ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ
ᠠᠷᠠᠳ᠎ᠤᠨ ᠵᠠᠰᠠᠭ᠎ᠤᠨ ᠣᠷᠳᠣᠨ᠎ᠤ ᠪᠢᠴᠢᠭ ᠮᠠᠲ᠋ᠧᠷᠢᠶᠠᠯ
ᠥᠪᠥᠷ ᠵᠠᠰᠠᠭ ᠲᠠᠷᠬᠠᠭ᠋ᠠᠭᠰᠠᠨ [ 2024 ] 16 ᠳ᠋ᠤᠭ᠋ᠠᠷ ᠲᠣᠭ᠋ᠠᠲᠤ
ᠥᠪᠡᠷᠲᠡᠭᠡᠨ ᠵᠠᠰᠠᠬᠤ ᠣᠷᠣᠨ᠎ᠤ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠢ ᠦᠷᠭᠦᠯᠵᠢᠯᠡᠨ ᠰᠢᠯᠢᠳᠡᠭᠵᠢᠭᠦᠯᠬᠦ ᠠᠵᠢᠯᠯᠠᠭ᠋ᠠᠨ᠎ᠤ ᠲᠥᠰᠥᠯ᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ
ᠡᠯ᠎ᠡ ᠠᠢ᠌ᠮᠠᠭ᠎ᠤᠨ ᠵᠠᠬᠢᠷᠭ᠎ᠠ ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ ᠂ ᠠᠯᠪᠠᠨ ᠭᠡᠷ ᠂ ᠲᠢᠩᠬᠢᠮ ᠂ ᠲᠣᠪᠴᠢᠶ᠎ᠠ ᠂ ᠡᠯ᠎ᠡ ᠲᠣᠮᠣ ᠠᠵᠤ ᠠᠬᠤᠢ᠌ᠯᠠᠯ ᠂ ᠠᠵᠢᠯ ᠦᠢ᠍ᠯᠡᠰ᠎ᠤᠨ ᠨᠢᠭᠡᠴᠢ᠎ᠳᠤ᠄
ᠡᠳᠦᠭᠡ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠢ ᠦᠷᠭᠦᠯᠵᠢᠯᠡᠨ ᠰᠢᠯᠢᠳᠡᠭᠵᠢᠭᠦᠯᠬᠦ ᠠᠵᠢᠯᠯᠠᠭ᠋ᠠᠨ᠎ᠤ ᠲᠥᠰᠥᠯ 》᠎ᠢ ᠲᠠ ᠨᠠᠷ᠎ᠲᠤ ᠳᠠᠷᠤᠮᠠᠯᠯᠠᠨ ᠶᠠᠪᠤᠭᠤᠯᠤᠯ᠎ᠠ ᠂ ᠪᠣᠳᠠᠲᠠᠢ᠎ᠲᠠᠢ᠎ᠪᠠᠨ ᠤᠶᠠᠯᠳᠤᠭᠤᠯᠤᠨ ᠂ ᠬᠢᠨᠠᠮᠠᠭ᠋ᠠᠢ ᠲᠤᠭᠤᠰᠢᠯᠠᠭᠤᠯᠤᠨ ᠨᠠᠢ᠌ᠳᠠᠪᠤᠷᠢᠵᠢᠭᠤᠯᠲᠤᠭ᠋ᠠᠢ ᠃
2024 ᠣᠨ᠎ᠤ 5 ᠳ᠋ᠤᠭ᠋ᠠᠷ ᠰᠠᠷ᠎ᠠ ᠵᠢᠨ 8᠎ᠤ ᠡᠳᠦᠷ
(ᠲᠣᠰ ᠪᠢᠴᠢᠭ ᠮᠠᠲ᠋ᠧᠷᠢᠶᠠᠯ᠎ᠢ ᠢᠯᠡ ᠨᠡᠢ᠌ᠲᠡᠯᠡᠨ᠎ᠡ)
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠵᠡᠩᠨᠡᠨ ᠬᠤᠳᠠᠯᠳᠤᠭ᠋ᠠᠯᠠᠬᠤ
ᠣᠷᠴᠢᠨ ᠨᠥᠬᠥᠴᠡᠯ᠎ᠢ ᠦᠷᠭᠦᠯᠵᠢᠯᠡᠨ ᠰᠢᠯᠢᠳᠡᠭᠵᠢᠭᠦᠯᠬᠦ ᠠᠵᠢᠯᠯᠠᠭ᠋ᠠᠨ᠎ᠤ ᠲᠥᠰᠥᠯ
ᠨᠠᠮ᠎ᠤᠨ ᠬᠣᠷᠢᠳᠤᠭ᠋ᠠᠷ ᠶᠡᠬᠡ ᠬᠤᠷᠠᠯ ᠪᠠ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ ᠪᠥᠬᠦᠳᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠵᠤ ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠂ 《ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠳᠦᠷᠢᠮ 》᠎ᠢ ᠬᠢᠨᠠᠮᠠᠭ᠋ᠠᠢ ᠨᠠᠢ᠌ᠳᠠᠪᠤᠷᠢᠵᠢᠭᠤᠯᠵᠤ ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠠᠵᠢᠯ᠎ᠤᠨ ᠭᠣᠣᠯ ᠰᠢᠵᠢᠮ ᠪᠣᠯᠭ᠋ᠠᠬᠤ ᠵᠢ ᠪᠠᠷᠢᠮᠲᠠᠯᠠᠨ ᠂ 《ᠣᠷᠴᠢᠨ ᠨᠥᠬᠥᠴᠡᠯ᠎ᠢ ᠠᠳᠬᠤᠬᠤ ᠪᠣᠯ ᠬᠥᠭᠵᠢᠯᠲᠡ ᠵᠢ ᠠᠳᠬᠤᠵᠤ ᠪᠠᠢ᠌ᠭ᠎ᠠ 》 ᠣᠨᠣᠯᠵᠢᠬᠤᠨ᠎ᠢ ᠪᠠᠷᠢᠮᠲᠠᠯᠠᠵᠤ ᠂ 《ᠪᠦᠲᠦᠮᠵᠢᠲᠡᠶ ᠵᠠᠬ᠎ᠠ ᠳᠡᠯᠭᠡᠭᠦᠷ ᠂ ᠵᠢᠳᠬᠦᠯ ᠴᠢᠷᠮᠠᠢ᠌ᠯᠭ᠎ᠠ᠎ᠲᠠᠢ ᠵᠠᠰᠠᠭ᠎ᠤᠨ ᠣᠷᠳᠣᠨ ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠂ ᠬᠠᠷᠠᠯᠲᠠ᠎ᠪᠠᠷ ᠤᠳᠤᠷᠢᠳᠤᠮᠵᠢ ᠪᠣᠯᠭ᠋ᠠᠬᠤ ᠂ ᠥᠭᠡᠷᠡᠴᠢᠯᠡᠯᠲᠡ᠎ᠪᠠᠷ ᠬᠥᠲᠥᠯᠥᠨ ᠳᠠᠭ᠋ᠠᠭᠤᠯᠬᠤ ᠂ ᠳ᠋ᠢᠵᠢᠲ᠋ᠠᠯ ᠵᠶ᠋ᠠᠷ ᠬᠦᠴᠦᠨ ᠴᠢᠳᠠᠮᠵᠢ ᠵᠢ ᠡᠷᠴᠢᠮᠯᠡᠬᠦ ᠂ ᠰᠢᠰᠲ᠋ᠧᠮᠵᠢᠭᠦᠯᠦᠨ ᠨᠢᠭᠡᠳᠬᠡᠬᠦ ᠂ ᠬᠠᠮᠵᠢᠯᠴᠠᠨ ᠥᠨᠳᠥᠷ ᠪᠦᠲᠦᠮᠵᠢᠲᠡᠶ ᠪᠠᠢ᠌ᠯᠭ᠋ᠠᠬᠤ 》 ᠵᠠᠷᠴᠢᠮ᠎ᠢ ᠪᠠᠷᠢᠮᠲᠠᠯᠠᠨ ᠂ 《ᠬᠦᠰᠡᠭᠰᠡᠨᠢᠨᠢ ᠵᠠᠪᠠᠯ ᠬᠠᠩᠭ᠋ᠠᠬᠤ ᠂ ᠤᠴᠢᠷ ᠰᠢᠯᠲᠠᠭ᠋ᠠᠨ ᠦᠭᠡᠢ ᠪᠣᠯ ᠦᠢ᠍ᠮᠡᠭᠦᠯᠬᠦ ᠦᠭᠡᠢ 》᠂ 《ᠥᠨᠳᠥᠷ ᠪᠦᠲᠦᠮᠵᠢᠲᠡᠶ᠎ᠪᠠᠷ ᠨᠢᠭᠡ ᠠᠵᠢᠯ ᠶᠠᠪᠤᠳᠠᠯ᠎ᠢ ᠭᠦᠢ᠍ᠴᠡᠳᠬᠡᠬᠦ 》 ᠬᠢᠨᠠᠯᠲᠠ ᠬᠠᠮᠢᠶᠠᠷᠤᠯᠲᠠ ᠵᠢᠨ ᠦᠢ᠍ᠯᠡᠴᠢᠯᠡᠭᠡᠨ᠎ᠤ ᠠᠷᠭ᠎ᠠ ᠬᠡᠯᠪᠡᠷᠢ ᠶᠣᠰᠣᠭ᠋ᠠᠷ ᠂ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠢ ᠦᠷᠭᠦᠯᠵᠢᠯᠡᠨ ᠰᠢᠯᠢᠳᠡᠭᠵᠢᠭᠦᠯᠵᠦ ᠂ ᠡᠵᠡᠩᠨᠡᠯᠲᠡ ᠵᠢᠨ ᠭᠣᠣᠯ ᠴᠣᠭᠴᠠ ᠪᠠ ᠨᠡᠢ᠌ᠭᠡᠮ ᠨᠡᠶ᠋ᠢᠲᠡ᠎ᠳᠤ ᠨᠠᠩ ᠰᠠᠢ᠌ᠲᠤᠷ ᠦᠢ᠍ᠯᠡᠴᠢᠯᠡᠵᠦ ᠂ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠲᠦᠷᠭᠡᠳᠬᠡᠨ ᠬᠥᠭᠵᠢᠭᠦᠯᠵᠦ ᠂ ᠴᠢᠨᠠᠷ ᠰᠠᠢ᠌ᠲᠠᠢ ᠬᠥᠭᠵᠢᠯᠲᠡ ᠵᠢ ᠯᠠᠪᠳᠠᠭᠤᠨ ᠪᠠᠲᠤᠲᠠᠢ ᠠᠬᠢᠭᠤᠯᠤᠨ ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭᠰᠠᠨ ᠥᠪᠥᠷ ᠮᠣᠩᠭᠣᠯ᠎ᠤᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ ᠵᠢᠨ ᠲᠤᠰᠠᠳᠠ ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ ᠤᠶᠠᠯᠳᠤᠭᠤᠯᠤᠨ ᠂ ᠲᠣᠰ ᠲᠥᠰᠥᠯ᠎ᠢ ᠲᠣᠭᠲᠠᠭ᠋ᠠᠪᠠ ᠃
ᠨᠢᠭᠡ ᠂ ᠬᠠᠷᠠᠯᠲᠠ ᠡᠭᠦᠷᠭᠡ
《ᠵᠢᠷᠭᠤᠭ᠋ᠠᠨ ᠢᠨᠵᠧᠨᠧᠷᠢᠩ 》 ᠪᠠ ᠠᠵᠤ ᠠᠬᠤᠢ᠌ᠯᠠᠯ᠎ᠤᠨ ᠪᠡᠯᠡ ᠣᠷᠣᠭᠤᠯᠵᠤ ᠦᠢ᠍ᠯᠡᠳᠪᠦᠷᠢᠯᠡᠨ ᠡᠵᠡᠩᠨᠡᠬᠦ ᠂ ᠤᠯᠠᠨ ᠲᠦᠮᠡᠨ᠎ᠤ ᠠᠵᠢᠯ ᠶᠠᠪᠤᠳᠠᠯ ᠭᠦᠢ᠍ᠴᠡᠳᠬᠡᠬᠦ ᠶᠠᠪᠤᠴᠠ᠎ᠳᠠᠬᠢ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠢ᠌ᠭ᠎ᠠ ᠠᠰᠠᠭᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠦᠨ ᠂ 160 ᠵᠦᠢ᠍ᠯ᠎ᠤᠨ ᠭᠣᠣᠯᠳᠠᠯᠭ᠎ᠠ᠎ᠲᠠᠢ ᠡᠭᠦᠷᠭᠡ ᠵᠢᠨ ᠨᠠᠢ᠌ᠳᠠᠪᠤᠷᠢᠵᠢᠭᠤᠯᠤᠯᠲᠠ ᠵᠢ ᠲᠦᠷᠭᠡᠳᠬᠡᠨ ᠠᠬᠢᠭᠤᠯᠵᠤ ᠂ 2024 ᠣᠨ᠎ᠤ ᠰᠡᠭᠦᠯᠴᠢ᠎ᠠᠴᠠ ᠡᠮᠦᠨ᠎ᠡ ᠱᠠᠲᠤᠴᠢ ᠴᠢᠨᠠᠷᠲᠠᠢ ᠦᠷ᠎ᠡ ᠪᠦᠲᠦᠮᠵᠢ ᠭᠠᠷᠭ᠋ᠠᠵᠤ ᠂ 121 ᠵᠦᠢ᠍ᠯ᠎ᠤᠨ ᠭᠣᠣᠯᠳᠠᠯᠭ᠎ᠠ᠎ᠲᠠᠢ ᠡᠭᠦᠷᠭᠡ ᠵᠢ ᠪᠡᠶᠡᠯᠡᠭᠦᠯᠦᠨ ᠂ 2025 ᠣᠨ᠎ᠤ ᠰᠡᠭᠦᠯᠴᠢ᠎ᠠᠴᠠ ᠡᠮᠦᠨ᠎ᠡ ᠭᠣᠣᠯᠳᠠᠯᠭ᠎ᠠ᠎ᠲᠠᠢ ᠡᠭᠦᠷᠭᠡ ᠵᠢ ᠪᠥᠬᠥᠨ᠎ᠢ ᠪᠡᠶᠡᠯᠡᠭᠦᠯᠬᠦ ᠵᠢᠨ ᠬᠠᠮᠲᠤ ᠦᠷᠭᠦᠯᠵᠢᠯᠡᠨ ᠠᠬᠢᠭᠤᠯᠵᠤ ᠂ ᠵᠠᠰᠠᠭ᠎ᠤᠨ ᠣᠷᠳᠣᠨ ᠪᠠ ᠬᠤᠳᠠᠯᠳᠤᠭ᠋ᠠᠴᠢᠨ᠎ᠤ ᠬᠤᠭᠤᠷᠣᠨᠳᠣᠬᠢ ᠳᠣᠲᠣᠨᠣ ᠴᠢᠬᠡᠴᠢ ᠬᠠᠷᠢᠴᠠᠭ᠎ᠠ ᠵᠢ ᠬᠦᠴᠦᠯᠡᠨ ᠪᠠᠢ᠌ᠭᠤᠯᠵᠤ ᠂ ᠵᠠᠬ᠎ᠠ ᠳᠡᠯᠭᠡᠭᠦᠷᠴᠢᠯᠡᠭᠰᠡᠨ ᠂ ᠬᠠᠤᠯᠢ᠎ᠪᠠᠷ ᠵᠠᠰᠠᠵᠢᠭᠰᠠᠨ ᠂ ᠣᠯᠠᠨ ᠤᠯᠤᠰᠴᠢᠯᠠᠭᠰᠠᠨ ᠂ ᠳᠥᠭᠥᠮ ᠳᠥᠲᠡᠴᠢᠯᠡᠭᠰᠡᠨ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠢ ᠴᠢᠷᠮᠠᠢ᠌ᠨ ᠴᠣᠭᠴᠠᠯᠠᠵᠤ ᠂ 《ᠬᠣᠶᠠᠷ ᠶᠡᠬᠡ ᠶᠠᠪᠤᠳᠠᠯ 》᠎ᠢ ᠰᠠᠢ᠌ᠲᠤᠷ ᠬᠢᠬᠦ ᠂ 《ᠰᠢᠨ᠎ᠡ ᠵᠠᠮ᠎ᠢ ᠨᠡᠭᠡᠭᠡᠨ ᠂ ᠳᠤᠮᠳᠠ ᠲᠦᠪᠰᠢᠨ᠎ᠳᠤ ᠳᠠᠪᠰᠢᠨ ᠣᠷᠣᠬᠤ 》 ᠬᠠᠷᠠᠯᠲᠠ ᠵᠢ ᠪᠡᠶᠡᠯᠡᠭᠦᠯᠬᠦ᠎ᠳᠤ ᠰᠠᠢ᠌ᠨ ᠰᠠᠢ᠌ᠬᠠᠨ ᠣᠷᠴᠢᠨ ᠨᠥᠬᠥᠴᠡᠯ᠎ᠢ ᠪᠤᠢ ᠪᠣᠯᠭ᠋ᠠᠨ᠎ᠠ ᠃
(ᠨᠢᠭᠡ) ᠭᠣᠣᠯᠳᠠᠯᠭ᠎ᠠ᠎ᠲᠠᠢ ᠬᠦᠷᠢᠶᠡᠨ᠎ᠳᠠᠬᠢ ᠥᠭᠡᠷᠡᠴᠢᠯᠡᠯᠲᠡ ᠵᠢ ᠴᠢᠩᠭ᠋ᠠᠷᠠᠭᠤᠯᠵᠤ ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠣᠷᠴᠢᠨ ᠨᠥᠬᠥᠴᠡᠯ᠎ᠢ ᠰᠢᠯᠢᠳᠡᠭᠵᠢᠭᠦᠯᠦᠨ᠎ᠡ ᠃
1. ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠬᠢᠷᠢ ᠲᠦᠪᠰᠢᠨ᠎ᠢ ᠳᠡᠭᠡᠭᠰᠢᠯᠡᠭᠦᠯᠦᠨ᠎ᠡ ᠃ ᠪᠦᠬᠦ ᠣᠷᠣᠨ᠎ᠤ ᠠᠯᠢᠪᠠ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠵᠦᠢ᠍ᠯᠡᠰ᠎ᠤᠨ ᠪᠦᠬᠦ ᠬᠦᠴᠦᠨ ᠵᠦᠢ᠍ᠯ᠎ᠤᠨ ᠪᠠᠷᠢᠮᠵᠢᠶᠠᠵᠢᠭᠤᠯᠤᠯᠲᠠ ᠵᠢ ᠪᠡᠶᠡᠯᠡᠭᠦᠯᠵᠦ ᠂ ᠨᠢᠭᠡᠳᠦᠯᠲᠡᠢ ᠵᠢᠷᠤᠮᠵᠢᠯ᠎ᠢ ᠪᠠᠢ᠌ᠭᠤᠯᠤᠨ᠎ᠠ ᠃ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠠᠪᠴᠠᠩ᠎ᠢ ᠤᠯᠠᠷᠢᠭᠤᠯᠤᠨ ᠲᠠᠰ ᠳᠡᠪᠰᠢᠭᠦᠯᠵᠦ ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ 《ᠨᠢᠭᠡ ᠰᠦᠯᠵᠢᠶ᠎ᠡ᠎ᠪᠠᠷ ᠨᠡᠢ᠌ᠳᠡᠮ ᠭᠦᠢ᠍ᠴᠡᠳᠬᠡᠬᠦ 》 ᠥᠭᠡᠷᠡᠴᠢᠯᠡᠯᠲᠡ ᠵᠢ ᠭᠦᠨᠵᠡᠭᠡᠢ᠌ᠷᠡᠭᠦᠯᠦᠨ ᠂ 《ᠥᠨᠳᠥᠷ ᠪᠦᠲᠦᠮᠵᠢᠲᠡᠶ᠎ᠪᠠᠷ ᠨᠢᠭᠡ ᠠᠵᠢᠯ ᠶᠠᠪᠤᠳᠠᠯ᠎ᠢ ᠭᠦᠢ᠍ᠴᠡᠳᠬᠡᠬᠦ 》 ᠵᠢᠨ 13 ᠢᠵᠢ ᠦᠢ᠍ᠯᠡᠴᠢᠯᠡᠭᠡ ᠵᠢ ᠪᠥᠬᠦ ᠲᠠᠯ᠎ᠠ᠎ᠪᠠᠷ ᠪᠣᠳᠠᠲᠠᠢ᠌ᠵᠢᠭᠤᠯᠬᠤ ᠵᠢ ᠠᠬᠢᠭᠤᠯᠤᠨ᠎ᠠ ᠃ ᠡᠯ᠎ᠡ ᠱᠠᠲᠤᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠥᠪ᠎ᠤᠨ ᠳᠣᠲᠣᠭ᠋ᠠᠳᠤ ᠵᠢ ᠬᠠᠮᠠᠭ᠋ᠠᠯᠠᠬᠤ ᠦᠢ᠍ᠯᠡᠴᠢᠯᠡᠭᠡᠨ᠎ᠤ ᠶᠡᠷᠦᠩᠬᠡᠢ᠌ᠯᠡᠭᠰᠡᠨ ᠴᠣᠩᠬᠣᠪᠴᠢ ᠵᠢ ᠪᠠᠢ᠌ᠭᠤᠯᠤᠨ ᠪᠦᠷᠢᠨᠰᠢᠭᠦᠯᠵᠦ ᠂ ᠨᠢᠭᠤᠴᠠ᠎ᠳᠤ ᠬᠣᠯᠪᠣᠭᠳᠠᠬᠤ ᠪᠠ ᠣᠨᠴᠠᠭ᠋ᠠᠶ ᠬᠢᠨᠠᠨ ᠵᠥᠪᠰᠢᠶᠡᠷᠡᠬᠦ ᠲᠣᠭᠲᠠᠭ᠋ᠠᠯ ᠪᠠᠢ᠌ᠬᠤ᠎ᠠᠴᠠ ᠭᠠᠳᠠᠨᠠᠬᠢ ᠠᠮᠤᠷ᠎ᠢ ᠬᠠᠮᠠᠭ᠋ᠠᠯᠠᠬᠤ ᠂ ᠡᠷᠦᠬᠡ ᠠᠮᠠ ᠵᠢᠨ ᠶᠠᠪᠤᠳᠠᠯ ᠂ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠡᠷᠭᠡ ᠳᠣᠲᠣᠭ᠋ᠠᠳᠤ ᠵᠢ ᠬᠠᠮᠠᠭ᠋ᠠᠯᠠᠬᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠢ ᠳᠣᠲᠣᠭ᠋ᠠᠳᠤ ᠵᠢ ᠬᠠᠮᠠᠭ᠋ᠠᠯᠠᠬᠤ ᠶᠡᠷᠦᠩᠬᠡᠢ᠌ᠯᠡᠭᠰᠡᠨ ᠴᠣᠩᠬᠣᠪᠴᠢ᠎ᠳᠤ ᠣᠷᠣᠭᠤᠯᠵᠤ ᠂ 《ᠡᠮᠦᠨ᠎ᠡ ᠲᠠᠪᠴᠠᠩ᠎ᠳᠤ ᠶᠡᠷᠦᠩᠬᠡᠢ᠌ᠯᠡᠨ ᠮᠠᠲ᠋ᠧᠷᠢᠶᠠᠯ ᠬᠤᠷᠢᠶᠠᠬᠤ ᠂ ᠠᠷᠤ ᠲᠠᠪᠴᠠᠩ᠎ᠳᠤ ᠲᠥᠷᠥᠯ ᠬᠤᠪᠢᠶᠠᠨ ᠬᠢᠨᠠᠨ ᠵᠥᠪᠰᠢᠶᠡᠷᠡᠬᠦ ᠂ ᠨᠢᠭᠡᠳᠦᠯᠲᠡᠢ ᠴᠣᠩᠬᠣᠪᠴᠢ᠎ᠪᠠᠷ ᠮᠠᠲ᠋ᠧᠷᠢᠶᠠᠯ ᠭᠠᠷᠭ᠋ᠠᠬᠤ 》 ᠪᠣᠯᠭ᠋ᠠᠵᠤ ᠂ 《ᠨᠢᠭᠡ ᠴᠣᠩᠬᠣᠪᠴᠢ᠎ᠪᠠᠷ ᠨᠡᠢ᠌ᠳᠡᠮ ᠭᠦᠢ᠍ᠴᠡᠳᠬᠡᠬᠦ 》 ᠵᠢ ᠪᠡᠶᠡᠯᠡᠭᠦᠯᠦᠨ᠎ᠡ ᠃ ᠲᠦᠭᠰᠢᠭᠦᠷᠢ᠎ᠨᠢ ᠡᠵᠡᠮᠳᠡᠬᠦᠢ᠌ᠴᠡ ᠂ ᠠᠯᠳᠠᠭ᠎ᠠ ᠵᠠᠯᠠᠷᠠᠭᠤᠯᠬᠤ ᠥᠪᠡᠷ᠎ᠤᠨ ᠥᠷᠲᠡᠭ ᠳᠣᠣᠷ᠎ᠠ ᠮᠥᠷᠲᠡᠭᠡᠨ ᠠᠵᠢᠯ ᠶᠠᠪᠤᠳᠠᠯ᠎ᠤᠨ ᠳᠤᠮᠳᠠᠬᠢ ᠪᠠ ᠠᠵᠢᠯ ᠶᠠᠪᠤᠳᠠᠯ᠎ᠤᠨ ᠳᠠᠷᠠᠭ᠋ᠠᠬᠢ ᠬᠢᠨᠠᠯᠲᠠ ᠬᠠᠮᠢᠶᠠᠷᠤᠯᠲᠠ᠎ᠪᠠᠷ ᠳᠠᠮᠵᠢᠭᠤᠯᠤᠨ ᠲᠦᠭᠰᠢᠭᠦᠷᠢ ᠵᠢ ᠪᠦᠲᠦᠮᠵᠢᠲᠡᠶ ᠰᠡᠷᠭᠡᠢ᠌ᠯᠡᠬᠦ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠲᠤ ᠂ 《ᠮᠡᠳᠡᠭᠳᠡᠬᠦ ᠠᠮᠠᠯᠠᠯᠲᠠ + ᠮᠠᠲ᠋ᠧᠷᠢᠶᠠᠯ᠎ᠨᠢ ᠳᠤᠲᠠᠭᠤ ᠴᠦ᠍ ᠬᠦᠯᠢᠶᠡᠨ ᠠᠪᠴᠤ ᠭᠦᠢ᠍ᠴᠡᠳᠬᠡᠬᠦ 》 ᠬᠢᠨᠠᠨ ᠵᠥᠪᠰᠢᠶᠡᠷᠡᠬᠦ ᠦᠢ᠍ᠯᠡᠴᠢᠯᠡᠭᠡᠨ᠎ᠤ ᠬᠡᠪ ᠵᠠᠭᠪᠤᠷ᠎ᠢ ᠳᠡᠯᠭᠡᠷᠡᠭᠦᠯᠦᠨ ᠬᠡᠷᠡᠭᠵᠢᠭᠦᠯᠦᠨ᠎ᠡ ᠃ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠡᠯᠧᠺᠲᠷᠣᠨ ᠬᠢᠨᠠᠨ ᠪᠠᠢ᠌ᠴᠠᠭ᠋ᠠᠯᠲᠠ ᠵᠢᠨ ᠰᠢᠰᠲ᠋ᠧᠮ᠎ᠢ ᠲᠡᠭᠦᠯᠳᠡᠷᠵᠢᠭᠦᠯᠵᠦ ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠦᠷ᠎ᠡ ᠪᠦᠲᠦᠮᠵᠢ᠎ᠳᠤ ᠰᠦᠯᠵᠢᠶ᠎ᠡ᠎ᠪᠠᠷ ᠬᠢᠨᠠᠯᠲᠠ ᠲᠠᠯᠪᠢᠨ᠎ᠠ ᠃ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠨᠢᠭᠡᠳᠦᠭᠡᠷ ᠹᠷᠣᠨᠲ᠎ᠤᠨ ᠠᠵᠢᠯᠲᠠᠳ᠎ᠤᠨ ᠲᠣᠭᠲᠠᠮᠠᠯ ᠬᠤᠭᠤᠴᠠᠭ᠋ᠠᠲᠤ ᠪᠣᠯᠪᠠᠰᠤᠷᠠᠯ ᠪᠠ ᠲᠤᠬᠠᠢ᠌ᠯᠠᠭᠰᠠᠨ ᠠᠵᠢᠯ᠎ᠤᠨ ᠰᠢᠯᠭ᠋ᠠᠨ ᠬᠢᠨᠠᠯᠲᠠ᠎ᠪᠠᠨ ᠴᠢᠩᠭ᠋ᠠᠳᠬᠠᠵᠤ ᠂ ᠠᠵᠢᠯᠲᠠᠨ᠎ᠤ ᠠᠵᠢᠯ᠎ᠤᠨ ᠡᠭᠦᠷᠭᠡ ᠬᠠᠷᠢᠭᠤᠴᠠᠯᠭ᠎ᠠ ᠵᠢᠴᠢ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠤᠨ ᠭᠦᠢ᠍ᠴᠡᠳᠬᠡᠬᠦ ᠴᠤᠪᠤᠷᠠᠯ ᠂ ᠬᠡᠷᠡᠭᠰᠡᠬᠦ ᠮᠠᠲ᠋ᠧᠷᠢᠶᠠᠯ ᠂ ᠭᠦᠢ᠍ᠴᠡᠳᠬᠡᠵᠦ ᠳᠠᠭᠤᠰᠬᠠᠬᠤ ᠬᠤᠭᠤᠴᠠᠭ᠎ᠠ ᠬᠢᠵᠠᠭ᠋ᠠᠷ ᠵᠡᠷᠭᠡ᠎ᠳᠤ ᠲᠣᠳᠣᠷᠬᠠᠢ ᠬᠠᠭᠤᠳᠠᠰᠤ ᠵᠢᠨ ᠬᠠᠮᠢᠶᠠᠷᠤᠯᠲᠠ ᠵᠢ ᠬᠡᠷᠡᠭᠵᠢᠭᠦᠯᠬᠦ ᠵᠢᠨ ᠬᠠᠮᠲᠤ ᠨᠡᠢ᠌ᠭᠡᠮ᠎ᠳᠤ ᠢᠯᠡ ᠪᠣᠯᠭ᠋ᠠᠨ᠎ᠠ ᠃ ᠠᠵᠤ ᠠᠬᠤᠢ᠌ᠯᠠᠯ᠎ᠳᠤ ᠬᠣᠯᠪᠣᠭᠳᠠᠬᠤ ᠦᠢ᠍ᠯᠡᠴᠢᠯᠡᠭᠡᠨ᠎ᠤ ᠵᠦᠢ᠍ᠯᠡᠰ᠎ᠤᠨ ᠬᠠᠨᠤᠮᠵᠢ ᠵᠢᠨ ᠬᠡᠮᠵᠢᠶ᠎ᠡ ᠵᠢᠨ ᠦᠨᠡᠯᠡᠯᠲᠡ ᠵᠢᠨ ᠠᠭᠤᠯᠭ᠎ᠠ ᠵᠢ ᠲᠡᠭᠦᠯᠳᠡᠷᠵᠢᠭᠦᠯᠵᠦ ᠂ ᠦᠨᠡᠯᠡᠭᠰᠡᠨ ᠦᠷ᠎ᠡ ᠳ᠋ᠦᠩ ᠵᠶ᠋ᠡᠨ ᠲᠣᠭᠲᠠᠮᠠᠯ ᠬᠤᠭᠤᠴᠠᠭ᠎ᠠ᠎ᠲᠠᠢ᠎ᠪᠠᠷ ᠢᠯᠡ ᠪᠣᠯᠭ᠋ᠠᠨ ᠂ 《ᠰᠠᠢ᠌ᠨ ᠠᠨᠠᠢ ᠵᠢᠨ ᠦᠨᠡᠯᠡᠯᠲᠡ 》 ᠵᠢᠨ ᠦᠷ᠎ᠡ ᠳ᠋ᠦᠩ᠎ᠢ ᠡᠯ᠎ᠡ ᠰᠠᠯᠠᠭ᠎ᠠ ᠮᠥᠴᠢᠷ ᠂ ᠬᠤᠪᠢ ᠬᠥᠮᠥᠨ᠎ᠤ ᠣᠨ᠎ᠤ ᠰᠢᠯᠭ᠋ᠠᠨ ᠬᠢᠨᠠᠯᠲᠠ᠎ᠲᠠᠢ ᠬᠠᠷᠢᠯᠴᠠᠨ ᠤᠶᠠᠯᠳᠤᠭᠤᠯᠵᠤ ᠂ ᠡᠯ᠎ᠡ ᠭᠠᠵᠠᠷ ᠣᠷᠣᠨ ᠂ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠨᠢᠭᠡᠳᠦᠭᠡᠷ ᠹᠷᠣᠨᠲ᠎ᠤᠨ ᠠᠵᠢᠯᠲᠠᠨ᠎ᠤ ᠡᠭᠦᠷᠭᠡ ᠬᠠᠷᠢᠭᠤᠴᠠᠯᠭ᠎ᠠ᠎ᠪᠠᠨ ᠴᠢᠩᠭ᠎ᠠ ᠭᠦᠢ᠍ᠴᠡᠳᠬᠡᠬᠦ ᠂ ᠦᠢ᠍ᠯᠡᠴᠢᠯᠡᠭᠡᠨ᠎ᠤ ᠴᠢᠨᠠᠷ ᠴᠢᠨᠰᠠᠭ᠎ᠠ ᠦᠷ᠎ᠡ ᠪᠦᠲᠦᠮᠵᠢ᠎ᠪᠠᠨ ᠳᠡᠭᠡᠭᠰᠢᠯᠡᠭᠦᠯᠬᠦ ᠵᠢ᠎ᠨᠢ ᠠᠬᠢᠭᠤᠯᠤᠨ᠎ᠠ ᠃ ᠪᠥᠬᠦ ᠣᠷᠣᠨ᠎ᠳᠤ ᠵᠠᠰᠠᠭ ᠵᠠᠬᠢᠷᠭ᠋ᠠᠨ᠎ᠤ ᠵᠥᠪᠰᠢᠶᠡᠷᠡᠯ ᠂ ᠵᠠᠰᠠᠭ ᠵᠠᠬᠢᠷᠭ᠋ᠠᠨ᠎ᠤ ᠰᠢᠢ᠍ᠳᠬᠡᠯ᠎ᠤᠨ ᠦᠷ᠎ᠡ ᠳ᠋ᠦᠩ 《ᠬᠣᠶᠠᠷ᠎ᠢ ᠨᠡᠢ᠌ᠲᠡ᠎ᠳᠤ ᠵᠠᠷᠯᠠᠬᠤ 》 ᠠᠵᠢᠯ᠎ᠢ ᠪᠦᠷᠢᠨ ᠪᠦᠷᠬᠦᠭᠦᠯᠬᠦ ᠵᠢ ᠠᠬᠢᠭᠤᠯᠬᠤ ᠵᠢᠨ ᠬᠠᠮᠲᠤ ᠂ 《ᠬᠣᠶᠠᠷ᠎ᠢ ᠨᠡᠢ᠌ᠲᠡ᠎ᠳᠤ ᠵᠠᠷᠯᠠᠬᠤ 》 ᠵᠢ ᠪᠥᠬᠦ ᠲᠠᠯ᠎ᠠ᠎ᠪᠠᠷ ᠥᠷᠭᠡᠳᠬᠡᠭᠡᠳ 《ᠠᠷᠪᠠ ᠵᠢ ᠨᠡᠢ᠌ᠲᠡ᠎ᠳᠤ ᠵᠠᠷᠯᠠᠬᠤ 》 ᠪᠣᠯᠭ᠋ᠠᠨ᠎ᠠ ᠃
2.《ᠮᠥᠩᠬᠡ ᠰᠤᠪᠠᠭ 》 ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠨᠠᠷᠠᠲᠤ ᠲᠡᠮᠳᠡᠭ᠎ᠤᠨ ᠳᠠᠬᠢᠨ ᠲᠠᠰ ᠳᠡᠪᠰᠢᠬᠦ ᠵᠢ ᠠᠬᠢᠭᠤᠯᠤᠨ᠎ᠠ ᠃ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠵᠢᠨ ᠰᠦᠯᠵᠢᠶᠡᠨ᠎ᠳᠠᠬᠢ ᠪᠠ ᠰᠦᠯᠵᠢᠶᠡᠨ᠎ᠠᠴᠠ ᠭᠠᠳᠠᠭᠤᠷᠬᠢ ᠵᠢ ᠠᠭᠤᠰᠤᠯᠴᠠᠭᠤᠯᠤᠨ ᠬᠥᠭᠵᠢᠭᠦᠯᠬᠦ ᠵᠢ ᠪᠥᠬᠦ ᠲᠠᠯ᠎ᠠ᠎ᠪᠠᠷ ᠠᠬᠢᠭᠤᠯᠵᠤ ᠂ ᠬᠣᠯᠪᠣᠭᠳᠠᠬᠤ ᠵᠦᠢ᠍ᠯᠡᠰ᠎ᠢ ᠲᠥᠪᠯᠡᠷᠡᠭᠦᠯᠦᠨ ᠰᠢᠢ᠍ᠳᠪᠦᠷᠢᠯᠡᠬᠦ ᠂ ᠮᠠᠲ᠋ᠧᠷᠢᠶᠠᠯ᠎ᠨᠢ ᠳᠤᠲᠠᠭᠤ ᠴᠦ᠍ ᠬᠦᠯᠢᠶᠡᠨ ᠠᠪᠬᠤ ᠵᠦᠢ᠍ᠯᠡᠰ᠎ᠢ ᠠᠮᠠᠯᠳᠠᠨ ᠭᠦᠢ᠍ᠴᠡᠳᠬᠡᠬᠦ ᠂ ᠣᠨᠳᠣᠣ ᠭᠠᠵᠠᠷ᠎ᠤᠨ ᠵᠦᠢ᠍ᠯᠡᠰ᠎ᠢ ᠪᠥᠬᠦ ᠣᠷᠣᠨ᠎ᠳᠤ ᠭᠦᠢ᠍ᠴᠡᠳᠬᠡᠬᠦ ᠂ ᠲᠥᠷᠥ ᠵᠢᠨ ᠪᠣᠳᠣᠯᠭ᠎ᠠ ᠵᠢᠨ ᠦᠢ᠍ᠯᠡᠴᠢᠯᠡᠭᠡ ᠵᠢᠨ ᠲᠠᠯ᠎ᠠ᠎ᠪᠠᠷ ᠭᠤᠶᠤᠴᠢᠯᠠᠬᠤ᠎ᠠᠴᠠ ᠬᠡᠯᠲᠦᠷᠢᠭᠦᠯᠦᠨ ᠭᠦᠢ᠍ᠴᠡᠳᠬᠡᠬᠦ ᠵᠢ ᠠᠬᠢᠭᠤᠯᠤᠨ᠎ᠠ ᠃ ᠵᠠᠰᠠᠭ᠎ᠤᠨ ᠶᠠᠪᠤᠳᠠᠯ᠎ᠤᠨ ᠳ᠋ᠠᠢ᠌ᠲ᠋ᠠ᠎ᠪᠠᠷ ᠬᠦᠴᠦᠨ ᠴᠢᠳᠠᠮᠵᠢ ᠨᠡᠮᠡᠷᠢᠯᠡᠬᠦ ᠵᠢ ᠪᠠᠷᠢᠮᠲᠠᠯᠠᠨ ᠂ ᠰᠦᠯᠵᠢᠶ᠎ᠡ᠎ᠪᠠᠷ ᠠᠵᠢᠯ ᠶᠠᠪᠤᠳᠠᠯ ᠭᠦᠢ᠍ᠴᠡᠳᠬᠡᠬᠦ ᠵᠢᠨ ᠥᠷᠭᠡᠴᠡ ᠬᠢᠭᠡᠳ ᠭᠦᠨᠴᠡ ᠵᠢ ᠥᠷᠭᠡᠳᠬᠡᠵᠦ ᠂ ᠦᠢ᠍ᠯᠡᠴᠢᠯᠡᠭᠡᠨ᠎ᠤ ᠠᠷᠭ᠎ᠠ ᠵᠠᠮ᠎ᠢ ᠬᠠᠮᠤᠭ᠎ᠤᠨ ᠶᠡᠬᠡ ᠬᠡᠮᠵᠢᠶ᠎ᠡ᠎ᠪᠠᠷ ᠥᠷᠭᠡᠳᠬᠡᠨ ᠂ ᠦᠢ᠍ᠯᠡᠴᠢᠯᠡᠭᠡᠨ᠎ᠤ ᠴᠢᠳᠠᠪᠤᠷᠢ ᠵᠢ ᠳᠡᠭᠡᠭᠰᠢᠯᠡᠭᠦᠯᠦᠨ᠎ᠡ ᠃ 《ᠶᠡᠷᠦᠩᠬᠡᠢ᠌ᠯᠡᠭᠰᠡᠨ ᠨᠢᠭᠡ ᠴᠣᠩᠬᠣᠪᠴᠢ 》 ᠵᠢᠨ ᠰᠢᠰᠲ᠋ᠧᠮ᠎ᠤᠨ ᠴᠢᠳᠠᠮᠵᠢ ᠵᠢ ᠦᠷᠭᠦᠯᠵᠢᠯᠡᠨ ᠲᠡᠭᠦᠯᠳᠡᠷᠵᠢᠭᠦᠯᠵᠦ ᠂ ᠰᠦᠯᠵᠢᠶᠡᠨ᠎ᠠᠴᠠ ᠭᠠᠳᠠᠭᠤᠷᠬᠢ ᠦᠢ᠍ᠯᠡᠴᠢᠯᠡᠭᠡ ᠵᠢ ᠭᠥᠯᠢᠶᠡᠨ ᠠᠪᠴᠤ ᠰᠢᠢ᠍ᠳᠪᠦᠷᠢᠯᠡᠬᠦ ᠵᠢᠨ ᠲᠤᠯᠭ᠋ᠠᠭᠤᠷᠢᠯᠠᠬᠤ ᠴᠢᠳᠠᠪᠤᠷᠢ ᠵᠢ ᠳᠡᠭᠡᠭᠰᠢᠯᠡᠭᠦᠯᠦᠨ᠎ᠡ ᠃ 《ᠮᠥᠩᠬᠡ ᠰᠤᠪᠠᠭ 》᠎ᠢ ᠰᠢᠯᠢᠳᠡᠭᠵᠢᠭᠦᠯᠦᠨ ᠤᠯᠠᠷᠢᠭᠤᠯᠬᠤ ᠵᠢ ᠠᠬᠢᠭᠤᠯᠵᠤ ᠂ ᠡᠯ᠎ᠡ ᠱᠠᠲᠤᠨ᠎ᠤ ᠡᠯ᠎ᠡ ᠲᠥᠷᠥᠯ᠎ᠤᠨ ᠰᠢᠯᠵᠢᠮᠡᠯ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠫᠷᠣᠭ᠌ᠷᠠᠮ᠎ᠢ ᠵᠠᠯᠭ᠋ᠠᠨ ᠣᠷᠣᠭᠤᠯᠬᠤ ᠵᠢ ᠵᠢᠷᠤᠮᠵᠢᠭᠤᠯᠤᠨ᠎ᠠ ᠃ 《ᠮᠥᠩᠬᠡ ᠰᠤᠪᠠᠭ 》᠎ᠤᠨ ᠰᠢᠯᠵᠢᠮᠡᠯ ᠦᠵᠦᠭᠦᠷ᠎ᠤᠨ ᠪᠠᠢ᠌ᠭᠤᠯᠤᠯᠲᠠ ᠡᠵᠡᠩᠨᠡᠯᠲᠡ ᠵᠢ ᠴᠢᠩᠭ᠋ᠠᠳᠬᠠᠵᠤ ᠂ ᠡᠯ᠎ᠡ ᠲᠥᠷᠥᠯ᠎ᠤᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ ᠂ ᠣᠨᠴᠠᠯᠢᠭᠲᠤ ᠫᠷᠣᠭ᠌ᠷᠠᠮ ᠵᠢᠴᠢ ᠭᠣᠣᠯ ᠰᠡᠳᠦᠪᠲᠦ ᠦᠢ᠍ᠯᠡᠴᠢᠯᠡᠭᠡᠨ᠎ᠤ ᠲᠤᠰᠬᠠᠢ ᠪᠤᠯᠤᠩ᠎ᠤᠨ 《ᠵᠠᠯᠭ᠋ᠠᠨ ᠣᠷᠣᠭᠤᠯᠬᠤ ᠶᠣᠰᠣᠲᠠᠢ ᠵᠢ᠎ᠨᠢ ᠴᠥᠮ ᠵᠠᠯᠭ᠋ᠠᠨ ᠣᠷᠣᠭᠤᠯᠵᠤ ᠂ ᠨᠡᠢ᠌ᠲᠡᠯᠡᠬᠦ ᠶᠣᠰᠣᠲᠠᠢ ᠵᠢ᠎ᠨᠢ ᠴᠥᠮ ᠨᠡᠢ᠌ᠲᠡᠯᠡᠬᠦ 》 ᠵᠢ ᠠᠬᠢᠭᠤᠯᠵᠤ ᠂ ᠠᠵᠢᠯ ᠶᠠᠪᠤᠳᠠᠯ ᠭᠦᠢ᠍ᠴᠡᠳᠬᠡᠬᠦ᠎ᠳᠤ ᠦᠢ᠍ᠯᠡᠴᠢᠯᠡᠬᠦ ᠣᠢ᠌ᠯᠠᠭ᠋ᠠᠯᠲᠠ ᠵᠢ᠎ᠨᠢ ᠳᠡᠭᠡᠭᠰᠢᠯᠡᠭᠦᠯᠦᠨ᠎ᠡ ᠃ ᠨᠠᠩ ᠣᠯᠠᠨ ᠣᠯᠠᠨᠲᠠ ᠲᠣᠬᠢᠶᠠᠯᠳᠤᠬᠤ ᠵᠦᠢ᠍ᠯᠡᠰ᠎ᠢ ᠰᠦᠯᠵᠢᠶ᠎ᠡ᠎ᠪᠠᠷ ᠭᠦᠢ᠍ᠴᠡᠳᠬᠡᠬᠦ ᠂ ᠠᠯᠠᠭ᠋ᠠᠨ ᠳᠡᠭᠡᠷ᠎ᠡ᠎ᠪᠠᠨ ᠭᠦᠢ᠍ᠴᠡᠳᠬᠡᠬᠦ ᠂ ᠨᠢᠭᠡ ᠯᠡ ᠤᠳᠠᠭ᠎ᠠ᠎ᠳᠤ ᠭᠦᠢ᠍ᠴᠡᠳᠬᠡᠬᠦ ᠵᠢ ᠠᠬᠢᠭᠤᠯᠵᠤ ᠂ ᠰᠦᠯᠵᠢᠶ᠎ᠡ᠎ᠪᠠᠷ ᠭᠦᠢ᠍ᠴᠡᠳᠬᠡᠵᠦ ᠳᠡᠢ᠌ᠯᠬᠦ ᠪᠠᠢ᠌ᠭᠰᠠᠨ᠎ᠠᠴᠠ ᠭᠦᠢ᠍ᠴᠡᠳᠬᠡᠬᠦ᠎ᠳᠤ ᠳᠥᠭᠥᠮ ᠬᠢᠯᠪᠠᠷ ᠪᠣᠯᠭ᠋ᠠᠬᠤ ᠲᠡᠢ᠌ᠰᠢ ᠬᠤᠪᠢᠷᠠᠭᠤᠯᠬᠤ ᠵᠢ ᠪᠡᠶᠡᠯᠡᠭᠦᠯᠵᠦ ᠂ 《ᠮᠥᠩᠬᠡ ᠰᠤᠪᠠᠭ 》 ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠨᠠᠷᠠᠲᠤ ᠲᠡᠮᠳᠡᠭ᠎ᠢ ᠴᠣᠭᠴᠠᠯᠠᠨ᠎ᠠ ᠃
