠪᠠᠢ᠌ᠭᠤᠯᠵᠤ ᠂  ᠡᠮᠴᠢᠯᠡᠭᠡᠨ᠎ᠤ ᠵᠠᠭᠤᠷᠠᠯᠳᠤᠭ᠋ᠠᠨ᠎ᠢ  ᠣᠯᠠᠨ ᠡᠰᠢᠵᠢᠭᠦᠯᠦᠨ ᠰᠢᠢ᠍ᠳᠪᠦᠷᠢᠯᠡᠬᠦ ᠠᠷᠭ᠎ᠠ ᠵᠠᠮ᠎ᠢ  ᠰᠢᠯᠤᠭᠤᠳᠬᠠᠬᠤ ᠬᠡᠷᠡᠭᠲᠡᠢ ᠃  ᠵᠠᠰᠠᠭ᠎ᠤᠨ ᠣᠷᠳᠣᠨ ᠦᠢ᠍ᠯᠡᠴᠢᠯᠡᠭᠡ ᠬᠤᠳᠠᠯᠳᠤᠨ ᠠᠪᠬᠤ ᠪᠤᠶᠤ ᠨᠡᠢ᠌ᠭᠡᠮ᠎ᠤᠨ ᠬᠦᠴᠦᠨ᠎ᠢ ᠣᠷᠣᠭᠤᠯᠤᠨ ᠠᠪᠴᠢᠷᠠᠵᠤ ᠡᠮᠴᠢᠯᠡᠭᠡᠨ᠎ᠤ ᠵᠠᠭᠤᠷᠠᠯᠳᠤᠭ᠋ᠠᠨ᠎ᠤ ᠠᠷᠠᠳ᠎ᠤᠨ ᠡᠶᠡᠳᠡᠭᠦᠯᠭᠡ ᠵᠢᠨ ᠵᠣᠬᠢᠶᠠᠨ ᠪᠠᠢ᠌ᠭᠤᠯᠤᠯᠲᠠ ᠵᠢ ᠨᠡᠭᠡᠭᠡᠨ ᠡᠷᠬᠢᠯᠡᠬᠦ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠂  ᠡᠮᠴᠢᠯᠡᠭᠡᠨ᠎ᠤ ᠵᠠᠭᠤᠷᠠᠯᠳᠤᠭ᠋ᠠᠨ᠎ᠤ ᠠᠷᠠᠳ᠎ᠤᠨ ᠡᠶᠡᠳᠡᠭᠦᠯᠭᠡ ᠵᠢᠨ ᠠᠵᠢᠯ᠎ᠤᠨ ᠦᠷᠭᠦᠯᠵᠢᠯᠡᠨ ᠡᠷᠡᠭᠦᠯ ᠵᠶ᠋ᠠᠷ ᠬᠥᠭᠵᠢᠬᠦ ᠵᠢ ᠦᠨᠡᠨ ᠬᠦ᠌ ᠪᠠᠲᠤᠯᠠᠬᠤ ᠬᠡᠷᠡᠭᠲᠡᠢ ᠃

       ᠠᠷᠪᠠᠳᠤᠭ᠋ᠠᠷ ᠵᠦᠢ᠍ᠯ    ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ ᠪᠠ ᠳᠠᠭ᠋ᠠᠳᠬᠠᠯ᠎ᠤᠨ ᠪᠠᠢ᠌ᠭᠤᠯᠤᠮᠵᠢ᠎ᠨᠤᠭᠤᠳ ᠡᠮᠴᠢᠯᠡᠭᠡᠨ᠎ᠤ ᠲᠦᠭᠰᠢᠭᠦᠷᠢ ᠵᠢ ᠬᠤᠪᠢᠶᠠᠷᠢᠯᠠᠨ ᠡᠭᠦᠷᠭᠡᠯᠡᠬᠦ ᠲᠣᠭᠲᠠᠴᠠ ᠵᠢᠨ ᠪᠠᠢ᠌ᠭᠤᠯᠤᠯᠲᠠ ᠵᠢ ᠢᠳᠡᠪᠬᠢᠲᠡᠢ ᠠᠬᠢᠭᠤᠯᠵᠤ ᠂  ᠳᠠᠭ᠋ᠠᠳᠬᠠᠯ᠎ᠤᠨ ᠪᠠᠲᠤᠯᠠᠭ᠎ᠠ ᠵᠢᠨ ᠠᠷᠭ᠎ᠠ ᠬᠡᠮᠵᠢᠶ᠎ᠡ᠎ᠪᠠᠨ ᠪᠠᠶᠠᠯᠢᠭᠵᠢᠭᠤᠯᠬᠤ ᠬᠡᠷᠡᠭᠲᠡᠢ ᠃

       ᠠᠷᠪᠠᠨ ᠨᠢᠭᠡᠳᠦᠭᠡᠷ ᠵᠦᠢ᠍ᠯ    ᠡᠳ᠋᠎ᠤᠨ ᠵᠠᠰᠠᠭ ᠂  ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠂  ᠵᠠᠬᠢᠳᠠᠯ ᠰᠤᠷᠪᠤᠯᠵᠢᠯᠠᠯ ᠂  ᠡᠮᠴᠢᠯᠡᠭᠡᠨ᠎ᠤ ᠪᠠᠲᠤᠯᠠᠭ᠎ᠠ ᠵᠡᠷᠭᠡ ᠰᠠᠯᠠᠭ᠎ᠠ ᠮᠥᠴᠢᠷ᠎ᠤᠳ ᠲᠤᠰ ᠲᠤᠰ᠎ᠤᠨ ᠵᠶ᠋ᠠᠨ ᠡᠭᠦᠷᠭᠡ ᠬᠠᠷᠢᠭᠤᠴᠠᠯᠭ᠎ᠠ ᠶᠣᠰᠣᠭ᠋ᠠᠷ ᠡᠮᠴᠢᠯᠡᠭᠡᠨ᠎ᠤ ᠵᠠᠭᠤᠷᠠᠯᠳᠤᠭ᠋ᠠᠨ᠎ᠢ  ᠰᠡᠷᠭᠡᠢ᠌ᠯᠡᠬᠦ ᠬᠢᠭᠡᠳ ᠰᠢᠢ᠍ᠳᠪᠦᠷᠢᠯᠡᠬᠦ ᠬᠠᠮᠢᠶ᠎ᠠ ᠪᠦᠬᠦᠢ ᠠᠵᠢᠯ᠎ᠢ  ᠰᠠᠢ᠌ᠲᠤᠷ ᠬᠢᠬᠦ ᠬᠡᠷᠡᠭᠲᠡᠢ ᠃ 

       ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠳ ᠣᠷᠣᠰᠢᠭᠤᠯᠭ᠎ᠠ ᠵᠢᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢ ᠵᠢᠯᠤᠭᠣᠳᠴᠤ ᠪᠠᠢ᠌ᠭ᠋ᠠᠳ ᠡᠪᠡᠳᠴᠢᠲᠡᠨ᠎ᠤ ᠴᠢᠨᠳᠠᠷ᠎ᠢ ᠬᠦᠯᠢᠶᠡᠨ ᠠᠪᠴᠤ ᠲᠡᠭᠡᠭᠡᠪᠦᠷᠢᠯᠡᠬᠦ ᠠᠵᠢᠯ᠎ᠢ ᠬᠠᠤᠯᠢ ᠶᠣᠰᠣᠭ᠋ᠠᠷ ᠰᠠᠢ᠌ᠲᠤᠷ ᠬᠢᠯᠭᠡᠬᠦ ᠵᠢ ᠬᠠᠷᠢᠭᠤᠴᠠᠨ᠎ᠠ ᠃ 

       ᠡᠮᠴᠢᠯᠡᠭᠡᠨ᠎ᠤ ᠪᠠᠢ᠌ᠭᠤᠯᠤᠮᠵᠢ ᠵᠢᠨ ᠪᠠᠢ᠌ᠭ᠎ᠠ ᠭᠠᠵᠠᠷ ᠂  ᠡᠪᠡᠳᠴᠢᠲᠡᠨ᠎ᠤ ᠡᠷᠦᠬᠡ ᠠᠮᠠ ᠵᠢᠨ ᠪᠠᠢ᠌ᠭ᠎ᠠ ᠭᠠᠵᠠᠷ ᠪᠤᠶᠤ ᠰᠠᠭᠤᠭ᠎ᠠ ᠭᠠᠵᠠᠷ᠎ᠤᠨ ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ ᠂  ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ ᠪᠠ ᠭᠠᠴᠠᠭ᠎ᠠ ᠲᠣᠰᠬᠣᠨ (ᠰᠠᠭᠤᠭ᠋ᠠᠯᠢ )᠎ᠤ ᠠᠷᠠᠳ᠎ᠤᠨ ᠵᠥᠪᠯᠡᠯ ᠵᠢᠴᠢ ᠬᠠᠮᠢᠶ᠎ᠠ ᠪᠦᠬᠦᠢ ᠨᠢᠭᠡᠴᠢ᠎ᠨᠦᠭᠦᠳ ᠡᠮᠴᠢᠯᠡᠭᠡᠨ᠎ᠤ ᠵᠠᠭᠤᠷᠠᠯᠳᠤᠭ᠋ᠠᠨ᠎ᠢ ᠰᠡᠷᠭᠡᠢ᠌ᠯᠡᠬᠦ ᠪᠠ ᠰᠢᠢ᠍ᠳᠪᠦᠷᠢᠯᠡᠬᠦ ᠠᠵᠢᠯ᠎ᠢ ᠢᠳᠡᠪᠬᠢᠲᠡᠢ ᠰᠠᠢ᠌ᠲᠤᠷ ᠬᠢᠬᠦ ᠬᠡᠷᠡᠭᠲᠡᠢ ᠃

       ᠠᠷᠪᠠᠨ ᠬᠣᠶᠠᠳᠤᠭ᠋ᠠᠷ ᠵᠦᠢ᠍ᠯ    ᠡᠮᠨᠡᠯᠭᠡ ᠵᠢᠨ ᠬᠣᠷᠢᠶ᠎ᠠ᠎ᠨᠤᠭᠤᠳ᠎ᠤᠨ ᠨᠡᠢ᠌ᠭᠡᠮᠯᠢᠭ ᠂  ᠡᠮᠴᠢ ᠨᠠᠷ᠎ᠤᠨ ᠨᠡᠢ᠌ᠭᠡᠮᠯᠢᠭ ᠵᠡᠷᠭᠡ ᠬᠣᠯᠪᠣᠭᠳᠠᠯ ᠪᠦᠬᠦᠢ ᠠᠵᠢᠯ ᠲᠥᠷᠥᠯ᠎ᠤᠨ ᠵᠣᠬᠢᠶᠠᠨ ᠪᠠᠢ᠌ᠭᠤᠯᠤᠯᠲᠠ ᠪᠠ ᠡᠮᠴᠢᠯᠡᠭᠡᠨ᠎ᠤ ᠪᠠᠢ᠌ᠭᠤᠯᠤᠮᠵᠢ᠎ᠨᠤᠭᠤᠳ ᠠᠵᠢᠯ ᠲᠥᠷᠥᠯ᠎ᠤᠨ ᠱᠠᠭ᠋ᠠᠷᠳᠠᠯᠭ᠎ᠠ᠎ᠪᠠᠨ ᠴᠢᠩᠭ᠋ᠠᠳᠬᠠᠨ ᠂  ᠡᠮᠨᠡᠯᠭᠡ ᠵᠢᠨ ᠠᠵᠢᠯᠲᠠᠨ᠎ᠤ ᠠᠵᠢᠯ ᠡᠷᠬᠢᠯᠡᠬᠦ ᠦᠢ᠍ᠯᠡ ᠠᠵᠢᠯᠯᠠᠭ᠎ᠠ ᠵᠢ ᠴᠢᠩᠭ᠎ᠠ ᠵᠢᠷᠤᠮᠵᠢᠭᠤᠯᠵᠤ ᠂  ᠡᠮᠨᠡᠯᠭᠡ ᠵᠢᠨ ᠠᠵᠢᠯᠲᠠᠳ᠎ᠤᠨ ᠡᠮᠴᠢ ᠵᠢᠨ ᠮᠣᠷᠠᠯ ᠰᠤᠷᠲᠠᠯ᠎ᠤᠨ ᠬᠥᠮᠦᠵᠢᠯ᠎ᠢ ᠴᠢᠩᠭ᠋ᠠᠳᠬᠠᠬᠤ ᠬᠡᠷᠡᠭᠲᠡᠢ ᠃

       ᠠᠷᠪᠠᠨ ᠭᠤᠷᠪᠠᠳᠤᠭ᠋ᠠᠷ ᠵᠦᠢ᠍ᠯ    ᠰᠣᠨᠢᠨ ᠮᠡᠳᠡᠭᠡᠨ᠎ᠤ ᠵᠠᠭᠤᠴᠢᠯᠠᠭᠤᠷ᠎ᠨᠢ  ᠡᠮᠴᠢᠯᠡᠭᠡ ᠡᠷᠡᠭᠦᠯ ᠬᠠᠮᠠᠭ᠋ᠠᠯᠠᠯ᠎ᠤᠨ ᠬᠠᠤᠯᠢ ᠴᠠᠭ᠋ᠠᠵᠠ ᠂  ᠬᠠᠤᠯᠢ ᠲᠣᠭᠲᠠᠭ᠋ᠠᠯ ᠪᠠ ᠡᠮᠴᠢᠯᠡᠭᠡ ᠡᠷᠡᠭᠦᠯ ᠬᠠᠮᠠᠭ᠋ᠠᠯᠠᠯ᠎ᠤᠨ ᠮᠡᠳᠡᠯᠭᠡ ᠵᠢᠨ ᠤᠬᠠᠭᠤᠯᠭ᠎ᠠ ᠥᠷᠨᠢᠭᠦᠯᠵᠦ ᠂  ᠣᠯᠠᠨ ᠨᠡᠢ᠌ᠲᠡ ᠵᠢᠨ ᠡᠮᠴᠢ ᠪᠠ ᠡᠪᠡᠳᠴᠢᠲᠡᠨ᠎ᠤ ᠬᠠᠷᠢᠴᠠᠭ᠎ᠠ ᠂  ᠡᠮᠴᠢᠯᠡᠭᠡᠨ᠎ᠤ ᠲᠦᠭᠰᠢᠭᠦᠷᠢ᠎ᠳᠤ ᠤᠬᠠᠮᠵᠢ᠎ᠲᠠᠢ  ᠬᠠᠨᠳᠤᠬᠤ ᠵᠢ ᠬᠥᠲᠥᠯᠥᠨ ᠵᠢᠯᠤᠭᠣᠳᠬᠤ ᠬᠡᠷᠡᠭᠲᠡᠢ; ᠡᠮᠴᠢᠯᠡᠭᠡᠨ᠎ᠤ ᠵᠠᠭᠤᠷᠠᠯᠳᠤᠭ᠋ᠠᠨ᠎ᠢ ᠮᠡᠳᠡᠭᠡᠯᠡᠬᠦ᠎ᠳᠤ ᠬᠣᠯᠪᠣᠭᠳᠠᠯ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠲᠣᠭᠲᠠᠭ᠋ᠠᠯ᠎ᠢ ᠵᠢᠷᠤᠮᠯᠠᠵᠤ ᠂  ᠦᠨᠡᠨ ᠪᠣᠳᠠᠲᠠᠢ ᠂  ᠪᠤᠰᠤᠳᠴᠢ ᠂  ᠲᠥᠪ ᠭᠣᠤᠯᠴᠢ ᠂  ᠠᠵᠢᠯ᠎ᠤᠨ ᠮᠣᠷᠠᠯ᠎ᠢ ᠬᠢᠴᠢᠶᠡᠩᠭᠦᠢ᠌ᠯᠡᠨ ᠰᠠᠬᠢᠬᠤ ᠵᠢ ᠪᠡᠶᠡᠯᠡᠭᠦᠯᠬᠦ ᠬᠡᠷᠡᠭᠲᠡᠢ ᠃ 

       ᠠᠷᠠᠳ ᠢᠷᠭᠡᠨ ᠂  ᠬᠠᠤᠯᠢ ᠵᠢᠨ ᠡᠷᠬᠡᠲᠡᠨ ᠪᠤᠶᠤ ᠪᠤᠰᠤᠳ ᠵᠣᠬᠢᠶᠠᠨ ᠪᠠᠢ᠌ᠭᠤᠯᠤᠯᠲᠠ ᠡᠮᠴᠢᠯᠡᠭᠡᠨ᠎ᠤ ᠵᠠᠭᠤᠷᠠᠯᠳᠤᠭ᠋ᠠᠨ᠎ᠤ ᠬᠠᠮᠢᠶ᠎ᠠ ᠪᠦᠬᠦᠢ ᠶᠠᠷᠢᠶ᠎ᠠ ᠬᠡᠯᠡᠯᠴᠡᠭᠡ ᠵᠢ ᠨᠡᠢ᠌ᠲᠡᠯᠡᠬᠦ᠎ᠳᠤ᠎ᠪᠠᠨ ᠂  ᠬᠠᠮᠢᠶ᠎ᠠ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠵᠢᠷᠤᠮᠯᠠᠵᠤ ᠂  ᠪᠣᠳᠠᠲᠤ ᠶᠠᠪᠤᠳᠠᠯ ᠵᠶ᠋ᠠᠷ ᠦᠨᠳᠦᠰᠦᠯᠡᠯ ᠪᠣᠯᠭ᠋ᠠᠬᠤ ᠬᠡᠷᠡᠭᠲᠡᠢ ᠃

       ᠠᠷᠪᠠᠨ ᠳᠥᠷᠪᠡᠳᠦᠭᠡᠷ ᠵᠦᠢ᠍ᠯ    ᠨᠡᠢ᠌ᠭᠡᠮ ᠨᠡᠶ᠋ᠢᠲᠡ᠎ᠪᠠᠷ ᠵᠶ᠋ᠡᠨ ᠡᠮᠨᠡᠯᠭᠡ ᠵᠢᠨ ᠠᠵᠢᠯᠲᠠᠨ᠎ᠢ ᠬᠦᠨᠳᠦᠳᠬᠡᠨ ᠂  ᠡᠮᠨᠡᠯᠭᠡ ᠵᠢᠨ ᠠᠵᠢᠯᠲᠠᠨ᠎ᠳᠤ ᠬᠥᠮᠥᠨᠴᠢ ᠬᠠᠯᠠᠮᠵᠢᠯᠠᠯ ᠥᠭᠬᠦ᠎ᠪᠠᠨ ᠴᠢᠩᠭ᠋ᠠᠳᠬᠠᠵᠤ ᠂  ᠡᠮᠨᠡᠯᠭᠡ ᠵᠢᠨ ᠠᠵᠢᠯᠲᠠᠨ᠎ᠤ ᠠᠵᠢᠯ᠎ᠢ ᠳᠡᠮᠵᠢᠬᠦ ᠬᠡᠷᠡᠭᠲᠡᠢ ᠃  ᠶᠠᠮᠠᠷᠪᠠ ᠨᠢᠭᠡᠴᠢ ᠪᠠ ᠬᠤᠪᠢ ᠬᠥᠮᠥᠨ ᠭᠡᠳ ᠡᠮᠴᠢᠯᠡᠭᠡᠨ᠎ᠤ ᠪᠠᠢ᠌ᠭᠤᠯᠤᠮᠵᠢ ᠵᠢᠴᠢ ᠲᠡᠭᠦᠨ᠎ᠤ ᠡᠮᠨᠡᠯᠭᠡ ᠵᠢᠨ ᠠᠵᠢᠯᠲᠠᠨ᠎ᠤ ᠬᠠᠤᠯᠢ ᠶᠣᠰᠣᠭ᠋ᠠᠷ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ ᠵᠢ ᠬᠠᠷᠰᠢᠯᠠᠨ ᠰᠠᠭ᠋ᠠᠲᠠᠭ᠋ᠠᠬᠤ ᠪᠠ ᠨᠥᠯᠥᠭᠡᠯᠡᠵᠦ ᠪᠣᠯᠬᠤ ᠦᠭᠡᠢ ᠂  ᠡᠮᠨᠡᠯᠭᠡ ᠵᠢᠨ ᠠᠵᠢᠯᠲᠠᠨ᠎ᠤ ᠬᠥᠮᠥᠨ ᠮᠥᠰᠥ ᠨᠡᠷ᠎ᠡ ᠬᠦᠨᠳᠦ ᠂  ᠪᠡᠶ᠎ᠡ ᠵᠢᠨ ᠠᠮᠤᠷ ᠲᠦᠪᠰᠢᠨ᠎ᠳᠤ ᠬᠠᠯᠳᠠᠵᠤ ᠪᠣᠯᠬᠤ ᠦᠭᠡᠢ ᠃  ᠡᠮᠴᠢ ᠪᠠ ᠡᠪᠡᠳᠴᠢᠲᠡᠨ ᠬᠣᠶᠠᠷ ᠲᠠᠯ᠎ᠠ᠎ᠪᠠᠷ ᠵᠶ᠋ᠠᠨ ᠬᠠᠷᠢᠯᠴᠠᠨ ᠬᠦᠨᠳᠦᠳᠭᠡᠵᠦ ᠂  ᠣᠢ᠌ᠯᠠᠭ᠋ᠠᠯᠴᠠᠵᠤ ᠂  ᠢᠲᠡᠭᠡᠯᠴᠡᠵᠦ ᠂  ᠡᠮᠴᠢ ᠪᠠ ᠡᠪᠡᠳᠴᠢᠲᠡᠨ᠎ᠤ ᠡᠶ᠎ᠡ ᠵᠣᠬᠢᠴᠠᠯ᠎ᠤᠨ ᠬᠠᠷᠢᠴᠠᠭ᠎ᠠ ᠵᠢ ᠬᠠᠮᠲᠤ᠎ᠪᠠᠷ  ᠪᠠᠶ᠋ᠢᠭᠤᠯᠬᠤ ᠬᠡᠷᠡᠭᠲᠡᠢ ᠃

ᠬᠣᠶᠠᠳᠤᠭ᠋ᠠᠷ ᠪᠦᠯᠦᠭ    ᠡᠮᠴᠢᠯᠡᠭᠡᠨ᠎ᠤ ᠵᠠᠭᠤᠷᠠᠯᠳᠤᠭ᠋ᠠᠨ᠎ᠢ ᠰᠡᠷᠭᠡᠢ᠌ᠯᠡᠬᠦ

       ᠠᠷᠪᠠᠨ ᠲᠠᠪᠤᠳᠤᠭ᠋ᠠᠷ ᠵᠦᠢ᠍ᠯ    ᠡᠮᠴᠢᠯᠡᠭᠡᠨ᠎ᠤ ᠪᠠᠢ᠌ᠭᠤᠯᠤᠮᠵᠢ ᠵᠢᠴᠢ ᠲᠡᠭᠦᠨ᠎ᠤ ᠡᠮᠨᠡᠯᠭᠡ ᠵᠢᠨ ᠠᠵᠢᠯᠲᠠᠨ ᠣᠨᠣᠰᠢᠯᠠᠨ ᠡᠮᠨᠡᠬᠦ ᠠᠵᠢᠯᠯᠠᠭ᠎ᠠ᠎ᠳᠤ᠎ᠪᠠᠨ ᠡᠪᠡᠳᠴᠢᠲᠡᠨ ᠵᠶ᠋ᠡᠷ ᠭᠣᠣᠯ ᠪᠣᠯᠭ᠋ᠠᠵᠤ ᠂  ᠬᠥᠮᠥᠨᠴᠢ ᠬᠠᠯᠠᠮᠵᠢᠯᠠᠯ ᠵᠶ᠋ᠠᠨ ᠴᠢᠩᠭ᠋ᠠᠳᠬᠠᠨ ᠂  ᠡᠮᠴᠢᠯᠡᠭᠡ ᠡᠷᠡᠭᠦᠯ ᠬᠠᠮᠠᠭ᠋ᠠᠯᠠᠯ᠎ᠤᠨ ᠬᠠᠤᠯᠢ ᠴᠠᠭ᠋ᠠᠵᠠ ᠂  ᠬᠠᠤᠯᠢ ᠲᠣᠭᠲᠠᠭ᠋ᠠᠯ ᠂  ᠲᠣᠭᠲᠠᠭ᠋ᠠᠯ ᠳᠦᠷᠢᠮ ᠪᠠ ᠣᠨᠣᠰᠢᠯᠠᠨ ᠡᠮᠨᠡᠬᠦ ᠬᠠᠮᠢᠶ᠎ᠠ ᠪᠦᠬᠦᠢ ᠵᠢᠷᠤᠮᠵᠢᠯ ᠂  ᠵᠤᠷᠰᠢᠯ᠎ᠢ ᠴᠢᠩᠭ᠎ᠠ ᠵᠢᠷᠤᠮᠯᠠᠨ ᠰᠠᠬᠢᠵᠤ ᠂  ᠠᠵᠢᠯ᠎ᠤᠨ ᠮᠣᠷᠠᠯ᠎ᠢ ᠬᠢᠴᠢᠶᠡᠩᠭᠦᠢ᠌ᠯᠡᠨ ᠰᠠᠬᠢᠬᠤ ᠬᠡᠷᠡᠭᠲᠡᠢ ᠃  ᠡᠮᠴᠢᠯᠡᠭᠡᠨ᠎ᠤ ᠪᠠᠢ᠌ᠭᠤᠯᠤᠮᠵᠢ᠎ᠨᠤᠭᠤᠳ ᠲᠡᠭᠦᠨ᠎ᠤ ᠡᠮᠨᠡᠯᠭᠡ ᠵᠢᠨ ᠠᠵᠢᠯᠲᠠᠨ᠎ᠳᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠬᠠᠤᠯᠢ ᠴᠠᠭ᠋ᠠᠵᠠ ᠂  ᠬᠠᠤᠯᠢ ᠲᠣᠭᠲᠠᠭ᠋ᠠᠯ ᠂  ᠲᠣᠭᠲᠠᠭ᠋ᠠᠯ ᠳᠦᠷᠢᠮ ᠪᠠ ᠣᠨᠣᠰᠢᠯᠠᠨ ᠡᠮᠨᠡᠬᠦ ᠬᠠᠮᠢᠶ᠎ᠠ ᠪᠦᠬᠦᠢ ᠵᠢᠷᠤᠮᠵᠢᠯ ᠂  ᠵᠤᠷᠰᠢᠯ᠎ᠤᠨ ᠲᠠᠯ᠎ᠠ᠎ᠪᠠᠷ᠎ᠬᠢ ᠪᠣᠯᠪᠠᠰᠤᠷᠠᠯ ᠬᠢᠬᠦ ᠵᠢᠨ ᠬᠠᠮᠲᠤ ᠠᠵᠢᠯ᠎ᠤᠨ ᠮᠣᠷᠠᠯ᠎ᠤᠨ ᠬᠥᠮᠥᠵᠢᠯ ᠬᠢᠬᠦ᠎ᠪᠠᠨ ᠴᠢᠩᠭ᠋ᠠᠳᠬᠠᠬᠤ ᠬᠡᠷᠡᠭᠲᠡᠢ ᠃ 

       ᠠᠷᠪᠠᠨ ᠵᠢᠷᠭᠤᠳᠤᠭ᠋ᠠᠷ ᠵᠦᠢ᠍ᠯ    ᠡᠮᠴᠢᠯᠡᠭᠡᠨ᠎ᠤ ᠪᠠᠢ᠌ᠭᠤᠯᠤᠮᠵᠢ᠎ᠨᠤᠭᠤᠳ ᠡᠮᠴᠢᠯᠡᠭᠡᠨ᠎ᠤ ᠶᠠᠰᠤ ᠴᠢᠨᠠᠷ᠎ᠤᠨ ᠬᠠᠮᠢᠶᠠᠷᠤᠯᠲᠠ ᠵᠢᠨ ᠵᠣᠬᠢᠶᠠᠨ ᠪᠠᠢ᠌ᠭᠤᠯᠤᠯᠲᠠ ᠵᠢ ᠪᠠᠢ᠌ᠭᠤᠯᠤᠨ ᠪᠦᠷᠢᠨᠰᠢᠭᠦᠯᠵᠦ ᠂  ᠡᠮᠴᠢᠯᠡᠭᠡᠨ᠎ᠤ ᠶᠠᠰᠤ ᠴᠢᠨᠠᠷ᠎ᠤᠨ ᠬᠠᠮᠢᠶᠠᠷᠤᠯᠲᠠ ᠵᠢᠨ ᠳᠦᠷᠢᠮ᠎ᠢ ᠲᠣᠭᠲᠠᠭ᠋ᠠᠬᠤ ᠵᠢᠨ ᠬᠠᠮᠲᠤ ᠬᠡᠷᠡᠭᠵᠢᠭᠦᠯᠵᠦ ᠂  ᠣᠨᠣᠰᠢᠯᠠᠨ ᠡᠮᠨᠡᠬᠦ ᠠᠵᠢᠯᠯᠠᠭ᠎ᠠ᠎ᠳᠠᠬᠢ ᠵᠢᠷᠤᠮᠵᠢᠭᠰᠠᠨ ᠬᠠᠮᠢᠶᠠᠷᠤᠯᠲᠠ ᠵᠢ ᠴᠢᠩᠭ᠋ᠠᠳᠬᠠᠨ ᠂  ᠦᠢ᠍ᠯᠡᠴᠢᠯᠡᠭᠡᠨ᠎ᠤ ᠴᠤᠪᠤᠷᠠᠯ ᠵᠶ᠋ᠠᠨ ᠰᠢᠯᠢᠳᠡᠭᠵᠢᠭᠦᠯᠵᠦ ᠂  ᠦᠢ᠍ᠯᠡᠴᠢᠯᠡᠭᠡᠨ᠎ᠤ ᠬᠢᠷᠢ ᠲᠦᠪᠰᠢᠨ ᠵᠶ᠋ᠠᠨ ᠳᠡᠭᠡᠭᠰᠢᠯᠡᠭᠦᠯᠬᠦ ᠬᠡᠷᠡᠭᠲᠡᠢ ᠃ 

       ᠡᠮᠴᠢᠯᠡᠭᠡᠨ᠎ᠤ ᠪᠠᠢ᠌ᠭᠤᠯᠤᠮᠵᠢ᠎ᠨᠤᠭᠤᠳ ᠡᠮᠴᠢᠯᠡᠭᠡᠨ᠎ᠤ ᠠᠮᠤᠷ ᠲᠦᠪᠰᠢᠨ ᠬᠢᠭᠡᠳ ᠲᠦᠭᠰᠢᠭᠦᠷᠢ ᠵᠢᠨ ᠬᠠᠮᠢᠶᠠᠷᠤᠯᠲᠠ ᠵᠢᠨ ᠳᠦᠷᠢᠮ᠎ᠢ  ᠪᠠᠢ᠌ᠭᠤᠯᠵᠤ ᠂  ᠡᠮᠴᠢᠯᠡᠭᠡᠨ᠎ᠤ ᠲᠦᠭᠰᠢᠭᠦᠷᠢ ᠵᠢ ᠢᠯᠭ᠋ᠠᠨ ᠲᠠᠨᠢᠬᠤ ᠂  ᠦᠨᠡᠯᠡᠨ ᠵᠢᠱ᠌ᠢᠬᠦ ᠪᠠ ᠰᠡᠷᠭᠡᠢ᠌ᠯᠡᠨ ᠡᠵᠡᠮᠳᠡᠬᠦ ᠠᠷᠭ᠎ᠠ ᠬᠡᠮᠵᠢᠶ᠎ᠡ᠎ᠪᠠᠨ ᠲᠡᠭᠦᠯᠳᠡᠷᠵᠢᠭᠦᠯᠦᠨ ᠂  ᠡᠮᠴᠢᠯᠡᠭᠡᠨ᠎ᠤ ᠲᠦᠭᠰᠢᠭᠦᠷᠢ ᠵᠢᠨ ᠬᠠᠮᠢᠶᠠᠷᠤᠯᠲᠠ᠎ᠪᠠᠨ ᠴᠢᠩᠭ᠋ᠠᠳᠬᠠᠵᠤ ᠂  ᠠᠷᠭ᠎ᠠ ᠬᠡᠮᠵᠢᠶ᠎ᠡ᠎ᠪᠠᠨ ᠨᠠᠢ᠌ᠳᠠᠪᠤᠷᠢᠵᠢᠭᠤᠯᠵᠤ ᠪᠠᠢ᠌ᠭ᠎ᠠ ᠪᠠᠢ᠌ᠳᠠᠯ᠎ᠢ  ᠲᠣᠭᠲᠠᠮᠠᠯ ᠬᠤᠭᠤᠴᠠᠭ᠎ᠠ᠎ᠲᠠᠢ᠎ᠪᠠᠷ ᠪᠠᠢ᠌ᠴᠠᠭ᠋ᠠᠵᠤ ᠂  ᠭᠡᠮ ᠰᠣᠭᠣᠭ᠎ᠢ  ᠴᠠᠭ ᠲᠤᠬᠠᠢ᠎ᠳᠤ᠎ᠨᠢ  ᠠᠷᠢᠯᠭ᠋ᠠᠬᠤ ᠬᠡᠷᠡᠭᠲᠡᠢ ᠃

