ᠥᠪᠥᠷ ᠮᠣᠩᠭᠣᠯᠤᠨ ᠥᠪᠡᠷᠲᠡᠭᠡᠨ ᠵᠠᠰᠠᠬᠤ ᠣᠷᠣᠨᠤ ᠠᠷᠠᠳᠤᠨ ᠵᠠᠰᠠᠭᠤᠨ ᠣᠷᠳᠣᠨ
ᠥᠪᠥᠷ ᠵᠠᠰᠠᠭ ᠦᠰᠦᠭ [ 2024 ] 234 ᠳ᠋ᠦ᠍ᠭᠡᠷ ᠲᠣᠭ᠋ᠠᠲᠤ
《ᠪᠤᠭᠤᠲᠤ ᠵᠢᠨ ᠬᠥᠨᠳᠡᠯᠡᠨ ᠠᠵᠤ ᠠᠬᠤᠢ ᠮᠡᠷᠭᠡᠵᠢᠯᠤᠨ ᠨᠡᠭᠡᠭᠡᠯᠲᠡ ᠵᠢᠨ ᠲᠣᠭᠣᠷᠢᠭᠤᠨ ᠭᠠᠵᠠᠷ ᠰᠢᠷᠣᠢ ᠵᠢ
ᠲᠠᠲᠠᠪᠤᠷᠢᠯᠠᠨ ᠬᠤᠷᠢᠶᠠᠵᠤ ᠬᠡᠰᠡᠭ ᠵᠶ᠋ᠡᠷ ᠨᠡᠭᠡᠭᠡᠨ ᠬᠥᠭᠵᠢᠭᠦᠯᠬᠦ ᠲᠥᠰᠥᠯ (2024 ᠣᠨ )》ᠤᠨ ᠲᠤᠬᠠᠢ
ᠥᠪᠥᠷ ᠮᠣᠩᠭᠣᠯᠤᠨ ᠥᠪᠡᠷᠲᠡᠭᠡᠨ ᠵᠠᠰᠠᠬᠤ ᠣᠷᠣᠨᠤ ᠠᠷᠠᠳᠤᠨ ᠵᠠᠰᠠᠭᠤᠨ ᠣᠷᠳᠣᠨᠤ ᠴᠣᠬᠣᠯᠠᠪᠤᠷᠢ
ᠪᠤᠭᠤᠲᠤ ᠬᠤᠲᠠ ᠵᠢᠨ ᠠᠷᠠᠳᠤᠨ ᠵᠠᠰᠠᠭᠤᠨ ᠣᠷᠳᠣᠨᠳᠤ ᠄
ᠲᠠᠨᠤ ᠬᠤᠲᠠ ᠵᠢᠨ 《〈ᠪᠤᠭᠤᠲᠤ ᠵᠢᠨ ᠬᠥᠨᠳᠡᠯᠡᠨ ᠠᠵᠤ ᠠᠬᠤᠢ ᠮᠡᠷᠭᠡᠵᠢᠯᠤᠨ ᠨᠡᠭᠡᠭᠡᠯᠲᠡ ᠵᠢᠨ ᠲᠣᠭᠣᠷᠢᠭᠤᠨ ᠭᠠᠵᠠᠷ ᠰᠢᠷᠣᠢ ᠵᠢ ᠲᠠᠲᠠᠪᠤᠷᠢᠯᠠᠨ ᠬᠤᠷᠢᠶᠠᠵᠤ ᠬᠡᠰᠡᠭ ᠵᠶ᠋ᠡᠷ ᠨᠡᠭᠡᠭᠡᠨ ᠬᠥᠭᠵᠢᠭᠦᠯᠬᠦ ᠲᠥᠰᠥᠯ (2024 ᠣᠨ ) 〉ᠢ ᠬᠢᠨᠠᠨ ᠬᠠᠷᠭᠤᠭᠤᠯᠵᠤ ᠵᠥᠪᠰᠢᠶᠡᠷᠡᠭᠦᠯᠬᠦ ᠲᠤᠬᠠᠢ ᠡᠰᠢᠯᠡᠯᠲᠡ》 ( ᠪᠤᠭᠤᠲᠤ ᠣᠷᠳᠣᠨ ᠮᠡᠳᠡᠭᠦᠯᠦᠯᠲᠡ [ 2024 ] 164 ᠳ᠋ᠦ᠍ᠭᠡᠷ ᠲᠣᠭ᠋ᠠᠲᠤ ) ᠵᠢ ᠭᠥᠯᠢᠶᠡᠨ ᠠᠪᠴᠤ ᠣᠢ᠌ᠯᠠᠭ᠋ᠠᠯᠠ ᠃ ᠡᠳᠦᠭᠡ ᠳᠣᠣᠷᠠᠬᠢ ᠮᠡᠲᠦ ᠴᠣᠬᠣᠯᠠᠪᠤᠷᠢᠯᠠᠪᠠ ᠄
