ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ
ᠠᠷᠠᠳ᠎ᠤᠨ ᠵᠠᠰᠠᠭ᠎ᠤᠨ ᠣᠷᠳᠣᠨ᠎ᠤ ᠪᠢᠴᠢᠭ ᠮᠠᠲ᠋ᠧᠷᠢᠶᠠᠯ
ᠥᠪᠥᠷ ᠵᠠᠰᠠᠭ ᠲᠠᠷᠬᠠᠭ᠋ᠠᠭᠰᠠᠨ [2024 ] 31 ᠳ᠋ᠦ᠍ᠭᠡᠷ ᠲᠣᠭ᠋ᠠᠲᠤ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠯ ᠲᠦᠢ᠍ᠮᠡᠷ᠎ᠤᠨ ᠡᠨᠳᠡᠯ᠎ᠢ ᠪᠠᠢ᠌ᠴᠠᠭ᠋ᠠᠨ ᠰᠢᠢ᠍ᠳᠪᠦᠷᠢᠯᠡᠬᠦ ᠲᠣᠭᠲᠠᠭ᠋ᠠᠯ 》᠎ᠢ
ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ
ᠡᠯ᠎ᠡ ᠠᠢ᠌ᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠢ᠌ᠯᠠᠯ᠂ ᠠᠵᠢᠯ ᠦᠢ᠍ᠯᠡᠰ᠎ᠤᠨ ᠨᠢᠭᠡᠴᠢ᠎ᠳᠤ᠄
ᠡᠳᠦᠭᠡ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠯ ᠲᠦᠢ᠍ᠮᠡᠷ᠎ᠤᠨ ᠡᠨᠳᠡᠯ᠎ᠢ ᠪᠠᠢ᠌ᠴᠠᠭ᠋ᠠᠨ ᠰᠢᠢ᠍ᠳᠪᠦᠷᠢᠯᠡᠬᠦ ᠲᠣᠭᠲᠠᠭ᠋ᠠᠯ》᠎ᠢ ᠲᠠ ᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ᠎ᠲᠠᠢ᠎ᠪᠠᠨ ᠤᠶᠠᠯᠳᠤᠭᠤᠯᠤᠨ᠂ ᠬᠢᠨᠠᠮᠠᠭ᠋ᠠᠢ ᠲᠤᠭᠤᠰᠢᠯᠠᠭᠤᠯᠤᠨ ᠨᠠᠢ᠌ᠳᠠᠪᠤᠷᠢᠵᠢᠭᠤᠯᠲᠤᠭ᠋ᠠᠢ᠃
2024 ᠣᠨ᠎ᠤ 11 ᠳ᠋ᠦ᠍ᠭᠡᠷ ᠰᠠᠷ᠎ᠠ ᠵᠢᠨ 13᠎ᠤ ᠡᠳᠦᠷ
(ᠲᠤᠰ ᠪᠢᠴᠢᠭ ᠮᠠᠲᠸᠷᠢᠶᠠᠯ᠎ᠢ ᠢᠯᠡ ᠨᠡᠢ᠌ᠲᠡᠯᠡᠨ᠎ᠡ)
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠯ ᠲᠦᠢ᠍ᠮᠡᠷ᠎ᠤᠨ ᠡᠨᠳᠡᠯ᠎ᠢ ᠪᠠᠢ᠌ᠴᠠᠭ᠋ᠠᠨ ᠰᠢᠢ᠍ᠳᠪᠦᠷᠢᠯᠡᠬᠦ ᠲᠣᠭᠲᠠᠭ᠋ᠠᠯ
ᠨᠢᠭᠡᠳᠦᠭᠡᠷ ᠪᠦᠯᠦᠭ ᠶᠡᠷᠦᠩᠬᠡᠢ ᠳᠦᠷᠢᠮ
ᠨᠢᠭᠡᠳᠦᠭᠡᠷ ᠵᠦᠢ᠍ᠯ ᠭᠠᠯ ᠰᠡᠷᠭᠡᠢ᠌ᠯᠡᠨ ᠤᠨᠲᠠᠷᠠᠭ᠋ᠠᠬᠤ ᠵᠢᠨ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠲᠤᠬᠠᠢ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠭᠠᠯ ᠲᠦᠢ᠍ᠮᠡᠷ᠎ᠤᠨ ᠡᠨᠳᠡᠯ᠎ᠢ ᠪᠠᠢ᠌ᠴᠠᠭ᠋ᠠᠨ ᠰᠢᠢ᠍ᠳᠪᠦᠷᠢᠯᠡᠬᠦ ᠠᠵᠢᠯ ᠵᠶ᠋ᠡᠨ ᠤᠯᠠᠮ ᠨᠢᠭᠡ ᠠᠯᠬᠤᠮ ᠴᠢᠩᠭ᠋ᠠᠳᠬᠠᠬᠤ ᠪᠠ ᠰᠠᠢ᠌ᠵᠢᠷᠠᠭᠤᠯᠬᠤ ᠵᠢᠨ ᠲᠤᠰᠠᠳᠠ᠂ 《ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠭᠠᠯ ᠤᠨᠲᠠᠷᠠᠭ᠋ᠠᠬᠤ ᠬᠠᠤᠯᠢ》 ᠪᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠯ ᠤᠨᠲᠠᠷᠠᠭ᠋ᠠᠬᠤ ᠳᠦᠷᠢᠮ》 ᠵᠢᠴᠢ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠯ᠎ᠠᠴᠠ ᠰᠡᠷᠭᠡᠢ᠌ᠯᠡᠬᠦ ᠠᠮᠤᠷ ᠲᠦᠪᠰᠢᠨ᠎ᠤ ᠬᠠᠷᠢᠭᠤᠴᠠᠯᠭ᠎ᠠ ᠵᠢᠨ ᠳᠦᠷᠢᠮ᠎ᠤᠨ ᠬᠡᠷᠡᠭᠵᠢᠭᠦᠯᠬᠦ ᠠᠷᠭ᠎ᠠ》 ᠵᠡᠷᠭᠡ ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠪᠠ ᠬᠠᠮᠢᠶ᠎ᠠ ᠪᠦᠬᠦᠢ ᠪᠢᠴᠢᠭ ᠮᠠᠲ᠋ᠧᠷᠢᠶᠠᠯ᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ ᠤᠶᠠᠯᠳᠤᠭᠤᠯᠵᠤ᠂ ᠲᠤᠰ ᠲᠣᠭᠲᠠᠭ᠋ᠠᠯ᠎ᠢ ᠲᠣᠭᠲᠠᠭ᠋ᠠᠪᠠ᠃
ᠬᠣᠶᠠᠳᠤᠭ᠋ᠠᠷ ᠵᠦᠢ᠍ᠯ ᠭᠠᠯ ᠲᠦᠢ᠍ᠮᠡᠷ᠎ᠤᠨ ᠡᠨᠳᠡᠯ᠎ᠢ ᠪᠠᠢ᠌ᠴᠠᠭ᠋ᠠᠨ ᠰᠢᠢ᠍ᠳᠪᠦᠷᠢᠯᠡᠬᠦ᠎ᠳᠤ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠵᠢ ᠪᠠᠷᠢᠮᠲᠠᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠠᠵᠢᠯ᠎ᠤᠨ ᠭᠣᠣᠯ ᠰᠢᠵᠢᠮ ᠪᠣᠯᠭ᠋ᠠᠬᠤ ᠬᠡᠷᠡᠭᠲᠡᠢ᠃
ᠭᠤᠷᠪᠠᠳᠤᠭ᠋ᠠᠷ ᠵᠦᠢ᠍ᠯ ᠲᠤᠰ ᠲᠣᠭᠲᠠᠭ᠋ᠠᠯ᠎ᠳᠤ ᠬᠡᠯᠡᠵᠦ ᠪᠠᠢ᠌ᠭ᠎ᠠ ᠭᠠᠯ ᠲᠦᠢ᠍ᠮᠡᠷ᠎ᠤᠨ ᠡᠨᠳᠡᠯ ᠭᠡᠳᠡᠭ᠎ᠨᠢ ᠦᠢ᠍ᠯᠡᠳᠪᠦᠷᠢᠯᠡᠯ ᠡᠵᠡᠩᠨᠡᠯᠲᠡ ᠪᠤᠶᠤ ᠡᠳᠦᠷ ᠲᠤᠲᠤᠮ᠎ᠤᠨ ᠠᠮᠢᠳᠤᠷᠠᠯ᠎ᠤᠨ ᠳᠤᠮᠳᠠ ᠭᠠᠷᠤᠭᠰᠠᠨ ᠭᠣᠣᠯᠳᠠᠭᠤ ᠲᠦᠯᠡᠭᠳᠡᠵᠦ ᠰᠢᠲᠠᠭᠳᠠᠬᠤ ᠬᠡᠯᠪᠡᠷᠢ᠎ᠪᠠᠷ ᠢᠯᠡᠷᠡᠬᠦ ᠰᠠᠨᠠᠭ᠋ᠠᠨ᠎ᠳᠤ ᠦᠭᠡᠢ ᠪᠠᠢ᠌ᠳᠠᠯ᠎ᠠᠴᠠ ᠪᠣᠯᠤᠭᠰᠠᠨ ᠭᠠᠮᠰᠢᠭ᠎ᠤᠨ ᠡᠨᠳᠡᠯ᠎ᠢ ᠵᠢᠭ᠋ᠠᠵᠤ ᠪᠤᠶ᠃
ᠳᠥᠷᠪᠡᠳᠦᠭᠡᠷ ᠵᠦᠢ᠍ᠯ ᠲᠤᠰ ᠲᠣᠭᠲᠠᠭ᠋ᠠᠯ᠎ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠣᠷᠣᠨ᠎ᠳᠠᠬᠢ ᠭᠠᠯ ᠲᠦᠢ᠍ᠮᠡᠷ᠎ᠤᠨ ᠡᠨᠳᠡᠯ᠎ᠢ ᠪᠠᠢ᠌ᠴᠠᠭ᠋ᠠᠨ ᠰᠢᠢ᠍ᠳᠪᠦᠷᠢᠯᠡᠬᠦ᠎ᠳᠤ ᠬᠡᠷᠡᠭᠯᠡᠭᠳᠡᠨ᠎ᠡ᠃
ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠪᠠ ᠲᠣᠭᠲᠠᠭ᠋ᠠᠯ ᠳᠦᠷᠢᠮ᠎ᠳᠤ ᠴᠡᠷᠢᠭ᠎ᠤᠨ ᠶᠠᠪᠤᠳᠠᠯ᠎ᠤᠨ ᠪᠡᠯᠡᠳᠬᠡᠮᠵᠢ᠂ ᠠᠭᠤᠷᠬᠠᠢ ᠵᠢᠨ ᠬᠤᠳᠳᠤᠭ᠎ᠤᠨ ᠭᠠᠵᠠᠷ ᠳᠣᠣᠷᠠᠬᠢ ᠬᠡᠰᠡᠭ᠂ ᠲᠡᠮᠦᠷ ᠵᠠᠮ᠂ ᠭᠠᠷᠠᠮ ᠬᠢᠭᠡᠳ ᠤᠰᠤᠨ ᠵᠠᠮ᠎ᠤᠨ ᠲᠡᠭᠡᠭᠡᠪᠦᠷᠢ᠂ ᠠᠷᠠᠳ᠎ᠤᠨ ᠠᠭ᠋ᠠᠷ ᠠᠶᠠᠯᠠᠯ᠎ᠤᠨ ᠪᠡᠯᠡᠳᠬᠡᠮᠵᠢ᠂ ᠣᠶ ᠰᠢᠭᠤᠢ᠂ ᠣᠢ᠌ᠲᠤ ᠭᠠᠵᠠᠷ᠂ ᠨᠤᠲᠤᠭ ᠪᠡᠯᠴᠢᠭᠡᠷ᠂ ᠵᠠᠮ ᠬᠠᠷᠢᠯᠴᠠᠭ᠎ᠠ ᠲᠡᠭᠡᠭᠡᠪᠦᠷᠢ᠂ ᠴᠥᠮ᠎ᠡ ᠵᠢᠨ ᠪᠡᠯᠡᠳᠬᠡᠮᠵᠢ᠂ ᠦᠢ᠍ᠯᠡᠳᠪᠦᠷᠢᠯᠡᠯ᠎ᠤᠨ ᠠᠮᠤᠷ ᠲᠦᠪᠰᠢᠨ ᠵᠡᠷᠭᠡ ᠵᠢᠨ ᠭᠠᠯ ᠲᠦᠢ᠍ᠮᠡᠷ᠎ᠤᠨ ᠡᠨᠳᠡᠯ᠎ᠢ ᠪᠠᠢ᠌ᠴᠠᠭ᠋ᠠᠨ ᠰᠢᠢ᠍ᠳᠪᠦᠷᠢᠯᠡᠬᠦ᠎ᠳᠤ ᠠᠰᠲᠠᠭ᠋ᠠᠨ ᠲᠣᠭᠲᠠᠭ᠋ᠠᠯ᠎ᠲᠠᠢ ᠪᠣᠯ ᠲᠡᠷᠡ ᠬᠦ᠌ ᠲᠣᠭᠲᠠᠭ᠋ᠠᠯ ᠵᠶ᠋ᠠᠷ ᠬᠡᠷᠡᠭᠵᠢᠭᠦᠯᠦᠨ᠎ᠡ᠃
ᠭᠠᠯ ᠲᠠᠯᠪᠢᠵᠤ ᠶᠠᠯ᠎ᠠ ᠬᠢᠭᠰᠡᠨ ᠵᠶ᠋ᠡᠷ ᠰᠡᠵᠢᠭᠯᠡᠭᠳᠡᠭᠰᠡᠨ ᠬᠡᠷᠡᠭ᠎ᠢ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠬᠠᠤᠯᠢ ᠶᠣᠰᠣᠭ᠋ᠠᠷ ᠬᠡᠷᠡᠭ ᠪᠣᠯᠭ᠋ᠠᠨ ᠲᠤᠷᠰᠢᠨ ᠪᠠᠢ᠌ᠴᠠᠭ᠋ᠠᠨ᠎ᠠ᠃
ᠲᠠᠪᠤᠳᠤᠭ᠋ᠠᠷ ᠵᠦᠢ᠍ᠯ ᠲᠣᠰ ᠲᠣᠭᠲᠠᠭ᠋ᠠᠯ᠎ᠳᠠᠬᠢ ᠭᠠᠯ ᠲᠦᠢ᠍ᠮᠡᠷ᠎ᠤᠨ ᠡᠲᠡᠯᠤᠨ ᠵᠡᠷᠭᠡ ᠳᠡᠰ᠎ᠢ ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠡᠷᠡᠭᠵᠢᠭᠦᠯᠦᠨ᠎ᠡ᠃
ᠵᠢᠷᠭᠤᠳᠤᠭ᠋ᠠᠷ ᠵᠦᠢ᠍ᠯ ᠭᠠᠯ ᠲᠦᠢ᠍ᠮᠡᠷ᠎ᠤᠨ ᠡᠨᠳᠡᠯ᠎ᠢ ᠪᠠᠢ᠌ᠴᠠᠭ᠋ᠠᠨ ᠰᠢᠢ᠍ᠳᠪᠦᠷᠢᠯᠡᠬᠦ᠎ᠳᠤ ᠴᠠᠭ ᠲᠤᠬᠠᠢᠳᠤᠨᠢ᠂ ᠪᠤᠰᠤᠳᠴᠢ᠂ ᠲᠥᠪ ᠭᠣᠣᠯᠴᠢ᠂ ᠬᠠᠤᠯᠢ᠎ᠳᠤ ᠨᠡᠢ᠌ᠴᠡᠭᠰᠡᠨ ᠪᠠᠢ᠌ᠬᠤ ᠵᠠᠷᠴᠢᠮ᠎ᠢ ᠪᠠᠷᠢᠮᠲᠠᠯᠠᠬᠤ ᠬᠡᠷᠡᠭᠲᠡᠢ᠃
ᠬᠣᠶᠠᠳᠤᠭ᠋ᠠᠷ ᠪᠦᠯᠦᠭ ᠵᠣᠬᠢᠶᠠᠨ ᠪᠠᠢ᠌ᠭᠤᠯᠵᠤ ᠬᠡᠷᠡᠭᠵᠢᠭᠦᠯᠬᠦ
ᠳᠣᠯᠣᠳᠤᠭ᠋ᠠᠷ ᠵᠦᠢ᠍ᠯ ᠭᠠᠯ ᠲᠦᠢ᠍ᠮᠡᠷ᠎ᠤᠨ ᠡᠨᠳᠡᠯ ᠭᠠᠷᠤᠭᠰᠠᠨ᠎ᠤ ᠳᠠᠷᠠᠭ᠎ᠠ᠂ ᠭᠠᠯ ᠰᠡᠷᠭᠡᠢ᠌ᠯᠡᠨ ᠤᠨᠲᠠᠷᠠᠭ᠋ᠠᠵᠤ ᠠᠪᠤᠷᠠᠨ ᠲᠤᠰᠠᠯᠠᠬᠤ ᠪᠠᠢ᠌ᠭᠤᠯᠤᠮᠵᠢ᠎ᠨᠢ ᠭᠠᠯ ᠲᠦᠢ᠍ᠮᠡᠷ᠎ᠤᠨ ᠡᠨᠳᠡᠯ᠎ᠤᠨ ᠵᠡᠷᠭᠡ ᠳᠡᠰ᠎ᠤᠨ ᠪᠠᠷᠢᠮᠵᠢᠶ᠎ᠠ ᠵᠢ ᠦᠨᠳᠦᠰᠦᠯᠡᠨ ᠲᠣᠰ ᠱᠠᠲᠤᠨ᠎ᠤ᠎ᠪᠠᠨ ᠠᠷᠠᠳ᠎ᠤᠨ ᠵᠠᠰᠠᠭ᠎ᠤᠨ ᠣᠷᠳᠣᠨ (ᠨᠡᠭᠡᠭᠡᠯᠲᠡ ᠵᠢᠨ ᠲᠣᠭᠣᠷᠢᠭ᠎ᠤᠨ ᠬᠠᠮᠢᠶᠠᠷᠤᠯᠲᠠ ᠵᠢᠨ ᠪᠠᠢ᠌ᠭᠤᠯᠤᠮᠵᠢ᠂ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠬᠠᠮᠢᠶᠠᠷᠤᠯᠲᠠ ᠵᠢᠨ ᠪᠠᠢ᠌ᠭᠤᠯᠤᠮᠵᠢ ᠵᠡᠷᠭᠡ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠲᠣᠮᠢᠯᠠᠭᠰᠠᠨ ᠪᠠᠢ᠌ᠭᠤᠯᠭ᠎ᠠ)᠎ᠳᠤ ᠳᠡᠪᠰᠢᠭᠦᠯᠦᠨ ᠳᠣᠣᠷ᠎ᠠ ᠵᠢᠭᠰᠠᠭ᠋ᠠᠭᠰᠠᠨ ᠡᠷᠬᠡ ᠮᠡᠳᠡᠯ᠎ᠤᠨ ᠶᠣᠰᠣᠭ᠋ᠠᠷ ᠭᠠᠯ ᠲᠦᠢ᠍ᠮᠡᠷ᠎ᠤᠨ ᠡᠨᠳᠡᠯ᠎ᠤᠨ ᠪᠠᠢ᠌ᠴᠠᠭ᠋ᠠᠯᠲᠠ ᠵᠢᠨ ᠳᠤᠭᠤᠢ᠌ᠯᠠᠩ (ᠳᠣᠷᠣᠭᠰᠢ ᠪᠠᠢ᠌ᠴᠠᠭ᠋ᠠᠯᠲᠠ ᠵᠢᠨ ᠳᠤᠭᠤᠢ᠌ᠯᠠᠩ ᠭᠡᠵᠦ ᠲᠣᠪᠴᠢᠯᠠᠪᠠ)᠎ᠢ ᠴᠠᠭ ᠲᠤᠬᠠᠢᠳᠤᠨᠢ ᠪᠠᠢ᠌ᠭᠤᠯᠤᠨ᠎ᠠ᠄