       ᠠᠷᠪᠠᠨ ᠳᠣᠯᠣᠳᠤᠭ᠋ᠠᠷ ᠵᠦᠢ᠍ᠯ    ᠡᠮᠴᠢᠯᠡᠭᠡᠨ᠎ᠤ ᠪᠠᠢ᠌ᠭᠤᠯᠤᠮᠵᠢ᠎ᠨᠤᠭᠤᠳ ᠡᠮᠴᠢ ᠪᠠ ᠡᠪᠡᠳᠴᠢᠲᠡᠨ᠎ᠤ ᠣᠢ᠌ᠯᠠᠭ᠋ᠠᠯᠴᠠᠨ ᠨᠡᠪᠲᠡᠷᠡᠯᠴᠡᠬᠦ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠵᠦ ᠂  ᠡᠮᠴᠢ ᠪᠠ ᠡᠪᠡᠳᠴᠢᠲᠡᠨ᠎ᠤ ᠣᠢ᠌ᠯᠠᠭ᠋ᠠᠯᠴᠠᠨ ᠨᠡᠪᠲᠡᠷᠡᠯᠴᠡᠬᠦ ᠠᠭᠤᠯᠭ᠎ᠠ ᠵᠢ ᠲᠡᠭᠦᠯᠳᠡᠷᠵᠢᠭᠦᠯᠦᠨ ᠂  ᠡᠪᠡᠳᠴᠢᠲᠡᠨ᠎ᠢ ᠣᠨᠣᠰᠢᠯᠠᠨ ᠡᠮᠨᠡᠬᠦ ᠶᠠᠪᠤᠴᠠ᠎ᠳᠤ ᠳᠤᠷᠠᠳᠤᠭᠰᠠᠨ ᠯᠠᠪᠯᠠᠯᠲᠠ ᠂  ᠰᠠᠨᠠᠯ ᠰᠠᠨᠠᠭᠤᠯᠭ᠎ᠠ᠎ᠳᠤ ᠬᠦᠯᠢᠴᠡᠩᠭᠦᠢ᠎ᠪᠠᠷ ᠲᠠᠢ᠌ᠯᠪᠤᠷᠢᠯᠠᠨ ᠲᠣᠳᠣᠷᠬᠠᠢ᠌ᠯᠠᠬᠤ ᠵᠢᠨ ᠬᠠᠮᠲᠤ ᠲᠣᠭᠲᠠᠭ᠋ᠠᠯ ᠶᠣᠰᠣᠭ᠋ᠠᠷ ᠰᠢᠢ᠍ᠳᠪᠦᠷᠢᠯᠡᠬᠦ ᠬᠡᠷᠡᠭᠲᠡᠢ; ᠡᠪᠡᠳᠴᠢᠲᠡᠨ᠎ᠤ ᠳᠤᠷᠠᠳᠤᠭᠰᠠᠨ ᠮᠠᠳᠠᠭ᠎ᠲᠠᠢ  ᠵᠦᠢ᠍ᠯ᠎ᠢ ᠴᠠᠭ ᠲᠤᠬᠠᠢ᠎ᠳᠤ᠎ᠨᠢ  ᠬᠠᠷᠭᠤᠭᠤᠯᠬᠤ ᠪᠠ ᠥᠪᠡᠷ᠎ᠤᠨ ᠪᠠᠢ᠌ᠴᠠᠭ᠋ᠠᠯᠲᠠ ᠬᠢᠬᠦ ᠵᠢᠨ ᠬᠠᠮᠲᠤ ᠡᠪᠡᠳᠴᠢᠲᠡᠨ ᠪᠤᠶᠤ ᠲᠡᠭᠦᠨ᠎ᠤ ᠣᠢ᠌ᠷ᠎ᠠ ᠲᠥᠷᠥᠯ ᠰᠠᠳᠤᠨ᠎ᠯᠤᠭ᠎ᠠ ᠣᠢ᠌ᠯᠠᠭ᠋ᠠᠯᠴᠠᠨ ᠨᠡᠪᠲᠡᠷᠡᠯᠴᠡᠵᠦ ᠂  ᠪᠠᠢ᠌ᠳᠠᠯ᠎ᠢ ᠦᠨᠡᠨ ᠪᠣᠳᠠᠲᠠᠢ᠎ᠪᠠᠷ ᠲᠣᠳᠣᠷᠬᠠᠢ᠌ᠯᠠᠨ ᠂  ᠵᠠᠭᠤᠷᠠᠯᠳᠤᠭ᠋ᠠᠨ᠎ᠤ ᠭᠡᠮ ᠰᠣᠭᠣᠭ᠎ᠢ ᠴᠠᠭ ᠲᠤᠬᠠᠢ᠎ᠳᠤ᠎ᠨᠢ  ᠵᠢᠭᠰᠠᠭ᠋ᠠᠨ ᠪᠠᠢ᠌ᠴᠠᠭ᠋ᠠᠵᠤ ᠢᠯᠡᠷᠡᠭᠦᠯᠬᠦ ᠵᠢᠨ ᠬᠠᠮᠲᠤ ᠰᠡᠷᠭᠡᠢ᠌ᠯᠡᠨ ᠰᠢᠢ᠍ᠳᠪᠦᠷᠢᠯᠡᠬᠦ ᠠᠵᠢᠯ᠎ᠢ ᠰᠠᠢ᠌ᠲᠤᠷ ᠬᠢᠬᠦ ᠬᠡᠷᠡᠭᠲᠡᠢ ᠃

       ᠡᠮᠴᠢᠯᠡᠭᠡᠨ᠎ᠤ ᠪᠠᠢ᠌ᠭᠤᠯᠤᠮᠵᠢ᠎ᠨᠤᠭᠤᠳ ᠵᠠᠭ᠋ᠠᠯᠳᠤᠯᠭ᠎ᠠ ᠵᠢ ᠭᠥᠯᠢᠶᠡᠨ ᠠᠪᠬᠤ ᠳᠦᠷᠢᠮ᠎ᠢ ᠪᠠᠢ᠌ᠭᠤᠯᠤᠨ ᠪᠦᠷᠢᠨᠰᠢᠭᠦᠯᠵᠦ ᠂  ᠵᠠᠭ᠋ᠠᠯᠳᠤᠯᠭ᠎ᠠ ᠵᠢᠨ ᠨᠢᠭᠡᠳᠦᠯᠲᠡᠢ ᠬᠠᠮᠢᠶᠠᠷᠤᠯᠲᠠ ᠵᠢᠨ ᠰᠠᠯᠠᠭ᠎ᠠ ᠮᠥᠴᠢᠷ ᠪᠤᠶᠤ ᠲᠤᠰᠬᠠᠢ (ᠲᠤᠰᠢᠶᠠᠯ ᠬᠠᠪᠰᠤᠷᠭ᠋ᠠᠭᠰᠠᠨ )  ᠠᠵᠢᠯᠲᠠᠨ ᠲᠣᠬᠢᠷᠠᠭᠤᠯᠬᠤ ᠬᠡᠷᠡᠭᠲᠡᠢ ᠂  ᠬᠣᠶᠠᠳᠤᠭ᠋ᠠᠷ ᠳᠡᠰ᠎ᠠᠴᠠ ᠳᠡᠭᠡᠭᠰᠢᠬᠢ ᠡᠮᠴᠢᠯᠡᠭᠡᠨ᠎ᠤ ᠪᠠᠢ᠌ᠭᠤᠯᠤᠮᠵᠢ᠎ᠨᠢ  ᠲᠤᠰᠬᠠᠢ ᠲᠠᠯᠠᠪᠤᠷ ᠲᠣᠬᠢᠷᠠᠭᠤᠯᠵᠤ ᠂  ᠡᠪᠡᠳᠴᠢᠲᠡᠨ᠎ᠤ ᠵᠠᠭ᠋ᠠᠯᠳᠤᠯᠭ᠎ᠠ ᠪᠤᠶᠤ ᠯᠠᠪᠯᠠᠯᠲᠠ ᠵᠢ ᠭᠥᠯᠢᠶᠡᠨ ᠠᠪᠴᠤ ᠂  ᠵᠠᠭ᠋ᠠᠯᠳᠤᠯᠭ᠎ᠠ ᠵᠢᠨ ᠰᠢᠭᠤᠳ ᠰᠢᠯᠤᠭᠤᠬᠠᠨ ᠂  ᠳᠥᠭᠦᠮ ᠳᠥᠲᠡ ᠠᠷᠭ᠎ᠠ ᠮᠥᠷ᠎ᠢ ᠪᠠᠢ᠌ᠭᠤᠯᠵᠤ ᠂  ᠡᠮᠴᠢᠯᠡᠭᠡᠨ᠎ᠤ ᠪᠠᠢ᠌ᠭᠤᠯᠤᠮᠵᠢ ᠵᠢᠨ ᠢᠯᠡᠷᠬᠡᠢ ᠣᠷᠣᠨ ᠪᠠᠢ᠌ᠷᠢ᠎ᠳᠤ ᠵᠠᠭ᠋ᠠᠯᠳᠤᠯᠭ᠎ᠠ ᠵᠢ ᠰᠢᠢ᠍ᠳᠪᠦᠷᠢᠯᠡᠬᠦ ᠲᠠᠰ ᠳᠠᠷᠠᠭ᠋ᠠᠯᠠᠯ ᠂  ᠣᠷᠣᠨ ᠭᠠᠵᠠᠷ ᠂  ᠭᠥᠯᠢᠶᠡᠨ ᠠᠪᠬᠤ ᠴᠠᠭ ᠬᠤᠭᠤᠴᠠᠭ᠎ᠠ ᠪᠠ ᠬᠠᠷᠢᠯᠴᠠᠬᠤ ᠠᠷᠭ᠎ᠠ ᠮᠠᠶᠢᠭ ᠵᠡᠷᠭᠡ ᠵᠢ ᠨᠡᠢ᠌ᠲᠡᠯᠡᠵᠦ ᠂  ᠡᠪᠡᠳᠴᠢᠲᠡᠨ᠎ᠤ ᠵᠠᠭ᠋ᠠᠯᠳᠤᠬᠤ ᠂  ᠯᠠᠪᠯᠠᠬᠤ᠎ᠳᠤ ᠲᠥᠬᠦᠮ ᠦᠵᠡᠭᠦᠯᠬᠦ ᠬᠡᠷᠡᠭᠲᠡᠢ ᠃

       ᠠᠷᠪᠠᠨ ᠨᠠᠢ᠍ᠮᠠᠳᠤᠭ᠋ᠠᠷ ᠵᠦᠢ᠍ᠯ    ᠡᠮᠴᠢᠯᠡᠭᠡᠨ᠎ᠤ ᠪᠠᠢ᠌ᠭᠤᠯᠤᠮᠵᠢ᠎ᠨᠢ  ᠡᠮᠴᠢᠯᠡᠭᠡᠨ᠎ᠤ ᠮᠡᠷᠭᠡᠵᠢᠯ᠎ᠤᠨ ᠦᠢ᠍ᠯᠡᠴᠢᠯᠡᠭᠡ ᠥᠷᠨᠢᠭᠦᠯᠬᠦ᠎ᠳᠤ᠎ᠪᠠᠨ ᠲᠣᠰ ᠪᠡᠶ᠎ᠡ ᠵᠢᠨ ᠵᠶ᠋ᠡᠨ  ᠮᠡᠷᠭᠡᠵᠢᠯ᠎ᠤᠨ ᠴᠢᠳᠠᠪᠤᠷᠢ᠎ᠯᠤᠭ᠎ᠠ ᠬᠠᠷᠢᠯᠴᠠᠨ ᠵᠣᠬᠢᠴᠠᠭᠰᠠᠨ ᠪᠠᠢ᠌ᠬᠤ ᠬᠡᠷᠡᠭᠲᠡᠢ ᠂  ᠬᠢᠵᠠᠭ᠋ᠠᠷᠯᠠᠬᠤ ᠲᠥᠷᠥᠯ᠎ᠤᠨ ᠮᠡᠷᠭᠡᠵᠢᠯ᠎ᠤᠨ ᠬᠡᠷᠡᠭᠯᠡᠭᠡᠨ ᠥᠷᠨᠢᠭᠦᠯᠬᠦ᠎ᠳᠤ᠎ᠪᠠᠨ ᠂  ᠬᠠᠮᠢᠶ᠎ᠠ ᠪᠦᠬᠦᠢ ᠡᠮᠴᠢᠯᠡᠭᠡᠨ᠎ᠤ ᠮᠡᠷᠭᠡᠵᠢᠯ᠎ᠤᠨ ᠡᠮᠴᠢᠯᠡᠭᠡᠨ᠎ᠤ ᠬᠡᠷᠡᠭᠯᠡᠭᠡᠨ᠎ᠤ ᠬᠠᠮᠢᠶᠠᠷᠤᠯᠲᠠ ᠵᠢᠨ ᠵᠢᠷᠤᠮᠵᠢᠯ ᠶᠣᠰᠣᠭ᠋ᠠᠷ ᠥᠪᠡᠷ᠎ᠢ᠎ᠪᠠᠨ ᠦᠨᠡᠯᠡᠨ ᠵᠢᠱ᠌ᠢᠬᠦ ᠬᠡᠷᠡᠭᠲᠡᠢ ᠂  ᠨᠥᠬᠥᠴᠡᠯ᠎ᠳᠤ ᠨᠡᠢ᠌ᠴᠡᠬᠦ᠎ᠨᠢ  ᠡᠮᠴᠢᠯᠡᠭᠡᠨ᠎ᠤ ᠬᠡᠷᠡᠭᠯᠡᠭᠡᠨ ᠥᠷᠨᠢᠭᠦᠯᠵᠦ ᠪᠣᠯᠬᠤ ᠵᠢᠨ ᠬᠠᠮᠲᠤ ᠂  ᠬᠠᠷᠠᠭ᠋ᠠᠯᠵᠠᠭᠰᠠᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠲᠤ ᠳᠠᠩᠰᠠᠯᠠᠭᠤᠯᠬᠤ ᠬᠡᠷᠡᠭᠲᠡᠢ ᠂  ᠴᠠᠭ᠋ᠠᠵᠠᠯᠠᠬᠤ ᠲᠥᠷᠥᠯ᠎ᠤᠨ ᠮᠡᠷᠭᠡᠵᠢᠯ᠎ᠤᠨ ᠬᠡᠷᠡᠭᠯᠡᠭᠡᠨ ᠥᠷᠨᠢᠭᠦᠯᠬᠦ ᠵᠢ ᠴᠢᠩᠭ᠎ᠠ ᠴᠠᠭ᠋ᠠᠵᠠᠯᠠᠨ᠎ᠠ ᠃  ᠡᠮᠴᠢᠯᠡᠭᠡᠨ᠎ᠤ ᠰᠢᠨ᠎ᠡ ᠮᠡᠷᠭᠡᠵᠢᠯ᠎ᠢ  ᠬᠡᠷᠡᠭᠯᠡᠬᠦ᠎ᠳᠤ ᠂  ᠮᠡᠷᠭᠡᠵᠢᠯ᠎ᠤᠨ ᠦᠨᠡᠯᠡᠨ ᠵᠢᠱ᠌ᠢᠯᠲᠡ ᠪᠠ ᠡᠰᠢ ᠶᠣᠰᠣᠨ᠎ᠤ ᠬᠢᠨᠠᠨ ᠪᠠᠢ᠌ᠴᠠᠭ᠋ᠠᠯᠲᠠ ᠵᠢ ᠥᠷᠨᠢᠭᠦᠯᠵᠦ ᠂  ᠠᠮᠤᠷ ᠲᠦᠪᠰᠢᠨ ᠪᠥᠭᠡᠳ ᠪᠦᠲᠦᠮᠵᠢᠲᠡᠶ ᠂  ᠡᠰᠢ ᠶᠣᠰᠣᠨ᠎ᠳᠤ ᠨᠡᠢ᠌ᠴᠡᠬᠦ ᠵᠢ ᠦᠨᠡᠨ ᠬᠦ᠌ ᠪᠠᠲᠤᠯᠠᠬᠤ ᠬᠡᠷᠡᠭᠲᠡᠢ ᠃

       ᠠᠷᠪᠠ ᠶᠢᠰᠦᠳᠦᠭᠡᠷ ᠵᠦᠢ᠍ᠯ    ᠡᠮᠴᠢᠯᠡᠭᠡᠨ᠎ᠤ ᠪᠠᠢ᠌ᠭᠤᠯᠤᠮᠵᠢ ᠵᠢᠴᠢ ᠲᠡᠭᠦᠨ᠎ᠤ ᠡᠮᠨᠡᠯᠬᠡ ᠵᠢᠨ ᠠᠵᠢᠯᠲᠠᠨ᠎ᠨᠢ  ᠣᠨᠣᠰᠢᠯᠠᠨ ᠡᠮᠨᠡᠬᠦ ᠠᠵᠢᠯᠯᠠᠭ᠎ᠠ᠎ᠳᠤ᠎ᠪᠠᠨ ᠳᠣᠣᠷ᠎ᠠ ᠵᠢᠭᠰᠠᠭ᠋ᠠᠭᠰᠠᠨ ᠡᠭᠦᠷᠭᠡ ᠬᠠᠷᠢᠭᠤᠴᠠᠯᠭ᠎ᠠ ᠵᠢ ᠭᠦᠢ᠍ᠴᠡᠳᠬᠡᠬᠦ ᠬᠡᠷᠡᠭᠲᠡᠢ ᠄ 

      (ᠨᠢᠭᠡ )  ᠡᠮᠴᠢᠯᠡᠭᠡ ᠡᠷᠡᠭᠦᠯ ᠬᠠᠮᠠᠭ᠋ᠠᠯᠠᠯ᠎ᠤᠨ ᠬᠠᠤᠯᠢ ᠴᠠᠭ᠋ᠠᠵᠠ ᠂  ᠬᠠᠤᠯᠢ ᠲᠣᠭᠲᠠᠭ᠋ᠠᠯ ᠂  ᠲᠣᠭᠲᠠᠭ᠋ᠠᠯ ᠳᠦᠷᠢᠮ ᠪᠠ ᠣᠨᠣᠰᠢᠯᠠᠨ ᠡᠮᠨᠡᠬᠦ ᠬᠠᠮᠢᠶ᠎ᠠ ᠪᠦᠬᠦᠢ ᠵᠢᠷᠤᠮᠵᠢᠯ ᠂  ᠵᠤᠷᠰᠢᠯ᠎ᠢ ᠴᠢᠩᠭ᠎ᠠ ᠵᠢᠷᠤᠮᠯᠠᠬᠤ ᠬᠡᠷᠡᠭᠲᠡᠢ ᠃ 

      (ᠬᠣᠶᠠᠷ )  ᠡᠪᠡᠳᠴᠢᠲᠡᠨ᠎ᠢ ᠬᠠᠯᠠᠮᠵᠢᠯᠠᠨ ᠬᠠᠢ᠌ᠷᠠᠯᠠᠵᠤ ᠬᠦᠨᠳᠦᠳᠬᠡᠵᠦ ᠂  ᠡᠪᠡᠳᠴᠢᠲᠡᠨ᠎ᠤ ᠨᠢᠭᠤᠴᠠ ᠪᠠ ᠬᠤᠪᠢ ᠬᠥᠮᠥᠨ᠎ᠤ ᠮᠡᠳᠡᠭᠡ ᠵᠠᠩᠭᠢ ᠵᠢ ᠬᠠᠮᠠᠭ᠋ᠠᠯᠠᠬᠤ ᠬᠡᠷᠡᠭᠲᠡᠢ ᠃ 

      (ᠭᠤᠷᠪᠠ )  ᠡᠪᠡᠳᠴᠢᠨ᠎ᠳᠤ᠎ᠨᠢ  ᠵᠣᠬᠢᠴᠠᠭᠤᠯᠤᠨ ᠵᠠᠰᠠᠯᠲᠠ ᠬᠢᠵᠦ ᠂  ᠵᠦᠢ ᠵᠣᠬᠢᠰᠲᠠᠢ ᠪᠠᠢ᠌ᠴᠠᠭ᠋ᠠᠵᠤ ᠂  ᠵᠦᠢ ᠵᠣᠬᠢᠰᠲᠠᠢ ᠡᠮ ᠬᠡᠷᠡᠭᠯᠡᠵᠦ ᠂  ᠵᠦᠢ ᠵᠣᠬᠢᠰᠲᠠᠢ ᠡᠮᠨᠡᠨ ᠵᠠᠰᠠᠵᠤ ᠂  ᠬᠠᠤᠯᠢ᠎ᠳᠤ ᠨᠡᠢ᠌ᠴᠡᠭᠰᠡᠨ ᠂  ᠲᠣᠭᠲᠠᠭ᠋ᠠᠯ᠎ᠳᠤ ᠨᠡᠢ᠌ᠴᠡᠭᠰᠡᠨ ᠂  ᠰᠢᠨᠵᠢᠯᠡᠬᠦ ᠤᠬᠠᠭ᠋ᠠᠨᠴᠢ ᠣᠨᠣᠰᠢᠯᠠᠨ ᠡᠮᠨᠡᠬᠦ ᠠᠷᠭ᠎ᠠ ᠵᠢ ᠬᠡᠷᠡᠭᠯᠡᠬᠦ ᠬᠡᠷᠡᠭᠲᠡᠢ ᠃ 

      (ᠳᠥᠷᠪᠡ )  ᠡᠪᠡᠳᠴᠢᠨ᠎ᠤ ᠪᠠᠢ᠌ᠳᠠᠯ ᠂  ᠡᠮᠴᠢᠯᠡᠭᠡᠨ᠎ᠤ ᠠᠷᠭ᠎ᠠ ᠬᠡᠮᠵᠢᠶ᠎ᠡ ᠂  ᠡᠮᠴᠢᠯᠡᠭᠡᠨ᠎ᠤ ᠲᠦᠭᠰᠢᠭᠦᠷᠢ ᠵᠡᠷᠭᠡ ᠪᠠᠢ᠌ᠳᠠᠯ᠎ᠢ ᠡᠪᠡᠳᠴᠢᠲᠡᠨ᠎ᠳᠤ ᠦᠨᠡᠨ ᠮᠥᠨ ᠵᠶ᠋ᠡᠷ᠎ᠨᠢ  ᠮᠡᠳᠡᠭᠳᠡᠵᠦ ᠂  ᠮᠡᠰᠡ ᠵᠠᠰᠠᠯ ᠂  ᠣᠨᠴᠠᠭ᠋ᠠᠢ ᠪᠠᠢ᠌ᠴᠠᠭ᠋ᠠᠯᠲᠠ ᠂  ᠣᠨᠴᠠᠭ᠋ᠠᠢ ᠵᠠᠰᠠᠯᠭ᠎ᠠ ᠬᠢᠬᠦ ᠴᠢᠬᠤᠯᠠᠲᠠᠢ ᠪᠠᠢ᠌ᠪᠠᠯ ᠂  ᠡᠪᠡᠳᠴᠢᠲᠡᠨ᠎ᠳᠤ ᠡᠮᠴᠢᠯᠡᠭᠡᠨ᠎ᠤ ᠲᠦᠭᠰᠢᠭᠦᠷᠢ ᠂  ᠣᠷᠣᠯᠠᠭᠤᠯᠬᠤ ᠡᠮᠴᠢᠯᠡᠭᠡᠨ᠎ᠤ ᠲᠥᠰᠥᠯ ᠵᠡᠷᠭᠡ ᠪᠠᠢ᠌ᠳᠠᠯ᠎ᠢ ᠴᠠᠭ ᠲᠤᠬᠠᠢ᠎ᠳᠤ᠎ᠨᠢ  ᠪᠣᠳᠠᠲᠠᠢ ᠲᠣᠳᠣᠷᠬᠠᠢ᠌ᠯᠠᠬᠤ ᠵᠢᠨ ᠬᠠᠮᠲᠤ ᠲᠡᠭᠦᠨ᠎ᠤ ᠲᠣᠳᠣᠷᠬᠠᠢ ᠵᠥᠪᠰᠢᠶᠡᠷᠡᠯ᠎ᠢ ᠣᠯᠬᠤ ᠬᠡᠷᠡᠭᠲᠡᠢ; ᠡᠪᠡᠳᠴᠢᠲᠡᠨ᠎ᠳᠤ ᠲᠣᠳᠣᠷᠬᠠᠢ᠌ᠯᠠᠵᠤ ᠪᠣᠯᠬᠤ ᠦᠭᠡᠢ ᠪᠤᠶᠤ ᠡᠪᠡᠳᠴᠢᠲᠡᠨ᠎ᠳᠤ ᠲᠣᠳᠣᠷᠬᠠᠢ᠌ᠯᠠᠬᠤ᠎ᠳᠤ ᠲᠣᠬᠢᠷᠠᠮᠵᠢ ᠦᠭᠡᠢ ᠪᠠᠢ᠌ᠪᠠᠯ ᠂  ᠡᠪᠡᠳᠴᠢᠲᠡᠨ᠎ᠤ ᠣᠢ᠌ᠷ᠎ᠠ ᠲᠥᠷᠥᠯ ᠰᠠᠳᠤᠨ᠎ᠳᠤ ᠲᠠᠢ᠌ᠯᠪᠤᠷᠢᠯᠠᠵᠤ ᠥᠭᠬᠦ ᠵᠢᠨ ᠬᠠᠮᠲᠤ ᠲᠡᠭᠦᠨ᠎ᠤ ᠲᠣᠳᠣᠷᠬᠠᠢ ᠵᠥᠪᠰᠢᠶᠡᠷᠡᠯ᠎ᠢ ᠣᠯᠬᠤ ᠬᠡᠷᠡᠭᠲᠡᠢ ᠃

      (ᠲᠠᠪᠤ )  ᠪᠠᠴᠢᠮ ᠠᠪᠤᠷᠠᠨ ᠵᠠᠰᠠᠬᠤ ᠴᠢᠬᠤᠯᠠᠲᠠᠢ ᠡᠪᠡᠳᠴᠢᠲᠡᠨ᠎ᠳᠤ ᠪᠠᠴᠢᠮ ᠠᠷᠭ᠎ᠠ ᠬᠡᠮᠵᠢᠶ᠎ᠡ ᠠᠪᠴᠤ ᠪᠠᠢ᠌ᠭ᠋ᠠᠳ ᠣᠨᠣᠰᠢᠯᠠᠨ ᠡᠮᠨᠡᠬᠦ ᠬᠡᠷᠡᠭᠲᠡᠢ ᠂  ᠲᠦᠷᠭᠡᠨ ᠠᠪᠤᠷᠠᠵᠤ ᠡᠮᠴᠢᠯᠡᠨ ᠰᠢᠢ᠍ᠳᠪᠦᠷᠢᠯᠡᠬᠦ ᠵᠢ ᠲᠡᠪᠴᠢᠵᠦ ᠪᠣᠯᠬᠤ ᠦᠭᠡᠢ ᠃  ᠠᠮᠢ ᠨᠠᠰᠤ᠎ᠨᠢ  ᠲᠦᠭᠰᠢᠭᠦᠷᠢᠲᠡᠢ ᠪᠣᠯᠣᠭᠰᠠᠨ ᠡᠪᠡᠳᠴᠢᠲᠡᠨ᠎ᠢ ᠲᠦᠷᠭᠡᠨ ᠠᠪᠤᠷᠠᠬᠤ ᠵᠡᠷᠭᠡ ᠪᠠᠴᠢᠮ ᠪᠠᠢ᠌ᠳᠠᠯ᠎ᠠᠴᠠ ᠪᠣᠯᠣᠭ᠋ᠠᠳ ᠡᠪᠡᠳᠴᠢᠲᠡᠨ ᠪᠤᠶᠤ ᠣᠢ᠌ᠷ᠎ᠠ ᠲᠥᠷᠥᠯ ᠰᠠᠳᠤᠨ᠎ᠠᠴᠠ᠎ᠨᠢ  ᠰᠠᠨᠠᠯ ᠠᠪᠴᠤ ᠳᠡᠶ᠋ᠢᠯᠬᠦ ᠦᠭᠡᠢ ᠪᠠᠢ᠌ᠳᠠᠯ᠎ᠳᠤ ᠂  ᠡᠮᠴᠢᠯᠡᠭᠡᠨ᠎ᠤ ᠪᠠᠢ᠌ᠭᠤᠯᠤᠮᠵᠢ ᠵᠢᠨ ᠬᠠᠷᠢᠭᠤᠴᠠᠯᠭ᠋ᠠᠲᠠᠨ ᠪᠤᠶᠤ ᠡᠷᠬᠡ ᠣᠯᠭᠣᠭᠰᠠᠨ ᠬᠠᠷᠢᠭᠤᠴᠠᠯᠭ᠋ᠠᠲᠠᠨ ᠵᠶ᠋ᠠᠷ ᠵᠥᠪᠰᠢᠶᠡᠷᠡᠭᠦᠯᠦᠭᠡᠳ ᠂  ᠲᠡᠷᠡ ᠳᠠᠷᠤᠢ᠎ᠳᠤ᠎ᠨᠢ  ᠬᠠᠷᠠᠭ᠋ᠠᠯᠵᠠᠭᠰᠠᠨ ᠡᠮᠴᠢᠯᠡᠭᠡᠨ᠎ᠤ ᠠᠷᠭ᠎ᠠ ᠬᠡᠮᠵᠢᠶ᠎ᠡ ᠠᠪᠴᠤ ᠪᠣᠯᠣᠨ᠎ᠠ ᠃ 

      (ᠵᠢᠷᠭᠤᠭ᠎ᠠ )  ᠮᠡᠰᠡ ᠵᠠᠰᠠᠯ ᠂  ᠣᠨᠴᠠᠭ᠋ᠠᠢ ᠪᠠᠢ᠌ᠴᠠᠭ᠋ᠠᠯᠲᠠ ᠂  ᠣᠨᠴᠠᠭ᠋ᠠᠢ ᠵᠠᠰᠠᠯᠭ᠎ᠠ ᠵᠡᠷᠭᠡ ᠨᠡᠯᠢᠶᠡᠳ ᠶᠡᠬᠡ ᠡᠮᠴᠢᠯᠡᠭᠡᠨ᠎ᠤ ᠲᠦᠭᠰᠢᠭᠦᠷᠢ᠎ᠲᠠᠢ ᠣᠨᠣᠰᠢᠯᠠᠨ ᠡᠮᠨᠡᠬᠦ ᠠᠵᠢᠯᠯᠠᠭ᠎ᠠ ᠵᠢ ᠥᠷᠨᠢᠭᠦᠯᠬᠦ᠎ᠳᠤ ᠂  ᠡᠮᠴᠢᠯᠡᠭᠡᠨ᠎ᠤ ᠪᠠᠢ᠌ᠭᠤᠯᠤᠮᠵᠢ᠎ᠨᠤᠭᠤᠳ ᠠᠷᠭ᠋ᠠᠴᠠᠭ᠋ᠠᠬᠤ ᠪᠡᠯᠡᠳᠬᠡᠯ ᠲᠥᠰᠥᠯ ᠵᠶ᠋ᠠᠨ ᠤᠷᠢᠳᠴᠢᠯᠠᠨ ᠪᠡᠯᠡᠳᠬᠡᠵᠦ ᠂  ᠭᠡᠨᠡᠳᠲᠡ ᠵᠢᠨ ᠲᠦᠭᠰᠢᠭᠦᠷᠢ ᠵᠢ ᠰᠠᠨᠠᠭ᠋ᠠᠴᠢᠯᠠᠭ᠎ᠠ᠎ᠠᠴᠠ᠎ᠪᠠᠨ ᠰᠡᠷᠭᠡᠢ᠌ᠯᠡᠬᠦ ᠬᠡᠷᠡᠭᠲᠡᠢ ᠃ 

      (ᠳᠤᠯᠤᠭ᠎ᠠ )  ᠬᠠᠤᠯᠢ ᠶᠣᠰᠣᠭ᠋ᠠᠷ ᠵᠥᠪᠰᠢᠶᠡᠷᠡᠭᠦᠯᠦᠭᠰᠡᠨ ᠪᠤᠶᠤ ᠳᠠᠩᠰᠠᠯᠠᠭᠤᠯᠤᠭᠰᠠᠨ ᠡᠮ᠎ᠤᠨ ᠵᠦᠢ᠍ᠯ ᠂  ᠠᠷᠢᠭᠤᠳᠬᠠᠬᠤ ᠡᠮ ᠂  ᠡᠮᠴᠢᠯᠡᠭᠡᠨ᠎ᠤ ᠪᠠᠭ᠋ᠠᠵᠢ ᠬᠡᠷᠡᠭᠰᠡᠯ᠎ᠢ  ᠬᠡᠷᠡᠭᠯᠡᠬᠦ ᠬᠡᠷᠡᠭᠲᠡᠢ ᠂  ᠡᠮ᠎ᠤᠨ ᠵᠦᠢ᠍ᠯ ᠂  ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ ᠂  ᠡᠮᠴᠢᠯᠡᠭᠡᠨ᠎ᠤ ᠪᠠᠭ᠋ᠠᠵᠢ ᠬᠡᠷᠡᠭᠰᠡᠯ ᠂  ᠠᠷᠢᠭᠤᠳᠬᠠᠬᠤ ᠡᠮ ᠂  ᠴᠢᠰᠤ ᠵᠡᠷᠭᠡ ᠵᠢᠨ ᠪᠠᠷᠠᠭ᠎ᠠ ᠣᠷᠣᠭᠤᠯᠬᠤ᠎ᠳᠤ ᠪᠠᠢ᠌ᠴᠠᠭ᠋ᠠᠨ ᠰᠢᠯᠭ᠋ᠠᠬᠤ ᠂  ᠬᠠᠳᠠᠭ᠋ᠠᠯᠠᠨ ᠬᠠᠮᠢᠶᠠᠷᠬᠤ ᠵᠡᠷᠭᠡ ᠳᠦᠷᠢᠮ᠎ᠢ  ᠴᠢᠩᠭ᠎ᠠ ᠬᠡᠷᠡᠭᠵᠢᠭᠦᠯᠵᠦ ᠂  ᠬᠢᠷᠢ ᠲᠡᠩᠴᠡᠭᠰᠡᠨ ᠭᠡᠷᠡᠴᠢᠯᠡᠬᠦ ᠪᠢᠴᠢᠭ ᠮᠠᠲ᠋ᠧᠷᠢᠶᠠᠯ ᠦᠭᠡᠢ ᠂  ᠬᠤᠭᠤᠴᠠᠭ᠎ᠠ ᠬᠡᠲᠦᠷᠡᠭᠰᠡᠨ ᠵᠡᠷᠭᠡ ᠬᠢᠷᠢ ᠲᠡᠩᠴᠡᠬᠦ ᠦᠭᠡᠢ ᠡᠮ᠎ᠤᠨ ᠵᠦᠢ᠍ᠯ ᠂  ᠡᠮᠴᠢᠯᠡᠭᠡᠨ᠎ᠤ ᠪᠠᠭ᠋ᠠᠵᠢ ᠬᠡᠷᠡᠭᠰᠡᠯ ᠂  ᠠᠷᠢᠭᠤᠳᠬᠠᠬᠤ ᠡᠮ ᠂  ᠴᠢᠰᠤ ᠵᠡᠷᠭᠡ ᠵᠢ ᠬᠡᠷᠡᠭᠯᠡᠬᠦ ᠵᠢ ᠴᠠᠭ᠋ᠠᠵᠠᠯᠠᠨ᠎ᠠ ᠃ 

      (ᠨᠠᠢ᠍ᠮᠠ )  ᠡᠪᠡᠳᠴᠢᠨ᠎ᠤ ᠲᠡᠦᠬᠡ ᠵᠢᠨ ᠬᠠᠮᠢᠶᠠᠷᠤᠯᠲᠠ ᠵᠢᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠡᠪᠡᠳᠴᠢᠨ᠎ᠤ ᠲᠡᠦᠬᠡ ᠵᠢᠨ ᠮᠠᠲ᠋ᠧᠷᠢᠶᠠᠯ᠎ᠢ ᠲᠠᠭᠯᠠᠵᠤ ᠪᠢᠴᠢᠬᠦ ᠵᠢᠨ ᠬᠠᠮᠲᠤ ᠲᠣᠬᠢᠲᠠᠢ ᠬᠠᠳᠠᠭ᠋ᠠᠯᠠᠨ ᠬᠠᠮᠢᠶᠠᠷᠬᠤ ᠬᠡᠷᠡᠭᠲᠡᠢ ᠃ 

      (ᠶᠢᠰᠦ )  ᠡᠪᠡᠳᠴᠢᠲᠡᠨ᠎ᠳᠤ ᠡᠪᠡᠳᠴᠢᠨ᠎ᠤ ᠲᠡᠦᠬᠡ ᠵᠢᠨ ᠮᠠᠲ᠋ᠧᠷᠢᠶᠠᠯ᠎ᠢ ᠬᠠᠭᠤᠯᠪᠤᠷᠢᠯᠠᠨ ᠥᠭᠬᠦ ᠦᠢ᠍ᠯᠡᠴᠢᠯᠡᠭᠡ ᠬᠠᠩᠭ᠋ᠠᠬᠤ ᠬᠡᠷᠡᠭᠲᠡᠢ ᠃  ᠡᠪᠡᠳᠴᠢᠲᠡᠨ ᠨᠠᠰᠤ ᠪᠠᠷᠠᠭᠰᠠᠨ ᠪᠠᠢ᠌ᠪᠠᠯ ᠲᠡᠭᠦᠨ᠎ᠤ ᠣᠢ᠌ᠷ᠎ᠠ ᠲᠥᠷᠥᠯ ᠰᠠᠳᠤᠨ᠎ᠨᠢ  ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠡᠪᠡᠳᠴᠢᠨ᠎ᠤ ᠲᠡᠦᠬᠡ ᠵᠢᠨ ᠮᠠᠲ᠋ᠧᠷᠢᠶᠠᠯ᠎ᠢ ᠪᠠᠢ᠌ᠴᠠᠭ᠋ᠠᠨ ᠦᠵᠡᠬᠦ ᠪᠠ ᠬᠠᠭᠤᠯᠪᠤᠷᠢᠯᠠᠨ ᠠᠪᠴᠤ ᠪᠣᠯᠣᠨ᠎ᠠ ᠃ 

