ᠢᠯᠡ ᠵᠠᠰᠠᠭ   -   ᠵᠠᠰᠠᠭ᠎ᠤᠨ ᠤᠷᠳᠤᠨ᠎ᠤ ᠪᠢᠴᠢᠭ ᠮᠠᠲ᠋ᠧᠷᠢᠶᠠᠯ
ᠮᠠᠢ᠌ᠳᠠᠷ ᠤᠰᠤ ᠲᠠᠲᠠᠵᠤ ᠡᠨᠧᠷᠭᠢ ᠬᠠᠳᠠᠭ᠋ᠠᠯᠠᠬᠤ ᠴᠠᠬᠢᠯᠭ᠋ᠠᠨ ᠦᠷᠲᠡᠭᠡ ᠵᠢᠨ ᠪᠦᠲᠦᠭᠡᠨ ᠪᠠᠢ᠌ᠭᠤᠯᠤᠯᠲᠠ ᠵᠢᠨ ᠭᠠᠵᠠᠷ ᠰᠢᠷᠣᠢ ᠲᠠᠲᠠᠪᠤᠷᠢᠯᠠᠬᠤ ᠬᠡᠪᠴᠢᠶᠡᠨ ᠳᠣᠲᠣᠷ᠎ᠠ ᠪᠦᠲᠦᠭᠡᠨ ᠪᠠᠢ᠌ᠭᠤᠯᠤᠯᠲᠠ ᠵᠢᠨ ᠲᠦᠷᠦᠯ ᠵᠦᠢ᠍ᠯ ᠰᠢᠨ᠎ᠡ᠎ᠪᠠᠷ ᠨᠡᠮᠡᠭᠳᠡᠭᠦᠯᠬᠦ ᠪᠠ ᠬᠥᠮᠥᠨ ᠠᠮᠠ ᠨᠡᠭᠦᠯᠭᠡᠨ ᠣᠷᠤᠭᠤᠯᠬᠤ ᠵᠢ ᠴᠠᠭ᠋ᠠᠵᠠᠯᠠᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠷᠯᠠᠯ
ᠨᠡᠶ᠋ᠢᠲᠡᠯᠡᠭᠰᠡᠨ ᠴᠠᠭ᠄ 2025-01-23

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ

ᠥᠪᠥᠷ ᠵᠠᠰᠠᠭ ᠦᠰᠦᠭ [2024] 244 ᠳ᠋ᠦ᠍ᠭᠡᠷ ᠲᠣᠭ᠋ᠠᠲᠤ

 

ᠮᠠᠢ᠌ᠳᠠᠷ ᠤᠰᠤ ᠲᠠᠲᠠᠵᠤ ᠡᠨᠧᠷᠭᠢ ᠬᠠᠳᠠᠭ᠋ᠠᠯᠠᠬᠤ ᠴᠠᠬᠢᠯᠭ᠋ᠠᠨ ᠦᠷᠲᠡᠭᠡ ᠵᠢᠨ ᠪᠦᠲᠦᠭᠡᠨ ᠪᠠᠢ᠌ᠭᠤᠯᠤᠯᠲᠠ ᠵᠢᠨ ᠭᠠᠵᠠᠷ ᠰᠢᠷᠣᠢ ᠲᠠᠲᠠᠪᠤᠷᠢᠯᠠᠬᠤ ᠬᠡᠪᠴᠢᠶᠡᠨ ᠳᠣᠲᠣᠷ᠎ᠠ ᠪᠦᠲᠦᠭᠡᠨ ᠪᠠᠢ᠌ᠭᠤᠯᠤᠯᠲᠠ ᠵᠢᠨ ᠲᠦᠷᠦᠯ ᠵᠦᠢ᠍ᠯ ᠰᠢᠨ᠎ᠡ᠎ᠪᠠᠷ ᠨᠡᠮᠡᠭᠳᠡᠭᠦᠯᠬᠦ ᠪᠠ ᠬᠥᠮᠥᠨ ᠠᠮᠠ ᠨᠡᠭᠦᠯᠭᠡᠨ ᠣᠷᠤᠭᠤᠯᠬᠤ ᠵᠢ ᠴᠠᠭ᠋ᠠᠵᠠᠯᠠᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠷᠯᠠᠯ

 

ᠪᠤᠭᠤᠲᠤ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ  ᠂ ᠥᠪᠡᠷᠲᠡᠭᠡᠨ ᠵᠠᠰᠠᠬᠤ ᠣᠷᠣᠨ᠎ᠤ ᠡᠯ᠎ᠡ ᠬᠣᠯᠪᠣᠭᠳᠠᠯ ᠪᠦᠬᠦᠢ ᠵᠥᠪᠯᠡᠯ  ᠂ ᠠᠯᠪᠠᠨ ᠭᠡᠷ  ᠂ ᠲᠢᠩᠬᠢᠮ  ᠂ ᠲᠣᠪᠴᠢᠶ᠎ᠠ᠎ᠳᠤ᠄

    ᠮᠠᠢ᠌ᠳᠠᠷ ᠤᠰᠤ ᠲᠠᠲᠠᠵᠤ ᠡᠨᠧᠷᠭᠢ ᠬᠠᠳᠠᠭ᠋ᠠᠯᠠᠬᠤ ᠴᠠᠬᠢᠯᠭ᠋ᠠᠨ ᠥᠷᠲᠡᠭᠡ ᠪᠣᠯ ᠤᠯᠤᠰ᠎ᠤᠨ ᠡᠨᠧᠷᠭᠢ ᠵᠢᠨ ᠲᠣᠪᠴᠢᠶ᠎ᠠ ᠴᠣᠬᠣᠯᠠᠪᠤᠷᠢᠯᠠᠭ᠋ᠠᠳ ᠲᠣᠭᠲᠠᠭ᠋ᠠᠭᠰᠠᠨ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠭᠣᠣᠯᠳᠠᠯᠭ᠎ᠠ᠎ᠲᠠᠢ ᠬᠡᠷᠡᠭᠵᠢᠭᠦᠯᠬᠦ ᠲᠥᠷᠥᠯ ᠵᠦᠢ᠍ᠯ ᠪᠣᠯᠣᠨ᠎ᠠ᠃ ᠪᠠᠷᠢᠯᠭ᠎ᠠ ᠵᠢᠨ ᠪᠦᠲᠦᠭᠡᠨ ᠪᠠᠢ᠌ᠭᠤᠯᠤᠯᠲᠠ ᠵᠢᠨ ᠭᠠᠵᠠᠷ ᠰᠢᠷᠣᠢ ᠲᠠᠲᠠᠪᠤᠷᠢᠯᠠᠬᠤ ᠪᠠ ᠠᠷᠠᠳ᠎ᠢ ᠨᠡᠭᠦᠯᠭᠡᠨ ᠲᠥᠪᠬᠢᠨᠡᠭᠦᠯᠬᠦ ᠠᠵᠢᠯ᠎ᠤᠨ ᠤᠷᠤᠭᠰᠢᠲᠠᠢ ᠶᠠᠪᠤᠭᠳᠠᠬᠤ ᠵᠢ ᠦᠨᠡᠨ ᠬᠦ᠌ ᠪᠠᠲᠤᠯᠠᠬᠤ ᠵᠢᠨ ᠲᠤᠰᠠᠳᠠ᠂ 《ᠲᠣᠮᠣ ᠳᠤᠮᠳᠠ ᠬᠡᠯᠪᠡᠷᠢ ᠵᠢᠨ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢᠨ ᠭᠠᠵᠠᠷ ᠰᠢᠷᠣᠢ ᠲᠠᠲᠠᠪᠤᠷᠢᠯᠠᠨ ᠨᠥᠬᠥᠪᠦᠷᠢᠯᠡᠬᠦ ᠪᠠ ᠠᠷᠠᠳ᠎ᠢ ᠨᠡᠭᠦᠯᠭᠡᠨ ᠲᠥᠪᠬᠢᠨᠡᠭᠦᠯᠬᠦ ᠳᠦᠷᠢᠮ》 (ᠲᠦᠷᠦ ᠵᠢᠨ ᠶᠠᠪᠤᠳᠠᠯ᠎ᠤᠨ ᠬᠣᠷᠢᠶᠠᠨ᠎ᠤ ᠵᠠᠷᠯᠢᠭ 679 ᠳ᠋ᠦ᠍ᠭᠡᠷ ᠲᠣᠭ᠋ᠠᠲᠤ)᠎ᠤᠨ ᠬᠣᠯᠪᠣᠭᠳᠠᠯ ᠪᠦᠬᠦᠢ ᠲᠣᠭᠲᠠᠭ᠋ᠠᠯ᠎ᠢ ᠦᠨᠳᠦᠰᠦᠯᠡᠨ᠂ ᠡᠳᠦᠭᠡ ᠬᠣᠯᠪᠣᠭᠳᠠᠯ ᠪᠦᠬᠦᠢ ᠵᠦᠢ᠍ᠯᠡᠰ᠎ᠢ ᠳᠣᠣᠷᠠᠬᠢ ᠮᠡᠲᠦ ᠵᠠᠷᠯᠠᠪᠠ᠄

    ᠨᠢᠭᠡ᠂ ᠮᠠᠢ᠌ᠳᠠᠷ ᠤᠰᠤ ᠲᠠᠲᠠᠵᠤ ᠡᠨᠧᠷᠭᠢ ᠬᠠᠳᠠᠭ᠋ᠠᠯᠠᠬᠤ ᠴᠠᠬᠢᠯᠭ᠋ᠠᠨ ᠥᠷᠲᠡᠭᠡ ᠵᠢᠨ ᠪᠦᠲᠦᠭᠡᠨ ᠪᠠᠢ᠌ᠭᠤᠯᠤᠯᠲᠠ᠎ᠳᠤ ᠭᠠᠵᠠᠷ ᠰᠢᠷᠣᠢ ᠲᠠᠲᠠᠪᠤᠷᠢᠯᠠᠬᠤ ᠬᠡᠪᠴᠢᠶ᠎ᠡ᠄ ᠳᠡᠭᠡᠳᠦ ᠤᠰᠤᠨ ᠴᠥᠭᠥᠷᠥᠮ ᠪᠣᠯ ᠡᠷᠭᠦᠭᠳᠡᠴᠡ ᠵᠢᠨ ᠬᠡᠮᠵᠢᠶ᠎ᠡ᠎ᠨᠢ 1606 ᠮᠧᠲᠷ᠎ᠠᠴᠠ ᠳᠣᠷᠣᠭᠰᠢᠬᠢ ᠣᠷᠣᠨ ᠪᠦᠰᠡ ᠪᠣᠯᠤᠨ᠎ᠠ; ᠳᠣᠣᠷᠠᠳᠤ ᠤᠰᠤᠨ ᠴᠥᠭᠥᠷᠥᠮ ᠪᠣᠯ ᠡᠷᠭᠦᠭᠳᠡᠴᠡ ᠵᠢᠨ ᠬᠡᠮᠵᠢᠶ᠎ᠡ᠎ᠨᠢ 1302 ᠮᠧᠲᠷ᠎ᠠᠴᠠ ᠳᠣᠷᠣᠭᠰᠢᠬᠢ ᠣᠷᠣᠨ ᠪᠦᠰᠡ ᠪᠣᠯᠤᠨ᠎ᠠ; ᠬᠦᠢ᠍ᠰᠦ ᠪᠠᠷᠢᠯᠭ᠎ᠠ ᠵᠢᠨ ᠪᠦᠲᠦᠭᠡᠨ ᠪᠠᠢ᠌ᠭᠤᠯᠤᠯᠲᠠ ᠵᠢᠨ ᠣᠷᠣᠨ᠎ᠳᠤ ᠬᠣᠯᠪᠣᠭᠳᠠᠬᠤ ᠬᠠᠷᠭᠤᠭᠤᠯᠤᠨ ᠲᠣᠭᠲᠠᠭ᠋ᠠᠵᠤ ᠲᠣᠳᠣᠷᠬᠠᠢ᠌ᠯᠠᠬᠤ ᠪᠠᠷᠢᠯᠭ᠎ᠠ ᠵᠢᠨ ᠤᠯᠠᠭ᠋ᠠᠨ ᠱᠤᠭᠤᠮ᠎ᠤᠨ ᠬᠡᠪᠴᠢᠶ᠎ᠡ ᠵᠢ᠎ᠨᠢ ᠲᠤᠬᠠᠢ ᠵᠢᠨ ᠲᠠᠯᠠᠪᠠᠶ᠎ᠳᠤ ᠲᠣᠭᠲᠠᠭ᠋ᠠᠬᠤ ᠱᠣᠩ ᠵᠶ᠋ᠠᠷ ᠪᠠᠷᠢᠮᠵᠢᠶ᠎ᠠ ᠪᠣᠯᠭ᠋ᠠᠨ᠎ᠠ᠃

