ᠢᠯᠡ ᠵᠠᠰᠠᠭ   -   ᠵᠠᠰᠠᠭ᠎ᠤᠨ ᠤᠷᠳᠤᠨ᠎ᠤ ᠪᠢᠴᠢᠭ ᠮᠠᠲ᠋ᠧᠷᠢᠶᠠᠯ
ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠲᠤᠷᠰᠢᠯᠲᠠ ᠵᠢᠨ ᠴᠡᠭ᠎ᠤᠨ ᠬᠡᠷᠡᠭᠵᠢᠭᠦᠯᠬᠦ ᠲᠥᠰᠥᠯ᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ
ᠨᠡᠶ᠋ᠢᠲᠡᠯᠡᠭᠰᠡᠨ ᠴᠠᠭ᠄ 2024-12-20

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ

ᠠᠷᠠᠳ᠎ᠤᠨ ᠵᠠᠰᠠᠭ᠎ᠤᠨ ᠣᠷᠳᠣᠨ᠎ᠤ ᠪᠢᠴᠢᠭ ᠮᠠᠲ᠋ᠧᠷᠢᠶᠠᠯ

 

ᠥᠪᠥᠷ ᠵᠠᠰᠠᠭ ᠲᠠᠷᠬᠠᠭ᠋ᠠᠭᠰᠠᠨ [2024] 29 ᠳ᠋ᠦ᠍ᠭᠡᠷ ᠲᠣᠭ᠋ᠠᠲᠤ

 

ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠲᠤᠷᠰᠢᠯᠲᠠ ᠵᠢᠨ ᠴᠡᠭ᠎ᠤᠨ ᠬᠡᠷᠡᠭᠵᠢᠭᠦᠯᠬᠦ ᠲᠥᠰᠥᠯ᠎ᠢ  ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ

 

ᠡᠯ᠎ᠡ ᠠᠢ᠌ᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠢ᠌ᠯᠠᠯ᠂ ᠠᠵᠢᠯ ᠦᠢ᠍ᠯᠡᠰ᠎ᠤᠨ ᠨᠢᠭᠡᠴᠢ᠎ᠳᠤ᠄

       ᠡᠳᠦᠭᠡ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠲᠤᠷᠰᠢᠯᠲᠠ ᠵᠢᠨ ᠴᠡᠭ᠎ᠤᠨ ᠬᠡᠷᠡᠭᠵᠢᠭᠦᠯᠬᠦ ᠲᠥᠰᠥᠯ》᠎ᠢ ᠲᠠ ᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ᠎ᠲᠠᠢ᠎ᠪᠠᠨ ᠤᠶᠠᠯᠳᠤᠭᠤᠯᠵᠤ᠂ ᠬᠢᠨᠠᠮᠠᠭ᠋ᠠᠢ ᠲᠤᠭᠤᠰᠢᠯᠠᠭᠤᠯᠤᠨ ᠨᠠᠢ᠌ᠳᠠᠪᠤᠷᠢᠵᠢᠭᠤᠯᠲᠤᠭ᠋ᠠᠢ᠃

 

2024 ᠣᠨ᠎ᠤ 10 ᠳ᠋ᠤᠭ᠋ᠠᠷ ᠰᠠᠷ᠎ᠠ ᠵᠢᠨ 31᠎ᠤ ᠡᠳᠦᠷ    

      (ᠲᠣᠰ ᠪᠢᠴᠢᠭ ᠮᠠᠲ᠋ᠧᠷᠢᠶᠠᠯ᠎ᠢ ᠢᠯᠡ ᠨᠡᠢ᠌ᠲᠡᠯᠡᠨ᠎ᠡ)

 

 

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠲᠤᠷᠰᠢᠯᠲᠠ ᠵᠢᠨ ᠴᠡᠭ᠎ᠤᠨ ᠬᠡᠷᠡᠭᠵᠢᠭᠦᠯᠬᠦ ᠲᠥᠰᠥᠯ

 

       ᠡᠮᠴᠢᠯᠡᠭᠡᠨ᠎ᠤ ᠪᠠᠲᠤᠯᠠᠭ᠎ᠠ ᠵᠢᠨ ᠳᠦᠷᠢᠮ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠲᠤᠬᠠᠢ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠰᠢᠨᠵᠢᠯᠡᠬᠦ ᠤᠬᠠᠭ᠋ᠠᠨᠴᠢ᠎ᠪᠠᠷ ᠲᠣᠭᠲᠠᠭ᠋ᠠᠬᠤ᠂ ᠬᠥᠳᠡᠯᠦᠩᠭᠦᠢ᠎ᠪᠠᠷ ᠲᠣᠬᠢᠷᠠᠭᠤᠯᠬᠤ ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ ᠵᠢᠨ ᠪᠦᠷᠢᠯᠳᠦᠯ᠎ᠤᠨ ᠲᠣᠭᠲᠠᠴᠠ ᠵᠢ ᠲᠦᠷᠭᠡᠳᠬᠡᠨ ᠪᠠᠢ᠌ᠭᠤᠯᠵᠤ᠂ ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ ᠵᠢᠨ ᠪᠦᠲᠦᠴᠡ ᠵᠢ ᠦᠷᠭᠦᠯᠵᠢᠯᠡᠨ ᠰᠢᠯᠢᠳᠡᠭᠵᠢᠭᠦᠯᠬᠦ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ ᠤᠶᠠᠯᠳᠤᠭᠤᠯᠤᠨ᠂ ᠲᠣᠰ ᠲᠥᠰᠥᠯ᠎ᠢ ᠲᠣᠭᠲᠠᠭ᠋ᠠᠪᠠ᠃

       ᠨᠢᠭᠡ᠂ ᠶᠡᠷᠦᠩᠬᠡᠢ ᠱᠠᠭ᠋ᠠᠷᠳᠠᠯᠭ᠎ᠠ

       ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ ᠪᠠ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ᠂ ᠭᠤᠷᠪᠠᠳᠤᠭ᠋ᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠠᠵᠢᠯ᠎ᠤᠨ ᠭᠣᠣᠯ ᠰᠢᠵᠢᠮ᠎ᠤᠨ ᠲᠣᠭᠣᠷᠢᠨ᠎ᠳᠤ᠂ ᠠᠷᠠᠳ ᠲᠦᠮᠡᠨ᠎ᠤ ᠡᠷᠡᠭᠦᠯ ᠮᠡᠨᠳᠦ᠎ᠪᠠᠷ ᠭᠣᠣᠯ ᠪᠣᠯᠭ᠋ᠠᠬᠤ᠂ ᠡᠮᠴᠢᠯᠡᠭᠡᠨ᠎ᠤ ᠦᠷᠳᠡᠭ ᠵᠶ᠋ᠠᠷ ᠤᠳᠤᠷᠢᠳᠤᠮᠵᠢ ᠪᠣᠯᠭ᠋ᠠᠬᠤ᠂ ᠡᠮᠴᠢᠯᠡᠭᠡᠨ᠎ᠤ ᠦᠢ᠍ᠯᠡᠰ᠎ᠤᠨ ᠬᠥᠭᠵᠢᠯᠲᠡ ᠵᠢᠨ ᠵᠢᠮ᠎ᠡ ᠶᠣᠰᠣ᠎ᠪᠠᠷ ᠵᠢᠷᠤᠮᠯᠠᠯ ᠪᠣᠯᠭ᠋ᠠᠬᠤ ᠵᠢ ᠪᠠᠷᠢᠮᠲᠠᠯᠠᠵᠤ᠂ ᠠᠵᠤ ᠠᠬᠤᠢ ᠨᠡᠢ᠌ᠭᠡᠮ᠎ᠤᠨ ᠬᠥᠭᠵᠢᠯᠲᠡ᠎ᠳᠤ ᠲᠣᠬᠢᠷᠠᠬᠤ᠂ ᠵᠠᠰᠠᠭ᠎ᠤᠨ ᠣᠷᠳᠣᠨ᠎ᠤ ᠦᠢ᠍ᠯᠡᠳᠦᠯ᠎ᠢ ᠨᠡᠩ ᠰᠠᠢ᠌ᠲᠤᠷ ᠪᠠᠳᠠᠷᠠᠭᠤᠯᠬᠤ᠂ ᠡᠮᠴᠢᠯᠡᠭᠡᠨ᠎ᠤ ᠪᠠᠢ᠌ᠭᠤᠯᠤᠮᠵᠢ ᠭᠦᠢ᠍ᠴᠡᠳ ᠣᠷᠤᠯᠴᠠᠬᠤ᠂ ᠮᠡᠷᠭᠡᠵᠢᠯ᠎ᠤᠨ ᠬᠥᠳᠡᠯᠮᠦᠷᠢ ᠵᠢᠨ ᠦᠷᠳᠡᠭ᠎ᠢ ᠢᠯᠡᠷᠡᠭᠦᠯᠵᠦ ᠳᠡᠢ᠌ᠯᠬᠦ ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ ᠵᠢᠨ ᠬᠠᠮᠢᠶᠠᠷᠤᠯᠲᠠ ᠵᠢᠨ ᠲᠣᠭᠲᠠᠯᠴᠠᠭ᠎ᠠ ᠪᠠ ᠶᠡᠷᠦᠩᠬᠡᠢ ᠬᠡᠮᠵᠢᠶ᠎ᠡ ᠵᠢ ᠲᠣᠬᠢᠷᠠᠭᠤᠯᠤᠨ ᠡᠵᠡᠮᠳᠡᠬᠦ᠂ ᠲᠦᠷᠦᠯ ᠬᠤᠪᠢᠶᠠᠨ ᠪᠦᠷᠢᠯᠳᠦᠭᠦᠯᠬᠦ᠂ ᠬᠥᠳᠡᠯᠦᠩᠭᠦᠢ᠎ᠪᠠᠷ ᠲᠣᠬᠢᠷᠠᠭᠤᠯᠬᠤ᠂ ᠬᠢᠨᠠᠨ ᠰᠢᠨᠵᠢᠵᠦ ᠰᠢᠯᠭ᠋ᠠᠨ ᠬᠢᠨᠠᠬᠤ᠂ ᠲᠦᠷᠦᠯ ᠵᠦᠢ᠍ᠯ᠎ᠢ ᠬᠠᠮᠢᠶᠠᠷᠬᠤ ᠦᠨ᠎ᠡ ᠬᠠᠩᠰᠢ ᠵᠢᠨ ᠪᠦᠷᠢᠯᠳᠦᠯ᠎ᠤᠨ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠵᠦ᠂ ᠤᠯᠠᠨ ᠲᠦᠮᠡᠨ᠎ᠤ ᠳᠠᠷᠤᠭ᠋ᠠᠰᠤ ᠡᠭᠦᠷᠭᠡᠯᠡᠯ᠎ᠨᠢ ᠶᠡᠷᠦᠩᠬᠡᠢ᠎ᠳᠤ᠎ᠪᠠᠨ ᠲᠣᠭᠲᠠᠪᠤᠷᠢᠲᠠᠢ᠂ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠥ ᠳᠠᠭ᠋ᠠᠭ᠋ᠠᠵᠤ ᠳᠡᠶ᠋ᠢᠯᠬᠦ᠂ ᠠᠯᠪᠠᠨ᠎ᠠᠴᠠ ᠪᠠᠢ᠌ᠭᠤᠯᠤᠭᠰᠠᠨ ᠡᠮᠴᠢᠯᠡᠭᠡᠨ᠎ᠤ ᠪᠠᠢ᠌ᠭᠤᠯᠤᠮᠵᠢ ᠵᠢᠨ ᠦᠷᠭᠦᠯᠵᠢᠯᠡᠨ ᠡᠷᠡᠭᠦᠯ ᠵᠶ᠋ᠡᠷ ᠬᠥᠭᠵᠢᠬᠦ ᠵᠢ᠎ᠨᠢ ᠦᠨᠡᠨ ᠬᠦ᠌ ᠪᠠᠲᠤᠯᠠᠬᠤ ᠬᠡᠷᠡᠭᠲᠡᠢ᠃ 2025 ᠣᠨ᠎ᠤ ᠰᠡᠭᠦᠯᠴᠢ ᠪᠣᠯᠬᠤ᠎ᠳᠤ᠂ ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ ᠵᠢᠨ ᠠᠵᠢᠯᠯᠠᠭ᠋ᠠᠨ᠎ᠤ ᠰᠢᠨ᠎ᠡ ᠲᠣᠭᠲᠠᠴᠠ ᠵᠢ ᠦᠨᠳᠦᠰᠦᠨ᠎ᠳᠤ᠎ᠪᠠᠨ ᠬᠡᠪᠰᠢᠭᠦᠯᠵᠦ᠂ ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ ᠵᠢᠨ ᠬᠠᠮᠢᠶᠠᠷᠤᠯᠲᠠ ᠵᠢᠨ ᠲᠣᠭᠲᠠᠯᠴᠠᠭ᠎ᠠ ᠵᠢ ᠨᠠᠩ ᠪᠦᠷᠢᠨᠰᠢᠭᠦᠯᠦᠨ᠂ ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ ᠵᠢᠨ ᠪᠦᠲᠦᠴᠡ ᠵᠢ ᠢᠯᠡᠳᠲᠡ ᠰᠢᠯᠢᠳᠡᠭᠵᠢᠭᠦᠯᠵᠦ᠂ ᠵᠢᠷᠤᠮᠯᠠᠨ ᠳᠠᠭᠤᠷᠢᠶᠠᠵᠤ ᠳᠡᠯᠭᠡᠷᠡᠭᠦᠯᠵᠦ ᠪᠣᠯᠬᠤᠢ᠌ᠴᠠ ᠥᠭᠡᠷᠡᠴᠢᠯᠡᠯᠲᠡ ᠵᠢᠨ ᠲᠤᠷᠰᠢᠯᠲᠠ ᠵᠢᠨ ᠴᠡᠭ᠎ᠤᠨ ᠲᠤᠷᠰᠢᠯᠭ᠎ᠠ ᠬᠢᠳᠡᠯ᠎ᠢ ᠪᠦᠷᠢᠯᠳᠦᠭᠦᠯᠦᠨ᠎ᠡ᠃

       ᠬᠣᠶᠠᠷ᠂ ᠭᠣᠣᠯᠳᠠᠯᠭ᠋ᠠᠲᠤ ᠡᠭᠦᠷᠭᠡ

      (ᠨᠢᠭᠡ) ᠬᠣᠷᠸ᠎ᠠ ᠬᠠᠮᠢᠶᠠᠷᠤᠯᠲᠠ ᠵᠢᠨ ᠦᠨ᠎ᠡ ᠬᠠᠩᠰᠢ ᠵᠢᠨ ᠶᠡᠷᠦᠩᠬᠡᠢ ᠬᠡᠮᠵᠢᠶ᠎ᠡ ᠵᠢ ᠲᠣᠬᠢᠷᠠᠭᠤᠯᠤᠨ ᠡᠵᠡᠮᠳᠡᠬᠦ ᠲᠣᠭᠲᠠᠴᠠ ᠵᠢ ᠪᠠᠢ᠌ᠭᠤᠯᠤᠨ᠎ᠠ᠃

      1. ᠲᠣᠬᠢᠷᠠᠭᠤᠯᠤᠯᠲᠠ ᠬᠢᠬᠦ ᠦᠨ᠎ᠡ ᠬᠠᠩᠰᠢ ᠵᠢᠨ ᠶᠡᠷᠦᠩᠬᠡᠢ ᠬᠡᠮᠵᠢᠶ᠎ᠡ ᠵᠢ ᠵᠦᠢ ᠵᠣᠬᠢᠰᠲᠠᠢ ᠲᠣᠭᠲᠠᠭ᠋ᠠᠨ᠎ᠠ᠃  ᠦᠨ᠎ᠡ  ᠬᠠᠩᠰᠢ ᠵᠢᠨ ᠶᠡᠷᠦᠩᠬᠡᠢ ᠬᠡᠮᠵᠢᠶ᠎ᠡ ᠵᠢ ᠲᠣᠬᠢᠷᠠᠭᠤᠯᠤᠨ ᠡᠵᠡᠮᠳᠡᠬᠦ ᠪᠣᠳᠠᠲᠠᠢ ᠳᠦᠷᠢᠮ ᠪᠠ ᠭᠦᠢ᠍ᠴᠡᠳᠬᠡᠯ ᠲᠣᠭ᠋ᠠᠨ᠎ᠤ ᠲᠣᠭᠲᠠᠯᠴᠠᠭ᠎ᠠ ᠵᠢ ᠲᠣᠭᠲᠠᠭ᠋ᠠᠨ᠎ᠠ᠃ ᠡᠯ᠎ᠡ ᠠᠢ᠌ᠮᠠᠭ ᠬᠣᠲᠠ᠎ᠨᠢ ᠠᠯᠪᠠᠨ᠎ᠠᠴᠠ ᠪᠠᠢ᠌ᠭᠤᠯᠤᠭᠰᠠᠨ ᠡᠮᠴᠢᠯᠡᠭᠡᠨ᠎ᠤ ᠪᠠᠢ᠌ᠭᠤᠯᠤᠮᠵᠢ ᠵᠢᠨ ᠡᠮᠴᠢᠯᠡᠭᠡᠨ᠎ᠤ ᠦᠢ᠍ᠯᠡᠴᠢᠯᠡᠭᠡᠨ᠎ᠤ ᠶᠡᠷᠦᠩᠬᠡᠢ ᠣᠷᠣᠯᠭ᠎ᠠ (ᠡᠮ᠎ᠤᠨ ᠵᠦᠢ᠍ᠯ᠂ ᠡᠷᠡᠭᠦᠯ ᠬᠠᠮᠠᠭ᠋ᠠᠯᠠᠯ᠎ᠤᠨ ᠮᠠᠲ᠋ᠧᠷᠢᠶᠠᠯ᠎ᠤᠨ ᠣᠷᠣᠯᠭ᠎ᠠ ᠪᠠᠭᠲᠠᠬᠤ ᠦᠭᠡᠢ)᠎ᠪᠠᠷ ᠥᠩᠭᠡᠷᠡᠭᠰᠡᠨ᠎ᠤ ᠰᠠᠭᠤᠷᠢ ᠲᠣᠭ᠎ᠠ ᠪᠣᠯᠭ᠋ᠠᠵᠤ᠂ ᠠᠵᠤ ᠠᠬᠤᠢ ᠵᠢᠨ ᠬᠥᠭᠵᠢᠯᠲᠡ ᠵᠢᠨ ᠬᠢᠷᠢ ᠬᠡᠮᠵᠢᠶ᠎ᠡ᠂ ᠡᠮ ᠡᠮᠨᠡᠯᠭᠡ ᠵᠢᠨ ᠵᠠᠷᠤᠳᠠᠯ᠎ᠤᠨ ᠬᠡᠪᠴᠢᠶᠡᠵᠢᠯ ᠪᠠ ᠪᠦᠲᠦᠴᠡ᠂ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠥᠨ᠎ᠤ ᠪᠡᠯᠡ ᠴᠤᠭᠯᠠᠭᠤᠯᠤᠨ ᠠᠵᠢᠯᠯᠠᠭᠤᠯᠬᠤ᠂ ᠠᠯᠪᠠᠨ᠎ᠠᠴᠠ ᠪᠠᠢ᠌ᠭᠤᠯᠤᠭᠰᠠᠨ ᠡᠮᠴᠢᠯᠡᠭᠡᠨ᠎ᠤ ᠪᠠᠢ᠌ᠭᠤᠯᠤᠮᠵᠢ ᠵᠢᠨ ᠠᠵᠢᠯᠯᠠᠭ᠋ᠠᠨ᠎ᠤ ᠥᠪᠡᠷ᠎ᠤᠨ ᠥᠷᠲᠡᠭ ᠪᠠ ᠬᠠᠮᠢᠶᠠᠷᠤᠯᠲᠠ ᠵᠢᠨ ᠠᠵᠢᠯ᠎ᠤᠨ ᠠᠮᠵᠢᠯᠲᠠ ᠪᠦᠲᠦᠮᠵᠢ᠂ ᠡᠪᠡᠳᠴᠢᠲᠡᠨ᠎ᠤ ᠣᠷᠣᠨ ᠪᠦᠰᠡ ᠠᠯᠤᠰᠯᠠᠨ ᠶᠠᠪᠤᠵᠤ ᠰᠢᠯᠵᠢᠬᠦ᠂ ᠰᠢᠨ᠎ᠡ ᠡᠵᠡᠩᠨᠡᠯᠲᠡ ᠵᠢᠨ ᠪᠠᠢ᠌ᠳᠠᠯ᠎ᠤᠨ ᠬᠥᠭᠵᠢᠯᠲᠡ ᠵᠡᠷᠭᠡ ᠬᠠᠮᠢᠶ᠎ᠠ ᠪᠦᠬᠦᠢ ᠬᠦᠴᠦᠨ ᠵᠦᠢ᠍ᠯ᠎ᠢ ᠶᠡᠷᠦᠩᠬᠡᠢ᠌ᠯᠡᠨ ᠪᠣᠳᠣᠯᠬᠢᠯᠠᠵᠤ᠂ ᠨᠡᠮᠡᠭᠳᠡᠯ᠎ᠤᠨ ᠢᠯᠡᠳᠬᠡᠮᠵᠢ ᠵᠢ ᠰᠢᠨᠵᠢᠯᠡᠬᠦ ᠤᠬᠠᠭ᠋ᠠᠨᠴᠢ᠎ᠪᠠᠷ ᠲᠣᠭᠲᠠᠭ᠋ᠠᠬᠤ ᠬᠡᠷᠡᠭᠲᠡᠢ᠃ ᠲᠣᠬᠢᠷᠠᠭᠤᠯᠤᠯᠲᠠ ᠬᠢᠭᠰᠡᠨ ᠦᠨ᠎ᠡ ᠬᠠᠩᠰᠢ ᠵᠢᠨ ᠶᠡᠷᠦᠩᠬᠡᠢ ᠬᠡᠮᠵᠢᠶ᠎ᠡ ᠵᠢ ᠲᠤᠰ ᠵᠢᠯ᠎ᠳᠤ ᠬᠡᠷᠡᠭᠯᠡᠬᠦ᠎ᠪᠠᠷ ᠬᠢᠵᠠᠭ᠋ᠠᠷᠯᠠᠵᠤ᠂ ᠬᠡᠷᠡᠭᠯᠡᠵᠦ ᠳᠠᠭᠤᠰᠬᠠᠭᠰᠠᠨ ᠦᠭᠡᠢ ᠵᠢ᠎ᠨᠢ ᠢᠷᠡᠬᠦ ᠵᠢᠯ᠎ᠳᠤ ᠨᠡᠢ᠌ᠯᠡᠭᠦᠯᠵᠦ ᠪᠣᠳᠣᠬᠤ ᠦᠭᠡᠢ᠃ (ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠲᠣᠭ᠎ᠠ ᠪᠦᠷᠢᠳᠬᠡᠯ᠎ᠤᠨ ᠲᠣᠪᠴᠢᠶ᠎ᠠ᠃ ᠨᠢᠭᠡᠳᠦᠭᠡᠷ᠎ᠲᠤ ᠵᠢᠭᠰᠠᠭ᠋ᠠᠭᠰᠠᠨ᠎ᠨᠢ ᠲᠦᠷᠦᠭᠦᠯᠡᠨ ᠬᠠᠷᠢᠭᠤᠴᠠᠬᠤ ᠰᠠᠯᠠᠭ᠎ᠠ ᠮᠥᠴᠢᠷ ᠪᠣᠯᠣᠨ᠎ᠠ᠂ ᠪᠤᠰᠤᠳ ᠰᠠᠯᠠᠭ᠎ᠠ ᠮᠥᠴᠢᠷ᠎ᠨᠢ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠮᠵᠢᠯᠴᠠᠬᠤ ᠰᠠᠯᠠᠭ᠎ᠠ ᠮᠥᠴᠢᠷ ᠪᠣᠯᠣᠨ᠎ᠠ᠂ ᠳᠣᠷᠣᠭᠰᠢ ᠠᠳᠠᠯᠢ)