      (ᠠᠷᠪᠠ )  ᠬᠠᠤᠯᠢ ᠴᠠᠭ᠋ᠠᠵᠠ ᠂  ᠬᠠᠤᠯᠢ ᠲᠣᠭᠲᠠᠭ᠋ᠠᠯ ᠂  ᠲᠣᠭᠲᠠᠭ᠋ᠠᠯ ᠳᠦᠷᠢᠮ ᠪᠠ ᠣᠨᠣᠰᠢᠯᠠᠨ ᠡᠮᠨᠡᠬᠦ ᠵᠢᠷᠤᠮᠵᠢᠯ᠎ᠳᠤ ᠲᠣᠭᠲᠠᠭ᠋ᠠᠭᠰᠠᠨ ᠪᠤᠰᠤᠳ ᠪᠠᠢ᠌ᠳᠠᠯ ᠃

       ᠬᠣᠷᠢᠳᠤᠭ᠋ᠠᠷ ᠵᠦᠢ᠍ᠯ    ᠡᠮᠴᠢᠯᠡᠭᠡᠨ᠎ᠤ ᠪᠠᠢ᠌ᠭᠤᠯᠤᠮᠵᠢ ᠵᠢᠴᠢ ᠡᠮᠨᠡᠯᠭᠡ ᠵᠢᠨ ᠠᠵᠢᠯᠲᠠᠳ ᠣᠨᠣᠰᠢᠯᠠᠨ ᠡᠮᠨᠡᠬᠦ ᠠᠵᠢᠯᠯᠠᠭ᠎ᠠ᠎ᠳᠤ᠎ᠪᠠᠨ ᠳᠣᠣᠷ᠎ᠠ ᠵᠢᠭᠰᠠᠭ᠋ᠠᠭᠰᠠᠨ ᠦᠢ᠍ᠯᠡ ᠠᠵᠢᠯᠯᠠᠭ᠎ᠠ᠎ᠲᠠᠢ ᠪᠠᠢ᠌ᠵᠤ ᠪᠣᠯᠬᠤ ᠦᠭᠡᠢ ᠄ 

      (ᠨᠢᠭᠡ )  ᠠᠵᠢᠯ ᠡᠷᠬᠢᠯᠡᠬᠦ ᠬᠡᠪᠴᠢᠶ᠎ᠡ᠎ᠠᠴᠠ᠎ᠪᠠᠨ ᠳᠠᠪᠠᠭᠤᠯᠤᠨ ᠣᠨᠣᠰᠢᠯᠠᠨ ᠡᠮᠨᠡᠬᠦ;

      (ᠬᠣᠶᠠᠷ )  ᠣᠨᠣᠰᠢᠯᠠᠨ ᠡᠮᠨᠡᠬᠦ ᠵᠢᠷᠤᠮᠵᠢᠯ᠎ᠢ ᠵᠥᠷᠢᠴᠡᠨ ᠴᠢᠬᠤᠯᠠ ᠪᠤᠰᠤ ᠪᠠᠢ᠌ᠴᠠᠭ᠋ᠠᠯᠲᠠ ᠪᠠ ᠡᠮᠴᠢᠯᠡᠭᠡ ᠬᠢᠬᠦ;

      (ᠭᠤᠷᠪᠠ )  ᠣᠨᠣᠰᠢᠯᠠᠨ ᠡᠮᠨᠡᠬᠦ ᠮᠡᠷᠭᠡᠵᠢᠯ ᠂  ᠡᠮ᠎ᠤᠨ ᠵᠦᠢ᠍ᠯ ᠂  ᠡᠮᠴᠢᠯᠡᠭᠡᠨ᠎ᠤ ᠪᠠᠭ᠋ᠠᠵᠢ ᠬᠡᠷᠡᠭᠰᠡᠯ ᠂  ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ ᠂  ᠠᠷᠢᠭᠤᠳᠬᠠᠬᠤ ᠡᠮ ᠂  ᠴᠢᠰᠤ ᠵᠡᠷᠭᠡ ᠵᠢ ᠬᠠᠤᠯᠢ ᠲᠣᠭᠲᠠᠭ᠋ᠠᠯ᠎ᠠᠴᠠ ᠵᠥᠷᠢᠴᠡᠨ ᠬᠡᠷᠡᠭᠯᠡᠬᠦ;

      (ᠳᠥᠷᠪᠡ )  ᠡᠪᠡᠳᠴᠢᠨ᠎ᠤ ᠪᠠᠢ᠍ᠳᠠᠯ᠎ᠢ᠎ᠨᠢ  ᠨᠢᠭᠤᠨ ᠳᠠᠯᠳᠠᠯᠠᠬᠤ ᠂  ᠪᠤᠷᠤᠭᠤ᠎ᠪᠠᠷ ᠬᠥᠲᠥᠯᠬᠦ ᠪᠤᠶᠤ ᠬᠡᠲᠦᠷᠡᠭᠦᠯᠦᠨ ᠶᠠᠷᠢᠬᠤ;

      (ᠲᠠᠪᠤ )  ᠡᠪᠡᠳᠴᠢᠨ᠎ᠤ ᠳᠠᠩᠰᠠ ᠵᠡᠷᠭᠡ ᠠᠨᠠᠭ᠋ᠠᠬᠤ ᠤᠬᠠᠭ᠋ᠠᠨ᠎ᠤ ᠪᠢᠴᠢᠭ ᠬᠠᠷ᠎ᠠ ᠵᠢᠴᠢ ᠬᠣᠯᠪᠣᠭᠳᠠᠯ ᠪᠦᠬᠦᠢ ᠮᠠᠲ᠋ᠧᠷᠢᠶᠠᠯ᠎ᠢ ᠨᠢᠭᠤᠨ ᠳᠠᠯᠳᠠᠯᠠᠭᠰᠠᠨ ᠂  ᠬᠠᠭᠤᠷᠮᠠᠭ ᠵᠶ᠋ᠡᠷ ᠵᠣᠬᠢᠶᠠᠭᠰᠠᠨ ᠂  ᠥᠭᠡᠷᠡᠲᠦᠭᠦᠯᠦᠭᠰᠡᠨ ᠪᠤᠶᠤ ᠳᠤᠷ᠎ᠠ᠎ᠪᠠᠷ ᠵᠶ᠋ᠠᠨ ᠤᠰᠠᠳᠬᠠᠭᠰᠠᠨ;

      (ᠵᠢᠷᠭᠤᠭ᠎ᠠ )  ᠠᠨᠠᠭ᠋ᠠᠬᠤ ᠤᠬᠠᠭ᠋ᠠᠨ᠎ᠤ ᠬᠤᠳᠠᠯ ᠬᠠᠭᠤᠷᠮᠠᠭ ᠭᠡᠷᠡᠴᠢ ᠪᠢᠴᠢᠭ ᠮᠠᠲ᠋ᠧᠷᠢᠶᠠᠯ ᠵᠢᠴᠢ ᠥᠪᠡᠷ᠎ᠤᠨ ᠡᠷᠬᠢᠯᠡᠭᠰᠡᠨ ᠠᠵᠢᠯ᠎ᠤᠨ ᠬᠡᠪᠴᠢᠶ᠎ᠡ᠎ᠯᠦᠭᠡ ᠬᠣᠯᠪᠣᠭᠳᠠᠯ ᠦᠭᠡᠢ ᠪᠤᠶᠤ ᠠᠵᠢᠯ ᠡᠷᠬᠢᠯᠡᠬᠦ ᠲᠦᠷᠦᠯ ᠢᠯᠭ᠋ᠠᠯ᠎ᠳᠤ ᠦᠯᠦ ᠨᠡᠢ᠌ᠴᠡᠬᠦ ᠠᠨᠠᠭ᠋ᠠᠬᠤ ᠤᠬᠠᠭ᠋ᠠᠨ᠎ᠤ ᠭᠡᠷᠡᠴᠢ ᠪᠢᠴᠢᠭ ᠮᠠᠲ᠋ᠧᠷᠢᠶᠠᠯ ᠭᠠᠷᠭ᠋ᠠᠵᠤ ᠥᠭᠭᠦᠭᠰᠡᠨ;

      (ᠳᠤᠯᠤᠭ᠎ᠠ )  ᠵᠢᠷᠤᠮᠵᠢᠯ ᠶᠣᠰᠣᠭ᠋ᠠᠷ ᠣᠨᠣᠰᠢᠯᠠᠵᠤ ᠡᠮᠨᠡᠬᠦ᠎ᠳᠤ ᠬᠡᠷᠡᠭᠯᠡᠬᠦ᠎ᠠᠴᠠ ᠭᠠᠳᠠᠨ᠎ᠠ ᠂  ᠮᠢᠨᠴᠦᠭᠦᠷᠡᠭᠦᠯᠬᠦ ᠡᠮ᠎ᠤᠨ ᠵᠦᠢ᠍ᠯ ᠂  ᠡᠮᠴᠢᠯᠡᠭᠡ᠎ᠳᠤ ᠬᠡᠷᠡᠭᠯᠡᠬᠦ ᠬᠣᠣᠷᠲᠤ ᠡᠮ᠎ᠤᠨ ᠵᠦᠢ᠍ᠯ ᠂  ᠣᠶᠣᠨ ᠮᠡᠳᠡᠷᠡᠯ᠎ᠤᠨ ᠡᠮ᠎ᠤᠨ ᠵᠦᠢ᠍ᠯ ᠂  ᠰᠠᠴᠤᠷᠠᠭ ᠴᠢᠨᠠᠷᠲᠠᠢ ᠡᠮ᠎ᠤᠨ ᠵᠦᠢ᠍ᠯ ᠵᠡᠷᠭᠡ ᠵᠢ ᠬᠡᠷᠡᠭᠯᠡᠵᠦ ᠪᠣᠯᠬᠤ ᠦᠭᠡᠢ;

      (ᠨᠠᠢ᠍ᠮᠠ )  ᠲᠤᠰᠢᠶᠠᠯ᠎ᠤᠨ ᠳᠥᠭᠥᠮ ᠵᠶ᠋ᠠᠨ ᠠᠰᠢᠭᠯᠠᠵᠤ ᠂  ᠡᠳ᠋ ᠮᠥᠩᠭᠥ ᠨᠡᠬᠡᠨ ᠠᠪᠬᠤ ᠬᠠᠤᠯᠢ ᠪᠤᠰᠤ᠎ᠪᠠᠷ ᠬᠦᠯᠢᠶᠡᠨ ᠠᠪᠬᠤ ᠪᠤᠶᠤ ᠪᠤᠰᠤᠳ ᠵᠦᠢ ᠪᠤᠰᠤ ᠠᠰᠢᠭ ᠲᠤᠰᠠ ᠵᠢ ᠵᠠᠪᠰᠢᠨ ᠬᠣᠨᠵᠢᠵᠤ ᠪᠣᠯᠬᠤ ᠦᠭᠡᠢ;

      (ᠶᠢᠰᠦ )  ᠬᠠᠤᠯᠢ ᠴᠠᠭ᠋ᠠᠵᠠ ᠂  ᠬᠠᠤᠯᠢ ᠲᠣᠭᠲᠠᠭ᠋ᠠᠯ ᠂  ᠲᠣᠭᠲᠠᠭ᠋ᠠᠯ ᠳᠦᠷᠢᠮ ᠪᠠ ᠣᠨᠣᠰᠢᠯᠠᠨ ᠡᠮᠨᠡᠬᠦ ᠵᠢᠷᠤᠮᠵᠢᠯ᠎ᠳᠤ ᠴᠠᠭ᠋ᠠᠵᠠᠯᠠᠭᠰᠠᠨ ᠪᠤᠰᠤᠳ ᠪᠠᠢ᠌ᠳᠠᠯ ᠃

       ᠬᠣᠷᠢᠨ ᠨᠢᠭᠡᠳᠦᠭᠡᠷ ᠵᠦᠢ᠍ᠯ    ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠳ ᠡᠮᠴᠢᠯᠡᠭᠡᠨ᠎ᠤ ᠪᠠᠢ᠌ᠭᠤᠯᠤᠮᠵᠢ ᠵᠢᠨ ᠡᠮᠴᠢᠯᠡᠭᠡᠨ᠎ᠤ ᠶᠠᠰᠤ ᠴᠢᠨᠠᠷ᠎ᠤᠨ ᠠᠮᠤᠷ ᠲᠦᠪᠰᠢᠨ᠎ᠤ ᠬᠠᠮᠢᠶᠠᠷᠤᠯᠲᠠ ᠵᠢᠨ ᠳᠦᠷᠢᠮ᠎ᠢ ᠨᠠᠢ᠌ᠳᠠᠪᠤᠷᠢᠵᠢᠭᠤᠯᠤᠭᠰᠠᠨ ᠪᠠᠢ᠌ᠳᠠᠯ᠎ᠳᠠᠬᠢ ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ᠎ᠪᠠᠨ ᠴᠢᠩᠭ᠋ᠠᠳᠬᠠᠵᠤ ᠂  ᠡᠮᠴᠢᠯᠡᠭᠡᠨ᠎ᠤ ᠶᠠᠰᠤ ᠴᠢᠨᠠᠷ᠎ᠤᠨ ᠠᠮᠤᠷ ᠲᠦᠪᠰᠢᠨ᠎ᠤ ᠦᠨᠡᠯᠡᠨ ᠵᠢᠱ᠌ᠢᠯᠲᠡ ᠵᠢ ᠵᠣᠬᠢᠶᠠᠨ ᠪᠠᠢ᠌ᠭᠤᠯᠤᠨ ᠥᠷᠨᠢᠭᠦᠯᠵᠦ ᠂  ᠡᠮᠴᠢᠯᠡᠭᠡᠨ᠎ᠤ ᠶᠠᠰᠤ ᠴᠢᠨᠠᠷ᠎ᠤᠨ ᠠᠮᠤᠷ ᠲᠦᠪᠰᠢᠨ᠎ᠤ ᠮᠡᠳᠡᠭᠡ ᠵᠠᠩᠭᠢ ᠵᠢ ᠵᠠᠳᠠᠯᠤᠨ ᠂  ᠣᠯᠵᠤ ᠮᠡᠳᠡᠭᠰᠡᠨ ᠲᠦᠭᠰᠢᠭᠦᠷᠢ᠎ᠳᠤ ᠴᠢᠭᠯᠡᠭᠦᠯᠦᠨ ᠰᠡᠷᠭᠡᠢ᠌ᠯᠡᠬᠦ ᠠᠷᠭ᠎ᠠ ᠬᠡᠮᠵᠢᠶ᠎ᠡ ᠲᠣᠭᠲᠠᠭ᠋ᠠᠵᠤ ᠂  ᠡᠮᠴᠢᠯᠡᠭᠡᠨ᠎ᠤ ᠪᠠᠢ᠌ᠭᠤᠯᠤᠮᠵᠢ ᠵᠢ ᠰᠢᠮᠳᠠᠭᠤᠯᠵᠤ ᠪᠠᠢ᠌ᠭ᠋ᠠᠳ ᠴᠡᠭᠴᠡᠯᠡᠨ ᠰᠠᠢ᠌ᠵᠢᠷᠠᠭᠤᠯᠵᠤ ᠨᠠᠢ᠌ᠳᠠᠪᠤᠷᠢᠵᠢᠭᠤᠯᠬᠤ ᠬᠡᠷᠡᠭᠲᠡᠢ ᠃

       ᠬᠣᠷᠢᠨ ᠬᠣᠶᠠᠳᠤᠭ᠋ᠠᠷ ᠵᠦᠢ᠍ᠯ    ᠡᠪᠡᠳᠴᠢᠲᠡᠨ ᠡᠭᠦᠳᠡᠨ (ᠪᠠᠴᠢᠮ )  ᠡᠮᠨᠡᠯᠭᠡ ᠵᠢᠨ ᠡᠪᠡᠳᠴᠢᠨ᠎ᠤ ᠲᠡᠦᠬᠡ ᠪᠠ ᠡᠮᠨᠡᠯᠭᠡ᠎ᠳᠤ ᠰᠠᠭᠤᠭᠰᠠᠨ ᠡᠪᠡᠳᠴᠢᠨ᠎ᠤ ᠲᠡᠦᠬᠡᠨ᠎ᠳᠠᠬᠢ ᠡᠮᠨᠡᠯᠭᠡ᠎ᠳᠤ ᠰᠠᠭᠤᠭᠰᠠᠨ ᠲᠡᠮᠳᠡᠭᠯᠡᠯ (ᠲᠤᠬᠠᠢ᠌ᠯᠠᠪᠠᠯ ᠡᠮᠨᠡᠯᠭᠡ᠎ᠳᠤ ᠣᠷᠣᠭᠰᠠᠨ ᠲᠡᠮᠳᠡᠭᠯᠡᠯ )᠂  ᠪᠡᠶ᠎ᠡ ᠵᠢᠨ ᠳᠤᠯᠠᠭ᠋ᠠᠨ᠎ᠤ ᠬᠠᠭᠤᠳᠠᠰᠤ ᠂  ᠡᠮᠴᠢ ᠵᠢᠨ ᠵᠢᠭ᠋ᠠᠪᠤᠷᠢ ᠵᠢᠨ ᠬᠠᠭᠤᠳᠠᠰᠤ ᠂  ᠰᠢᠨᠵᠢᠯᠡᠨ ᠰᠢᠯᠭ᠋ᠠᠯᠲᠠ ᠵᠢᠨ ᠬᠠᠭᠤᠳᠠᠰᠤ (ᠪᠠᠢ᠌ᠴᠠᠭ᠋ᠠᠨ ᠰᠢᠯᠭ᠋ᠠᠯᠲᠠ ᠵᠢᠨ ᠮᠡᠳᠡᠭᠦᠯᠦᠯᠲᠡ )᠂  ᠠᠨᠠᠭ᠋ᠠᠬᠤ ᠤᠬᠠᠭ᠋ᠠᠨ᠎ᠤ ᠵᠢᠷᠤᠭ ᠳᠦᠷᠰᠦ ᠵᠢᠨ ᠪᠠᠢ᠌ᠴᠠᠭ᠋ᠠᠯᠲᠠ ᠵᠢᠨ ᠮᠠᠲ᠋ᠧᠷᠢᠶᠠᠯ ᠂  ᠣᠨᠴᠠᠭ᠋ᠠᠢ ᠪᠠᠢ᠌ᠴᠠᠭ᠋ᠠᠯᠲᠠ (ᠡᠮᠨᠡᠨ ᠵᠠᠰᠠᠬᠤ ) ᠵᠢᠨ ᠵᠥᠪᠰᠢᠶᠡᠷᠡᠯ᠎ᠤᠨ ᠪᠢᠴᠢᠭ ᠂  ᠮᠡᠰᠡ ᠵᠠᠰᠠᠯ᠎ᠤᠨ ᠵᠥᠪᠰᠢᠶᠡᠷᠡᠯ᠎ᠤᠨ ᠪᠢᠴᠢᠭ ᠂  ᠮᠡᠰᠡ ᠵᠠᠰᠠᠯ ᠵᠢᠴᠢ ᠮᠢᠨᠴᠦᠭᠦᠷᠡᠭᠦᠯᠦᠭᠰᠡᠨ ᠲᠡᠮᠳᠡᠭᠯᠡᠯ᠎ᠤᠨ ᠬᠠᠭᠤᠳᠠᠰᠤ ᠂  ᠡᠪᠡᠳᠴᠢᠨ᠎ᠤ ᠵᠦᠢ ᠵᠢᠨ ᠮᠡᠳᠡᠭᠦᠯᠦᠯᠲᠡ ᠂  ᠰᠤᠪᠢᠯᠠᠯᠲᠠ ᠵᠢᠨ ᠲᠡᠮᠳᠡᠭᠯᠡᠯ ᠂  ᠡᠮᠨᠡᠯᠭᠡ᠎ᠠᠴᠠ ᠭᠠᠷᠤᠭᠰᠠᠨ ᠲᠡᠮᠳᠡᠭᠯᠡᠯ ᠂  ᠡᠮᠴᠢᠯᠡᠭᠡᠨ᠎ᠤ ᠵᠠᠷᠤᠳᠠᠯ ᠵᠢᠴᠢ 《ᠡᠮᠴᠢᠯᠡᠭᠡᠨ᠎ᠤ ᠪᠠᠢ᠌ᠭᠤᠯᠤᠮᠵᠢ ᠵᠢᠨ ᠡᠪᠡᠳᠴᠢᠨ᠎ᠤ ᠲᠡᠦᠬᠡ ᠵᠢᠨ ᠬᠠᠮᠢᠶᠠᠷᠤᠯᠲᠠ ᠵᠢᠨ ᠲᠣᠭᠲᠠᠭ᠋ᠠᠯ 》᠎ᠳᠠᠬᠢ ᠡᠪᠡᠳᠴᠢᠨ᠎ᠤ ᠲᠡᠦᠬᠡᠨ᠎ᠳᠤ ᠬᠠᠷᠢᠶᠠᠯᠠᠭᠳᠠᠬᠤ ᠪᠤᠰᠤᠳ ᠪᠦᠬᠦ ᠮᠠᠲ᠋ᠧᠷᠢᠶᠠᠯ᠎ᠢ ᠪᠠᠢ᠌ᠴᠠᠭ᠋ᠠᠨ ᠦᠵᠡᠬᠦ ᠪᠠ ᠬᠠᠭᠤᠯᠪᠤᠷᠢᠯᠠᠨ ᠠᠪᠬᠤ ᠡᠷᠬᠡ᠎ᠲᠠᠢ ᠃ 

       ᠡᠪᠡᠳᠴᠢᠲᠡᠨ ᠡᠪᠡᠳᠴᠢᠨ᠎ᠤ ᠲᠡᠦᠬᠡ ᠵᠢᠨ ᠮᠠᠲ᠋ᠧᠷᠢᠶᠠᠯ ᠵᠶ᠋ᠡᠨ ᠬᠠᠭᠤᠯᠪᠤᠷᠢᠯᠠᠨ ᠠᠪᠬᠤ ᠱᠠᠭ᠋ᠠᠷᠳᠠᠯᠭ᠎ᠠ ᠪᠠᠢ᠌ᠪᠠᠯ ᠂  ᠡᠮᠴᠢᠯᠡᠭᠡᠨ᠎ᠤ ᠪᠠᠢ᠌ᠭᠤᠯᠤᠮᠵᠢ᠎ᠨᠢ  ᠬᠠᠭᠤᠯᠪᠤᠷᠢᠯᠠᠬᠤ ᠦᠢ᠍ᠯᠡᠴᠢᠯᠡᠭᠡ ᠬᠠᠩᠭ᠋ᠠᠬᠤ ᠵᠢᠨ ᠬᠠᠮᠲᠤ ᠬᠠᠭᠤᠯᠪᠤᠷᠢᠯᠠᠭᠰᠠᠨ ᠡᠪᠡᠳᠴᠢᠨ᠎ᠤ ᠲᠡᠦᠬᠡ ᠵᠢᠨ ᠮᠠᠲ᠋ᠧᠷᠢᠶᠠᠯ ᠳᠡᠭᠡᠷ᠎ᠡ ᠭᠡᠷᠡᠴᠢ ᠲᠠᠮᠠᠭ᠎ᠠ᠎ᠪᠠᠨ ᠳᠠᠷᠤᠬᠤ ᠬᠡᠷᠡᠭᠲᠡᠢ ᠃  ᠡᠪᠡᠳᠴᠢᠨ᠎ᠤ ᠲᠡᠦᠬᠡ ᠵᠢᠨ ᠮᠠᠲ᠋ᠧᠷᠢᠶᠠᠯ᠎ᠢ ᠬᠠᠭᠤᠯᠪᠤᠷᠢᠯᠠᠬᠤ᠎ᠳᠤ ᠡᠪᠡᠳᠴᠢᠲᠡᠨ ᠪᠤᠶᠤ ᠲᠡᠭᠦᠨ᠎ᠤ ᠣᠢ᠌ᠷ᠎ᠠ ᠲᠥᠷᠥᠯ ᠰᠠᠳᠤᠨ᠎ᠨᠢ  ᠲᠤᠬᠠᠢ ᠵᠢᠨ ᠲᠠᠯᠠᠪᠠᠢ᠎ᠳᠤ ᠪᠠᠢ᠌ᠬᠤ ᠬᠡᠷᠡᠭᠲᠡᠢ ᠃  ᠡᠪᠡᠳᠴᠢᠲᠡᠨ᠎ᠤ ᠱᠠᠭ᠋ᠠᠷᠳᠠᠯᠭ᠎ᠠ᠎ᠪᠠᠷ ᠲᠡᠭᠦᠨ᠎ᠳᠤ ᠡᠪᠡᠳᠴᠢᠨ᠎ᠤ ᠲᠡᠦᠬᠡ ᠵᠢᠨ ᠮᠠᠲ᠋ᠧᠷᠢᠶᠠᠯ᠎ᠢ ᠬᠠᠭᠤᠯᠪᠤᠷᠢᠯᠠᠨ ᠥᠭᠬᠦ᠎ᠳᠤ ᠬᠥᠯᠥᠰᠦ ᠥᠷᠲᠡᠭ᠎ᠤᠨ ᠵᠠᠷᠤᠳᠠᠯ ᠬᠤᠷᠢᠶᠠᠵᠤ ᠪᠣᠯᠣᠨ᠎ᠠ ᠂  ᠵᠠᠷᠤᠳᠠᠯ ᠬᠤᠷᠢᠶᠠᠬᠤ ᠪᠠᠷᠢᠮᠵᠢᠶ᠎ᠠ᠎ᠪᠠᠨ ᠢᠯᠡ ᠪᠣᠯᠭ᠋ᠠᠬᠤ ᠬᠡᠷᠡᠭᠲᠡᠢ ᠃ 

       ᠡᠪᠡᠳᠴᠢᠲᠡᠨ ᠨᠠᠰᠤ ᠪᠠᠷᠠᠭᠰᠠᠨ ᠪᠠᠢ᠌ᠪᠠᠯ ᠲᠡᠭᠦᠨ᠎ᠤ ᠣᠢ᠌ᠷ᠎ᠠ ᠲᠥᠷᠥᠯ ᠰᠠᠳᠤᠨ᠎ᠨᠢ  ᠬᠠᠤᠯᠢ ᠶᠣᠰᠣᠭ᠋ᠠᠷ ᠡᠪᠡᠳᠴᠢᠨ᠎ᠤ ᠲᠡᠦᠬᠡ ᠵᠢᠨ ᠮᠠᠲ᠋ᠧᠷᠢᠶᠠᠯ᠎ᠢ ᠪᠠᠢ᠌ᠴᠠᠭ᠋ᠠᠨ ᠦᠵᠡᠬᠦ ᠪᠠ ᠬᠠᠭᠤᠯᠪᠤᠷᠢᠯᠠᠨ ᠠᠪᠴᠤ ᠪᠣᠯᠣᠨ᠎ᠠ ᠃

       ᠬᠣᠷᠢᠨ ᠭᠤᠷᠪᠠᠳᠤᠭ᠋ᠠᠷ ᠵᠦᠢ᠍ᠯ    ᠡᠪᠡᠳᠴᠢᠲᠡᠨ ᠪᠠ ᠲᠡᠭᠦᠨ᠎ᠤ ᠣᠢ᠌ᠷ᠎ᠠ ᠲᠥᠷᠥᠯ ᠰᠠᠳᠤᠨ᠎ᠨᠢ  ᠳᠣᠣᠷ᠎ᠠ ᠵᠢᠭᠰᠠᠭ᠋ᠠᠭᠰᠠᠨ ᠲᠣᠭᠲᠠᠭ᠋ᠠᠯ᠎ᠢ ᠵᠢᠷᠤᠮᠯᠠᠬᠤ ᠬᠡᠷᠡᠭᠲᠡᠢ ᠄

      (ᠨᠢᠭᠡ )  ᠡᠮᠴᠢᠯᠡᠭᠡᠨ᠎ᠤ ᠡᠮᠬᠢ ᠵᠢᠷᠤᠮ ᠪᠠ ᠡᠮᠴᠢᠯᠡᠭᠡᠨ᠎ᠤ ᠪᠠᠢ᠌ᠭᠤᠯᠤᠮᠵᠢ ᠵᠢᠨ ᠬᠣᠯᠪᠣᠭᠳᠠᠯ ᠪᠦᠬᠦᠢ ᠡᠪᠡᠳᠴᠢᠨ ᠦᠵᠡᠬᠦᠯᠬᠦ ᠂  ᠡᠮᠨᠡᠨ ᠵᠠᠰᠠᠬᠤ ᠂  ᠪᠠᠢ᠌ᠴᠠᠭ᠋ᠠᠬᠤ ᠲᠤᠬᠠᠢ ᠲᠣᠭᠲᠠᠭ᠋ᠠᠯ᠎ᠢ ᠵᠢᠷᠤᠮᠯᠠᠨ᠎ᠠ;

      (ᠬᠣᠶᠠᠷ )  ᠡᠪᠡᠳᠴᠢᠨ᠎ᠤ ᠪᠠᠢ᠌ᠳᠠᠯ᠎ᠯᠤᠭ᠎ᠠ ᠬᠣᠯᠪᠣᠭᠳᠠᠯ ᠪᠦᠬᠦᠢ ᠮᠡᠳᠡᠭᠡ ᠵᠠᠩᠭᠢ ᠵᠢ ᠦᠨᠡᠨ ᠮᠥᠨ ᠵᠶ᠋ᠠᠷ ᠬᠠᠩᠭ᠋ᠠᠵᠤ ᠂  ᠡᠮᠨᠡᠯᠭᠡ ᠵᠢᠨ ᠠᠵᠢᠯᠲᠠᠨ᠎ᠤ ᠣᠨᠣᠰᠢᠯᠠᠨ ᠡᠮᠨᠡᠬᠦ ᠠᠵᠢᠯᠯᠠᠭ᠎ᠠ ᠥᠷᠨᠢᠭᠦᠯᠬᠦ᠎ᠳᠤ ᠬᠠᠮᠵᠢᠯᠴᠠᠨ᠎ᠠ;

      (ᠭᠤᠷᠪᠠ )  ᠡᠮᠴᠢᠯᠡᠭᠡᠨ᠎ᠤ ᠵᠠᠷᠤᠳᠠᠯ᠎ᠢ ᠲᠣᠭᠲᠠᠭ᠋ᠠᠯ ᠶᠣᠰᠣᠭ᠋ᠠᠷ ᠴᠠᠭ ᠲᠤᠬᠠᠢ᠎ᠳᠤ᠎ᠨᠢ  ᠲᠥᠯᠥᠨ᠎ᠡ;

      (ᠳᠥᠷᠪᠡ )  ᠡᠮᠴᠢᠯᠡᠭᠡᠨ᠎ᠤ ᠠᠵᠢᠯᠯᠠᠭ᠎ᠠ᠎ᠳᠤ ᠣᠨᠳᠣᠣ ᠰᠠᠨᠠᠯ ᠪᠤᠶᠤ ᠮᠠᠷᠭᠤᠭ᠋ᠠᠨ᠎ᠲᠠᠢ ᠪᠠᠢ᠌ᠪᠠᠯ ᠂  ᠬᠠᠤᠯᠢ ᠶᠣᠰᠣᠭ᠋ᠠᠷ ᠰᠠᠨᠠᠯ ᠪᠠ ᠬᠦᠰᠡᠯ ᠱᠠᠭ᠋ᠠᠷᠳᠠᠯᠭ᠎ᠠ᠎ᠪᠠᠨ ᠢᠯᠡᠳᠬᠡᠨ᠎ᠡ;

      (ᠲᠠᠪᠤ )  ᠣᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ᠎ᠤᠨ ᠭᠡᠨᠡᠳᠲᠡ ᠵᠢᠨ ᠬᠡᠷᠡᠭ᠎ᠤᠨ ᠳᠤᠮᠳᠠ ᠲᠤᠰᠠᠭ᠋ᠠᠷᠯᠠᠨ ᠡᠮᠨᠡᠬᠦ ᠂  ᠠᠨᠠᠭ᠋ᠠᠬᠤ ᠤᠬᠠᠭ᠋ᠠᠨ᠎ᠤ ᠠᠵᠢᠭᠯᠠᠯᠲᠠ ᠬᠢᠬᠦ ᠵᠡᠷᠭᠡ ᠠᠷᠭ᠎ᠠ ᠬᠡᠮᠵᠢᠶ᠎ᠡ ᠵᠢ ᠬᠦᠯᠢᠶᠡᠨ ᠠᠪᠬᠤ ᠴᠢᠬᠤᠯᠠᠲᠠᠢ ᠪᠠᠢ᠌ᠪᠠᠯ ᠂  ᠬᠠᠮᠵᠢᠯᠴᠠᠬᠤ ᠬᠡᠷᠡᠭᠲᠡᠢ;

      (ᠵᠢᠷᠭᠤᠭ᠎ᠠ )  ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠪᠤᠰᠤᠳ ᠪᠠᠢ᠌ᠳᠠᠯ ᠃

ᠭᠤᠷᠪᠠᠳᠤᠭ᠋ᠠᠷ ᠪᠦᠯᠦᠭ    ᠡᠮᠴᠢᠯᠡᠭᠡᠨ᠎ᠤ ᠵᠠᠭᠤᠷᠠᠯᠳᠤᠭ᠋ᠠᠨ᠎ᠢ ᠰᠢᠢ᠍ᠳᠪᠦᠷᠢᠯᠡᠬᠦ

       ᠬᠣᠷᠢᠨ ᠳᠥᠷᠪᠡᠳᠦᠭᠡᠷ ᠵᠦᠢ᠍ᠯ    ᠡᠮᠴᠢᠯᠡᠭᠡᠨ᠎ᠤ ᠵᠠᠭᠤᠷᠠᠯᠳᠤᠭ᠋ᠠᠨ ᠭᠠᠷᠪᠠᠯ ᠂  ᠡᠮᠴᠢ ᠪᠠ ᠡᠪᠡᠳᠴᠢᠲᠡᠨ ᠬᠣᠶᠠᠷ ᠲᠠᠯ᠎ᠠ᠎ᠪᠠᠷ ᠵᠶ᠋ᠠᠨ ᠳᠣᠣᠷ᠎ᠠ ᠵᠢᠭᠰᠠᠭ᠋ᠠᠭᠰᠠᠨ ᠠᠷᠭ᠎ᠠ ᠵᠠᠮ ᠵᠶ᠋ᠠᠷ ᠳᠠᠮᠵᠢᠭᠤᠯᠤᠨ ᠰᠢᠢ᠍ᠳᠪᠦᠷᠢᠯᠡᠵᠦ ᠪᠣᠯᠣᠨ᠎ᠠ ᠄

      (ᠨᠢᠭᠡ )  ᠬᠣᠶᠠᠷ ᠲᠠᠯ᠎ᠠ᠎ᠪᠠᠷ ᠵᠶ᠋ᠠᠨ ᠰᠠᠢ᠌ᠨ ᠳᠤᠷ᠎ᠠ᠎ᠠᠴᠠ᠎ᠪᠠᠨ ᠵᠥᠪᠳᠡᠯᠴᠡᠬᠦ;

      (ᠬᠣᠶᠠᠷ )  ᠠᠷᠠᠳ᠎ᠤᠨ ᠡᠶᠡᠳᠡᠭᠦᠯᠭᠡ ᠬᠢᠯᠭᠡᠬᠦ᠎ᠪᠠᠷ ᠭᠤᠶᠤᠴᠢᠯᠠᠬᠤ;

      (ᠭᠤᠷᠪᠠ )  ᠵᠠᠰᠠᠭ ᠵᠠᠬᠢᠷᠭ᠋ᠠᠨ᠎ᠤ ᠡᠶᠡᠳᠡᠭᠦᠯᠭᠡ ᠬᠢᠯᠭᠡᠬᠦ᠎ᠪᠠᠷ ᠭᠤᠶᠤᠴᠢᠯᠠᠬᠤ;