    ᠬᠣᠶᠠᠷ  ᠂ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ᠎ᠨᠢ ᠮᠠᠢ᠌ᠳᠠᠷ ᠤᠰᠤ ᠲᠠᠲᠠᠵᠤ ᠡᠨᠧᠷᠭᠢ ᠬᠠᠳᠠᠭ᠋ᠠᠯᠠᠬᠤ ᠴᠠᠬᠢᠯᠭ᠋ᠠᠨ ᠥᠷᠲᠡᠭᠡ ᠵᠢᠨ ᠪᠦᠲᠦᠭᠡᠨ ᠪᠠᠢ᠌ᠭᠤᠯᠤᠯᠲᠠ ᠵᠢᠨ ᠭᠠᠵᠠᠷ ᠰᠢᠷᠣᠢ ᠲᠠᠲᠠᠪᠤᠷᠢᠯᠠᠬᠤ ᠬᠡᠪᠴᠢᠶᠡᠨ ᠳᠣᠲᠣᠷ᠎ᠠ ᠡᠯ᠎ᠡ ᠵᠦᠢ᠍ᠯ᠎ᠤᠨ ᠰᠠᠭᠤᠷᠢ ᠪᠡᠯᠡᠳᠬᠡᠮᠵᠢ (ᠰᠤᠮᠤ ᠰᠢᠶᠠᠩ ᠪᠠᠯᠭ᠋ᠠᠰᠤᠨ᠎ᠤ ᠠᠵᠤ ᠠᠬᠤᠢ᠌ᠯᠠᠯ ᠪᠠ ᠠᠷᠠᠳ᠎ᠤᠨ ᠬᠡᠷᠡᠭᠯᠡᠭᠡᠨ᠎ᠤ ᠣᠷᠣᠨ ᠰᠠᠭᠤᠴᠠ ᠪᠠᠭᠲᠠᠨ᠎ᠠ) ᠪᠠᠢ᠌ᠭᠤᠯᠬᠤ ᠵᠢ ᠵᠥᠪᠰᠢᠶᠡᠷᠡᠵᠦ ᠪᠣᠯᠬᠤ ᠦᠭᠡᠢ᠃