      2. ᠶᠡᠷᠦᠩᠬᠡᠢ ᠬᠡᠮᠵᠢᠶᠡᠨ᠎ᠤ ᠬᠤᠪᠢᠶᠠᠷᠢᠯᠠᠯᠲᠠ ᠵᠢ ᠨᠢᠭᠡᠳᠦᠯᠲᠡᠢ ᠲᠥᠯᠥᠪᠯᠡᠵᠦ ᠲᠡᠩᠴᠡᠭᠦᠷᠢᠰᠢᠭᠦᠯᠦᠨ᠎ᠡ᠃ ᠨᠡᠢ᠌ᠳᠡᠮ ᠬᠡᠷᠡᠭᠯᠡᠬᠦ ᠬᠡᠯᠪᠡᠷᠢ ᠵᠢᠨ ᠲᠥᠷᠥᠯ ᠵᠦᠢ᠍ᠯ᠂ ᠪᠤᠳᠤᠯᠢᠶᠠᠨᠲᠠᠢ ᠬᠡᠯᠪᠡᠷᠢ ᠵᠢᠨ ᠲᠥᠷᠥᠯ ᠵᠦᠢ᠍ᠯ᠂ ᠲᠤᠰᠬᠠᠢ ᠵᠦᠢ᠍ᠯ ᠵᠶ᠋ᠠᠷ ᠦᠨ᠎ᠡ ᠬᠠᠩᠰᠢ᠎ᠳᠤ ᠲᠣᠬᠢᠷᠠᠭᠤᠯᠤᠯᠲᠠ ᠬᠢᠬᠦ ᠶᠡᠷᠦᠩᠬᠡᠢ ᠬᠡᠮᠵᠢᠶᠡᠨ᠎ᠤ ᠬᠤᠪᠢᠶᠠᠷᠢᠯᠠᠯᠲᠠ ᠵᠢᠨ ᠳᠦᠷᠢᠮ᠎ᠢ ᠲᠣᠭᠲᠠᠭ᠋ᠠᠵᠤ᠂ ᠭᠣᠣᠯᠳᠠᠭᠤ ᠥᠩᠭᠡᠷᠡᠭᠰᠡᠨ᠎ᠳᠤ ᠦᠨ᠎ᠡ ᠬᠠᠩᠰᠢ᠎ᠨᠢ ᠬᠠᠷᠢᠴᠠᠩᠭᠤᠢ ᠳᠣᠣᠷ᠎ᠠ᠂ ᠡᠮᠴᠢᠯᠡᠭᠡᠨ᠎ᠤ ᠬᠠᠩᠭ᠋ᠠᠯᠭ᠎ᠠ ᠬᠦᠷᠦᠯᠴᠡᠬᠦ ᠦᠭᠡᠢ ᠪᠠᠢ᠌ᠭ᠎ᠠ ᠵᠡᠷᠭᠡ ᠪᠠᠭᠤᠷᠠᠢ ᠬᠢᠴᠢᠶᠡᠯ ᠰᠢᠨᠵᠢᠯᠡᠭᠡᠨ᠎ᠤ ᠲᠥᠷᠥᠯ ᠵᠦᠢ᠍ᠯ ᠲᠡᠢ᠌ᠰᠢ ᠬᠡᠯᠪᠡᠢ᠌ᠯᠭᠡᠵᠦ᠂ ᠦᠨᠳᠦᠰᠦᠨ ᠱᠠᠲᠤᠨ᠎ᠤ ᠡᠮᠴᠢᠯᠡᠭᠡᠨ᠎ᠤ ᠪᠠᠢ᠌ᠭᠤᠯᠤᠮᠵᠢ᠂ ᠬᠢᠲᠠᠳ ᠡᠮᠨᠡᠯᠭᠡ (ᠮᠣᠩᠭᠣᠯ ᠡᠮᠨᠡᠯᠭᠡ) ᠵᠢᠨ ᠡᠮᠴᠢᠯᠡᠭᠡᠨ᠎ᠤ ᠪᠠᠢ᠌ᠭᠤᠯᠤᠮᠵᠢ ᠵᠢᠨ ᠬᠥᠭᠵᠢᠯᠲᠡ ᠵᠢ ᠳᠡᠮᠵᠢᠨ᠎ᠡ᠃ ᠡᠮᠴᠢᠯᠡᠭᠡᠨ᠎ᠤ ᠪᠠᠢ᠌ᠭᠤᠯᠤᠮᠵᠢ ᠵᠢᠨ ᠪᠠᠢ᠌ᠴᠠᠭ᠋ᠠᠨ ᠰᠢᠯᠭ᠋ᠠᠬᠤ ᠵᠡᠷᠭᠡ ᠲᠠᠯ᠎ᠠ ᠵᠢᠨ ᠦᠨ᠎ᠡ ᠬᠠᠩᠰᠢ᠎ᠨᠢ ᠬᠠᠷᠢᠴᠠᠩᠭᠤᠢ ᠥᠨᠳᠥᠷ ᠲᠥᠷᠥᠯ ᠵᠦᠢ᠍ᠯ᠎ᠤᠨ ᠦᠨ᠎ᠡ ᠬᠠᠩᠰᠢ ᠵᠢ ᠰᠠᠨᠠᠭ᠋ᠠᠴᠢᠯᠠᠭ᠎ᠠ᠎ᠠᠴᠠ᠎ᠪᠠᠨ ᠪᠠᠭᠤᠷᠠᠭᠤᠯᠬᠤ ᠵᠢ ᠵᠣᠷᠢᠭᠵᠢᠭᠤᠯᠵᠤ᠂ ᠦᠨ᠎ᠡ ᠬᠠᠩᠰᠢ᠎ᠪᠠᠨ ᠪᠠᠭᠤᠷᠠᠭᠤᠯᠤᠭᠰᠠᠨ ᠬᠡᠮᠵᠢᠶ᠎ᠡ ᠪᠠ ᠦᠢ᠍ᠯᠡᠴᠢᠯᠡᠭᠡᠨ᠎ᠤ ᠬᠡᠮᠵᠢᠶ᠎ᠡ᠎ᠪᠠᠷ ᠲᠥᠰᠥᠭᠡᠯᠡᠨ ᠪᠣᠳᠣᠭᠰᠠᠨ ᠵᠣᠭᠣᠰ᠎ᠤᠨ ᠲᠣᠭ᠎ᠠ᠎ᠪᠠᠷ ᠦᠨ᠎ᠡ ᠬᠠᠩᠰᠢ ᠵᠢᠨ ᠲᠣᠬᠢᠷᠠᠭᠤᠯᠤᠯᠲᠠ ᠬᠢᠬᠦ ᠶᠡᠷᠦᠩᠬᠡᠢ ᠬᠡᠮᠵᠢᠶ᠎ᠡ᠎ᠪᠠᠨ ᠥᠷᠭᠡᠳᠬᠡᠬᠦ ᠵᠢ ᠵᠥᠪᠰᠢᠶᠡᠷᠡᠨ᠎ᠡ᠃ (ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ)

      (ᠬᠣᠶᠠᠷ) ᠵᠢᠷᠤᠮᠵᠢᠭᠤᠨ ᠡᠮᠬᠢ ᠵᠢᠷᠤᠮ᠎ᠲᠠᠢ ᠦᠨ᠎ᠡ ᠬᠠᠩᠰᠢ ᠵᠢᠨ ᠲᠦᠷᠦᠯ ᠬᠤᠪᠢᠶᠠᠭᠰᠠᠨ ᠪᠦᠷᠢᠯᠳᠦᠯ᠎ᠤᠨ ᠲᠣᠭᠲᠠᠴᠠ ᠵᠢ ᠪᠠᠢ᠌ᠭᠤᠯᠤᠨ᠎ᠠ

      1. ᠨᠡᠢ᠌ᠳᠡᠮ ᠬᠡᠷᠡᠭᠯᠡᠬᠦ ᠬᠡᠯᠪᠡᠷᠢ ᠵᠢᠨ ᠲᠥᠷᠥᠯ ᠵᠦᠢ᠍ᠯ᠎ᠤᠨ ᠦᠨ᠎ᠡ ᠬᠠᠩᠰᠢ ᠵᠢᠨ ᠪᠦᠷᠢᠯᠳᠦᠯ᠃ ᠡᠮᠴᠢᠯᠡᠭᠡᠨ᠎ᠤ ᠪᠠᠢ᠌ᠭᠤᠯᠤᠮᠵᠢ ᠵᠢᠨ ᠨᠡᠢ᠌ᠳᠡᠮ ᠥᠷᠨᠢᠭᠦᠯᠵᠦ ᠪᠠᠢ᠌ᠭ᠎ᠠ᠂ ᠦᠢ᠍ᠯᠡᠴᠢᠯᠡᠭᠡᠨ᠎ᠤ ᠠᠳᠠᠯᠢ ᠲᠡᠭᠰᠢ ᠬᠡᠮᠵᠢᠶ᠎ᠡ ᠪᠠ ᠡᠮᠴᠢᠯᠡᠭᠡᠨ᠎ᠳᠤ ᠬᠡᠷᠡᠭᠯᠡᠬᠦ ᠳᠠᠪᠲᠠᠮᠵᠢ᠎ᠨᠢ ᠬᠠᠷᠢᠴᠠᠩᠭᠤᠢ ᠥᠨᠳᠥᠷ ᠪᠠᠢ᠌ᠭ᠎ᠠ ᠲᠦᠷᠦᠯ ᠵᠦᠢ᠍ᠯ᠎ᠢ ᠨᠡᠢ᠌ᠳᠡᠮ ᠬᠡᠷᠡᠭᠯᠡᠬᠦ ᠬᠡᠯᠪᠡᠷᠢ ᠵᠢᠨ ᠡᠮᠴᠢᠯᠡᠭᠡᠨ᠎ᠤ ᠦᠢ᠍ᠯᠡᠴᠢᠯᠡᠭᠡ ᠵᠢᠨ ᠭᠠᠷᠴᠠᠭ᠎ᠤᠨ ᠲᠣᠳᠣᠷᠬᠠᠢ ᠬᠠᠭᠤᠳᠠᠰᠤᠨ᠎ᠳᠤ ᠣᠷᠣᠭᠤᠯᠤᠨ᠎ᠠ᠃ ᠨᠡᠢ᠌ᠳᠡᠮ ᠬᠡᠷᠡᠭᠯᠡᠬᠦ ᠬᠡᠯᠪᠡᠷᠢ ᠵᠢᠨ ᠲᠥᠷᠥᠯ ᠵᠦᠢ᠍ᠯ᠎ᠤᠨ ᠦᠨ᠎ᠡ ᠬᠠᠩᠰᠢ᠎ᠳᠤ ᠲᠣᠬᠢᠷᠠᠭᠤᠯᠤᠯᠲᠠ ᠬᠢᠬᠦ ᠳᠦᠷᠢᠮ᠎ᠢ ᠪᠠᠢ᠌ᠭᠤᠯᠵᠤ᠂ ᠦᠢ᠍ᠯᠡᠴᠢᠯᠡᠭᠡᠨ᠎ᠤ ᠬᠦᠴᠦᠨ ᠵᠦᠢ᠍ᠯ᠎ᠤᠨ ᠥᠪᠡᠷ᠎ᠤᠨ ᠥᠷᠲᠡᠭ᠎ᠤᠨ ᠲᠣᠮᠣ ᠳ᠋ᠠᠢ᠌ᠲ᠋ᠠ ᠵᠢᠨ ᠵᠠᠳᠠᠯᠤᠯᠲᠠ᠎ᠳᠤ ᠰᠠᠭᠤᠷᠢᠯᠠᠨ᠂ 《ᠠᠳᠠᠯᠢ ᠲᠥᠷᠥᠯ᠎ᠢ᠎ᠨᠢ ᠨᠡᠢ᠌ᠯᠡᠭᠦᠯᠬᠦ᠂ ᠡᠭᠡᠯᠵᠢᠯᠡᠨ ᠡᠷᠭᠢᠯᠳᠦᠭᠦᠯᠬᠦ᠂ ᠴᠢᠬᠤᠯᠠ ᠪᠦᠬᠦᠢ᠂ ᠵᠥᠪᠳᠡᠯᠴᠡᠬᠦ》 ᠪᠠ 《ᠥᠨᠳᠥᠷ ᠦᠨ᠎ᠡ ᠬᠠᠩᠰᠢ᠎ᠳᠤ ᠥᠰᠬᠦ ᠬᠡᠮᠵᠢᠶ᠎ᠡ ᠵᠢ᠎ᠨᠢ   ᠪᠠᠭ᠎ᠠ ᠪᠠᠢ᠌ᠯᠭ᠋ᠠᠬᠤ᠂ ᠳᠣᠣᠷ᠎ᠠ ᠦᠨ᠎ᠡ ᠬᠠᠩᠰᠢ᠎ᠳᠤ ᠥᠰᠬᠦ ᠬᠡᠮᠵᠢᠶ᠎ᠡ ᠵᠢ᠎ᠨᠢ ᠶᠡᠬᠡ ᠪᠠᠢ᠌ᠯᠭ᠋ᠠᠬᠤ》 ᠵᠠᠷᠴᠢᠮ ᠶᠣᠰᠣᠭ᠋ᠠᠷ᠂ ᠥᠪᠡᠷᠲᠡᠭᠡᠨ ᠵᠠᠰᠠᠬᠤ ᠣᠷᠣᠨ᠎ᠠᠴᠠ ᠵᠠᠰᠠᠭ᠎ᠤᠨ ᠣᠷᠳᠣᠨ᠎ᠤ ᠬᠠᠮᠤᠭ᠎ᠤᠨ ᠥᠨᠳᠥᠷ ᠵᠢᠯᠤᠭᠣᠳᠬᠤ ᠦᠨ᠎ᠡ ᠵᠢ ᠨᠢᠭᠡᠳᠦᠯᠲᠡᠢ ᠲᠣᠭᠲᠠᠭ᠋ᠠᠨ᠎ᠠ᠃ (ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ)