3. ᠳ᠋ᠠᠢ᠌ᠲ᠋ᠠ ᠵᠢ ᠬᠠᠮᠲᠤ᠎ᠪᠠᠷ ᠬᠦᠷᠲᠡᠵᠦ ᠬᠡᠷᠡᠭᠯᠡᠬᠦ ᠵᠢ ᠴᠢᠩᠭ᠋ᠠᠳᠬᠠᠨ᠎ᠠ ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠯᠠᠨ ᠨᠡᠶ᠋ᠢᠲᠡ ᠵᠢᠨ ᠳ᠋ᠠᠢ᠌ᠲ᠋ᠠ ᠵᠢᠨ ᠬᠠᠮᠢᠶᠠᠷᠤᠯᠲᠠ ᠵᠢᠨ ᠠᠷᠭ᠎ᠠ 》 ᠵᠢ ᠲᠣᠭᠲᠠᠭ᠋ᠠᠨ ᠨᠡᠢ᠌ᠲᠡᠯᠡᠵᠦ ᠂ ᠡᠯ᠎ᠡ ᠱᠠᠲᠤᠨ᠎ᠤ ᠵᠠᠰᠠᠭ ᠵᠠᠬᠢᠷᠭ᠋ᠠᠨ᠎ᠤ ᠪᠠᠢ᠌ᠭᠤᠯᠭ᠎ᠠ ᠪᠠ ᠣᠯᠠᠨ ᠨᠡᠶ᠋ᠢᠲᠡ ᠵᠢᠨ ᠠᠵᠤ ᠠᠬᠤᠢ᠌ᠯᠠᠯ ᠠᠵᠢᠯ ᠦᠢ᠍ᠯᠡᠰ᠎ᠤᠨ ᠨᠢᠭᠡᠴᠢ ᠵᠢᠨ ᠳ᠋ᠠᠢ᠌ᠲ᠋ᠠ ᠴᠤᠭᠯᠠᠭᠤᠯᠬᠤ ᠂ ᠬᠤᠷᠠᠮᠳᠤᠭᠤᠯᠬᠤ ᠂ ᠬᠠᠮᠲᠤ᠎ᠪᠠᠷ ᠬᠦᠷᠲᠡᠬᠦ ᠂ ᠨᠡᠭᠡᠭᠡᠯᠲᠡ᠎ᠲᠠᠢ ᠪᠣᠯᠭ᠋ᠠᠬᠤ ᠂ ᠬᠠᠮᠢᠶᠠᠷᠬᠤ ᠵᠡᠷᠭᠡ ᠱᠠᠭ᠋ᠠᠷᠳᠠᠯᠭ᠎ᠠ ᠵᠢ ᠲᠣᠳᠣᠷᠬᠠᠢ᠌ᠯᠠᠨ ᠂ ᠨᠢᠭᠡ ᠴᠣᠭᠴᠠᠵᠢᠭᠤᠯᠤᠭᠰᠠᠨ ᠵᠠᠰᠠᠭ᠎ᠤᠨ ᠶᠠᠪᠤᠳᠠᠯ᠎ᠤᠨ ᠲᠣᠮᠣ ᠳ᠋ᠠᠢ᠌ᠲ᠋ᠠ ᠵᠢᠨ ᠲᠣᠭᠲᠠᠯᠴᠠᠭ᠋ᠠᠨ᠎ᠤ ᠪᠠᠢ᠌ᠭᠤᠯᠤᠯᠲᠠ ᠵᠢ ᠲᠦᠷᠭᠡᠳᠬᠡᠵᠦ ᠂ ᠣᠯᠠᠨ ᠨᠡᠶ᠋ᠢᠲᠡ ᠵᠢᠨ ᠳ᠋ᠠᠢ᠌ᠲ᠋ᠠ ᠵᠢ ᠴᠤᠭᠯᠠᠭᠤᠯᠤᠨ ᠠᠭᠤᠰᠤᠯᠴᠠᠭᠤᠯᠬᠤ ᠂ ᠨᠡᠭᠡᠭᠡᠯᠲᠡ ᠵᠢ ᠬᠠᠮᠲᠤ᠎ᠪᠠᠷ ᠬᠦᠷᠲᠡᠬᠦ ᠪᠠ ᠨᠡᠭᠡᠭᠡᠨ ᠬᠥᠭᠵᠢᠭᠦᠯᠵᠦ ᠠᠰᠢᠭᠯᠠᠬᠤ ᠵᠢ ᠠᠬᠢᠭᠤᠯᠤᠨ᠎ᠠ ᠃ ᠡᠯᠧᠺᠲᠷᠣᠨ ᠵᠠᠰᠠᠭ᠎ᠤᠨ ᠶᠠᠪᠤᠳᠠᠯ᠎ᠤᠨ ᠡᠭᠦᠯᠡ ᠪᠠ ᠰᠦᠯᠵᠢᠶᠡᠨ᠎ᠤ ᠲᠤᠯᠭ᠋ᠠᠭᠤᠷᠢᠯᠠᠨ ᠪᠠᠲᠤᠯᠠᠬᠤ ᠴᠢᠳᠠᠪᠤᠷᠢ ᠵᠢ᠎ᠨᠢ ᠦᠷᠭᠦᠯᠵᠢᠯᠡᠨ ᠳᠡᠭᠡᠭᠰᠢᠯᠡᠭᠦᠯᠵᠦ ᠂ ᠥᠪᠡᠷᠲᠡᠭᠡᠨ ᠵᠠᠰᠠᠬᠤ ᠣᠷᠣᠨ ᠂ ᠠᠢ᠌ᠮᠠᠭ ᠬᠤᠲᠠ ᠬᠣᠶᠠᠷ ᠱᠠᠲᠤᠨ᠎ᠤ ᠲᠣᠮᠣ ᠳ᠋ᠠᠢ᠌ᠲ᠋ᠠ ᠵᠢᠨ ᠲᠠᠪᠴᠠᠩ᠎ᠤᠨ ᠪᠠᠢ᠌ᠭᠤᠯᠤᠯᠲᠠ ᠵᠢ ᠲᠡᠭᠦᠯᠳᠡᠷᠵᠢᠭᠦᠯᠦᠨ ᠂ 《ᠨᠢᠭᠡ ᠡᠭᠦᠯᠡ ᠨᠢᠭᠡ ᠰᠦᠯᠵᠢᠶ᠎ᠡ ᠨᠢᠭᠡ ᠲᠠᠪᠴᠠᠩ 》 ᠵᠶ᠋ᠠᠷ ᠭᠣᠣᠯ ᠪᠣᠯᠭ᠋ᠠᠭᠰᠠᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠳ᠋ᠢᠵᠢᠲ᠋ᠠᠯᠴᠢᠯᠠᠭᠰᠠᠨ ᠰᠠᠭᠤᠷᠢ ᠲᠤᠯᠭ᠋ᠠᠭᠤᠷᠢᠯᠠᠬᠤ ᠲᠣᠭᠲᠠᠯᠴᠠᠭ᠎ᠠ ᠵᠢ ᠠᠩᠬ᠎ᠠ ᠠᠯᠬᠤᠮ ᠪᠦᠷᠢᠯᠳᠦᠭᠦᠯᠦᠨ᠎ᠡ ᠃ 《ᠥᠨᠳᠥᠷ ᠪᠦᠲᠦᠮᠵᠢᠲᠡᠶ᠎ᠪᠠᠷ ᠨᠢᠭᠡ ᠠᠵᠢᠯ ᠶᠠᠪᠤᠳᠠᠯ᠎ᠢ ᠭᠦᠢ᠍ᠴᠡᠳᠬᠡᠬᠦ 》᠂ 《ᠪᠥᠬᠦ ᠣᠷᠣᠨ᠎ᠳᠤ ᠨᠡᠢ᠌ᠳᠡᠮ ᠭᠦᠢ᠍ᠴᠡᠳᠬᠡᠬᠦ 》 ᠵᠡᠷᠭᠡ ᠲᠤᠬᠠᠢ᠌ᠯᠠᠭᠰᠠᠨ ᠠᠵᠢᠯ᠎ᠤᠨ ᠬᠡᠷᠡᠭᠯᠡᠭᠡᠨ᠎ᠤ ᠬᠡᠷᠡᠭᠴᠡᠭᠡ ᠱᠠᠭ᠋ᠠᠷᠳᠠᠯᠭ᠎ᠠ᠎ᠪᠠᠷ ᠤᠳᠤᠷᠢᠳᠤᠮᠵᠢ ᠪᠣᠯᠭ᠋ᠠᠨ ᠂ ᠳ᠋ᠠᠢ᠌ᠲ᠋ᠠ ᠵᠢ ᠬᠠᠮᠲᠤ᠎ᠪᠠᠷ ᠬᠦᠷᠲᠡᠬᠦ 《ᠭᠤᠷᠪᠠᠨ ᠲᠣᠳᠣᠷᠬᠠᠢ ᠬᠠᠭᠤᠳᠠᠰᠤ 》 ᠵᠢ ᠡᠮᠬᠢᠯᠡᠵᠦ ᠂ ᠳ᠋ᠠᠢ᠌ᠲ᠋ᠠ ᠵᠢᠨ ᠬᠡᠷᠡᠭᠴᠡᠭᠡ ᠱᠠᠭ᠋ᠠᠷᠳᠠᠯᠭ᠎ᠠ ᠵᠢᠨ ᠲᠣᠳᠣᠷᠬᠠᠢ ᠬᠠᠭᠤᠳᠠᠰᠤ᠎ᠲᠠᠢ ᠬᠠᠷᠭᠤᠭᠤᠯᠵᠤ ᠂ ᠳ᠋ᠠᠢ᠌ᠲ᠋ᠠ ᠵᠢᠨ ᠬᠠᠷᠢᠶ᠎ᠠ ᠰᠠᠯᠠᠭ᠎ᠠ ᠮᠥᠴᠢᠷ ᠂ ᠪᠠᠢ᠌ᠭ᠎ᠠ ᠰᠢᠰᠲ᠋ᠧᠮ ᠂ ᠬᠠᠮᠲᠤ᠎ᠪᠠᠷ ᠬᠦᠷᠲᠡᠬᠦ ᠠᠷᠭ᠎ᠠ ᠮᠠᠶᠢᠭ ᠵᠢᠴᠢ ᠬᠠᠮᠲᠤ᠎ᠪᠠᠷ ᠬᠦᠷᠲᠡᠬᠦ ᠳᠠᠪᠲᠠᠮᠵᠢ ᠵᠢ ᠵᠦᠢ᠍ᠯ ᠳᠠᠷᠠᠭ᠋ᠠᠯᠠᠨ ᠲᠣᠳᠣᠷᠬᠠᠢ ᠪᠣᠯᠭ᠋ᠠᠵᠤ ᠂ ᠳ᠋ᠠᠢ᠌ᠲ᠋ᠠ ᠵᠢᠨ ᠡᠬᠢ ᠪᠠᠶᠠᠯᠢᠭ᠎ᠤᠨ ᠭᠠᠷᠴᠠᠭ᠎ᠢ ᠲᠡᠭᠦᠯᠳᠡᠷᠵᠢᠭᠦᠯᠦᠨ ᠂ ᠳ᠋ᠠᠢ᠌ᠲ᠋ᠠ ᠵᠢᠨ ᠬᠣᠷᠢᠭ᠎ᠠ ᠴᠠᠷᠠᠭ᠎ᠠ ᠵᠢ ᠦᠷᠭᠦᠯᠵᠢᠯᠡᠨ ᠨᠠᠪᠲᠠᠷᠡᠭᠦᠯᠵᠦ ᠂ ᠲᠠᠰ ᠳᠠᠪᠬᠤᠷᠭ᠎ᠠ ᠠᠯᠤᠰᠯᠠᠭᠰᠠᠨ ᠂ ᠣᠷᠣᠨ ᠪᠦᠰᠡ ᠠᠯᠤᠰᠯᠠᠭᠰᠠᠨ ᠂ ᠰᠢᠰᠲ᠋ᠧᠮ ᠠᠯᠤᠰᠯᠠᠭᠰᠠᠨ ᠂ ᠰᠠᠯᠠᠭ᠎ᠠ ᠮᠥᠴᠢᠷ ᠠᠯᠤᠰᠯᠠᠭᠰᠠᠨ ᠂ ᠲᠤᠬᠠᠢ᠌ᠯᠠᠭᠰᠠᠨ ᠠᠵᠢᠯ ᠠᠯᠤᠰᠯᠠᠭᠰᠠᠨ ᠳ᠋ᠠᠢ᠌ᠲ᠋ᠠ ᠵᠢ ᠬᠡᠷᠡᠭᠴᠡᠭᠡ ᠶᠣᠰᠣᠭ᠋ᠠᠷ ᠬᠠᠮᠲᠤ᠎ᠪᠠᠷ ᠬᠦᠷᠲᠡᠵᠦ ᠬᠡᠷᠡᠭᠯᠡᠬᠦ ᠵᠢ ᠪᠡᠶᠡᠯᠡᠭᠦᠯᠦᠨ᠎ᠡ ᠃ ᠡᠯᠧᠺᠲᠷᠣᠨ ᠭᠡᠷᠡᠴᠢ ᠦᠨᠡᠮᠯᠡᠯ᠎ᠤᠨ ᠠᠵᠢᠯ ᠲᠥᠷᠥᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠢ ᠰᠢᠮᠳᠠᠭᠤᠯᠵᠤ ᠪᠠᠢ᠌ᠭ᠋ᠠᠳ ᠤᠭ᠎ᠤᠨ ᠣᠯᠭᠣᠭᠰᠠᠨ ᠭᠡᠷᠡᠴᠢ ᠦᠨᠡᠮᠯᠡᠯ ᠵᠶ᠋ᠠᠨ ᠪᠠᠷᠢᠮᠵᠢᠶᠠᠵᠢᠭᠤᠯᠤᠨ ᠥᠭᠡᠷᠡᠴᠢᠯᠡᠨ ᠰᠢᠨᠡᠳᠬᠡᠬᠦ ᠵᠢ ᠪᠡᠶᠡᠯᠡᠭᠦᠯᠵᠦ ᠂ ᠡᠯᠧᠺᠲᠷᠣᠨᠵᠢᠭᠰᠠᠨ ᠬᠡᠷᠡᠭᠯᠡᠭᠡᠨ ᠪᠠ ᠪᠥᠬᠦ ᠤᠯᠤᠰ᠎ᠲᠤ ᠬᠠᠷᠢᠯᠴᠠᠨ ᠨᠡᠪᠲᠡᠷᠡᠯᠴᠡᠵᠦ ᠬᠠᠷᠢᠯᠴᠠᠨ ᠮᠡᠳᠡᠷᠡᠬᠦ ᠵᠢ ᠪᠥᠬᠦ ᠲᠠᠯ᠎ᠠ᠎ᠪᠠᠷ ᠲᠤᠯᠭ᠋ᠠᠭᠤᠷᠢᠯᠠᠨ᠎ᠠ ᠃
4. ᠡᠵᠡᠩᠨᠡᠯᠲᠡ ᠵᠢᠨ ᠭᠣᠣᠯ ᠴᠣᠭᠴᠠ ᠵᠢᠨ ᠳᠠᠩᠰᠠᠯᠠᠨ ᠲᠡᠮᠳᠡᠭᠯᠡᠬᠦ ᠦᠢ᠍ᠯᠡᠴᠢᠯᠡᠭᠡ ᠵᠢ ᠦᠷᠭᠦᠯᠵᠢᠯᠡᠨ ᠰᠢᠯᠢᠳᠡᠭᠵᠢᠭᠦᠯᠦᠨ᠎ᠡ ᠃ ᠡᠵᠡᠩᠨᠡᠯᠲᠡ ᠵᠢᠨ ᠭᠣᠣᠯ ᠴᠣᠭᠴᠠ ᠵᠢ ᠪᠠᠶ᠋ᠢᠭᠤᠯᠬᠤ ᠂ ᠬᠤᠪᠢᠷᠠᠭ᠋ᠠᠬᠤ ᠂ ᠬᠦᠴᠦᠨ ᠦᠭᠡᠢ ᠪᠣᠯᠭ᠋ᠠᠬᠤ ᠪᠥᠬᠦ ᠶᠠᠪᠤᠴᠠᠨ᠎ᠳᠠᠬᠢ ᠡᠯᠧᠺᠲᠷᠣᠨᠵᠢᠯᠲᠠ ᠵᠢᠨ ᠬᠠᠮᠤᠷᠬᠤ ᠬᠡᠪᠴᠢᠶ᠎ᠡ ᠵᠢ ᠥᠷᠭᠡᠳᠬᠡᠨ᠎ᠡ ᠃ ᠳᠠᠩᠰᠠᠨ ᠡᠷᠦᠬᠡ ᠪᠠᠢ᠌ᠭᠤᠯᠤᠭᠰᠠᠨ ᠪᠠᠩᠬᠢ ᠵᠢᠨ᠎ᠬᠢᠨ᠎ᠤ ᠠᠵᠤ ᠠᠬᠤᠢ᠌ᠯᠠᠯ ᠨᠡᠭᠡᠭᠡᠨ ᠡᠷᠬᠢᠯᠡᠬᠦ ᠵᠢᠨ 《ᠨᠢᠭᠡ ᠰᠦᠯᠵᠢᠶ᠎ᠡ᠎ᠪᠠᠷ ᠨᠡᠢ᠌ᠳᠡᠮ ᠭᠦᠢ᠍ᠴᠡᠳᠬᠡᠬᠦ 》 ᠲᠠᠪᠴᠠᠩ ᠵᠶ᠋ᠡᠷ ᠳᠠᠮᠵᠢᠭᠤᠯᠤᠨ ᠪᠠᠩᠬᠢ ᠵᠢᠨ ᠳᠠᠩᠰᠠᠨ ᠡᠷᠦᠬᠡ ᠪᠠᠢ᠌ᠭᠤᠯᠬᠤ᠎ᠪᠠᠷ ᠪᠣᠯᠵᠣᠭᠰᠠᠨ ᠲᠠᠩᠰᠠᠨ ᠨᠣᠮᠧᠷ᠎ᠤᠨ ᠮᠡᠳᠡᠭᠡ ᠵᠠᠩᠭᠢ ᠶᠠᠪᠤᠭᠤᠯᠬᠤ ᠵᠢ᠎ᠨᠢ ᠳᠡᠮᠵᠢᠨ᠎ᠡ ᠃ ᠥᠯᠥ ᠬᠥᠳᠡᠯᠬᠦ ᠬᠥᠷᠥᠩᠭᠡ ᠵᠢᠨ ᠳ᠋ᠠᠢ᠌ᠲ᠋ᠠ ᠬᠥᠮᠥᠷᠭᠡ᠎ᠳᠤ ᠲᠦᠰᠢᠭᠯᠡᠨ ᠂ ᠠᠵᠤ ᠠᠬᠤᠢ᠌ᠯᠠᠯ᠎ᠤᠨ ᠪᠠᠢ᠌ᠭ᠎ᠠ ᠭᠠᠵᠠᠷ (ᠡᠵᠡᠩᠨᠡᠯᠲᠡ ᠵᠢᠨ ᠲᠠᠯᠠᠪᠤᠷ ᠭᠠᠵᠠᠷ)᠎ᠤᠨ ᠪᠠᠷᠢᠮᠵᠢᠶᠠᠵᠢᠭᠤᠯᠤᠭᠰᠠᠨ ᠳᠠᠩᠰᠠᠯᠠᠯᠲᠠ ᠵᠢ ᠠᠬᠢᠭᠤᠯᠵᠤ ᠂ ᠥᠯᠥ ᠬᠥᠳᠡᠯᠬᠦ ᠬᠥᠷᠥᠩᠭᠡ ᠵᠢᠨ ᠳᠠᠩᠰᠠᠯᠠᠯᠲᠠ ᠵᠢᠨ ᠬᠠᠮᠢᠶ᠎ᠠ ᠪᠦᠬᠦᠢ ᠮᠡᠳᠡᠭᠡ ᠵᠠᠩᠭᠢ᠎ᠲᠠᠢ ᠰᠦᠯᠵᠢᠶ᠎ᠡ᠎ᠪᠠᠷ ᠬᠠᠷᠢᠴᠠᠭᠤᠯᠵᠤ ᠬᠠᠷᠭᠤᠭᠤᠯᠤᠨ ᠰᠢᠯᠭ᠋ᠠᠬᠤ ᠵᠢ ᠪᠡᠶᠡᠯᠡᠭᠦᠯᠦᠨ᠎ᠡ ᠃ ᠪᠥᠬᠦ ᠤᠯᠤᠰ᠎ᠤᠨ ᠨᠢᠭᠡᠳᠦᠯᠲᠡᠢ ᠡᠯᠧᠺᠲᠷᠣᠨ ᠡᠵᠡᠩᠨᠡᠯᠲᠡ ᠵᠢᠨ ᠦᠨᠡᠮᠯᠡᠯ᠎ᠤᠨ ᠰᠢᠰᠲ᠋ᠧᠮ ᠵᠢᠴᠢ 《ᠡᠵᠡᠩᠨᠡᠯᠲᠡ ᠵᠢᠨ ᠭᠣᠣᠯ ᠴᠣᠭᠴᠠ ᠵᠢᠨ ᠪᠡᠶ᠎ᠡ ᠭᠠᠷᠤᠯ᠎ᠤᠨ ᠨᠣᠮᠧᠷ 》᠎ᠲᠤ ᠲᠦᠰᠢᠭᠯᠡᠨ ᠂ 《ᠨᠢᠭᠡ ᠠᠵᠤ ᠠᠬᠤᠢ᠌ᠯᠠᠯ ᠂ ᠨᠢᠭᠡ ᠭᠡᠷᠡᠴᠢ ᠂ ᠨᠢᠭᠡ ᠨᠣᠮᠧᠷ 》᠎ᠤᠨ ᠬᠡᠷᠡᠭᠯᠡᠭᠡᠨ᠎ᠢ ᠪᠥᠬᠦ ᠲᠠᠯ᠎ᠠ᠎ᠪᠠᠷ ᠳᠡᠯᠭᠡᠷᠡᠭᠦᠯᠦᠨ᠎ᠡ ᠃
5. ᠵᠠᠬ᠎ᠠ ᠳᠡᠯᠭᠡᠭᠦᠷ᠎ᠲᠤ ᠵᠥᠪᠰᠢᠶᠡᠷᠡᠨ ᠣᠷᠣᠭᠤᠯᠬᠤ ᠳᠦᠷᠢᠮ᠎ᠤᠨ ᠥᠭᠡᠷᠡᠴᠢᠯᠡᠯᠲᠡ ᠵᠢ ᠢᠳᠡᠪᠬᠢᠲᠡᠢ ᠠᠬᠢᠭᠤᠯᠤᠨ᠎ᠠ ᠃ 《ᠪᠥᠬᠦ ᠤᠯᠤᠰ᠎ᠤᠨ ᠨᠢᠭᠡᠳᠪᠦᠷᠢ ᠲᠣᠳᠣᠷᠬᠠᠢ ᠬᠠᠭᠤᠳᠠᠰᠤ 》 ᠵᠢᠨ ᠬᠠᠮᠢᠶᠠᠷᠤᠯᠲᠠ ᠵᠢᠨ ᠬᠡᠪ ᠵᠠᠭᠪᠤᠷ᠎ᠢ ᠴᠢᠩᠭ᠎ᠠ ᠨᠠᠢ᠌ᠳᠠᠪᠤᠷᠢᠵᠢᠭᠤᠯᠵᠤ ᠂ ᠡᠯ᠎ᠡ ᠲᠥᠷᠥᠯ᠎ᠤᠨ ᠡᠵᠡᠩᠨᠡᠯᠲᠡ ᠵᠢᠨ ᠭᠣᠣᠯ ᠴᠣᠭᠴᠠ ᠵᠢᠨ ᠡᠷᠬᠡ ᠲᠡᠭᠰᠢ᠎ᠪᠠᠷ ᠵᠠᠬ᠎ᠠ ᠳᠡᠯᠭᠡᠭᠦᠷ᠎ᠲᠤ ᠣᠷᠣᠬᠤ ᠵᠢ ᠬᠠᠤᠯᠢ ᠶᠣᠰᠣᠭ᠋ᠠᠷ ᠪᠠᠲᠤᠯᠠᠨ ᠂ 《ᠨᠢᠭᠡ ᠲᠣᠳᠣᠷᠬᠠᠢ ᠬᠠᠭᠤᠳᠠᠰᠤᠨ᠎ᠳᠤ ᠪᠥᠬᠥᠨ᠎ᠢ ᠵᠢᠭᠰᠠᠭ᠋ᠠᠵᠤ ᠂ ᠲᠣᠰ ᠬᠠᠭᠤᠳᠠᠰᠤᠨ᠎ᠠᠴᠠ ᠪᠤᠰᠤᠳ ᠬᠠᠭᠤᠳᠠᠰᠤ ᠭᠠᠷᠭ᠋ᠠᠬᠤ ᠦᠭᠡᠢ 》 ᠪᠠᠢ᠌ᠬᠤ ᠵᠢ ᠦᠨᠡᠨ ᠬᠦ᠌ ᠪᠠᠲᠤᠯᠠᠵᠤ ᠂ ᠡᠭᠦᠨ᠎ᠯᠦᠭᠡ ᠵᠣᠬᠢᠴᠠᠯᠳᠤᠭᠰᠠᠨ ᠬᠢᠨᠠᠨ ᠵᠥᠪᠰᠢᠶᠡᠷᠡᠬᠦ ᠪᠠ ᠬᠢᠨᠠᠨ ᠬᠠᠮᠢᠶᠠᠷᠬᠤ ᠲᠣᠭᠲᠠᠴᠠ ᠵᠢ ᠲᠡᠭᠦᠯᠳᠡᠷᠵᠢᠭᠦᠯᠦᠨ᠎ᠡ ᠃ ᠪᠦᠬᠦ ᠣᠷᠣᠨ᠎ᠤ ᠭᠣᠣᠯᠳᠠᠯᠭ᠎ᠠ ᠪᠣᠯᠬᠤ ᠠᠵᠢᠯ ᠲᠥᠷᠥᠯ ᠪᠠ ᠬᠦᠷᠢᠶᠡᠨ᠎ᠳᠤ ᠠᠷᠠᠳ᠎ᠤᠨ ᠪᠡᠯᠡ ᠣᠷᠣᠭᠤᠯᠤᠯᠲᠠ ᠵᠢᠨ ᠣᠷᠣᠯᠴᠠᠬᠤ ᠪᠠᠢ᠌ᠭᠤᠯᠤᠯ ᠲᠣᠭᠲᠠᠴᠠ ᠵᠢ ᠪᠦᠷᠢᠨᠰᠢᠭᠦᠯᠵᠦ ᠂ ᠠᠷᠠᠳ᠎ᠤᠨ ᠪᠡᠯᠡ ᠣᠷᠣᠭᠤᠯᠤᠯᠲᠠ ᠵᠢᠨ ᠣᠷᠣᠯᠴᠠᠴᠠ ᠵᠢ ᠳᠡᠭᠡᠭᠰᠢᠯᠡᠭᠦᠯᠦᠨ ᠂ ᠡᠯ᠎ᠡ ᠭᠠᠵᠠᠷ ᠣᠷᠣᠨ᠎ᠤ ᠲᠣᠭᠲᠠᠮᠠᠯ ᠬᠥᠷᠥᠩᠭᠡ ᠵᠢᠨ ᠪᠡᠯᠡ ᠣᠷᠣᠭᠤᠯᠤᠯᠲᠠ᠎ᠳᠤ ᠡᠵᠡᠯᠡᠬᠦ ᠠᠷᠠᠳ᠎ᠤᠨ ᠪᠡᠯᠡ ᠣᠷᠣᠭᠤᠯᠤᠯᠲᠠ ᠵᠢᠨ ᠬᠤᠪᠢ ᠵᠢᠨ ᠵᠢᠩ᠎ᠢ ᠰᠢᠯᠭ᠋ᠠᠨ ᠬᠢᠨᠠᠬᠤ᠎ᠪᠠᠨ ᠴᠢᠩᠭ᠋ᠠᠳᠬᠠᠨ᠎ᠠ ᠃ ᠤᠯᠤᠰ᠎ᠤᠨ ᠠᠵᠢᠯ᠎ᠤᠨ ᠪᠠᠢ᠌ᠷᠢᠯᠠᠭᠤᠯᠤᠯᠲᠠ ᠶᠣᠰᠣᠭ᠋ᠠᠷ ᠂ ᠵᠠᠬ᠎ᠠ ᠳᠡᠯᠭᠡᠭᠦᠷ᠎ᠲᠤ ᠵᠥᠪᠰᠢᠶᠡᠷᠡᠨ ᠣᠷᠣᠭᠤᠯᠬᠤ ᠬᠦᠴᠦᠨ ᠴᠢᠳᠠᠪᠤᠷᠢ ᠵᠢ ᠦᠨᠡᠯᠡᠨ ᠵᠢᠱ᠌ᠢᠬᠦ ᠠᠵᠢᠯ᠎ᠢ ᠡᠬᠢᠯᠡᠭᠦᠯᠦᠨ ᠥᠷᠨᠢᠭᠦᠯᠵᠦ ᠂ ᠬᠦᠴᠦᠨ ᠴᠢᠳᠠᠪᠤᠷᠢ ᠵᠢ ᠦᠨᠡᠯᠡᠨ ᠵᠢᠱ᠌ᠢᠭᠰᠡᠨ ᠦᠷ᠎ᠡ ᠳ᠋ᠦᠩ᠎ᠤᠨ ᠬᠡᠷᠡᠭᠯᠡᠯᠲᠡ ᠵᠢ ᠭᠦᠨᠵᠡᠭᠡᠢ᠌ᠷᠡᠭᠦᠯᠦᠨ ᠂ ᠵᠥᠪᠰᠢᠶᠡᠷᠡᠨ ᠣᠷᠣᠭᠤᠯᠬᠤ ᠬᠦᠴᠦᠨ ᠴᠢᠳᠠᠪᠤᠷᠢ ᠵᠢ ᠬᠦᠴᠦᠯᠡᠨ ᠳᠡᠭᠡᠭᠰᠢᠯᠡᠭᠦᠯᠦᠨ᠎ᠡ ᠃ ᠵᠠᠬ᠎ᠠ ᠳᠡᠯᠭᠡᠭᠦᠷ᠎ᠲᠤ ᠵᠥᠪᠰᠢᠶᠡᠷᠡᠨ ᠣᠷᠣᠭᠤᠯᠬᠤ ᠵᠢ ᠬᠠᠷᠰᠢᠯᠠᠭᠰᠠᠨ ᠠᠯᠳᠠᠭᠳᠠᠯ᠎ᠲᠠᠢ ᠵᠦᠢ᠍ᠯᠡᠰ᠎ᠤᠨ ᠨᠠᠷᠢᠨ ᠬᠠᠭᠤᠳᠠᠰᠤ ᠵᠢᠨ ᠬᠡᠷᠡᠭ᠎ᠤᠨ ᠵᠢᠱ᠌ᠢᠶ᠎ᠡ ᠵᠢ ᠭᠦᠨᠵᠡᠭᠡᠢ ᠵᠢᠭᠰᠠᠭ᠋ᠠᠨ ᠪᠠᠢ᠌ᠴᠠᠭ᠋ᠠᠵᠤ ᠴᠤᠭᠯᠠᠭᠤᠯᠤᠨ ᠂ ᠡᠯ᠎ᠡ ᠲᠥᠷᠥᠯ᠎ᠤᠨ ᠢᠯᠡ ᠴᠢᠨᠠᠷ᠎ᠤᠨ ᠪᠠ ᠳᠠᠯᠳᠠ ᠴᠢᠨᠠᠷ᠎ᠤᠨ ᠬᠣᠷᠢᠭ᠎ᠠ ᠴᠠᠷᠠᠭ᠎ᠠ ᠵᠢ ᠪᠥᠬᠦ ᠲᠠᠯ᠎ᠠ᠎ᠪᠠᠷ ᠢᠯᠭ᠋ᠠᠷᠠᠭᠤᠯᠤᠨ᠎ᠠ ᠃
6. ᠪᠠᠷᠢᠯᠭ᠎ᠠ ᠵᠢᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠢ ᠬᠢᠨᠠᠨ ᠵᠥᠪᠰᠢᠶᠡᠷᠡᠬᠦ ᠳᠦᠷᠢᠮ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠦᠨ᠎ᠡ ᠃ ᠭᠡᠷ ᠪᠠᠢ᠌ᠰᠢᠩ᠎ᠤᠨ ᠪᠠᠷᠢᠯᠭ᠎ᠠ ᠪᠠ ᠬᠣᠲᠠ ᠵᠢᠨ ᠰᠠᠭᠤᠷᠢ ᠪᠡᠯᠡᠳᠬᠡᠮᠵᠢ ᠵᠡᠷᠭᠡ ᠪᠠᠷᠢᠯᠭ᠎ᠠ ᠵᠢᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠬᠢᠨᠠᠨ ᠵᠥᠪᠰᠢᠶᠡᠷᠡᠯ᠎ᠢ ᠪᠠᠷᠢᠮᠵᠢᠶᠠᠵᠢᠭᠤᠯᠬᠤ ᠂ ᠵᠢᠷᠤᠮᠵᠢᠭᠤᠯᠬᠤ ᠂ ᠳᠥᠭᠥᠮᠴᠢᠯᠡᠬᠦ ᠵᠢ ᠠᠬᠢᠭᠤᠯᠤᠨ᠎ᠠ ᠃ ᠪᠠᠷᠢᠯᠭ᠎ᠠ ᠵᠢᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠢ ᠬᠢᠨᠠᠨ ᠵᠥᠪᠰᠢᠶᠡᠷᠡᠬᠦ ᠬᠠᠮᠢᠶᠠᠷᠤᠯᠲᠠ ᠵᠢᠨ ᠰᠢᠰᠲ᠋ᠧᠮ᠎ᠤᠨ ᠴᠢᠳᠠᠮᠵᠢ ᠵᠢ ᠲᠡᠭᠦᠯᠳᠡᠷᠵᠢᠭᠦᠯᠵᠦ ᠂ ᠪᠠᠷᠢᠯᠭ᠎ᠠ ᠵᠢᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠪᠠᠢ᠌ᠭᠤᠯᠤᠯᠲᠠ ᠵᠢᠨ ᠪᠦᠬᠦ ᠴᠤᠪᠤᠷᠠᠯ᠎ᠢ ᠳ᠋ᠢᠵᠢᠲ᠋ᠠᠯᠵᠢᠭᠤᠯᠤᠨ ᠮᠡᠳᠡᠭᠦᠯᠬᠦ ᠵᠢ ᠠᠬᠢᠭᠤᠯᠵᠤ ᠂ ᠪᠤᠶ ᠪᠦᠬᠦᠢ ᠰᠢᠶᠠᠨ᠎ᠤ ᠬᠣᠲᠠ ᠪᠠ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠬᠣᠲᠠ ᠵᠢᠨ ᠪᠠᠷᠢᠯᠭ᠎ᠠ ᠵᠢᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠳᠤ ᠬᠢᠨᠠᠨ ᠵᠥᠪᠰᠢᠶᠡᠷᠡᠬᠦ ᠬᠠᠮᠢᠶᠠᠷᠤᠯᠲᠠ ᠵᠢᠨ ᠰᠢᠰᠲ᠋ᠧᠮ᠎ᠢ ᠪᠦᠷᠢᠨ ᠪᠦᠷᠬᠦᠭᠦᠯᠬᠦ ᠵᠢ ᠪᠡᠶᠡᠯᠡᠭᠦᠯᠵᠦ ᠂ ᠪᠠᠷᠢᠯᠭ᠎ᠠ ᠵᠢᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠢ ᠭᠤᠶᠤᠴᠢᠯᠠᠨ ᠮᠡᠳᠡᠭᠦᠯᠬᠦ 《ᠨᠢᠭᠡ ᠰᠢᠰᠲ᠋ᠧᠮ 》 ᠵᠶ᠋ᠠᠷ ᠭᠦᠢ᠍ᠴᠡᠳᠬᠡᠬᠦ ᠵᠢ ᠠᠬᠢᠭᠤᠯᠤᠨ᠎ᠠ ᠃ ᠪᠠᠷᠢᠯᠭ᠎ᠠ ᠵᠢᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠬᠢᠨᠠᠨ ᠵᠥᠪᠰᠢᠶᠡᠷᠡᠬᠦ ᠵᠦᠢ᠍ᠯᠡᠰ᠎ᠤᠨ ᠲᠣᠳᠣᠷᠬᠠᠢ ᠬᠠᠭᠤᠳᠠᠰᠤᠴᠢᠯᠠᠭᠰᠠᠨ ᠬᠠᠮᠢᠶᠠᠷᠤᠯᠲᠠ᠎ᠪᠠᠨ ᠴᠢᠩᠭ᠋ᠠᠳᠬᠠᠵᠤ ᠂ ᠬᠦᠯᠢᠶᠡᠨ ᠠᠪᠴᠤ ᠰᠢᠢ᠍ᠳᠪᠦᠷᠢᠯᠡᠬᠦ ᠬᠢᠨᠠᠨ ᠪᠠᠢ᠌ᠴᠠᠭ᠋ᠠᠬᠤ ᠪᠠᠷᠢᠮᠵᠢᠶ᠎ᠠ ᠵᠢ ᠨᠠᠷᠢᠯᠢᠭᠵᠢᠭᠤᠯᠤᠨ ᠬᠡᠮᠵᠢᠶᠡᠵᠢᠭᠦᠯᠬᠦ ᠵᠢᠨ ᠬᠠᠮᠲᠤ ᠨᠡᠢ᠌ᠭᠡᠮ ᠨᠡᠶ᠋ᠢᠲᠡ᠎ᠳᠤ ᠢᠯᠡ ᠪᠣᠯᠭ᠋ᠠᠨ᠎ᠠ ᠃ ᠬᠢᠨᠠᠨ ᠵᠥᠪᠰᠢᠶᠡᠷᠡᠬᠦ᠎ᠳᠤ ᠬᠡᠷᠡᠭᠰᠡᠬᠦ ᠬᠤᠭᠤᠴᠠᠭ᠋ᠠᠨ᠎ᠤ ᠬᠠᠮᠢᠶᠠᠷᠤᠯᠲᠠ ᠵᠢ ᠴᠢᠩᠭ᠋ᠠᠳᠬᠠᠵᠤ ᠂ ᠪᠠᠷᠢᠯᠭ᠎ᠠ ᠵᠢᠨ ᠪᠣᠯᠣᠮᠵᠢᠲᠤ ᠰᠤᠳᠤᠯᠤᠯ᠎ᠤᠨ ᠮᠡᠳᠡᠭᠦᠯᠦᠯᠲᠡ ᠵᠢ ᠬᠢᠨᠠᠨ ᠲᠣᠭᠲᠠᠭ᠋ᠠᠬᠤ ᠪᠠ ᠲᠥᠯᠦᠪᠵᠢᠭᠦᠯᠭᠡ ᠵᠢᠨ ᠵᠢᠷᠤᠭ ᠲᠥᠯᠥᠪᠯᠡᠭᠡ ᠵᠢᠨ ᠲᠥᠰᠥᠯ᠎ᠢ ᠬᠢᠨᠠᠨ ᠪᠠᠢ᠌ᠴᠠᠭ᠋ᠠᠬᠤ᠎ᠳᠤ ᠬᠤᠭᠤᠴᠠᠭ᠎ᠠ ᠬᠢᠵᠠᠭ᠋ᠠᠷᠯᠠᠨ ᠪᠡᠶᠡᠯᠡᠭᠦᠯᠬᠦ ᠵᠢ ᠠᠬᠢᠭᠤᠯᠤᠨ᠎ᠠ ᠃ ᠪᠠᠷᠢᠯᠭ᠎ᠠ ᠵᠢᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠬᠥᠬᠡ ᠵᠢᠷᠤᠭ᠎ᠤᠨ ᠪᠦᠬᠦ ᠶᠠᠪᠤᠴᠠ᠎ᠳᠠᠬᠢ ᠳ᠋ᠢᠵᠢᠲ᠋ᠠᠯᠵᠢᠭᠤᠯᠤᠭᠰᠠᠨ ᠬᠠᠮᠢᠶᠠᠷᠤᠯᠲᠠ ᠵᠢ ᠢᠳᠡᠪᠬᠢᠲᠡᠢ ᠠᠬᠢᠭᠤᠯᠵᠤ ᠂ ᠳ᠋ᠢᠵᠢᠲ᠋ᠠᠯᠵᠢᠭᠤᠯᠤᠭᠰᠠᠨ ᠪᠠᠷᠢᠯᠭ᠎ᠠ ᠵᠢᠨ ᠵᠢᠷᠤᠭ᠎ᠢ ᠬᠢᠨᠠᠨ ᠪᠠᠢ᠌ᠴᠠᠭ᠋ᠠᠬᠤ ᠰᠢᠰᠲ᠋ᠧᠮ᠎ᠤᠨ ᠬᠡᠷᠡᠭᠯᠡᠭᠡᠨ ᠬᠢᠭᠡᠳ ᠬᠢᠨᠠᠯᠲᠠ ᠬᠠᠮᠢᠶᠠᠷᠤᠯᠲᠠ ᠵᠢ ᠲᠡᠭᠦᠯᠳᠡᠷᠵᠢᠭᠦᠯᠦᠨ᠎ᠡ ᠃ ᠭᠣᠣᠯᠳᠠᠯᠭ᠎ᠠ᠎ᠲᠠᠢ ᠪᠡᠯᠡ ᠣᠷᠣᠭᠤᠯᠤᠯᠲᠠ ᠵᠢᠨ ᠲᠥᠷᠥᠯ ᠵᠦᠢ᠍ᠯ᠎ᠤᠨ ᠭᠠᠷᠳᠠᠮ᠎ᠢ ᠳᠠᠭ᠋ᠠᠭᠤᠯᠤᠨ ᠭᠦᠢ᠍ᠴᠡᠳᠬᠡᠬᠦ ᠂ ᠣᠷᠣᠯᠠᠨ ᠭᠦᠢ᠍ᠴᠡᠳᠬᠡᠬᠦ ᠂ ᠬᠠᠪᠰᠤᠷᠤᠨ ᠭᠦᠢ᠍ᠴᠡᠳᠬᠡᠬᠦ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠵᠦ ᠂ ᠪᠣᠳᠠᠲᠠᠢ᠌ᠵᠢᠭᠤᠯᠬᠤ ᠂ ᠪᠦᠲᠦᠭᠡᠨ ᠪᠠᠶ᠋ᠢᠭᠤᠯᠬᠤ᠎ᠠᠴᠠ ᠠᠰᠢᠭᠯᠠᠯᠲᠠ᠎ᠳᠤ ᠣᠷᠣᠭᠤᠯᠬᠤ ᠬᠦᠷᠲᠡᠯ᠎ᠡ ᠪᠥᠬᠦ ᠲᠠᠯ᠎ᠠ ᠪᠥᠬᠦ ᠴᠤᠪᠤᠷᠠᠯ ᠵᠶ᠋ᠠᠷ ᠮᠥᠷᠳᠡᠨ ᠦᠢ᠍ᠯᠡᠴᠢᠯᠡᠨ᠎ᠡ ᠃
7. ᠡᠨᠧᠷᠬᠢ ᠂ ᠣᠰᠣᠨ ᠠᠰᠢᠭᠯᠠᠯᠲᠠ ᠂ ᠵᠠᠮ ᠬᠠᠷᠢᠯᠴᠠᠭ᠎ᠠ ᠵᠡᠷᠭᠡ ᠪᠠᠷᠢᠯᠭ᠎ᠠ ᠵᠢᠨ ᠪᠦᠲᠦᠭᠡᠨ ᠪᠠᠢ᠌ᠭᠤᠯᠤᠯᠲᠠ ᠵᠢᠨ ᠬᠦᠷᠢᠶᠡᠨ᠎ᠳᠠᠬᠢ 《ᠨᠢᠭᠡ ᠠᠵᠢᠯ ᠶᠠᠪᠤᠳᠠᠯ 》᠎ᠢ ᠨᠢᠭᠡᠳᠬᠡᠨ ᠭᠦᠢ᠍ᠴᠡᠳᠬᠡᠬᠦ ᠵᠢ ᠠᠬᠢᠭᠤᠯᠤᠨ᠎ᠠ ᠃ ᠡᠨᠧᠷᠭᠢ ᠂ ᠣᠰᠣᠨ ᠠᠰᠢᠭᠯᠠᠯᠲᠠ ᠂ ᠵᠠᠮ ᠬᠠᠷᠢᠯᠴᠠᠭ᠋ᠠᠨ᠎ᠤ ᠲᠠᠯ᠎ᠠ ᠵᠢᠨ 《ᠨᠢᠭᠡ ᠠᠵᠢᠯ ᠶᠠᠪᠤᠳᠠᠯ 》᠎ᠢ ᠨᠢᠭᠡᠳᠬᠡᠨ ᠭᠦᠢ᠍ᠴᠡᠳᠬᠡᠬᠦ ᠵᠢ ᠰᠦᠪᠡᠭᠴᠢᠯᠡᠨ ᠥᠷᠨᠢᠭᠦᠯᠵᠦ ᠂ 《ᠨᠢᠭᠡ ᠠᠵᠢᠯ ᠶᠠᠪᠤᠳᠠᠯ 》 ᠪᠦᠷᠢ ᠵᠢᠨ ᠲᠦᠷᠦᠭᠦᠯᠡᠨ ᠬᠠᠷᠢᠭᠤᠴᠠᠬᠤ ᠰᠠᠯᠠᠭ᠎ᠠ ᠮᠥᠴᠢᠷ ᠪᠠ ᠬᠠᠮᠵᠢᠯᠴᠠᠬᠤ ᠰᠠᠯᠠᠭ᠎ᠠ ᠮᠥᠴᠢᠷ᠎ᠢ ᠲᠣᠳᠣᠷᠬᠠᠢ᠌ᠯᠠᠵᠤ ᠂ ᠰᠠᠯᠠᠭ᠎ᠠ ᠮᠥᠴᠢᠷ ᠠᠯᠤᠰᠯᠠᠭᠰᠠᠨ ᠳᠥᠷᠥ ᠵᠢᠨ ᠪᠣᠳᠣᠯᠭ᠎ᠠ ᠂ ᠲᠤᠬᠠᠢ᠌ᠯᠠᠭᠰᠠᠨ ᠠᠵᠢᠯ ᠂ ᠰᠢᠰᠲ᠋ᠧᠮ᠎ᠤᠨ ᠵᠣᠬᠢᠴᠠᠯᠳᠤᠨ ᠬᠠᠮᠵᠢᠯᠴᠠᠬᠤ ᠪᠠ ᠳ᠋ᠠᠢ᠌ᠲ᠋ᠠ ᠵᠢ ᠬᠠᠮᠲᠤ᠎ᠪᠠᠷ ᠬᠦᠷᠲᠡᠬᠦ ᠵᠢ ᠴᠢᠩᠭ᠋ᠠᠷᠠᠭᠤᠯᠤᠨ᠎ᠠ ᠃ ᠲᠦᠷᠦᠭᠦᠯᠡᠨ ᠬᠠᠷᠢᠭᠤᠴᠠᠬᠤ ᠰᠠᠯᠠᠭ᠎ᠠ ᠮᠥᠴᠢᠷ᠎ᠨᠢ ᠠᠵᠢᠯ᠎ᠤᠨ ᠲᠥᠰᠥᠯ᠎ᠢ ᠲᠣᠭᠲᠠᠭ᠋ᠠᠬᠤ ᠵᠢ ᠬᠠᠷᠢᠭᠤᠴᠠᠵᠤ ᠂ ᠬᠠᠷᠠᠯᠲᠠ ᠡᠭᠦᠷᠭᠡ ᠂ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠪᠠ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ᠎ᠢ ᠲᠣᠳᠣᠷᠬᠠᠢ᠌ᠯᠠᠵᠤ ᠂ ᠥᠭᠡᠷᠡᠴᠢᠯᠡᠯᠲᠡ ᠵᠢᠨ ᠡᠭᠦᠷᠭᠡ ᠵᠢ ᠪᠣᠳᠠᠲᠠᠢ᠌ᠵᠢᠭᠤᠯᠤᠨ ᠦᠷ᠎ᠡ ᠪᠦᠲᠦᠮᠵᠢ ᠭᠠᠷᠭ᠋ᠠᠬᠤ ᠵᠢ ᠠᠬᠢᠭᠤᠯᠤᠨ᠎ᠠ ᠃ ᠰᠠᠯᠠᠭ᠎ᠠ ᠮᠥᠴᠢᠷ᠎ᠤᠨ ᠲᠤᠬᠠᠢ᠌ᠯᠠᠭᠰᠠᠨ ᠠᠵᠢᠯ ᠭᠦᠢ᠍ᠴᠡᠳᠬᠡᠬᠦ ᠴᠤᠪᠤᠷᠠᠯ᠎ᠢ ᠳᠠᠬᠢᠨ ᠪᠠᠶ᠋ᠢᠭᠤᠯᠬᠤ᠎ᠪᠠᠷ ᠳᠠᠮᠵᠢᠭᠤᠯᠤᠨ ᠂ ᠰᠦᠯᠵᠢᠶ᠎ᠡ᠎ᠪᠠᠷ ᠪᠠ ᠰᠦᠯᠵᠢᠶᠡᠨ᠎ᠠᠴᠠ ᠭᠠᠳᠠᠭᠤᠷ ᠬᠣᠯᠪᠤᠭ᠋ᠠᠯᠠᠨ ᠬᠥᠳᠡᠯᠦᠯᠴᠡᠬᠦ ᠵᠢ ᠴᠢᠩᠭ᠋ᠠᠷᠠᠭᠤᠯᠤᠨ ᠂ ᠬᠠᠮᠲᠤᠳᠬᠠᠨ ᠬᠢᠨᠠᠵᠤ ᠵᠥᠪᠰᠢᠶᠡᠷᠡᠬᠦ ᠂ ᠬᠣᠯᠪᠤᠭ᠋ᠠᠯᠠᠨ ᠬᠢᠨᠠᠨ ᠲᠣᠭᠲᠠᠭ᠋ᠠᠬᠤ ᠂ ᠬᠣᠯᠪᠤᠭ᠋ᠠᠯᠠᠨ ᠰᠢᠯᠭ᠋ᠠᠨ ᠬᠤᠷᠢᠶᠠᠬᠤ ᠵᠡᠷᠭᠡ ᠵᠢ ᠥᠷᠨᠢᠭᠦᠯᠵᠦ ᠂ ᠠᠵᠢᠯ ᠶᠠᠪᠤᠳᠠᠯ ᠭᠦᠢ᠍ᠴᠡᠳᠬᠡᠬᠦ ᠴᠠᠭ ᠬᠤᠭᠤᠴᠠᠭ᠎ᠠ ᠵᠢ ᠶᠡᠬᠡ ᠬᠡᠮᠵᠢᠶ᠎ᠡ᠎ᠪᠠᠷ ᠪᠣᠭᠣᠨᠢᠰᠬᠠᠨ ᠂ ᠠᠵᠢᠯ ᠶᠠᠪᠤᠳᠠᠯ ᠭᠦᠢ᠍ᠴᠡᠳᠬᠡᠬᠦ ᠥᠪᠡᠷ᠎ᠤᠨ ᠥᠷᠲᠡᠭ᠎ᠢ ᠶᠡᠬᠡ ᠬᠡᠮᠵᠢᠶ᠎ᠡ᠎ᠪᠠᠷ ᠪᠠᠭᠤᠷᠠᠭᠤᠯᠤᠨ᠎ᠠ ᠃
8. ᠣᠷᠴᠢᠨ ᠲᠣᠭᠣᠷᠢᠨ᠎ᠤ ᠨᠥᠯᠥᠭᠡᠯᠡᠯ᠎ᠤᠨ ᠦᠨᠡᠯᠡᠬᠦ ᠳᠦᠷᠢᠮ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠦᠨ᠎ᠡ ᠃ ᠲᠤᠷᠰᠢᠯᠲᠠ ᠵᠢᠨ ᠴᠡᠭ᠎ᠲᠤ ᠣᠷᠣᠭᠤᠯᠤᠭᠰᠠᠨ ᠠᠵᠤ ᠦᠢ᠍ᠯᠡᠰ᠎ᠤᠨ ᠬᠦᠷᠢᠶᠡᠯᠡᠩ ᠲᠣᠭᠣᠷᠢᠭ᠎ᠲᠠᠬᠢ ᠣᠷᠴᠢᠨ ᠲᠣᠭᠣᠷᠢᠨ᠎ᠤ ᠨᠥᠯᠥᠭᠡᠯᠡᠯ᠎ᠤᠨ ᠮᠡᠳᠡᠭᠦᠯᠦᠯᠲᠡ ᠵᠢᠨ ᠬᠦᠰᠦᠨᠦᠭᠲᠦ ᠨᠠᠢ᠌ᠷᠠᠭᠤᠯᠤᠨ ᠵᠣᠬᠢᠶᠠᠬᠤ ᠴᠢᠬᠤᠯᠠᠲᠠᠢ ᠨᠡᠬᠡᠮᠡᠯ ᠬᠤᠪᠴᠠᠰᠤ ᠬᠤᠨᠠᠷ ᠂ ᠬᠤᠪᠴᠠᠰᠤ ᠵᠠᠰᠠᠯ᠎ᠤᠨ ᠦᠢ᠍ᠯᠡᠰ ᠂ ᠮᠣᠳᠣᠨ ᠮᠠᠲ᠋ᠧᠷᠢᠶᠠᠯ ᠪᠣᠯᠪᠠᠰᠤᠷᠠᠭᠤᠯᠬᠤ ᠪᠠ ᠮᠣᠳᠣ ᠂ ᠬᠤᠯᠤᠰᠤ ᠂ ᠣᠷᠢᠶᠠᠩᠭᠤ ᠂ ᠬᠢᠯᠭ᠋ᠠᠰᠤᠲᠤ ᠮᠣᠳᠣ ᠂ ᠡᠪᠡᠰᠦᠨ᠎ᠤ ᠪᠦᠲᠦᠭᠡᠭᠳᠡᠬᠦᠨ᠎ᠤ ᠦᠢ᠍ᠯᠡᠰ ᠂ ᠭᠡᠷ᠎ᠤᠨ ᠬᠡᠷᠡᠭᠰᠡᠯ ᠦᠢ᠍ᠯᠡᠳᠬᠦ ᠦᠢ᠍ᠯᠡᠰ ᠂ ᠰᠣᠶᠣᠯ ᠰᠤᠷᠭ᠋ᠠᠨ ᠬᠥᠮᠦᠵᠢᠯ ᠂ ᠠᠵᠤ ᠦᠢ᠍ᠯᠡᠳᠪᠦᠷᠢ ᠤᠷᠠᠯᠠᠯ ᠂ ᠪᠡᠶ᠎ᠡ ᠵᠢᠨ ᠲᠠᠮᠢᠷ ᠪᠠ ᠨᠠᠭ᠋ᠠᠳᠤᠮ ᠲᠣᠭᠯᠠᠭ᠋ᠠᠮ᠎ᠤᠨ ᠬᠡᠷᠡᠭᠰᠡᠯ ᠦᠢ᠍ᠯᠡᠳᠬᠦ ᠦᠢ᠍ᠯᠡᠰ ᠂ ᠰᠦᠯᠢᠶᠥᠦ ᠦᠢ᠍ᠯᠡᠳᠬᠦᠨ᠎ᠤ ᠦᠢ᠍ᠯᠡᠰ ᠂ ᠨᠡᠢ᠌ᠳᠡᠮ ᠬᠡᠷᠡᠭᠯᠡᠭᠡᠨ᠎ᠤ ᠲᠥᠬᠦᠭᠡᠷᠦᠮᠵᠢ ᠦᠢ᠍ᠯᠡᠳᠬᠦ ᠦᠢ᠍ᠯᠡᠰ ᠂ ᠲᠤᠰᠬᠠᠢ ᠲᠥᠬᠦᠭᠡᠷᠦᠮᠵᠢ ᠦᠢ᠍ᠯᠡᠳᠬᠦ ᠦᠢ᠍ᠯᠡᠰ ᠂ ᠬᠡᠮᠵᠢᠭᠦᠷᠯᠢᠭ ᠦᠢ᠍ᠯᠡᠳᠬᠦ ᠦᠢ᠍ᠯᠡᠰ ᠂ ᠲᠡᠮᠦᠷᠯᠢᠭ ᠦᠢ᠍ᠯᠡᠳᠬᠦᠨ ᠂ ᠮᠠᠰᠢᠨ ᠮᠧᠬᠠᠨᠢᠭ ᠪᠠ ᠲᠥᠬᠦᠭᠡᠷᠦᠮᠵᠢ ᠰᠡᠯᠪᠢᠨ ᠵᠠᠰᠠᠬᠤ ᠦᠢ᠍ᠯᠡᠰ ᠵᠡᠷᠭᠡ 9 ᠲᠥᠷᠥᠯ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ ᠵᠢᠴᠢ ᠬᠦᠷᠢᠶᠡᠯᠡᠩ᠎ᠳᠤ ᠲᠥᠪᠯᠡᠷᠡᠭᠦᠯᠦᠨ ᠨᠡᠭᠦᠯᠭᠡᠨ ᠣᠷᠣᠭᠤᠯᠤᠭᠰᠠᠨ ᠮᠡᠳᠡᠭᠦᠯᠦᠯᠲᠡ ᠵᠢᠨ ᠬᠦᠰᠦᠨᠦᠭ᠎ᠲᠤ ᠪᠠᠢ᠌ᠭ᠎ᠠ ᠪᠤᠰᠤᠳ ᠲᠥᠷᠥᠯ ᠵᠦᠢ᠍ᠯ᠎ᠳᠤ ᠠᠳᠠᠯᠢ ᠲᠥᠷᠥᠯ᠎ᠤᠨ ᠲᠥᠷᠥᠯ ᠵᠦᠢ᠍ᠯ᠎ᠤᠨ ᠣᠷᠴᠢᠨ ᠲᠣᠭᠣᠷᠢᠨ᠎ᠤ ᠨᠥᠯᠥᠭᠡᠯᠡᠯ᠎ᠤᠨ ᠦᠨᠡᠯᠡᠯᠲᠡ ᠵᠢ᠎ᠨᠢ ᠬᠠᠮᠲᠤᠳᠬᠠᠨ ᠬᠢᠨᠠᠨ ᠵᠥᠪᠰᠢᠶᠡᠷᠡᠬᠦ ᠵᠢ ᠰᠦᠪᠡᠭᠴᠢᠯᠡᠬᠦ ᠵᠢᠨ ᠬᠠᠮᠲᠤ ᠬᠠᠷᠠᠭ᠋ᠠᠯᠵᠠᠭᠰᠠᠨ ᠠᠵᠤ ᠠᠬᠤᠢ᠌ᠯᠠᠯ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠷᠢᠭᠤᠴᠠᠯᠭ᠎ᠠ ᠵᠢ ᠲᠣᠳᠣᠷᠬᠠᠢ᠌ᠯᠠᠨ᠎ᠠ ᠃ ᠲᠠᠷᠢᠶᠠᠯᠠᠩ ᠬᠣᠯᠢᠰᠢᠨ ᠢᠳᠡᠭᠡᠨ᠎ᠢ ᠪᠣᠯᠪᠠᠰᠤᠷᠠᠭᠤᠯᠤᠨ ᠡᠳ᠋ᠰᠢᠭᠦᠯᠬᠦ ᠦᠢ᠍ᠯᠡᠰ ᠂ ᠢᠳᠡᠭᠡᠨ᠎ᠤ ᠵᠦᠢ᠍ᠯ ᠦᠢ᠍ᠯᠡᠳᠬᠦ ᠦᠢ᠍ᠯᠡᠰ ᠂ ᠠᠷᠢᠬᠢ ᠨᠡᠷᠡᠬᠦ ᠂ ᠤᠮᠳᠠᠭ᠋ᠠᠨ ᠬᠢᠬᠦ ᠦᠢ᠍ᠯᠡᠰ ᠂ ᠨᠡᠬᠡᠮᠡᠯ ᠬᠤᠪᠴᠠᠰᠤ ᠬᠤᠨᠠᠷ ᠂ ᠬᠤᠪᠴᠠᠰᠤ ᠵᠠᠰᠠᠯ᠎ᠤᠨ ᠦᠢ᠍ᠯᠡᠰ ᠂ ᠱᠠᠬᠠᠢ ᠦᠢ᠍ᠯᠡᠳᠬᠦ ᠦᠢ᠍ᠯᠡᠰ ᠂ ᠬᠡᠪᠯᠡᠯ᠎ᠤᠨ ᠦᠢ᠍ᠯᠡᠰ ᠂ ᠨᠡᠢ᠌ᠳᠡᠮ ᠬᠡᠷᠡᠭᠯᠡᠭᠡᠨ᠎ᠤ ᠲᠥᠬᠦᠭᠡᠷᠦᠮᠵᠢ ᠦᠢ᠍ᠯᠡᠳᠬᠦ ᠦᠢ᠍ᠯᠡᠰ ᠂ ᠲᠤᠰᠬᠠᠢ ᠲᠥᠬᠦᠭᠡᠷᠦᠮᠵᠢ ᠦᠢ᠍ᠯᠡᠳᠬᠦ ᠦᠢ᠍ᠯᠡᠰ ᠂ ᠲᠣᠰᠣ ᠨᠡᠮᠡᠬᠦ ᠂ ᠰᠢᠲᠠᠮᠠᠬᠠᠢ ᠬᠡᠢ ᠨᠡᠮᠡᠬᠦ ᠥᠷᠲᠡᠭᠡ ᠂ ᠮᠠᠰᠢᠨ ᠲᠡᠷᠭᠡ ᠂ ᠮᠣᠲ᠋ᠣᠷ ᠵᠡᠷᠭᠡ ᠵᠢᠨ ᠰᠡᠯᠪᠢᠨ ᠵᠠᠰᠠᠬᠤ ᠬᠢᠭᠡᠳ ᠠᠷᠠᠴᠢᠯᠠᠨ ᠬᠠᠮᠠᠭ᠋ᠠᠯᠠᠬᠤ ᠦᠢ᠍ᠯᠡᠰ ᠂ ᠲᠦᠭᠡᠭᠡᠯ ᠤᠰᠤ ᠦᠢ᠍ᠯᠡᠳᠪᠦᠷᠢᠯᠡᠬᠦ ᠪᠠ ᠬᠠᠩᠭ᠋ᠠᠬᠤ ᠦᠢ᠍ᠯᠡᠰ ᠂ ᠪᠠᠢ᠌ᠭ᠋ᠠᠯᠢ ᠵᠢᠨ ᠰᠢᠲᠠᠮᠠᠬᠠᠢ ᠬᠡᠢ ᠵᠢᠨ ᠵᠤᠤᠬ᠎ᠠ ᠵᠡᠷᠭᠡ 12 ᠲᠥᠷᠥᠯ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠳᠤ ᠠᠵᠤ ᠠᠬᠤᠢ᠌ᠯᠠᠯ᠎ᠤᠨ ᠰᠠᠢ᠌ᠨ ᠳᠤᠷ᠎ᠠ ᠵᠢᠨ ᠪᠠᠢ᠌ᠬᠤ ᠵᠠᠷᠴᠢᠮ ᠵᠶ᠋ᠠᠷ ᠣᠷᠴᠢᠨ ᠲᠣᠭᠣᠷᠢᠨ᠎ᠤ ᠨᠥᠯᠥᠭᠡᠯᠡᠯ᠎ᠤᠨ ᠦᠨᠡᠯᠡᠯᠲᠡ ᠬᠢᠭᠡᠳ ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ᠎ᠤᠨ 《ᠬᠣᠶᠠᠷ ᠦᠨᠡᠮᠯᠡᠯ᠎ᠤᠨ ᠬᠢᠨᠠᠨ ᠵᠥᠪᠰᠢᠶᠡᠷᠡᠯ᠎ᠢ ᠨᠢᠭᠡᠳᠬᠡᠬᠦ 》 ᠵᠢ ᠰᠦᠪᠡᠭᠴᠢᠯᠡᠨ ᠬᠡᠷᠡᠭᠵᠢᠭᠦᠯᠦᠨ᠎ᠡ ᠃