    ᠭᠤᠷᠪᠠ᠂ ᠶᠠᠮᠠᠷᠪᠠ ᠨᠢᠭᠡᠴᠢ ᠪᠠ ᠬᠤᠪᠢ ᠬᠥᠮᠥᠨ ᠭᠡᠳ ᠮᠠᠢ᠌ᠳᠠᠷ ᠤᠰᠤ ᠲᠠᠲᠠᠵᠤ ᠡᠨᠧᠷᠭᠢ ᠬᠠᠳᠠᠭ᠋ᠠᠯᠠᠬᠤ ᠴᠠᠬᠢᠯᠭ᠋ᠠᠨ ᠦᠷᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠭᠠᠵᠠᠷ ᠰᠢᠷᠣᠢ ᠲᠠᠲᠠᠪᠤᠷᠢᠯᠠᠬᠤ ᠬᠡᠪᠴᠢᠶᠡᠨ ᠳᠣᠲᠣᠷ᠎ᠠ ᠲᠦᠷᠦᠯ ᠵᠦᠢ᠍ᠯ ᠰᠢᠨ᠎ᠡ᠎ᠪᠠᠷ ᠪᠠᠶ᠋ᠢᠭᠤᠯᠬᠤ᠂ ᠥᠷᠭᠡᠳᠬᠡᠨ ᠪᠠᠶ᠋ᠢᠭᠤᠯᠬᠤ ᠪᠠ ᠥᠭᠡᠷᠡᠴᠢᠯᠡᠨ ᠪᠠᠢ᠌ᠭᠤᠯᠵᠤ ᠪᠣᠯᠬᠤ ᠦᠭᠡᠢ᠂ ᠭᠡᠷ ᠪᠠᠢ᠌ᠰᠢᠩ ᠵᠢᠴᠢ ᠪᠤᠰᠤᠳ ᠲᠥᠬᠦᠭᠡᠷᠦᠮᠵᠢ ᠪᠠᠢ᠌ᠭᠤᠯᠵᠤ ᠪᠣᠯᠬᠤ ᠦᠭᠡᠢ᠂ ᠤᠤᠯ ᠭᠠᠵᠠᠷ᠎ᠤᠨ ᠲᠦᠷᠦᠯ᠂ ᠭᠠᠵᠠᠷ᠎ᠤᠨ ᠲᠥᠷᠬᠦ ᠵᠢ᠎ᠨᠢ ᠬᠤᠪᠢᠷᠠᠭᠤᠯᠵᠤ ᠪᠣᠯᠬᠤ ᠦᠭᠡᠢ᠂ ᠲᠠᠷᠢᠶᠠᠯᠠᠬᠤ ᠭᠠᠵᠠᠷ᠂ ᠴᠡᠴᠡᠷᠯᠢᠭ᠎ᠤᠨ ᠭᠠᠵᠠᠷ᠎ᠢ ᠵᠠᠪᠰᠢᠵᠤ ᠬᠠᠭ᠋ᠠᠯᠪᠤᠷᠢᠯᠠᠬᠤ ᠵᠢᠴᠢ ᠡᠯ᠎ᠡ ᠵᠦᠢ᠍ᠯ᠎ᠤᠨ ᠤᠯᠠᠨ ᠨᠠᠰᠤᠲᠤ ᠠᠵᠤ ᠠᠬᠤᠢ ᠵᠢᠨ ᠲᠠᠷᠢᠮᠠᠯ ᠪᠠ ᠮᠣᠳᠣ ᠵᠢ ᠵᠠᠪᠰᠢᠵᠤ ᠵᠠᠢ᠌ᠯᠠᠬᠤ ᠵᠡᠷᠭᠡ ᠭᠠᠵᠠᠷ ᠰᠢᠷᠣᠢ ᠵᠢᠨ ᠬᠡᠷᠡᠭᠴᠡᠭᠡ ᠵᠢ ᠬᠤᠪᠢᠷᠠᠭᠤᠯᠬᠤ ᠪᠠ ᠪᠠᠷᠢᠯᠭ᠎ᠠ ᠵᠢᠨ ᠪᠦᠲᠦᠭᠡᠨ ᠪᠠᠢ᠌ᠭᠤᠯᠤᠯᠲᠠ ᠵᠢ ᠨᠥᠯᠥᠭᠡᠯᠡᠬᠦ ᠠᠵᠢᠯᠯᠠᠭ᠎ᠠ ᠬᠢᠵᠦ ᠪᠣᠯᠬᠤ ᠦᠭᠡᠢ᠃