(ᠨᠢᠭᠡ) ᠬᠥᠮᠥᠨ ᠬᠠᠷ᠎ᠠ ᠡᠨᠳᠡᠭᠰᠡᠨ ᠪᠤᠶᠤ ᠨᠡᠢ᠌ᠭᠡᠮ᠎ᠤᠨ ᠨᠥᠯᠥᠭᠡ ᠭᠠᠷᠭ᠋ᠠᠭᠰᠠᠨ ᠡᠩ᠎ᠤᠨ ᠭᠠᠯ ᠲᠦᠢ᠍ᠮᠡᠷ᠎ᠤᠨ ᠡᠨᠳᠡᠯ᠎ᠳᠤ᠂ ᠭᠠᠯ ᠲᠦᠢ᠍ᠮᠡᠷ᠎ᠤᠨ ᠡᠨᠳᠡᠯ ᠭᠠᠷᠤᠭᠰᠠᠨ ᠭᠠᠵᠠᠷ᠎ᠤᠨ ᠬᠣᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠪᠠᠢ᠌ᠴᠠᠭ᠋ᠠᠯᠲᠠ ᠵᠢᠨ ᠳᠤᠭᠤᠢ᠌ᠯᠠᠩ ᠪᠠᠢ᠌ᠭᠤᠯᠬᠤ ᠵᠢ ᠬᠠᠷᠢᠭᠤᠴᠠᠨ᠎ᠠ;
(ᠬᠣᠶᠠᠷ) ᠨᠡᠯᠢᠶᠡᠳ ᠶᠡᠬᠡ ᠭᠠᠯ ᠲᠦᠢ᠍ᠮᠡᠷ᠎ᠤᠨ ᠡᠨᠳᠡᠯ᠎ᠳᠤ᠂ ᠠᠢ᠌ᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠪᠠᠢ᠌ᠴᠠᠭ᠋ᠠᠯᠲᠠ ᠵᠢᠨ ᠳᠤᠭᠤᠢ᠌ᠯᠠᠩ ᠪᠠᠢ᠌ᠭᠤᠯᠬᠤ ᠵᠢ ᠬᠠᠷᠢᠭᠤᠴᠠᠨ᠎ᠠ;
(ᠭᠤᠷᠪᠠ) ᠬᠦᠨᠳᠦ ᠶᠡᠬᠡ ᠭᠠᠯ ᠲᠦᠢ᠍ᠮᠡᠷ᠎ᠤᠨ ᠡᠨᠳᠡᠯ᠎ᠳᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠪᠠᠢ᠌ᠴᠠᠭ᠋ᠠᠯᠲᠠ ᠵᠢᠨ ᠳᠤᠭᠤᠢ᠌ᠯᠠᠩ ᠪᠠᠢ᠌ᠭᠤᠯᠬᠤ ᠵᠢ ᠬᠠᠷᠢᠭᠤᠴᠠᠨ᠎ᠠ ᠃
ᠬᠥᠮᠥᠨ ᠬᠠᠷ᠎ᠠ ᠡᠨᠳᠡᠵᠦ ᠰᠢᠷᠬᠠᠲᠤᠭᠰᠠᠨ ᠦᠭᠡᠢ ᠡᠩ᠎ᠤᠨ ᠭᠠᠯ ᠲᠦᠢ᠍ᠮᠡᠷ᠎ᠤᠨ ᠡᠨᠳᠡᠯ᠎ᠳᠤ᠂ ᠭᠠᠯ ᠲᠦᠢ᠍ᠮᠡᠷ᠎ᠤᠨ ᠡᠨᠳᠡᠯ ᠭᠠᠷᠤᠭᠰᠠᠨ ᠭᠠᠵᠠᠷ᠎ᠤᠨ ᠬᠣᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠪᠠᠢ᠌ᠳᠠᠯ᠎ᠢ᠎ᠨᠢ ᠦᠵᠡᠵᠦ ᠪᠠᠢ᠌ᠭ᠋ᠠᠳ ᠪᠠᠢ᠌ᠴᠠᠭ᠋ᠠᠯᠲᠠ ᠵᠢᠨ ᠳᠤᠭᠤᠢ᠌ᠯᠠᠩ ᠪᠠᠢ᠌ᠭᠤᠯᠬᠤ ᠪᠤᠶᠤ ᠲᠣᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠭᠠᠯ ᠰᠡᠷᠭᠡᠢ᠌ᠯᠡᠨ ᠤᠨᠲᠠᠷᠠᠭ᠋ᠠᠵᠤ ᠠᠪᠤᠷᠠᠨ ᠲᠤᠰᠠᠯᠠᠬᠤ ᠪᠠᠢ᠌ᠭᠤᠯᠤᠮᠵᠢ᠎ᠪᠠᠷ ᠪᠠᠢ᠌ᠴᠠᠭ᠋ᠠᠨ ᠰᠢᠢ᠍ᠳᠪᠦᠷᠢᠯᠡᠭᠦᠯᠦᠨ᠎ᠡ᠃
ᠵᠠᠰᠠᠭ ᠵᠠᠬᠢᠷᠭ᠋ᠠᠨ᠎ᠤ ᠣᠷᠣᠨ ᠠᠯᠤᠰᠯᠠᠭᠰᠠᠨ ᠭᠠᠯ ᠲᠦᠢ᠍ᠮᠡᠷ᠎ᠤᠨ ᠡᠨᠳᠡᠯ᠎ᠳᠤ᠂ ᠬᠠᠮᠤᠭ᠎ᠤᠨ ᠤᠷᠢᠳ ᠵᠶ᠋ᠠᠷ ᠭᠠᠯ ᠭᠠᠷᠤᠭᠰᠠᠨ ᠭᠠᠵᠠᠷ᠎ᠤᠨ ᠠᠷᠠᠳ᠎ᠤᠨ ᠵᠠᠰᠠᠭ᠎ᠤᠨ ᠣᠷᠳᠣᠨ ᠪᠠᠢ᠌ᠴᠠᠭ᠋ᠠᠨ ᠰᠢᠢ᠍ᠳᠪᠦᠷᠢᠯᠡᠬᠦ ᠵᠢ ᠬᠠᠷᠢᠭᠤᠴᠠᠨ ᠵᠣᠬᠢᠶᠠᠨ ᠪᠠᠢ᠌ᠭᠤᠯᠵᠤ᠂ ᠬᠠᠮᠢᠶ᠎ᠠ ᠪᠦᠬᠦᠢ ᠵᠠᠰᠠᠭ ᠵᠠᠬᠢᠷᠭ᠋ᠠᠨ᠎ᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠬᠠᠮᠵᠢᠯᠴᠠᠨ᠎ᠠ᠃ ᠭᠠᠯ ᠲᠦᠢ᠍ᠮᠡᠷ᠎ᠤᠨ ᠡᠨᠳᠡᠯ᠎ᠢ ᠪᠠᠢ᠌ᠴᠠᠭ᠋ᠠᠨ ᠰᠢᠢ᠍ᠳᠪᠦᠷᠢᠯᠡᠬᠦ ᠡᠭᠦᠷᠭᠡ ᠬᠠᠷᠢᠭᠤᠴᠠᠯᠭ᠎ᠠ ᠵᠢᠨ ᠡᠷᠬᠡ ᠮᠡᠳᠡᠯ᠎ᠳᠤ ᠮᠠᠷᠭᠤᠭ᠋ᠠᠨ ᠪᠠᠢ᠌ᠪᠠᠯ ᠬᠠᠮᠲᠤ ᠵᠢᠨ ᠳᠡᠭᠡᠷ᠎ᠡ ᠨᠢᠭᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠵᠦ ᠲᠣᠭᠲᠠᠭ᠋ᠠᠯᠭ᠋ᠠᠨ᠎ᠠ᠃
ᠨᠡᠭᠡᠭᠡᠯᠲᠡ ᠵᠢᠨ ᠲᠣᠭᠣᠷᠢᠭ᠎ᠤᠨ ᠬᠠᠮᠢᠶᠠᠷᠤᠯᠲᠠ ᠵᠢᠨ ᠪᠠᠢ᠌ᠭᠤᠯᠤᠮᠵᠢ᠂ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠬᠠᠮᠢᠶᠠᠷᠤᠯᠲᠠ ᠵᠢᠨ ᠪᠠᠢ᠌ᠭᠤᠯᠤᠮᠵᠢ ᠵᠡᠷᠭᠡ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠲᠣᠮᠢᠯᠠᠭᠰᠠᠨ ᠪᠠᠢ᠌ᠭᠤᠯᠭ᠎ᠠ᠎ᠨᠢ ᠠᠳᠠᠯᠢ ᠲᠠᠰ᠎ᠤᠨ ᠠᠷᠠᠳ᠎ᠤᠨ ᠵᠠᠰᠠᠭ᠎ᠤᠨ ᠣᠷᠳᠣᠨ᠎ᠤ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠵᠢ ᠭᠦᠢ᠍ᠴᠡᠳᠬᠡᠨ᠎ᠡ᠃
ᠪᠠᠢ᠌ᠴᠠᠭ᠋ᠠᠯᠲᠠ ᠵᠢᠨ ᠳᠤᠭᠤᠢ᠌ᠯᠠᠩ ᠪᠠᠢ᠌ᠭᠤᠯᠬᠤ ᠴᠠᠭ᠎ᠢ ᠵᠠᠷᠴᠢᠮ ᠳᠡᠭᠡᠷ᠎ᠡ᠎ᠪᠠᠨ ᠭᠠᠯ ᠲᠦᠢ᠍ᠮᠡᠷ᠎ᠤᠨ ᠠᠳᠡᠯ ᠭᠠᠷᠤᠭᠰᠠᠨ ᠡᠳᠦᠷ᠎ᠠᠴᠠ ᠡᠬᠢᠯᠡᠨ 3 ᠠᠵᠢᠯᠯᠠᠬᠤ ᠡᠳᠦᠷ᠎ᠠᠴᠠ ᠬᠡᠲᠦᠷᠡᠭᠦᠯᠵᠦ ᠪᠣᠯᠬᠤ ᠦᠭᠡᠢ᠃
ᠨᠠᠢ᠍ᠮᠠᠳᠤᠭ᠋ᠠᠷ ᠵᠦᠢ᠍ᠯ ᠭᠠᠯ ᠲᠦᠢ᠍ᠮᠡᠷ᠎ᠤᠨ ᠡᠨᠳᠡᠯ ᠭᠠᠷᠤᠭᠰᠠᠨ ᠡᠳᠦᠷ᠎ᠠᠴᠠ ᠡᠬᠢᠯᠡᠨ 7 ᠠᠵᠢᠯᠯᠠᠬᠤ ᠡᠳᠦᠷ᠎ᠤᠨ ᠳᠣᠲᠣᠷ᠎ᠠ᠂ ᠡᠨᠳᠡᠯ᠎ᠳᠤ ᠡᠨᠳᠡᠵᠦ ᠰᠢᠷᠬᠠᠲᠤᠭᠰᠠᠨ ᠬᠥᠮᠥᠨ᠎ᠤ ᠲᠣᠭ᠋ᠠᠨ᠎ᠤ ᠬᠤᠪᠢᠷᠠᠯᠲᠠ᠎ᠠᠴᠠ ᠪᠣᠯᠵᠤ ᠡᠨᠳᠡᠯ ᠭᠠᠷᠤᠭᠰᠠᠨ ᠵᠡᠷᠭᠡ ᠳᠡᠰ ᠬᠤᠪᠢᠷᠠᠪᠠᠯ᠂ ᠪᠠᠢ᠌ᠴᠠᠭ᠋ᠠᠬᠤ ᠡᠷᠬᠡ ᠮᠡᠳᠡᠯ᠎ᠢ ᠲᠤᠰ ᠲᠣᠭᠲᠠᠭ᠋ᠠᠯ ᠶᠣᠰᠣᠭ᠋ᠠᠷ ᠴᠠᠭ ᠲᠤᠬᠠᠢᠳᠤᠨᠢ ᠲᠣᠬᠢᠷᠠᠭᠤᠯᠵᠤ᠂ ᠬᠠᠷᠠᠭ᠋ᠠᠯᠵᠠᠭᠰᠠᠨ ᠠᠷᠠᠳ᠎ᠤᠨ ᠵᠠᠰᠠᠭ᠎ᠤᠨ ᠣᠷᠳᠣᠨ ᠪᠠᠢ᠌ᠴᠠᠭ᠋ᠠᠯᠲᠠ ᠵᠢ ᠬᠠᠷᠢᠭᠤᠴᠠᠨ ᠵᠣᠬᠢᠶᠠᠨ ᠪᠠᠢ᠌ᠭᠤᠯᠤᠨ᠎ᠠ᠃
ᠶᠢᠰᠦᠳᠦᠭᠡᠷ ᠵᠦᠢ᠍ᠯ ᠪᠠᠢ᠌ᠴᠠᠭ᠋ᠠᠯᠲᠠ ᠵᠢᠨ ᠳᠤᠭᠤᠢ᠌ᠯᠠᠩ᠎ᠢ ᠪᠦᠷᠢᠯᠳᠦᠭᠦᠯᠬᠦ᠎ᠳᠤ ᠬᠦᠴᠦᠨ ᠴᠢᠳᠠᠪᠤᠷᠢ ᠵᠢ ᠰᠢᠯᠢᠳᠡᠭᠵᠢᠭᠦᠯᠦᠨ ᠴᠣᠮᠬᠠᠳᠬᠠᠬᠤ᠂ ᠡᠭᠦᠷᠭᠡ ᠴᠢᠳᠠᠪᠤᠷᠢ ᠵᠢ ᠬᠠᠷᠢᠯᠴᠠᠨ ᠵᠣᠬᠢᠴᠠᠭᠤᠯᠬᠤ ᠵᠠᠷᠴᠢᠮ᠎ᠢ ᠵᠢᠷᠤᠮᠯᠠᠬᠤ ᠬᠡᠷᠡᠭᠲᠡᠢ᠃
ᠭᠠᠯ ᠲᠦᠢ᠍ᠮᠡᠷ᠎ᠤᠨ ᠡᠨᠳᠡᠯ᠎ᠤᠨ ᠪᠣᠳᠠᠲᠠᠢ ᠪᠠᠢ᠌ᠳᠠᠯ᠎ᠢ ᠦᠨᠳᠦᠰᠦᠯᠡᠨ᠂ ᠪᠠᠢ᠌ᠴᠠᠭ᠋ᠠᠯᠲᠠ ᠵᠢᠨ ᠳᠤᠭᠤᠢ᠌ᠯᠠᠩ᠎ᠤᠨ ᠪᠦᠷᠢᠯᠳᠦᠭᠦᠨ ᠨᠠᠷ᠎ᠢ ᠬᠣᠯᠪᠣᠭᠳᠠᠯ ᠪᠦᠬᠦᠢ ᠠᠷᠠᠳ᠎ᠤᠨ ᠵᠠᠰᠠᠭ᠎ᠤᠨ ᠣᠷᠳᠣᠨ (ᠵᠠᠰᠠᠭ᠎ᠤᠨ ᠣᠷᠳᠣᠨ᠎ᠤ ᠲᠣᠮᠢᠯᠠᠭᠰᠠᠨ ᠪᠠᠢ᠌ᠭᠤᠯᠭ᠎ᠠ ᠪᠠᠭᠲᠠᠨ᠎ᠠ)᠂ ᠭᠠᠯ ᠰᠡᠷᠭᠡᠢ᠌ᠯᠡᠨ ᠤᠨᠲᠠᠷᠠᠭ᠋ᠠᠵᠤ ᠠᠪᠤᠷᠠᠨ ᠲᠤᠰᠠᠯᠠᠬᠤ ᠪᠠᠢ᠌ᠭᠤᠯᠤᠮᠵᠢ᠂ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ᠂ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠨᠢᠭᠡᠴᠢ ᠵᠢᠴᠢ ᠠᠵᠢᠯᠴᠢᠨ᠎ᠤ ᠡᠪᠯᠡᠯ᠎ᠠᠴᠠ ᠠᠵᠢᠯᠲᠠᠨ ᠲᠣᠮᠢᠯᠠᠨ ᠪᠦᠷᠢᠯᠳᠦᠭᠦᠯᠵᠦ᠂ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠪᠠᠢ᠌ᠭᠤᠯᠭ᠎ᠠ ᠵᠢ ᠤᠷᠢᠵᠤ ᠠᠵᠢᠯᠲᠠᠨ ᠲᠣᠮᠢᠯᠠᠨ ᠣᠷᠣᠯᠴᠠᠭᠤᠯᠵᠤ᠂ ᠪᠠᠢ᠌ᠴᠠᠭ᠋ᠠᠬᠤ ᠪᠠᠢ᠌ᠭᠤᠯᠭ᠎ᠠ ᠵᠢ ᠤᠷᠢᠵᠤ ᠠᠵᠢᠯᠲᠠᠨ ᠲᠣᠮᠢᠯᠠᠭᠤᠯᠤᠨ ᠣᠷᠣᠯᠴᠠᠭᠤᠯᠵᠤ ᠪᠣᠯᠣᠨ᠎ᠠ᠃ ᠪᠠᠢ᠌ᠴᠠᠭ᠋ᠠᠯᠲᠠ ᠵᠢᠨ ᠳᠤᠭᠤᠢ᠌ᠯᠠᠩ ᠬᠣᠯᠪᠣᠭᠳᠠᠯ ᠪᠦᠬᠦᠢ ᠲᠤᠰᠬᠠᠢ ᠮᠡᠷᠭᠡᠵᠢᠯᠲᠡᠨ᠎ᠢ ᠤᠷᠢᠵᠤ ᠪᠠᠢ᠌ᠴᠠᠭ᠋ᠠᠯᠲᠠ ᠬᠢᠬᠦ᠂ ᠬᠢᠨᠠᠨ ᠲᠣᠭᠲᠠᠭ᠋ᠠᠬᠤ ᠵᠡᠷᠭᠡ ᠠᠵᠢᠯ᠎ᠳᠤ ᠣᠷᠣᠯᠴᠠᠭᠤᠯᠵᠤ ᠪᠣᠯᠣᠨ᠎ᠠ᠃
ᠪᠠᠢ᠌ᠴᠠᠭ᠋ᠠᠯᠲᠠ ᠵᠢᠨ ᠳᠤᠭᠤᠢ᠌ᠯᠠᠩ ᠬᠡᠷᠡᠭᠴᠡᠭᠡ᠎ᠪᠠᠨ ᠦᠨᠳᠦᠰᠦᠯᠡᠨ ᠬᠠᠤᠯᠢ ᠶᠣᠰᠣᠭ᠋ᠠᠷ ᠪᠠᠢ᠌ᠭᠤᠯᠤᠭᠰᠠᠨ ᠦᠨ᠎ᠡ ᠬᠠᠩᠰᠢ ᠵᠢ ᠭᠡᠷᠡᠴᠢᠯᠡᠬᠦ ᠪᠠᠢ᠌ᠭᠤᠯᠤᠮᠵᠢ ᠵᠢ ᠨᠠᠢ᠌ᠳᠠᠭ᠋ᠠᠳ ᠭᠠᠯ ᠲᠦᠢ᠍ᠮᠡᠷ᠎ᠲᠤ ᠰᠢᠭᠤᠳ ᠬᠣᠬᠢᠷᠠᠵᠤ ᠰᠦᠢ᠍ᠳᠦᠭᠰᠡᠨ ᠡᠳ᠋ ᠬᠥᠷᠥᠩᠭᠡ ᠵᠢᠨ ᠦᠨ᠎ᠡ ᠬᠠᠩᠰᠢ ᠵᠢ ᠬᠢᠨᠠᠨ ᠲᠣᠭᠲᠠᠭ᠋ᠠᠯᠭ᠋ᠠᠵᠤ ᠪᠣᠯᠣᠨ᠎ᠠ᠃