ᠥᠪᠡᠷᠲᠡᠭᠡᠨ ᠵᠠᠰᠠᠬᠤ ᠣᠷᠣᠨᠤ ᠪᠠᠢ᠌ᠭ᠋ᠠᠯᠢ ᠵᠢᠨ ᠡᠬᠢ ᠪᠠᠶᠠᠯᠢᠭᠤᠨ ᠲᠢᠩᠬᠢᠮ ᠲᠤᠰᠬᠠᠢ ᠮᠡᠷᠭᠡᠵᠢᠯᠲᠡᠨᠢ ᠵᠣᠬᠢᠶᠠᠨ ᠪᠠᠢ᠌ᠭᠤᠯᠵᠤ ᠨᠤᠲᠠᠯᠠᠭᠤᠯᠬᠤ ᠪᠠ ᠬᠢᠨᠠᠨ ᠪᠠᠢ᠌ᠴᠠᠭ᠋ᠠᠯᠭ᠋ᠠᠭ᠋ᠠᠳ ᠂ 《ᠪᠤᠭᠤᠲᠤ ᠵᠢᠨ ᠬᠥᠨᠳᠡᠯᠡᠨ ᠠᠵᠤ ᠠᠬᠤᠢ ᠮᠡᠷᠭᠡᠵᠢᠯᠤᠨ ᠨᠡᠭᠡᠭᠡᠯᠲᠡ ᠵᠢᠨ ᠲᠣᠭᠣᠷᠢᠭᠤᠨ ᠭᠠᠵᠠᠷ ᠰᠢᠷᠣᠢ ᠵᠢ ᠲᠠᠲᠠᠪᠤᠷᠢᠯᠠᠨ ᠬᠤᠷᠢᠶᠠᠵᠤ ᠬᠡᠰᠡᠭ ᠵᠶ᠋ᠡᠷ ᠨᠡᠭᠡᠭᠡᠨ ᠬᠥᠭᠵᠢᠭᠦᠯᠬᠦ ᠲᠥᠰᠥᠯ (2024 ᠣᠨ )》ᠨᠢ 《ᠪᠦᠭᠦᠳᠡ ᠨᠠᠢ᠌ᠷᠠᠮᠳᠠᠬᠤ ᠲᠤᠮᠳᠠᠳᠤ ᠠᠷᠠᠳ ᠤᠯᠤᠰᠤᠨ ᠭᠠᠵᠠᠷ ᠰᠢᠷᠣᠢ ᠵᠢᠨ ᠬᠠᠮᠢᠶᠠᠷᠤᠯᠲᠠ ᠵᠢᠨ ᠬᠠᠤᠯᠢ 》 ᠪᠠ 《〈ᠭᠠᠵᠠᠷ ᠰᠢᠷᠣᠢ ᠵᠢ ᠲᠠᠲᠠᠪᠤᠷᠢᠯᠠᠨ ᠬᠤᠷᠢᠶᠠᠵᠤ ᠬᠡᠰᠡᠭ ᠵᠶ᠋ᠡᠷ ᠨᠡᠭᠡᠭᠡᠨ ᠬᠥᠭᠵᠢᠭᠦᠯᠬᠦ ᠪᠠᠷᠢᠮᠵᠢᠶᠠ 〉 ᠵᠢ ᠳᠠᠷᠤᠮᠠᠯᠯᠠᠨ ᠶᠠᠪᠤᠭᠤᠯᠬᠤ ᠲᠤᠬᠠᠢ ᠪᠠᠢ᠌ᠭ᠋ᠠᠯᠢ ᠵᠢᠨ ᠡᠬᠢ ᠪᠠᠶᠠᠯᠢᠭᠤᠨ ᠶᠠᠮᠤᠨᠤ ᠮᠡᠳᠡᠭᠳᠡᠯ 》 (ᠪᠠᠢ᠌ᠭ᠋ᠠᠯᠢ ᠡᠬᠢ ᠪᠠᠶᠠᠯᠢᠭ ᠲᠣᠭᠲᠠᠭ᠋ᠠᠯ [ 2023 ] 7 ᠳ᠋ᠤᠭ᠋ᠠᠷ ᠲᠣᠭ᠋ᠠᠲᠤ ) ᠵᠢᠴᠢ 