ᠢᠯᠡ ᠵᠠᠰᠠᠭ   -   ᠵᠠᠰᠠᠭ᠎ᠤᠨ ᠤᠷᠳᠤᠨ᠎ᠤ ᠪᠢᠴᠢᠭ ᠮᠠᠲ᠋ᠧᠷᠢᠶᠠᠯ
ᠳᠤᠮᠳᠠᠳᠤ ᠤᠯᠤᠰ (ᠡᠷᠢᠶᠡᠨ ᠬᠣᠲᠠ)᠎ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠶᠠᠪᠤᠳᠠᠯ᠎ᠤᠨ ᠶᠡᠷᠦᠩᠬᠡᠢᠯᠡᠭᠰᠡᠨ ᠲᠤᠷᠰᠢᠯᠲᠠ᠎ᠶᠢᠨ ᠣᠷᠣᠨ᠎ᠤ ᠪᠦᠲᠦᠭᠡᠨ ᠪᠠᠢᠭᠤᠯᠤᠯᠲᠠ᠎ᠶᠢᠨ ᠬᠡᠷᠡᠭᠵᠢᠭᠦᠯᠬᠦ ᠲᠥᠰᠥᠯ᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ
ᠨᠡᠶ᠋ᠢᠲᠡᠯᠡᠭᠰᠡᠨ ᠴᠠᠭ᠄ 2025-12-12

ᠥᠪᠥᠷ ᠮᠣᠩᠭᠣᠯ᠎ᠤᠨ ᠥᠪᠡᠷᠲᠡᠭᠡᠨ ᠵᠠᠰᠠᠬᠤ

ᠣᠷᠣᠨ᠎ᠤ  ᠠᠷᠠᠳ᠎ᠤᠨ  ᠵᠠᠰᠠᠭ᠎ᠤᠨ  ᠣᠷᠳᠣᠨ

ᠥᠪᠥᠷ ᠵᠠᠰᠠᠭ ᠦᠰᠦᠭ 〔2025〕 155 ᠳ᠋ᠤᠭᠠᠷ ᠲᠣᠭᠠᠲᠤ

 

 ᠳᠤᠮᠳᠠᠳᠤ ᠤᠯᠤᠰ (ᠡᠷᠢᠶᠡᠨ ᠬᠣᠲᠠ)᠎ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠶᠠᠪᠤᠳᠠᠯ᠎ᠤᠨ

ᠶᠡᠷᠦᠩᠬᠡᠢᠯᠡᠭᠰᠡᠨ ᠲᠤᠷᠰᠢᠯᠲᠠ᠎ᠶᠢᠨ ᠣᠷᠣᠨ᠎ᠤ ᠪᠦᠲᠦᠭᠡᠨ ᠪᠠᠢᠭᠤᠯᠤᠯᠲᠠ᠎ᠶᠢᠨ ᠬᠡᠷᠡᠭᠵᠢᠭᠦᠯᠬᠦ ᠲᠥᠰᠥᠯ᠎ᠢ ᠳᠠᠷᠤᠮᠠᠯᠯᠠᠨ

ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ

 

ᠡᠯ᠎ᠡ ᠠᠢᠮᠠᠭ᠎ᠤᠨ ᠵᠠᠬᠢᠷᠭ᠎ᠠ᠂ ᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ᠌ ᠠᠵᠤ ᠠᠬᠤᠢᠯᠠᠯ᠂ ᠠᠵᠢᠯ ᠦᠢᠯᠡᠰ᠎ᠦᠨ ᠨᠢᠭᠡᠴᠢ᠎ᠳᠦ᠄

ᠡᠳᠦᠭᠡ 《ᠳᠤᠮᠳᠠᠳᠤ ᠤᠯᠤᠰ (ᠡᠷᠢᠶᠡᠨ ᠬᠣᠲᠠ)᠎ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠶᠠᠪᠤᠳᠠᠯ᠎ᠤᠨ ᠶᠡᠷᠦᠩᠬᠡᠢᠯᠡᠭᠰᠡᠨ ᠲᠤᠷᠰᠢᠯᠲᠠ᠎ᠶᠢᠨ ᠣᠷᠣᠨ᠎ᠤ ᠪᠦᠲᠦᠭᠡᠨ ᠪᠠᠢᠭᠤᠯᠤᠯᠲᠠ᠎ᠶᠢᠨ ᠬᠡᠷᠡᠭᠵᠢᠭᠦᠯᠬᠦ ᠲᠥᠰᠥᠯ》᠎ᠢ ᠲᠠ ᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ᠎ᠲᠠᠢ᠎ᠪᠠᠨ ᠤᠶᠠᠯᠳᠤᠭᠤᠯᠤᠨ᠂ ᠬᠢᠨᠠᠮᠠᠭᠠᠢ ᠲᠤᠭᠤᠰᠢᠯᠠᠭᠤᠯᠤᠨ ᠨᠠᠢᠳᠠᠪᠤᠷᠢᠵᠢᠭᠤᠯᠲᠤᠭᠠᠢ᠃ 

 

2025 ᠣᠨ᠎ᠤ 9 ᠳ᠋ᠦ᠍ᠭᠡᠷ ᠰᠠᠷ᠎ᠠ᠎ᠶᠢᠨ 15᠎ᠦ ᠡᠳᠦᠷ

(ᠲᠣᠰ ᠪᠢᠴᠢᠭ ᠮᠠᠲᠧᠷᠢᠶᠠᠯ᠎ᠢ ᠢᠯᠡ ᠨᠡᠢᠲᠡᠯᠡᠨ᠎ᠡ)

 

ᠳᠤᠮᠳᠠᠳᠤ ᠤᠯᠤᠰ (ᠡᠷᠢᠶᠡᠨ ᠬᠣᠲᠠ)᠎ᠦᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠶᠠᠪᠤᠳᠠᠯ᠎ᠤᠨ

ᠶᠡᠷᠦᠩᠬᠡᠢᠯᠡᠭᠰᠡᠨ ᠲᠤᠷᠰᠢᠯᠲᠠ᠎ᠶᠢᠨ ᠣᠷᠣᠨ᠎ᠤ ᠪᠦᠲᠦᠭᠡᠨ ᠪᠠᠢᠭᠤᠯᠤᠯᠲᠠ᠎ᠶᠢᠨ ᠬᠡᠷᠡᠭᠵᠢᠭᠦᠯᠬᠦ ᠲᠥᠰᠥᠯ

 

《ᠬᠠᠢᠨᠠᠨ᠎ᠤ ᠪᠦᠭᠦ ᠠᠷᠠᠯ ᠪᠠ ᠴᠢᠨ ᠬᠤᠸᠠᠩ ᠳ᠋ᠣᠣ ᠠᠷᠠᠯ ᠵᠡᠷᠭᠡ 15 ᠬᠣᠲᠠ (ᠭᠠᠵᠠᠷ ᠣᠷᠣᠨ)᠎ᠳᠤ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠶᠠᠪᠤᠳᠠᠯ᠎ᠤᠨ ᠶᠡᠷᠦᠩᠬᠡᠢᠯᠡᠭᠰᠡᠨ ᠲᠤᠷᠰᠢᠯᠲᠠ᠎ᠶᠢᠨ ᠣᠷᠣᠨ ᠪᠠᠢᠭᠤᠯᠬᠤ᠎ᠶᠢ ᠵᠥᠪᠰᠢᠶᠡᠷᠡᠬᠦ ᠲᠤᠬᠠᠢ ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠴᠣᠬᠣᠯᠠᠪᠤᠷᠢ》 (ᠲᠥᠷᠥ ᠵᠠᠬᠢᠳᠠᠯ 〔2025〕 40 ᠳ᠋ᠦ᠍ᠭᠡᠷ ᠲᠣᠭᠠᠲᠤ)᠎ᠶᠢᠨ ᠱᠠᠭᠠᠷᠳᠠᠯᠭ᠎ᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠳᠤᠮᠳᠠᠳᠤ ᠤᠯᠤᠰ (ᠡᠷᠢᠶᠡᠨ ᠬᠣᠲᠠ)᠎ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠶᠠᠪᠤᠳᠠᠯ᠎ᠤᠨ ᠶᠡᠷᠦᠩᠬᠡᠢᠯᠡᠭᠰᠡᠨ ᠲᠤᠷᠰᠢᠯᠲᠠ᠎ᠶᠢᠨ ᠣᠷᠣᠨ (ᠳᠣᠷᠣᠭ᠍ᠰᠢ ᠡᠷᠢᠶᠡᠨ ᠬᠣᠲᠠ᠎ᠶᠢᠨ ᠶᠡᠷᠦᠩᠬᠡᠢᠯᠡᠭᠰᠡᠨ ᠲᠤᠷᠰᠢᠯᠲᠠ᠎ᠶᠢᠨ ᠣᠷᠣᠨ ᠭᠡᠵᠦ ᠲᠣᠪᠴᠢᠯᠠᠨ᠎ᠠ)᠎ᠤ ᠪᠦᠲᠦᠭᠡᠨ ᠪᠠᠢᠭᠤᠯᠤᠯᠲᠠ᠎ᠶᠢ ᠪᠦᠭᠦ ᠲᠠᠯ᠎ᠠ᠎ᠪᠡᠷ ᠠᠬᠢᠭᠤᠯᠵᠤ᠂ ᠡᠷᠢᠶᠡᠨ ᠬᠣᠲᠠ᠎ᠶᠢᠨ ᠭᠠᠳᠠᠭᠠᠳᠤ ᠠᠷᠠᠯᠵᠢᠶ᠎ᠠ᠎ᠶᠢᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠎ᠶᠢᠨ ᠲᠤᠰᠠᠳᠠ᠂ ᠡᠷᠢᠶᠡᠨ ᠬᠣᠲᠠ᠎ᠶᠢᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠶᠠᠪᠤᠳᠠᠯ ᠵᠢᠴᠢ ᠠᠵᠤ ᠦᠢᠯᠡᠰ᠎ᠦᠨ ᠬᠥᠭᠵᠢᠯᠲᠡ᠎ᠶᠢᠨ ᠪᠣᠳᠠᠲᠠᠢ᠎ᠲᠠᠢ ᠤᠶᠠᠯᠳᠤᠭᠤᠯᠵᠤ᠂ ᠲᠤᠰ ᠲᠥᠰᠥᠯ᠎ᠢ ᠲᠣᠭᠲᠠᠭᠠᠪᠠ᠃

ᠨᠢᠭᠡ᠂ ᠶᠡᠷᠦᠩᠬᠡᠢ ᠱᠠᠭᠠᠷᠳᠠᠯᠭ᠎ᠠ

ᠰᠢ᠎ᠵᠢᠨ᠎ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠤᠯᠭᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠠ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠬᠣᠶᠠᠳᠤᠭᠠᠷ᠂ ᠭᠤᠷᠪᠠᠳᠤᠭᠠᠷ ᠪᠦᠭᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠪᠦᠭᠦ ᠲᠠᠯ᠎ᠠ᠎ᠪᠠᠷ ᠲᠤᠭᠤᠰᠢᠯᠠᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠠᠵᠢᠯ᠎ᠤᠨ ᠭᠣᠣᠯ ᠰᠢᠵᠢᠮ ᠪᠤᠯᠭᠠᠬᠤ᠎ᠶᠢ ᠪᠠᠷᠢᠮᠲᠠᠯᠠᠵᠤ᠂ ᠡᠷᠢᠶᠡᠨ ᠬᠣᠲᠠ᠎ᠶᠢᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠲᠤᠯᠭᠠᠭᠤᠷᠢᠯᠠᠬᠤ ᠲᠣᠭᠲᠠᠯᠴᠠᠭ᠎ᠠ᠎ᠶᠢᠨ ᠪᠠᠢᠭᠤᠯᠤᠯᠲᠠ᠎ᠶᠢ ᠲᠦᠷᠭᠡᠳᠬᠡᠨ ᠠᠬᠢᠭᠤᠯᠵᠤ᠂ 《ᠰᠦᠯᠵᠢᠶ᠎ᠡ᠎ᠪᠡᠷ ᠬᠤᠳᠠᠯᠳᠤᠨ ᠠᠪᠬᠤ᠂ ᠰᠦᠯᠵᠢᠶ᠎ᠡ᠎ᠪᠡᠷ ᠳ᠋ᠦᠩᠨᠡᠨ ᠪᠤᠳᠣᠬᠤ᠂ ᠡᠷᠢᠶᠡᠨ᠎ᠳᠦ ᠪᠠᠷᠠᠭ᠎ᠠ ᠴᠤᠭᠯᠠᠭᠤᠯᠬᠤ᠂ ᠡᠷᠢᠶᠡᠨ᠎ᠡᠴᠡ ᠲᠣᠮᠢᠯᠠᠨ ᠬᠦᠷᠭᠡᠬᠦ》 ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠲᠥᠪᠯᠡᠷᠡᠩᠭᠦᠢ ᠦᠢᠯᠡᠴᠢᠯᠡᠭᠡᠨ᠎ᠦ ᠵᠠᠭᠪᠤᠷ᠎ᠢ ᠰᠢᠨ᠎ᠡ᠎ᠪᠡᠷ ᠡᠭᠦᠳᠦᠨ ᠪᠠᠢᠭᠤᠯᠵᠤ᠂ ᠳᠠᠪᠠᠭᠤᠯᠢᠭ᠋ ᠡᠬᠢ ᠪᠠᠶᠠᠯᠢᠭ᠋᠎ᠢ ᠬᠤᠷᠠᠮᠳᠤᠭᠤᠯᠤᠨ᠂ ᠡᠷᠢᠶᠡᠨ ᠬᠣᠲᠠ᠎ᠶᠢ ᠮᠣᠩᠭᠣᠯ᠂ ᠣᠷᠣᠰ᠎ᠤᠨ ᠵᠠᠬ᠎ᠠ ᠳᠡᠯᠭᠡᠭᠦᠷ᠎ᠢ ᠨᠥᠯᠥᠭᠡᠯᠡᠬᠦ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠲᠥᠪᠯᠡᠷᠡᠭᠦᠯᠦᠨ ᠲᠠᠷᠬᠠᠭᠠᠬᠤ ᠲᠥᠪ ᠪᠣᠯᠭᠠᠨ ᠪᠠᠢᠭᠤᠯᠤᠨ᠎ᠠ᠃ 3 ᠵᠢᠯ᠎ᠦᠨ ᠪᠦᠲᠦᠭᠡᠨ ᠪᠠᠢᠭᠤᠯᠤᠯᠲᠠ᠎ᠶᠢᠨ ᠦᠢᠯᠡᠳᠦᠯᠭᠡ᠎ᠪᠡᠷ ᠳᠠᠮᠵᠢᠭᠤᠯᠤᠨ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠠᠷᠠᠯᠵᠢᠶᠠᠨ᠎ᠤ ᠲᠣᠭ᠎ᠠ᠎ᠶᠢ 5 ᠳ᠋ᠦᠩᠰᠢᠭᠤᠷ ᠲᠥᠭᠥᠷᠢᠭ᠎ᠡᠴᠡ ᠳᠡᠭᠡᠭᠰᠢ ᠪᠡᠶᠡᠯᠡᠭᠦᠯᠵᠦ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠭᠠᠳᠠᠭᠠᠳᠤ᠎ᠳᠠᠬᠢ ᠬᠥᠮᠥᠷᠭᠡ᠎ᠶᠢ 2᠂ ᠬᠢᠯᠢ᠎ᠶᠢᠨ ᠬᠥᠮᠥᠷᠭᠡ᠎ᠶᠢ 1 ᠪᠠᠢᠭᠤᠯᠵᠤ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠦᠢᠯᠡᠴᠢᠯᠡᠭᠡᠨ᠎ᠦ ᠲᠣᠭᠲᠠᠯᠴᠠᠭ᠎ᠠ᠎ᠶᠢ ᠪᠦᠷᠢᠨ ᠲᠡᠭᠦᠯᠳᠡᠷ᠂ ᠪᠠᠷᠠᠭᠠᠨ᠎ᠤ ᠭᠦᠢᠯᠭᠡᠭᠡᠨ᠎ᠦ ᠰᠠᠭᠤᠷᠢ ᠲᠥᠬᠦᠭᠡᠷᠦᠮᠵᠢ᠎ᠶᠢ ᠪᠦᠷᠢᠨ ᠭᠦᠢᠴᠡᠳ ᠪᠣᠯᠭᠠᠵᠣ᠌᠂ ᠠᠵᠤ ᠦᠢᠯᠡᠰ᠎ᠦᠨ ᠪᠦᠲᠦᠴᠡ᠎ᠶᠢ ᠰᠢᠯᠢᠳᠡᠭᠵᠢᠭᠦᠯᠦᠨ᠂ ᠠᠷᠠᠯᠵᠢᠶ᠎ᠠ᠎ᠪᠡᠷ ᠬᠥᠳᠡᠯᠭᠡᠭᠦᠷ ᠪᠣᠯᠭᠠᠭᠰᠠᠨ᠂ ᠪᠠᠷᠠᠭᠠᠨ᠎ᠤ ᠭᠦᠢᠯᠭᠡᠭᠡ᠎ᠪᠠᠷ ᠳᠠᠢᠴᠢᠯᠠᠭᠰᠠᠨ᠂ ᠮᠡᠳᠡᠭᠡ ᠵᠠᠩᠭᠢ ᠬᠠᠷᠢᠯᠴᠠᠨ ᠬᠥᠳᠡᠯᠦᠯᠴᠡᠭᠰᠡᠨ᠂ ᠬᠢᠨᠠᠯᠲᠠ ᠬᠠᠮᠢᠶᠠᠷᠤᠯᠲᠠ ᠬᠠᠷᠢᠯᠴᠠᠨ ᠬᠣᠯᠪᠣᠯᠳᠤᠭᠰᠠᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠠᠵᠤ ᠦᠢᠯᠡᠰ᠎ᠦᠨ ᠬᠥᠭᠵᠢᠯᠲᠡ᠎ᠶᠢᠨ ᠲᠣᠭᠲᠠᠯᠴᠠᠭ᠎ᠠ᠎ᠶᠢ ᠪᠠᠢᠭᠤᠯᠤᠨ᠎ᠠ᠃