ᠠᠷᠪᠠᠳᠤᠭ᠋ᠠᠷ ᠵᠦᠢ᠍ᠯ ᠪᠠᠢ᠌ᠴᠠᠭ᠋ᠠᠯᠲᠠ ᠵᠢᠨ ᠳᠤᠭᠤᠢ᠌ᠯᠠᠩ᠎ᠤᠨ ᠳᠤᠭᠤᠢ᠌ᠯᠠᠩ᠎ᠤᠨ ᠳᠠᠷᠤᠭ᠎ᠠ ᠪᠠᠢ᠌ᠴᠠᠭ᠋ᠠᠯᠲᠠ ᠵᠢᠨ ᠳᠤᠭᠤᠢ᠌ᠯᠠᠩ᠎ᠤᠨ ᠡᠳᠦᠷ ᠳᠤᠲᠤᠮ᠎ᠤᠨ ᠠᠵᠢᠯ᠎ᠢ ᠡᠷᠬᠢᠯᠡᠨ᠎ᠡ᠃ ᠪᠠᠢ᠌ᠴᠠᠭ᠋ᠠᠯᠲᠠ ᠵᠢᠨ ᠳᠤᠭᠤᠢ᠌ᠯᠠᠩ᠎ᠤᠨ ᠳᠠᠷᠤᠭ᠎ᠠ ᠵᠢ ᠵᠣᠬᠢᠶᠠᠨ ᠪᠠᠢ᠌ᠭᠤᠯᠤᠨ ᠪᠠᠢ᠌ᠴᠠᠭ᠋ᠠᠨ ᠰᠢᠢ᠍ᠳᠪᠦᠷᠢᠯᠡᠬᠦ ᠠᠵᠢᠯ᠎ᠢ ᠬᠠᠷᠢᠭᠤᠴᠠᠵᠤ ᠪᠠᠢ᠌ᠭ᠎ᠠ ᠠᠷᠠᠳ᠎ᠤᠨ ᠵᠠᠰᠠᠭ᠎ᠤᠨ ᠣᠷᠳᠣᠨ ᠵᠢᠭ᠋ᠠᠨ ᠲᠣᠭᠲᠠᠭ᠋ᠠᠵᠤ᠂ ᠪᠠᠢ᠌ᠴᠠᠭ᠋ᠠᠨ ᠰᠢᠢ᠍ᠳᠪᠦᠷᠢᠯᠡᠬᠦ ᠠᠵᠢᠯ᠎ᠢ ᠵᠣᠬᠢᠶᠠᠨ ᠪᠠᠢ᠌ᠭᠤᠯᠵᠤ ᠪᠠᠢ᠌ᠭ᠎ᠠ ᠠᠷᠠᠳ᠎ᠤᠨ ᠵᠠᠰᠠᠭ᠎ᠤᠨ ᠣᠷᠳᠣᠨ᠎ᠤ ᠬᠠᠮᠢᠶ᠎ᠠ ᠪᠦᠬᠦᠢ ᠬᠠᠷᠢᠭᠤᠴᠠᠯᠭ᠋ᠠᠲᠠᠨ ᠪᠤᠶᠤ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠭᠠᠯ ᠰᠡᠷᠭᠡᠢ᠌ᠯᠡᠨ ᠤᠨᠲᠠᠷᠠᠭ᠋ᠠᠵᠤ ᠠᠪᠤᠷᠠᠨ ᠲᠤᠰᠠᠯᠠᠬᠤ ᠪᠠᠢ᠌ᠭᠤᠯᠤᠮᠵᠢ ᠵᠢᠨ ᠬᠠᠷᠢᠭᠤᠴᠠᠯᠭ᠋ᠠᠲᠠᠨ ᠵᠶ᠋ᠠᠷ ᠡᠭᠦᠷᠭᠡᠯᠡᠭᠦᠯᠵᠦ ᠪᠣᠯᠣᠨ᠎ᠠ᠃
ᠠᠷᠪᠠᠨ ᠨᠢᠭᠡᠳᠦᠭᠡᠷ ᠵᠦᠢ᠍ᠯ ᠪᠠᠢ᠌ᠴᠠᠭ᠋ᠠᠯᠲᠠ ᠵᠢᠨ ᠳᠤᠭᠤᠢ᠌ᠯᠠᠩ᠎ᠤᠨ ᠪᠦᠷᠢᠯᠳᠦᠭᠦᠨ᠎ᠳᠤ ᠳᠣᠣᠷ᠎ᠠ ᠵᠢᠭᠰᠠᠭ᠋ᠠᠭᠰᠠᠨ ᠪᠠᠢ᠌ᠳᠠᠯ᠎ᠤᠳ᠎ᠤᠨ ᠨᠢᠭᠡ᠎ᠨᠢ ᠪᠠᠢ᠌ᠪᠠᠯ ᠰᠠᠨᠠᠭ᠋ᠠᠴᠢᠯᠠᠭ᠎ᠠ᠎ᠠᠴᠠ᠎ᠪᠠᠨ ᠵᠠᠢ᠌ᠯᠠᠬᠤ ᠬᠡᠷᠡᠭᠲᠡᠢ᠄
(ᠨᠢᠭᠡ) ᠭᠠᠯ ᠲᠦᠢ᠍ᠮᠡᠷ᠎ᠤᠨ ᠡᠨᠳᠡᠯ᠎ᠤᠨ ᠲᠤᠬᠠᠢ ᠵᠢᠨ ᠬᠥᠮᠥᠨ ᠪᠤᠶᠤ ᠲᠤᠬᠠᠢ ᠵᠢᠨ ᠬᠥᠮᠥᠨ᠎ᠤ ᠣᠢ᠌ᠷ᠎ᠠ ᠲᠥᠷᠥᠯ ᠰᠠᠳᠤᠨ ᠪᠣᠯᠬᠤ;
(ᠬᠣᠶᠠᠷ) ᠲᠤᠰ ᠬᠥᠮᠥᠨ ᠪᠤᠶᠤ ᠣᠢ᠌ᠷ᠎ᠠ ᠲᠥᠷᠥᠯ ᠰᠠᠳᠤᠨ᠎ᠨᠢ ᠭᠠᠯ ᠲᠦᠢ᠍ᠮᠡᠷ᠎ᠤᠨ ᠡᠨᠳᠡᠯᠯᠦᠭᠡ ᠠᠰᠢᠭ ᠬᠣᠣᠷ᠎ᠤᠨ ᠬᠠᠷᠢᠴᠠᠭ᠎ᠠ᠎ᠲᠠᠢ ᠪᠠᠢ᠌ᠬᠤ;
(ᠭᠤᠷᠪᠠ) ᠭᠠᠯ ᠲᠦᠢ᠍ᠮᠡᠷ᠎ᠤᠨ ᠡᠨᠳᠡᠯ᠎ᠤᠨ ᠲᠤᠬᠠᠢ ᠵᠢᠨ ᠬᠥᠮᠥᠨ᠎ᠯᠦᠭᠡ ᠪᠤᠰᠤᠳ ᠬᠠᠷᠢᠴᠠᠭ᠎ᠠ᠎ᠲᠠᠢ ᠪᠠᠢ᠌ᠵᠤ᠂ ᠭᠠᠯ ᠲᠦᠢ᠍ᠮᠡᠷ᠎ᠤᠨ ᠡᠨᠳᠡᠯ᠎ᠢ ᠪᠠᠢ᠌ᠴᠠᠭ᠋ᠠᠨ ᠰᠢᠢ᠍ᠳᠪᠦᠷᠢᠯᠡᠬᠦ ᠠᠵᠢᠯ᠎ᠤᠨ ᠲᠥᠪ ᠭᠣᠤᠯᠴᠢ ᠴᠢᠨᠠᠷ᠎ᠢ ᠨᠥᠯᠥᠭᠡᠯᠡᠬᠦ ᠪᠣᠯᠣᠯᠴᠠᠭ᠎ᠠ᠎ᠲᠠᠢ᠃
ᠠᠷᠪᠠᠨ ᠬᠣᠶᠠᠳᠤᠭ᠋ᠠᠷ ᠵᠦᠢ᠍ᠯ ᠪᠠᠢ᠌ᠴᠠᠭ᠋ᠠᠯᠲᠠ ᠵᠢᠨ ᠳᠤᠭᠤᠢ᠌ᠯᠠᠩ ᠳᠣᠣᠷᠠᠬᠢ ᠡᠭᠦᠷᠭᠡ ᠬᠠᠷᠢᠭᠤᠴᠠᠯᠭ᠎ᠠ ᠵᠢ ᠭᠦᠢ᠍ᠴᠡᠳᠬᠡᠬᠦ ᠬᠡᠷᠡᠭᠲᠡᠢ᠄
(ᠨᠢᠭᠡ) ᠪᠠᠢ᠌ᠴᠠᠭ᠋ᠠᠯᠲᠠ ᠵᠢᠨ ᠲᠥᠰᠥᠯ ᠲᠣᠭᠲᠠᠭ᠋ᠠᠬᠤ᠂ ᠡᠭᠦᠷᠭᠡ ᠠᠵᠢᠯ᠎ᠤᠨ ᠬᠤᠪᠢᠶᠠᠷᠢᠯᠠᠯ᠎ᠢ ᠪᠠᠢ᠌ᠷᠢᠯᠠᠭᠤᠯᠬᠤ᠂ ᠡᠯ᠎ᠡ ᠵᠦᠢ᠍ᠯ᠎ᠤᠨ ᠠᠵᠢᠯ᠎ᠢ ᠵᠣᠬᠢᠶᠠᠨ ᠪᠠᠢ᠌ᠭᠤᠯᠵᠤ ᠠᠬᠢᠭᠤᠯᠬᠤ;
(ᠬᠣᠶᠠᠷ) ᠭᠠᠯ ᠲᠦᠢ᠍ᠮᠡᠷ᠎ᠤᠨ ᠡᠨᠳᠡᠯ ᠭᠠᠷᠤᠭᠰᠠᠨ ᠶᠠᠪᠤᠴᠠ᠂ ᠰᠢᠭᠤᠳ ᠰᠢᠯᠲᠠᠭ᠋ᠠᠨ᠂ ᠳᠠᠮ ᠰᠢᠯᠲᠠᠭ᠋ᠠᠨ ᠪᠠ ᠭᠠᠮᠰᠢᠭ ᠪᠣᠯᠤᠭᠰᠠᠨ ᠰᠢᠯᠲᠠᠭ᠋ᠠᠨ᠎ᠢ ᠪᠠᠢ᠌ᠴᠠᠭ᠋ᠠᠨ ᠲᠣᠳᠣᠯᠠᠵᠤ᠂ ᠬᠥᠮᠥᠨ ᠬᠠᠷ᠎ᠠ ᠡᠨᠳᠡᠵᠦ ᠰᠢᠷᠬᠠᠲᠤᠭᠰᠠᠨ ᠪᠠᠢ᠌ᠳᠠᠯ ᠵᠢᠴᠢ ᠠᠵᠤ ᠠᠬᠤᠢ ᠵᠢᠨ ᠰᠢᠭᠤᠳ ᠬᠣᠬᠢᠷᠠᠯ᠎ᠢ ᠪᠦᠷᠢᠳᠬᠡᠬᠦ;
(ᠭᠤᠷᠪᠠ) ᠭᠠᠯ ᠲᠦᠢ᠍ᠮᠡᠷ᠎ᠤᠨ ᠡᠨᠳᠡᠯ᠎ᠤᠨ ᠰᠢᠨᠵᠢ ᠴᠢᠨᠠᠷ ᠪᠠ ᠭᠠᠯ ᠲᠦᠢ᠍ᠮᠡᠷ᠎ᠤᠨ ᠡᠨᠳᠡᠯ᠎ᠤᠨ ᠬᠠᠷᠢᠭᠤᠴᠠᠯᠭ᠎ᠠ ᠵᠢ ᠮᠠᠭ᠋ᠠᠳᠯᠠᠨ ᠲᠣᠭᠲᠠᠭ᠋ᠠᠬᠤ;
(ᠳᠥᠷᠪᠡ) ᠭᠠᠯ ᠲᠦᠢ᠍ᠮᠡᠷ᠎ᠤᠨ ᠡᠨᠳᠡᠯ᠎ᠤᠨ ᠬᠠᠷᠢᠭᠤᠴᠠᠭᠴᠢ᠎ᠳᠤ ᠰᠢᠢ᠍ᠳᠬᠡᠯ ᠥᠭᠬᠦ ᠰᠠᠨᠠᠭᠤᠯᠭ᠎ᠠ ᠳᠤᠷᠠᠳᠬᠤ;
(ᠲᠠᠪᠤ) ᠭᠠᠯ ᠲᠦᠢ᠍ᠮᠡᠷ᠎ᠤᠨ ᠡᠨᠳᠡᠯ᠎ᠤᠨ ᠰᠤᠷᠭ᠋ᠠᠮᠵᠢ ᠵᠢ ᠳ᠋ᠦᠩᠨᠡᠵᠦ᠂ ᠴᠡᠭᠴᠡᠯᠡᠨ ᠰᠠᠢ᠌ᠵᠢᠷᠠᠭᠤᠯᠬᠤ ᠪᠠ ᠰᠡᠷᠭᠡᠢ᠌ᠯᠡᠬᠦ ᠠᠷᠭ᠎ᠠ ᠬᠡᠮᠵᠢᠶ᠎ᠡ ᠳᠤᠷᠠᠳᠬᠤ;
(ᠵᠢᠷᠭᠤᠭ᠎ᠠ) ᠲᠣᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠭᠠᠯ ᠲᠦᠢ᠍ᠮᠡᠷ᠎ᠤᠨ ᠡᠨᠳᠡᠯ᠎ᠤᠨ ᠪᠠᠢ᠌ᠴᠠᠭ᠋ᠠᠯᠲᠠ ᠵᠢᠨ ᠮᠡᠳᠡᠭᠦᠯᠦᠯᠲᠡ ᠲᠤᠰᠢᠶᠠᠬᠤ᠃
ᠠᠷᠪᠠᠨ ᠭᠤᠷᠪᠠᠳᠤᠭ᠋ᠠᠷ ᠵᠦᠢ᠍ᠯ ᠪᠠᠢ᠌ᠴᠠᠭ᠋ᠠᠯᠲᠠ ᠵᠢᠨ ᠳᠤᠭᠤᠢ᠌ᠯᠠᠩ᠎ᠨᠢ ᠪᠣᠳᠠᠲᠤ ᠪᠠᠢ᠌ᠳᠠᠯ ᠪᠠ ᠠᠵᠢᠯ᠎ᠤᠨ ᠬᠡᠷᠡᠭᠴᠡᠭᠡ᠎ᠪᠠᠨ ᠦᠨᠳᠦᠰᠦᠯᠡᠨ ᠶᠡᠷᠦᠩᠬᠡᠢ᠌ᠯᠡᠭᠰᠡᠨ ᠳᠤᠭᠤᠢ᠌ᠯᠠᠩ᠂ ᠮᠡᠷᠭᠡᠵᠢᠯ᠎ᠤᠨ ᠳᠤᠭᠤᠢ᠌ᠯᠠᠩ᠂ ᠬᠠᠮᠢᠶᠠᠷᠤᠯᠲᠠ ᠵᠢᠨ ᠳᠤᠭᠤᠢ᠌ᠯᠠᠩ᠂ ᠠᠪᠤᠷᠠᠨ ᠲᠤᠰᠠᠯᠠᠵᠤ ᠦᠨᠡᠯᠡᠨ ᠵᠢᠱ᠌ᠢᠬᠦ ᠳᠤᠭᠤᠢ᠌ᠯᠠᠩ ᠵᠡᠷᠭᠡ ᠠᠵᠢᠯ᠎ᠤᠨ ᠳᠤᠭᠤᠢ᠌ᠯᠠᠩ ᠲᠣᠬᠢᠷᠠᠭᠤᠯᠵᠤ᠂ ᠮᠡᠷᠭᠡᠵᠢᠯ᠎ᠤᠨ ᠳᠤᠭᠤᠢ᠌ᠯᠠᠩ᠎ᠨᠢ ᠪᠠᠢ᠌ᠴᠠᠭ᠋ᠠᠯᠲᠠ ᠵᠢᠨ ᠪᠣᠳᠠᠲᠤ ᠬᠡᠷᠡᠭᠴᠡᠭᠡ᠎ᠪᠠᠨ ᠦᠨᠳᠦᠰᠦᠯᠡᠨ ᠳᠣᠷᠣᠭᠰᠢ᠎ᠪᠠᠨ ᠲᠤᠰᠬᠠᠢ ᠮᠡᠷᠭᠡᠵᠢᠯᠲᠡᠨ᠎ᠤ ᠳᠤᠭᠤᠢ᠌ᠯᠠᠩ ᠪᠠᠢ᠌ᠭᠤᠯᠵᠤ ᠮᠡᠷᠭᠡᠵᠢᠯ᠎ᠤᠨ ᠳᠡᠮᠵᠢᠯᠭᠡ ᠬᠠᠩᠭ᠋ᠠᠯᠭ᠋ᠠᠵᠤ ᠪᠣᠯᠣᠨ᠎ᠠ᠃
ᠶᠡᠷᠦᠩᠬᠡᠢ᠌ᠯᠡᠭᠰᠡᠨ ᠳᠤᠭᠤᠢ᠌ᠯᠠᠩ᠄ ᠭᠣᠣᠯᠳᠠᠭᠤ ᠪᠠᠢ᠌ᠴᠠᠭ᠋ᠠᠬᠤ ᠠᠵᠢᠯ᠎ᠤᠨ ᠶᠡᠷᠦᠩᠬᠡᠢ᠌ᠯᠡᠨ ᠵᠣᠬᠢᠴᠠᠭᠤᠯᠬᠤ᠂ ᠵᠣᠬᠢᠶᠠᠨ ᠪᠠᠢ᠌ᠭᠤᠯᠵᠤ ᠲᠣᠬᠢᠷᠠᠭᠤᠯᠬᠤ ᠪᠠ ᠠᠷᠤ ᠲᠠᠯ᠎ᠠ ᠵᠢᠨ ᠦᠢ᠍ᠯᠡᠴᠢᠯᠡᠭᠡᠨ᠎ᠤ ᠪᠠᠲᠤᠯᠠᠭ᠎ᠠ ᠵᠢ ᠬᠠᠷᠢᠭᠤᠴᠠᠨ᠎ᠠ; ᠪᠠᠢ᠌ᠴᠠᠭ᠋ᠠᠯᠲᠠ ᠵᠢᠨ ᠳᠤᠭᠤᠢ᠌ᠯᠠᠩ᠎ᠤᠨ ᠬᠤᠷᠠᠯ᠎ᠢ ᠨᠢᠭᠡᠳᠦᠯᠲᠡᠢ ᠲᠥᠯᠥᠪᠯᠡᠨ ᠬᠤᠷᠠᠯᠳᠤᠭᠤᠯᠵᠤ᠂ ᠡᠯ᠎ᠡ ᠠᠵᠢᠯ᠎ᠤᠨ ᠳᠤᠭᠤᠢ᠌ᠯᠠᠩ᠎ᠤᠨ ᠠᠵᠢᠯ᠎ᠤᠨ ᠠᠬᠢᠴᠠ ᠵᠢᠨ ᠪᠠᠢ᠌ᠳᠠᠯ᠎ᠢ ᠡᠵᠡᠮᠰᠢᠨ᠎ᠡ; ᠪᠠᠢ᠌ᠴᠠᠭ᠋ᠠᠨ ᠰᠢᠢ᠍ᠳᠪᠦᠷᠢᠯᠡᠬᠦ ᠬᠠᠮᠢᠶ᠎ᠠ ᠪᠦᠬᠦᠢ ᠮᠡᠳᠡᠭᠡ ᠵᠠᠩᠭᠢ ᠵᠢ ᠴᠤᠭᠯᠠᠭᠤᠯᠬᠤ᠂ ᠬᠤᠷᠢᠶᠠᠩᠭᠤᠢ᠌ᠯᠠᠬᠤ᠂ ᠮᠡᠳᠡᠭᠦᠯᠦᠨ ᠬᠦᠷᠭᠡᠬᠦ᠂ ᠰᠢᠢ᠍ᠳᠪᠦᠷᠢᠯᠡᠬᠦ ᠪᠠ ᠰᠣᠨᠢᠨ ᠮᠡᠳᠡᠭᠡ ᠤᠬᠠᠭᠤᠯᠭ᠎ᠠ ᠵᠢᠨ ᠠᠵᠢᠯ᠎ᠢ ᠡᠭᠦᠷᠭᠡᠯᠡᠨ᠎ᠡ; ᠡᠯ᠎ᠡ ᠠᠵᠢᠯ᠎ᠤᠨ ᠳᠤᠭᠤᠢ᠌ᠯᠠᠩ᠎ᠤᠨ ᠪᠠᠢ᠌ᠴᠠᠭ᠋ᠠᠯᠲᠠ ᠵᠢᠨ ᠮᠡᠳᠡᠭᠦᠯᠦᠯᠲᠡ ᠵᠢ ᠦᠨᠳᠦᠰᠦᠯᠡᠨ ᠭᠠᠯ ᠲᠦᠢ᠍ᠮᠡᠷ᠎ᠤᠨ ᠠᠳᠡᠯ᠎ᠤᠨ ᠪᠠᠢ᠌ᠴᠠᠭ᠋ᠠᠯᠲᠠ ᠵᠢᠨ ᠮᠡᠳᠡᠭᠦᠯᠦᠯᠲᠡ ᠵᠢ ᠲᠤᠭᠤᠷᠪᠢᠬᠤ ᠵᠢᠨ ᠬᠠᠮᠲᠤ ᠪᠠᠢ᠌ᠴᠠᠭ᠋ᠠᠯᠲᠠ ᠵᠢᠨ ᠳᠤᠭᠤᠢ᠌ᠯᠠᠩ᠎ᠳᠤ ᠳᠡᠪᠰᠢᠭᠦᠯᠵᠦ ᠬᠢᠨᠠᠨ ᠵᠥᠪᠯᠡᠭᠦᠯᠦᠨ᠎ᠡ᠃
ᠮᠡᠷᠭᠡᠵᠢᠯ᠎ᠤᠨ ᠳᠤᠭᠤᠢ᠌ᠯᠠᠩ᠄ ᠭᠣᠣᠯᠳᠠᠭᠤ ᠭᠠᠯ ᠲᠦᠢ᠍ᠮᠡᠷ᠎ᠤᠨ ᠬᠠᠮᠢᠶ᠎ᠠ ᠪᠦᠬᠦᠢ ᠪᠣᠳᠠᠲᠤ ᠬᠡᠷᠡᠭ᠎ᠢ ᠪᠠᠢ᠌ᠴᠠᠭ᠋ᠠᠨ ᠲᠣᠳᠣᠯᠠᠵᠤ᠂ ᠬᠥᠮᠥᠨ ᠬᠠᠷ᠎ᠠ ᠦᠬᠦᠵᠦ ᠰᠢᠷᠬᠠᠲᠤᠭᠰᠠᠨ ᠪᠠᠢ᠌ᠳᠠᠯ ᠵᠢᠴᠢ ᠭᠠᠯ ᠲᠦᠢ᠍ᠮᠡᠷ᠎ᠠᠴᠠ ᠪᠣᠯᠤᠭᠰᠠᠨ ᠠᠵᠤ ᠠᠬᠤᠢ ᠵᠢᠨ ᠰᠢᠭᠤᠳ ᠬᠣᠬᠢᠷᠠᠯ᠎ᠢ ᠪᠦᠷᠢᠳᠬᠡᠬᠦ ᠵᠢ ᠬᠠᠷᠢᠭᠤᠴᠠᠨ᠎ᠠ; ᠭᠠᠯ ᠲᠦᠢ᠍ᠮᠡᠷ ᠭᠠᠷᠤᠭᠰᠠᠨ ᠰᠢᠭᠤᠳ ᠰᠢᠯᠲᠠᠭ᠋ᠠᠨ ᠪᠠ ᠮᠡᠷᠭᠡᠵᠢᠯ᠎ᠤᠨ ᠲᠠᠯ᠎ᠠ ᠵᠢᠨ ᠳᠠᠮ ᠰᠢᠯᠲᠠᠭ᠋ᠠᠨ᠎ᠢ ᠪᠠᠢ᠌ᠴᠠᠭ᠋ᠠᠨ ᠲᠣᠳᠣᠯᠠᠨ᠎ᠠ; ᠭᠠᠯ ᠲᠦᠢ᠍ᠮᠡᠷ᠎ᠤᠨ ᠠᠳᠡᠯ᠎ᠤᠨ ᠰᠢᠨᠵᠢ ᠴᠢᠨᠠᠷ᠎ᠢ ᠮᠠᠭ᠋ᠠᠳᠯᠠᠨ ᠲᠣᠭᠲᠠᠭ᠋ᠠᠬᠤ ᠲᠤᠬᠠᠢ ᠠᠩᠬ᠎ᠠ ᠠᠯᠬᠤᠮ᠎ᠤᠨ ᠰᠠᠨᠠᠯ ᠪᠠ ᠠᠳᠡᠯ᠎ᠢ ᠰᠡᠷᠭᠡᠢ᠌ᠯᠡᠬᠦ ᠮᠡᠷᠭᠡᠵᠢᠯ᠎ᠤᠨ ᠴᠢᠨᠠᠷᠲᠠᠢ᠂ ᠬᠠᠨᠳᠤᠯᠭ᠋ᠠᠲᠤ ᠴᠢᠨᠠᠷᠲᠠᠢ ᠠᠷᠭ᠎ᠠ ᠬᠡᠮᠵᠢᠶ᠎ᠡ ᠵᠢ ᠳᠤᠷᠠᠳᠤᠨ᠎ᠠ; ᠮᠡᠷᠭᠡᠵᠢᠯ᠎ᠤᠨ ᠳᠤᠭᠤᠢ᠌ᠯᠠᠩ᠎ᠤᠨ ᠪᠠᠢ᠌ᠴᠠᠭ᠋ᠠᠯᠲᠠ ᠵᠢᠨ ᠮᠡᠳᠡᠭᠦᠯᠦᠯᠲᠡ ᠵᠢ ᠲᠤᠭᠤᠷᠪᠢᠬᠤ ᠵᠢᠨ ᠬᠠᠮᠲᠤ ᠪᠠᠢ᠌ᠴᠠᠭ᠋ᠠᠯᠲᠠ ᠵᠢᠨ ᠳᠤᠭᠤᠢ᠌ᠯᠠᠩ᠎ᠳᠤ ᠲᠤᠰᠢᠶᠠᠵᠤ ᠬᠢᠨᠠᠨ ᠪᠠᠢ᠌ᠴᠠᠭ᠋ᠠᠯᠭ᠋ᠠᠨ᠎ᠠ᠃
ᠬᠠᠮᠢᠶᠠᠷᠤᠯᠲᠠ ᠵᠢᠨ ᠳᠤᠭᠤᠢ᠌ᠯᠠᠩ᠄ ᠭᠣᠣᠯᠳᠠᠭᠤ ᠭᠠᠯ ᠲᠦᠢ᠍ᠮᠡᠷ᠎ᠤᠨ ᠠᠳᠡᠯ᠎ᠤᠨ ᠬᠠᠮᠢᠶᠠᠷᠤᠯᠲᠠ ᠵᠢᠨ ᠲᠠᠯ᠎ᠠ ᠵᠢᠨ ᠠᠰᠠᠭᠤᠳᠠᠯ᠎ᠢ ᠪᠠᠢ᠌ᠴᠠᠭ᠋ᠠᠬᠤ ᠵᠢ ᠬᠠᠷᠢᠭᠤᠴᠠᠵᠤ᠂ ᠭᠠᠯ ᠲᠦᠢ᠍ᠮᠡᠷ ᠭᠠᠷᠤᠭᠰᠠᠨ᠂ ᠦᠷᠪᠢᠰᠦᠨ ᠥᠷᠭᠡᠵᠢᠭᠰᠡᠨ᠎ᠳᠤ ᠬᠠᠷᠢᠭᠤᠴᠠᠯᠭ᠎ᠠ᠎ᠲᠠᠢ ᠬᠣᠯᠪᠣᠭᠳᠠᠯ ᠪᠦᠬᠦᠢ ᠨᠢᠭᠡᠴᠢ ᠪᠠ ᠠᠵᠢᠯᠲᠠᠨ᠎ᠤ ᠭᠣᠣᠯ ᠴᠣᠭᠴᠠ ᠵᠢᠨ ᠬᠠᠷᠢᠭᠤᠴᠠᠯᠭ᠎ᠠ ᠪᠠ ᠬᠢᠨᠠᠨ ᠬᠠᠮᠢᠶᠠᠷᠬᠤ ᠬᠠᠷᠢᠭᠤᠴᠠᠯᠭ᠎ᠠ᠎ᠪᠠᠨ ᠭᠦᠢ᠍ᠴᠡᠳᠬᠡᠭᠰᠡᠨ ᠪᠠᠢ᠌ᠳᠠᠯ᠎ᠢ ᠪᠠᠢ᠌ᠴᠠᠭ᠋ᠠᠨ ᠵᠠᠳᠠᠯᠵᠤ᠂ ᠭᠠᠯ ᠲᠦᠢ᠍ᠮᠡᠷ᠎ᠤᠨ ᠬᠠᠮᠢᠶ᠎ᠠ ᠪᠦᠬᠦᠢ ᠨᠢᠭᠡᠴᠢ ᠵᠢᠴᠢ ᠲᠡᠭᠦᠨ᠎ᠤ ᠠᠵᠢᠯᠲᠠᠨ᠎ᠤ ᠬᠠᠷᠢᠭᠤᠴᠠᠯᠭ᠎ᠠ ᠵᠢ ᠮᠠᠭ᠋ᠠᠳᠯᠠᠨ ᠲᠣᠭᠲᠠᠭ᠋ᠠᠵᠤ᠂ ᠬᠠᠷᠢᠭᠤᠴᠠᠭᠴᠢ᠎ᠳᠤ ᠰᠢᠢ᠍ᠳᠬᠡᠯ ᠥᠭᠬᠦ ᠰᠠᠨᠠᠭᠤᠯᠭ᠎ᠠ ᠳᠤᠷᠠᠳᠤᠨ᠎ᠠ; ᠴᠡᠭᠴᠡᠯᠡᠨ ᠰᠠᠢ᠌ᠵᠢᠷᠠᠭᠤᠯᠬᠤ ᠠᠷᠭ᠎ᠠ ᠬᠡᠮᠵᠢᠶ᠎ᠡ ᠪᠠ ᠰᠡᠷᠭᠡᠢ᠌ᠯᠡᠬᠦ ᠰᠠᠨᠠᠭᠤᠯᠭ᠎ᠠ ᠳᠤᠷᠠᠳᠤᠨ᠎ᠠ; ᠬᠠᠮᠢᠶᠠᠷᠤᠯᠲᠠ ᠵᠢᠨ ᠳᠤᠭᠤᠢ᠌ᠯᠠᠩ᠎ᠤᠨ ᠪᠠᠢ᠌ᠴᠠᠭ᠋ᠠᠯᠲᠠ ᠵᠢᠨ ᠮᠡᠳᠡᠭᠦᠯᠦᠯᠲᠡ ᠵᠢ ᠲᠤᠭᠤᠷᠪᠢᠬᠤ ᠵᠢᠨ ᠬᠠᠮᠲᠤ ᠪᠠᠢ᠌ᠴᠠᠭ᠋ᠠᠯᠲᠠ ᠵᠢᠨ ᠳᠤᠭᠤᠢ᠌ᠯᠠᠩ᠎ᠳᠤ ᠲᠤᠰᠢᠶᠠᠵᠤ ᠬᠢᠨᠠᠨ ᠪᠠᠢ᠌ᠴᠠᠭ᠋ᠠᠯᠭ᠋ᠠᠨ᠎ᠠ᠃
ᠠᠪᠤᠷᠠᠨ ᠲᠤᠰᠠᠯᠠᠯᠲᠠ ᠵᠢ ᠦᠨᠡᠯᠡᠨ ᠵᠢᠱ᠌ᠢᠬᠦ ᠳᠤᠭᠤᠢ᠌ᠯᠠᠩ᠄ ᠭᠣᠣᠯᠳᠠᠭᠤ ᠠᠳᠡᠯ᠎ᠤᠨ ᠠᠪᠤᠷᠠᠨ ᠲᠤᠰᠠᠯᠠᠬᠤ ᠠᠵᠢᠯ᠎ᠢ ᠦᠨᠡᠯᠡᠨ ᠵᠢᠱ᠌ᠢᠬᠦ ᠵᠢ ᠬᠠᠷᠢᠭᠤᠴᠠᠵᠤ᠂ ᠭᠠᠯ ᠲᠦᠢ᠍ᠮᠡᠷ᠎ᠤᠨ ᠠᠳᠡᠯ ᠭᠠᠷᠤᠭᠰᠠᠨ ᠨᠢᠭᠡᠴᠢ (ᠲᠠᠯᠠᠪᠤᠷ ᠭᠠᠵᠠᠷ)᠂ ᠬᠠᠷᠢᠶ᠎ᠠ ᠭᠠᠵᠠᠷ᠎ᠤᠨ ᠠᠷᠠᠳ᠎ᠤᠨ ᠵᠠᠰᠠᠭ᠎ᠤᠨ ᠣᠷᠳᠣᠨ ᠵᠢᠴᠢ ᠰᠢᠢ᠍ᠳᠪᠦᠷᠢᠯᠡᠬᠦ ᠪᠠ ᠠᠪᠤᠷᠠᠨ ᠲᠤᠰᠠᠯᠠᠬᠤ᠎ᠳᠤ ᠣᠷᠣᠯᠴᠠᠭᠰᠠᠨ ᠰᠠᠯᠠᠭ᠎ᠠ ᠮᠥᠴᠢᠷ ᠨᠢᠭᠡᠴᠢ ᠵᠢᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠪᠡᠯᠡᠳᠬᠡᠯ᠂ ᠭᠠᠯ ᠲᠦᠢ᠍ᠮᠡᠷ᠎ᠤᠨ ᠠᠳᠡᠯ ᠭᠠᠷᠬᠤ᠎ᠠᠴᠠ ᠡᠮᠦᠨ᠎ᠡ ᠰᠡᠷᠡᠮᠵᠢᠯᠡᠭᠦᠯᠬᠦ᠂ ᠪᠠᠴᠢᠮ ᠪᠠᠢ᠌ᠳᠠᠯ᠎ᠢ ᠠᠷᠭ᠋ᠠᠴᠠᠭ᠋ᠠᠨ ᠳᠠᠭ᠋ᠠᠵᠤ ᠭᠦᠢ᠍ᠴᠡᠳᠬᠡᠬᠦ᠂ ᠪᠠᠴᠢᠮ ᠪᠠᠢ᠌ᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ᠂ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠪᠠᠲᠤᠯᠠᠭ᠎ᠠ ᠵᠢᠴᠢ ᠠᠪᠤᠷᠠᠨ ᠲᠤᠰᠠᠯᠠᠬᠤ ᠪᠤᠰᠤᠳ ᠠᠵᠢᠯ᠎ᠤᠨ ᠲᠣᠭᠣᠷᠢᠨ᠎ᠳᠤ ᠦᠨᠡᠯᠡᠨ ᠵᠢᠱ᠌ᠢᠬᠦ ᠰᠠᠨᠠᠯ ᠳᠤᠷᠠᠳᠤᠨ᠎ᠠ; ᠠᠪᠤᠷᠠᠨ ᠲᠤᠰᠠᠯᠠᠯᠲᠠ ᠵᠢ ᠦᠨᠡᠯᠡᠨ ᠵᠢᠱ᠌ᠢᠭᠰᠡᠨ ᠪᠠᠢ᠌ᠴᠠᠭ᠋ᠠᠯᠲᠠ ᠵᠢᠨ ᠮᠡᠳᠡᠭᠦᠯᠦᠯᠲᠡ ᠵᠢ ᠲᠤᠭᠤᠷᠪᠢᠬᠤ ᠵᠢᠨ ᠬᠠᠮᠲᠤ ᠪᠠᠢ᠌ᠴᠠᠭ᠋ᠠᠯᠲᠠ ᠵᠢᠨ ᠳᠤᠭᠤᠢ᠌ᠯᠠᠩ᠎ᠳᠤ ᠲᠤᠰᠢᠶᠠᠵᠤ ᠬᠢᠨᠠᠨ ᠪᠠᠢ᠌ᠴᠠᠭ᠋ᠠᠯᠭ᠋ᠠᠨ᠎ᠠ᠃
ᠠᠷᠪᠠᠨ ᠳᠥᠷᠪᠡᠳᠦᠭᠡᠷ ᠵᠦᠢ᠍ᠯ ᠪᠠᠢ᠌ᠴᠠᠭ᠋ᠠᠯᠲᠠ ᠵᠢᠨ ᠳᠤᠭᠤᠢ᠌ᠯᠠᠩ᠎ᠨᠢ ᠪᠠᠢ᠌ᠴᠠᠭ᠋ᠠᠬᠤ ᠬᠤᠭᠤᠴᠠᠭ᠋ᠠᠨ᠎ᠳᠤ᠎ᠪᠠᠨ ᠢᠯᠡᠴᠢᠯᠡᠨ ᠮᠡᠳᠡᠭᠦᠯᠬᠦ ᠤᠲᠠᠰᠤ᠂ ᠵᠠᠬᠢᠳᠠᠯ᠎ᠤᠨ ᠬᠠᠢ᠌ᠷᠴᠠᠭ ᠪᠤᠶᠤ ᠡᠯᠧᠺᠲᠷᠣᠨ ᠰᠢᠤᠳᠠᠨ᠎ᠤ ᠬᠠᠶᠢᠭ ᠵᠶ᠋ᠡᠨ ᠢᠯᠡ ᠪᠣᠯᠭ᠋ᠠᠵᠤ᠂ ᠪᠠᠢ᠌ᠴᠠᠭ᠋ᠠᠯᠲᠠ ᠵᠢᠨ ᠡᠭᠦᠷᠭᠡ᠎ᠯᠦᠭᠡ ᠬᠣᠯᠪᠣᠭᠳᠠᠬᠤ ᠭᠠᠯ ᠲᠦᠢ᠍ᠮᠡᠷ᠎ᠤᠨ ᠡᠨᠳᠡᠯ᠎ᠤᠨ ᠬᠠᠷᠢᠭᠤᠴᠠᠯᠭ᠎ᠠ ᠵᠢᠨ ᠢᠯᠡᠴᠢᠯᠡᠨ ᠮᠡᠳᠡᠭᠦᠯᠦᠯᠲᠡ ᠵᠢ ᠬᠦᠯᠢᠶᠡᠨ ᠠᠪᠴᠤ ᠰᠢᠢ᠍ᠳᠪᠦᠷᠢᠯᠡᠨ᠂ ᠬᠠᠷᠢᠶ᠎ᠠ ᠭᠠᠵᠠᠷ᠎ᠤᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠢ ᠴᠠᠭ ᠲᠤᠬᠠᠢᠳᠤᠨᠢ ᠵᠣᠬᠢᠶᠠᠨ ᠪᠠᠢ᠌ᠭᠤᠯᠵᠤ ᠪᠠᠢ᠌ᠭ᠋ᠠᠳ ᠬᠠᠷᠭᠤᠭᠤᠯᠤᠨ ᠪᠠᠢ᠌ᠴᠠᠭ᠋ᠠᠯᠭ᠋ᠠᠵᠤ᠂ ᠬᠠᠤᠯᠢ ᠶᠣᠰᠣᠭ᠋ᠠᠷ ᠰᠢᠢ᠍ᠳᠪᠦᠷᠢᠯᠡᠭᠦᠯᠬᠦ ᠵᠢᠨ ᠬᠠᠮᠲᠤ ᠢᠯᠡᠴᠢᠯᠡᠨ ᠮᠡᠳᠡᠭᠦᠯᠦᠭᠴᠢ ᠵᠢᠨ ᠨᠢᠭᠤᠴᠠ ᠵᠢ ᠬᠠᠮᠠᠭ᠋ᠠᠯᠠᠬᠤ ᠬᠡᠷᠡᠭᠲᠡᠢ᠃
ᠭᠤᠷᠪᠠᠳᠤᠭ᠋ᠠᠷ ᠪᠦᠯᠦᠭ ᠡᠨᠳᠡᠯ᠎ᠤᠨ ᠪᠠᠢ᠌ᠴᠠᠭ᠋ᠠᠯᠲᠠ
ᠠᠷᠪᠠᠨ ᠲᠠᠪᠤᠳᠤᠭ᠋ᠠᠷ ᠵᠦᠢ᠍ᠯ ᠶᠠᠮᠠᠷᠪᠠ ᠨᠢᠭᠡᠴᠢ ᠪᠠ ᠬᠤᠪᠢ ᠬᠥᠮᠥᠨ ᠭᠡᠳ ᠭᠠᠯ ᠲᠦᠢ᠍ᠮᠡᠷ᠎ᠤᠨ ᠡᠨᠳᠡᠯ᠎ᠢ ᠪᠠᠢ᠌ᠴᠠᠭ᠋ᠠᠨ ᠰᠢᠢ᠍ᠳᠪᠦᠷᠢᠯᠡᠬᠦ ᠵᠢ ᠬᠠᠷᠰᠢᠯᠠᠵᠤ᠂ ᠬᠣᠷᠢᠭᠯᠠᠬᠤ ᠪᠠ ᠡᠨᠡ ᠬᠦ᠌ ᠠᠵᠢᠯ᠎ᠳᠤ ᠭᠠᠷ ᠲᠥᠷᠥᠵᠦ ᠪᠣᠯᠬᠤ ᠦᠭᠡᠢ᠃ ᠬᠣᠯᠪᠣᠭᠳᠠᠯ ᠪᠦᠬᠦᠢ ᠨᠢᠭᠡᠴᠢ ᠪᠠ ᠠᠵᠢᠯᠲᠠᠨ ᠡᠨᠳᠡᠯ᠎ᠤᠨ ᠲᠤᠬᠠᠢ ᠵᠢᠨ ᠲᠠᠯᠠᠪᠠᠶ ᠵᠢᠴᠢ ᠬᠣᠯᠪᠣᠭᠳᠠᠯ ᠪᠦᠬᠦᠢ ᠭᠡᠷᠡᠴᠢ ᠪᠠᠷᠢᠮᠲᠠ ᠵᠢ ᠲᠣᠬᠢᠲᠠᠢ ᠬᠠᠮᠠᠭ᠋ᠠᠯᠠᠬᠤ ᠬᠡᠷᠡᠭᠲᠡᠢ᠂ ᠶᠠᠮᠠᠷᠪᠠ ᠨᠢᠭᠡᠴᠢ ᠪᠠ ᠬᠤᠪᠢ ᠬᠥᠮᠥᠨ ᠭᠡᠳ ᠭᠠᠯ ᠲᠦᠢ᠍ᠮᠡᠷ᠎ᠤᠨ ᠡᠨᠳᠡᠯ᠎ᠤᠨ ᠲᠤᠬᠠᠢ ᠵᠢᠨ ᠲᠠᠯᠠᠪᠠᠶ ᠵᠢ ᠡᠪᠳᠡᠬᠦ ᠵᠢᠴᠢ ᠬᠠᠮᠢᠶ᠎ᠠ ᠪᠦᠬᠦᠢ ᠭᠡᠷᠡᠴᠢ ᠪᠠᠷᠢᠮᠲᠠ ᠵᠢ ᠰᠦᠢ᠍ᠳᠬᠡᠵᠦ᠂ ᠬᠠᠭᠤᠷᠮᠠᠭᠯᠠᠨ ᠵᠣᠬᠢᠶᠠᠵᠤ ᠪᠣᠯᠬᠤ ᠦᠭᠡᠢ᠃
ᠭᠠᠯ ᠲᠦᠢ᠍ᠮᠡᠷ᠎ᠤᠨ ᠡᠨᠳᠡᠯ ᠭᠠᠷᠤᠭᠰᠠᠨ ᠨᠢᠭᠡᠴᠢ (ᠲᠠᠯᠠᠪᠤᠷ ᠭᠠᠵᠠᠷ) ᠵᠢᠨ ᠬᠠᠷᠢᠭᠤᠴᠠᠯᠭ᠋ᠠᠲᠠᠨ ᠪᠠ ᠬᠣᠯᠪᠣᠭᠳᠠᠯ ᠪᠦᠬᠦᠢ ᠠᠵᠢᠯᠲᠠᠨ᠎ᠨᠢ ᠭᠠᠯ ᠲᠦᠢ᠍ᠮᠡᠷ᠎ᠤᠨ ᠡᠨᠳᠡᠯ᠎ᠳᠤ ᠪᠠᠢ᠌ᠴᠠᠭ᠋ᠠᠯᠲᠠ ᠬᠢᠵᠦ ᠪᠠᠢ᠌ᠭ᠎ᠠ ᠬᠤᠭᠤᠴᠠᠭ᠋ᠠᠨ᠎ᠳᠤ ᠠᠵᠢᠯ ᠲᠤᠰᠢᠶᠠᠯ᠎ᠤᠨ ᠪᠠᠢ᠌ᠷᠢ᠎ᠠᠴᠠ᠎ᠪᠠᠨ ᠳᠤᠷ᠎ᠠ᠎ᠪᠠᠷ ᠰᠠᠯᠵᠤ ᠪᠣᠯᠬᠤ ᠦᠭᠡᠢ᠂ ᠪᠠᠢ᠌ᠴᠠᠭ᠋ᠠᠯᠲᠠ ᠵᠢᠨ ᠳᠤᠭᠤᠢ᠌ᠯᠠᠩ᠎ᠤᠨ ᠪᠠᠢ᠌ᠴᠠᠭ᠋ᠠᠯᠲᠠ ᠵᠢ ᠢᠳᠡᠪᠬᠢᠲᠡᠢ᠎ᠪᠠᠷ ᠬᠠᠮᠵᠢᠬᠤ ᠵᠢᠨ ᠬᠠᠮᠲᠤ᠂ ᠬᠣᠯᠪᠣᠭᠳᠠᠯ ᠪᠦᠬᠦᠢ ᠪᠠᠢ᠌ᠳᠠᠯ᠎ᠢ ᠦᠨᠡᠨ ᠪᠣᠳᠠᠲᠠᠢ᠎ᠪᠠᠷ ᠬᠠᠩᠭ᠋ᠠᠬᠤ ᠬᠡᠷᠡᠭᠲᠡᠢ᠃
ᠠᠷᠪᠠᠨ ᠵᠢᠷᠭᠤᠳᠤᠭ᠋ᠠᠷ ᠵᠦᠢ᠍ᠯ ᠪᠠᠢ᠌ᠴᠠᠭ᠋ᠠᠯᠲᠠ ᠵᠢᠨ ᠳᠤᠭᠤᠢ᠌ᠯᠠᠩ᠎ᠨᠢ ᠬᠣᠯᠪᠣᠭᠳᠠᠯ ᠪᠦᠬᠦᠢ ᠨᠢᠭᠡᠴᠢ ᠪᠠ ᠬᠤᠪᠢ ᠬᠥᠮᠥᠨ᠎ᠠᠴᠠ ᠭᠠᠯ ᠲᠦᠢ᠍ᠮᠡᠷ᠎ᠤᠨ ᠡᠨᠳᠡᠯᠯᠦᠭᠡ ᠬᠣᠯᠪᠣᠭᠳᠠᠭᠰᠠᠨ ᠪᠠᠢ᠌ᠳᠠᠯ᠎ᠢ ᠪᠦᠬᠦ ᠲᠠᠯ᠎ᠠ᠎ᠪᠠᠷ᠂ ᠦᠨᠡᠨ ᠪᠣᠳᠠᠲᠠᠢ᠎ᠪᠠᠷ ᠣᠢ᠌ᠯᠠᠭ᠋ᠠᠵᠤ᠂ ᠪᠠᠷᠢᠯᠭ᠎ᠠ ᠵᠢᠨ ᠪᠦᠲᠦᠭᠡᠨ ᠪᠠᠢ᠌ᠭᠤᠯᠤᠯᠲᠠ᠂ ᠵᠠᠭᠤᠴᠢ ᠦᠢ᠍ᠯᠡᠴᠢᠯᠡᠭᠡ᠂ ᠦᠢ᠍ᠯᠡᠳᠬᠦᠨ᠎ᠤ ᠶᠠᠰᠤ ᠴᠢᠨᠠᠷ᠂ ᠬᠡᠷᠡᠭᠯᠡᠯᠲᠡ ᠵᠢᠨ ᠬᠠᠮᠢᠶᠠᠷᠤᠯᠲᠠ ᠪᠠ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠯ᠂ ᠬᠠᠷᠢᠶ᠎ᠠ ᠭᠠᠵᠠᠷ᠎ᠤᠨ ᠬᠠᠮᠢᠶᠠᠷᠤᠯᠲᠠ᠂ ᠵᠠᠰᠠᠭ ᠵᠠᠬᠢᠷᠭ᠋ᠠᠨ᠎ᠤ ᠬᠢᠨᠠᠯᠲᠠ ᠬᠠᠮᠢᠶᠠᠷᠤᠯᠲᠠ ᠵᠡᠷᠭᠡ ᠲᠠᠯ᠎ᠠ᠎ᠪᠠᠷ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠵᠢᠷᠤᠮᠯᠠᠬᠤ᠂ ᠭᠠᠯ ᠰᠡᠷᠭᠡᠢ᠌ᠯᠡᠨ ᠤᠨᠲᠠᠷᠠᠭ᠋ᠠᠬᠤ ᠠᠮᠤᠷ ᠲᠦᠪᠰᠢᠨ᠎ᠤ ᠬᠠᠷᠢᠭᠤᠴᠠᠯᠭ᠎ᠠ ᠵᠢ ᠭᠦᠢ᠍ᠴᠡᠳᠬᠡᠬᠦ ᠵᠡᠷᠭᠡ ᠪᠠᠢ᠌ᠳᠠᠯ᠎ᠢ ᠤᠷᠲᠤᠳᠬᠠᠨ ᠪᠠᠢ᠌ᠴᠠᠭ᠋ᠠᠬᠤ ᠵᠢᠨ ᠬᠠᠮᠲᠤ ᠲᠡᠭᠦᠨ᠎ᠢ ᠪᠢᠴᠢᠭ ᠮᠠᠲ᠋ᠧᠷᠢᠶᠠᠯ᠂ ᠡᠯᠧᠺᠲᠷᠣᠨ ᠳ᠋ᠠᠢ᠌ᠲ᠋ᠠ ᠵᠡᠷᠭᠡ ᠬᠠᠮᠢᠶ᠎ᠠ ᠪᠦᠬᠦᠢ ᠭᠡᠷᠡᠴᠢ ᠪᠠᠷᠢᠮᠲᠠ ᠵᠢᠨ ᠮᠠᠲ᠋ᠧᠷᠢᠶᠠᠯ ᠬᠠᠩᠭ᠋ᠠᠯᠭ᠋ᠠᠬᠤ᠎ᠪᠠᠷ ᠱᠠᠭ᠋ᠠᠷᠳᠠᠪᠠᠯ᠂ ᠬᠣᠯᠪᠣᠭᠳᠠᠯ ᠪᠦᠬᠦᠢ ᠨᠢᠭᠡᠴᠢ ᠪᠠ ᠬᠤᠪᠢ ᠬᠥᠮᠥᠨ ᠲᠡᠪᠴᠢᠵᠦ ᠪᠣᠯᠬᠤ ᠦᠭᠡᠢ᠃