9. ᠥᠯᠥ ᠬᠥᠳᠡᠯᠬᠦ ᠬᠥᠷᠥᠩᠭᠡ ᠵᠢᠨ ᠠᠷᠠᠯᠵᠢᠶᠠᠨ᠎ᠤ ᠳᠠᠩᠰᠠᠯᠠᠯᠲᠠ ᠵᠢᠨ ᠬᠢᠨᠠᠯᠲᠠ ᠬᠠᠮᠢᠶᠠᠷᠤᠯᠲᠠ ᠵᠢᠨ ᠳᠦᠷᠢᠮ᠎ᠳᠤ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠵᠢ ᠠᠬᠢᠭᠤᠯᠤᠨ᠎ᠠ ᠃ ᠭᠠᠷ ᠳᠠᠮᠵᠢᠭᠰᠠᠨ ᠭᠡᠷ ᠪᠠᠢ᠌ᠰᠢᠩ᠎ᠤᠨ ᠰᠢᠯᠵᠢᠭᠦᠯᠬᠦ ᠳᠠᠩᠰᠠᠯᠠᠯᠲᠠ ᠬᠢᠭᠡᠳ ᠤᠰᠤ ᠴᠠᠬᠢᠯᠭ᠋ᠠᠨ ᠬᠡᠢ ᠳᠤᠯᠠᠭ᠋ᠠᠯᠠᠭ᠎ᠠ ᠵᠢᠨ ᠨᠡᠷ᠎ᠡ ᠬᠠᠯᠠᠬᠤ ᠭᠠᠷᠳᠠᠮ᠎ᠢ ᠬᠠᠮᠲᠤᠳᠬᠠᠨ ᠭᠦᠢ᠍ᠴᠡᠳᠬᠡᠬᠦ ᠵᠢᠴᠢ ᠠᠵᠤ ᠠᠬᠤᠢ᠌ᠯᠠᠯ᠎ᠳᠤ ᠬᠣᠯᠪᠣᠭᠳᠠᠭᠰᠠᠨ ᠭᠠᠢ᠌ᠯᠢ᠎ᠳᠤ ᠬᠣᠯᠪᠣᠭᠳᠠᠭᠰᠠᠨ ᠥᠯᠥ ᠬᠥᠳᠡᠯᠬᠦ ᠬᠥᠷᠥᠩᠭᠡ ᠵᠢᠨ ᠳᠠᠩᠰᠠᠯᠠᠨ ᠲᠡᠮᠳᠡᠭᠯᠡᠬᠦ ᠲᠤᠬᠠᠢ᠌ᠯᠠᠭᠰᠠᠨ ᠠᠵᠢᠯ᠎ᠤᠨ 《ᠨᠢᠭᠡ ᠠᠵᠢᠯ ᠶᠠᠪᠤᠳᠠᠯ᠎ᠢ ᠨᠢᠭᠡ ᠯᠡ ᠤᠳᠠᠭ᠎ᠠ᠎ᠳᠤ ᠭᠦᠢ᠍ᠴᠡᠳᠬᠡᠬᠦ 》 ᠵᠢ ᠲᠡᠭᠦᠯᠳᠡᠷᠵᠢᠭᠦᠯᠦᠨ᠎ᠡ ᠃ ᠡᠯ᠎ᠡ ᠭᠠᠵᠠᠷ ᠣᠷᠣᠨ᠎ᠨᠢ ᠰᠠᠯᠠᠭ᠎ᠠ ᠮᠥᠴᠢᠷ᠎ᠤᠨ ᠠᠯᠪᠠᠨ ᠰᠦᠯᠵᠢᠶᠡᠨ᠎ᠳᠤ᠎ᠪᠠᠨ ᠰᠢᠨ᠎ᠡ᠎ᠪᠠᠷ ᠪᠠᠢ᠌ᠭᠤᠯᠤᠭᠰᠠᠨ ᠪᠠ ᠦᠯᠡᠳᠡᠭᠡᠯ ᠭᠡᠵᠦ ᠢᠯᠭ᠋ᠠᠭᠰᠠᠨ ᠂ ᠠᠳᠠᠯᠢ ᠪᠤᠰᠤ ᠲᠥᠷᠥᠯ ᠬᠡᠯᠪᠡᠷᠢ ᠬᠤᠪᠢᠶᠠᠨ ᠨᠠᠷᠢᠯᠢᠭᠵᠢᠭᠤᠯᠵᠤ ᠪᠦᠷᠢᠳᠬᠡᠭᠰᠡᠨ ᠳ᠋ᠠᠢ᠌ᠲ᠋ᠠ ᠵᠢᠨ ᠮᠡᠳᠡᠭᠡ ᠵᠠᠩᠭᠢ ᠵᠢ ᠢᠯᠡ ᠪᠣᠯᠭ᠋ᠠᠵᠤ ᠂ ᠥᠯᠥ ᠬᠥᠳᠡᠯᠬᠦ ᠬᠥᠷᠥᠩᠭᠡ ᠵᠢᠨ ᠳᠠᠩᠰᠠᠯᠠᠯᠲᠠ ᠵᠢᠨ ᠬᠦᠢ᠍ᠰᠦ ᠢᠯᠭ᠋ᠠᠯ ᠵᠶ᠋ᠠᠷ ᠲᠥᠷᠥᠯ ᠬᠤᠪᠢᠶᠠᠨ ᠪᠦᠷᠢᠳᠬᠡᠭᠰᠡᠨ ᠳ᠋ᠠᠢ᠌ᠲ᠋ᠠ ᠵᠢᠨ ᠮᠡᠳᠡᠭᠡ ᠵᠠᠩᠭᠢ ᠵᠢ ᠨᠡᠷ᠎ᠡ ᠪᠢᠴᠢᠬᠦ ᠦᠭᠡᠢ᠎ᠪᠠᠷ ᠢᠯᠡ ᠪᠣᠯᠭ᠋ᠠᠬᠤ ᠬᠡᠷᠡᠭᠲᠡᠢ ᠃ ᠥᠯᠥ ᠬᠥᠳᠡᠯᠬᠦ ᠬᠥᠷᠥᠩᠭᠡ ᠵᠢ ᠳᠡᠩᠰᠡᠯᠡᠨ ᠲᠡᠮᠳᠡᠭᠯᠡᠭᠰᠡᠨ ᠮᠡᠳᠡᠭᠡ ᠵᠠᠩᠭᠢ ᠵᠢᠨ ᠦᠵᠡᠭᠳᠡᠬᠦᠢ᠌ᠴᠡ ᠬᠠᠢ᠌ᠵᠤ ᠯᠠᠪᠯᠠᠬᠤ ᠲᠣᠭᠲᠠᠴᠠ ᠵᠢ ᠪᠠᠢ᠌ᠭᠤᠯᠵᠤ ᠂ ᠡᠷᠬᠡᠲᠦ ᠬᠥᠮᠥᠨ᠎ᠨᠢ ᠪᠡᠶ᠎ᠡ ᠭᠠᠷᠤᠯ ᠵᠶ᠋ᠠᠨ ᠭᠡᠷᠡᠴᠢᠯᠡᠭᠰᠡᠨ᠎ᠤ ᠳᠠᠷᠠᠭ᠎ᠠ ᠬᠠᠤᠯᠢ ᠶᠣᠰᠣᠭ᠋ᠠᠷ ᠲᠡᠭᠦᠨ᠎ᠤ ᠨᠡᠷ᠎ᠡ ᠳᠣᠣᠷᠠᠬᠢ ᠥᠯᠥ ᠬᠥᠳᠡᠯᠬᠦ ᠬᠥᠷᠥᠩᠭᠡ ᠵᠢᠨ ᠪᠠᠢ᠌ᠭ᠋ᠠᠯᠢᠭ ᠪᠠᠢ᠌ᠳᠠᠯ ᠂ ᠡᠷᠬᠡ ᠵᠢᠨ ᠬᠢᠵᠠᠭ᠋ᠠᠷᠯᠠᠯ ᠵᠡᠷᠭᠡ ᠳᠡᠩᠰᠡᠯᠡᠨ ᠲᠡᠮᠳᠡᠭᠯᠡᠭᠰᠡᠨ ᠮᠡᠳᠡᠭᠡ ᠵᠠᠩᠭᠢ ᠵᠢ ᠬᠠᠢ᠌ᠨ ᠯᠠᠪᠯᠠᠵᠤ ᠪᠣᠯᠣᠨ᠎ᠠ ᠂ ᠨᠥᠬᠥᠴᠡᠯ᠎ᠲᠠᠢ ᠪᠠᠢ᠌ᠭ᠎ᠠ ᠭᠠᠵᠠᠷ ᠣᠷᠣᠨ᠎ᠨᠢ ᠥᠮᠴᠢᠯᠡᠬᠦ ᠡᠷᠬᠡᠲᠦ ᠬᠥᠮᠥᠨ᠎ᠤ ᠰᠦᠯᠵᠢᠶ᠎ᠡ᠎ᠪᠠᠷ ᠡᠷᠬᠡ ᠣᠯᠭᠣᠵᠤ ᠬᠠᠢ᠌ᠨ ᠯᠠᠪᠯᠠᠬᠤ ᠦᠢ᠍ᠯᠡᠴᠢᠯᠡᠭᠡ ᠵᠢ ᠥᠷᠭᠡᠳᠬᠡᠵᠦ ᠂ ᠮᠡᠳᠡᠭᠡ ᠵᠠᠩᠭᠢ ᠬᠠᠢ᠌ᠨ ᠯᠠᠪᠯᠠᠬᠤ᠎ᠳᠤ ᠲᠥᠬᠦᠮ ᠦᠵᠡᠭᠦᠯᠬᠦ ᠬᠡᠮᠵᠢᠶ᠎ᠡ ᠵᠢ ᠳᠡᠭᠡᠭᠰᠢᠯᠡᠭᠦᠯᠤᠨ᠎ᠠ ᠃ ᠲᠠᠸᠠᠷ᠎ᠤᠨ ᠭᠡᠷ ᠪᠠᠢ᠌ᠰᠢᠩ᠎ᠤᠨ ᠠᠷᠠᠯᠵᠢᠶᠠᠨ᠎ᠤ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ ᠂ ᠭᠡᠷ ᠪᠠᠢ᠌ᠰᠢᠩ ᠭᠠᠵᠠᠷ ᠬᠥᠷᠥᠩᠭᠡ ᠵᠢᠨ ᠵᠠᠭᠤᠴᠢᠯᠠᠬᠤ ᠪᠠᠢ᠌ᠭᠤᠯᠤᠮᠵᠢ᠎ᠪᠠᠷ ᠳᠠᠮᠵᠢᠭᠤᠯᠤᠨ ᠠᠷᠠᠯᠵᠢᠶᠠᠯᠠᠭᠰᠠᠨ ᠦᠯᠡᠳᠡᠭᠡᠯ ᠭᠡᠷ ᠪᠠᠢ᠌ᠰᠢᠩ᠎ᠤᠨ ᠬᠤᠳᠠᠯᠳᠤᠭ᠋ᠠᠯᠠᠭᠰᠠᠨ ᠬᠥᠯᠥᠰᠦ ᠮᠥᠩᠭᠥ ᠵᠢ ᠠᠷᠠᠯᠵᠢᠶᠠᠨ᠎ᠤ ᠪᠡᠯᠡ ᠮᠥᠩᠭᠥ ᠵᠢᠨ ᠬᠢᠨᠠᠯᠲᠠ ᠬᠠᠮᠢᠶᠠᠷᠤᠯᠲᠠ ᠵᠢᠨ ᠬᠡᠪᠴᠢᠶᠡᠨ᠎ᠳᠤ ᠣᠷᠣᠭᠤᠯᠬᠤ ᠵᠢ᠎ᠨᠢ ᠵᠣᠷᠢᠭᠵᠢᠭᠤᠯᠤᠨ᠎ᠠ ᠃ ᠲᠤᠬᠠᠢ ᠵᠢᠨ ᠬᠥᠮᠥᠨ ᠲᠣᠳᠣᠷᠬᠠᠢ ᠱᠠᠭ᠋ᠠᠷᠳᠠᠯᠭ᠎ᠠ ᠳᠤᠷᠠᠳᠤᠭᠰᠠᠨ᠎ᠠᠴᠠ ᠭᠠᠳᠠᠨ᠎ᠠ ᠂ ᠦᠯᠡᠳᠡᠭᠡᠯ ᠭᠡᠷ ᠪᠠᠢ᠌ᠰᠢᠩ᠎ᠤᠨ ᠠᠷᠠᠯᠵᠢᠶᠠᠨ᠎ᠤ ᠪᠡᠯᠡ ᠮᠥᠩᠭᠥ ᠵᠢ ᠪᠡᠯᠡ ᠮᠥᠩᠭᠥ ᠵᠢᠨ ᠬᠢᠨᠠᠯᠲᠠ ᠬᠠᠮᠢᠶᠠᠷᠤᠯᠲᠠ᠎ᠳᠤ ᠣᠷᠣᠭᠤᠯᠬᠤ ᠬᠡᠷᠡᠭᠲᠡᠢ ᠃ ᠦᠯᠡᠳᠡᠭᠡᠯ ᠭᠡᠷ ᠪᠠᠢ᠌ᠰᠢᠩ᠎ᠤᠨ ᠠᠷᠠᠯᠵᠢᠶ᠎ᠠ ᠥᠪᠡᠰᠦᠪᠡᠨ ᠪᠦᠲᠦᠭᠰᠡᠨ ᠪᠠᠢ᠌ᠪᠠᠯ ᠲᠤᠬᠠᠢ ᠵᠢᠨ ᠬᠥᠮᠥᠨ᠎ᠨᠢ ᠠᠷᠠᠯᠵᠢᠶᠠᠨ᠎ᠤ ᠪᠡᠯᠡ ᠮᠥᠩᠭᠥ ᠵᠢ ᠬᠢᠨᠠᠨ ᠬᠠᠮᠢᠶᠠᠷᠤᠭᠤᠯᠬᠤ ᠡᠰᠡᠬᠦ᠎ᠪᠠᠨ ᠰᠣᠩᠭᠣᠨ᠎ᠠ ᠃
10. ᠭᠠᠢ᠌ᠯᠢ ᠲᠤᠰᠢᠶᠠᠬᠤ ᠦᠢ᠍ᠯᠡᠴᠢᠯᠡᠭᠡ ᠪᠠ ᠬᠢᠨᠠᠯᠲᠠ ᠬᠠᠮᠢᠶᠠᠷᠤᠯᠲᠠ ᠵᠢᠨ ᠲᠦᠪᠰᠢᠨ᠎ᠢ ᠳᠡᠭᠡᠭᠰᠢᠯᠡᠭᠦᠯᠦᠨ᠎ᠡ ᠃ ᠭᠠᠢ᠌ᠯᠢ ᠲᠠᠲᠠᠪᠤᠷᠢ ᠵᠢᠨ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ ᠂ ᠰᠢᠰᠲ᠋ᠧᠮ᠎ᠤᠨ ᠠᠵᠢᠯᠯᠠᠭ᠋ᠠᠨ᠎ᠤ ᠵᠦᠭᠯᠡᠭᠦᠷ ᠵᠡᠷᠭᠡ ᠠᠭᠤᠯᠭ᠎ᠠ ᠵᠢ ᠣᠯᠠᠨ ᠵᠦᠢ᠍ᠯ᠎ᠤᠨ ᠬᠡᠯᠪᠡᠷᠢ᠎ᠪᠠᠷ ᠢᠯᠡ ᠪᠣᠯᠭ᠋ᠠᠨ᠎ᠠ ᠃ ᠭᠠᠢ᠌ᠯᠢ ᠵᠢᠨ ᠶᠠᠪᠤᠳᠠᠯ᠎ᠤᠨ ᠵᠢᠷᠤᠮᠵᠢᠯ᠎ᠤᠨ ᠴᠢᠨᠠᠷᠲᠠᠢ ᠪᠢᠴᠢᠭ ᠮᠠᠲ᠋ᠧᠷᠢᠶᠠᠯ᠎ᠢ ᠢᠯᠭ᠋ᠠᠷᠠᠭᠤᠯᠬᠤ ᠠᠵᠢᠯ᠎ᠢ ᠰᠠᠢ᠌ᠲᠤᠷ ᠬᠢᠨ᠎ᠡ ᠃ 《ᠣᠨᠣᠴᠠᠲᠠᠢ ᠳᠠᠮᠵᠢᠭᠤᠯᠤᠨ ᠬᠦᠷᠭᠡᠬᠦ ᠂ ᠣᠶᠤᠨᠴᠢ᠎ᠪᠠᠷ ᠰᠡᠯᠭᠦᠬᠦ ᠂ ᠭᠦᠢ᠍ᠴᠡᠳᠬᠡᠬᠦ ᠪᠠ ᠯᠠᠪᠯᠠᠬᠤ ᠵᠢ ᠬᠠᠮᠵᠢᠯᠴᠠᠭᠤᠯᠬᠤ ᠂ ᠪᠦᠬᠦ ᠶᠠᠪᠤᠴᠠ᠎ᠳᠤ ᠬᠠᠷᠢᠯᠴᠠᠨ ᠦᠢ᠍ᠯᠡᠳᠦᠯᠴᠡᠬᠦ 》 ᠲᠠᠲᠠᠪᠤᠷᠢᠯᠠᠬᠤ ᠪᠠ ᠲᠤᠰᠢᠶᠠᠬᠤ ᠬᠠᠷᠢᠯᠴᠠᠨ ᠦᠢ᠍ᠯᠡᠳᠦᠯᠴᠡᠭᠰᠡᠨ ᠦᠢ᠍ᠯᠡᠴᠢᠯᠡᠭᠡᠨ᠎ᠤ ᠬᠡᠪ ᠵᠠᠭᠪᠤᠷ᠎ᠢ ᠪᠠᠢ᠌ᠭᠤᠯᠤᠨ᠎ᠠ ᠃ ᠭᠠᠢ᠌ᠯᠢ ᠪᠤᠴᠠᠭ᠋ᠠᠬᠤ ᠴᠤᠪᠤᠷᠠᠯ᠎ᠢ ᠰᠢᠯᠢᠳᠡᠭᠵᠢᠭᠦᠯᠵᠦ ᠂ ᠡᠯ᠎ᠡ ᠭᠣᠭᠴᠣᠭ᠋ᠠᠨ᠎ᠳᠠᠬᠢ ᠭᠦᠢ᠍ᠴᠡᠳᠬᠡᠬᠦ ᠬᠤᠭᠤᠴᠠᠭ᠎ᠠ ᠬᠢᠵᠠᠭ᠋ᠠᠷ᠎ᠢ ᠲᠣᠳᠣᠷᠬᠠᠢ᠌ᠯᠠᠨ ᠂ ᠭᠠᠢ᠌ᠯᠢ ᠪᠤᠴᠠᠭ᠋ᠠᠬᠤ ᠪᠦᠬᠦ ᠬᠡᠯᠬᠢᠶᠡᠨ᠎ᠤ ᠬᠢᠨᠠᠨ ᠡᠵᠡᠮᠳᠡᠵᠦ ᠰᠠᠨᠠᠭᠤᠯᠬᠤ ᠴᠥᠷᠬᠡᠯᠡᠭᠡ ᠬᠠᠮᠢᠶᠠᠷᠤᠯᠲᠠ ᠵᠢᠨ ᠲᠣᠭᠲᠠᠴᠠ ᠵᠢ ᠬᠡᠷᠡᠭᠵᠢᠭᠦᠯᠦᠨ᠎ᠡ ᠃ 《ᠲᠦᠭᠰᠢᠭᠦᠷᠢ ᠦᠭᠡᠢ ᠪᠠᠢ᠌ᠳᠠᠯ᠎ᠳᠤ ᠠᠵᠢᠯᠯᠠᠭ᠎ᠠ ᠠᠪᠬᠤ ᠦᠭᠡᠢ ᠂ ᠬᠠᠤᠯᠢ᠎ᠠᠴᠠ ᠵᠥᠷᠢᠴᠡᠪᠡᠯ ᠨᠡᠬᠡᠮᠵᠢᠯᠡᠬᠦ ᠂ ᠪᠥᠬᠦ ᠶᠠᠪᠤᠴᠠ᠎ᠳᠤ ᠣᠶᠤᠨᠴᠢ ᠡᠵᠡᠮᠳᠡᠯ᠎ᠢ ᠴᠢᠩᠭ᠋ᠠᠳᠬᠠᠬᠤ 》 ᠭᠠᠢ᠌ᠯᠢ ᠵᠢᠨ ᠶᠠᠪᠤᠳᠠᠯ᠎ᠤᠨ ᠬᠠᠤᠯᠢ ᠬᠡᠷᠡᠭᠵᠢᠭᠦᠯᠬᠦ ᠰᠢᠨ᠎ᠡ ᠵᠠᠭᠪᠤᠷ᠎ᠢ ᠬᠡᠷᠡᠭᠵᠢᠭᠦᠯᠦᠨ᠎ᠡ ᠃ ᠬᠢᠨᠠᠭᠤᠷ ᠪᠣᠯᠭᠣᠮᠵᠢᠲᠠᠢ ᠮᠥᠷᠲᠡᠭᠡᠨ ᠪᠠᠭᠲᠠᠭ᠋ᠠᠮᠵᠢᠲᠠᠢ ᠬᠢᠨᠠᠯᠲᠠ ᠬᠠᠮᠢᠶᠠᠷᠤᠯᠲᠠ ᠵᠢ ᠪᠠᠷᠢᠮᠲᠠᠯᠠᠵᠤ ᠂ ᠠᠬᠢᠨ ᠳᠠᠪᠰᠢᠬᠤ ᠮᠠᠶᠢᠭ ᠵᠶ᠋ᠠᠷ ᠭᠠᠢ᠌ᠯᠢ ᠲᠠᠲᠠᠪᠤᠷᠢ ᠵᠢᠨ ᠲᠦᠭᠰᠢᠭᠦᠷᠢ ᠵᠢ ᠠᠷᠭ᠋ᠠᠴᠠᠭ᠋ᠠᠨ᠎ᠠ ᠃ ᠨᠡᠢ᠌ᠭᠡᠮ᠎ᠤᠨ ᠳᠠᠭ᠋ᠠᠳᠬᠠᠯ᠎ᠤᠨ ᠭᠠᠷᠳᠠᠨ ᠭᠦᠢ᠍ᠴᠡᠳᠬᠡᠬᠦ ᠪᠠ ᠵᠠᠷᠤᠳᠠᠯ ᠲᠤᠰᠢᠶᠠᠬᠤ ᠲᠤᠬᠠᠢ᠌ᠯᠠᠭᠰᠠᠨ ᠠᠵᠢᠯ᠎ᠢ 《ᠨᠢᠭᠡ ᠲᠠᠩᠬᠢᠮ᠎ᠳᠤ ᠬᠣᠯᠪᠤᠭ᠋ᠠᠯᠠᠨ ᠭᠦᠢ᠍ᠴᠡᠳᠬᠡᠬᠦ 》 ᠵᠢ ᠠᠬᠢᠭᠤᠯᠵᠤ ᠂ 《ᠨᠡᠢ᠌ᠭᠡᠮ᠎ᠤᠨ ᠳᠠᠭ᠋ᠠᠳᠬᠠᠯ᠎ᠤᠨ ᠵᠠᠷᠤᠳᠠᠯ ᠲᠤᠰᠢᠶᠠᠬᠤ ᠵᠢ ᠲᠣᠰᠬᠤᠨ᠎ᠠᠴᠠ ᠭᠠᠷᠭ᠋ᠠᠬᠤ ᠦᠭᠡᠢ 》 ᠦᠢ᠍ᠯᠡᠴᠢᠯᠡᠭᠡ ᠵᠢ ᠪᠦᠬᠦ ᠲᠠᠯ᠎ᠠ᠎ᠪᠠᠷ ᠳᠡᠯᠭᠡᠷᠡᠭᠦᠯᠦᠨ ᠬᠡᠷᠡᠭᠵᠢᠭᠦᠯᠦᠨ᠎ᠡ ᠃ ᠰᠢᠨ᠎ᠡ ᠴᠠᠭ ᠦᠶ᠎ᠡ ᠵᠢᠨ 《ᠹᠧᠩ ᠴᠢᠶᠣᠣ ᠮᠠᠶᠢᠭ 》᠎ᠤᠨ ᠭᠠᠢ᠌ᠯᠢ ᠵᠢᠨ ᠶᠠᠪᠤᠳᠠᠯ᠎ᠤᠨ ᠭᠠᠵᠠᠷ (ᠬᠤᠪᠢᠶᠠᠷᠢ ᠲᠣᠪᠴᠢᠶ᠎ᠠ ᠂ ᠭᠠᠢ᠌ᠯᠢ ᠵᠢᠨ ᠶᠠᠪᠤᠳᠠᠯ ᠭᠦᠢ᠍ᠴᠡᠳᠬᠡᠬᠦ ᠦᠢ᠍ᠯᠡᠴᠢᠯᠡᠭᠡᠨ᠎ᠤ ᠲᠠᠩᠬᠢᠮ)᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠵᠤ ᠂ ᠭᠠᠢ᠌ᠯᠢ ᠰᠦᠢ᠍ᠳᠬᠡᠯ᠎ᠳᠤ ᠬᠣᠯᠪᠣᠭᠳᠠᠭᠰᠠᠨ ᠮᠠᠷᠭᠤᠯᠳᠤᠭ᠋ᠠᠨ᠎ᠢ ᠬᠣᠯᠪᠤᠭ᠋ᠠᠯᠠᠨ ᠡᠶᠡᠳᠡᠭᠦᠯᠬᠦ ᠲᠣᠭᠲᠠᠴᠠ ᠵᠢ ᠪᠠᠢ᠌ᠭᠤᠯᠵᠤ ᠂ ᠭᠠᠢ᠌ᠯᠢ ᠰᠦᠢ᠍ᠳᠬᠡᠯ᠎ᠤᠨ ᠮᠠᠷᠭᠤᠯᠳᠤᠭ᠋ᠠᠨ᠎ᠳᠤ ᠵᠥᠪᠯᠡᠯᠭᠡ ᠥᠭᠴᠦ ᠰᠢᠢ᠍ᠳᠪᠦᠷᠢᠯᠡᠬᠦ ᠲᠥᠪ ᠂ ᠡᠭᠦᠯᠡᠨ ᠦᠵᠦᠭᠦᠷ᠎ᠤᠨ ᠮᠠᠷᠭᠤᠯᠳᠤᠭ᠋ᠠᠨ ᠡᠶᠡᠳᠡᠭᠦᠯᠬᠦ ᠲᠠᠰᠤᠭ ᠂ 《ᠠᠯᠪᠠᠨ ᠲᠤᠰᠢᠶᠠᠯᠲᠤ ᠬᠠᠤᠯᠢᠴᠢ ᠵᠢᠨ ᠭᠠᠢ᠌ᠯᠢ᠎ᠳᠤ ᠬᠣᠯᠪᠣᠭᠳᠠᠭᠰᠠᠨ ᠮᠠᠷᠭᠤᠯᠳᠤᠭ᠋ᠠᠨ᠎ᠳᠤ ᠵᠥᠪᠯᠡᠯᠭᠡ ᠥᠭᠴᠦ ᠡᠶᠡᠳᠡᠭᠦᠯᠬᠦ ᠲᠥᠪ 》 ᠵᠡᠷᠭᠡ ᠵᠢ ᠪᠠᠢ᠌ᠭᠤᠯᠵᠤ ᠂ ᠣᠯᠠᠨ ᠲᠦᠮᠡᠨ᠎ᠤ ᠭᠠᠢ᠌ᠯᠢ ᠰᠦᠢ᠍ᠳᠬᠡᠯ᠎ᠤᠨ ᠮᠠᠷᠭᠤᠯᠳᠤᠭ᠋ᠠᠨ ᠪᠠ ᠵᠥᠷᠢᠴᠡᠯ ᠵᠠᠭᠤᠷᠠᠯᠳᠤᠭ᠋ᠠᠨ᠎ᠢ ᠨᠢᠭᠡ ᠯᠡ ᠥᠷᠲᠡᠭᠡᠴᠢᠯᠡᠭᠰᠡᠨ ᠮᠠᠶᠢᠭ ᠵᠶ᠋ᠠᠷ ᠨᠠᠮᠳᠠᠭ᠋ᠠᠨ᠎ᠠ ᠃
11. ᠭᠠᠳᠠᠭ᠋ᠠᠳᠤ ᠨᠡᠭᠡᠭᠡᠯᠲᠡ ᠵᠢᠨ ᠲᠦᠪᠰᠢᠨ᠎ᠢ ᠳᠡᠭᠡᠭᠰᠢᠯᠡᠭᠦᠯᠦᠨ᠎ᠡ ᠃ ᠴᠢᠯᠦᠭᠡᠲᠦ ᠠᠷᠠᠯᠵᠢᠶᠠᠨ᠎ᠤ ᠲᠤᠷᠰᠢᠯᠲᠠ ᠵᠢᠨ ᠣᠷᠣᠨ᠎ᠢ ᠡᠭᠦᠳᠦᠨ ᠪᠠᠶ᠋ᠢᠭᠤᠯᠬᠤ ᠢᠨᠵᠧᠨᠧᠷᠢᠩ᠎ᠤᠨ ᠲᠣᠭᠣᠷᠢᠨ᠎ᠳᠤ ᠂ ᠨᠢᠭᠡ ᠪᠦᠯᠦᠭ ᠰᠠᠭᠤᠷᠢᠯᠠᠬᠤ ᠴᠢᠨᠠᠷᠲᠠᠢ ᠥᠭᠡᠷᠡᠴᠢᠯᠡᠯᠲᠡ ᠵᠢᠨ ᠵᠦᠢ᠍ᠯᠡᠰ ᠪᠠ ᠥᠨᠳᠥᠷ ᠲᠦᠪᠰᠢᠨ ᠪᠦᠬᠦᠢ ᠨᠡᠭᠡᠭᠡᠯᠲᠡ ᠬᠢᠬᠦ ᠠᠷᠭ᠎ᠠ ᠬᠡᠮᠵᠢᠶ᠎ᠡ ᠵᠢ ᠭᠠᠷᠭ᠋ᠠᠬᠤ᠎ᠪᠠᠨ ᠲᠦᠷᠭᠡᠳᠬᠡᠨ᠎ᠡ ᠃ ᠥᠪᠡᠷᠲᠡᠭᠡᠨ ᠵᠠᠰᠠᠬᠤ ᠣᠷᠣᠨ᠎ᠤ ᠣᠯᠠᠨ ᠤᠯᠤᠰ᠎ᠤᠨ ᠠᠷᠠᠯᠵᠢᠶᠠᠨ᠎ᠤ 《ᠳᠠᠩ ᠭᠠᠭᠴᠠ ᠴᠣᠩᠬᠣᠪᠴᠢ 》 ᠵᠢᠨ ᠴᠢᠳᠠᠮᠵᠢ ᠵᠢ ᠰᠢᠯᠢᠳᠡᠭᠵᠢᠭᠦᠯᠵᠦ ᠂ ᠳᠡᠯᠭᠡᠷᠡᠭᠦᠯᠦᠨ ᠬᠡᠷᠡᠭᠯᠡᠬᠦ ᠡᠷᠴᠢᠮ᠎ᠢ ᠴᠢᠩᠭ᠋ᠠᠷᠠᠭᠤᠯᠤᠨ᠎ᠠ ᠃ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠬᠤ ᠪᠠᠷᠠᠭ᠎ᠠ ᠵᠢ ᠪᠣᠭᠣᠮᠲᠠ᠎ᠪᠠᠷ ᠥᠩᠭᠡᠷᠡᠭᠦᠯᠬᠦ ᠬᠡᠪ ᠵᠠᠭᠪᠤᠷ᠎ᠢ ᠰᠢᠯᠢᠳᠡᠭᠵᠢᠭᠦᠯᠦᠨ ᠂ ᠠᠵᠤ ᠠᠬᠤᠢ᠌ᠯᠠᠯ᠎ᠤᠨ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠬᠤ᠎ᠪᠠᠷ ᠭᠤᠶᠤᠴᠢᠯᠠᠨ ᠮᠡᠳᠡᠭᠦᠯᠬᠦ ᠬᠡᠪ ᠵᠠᠭᠪᠤᠷ ᠵᠶ᠋ᠠᠨ ᠪᠡᠶ᠎ᠡ᠎ᠪᠠᠨ ᠳᠠᠭ᠋ᠠᠭ᠋ᠠᠵᠤ ᠰᠣᠩᠭᠣᠬᠤ ᠵᠢ᠎ᠨᠢ ᠳᠡᠮᠵᠢᠵᠦ ᠂ ᠬᠢᠯᠢ ᠵᠢᠨ ᠪᠣᠭᠣᠮᠲᠠ᠎ᠪᠠᠷ ᠥᠩᠭᠡᠷᠡᠬᠦ ᠬᠤᠭᠤᠴᠠᠭ᠋ᠠᠲᠤ ᠦᠢ᠍ᠯᠡᠳᠦᠯ᠎ᠢ ᠳᠡᠭᠡᠭᠰᠢᠯᠡᠭᠦᠯᠦᠨ᠎ᠡ ᠃ ᠬᠢᠯᠢ ᠵᠢᠨ ᠪᠣᠭᠣᠮᠲᠠ ᠵᠢᠨ ᠪᠠᠷᠠᠭ᠋ᠠᠨ᠎ᠤ ᠭᠦᠢ᠍ᠯᠭᠡᠭᠡᠨ᠎ᠤ ᠬᠠᠭᠤᠳᠠᠰᠤ ᠪᠠᠷᠢᠮᠲᠠ ᠵᠢᠨ ᠪᠥᠬᠦ ᠴᠤᠪᠤᠷᠠᠯ᠎ᠳᠤ ᠺᠣᠮᠫᠢᠦ᠋ᠲ᠋ᠧᠷ ᠵᠶ᠋ᠠᠷ ᠠᠵᠢᠯᠯᠠᠬᠤ ᠵᠢ ᠠᠬᠢᠭᠤᠯᠵᠤ ᠂ ᠬᠢᠯᠢ ᠵᠢᠨ ᠪᠣᠭᠣᠮᠲᠠ ᠵᠢᠨ ᠰᠠᠭᠤᠷᠢ ᠪᠡᠯᠡᠳᠬᠡᠮᠵᠢ ᠪᠠ ᠪᠠᠢ᠌ᠴᠠᠭ᠋ᠠᠨ ᠰᠢᠯᠭ᠋ᠠᠵᠤ ᠬᠢᠨᠠᠨ ᠬᠠᠮᠢᠶᠠᠷᠬᠤ ᠦᠢ᠍ᠯᠡᠴᠢᠯᠡᠭᠡᠨ᠎ᠤ ᠣᠶᠤᠨᠴᠢᠯᠠᠭᠰᠠᠨ ᠲᠦᠪᠰᠢᠨ᠎ᠢ ᠳᠡᠭᠡᠭᠰᠢᠯᠡᠭᠦᠯᠦᠨ᠎ᠡ ᠃ ᠬᠢᠯᠢ ᠬᠢᠵᠠᠭ᠋ᠠᠷ ᠣᠷᠣᠨ᠎ᠳᠤ ᠣᠨᠴᠠᠯᠢᠭᠲᠤ ᠲᠠᠸᠠᠷ᠎ᠤᠨ ᠠᠷᠠᠯᠵᠢᠶ᠎ᠠ ᠬᠤᠳᠠᠯᠳᠤᠭ᠋ᠠᠨ᠎ᠤ ᠲᠥᠪ᠎ᠢ ᠪᠣᠢ᠌ᠵᠢᠭᠤᠯᠵᠤ ᠂ ᠬᠢᠯᠢ ᠵᠢᠨ ᠠᠷᠠᠳ᠎ᠤᠨ ᠬᠠᠷᠢᠯᠴᠠᠨ ᠮᠠᠢ᠌ᠮᠠᠢ᠌ᠯᠠᠬᠤ ᠵᠠᠬ᠎ᠠ ᠳᠡᠯᠭᠡᠭᠦᠷ᠎ᠤᠨ ᠠᠷᠠᠯᠵᠢᠶᠠᠨ᠎ᠤ ᠬᠡᠪᠴᠢᠶ᠎ᠡ ᠵᠢ ᠪᠤᠵᠠᠭ᠋ᠠᠢ᠌ᠷᠠᠭᠤᠯᠤᠨ᠎ᠠ ᠃ ᠤᠯᠤᠰ᠎ᠤᠨ ᠠᠷᠠᠯᠵᠢᠶ᠎ᠠ ᠵᠢᠨ ᠰᠢᠨ᠎ᠡ ᠵᠢ ᠡᠭᠦᠳᠦᠨ ᠬᠥᠭᠵᠢᠬᠦ᠎ᠳᠤ ᠦᠢ᠍ᠯᠡᠴᠢᠯᠡᠬᠦ ᠬᠥᠲᠥᠯᠥᠨ ᠵᠢᠯᠤᠭᠣᠳᠬᠤ ᠰᠠᠭᠤᠷᠢ ᠮᠥᠩᠭᠥ ᠵᠢ ᠢᠳᠡᠪᠬᠢᠲᠡᠢ ᠠᠰᠢᠭᠯᠠᠨ ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ ᠵᠡᠷᠭᠡ ᠡᠵᠡᠩᠨᠡᠯᠲᠡ ᠵᠢᠨ ᠰᠢᠨ᠎ᠡ ᠪᠠᠢ᠌ᠳᠠᠯ ᠰᠢᠨ᠎ᠡ ᠵᠠᠭᠪᠤᠷ᠎ᠤᠨ ᠬᠥᠭᠵᠢᠯᠲᠡ ᠪᠠ ᠭᠠᠳᠠᠭ᠋ᠠᠳᠤ ᠬᠥᠮᠥᠷᠭᠡ ᠵᠢᠨ ᠪᠦᠲᠦᠭᠡᠨ ᠪᠠᠢ᠌ᠭᠤᠯᠤᠯᠲᠠ ᠵᠢ ᠳᠡᠮᠵᠢᠨ᠎ᠡ ᠃ 《ᠣᠷᠣᠨ ᠪᠦᠰᠡ ᠵᠢᠨ ᠪᠥᠬᠦ ᠲᠠᠯ᠎ᠠ ᠵᠢᠨ ᠠᠵᠤ ᠠᠬᠤᠢ ᠵᠢᠨ ᠬᠠᠨᠢᠲᠠᠨ᠎ᠤ ᠬᠠᠷᠢᠴᠠᠭ᠋ᠠᠨ᠎ᠤ ᠬᠡᠯᠡᠯᠴᠡᠭᠡᠷ 》 ( RCEP ) ᠵᠡᠷᠭᠡ᠎ᠳᠠᠬᠢ ᠴᠢᠯᠦᠭᠡᠲᠦ ᠠᠷᠠᠯᠵᠢᠶᠠᠨ᠎ᠤ ᠬᠠᠨᠢᠲᠠᠨ᠎ᠳᠤ ᠬᠠᠨᠳᠤᠭᠤᠯᠤᠭᠰᠠᠨ ᠠᠷᠠᠯᠵᠢᠶ᠎ᠠ ᠵᠢ ᠠᠬᠢᠭᠤᠯᠬᠤ ᠠᠵᠢᠯᠯᠠᠭ᠎ᠠ ᠵᠢ ᠵᠣᠷᠢᠭᠵᠢᠭᠤᠯᠤᠨ ᠵᠢᠯᠣᠭᠣᠳᠤᠨ᠎ᠠ ᠃ ᠭᠣᠣᠯᠳᠠᠯᠭ᠎ᠠ ᠪᠣᠯᠬᠤ ᠬᠦᠷᠢᠶ᠎ᠡ ᠴᠠᠷᠠᠭ᠋ᠠᠨ᠎ᠳᠤ ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠡᠯᠡ ᠣᠷᠤᠭᠤᠯᠤᠯᠲᠠ ᠵᠢ ᠲᠠᠲᠠᠨ ᠠᠪᠴᠢᠷᠠᠬᠤ ᠡᠷᠴᠢᠮ ᠵᠶ᠋ᠠᠨ ᠴᠢᠩᠭ᠋ᠠᠷᠠᠭᠤᠯᠵᠤ ᠂ ᠭᠠᠳᠠᠭ᠋ᠠᠳᠤ ᠪᠡᠯᠡ ᠵᠢ ᠠᠰᠢᠭᠯᠠᠬᠤ ᠠᠷᠭ᠎ᠠ ᠵᠠᠮ ᠵᠶ᠋ᠠᠨ ᠥᠷᠭᠡᠳᠬᠡᠵᠦ ᠂ ᠭᠠᠳᠠᠭ᠋ᠠᠳᠤ ᠪᠡᠯᠡ ᠵᠢ ᠠᠰᠢᠭᠯᠠᠬᠤ ᠶᠠᠰᠤ ᠴᠢᠨᠠᠷ ᠵᠶ᠋ᠠᠨ ᠳᠡᠭᠡᠭᠰᠢᠯᠡᠭᠦᠯᠦᠨ ᠂ ᠵᠡᠭᠦᠨ ᠬᠡᠰᠡᠭ᠎ᠤᠨ ᠳᠠᠯᠠᠶ ᠳᠠᠭ᠋ᠠᠤ ᠭᠠᠵᠠᠷ ᠣᠷᠣᠨ᠎ᠯᠤᠭ᠎ᠠ ᠵᠢᠨ ᠬᠠᠮᠲᠤᠷᠠᠯᠴᠠᠭ᠎ᠠ ᠵᠢ ᠢᠳᠡᠪᠬᠢᠲᠡᠢ ᠥᠷᠨᠢᠭᠦᠯᠵᠦ ᠂ ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠡᠯᠡ ᠣᠷᠣᠭᠤᠯᠤᠭᠰᠠᠨ ᠠᠵᠤ ᠠᠬᠤᠢ᠌ᠯᠠᠯ᠎ᠤᠨ ᠱᠠᠲᠤᠯᠢᠭ ᠰᠢᠯᠵᠢᠯᠲᠡ᠎ᠲᠠᠢ ᠳᠠᠭ᠋ᠠᠭ᠋ᠠᠨ ᠵᠠᠯᠭ᠋ᠠᠭᠤᠯᠤᠨᠠ ᠃
12. ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠪᠠ ᠳᠠᠭ᠋ᠠᠭ᠋ᠠᠴᠢᠯᠠᠯᠲᠠ ᠵᠠᠷᠯᠠᠵᠤ ᠳᠠᠭ᠋ᠠᠭ᠋ᠠᠴᠢᠯᠠᠯᠲᠠ ᠬᠦᠯᠢᠶᠡᠬᠦ ᠵᠢ ᠵᠢᠷᠤᠮᠵᠢᠭᠤᠯᠤᠨ᠎ᠠ ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶ᠎ᠡ 》᠎ᠳᠤ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠲᠤᠰᠬᠠᠢ ᠪᠣᠯᠣᠩ ᠭᠠᠷᠭ᠋ᠠᠵᠤ ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠦᠷᠢᠶᠡᠨ᠎ᠳᠠᠬᠢ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠲᠥᠷᠥ ᠵᠢᠨ ᠪᠣᠳᠣᠯᠭ᠎ᠠ ᠪᠠ ᠮᠡᠳᠡᠭᠡ ᠵᠠᠩᠭᠢ ᠵᠢ ᠨᠡᠢ᠌ᠲᠡᠯᠡᠨ᠎ᠡ ᠃ ᠵᠠᠰᠠᠭ᠎ᠤᠨ ᠣᠷᠳᠣᠨ ᠬᠤᠳᠠᠯᠳᠤᠨ ᠠᠪᠬᠤ ᠲᠠᠯ᠎ᠠ᠎ᠪᠠᠷ ᠠᠢ᠌ᠮᠠᠭ ᠬᠣᠲᠠ ᠵᠢᠨ ᠬᠣᠭᠣᠷᠣᠨᠳᠤ ᠠᠯᠤᠰ᠎ᠠᠴᠠ ᠣᠨᠳᠣᠣ ᠭᠠᠵᠠᠷ᠎ᠲᠤ ᠬᠢᠨᠠᠨ ᠲᠣᠭᠲᠠᠭ᠋ᠠᠬᠤ ᠵᠢ ᠪᠡᠶᠡᠯᠡᠭᠦᠯᠵᠦ ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠲᠥᠷᠥᠯ ᠵᠦᠢ᠍ᠯ᠎ᠤᠨ ᠬᠢᠨᠠᠨ ᠲᠣᠭᠲᠠᠭ᠋ᠠᠯᠲᠠ ᠵᠢᠨ ᠲᠥᠪ ᠭᠣᠤᠯᠴᠢ ᠴᠢᠨᠠᠷ᠎ᠢ ᠳᠡᠭᠡᠭᠰᠢᠯᠡᠭᠦᠯᠦᠨ᠎ᠡ ᠃ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠡᠭᠦᠯᠡᠨ ᠲᠠᠪᠴᠠᠩ᠎ᠤᠨ ᠮᠥᠩᠭᠥᠨ ᠭᠦᠢ᠍ᠯᠭᠡᠭᠡᠨ᠎ᠤ ᠮᠤᠳᠦ᠋ᠯᠤᠨ ᠭᠡᠷ᠎ᠡ ᠭᠦᠢ᠍ᠴᠡᠳᠬᠡᠬᠦ ᠪᠠᠲᠤᠯᠠᠭ᠎ᠠ ᠵᠢᠨ ᠴᠢᠳᠠᠮᠵᠢ ᠵᠢ ᠨᠡᠭᠡᠭᠡᠵᠦ ᠂ ᠭᠡᠷ᠎ᠡ ᠭᠦᠢ᠍ᠴᠡᠳᠬᠡᠬᠦ ᠪᠠᠲᠤᠯᠠᠭ᠎ᠠ᠎ᠪᠠᠷ ᠭᠡᠷ᠎ᠡ ᠭᠦᠢ᠍ᠴᠡᠳᠬᠡᠬᠦ ᠪᠠᠲᠤᠯᠠᠪᠤᠷᠢ ᠵᠢᠨ ᠮᠥᠩᠭᠥ ᠵᠢ ᠣᠷᠣᠯᠠᠭᠤᠯᠬᠤ ᠨᠥᠬᠥᠴᠡᠯ᠎ᠢ ᠪᠦᠷᠢᠯᠳᠦᠭᠦᠯᠪᠡᠯ ᠂ ᠬᠠᠩᠭ᠋ᠠᠯᠭ᠎ᠠ ᠵᠢᠨ ᠬᠤᠳᠠᠯᠳᠤᠭ᠋ᠠᠴᠢᠨ᠎ᠤ ᠪᠡᠯᠡ ᠮᠥᠩᠭᠥ ᠵᠢ ᠡᠵᠡᠯᠡᠨ ᠬᠡᠷᠡᠭᠯᠡᠬᠦ ᠵᠢ ᠪᠠᠭ᠋ᠠᠰᠬᠠᠵᠤ ᠂ ᠬᠠᠩᠭ᠋ᠠᠯᠭ᠎ᠠ ᠵᠢᠨ ᠬᠤᠳᠠᠯᠳᠤᠭ᠋ᠠᠴᠢᠨ᠎ᠤ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠠᠵᠢᠯᠯᠠᠭ᠎ᠠ᠎ᠳᠤ ᠣᠷᠣᠯᠴᠠᠬᠤ ᠳᠦᠷᠢᠮ᠎ᠤᠨ ᠴᠢᠨᠠᠷᠲᠠᠢ ᠠᠷᠠᠯᠵᠢᠶᠠᠨ᠎ᠤ ᠥᠪᠡᠷ᠎ᠤᠨ ᠥᠷᠲᠡᠭ᠎ᠢ ᠪᠠᠭᠤᠷᠠᠭᠤᠯᠤᠨ᠎ᠠ ᠃ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠪᠠ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠠᠨ᠎ᠤ ᠬᠦᠷᠢᠶ᠎ᠡ ᠴᠠᠷᠠᠭ᠋ᠠᠨ᠎ᠳᠠᠬᠢ CA ᠬᠠᠷᠢᠯᠴᠠᠨ ᠮᠡᠳᠡᠷᠡᠬᠦ ᠵᠢ ᠪᠡᠶᠡᠯᠡᠭᠦᠯᠵᠦ ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠪᠠ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠳᠠᠭ᠋ᠠᠭ᠋ᠠᠴᠢᠯᠠᠯᠲᠠ ᠵᠠᠷᠯᠠᠵᠤ ᠳᠠᠭ᠋ᠠᠭ᠋ᠠᠴᠢᠯᠠᠯᠲᠠ ᠬᠦᠯᠢᠶᠡᠬᠦ᠎ᠳᠤ ᠵᠡᠷᠭᠡ᠎ᠪᠠᠷ ᠣᠷᠣᠯᠴᠠᠭᠰᠠᠨ ᠬᠠᠩᠭ᠋ᠠᠯᠭ᠎ᠠ ᠵᠢᠨ ᠬᠤᠳᠠᠯᠳᠤᠭ᠋ᠠᠴᠢᠨ᠎ᠤ ᠳᠦᠷᠢᠮ᠎ᠤᠨ ᠴᠢᠨᠠᠷᠲᠠᠢ ᠠᠷᠠᠯᠵᠢᠶᠠᠨ᠎ᠤ ᠥᠪᠡᠷ᠎ᠤᠨ ᠥᠷᠲᠡᠭ᠎ᠢ ᠪᠠᠭᠤᠷᠠᠭᠤᠯᠵᠤ ᠂ ᠬᠠᠩᠭ᠋ᠠᠯᠭ᠎ᠠ ᠵᠢᠨ ᠬᠤᠳᠠᠯᠳᠤᠭ᠋ᠠᠴᠢᠨ᠎ᠤ ᠬᠠᠨᠤᠮᠵᠢ ᠵᠢᠨ ᠬᠡᠮᠵᠢᠶ᠎ᠡ ᠵᠢ ᠳᠡᠭᠡᠭᠰᠢᠯᠡᠭᠦᠯᠦᠨ᠎ᠡ ᠃ ᠤᠷᠢᠳᠴᠢᠯᠠᠨ ᠲᠥᠯᠥᠬᠦ ᠲᠣᠬᠢᠷᠠᠭᠤᠯᠤᠯᠲᠠ ᠬᠢᠭᠰᠡᠨ ᠭᠡᠷ᠎ᠡ᠎ᠳᠤ ᠂ ᠬᠤᠳᠠᠯᠳᠤᠨ ᠠᠪᠤᠭᠴᠢ ᠵᠢᠨ ᠭᠡᠷ᠎ᠡ᠎ᠳᠠᠬᠢ ᠤᠷᠢᠳᠴᠢᠯᠠᠨ ᠲᠥᠯᠥᠬᠦ ᠵᠣᠭᠣᠰ᠎ᠤᠨ ᠬᠠᠷᠢᠴᠠᠯ᠎ᠢ 30%᠎ᠠᠴᠠ ᠳᠡᠭᠡᠭᠰᠢ ᠪᠣᠯᠲᠠᠯ᠎ᠠ ᠳᠡᠭᠡᠭᠰᠢᠯᠡᠭᠦᠯᠬᠦ ᠵᠢ ᠵᠣᠷᠢᠭᠵᠢᠭᠤᠯᠤᠨ᠎ᠠ ᠃ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠠᠨ᠎ᠤ ᠲᠠᠪᠴᠠᠩ᠎ᠢ ᠡᠮᠬᠢᠯᠡᠨ ᠨᠡᠢ᠌ᠯᠡᠭᠦᠯᠵᠦ ᠬᠠᠮᠲᠤ᠎ᠪᠠᠷ ᠬᠦᠷᠲᠡᠬᠦ ᠵᠢ ᠭᠦᠨᠵᠡᠭᠡᠢ᠌ᠷᠡᠭᠦᠯᠵᠦ ᠂ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠠᠨ᠎ᠤ 《ᠪᠦᠬᠦ ᠣᠷᠣᠨ᠎ᠤ ᠨᠢᠭᠡᠳᠪᠦᠷᠢ ᠰᠦᠯᠵᠢᠶ᠎ᠡ 》 ᠵᠢ ᠬᠦᠴᠦᠯᠡᠨ ᠴᠣᠭᠴᠠᠯᠠᠨ᠎ᠠ ᠃ ᠵᠠᠬ᠎ᠠ ᠳᠡᠯᠭᠡᠭᠦᠷᠴᠢᠯᠡᠭᠰᠡᠨ ᠠᠷᠭ᠎ᠠ ᠮᠠᠶᠢᠭ ᠵᠶ᠋ᠠᠷ ᠲᠣᠬᠢᠷᠠᠭᠤᠯᠬᠤ᠎ᠳᠤ ᠲᠣᠬᠢᠷᠠᠬᠤ ᠣᠯᠠᠨ ᠨᠡᠶ᠋ᠢᠲᠡ ᠵᠢᠨ ᠡᠬᠢ ᠪᠠᠶᠠᠯᠢᠭ᠎ᠢ ᠨᠢᠭᠡᠳᠦᠯᠲᠡᠢ ᠲᠠᠪᠴᠠᠩ᠎ᠳᠤ ᠣᠷᠣᠭᠤᠯᠤᠨ ᠠᠷᠠᠯᠵᠢᠶᠠᠯᠠᠬᠤ ᠵᠢ ᠠᠬᠢᠭᠤᠯᠵᠤ ᠂ ᠪᠥᠬᠦ ᠣᠷᠣᠨ᠎ᠤ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠠᠨ᠎ᠤ ᠳ᠋ᠠᠢ᠌ᠲ᠋ᠠ ᠵᠢᠨ 《ᠨᠢᠭᠡ ᠰᠦᠯᠵᠢᠶ᠎ᠡ᠎ᠪᠠᠷ ᠬᠠᠮᠲᠤ᠎ᠪᠠᠷ ᠭᠥᠷᠳᠡᠬᠦ 》᠂ ᠠᠷᠠᠯᠵᠢᠶᠠᠨ᠎ᠤ 《ᠨᠢᠭᠡ ᠰᠦᠯᠵᠢᠶ᠎ᠡ᠎ᠪᠠᠷ ᠨᠡᠢ᠌ᠳᠡᠮ ᠭᠦᠢ᠍ᠴᠡᠳᠬᠡᠬᠦ 》᠂ ᠦᠢ᠍ᠯᠡᠴᠢᠯᠡᠭᠡ ᠵᠢ 《ᠨᠢᠭᠡ ᠰᠦᠯᠵᠢᠶᠡᠨ᠎ᠳᠤ ᠨᠢᠭᠡᠳᠬᠡᠬᠦ 》᠂ ᠬᠢᠨᠠᠯᠲᠠ ᠬᠠᠮᠢᠶᠠᠷᠤᠯᠲᠠ ᠵᠢᠨ 《ᠨᠢᠭᠡ ᠰᠦᠯᠵᠢᠶ᠎ᠡ᠎ᠪᠠᠷ ᠬᠠᠮᠵᠢᠯᠴᠠᠬᠤ 》᠂ ᠲᠠᠪᠴᠠᠩ᠎ᠤᠨ 《ᠨᠢᠭᠡ ᠰᠦᠯᠵᠢᠶ᠎ᠡ᠎ᠪᠠᠷ ᠨᠢᠭᠡᠳᠦᠯᠲᠡᠢ ᠬᠠᠮᠢᠶᠠᠷᠬᠤ 》 ᠵᠢ ᠠᠯᠬᠤᠮ ᠠᠯᠬᠤᠮ ᠵᠶ᠋ᠠᠷ ᠪᠡᠶᠡᠯᠡᠭᠦᠯᠦᠨ᠎ᠡ ᠃ ᠥᠪᠡᠷᠲᠡᠭᠡᠨ ᠵᠠᠰᠠᠬᠤ ᠣᠷᠣᠨ᠎ᠤ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠠᠨ᠎ᠤ ᠭᠣᠣᠯ ᠴᠣᠭᠴᠠ ᠵᠢᠨ ᠮᠡᠳᠡᠭᠡ ᠵᠠᠩᠭᠢ ᠵᠢᠨ ᠬᠥᠮᠥᠷᠭᠡ᠎ᠪᠠᠷ ᠰᠠᠭᠤᠷᠢ ᠪᠣᠯᠭ᠋ᠠᠵᠤ ᠂ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠠᠨ᠎ᠤ 《ᠨᠢᠭᠡ ᠭᠠᠵᠠᠷ᠎ᠲᠤ ᠳᠠᠩᠰᠠᠯᠠᠭᠤᠯᠪᠠᠯ ᠪᠥᠬᠦ ᠣᠷᠣᠨ᠎ᠳᠤ ᠨᠡᠢ᠌ᠳᠡᠮ ᠬᠡᠷᠡᠭᠯᠡᠬᠦ 》 ᠵᠢ ᠲᠦᠷᠭᠡᠳᠬᠡᠨ ᠠᠬᠢᠭᠤᠯᠤᠨ᠎ᠠ ᠃ ᠳᠠᠭ᠋ᠠᠭ᠋ᠠᠴᠢᠯᠠᠯᠲᠠ ᠵᠠᠷᠯᠠᠵᠤ ᠳᠠᠭ᠋ᠠᠭ᠋ᠠᠴᠢᠯᠠᠯᠲᠠ ᠬᠦᠯᠢᠶᠡᠬᠦ ᠮᠡᠳᠡᠭᠡ ᠵᠠᠩᠭᠢ ᠵᠢ ᠢᠯᠡ ᠪᠣᠯᠭ᠋ᠠᠬᠤ ᠡᠷᠴᠢᠮ ᠵᠶ᠋ᠠᠨ ᠴᠢᠩᠭ᠋ᠠᠷᠠᠭᠤᠯᠵᠤ ᠂ ᠪᠥᠬᠦ ᠴᠤᠪᠤᠷᠠᠯ ᠡᠯ᠎ᠡ ᠭᠣᠭᠴᠣᠭ᠋ᠠᠨ᠎ᠳᠤ ᠠᠷᠠᠯᠵᠢᠶᠠᠨ᠎ᠤ ᠠᠬᠢᠴᠠ ᠪᠠ ᠴᠤᠪᠤᠷᠠᠯ᠎ᠤᠨ ᠳ᠋ᠢᠵᠢᠲ᠋ᠠᠯᠵᠢᠭᠤᠯᠤᠭᠰᠠᠨ ᠬᠠᠮᠢᠶᠠᠷᠤᠯᠲᠠ ᠵᠢ ᠪᠡᠶᠡᠯᠡᠭᠦᠯᠬᠦ ᠵᠢ ᠠᠬᠢᠭᠤᠯᠤᠨ᠎ᠠ ᠃ ᠵᠠᠰᠠᠭ᠎ᠤᠨ ᠣᠷᠳᠣᠨ᠎ᠤ ᠪᠡᠯᠡ ᠣᠷᠣᠭᠤᠯᠥᠯᠳᠡ ᠵᠢᠨ ᠳᠥᠷᠦᠯ ᠵᠦᠢ᠍ᠯ᠎ᠤᠨ ᠳᠠᠭ᠋ᠠᠭ᠋ᠠᠴᠢᠯᠠᠯᠲᠠ ᠬᠦᠯᠢᠶᠡᠬᠦ ᠪᠠᠲᠤᠯᠠᠪᠤᠷᠢ ᠵᠢᠨ ᠮᠥᠩᠭᠥ ᠵᠢ ᠬᠠᠰᠤᠵᠤ ᠬᠡᠯᠲᠦᠷᠢᠭᠦᠯᠬᠦ ᠪᠠ ᠳᠠᠭ᠋ᠠᠭ᠋ᠠᠴᠢᠯᠠᠯᠲᠠ ᠬᠦᠯᠢᠶᠡᠬᠦ ᠪᠠᠲᠤᠯᠠᠪᠤᠷᠢ ᠵᠢᠨ ᠮᠥᠩᠭᠥ ᠵᠢ ᠵᠦᠷᠢᠶᠡᠴᠢᠯᠡᠭᠦᠯᠦᠨ ᠲᠤᠰᠢᠶᠠᠬᠤ ᠵᠢ ᠵᠣᠷᠢᠭᠵᠢᠭᠤᠯᠵᠤ ᠂ ᠡᠯᠧᠺᠲᠷᠣᠨ ᠪᠠᠲᠤᠯᠠᠭ᠎ᠠ ᠵᠢᠨ ᠵᠠᠬᠢᠳᠠᠯ ᠬᠡᠷᠡᠭᠯᠡᠬᠦ ᠵᠢ ᠵᠣᠷᠢᠭᠵᠢᠭᠤᠯᠤᠨ ᠂ ᠡᠯᠧᠺᠲᠷᠣᠨ ᠪᠠᠲᠤᠯᠠᠭ᠎ᠠ ᠵᠢᠨ ᠵᠠᠬᠢᠳᠠᠯ᠎ᠤᠨ ᠵᠠᠷᠤᠳᠠᠯ᠎ᠢ ᠪᠠᠭᠤᠷᠠᠭᠤᠯᠵᠤ ᠂ ᠪᠠᠲᠤᠯᠠᠭ᠎ᠠ ᠵᠢᠨ ᠵᠠᠬᠢᠳᠠᠯ᠎ᠤᠨ ᠬᠡᠷᠡᠭᠯᠡᠯᠲᠡ ᠵᠢᠨ ᠳᠦᠬᠦᠮ ᠦᠵᠡᠭᠦᠯᠬᠦ ᠬᠡᠮᠵᠢᠶ᠎ᠡ ᠵᠢ ᠳᠡᠭᠡᠭᠰᠢᠯᠡᠭᠦᠯᠦᠨ᠎ᠡ ᠃