ᠬᠣᠶᠠᠷ᠂ ᠭᠣᠣᠯ ᠡᠭᠦᠷᠭᠡ

(ᠨᠢᠭᠡ) ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠰᠢᠨ᠎ᠡ ᠡᠵᠡᠩᠨᠡᠯᠲᠡ᠎ᠶᠢᠨ ᠬᠡᠯᠪᠡᠷᠢ ᠪᠠᠢᠳᠠᠯ᠎ᠤᠨ ᠬᠡᠪᠴᠢᠶᠡᠵᠢᠯ᠎ᠢ ᠳᠡᠭᠡᠭᠰᠢᠯᠡᠭᠦᠯᠦᠨ᠎ᠡ᠃ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠬᠥᠭᠵᠢᠯᠲᠡ᠎ᠶᠢᠨ ᠠᠷᠭ᠎ᠠ ᠵᠠᠮ᠎ᠢ ᠰᠦᠪᠡᠭᠴᠢᠯᠡᠵᠦ᠂ ᠠᠵᠤ ᠠᠬᠤᠢᠯᠠᠯ᠎ᠤᠨ 9610 (ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ B2C ᠰᠢᠭᠤᠳ ᠰᠢᠤᠳᠠᠨ᠎ᠤ ᠭᠠᠳᠠᠭᠠᠳᠤ ᠭᠠᠷᠭᠠᠯᠲᠠ)᠂ 9710 (ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ B2B ᠰᠢᠭᠤᠳ ᠭᠠᠳᠠᠭᠠᠳᠤ ᠭᠠᠷᠭᠠᠯᠲᠠ)᠂ 9810 (ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠭᠠᠳᠠᠭᠠᠳᠤ ᠭᠠᠷᠭᠠᠯᠲᠠ᠎ᠶᠢᠨ ᠭᠠᠳᠠᠭᠠᠳᠤ ᠳ᠋ᠡᠬᠢ ᠬᠥᠮᠥᠷᠭᠡ ) ᠵᠡᠷᠭᠡ ᠲᠤᠬᠠᠢᠯᠠᠭᠰᠠᠨ ᠠᠵᠢᠯ ᠥᠷᠨᠢᠭᠦᠯᠬᠦ᠎ᠶᠢ ᠳᠡᠮᠵᠢᠨ᠎ᠡ᠃ ᠠᠷᠠᠯᠵᠢᠶᠠᠨ᠎ᠤ ᠠᠵᠤ ᠠᠬᠤᠢᠯᠠᠯ᠎ᠢ ᠭᠡᠯᠪᠡᠷᠢ᠎ᠪᠡᠨ ᠬᠤᠪᠢᠷᠠᠭᠤᠯᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠲᠤᠬᠠᠢᠯᠠᠭᠰᠠᠨ ᠠᠵᠢᠯ ᠥᠷᠨᠢᠭᠦᠯᠬᠦ᠎ᠪᠡᠷ ᠬᠥᠲᠥᠯᠥᠨ ᠵᠢᠯᠣᠭᠣᠳᠤᠨ᠎ᠠ᠃ 

(ᠬᠣᠶᠠᠷ) ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠠᠵᠢᠯ ᠲᠥᠷᠥᠯ᠎ᠦᠨ ᠰᠢᠨ᠎ᠡ᠎ᠶᠢ ᠡᠭᠦᠳᠬᠦ ᠠᠵᠤ ᠠᠬᠤᠢᠯᠠᠯ᠎ᠢ ᠪᠣᠢᠵᠢᠭᠤᠯᠤᠨ᠎ᠠ᠃ ᠠᠵᠤ ᠠᠬᠤᠢᠯᠠᠯ᠎ᠤᠨ ᠡᠵᠡᠩᠨᠡᠯᠲᠡ᠎ᠶᠢᠨ ᠬᠡᠪᠴᠢᠶ᠎ᠡ ᠪᠠ ᠦᠢᠯᠡᠳᠬᠦᠨ᠎ᠦ ᠣᠨᠴᠠᠯᠢᠭ᠋᠎ᠢ ᠦᠨᠳᠦᠰᠦᠯᠡᠨ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠬᠥᠲᠥᠴᠢ ᠠᠵᠤ ᠠᠬᠤᠢᠯᠠᠯ᠎ᠢ ᠪᠣᠢᠵᠢᠭᠤᠯᠤᠨ᠎ᠠ᠃ ᠣᠲᠣ᠌᠎ᠶᠢᠨ ᠪᠠᠢᠭ᠎ᠠ ᠠᠵᠤ ᠠᠬᠤᠢᠯᠠᠯ᠎ᠢ ᠳᠠᠢᠴᠢᠯᠠᠵᠤ ᠪᠠᠢᠭᠠᠳ ᠣᠲᠣ᠌᠎ᠶᠢᠨ ᠪᠠᠢᠭ᠎ᠠ ᠬᠦᠷᠢᠶᠡᠯᠡᠩ ᠲᠣᠭᠣᠷᠢᠭ᠋᠎ᠲᠤ ᠲᠦᠰᠢᠭᠯᠡᠨ ᠲᠣᠰ ᠭᠠᠵᠠᠷ᠎ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠠᠷᠠᠯᠵᠢᠶᠠᠨ᠎ᠤ ᠲᠠᠪᠴᠠᠩ᠎ᠢ ᠪᠠᠢᠭᠤᠯᠵᠤ᠂ ᠦᠨᠡᠨ ᠪᠣᠳᠠᠲᠠᠢ ᠭᠠᠳᠠᠭᠠᠳᠤ ᠠᠷᠠᠯᠵᠢᠶᠠᠨ᠎ᠤ ᠠᠷᠠᠯᠵᠢᠶᠠᠯᠠᠬᠤ ᠲᠣᠭ᠎ᠠ᠎ᠪᠠᠷ ᠰᠠᠭᠤᠷᠢᠯᠠᠨ᠂ ᠪᠠᠷᠠᠭᠠᠨ᠎ᠤ ᠭᠦᠢᠯᠭᠡᠭᠡᠨ᠎ᠦ ᠬᠥᠮᠥᠷᠭᠡᠯᠡᠨ ᠬᠠᠳᠠᠭᠠᠯᠠᠬᠤ᠂ ᠪᠣᠭᠣᠮᠲᠠ᠎ᠳᠤ ᠮᠡᠳᠡᠭᠦᠯᠬᠦ᠂ ᠮᠡᠳᠡᠭᠦᠯᠦᠨ ᠪᠠᠢᠴᠠᠭᠠᠯᠭᠠᠬᠤ᠂ ᠭᠠᠢᠯᠢ ᠪᠤᠴᠠᠭᠠᠬᠤ᠂ ᠮᠥᠩᠭᠥᠨ ᠭᠦᠢᠯᠭᠡᠭᠡ ᠵᠡᠷᠭᠡ ᠲᠤᠰᠬᠠᠢ ᠵᠦᠢᠯ᠎ᠦᠨ ᠦᠢᠯᠡᠴᠢᠯᠡᠭᠡᠨ ᠪᠤᠶᠤ ᠶᠡᠷᠦᠩᠬᠡᠢᠯᠡᠭᠰᠡᠨ ᠦᠢᠯᠡᠴᠢᠯᠡᠭᠡᠨ᠎ᠢ ᠳᠠᠶ᠋ᠢᠴᠢᠯᠠᠨ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠲᠥᠪᠯᠡᠷᠡᠩᠭᠦᠢ ᠦᠢᠯᠡᠴᠢᠯᠡᠭᠡᠨ᠎ᠤ ᠵᠠᠭᠪᠤᠷ᠎ᠢ ᠪᠣᠶ ᠪᠣᠯᠭᠠᠨ᠎ᠠ᠃

(ᠭᠤᠷᠪᠠ) ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠬᠥᠮᠥᠷᠭᠡᠯᠡᠨ ᠬᠠᠳᠠᠭᠠᠯᠠᠬᠤ ᠪᠠᠷᠠᠭᠠᠨ᠎ᠤ ᠭᠦᠢᠯᠭᠡᠭᠡᠨ᠎ᠦ ᠲᠥᠪᠯᠡᠷᠡᠭᠦᠯᠦᠨ ᠲᠠᠷᠬᠠᠭᠠᠬᠤ ᠭᠠᠵᠠᠷ᠎ᠢ ᠪᠠᠢᠭᠤᠯᠤᠨ᠎ᠠ᠃ ᠡᠷᠢᠶᠡᠨ ᠬᠣᠲᠠ᠎ᠶᠢᠨ ᠬᠢᠯᠢ᠎ᠶᠢᠨ ᠪᠣᠭᠣᠮᠲᠠ᠎ᠶᠢᠨ ᠬᠥᠮᠥᠷᠭᠡᠯᠡᠨ ᠬᠠᠳᠠᠭᠠᠯᠠᠬᠤ ᠪᠠᠷᠠᠭᠠᠨ᠎ᠤ ᠭᠦᠢᠯᠭᠡᠭᠡᠨ᠎ᠦ ᠰᠠᠭᠤᠷᠢ ᠪᠡᠯᠡᠳᠬᠡᠮᠵᠢ᠎ᠶᠢᠨ ᠨᠥᠬᠥᠴᠡᠯ᠎ᠢ ᠭᠦᠢᠴᠡᠳ ᠠᠰᠢᠭ᠍ᠯᠠᠨ᠂ ᠵᠠᠰᠠᠮᠠᠯ ᠵᠠᠮ᠂ ᠲᠡᠮᠦᠷ ᠵᠠᠮ᠂ ᠠᠭᠠᠷ᠎ᠤᠨ ᠬᠢᠯᠢ᠎ᠶᠢᠨ ᠪᠣᠭᠣᠮᠲᠠ᠎ᠳᠤ ᠲᠦᠰᠢᠭᠯᠡᠨ᠂ ᠣᠯᠠᠨ ᠵᠠᠭᠪᠤᠷ᠂ ᠣᠯᠠᠨ ᠡᠵᠡᠩᠨᠡᠯᠲᠡ᠎ᠶᠢᠨ ᠬᠡᠯᠪᠡᠷᠢ ᠪᠠᠢᠳᠠᠯ᠎ᠲᠠᠢ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠬᠢᠨᠠᠯᠲᠠ ᠬᠠᠮᠢᠶᠠᠷᠤᠯᠲᠠ᠎ᠶᠢᠨ ᠲᠥᠪ᠂ ᠬᠥᠮᠥᠷᠭᠡᠯᠡᠨ ᠬᠠᠳᠠᠭᠠᠯᠠᠬᠤ ᠲᠥᠪᠯᠡᠷᠡᠯ᠎ᠦᠨ ᠣᠷᠣᠨ᠎ᠢ ᠪᠦᠷᠢᠯᠳᠦᠭᠦᠯᠦᠨ᠂ ᠬᠥᠮᠥᠷᠭᠡᠯᠡᠨ ᠬᠠᠳᠠᠭᠠᠯᠠᠬᠤ᠂ ᠵᠠᠬᠢᠶᠠᠯᠠᠨ ᠬᠦᠷᠭᠡᠬᠦ᠂ ᠬᠤᠪᠢᠶᠠᠨ ᠢᠯᠭᠠᠬᠤ᠂ ᠪᠣᠭᠣᠮᠲᠠ᠎ᠪᠠᠷ ᠥᠩᠭᠡᠷᠡᠭᠦᠯᠬᠦ ᠪᠠ ᠢᠯᠡᠭᠡᠨ ᠬᠦᠷᠭᠡᠬᠦ ᠦᠢᠯᠡᠴᠢᠯᠡᠭᠡ ᠥᠷᠨᠢᠭᠦᠯᠵᠦ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠬᠥᠮᠥᠷᠭᠡᠯᠡᠨ ᠬᠠᠳᠠᠭᠠᠯᠠᠬᠤ ᠪᠠᠷᠠᠭᠠᠨ᠎ᠤ ᠭᠦᠢᠯᠭᠡᠭᠡᠨ᠎ᠦ ᠲᠥᠪᠯᠡᠷᠡᠭᠦᠯᠦᠨ ᠲᠠᠷᠬᠠᠭᠠᠬᠤ ᠭᠠᠵᠠᠷ᠎ᠢ ᠪᠦᠲᠦᠭᠡᠨ ᠪᠠᠢᠭᠤᠯᠤᠨ᠎ᠠ᠃

