ᠥᠪᠥᠷ ᠮᠣᠩᠭᠣᠯᠤᠨ ᠥᠪᠡᠷᠲᠡᠭᠡᠨ ᠵᠠᠰᠠᠬᠤ ᠣᠷᠣᠨᠤ ᠠᠷᠠᠳᠤᠨ ᠵᠠᠰᠠᠭᠤᠨ ᠣᠷᠳᠣᠨ
ᠥᠪᠥᠷ ᠵᠠᠰᠠᠭ ᠦᠰᠦᠭ [ 2024 ] 233 ᠳ᠋ᠤᠭ᠋ᠠᠷ ᠲᠣᠭ᠋ᠠᠲᠤ
《 ᠲᠦᠩᠯᠢᠶᠣᠣ ᠬᠣᠲᠠ ᠵᠢᠨ ᠬᠣᠷᠴᠢᠨ ᠲᠣᠭᠣᠷᠢᠭᠤᠨ ᠭᠠᠵᠠᠷ ᠰᠢᠷᠣᠢ ᠵᠢ
ᠲᠠᠲᠠᠪᠤᠷᠢᠯᠠᠨ ᠬᠤᠷᠢᠶᠠᠵᠤ ᠬᠡᠰᠡᠭ ᠵᠶ᠋ᠡᠷ ᠨᠡᠭᠡᠭᠡᠨ ᠬᠥᠭᠵᠢᠭᠦᠯᠬᠦ ᠲᠣᠬᠢᠷᠠᠭᠤᠯᠤᠯᠲᠠ ᠵᠢᠨ ᠲᠥᠰᠥᠯ (2022 – 2024 ᠣᠨ )》ᠤᠨ
ᠲᠤᠬᠠᠢ ᠥᠪᠥᠷ ᠮᠣᠩᠭᠣᠯᠤᠨ ᠥᠪᠡᠷᠲᠡᠭᠡᠨ ᠵᠠᠰᠠᠬᠤ ᠣᠷᠣᠨᠤ ᠠᠷᠠᠳᠤᠨ ᠵᠠᠰᠠᠭᠤᠨ ᠣᠷᠳᠣᠨᠤ ᠴᠣᠬᠣᠯᠠᠪᠤᠷᠢ
ᠲᠦᠩᠯᠢᠶᠣᠣ ᠬᠤᠲᠠ ᠵᠢᠨ ᠠᠷᠠᠳᠤᠨ ᠵᠠᠰᠠᠭᠤᠨ ᠣᠷᠳᠣᠨᠳᠤ ᠄
ᠲᠠᠨᠤ ᠬᠤᠲᠠ ᠵᠢᠨ 《ᠬᠣᠷᠴᠢᠨ ᠲᠣᠭᠣᠷᠢᠭᠤᠨ ᠭᠠᠵᠠᠷ ᠰᠢᠷᠣᠢ ᠵᠢ ᠲᠠᠲᠠᠪᠤᠷᠢᠯᠠᠨ ᠬᠤᠷᠢᠶᠠᠵᠤ ᠬᠡᠰᠡᠭ ᠵᠶ᠋ᠡᠷ ᠨᠡᠭᠡᠭᠡᠨ ᠬᠥᠭᠵᠢᠭᠦᠯᠬᠦ ᠲᠣᠬᠢᠷᠠᠭᠤᠯᠤᠯᠲᠠ ᠵᠢᠨ ᠲᠥᠰᠥᠯ (2022 – 2024 ᠣᠨ )ᠤᠨ ᠲᠤᠬᠠᠢ ᠡᠰᠢᠯᠡᠯᠲᠡ 》 (ᠲᠦᠩᠯᠢᠶᠣᠣ ᠵᠠᠰᠠᠭ ᠲᠠᠷᠬᠠᠭ᠋ᠠᠭᠰᠠᠨ [ 2024 ] 116 ᠳ᠋ᠤᠭ᠋ᠠᠷ ᠲᠣᠭ᠋ᠠᠲᠤ ) ᠵᠢ ᠭᠥᠯᠢᠶᠡᠨ ᠠᠪᠴᠤ ᠣᠢ᠌ᠯᠠᠭ᠋ᠠᠯᠠ ᠃ ᠡᠳᠦᠭᠡ ᠳᠣᠣᠷᠠᠬᠢ ᠮᠡᠲᠦ ᠴᠣᠬᠣᠯᠠᠪᠤᠷᠢᠯᠠᠪᠠ ᠄
ᠥᠪᠡᠷᠲᠡᠭᠡᠨ ᠵᠠᠰᠠᠬᠤ ᠣᠷᠣᠨᠤ ᠪᠠᠢ᠌ᠭ᠋ᠠᠯᠢ ᠵᠢᠨ ᠡᠬᠢ ᠪᠠᠶᠠᠯᠢᠭᠤᠨ ᠲᠢᠩᠬᠢᠮ ᠲᠤᠰᠬᠠᠢ ᠮᠡᠷᠭᠡᠵᠢᠯᠲᠡᠨᠢ ᠵᠣᠬᠢᠶᠠᠨ ᠪᠠᠢ᠌ᠭᠤᠯᠵᠤ ᠨᠤᠲᠠᠯᠠᠭᠤᠯᠬᠤ ᠪᠠ ᠬᠢᠨᠠᠨ ᠪᠠᠢ᠌ᠴᠠᠭ᠋ᠠᠯᠭ᠋ᠠᠭ᠋ᠠᠳ ᠂ 《ᠲᠦᠩᠯᠢᠶᠣᠣ ᠬᠣᠲᠠ ᠵᠢᠨ ᠬᠣᠷᠴᠢᠨ ᠲᠣᠭᠣᠷᠢᠭᠤᠨ ᠭᠠᠵᠠᠷ ᠰᠢᠷᠣᠢ ᠵᠢ ᠲᠠᠲᠠᠪᠤᠷᠢᠯᠠᠨ ᠬᠤᠷᠢᠶᠠᠵᠤ ᠬᠡᠰᠡᠭ ᠵᠶ᠋ᠡᠷ ᠨᠡᠭᠡᠭᠡᠨ ᠬᠥᠭᠵᠢᠭᠦᠯᠬᠦ ᠲᠣᠬᠢᠷᠠᠭᠤᠯᠤᠯᠲᠠ ᠵᠢᠨ ᠲᠥᠰᠥᠯ (2022 – 2024 ᠣᠨ )》ᠨᠢ 《ᠪᠦᠭᠦᠳᠡ ᠨᠠᠢ᠌ᠷᠠᠮᠳᠠᠬᠤ ᠲᠤᠮᠳᠠᠳᠤ ᠠᠷᠠᠳ ᠤᠯᠤᠰᠤᠨ ᠭᠠᠵᠠᠷ ᠰᠢᠷᠣᠢ ᠵᠢᠨ ᠬᠠᠮᠢᠶᠠᠷᠤᠯᠲᠠ ᠵᠢᠨ ᠬᠠᠤᠯᠢ 》 ᠪᠠ 《〈ᠭᠠᠵᠠᠷ ᠰᠢᠷᠣᠢ ᠵᠢ ᠲᠠᠲᠠᠪᠤᠷᠢᠯᠠᠨ ᠬᠤᠷᠢᠶᠠᠵᠤ ᠬᠡᠰᠡᠭ ᠵᠶ᠋ᠡᠷ ᠨᠡᠭᠡᠭᠡᠨ ᠬᠥᠭᠵᠢᠭᠦᠯᠬᠦ ᠪᠠᠷᠢᠮᠵᠢᠶᠠ 〉 ᠵᠢ ᠳᠠᠷᠤᠮᠠᠯᠯᠠᠨ ᠶᠠᠪᠤᠭᠤᠯᠬᠤ ᠲᠤᠬᠠᠢ ᠪᠠᠢ᠌ᠭ᠋ᠠᠯᠢ ᠵᠢᠨ ᠡᠬᠢ ᠪᠠᠶᠠᠯᠢᠭᠤᠨ ᠶᠠᠮᠤᠨᠤ ᠮᠡᠳᠡᠭᠳᠡᠯ 》 (ᠪᠠᠢ᠌ᠭ᠋ᠠᠯᠢ ᠡᠬᠢ ᠪᠠᠶᠠᠯᠢᠭ ᠲᠣᠭᠲᠠᠭ᠋ᠠᠯ [ 2023 ] 7 ᠳ᠋ᠤᠭ᠋ᠠᠷ ᠲᠣᠭ᠋ᠠᠲᠤ ) ᠵᠢᠴᠢ 《ᠥᠪᠥᠷ ᠮᠣᠩᠭᠣᠯᠤᠨ ᠥᠪᠡᠷᠲᠡᠭᠡᠨ ᠵᠠᠰᠠᠬᠤ ᠣᠷᠣᠨᠤ ᠭᠠᠵᠠᠷ ᠰᠢᠷᠣᠢ ᠵᠢ ᠲᠠᠲᠠᠪᠤᠷᠢᠯᠠᠨ ᠬᠤᠷᠢᠶᠠᠵᠤ ᠬᠡᠰᠡᠭ ᠵᠶ᠋ᠡᠷ ᠨᠡᠭᠡᠭᠡᠨ ᠬᠥᠭᠵᠢᠭᠦᠯᠬᠦ ᠵᠢ ᠬᠡᠷᠡᠭᠵᠢᠭᠦᠯᠬᠦ ᠨᠠᠷᠢᠨ ᠳᠦᠷᠢᠮ (ᠲᠤᠷᠰᠢᠨ ᠬᠡᠷᠡᠭᠵᠢᠭᠦᠯᠬᠦ )》ᠤᠨ ᠬᠣᠯᠪᠣᠭᠳᠠᠯ ᠪᠦᠬᠦᠢ ᠲᠣᠭᠲᠠᠭ᠋ᠠᠯ ᠪᠠ ᠱᠠᠭ᠋ᠠᠷᠳᠠᠯᠭᠠᠳᠤ ᠨᠡᠢ᠌ᠴᠡᠵᠦ ᠂ ᠤᠯᠤᠰᠤᠨ ᠨᠤᠲᠤᠭ ᠳᠡᠪᠢᠰᠬᠡᠷᠤᠨ ᠣᠷᠣᠨ ᠵᠠᠢ ᠵᠢᠨ ᠶᠡᠷᠦᠩᠬᠡᠢ ᠲᠥᠯᠦᠪᠵᠢᠭᠦᠯᠭᠡ ᠵᠢᠨ ᠬᠠᠮᠢᠶᠠᠷᠤᠨ ᠡᠵᠡᠮᠳᠡᠬᠦ ᠳᠦᠷᠢᠮᠳᠤ ᠨᠡᠢ᠌ᠴᠡᠵᠦ ᠪᠠᠢ᠌ᠨᠠ ᠂ ᠡᠢ᠌ᠨ ᠬᠦ᠌ 《ᠲᠦᠩᠯᠢᠶᠣᠣ ᠬᠣᠲᠠ ᠵᠢᠨ ᠬᠣᠷᠴᠢᠨ ᠲᠣᠭᠣᠷᠢᠭᠤᠨ ᠭᠠᠵᠠᠷ ᠰᠢᠷᠣᠢ ᠵᠢ ᠲᠠᠲᠠᠪᠤᠷᠢᠯᠠᠨ ᠬᠤᠷᠢᠶᠠᠵᠤ ᠬᠡᠰᠡᠭ ᠵᠶ᠋ᠡᠷ ᠨᠡᠭᠡᠭᠡᠨ ᠬᠥᠭᠵᠢᠭᠦᠯᠬᠦ ᠲᠣᠬᠢᠷᠠᠭᠤᠯᠤᠯᠲᠠ ᠵᠢᠨ ᠲᠥᠰᠥᠯ (2022 – 2024 ᠣᠨ )》ᠢ ᠵᠠᠷᠴᠢᠮ ᠳᠡᠭᠡᠷᠡᠪᠠᠨ ᠵᠥᠪᠰᠢᠶᠡᠷᠡᠪᠡ ᠂ ᠡᠯᠡ ᠵᠦᠢ᠍ᠯᠤᠨ ᠠᠵᠢᠯ ᠵᠶ᠋ᠠᠨ ᠬᠠᠤᠯᠢ ᠲᠣᠭᠲᠠᠭ᠋ᠠᠯ ᠶᠣᠰᠣᠭ᠋ᠠᠷ ᠰᠠᠢ᠌ᠲᠤᠷ ᠬᠢᠲᠦᠭᠡᠢ ᠃
2024 ᠣᠨᠤ 12 ᠳ᠋ᠤᠭ᠋ᠠᠷ ᠰᠠᠷᠠ ᠵᠢᠨ 8ᠤ ᠡᠳᠦᠷ
( ᠲᠤᠰ ᠪᠢᠴᠢᠭ ᠮᠠᠲᠸᠷᠢᠶᠠᠯᠢ ᠢᠯᠡ ᠨᠡᠢ᠌ᠲᠡᠯᠡᠨᠡ )