    ᠳᠥᠷᠪᠡ  ᠂ ᠮᠠᠢ᠌ᠳᠠᠷ ᠤᠰᠤ ᠲᠠᠲᠠᠵᠤ ᠡᠨᠧᠷᠭᠢ ᠬᠠᠳᠠᠭ᠋ᠠᠯᠠᠬᠤ ᠴᠠᠬᠢᠯᠭ᠋ᠠᠨ ᠥᠷᠲᠡᠭᠡᠨ᠎ᠤ ᠪᠦᠲᠦᠭᠡᠨ ᠪᠠᠢ᠌ᠭᠤᠯᠤᠯᠲᠠ ᠵᠢᠨ ᠦᠶᠡᠯᠡᠯ᠎ᠤᠨ ᠬᠤᠭᠤᠴᠠᠭ᠎ᠠ ᠨᠡᠯᠢᠶᠡᠳ ᠤᠷᠲᠤ ᠪᠠᠢ᠌ᠬᠤ ᠵᠢ ᠪᠣᠳᠣᠯᠬᠢᠯᠠᠵᠤ  ᠂ ᠪᠠᠷᠢᠯᠭ᠎ᠠ ᠵᠢᠨ ᠪᠦᠲᠦᠭᠡᠨ ᠪᠠᠢ᠌ᠭᠤᠯᠤᠯᠲᠠ᠎ᠠᠴᠠ ᠪᠣᠯᠵᠤ ᠲᠤᠬᠠᠢ ᠵᠢᠨ ᠭᠠᠵᠠᠷ᠎ᠤᠨ ᠤᠯᠠᠨ ᠲᠦᠮᠡᠨ᠎ᠤ ᠬᠡᠪ᠎ᠤᠨ ᠦᠢ᠍ᠯᠡᠳᠪᠦᠷᠢᠯᠡᠯ ᠠᠮᠢᠳᠤᠷᠠᠯ᠎ᠳᠤ᠎ᠨᠢ ᠳᠡᠩᠳᠡᠭᠦᠦ ᠶᠡᠬᠡ ᠨᠥᠯᠥᠭᠡ ᠭᠠᠷᠭ᠋ᠠᠬᠤ ᠦᠭᠡᠢ ᠪᠠᠢ᠌ᠬᠤ ᠵᠢ ᠦᠨᠡᠨ ᠬᠦ᠌ ᠪᠠᠲᠤᠯᠠᠬᠤ ᠵᠢᠨ ᠲᠤᠰᠠᠳᠠ᠂ ᠲᠤᠬᠠᠢ ᠵᠢᠨ ᠭᠠᠵᠠᠷ᠎ᠤᠨ ᠤᠯᠠᠨ ᠲᠦᠮᠡᠨ᠎ᠤ ᠦᠢ᠍ᠯᠡᠳᠪᠦᠷᠢᠯᠡᠯ ᠠᠮᠢᠳᠤᠷᠠᠯ᠎ᠯᠤᠭ᠎ᠠ ᠰᠢᠭᠤᠳ ᠬᠣᠯᠪᠣᠭ᠎ᠠ᠎ᠲᠠᠢ᠂ ᠦᠨᠡᠨ ᠬᠦ᠌ ᠪᠦᠲᠦᠭᠡᠨ ᠪᠠᠶ᠋ᠢᠭᠤᠯᠬᠤ ᠴᠢᠬᠤᠯᠠᠲᠠᠢ ᠲᠥᠷᠥᠯ ᠵᠦᠢ᠍ᠯ᠎ᠢ 《ᠲᠣᠮᠣ ᠳᠤᠮᠳᠠ ᠬᠡᠯᠪᠡᠷᠢ ᠵᠢᠨ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢᠨ ᠭᠠᠵᠠᠷ ᠰᠢᠷᠣᠢ ᠲᠠᠲᠠᠪᠤᠷᠢᠯᠠᠨ ᠨᠥᠬᠥᠪᠦᠷᠢᠯᠡᠬᠦ ᠪᠠ ᠠᠷᠠᠳ᠎ᠢ ᠨᠡᠭᠦᠯᠭᠡᠨ ᠲᠥᠪᠬᠢᠨᠡᠭᠦᠯᠬᠦ ᠳᠦᠷᠢᠮ》᠎ᠤᠨ ᠬᠣᠯᠪᠣᠭᠳᠠᠯ ᠪᠦᠬᠦᠢ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠴᠢᠩᠭ᠎ᠠ ᠵᠢᠷᠤᠮᠯᠠᠨ᠂ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠵᠦ ᠵᠥᠪᠰᠢᠶᠡᠷᠡᠭᠦᠯᠦᠭᠰᠡᠨ᠎ᠤ ᠲᠠᠷᠠᠭ᠎ᠠ ᠪᠦᠲᠦᠭᠡᠨ ᠪᠠᠢ᠌ᠭᠤᠯᠵᠤ ᠪᠣᠯᠣᠨ᠎ᠠ᠃