(ᠳᠥᠷᠪᠡ) ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠶᠡᠷᠦᠩᠬᠡᠢᠯᠡᠭᠰᠡᠨ ᠦᠢᠯᠡᠴᠢᠯᠡᠭᠡᠨ᠎ᠦ ᠲᠠᠪᠴᠠᠩ᠎ᠤᠨ ᠲᠥᠷᠥᠯ ᠵᠦᠢᠯ᠎ᠢ ᠪᠦᠲᠦᠭᠡᠨ ᠪᠠᠢᠭᠤᠯᠤᠨ᠎ᠠ᠃ ᠡᠷᠢᠶᠡᠨ ᠬᠣᠲᠠ᠎ᠶᠢᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠶᠡᠷᠦᠩᠬᠡᠢᠯᠡᠭᠰᠡᠨ (ᠣᠯᠠᠨ ᠨᠡᠶ᠋ᠢᠲᠡ᠎ᠶᠢᠨ) ᠦᠢᠯᠡᠴᠢᠯᠡᠭᠡᠨ᠎ᠦ ᠲᠠᠪᠴᠠᠩ᠎ᠢ ᠲᠠᠰ ᠳᠡᠪᠰᠢᠭᠦᠯᠦᠨ ᠲᠡᠭᠦᠯᠳᠡᠷᠵᠢᠭᠦᠯᠵᠦ᠂ ᠪᠣᠭᠣᠮᠲᠠ᠎ᠶᠢᠨ ᠳ᠋ᠠᠢᠲ᠋ᠠ᠎ᠶᠢᠨ ᠠᠮᠤᠷ ᠲᠦᠪᠰᠢᠨ ᠪᠠ ᠳ᠋ᠠᠢᠲ᠋ᠠ᠎ᠶᠢᠨ ᠰᠣᠯᠢᠯᠴᠠᠭᠠᠨ᠎ᠤ ᠬᠠᠮᠢᠶᠠᠷᠤᠯᠲᠠ᠎ᠶᠢᠨ ᠱᠠᠭᠠᠷᠳᠠᠯᠭ᠎ᠠ ᠶᠣᠰᠣᠭᠠᠷ᠂ ᠮᠡᠷᠭᠡᠵᠢᠯ᠎ᠦᠨ ᠵᠣᠯᠭᠠᠭᠤᠯᠤᠯᠲᠠ᠎ᠶᠢ ᠵᠢᠷᠤᠮᠵᠢᠭᠤᠯᠤᠨ᠂ ᠦᠢᠯᠡᠴᠢᠯᠡᠭᠡᠨ᠎ᠦ ᠪᠠᠲᠤᠯᠠᠭ᠎ᠠ᠎ᠶᠢᠨ ᠲᠣᠭᠲᠠᠯᠴᠠᠭ᠎ᠠ᠎ᠶᠢ ᠲᠡᠭᠦᠯᠳᠡᠷᠵᠢᠭᠦᠯᠵᠦ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠠᠵᠤ ᠠᠬᠤᠢᠯᠠᠯ᠎ᠳᠤ ᠪᠣᠭᠣᠮᠲᠠ᠎ᠪᠠᠷ ᠥᠩᠭᠡᠷᠡᠭᠦᠯᠬᠦ ᠳᠥᠭᠥᠮ ᠳᠥᠲᠡ ᠦᠢᠯᠡᠴᠢᠯᠡᠭᠡ ᠬᠠᠩᠭᠠᠵᠤ᠂ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ᠎ᠦᠨ ᠬᠣᠭᠣᠷᠣᠨᠳᠤ᠎ᠪᠠᠨ 《ᠮᠡᠳᠡᠭᠡ ᠵᠠᠩᠭᠢ ᠰᠣᠯᠢᠯᠴᠠᠬᠤ᠂ ᠬᠢᠨᠠᠯᠲᠠ ᠬᠠᠮᠢᠶᠠᠷᠤᠯᠲᠠ᠎ᠪᠠᠨ ᠬᠠᠷᠢᠯᠴᠠᠨ ᠮᠡᠳᠡᠷᠡᠬᠦ᠂ ᠬᠠᠤᠯᠢ ᠬᠡᠷᠡᠭᠵᠢᠭᠦᠯᠦᠯᠲᠡ᠎ᠳᠤ ᠬᠠᠷᠢᠯᠴᠠᠨ ᠬᠠᠪᠰᠤᠷᠤᠯᠴᠠᠬᠤ》᠎ᠶᠢ ᠪᠡᠶᠡᠯᠡᠭᠦᠯᠦᠨ᠎ᠡ᠃ 

(ᠲᠠᠪᠤ) ᠬᠢᠯᠢ ᠠᠯᠤᠰᠯᠠᠨ ᠢᠯᠡᠭᠡᠵᠦ ᠬᠦᠷᠭᠡᠬᠦ ᠦᠢᠯᠡᠴᠢᠯᠡᠭᠡᠨ᠎ᠦ ᠲᠣᠣᠷ᠎ᠢ ᠲᠡᠭᠦᠯᠳᠡᠷᠵᠢᠭᠦᠯᠦᠨ᠎ᠡ᠃ ᠣᠲᠣ᠌᠎ᠶᠢᠨ ᠪᠠᠢᠭ᠎ᠠ ᠳᠤᠮᠳᠠᠳᠤ ᠮᠣᠩᠭᠣᠯ᠎ᠤᠨ ᠣᠯᠠᠨ ᠤᠯᠤᠰ᠎ᠤᠨ ᠰᠢᠤᠳᠠᠨ᠎ᠤ ᠵᠠᠮ᠎ᠤᠨ ᠰᠠᠭᠤᠷᠢᠨ ᠳᠡᠭᠡᠷ᠎ᠡ᠂ ᠣᠯᠠᠨ ᠤᠯᠤᠰ᠎ᠤᠨ ᠲᠦᠷᠭᠡᠨ ᠬᠦᠷᠭᠡᠯᠲᠡ᠎ᠶᠢᠨ ᠵᠦᠢᠯ ᠵᠢᠴᠢ ᠣᠯᠠᠨ ᠤᠯᠤᠰ᠎ᠤᠨ ᠲᠤᠰᠬᠠᠢ ᠱᠤᠭᠤᠮ᠎ᠤᠨ ᠦᠢᠯᠡᠳᠬᠦᠨ᠎ᠢ ᠨᠡᠮᠡᠭᠳᠡᠭᠦᠯᠵᠦ᠂ ᠲᠦᠷᠭᠡᠨ ᠬᠦᠷᠭᠡᠯᠲᠡ᠎ᠶᠢᠨ ᠠᠵᠤ ᠠᠬᠤᠢᠯᠠᠯ ᠬᠢᠭᠡᠳ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠠᠵᠤ ᠠᠬᠤᠢᠯᠠᠯ᠎ᠤᠨ ᠪᠠᠷᠠᠭᠠᠨ᠎ᠤ ᠭᠦᠢᠯᠭᠡᠭᠡᠨ᠎ᠦ ᠲᠤᠬᠠᠢᠯᠠᠭᠰᠠᠨ ᠠᠵᠢᠯ᠎ᠤᠨ ᠬᠠᠮᠲᠤᠷᠠᠯᠴᠠᠭ᠎ᠠ ᠥᠷᠨᠢᠭᠦᠯᠬᠦ᠎ᠶᠢ ᠳᠡᠮᠵᠢᠨ᠎ᠡ᠃ ᠣᠯᠠᠨ ᠤᠯᠤᠰ᠎ᠤᠨ ᠰᠢᠤᠳᠠᠨ᠎ᠤ ᠵᠦᠢᠯ᠂ ᠲᠦᠷᠭᠡᠨ ᠬᠦᠷᠭᠡᠯᠲᠡ᠎ᠶᠢᠨ ᠵᠦᠢᠯ ᠪᠠ ᠲᠤᠰᠬᠠᠢ ᠱᠤᠭᠤᠮ᠎ᠤᠨ ᠠᠷᠭ᠎ᠠ ᠵᠠᠮ᠎ᠢ ᠠᠰᠢᠭ᠍ᠯᠠᠨ᠂ ᠳᠤᠮᠳᠠᠳᠤ ᠮᠣᠩᠭᠣᠯ ᠣᠷᠣᠰ᠎ᠤᠨ ᠣᠯᠠᠨ ᠤᠯᠤᠰ᠎ᠤᠨ ᠰᠢᠤᠳᠠᠨ᠎ᠤ ᠵᠦᠢᠯ᠎ᠦᠨ ᠲᠦᠷᠭᠡᠨ ᠬᠦᠷᠭᠡᠯᠲᠡ᠎ᠶᠢᠨ ᠵᠦᠢᠯ᠎ᠢ ᠬᠥᠮᠥᠷᠭᠡᠯᠡᠨ ᠬᠠᠳᠠᠭᠠᠯᠠᠬᠤ᠂ ᠬᠤᠪᠢᠶᠠᠷᠢᠯᠠᠨ ᠰᠠᠯᠭᠠᠬᠤ᠂ ᠲᠡᠭᠡᠭᠡᠪᠦᠷᠢᠯᠡᠬᠦ᠂ ᠲᠣᠬᠢᠷᠠᠭᠤᠯᠤᠨ ᠬᠦᠷᠭᠡᠬᠦ ᠦᠷ᠎ᠡ ᠪᠦᠲᠦᠮᠵᠢ ᠪᠠ ᠦᠢᠯᠡᠴᠢᠯᠡᠭᠡᠨ᠎ᠦ ᠴᠢᠨᠠᠷ ᠴᠢᠨᠰᠠᠭ᠎ᠠ᠎ᠶᠢ ᠳᠡᠭᠡᠭᠰᠢᠯᠡᠭᠦᠯᠦᠨ᠎ᠡ᠃

(ᠵᠢᠷᠭᠤᠭ᠎ᠠ) ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠭᠠᠳᠠᠭᠠᠳᠤ᠎ᠳᠡᠬᠢ ᠬᠥᠮᠥᠷᠭᠡ ᠪᠠ ᠬᠢᠯᠢ᠎ᠶᠢᠨ ᠬᠥᠮᠥᠷᠭᠡ᠎ᠶᠢᠨ ᠪᠠᠢᠭᠤᠯᠤᠯᠲᠠ᠎ᠶᠢ ᠠᠬᠢᠭᠤᠯᠤᠨ᠎ᠠ᠃ ᠮᠣᠩᠭᠣᠯ ᠤᠯᠤᠰ᠎ᠤᠨ ᠤᠯᠠᠭᠠᠨᠪᠠᠭᠠᠲᠤᠷ ᠬᠣᠲᠠ᠎ᠳᠤ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠭᠠᠳᠠᠭᠠᠳᠤ᠎ᠳᠡᠬᠢ ᠬᠥᠮᠥᠷᠭᠡ ᠪᠠᠢᠭᠤᠯᠵᠤ᠂ ᠡᠷᠢᠶᠡᠨ ᠬᠣᠲᠠ  ᠤᠯᠠᠭᠠᠨᠪᠠᠭᠠᠲᠤᠷ᠎ᠤᠨ ᠪᠠᠷᠠᠭᠠᠨ᠎ᠤ ᠭᠦᠢᠯᠭᠡᠭᠡᠨ᠎ᠦ ᠦᠷ᠎ᠡ ᠪᠦᠲᠦᠮᠵᠢ᠎ᠶᠢ ᠲᠠᠰᠤᠷᠠᠯᠲᠠ ᠦᠭᠡᠢ ᠰᠢᠯᠢᠳᠡᠭᠵᠢᠭᠦᠯᠦᠨ ᠳᠡᠭᠡᠭᠰᠢᠯᠡᠭᠦᠯᠵᠦ᠂ ᠣᠷᠣᠰ᠎ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠭᠠᠳᠠᠭᠠᠳᠤ᠎ᠳᠡᠬᠢ ᠬᠥᠮᠥᠷᠭᠡ᠎ᠶᠢᠨ ᠪᠠᠢᠭᠤᠯᠤᠯᠲᠠ᠎ᠶᠢ ᠢᠳᠡᠪᠬᠢᠲᠡᠢ᠎ᠪᠡᠷ ᠠᠬᠢᠭᠤᠯᠤᠨ᠂ ᠦᠢᠯᠡᠴᠢᠯᠡᠭᠡᠨ᠎ᠦ ᠥᠪᠡᠷ᠎ᠦᠨ ᠥᠷᠲᠡᠭ᠎ᠢ ᠪᠠᠭᠤᠷᠠᠭᠤᠯᠵᠤ᠂ ᠥᠪᠡᠷᠮᠢᠴᠡ ᠣᠨᠴᠠᠯᠢᠭ᠋᠎ᠲᠠᠢ ᠨᠠᠷᠠᠲᠤ ᠲᠡᠮᠳᠡᠭ᠎ᠢ ᠪᠣᠶ ᠪᠣᠯᠭᠠᠵᠤ᠂ ᠠᠵᠤ ᠠᠬᠤᠢᠯᠠᠯ᠎ᠤᠨ ᠬᠠᠮᠢᠶ᠎ᠠ ᠪᠦᠬᠦᠢ ᠤᠯᠤᠰ᠎ᠤᠨ ᠬᠠᠤᠯᠢ ᠴᠠᠭᠠᠵᠠ ᠬᠠᠤᠯᠢ ᠲᠣᠭᠲᠠᠭᠠᠯ᠎ᠢ ᠣᠢᠯᠠᠭᠠᠬᠤ᠎ᠳᠤ ᠨᠢ ᠬᠠᠪᠰᠤᠷᠴᠤ᠂ ᠠᠵᠤ ᠠᠬᠤᠢᠯᠠᠯ᠎ᠤᠨ ᠬᠠᠤᠯᠢ ᠶᠣᠰᠣ᠌᠎ᠪᠠᠷ ᠡᠵᠡᠩᠨᠡᠬᠦ᠎ᠶᠢ ᠵᠢᠯᠣᠭᠣᠳᠤᠨ᠂ ᠭᠠᠳᠠᠭᠠᠳᠤ᠎ᠳᠡᠬᠢ ᠬᠥᠮᠥᠷᠭᠡ ᠪᠠ ᠬᠢᠯᠢ᠎ᠶᠢᠨ ᠬᠥᠮᠥᠷᠭᠡ᠎ᠶᠢᠨ ᠣᠶᠤᠨᠴᠢᠯᠠᠯᠲᠠ᠂ ᠮᠡᠳᠡᠭᠡ ᠵᠠᠩᠭᠢᠴᠢᠯᠠᠯᠲᠠ᠎ᠶᠢᠨ ᠬᠢᠷᠢ ᠲᠦᠪᠰᠢᠨ᠎ᠢ ᠳᠡᠭᠡᠭᠰᠢᠯᠡᠭᠦᠯᠵᠦ᠂ ᠳᠡᠯᠡᠬᠡᠢ ᠳᠡᠭᠡᠷᠡᠬᠢ ᠥᠷᠢᠰᠦᠯᠳᠦᠬᠦ ᠬᠦᠴᠦᠨ᠎ᠢ ᠳᠡᠭᠡᠭᠰᠢᠯᠡᠭᠦᠯᠦᠨ᠎ᠡ᠃ 