      2. ᠪᠤᠳᠤᠯᠢᠶᠠᠨᠲᠠᠢ ᠬᠡᠯᠪᠡᠷᠢ ᠵᠢᠨ ᠲᠥᠷᠥᠯ ᠵᠦᠢ᠍ᠯ᠎ᠤᠨ ᠦᠨ᠎ᠡ ᠬᠠᠩᠰᠢ ᠵᠢᠨ ᠪᠦᠷᠢᠯᠳᠦᠯ᠃ ᠨᠡᠢ᠌ᠳᠡᠮ ᠬᠡᠷᠡᠭᠯᠡᠬᠦ ᠬᠡᠯᠪᠡᠷᠢ ᠵᠢᠨ ᠡᠮᠴᠢᠯᠡᠭᠡᠨ᠎ᠤ ᠦᠢ᠍ᠯᠡᠴᠢᠯᠡᠭᠡ ᠵᠢᠨ ᠭᠠᠷᠴᠠᠭ᠎ᠤᠨ ᠲᠣᠳᠣᠷᠬᠠᠢ ᠬᠠᠭᠤᠳᠠᠰᠤᠨ᠎ᠳᠤ ᠣᠷᠣᠭᠤᠯᠤᠭᠰᠠᠨ ᠦᠭᠡᠢ ᠲᠥᠷᠥᠯ ᠵᠦᠢ᠍ᠯ᠎ᠢ ᠴᠥᠮ ᠪᠤᠳᠤᠯᠢᠶᠠᠨᠲᠠᠢ ᠬᠡᠯᠪᠡᠷᠢ ᠵᠢᠨ ᠡᠮᠴᠢᠯᠡᠭᠡᠨ᠎ᠤ ᠦᠢ᠍ᠯᠡᠴᠢᠯᠡᠭᠡ ᠵᠢᠨ ᠦᠨ᠎ᠡ ᠬᠠᠩᠰᠢ ᠵᠢᠨ ᠲᠥᠷᠥᠯ ᠵᠦᠢ᠍ᠯ ᠵᠶ᠋ᠡᠷ ᠬᠠᠮᠢᠶᠠᠷᠤᠨ᠎ᠠ᠃ ᠪᠤᠳᠤᠯᠢᠶᠠᠨᠲᠠᠢ ᠬᠡᠯᠪᠡᠷᠢ ᠵᠢᠨ ᠲᠥᠷᠥᠯ ᠵᠦᠢ᠍ᠯ᠎ᠳᠤ᠂ ᠵᠠᠰᠠᠭ᠎ᠤᠨ ᠣᠷᠳᠣᠨ ᠵᠢᠭ᠋ᠠᠨ ᠵᠢᠯᠣᠭᠣᠳᠬᠤ ᠪᠠ ᠠᠯᠪᠠᠨ᠎ᠠᠴᠠ ᠪᠠᠢ᠌ᠭᠤᠯᠤᠭᠰᠠᠨ ᠡᠮᠴᠢᠯᠡᠭᠡᠨ᠎ᠤ ᠪᠠᠢ᠌ᠭᠤᠯᠤᠮᠵᠢ ᠭᠦᠢ᠍ᠴᠡᠳ ᠣᠷᠤᠯᠴᠠᠬᠤ ᠵᠢ ᠬᠠᠷᠢᠯᠴᠠᠨ ᠤᠶᠠᠯᠳᠤᠭᠤᠯᠬᠤ ᠦᠨ᠎ᠡ ᠬᠠᠩᠰᠢ ᠵᠢᠨ ᠪᠦᠷᠢᠯᠳᠦᠯ᠎ᠤᠨ ᠲᠣᠭᠲᠠᠴᠠ ᠵᠢ ᠪᠠᠶ᠋ᠢᠭᠤᠯᠬᠤ ᠬᠡᠷᠡᠭᠲᠡᠢ᠃ ᠦᠨ᠎ᠡ ᠬᠠᠩᠰᠢ ᠵᠢᠨ ᠮᠡᠳᠡᠭᠦᠯᠬᠦ ᠳᠦᠷᠢᠮ᠎ᠢ ᠲᠣᠭᠲᠠᠭ᠋ᠠᠨ᠂ ᠦᠨ᠎ᠡ ᠬᠠᠩᠰᠢ᠎ᠪᠠᠨ ᠮᠡᠳᠡᠭᠦᠯᠬᠦ ᠳᠡᠰ ᠳᠠᠷᠠᠭ᠋ᠠᠯᠠᠯ᠎ᠢ ᠵᠢᠷᠤᠮᠵᠢᠭᠤᠯᠵᠤ᠂ 《ᠥᠪᠡᠷᠲᠡᠭᠡᠨ ᠵᠠᠰᠠᠬᠤ ᠣᠷᠣᠨ᠎ᠠᠴᠠ ᠨᠢᠭᠡᠳᠦᠯᠲᠡᠢ ᠲᠥᠯᠥᠪᠯᠡᠬᠦ᠂ ᠳᠡᠭᠡᠳᠦ ᠳᠣᠣᠷᠠᠳᠤ ᠱᠠᠲᠤ᠎ᠪᠠᠷ ᠵᠶ᠋ᠠᠨ ᠬᠠᠮᠵᠢᠯᠴᠠᠬᠤ᠂ ᠤᠷᠢᠳ ᠵᠶ᠋ᠠᠷ ᠶᠡᠷᠦᠩᠬᠡᠢ ᠳᠠᠷᠠᠭ᠎ᠠ᠎ᠨᠢ ᠬᠤᠪᠢᠶᠠᠷᠢᠯᠠᠬᠤ᠂ ᠠᠢ᠌ᠮᠠᠭ ᠬᠣᠲᠠ ᠬᠣᠯᠪᠤᠭ᠋ᠠᠯᠠᠨ ᠬᠥᠳᠡᠯᠦᠯᠴᠡᠬᠦ》 ᠬᠣᠶᠠᠷ ᠡᠭᠡᠯᠵᠢ ᠵᠢᠨ ᠦᠨ᠎ᠡ ᠬᠠᠩᠰᠢ ᠮᠡᠳᠡᠭᠦᠯᠬᠦ ᠵᠠᠭᠪᠤᠷ᠎ᠢ ᠰᠦᠪᠡᠭᠴᠢᠯᠡᠵᠦ᠂ ᠡᠮᠴᠢᠯᠡᠭᠡᠨ᠎ᠤ ᠪᠠᠢ᠌ᠭᠤᠯᠤᠮᠵᠢ ᠪᠡᠶ᠎ᠡ᠎ᠪᠠᠨ ᠳᠠᠭ᠋ᠠᠭ᠋ᠠᠵᠤ ᠦᠨ᠎ᠡ ᠬᠠᠩᠰᠢ ᠵᠢᠨ ᠰᠠᠨᠠᠭᠤᠯᠭ᠎ᠠ ᠳᠤᠷᠠᠳᠴᠤ᠂ ᠲᠣᠬᠢᠷᠠᠭᠤᠯᠬᠤ᠎ᠪᠠᠷ ᠪᠠᠢ᠌ᠭ᠎ᠠ ᠲᠥᠷᠥᠯ ᠵᠦᠢ᠍ᠯ᠎ᠤᠨ ᠦᠨ᠎ᠡ ᠬᠠᠩᠰᠢ ᠵᠢ ᠳᠦᠷᠢᠮ᠎ᠤᠨ ᠬᠡᠪᠴᠢᠶᠡᠨ᠎ᠳᠤ ᠪᠦᠷᠢᠯᠳᠦᠭᠦᠯᠬᠦ ᠬᠡᠷᠡᠭᠲᠡᠢ᠃ ᠠᠵᠤ ᠠᠬᠤᠢ ᠵᠢᠨ ᠴᠢᠨᠠᠷᠲᠠᠢ ᠬᠦᠴᠦᠨ ᠵᠦᠢ᠍ᠯ᠂ ᠲᠥᠷᠥ ᠵᠢᠨ ᠪᠣᠳᠣᠯᠭ᠎ᠠ ᠵᠢᠨ ᠴᠢᠨᠠᠷᠲᠠᠢ ᠬᠦᠴᠦᠨ ᠵᠦᠢ᠍ᠯ ᠵᠢᠴᠢ ᠡᠮᠴᠢᠯᠡᠭᠡᠨ᠎ᠤ ᠪᠠᠢ᠌ᠭᠤᠯᠤᠮᠵᠢ ᠵᠢᠨ ᠬᠠᠮᠲᠤ ᠵᠢᠨ ᠲᠠᠨᠢᠯᠲᠠ ᠵᠢᠨ ᠬᠡᠮᠵᠢᠶ᠎ᠡ᠎ᠪᠠᠷ ᠬᠦᠴᠦᠨ ᠪᠦᠬᠦᠢ ᠦᠨ᠎ᠡ ᠬᠠᠩᠰᠢ ᠮᠡᠳᠡᠭᠦᠯᠬᠦ ᠲᠥᠷᠥᠯ ᠵᠦᠢ᠍ᠯ᠎ᠤᠨ ᠡᠩ ᠲᠡᠷᠢᠭᠦᠨ᠎ᠳᠤ ᠪᠠᠢ᠌ᠯᠭ᠋ᠠᠬᠤ ᠳᠡᠰ ᠳᠠᠷᠠᠭ᠋ᠠᠯᠠᠯ᠎ᠢ ᠲᠣᠭᠲᠠᠭ᠋ᠠᠵᠤ᠂ ᠦᠨ᠎ᠡ ᠬᠠᠩᠰᠢ ᠵᠢᠨ ᠲᠣᠬᠢᠷᠠᠭᠤᠯᠤᠯᠲᠠ ᠬᠢᠬᠦ ᠶᠡᠷᠦᠩᠬᠡᠢ ᠬᠡᠮᠵᠢᠶᠡᠨ᠎ᠤ ᠬᠡᠪᠴᠢᠶᠡᠨ ᠳᠣᠲᠣᠷ᠎ᠠ ᠳᠡᠰ ᠳ᠋ᠤᠭ᠋ᠠᠷ᠎ᠨᠢ ᠡᠮᠦᠨᠡᠭᠦᠷ ᠪᠠᠢ᠌ᠭ᠎ᠠ ᠬᠦᠴᠦᠨ ᠪᠦᠬᠦᠢ ᠮᠡᠳᠡᠭᠦᠯᠦᠭᠰᠡᠨ ᠦᠨ᠎ᠡ ᠬᠠᠩᠰᠢ ᠵᠢ ᠵᠠᠰᠠᠭ᠎ᠤᠨ ᠣᠷᠳᠣᠨ᠎ᠤ ᠵᠢᠯᠤᠭᠣᠳᠬᠤ ᠦᠨ᠎ᠡ ᠪᠣᠯᠭ᠋ᠠᠨ ᠬᠤᠪᠢᠷᠠᠭᠤᠯᠤᠨ᠎ᠠ᠃ ᠬᠦᠴᠢᠷᠳᠡᠯ ᠪᠠ ᠲᠦᠭᠰᠢᠭᠦᠷᠢ ᠶᠡᠬᠡᠲᠡᠢ ᠮᠡᠰᠡ ᠵᠠᠰᠠᠯ᠎ᠤᠨ ᠲᠥᠷᠥᠯ ᠵᠡᠷᠭᠡ ᠡᠮᠴᠢᠯᠡᠭᠡᠨ᠎ᠤ ᠦᠢ᠍ᠯᠡᠴᠢᠯᠡᠭᠡ ᠵᠢᠨ ᠲᠥᠷᠥᠯ ᠵᠦᠢ᠍ᠯ᠎ᠢ ᠡᠩ ᠲᠡᠷᠢᠭᠦᠨ᠎ᠳᠤ ᠦᠨ᠎ᠡ ᠬᠠᠩᠰᠢ ᠵᠢᠨ ᠲᠣᠬᠢᠷᠠᠭᠤᠯᠤᠯᠲᠠ ᠬᠢᠬᠦ ᠬᠡᠪᠴᠢᠶᠡᠨ᠎ᠳᠤ ᠣᠷᠣᠭᠤᠯᠵᠤ᠂ ᠠᠯᠪᠠᠨ᠎ᠠᠴᠠ ᠪᠠᠢ᠌ᠭᠤᠯᠤᠭᠰᠠᠨ ᠡᠮᠴᠢᠯᠡᠭᠡᠨ᠎ᠤ ᠪᠠᠢ᠌ᠭᠤᠯᠤᠮᠵᠢ ᠵᠢᠨ ᠴᠢᠨᠠᠷ ᠰᠠᠢ᠌ᠲᠠᠢ ᠬᠥᠭᠵᠢᠯᠲᠡ ᠵᠢ ᠳᠡᠮᠵᠢᠵᠦ᠂ ᠣᠯᠠᠨ ᠲᠦᠮᠡᠨ᠎ᠤ ᠡᠮᠴᠢᠯᠡᠭᠡᠨ᠎ᠤ ᠦᠢ᠍ᠯᠡᠴᠢᠯᠡᠭᠡ ᠵᠢᠨ ᠬᠡᠷᠡᠭᠴᠡᠭᠡ ᠱᠠᠭ᠋ᠠᠷᠳᠠᠯᠭ᠎ᠠ ᠵᠢ᠎ᠨᠢ ᠤᠯᠠᠮ ᠨᠢᠭᠡ ᠠᠯᠬᠤᠮ ᠬᠠᠩᠭ᠋ᠠᠨ᠎ᠠ᠃ (ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ)

      3. ᠣᠨᠴᠠ ᠬᠡᠷᠡᠭᠴᠡᠭᠡᠨ᠎ᠤ ᠪᠠ ᠰᠢᠨ᠎ᠡ᠎ᠪᠠᠷ ᠨᠡᠮᠡᠭᠳᠡᠭᠰᠡᠨ ᠲᠥᠷᠥᠯ ᠵᠦᠢ᠍ᠯ᠎ᠤᠨ ᠦᠨ᠎ᠡ ᠬᠠᠩᠰᠢ ᠵᠢᠨ ᠪᠦᠷᠢᠯᠳᠦᠯ᠃ ᠣᠨᠴᠠ ᠬᠡᠷᠡᠭᠴᠡᠭᠡᠨ᠎ᠤ ᠦᠢ᠍ᠯᠡᠴᠢᠯᠡᠭᠡᠨ᠎ᠤ ᠲᠥᠷᠥᠯ ᠵᠦᠢ᠍ᠯ᠎ᠤᠨ ᠭᠠᠷᠴᠠᠭ᠎ᠢ ᠲᠣᠭᠲᠠᠭ᠋ᠠᠵᠤ᠂ ᠣᠨᠴᠠ ᠬᠡᠷᠡᠭᠴᠡᠭᠡᠨ᠎ᠤ ᠦᠢ᠍ᠯᠡᠴᠢᠯᠡᠭᠡ ᠪᠠ ᠲᠤᠷᠰᠢᠨ ᠬᠡᠷᠡᠭᠵᠢᠭᠦᠯᠬᠦ ᠬᠤᠭᠤᠴᠠᠭ᠋ᠠᠨ᠎ᠳᠤ ᠪᠠᠢ᠌ᠭ᠎ᠠ ᠰᠢᠨ᠎ᠡ᠎ᠪᠠᠷ ᠨᠡᠮᠡᠭᠳᠡᠭᠰᠡᠨ ᠲᠥᠷᠥᠯ ᠵᠦᠢ᠍ᠯ᠎ᠳᠤ ᠵᠠᠬ᠎ᠠ ᠳᠡᠯᠭᠡᠭᠦᠷ ᠵᠶ᠋ᠠᠷ ᠲᠣᠬᠢᠷᠠᠭᠤᠯᠤᠭᠰᠠᠨ ᠦᠨ᠎ᠡ ᠬᠠᠩᠰᠢ ᠵᠢ ᠬᠡᠷᠡᠭᠵᠢᠭᠦᠯᠵᠦ᠂ ᠡᠮᠴᠢᠯᠡᠭᠡᠨ᠎ᠤ ᠪᠠᠢ᠌ᠭᠤᠯᠤᠮᠵᠢ᠎ᠠᠴᠠ 《ᠲᠥᠪ ᠭᠤᠣᠯᠴᠢ᠂ ᠬᠠᠤᠯᠢ ᠶᠣᠰᠣᠨ᠎ᠤ᠂ ᠦᠨᠡᠨᠴᠢ ᠢᠲᠡᠭᠡᠮᠵᠢᠲᠡᠢ》 ᠪᠠᠢ᠌ᠬᠤ ᠵᠠᠷᠴᠢᠮ ᠪᠠ ᠵᠠᠰᠠᠭ᠎ᠤᠨ ᠣᠷᠳᠣᠨ᠎ᠠᠴᠠ ᠲᠣᠭᠲᠠᠭ᠋ᠠᠭᠰᠠᠨ ᠦᠨ᠎ᠡ ᠬᠠᠩᠰᠢ ᠵᠢᠨ ᠳᠦᠷᠢᠮ ᠶᠣᠰᠣᠭ᠋ᠠᠷ᠂ ᠥᠪᠡᠷ᠎ᠤᠨ ᠥᠷᠲᠡᠭ ᠵᠡᠷᠭᠡ ᠬᠦᠴᠦᠨ ᠵᠦᠢ᠍ᠯ᠎ᠢ ᠦᠨᠳᠦᠰᠦᠯᠡᠨ ᠦᠨ᠎ᠡ ᠬᠠᠩᠰᠢ ᠵᠢ ᠡᠵᠡ ᠮᠡᠳᠡᠨ ᠲᠣᠭᠲᠠᠭ᠋ᠠᠬᠤ ᠵᠢᠨ ᠬᠠᠮᠲᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠪᠠ ᠡᠮᠴᠢᠯᠡᠭᠡᠨ᠎ᠤ ᠪᠠᠲᠤᠯᠠᠭ᠎ᠠ ᠵᠢᠨ ᠰᠠᠯᠠᠭ᠎ᠠ ᠮᠥᠴᠢᠷ᠎ᠲᠤ ᠮᠡᠳᠡᠭᠦᠯᠦᠨ ᠳᠠᠩᠰᠠᠯᠠᠭᠤᠯᠤᠨ᠎ᠠ᠃ ᠦᠨ᠎ᠡ ᠬᠠᠩᠰᠢ ᠵᠢ ᠡᠮᠨᠡᠯᠭᠡ ᠵᠢᠨ ᠬᠣᠷᠢᠶᠠᠨ᠎ᠤ ᠵᠡᠷᠭᠡ ᠳᠡᠰ᠂ ᠲᠤᠰᠬᠠᠢ ᠮᠡᠷᠭᠡᠵᠢᠯ᠎ᠤᠨ ᠣᠨᠴᠠᠯᠢᠭ ᠰᠢᠨᠵᠢ᠂ ᠴᠢᠳᠠᠮᠵᠢ ᠵᠢᠨ ᠪᠠᠢ᠌ᠷᠢ ᠲᠣᠭᠲᠠᠭ᠋ᠠᠯᠲᠠ᠎ᠯᠤᠭ᠎ᠠ ᠬᠠᠷᠢᠯᠴᠠᠨ ᠵᠣᠬᠢᠴᠠᠯᠳᠤᠭᠤᠯᠵᠤ᠂ ᠣᠷᠣᠨ ᠪᠦᠰᠡ ᠵᠢᠨ ᠠᠵᠤ ᠠᠬᠤᠢ ᠵᠢᠨ ᠬᠥᠭᠵᠢᠯᠲᠡ ᠵᠢᠨ ᠬᠢᠷᠢ ᠬᠡᠮᠵᠢᠶ᠎ᠡ ᠪᠠ ᠡᠮᠴᠢᠯᠡᠭᠡᠨ᠎ᠤ ᠮᠡᠷᠭᠡᠵᠢᠯ᠎ᠤᠨ ᠬᠢᠷᠢ ᠬᠡᠮᠵᠢᠶ᠎ᠡ᠎ᠯᠦᠭᠡ ᠬᠠᠷᠢᠯᠴᠠᠨ ᠲᠣᠬᠢᠷᠠᠯᠴᠠᠭᠤᠯᠬᠤ ᠵᠢᠨ ᠬᠠᠮᠲᠤ ᠵᠣᠬᠢᠬᠤ ᠴᠠᠭ ᠬᠤᠭᠤᠴᠠᠭ᠋ᠠᠨ᠎ᠳᠤ ᠬᠠᠷᠢᠴᠠᠩᠭᠤᠢ ᠲᠣᠭᠲᠠᠪᠤᠷᠢᠲᠠᠢ ᠪᠠᠢ᠌ᠯᠭ᠋ᠠᠬᠤ ᠵᠢ ᠪᠠᠲᠤᠯᠠᠬᠤ ᠬᠡᠷᠡᠭᠲᠡᠢ᠃ ᠠᠯᠪᠠᠨ᠎ᠠᠴᠠ ᠪᠠᠢ᠌ᠭᠤᠯᠤᠭᠰᠠᠨ ᠡᠮᠴᠢᠯᠡᠭᠡᠨ᠎ᠤ ᠪᠠᠢ᠌ᠭᠤᠯᠤᠮᠵᠢ ᠵᠢᠨ ᠵᠠᠬ᠎ᠠ ᠳᠡᠯᠭᠡᠭᠦᠷ ᠵᠶ᠋ᠡᠷ ᠲᠣᠬᠢᠷᠠᠭᠤᠯᠤᠭᠰᠠᠨ ᠦᠨ᠎ᠡ ᠬᠠᠩᠰᠢ ᠵᠢ ᠬᠡᠷᠡᠭᠵᠢᠭᠦᠯᠬᠦ ᠰᠦᠢ᠍ᠳᠬᠡᠯ ᠬᠤᠷᠢᠶᠠᠬᠤ ᠲᠥᠷᠥᠯ ᠵᠦᠢ᠍ᠯ ᠪᠠ ᠰᠦᠢ᠍ᠳᠬᠡᠯ᠎ᠤᠨ ᠡᠵᠡᠯᠡᠬᠦ ᠬᠠᠷᠢᠴᠠᠯ᠎ᠢ᠎ᠨᠢ ᠴᠢᠩᠭ᠎ᠠ ᠡᠵᠡᠮᠳᠡᠵᠦ᠂ ᠪᠦᠬᠦ ᠡᠮᠴᠢᠯᠡᠭᠡᠨ᠎ᠤ ᠦᠢ᠍ᠯᠡᠴᠢᠯᠡᠭᠡᠨ᠎ᠤ 10%᠎ᠠᠴᠠ ᠳᠠᠪᠠᠭᠤᠯᠬᠤ ᠦᠭᠡᠢ ᠪᠠᠢ᠌ᠯᠭ᠋ᠠᠬᠤ ᠬᠡᠷᠡᠭᠲᠡᠢ᠃ (ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ)

      (ᠭᠤᠷᠪᠠ) ᠰᠡᠷᠭᠡᠭ ᠮᠥᠷᠲᠡᠭᠡᠨ ᠲᠣᠬᠢᠯᠢᠭ ᠦᠨ᠎ᠡ ᠬᠠᠩᠰᠢ ᠵᠢᠨ ᠬᠥᠳᠡᠯᠦᠩᠭᠦᠢ ᠲᠣᠬᠢᠷᠠᠭᠤᠯᠤᠯᠲᠠ ᠵᠢᠨ ᠲᠣᠭᠲᠠᠴᠠ ᠵᠢ ᠪᠠᠢ᠌ᠭᠤᠯᠤᠨ᠎ᠠ

      1. ᠨᠡᠢ᠌ᠳᠡᠮ ᠬᠡᠷᠡᠭᠯᠡᠬᠦ ᠬᠡᠯᠪᠡᠷᠢ ᠵᠢᠨ ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ ᠵᠢ ᠣᠷᠣᠯᠭ᠎ᠠ ᠪᠠ ᠦᠨ᠎ᠡ ᠬᠠᠩᠰᠢ ᠵᠢᠨ ᠵᠢᠭ᠋ᠠᠯᠲᠠ ᠲᠣᠭ᠎ᠠ᠎ᠪᠠᠷ ᠯᠠᠪᠯᠠᠯᠲᠠ ᠪᠣᠯᠭ᠋ᠠᠵᠤ ᠬᠥᠳᠡᠯᠦᠩᠭᠦᠢ᠎ᠪᠠᠷ ᠲᠣᠬᠢᠷᠠᠭᠤᠯᠤᠨ᠎ᠠ᠃ ᠨᠡᠢ᠌ᠳᠡᠮ ᠬᠡᠷᠡᠭᠯᠡᠬᠦ ᠬᠡᠯᠪᠡᠷᠢ ᠵᠢᠨ ᠡᠮᠴᠢᠯᠡᠭᠡᠨ᠎ᠤ ᠦᠢ᠍ᠯᠡᠴᠢᠯᠡᠭᠡᠨ᠎ᠤ ᠲᠥᠷᠥᠯ ᠵᠦᠢ᠍ᠯ᠎ᠳᠤ ᠬᠣᠲᠠ ᠪᠠᠯᠭ᠋ᠠᠰᠤᠨ᠎ᠤ ᠨᠢᠭᠡᠴᠢ ᠵᠢᠨ ᠠᠵᠢᠯ ᠣᠯᠣᠭᠰᠠᠳ᠎ᠤᠨ ᠳᠤᠮᠳᠠᠴᠢ ᠴᠠᠯᠢᠩ᠂ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠥᠨ᠎ᠤ ᠳᠠᠭ᠋ᠠᠭ᠋ᠠᠬᠤ ᠴᠢᠳᠠᠪᠤᠷᠢ ᠪᠠ ᠰᠠᠭᠤᠭ᠋ᠠᠯᠢ ᠠᠷᠠᠳ᠎ᠤᠨ ᠬᠡᠷᠡᠭᠯᠡᠭᠡ ᠵᠢᠨ ᠦᠨ᠎ᠡ ᠬᠠᠩᠰᠢ ᠵᠢᠨ ᠵᠢᠭ᠋ᠠᠯᠲᠠ ᠲᠣᠭ᠎ᠠ ᠵᠡᠷᠭᠡ ᠭᠦᠢ᠍ᠴᠡᠳᠬᠡᠯ ᠲᠣᠭ᠎ᠠ᠎ᠪᠠᠷ ᠯᠠᠪᠯᠠᠯᠲᠠ ᠪᠣᠯᠭ᠋ᠠᠵᠤ᠂ ᠬᠣᠶᠠᠷ ᠵᠢᠯ ᠪᠦᠷᠢ ᠨᠢᠭᠡ ᠤᠳᠠᠭ᠎ᠠ ᠬᠥᠳᠡᠯᠦᠩᠭᠦᠢ᠎ᠪᠠᠷ ᠲᠣᠬᠢᠷᠠᠭᠤᠯᠵᠤ ᠦᠨᠡᠯᠡᠨ ᠵᠢᠱ᠌ᠢᠬᠦ ᠠᠵᠢᠯ᠎ᠢ ᠥᠷᠨᠢᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠲᠣᠭ᠎ᠠ ᠪᠦᠷᠢᠳᠬᠡᠯ᠎ᠤᠨ ᠲᠣᠪᠴᠢᠶ᠎ᠠ)

