ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠢᠴᠢᠭ ᠮᠠᠲ᠋ᠧᠷᠢᠶᠠᠯ
ᠥᠪᠥᠷ ᠵᠠᠰᠠᠭ ᠲᠠᠷᠬᠠᠭ᠋ᠠᠭᠰᠠᠨ [2024] 38 ᠳ᠋ᠤᠭ᠋ᠠᠷ ᠲᠣᠭ᠋ᠠᠲᠤ
ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠳᠠᠢ ᠬᠡᠰᠡᠭ ᠪᠢᠴᠢᠭ ᠮᠠᠲ᠋ᠧᠷᠢᠶᠠᠯ᠎ᠢ ᠬᠦᠴᠦᠨ ᠦᠭᠡᠢ ᠪᠣᠯᠭ᠋ᠠᠬᠤ ᠪᠠ
ᠬᠦᠴᠦᠨ ᠦᠭᠡᠢ ᠪᠣᠯᠣᠭᠰᠠᠨ᠎ᠢ᠎ᠨᠢ ᠨᠡᠶ᠋ᠢᠲᠡᠯᠡᠬᠦ ᠲᠤᠬᠠᠢ ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠮᠡᠳᠡᠭᠳᠡᠯ
ᠡᠯ᠎ᠡ ᠠᠶ᠋ᠢᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠦ ᠠᠵᠤ ᠠᠬᠤᠶ᠋ᠢᠯᠠᠯ᠂ ᠠᠵᠢᠯ ᠦᠢ᠍ᠯᠡᠰ᠎ᠤᠨ ᠨᠢᠭᠡᠴᠢ᠎ᠳᠤ᠄
ᠡᠳᠦᠭᠡ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠦᠴᠦᠨ ᠦᠭᠡᠢ ᠪᠣᠯᠭ᠋ᠠᠬᠤ ᠪᠠ ᠬᠦᠴᠦᠨ ᠦᠭᠡᠢ ᠪᠣᠯᠣᠭᠰᠠᠨ᠎ᠢ᠎ᠨᠢ ᠨᠡᠢ᠍ᠲᠡᠯᠡᠬᠦ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠤᠨ ᠭᠠᠷᠴᠠᠭ》᠎ᠢ ᠲᠠ ᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠭᠠᠷᠴᠠᠭ᠎ᠲᠤ ᠣᠷᠣᠭᠤᠯᠤᠭᠰᠠᠨ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠲᠣᠰ ᠮᠡᠳᠡᠭᠳᠡᠯ᠎ᠢ ᠳᠠᠷᠤᠮᠠᠯᠯᠠᠨ ᠲᠠᠷᠬᠠᠭ᠋ᠠᠭᠰᠠᠨ ᠡᠳᠦᠷ᠎ᠠᠴᠠ ᠡᠬᠢᠯᠡᠨ ᠬᠡᠷᠡᠭᠵᠢᠭᠦᠯᠬᠦ᠎ᠪᠠᠨ ᠵᠣᠭᠰᠣᠭ᠋ᠠᠵᠤ᠂ ᠳᠠᠬᠢᠵᠤ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠦᠨᠳᠦᠰᠦᠯᠡᠯ ᠪᠣᠯᠭ᠋ᠠᠵᠤ ᠪᠣᠯᠬᠤ ᠦᠭᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠨᠢᠭᠡᠴᠢ᠎ᠨᠢ ᠨᠡᠶ᠋ᠢᠲᠡᠯᠡᠭᠰᠡᠨ ᠬᠠᠮᠢᠶ᠎ᠠ ᠪᠦᠬᠦᠢ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠴᠠᠭ ᠲᠤᠬᠠᠶ᠎ᠳᠤᠨᠢ ᠢᠯᠭ᠋ᠠᠷᠠᠭᠤᠯᠵᠤ᠂ ᠲᠥᠷᠥ ᠵᠢᠨ ᠪᠣᠳᠣᠯᠭ᠎ᠠ ᠵᠢᠨ ᠵᠣᠯᠭ᠋ᠠᠭᠤᠯᠤᠯᠲᠠ ᠵᠢ ᠰᠠᠶ᠋ᠢᠲᠤᠷ ᠬᠢᠲᠦᠭᠡᠢ᠃
2024 ᠣᠨ᠎ᠤ 12 ᠳ᠋ᠤᠭ᠋ᠠᠷ ᠰᠠᠷ᠎ᠠ ᠵᠢᠨ 31᠎ᠤ ᠡᠳᠦᠷ
(ᠲᠤᠰ ᠪᠢᠴᠢᠭ ᠮᠠᠲ᠋ᠧᠷᠢᠶᠠᠯ᠎ᠢ ᠢᠯᠡ ᠨᠡᠢ᠌ᠲᠡᠯᠡᠨ᠎ᠡ)


