ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ
ᠥᠪᠥᠷ ᠵᠠᠰᠠᠭ ᠥᠰᠦᠭ [2024] 238 ᠳ᠋ᠤᠭ᠋ᠠᠷ ᠲᠣᠭ᠋ᠠᠲᠤ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠣᠷᠴᠢᠨ ᠲᠣᠭᠣᠷᠢᠨ᠎ᠤ ᠨᠥᠯᠥᠭᠡᠯᠡᠯ᠎ᠤᠨ ᠦᠨᠡᠯᠡᠯᠲᠡ ᠵᠢᠨ ᠪᠢᠴᠢᠭ ᠮᠠᠲ᠋ᠧᠷᠢᠶᠠᠯ᠎ᠢ ᠬᠢᠨᠠᠨ ᠵᠥᠪᠰᠢᠶᠡᠷᠡᠬᠦ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠭᠠᠷᠴᠠᠭ (2024 ᠣᠨ᠎ᠤ ᠬᠡᠪᠯᠡᠯ)》᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ
ᠡᠯ᠎ᠡ ᠠᠢ᠌ᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠢ᠌ᠯᠠᠯ᠂ ᠠᠵᠢᠯ ᠦᠢ᠍ᠯᠡᠰ᠎ᠤᠨ ᠨᠢᠭᠡᠴᠢ᠎ᠳᠤ᠄
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠣᠷᠴᠢᠨ ᠲᠣᠭᠣᠷᠢᠨ᠎ᠤ ᠨᠥᠯᠥᠭᠡᠯᠡᠯ᠎ᠤᠨ ᠦᠨᠡᠯᠡᠯᠲᠡ ᠵᠢᠨ ᠪᠢᠴᠢᠭ ᠮᠠᠲ᠋ᠧᠷᠢᠶᠠᠯ᠎ᠢ ᠬᠢᠨᠠᠨ ᠵᠥᠪᠰᠢᠶᠡᠷᠡᠬᠦ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠭᠠᠷᠴᠠᠭ (2024 ᠣᠨ᠎ᠤ ᠬᠡᠪᠯᠡᠯ)》 (ᠳᠣᠷᠣᠭᠰᠢ 《ᠭᠠᠷᠴᠠᠭ》 ᠭᠡᠵᠦ ᠲᠣᠪᠴᠢᠯᠠᠨ᠎ᠠ)᠎ᠢ ᠡᠳᠦᠭᠡ ᠲᠠ ᠨᠠᠷ᠎ᠲᠤ ᠳᠠᠷᠤᠮᠠᠯᠯᠠᠨ ᠶᠠᠪᠤᠭᠤᠯᠬᠤ ᠵᠢᠨ ᠬᠠᠮᠲᠤ᠂ ᠳᠣᠣᠷᠠᠬᠢ ᠱᠠᠭ᠋ᠠᠷᠳᠠᠯᠭ᠎ᠠ ᠵᠢ ᠳᠤᠷᠠᠳᠪᠠ᠂ ᠬᠠᠮᠲᠤᠳᠤᠨᠢ ᠲᠤᠭᠤᠰᠢᠯᠠᠭᠤᠯᠤᠨ ᠨᠠᠢ᠌ᠳᠠᠪᠤᠷᠢᠵᠢᠭᠤᠯᠲᠤᠭ᠋ᠠᠢ᠃
ᠨᠢᠭᠡ᠂ 《ᠭᠠᠷᠴᠠᠭ》᠎ᠢ 2025 ᠣᠨ᠎ᠤ 1 ᠳ᠋ᠦ᠍ᠭᠡᠷ ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃ 《ᠦᠬᠠᠢ ᠵᠢᠴᠢ ᠡᠷᠬᠢᠨ ᠲᠣᠭᠣᠷᠢᠨ᠎ᠤ ᠭᠠᠵᠠᠷ ᠣᠷᠣᠨ᠎ᠤ ᠬᠠᠮᠢᠶ᠎ᠠ ᠪᠦᠬᠦᠢ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠣᠷᠴᠢᠨ ᠲᠣᠭᠣᠷᠢᠨ᠎ᠤ ᠨᠥᠯᠥᠭᠡᠯᠡᠯ᠎ᠤᠨ ᠦᠨᠡᠯᠡᠯᠲᠡ ᠵᠢᠨ ᠪᠢᠴᠢᠭ ᠮᠠᠲ᠋ᠧᠷᠢᠶᠠᠯ (ᠰᠠᠴᠤᠷᠠᠭ᠎ᠤᠨ ᠪᠤᠰᠤ ᠲᠥᠷᠥᠯ)᠎ᠢ ᠱᠠᠲᠤ ᠬᠤᠪᠢᠶᠠᠨ ᠬᠢᠨᠠᠨ ᠵᠥᠪᠰᠢᠶᠡᠷᠡᠬᠦ ᠡᠷᠬᠡ ᠮᠡᠳᠡᠯ᠎ᠳᠤ ᠲᠣᠬᠢᠷᠠᠭᠤᠯᠤᠯᠲᠠ ᠬᠢᠬᠦ ᠬᠣᠯᠪᠣᠭᠳᠠᠯ ᠪᠦᠬᠦᠢ ᠵᠦᠢ᠍ᠯᠡᠰ᠎ᠤᠨ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ》 (ᠥᠪᠥᠷ ᠵᠠᠰᠠᠭ ᠥᠰᠥᠭ [2021] 29 ᠳ᠋ᠦ᠍ᠭᠡᠷ ᠲᠣᠭ᠋ᠠᠲᠤ)᠂ 《〈ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠣᠷᠴᠢᠨ ᠲᠣᠭᠣᠷᠢᠨ᠎ᠤ ᠨᠥᠯᠥᠭᠡᠯᠡᠯ᠎ᠤᠨ ᠦᠨᠡᠯᠡᠯᠲᠡ ᠵᠢᠨ ᠪᠢᠴᠢᠭ ᠮᠠᠲ᠋ᠧᠷᠢᠶᠠᠯ᠎ᠢ ᠬᠢᠨᠠᠨ ᠵᠥᠪᠰᠢᠶᠡᠷᠡᠬᠦ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠭᠠᠷᠴᠠᠭ (ᠰᠠᠴᠤᠷᠠᠭ᠎ᠤᠨ ᠪᠤᠰᠤ ᠲᠥᠷᠥᠯ)〉᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ》 (ᠥᠪᠥᠷ ᠵᠠᠰᠠᠭ ᠥᠰᠥᠭ [2021] 94 ᠳ᠋ᠦ᠍ᠭᠡᠷ ᠲᠣᠭ᠋ᠠᠲᠤ)᠎ᠢ ᠬᠠᠮᠲᠤᠳᠤᠨᠢ ᠬᠦᠴᠦᠨ ᠦᠭᠡᠢ ᠪᠣᠯᠭ᠋ᠠᠨ᠎ᠠ᠃
