ᠢᠯᠡ ᠵᠠᠰᠠᠭ   -   ᠵᠠᠰᠠᠭ᠎ᠤᠨ ᠤᠷᠳᠤᠨ᠎ᠤ ᠪᠢᠴᠢᠭ ᠮᠠᠲ᠋ᠧᠷᠢᠶᠠᠯ
ᠦᠨᠳᠡᠭᠡᠨ ᠤᠰᠤᠨ ᠠᠰᠢᠭᠯᠠᠯᠲᠠ ᠵᠢᠨ ᠬᠦᠢ᠍ᠰᠦ ᠪᠠᠷᠢᠯᠭ᠎ᠠ ᠵᠢᠨ ᠳᠣᠤᠷᠠᠳᠤ ᠤᠷᠤᠰᠬᠠᠯ᠎ᠳᠠᠬᠢ ᠥᠪᠥᠷ ᠮᠣᠩᠭᠣᠯ᠎ᠤᠨ ᠤᠰᠤᠯᠠᠯᠲᠠ ᠵᠢᠨ ᠣᠷᠣᠨ᠎ᠤ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢᠨ ᠭᠠᠵᠠᠷ ᠰᠢᠷᠣᠢ ᠲᠠᠲᠠᠪᠤᠷᠢᠯᠠᠬᠤ ᠬᠡᠪᠴᠢᠶᠡᠨ ᠳᠣᠲᠣᠷ᠎ᠠ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠢ ᠰᠢᠨ᠎ᠡ᠎ᠪᠠᠷ ᠨᠡᠮᠡᠭᠳᠡᠭᠦᠯᠬᠦ ᠪᠠ ᠬᠥᠮᠦᠨ ᠠᠮᠠ ᠨᠡᠭᠦᠯᠭᠡᠨ ᠣᠷᠣᠭᠤᠯᠬᠤ ᠵᠢ ᠴᠠᠭ᠋ᠠᠵᠠᠯᠠᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠷᠯᠠᠯ
ᠨᠡᠶ᠋ᠢᠲᠡᠯᠡᠭᠰᠡᠨ ᠴᠠᠭ᠄ 2025-01-07

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ

ᠥᠪᠥᠷ ᠵᠠᠰᠠᠭ ᠦᠰᠦᠭ [2024] 232 ᠳ᠋ᠤᠭ᠋ᠠᠷ ᠲᠣᠭ᠋ᠠᠲᠤ

 

ᠦᠨᠳᠡᠭᠡᠨ ᠤᠰᠤᠨ ᠠᠰᠢᠭᠯᠠᠯᠲᠠ ᠵᠢᠨ  ᠬᠦᠢ᠍ᠰᠦ ᠪᠠᠷᠢᠯᠭ᠎ᠠ ᠵᠢᠨ ᠳᠣᠤᠷᠠᠳᠤ ᠤᠷᠤᠰᠬᠠᠯ᠎ᠳᠠᠬᠢ ᠥᠪᠥᠷ ᠮᠣᠩᠭᠣᠯ᠎ᠤᠨ ᠤᠰᠤᠯᠠᠯᠲᠠ ᠵᠢᠨ ᠣᠷᠣᠨ᠎ᠤ  ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢᠨ ᠭᠠᠵᠠᠷ  ᠰᠢᠷᠣᠢ ᠲᠠᠲᠠᠪᠤᠷᠢᠯᠠᠬᠤ ᠬᠡᠪᠴᠢᠶᠡᠨ ᠳᠣᠲᠣᠷ᠎ᠠ ᠪᠦᠲᠦᠭᠡᠨ 

ᠪᠠᠶ᠋ᠢᠭᠤᠯᠤᠯᠲᠠ ᠵᠢᠨ ᠲᠥᠷᠥᠯ ᠵᠦᠢ᠍ᠯ᠎ᠢ ᠰᠢᠨ᠎ᠡ᠎ᠪᠠᠷ ᠨᠡᠮᠡᠭᠳᠡᠭᠦᠯᠬᠦ ᠪᠠ ᠬᠥᠮᠦᠨ ᠠᠮᠠ  ᠨᠡᠭᠦᠯᠭᠡᠨ ᠣᠷᠣᠭᠤᠯᠬᠤ ᠵᠢ  ᠴᠠᠭ᠋ᠠᠵᠠᠯᠠᠬᠤ

ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ  ᠵᠠᠷᠯᠠᠯ

 