      (ᠳᠥᠷᠪᠡ )  ᠠᠷᠠᠳ᠎ᠤᠨ ᠰᠢᠭᠦᠬᠦ ᠬᠣᠷᠢᠶᠠᠨ᠎ᠳᠤ ᠵᠠᠭ᠋ᠠᠯᠳᠤᠯᠭ᠎ᠠ ᠭᠠᠷᠭ᠋ᠠᠬᠤ;

      (ᠲᠠᠪᠤ )  ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠪᠤᠰᠤᠳ ᠠᠷᠭ᠎ᠠ ᠵᠠᠮ ᠵᠶ᠋ᠠᠷ ᠰᠢᠢ᠍ᠳᠪᠦᠷᠢᠯᠡᠬᠦ ᠃

       ᠬᠣᠷᠢᠨ ᠲᠠᠪᠤᠳᠤᠭ᠋ᠠᠷ ᠵᠦᠢ᠍ᠯ    ᠡᠮᠴᠢᠯᠡᠭᠡᠨ᠎ᠤ ᠵᠠᠭᠤᠷᠠᠯᠳᠤᠭ᠋ᠠᠨ ᠭᠠᠷᠪᠠᠯ ᠂  ᠡᠮᠴᠢᠯᠡᠭᠡᠨ᠎ᠤ ᠪᠠᠢ᠌ᠭᠤᠯᠤᠮᠵᠢ᠎ᠨᠤᠭᠤᠳ ᠳᠣᠣᠷ᠎ᠠ ᠵᠢᠭᠰᠠᠭ᠋ᠠᠭᠰᠠᠨ ᠠᠷᠭ᠎ᠠ ᠬᠡᠮᠵᠢᠶ᠎ᠡ ᠠᠪᠴᠤ ᠰᠢᠢ᠍ᠳᠪᠦᠷᠢᠯᠡᠬᠦ ᠬᠡᠷᠡᠭᠲᠡᠢ ᠄

      (ᠨᠢᠭᠡ )  ᠡᠪᠡᠳᠴᠢᠲᠡᠨ ᠪᠤᠶᠤ ᠲᠡᠭᠦᠨ᠎ᠤ ᠣᠢ᠌ᠷ᠎ᠠ ᠲᠥᠷᠥᠯ ᠰᠠᠳᠤᠨ᠎ᠤ ᠰᠠᠨᠠᠯ᠎ᠢ ᠰᠣᠨᠣᠰᠴᠤ ᠂  ᠲᠡᠭᠦᠨ᠎ᠳᠤ ᠡᠮᠴᠢᠯᠡᠭᠡᠨ᠎ᠤ ᠵᠠᠭᠤᠷᠠᠯᠳᠤᠭ᠋ᠠᠨ᠎ᠢ ᠰᠢᠢ᠍ᠳᠪᠦᠷᠢᠯᠡᠬᠦ ᠠᠷᠭ᠎ᠠ ᠵᠠᠮ ᠪᠠ ᠳᠡᠰ ᠳᠠᠷᠠᠭ᠋ᠠᠯᠠᠯ᠎ᠢ ᠮᠡᠳᠡᠭᠳᠡᠵᠦ ᠂  ᠬᠠᠮᠢᠶ᠎ᠠ ᠪᠦᠬᠦᠢ ᠯᠠᠪᠯᠠᠯᠲᠠ ᠪᠠ ᠮᠠᠳᠠᠭ᠎ᠲᠠᠢ  ᠵᠦᠢ᠍ᠯ᠎ᠳᠤ᠎ᠨᠢ  ᠬᠠᠷᠢᠭᠤᠯᠲᠠ ᠥᠭᠴᠦ ᠂  ᠲᠡᠭᠦᠨ᠎ᠢ ᠬᠥᠲᠥᠯᠥᠨ ᠵᠢᠯᠤᠭᠣᠳᠴᠤ ᠪᠠᠢ᠌ᠭ᠋ᠠᠳ ᠬᠠᠤᠯᠢ ᠶᠣᠰᠣᠭ᠋ᠠᠷ ᠵᠠᠭᠤᠷᠠᠯᠳᠤᠭ᠋ᠠᠨ᠎ᠢ ᠰᠢᠢ᠍ᠳᠪᠦᠷᠢᠯᠡᠭᠦᠯᠦᠨ᠎ᠡ;

      (ᠬᠣᠶᠠᠷ )  ᠡᠪᠡᠳᠴᠢᠲᠡᠨ ᠪᠤᠶᠤ ᠲᠡᠭᠦᠨ᠎ᠤ ᠣᠢ᠌ᠷ᠎ᠠ ᠲᠦᠷᠤᠯ ᠰᠠᠳᠤᠨ᠎ᠳᠤ ᠡᠪᠡᠳᠴᠢᠨ᠎ᠤ ᠲᠡᠦᠬᠡ ᠵᠢᠨ ᠮᠠᠲ᠋ᠧᠷᠢᠶᠠᠯ᠎ᠢ ᠪᠠᠢ᠌ᠴᠠᠭ᠋ᠠᠨ ᠦᠵᠡᠬᠦ ᠂  ᠬᠠᠭᠤᠯᠪᠤᠷᠢᠯᠠᠬᠤ ᠂  ᠪᠢᠲᠡᠭᠦᠮᠵᠢᠯᠡᠨ ᠬᠠᠳᠠᠭ᠋ᠠᠯᠠᠬᠤ ᠂  ᠪᠢᠲᠡᠭᠦᠮᠵᠢ ᠨᠡᠭᠡᠭᠡᠬᠦ ᠲᠤᠬᠠᠢ ᠬᠣᠯᠪᠣᠭᠳᠠᠯ ᠪᠦᠬᠦᠢ ᠲᠣᠭᠲᠠᠭ᠋ᠠᠯ᠎ᠢ ᠮᠡᠳᠡᠭᠳᠡᠨ᠎ᠡ;

      (ᠭᠤᠷᠪᠠ )  ᠡᠪᠡᠳᠴᠢᠲᠡᠨ ᠪᠤᠶᠤ ᠲᠡᠭᠦᠨ᠎ᠤ ᠣᠢ᠌ᠷ᠎ᠠ ᠲᠥᠷᠥᠯ ᠰᠠᠳᠤᠨ᠎ᠳᠤ ᠲᠤᠬᠠᠢ ᠵᠢᠨ ᠲᠠᠯᠠᠪᠠᠢ᠎ᠳᠤ ᠪᠣᠳᠠᠲᠤ ᠶᠠᠭᠤᠮ᠎ᠠ ᠵᠢ ᠪᠢᠲᠡᠭᠦᠮᠵᠢᠯᠡᠬᠦ ᠪᠠ ᠪᠢᠲᠡᠭᠦᠮᠵᠢ ᠨᠡᠭᠡᠭᠡᠬᠦ ᠲᠤᠬᠠᠢ ᠬᠣᠯᠪᠣᠭᠳᠠᠯ ᠪᠦᠬᠦᠢ ᠲᠣᠭᠲᠠᠭ᠋ᠠᠯ᠎ᠢ ᠮᠡᠳᠡᠭᠳᠡᠨ᠎ᠡ;

      (ᠳᠥᠷᠪᠡ )  ᠡᠪᠡᠳᠴᠢᠲᠡᠨ ᠨᠠᠰᠤ ᠪᠠᠷᠠᠭᠰᠠᠨ ᠪᠠᠢ᠌ᠪᠠᠯ ᠣᠢ᠌ᠷ᠎ᠠ ᠲᠥᠷᠥᠯ ᠰᠠᠳᠤᠨ᠎ᠳᠤ᠎ᠨᠢ  ᠬᠡᠭᠦᠷ ᠰᠢᠯᠭ᠋ᠠᠨ ᠪᠠᠢ᠌ᠴᠠᠭ᠋ᠠᠬᠤ ᠬᠣᠯᠪᠣᠭᠳᠠᠯ ᠪᠦᠬᠦᠢ ᠲᠣᠭᠲᠠᠭ᠋ᠠᠯ᠎ᠢ ᠮᠡᠳᠡᠭᠳᠡᠨ᠎ᠡ;

      (ᠲᠠᠪᠤ )  ᠴᠢᠬᠤᠯᠠᠲᠠᠢ ᠦᠶ᠎ᠡ᠎ᠳᠤ ᠲᠤᠰᠬᠠᠢ ᠮᠡᠷᠭᠡᠵᠢᠯᠲᠡᠨ᠎ᠢ ᠵᠣᠬᠢᠶᠠᠨ ᠪᠠᠢ᠌ᠭᠤᠯᠵᠤ ᠬᠠᠮᠲᠤᠷᠠᠨ ᠣᠨᠣᠰᠢᠯᠠᠬᠤ ᠵᠢᠨ ᠬᠠᠮᠲᠤ ᠲᠤᠰᠬᠠᠢ ᠮᠡᠷᠭᠡᠵᠢᠯᠲᠡᠨ᠎ᠤ ᠬᠠᠮᠲᠤᠷᠠᠨ ᠣᠨᠣᠰᠢᠯᠠᠭᠰᠠᠨ ᠰᠠᠨᠠᠯ᠎ᠢ ᠡᠪᠡᠳᠴᠢᠲᠡᠨ ᠪᠤᠶᠤ ᠲᠡᠭᠦᠨ᠎ᠤ ᠣᠢ᠌ᠷ᠎ᠠ ᠲᠦᠷᠦᠯ ᠰᠠᠳᠤᠨ᠎ᠳᠤ᠎ᠨᠢ  ᠮᠡᠳᠡᠭᠳᠡᠨ᠎ᠡ;

      (ᠵᠢᠷᠭᠤᠭ᠎ᠠ )  ᠡᠮᠴᠢᠯᠡᠭᠡᠨ᠎ᠤ ᠵᠠᠭᠤᠷᠠᠯᠳᠤᠭ᠋ᠠᠨ᠎ᠤ ᠪᠠᠴᠢᠮ ᠪᠠᠢ᠌ᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠪᠡᠯᠡᠳᠬᠡᠯ ᠲᠥᠰᠥᠯ᠎ᠢ ᠡᠬᠢᠯᠡᠭᠦᠯᠬᠦ ᠴᠢᠬᠤᠯᠠᠲᠠᠢ ᠪᠠᠢ᠌ᠪᠠᠯ ᠂  ᠬᠠᠮᠢᠶ᠎ᠠ ᠪᠦᠬᠦᠢ ᠲᠣᠭᠲᠠᠭ᠋ᠠᠯ ᠶᠣᠰᠣᠭ᠋ᠠᠷ ᠠᠷᠭ᠎ᠠ ᠬᠡᠮᠵᠢᠶ᠎ᠡ ᠠᠪᠬᠤ ᠵᠢᠨ ᠬᠠᠮᠲᠤ ᠪᠠᠢ᠌ᠭ᠎ᠠ ᠭᠠᠵᠠᠷ᠎ᠤᠨ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠲᠤ ᠴᠠᠭ ᠲᠤᠬᠠᠢ᠎ᠳᠤ᠎ᠨᠢ  ᠮᠡᠳᠡᠭᠦᠯᠬᠦ ᠬᠡᠷᠡᠭᠲᠡᠢ;

      (ᠳᠣᠯᠣᠭ᠎ᠠ )  ᠡᠷᠡᠭᠦᠯ ᠬᠠᠮᠠᠭ᠋ᠠᠯᠠᠯ ᠡᠷᠡᠭᠦᠯ ᠮᠡᠨᠳᠦ ᠂  ᠳᠣᠲᠣᠭ᠋ᠠᠳᠤ ᠵᠢ ᠬᠠᠮᠠᠭ᠋ᠠᠯᠠᠬᠤ ᠵᠡᠷᠭᠡ ᠰᠠᠯᠠᠭ᠎ᠠ ᠮᠥᠴᠢᠷ ᠵᠢᠴᠢ ᠬᠠᠮᠢᠶ᠎ᠠ ᠪᠦᠬᠦᠢ ᠨᠢᠭᠡᠴᠢ᠎ᠯᠦᠭᠡ ᠬᠠᠮᠵᠢᠯᠴᠠᠨ ᠪᠠᠢ᠌ᠴᠠᠭ᠋ᠠᠯᠲᠠ ᠬᠢᠵᠦ ᠭᠡᠷᠡᠴᠢ ᠠᠪᠬᠤ ᠪᠠ ᠵᠠᠭᠤᠷᠠᠯᠳᠤᠭ᠋ᠠᠨ᠎ᠢ ᠰᠢᠢ᠍ᠳᠪᠦᠷᠢᠯᠡᠬᠦ ᠠᠵᠢᠯ᠎ᠢ ᠰᠠᠢ᠌ᠲᠤᠷ ᠬᠢᠨ᠎ᠡ ᠃

       ᠬᠣᠷᠢᠨ ᠵᠢᠷᠭᠤᠳᠤᠭ᠋ᠠᠷ ᠵᠦᠢ᠍ᠯ    ᠬᠦᠨᠳᠦ ᠬᠡᠴᠡᠭᠦᠦ ᠡᠮᠴᠢᠯᠡᠭᠡᠨ᠎ᠤ ᠵᠠᠭᠤᠷᠠᠯᠳᠤᠭ᠋ᠠᠨ ᠭᠠᠷᠤᠭᠰᠠᠨ ᠪᠠᠢ᠌ᠪᠠᠯ ᠂  ᠡᠮᠴᠢᠯᠡᠭᠡᠨ᠎ᠤ ᠪᠠᠢ᠌ᠭᠤᠯᠤᠮᠵᠢ᠎ᠨᠢ  ᠪᠠᠴᠢᠮ ᠪᠠᠢ᠌ᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠪᠡᠯᠡᠳᠬᠡᠯ ᠲᠥᠰᠥᠯ ᠵᠶ᠋ᠠᠨ ᠲᠡᠷᠡ ᠳᠠᠷᠤᠢ ᠡᠬᠢᠯᠡᠭᠦᠯᠵᠦ ᠂  ᠲᠣᠭᠲᠠᠭ᠋ᠠᠯ ᠶᠣᠰᠣᠭ᠋ᠠᠷ ᠬᠠᠷᠢᠶ᠎ᠠ ᠭᠠᠵᠠᠷ᠎ᠤᠨ ᠬᠣᠰᠢᠭᠤ ᠰᠢᠶᠠᠨ᠎ᠤ ᠱᠠᠲᠤ ᠪᠠ ᠠᠢ᠌ᠮᠠᠭ ᠬᠤᠲᠠ ᠵᠢᠨ ᠱᠠᠲᠤᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠲᠤ ᠮᠡᠳᠡᠭᠦᠯᠬᠦ ᠬᠡᠷᠡᠭᠲᠡᠢ ᠃  ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ  ᠮᠡᠳᠡᠭᠦᠯᠦᠯᠲᠡ ᠵᠢ ᠣᠯᠣᠭᠰᠠᠨ᠎ᠤ ᠳᠠᠷᠠᠭ᠎ᠠ ᠂  ᠴᠠᠭ ᠲᠤᠬᠠᠢ᠎ᠳᠤ᠎ᠨᠢ  ᠬᠥᠮᠥᠨ ᠲᠣᠮᠢᠯᠠᠨ ᠲᠤᠬᠠᠢ ᠵᠢᠨ ᠲᠠᠯᠠᠪᠠᠢ᠎ᠳᠤ ᠣᠴᠢᠭᠤᠯᠤᠨ ᠪᠠᠢ᠌ᠳᠠᠯ᠎ᠢ ᠣᠢ᠌ᠯᠠᠭ᠋ᠠᠨ ᠡᠵᠡᠮᠰᠢᠭᠦᠯᠵᠦ ᠂  ᠡᠮᠴᠢ ᠪᠠ ᠡᠪᠡᠳᠴᠢᠲᠡᠨ ᠬᠣᠶᠠᠷ ᠲᠠᠯ᠎ᠠ ᠵᠢ ᠬᠥᠲᠥᠯᠥᠨ ᠵᠢᠯᠤᠭᠣᠳᠴᠤ ᠪᠠᠢ᠌ᠭ᠋ᠠᠳ ᠬᠠᠤᠯᠢ ᠶᠣᠰᠣᠨ᠎ᠤ ᠠᠷᠭ᠎ᠠ ᠵᠠᠮ ᠵᠶ᠋ᠠᠷ ᠳᠠᠮᠵᠢᠭᠤᠯᠤᠨ ᠵᠠᠭᠤᠷᠠᠯᠳᠤᠭ᠋ᠠᠨ᠎ᠢ ᠰᠢᠢ᠍ᠳᠪᠦᠷᠢᠯᠡᠬᠦ ᠵᠢᠨ ᠬᠠᠮᠲᠤ ᠳᠣᠣᠷ᠎ᠠ ᠵᠢᠭᠰᠠᠭ᠋ᠠᠭᠰᠠᠨ ᠠᠷᠭ᠎ᠠ ᠬᠡᠮᠵᠢᠶ᠎ᠡ ᠵᠢ ᠠᠪᠬᠤ ᠬᠡᠷᠡᠭᠲᠡᠢ ᠄ 

      (ᠨᠢᠭᠡ )  ᠡᠮᠴᠢᠯᠡᠭᠡᠨ᠎ᠤ ᠪᠠᠢ᠌ᠭᠤᠯᠤᠮᠵᠢ ᠵᠢ ᠵᠢᠯᠣᠭᠣᠳᠤᠨ ᠰᠢᠮᠳᠠᠭᠤᠯᠵᠤ ᠪᠠᠢ᠌ᠭ᠋ᠠᠳ ᠲᠡᠷᠡ ᠳᠠᠷᠤᠢ᠎ᠳᠤ᠎ᠨᠢ  ᠠᠷᠭ᠎ᠠ ᠬᠡᠮᠵᠢᠶ᠎ᠡ ᠠᠪᠤᠭᠤᠯᠵᠤ ᠂  ᠬᠡᠷᠡᠭ ᠶᠡᠬᠡᠳᠬᠦ᠎ᠠᠴᠠ ᠰᠡᠷᠭᠡᠢ᠌ᠯᠡᠨ᠎ᠡ;

      (ᠬᠣᠶᠠᠷ )  ᠠᠵᠢᠯᠲᠠᠨ ᠵᠣᠬᠢᠶᠠᠨ ᠪᠠᠢ᠌ᠭᠤᠯᠤᠨ ᠲᠤᠬᠠᠢ ᠵᠢᠨ ᠲᠠᠯᠠᠪᠠᠢ᠎ᠳᠤ ᠣᠴᠢᠭᠤᠯᠵᠤ ᠳᠣᠲᠣᠭ᠋ᠠᠳᠤ ᠵᠢ ᠬᠠᠮᠠᠭ᠋ᠠᠯᠠᠬᠤ ᠵᠡᠷᠭᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠯᠦᠭᠡ ᠬᠠᠮᠵᠢᠯᠴᠠᠨ ᠲᠤᠬᠠᠢ ᠵᠢᠨ ᠲᠠᠯᠠᠪᠠᠢ᠎ᠳᠤ ᠰᠢᠢ᠍ᠳᠪᠦᠷᠢᠯᠡᠬᠦ ᠠᠵᠢᠯ᠎ᠢ ᠰᠠᠢ᠌ᠲᠤᠷ ᠬᠢᠬᠦ ᠬᠡᠷᠡᠭᠲᠡᠢ;

      (ᠭᠤᠷᠪᠠ )  ᠨᠡᠪᠲᠡᠷᠡᠯᠴᠡᠨ ᠣᠢ᠌ᠯᠠᠭ᠋ᠠᠯᠴᠠᠵᠤ ᠵᠠᠯᠠᠵᠤ ᠵᠢᠯᠤᠭᠣᠳᠬᠤ ᠵᠡᠷᠭᠡ ᠠᠵᠢᠯ᠎ᠢ ᠥᠷᠨᠢᠭᠦᠯᠵᠦ ᠂  ᠡᠮᠴᠢ ᠪᠠ ᠡᠪᠡᠳᠴᠢᠲᠡᠨ ᠬᠣᠶᠠᠷ ᠲᠠᠯ᠎ᠠ ᠵᠢ ᠬᠥᠲᠥᠯᠥᠨ ᠵᠢᠯᠤᠭᠣᠳᠴᠤ ᠪᠠᠢ᠌ᠭ᠋ᠠᠳ ᠬᠠᠤᠯᠢ ᠶᠣᠰᠣᠨ᠎ᠤ ᠠᠷᠭ᠎ᠠ ᠵᠠᠮ ᠵᠶ᠋ᠠᠷ ᠵᠠᠭᠤᠷᠠᠯᠳᠤᠭ᠋ᠠᠨ᠎ᠢ ᠰᠢᠢ᠍ᠳᠪᠦᠷᠢᠯᠡᠭᠦᠯᠦᠨ᠎ᠡ ᠃

       ᠬᠣᠷᠢᠨ ᠳᠣᠯᠣᠳᠤᠭ᠋ᠠᠷ ᠵᠦᠢ᠍ᠯ    ᠡᠮᠴᠢ ᠪᠠ ᠡᠪᠡᠳᠴᠢᠲᠡᠨ ᠬᠣᠶᠠᠷ ᠲᠠᠯ᠎ᠠ᠎ᠨᠢ  ᠡᠮᠴᠢᠯᠡᠭᠡᠨ᠎ᠤ ᠡᠮᠬᠢ ᠵᠢᠷᠤᠮ᠎ᠢ ᠬᠠᠤᠯᠢ ᠶᠣᠰᠣᠭ᠋ᠠᠷ ᠬᠠᠮᠠᠭ᠋ᠠᠯᠠᠬᠤ ᠬᠡᠷᠡᠭᠲᠡᠢ ᠃  ᠶᠠᠮᠠᠷᠪᠠ ᠨᠢᠭᠡᠴᠢ ᠪᠠ ᠬᠤᠪᠢ ᠬᠥᠮᠥᠨ ᠭᠡᠳ ᠳᠣᠣᠷ᠎ᠠ ᠵᠢᠭᠰᠠᠭ᠋ᠠᠭᠰᠠᠨ ᠦᠢ᠍ᠯᠡ ᠠᠵᠢᠯᠯᠠᠭ᠎ᠠ᠎ᠲᠠᠢ  ᠪᠠᠢ᠌ᠵᠤ ᠂  ᠡᠪᠡᠳᠴᠢᠲᠡᠨ ᠪᠠ ᠡᠮᠨᠡᠯᠭᠡ ᠵᠢᠨ ᠠᠵᠢᠯᠲᠠᠨ᠎ᠤ ᠪᠡᠶ᠎ᠡ ᠵᠢᠨ ᠠᠮᠤᠷ ᠲᠦᠪᠰᠢᠨ᠎ᠳᠤ ᠬᠣᠣᠷ ᠬᠥᠨᠥᠭᠡᠯ ᠤᠴᠠᠷᠠᠭᠤᠯᠵᠤ ᠂  ᠡᠮᠴᠢᠯᠡᠭᠡᠨ᠎ᠤ ᠡᠮᠬᠢ ᠵᠢᠷᠤᠮ᠎ᠢ ᠰᠠᠮᠠᠭᠤᠷᠠᠭᠤᠯᠵᠤ ᠪᠣᠯᠬᠤ ᠦᠭᠡᠢ ᠄

      (ᠨᠢᠭᠡ )  ᠣᠯᠠᠭᠤᠯᠠ ᠴᠤᠭᠯᠠᠵᠤ ᠡᠮᠴᠢᠯᠡᠭᠡᠨ᠎ᠤ ᠪᠠᠢ᠌ᠭᠤᠯᠤᠮᠵᠢ ᠵᠢᠨ ᠣᠨᠣᠰᠢᠯᠠᠨ ᠡᠮᠨᠡᠬᠦ ᠂  ᠠᠯᠪᠠᠯᠠᠬᠤ ᠲᠠᠯᠠᠪᠤᠷ ᠭᠠᠵᠠᠷ᠎ᠢ ᠡᠵᠡᠯᠡᠬᠦ;

      (ᠬᠣᠶᠠᠷ )  ᠡᠮᠴᠢᠯᠡᠭᠡᠨ᠎ᠤ ᠪᠠᠢ᠌ᠭᠤᠯᠤᠮᠵᠢ᠎ᠳᠤ ᠬᠤᠪᠢ᠎ᠪᠠᠷ ᠵᠶ᠋ᠠᠨ ᠴᠢᠨᠳᠠᠷ᠎ᠤᠨ ᠲᠠᠩᠬᠢᠮ ᠭᠠᠷᠭ᠋ᠠᠬᠤ ᠂  ᠴᠠᠭ᠋ᠠᠷᠢᠭᠲᠤ ᠴᠡᠴᠡᠭ ᠲᠠᠯᠪᠢᠬᠤ ᠂  ᠳᠣᠶᠢᠩ᠎ᠤᠨ ᠵᠣᠭᠣᠰ ᠰᠢᠲᠠᠭ᠋ᠠᠬᠤ ᠂  ᠬᠥᠨᠳᠡᠯᠡᠨ ᠪᠢᠴᠢᠭᠡᠰᠦ ᠡᠯᠭᠦᠬᠦ ᠂  ᠲᠣᠮᠣ ᠵᠢᠵᠢᠭ ᠦᠰᠦᠭᠲᠦ ᠰᠣᠨᠢᠨ ᠨᠠᠭ᠋ᠠᠬᠤ ᠂  ᠤᠬᠠᠭᠤᠯᠭ᠎ᠠ ᠵᠢᠨ ᠬᠠᠭᠤᠳᠠᠰᠤ ᠲᠠᠷᠬᠠᠭ᠋ᠠᠬᠤ ᠂  ᠡᠭᠦᠳᠡ ᠬᠠᠭ᠋ᠠᠯᠭ᠎ᠠ ᠵᠢ ᠪᠥᠭᠯᠡᠬᠦ ᠪᠤᠶᠤ ᠪᠤᠰᠤᠳ ᠠᠷᠭ᠎ᠠ ᠮᠠᠶᠢᠭ ᠵᠶ᠋ᠠᠷ ᠡᠮᠴᠢᠯᠡᠭᠡᠨ᠎ᠤ ᠡᠮᠬᠢ ᠵᠢᠷᠤᠮ᠎ᠢ ᠰᠠᠮᠠᠭᠤᠷᠠᠭᠤᠯᠬᠤ;

      (ᠭᠤᠷᠪᠠ )  ᠡᠮᠴᠢᠯᠡᠭᠡᠨ᠎ᠤ ᠪᠠᠢ᠌ᠭᠤᠯᠤᠮᠵᠢ᠎ᠳᠤ ᠲᠣᠭᠲᠠᠭ᠋ᠠᠯ᠎ᠠᠴᠠ ᠵᠥᠷᠢᠴᠡᠨ ᠴᠢᠨᠳᠠᠷ ᠲᠠᠯᠪᠢᠵᠤ ᠂  ᠡᠮᠴᠢᠯᠡᠭᠡᠨ᠎ᠤ ᠡᠮᠬᠢ ᠵᠢᠷᠤᠮ᠎ᠢ ᠨᠥᠯᠥᠭᠡᠯᠡᠬᠦ;

       (ᠳᠥᠷᠪᠡ )  ᠡᠮᠨᠡᠯᠭᠡ ᠵᠢᠨ ᠠᠵᠢᠯᠲᠠᠨ᠎ᠢ ᠢᠯᠠᠨ ᠲᠠᠯᠠᠨ ᠦᠭᠡᠢ ᠳᠣᠷᠣᠮᠵᠢᠯᠠᠵᠤ ᠭᠤᠲᠤᠭ᠋ᠠᠬᠤ ᠂  ᠵᠦᠬᠡᠨ ᠬᠠᠷᠢᠶᠠᠬᠤ ᠂  ᠭᠦᠳᠬᠡᠬᠦ ᠂  ᠰᠦᠷᠳᠡᠭᠦᠯᠬᠦ ᠂  ᠠᠵᠢᠯ᠎ᠤᠨ ᠲᠠᠯᠠᠪᠤᠷ᠎ᠠᠴᠠ ᠭᠠᠷᠭ᠋ᠠᠬᠤ ᠦᠭᠡᠢ ᠵᠡᠷᠭᠡ ᠠᠷᠭ᠎ᠠ ᠮᠠᠶᠢᠭ ᠵᠶ᠋ᠠᠷ ᠡᠮᠨᠡᠯᠭᠡ ᠵᠢᠨ ᠠᠵᠢᠯᠲᠠᠨ᠎ᠤ ᠪᠡᠶ᠎ᠡ ᠵᠢᠨ ᠡᠷᠬᠡ ᠴᠢᠯᠦᠭᠡ ᠵᠢ ᠬᠠᠤᠯᠢ ᠪᠤᠰᠤ᠎ᠪᠠᠷ ᠬᠢᠵᠠᠭ᠋ᠠᠷᠯᠠᠵᠤ ᠂  ᠡᠮᠨᠡᠯᠭᠡ ᠵᠢᠨ ᠠᠵᠢᠯᠲᠠᠨ᠎ᠢ ᠵᠣᠳᠣᠬᠤ ᠂  ᠪᠡᠶ᠎ᠡ ᠮᠠᠬᠠᠪᠤᠳ᠎ᠢ᠎ᠨᠢ  ᠵᠣᠷᠢᠭᠤᠳᠠ ᠭᠡᠮᠲᠦᠭᠡᠬᠦ;

      (ᠲᠠᠪᠤ )  ᠫᠤᠤ ᠵᠡᠪᠰᠡᠭ ᠂  ᠰᠤᠮᠤ ᠳᠠᠷᠢ ᠂  ᠵᠠᠬᠢᠷᠤᠨ ᠬᠠᠮᠢᠶᠠᠷᠴᠤ ᠪᠠᠢ᠌ᠭ᠎ᠠ ᠢᠷᠲᠦ ᠪᠠᠭ᠋ᠠᠵᠢ ᠪᠤᠶᠤ ᠳᠡᠯᠪᠡᠷᠡᠬᠦ ᠴᠢᠨᠠᠷᠲᠠᠢ ᠂  ᠰᠠᠴᠤᠷᠠᠭ ᠢᠳᠡᠪᠬᠢ ᠴᠢᠨᠠᠷᠲᠠᠢ ᠂  ᠬᠣᠣᠷᠲᠤ ᠴᠢᠨᠠᠷᠲᠠᠢ ᠂  ᠢᠳᠡᠮᠡᠬᠡᠢ ᠴᠢᠨᠠᠷᠲᠠᠢ ᠵᠡᠷᠭᠡ ᠠᠶᠤᠯ᠎ᠲᠠᠢ  ᠪᠣᠳᠠᠰ᠎ᠢ ᠡᠮᠴᠢᠯᠡᠭᠡᠨ᠎ᠤ ᠪᠠᠢ᠌ᠭᠤᠯᠤᠮᠵᠢ᠎ᠳᠤ ᠬᠠᠤᠯᠢ ᠪᠤᠰᠤ᠎ᠪᠠᠷ ᠠᠪᠴᠤ ᠣᠷᠣᠬᠤ;

      (ᠵᠢᠷᠭᠤᠭ᠎ᠠ )  ᠬᠡᠷᠡᠭ᠎ᠢ ᠵᠣᠷᠢᠭᠤᠳᠠ ᠶᠡᠬᠡᠳᠬᠡᠬᠦ ᠂  ᠪᠤᠰᠤᠳ ᠬᠥᠮᠥᠨ᠎ᠢ ᠥᠳᠥᠭᠡᠵᠦ ᠂  ᠬᠠᠪᠰᠤᠷᠴᠤ ᠪᠠᠢ᠌ᠭ᠋ᠠᠳ ᠡᠮᠴᠢᠯᠡᠭᠡᠨ᠎ᠤ ᠪᠠᠢ᠌ᠭᠤᠯᠤᠮᠵᠢ ᠪᠤᠶᠤ ᠡᠮᠨᠡᠯᠭᠡ ᠵᠢᠨ ᠠᠵᠢᠯᠲᠠᠨ᠎ᠳᠤ ᠴᠢᠭᠯᠡᠭᠦᠯᠦᠭᠰᠡᠨ ᠬᠠᠤᠯᠢ ᠵᠢ ᠵᠥᠷᠢᠴᠡᠭᠰᠡᠨ ᠶᠠᠯᠠᠲᠤ ᠠᠵᠢᠯᠯᠠᠭ᠎ᠠ ᠬᠢᠬᠦ ᠂  ᠡᠰᠡᠬᠦᠯ᠎ᠡ ᠪᠤᠰᠤᠳ ᠬᠥᠮᠥᠨ᠎ᠤ ᠨᠠᠢ᠌ᠳᠠᠯᠭ᠎ᠠ᠎ᠪᠠᠷ ᠡᠮᠴᠢᠯᠡᠭᠡᠨ᠎ᠤ ᠵᠠᠭᠤᠷᠠᠯᠳᠤᠭ᠋ᠠᠨ᠎ᠢ ᠰᠢᠢ᠍ᠳᠪᠦᠷᠢᠯᠡᠬᠦ ᠨᠡᠷ᠎ᠡ᠎ᠪᠠᠷ ᠬᠢᠬᠠᠵᠤ ᠮᠥᠯᠵᠢᠬᠦ ᠂  ᠬᠡᠷᠡᠭ ᠥᠳᠥᠭᠡᠵᠦ ᠦᠢ᠍ᠮᠡᠭᠦᠯᠦᠭᠰᠡᠨ ᠵᠡᠷᠭᠡ ᠦᠢ᠍ᠯᠡ ᠠᠵᠢᠯᠯᠠᠭ᠎ᠠ᠎ᠲᠠᠢ  ᠪᠠᠢ᠌ᠬᠤ;

      (ᠳᠣᠯᠣᠭ᠎ᠠ )  ᠬᠤᠪᠢ ᠵᠢᠨ ᠵᠠᠭᠤᠴᠢᠯᠠᠭᠤᠷ ᠵᠡᠷᠭᠡ ᠵᠠᠭᠤᠴᠢ᠎ᠪᠠᠷ ᠳᠠᠮᠵᠢᠭᠤᠯᠤᠨ ᠪᠣᠳᠠᠲᠤ ᠬᠡᠷᠡᠭ᠎ᠢ ᠭᠠᠵᠢᠭᠤᠳᠠᠭᠤᠯᠤᠨ ᠂  ᠦᠨᠡᠨ ᠪᠣᠳᠠᠲᠠᠢ ᠪᠤᠰᠤ ᠦᠭᠡ ᠶᠠᠷᠢᠶ᠎ᠠ ᠵᠡᠷᠭᠡ ᠵᠢ ᠤᠯᠠᠮᠵᠢᠯᠠᠨ ᠲᠠᠷᠬᠠᠭ᠋ᠠᠵᠤ ᠂  ᠡᠮᠴᠢᠯᠡᠭᠡᠨ᠎ᠤ ᠪᠠᠢ᠌ᠭᠤᠯᠤᠮᠵᠢ ᠵᠢᠴᠢ ᠲᠡᠭᠦᠨ᠎ᠤ ᠡᠮᠨᠡᠯᠭᠡ ᠵᠢᠨ ᠠᠵᠢᠯᠲᠠᠨ᠎ᠢ ᠴᠤᠤᠷᠬᠠᠯ ᠲᠠᠯᠪᠢᠵᠤ ᠂  ᠭᠦᠳᠬᠡᠬᠦ;