      2. ᠪᠤᠳᠤᠯᠢᠶᠠᠨᠲᠠᠢ ᠬᠡᠯᠪᠡᠷᠢ ᠵᠢᠨ ᠡᠮᠴᠢᠯᠡᠭᠡᠨ᠎ᠤ ᠦᠢ᠍ᠯᠡᠴᠢᠯᠡᠭᠡ ᠵᠢᠨ ᠦᠨ᠎ᠡ ᠬᠠᠩᠰᠢ ᠵᠢ ᠶᠡᠷᠦᠩᠬᠡᠢ᠌ᠯᠡᠨ ᠦᠨᠡᠯᠡᠵᠦ ᠵᠢᠱ᠌ᠢᠬᠦ᠎ᠪᠠᠷ ᠳᠠᠮᠵᠢᠨ ᠲᠣᠭᠲᠠᠮᠠᠯ ᠬᠤᠭᠤᠴᠠᠭ᠎ᠠ᠎ᠲᠠᠢ ᠲᠣᠬᠢᠷᠠᠭᠤᠯᠤᠨ᠎ᠠ᠃ ᠪᠤᠳᠤᠯᠢᠶᠠᠨᠲᠠᠢ ᠬᠡᠯᠪᠡᠷᠢ ᠵᠢᠨ ᠡᠮᠴᠢᠯᠡᠭᠡᠨ᠎ᠤ ᠦᠢ᠍ᠯᠡᠴᠢᠯᠡᠭᠡ ᠵᠢᠨ ᠲᠥᠷᠥᠯ ᠵᠦᠢ᠍ᠯ᠎ᠤᠨ ᠬᠥᠳᠡᠯᠦᠩᠭᠦᠢ ᠲᠣᠬᠢᠷᠠᠭᠤᠯᠤᠯᠲᠠ᠎ᠳᠤ ᠡᠮᠨᠡᠯᠭᠡ ᠵᠢᠨ ᠠᠵᠢᠯᠲᠠᠨ᠎ᠤ ᠬᠤᠪᠢ ᠬᠥᠮᠥᠨ᠎ᠤ ᠴᠢᠳᠠᠪᠤᠷᠢ᠂ ᠡᠮᠴᠢᠯᠡᠭᠡᠨ᠎ᠤ ᠪᠠᠢ᠌ᠭᠤᠯᠤᠮᠵᠢ ᠵᠢᠨ ᠮᠡᠷᠭᠡᠵᠢᠯ᠎ᠤᠨ ᠲᠤᠯᠭ᠋ᠠᠭᠤᠷᠢᠯᠠᠯ᠂ ᠠᠵᠤ ᠠᠬᠤᠢ ᠨᠡᠢ᠌ᠭᠡᠮ ᠵᠢᠴᠢ ᠡᠷᠡᠭᠦᠯ ᠬᠠᠮᠠᠭ᠋ᠠᠯᠠᠯ᠎ᠤᠨ ᠠᠵᠢᠯ ᠦᠢ᠍ᠯᠡᠰ᠎ᠤᠨ ᠬᠥᠭᠵᠢᠯᠲᠡ ᠵᠢᠨ ᠬᠢᠷᠢ ᠬᠡᠮᠵᠢᠶ᠎ᠡ᠂ ᠡᠮᠴᠢᠯᠡᠭᠡᠨ᠎ᠤ ᠪᠠᠢ᠌ᠭᠤᠯᠤᠮᠵᠢ ᠵᠢᠨ ᠠᠵᠢᠯᠯᠠᠭ᠋ᠠᠨ᠎ᠤ ᠪᠠᠢ᠌ᠳᠠᠯ᠂ ᠡᠪᠡᠳᠴᠢᠲᠡᠨ ᠪᠠ ᠡᠮᠴᠢᠯᠡᠭᠡᠨ᠎ᠤ ᠳᠠᠭ᠋ᠠᠳᠬᠠᠯ᠎ᠤᠨ ᠳᠠᠭ᠋ᠠᠭ᠋ᠠᠬᠤ ᠴᠢᠳᠠᠪᠤᠷᠢ ᠵᠡᠷᠭᠡ ᠣᠯᠠᠨ ᠬᠡᠮᠵᠢᠯᠲᠦ ᠭᠦᠢ᠍ᠴᠡᠳᠬᠡᠯ ᠲᠣᠭ᠎ᠠ ᠵᠢ ᠬᠤᠷᠠᠭᠤᠯᠵᠤ᠂ ᠬᠥᠳᠡᠯᠦᠩᠭᠦᠢ ᠲᠣᠬᠢᠷᠠᠭᠤᠯᠤᠯᠲᠠ ᠬᠢᠬᠦ ᠵᠢ ᠡᠬᠢᠯᠡᠭᠦᠯᠬᠦ ᠨᠥᠬᠥᠴᠡᠯ ᠪᠠ ᠬᠢᠵᠠᠭ᠋ᠠᠷᠯᠠᠬᠤ ᠨᠥᠬᠥᠴᠡᠯ᠎ᠢ ᠰᠢᠨᠵᠢᠯᠡᠬᠦ ᠤᠬᠠᠭ᠋ᠠᠨᠴᠢ᠎ᠪᠠᠷ ᠲᠣᠬᠢᠷᠠᠭᠤᠯᠤᠨ᠂ ᠶᠡᠷᠦᠩᠬᠡᠢ᠌ᠯᠡᠨ ᠦᠨᠡᠯᠡᠵᠦ ᠵᠢᠱ᠌ᠢᠬᠦ ᠭᠦᠢ᠍ᠴᠡᠳᠬᠡᠯ ᠲᠣᠭ᠋ᠠᠨ᠎ᠤ ᠲᠣᠭᠲᠠᠯᠴᠠᠭ᠎ᠠ ᠵᠢ ᠲᠣᠭᠲᠠᠭ᠋ᠠᠨ᠎ᠠ᠃ ᠵᠢᠯ ᠪᠦᠷᠢ᠎ᠳᠤ ᠨᠢᠭᠡ ᠤᠳᠠᠭ᠎ᠠ ᠬᠥᠳᠡᠯᠦᠩᠭᠦᠢ᠎ᠪᠠᠷ ᠲᠣᠬᠢᠷᠠᠭᠤᠯᠵᠤ ᠦᠨᠡᠯᠡᠨ ᠵᠢᠱ᠌ᠢᠬᠦ ᠠᠵᠢᠯ᠎ᠢ ᠥᠷᠨᠢᠭᠦᠯᠵᠦ᠂ ᠶᠡᠷᠦᠩᠬᠡᠢ᠌ᠯᠡᠨ ᠦᠨᠡᠯᠡᠵᠦ ᠵᠢᠱ᠌ᠢᠭᠰᠡᠨ ᠶᠡᠷᠦᠩᠬᠡᠢ ᠬᠤᠪᠢ᠎ᠨᠢ ᠬᠥᠨᠳᠡᠬᠦ ᠪᠠᠷᠢᠮᠵᠢᠶ᠎ᠠ᠎ᠳᠤ ᠬᠦᠷᠬᠦ ᠦᠶ᠎ᠡ᠎ᠳᠤ᠂ ᠦᠨ᠎ᠡ ᠬᠠᠩᠰᠢ ᠵᠢᠨ ᠲᠣᠬᠢᠷᠠᠭᠤᠯᠤᠯᠲᠠ ᠵᠢ ᠡᠬᠢᠯᠡᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠲᠣᠭ᠎ᠠ ᠪᠦᠷᠢᠳᠬᠡᠯ᠎ᠤᠨ ᠲᠣᠪᠴᠢᠶ᠎ᠠ)

      3. ᠭᠣᠣᠯᠳᠠᠯᠭ᠎ᠠ ᠪᠣᠯᠬᠤ ᠠᠵᠢᠯ ᠪᠤᠶᠤ ᠲᠤᠰᠬᠠᠢ ᠡᠭᠦᠷᠭᠡ᠎ᠳᠤ ᠲᠤᠰᠬᠠᠢ ᠵᠦᠢ᠍ᠯ᠎ᠤᠨ ᠲᠣᠬᠢᠷᠠᠭᠤᠯᠤᠯᠲᠠ ᠬᠢᠬᠦ ᠵᠢ ᠬᠡᠷᠡᠭᠵᠢᠭᠦᠯᠦᠨ᠎ᠡ᠃ ᠡᠮ᠎ᠤᠨ ᠵᠦᠢ᠍ᠯ ᠪᠠ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠡᠮᠵᠢᠶ᠎ᠡ᠎ᠲᠠᠢ᠎ᠪᠠᠷ ᠬᠤᠳᠠᠯᠳᠤᠨ ᠠᠪᠬᠤ᠂ ᠭᠡᠨᠡᠳᠲᠡ ᠵᠢᠨ ᠬᠦᠨᠳᠦ ᠶᠡᠬᠡ ᠣᠯᠠᠨ ᠨᠡᠢ᠌ᠲᠡ ᠵᠢᠨ ᠡᠷᠡᠭᠦᠯ ᠬᠠᠮᠠᠭ᠋ᠠᠯᠠᠯ᠎ᠤᠨ ᠬᠡᠷᠡᠭ᠎ᠢ ᠠᠷᠭ᠋ᠠᠴᠠᠭ᠋ᠠᠬᠤ᠂ ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ ᠵᠢᠨ ᠲᠣᠪᠣᠢ᠌ᠮ᠎ᠠ ᠵᠥᠷᠢᠴᠡᠯ᠎ᠢ ᠰᠢᠯᠤᠭᠤᠳᠬᠠᠬᠤ᠂ ᠭᠣᠣᠯᠳᠠᠯᠭ᠎ᠠ᠎ᠲᠠᠢ ᠲᠤᠰᠬᠠᠢ ᠰᠠᠯᠠᠭ᠋ᠠᠨ᠎ᠤ ᠡᠮᠴᠢᠯᠡᠭᠡᠨ᠎ᠤ ᠬᠠᠩᠭ᠋ᠠᠯᠭ᠎ᠠ ᠲᠡᠩᠴᠡᠭᠦᠷᠢᠰᠢᠯ ᠵᠶ᠋ᠠᠨ ᠠᠯᠳᠠᠭᠰᠠᠨ ᠪᠠᠢ᠌ᠳᠠᠯ᠎ᠢ ᠨᠠᠮᠳᠠᠭ᠋ᠠᠬᠤ ᠵᠡᠷᠭᠡ ᠭᠣᠣᠯᠳᠠᠯᠭ᠎ᠠ ᠪᠣᠯᠬᠤ ᠠᠵᠢᠯ ᠵᠢᠴᠢ ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠰᠠᠯᠠᠭ᠎ᠠ ᠮᠥᠴᠢᠷ᠎ᠠᠴᠠ ᠨᠢᠭᠡᠳᠦᠯᠲᠡᠢ ᠪᠠᠢ᠌ᠷᠢᠯᠠᠭᠤᠯᠤᠭᠰᠠᠨ ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ ᠵᠢ ᠲᠣᠬᠢᠷᠠᠭᠤᠯᠬᠤ ᠲᠤᠰᠬᠠᠢ ᠡᠭᠦᠷᠭᠡ᠎ᠳᠤ ᠬᠠᠮᠵᠢᠯᠴᠠᠬᠤ ᠵᠢᠨ ᠲᠥᠯᠥᠭᠡ᠂ ᠦᠨ᠎ᠡ ᠬᠠᠩᠰᠢ ᠵᠢᠨ ᠲᠣᠬᠢᠷᠠᠭᠤᠯᠤᠯᠲᠠ ᠬᠢᠬᠦ ᠴᠣᠩᠬᠣᠪᠴᠢ ᠬᠤᠭᠤᠴᠠᠭ᠎ᠠ ᠵᠢ ᠠᠮᠢᠳᠤᠯᠢᠭ ᠵᠶ᠋ᠠᠷ ᠰᠣᠩᠭᠣᠵᠤ ᠦᠨ᠎ᠡ ᠬᠠᠩᠰᠢ ᠵᠢᠨ ᠲᠤᠰᠬᠠᠢ ᠵᠦᠢ᠍ᠯ᠎ᠤᠨ ᠲᠣᠬᠢᠷᠠᠭᠤᠯᠤᠯᠲᠠ ᠵᠢ ᠬᠡᠷᠡᠭᠵᠢᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ)

      4. ᠴᠢᠨᠠᠷ ᠰᠠᠢ᠌ᠲᠠᠢ ᠡᠮᠴᠢᠯᠡᠭᠡᠨ᠎ᠤ ᠡᠬᠢ ᠪᠠᠶᠠᠯᠢᠭ᠎ᠤᠨ ᠪᠠᠭᠲᠠᠭ᠋ᠠᠮᠵᠢ ᠵᠢ ᠥᠷᠭᠡᠳᠬᠡᠨ ᠳᠣᠷᠣᠭᠰᠢ ᠭᠦᠨᠵᠡᠭᠡᠢ᠌ᠷᠡᠭᠦᠯᠬᠦ ᠵᠢ᠎ᠨᠢ ᠳᠡᠮᠵᠢᠨ᠎ᠡ᠃ ᠡᠮᠴᠢᠯᠡᠭᠡᠨ᠎ᠤ ᠦᠢ᠍ᠯᠡᠴᠢᠯᠡᠭᠡ ᠵᠢᠨ ᠦᠨ᠎ᠡ ᠬᠠᠩᠰᠢ ᠵᠢᠨ ᠪᠦᠲᠦᠴᠡ ᠵᠢᠨ ᠴᠢᠨᠠᠷᠲᠠᠢ ᠲᠣᠬᠢᠷᠠᠭᠤᠯᠤᠯᠲᠠ ᠵᠢ ᠴᠢᠬᠤᠯᠠᠴᠢᠯᠠᠵᠤ᠂ ᠤᠯᠤᠰ᠎ᠤᠨ ᠣᠷᠣᠨ ᠪᠦᠰᠡ ᠵᠢᠨ ᠡᠮᠴᠢᠯᠡᠭᠡᠨ᠎ᠤ ᠲᠥᠪ᠎ᠤᠨ ᠲᠤᠰᠬᠠᠢ ᠰᠠᠯᠠᠭ᠋ᠠᠨ᠎ᠤ ᠬᠤᠯᠪᠤᠭ᠎ᠠ᠂ ᠨᠢᠭᠲᠠ ᠭᠡᠯᠪᠡᠷᠢ ᠵᠢᠨ ᠡᠮᠴᠢᠯᠡᠭᠡᠨ᠎ᠤ ᠬᠣᠯᠪᠣᠭ᠋ᠠᠲᠤ ᠴᠣᠭᠴᠠ ᠵᠢᠨ ᠪᠠᠢ᠌ᠭᠤᠯᠤᠯᠲᠠ ᠪᠠ ᠭᠤᠷᠪᠠᠳᠤᠭ᠋ᠠᠷ ᠳᠡᠰ᠎ᠤᠨ ᠡᠮᠨᠡᠯᠬᠡ ᠵᠢᠨ ᠬᠣᠷᠢᠶᠠᠨ᠎ᠤ ᠰᠢᠰᠲ᠋ᠧᠮ ᠵᠶ᠋ᠠᠷ᠎ᠨᠢ ᠲᠣᠬᠢᠷᠠᠯᠴᠠᠭᠤᠯᠤᠨ ᠬᠠᠪᠰᠣᠷᠣᠨ ᠲᠡᠳᠬᠦᠬᠦ ᠵᠡᠷᠭᠡ ᠴᠢᠨᠠᠷ ᠰᠠᠢ᠌ᠲᠠᠢ ᠡᠬᠢ ᠪᠠᠶᠠᠯᠢᠭ᠎ᠢ ᠦᠨᠳᠦᠰᠦᠨ ᠱᠠᠲᠤ ᠲᠡᠢ᠌ᠰᠢ ᠤᠷᠲᠤᠳᠬᠠᠬᠤ ᠵᠢ ᠠᠬᠢᠭᠤᠯᠤᠨ᠎ᠠ᠃ ᠤᠯᠤᠰ᠎ᠤᠨ ᠣᠷᠣᠨ ᠪᠦᠰᠡ ᠵᠢᠨ ᠡᠮᠴᠢᠯᠡᠭᠡᠨ᠎ᠤ ᠲᠥᠪ᠎ᠤᠨ ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ ᠵᠢᠨ ᠬᠠᠷᠢᠶ᠎ᠠ ᠭᠠᠵᠠᠷ᠎ᠤᠨ ᠬᠠᠮᠢᠶᠠᠷᠤᠯᠲᠠ ᠵᠢ ᠬᠡᠷᠡᠭᠵᠢᠭᠦᠯᠵᠦ᠂ ᠭᠣᠣᠯᠳᠠᠯᠭ᠎ᠠ᠎ᠲᠠᠢ ᠣᠷᠣᠭᠤᠯᠵᠤ ᠠᠪᠴᠢᠷᠠᠭᠰᠠᠨ ᠭᠠᠳᠠᠭᠰᠢ ᠭᠠᠷᠭ᠋ᠠᠯᠲᠠᠲᠤ ᠡᠮᠨᠡᠯᠭᠡ ᠵᠢᠨ ᠬᠣᠷᠢᠶᠠᠨ᠎ᠤ ᠡᠮᠴᠢᠯᠡᠭᠡᠨ᠎ᠤ ᠦᠢ᠍ᠯᠡᠴᠢᠯᠡᠭᠡ᠎ᠳᠤ ᠦᠨ᠎ᠡ ᠬᠠᠩᠰᠢ ᠵᠢᠨ ᠲᠥᠷᠥᠯ ᠵᠦᠢ᠍ᠯ ᠪᠠ ᠰᠦᠢ᠍ᠳᠬᠡᠯ ᠬᠤᠷᠢᠶᠠᠬᠤ ᠲᠥᠷᠥᠯ ᠵᠦᠢ᠍ᠯ᠎ᠢ ᠭᠠᠵᠠᠷ ᠣᠷᠣᠨᠵᠢᠭᠤᠯᠤᠨ ᠵᠠᠯᠭ᠋ᠠᠯᠳᠤᠭᠤᠯᠬᠤ ᠠᠵᠢᠯ᠎ᠢ ᠰᠠᠢ᠌ᠲᠤᠷ ᠬᠢᠨ᠎ᠡ; ᠣᠲᠣ ᠵᠢᠨ ᠪᠠᠢ᠌ᠭ᠎ᠠ ᠦᠨ᠎ᠡ ᠬᠠᠩᠰᠢ ᠵᠢᠨ ᠲᠥᠷᠥᠯ ᠵᠦᠢ᠍ᠯ ᠵᠶ᠋ᠠᠷ ᠵᠠᠯᠭ᠋ᠠᠯᠳᠤᠭᠤᠯᠬᠤ ᠵᠢᠨ ᠠᠷᠭ᠎ᠠ ᠦᠭᠡᠢ᠂ ᠡᠮᠴᠢᠯᠡᠭᠡᠨ᠎ᠤ ᠦᠢ᠍ᠯᠡᠴᠢᠯᠡᠭᠡ ᠵᠢᠨ ᠲᠥᠷᠥᠯ ᠵᠦᠢ᠍ᠯ᠎ᠢ ᠰᠢᠨ᠎ᠡ᠎ᠪᠠᠷ ᠨᠡᠮᠡᠭᠳᠡᠭᠦᠯᠬᠦ ᠴᠢᠬᠤᠯᠠᠲᠠᠢ ᠪᠠᠢ᠌ᠪᠠᠯ᠂ ᠰᠠᠭ᠋ᠠᠳ ᠦᠭᠡᠢ ᠨᠡᠪᠲᠡᠷᠡᠬᠦ ᠵᠠᠮ ᠨᠡᠭᠡᠭᠡᠵᠦ᠂ ᠭᠤᠶᠤᠴᠢᠯᠠᠨ ᠮᠡᠳᠡᠭᠦᠯᠬᠦ ᠴᠤᠪᠤᠷᠠᠯ᠎ᠢ ᠳᠥᠭᠥᠮᠴᠢᠯᠡᠬᠦ ᠬᠡᠷᠡᠭᠲᠡᠢ᠃ 《ᠢᠨᠲ᠋ᠧᠷ ᠰᠦᠯᠵᠢᠶ᠎ᠡ +》 ᠡᠮᠴᠢᠯᠡᠭᠡᠨ᠎ᠤ ᠦᠢ᠍ᠯᠡᠴᠢᠯᠡᠭᠡ ᠵᠢᠨ ᠲᠥᠷᠥᠯ ᠵᠦᠢ᠍ᠯ᠎ᠳᠤ ᠣᠷᠣᠨ ᠪᠦᠰᠡ ᠵᠢᠨ ᠲᠥᠪ᠎ᠤᠨ ᠪᠠᠢ᠌ᠭ᠎ᠠ ᠭᠠᠵᠠᠷ᠎ᠤᠨ ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ ᠪᠠ ᠡᠮᠴᠢᠯᠡᠭᠡᠨ᠎ᠤ ᠪᠠᠲᠤᠯᠠᠭ᠎ᠠ ᠵᠢᠨ ᠲᠥᠷᠥ ᠵᠢᠨ ᠪᠣᠳᠣᠯᠭ᠎ᠠ ᠵᠢ ᠬᠡᠷᠡᠭᠵᠢᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ)