ᠬᠢᠩᠭ᠋ᠠᠨ ᠠᠶ᠋ᠢᠮᠠᠭ᠎ᠤᠨ ᠵᠠᠬᠢᠷᠭ᠎ᠠ᠂ ᠥᠪᠡᠷᠲᠡᠭᠡᠨ ᠵᠠᠰᠠᠬᠤ ᠣᠷᠣᠨ᠎ᠤ ᠡᠯ᠎ᠡ ᠬᠣᠯᠪᠣᠭᠳᠠᠯ ᠪᠦᠬᠦᠢ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠎ᠳᠤ᠄

ᠪᠠᠶ᠋ᠢᠭᠤᠯᠬᠤ᠎ᠪᠠᠷ ᠪᠠᠶ᠋ᠢᠭ᠎ᠠ ᠥᠨᠳᠡᠭᠡᠨ ᠤᠰᠤᠨ ᠠᠰᠢᠭᠯᠠᠯᠲᠠ ᠵᠢᠨ  ᠬᠦᠢ᠍ᠰᠦ ᠪᠠᠷᠢᠯᠭ᠎ᠠ ᠵᠢᠨ ᠳᠣᠤᠷᠠᠳᠤ ᠤᠷᠤᠰᠬᠠᠯ᠎ᠳᠠᠬᠢ  ᠥᠪᠥᠷ ᠮᠣᠩᠭᠣᠯ᠎ᠤᠨ ᠤᠰᠤᠯᠠᠯᠲᠠ ᠵᠢᠨ ᠣᠷᠣᠨ᠎ᠤ  ᠢᠨᠵᠧᠨᠧᠷᠢᠩ ᠪᠣᠯ ᠥᠪᠡᠷᠲᠡᠭᠡᠨ ᠵᠠᠰᠠᠬᠤ ᠣᠷᠣᠨ᠎ᠤ ᠤᠰᠤᠨ  ᠠᠰᠢᠭᠯᠠᠯᠲᠠ ᠵᠢᠨ  ᠲᠣᠣᠷᠵᠢᠭᠤᠯᠤᠯᠲᠠ ᠵᠢᠨ ᠲᠥᠯᠥᠪᠯᠡᠵᠦ ᠪᠦᠲᠦᠭᠡᠨ ᠪᠠᠶ᠋ᠢᠭᠤᠯᠬᠤ ᠲᠣᠮᠣ ᠬᠡᠯᠪᠡᠷᠢ ᠵᠢᠨ ᠤᠰᠤᠯᠠᠯᠲᠠ ᠵᠢᠨ ᠣᠷᠣᠨ ᠪᠣᠯᠤᠨ᠎ᠠ᠃  ᠢᠨᠵᠧᠨᠧᠷᠢᠩ᠎ᠤᠨ  ᠪᠦᠲᠦᠭᠡᠨ ᠪᠠᠶ᠋ᠢᠭᠤᠯᠤᠯᠲᠠ ᠵᠢᠨ ᠭᠠᠵᠠᠷ ᠰᠢᠷᠣᠶ ᠲᠠᠲᠠᠪᠤᠷᠢᠯᠠᠬᠤ ᠪᠠ ᠠᠷᠠᠳ᠎ᠢ ᠨᠡᠭᠦᠯᠭᠡᠨ ᠲᠥᠪᠬᠢᠨᠡᠭᠦᠯᠬᠦ ᠠᠵᠢᠯ᠎ᠤᠨ ᠤᠷᠤᠭᠰᠢᠲᠠᠶ ᠶᠠᠪᠤᠭᠳᠠᠬᠤ ᠵᠢ  ᠦᠨᠡᠨ ᠬᠦ᠌ ᠪᠠᠲᠤᠯᠠᠬᠤ ᠵᠢᠨ ᠲᠤᠰᠠᠳᠠ᠂ 《ᠲᠣᠮᠣ ᠳᠤᠮᠳᠠ ᠬᠡᠯᠪᠡᠷᠢ ᠵᠢᠨ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ  ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢᠨ ᠭᠠᠵᠠᠷ ᠰᠢᠷᠣᠶ  ᠲᠠᠲᠠᠪᠤᠷᠢᠯᠠᠨ ᠨᠥᠬᠥᠪᠦᠷᠢᠯᠡᠬᠦ ᠪᠠ ᠠᠷᠠᠳ᠎ᠢ ᠨᠡᠭᠦᠯᠭᠡᠨ ᠲᠥᠪᠬᠢᠨᠡᠭᠦᠯᠬᠦ ᠳᠦᠷᠢᠮ》 (ᠲᠥᠷᠥ ᠵᠢᠨ ᠶᠠᠪᠤᠳᠠᠯ᠎ᠤᠨ ᠬᠣᠷᠢᠶᠠᠨ᠎ᠤ ᠵᠠᠷᠯᠢᠭ 679  ᠳ᠋ᠦ᠍ᠭᠡᠷ ᠲᠣᠭ᠋ᠠᠲᠤ)᠎ᠤᠨ ᠬᠣᠯᠪᠣᠭᠳᠠᠯ ᠪᠦᠬᠦᠢ ᠲᠣᠭᠲᠠᠭ᠋ᠠᠯ᠎ᠢ ᠦᠨᠳᠦᠰᠦᠯᠡᠨ᠂ ᠡᠳᠦᠭᠡ ᠬᠣᠯᠪᠣᠭᠳᠠᠯ ᠪᠦᠬᠦᠢ  ᠵᠦᠢ᠍ᠯᠡᠰ᠎ᠢ ᠳᠣᠤᠷᠠᠬᠢ ᠮᠡᠲᠦ  ᠵᠠᠷᠯᠠᠪᠠ ᠄