ᠬᠣᠶᠠᠷ᠂ 《ᠭᠠᠷᠴᠠᠭ》᠎ᠲᠤ ᠵᠢᠭᠰᠠᠭ᠋ᠠᠭᠰᠠᠨ ᠦᠭᠡᠢ ᠪᠤᠰᠤᠳ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠣᠷᠴᠢᠨ ᠲᠣᠭᠣᠷᠢᠨ᠎ᠤ ᠨᠥᠯᠥᠭᠡᠯᠡᠯ᠎ᠤᠨ ᠦᠨᠡᠯᠡᠯᠲᠡ ᠵᠢᠨ ᠪᠢᠴᠢᠭ ᠮᠠᠲ᠋ᠧᠷᠢᠶᠠᠯ᠎ᠢ ᠡᠯ᠎ᠡ ᠠᠢ᠌ᠮᠠᠭ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠎ᠠᠴᠠ ᠱᠠᠲᠤ ᠬᠤᠪᠢᠶᠠᠨ ᠬᠢᠨᠠᠨ ᠵᠥᠪᠰᠢᠶᠡᠷᠡᠭᠰᠡᠨ ᠰᠠᠨᠠᠯ ᠳᠤᠷᠠᠳᠴᠤ᠂ 2025 ᠣᠨ᠎ᠤ 3 ᠳ᠋ᠤᠭ᠋ᠠᠷ ᠰᠠᠷ᠎ᠠ ᠵᠢᠨ ᠰᠡᠭᠦᠯᠴᠢ᠎ᠠᠴᠠ ᠡᠮᠦᠨ᠎ᠡ᠂ ᠪᠠᠢ᠌ᠭ᠎ᠠ ᠭᠠᠵᠠᠷ᠎ᠤᠨ ᠵᠶ᠋ᠠᠨ ᠠᠢ᠌ᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠦᠨ ᠵᠥᠪᠰᠢᠶᠡᠷᠡᠭᠦᠯᠦᠭᠰᠡᠨ᠎ᠤ ᠳᠠᠷᠠᠭ᠎ᠠ ᠬᠡᠷᠡᠭᠵᠢᠭᠦᠯᠦᠨ᠎ᠡ᠂ ᠡᠭᠦᠨ᠎ᠳᠤ᠂ ᠴᠥᠮ᠎ᠡ ᠵᠢᠨ ᠬᠢᠭᠡᠳ ᠰᠠᠴᠤᠷᠠᠭ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ ᠪᠠ ᠣᠷᠴᠢᠨ ᠲᠣᠭᠣᠷᠢᠨ᠎ᠤ ᠨᠥᠯᠥᠭᠡᠯᠡᠯ᠎ᠤᠨ ᠮᠡᠳᠡᠭᠦᠯᠦᠯᠲᠡ ᠵᠢᠨ ᠪᠢᠴᠢᠭ ᠨᠠᠢ᠌ᠷᠠᠭᠤᠯᠤᠨ ᠵᠣᠬᠢᠶᠠᠬᠤ ᠡᠩ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠢ ᠵᠠᠷᠴᠢᠮ ᠳᠡᠭᠡᠷ᠎ᠡ᠎ᠪᠠᠨ ᠪᠦᠬᠦᠨ᠎ᠢ ᠠᠢ᠌ᠮᠠᠭ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠎ᠠᠴᠠ ᠬᠢᠨᠠᠨ ᠵᠥᠪᠰᠢᠶᠡᠷᠡᠨ᠎ᠡ᠃
ᠭᠤᠷᠪᠠ᠂ 《ᠭᠠᠷᠴᠠᠭ》᠎ᠢ ᠬᠡᠷᠡᠭᠵᠢᠭᠦᠯᠬᠦ ᠶᠠᠪᠤᠴᠠ ᠳᠤᠮᠳᠠ ᠠᠰᠠᠭᠤᠳᠠᠯ ᠲᠤᠯᠭ᠋ᠠᠷᠠᠪᠠᠯ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠬᠠᠷᠢᠭᠤᠴᠠᠨ ᠲᠠᠢ᠌ᠯᠪᠤᠷᠢᠯᠠᠨ᠎ᠠ᠃
2024 ᠣᠨ᠎ᠤ 12 ᠳ᠋ᠤᠭ᠋ᠠᠷ ᠰᠠᠷ᠎ᠠ ᠵᠢᠨ 17᠎ᠤ ᠡᠳᠦᠷ
(ᠲᠤᠰ ᠪᠢᠴᠢᠭ ᠮᠠᠲ᠋ᠧᠷᠢᠶᠠᠯ᠎ᠢ ᠢᠯᠡ ᠨᠡᠢ᠌ᠲᠡᠯᠡᠨ᠎ᠡ)
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠣᠷᠴᠢᠨ ᠲᠣᠭᠣᠷᠢᠨ᠎ᠤ ᠨᠥᠯᠥᠭᠡᠯᠡᠯ᠎ᠤᠨ ᠦᠨᠡᠯᠡᠯᠲᠡ ᠵᠢᠨ ᠪᠢᠴᠢᠭ ᠮᠠᠲ᠋ᠧᠷᠢᠶᠠᠯ᠎ᠢ ᠬᠢᠨᠠᠨ ᠵᠥᠪᠰᠢᠶᠡᠷᠡᠬᠦ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠭᠠᠷᠴᠠᠭ (2024 ᠣᠨ᠎ᠤ ᠬᠡᠪᠯᠡᠯ)
ᠨᠢᠭᠡ᠂ ᠡᠩ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ
ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠠᠴᠠ ᠣᠷᠴᠢᠨ ᠲᠣᠭᠣᠷᠢᠨ᠎ᠤ ᠨᠥᠯᠥᠭᠡᠯᠡᠯ᠎ᠤᠨ ᠦᠨᠡᠯᠡᠯᠲᠡ ᠵᠢᠨ ᠪᠢᠴᠢᠭ ᠮᠠᠲ᠋ᠧᠷᠢᠶᠠᠯ᠎ᠢ ᠬᠠᠷᠢᠭᠤᠴᠠᠨ ᠬᠢᠨᠠᠨ ᠵᠥᠪᠰᠢᠶᠡᠷᠡᠬᠦ ᠡᠩ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠠᠴᠠ ᠭᠠᠳᠠᠨ᠎ᠠ᠂ ᠠᠢ᠌ᠮᠠᠭ ᠬᠣᠲᠠ ᠠᠯᠤᠰᠯᠠᠭᠰᠠᠨ ᠡᠩ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ ᠪᠠ ᠳᠣᠣᠷᠠᠬᠢ ᠣᠷᠴᠢᠨ ᠲᠣᠭᠣᠷᠢᠨ᠎ᠤ ᠨᠥᠯᠥᠭᠡᠯᠡᠯ᠎ᠤᠨ ᠮᠡᠳᠡᠭᠦᠯᠦᠯᠲᠡ ᠵᠢᠨ ᠪᠢᠴᠢᠭ ᠨᠠᠢ᠌ᠷᠠᠭᠤᠯᠤᠨ ᠵᠣᠬᠢᠶᠠᠭᠰᠠᠨ ᠡᠩ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠢ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠬᠠᠷᠢᠭᠤᠴᠠᠨ ᠬᠢᠨᠠᠨ ᠵᠥᠪᠰᠢᠶᠡᠷᠡᠨ᠎ᠡ᠃