      (ᠨᠠᠢ᠍ᠮᠠ )  ᠡᠮᠴᠢᠯᠡᠭᠡᠨ᠎ᠤ ᠵᠠᠭᠤᠷᠠᠯᠳᠤᠭ᠋ᠠᠨ᠎ᠲᠠᠢ  ᠬᠠᠮᠢᠶ᠎ᠠ ᠪᠦᠬᠦᠢ ᠡᠪᠡᠳᠴᠢᠨ᠎ᠤ ᠲᠡᠦᠬᠡ ᠵᠢᠨ ᠮᠠᠲ᠋ᠧᠷᠢᠶᠠᠯ ᠵᠢᠴᠢ ᠡᠮ᠎ᠤᠨ ᠵᠦᠢ᠍ᠯ ᠂  ᠡᠷᠡᠭᠦᠯ ᠬᠠᠮᠠᠭ᠋ᠠᠯᠠᠯ᠎ᠤᠨ ᠮᠠᠲ᠋ᠧᠷᠢᠶᠠᠯ ᠂  ᠪᠠᠭ᠋ᠠᠵᠢ ᠬᠡᠷᠡᠭᠰᠡᠯ ᠵᠡᠷᠭᠡ ᠪᠣᠳᠠᠲᠠᠢ ᠭᠡᠷᠡᠴᠢ ᠵᠢ ᠪᠤᠯᠢᠶᠠᠬᠤ ᠂  ᠡᠪᠳᠡᠨ ᠰᠦᠢ᠍ᠳᠬᠡᠬᠦ;

      (ᠶᠢᠰᠦ )  ᠨᠡᠢ᠌ᠲᠡ ᠵᠢᠨ ᠪᠠ ᠬᠤᠪᠢ ᠵᠢᠨ ᠡᠳ᠋ ᠬᠥᠷᠥᠩᠭᠡ ᠵᠢ ᠬᠠᠤᠯᠢ ᠪᠤᠰᠤ᠎ᠪᠠᠷ ᠡᠵᠡᠯᠡᠨ ᠬᠡᠷᠡᠭᠯᠡᠬᠦ ᠂  ᠪᠤᠯᠢᠶᠠᠬᠤ ᠂  ᠵᠣᠷᠢᠭᠤᠳᠠ ᠡᠪᠳᠡᠨ ᠰᠦᠢ᠍ᠳᠬᠡᠬᠦ;

      (ᠠᠷᠪᠠ )  ᠡᠮᠴᠢᠯᠡᠭᠡᠨ᠎ᠤ ᠪᠠᠢ᠌ᠭᠤᠯᠤᠮᠵᠢ ᠵᠢᠨ ᠬᠡᠪ᠎ᠤᠨ ᠡᠮᠬᠢ ᠵᠢᠷᠤᠮ᠎ᠢ ᠰᠠᠮᠠᠭᠤᠷᠠᠭᠤᠯᠬᠤ ᠪᠤᠰᠤᠳ ᠦᠢ᠍ᠯᠡ ᠠᠵᠢᠯᠯᠠᠭ᠎ᠠ ᠃

       ᠡᠮᠴᠢᠯᠡᠭᠡᠨ᠎ᠤ ᠵᠠᠭᠤᠷᠠᠯᠳᠤᠭ᠋ᠠᠨ᠎ᠤ ᠳᠤᠮᠳᠠ ᠠᠮᠤᠷ᠎ᠢ ᠬᠠᠮᠠᠭ᠋ᠠᠯᠠᠬᠤ ᠬᠠᠮᠢᠶᠠᠷᠤᠯᠲᠠ ᠵᠢ ᠵᠥᠷᠢᠴᠡᠭᠰᠡᠨ ᠦᠢ᠍ᠯᠡ ᠠᠵᠢᠯᠯᠠᠭ᠎ᠠ ᠪᠤᠶᠤ ᠶᠠᠯᠠᠲᠤ ᠠᠵᠢᠯᠯᠠᠭ᠎ᠠ ᠬᠢᠭᠰᠡᠨ ᠵᠶ᠋ᠡᠷ ᠰᠡᠵᠢᠭᠯᠡᠭᠳᠡᠪᠡᠯ ᠡᠮᠴᠢᠯᠡᠭᠡᠨ᠎ᠤ ᠪᠠᠢ᠌ᠭᠤᠯᠤᠮᠵᠢ᠎ᠨᠢ  ᠲᠡᠷᠡ ᠳᠠᠷᠤᠢ᠎ᠳᠤ᠎ᠨᠢ  ᠪᠠᠢ᠌ᠭ᠎ᠠ ᠭᠠᠵᠠᠷ᠎ᠤᠨ ᠵᠶ᠋ᠠᠨ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠎ᠳᠤ ᠬᠡᠷᠡᠭ ᠮᠡᠳᠡᠭᠦᠯᠬᠦ ᠬᠡᠷᠡᠭᠲᠡᠢ ᠃  ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠴᠠᠭ ᠲᠤᠬᠠᠢ᠎ᠳᠤ᠎ᠨᠢ  ᠠᠷᠭ᠎ᠠ ᠬᠡᠮᠵᠢᠶ᠎ᠡ ᠠᠪᠴᠤ ᠂  ᠬᠠᠤᠯᠢ ᠶᠣᠰᠣᠭ᠋ᠠᠷ ᠰᠢᠢ᠍ᠳᠪᠦᠷᠢᠯᠡᠵᠦ ᠂  ᠡᠮᠴᠢᠯᠡᠭᠡᠨ᠎ᠤ ᠡᠮᠬᠢ ᠵᠢᠷᠤᠮ᠎ᠢ ᠬᠠᠮᠠᠭ᠋ᠠᠯᠠᠬᠤ ᠬᠡᠷᠡᠭᠲᠡᠢ ᠃

       ᠬᠣᠷᠢᠨ ᠨᠠᠢ᠍ᠮᠠᠳᠤᠭ᠋ᠠᠷ ᠵᠦᠢ᠍ᠯ    ᠡᠮᠴᠢ ᠪᠠ ᠡᠪᠡᠳᠴᠢᠲᠡᠨ ᠬᠣᠶᠠᠷ ᠲᠠᠯ᠎ᠠ᠎ᠪᠠᠷ ᠵᠶ᠋ᠠᠨ ᠡᠮᠴᠢᠯᠡᠭᠡᠨ᠎ᠤ ᠵᠠᠭᠤᠷᠠᠯᠳᠤᠭ᠋ᠠᠨ᠎ᠢ ᠵᠥᠪᠳᠡᠯᠴᠡᠨ ᠰᠢᠢ᠍ᠳᠪᠦᠷᠢᠯᠡᠬᠦ᠎ᠪᠠᠷ ᠪᠣᠯᠣᠭᠰᠠᠨ ᠪᠠᠢ᠌ᠪᠠᠯ ᠳᠣᠣᠷ᠎ᠠ ᠵᠢᠭᠰᠠᠭ᠋ᠠᠭᠰᠠᠨ ᠲᠣᠭᠲᠠᠭ᠋ᠠᠯ ᠶᠣᠰᠣᠭ᠋ᠠᠷ ᠰᠢᠢ᠍ᠳᠪᠦᠷᠢᠯᠡᠬᠦ ᠬᠡᠷᠡᠭᠲᠡᠢ ᠄

      (ᠨᠢᠭᠡ )  ᠡᠮᠴᠢᠯᠡᠭᠡᠨ᠎ᠤ ᠪᠠᠢ᠌ᠭᠤᠯᠤᠮᠵᠢ ᠵᠢᠨ ᠲᠣᠬᠢᠷᠠᠭᠤᠯᠤᠭᠰᠠᠨ ᠲᠤᠰᠬᠠᠢ ᠲᠠᠯᠠᠪᠤᠷ ᠭᠠᠵᠠᠷ ᠪᠤᠶᠤ ᠬᠣᠶᠠᠷ ᠲᠠᠯ᠎ᠠ᠎ᠪᠠᠷ ᠵᠶ᠋ᠠᠨ ᠵᠥᠪᠰᠢᠶᠡᠷᠡᠭᠰᠡᠨ ᠪᠤᠰᠤᠳ ᠲᠠᠯᠠᠪᠤᠷ ᠭᠠᠵᠠᠷ᠎ᠲᠤ ᠵᠥᠪᠳᠡᠯᠴᠡᠵᠦ ᠂  ᠡᠮᠴᠢᠯᠡᠭᠡᠨ᠎ᠤ ᠬᠡᠪ᠎ᠤᠨ ᠡᠮᠬᠢ ᠵᠢᠷᠤᠮ᠎ᠢ  ᠨᠥᠯᠥᠭᠡᠯᠡᠵᠦ ᠪᠣᠯᠬᠤ ᠦᠭᠡᠢ ᠃

      (ᠬᠣᠶᠠᠷ )  ᠡᠮᠴᠢ ᠪᠠ ᠡᠪᠡᠳᠴᠢᠲᠡᠨ ᠬᠣᠶᠠᠷ ᠲᠠᠯ᠎ᠠ ᠵᠢᠨ ᠬᠥᠮᠥᠨ᠎ᠤ ᠲᠣᠭ᠎ᠠ ᠨᠡᠯᠢᠶᠡᠳ ᠣᠯᠠᠨ ᠪᠠᠢ᠌ᠪᠠᠯ ᠂  ᠲᠥᠯᠥᠭᠡᠯᠡᠭᠴᠢ ᠰᠣᠩᠭᠣᠨ ᠵᠥᠪᠳᠡᠯᠴᠡᠵᠦ ᠂  ᠲᠠᠯ᠎ᠠ ᠪᠦᠷᠢ ᠵᠢᠨ ᠲᠥᠯᠥᠭᠡᠯᠡᠭᠴᠢ ᠵᠢᠨ ᠲᠣᠭ᠎ᠠ ᠵᠢ 5᠎ᠠᠴᠠ ᠬᠡᠲᠦᠷᠡᠭᠦᠯᠬᠦ ᠦᠭᠡᠢ ᠪᠠᠢ᠌ᠬᠤ ᠬᠡᠷᠡᠭᠲᠡᠢ ᠃

      (ᠭᠤᠷᠪᠠ )  ᠡᠮᠴᠢ ᠪᠠ ᠡᠪᠡᠳᠴᠢᠲᠡᠨ ᠬᠣᠶᠠᠷ ᠲᠠᠯ᠎ᠠ᠎ᠪᠠᠷ ᠵᠶ᠋ᠠᠨ ᠡᠮᠴᠢᠯᠡᠭᠡᠨ᠎ᠤ ᠵᠠᠭᠤᠷᠠᠯᠳᠤᠭ᠋ᠠᠨ᠎ᠢ  ᠰᠠᠢ᠌ᠨ ᠳᠤᠷ᠎ᠠ᠎ᠠᠴᠠ᠎ᠪᠠᠨ ᠵᠥᠪᠳᠡᠯᠴᠡᠨ ᠰᠢᠢ᠍ᠳᠪᠦᠷᠢᠯᠡᠬᠦ᠎ᠳᠤ ᠂  ᠲᠥᠯᠥᠪᠦᠷᠢ ᠵᠣᠭᠣᠰ᠎ᠤᠨ ᠲᠣᠭ᠎ᠠ ᠵᠢ ᠪᠣᠳᠠᠲᠤ ᠶᠠᠪᠤᠳᠠᠯ ᠵᠶ᠋ᠠᠷ ᠦᠨᠳᠦᠰᠦᠯᠡᠯ ᠪᠣᠯᠭ᠋ᠠᠨ ᠵᠥᠪᠳᠡᠯᠴᠡᠨ ᠲᠣᠭᠲᠠᠭ᠋ᠠᠵᠤ ᠂  ᠵᠥᠪᠳᠡᠯᠴᠡᠭᠡᠳ ᠰᠠᠨᠠᠯ ᠨᠢᠭᠡᠳᠦᠭᠰᠡᠨ ᠪᠠᠢ᠌ᠪᠠᠯ ᠂  ᠪᠢᠴᠢᠭᠯᠡᠭᠰᠡᠨ ᠡᠶᠡᠳᠡᠭᠦᠯᠭᠡ ᠵᠢᠨ ᠵᠥᠪᠯᠡᠯᠴᠡᠭᠡᠷ᠎ᠤᠨ ᠪᠢᠴᠢᠭ᠎ᠲᠤ ᠭᠠᠷ᠎ᠤᠨ ᠦᠰᠦᠭ ᠵᠢᠷᠤᠬᠤ ᠬᠡᠷᠡᠭᠲᠡᠢ ᠃

      (ᠳᠥᠷᠪᠡ )   ᠵᠥᠷᠢᠯᠳᠦᠭᠡᠨ ᠨᠡᠯᠢᠶᠡᠳ ᠶᠡᠬᠡ ᠪᠤᠶᠤ ᠲᠥᠯᠥᠪᠦᠷᠢ ᠵᠢᠨ ᠲᠣᠭ᠎ᠠ᠎ᠪᠠᠷ ᠨᠡᠯᠢᠶᠡᠳ ᠶᠡᠬᠡ ᠡᠮᠴᠢᠯᠡᠭᠡᠨ᠎ᠤ ᠵᠠᠭᠤᠷᠠᠯᠳᠤᠭ᠋ᠠᠨ᠎ᠢ ᠡᠮᠴᠢ ᠪᠠ ᠡᠪᠡᠳᠴᠢᠲᠡᠨ ᠬᠣᠶᠠᠷ ᠲᠠᠯ᠎ᠠ᠎ᠪᠠᠷ ᠵᠶ᠋ᠠᠨ ᠠᠷᠠᠳ᠎ᠤᠨ ᠡᠶᠡᠳᠡᠭᠦᠯᠭᠡ ᠬᠢᠯᠭᠡᠬᠦ ᠠᠷᠭ᠎ᠠ ᠵᠠᠮ ᠵᠶ᠋ᠠᠷ ᠳᠠᠮᠵᠢᠭᠤᠯᠤᠨ ᠰᠢᠢ᠍ᠳᠪᠦᠷᠢᠯᠡᠬᠦ ᠵᠢ᠎ᠨᠢ  ᠵᠣᠷᠢᠭᠵᠢᠭᠤᠯᠤᠨ᠎ᠠ ᠃

      (ᠲᠠᠪᠤ )  ᠡᠮᠴᠢ ᠪᠠ ᠡᠪᠡᠳᠴᠢᠲᠡᠨ ᠬᠣᠶᠠᠷ ᠲᠠᠯ᠎ᠠ᠎ᠪᠠᠷ ᠵᠶ᠋ᠠᠨ ᠲᠤᠬᠠᠢ ᠵᠢᠨ ᠲᠠᠯᠠᠪᠠᠢ᠎ᠳᠤ ᠪᠠᠢ᠌ᠬᠤ ᠪᠠᠢ᠌ᠳᠠᠯ ᠳᠣᠣᠷ᠎ᠠ ᠂  ᠡᠪᠡᠳᠴᠢᠨ᠎ᠤ ᠲᠡᠦᠬᠡ ᠵᠢᠨ ᠮᠠᠲ᠋ᠧᠷᠢᠶᠠᠯ ᠂  ᠲᠤᠬᠠᠢ ᠵᠢᠨ ᠲᠠᠯᠠᠪᠠᠢ᠎ᠳᠠᠬᠢ ᠪᠣᠳᠠᠲᠤ ᠶᠠᠭᠤᠮ᠎ᠠ ᠵᠢ ᠲᠣᠭᠲᠠᠭ᠋ᠠᠯ ᠶᠣᠰᠣᠭ᠋ᠠᠷ ᠪᠢᠲᠡᠭᠦᠮᠵᠢᠯᠡᠨ ᠬᠠᠳᠠᠭ᠋ᠠᠯᠠᠬᠤ ᠂  ᠪᠢᠲᠡᠭᠦᠮᠵᠢ ᠨᠡᠭᠡᠭᠡᠬᠦ ᠬᠡᠷᠡᠭᠲᠡᠢ ᠃

      (ᠵᠢᠷᠭᠤᠭ᠎ᠠ )  ᠡᠪᠡᠳᠴᠢᠲᠡᠨ ᠡᠮᠴᠢᠯᠡᠭᠡᠨ᠎ᠤ ᠪᠠᠢ᠌ᠭᠤᠯᠤᠮᠵᠢ᠎ᠳᠤ ᠨᠠᠰᠤ ᠪᠠᠷᠠᠭᠰᠠᠨ ᠪᠠᠢ᠌ᠪᠠᠯ ᠴᠢᠨᠳᠠᠷ᠎ᠢ᠎ᠨᠢ  ᠲᠡᠷᠡ ᠳᠠᠷᠤᠢ᠎ᠳᠤ᠎ᠨᠢ  ᠬᠡᠭᠦᠷ ᠲᠠᠯᠪᠢᠬᠤ ᠲᠠᠰᠤᠯᠭ᠎ᠠ ᠪᠤᠶᠤ ᠣᠷᠣᠰᠢᠭᠤᠯᠭ᠎ᠠ ᠵᠢᠨ ᠭᠠᠵᠠᠷ ᠵᠡᠷᠭᠡ ᠵᠢᠭ᠋ᠠᠨ ᠲᠣᠭᠲᠠᠭ᠋ᠠᠭᠰᠠᠨ ᠭᠠᠵᠠᠷ᠎ᠲᠤ ᠰᠢᠯᠵᠢᠭᠦᠯᠦᠨ ᠲᠠᠯᠪᠢᠵᠤ ᠂  ᠴᠢᠨᠳᠠᠷ ᠲᠠᠯᠪᠢᠬᠤ ᠬᠤᠭᠤᠴᠠᠭ᠎ᠠ ᠵᠢ ᠶᠡᠷᠦ᠎ᠳᠤ᠎ᠪᠠᠨ 14 ᠡᠳᠦᠷ᠎ᠠᠴᠠ ᠬᠡᠲᠦᠷᠡᠭᠦᠯᠵᠦ ᠪᠣᠯᠬᠤ ᠦᠭᠡᠢ ᠃  ᠡᠪᠡᠳᠴᠢᠲᠡᠨ᠎ᠤ ᠲᠠᠯ᠎ᠠ ᠵᠢᠨ᠎ᠬᠢᠨ ᠡᠪᠡᠳᠴᠢᠲᠡᠨ᠎ᠤ ᠴᠢᠨᠳᠠᠷ᠎ᠢ᠎ᠨᠢ  ᠣᠷᠣᠰᠢᠭᠤᠯᠭ᠎ᠠ ᠵᠢᠨ ᠭᠠᠵᠠᠷ ᠵᠡᠷᠭᠡ ᠲᠣᠭᠲᠠᠭᠰᠠᠨ ᠭᠠᠵᠠᠷ᠎ᠲᠤ ᠰᠢᠯᠵᠢᠭᠦᠯᠬᠦ ᠵᠢ ᠲᠡᠪᠴᠢᠭᠰᠡᠨ ᠪᠠᠢ᠌ᠪᠠᠯ ᠂  ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠎ᠨᠢ  ᠬᠠᠤᠯᠢ ᠶᠣᠰᠣᠭ᠋ᠠᠷ ᠰᠢᠢ᠍ᠳᠪᠦᠷᠢᠯᠡᠵᠦ ᠂  ᠣᠷᠣᠰᠢᠭᠤᠯᠭ᠎ᠠ ᠵᠢᠨ ᠭᠠᠵᠠᠷ᠎ᠤᠨ᠎ᠬᠢᠨ ᠡᠪᠡᠳᠴᠢᠲᠡᠨ᠎ᠤ ᠴᠢᠨᠳᠠᠷ᠎ᠢ ᠬᠦᠯᠢᠶᠡᠨ ᠠᠪᠴᠤ ᠲᠡᠭᠡᠭᠡᠪᠦᠷᠢᠯᠡᠬᠦ ᠠᠵᠢᠯ᠎ᠢ ᠬᠠᠤᠯᠢ ᠲᠣᠭᠲᠠᠭ᠋ᠠᠯ ᠶᠣᠰᠣᠭ᠋ᠠᠷ ᠬᠠᠮᠵᠢᠯᠴᠠᠨ ᠰᠠᠢ᠌ᠲᠤᠷ ᠬᠢᠬᠦ ᠬᠡᠷᠡᠭᠲᠡᠢ ᠃

      (ᠳᠣᠯᠣᠭ᠎ᠠ )  ᠡᠪᠡᠳᠴᠢᠲᠡᠨ ᠨᠠᠰᠤ ᠪᠠᠷᠠᠭᠰᠠᠨ᠎ᠳᠤ ᠂  ᠡᠮᠴᠢ ᠪᠠ ᠡᠪᠡᠳᠴᠢᠲᠡᠨ ᠬᠣᠶᠠᠷ ᠲᠠᠯ᠎ᠠ᠎ᠪᠠᠷ ᠵᠶ᠋ᠠᠨ ᠨᠠᠰᠤ ᠪᠠᠷᠠᠭᠰᠠᠨ ᠰᠢᠯᠲᠠᠭ᠋ᠠᠨ᠎ᠳᠤ ᠣᠨᠳᠣᠣ ᠰᠠᠨᠠᠯ᠎ᠲᠠᠢ ᠪᠠᠢ᠌ᠪᠠᠯ ᠲᠣᠭᠲᠠᠭ᠋ᠠᠯ ᠶᠣᠰᠣᠭ᠋ᠠᠷ ᠴᠢᠨᠳᠠᠷ᠎ᠢ᠎ᠨᠢ  ᠰᠢᠯᠭ᠋ᠠᠨ ᠪᠠᠢ᠌ᠴᠠᠭ᠋ᠠᠬᠤ ᠬᠡᠷᠡᠭᠲᠡᠢ ᠃

       ᠬᠣᠷᠢ ᠶᠢᠰᠦᠳᠦᠭᠡᠷ ᠵᠦᠢ᠍ᠯ    ᠡᠮᠴᠢᠯᠡᠭᠡᠨ᠎ᠤ ᠵᠠᠭᠤᠷᠠᠯᠳᠤᠭ᠋ᠠᠨ᠎ᠳᠤ ᠠᠷᠠᠳ᠎ᠤᠨ ᠡᠶᠡᠳᠡᠭᠦᠯᠭᠡ ᠬᠢᠯᠭᠡᠬᠦ᠎ᠪᠠᠷ  ᠭᠤᠶᠤᠴᠢᠯᠠᠭᠰᠠᠨ ᠪᠠᠢ᠌ᠪᠠᠯ ᠂  ᠡᠮᠴᠢ ᠪᠠ ᠡᠪᠡᠳᠴᠢᠲᠡᠨ ᠬᠣᠶᠠᠷ ᠲᠠᠯ᠎ᠠ᠎ᠪᠠᠷ ᠵᠶ᠋ᠠᠨ ᠬᠠᠮᠲᠤ᠎ᠪᠠᠷ  ᠡᠮᠴᠢᠯᠡᠭᠡᠨ᠎ᠤ ᠵᠠᠭᠤᠷᠠᠯᠳᠤᠭ᠋ᠠᠨ᠎ᠤ ᠠᠷᠠᠳ᠎ᠤᠨ ᠡᠶᠡᠳᠡᠭᠦᠯᠭᠡ ᠵᠢᠨ ᠺᠣᠮᠢᠰ (ᠳᠣᠷᠣᠭᠰᠢ ᠡᠮᠴᠢᠯᠡᠭᠡᠨ᠎ᠤ ᠡᠶᠡᠳᠡᠭᠦᠯᠭᠡ ᠵᠢᠨ ᠺᠣᠮᠢᠰ ᠭᠡᠵᠦ ᠲᠣᠪᠴᠢᠯᠠᠪᠠ )᠎ᠲᠤ ᠭᠤᠶᠤᠴᠢᠯᠠᠯ ᠳᠤᠷᠠᠳᠤᠨ᠎ᠠ; ᠨᠢᠭᠡ ᠲᠠᠯ᠎ᠠ ᠵᠢᠨ ᠬᠢᠨᠢ ᠡᠶᠡᠳᠡᠭᠦᠯᠭᠡ ᠬᠢᠯᠭᠡᠬᠦ᠎ᠪᠠᠷ ᠭᠤᠶᠤᠴᠢᠯᠠᠭᠰᠠᠨ ᠪᠠᠢ᠌ᠪᠠᠯ ᠂  ᠡᠮᠴᠢᠯᠡᠭᠡᠨ᠎ᠤ ᠡᠶᠡᠳᠡᠭᠦᠯᠭᠡ ᠵᠢᠨ ᠺᠣᠮᠢᠰ᠎ᠨᠢ  ᠨᠥᠭᠥᠭᠡ ᠲᠠᠯ᠎ᠠ ᠵᠢᠨ᠎ᠬᠢᠨ᠎ᠤ ᠵᠥᠪᠰᠢᠶᠡᠷᠡᠯ᠎ᠢ  ᠣᠯᠣᠭᠰᠠᠨ᠎ᠤ ᠳᠠᠷᠠᠭ᠎ᠠ ᠡᠶᠡᠳᠡᠭᠦᠯᠦᠨ᠎ᠡ ᠃  ᠡᠮᠴᠢᠯᠡᠭᠡᠨ᠎ᠤ ᠪᠠᠢ᠌ᠭᠤᠯᠤᠮᠵᠢ᠎ᠳᠤ ᠬᠦᠨᠳᠦ ᠬᠡᠴᠡᠭᠦᠦ ᠡᠮᠴᠢᠯᠡᠭᠡᠨ᠎ᠤ ᠵᠠᠭᠤᠷᠠᠯᠳᠤᠭ᠋ᠠᠨ ᠭᠠᠷᠤᠭᠰᠠᠨ᠎ᠢ ᠮᠡᠳᠡᠭᠰᠡᠨ᠎ᠤ ᠳᠠᠷᠠᠭ᠎ᠠ ᠂  ᠡᠮᠴᠢᠯᠡᠭᠡᠨ᠎ᠤ ᠡᠶᠡᠳᠡᠭᠦᠯᠭᠡ ᠵᠢᠨ ᠺᠣᠮᠢᠰ᠎ᠨᠢ  ᠠᠷᠠᠳ᠎ᠤᠨ ᠡᠶᠡᠳᠡᠭᠦᠯᠦᠭᠴᠢ ᠲᠣᠮᠢᠯᠠᠨ ᠡᠮᠴᠢᠯᠡᠭᠡᠨ᠎ᠤ ᠪᠠᠢ᠌ᠭᠤᠯᠤᠮᠵᠢ᠎ᠳᠤ ᠣᠴᠢᠭᠤᠯᠵᠤ ᠂  ᠰᠠᠨᠠᠭ᠋ᠠᠴᠢᠯᠠᠭ᠎ᠠ᠎ᠠᠴᠠ᠎ᠪᠠᠨ ᠠᠵᠢᠯ ᠵᠶ᠋ᠠᠨ ᠥᠷᠨᠢᠭᠦᠯᠵᠦ ᠂  ᠬᠣᠶᠠᠷ ᠲᠠᠯ᠎ᠠ ᠵᠢᠨ᠎ᠬᠢᠨ᠎ᠢ ᠭᠤᠶᠤᠴᠢᠯᠠᠨ ᠡᠶᠡᠳᠡᠭᠦᠯᠭᠡ ᠬᠢᠯᠭᠡᠬᠦ᠎ᠪᠠᠷ ᠬᠥᠲᠥᠯᠥᠨ ᠵᠢᠯᠤᠭᠣᠳᠴᠤ ᠪᠣᠯᠣᠨ᠎ᠠ ᠃  ᠮᠥᠨ ᠴᠦ᠍ ᠲᠤᠬᠠᠢ ᠵᠢᠨ ᠭᠠᠵᠠᠷ᠎ᠤᠨ ᠨᠠᠮ᠎ᠤᠨ ᠬᠣᠷᠢᠶ᠎ᠠ ᠵᠠᠰᠠᠭ᠎ᠤᠨ ᠣᠷᠳᠣᠨ ᠂  ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠰᠢᠯᠵᠢᠭᠦᠯᠦᠨ ᠬᠦᠷᠭᠡᠭᠰᠡᠨ ᠡᠶᠡᠳᠡᠭᠦᠯᠬᠦ᠎ᠪᠠᠷ ᠨᠠᠢ᠌ᠳᠠᠭᠰᠠᠨ ᠵᠦᠢ᠍ᠯᠡᠰ᠎ᠢ ᠬᠦᠯᠢᠶᠡᠨ ᠠᠪᠴᠤ ᠪᠣᠯᠣᠨ᠎ᠠ ᠃

       ᠭᠤᠴᠢᠳᠤᠭ᠋ᠠᠷ ᠵᠦᠢ᠍ᠯ    ᠳᠣᠣᠷ᠎ᠠ ᠵᠢᠭᠰᠠᠭ᠋ᠠᠭᠰᠠᠨ ᠪᠠᠢ᠌ᠳᠠᠯ᠎ᠳᠤ ᠡᠮᠴᠢᠯᠡᠭᠡᠨ᠎ᠤ ᠡᠶᠡᠳᠡᠭᠦᠯᠭᠡ ᠵᠢᠨ ᠺᠣᠮᠢᠰ ᠬᠦᠯᠢᠶᠡᠨ ᠠᠪᠴᠤ ᠰᠢᠢ᠍ᠳᠪᠦᠷᠢᠯᠡᠬᠦ ᠦᠭᠡᠢ ᠂  ᠨᠢᠭᠡᠨᠲᠡ ᠬᠦᠯᠢᠶᠡᠨ ᠠᠪᠴᠤ ᠰᠢᠢ᠍ᠳᠪᠦᠷᠢᠯᠡᠭᠰᠡᠨ ᠪᠠᠢ᠌ᠪᠠᠯ ᠡᠶᠡᠳᠡᠭᠦᠯᠭᠡ᠎ᠪᠠᠨ ᠵᠣᠭᠰᠣᠭ᠋ᠠᠨ᠎ᠠ ᠄

      (ᠨᠢᠭᠡ )  ᠲᠤᠬᠠᠢ᠌ᠲᠠᠢ ᠬᠥᠮᠥᠨ᠎ᠨᠢ  ᠨᠢᠭᠡᠨᠲᠡ ᠠᠷᠠᠳ᠎ᠤᠨ ᠰᠢᠭᠦᠬᠦ ᠬᠣᠷᠢᠶᠠᠨ᠎ᠳᠤ ᠵᠠᠭ᠋ᠠᠯᠳᠤᠯᠭ᠎ᠠ ᠭᠠᠷᠭ᠋ᠠᠭᠰᠠᠨ ᠮᠥᠷᠲᠡᠭᠡᠨ ᠨᠢᠭᠡᠨᠲᠡ ᠰᠢᠢ᠍ᠳᠪᠦᠷᠢᠯᠡᠬᠦ᠎ᠪᠠᠷ ᠬᠦᠯᠢᠶᠡᠨ ᠠᠪᠤᠭᠰᠠᠨ ᠂  ᠡᠰᠡᠬᠦᠯ᠎ᠡ ᠠᠷᠠᠳ᠎ᠤᠨ ᠰᠢᠭᠦᠬᠦ ᠬᠣᠷᠢᠶ᠎ᠠ ᠨᠢᠭᠡᠨᠲᠡ ᠡᠶᠡᠳᠡᠭᠦᠯᠦᠭᠰᠡᠨ ᠪᠤᠶᠤ ᠰᠢᠭᠦᠨ ᠲᠠᠰᠤᠯᠵᠤ ᠬᠡᠷᠡᠭ ᠳᠠᠭᠤᠰᠤᠭᠰᠠᠨ; ᠠᠷᠠᠳ᠎ᠤᠨ ᠰᠢᠭᠦᠬᠦ ᠬᠣᠷᠢᠶ᠎ᠠ ᠬᠠᠤᠯᠢ ᠶᠣᠰᠣᠭ᠋ᠠᠷ ᠡᠶᠡᠳᠡᠭᠦᠯᠬᠦ᠎ᠪᠠᠷ ᠨᠠᠢ᠌ᠳᠠᠭᠰᠠᠨ ᠪᠤᠶᠤ ᠲᠣᠮᠢᠯᠠᠭᠰᠠᠨ ᠪᠠᠢ᠌ᠪᠠᠯ ᠡᠭᠦᠨ᠎ᠳᠤ ᠪᠠᠭᠲᠠᠬᠤ ᠦᠭᠡᠢ ᠃

      (ᠬᠣᠶᠠᠷ )  ᠲᠤᠬᠠᠢ᠌ᠲᠠᠢ ᠬᠥᠮᠥᠨ᠎ᠨᠢ  ᠨᠢᠭᠡᠨᠲᠡ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠵᠶ᠋ᠠᠷ ᠡᠶᠡᠳᠡᠭᠦᠯᠬᠦ᠎ᠪᠠᠷ ᠭᠤᠶᠤᠴᠢᠯᠠᠭᠰᠠᠨ ᠮᠥᠷᠲᠡᠭᠡᠨ ᠨᠢᠭᠡᠨᠲᠡ ᠬᠦᠯᠢᠶᠡᠨ ᠠᠪᠴᠤ ᠰᠢᠢ᠍ᠳᠪᠦᠷᠢᠯᠡᠭᠰᠡᠨ ᠂  ᠡᠰᠡᠬᠦᠯ᠎ᠡ ᠵᠠᠰᠠᠭ ᠵᠠᠬᠢᠷᠭ᠋ᠠᠨ᠎ᠤ ᠡᠶᠡᠳᠡᠭᠦᠯᠭᠡ᠎ᠪᠠᠷ ᠳᠠᠮᠵᠢᠨ ᠬᠡᠷᠡᠭ ᠳᠠᠭᠤᠰᠤᠭᠰᠠᠨ; ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠬᠠᠤᠯᠢ ᠶᠣᠰᠣᠭ᠋ᠠᠷ ᠡᠶᠡᠳᠡᠭᠦᠯᠬᠦ᠎ᠪᠠᠷ ᠨᠠᠢ᠌ᠳᠠᠭᠰᠠᠨ ᠪᠠᠢ᠌ᠪᠠᠯ ᠡᠭᠦᠨ᠎ᠳᠤ ᠪᠠᠭᠲᠠᠬᠤ ᠦᠭᠡᠢ ᠃

      (ᠭᠤᠷᠪᠠ )  ᠨᠢᠭᠡ ᠲᠠᠯ᠎ᠠ ᠵᠢᠨ ᠲᠤᠬᠠᠢ᠌ᠲᠠᠢ ᠬᠥᠮᠥᠨ ᠡᠶᠡᠳᠡᠭᠦᠯᠬᠦ ᠵᠢ ᠵᠥᠪᠰᠢᠶᠡᠷᠡᠬᠦ ᠦᠭᠡᠢ ᠭᠡᠵᠦ ᠲᠣᠳᠣᠷᠬᠠᠢ ᠢᠯᠡᠳᠬᠡᠭᠰᠡᠨ ᠪᠠᠢ᠌ᠳᠠᠯ ᠃

      (ᠳᠥᠷᠪᠡ )  ᠲᠤᠬᠠᠢ᠌ᠲᠠᠢ ᠬᠥᠮᠥᠨ ᠪᠤᠶᠤ ᠲᠡᠭᠦᠨ᠎ᠤ ᠣᠷᠣᠯᠠᠨ ᠭᠦᠢ᠍ᠴᠡᠳᠭᠡᠭᠴᠢ ᠬᠤᠪᠢ ᠬᠥᠮᠥᠨ᠎ᠤ ᠦᠨᠡᠨ ᠪᠣᠳᠠᠲᠠᠢ ᠬᠦᠴᠦᠨ ᠪᠦᠬᠦᠢ ᠪᠡᠶ᠎ᠡ ᠵᠢᠨ ᠦᠨᠡᠮᠯᠡᠯ ᠪᠤᠶᠤ ᠬᠠᠮᠢᠶ᠎ᠠ ᠪᠦᠬᠦᠢ ᠭᠡᠷᠡᠴᠢ ᠪᠠᠷᠢᠮᠲᠠ ᠵᠢᠨ ᠮᠠᠲ᠋ᠧᠷᠢᠶᠠᠯ ᠵᠶ᠋ᠠᠨ ᠬᠠᠩᠭ᠋ᠠᠬᠤ ᠵᠢ ᠲᠡᠪᠴᠢᠭᠰᠡᠨ ᠪᠠᠢ᠌ᠳᠠᠯ ᠃