    ᠲᠠᠪᠤ᠂ ᠮᠠᠢ᠌ᠳᠠᠷ ᠤᠰᠤ ᠲᠠᠲᠠᠵᠤ ᠡᠨᠧᠷᠬᠢ ᠬᠠᠳᠠᠭ᠋ᠠᠯᠠᠬᠤ ᠴᠠᠬᠢᠯᠭ᠋ᠠᠨ ᠥᠷᠲᠡᠭᠡᠨ᠎ᠤ ᠪᠦᠲᠦᠭᠡᠨ ᠪᠠᠢ᠌ᠭᠤᠯᠤᠯᠲᠠ ᠵᠢᠨ ᠭᠠᠵᠠᠷ ᠰᠢᠷᠣᠢ ᠲᠠᠲᠠᠪᠤᠷᠢᠯᠠᠭᠰᠠᠨ ᠬᠡᠪᠴᠢᠶᠡᠨ᠎ᠳᠠᠬᠢ ᠡᠷᠦᠬᠡ ᠠᠮᠠ ᠵᠢᠨ ᠬᠠᠮᠢᠶᠠᠷᠤᠯᠲᠠ᠎ᠶᠢ ᠴᠢᠩᠭ᠋ᠠᠳᠬᠠᠨ᠂ ᠪᠦᠲᠦᠭᠡᠨ ᠪᠠᠢ᠌ᠭᠤᠯᠤᠯᠲᠠ ᠵᠢᠨ ᠬᠡᠪᠴᠢᠶᠡᠨ᠎ᠳᠤ ᠬᠥᠮᠥᠨ ᠠᠮᠠ ᠨᠡᠭᠦᠯᠭᠡᠨ ᠣᠷᠤᠭᠤᠯᠬᠤ᠎ᠶᠢ ᠴᠢᠩᠭ᠎ᠠ ᠬᠢᠵᠠᠭ᠋ᠠᠷᠯᠠᠬᠤ ᠬᠡᠷᠡᠭᠲᠡᠢ᠃ ᠲᠥᠷᠥᠭᠰᠡᠨ᠂ ᠤᠷᠤᠭᠯᠠᠵᠤ ᠮᠣᠷᠳᠠᠭᠰᠠᠨ᠂ ᠴᠡᠷᠢᠭ᠎ᠠᠴᠠ ᠰᠢᠯᠵᠢᠭᠰᠡᠨ ᠴᠡᠷᠢᠭ᠎ᠤᠨ ᠠᠯᠪᠠᠨ᠎ᠠᠴᠠ ᠬᠠᠯᠠᠭᠳᠠᠭᠰᠠᠨ᠂ ᠴᠡᠷᠢᠭ᠎ᠠᠴᠠ ᠪᠠᠭᠤᠭᠰᠠᠨ᠂ ᠶᠡᠬᠡ ᠰᠤᠷᠭ᠋ᠠᠭᠤᠯᠢ ᠪᠠ ᠳᠤᠮᠳᠠ ᠵᠡᠷᠭᠡ ᠵᠢᠨ ᠲᠤᠰᠬᠠᠢ ᠮᠡᠷᠭᠡᠵᠢᠯ᠎ᠤᠨ ᠰᠤᠷᠭ᠋ᠠᠭᠤᠯᠢ ᠲᠡᠭᠦᠰᠦᠭᠰᠡᠨ᠂ ᠡᠷᠡᠭᠦᠦ ᠵᠢᠨ ᠬᠤᠭᠤᠴᠠᠭ᠎ᠠ᠎ᠨᠢ ᠳᠦᠭᠦᠷᠴᠦ ᠰᠤᠯᠠᠯᠠᠭᠳᠠᠭᠰᠠᠨ ᠵᠡᠷᠭᠡ ᠨᠤᠲᠤᠭ᠎ᠲᠤ᠎ᠪᠠᠨ ᠪᠤᠴᠠᠭᠰᠠᠳ᠎ᠠᠴᠠ ᠭᠠᠳᠠᠨ᠎ᠠ᠂ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠪᠠ ᠬᠣᠯᠪᠣᠭᠳᠠᠯ ᠪᠦᠬᠦᠢ ᠰᠠᠯᠠᠭ᠎ᠠ ᠮᠥᠴᠢᠷ᠎ᠨᠢ ᠡᠯ᠎ᠡ ᠲᠦᠷᠦᠯ᠎ᠤᠨ ᠬᠥᠮᠥᠨ ᠠᠮᠠ ᠨᠡᠭᠦᠯᠭᠡᠨ ᠣᠷᠤᠭᠤᠯᠬᠤ ᠭᠠᠷᠳᠠᠮ᠎ᠢ ᠭᠦᠢ᠍ᠴᠡᠳᠬᠡᠵᠦ ᠪᠣᠯᠬᠤ ᠦᠭᠡᠢ᠃