      (ᠳᠥᠷᠪᠡ) ᠴᠢᠩᠭ᠎ᠠ ᠨᠢᠭᠲᠠ ᠮᠥᠷᠲᠡᠭᠡᠨ ᠥᠨᠳᠥᠷ ᠦᠷ᠎ᠡ ᠪᠦᠲᠦᠮᠵᠢᠲᠡᠶ ᠦᠨ᠎ᠡ ᠬᠠᠩᠰᠢ ᠵᠢᠨ ᠬᠢᠨᠠᠨ ᠰᠢᠨᠵᠢᠵᠦ ᠰᠢᠯᠭ᠋ᠠᠨ ᠬᠢᠨᠠᠬᠤ ᠲᠣᠭᠲᠠᠴᠠ ᠵᠢ ᠪᠠᠢ᠌ᠭᠤᠯᠤᠨ᠎ᠠ

      1. ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ ᠵᠢᠨ ᠥᠭᠡᠷᠡᠴᠢᠯᠡᠯᠲᠡ ᠵᠢᠨ ᠭᠦᠢ᠍ᠴᠡᠳᠬᠡᠯ ᠲᠣᠭ᠋ᠠᠨ᠎ᠤ ᠬᠢᠨᠠᠨ ᠰᠢᠨᠵᠢᠯᠲᠡ ᠵᠢ ᠴᠢᠩᠭ᠋ᠠᠳᠬᠠᠨ᠎ᠠ᠃ ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ ᠵᠢᠨ ᠬᠢᠨᠠᠨ ᠰᠢᠨᠵᠢᠬᠦ ᠲᠣᠭᠲᠠᠯᠴᠠᠭ᠎ᠠ ᠵᠢ ᠪᠠᠶ᠋ᠢᠭᠤᠯᠬᠤ᠎ᠪᠠᠷ ᠳᠠᠮᠵᠢᠭᠤᠯᠤᠨ᠂ ᠠᠯᠪᠠᠨ᠎ᠠᠴᠠ ᠪᠠᠢ᠌ᠭᠤᠯᠤᠭᠰᠠᠨ ᠡᠮᠴᠢᠯᠡᠭᠡᠨ᠎ᠤ ᠪᠠᠢ᠌ᠭᠤᠯᠤᠮᠵᠢ ᠵᠢᠨ ᠠᠵᠢᠯᠯᠠᠭ᠋ᠠᠨ᠎ᠤ ᠪᠠᠢ᠌ᠳᠠᠯ᠂ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠥᠨ᠎ᠤ ᠠᠵᠢᠯᠯᠠᠭ᠋ᠠᠨ᠎ᠤ ᠪᠠᠢ᠌ᠳᠠᠯ᠂ ᠡᠪᠡᠳᠴᠢᠲᠡᠨ᠎ᠤ ᠳᠠᠭ᠋ᠠᠭ᠋ᠠᠬᠤ ᠴᠢᠳᠠᠪᠤᠷᠢ ᠵᠢᠨ ᠪᠠᠢ᠌ᠳᠠᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠬᠢᠨᠠᠨ ᠰᠢᠨᠵᠢᠨ᠎ᠡ᠃ ᠬᠢᠨᠠᠨ ᠰᠢᠨᠵᠢᠭᠰᠡᠨ ᠦᠷ᠎ᠡ ᠳ᠋ᠦᠩ᠎ᠢ ᠦᠨᠳᠦᠰᠦᠯᠡᠨ᠂ ᠳᠡᠭᠡᠷ᠎ᠡ ᠣᠨ᠎ᠤ ᠦᠨ᠎ᠡ ᠬᠠᠩᠰᠢ ᠵᠢᠨ ᠲᠣᠬᠢᠷᠠᠭᠤᠯᠤᠯᠲᠠ ᠬᠢᠭᠰᠡᠨ ᠲᠥᠰᠥᠯ᠎ᠤᠨ ᠲᠥᠰᠥᠭᠡᠯᠡᠨ ᠪᠤᠳᠤᠭᠰᠠᠨ ᠬᠡᠮᠵᠢᠭᠳᠡᠯ ᠬᠢᠭᠡᠳ ᠪᠣᠳᠠᠲᠠᠢ ᠠᠵᠢᠯᠯᠠᠭ᠋ᠠᠨ᠎ᠤ ᠨᠡᠢ᠌ᠴᠡᠬᠦ ᠬᠡᠮᠵᠢᠶ᠎ᠡ ᠵᠢ ᠦᠨᠡᠯᠡᠨ ᠵᠢᠱ᠌ᠢᠵᠦ᠂ ᠳᠠᠷᠠᠭ᠎ᠠ ᠡᠭᠡᠯᠵᠢ ᠵᠢᠨ ᠦᠨ᠎ᠡ ᠬᠠᠩᠰᠢ ᠵᠢᠨ ᠲᠣᠬᠢᠷᠠᠭᠤᠯᠤᠯᠲᠠ ᠬᠢᠬᠦ ᠲᠥᠰᠥᠯ᠎ᠢ ᠲᠣᠭᠲᠠᠭ᠋ᠠᠬᠤ᠎ᠳᠤ ᠦᠨᠳᠦᠰᠦᠯᠡᠯ ᠬᠠᠩᠭ᠋ᠠᠨ᠎ᠠ᠃ ᠦᠨ᠎ᠡ ᠬᠠᠩᠰᠢ ᠵᠢᠨ ᠵᠥᠷᠢᠴᠡᠯ ᠲᠣᠪᠣᠢ᠌ᠮ᠎ᠠ᠂ ᠠᠳᠠᠯᠢᠳᠬᠠᠯ ᠦᠨ᠎ᠡ ᠵᠢᠨ ᠬᠠᠷᠢᠴᠠᠭ᠎ᠠ ᠢᠯᠡᠳᠲᠡ ᠵᠦᠢ ᠵᠣᠬᠢᠰ ᠦᠭᠡᠢ ᠲᠥᠷᠥᠯ ᠵᠦᠢ᠍ᠯ᠎ᠢ ᠤᠷᠢᠳ ᠵᠶ᠋ᠠᠷ ᠦᠨ᠎ᠡ ᠬᠠᠩᠰᠢ ᠵᠢᠨ ᠲᠣᠬᠢᠷᠠᠭᠤᠯᠤᠯᠲᠠ ᠬᠢᠬᠦ ᠬᠡᠪᠴᠢᠶᠡᠨ᠎ᠳᠤ ᠣᠷᠣᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ)

      2. ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ ᠵᠢᠨ ᠥᠭᠡᠷᠡᠴᠢᠯᠡᠯᠲᠡ ᠵᠢᠨ ᠦᠨᠡᠯᠡᠨ ᠵᠢᠱ᠌ᠢᠯᠲᠡ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠰᠠᠢ᠌ᠲᠤᠷ ᠬᠢᠨ᠎ᠡ᠃ ᠪᠥᠬᠥ ᠣᠷᠣᠨ᠎ᠤ ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ ᠵᠢᠨ ᠶᠡᠷᠦᠩᠬᠡᠢ ᠬᠡᠮᠵᠢᠶᠡᠨ᠎ᠤ ᠲᠣᠬᠢᠷᠠᠭᠤᠯᠭ᠎ᠠ ᠡᠵᠡᠮᠰᠢᠯ ᠪᠠ ᠬᠥᠳᠡᠯᠦᠩᠭᠦᠢ᠎ᠪᠠᠷ ᠲᠣᠬᠢᠷᠠᠭᠤᠯᠤᠯᠲᠠ ᠬᠢᠭᠰᠡᠨ᠎ᠢ ᠬᠡᠷᠡᠭᠵᠢᠭᠦᠯᠵᠦ ᠪᠠᠢ᠌ᠭ᠎ᠠ ᠪᠠᠢ᠌ᠳᠠᠯ᠎ᠢ ᠪᠥᠬᠥ ᠲᠠᠯ᠎ᠠ᠎ᠪᠠᠷ ᠡᠵᠡᠮᠰᠢᠵᠦ᠂ ᠨᠡᠢ᠌ᠳᠡᠮ ᠬᠡᠷᠡᠭᠯᠡᠬᠦ ᠬᠡᠯᠪᠡᠷᠢ ᠵᠢᠨ ᠲᠥᠷᠥᠯ ᠵᠦᠢ᠍ᠯ᠂ ᠪᠤᠳᠤᠯᠢᠶᠠᠨᠲᠠᠢ ᠬᠡᠯᠪᠡᠷᠢ ᠵᠢᠨ ᠲᠥᠷᠥᠯ ᠵᠦᠢ᠍ᠯ᠎ᠤᠨ ᠲᠥᠷᠥᠯ ᠬᠤᠪᠢᠶᠠᠨ ᠪᠦᠷᠢᠯᠳᠦᠭᠦᠯᠬᠦ ᠲᠣᠭᠲᠠᠴᠠ ᠵᠢ ᠨᠠᠢ᠌ᠳᠠᠪᠤᠷᠢᠵᠢᠭᠤᠯᠤᠭᠰᠠᠨ ᠪᠠᠢ᠌ᠳᠠᠯ᠎ᠢ᠎ᠨᠢ ᠴᠢᠩᠭ᠎ᠠ ᠮᠥᠷᠳᠡᠬᠦ ᠬᠡᠷᠡᠭᠲᠡᠢ᠃ ᠲᠣᠭ᠎ᠠ ᠪᠠᠷᠢᠮᠲᠠ ᠵᠢᠨ ᠲᠥᠷᠥᠯᠵᠢᠯ᠎ᠢ ᠨᠢᠭᠡᠳᠬᠡᠵᠦ᠂ ᠭᠣᠣᠯᠳᠠᠯᠭ᠎ᠠ᠎ᠲᠠᠢ ᠭᠦᠢ᠍ᠴᠡᠳᠬᠡᠯ ᠲᠣᠭ᠋ᠠᠨ᠎ᠤ ᠰᠠᠭᠤᠷᠢ ᠱᠤᠭᠤᠮ᠎ᠤᠨ ᠬᠢᠷᠢ ᠲᠦᠪᠰᠢᠨ᠎ᠢ ᠲᠣᠭᠲᠠᠭ᠋ᠠᠵᠤ᠂ ᠠᠯᠪᠠᠨ᠎ᠠᠴᠠ ᠪᠠᠢ᠌ᠭᠤᠯᠤᠭᠰᠠᠨ ᠡᠮᠴᠢᠯᠡᠭᠡᠨ᠎ᠤ ᠪᠠᠢ᠌ᠭᠤᠯᠤᠮᠵᠢ ᠵᠢᠨ ᠠᠵᠢᠯᠯᠠᠭ᠋ᠠᠨ᠂ ᠡᠪᠡᠳᠴᠢᠲᠡᠨ᠎ᠤ ᠡᠭᠦᠷᠭᠡᠯᠡᠯ ᠳᠠᠷᠤᠭ᠋ᠠᠰᠤ ᠪᠠ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠥᠨ᠎ᠤ ᠳᠠᠭ᠋ᠠᠭ᠋ᠠᠬᠤ ᠴᠢᠳᠠᠪᠤᠷᠢ ᠵᠡᠷᠭᠡ᠎ᠳᠤ ᠦᠵᠡᠭᠦᠯᠬᠦ ᠦᠨ᠎ᠡ ᠬᠠᠩᠰᠢ ᠵᠢᠨ ᠲᠣᠬᠢᠷᠠᠭᠤᠯᠤᠯᠲᠠ ᠬᠢᠭᠰᠡᠨ᠎ᠤ ᠨᠥᠯᠥᠭᠡ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠦᠨᠡᠯᠡᠨ ᠵᠢᠱ᠌ᠢᠵᠦ᠂ ᠨᠢᠭᠡᠳᠦᠯᠲᠡᠢ ᠲᠥᠯᠥᠪᠯᠡᠭᠰᠡᠨ ᠣᠷᠣᠨ ᠪᠦᠰᠡ ᠵᠢᠨ ᠬᠣᠭᠣᠷᠣᠨᠳᠣᠬᠢ᠂ ᠬᠢᠴᠢᠶᠡᠯ ᠰᠢᠨᠵᠢᠯᠡᠭᠡᠨ᠎ᠤ ᠰᠠᠯᠠᠭ᠋ᠠᠨ᠎ᠤ ᠬᠣᠭᠣᠷᠣᠨᠳᠣᠬᠢ ᠠᠳᠠᠯᠢᠳᠬᠠᠯ ᠦᠨ᠎ᠡ ᠵᠢᠨ ᠬᠠᠷᠢᠴᠠᠭ᠎ᠠ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠦᠨᠡᠯᠡᠨ ᠵᠢᠱ᠌ᠢᠨ᠎ᠡ᠃ ᠦᠨᠡᠯᠡᠨ ᠵᠢᠱ᠌ᠢᠭᠰᠡᠨ ᠦᠷ᠎ᠡ ᠪᠦᠲᠦᠭᠡᠯ᠎ᠢ ᠰᠢᠨᠵᠢᠯᠡᠬᠦ ᠤᠬᠠᠭ᠋ᠠᠨᠴᠢ᠎ᠪᠠᠷ ᠠᠰᠢᠭᠯᠠᠨ᠂ ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ ᠵᠢ ᠲᠣᠭᠲᠠᠭ᠋ᠠᠬᠤ ᠪᠠ ᠲᠣᠬᠢᠷᠠᠭᠤᠯᠤᠯᠲᠠ ᠬᠢᠬᠦ᠎ᠯᠦᠭᠡ ᠬᠣᠯᠪᠣᠭᠳᠠᠭᠤᠯᠵᠤ᠂ ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ ᠵᠢᠨ ᠲᠣᠭᠲᠠᠴᠠ ᠵᠢᠨ ᠲᠣᠭᠲᠠᠭᠤᠨ ᠪᠥᠭᠡᠳ ᠥᠨᠳᠥᠷ ᠦᠷ᠎ᠡ ᠪᠦᠲᠦᠮᠵᠢᠲᠡᠶ᠎ᠪᠠᠷ ᠠᠵᠢᠯᠯᠠᠬᠤ ᠵᠢ᠎ᠨᠢ ᠲᠤᠯᠭ᠋ᠠᠭᠤᠷᠢᠯᠠᠨ᠎ᠠ᠃ (ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠲᠣᠭ᠎ᠠ ᠪᠦᠷᠢᠳᠬᠡᠯ᠎ᠤᠨ ᠲᠣᠪᠴᠢᠶ᠎ᠠ)

      3. ᠠᠯᠪᠠᠨ᠎ᠠᠴᠠ ᠪᠠᠢ᠌ᠭᠤᠯᠤᠭᠰᠠᠨ ᠡᠮᠴᠢᠯᠡᠭᠡᠨ᠎ᠤ ᠪᠠᠢ᠌ᠭᠤᠯᠤᠮᠵᠢ ᠵᠢᠨ ᠦᠨ᠎ᠡ ᠬᠠᠩᠰᠢ ᠵᠢᠨ ᠬᠠᠷᠢᠭᠤᠴᠠᠯᠭ᠎ᠠ ᠵᠢ ᠰᠢᠯᠭ᠋ᠠᠨ ᠬᠢᠨᠠᠬᠤ ᠳᠦᠷᠢᠮ᠎ᠢ ᠪᠠᠢ᠌ᠭᠤᠯᠤᠨ᠎ᠠ᠃ ᠠᠯᠪᠠᠨ᠎ᠠᠴᠠ ᠪᠠᠢ᠌ᠭᠤᠯᠤᠭᠰᠠᠨ ᠡᠮᠴᠢᠯᠡᠭᠡᠨ᠎ᠤ ᠪᠠᠢ᠌ᠭᠤᠯᠤᠮᠵᠢ ᠵᠢᠨ ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ ᠵᠢᠨ ᠭᠣᠣᠯ ᠴᠣᠭᠴᠠ ᠵᠢᠨ ᠬᠠᠷᠢᠭᠤᠴᠠᠯᠭ᠎ᠠ ᠵᠢ ᠰᠢᠯᠭ᠋ᠠᠨ ᠬᠢᠨᠠᠬᠤ ᠠᠷᠭ᠎ᠠ ᠵᠢ ᠲᠣᠭᠲᠠᠭ᠋ᠠᠨ᠎ᠠ᠃ ᠠᠯᠪᠠᠨ᠎ᠠᠴᠠ ᠪᠠᠢ᠌ᠭᠤᠯᠤᠭᠰᠠᠨ ᠡᠮᠴᠢᠯᠡᠭᠡᠨ᠎ᠤ ᠪᠠᠢ᠌ᠭᠤᠯᠤᠮᠵᠢ ᠵᠢᠨ ᠳᠣᠲᠣᠭ᠋ᠠᠳᠤ ᠵᠢᠨ ᠦᠨ᠎ᠡ ᠬᠠᠩᠰᠢ ᠵᠢᠨ ᠬᠠᠮᠢᠶᠠᠷᠤᠯᠲᠠ ᠪᠠ ᠦᠨ᠎ᠡ ᠲᠣᠭᠲᠠᠭ᠋ᠠᠯᠲᠠ ᠵᠢᠨ ᠦᠨᠡᠨ ᠪᠣᠳᠠᠲᠤ ᠴᠢᠨᠠᠷ᠂ ᠲᠣᠭᠲᠠᠭ᠋ᠠᠯ᠎ᠳᠤ ᠨᠡᠢ᠌ᠴᠡᠬᠦ ᠴᠢᠨᠠᠷ᠎ᠢ ᠬᠢᠨᠠᠨ ᠪᠠᠢ᠌ᠴᠠᠭ᠋ᠠᠵᠤ᠂ ᠠᠯᠪᠠᠨ᠎ᠠᠴᠠ ᠪᠠᠢ᠌ᠭᠤᠯᠤᠭᠰᠠᠨ ᠡᠮᠴᠢᠯᠡᠭᠡᠨ᠎ᠤ ᠪᠠᠢ᠌ᠭᠤᠯᠤᠮᠵᠢ ᠵᠢᠨ ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ ᠵᠢᠨ ᠬᠡᠷᠡᠭᠵᠢᠭᠦᠯᠦᠭᠰᠡᠨ ᠪᠠᠢ᠌ᠳᠠᠯ᠎ᠢ ᠪᠠᠢ᠌ᠴᠠᠭ᠋ᠠᠵᠤ᠂ ᠠᠯᠪᠠᠨ᠎ᠠᠴᠠ ᠪᠠᠢ᠌ᠭᠤᠯᠤᠭᠰᠠᠨ ᠡᠮᠴᠢᠯᠡᠭᠡᠨ᠎ᠤ ᠪᠠᠢ᠌ᠭᠤᠯᠤᠮᠵᠢ ᠵᠢᠨ ᠥᠭᠡᠷᠡᠴᠢᠯᠡᠯᠲᠡ ᠵᠢᠨ ᠡᠭᠦᠷᠭᠡ ᠵᠢ ᠨᠠᠢ᠌ᠳᠠᠪᠤᠷᠢᠵᠢᠭᠤᠯᠤᠭᠰᠠᠨ᠂ ᠦᠨ᠎ᠡ ᠬᠠᠩᠰᠢ ᠵᠢᠨ ᠲᠥᠷᠥ ᠵᠢᠨ ᠪᠣᠳᠣᠯᠭ᠎ᠠ ᠵᠢ ᠬᠡᠷᠡᠭᠵᠢᠭᠦᠯᠦᠭᠰᠡᠨ᠂ ᠣᠷᠣᠯᠭ᠎ᠠ ᠵᠢᠨ ᠪᠦᠲᠦᠴᠡ ᠵᠢ ᠰᠢᠯᠢᠳᠡᠭᠵᠢᠭᠦᠯᠦᠭᠰᠡᠨ᠂ ᠦᠢ᠍ᠯᠡᠴᠢᠯᠡᠭᠡᠨ᠎ᠤ ᠦᠢ᠍ᠯᠡ ᠠᠵᠢᠯᠯᠠᠭ᠎ᠠ ᠵᠢ ᠵᠢᠷᠤᠮᠵᠢᠭᠤᠯᠤᠭᠰᠠᠨ ᠵᠡᠷᠭᠡ ᠪᠠᠢ᠌ᠳᠠᠯ᠎ᠢ ᠰᠢᠯᠭ᠋ᠠᠨ ᠬᠢᠨᠠᠨ᠎ᠠ᠃ ᠬᠢᠨᠠᠨ ᠪᠠᠢ᠌ᠴᠠᠭ᠋ᠠᠭᠰᠠᠨ ᠪᠠ ᠰᠢᠯᠭ᠋ᠠᠨ ᠬᠢᠨᠠᠭᠰᠠᠨ ᠦᠷ᠎ᠡ ᠳ᠋ᠦᠩ᠎ᠢ ᠠᠯᠪᠠᠨ᠎ᠠᠴᠠ ᠪᠠᠢ᠌ᠭᠤᠯᠤᠭᠰᠠᠨ ᠡᠮᠴᠢᠯᠡᠭᠡᠨ᠎ᠤ ᠪᠠᠢ᠌ᠭᠤᠯᠤᠮᠵᠢ ᠵᠢᠨ ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ ᠵᠢ ᠲᠣᠬᠢᠷᠠᠭᠤᠯᠬᠤ᠂ ᠡᠳ᠋᠎ᠤᠨ ᠵᠠᠰᠠᠭ᠎ᠤᠨ ᠲᠤᠰᠠᠯᠠᠮᠵᠢ ᠥᠭᠬᠦ᠂ ᠢᠲᠡᠭᠡᠮᠵᠢ ᠵᠢᠨ ᠦᠨᠡᠯᠡᠯᠲᠡ ᠬᠢᠬᠦ᠂ ᠰᠠᠭᠤᠷᠢ ᠮᠥᠩᠭᠥ ᠵᠢ ᠬᠢᠨᠠᠨ ᠬᠠᠮᠢᠶᠠᠷᠬᠤ ᠵᠡᠷᠭᠡ᠎ᠯᠦᠭᠡ ᠬᠣᠯᠪᠣᠭᠳᠠᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠡᠳ᠋᠎ᠤᠨ ᠵᠠᠰᠠᠭ᠎ᠤᠨ ᠲᠢᠩᠬᠢᠮ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ)