(ᠬᠣᠶᠠᠷ) ᠠᠵᠤ ᠠᠬᠤᠢ᠌ᠯᠠᠯ᠎ᠤᠨ ᠡᠵᠡᠩᠨᠡᠯᠲᠡ ᠵᠢᠨ ᠥᠪᠡᠷ᠎ᠤᠨ ᠥᠷᠲᠡᠭ᠎ᠢ ᠪᠠᠭᠤᠷᠠᠭᠤᠯᠵᠤ ᠂ ᠬᠦᠴᠦᠨ ᠵᠦᠢ᠍ᠯ᠎ᠤᠨ ᠪᠠᠲᠤᠯᠠᠭ᠎ᠠ ᠵᠢᠨ ᠣᠷᠴᠢᠨ ᠨᠥᠬᠥᠴᠡᠯ᠎ᠢ ᠰᠢᠯᠢᠳᠡᠭᠵᠢᠭᠦᠯᠦᠨ᠎ᠡ ᠃
13. ᠬᠤᠳᠠ ᠵᠢᠨ ᠶᠠᠪᠤᠳᠠᠯ᠎ᠤᠨ ᠨᠡᠶ᠋ᠢᠲᠡ ᠵᠢᠨ ᠬᠡᠷᠡᠭᠯᠡᠭᠡᠨ᠎ᠤ ᠰᠠᠭᠤᠷᠢ ᠲᠥᠬᠦᠭᠡᠷᠦᠮᠵᠢ ᠵᠢᠨ ᠪᠠᠲᠤᠯᠠᠭ᠎ᠠ ᠵᠢ ᠰᠢᠯᠢᠳᠡᠭᠵᠢᠭᠦᠯᠦᠨ᠎ᠡ ᠃ 《ᠳᠤᠯᠠᠭ᠋ᠠᠯᠠᠭ᠎ᠠ ᠵᠢᠨ ᠢᠨᠵᠧᠨᠧᠷᠢᠩ 》᠎ᠳᠤ ᠠᠩᠬᠠᠷᠤᠯ ᠵᠶ᠋ᠠᠨ ᠲᠥᠪᠯᠡᠷᠡᠭᠦᠯᠵᠦ ᠂ ᠬᠤᠲᠠ ᠵᠢᠨ ᠰᠢᠲᠠᠭ᠋ᠠᠯᠭ᠎ᠠ ᠵᠢᠨ ᠬᠡᠢ ᠂ ᠢᠯᠴᠢ ᠬᠠᠩᠭ᠋ᠠᠬᠤ ᠵᠡᠷᠭᠡ 4 ᠲᠥᠷᠥᠯ᠎ᠤᠨ ᠬᠣᠭᠣᠯᠠᠢ ᠲᠣᠣᠷ᠎ᠢ ᠰᠢᠨᠡᠳᠬᠡᠨ ᠥᠭᠡᠷᠡᠴᠢᠯᠡᠬᠦ ᠵᠢ ᠨᠢᠭᠡ ᠴᠣᠭᠴᠠᠵᠢᠭᠤᠯᠤᠨ ᠠᠬᠢᠭᠤᠯᠤᠨ᠎ᠠ ᠃ ᠵᠠᠰᠠᠭ᠎ᠤᠨ ᠣᠷᠳᠣᠨ ᠠᠵᠤ ᠠᠬᠤᠢ᠌ᠯᠠᠯ ᠬᠠᠮᠵᠢᠯᠴᠠᠨ ᠴᠠᠬᠢᠯᠭ᠋ᠠᠨ᠎ᠤ ᠶᠠᠪᠤᠳᠠᠯ ᠭᠦᠢ᠍ᠴᠡᠳᠬᠡᠬᠦ ᠠᠵᠢᠯ᠎ᠤᠨ ᠲᠣᠭᠲᠠᠴᠠ ᠵᠢ ᠲᠡᠭᠦᠯᠳᠡᠷᠵᠢᠭᠦᠯᠵᠦ ᠂ ᠰᠠᠭᠤᠭ᠋ᠠᠯᠢ ᠠᠷᠠᠳ᠎ᠤᠨ ᠬᠡᠷᠡᠭᠯᠡᠭᠴᠢᠳ᠎ᠤᠨ 《ᠨᠢᠭᠤᠷ ᠰᠢᠷᠪᠢᠭᠦᠯᠵᠦ ᠴᠠᠬᠢᠯᠭ᠋ᠠᠨ᠎ᠤ ᠶᠠᠪᠤᠳᠠᠯ ᠭᠦᠢ᠍ᠴᠡᠳᠬᠡᠬᠦ 》 ᠪᠠ ᠠᠵᠤ ᠠᠬᠤᠢ᠌ᠯᠠᠯ᠎ᠤᠨ ᠬᠡᠷᠡᠭᠯᠡᠭᠴᠢᠳ᠎ᠤᠨ 《ᠨᠢᠭᠡ ᠦᠨᠡᠮᠯᠡᠯ ᠵᠶ᠋ᠠᠷ ᠴᠠᠬᠢᠯᠭ᠋ᠠᠨ᠎ᠤ ᠶᠠᠪᠤᠳᠠᠯ ᠭᠦᠢ᠍ᠴᠡᠳᠬᠡᠬᠦ 》 ᠵᠢ ᠪᠠᠢ᠌ᠩᠭᠤᠵᠢᠭᠤᠯᠬᠤ ᠂ ᠳᠦᠷᠢᠮᠵᠢᠭᠦᠯᠬᠦ ᠂ ᠵᠢᠷᠤᠮᠵᠢᠭᠤᠯᠬᠤ ᠵᠢ ᠠᠬᠢᠭᠤᠯᠤᠨ᠎ᠠ ᠃ ᠤᠰᠤ ᠴᠠᠬᠢᠯᠭ᠋ᠠᠨ ᠬᠡᠢ ᠢᠯᠴᠢ ᠵᠢᠨ ᠲᠣᠣᠷᠵᠢᠯ ᠵᠡᠷᠭᠡ ᠬᠤᠲᠠ ᠵᠢᠨ ᠶᠠᠪᠤᠳᠠᠯ᠎ᠤᠨ ᠵᠠᠯᠭ᠋ᠠᠨ ᠣᠷᠣᠭᠤᠯᠬᠤ ᠢᠨᠵᠧᠨᠧᠷᠢᠩ᠎ᠳᠤ ᠬᠣᠯᠪᠣᠭᠳᠠᠭᠰᠠᠨ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠂ ᠮᠡᠳᠡᠭᠦᠯᠵᠦ ᠤᠭᠰᠠᠷᠠᠬᠤ ᠲᠤᠬᠠᠢ᠌ᠯᠠᠭᠰᠠᠨ ᠠᠵᠢᠯ᠎ᠢ ᠰᠦᠯᠵᠢᠶ᠎ᠡ᠎ᠪᠠᠷ ᠬᠠᠮᠲᠤᠳᠬᠠᠨ ᠭᠦᠢ᠍ᠴᠡᠳᠬᠡᠬᠦ ᠵᠢ ᠬᠡᠷᠡᠭᠵᠢᠭᠦᠯᠵᠦ ᠂ ᠨᠥᠬᠥᠴᠡᠯ᠎ᠳᠤ ᠨᠡᠢ᠌ᠴᠡᠭᠰᠡᠨ ᠬᠤᠲᠠ ᠵᠢᠨ ᠶᠠᠪᠤᠳᠠᠯ᠎ᠤᠨ ᠵᠠᠯᠭ᠋ᠠᠨ ᠣᠷᠣᠭᠤᠯᠬᠤ ᠢᠨᠵᠧᠨᠧᠷᠢᠩ᠎ᠳᠤ ᠮᠡᠳᠡᠭᠳᠡᠬᠦ ᠠᠮᠠᠯᠠᠬᠤ ᠳᠦᠷᠢᠮ᠎ᠢ ᠬᠡᠷᠡᠭᠵᠢᠭᠦᠯᠦᠨ᠎ᠡ ᠃ ᠬᠣᠲᠠ ᠵᠢᠨ ᠤᠰᠤ ᠴᠠᠬᠢᠯᠭ᠋ᠠᠨ ᠬᠡᠢ ᠢᠯᠴᠢ ᠵᠢᠨ ᠲᠣᠣᠷᠵᠢᠯ ᠵᠡᠷᠭᠡ ᠨᠡᠶ᠋ᠢᠲᠡ ᠵᠢᠨ ᠬᠡᠷᠡᠭᠯᠡᠭᠡᠨ᠎ᠤ ᠪᠡᠯᠡᠳᠬᠡᠮᠵᠢ ᠵᠢᠨ ᠰᠠᠭᠤᠷᠢ ᠮᠡᠳᠡᠭᠡ ᠵᠠᠩᠭᠢ ᠵᠢᠨ ᠳ᠋ᠠᠢ᠌ᠲ᠋ᠠ ᠵᠢ ᠠᠯᠬᠤᠮ ᠠᠯᠬᠤᠮ ᠵᠶ᠋ᠠᠷ ᠴᠤᠭᠯᠠᠭᠤᠯᠵᠤ ᠂ ᠲᠦᠭᠰᠢᠭᠦᠷᠢ ᠵᠢ ᠬᠢᠨᠠᠨ ᠰᠢᠨᠵᠢᠬᠦ ᠂ ᠤᠷᠢᠳᠴᠢᠯᠠᠨ ᠰᠡᠷᠡᠮᠵᠢᠯᠡᠭᠦᠯᠬᠦ ᠪᠠ ᠰᠡᠷᠭᠡᠢ᠌ᠯᠡᠬᠦ ᠴᠢᠳᠠᠪᠤᠷᠢ᠎ᠪᠠᠨ ᠳᠡᠭᠡᠭᠰᠢᠯᠡᠭᠦᠯᠦᠨ᠎ᠡ ᠃ ᠤᠰᠤ ᠴᠠᠬᠢᠯᠭ᠋ᠠᠨ ᠬᠡᠢ ᠢᠯᠴᠢ ᠵᠢᠨ ᠲᠣᠣᠷᠵᠢᠯ ᠵᠡᠷᠭᠡ ᠬᠣᠲᠠ ᠵᠢᠨ ᠶᠠᠪᠤᠳᠠᠯ᠎ᠤᠨ ᠨᠡᠶ᠋ᠢᠲᠡ ᠵᠢᠨ ᠦᠢ᠍ᠯᠡᠴᠢᠯᠡᠭᠡᠨ᠎ᠤ ᠦᠨ᠎ᠡ ᠬᠠᠩᠰᠢ᠎ᠳᠠᠬᠢ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ ᠂ ᠦᠨ᠎ᠡ ᠬᠠᠩᠰᠢ ᠵᠢᠨ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠬᠠᠤᠯᠢ ᠶᠣᠰᠣᠭ᠋ᠠᠷ ᠪᠠᠢ᠌ᠴᠠᠭ᠋ᠠᠨ ᠰᠢᠢ᠍ᠳᠪᠦᠷᠢᠯᠡᠨ᠎ᠡ ᠃
14. ᠪᠡᠯᠡ ᠲᠣᠬᠢᠷᠠᠭᠤᠯᠬᠤ ᠦᠢ᠍ᠯᠡᠴᠢᠯᠡᠭᠡ ᠪᠠ ᠬᠢᠨᠠᠯᠲᠠ ᠬᠠᠮᠢᠶᠠᠷᠤᠯᠲᠠ ᠵᠢᠨ ᠲᠦᠪᠰᠢᠨ᠎ᠢ ᠳᠡᠭᠡᠭᠰᠢᠯᠡᠭᠦᠯᠦᠨ᠎ᠡ ᠃ ᠪᠡᠯᠡ ᠲᠣᠬᠢᠷᠠᠭᠤᠯᠬᠤ ᠴᠢᠨᠠᠷᠲᠠᠢ ᠳᠠᠭ᠋ᠠᠭ᠋ᠠᠯᠲᠠ ᠵᠢᠨ ᠪᠠᠢ᠌ᠭᠤᠯᠤᠮᠵᠢ ᠵᠢ ᠰᠢᠯᠭ᠋ᠠᠨ ᠬᠢᠨᠠᠵᠤ ᠦᠨᠡᠯᠡᠬᠦ ᠲᠣᠭᠲᠠᠴᠠ ᠵᠢ ᠲᠡᠭᠦᠯᠳᠡᠷᠵᠢᠭᠦᠯᠵᠦ ᠂ ᠵᠠᠰᠠᠭ᠎ᠤᠨ ᠣᠷᠳᠣᠨ᠎ᠤ ᠴᠢᠨᠠᠷᠲᠠᠢ ᠪᠡᠯᠡ ᠲᠣᠬᠢᠷᠠᠭᠤᠯᠬᠤ ᠳᠠᠭ᠋ᠠᠭ᠋ᠠᠯᠲᠠ ᠬᠢᠬᠦ ᠂ ᠳᠠᠬᠢᠨ ᠳᠠᠭ᠋ᠠᠭ᠋ᠠᠯᠲᠠ ᠬᠢᠬᠦ ᠪᠠᠢ᠌ᠭᠤᠯᠤᠮᠵᠢ ᠵᠢ ᠬᠥᠲᠥᠯᠥᠨ ᠵᠢᠯᠤᠭᠣᠳᠴᠤ ᠪᠠᠢ᠌ᠭ᠋ᠠᠳ ᠲᠤᠬᠠᠢ᠌ᠯᠠᠭᠰᠠᠨ ᠠᠵᠢᠯ᠎ᠤᠨ ᠬᠠᠮᠤᠷᠬᠤ ᠬᠡᠪᠴᠢᠶ᠎ᠡ ᠵᠢ᠎ᠨᠢ ᠥᠷᠭᠡᠳᠭᠡᠯᠭᠡᠵᠦ ᠂ ᠳᠠᠭ᠋ᠠᠭ᠋ᠠᠯᠲᠠ ᠵᠢᠨ ᠰᠦᠢ᠍ᠳᠬᠡᠯ ᠲᠤᠰᠢᠶᠠᠬᠤ ᠨᠣᠷᠮ᠎ᠠ ᠵᠢ ᠪᠠᠭᠤᠷᠠᠭᠤᠯᠤᠨ ᠂ ᠲᠦᠭᠰᠢᠭᠦᠷᠢ ᠵᠢᠨ ᠨᠥᠬᠥᠪᠦᠷᠢᠯᠡᠬᠦ ᠪᠠ ᠬᠤᠪᠢᠶᠠᠨ ᠡᠭᠦᠷᠭᠡᠯᠡᠬᠦ ᠲᠣᠭᠲᠠᠴᠠ ᠵᠢ ᠲᠡᠭᠦᠯᠳᠡᠷᠵᠢᠭᠦᠯᠦᠨ᠎ᠡ ᠃ ᠮᠥᠩᠭᠥᠨ ᠭᠦᠢ᠍ᠯᠭᠡᠭᠡᠨ᠎ᠤ ᠬᠡᠷᠡᠭᠯᠡᠭᠡᠨ᠎ᠤ ᠵᠠᠭᠤᠷᠠᠯᠳᠤᠭ᠋ᠠᠨ᠎ᠢ ᠣᠯᠠᠨ ᠡᠰᠢᠵᠢᠭᠦᠯᠦᠨ ᠰᠢᠢ᠍ᠳᠪᠦᠷᠢᠯᠡᠬᠦ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠵᠦ ᠂ ᠮᠥᠩᠭᠥᠨ ᠭᠦᠢ᠍ᠯᠭᠡᠭᠡᠨ᠎ᠤ ᠬᠡᠷᠡᠭᠯᠡᠭᠴᠢᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠨ᠎ᠠ ᠃ 《ᠥᠪᠥᠷ ᠮᠣᠩᠭᠣᠯ᠎ᠤᠨ ᠢᠲᠡᠭᠡᠮᠵᠢᠲᠦ ᠵᠢᠭᠡᠯᠡᠯᠭᠡ 》 ᠵᠢᠨ ᠬᠡᠪ ᠵᠠᠭᠪᠤᠷ᠎ᠢ ᠬᠡᠷᠡᠭᠵᠢᠭᠦᠯᠵᠦ ᠂ ᠳᠡᠭᠡᠳᠦ ᠱᠠᠲᠤ᠎ᠠᠴᠠ ᠳᠣᠣᠷᠠᠳᠤ ᠱᠠᠲᠤ ᠲᠡᠢ᠌ᠰᠢ ᠮᠥᠩᠭᠥᠨ ᠭᠦᠢ᠍ᠯᠭᠡᠭᠡᠨ᠎ᠤ ᠢᠲᠡᠭᠡᠮᠵᠢ ᠵᠢᠨ ᠮᠡᠳᠡᠭᠡ ᠵᠠᠩᠭᠢ ᠵᠢᠨ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠨ ᠂ ᠮᠥᠩᠭᠥᠨ ᠭᠦᠢ᠍ᠯᠭᠡᠭᠡᠨ᠎ᠤ ᠳ᠋ᠠᠢ᠌ᠲ᠋ᠠ ᠬᠢᠭᠡᠳ ᠵᠠᠰᠠᠭ᠎ᠤᠨ ᠶᠠᠪᠤᠳᠠᠯ᠎ᠤᠨ ᠳ᠋ᠠᠢ᠌ᠲ᠋ᠠ ᠵᠢᠨ ᠬᠠᠷᠢᠯᠴᠠᠨ ᠬᠣᠯᠪᠣᠭ᠋ᠠᠯᠠᠵᠤ ᠬᠠᠷᠢᠯᠴᠠᠨ ᠨᠡᠪᠲᠡᠷᠡᠯᠴᠡᠬᠦ ᠵᠢ ᠠᠬᠢᠭᠤᠯᠵᠤ ᠂ ᠢᠲᠡᠭᠡᠮᠵᠢᠲᠦ ᠵᠢᠭᠡᠯᠡᠯᠭᠡ ᠵᠢᠨ ᠬᠡᠪᠴᠢᠶ᠎ᠡ᠎ᠪᠠᠨ ᠥᠷᠭᠡᠳᠬᠡᠨ ᠶᠠᠰᠤ ᠴᠢᠨᠠᠷ ᠵᠶ᠋ᠠᠨ ᠳᠡᠭᠡᠭᠰᠢᠯᠡᠭᠦᠯᠬᠦ ᠵᠢ ᠳᠡᠮᠵᠢᠨ᠎ᠡ ᠃ 《ᠪᠠᠩᠬᠢ ᠭᠠᠢ᠌ᠯᠢ ᠵᠢᠨ ᠬᠠᠷᠢᠯᠴᠠᠨ ᠬᠥᠳᠡᠯᠦᠯᠴᠡᠬᠦ 》 ᠪᠠ ᠨᠠᠩ ᠣᠯᠠᠨ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ ᠰᠦᠯᠵᠢᠶ᠎ᠡ᠎ᠪᠠᠷ ᠳ᠋ᠠᠢ᠌ᠲ᠋ᠠ᠎ᠪᠠᠨ ᠰᠢᠭᠤᠳ ᠨᠡᠪᠲᠡᠷᠡᠭᠦᠯᠬᠦ ᠵᠢ ᠠᠬᠢᠭᠤᠯᠵᠤ ᠂ ᠮᠡᠳᠡᠭᠡ ᠵᠠᠩᠭᠢ ᠵᠢ ᠬᠠᠮᠲᠤ᠎ᠪᠠᠷ ᠬᠦᠷᠲᠡᠬᠦ ᠦᠷ᠎ᠡ ᠪᠦᠲᠦᠮᠵᠢ ᠵᠢ ᠳᠡᠭᠡᠭᠰᠢᠯᠡᠭᠦᠯᠦᠨ᠎ᠡ ᠃ ᠬᠥᠳᠡᠯᠬᠦ ᠬᠥᠷᠥᠩᠭᠡ ᠵᠢᠨ ᠪᠡᠯᠡ ᠲᠣᠬᠢᠷᠠᠭᠤᠯᠭ᠎ᠠ ᠵᠢ ᠨᠢᠭᠡᠳᠦᠯᠲᠡᠢ ᠳᠠᠩᠰᠠᠯᠠᠨ ᠲᠡᠮᠳᠡᠭᠯᠡᠵᠦ ᠢᠯᠡ ᠨᠡᠢ᠌ᠲᠡᠯᠡᠬᠦ ᠰᠢᠰᠲ᠋ᠧᠮ ᠵᠡᠷᠭᠡ ᠮᠥᠩᠭᠥᠨ ᠭᠦᠢ᠍ᠯᠭᠡᠭᠡᠨ᠎ᠤ ᠰᠠᠭᠤᠷᠢ ᠪᠡᠯᠡᠳᠬᠡᠮᠵᠢ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ ᠂ ᠠᠵᠤ ᠦᠢ᠍ᠯᠡᠰ᠎ᠤᠨ ᠬᠡᠯᠬᠢᠶ᠎ᠡ ᠬᠠᠩᠭ᠋ᠠᠯᠭ᠎ᠠ ᠵᠢᠨ ᠬᠡᠯᠬᠢᠶᠡᠨ᠎ᠤ ᠮᠥᠩᠭᠥᠨ ᠭᠦᠢ᠍ᠯᠭᠡᠭᠡ ᠵᠢ ᠬᠥᠭᠵᠢᠭᠦᠯᠦᠨ᠎ᠡ ᠃ ᠲᠦᠭᠡᠮᠡᠯ ᠬᠠᠷᠠᠭ᠋ᠠᠯᠵᠠᠯᠲᠤ ᠬᠡᠯᠪᠡᠷᠢ ᠵᠢᠨ ᠵᠢᠵᠢᠭ ᠪᠢᠴᠢᠯ ᠠᠵᠤ ᠠᠬᠤᠢ᠌ᠯᠠᠯ᠎ᠤᠨ ᠵᠢᠭᠡᠯᠡᠯᠭᠡ ᠲᠠᠯᠪᠢᠬᠤ ᠠᠵᠢᠯ᠎ᠢ ᠬᠦᠴᠦᠲᠡᠢ ᠠᠬᠢᠭᠤᠯᠵᠤ ᠂ ᠵᠢᠵᠢᠭ ᠪᠢᠴᠢᠯ ᠠᠵᠤ ᠠᠬᠤᠢ᠌ᠯᠠᠯ᠎ᠤᠨ ᠵᠣᠷᠢᠭᠲᠠᠢ᠎ᠪᠠᠷ ᠵᠢᠭᠡᠯᠡᠯᠭᠡ ᠠᠪᠬᠤ ᠳᠤᠷᠠᠲᠠᠢ ᠵᠢᠭᠡᠯᠡᠯᠭᠡ ᠠᠪᠬᠤ ᠵᠢᠭᠡᠯᠡᠯᠭᠡ ᠠᠪᠴᠤ ᠳᠡᠢ᠌ᠯᠬᠦ ᠵᠢᠭᠡᠯᠡᠯᠭᠡ ᠠᠪᠴᠤ ᠴᠢᠳᠠᠬᠤ᠎ᠳᠤ ᠦᠢ᠍ᠯᠡᠴᠢᠯᠡᠬᠦ ᠣᠷᠳᠣ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ ᠃ ᠠᠷᠠᠳ᠎ᠤᠨ ᠪᠡᠯᠡ ᠣᠷᠣᠭᠤᠯᠤᠯᠲᠠ ᠬᠢᠭᠡᠳ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ ᠵᠢᠨ ᠨᠡᠪᠲᠡᠷᠡᠯᠴᠡᠨ ᠵᠣᠯᠭ᠋ᠠᠭᠤᠯᠬᠤ ᠲᠠᠪᠴᠠᠩ᠎ᠢ ᠪᠠᠢ᠌ᠭᠤᠯᠵᠤ ᠂ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ ᠵᠢ ᠬᠥᠲᠥᠯᠥᠨ ᠵᠢᠯᠤᠭᠣᠳᠴᠤ ᠪᠠᠢ᠌ᠭ᠋ᠠᠳ ᠠᠷᠠᠳ᠎ᠤᠨ ᠪᠡᠯᠡ ᠣᠷᠣᠭᠤᠯᠤᠯᠲᠠ ᠵᠢᠨ ᠲᠥᠷᠥᠯ ᠵᠦᠢ᠍ᠯ᠎ᠳᠤ ᠳᠡᠮᠵᠢᠯᠭᠡ ᠦᠵᠡᠭᠦᠯᠬᠦ ᠡᠷᠴᠢᠮ ᠵᠶ᠋ᠡᠨ ᠴᠢᠩᠭ᠋ᠠᠷᠠᠭᠤᠯᠤᠨ᠎ᠠ ᠃
15. ᠠᠵᠢᠯ ᠣᠯᠭᠣᠯᠲᠠ ᠪᠠ ᠴᠢᠳᠠᠪᠤᠷᠢᠲᠠᠨ᠎ᠤ ᠦᠢ᠍ᠯᠡᠴᠢᠯᠡᠭᠡᠨ᠎ᠤ ᠪᠠᠲᠤᠯᠠᠭ᠎ᠠ ᠵᠢ ᠴᠢᠩᠭ᠋ᠠᠷᠠᠭᠤᠯᠤᠨ᠎ᠠ ᠃ ᠡᠯ᠎ᠡ ᠭᠠᠵᠠᠷ ᠣᠷᠣᠨ᠎ᠤ ᠡᠶᠡᠳᠡᠭᠦᠯᠭᠡ ᠵᠢᠨ ᠵᠣᠬᠢᠶᠠᠨ ᠪᠠᠢ᠌ᠭᠤᠯᠤᠯᠲᠠ ᠵᠢᠨ ᠪᠦᠲᠦᠴᠡ ᠵᠢᠴᠢ ᠠᠵᠢᠯᠲᠠᠨ᠎ᠤ ᠡᠩᠨᠡᠭᠡᠨ᠎ᠤ ᠪᠠᠢ᠌ᠭᠤᠯᠤᠯᠲᠠ ᠵᠢ ᠴᠢᠩᠭ᠋ᠠᠷᠠᠭᠤᠯᠤᠨ ᠂ ᠬᠥᠳᠡᠯᠮᠦᠷᠢ ᠵᠢᠨ ᠮᠠᠷᠭᠤᠯᠳᠤᠭ᠋ᠠᠨ᠎ᠢ ᠡᠶᠡᠳᠡᠭᠦᠯᠬᠦ ᠠᠵᠢᠯ᠎ᠤᠨ ᠵᠢᠷᠤᠮᠵᠢᠭᠰᠠᠨ ᠂ ᠲᠤᠰᠬᠠᠢ᠌ᠵᠢᠭᠰᠠᠨ ᠲᠦᠪᠰᠢᠨ᠎ᠢ ᠳᠡᠭᠡᠭᠰᠢᠯᠡᠭᠦᠯᠦᠨ᠎ᠡ ᠃ 《ᠨᠡᠢ᠌ᠭᠡᠮ᠎ᠤᠨ ᠪᠠᠲᠤᠯᠠᠭ᠎ᠠ ᠪᠠ ᠪᠠᠩᠬᠢ ᠵᠢ ᠨᠢᠭᠡ ᠴᠣᠭᠴᠠᠵᠢᠭᠤᠯᠬᠤ 》 ᠦᠢ᠍ᠯᠡᠴᠢᠯᠡᠭᠡᠨ᠎ᠤ ᠲᠣᠣᠷ ᠴᠡᠭ᠎ᠤᠨ ᠪᠠᠢ᠌ᠭᠤᠯᠤᠯᠲᠠ ᠵᠢᠨ ᠡᠷᠴᠢᠮ᠎ᠢ ᠴᠢᠩᠭ᠋ᠠᠷᠠᠭᠤᠯᠵᠤ ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠦᠢ᠍ᠯᠡᠴᠢᠯᠡᠭᠡ ᠵᠢ ᠦᠨᠳᠦᠰᠦᠨ ᠱᠠᠲᠤ ᠲᠡᠢ᠌ᠰᠢ ᠤᠷᠲᠤᠳᠬᠠᠬᠤ ᠂ ᠣᠯᠠᠨ ᠲᠦᠮᠡᠨ᠎ᠤ ᠳᠡᠷᠭᠡᠳᠡ᠎ᠳᠤ ᠬᠦᠷᠭᠡᠬᠦ ᠵᠢ ᠠᠬᠢᠭᠤᠯᠤᠨ ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠦᠢ᠍ᠯᠡᠴᠢᠯᠡᠭᠡ ᠵᠢᠨ 《ᠬᠤᠷᠳᠤ ᠨᠡᠮᠡᠨ ᠭᠦᠢ᠍ᠴᠡᠳᠬᠡᠬᠦ 》᠂ 《ᠣᠢ᠌ᠷ᠎ᠠ ᠬᠠᠪᠢ᠎ᠳᠤ᠎ᠪᠠᠨ ᠭᠦᠢ᠍ᠴᠡᠳᠬᠡᠬᠦ 》᠂ 《ᠪᠣᠭᠣᠵᠢᠯᠠᠨ ᠭᠦᠢ᠍ᠴᠡᠳᠬᠡᠬᠦ 》 ᠵᠢ ᠠᠬᠢᠭᠤᠯᠤᠨ᠎ᠠ ᠃ ᠶᠡᠷᠦᠩᠬᠡᠢ᠌ᠯᠡᠭᠰᠡᠨ ᠯᠠᠩᠭᠦᠢ ᠵᠢᠨ ᠠᠵᠢᠯᠲᠠᠨ᠎ᠤ ᠳᠦᠷᠢᠮ᠎ᠢ ᠠᠬᠢᠭᠤᠯᠵᠤ ᠂ ᠨᠠᠰᠤᠵᠢᠯ᠎ᠤᠨ ᠠᠰᠠᠷᠠᠮᠵᠢ ᠂ ᠠᠵᠢᠯ᠎ᠠᠴᠠ ᠪᠣᠯᠤᠭᠰᠠᠨ ᠭᠡᠮᠲᠦᠯ ᠂ ᠠᠵᠢᠯ ᠠᠯᠳᠠᠯᠲᠠ ᠂ ᠨᠡᠢ᠌ᠭᠡᠮ᠎ᠤᠨ ᠳᠠᠭ᠋ᠠᠳᠬᠠᠯ᠎ᠤᠨ ᠺᠠᠷᠲ ᠵᠡᠷᠭᠡ ᠨᠡᠢ᠌ᠭᠡᠮ᠎ᠤᠨ ᠳᠠᠭ᠋ᠠᠳᠬᠠᠯ᠎ᠤᠨ ᠲᠥᠷᠥᠯ᠎ᠤᠨ ᠲᠤᠬᠠᠢ᠌ᠯᠠᠭᠰᠠᠨ ᠠᠵᠢᠯ᠎ᠢ 《ᠨᠢᠭᠡ ᠴᠣᠩᠬᠣᠪᠴᠢ᠎ᠪᠠᠷ ᠨᠡᠢ᠌ᠳᠡᠮ ᠭᠦᠢ᠍ᠴᠡᠳᠬᠡᠬᠦ 》 ᠵᠢ ᠪᠡᠶᠡᠯᠡᠭᠦᠯᠦᠨ᠎ᠡ ᠃ ᠠᠵᠢᠯ ᠠᠯᠳᠠᠭᠰᠠᠳ᠎ᠤᠨ ᠳᠠᠭ᠋ᠠᠳᠬᠠᠯ ᠵᠶ᠋ᠠᠷ ᠠᠵᠢᠯ᠎ᠤᠨ ᠪᠠᠢ᠌ᠷᠢ ᠵᠢ ᠲᠣᠭᠲᠠᠪᠤᠷᠢᠵᠢᠭᠤᠯᠬᠤ ᠵᠢᠴᠢ ᠨᠡᠩ ᠤᠯᠠᠨ ᠬᠠᠷᠠᠭ᠋ᠠᠯᠵᠠᠯ᠎ᠤᠨ ᠲᠦᠷᠦ ᠵᠢᠨ ᠪᠣᠳᠣᠯᠭ᠎ᠠ ᠵᠢᠨ 《ᠭᠤᠶᠤᠴᠢᠯᠠᠬᠤ ᠦᠭᠡᠢ᠎ᠪᠠᠷ ᠠᠪᠤᠨ ᠬᠦᠷᠲᠡᠬᠦ 》 ᠵᠢ ᠠᠬᠢᠭᠤᠯᠤᠨ᠎ᠠ ᠃ ᠰᠢᠨ᠎ᠡ ᠠᠵᠢᠯ ᠣᠯᠭᠣᠯᠲᠠ ᠵᠢᠨ ᠬᠡᠯᠪᠡᠷᠢ ᠵᠢᠨ ᠬᠥᠳᠡᠯᠮᠦᠷᠢᠴᠢᠳ᠎ᠤᠨ ᠡᠷᠬᠡ ᠠᠰᠢᠭ᠎ᠢ ᠬᠠᠮᠠᠭ᠋ᠠᠯᠠᠬᠤ ᠲᠤᠰᠬᠠᠢ ᠠᠵᠢᠯᠯᠠᠭ᠋ᠠᠨ᠎ᠢ ᠬᠡᠷᠡᠭᠵᠢᠭᠦᠯᠵᠦ ᠂ ᠪᠠᠷᠠᠭ᠋ᠠᠨ᠎ᠤ ᠲᠡᠭᠡᠭᠡᠪᠦᠷᠢ ᠂ ᠰᠦᠯᠵᠢᠶ᠎ᠡ᠎ᠪᠠᠷ ᠲᠡᠷᠭᠡ ᠪᠣᠯᠵᠣᠬᠤ ᠂ ᠰᠦᠯᠵᠢᠶ᠎ᠡ᠎ᠪᠠᠷ ᠲᠣᠬᠢᠷᠠᠭᠤᠯᠤᠨ ᠬᠦᠷᠭᠡᠬᠦ ᠵᠢ ᠪᠣᠯᠵᠣᠬᠤ ᠵᠡᠷᠭᠡ ᠠᠵᠢᠯ ᠲᠥᠷᠥᠯ᠎ᠤᠨ ᠲᠣᠯᠣᠭ᠋ᠠᠢ᠌ᠯᠠᠭᠴᠢ ᠲᠠᠪᠴᠠᠩ᠎ᠤᠨ ᠠᠵᠤ ᠠᠬᠤᠢ᠌ᠯᠠᠯ ᠵᠶ᠋ᠠᠷ ᠭᠣᠣᠯᠳᠠᠯᠭ᠎ᠠ ᠪᠣᠯᠭ᠋ᠠᠵᠤ ᠂ ᠲᠠᠪᠴᠠᠩ᠎ᠤᠨ ᠠᠵᠤ ᠠᠬᠤᠢ᠌ᠯᠠᠯ᠎ᠤᠨ᠎ᠬᠢᠨ᠎ᠤ ᠠᠵᠢᠯᠴᠢᠨ᠎ᠤ ᠡᠪᠯᠡᠯ ᠂ ᠬᠥᠳᠡᠯᠮᠦᠷᠢᠴᠢᠳᠯᠦᠭᠡ ᠵᠥᠪᠳᠡᠯᠴᠡᠨ ᠵᠣᠬᠢᠴᠠᠭᠤᠯᠬᠤ ᠲᠣᠭᠲᠠᠴᠠ ᠪᠠᠶ᠋ᠢᠭᠤᠯᠬᠤ ᠵᠢ ᠠᠬᠢᠭᠤᠯᠤᠨ᠎ᠠ ᠃ ᠠᠮᠢᠳᠤᠯᠢᠭ ᠵᠶ᠋ᠠᠷ ᠠᠵᠢᠯ ᠣᠯᠣᠭᠰᠠᠳ᠎ᠤᠨ ᠳᠠᠭ᠋ᠠᠳᠬᠠᠯ᠎ᠳᠤ ᠣᠷᠤᠯᠴᠠᠬᠤ ᠵᠢ ᠳᠠᠩᠰᠠᠯᠠᠬᠤ ᠂ ᠰᠦᠢ᠍ᠳᠬᠡᠯ ᠲᠤᠰᠢᠶᠠᠬᠤ ᠵᠢ ᠰᠢᠯᠵᠢᠮᠡᠯ ᠦᠵᠦᠭᠦᠷ᠎ᠲᠤ ᠬᠣᠯᠪᠤᠭ᠋ᠠᠯᠠᠨ ᠭᠦᠢ᠍ᠴᠡᠳᠬᠡᠬᠦ ᠵᠢ ᠠᠬᠢᠭᠤᠯᠵᠤ ᠂ ᠠᠮᠢᠳᠤᠯᠢᠭ ᠵᠶ᠋ᠠᠷ ᠠᠵᠢᠯ ᠣᠯᠣᠭᠰᠠᠳ᠎ᠤᠨ ᠳᠠᠭ᠋ᠠᠳᠬᠠᠯ᠎ᠳᠤ ᠣᠷᠣᠯᠴᠠᠵᠤ ᠰᠦᠢ᠍ᠳᠬᠡᠯ ᠲᠤᠰᠢᠶᠠᠬᠤ᠎ᠳᠤ ᠲᠥᠬᠦᠮ ᠦᠵᠡᠭᠦᠯᠬᠦ ᠬᠡᠮᠵᠢᠶ᠎ᠡ ᠵᠢ ᠳᠡᠭᠡᠭᠰᠢᠯᠡᠭᠦᠯᠦᠨ᠎ᠡ ᠃ ᠣᠶᠤᠨᠯᠢᠭ ᠬᠥᠳᠡᠯᠮᠦᠷᠢ ᠵᠢᠨ ᠪᠠᠲᠤᠯᠠᠭ᠎ᠠ ᠵᠢᠨ ᠬᠢᠨᠠᠨ ᠪᠠᠢ᠌ᠴᠠᠭ᠋ᠠᠬᠤ ᠮᠡᠳᠡᠭᠡ ᠵᠠᠩᠭᠢ ᠵᠢᠨ ᠲᠠᠪᠴᠠᠩ᠎ᠤᠨ ᠪᠠᠢ᠌ᠭᠤᠯᠤᠯᠲᠠ ᠵᠢ ᠲᠦᠷᠭᠡᠳᠬᠡᠵᠦ ᠂ ᠴᠠᠯᠢᠩ ᠥᠷᠢᠲᠦᠭᠰᠡᠨ ᠦᠢ᠍ᠯᠡ ᠠᠵᠢᠯᠯᠠᠭ᠎ᠠ᠎ᠳᠠᠬᠢ ᠲᠡᠭᠦᠨ᠎ᠤ ᠬᠢᠨᠠᠨ ᠡᠵᠡᠮᠳᠡᠵᠦ ᠤᠷᠢᠳᠴᠢᠯᠠᠨ ᠰᠡᠷᠡᠮᠵᠢᠯᠡᠭᠦᠯᠬᠦ ᠴᠢᠳᠠᠮᠵᠢ ᠵᠢ᠎ᠨᠢ ᠭᠦᠢ᠍ᠴᠡᠳ ᠪᠠᠳᠠᠷᠠᠭᠤᠯᠤᠨ᠎ᠠ ᠃ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠬᠢᠭᠡᠳ ᠣᠲᠣ ᠵᠢᠨ ᠪᠠᠢ᠌ᠭ᠎ᠠ ᠴᠢᠳᠠᠪᠤᠷᠢᠲᠠᠨ᠎ᠢ ᠦᠯᠡᠳᠡᠭᠡᠨ ᠬᠡᠷᠡᠭᠯᠡᠬᠦ ᠲᠣᠭᠲᠠᠴᠠ ᠵᠢ ᠲᠡᠭᠦᠯᠳᠡᠷᠵᠢᠭᠦᠯᠵᠦ ᠂ ᠭᠣᠣᠯᠳᠠᠯᠭ᠎ᠠ ᠪᠣᠯᠬᠤ ᠠᠵᠤ ᠦᠢ᠍ᠯᠡᠰ᠎ᠤᠨ ᠴᠢᠳᠠᠪᠤᠷᠢᠲᠠᠨ᠎ᠤ ᠵᠢᠷᠤᠭ᠎ᠤᠨ ᠵᠢᠭᠰᠠᠯ᠎ᠢ ᠵᠢᠷᠤᠭᠯᠠᠨ ᠲᠣᠭᠲᠠᠭ᠋ᠠᠵᠤ ᠂ ᠨᠢᠭᠡ ᠪᠦᠯᠦᠭ 《ᠳᠡᠭᠡᠳᠦ ᠰᠢᠯᠢᠳᠡᠭ ᠣᠬᠢ ᠳᠤᠲᠠᠮᠠᠭ 》 ᠪᠠᠢ᠌ᠯᠳᠤᠬᠤ ᠪᠣᠳᠣᠯᠭ᠎ᠠ ᠵᠢᠨ ᠣᠷᠣᠢ᠌ᠯᠠᠭᠴᠢ ᠴᠢᠳᠠᠪᠤᠷᠢᠲᠠᠨ ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠳᠠᠭ᠋ᠠᠭᠤᠯᠤᠭᠴᠢ ᠴᠢᠳᠠᠪᠤᠷᠢᠲᠠᠨ ᠪᠠ ᠰᠢᠨ᠎ᠡ ᠵᠢ ᠡᠭᠦᠳᠦᠨ ᠠᠳᠠᠯ ᠦᠢ᠍ᠯᠡᠰ ᠴᠣᠭᠴᠠᠯᠠᠬᠤ ᠪᠦᠯᠬᠦᠮ ᠨᠡᠶ᠋ᠢᠲᠡ ᠵᠢ ᠬᠠᠷᠠᠯᠲᠠ᠎ᠲᠠᠢ᠎ᠪᠠᠷ ᠣᠷᠣᠭᠤᠯᠤᠨ ᠠᠪᠴᠢᠷᠠᠵᠤ ᠴᠤᠭᠯᠠᠭᠤᠯᠤᠨ᠎ᠠ ᠃ ᠠᠵᠤ ᠦᠢ᠍ᠯᠡᠰ᠎ᠲᠤ ᠪᠠᠴᠢᠮ ᠳᠤᠲᠠᠭᠳᠠᠵᠤ ᠪᠠᠢ᠌ᠭ᠎ᠠ ᠴᠢᠳᠠᠪᠤᠷᠢᠲᠠᠨ᠎ᠤ ᠲᠣᠭᠣᠷᠢᠨ᠎ᠳᠤ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠥᠭᠡᠷᠡᠴᠢᠯᠡᠯᠲᠡ ᠵᠢ ᠭᠦᠨᠵᠡᠭᠡᠢ᠌ᠷᠡᠭᠦᠯᠦᠨ᠎ᠡ ᠃ ᠠᠵᠤ ᠠᠬᠤᠢ᠌ᠯᠠᠯ᠎ᠤᠨ ᠣᠨ᠎ᠤ ᠮᠥᠩᠭᠥ ᠵᠢᠨ ᠬᠠᠮᠤᠷᠬᠤ ᠬᠡᠪᠴᠢᠶ᠎ᠡ ᠵᠢ ᠥᠷᠭᠡᠳᠬᠡᠬᠦ ᠵᠢ ᠰᠦᠪᠡᠭᠴᠢᠯᠡᠨ᠎ᠡ ᠃
(ᠭᠤᠷᠪᠠ) ᠠᠵᠤ ᠠᠬᠤᠢ᠌ᠯᠠᠯ᠎ᠤᠨ ᠡᠷᠬᠡ ᠠᠰᠢᠭ᠎ᠤᠨ ᠬᠠᠮᠠᠭ᠋ᠠᠯᠠᠯᠲᠠ ᠵᠢ ᠴᠢᠩᠭ᠋ᠠᠳᠬᠠᠵᠤ ᠂ ᠬᠠᠤᠯᠢ᠎ᠪᠠᠷ ᠵᠠᠰᠠᠬᠤ ᠬᠢᠨᠠᠯᠲᠠ ᠬᠠᠮᠢᠶᠠᠷᠤᠯᠲᠠ ᠵᠢᠨ ᠣᠷᠴᠢᠨ ᠨᠥᠬᠥᠴᠡᠯ᠎ᠢ ᠰᠢᠯᠢᠳᠡᠭᠵᠢᠭᠦᠯᠦᠨ᠎ᠡ ᠃
16. ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠬᠠᠤᠯᠢ ᠲᠣᠭᠲᠠᠭ᠋ᠠᠯᠲᠠ ᠵᠢ ᠠᠬᠢᠭᠤᠯᠤᠨ᠎ᠠ ᠃ 《ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶᠠᠨ᠎ᠤ ᠲᠣᠭᠲᠠᠭ᠋ᠠᠯ 》᠎ᠳᠤ ᠵᠠᠰᠠᠪᠤᠷᠢ ᠣᠷᠣᠭᠤᠯᠬᠤ ᠵᠢ ᠠᠬᠢᠭᠤᠯᠤᠨ᠎ᠠ ᠃ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠤᠨ ᠬᠠᠮᠢᠶ᠎ᠠ ᠪᠦᠬᠦᠢ ᠬᠦᠷᠢᠶᠡᠨ᠎ᠳᠠᠬᠢ ᠬᠠᠤᠯᠢ ᠲᠣᠭᠲᠠᠭ᠋ᠠᠯᠲᠠ ᠵᠢ ᠨᠠᠷᠢᠯᠢᠭᠵᠢᠭᠤᠯᠬᠤ ᠵᠢ ᠠᠬᠢᠭᠤᠯᠵᠤ ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠂ ᠬᠢᠨᠠᠯᠲᠠ ᠬᠠᠮᠢᠶᠠᠷᠤᠯᠲᠠ ᠵᠢᠨ ᠬᠠᠤᠯᠢ ᠬᠡᠷᠡᠭᠵᠢᠭᠦᠯᠦᠯᠲᠡ ᠂ ᠵᠠᠰᠠᠭ᠎ᠤᠨ ᠣᠷᠳᠣᠨ ᠰᠢᠭᠦᠬᠦ ᠬᠣᠷᠢᠶ᠎ᠠ ᠬᠣᠯᠪᠤᠭ᠋ᠠᠯᠠᠨ ᠬᠥᠳᠡᠯᠦᠯᠴᠡᠬᠦ ᠂ ᠣᠯᠠᠨ ᠨᠡᠶ᠋ᠢᠲᠡ ᠵᠢᠨ ᠬᠠᠤᠯᠢ ᠴᠠᠭ᠋ᠠᠵᠠ ᠵᠢᠨ ᠦᠢ᠍ᠯᠡᠴᠢᠯᠡᠭᠡ ᠵᠡᠷᠭᠡ ᠭᠣᠣᠯᠳᠠᠯᠭ᠎ᠠ ᠪᠣᠯᠬᠤ ᠬᠦᠷᠢᠶᠡᠨ᠎ᠳᠠᠬᠢ ᠬᠠᠤᠯᠢ ᠲᠣᠭᠲᠠᠭ᠋ᠠᠯᠲᠠ ᠵᠢ ᠠᠬᠢᠭᠤᠯᠵᠤ ᠂ ᠡᠯ᠎ᠡ ᠬᠦᠷᠢᠶᠡᠨ᠎ᠤ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠤᠨ ᠬᠠᠤᠯᠢ ᠵᠠᠰᠠᠵᠢᠭᠤᠯᠤᠯᠲᠠ ᠂ ᠵᠢᠷᠤᠮᠵᠢᠭᠤᠯᠤᠯᠲᠠ ᠂ ᠳᠦᠷᠢᠮᠵᠢᠯᠲᠡ ᠵᠢᠨ ᠲᠦᠪᠰᠢᠨ᠎ᠢ ᠳᠡᠭᠡᠭᠰᠢᠯᠡᠭᠦᠯᠦᠨ ᠂ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠢ ᠰᠢᠯᠢᠳᠡᠭᠵᠢᠭᠦᠯᠬᠦ᠎ᠳᠤ ᠨᠠᠩ ᠬᠦᠴᠦᠲᠡᠢ ᠬᠠᠤᠯᠢ᠎ᠪᠠᠷ ᠵᠠᠰᠠᠵᠢᠬᠤ ᠪᠠᠲᠤᠯᠠᠭ᠎ᠠ ᠬᠠᠩᠭ᠋ᠠᠨ᠎ᠠ ᠃