ᠭᠤᠷᠪᠠ᠂ ᠠᠵᠢᠯ᠎ᠤᠨ ᠭᠣᠣᠯᠳᠠᠯᠭ᠎ᠠ

(ᠨᠢᠭᠡ) ᠰᠠᠭᠤᠷᠢ ᠪᠦᠲᠦᠭᠡᠨ ᠪᠠᠢᠭᠤᠯᠤᠯᠲᠠ᠎ᠶᠢ ᠲᠡᠭᠦᠯᠳᠡᠷᠵᠢᠭᠦᠯᠦᠨ᠎ᠡ᠃ 2025 ᠣᠨ᠎ᠤ 10 ᠳ᠋ᠤᠭᠠᠷ ᠰᠠᠷ᠎ᠠ᠎ᠶᠢᠨ ᠰᠡᠭᠦᠯᠴᠢ᠎ᠡᠴᠡ ᠡᠮᠦᠨ᠎ᠡ᠂ ᠤᠭ᠎ᠤᠨ ᠰᠠᠭᠤᠷᠢᠨ ᠳᠡᠭᠡᠷ᠎ᠡ ᠡᠷᠢᠶᠡᠨ ᠬᠣᠲᠠ᠎ᠶᠢᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠶᠡᠷᠦᠩᠬᠡᠢᠯᠡᠭᠰᠡᠨ (ᠣᠯᠠᠨ ᠨᠡᠢᠲᠡ) ᠦᠢᠯᠡᠴᠢᠯᠡᠭᠡᠨ᠎ᠦ ᠲᠠᠪᠴᠠᠩ᠎ᠢ ᠲᠠᠰ ᠳᠡᠪᠰᠢᠭᠦᠯᠦᠨ ᠪᠠᠢᠭᠤᠯᠬᠤ᠎ᠶᠢᠨ ᠬᠠᠮᠲᠤ ᠠᠰᠢᠭ᠍ᠯᠠᠯᠲᠠ᠎ᠳᠤ ᠣᠷᠣᠭᠤᠯᠵᠤ᠂ ᠣᠲᠣ᠌᠎ᠶᠢᠨ ᠪᠠᠢᠭ᠎ᠠ ᠡᠷᠢᠶᠡᠨ ᠬᠣᠲᠠ᠎ᠶᠢᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠠᠵᠤ ᠦᠢᠯᠡᠰ᠎ᠦᠨ ᠬᠦᠷᠢᠶᠡᠯᠡᠩ᠎ᠦᠨ ᠰᠠᠭᠤᠷᠢᠨ ᠳᠡᠭᠡᠷ᠎ᠡ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠢᠵᠢ ᠪᠦᠷᠢᠳᠦᠭᠦᠯᠬᠦ ᠰᠠᠭᠤᠷᠢ ᠪᠡᠯᠡᠳᠬᠡᠮᠵᠢ᠎ᠶᠢᠨ ᠪᠦᠲᠦᠭᠡᠨ ᠪᠠᠢᠭᠤᠯᠤᠯᠲᠠ᠎ᠶᠢ ᠦᠷᠭᠦᠯᠵᠢᠯᠡᠨ ᠠᠬᠢᠭᠤᠯᠤᠨ᠎ᠠ᠃ 2025 ᠣᠨ᠎ᠤ ᠰᠡᠭᠦᠯᠴᠢ ᠪᠣᠯᠬᠤ᠎ᠳᠤ᠂ ᠡᠷᠢᠶᠡᠨ ᠬᠣᠲᠠ᠎ᠶᠢᠨ ᠶᠡᠷᠦᠩᠬᠡᠢᠯᠡᠭᠰᠡᠨ ᠲᠤᠷᠰᠢᠯᠲᠠ᠎ᠶᠢᠨ ᠣᠷᠣᠨ᠎ᠤ ᠰᠦᠯᠵᠢᠶᠡᠨ᠎ᠤ ᠶᠡᠷᠦᠩᠬᠡᠢᠯᠡᠭᠰᠡᠨ ᠦᠢᠯᠡᠴᠢᠯᠡᠭᠡᠨ᠎ᠦ ᠲᠠᠪᠴᠠᠩ ᠪᠠ ᠰᠦᠯᠵᠢᠶᠡᠨ ᠭᠠᠳᠠᠨᠠᠬᠢ ᠠᠵᠤ ᠦᠢᠯᠡᠰ᠎ᠦᠨ ᠬᠦᠷᠢᠶᠡᠯᠡᠩ ᠲᠣᠭᠣᠷᠢᠭ᠋᠎ᠤᠨ ᠲᠠᠪᠴᠠᠩ᠎ᠤᠨ ᠴᠢᠳᠠᠮᠵᠢ᠎ᠶᠢ ᠪᠦᠷᠢᠨᠰᠢᠭᠦᠯᠵᠦ᠂ ᠮᠡᠳᠡᠭᠡ ᠵᠠᠩᠭᠢ᠎ᠶᠢ ᠬᠠᠮᠲᠤ᠎ᠪᠡᠷ ᠬᠦᠷᠲᠡᠬᠦ᠂ ᠮᠥᠩᠭᠥᠨ ᠭᠦᠢᠯᠭᠡᠭᠡᠨ᠎ᠦ ᠦᠢᠯᠡᠴᠢᠯᠡᠭᠡ᠂ ᠣᠶᠤᠨᠴᠢ ᠪᠠᠷᠠᠭᠠᠨ᠎ᠤ ᠭᠦᠢᠯᠭᠡᠭᠡ᠂ ᠡᠯᠧᠺᠲᠷᠣᠨ ᠬᠤᠳᠠᠯᠳᠤᠭᠠᠨ᠎ᠤ ᠦᠨᠡᠨᠴᠢ ᠢᠲᠡᠭᠡᠮᠵᠢ᠂ ᠪᠦᠷᠢᠳᠬᠡᠨ ᠬᠢᠨᠠᠨ ᠰᠢᠨᠵᠢᠬᠦ ᠪᠠ ᠲᠦᠭᠰᠢᠭᠦᠷᠢ᠎ᠶᠢ ᠰᠡᠷᠭᠡᠢᠯᠡᠨ ᠡᠵᠡᠮᠳᠡᠬᠦ ᠵᠢᠷᠭᠤᠭᠠᠨ ᠲᠣᠭᠲᠠᠯᠴᠠᠭ᠎ᠠ᠎ᠶᠢ ᠪᠠᠢᠭᠤᠯᠤᠨ ᠲᠡᠭᠦᠯᠳᠡᠷᠵᠢᠭᠦᠯᠵᠦ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠬᠥᠭᠵᠢᠯᠲᠡ᠎ᠳᠦ ᠵᠥᠭᠡᠯᠡᠨ ᠬᠠᠲᠠᠭᠤ ᠬᠡᠷᠡᠭᠰᠡᠯ᠎ᠦᠨ ᠰᠠᠢᠨ ᠰᠠᠢᠬᠠᠨ ᠣᠷᠴᠢᠨ ᠨᠥᠬᠥᠴᠡᠯ᠎ᠢ ᠪᠣᠶ ᠪᠣᠯᠭᠠᠵᠤ ᠥᠭᠭᠦᠨ᠎ᠡ᠃ ᠵᠢᠷᠭᠤᠭᠠᠨ ᠲᠣᠭᠲᠠᠯᠴᠠᠭ᠎ᠠ᠂ ᠬᠣᠶᠠᠷ ᠲᠠᠪᠴᠠᠩ᠎ᠢᠶᠠᠷ ᠭᠣᠣᠯ ᠪᠣᠯᠭᠠᠭᠰᠠᠨ ᠳᠦᠷᠢᠮ᠎ᠦᠨ ᠲᠣᠭᠲᠠᠯᠴᠠᠭ᠎ᠠ᠎ᠶᠢ ᠪᠠᠢᠭᠤᠯᠤᠨ᠎ᠠ᠃ 

(ᠬᠣᠶᠠᠷ) ᠠᠵᠤ ᠦᠢᠯᠡᠰ᠎ᠦᠨ ᠰᠢᠨ᠎ᠡ᠎ᠶᠢ ᠡᠭᠦᠳᠬᠦ᠎ᠶᠢ ᠠᠬᠢᠭᠤᠯᠤᠨ᠎ᠠ᠃ ᠡᠷᠢᠶᠡᠨ ᠬᠣᠲᠠ᠎ᠶᠢᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠬᠤᠳᠠᠯᠳᠤᠨ ᠠᠪᠬᠤ ᠠᠷᠠᠯᠵᠢᠶᠠᠨ᠎ᠤ ᠦᠢᠯᠡᠴᠢᠯᠡᠭᠡᠨ᠎ᠦ ᠲᠠᠪᠴᠠᠩ᠎ᠢ ᠨᠡᠭᠡᠭᠡᠨ ᠬᠥᠭᠵᠢᠭᠦᠯᠵᠦ ᠪᠦᠲᠦᠭᠡᠨ ᠪᠠᠢᠭᠤᠯᠵᠤ᠂ ᠭᠠᠳᠠᠭᠠᠳᠤ᠎ᠳᠠᠬᠢ ᠬᠥᠮᠥᠷᠭᠡ᠂ ᠬᠢᠯᠢ᠎ᠶᠢᠨ ᠬᠥᠮᠥᠷᠭᠡ᠂ ᠲᠣᠬᠢᠷᠠᠭᠤᠯᠤᠨ ᠬᠦᠷᠭᠡᠬᠦ ᠲᠤᠰᠬᠠᠢ ᠱᠤᠭᠤᠮ ᠵᠡᠷᠭᠡ ᠢᠵᠢ ᠪᠦᠷᠢᠳᠦᠭᠦᠯᠬᠦ ᠦᠢᠯᠡᠴᠢᠯᠡᠭᠡᠨ᠎ᠦ ᠲᠣᠭᠲᠠᠯᠴᠠᠭᠠᠨ᠎ᠤ ᠪᠦᠲᠦᠭᠡᠨ ᠪᠠᠢᠭᠤᠯᠤᠯᠲᠠ᠎ᠶᠢ ᠵᠡᠷᠭᠡ᠎ᠳᠦ ᠨᠢ ᠥᠷᠨᠢᠭᠦᠯᠵᠦ᠂ ᠮᠣᠩᠭᠣᠯ ᠤᠯᠤᠰ ᠬᠢᠭᠡᠳ ᠣᠷᠣᠰ᠎ᠤᠨ ᠣᠷᠣᠨ ᠨᠤᠲᠤᠭ᠎ᠤᠨ ᠡᠯᠧᠺᠲᠷᠣᠨ ᠬᠤᠳᠠᠯᠳᠤᠭ᠎ᠠ᠂ ᠪᠥᠭᠡᠮ᠎ᠢᠶᠡᠷ ᠬᠤᠳᠠᠯᠳᠤᠬᠤ ᠬᠤᠳᠠᠯᠳᠤᠭᠠᠴᠢᠨ᠂ ᠵᠢᠵᠢᠭᠯᠡᠨ ᠬᠤᠳᠠᠯᠳᠤᠬᠤ ᠬᠤᠳᠠᠯᠳᠤᠭᠠᠴᠢᠨ᠎ᠳᠤ ᠳᠤᠮᠳᠠᠳᠤ ᠤᠯᠤᠰ᠎ᠤᠨ ᠴᠢᠨᠠᠷ ᠰᠠᠢᠲᠠᠢ ᠲᠠᠸᠠᠷ᠎ᠢ ᠰᠦᠯᠵᠢᠶ᠎ᠡ᠎ᠪᠡᠷ ᠲᠠᠨᠢᠯᠴᠠᠭᠤᠯᠬᠤ᠂ ᠠᠷᠠᠯᠵᠢᠶᠠᠯᠠᠬᠤ᠂ ᠳ᠋ᠦᠩᠨᠡᠨ ᠪᠤᠳᠤᠬᠤ᠂ ᠲᠣᠬᠢᠷᠠᠭᠤᠯᠤᠨ ᠬᠦᠷᠭᠡᠬᠦ ᠬᠢᠯᠢ ᠠᠯᠤᠰᠯᠠᠭᠰᠠᠨ ᠠᠷᠠᠯᠵᠢᠶᠠᠨ᠎ᠤ ᠲᠥᠪᠯᠡᠷᠡᠩᠭᠦᠢ ᠦᠢᠯᠡᠴᠢᠯᠡᠭᠡ ᠬᠠᠩᠭᠠᠨ᠎ᠠ᠃ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠠᠵᠤ ᠠᠬᠤᠢᠯᠠᠯ᠎ᠢ ᠪᠣᠢᠵᠢᠭᠤᠯᠬᠤ ᠡᠷᠴᠢᠮ᠎ᠢᠶᠡᠨ ᠴᠢᠩᠭᠠᠷᠠᠭᠤᠯᠵᠤ᠂ ᠦᠢᠯᠡᠴᠢᠯᠡᠭᠡᠨ᠎ᠦ ᠲᠠᠪᠴᠠᠩ᠎ᠤᠨ ᠡᠵᠡᠩᠨᠡᠯᠲᠡ᠎ᠶᠢ ᠲᠦᠷᠭᠡᠨ ᠡᠬᠢᠯᠡᠭᠦᠯᠵᠦ᠂ ᠲᠤᠰᠬᠠᠢ ᠮᠡᠷᠭᠡᠵᠢᠯ᠎ᠦᠨ ᠪᠦᠯᠬᠦᠮ᠎ᠢ ᠪᠣᠶ ᠪᠣᠯᠭᠠᠵᠤ᠂ ᠰᠡᠭᠦᠯᠴᠢ᠎ᠶᠢᠨ ᠬᠤᠭᠤᠴᠠᠭᠠᠨ᠎ᠳᠤ ᠳᠤᠮᠳᠠᠳᠤ ᠮᠣᠩᠭᠣᠯ᠎ᠤᠨ ᠠᠵᠤ ᠠᠬᠤᠢ᠎ᠶᠢᠨ ᠬᠠᠮᠲᠤᠷᠠᠯᠴᠠᠭᠠᠨ᠎ᠤ ᠣᠷᠣᠨ᠂ ᠬᠢᠯᠢ᠎ᠶᠢᠨ ᠠᠷᠠᠳ᠎ᠤᠨ ᠬᠠᠷᠢᠯᠴᠠᠨ ᠬᠤᠳᠠᠯᠳᠤᠭ᠎ᠠ ᠬᠢᠬᠦ ᠵᠠᠬ᠎ᠠ ᠳᠡᠯᠭᠡᠭᠦᠷ᠎ᠦᠨ ᠠᠷᠠᠯᠵᠢᠶᠠᠨ᠎ᠤ ᠣᠷᠣᠨ᠂ ᠬᠢᠯᠢ᠎ᠶᠢᠨ ᠠᠷᠠᠯᠵᠢᠶᠠᠨ᠎ᠤ ᠲᠤᠰᠬᠠᠢ ᠵᠠᠬ᠎ᠠ ᠳᠡᠯᠭᠡᠭᠦᠷ᠂ ᠬᠢᠯᠢ᠎ᠶᠢᠨ ᠵᠢᠭᠤᠯᠴᠢᠯᠠᠯ ᠵᠡᠷᠭᠡ ᠠᠵᠤ ᠦᠢᠯᠡᠰ ᠯᠦ᠍ᠭᠡ ᠨᠢᠭ᠍ᠲᠠ ᠤᠶᠠᠯᠳᠤᠭᠤᠯᠤᠨ᠂ ᠠᠵᠤ ᠦᠢᠯᠡᠰ᠎ᠦᠨ ᠬᠣᠯᠪᠤᠭᠠᠯᠠᠨ ᠬᠥᠳᠡᠯᠦᠯᠴᠡᠬᠦ᠂ ᠬᠠᠮᠵᠢᠯᠴᠠᠨ ᠰᠢᠨ᠎ᠡ᠎ᠶᠢ ᠡᠭᠦᠳᠬᠦ ᠰᠠᠢᠨ ᠰᠠᠢᠬᠠᠨ ᠬᠥᠭᠵᠢᠯᠲᠡ᠎ᠶᠢᠨ ᠪᠠᠢᠷᠢᠰᠢᠯ᠎ᠢ ᠪᠣᠶ ᠪᠣᠯᠭᠠᠨ᠎ᠠ᠃ 