      (ᠲᠠᠪᠤ) ᠬᠠᠷᠠᠯᠲᠠ᠎ᠪᠠᠷ ᠤᠳᠤᠷᠢᠳᠤᠮᠵᠢ ᠪᠤᠯᠭ᠋ᠠᠭᠰᠠᠨ ᠦᠨ᠎ᠡ ᠬᠠᠩᠰᠢ ᠵᠢᠨ ᠲᠦᠷᠦᠯ ᠵᠦᠢ᠍ᠯ᠎ᠤᠨ ᠬᠠᠮᠢᠶᠠᠷᠤᠯᠲᠠ ᠵᠢᠨ ᠲᠣᠭᠲᠠᠴᠠ ᠵᠢ ᠪᠠᠢ᠌ᠭᠤᠯᠤᠨ᠎ᠠ

      1. ᠨᠢᠭᠡᠳᠦᠯᠲᠡᠢ ᠦᠨ᠎ᠡ ᠬᠠᠩᠰᠢ ᠵᠢᠨ ᠲᠥᠷᠥᠯ ᠵᠦᠢ᠍ᠯ᠎ᠢ ᠴᠢᠩᠭ᠎ᠠ ᠬᠡᠷᠡᠭᠵᠢᠭᠦᠯᠦᠨ᠎ᠡ᠃ ᠭᠠᠷᠭ᠋ᠠᠯᠲᠠ᠎ᠳᠤ ᠦᠢ᠍ᠯᠡᠴᠢᠯᠡᠬᠦ᠎ᠪᠠᠷ ᠤᠳᠤᠷᠢᠳᠤᠮᠵᠢ ᠪᠣᠯᠭ᠋ᠠᠬᠤ ᠵᠠᠷᠴᠢᠮ᠎ᠢ ᠪᠠᠷᠢᠮᠲᠠᠯᠠᠨ᠂ ᠤᠯᠤᠰ᠎ᠤᠨ ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ ᠵᠢᠨ ᠲᠥᠷᠥᠯ ᠵᠦᠢ᠍ᠯ᠎ᠤᠨ ᠲᠥᠷᠥᠯ ᠵᠦᠢ᠍ᠯ ᠲᠣᠭᠲᠠᠭ᠋ᠠᠬᠤ ᠵᠦᠭᠯᠡᠭᠦᠷ ᠵᠢᠴᠢ ᠮᠡᠳᠡᠭᠡ ᠵᠠᠩᠭᠢ ᠵᠢᠨ ᠲᠤᠬᠠᠢ᠌ᠯᠠᠭᠰᠠᠨ ᠠᠵᠢᠯ᠎ᠤᠨ ᠺᠣᠳ᠋᠎ᠤᠨ ᠪᠠᠷᠢᠮᠵᠢᠶ᠎ᠠ ᠵᠢ ᠴᠢᠩᠭ᠎ᠠ ᠬᠡᠷᠡᠭᠵᠢᠭᠦᠯᠵᠦ᠂ ᠣᠲᠣ ᠵᠢᠨ ᠬᠡᠷᠡᠭᠵᠢᠭᠦᠯᠵᠦ ᠪᠠᠢ᠌ᠭ᠎ᠠ ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ ᠵᠢᠨ ᠲᠥᠷᠥᠯ ᠵᠦᠢ᠍ᠯ᠎ᠤᠨ ᠵᠢᠷᠤᠮᠵᠢᠯ᠎ᠢ ᠲᠥᠷᠥᠯ ᠬᠤᠪᠢᠶᠠᠨ ᠡᠮᠬᠢᠯᠡᠨ ᠨᠡᠢ᠌ᠯᠡᠭᠦᠯᠵᠦ ᠲᠡᠭᠦᠯᠳᠡᠷᠵᠢᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ)

      2. ᠰᠢᠨ᠎ᠡ᠎ᠪᠠᠷ ᠨᠡᠮᠡᠭᠳᠡᠭᠰᠡᠨ ᠡᠮᠴᠢᠯᠡᠭᠡᠨ᠎ᠤ ᠦᠢ᠍ᠯᠡᠴᠢᠯᠡᠭᠡᠨ᠎ᠤ ᠲᠥᠷᠥᠯ ᠵᠦᠢ᠍ᠯ᠎ᠤᠨ ᠬᠠᠮᠢᠶᠠᠷᠤᠯᠲᠠ ᠵᠢ ᠴᠢᠩᠭ᠋ᠠᠳᠬᠠᠨ᠎ᠠ᠃ ᠠᠯᠪᠠᠨ᠎ᠠᠴᠠ ᠪᠠᠢ᠌ᠭᠤᠯᠤᠭᠰᠠᠨ ᠡᠮᠴᠢᠯᠡᠭᠡᠨ᠎ᠤ ᠪᠠᠢ᠌ᠭᠤᠯᠤᠮᠵᠢ ᠵᠢᠨ ᠭᠤᠶᠤᠴᠢᠯᠠᠨ ᠮᠡᠳᠡᠭᠦᠯᠦᠭᠰᠡᠨ ᠰᠢᠨ᠎ᠡ᠎ᠪᠠᠷ ᠨᠡᠮᠡᠭᠳᠡᠭᠰᠡᠨ ᠡᠮᠴᠢᠯᠡᠭᠡᠨ᠎ᠤ ᠦᠢ᠍ᠯᠡᠴᠢᠯᠡᠭᠡᠨ᠎ᠤ ᠲᠥᠷᠥᠯ ᠵᠦᠢ᠍ᠯ᠎ᠳᠤ ᠮᠡᠷᠭᠡᠵᠢᠯ᠎ᠤᠨ ᠵᠢᠷᠤᠮᠵᠢᠯ ᠪᠠ ᠦᠨ᠎ᠡ ᠬᠠᠩᠰᠢ ᠵᠢᠨ ᠵᠢᠷᠤᠮᠵᠢᠯ᠎ᠤᠨ ᠵᠣᠬᠢᠴᠠᠯᠳᠤᠭᠤᠯᠤᠨ ᠬᠠᠮᠵᠢᠯᠴᠠᠬᠤ ᠵᠢ ᠴᠢᠩᠭ᠋ᠠᠳᠬᠠᠵᠤ᠂ ᠭᠥᠯᠢᠶᠡᠨ ᠠᠪᠴᠤ ᠰᠢᠢ᠍ᠳᠪᠦᠷᠢᠯᠡᠬᠦ ᠴᠤᠪᠤᠷᠠᠯ᠎ᠢ ᠳᠥᠭᠥᠮᠴᠢᠯᠡᠨ᠂ ᠭᠥᠯᠢᠶᠡᠨ ᠠᠪᠴᠤ ᠰᠢᠢ᠍ᠳᠪᠦᠷᠢᠯᠡᠬᠦ ᠠᠬᠢᠴᠠ ᠵᠢ ᠲᠦᠷᠭᠡᠳᠬᠡᠵᠦ᠂ ᠡᠮᠴᠢᠯᠡᠭᠡᠨ᠎ᠤ ᠮᠡᠷᠭᠡᠵᠢᠯ᠎ᠤᠨ ᠰᠢᠨ᠎ᠡ ᠵᠢ ᠡᠭᠦᠳᠦᠨ ᠬᠥᠭᠵᠢᠬᠦ ᠪᠠ ᠡᠮᠴᠢᠯᠡᠭᠡᠨ᠎ᠤ ᠬᠡᠷᠡᠭᠯᠡᠭᠡᠨ᠎ᠢ ᠠᠬᠢᠭᠤᠯᠤᠨ᠎ᠠ᠃ ᠡᠩ ᠲᠡᠷᠢᠭᠦᠨ᠎ᠳᠤ ᠣᠲᠣ ᠵᠢᠨ ᠪᠠᠢ᠌ᠭ᠎ᠠ ᠦᠨ᠎ᠡ ᠬᠠᠩᠰᠢ᠎ᠪᠠᠷ ᠲᠥᠷᠥᠯ ᠵᠦᠢ᠍ᠯ᠎ᠢ ᠬᠠᠪᠰᠤᠷᠭ᠋ᠠᠨ ᠪᠠᠭᠲᠠᠭ᠋ᠠᠬᠤ ᠠᠷᠭ᠎ᠠ ᠮᠠᠶᠢᠭ ᠵᠶ᠋ᠠᠷ ᠳᠠᠮᠵᠢᠭᠤᠯᠤᠨ ᠰᠢᠨ᠎ᠡ ᠵᠢ ᠡᠭᠦᠳᠬᠦ ᠵᠢ ᠳᠡᠮᠵᠢᠵᠦ᠂ ᠡᠮᠴᠢᠯᠡᠭᠡᠨ᠎ᠤ ᠪᠠᠢ᠌ᠭᠤᠯᠤᠮᠵᠢ ᠵᠢᠨ ᠵᠦᠢ ᠵᠣᠬᠢᠰᠲᠠᠢ ᠰᠦᠢ᠍ᠳᠬᠡᠯ ᠬᠤᠷᠢᠶᠠᠬᠤ ᠬᠡᠷᠡᠭᠴᠡᠭᠡ ᠱᠠᠭ᠋ᠠᠷᠳᠠᠯᠭ᠎ᠠ᠎ᠳᠤ ᠲᠦᠷᠭᠡᠨ ᠲᠤᠰᠬᠠᠯ ᠭᠠᠷᠭ᠋ᠠᠨ᠎ᠠ᠃ ᠡᠬᠢ ᠪᠠᠶᠠᠯᠢᠭ᠎ᠤᠨ ᠬᠣᠷᠣᠭᠳᠠᠯ ᠵᠶ᠋ᠠᠷ ᠶᠡᠬᠡ᠂ ᠦᠨ᠎ᠡ ᠬᠠᠩᠰᠢ ᠵᠢᠨ ᠵᠢᠱ᠌ᠢᠯᠲᠡ᠎ᠪᠠᠷ ᠥᠨᠳᠥᠷ ᠰᠢᠨ᠎ᠡ᠎ᠪᠠᠷ ᠨᠡᠮᠡᠭᠳᠡᠭᠰᠡᠨ ᠦᠨ᠎ᠡ ᠬᠠᠩᠰᠢ ᠵᠢᠨ ᠲᠥᠷᠥᠯ ᠵᠦᠢ᠍ᠯ᠎ᠳᠤ ᠰᠢᠨ᠎ᠡ ᠵᠢ ᠡᠭᠦᠳᠬᠦ ᠴᠢᠨᠠᠷᠲᠠᠢ᠂ ᠠᠵᠤ ᠠᠬᠤᠢ ᠵᠢᠨ ᠴᠢᠨᠠᠷᠲᠠᠢ ᠦᠨᠡᠯᠡᠯᠲᠡ ᠬᠢᠨ᠎ᠡ᠃ ᠬᠦᠨᠳᠦ ᠶᠡᠬᠡ ᠡᠪᠡᠳᠴᠢᠨ ᠡᠮᠭᠡᠭ᠎ᠢ ᠣᠨᠣᠰᠢᠯᠠᠨ ᠡᠮᠨᠡᠬᠦ ᠲᠥᠰᠥᠯ᠎ᠢ ᠰᠢᠯᠢᠳᠡᠭᠵᠢᠭᠦᠯᠬᠦ ᠪᠤᠶᠤ ᠣᠨᠣᠰᠢᠯᠠᠨ ᠡᠮᠨᠡᠬᠦ ᠲᠠᠯ᠎ᠠ ᠵᠢᠨ ᠬᠣᠭᠣᠰᠤᠨ ᠵᠠᠢ ᠵᠢ ᠨᠥᠬᠥᠪᠦᠷᠢᠯᠡᠬᠦ ᠰᠢᠨ᠎ᠡ ᠡᠭᠦᠳᠦᠯᠲᠡ ᠵᠢᠨ ᠲᠥᠷᠥᠯ ᠵᠦᠢ᠍ᠯ᠎ᠳᠤ ᠰᠠᠭ᠋ᠠᠳ ᠦᠭᠡᠢ ᠨᠡᠪᠲᠡᠷᠡᠬᠦ ᠵᠠᠮ᠎ᠢ ᠨᠡᠭᠡᠭᠡᠨ᠎ᠡ᠃ ᠰᠢᠨ᠎ᠡ᠎ᠪᠠᠷ ᠨᠡᠮᠡᠭᠳᠡᠭᠦᠯᠦᠭᠰᠡᠨ ᠲᠥᠷᠥᠯ ᠵᠦᠢ᠍ᠯ᠎ᠤᠨ ᠲᠤᠷᠰᠢᠨ ᠬᠡᠷᠡᠭᠵᠢᠭᠦᠯᠬᠦ ᠬᠤᠭᠤᠴᠠᠭ᠎ᠠ᠎ᠨᠢ ᠳᠠᠭᠤᠰᠤᠭᠰᠠᠨ᠎ᠤ ᠳᠠᠷᠠᠭ᠎ᠠ᠂ ᠶᠡᠷᠦᠩᠬᠡᠢ᠌ᠯᠡᠭᠰᠡᠨ ᠦᠨᠡᠯᠡᠨ ᠵᠢᠱ᠌ᠢᠯᠲᠡ᠎ᠪᠠᠷ ᠳᠠᠮᠵᠢᠭᠤᠯᠤᠨ᠂ ᠨᠥᠬᠥᠴᠡᠯ᠎ᠳᠤ ᠨᠡᠢ᠌ᠴᠡᠭᠰᠡᠨ ᠰᠢᠨ᠎ᠡ᠎ᠪᠠᠷ ᠨᠡᠮᠡᠭᠳᠡᠭᠦᠯᠦᠭᠰᠡᠨ ᠲᠥᠷᠥᠯ ᠵᠦᠢ᠍ᠯ᠎ᠢ ᠴᠠᠭ ᠲᠤᠬᠠᠢ᠎ᠳᠤ᠎ᠨᠢ ᠨᠡᠢ᠌ᠳᠡᠮ ᠬᠡᠷᠡᠭᠯᠡᠬᠦ ᠬᠡᠯᠪᠡᠷᠢ ᠵᠢᠨ ᠲᠥᠷᠥᠯ ᠵᠦᠢ᠍ᠯ ᠪᠤᠶᠤ ᠪᠤᠳᠤᠯᠢᠶᠠᠨᠲᠠᠢ ᠬᠡᠯᠪᠡᠷᠢ ᠵᠢᠨ ᠲᠥᠷᠥᠯ ᠵᠦᠢ᠍ᠯ᠎ᠤᠨ ᠬᠠᠮᠢᠶᠠᠷᠤᠯᠲᠠ᠎ᠳᠤ ᠣᠷᠣᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ)

      3. 《ᠮᠡᠷᠭᠡᠵᠢᠯ ᠪᠠ ᠬᠣᠷᠣᠭᠳᠠᠯ᠎ᠢ ᠰᠠᠯᠭ᠋ᠠᠬᠤ》 ᠠᠵᠢᠯ᠎ᠢ ᠰᠦᠪᠡᠭᠴᠢᠯᠡᠨ ᠠᠬᠢᠭᠤᠯᠤᠨ᠎ᠠ᠃ ᠲᠥᠪᠯᠡᠷᠡᠭᠦᠯᠦᠨ ᠬᠤᠳᠠᠯᠳᠤᠨ ᠠᠪᠬᠤ᠂ ᠬᠡᠯᠡᠯᠴᠡᠭᠡᠷ ᠬᠢᠵᠦ ᠦᠨ᠎ᠡ ᠵᠥᠪᠯᠡᠬᠦ ᠵᠡᠷᠭᠡ ᠠᠷᠭ᠎ᠠ ᠮᠠᠶᠢᠭ ᠵᠶ᠋ᠡᠷ ᠡᠮᠴᠢᠯᠡᠭᠡᠨ᠎ᠳᠤ ᠬᠡᠷᠡᠭᠯᠡᠬᠦ ᠬᠡᠮᠵᠢᠶ᠎ᠡ᠎ᠪᠠᠷ ᠶᠡᠬᠡ᠂ ᠦᠨ᠎ᠡ ᠬᠠᠩᠰᠢ᠎ᠨᠢ ᠬᠠᠭᠤᠷᠮᠠᠭ ᠥᠨᠳᠥᠷ᠂ ᠵᠥᠷᠢᠴᠡᠯ ᠵᠶ᠋ᠠᠷ ᠲᠣᠪᠣᠢ᠌ᠮ᠎ᠠ ᠪᠠᠢ᠌ᠭ᠎ᠠ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠤᠨ ᠬᠤᠳᠠᠯᠳᠤᠨ ᠠᠪᠬᠤ ᠦᠨ᠎ᠡ ᠬᠠᠩᠰᠢ ᠵᠢ ᠪᠠᠭᠤᠷᠠᠭᠤᠯᠵᠤ᠂ ᠡᠮᠴᠢᠯᠡᠭᠡᠨ᠎ᠤ ᠦᠢ᠍ᠯᠡᠴᠢᠯᠡᠭᠡᠨ᠎ᠤ ᠲᠥᠷᠥᠯ ᠵᠦᠢ᠍ᠯ᠎ᠤᠨ ᠦᠨ᠎ᠡ ᠬᠠᠩᠰᠢ᠎ᠳᠠᠬᠢ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠤᠨ ᠡᠵᠡᠯᠡᠬᠦ ᠬᠠᠷᠢᠴᠠᠯ᠎ᠢ ᠤᠯᠠᠮ ᠨᠢᠭᠡ ᠠᠯᠬᠤᠮ ᠪᠠᠭᠤᠷᠠᠭᠤᠯᠤᠨ᠂ ᠬᠡᠰᠡᠭ ᠪᠠᠢ᠌ᠴᠠᠭ᠋ᠠᠨ ᠰᠢᠯᠭ᠋ᠠᠬᠤ᠂ ᠪᠠᠢ᠌ᠴᠠᠭ᠋ᠠᠬᠤ᠂ ᠮᠡᠰᠡ ᠵᠠᠰᠠᠯ ᠬᠢᠬᠦ ᠪᠠ ᠡᠮᠨᠡᠨ ᠵᠠᠰᠠᠬᠤ ᠲᠥᠷᠥᠯ ᠵᠦᠢ᠍ᠯ᠎ᠳᠤ 《ᠮᠡᠷᠭᠡᠵᠢᠯ ᠪᠠ ᠬᠣᠷᠣᠭᠳᠠᠯ᠎ᠢ ᠰᠠᠯᠭ᠋ᠠᠬᠤ》 ᠠᠵᠢᠯ᠎ᠢ ᠰᠦᠪᠡᠭᠴᠢᠯᠡᠵᠦ᠂ ᠡᠪᠡᠳᠴᠢᠲᠡᠨ᠎ᠤ ᠡᠪᠡᠳᠴᠢᠨ ᠦᠵᠡᠭᠦᠯᠬᠦ ᠳᠠᠷᠤᠭ᠋ᠠᠰᠤ ᠵᠢ᠎ᠨᠢ ᠬᠥᠩᠭᠡᠷᠡᠭᠦᠯᠵᠦ᠂ ᠮᠡᠷᠭᠡᠵᠢᠯ᠎ᠤᠨ ᠬᠥᠳᠡᠯᠮᠦᠷᠢ ᠦᠢ᠍ᠯᠡᠴᠢᠯᠡᠭᠡᠨ᠎ᠤ ᠦᠨ᠎ᠡ ᠥᠷᠲᠡᠭ᠎ᠢ ᠤᠯᠠᠮ ᠨᠢᠭᠡ ᠠᠯᠬᠤᠮ ᠢᠯᠡᠷᠡᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ)

       ᠭᠤᠷᠪᠠ᠂ ᠠᠵᠢᠯ᠎ᠤᠨ ᠠᠷᠭ᠎ᠠ ᠬᠡᠮᠵᠢᠶ᠎ᠡ

       (ᠨᠢᠭᠡ) ᠦᠨ᠎ᠡ ᠬᠠᠩᠰᠢ ᠵᠢᠨ ᠬᠠᠮᠢᠶᠠᠷᠤᠯᠲᠠ ᠵᠢ ᠲᠤᠯᠭ᠋ᠠᠭᠤᠷᠢᠯᠠᠬᠤ ᠲᠣᠭᠲᠠᠯᠴᠠᠭ᠎ᠠ ᠵᠢ ᠲᠡᠭᠦᠯᠳᠡᠷᠵᠢᠭᠦᠯᠦᠨ᠎ᠡ

      1. ᠦᠨ᠎ᠡ ᠬᠠᠩᠰᠢ ᠵᠢᠨ ᠬᠠᠮᠢᠶᠠᠷᠤᠯᠲᠠ ᠵᠢᠨ ᠡᠷᠬᠡ ᠵᠢᠨ ᠬᠢᠵᠠᠭ᠋ᠠᠷ᠎ᠢ ᠲᠣᠳᠣᠷᠬᠠᠢ ᠲᠣᠭᠲᠠᠭ᠋ᠠᠨ᠎ᠠ᠃ ᠲᠣᠬᠢᠷᠠᠭᠤᠯᠬᠤ᠎ᠪᠠᠷ ᠪᠠᠢ᠌ᠭ᠎ᠠ ᠲᠥᠷᠥᠯ ᠵᠦᠢ᠍ᠯ᠎ᠢ ᠰᠢᠯᠢᠨ ᠰᠣᠩᠭᠣᠬᠤ ᠬᠡᠪᠴᠢᠶ᠎ᠡ ᠵᠢ ᠥᠪᠡᠷᠲᠡᠭᠡᠨ ᠵᠠᠰᠠᠬᠤ ᠣᠷᠣᠨ᠎ᠠᠴᠠ ᠨᠢᠭᠡᠳᠦᠯᠲᠡᠢ ᠪᠣᠯᠭ᠋ᠠᠵᠤ᠂ ᠦᠨ᠎ᠡ ᠬᠠᠩᠰᠢ ᠵᠢᠨ ᠰᠠᠭᠤᠷᠢ ᠪᠠᠷᠢᠮᠵᠢᠶ᠎ᠠ ᠪᠠ ᠬᠥᠪᠥᠯᠵᠡᠬᠦ ᠬᠡᠮᠵᠢᠶ᠎ᠡ ᠵᠢ ᠲᠣᠭᠲᠠᠭ᠋ᠠᠨ᠂ ᠡᠯ᠎ᠡ ᠠᠢ᠌ᠮᠠᠭ ᠬᠣᠲᠠ᠎ᠨᠢ ᠲᠣᠰ ᠭᠠᠵᠠᠷ ᠣᠷᠣᠨ᠎ᠤ᠎ᠪᠠᠨ ᠠᠵᠤ ᠠᠬᠤᠢ ᠵᠢᠨ ᠬᠥᠭᠵᠢᠯᠲᠡ᠂ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠥ᠂ ᠡᠮᠴᠢᠯᠡᠭᠡᠨ᠎ᠤ ᠬᠢᠷᠢ ᠲᠦᠪᠰᠢᠨ  ᠵᠡᠷᠭᠡ ᠭᠦᠢ᠍ᠴᠡᠳᠬᠡᠯ ᠲᠣᠭ᠎ᠠ᠎ᠲᠠᠢ᠎ᠪᠠᠨ ᠤᠶᠠᠯᠳᠤᠭᠤᠯᠤᠨ ᠲᠣᠬᠢᠷᠠᠭᠤᠯᠬᠤ᠎ᠪᠠᠷ ᠪᠠᠢ᠌ᠭ᠎ᠠ ᠲᠥᠷᠥᠯ ᠵᠦᠢ᠍ᠯ ᠵᠢᠴᠢ ᠦᠨ᠎ᠡ ᠬᠠᠩᠰᠢ᠎ᠪᠠᠨ ᠲᠣᠭᠲᠠᠭ᠋ᠠᠨ᠎ᠠ᠃ (ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ)

      2. ᠦᠨ᠎ᠡ ᠬᠠᠩᠰᠢ ᠵᠢ ᠲᠣᠬᠢᠷᠠᠭᠤᠯᠬᠤ ᠳᠦᠷᠢᠮ ᠳᠡᠰ ᠳᠠᠷᠠᠭ᠋ᠠᠯᠠᠯ᠎ᠢ ᠲᠡᠭᠦᠯᠳᠡᠷᠵᠢᠭᠦᠯᠦᠨ᠎ᠡ᠃ ᠵᠠᠷᠴᠢᠮ ᠳᠡᠭᠡᠷ᠎ᠡ᠎ᠪᠠᠨ ᠠᠯᠪᠠᠨ᠎ᠠᠴᠠ ᠪᠠᠢ᠌ᠭᠤᠯᠤᠭᠰᠠᠨ ᠭᠤᠷᠪᠠᠳᠤᠭ᠋ᠠᠷ ᠳᠡᠰ᠎ᠤᠨ ᠡᠮᠴᠢᠯᠡᠭᠡᠨ᠎ᠤ ᠪᠠᠢ᠌ᠭᠤᠯᠤᠮᠵᠢ ᠵᠢᠨ ᠦᠨ᠎ᠡ ᠬᠠᠩᠰᠢ᠎ᠪᠠᠷ ᠰᠠᠭᠤᠷᠢ ᠪᠠᠷᠢᠮᠵᠢᠶ᠎ᠠ ᠪᠣᠯᠭ᠋ᠠᠵᠤ ᠳᠡᠰ ᠬᠤᠪᠢᠶᠠᠨ ᠦᠨ᠎ᠡ ᠲᠣᠭᠲᠠᠭ᠋ᠠᠬᠤ ᠵᠢ ᠬᠡᠷᠡᠭᠵᠢᠭᠦᠯᠵᠦ᠂ ᠭᠤᠷᠪᠠᠳᠤᠭ᠋ᠠᠷ ᠳᠡᠰ᠂ ᠬᠣᠶᠠᠳᠤᠭ᠋ᠠᠷ ᠳᠡᠰ᠂ ᠨᠢᠭᠡᠳᠦᠭᠡᠷ ᠳᠡᠰ᠎ᠤᠨ ᠡᠮᠴᠢᠯᠡᠭᠡᠨ᠎ᠤ ᠪᠠᠢ᠌ᠭᠤᠯᠤᠮᠵᠢ ᠵᠢᠨ ᠬᠣᠭᠣᠷᠣᠨᠳᠣᠬᠢ ᠦᠨ᠎ᠡ ᠬᠠᠩᠰᠢ ᠵᠢᠨ ᠱᠠᠲᠤᠴᠢ ᠵᠥᠷᠢᠶ᠎ᠡ ᠵᠢ 10% ᠵᠢᠨ ᠣᠷᠴᠢᠮ ᠳᠣᠲᠣᠷ᠎ᠠ ᠬᠢᠵᠠᠭ᠋ᠠᠷᠯᠠᠨ᠎ᠠ᠃ ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ ᠵᠢᠨ ᠴᠢᠬᠤᠯᠠ ᠵᠦᠢ᠍ᠯᠡᠰ᠎ᠤᠨ ᠮᠡᠳᠡᠭᠦᠯᠦᠯᠲᠡ ᠵᠢᠨ ᠳᠦᠷᠢᠮ᠎ᠢ ᠴᠢᠩᠭ᠎ᠠ ᠨᠠᠢ᠌ᠳᠠᠪᠤᠷᠢᠵᠢᠭᠤᠯᠵᠤ᠂ ᠡᠯ᠎ᠡ ᠠᠢ᠌ᠮᠠᠭ ᠬᠣᠲᠠ ᠵᠢᠨ ᠦᠨ᠎ᠡ ᠬᠠᠩᠰᠢ ᠵᠢᠨ ᠲᠣᠬᠢᠷᠠᠭᠤᠯᠤᠯᠲᠠ ᠵᠢ ᠦᠨᠡᠯᠡᠨ ᠵᠢᠱ᠌ᠢᠭᠰᠡᠨ ᠦᠷ᠎ᠡ ᠳ᠋ᠦᠩ ᠵᠢᠴᠢ ᠲᠤᠭᠤᠷᠪᠢᠨ ᠲᠣᠭᠲᠠᠭ᠋ᠠᠭᠰᠠᠨ ᠦᠨ᠎ᠡ ᠬᠠᠩᠰᠢ ᠵᠢᠨ ᠲᠣᠬᠢᠷᠠᠭᠤᠯᠤᠯᠲᠠ ᠵᠢᠨ ᠲᠥᠰᠥᠯ᠎ᠢ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠎ᠳᠤ ᠮᠡᠳᠡᠭᠦᠯᠦᠨ ᠬᠦᠷᠭᠡᠬᠦ ᠬᠡᠷᠡᠭᠲᠡᠢ᠃ (ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ)

      3. ᠮᠡᠳᠡᠭᠡ ᠵᠠᠩᠭᠢ ᠵᠢᠨ ᠲᠠᠪᠴᠠᠩ᠎ᠤᠨ ᠪᠠᠢ᠌ᠭᠤᠯᠤᠯᠲᠠ ᠵᠢ ᠴᠢᠩᠭ᠋ᠠᠳᠬᠠᠨ᠎ᠠ᠃ ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠮᠡᠳᠡᠭᠡ ᠵᠠᠩᠭᠢ ᠵᠢᠨ ᠲᠠᠪᠴᠠᠩ᠎ᠳᠤ ᠲᠦᠰᠢᠭᠯᠡᠨ᠂ ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ ᠵᠢᠨ ᠥᠭᠡᠷᠡᠴᠢᠯᠡᠯᠲᠡ ᠵᠢᠨ ᠬᠤᠪᠢᠶᠠᠷᠢ ᠰᠢᠰᠲ᠋ᠧᠮ᠎ᠢ ᠪᠠᠢ᠌ᠭᠤᠯᠵᠤ᠂ ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ ᠵᠢᠨ ᠮᠡᠳᠡᠭᠡ ᠵᠠᠩᠭᠢ ᠵᠢ ᠬᠢᠨᠠᠨ ᠰᠢᠨᠵᠢᠬᠦ᠎ᠪᠠᠨ ᠴᠢᠩᠭ᠋ᠠᠳᠬᠠᠨ᠂ ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ ᠵᠢᠨ ᠬᠠᠮᠢᠶᠠᠷᠤᠯᠲᠠ ᠵᠢᠨ ᠣᠶᠤᠨᠴᠢᠯᠠᠭᠰᠠᠨ ᠬᠢᠷᠢ ᠲᠦᠪᠰᠢᠨ᠎ᠢ ᠳᠡᠭᠡᠭᠰᠢᠯᠡᠭᠦᠯᠵᠦ᠂ ᠳᠡᠭᠡᠳᠦ ᠳᠣᠣᠷᠠᠳᠤ ᠱᠠᠲᠤ ᠵᠢ ᠵᠣᠯᠭ᠋ᠠᠭᠤᠯᠬᠤ᠂ ᠣᠷᠣᠨ ᠪᠦᠰᠡ ᠬᠣᠯᠪᠤᠭ᠋ᠠᠯᠠᠨ ᠬᠥᠳᠡᠯᠦᠯᠴᠡᠬᠦ᠂ ᠮᠡᠳᠡᠭᠡ ᠵᠠᠩᠭᠢ ᠵᠢ ᠬᠠᠮᠲᠤ᠎ᠳᠤ᠎ᠪᠠᠨ ᠬᠦᠷᠲᠡᠬᠦ ᠵᠢ ᠪᠡᠶᠡᠯᠡᠭᠦᠯᠬᠦ ᠬᠡᠷᠡᠭᠲᠡᠢ᠃ (ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ)

      (ᠬᠣᠶᠠᠷ) ᠲᠥᠬᠥᠷ ᠥᠭᠡᠷᠡᠴᠢᠯᠡᠯᠲᠡ ᠵᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ

      1. ᠠᠯᠪᠠᠨ᠎ᠠᠴᠠ ᠪᠠᠢ᠌ᠭᠤᠯᠤᠭᠰᠠᠨ ᠡᠮᠨᠡᠯᠭᠡ ᠵᠢᠨ ᠬᠣᠷᠢᠶᠠᠨ᠎ᠤ ᠶᠡᠷᠦᠩᠬᠡᠢ᠌ᠯᠡᠭᠰᠡᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠦᠨ᠎ᠡ᠃ ᠠᠯᠪᠠᠨ᠎ᠠᠴᠠ ᠪᠠᠢ᠌ᠭᠤᠯᠤᠭᠰᠠᠨ ᠡᠮᠴᠢᠯᠡᠭᠡᠨ᠎ᠤ ᠪᠠᠢ᠌ᠭᠤᠯᠤᠮᠵᠢ ᠵᠢᠨ ᠳᠣᠲᠣᠭ᠋ᠠᠳᠤ ᠵᠢᠨ ᠲᠤᠰᠬᠠᠢ᠌ᠵᠢᠭᠰᠠᠨ᠂ ᠨᠠᠷᠢᠯᠢᠭᠵᠢᠭᠤᠯᠤᠭᠰᠠᠨ ᠬᠠᠮᠢᠶᠠᠷᠤᠯᠲᠠ ᠵᠢ ᠴᠢᠩᠭ᠋ᠠᠳᠬᠠᠵᠤ᠂ ᠠᠯᠪᠠᠨ᠎ᠠᠴᠠ ᠪᠠᠢ᠌ᠭᠤᠯᠤᠭᠰᠠᠨ ᠡᠮᠴᠢᠯᠡᠭᠡᠨ᠎ᠤ ᠪᠠᠢ᠌ᠭᠤᠯᠤᠮᠵᠢ ᠪᠠ ᠡᠮᠨᠡᠯᠬᠡ ᠵᠢᠨ ᠠᠵᠢᠯᠲᠠᠨ᠎ᠤ ᠣᠨᠣᠰᠢᠯᠠᠨ ᠡᠮᠨᠡᠬᠦ ᠦᠢ᠍ᠯᠡ ᠠᠵᠢᠯᠯᠠᠭ᠎ᠠ ᠵᠢ ᠵᠢᠷᠤᠮᠵᠢᠭᠤᠯᠤᠨ᠎ᠠ᠃ ᠠᠯᠪᠠᠨ᠎ᠠᠴᠠ ᠪᠠᠢ᠌ᠭᠤᠯᠤᠭᠰᠠᠨ ᠡᠮᠨᠡᠯᠭᠡ ᠵᠢᠨ ᠬᠣᠷᠢᠶᠠᠨ᠎ᠤ ᠴᠠᠯᠢᠩ ᠬᠥᠯᠥᠰᠦ ᠵᠢᠨ ᠲᠦᠪᠰᠢᠨ᠎ᠢ ᠵᠦᠢ ᠵᠣᠬᠢᠰᠲᠠᠢ ᠲᠣᠭᠲᠠᠭ᠋ᠠᠵᠤ᠂ ᠰᠢᠯᠭ᠋ᠠᠨ ᠬᠢᠨᠠᠵᠤ ᠦᠨᠡᠯᠡᠬᠦ ᠲᠣᠭᠲᠠᠴᠠ ᠵᠢ ᠥᠭᠡᠷᠡᠴᠢᠯᠡᠨ ᠲᠡᠭᠦᠯᠳᠡᠷᠵᠢᠭᠦᠯᠵᠦ᠂ ᠡᠮᠨᠡᠯᠭᠡ ᠵᠢᠨ ᠠᠵᠢᠯᠲᠠᠨ᠎ᠤ ᠴᠠᠯᠢᠩ ᠬᠥᠯᠥᠰᠦ ᠵᠢ ᠢᠯᠡ ᠲᠣᠳᠣ ᠪᠠᠢ᠌ᠯᠭ᠋ᠠᠬᠤ ᠵᠢ ᠪᠡᠶᠡᠯᠡᠭᠦᠯᠵᠦ᠂ ᠣᠷᠣᠯᠭ᠎ᠠ ᠨᠡᠮᠡᠭᠳᠡᠭᠦᠯᠬᠦ ᠭᠦᠢ᠍ᠴᠡᠳᠬᠡᠯ ᠲᠣᠭ᠎ᠠ ᠪᠠᠭᠤᠯᠭ᠋ᠠᠬᠤ ᠵᠢ ᠴᠢᠩᠭ᠎ᠠ ᠴᠠᠭ᠋ᠠᠵᠠᠯᠠᠵᠤ᠂ ᠡᠮᠨᠡᠯᠭᠡ ᠵᠢᠨ ᠠᠵᠢᠯᠲᠠᠨ᠎ᠤ ᠴᠠᠯᠢᠩ ᠬᠥᠯᠥᠰᠦ ᠵᠢ ᠰᠠᠯᠠᠭ᠎ᠠ ᠲᠠᠰᠤᠭ᠂ ᠬᠤᠪᠢ ᠬᠥᠮᠥᠨ᠎ᠤ ᠲᠤᠬᠠᠢ᠌ᠯᠠᠭᠰᠠᠨ ᠠᠵᠢᠯ᠎ᠤᠨ ᠣᠷᠣᠯᠭ᠎ᠠ᠎ᠲᠠᠢ ᠰᠢᠭᠤᠳ ᠬᠣᠯᠪᠣᠭᠳᠠᠭᠤᠯᠵᠤ ᠪᠣᠯᠬᠤ ᠦᠭᠡᠢ᠃ ᠱᠠᠲᠤ ᠬᠤᠪᠢᠶᠠᠨ ᠣᠨᠣᠰᠢᠯᠠᠨ ᠡᠮᠨᠡᠬᠦ ᠲᠣᠭᠲᠠᠯᠴᠠᠭ᠋ᠠᠨ᠎ᠤ ᠪᠠᠢ᠌ᠭᠤᠯᠤᠯᠲᠠ ᠶᠣᠰᠣᠭ᠋ᠠᠷ᠂ ᠡᠬᠢ ᠪᠠᠶᠠᠯᠢᠭ᠎ᠢ ᠵᠦᠢ ᠵᠣᠬᠢᠰᠲᠠᠢ ᠲᠣᠬᠢᠷᠠᠭᠤᠯᠬᠤ ᠵᠢ ᠬᠥᠲᠥᠯᠥᠨ ᠵᠢᠯᠤᠭᠣᠳᠴᠤ᠂ ᠬᠡᠪ᠎ᠤᠨ ᠪᠠᠢ᠌ᠳᠠᠯ ᠪᠠ ᠬᠡᠮᠵᠢᠶ᠎ᠡ᠎ᠠᠴᠠ᠎ᠨᠢ ᠬᠡᠲᠦᠷᠡᠭᠦᠯᠦᠨ ᠲᠣᠬᠢᠷᠠᠭᠤᠯᠬᠤ ᠵᠢ ᠴᠢᠩᠭ᠎ᠠ ᠬᠢᠵᠠᠭ᠋ᠠᠷᠯᠠᠨ᠎ᠠ᠃ (ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠡᠳ᠋᠎ᠤᠨ ᠵᠠᠰᠠᠭ᠎ᠤᠨ ᠲᠢᠩᠬᠢᠮ᠂ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ)