17. ᠦᠨᠡᠨᠴᠢ ᠢᠲᠡᠭᠡᠮᠵᠢ ᠵᠢᠨ ᠢᠨᠵᠧᠨᠧᠷᠢᠩ᠎ᠤᠨ ᠪᠠᠢ᠌ᠭᠤᠯᠤᠯᠲᠠ ᠵᠢ ᠥᠷᠨᠢᠭᠦᠯᠦᠨ᠎ᠡ ᠃ ᠵᠠᠰᠠᠭ᠎ᠤᠨ ᠶᠠᠪᠤᠳᠠᠯ᠎ᠤᠨ ᠦᠨᠡᠨᠴᠢ ᠢᠲᠡᠭᠡᠮᠵᠢ ᠂ ᠬᠤᠳᠠᠯᠳᠤᠭ᠋ᠠᠨ᠎ᠤ ᠶᠠᠪᠤᠳᠠᠯ᠎ᠤᠨ ᠦᠨᠡᠨᠴᠢ ᠢᠲᠡᠭᠡᠮᠵᠢ ᠂ ᠨᠡᠢ᠌ᠭᠡᠮ᠎ᠤᠨ ᠦᠨᠡᠨᠴᠢ ᠢᠲᠡᠭᠡᠮᠵᠢ ᠂ ᠬᠠᠤᠯᠢ ᠴᠠᠭ᠋ᠠᠵᠠ ᠵᠢᠨ ᠨᠡᠶ᠋ᠢᠲᠡ ᠵᠢᠨ ᠢᠲᠡᠭᠡᠮᠵᠢ ᠵᠢᠨ ᠬᠢᠷᠢ ᠲᠦᠪᠰᠢᠨ᠎ᠢ ᠪᠦᠬᠦ ᠲᠠᠯ᠎ᠠ᠎ᠪᠠᠷ ᠳᠡᠭᠡᠭᠰᠢᠯᠡᠭᠦᠯᠦᠨ᠎ᠡ ᠃ ᠵᠠᠰᠠᠭ᠎ᠤᠨ ᠶᠠᠪᠤᠳᠠᠯ᠎ᠤᠨ ᠦᠨᠡᠨᠴᠢ ᠢᠲᠡᠭᠡᠮᠵᠢ ᠵᠢᠨ ᠮᠡᠳᠡᠭᠡ ᠵᠠᠩᠭᠢ ᠵᠢᠨ ᠬᠠᠮᠢᠶᠠᠷᠤᠯᠲᠠ ᠵᠢᠨ ᠲᠠᠪᠴᠠᠩ᠎ᠢ ᠪᠠᠢ᠌ᠭᠤᠯᠵᠤ ᠂ ᠵᠠᠰᠠᠭ᠎ᠤᠨ ᠣᠷᠳᠣᠨ᠎ᠤ ᠢᠲᠡᠭᠡᠮᠵᠢ ᠠᠯᠳᠠᠭᠰᠠᠨ ᠦᠢ᠍ᠯᠡ ᠠᠵᠢᠯᠯᠠᠭ᠎ᠠ ᠵᠢᠨ ᠮᠡᠳᠡᠭᠡ ᠵᠠᠩᠭᠢ ᠵᠢ ᠴᠤᠭᠯᠠᠭᠤᠯᠬᠤ ᠂ ᠢᠯᠭ᠋ᠠᠨ ᠲᠣᠳᠣᠯᠠᠵᠤ ᠰᠤᠳᠤᠯᠤᠨ ᠮᠠᠭ᠋ᠠᠳᠯᠠᠬᠤ ᠂ ᠳ᠋ᠠᠢ᠌ᠲ᠋ᠠ᠎ᠪᠠᠷ ᠵᠠᠳᠠᠯᠬᠤ ᠂ ᠰᠢᠢ᠍ᠳᠪᠦᠷᠢᠯᠡᠨ ᠳᠠᠭᠤᠰᠬᠠᠵᠤ ᠳ᠋ᠤᠭ᠋ᠠᠷ ᠬᠠᠰᠤᠬᠤ ᠵᠡᠷᠭᠡ ᠠᠵᠢᠯ᠎ᠢ ᠰᠠᠢ᠌ᠲᠤᠷ ᠬᠢᠨ᠎ᠡ ᠃ ᠵᠠᠰᠠᠭ᠎ᠤᠨ ᠶᠠᠪᠤᠳᠠᠯ᠎ᠤᠨ ᠢᠲᠡᠭᠡᠮᠵᠢ ᠠᠯᠳᠠᠭᠰᠠᠨ ᠦᠢ᠍ᠯᠡ ᠠᠵᠢᠯᠯᠠᠭ᠎ᠠ ᠵᠢ ᠶᠡᠬᠡ᠎ᠪᠠᠷ ᠵᠢᠭᠰᠠᠭ᠋ᠠᠨ ᠪᠠᠢ᠌ᠴᠠᠭ᠋ᠠᠵᠤ ᠂ ᠲᠤᠢ᠌ᠯᠪᠤᠷᠢᠲᠠᠢ ᠰᠢᠢ᠍ᠳᠪᠦᠷᠢᠯᠡᠬᠦ ᠠᠵᠢᠯᠯᠠᠭ᠋ᠠᠨ᠎ᠢ ᠥᠷᠨᠢᠭᠦᠯᠦᠨ ᠂ ᠴᠡᠭᠴᠡᠯᠡᠨ ᠰᠠᠢ᠌ᠵᠢᠷᠠᠭᠤᠯᠵᠤ ᠨᠠᠢ᠌ᠳᠠᠪᠤᠷᠢᠵᠢᠭᠤᠯᠬᠤ ᠵᠢ ᠠᠬᠢᠭᠤᠯᠤᠨ᠎ᠠ ᠃ ᠵᠠᠰᠠᠭ᠎ᠤᠨ ᠣᠷᠳᠣᠨ᠎ᠤ ᠢᠲᠡᠭᠡᠮᠵᠢ ᠠᠯᠳᠠᠭᠰᠠᠨ ᠦᠢ᠍ᠯᠡ ᠠᠵᠢᠯᠯᠠᠭ᠎ᠠ ᠵᠢᠨ ᠮᠡᠳᠡᠭᠦᠯᠦᠯᠲᠡ ᠵᠢᠨ ᠳᠦᠷᠢᠮ᠎ᠢ ᠬᠡᠷᠡᠭᠵᠢᠭᠦᠯᠵᠦ ᠂ ᠢᠲᠡᠭᠡᠮᠵᠢ ᠠᠯᠳᠠᠭᠰᠠᠨ᠎ᠠᠴᠠ ᠬᠠᠷᠢᠭᠤᠴᠠᠯᠭ᠎ᠠ ᠨᠡᠬᠡᠮᠵᠢᠯᠡᠬᠦ ᠪᠣᠳᠠᠲᠠᠢ ᠠᠷᠭ᠎ᠠ ᠵᠢ ᠲᠣᠭᠲᠠᠭ᠋ᠠᠨ᠎ᠠ ᠃ ᠭᠠᠵᠠᠷ ᠣᠷᠣᠨ᠎ᠤ ᠵᠠᠰᠠᠭ᠎ᠤᠨ ᠶᠠᠪᠤᠳᠠᠯ᠎ᠤᠨ ᠦᠨᠡᠨᠴᠢ ᠢᠲᠡᠭᠡᠮᠵᠢ ᠵᠢᠨ ᠪᠠᠢ᠌ᠳᠠᠯ᠎ᠳᠤ ᠦᠨᠡᠯᠡᠯᠲᠡ ᠬᠢᠬᠦ ᠠᠵᠢᠯ᠎ᠢ ᠥᠷᠨᠢᠭᠦᠯᠵᠦ ᠂ ᠦᠨᠡᠯᠡᠭᠰᠡᠨ ᠦᠷ᠎ᠡ ᠳ᠋ᠦᠩ ᠵᠶ᠋ᠠᠨ ᠥᠭᠡᠷᠡᠴᠢᠯᠡᠯᠲᠡ ᠵᠢᠨ ᠲᠤᠷᠰᠢᠯᠲᠠ ᠵᠢᠨ ᠴᠡᠭ ᠂ ᠲᠥᠷᠥᠯ ᠵᠦᠢ᠍ᠯ᠎ᠤᠨ ᠪᠡᠯᠡ ᠣᠷᠣᠭᠤᠯᠤᠯᠲᠠ ᠂ ᠨᠡᠢ᠌ᠭᠡᠮ᠎ᠤᠨ ᠬᠠᠮᠢᠶᠠᠷᠤᠯᠲᠠ ᠵᠡᠷᠭᠡ ᠲᠥᠷᠥ ᠵᠢᠨ ᠪᠣᠳᠣᠯᠭ᠎ᠠ ᠵᠢᠨ ᠬᠦᠷᠢᠶ᠎ᠡ ᠴᠠᠷᠠᠭ᠎ᠠ ᠪᠠ ᠠᠵᠢᠯ᠎ᠤᠨ ᠠᠮᠵᠢᠯᠲᠠ ᠪᠦᠲᠦᠮᠵᠢ ᠵᠢᠨ ᠰᠢᠯᠭ᠋ᠠᠨ ᠬᠢᠨᠠᠯᠲᠠ᠎ᠳᠤ ᠬᠡᠷᠡᠭᠯᠡᠬᠦ ᠵᠢ ᠠᠬᠢᠭᠤᠯᠤᠨ᠎ᠠ ᠃ ᠭᠣᠣᠯᠳᠠᠯᠭ᠎ᠠ ᠪᠣᠯᠬᠤ ᠬᠥᠮᠥᠰ᠎ᠤᠨ ᠬᠤᠪᠢ ᠬᠥᠮᠥᠨ᠎ᠤ ᠦᠨᠡᠨᠴᠢ ᠢᠲᠡᠭᠡᠮᠵᠢ ᠵᠢᠨ ᠲᠡᠮᠳᠡᠭᠯᠡᠯ᠎ᠢ ᠪᠠᠢ᠌ᠭᠤᠯᠵᠤ ᠂ ᠢᠲᠡᠭᠡᠮᠵᠢ ᠠᠯᠳᠠᠭᠰᠠᠨ ᠭᠣᠣᠯ ᠴᠣᠭᠴᠠ ᠂ ᠢᠲᠡᠭᠡᠮᠵᠢ ᠠᠯᠳᠠᠭᠰᠠᠨ ᠦᠢ᠍ᠯᠡ ᠠᠵᠢᠯᠯᠠᠭ᠎ᠠ ᠵᠢ ᠵᠠᠯᠬᠠᠭ᠋ᠠᠨ ᠴᠡᠭᠡᠷᠯᠡᠭᠦᠯᠬᠦ᠎ᠪᠠᠨ ᠴᠢᠩᠭ᠋ᠠᠳᠬᠠᠨ᠎ᠠ ᠃ ᠰᠤᠷᠭ᠋ᠠᠨ ᠬᠥᠮᠦᠵᠢᠯ ᠪᠠ ᠠᠵᠢᠯᠲᠠᠨ᠎ᠤ ᠶᠠᠪᠤᠳᠠᠯ᠎ᠤᠨ ᠴᠢᠳᠠᠪᠤᠷᠢᠲᠠᠨ ᠂ ᠰᠢᠨᠵᠢᠯᠡᠬᠦ ᠤᠬᠠᠭ᠋ᠠᠨ᠎ᠤ ᠰᠤᠳᠤᠯᠤᠯ ᠂ ᠠᠷᠠᠳ᠎ᠤᠨ ᠶᠠᠪᠤᠳᠠᠯ ᠂ ᠬᠥᠳᠡᠯᠮᠦᠷᠢ ᠵᠢᠨ ᠪᠠᠲᠤᠯᠠᠭ᠎ᠠ ᠂ ᠨᠡᠢ᠌ᠭᠡᠮ᠎ᠤᠨ ᠳᠠᠭ᠋ᠠᠳᠬᠠᠯ ᠂ ᠰᠣᠶᠣᠯ ᠪᠠ ᠵᠢᠭᠤᠯᠴᠢᠯᠠᠯ ᠂ ᠡᠮ ᠡᠮᠨᠡᠯᠭᠡ ᠡᠷᠡᠭᠦᠯ ᠬᠠᠮᠠᠭ᠋ᠠᠯᠠᠯ ᠂ ᠳᠠᠭ᠋ᠠᠭ᠋ᠠᠴᠢᠯᠠᠯᠲᠠ ᠵᠠᠷᠯᠠᠵᠤ ᠳᠠᠭ᠋ᠠᠭ᠋ᠠᠴᠢᠯᠠᠯᠲᠠ ᠬᠦᠯᠢᠶᠡᠬᠦ ᠂ ᠠᠮᠢ ᠠᠬᠤᠢ ᠣᠷᠴᠢᠨ ᠲᠣᠭᠣᠷᠢᠨ ᠵᠡᠷᠭᠡ ᠭᠣᠣᠯᠳᠠᠯᠭ᠎ᠠ ᠪᠣᠯᠬᠤ ᠬᠦᠷᠢᠶ᠎ᠡ ᠴᠠᠷᠠᠭ᠋ᠠᠨ᠎ᠳᠠᠬᠢ ᠢᠲᠡᠭᠡᠮᠵᠢ ᠠᠯᠳᠠᠭᠰᠠᠨ ᠲᠣᠪᠣᠢ᠌ᠮ᠎ᠠ ᠠᠰᠠᠭᠤᠳᠠᠯ᠎ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ᠎ᠢ ᠥᠷᠨᠢᠭᠦᠯᠦᠨ᠎ᠡ ᠃ ᠡᠷᠬᠡ ᠵᠢᠨ ᠬᠢᠵᠠᠭ᠋ᠠᠷ᠎ᠠᠴᠠ ᠳᠠᠪᠠᠭᠤᠯᠬᠤ ᠂ ᠬᠡᠪᠴᠢᠶ᠎ᠡ᠎ᠠᠴᠠ ᠳᠠᠪᠠᠭᠤᠯᠬᠤ ᠲᠣᠭ᠎ᠠ ᠬᠡᠮᠵᠢᠶ᠎ᠡ᠎ᠠᠴᠠ ᠳᠠᠪᠠᠭᠤᠯᠬᠤ ᠵᠢᠴᠢ ᠬᠤᠭᠤᠴᠠᠭ᠎ᠠ ᠬᠢᠵᠠᠭ᠋ᠠᠷ᠎ᠠᠴᠠ ᠬᠡᠲᠦᠷᠡᠭᠦᠯᠦᠨ ᠪᠠᠢ᠌ᠴᠠᠭ᠋ᠠᠨ ᠪᠢᠲᠡᠭᠦᠮᠵᠢᠯᠡᠭᠰᠡᠨ ᠂ ᠦᠯᠡᠳᠡᠭᠡᠨ ᠠᠪᠤᠭᠰᠠᠨ ᠂ ᠴᠡᠪᠳᠡᠭᠯᠡᠭᠰᠡᠨ ᠠᠰᠠᠭᠤᠳᠠᠯ᠎ᠤᠨ ᠲᠤᠰᠬᠠᠢ ᠪᠠᠢ᠌ᠴᠠᠭ᠋ᠠᠯᠲᠠ ᠵᠢ ᠥᠷᠨᠢᠭᠦᠯᠦᠨ᠎ᠡ ᠃ ᠬᠤᠳᠠᠯ ᠬᠠᠭᠤᠷᠮᠠᠭ ᠵᠠᠷᠭᠤ ᠵᠢ ᠬᠣᠯᠪᠤᠭ᠋ᠠᠯᠠᠨ ᠰᠡᠷᠭᠡᠢ᠌ᠯᠡᠵᠦ ᠵᠠᠯᠬᠠᠭ᠋ᠠᠨ ᠰᠢᠢ᠍ᠳᠬᠡᠬᠦ ᠠᠵᠢᠯ᠎ᠤᠨ ᠲᠣᠭᠲᠠᠴᠠ ᠵᠢ ᠪᠠᠢ᠌ᠭᠤᠯᠵᠤ ᠂ ᠬᠤᠳᠠᠯ ᠬᠠᠭᠤᠷᠮᠠᠭ ᠵᠠᠷᠭᠤ᠎ᠳᠠᠬᠢ ᠬᠢᠨᠠᠯᠲᠠ ᠲᠠᠯᠪᠢᠯᠲᠠ ᠵᠢ ᠭᠦᠨᠵᠡᠭᠡᠢ᠌ᠷᠡᠭᠦᠯᠬᠦ ᠲᠤᠰᠬᠠᠢ ᠵᠦᠢ᠍ᠯ᠎ᠤᠨ ᠠᠵᠢᠯᠯᠠᠭ᠎ᠠ ᠵᠢ ᠥᠷᠨᠢᠭᠦᠯᠦᠨ᠎ᠡ ᠃
18. ᠢᠲᠡᠭᠡᠮᠵᠢ ᠵᠢᠨ ᠬᠢᠨᠠᠯᠲᠠ ᠬᠠᠮᠢᠶᠠᠷᠤᠯᠲᠠ ᠵᠢ ᠪᠠᠢ᠌ᠩᠭᠤᠵᠢᠭᠤᠯᠬᠤ ᠵᠢ ᠠᠬᠢᠭᠤᠯᠤᠨ᠎ᠠ ᠃ ᠪᠥᠬᠦ ᠣᠷᠣᠨ᠎ᠤ ᠬᠠᠤᠯᠢ ᠵᠢᠨ ᠡᠷᠬᠡᠲᠡᠨ᠎ᠤ ᠭᠣᠣᠯ ᠴᠣᠭᠴᠠ ᠵᠢᠨ ᠢᠲᠡᠭᠡᠮᠵᠢ ᠵᠢᠨ ᠮᠡᠳᠡᠭᠡ ᠵᠠᠩᠭᠢ ᠵᠢᠨ ᠬᠥᠮᠥᠷᠭᠡ ᠵᠢ ᠪᠦᠷᠢᠨᠰᠢᠭᠦᠯᠦᠨ ᠲᠡᠭᠦᠯᠳᠡᠷᠵᠢᠭᠦᠯᠵᠦ ᠂ ᠢᠲᠡᠭᠡᠮᠵᠢ ᠵᠢᠨ ᠲᠠᠩᠰᠠ ᠡᠪᠬᠡᠮᠡᠯ᠎ᠢ ᠪᠠᠢ᠌ᠭᠤᠯᠤᠨ᠎ᠠ ᠃ ᠡᠷᠬᠡ ᠬᠠᠷᠢᠭᠤᠴᠠᠯᠭ᠎ᠠ ᠵᠢᠨ ᠲᠣᠳᠣᠷᠬᠠᠢ ᠬᠠᠭᠤᠳᠠᠰᠤ ᠵᠢ ᠦᠨᠳᠦᠰᠦᠯᠡᠨ ᠂ ᠭᠣᠣᠯᠳᠠᠯᠭ᠎ᠠ ᠪᠣᠯᠬᠤ ᠠᠵᠢᠯ ᠲᠥᠷᠥᠯ᠎ᠤᠨ ᠬᠦᠷᠢᠶᠡᠨ᠎ᠳᠤ ᠢᠲᠡᠭᠡᠮᠵᠢ ᠵᠢᠨ ᠦᠨᠡᠯᠡᠯᠲᠡ ᠵᠢᠨ ᠳᠦᠷᠢᠮ᠎ᠢ ᠪᠠᠢ᠌ᠭᠤᠯᠤᠨ ᠲᠡᠭᠦᠯᠳᠡᠷᠵᠢᠭᠦᠯᠦᠨ᠎ᠡ ᠃ 《ᠪᠥᠬᠦ ᠠᠮᠢ ᠨᠠᠰᠤᠨ᠎ᠤ ᠦᠶᠡᠯᠡᠯ᠎ᠤᠨ ᠬᠤᠭᠤᠴᠠᠭ᠎ᠠ 》 ᠵᠢᠨ ᠰᠢᠨ᠎ᠡ ᠬᠡᠯᠪᠡᠷᠢ ᠵᠢᠨ ᠢᠲᠡᠭᠡᠮᠵᠢ ᠵᠢᠨ ᠬᠢᠨᠠᠯᠲᠠ ᠬᠠᠮᠢᠶᠠᠷᠤᠯᠲᠠ ᠵᠢᠨ ᠲᠣᠭᠲᠠᠴᠠ ᠵᠢ ᠪᠠᠢ᠌ᠭᠤᠯᠵᠤ ᠂ 《ᠬᠣᠶᠠᠷ᠎ᠢ ᠰᠤᠭᠤᠴᠢᠵᠤ ᠂ ᠨᠢᠭᠡ ᠵᠢ ᠢᠯᠡ ᠪᠣᠯᠭ᠋ᠠᠬᠤ 》 ᠬᠢᠨᠠᠯᠲᠠ ᠬᠠᠮᠢᠶᠠᠷᠤᠯᠲᠠ ᠪᠠ ᠢᠲᠡᠭᠡᠮᠵᠢ ᠵᠢᠨ ᠬᠢᠨᠠᠯᠲᠠ ᠬᠠᠮᠢᠶᠠᠷᠤᠯᠲᠠ ᠵᠢᠨ ᠭᠦᠨᠵᠡᠭᠡᠢ ᠠᠭᠤᠰᠤᠯᠴᠠᠯ᠎ᠢ ᠠᠬᠢᠭᠤᠯᠵᠤ ᠂ ᠵᠦᠷᠢᠶᠡᠴᠢᠯᠡᠭᠰᠡᠨ ᠬᠢᠨᠠᠯᠲᠠ ᠬᠠᠮᠢᠶᠠᠷᠤᠯᠲᠠ ᠵᠢᠨ ᠠᠷᠭ᠎ᠠ ᠬᠡᠮᠵᠢᠶ᠎ᠡ ᠵᠢ ᠬᠡᠷᠡᠭᠵᠢᠭᠦᠯᠦᠨ᠎ᠡ ᠃ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠬᠦᠷᠢᠶᠡᠨ᠎ᠳᠠᠬᠢ ᠠᠵᠤ ᠠᠬᠤᠢ᠌ᠯᠠᠯ᠎ᠤᠨ ᠢᠲᠡᠭᠡᠮᠵᠢ ᠬᠢᠭᠡᠳ ᠬᠠᠤᠯᠢ ᠬᠡᠷᠡᠭᠵᠢᠭᠦᠯᠦᠯᠲᠡ ᠵᠢᠨ ᠪᠠᠢ᠌ᠴᠠᠭ᠋ᠠᠯᠲᠠ ᠵᠢᠨ ᠬᠣᠯᠪᠤᠭ᠋ᠠᠯᠠᠨ ᠬᠥᠳᠡᠯᠦᠯᠴᠡᠬᠦ ᠠᠵᠢᠯ᠎ᠢ ᠴᠢᠩᠭ᠋ᠠᠷᠠᠭᠤᠯᠵᠤ ᠂ ᠢᠲᠡᠭᠡᠮᠵᠢ ᠰᠠᠢ᠌ᠲᠠᠢ ᠠᠵᠤ ᠠᠬᠤᠢ᠌ᠯᠠᠯ᠎ᠳᠤ ᠵᠠᠷᠴᠢᠮ ᠳᠡᠭᠡᠷ᠎ᠡ᠎ᠪᠠᠨ ᠰᠠᠨᠠᠭ᠋ᠠᠴᠢᠯᠠᠭ᠎ᠠ᠎ᠠᠴᠠ᠎ᠪᠠᠨ ᠪᠠᠢ᠌ᠴᠠᠭ᠋ᠠᠬᠤ ᠠᠵᠢᠯ ᠥᠷᠨᠢᠭᠦᠯᠬᠦ ᠦᠭᠡᠢ ᠪᠠᠢ᠌ᠵᠤ ᠂ ᠢᠯᠡᠴᠢᠯᠡᠨ ᠮᠡᠳᠡᠭᠦᠯᠵᠦ ᠵᠠᠭ᠋ᠠᠯᠳᠤᠬᠤ ᠂ ᠰᠢᠯᠵᠢᠭᠦᠯᠦᠨ (ᠲᠤᠰᠢᠶᠠᠨ) ᠭᠦᠢ᠍ᠴᠡᠳᠬᠡᠯᠭᠡᠬᠦ ᠵᠡᠷᠭᠡ ᠰᠦᠪᠡᠭᠴᠢ ᠵᠢ ᠦᠨᠳᠦᠰᠦᠯᠡᠨ 《ᠬᠡᠷᠡᠭ ᠶᠠᠪᠤᠳᠠᠯ᠎ᠤᠨ ᠡᠭᠦᠰᠬᠡᠯᠲᠡ ᠵᠢᠨ ᠮᠠᠶᠢᠭ 》᠎ᠤᠨ ᠪᠠᠢ᠌ᠴᠠᠭ᠋ᠠᠯᠲᠠ ᠬᠢᠨ᠎ᠡ; ᠢᠲᠡᠭᠡᠮᠵᠢ ᠵᠢᠨ ᠲᠦᠭᠰᠢᠭᠦᠷᠢ᠎ᠨᠢ ᠡᠩ᠎ᠤᠨ ᠪᠠᠢ᠌ᠭ᠎ᠠ ᠠᠵᠤ ᠠᠬᠤᠢ᠌ᠯᠠᠯ᠎ᠢ ᠵᠤᠷᠰᠢᠯᠲᠤ ᠬᠠᠷᠢᠴᠠᠯ ᠪᠠ ᠳᠠᠪᠲᠠᠮᠵᠢ᠎ᠪᠠᠷ᠎ᠨᠢ ᠰᠤᠭᠤᠴᠢᠨ ᠪᠠᠢ᠌ᠴᠠᠭ᠋ᠠᠨ᠎ᠠ; ᠬᠠᠤᠯᠢ᠎ᠠᠴᠠ ᠵᠥᠷᠢᠴᠡᠵᠦ ᠢᠲᠡᠭᠡᠮᠵᠢ ᠠᠯᠳᠠᠭᠰᠠᠨ ᠂ ᠬᠠᠷᠢᠴᠠᠩᠭᠤᠢ᠎ᠪᠠᠷ ᠲᠦᠭᠰᠢᠭᠦᠷᠢ ᠶᠡᠬᠡᠲᠡᠢ ᠠᠵᠤ ᠠᠬᠤᠢ᠌ᠯᠠᠯ᠎ᠢ ᠰᠤᠭᠤᠴᠢᠨ ᠪᠠᠢ᠌ᠴᠠᠭ᠋ᠠᠬᠤ ᠬᠠᠷᠢᠴᠠᠯ ᠪᠠ ᠳᠠᠪᠲᠠᠮᠵᠢ᠎ᠪᠠᠨ ᠵᠣᠬᠢᠬᠤ ᠬᠡᠮᠵᠢᠶ᠎ᠡ᠎ᠪᠠᠷ ᠨᠡᠮᠡᠭᠳᠡᠭᠦᠯᠦᠨ᠎ᠡ ᠃ ᠬᠤᠳᠠᠯᠳᠤᠭ᠋ᠠᠨ᠎ᠤ ᠶᠠᠪᠤᠳᠠᠯ᠎ᠤᠨ ᠬᠦᠷᠢᠶᠡᠨ᠎ᠳᠠᠬᠢ ᠢᠲᠡᠭᠡᠮᠵᠢ ᠵᠢᠨ ᠱᠠᠩᠨᠠᠨ ᠲᠣᠷᠭ᠋ᠠᠬᠤ ᠲᠣᠭᠲᠠᠴᠠ ᠵᠢ ᠪᠠᠢ᠌ᠭᠤᠯᠤᠨ ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠡᠨᠴᠢ ᠢᠲᠡᠭᠡᠮᠵᠢ ᠵᠢᠨ ᠨᠡᠢ᠌ᠲᠡᠯᠢᠭ ᠵᠢᠱ᠌ᠢᠶ᠎ᠡ᠎ᠪᠠᠷ ᠰᠣᠩᠭᠣᠭᠳᠠᠭᠰᠠᠨ ᠡᠲᠡᠭᠡᠳ᠎ᠤᠨ ᠭᠠᠷᠴᠠᠭ (2.0 ᠬᠡᠪᠯᠡᠯ) 》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠢᠲᠡᠭᠡᠮᠵᠢ᠎ᠲᠠᠢ ᠪᠠᠢ᠌ᠬᠤ ᠵᠢ ᠤᠷᠮᠠᠰᠢᠭᠤᠯᠬᠤ ᠠᠷᠭ᠎ᠠ ᠬᠡᠮᠵᠢᠶᠡᠨ᠎ᠤ ᠲᠣᠳᠣᠷᠬᠠᠢ ᠬᠠᠭᠤᠳᠠᠰᠤ (2.0 ᠬᠡᠪᠯᠡᠯ) 》 ᠵᠢ ᠨᠠᠢ᠌ᠷᠠᠭᠤᠯᠤᠨ ᠵᠣᠬᠢᠶᠠᠨ᠎ᠠ ᠃ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠢᠲᠡᠭᠡᠮᠵᠢ ᠠᠯᠳᠠᠭᠰᠠᠳ᠎ᠢ ᠵᠠᠯᠬᠠᠭ᠋ᠠᠨ ᠴᠡᠭᠡᠷᠯᠡᠭᠦᠯᠬᠦ ᠠᠷᠭ᠎ᠠ ᠬᠡᠮᠵᠢᠶᠡᠨ᠎ᠤ ᠦᠨᠳᠦᠰᠦᠨ ᠲᠣᠳᠣᠷᠬᠠᠢ ᠬᠠᠭᠤᠳᠠᠰᠤ ᠵᠢ ᠬᠥᠳᠡᠯᠦᠩᠭᠦᠢ᠎ᠪᠠᠷ ᠲᠣᠬᠢᠷᠠᠭᠤᠯᠤᠨ᠎ᠠ ᠃ ᠣᠯᠠᠨ ᠨᠡᠢ᠌ᠲᠡ ᠵᠢᠨ ᠢᠲᠡᠭᠡᠮᠵᠢ ᠵᠢᠨ ᠮᠡᠳᠡᠭᠡ ᠵᠠᠩᠭᠢ ᠵᠢ ᠲᠥᠷᠥᠯ ᠬᠤᠪᠢᠶᠠᠨ ᠰᠡᠷᠭᠦᠭᠡᠬᠦ ᠳᠦᠷᠢᠮ᠎ᠢ ᠲᠡᠭᠦᠯᠳᠡᠷᠵᠢᠭᠦᠯᠦᠨ ᠂ ᠤᠯᠤᠰ᠎ᠤᠨ ᠠᠵᠤ ᠠᠬᠤᠢ᠌ᠯᠠᠯ᠎ᠤᠨ ᠢᠲᠡᠭᠡᠮᠵᠢ ᠵᠢᠨ ᠮᠡᠳᠡᠭᠡ ᠵᠠᠩᠭᠢ ᠵᠢᠨ ᠨᠡᠢ᠌ᠲᠡ᠎ᠳᠤ ᠵᠠᠷᠯᠠᠬᠤ ᠰᠢᠰᠲ᠋ᠧᠮ ᠪᠠ 《ᠢᠲᠡᠭᠡᠮᠵᠢᠲᠦ ᠳᠤᠮᠳᠠᠳᠤ ᠤᠯᠤᠰ (ᠥᠪᠥᠷ ᠮᠣᠩᠭᠣᠯ) 》 ᠰᠦᠯᠵᠢᠶᠡᠨ ᠥᠷᠳᠡᠭᠡ ᠵᠢᠨ ᠢᠲᠡᠭᠡᠮᠵᠢ ᠰᠡᠷᠭᠦᠭᠡᠭᠰᠡᠨ ᠦᠷ᠎ᠡ ᠳ᠋ᠦᠩ᠎ᠢ ᠬᠠᠮᠲᠤ᠎ᠪᠠᠷ ᠬᠦᠷᠲᠡᠬᠦ ᠪᠠ ᠬᠠᠷᠢᠯᠴᠠᠨ ᠮᠡᠳᠡᠷᠡᠬᠦ ᠲᠣᠭᠲᠠᠴᠠ ᠵᠢ ᠰᠢᠯᠢᠳᠡᠭᠵᠢᠭᠦᠯᠵᠦ ᠂ ᠢᠲᠡᠭᠡᠮᠵᠢ ᠠᠯᠳᠠᠭᠰᠠᠳ᠎ᠢ ᠬᠢᠵᠠᠭ᠋ᠠᠷᠯᠠᠬᠤ ᠠᠷᠭ᠎ᠠ ᠬᠡᠮᠵᠢᠶ᠎ᠡ ᠵᠢ ᠴᠠᠭ ᠲᠤᠬᠠᠢᠳᠤᠨᠢ ᠬᠠᠤᠯᠢ ᠲᠣᠭᠲᠠᠭ᠋ᠠᠯ ᠶᠣᠰᠣᠭ᠋ᠠᠷ ᠲᠠᠢ᠌ᠯᠤᠨ᠎ᠠ ᠃
19. ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠣᠳᠣᠬᠢᠴᠢᠯᠠᠯᠲᠠ ᠵᠢ ᠠᠬᠢᠭᠤᠯᠤᠨ᠎ᠠ ᠃ ᠲᠣᠮᠣ ᠳ᠋ᠠᠢ᠌ᠲ᠋ᠠ ᠂ ᠵᠣᠬᠢᠶᠠᠮᠠᠯ ᠣᠶᠤᠨ ᠵᠡᠷᠭᠡ ᠮᠡᠷᠭᠡᠵᠢᠯ᠎ᠢ ᠬᠡᠷᠡᠭᠯᠡᠨ ᠲᠤᠬᠠᠢ ᠵᠢᠨ ᠲᠠᠯᠠᠪᠤᠷ᠎ᠤᠨ ᠪᠤᠰᠤ ᠪᠠᠢ᠌ᠴᠠᠭ᠋ᠠᠯᠲᠠ᠎ᠳᠤ ᠬᠦᠴᠦᠨ ᠴᠢᠳᠠᠮᠵᠢ ᠨᠡᠮᠡᠷᠢᠯᠡᠵᠦ ᠂ 《ᠠᠯᠤᠰ᠎ᠠᠴᠠ ᠬᠠᠮᠢᠶᠠᠷᠬᠤ 》᠂ 《ᠡᠷᠲᠡᠬᠡᠨ ᠬᠠᠮᠢᠶᠠᠷᠬᠤ 》 ᠵᠢ ᠪᠡᠶᠡᠯᠡᠭᠦᠯᠵᠦ ᠂ ᠲᠤᠬᠠᠢ ᠵᠢᠨ ᠲᠠᠯᠠᠪᠤᠷ᠎ᠤᠨ ᠪᠤᠰᠤ ᠬᠢᠨᠠᠯᠲᠠ ᠬᠠᠮᠢᠶᠠᠷᠤᠯᠲᠠ᠎ᠪᠠᠷ ᠳᠠᠮᠵᠢᠭᠤᠯᠤᠨ ᠵᠢᠱ᠌ᠢᠭᠰᠡᠨ ᠬᠢᠨᠠᠨ ᠬᠠᠮᠢᠶᠠᠷᠬᠤ ᠬᠠᠷᠠᠯᠲᠠ ᠪᠠ ᠦᠷ᠎ᠡ ᠪᠦᠲᠦᠮᠵᠢ᠎ᠪᠠᠨ ᠪᠡᠶᠡᠯᠡᠭᠦᠯᠵᠦ ᠴᠢᠳᠠᠭᠰᠠᠨ ᠪᠠᠢ᠌ᠪᠠᠯ ᠂ ᠲᠤᠬᠠᠢ ᠵᠢᠨ ᠲᠠᠯᠠᠪᠤᠷ᠎ᠤᠨ ᠪᠠᠢ᠌ᠴᠠᠭ᠋ᠠᠯᠲᠠ ᠥᠷᠨᠢᠭᠦᠯᠬᠦ ᠳᠠᠪᠲᠠᠮᠵᠢ ᠪᠠ ᠤᠳᠠᠭ᠎ᠠ ᠵᠢ ᠪᠠᠭ᠋ᠠᠰᠬᠠᠨ᠎ᠠ ᠃ ᠬᠢᠨᠠᠯᠲᠠ ᠬᠠᠮᠢᠶᠠᠷᠤᠯᠲᠠ ᠵᠢᠨ ᠰᠢᠰᠲ᠋ᠧᠮ᠎ᠤᠨ ᠵᠣᠯᠭ᠋ᠠᠯᠴᠠᠭ᠎ᠠ ᠵᠢ ᠭᠦᠨᠵᠡᠭᠡᠢ ᠠᠬᠢᠭᠤᠯᠵᠤ ᠂ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠬᠢᠨᠠᠯᠲᠠ ᠬᠠᠮᠢᠶᠠᠷᠤᠯᠲᠠ ᠵᠢᠨ ᠳ᠋ᠠᠢ᠌ᠲ᠋ᠠ ᠵᠢ ᠴᠤᠭᠯᠠᠭᠤᠯᠤᠨ ᠬᠠᠮᠲᠤ᠎ᠪᠠᠷ ᠬᠦᠷᠲᠡᠵᠦ ᠬᠡᠷᠡᠭᠯᠡᠬᠦ ᠵᠢ ᠠᠬᠢᠭᠤᠯᠤᠨ ᠂ ᠡᠵᠡᠩᠨᠡᠯᠲᠡ ᠵᠢᠨ ᠭᠣᠣᠯ ᠴᠣᠭᠴᠠ ᠵᠢᠨ ᠪᠥᠬᠦ ᠠᠮᠢ ᠨᠠᠰᠤᠨ᠎ᠤ ᠦᠶᠡᠯᠡᠯ᠎ᠤᠨ ᠬᠤᠭᠤᠴᠠᠭ᠋ᠠᠨ᠎ᠤ ᠬᠢᠨᠠᠯᠲᠠ ᠬᠠᠮᠢᠶᠠᠷᠤᠯᠲᠠ ᠵᠢᠨ ᠬᠡᠯᠬᠢᠶ᠎ᠡ ᠵᠢ ᠪᠠᠢ᠌ᠭᠤᠯᠵᠤ ᠂ ᠡᠵᠡᠩᠨᠡᠯᠲᠡ ᠵᠢᠨ ᠭᠣᠣᠯ ᠴᠣᠭᠴᠠ᠎ᠳᠤ ᠠᠵᠢᠯ ᠶᠠᠪᠤᠳᠠᠯ᠎ᠤᠨ ᠡᠮᠦᠨᠡᠬᠢ ᠂ ᠠᠵᠢᠯ ᠶᠠᠪᠤᠳᠠᠯ᠎ᠤᠨ ᠳᠤᠮᠳᠠᠬᠢ ᠂ ᠠᠵᠢᠯ ᠶᠠᠪᠤᠳᠠᠯ᠎ᠤᠨ ᠳᠠᠷᠠᠭ᠋ᠠᠬᠢ 《ᠪᠥᠬᠦ ᠠᠮᠢ ᠨᠠᠰᠤᠨ᠎ᠤ ᠦᠶᠡᠯᠡᠯ᠎ᠤᠨ ᠬᠤᠭᠤᠴᠠᠭ᠎ᠠ 》 ᠵᠢᠨ ᠬᠢᠨᠠᠯᠲᠠ ᠬᠠᠮᠢᠶᠠᠷᠤᠯᠲᠠ ᠵᠢ ᠬᠡᠷᠡᠭᠵᠢᠭᠦᠯᠦᠨ᠎ᠡ ᠃ ᠵᠠᠭᠤᠴᠢ ᠦᠢ᠍ᠯᠡᠴᠢᠯᠡᠭᠡᠨ᠎ᠤ ᠵᠦᠢ᠍ᠯᠡᠰ᠎ᠤᠨ ᠲᠣᠳᠣᠷᠬᠠᠢ ᠬᠠᠭᠤᠳᠠᠰᠤ ᠵᠢᠨ ᠳᠦᠷᠢᠮ᠎ᠢ ᠪᠠᠢ᠌ᠭᠤᠯᠤᠨ ᠲᠡᠭᠦᠯᠳᠡᠷᠵᠢᠭᠦᠯᠵᠦ ᠂ ᠵᠠᠰᠠᠭ ᠵᠠᠬᠢᠷᠭ᠋ᠠᠨ᠎ᠤ ᠡᠷᠬᠡ ᠵᠢ ᠬᠡᠷᠡᠭᠵᠢᠭᠦᠯᠬᠦ ᠰᠠᠯᠠᠭ᠎ᠠ ᠮᠥᠴᠢᠷ ᠪᠠ ᠠᠵᠢᠯ ᠲᠥᠷᠥᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠵᠠᠭᠤᠴᠢ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠠᠵᠢᠯ ᠡᠷᠬᠢᠯᠡᠬᠦ ᠠᠵᠢᠯᠯᠠᠭ᠎ᠠ ᠵᠢ ᠵᠢᠷᠤᠮᠵᠢᠭᠤᠯᠬᠤ ᠵᠢ ᠠᠬᠢᠭᠤᠯᠵᠤ ᠂ ᠵᠠᠭᠤᠴᠢ ᠦᠢ᠍ᠯᠡᠴᠢᠯᠡᠭᠡᠨ᠎ᠤ ᠪᠠᠢ᠌ᠭᠤᠯᠤᠮᠵᠢ ᠵᠢ ᠰᠢᠮᠳᠠᠭᠤᠯᠵᠤ ᠪᠠᠢ᠌ᠭ᠋ᠠᠳ ᠵᠠᠭᠤᠴᠢ ᠦᠢ᠍ᠯᠡᠴᠢᠯᠡᠭᠡᠨ᠎ᠤ ᠭᠦᠢ᠍ᠴᠡᠳᠬᠡᠬᠦ ᠨᠥᠬᠥᠴᠡᠯ ᠂ ᠴᠤᠪᠤᠷᠠᠯ ᠂ ᠬᠤᠭᠤᠴᠠᠭ᠎ᠠ ᠬᠢᠵᠠᠭ᠋ᠠᠷ ᠂ ᠰᠦᠢ᠍ᠳᠬᠡᠯ ᠬᠤᠷᠢᠶᠠᠬᠤ ᠪᠠᠷᠢᠮᠵᠢᠶ᠎ᠠ ᠵᠡᠷᠭᠡ ᠵᠢ ᠨᠡᠢ᠌ᠭᠡᠮ᠎ᠳᠤ ᠢᠯᠡ ᠪᠣᠯᠭ᠋ᠠᠨ ᠂ ᠵᠠᠭᠤᠴᠢ ᠪᠠᠢ᠌ᠭᠤᠯᠤᠮᠵᠢ ᠵᠢᠨ ᠦᠨᠡᠨᠴᠢ ᠢᠲᠡᠭᠡᠮᠵᠢ ᠵᠢᠨ ᠪᠠᠢ᠌ᠳᠠᠯ᠎ᠢ ᠣᠨ᠎ᠤ ᠪᠠᠢ᠌ᠴᠠᠭ᠋ᠠᠯᠲᠠ ᠬᠢᠨᠠᠨ ᠪᠣᠳᠣᠯᠲᠠ ᠂ ᠪᠠᠩᠬᠢ ᠵᠢᠨ ᠢᠲᠡᠭᠡᠮᠵᠢ ᠣᠯᠭᠣᠬᠤ ᠂ ᠵᠠᠰᠠᠭ᠎ᠤᠨ ᠣᠷᠳᠣᠨ᠎ᠤ ᠳᠠᠭ᠋ᠠᠭ᠋ᠠᠴᠢᠯᠠᠯᠲᠠ ᠵᠠᠷᠯᠠᠵᠤ ᠳᠠᠭ᠋ᠠᠭ᠋ᠠᠴᠢᠯᠠᠯᠲᠠ ᠬᠦᠯᠢᠶᠡᠬᠦ ᠵᠡᠷᠭᠡ᠎ᠯᠦᠭᠡ ᠬᠣᠯᠪᠣᠭᠳᠠᠭᠤᠯᠤᠨ᠎ᠠ ᠃ ᠵᠠᠰᠠᠭ ᠵᠠᠬᠢᠷᠭ᠋ᠠᠨ᠎ᠤ ᠪᠠᠢ᠌ᠭᠤᠯᠭ᠎ᠠ ᠵᠢᠨ ᠨᠡᠷ᠎ᠡ ᠵᠢᠭ᠋ᠠᠭᠰᠠᠨ ᠵᠠᠭᠤᠴᠢ ᠪᠠᠢ᠌ᠭᠤᠯᠤᠮᠵᠢ ᠵᠢᠨ ᠭᠠᠭᠴᠠᠭ᠋ᠠᠷ ᠡᠵᠡᠮᠰᠢᠬᠦ ᠦᠢ᠍ᠯᠡᠴᠢᠯᠡᠭᠡ ᠂ ᠵᠠᠭᠤᠴᠢ ᠪᠠᠢ᠌ᠭᠤᠯᠤᠮᠵᠢ ᠵᠢᠨ ᠠᠯᠪᠠᠳᠠᠯᠭ᠎ᠠ ᠵᠢᠨ ᠦᠢ᠍ᠯᠡᠴᠢᠯᠡᠭᠡ ᠵᠡᠷᠭᠡ ᠦᠢ᠍ᠯᠡ ᠠᠵᠢᠯᠯᠠᠭ᠎ᠠ ᠵᠢ ᠲᠤᠰᠬᠠᠢ ᠴᠡᠭᠴᠡᠯᠡᠨ ᠵᠠᠰᠠᠬᠤ ᠠᠵᠢᠯ ᠥᠷᠨᠢᠭᠦᠯᠦᠨ᠎ᠡ ᠃
20. ᠨᠢᠭᠡ ᠴᠣᠭᠴᠠᠵᠢᠭᠰᠠᠨ ᠶᠡᠷᠦᠩᠬᠡᠢ᠌ᠯᠡᠭᠰᠡᠨ ᠬᠢᠨᠠᠯᠲᠠ ᠬᠠᠮᠢᠶᠠᠷᠤᠯᠲᠠ ᠵᠢ ᠢᠳᠡᠪᠬᠢᠲᠡᠢ ᠠᠬᠢᠭᠤᠯᠤᠨ᠎ᠠ ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠠᠯᠠᠭ᠎ᠠ ᠮᠥᠴᠢᠷ ᠠᠯᠤᠰᠯᠠᠭᠰᠠᠨ ᠶᠡᠷᠦᠩᠬᠡᠢ᠌ᠯᠡᠭᠰᠡᠨ ᠬᠢᠨᠠᠯᠲᠠ ᠬᠠᠮᠢᠶᠠᠷᠤᠯᠲᠠ ᠵᠢ ᠭᠦᠨᠵᠡᠭᠡᠢ ᠠᠬᠢᠭᠤᠯᠬᠤ ᠵᠢᠨ ᠬᠡᠷᠡᠭᠵᠢᠭᠦᠯᠬᠦ ᠲᠥᠰᠥᠯ 》᠎ᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ ᠂ ᠢᠳᠡᠭᠡᠨ᠎ᠤ ᠵᠦᠢ᠍ᠯ ᠂ ᠡᠮ᠎ᠤᠨ ᠵᠦᠢ᠍ᠯ ᠂ ᠪᠠᠢ᠌ᠭ᠋ᠠᠯᠢ ᠵᠢᠨ ᠰᠢᠲᠠᠮᠠᠬᠠᠢ ᠬᠡᠢ ᠂ ᠪᠠᠷᠢᠯᠭ᠎ᠠ ᠵᠢᠨ ᠠᠵᠢᠯ᠎ᠤᠨ ᠶᠠᠰᠤ ᠴᠢᠨᠠᠷ ᠂ ᠬᠠᠤᠯᠢ ᠪᠤᠰᠤ ᠮᠥᠩᠭᠥᠨ ᠭᠦᠢ᠍ᠯᠭᠡᠭᠡᠨ᠎ᠤ ᠠᠵᠢᠯᠯᠠᠭ᠎ᠠ ᠵᠡᠷᠭᠡ ᠬᠦᠷᠢᠶ᠎ᠡ ᠴᠠᠷᠠᠭ᠎ᠠ᠎ᠳᠤ ᠰᠠᠯᠠᠭ᠎ᠠ ᠮᠥᠴᠢᠷ ᠠᠯᠤᠰᠯᠠᠭᠰᠠᠨ ᠶᠡᠷᠦᠩᠬᠡᠢ᠌ᠯᠡᠭᠰᠡᠨ ᠬᠢᠨᠠᠯᠲᠠ ᠬᠠᠮᠢᠶᠠᠷᠤᠯᠲᠠ ᠥᠷᠨᠢᠭᠦᠯᠬᠦ ᠵᠢ ᠠᠬᠢᠭᠤᠯᠵᠤ ᠂《ᠨᠢᠭᠡ ᠯᠡ ᠤᠳᠠᠭ᠎ᠠ ᠬᠦᠷᠴᠦ ᠂ ᠣᠯᠠᠨ ᠵᠦᠢ᠍ᠯ᠎ᠤᠨ ᠬᠡᠷᠡᠭ᠎ᠢ ᠪᠠᠢ᠌ᠴᠠᠭ᠋ᠠᠬᠤ 》 ᠵᠢ ᠠᠬᠢᠭᠤᠯᠤᠨ ᠂ ᠦᠷ᠎ᠡ ᠳ᠋ᠦᠩ᠎ᠢ ᠰᠠᠯᠠᠭ᠎ᠠ ᠮᠥᠴᠢᠷ ᠠᠯᠤᠰᠯᠠᠨ ᠂ ᠭᠠᠵᠠᠷ ᠣᠷᠣᠨ ᠠᠯᠤᠰᠯᠠᠨ ᠬᠠᠷᠢᠯᠴᠠᠨ ᠮᠡᠳᠡᠷᠡᠬᠦ ᠪᠠ ᠬᠠᠮᠲᠤ᠎ᠪᠠᠷ ᠬᠦᠷᠲᠡᠬᠦ ᠵᠢ ᠪᠡᠶᠡᠯᠡᠭᠦᠯᠦᠨ᠎ᠡ ᠃ ᠠᠵᠢᠯ ᠲᠥᠷᠥᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠰᠠᠯᠠᠭ᠎ᠠ ᠮᠥᠴᠢᠷ ᠠᠯᠤᠰᠯᠠᠭᠰᠠᠨ ᠶᠡᠷᠦᠩᠬᠡᠢ᠌ᠯᠡᠭᠰᠡᠨ ᠬᠢᠨᠠᠯᠲᠠ ᠬᠠᠮᠢᠶᠠᠷᠤᠯᠲᠠ ᠵᠢᠨ ᠵᠦᠢ᠍ᠯᠡᠰ᠎ᠢ ᠥᠪᠡᠷᠲᠡᠭᠡᠨ ᠵᠠᠰᠠᠬᠤ ᠣᠷᠣᠨ᠎ᠤ 《ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ 》 ᠵᠢᠨ ᠰᠢᠰᠲ᠋ᠧᠮ᠎ᠳᠤ ᠣᠷᠣᠭᠤᠯᠤᠨ ᠨᠢᠭᠡᠳᠦᠯᠲᠡᠢ ᠬᠠᠮᠢᠶᠠᠷᠴᠤ ᠂ ᠬᠢᠨᠠᠯᠲᠠ ᠬᠠᠮᠢᠶᠠᠷᠤᠯᠲᠠ ᠵᠢᠨ ᠵᠦᠢ᠍ᠯᠡᠰ᠎ᠤᠨ 《ᠨᠢᠭᠡ ᠲᠣᠳᠣᠷᠬᠠᠢ ᠬᠠᠭᠤᠳᠠᠰᠤ 》᠂ ᠬᠢᠨᠠᠯᠲᠠ ᠬᠠᠮᠢᠶᠠᠷᠤᠯᠲᠠ ᠵᠢᠨ ᠲᠤᠬᠠᠢ᠌ᠯᠠᠭᠰᠠᠨ ᠠᠵᠢᠯ᠎ᠤᠨ 《ᠨᠢᠭᠡᠳᠪᠦᠷᠢ ᠰᠦᠯᠵᠢᠶ᠎ᠡ 》᠂ ᠬᠢᠨᠠᠯᠲᠠ ᠬᠠᠮᠢᠶᠠᠷᠤᠯᠲᠠ ᠵᠢᠨ ᠳ᠋ᠠᠢ᠌ᠲ᠋ᠠ ᠵᠢᠨ 《ᠨᠢᠭᠡᠳᠪᠦᠷᠢ ᠵᠢᠷᠤᠭ 》᠎ᠢ ᠪᠥᠬᠦ ᠲᠠᠯ᠎ᠠ᠎ᠪᠠᠷ ᠬᠡᠷᠡᠭᠵᠢᠭᠦᠯᠦᠨ᠎ᠡ ᠃ ᠠᠵᠤ ᠠᠬᠤᠢ᠌ᠯᠠᠯ᠎ᠤᠨ 《ᠲᠦᠭᠰᠢᠭᠦᠷᠢ + ᠢᠲᠡᠭᠡᠮᠵᠢ 》 ᠵᠢᠨ ᠦᠨᠡᠯᠡᠯᠲᠡ ᠵᠢᠨ ᠦᠷ᠎ᠡ ᠳ᠋ᠦᠩ᠎ᠢ ᠦᠨᠳᠦᠰᠦᠯᠡᠨ ᠵᠦᠷᠢᠶᠡᠴᠢᠯᠡᠭᠰᠡᠨ ᠬᠢᠨᠠᠯᠲᠠ ᠬᠠᠮᠢᠶᠠᠷᠤᠯᠲᠠ ᠵᠢ ᠥᠷᠨᠢᠭᠦᠯᠵᠦ ᠂ ᠶᠡᠷᠦᠩᠬᠡᠢ᠌ᠯᠡᠭᠰᠡᠨ ᠬᠢᠨᠠᠯᠲᠠ ᠬᠠᠮᠢᠶᠠᠷᠤᠯᠲᠠ ᠵᠢᠨ 《ᠨᠢᠭᠡ ᠠᠵᠢᠯ ᠲᠥᠷᠥᠯ᠎ᠳᠤ ᠨᠢᠭᠡ ᠲᠣᠪᠬᠢᠮᠠᠯ 》᠎ᠤᠨ ᠮᠡᠳᠡᠭᠳᠡᠬᠦ ᠳᠦᠷᠢᠮ᠎ᠢ ᠢᠳᠡᠪᠬᠢᠲᠡᠢ ᠬᠡᠷᠡᠭᠵᠢᠭᠦᠯᠵᠦ ᠂ ᠨᠢᠭᠡ ᠲᠥᠷᠥᠯ᠎ᠤᠨ ᠵᠦᠢ᠍ᠯᠡᠰ᠎ᠲᠤ ᠨᠢᠭᠡ ᠲᠣᠪᠬᠢᠮᠠᠯ᠎ᠤᠨ ᠲᠣᠭᠲᠠᠭ᠋ᠠᠯ᠎ᠳᠤ ᠨᠡᠢ᠌ᠴᠡᠬᠦ ᠡᠵᠡᠩᠨᠡᠯᠲᠡ ᠵᠢᠨ ᠵᠦᠭᠯᠡᠭᠦᠷ ᠲᠣᠭᠲᠠᠭ᠋ᠠᠵᠤ ᠂ ᠡᠵᠡᠩᠨᠡᠯᠲᠡ ᠵᠢᠨ ᠭᠣᠣᠯ ᠴᠣᠭᠴᠠ ᠵᠢᠨ ᠲᠣᠭᠲᠠᠭ᠋ᠠᠯ᠎ᠳᠤ ᠨᠡᠢ᠌ᠴᠡᠭᠦᠯᠦᠨ ᠡᠵᠡᠩᠨᠡᠬᠦ ᠱᠠᠭ᠋ᠠᠷᠳᠠᠯᠭ᠎ᠠ ᠵᠢ ᠨᠢᠭᠡ ᠯᠡ ᠤᠳᠠᠭ᠎ᠠ᠎ᠳᠤ ᠮᠡᠳᠡᠭᠳᠡᠨ᠎ᠡ ᠃ ᠠᠵᠢᠯ ᠲᠥᠷᠥᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠰᠠᠯᠠᠭ᠎ᠠ ᠮᠥᠴᠢᠷ ᠠᠯᠤᠰᠯᠠᠭᠰᠠᠨ ᠶᠡᠷᠦᠩᠬᠡᠢ᠌ᠯᠡᠭᠰᠡᠨ ᠬᠢᠨᠠᠯᠲᠠ ᠬᠠᠮᠢᠶᠠᠷᠤᠯᠲᠠ ᠵᠢᠨ ᠳᠦᠷᠢᠮ᠎ᠢ ᠲᠡᠭᠦᠯᠳᠡᠷᠵᠢᠭᠦᠯᠵᠦ ᠂ ᠰᠠᠯᠠᠭ᠎ᠠ ᠮᠥᠴᠢᠷ ᠠᠯᠤᠰᠯᠠᠭᠰᠠᠨ ᠶᠡᠷᠦᠩᠬᠡᠢ᠌ᠯᠡᠭᠰᠡᠨ ᠬᠢᠨᠠᠯᠲᠠ ᠬᠠᠮᠢᠶᠠᠷᠤᠯᠲᠠ ᠵᠢᠨ ᠬᠣᠯᠪᠤᠭ᠋ᠠᠯᠠᠨ ᠬᠥᠳᠡᠯᠦᠯᠴᠡᠬᠦ ᠲᠣᠭᠲᠠᠴᠠ ᠵᠢ ᠰᠢᠯᠢᠳᠡᠭᠵᠢᠭᠦᠯᠦᠨ᠎ᠡ ᠃ ᠶᠡᠷᠦᠩᠬᠡᠢ᠌ᠯᠡᠭᠰᠡᠨ ᠬᠠᠤᠯᠢ ᠬᠡᠷᠡᠭᠵᠢᠭᠦᠯᠬᠦ ᠨᠢᠭᠡᠳᠦᠯᠲᠡᠢ ᠰᠢᠰᠲ᠋ᠧᠮ᠎ᠢ ᠪᠥᠬᠦ ᠲᠠᠯ᠎ᠠ᠎ᠪᠠᠷ ᠪᠠᠢ᠌ᠷᠢᠯᠠᠭᠤᠯᠤᠨ ᠬᠡᠷᠡᠭᠯᠡᠵᠦ ᠂ 《ᠨᠢᠭᠡ ᠬᠡᠷᠡᠭ᠎ᠲᠤ ᠨᠢᠭᠡ ᠨᠣᠮᠧᠷ 》᠎ᠢ ᠬᠡᠷᠡᠭᠵᠢᠭᠦᠯᠦᠨ ᠂ ᠬᠠᠤᠯᠢ ᠬᠡᠷᠡᠭᠵᠢᠭᠦᠯᠬᠦ ᠪᠠᠷᠢᠮᠵᠢᠶ᠎ᠠ ᠪᠠ ᠴᠤᠪᠤᠷᠠᠯ᠎ᠢ ᠵᠢᠷᠤᠮᠵᠢᠭᠤᠯᠤᠨ᠎ᠠ ᠃
21. ᠲᠥᠪ ᠭᠣᠣᠯᠴᠢ ᠪᠣᠯᠪᠠᠰᠤᠨ ᠵᠶ᠋ᠠᠷ ᠬᠠᠤᠯᠢ ᠬᠡᠷᠡᠭᠵᠢᠭᠦᠯᠬᠦ ᠵᠢ ᠴᠢᠩᠭ᠎ᠠ ᠵᠢᠷᠤᠮᠵᠢᠭᠤᠯᠤᠨ᠎ᠠ ᠃ ᠣᠰᠣᠯ ᠪᠠ ᠰᠢᠢ᠍ᠳᠬᠡᠯ᠎ᠢ ᠲᠡᠩᠴᠡᠭᠦᠦ ᠪᠠᠢ᠌ᠯᠭ᠋ᠠᠬᠤ ᠂ ᠠᠭᠤᠴᠢᠯᠠᠨ ᠰᠢᠢ᠍ᠳᠬᠡᠬᠦ ᠪᠠ ᠴᠢᠩᠭ᠎ᠠ᠎ᠪᠠᠷ ᠰᠢᠢ᠍ᠳᠬᠡᠬᠦ ᠵᠢ ᠬᠣᠣᠰᠯᠠᠭᠤᠯᠬᠤ ᠵᠢ ᠪᠠᠷᠢᠮᠲᠠᠯᠠᠨ ᠂ ᠵᠠᠰᠠᠭ ᠵᠠᠬᠢᠷᠭ᠋ᠠᠨ᠎ᠤ ᠬᠡᠮᠵᠢᠨ ᠲᠠᠰᠤᠯᠬᠤ ᠡᠷᠬᠡ ᠵᠢ ᠵᠢᠷᠤᠮᠵᠢᠭᠤᠨ ᠬᠡᠷᠡᠭᠵᠢᠭᠦᠯᠵᠦ ᠂ ᠳᠤᠷ᠎ᠠ ᠵᠣᠷᠢᠭ ᠵᠶ᠋ᠠᠷ ᠵᠶ᠋ᠠᠨ ᠬᠠᠤᠯᠢ ᠬᠡᠷᠡᠭᠵᠢᠭᠦᠯᠬᠦ ᠂ ᠠᠳᠠᠯᠢ ᠲᠥᠷᠥᠯ᠎ᠤᠨ ᠬᠡᠷᠡᠭ᠎ᠢ ᠠᠳᠠᠯᠢ ᠪᠤᠰᠤ᠎ᠪᠠᠷ ᠲᠣᠷᠭ᠋ᠠᠬᠤ ᠂ ᠳᠡᠩᠳᠡᠭᠦᠦ ᠬᠦᠨᠳᠦ ᠰᠢᠢ᠍ᠳᠬᠡᠨ ᠲᠣᠷᠭ᠋ᠠᠬᠤ ᠵᠡᠷᠭᠡ ᠠᠰᠠᠭᠤᠳᠠᠯ ᠡᠭᠦᠰᠬᠦ᠎ᠠᠴᠠ ᠰᠡᠷᠭᠡᠢ᠌ᠯᠡᠨ᠎ᠡ ᠃ ᠬᠠᠤᠯᠢ᠎ᠠᠴᠠ ᠬᠥᠩᠭᠡᠪᠲᠦᠷ ᠵᠥᠷᠢᠴᠡᠭᠰᠡᠨ ᠦᠢ᠍ᠯᠡ ᠠᠵᠢᠯᠯᠠᠭ᠎ᠠ ᠵᠢ ᠶᠠᠯ᠎ᠠ᠎ᠠᠴᠠ ᠬᠡᠯᠲᠦᠷᠢᠭᠦᠯᠬᠦ ᠪᠠ ᠠᠩᠬ᠎ᠠ ᠤᠳᠠᠭ᠎ᠠ ᠬᠠᠤᠯᠢ᠎ᠠᠴᠠ ᠵᠥᠷᠢᠴᠡᠭᠰᠡᠳ᠎ᠢ ᠪᠣᠯᠭᠣᠮᠵᠢᠲᠠᠢ ᠲᠣᠷᠭ᠋ᠠᠬᠤ ᠳᠦᠷᠢᠮ᠎ᠢ ᠲᠡᠭᠦᠯᠳᠡᠷᠵᠢᠭᠦᠯᠦᠨ ᠂ 《ᠬᠥᠩᠭᠡᠪᠲᠦᠷ ᠲᠣᠷᠭ᠋ᠠᠬᠤ 》᠂ 《ᠲᠣᠷᠭ᠋ᠠᠬᠤ᠎ᠠᠴᠠ ᠬᠡᠯᠲᠦᠷᠢᠭᠦᠯᠬᠦ 》᠂ 《ᠥᠯᠥ ᠲᠣᠷᠭ᠋ᠠᠬᠤ 》 ᠲᠣᠳᠣᠷᠬᠠᠢ ᠬᠠᠭᠤᠳᠠᠰᠤ ᠵᠢ ᠬᠥᠳᠡᠯᠦᠩᠭᠦᠢ᠎ᠪᠠᠷ ᠲᠣᠬᠢᠷᠠᠭᠤᠯᠵᠤ ᠂ ᠨᠠᠩ ᠣᠯᠠᠨ ᠡᠵᠡᠩᠨᠡᠯᠲᠡ ᠵᠢᠨ ᠭᠣᠣᠯ ᠴᠣᠭᠴᠠ᠎ᠳᠤ ᠠᠰᠢᠭ ᠬᠦᠷᠲᠡᠭᠡᠨ᠎ᠡ ᠃ 《ᠪᠡᠶ᠎ᠡ ᠵᠢᠨ ᠪᠠᠢ᠌ᠴᠠᠭ᠋ᠠᠯᠲᠠ ᠵᠢᠨ ᠮᠠᠶᠢᠭ᠎ᠤᠨ ᠬᠢᠨᠠᠯᠲᠠ ᠬᠠᠮᠢᠶᠠᠷᠤᠯᠲᠠ ᠂ ᠦᠢ᠍ᠯᠡᠴᠢᠯᠡᠭᠡᠨ᠎ᠤ ᠬᠡᠯᠪᠡᠷᠢ ᠵᠢᠨ ᠬᠠᠤᠯᠢ ᠬᠡᠷᠡᠭᠵᠢᠭᠦᠯᠦᠯᠲᠡ 》 ᠵᠢᠨ ᠬᠡᠪ ᠵᠠᠭᠪᠤᠷ᠎ᠢ ᠳᠡᠯᠭᠡᠷᠡᠭᠦᠯᠵᠦ ᠂ ᠠᠩᠬ᠎ᠠ ᠤᠳᠠᠭ᠎ᠠ ᠬᠠᠤᠯᠢ᠎ᠠᠴᠠ ᠵᠥᠷᠢᠴᠡᠪᠡᠯ ᠤᠷᠢᠳᠴᠢᠯᠠᠨ ᠰᠡᠷᠡᠮᠵᠢᠯᠡᠭᠦᠯᠵᠦ ᠰᠠᠨᠠᠭᠤᠯᠬᠤ ᠂ ᠬᠠᠤᠯᠢ᠎ᠠᠴᠠ ᠬᠥᠩᠭᠡᠪᠲᠦᠷ ᠵᠥᠷᠢᠴᠡᠭᠰᠡᠨ᠎ᠳᠤ ᠮᠡᠳᠡᠭᠳᠡᠬᠦ ᠠᠮᠠᠯᠠᠬᠤ ᠳᠦᠷᠢᠮ ᠂ ᠨᠡᠢ᠌ᠭᠡᠮ᠎ᠤᠨ ᠦᠢ᠍ᠯᠡᠴᠢᠯᠡᠭᠡ᠎ᠪᠠᠷ ᠲᠣᠷᠭ᠋ᠠᠭᠤᠯᠢ ᠵᠣᠭᠣᠰ᠎ᠢ ᠰᠠᠭᠤᠯᠭ᠋ᠠᠨ ᠪᠣᠳᠣᠬᠤ ᠵᠡᠷᠭᠡ ᠤᠶᠠᠨ ᠬᠠᠲᠠᠨ ᠴᠢᠨᠠᠷᠲᠠᠢ ᠬᠠᠤᠯᠢ ᠬᠡᠷᠡᠭᠵᠢᠭᠦᠯᠦᠯᠲᠡ ᠵᠢ ᠳᠡᠯᠭᠡᠷᠡᠭᠦᠯᠵᠦ ᠂ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠤᠨ ᠠᠵᠤ ᠠᠬᠤᠢ᠌ᠯᠠᠯ᠎ᠳᠤ ᠲᠤᠰᠬᠠᠢ᠌ᠵᠢᠭᠰᠠᠨ ᠦᠢ᠍ᠯᠡᠴᠢᠯᠡᠭᠡ ᠬᠠᠩᠭ᠋ᠠᠬᠤ ᠵᠢ ᠵᠣᠷᠢᠭᠵᠢᠭᠤᠯᠤᠨ᠎ᠠ ᠃ ᠳᠦᠷᠢᠮ ᠲᠣᠭᠲᠠᠭ᠋ᠠᠯ ᠰᠠᠬᠢᠯᠭ᠎ᠠ ᠪᠠᠲᠤ ᠬᠠᠤᠯᠢ ᠴᠠᠭ᠋ᠠᠵᠠ ᠶᠣᠰᠣᠭ᠋ᠠᠷ ᠭᠣᠣᠯᠳᠠᠯᠭ᠎ᠠ ᠪᠣᠯᠬᠤ ᠬᠦᠷᠢᠶᠡᠨ᠎ᠳᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯᠲᠠᠨ᠎ᠤ ᠲᠤᠰᠢᠶᠠᠯ ᠵᠶ᠋ᠠᠨ ᠭᠦᠢ᠍ᠴᠡᠳᠬᠡᠭᠰᠡᠨ ᠪᠣᠯ ᠬᠠᠷᠢᠭᠤᠴᠠᠯᠭ᠎ᠠ ᠨᠡᠬᠡᠮᠵᠢᠯᠡᠬᠦ ᠦᠭᠡᠢ ᠳᠦᠷᠢᠮ᠎ᠢ ᠲᠤᠷᠰᠢᠨ ᠬᠡᠷᠡᠭᠵᠢᠭᠦᠯᠦᠨ᠎ᠡ ᠃ ᠣᠷᠣᠨ ᠨᠤᠲᠤᠭ᠎ᠤᠨ ᠴᠢᠨᠠᠷᠲᠠᠢ ᠬᠠᠤᠯᠢ ᠲᠣᠭᠲᠠᠭ᠋ᠠᠯ ᠂ ᠵᠠᠰᠠᠭ᠎ᠤᠨ ᠣᠷᠳᠣᠨ᠎ᠤ ᠳᠦᠷᠢᠮ ᠲᠣᠭᠲᠠᠭ᠋ᠠᠯ᠎ᠤᠨ ᠵᠣᠭᠣᠰ ᠵᠶ᠋ᠠᠷ ᠲᠣᠷᠭ᠋ᠠᠬᠤ ᠪᠠᠢ᠌ᠷᠢᠯᠠᠭᠤᠯᠤᠯᠲᠠ ᠲᠣᠭᠲᠠᠭ᠋ᠠᠯᠲᠠ ᠵᠢ ᠤᠯᠠᠮ ᠨᠢᠭᠡ ᠠᠯᠬᠤᠮ ᠵᠢᠷᠤᠮᠵᠢᠭᠤᠯᠵᠤ ᠂ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠢ ᠪᠢᠴᠢᠭ ᠮᠠᠲ᠋ᠧᠷᠢᠶᠠᠯ᠎ᠳᠤ ᠵᠣᠭᠣᠰ ᠵᠶ᠋ᠠᠷ ᠲᠣᠷᠭ᠋ᠠᠬᠤ ᠵᠢ ᠪᠠᠢ᠌ᠷᠢᠯᠠᠭᠤᠯᠤᠨ ᠲᠣᠭᠲᠠᠭ᠋ᠠᠬᠤ ᠵᠢ ᠴᠢᠩᠭ᠎ᠠ ᠴᠠᠭ᠋ᠠᠵᠠᠯᠠᠵᠤ ᠂ ᠵᠣᠭᠣᠰ ᠲᠣᠷᠭ᠋ᠠᠬᠤ᠎ᠪᠠᠷ ᠣᠷᠣᠯᠭ᠎ᠠ ᠨᠡᠮᠡᠭᠳᠡᠭᠦᠯᠬᠦ ᠂ ᠵᠣᠭᠣᠰ ᠲᠣᠷᠭ᠋ᠠᠬᠤ᠎ᠪᠠᠷ ᠬᠠᠮᠢᠶᠠᠷᠬᠤ ᠵᠢ ᠣᠷᠣᠯᠠᠭᠤᠯᠬᠤ ᠂ ᠠᠰᠢᠭ ᠬᠥᠭᠡᠭᠡᠴᠡᠯᠳᠦᠨ ᠬᠠᠤᠯᠢ ᠬᠡᠷᠡᠭᠵᠢᠭᠦᠯᠬᠦ ᠵᠡᠷᠭᠡ ᠦᠢ᠍ᠯᠡ ᠠᠵᠢᠯᠯᠠᠭ᠎ᠠ ᠵᠢ ᠰᠡᠷᠭᠡᠢ᠌ᠯᠡᠨ ᠬᠣᠷᠢᠭᠯᠠᠨ᠎ᠠ ᠃