ᠬᠠᠤᠯᠢ ᠲᠣᠭᠲᠠᠭ᠋ᠠᠯ᠎ᠢ ᠵᠥᠷᠢᠴᠡᠭᠰᠡᠨ ᠪᠤᠶᠤ ᠬᠠᠤᠯᠢ᠎ᠳᠤ ᠲᠣᠭᠲᠠᠭ᠋ᠠᠭᠰᠠᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠭᠰᠡᠨ ᠦᠭᠡᠢ᠎ᠠᠴᠠ ᠪᠣᠯᠵᠤ᠂ ᠭᠠᠯ ᠲᠦᠢ᠍ᠮᠡᠷ᠎ᠤᠨ ᠡᠨᠳᠡᠯ ᠭᠠᠷᠭ᠋ᠠᠭᠰᠠᠨ ᠶᠠᠪᠤᠳᠠᠯ᠎ᠳᠤ ᠬᠠᠷᠢᠭᠤᠴᠠᠯᠭ᠎ᠠ᠎ᠲᠠᠢ ᠬᠣᠯᠪᠣᠭᠳᠠᠯ ᠪᠦᠬᠦᠢ ᠨᠢᠭᠡᠴᠢ ᠪᠠ ᠠᠵᠢᠯᠲᠠᠨ᠎ᠳᠤ ᠪᠠᠢ᠌ᠴᠠᠭ᠋ᠠᠯᠲᠠ ᠵᠢᠨ ᠳᠤᠭᠤᠢ᠌ᠯᠠᠩ ᠰᠢᠢ᠍ᠳᠬᠡᠯ ᠥᠭᠬᠦ ᠰᠠᠨᠠᠯ ᠪᠠ ᠰᠠᠨᠠᠭᠤᠯᠭ᠎ᠠ ᠳᠤᠷᠠᠳᠬᠤ ᠬᠡᠷᠡᠭᠲᠡᠢ᠃
ᠠᠷᠪᠠᠨ ᠳᠣᠯᠣᠳᠤᠭ᠋ᠠᠷ ᠵᠦᠢ᠍ᠯ ᠭᠠᠯ ᠲᠦᠢ᠍ᠮᠡᠷ᠎ᠤᠨ ᠡᠨᠳᠡᠯ᠎ᠢ ᠪᠠᠢ᠌ᠴᠠᠭ᠋ᠠᠨ ᠰᠢᠢ᠍ᠳᠪᠦᠷᠢᠯᠡᠬᠦ ᠠᠵᠢᠯᠲᠠᠨ ᠦᠨᠡᠨᠴᠢ ᠢᠲᠡᠭᠡᠮᠵᠢᠲᠡᠢ ᠪᠠ ᠲᠥᠪ ᠭᠣᠣᠯᠴᠢ ᠪᠠᠢ᠌ᠵᠤ᠂ ᠡᠭᠦᠷᠭᠡ ᠲᠤᠰᠢᠶᠠᠯ ᠵᠶ᠋ᠠᠨ ᠬᠢᠴᠢᠶᠡᠩᠭᠦᠢ᠌ᠯᠡᠨ ᠭᠦᠢ᠍ᠴᠡᠳᠬᠡᠵᠦ᠂ ᠠᠵᠢᠯ᠎ᠤᠨ ᠰᠠᠬᠢᠯᠭ᠎ᠠ ᠪᠠᠲᠤ ᠵᠢ ᠵᠢᠷᠤᠮᠯᠠᠨ᠂ ᠪᠠᠢ᠌ᠴᠠᠭ᠋ᠠᠯᠲᠠ ᠵᠢᠨ ᠨᠢᠭᠤᠴᠠ ᠵᠢ ᠬᠠᠮᠠᠭ᠋ᠠᠯᠠᠨ᠂ ᠬᠢᠨᠠᠯᠲᠠ ᠲᠠᠯᠪᠢᠯᠲᠠ ᠵᠢ ᠤᠬᠠᠮᠰᠠᠷ᠎ᠠᠴᠠ᠎ᠪᠠᠨ ᠬᠦᠯᠢᠶᠡᠬᠦ ᠬᠡᠷᠡᠭᠲᠡᠢ᠃
ᠭᠠᠯ ᠲᠦᠢ᠍ᠮᠡᠷ᠎ᠤᠨ ᠡᠨᠳᠡᠯ᠎ᠢ ᠪᠠᠢ᠌ᠴᠠᠭ᠋ᠠᠨ ᠰᠢᠢ᠍ᠳᠪᠦᠷᠢᠯᠡᠬᠦ᠎ᠳᠤ ᠣᠷᠣᠯᠴᠠᠭᠰᠠᠨ ᠠᠵᠢᠯᠲᠠᠨ ᠭᠠᠯ ᠲᠦᠢ᠍ᠮᠡᠷ᠎ᠤᠨ ᠡᠨᠳᠡᠯ ᠵᠢᠴᠢ ᠪᠠᠢ᠌ᠴᠠᠭ᠋ᠠᠨ ᠰᠢᠢ᠍ᠳᠪᠦᠷᠢᠯᠡᠭᠰᠡᠨ ᠬᠣᠯᠪᠣᠭᠳᠠᠯ ᠪᠦᠬᠦᠢ ᠮᠡᠳᠡᠭᠡ ᠵᠠᠩᠭᠢ ᠵᠢ ᠳᠤᠷ᠎ᠠ᠎ᠪᠠᠷ ᠵᠶ᠋ᠠᠨ ᠭᠠᠳᠠᠭᠰᠢ ᠨᠡᠢ᠌ᠲᠡᠯᠡᠬᠦ ᠪᠠ ᠲᠠᠷᠬᠠᠭ᠋ᠠᠵᠤ ᠪᠣᠯᠬᠤ ᠦᠭᠡᠢ᠃
ᠠᠷᠪᠠᠨ ᠨᠠᠢ᠍ᠮᠠᠳᠤᠭ᠋ᠠᠷ ᠵᠦᠢ᠍ᠯ ᠪᠠᠢ᠌ᠴᠠᠭ᠋ᠠᠯᠲᠠ ᠵᠢᠨ ᠶᠠᠪᠤᠴᠠ᠎ᠳᠤ᠂ ᠪᠠᠢ᠌ᠴᠠᠭ᠋ᠠᠯᠲᠠ᠎ᠳᠤ ᠣᠷᠣᠯᠴᠠᠭᠰᠠᠨ ᠬᠣᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ᠎ᠨᠢ ᠬᠠᠤᠯᠢ ᠶᠣᠰᠣᠭ᠋ᠠᠷ ᠴᠤᠭᠯᠠᠭᠤᠯᠤᠨ᠂ ᠦᠢ᠍ᠯᠡᠳᠦᠭᠰᠡᠨ ᠲᠤᠬᠠᠢ ᠵᠢᠨ ᠬᠥᠮᠥᠨ᠎ᠤ ᠲᠣᠭ᠋ᠠᠴᠢᠯᠲᠠ᠂ ᠪᠢᠴᠢᠭ᠎ᠤᠨ ᠭᠡᠷᠡᠴᠢ᠂ ᠪᠣᠳᠠᠰ᠎ᠤᠨ ᠭᠡᠷᠡᠴᠢ᠂ ᠳᠠᠭᠤ ᠳᠦᠷᠰᠦ ᠰᠢᠩᠭᠡᠯᠲᠡ ᠵᠢᠨ ᠮᠠᠲ᠋ᠧᠷᠢᠶᠠᠯ᠂ ᠡᠯᠧᠺᠲᠷᠣᠨ ᠳ᠋ᠠᠢ᠌ᠲ᠋ᠠ᠂ ᠭᠡᠷᠡᠴᠢᠯᠡᠭᠴᠢ ᠵᠢᠨ ᠭᠡᠷᠡᠴᠢ ᠦᠭᠡ᠂ ᠬᠢᠨᠠᠨ ᠲᠣᠭᠲᠠᠭ᠋ᠠᠭᠰᠠᠨ ᠰᠠᠨᠠᠯ᠂ ᠬᠠᠢ᠌ᠨ ᠰᠢᠯᠭ᠋ᠠᠭᠰᠠᠨ ᠲᠡᠮᠳᠡᠭᠯᠡᠯ᠂ ᠲᠤᠬᠠᠢ ᠵᠢᠨ ᠲᠠᠯᠠᠪᠠᠶ ᠵᠢᠨ ᠲᠡᠮᠳᠡᠭᠯᠡᠯ ᠵᠡᠷᠭᠡ ᠭᠡᠷᠡᠴᠢ ᠪᠠᠷᠢᠮᠲᠠ ᠵᠢᠨ ᠮᠠᠲ᠋ᠧᠷᠢᠶᠠᠯ᠎ᠢ ᠬᠠᠷᠢᠯᠴᠠᠨ ᠨᠡᠪᠲᠡᠷᠡᠯᠴᠡᠵᠦ ᠬᠠᠮᠲᠤ ᠬᠦᠷᠲᠡᠬᠦ ᠵᠢᠨ ᠳᠠᠭ᠋ᠠᠤ ᠪᠠᠢ᠌ᠴᠠᠭ᠋ᠠᠯᠲᠠ ᠵᠢᠨ ᠳᠤᠭᠤᠢ᠌ᠯᠠᠩ᠎ᠳᠤ ᠴᠠᠭ ᠲᠤᠬᠠᠢᠳᠤᠨᠢ ᠰᠢᠯᠵᠢᠭᠦᠯᠦᠨ ᠲᠤᠰᠢᠶᠠᠬᠤ ᠪᠤᠶᠤ ᠪᠠᠢ᠌ᠴᠠᠭ᠋ᠠᠨ ᠰᠢᠢ᠍ᠳᠪᠦᠷᠢᠯᠡᠬᠦ ᠵᠢ ᠬᠠᠷᠢᠭᠤᠴᠠᠵᠤ ᠪᠠᠢ᠌ᠭ᠎ᠠ ᠭᠠᠯ ᠰᠡᠷᠭᠡᠢ᠌ᠯᠡᠨ ᠤᠨᠲᠠᠷᠠᠭ᠋ᠠᠵᠤ ᠠᠪᠤᠷᠠᠨ ᠲᠤᠰᠠᠯᠠᠬᠤ ᠪᠠᠢ᠌ᠭᠤᠯᠤᠮᠵᠢ᠎ᠳᠤ ᠰᠢᠯᠵᠢᠭᠦᠯᠦᠨ ᠥᠭᠬᠦ ᠬᠡᠷᠡᠭᠲᠡᠢ᠃
ᠠᠷᠪᠠ ᠶᠢᠰᠦᠳᠦᠭᠡᠷ ᠵᠦᠢ᠍ᠯ ᠭᠠᠯ ᠲᠦᠢ᠍ᠮᠡᠷ᠎ᠤᠨ ᠡᠨᠳᠡᠯ᠎ᠤᠨ ᠪᠠᠢ᠌ᠴᠠᠭ᠋ᠠᠯᠲᠠ ᠵᠢᠨ ᠮᠡᠳᠡᠭᠦᠯᠦᠯᠲᠡ᠎ᠳᠤ ᠳᠣᠣᠷᠠᠬᠢ ᠠᠭᠤᠯᠭ᠎ᠠ ᠵᠢ ᠪᠠᠭᠲᠠᠭ᠋ᠠᠭᠰᠠᠨ ᠪᠠᠢ᠌ᠬᠤ ᠬᠡᠷᠡᠭᠲᠡᠢ᠄
(ᠨᠢᠭᠡ) ᠭᠠᠯ ᠲᠦᠢ᠍ᠮᠡᠷ᠎ᠤᠨ ᠡᠨᠳᠡᠯ ᠭᠠᠷᠤᠭᠰᠠᠨ ᠨᠢᠭᠡᠴᠢ (ᠲᠠᠯᠠᠪᠤᠷ ᠭᠠᠵᠠᠷ) ᠵᠢᠨ ᠲᠣᠢ᠌ᠮᠣ ᠪᠠᠢ᠌ᠳᠠᠯ;
(ᠬᠣᠶᠠᠷ) ᠭᠠᠯ ᠲᠦᠢ᠍ᠮᠡᠷ᠎ᠤᠨ ᠡᠨᠳᠡᠯ ᠭᠠᠷᠤᠭᠰᠠᠨ ᠶᠠᠪᠤᠴᠠ ᠪᠠ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠨ ᠲᠤᠰᠠᠯᠠᠵᠤ ᠰᠢᠢ᠍ᠳᠪᠦᠷᠢᠯᠡᠭᠰᠡᠨ ᠪᠠᠢ᠌ᠳᠠᠯ;
(ᠭᠤᠷᠪᠠ) ᠭᠠᠯ ᠲᠦᠢ᠍ᠮᠡᠷ᠎ᠤᠨ ᠡᠨᠳᠡᠯ᠎ᠠᠴᠠ ᠪᠣᠯᠵᠤ ᠬᠥᠮᠥᠨ ᠬᠠᠷ᠎ᠠ ᠡᠨᠳᠡᠵᠦ ᠰᠢᠷᠬᠠᠲᠤᠭᠰᠠᠨ ᠪᠠ ᠠᠵᠤ ᠠᠬᠤᠢ ᠵᠢᠨ ᠰᠢᠭᠤᠳ ᠬᠣᠬᠢᠷᠠᠯ ᠭᠠᠷᠤᠭᠰᠠᠨ;
(ᠳᠥᠷᠪᠡ) ᠭᠠᠯ ᠲᠦᠢ᠍ᠮᠡᠷ᠎ᠤᠨ ᠡᠨᠳᠡᠯ᠎ᠤᠨ ᠭᠠᠯ ᠭᠠᠷᠤᠭᠰᠠᠨ ᠰᠢᠯᠲᠠᠭ᠋ᠠᠨ᠂ ᠭᠠᠮᠰᠢᠭ ᠡᠭᠦᠰᠦᠭᠰᠡᠨ ᠰᠢᠯᠲᠠᠭ᠋ᠠᠨ ᠪᠠ ᠡᠨᠳᠡᠯ᠎ᠤᠨ ᠰᠢᠨᠵᠢ ᠴᠢᠨᠠᠷ;
(ᠲᠠᠪᠤ) ᠭᠠᠯ ᠲᠦᠢ᠍ᠮᠡᠷ᠎ᠤᠨ ᠡᠨᠳᠡᠯ᠎ᠤᠨ ᠢᠯᠡᠷᠡᠭᠦᠯᠦᠭᠰᠡᠨ ᠭᠣᠣᠯ ᠠᠰᠠᠭᠤᠳᠠᠯ;
(ᠵᠢᠷᠭᠤᠭ᠎ᠠ) ᠭᠠᠯ ᠲᠦᠢ᠍ᠮᠡᠷ᠎ᠤᠨ ᠡᠨᠳᠡᠯ᠎ᠤᠨ ᠬᠠᠷᠢᠭᠤᠴᠠᠯᠭ᠎ᠠ ᠵᠢ ᠮᠠᠭ᠋ᠠᠳᠯᠠᠨ ᠲᠣᠭᠲᠠᠭ᠋ᠠᠬᠤ ᠵᠢᠴᠢ ᠡᠨᠳᠡᠯ᠎ᠤᠨ ᠬᠠᠷᠢᠭᠤᠴᠠᠭᠴᠢ᠎ᠳᠤ ᠰᠢᠢ᠍ᠳᠬᠡᠯ ᠥᠭᠬᠦ ᠰᠠᠨᠠᠭᠤᠯᠭ᠎ᠠ;
(ᠳᠣᠯᠣᠭ᠎ᠠ) ᠭᠠᠯ ᠲᠦᠢ᠍ᠮᠡᠷ᠎ᠤᠨ ᠡᠨᠳᠡᠯ᠎ᠢ ᠴᠡᠭᠴᠡᠯᠡᠨ ᠰᠠᠢ᠌ᠵᠢᠷᠠᠭᠤᠯᠬᠤ ᠪᠠ ᠰᠡᠷᠭᠡᠢ᠌ᠯᠡᠬᠦ ᠠᠷᠭ᠎ᠠ ᠬᠡᠮᠵᠢᠶᠡᠨ᠎ᠤ ᠰᠠᠨᠠᠭᠤᠯᠭ᠎ᠠ᠃
ᠪᠠᠢ᠌ᠴᠠᠭ᠋ᠠᠯᠲᠠ ᠵᠢᠨ ᠮᠡᠳᠡᠭᠦᠯᠦᠯᠲᠡ᠎ᠳᠤ ᠬᠣᠯᠪᠣᠭᠳᠠᠯ ᠪᠦᠬᠦᠢ ᠭᠡᠷᠡᠴᠢ ᠪᠠᠷᠢᠮᠲᠠ ᠵᠢᠨ ᠮᠠᠲ᠋ᠧᠷᠢᠶᠠᠯ᠎ᠢ ᠳᠠᠭ᠋ᠠᠯᠳᠤᠭᠤᠯᠬᠤ ᠬᠡᠷᠡᠭᠲᠡᠢ᠃ ᠪᠠᠢ᠌ᠴᠠᠭ᠋ᠠᠯᠲᠠ ᠵᠢᠨ ᠳᠤᠭᠤᠢ᠌ᠯᠠᠩ᠎ᠤᠨ ᠪᠦᠷᠢᠯᠳᠦᠭᠦᠨ ᠨᠠᠷ ᠪᠠᠢ᠌ᠴᠠᠭ᠋ᠠᠯᠲᠠ ᠵᠢᠨ ᠮᠡᠳᠡᠭᠦᠯᠦᠯᠲᠡ᠎ᠳᠤ ᠭᠠᠷᠤᠨ ᠦᠰᠦᠭ ᠵᠢᠷᠤᠵᠤ ᠨᠤᠲᠠᠯᠠᠬᠤ ᠬᠡᠷᠡᠭᠲᠡᠢ᠃ ᠪᠠᠢ᠌ᠴᠠᠭ᠋ᠠᠯᠲᠠ ᠵᠢᠨ ᠳᠤᠭᠤᠢ᠌ᠯᠠᠩ᠎ᠤᠨ ᠪᠦᠷᠢᠯᠳᠦᠭᠦᠨ ᠨᠠᠷ ᠪᠠᠢ᠌ᠴᠠᠭ᠋ᠠᠯᠲᠠ ᠵᠢᠨ ᠮᠡᠳᠡᠭᠦᠯᠦᠯᠲᠡ᠎ᠳᠤ ᠠᠳᠠᠯᠢ ᠪᠤᠰᠤ ᠰᠠᠨᠠᠯ ᠪᠠᠢ᠌ᠪᠠᠯ᠂ ᠭᠠᠷᠤᠨ ᠦᠰᠦᠭ ᠵᠢᠷᠤᠭᠰᠠᠨ᠎ᠤ ᠳᠠᠷᠠᠭ᠎ᠠ ᠠᠳᠠᠯᠢ ᠪᠤᠰᠤ ᠰᠠᠨᠠᠯ᠎ᠲᠠᠢ ᠪᠣᠯᠤᠭᠰᠠᠨ ᠰᠢᠯᠲᠠᠭ᠋ᠠᠨ ᠪᠠ ᠦᠨᠳᠦᠰᠦᠯᠡᠯ ᠵᠶ᠋ᠡᠨ ᠲᠤᠰᠬᠠᠢ ᠬᠠᠭᠤᠳᠠᠰᠤᠨ᠎ᠳᠤ ᠪᠢᠴᠢᠵᠦ ᠲᠣᠳᠣᠷᠬᠠᠢ᠌ᠯᠠᠭ᠋ᠠᠳ ᠳᠠᠭ᠋ᠠᠯᠳᠤᠭᠤᠯᠬᠤ ᠬᠡᠷᠡᠭᠲᠡᠢ᠃
ᠬᠣᠷᠢᠳᠤᠭ᠋ᠠᠷ ᠵᠦᠢ᠍ᠯ ᠭᠠᠯ ᠲᠦᠢ᠍ᠮᠡᠷ᠎ᠤᠨ ᠡᠨᠳᠡᠯ᠎ᠤᠨ ᠪᠠᠢ᠌ᠴᠠᠭ᠋ᠠᠯᠲᠠ ᠵᠢᠨ ᠮᠡᠳᠡᠭᠦᠯᠦᠯᠲᠡ ᠵᠢ ᠪᠠᠢ᠌ᠴᠠᠭ᠋ᠠᠯᠲᠠ ᠵᠢᠨ ᠳᠤᠭᠤᠢ᠌ᠯᠠᠩ ᠬᠢᠨᠠᠨ ᠵᠥᠪᠯᠡᠵᠦ ᠪᠠᠲᠤᠯᠠᠬᠤ ᠬᠡᠷᠡᠭᠲᠡᠢ᠃ ᠪᠠᠢ᠌ᠴᠠᠭ᠋ᠠᠯᠲᠠ ᠵᠢᠨ ᠳᠤᠭᠤᠢ᠌ᠯᠠᠩ᠎ᠤᠨ ᠪᠦᠷᠢᠯᠳᠦᠭᠦᠨ ᠨᠠᠷ ᠭᠠᠯ ᠭᠠᠷᠤᠭᠰᠠᠨ ᠰᠢᠯᠲᠠᠭ᠋ᠠᠨ᠂ ᠠᠳᠡᠯ᠎ᠤᠨ ᠰᠢᠨᠵᠢ ᠴᠢᠨᠠᠷ᠂ ᠬᠠᠷᠢᠭᠤᠴᠠᠯᠭ᠎ᠠ ᠵᠢᠨ ᠮᠠᠭ᠋ᠠᠳᠯᠠᠨ ᠲᠣᠭᠲᠠᠭ᠋ᠠᠯᠲᠠ᠂ ᠬᠠᠷᠢᠭᠤᠴᠠᠭᠴᠢ᠎ᠳᠤ ᠰᠢᠢ᠍ᠳᠬᠡᠯ ᠥᠭᠬᠦ ᠰᠠᠨᠠᠭᠤᠯᠭ᠎ᠠ ᠵᠡᠷᠭᠡ᠎ᠳᠤ ᠰᠠᠨᠠᠯ ᠦᠯᠦ ᠨᠢᠭᠡᠳᠪᠡᠯ᠂ ᠪᠠᠢ᠌ᠴᠠᠭ᠋ᠠᠯᠲᠠ ᠵᠢᠨ ᠳᠤᠭᠤᠢ᠌ᠯᠠᠩ᠎ᠤᠨ ᠳᠠᠷᠤᠭ᠎ᠠ ᠵᠣᠬᠢᠴᠠᠭᠤᠯᠬᠤ ᠬᠡᠷᠡᠭᠲᠡᠢ; ᠵᠣᠬᠢᠴᠠᠭᠤᠯᠤᠭ᠋ᠠᠳ ᠮᠥᠨ ᠬᠦ᠌ ᠰᠠᠨᠠᠯ ᠦᠯᠦ ᠨᠢᠭᠡᠳᠪᠡᠯ᠂ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠳᠡᠪᠰᠢᠭᠦᠯᠦᠭᠡᠳ ᠰᠤᠳᠤᠯᠤᠨ ᠲᠣᠭᠲᠠᠭ᠋ᠠᠯᠭ᠋ᠠᠬᠤ ᠬᠡᠷᠡᠭᠲᠡᠢ᠃