ᠨᠢᠭᠡ᠂ ᠥᠨᠳᠡᠭᠡᠨ ᠤᠰᠤᠨ ᠠᠰᠢᠭᠯᠠᠯᠲᠠ ᠵᠢᠨ  ᠬᠦᠢ᠍ᠰᠦ ᠪᠠᠷᠢᠯᠭ᠎ᠠ ᠵᠢᠨ ᠳᠣᠤᠷᠠᠳᠤ ᠤᠷᠤᠰᠬᠠᠯ᠎ᠳᠠᠬᠢ  ᠥᠪᠥᠷ ᠮᠣᠩᠭᠤᠯ᠎ᠤᠨ ᠤᠰᠤᠯᠠᠯᠲᠠ ᠵᠢᠨ ᠣᠷᠣᠨ᠎ᠤ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠵᠢᠨ ᠭᠠᠵᠠᠷ ᠰᠢᠷᠣᠶ ᠲᠠᠲᠠᠪᠤᠷᠢᠯᠠᠬᠤ  ᠬᠡᠪᠴᠢᠶᠡᠨ᠎ᠳᠤ ᠵᠠᠯᠠᠶ᠋ᠢᠳ ᠬᠤᠰᠢᠭᠤᠨ᠎ᠤ  ᠳᠠᠯᠳᠠ  ᠤᠰᠤᠯᠠᠯᠲᠠ ᠵᠢᠨ ᠣᠷᠣᠨ᠂  ᠪᠠᠶᠠ  ᠤᠰᠤᠯᠠᠯᠲᠠ ᠵᠢᠨ ᠣᠷᠣᠨ᠂  ᠹᠧᠩ ᠲᠦᠨ ᠤᠰᠤᠯᠠᠯᠲᠠ ᠵᠢᠨ ᠣᠷᠣᠨ᠂ ᠬᠦᠷᠡᠯ ᠤᠰᠤᠯᠠᠯᠲᠠ ᠵᠢᠨ ᠣᠷᠣᠨ᠂ ᠪᠠᠶᠠᠨᠲᠤᠬᠤᠢ ᠤᠰᠤᠯᠠᠯᠲᠠ ᠵᠢᠨ ᠣᠷᠣᠨ᠂  ᠴᠢᠭᠢᠲᠦ  ᠤᠰᠤᠯᠠᠯᠲᠠ ᠵᠢᠨ ᠣᠷᠣᠨ᠂  ᠬᠠᠷ᠎ᠠ ᠴᠡᠭᠡᠯ ᠤᠰᠤᠯᠠᠯᠲᠠ ᠵᠢᠨ ᠣᠷᠣᠨ᠂  ᠤᠳᠠᠲᠠᠢ ᠤᠰᠤᠯᠠᠯᠲᠠ ᠵᠢᠨ ᠣᠷᠣᠨ᠂  ᠪᠤᠷᠤᠬᠤᠰᠢᠭᠤ ᠤᠰᠤᠯᠠᠯᠲᠠ ᠵᠢᠨ ᠣᠷᠣᠨ᠂ ᠬᠤᠶ᠋ᠢᠲᠤ ᠢᠨᠳᠡᠷ ᠤᠰᠤᠯᠠᠯᠲᠠ ᠵᠢᠨ ᠣᠷᠣᠨ᠂ ᠰᠢᠶᠤᠤ  ᠴᠧᠩ ᠽᠢ ᠤᠰᠤᠯᠠᠯᠲᠠ ᠵᠢᠨ ᠣᠷᠣᠨ᠂  ᠳᠥᠷᠪᠡᠨᠰᠢᠨ ᠤᠰᠤᠯᠠᠯᠲᠠ ᠵᠢᠨ ᠣᠷᠣᠨ ᠪᠠ  ᠨᠣᠨ ᠮᠥᠷᠡᠨ  ᠤᠰᠤᠯᠠᠯᠲᠠ ᠵᠢᠨ ᠣᠷᠣᠨ ᠬᠤᠯᠪᠣᠭᠳᠠᠵᠤ᠂ ᠪᠣᠳᠠᠲᠠᠶ ᠬᠡᠪᠴᠢᠶ᠎ᠡ ᠵᠢ  ᠲᠤᠬᠠᠶ ᠵᠢᠨ  ᠲᠠᠯᠠᠪᠤᠷ᠎ᠲᠤ ᠲᠣᠭᠲᠠᠭ᠋ᠠᠬᠤ ᠪᠤᠯᠠᠭ᠋ᠠᠷᠢ᠎ᠪᠠᠷ ᠪᠠᠷᠢᠮᠵᠢᠶᠠᠯᠠᠨ᠎ᠠ ᠃