      (ᠲᠠᠪᠤ )  ᠡᠮᠴᠢᠯᠡᠭᠡᠨ᠎ᠤ ᠡᠶᠡᠳᠡᠭᠦᠯᠭᠡ ᠵᠢᠨ ᠺᠣᠮᠢᠰ ᠡᠶᠡᠳᠡᠭᠦᠯᠦᠭᠡᠳ ᠡᠶᠡᠳᠡᠭᠦᠯᠭᠡ ᠵᠢᠨ ᠵᠥᠪᠯᠡᠯᠴᠡᠭᠡᠷ ᠲᠣᠭᠲᠠᠵᠤ ᠨᠢᠭᠡᠨᠲᠡ ᠬᠡᠷᠡᠭ ᠳᠠᠭᠤᠰᠤᠭᠰᠠᠨ ᠪᠠᠢ᠌ᠳᠠᠯ ᠃

      (ᠵᠢᠷᠭᠤᠭ᠎ᠠ )  ᠨᠢᠭᠡ ᠲᠠᠯ᠎ᠠ ᠵᠢᠨ ᠲᠤᠬᠠᠢ᠌ᠲᠠᠢ ᠬᠥᠮᠥᠨ ᠡᠶᠡᠲᠡᠭᠦᠯᠭᠡ ᠬᠢᠯᠭᠡᠬᠦ ᠭᠤᠶᠤᠴᠢᠯᠠᠯ ᠵᠶ᠋ᠠᠨ ᠪᠤᠴᠠᠭ᠋ᠠᠬᠤ ᠪᠤᠶᠤ ᠡᠶᠡᠳᠡᠭᠦᠯᠬᠦ ᠵᠢ ᠬᠦᠯᠢᠶᠡᠬᠦ ᠦᠭᠡᠢ ᠭᠡᠵᠦ ᠲᠣᠳᠣᠷᠬᠠᠢ ᠢᠯᠡᠳᠬᠡᠭᠰᠡᠨ ᠪᠠᠢ᠌ᠳᠠᠯ ᠃

      (ᠳᠣᠯᠣᠭ᠎ᠠ )  ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠳᠤ ᠲᠤᠰᠬᠠᠢ ᠪᠠᠢ᠌ᠭᠤᠯᠭ᠎ᠠ᠎ᠳᠤ ᠬᠠᠷᠢᠶᠠᠯᠠᠭᠤᠯᠤᠨ ᠰᠢᠢ᠍ᠳᠪᠦᠷᠢᠯᠡᠭᠦᠯᠬᠦ᠎ᠪᠠᠷ ᠲᠣᠭᠲᠠᠭ᠋ᠠᠭᠰᠠᠨ ᠂  ᠡᠰᠡᠬᠦᠯ᠎ᠡ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠳᠤ ᠠᠷᠠᠳ᠎ᠤᠨ ᠬᠣᠭᠣᠷᠣᠨᠳᠤᠬᠢ ᠡᠶᠡᠳᠡᠭᠦᠯᠬᠦ ᠠᠷᠭ᠎ᠠ ᠭᠡᠯᠪᠡᠷᠢ᠎ᠪᠠᠷ ᠰᠢᠢ᠍ᠳᠪᠦᠷᠢᠯᠡᠬᠦ ᠵᠢ ᠴᠠᠭ᠋ᠠᠵᠠᠯᠠᠭᠰᠠᠨ ᠂  ᠡᠰᠡᠬᠦᠯ᠎ᠡ ᠡᠶᠡᠳᠡᠭᠦᠯᠵᠦ ᠲᠠᠶ᠋ᠢᠯᠬᠦ ᠦᠭᠡᠢ ᠪᠣᠯᠣᠭᠰᠠᠨ ᠪᠤᠰᠤᠳ ᠪᠠᠢ᠌ᠳᠠᠯ ᠃

       ᠭᠤᠴᠢᠨ ᠨᠢᠭᠡᠳᠦᠭᠡᠷ ᠵᠦᠢ᠍ᠯ    ᠡᠮᠴᠢᠯᠡᠭᠡᠨ᠎ᠤ ᠡᠶᠡᠳᠡᠭᠦᠯᠭᠡ ᠵᠢᠨ ᠺᠣᠮᠢᠰ ᠡᠮᠴᠢᠯᠡᠭᠡᠨ᠎ᠤ ᠵᠠᠭᠤᠷᠠᠯᠳᠤᠭ᠋ᠠᠨ᠎ᠢ ᠡᠶᠡᠳᠡᠭᠦᠯᠬᠦ᠎ᠳᠤ᠎ᠪᠠᠨ ᠳᠣᠣᠷ᠎ᠠ ᠵᠢᠭᠰᠠᠭ᠋ᠠᠭᠰᠠᠨ ᠲᠣᠭᠲᠠᠭ᠋ᠠᠯ ᠶᠣᠰᠣᠭ᠋ᠠᠷ ᠶᠠᠪᠤᠭᠳᠠᠭᠤᠯᠤᠨ᠎ᠠ ᠄ 

       ᠡᠮᠴᠢ ᠪᠠ ᠡᠪᠡᠳᠴᠢᠲᠡᠨ ᠬᠣᠶᠠᠷ ᠲᠠᠯ᠎ᠠ᠎ᠠᠴᠠ ᠲᠤᠰ ᠲᠤᠰ ᠪᠠᠢ᠌ᠳᠠᠯ᠎ᠢ᠎ᠨᠢ  ᠣᠢ᠌ᠯᠠᠭ᠋ᠠᠵᠤ ᠂  ᠬᠡᠷᠡᠭᠴᠡᠭᠡ᠎ᠪᠠᠨ ᠦᠨᠳᠦᠰᠦᠯᠡᠨ ᠬᠣᠯᠪᠣᠭᠳᠠᠯ ᠪᠦᠬᠦᠢ ᠲᠠᠯ᠎ᠠ᠎ᠠᠴᠠ ᠪᠠᠢ᠌ᠴᠠᠭ᠋ᠠᠨ ᠬᠠᠷᠭᠤᠭᠤᠯᠵᠤ ᠂  ᠡᠶᠡᠳᠡᠭᠦᠯᠬᠦ᠎ᠠᠴᠠ ᠡᠮᠦᠨᠡᠬᠢ ᠪᠡᠯᠡᠳᠬᠡᠯ ᠠᠵᠢᠯ᠎ᠢ ᠰᠠᠢ᠌ᠲᠤᠷ ᠬᠢᠨ᠎ᠡ ᠃

      (ᠨᠢᠭᠡ )  ᠡᠮᠴᠢᠯᠡᠭᠡᠨ᠎ᠤ ᠡᠶᠡᠳᠡᠭᠦᠯᠭᠡ ᠵᠢᠨ ᠺᠣᠮᠢᠰ ᠡᠮᠴᠢᠯᠡᠭᠡᠨ᠎ᠤ ᠵᠠᠭᠤᠷᠠᠯᠳᠤᠭ᠋ᠠᠨ᠎ᠢ ᠡᠶᠡᠳᠡᠭᠦᠯᠬᠦ ᠭᠤᠶᠤᠴᠢᠯᠠᠯ᠎ᠢ ᠣᠯᠣᠭᠰᠠᠨ᠎ᠤ ᠳᠡᠷᠠᠭ᠎ᠠ ᠂ 3 ᠠᠵᠢᠯᠯᠠᠬᠤ ᠡᠳᠦᠷ᠎ᠤᠨ ᠳᠣᠲᠣᠷ᠎ᠠ ᠬᠢᠨᠠᠨ ᠪᠠᠢ᠌ᠴᠠᠭ᠋ᠠᠯᠲᠠ ᠬᠢᠵᠦ ᠂  ᠬᠦᠯᠢᠶᠡᠨ ᠠᠪᠴᠤ ᠰᠢᠢ᠍ᠳᠪᠦᠷᠢᠯᠡᠬᠦ᠎ᠪᠠᠷ ᠲᠣᠭᠲᠠᠭᠰᠠᠨ ᠪᠠᠢ᠌ᠪᠠᠯ ᠂  ᠬᠠᠮᠢᠶ᠎ᠠ ᠪᠦᠬᠦᠢ ᠮᠠᠲ᠋ᠧᠷᠢᠶᠡᠯ ᠵᠶ᠋ᠠᠨ ᠲᠤᠰᠢᠶᠠᠬᠤ ᠬᠤᠭᠤᠴᠠᠭ᠎ᠠ ᠬᠢᠵᠠᠭ᠋ᠠᠷ ᠱᠠᠭ᠋ᠠᠷᠳᠠᠯᠭ᠎ᠠ ᠵᠢᠴᠢ ᠲᠤᠬᠠᠢ᠌ᠲᠠᠢ ᠬᠥᠮᠥᠨ᠎ᠤ ᠡᠶᠡᠳᠡᠭᠦᠯᠬᠦ ᠠᠵᠢᠯᠯᠠᠭ᠎ᠠ ᠳᠤᠮᠳᠠ ᠡᠳ᠋ᠯᠡᠬᠦ ᠡᠷᠬᠡ ᠠᠰᠢᠭ ᠪᠠ ᠡᠭᠦᠷᠭᠡᠯᠡᠬᠦ ᠡᠭᠦᠷᠭᠡ ᠵᠢ ᠪᠢᠴᠢᠭ ᠵᠶ᠋ᠠᠷ ᠮᠡᠳᠡᠭᠳᠡᠨ᠎ᠡ; ᠰᠢᠢ᠍ᠳᠪᠦᠷᠢᠯᠡᠬᠦ ᠵᠢ ᠡᠰᠡ ᠬᠦᠯᠢᠶᠡᠭᠰᠡᠨ ᠪᠠᠢ᠌ᠪᠠᠯ ᠂  ᠲᠤᠬᠠᠢ᠌ᠲᠠᠢ ᠬᠥᠮᠥᠨ᠎ᠳᠤ ᠮᠡᠳᠡᠭᠳᠡᠬᠦ ᠵᠢᠨ ᠬᠠᠮᠲᠤ ᠤᠴᠢᠷ ᠰᠢᠯᠲᠠᠭ᠋ᠠᠨ ᠵᠶ᠋ᠠᠨ ᠲᠣᠳᠣᠷᠬᠠᠢ᠌ᠯᠠᠬᠤ ᠵᠢᠨ ᠳᠠᠭ᠋ᠠᠤ ᠂  ᠲᠤᠬᠠᠢ᠌ᠲᠠᠢ ᠬᠥᠮᠥᠨ᠎ᠳᠤ ᠬᠠᠤᠯᠢ ᠶᠣᠰᠣᠭ᠋ᠠᠷ ᠵᠠᠷᠭᠤ ᠬᠢᠬᠦ ᠵᠡᠷᠭᠡ ᠪᠤᠰᠤᠳ ᠬᠠᠤᠯᠢ ᠶᠣᠰᠣᠨ᠎ᠤ ᠠᠷᠭ᠎ᠠ ᠵᠠᠮ ᠵᠶ᠋ᠠᠷ ᠳᠠᠮᠵᠢᠭᠤᠯᠤᠨ ᠡᠮᠴᠢᠯᠡᠭᠡᠨ᠎ᠤ ᠵᠠᠭᠤᠷᠠᠯᠳᠤᠭ᠋ᠠᠨ᠎ᠢ ᠰᠢᠢ᠍ᠳᠪᠦᠷᠢᠯᠡᠵᠦ ᠪᠤᠯᠬᠤ ᠵᠢ ᠮᠡᠳᠡᠭᠳᠡᠬᠦ ᠬᠡᠷᠡᠭᠲᠡᠢ ᠃

      (ᠬᠣᠶᠠᠷ )  ᠠᠷᠠᠳ᠎ᠤᠨ ᠡᠶᠡᠳᠡᠭᠦᠯᠦᠭᠴᠢ ᠵᠢ ᠵᠢᠭ᠋ᠠᠨ ᠲᠣᠮᠢᠯᠠᠬᠤ ᠪᠤᠶᠤ ᠲᠤᠬᠠᠢ᠌ᠲᠠᠢ ᠬᠥᠮᠥᠨ ᠬᠣᠶᠠᠷ᠎ᠠᠴᠠ ᠳᠡᠭᠡᠭᠰᠢ ᠬᠥᠮᠥᠨ᠎ᠢ ᠬᠠᠮᠲᠤ᠎ᠪᠠᠷ ᠰᠣᠩᠭᠣᠨ ᠲᠣᠭᠲᠠᠭ᠋ᠠᠵᠤ ᠡᠶᠡᠳᠡᠭᠦᠯᠭᠡ᠎ᠳᠤ ᠣᠷᠣᠯᠴᠠᠭᠤᠯᠬᠤ ᠵᠢᠨ ᠬᠠᠮᠲᠤ ᠨᠢᠭᠡ ᠬᠥᠮᠥᠨ᠎ᠢ ᠭᠣᠣᠯᠴᠢᠯᠠᠨ ᠡᠶᠡᠳᠡᠭᠦᠯᠦᠭᠴᠢ ᠲᠣᠭᠲᠠᠭ᠋ᠠᠨ᠎ᠠ ᠃

      (ᠭᠤᠷᠪᠠ )  ᠡᠶᠡᠳᠡᠭᠦᠯᠦᠭᠴᠢ᠎ᠨᠢ  ᠲᠤᠬᠠᠢ᠌ᠲᠠᠢ ᠬᠥᠮᠥᠨ ᠪᠤᠶᠤ ᠲᠡᠭᠦᠨ᠎ᠤ ᠣᠷᠣᠯᠠᠭᠴᠢ ᠵᠢᠨ ᠣᠢ᠌ᠷ᠎ᠠ ᠲᠥᠷᠥᠯ ᠰᠠᠳᠤᠨ ᠂  ᠡᠰᠡᠬᠦᠯ᠎ᠡ ᠡᠮᠴᠢᠯᠡᠭᠡᠨ᠎ᠤ ᠵᠠᠭᠤᠷᠠᠯᠳᠤᠭ᠋ᠠᠨ᠎ᠯᠤᠭ᠎ᠠ ᠠᠰᠢᠭ ᠬᠣᠣᠷ᠎ᠤᠨ ᠬᠠᠷᠢᠴᠠᠭ᠎ᠠ᠎ᠲᠠᠢ ᠂  ᠡᠰᠡᠬᠦᠯ᠎ᠡ ᠲᠤᠬᠠᠢ᠌ᠲᠠᠢ ᠬᠥᠮᠥᠨ᠎ᠯᠦᠭᠡ ᠡᠮᠴᠢᠯᠡᠭᠡᠨ᠎ᠤ ᠵᠠᠭᠤᠷᠠᠯᠳᠤᠭ᠋ᠠᠨ᠎ᠢ ᠭᠣᠣᠯᠴᠢ᠎ᠪᠠᠷ ᠰᠢᠢ᠍ᠳᠪᠦᠷᠢᠯᠡᠬᠦ ᠵᠢ ᠨᠥᠯᠥᠭᠡᠯᠡᠵᠦ ᠮᠡᠳᠡᠬᠦ ᠪᠤᠰᠤᠳ ᠬᠠᠷᠢᠴᠠᠭ᠎ᠠ᠎ᠲᠠᠢ  ᠪᠠᠢ᠌ᠪᠠᠯ ᠂  ᠥᠪᠡᠰᠦᠪᠡᠨ ᠵᠠᠢ᠌ᠯᠠᠬᠤ ᠪᠤᠶᠤ ᠲᠤᠬᠠᠢ᠌ᠲᠠᠢ ᠬᠥᠮᠥᠨ᠎ᠠᠴᠠ ᠵᠠᠢ᠌ᠯᠠᠭᠤᠯᠬᠤ᠎ᠪᠠᠷ ᠭᠤᠶᠤᠴᠢᠯᠠᠬᠤ ᠬᠡᠷᠡᠭᠲᠡᠢ ᠃

      (ᠳᠥᠷᠪᠡ )  ᠡᠶᠡᠳᠡᠭᠦᠯᠬᠦ ᠠᠵᠢᠯ᠎ᠢ ᠡᠮᠴᠢᠯᠡᠭᠡᠨ᠎ᠤ ᠡᠶᠡᠳᠡᠭᠦᠯᠭᠡ ᠵᠢᠨ ᠺᠣᠮᠢᠰ᠎ᠤᠨ ᠲᠣᠬᠢᠷᠠᠭᠤᠯᠤᠭᠰᠠᠨ ᠡᠶᠡᠳᠡᠭᠦᠯᠬᠦ ᠳᠠᠰᠤᠭ᠎ᠲᠤ ᠶᠠᠪᠤᠭᠳᠠᠭᠤᠯᠬᠤ ᠬᠡᠷᠡᠭᠲᠡᠢ ᠃

      (ᠲᠠᠪᠤ )  ᠲᠤᠬᠠᠢ᠌ᠲᠠᠢ ᠬᠥᠮᠥᠨ᠎ᠨᠢ  ᠣᠷᠣᠯᠠᠭᠴᠢ᠎ᠳᠤ᠎ᠪᠠᠨ ᠨᠠᠢ᠌ᠳᠠᠵᠤ ᠡᠶᠡᠳᠡᠭᠦᠯᠭᠡ᠎ᠳᠤ ᠣᠷᠣᠯᠴᠠᠭᠤᠯᠵᠤ ᠪᠣᠯᠣᠨ᠎ᠠ ᠂  ᠨᠠᠢ᠌ᠳᠠᠯᠭ᠎ᠠ ᠬᠦᠯᠢᠶᠡᠭᠴᠢ᠎ᠨᠢ  ᠡᠮᠴᠢᠯᠡᠭᠡᠨ᠎ᠤ ᠡᠶᠡᠳᠡᠭᠦᠯᠭᠡ ᠵᠢᠨ ᠺᠣᠮᠢᠰ᠎ᠲᠤ ᠡᠷᠬᠡ ᠣᠯᠭᠣᠭᠰᠠᠨ ᠨᠠᠶ᠋ᠢᠳᠠᠯᠭ᠎ᠠ ᠵᠢᠨ ᠪᠢᠴᠢᠭ᠎ᠢ ᠲᠤᠰᠢᠶᠠᠬᠤ ᠬᠡᠷᠡᠭᠲᠡᠢ; ᠵᠠᠭᠤᠷᠠᠯᠳᠤᠭ᠋ᠠᠨ᠎ᠢ ᠡᠶᠡᠳᠡᠭᠦᠯᠦᠭᠰᠡᠨ ᠦᠷ᠎ᠡ ᠳ᠋ᠦᠩ᠎ᠯᠦᠭᠡ ᠠᠰᠢᠭ ᠬᠣᠣᠷ᠎ᠤᠨ ᠬᠠᠷᠢᠴᠠᠭ᠎ᠠ᠎ᠲᠠᠢ ᠭᠤᠷᠪᠠᠳᠠᠭᠢ ᠬᠥᠮᠥᠨ ᠡᠶᠡᠳᠡᠭᠦᠯᠭᠡ᠎ᠳᠤ ᠣᠷᠣᠯᠴᠠᠬᠤ᠎ᠪᠠᠷ ᠭᠤᠶᠤᠴᠢᠯᠠᠵᠤ ᠪᠣᠯᠣᠨ᠎ᠠ; ᠲᠠᠯ᠎ᠠ ᠪᠦᠷᠢ ᠵᠢᠨ ᠲᠥᠯᠥᠭᠡᠯᠡᠭᠴᠢ ᠵᠢᠨ ᠲᠣᠭ᠎ᠠ ᠵᠢ ᠡᠩ᠎ᠤᠨ ᠪᠠᠢ᠌ᠳᠠᠯ᠎ᠳᠤ 3᠎ᠠᠴᠠ ᠬᠡᠲᠦᠷᠡᠭᠦᠯᠵᠦ ᠪᠤᠯᠬᠤ ᠦᠭᠡᠢ ᠃

      (ᠵᠢᠷᠭᠤᠭ᠎ᠠ )  ᠡᠶᠡᠳᠡᠭᠦᠯᠬᠦ ᠶᠠᠪᠤᠴᠠ᠎ᠳᠤ ᠂  ᠲᠤᠬᠠᠢ᠌ᠲᠠᠢ ᠬᠥᠮᠥᠨ ᠡᠶᠡᠳᠡᠭᠦᠯᠬᠦ ᠰᠠᠬᠢᠯᠭ᠎ᠠ ᠪᠠᠲᠤ ᠵᠢ ᠵᠢᠷᠤᠮᠯᠠᠨ ᠰᠠᠬᠢᠬᠤ ᠬᠡᠷᠡᠭᠲᠡᠢ ᠂  ᠲᠤᠬᠠᠢ᠌ᠲᠠᠢ ᠬᠥᠮᠥᠨ ᠵᠠᠭᠤᠷᠠᠯᠳᠤᠭ᠋ᠠᠨ᠎ᠢ ᠲᠣᠭ᠋ᠠᠴᠢᠬᠤ ᠶᠠᠪᠤᠴᠠ᠎ᠳᠤ ᠵᠣᠷᠢᠭᠤᠳᠠ ᠪᠣᠳᠠᠲᠤ ᠬᠡᠷᠡᠭ᠎ᠢ ᠭᠠᠵᠢᠭᠤᠳᠠᠭᠤᠯᠵᠤ ᠂  ᠶᠣᠰᠣ ᠪᠤᠰᠤ᠎ᠪᠠᠷ ᠠᠭ᠋ᠠᠰᠢᠯᠠᠭᠰᠠᠨ ᠪᠠᠢ᠌ᠪᠠᠯ ᠡᠶᠡᠳᠡᠭᠦᠯᠦᠭᠴᠢ ᠴᠠᠭ ᠲᠤᠬᠠᠢ᠎ᠳᠤ᠎ᠨᠢ  ᠬᠣᠷᠢᠭᠯᠠᠨ ᠵᠣᠭᠰᠤᠭ᠋ᠠᠬᠤ ᠪᠠ ᠵᠠᠯᠠᠷᠠᠭᠤᠯᠬᠤ ᠬᠡᠷᠡᠭᠲᠡᠢ ᠃

      (ᠳᠣᠯᠣᠭ᠎ᠠ )  ᠡᠮᠴᠢᠯᠡᠭᠡᠨ᠎ᠤ ᠡᠶᠡᠳᠡᠭᠦᠯᠭᠡ ᠵᠢᠨ ᠺᠣᠮᠢᠰ ᠵᠠᠭᠤᠷᠠᠯᠳᠤᠭ᠋ᠠᠨ᠎ᠢ ᠡᠶᠡᠳᠡᠭᠦᠯᠬᠦ᠎ᠳᠤ᠎ᠪᠠᠨ ᠂  ᠬᠡᠷᠡᠭᠴᠡᠭᠡ᠎ᠪᠠᠨ ᠦᠨᠳᠦᠰᠦᠯᠡᠨ ᠬᠠᠮᠢᠶ᠎ᠠ ᠪᠦᠬᠦᠢ ᠲᠣᠭᠲᠠᠭ᠋ᠠᠯ ᠶᠣᠰᠣᠭ᠋ᠠᠷ ᠲᠤᠰᠬᠠᠢ ᠮᠡᠷᠭᠡᠵᠢᠯᠲᠡᠨ᠎ᠤ ᠬᠥᠮᠥᠷᠭᠡ᠎ᠠᠴᠠ ᠲᠤᠰᠬᠠᠢ ᠮᠡᠷᠭᠡᠵᠢᠯᠲᠡᠨ ᠰᠣᠩᠭᠣᠨ ᠠᠰᠠᠭᠤᠨ ᠯᠠᠪᠯᠠᠵᠤ ᠪᠣᠯᠣᠨ᠎ᠠ ᠃  ᠡᠮᠴᠢᠯᠡᠭᠡᠨ᠎ᠤ ᠬᠣᠬᠢᠷᠠᠯ᠎ᠳᠤ ᠬᠢᠨᠠᠨ ᠲᠣᠭᠲᠠᠭ᠋ᠠᠯᠲᠠ ᠬᠢᠵᠦ ᠬᠠᠷᠢᠭᠤᠴᠠᠯᠭ᠎ᠠ ᠲᠣᠳᠣᠷᠬᠠᠢ᠌ᠯᠠᠬᠤ ᠴᠢᠬᠤᠯᠠᠲᠠᠢ ᠪᠣᠯ ᠲᠤᠬᠠᠢ᠌ᠲᠠᠢ ᠬᠥᠮᠥᠨ ᠬᠠᠮᠲᠤ᠎ᠪᠠᠷ ᠠᠨᠠᠭ᠋ᠠᠬᠤ ᠤᠬᠠᠭ᠋ᠠᠨ᠎ᠤ ᠨᠡᠢ᠌ᠭᠡᠮᠯᠢᠭ ᠪᠤᠶᠤ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠪᠠᠢ᠌ᠭᠤᠯᠤᠮᠵᠢ᠎ᠳᠤ ᠨᠠᠢ᠌ᠳᠠᠨ ᠬᠢᠨᠠᠨ ᠲᠣᠭᠲᠠᠭ᠋ᠠᠯᠭ᠋ᠠᠵᠤ ᠪᠣᠯᠣᠨ᠎ᠠ ᠂  ᠪᠠᠰᠠ ᠲᠤᠬᠠᠢ᠌ᠲᠠᠢ ᠬᠥᠮᠥᠨ ᠵᠶ᠋ᠡᠷ ᠵᠥᠪᠰᠢᠶᠡᠷᠡᠭᠦᠯᠦᠭᠡᠳ ᠡᠮᠴᠢᠯᠡᠭᠡᠨ᠎ᠤ ᠡᠶᠡᠳᠡᠭᠦᠯᠭᠡ ᠵᠢᠨ ᠺᠣᠮᠢᠰ᠎ᠲᠤ ᠨᠠᠢ᠌ᠳᠠᠨ ᠬᠢᠨᠠᠨ ᠲᠣᠭᠲᠠᠭ᠋ᠠᠯᠭ᠋ᠠᠵᠤ ᠪᠣᠯᠣᠨ᠎ᠠ ᠃  ᠲᠤᠰᠬᠠᠢ ᠮᠡᠷᠭᠡᠵᠢᠯᠲᠡᠨ᠎ᠠᠴᠠ ᠠᠰᠠᠭᠤᠨ ᠯᠠᠪᠯᠠᠬᠤ ᠪᠤᠶᠤ ᠬᠢᠨᠠᠨ ᠲᠣᠭᠲᠠᠭ᠋ᠠᠯᠲᠠ ᠬᠢᠯᠭᠡᠬᠦ ᠴᠢᠬᠤᠯᠠᠲᠠᠢ ᠪᠠᠢ᠌ᠪᠠᠯ ᠂  ᠡᠮᠴᠢᠯᠡᠭᠡᠨ᠎ᠤ ᠡᠶᠡᠳᠡᠭᠦᠯᠭᠡ ᠵᠢᠨ ᠺᠣᠮᠢᠰ᠎ᠨᠢ  ᠲᠤᠬᠠᠢ᠌ᠲᠠᠢ ᠬᠥᠮᠥᠨ᠎ᠳᠤ ᠬᠠᠮᠢᠶ᠎ᠠ ᠪᠦᠬᠦᠢ ᠴᠤᠪᠤᠷᠠᠯ ᠪᠠ ᠱᠠᠭ᠋ᠠᠷᠳᠠᠯᠭ᠎ᠠ ᠵᠢ ᠮᠡᠳᠡᠭᠳᠡᠬᠦ ᠬᠡᠷᠡᠭᠲᠡᠢ ᠃

      (ᠨᠠᠢ᠍ᠮᠠ )  ᠡᠮᠴᠢᠯᠡᠭᠡᠨ᠎ᠤ ᠡᠶᠡᠳᠡᠭᠦᠯᠭᠡ ᠵᠢᠨ ᠺᠣᠮᠢᠰ᠎ᠨᠢ  ᠬᠦᠯᠢᠶᠡᠨ ᠠᠪᠤᠭᠰᠠᠨ ᠡᠳᠦᠷ᠎ᠠᠴᠠ ᠡᠬᠢᠯᠡᠨ 30 ᠠᠵᠢᠯᠯᠠᠬᠤ ᠡᠳᠦᠷ᠎ᠤᠨ ᠳᠣᠲᠣᠷ᠎ᠠ ᠡᠶᠡᠳᠡᠭᠦᠯᠭᠡ ᠵᠢ ᠪᠡᠶᠡᠯᠡᠭᠦᠯᠵᠦ ᠂  ᠬᠦᠯᠢᠶᠡᠨ ᠠᠪᠴᠤ ᠰᠢᠢ᠍ᠳᠪᠦᠷᠢᠯᠡᠬᠦ ᠴᠠᠭ ᠬᠤᠭᠤᠴᠠᠭ᠎ᠠ ᠵᠢ ᠡᠮᠴᠢ ᠪᠠ ᠡᠪᠡᠳᠴᠢᠲᠡᠨ ᠬᠣᠶᠠᠷ ᠲᠠᠯ᠎ᠠ ᠵᠢᠨ᠎ᠬᠢᠨ ᠮᠠᠲ᠋ᠧᠷᠢᠶᠡᠯ ᠵᠶ᠋ᠠᠨ ᠪᠦᠷᠢᠨ ᠭᠦᠢ᠍ᠴᠡᠳ ᠲᠤᠰᠢᠶᠠᠭᠰᠠᠨ ᠡᠳᠦᠷ᠎ᠠᠴᠠ ᠡᠬᠢᠯᠡᠵᠦ ᠪᠤᠳᠣᠨ᠎ᠠ ᠃  ᠣᠨᠴᠠᠭ᠋ᠠᠢ ᠪᠠᠢ᠌ᠳᠠᠯ᠎ᠠᠴᠠ ᠪᠣᠯᠵᠤ ᠡᠶᠡᠳᠡᠭᠦᠯᠬᠦ ᠬᠤᠭᠤᠴᠠᠭ᠎ᠠ ᠵᠢ ᠤᠷᠲᠤᠳᠬᠠᠬᠤ ᠴᠢᠬᠤᠯᠠᠲᠠᠢ ᠪᠠᠢ᠌ᠪᠠᠯ ᠂  ᠡᠮᠴᠢᠯᠡᠭᠡᠨ᠎ᠤ ᠡᠶᠡᠳᠡᠭᠦᠯᠭᠡ ᠵᠢᠨ ᠺᠣᠮᠢᠰ ᠬᠢᠭᠡᠳ ᠲᠤᠬᠠᠢ᠌ᠲᠠᠢ ᠬᠥᠮᠥᠨ᠎ᠨᠢ  ᠡᠶᠡᠳᠡᠭᠦᠯᠬᠦ ᠬᠤᠭᠤᠴᠠᠭ᠎ᠠ ᠵᠢ ᠤᠷᠲᠤᠳᠬᠠᠬᠤ᠎ᠪᠠᠷ ᠪᠣᠯᠵᠣᠨ ᠲᠣᠭᠲᠠᠵᠤ ᠪᠣᠯᠣᠨ᠎ᠠ ᠃  ᠡᠶᠡᠳᠡᠭᠦᠯᠬᠦ ᠬᠤᠭᠤᠴᠠᠭ᠎ᠠ᠎ᠠᠴᠠ ᠬᠡᠲᠦᠷᠡᠭᠡᠳ ᠡᠶᠡᠳᠡᠭᠦᠯᠭᠡ ᠵᠢᠨ ᠵᠥᠪᠯᠡᠯᠴᠡᠭᠡᠷ᠎ᠲᠤ ᠰᠠᠨᠠᠯ ᠨᠢᠭᠡᠳᠦᠭᠰᠡᠨ ᠦᠭᠡᠢ ᠪᠣᠯ ᠡᠶᠡᠳᠡᠭᠦᠯᠦᠭᠡᠳ ᠪᠦᠲᠦᠭᠰᠡᠨ ᠦᠭᠡᠢ ᠭᠡᠵᠦ ᠦᠵᠡᠨ᠎ᠡ ᠃  ᠦᠷᠭᠦᠯᠵᠢᠯᠡᠨ ᠡᠮᠨᠡᠨ ᠵᠠᠰᠠᠬᠤ ᠴᠢᠬᠤᠯᠠᠲᠠᠢ ᠪᠠᠢ᠌ᠪᠠᠯ ᠂  ᠡᠮᠨᠡᠨ ᠵᠠᠰᠠᠬᠤ ᠴᠠᠭ ᠬᠤᠭᠤᠴᠠᠭ᠎ᠠ ᠵᠢ ᠡᠶᠡᠳᠡᠭᠦᠯᠬᠦ ᠬᠤᠭᠤᠴᠠᠭ᠋ᠠᠨ᠎ᠳᠤ ᠪᠤᠳᠤᠬᠤ ᠦᠭᠡᠢ; ᠲᠤᠰᠬᠠᠢ ᠮᠡᠷᠭᠡᠵᠢᠯᠲᠡᠨ᠎ᠠᠴᠠ ᠠᠰᠠᠭᠤᠨ ᠯᠠᠪᠯᠠᠬᠤ ᠂  ᠠᠨᠠᠭ᠋ᠠᠬᠤ ᠤᠬᠠᠭ᠋ᠠᠨ᠎ᠤ ᠰᠢᠯᠭ᠋ᠠᠨ ᠲᠣᠭᠲᠠᠭ᠋ᠠᠯᠲᠠ ᠪᠤᠶᠤ ᠬᠠᠤᠯᠢ ᠴᠠᠭ᠋ᠠᠵᠠ ᠵᠢᠨ ᠰᠢᠯᠭ᠋ᠠᠨ ᠲᠣᠭᠲᠠᠭ᠋ᠠᠯᠲᠠ ᠬᠢᠬᠦ ᠴᠢᠬᠤᠯᠠᠲᠠᠢ ᠪᠠᠢ᠌ᠪᠠᠯ ᠂  ᠠᠰᠠᠭᠤᠨ ᠯᠠᠪᠯᠠᠬᠤ ᠪᠤᠶᠤ ᠬᠢᠨᠠᠨ ᠲᠣᠭᠲᠠᠭ᠋ᠠᠬᠤ ᠴᠠᠭ ᠬᠤᠭᠤᠴᠠᠭ᠎ᠠ ᠵᠢ ᠡᠶᠡᠳᠡᠭᠦᠯᠬᠦ ᠬᠤᠭᠤᠴᠠᠭ᠋ᠠᠨ᠎ᠳᠤ ᠪᠤᠳᠤᠵᠤ ᠤᠷᠤᠭᠤᠯᠬᠤ ᠦᠭᠡᠢ ᠃