(ᠨᠢᠭᠡ) ᠤᠰᠤᠨ ᠠᠰᠢᠭᠯᠠᠯᠲᠠ
ᠤᠰᠤᠨ ᠴᠥᠭᠥᠷᠥᠮ᠄ ᠰᠢᠨ᠎ᠡ᠎ᠪᠠᠷ ᠪᠠᠢ᠌ᠭᠤᠯᠬᠤ ᠴᠥᠭᠥᠷᠥᠮ᠎ᠤᠨ ᠪᠠᠭᠲᠠᠭ᠋ᠠᠮᠵᠢ᠎ᠨᠢ 1000 ᠲᠦᠮᠡᠨ ᠺᠦᠪ ᠮᠧᠲᠷ ᠵᠢᠴᠢ ᠲᠡᠭᠦᠨ᠎ᠠᠴᠠ ᠳᠡᠭᠡᠭᠰᠢᠬᠢ ᠲᠥᠷᠥᠯ ᠵᠦᠢ᠍ᠯ᠃
ᠤᠰᠤ ᠲᠠᠲᠠᠵᠤ ᠤᠰᠤ ᠲᠣᠬᠢᠷᠠᠭᠤᠯᠬᠤ ᠢᠨᠵᠧᠨᠧᠷᠢᠩ᠄ ᠰᠢᠨ᠎ᠡ᠎ᠪᠠᠷ ᠪᠠᠶ᠋ᠢᠭᠤᠯᠬᠤ ᠲᠥᠷᠥᠯ ᠵᠦᠢ᠍ᠯ᠃
(ᠬᠣᠶᠠᠷ) ᠡᠨᠧᠷᠬᠢ
ᠨᠡᠭᠦᠷᠡᠰᠦ ᠲᠦᠯᠡᠬᠦ ᠴᠠᠬᠢᠯᠭ᠋ᠠᠨ ᠥᠷᠲᠡᠭᠡ (ᠢᠯᠴᠢ ᠴᠠᠬᠢᠯᠭ᠋ᠠᠨ ᠪᠠᠭᠲᠠᠨ᠎ᠠ)᠄ ᠰᠢᠨ᠎ᠡ᠎ᠪᠠᠷ ᠪᠠᠶ᠋ᠢᠭᠤᠯᠬᠤ᠂ ᠥᠭᠡᠷᠡᠴᠢᠯᠡᠨ ᠪᠠᠶ᠋ᠢᠭᠤᠯᠬᠤ᠂ ᠥᠷᠭᠡᠳᠬᠡᠨ ᠪᠠᠶ᠋ᠢᠭᠤᠯᠬᠤ ᠲᠥᠷᠥᠯ ᠵᠦᠢ᠍ᠯ (ᠰᠢᠲᠠᠭ᠋ᠠᠯᠭ᠎ᠠ ᠵᠢᠨ ᠨᠡᠭᠦᠷᠡᠰᠦᠨ᠎ᠳᠤ ᠬᠠᠶᠠᠭᠳᠠᠮᠠᠯ ᠪᠣᠳᠠᠰ ᠬᠣᠯᠢᠵᠤ ᠰᠢᠲᠠᠭ᠋ᠠᠬᠤ ᠪᠠᠭᠲᠠᠨ᠎ᠠ; ᠳᠡᠪᠢᠰᠬᠡᠷ ᠳᠠᠷᠤᠴᠠ ᠵᠢᠨ ᠮᠠᠰᠢᠨ ᠴᠣᠭᠴᠠᠯᠠᠪᠤᠷᠢ ᠪᠠᠭᠲᠠᠬᠤ ᠦᠭᠡᠢ)᠃
ᠰᠠᠯᠬᠢᠨ ᠬᠦᠴᠦᠨ᠎ᠤ ᠴᠠᠬᠢᠯᠭ᠋ᠠᠨ᠂ ᠭᠡᠷᠡᠯᠴᠢ ᠴᠡᠨᠡᠭ᠎ᠤᠨ ᠴᠠᠬᠢᠯᠭ᠋ᠠᠨ ᠥᠷᠲᠡᠭᠡ᠄ ᠰᠢᠨ᠎ᠡ᠎ᠪᠠᠷ ᠨᠡᠮᠡᠭᠳᠡᠭᠦᠯᠬᠦ ᠮᠠᠰᠢᠨ ᠴᠣᠭᠴᠠᠯᠠᠪᠤᠷᠢ ᠵᠢᠨ ᠪᠠᠭᠲᠠᠭ᠋ᠠᠮᠵᠢ᠎ᠨᠢ 50 ᠲᠦᠮᠡᠨ ᠺᠢᠯᠣᠸᠠᠲ ᠵᠢᠴᠢ ᠲᠡᠭᠦᠨ᠎ᠠᠴᠠ ᠳᠡᠭᠡᠭᠰᠢ ᠲᠥᠷᠥᠯ ᠵᠦᠢ᠍ᠯ᠃
ᠤᠰᠤᠨ ᠴᠠᠬᠢᠯᠭ᠋ᠠᠨ ᠥᠷᠲᠡᠭᠡ᠄ ᠰᠢᠨ᠎ᠡ᠎ᠪᠠᠷ ᠪᠠᠢ᠌ᠭᠤᠯᠬᠤ ᠪᠠᠢ᠌ᠩᠭᠤ ᠵᠢᠨ ᠤᠰᠤᠨ ᠴᠠᠬᠢᠯᠭ᠋ᠠᠨ ᠥᠷᠲᠡᠭᠡ ᠵᠢᠨ ᠲᠥᠷᠥᠯ ᠵᠦᠢ᠍ᠯ᠂ ᠰᠢᠨ᠎ᠡ᠎ᠪᠠᠷ ᠨᠡᠮᠡᠭᠳᠡᠭᠦᠯᠬᠦ ᠮᠠᠰᠢᠨ ᠴᠣᠭᠴᠠᠯᠠᠪᠤᠷᠢ ᠵᠢᠨ ᠪᠠᠭᠲᠠᠭ᠋ᠠᠮᠵᠢ᠎ᠨᠢ 5 ᠲᠦᠮᠡᠨ ᠺᠢᠯᠣᠸᠠᠲ᠎ᠠᠴᠠ ᠳᠡᠭᠡᠭᠰᠢᠬᠢ ᠪᠠᠢ᠌ᠩᠭᠤ ᠵᠢᠨ ᠤᠰᠤᠨ ᠴᠠᠬᠢᠯᠭ᠋ᠠᠨ ᠥᠷᠲᠡᠭᠡ ᠵᠢᠨ ᠲᠥᠷᠥᠯ ᠵᠦᠢ᠍ᠯ᠂ ᠣᠷᠴᠢᠨ ᠲᠣᠭᠣᠷᠢᠨ᠎ᠤ ᠬᠥᠨᠳᠡᠭᠦᠷ ᠣᠷᠣᠨ᠎ᠳᠤ ᠬᠣᠯᠪᠣᠭᠳᠠᠬᠤ ᠤᠰᠤ ᠲᠠᠲᠠᠵᠤ ᠡᠨᠧᠷᠭᠢ ᠬᠠᠳᠠᠭ᠋ᠠᠯᠠᠬᠤ ᠴᠠᠬᠢᠯᠭ᠋ᠠᠨ ᠥᠷᠲᠡᠭᠡ ᠵᠢᠨ ᠲᠥᠷᠥᠯ ᠵᠦᠢ᠍ᠯ᠂ ᠰᠢᠨ᠎ᠡ᠎ᠪᠠᠷ ᠨᠡᠮᠡᠭᠳᠡᠭᠦᠯᠬᠦ ᠮᠠᠰᠢᠨ ᠴᠣᠭᠴᠠᠯᠠᠪᠤᠷᠢ ᠵᠢᠨ ᠪᠠᠭᠲᠠᠭ᠋ᠠᠮᠵᠢ᠎ᠨᠢ 30 ᠲᠦᠮᠡᠨ ᠺᠢᠯᠣᠸᠠᠲ᠎ᠠᠴᠠ ᠳᠡᠭᠡᠭᠰᠢᠬᠢ ᠤᠰᠤ ᠲᠠᠲᠠᠵᠤ ᠡᠨᠧᠷᠭᠢ ᠬᠠᠳᠠᠭ᠋ᠠᠯᠠᠬᠤ ᠴᠠᠬᠢᠯᠭ᠋ᠠᠨ ᠥᠷᠲᠡᠭᠡ ᠵᠢᠨ ᠲᠥᠷᠥᠯ ᠵᠦᠢ᠍ᠯ᠃
(ᠭᠤᠷᠪᠠ) ᠠᠭᠤᠷᠬᠠᠢ ᠵᠢᠨ ᠡᠬᠢ ᠪᠠᠶᠠᠯᠢᠭ᠎ᠢ ᠨᠡᠭᠡᠭᠡᠨ ᠠᠰᠢᠭᠯᠠᠬᠤ
ᠨᠡᠭᠦᠷᠡᠰᠦ ᠮᠠᠯᠲᠠᠬᠤ ᠪᠠ ᠤᠬᠢᠶᠠᠵᠤ ᠰᠢᠯᠢᠬᠦ ᠦᠢ᠍ᠯᠡᠰ᠄ ᠰᠢᠨ᠎ᠡ᠎ᠪᠠᠷ ᠨᠡᠮᠡᠭᠳᠡᠭᠦᠯᠬᠦ᠎ᠪᠠᠷ ᠪᠠᠢ᠌ᠭ᠎ᠠ ᠬᠡᠪᠴᠢᠶᠡᠵᠢᠯ᠎ᠨᠢ 90 ᠲᠦᠮᠡᠨ ᠲᠣᠨ / ᠵᠢᠯ ᠵᠢᠴᠢ ᠲᠡᠭᠦᠨ᠎ᠠᠴᠠ ᠳᠡᠭᠡᠭᠰᠢᠬᠢ ᠰᠢᠨ᠎ᠡ᠎ᠪᠠᠷ ᠪᠠᠶ᠋ᠢᠭᠤᠯᠬᠤ᠂ ᠥᠷᠭᠡᠳᠬᠡᠨ ᠪᠠᠶ᠋ᠢᠭᠤᠯᠬᠤ ᠨᠡᠭᠦᠷᠡᠰᠦ ᠮᠠᠯᠲᠠᠬᠤ ᠲᠥᠷᠥᠯ ᠵᠦᠢ᠍ᠯ᠃
ᠬᠠᠷ᠎ᠠ ᠲᠡᠮᠦᠷᠯᠢᠭ᠎ᠤᠨ ᠬᠦᠳᠡᠷ ᠮᠠᠯᠲᠠᠵᠤ ᠰᠢᠯᠢᠬᠦ ᠦᠢ᠍ᠯᠡᠰ᠄ ᠰᠢᠨ᠎ᠡ᠎ᠪᠠᠷ ᠨᠡᠮᠡᠭᠳᠡᠭᠦᠯᠬᠦ᠎ᠪᠠᠷ ᠪᠠᠢ᠌ᠭ᠎ᠠ ᠬᠡᠪᠴᠢᠶᠡᠵᠢᠯ᠎ᠨᠢ 30 ᠲᠦᠮᠡᠨ ᠲᠣᠨ / ᠵᠢᠯ ᠵᠢᠴᠢ ᠲᠡᠭᠦᠨ᠎ᠠᠴᠠ ᠳᠡᠭᠡᠭᠰᠢᠬᠢ ᠰᠢᠨ᠎ᠡ᠎ᠪᠠᠷ ᠪᠠᠶ᠋ᠢᠭᠤᠯᠬᠤ᠂ ᠥᠷᠭᠡᠳᠬᠡᠨ ᠪᠠᠶ᠋ᠢᠭᠤᠯᠬᠤ ᠲᠡᠮᠦᠷ᠎ᠤᠨ ᠬᠦᠳᠡᠷ ᠮᠠᠯᠲᠠᠵᠤ ᠰᠢᠯᠢᠬᠦ ᠵᠢ ᠨᠢᠭᠡ ᠴᠣᠭᠴᠠᠵᠢᠭᠤᠯᠤᠭᠰᠠᠨ ᠲᠥᠷᠥᠯ ᠵᠦᠢ᠍ᠯ᠃