ᠬᠣᠶᠠᠷ᠂ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠎ᠨᠢ  ᠦᠨᠳᠡᠭᠡᠨ ᠤᠰᠤᠨ ᠠᠰᠢᠭᠯᠠᠯᠲᠠ ᠵᠢᠨ  ᠬᠦᠢ᠍ᠰᠦ ᠪᠠᠷᠢᠯᠭ᠎ᠠ ᠵᠢᠨ ᠳᠣᠤᠷᠠᠳᠤ ᠤᠷᠤᠰᠬᠠᠯ᠎ᠳᠠᠬᠢ  ᠥᠪᠥᠷ ᠮᠣᠩᠭᠣᠯ᠎ᠤᠨ ᠤᠰᠤᠯᠠᠯᠲᠠ ᠵᠢᠨ ᠣᠷᠣᠨ᠎ᠤ  ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢᠨ ᠭᠠᠵᠠᠷ  ᠰᠢᠷᠣᠢ  ᠲᠠᠲᠠᠪᠤᠷᠢᠯᠠᠬᠤ ᠬᠡᠪᠴᠢᠶᠡᠨ ᠳᠣᠲᠣᠷ᠎ᠠ ᠡᠯ᠎ᠡ ᠵᠦᠢ᠍ᠯ᠎ᠤᠨ ᠰᠠᠭᠤᠷᠢ ᠪᠡᠯᠡᠳᠬᠡᠮᠵᠢ (ᠰᠤᠮᠤ ᠰᠢᠶᠠᠩ ᠪᠠᠯᠭ᠋ᠠᠰᠤ ᠵᠢᠨ ᠠᠵᠤ ᠠᠬᠤᠶ᠋ᠢᠯᠠᠯ ᠪᠠ ᠠᠷᠠᠳ᠎ᠤᠨ ᠬᠡᠷᠡᠭᠯᠡᠭᠡᠨ᠎ᠤ ᠣᠷᠣᠨ ᠰᠠᠭᠤᠴᠠ ᠪᠠᠭᠲᠠᠨ᠎ᠠ) ᠪᠠᠶ᠋ᠢᠭᠤᠯᠬᠤ ᠵᠢ ᠵᠥᠪᠰᠢᠶᠡᠷᠡᠵᠦ ᠪᠣᠯᠬᠤ ᠦᠭᠡᠶ᠃