      (ᠶᠢᠰᠦ )  ᠲᠤᠬᠠᠢ᠌ᠲᠠᠢ ᠬᠥᠮᠥᠨ᠎ᠨᠢ  ᠡᠶᠡᠳᠡᠭᠦᠯᠬᠦ᠎ᠪᠠᠷ ᠳᠠᠮᠵᠢᠭ᠋ᠠᠳ ᠰᠠᠨᠠᠯ ᠨᠢᠭᠡᠳᠦᠭᠰᠡᠨ ᠪᠠᠢ᠌ᠪᠠᠯ ᠂  ᠡᠮᠴᠢᠯᠡᠭᠡᠨ᠎ᠤ ᠡᠶᠡᠳᠡᠭᠦᠯᠭᠡ ᠵᠢᠨ ᠺᠣᠮᠢᠰ᠎ᠨᠢ  ᠡᠶᠡᠳᠡᠭᠦᠯᠭᠡ ᠵᠢᠨ ᠵᠥᠪᠯᠡᠯᠴᠡᠭᠡᠷ᠎ᠤᠨ ᠪᠢᠴᠢᠭ ᠵᠣᠬᠢᠶᠠᠬᠤ ᠬᠡᠷᠡᠭᠲᠡᠢ ᠃  ᠡᠶᠡᠳᠡᠭᠦᠯᠭᠡ ᠵᠢᠨ ᠵᠥᠪᠯᠡᠯᠴᠡᠭᠡᠷ᠎ᠤᠨ ᠪᠢᠴᠢᠭ᠎ᠲᠤ ᠲᠤᠬᠠᠢ᠌ᠲᠠᠢ ᠬᠥᠮᠥᠨ ᠭᠠᠷ᠎ᠤᠨ ᠦᠰᠦᠭ ᠵᠢᠷᠤᠬᠤ ᠪᠤᠶᠤ ᠲᠠᠮᠠᠭ᠎ᠠ ᠳᠠᠷᠤᠵᠤ ᠂  ᠠᠷᠠᠳ᠎ᠤᠨ ᠡᠶᠡᠳᠡᠭᠦᠯᠦᠭᠴᠢ ᠭᠠᠷ᠎ᠤᠨ ᠦᠰᠦᠭ ᠵᠢᠷᠤᠬᠤ ᠵᠢᠨ ᠬᠠᠮᠲᠤ ᠡᠮᠴᠢᠯᠡᠭᠡᠨ᠎ᠤ ᠵᠠᠭᠤᠷᠠᠯᠳᠤᠭ᠋ᠠᠨ᠎ᠤ ᠠᠷᠠᠳ᠎ᠤᠨ ᠡᠶᠡᠳᠡᠭᠦᠯᠭᠡ ᠵᠢᠨ ᠺᠣᠮᠢᠰ᠎ᠤᠨ ᠲᠠᠮᠠᠭ᠎ᠠ ᠵᠢ ᠳᠠᠷᠤᠭᠰᠠᠨ᠎ᠤ ᠳᠠᠷᠠᠭ᠎ᠠ ᠬᠦᠴᠦᠨ᠎ᠲᠠᠢ ᠪᠣᠯᠣᠨ᠎ᠠ ᠃  ᠡᠶᠡᠳᠡᠭᠦᠯᠭᠡ ᠵᠢᠨ ᠵᠥᠪᠯᠡᠯᠴᠡᠭᠡᠷ᠎ᠤᠨ ᠪᠢᠴᠢᠭ᠎ᠢ ᠡᠮᠴᠢ ᠪᠠ ᠡᠪᠡᠳᠴᠢᠲᠡᠨ ᠬᠣᠶᠠᠷ ᠲᠠᠯ᠎ᠠ ᠵᠢᠨ ᠲᠤᠬᠠᠢ᠌ᠲᠠᠢ ᠬᠥᠮᠥᠨ᠎ᠨᠢ  ᠲᠣᠰ ᠪᠦᠷᠢ ᠨᠢᠭᠡ ᠬᠤᠪᠢ ᠠᠪᠴᠤ ᠂  ᠡᠮᠴᠢᠯᠡᠭᠡᠨ᠎ᠤ ᠡᠶᠡᠳᠡᠭᠦᠯᠭᠡ ᠵᠢᠨ ᠺᠣᠮᠢᠰ ᠨᠢᠭᠡ ᠬᠤᠪᠢ ᠦᠯᠡᠳᠡᠭᠡᠵᠦ ᠬᠠᠳᠠᠭ᠋ᠠᠯᠠᠨ᠎ᠠ ᠃ 

       ᠡᠶᠡᠳᠡᠭᠦᠯᠭᠡ ᠵᠢᠨ ᠵᠥᠪᠯᠡᠯᠴᠡᠭᠡᠷ᠎ᠤᠨ ᠪᠢᠴᠢᠭ᠎ᠨᠢ  ᠡᠮᠴᠢ ᠪᠠ ᠡᠪᠡᠳᠴᠢᠲᠡᠨ ᠬᠣᠶᠠᠷ ᠲᠠᠯ᠎ᠠ᠎ᠳᠤ ᠴᠥᠮ ᠬᠢᠵᠠᠭ᠋ᠠᠷᠯᠠᠬᠤ ᠬᠦᠴᠦᠨ᠎ᠲᠠᠢ ᠪᠠᠢ᠌ᠵᠤ ᠂  ᠪᠣᠯᠵᠣᠨ ᠲᠣᠭᠲᠠᠭᠰᠠᠨ ᠶᠣᠰᠣᠭ᠋ᠠᠷ ᠤᠬᠠᠮᠰᠠᠷ᠎ᠠᠴᠠ᠎ᠪᠠᠨ ᠭᠦᠢ᠍ᠴᠡᠳᠬᠡᠬᠦ ᠬᠡᠷᠡᠭᠲᠡᠢ ᠃  ᠡᠮᠴᠢᠯᠡᠭᠡᠨ᠎ᠤ ᠡᠶᠡᠳᠡᠭᠦᠯᠭᠡ ᠵᠢᠨ ᠺᠣᠮᠢᠰ᠎ᠤᠨ ᠭᠠᠷᠭ᠋ᠠᠵᠤ ᠥᠭᠭᠦᠭᠰᠡᠨ ᠡᠶᠡᠳᠡᠭᠦᠯᠭᠡ ᠵᠢᠨ ᠵᠥᠪᠯᠡᠯᠴᠡᠭᠡᠷ᠎ᠤᠨ ᠪᠢᠴᠢᠭ᠎ᠲᠤ ᠡᠶᠡᠳᠡᠭᠦᠯᠭᠡ ᠵᠢᠨ ᠵᠥᠪᠯᠡᠯᠴᠡᠭᠡᠷ ᠬᠦᠴᠦᠨ᠎ᠲᠠᠢ ᠪᠣᠯᠤᠭᠰᠠᠨ ᠡᠳᠦᠷ᠎ᠠᠴᠠ ᠡᠬᠢᠯᠡᠨ 30 ᠡᠳᠦᠷ᠎ᠤᠨ ᠳᠣᠲᠣᠷ᠎ᠠ ᠲᠤᠬᠠᠢ᠌ᠲᠠᠢ ᠬᠥᠮᠥᠨ᠎ᠳᠤ ᠡᠮᠴᠢᠯᠡᠭᠡᠨ᠎ᠤ ᠡᠶᠡᠳᠡᠭᠦᠯᠭᠡ ᠵᠢᠨ ᠺᠣᠮᠢᠰ᠎ᠤᠨ ᠪᠠᠢ᠌ᠭ᠎ᠠ ᠭᠠᠵᠠᠷ᠎ᠤᠨ ᠠᠷᠠᠳ᠎ᠤᠨ ᠰᠢᠭᠦᠬᠦ ᠬᠣᠷᠢᠶᠠᠨ᠎ᠳᠤ ᠬᠠᠤᠯᠢ ᠴᠠᠭ᠋ᠠᠵᠠ ᠵᠢᠨ ᠨᠤᠲᠠᠯᠠᠯᠲᠠ ᠬᠢᠯᠭᠡᠬᠦ᠎ᠪᠠᠷ ᠭᠤᠶᠤᠴᠢᠯᠠᠬᠤ ᠵᠢ ᠬᠠᠮᠲᠤ᠎ᠪᠠᠷ ᠮᠡᠳᠡᠭᠳᠡᠬᠦ ᠬᠡᠷᠡᠭᠲᠡᠢ ᠃

      (ᠠᠷᠪᠠ )  ᠡᠮᠴᠢᠯᠡᠭᠡᠨ᠎ᠤ ᠡᠶᠡᠳᠡᠭᠦᠯᠭᠡ ᠵᠢᠨ ᠺᠣᠮᠢᠰ ᠡᠶᠡᠳᠡᠭᠦᠯᠦᠭᠡᠳ ᠳᠠᠭᠤᠰᠤᠭᠰᠠᠨ ᠪᠠᠢ᠌ᠪᠠᠯ ᠂  ᠴᠠᠭ ᠲᠤᠬᠠᠢ᠎ᠳᠤ᠎ᠨᠢ  ᠳᠠᠩᠰᠠᠨ᠎ᠳᠤ ᠣᠷᠣᠭᠤᠯᠵᠤ ᠡᠪᠬᠡᠮᠡᠯ ᠪᠣᠯᠭ᠋ᠠᠬᠤ ᠬᠡᠷᠡᠭᠲᠡᠢ ᠃  ᠡᠶᠡᠳᠡᠭᠦᠯᠭᠡ ᠵᠢᠨ ᠳᠠᠩᠰᠠ ᠡᠪᠬᠡᠮᠡᠯ᠎ᠳᠤ ᠡᠶᠡᠳᠡᠭᠦᠯᠭᠡ ᠬᠢᠯᠭᠡᠬᠦ ᠭᠤᠶᠤᠴᠢᠯᠠᠯ᠎ᠤᠨ ᠪᠢᠴᠢᠭ ᠂  ᠵᠠᠭᠤᠷᠠᠯᠳᠤᠭ᠋ᠠᠨ᠎ᠤ ᠳᠠᠩᠰᠠᠯᠠᠯᠲᠠ ᠵᠢᠨ ᠬᠦᠰᠦᠨᠦᠭᠲᠦ ᠂  ᠡᠶᠡᠳᠡᠭᠦᠯᠭᠡ ᠵᠢᠨ ᠲᠡᠮᠳᠡᠭᠯᠡᠯ ᠂  ᠪᠠᠢ᠌ᠴᠠᠭ᠋ᠠᠯᠲᠠ ᠵᠢᠨ ᠲᠡᠮᠳᠡᠭᠯᠡᠯ ᠂  ᠲᠤᠰᠬᠠᠢ ᠮᠡᠷᠭᠡᠵᠢᠯᠲᠡᠨ᠎ᠠᠴᠠ ᠠᠰᠠᠭᠤᠨ ᠯᠠᠪᠯᠠᠬᠤ ᠰᠠᠨᠠᠯ᠎ᠤᠨ ᠪᠢᠴᠢᠭ ᠂  ᠰᠢᠯᠭ᠋ᠠᠨ ᠲᠣᠭᠲᠠᠭ᠋ᠠᠭᠰᠠᠨ ᠰᠠᠨᠠᠯ ᠂  ᠡᠶᠡᠳᠡᠭᠦᠯᠭᠡ ᠵᠢᠨ ᠵᠥᠪᠯᠡᠯᠴᠡᠭᠡᠷ᠎ᠤᠨ ᠪᠢᠴᠢᠭ ᠂  ᠬᠠᠷᠢᠭᠤ ᠰᠤᠷᠪᠤᠯᠵᠢᠯᠠᠭᠰᠠᠨ ᠲᠡᠮᠳᠡᠭᠯᠡᠯ ᠂  ᠳᠠᠭᠤ ᠳᠦᠷᠰᠦ ᠰᠢᠩᠭᠡᠭᠡᠯᠲᠡ ᠵᠢᠨ ᠮᠠᠲ᠋ᠧᠷᠢᠶᠠᠯ ᠵᠡᠷᠭᠡ ᠵᠢ ᠪᠠᠭᠲᠠᠭ᠋ᠠᠬᠤ ᠬᠡᠷᠡᠭᠲᠡᠢ ᠃  ᠡᠮᠴᠢᠯᠡᠭᠡᠨ᠎ᠤ ᠵᠠᠭᠤᠷᠠᠯᠳᠤᠭ᠋ᠠᠨ᠎ᠤ ᠠᠷᠠᠳ᠎ᠤᠨ ᠡᠶᠡᠳᠡᠭᠦᠯᠭᠡ ᠵᠢᠨ ᠳᠠᠩᠰᠠ ᠡᠪᠬᠡᠮᠡᠯ᠎ᠢ ᠲᠣᠭᠲᠠᠭᠰᠠᠨ ᠬᠤᠭᠤᠴᠠᠭ᠎ᠠ ᠶᠣᠰᠣᠭ᠋ᠠᠷ ᠬᠠᠳᠠᠭ᠋ᠠᠯᠠᠬᠤ ᠬᠡᠷᠡᠭᠲᠡᠢ ᠃

      (ᠠᠷᠪᠠᠨ ᠨᠢᠭᠡ )  ᠡᠶᠡᠳᠡᠭᠦᠯᠦᠭᠡᠳ ᠪᠦᠲᠦᠭᠰᠡᠨ ᠦᠭᠡᠢ ᠪᠠᠢ᠌ᠪᠠᠯ ᠂  ᠡᠮᠴᠢᠯᠡᠭᠡᠨ᠎ᠤ ᠡᠶᠡᠳᠡᠭᠦᠯᠭᠡ ᠵᠢᠨ ᠺᠣᠮᠢᠰ᠎ᠨᠢ  ᠡᠶᠡᠳᠡᠭᠦᠯᠭᠡ ᠵᠢ ᠵᠣᠭᠰᠣᠭ᠋ᠠᠵᠤ ᠂  ᠡᠶᠡᠳᠡᠭᠦᠯᠭᠡ ᠵᠢ ᠵᠣᠭᠰᠣᠭ᠋ᠠᠭᠰᠠᠨ ᠮᠡᠳᠡᠭᠳᠡᠯ᠎ᠤᠨ ᠪᠢᠴᠢᠭ ᠭᠠᠷᠭ᠋ᠠᠵᠤ ᠂  ᠲᠤᠬᠠᠢ᠌ᠲᠠᠢ ᠬᠥᠮᠥᠨ᠎ᠳᠤ ᠬᠠᠮᠢᠶ᠎ᠠ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠲᠣᠭᠲᠠᠭ᠋ᠠᠯ᠎ᠢ  ᠦᠨᠳᠦᠰᠦᠯᠡᠨ ᠂  ᠵᠠᠷᠭᠤ ᠬᠢᠬᠦ ᠵᠡᠷᠭᠡ ᠬᠠᠤᠯᠢ ᠶᠣᠰᠣᠨ᠎ᠤ ᠪᠤᠰᠤᠳ ᠠᠷᠭ᠎ᠠ ᠵᠠᠮ ᠵᠶ᠋ᠠᠷ ᠳᠠᠮᠵᠢᠭᠤᠯᠤᠨ ᠥᠪᠡᠷ᠎ᠤᠨ ᠡᠷᠬᠡ ᠠᠰᠢᠭ ᠵᠶ᠋ᠠᠨ ᠬᠠᠮᠠᠭ᠋ᠠᠯᠠᠬᠤ ᠵᠢ ᠮᠡᠳᠡᠭᠳᠡᠬᠦ ᠬᠡᠷᠡᠭᠲᠡᠢ ᠃  ᠵᠥᠷᠢᠴᠡᠯ ᠰᠢᠷᠦᠭᠦᠰᠬᠦ ᠲᠦᠭᠰᠢᠭᠦᠷᠢ ᠵᠢᠨ ᠭᠡᠮ ᠰᠣᠭᠣᠭ ᠪᠠᠢ᠌ᠬᠤ ᠵᠢ ᠣᠯᠵᠤ ᠮᠡᠳᠡᠪᠡᠯ ᠂  ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠤ ᠴᠠᠭ ᠲᠤᠬᠠᠢ᠎ᠳᠤ᠎ᠨᠢ  ᠮᠡᠳᠡᠭᠦᠯᠬᠦ ᠬᠡᠷᠡᠭᠲᠡᠢ ᠃

       ᠭᠤᠴᠢᠨ ᠬᠣᠶᠠᠳᠤᠭ᠋ᠠᠷ ᠵᠦᠢ᠍ᠯ    ᠡᠮᠴᠢᠯᠡᠭᠡᠨ᠎ᠤ ᠵᠠᠭᠤᠷᠠᠯᠳᠤᠭ᠋ᠠᠨ ᠭᠠᠷᠤᠭᠰᠠᠨ᠎ᠤ ᠳᠠᠷᠠᠭ᠎ᠠ ᠂  ᠡᠮᠴᠢ ᠪᠠ ᠡᠪᠡᠳᠴᠢᠲᠡᠨ ᠬᠣᠶᠠᠷ ᠲᠠᠯ᠎ᠠ᠎ᠪᠠᠷ ᠵᠶ᠋ᠠᠨ ᠡᠮᠴᠢᠯᠡᠭᠡᠨ᠎ᠤ ᠵᠠᠭᠤᠷᠠᠯᠳᠤᠭ᠋ᠠᠨ ᠭᠠᠷᠤᠭᠰᠠᠨ ᠭᠠᠵᠠᠷ᠎ᠤᠨ ᠬᠣᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠲᠤ ᠵᠠᠰᠠᠭ ᠵᠠᠬᠢᠷᠭ᠋ᠠᠨ᠎ᠤ ᠡᠶᠡᠳᠡᠭᠦᠯᠭᠡ ᠬᠢᠯᠭᠡᠬᠦ᠎ᠪᠠᠷ ᠬᠠᠮᠲᠤ᠎ᠪᠠᠷ ᠭᠤᠶᠤᠴᠢᠯᠠᠵᠤ ᠪᠣᠯᠣᠨ᠎ᠠ; ᠨᠢᠭᠡ ᠲᠠᠯ᠎ᠠ᠎ᠨᠢ  ᠡᠶᠡᠳᠡᠭᠦᠯᠬᠦ᠎ᠪᠠᠷ ᠭᠤᠶᠤᠴᠢᠯᠠᠭᠰᠠᠨ ᠪᠠᠢ᠌ᠪᠠᠯ ᠂  ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ  ᠨᠥᠭᠦᠭᠡ ᠲᠠᠯ᠎ᠠ ᠵᠢᠨ ᠵᠥᠪᠰᠢᠶᠡᠷᠡᠯ᠎ᠢ ᠣᠯᠣᠭᠰᠠᠨ᠎ᠤ ᠳᠠᠷᠠᠭ᠎ᠠ ᠬᠢᠨᠠᠨ ᠪᠠᠢ᠌ᠴᠠᠭ᠋ᠠᠵᠤ ᠭᠥᠯᠢᠶᠡᠨ ᠠᠪᠴᠤ ᠰᠢᠢ᠍ᠳᠪᠦᠷᠢᠯᠡᠬᠦ ᠳᠡᠰ ᠳᠠᠷᠠᠭ᠋ᠠᠯᠠᠯ ᠵᠶ᠋ᠠᠨ ᠡᠬᠢᠯᠡᠭᠦᠯᠵᠦ ᠂  ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠰᠢᠢ᠍ᠳᠪᠦᠷᠢᠯᠡᠨ᠎ᠡ ᠃ 

       ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠭᠤᠶᠤᠴᠢᠯᠠᠯ᠎ᠢ ᠣᠯᠣᠭᠰᠠᠨ ᠡᠳᠦᠷ᠎ᠠᠴᠠ ᠡᠬᠢᠯᠡᠨ 5 ᠠᠵᠢᠯᠯᠠᠬᠤ ᠡᠳᠦᠷ᠎ᠤᠨ ᠳᠣᠲᠣᠷ᠎ᠠ ᠭᠥᠯᠢᠶᠡᠨ ᠠᠪᠴᠤ ᠰᠢᠢ᠍ᠳᠪᠦᠷᠢᠯᠡᠬᠦ ᠡᠰᠡᠬᠦ ᠵᠢᠨ ᠲᠣᠭᠲᠠᠭ᠋ᠠᠯ ᠭᠠᠷᠭ᠋ᠠᠬᠤ ᠬᠡᠷᠡᠭᠲᠡᠢ ᠃  ᠡᠮᠴᠢ ᠪᠠ ᠡᠪᠡᠳᠴᠢᠲᠡᠨ ᠬᠣᠶᠠᠷ ᠲᠠᠯ᠎ᠠ᠎ᠪᠠᠷ ᠵᠶ᠋ᠠᠨ ᠨᠢᠭᠡᠨᠲᠡ ᠠᠷᠠᠳ᠎ᠤᠨ ᠰᠢᠭᠦᠬᠦ ᠬᠣᠷᠢᠶᠠᠨ᠎ᠳᠤ ᠵᠠᠭ᠋ᠠᠯᠳᠤᠯᠭ᠎ᠠ ᠭᠠᠷᠭ᠋ᠠᠭᠰᠠᠨ ᠮᠥᠷᠲᠡᠭᠡᠨ ᠨᠢᠭᠡᠨᠲᠡ ᠰᠢᠢ᠍ᠳᠪᠦᠷᠢᠯᠡᠬᠦ᠎ᠪᠠᠷ ᠬᠦᠯᠢᠶᠡᠨ ᠠᠪᠤᠭᠰᠠᠨ ᠂  ᠡᠰᠡᠬᠦᠯ᠎ᠡ ᠨᠢᠭᠡᠨᠲᠡ ᠡᠮᠴᠢᠯᠡᠭᠡᠨ᠎ᠤ ᠵᠠᠭᠤᠷᠠᠯᠳᠤᠭ᠋ᠠᠨ᠎ᠤ ᠠᠷᠠᠳ᠎ᠤᠨ ᠡᠶᠡᠳᠡᠭᠦᠯᠭᠡ ᠵᠢᠨ ᠺᠣᠮᠢᠰ ᠵᠶ᠋ᠠᠷ ᠡᠶᠡᠳᠡᠭᠦᠯᠭᠡ ᠬᠢᠯᠭᠡᠬᠦ᠎ᠪᠠᠷ ᠭᠤᠶᠤᠴᠢᠯᠠᠭᠰᠠᠨ ᠮᠥᠷᠲᠡᠭᠡᠨ ᠨᠢᠭᠡᠨᠲᠡ ᠰᠢᠢ᠍ᠳᠪᠦᠷᠢᠯᠡᠬᠦ᠎ᠪᠠᠷ ᠬᠦᠯᠢᠶᠡᠨ ᠠᠪᠤᠭᠰᠠᠨ ᠪᠠᠢ᠌ᠪᠠᠯ ᠂  ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠬᠦᠯᠢᠶᠡᠨ ᠠᠪᠴᠤ ᠰᠢᠢ᠍ᠳᠪᠦᠷᠢᠯᠡᠬᠦ ᠦᠭᠡᠢ; ᠨᠢᠭᠡᠨᠲᠡ ᠰᠢᠢ᠍ᠳᠪᠦᠷᠢᠯᠡᠬᠦ᠎ᠪᠠᠷ ᠬᠦᠯᠢᠶᠡᠨ ᠠᠪᠤᠭᠰᠠᠨ ᠪᠠᠢ᠌ᠪᠠᠯ ᠵᠠᠰᠠᠭ ᠵᠠᠬᠢᠷᠭ᠋ᠠᠨ᠎ᠤ ᠡᠶᠡᠳᠡᠭᠦᠯᠭᠡ ᠵᠢ ᠵᠣᠭᠰᠣᠭ᠋ᠠᠨ᠎ᠠ ᠃ 

       ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ  ᠡᠶᠡᠳᠡᠭᠦᠯᠭᠡ ᠵᠢᠨ ᠭᠤᠶᠤᠴᠢᠯᠠᠯ᠎ᠢ ᠬᠦᠯᠢᠶᠡᠨ ᠠᠪᠤᠭᠰᠠᠨ ᠡᠳᠦᠷ᠎ᠠᠴᠠ ᠡᠬᠢᠯᠡᠨ 30 ᠠᠵᠢᠯᠯᠠᠬᠤ ᠡᠳᠦᠷ᠎ᠤᠨ ᠳᠣᠲᠣᠷ᠎ᠠ ᠡᠶᠡᠳᠡᠭᠦᠯᠭᠡ ᠵᠢ ᠪᠡᠶᠡᠯᠡᠭᠦᠯᠬᠦ ᠬᠡᠷᠡᠭᠲᠡᠢ ᠃  ᠡᠮᠴᠢᠯᠡᠭᠡᠨ᠎ᠤ ᠬᠣᠬᠢᠷᠠᠯ᠎ᠤᠨ ᠬᠢᠨᠠᠨ ᠲᠣᠭᠲᠠᠭ᠋ᠠᠯᠲᠠ ᠬᠢᠬᠦ ᠴᠢᠬᠤᠯᠠᠲᠠᠢ ᠪᠣᠯ ᠬᠢᠨᠠᠨ ᠲᠣᠭᠲᠠᠭ᠋ᠠᠬᠤ ᠬᠤᠭᠤᠴᠠᠭ᠎ᠠ ᠵᠢ ᠡᠶᠡᠳᠡᠭᠦᠯᠬᠦ ᠬᠤᠭᠤᠴᠠᠭ᠋ᠠᠨ᠎ᠳᠤ ᠪᠣᠳᠣᠵᠤ ᠣᠷᠣᠭᠤᠯᠬᠤ ᠦᠭᠡᠢ ᠃  ᠡᠶᠡᠳᠡᠭᠦᠯᠬᠦ ᠬᠤᠭᠤᠴᠠᠭ᠎ᠠ᠎ᠠᠴᠠ ᠬᠡᠲᠦᠷᠡᠭᠡᠳ ᠡᠶᠡᠳᠡᠭᠦᠯᠭᠡ ᠵᠢᠨ ᠵᠥᠪᠯᠡᠯᠴᠡᠭᠡᠷ᠎ᠲᠤ ᠰᠠᠨᠠᠯ ᠨᠢᠭᠡᠳᠦᠭᠰᠡᠨ ᠦᠭᠡᠢ ᠪᠣᠯ ᠡᠶᠡᠳᠡᠭᠦᠯᠦᠭᠡᠳ ᠪᠦᠲᠦᠭᠰᠡᠨ ᠦᠭᠡᠢ ᠭᠡᠵᠦ ᠦᠵᠡᠨ᠎ᠡ ᠃

       ᠭᠤᠴᠢᠨ ᠭᠤᠷᠪᠠᠳᠤᠭ᠋ᠠᠷ ᠵᠦᠢ᠍ᠯ    ᠡᠮᠴᠢ ᠪᠠ ᠡᠪᠡᠳᠴᠢᠲᠡᠨ ᠬᠣᠶᠠᠷ ᠲᠠᠯ᠎ᠠ᠎ᠪᠠᠷ ᠵᠶ᠋ᠠᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ ᠡᠶᠡᠳᠡᠭᠦᠯᠭᠡ᠎ᠪᠠᠷ ᠳᠠᠮᠵᠢᠨ ᠰᠠᠨᠠᠯ ᠨᠢᠭᠡᠳᠦᠭᠰᠡᠨ ᠪᠠᠢ᠌ᠪᠠᠯ ᠂  ᠡᠶᠡᠳᠡᠭᠦᠯᠭᠡ ᠵᠢᠨ ᠵᠥᠪᠯᠡᠯᠴᠡᠭᠡᠷ᠎ᠤᠨ ᠪᠢᠴᠢᠭ᠎ᠲᠤ ᠭᠠᠷ᠎ᠤᠨ ᠦᠰᠦᠭ ᠵᠢᠷᠤᠬᠤ ᠬᠡᠷᠡᠭᠲᠡᠢ ᠃

       ᠭᠤᠴᠢᠨ ᠳᠥᠷᠪᠡᠳᠦᠭᠡᠷ ᠵᠦᠢ᠍ᠯ    ᠡᠮᠴᠢᠯᠡᠭᠡᠨ᠎ᠤ ᠵᠠᠭᠤᠷᠠᠯᠳᠤᠭ᠋ᠠᠨ ᠭᠠᠷᠪᠠᠯ ᠂  ᠲᠤᠬᠠᠢ᠌ᠲᠠᠢ ᠬᠥᠮᠥᠨ᠎ᠢ  ᠤᠷᠢᠳ ᠵᠶ᠋ᠠᠷ ᠰᠠᠢ᠌ᠨ ᠳᠤᠷ᠎ᠠ᠎ᠠᠴᠠ᠎ᠪᠠᠨ ᠵᠥᠪᠳᠡᠯᠴᠡᠵᠦ ᠰᠢᠢ᠍ᠳᠪᠦᠷᠢᠯᠡᠭᠦᠯᠬᠦ᠎ᠪᠠᠷ ᠵᠣᠷᠢᠭᠵᠢᠭᠤᠯᠬᠤ ᠪᠠ ᠬᠥᠲᠥᠯᠥᠨ ᠵᠢᠯᠣᠭᠣᠳᠤᠨ᠎ᠠ ᠃  ᠲᠤᠬᠠᠢ᠌ᠲᠠᠢ ᠬᠥᠮᠥᠨ᠎ᠨᠢ  ᠵᠥᠪᠳᠡᠯᠴᠡᠬᠦ ᠳᠤᠷ᠎ᠠ ᠦᠭᠡᠢ ᠪᠤᠶᠤ ᠵᠥᠪᠳᠡᠯᠴᠡᠭᠡᠳ ᠪᠦᠲᠦᠭᠰᠡᠨ ᠦᠭᠡᠢ ᠪᠠᠢ᠌ᠪᠠᠯ ᠠᠷᠠᠳ᠎ᠤᠨ ᠡᠶᠡᠳᠡᠭᠦᠯᠭᠡ ᠵᠢ ᠭᠤᠶᠤᠴᠢᠯᠠᠬᠤ᠎ᠪᠠᠷ ᠬᠥᠲᠥᠯᠥᠨ ᠵᠢᠯᠤᠭᠣᠳᠬᠤ ᠬᠡᠷᠡᠭᠲᠡᠢ ᠃  ᠲᠤᠬᠠᠢ᠌ᠲᠠᠢ ᠬᠥᠮᠥᠨ᠎ᠨᠢ  ᠠᠷᠠᠳ᠎ᠤᠨ ᠡᠶᠡᠳᠡᠭᠦᠯᠭᠡ ᠬᠢᠯᠭᠡᠬᠦ ᠳᠤᠷ᠎ᠠ ᠦᠭᠡᠢ ᠪᠤᠶᠤ ᠡᠶᠡᠳᠡᠭᠦᠯᠦᠭᠡᠳ ᠪᠦᠲᠦᠭᠰᠡᠨ ᠦᠭᠡᠢ ᠪᠠᠢ᠌ᠪᠠᠯ ᠵᠠᠰᠠᠭ ᠵᠠᠬᠢᠷᠭ᠋ᠠᠨ᠎ᠤ ᠡᠶᠡᠳᠡᠭᠦᠯᠭᠡ ᠭᠤᠶᠤᠴᠢᠯᠠᠬᠤ᠎ᠪᠠᠷ ᠬᠥᠲᠥᠯᠥᠨ ᠵᠢᠯᠤᠭᠣᠳᠬᠤ ᠬᠡᠷᠡᠭᠲᠡᠢ ᠃  ᠲᠤᠬᠠᠢ᠌ᠲᠠᠢ ᠬᠥᠮᠥᠨ᠎ᠨᠢ  ᠵᠠᠰᠠᠭ ᠵᠠᠬᠢᠷᠭ᠋ᠠᠨ᠎ᠤ ᠡᠶᠡᠳᠡᠭᠦᠯᠭᠡ ᠬᠢᠯᠭᠡᠬᠦ ᠳᠤᠷ᠎ᠠ ᠦᠭᠡᠢ ᠪᠤᠶᠤ ᠡᠶᠡᠳᠡᠭᠦᠯᠦᠭᠡᠳ ᠪᠦᠲᠦᠭᠰᠡᠨ ᠦᠭᠡᠢ ᠪᠠᠢ᠌ᠪᠠᠯ ᠪᠣᠯ ᠲᠤᠬᠠᠢ᠌ᠲᠠᠢ ᠬᠥᠮᠥᠨ᠎ᠳᠤ ᠪᠤᠰᠤᠳ ᠠᠷᠭ᠎ᠠ ᠵᠠᠮ ᠰᠣᠩᠭᠣᠵᠤ ᠰᠢᠢ᠍ᠳᠪᠦᠷᠢᠯᠡᠬᠦ ᠵᠢ ᠴᠠᠭ ᠲᠤᠬᠠᠢ᠎ᠳᠤ᠎ᠨᠢ  ᠮᠡᠳᠡᠭᠳᠡᠬᠦ ᠬᠡᠷᠡᠭᠲᠡᠢ ᠃

ᠳᠥᠷᠪᠡᠳᠦᠭᠡᠷ ᠪᠦᠯᠦᠭ    ᠡᠮᠴᠢᠯᠡᠭᠡᠨ᠎ᠤ ᠬᠠᠷᠢᠭᠤᠴᠠᠯᠭ᠎ᠠ ᠵᠢᠨ ᠳᠠᠭ᠋ᠠᠳᠬᠠᠯ

       ᠭᠤᠴᠢᠨ ᠲᠠᠪᠤᠳᠤᠭ᠋ᠠᠷ ᠵᠦᠢ᠍ᠯ    ᠡᠮᠴᠢᠯᠡᠭᠡᠨ᠎ᠤ ᠪᠠᠢ᠌ᠭᠤᠯᠤᠮᠵᠢ᠎ᠨᠤᠭᠤᠳ ᠡᠮᠴᠢᠯᠡᠭᠡᠨ᠎ᠤ ᠬᠠᠷᠢᠭᠤᠴᠠᠯᠭ᠎ᠠ ᠵᠢᠨ ᠳᠠᠭ᠋ᠠᠳᠬᠠᠯ᠎ᠳᠤ ᠣᠷᠤᠯᠴᠠᠬᠤ ᠬᠡᠷᠡᠭᠲᠡᠢ ᠂  ᠡᠮᠨᠡᠯᠭᠡ ᠵᠢᠨ ᠠᠵᠢᠯᠲᠠᠨ᠎ᠤ ᠠᠵᠢᠯ ᠮᠡᠷᠭᠡᠵᠢᠯ᠎ᠤᠨ ᠬᠠᠷᠢᠭᠤᠴᠠᠯᠭ᠎ᠠ ᠵᠢᠨ ᠳᠠᠭ᠋ᠠᠳᠬᠠᠯ᠎ᠳᠤ ᠣᠷᠣᠯᠴᠠᠬᠤ ᠵᠢ ᠵᠣᠷᠢᠭᠵᠢᠭᠤᠯᠤᠨ ᠂  ᠡᠪᠡᠳᠴᠢᠲᠡᠨ᠎ᠤ ᠡᠮᠴᠢᠯᠡᠭᠡᠨ᠎ᠤ ᠰᠠᠨᠠᠭ᠋ᠠᠨ᠎ᠳᠤ ᠦᠭᠡᠢ ᠭᠡᠮᠲᠦᠯ᠎ᠤᠨ ᠳᠠᠭ᠋ᠠᠳᠬᠠᠯ᠎ᠳᠤ ᠣᠷᠣᠯᠴᠠᠬᠤ ᠵᠢ ᠵᠣᠷᠢᠭᠵᠢᠭᠤᠯᠵᠤ ᠂  ᠲᠦᠭᠰᠢᠭᠦᠷᠢ ᠵᠢ ᠰᠡᠷᠭᠡᠢ᠌ᠯᠡᠬᠦ ᠲᠠᠯ᠎ᠠ᠎ᠳᠠᠬᠢ ᠳᠠᠭ᠋ᠠᠳᠬᠠᠯ᠎ᠤᠨ ᠴᠢᠳᠠᠮᠵᠢ ᠦᠢ᠍ᠯᠡᠳᠦᠯ᠎ᠢ ᠪᠠᠳᠠᠷᠠᠭᠤᠯᠤᠨ ᠂  ᠡᠮᠴᠢ ᠪᠠ ᠡᠪᠡᠳᠴᠢᠲᠡᠨ ᠬᠣᠶᠠᠷ ᠲᠠᠯ᠎ᠠ ᠵᠢᠨ ᠬᠠᠤᠯᠢ ᠶᠣᠰᠣᠨ᠎ᠤ ᠡᠷᠬᠡ ᠠᠰᠢᠭ᠎ᠢ ᠬᠠᠤᠯᠢ ᠶᠣᠰᠣᠭ᠋ᠠᠷ ᠪᠠᠲᠤᠯᠠᠨ᠎ᠠ ᠃