ᠥᠩᠭᠡᠲᠦ ᠲᠡᠮᠦᠷᠯᠢᠭ᠎ᠤᠨ ᠠᠭᠤᠷᠬᠠᠢ ᠮᠠᠯᠲᠠᠵᠤ ᠰᠢᠯᠢᠬᠦ ᠦᠢ᠍ᠯᠡᠰ᠄ ᠬᠣᠪᠣᠷ ᠰᠢᠷᠣᠢ ᠵᠢᠨ ᠮᠠᠯᠲᠠᠵᠤ ᠰᠣᠩᠭᠣᠬᠤ ᠵᠢ ᠨᠢᠭᠡ ᠴᠣᠭᠴᠠᠵᠢᠭᠤᠯᠤᠭᠰᠠᠨ ᠰᠢᠨ᠎ᠡ᠎ᠪᠠᠷ ᠪᠠᠶ᠋ᠢᠭᠤᠯᠬᠤ᠂ ᠥᠷᠭᠡᠳᠬᠡᠨ ᠪᠠᠢ᠌ᠭᠤᠯᠬᠤ ᠲᠥᠷᠥᠯ ᠵᠦᠢᠯ; ᠵᠡᠰ᠂ ᠲᠤᠭᠤᠯᠭ᠎ᠠ - ᠴᠠᠢ᠌ᠷ᠂ ᠨᠢᠺᠸᠯ - ᠺᠣᠪᠠᠯᠲ᠂ ᠰᠲ᠋ᠠᠨ᠂ ᠰᠲ᠋ᠢᠪᠢ᠂ ᠮᠥᠩᠭᠥᠨ ᠤᠰᠤᠨ᠎ᠤ ᠬᠦᠳᠡᠷ᠎ᠢ ᠮᠠᠯᠲᠠᠵᠤ ᠰᠢᠯᠢᠬᠦ ᠵᠢ ᠨᠢᠭᠡ ᠴᠣᠭᠴᠠᠵᠢᠭᠤᠯᠤᠭᠰᠠᠨ ᠰᠢᠨ᠎ᠡ᠎ᠪᠠᠷ ᠪᠠᠶ᠋ᠢᠭᠤᠯᠬᠤ᠂ ᠥᠷᠭᠡᠳᠬᠡᠨ ᠪᠠᠢ᠌ᠭᠤᠯᠬᠤ ᠲᠥᠷᠥᠯ ᠵᠦᠢ᠍ᠯ᠃
ᠦᠯᠡᠳᠡᠭᠳᠡᠯ ᠬᠦᠳᠡᠷ᠎ᠤᠨ ᠠᠭᠤᠷᠬᠠᠢ ᠲᠠᠯᠠᠪᠠᠢ᠄ ᠦᠯᠡᠳᠡᠭᠳᠡᠯ ᠬᠦᠳᠡᠷ᠎ᠤᠨ ᠠᠭᠤᠷᠬᠠᠢ ᠲᠠᠯᠠᠪᠠᠢ ᠵᠢ ᠪᠠᠭᠲᠠᠭ᠋ᠠᠭᠰᠠᠨ ᠰᠢᠨ᠎ᠡ᠎ᠪᠠᠷ ᠪᠠᠶ᠋ᠢᠭᠤᠯᠬᠤ᠂ ᠥᠷᠭᠡᠳᠬᠡᠨ ᠪᠠᠶ᠋ᠢᠭᠤᠯᠬᠤ ᠠᠭᠤᠷᠬᠠᠢ ᠵᠢᠨ ᠮᠠᠯᠲᠠᠵᠤ ᠰᠢᠯᠢᠬᠦ ᠲᠥᠷᠥᠯ ᠵᠦᠢ᠍ᠯ; ᠲᠤᠰᠠᠭ᠋ᠠᠷ ᠦᠯᠡᠳᠡᠭᠳᠡᠯ ᠬᠦᠳᠡᠷ᠎ᠤᠨ ᠠᠭᠤᠷᠬᠠᠢ ᠲᠠᠯᠠᠪᠠᠢ ᠵᠢ ᠰᠢᠨ᠎ᠡ᠎ᠪᠠᠷ ᠪᠠᠶ᠋ᠢᠭᠤᠯᠬᠤ ᠪᠠ ᠥᠷᠭᠡᠳᠬᠡᠨ ᠪᠠᠢ᠌ᠭᠤᠯᠬᠤ ᠲᠥᠷᠥᠯ ᠵᠦᠢ᠍ᠯ᠃
(ᠳᠥᠷᠪᠡ) ᠵᠠᠮ ᠬᠠᠷᠢᠯᠴᠠᠭ᠎ᠠ ᠲᠡᠭᠡᠭᠡᠪᠦᠷᠢ
ᠭᠠᠷᠠᠮ᠄ ᠨᠡᠭᠦᠷᠡᠰᠦ᠂ ᠬᠦᠳᠡᠷ᠂ ᠲᠣᠰᠣ ᠬᠡᠢ ᠵᠢᠨ ᠲᠤᠰᠬᠠᠢ ᠬᠡᠷᠡᠭᠯᠡᠭᠡᠨ᠎ᠤ ᠵᠣᠭᠰᠣᠭ᠋ᠠᠯ᠎ᠢ ᠰᠢᠨ᠎ᠡ᠎ᠪᠠᠷ ᠪᠠᠢ᠌ᠭᠤᠯᠬᠤ ᠲᠥᠷᠥᠯ ᠵᠦᠢ᠍ᠯ᠂ ᠠᠶᠤᠯᠲᠠᠢ ᠪᠣᠳᠠᠰ ᠣᠪᠣᠭ᠋ᠠᠯᠠᠬᠤ ᠲᠠᠯᠠᠪᠤᠷ᠎ᠲᠤ ᠬᠣᠯᠪᠣᠭᠳᠠᠬᠤ ᠴᠢᠩᠭᠡᠯᠢᠭ᠎ᠤᠨ ᠲᠤᠰᠬᠠᠢ ᠬᠡᠷᠡᠭᠯᠡᠭᠡᠨ᠎ᠤ ᠭᠠᠷᠠᠮ᠎ᠢ ᠰᠢᠨ᠎ᠡ᠎ᠪᠠᠷ ᠪᠠᠢ᠌ᠭᠤᠯᠬᠤ ᠲᠥᠷᠥᠯ ᠵᠦᠢ᠍ᠯ᠃
ᠨᠢᠰᠬᠡᠯ᠎ᠤᠨ ᠪᠠᠭᠤᠳᠠᠯ᠄ ᠲᠡᠭᠡᠭᠡᠪᠦᠷᠢ ᠵᠢᠨ ᠨᠢᠰᠬᠡᠯ᠎ᠤᠨ ᠪᠠᠭᠤᠳᠠᠯ᠎ᠢ ᠰᠢᠨ᠎ᠡ᠎ᠪᠠᠷ ᠪᠠᠶ᠋ᠢᠭᠤᠯᠬᠤ᠂ ᠨᠡᠭᠦᠯᠭᠡᠨ ᠪᠠᠶ᠋ᠢᠭᠤᠯᠬᠤ ᠵᠢᠴᠢ ᠠᠭ᠋ᠠᠷ᠎ᠤᠨ ᠲᠡᠭᠡᠭᠡᠪᠦᠷᠢ ᠵᠢᠨ ᠲᠤᠬᠠᠢ᠌ᠯᠠᠭᠰᠠᠨ ᠠᠵᠢᠯ᠎ᠤᠨ ᠬᠡᠮᠵᠢᠶ᠎ᠡ ᠵᠢ᠎ᠨᠢ ᠨᠡᠮᠡᠭᠳᠡᠭᠦᠯᠵᠦ ᠥᠷᠭᠡᠳᠬᠡᠨ ᠪᠠᠶ᠋ᠢᠭᠤᠯᠬᠤ ᠲᠥᠷᠥᠯ ᠵᠦᠢ᠍ᠯ᠂ ᠨᠡᠢ᠌ᠳᠡᠮ ᠬᠡᠷᠡᠭᠯᠡᠭᠡᠨ᠎ᠤ ᠨᠢᠰᠬᠡᠯ᠎ᠤᠨ ᠪᠠᠭᠤᠳᠠᠯ᠎ᠢ ᠰᠢᠨ᠎ᠡ᠎ᠪᠠᠷ ᠪᠠᠶ᠋ᠢᠭᠤᠯᠬᠤ᠂ ᠨᠡᠭᠦᠯᠭᠡᠨ ᠪᠠᠶ᠋ᠢᠭᠤᠯᠬᠤ ᠲᠥᠷᠥᠯ ᠵᠦᠢ᠍ᠯ᠃
(ᠲᠠᠪᠤ) ᠦᠢ᠍ᠯᠡᠳᠬᠦ ᠦᠢ᠍ᠯᠡᠰ
ᠴᠢᠯᠠᠭᠤᠨ ᠲᠣᠰᠣ ᠬᠢᠮᠢ ᠵᠢᠨ ᠠᠵᠤ ᠦᠢ᠍ᠯᠡᠳᠪᠦᠷᠢ᠄ ᠴᠢᠯᠠᠭᠤᠨ ᠲᠣᠰᠣ ᠪᠣᠯᠪᠠᠰᠤᠷᠠᠭᠤᠯᠬᠤ ᠪᠥᠬᠥ ᠲᠥᠷᠥᠯ ᠵᠦᠢ᠍ᠯ (2511); ᠡᠲ᠋ᠧᠨ᠎ᠤ ᠪᠦᠬᠦ ᠲᠦᠷᠦᠯ ᠵᠦᠢ᠍ᠯ᠂ ᠬᠣᠶᠠᠷ ᠮᠧᠲ᠋ᠢᠯᠲᠦ ᠪᠧᠨ᠋ᠽᠧᠨᠤ ᠰᠢᠨ᠎ᠡ᠎ᠪᠠᠷ ᠪᠠᠢ᠌ᠭᠤᠯᠬᠤ ᠲᠦᠷᠦᠯ ᠵᠦᠢ᠍ᠯ᠂ ᠬᠣᠶᠠᠷ ᠹᠧᠨᠣᠯ᠎ᠲᠤ ᠮᠧᠲ᠋ᠠᠨ᠎ᠤ ᠬᠣᠶᠠᠷ ᠢᠽᠣᠼᠢᠶᠠᠨ ᠬᠦᠴᠢᠯ᠎ᠤᠨ ᠡᠰᠲ᠋ᠧᠷ᠎ᠤᠨ ᠰᠢᠨ᠎ᠡ᠎ᠪᠠᠷ ᠪᠠᠢ᠌ᠭᠤᠯᠬᠤ ᠲᠦᠷᠦᠯ ᠵᠦᠢ᠍ᠯ᠂ ᠰᠢᠨ᠎ᠡ᠎ᠪᠠᠷ ᠪᠠᠢ᠌ᠭᠤᠯᠬᠤ᠎ᠪᠠᠷ ᠪᠠᠢ᠌ᠭ᠎ᠠ ᠬᠠᠶᠠᠭᠳᠠᠮᠠᠯ ᠳᠤᠭᠤᠢ᠌ᠯᠠᠪᠤᠷᠢᠪᠠᠷ ᠳᠠᠬᠢᠯᠲᠠ ᠲᠣᠰᠣ ᠦᠢ᠍ᠯᠡᠳᠪᠦᠷᠢᠯᠡᠬᠦ ᠲᠦᠷᠦᠯ ᠵᠦᠢ᠍ᠯ᠃