(ᠭᠤᠷᠪᠠ) ᠣᠯᠠᠨ ᠡᠰᠢᠵᠢᠭᠰᠡᠨ ᠬᠥᠭᠵᠢᠯᠲᠡ᠎ᠶᠢ ᠪᠡᠶᠡᠯᠡᠭᠦᠯᠦᠨ᠎ᠡ᠃ ᠡᠷᠢᠶᠡᠨ ᠬᠣᠲᠠ᠎ᠶᠢᠨ ᠣᠷᠣᠨ ᠪᠠᠢᠷᠢ᠎ᠶᠢᠨ ᠳᠠᠪᠠᠭᠤᠯᠢᠭ᠋᠎ᠲᠤ ᠲᠦᠰᠢᠭᠯᠡᠨ᠂ ᠡᠷᠢᠶᠡᠨ ᠬᠣᠲᠠ᠎ᠶᠢᠨ ᠣᠯᠠᠨ ᠤᠯᠤᠰ᠎ᠤᠨ ᠠᠷᠠᠯᠵᠢᠶᠠᠨ᠎ᠤ ᠨᠡᠪᠲᠡᠷᠡᠬᠦ ᠵᠠᠮ᠎ᠤᠨ ᠦᠢᠯᠡᠳᠦᠯ᠎ᠢ ᠪᠠᠳᠠᠷᠠᠭᠤᠯᠵᠤ᠂ ᠡᠷᠢᠶᠡᠨ ᠬᠣᠲᠠ᠎ᠶᠢᠨ ᠶᠡᠷᠦᠩᠬᠡᠢᠯᠡᠭᠰᠡᠨ ᠲᠤᠷᠰᠢᠯᠲᠠ᠎ᠶᠢᠨ ᠣᠷᠣᠨ᠎ᠤ ᠲᠥᠷᠥ᠎ᠶᠢᠨ ᠪᠣᠳᠣᠯᠭ᠎ᠠ ᠠᠷᠭ᠎ᠠ ᠬᠡᠮᠵᠢᠶ᠎ᠡ᠎ᠶᠢ ᠭᠦᠢᠴᠡᠳ᠂ ᠰᠠᠢᠲᠤᠷ᠂ ᠯᠠᠪᠳᠠᠭᠤᠨ᠎ᠢᠶᠠᠷ ᠬᠡᠷᠡᠭᠯᠡᠨ᠂ ᠡᠷᠢᠶᠡᠨ ᠬᠣᠲᠠ᠎ᠳᠦ ᠬᠦᠴᠦᠨ ᠨᠡᠮᠡᠷᠢᠯᠡᠵᠦ ᠪᠠᠢᠭᠠᠳ ᠮᠣᠩᠭᠣᠯ ᠤᠯᠤᠰ᠂ ᠣᠷᠣᠰ᠎ᠢ ᠨᠥᠯᠥᠭᠡᠯᠡᠭᠰᠡᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠲᠥᠪᠯᠡᠷᠡᠭᠦᠯᠦᠨ ᠲᠠᠷᠬᠠᠭᠠᠬᠤ ᠲᠥᠪ᠎ᠢ ᠪᠦᠲᠦᠭᠡᠨ ᠪᠠᠢᠭᠤᠯᠤᠨ᠎ᠠ᠃

(ᠳᠥᠷᠪᠡ) ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ B2B ᠵᠠᠭᠪᠤᠷ᠎ᠢ ᠤᠷᠢᠳ᠎ᠢᠶᠡᠷ ᠬᠥᠭᠵᠢᠭᠦᠯᠦᠨ᠎ᠡ᠃ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠶᠠᠪᠤᠳᠠᠯ᠎ᠤᠨ ᠬᠢᠯᠢ᠎ᠶᠢᠨ ᠳᠣᠲᠣᠨ᠎ᠠ ᠭᠠᠳᠠᠨᠠᠬᠢ ᠠᠵᠤ ᠠᠬᠤᠢᠯᠠᠯ᠎ᠤᠨ ᠬᠤᠭᠤᠷᠤᠨᠳᠤᠬᠢ (B2B) ᠭᠠᠳᠠᠭᠠᠳᠤ ᠭᠠᠷᠭᠠᠯᠲᠠ᠎ᠶᠢᠨ ᠠᠷᠭ᠎ᠠ ᠮᠠᠶᠢᠭ᠋᠎ᠤᠨ ᠬᠠᠮᠢᠶ᠎ᠠ ᠪᠦᠬᠦᠢ ᠵᠠᠩᠭᠢᠯᠠᠭ᠎ᠠ᠎ᠶᠢᠨ ᠮᠡᠷᠭᠡᠵᠢᠯ᠎ᠦᠨ ᠪᠠᠷᠢᠮᠵᠢᠶ᠎ᠠ᠂ ᠲᠤᠬᠠᠢᠯᠠᠭᠰᠠᠨ ᠠᠵᠢᠯ᠎ᠤᠨ ᠴᠤᠪᠤᠷᠠᠯ᠂ ᠬᠢᠨᠠᠨ ᠬᠠᠮᠢᠶᠠᠷᠬᠤ ᠵᠠᠭᠪᠤᠷ ᠪᠠ ᠮᠡᠳᠡᠭᠡ ᠵᠠᠩᠭᠢᠴᠢᠯᠠᠯᠲᠠ᠎ᠶᠢᠨ ᠪᠠᠢᠭᠤᠯᠤᠯᠲᠠ ᠵᠡᠷᠭᠡ ᠲᠠᠯ᠎ᠠ᠎ᠳᠦ ᠰᠢᠨ᠎ᠡ ᠡᠭᠦᠳᠦᠯᠲᠡ ᠰᠦᠪᠡᠭᠴᠢᠯᠡᠬᠦ᠎ᠪᠡᠷ ᠬᠦᠴᠦᠯᠡᠨ ᠴᠢᠷᠮᠠᠢᠵᠤ᠂ ᠠᠷᠠᠯᠵᠢᠶ᠎ᠠ᠎ᠶᠢ ᠣᠷᠣᠯᠠᠨ ᠭᠦᠢᠴᠡᠳᠬᠡᠬᠦ᠂ ᠮᠥᠩᠭᠥᠨ ᠭᠦᠢᠯᠭᠡᠭᠡᠨ᠎ᠦ ᠳ᠋ᠦᠩᠨᠡᠨ ᠪᠣᠳᠣᠯᠲᠠ᠂ ᠪᠠᠷᠠᠭᠠᠨ᠎ᠤ ᠭᠦᠢᠯᠭᠡᠭᠡᠨ᠎ᠦ ᠲᠡᠭᠡᠭᠡᠪᠦᠷᠢ ᠵᠡᠷᠭᠡ ᠭᠣᠭᠴᠣᠭ᠎ᠠ᠎ᠳᠤ ᠳ᠋ᠢᠭᠢᠲᠴᠢᠯᠡᠭᠰᠡᠨ ᠬᠡᠷᠡᠭᠯᠡᠯᠲᠡ᠎ᠶᠢ ᠪᠥᠬᠥ ᠲᠠᠯ᠎ᠠ᠎ᠪᠠᠷ ᠠᠬᠢᠭᠤᠯᠵᠤ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ B2B ᠵᠠᠬᠢᠶᠠᠯᠠᠭ᠎ᠠ᠎ᠶᠢᠨ ᠬᠠᠭᠤᠳᠠᠰᠤ᠂ ᠲᠡᠭᠡᠭᠡᠪᠦᠷᠢ᠎ᠶᠢᠨ ᠮᠥᠷᠳᠡᠯᠲᠡ᠂ ᠳ᠋ᠦᠩᠨᠡᠨ ᠪᠣᠳᠣᠯᠲᠠ᠂ ᠳ᠋ᠠᠢᠲ᠋ᠠ᠎ᠶᠢᠨ《ᠳᠥᠷᠪᠡᠨ ᠭᠦᠢᠯᠭᠡᠭᠡ᠎ᠶᠢ ᠨᠢᠭᠡᠳᠬᠡᠵᠦ᠂ ᠬᠠᠷᠢᠯᠴᠠᠨ ᠭᠡᠷᠡᠴᠢᠯᠡᠬᠦ》 ᠎ᠶᠢ ᠪᠡᠶᠡᠯᠡᠭᠦᠯᠵᠦ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ B2B ᠵᠠᠭᠪᠤᠷ᠎ᠢ ᠳᠤᠮᠳᠠᠳᠤ ᠮᠣᠩᠭᠣᠯ ᠣᠷᠣᠰ᠎ᠤᠨ ᠬᠢᠯᠢ᠎ᠶᠢᠨ ᠠᠷᠠᠯᠵᠢᠶᠠᠨ᠎ᠤ ᠳ᠋ᠢᠭᠢᠲᠴᠢᠯᠡᠨ ᠲᠠᠰ ᠳᠡᠪᠰᠢᠬᠦ ᠰᠢᠨ᠎ᠡ ᠬᠢᠯᠠᠰ ᠴᠡᠭ ᠪᠣᠯᠭᠠᠨ᠎ᠠ᠃ 

(ᠲᠠᠪᠤ) ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠪᠠᠷᠠᠭ᠎ᠠ ᠪᠤᠴᠠᠭᠠᠬᠤ ᠴᠤᠪᠤᠷᠠᠯ᠎ᠳᠤ ᠰᠢᠨ᠎ᠡ᠎ᠶᠢ ᠡᠭᠦᠳᠦᠨ᠎ᠡ᠃ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠭᠠᠳᠠᠭᠠᠳᠤ ᠭᠠᠷᠭᠠᠯᠲᠠ᠎ᠶᠢᠨ ᠪᠠᠷᠠᠭ᠎ᠠ ᠪᠤᠴᠠᠭᠠᠬᠤ ᠪᠠ ᠰᠣᠯᠢᠬᠤ ᠬᠠᠮᠢᠶᠠᠷᠤᠯᠲᠠ᠎ᠶᠢᠨ ᠴᠤᠪᠤᠷᠠᠯ᠎ᠢ ᠰᠢᠯᠢᠳᠡᠭᠵᠢᠭᠦᠯᠵᠦ᠂ ᠬᠡᠷᠡᠭᠯᠡᠭᠴᠢ᠎ᠶᠢᠨ ᠪᠠᠷᠠᠭ᠎ᠠ ᠪᠤᠴᠠᠭᠠᠬᠤ ᠠᠰᠠᠭᠤᠳᠠᠯ᠎ᠢ ᠰᠢᠢᠳᠪᠦᠷᠢᠯᠡᠨ᠎ᠡ᠃ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠰᠢᠨ᠎ᠡ ᠡᠵᠡᠩᠨᠡᠯᠲᠡ᠎ᠶᠢᠨ ᠬᠡᠯᠪᠡᠷᠢ ᠪᠠᠢᠳᠠᠯ᠎ᠤᠨ ᠬᠥᠭᠵᠢᠯᠲᠡ᠎ᠶᠢᠨ ᠬᠡᠷᠡᠭᠴᠡᠭᠡ᠎ᠳᠦ ᠵᠣᠬᠢᠴᠠᠭᠤᠯᠤᠨ᠂ ᠥᠨᠳᠥᠷ ᠪᠦᠲᠦᠮᠵᠢᠲᠡᠶ᠂ ᠠᠮᠤᠷ ᠲᠦᠪᠰᠢᠨ᠂ ᠲᠦᠷᠭᠡᠨ ᠳᠥᠲᠡ ᠪᠦᠬᠦᠢ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠭᠠᠳᠠᠭᠠᠳᠤ ᠭᠠᠷᠭᠠᠯᠲᠠ᠎ᠶᠢᠨ ᠪᠠᠷᠠᠭ᠎ᠠ ᠪᠤᠴᠠᠭᠠᠬᠤ ᠠᠷᠭ᠎ᠠ ᠵᠠᠮ᠎ᠢ ᠪᠠᠢᠭᠤᠯᠬᠤ᠎ᠶᠢᠨ ᠬᠠᠮᠲᠤ᠂ ᠲᠤᠬᠠᠢᠯᠠᠭᠰᠠᠨ ᠠᠵᠢᠯ᠎ᠤᠨ ᠥᠭᠡᠷᠡᠴᠢᠯᠡᠯᠲᠡ ᠪᠠ ᠲᠦᠭᠰᠢᠭᠦᠷᠢ᠎ᠶᠢ ᠰᠡᠷᠭᠡᠢᠯᠡᠨ ᠡᠵᠡᠮᠳᠡᠬᠦ᠎ᠶᠢ ᠵᠡᠷᠭᠡ᠎ᠪᠡᠷ ᠵᠢᠷᠤᠭᠯᠠᠨ ᠲᠥᠯᠥᠪᠯᠡᠵᠦ ᠬᠡᠷᠡᠭᠵᠢᠭᠦᠯᠬᠦ᠎ᠶᠢ ᠪᠠᠷᠢᠮᠲᠠᠯᠠᠨ᠂ ᠪᠠᠷᠠᠭ᠎ᠠ ᠪᠤᠴᠠᠭᠠᠨ ᠪᠣᠭᠣᠮᠲᠠ᠎ᠪᠠᠷ ᠥᠩᠭᠡᠷᠡᠭᠦᠯᠬᠦ᠎ᠳᠦ ᠲᠥᠬᠥᠮ ᠦᠵᠡᠭᠦᠯᠵᠦ᠂ ᠪᠠᠷᠠᠭ᠎ᠠ ᠪᠤᠴᠠᠭᠠᠬᠤ ᠬᠢᠨᠠᠯᠲᠠ ᠬᠠᠮᠢᠶᠠᠷᠤᠯᠲᠠ᠎ᠶᠢ ᠴᠢᠩᠭᠠᠷᠠᠭᠤᠯᠤᠨ᠎ᠠ᠃ 