《ᠥᠪᠥᠷ ᠮᠣᠩᠭᠣᠯᠤᠨ ᠥᠪᠡᠷᠲᠡᠭᠡᠨ ᠵᠠᠰᠠᠬᠤ ᠣᠷᠣᠨᠤ ᠭᠠᠵᠠᠷ ᠰᠢᠷᠣᠢ ᠵᠢ ᠲᠠᠲᠠᠪᠤᠷᠢᠯᠠᠨ ᠬᠤᠷᠢᠶᠠᠵᠤ ᠬᠡᠰᠡᠭ ᠵᠶ᠋ᠡᠷ ᠨᠡᠭᠡᠭᠡᠨ ᠬᠥᠭᠵᠢᠭᠦᠯᠬᠦ ᠵᠢ ᠬᠡᠷᠡᠭᠵᠢᠭᠦᠯᠬᠦ ᠨᠠᠷᠢᠨ ᠳᠦᠷᠢᠮ (ᠲᠤᠷᠰᠢᠨ ᠬᠡᠷᠡᠭᠵᠢᠭᠦᠯᠬᠦ )》ᠤᠨ ᠬᠣᠯᠪᠣᠭᠳᠠᠯ ᠪᠦᠬᠦᠢ ᠲᠣᠭᠲᠠᠭ᠋ᠠᠯ ᠪᠠ ᠱᠠᠭ᠋ᠠᠷᠳᠠᠯᠭᠠᠳᠤ ᠨᠡᠢ᠌ᠴᠡᠵᠦ ᠂ ᠤᠯᠤᠰᠤᠨ ᠨᠤᠲᠤᠭ ᠳᠡᠪᠢᠰᠬᠡᠷᠤᠨ ᠣᠷᠣᠨ ᠵᠠᠢ ᠵᠢᠨ ᠶᠡᠷᠦᠩᠬᠡᠢ ᠲᠥᠯᠦᠪᠵᠢᠭᠦᠯᠭᠡ ᠵᠢᠨ ᠬᠠᠮᠢᠶᠠᠷᠤᠨ ᠡᠵᠡᠮᠳᠡᠬᠦ ᠳᠦᠷᠢᠮᠳᠤ ᠨᠡᠢ᠌ᠴᠡᠵᠦ ᠪᠠᠢ᠌ᠨᠠ ᠂ ᠡᠢ᠌ᠨ ᠬᠦ᠌ 《ᠪᠤᠭᠤᠲᠤ ᠵᠢᠨ ᠬᠥᠨᠳᠡᠯᠡᠨ ᠠᠵᠤ ᠠᠬᠤᠢ ᠮᠡᠷᠭᠡᠵᠢᠯᠤᠨ ᠨᠡᠭᠡᠭᠡᠯᠲᠡ ᠵᠢᠨ ᠲᠣᠭᠣᠷᠢᠭᠤᠨ ᠭᠠᠵᠠᠷ ᠰᠢᠷᠣᠢ ᠵᠢ ᠲᠠᠲᠠᠪᠤᠷᠢᠯᠠᠨ ᠬᠤᠷᠢᠶᠠᠵᠤ ᠬᠡᠰᠡᠭ ᠵᠶ᠋ᠡᠷ ᠨᠡᠭᠡᠭᠡᠨ ᠬᠥᠭᠵᠢᠭᠦᠯᠬᠦ ᠲᠥᠰᠥᠯ (2024 ᠣᠨ )》ᠢ ᠵᠠᠷᠴᠢᠮ ᠳᠡᠭᠡᠷᠡᠪᠠᠨ ᠵᠥᠪᠰᠢᠶᠡᠷᠡᠪᠡ ᠂ ᠡᠯᠡ ᠵᠦᠢ᠍ᠯᠤᠨ ᠠᠵᠢᠯ ᠵᠶ᠋ᠠᠨ ᠬᠠᠤᠯᠢ ᠲᠣᠭᠲᠠᠭ᠋ᠠᠯ ᠶᠣᠰᠣᠭ᠋ᠠᠷ ᠰᠠᠢ᠌ᠲᠤᠷ ᠬᠢᠲᠦᠭᠡᠢ ᠃
2024 ᠣᠨᠤ 12 ᠳ᠋ᠤᠭ᠋ᠠᠷ ᠰᠠᠷᠠ ᠵᠢᠨ 9ᠤ ᠡᠳᠦᠷ
(ᠲᠤᠰ ᠪᠢᠴᠢᠭ ᠮᠠᠲᠸᠷᠢᠶᠠᠯᠢ ᠢᠯᠡ ᠨᠡᠢ᠌ᠲᠡᠯᠡᠨᠡ )