ᠬᠢᠮᠢ ᠵᠢᠨ ᠠᠵᠤ ᠦᠢ᠍ᠯᠡᠳᠪᠦᠷᠢ᠄ ᠪᠥᠬᠥ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠵᠢᠨ ᠲᠥᠷᠥᠯ ᠵᠦᠢ᠍ᠯ (2522᠂ 2523᠂ ᠨᠡᠭᠦᠷᠡᠰᠦ᠎ᠪᠠᠷ ᠠᠽᠣᠲ ᠪᠣᠷᠳᠣᠭᠤᠷ ᠦᠢ᠍ᠯᠡᠳᠬᠦ᠂ ᠤᠲᠤᠭ᠋ᠠᠲᠤ ᠨᠡᠭᠦᠷᠡᠰᠦ ᠵᠢ ᠴᠢᠨᠠᠷ ᠬᠤᠪᠢᠶᠠᠨ ᠠᠰᠢᠭᠯᠠᠬᠤ ᠪᠠᠭᠲᠠᠨ᠎ᠠ)᠂ ᠪᠥᠬᠥ ᠬᠢᠮᠢ ᠵᠢᠨ ᠲᠠᠷᠢᠶᠠᠨ ᠡᠮ᠎ᠤᠨ ᠲᠦᠭᠦᠬᠡᠢ ᠡᠮ᠎ᠢ ᠦᠢ᠍ᠯᠡᠳᠬᠦ ᠲᠥᠷᠥᠯ ᠵᠦᠢ᠍ᠯ (2631᠂ ᠭᠣᠣᠯᠳᠠᠭᠤ ᠬᠢᠮᠢ ᠵᠢᠨ ᠲᠠᠷᠢᠶᠠᠨ ᠡᠮ᠎ᠤᠨ ᠲᠦᠭᠦᠬᠡᠢ ᠡᠮ᠎ᠢ ᠨᠡᠢ᠌ᠯᠡᠭᠦᠯᠬᠦ᠎ᠳᠤ ᠬᠡᠷᠡᠭᠯᠡᠬᠦ ᠵᠠᠪᠰᠠᠷ᠎ᠤᠨ ᠴᠣᠭᠴᠠ ᠵᠢ ᠦᠢ᠍ᠯᠡᠳᠪᠦᠷᠢᠯᠡᠬᠦ ᠲᠥᠷᠥᠯ ᠵᠦᠢ᠍ᠯ᠂ ᠬᠢᠮᠢ ᠵᠢᠨ ᠲᠠᠷᠢᠶᠠᠨ ᠡᠮ᠎ᠤᠨ ᠨᠠᠢ᠌ᠷᠠᠯᠲᠠ ᠵᠢᠨ ᠲᠥᠷᠥᠯ ᠵᠦᠢ᠍ᠯ ᠪᠠᠭᠲᠠᠬᠤ ᠦᠭᠡᠢ)᠂ ᠪᠥᠬᠥ ᠾᠷᠣᠮ᠎ᠤᠨ ᠳᠠᠪᠤᠰᠤ᠂ ᠪᠥᠬᠥ ᠼᠢᠶᠠᠨᠲᠤ ᠨᠢᠭᠡᠳᠪᠦᠷᠢ ᠵᠢ ᠦᠢ᠍ᠯᠡᠳᠪᠦᠷᠢᠯᠡᠬᠦ ᠲᠥᠷᠥᠯ ᠵᠦᠢ᠍ᠯ᠃
ᠱᠦᠢ᠍ᠨᠢ ᠵᠢᠨ ᠪᠣᠯᠭᠣᠭᠰᠠᠨ ᠮᠠᠲ᠋ᠧᠷᠢᠶᠠᠯ᠄ ᠪᠦᠬᠦ ᠲᠦᠷᠦᠯ ᠵᠦᠢ᠍ᠯ (ᠱᠦᠢ᠍ᠨᠢ ᠵᠢᠨ ᠤᠭᠤᠷᠭ᠋ᠠᠢ ᠵᠢᠨ ᠠᠶᠤᠯᠲᠠᠢ ᠬᠠᠶᠠᠭᠳᠠᠮᠠᠯ ᠪᠣᠳᠠᠰ᠎ᠢ ᠬᠠᠮᠵᠢᠯᠴᠠᠨ ᠰᠢᠢ᠍ᠳᠪᠦᠷᠢᠯᠡᠬᠦ ᠪᠠᠭᠲᠠᠨ᠎ᠠ)᠃
ᠰᠢᠯ᠄ ᠰᠢᠯ ᠬᠠᠢ᠌ᠯᠤᠭᠤᠯᠬᠤ ᠤᠭᠤᠷᠭ᠋ᠠᠢ ᠵᠢᠨ ᠲᠥᠬᠦᠭᠡᠷᠦᠮᠵᠢ᠎ᠳᠤ ᠬᠣᠯᠪᠣᠭᠳᠠᠬᠤ ᠪᠦᠬᠦ ᠲᠥᠷᠥᠯ ᠵᠦᠢ᠍ᠯ (304᠂ ᠴᠠᠬᠢᠯᠭ᠋ᠠᠨ ᠵᠶ᠋ᠠᠷ ᠬᠠᠢ᠌ᠯᠤᠭᠤᠯᠬᠤ ᠤᠭᠤᠷᠭ᠋ᠠᠢ᠎ᠠᠴᠠ ᠭᠠᠳᠠᠨ᠎ᠠ)᠃
ᠪᠣᠯᠣᠳ ᠲᠡᠮᠦᠷ᠄ ᠪᠦᠬᠦᠨ ᠵᠶ᠋ᠡᠷ ᠵᠶ᠋ᠡᠨ ᠨᠠᠷᠢᠯᠢᠭ ᠬᠦᠳᠡᠷ ᠵᠶ᠋ᠡᠷ ᠲᠦᠭᠦᠬᠡᠢ ᠮᠠᠲ᠋ᠧᠷᠢᠶᠠᠯ ᠪᠣᠯᠭ᠋ᠠᠭᠰᠠᠨ ᠲᠡᠮᠦᠷ ᠬᠠᠢ᠌ᠯᠤᠭᠤᠯᠬᠤ ᠲᠥᠷᠥᠯ ᠵᠦᠢ᠍ᠯ (ᠰᠢᠲᠠᠭ᠋ᠠᠨ ᠪᠠᠷᠢᠯᠳᠤᠭᠤᠯᠬᠤ᠂ ᠪᠥᠮᠪᠥᠭᠡᠯᠡᠬᠦ ᠪᠠᠭᠲᠠᠨ᠎ᠠ)᠂ ᠪᠦᠬᠦᠨ ᠵᠶ᠋ᠡᠷ ᠵᠶ᠋ᠡᠨ ᠰᠢᠷᠡᠮᠦ᠎ᠪᠠᠷ ᠲᠦᠭᠦᠬᠡᠢ ᠮᠠᠲ᠋ᠧᠷᠢᠶᠠᠯ ᠪᠣᠯᠭ᠋ᠠᠭᠰᠠᠨ ᠪᠣᠯᠣᠳ ᠬᠠᠢ᠌ᠯᠤᠭᠤᠯᠬᠤ ᠲᠥᠷᠥᠯ ᠵᠦᠢ᠍ᠯ (ᠣᠬᠣᠷ ᠴᠤᠪᠤᠷᠠᠯ ᠵᠶ᠋ᠠᠷ ᠪᠣᠯᠣᠳ ᠪᠣᠯᠪᠠᠰᠤᠷᠠᠭᠤᠯᠬᠤ᠎ᠠᠴᠠ ᠭᠠᠳᠠᠨ᠎ᠠ)᠂ ᠰᠢᠨ᠎ᠡ᠎ᠪᠠᠷ ᠪᠠᠶ᠋ᠢᠭᠤᠯᠬᠤ᠂ ᠥᠷᠭᠡᠳᠬᠡᠨ ᠪᠠᠢ᠌ᠭᠤᠯᠬᠤ ᠪᠣᠯᠣᠳ ᠲᠡᠮᠦᠷ᠎ᠤᠨ ᠴᠠᠢ᠌ᠷ ᠡᠯᠧᠮᠧᠨ᠋ᠲ ᠠᠭᠤᠯᠤᠭᠰᠠᠨ ᠲᠣᠭᠣᠰᠣ ᠰᠢᠪᠠᠷ ᠵᠡᠷᠭᠡ ᠴᠠᠢ᠌ᠷ ᠡᠯᠧᠮᠧᠨ᠋ᠲ ᠠᠭᠤᠯᠤᠭᠰᠠᠨ ᠬᠣᠶᠠᠳᠠᠭᠢ ᠡᠬᠢ ᠪᠠᠶᠠᠯᠢᠭ ᠵᠶ᠋ᠠᠷ (ᠳᠡᠳ᠋) ᠴᠠᠢ᠌ᠷ᠎ᠤᠨ ᠢᠰᠦᠯ ᠦᠢ᠍ᠯᠡᠳᠪᠦᠷᠢᠯᠡᠬᠦ ᠲᠥᠷᠥᠯ ᠵᠦᠢ᠍ᠯ᠃
ᠬᠡᠦᠷᠰᠢᠭᠦᠯᠬᠦ᠄ ᠪᠥᠬᠥ ᠲᠥᠷᠥᠯ ᠵᠦᠢ᠍ᠯ (2521᠂ ᠬᠣᠢ᠌ᠷᠭᠤ ᠬᠡᠢ᠎ᠪᠠᠷ ᠬᠥᠷᠥᠭᠡᠬᠦ᠂ ᠨᠡᠭᠦᠷᠡᠰᠦᠨ ᠬᠡᠢ ᠵᠢ ᠴᠡᠪᠡᠷᠰᠢᠭᠦᠯᠬᠦ᠂ ᠨᠡᠭᠦᠷᠡᠰᠦᠨ ᠬᠡᠢ ᠵᠢ ᠶᠡᠷᠦᠩᠬᠡᠢ᠌ᠯᠡᠨ ᠠᠰᠢᠭᠯᠠᠬᠤ ᠵᠡᠷᠭᠡ ᠬᠡᠦᠷᠰᠢᠭᠦᠯᠬᠦ ᠵᠤᠤᠬ᠎ᠠ / ᠨᠡᠭᠦᠷᠡᠰᠦᠵᠢᠭᠦᠯᠬᠦ ᠵᠤᠤᠬ᠎ᠠ᠎ᠳᠤ ᠦᠯᠦ ᠬᠣᠯᠪᠣᠭᠳᠠᠬᠤ ᠥᠭᠡᠷᠡᠴᠢᠯᠡᠨ ᠰᠢᠨᠡᠳᠬᠡᠭᠰᠡᠨ ᠲᠥᠷᠥᠯ ᠵᠦᠢ᠍ᠯ ᠪᠠᠭᠲᠠᠬᠤ ᠦᠭᠡᠢ)᠃
ᠥᠩᠭᠡᠲᠦ ᠲᠡᠮᠦᠷᠯᠢᠭ ᠪᠣᠯᠪᠠᠰᠤᠷᠠᠭᠤᠯᠬᠤ᠄ ᠪᠦᠬᠦᠨ ᠵᠶ᠋ᠡᠷ ᠵᠶ᠋ᠡᠨ ᠨᠠᠷᠢᠯᠢᠭ ᠬᠦᠳᠡᠷ ᠵᠶ᠋ᠡᠷ ᠲᠦᠭᠦᠬᠡᠢ ᠮᠠᠲ᠋ᠧᠷᠢᠶᠠᠯ ᠪᠣᠯᠭ᠋ᠠᠭᠰᠠᠨ ᠥᠩᠭᠡᠲᠦ ᠲᠡᠮᠦᠷᠯᠢᠭ ᠪᠣᠯᠪᠠᠰᠤᠷᠠᠭᠤᠯᠬᠤ ᠲᠥᠷᠥᠯ ᠵᠦᠢ᠍ᠯ᠂ ᠳᠠᠬᠢᠯᠲᠠ ᠥᠩᠭᠡᠲᠦ ᠲᠡᠮᠦᠷᠯᠢᠭ ᠪᠣᠯᠪᠠᠰᠤᠷᠠᠭᠤᠯᠬᠤ ᠪᠦᠬᠦ ᠲᠥᠷᠥᠯ ᠵᠦᠢ᠍ᠯ᠃