ᠭᠤᠷᠪᠠ᠂ ᠶᠠᠮᠠᠷᠪᠠ  ᠨᠢᠭᠡᠴᠢ ᠪᠠ ᠬᠤᠪᠢ ᠬᠥᠮᠦᠨ ᠭᠡᠳ ᠦᠨᠳᠡᠭᠡᠨ ᠤᠰᠤᠨ ᠠᠰᠢᠭᠯᠠᠯᠲᠠ ᠵᠢᠨ  ᠬᠦᠢ᠍ᠰᠦ ᠪᠠᠷᠢᠯᠭ᠎ᠠ ᠵᠢᠨ ᠳᠣᠤᠷᠠᠳᠤ ᠤᠷᠤᠰᠬᠠᠯ᠎ᠳᠠᠬᠢ  ᠥᠪᠥᠷ ᠮᠣᠩᠭᠣᠯ᠎ᠤᠨ ᠤᠰᠤᠯᠠᠯᠲᠠ ᠵᠢᠨ ᠣᠷᠣᠨ᠎ᠤ  ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢᠨ ᠭᠠᠵᠠᠷ  ᠰᠢᠷᠣᠢ  ᠲᠠᠲᠠᠪᠤᠷᠢᠯᠠᠬᠤ ᠬᠡᠪᠴᠢᠶᠡᠨ ᠳᠣᠲᠣᠷ᠎ᠠ  ᠲᠥᠷᠥᠯ ᠵᠦᠢ᠍ᠯ  ᠰᠢᠨ᠎ᠡ᠎ᠪᠠᠷ ᠪᠠᠶ᠋ᠢᠭᠤᠯᠬᠤ᠂ ᠥᠷᠭᠡᠳᠬᠡᠨ ᠪᠠᠶ᠋ᠢᠭᠤᠯᠬᠤ ᠪᠠ ᠥᠭᠡᠷᠡᠴᠢᠯᠡᠨ ᠪᠠᠶ᠋ᠢᠭᠤᠯᠵᠤ ᠪᠣᠯᠬᠤ ᠦᠭᠡᠶ᠂ ᠭᠡᠷ ᠪᠠᠶ᠋ᠢᠰᠢᠩ ᠵᠢᠴᠢ ᠪᠤᠰᠤᠳ ᠪᠡᠯᠡᠳᠬᠡᠮᠵᠢ ᠵᠢ  ᠵᠠᠰᠠᠨ ᠪᠠᠶ᠋ᠢᠭᠤᠯᠵᠤ ᠪᠣᠯᠬᠤ ᠦᠭᠡᠶ᠂ ᠤᠤᠯ ᠭᠠᠵᠠᠷ᠎ᠤᠨ ᠲᠥᠷᠥᠯ᠂ ᠭᠠᠵᠠᠷ᠎ᠤᠨ ᠳᠥᠷᠬᠦ ᠵᠢ ᠎ᠨᠢ  ᠬᠤᠪᠢᠷᠠᠭᠤᠯᠵᠤ ᠪᠣᠯᠬᠤ ᠦᠭᠡᠶ᠂  ᠲᠠᠷᠢᠶᠠᠯᠠᠬᠤ  ᠭᠠᠵᠠᠷ᠂ ᠴᠡᠴᠡᠷᠯᠢᠭ᠎ᠤᠨ ᠭᠠᠵᠠᠷ᠎ᠢ  ᠵᠠᠪᠰᠢᠵᠤ ᠬᠠᠭ᠋ᠠᠯᠪᠤᠷᠢᠯᠠᠬᠤ ᠵᠢᠴᠢ ᠡᠯ᠎ᠡ ᠵᠦᠢ᠍ᠯ᠎ᠤᠨ ᠣᠯᠠᠨ ᠨᠠᠰᠤᠲᠤ ᠠᠵᠤ ᠠᠬᠤᠶ ᠵᠢᠨ ᠲᠠᠷᠢᠮᠠᠯ  ᠪᠠ  ᠣᠢ  ᠮᠣᠳᠣ ᠵᠢ  ᠵᠠᠪᠰᠢᠵᠤ ᠵᠠᠢ᠌ᠯᠠᠬᠤ ᠵᠡᠷᠭᠡ ᠭᠠᠵᠠᠷ ᠰᠢᠷᠣᠶ ᠵᠢᠨ ᠬᠡᠷᠡᠭᠴᠡᠭᠡ ᠵᠢ ᠬᠤᠪᠢᠷᠠᠭᠤᠯᠬᠤ ᠪᠠ  ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢ ᠨᠥᠯᠥᠭᠡᠯᠡᠬᠦ ᠠᠵᠢᠯᠯᠠᠭ᠎ᠠ  ᠬᠢᠵᠦ ᠪᠣᠯᠬᠤ ᠦᠭᠡᠶ᠃

ᠳᠥᠷᠪᠡ᠂ ᠦᠨᠳᠡᠭᠡᠨ ᠤᠰᠤᠨ ᠠᠰᠢᠭᠯᠠᠯᠲᠠ ᠵᠢᠨ  ᠬᠦᠢ᠍ᠰᠦ ᠪᠠᠷᠢᠯᠭ᠎ᠠ ᠵᠢᠨ ᠳᠣᠤᠷᠠᠳᠤ ᠤᠷᠤᠰᠬᠠᠯ᠎ᠳᠠᠬᠢ  ᠥᠪᠥᠷ ᠮᠣᠩᠭᠣᠯ᠎ᠤᠨ ᠤᠰᠤᠯᠠᠯᠲᠠ ᠵᠢᠨ ᠣᠷᠣᠨ᠎ᠤ  ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢᠨ ᠦᠶᠡᠯᠡᠯ᠎ᠤᠨ ᠬᠤᠭᠤᠴᠠᠭ᠎ᠠ ᠨᠡᠯᠢᠶᠡᠳ ᠤᠷᠲᠤ ᠪᠠᠶ᠋ᠢᠬᠤ ᠵᠢ  ᠪᠣᠳᠣᠯᠬᠢᠯᠠᠵᠤ᠂ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ᠎ᠠᠴᠠ  ᠪᠣᠯᠵᠤ ᠲᠤᠬᠠᠶ ᠵᠢᠨ ᠭᠠᠵᠠᠷ᠎ᠤᠨ ᠣᠯᠠᠨ ᠲᠦᠮᠡᠨ᠎ᠤ ᠬᠡᠪ᠎ᠤᠨ ᠦᠢ᠍ᠯᠡᠳᠪᠦᠷᠢᠯᠡᠯ ᠠᠮᠢᠳᠤᠷᠠᠯ᠎ᠳᠤ᠎ᠨᠢ ᠳᠡᠩᠳᠡᠭᠦᠦ ᠶᠡᠬᠡ ᠨᠥᠯᠥᠭᠡ ᠭᠠᠷᠭ᠋ᠠᠬᠤ ᠦᠭᠡᠶ ᠪᠠᠶ᠋ᠢᠬᠤ ᠵᠢ  ᠦᠨᠡᠨ ᠬᠦ᠌ ᠪᠠᠲᠤᠯᠠᠬᠤ ᠵᠢᠨ ᠲᠤᠰᠠᠳᠠ᠂ ᠲᠤᠬᠠᠶ ᠵᠢᠨ ᠭᠠᠵᠠᠷ᠎ᠤᠨ ᠣᠯᠠᠨ ᠲᠦᠮᠡᠨ᠎ᠤ ᠦᠢ᠍ᠯᠡᠳᠪᠦᠷᠢᠯᠡᠯ ᠠᠮᠢᠳᠤᠷᠠᠯ᠎ᠯᠤᠭ᠎ᠠ ᠰᠢᠭᠤᠳ  ᠬᠣᠯᠪᠣᠭᠳᠠᠬᠤ᠂  ᠦᠨᠡᠨ ᠬᠦ᠌ ᠪᠦᠲᠦᠭᠡᠨ ᠪᠠᠶ᠋ᠢᠭᠤᠯᠬᠤ  ᠴᠢᠬᠤᠯᠠᠲᠠᠢ ᠲᠥᠷᠥᠯ ᠵᠦᠢ᠍ᠯ᠎ᠢ 《ᠲᠣᠮᠣ ᠳᠤᠮᠳᠠ ᠬᠡᠯᠪᠡᠷᠢ ᠵᠢᠨ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ  ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢᠨ  ᠭᠠᠵᠠᠷ  ᠰᠢᠷᠣᠢ  ᠲᠠᠲᠠᠪᠤᠷᠢᠯᠠᠨ  ᠨᠥᠬᠥᠪᠦᠷᠢᠯᠡᠬᠦ ᠪᠠ ᠠᠷᠠᠳ᠎ᠢ ᠨᠡᠭᠦᠯᠭᠡᠨ ᠲᠥᠪᠬᠢᠨᠡᠭᠦᠯᠬᠦ ᠳᠦᠷᠢᠮ》᠎ᠤᠨ ᠬᠣᠯᠪᠣᠭᠳᠠᠯ ᠪᠦᠬᠦᠢ ᠲᠣᠭᠲᠠᠭ᠋ᠠᠯ᠎ᠢ ᠴᠢᠩᠭ᠎ᠠ ᠵᠢᠷᠤᠮᠯᠠᠨ᠂ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠵᠦ ᠵᠥᠪᠰᠢᠶᠡᠷᠡᠭᠦᠯᠦᠭᠰᠡᠨ᠎ᠤ ᠳᠠᠷᠠᠭ᠎ᠠ ᠪᠦᠲᠦᠭᠡᠨ ᠪᠠᠶ᠋ᠢᠭᠤᠯᠵᠤ ᠪᠣᠯᠤᠨ᠎ᠠ᠃