ᠬᠣᠷᠢᠨ ᠨᠢᠭᠡᠳᠦᠭᠡᠷ ᠵᠦᠢ᠍ᠯ ᠪᠠᠢ᠌ᠴᠠᠭ᠋ᠠᠯᠲᠠ ᠵᠢᠨ ᠳᠤᠭᠤᠢ᠌ᠯᠠᠩ ᠭᠠᠯ ᠲᠦᠢ᠍ᠮᠡᠷ᠎ᠤᠨ ᠡᠨᠳᠡᠯ ᠭᠠᠷᠤᠭᠰᠠᠨ ᠡᠳᠦᠷ᠎ᠠᠴᠠ ᠡᠬᠢᠯᠡᠨ 60 ᠡᠳᠦᠷ᠎ᠤᠨ ᠳᠣᠲᠣᠷ᠎ᠠ (ᠬᠠᠤᠯᠢ᠎ᠳᠤ ᠲᠣᠭᠲᠠᠭ᠋ᠠᠭᠰᠠᠨ ᠪᠠᠶᠠᠷ ᠳᠤᠷᠠᠰᠬᠠᠯ᠎ᠤᠨ ᠡᠳᠦᠷ ᠪᠠᠭᠲᠠᠨ᠎ᠠ᠂ ᠳᠣᠷᠣᠭᠰᠢ ᠠᠳᠠᠯᠢ) ᠪᠠᠢ᠌ᠴᠠᠭ᠋ᠠᠯᠲᠠ ᠵᠢᠨ ᠮᠡᠳᠡᠭᠦᠯᠦᠯᠲᠡ᠎ᠪᠠᠨ ᠲᠤᠰᠢᠶᠠᠬᠤ ᠬᠡᠷᠡᠭᠲᠡᠢ; ᠣᠨᠴᠠᠭ᠋ᠠᠢ ᠪᠠᠢ᠌ᠳᠠᠯ᠎ᠳᠤ᠂ ᠭᠠᠯ ᠲᠦᠢ᠍ᠮᠡᠷ᠎ᠤᠨ ᠡᠨᠳᠡᠯ᠎ᠤᠨ ᠪᠠᠢ᠌ᠴᠠᠭ᠋ᠠᠨ ᠰᠢᠢ᠍ᠳᠪᠦᠷᠢᠯᠡᠯᠲᠡ ᠵᠢ ᠬᠠᠷᠢᠭᠤᠴᠠᠵᠤ ᠪᠠᠢ᠌ᠭ᠎ᠠ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ ᠬᠤᠭᠤᠴᠠᠭ᠎ᠠ ᠵᠢ᠎ᠨᠢ ᠤᠷᠲᠤᠳᠬᠠᠵᠤ ᠪᠣᠯᠣᠨ᠎ᠠ᠂ ᠤᠷᠲᠤᠳᠬᠠᠬᠤ ᠬᠤᠭᠤᠴᠠᠭ᠎ᠠ ᠵᠢ ᠬᠠᠮᠤᠭ᠎ᠤᠨ ᠤᠷᠳᠦᠳᠤᠪᠠᠨ 60 ᠡᠳᠦᠷ᠎ᠠᠴᠠ ᠬᠡᠲᠦᠷᠡᠭᠦᠯᠵᠦ ᠪᠣᠯᠬᠤ ᠦᠭᠡᠢ᠃
ᠳᠣᠣᠷ᠎ᠠ ᠵᠢᠭᠰᠠᠭ᠋ᠠᠭᠰᠠᠨ ᠴᠠᠭ᠎ᠢ ᠪᠠᠢ᠌ᠴᠠᠭ᠋ᠠᠯᠲᠠ ᠵᠢᠨ ᠬᠤᠭᠤᠴᠠᠭ᠋ᠠᠨ᠎ᠳᠤ ᠪᠣᠳᠣᠵᠤ ᠣᠷᠣᠭᠤᠯᠬᠤ ᠦᠭᠡᠢ᠂ ᠭᠡᠬᠦ᠎ᠳᠤ᠎ᠪᠠᠨ ᠭᠠᠯ ᠲᠦᠢ᠍ᠮᠡᠷ᠎ᠤᠨ ᠡᠨᠳᠡᠯ᠎ᠤᠨ ᠪᠠᠢ᠌ᠴᠠᠭ᠋ᠠᠯᠲᠠ ᠵᠢᠨ ᠮᠡᠳᠡᠭᠦᠯᠦᠯᠲᠡ ᠵᠢ ᠮᠡᠳᠡᠭᠦᠯᠦᠨ ᠬᠦᠷᠭᠡᠬᠦ᠎ᠳᠤ᠎ᠪᠠᠨ ᠪᠠᠢ᠌ᠴᠠᠭ᠋ᠠᠨ ᠰᠢᠢ᠍ᠳᠪᠦᠷᠢᠯᠡᠬᠦ ᠵᠢ ᠬᠠᠷᠢᠭᠤᠴᠠᠵᠤ ᠪᠠᠢ᠌ᠭ᠎ᠠ ᠠᠷᠠᠳ᠎ᠤᠨ ᠵᠠᠰᠠᠭ᠎ᠤᠨ ᠣᠷᠳᠣᠨ᠎ᠳᠤ ᠲᠣᠳᠣᠷᠬᠠᠢ᠌ᠯᠠᠬᠤ ᠬᠡᠷᠡᠭᠲᠡᠢ᠄
(ᠨᠢᠭᠡ) ᠭᠠᠯ ᠲᠦᠢ᠍ᠮᠡᠷ᠎ᠤᠨ ᠠᠳᠡᠯ᠎ᠢ ᠪᠠᠢ᠌ᠴᠠᠭ᠋ᠠᠵᠤ ᠬᠢᠨᠠᠨ ᠬᠠᠷᠭᠤᠭᠤᠯᠬᠤ᠎ᠳᠤ ᠬᠡᠷᠡᠭᠰᠡᠬᠦ ᠴᠠᠭ᠎ᠢ ᠨᠢᠭᠤᠵᠤ ᠦᠯᠦ ᠮᠡᠳᠡᠭᠦᠯᠦᠭᠰᠡᠨ᠂ ᠬᠤᠳᠠᠯ ᠵᠶ᠋ᠠᠷ ᠮᠡᠳᠡᠭᠦᠯᠦᠭᠰᠡᠨ᠂ ᠣᠷᠣᠢ ᠮᠡᠳᠡᠭᠦᠯᠦᠭᠰᠡᠨ;
(ᠬᠣᠶᠠᠷ) ᠭᠠᠯ ᠲᠦᠢ᠍ᠮᠡᠷ᠎ᠤᠨ ᠡᠨᠳᠡᠯ᠎ᠠᠴᠠ ᠠᠪᠤᠷᠠᠨ ᠲᠤᠰᠠᠯᠠᠬᠤ᠎ᠠᠴᠠ ᠪᠣᠯᠵᠤ ᠲᠤᠬᠠᠢ ᠵᠢᠨ ᠳᠡᠯᠡᠪᠡᠢ ᠵᠢ ᠬᠠᠢ᠌ᠨ ᠪᠠᠢ᠌ᠴᠠᠭ᠋ᠠᠬᠤ ᠠᠷᠭ᠎ᠠ ᠦᠭᠡᠢ ᠪᠣᠯᠤᠭᠰᠠᠨ ᠴᠠᠭ;
(ᠭᠤᠷᠪᠠ) ᠨᠡᠷ᠎ᠡ ᠵᠢᠭ᠋ᠠᠵᠤ ᠰᠢᠮᠳᠠᠭᠤᠯᠤᠨ ᠭᠦᠢ᠍ᠴᠡᠳᠬᠡᠯᠭᠡᠭᠰᠡᠨ᠂ ᠮᠥᠷᠳᠡᠵᠦ ᠰᠢᠮᠳᠠᠭᠤᠯᠤᠨ ᠰᠢᠢ᠍ᠳᠪᠦᠷᠢᠯᠡᠭᠰᠡᠨ ᠭᠠᠯ ᠲᠦᠢ᠍ᠮᠡᠷ᠎ᠤᠨ ᠡᠨᠳᠡᠯ᠎ᠢ ᠬᠢᠨᠠᠨ ᠬᠠᠷᠭᠤᠭᠤᠯᠵᠤ ᠳᠠᠩᠰᠠᠯᠠᠭᠤᠯᠤᠭᠰᠠᠨ ᠴᠠᠭ;
(ᠳᠥᠷᠪᠡ) ᠪᠠᠢ᠌ᠴᠠᠭ᠋ᠠᠨ ᠰᠢᠯᠭ᠋ᠠᠬᠤ᠂ ᠮᠡᠷᠭᠡᠵᠢᠯ᠎ᠤᠨ ᠬᠢᠨᠠᠨ ᠲᠣᠭᠲᠠᠭ᠋ᠠᠯᠲᠠ ᠬᠢᠬᠦ᠎ᠳᠤ ᠬᠡᠷᠡᠭᠰᠡᠬᠦ ᠴᠠᠭ᠃
ᠬᠣᠷᠢᠨ ᠬᠣᠶᠠᠳᠤᠭ᠋ᠠᠷ ᠵᠦᠢ᠍ᠯ ᠭᠠᠯ ᠲᠦᠢ᠍ᠮᠡᠷ᠎ᠤᠨ ᠡᠨᠳᠡᠯ᠎ᠤᠨ ᠪᠠᠢ᠌ᠴᠠᠭ᠋ᠠᠨ ᠰᠢᠢ᠍ᠳᠪᠦᠷᠢᠯᠡᠯᠲᠡ ᠵᠢ ᠬᠠᠷᠢᠭᠤᠴᠠᠵᠤ ᠪᠠᠢ᠌ᠭ᠎ᠠ ᠠᠷᠠᠳ᠎ᠤᠨ ᠵᠠᠰᠠᠭ᠎ᠤᠨ ᠣᠷᠳᠣᠨ ᠭᠠᠯ ᠲᠦᠢ᠍ᠮᠡᠷ᠎ᠤᠨ ᠡᠨᠳᠡᠯ᠎ᠤᠨ ᠪᠠᠢ᠌ᠴᠠᠭ᠋ᠠᠯᠲᠠ ᠵᠢᠨ ᠮᠡᠳᠡᠭᠦᠯᠦᠯᠲᠡ ᠵᠢ ᠬᠦᠯᠢᠶᠡᠨ ᠠᠪᠤᠭᠰᠠᠨ ᠡᠳᠦᠷ᠎ᠠᠴᠠ ᠡᠬᠢᠯᠡᠨ 15 ᠠᠵᠢᠯᠯᠠᠬᠤ ᠡᠳᠦᠷ᠎ᠤᠨ ᠳᠣᠲᠣᠷ᠎ᠠ ᠴᠣᠬᠣᠯᠠᠪᠤᠷᠢᠯᠠᠵᠤ᠂ ᠬᠣᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢ᠎ᠳᠤ ᠬᠠᠭᠤᠯᠤᠨ ᠢᠯᠡᠭᠡᠬᠦ ᠵᠢᠨ ᠬᠠᠮᠲᠤ ᠨᠡᠢ᠌ᠭᠡᠮ ᠨᠡᠢ᠌ᠲᠡ᠎ᠳᠤ ᠭᠠᠯ ᠲᠦᠢ᠍ᠮᠡᠷ᠎ᠤᠨ ᠡᠨᠳᠡᠯ᠎ᠤᠨ ᠪᠠᠢ᠌ᠴᠠᠭ᠋ᠠᠯᠲᠠ ᠵᠢᠨ ᠮᠡᠳᠡᠭᠦᠯᠦᠯᠲᠡ ᠵᠢ ᠬᠠᠤᠯᠢ ᠶᠣᠰᠣᠭ᠋ᠠᠷ ᠨᠡᠢ᠌ᠲᠡᠯᠡᠬᠦ ᠬᠡᠷᠡᠭᠲᠡᠢ᠃
ᠬᠣᠷᠢᠨ ᠭᠤᠷᠪᠠᠳᠤᠭ᠋ᠠᠷ ᠵᠦᠢ᠍ᠯ ᠬᠣᠯᠪᠣᠭᠳᠠᠯ ᠪᠦᠬᠦᠢ ᠪᠠᠢ᠌ᠭᠤᠯᠭ᠎ᠠ᠂ ᠰᠠᠯᠠᠭ᠎ᠠ ᠮᠥᠴᠢᠷ ᠪᠠ ᠭᠠᠯ ᠲᠦᠢ᠍ᠮᠡᠷ᠎ᠤᠨ ᠡᠨᠳᠡᠯ᠎ᠤᠨ ᠬᠠᠮᠢᠶ᠎ᠠ ᠪᠦᠬᠦᠢ ᠨᠢᠭᠡᠴᠢ᠎ᠨᠦᠭᠦᠳ᠎ᠨᠢ᠂ ᠭᠠᠯ ᠲᠦᠢ᠍ᠮᠡᠷ᠎ᠤᠨ ᠡᠨᠳᠡᠯ᠎ᠤᠨ ᠪᠠᠢ᠌ᠴᠠᠭ᠋ᠠᠯᠲᠠ ᠰᠢᠢ᠍ᠳᠪᠦᠷᠢᠯᠡᠯᠲᠡ ᠵᠢ ᠬᠠᠷᠢᠭᠤᠴᠠᠵᠤ ᠪᠠᠢ᠌ᠭ᠎ᠠ ᠠᠷᠠᠳ᠎ᠤᠨ ᠵᠠᠰᠠᠭ᠎ᠤᠨ ᠣᠷᠳᠣᠨ ᠴᠣᠬᠣᠯᠠᠪᠤᠷᠢᠯᠠᠭᠰᠠᠨᠤ ᠳᠠᠷᠠᠭ᠋ᠠᠬᠢ 3 ᠰᠠᠷ᠎ᠠ ᠵᠢᠨ ᠳᠣᠲᠣᠷ᠎ᠠ᠂ ᠬᠠᠮᠢᠶ᠎ᠠ ᠪᠦᠬᠦᠢ ᠬᠠᠷᠢᠭᠤᠴᠠᠯᠭ᠎ᠠ ᠵᠢ ᠰᠢᠢ᠍ᠳᠪᠦᠷᠢᠯᠡᠭᠰᠡᠨ ᠪᠠᠢ᠌ᠳᠠᠯ᠂ ᠭᠠᠯ ᠲᠦᠢ᠍ᠮᠡᠷ᠎ᠤᠨ ᠡᠨᠳᠡᠯ᠎ᠢ ᠴᠡᠭᠴᠡᠯᠡᠨ ᠰᠠᠢ᠌ᠵᠢᠷᠠᠭᠤᠯᠬᠤ ᠪᠠ ᠰᠡᠷᠭᠡᠢ᠌ᠯᠡᠬᠦ ᠠᠷᠭ᠎ᠠ ᠬᠡᠮᠵᠢᠶ᠎ᠡ ᠵᠢ ᠨᠠᠢ᠌ᠳᠠᠪᠤᠷᠢᠵᠢᠭᠤᠯᠤᠭᠰᠠᠨ ᠪᠠᠢ᠌ᠳᠠᠯ ᠵᠶ᠋ᠠᠨ ᠴᠣᠬᠣᠯᠠᠪᠤᠷᠢᠯᠠᠭᠰᠠᠨ ᠠᠷᠠᠳ᠎ᠤᠨ ᠵᠠᠰᠠᠭ᠎ᠤᠨ ᠣᠷᠳᠣᠨ᠎ᠳᠤ ᠪᠢᠴᠢᠭ ᠵᠶ᠋ᠡᠷ ᠮᠡᠳᠡᠭᠦᠯᠦᠨ ᠬᠦᠷᠭᠡᠬᠦ ᠬᠡᠷᠡᠭᠲᠡᠢ᠃
ᠪᠠᠢ᠌ᠴᠠᠭ᠋ᠠᠯᠲᠠ ᠵᠢᠨ ᠳᠤᠭᠤᠢ᠌ᠯᠠᠩ ᠪᠠᠢ᠌ᠭᠤᠯᠬᠤ ᠴᠢᠬᠤᠯᠠ ᠦᠭᠡᠢ ᠭᠠᠯ ᠲᠦᠢ᠍ᠮᠡᠷ᠎ᠤᠨ ᠡᠨᠳᠡᠯ᠎ᠳᠤ᠂ ᠭᠠᠯ ᠰᠡᠷᠭᠡᠢ᠌ᠯᠡᠨ ᠤᠨᠲᠠᠷᠠᠭ᠋ᠠᠬᠤ ᠠᠮᠤᠷ ᠲᠦᠪᠰᠢᠨ᠎ᠤ ᠬᠠᠮᠢᠶᠠᠷᠤᠯᠲᠠ ᠵᠢᠨ ᠡᠭᠦᠷᠭᠡ ᠬᠠᠷᠢᠭᠤᠴᠠᠯᠭ᠎ᠠ ᠪᠦᠬᠦᠢ ᠠᠵᠢᠯ ᠲᠥᠷᠥᠯ᠎ᠤᠨ ᠰᠠᠯᠠᠭ᠎ᠠ ᠮᠥᠴᠢᠷ᠎ᠤᠳ ᠭᠠᠯ ᠲᠦᠢ᠍ᠮᠡᠷ᠎ᠤᠨ ᠡᠨᠳᠡᠯ᠎ᠤᠨ ᠪᠠᠢ᠌ᠳᠠᠯ᠎ᠤᠨ ᠨᠡᠪᠲᠡᠷᠡᠭᠦᠯᠭᠡ ᠵᠢ ᠲᠣᠰᠴᠤ ᠣᠯᠣᠭᠰᠠᠨ᠎ᠤ ᠳᠠᠷᠠᠭ᠎ᠠ᠂ ᠰᠢᠢ᠍ᠳᠪᠦᠷᠢᠯᠡᠭᠰᠡᠨ ᠪᠠᠢ᠌ᠳᠠᠯ ᠵᠶ᠋ᠠᠨ ᠲᠤᠰ ᠱᠠᠲᠤᠨ᠎ᠤ ᠭᠠᠯ ᠤᠨᠲᠠᠷᠠᠭ᠋ᠠᠵᠤ ᠠᠪᠤᠷᠠᠨ ᠲᠤᠰᠠᠯᠠᠬᠤ ᠪᠠᠢ᠌ᠭᠤᠯᠤᠮᠵᠢ᠎ᠳᠤ ᠮᠡᠳᠡᠭᠦᠯᠦᠨ ᠬᠦᠷᠭᠡᠬᠦ ᠬᠡᠷᠡᠭᠲᠡᠢ᠃
ᠬᠣᠷᠢᠨ ᠳᠥᠷᠪᠡᠳᠦᠭᠡᠷ ᠵᠦᠢ᠍ᠯ ᠭᠠᠯ ᠲᠦᠢ᠍ᠮᠡᠷ᠎ᠤᠨ ᠡᠨᠳᠡᠯ᠎ᠤᠨ ᠪᠠᠢ᠌ᠴᠠᠭ᠋ᠠᠯᠲᠠ ᠵᠢᠨ ᠮᠡᠳᠡᠭᠦᠯᠦᠯᠲᠡ ᠵᠢ ᠪᠠᠢ᠌ᠴᠠᠭ᠋ᠠᠨ ᠰᠢᠢ᠍ᠳᠪᠦᠷᠢᠯᠡᠯᠲᠡ ᠵᠢ ᠬᠠᠷᠢᠭᠤᠴᠠᠵᠤ ᠪᠠᠢ᠌ᠭ᠎ᠠ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠦᠨ ᠬᠦᠷᠭᠡᠭᠰᠡᠨ᠎ᠤ ᠳᠠᠷᠠᠭ᠎ᠠ᠂ ᠪᠠᠢ᠌ᠴᠠᠭ᠋ᠠᠯᠲᠠ ᠵᠢᠨ ᠳᠤᠭᠤᠢ᠌ᠯᠠᠩ᠎ᠤᠨ ᠪᠠᠢ᠌ᠴᠠᠭ᠋ᠠᠨ ᠰᠢᠢ᠍ᠳᠪᠦᠷᠢᠯᠡᠬᠦ ᠠᠵᠢᠯ ᠳᠠᠭᠤᠰᠤᠨ᠎ᠠ᠃
ᠭᠠᠯ ᠲᠦᠢ᠍ᠮᠡᠷ᠎ᠤᠨ ᠡᠨᠳᠡᠯ᠎ᠤᠨ ᠪᠠᠢ᠌ᠴᠠᠭ᠋ᠠᠨ ᠰᠢᠢ᠍ᠳᠪᠦᠷᠢᠯᠡᠯᠲᠡ ᠵᠢᠨ ᠬᠣᠯᠪᠣᠭᠳᠠᠯ ᠪᠦᠬᠦᠢ ᠮᠠᠲ᠋ᠧᠷᠢᠶᠠᠯ᠎ᠢ ᠳᠠᠩᠰᠠ ᠡᠪᠬᠡᠮᠡᠯ᠎ᠳᠤ ᠣᠷᠣᠭᠤᠯᠤᠨ ᠬᠠᠳᠠᠭ᠋ᠠᠯᠠᠬᠤ ᠬᠡᠷᠡᠭᠲᠡᠢ᠃
ᠳᠥᠷᠪᠡᠳᠦᠭᠡᠷ ᠪᠦᠯᠦᠭ ᠳᠡᠰ ᠳᠡᠪᠰᠢᠭᠦᠯᠦᠨ ᠪᠠᠢ᠌ᠴᠠᠭ᠋ᠠᠬᠤ ᠬᠢᠭᠡᠳ ᠰᠢᠮᠳᠠᠭᠤᠯᠤᠨ ᠰᠢᠢ᠍ᠳᠪᠦᠷᠢᠯᠡᠵᠦ ᠦᠨᠡᠯᠡᠨ ᠵᠢᠱ᠌ᠢᠬᠦ
ᠬᠣᠷᠢᠨ ᠲᠠᠪᠤᠳᠤᠭ᠋ᠠᠷ ᠵᠦᠢ᠍ᠯ ᠳᠡᠭᠡᠳᠦ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠴᠢᠬᠤᠯᠠᠲᠠᠢ ᠭᠡᠵᠦ ᠦᠵᠡᠭᠰᠡᠨ ᠦᠶ᠎ᠡ᠎ᠳᠤ᠂ ᠳᠣᠣᠷᠠᠳᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠠᠷᠢᠭᠤᠴᠠᠵᠤ ᠪᠠᠢ᠌ᠴᠠᠭ᠋ᠠᠨ ᠰᠢᠢ᠍ᠳᠪᠦᠷᠢᠯᠡᠵᠦ ᠪᠠᠢ᠌ᠭ᠎ᠠ ᠭᠠᠯ ᠲᠦᠢ᠍ᠮᠡᠷ᠎ᠤᠨ ᠡᠨᠳᠡᠯ᠎ᠢ ᠳᠡᠰ ᠳᠡᠪᠰᠢᠭᠦᠯᠦᠨ ᠪᠠᠢ᠌ᠴᠠᠭ᠋ᠠᠨ ᠰᠢᠢ᠍ᠳᠪᠦᠷᠢᠯᠡᠵᠦ ᠪᠣᠯᠣᠨ᠎ᠠ᠂ ᠬᠥᠮᠥᠨ ᠬᠠᠷ᠎ᠠ ᠦᠬᠦᠭᠰᠡᠨ ᠪᠤᠶᠤ ᠨᠡᠢ᠌ᠭᠡᠮ᠎ᠳᠤ ᠨᠡᠯᠢᠶᠡᠳ ᠶᠡᠬᠡ ᠨᠥᠯᠥᠭᠡ ᠭᠠᠷᠭ᠋ᠠᠭᠰᠠᠨ ᠭᠠᠯ ᠲᠦᠢ᠍ᠮᠡᠷ᠎ᠤᠨ ᠡᠨᠳᠡᠯ᠎ᠢ ᠭᠠᠯ ᠰᠡᠷᠭᠡᠢ᠌ᠯᠡᠨ ᠤᠨᠲᠠᠷᠠᠭ᠋ᠠᠵᠤ ᠠᠪᠤᠷᠠᠨ ᠲᠤᠰᠠᠯᠠᠬᠤ ᠪᠠᠢ᠌ᠭᠤᠯᠤᠮᠵᠢ᠎ᠨᠢ ᠲᠤᠰ ᠱᠠᠲᠤᠨ᠎ᠤ ᠭᠠᠯ ᠰᠡᠷᠭᠡᠢ᠌ᠯᠡᠨ ᠤᠨᠲᠠᠷᠠᠭ᠋ᠠᠬᠤ ᠠᠮᠤᠷ ᠲᠦᠪᠰᠢᠨ᠎ᠤ ᠺᠣᠮᠢᠰ᠎ᠲᠤ ᠳᠤᠷᠠᠳᠤᠯᠭ᠎ᠠ ᠳᠡᠪᠰᠢᠭᠦᠯᠦᠨ ᠨᠡᠷ᠎ᠡ ᠵᠢᠭ᠋ᠠᠵᠤ ᠰᠢᠮᠳᠠᠭᠤᠯᠤᠨ ᠭᠦᠢ᠍ᠴᠡᠳᠬᠡᠯᠭᠡᠵᠦ ᠪᠣᠯᠣᠨ᠎ᠠ᠃