       ᠭᠤᠴᠢᠨ ᠵᠢᠷᠭᠤᠳᠤᠭ᠋ᠠᠷ ᠵᠦᠢ᠍ᠯ    ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠳ ᠡᠮᠴᠢᠯᠡᠭᠡᠨ᠎ᠤ ᠲᠦᠭᠰᠢᠭᠦᠷᠢ ᠵᠢᠨ ᠬᠤᠪᠢᠳᠠᠨ ᠡᠭᠦᠷᠭᠡᠯᠡᠬᠦ ᠲᠣᠭᠲᠠᠴᠠ ᠵᠢ ᠪᠠᠢ᠌ᠭᠤᠯᠤᠨ ᠲᠡᠭᠦᠯᠳᠡᠷᠵᠢᠭᠦᠯᠬᠦ ᠵᠢ ᠠᠬᠢᠭᠤᠯᠵᠤ ᠂  ᠡᠮᠴᠢᠯᠡᠭᠡᠨ᠎ᠤ ᠪᠠᠢ᠌ᠭᠤᠯᠤᠮᠵᠢ ᠵᠢᠨ ᠲᠦᠭᠰᠢᠭᠦᠷᠢ ᠵᠢ ᠰᠡᠷᠭᠡᠢ᠌ᠯᠡᠬᠦ ᠳᠦᠷᠢᠮ ᠵᠶ᠋ᠠᠨ ᠲᠡᠭᠦᠯᠳᠡᠷᠵᠢᠭᠦᠯᠬᠦ᠎ᠳᠤ ᠵᠢᠭ᠋ᠠᠨ ᠵᠢᠯᠣᠭᠣᠳᠤᠯᠭ᠎ᠠ ᠬᠢᠬᠦ ᠪᠠ ᠬᠢᠨᠠᠯᠲᠠ ᠲᠠᠯᠪᠢᠵᠤ ᠂  ᠡᠮᠴᠢᠯᠡᠭᠡᠨ᠎ᠤ ᠬᠠᠷᠢᠭᠤᠴᠠᠯᠭ᠎ᠠ ᠵᠢᠨ ᠳᠠᠭ᠋ᠠᠳᠬᠠᠯ᠎ᠤᠨ ᠨᠢᠭᠡᠳᠦᠯᠲᠡᠢ ᠪᠠᠲᠤᠯᠠᠬᠤ ᠲᠣᠭᠲᠠᠴᠠ ᠵᠢ ᠪᠠᠢ᠌ᠭᠤᠯᠵᠤ ᠂  ᠳᠠᠭ᠋ᠠᠳᠬᠠᠯ᠎ᠤᠨ ᠺᠣᠮᠫᠠᠨᠢ᠎ᠯᠤᠭ᠎ᠠ ᠬᠠᠮᠲᠤᠷᠠᠯᠴᠠᠬᠤ ᠪᠤᠶᠤ ᠲᠤᠰᠬᠠᠢ ᠳᠠᠭ᠋ᠠᠳᠬᠠᠯ᠎ᠤᠨ ᠵᠠᠭᠤᠴᠢ ᠪᠠᠢ᠌ᠭᠤᠯᠤᠮᠵᠢ᠎ᠳᠤ ᠨᠠᠢ᠌ᠳᠠᠵᠤ ᠪᠠᠢ᠌ᠭ᠋ᠠᠳ ᠡᠮᠴᠢᠯᠡᠭᠡᠨ᠎ᠤ ᠬᠠᠷᠢᠭᠤᠴᠠᠯᠭ᠎ᠠ ᠵᠢᠨ ᠳᠠᠭ᠋ᠠᠳᠬᠠᠯ᠎ᠤᠨ ᠠᠵᠢᠯ᠎ᠢ ᠥᠷᠨᠢᠭᠦᠯᠵᠦ ᠂  ᠡᠮᠴᠢᠯᠡᠭᠡᠨ᠎ᠤ ᠬᠠᠷᠢᠭᠤᠴᠠᠯᠭ᠎ᠠ ᠵᠢᠨ ᠳᠠᠭ᠋ᠠᠳᠬᠠᠯ ᠂  ᠡᠮᠨᠡᠯᠭᠡ ᠵᠢᠨ ᠠᠵᠢᠯᠲᠠᠨ᠎ᠤ ᠠᠵᠢᠯ ᠮᠡᠷᠭᠡᠵᠢᠯ᠎ᠤᠨ ᠬᠠᠷᠢᠭᠤᠴᠠᠯᠭ᠎ᠠ ᠵᠢᠨ ᠳᠠᠭ᠋ᠠᠳᠬᠠᠯ ᠂  ᠡᠮᠴᠢᠯᠡᠭᠡᠨ᠎ᠤ ᠰᠠᠨᠠᠭ᠋ᠠᠨ᠎ᠳᠤ ᠦᠭᠡᠢ ᠭᠡᠮᠲᠦᠯ᠎ᠤᠨ ᠳᠠᠭ᠋ᠠᠳᠬᠠᠯ ᠵᠡᠷᠭᠡ ᠲᠦᠭᠰᠢᠭᠦᠷᠢ ᠵᠢ ᠬᠤᠪᠢᠳᠠᠨ ᠡᠭᠦᠷᠭᠡᠯᠡᠬᠦ ᠬᠡᠯᠪᠡᠷᠢ ᠵᠢ ᠪᠦᠲᠦᠮᠵᠢᠲᠡᠶ ᠠᠰᠢᠭᠯᠠᠨ ᠂  ᠡᠮᠴᠢ ᠪᠠ ᠡᠪᠡᠳᠴᠢᠲᠡᠨ ᠬᠣᠶᠠᠷ ᠲᠠᠯ᠎ᠠ ᠵᠢᠨ ᠬᠠᠤᠯᠢ ᠶᠣᠰᠣᠨ᠎ᠤ ᠡᠷᠬᠡ ᠠᠰᠢᠭ᠎ᠢ ᠪᠠᠲᠤᠯᠠᠨ᠎ᠠ ᠃

       ᠭᠤᠴᠢᠨ ᠳᠣᠯᠣᠳᠤᠭ᠋ᠠᠷ ᠵᠦᠢ᠍ᠯ    ᠡᠮᠴᠢᠯᠡᠭᠡᠨ᠎ᠤ ᠬᠠᠷᠢᠭᠤᠴᠠᠯᠭ᠎ᠠ ᠵᠢᠨ ᠳᠠᠭ᠋ᠠᠳᠬᠠᠯ᠎ᠤᠨ ᠳᠠᠭ᠋ᠠᠳᠬᠠᠯ ᠬᠦᠯᠢᠶᠡᠭᠰᠡᠨ ᠪᠠᠢ᠌ᠭᠤᠯᠤᠮᠵᠢ ᠵᠢ ᠵᠣᠷᠢᠭᠵᠢᠭᠤᠯᠵᠤ ᠪᠠᠢ᠌ᠭ᠋ᠠᠳ ᠣᠯᠠᠨ ᠶᠠᠩᠵᠤ ᠵᠢᠨ ᠡᠮᠴᠢᠯᠡᠭᠡᠨ᠎ᠤ ᠬᠠᠷᠢᠭᠤᠴᠠᠯᠭ᠎ᠠ ᠵᠢᠨ ᠳᠠᠭ᠋ᠠᠳᠬᠠᠯ᠎ᠤᠨ ᠨᠡᠷᠡᠳᠬᠦᠨ᠎ᠢ ᠨᠡᠭᠡᠭᠡᠨ ᠰᠡᠳᠦᠬᠦ ᠵᠢᠨ ᠬᠠᠮᠲᠤ ᠂  ᠣᠷᠣᠯᠭ᠎ᠠ ᠵᠠᠷᠤᠯᠭ᠎ᠠ ᠵᠢ  ᠲᠡᠩᠴᠡᠭᠦᠷᠢᠰᠢᠭᠦᠯᠬᠦ ᠂  ᠪᠡᠯᠡ᠎ᠪᠠᠨ ᠪᠠᠲᠤᠯᠠᠨ ᠪᠠᠭ᠎ᠠ ᠣᠯᠵᠠ ᠣᠯᠬᠤ ᠵᠠᠷᠴᠢᠮ ᠶᠣᠰᠣᠭ᠋ᠠᠷ ᠂  ᠡᠮᠴᠢᠯᠡᠭᠡᠨ᠎ᠤ ᠬᠠᠷᠢᠭᠤᠴᠠᠯᠭ᠎ᠠ ᠵᠢᠨ ᠳᠠᠭ᠋ᠠᠳᠬᠠᠯ᠎ᠤᠨ ᠵᠠᠷᠤᠳᠠᠯ᠎ᠤᠨ ᠨᠣᠷᠮ᠎ᠠ ᠵᠢ ᠰᠢᠨᠵᠢᠯᠡᠬᠦ ᠤᠬᠠᠭ᠋ᠠᠨᠴᠢ ᠵᠦᠢ ᠵᠣᠬᠢᠰᠲᠠᠢ᠎ᠪᠠᠷ ᠴᠡᠭᠴᠡᠯᠡᠨ ᠲᠣᠭᠲᠠᠭ᠋ᠠᠨ᠎ᠠ ᠃

       ᠭᠤᠴᠢᠨ ᠨᠠᠢ᠍ᠮᠠᠳᠤᠭ᠋ᠠᠷ ᠵᠦᠢ᠍ᠯ    ᠡᠮᠴᠢᠯᠡᠭᠡᠨ᠎ᠤ ᠪᠠᠢ᠌ᠭᠤᠯᠤᠮᠵᠢ᠎ᠨᠢ  ᠡᠮᠴᠢᠯᠡᠭᠡᠨ᠎ᠤ ᠬᠠᠷᠢᠭᠤᠴᠠᠯᠭ᠎ᠠ ᠵᠢᠨ ᠳᠠᠭ᠋ᠠᠳᠬᠠᠯ᠎ᠳᠤ ᠣᠷᠣᠯᠴᠠᠭᠰᠠᠨ ᠪᠠᠢ᠌ᠪᠠᠯ ᠳᠠᠭ᠋ᠠᠳᠬᠠᠯ᠎ᠤᠨ ᠵᠠᠷᠤᠳᠠᠯ᠎ᠢ ᠲᠣᠭᠲᠠᠭ᠋ᠠᠯ ᠶᠣᠰᠣᠭ᠋ᠠᠷ ᠡᠮᠴᠢᠯᠡᠭᠡᠨ᠎ᠤ ᠥᠪᠡᠷ᠎ᠤᠨ ᠥᠷᠲᠡᠭ᠎ᠲᠤ ᠪᠣᠳᠣᠵᠤ ᠣᠷᠣᠭᠤᠯᠵᠤ ᠪᠣᠯᠣᠨ᠎ᠠ ᠃  ᠡᠮᠴᠢᠯᠡᠭᠡᠨ᠎ᠤ ᠬᠠᠷᠢᠭᠤᠴᠠᠯᠭ᠎ᠠ ᠵᠢᠨ ᠳᠠᠭ᠋ᠠᠳᠬᠠᠯ᠎ᠳᠤ ᠣᠷᠣᠯᠴᠠᠭᠰᠠᠨ᠎ᠠᠴᠠ ᠪᠣᠯᠵᠤ ᠣᠳᠣ ᠵᠢᠨ ᠪᠠᠢ᠌ᠭ᠎ᠠ ᠡᠮᠴᠢᠯᠡᠭᠡᠨ᠎ᠤ ᠰᠦᠢ᠍ᠳᠬᠡᠯ ᠬᠤᠷᠢᠶᠠᠬᠤ ᠪᠠᠷᠢᠮᠵᠢᠶ᠎ᠠ ᠵᠢ ᠳᠡᠭᠡᠭᠰᠢᠯᠡᠭᠦᠯᠬᠦ ᠪᠤᠶᠤ ᠬᠡᠯᠪᠡᠷᠢ ᠵᠢ᠎ᠨᠢ  ᠥᠭᠡᠷᠡᠲᠦᠭᠦᠯᠦᠨ ᠡᠪᠡᠳᠴᠢᠲᠡᠨ᠎ᠤ ᠳᠠᠷᠤᠭ᠋ᠠᠰᠤ ᠵᠢ ᠨᠡᠮᠡᠭᠳᠡᠭᠦᠯᠵᠦ ᠪᠣᠯᠬᠤ ᠦᠭᠡᠢ ᠃

       ᠭᠤᠴᠢ ᠶᠢᠰᠦᠳᠦᠭᠡᠷ ᠵᠦᠢ᠍ᠯ    ᠡᠮᠴᠢᠯᠡᠭᠡᠨ᠎ᠤ ᠵᠠᠭᠤᠷᠠᠯᠳᠤᠭ᠋ᠠᠨ ᠭᠠᠷᠤᠭᠰᠠᠨ᠎ᠤ ᠳᠠᠷᠠᠭ᠎ᠠ ᠂  ᠡᠮᠴᠢᠯᠡᠭᠡᠨ᠎ᠤ ᠪᠠᠢ᠌ᠭᠤᠯᠤᠮᠵᠢ᠎ᠨᠢ 《ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠳᠠᠭ᠋ᠠᠳᠬᠠᠯ᠎ᠤᠨ ᠬᠠᠤᠯᠢ 》 ᠵᠢᠨ ᠬᠠᠮᠢᠶ᠎ᠠ ᠪᠦᠬᠦᠢ ᠲᠣᠭᠲᠠᠭ᠋ᠠᠯ ᠵᠢᠴᠢ ᠳᠠᠭ᠋ᠠᠳᠬᠠᠯ᠎ᠤᠨ ᠭᠡᠷ᠎ᠡ᠎ᠳᠤ ᠪᠣᠯᠵᠣᠨ ᠲᠣᠭᠲᠠᠭᠰᠠᠨ ᠶᠣᠰᠣᠭ᠋ᠠᠷ ᠂  ᠡᠮᠴᠢᠯᠡᠭᠡᠨ᠎ᠤ ᠬᠠᠷᠢᠭᠤᠴᠠᠯᠭ᠎ᠠ ᠵᠢᠨ ᠳᠠᠭ᠋ᠠᠳᠬᠠᠯ᠎ᠤᠨ ᠳᠠᠭ᠋ᠠᠳᠬᠠᠯ ᠬᠦᠯᠢᠶᠡᠭᠰᠡᠨ ᠪᠠᠢ᠌ᠭᠤᠯᠤᠮᠵᠢ᠎ᠳᠤ ᠴᠠᠭ ᠲᠤᠬᠠᠢ᠎ᠳᠤ᠎ᠨᠢ  ᠬᠡᠷᠡᠭ ᠮᠡᠳᠡᠭᠦᠯᠬᠦ ᠵᠢᠨ ᠬᠠᠮᠲᠤ ᠬᠣᠯᠪᠣᠭᠳᠠᠯ ᠪᠦᠬᠦᠢ ᠪᠠᠢ᠌ᠳᠠᠯ᠎ᠢ ᠦᠨᠡᠨ ᠪᠣᠳᠠᠲᠠᠢ ᠬᠠᠩᠭ᠋ᠠᠬᠤ ᠬᠡᠷᠡᠭᠲᠡᠢ ᠃  ᠡᠮᠴᠢᠯᠡᠭᠡᠨ᠎ᠤ ᠬᠠᠷᠢᠭᠤᠴᠠᠯᠭ᠎ᠠ ᠵᠢᠨ ᠳᠠᠭ᠋ᠠᠳᠬᠠᠯ᠎ᠤᠨ ᠳᠠᠭ᠋ᠠᠳᠬᠠᠯ ᠬᠦᠯᠢᠶᠡᠭᠰᠡᠨ ᠪᠠᠢ᠌ᠭᠤᠯᠤᠮᠵᠢ᠎ᠨᠢ  ᠡᠮᠴᠢᠯᠡᠭᠡᠨ᠎ᠤ ᠪᠠᠢ᠌ᠭᠤᠯᠤᠮᠵᠢ ᠂  ᠡᠮᠴᠢᠯᠡᠭᠡᠨ᠎ᠤ ᠡᠶᠡᠳᠡᠭᠦᠯᠭᠡ ᠵᠢᠨ ᠺᠣᠮᠢᠰ᠎ᠯᠤᠭ᠎ᠠ ᠵᠢᠨ ᠨᠡᠪᠲᠡᠷᠡᠯᠴᠡᠭᠡ ᠬᠠᠮᠵᠢᠯᠴᠠᠭ᠎ᠠ᠎ᠪᠠᠨ ᠴᠢᠩᠭ᠋ᠠᠳᠬᠠᠵᠤ ᠂  ᠡᠮᠴᠢᠯᠡᠭᠡᠨ᠎ᠤ ᠵᠠᠭᠤᠷᠠᠯᠳᠤᠭ᠋ᠠᠨ᠎ᠢ ᠡᠶᠡᠳᠡᠭᠦᠯᠦᠨ ᠰᠢᠢ᠍ᠳᠪᠦᠷᠢᠯᠡᠬᠦ ᠪᠠ ᠲᠥᠯᠥᠬᠦ ᠲᠦᠷᠭᠡᠨ ᠮᠥᠷᠲᠡᠭᠡᠨ ᠪᠦᠲᠦᠮᠵᠢᠲᠡᠶ ᠲᠣᠭᠲᠠᠴᠠ ᠵᠢ ᠪᠠᠶ᠋ᠢᠭᠤᠯᠬᠤ ᠵᠢᠨ ᠬᠠᠮᠲᠤ ᠴᠠᠭ ᠲᠤᠬᠠᠢ᠎ᠳᠤ᠎ᠨᠢ  ᠲᠥᠯᠥᠵᠦ ᠰᠢᠢ᠍ᠳᠪᠦᠷᠢᠯᠡᠬᠦ ᠬᠡᠷᠡᠭᠲᠡᠢ ᠃

       ᠳᠥᠴᠢᠳᠦᠭᠡᠷ ᠵᠦᠢ᠍ᠯ    ᠡᠮᠴᠢᠯᠡᠭᠡᠨ᠎ᠤ ᠬᠠᠷᠢᠭᠤᠴᠠᠯᠭ᠎ᠠ ᠵᠢᠨ ᠳᠠᠭ᠋ᠠᠳᠬᠠᠯ᠎ᠤᠨ ᠳᠠᠭ᠋ᠠᠳᠬᠠᠯ ᠬᠦᠯᠢᠶᠡᠭᠰᠡᠨ ᠪᠠᠢ᠌ᠭᠤᠯᠤᠮᠵᠢ᠎ᠨᠢ  ᠳᠠᠭ᠋ᠠᠳᠬᠠᠯ᠎ᠤᠨ ᠭᠡᠷ᠎ᠡ᠎ᠳᠤ ᠪᠣᠯᠵᠣᠨ ᠲᠣᠭᠲᠠᠭᠰᠠᠨ ᠶᠣᠰᠣᠭ᠋ᠠᠷ ᠂  ᠳᠠᠭ᠋ᠠᠳᠬᠠᠯ᠎ᠤᠨ ᠭᠡᠷ᠎ᠡ᠎ᠳᠤ ᠪᠣᠯᠵᠣᠨ ᠲᠣᠭᠲᠠᠭᠰᠠᠨ ᠬᠠᠷᠢᠭᠤᠴᠠᠯᠭ᠎ᠠ ᠵᠢᠨ ᠬᠡᠪᠴᠢᠶᠡᠨ᠎ᠳᠤ᠎ᠪᠠᠨ ᠴᠠᠭ ᠲᠤᠬᠠᠢ᠎ᠳᠤ᠎ᠨᠢ᠂  ᠪᠣᠳᠠᠲᠤ ᠪᠠᠢ᠌ᠳᠠᠯ᠎ᠢ ᠦᠨᠳᠦᠰᠦᠯᠡᠨ ᠂  ᠭᠦᠢ᠍ᠴᠡᠳ ᠲᠣᠭ᠎ᠠ᠎ᠪᠠᠷ ᠲᠥᠯᠥᠪᠦᠷᠢ ᠥᠭᠬᠦ ᠵᠢᠨ ᠬᠠᠮᠲᠤ ᠬᠠᠮᠢᠶ᠎ᠠ ᠪᠦᠬᠦᠢ ᠳᠠᠭ᠋ᠠᠳᠬᠠᠯ᠎ᠤᠨ ᠦᠢ᠍ᠯᠡᠴᠢᠯᠡᠭᠡ ᠬᠠᠩᠭ᠋ᠠᠬᠤ ᠬᠡᠷᠡᠭᠲᠡᠢ ᠃  ᠳᠠᠭ᠋ᠠᠳᠬᠠᠯ ᠬᠦᠯᠢᠶᠡᠭᠰᠡᠨ ᠪᠠᠢ᠌ᠭᠤᠯᠤᠮᠵᠢ᠎ᠨᠢ  ᠦᠢ᠍ᠯᠡᠴᠢᠯᠡᠭᠡᠨ᠎ᠤ ᠤᠬᠠᠮᠰᠠᠷ ᠵᠶ᠋ᠠᠨ ᠨᠡᠮᠡᠭᠳᠡᠭᠦᠯᠵᠦ ᠂  ᠳᠠᠭ᠋ᠠᠳᠬᠠᠯ᠎ᠳᠤ ᠣᠷᠤᠯᠴᠠᠬᠤ ᠂  ᠲᠥᠯᠥᠪᠦᠷᠢ ᠥᠭᠬᠦ ᠴᠤᠪᠤᠷᠠᠯ ᠵᠶ᠋ᠡᠨ ᠰᠢᠯᠢᠳᠡᠭᠵᠢᠭᠦᠯᠦᠨ ᠂  ᠭᠠᠷᠳᠠᠮ ᠵᠶ᠋ᠡᠨ ᠳᠥᠭᠥᠮᠴᠢᠯᠡᠵᠦ ᠂  ᠳᠠᠭ᠋ᠠᠳᠬᠠᠯ᠎ᠳᠤ ᠣᠷᠤᠯᠴᠠᠬᠤ ᠨᠢᠭᠡᠴᠢ᠎ᠳᠤ ᠳᠥᠭᠥᠮ ᠦᠵᠡᠭᠦᠯᠵᠦ ᠂  ᠲᠥᠯᠥᠪᠦᠷᠢ ᠥᠭᠬᠦ ᠵᠢ ᠶᠣᠰᠣ ᠪᠤᠰᠤ᠎ᠪᠠᠷ ᠲᠡᠪᠴᠢᠵᠦ ᠪᠣᠯᠬᠤ ᠦᠭᠡᠢ ᠃

       ᠳᠥᠴᠢᠨ ᠨᠢᠭᠡᠳᠦᠭᠡᠷ ᠵᠦᠢ᠍ᠯ    ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠳ ᠳᠠᠭ᠋ᠠᠳᠬᠠᠯ᠎ᠤᠨ ᠡᠵᠡᠩᠨᠡᠯᠲᠡ ᠵᠢᠨ ᠲᠤᠬᠠᠢ᠌ᠯᠠᠭᠰᠠᠨ ᠠᠵᠢᠯ᠎ᠢ ᠵᠢᠷᠤᠮᠵᠢᠭᠤᠯᠵᠤ ᠂  ᠳᠠᠭ᠋ᠠᠳᠬᠠᠯ ᠬᠦᠯᠢᠶᠡᠭᠰᠡᠨ ᠪᠠᠢ᠌ᠭᠤᠯᠤᠮᠵᠢ ᠵᠢ ᠵᠢᠭ᠋ᠠᠨ ᠵᠢᠯᠤᠭᠣᠳᠴᠤ ᠪᠠᠢ᠌ᠭ᠋ᠠᠳ ᠳᠠᠭ᠋ᠠᠳᠬᠠᠯ᠎ᠤᠨ ᠲᠥᠯᠥᠪᠦᠷᠢ ᠥᠭᠬᠦ ᠪᠠ ᠠᠷᠠᠳ᠎ᠤᠨ ᠡᠶᠡᠳᠡᠭᠦᠯᠭᠡ ᠵᠢᠨ ᠠᠵᠢᠯ᠎ᠤᠨ ᠵᠣᠯᠭ᠋ᠠᠯᠴᠠᠭ᠎ᠠ ᠵᠢ ᠰᠠᠢ᠌ᠲᠤᠷ ᠬᠢᠯᠭᠡᠵᠦ ᠂  ᠳᠠᠭ᠋ᠠᠳᠬᠠᠯ ᠬᠦᠯᠢᠶᠡᠭᠰᠡᠨ ᠪᠠᠢ᠌ᠭᠤᠯᠤᠮᠵᠢ ᠵᠢ ᠬᠥᠲᠥᠯᠥᠨ ᠵᠢᠯᠤᠭᠣᠳᠴᠤ ᠪᠠᠢ᠌ᠭ᠋ᠠᠳ ᠡᠮᠴᠢᠯᠡᠭᠡᠨ᠎ᠤ ᠬᠠᠷᠢᠭᠤᠴᠠᠯᠭ᠎ᠠ ᠵᠢᠨ ᠳᠠᠭ᠋ᠠᠳᠬᠠᠯ᠎ᠤᠨ ᠲᠤᠬᠠᠢ᠌ᠯᠠᠭᠰᠠᠨ ᠠᠵᠢᠯ᠎ᠤᠨ ᠬᠠᠮᠢᠶᠠᠷᠤᠯᠲᠠ ᠪᠠ ᠲᠦᠭᠰᠢᠭᠦᠷᠢ ᠵᠢᠨ ᠬᠠᠮᠢᠶᠠᠷᠤᠯᠲᠠ ᠡᠵᠡᠮᠳᠡᠯ᠎ᠢ ᠴᠢᠩᠭ᠋ᠠᠳᠬᠠᠬᠤ ᠬᠡᠷᠡᠭᠲᠡᠢ ᠃

ᠲᠠᠪᠤᠳᠤᠭ᠋ᠠᠷ ᠪᠦᠯᠦᠭ    ᠬᠢᠨᠠᠯᠲᠠ ᠲᠠᠯᠪᠢᠵᠤ ᠬᠠᠮᠢᠶᠠᠷᠬᠤ

       ᠳᠥᠴᠢᠨ ᠬᠣᠶᠠᠳᠤᠭ᠋ᠠᠷ ᠵᠦᠢ᠍ᠯ    ᠡᠯ᠎ᠡ ᠱᠠᠲᠤᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ  ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠡᠮᠴᠢᠯᠡᠭᠡᠨ᠎ᠤ ᠵᠠᠭᠤᠷᠠᠯᠳᠤᠭ᠋ᠠᠨ᠎ᠢ ᠰᠡᠷᠭᠡᠢ᠌ᠯᠡᠬᠦ ᠬᠢᠭᠡᠳ ᠰᠢᠢ᠍ᠳᠪᠦᠷᠢᠯᠡᠬᠦ ᠲᠠᠯ᠎ᠠ᠎ᠳᠠᠬᠢ ᠬᠢᠨᠠᠯᠲᠠ ᠬᠠᠮᠢᠶᠠᠷᠤᠯᠲᠠ ᠵᠢᠨ ᠠᠵᠢᠯ᠎ᠢ ᠬᠠᠷᠢᠭᠤᠴᠠᠨ᠎ᠠ ᠃

       ᠳᠥᠴᠢᠨ ᠭᠤᠷᠪᠠᠳᠤᠭ᠋ᠠᠷ ᠵᠦᠢ᠍ᠯ    ᠡᠯ᠎ᠡ ᠱᠠᠲᠤᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠂  ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ  ᠡᠭᠦᠷᠭᠡ ᠬᠠᠷᠢᠭᠤᠴᠠᠯᠭ᠎ᠠ ᠵᠢᠨ ᠵᠶ᠋ᠡᠨ ᠶᠣᠰᠣᠭ᠋ᠠᠷ ᠡᠮᠴᠢᠯᠡᠭᠡᠨ᠎ᠤ ᠬᠣᠬᠢᠷᠠᠯ᠎ᠢ ᠰᠢᠯᠭ᠋ᠠᠨ ᠲᠣᠭᠲᠠᠭ᠋ᠠᠬᠤ ᠬᠢᠨᠠᠯᠲᠠ ᠬᠠᠮᠢᠶᠠᠷᠤᠯᠲᠠ ᠵᠢᠨ ᠡᠭᠦᠷᠭᠡ ᠴᠢᠳᠠᠪᠤᠷᠢ᠎ᠪᠠᠨ ᠭᠦᠢ᠍ᠴᠡᠳᠬᠡᠬᠦ ᠬᠡᠷᠡᠭᠲᠡᠢ ᠃

       ᠳᠥᠴᠢᠨ ᠳᠥᠷᠪᠡᠳᠦᠭᠡᠷ ᠵᠦᠢ᠍ᠯ    ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠳ ᠳᠠᠭ᠋ᠠᠳᠬᠠᠯ᠎ᠤᠨ ᠪᠠᠢ᠌ᠭᠤᠯᠤᠮᠵᠢ ᠵᠢᠨ ᠡᠮᠴᠢᠯᠡᠭᠡᠨ᠎ᠤ ᠬᠠᠷᠢᠭᠤᠴᠠᠯᠭ᠎ᠠ ᠵᠢᠨ ᠳᠠᠭ᠋ᠠᠳᠬᠠᠯ ᠪᠠ ᠡᠮᠴᠢᠯᠡᠭᠡᠨ᠎ᠤ ᠰᠠᠨᠠᠭ᠋ᠠᠨ᠎ᠳᠤ ᠦᠭᠡᠢ ᠭᠡᠮᠲᠦᠯ᠎ᠤᠨ ᠳᠠᠭ᠋ᠠᠳᠬᠠᠯ ᠵᠡᠷᠭᠡ ᠲᠤᠬᠠᠢ᠌ᠯᠠᠭᠰᠠᠨ ᠠᠵᠢᠯ ᠥᠷᠨᠢᠭᠦᠯᠬᠦ᠎ᠳᠤ᠎ᠨᠢ  ᠬᠠᠤᠯᠢ ᠶᠣᠰᠣᠭ᠋ᠠᠷ ᠬᠢᠨᠠᠯᠲᠠ ᠬᠠᠮᠢᠶᠠᠷᠤᠯᠲᠠ ᠬᠢᠬᠦ᠎ᠪᠠᠨ ᠴᠢᠩᠭ᠋ᠠᠳᠬᠠᠵᠤ ᠂  ᠳᠠᠭ᠋ᠠᠳᠬᠠᠯ ᠬᠦᠯᠢᠶᠡᠬᠦ ᠵᠢᠴᠢ ᠲᠥᠯᠥᠪᠦᠷᠢ ᠥᠭᠬᠦ ᠠᠵᠢᠯ᠎ᠳᠠᠬᠢ ᠬᠢᠨᠠᠯᠲᠠ ᠬᠠᠮᠢᠶᠠᠷᠤᠯᠲᠠ᠎ᠪᠠᠨ ᠴᠢᠩᠭ᠋ᠠᠳᠬᠠᠬᠤ ᠬᠡᠷᠡᠭᠲᠡᠢ ᠃

       ᠳᠥᠴᠢᠨ ᠲᠠᠪᠤᠳᠤᠭ᠋ᠠᠷ ᠵᠦᠢ᠍ᠯ    ᠬᠢᠨᠠᠯᠲᠠ ᠬᠠᠮᠢᠶᠠᠷᠤᠯᠲᠠ ᠵᠢᠨ ᠠᠵᠢᠯ᠎ᠳᠤ ᠂  ᠡᠮᠨᠡᠯᠭᠡ ᠵᠢᠨ ᠬᠣᠷᠢᠶ᠎ᠠ᠎ᠨᠤᠭᠤᠳ᠎ᠤᠨ ᠨᠡᠢ᠌ᠭᠡᠮᠯᠢᠭ ᠂  ᠡᠮᠴᠢ ᠨᠠᠷ᠎ᠤᠨ ᠨᠡᠢ᠌ᠭᠡᠮᠯᠢᠭ ᠵᠡᠷᠭᠡ ᠬᠣᠯᠪᠣᠭᠳᠠᠯ ᠪᠦᠬᠦᠢ ᠠᠵᠢᠯ ᠲᠥᠷᠥᠯ᠎ᠤᠨ ᠵᠣᠬᠢᠶᠠᠨ ᠪᠠᠢ᠌ᠭᠤᠯᠤᠯᠲᠠ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠬᠤ ᠬᠡᠷᠡᠭᠲᠡᠢ ᠃

       ᠳᠥᠴᠢᠨ ᠵᠢᠷᠭᠤᠳᠤᠭ᠋ᠠᠷ ᠵᠦᠢ᠍ᠯ    ᠡᠮᠴᠢᠯᠡᠭᠡᠨ᠎ᠤ ᠪᠠᠢ᠌ᠭᠤᠯᠤᠮᠵᠢ᠎ᠨᠤᠭᠤᠳ ᠡᠮᠴᠢᠯᠡᠭᠡᠨ᠎ᠤ ᠶᠠᠰᠤ ᠴᠢᠨᠠᠷ᠎ᠤᠨ ᠠᠮᠤᠷ ᠲᠦᠪᠰᠢᠨ ᠪᠠ ᠡᠮᠴᠢᠯᠡᠭᠡᠨ᠎ᠤ ᠮᠡᠷᠭᠡᠵᠢᠯ᠎ᠤᠨ ᠡᠮᠴᠢᠯᠡᠭᠡ ᠵᠢᠨ ᠬᠡᠷᠡᠭᠯᠡᠭᠡᠨ᠎ᠳᠠᠬᠢ ᠡᠳᠦᠷ ᠲᠤᠲᠤᠮ᠎ᠤᠨ ᠬᠠᠮᠢᠶᠠᠷᠤᠯᠲᠠ᠎ᠪᠠᠨ ᠴᠢᠩᠭ᠋ᠠᠳᠬᠠᠬᠤ ᠬᠡᠷᠡᠭᠲᠡᠢ ᠃

ᠵᠢᠷᠭᠤᠳᠤᠭ᠋ᠠᠷ ᠪᠦᠯᠦᠭ    ᠳᠠᠭ᠋ᠠᠯᠳᠤᠭᠤᠯᠤᠯ ᠳᠦᠷᠢᠮ

       ᠳᠥᠴᠢᠨ ᠳᠣᠯᠣᠳᠤᠭ᠋ᠠᠷ ᠵᠦᠢ᠍ᠯ    ᠬᠠᠤᠯᠢ ᠪᠤᠰᠤ᠎ᠪᠠᠷ ᠡᠮᠴᠢᠯᠡᠭᠰᠡᠨ᠎ᠠᠴᠠ ᠪᠣᠯᠤᠭᠰᠠᠨ ᠵᠠᠭᠤᠷᠠᠯᠳᠤᠭ᠋ᠠᠨ᠎ᠨᠢ  ᠲᠤᠰ ᠠᠷᠭ᠎ᠠ᠎ᠳᠤ ᠬᠡᠯᠡᠵᠦ ᠪᠠᠢ᠌ᠭ᠎ᠠ ᠡᠮᠴᠢᠯᠡᠭᠡᠨ᠎ᠤ ᠵᠠᠭᠤᠷᠠᠯᠳᠤᠭ᠋ᠠᠨ᠎ᠳᠤ ᠪᠠᠭᠲᠠᠬᠤ ᠦᠭᠡᠢ ᠂  ᠬᠣᠯᠪᠣᠭᠳᠠᠯ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ ᠶᠣᠰᠣᠭ᠋ᠠᠷ ᠰᠢᠢ᠍ᠳᠪᠦᠷᠢᠯᠡᠬᠦ ᠬᠡᠷᠡᠭᠲᠡᠢ ᠃

       ᠳᠥᠴᠢᠨ ᠨᠠᠢ᠍ᠮᠠᠳᠤᠭ᠋ᠠᠷ ᠵᠦᠢ᠍ᠯ    ᠲᠣᠰ ᠠᠷᠭ᠎ᠠ ᠵᠢ ᠳᠠᠷᠤᠮᠠᠯᠯᠠᠨ ᠲᠠᠷᠬᠠᠭ᠋ᠠᠭᠰᠠᠨ ᠡᠳᠦᠷ᠎ᠠᠴᠠ ᠡᠬᠢᠯᠡᠨ ᠬᠡᠷᠡᠭᠵᠢᠭᠦᠯᠦᠨ᠎ᠡ ᠃

 

       ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ

      2024 ᠣᠨ᠎ᠤ 10 ᠳ᠋ᠤᠭ᠋ᠠᠷ ᠰᠠᠷ᠎ᠠ ᠵᠢᠨ 16᠎ᠤ ᠡᠳᠦᠷ ᠳᠠᠷᠤᠮᠠᠯᠯᠠᠨ ᠲᠠᠷᠬᠠᠭ᠋ᠠᠪᠠ

 

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