ᠲᠠᠪᠤ᠂ ᠥᠨᠳᠡᠭᠡᠨ ᠤᠰᠤᠨ ᠠᠰᠢᠭᠯᠠᠯᠲᠠ ᠵᠢᠨ  ᠬᠦᠢ᠍ᠰᠦ ᠪᠠᠷᠢᠯᠭ᠎ᠠ ᠵᠢᠨ ᠳᠣᠤᠷᠠᠳᠤ ᠤᠷᠤᠰᠬᠠᠯ᠎ᠳᠠᠬᠢ  ᠥᠪᠥᠷ ᠮᠣᠩᠭᠣᠯ᠎ᠤᠨ ᠤᠰᠤᠯᠠᠯᠲᠠ ᠵᠢᠨ ᠣᠷᠣᠨ᠎ᠤ  ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢᠨ ᠭᠠᠵᠠᠷ  ᠰᠢᠷᠣᠢ  ᠲᠠᠲᠠᠪᠤᠷᠢᠯᠠᠬᠤ ᠬᠡᠪᠴᠢᠶᠡᠨ ᠳᠣᠲᠣᠷᠠᠬᠢ ᠡᠷᠦᠬᠡ ᠠᠮᠠ ᠵᠢᠨ ᠬᠠᠮᠢᠶᠠᠷᠤᠯᠲᠠ ᠵᠢ ᠴᠢᠩᠭ᠋ᠠᠳᠬᠠᠵᠤ᠂ ᠪᠦᠲᠦᠭᠡᠨ ᠪᠠᠶ᠋ᠢᠭᠤᠯᠤᠯᠲᠠ ᠵᠢᠨ ᠬᠡᠪᠴᠢᠶᠡᠨ᠎ᠳᠤ ᠬᠥᠮᠦᠨ ᠠᠮᠠ  ᠨᠡᠭᠦᠯᠭᠡᠨ ᠣᠷᠣᠭᠤᠯᠬᠤ ᠵᠢ ᠴᠢᠩᠭ᠎ᠠ ᠬᠢᠵᠠᠭ᠋ᠠᠷᠯᠠᠬᠤ ᠬᠡᠷᠡᠭᠲᠡᠢ᠃ ᠲᠥᠷᠥᠭᠰᠡᠨ᠂  ᠤᠷᠤᠭᠯᠠᠵᠤ  ᠮᠣᠷᠳᠠᠭᠰᠠᠨ ᠂ ᠴᠡᠷᠢᠭ᠎ᠠᠴᠠ ᠰᠢᠯᠵᠢᠭᠰᠡᠨ ᠪᠤᠶᠤ ᠴᠡᠷᠢᠭ᠎ᠤᠨ ᠠᠯᠪᠠᠨ᠎ᠠᠴᠠ ᠬᠠᠯᠠᠭᠳᠠᠭᠰᠠᠨ᠂ ᠶᠡᠬᠡ  ᠰᠤᠷᠭ᠋ᠠᠭᠤᠯᠢ ᠪᠠ  ᠳᠤᠮᠳᠠ ᠵᠡᠷᠭᠡ ᠵᠢᠨ ᠲᠤᠰᠬᠠᠶ ᠮᠡᠷᠭᠡᠵᠢᠯ᠎ᠤᠨ ᠰᠤᠷᠭ᠋ᠠᠭᠤᠯᠢ  ᠲᠡᠭᠦᠰᠦᠭᠰᠡᠨ᠂ ᠡᠷᠡᠭᠦᠦ ᠵᠢᠨ ᠬᠤᠭᠤᠴᠠᠭ᠎ᠠ᠎ᠨᠢ ᠳᠦᠭᠦᠷᠴᠦ  ᠰᠤᠯᠠᠯᠠᠭᠳᠠᠭᠰᠠᠨ ᠵᠡᠷᠭᠡ ᠨᠤᠲᠤᠭ᠎ᠲᠤ᠎ᠪᠠᠨ ᠪᠤᠴᠠᠭᠰᠠᠳ᠎ᠠᠴᠠ ᠭᠠᠳᠠᠨ᠎ᠠ᠂ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ  ᠪᠠ ᠬᠠᠮᠢᠶ᠎ᠠ ᠪᠦᠬᠦᠢ ᠰᠠᠯᠠᠭ᠎ᠠ ᠮᠥᠴᠢᠷ ᠎ᠨᠢ  ᠡᠯ᠎ᠡ ᠲᠥᠷᠥᠯ᠎ᠤᠨ ᠬᠥᠮᠦᠨ ᠠᠮᠠ  ᠨᠡᠭᠦᠯᠭᠡᠨ ᠣᠷᠣᠭᠤᠯᠬᠤ ᠭᠠᠷᠳᠠᠮ᠎ᠢ  ᠭᠦᠢ᠍ᠴᠡᠳᠬᠡᠵᠦ ᠪᠣᠯᠬᠤ ᠦᠭᠡᠶ᠃