22. ᠬᠤᠳᠠᠯᠳᠤᠭ᠋ᠠᠨ᠎ᠤ ᠵᠠᠭᠤᠷᠠᠯᠳᠤᠭ᠋ᠠᠨ᠎ᠢ ᠰᠢᠢ᠍ᠳᠪᠦᠷᠢᠯᠡᠬᠦ ᠦᠷ᠎ᠡ ᠪᠦᠲᠦᠮᠵᠢ ᠵᠢ ᠳᠡᠭᠡᠭᠰᠢᠯᠡᠭᠦᠯᠦᠨ᠎ᠡ ᠃ ᠬᠡᠷᠡᠭ᠎ᠤᠨ ᠲᠦᠪᠡᠭ ᠳᠥᠭᠥᠮᠢ ᠰᠠᠯᠭ᠋ᠠᠬᠤ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ ᠂ ᠰᠢᠭᠦᠬᠦ ᠬᠣᠷᠢᠶ᠎ᠠ ᠵᠢ ᠳᠡᠮᠵᠢᠵᠦ ᠪᠠᠢ᠌ᠭ᠋ᠠᠳ ᠪᠠᠭ᠎ᠠ ᠲᠣᠭ᠋ᠠᠨ᠎ᠤ ᠵᠠᠷᠭᠤ ᠵᠢᠨ ᠵᠢᠷᠤᠮ᠎ᠢ ᠲᠣᠬᠢᠷᠠᠭᠤᠯᠤᠨ ᠬᠡᠷᠡᠭᠯᠡᠬᠦ ᠬᠡᠪᠴᠢᠶ᠎ᠡ ᠵᠢ ᠬᠠᠤᠯᠢ ᠶᠣᠰᠣᠭ᠋ᠠᠷ ᠥᠷᠭᠡᠳᠬᠡᠨ ᠂ ᠬᠡᠷᠡᠭ ᠵᠠᠷᠭᠤ᠎ᠳᠤ ᠲᠣᠬᠢᠷᠠᠬᠤ ᠬᠠᠷᠠᠯᠲᠠ ᠲᠣᠭ᠎ᠠ ᠵᠢ ᠳᠡᠭᠡᠭᠰᠢᠯᠡᠭᠦᠯᠦᠨ᠎ᠡ ᠃ ᠳ᠋ᠢᠵᠢᠲ᠋ᠠᠯ ᠰᠢᠭᠦᠬᠦ ᠬᠣᠷᠢᠶᠠᠨ᠎ᠤ ᠪᠠᠢ᠌ᠭᠤᠯᠤᠯᠲᠠ ᠵᠢ ᠭᠦᠨᠵᠡᠭᠡᠢ᠌ᠷᠡᠭᠦᠯᠵᠦ ᠂ ᠰᠢᠭᠦᠬᠦ ᠬᠣᠷᠢᠶᠠᠨ᠎ᠤ ᠵᠠᠷᠭᠤ ᠵᠢᠨ ᠭᠣᠣᠯ ᠴᠣᠭᠴᠠ ᠂ ᠵᠠᠷᠭᠤ ᠵᠢᠨ ᠲᠦᠷᠦᠯ ᠬᠡᠯᠪᠡᠷᠢ ᠂ ᠵᠠᠷᠭᠤ ᠵᠢᠨ ᠴᠤᠪᠤᠷᠠᠯ᠎ᠢ 《ᠰᠦᠯᠵᠢᠶ᠎ᠡ᠎ᠪᠠᠷ ᠭᠦᠢ᠍ᠴᠡᠳᠬᠡᠬᠦ 》᠎ᠪᠠᠷ ᠪᠦᠷᠢᠨ ᠪᠦᠷᠬᠦᠭᠦᠯᠬᠦ ᠵᠢ ᠠᠬᠢᠭᠤᠯᠬᠤ ᠵᠢ᠎ᠨᠢ ᠳᠡᠮᠵᠢᠵᠦ ᠂ 《ᠡᠭᠦᠯᠡᠨ ᠰᠢᠭᠦᠬᠦ ᠲᠢᠩᠬᠢᠮ 》᠎ᠤᠨ ᠴᠢᠳᠠᠮᠵᠢ ᠵᠢ ᠥᠷᠭᠡᠳᠬᠡᠵᠦ ᠂ ᠵᠠᠷᠭᠤ ᠵᠢᠨ ᠵᠠᠷᠤᠳᠠᠯ᠎ᠤᠨ ᠡᠯᠧᠺᠲᠷᠣᠨ ᠲᠤᠰᠬᠠᠢ ᠪᠠᠷᠢᠮᠲᠠ ᠵᠢ ᠳᠡᠯᠭᠡᠷᠡᠭᠦᠯᠦᠨ ᠬᠡᠷᠡᠭᠵᠢᠭᠦᠯᠵᠦ ᠂ ᠰᠦᠯᠵᠢᠶ᠎ᠡ᠎ᠪᠠᠷ ᠭᠤᠶᠤᠴᠢᠯᠠᠬᠤ ᠂ ᠴᠠᠭ ᠲᠤᠬᠠᠢᠳᠤᠨᠢ ᠵᠠᠷᠤᠳᠠᠯ ᠪᠤᠴᠠᠭ᠋ᠠᠬᠤ ᠵᠢ ᠪᠡᠶᠡᠯᠡᠭᠦᠯᠦᠨ ᠂ ᠰᠦᠯᠵᠢᠶ᠎ᠡ᠎ᠪᠠᠷ ᠵᠠᠷᠭᠤ ᠵᠢᠨ ᠵᠠᠷᠤᠳᠠᠯ ᠲᠤᠰᠢᠶᠠᠬᠤ ᠮᠡᠳᠡᠭᠳᠡᠯ᠎ᠤᠨ ᠪᠢᠴᠢᠭ ᠪᠣᠢ ᠪᠣᠯᠭ᠋ᠠᠬᠤ ᠪᠠ ᠡᠯᠧᠺᠲᠷᠣᠨ ᠪᠠᠷᠢᠮᠲᠠ ᠬᠠᠩᠭ᠋ᠠᠨ᠎ᠠ ᠃ ᠰᠢᠭᠦᠬᠦ ᠬᠣᠷᠢᠶᠠᠨ᠎ᠤ ᠲᠣᠮᠣ ᠳ᠋ᠠᠢ᠌ᠲ᠋ᠠ ᠵᠢᠨ ᠲᠠᠪᠴᠠᠩ᠎ᠢ ᠪᠠᠢ᠌ᠭᠤᠯᠵᠤ ᠂ ᠬᠡᠷᠡᠭ ᠪᠣᠯᠭ᠋ᠠᠨ ᠳᠠᠩᠰᠠᠯᠠᠬᠤ ᠰᠢᠭᠦᠨ ᠲᠠᠰᠤᠯᠬᠤ ᠭᠦᠢ᠍ᠴᠡᠳᠬᠡᠬᠦ ᠴᠤᠪᠤᠷᠠᠯ᠎ᠳᠤ ᠳ᠋ᠠᠢ᠌ᠲ᠋ᠠ ᠵᠢ ᠬᠠᠮᠲᠤ᠎ᠪᠠᠷ ᠬᠦᠷᠲᠡᠬᠦ ᠵᠢ ᠦᠷᠭᠦᠯᠵᠢᠯᠡᠨ ᠠᠬᠢᠭᠤᠯᠵᠤ ᠂ ᠮᠡᠳᠡᠭᠡ ᠵᠠᠩᠭᠢᠴᠢᠯᠠᠯᠲᠠ᠎ᠳᠤ ᠲᠦᠰᠢᠭᠯᠡᠨ ᠬᠡᠷᠡᠭ ᠪᠣᠯᠭ᠋ᠠᠨ ᠳᠠᠩᠰᠠᠯᠠᠬᠤ ᠰᠢᠭᠦᠨ ᠲᠠᠰᠤᠯᠬᠤ ᠭᠦᠢ᠍ᠴᠡᠳᠬᠡᠬᠦ ᠴᠠᠭ ᠬᠤᠭᠤᠴᠠᠭ᠎ᠠ ᠵᠢ ᠪᠣᠭᠣᠨᠢᠰᠬᠠᠵᠤ ᠂ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠦᠷ᠎ᠡ ᠪᠦᠲᠦᠮᠵᠢ ᠵᠢ ᠳᠡᠭᠡᠭᠰᠢᠯᠡᠭᠦᠯᠦᠨ᠎ᠡ ᠃
23. ᠢᠷᠭᠡᠨ᠎ᠤ ᠪᠠ ᠬᠤᠳᠠᠯᠳᠤᠭ᠋ᠠᠨ᠎ᠤ ᠬᠡᠷᠡᠭ᠎ᠤᠨ ᠵᠠᠭᠤᠷᠠᠯᠳᠤᠭ᠋ᠠᠨ᠎ᠢ ᠡᠶᠡᠳᠡᠭᠦᠯᠬᠦ ᠲᠣᠭᠲᠠᠴᠠ ᠵᠢ ᠲᠡᠭᠦᠯᠳᠡᠷᠵᠢᠭᠦᠯᠦᠨ᠎ᠡ ᠃ ᠡᠶᠡᠳᠡᠭᠦᠯᠬᠦ ᠂ ᠬᠥᠨᠳᠡᠯᠡᠨ᠎ᠠᠴᠠ ᠲᠠᠰᠤᠯᠬᠤ ᠂ ᠵᠠᠷᠭᠤ ᠬᠢᠬᠦ ᠵᠡᠷᠭᠡ ᠵᠢᠨ ᠣᠷᠭ᠋ᠠᠨᠢᠭ ᠵᠶ᠋ᠠᠷ ᠵᠣᠯᠭ᠋ᠠᠭᠤᠯᠤᠨ ᠵᠣᠬᠢᠴᠠᠭᠤᠯᠤᠭᠰᠠᠨ ᠣᠯᠠᠨ ᠡᠰᠢᠲᠦ ᠵᠠᠭᠤᠷᠠᠯᠳᠤᠭ᠋ᠠᠨ᠎ᠢ ᠰᠢᠢ᠍ᠳᠪᠦᠷᠢᠯᠡᠬᠦ ᠲᠣᠭᠲᠠᠴᠠ ᠵᠢ ᠲᠡᠭᠦᠯᠳᠡᠷᠵᠢᠭᠦᠯᠦᠨ᠎ᠡ ᠃ ᠬᠥᠨᠳᠡᠯᠡᠨ᠎ᠠᠴᠠ ᠲᠠᠰᠤᠯᠬᠤ ᠪᠠᠢ᠌ᠭᠤᠯᠤᠮᠵᠢ ᠂ ᠬᠤᠳᠠᠯᠳᠤᠭ᠋ᠠᠨ᠎ᠤ ᠬᠡᠷᠡᠭ᠎ᠤᠨ ᠡᠶᠡᠳᠡᠭᠦᠯᠬᠦ ᠵᠣᠬᠢᠶᠠᠨ ᠪᠠᠢ᠌ᠭᠤᠯᠤᠯᠲᠠ ᠵᠢᠨ ᠬᠥᠭᠵᠢᠯᠲᠡ ᠵᠢ ᠵᠣᠷᠢᠭᠵᠢᠭᠤᠯᠤᠨ ᠳᠡᠮᠵᠢᠵᠦ ᠂ ᠡᠶᠡᠳᠡᠭᠦᠯᠬᠦ ᠠᠷᠭ᠎ᠠ ᠪᠠᠷᠢᠯ᠎ᠢ ᠬᠡᠷᠡᠭᠯᠡᠨ ᠬᠤᠳᠠᠯᠳᠤᠭ᠋ᠠᠨ᠎ᠤ ᠵᠠᠭᠤᠷᠠᠯᠳᠤᠭ᠋ᠠᠨ᠎ᠢ ᠰᠢᠢ᠍ᠳᠪᠦᠷᠢᠯᠡᠬᠦ ᠵᠢ ᠴᠢᠬᠤᠯᠠᠴᠢᠯᠠᠨ᠎ᠠ ᠃ ᠨᠢᠭᠡ ᠪᠦᠯᠦᠭ ᠲᠤᠰᠬᠠᠢ᠌ᠵᠢᠭᠰᠠᠨ ᠂ ᠡᠷᠴᠢᠮᠵᠢᠭᠰᠡᠨ ᠂ ᠵᠠᠬ᠎ᠠ ᠳᠡᠯᠭᠡᠭᠦᠷᠴᠢᠯᠡᠭᠰᠡᠨ ᠵᠥᠷᠢᠴᠡᠯ ᠵᠠᠭᠤᠷᠠᠯᠳᠤᠭ᠋ᠠᠨ᠎ᠢ ᠡᠶᠡᠳᠡᠭᠦᠯᠬᠦ ᠪᠠᠢ᠌ᠭᠤᠯᠤᠮᠵᠢ ᠵᠢ ᠪᠠᠢ᠌ᠭᠤᠯᠤᠨ᠎ᠠ ᠃ ᠵᠠᠷᠭᠤ᠎ᠠᠴᠠ ᠡᠮᠦᠨᠡᠬᠢ ᠡᠶᠡᠳᠡᠭᠦᠯᠭᠡ ᠵᠢ ᠰᠠᠨᠠᠭ᠋ᠠᠴᠢᠯᠠᠭ᠎ᠠ᠎ᠠᠴᠠ᠎ᠪᠠᠨ ᠭᠦᠢ᠍ᠴᠡᠳᠬᠡᠬᠦ ᠵᠢᠨ ᠱᠠᠩᠨᠠᠵᠤ ᠲᠣᠷᠭ᠋ᠠᠬᠤ ᠲᠣᠭᠲᠠᠴᠠ ᠵᠢ ᠪᠠᠢ᠌ᠭᠤᠯᠤᠨ᠎ᠠ ᠃ ᠰᠠᠨᠠᠭ᠋ᠠᠴᠢᠯᠠᠭ᠎ᠠ᠎ᠠᠴᠠ᠎ᠪᠠᠨ ᠭᠦᠢ᠍ᠴᠡᠳᠬᠡᠵᠦ ᠳᠠᠭᠤᠰᠤᠭᠰᠠᠨ ᠬᠡᠷᠡᠭ᠎ᠲᠤ ᠲᠤᠬᠠᠢ ᠵᠢᠨ ᠬᠥᠮᠥᠨ᠎ᠤ ᠭᠤᠶᠤᠴᠢᠯᠠᠯᠲᠠ᠎ᠪᠠᠷ ᠰᠢᠭᠦᠬᠦ ᠬᠣᠷᠢᠶ᠎ᠠ᠎ᠨᠢ 《ᠰᠠᠨᠠᠭ᠋ᠠᠴᠢᠯᠠᠭ᠎ᠠ᠎ᠠᠴᠠ᠎ᠪᠠᠨ ᠭᠦᠢ᠍ᠴᠡᠳᠬᠡᠭᠰᠡᠨ ᠭᠡᠷᠡᠴᠢ ᠪᠢᠴᠢᠭ 》 ᠭᠠᠷᠭ᠋ᠠᠨ ᠥᠭᠴᠦ ᠪᠣᠯᠣᠨ᠎ᠠ ᠃ ᠰᠠᠨᠠᠭ᠋ᠠᠴᠢᠯᠠᠭ᠎ᠠ᠎ᠠᠴᠠ᠎ᠪᠠᠨ ᠭᠦᠢ᠍ᠴᠡᠳᠬᠡᠬᠦ ᠦᠢ᠍ᠯᠡ ᠠᠵᠢᠯᠯᠠᠭ᠎ᠠ ᠵᠢ ᠢᠲᠡᠭᠡᠮᠵᠢ ᠵᠢᠨ ᠦᠨᠡᠯᠡᠯᠲᠡᠯᠦᠭᠡ ᠬᠣᠯᠪᠣᠭᠳᠠᠭᠤᠯᠬᠤ ᠲᠣᠭᠲᠠᠴᠠ ᠵᠢ ᠪᠠᠢ᠌ᠭᠤᠯᠵᠤ ᠂ ᠦᠨᠡᠨᠴᠢ ᠢᠲᠡᠭᠡᠮᠵᠢᠲᠡᠢ᠎ᠪᠠᠷ ᠭᠦᠢ᠍ᠴᠡᠳᠬᠡᠭᠰᠡᠨ ᠨᠡᠷᠡᠰ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠂ ᠭᠠᠢ᠌ᠯᠢ ᠵᠢᠨ ᠶᠠᠪᠤᠳᠠᠯ ᠵᠡᠷᠭᠡ ᠰᠠᠯᠠᠭ᠎ᠠ ᠮᠥᠴᠢᠷ ᠪᠠ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ᠎ᠳᠤ ᠶᠠᠪᠤᠭᠤᠯᠤᠨ᠎ᠠ ᠃
24. ᠠᠵᠤ ᠠᠬᠤᠢ᠌ᠯᠠᠯ᠎ᠤᠨ ᠳᠠᠮᠫᠤᠷᠠᠯ᠎ᠤᠨ ᠳᠦᠷᠢᠮ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠦᠨ᠎ᠡ ᠃ 《ᠬᠡᠷᠡᠭ ᠪᠣᠯᠭ᠋ᠠᠨ ᠳᠠᠩᠰᠠᠯᠠᠬᠤ ᠰᠢᠭᠦᠨ ᠲᠠᠰᠤᠯᠬᠤ ᠭᠦᠢ᠍ᠴᠡᠳᠬᠡᠬᠦ ᠳᠠᠮᠫᠤᠷᠠᠯ᠎ᠤᠨ ᠨᠢᠭᠡ ᠴᠣᠭᠴᠠᠵᠢᠭᠤᠯᠬᠤ 》 ᠲᠣᠭᠲᠠᠴᠠ ᠵᠢ ᠲᠡᠭᠦᠯᠳᠡᠷᠵᠢᠭᠦᠯᠵᠦ ᠂ ᠭᠦᠢ᠍ᠴᠡᠳᠬᠡᠨ ᠰᠢᠭᠦᠬᠦ ᠲᠤᠰᠢᠶᠠᠯᠲᠠᠨ ᠬᠢᠭᠡᠳ ᠳᠠᠮᠫᠤᠷᠠᠯ᠎ᠤᠨ ᠰᠢᠭᠦᠬᠦ ᠲᠤᠰᠢᠶᠠᠯᠲᠠᠨ᠎ᠤ ᠨᠡᠢ᠌ᠯᠡᠮᠡᠯ ᠰᠢᠭᠦᠨ ᠲᠠᠰᠤᠯᠬᠤ ᠪᠦᠯᠬᠦᠮ᠎ᠤᠨ ᠪᠠᠢ᠌ᠭᠤᠯᠤᠯᠲᠠ ᠵᠢ ᠴᠢᠩᠭ᠋ᠠᠳᠬᠠᠨ᠎ᠠ ᠃ ᠳᠠᠮᠫᠤᠷᠠᠯ᠎ᠤᠨ ᠬᠡᠷᠡᠭ᠎ᠢ ᠰᠢᠭᠦᠬᠦ ᠬᠤᠭᠤᠴᠠᠭ᠋ᠠᠯᠠᠯᠤᠨ ᠬᠠᠮᠢᠶᠠᠷᠤᠯᠲᠠ ᠵᠢ ᠴᠢᠩᠳᠠᠯᠠᠵᠤ ᠂ ᠤᠷᠲᠤ ᠬᠤᠭᠤᠴᠠᠭ᠎ᠠ᠎ᠪᠠᠷ ᠳᠠᠭᠤᠰᠬᠠᠭ᠋ᠠᠳᠤᠢ ᠬᠡᠷᠡᠭ᠎ᠢ ᠢᠯᠭ᠋ᠠᠷᠠᠭᠤᠯᠬᠤ ᠡᠷᠴᠢᠮ ᠵᠶ᠋ᠠᠨ ᠴᠢᠩᠭ᠋ᠠᠷᠠᠭᠤᠯᠤᠨ᠎ᠠ ᠃ ᠳᠥᠭᠥᠮ ᠬᠡᠷᠡᠭ᠎ᠢ ᠲᠦᠷᠭᠡᠨ ᠰᠢᠭᠦᠬᠦ ᠲᠠᠰ ᠳᠠᠷᠠᠭ᠋ᠠᠯᠠᠯ᠎ᠤᠨ ᠲᠣᠬᠢᠷᠠᠭᠤᠯᠤᠨ ᠬᠡᠷᠡᠭᠯᠡᠬᠦ ᠨᠣᠷᠮ᠎ᠠ ᠵᠢ ᠳᠡᠭᠡᠭᠰᠢᠯᠡᠭᠦᠯᠵᠦ ᠂ 《ᠲᠥᠯᠥᠬᠦ ᠬᠥᠷᠥᠩᠭᠡ ᠦᠭᠡᠢ ᠳᠠᠮᠫᠤᠷᠠᠯ 》᠂ 《ᠭᠦᠢ᠍ᠴᠡᠳᠬᠡᠬᠦ ᠬᠡᠷᠡᠭ᠎ᠠᠴᠠ ᠳᠠᠮᠫᠤᠷᠠᠯ᠎ᠤᠨ ᠬᠡᠷᠡᠭ ᠪᠣᠯᠭ᠋ᠠᠬᠤ 》 ᠵᠡᠷᠭᠡ ᠳᠠᠮᠫᠤᠷᠠᠯ᠎ᠤᠨ ᠬᠡᠷᠡᠭ᠎ᠢ ᠰᠢᠭᠦᠬᠦ ᠦᠷ᠎ᠡ ᠪᠦᠲᠦᠮᠵᠢ ᠵᠢ ᠳᠡᠭᠡᠭᠰᠢᠯᠡᠭᠦᠯᠦᠨ᠎ᠡ ᠃ ᠡᠯ᠎ᠡ ᠠᠢ᠌ᠮᠠᠭ ᠬᠣᠲᠠ ᠵᠢ ᠵᠢᠯᠤᠭᠣᠳᠴᠤ ᠪᠠᠢ᠌ᠭ᠋ᠠᠳ ᠳᠠᠮᠫᠤᠷᠠᠯ᠎ᠤᠨ ᠲᠤᠰᠠᠯᠠᠮᠵᠢ ᠵᠢᠨ ᠪᠡᠯᠡ ᠮᠥᠩᠭᠥ ᠵᠢᠨ ᠬᠠᠮᠢᠶᠠᠷᠤᠯᠲᠠ ᠵᠢᠨ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠵᠦ ᠂ ᠳᠠᠮᠫᠤᠷᠠᠯ᠎ᠤᠨ ᠲᠤᠰᠠᠯᠠᠮᠵᠢ ᠵᠢᠨ ᠪᠡᠯᠡ ᠮᠥᠩᠭᠥ ᠵᠢ ᠬᠢᠨᠠᠨ ᠵᠥᠪᠰᠢᠶᠡᠷᠡᠬᠦ ᠠᠷᠭ᠎ᠠ ᠮᠠᠶᠢᠭ᠎ᠢ ᠲᠡᠭᠦᠯᠳᠡᠷᠵᠢᠭᠦᠯᠦᠨ ᠰᠢᠯᠢᠳᠡᠭᠵᠢᠭᠦᠯᠵᠦ ᠂ ᠪᠡᠯᠡ ᠮᠥᠩᠭᠥ ᠰᠠᠯᠭ᠋ᠠᠨ ᠥᠭᠬᠦ ᠦᠷ᠎ᠡ ᠪᠦᠲᠦᠮᠵᠢ ᠵᠢ ᠳᠡᠭᠡᠭᠰᠢᠯᠡᠭᠦᠯᠦᠨ᠎ᠡ ᠃ ᠳᠠᠮᠫᠤᠷᠠᠯ᠎ᠤᠨ ᠳᠠᠬᠢᠨ ᠴᠡᠭᠴᠡᠯᠡᠯᠲᠡ ᠵᠢᠨ ᠠᠵᠤ ᠠᠬᠤᠢ᠌ᠯᠠᠯ᠎ᠢ ᠢᠯᠭ᠋ᠠᠨ ᠲᠠᠨᠢᠬᠤ᠎ᠪᠠᠨ ᠴᠢᠩᠭ᠋ᠠᠳᠬᠠᠨ ᠂ ᠳᠠᠮᠫᠤᠷᠠᠯ᠎ᠤᠨ ᠠᠵᠢᠯ᠎ᠤᠨ ᠨᠢᠭᠡᠳᠦᠯᠲᠡᠢ ᠵᠣᠬᠢᠴᠠᠭᠤᠯᠬᠤ ᠲᠣᠭᠲᠠᠴᠠ ᠵᠢ ᠪᠠᠢ᠌ᠭᠤᠯᠵᠤ ᠂ ᠵᠠᠰᠠᠭ᠎ᠤᠨ ᠣᠷᠳᠣᠨ ᠬᠢᠭᠡᠳ ᠰᠢᠭᠦᠬᠦ ᠬᠣᠷᠢᠶ᠎ᠠ ᠵᠢᠨ ᠬᠣᠯᠪᠤᠭ᠋ᠠᠯᠠᠨ ᠬᠥᠳᠡᠯᠦᠯᠴᠡᠵᠦ ᠵᠣᠬᠢᠴᠠᠭᠤᠯᠬᠤ ᠲᠣᠭᠲᠠᠴᠠ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ ᠂ ᠶᠡᠷᠦᠩᠬᠡᠢ᠌ᠯᠡᠭᠰᠡᠨ ᠬᠡᠪ ᠵᠠᠭᠪᠤᠷ ᠵᠶ᠋ᠡᠷ ᠠᠵᠤ ᠠᠬᠤᠢ᠌ᠯᠠᠯ᠎ᠢ ᠠᠪᠤᠷᠠᠨ᠎ᠠ ᠃
25. ᠠᠵᠤ ᠠᠬᠤᠢ᠌ᠯᠠᠯ᠎ᠤᠨ ᠲᠣᠭᠲᠠᠭ᠋ᠠᠯ᠎ᠳᠤ ᠨᠡᠢ᠌ᠴᠡᠬᠦ ᠵᠢ ᠠᠬᠢᠭᠤᠯᠬᠤ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠲᠣᠭᠲᠠᠯᠴᠠᠭ᠎ᠠ ᠵᠢ ᠲᠡᠭᠦᠯᠳᠡᠷᠵᠢᠭᠦᠯᠦᠨ᠎ᠡ ᠃ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠡᠬᠢ ᠪᠠᠶᠠᠯᠢᠭ᠎ᠢ ᠦᠨᠳᠦᠰᠦᠨ ᠱᠠᠲᠤᠨ᠎ᠳᠤ ᠭᠦᠨᠵᠡᠭᠡᠢ᠌ᠷᠡᠭᠦᠯᠬᠦ ᠵᠢ ᠠᠬᠢᠭᠤᠯᠵᠤ ᠂ ᠡᠬᠢ ᠡᠭᠦᠰᠦᠯ᠎ᠠᠴᠠ᠎ᠨᠢ ᠠᠵᠤ ᠠᠬᠤᠢ᠌ᠯᠠᠯ᠎ᠢ ᠬᠠᠪᠰᠤᠷᠤᠨ ᠲᠣᠭᠲᠠᠭ᠋ᠠᠯ᠎ᠳᠤ ᠨᠡᠢ᠌ᠴᠡᠬᠦ ᠬᠢᠷᠢ ᠲᠦᠪᠰᠢᠨ᠎ᠢ᠎ᠨᠢ ᠳᠡᠭᠡᠭᠰᠢᠯᠡᠭᠦᠯᠦᠨ᠎ᠡ ᠃ ᠠᠵᠤ ᠠᠬᠤᠢ᠌ᠯᠠᠯ᠎ᠢ ᠲᠣᠭᠲᠠᠭ᠋ᠠᠯ᠎ᠳᠤ ᠨᠡᠢ᠌ᠴᠡᠭᠦᠯᠬᠦ ᠬᠠᠮᠢᠶᠠᠷᠤᠯᠲᠠ ᠵᠢᠨ ᠲᠣᠭᠲᠠᠯᠴᠠᠭ᠎ᠠ ᠵᠢ ᠪᠠᠢ᠌ᠭᠤᠯᠵᠤ ᠂ ᠭᠤᠷᠪᠠᠳᠠᠭᠢ ᠡᠲᠡᠭᠡᠳ᠎ᠤᠨ ᠲᠣᠭᠲᠠᠴᠠ ᠵᠢᠨ ᠲᠤᠰᠬᠠᠢ ᠠᠵᠢᠯᠲᠠᠨ᠎ᠤ ᠨᠡᠷᠡᠰ᠎ᠤᠨ ᠬᠥᠮᠥᠷᠭᠡ ᠵᠢ ᠪᠠᠢ᠌ᠭᠤᠯᠵᠤ ᠂ ᠬᠡᠷᠡᠭ᠎ᠲᠤ ᠬᠣᠯᠪᠣᠭᠳᠠᠭᠰᠠᠨ ᠠᠵᠤ ᠠᠬᠤᠢ᠌ᠯᠠᠯ᠎ᠢ ᠭᠤᠷᠪᠠᠳᠠᠭᠢ ᠡᠲᠡᠭᠡᠳ ᠬᠢᠨᠠᠯᠲᠠ ᠲᠠᠯᠪᠢᠵᠤ ᠦᠨᠡᠯᠡᠨ ᠵᠢᠱ᠌ᠢᠬᠦ ᠲᠣᠭᠲᠠᠴᠠ ᠵᠢ ᠲᠡᠭᠦᠯᠳᠡᠷᠵᠢᠭᠦᠯᠦᠨ ᠂ ᠠᠵᠤ ᠠᠬᠤᠢ᠌ᠯᠠᠯ᠎ᠢ ᠲᠣᠭᠲᠠᠭ᠋ᠠᠯ᠎ᠳᠤ ᠨᠡᠢ᠌ᠴᠡᠭᠦᠯᠬᠦ ᠳᠦᠷᠢᠮ᠎ᠤᠨ ᠲᠣᠬᠢᠷᠠᠭᠤᠯᠤᠨ ᠬᠡᠷᠡᠭᠯᠡᠬᠦ ᠬᠡᠪᠴᠢᠶ᠎ᠡ ᠪᠠ ᠪᠦᠷᠬᠦᠴᠡ ᠵᠢᠨ ᠨᠣᠷᠮ᠎ᠠ ᠵᠢ ᠥᠷᠭᠡᠳᠬᠡᠨ᠎ᠡ ᠃ ᠠᠳᠠᠯᠢ ᠪᠤᠰᠤ ᠲᠥᠷᠥᠯ ᠬᠡᠯᠪᠡᠷᠢ ᠵᠢᠨ ᠬᠡᠷᠡᠭ ᠂ ᠠᠳᠠᠯᠢ ᠪᠤᠰᠤ ᠲᠥᠷᠥᠯ ᠢᠯᠭ᠋ᠠᠯ᠎ᠤᠨ ᠠᠵᠤ ᠠᠬᠤᠢ᠌ᠯᠠᠯ ᠠᠵᠢᠯ ᠲᠥᠷᠥᠯ᠎ᠤᠨ ᠲᠤᠰᠬᠠᠢ ᠵᠦᠢ᠍ᠯ ᠪᠤᠶᠤ ᠣᠯᠠᠨ ᠵᠦᠢ᠍ᠯ᠎ᠤᠨ ᠲᠣᠭᠲᠠᠭ᠋ᠠᠯ᠎ᠳᠤ ᠨᠡᠢ᠌ᠴᠡᠬᠦ ᠪᠠᠷᠢᠮᠵᠢᠶ᠎ᠠ ᠵᠢ ᠲᠣᠭᠲᠠᠭ᠋ᠠᠵᠤ ᠂ ᠠᠵᠤ ᠠᠬᠤᠢ᠌ᠯᠠᠯ᠎ᠤᠨ ᠬᠡᠷᠡᠭ᠎ᠲᠤ ᠬᠣᠯᠪᠣᠭᠳᠠᠬᠤ ᠦᠢ᠍ᠯᠡ ᠠᠵᠢᠯᠯᠠᠭ᠎ᠠ ᠪᠠ ᠠᠵᠤ ᠠᠬᠤᠢ᠌ᠯᠠᠯ᠎ᠤᠨ ᠳᠣᠲᠣᠭ᠋ᠠᠳᠤ᠎ᠳᠠᠬᠢ ᠬᠠᠮᠢᠶᠠᠷᠤᠯᠲᠠ ᠵᠢ ᠲᠣᠭᠲᠠᠭ᠋ᠠᠯ᠎ᠳᠤ ᠨᠡᠢ᠌ᠴᠡᠭᠦᠯᠬᠦ ᠲᠠᠯ᠎ᠠ᠎ᠪᠠᠷ ᠴᠡᠭᠴᠡᠯᠡᠨ ᠰᠠᠢ᠌ᠵᠢᠷᠠᠭᠤᠯᠬᠤ ᠵᠢ ᠠᠬᠢᠭᠤᠯᠵᠤ ᠂ ᠠᠵᠤ ᠠᠬᠤᠢ᠌ᠯᠠᠯ᠎ᠤᠨ ᠤᠷᠢᠳᠠᠴᠢ ᠵᠠᠰᠠᠯᠲᠠ ᠂ ᠲᠡᠭᠦᠰᠬᠡᠯ ᠦᠵᠦᠭᠦᠷ᠎ᠤᠨ ᠵᠠᠰᠠᠯᠲᠠ ᠵᠢ ᠨᠢᠭᠡ ᠴᠣᠭᠴᠠᠵᠢᠭᠤᠯᠬᠤ ᠵᠢ ᠠᠬᠢᠭᠤᠯᠤᠨ᠎ᠠ ᠃ ᠠᠯᠪᠠᠨ ᠭᠡᠷᠡᠴᠢᠯᠡᠭᠡ ᠵᠢᠨ ᠵᠦᠢ᠍ᠯᠡᠰ᠎ᠢ ᠰᠦᠯᠵᠢᠶ᠎ᠡ᠎ᠪᠠᠷ ᠭᠦᠢ᠍ᠴᠡᠳᠬᠡᠬᠦ ᠵᠢ ᠠᠬᠢᠭᠤᠯᠵᠤ ᠂ 《ᠶᠡᠬᠡᠳᠡᠬᠦᠳᠤᠪᠠᠨ ᠨᠢᠭᠡ ᠯᠡ ᠤᠳᠠᠭ᠎ᠠ ᠣᠴᠢᠵᠤ ᠭᠦᠢ᠍ᠴᠡᠳᠬᠡᠬᠦ 》 ᠠᠯᠪᠠᠨ ᠭᠡᠷᠡᠴᠢᠯᠡᠭᠡ ᠵᠢᠨ ᠵᠦᠢ᠍ᠯᠡᠰ᠎ᠤᠨ ᠬᠡᠪᠴᠢᠶ᠎ᠡ ᠵᠢ ᠥᠷᠭᠡᠳᠬᠡᠨ᠎ᠡ ᠃
26. ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯ᠎ᠤᠨ ᠥᠮᠴᠢᠯᠡᠯ᠎ᠤᠨ ᠡᠷᠬᠡ ᠪᠠ ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯᠲᠠᠨ᠎ᠤ ᠡᠷᠬᠡ ᠠᠰᠢᠭ᠎ᠢ ᠬᠠᠤᠯᠢ ᠶᠣᠰᠣᠭ᠋ᠠᠷ ᠬᠠᠮᠠᠭ᠋ᠠᠯᠠᠨ᠎ᠠ ᠃ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠰᠠᠭᠤᠳᠠᠯ᠎ᠤᠨ ᠰᠦᠪᠡᠭᠴᠢ ᠴᠤᠭᠯᠠᠭᠤᠯᠬᠤ ᠠᠷᠭ᠎ᠠ ᠮᠠᠶᠢᠭ᠎ᠢ ᠥᠷᠭᠡᠳᠬᠡᠵᠦ ᠂ ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯ᠎ᠤᠨ᠎ᠬᠢᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠰᠠᠭᠤᠳᠠᠯ᠎ᠢ ᠵᠠᠭ᠋ᠠᠯᠳᠤᠬᠤ ᠂ ᠢᠯᠡᠴᠢᠯᠡᠨ ᠮᠡᠳᠡᠭᠦᠯᠬᠦ᠎ᠳᠤ ᠳᠥᠭᠦᠮ ᠦᠵᠡᠭᠦᠯᠦᠨ᠎ᠡ ᠃ ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯ᠎ᠯᠤᠭ᠎ᠠ ᠵᠢᠨ ᠪᠠᠢ᠌ᠩᠭᠤᠵᠢᠭᠤᠯᠤᠭᠰᠠᠨ ᠨᠡᠪᠲᠡᠷᠡᠯᠴᠡᠨ ᠰᠣᠯᠢᠯᠴᠠᠬᠤ ᠲᠣᠭᠲᠠᠴᠠ ᠵᠢ ᠪᠠᠢ᠌ᠭᠤᠯᠤᠨ ᠲᠡᠭᠦᠯᠳᠡᠷᠵᠢᠭᠦᠯᠵᠦ ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠠᠵᠢᠯ᠎ᠤᠨ ᠲᠤᠬᠠᠢ ᠰᠠᠨᠠᠯ ᠰᠠᠨᠠᠭᠤᠯᠭ᠎ᠠ ᠵᠢ ᠴᠤᠭᠯᠠᠭᠤᠯᠤᠨ ᠡᠮᠬᠢᠳᠬᠡᠨ᠎ᠡ ᠃ ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯ᠎ᠤᠨ ᠬᠠᠤᠯᠢ ᠶᠣᠰᠣᠨ᠎ᠤ ᠡᠷᠬᠡ ᠠᠰᠢᠭ᠎ᠲᠤ ᠵᠣᠷᠢᠭᠤᠳᠠ ᠬᠠᠯᠳᠠᠭᠰᠠᠨ ᠂ ᠵᠠᠬ᠎ᠠ ᠳᠡᠯᠭᠡᠭᠦᠷ᠎ᠤᠨ ᠬᠡᠪ᠎ᠤᠨ ᠡᠮᠬᠢ ᠵᠢᠷᠤᠮ᠎ᠢ ᠰᠠᠮᠠᠭᠤᠷᠠᠭᠤᠯᠤᠭᠰᠠᠨ ᠦᠢ᠍ᠯᠡ ᠠᠵᠢᠯᠯᠠᠭ᠎ᠠ᠎ᠳᠤ ᠴᠢᠭᠯᠡᠭᠦᠯᠦᠨ ᠂ ᠡᠯ᠎ᠡ ᠱᠠᠲᠤᠨ᠎ᠤ ᠳᠣᠲᠣᠭ᠋ᠠᠳᠤ ᠵᠢ ᠬᠠᠮᠠᠭ᠋ᠠᠯᠠᠬᠤ ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠨᠢ ᠬᠠᠤᠯᠢ ᠶᠣᠰᠣᠭ᠋ᠠᠷ ᠴᠢᠩᠭ᠎ᠠ ᠴᠣᠬᠢᠯᠲᠠ ᠥᠭᠬᠦ ᠬᠡᠷᠡᠭᠲᠡᠢ ᠃ ᠬᠠᠤᠯᠢ ᠴᠠᠭ᠋ᠠᠵᠠ ᠵᠢᠨ ᠠᠷᠭ᠎ᠠ ᠪᠠᠷᠢᠯ᠎ᠢ ᠢᠳᠡᠪᠬᠢᠲᠡᠢ ᠬᠡᠷᠡᠭᠯᠡᠨ ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯ᠎ᠤᠨ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠢ᠌ᠭ᠎ᠠ ᠠᠰᠠᠭᠤᠳᠠᠯ᠎ᠢ ᠰᠢᠢ᠍ᠳᠪᠦᠷᠢᠯᠡᠬᠦ ᠵᠢ ᠠᠬᠢᠭᠤᠯᠵᠤ ᠂ ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯ᠎ᠤᠨ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠲᠠᠯ᠎ᠠ᠎ᠪᠠᠷ᠎ᠬᠢ ᠬᠡᠷᠡᠭᠴᠡᠭᠡ ᠱᠠᠭ᠋ᠠᠷᠳᠠᠯᠭ᠎ᠠ ᠵᠢ ᠴᠠᠭ ᠲᠤᠬᠠᠢᠳᠤᠨᠢ ᠬᠠᠩᠭ᠋ᠠᠨ᠎ᠠ ᠃ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯ᠎ᠳᠤ ᠦᠢ᠍ᠯᠡᠴᠢᠯᠡᠭᠰᠡᠨ ᠲᠤᠷᠰᠢᠯᠭ᠎ᠠ᠎ᠪᠠᠨ ᠰᠣᠯᠢᠯᠴᠠᠵᠤ ᠰᠤᠳᠤᠯᠤᠨ ᠶᠠᠷᠢᠯᠴᠠᠬᠤ ᠠᠵᠢᠯᠯᠠᠭ᠎ᠠ ᠪᠠ ᠲᠤᠰᠬᠠᠢ ᠰᠡᠳᠦᠪᠲᠦ ᠲᠤᠬᠠᠢ᠌ᠯᠠᠭᠰᠠᠨ ᠠᠵᠢᠯ᠎ᠤᠨ ᠪᠣᠯᠪᠠᠰᠤᠷᠠᠯ᠎ᠢ ᠥᠷᠨᠢᠭᠦᠯᠦᠨ᠎ᠡ ᠃ ᠠᠵᠤ ᠠᠬᠤᠢ᠌ᠯᠠᠯ᠎ᠳᠤ ᠬᠣᠯᠪᠣᠭᠳᠠᠭᠰᠠᠨ ᠡᠷᠡᠭᠦᠦ ᠵᠢᠨ ᠵᠠᠷᠭᠤ ᠵᠢᠨ 《ᠬᠣᠢ᠌ᠰᠢ ᠲᠠᠯᠪᠢᠭᠰᠠᠨ ᠬᠡᠷᠡᠭ 》᠎ᠢ ᠢᠯᠭ᠋ᠠᠷᠠᠭᠤᠯᠬᠤ ᠠᠵᠢᠯ᠎ᠢ ᠪᠠᠢ᠌ᠩᠭᠤᠵᠢᠭᠤᠯᠤᠨ ᠥᠷᠨᠢᠭᠦᠯᠬᠦ ᠵᠢ ᠳᠡᠮᠵᠢᠨ᠎ᠡ ᠃
(ᠳᠥᠷᠪᠡ) ᠰᠢᠨ᠎ᠡ ᠵᠢ ᠡᠭᠦᠳᠴᠦ ᠵᠢᠱ᠌ᠢᠶ᠎ᠡ ᠦᠵᠡᠭᠦᠯᠦᠨ ᠬᠥᠲᠥᠯᠥᠨ ᠳᠠᠭ᠋ᠠᠭᠤᠯᠬᠤ ᠵᠢ ᠵᠣᠷᠢᠭᠵᠢᠭᠤᠯᠵᠤ ᠂ ᠰᠢᠨ᠎ᠡ ᠵᠢ ᠡᠭᠦᠳᠦᠨ ᠦᠢ᠍ᠯᠡᠰ ᠴᠣᠭᠴᠠᠯᠠᠬᠤ ᠣᠷᠴᠢᠨ ᠨᠥᠬᠥᠴᠡᠯ᠎ᠢ ᠰᠢᠯᠢᠳᠡᠭᠵᠢᠭᠦᠯᠦᠨ᠎ᠡ ᠃