    ᠵᠢᠷᠭᠤᠭ᠎ᠠ᠂ ᠪᠠᠷᠢᠯᠭ᠎ᠠ ᠵᠢᠨ ᠭᠠᠵᠠᠷ ᠰᠢᠷᠣᠢ ᠲᠠᠲᠠᠪᠤᠷᠢᠯᠠᠨ ᠨᠡᠭᠦᠯᠭᠡᠬᠦ ᠲᠠᠰᠢᠷᠠᠮ ᠵᠶ᠋ᠠᠷ ᠤᠯᠠᠨ ᠲᠦᠮᠡᠨ᠎ᠢ ᠥᠳᠥᠭᠡᠨ ᠬᠡᠷᠡᠭ ᠲᠠᠲᠠᠭᠰᠠᠨ᠂ ᠭᠠᠵᠠᠷ ᠰᠢᠷᠣᠢ ᠲᠠᠲᠠᠪᠤᠷᠢᠯᠠᠨ ᠨᠡᠭᠦᠯᠭᠡᠬᠦ ᠠᠵᠢᠯ᠎ᠳᠤ ᠬᠠᠷᠰᠢ ᠰᠠᠭ᠋ᠠᠳ ᠤᠴᠠᠷᠠᠭᠤᠯᠤᠭᠰᠠᠨ᠂ ᠪᠠᠷᠢᠯᠭ᠎ᠠ ᠵᠢᠨ ᠪᠦᠲᠦᠭᠡᠨ ᠪᠠᠢ᠌ᠭᠤᠯᠤᠯᠲᠠ ᠵᠢ ᠬᠠᠷᠰᠢᠯᠠᠭᠰᠠᠨ ᠵᠡᠷᠭᠡ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠳᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠠᠮᠤᠷ᠎ᠢ ᠬᠠᠮᠠᠭ᠋ᠠᠯᠠᠬᠤ ᠬᠠᠮᠢᠶᠠᠷᠤᠯᠲᠠ ᠵᠢᠨ ᠰᠢᠢ᠍ᠳᠬᠡᠯ ᠲᠣᠷᠭ᠋ᠠᠭᠤᠯᠢ ᠵᠢᠨ ᠬᠠᠤᠯᠢ》 ᠵᠢᠨ ᠲᠣᠭᠲᠠᠭ᠋ᠠᠯ ᠶᠣᠰᠣᠭ᠋ᠠᠷ ᠠᠮᠤᠷ᠎ᠢ ᠬᠠᠮᠠᠭ᠋ᠠᠯᠠᠬᠤ ᠬᠠᠮᠢᠶᠠᠷᠤᠯᠲᠠ ᠵᠢᠨ ᠰᠢᠢ᠍ᠳᠬᠡᠯ ᠲᠣᠷᠭ᠋ᠠᠭᠤᠯᠢ ᠥᠭᠭᠦᠨ᠎ᠡ᠃ ᠶᠠᠯ᠎ᠠ᠎ᠳᠤ ᠬᠦᠷᠦᠭᠰᠡᠨ ᠪᠠᠢ᠌ᠪᠠᠯ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃

    ᠲᠤᠰ ᠵᠠᠷᠯᠠᠯ᠎ᠢ ᠨᠡᠢ᠌ᠲᠡᠯᠡᠭᠰᠡᠨ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃

 

2024 ᠣᠨ᠎ᠤ 12 ᠳ᠋ᠤᠭ᠋ᠠᠷ ᠰᠠᠷ᠎ᠠ ᠵᠢᠨ 18᠎ᠤ ᠡᠳᠦᠷ

    (ᠲᠤᠰ ᠪᠢᠴᠢᠭ ᠮᠠᠲ᠋ᠧᠷᠢᠶᠠᠯ᠎ᠢ ᠢᠯᠡ ᠨᠡᠢ᠌ᠲᠡᠯᠡᠨ᠎ᠡ)

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