ᠵᠢᠷᠭᠤᠭ᠎ᠠ᠂  ᠢᠨᠵᠧᠨᠧᠷᠢᠩ᠎ᠤᠨ ᠭᠠᠵᠠᠷ ᠰᠢᠷᠣᠶ ᠲᠠᠲᠠᠪᠤᠷᠢᠯᠠᠬᠤ ᠪᠠ  ᠨᠡᠭᠦᠯᠭᠡᠨ ᠰᠢᠯᠵᠢᠭᠦᠯᠬᠦ ᠲᠠᠰᠢᠷᠠᠮ᠎ᠢ ᠠᠰᠢᠭᠯᠠᠨ ᠣᠯᠠᠨ ᠲᠦᠮᠡᠨ᠎ᠢ ᠥᠳᠥᠭᠡᠨ  ᠬᠡᠷᠡᠭ ᠲᠠᠲᠠᠭᠰᠠᠨ᠂ ᠭᠠᠵᠠᠷ ᠰᠢᠷᠣᠶ ᠲᠠᠲᠠᠪᠤᠷᠢᠯᠠᠨ ᠨᠡᠭᠦᠯᠭᠡᠬᠦ ᠠᠵᠢᠯ᠎ᠳᠤ ᠬᠠᠷᠰᠢ ᠰᠠᠭ᠋ᠠᠳ  ᠤᠴᠠᠷᠠᠭᠤᠯᠤᠭᠰᠠᠨ ᠂  ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢ  ᠬᠠᠷᠰᠢᠯᠠᠭᠰᠠᠨ ᠵᠡᠷᠭᠡ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠨᠤᠭᠤᠳ᠎ᠲᠤ  ᠳᠣᠲᠣᠭ᠋ᠠᠳᠤ ᠵᠢ ᠬᠠᠮᠠᠭ᠋ᠠᠯᠠᠬᠤ  ᠪᠠᠢ᠌ᠭᠤᠯᠭ᠎ᠠ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠠᠮᠤᠷ᠎ᠢ ᠬᠠᠮᠠᠭ᠋ᠠᠯᠠᠬᠤ ᠬᠠᠮᠢᠶᠠᠷᠤᠯᠲᠠ ᠵᠢᠨ  ᠰᠢᠢ᠍ᠳᠬᠡᠯ ᠲᠣᠷᠭ᠋ᠠᠭᠤᠯᠢ ᠵᠢᠨ  ᠬᠠᠤᠯᠢ》 ᠵᠢᠨ ᠲᠣᠭᠲᠠᠭ᠋ᠠᠯ ᠶᠣᠰᠣᠭ᠋ᠠᠷ ᠠᠮᠤᠷ᠎ᠢ ᠬᠠᠮᠠᠭ᠋ᠠᠯᠠᠬᠤ ᠬᠠᠮᠢᠶᠠᠷᠤᠯᠲᠠ ᠵᠢᠨ  ᠰᠢᠢ᠍ᠳᠬᠡᠯ ᠲᠣᠷᠭ᠋ᠠᠭᠤᠯᠢ  ᠥᠭᠭᠦᠨ᠎ᠡ᠃ ᠶᠠᠯ᠎ᠠ᠎ᠳᠤ ᠬᠦᠷᠦᠭᠰᠡᠨ ᠪᠣᠯ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ  ᠨᠡᠬᠡᠮᠵᠢᠯᠡᠨ᠎ᠡ ᠃

ᠲᠤᠰ ᠵᠠᠷᠯᠠᠯ᠎ᠢ ᠨᠡᠶ᠋ᠢᠲᠡᠯᠡᠭᠰᠡᠨ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃

 

 

2024  ᠣᠨ᠎ᠤ 11 ᠳ᠋ᠦ᠍ᠭᠡᠷ ᠰᠠᠷ᠎ᠠ ᠵᠢᠨ 30᠎ᠤ  ᠡᠳᠦᠷ  

(  ᠲᠤᠰ  ᠪᠢᠴᠢᠭ  ᠮᠠᠲ᠋ᠧᠷᠢᠶᠠᠯ᠎ᠢ  ᠢᠯᠡ  ᠨᠡᠢ᠌ᠲᠡᠯᠡᠨ᠎ᠡ)

 

 

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