      2. ᠡᠮᠴᠢᠯᠡᠭᠡᠨ᠎ᠤ ᠪᠠᠲᠤᠯᠠᠭ᠎ᠠ ᠵᠢᠨ ᠳᠦᠷᠢᠮ᠎ᠤᠨ ᠥᠭᠡᠷᠡᠴᠢᠯᠡᠯᠲᠡ᠎ᠲᠠᠢ ᠵᠣᠯᠭ᠋ᠠᠭᠤᠯᠤᠨ᠎ᠠ᠃ ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ ᠬᠢᠭᠡᠳ ᠲᠣᠭ᠋ᠠᠴᠠᠭ᠎ᠠ ᠬᠢᠬᠦ ᠲᠥᠷᠥ ᠵᠢᠨ ᠪᠣᠳᠣᠯᠭ᠎ᠠ ᠵᠢ ᠰᠠᠢ᠌ᠲᠤᠷ ᠬᠠᠮᠵᠢᠯᠴᠠᠭᠤᠯᠵᠤ᠂ ᠦᠨ᠎ᠡ ᠬᠠᠩᠰᠢ ᠵᠢᠨ ᠬᠠᠮᠢᠶᠠᠷᠤᠯᠲᠠ ᠵᠢᠨ ᠶᠡᠷᠦᠩᠬᠡᠢ ᠬᠡᠮᠵᠢᠶᠡᠨ᠎ᠤ ᠲᠣᠬᠢᠷᠠᠭᠤᠯᠭ᠎ᠠ ᠡᠵᠡᠮᠰᠢᠯ ᠪᠠ ᠡᠮᠴᠢᠯᠡᠭᠡᠨ᠎ᠤ ᠳᠠᠭ᠋ᠠᠳᠬᠠᠯ᠎ᠤᠨ ᠶᠡᠷᠦᠩᠬᠡᠢ ᠲᠣᠭ᠋ᠠᠨ᠎ᠤ ᠲᠥᠰᠥᠪ᠎ᠤᠨ ᠬᠠᠮᠢᠶᠠᠷᠤᠯᠲᠠ ᠵᠢ ᠰᠠᠢ᠌ᠲᠤᠷ ᠬᠠᠮᠵᠢᠯᠴᠠᠭᠤᠯᠬᠤ ᠬᠡᠷᠡᠭᠲᠡᠢ᠃ ᠡᠮᠴᠢᠯᠡᠭᠡᠨ᠎ᠤ ᠳᠠᠭ᠋ᠠᠳᠬᠠᠯ᠎ᠤᠨ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠤᠨ ᠭᠠᠷᠴᠠᠭ᠎ᠤᠨ ᠬᠠᠮᠢᠶᠠᠷᠤᠯᠲᠠ ᠵᠢᠨ ᠳᠦᠷᠢᠮ᠎ᠢ ᠪᠠᠢ᠌ᠭᠤᠯᠤᠨ ᠪᠦᠷᠢᠨᠰᠢᠭᠦᠯᠦᠨ᠎ᠡ᠃ ᠨᠢᠭᠲᠠ ᠬᠡᠯᠪᠡᠷᠢ ᠵᠢᠨ ᠡᠮᠴᠢᠯᠡᠭᠡᠨ᠎ᠤ ᠬᠣᠯᠪᠣᠭ᠋ᠠᠲᠤ ᠴᠣᠭᠴᠠ᠎ᠳᠤ ᠡᠮᠴᠢᠯᠡᠭᠡᠨ᠎ᠤ ᠳᠠᠭ᠋ᠠᠳᠬᠠᠯ᠎ᠤᠨ ᠶᠡᠷᠦᠩᠬᠡᠢ ᠲᠣᠭ᠎ᠠ᠎ᠪᠠᠷ ᠰᠦᠢ᠍ᠳᠬᠡᠯ ᠲᠤᠰᠢᠶᠠᠬᠤ ᠵᠠᠭᠪᠤᠷ᠎ᠢ ᠬᠡᠷᠡᠭᠵᠢᠭᠦᠯᠬᠦ ᠵᠢ ᠰᠦᠪᠡᠭᠴᠢᠯᠡᠵᠦ᠂ ᠡᠳᠦᠷ ᠲᠤᠲᠤᠮ᠎ᠤᠨ ᠬᠢᠨᠠᠯᠲᠠ ᠲᠠᠯᠪᠢᠯᠲᠠ ᠵᠢ ᠴᠢᠩᠭ᠋ᠠᠳᠬᠠᠨ᠂ ᠰᠢᠯᠭ᠋ᠠᠨ ᠬᠢᠨᠠᠭᠰᠠᠨ᠎ᠤ ᠰᠠᠭᠤᠷᠢᠨ ᠳᠡᠭᠡᠷ᠎ᠡ ᠦᠯᠡᠳᠡᠪᠦᠷᠢ ᠵᠢ᠎ᠨᠢ ᠦᠯᠡᠳᠡᠭᠡᠨ ᠬᠡᠷᠡᠭᠯᠡᠵᠦ᠂ ᠬᠡᠲᠦᠷᠡᠭᠦᠯᠦᠭᠰᠡᠨ ᠵᠠᠷᠤᠯᠭ᠎ᠠ ᠵᠢ ᠵᠦᠢ ᠵᠣᠬᠢᠰᠲᠠᠢ ᠬᠤᠪᠢᠳᠠᠨ ᠡᠭᠦᠷᠭᠡᠯᠡᠨ᠎ᠡ᠃ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠢ ᠴᠥᠮ ᠰᠦᠯᠵᠢᠶ᠎ᠡ᠎ᠪᠠᠷ ᠨᠡᠢ᠌ᠲᠡᠯᠡᠵᠦ ᠬᠤᠳᠠᠯᠳᠤᠨ ᠠᠪᠬᠤ ᠵᠢ ᠠᠬᠢᠭᠤᠯᠵᠤ᠂ ᠡᠮᠴᠢᠯᠡᠭᠡᠨ᠎ᠳᠤ ᠬᠡᠷᠡᠭᠯᠡᠬᠦ ᠥᠨᠳᠥᠷ ᠥᠷᠲᠡᠭᠲᠦ ᠬᠣᠷᠣᠭᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠡᠮᠵᠢᠶ᠎ᠡ᠎ᠲᠠᠢ᠎ᠪᠠᠷ ᠬᠤᠳᠠᠯᠳᠤᠨ ᠠᠪᠬᠤ ᠬᠡᠪᠴᠢᠶ᠎ᠡ ᠵᠢ ᠥᠷᠭᠡᠳᠬᠡᠨ᠂ ᠡᠮᠴᠢᠯᠡᠭᠡᠨ᠎ᠤ ᠪᠠᠢ᠌ᠭᠤᠯᠤᠮᠵᠢ ᠵᠢᠨ ᠲᠣᠭᠲᠠᠭᠰᠠᠨ ᠴᠡᠭ᠎ᠤᠨ ᠵᠥᠪᠯᠡᠯᠴᠡᠭᠡᠷ᠎ᠤᠨ ᠬᠠᠮᠢᠶᠠᠷᠤᠯᠲᠠ ᠵᠢ ᠴᠢᠩᠭ᠋ᠠᠷᠠᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ)

      3. ᠠᠯᠪᠠᠨ᠎ᠠᠴᠠ ᠪᠠᠢ᠌ᠭᠤᠯᠤᠭᠰᠠᠨ ᠡᠮᠴᠢᠯᠡᠭᠡᠨ᠎ᠤ ᠪᠠᠢ᠌ᠭᠤᠯᠤᠮᠵᠢ᠎ᠳᠠᠬᠢ ᠵᠠᠰᠠᠭ᠎ᠤᠨ ᠣᠷᠳᠣᠨ᠎ᠤ ᠣᠷᠣᠭᠤᠯᠤᠯᠲᠠ ᠵᠢ ᠨᠠᠢ᠌ᠳᠠᠪᠤᠷᠢᠵᠢᠭᠤᠯᠤᠨ᠎ᠠ᠃ ᠠᠯᠪᠠᠨ᠎ᠠᠴᠠ ᠪᠠᠢ᠌ᠭᠤᠯᠤᠭᠰᠠᠨ ᠡᠮᠴᠢᠯᠡᠭᠡᠨ᠎ᠤ ᠪᠠᠢ᠌ᠭᠤᠯᠤᠮᠵᠢ ᠵᠢᠨ ᠵᠠᠰᠠᠭ᠎ᠤᠨ ᠣᠷᠳᠣᠨ᠎ᠤ ᠣᠷᠣᠭᠤᠯᠤᠯᠲᠠ ᠵᠢᠨ ᠲᠣᠭᠲᠠᠴᠠ ᠵᠢ ᠤᠯᠠᠮ ᠨᠢᠭᠡ ᠠᠯᠬᠤᠮ ᠪᠦᠷᠢᠨᠰᠢᠭᠦᠯᠦᠨ᠎ᠡ᠃ ᠣᠷᠣᠨ ᠪᠦᠰᠡ ᠵᠢᠨ ᠡᠷᠡᠭᠦᠯ ᠬᠠᠮᠠᠭ᠋ᠠᠯᠠᠯ᠎ᠤᠨ ᠲᠥᠯᠦᠪᠵᠢᠭᠦᠯᠭᠡ᠎ᠳᠤ ᠨᠡᠢ᠌ᠴᠡᠬᠦ ᠠᠯᠪᠠᠨ᠎ᠠᠴᠠ ᠪᠠᠢ᠌ᠭᠤᠯᠤᠭᠰᠠᠨ ᠡᠮᠴᠢᠯᠡᠭᠡᠨ᠎ᠤ ᠪᠠᠢ᠌ᠭᠤᠯᠤᠮᠵᠢ ᠵᠢᠨ ᠦᠨᠳᠦᠰᠦᠨ ᠪᠦᠲᠦᠭᠡᠨ ᠪᠠᠢ᠌ᠭᠤᠯᠤᠯᠲᠠ ᠪᠠ ᠲᠥᠬᠦᠭᠡᠷᠦᠮᠵᠢ ᠬᠤᠳᠠᠯᠳᠤᠨ ᠠᠪᠬᠤ᠂ ᠭᠣᠣᠯᠳᠠᠯᠭ᠎ᠠ ᠪᠣᠯᠬᠤ ᠬᠢᠴᠢᠶᠡᠯ ᠰᠢᠨᠵᠢᠯᠡᠭᠡᠨ᠎ᠤ ᠰᠠᠯᠠᠭ᠎ᠠ ᠵᠢ ᠬᠥᠭᠵᠢᠭᠦᠯᠬᠦ ᠵᠡᠷᠭᠡ᠎ᠳᠠᠬᠢ ᠵᠠᠰᠠᠭ᠎ᠤᠨ ᠣᠷᠳᠣᠨ᠎ᠤ ᠣᠷᠤᠭᠤᠯᠤᠯᠲᠠ ᠵᠢ ᠨᠠᠢ᠌ᠳᠠᠪᠤᠷᠢᠵᠢᠭᠤᠯᠤᠨ᠎ᠠ᠃ ᠬᠢᠲᠠᠳ ᠡᠮᠨᠡᠯᠭᠡ (ᠮᠣᠩᠭᠣᠯ ᠡᠮᠨᠡᠯᠭᠡ)᠂ ᠬᠠᠯᠳᠠᠪᠤᠷᠢᠲᠤ ᠡᠪᠡᠳᠴᠢᠨ᠂ ᠮᠡᠳᠡᠷᠡᠯ᠎ᠤᠨ ᠡᠪᠡᠳᠴᠢᠨ᠂ ᠠᠵᠢᠯ᠎ᠤᠨ ᠨᠥᠯᠥᠭᠡᠨ᠎ᠤ ᠡᠪᠡᠳᠴᠢᠨ᠎ᠢ ᠰᠡᠷᠭᠡᠢ᠌ᠯᠡᠨ ᠵᠠᠰᠠᠬᠤ᠂ ᠬᠥᠩᠭᠡᠵᠢᠭᠦᠯᠬᠦ ᠪᠠ ᠬᠡᠦᠬᠡᠳ ᠵᠡᠷᠭᠡ ᠲᠤᠰᠬᠠᠢ ᠰᠠᠯᠠᠭ᠋ᠠᠨ᠎ᠤ ᠡᠮᠴᠢᠯᠡᠭᠡᠨ᠎ᠤ ᠪᠠᠢ᠌ᠭᠤᠯᠤᠮᠵᠢ᠎ᠳᠠᠬᠢ ᠲᠥᠷᠥ ᠵᠢᠨ ᠪᠣᠳᠣᠯᠭ᠎ᠠ ᠵᠢᠨ ᠬᠡᠯᠪᠡᠶ᠋ᠢᠯᠲᠡ ᠵᠢᠨ ᠡᠷᠴᠢᠮ ᠵᠶ᠋ᠠᠨ ᠴᠢᠩᠭ᠋ᠠᠷᠠᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ)

      4. ᠠᠯᠪᠠᠨ᠎ᠠᠴᠠ ᠪᠠᠢ᠌ᠭᠤᠯᠤᠭᠰᠠᠨ ᠪᠤᠰᠤ ᠡᠮᠴᠢᠯᠡᠭᠡᠨ᠎ᠤ ᠪᠠᠢ᠌ᠭᠤᠯᠤᠮᠵᠢ ᠵᠢᠨ ᠦᠨ᠎ᠡ ᠬᠠᠩᠰᠢ ᠵᠢ ᠵᠢᠷᠤᠮᠵᠢᠭᠤᠯᠤᠨ᠎ᠠ᠃ ᠠᠯᠪᠠᠨ᠎ᠠᠴᠠ ᠪᠠᠢ᠌ᠭᠤᠯᠤᠭᠰᠠᠨ ᠡᠮᠴᠢᠯᠡᠭᠡᠨ᠎ᠤ ᠪᠠᠢ᠌ᠭᠤᠯᠤᠮᠵᠢ ᠪᠠ ᠠᠯᠪᠠᠨ᠎ᠠᠴᠠ ᠪᠠᠢ᠌ᠭᠤᠯᠤᠭᠰᠠᠨ ᠪᠤᠰᠤ ᠡᠮᠴᠢᠯᠡᠭᠡᠨ᠎ᠤ ᠪᠠᠢ᠌ᠭᠤᠯᠤᠮᠵᠢ ᠵᠢᠨ ᠬᠠᠷᠢᠯᠴᠠᠨ ᠠᠬᠢᠭᠤᠯᠤᠯᠴᠠᠵᠤ᠂ ᠬᠠᠮᠲᠤ᠎ᠪᠠᠷ ᠬᠥᠭᠵᠢᠬᠦ ᠦᠨ᠎ᠡ ᠬᠠᠩᠰᠢ ᠵᠢᠨ ᠬᠠᠮᠢᠶᠠᠷᠤᠯᠲᠠ ᠵᠢᠨ ᠪᠠᠢ᠌ᠷᠢᠰᠢᠯ᠎ᠢ ᠲᠦᠷᠭᠡᠳᠬᠡᠨ ᠪᠣᠶ ᠪᠣᠯᠭ᠋ᠠᠨ᠎ᠠ᠃ ᠠᠯᠪᠠᠨ᠎ᠠᠴᠠ ᠪᠠᠢ᠌ᠭᠤᠯᠤᠭᠰᠠᠨ ᠪᠤᠰᠤ ᠡᠮᠴᠢᠯᠡᠭᠡᠨ᠎ᠤ ᠪᠠᠢ᠌ᠭᠤᠯᠤᠮᠵᠢ ᠵᠢᠨ ᠬᠠᠩᠭ᠋ᠠᠭᠰᠠᠨ ᠡᠮᠴᠢᠯᠡᠭᠡᠨ᠎ᠤ ᠦᠢ᠍ᠯᠡᠴᠢᠯᠡᠭᠡ᠎ᠳᠤ᠂ ᠵᠠᠬ᠎ᠠ ᠳᠡᠯᠭᠡᠭᠦᠷ ᠵᠶ᠋ᠠᠷ ᠲᠣᠬᠢᠷᠠᠭᠤᠯᠬᠤ ᠦᠨ᠎ᠡ ᠵᠢᠨ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠵᠤ᠂ ᠲᠥᠪ ᠭᠣᠥᠯᠴᠢ ᠮᠥᠷᠲᠡᠭᠡᠨ ᠬᠠᠤᠯᠢ ᠶᠣᠰᠣᠨ᠎ᠳᠤ ᠨᠡᠢ᠌ᠴᠡᠬᠦ᠂ ᠦᠨᠡᠨᠴᠢ ᠢᠲᠡᠭᠡᠮᠵᠢᠲᠡᠢ ᠪᠠᠢ᠌ᠬᠤ᠂ ᠶᠠᠰᠤ ᠴᠢᠨᠠᠷ ᠪᠠ ᠦᠨ᠎ᠡ ᠬᠠᠩᠰᠢ᠎ᠨᠢ ᠬᠠᠷᠢᠯᠴᠠᠨ ᠨᠡᠢ᠌ᠴᠡᠬᠦ ᠵᠠᠷᠴᠢᠮ ᠶᠣᠰᠣᠭ᠋ᠠᠷ ᠦᠨ᠎ᠡ ᠬᠠᠩᠰᠢ ᠵᠢ ᠵᠦᠢ ᠵᠣᠬᠢᠰᠲᠠᠢ ᠲᠣᠭᠲᠠᠭ᠋ᠠᠵᠤ᠂ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠥ᠎ᠠᠴᠠ ᠲᠥᠯᠥᠪᠦᠷᠢᠯᠡᠬᠦ ᠬᠡᠪᠴᠢᠶᠡᠨ᠎ᠳᠤ ᠣᠷᠣᠭᠤᠯᠤᠭᠰᠠᠨ ᠪᠠᠢ᠌ᠪᠠᠯ ᠡᠮᠴᠢᠯᠡᠭᠡᠨ᠎ᠤ ᠳᠠᠭ᠋ᠠᠳᠬᠠᠯ᠎ᠤᠨ ᠵᠥᠪᠯᠡᠯᠴᠡᠭᠡᠷ ᠶᠣᠰᠣᠭ᠋ᠠᠷ ᠬᠠᠮᠢᠶᠠᠷᠤᠨ᠎ᠠ᠃ (ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ)

      (ᠭᠤᠷᠪᠠ) ᠵᠣᠬᠢᠶᠠᠨ ᠪᠠᠢ᠌ᠭᠤᠯᠤᠯᠲᠠ ᠵᠢᠨ ᠪᠠᠲᠤᠯᠠᠭ᠎ᠠ

       ᠡᠯ᠎ᠡ ᠭᠠᠵᠠᠷ ᠣᠷᠣᠨ᠂ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠨᠢ ᠵᠣᠬᠢᠶᠠᠨ ᠪᠠᠢ᠌ᠭᠤᠯᠵᠤ ᠤᠳᠤᠷᠢᠳᠬᠤ᠎ᠪᠠᠨ ᠴᠢᠩᠭ᠋ᠠᠳᠬᠠᠵᠤ᠂ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠥᠭᠡᠷᠡᠴᠢᠯᠡᠯᠲᠡ ᠵᠢᠨ ᠭᠣᠣᠯ ᠴᠣᠭᠴᠠ ᠵᠢᠨ ᠬᠠᠷᠢᠭᠤᠴᠠᠯᠭ᠎ᠠ᠎ᠪᠠᠨ ᠨᠠᠢ᠌ᠳᠠᠪᠤᠷᠢᠵᠢᠭᠤᠯᠵᠤ᠂ ᠠᠵᠢᠯ᠎ᠤᠨ ᠨᠡᠢ᠌ᠯᠡᠮᠡᠯ ᠬᠦᠴᠦᠨ᠎ᠢ ᠪᠣᠶ ᠪᠣᠯᠭ᠋ᠠᠬᠤ ᠬᠡᠷᠡᠭᠲᠡᠢ᠃ ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠠᠵᠢᠯ᠎ᠢ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠪᠠᠢ᠌ᠭᠤᠯᠤᠯ᠎ᠤᠨ ᠥᠭᠡᠷᠡᠴᠢᠯᠡᠯᠲᠡ ᠵᠢᠨ ᠴᠢᠬᠤᠯᠠ ᠠᠭᠤᠯᠭ᠎ᠠ᠎ᠳᠤ ᠣᠷᠣᠭᠤᠯᠵᠤ᠂ ᠬᠢᠨᠠᠯᠲᠠ ᠲᠠᠯᠪᠢᠨ ᠪᠠᠢ᠌ᠴᠠᠭ᠋ᠠᠯᠲᠠ ᠬᠢᠬᠦ᠎ᠪᠠᠨ ᠴᠢᠩᠭ᠋ᠠᠷᠠᠭᠤᠯᠬᠤ ᠬᠡᠷᠡᠭᠲᠡᠢ᠃ ᠲᠤᠰᠬᠠᠢ ᠮᠡᠷᠭᠡᠵᠢᠯᠲᠡᠨ᠎ᠤ ᠵᠥᠪᠯᠡᠯᠭᠡ ᠥᠭᠬᠦ ᠪᠦᠯᠬᠦᠮ᠎ᠢ ᠵᠣᠬᠢᠶᠠᠨ ᠪᠠᠢ᠌ᠭᠤᠯᠵᠤ᠂ ᠣᠶᠤᠨ᠎ᠤ ᠲᠤᠯᠭ᠋ᠠᠭᠤᠷᠢᠯᠠᠯ ᠬᠠᠩᠭ᠋ᠠᠬᠤ ᠬᠡᠷᠡᠭᠲᠡᠢ᠃ ᠤᠬᠠᠭᠤᠯᠭ᠎ᠠ ᠪᠣᠯᠪᠠᠰᠤᠷᠠᠯ᠎ᠢ ᠰᠠᠢ᠌ᠲᠤᠷ ᠬᠢᠵᠦ᠂ ᠦᠨ᠎ᠡ ᠬᠠᠩᠰᠢ ᠵᠢ ᠲᠣᠬᠢᠷᠠᠭᠤᠯᠬᠤ᠎ᠠᠴᠠ ᠡᠮᠦᠨᠡᠬᠢ ᠦᠨᠡᠯᠡᠨ ᠵᠢᠱ᠌ᠢᠯᠲᠡ᠂ ᠠᠵᠢᠯ ᠶᠠᠪᠤᠳᠠᠯ᠎ᠤᠨ ᠳᠤᠮᠳᠠᠬᠢ ᠬᠢᠨᠠᠨ ᠰᠢᠨᠵᠢᠯᠲᠡ᠂ ᠠᠵᠢᠯ ᠶᠠᠪᠤᠳᠠᠯ᠎ᠤᠨ ᠳᠠᠷᠠᠭ᠋ᠠᠬᠢ ᠰᠢᠯᠭ᠋ᠠᠨ ᠬᠢᠨᠠᠯᠲᠠ ᠵᠢ ᠥᠷᠨᠢᠭᠦᠯᠵᠦ᠂ ᠲᠦᠭᠰᠢᠭᠦᠷᠢ ᠵᠢ ᠰᠠᠨᠠᠭ᠋ᠠᠴᠢᠯᠠᠭ᠎ᠠ᠎ᠠᠴᠠ᠎ᠪᠠᠨ ᠠᠷᠢᠯᠭ᠋ᠠᠬᠤ ᠬᠡᠷᠡᠭᠲᠡᠢ᠃ (ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠂ ᠡᠳ᠋᠎ᠤᠨ ᠵᠠᠰᠠᠭ᠎ᠤᠨ ᠲᠢᠩᠬᠢᠮ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠲᠣᠭ᠎ᠠ ᠪᠦᠷᠢᠳᠬᠡᠯ᠎ᠤᠨ ᠲᠣᠪᠴᠢᠶ᠎ᠠ)

 

 

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ

ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ

 

                                       2024 ᠣᠨ᠎ᠤ 10 ᠳ᠋ᠤᠭ᠋ᠠᠷ ᠰᠠᠷ᠎ᠠ ᠵᠢᠨ 31᠎ᠤ ᠡᠳᠦᠷ ᠳᠠᠷᠤᠮᠠᠯᠯᠠᠨ ᠲᠠᠷᠬᠠᠭ᠋ᠠᠪᠠ

 

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