ᠳᠥᠷᠪᠡ᠂ ᠲᠥᠷᠥ᠎ᠶᠢᠨ ᠪᠣᠳᠣᠯᠭ᠎ᠠ᠎ᠶᠢᠨ ᠳᠡᠮᠵᠢᠯᠭᠡ

(ᠨᠢᠭᠡ) ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠲᠥᠷᠥ᠎ᠶᠢᠨ ᠪᠣᠳᠣᠯᠭ᠎ᠠ᠎ᠶᠢᠨ ᠲᠣᠭᠲᠠᠯᠴᠠᠭ᠎ᠠ᠎ᠶᠢ ᠪᠦᠷᠢᠨᠰᠢᠭᠦᠯᠦᠨ᠎ᠡ᠃ ᠤᠯᠤᠰ᠎ᠤᠨ ᠳᠣᠲᠣᠭᠠᠳᠤ᠎ᠶᠢᠨ ᠪᠣᠯᠪᠠᠰᠤᠷᠠᠩᠭᠤᠢ ᠪᠣᠯᠤᠭᠰᠠᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠶᠡᠷᠦᠩᠬᠡᠢᠯᠡᠭᠰᠡᠨ ᠲᠤᠷᠰᠢᠯᠲᠠ᠎ᠶᠢᠨ ᠣᠷᠣᠨ᠎ᠤ ᠠᠮᠵᠢᠯᠲᠠ ᠲᠠᠢ ᠬᠡᠷᠡᠭ᠎ᠦᠨ ᠵᠢᠱ᠌ᠢᠶ᠎ᠡ᠎ᠪᠡᠷ ᠯᠠᠪᠯᠠᠯᠲᠠ ᠪᠣᠯᠭᠠᠵᠤ᠂ ᠡᠷᠢᠶᠡᠨ ᠬᠣᠲᠠ᠎ᠶᠢᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠠᠵᠤ ᠦᠢᠯᠡᠰ᠎ᠦᠨ ᠬᠥᠭᠵᠢᠯᠲᠡ᠎ᠶᠢᠨ ᠪᠣᠳᠠᠲᠤ ᠪᠠᠢᠳᠠᠯ᠎ᠳᠤ ᠰᠠᠭᠤᠷᠢᠯᠠᠨ᠂ ᠴᠢᠭᠯᠡᠯ ᠣᠨᠣᠪᠴᠢᠲᠠᠶ᠂ ᠪᠠᠲᠤᠯᠠᠭ᠎ᠠ ᠬᠦᠴᠦᠲᠡᠢ ᠲᠥᠷᠥ᠎ᠶᠢᠨ ᠪᠣᠳᠣᠯᠭ᠎ᠠ᠎ᠶᠢᠨ ᠲᠤᠯᠭᠠᠭᠤᠷᠢᠯᠠᠬᠤ ᠲᠣᠭᠲᠠᠯᠴᠠᠭ᠎ᠠ᠎ᠶᠢ ᠪᠠᠢᠭᠤᠯᠤᠨ᠎ᠠ᠃ ᠠᠵᠤ ᠦᠢᠯᠡᠰ᠎ᠦᠨ ᠭᠣᠣᠯᠯᠠᠬᠤ ᠰᠠᠭᠤᠷᠢ ᠪᠡᠯᠡᠳᠬᠡᠮᠵᠢ᠎ᠶᠢᠨ ᠪᠦᠲᠦᠭᠡᠨ ᠪᠠᠢᠭᠤᠯᠤᠯᠲᠠ᠎ᠳᠤ ᠠᠩᠬᠠᠷᠤᠯ ᠲᠥᠪᠯᠡᠷᠡᠭᠦᠯᠵᠦ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠶᠡᠷᠦᠩᠬᠡᠢᠯᠡᠭᠰᠡᠨ ᠦᠢᠯᠡᠴᠢᠯᠡᠭᠡᠨ᠎ᠦ ᠲᠠᠪᠴᠠᠩ᠎ᠤᠨ ᠲᠠᠰ ᠳᠡᠪᠰᠢᠬᠦ᠂ ᠣᠯᠠᠨ ᠤᠯᠤᠰ᠎ᠤᠨ ᠰᠢᠤᠳᠠᠨ᠎ᠤ ᠲᠦᠷᠭᠡᠨ ᠬᠦᠷᠭᠡᠬᠦ ᠵᠦᠢᠯ᠎ᠢ ᠬᠥᠮᠥᠷᠭᠡᠯᠡᠨ ᠬᠠᠳᠠᠭᠠᠯᠠᠬᠤ ᠲᠥᠪ᠎ᠦᠨ ᠪᠠᠭᠲᠠᠭᠠᠮᠵᠢ᠎ᠶᠢ ᠥᠷᠭᠡᠳᠬᠡᠬᠦ᠂ ᠭᠠᠳᠠᠭᠠᠳᠤ᠎ᠳᠡᠬᠢ ᠬᠥᠮᠥᠷᠭᠡ ᠬᠢᠭᠡᠳ ᠬᠢᠯᠢ᠎ᠶᠢᠨ ᠬᠥᠮᠥᠷᠭᠡ᠎ᠶᠢᠨ ᠴᠢᠳᠠᠮᠵᠢ᠎ᠶᠢ ᠲᠡᠭᠦᠯᠳᠡᠷᠵᠢᠭᠦᠯᠬᠦ ᠵᠡᠷᠭᠡ ᠵᠠᠩᠭᠢᠯᠠᠭ᠎ᠠ᠎ᠶᠢᠨ ᠬᠦᠷᠢᠶ᠎ᠡ᠎ᠳᠤ ᠴᠢᠭᠯᠡᠭᠦᠯᠦᠨ᠂ ᠵᠦᠷᠢᠶᠡᠴᠢᠯᠡᠭᠰᠡᠨ ᠬᠠᠷᠠᠭᠠᠯᠵᠠᠨ ᠲᠡᠳᠬᠦᠬᠦ ᠲᠥᠷᠥ᠎ᠶᠢᠨ ᠪᠣᠳᠣᠯᠭ᠎ᠠ᠎ᠶᠢ ᠲᠣᠭᠲᠠᠭᠠᠨ᠎ᠠ᠃ 

(ᠬᠣᠶᠠᠷ) ᠡᠳ᠋᠎ᠦᠨ ᠵᠠᠰᠠᠭ᠎ᠤᠨ ᠪᠡᠯᠡ ᠮᠥᠩᠭᠥᠨ᠎ᠦ ᠳᠡᠮᠵᠢᠯᠭᠡ᠎ᠶᠢᠨ ᠡᠷᠴᠢᠮ᠎ᠢ ᠴᠢᠩᠭᠠᠷᠠᠭᠤᠯᠤᠨ᠎ᠠ᠃ ᠡᠷᠢᠶᠡᠨ ᠬᠣᠲᠠ᠎ᠶᠢᠨ ᠶᠡᠷᠦᠩᠬᠡᠢᠯᠡᠭᠰᠡᠨ ᠲᠤᠷᠰᠢᠯᠲᠠ᠎ᠶᠢᠨ ᠣᠷᠣᠨ᠎ᠤ ᠬᠥᠭᠵᠢᠯᠲᠡ᠎ᠶᠢᠨ ᠪᠣᠳᠠᠲᠤ ᠪᠠᠢᠳᠠᠯ᠎ᠳᠤ ᠰᠠᠭᠤᠷᠢᠯᠠᠨ᠂ ᠡᠳ᠋᠎ᠦᠨ ᠵᠠᠰᠠᠭ᠎ᠤᠨ ᠲᠤᠰᠬᠠᠢ ᠵᠦᠢᠯ᠎ᠦᠨ ᠪᠡᠯᠡ ᠮᠥᠩᠭᠥ᠎ᠶᠢ ᠨᠡᠢᠳᠬᠡᠬᠦ᠂ ᠨᠡᠢᠭᠡᠮ᠎ᠦᠨ ᠬᠥᠷᠥᠩᠭᠡ᠎ᠶᠢ ᠬᠥᠲᠥᠯᠥᠨ ᠵᠢᠯᠤᠭᠣᠳᠴᠤ ᠣᠷᠤᠯᠴᠠᠭᠤᠯᠬᠤ᠂ ᠲᠥᠷᠥ᠎ᠶᠢᠨ ᠪᠣᠳᠣᠯᠭ᠎ᠠ᠎ᠶᠢᠨ ᠴᠢᠨᠠᠷᠲᠠᠢ ᠮᠥᠩᠭᠥᠨ ᠭᠦᠢᠯᠭᠡᠭᠡᠨ᠎ᠦ ᠳᠡᠮᠵᠢᠯᠭᠡ᠎ᠶᠢ ᠲᠡᠮᠡᠴᠡᠨ ᠣᠯᠬᠤ ᠵᠡᠷᠭᠡ ᠠᠷᠭ᠎ᠠ ᠮᠠᠶᠢᠭ᠋᠎ᠢᠶᠠᠷ ᠳᠠᠮᠵᠢᠭᠤᠯᠤᠨ᠂ ᠠᠵᠤ ᠦᠢᠯᠡᠰ᠎ᠦᠨ ᠬᠥᠭᠵᠢᠯᠲᠡ᠎ᠳᠦ ᠲᠣᠭᠲᠠᠪᠤᠷᠢᠲᠠᠢ ᠪᠡᠯᠡ ᠮᠥᠩᠭᠥᠨ᠎ᠦ ᠲᠤᠯᠭᠠᠭᠤᠷᠢᠯᠠᠯ ᠬᠠᠩᠭᠠᠨ᠎ᠠ᠃ ᠡᠷᠢᠶᠡᠨ ᠬᠣᠲᠠ᠎ᠶᠢᠨ ᠶᠡᠷᠦᠩᠬᠡᠢᠯᠡᠭᠰᠡᠨ ᠲᠤᠷᠰᠢᠯᠲᠠ᠎ᠶᠢᠨ ᠣᠷᠣᠨ᠎ᠤ ᠳᠣᠲᠣᠷᠠᠬᠢ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠱᠠᠭᠠᠷᠳᠠᠯᠭ᠎ᠠ᠎ᠳᠤ ᠨᠡᠢᠴᠡᠭᠰᠡᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠵᠥᠭᠡᠯᠡᠨ ᠬᠠᠲᠠᠭᠤ ᠬᠡᠷᠡᠭᠰᠡᠯ᠎ᠤᠨ ᠪᠡᠯᠡᠳᠬᠡᠮᠵᠢ ᠪᠦᠲᠦᠭᠡᠨ ᠪᠠᠢᠭᠣᠯᠬᠣ᠌ ᠲᠥᠷᠥᠯ ᠵᠦᠢᠯ᠎ᠳᠦ ᠬᠠᠮᠢᠶ᠎ᠠ ᠪᠦᠬᠦᠢ ᠲᠥᠷᠥ᠎ᠶᠢᠨ ᠪᠣᠳᠣᠯᠭ᠎ᠠ᠎ᠶᠢᠨ ᠪᠠᠷᠢᠮᠵᠢᠶ᠎ᠠ ᠪᠠ ᠭᠤᠶᠤᠴᠢᠯᠠᠨ ᠮᠡᠳᠡᠭᠦᠯᠬᠦ ᠲᠠᠰ ᠳᠠᠷᠠᠭᠠᠯᠠᠯ ᠶᠣᠰᠣᠭᠠᠷ ᠳᠡᠮᠵᠢᠯᠭᠡ ᠦᠵᠡᠭᠦᠯᠦᠨ᠎ᠡ; ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠳ᠋ᠠᠢᠲ᠋ᠠ᠎ᠶᠢᠨ ᠳᠠᠮᠵᠢᠭᠤᠯᠭ᠎ᠠ᠎ᠶᠢᠨ ᠦᠢᠯᠡᠴᠢᠯᠡᠭᠡ ᠪᠠ ᠰᠦᠯᠵᠢᠶᠡᠨ᠎ᠦ ᠠᠮᠤᠷ ᠲᠦᠪᠰᠢᠨ᠎ᠦ ᠬᠠᠮᠠᠭᠠᠯᠠᠯᠲᠠ᠎ᠳᠤ᠂ ᠨᠢᠭᠡᠨᠲᠡ ᠪᠠᠢᠭ᠎ᠠ ᠡᠳ᠋᠎ᠦᠨ ᠵᠠᠰᠠᠭ᠎ᠤᠨ ᠲᠤᠰᠬᠠᠢ ᠵᠦᠢᠯ᠎ᠦᠨ ᠪᠡᠯᠡ ᠮᠥᠩᠭᠥ᠎ᠶᠢ ᠨᠢᠭᠡᠳᠦᠯᠲᠡᠢ ᠲᠥᠯᠥᠪᠯᠡᠵᠦ ᠪᠠᠲᠤᠯᠠᠭ᠎ᠠ ᠬᠠᠩᠭᠠᠨ᠎ᠠ᠃

(ᠭᠤᠷᠪᠠ) ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠶᠡᠷᠦᠩᠬᠡᠢᠯᠡᠭᠰᠡᠨ ᠦᠢᠯᠡᠴᠢᠯᠡᠭᠡᠨ᠎ᠦ ᠲᠣᠭᠲᠠᠯᠴᠠᠭ᠎ᠠ᠎ᠶᠢ ᠪᠦᠷᠢᠨᠰᠢᠭᠦᠯᠦᠨ᠎ᠡ᠃ ᠡᠷᠢᠶᠡᠨ ᠬᠣᠲᠠ᠎ᠶᠢᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠶᠡᠷᠦᠩᠬᠡᠢᠯᠡᠭᠰᠡᠨ (ᠣᠯᠠᠨ ᠨᠡᠢᠲᠡ) ᠦᠢᠯᠡᠴᠢᠯᠡᠭᠡᠨ᠎ᠦ ᠲᠠᠪᠴᠠᠩ᠎ᠢ ᠪᠠᠢᠭᠤᠯᠤᠨ ᠲᠡᠭᠦᠯᠳᠡᠷᠵᠢᠭᠦᠯᠵᠦ᠂ ᠲᠠᠪᠴᠠᠩ᠎ᠳᠤ ᠣᠷᠣᠵᠤ ᠰᠠᠭᠤᠭᠰᠠᠨ ᠪᠥᠬᠥ ᠬᠣᠲᠠ᠎ᠶᠢᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠠᠵᠤ ᠠᠬᠤᠢᠯᠠᠯ᠎ᠳᠤ ᠳᠥᠭᠥᠮᠴᠢᠯᠡᠭᠰᠡᠨ ᠳ᠋ᠠᠢᠲ᠋ᠠ᠎ᠶᠢᠨ ᠭᠤᠶᠤᠴᠢᠯᠠᠨ ᠮᠡᠳᠡᠭᠦᠯᠦᠯᠲᠡ᠂ ᠪᠣᠭᠣᠮᠲᠠ᠎ᠪᠠᠷ ᠥᠩᠭᠡᠷᠡᠬᠦ ᠪᠠᠷᠠᠭᠠᠨ᠎ᠤ ᠭᠦᠢᠯᠭᠡᠭᠡ᠂ ᠳ᠋ᠠᠢᠲ᠋ᠠ᠎ᠶᠢᠨ ᠬᠤᠷᠢᠶᠠᠩᠭᠤᠢᠯᠠᠯ᠂ ᠮᠥᠩᠭᠥᠨ ᠭᠦᠢᠯᠭᠡᠭᠡᠨ᠎ᠦ ᠳᠡᠮᠵᠢᠯᠭᠡ ᠵᠡᠷᠭᠡ ᠦᠢᠯᠡᠴᠢᠯᠡᠭᠡᠨ ᠬᠠᠩᠭᠠᠵᠤ᠂ ᠡᠷᠢᠶᠡᠨ ᠬᠣᠲᠠ᠎ᠶᠢᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠣᠨᠴᠠᠯᠢᠭ᠋᠎ᠲᠤ ᠲᠣᠬᠢᠷᠠᠭᠰᠠᠨ ᠰᠢᠨ᠎ᠡ ᠬᠡᠯᠪᠡᠷᠢ᠎ᠶᠢᠨ ᠬᠢᠨᠠᠨ ᠬᠠᠮᠢᠶᠠᠷᠬᠤ ᠦᠢᠯᠡᠴᠢᠯᠡᠭᠡᠨ᠎ᠦ ᠵᠠᠭᠪᠤᠷ ᠪᠠ ᠳᠦᠷᠢᠮ᠎ᠦᠨ ᠲᠣᠭᠲᠠᠯᠴᠠᠭ᠎ᠠ᠎ᠶᠢ ᠪᠠᠢᠭᠤᠯᠤᠨ᠎ᠠ᠃ 

