ᠢᠯᠡ ᠵᠠᠰᠠᠭ   -   ᠵᠠᠰᠠᠭ᠎ᠤᠨ ᠤᠷᠳᠤᠨ᠎ᠤ ᠪᠢᠴᠢᠭ ᠮᠠᠲ᠋ᠧᠷᠢᠶᠠᠯ
《ᠤᠯᠠᠭ᠋ᠠᠨᠬᠠᠳᠠ ᠬᠤᠲᠠ ᠵᠢᠨ ᠶᠤᠸᠠᠨ ᠪᠤᠤ ᠱᠠᠨ ᠲᠣᠭᠣᠷᠢᠭ᠎ᠤᠨ ᠭᠠᠵᠠᠷ ᠰᠢᠷᠣᠢ ᠵᠢ ᠲᠠᠲᠠᠪᠤᠷᠢᠯᠠᠨ ᠬᠤᠷᠢᠶᠠᠵᠤ ᠬᠡᠰᠡᠭ ᠵᠶ᠋ᠡᠷ ᠨᠡᠭᠡᠭᠡᠨ ᠬᠥᠭᠵᠢᠭᠦᠯᠬᠦ ᠲᠥᠰᠥᠯ (2024 ᠣᠨ)》᠎ᠤᠨ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠴᠣᠬᠣᠯᠠᠪᠤᠷᠢ
ᠨᠡᠶ᠋ᠢᠲᠡᠯᠡᠭᠰᠡᠨ ᠴᠠᠭ᠄ 2025-01-17

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ

ᠥᠪᠥᠷ ᠵᠠᠰᠠᠭ ᠦᠰᠦᠭ [2024] 237 ᠳ᠋ᠤᠭ᠋ᠠᠷ ᠲᠣᠭ᠋ᠠᠲᠤ

 

《ᠤᠯᠠᠭ᠋ᠠᠨᠬᠠᠳᠠ ᠬᠤᠲᠠ ᠵᠢᠨ ᠶᠤᠸᠠᠨ ᠪᠤᠤ ᠱᠠᠨ ᠲᠣᠭᠣᠷᠢᠭ᠎ᠤᠨ ᠭᠠᠵᠠᠷ ᠰᠢᠷᠣᠢ ᠵᠢ ᠲᠠᠲᠠᠪᠤᠷᠢᠯᠠᠨ ᠬᠤᠷᠢᠶᠠᠵᠤ ᠬᠡᠰᠡᠭ ᠵᠶ᠋ᠡᠷ ᠨᠡᠭᠡᠭᠡᠨ ᠬᠥᠭᠵᠢᠭᠦᠯᠬᠦ ᠲᠥᠰᠥᠯ

(2024 ᠣᠨ)》᠎ᠤᠨ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠴᠣᠬᠣᠯᠠᠪᠤᠷᠢ

 

ᠤᠯᠠᠭ᠋ᠠᠨᠬᠠᠳᠠ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠳᠤ᠄

     ᠲᠠᠨ᠎ᠤ ᠬᠤᠲᠠ ᠵᠢᠨ 《ᠤᠯᠠᠭ᠋ᠠᠨᠬᠠᠳᠠ ᠬᠤᠲᠠ ᠵᠢᠨ  ᠶᠤᠸᠠᠨ ᠪᠤᠤ ᠱᠠᠨ ᠲᠣᠭᠣᠷᠢᠭ᠎ᠤᠨ ᠭᠠᠵᠠᠷ ᠰᠢᠷᠣᠢ ᠵᠢ ᠲᠠᠲᠠᠪᠤᠷᠢᠯᠠᠨ ᠬᠤᠷᠢᠶᠠᠵᠤ ᠬᠡᠰᠡᠭ ᠵᠶ᠋ᠡᠷ ᠨᠡᠭᠡᠭᠡᠨ ᠬᠥᠭᠵᠢᠭᠦᠯᠬᠦ ᠲᠥᠰᠥᠯ (2024 ᠣᠨ)᠎ᠤᠨ ᠲᠤᠬᠠᠢ ᠡᠰᠢᠯᠡᠯᠲᠡ》 (ᠤᠯᠠᠭ᠋ᠠᠨᠬᠠᠳᠠ ᠵᠠᠰᠠᠭ ᠮᠡᠳᠡᠭᠦᠯᠦᠯᠲᠡ [2024] 179 ᠳ᠋ᠦ᠍ᠭᠡᠷ ᠲᠣᠭ᠋ᠠᠲᠤ) ᠵᠢ ᠭᠥᠯᠢᠶᠡᠨ ᠠᠪᠴᠤ ᠣᠢ᠌ᠯᠠᠭ᠋ᠠᠯ᠎ᠠ᠃ ᠡᠳᠦᠭᠡ ᠳᠣᠣᠷᠠᠬᠢ ᠮᠡᠲᠦ ᠴᠣᠬᠣᠯᠠᠪᠤᠷᠢᠯᠠᠪᠠ᠄

     ᠥᠪᠡᠷᠲᠡᠭᠡᠨ ᠵᠠᠰᠠᠬᠤ ᠣᠷᠣᠨ᠎ᠤ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠢᠩᠬᠢᠮ ᠲᠤᠰᠬᠠᠢ ᠮᠡᠷᠭᠡᠵᠢᠯᠲᠡᠨ᠎ᠢ ᠵᠣᠬᠢᠶᠠᠨ ᠪᠠᠢ᠌ᠭᠤᠯᠵᠤ ᠨᠤᠲᠠᠯᠠᠭᠤᠯᠬᠤ ᠪᠠ ᠬᠢᠨᠠᠨ ᠪᠠᠢ᠌ᠴᠠᠭ᠋ᠠᠯᠭ᠋ᠠᠭ᠋ᠠᠳ᠂ 《ᠤᠯᠠᠭ᠋ᠠᠨᠬᠠᠳᠠ ᠬᠤᠲᠠ ᠵᠢᠨ ᠶᠤᠸᠠᠨ ᠪᠤᠤ ᠱᠠᠨ ᠲᠣᠭᠣᠷᠢᠭ᠎ᠤᠨ ᠭᠠᠵᠠᠷ ᠰᠢᠷᠣᠢ ᠵᠢ ᠲᠠᠲᠠᠪᠤᠷᠢᠯᠠᠨ ᠬᠤᠷᠢᠶᠠᠵᠤ ᠬᠡᠰᠡᠭ ᠵᠶ᠋ᠡᠷ ᠨᠡᠭᠡᠭᠡᠨ ᠬᠥᠭᠵᠢᠭᠦᠯᠬᠦ ᠲᠥᠰᠥᠯ (2024 ᠣᠨ)》᠎ᠨᠢ 《ᠪᠦᠭᠦᠳᠡ ᠨᠠᠢ᠌ᠷᠠᠮᠳᠠᠬᠤ ᠲᠤᠮᠳᠠᠳᠤ ᠠᠷᠠᠳ ᠤᠯᠤᠰ᠎ᠤᠨ ᠭᠠᠵᠠᠷ ᠰᠢᠷᠣᠢ ᠵᠢᠨ ᠬᠠᠮᠢᠶᠠᠷᠤᠯᠲᠠ ᠵᠢᠨ ᠬᠠᠤᠯᠢ》 ᠪᠠ 《〈ᠭᠠᠵᠠᠷ ᠰᠢᠷᠣᠢ ᠵᠢ ᠲᠠᠲᠠᠪᠤᠷᠢᠯᠠᠨ ᠬᠤᠷᠢᠶᠠᠵᠤ ᠬᠡᠰᠡᠭ ᠵᠶ᠋ᠡᠷ ᠨᠡᠭᠡᠭᠡᠨ ᠬᠥᠭᠵᠢᠭᠦᠯᠬᠦ ᠪᠠᠷᠢᠮᠵᠢᠶ᠎ᠠ〉 ᠵᠢ ᠳᠠᠷᠤᠮᠠᠯᠯᠠᠨ ᠶᠠᠪᠤᠭᠤᠯᠬᠤ ᠲᠤᠬᠠᠢ ᠪᠠᠢ᠌ᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠤ ᠮᠡᠳᠡᠭᠳᠡᠯ》 (ᠪᠠᠢ᠌ᠭ᠋ᠠᠯᠢ ᠡᠬᠢ ᠪᠠᠶᠠᠯᠢᠭ ᠲᠣᠭᠲᠠᠭ᠋ᠠᠯ [2023] 7 ᠳ᠋ᠤᠭ᠋ᠠᠷ ᠲᠣᠭ᠋ᠠᠲᠤ) ᠵᠢᠴᠢ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠵᠠᠷ ᠰᠢᠷᠣᠢ ᠵᠢ ᠲᠠᠲᠠᠪᠤᠷᠢᠯᠠᠨ ᠬᠤᠷᠢᠶᠠᠵᠤ ᠬᠡᠰᠡᠭ ᠵᠶ᠋ᠡᠷ ᠨᠡᠭᠡᠭᠡᠨ ᠬᠥᠭᠵᠢᠭᠦᠯᠬᠦ ᠵᠢ ᠬᠡᠷᠡᠭᠵᠢᠭᠦᠯᠬᠦ ᠨᠠᠷᠢᠨ ᠳᠦᠷᠢᠮ (ᠲᠤᠷᠰᠢᠨ ᠬᠡᠷᠡᠭᠵᠢᠭᠦᠯᠬᠦ)》᠎ᠤᠨ ᠬᠣᠯᠪᠣᠭᠳᠠᠯ ᠪᠦᠬᠦᠢ ᠲᠣᠭᠲᠠᠭ᠋ᠠᠯ ᠪᠠ ᠱᠠᠭ᠋ᠠᠷᠳᠠᠯᠭ᠎ᠠ᠎ᠳᠤ ᠨᠡᠢ᠌ᠴᠡᠵᠦ᠂ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠶᠡᠷᠦᠩᠬᠡᠢ ᠲᠥᠯᠦᠪᠵᠢᠭᠦᠯᠭᠡ ᠵᠢᠨ ᠬᠠᠮᠢᠶᠠᠷᠤᠨ ᠡᠵᠡᠮᠳᠡᠬᠦ ᠳᠦᠷᠢᠮ᠎ᠳᠤ ᠨᠡᠢ᠌ᠴᠡᠵᠦ ᠪᠠᠢ᠌ᠨ᠎ᠠ᠃ ᠡᠢ᠌ᠨ ᠬᠦ᠌ 《ᠤᠯᠠᠭ᠋ᠠᠨᠬᠠᠳᠠ ᠬᠤᠲᠠ ᠵᠢᠨ  ᠶᠤᠸᠠᠨ ᠪᠤᠤ ᠱᠠᠨ ᠲᠣᠭᠣᠷᠢᠭ᠎ᠤᠨ ᠭᠠᠵᠠᠷ ᠰᠢᠷᠣᠢ ᠵᠢ ᠲᠠᠲᠠᠪᠤᠷᠢᠯᠠᠨ ᠬᠤᠷᠢᠶᠠᠵᠤ ᠬᠡᠰᠡᠭ ᠵᠶ᠋ᠡᠷ ᠨᠡᠭᠡᠭᠡᠨ ᠬᠥᠭᠵᠢᠭᠦᠯᠬᠦ ᠲᠥᠰᠥᠯ (2024 ᠣᠨ)》᠎ᠢ ᠵᠠᠷᠴᠢᠮ ᠳᠡᠭᠡᠷ᠎ᠡ᠎ᠪᠠᠨ ᠵᠥᠪᠰᠢᠶᠡᠷᠡᠪᠡ᠂ ᠡᠯ᠎ᠡ ᠵᠦᠢ᠍ᠯ᠎ᠤᠨ ᠠᠵᠢᠯ ᠵᠶ᠋ᠠᠨ ᠬᠠᠤᠯᠢ ᠲᠣᠭᠲᠠᠭ᠋ᠠᠯ ᠶᠣᠰᠣᠭ᠋ᠠᠷ ᠰᠠᠢ᠌ᠲᠤᠷ ᠬᠢᠲᠦᠭᠡᠢ᠃

 

2024  ᠣᠨ᠎ᠤ 12  ᠳ᠋ᠤᠭ᠋ᠠᠷ ᠰᠠᠷ᠎ᠠ ᠵᠢᠨ 16 ᠎ᠤ ᠡᠳᠦᠷ

(ᠲᠤᠰ ᠪᠢᠴᠢᠭ ᠮᠠᠲ᠋ᠧᠷᠢᠶᠠᠯ᠎ᠢ ᠢᠯᠡ ᠨᠡᠢ᠌ᠲᠡᠯᠡᠨ᠎ᠡ)

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