27. ᠠᠵᠤ ᠠᠬᠤᠢ᠌ᠯᠠᠯ᠎ᠤᠨ ᠰᠢᠨ᠎ᠡ ᠵᠢ ᠡᠭᠦᠳᠦᠨ ᠬᠥᠭᠵᠢᠬᠦ ᠣᠷᠴᠢᠨ ᠨᠥᠬᠥᠴᠡᠯ᠎ᠢ ᠪᠣᠢ ᠪᠣᠯᠭ᠋ᠠᠨ᠎ᠠ ᠃ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠡᠯᠪᠡᠷᠢ ᠵᠢᠨ ᠳᠤᠮᠳᠠ ᠵᠢᠵᠢᠭ ᠠᠵᠤ ᠠᠬᠤᠢ᠌ᠯᠠᠯ᠎ᠢ ᠦᠨᠡᠯᠡᠵᠦ ᠬᠥᠮᠥᠷᠭᠡ᠎ᠳᠤ ᠣᠷᠣᠭᠤᠯᠬᠤ ᠠᠵᠢᠯ᠎ᠢ ᠠᠬᠢᠭᠤᠯᠵᠤ ᠂ ᠨᠥᠬᠥᠴᠡᠯ᠎ᠳᠤ ᠨᠡᠢ᠌ᠴᠡᠬᠦ ᠨᠡᠩ ᠣᠯᠠᠨ ᠳᠤᠮᠳᠠ ᠵᠢᠵᠢᠭ ᠪᠢᠴᠢᠯ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠡᠯᠪᠡᠷᠢ ᠵᠢᠨ ᠠᠵᠤ ᠠᠬᠤᠢ᠌ᠯᠠᠯ᠎ᠢ 《ᠦᠨᠡᠯᠡᠨ ᠲᠣᠭᠲᠠᠭ᠋ᠠᠪᠠᠰᠤ ᠵᠣᠬᠢᠬᠤ ᠪᠦᠬᠦᠨ᠎ᠢ ᠦᠨᠡᠯᠡᠨ ᠲᠣᠭᠲᠠᠭ᠋ᠠᠵᠤ ᠂ ᠣᠷᠣᠭᠤᠯᠪᠠᠰᠤ ᠵᠣᠬᠢᠬᠤ ᠪᠦᠬᠦᠨ᠎ᠢ ᠣᠷᠣᠭᠤᠯᠬᠤ 》 ᠵᠢ ᠠᠬᠢᠭᠤᠯᠤᠨ᠎ᠠ ᠃ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠬᠦ ᠵᠢᠨ ᠲᠣᠭᠣᠷᠢᠨ᠎ᠳᠤ ᠣᠰᠣᠳᠦ᠋ᠷᠦᠭᠴᠢ ᠡᠨᠧᠷᠬᠢ ᠂ ᠰᠢᠨ᠎ᠡ ᠭᠡᠯᠪᠡᠷᠢ ᠵᠢᠨ ᠡᠨᠧᠷᠬᠢ ᠨᠥᠭᠡᠴᠡᠯᠡᠬᠦ ᠂ ᠬᠣᠪᠣᠷ ᠰᠢᠷᠣᠢ ᠵᠢᠨ ᠰᠢᠨ᠎ᠡ ᠮᠠᠲ᠋ᠧᠷᠢᠶᠠᠯ ᠵᠡᠷᠭᠡ ᠭᠣᠣᠯᠳᠠᠯᠭ᠎ᠠ᠎ᠲᠠᠢ ᠠᠵᠤ ᠦᠢ᠍ᠯᠡᠰ᠎ᠤᠨ ᠬᠡᠯᠬᠢᠶ᠎ᠡ ᠵᠢ ᠪᠠᠢ᠌ᠷᠢᠰᠢᠭᠤᠯᠵᠤ ᠂ 《ᠵᠢᠵᠢᠭ᠎ᠠᠴᠠ ᠳᠡᠭᠡᠳᠦ ᠰᠢᠨ᠎ᠡ ᠮᠡᠷᠭᠡᠵᠢᠯ ᠲᠡᠢ᠌ᠰᠢ ᠂ ᠳᠡᠭᠡᠳᠦ ᠰᠢᠨ᠎ᠡ ᠮᠡᠷᠭᠡᠵᠢᠯ᠎ᠠᠴᠠ ᠬᠦᠴᠦᠷᠬᠡᠭ ᠲᠡᠢ᠌ᠰᠢ ᠳᠠᠪᠰᠢᠬᠤ 》 ᠵᠢᠨ ᠠᠵᠤ ᠠᠬᠤᠢ᠌ᠯᠠᠯ᠎ᠤᠨ ᠱᠠᠲᠤᠯᠢᠭ ᠪᠣᠢ᠌ᠵᠢᠯᠲᠠ ᠵᠢᠨ ᠲᠣᠭᠲᠠᠯᠴᠠᠭ᠎ᠠ ᠵᠢ ᠪᠠᠢ᠌ᠭᠤᠯᠤᠨ ᠂ ᠡᠯ᠎ᠡ ᠭᠠᠵᠠᠷ ᠣᠷᠣᠨ᠎ᠤ ᠣᠷᠣᠨ ᠨᠤᠲᠤᠭ᠎ᠤᠨ ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠢ᠌ᠯᠠᠯ᠎ᠢ ᠪᠣᠢ᠌ᠵᠢᠭᠤᠯᠬᠤ ᠬᠥᠮᠥᠷᠭᠡ ᠪᠠᠶ᠋ᠢᠭᠤᠯᠬᠤ ᠵᠢ᠎ᠨᠢ ᠵᠣᠷᠢᠭᠵᠢᠭᠤᠯᠤᠨ᠎ᠠ ᠃ ᠰᠢᠨ᠎ᠡ ᠵᠢ ᠡᠭᠦᠳᠦᠨ ᠦᠢ᠍ᠯᠡᠰ ᠴᠣᠭᠴᠠᠯᠠᠬᠤ ᠦᠢ᠍ᠯᠡᠴᠢᠯᠡᠭᠡᠨ᠎ᠤ ᠴᠢᠳᠠᠪᠤᠷᠢ ᠵᠢᠨ ᠪᠠᠢ᠌ᠭᠤᠯᠤᠯᠲᠠ ᠵᠢ ᠴᠢᠩᠭ᠋ᠠᠷᠠᠭᠤᠯᠵᠤ ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠤ ᠠᠬᠤᠢ᠌ᠯᠠᠯ᠎ᠤᠨ ᠨᠡᠪᠴᠢᠭᠦᠯᠦᠭᠦᠷ ᠂ ᠣᠯᠠᠨ ᠵᠶ᠋ᠠᠷ ᠵᠶ᠋ᠠᠨ ᠰᠢᠨ᠎ᠡ ᠵᠢ ᠡᠭᠦᠳᠴᠦ ᠦᠢ᠍ᠯᠡᠰ ᠴᠣᠭᠴᠠᠯᠠᠬᠤ ᠣᠷᠣᠨ ᠵᠠᠢ ᠪᠠ ᠶᠡᠬᠡ ᠰᠤᠷᠭ᠋ᠠᠭᠤᠯᠢ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠦᠷᠢᠶᠡᠯᠡᠩ ᠵᠡᠷᠭᠡ ᠵᠢᠨ ᠪᠠᠢ᠌ᠷᠢᠰᠢᠭᠤᠯᠤᠯᠲᠠ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠵᠤ ᠂ ᠳᠤᠮᠳᠠ ᠵᠢᠵᠢᠭ ᠠᠵᠤ ᠠᠬᠤᠢ᠌ᠯᠠᠯ᠎ᠤᠨ ᠰᠢᠨ᠎ᠡ ᠵᠢ ᠡᠭᠦᠳᠬᠦ ᠴᠢᠬᠤᠯᠠ ᠡᠬᠢ ᠡᠭᠦᠰᠦᠯᠲᠡ ᠪᠣᠯᠬᠤ ᠵᠢ᠎ᠨᠢ ᠠᠬᠢᠭᠤᠯᠤᠨ᠎ᠠ ᠃ ᠤᠯᠤᠰ᠎ᠤᠨ ᠪᠠᠢ᠌ᠯᠳᠤᠬᠤ ᠪᠣᠳᠣᠯᠭ᠎ᠠ ᠪᠦᠬᠦᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠦᠴᠦᠨ᠎ᠯᠦᠭᠡ ᠬᠣᠯᠪᠤᠭ᠋ᠠᠯᠠᠨ ᠬᠥᠳᠡᠯᠦᠯᠴᠡᠬᠦ ᠲᠣᠭᠲᠠᠴᠠ ᠵᠢ ᠪᠠᠢ᠌ᠭᠤᠯᠵᠤ ᠂ ᠠᠵᠤ ᠠᠬᠤᠢ᠌ᠯᠠᠯ ᠲᠦᠷᠦᠭᠦᠯᠡᠨ ᠬᠠᠷᠢᠭᠤᠴᠠᠵᠤ ᠤᠯᠤᠰ᠎ᠤᠨ ᠪᠠ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠭᠣᠣᠯᠳᠠᠯᠭ᠎ᠠ᠎ᠲᠠᠢ ᠲᠤᠷᠰᠢᠯᠲᠠ ᠵᠢᠨ ᠲᠠᠰᠤᠭ ᠂ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ ᠵᠡᠷᠭᠡ ᠴᠢᠬᠤᠯᠠ ᠶᠡᠬᠡ ᠰᠢᠨ᠎ᠡ ᠵᠢ ᠡᠭᠦᠳᠬᠦ ᠲᠠᠪᠴᠠᠩ ᠪᠠᠶ᠋ᠢᠭᠤᠯᠬᠤ ᠵᠢ᠎ᠨᠢ ᠳᠡᠮᠵᠢᠵᠦ ᠂ ᠪᠥᠬᠦ ᠤᠯᠤᠰ ᠴᠢᠨᠠᠭᠰᠢᠯᠠᠪᠠᠯ ᠳᠡᠯᠡᠬᠡᠢ ᠵᠢᠨ ᠲᠡᠷᠢᠭᠦᠨ ᠲᠠᠰ᠎ᠤᠨ ᠲᠤᠰᠬᠠᠢ ᠮᠡᠷᠭᠡᠵᠢᠯᠲᠡᠨ᠎ᠤ ᠪᠦᠯᠬᠦᠮ ᠨᠡᠢ᠌ᠲᠡ ᠵᠢ ᠢᠳᠡᠪᠬᠢᠲᠡᠢ᠎ᠪᠠᠷ ᠣᠷᠣᠭᠤᠯᠤᠨ ᠠᠪᠴᠢᠷᠠᠵᠤ ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ 《ᠪᠦᠰᠡᠯᠡᠯᠲᠡ ᠰᠢᠪᠲᠤᠯᠬᠤ 》 ᠢᠨᠵᠧᠨᠧᠷᠢᠩ᠎ᠢ ᠶᠡᠬᠡ᠎ᠪᠠᠷ ᠬᠡᠷᠡᠭᠵᠢᠭᠦᠯᠦᠨ ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠦᠢ᠍ᠯᠡᠴᠢᠯᠡᠭᠡᠨ᠎ᠤ ᠲᠣᠭᠲᠠᠯᠴᠠᠭ᠎ᠠ ᠵᠢ ᠪᠠᠢ᠌ᠭᠤᠯᠤᠨ᠎ᠠ ᠃ 《ᠮᠧᠩ ᠺᠧ ᠵᠢᠦᠢ 》 ᠲᠠᠪᠴᠠᠩ᠎ᠢ ᠲᠦᠷᠭᠡᠳᠬᠡᠨ ᠪᠠᠢ᠌ᠭᠤᠯᠵᠤ ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ 《ᠪᠦᠰᠡᠯᠡᠯᠲᠡ ᠰᠢᠪᠲᠤᠯᠬᠤ 》 ᠢᠨᠵᠧᠨᠧᠷᠢᠩ᠎ᠤᠨ ᠲᠣᠭᠣᠷᠢᠨ᠎ᠳᠤ ᠂ ᠡᠵᠡᠩᠨᠡᠯᠲᠡ ᠵᠢᠨ ᠭᠣᠣᠯ ᠴᠣᠭᠴᠠ ᠵᠢᠨ ᠪᠠᠢ᠌ᠭᠤᠯᠤᠯᠲᠠ ᠪᠠ 《ᠨᠢᠭᠡᠳᠪᠦᠷᠢ ᠰᠦᠯᠵᠢᠶ᠎ᠡ 》 ᠵᠢᠨ ᠪᠥᠭᠡᠭᠡᠨᠡᠷᠡᠯ ᠴᠢᠳᠠᠮᠵᠢ ᠵᠢ ᠴᠢᠩᠭ᠋ᠠᠷᠠᠭᠤᠯᠵᠤ ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠢ᠍ᠯᠡᠴᠢᠯᠡᠭᠡᠨ᠎ᠤ ᠲᠣᠭᠲᠠᠯᠴᠠᠭ᠎ᠠ ᠵᠢ ᠲᠦᠷᠭᠡᠳᠬᠡᠨ ᠲᠡᠭᠦᠯᠳᠡᠷᠵᠢᠭᠦᠯᠦᠨ᠎ᠡ ᠃
28. ᠮᠡᠳᠡᠯᠭᠡ ᠵᠢᠨ ᠥᠮᠴᠢᠯᠡᠯ᠎ᠤᠨ ᠡᠷᠬᠡ ᠵᠢ ᠠᠬᠢᠭᠤᠯᠬᠤ ᠪᠠ ᠬᠠᠮᠠᠭ᠋ᠠᠯᠠᠬᠤ ᠡᠷᠴᠢᠮ ᠵᠶ᠋ᠠᠨ ᠴᠢᠩᠭ᠋ᠠᠷᠠᠭᠤᠯᠤᠨ᠎ᠠ ᠃ ᠲᠤᠰᠬᠠᠢ ᠠᠰᠢᠭ᠎ᠤᠨ ᠡᠷᠬᠡᠲᠦ ᠬᠥᠮᠥᠨ᠎ᠢ ᠬᠥᠲᠥᠯᠥᠨ ᠵᠢᠯᠤᠭᠣᠳᠴᠤ ᠪᠠᠢ᠌ᠭ᠋ᠠᠳ ᠲᠤᠰᠬᠠᠢ ᠠᠰᠢᠭ᠎ᠤᠨ ᠮᠡᠷᠭᠡᠵᠢᠯ᠎ᠢ ᠦᠨ᠎ᠡ ᠲᠥᠯᠥᠪᠦᠷᠢ ᠦᠭᠡᠢ ᠪᠤᠶᠤ ᠳᠣᠣᠷ᠎ᠠ ᠥᠪᠡᠷ᠎ᠤᠨ ᠥᠷᠲᠡᠭ ᠵᠶ᠋ᠠᠷ 《ᠨᠢᠭᠡ᠎ᠳᠤ ᠣᠯᠠᠨ᠎ᠢ ᠴᠢᠭᠯᠡᠭᠦᠯᠬᠦ 》 ᠨᠡᠭᠡᠭᠡᠯᠲᠡ ᠬᠢᠬᠦ ᠵᠥᠪᠰᠢᠶᠡᠷᠡᠯ᠎ᠢ ᠬᠡᠷᠡᠭᠵᠢᠭᠦᠯᠵᠦ ᠂ ᠬᠠᠩᠭ᠋ᠠᠯᠭ᠎ᠠ ᠬᠡᠷᠡᠭᠴᠡᠭᠡ ᠵᠢ ᠵᠣᠯᠭ᠋ᠠᠭᠤᠯᠬᠤ ᠵᠢ ᠠᠬᠢᠭᠤᠯᠤᠨ ᠂ ᠲᠤᠰᠬᠠᠢ ᠠᠰᠢᠭ᠎ᠤᠨ ᠮᠡᠷᠭᠡᠵᠢᠯ᠎ᠢ ᠤᠯᠠᠷᠢᠭᠤᠯᠤᠨ ᠬᠡᠷᠡᠭᠯᠡᠬᠦ ᠵᠢ ᠠᠬᠢᠭᠤᠯᠤᠨ᠎ᠠ ᠃ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠠᠮᠠᠭ᠋ᠠᠯᠠᠯᠲᠠ ᠵᠢᠨ 《ᠨᠢᠭᠡ ᠠᠵᠢᠯ ᠶᠠᠪᠤᠳᠠᠯ 》᠎ᠤᠨ ᠬᠤᠷᠠᠮᠠᠯ ᠦᠢ᠍ᠯᠡᠴᠢᠯᠡᠭᠡᠨ᠎ᠤ ᠥᠭᠡᠷᠡᠴᠢᠯᠡᠯᠲᠡ ᠵᠢ ᠠᠬᠢᠭᠤᠯᠵᠤ ᠂ ᠰᠠᠯᠠᠭ᠎ᠠ ᠮᠥᠴᠢᠷ ᠠᠯᠤᠰᠯᠠᠭᠰᠠᠨ ᠮᠡᠳᠡᠯᠭᠡ ᠵᠢᠨ ᠥᠮᠴᠢᠯᠡᠯ᠎ᠤᠨ ᠡᠷᠬᠡ ᠵᠢ ᠬᠠᠮᠵᠢᠯᠴᠠᠨ ᠬᠠᠮᠠᠭ᠋ᠠᠯᠠᠬᠤ ᠲᠣᠭᠲᠠᠴᠠ ᠵᠢ ᠪᠠᠢ᠌ᠭᠤᠯᠵᠤ ᠂ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠶᠡᠷᠦᠩᠬᠡᠢ᠌ᠯᠡᠭᠰᠡᠨ ᠳ᠋ᠠᠢ᠌ᠲ᠋ᠠ ᠬᠥᠮᠥᠷᠭᠡ ᠪᠠ ᠬᠤᠷᠠᠮᠠᠯ ᠦᠢ᠍ᠯᠡᠴᠢᠯᠡᠭᠡᠨ᠎ᠤ ᠲᠠᠪᠴᠠᠩ᠎ᠢ ᠪᠠᠢ᠌ᠭᠤᠯᠵᠤ ᠂ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠡᠷᠬᠡ ᠣᠯᠭᠣᠬᠤ᠎ᠳᠤ ᠤᠷᠢᠳᠴᠢᠯᠠᠨ ᠮᠠᠭ᠋ᠠᠳᠯᠠᠬᠤ ᠂ ᠡᠷᠬᠡ᠎ᠳᠤ ᠬᠠᠯᠳᠠᠭᠰᠠᠨ᠎ᠢ ᠤᠷᠢᠳᠴᠢᠯᠠᠨ ᠮᠠᠭ᠋ᠠᠳᠯᠠᠬᠤ ᠲᠣᠭᠲᠠᠴᠠ ᠪᠠ ᠮᠡᠳᠡᠯᠭᠡ ᠵᠢᠨ ᠥᠮᠴᠢᠯᠡᠯ᠎ᠤᠨ ᠡᠷᠬᠡ ᠵᠢ ᠬᠠᠮᠵᠢᠯᠴᠠᠨ ᠬᠠᠮᠠᠭ᠋ᠠᠯᠠᠬᠤ ᠲᠣᠭᠲᠠᠯᠴᠠᠭ᠎ᠠ ᠵᠢ ᠪᠣᠶ ᠪᠣᠯᠭ᠋ᠠᠵᠤ ᠂ ᠳᠥᠭᠦᠮ ᠳᠥᠲᠡ ᠥᠨᠳᠥᠷ ᠪᠦᠲᠦᠮᠵᠢᠲᠡᠶ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠠᠮᠠᠭ᠋ᠠᠯᠠᠯᠲᠠ ᠵᠢᠨ ᠪᠠᠢ᠌ᠷᠢᠰᠢᠯ᠎ᠢ ᠪᠠᠢ᠌ᠭᠤᠯᠤᠨ᠎ᠠ ᠃ ᠲᠠᠸᠠᠷ᠎ᠤᠨ ᠲᠡᠮᠳᠡᠭ᠎ᠤᠨ ᠨᠡᠷᠡᠲᠦ ᠲᠡᠮᠳᠡᠭ ᠪᠠ ᠭᠠᠵᠠᠷ ᠵᠦᠢ ᠵᠢᠨ ᠲᠡᠮᠳᠡᠭ᠎ᠤᠨ ᠠᠵᠢᠯ᠎ᠢ ᠴᠢᠩᠭ᠋ᠠᠷᠠᠭᠤᠯᠤᠨ᠎ᠠ ᠃ 《ᠮᠢᠩᠭ᠋ᠠᠨ ᠠᠵᠤ ᠠᠬᠤᠢ᠌ᠯᠠᠯ ᠵᠠᠭᠤᠨ ᠬᠤᠳᠡ 》 ᠵᠢᠨ ᠲᠠᠸᠠᠷ᠎ᠤᠨ ᠲᠡᠮᠳᠡᠭ᠎ᠤᠨ ᠨᠡᠷᠡᠳᠣ ᠲᠡᠮᠳᠡᠭ᠎ᠤᠨ ᠦᠨ᠎ᠡ ᠦᠷᠲᠡᠭ᠎ᠢ ᠳᠡᠭᠡᠭᠰᠢᠯᠡᠬᠦᠯᠬᠦ ᠠᠵᠢᠯᠯᠠᠭ᠋ᠠᠨ᠎ᠢ ᠥᠷᠨᠢᠭᠦᠯᠵᠦ ᠂ ᠲᠠᠸᠠᠷ᠎ᠤᠨ ᠲᠡᠮᠳᠡᠭ᠎ᠤᠨ ᠨᠡᠷᠡᠳᠣ ᠲᠡᠮᠳᠡᠭ᠎ᠤᠨ ᠵᠢᠯᠤᠭᠣᠳᠬᠤ ᠦᠷᠲᠡᠭᠡ ᠂ ᠭᠠᠵᠠᠷ ᠵᠦᠢ ᠵᠢᠨ ᠲᠡᠮᠳᠡᠭ᠎ᠤᠨ ᠳᠡᠯᠭᠡᠨ ᠦᠵᠡᠭᠦᠯᠵᠦ ᠪᠡᠶᠡᠴᠢᠯᠡᠨ ᠣᠢ᠌ᠯᠠᠭ᠋ᠠᠬᠤ ᠲᠥᠪ᠎ᠢ ᠪᠠᠢ᠌ᠷᠢᠰᠢᠭᠤᠯᠤᠨ ᠪᠠᠢ᠌ᠭᠤᠯᠵᠤ ᠂ ᠭᠠᠵᠠᠷ ᠵᠦᠢ ᠵᠢᠨ ᠲᠡᠮᠳᠡᠭ᠎ᠤᠨ ᠬᠡᠷᠡᠭᠯᠡᠭᠡᠨ᠎ᠢ ᠠᠬᠢᠭᠤᠯᠬᠤ ᠢᠨᠵᠧᠨᠧᠷᠢᠩ᠎ᠢ ᠭᠦᠨᠵᠡᠭᠡᠢ ᠬᠡᠷᠡᠭᠵᠢᠭᠦᠯᠦᠨ ᠂ ᠲᠠᠸᠠᠷ᠎ᠤᠨ ᠲᠡᠮᠳᠡᠭ ᠪᠠ ᠭᠠᠵᠠᠷ ᠵᠦᠢ ᠵᠢᠨ ᠲᠡᠮᠳᠡᠭ᠎ᠤᠨ ᠨᠡᠷᠡᠳᠣ ᠲᠡᠮᠳᠡᠭ᠎ᠤᠨ ᠦᠢ᠍ᠯᠡᠳᠦᠯ ᠨᠥᠯᠥᠭᠡ ᠵᠢ ᠭᠦᠢ᠍ᠴᠡᠳ ᠪᠠᠳᠠᠷᠠᠭᠤᠯᠤᠨ᠎ᠠ ᠃ 《ᠥᠪᠥᠷ ᠮᠣᠩᠭᠣᠯ 》 ᠨᠡᠷᠡᠮᠵᠢᠲᠦ ᠲᠡᠮᠳᠡᠭ᠎ᠤᠨ ᠭᠡᠷᠡᠴᠢᠯᠡᠭᠡ᠎ᠪᠠᠷ ᠬᠥᠲᠥᠯᠥᠮᠵᠢ ᠪᠣᠯᠭ᠋ᠠᠵᠤ ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ᠎ᠤᠨ ᠪᠦᠲᠦᠭᠡᠭᠳᠡᠭᠦᠨ ᠮᠠᠯ᠎ᠤᠨ ᠠᠰᠢᠭ ᠰᠢᠮ᠎ᠡ ᠵᠢᠨ ᠨᠡᠷᠡᠲᠦ ᠲᠡᠮᠳᠡᠭ᠎ᠤᠨ ᠪᠠᠢ᠌ᠭᠤᠯᠤᠯᠲᠠ ᠵᠢ ᠪᠦᠬᠦ ᠲᠠᠯ᠎ᠠ᠎ᠪᠠᠷ ᠠᠬᠢᠭᠤᠯᠤᠨ᠎ᠠ ᠃
29. ᠣᠷᠣᠰᠢᠨ ᠰᠠᠭᠤᠷᠢᠰᠢᠬᠤ᠎ᠳᠤ ᠲᠣᠬᠢᠷᠠᠮᠵᠢᠲᠠᠢ ᠣᠷᠴᠢᠨ ᠲᠣᠭᠣᠷᠢᠨ᠎ᠢ ᠪᠤᠢ ᠪᠣᠯᠭ᠋ᠠᠨ᠎ᠠ ᠃ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠴᠢᠨᠠᠷ ᠰᠠᠢ᠌ᠲᠠᠢ ᠪᠥᠭᠡᠳ ᠲᠡᠩᠴᠡᠭᠦᠷᠢᠲᠡᠢ ᠬᠥᠭᠵᠢᠯᠲᠡ ᠵᠢ ᠠᠬᠢᠭᠤᠯᠵᠤ ᠂ ᠬᠤᠲᠠ ᠬᠥᠳᠡᠭᠡ ᠵᠢᠨ ᠰᠠᠭᠤᠷᠢ ᠰᠤᠷᠭ᠋ᠠᠨ ᠬᠥᠮᠦᠵᠢᠯ᠎ᠤᠨ ᠨᠢᠭᠡ ᠴᠣᠭᠴᠠᠵᠢᠬᠤ ᠵᠢ ᠠᠬᠢᠭᠤᠯᠤᠨ᠎ᠠ ᠃ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠠᠵᠤ ᠦᠢ᠍ᠯᠡᠰ ᠪᠠ ᠰᠤᠷᠭ᠋ᠠᠨ ᠬᠥᠮᠦᠵᠢᠯ᠎ᠤᠨ ᠭᠦᠨᠵᠡᠭᠡᠢ ᠠᠭᠤᠰᠤᠯᠴᠠᠯ᠎ᠢ ᠠᠬᠢᠭᠤᠯᠵᠤ ᠂ ᠠᠵᠤ ᠦᠢ᠍ᠯᠡᠰ ᠪᠠ ᠰᠤᠷᠭ᠋ᠠᠨ ᠬᠥᠮᠦᠵᠢᠯ᠎ᠢ ᠠᠭᠤᠰᠤᠯᠴᠠᠭᠤᠯᠬᠤ ᠲᠤᠷᠰᠢᠯᠲᠠ ᠵᠢᠨ ᠴᠡᠭ᠎ᠤᠨ ᠪᠠᠢ᠌ᠭᠤᠯᠤᠯᠲᠠ ᠵᠢ ᠦᠷᠭᠦᠯᠵᠢᠯᠡᠨ ᠠᠬᠢᠭᠤᠯᠤᠨ᠎ᠠ ᠃ ᠣᠷᠣᠨ ᠨᠤᠲᠤᠭ᠎ᠤᠨ ᠣᠨᠴᠠᠯᠢᠭ ᠪᠦᠬᠦᠢ ᠣᠯᠠᠨ ᠨᠡᠶ᠋ᠢᠲᠡ ᠵᠢᠨ ᠰᠣᠶᠣᠯ᠎ᠤᠨ ᠦᠢ᠍ᠯᠡᠴᠢᠯᠡᠭᠡᠨ᠎ᠤ ᠨᠡᠷᠡᠲᠦ ᠲᠡᠮᠳᠡᠭ᠎ᠢ ᠢᠳᠡᠪᠬᠢᠲᠡᠢ᠎ᠪᠠᠷ ᠪᠣᠢ ᠪᠣᠯᠭ᠋ᠠᠨ ᠪᠣᠢ᠌ᠵᠢᠭᠤᠯᠵᠤ ᠂ ᠪᠦᠬᠦ ᠣᠷᠣᠨ ᠪᠦᠰᠡ᠎ᠪᠠᠷ ᠵᠶ᠋ᠠᠨ ᠬᠠᠮᠲᠤ᠎ᠪᠠᠷ ᠬᠦᠷᠲᠡᠬᠦ ᠣᠯᠠᠨ ᠨᠡᠶ᠋ᠢᠲᠡ ᠵᠢᠨ ᠰᠣᠶᠣᠯ᠎ᠤᠨ ᠦᠢ᠍ᠯᠡᠴᠢᠯᠡᠭᠡᠨ᠎ᠢ ᠭᠣᠣᠯᠳᠠᠯᠭ᠎ᠠ᠎ᠲᠠᠢ ᠳᠡᠮᠵᠢᠵᠦ ᠂ ᠤᠯᠤᠰ᠎ᠤᠨ ᠲᠠᠰ᠎ᠤᠨ ᠵᠢᠱ᠌ᠢᠶ᠎ᠡ ᠦᠵᠡᠭᠦᠯᠬᠦ ᠢᠷᠠᠭᠤ ᠠᠯᠳᠠᠷ᠎ᠢ ᠴᠢᠷᠮᠠᠢ᠌ᠨ ᠡᠭᠦᠳᠦᠨ᠎ᠡ ᠃ 《ᠤᠯᠤᠰ᠎ᠤᠨ ᠨᠠᠰᠤᠵᠢᠯ᠎ᠤᠨ ᠦᠨᠳᠦᠰᠦᠨ ᠠᠰᠠᠷᠠᠮᠵᠢ ᠵᠢᠨ ᠦᠢ᠍ᠯᠡᠴᠢᠯᠡᠭᠡᠨ᠎ᠤ ᠲᠣᠳᠣᠷᠬᠠᠢ ᠬᠠᠭᠤᠳᠠᠰᠤ (2023 ᠬᠡᠪᠯᠡᠯ) 》 ᠵᠢ ᠪᠥᠬᠦ ᠲᠠᠯ᠎ᠠ᠎ᠪᠠᠷ ᠨᠠᠢ᠌ᠳᠠᠪᠤᠷᠢᠵᠢᠭᠤᠯᠵᠤ ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠪᠡᠯᠡᠳᠬᠡᠮᠵᠢ ᠵᠢᠨ ᠲᠣᠣᠷ ᠰᠦᠯᠵᠢᠶ᠎ᠡ ᠵᠢ ᠲᠦᠷᠭᠡᠳᠬᠡᠨ ᠲᠡᠭᠦᠯᠳᠡᠷᠵᠢᠭᠦᠯᠦᠨ᠎ᠡ ᠃ ᠨᠠᠰᠤᠵᠢᠯ᠎ᠤᠨ ᠦᠢ᠍ᠯᠡᠴᠢᠯᠡᠭᠡᠨ᠎ᠤ ᠶᠠᠰᠤ ᠴᠢᠨᠠᠷ᠎ᠢ ᠶᠡᠷᠦᠩᠬᠡᠢ᠌ᠯᠡᠨ ᠦᠨᠡᠯᠡᠬᠦ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠵᠦ ᠂ ᠨᠠᠰᠤᠵᠢᠯ᠎ᠤᠨ ᠦᠢ᠍ᠯᠡᠴᠢᠯᠡᠭᠡᠨ᠎ᠤ ᠶᠠᠰᠤ ᠴᠢᠨᠠᠷ᠎ᠤᠨ ᠬᠠᠨᠤᠮᠵᠢ ᠵᠢᠨ ᠪᠠᠢ᠌ᠳᠠᠯ᠎ᠢ ᠰᠢᠯᠭ᠋ᠠᠨ ᠦᠨᠡᠯᠡᠬᠦ ᠠᠵᠢᠯ᠎ᠢ ᠥᠷᠨᠢᠭᠦᠯᠦᠨ ᠂ ᠨᠠᠰᠤᠵᠢᠯ᠎ᠤᠨ ᠦᠢ᠍ᠯᠡᠴᠢᠯᠡᠭᠡᠨ᠎ᠤ ᠪᠠᠷᠢᠮᠵᠢᠶᠠᠵᠢᠭᠰᠠᠨ ᠂ ᠵᠢᠷᠣᠮᠵᠢᠠᠠᠰᠠᠨ ᠬᠥᠭᠵᠢᠯᠲᠡ ᠵᠢ ᠠᠬᠢᠭᠤᠯᠤᠨ᠎ᠠ ᠃ ᠣᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡᠨ᠎ᠤ ᠲᠣᠭᠲᠠᠯᠴᠠᠭ᠎ᠠ ᠵᠢ ᠲᠡᠭᠦᠯᠳᠡᠷᠵᠢᠭᠦᠯᠵᠦ ᠂ ᠭᠡᠷ ᠪᠦᠯᠢ ᠵᠢᠨ ᠡᠮᠴᠢ᠎ᠯᠦᠭᠡ ᠭᠡᠷ᠎ᠡ ᠲᠣᠭᠲᠠᠬᠤ ᠦᠢ᠍ᠯᠡᠴᠢᠯᠡᠭᠡᠨ᠎ᠤ ᠬᠠᠮᠤᠷᠬᠤ ᠬᠡᠪᠴᠢᠶ᠎ᠡ ᠪᠠ ᠶᠠᠰᠤ ᠴᠢᠨᠠᠷ᠎ᠢ ᠳᠡᠭᠡᠭᠰᠢᠯᠡᠭᠦᠯᠦᠨ᠎ᠡ ᠃ 《ᠬᠡᠰᠡᠭ᠎ᠤᠳ᠎ᠤᠨ ᠬᠡᠯᠬᠢᠶ᠎ᠡ + ᠡᠮᠴᠢᠯᠡᠭᠡ ᠡᠷᠡᠭᠦᠯ ᠮᠡᠨᠳᠦ ᠵᠢᠨ ᠦᠢ᠍ᠯᠡᠴᠢᠯᠡᠭᠡ 》 ᠵᠢᠨ ᠬᠡᠪ ᠵᠠᠭᠪᠤᠷ ᠵᠶ᠋ᠠᠷ ᠳᠠᠮᠵᠢᠭᠤᠯᠤᠨ ᠂ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠬᠤᠢ ᠪᠠᠢ᠌ᠳᠠᠯ᠎ᠳᠠᠬᠢ ᠦᠨᠡᠨ ᠪᠣᠳᠠᠲᠠᠢ ᠳ᠋ᠠᠢ᠌ᠲ᠋ᠠ ᠵᠢᠨ ᠬᠠᠷᠢᠯᠴᠠᠨ ᠰᠣᠯᠢᠯᠴᠠᠬᠤ ᠂ ᠬᠠᠳᠠᠭ᠋ᠠᠯᠠᠬᠤ ᠂ ᠡᠬᠢ ᠡᠭᠦᠰᠦᠯ᠎ᠢ᠎ᠨᠢ ᠡᠷᠢᠬᠦ ᠪᠠ ᠠᠮᠤᠷ ᠲᠦᠪᠰᠢᠨ᠎ᠤ ᠬᠠᠮᠢᠶᠠᠷᠤᠯᠲᠠ ᠵᠢ ᠪᠡᠶᠡᠯᠡᠭᠦᠯᠬᠦ ᠵᠢ ᠠᠬᠢᠭᠤᠯᠵᠤ ᠂ ᠰᠠᠭᠤᠭ᠋ᠠᠯᠢ ᠠᠷᠠᠳ᠎ᠲᠤ ᠥᠨᠳᠥᠷ ᠪᠦᠲᠦᠮᠵᠢᠲᠡᠶ ᠪᠥᠭᠡᠳ ᠳᠥᠭᠦᠮ ᠳᠥᠲᠡ ᠡᠪᠡᠳᠴᠢᠨ ᠡᠮᠨᠡᠭᠦᠯᠬᠦ ᠣᠢ᠌ᠯᠠᠭ᠋ᠠᠯᠲᠠ ᠬᠠᠩᠭ᠋ᠠᠨ᠎ᠠ ᠃ ᠢᠨᠲ᠋ᠧᠷ ᠰᠦᠯᠵᠢᠶᠡᠨ᠎ᠤ ᠡᠮᠴᠢᠯᠡᠭᠡ ᠵᠢᠨ ᠦᠢ᠍ᠯᠡᠴᠢᠯᠡᠭᠡᠨ᠎ᠤ ᠲᠠᠪᠴᠠᠩ᠎ᠢ ᠪᠠᠢ᠌ᠭᠤᠯᠵᠤ ᠂ ᠢᠨᠲ᠋ᠧᠷ ᠰᠦᠯᠵᠢᠶ᠎ᠡ᠎ᠪᠠᠷ ᠣᠨᠣᠰᠢᠯᠠᠨ ᠡᠮᠨᠡᠬᠦ ᠦᠢ᠍ᠯᠡ ᠠᠵᠢᠯᠯᠠᠭ᠎ᠠ ᠵᠢ ᠡᠳᠦᠷ ᠲᠤᠲᠤᠮ᠎ᠤᠨ ᠬᠢᠨᠠᠯᠲᠠ ᠲᠠᠯᠪᠢᠵᠤ ᠪᠠᠢ᠌ᠴᠠᠭ᠋ᠠᠬᠤ ᠬᠡᠪᠴᠢᠶᠡᠨ᠎ᠳᠤ ᠣᠷᠣᠭᠤᠯᠤᠨ ᠂ ᠰᠦᠯᠵᠢᠶᠡᠨ᠎ᠳᠠᠬᠢ ᠪᠠ ᠰᠦᠯᠵᠢᠶᠡᠨ᠎ᠠᠴᠠ ᠭᠠᠳᠠᠭᠤᠷᠬᠢ ᠨᠢᠭᠡ ᠴᠣᠭᠴᠠᠵᠢᠭᠰᠠᠨ ᠬᠢᠨᠠᠯᠲᠠ ᠬᠠᠮᠢᠶᠠᠷᠤᠯᠲᠠ ᠵᠢ ᠥᠷᠨᠢᠭᠦᠯᠦᠨ᠎ᠡ ᠃ ᠠᠮᠢ ᠠᠬᠤᠢ ᠣᠷᠴᠢᠨ ᠲᠣᠭᠣᠷᠢᠨ᠎ᠢ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠪᠠᠨ ᠴᠢᠩᠭ᠋ᠠᠷᠠᠭᠤᠯᠵᠤ ᠂ ᠠᠵᠤ ᠦᠢ᠍ᠯᠡᠳᠪᠦᠷᠢ ᠂ ᠵᠠᠮ ᠬᠠᠷᠢᠯᠴᠠᠭ᠎ᠠ ᠂ ᠬᠤᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠂ ᠲᠠᠷᠢᠶᠠᠯᠠᠩ ᠮᠠᠯ ᠠᠵᠤ ᠠᠬᠤᠢ ᠂ ᠠᠮᠢ ᠠᠬᠤᠢ ᠵᠢᠨ ᠪᠦᠲᠦᠭᠡᠨ ᠪᠠᠢ᠌ᠭᠤᠯᠤᠯᠲᠠ ᠵᠡᠷᠭᠡ ᠭᠣᠣᠯᠳᠠᠯᠭ᠎ᠠ᠎ᠲᠠᠢ ᠬᠦᠷᠢᠶ᠎ᠡ ᠴᠠᠷᠠᠭ᠋ᠠᠨ᠎ᠤ ᠬᠠᠮᠵᠢᠯᠴᠠᠵᠤ ᠦᠷ᠎ᠡ ᠠᠰᠢᠭ ᠵᠶ᠋ᠠᠨ ᠨᠡᠮᠡᠭᠳᠡᠭᠦᠯᠬᠦ ᠵᠢ ᠠᠬᠢᠭᠤᠯᠤᠨ᠎ᠠ ᠃ ᠴᠡᠩᠬᠡᠷ ᠣᠭᠲᠠᠷᠭᠤᠢ ᠵᠢᠨ ᠬᠠᠮᠠᠭ᠋ᠠᠯᠠᠯᠲᠠ ᠵᠢᠨ ᠳᠠᠢ᠌ᠯᠠᠯᠳᠤᠭ᠋ᠠᠨ ᠂ ᠴᠡᠩᠭᠡᠭ ᠤᠰᠤᠨ᠎ᠤ ᠬᠠᠮᠠᠭ᠋ᠠᠯᠠᠯᠲᠠ ᠵᠢᠨ ᠳᠠᠢ᠌ᠯᠠᠯᠳᠤᠭ᠋ᠠᠨ ᠂ ᠴᠡᠪᠡᠷ ᠬᠥᠷᠥᠰᠥᠨ᠎ᠤ ᠬᠠᠮᠠᠭ᠋ᠠᠯᠠᠯᠲᠠ ᠵᠢᠨ ᠳᠠᠢ᠌ᠯᠠᠯᠳᠤᠭ᠋ᠠᠨ᠎ᠢ ᠦᠷᠭᠦᠯᠵᠢᠯᠡᠨ ᠠᠬᠢᠭᠤᠯᠤᠨ᠎ᠠ ᠃ ᠬᠥᠬᠡᠬᠤᠲᠠ ᠪᠤᠭᠤᠲᠤ ᠣᠷᠳᠣᠰ ᠤᠯᠠᠭ᠋ᠠᠨᠴᠠᠪ᠎ᠤᠨ ᠪᠣᠬᠢᠷᠲᠤᠯ᠎ᠢ ᠪᠠᠭ᠋ᠠᠰᠬᠠᠵᠤ ᠨᠡᠭᠦᠷᠡᠰᠦᠲᠥ᠋ᠷᠥᠭᠴᠢ ᠪᠠᠭᠤᠷᠠᠭᠤᠯᠬᠤ ᠲᠠᠯ᠎ᠠ᠎ᠪᠠᠷ ᠬᠠᠮᠵᠢᠯᠴᠠᠨ ᠦᠷ᠎ᠡ ᠠᠰᠢᠭ᠎ᠢ ᠨᠡᠮᠡᠭᠳᠡᠭᠦᠯᠬᠦ ᠪᠦᠲᠦᠮᠵᠢᠲᠡᠶ ᠬᠡᠪ ᠵᠠᠭᠪᠤᠷ᠎ᠢ ᠲᠦᠷᠭᠡᠳᠬᠡᠨ ᠰᠤᠳᠤᠯᠵᠤ ᠂ ᠪᠣᠬᠢᠷᠲᠤᠯ᠎ᠢ ᠪᠠᠭ᠋ᠠᠰᠬᠠᠵᠤ ᠨᠡᠭᠦᠷᠡᠰᠦᠲᠥ᠋ᠷᠥᠭᠴᠢ ᠪᠠᠭᠤᠷᠠᠭᠤᠯᠬᠤ ᠰᠢᠨ᠎ᠡ ᠡᠭᠦᠳᠦᠯᠲᠡ ᠵᠢᠨ ᠲᠤᠷᠰᠢᠯᠲᠠ ᠵᠢᠨ ᠴᠡᠭ᠎ᠢ ᠢᠳᠡᠪᠬᠢᠲᠡᠢ ᠪᠦᠲᠦᠭᠡᠨ ᠪᠠᠢ᠌ᠭᠤᠯᠵᠤ ᠂ ᠪᠤᠭᠤᠲᠤ ᠬᠤᠲᠠ ᠵᠢᠨ ᠠᠭᠤᠷ ᠠᠮᠢᠰᠬᠤᠯ᠎ᠤᠨ ᠪᠡᠯᠡ ᠣᠷᠣᠭᠤᠯᠵᠤ ᠪᠡᠯᠡ ᠲᠣᠬᠢᠷᠠᠭᠤᠯᠬᠤ ᠲᠤᠷᠰᠢᠯᠲᠠ ᠵᠢᠨ ᠴᠡᠭ ᠪᠠ ᠬᠥᠯᠥᠨ ᠪᠤᠶ᠋ᠢᠷ ᠬᠤᠲᠠ ᠂ ᠦᠬᠠᠢ ᠬᠤᠲᠠ ᠵᠢᠨ ᠨᠡᠭᠦᠷᠡᠰᠦᠲᠥ᠋ᠷᠥᠭᠴᠢ ᠪᠠᠭ᠋ᠠᠲᠠᠢ ᠬᠤᠲᠠ ᠵᠢᠨ ᠪᠦᠲᠦᠭᠡᠨ ᠪᠠᠢ᠌ᠭᠤᠯᠤᠯᠲᠠ ᠵᠢ ᠠᠬᠢᠭᠤᠯᠤᠨ᠎ᠠ ᠃ 《ᠨᠢᠭᠡ ᠪᠠᠷᠢᠮᠲᠠ᠎ᠪᠠᠷ ᠭᠦᠢ᠍ᠴᠡᠳᠬᠡᠬᠦ ᠳᠦᠷᠢᠮ 》᠎ᠤᠨ ᠬᠣᠯᠪᠤᠭ᠋ᠠᠯᠠᠨ ᠠᠵᠢᠯᠯᠠᠭᠤᠯᠬᠤ ᠦᠢ᠍ᠯᠡᠴᠢᠯᠡᠭᠡ ᠵᠢ ᠶᠡᠬᠡ᠎ᠪᠠᠷ ᠬᠡᠷᠡᠭᠵᠢᠭᠦᠯᠵᠦ ᠂ ᠵᠠᠰᠠᠮᠠᠯ ᠵᠠᠮ ᠂ ᠲᠡᠮᠦᠷ ᠵᠠᠮ ᠂ ᠠᠭ᠋ᠠᠷ᠎ᠤᠨ ᠠᠶᠠᠯᠠᠯ ᠵᠡᠷᠭᠡ ᠲᠡᠭᠡᠭᠡᠪᠦᠷᠢ ᠵᠢᠨ ᠠᠷᠭ᠎ᠠ ᠮᠠᠶᠢᠭ᠎ᠢ ᠥᠨᠳᠥᠷ ᠪᠦᠲᠦᠮᠵᠢᠲᠡᠶ ᠵᠣᠯᠭ᠋ᠠᠭᠤᠯᠬᠤ ᠵᠢ ᠠᠬᠢᠭᠤᠯᠵᠤ ᠂ ᠭᠦᠢ᠍ᠯᠭᠡᠭᠡᠨ ᠶᠡᠬᠡᠲᠡᠢ ᠡᠳ᠋ ᠪᠠᠷᠠᠭ᠋ᠠᠨ᠎ᠤ ᠲᠡᠭᠡᠭᠡᠪᠦᠷᠢ᠎ᠳᠤ 《ᠵᠠᠰᠠᠮᠠᠯ ᠵᠠᠮ᠎ᠠᠴᠠ ᠲᠡᠮᠦᠷ ᠵᠠᠮ ᠪᠣᠯᠭ᠋ᠠᠨ ᠬᠤᠪᠢᠷᠠᠭᠤᠯᠬᠤ 》 ᠵᠢ ᠪᠡᠶᠡᠯᠡᠭᠦᠯᠵᠦ ᠂ ᠣᠶᠤᠨᠯᠢᠭ ᠪᠠᠷᠠᠭ᠋ᠠᠨ᠎ᠤ ᠭᠦᠢ᠍ᠯᠭᠡᠭᠡᠨ᠎ᠤ ᠰᠢᠨ᠎ᠡ ᠮᠡᠷᠭᠡᠵᠢᠯ ᠪᠠ ᠰᠢᠨ᠎ᠡ ᠵᠠᠭᠪᠤᠷ᠎ᠤᠨ ᠭᠦᠢ᠍ᠴᠡᠳ ᠬᠥᠭᠵᠢᠯᠲᠡ ᠵᠢ ᠠᠬᠢᠭᠤᠯᠤᠨ᠎ᠠ ᠃
(ᠲᠠᠪᠤ) ᠬᠤᠳᠠᠯᠳᠤᠭ᠋ᠠᠴᠢᠳ᠎ᠢ ᠴᠢᠬᠤᠯᠠᠴᠢᠯᠠᠬᠤ ᠬᠤᠳᠠᠯᠳᠤᠭ᠋ᠠᠴᠢᠳ᠎ᠢ ᠰᠡᠳᠬᠢᠯ ᠠᠮᠤᠷ ᠪᠠᠢ᠌ᠯᠭ᠋ᠠᠬᠤ ᠬᠤᠳᠠᠯᠳᠤᠭ᠋ᠠᠴᠢᠳ᠎ᠢ ᠳᠣᠲᠣᠨᠣᠴᠢᠯᠠᠬᠤ ᠵᠢ ᠴᠢᠩᠭ᠋ᠠᠷᠠᠭᠤᠯᠵᠤ ᠂ ᠵᠠᠰᠠᠭ᠎ᠤᠨ ᠣᠷᠳᠣᠨ ᠪᠠ ᠬᠤᠳᠠᠯᠳᠤᠭ᠋ᠠᠴᠢᠳ᠎ᠤᠨ ᠬᠤᠭᠤᠷᠣᠨᠳᠣᠬᠢ ᠳᠣᠲᠣᠨᠣ ᠴᠢᠬᠡᠴᠢ ᠬᠠᠷᠢᠴᠠᠭ᠎ᠠ ᠵᠢ ᠪᠠᠢ᠌ᠭᠤᠯᠤᠨ᠎ᠠ ᠃
30. ᠤᠳᠤᠷᠢᠳᠬᠤ ᠺᠠᠳ᠋ᠷᠴᠤᠳ᠎ᠤᠨ ᠠᠵᠤ ᠠᠬᠤᠢ᠌ᠯᠠᠯ᠎ᠲᠠᠢ ᠬᠠᠷᠢᠯᠴᠠᠬᠤ ᠳᠦᠷᠢᠮ᠎ᠢ ᠪᠦᠷᠢᠨᠰᠢᠭᠦᠯᠦᠨ᠎ᠡ ᠃ ᠤᠳᠤᠷᠢᠳᠬᠤ ᠺᠠᠳ᠋ᠷᠴᠤᠳ᠎ᠤᠨ ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯ ᠪᠠ ᠬᠤᠳᠠᠯᠳᠤᠭ᠋ᠠᠴᠢᠳ᠎ᠤᠨ ᠡᠪᠯᠡᠯ (ᠨᠡᠢ᠌ᠭᠡᠮᠯᠢᠭ)᠎ᠲᠠᠢ ᠬᠠᠷᠢᠯᠴᠠᠵᠤ ᠠᠢ᠌ᠯᠴᠢᠯᠠᠬᠤ ᠳᠦᠷᠢᠮ᠎ᠢ ᠲᠡᠭᠦᠯᠳᠡᠷᠵᠢᠭᠦᠯᠵᠦ ᠂ ᠤᠳᠤᠷᠢᠳᠬᠤ ᠺᠠᠳ᠋ᠷᠴᠤᠳ ᠠᠵᠤ ᠠᠬᠤᠢ᠌ᠯᠠᠯ ᠂ ᠬᠤᠳᠠᠯᠳᠤᠭ᠋ᠠᠴᠢᠳ᠎ᠤᠨ ᠡᠪᠯᠡᠯ (ᠨᠡᠢ᠌ᠭᠡᠮᠯᠢᠭ)᠎ᠳᠤ ᠭᠦᠨᠵᠡᠭᠡᠢ᠌ᠷᠡᠨ ᠡᠵᠡᠩᠨᠡᠯᠲᠡ ᠵᠢᠨ ᠪᠠᠢ᠌ᠳᠠᠯ᠎ᠢ ᠨᠢᠭᠤᠷᠳᠠᠨ ᠣᠢ᠌ᠯᠠᠭ᠋ᠠᠵᠤ ᠂ ᠬᠦᠴᠢᠷᠳᠡᠯ᠎ᠢ᠎ᠨᠢ ᠦᠨᠡᠨ ᠭᠦᠢ᠍ᠴᠡᠳ ᠬᠠᠪᠰᠤᠷᠤᠨ ᠰᠢᠢ᠍ᠳᠪᠦᠷᠢᠯᠡᠵᠦ ᠥᠭᠭᠦᠨ᠎ᠡ ᠃ ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯᠲᠠᠳᠤᠨ ᠤᠳᠤᠷᠢᠳᠬᠤ ᠺᠠᠳ᠋ᠷᠴᠤᠳ᠎ᠲᠤ ᠰᠢᠭᠤᠳ ᠠᠰᠠᠭᠤᠳᠠᠯ ᠵᠶ᠋ᠠᠨ ᠲᠤᠰᠬᠠᠬᠤ ᠂ ᠰᠠᠨᠠᠭᠤᠯᠭ᠎ᠠ᠎ᠪᠠᠨ ᠳᠤᠷᠠᠳᠬᠤ ᠠᠷᠭ᠎ᠠ ᠵᠠᠮ᠎ᠢ ᠰᠢᠯᠤᠭᠤᠳᠬᠠᠨ᠎ᠠ ᠃ ᠠᠵᠤ ᠦᠢ᠍ᠯᠡᠳᠪᠦᠷᠢ ᠬᠤᠳᠠᠯᠳᠤᠭ᠎ᠠ ᠵᠢᠨ ᠬᠣᠯᠪᠣᠭ᠋ᠠᠲᠤ ᠬᠤᠷᠠᠯ ᠂ ᠬᠤᠳᠠᠯᠳᠤᠭ᠋ᠠᠴᠢᠳ᠎ᠤᠨ ᠡᠪᠯᠡᠯ (ᠨᠡᠢ᠌ᠭᠡᠮᠯᠢᠭ)᠎ᠤᠨ ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯ᠎ᠲᠠᠢ ᠨᠢᠭᠲᠠ ᠬᠠᠷᠢᠯᠴᠠᠬᠤ ᠳᠠᠪᠠᠭᠤᠯᠢᠭ᠎ᠢ ᠭᠦᠢ᠍ᠴᠡᠳ ᠪᠠᠳᠠᠷᠠᠭᠤᠯᠵᠤ ᠂ ᠥᠨᠳᠥᠷ ᠪᠦᠲᠦᠮᠵᠢᠲᠡᠢ ᠪᠥᠭᠡᠳ ᠳᠥᠭᠦᠮ ᠳᠥᠲᠡ ᠪᠦᠬᠦᠢ ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯᠲᠠᠳᠤᠨ ᠰᠠᠨᠠᠯ ᠰᠠᠨᠠᠭᠤᠯᠭ᠎ᠠ ᠵᠢ ᠬᠣᠷᠢᠶᠠᠨ ᠴᠤᠭᠯᠠᠭᠤᠯᠵᠤ ᠲᠤᠰᠬᠠᠬᠤ ᠂ ᠭᠦᠢ᠍ᠴᠡᠳᠬᠡᠵᠦ ᠨᠠᠢ᠌ᠳᠠᠪᠤᠷᠢᠵᠢᠭᠤᠯᠬᠤ ᠂ ᠰᠢᠮᠳᠠᠭᠤᠯᠤᠨ ᠪᠠᠢ᠌ᠴᠠᠭ᠋ᠠᠵᠤ ᠬᠠᠷᠢᠭᠤ ᠲᠤᠰᠬᠠᠬᠤ ᠠᠵᠢᠯ᠎ᠤᠨ ᠲᠣᠭᠲᠠᠴᠠ ᠵᠢ ᠪᠤᠢ ᠪᠣᠯᠭ᠋ᠠᠨ᠎ᠠ ᠃ ᠡᠯ᠎ᠡ ᠭᠠᠵᠠᠷ ᠣᠷᠣᠨ ᠂ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ᠎ᠤ ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯᠲᠠᠳᠢ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠤᠨ ᠬᠢᠨᠠᠯᠲᠠ ᠲᠠᠯᠪᠢᠭᠴᠢ᠎ᠪᠠᠷ ᠤᠷᠢᠨ ᠡᠯᠰᠡᠬᠦ ᠵᠢ᠎ᠨᠢ ᠳᠡᠮᠵᠢᠵᠦ ᠂ ᠠᠵᠤ ᠠᠬᠤᠢ᠌ᠯᠠᠯ᠎ᠳᠤ ᠬᠣᠯᠪᠣᠭᠳᠠᠬᠤ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠬᠤ ᠪᠠ ᠦᠢ᠍ᠯᠡᠴᠢᠯᠡᠭᠰᠡᠨ ᠪᠠᠢ᠌ᠳᠠᠯ᠎ᠢ ᠦᠨᠡᠯᠡᠨ ᠵᠥᠪᠳᠡᠯᠴᠡᠭᠦᠯᠵᠦ ᠬᠢᠨᠠᠯᠲᠠ ᠲᠠᠯᠪᠢᠭᠤᠯᠤᠨ᠎ᠠ ᠃
31. ᠠᠵᠤ ᠠᠬᠤᠢ᠌ᠯᠠᠯ᠎ᠳᠤ ᠠᠰᠢᠭ ᠬᠦᠷᠲᠡᠭᠡᠬᠦ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠤᠨ ᠪᠣᠳᠠᠲᠠᠢ᠌ᠵᠢᠭᠤᠯᠬᠤ ᠵᠢ ᠢᠳᠡᠪᠬᠢᠲᠡᠢ᠎ᠪᠠᠷ ᠠᠬᠢᠭᠤᠯᠤᠨ᠎ᠠ ᠃ 《ᠲᠥᠷᠥ ᠵᠢᠨ ᠪᠣᠳᠣᠯᠭ᠎ᠠ ᠵᠢ ᠪᠣᠳᠠᠲᠠᠢ᠌ᠵᠢᠭᠤᠯᠬᠤ ᠢᠨᠵᠧᠨᠧᠷᠢᠩ 》᠎ᠳᠤ ᠠᠩᠬᠠᠷᠤᠯ ᠵᠶ᠋ᠠᠨ ᠲᠥᠪᠯᠡᠷᠡᠭᠦᠯᠵᠦ ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠳᠡᠮᠵᠢᠬᠦ ᠰᠠᠨᠠᠯ ᠵᠢᠴᠢ ᠡᠯ᠎ᠡ ᠶᠠᠮᠤᠨ ᠵᠥᠪᠯᠡᠯ᠎ᠤᠨ ᠲᠥᠬᠥᠷ ᠠᠷᠭ᠎ᠠ ᠬᠡᠮᠵᠢᠶ᠎ᠡ ᠂ ᠶᠠᠮᠤᠨ ᠪᠠ ᠥᠪᠡᠷᠲᠡᠭᠡᠨ ᠵᠠᠰᠠᠬᠤ ᠣᠷᠣᠨ᠎ᠤ ᠬᠠᠮᠲᠤᠷᠠᠯᠴᠠᠭ᠋ᠠᠨ᠎ᠤ ᠵᠥᠪᠯᠡᠯᠴᠡᠭᠡᠷ᠎ᠢ ᠭᠦᠢ᠍ᠴᠡᠳ ᠰᠠᠢ᠌ᠲᠤᠷ ᠬᠡᠷᠡᠭᠯᠡᠵᠦ ᠂ ᠮᠠᠨ᠎ᠤ ᠣᠷᠣᠨ᠎ᠤ ᠬᠦᠷᠲᠡᠵᠦ ᠪᠠᠢ᠌ᠭ᠎ᠠ ᠪᠠᠷᠠᠭᠤᠨ ᠣᠷᠣᠨ᠎ᠢ ᠶᠡᠬᠡ᠎ᠪᠠᠷ ᠨᠡᠭᠡᠭᠡᠨ ᠬᠥᠭᠵᠢᠭᠦᠯᠬᠦ ᠂ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠪᠠ ᠴᠢᠨᠠᠷ ᠰᠠᠢ᠌ᠲᠠᠢ ᠬᠥᠭᠵᠢᠯᠲᠡ ᠂ 《ᠤᠮᠠᠷᠠᠲᠤ ᠵᠢᠨ ᠭᠤᠷᠪᠠᠨ ᠣᠷᠣᠨ 》᠎ᠤ ᠢᠨᠵᠧᠨᠧᠷᠢᠩ᠎ᠤᠨ ᠪᠣᠭᠣᠮᠲᠠ ᠰᠢᠪᠲᠤᠯᠬᠤ ᠳᠠᠢ᠌ᠯᠠᠯᠳᠤᠭ᠋ᠠᠨ ᠵᠡᠷᠭᠡ ᠤᠯᠤᠰ᠎ᠤᠨ ᠪᠠᠢ᠌ᠯᠳᠤᠬᠤ ᠪᠣᠳᠣᠯᠭ᠎ᠠ ᠵᠢᠨ ᠳᠡᠮᠵᠢᠯᠭᠡ ᠵᠢᠨ ᠲᠥᠷᠥ ᠵᠢᠨ ᠪᠣᠳᠣᠯᠭ᠎ᠠ ᠵᠢᠴᠢ ᠤᠯᠤᠰ᠎ᠠᠴᠠ ᠬᠥᠭᠵᠢᠭᠡᠳᠦᠢ ᠭᠠᠵᠠᠷ ᠣᠷᠣᠨ ᠂ ᠡᠬᠢ ᠪᠠᠶᠠᠯᠢᠭ᠎ᠤᠨ ᠬᠡᠯᠪᠡᠷᠢ ᠵᠢᠨ ᠭᠠᠵᠠᠷ ᠣᠷᠣᠨ ᠂ ᠬᠢᠯᠢ ᠬᠢᠵᠠᠭ᠋ᠠᠷ ᠣᠷᠣᠨ ᠂ ᠦᠨᠳᠦᠰᠦᠲᠡᠨ᠎ᠤ ᠭᠠᠵᠠᠷ ᠣᠷᠣᠨ᠎ᠳᠤ ᠦᠵᠡᠭᠦᠯᠬᠦ ᠳᠡᠮᠵᠢᠯᠭᠡ ᠵᠢᠨ ᠲᠥᠷᠥ ᠵᠢᠨ ᠪᠣᠳᠣᠯᠭ᠎ᠠ ᠵᠢ ᠭᠦᠢ᠍ᠴᠡᠳ ᠰᠠᠢ᠌ᠲᠤᠷ ᠬᠡᠷᠡᠭᠯᠡᠵᠦ ᠂ ᠲᠥᠷᠥ ᠵᠢᠨ ᠪᠣᠳᠣᠯᠭ᠎ᠠ ᠵᠢᠨ ᠠᠰᠢᠭ ᠲᠤᠰᠠ ᠵᠢ ᠦᠨᠡᠨ ᠬᠦ᠌ ᠪᠣᠳᠠᠲᠤ ᠦᠢ᠍ᠯᠡᠳᠪᠦᠷᠢᠯᠡᠯ᠎ᠤᠨ ᠬᠦᠴᠦᠨ ᠪᠣᠯᠭ᠋ᠠᠨ ᠬᠤᠪᠢᠷᠠᠭᠤᠯᠤᠨ᠎ᠠ ᠃ ᠡᠯ᠎ᠡ ᠭᠠᠵᠠᠷ ᠣᠷᠣᠨ ᠂ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠠᠵᠤ ᠠᠬᠤᠢ᠌ᠯᠠᠯ᠎ᠳᠤ ᠠᠰᠢᠭ ᠬᠦᠷᠲᠡᠭᠡᠬᠦ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ ᠬᠢᠬᠦ ᠵᠢ ᠠᠬᠢᠭᠤᠯᠵᠤ ᠂ ᠲᠥᠷᠥ ᠵᠢᠨ ᠪᠣᠳᠣᠯᠭ᠎ᠠ ᠵᠢ ᠣᠨᠣᠴᠠᠲᠠᠢ ᠲᠣᠬᠢᠷᠠᠯᠴᠠᠭᠤᠯᠬᠤ ᠂ ᠲᠦᠷᠭᠡᠨ ᠮᠥᠷᠲᠡᠭᠡᠨ ᠰᠢᠭᠤᠳ ᠪᠠᠭᠤᠯᠭ᠋ᠠᠬᠤ ᠵᠢ ᠠᠬᠢᠭᠤᠯᠤᠨ᠎ᠠ ᠃ ᠲᠥᠷᠥ ᠵᠢᠨ ᠪᠣᠳᠣᠯᠭ᠎ᠠ ᠵᠢ ᠢᠯᠡ ᠪᠣᠯᠭ᠋ᠠᠬᠤ ᠣᠨᠣᠪᠴᠢ ᠵᠢᠨ ᠬᠡᠮᠵᠢᠶ᠎ᠡ ᠵᠢ ᠳᠡᠭᠡᠭᠰᠢᠯᠡᠭᠦᠯᠦᠨ ᠂ ᠠᠷᠠᠳ᠎ᠲᠤ ᠳᠥᠭᠥᠮ ᠦᠵᠡᠭᠦᠯᠵᠦ ᠠᠵᠤ ᠠᠬᠤᠢ᠌ᠯᠠᠯ᠎ᠳᠤ ᠠᠰᠢᠭ ᠬᠦᠷᠲᠡᠭᠡᠬᠦ ᠲᠥᠷᠥ ᠵᠢᠨ ᠪᠣᠳᠣᠯᠭ᠎ᠠ ᠵᠢ ᠢᠯᠡ ᠪᠣᠯᠭ᠋ᠠᠭᠰᠠᠨ ᠪᠠᠢ᠌ᠳᠠᠯ᠎ᠳᠤ ᠲᠤᠰᠬᠠᠢ ᠪᠠᠢ᠌ᠴᠠᠭ᠋ᠠᠯᠲᠠ ᠬᠢᠨ᠎ᠡ ᠃
32. ᠠᠵᠤ ᠠᠬᠤᠢ᠌ᠯᠠᠯ ᠪᠠ ᠣᠯᠠᠨ ᠲᠦᠮᠡᠨ᠎ᠤ ᠬᠦᠰᠡᠯ ᠱᠠᠭ᠋ᠠᠷᠳᠠᠯᠭ᠎ᠠ ᠵᠢ 《ᠨᠢᠭᠡ ᠤᠲᠠᠰᠤ᠎ᠪᠠᠷ ᠬᠠᠷᠢᠭᠤᠯᠬᠤ 》 ᠵᠢ ᠠᠬᠢᠭᠤᠯᠤᠨ᠎ᠠ ᠃ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠠᠷᠠᠳ᠎ᠲᠤ ᠲᠥᠬᠦᠮ ᠦᠵᠡᠭᠦᠯᠬᠦ ᠬᠠᠯᠠᠮᠰᠢᠯ ᠤᠲᠠᠰᠤ 12345᠎ᠳᠤ ᠲᠦᠰᠢᠭᠯᠡᠨ ᠂ ᠵᠠᠭ᠋ᠠᠯᠳᠤᠵᠤ ᠢᠯᠡᠴᠢᠯᠡᠨ ᠮᠡᠳᠡᠭᠦᠯᠬᠦ ᠠᠷᠭ᠎ᠠ ᠵᠠᠮ᠎ᠢ ᠡᠮᠬᠢᠯᠡᠨ ᠨᠡᠢ᠌ᠯᠡᠭᠦᠯᠵᠦ ᠰᠠᠭ᠋ᠠᠳ ᠦᠭᠡᠢ ᠨᠡᠪᠲᠡᠷᠡᠭᠦᠯᠦᠨ ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠠᠷᠠᠳ᠎ᠲᠤ ᠲᠥᠬᠦᠮ ᠦᠵᠡᠭᠦᠯᠬᠦ ᠬᠠᠯᠠᠮᠰᠢᠯ ᠤᠲᠠᠰᠤ 12345 ᠬᠢᠭᠡᠳ ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯ᠎ᠤᠨ ᠦᠢ᠍ᠯᠡᠴᠢᠯᠡᠭᠡᠨ᠎ᠤ ᠬᠠᠯᠠᠮᠰᠢᠯ ᠤᠲᠠᠰᠤ 96888 ᠂ ᠭᠡᠷ᠎ᠡ᠎ᠠᠴᠠ ᠵᠥᠷᠢᠴᠡᠨ ᠳᠤᠮᠳᠠ ᠵᠢᠵᠢᠭ ᠠᠵᠤ ᠠᠬᠤᠢ᠌ᠯᠠᠯ᠎ᠳᠤ ᠲᠠᠩᠰᠠᠨ᠎ᠳᠠᠬᠢ ᠵᠣᠭᠣᠰ ᠥᠷᠢᠲᠦᠵᠦ ᠪᠠᠢ᠌ᠭ᠎ᠠ ᠵᠢ ᠳᠡᠩᠰᠡᠯᠡᠨ ᠲᠡᠮᠳᠡᠭᠯᠡᠬᠦ (ᠵᠠᠭ᠋ᠠᠯᠳᠤᠬᠤ) ᠲᠠᠪᠴᠠᠩ ᠂ 《ᠮᠧᠩ ᠴᠢ ᠲᠤᠩ 》 ᠲᠠᠪᠴᠠᠩ ᠵᠡᠷᠭᠡ ᠠᠷᠭ᠎ᠠ ᠵᠠᠮ᠎ᠤᠨ ᠬᠠᠷᠢᠯᠴᠠᠨ ᠬᠣᠯᠪᠣᠭ᠋ᠠᠯᠠᠵᠤ ᠬᠠᠷᠢᠯᠴᠠᠨ ᠨᠡᠪᠲᠡᠷᠡᠯᠴᠡᠬᠦ ᠪᠠ ᠳ᠋ᠠᠢ᠌ᠲ᠋ᠠ ᠵᠢ ᠬᠠᠮᠲᠤ᠎ᠪᠠᠷ ᠭᠥᠷᠳᠡᠬᠦ ᠵᠢ ᠴᠢᠩᠭ᠋ᠠᠳᠬᠠᠨ ᠂ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠤᠨ ᠪᠠᠢ᠌ᠭᠤᠯᠤᠯᠲᠠ ᠵᠢᠨ ᠬᠠᠮᠢᠶ᠎ᠠ ᠪᠦᠬᠦᠢ ᠯᠠᠪᠯᠠᠭ᠎ᠠ ᠂ ᠵᠠᠭ᠋ᠠᠯᠳᠤᠯᠭ᠎ᠠ ᠂ ᠲᠤᠰᠠᠯᠠᠮᠵᠢ ᠭᠤᠶᠤᠴᠢᠯᠠᠬᠤ ᠂ ᠰᠠᠨᠠᠭᠤᠯᠭ᠎ᠠ ᠵᠢ ᠭᠥᠯᠢᠶᠡᠨ ᠠᠪᠴᠤ ᠰᠢᠢ᠍ᠳᠪᠦᠷᠢᠯᠡᠨ᠎ᠡ ᠃ ᠪᠥᠬᠦ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠠᠷᠠᠳ᠎ᠲᠤ ᠲᠥᠬᠦᠮ ᠦᠵᠡᠭᠦᠯᠬᠦ ᠬᠠᠯᠠᠮᠰᠢᠯ ᠤᠲᠠᠰᠤ 12345 ᠵᠢᠨ ᠠᠵᠤ ᠠᠬᠤᠢ᠌ᠯᠠᠯ᠎ᠤᠨ ᠲᠤᠰᠬᠠᠢ ᠵᠦᠢ᠍ᠯ᠎ᠤᠨ ᠦᠢ᠍ᠯᠡᠴᠢᠯᠡᠭᠡᠨ᠎ᠤ ᠶᠠᠰᠤ ᠴᠢᠨᠠᠷ ᠦᠷ᠎ᠡ ᠪᠦᠲᠦᠮᠵᠢ ᠵᠢ ᠳᠡᠭᠡᠭᠰᠢᠯᠡᠭᠦᠯᠵᠦ ᠂ 《ᠮᠥᠩᠬᠡ ᠰᠤᠪᠠᠭ · ᠲᠠᠨ᠎ᠢ ᠬᠠᠪᠰᠤᠷᠤᠨ ᠭᠦᠢ᠍ᠴᠡᠳᠬᠡᠬᠦ 》 ᠴᠣᠩᠬᠣᠪᠴᠢᠯᠤᠭᠠ ᠥᠨᠳᠥᠷ ᠪᠦᠲᠦᠮᠵᠢᠲᠡᠶ᠎ᠪᠠᠷ ᠬᠣᠯᠪᠤᠭ᠋ᠠᠯᠠᠨ ᠬᠥᠳᠡᠯᠦᠯᠴᠡᠵᠦ ᠂ ᠡᠵᠡᠩᠨᠡᠯᠲᠡ ᠵᠢᠨ ᠭᠣᠣᠯ ᠴᠣᠭᠴᠠ᠎ᠳᠤ ᠪᠥᠬᠦ ᠴᠤᠪᠤᠷᠠᠯ᠎ᠤᠨ ᠬᠠᠪᠰᠤᠷᠤᠨ ᠭᠦᠢ᠍ᠴᠡᠳᠬᠡᠬᠦ ᠣᠷᠣᠯᠠᠨ ᠭᠦᠢ᠍ᠴᠡᠳᠬᠡᠬᠦ ᠦᠢ᠍ᠯᠡᠴᠢᠯᠡᠭᠡ ᠬᠠᠩᠭ᠋ᠠᠨ᠎ᠠ ᠃ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢ ᠲᠣᠭᠲᠠᠭ᠋ᠠᠬᠤ ᠂ ᠬᠡᠷᠡᠭᠵᠢᠭᠦᠯᠬᠦ ᠂ ᠬᠢᠨᠠᠯᠲᠠ ᠲᠠᠯᠪᠢᠬᠤ ᠂ ᠦᠨᠡᠯᠡᠬᠦ ᠵᠡᠷᠭᠡ ᠲᠠᠯ᠎ᠠ᠎ᠪᠠᠷ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠠᠷᠠᠳ᠎ᠲᠤ ᠲᠥᠬᠦᠮ ᠦᠵᠡᠭᠦᠯᠬᠦ ᠬᠠᠯᠠᠮᠰᠢᠯ ᠤᠲᠠᠰᠤ 12345 ᠵᠢᠨ ᠲᠥᠷᠥ ᠵᠢᠨ ᠪᠣᠳᠣᠯᠭ᠎ᠠ ᠵᠢᠨ ᠰᠠᠨᠠᠭᠤᠯᠭ᠎ᠠ ᠵᠢᠨ ᠠᠷᠭ᠎ᠠ ᠵᠠᠮ᠎ᠢ ᠰᠠᠭ᠋ᠠᠳ ᠦᠭᠡᠢ ᠨᠠᠪᠲᠠᠷᠡᠭᠦᠯᠵᠦ ᠂ ᠡᠵᠡᠩᠨᠡᠯᠲᠡ ᠵᠢᠨ ᠭᠣᠣᠯ ᠴᠣᠭᠴᠠ ᠵᠢᠨ ᠰᠠᠨᠠᠯ ᠰᠠᠨᠠᠭᠤᠯᠭ᠎ᠠ ᠵᠢ ᠥᠷᠭᠡᠨ ᠵᠶ᠋ᠠᠷ ᠴᠤᠭᠯᠠᠭᠤᠯᠵᠤ ᠂ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠤᠭᠰᠠᠨ ᠦᠷ᠎ᠡ ᠪᠦᠲᠦᠮᠵᠢ ᠵᠢ ᠪᠥᠬᠦ ᠲᠠᠯ᠎ᠠ᠎ᠪᠠᠷ ᠂ ᠪᠤᠰᠤᠳᠴᠢ᠎ᠪᠠᠷ ᠦᠨᠡᠯᠡᠨ ᠂ ᠲᠥᠷᠥ ᠵᠢᠨ ᠪᠣᠳᠣᠯᠭ᠎ᠠ ᠵᠢᠨ ᠦᠢ᠍ᠯᠡᠴᠢᠯᠡᠭᠡᠨ᠎ᠢ ᠠᠵᠤ ᠠᠬᠤᠢ᠌ᠯᠠᠯ᠎ᠤᠨ ᠬᠡᠷᠡᠭᠴᠡᠭᠡ ᠱᠠᠭ᠋ᠠᠷᠳᠠᠯᠭ᠎ᠠ ᠵᠢ ᠨᠠᠩ ᠰᠠᠢ᠌ᠲᠤᠷ ᠬᠠᠩᠭ᠋ᠠᠬᠤ ᠵᠢ ᠠᠬᠢᠭᠤᠯᠤᠨ᠎ᠠ ᠃
ᠬᠣᠶᠠᠷ ᠂ ᠪᠠᠲᠤᠯᠠᠭ᠎ᠠ ᠵᠢᠨ ᠠᠷᠭ᠎ᠠ ᠬᠡᠮᠵᠢᠶ᠎ᠡ
(ᠨᠢᠭᠡ) ᠵᠣᠬᠢᠶᠠᠨ ᠪᠠᠢ᠌ᠭᠤᠯᠵᠤ ᠤᠳᠤᠷᠢᠳᠬᠤ᠎ᠪᠠᠨ ᠴᠢᠩᠭ᠋ᠠᠳᠬᠠᠨ᠎ᠠ ᠃ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠵᠢ ᠠᠵᠢᠯ᠎ᠤᠨ ᠭᠣᠣᠯᠳᠠᠯᠭ᠎ᠠ᠎ᠪᠠᠨ ᠪᠣᠯᠭ᠋ᠠᠵᠤ ᠂ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠵᠣᠯᠭ᠋ᠠᠭᠤᠯᠤᠨ ᠲᠥᠬᠦᠷᠵᠢᠭᠦᠯᠬᠦ ᠵᠢ ᠴᠢᠩᠭ᠋ᠠᠳᠬᠠᠨ ᠂ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ᠎ᠳᠤ ᠬᠢᠨᠠᠯᠲᠠ ᠲᠠᠯᠪᠢᠵᠤ ᠵᠢᠭ᠋ᠠᠨ ᠵᠢᠯᠣᠭᠣᠳᠤᠯᠭ᠎ᠠ ᠬᠢᠬᠦ ᠬᠡᠷᠡᠭᠲᠡᠢ ᠃ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠡᠭᠦᠷᠭᠡ ᠴᠢᠳᠠᠪᠤᠷᠢ᠎ᠪᠠᠨ ᠬᠤᠪᠢᠷᠠᠭᠤᠯᠬᠤ ᠪᠠ ᠳ᠋ᠢᠵᠢᠲ᠋ᠠᠯ ᠵᠠᠰᠠᠭ᠎ᠤᠨ ᠣᠷᠳᠣᠨ᠎ᠢ ᠪᠠᠢ᠌ᠭᠤᠯᠬᠤ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠳᠤᠭᠤᠢ᠌ᠯᠠᠩ᠎ᠨᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ᠎ᠪᠠᠨ ᠴᠢᠩᠭ᠋ᠠᠳᠬᠠᠬᠤ ᠬᠡᠷᠡᠭᠲᠡᠢ ᠃ ᠥᠪᠡᠷᠲᠡᠭᠡᠨ ᠵᠠᠰᠠᠬᠤ ᠣᠷᠣᠨ᠎ᠤ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠨᠢ ᠲᠣᠰ ᠲᠥᠰᠥᠯ᠎ᠳᠤ ᠲᠣᠭᠲᠠᠭ᠋ᠠᠭᠰᠠᠨ ᠬᠠᠷᠠᠯᠲᠠ ᠪᠠ ᠡᠭᠦᠷᠭᠡ ᠠᠵᠢᠯ᠎ᠤᠨ ᠬᠤᠪᠢᠶᠠᠷᠢᠯᠠᠯ᠎ᠤᠨ ᠲᠣᠭᠣᠷᠢᠨ᠎ᠳᠤ ᠂ ᠲᠥᠷᠥᠯ ᠵᠦᠢ᠍ᠯᠴᠢᠯᠡᠭᠰᠡᠨ ᠂ ᠲᠣᠳᠣᠷᠬᠠᠢ ᠬᠠᠭᠤᠳᠠᠰᠤᠴᠢᠯᠠᠭᠰᠠᠨ ᠬᠠᠮᠢᠶᠠᠷᠤᠯᠲᠠ ᠵᠢ ᠬᠡᠷᠡᠭᠵᠢᠭᠦᠯᠵᠦ ᠂ ᠬᠠᠷᠢᠭᠤᠴᠠᠯᠭ᠋ᠠᠲᠤ ᠰᠠᠯᠠᠭ᠎ᠠ ᠮᠥᠴᠢᠷ ᠪᠠ ᠠᠵᠢᠯᠲᠠᠨ᠎ᠢ ᠲᠣᠳᠣᠷᠬᠠᠢ᠌ᠯᠠᠨ ᠂ ᠬᠠᠷᠢᠭᠤᠴᠠᠯᠭ᠎ᠠ ᠵᠢ ᠱᠠᠲᠤ ᠱᠠᠲᠤ᠎ᠪᠠᠷ ᠪᠣᠳᠠᠲᠠᠢ᠌ᠵᠢᠭᠤᠯᠬᠤ ᠬᠡᠷᠡᠭᠲᠡᠢ ᠃ ᠠᠵᠢᠯ᠎ᠤᠨ ᠪᠠᠢ᠌ᠳᠠᠯ ᠪᠠ ᠮᠡᠳᠡᠭᠡ ᠵᠠᠩᠭᠢ ᠮᠡᠳᠡᠭᠦᠯᠦᠨ ᠬᠦᠷᠭᠡᠬᠦ ᠲᠣᠭᠲᠠᠴᠠ ᠵᠢ ᠪᠠᠢ᠌ᠭᠤᠯᠵᠤ ᠂ ᠡᠯ᠎ᠡ ᠭᠠᠵᠠᠷ ᠣᠷᠣᠨ ᠂ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠨᠢ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠡᠭᠦᠷᠭᠡ ᠴᠢᠳᠠᠪᠤᠷᠢ᠎ᠪᠠᠨ ᠬᠤᠪᠢᠷᠠᠭᠤᠯᠬᠤ ᠪᠠ ᠳ᠋ᠢᠵᠢᠲ᠋ᠠᠯ ᠵᠠᠰᠠᠭ᠎ᠤᠨ ᠣᠷᠳᠣᠨ᠎ᠢ ᠪᠠᠢ᠌ᠭᠤᠯᠬᠤ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠠᠯᠪᠠᠨ ᠭᠡᠷ (ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠪᠠ ᠳ᠋ᠠᠢ᠌ᠲ᠋ᠠ ᠵᠢᠨ ᠬᠠᠮᠢᠶᠠᠷᠤᠯᠲᠠ ᠵᠢᠨ ᠲᠣᠪᠴᠢᠶ᠎ᠠ᠎ᠳᠤ ᠲᠣᠬᠢᠷᠠᠭᠤᠯᠪᠠ)᠎ᠲᠤ ᠥᠭᠡᠷᠡᠴᠢᠯᠡᠯᠲᠡ ᠵᠢ ᠠᠬᠢᠭᠤᠯᠬᠤ ᠶᠠᠪᠤᠴᠠ ᠳᠤᠮᠳᠠᠬᠢ ᠴᠢᠬᠤᠯᠠ ᠶᠡᠬᠡ ᠪᠠᠢ᠌ᠳᠠᠯ ᠂ ᠴᠢᠬᠤᠯᠠ ᠶᠡᠬᠡ ᠠᠬᠢᠴᠠ ᠪᠠ ᠣᠷᠣᠰᠢᠵᠤ ᠪᠠᠢ᠌ᠭ᠎ᠠ ᠠᠰᠠᠭᠤᠳᠠᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠮᠡᠳᠡᠭᠦᠯᠦᠨ ᠬᠦᠷᠭᠡᠬᠦ ᠬᠡᠷᠡᠭᠲᠡᠢ ᠃
(ᠬᠣᠶᠠᠷ) ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠵᠢ ᠵᠣᠷᠢᠭᠵᠢᠭᠤᠯᠤᠨ᠎ᠠ ᠃ ᠡᠯ᠎ᠡ ᠭᠠᠵᠠᠷ ᠣᠷᠣᠨ ᠂ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠤᠨ ᠥᠭᠡᠷᠡᠴᠢᠯᠡᠯᠲᠡ ᠵᠢ ᠠᠬᠢᠭᠤᠯᠬᠤ ᠢᠳᠡᠪᠬᠢᠵᠢᠯ ᠂ ᠰᠠᠨᠠᠭ᠋ᠠᠴᠢᠯᠠᠭ᠋ᠠᠲᠤ ᠴᠢᠨᠠᠷ ᠪᠠ ᠪᠦᠲᠦᠭᠡᠯᠴᠢ ᠴᠢᠨᠠᠷ᠎ᠢ ᠤᠷᠮᠠᠰᠢᠭᠤᠯᠤᠨ ᠳᠠᠶ᠋ᠢᠴᠢᠯᠠᠵᠤ ᠂ ᠵᠣᠷᠢᠭᠲᠠᠢ᠎ᠪᠠᠷ ᠲᠤᠷᠰᠢᠬᠤ ᠂ ᠵᠣᠷᠢᠭᠲᠠᠢ᠎ᠪᠠᠷ ᠬᠢᠬᠦ ᠂ ᠪᠡᠶ᠎ᠡ᠎ᠪᠠᠨ ᠳᠠᠭ᠋ᠠᠭ᠋ᠠᠨ ᠥᠭᠡᠷᠡᠴᠢᠯᠡᠬᠦ ᠵᠢ᠎ᠨᠢ ᠵᠣᠷᠢᠭᠵᠢᠭᠤᠯᠵᠤ ᠂ ᠬᠠᠤᠯᠢ᠎ᠪᠠᠷ ᠵᠠᠰᠠᠬᠤ ᠪᠣᠷᠣ ᠲᠥᠯᠥᠪ ᠳᠣᠲᠣᠷ᠎ᠠ ᠤᠤᠭ᠋ᠠᠯ ᠪᠦᠲᠦᠭᠡᠯᠴᠢ ᠴᠢᠨᠠᠷᠲᠠᠢ ᠂ ᠵᠦᠷᠢᠶᠡᠴᠢᠯᠡᠭᠰᠡᠨ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠵᠢ ᠢᠳᠡᠪᠬᠢᠲᠡᠢ᠎ᠪᠠᠷ ᠬᠠᠢ᠌ᠨ ᠰᠦᠪᠡᠭᠴᠢᠯᠡᠬᠦ ᠬᠡᠷᠡᠭᠲᠡᠢ ᠃ ᠭᠣᠣᠯᠳᠠᠯᠭ᠎ᠠ᠎ᠲᠠᠢ ᠣᠷᠣᠨ ᠪᠦᠰᠡ ᠵᠢᠨ ᠰᠢᠨ᠎ᠡ ᠵᠢ ᠡᠭᠦᠳᠬᠦ᠎ᠪᠠᠷ ᠬᠥᠲᠥᠯᠥᠨ ᠳᠠᠭ᠋ᠠᠭᠤᠯᠬᠤ ᠵᠢ᠎ᠨᠢ ᠳᠡᠮᠵᠢᠵᠦ ᠂ ᠠᠬᠤᠢ ᠪᠠᠢ᠌ᠳᠠᠯ᠎ᠤᠨ ᠬᠡᠷᠡᠭᠯᠡᠭᠡᠨ ᠵᠶ᠋ᠡᠷ ᠳᠠᠮᠵᠢᠭᠤᠯᠤᠨ ᠲᠤᠬᠠᠢ᠌ᠯᠠᠭᠰᠠᠨ ᠠᠵᠢᠯ᠎ᠤᠨ ᠴᠤᠪᠤᠷᠠᠯ᠎ᠢ ᠳᠠᠬᠢᠨ ᠲᠣᠬᠢᠷᠠᠭᠤᠯᠵᠤ ᠂ ᠨᠠᠩ ᠣᠯᠠᠨ ᠰᠢᠰᠲ᠋ᠧᠮ᠎ᠤᠨ ᠴᠢᠨᠠᠷᠲᠠᠢ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠠᠷᠭ᠎ᠠ ᠬᠡᠮᠵᠢᠶ᠎ᠡ ᠭᠠᠷᠭ᠋ᠠᠵᠤ ᠂ ᠨᠢᠭᠡ ᠪᠦᠯᠦᠭ ᠤᠤᠭ᠋ᠠᠯ ᠪᠦᠲᠦᠭᠡᠯᠴᠢ ᠴᠢᠨᠠᠷᠲᠠᠢ ᠂ ᠵᠦᠷᠢᠶᠡᠴᠢᠯᠡᠭᠰᠡᠨ ᠨᠡᠢ᠌ᠲᠡᠯᠢᠭ ᠲᠤᠷᠰᠢᠯᠭ᠋ᠠᠲᠤ ᠠᠷᠭ᠎ᠠ ᠬᠢᠳᠡᠯ᠎ᠢ ᠪᠣᠶ ᠪᠣᠯᠭ᠋ᠠᠵᠤ ᠂ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠤᠨ ᠲᠠᠯ᠎ᠠ᠎ᠪᠠᠷ᠎ᠬᠢ 《ᠲᠠᠩ ᠭᠠᠭᠴᠠ ᠵᠦᠢ᠍ᠯ᠎ᠤᠨ ᠮᠠᠩᠯᠠᠢ 》 ᠵᠢ ᠨᠠᠩ ᠣᠯᠠᠨ ᠴᠣᠭᠴᠠᠯᠠᠨ᠎ᠠ ᠃
(ᠭᠤᠷᠪᠠ) ᠪᠣᠯᠵᠣᠨ ᠶᠠᠷᠢᠯᠴᠠᠵᠤ ᠨᠡᠪᠲᠡᠷᠡᠭᠦᠯᠦᠨ ᠮᠡᠳᠡᠭᠡᠯᠡᠬᠦ ᠵᠢ ᠬᠡᠷᠡᠭᠵᠢᠭᠦᠯᠦᠨ᠎ᠡ ᠃ ᠲᠥᠰᠥᠯ᠎ᠤᠨ ᠨᠠᠢ᠌ᠳᠠᠪᠤᠷᠢᠵᠢᠭᠤᠯᠤᠯᠲᠠ ᠵᠢ ᠠᠬᠢᠭᠤᠯᠬᠤ ᠪᠣᠯᠵᠣᠨ ᠶᠠᠷᠢᠯᠴᠠᠬᠤ ᠂ ᠦᠨᠡᠯᠡᠨ ᠵᠢᠱ᠌ᠢᠬᠦ ᠪᠠ ᠨᠡᠪᠲᠡᠷᠡᠭᠦᠯᠦᠨ ᠮᠡᠳᠡᠭᠡᠯᠡᠬᠦ ᠲᠣᠭᠲᠠᠴᠠ ᠵᠢ ᠪᠠᠢ᠌ᠭᠤᠯᠤᠨ ᠲᠡᠭᠦᠯᠳᠡᠷᠵᠢᠭᠦᠯᠵᠦ ᠂ 160 ᠵᠦᠢ᠍ᠯ᠎ᠤᠨ ᠭᠣᠣᠯᠳᠠᠯᠭ᠎ᠠ᠎ᠲᠠᠢ ᠡᠭᠦᠷᠭᠡ ᠵᠢ ᠠᠬᠢᠭᠤᠯᠤᠨ ᠨᠠᠢ᠌ᠳᠠᠪᠤᠷᠢᠵᠢᠭᠤᠯᠤᠭᠰᠠᠨ ᠪᠠᠢ᠌ᠳᠠᠯ ᠵᠶ᠋ᠠᠷ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠢ ᠦᠨᠡᠯᠡᠬᠦ ᠠᠵᠢᠯ᠎ᠤᠨ ᠴᠢᠬᠤᠯᠠ ᠦᠨᠳᠦᠰᠦᠯᠡᠯ ᠪᠣᠯᠭ᠋ᠠᠵᠤ ᠂ ᠦᠷ᠎ᠡ ᠪᠦᠲᠦᠮᠵᠢ ᠵᠢ ᠮᠥᠷᠳᠡᠨ ᠠᠰᠠᠭᠤᠬᠤ ᠂ ᠨᠠᠢ᠌ᠳᠠᠪᠤᠷᠢᠵᠢᠭᠤᠯᠤᠯᠲᠠ ᠵᠢ ᠬᠦᠴᠦᠲᠡᠢ ᠠᠬᠢᠭᠤᠯᠬᠤ ᠠᠵᠢᠯ᠎ᠢ ᠥᠷᠨᠢᠭᠦᠯᠵᠦ ᠂ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠠᠵᠢᠯ᠎ᠤᠨ ᠡᠭᠦᠷᠭᠡ ᠵᠢ ᠠᠬᠢᠭᠤᠯᠬᠤ᠎ᠪᠠᠷ ᠤᠳᠠᠭ᠋ᠠᠨ ᠂ ᠵᠠᠬ᠎ᠠ ᠳᠡᠯᠭᠡᠭᠦᠷ᠎ᠤᠨ ᠭᠣᠣᠯ ᠴᠣᠭᠴᠠ ᠪᠠ ᠣᠯᠠᠨ ᠲᠦᠮᠡᠨ᠎ᠤ ᠬᠠᠨᠤᠮᠵᠢ ᠵᠢᠨ ᠬᠡᠮᠵᠢᠶ᠎ᠡ ᠳᠣᠣᠷ᠎ᠠ ᠂ ᠠᠰᠠᠭᠤᠳᠠᠯ ᠲᠤᠰᠬᠠᠬᠤ᠎ᠪᠠᠷ ᠴᠢᠩᠭ᠎ᠠ ᠪᠠᠢ᠌ᠭ᠎ᠠ ᠭᠠᠵᠠᠷ ᠣᠷᠣᠨ ᠪᠠ ᠰᠠᠯᠠᠭ᠎ᠠ ᠮᠥᠴᠢᠷ᠎ᠢ ᠨᠡᠪᠲᠡᠷᠡᠭᠦᠯᠦᠨ ᠮᠡᠳᠡᠭᠡᠯᠡᠬᠦ ᠵᠢᠨ ᠬᠠᠮᠲᠤ ᠂ ᠬᠡᠷᠡᠭᠴᠡᠭᠡ᠎ᠪᠠᠨ ᠦᠨᠳᠦᠰᠦᠯᠡᠨ ᠬᠠᠮᠢᠶ᠎ᠠ ᠪᠦᠬᠦᠢ ᠭᠠᠵᠠᠷ ᠣᠷᠣᠨ ᠂ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ᠎ᠲᠠᠢ ᠪᠣᠯᠵᠣᠨ ᠶᠠᠷᠢᠯᠴᠠᠨ᠎ᠠ ᠃
(ᠳᠥᠷᠪᠡ) ᠰᠢᠮᠳᠠᠭᠤᠯᠤᠨ ᠱᠠᠭ᠋ᠠᠷᠳᠠᠵᠤ ᠨᠠᠢ᠌ᠳᠠᠪᠤᠷᠢᠵᠢᠭᠤᠯᠬᠤ ᠵᠢ ᠴᠢᠩᠭ᠋ᠠᠳᠬᠠᠨ᠎ᠠ ᠃ ᠭᠦᠢ᠍ᠴᠡᠳᠬᠡᠯ ᠲᠣᠭ᠋ᠠᠨ᠎ᠤ ᠲᠦᠪᠰᠢᠨ ᠪᠠ ᠠᠵᠤ ᠠᠬᠤᠢ᠌ᠯᠠᠯ᠎ᠤᠨ ᠲᠥᠷᠥᠭᠳᠡᠯ ᠂ ᠲᠥᠷᠥ ᠵᠢᠨ ᠪᠣᠳᠣᠯᠭ᠎ᠠ ᠵᠢᠨ ᠨᠠᠢ᠌ᠳᠠᠪᠤᠷᠢᠵᠢᠭᠤᠯᠤᠯᠲᠠ ᠪᠠ ᠠᠵᠢᠯ᠎ᠤᠨ ᠰᠢᠨ᠎ᠡ ᠡᠭᠦᠳᠦᠯᠲᠡ ᠵᠢ ᠬᠠᠮᠲᠤᠳᠤᠨᠢ ᠬᠠᠷᠠᠭ᠋ᠠᠯᠵᠠᠵᠤ ᠂ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠢ ᠦᠨᠡᠯᠡᠨ ᠵᠢᠱ᠌ᠢᠬᠦ ᠭᠦᠢ᠍ᠴᠡᠳᠬᠡᠯ ᠲᠣᠭ᠎ᠠ ᠵᠢ ᠰᠢᠯᠢᠳᠡᠭᠵᠢᠭᠦᠯᠦᠨ ᠂ ᠭᠤᠷᠪᠠᠳᠠᠭᠢ ᠡᠲᠡᠭᠡᠳ᠎ᠤᠨ ᠦᠨᠡᠯᠡᠨ ᠵᠢᠱ᠌ᠢᠯᠲᠡ ᠵᠢ ᠥᠷᠨᠢᠭᠦᠯᠵᠦ ᠂ ᠦᠨᠡᠯᠡᠨ ᠵᠢᠱ᠌ᠢᠯᠲᠡ᠎ᠳᠤ ᠢᠯᠡᠷᠡᠭᠦᠯᠦᠭᠰᠡᠨ ᠠᠰᠠᠭᠤᠳᠠᠯ᠎ᠢ ᠴᠠᠭ ᠲᠤᠬᠠᠢᠳᠤᠨᠢ ᠰᠤᠳᠤᠯᠤᠨ ᠰᠢᠢ᠍ᠳᠪᠦᠷᠢᠯᠡᠨ᠎ᠡ ᠃ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠤᠨ ᠪᠡᠶᠡᠴᠢᠯᠡᠨ ᠣᠢ᠌ᠯᠠᠭ᠋ᠠᠬᠤ ᠡᠯᠴᠢ ᠂ ᠬᠢᠨᠠᠯᠲᠠ ᠲᠠᠯᠪᠢᠭᠴᠢ ᠂ ᠬᠠᠷᠢᠯᠴᠠᠬᠤ ᠴᠡᠭ ᠵᠡᠷᠭᠡ ᠣᠢ᠌ᠯᠠᠭ᠋ᠠᠵᠤ ᠨᠡᠪᠲᠡᠷᠡᠯᠴᠡᠬᠦ ᠠᠷᠭ᠎ᠠ ᠵᠠᠮ᠎ᠤᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ ᠂ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠤᠨ ᠠᠰᠠᠭᠤᠳᠠᠯ᠎ᠢ ᠬᠠᠷᠢᠭᠤ ᠲᠤᠰᠬᠠᠬᠤ ᠪᠠ ᠰᠢᠮᠳᠠᠭᠤᠯᠤᠨ ᠰᠢᠢ᠍ᠳᠪᠦᠷᠢᠯᠡᠭᠦᠯᠬᠦ ᠴᠥᠷᠬᠡᠯᠡᠭᠡ ᠲᠣᠭᠲᠠᠴᠠ ᠵᠢ ᠲᠡᠭᠦᠯᠳᠡᠷᠵᠢᠭᠦᠯᠦᠨ ᠂ ᠥᠭᠡᠷᠡᠴᠢᠯᠡᠯᠲᠡ ᠵᠢᠨ ᠣᠨᠣᠪᠴᠢ ᠵᠢᠨ ᠬᠡᠮᠵᠢᠶ᠎ᠡ ᠪᠠ ᠠᠵᠤ ᠠᠬᠤᠢ᠌ᠯᠠᠯ᠎ᠤᠨ ᠬᠦᠷᠲᠡᠮᠵᠢ ᠵᠢᠨ ᠰᠡᠳᠬᠢᠭᠳᠡᠯ᠎ᠢ ᠨᠡᠮᠡᠭᠳᠡᠭᠦᠯᠦᠨ᠎ᠡ ᠃ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠠᠵᠢᠯ᠎ᠤᠨ ᠬᠠᠮᠲᠤᠷᠠᠭᠰᠠᠨ ᠰᠢᠮᠳᠠᠭᠤᠯᠤᠨ ᠪᠠᠢ᠌ᠴᠠᠭ᠋ᠠᠯᠲᠠ ᠵᠢ ᠵᠣᠬᠢᠶᠠᠨ ᠪᠠᠢ᠌ᠭᠤᠯᠤᠨ ᠥᠷᠨᠢᠭᠦᠯᠦᠨ᠎ᠡ ᠃ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠢ ᠡᠪᠳᠡᠭᠰᠡᠨᠤ ᠴᠠᠭ᠋ᠠᠨᠠᠬᠢ ᠬᠠᠷᠢᠭᠤᠴᠠᠯᠭ᠎ᠠ ᠂ ᠢᠯᠵᠠᠷᠠᠯ ᠪᠠ ᠰᠤᠷᠲᠠᠯ᠎ᠤᠨ ᠠᠰᠠᠭᠤᠳᠠᠯ᠎ᠢ ᠴᠠᠭ ᠲᠤᠬᠠᠢᠳᠤᠨᠢ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠪᠠᠢ᠌ᠭᠤᠯᠭ᠎ᠠ᠎ᠳᠤ ᠰᠢᠯᠵᠢᠭᠦᠯᠦᠨ ᠲᠤᠰᠢᠶᠠᠬᠤ ᠬᠡᠷᠡᠭᠲᠡᠢ ᠃
(ᠲᠠᠪᠤ) ᠤᠬᠠᠭᠤᠯᠤᠨ ᠳᠡᠯᠭᠡᠷᠡᠭᠦᠯᠵᠦ ᠲᠠᠨᠢᠯᠴᠠᠭᠤᠯᠬᠤ᠎ᠪᠠᠨ ᠴᠢᠩᠭ᠋ᠠᠳᠬᠠᠨ᠎ᠠ ᠃ ᠲᠥᠷᠥ ᠵᠢᠨ ᠪᠣᠳᠣᠯᠭ᠎ᠠ ᠵᠢ ᠬᠦᠷᠢᠶᠡᠯᠡᠩ ᠲᠣᠭᠣᠷᠢᠭ᠎ᠲᠤ ᠣᠷᠣᠭᠤᠯᠬᠤ ᠂ ᠠᠵᠤ ᠠᠬᠤᠢ᠌ᠯᠠᠯ᠎ᠳᠤ ᠣᠷᠣᠭᠤᠯᠬᠤ ᠵᠡᠷᠭᠡ ᠨᠠᠷᠢᠯᠢᠭ ᠣᠨᠣᠴᠠᠲᠠᠢ᠎ᠪᠠᠷ ᠤᠬᠠᠭᠤᠯᠤᠨ ᠳᠡᠯᠭᠡᠷᠡᠭᠦᠯᠬᠦ ᠠᠵᠢᠯ᠎ᠢ ᠥᠷᠨᠢᠭᠦᠯᠵᠦ ᠂ ᠲᠥᠷᠥ ᠵᠢᠨ ᠪᠣᠳᠣᠯᠭ᠎ᠠ ᠵᠢᠨ ᠬᠠᠮᠤᠷᠬᠤ ᠬᠡᠪᠴᠢᠶ᠎ᠡ ᠪᠠ ᠠᠰᠢᠭ ᠬᠦᠷᠲᠡᠭᠡᠵᠦ ᠪᠣᠯᠬᠤᠢ᠌ᠴᠠ ᠴᠢᠨᠠᠷ᠎ᠢ ᠳᠡᠭᠡᠭᠰᠢᠯᠡᠭᠦᠯᠦᠨ᠎ᠡ ᠃ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠤᠨ ᠥᠭᠡᠷᠡᠴᠢᠯᠡᠯᠲᠡ ᠵᠢᠨ ᠭᠣᠣᠯᠳᠠᠯᠭ᠎ᠠ᠎ᠲᠠᠢ ᠤᠶᠠᠯᠳᠤᠭᠤᠯᠤᠨ ᠂ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ ᠂ ᠬᠡᠷᠡᠭ᠎ᠤᠨ ᠵᠢᠱ᠌ᠢᠶ᠎ᠡ ᠵᠢᠨ ᠦᠷ᠎ᠡ ᠨᠥᠯᠥᠭᠡ ᠂ ᠨᠡᠢ᠌ᠲᠡᠯᠢᠭ ᠦᠢ᠍ᠯᠡ ᠶᠠᠪᠤᠳᠠᠯ ᠵᠡᠷᠭᠡ ᠭᠣᠣᠯ ᠰᠡᠳᠦᠪᠲᠦ ᠤᠬᠠᠭᠤᠯᠭ᠎ᠠ ᠵᠢᠨ ᠠᠵᠢᠯᠯᠠᠭ᠎ᠠ ᠵᠢ ᠲᠣᠪᠤᠢ᠌ᠯᠭ᠋ᠠᠨ ᠥᠷᠨᠢᠭᠦᠯᠦᠨ᠎ᠡ ᠃ ᠡᠯ᠎ᠡ ᠭᠠᠵᠠᠷ ᠣᠷᠣᠨ ᠂ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠨᠢ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠠᠵᠢᠯ᠎ᠤᠨ ᠳᠤᠮᠳᠠᠬᠢ ᠲᠡᠷᠢᠭᠦᠨ᠎ᠤ ᠨᠡᠢ᠌ᠲᠡᠯᠢᠭ ᠵᠢᠱ᠌ᠢᠶ᠎ᠡ ᠵᠢ ᠶᠡᠬᠡ᠎ᠪᠠᠷ ᠰᠣᠩᠭᠣᠨ ᠢᠯᠡᠷᠡᠭᠦᠯᠵᠦ ᠂ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠢ ᠰᠢᠯᠢᠳᠡᠭᠵᠢᠭᠦᠯᠦᠭᠰᠡᠨ ᠰᠢᠯᠢᠳᠡᠭ ᠬᠡᠷᠡᠭ᠎ᠤᠨ ᠵᠢᠱ᠌ᠢᠶ᠎ᠡ ᠵᠢ ᠰᠢᠯᠭ᠋ᠠᠷᠠᠭᠤᠯᠬᠤ ᠵᠢᠴᠢ ᠨᠡᠢ᠌ᠲᠡᠯᠢᠭ ᠬᠡᠷᠡᠭ᠎ᠤᠨ ᠵᠢᠱ᠌ᠢᠶ᠎ᠡ ᠵᠢ ᠤᠬᠠᠭᠤᠯᠬᠤ ᠠᠵᠢᠯ᠎ᠢ ᠥᠷᠨᠢᠭᠦᠯᠵᠦ ᠂ ᠨᠡᠢ᠌ᠲᠡᠯᠢᠭ ᠲᠤᠷᠰᠢᠯᠭ᠎ᠠ ᠠᠷᠭ᠎ᠠ ᠬᠢᠳᠡᠯ᠎ᠢ ᠵᠢᠷᠤᠮᠯᠠᠨ ᠳᠠᠭᠤᠷᠢᠶᠠᠵᠤ ᠳᠡᠯᠭᠡᠷᠡᠭᠦᠯᠦᠨ ᠯᠠᠪᠯᠠᠯᠲᠠ ᠪᠣᠯᠭ᠋ᠠᠬᠤ ᠠᠵᠢᠯ᠎ᠢ ᠰᠠᠢ᠌ᠲᠤᠷ ᠬᠢᠵᠦ ᠂ ᠠᠳᠠᠯᠢᠳᠬᠠᠨ ᠰᠤᠷᠤᠯᠴᠠᠵᠤ ᠭᠦᠢ᠍ᠴᠡᠨ ᠳᠠᠪᠠᠬᠤ ᠠᠭᠤᠷ ᠠᠮᠢᠰᠬᠤᠯ᠎ᠢ ᠪᠣᠶ ᠪᠣᠯᠭ᠋ᠠᠬᠤ ᠬᠡᠷᠡᠭᠲᠡᠢ ᠃
ᠲᠣᠰ ᠲᠥᠰᠥᠯ᠎ᠢ ᠳᠠᠷᠤᠮᠠᠯᠯᠠᠨ ᠲᠠᠷᠬᠠᠭ᠋ᠠᠭᠰᠠᠨ ᠡᠳᠦᠷ᠎ᠠᠴᠠ ᠡᠬᠢᠯᠡᠨ ᠬᠡᠷᠡᠭᠵᠢᠭᠦᠯᠦᠨ᠎ᠡ ᠂ 《ᠥᠪᠡᠷᠲᠡᠭᠡᠨ ᠵᠠᠰᠠᠬᠤ ᠣᠷᠣᠨ᠎ᠤ ᠨᠠᠩ ᠰᠢᠯᠢᠳᠡᠭ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ ᠵᠶ᠋ᠡᠷ ᠵᠠᠬ᠎ᠠ ᠳᠡᠯᠭᠡᠭᠦᠷ᠎ᠤᠨ ᠭᠣᠣᠯ ᠴᠣᠭᠴᠠ᠎ᠳᠤ ᠦᠢ᠍ᠯᠡᠴᠢᠯᠡᠬᠦ ᠠᠵᠢᠯᠯᠠᠭ᠋ᠠᠨ᠎ᠤ ᠲᠥᠰᠥᠯ᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ 》 (ᠥᠪᠥᠷ ᠵᠠᠰᠠᠭ ᠲᠠᠷᠬᠠᠭ᠋ᠠᠭᠰᠠᠨ [ 2022 ] 4 ᠳ᠋ᠦ᠍ᠭᠡᠷ ᠲᠣᠭ᠋ᠠᠲᠤ)᠎ᠢ ᠬᠠᠮᠲᠤᠳᠤᠨᠢ ᠬᠦᠴᠦᠨ ᠦᠭᠡᠢ ᠪᠣᠯᠭ᠋ᠠᠨ᠎ᠠ ᠃
ᠳᠠᠭ᠋ᠠᠯᠳᠤᠭᠤᠯᠤᠯ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠢ ᠦᠷᠭᠦᠯᠵᠢᠯᠡᠨ ᠰᠢᠯᠢᠳᠡᠭᠵᠢᠭᠦᠯᠬᠦ ᠡᠭᠦᠷᠭᠡ ᠵᠢᠨ ᠲᠣᠳᠣᠷᠬᠠᠢ ᠬᠠᠭᠤᠳᠠᠰᠤ ( 2024 — 2025 ᠣᠨ)

