ᠴᠢᠳᠬᠤᠬᠤ᠄ ᠴᠢᠳᠬᠤᠬᠤ᠎ᠳᠤ ᠬᠡᠷᠡᠭᠯᠡᠬᠦ ᠰᠢᠷᠡᠮᠦ ᠵᠢᠨ ᠪᠦᠬᠦ ᠲᠥᠷᠥᠯ ᠵᠦᠢ᠍ᠯ᠂ ᠲᠡᠮᠦᠷ ᠬᠠᠢ᠌ᠯᠤᠭᠤᠯᠬᠤ ᠪᠣᠰᠣᠭ᠎ᠠ ᠵᠤᠤᠬ᠎ᠠ᠎ᠪᠠᠷ ᠬᠠᠢ᠌ᠯᠤᠭᠤᠯᠬᠤ ᠲᠥᠬᠦᠭᠡᠷᠦᠮᠵᠢ ᠪᠣᠯᠭ᠋ᠠᠭᠰᠠᠨ ᠰᠢᠨ᠎ᠡ᠎ᠪᠠᠷ ᠪᠠᠶ᠋ᠢᠭᠤᠯᠬᠤ᠂ ᠥᠷᠭᠡᠳᠬᠡᠨ ᠪᠠᠢ᠌ᠭᠤᠯᠬᠤ ᠴᠢᠳᠬᠤᠯᠲᠠ ᠵᠢᠨ ᠲᠥᠷᠥᠯ ᠵᠦᠢ᠍ᠯ᠃
ᠨᠡᠭᠦᠷᠡᠰᠦᠲᠥ᠋ᠷᠥᠭᠴᠢᠲᠦ ᠦᠢ᠍ᠯᠡᠳᠬᠦᠨ᠄ ᠰᠢᠨ᠎ᠡ᠎ᠪᠠᠷ ᠪᠠᠢ᠌ᠭᠤᠯᠬᠤ᠎ᠪᠠᠷ ᠪᠠᠢ᠌ᠭ᠎ᠠ ᠴᠢᠯᠠᠭᠤᠨ ᠲᠣᠰᠣᠨ᠎ᠤ ᠬᠡᠦᠷᠡᠰᠦ᠎ᠪᠠᠷ ᠲᠦᠭᠦᠬᠡᠢ ᠮᠠᠲ᠋ᠧᠷᠢᠶᠠᠯ ᠪᠣᠯᠭ᠋ᠠᠵᠤ ᠨᠡᠭᠦᠷᠡᠰᠦᠲᠥ᠋ᠷᠥᠭᠴᠢᠲᠦ ᠦᠢ᠍ᠯᠡᠳᠬᠦᠨ ᠦᠢ᠍ᠯᠡᠳᠪᠦᠷᠢᠯᠡᠬᠦ ᠲᠥᠷᠥᠯ ᠵᠦᠢ᠍ᠯ (3091)᠃
(ᠵᠢᠷᠭᠤᠭ᠎ᠠ) ᠨᠡᠢ᠌ᠭᠡᠮ᠎ᠤᠨ ᠠᠵᠢᠯ ᠦᠢ᠍ᠯᠡᠰ
ᠴᠡᠴᠡᠷᠯᠢᠭ᠄ ᠰᠢᠨ᠎ᠡ᠎ᠪᠠᠷ ᠪᠠᠢ᠌ᠭᠤᠯᠬᠤ ᠣᠨᠴᠠ ᠲᠣᠮᠣ ᠬᠡᠯᠪᠡᠷᠢ ᠵᠢᠨ ᠭᠣᠣᠯ ᠰᠡᠳᠦᠪᠲᠦ ᠴᠡᠴᠡᠷᠯᠢᠭ; ᠰᠢᠨ᠎ᠡ᠎ᠪᠠᠷ ᠪᠠᠢ᠌ᠭᠤᠯᠬᠤ ᠲᠣᠮᠣ ᠬᠡᠯᠪᠡᠷᠢ ᠵᠢᠨ ᠭᠣᠣᠯ ᠰᠡᠳᠦᠪᠲᠦ ᠴᠡᠴᠡᠷᠯᠢᠭ᠃
ᠬᠢᠮᠡᠯ ᠨᠠᠭᠤᠷ᠂ ᠵᠣᠬᠢᠶᠠᠮᠠᠯ ᠨᠤᠭᠤ ᠭᠠᠵᠠᠷ᠄ ᠲᠤᠰᠠᠭ᠋ᠠᠷ ᠲᠥᠷᠥᠯ ᠵᠦᠢ᠍ᠯ ᠲᠣᠭᠲᠠᠭ᠋ᠠᠵᠤ ᠣᠷᠴᠢᠨ ᠲᠣᠭᠣᠷᠢᠨ᠎ᠤ ᠨᠥᠯᠥᠭᠡᠯᠡᠯ᠎ᠤᠨ ᠮᠡᠳᠡᠭᠦᠯᠦᠯᠲᠡ ᠵᠢᠨ ᠪᠢᠴᠢᠭ ᠨᠠᠢ᠌ᠷᠠᠭᠤᠯᠤᠨ ᠵᠣᠬᠢᠶᠠᠬᠤ ᠬᠢᠮᠡᠯ ᠨᠠᠭᠤᠷ ᠪᠤᠶᠤ ᠵᠣᠬᠢᠶᠠᠮᠠᠯ ᠨᠤᠭᠤ ᠭᠠᠵᠠᠷ᠎ᠤᠨ ᠲᠥᠷᠥᠯ ᠵᠦᠢᠯ; ᠬᠢᠮᠡᠯ ᠨᠠᠭᠤᠷ᠂ ᠵᠣᠬᠢᠶᠠᠮᠠᠯ ᠨᠤᠭᠤ ᠭᠠᠵᠠᠷ᠎ᠤᠨ ᠡᠵᠡᠯᠡᠬᠦᠨ᠎ᠨᠢ 500 ᠲᠦᠮᠡᠨ ᠺᠦᠪ ᠮᠧᠲᠷ ᠵᠢᠴᠢ ᠲᠡᠭᠦᠨ᠎ᠠᠴᠠ ᠳᠡᠭᠡᠭᠰᠢ᠂ ᠡᠰᠡᠬᠦᠯ᠎ᠡ ᠡᠵᠡᠯᠡᠬᠦᠨ᠎ᠨᠢ 5 ᠲᠦᠮᠡ᠎ᠠᠴᠠ 500 ᠲᠦᠮᠡᠨ ᠺᠦᠪ ᠮᠧᠲᠷ᠎ᠤᠨ ᠬᠣᠭᠣᠷᠣᠨᠳᠤ ᠪᠠᠢ᠌ᠬᠤ ᠪᠥᠭᠡᠳ ᠣᠷᠴᠢᠨ ᠲᠣᠭᠣᠷᠢᠨ᠎ᠤ ᠬᠥᠨᠳᠡᠭᠦᠷ ᠣᠷᠣᠨ᠎ᠳᠤ ᠬᠣᠯᠪᠣᠭᠳᠠᠵᠤ᠂ ᠡᠰᠡᠬᠦᠯ᠎ᠡ ᠵᠢᠯ᠎ᠤᠨ ᠤᠰᠤ ᠨᠥᠬᠥᠪᠦᠷᠢᠯᠡᠬᠦ ᠬᠡᠮᠵᠢᠶ᠎ᠡ᠎ᠨᠢ ᠤᠰᠤ ᠲᠠᠲᠠᠬᠤ ᠭᠣᠣᠯ᠎ᠤᠨ ᠵᠠᠮ᠎ᠤᠨ ᠤᠰᠤ ᠲᠠᠲᠠᠬᠤ ᠣᠭᠲᠣᠯᠣᠭ᠋ᠠᠰᠤ ᠵᠢᠨ ᠪᠠᠢ᠌ᠭ᠋ᠠᠯᠢᠯᠢᠭ ᠵᠢᠯ᠎ᠤᠨ ᠤᠷᠤᠰᠬᠠᠯ᠎ᠤᠨ ᠬᠡᠮᠵᠢᠶᠡᠨ᠎ᠤ 25% ᠵᠢᠴᠢ ᠲᠡᠭᠦᠨ᠎ᠠᠴᠠ ᠳᠡᠭᠡᠭᠰᠢᠬᠢ ᠬᠠᠮᠢᠶ᠎ᠠ ᠪᠦᠬᠦᠢ ᠲᠥᠷᠥᠯ ᠵᠦᠢ᠍ᠯ (ᠬᠤᠳᠠ ᠵᠢᠨ ᠪᠣᠷᠣᠭ᠋ᠠᠨ ᠦᠶᠡᠷ᠎ᠤᠨ ᠤᠰᠤ᠂ ᠳᠠᠬᠢᠯᠲᠠ ᠤᠰᠤ᠂ ᠠᠭᠤᠷᠬᠠᠢ ᠵᠢᠨ ᠬᠤᠳᠳᠤᠭ᠎ᠤᠨ ᠤᠰᠤ ᠵᠡᠷᠭᠡ ᠪᠠᠢ᠌ᠩᠭᠤ ᠵᠢᠨ ᠪᠤᠰᠤ ᠤᠰᠤᠨ ᠰᠤᠷᠪᠤᠯᠵᠢ ᠵᠢ ᠯᠠ ᠠᠰᠢᠭᠯᠠᠬᠤ ᠬᠢᠮᠡᠯ ᠨᠠᠭᠤᠷ ᠪᠤᠶᠤ ᠵᠣᠬᠢᠶᠠᠮᠠᠯ ᠨᠤᠭᠤ ᠭᠠᠵᠠᠷ᠎ᠤᠨ ᠲᠥᠷᠥᠯ ᠵᠦᠢ᠍ᠯ᠂ ᠵᠢᠴᠢ ᠬᠠᠲᠤᠨ ᠭᠣᠣᠯ᠎ᠤᠨ ᠭᠣᠣᠯ ᠤᠷᠤᠰᠬᠠᠯ ᠵᠢᠴᠢ ᠡᠯ᠎ᠡ ᠱᠠᠲᠤᠨ᠎ᠤ ᠰᠠᠯᠪᠤᠷᠢ ᠤᠷᠤᠰᠬᠠᠯ᠎ᠤᠨ ᠤᠰᠤ ᠵᠢ ᠲᠠᠲᠠᠵᠤ ᠬᠡᠷᠡᠭᠯᠡᠬᠦ ᠦᠭᠡᠢ ᠮᠥᠷᠲᠡᠭᠡᠨ ᠭᠣᠣᠯᠳᠠᠭᠤ ᠪᠣᠬᠢᠷ ᠤᠰᠤ᠎ᠶᠢ ᠭᠦᠨᠵᠡᠭᠡᠢ ᠰᠢᠢ᠍ᠳᠪᠦᠷᠢᠯᠡᠬᠦ᠎ᠳᠤ ᠬᠡᠷᠡᠭᠯᠡᠬᠦ ᠬᠠᠮᠢᠶ᠎ᠠ ᠪᠦᠬᠦᠢ ᠲᠥᠷᠥᠯ ᠵᠦᠢ᠍ᠯ ᠪᠠᠭᠲᠠᠬᠤ ᠦᠭᠡᠢ)᠃
(ᠳᠣᠯᠣᠭ᠎ᠠ) ᠣᠷᠴᠢᠨ ᠲᠣᠭᠣᠷᠢᠨ᠎ᠤ ᠵᠠᠰᠠᠯᠲᠠ ᠵᠢᠨ ᠦᠢ᠍ᠯᠡᠰ