ᠬᠣᠷᠢᠨ ᠵᠢᠷᠭᠤᠳᠤᠭ᠋ᠠᠷ ᠵᠦᠢ᠍ᠯ ᠨᠡᠷ᠎ᠡ ᠵᠢᠭ᠋ᠠᠵᠤ ᠰᠢᠮᠳᠠᠭᠤᠯᠤᠨ ᠭᠦᠢ᠍ᠴᠡᠳᠬᠡᠯᠭᠡᠵᠦ ᠪᠠᠢ᠌ᠭ᠎ᠠ ᠭᠠᠯ ᠲᠦᠢ᠍ᠮᠡᠷ᠎ᠤᠨ ᠡᠨᠳᠡᠯ᠎ᠳᠤ᠂ ᠪᠠᠢ᠌ᠴᠠᠭ᠋ᠠᠨ ᠰᠢᠢ᠍ᠳᠪᠦᠷᠢᠯᠡᠯᠲᠡ ᠵᠢ ᠬᠠᠷᠢᠭᠤᠴᠠᠵᠤ ᠪᠠᠢ᠌ᠭ᠎ᠠ ᠠᠷᠠᠳ᠎ᠤᠨ ᠵᠠᠰᠠᠭ᠎ᠤᠨ ᠣᠷᠳᠣᠨ᠎ᠨᠢ ᠭᠠᠯ ᠲᠦᠢ᠍ᠮᠡᠷ᠎ᠤᠨ ᠡᠨᠳᠡᠯ᠎ᠤᠨ ᠪᠠᠢ᠌ᠴᠠᠭ᠋ᠠᠯᠲᠠ ᠵᠢᠨ ᠮᠡᠳᠡᠭᠦᠯᠦᠯᠲᠡ᠎ᠳᠤ ᠴᠣᠬᠣᠯᠠᠪᠤᠷᠢ ᠥᠭᠬᠦ᠎ᠠᠴᠠ ᠡᠮᠦᠨ᠎ᠡ᠂ ᠰᠢᠮᠳᠠᠭᠤᠯᠤᠨ ᠰᠢᠢ᠍ᠳᠪᠦᠷᠢᠯᠡᠭᠦᠯᠵᠦ ᠪᠠᠢ᠌ᠭ᠎ᠠ ᠨᠢᠭᠡᠴᠢ᠎ᠳᠤ ᠮᠡᠳᠡᠭᠦᠯᠵᠦ ᠬᠢᠨᠠᠨ ᠵᠥᠪᠰᠢᠶᠡᠷᠡᠭᠦᠯᠬᠦ ᠬᠡᠷᠡᠭᠲᠡᠢ᠃
ᠬᠣᠷᠢᠨ ᠳᠣᠯᠣᠳᠤᠭ᠋ᠠᠷ ᠵᠦᠢ᠍ᠯ ᠭᠠᠯ ᠲᠦᠢ᠍ᠮᠡᠷ᠎ᠤᠨ ᠡᠨᠳᠡᠯ᠎ᠳᠤ ᠪᠠᠢ᠌ᠴᠠᠭ᠋ᠠᠯᠲᠠ ᠵᠢᠨ ᠮᠡᠳᠡᠭᠦᠯᠦᠯᠲᠡ ᠵᠢ ᠴᠣᠬᠣᠯᠠᠪᠤᠷᠢᠯᠠᠨ ᠵᠥᠪᠰᠢᠶᠡᠷᠡᠭᠰᠡᠨ ᠡᠳᠦᠷ᠎ᠠᠴᠠ ᠡᠬᠢᠯᠡᠨ 1 ᠵᠢᠯ᠎ᠤᠨ ᠳᠣᠲᠣᠷ᠎ᠠ᠂ ᠪᠠᠢ᠌ᠴᠠᠭ᠋ᠠᠨ ᠰᠢᠢ᠍ᠳᠪᠦᠷᠢᠯᠡᠯᠲᠡ ᠵᠢ ᠬᠠᠷᠢᠭᠤᠴᠠᠵᠤ ᠪᠠᠢ᠌ᠭ᠎ᠠ ᠠᠷᠠᠳ᠎ᠤᠨ ᠵᠠᠰᠠᠭ᠎ᠤᠨ ᠣᠷᠳᠣᠨ ᠪᠤᠶᠤ ᠲᠡᠭᠦᠨ᠎ᠤ ᠡᠷᠬᠡ ᠣᠯᠭᠣᠭᠰᠠᠨ ᠲᠤᠰ ᠱᠠᠲᠤᠨ᠎ᠤ ᠭᠠᠯ ᠰᠡᠷᠭᠡᠢ᠌ᠯᠡᠨ ᠤᠨᠲᠠᠷᠠᠭ᠋ᠠᠵᠤ ᠠᠪᠤᠷᠠᠨ ᠲᠤᠰᠠᠯᠠᠬᠤ ᠪᠠᠢ᠌ᠭᠤᠯᠤᠮᠵᠢ ᠭᠠᠯ ᠲᠦᠢ᠍ᠮᠡᠷ᠎ᠤᠨ ᠡᠨᠳᠡᠯ᠎ᠤᠨ ᠴᠡᠭᠴᠡᠯᠡᠨ ᠰᠠᠢ᠌ᠵᠢᠷᠠᠭᠤᠯᠵᠤ ᠦᠨᠡᠯᠡᠨ ᠵᠢᠱ᠌ᠢᠬᠦ ᠳᠤᠭᠤᠢ᠌ᠯᠠᠩ (ᠳᠣᠷᠣᠭᠰᠢ ᠦᠨᠡᠯᠡᠨ ᠵᠢᠱ᠌ᠢᠬᠦ ᠳᠤᠭᠤᠢ᠌ᠯᠠᠩ ᠭᠡᠵᠦ ᠲᠣᠪᠴᠢᠯᠠᠪᠠ)᠎ᠢ ᠪᠠᠢ᠌ᠭᠤᠯᠵᠤ᠂ ᠭᠠᠯ ᠲᠦᠢ᠍ᠮᠡᠷ᠎ᠤᠨ ᠡᠨᠳᠡᠯ᠎ᠤᠨ ᠪᠠᠢ᠌ᠴᠠᠭ᠋ᠠᠯᠲᠠ ᠵᠢᠨ ᠮᠡᠳᠡᠭᠦᠯᠦᠯᠲᠡ ᠵᠢ ᠦᠨᠳᠦᠰᠦᠯᠡᠨ ᠦᠨᠡᠯᠡᠨ ᠵᠢᠱ᠌ᠢᠨ᠎ᠡ᠃
ᠦᠨᠡᠯᠡᠨ ᠵᠢᠱ᠌ᠢᠬᠦ ᠳᠤᠭᠤᠢ᠌ᠯᠠᠩ᠎ᠨᠢ ᠭᠠᠯ ᠲᠦᠢ᠍ᠮᠡᠷ᠎ᠤᠨ ᠡᠨᠳᠡᠯ᠎ᠢ ᠪᠠᠢ᠌ᠴᠠᠭ᠋ᠠᠨ ᠰᠢᠢ᠍ᠳᠪᠦᠷᠢᠯᠡᠬᠦ᠎ᠳᠤ ᠣᠷᠣᠯᠴᠠᠭᠰᠠᠨ ᠬᠠᠮᠢᠶ᠎ᠠ ᠪᠦᠬᠦᠢ ᠨᠢᠭᠡᠴᠢ᠎ᠪᠠᠷ ᠪᠦᠷᠢᠯᠳᠦᠨ᠎ᠡ᠂ ᠴᠢᠬᠤᠯᠠᠲᠠᠢ ᠦᠶ᠎ᠡ᠎ᠳᠤ ᠬᠠᠮᠢᠶ᠎ᠠ ᠪᠦᠬᠦᠢ ᠲᠤᠰᠬᠠᠢ ᠠᠵᠢᠯ᠎ᠤᠨ ᠪᠠᠢ᠌ᠭᠤᠯᠤᠮᠵᠢ᠎ᠳᠤ ᠨᠠᠢ᠌ᠳᠠᠬᠤ ᠪᠤᠶᠤ ᠲᠤᠰᠬᠠᠢ ᠮᠡᠷᠭᠡᠵᠢᠯᠲᠡᠨ᠎ᠢ ᠤᠷᠢᠵᠤ ᠦᠨᠡᠯᠡᠨ ᠵᠢᠱ᠌ᠢᠬᠦ ᠠᠵᠢᠯ᠎ᠳᠤ ᠣᠷᠣᠯᠴᠠᠭᠤᠯᠵᠤ ᠪᠣᠯᠣᠨ᠎ᠠ᠃ ᠦᠨᠡᠯᠡᠨ ᠵᠢᠱ᠌ᠢᠬᠦ ᠳᠤᠭᠤᠢ᠌ᠯᠠᠩ᠎ᠨᠢ ᠮᠠᠲ᠋ᠧᠷᠢᠶᠠᠯ ᠪᠠᠢ᠌ᠴᠠᠭ᠋ᠠᠨ ᠦᠵᠡᠬᠦ᠂ ᠶᠠᠷᠢᠯᠴᠠᠨ ᠠᠰᠠᠭᠤᠵᠤ ᠯᠠᠪᠯᠠᠬᠤ᠂ ᠰᠤᠷᠪᠤᠯᠵᠢᠯᠠᠵᠤ ᠬᠠᠷᠭᠤᠭᠤᠯᠤᠨ ᠪᠠᠢ᠌ᠴᠠᠭ᠋ᠠᠬᠤ ᠠᠷᠭ᠎ᠠ ᠮᠠᠶᠢᠭ ᠵᠶ᠋ᠠᠷ ᠦᠨᠡᠯᠡᠨ ᠵᠢᠱ᠌ᠢᠯᠲᠡ ᠵᠢᠨ ᠠᠵᠢᠯ ᠥᠷᠨᠢᠭᠦᠯᠵᠦ ᠪᠣᠯᠣᠨ᠎ᠠ᠃
ᠬᠣᠷᠢᠨ ᠨᠠᠢ᠍ᠮᠠᠳᠤᠭ᠋ᠠᠷ ᠵᠦᠢ᠍ᠯ ᠦᠨᠡᠯᠡᠨ ᠵᠢᠱ᠌ᠢᠬᠦ ᠠᠵᠢᠯ᠎ᠢ ᠦᠨᠡᠯᠡᠨ ᠵᠢᠱ᠌ᠢᠬᠦ ᠳᠤᠭᠤᠢ᠌ᠯᠠᠩ ᠪᠠᠢ᠌ᠭᠤᠯᠤᠭᠳᠠᠭᠰᠠᠨ᠎ᠤ ᠳᠠᠷᠠᠭ᠋ᠠᠬᠢ 60 ᠡᠳᠦᠷ᠎ᠤᠨ ᠳᠣᠲᠣᠷ᠎ᠠ ᠪᠡᠶᠡᠯᠡᠭᠦᠯᠵᠦ᠂ ᠮᠡᠳᠡᠭᠦᠯᠦᠯᠲᠡ ᠭᠠᠷᠭ᠋ᠠᠭ᠋ᠠᠳ ᠲᠣᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠬᠦ ᠬᠡᠷᠡᠭᠲᠡᠢ᠃ ᠦᠨᠡᠯᠡᠨ ᠵᠢᠱ᠌ᠢᠯᠲᠡ ᠵᠢᠨ ᠮᠡᠳᠡᠭᠦᠯᠦᠯᠲᠡ᠎ᠳᠤ ᠳᠣᠣᠷᠠᠬᠢ ᠠᠭᠤᠯᠭ᠎ᠠ ᠵᠢ ᠪᠠᠭᠲᠠᠭ᠋ᠠᠭᠰᠠᠨ ᠪᠠᠢ᠌ᠬᠤ ᠬᠡᠷᠡᠭᠲᠡᠢ᠄
(ᠨᠢᠭᠡ) ᠦᠨᠡᠯᠡᠨ ᠵᠢᠱ᠌ᠢᠬᠦ ᠠᠵᠢᠯ᠎ᠢ ᠵᠣᠬᠢᠶᠠᠨ ᠪᠠᠢ᠌ᠭᠤᠯᠤᠭᠰᠠᠨ ᠵᠢᠴᠢ ᠥᠷᠨᠢᠭᠦᠯᠦᠭᠰᠡᠨ ᠪᠠᠢ᠌ᠳᠠᠯ;
(ᠬᠣᠶᠠᠷ) ᠬᠠᠷᠢᠭᠤᠴᠠᠭᠴᠢ᠎ᠠᠴᠠ ᠬᠠᠷᠢᠭᠤᠴᠠᠯᠭ᠎ᠠ ᠨᠡᠬᠡᠮᠵᠢᠯᠡᠬᠦ ᠵᠢ ᠨᠠᠢ᠌ᠳᠠᠪᠤᠷᠢᠵᠢᠭᠤᠯᠤᠭᠰᠠᠨ ᠪᠠᠢ᠌ᠳᠠᠯ;
(ᠭᠤᠷᠪᠠ) ᠭᠠᠯ ᠲᠦᠢ᠍ᠮᠡᠷ᠎ᠤᠨ ᠡᠨᠳᠡᠯ᠎ᠢ ᠴᠡᠭᠴᠡᠯᠡᠨ ᠰᠠᠢ᠌ᠵᠢᠷᠠᠭᠤᠯᠬᠤ ᠪᠠ ᠰᠡᠷᠭᠡᠢ᠌ᠯᠡᠬᠦ ᠠᠷᠭ᠎ᠠ ᠬᠡᠮᠵᠢᠶ᠎ᠡ ᠵᠢ ᠨᠠᠢ᠌ᠳᠠᠪᠤᠷᠢᠵᠢᠭᠤᠯᠤᠭᠰᠠᠨ ᠪᠠᠢ᠌ᠳᠠᠯ;
(ᠳᠥᠷᠪᠡ) ᠦᠨᠡᠯᠡᠨ ᠵᠢᠱ᠌ᠢᠯᠲᠡ ᠵᠢᠨ ᠰᠠᠨᠠᠯ᠃
ᠬᠣᠷᠢ ᠶᠢᠰᠦᠳᠦᠭᠡᠷ ᠵᠦᠢ᠍ᠯ ᠭᠠᠯ ᠲᠦᠢ᠍ᠮᠡᠷ᠎ᠤᠨ ᠡᠨᠳᠡᠯ᠎ᠳᠤ ᠢᠯᠡᠷᠡᠭᠰᠡᠨ ᠲᠣᠪᠣᠢ᠌ᠮ᠎ᠠ ᠠᠰᠠᠭᠤᠳᠠᠯ᠎ᠳᠤ᠂ ᠬᠠᠮᠢᠶᠠᠷᠤᠯᠲᠠ ᠪᠠ ᠮᠡᠷᠭᠡᠵᠢᠯ᠎ᠤᠨ ᠦᠨᠳᠦᠰᠦᠯᠡᠯ᠎ᠨᠢ ᠬᠠᠷᠠᠬᠠᠨ ᠳᠤᠲᠠᠭᠳᠠᠭᠰᠠᠨ ᠪᠤᠶᠤ ᠣᠳᠣ ᠵᠢᠨ ᠬᠡᠷᠡᠭᠵᠢᠭᠦᠯᠵᠦ ᠪᠠᠢ᠌ᠭ᠎ᠠ ᠵᠢᠷᠤᠮᠵᠢᠯ ᠪᠠᠷᠢᠮᠵᠢᠶ᠎ᠠ᠎ᠨᠢ ᠭᠠᠯ ᠲᠦᠢ᠍ᠮᠡᠷ᠎ᠢ ᠰᠡᠷᠭᠡᠢ᠌ᠯᠡᠨ ᠡᠵᠡᠮᠳᠡᠬᠦ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠵᠤ ᠳᠡᠢ᠌ᠯᠬᠦ ᠦᠭᠡᠢ ᠪᠣᠯ᠂ ᠭᠠᠯ ᠰᠡᠷᠭᠡᠢ᠌ᠯᠡᠨ ᠤᠨᠲᠠᠷᠠᠭ᠋ᠠᠵᠤ ᠠᠪᠤᠷᠠᠨ ᠲᠤᠰᠠᠯᠠᠬᠤ ᠪᠠᠢ᠌ᠭᠤᠯᠤᠮᠵᠢ ᠬᠣᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ᠎ᠳᠤ ᠪᠠᠷᠢᠮᠵᠢᠶ᠎ᠠ ᠵᠢᠷᠤᠮᠵᠢᠯ ᠲᠣᠭᠲᠠᠭ᠋ᠠᠬᠤ ᠪᠤᠶᠤ ᠵᠠᠰᠠᠪᠤᠷᠢ ᠣᠷᠣᠭᠤᠯᠬᠤ ᠳᠤᠷᠠᠳᠤᠯᠭ᠎ᠠ ᠳᠡᠪᠰᠢᠭᠦᠯᠦᠨ᠎ᠡ᠃
ᠲᠠᠪᠤᠳᠤᠭ᠋ᠠᠷ ᠪᠦᠯᠦᠭ ᠡᠨᠳᠡᠯ᠎ᠢ ᠰᠢᠢ᠍ᠳᠪᠦᠷᠢᠯᠡᠬᠦ
ᠭᠤᠴᠢᠳᠤᠭ᠋ᠠᠷ ᠵᠦᠢ᠍ᠯ ᠬᠣᠯᠪᠣᠭᠳᠠᠯ ᠪᠦᠬᠦᠢ ᠠᠷᠠᠳ᠎ᠤᠨ ᠵᠠᠰᠠᠭ᠎ᠤᠨ ᠣᠷᠳᠣᠨ᠂ ᠰᠠᠯᠠᠭ᠎ᠠ ᠮᠥᠴᠢᠷ ᠨᠢᠭᠡᠴᠢ ᠵᠢᠴᠢ ᠭᠠᠯ ᠲᠦᠢ᠍ᠮᠡᠷ᠎ᠤᠨ ᠠᠳᠡᠯ ᠭᠠᠷᠤᠭᠰᠠᠨ ᠨᠢᠭᠡᠴᠢ (ᠲᠠᠯᠠᠪᠤᠷ ᠭᠠᠵᠠᠷ) ᠨᠦᠭᠦᠳ ᠴᠣᠬᠣᠯᠠᠪᠤᠷᠢᠯᠠᠭᠰᠠᠨ ᠭᠠᠯ ᠲᠦᠢ᠍ᠮᠡᠷ᠎ᠤᠨ ᠠᠳᠡᠯ᠎ᠤᠨ ᠪᠠᠢ᠌ᠴᠠᠭ᠋ᠠᠯᠲᠠ ᠵᠢᠨ ᠮᠡᠳᠡᠭᠦᠯᠦᠯᠲᠡ ᠪᠤᠶᠤ ᠭᠠᠯ ᠲᠦᠢ᠍ᠮᠡᠷ᠎ᠤᠨ ᠠᠳᠡᠯ᠎ᠢ ᠮᠠᠭ᠋ᠠᠳᠯᠠᠨ ᠲᠣᠭᠲᠠᠭ᠋ᠠᠭᠰᠠᠨ ᠪᠠᠢ᠌ᠳᠠᠯ ᠶᠣᠰᠣᠭ᠋ᠠᠷ᠂ ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠵᠢᠴᠢ ᠬᠠᠮᠢᠶ᠎ᠠ ᠪᠦᠬᠦᠢ ᠲᠣᠭᠲᠠᠭ᠋ᠠᠯ᠎ᠢ ᠦᠨᠳᠦᠰᠦᠯᠡᠨ᠂ ᠡᠷᠬᠡ ᠮᠡᠳᠡᠯ ᠪᠠ ᠳᠡᠰ ᠳᠠᠷᠠᠭ᠋ᠠᠯᠠᠯ ᠶᠣᠰᠣᠭ᠋ᠠᠷ ᠭᠠᠯ ᠲᠦᠢ᠍ᠮᠡᠷ᠎ᠤᠨ ᠠᠳᠡᠯ᠎ᠤᠨ ᠬᠠᠷᠢᠭᠤᠴᠠᠭᠴᠢ ᠵᠢ ᠰᠢᠢ᠍ᠳᠪᠦᠷᠢᠯᠡᠬᠦ ᠬᠡᠷᠡᠭᠲᠡᠢ; ᠭᠠᠯ ᠰᠡᠷᠭᠡᠢ᠌ᠯᠡᠨ ᠤᠨᠲᠠᠷᠠᠭ᠋ᠠᠬᠤ ᠠᠮᠤᠷ ᠲᠦᠪᠰᠢᠨ᠎ᠤ ᠬᠦᠷᠢᠶᠡᠨ᠎ᠳᠤ ᠢᠲᠡᠭᠡᠮᠵᠢ ᠠᠯᠳᠠᠭᠰᠠᠨ ᠦᠢ᠍ᠯᠡ ᠠᠵᠢᠯᠯᠠᠭ᠎ᠠ ᠣᠷᠣᠰᠢᠪᠠᠯ᠂ ᠵᠠᠯᠬᠠᠭ᠋ᠠᠨ ᠴᠡᠭᠡᠷᠯᠡᠭᠦᠯᠬᠦ ᠠᠷᠭ᠎ᠠ ᠬᠡᠮᠵᠢᠶ᠎ᠡ ᠵᠢ ᠬᠡᠷᠡᠭᠵᠢᠭᠦᠯᠦᠨ᠎ᠡ; ᠭᠠᠯ ᠲᠦᠢ᠍ᠮᠡᠷ᠎ᠤᠨ ᠠᠳᠡᠯ᠎ᠤᠨ ᠬᠠᠷᠢᠭᠤᠴᠠᠯᠭ᠎ᠠ ᠡᠭᠦᠷᠭᠡᠯᠡᠵᠦ ᠪᠠᠢ᠌ᠭ᠎ᠠ ᠬᠥᠮᠥᠨ ᠶᠠᠯ᠎ᠠ ᠬᠢᠭᠰᠡᠨ ᠵᠶ᠋ᠡᠷ ᠰᠡᠵᠢᠭᠯᠡᠭᠳᠡᠪᠡᠯ᠂ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃
ᠣᠯᠠᠨ ᠨᠡᠢ᠌ᠲᠡ ᠵᠢᠨ ᠠᠮᠤᠷ ᠲᠦᠪᠰᠢᠨ᠎ᠳᠤ ᠬᠣᠣᠷ ᠬᠥᠨᠥᠭᠡᠯ ᠤᠴᠠᠷᠠᠭᠤᠯᠤᠭᠰᠠᠨ ᠪᠥᠭᠡᠳ ᠨᠡᠢ᠌ᠭᠡᠮ᠎ᠳᠤ ᠨᠡᠯᠢᠶᠡᠳ ᠶᠡᠬᠡ ᠨᠥᠯᠥᠭᠡ᠎ᠲᠠᠢ ᠭᠠᠯ ᠲᠦᠢ᠍ᠮᠡᠷ ᠭᠠᠷᠪᠠᠯ᠂ ᠭᠠᠯ ᠲᠦᠢ᠍ᠮᠡᠷ᠎ᠤᠨ ᠠᠳᠡᠯ᠎ᠤᠨ ᠪᠠᠢ᠌ᠴᠠᠭ᠋ᠠᠨ ᠰᠢᠢ᠍ᠳᠪᠦᠷᠢᠯᠡᠯᠲᠡ ᠵᠢ ᠬᠠᠷᠢᠭᠤᠴᠠᠵᠤ ᠪᠠᠢ᠌ᠭ᠎ᠠ ᠠᠷᠠᠳ᠎ᠤᠨ ᠵᠠᠰᠠᠭ᠎ᠤᠨ ᠣᠷᠳᠣᠨ᠎ᠨᠢ ᠭᠠᠯ ᠲᠦᠢ᠍ᠮᠡᠷ ᠭᠠᠷᠤᠭᠰᠠᠨ ᠭᠠᠵᠠᠷ᠎ᠤᠨ ᠠᠷᠠᠳ᠎ᠤᠨ ᠵᠠᠰᠠᠭ᠎ᠤᠨ ᠣᠷᠳᠣᠨ᠂ ᠬᠣᠯᠪᠣᠭᠳᠠᠯ ᠪᠦᠬᠦᠢ ᠰᠠᠯᠠᠭ᠎ᠠ ᠮᠥᠴᠢᠷ᠂ ᠭᠠᠯ ᠲᠦᠢ᠍ᠮᠡᠷ᠎ᠤᠨ ᠠᠳᠡᠯ ᠭᠠᠷᠤᠭᠰᠠᠨ ᠨᠢᠭᠡᠴᠢ (ᠲᠠᠯᠠᠪᠤᠷ ᠭᠠᠵᠠᠷ) ᠵᠢᠨ ᠬᠠᠷᠢᠭᠤᠴᠠᠯᠭ᠋ᠠᠲᠠᠨᠯᠤᠭᠠ ᠪᠣᠯᠵᠣᠨ ᠶᠠᠷᠢᠯᠴᠠᠬᠤ ᠬᠡᠷᠡᠭᠲᠡᠢ᠃