(ᠳᠥᠷᠪᠡ) ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠵᠠᠬ᠎ᠠ ᠳᠡᠯᠭᠡᠭᠦᠷ᠎ᠦᠨ ᠭᠣᠣᠯ ᠴᠣᠭᠴᠠ᠎ᠶᠢ ᠪᠣᠢᠵᠢᠭᠤᠯᠤᠨ᠎ᠠ᠃ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠨᠡᠷᠡᠲᠦ ᠲᠡᠮᠳᠡᠭ᠎ᠦᠨ ᠬᠤᠳᠠᠯᠳᠤᠭ᠍ᠴᠢ᠂ ᠬᠠᠩᠭᠠᠯᠭ᠎ᠠ᠎ᠶᠢᠨ ᠬᠡᠯᠬᠢᠶ᠎ᠡ᠂ ᠪᠠᠷᠠᠭᠠᠨ᠎ᠤ ᠭᠦᠢᠯᠭᠡᠭᠡ᠂ ᠮᠥᠩᠭᠥᠨ ᠭᠦᠢᠯᠭᠡᠭᠡᠨ᠎ᠦ ᠲᠣᠭᠠᠴᠠᠭ᠎ᠠ ᠵᠡᠷᠭᠡ ᠲᠥᠷᠥᠯ ᠵᠦᠢᠯ᠎ᠢ ᠣᠷᠣᠭᠤᠯᠤᠨ ᠠᠪᠴᠢᠷᠠᠬᠤ ᠡᠷᠴᠢᠮ᠎ᠢᠶᠡᠨ ᠴᠢᠩᠭᠠᠷᠠᠭᠤᠯᠵᠤ᠂ ᠡᠷᠢᠶᠡᠨ ᠬᠣᠲᠠ᠎ᠳᠤ ᠣᠷᠣᠨ ᠪᠦᠰᠡ᠎ᠶᠢᠨ ᠶᠡᠷᠦᠩᠬᠡᠢ ᠬᠡᠯᠲᠡᠰ ᠵᠢᠴᠢ ᠡᠵᠡᠩᠨᠡᠯᠲᠡ᠂ ᠦᠢᠯᠡᠴᠢᠯᠡᠭᠡ᠂ ᠪᠠᠷᠠᠭ᠎ᠠ ᠴᠤᠭᠯᠠᠭᠤᠯᠬᠤ ᠲᠥᠪ ᠵᠡᠷᠭᠡ ᠴᠢᠳᠠᠮᠵᠢᠲᠤ ᠪᠠᠢᠭᠤᠯᠤᠮᠵᠢ ᠪᠠᠢᠭᠤᠯᠬᠤ᠎ᠶᠢ ᠵᠣᠷᠢᠭ᠍ᠵᠢᠭᠤᠯᠤᠨ᠎ᠠ᠃ ᠤᠯᠠᠮᠵᠢᠯᠠᠯᠲᠤ ᠦᠢᠯᠡᠳᠬᠦ ᠦᠢᠯᠡᠰ᠂ ᠭᠠᠳᠠᠭᠠᠳᠤ ᠠᠷᠠᠯᠵᠢᠶᠠᠨ᠎ᠤ ᠠᠵᠤ ᠠᠬᠤᠢᠯᠠᠯ᠂ ᠤᠯᠤᠰ᠎ᠤᠨ ᠳᠣᠲᠣᠭᠠᠳᠤ᠎ᠶᠢᠨ ᠡᠯᠧᠺᠲᠷᠣᠨ ᠬᠤᠳᠠᠯᠳᠤᠭᠠᠨ᠎ᠤ ᠠᠵᠤ ᠠᠬᠤᠢᠯᠠᠯ᠎ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠲᠤᠬᠠᠢᠯᠠᠭᠰᠠᠨ ᠠᠵᠢᠯ᠎ᠢᠶᠠᠨ ᠪᠤᠵᠠᠭᠠᠢᠷᠠᠭᠤᠯᠤᠨ ᠬᠦᠴᠦᠷᠬᠡᠭᠵᠢᠭᠦᠯᠬᠦ᠎ᠶᠢ ᠨᠢ ᠳᠡᠮᠵᠢᠵᠦ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠠᠵᠢᠯ ᠲᠥᠷᠥᠯ᠎ᠦᠨ ᠬᠥᠲᠥᠴᠢ ᠠᠵᠤ ᠠᠬᠤᠢᠯᠠᠯ᠎ᠢ ᠪᠣᠢᠵᠢᠭᠤᠯᠬᠤ ᠡᠷᠴᠢᠮ᠎ᠢᠶᠡᠨ ᠴᠢᠩᠭᠠᠷᠠᠭᠤᠯᠵᠤ᠂ ᠵᠢᠱ᠌ᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠦᠢᠯᠡᠳᠦᠯ᠎ᠢ ᠪᠠᠳᠠᠷᠠᠭᠤᠯᠤᠨ᠂ ᠠᠵᠤ ᠦᠢᠯᠡᠰ᠎ᠦᠨ ᠬᠡᠯᠬᠢᠶᠡᠨ᠎ᠦ ᠳᠡᠭᠡᠳᠦ ᠳᠣᠣᠷᠠᠳᠤ ᠬᠡᠯᠬᠢᠶᠡᠨ᠎ᠦ ᠠᠵᠤ ᠠᠬᠤᠢᠯᠠᠯ᠎ᠤᠨ ᠬᠠᠮᠵᠢᠯᠴᠠᠨ ᠬᠥᠭᠵᠢᠬᠦ᠎ᠶᠢ ᠳᠠᠢᠴᠢᠯᠠᠵᠤ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠠᠵᠤ ᠦᠢᠯᠡᠰ᠎ᠦᠨ ᠪᠦᠯᠦᠭᠵᠢᠯ᠎ᠢ ᠪᠣᠶ ᠪᠣᠯᠭᠠᠨ᠎ᠠ᠃ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠲᠠᠪᠴᠠᠩ᠎ᠤᠨ ᠠᠵᠤ ᠠᠬᠤᠢᠯᠠᠯ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠠᠵᠤ ᠦᠢᠯᠡᠰ᠎ᠦᠨ ᠬᠦᠷᠢᠶᠡᠯᠡᠩ᠎ᠳᠦ ᠣᠷᠣᠵᠤ ᠰᠠᠭᠤᠬᠤ᠎ᠶᠢ ᠨᠢ ᠵᠣᠷᠢᠭ᠍ᠵᠢᠭᠤᠯᠵᠤ᠂ ᠡᠯ᠎ᠡ ᠲᠥᠷᠥᠯ᠎ᠦᠨ ᠵᠠᠬ᠎ᠠ ᠳᠡᠯᠭᠡᠭᠦᠷ᠎ᠦᠨ ᠭᠣᠣᠯ ᠴᠣᠭᠴᠠ᠎ᠶᠢᠨ ᠬᠢᠨ᠎ᠦ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠶᠡᠷᠦᠩᠬᠡᠢᠯᠡᠭᠰᠡᠨ ᠦᠢᠯᠡᠴᠢᠯᠡᠭᠡᠨ᠎ᠦ ᠲᠠᠪᠴᠠᠩ᠂ ᠲᠤᠰᠠᠭᠠᠷ ᠥᠷᠲᠡᠭᠡ᠂ ᠭᠤᠷᠪᠠᠳᠠᠭᠢ ᠡᠲᠡᠭᠡᠳ᠎ᠦᠨ ᠲᠠᠪᠴᠠᠩ᠎ᠢᠶᠠᠷ ᠳᠠᠮᠵᠢᠭᠤᠯᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠲᠤᠬᠠᠢᠯᠠᠭᠰᠠᠨ ᠠᠵᠢᠯ ᠥᠷᠨᠢᠭᠦᠯᠬᠦ᠎ᠶᠢ ᠨᠢ ᠵᠣᠷᠢᠭ᠍ᠵᠢᠭᠤᠯᠤᠨ᠎ᠠ᠃ 

(ᠲᠠᠪᠤ) ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠭᠠᠳᠠᠭᠠᠳᠤ᠎ᠳᠠᠬᠢ ᠬᠥᠮᠥᠷᠭᠡ᠎ᠶᠢᠨ ᠪᠠᠢᠭᠤᠯᠤᠯᠲᠠ᠎ᠶᠢ ᠠᠬᠢᠭᠤᠯᠤᠨ᠎ᠠ᠃ ᠡᠷᠢᠶᠡᠨ ᠬᠣᠲᠠ᠎ᠶᠢᠨ ᠶᠡᠷᠦᠩᠬᠡᠢᠯᠡᠭᠰᠡᠨ ᠲᠤᠷᠰᠢᠯᠲᠠ᠎ᠶᠢᠨ ᠣᠷᠣᠨ᠎ᠳᠤ ᠣᠷᠣᠵᠤ ᠰᠠᠭᠤᠭᠰᠠᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠠᠵᠤ ᠠᠬᠤᠢᠯᠠᠯ᠎ᠢ ᠵᠣᠷᠢᠭ᠍ᠵᠢᠭᠤᠯᠤᠨ ᠳᠡᠮᠵᠢᠵᠦ ᠪᠠᠢᠭᠠᠳ ᠮᠣᠩᠭᠣᠯ ᠤᠯᠤᠰ᠂ ᠣᠷᠣᠰ᠎ᠲᠤ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠭᠠᠳᠠᠭᠠᠳᠤ ᠬᠥᠮᠥᠷᠭᠡ ᠪᠠᠢᠭᠤᠯᠵᠤ᠂ ᠡᠷᠢᠶᠡᠨ ᠬᠣᠲᠠ᠎ᠶᠢᠨ ᠬᠢᠯᠢ᠎ᠶᠢᠨ ᠬᠥᠮᠥᠷᠭᠡ ᠯᠦ᠍ᠭᠡ ᠳ᠋ᠠᠢᠲ᠋ᠠ᠎ᠶᠢᠨ ᠲᠠᠯ᠎ᠠ᠎ᠪᠠᠷ ᠬᠠᠷᠢᠯᠴᠠᠨ ᠬᠣᠯᠪᠣᠭᠠᠯᠠᠬᠤ᠂ ᠭᠣᠭᠴᠣᠭᠠᠨ᠎ᠤ ᠬᠠᠷᠢᠯᠴᠠᠨ ᠨᠡᠪᠲᠡᠷᠡᠯᠴᠡᠬᠦ᠂ ᠠᠷᠠᠯᠵᠢᠶᠠᠨ᠎ᠤ ᠬᠠᠷᠢᠯᠴᠠᠨ ᠦᠢᠯᠡᠳᠦᠯᠴᠡᠬᠦ᠎ᠶᠢ ᠪᠡᠶᠡᠯᠡᠭᠦᠯᠦᠨ᠎ᠡ᠃ ᠭᠠᠳᠠᠭᠠᠳᠤ᠎ᠳᠠᠬᠢ ᠬᠥᠮᠥᠷᠭᠡ᠎ᠶᠢᠨ ᠦᠢᠯᠡᠳᠬᠦᠨ᠎ᠢ ᠳᠡᠯᠭᠡᠨ ᠦᠵᠡᠭᠦᠯᠬᠦ᠂ ᠪᠣᠷᠣᠯᠠᠭᠤᠯᠤᠭᠰᠠᠨ᠎ᠤ ᠳᠠᠷᠠᠭᠠᠬᠢ ᠰᠡᠯᠪᠢᠨ ᠵᠠᠰᠠᠬᠤ᠂ ᠬᠠᠩᠭᠠᠯᠭ᠎ᠠ᠎ᠶᠢᠨ ᠬᠡᠯᠬᠢᠶᠡᠨ᠎ᠦ ᠮᠥᠩᠭᠥᠨ ᠭᠦᠢᠯᠭᠡᠭᠡ ᠵᠡᠷᠭᠡ ᠦᠢᠯᠡᠴᠢᠯᠡᠭᠡᠨ᠎ᠦ ᠴᠢᠳᠠᠮᠵᠢ᠎ᠪᠠᠨ ᠥᠷᠭᠡᠳᠬᠡᠬᠦ᠎ᠶᠢ ᠠᠬᠢᠭᠤᠯᠵᠤ᠂ ᠭᠠᠳᠠᠭᠠᠳᠤ᠎ᠳᠠᠬᠢ ᠬᠥᠮᠥᠷᠭᠡ᠎ᠶᠢᠨ ᠮᠡᠳᠡᠭᠡ ᠵᠠᠩᠭᠢᠴᠢᠯᠠᠯᠲᠠ᠎ᠶᠢᠨ ᠪᠠᠢᠭᠤᠯᠤᠯᠲᠠ᠂ ᠣᠶᠤᠨᠴᠢᠯᠠᠭᠰᠠᠨ ᠬᠥᠭᠵᠢᠯᠲᠡ ᠪᠠ ᠤᠯᠠᠨ ᠡᠰᠢᠵᠢᠭᠰᠡᠨ ᠦᠢᠯᠡᠴᠢᠯᠡᠭᠡᠨ᠎ᠦ ᠬᠢᠷᠢ ᠲᠦᠪᠰᠢᠨ᠎ᠢ ᠳᠡᠭᠡᠭᠰᠢᠯᠡᠭᠦᠯᠦᠨ᠎ᠡ᠃ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠪᠣᠳᠠᠲᠤ ᠪᠦᠲᠦᠮᠵᠢ ᠲᠠᠢ ᠠᠵᠤ ᠠᠬᠤᠢᠯᠠᠯ᠎ᠤᠨ ᠬᠢᠨ᠎ᠦ ᠨᠥᠬᠥᠴᠡᠯ᠎ᠳᠦ ᠨᠡᠢᠴᠡᠬᠦ ᠣᠯᠠᠨ ᠨᠡᠢᠲᠡ᠎ᠶᠢᠨ ᠭᠠᠳᠠᠭᠠᠳᠤ᠎ᠳᠠᠬᠢ ᠬᠥᠮᠥᠷᠭᠡ ᠬᠡᠷᠡᠭᠯᠡᠬᠦ᠎ᠳᠦ ᠳᠡᠮᠵᠢᠯᠭᠡ ᠦᠵᠡᠭᠦᠯᠦᠨ᠎ᠡ᠃ 