ᠠᠶᠤᠯᠲᠠᠢ ᠬᠠᠶᠠᠭᠳᠠᠮᠠᠯ ᠪᠣᠳᠠᠰ᠎ᠢ ᠰᠢᠢ᠍ᠳᠪᠦᠷᠢᠯᠡᠬᠦ᠄ ᠰᠢᠨ᠎ᠡ᠎ᠪᠠᠷ ᠪᠠᠶ᠋ᠢᠭᠤᠯᠬᠤ᠂ ᠥᠭᠡᠷᠡᠴᠢᠯᠡᠨ ᠪᠠᠶ᠋ᠢᠭᠤᠯᠬᠤ᠂ ᠥᠷᠭᠡᠳᠬᠡᠨ ᠪᠠᠶ᠋ᠢᠭᠤᠯᠬᠤ ᠠᠶᠤᠯᠲᠠᠢ ᠬᠠᠶᠠᠭᠳᠠᠮᠠᠯ ᠪᠣᠳᠠᠰ᠎ᠢ ᠲᠥᠪᠯᠡᠷᠡᠭᠦᠯᠦᠨ ᠰᠢᠲᠠᠭ᠋ᠠᠬᠤ᠂ ᠲᠥᠪᠯᠡᠷᠡᠭᠦᠯᠦᠨ ᠪᠤᠯᠠᠵᠤ ᠰᠢᠢ᠍ᠳᠪᠦᠷᠢᠯᠡᠬᠦ ᠲᠥᠷᠥᠯ ᠵᠦᠢ᠍ᠯ (ᠡᠮᠴᠢᠯᠡᠭᠡᠨ᠎ᠤ ᠬᠠᠶᠠᠭᠳᠠᠮᠠᠯ ᠪᠣᠳᠠᠰ᠎ᠢ ᠲᠥᠪᠯᠡᠷᠡᠭᠦᠯᠦᠨ ᠰᠢᠢ᠍ᠳᠪᠦᠷᠢᠯᠡᠬᠦ ᠲᠥᠷᠥᠯ ᠵᠦᠢ᠍ᠯ ᠪᠠᠭᠲᠠᠬᠤ ᠦᠭᠡᠢ)᠂ ᠠᠶᠤᠯᠲᠠᠢ ᠬᠠᠶᠠᠭᠳᠠᠮᠠᠯ ᠪᠣᠳᠠᠰ ᠡᠭᠦᠰᠬᠡᠬᠦ ᠨᠢᠭᠡᠴᠢ ᠵᠢᠨ ᠰᠢᠨ᠎ᠡ᠎ᠪᠠᠷ ᠪᠠᠢ᠌ᠭᠤᠯᠤᠭᠰᠠᠨ ᠠᠶᠤᠯᠲᠠᠢ ᠬᠠᠶᠠᠭᠳᠠᠮᠠᠯ ᠪᠣᠳᠠᠰ᠎ᠢ ᠲᠤᠰᠠᠭ᠋ᠠᠷ ᠰᠢᠲᠠᠭ᠋ᠠᠬᠤ ᠪᠤᠶᠤ ᠪᠤᠯᠠᠵᠤ ᠰᠢᠢ᠍ᠳᠪᠦᠷᠢᠯᠡᠬᠦ ᠥᠪᠡᠰᠦᠪᠡᠨ ᠬᠡᠷᠡᠭᠯᠡᠬᠦ ᠪᠡᠯᠡᠳᠬᠡᠮᠵᠢ ᠵᠢᠨ ᠲᠥᠷᠥᠯ ᠵᠦᠢ᠍ᠯ᠃
(ᠨᠠᠢ᠍ᠮᠠ) ᠰᠤᠳᠤᠯᠤᠯᠲᠠ ᠪᠠ ᠲᠤᠷᠰᠢᠯᠲᠠ ᠵᠢᠨ ᠬᠥᠭᠵᠢᠯᠲᠡ
ᠲᠤᠰᠬᠠᠢ ᠮᠡᠷᠭᠡᠵᠢᠯ᠎ᠤᠨ ᠲᠤᠷᠰᠢᠯᠲᠠ ᠵᠢᠨ ᠲᠠᠰᠤᠭ᠄ ᠰᠢᠨ᠎ᠡ᠎ᠪᠠᠷ ᠪᠠᠶ᠋ᠢᠭᠤᠯᠬᠤ᠂ ᠥᠷᠭᠡᠳᠬᠡᠨ ᠪᠠᠢ᠌ᠭᠤᠯᠬᠤ P3᠂ P4 ᠠᠮᠢᠳᠤ ᠪᠣᠳᠠᠰ᠎ᠤᠨ ᠠᠮᠤᠷ ᠲᠦᠪᠰᠢᠨ᠎ᠤ ᠲᠤᠷᠰᠢᠯᠲᠠ ᠵᠢᠨ ᠲᠠᠰᠤᠭ᠎ᠤᠨ ᠲᠥᠷᠥᠯ ᠵᠦᠢ᠍ᠯ᠃
ᠬᠣᠶᠠᠷ᠂ ᠴᠥᠮ᠎ᠡ ᠵᠢᠨ ᠬᠢᠭᠡᠳ ᠰᠠᠴᠤᠷᠠᠭ᠎ᠤᠨ ᠪᠦ᠍ᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ
ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠠᠴᠠ ᠣᠷᠴᠢᠨ ᠲᠣᠭᠣᠷᠢᠨ᠎ᠤ ᠨᠥᠯᠥᠭᠡᠯᠡᠯ᠎ᠤᠨ ᠦᠨᠡᠯᠡᠯᠲᠡ ᠵᠢᠨ ᠪᠢᠴᠢᠭ ᠮᠠᠲ᠋ᠧᠷᠢᠶᠠᠯ᠎ᠢ ᠬᠠᠷᠭᠤᠴᠠᠨ ᠬᠢᠨᠠᠨ ᠵᠥᠪᠰᠢᠶᠡᠷᠡᠬᠦ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠠᠴᠠ ᠭᠠᠳᠠᠨ᠎ᠠ᠂ ᠠᠢ᠌ᠮᠠᠭ ᠬᠣᠲᠠ ᠠᠯᠤᠰᠯᠠᠭᠰᠠᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ ᠪᠠ ᠳᠣᠣᠷᠠᠬᠢ ᠴᠥᠮ᠎ᠡ ᠵᠢᠨ ᠬᠢᠭᠡᠳ ᠰᠠᠴᠤᠷᠠᠭ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠢ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠬᠠᠷᠢᠭᠤᠴᠠᠨ ᠬᠢᠨᠠᠨ ᠵᠥᠪᠰᠢᠶᠡᠷᠡᠨ᠎ᠡ᠃
ᠰᠠᠴᠤᠷᠠᠭ ᠢᠳᠡᠪᠬᠢ ᠢᠵᠢᠯ ᠪᠠᠢ᠌ᠷᠢ᠎ᠲᠤ ᠡᠯᠧᠮᠧᠨ᠋ᠲ᠄ ᠪᠦᠬᠦ ᠲᠥᠷᠥᠯ ᠵᠦᠢ᠍ᠯ᠃
ᠰᠠᠴᠤᠷᠠᠭ᠎ᠤᠨ ᠲᠣᠨᠣᠭᠯᠠᠯ᠄ ᠪᠦᠬᠦ ᠲᠥᠷᠥᠯ ᠵᠦᠢ᠍ᠯ᠃
ᠳᠠᠭ᠋ᠠᠯᠲᠠ ᠰᠠᠴᠤᠷᠠᠭ ᠢᠳᠡᠪᠬᠢ ᠬᠦᠳᠡᠷ᠎ᠢ ᠬᠢᠨᠠᠨ ᠲᠣᠭᠲᠠᠭ᠋ᠠᠬᠤ ᠪᠠᠷᠢᠮᠵᠢᠶ᠎ᠠ᠎ᠳᠤ ᠬᠥᠷᠥᠭᠰᠡᠨ 16 ᠲᠥᠷᠥᠯ᠎ᠤᠨ ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠎ᠢ ᠨᠡᠭᠡᠭᠡᠨ ᠠᠰᠢᠭᠯᠠᠬᠤ᠄ ᠬᠣᠪᠣᠷ ᠰᠢᠷᠣᠢ᠂ ᠼᠢᠷᠺ᠎ᠦᠨ ᠵᠢᠴᠢ ᠼᠢᠷᠺᠦᠨᠤ ᠢᠰᠦᠯ᠂ ᠨᠢᠦᠪᠢ / ᠲᠠᠨᠲ᠋ᠠᠯ᠂ ᠰᠲ᠋ᠠᠨ᠂ ᠬᠥᠩᠭᠡᠨ ᠴᠠᠭ᠋ᠠᠨ᠂ ᠲᠤᠭᠤᠯᠭ᠎ᠠ / ᠴᠠᠢ᠌ᠷ᠂ ᠵᠡᠰ᠂ ᠲᠡᠮᠦᠷ᠂ ᠸᠠᠨᠠᠳᠢ᠂ ᠮᠣᠯᠢᠪᠳ᠋ᠸᠨ᠂ ᠨᠢᠺᠸᠯ᠂ ᠭᠧᠷᠮᠠᠨ᠂ ᠲᠢᠲ᠋ᠠᠨ᠂ ᠠᠯᠲᠠᠨ ᠠᠭᠤᠷᠬᠠᠢ ᠨᠡᠭᠡᠭᠡᠨ ᠮᠠᠯᠲᠠᠬᠤ᠂ ᠬᠦᠳᠡᠷ ᠰᠣᠩᠭᠣᠬᠤ᠂ ᠪᠣᠯᠪᠠᠰᠤᠷᠠᠭᠤᠯᠬᠤ ᠲᠥᠷᠥᠯ ᠵᠦᠢ᠍ᠯ᠂ ᠹᠣᠰᠹᠣᠷ ᠬᠦᠴᠢᠯ᠎ᠤᠨ ᠳᠠᠪᠤᠰᠤ ᠨᠡᠭᠡᠭᠡᠨ ᠮᠠᠯᠲᠠᠬᠤ᠂ ᠬᠦᠳᠡᠷ ᠰᠣᠩᠭᠣᠬᠤ ᠪᠠ ᠰᠢᠭᠤᠳ ᠹᠣᠰᠹᠣᠷ ᠬᠦᠴᠢᠯ᠎ᠤᠨ ᠳᠠᠪᠤᠰᠤ᠎ᠪᠠᠷ ᠲᠦᠭᠦᠬᠡᠢ ᠮᠠᠲ᠋ᠧᠷᠢᠶᠠᠯ ᠪᠣᠯᠭ᠋ᠠᠭᠰᠠᠨ ᠡᠳ᠋ᠰᠢᠭᠦᠯᠦᠨ ᠪᠣᠯᠪᠠᠰᠤᠷᠠᠭᠤᠯᠬᠤ ᠠᠵᠢᠯᠯᠠᠭ᠎ᠠ ᠵᠢᠨ ᠲᠥᠷᠥᠯ ᠵᠦᠢ᠍ᠯ᠂ ᠨᠡᠭᠦᠷᠡᠰᠦ ᠨᠡᠭᠡᠭᠡᠨ ᠮᠠᠯᠲᠠᠬᠤ᠂ ᠬᠦᠳᠡᠷ ᠰᠣᠩᠭᠣᠬᠤ ᠲᠥᠷᠥᠯ ᠵᠦᠢ᠍ᠯ᠃
ᠴᠠᠬᠢᠯᠭ᠋ᠠᠨ ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ᠄ 220 ᠺᠢᠯᠤᠸᠤᠯᠲ ᠵᠢᠴᠢ ᠲᠡᠭᠦᠨ᠎ᠠᠴᠠ ᠳᠡᠭᠡᠭᠰᠢᠬᠢ ᠪᠥᠬᠥ ᠲᠥᠷᠥᠯ ᠵᠦᠢ᠍ᠯ᠃
ᠷᠠᠳᠢᠣ᠋ ᠨᠡᠪᠲᠡᠷᠡᠭᠦᠯᠭᠡ ᠵᠢᠨ ᠬᠣᠷᠢᠶ᠎ᠠ᠂ ᠪᠤᠤᠬᠢᠶ᠎ᠠ ᠥᠷᠲᠡᠭᠡ᠂ ᠲᠧᠯᠸᠢᠰ᠎ᠤᠨ ᠰᠤᠪᠤᠷᠭ᠋ᠠᠲᠤ ᠲᠠᠢ᠌ᠰᠠ᠂ ᠳᠠᠭ᠋ᠠᠭᠤᠯᠢ ᠵᠢᠨ ᠭᠠᠵᠠᠷ᠎ᠤᠨ ᠳᠡᠭᠡᠭᠰᠢ ᠵᠠᠯᠭ᠋ᠠᠨ ᠳᠠᠮᠵᠢᠭᠤᠯᠬᠤ ᠥᠷᠲᠡᠭᠡ᠂ ᠷᠠᠳᠠᠷ᠄ ᠪᠥᠬᠥ ᠲᠥᠷᠥᠯ ᠵᠦᠢ᠍ᠯ᠃
ᠰᠠᠴᠤᠷᠠᠭ ᠢᠳᠡᠪᠬᠢ ᠪᠣᠬᠢᠷᠲᠤᠯ᠎ᠢ ᠵᠠᠰᠠᠬᠤ ᠲᠥᠷᠥᠯ ᠵᠦᠢ᠍ᠯ᠄ ᠴᠥᠮ᠎ᠡ ᠵᠢᠨ ᠮᠡᠷᠭᠡᠵᠢᠯ᠎ᠢ ᠠᠰᠢᠭᠯᠠᠭᠰᠠᠨ᠎ᠠᠴᠠ ᠪᠣᠯᠤᠭᠰᠠᠨ ᠰᠠᠴᠤᠷᠠᠭ ᠢᠳᠡᠪᠬᠢ ᠪᠣᠬᠢᠷᠲᠤᠯ᠎ᠢ ᠵᠠᠰᠠᠬᠤ ᠲᠥᠷᠥᠯ ᠵᠦᠢ᠍ᠯ; ᠳᠠᠭ᠋ᠠᠯᠲᠠ ᠰᠠᠴᠤᠷᠠᠭ ᠢᠳᠡᠪᠬᠢ ᠠᠭᠤᠷᠬᠠᠢ ᠵᠢ ᠨᠡᠭᠡᠭᠡᠨ ᠠᠰᠢᠭᠯᠠᠭᠰᠠᠨ᠎ᠠᠴᠠ ᠪᠣᠯᠤᠭᠰᠠᠨ ᠰᠠᠴᠤᠷᠠᠭ ᠢᠳᠡᠪᠬᠢ ᠪᠣᠬᠢᠷᠲᠤᠯ᠎ᠢ ᠵᠠᠰᠠᠬᠤ ᠲᠥᠷᠥᠯ ᠵᠦᠢ᠍ᠯ᠃
ᠴᠥᠮ᠎ᠡ ᠵᠢᠨ ᠲᠥᠬᠦᠭᠡᠷᠦᠮᠵᠢ ᠵᠢᠨ ᠳᠣᠲᠣᠷ᠎ᠠ ᠰᠢᠨ᠎ᠡ᠎ᠪᠠᠷ ᠪᠠᠶ᠋ᠢᠭᠤᠯᠬᠤ᠂ ᠥᠭᠡᠷᠡᠴᠢᠯᠡᠨ ᠪᠠᠶ᠋ᠢᠭᠤᠯᠬᠤ᠂ ᠥᠷᠭᠡᠳᠬᠡᠨ ᠪᠠᠢ᠌ᠭᠤᠯᠬᠤ᠎ᠪᠠᠷ ᠪᠠᠢ᠌ᠭ᠎ᠠ ᠴᠥᠮ᠎ᠡ᠎ᠳᠤ ᠦᠯᠦ ᠬᠣᠯᠪᠣᠭᠳᠠᠬᠤ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠃
ᠭᠤᠷᠪᠠ᠂ ᠬᠣᠯᠪᠣᠭᠳᠠᠯ ᠪᠦᠬᠦᠢ ᠲᠣᠳᠣᠷᠬᠠᠢ᠌ᠯᠠᠯᠲᠠ
(ᠨᠢᠭᠡ) ᠡᠩ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠲᠥᠷᠥᠯ ᠢᠯᠭ᠋ᠠᠯ᠎ᠤᠨ ᠳᠠᠷᠠᠭ᠋ᠠᠬᠢ 3 ᠣᠷᠣᠨᠲᠤ ᠪᠤᠶᠤ 4 ᠣᠷᠣᠨᠲᠤ ᠲᠣᠭ᠎ᠠ᠎ᠨᠢ 《ᠤᠯᠤᠰ ᠠᠷᠠᠳ᠎ᠤᠨ ᠠᠵᠤ ᠠᠬᠤᠢ ᠵᠢᠨ ᠠᠵᠢᠯ ᠲᠥᠷᠥᠯ᠎ᠤᠨ ᠠᠩᠭᠢᠯᠠᠯ》 (GB / T4754 - 2017) ᠵᠢᠴᠢ 1 ᠳ᠋ᠦ᠍ᠭᠡᠷ ᠲᠣᠭ᠋ᠠᠲᠤ ᠵᠠᠰᠠᠪᠤᠷᠢ ᠣᠷᠣᠭᠤᠯᠤᠭᠰᠠᠨ ᠬᠠᠭᠤᠳᠠᠰᠤᠨ᠎ᠳᠠᠬᠢ ᠠᠵᠢᠯ ᠲᠥᠷᠥᠯ᠎ᠤᠨ ᠣᠷᠣᠯᠠᠬᠤ ᠨᠣᠮᠧᠷ ᠪᠣᠯᠣᠨ᠎ᠠ᠃
(ᠬᠣᠶᠠᠷ) 《ᠪᠦᠬᠦ》 ᠭᠡᠳᠡᠭ᠎ᠨᠢ ᠰᠢᠨ᠎ᠡ᠎ᠪᠠᠷ ᠪᠠᠶ᠋ᠢᠭᠤᠯᠬᠤ᠂ ᠥᠭᠡᠷᠡᠴᠢᠯᠡᠨ ᠪᠠᠶ᠋ᠢᠭᠤᠯᠬᠤ᠂ ᠥᠷᠭᠡᠳᠬᠡᠨ ᠪᠠᠶ᠋ᠢᠭᠤᠯᠬᠤ᠂ ᠲᠧᠭᠨᠢᠭ ᠮᠡᠷᠭᠡᠵᠢᠯ᠎ᠤᠨ ᠥᠭᠡᠷᠡᠴᠢᠯᠡᠯᠲᠡ ᠬᠢᠬᠦ ᠰᠢᠨᠵᠢ ᠴᠢᠨᠠᠷᠲᠠᠢ ᠪᠦᠲᠦᠭᠡᠨ ᠪᠠᠢ᠌ᠭᠤᠯᠤᠯᠲᠠ ᠵᠢᠨ ᠡᠯ᠎ᠡ ᠲᠦᠷᠤᠯ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠢ ᠵᠢᠭ᠋ᠠᠵᠤ ᠪᠠᠢ᠌ᠨ᠎ᠠ᠃
(ᠭᠤᠷᠪᠠ) 《ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠠᠴᠠ ᠣᠷᠴᠢᠨ ᠲᠣᠭᠣᠷᠢᠨ᠎ᠤ ᠨᠥᠯᠥᠭᠡᠯᠡᠯ᠎ᠤᠨ ᠦᠨᠡᠯᠡᠯᠲᠡ ᠵᠢᠨ ᠪᠢᠴᠢᠭ ᠮᠠᠲ᠋ᠧᠷᠢᠶᠠᠯ᠎ᠢ ᠬᠢᠨᠠᠨ ᠵᠥᠪᠰᠢᠶᠡᠷᠡᠬᠦ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠭᠠᠷᠴᠠᠭ》᠎ᠲᠤ ᠬᠠᠮᠤᠭ᠎ᠤᠨ ᠰᠢᠨ᠎ᠡ ᠲᠣᠬᠢᠷᠠᠭᠤᠯᠤᠯᠲᠠ᠎ᠲᠠᠢ ᠪᠠᠢ᠌ᠪᠠᠯ᠂ ᠲᠡᠷᠡ ᠬᠦ᠌ ᠲᠣᠭᠲᠠᠭ᠋ᠠᠯ ᠵᠶ᠋ᠠᠷ ᠬᠡᠷᠡᠭᠵᠢᠭᠦᠯᠦᠨ᠎ᠡ᠃