ᠭᠤᠴᠢᠨ ᠨᠢᠭᠡᠳᠦᠭᠡᠷ ᠵᠦᠢ᠍ᠯ ᠪᠠᠢ᠌ᠴᠠᠭ᠋ᠠᠨ ᠰᠢᠢ᠍ᠳᠪᠦᠷᠢᠯᠡᠬᠦ ᠶᠠᠪᠤᠴᠠ᠎ᠳᠤ ᠭᠠᠯ ᠰᠡᠷᠭᠡᠢ᠌ᠯᠡᠨ ᠤᠨᠲᠠᠷᠠᠭ᠋ᠠᠬᠤ ᠠᠮᠤᠷ ᠲᠦᠪᠰᠢᠨ᠎ᠤ ᠲᠠᠯ᠎ᠠ᠎ᠪᠠᠷ ᠬᠠᠤᠯᠢ ᠪᠤᠰᠤ ᠪᠠ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠤᠷᠲᠤ ᠬᠤᠭᠤᠴᠠᠭ᠎ᠠ᠎ᠪᠠᠷ ᠣᠷᠣᠰᠢᠵᠤ ᠪᠠᠢ᠌ᠬᠤ᠂ ᠭᠠᠯ ᠰᠡᠷᠭᠡᠢ᠌ᠯᠡᠨ ᠤᠨᠲᠠᠷᠠᠭ᠋ᠠᠬᠤ ᠠᠮᠤᠷ ᠲᠦᠪᠰᠢᠨ᠎ᠤ ᠬᠦᠨᠳᠦ ᠶᠡᠬᠡ ᠭᠡᠮ ᠰᠣᠭᠣᠭ᠎ᠢ ᠴᠠᠭ ᠲᠤᠬᠠᠢᠳᠤᠨᠢ ᠵᠢᠭᠰᠠᠭ᠋ᠠᠨ ᠪᠠᠢ᠌ᠴᠠᠭ᠋ᠠᠵᠤ ᠵᠠᠰᠠᠯᠲᠠ ᠬᠢᠭᠰᠡᠨ ᠦᠭᠡᠢ᠎ᠠᠴᠠ ᠪᠣᠯᠵᠤ᠂ ᠮᠠᠭᠤ ᠨᠥᠯᠥᠭᠡ ᠪᠤᠶᠤ ᠤᠷᠰᠢᠭ ᠳ᠋ᠦᠩ ᠡᠭᠦᠰᠬᠡᠭᠰᠡᠨ ᠦᠵᠡᠭᠳᠡᠯ᠎ᠢ ᠣᠯᠵᠤ ᠮᠡᠳᠡᠪᠡᠯ᠂ ᠬᠠᠮᠢᠶ᠎ᠠ ᠪᠦᠬᠦᠢ ᠠᠵᠢᠯᠲᠠᠨ᠎ᠠᠴᠠ ᠬᠠᠷᠢᠭᠤᠴᠠᠯᠭ᠎ᠠ ᠨᠡᠬᠡᠮᠵᠢᠯᠡᠬᠦ ᠵᠢᠨ ᠬᠠᠮᠲᠤ᠂ ᠲᠤᠰ ᠭᠠᠵᠠᠷ ᠣᠷᠣᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ᠎ᠠᠴᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃
ᠭᠤᠴᠢᠨ ᠬᠣᠶᠠᠳᠤᠭ᠋ᠠᠷ ᠵᠦᠢ᠍ᠯ ᠨᠡᠯᠢᠶᠡᠳ ᠶᠡᠬᠡ ᠭᠠᠯ ᠲᠦᠢ᠍ᠮᠡᠷ᠎ᠤᠨ ᠬᠠᠷᠢᠭᠤᠴᠠᠯᠭ᠎ᠠ ᠵᠢᠨ ᠡᠨᠳᠡᠯ ᠭᠠᠷᠤᠭᠰᠠᠨ ᠪᠣᠯ᠂ ᠬᠢᠨᠠᠨ ᠬᠠᠮᠢᠶᠠᠷᠬᠤ ᠬᠠᠷᠢᠭᠤᠴᠠᠯᠭ᠎ᠠ ᠨᠡᠬᠡᠮᠵᠢᠯᠡᠬᠦ ᠵᠢᠨ ᠬᠠᠮᠲᠤ ᠭᠠᠯ ᠲᠦᠢ᠍ᠮᠡᠷ᠎ᠤᠨ ᠡᠨᠳᠡᠯ ᠭᠠᠷᠤᠭᠰᠠᠨ ᠭᠠᠵᠠᠷ᠎ᠤᠨ ᠬᠣᠰᠢᠭᠤ ᠰᠢᠶᠠᠨ (ᠬᠣᠲᠠ᠂ ᠲᠣᠭᠣᠷᠢᠭ) ᠵᠢᠴᠢ ᠲᠡᠭᠦᠨ᠎ᠠᠴᠠ ᠳᠣᠷᠣᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠠᠮᠢᠶ᠎ᠠ ᠪᠦᠬᠦᠢ ᠬᠠᠷᠢᠭᠤᠴᠠᠯᠭ᠋ᠠᠲᠠᠨ᠎ᠠᠴᠠ ᠤᠳᠤᠷᠢᠳᠤᠯᠭ᠎ᠠ ᠵᠢᠨ ᠬᠠᠷᠢᠭᠤᠴᠠᠯᠭ᠎ᠠ ᠵᠢ ᠬᠠᠤᠯᠢ ᠶᠣᠰᠣᠭ᠋ᠠᠷ ᠨᠡᠬᠡᠮᠵᠢᠯᠡᠨ᠎ᠡ; ᠬᠦᠨᠳᠦ ᠶᠡᠬᠡ ᠵᠢᠴᠢ ᠲᠡᠭᠦᠨ᠎ᠠᠴᠠ ᠳᠡᠭᠡᠭᠰᠢᠬᠢ ᠭᠠᠯ ᠲᠦᠢ᠍ᠮᠡᠷ᠎ᠤᠨ ᠬᠠᠷᠢᠭᠤᠴᠠᠯᠭ᠎ᠠ ᠵᠢᠨ ᠡᠨᠳᠡᠯ ᠭᠠᠷᠤᠭᠰᠠᠨ ᠪᠣᠯ᠂ ᠭᠠᠯ ᠲᠦᠢ᠍ᠮᠡᠷ᠎ᠤᠨ ᠡᠨᠳᠡᠯ ᠭᠠᠷᠤᠭᠰᠠᠨ ᠭᠠᠵᠠᠷ᠎ᠤᠨ ᠠᠢ᠌ᠮᠠᠭ ᠬᠣᠲᠠ ᠵᠢᠴᠢ ᠲᠡᠭᠦᠨ᠎ᠠᠴᠠ ᠳᠣᠷᠣᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠠᠮᠢᠶ᠎ᠠ ᠪᠦᠬᠦᠢ ᠬᠠᠷᠢᠭᠤᠴᠠᠯᠭ᠋ᠠᠲᠠᠨ᠎ᠠᠴᠠ ᠤᠳᠤᠷᠢᠳᠤᠯᠭ᠎ᠠ ᠵᠢᠨ ᠬᠠᠷᠢᠭᠤᠴᠠᠯᠭ᠎ᠠ ᠵᠢ ᠬᠠᠤᠯᠢ ᠶᠣᠰᠣᠭ᠋ᠠᠷ ᠨᠡᠬᠡᠮᠵᠢᠯᠡᠨ᠎ᠡ᠃
ᠭᠤᠴᠢᠨ ᠭᠤᠷᠪᠠᠳᠤᠭ᠋ᠠᠷ ᠵᠦᠢ᠍ᠯ ᠭᠠᠯ ᠲᠦᠢ᠍ᠮᠡᠷ᠎ᠤᠨ ᠡᠨᠳᠡᠯ᠎ᠢ ᠴᠡᠭᠴᠡᠯᠡᠨ ᠰᠠᠢ᠌ᠵᠢᠷᠠᠭᠤᠯᠬᠤ ᠪᠠ ᠰᠡᠷᠭᠡᠢ᠌ᠯᠡᠬᠦ ᠠᠷᠭ᠎ᠠ ᠬᠡᠮᠵᠢᠶ᠎ᠡ ᠵᠢᠴᠢ ᠬᠠᠷᠢᠭᠤᠴᠠᠭᠴᠢ᠎ᠳᠤ ᠰᠢᠢ᠍ᠳᠬᠡᠯ ᠥᠭᠬᠦ ᠵᠢ ᠦᠯᠦ ᠨᠠᠢ᠌ᠳᠠᠪᠤᠷᠢᠵᠢᠭᠤᠯᠤᠭᠰᠠᠨ ᠪᠤᠶᠤ ᠨᠠᠢ᠌ᠳᠠᠪᠤᠷᠢᠵᠢᠭᠤᠯᠤᠭᠰᠠᠨ ᠵᠶ᠋ᠠᠷ ᠬᠦᠷᠦᠯᠴᠡᠬᠦ ᠦᠭᠡᠢ ᠪᠣᠯ᠂ ᠦᠨᠡᠯᠡᠨ ᠵᠢᠱ᠌ᠢᠬᠦ ᠳᠤᠭᠤᠢ᠌ᠯᠠᠩ᠎ᠨᠢ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠳᠤᠷᠠᠳᠤᠯᠭ᠎ᠠ ᠳᠡᠪᠰᠢᠭᠦᠯᠦᠭᠡᠳ ᠰᠢᠮᠳᠠᠭᠤᠯᠤᠨ ᠰᠢᠢ᠍ᠳᠪᠦᠷᠢᠯᠡᠭᠦᠯᠵᠦ᠂ ᠬᠠᠷᠢᠭᠤᠴᠠᠯᠭ᠎ᠠ ᠵᠢᠨ ᠭᠣᠣᠯ ᠴᠣᠭᠴᠠ ᠵᠢ ᠰᠢᠮᠳᠠᠭᠤᠯᠵᠤ ᠪᠠᠢ᠌ᠭ᠋ᠠᠳ ᠬᠤᠭᠤᠴᠠᠭ᠎ᠠ ᠬᠢᠵᠠᠭ᠋ᠠᠷᠯᠠᠨ ᠨᠠᠢ᠌ᠳᠠᠪᠤᠷᠢᠵᠢᠭᠤᠯᠬᠤ ᠬᠡᠷᠡᠭᠲᠡᠢ᠃ ᠬᠤᠭᠤᠴᠠᠭ᠎ᠠ ᠥᠩᠭᠡᠷᠡᠭᠡᠳ ᠮᠥᠨ ᠬᠦ᠌ ᠴᠡᠭᠴᠡᠯᠡᠨ ᠰᠠᠢ᠌ᠵᠢᠷᠠᠭᠤᠯᠤᠭᠰᠠᠨ ᠦᠭᠡᠢ᠎ᠠᠴᠠ ᠪᠣᠯᠵᠤ ᠬᠦᠨᠳᠦ ᠨᠣᠴᠢᠲᠠᠢ ᠤᠷᠰᠢᠭ ᠳ᠋ᠦᠩ ᠡᠭᠦᠰᠬᠡᠭᠰᠡᠨ ᠪᠣᠯ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠤ ᠨᠡᠪᠲᠡᠷᠡᠭᠦᠯᠦᠨ ᠮᠡᠳᠡᠭᠡᠯᠡᠵᠦ ᠴᠢᠩᠭ᠎ᠠ ᠰᠢᠢ᠍ᠳᠪᠦᠷᠢᠯᠡᠭᠦᠯᠬᠦ᠂ ᠴᠢᠨᠠᠭᠰᠢᠯᠠᠪᠠᠯ ᠬᠠᠤᠯᠢ ᠴᠠᠭ᠋ᠠᠵᠠ ᠵᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃
ᠭᠤᠴᠢᠨ ᠳᠥᠷᠪᠡᠳᠦᠭᠡᠷ ᠵᠦᠢ᠍ᠯ ᠭᠠᠯ ᠲᠦᠢ᠍ᠮᠡᠷ᠎ᠤᠨ ᠠᠳᠡᠯ᠎ᠢ ᠪᠠᠢ᠌ᠴᠠᠭ᠋ᠠᠨ ᠰᠢᠢ᠍ᠳᠪᠦᠷᠢᠯᠡᠬᠦ᠂ ᠦᠨᠡᠯᠡᠨ ᠵᠢᠱ᠌ᠢᠬᠦ᠎ᠳᠤ ᠵᠦᠢ ᠶᠣᠰᠣᠨ᠎ᠤ ᠰᠢᠯᠲᠠᠭ᠋ᠠᠨ ᠦᠭᠡᠢ᠎ᠪᠠᠷ ᠬᠠᠮᠵᠢᠯᠴᠠᠬᠤ ᠵᠢ ᠲᠡᠪᠴᠢᠭᠰᠡᠨ ᠨᠢᠭᠡᠴᠢ ᠪᠠ ᠬᠤᠪᠢ ᠬᠥᠮᠥᠨ᠎ᠢ ᠬᠠᠤᠯᠢ ᠴᠠᠭ᠋ᠠᠵᠠ ᠵᠢᠨ ᠪᠠᠢ᠌ᠭᠤᠯᠭ᠎ᠠ᠂ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠪᠠᠢ᠌ᠭᠤᠯᠭ᠎ᠠ᠎ᠳᠤ ᠠᠰᠠᠭᠤᠳᠠᠯ᠎ᠤᠨ ᠰᠦᠪᠡᠭᠴᠢ ᠵᠢ ᠴᠠᠭ ᠲᠤᠬᠠᠢᠳᠤᠨᠢ ᠰᠢᠯᠵᠢᠭᠦᠯᠦᠨ ᠲᠤᠰᠢᠶᠠᠵᠤ ᠬᠠᠮᠢᠶ᠎ᠠ ᠪᠦᠬᠦᠢ ᠲᠣᠭᠲᠠᠭ᠋ᠠᠯ ᠶᠣᠰᠣᠭ᠋ᠠᠷ ᠰᠢᠢ᠍ᠳᠪᠦᠷᠢᠯᠡᠬᠦ ᠬᠡᠷᠡᠭᠲᠡᠢ᠃
ᠵᠢᠷᠭᠤᠳᠤᠭ᠋ᠠᠷ ᠪᠦᠯᠦᠭ ᠳᠠᠭ᠋ᠠᠯᠳᠤᠭᠤᠯᠤᠯ ᠳᠦᠷᠢᠮ
ᠭᠤᠴᠢᠨ ᠲᠠᠪᠤᠳᠤᠭ᠋ᠠᠷ ᠵᠦᠢ᠍ᠯ ᠪᠠᠢ᠌ᠴᠠᠭ᠋ᠠᠯᠲᠠ ᠵᠢᠨ ᠳᠤᠭᠤᠢ᠌ᠯᠠᠩ᠎ᠤᠨ ᠨᠡᠷᠡᠢ᠌ᠳᠦᠯ᠎ᠳᠤ 《ᠭᠠᠯ ᠲᠦᠢ᠍ᠮᠡᠷ᠎ᠤᠨ ᠨᠡᠷᠡᠢ᠌ᠳᠦᠯ + ᠡᠨᠳᠡᠯ᠎ᠤᠨ ᠪᠠᠢ᠌ᠴᠠᠭ᠋ᠠᠯᠲᠠ ᠵᠢᠨ ᠳᠤᠭᠤᠢ᠌ᠯᠠᠩ》 ᠬᠡᠮᠡᠨ ᠨᠢᠭᠡᠳᠦᠯᠲᠡᠢ ᠬᠡᠷᠡᠭᠯᠡᠵᠦ᠂ ᠭᠠᠯ ᠲᠦᠢ᠍ᠮᠡᠷ᠎ᠤᠨ ᠨᠡᠷᠡᠢ᠌ᠳᠦᠯ᠎ᠢ ᠬᠠᠮᠢᠶ᠎ᠠ ᠪᠦᠬᠦᠢ ᠲᠣᠭᠲᠠᠭ᠋ᠠᠯ᠎ᠤᠨ ᠪᠠᠷᠢᠮᠵᠢᠶ᠎ᠠ᠎ᠪᠠᠷ ᠪᠣᠳᠠᠲᠠᠢ ᠯᠠᠪᠯᠠᠯᠲᠠ ᠪᠣᠯᠭ᠋ᠠᠨ ᠬᠡᠷᠡᠭᠵᠢᠭᠦᠯᠦᠨ᠎ᠡ᠃
ᠭᠤᠴᠢᠨ ᠵᠢᠷᠭᠤᠳᠤᠭ᠋ᠠᠷ ᠵᠦᠢ᠍ᠯ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠭᠠᠯ ᠲᠦᠢ᠍ᠮᠡᠷ᠎ᠤᠨ ᠡᠨᠳᠡᠯ᠎ᠢ ᠪᠠᠢ᠌ᠴᠠᠭ᠋ᠠᠨ ᠰᠢᠢ᠍ᠳᠪᠦᠷᠢᠯᠡᠬᠦ ᠵᠢᠴᠢ ᠦᠨᠡᠯᠡᠨ ᠵᠢᠱ᠌ᠢᠬᠦ᠎ᠳᠤ ᠬᠡᠷᠡᠭᠰᠡᠬᠦ ᠠᠵᠢᠯ᠎ᠤᠨ ᠵᠠᠷᠤᠳᠠᠯ᠎ᠢ ᠠᠳᠠᠯᠢ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠨᠢᠭᠡᠳᠦᠯᠲᠡᠢ ᠲᠥᠯᠥᠪᠯᠡᠨ ᠪᠠᠲᠤᠯᠠᠨ᠎ᠠ᠃
ᠭᠤᠴᠢᠨ ᠳᠣᠯᠣᠳᠤᠭ᠋ᠠᠷ ᠵᠦᠢ᠍ᠯ ᠲᠤᠰ ᠲᠣᠭᠲᠠᠭ᠋ᠠᠯ᠎ᠢ ᠳᠠᠷᠤᠮᠠᠯᠯᠠᠨ ᠲᠠᠷᠬᠠᠭ᠋ᠠᠭᠰᠠᠨ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃ 《〈ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠯ ᠲᠦᠢ᠍ᠮᠡᠷ᠎ᠤᠨ ᠡᠨᠳᠡᠯ᠎ᠤᠨ ᠬᠠᠷᠢᠭᠤᠴᠠᠯᠭᠠᠳᠤ ᠪᠠᠢ᠌ᠴᠠᠭ᠋ᠠᠯᠲᠠ ᠬᠢᠬᠦ ᠲᠣᠭᠲᠠᠭ᠋ᠠᠯ (ᠲᠤᠷᠰᠢᠨ ᠬᠡᠷᠡᠭᠵᠢᠭᠦᠯᠬᠦ)〉᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ》 (ᠥᠪᠥᠷ ᠵᠠᠰᠠᠭ ᠲᠠᠷᠬᠠᠭ᠋ᠠᠭᠰᠠᠨ [2022] 15 ᠳ᠋ᠤᠭ᠋ᠠᠷ ᠲᠣᠭ᠋ᠠᠲᠤ)᠎ᠢ ᠬᠠᠮᠲᠤᠳᠤᠨᠢ ᠬᠦᠴᠦᠨ ᠦᠭᠡᠢ ᠪᠣᠯᠭ᠋ᠠᠨ᠎ᠠ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ
2024 ᠣᠨ᠎ᠤ 11 ᠳ᠋ᠦ᠍ᠭᠡᠷ ᠰᠠᠷ᠎ᠠ ᠵᠢᠨ 13᠎ᠤ ᠡᠳᠦᠷ ᠳᠠᠷᠤᠮᠠᠯᠯᠠᠨ ᠲᠠᠷᠬᠠᠭ᠋ᠠᠪᠠ