(ᠵᠢᠷᠭᠤᠭ᠎ᠠ) ᠬᠢᠨᠠᠯᠲᠠ ᠬᠠᠮᠢᠶᠠᠷᠤᠯᠲᠠ᠎ᠶᠢᠨ ᠳᠥᠭᠥᠮᠴᠢᠯᠡᠯᠲᠡ᠎ᠶᠢᠨ ᠬᠢᠷᠢ ᠲᠦᠪᠰᠢᠨ᠎ᠢ ᠳᠡᠭᠡᠭᠰᠢᠯᠡᠭᠦᠯᠦᠨ᠎ᠡ᠃ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠬᠢᠯᠢ᠎ᠶᠢᠨ ᠬᠥᠮᠥᠷᠭᠡ ᠪᠠᠢᠭᠤᠯᠬᠤ᠎ᠶᠢ ᠳᠡᠮᠵᠢᠵᠦ᠂ ᠭᠠᠳᠠᠭᠠᠳᠤ᠎ᠳᠤ ᠭᠠᠷᠭᠠᠬᠤ ᠬᠣᠷᠰᠢᠨ ᠬᠠᠢᠷᠴᠠᠭᠯᠠᠭᠰᠠᠨ ᠪᠠᠷᠠᠭ᠎ᠠ᠎ᠶᠢ 《ᠤᠷᠢᠳ᠎ᠢᠶᠠᠷ ᠪᠠᠢᠴᠠᠭᠠᠨ ᠰᠢᠯᠭᠠᠵᠤ᠂ ᠳᠠᠷᠠᠭ᠎ᠠ ᠨᠢ ᠠᠴᠢᠶᠠᠯᠠᠨ ᠲᠡᠭᠡᠭᠡᠪᠦᠷᠢᠯᠡᠬᠦ》 ᠬᠢᠨᠠᠯᠲᠠ ᠬᠠᠮᠢᠶᠠᠷᠤᠯᠲᠠ᠎ᠶᠢᠨ ᠵᠠᠭᠪᠤᠷ᠎ᠢ ᠰᠦᠪᠡᠭᠴᠢᠯᠡᠨ᠂ ᠠᠵᠤ ᠠᠬᠤᠢᠯᠠᠯ᠎ᠤᠨ ᠬᠥᠮᠥᠷᠭᠡ᠎ᠶᠢᠨ ᠵᠥᠭᠡᠯᠡᠨ ᠬᠠᠲᠠᠭᠤ ᠬᠡᠷᠡᠭᠰᠡᠯ᠎ᠤᠨ ᠪᠡᠯᠡᠳᠬᠡᠮᠵᠢ᠎ᠶᠢ ᠰᠢᠯᠢᠳᠡᠭᠵᠢᠭᠦᠯᠦᠨ ᠲᠡᠭᠦᠯᠳᠡᠷᠵᠢᠭᠦᠯᠵᠦ ᠬᠣᠷᠰᠢᠨ ᠬᠠᠢᠷᠴᠠᠭᠯᠠᠵᠤ ᠪᠠᠷᠠᠭ᠎ᠠ ᠨᠡᠢᠯᠡᠭᠦᠯᠬᠦ᠂ ᠡᠵᠡᠮᠳᠡᠨ ᠪᠠᠢᠴᠠᠭᠠᠨ ᠰᠢᠯᠭᠠᠬᠤ ᠵᠡᠷᠭᠡ ᠴᠢᠳᠠᠮᠵᠢ᠎ᠶᠢ ᠪᠡᠶᠡᠯᠡᠭᠦᠯᠬᠦ᠎ᠶᠢ ᠨᠢ ᠵᠣᠷᠢᠭ᠍ᠵᠢᠭᠤᠯᠵᠤ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠪᠣᠳᠠᠲᠤ ᠪᠦᠲᠦᠮᠵᠢ ᠲᠠᠢ ᠠᠵᠤ ᠠᠬᠤᠢᠯᠠᠯ ᠪᠤᠶᠤ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠦᠢᠯᠡᠴᠢᠯᠡᠭᠡᠨ᠎ᠦ ᠠᠵᠤ ᠠᠬᠤᠢᠯᠠᠯ᠎ᠤᠨ ᠨᠥᠬᠥᠴᠡᠯ᠎ᠳᠦ ᠨᠡᠢᠴᠡᠬᠦ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠬᠢᠯᠢ᠎ᠶᠢᠨ ᠬᠥᠮᠥᠷᠭᠡ ᠬᠡᠷᠡᠭᠯᠡᠬᠦ᠎ᠳᠦ ᠳᠡᠮᠵᠢᠯᠭᠡ ᠦᠵᠡᠭᠦᠯᠦᠨ᠎ᠡ᠃ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠠᠵᠤ ᠠᠬᠤᠢᠯᠠᠯ᠎ᠤᠨ ᠢᠲᠡᠭᠡᠮᠵᠢ᠎ᠶᠢᠨ ᠮᠡᠳᠡᠭᠡ ᠵᠠᠩᠭᠢ᠎ᠶᠢᠨ ᠬᠡᠷᠡᠭᠯᠡᠯᠲᠡ᠎ᠶᠢ ᠴᠢᠩᠭᠠᠷᠠᠭᠤᠯᠵᠤ᠂ ᠪᠣᠭᠣᠮᠲᠠ᠎ᠶᠢᠨ ᠳᠡᠭᠡᠳᠦ ᠵᠡᠷᠭᠡ᠎ᠶᠢᠨ ᠭᠡᠷᠡᠴᠢᠯᠡᠯ᠎ᠦᠨ ᠠᠵᠤ ᠠᠬᠤᠢᠯᠠᠯ᠎ᠢ ᠬᠦᠴᠦᠯᠡᠨ ᠪᠣᠢᠵᠢᠭᠤᠯᠤᠨ᠎ᠠ᠃ 

(ᠳᠣᠯᠣᠭ᠎ᠠ) ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠠᠵᠤ ᠠᠬᠤᠢᠯᠠᠯ᠎ᠤᠨ 《ᠦᠵᠡᠭᠦᠯᠭᠡ᠎ᠶᠢ ᠲᠦᠰᠢᠭᠯᠡᠨ ᠭᠠᠳᠠᠭ᠍ᠰᠢ ᠭᠠᠷᠭᠠᠬᠤ》ᠶ᠋ᠢ ᠳᠡᠮᠵᠢᠨ᠎ᠡ᠃ ᠡᠷᠢᠶᠡᠨ ᠬᠣᠲᠠ᠎ᠶᠢᠨ ᠶᠡᠷᠦᠩᠬᠡᠢᠯᠡᠭᠰᠡᠨ ᠲᠤᠷᠰᠢᠯᠲᠠ᠎ᠶᠢᠨ ᠣᠷᠣᠨ᠎ᠳᠤ ᠣᠷᠣᠵᠤ ᠰᠠᠭᠤᠭᠰᠠᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠲᠠᠪᠴᠠᠩ᠂ ᠪᠠᠷᠠᠭᠠᠨ᠎ᠤ ᠭᠦᠢᠯᠭᠡᠭᠡ᠂ ᠭᠠᠳᠠᠭᠠᠳᠤ᠎ᠳᠠᠬᠢ ᠬᠥᠮᠥᠷᠭᠡ ᠵᠡᠷᠭᠡ ᠠᠵᠤ ᠠᠬᠤᠢᠯᠠᠯ᠎ᠳᠤ ᠬᠢᠯᠢ᠎ᠶᠢᠨ ᠳᠣᠲᠣᠨ᠎ᠠ ᠭᠠᠳᠠᠨᠠᠬᠢ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠦᠵᠡᠭᠦᠯᠭᠡ᠎ᠶᠢᠨ ᠵᠥᠪᠳᠡᠯᠴᠡᠭᠡᠷ᠎ᠦᠨ ᠡᠯ᠎ᠡ ᠲᠥᠷᠥᠯ᠎ᠦᠨ ᠬᠤᠷᠠᠯ᠎ᠳᠤ ᠣᠷᠣᠯᠴᠠᠬᠤ᠎ᠶᠢ ᠵᠣᠷᠢᠭ᠍ᠵᠢᠭᠤᠯᠤᠨ᠎ᠠ; ᠠᠵᠤ ᠠᠬᠤᠢᠯᠠᠯ᠎ᠤᠨ ᠡᠷᠢᠶᠡᠨ ᠬᠣᠲᠠ᠎ᠳᠤ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠂ ᠡᠷᠢᠶᠡᠨ ᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ᠎ᠤ ᠳᠡᠮᠵᠢᠭᠰᠡᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠲᠤᠰᠬᠠᠢ ᠮᠡᠷᠭᠡᠵᠢᠯ᠎ᠦᠨ ᠦᠵᠡᠭᠦᠯᠭᠡ᠎ᠶᠢᠨ ᠴᠤᠭᠯᠠᠭᠠᠨ ᠡᠷᠭᠢᠯᠡᠬᠦ᠎ᠶᠢ ᠨᠢ ᠵᠣᠷᠢᠭ᠍ᠵᠢᠭᠤᠯᠤᠨ᠎ᠠ᠃

(ᠨᠠᠢ᠍ᠮᠠ) ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠬᠦᠷᠢᠶᠡᠨ᠎ᠳᠡᠬᠢ ᠴᠢᠳᠠᠪᠤᠷᠢᠲᠠᠨ᠎ᠢ ᠬᠥᠮᠥᠵᠢᠭᠦᠯᠬᠦ᠎ᠶᠢ ᠴᠢᠩᠭᠠᠷᠠᠭᠤᠯᠤᠨ᠎ᠠ᠃ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠭᠣᠣᠯᠳᠠᠯᠭ᠎ᠠ᠎ᠲᠠᠢ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ᠎ᠶᠢ ᠳᠡᠮᠵᠢᠵᠦ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠰᠦᠯᠵᠢᠶ᠎ᠡ᠎ᠪᠡᠷ ᠪᠠ ᠰᠦᠯᠵᠢᠶᠡᠨ ᠭᠠᠳᠠᠨᠠᠬᠢ᠎ᠶᠢ ᠬᠠᠷᠢᠯᠴᠠᠨ ᠠᠭᠤᠰᠤᠯᠴᠠᠭᠤᠯᠤᠭᠰᠠᠨ ᠪᠥᠬᠥ ᠬᠡᠯᠬᠢᠶᠡᠨ᠎ᠤ ᠪᠣᠯᠪᠠᠰᠤᠷᠠᠯ᠎ᠤᠨ ᠲᠣᠭᠲᠠᠴᠠ᠎ᠶᠢ ᠬᠦᠴᠦᠯᠡᠨ ᠪᠠᠢᠭᠤᠯᠤᠨ᠎ᠠ᠃ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠠᠵᠤ ᠠᠬᠤᠢᠯᠠᠯ ᠬᠢᠭᠡᠳ ᠶᠡᠬᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ᠎ᠤ ᠰᠤᠳᠤᠯᠤᠯ᠎ᠤᠨ ᠬᠦᠷᠢᠶᠡᠯᠡᠩ ᠭᠠᠵᠠᠷ ᠯᠤᠭ᠎ᠠ᠎ᠶᠢᠨ ᠬᠠᠮᠲᠤᠷᠠᠯᠴᠠᠭ᠎ᠠ᠎ᠶᠢ ᠠᠬᠢᠭᠤᠯᠵᠤ᠂ ᠴᠢᠳᠠᠪᠤᠷᠢᠲᠠᠨ᠎ᠢ ᠬᠠᠮᠲᠤᠷᠠᠨ ᠬᠥᠮᠥᠵᠢᠭᠦᠯᠬᠦ᠎ᠶᠢ ᠥᠷᠨᠢᠭᠦᠯᠵᠦ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠴᠢᠳᠠᠪᠤᠷᠢᠲᠠᠨ᠎ᠤ ᠪᠣᠯᠪᠠᠰᠤᠷᠠᠯ ᠥᠷᠨᠢᠭᠦᠯᠬᠦ ᠨᠡᠢᠭᠡᠮ᠎ᠦᠨ ᠪᠣᠯᠪᠠᠰᠤᠷᠠᠯ᠎ᠤᠨ ᠪᠠᠢᠭᠤᠯᠤᠮᠵᠢ ᠵᠢᠴᠢ ᠶᠡᠬᠡ ᠳᠡᠭᠡᠳᠦ ᠰᠤᠷᠭᠠᠭᠤᠯᠢ᠎ᠳᠤ ᠲᠣᠭᠲᠠᠭᠠᠯ ᠶᠣᠰᠣᠭᠠᠷ ᠳᠡᠮᠵᠢᠯᠭᠡ ᠦᠵᠡᠭᠦᠯᠦᠨ᠎ᠡ᠃

(ᠶᠢᠰᠦ) ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠶᠠᠪᠤᠳᠠᠯ᠎ᠤᠨ ᠵᠢᠵᠢᠭᠯᠡᠨ ᠬᠤᠳᠠᠯᠳᠤᠬᠤ ᠭᠠᠳᠠᠭᠠᠳᠤ ᠣᠷᠤᠭᠤᠯᠤᠯᠲᠠ ᠭᠠᠷᠭᠠᠯᠲᠠ᠎ᠶᠢᠨ ᠲᠥᠷᠥ᠎ᠶᠢᠨ ᠪᠣᠳᠣᠯᠭ᠎ᠠ᠎ᠶᠢ ᠨᠠᠢᠳᠠᠪᠤᠷᠢᠵᠢᠭᠤᠯᠤᠨ᠎ᠠ᠃ ᠡᠷᠢᠶᠡᠨ ᠬᠣᠲᠠ᠎ᠶᠢᠨ ᠶᠡᠷᠦᠩᠬᠡᠢᠯᠡᠭᠰᠡᠨ ᠲᠤᠷᠰᠢᠯᠲᠠ᠎ᠶᠢᠨ ᠣᠷᠣᠨ᠎ᠤ ᠳᠣᠲᠣᠷᠠᠬᠢ ᠨᠥᠬᠥᠴᠡᠯ᠎ᠳᠦ ᠨᠡᠢᠴᠡᠬᠦ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠶᠠᠪᠤᠳᠠᠯ᠎ᠤᠨ ᠵᠢᠵᠢᠭᠯᠡᠨ ᠬᠤᠳᠠᠯᠳᠤᠬᠤ ᠲᠠᠸᠠᠷ᠎ᠢ ᠭᠠᠳᠠᠭᠠᠳᠤ᠎ᠳᠤ ᠭᠠᠷᠭᠠᠬᠤ᠎ᠳᠤ 《ᠲᠣᠳᠣᠷᠬᠠᠢ ᠬᠠᠭᠤᠳᠠᠰᠤ᠎ᠶᠢ ᠬᠠᠷᠭᠤᠭᠤᠯᠤᠨ ᠶᠠᠪᠤᠭᠤᠯᠬᠤ᠂ ᠬᠤᠷᠢᠶᠠᠩᠭᠤᠢᠯᠠᠨ ᠪᠦᠷᠢᠳᠬᠡᠬᠦ》 ᠠᠷᠭ᠎ᠠ ᠮᠠᠶᠢᠭ᠋᠎ᠢ ᠠᠪᠴᠤ ᠪᠣᠭᠣᠮᠲᠠ᠎ᠳᠤ ᠮᠡᠳᠡᠭᠦᠯᠬᠦ ᠭᠠᠷᠳᠠᠮ᠎ᠢ ᠭᠦᠢᠴᠡᠳᠬᠡᠵᠦ ᠪᠣᠯᠣᠨ᠎ᠠ᠂ 《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠪᠣᠭᠣᠮᠲᠠ᠎ᠶᠢᠨ ᠭᠠᠳᠠᠭᠠᠳᠤ᠎ᠳᠤ ᠭᠠᠷᠭᠠᠬᠤ ᠪᠠᠷᠠᠭᠠᠨ᠎ᠤ ᠪᠣᠭᠣᠮᠲᠠ᠎ᠳᠤ ᠮᠡᠳᠡᠭᠦᠯᠬᠦ ᠬᠠᠭᠤᠳᠠᠰᠤ》᠎ᠶᠢ ᠳᠠᠭᠢᠵᠤ ᠬᠤᠷᠢᠶᠠᠩᠭᠤᠢᠯᠠᠨ ᠭᠠᠷᠭᠠᠬᠤ ᠦᠭᠡᠢ᠃

(ᠠᠷᠪᠠ) ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠭᠠᠢᠯᠢ ᠲᠠᠲᠠᠪᠤᠷᠢ᠎ᠶᠢᠨ ᠲᠥᠷᠥ᠎ᠶᠢᠨ ᠪᠣᠳᠣᠯᠭ᠎ᠠ᠎ᠶᠢ ᠨᠠᠢᠳᠠᠪᠤᠷᠢᠵᠢᠭᠤᠯᠤᠨ᠎ᠠ᠃ ᠡᠷᠢᠶᠡᠨ ᠬᠣᠲᠠ᠎ᠶᠢᠨ ᠶᠡᠷᠦᠩᠬᠡᠢᠯᠡᠭᠰᠡᠨ ᠲᠤᠷᠰᠢᠯᠲᠠ᠎ᠶᠢᠨ ᠣᠷᠣᠨ᠎ᠤ ᠳᠣᠲᠣᠷᠠᠬᠢ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠶᠠᠪᠤᠳᠠᠯ᠎ᠤᠨ ᠵᠢᠵᠢᠭᠯᠡᠨ ᠬᠤᠳᠠᠯᠳᠤᠬᠤ ