ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ
ᠥᠪᠥᠷ ᠵᠠᠰᠠᠭ ᠦᠰᠦᠭ 〔2025〕 116 ᠳ᠋ᠤᠭᠠᠷ ᠲᠣᠭᠠᠲᠤ
ᠪᠤᠭᠤᠲᠤ᠎ᠶᠢᠨ ᠮᠠᠰᠲᠧᠷ᠎ᠦᠨ ᠳᠡᠭᠡᠳᠦ ᠰᠤᠷᠭᠠᠭᠤᠯᠢ᠎ᠶᠢ ᠪᠠᠶ᠋ᠢᠭᠤᠯᠬᠤ ᠲᠤᠬᠠᠢ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠴᠣᠬᠣᠯᠠᠪᠤᠷᠢ
ᠪᠤᠭᠤᠲᠤ ᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ᠎ᠳᠦ ᠄
ᠲᠠᠨ᠎ᠤ ᠬᠣᠲᠠ᠎ᠶᠢᠨ 《ᠪᠤᠭᠤᠲᠤ᠎ᠶᠢᠨ ᠮᠠᠰᠲᠧᠷ᠎ᠦᠨ ᠳᠡᠭᠡᠳᠦ ᠰᠤᠷᠭᠠᠭᠤᠯᠢ᠎ᠶᠢ ᠪᠠᠶ᠋ᠢᠭᠤᠯᠬᠤ᠎ᠪᠠᠷ ᠭᠤᠶᠤᠴᠢᠯᠠᠬᠤ ᠲᠤᠬᠠᠢ ᠡᠰᠢᠯᠡᠯᠲᠡ》 (ᠪᠤᠭᠤᠲᠤ ᠵᠠᠰᠠᠭ ᠮᠡᠳᠡᠭᠦᠯᠦᠯᠲᠡ 〔2025〕 70 ᠳ᠋ᠤᠭᠠᠷ ᠲᠣᠭᠠᠲᠤ )᠎ᠶᠢ ᠬᠦᠯᠢᠶᠡᠨ ᠠᠪᠴᠤ ᠣᠢᠯᠠᠭᠠᠯ᠎ᠠ᠃ ᠡᠳᠦᠭᠡ ᠳᠣᠣᠷᠠᠬᠢ ᠮᠡᠲᠦ ᠴᠣᠬᠣᠯᠠᠪᠤᠷᠢᠯᠠᠪᠠ᠄
ᠨᠢᠭᠡ᠂ ᠪᠤᠭᠤᠲᠤ ᠬᠣᠲᠠ᠎ᠶᠢᠨ ᠮᠧᠬᠠᠨᠢᠭ᠋᠎ᠤᠨ ᠳᠡᠭᠡᠳᠦ ᠵᠡᠷᠭᠡ᠎ᠶᠢᠨ ᠮᠡᠷᠭᠡᠵᠢᠯ᠎ᠦᠨ ᠠᠵᠢᠯᠴᠢᠨ᠎ᠤ ᠰᠤᠷᠭᠠᠭᠤᠯᠢ᠎ᠶᠢᠨ ᠰᠠᠭᠤᠷᠢᠨ ᠳᠡᠭᠡᠷ᠎ᠡ ᠪᠤᠭᠤᠲᠤ᠎ᠶᠢᠨ ᠮᠠᠰᠲᠧᠷ᠎ᠤᠨ ᠳᠡᠭᠡᠳᠦ ᠰᠤᠷᠭᠠᠭᠤᠯᠢ ᠪᠠᠶ᠋ᠢᠭᠤᠯᠬᠤ᠎ᠶᠢ ᠵᠥᠪᠰᠢᠶᠡᠷᠡᠵᠦ᠂ ᠳ᠋ᠢᠬᠢᠲ ᠡᠵᠡᠮᠰᠢᠯ᠎ᠢᠶᠡᠷ ᠪᠣᠯᠪᠠᠰᠤᠷᠠᠭᠤᠯᠬᠤ( ᠳ᠋ᠢᠬᠢᠲ ᠡᠵᠡᠮᠰᠢᠯᠲᠦ ᠵᠣᠷᠭᠣᠬᠤ ᠠᠵᠢᠯᠴᠢᠨ )᠂ ᠭᠠᠩᠨᠠᠨ ᠪᠣᠯᠪᠠᠰᠤᠷᠠᠭᠤᠯᠬᠤ᠂ ᠬᠡᠪ ᠦᠢᠯᠡᠳᠬᠦ᠂ ᠮᠠᠰᠢᠨ ᠴᠠᠬᠢᠯᠭᠠᠨ᠎ᠢ ᠨᠢᠭᠡ ᠴᠣᠭᠴᠠᠵᠢᠭᠤᠯᠬᠤ ᠮᠡᠷᠭᠡᠵᠢᠯ᠂ ᠮᠠᠰᠢᠨ ᠲᠡᠷᠭᠡ ᠰᠡᠯᠪᠢᠨ ᠵᠠᠰᠠᠬᠤ ᠵᠡᠷᠭᠡ 5 ᠲᠤᠰᠬᠠᠢ ᠮᠡᠷᠭᠡᠵᠢᠯ᠎ᠦᠨ ᠪᠡᠯᠡᠳᠬᠡᠯ ᠮᠠᠰᠲᠧᠷ᠂ ᠳᠡᠭᠡᠳᠦ ᠵᠡᠷᠭᠡ᠎ᠶᠢᠨ ᠮᠡᠷᠭᠡᠵᠢᠯ᠎ᠦᠨ ᠠᠵᠢᠯᠴᠢᠨ ᠪᠠ ᠳᠤᠮᠳᠠ ᠵᠡᠷᠭᠡ᠎ᠶᠢᠨ ᠮᠡᠷᠭᠡᠵᠢᠯ᠎ᠦᠨ ᠠᠵᠢᠯᠴᠢᠨ᠎ᠤ ᠬᠥᠮᠦᠵᠢᠯ᠎ᠢ ᠥᠷᠨᠢᠭᠦᠯᠵᠦ ᠪᠣᠯᠣᠨ᠎ᠠ᠃
ᠬᠣᠶᠠᠷ᠂ ᠪᠤᠭᠤᠲᠤ᠎ᠶᠢᠨ ᠮᠠᠰᠲᠧᠷ᠎ᠤᠨ ᠳᠡᠭᠡᠳᠦ ᠰᠤᠷᠭᠠᠭᠤᠯᠢ᠎ᠶᠢᠨ ᠤᠤᠯ᠎ᠤᠨ ᠬᠠᠷᠢᠶᠠᠯᠠᠭᠳᠠᠬᠤ ᠬᠠᠷᠢᠴᠠᠭ᠎ᠠ ᠪᠠ ᠬᠠᠮᠢᠶᠠᠷᠤᠯᠲᠠ᠎ᠶᠢᠨ ᠳᠦᠷᠢᠮ᠎ᠢ ᠬᠤᠪᠢᠷᠠᠭᠤᠯᠬᠤ ᠦᠭᠡᠢ᠂ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ᠋ ᠪᠠ ᠨᠡᠢᠭᠡᠮ᠎ᠤᠨ ᠪᠠᠲᠤᠯᠠᠭ᠎ᠠ᠎ᠶᠢᠨ ᠲᠢᠩᠬᠢᠮ᠎ᠤᠨ ᠶᠡᠷᠦᠩᠬᠡᠢᠯᠡᠭᠰᠡᠨ ᠬᠠᠮᠢᠶᠠᠷᠤᠯᠲᠠ᠎ᠶᠢ ᠬᠦᠯᠢᠶᠡᠵᠦ᠂ ᠪᠤᠭᠤᠲᠤ ᠬᠤᠳᠠ᠎ᠶᠢᠨ ᠬᠥᠮᠥᠨ᠎ᠤ ᠬᠦᠴᠦᠨ᠎ᠤ ᠡᠬᠢ ᠪᠠᠶᠠᠯᠢᠭ᠋ ᠪᠠ ᠨᠡᠢᠭᠡᠮ᠎ᠤᠨ ᠪᠠᠲᠤᠯᠠᠭ᠎ᠠ᠎ᠶᠢᠨ ᠲᠣᠪᠴᠢᠶᠠᠨ᠎ᠤ ᠵᠢᠭᠠᠨ ᠰᠤᠷᠭᠠᠯᠲᠠ᠎ᠶᠢᠨ ᠵᠢᠯᠣᠭᠣᠳᠤᠯᠭ᠎ᠠ ᠪᠣᠯᠣᠨ ᠬᠢᠨᠠᠯᠲᠠ ᠬᠠᠮᠢᠶᠠᠷᠤᠯᠲᠠ᠎ᠶᠢ ᠬᠦᠯᠢᠶᠡᠨ᠎ᠡ᠃ ᠨᠡᠭᠡᠭᠡᠭᠰᠡᠨ ᠪᠡᠯᠡᠳᠬᠡᠯ ᠮᠠᠰᠲᠧᠷ᠎ᠤᠨ ᠠᠩᠭᠢ᠂ ᠳᠡᠭᠡᠳᠦ ᠵᠡᠷᠭᠡ᠎ᠶᠢᠨ ᠮᠡᠷᠭᠡᠵᠢᠯ᠎ᠦᠨ ᠠᠵᠢᠯᠴᠢᠨ᠎ᠤ ᠠᠩᠭᠢ ᠪᠠ ᠳᠤᠮᠳᠠ ᠵᠡᠷᠭᠡ᠎ᠶᠢᠨ ᠮᠡᠷᠭᠡᠵᠢᠯ᠎ᠦᠨ ᠠᠵᠢᠯᠴᠢᠨ᠎ᠤ ᠠᠩᠭᠢ᠎ᠶᠢᠨ ᠰᠤᠷᠭᠠᠭᠤᠯᠢ᠎ᠶᠢᠨ ᠳᠦᠷᠢᠮᠲᠦ ᠰᠤᠷᠭᠠᠨ ᠬᠥᠮᠦᠵᠢᠯ᠎ᠦᠨ ᠵᠢᠯ ᠬᠤᠭᠤᠴᠠᠭ᠎ᠠ᠂ ᠰᠤᠷᠭᠠᠭᠤᠯᠢ᠎ᠶᠢᠨ ᠬᠠᠷᠢᠶᠠᠯᠠᠯ᠎ᠤᠨ ᠬᠠᠮᠢᠶᠠᠷᠤᠯᠲᠠ᠂ ᠰᠤᠷᠭᠠᠭᠤᠯᠢ ᠲᠡᠭᠦᠰᠬᠦ ᠬᠠᠮᠢᠶᠠᠷᠤᠯᠲᠠ ᠵᠡᠷᠭᠡ᠎ᠶᠢ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠰᠠᠯᠠᠭ᠎ᠠ ᠮᠥᠴᠢᠷ᠎ᠦᠨ ᠬᠣᠯᠪᠣᠭᠳᠠᠯ ᠪᠦᠬᠦᠢ ᠲᠣᠭᠲᠠᠭᠠᠯ ᠶᠣᠰᠣᠭᠠᠷ ᠴᠢᠩᠭ᠎ᠠ ᠬᠡᠷᠡᠭᠵᠢᠭᠦᠯᠬᠦ ᠬᠡᠷᠡᠭᠲᠡᠢ᠃
ᠭᠤᠷᠪᠠ᠂ ᠲᠠᠨ᠎ᠤ ᠬᠣᠲᠠ᠎ᠶᠢᠨ ᠬᠢᠨ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠠᠵᠢᠯ᠎ᠤᠨ ᠭᠣᠣᠯ ᠰᠢᠵᠢᠮ᠎ᠤᠨ ᠲᠣᠭᠣᠷᠢᠨ᠎ᠳᠤ ᠴᠢᠩᠭ᠎ᠠ ᠨᠢᠭ᠍ᠲᠠᠷᠠᠵᠤ᠂ ᠶᠣᠰᠣ᠌ ᠰᠤᠷᠲᠠᠬᠤᠨ᠎ᠢ ᠪᠤᠶ ᠪᠣᠯᠭᠠᠵᠤ ᠬᠥᠮᠥᠨ᠎ᠢ ᠬᠥᠮᠥᠵᠢᠭᠦᠯᠬᠦ ᠦᠨᠳᠦᠰᠦᠨ ᠡᠭᠦᠷᠭᠡ᠎ᠶᠢ ᠪᠦᠬᠦ ᠲᠠᠯ᠎ᠠ᠎ᠪᠠᠷ ᠨᠠᠢᠳᠠᠪᠤᠷᠢᠵᠢᠭᠤᠯᠵᠤ᠂ ᠪᠤᠭᠤᠲᠤ ᠬᠣᠲᠠ ᠵᠢᠴᠢ ᠡᠷᠭᠢᠨ ᠲᠣᠭᠣᠷᠢᠨ᠎ᠤ ᠣᠷᠣᠨ ᠪᠦᠰᠡ᠎ᠶᠢᠨ ᠠᠵᠤ ᠠᠬᠤᠢ᠎ᠶᠢᠨ ᠬᠥᠭᠵᠢᠯᠲᠡ᠎ᠶᠢᠨ ᠬᠡᠷᠡᠭᠴᠡᠭᠡ᠎ᠲᠠᠢ ᠤᠶᠠᠯᠳᠤᠭᠤᠯᠤᠨ᠂ ᠪᠤᠭᠤᠲᠤ᠎ᠶᠢᠨ ᠮᠠᠰᠲᠧᠷ᠎ᠤᠨ ᠳᠡᠭᠡᠳᠦ ᠰᠤᠷᠭᠠᠭᠤᠯᠢ᠎ᠳᠡᠬᠢ ᠲᠥᠷᠥ᠎ᠶᠢᠨ ᠪᠣᠳᠣᠯᠭ᠎ᠠ᠎ᠶᠢᠨ ᠳᠡᠮᠵᠢᠯᠭᠡ᠎ᠶᠢᠨ ᠡᠷᠴᠢᠮ ᠪᠠ ᠰᠤᠷᠭᠠᠭᠤᠯᠢ ᠡᠷᠭᠢᠯᠡᠬᠦ ᠪᠡᠯᠡ ᠮᠥᠩᠭᠥ᠎ᠶᠢᠨ ᠣᠷᠣᠭᠤᠯᠤᠯᠲᠠ᠎ᠪᠡᠨ ᠨᠡᠮᠡᠭᠳᠡᠭᠦᠯᠵᠦ᠂ ᠪᠤᠭᠤᠲᠤ᠎ᠶᠢᠨ ᠮᠠᠰᠲᠧᠷ᠎ᠤᠨ ᠳᠡᠭᠡᠳᠦ ᠰᠤᠷᠭᠠᠭᠤᠯᠢ᠎ᠶᠢ ᠵᠢᠯᠣᠭᠣᠳᠤᠨ ᠪᠠᠭ᠍ᠰᠢ᠎ᠶᠢᠨ ᠡᠩᠨᠡᠭᠡ᠎ᠶᠢᠨ ᠪᠠᠢᠭᠤᠯᠤᠯᠲᠠ᠎ᠶᠢ ᠲᠠᠰᠤᠷᠠᠯᠲᠠ ᠦᠭᠡᠢ ᠴᠢᠩᠭᠠᠳᠬᠠᠵᠤ᠂ ᠳᠣᠲᠣᠭᠠᠳᠤ᠎ᠶᠢᠨ ᠬᠠᠮᠢᠶᠠᠷᠤᠯᠲᠠ᠎ᠪᠠᠨ ᠴᠢᠩᠭᠠᠷᠠᠭᠤᠯᠵᠤ᠂ ᠳᠡᠭᠡᠳᠦ ᠤᠷ᠎ᠠ ᠮᠡᠷᠭᠡᠰᠢᠯ᠎ᠦᠨ ᠴᠢᠳᠠᠪᠤᠷᠢᠲᠠᠨ᠎ᠢ ᠬᠥᠮᠥᠵᠢᠭᠦᠯᠬᠦ᠂ ᠠᠵᠢᠯ ᠮᠡᠷᠭᠡᠵᠢᠯ᠎ᠦᠨ ᠤᠷ᠎ᠠ ᠮᠡᠷᠭᠡᠰᠢᠯ᠎ᠦᠨ ᠪᠣᠯᠪᠠᠰᠤᠷᠠᠯ ᠬᠢᠬᠦ ᠪᠠ ᠤᠷ᠎ᠠ ᠮᠡᠷᠭᠡᠰᠢᠯ᠎ᠦᠨ ᠴᠢᠳᠠᠪᠤᠷᠢᠲᠠᠨ᠎ᠢ ᠦᠨᠡᠯᠡᠬᠦ ᠵᠡᠷᠭᠡ ᠠᠵᠢᠯ᠎ᠢ ᠢᠳᠡᠪᠬᠢᠲᠡᠢ ᠰᠠᠢᠲᠤᠷ ᠬᠢᠵᠦ᠂ ᠪᠤᠭᠤᠲᠤ᠎ᠶᠢᠨ ᠮᠠᠰᠲᠧᠷ᠎ᠤᠨ ᠳᠡᠭᠡᠳᠦ ᠰᠤᠷᠭᠠᠭᠤᠯᠢ᠎ᠶᠢᠨ ᠴᠢᠨᠠᠷ ᠰᠠᠢᠲᠠᠢ ᠣᠨᠴᠠᠯᠢᠭ᠍ᠲᠤ ᠬᠥᠭᠵᠢᠯᠲᠡ᠎ᠶᠢ ᠠᠬᠢᠭᠤᠯᠬᠤ ᠬᠡᠷᠡᠭᠲᠡᠢ᠃
2025 ᠣᠨ᠎ᠤ 7 ᠳ᠋ᠤᠭᠠᠷ ᠰᠠᠷ᠎ᠠ᠎ᠶᠢᠨ 11᠎ᠦ ᠡᠳᠦᠷ
(ᠲᠤᠰ ᠪᠢᠴᠢᠭ ᠮᠠᠲᠧᠷᠢᠶᠠᠯ᠎ᠢ ᠢᠯᠡ ᠨᠡᠢᠲᠡᠯᠡᠨ᠎ᠡ)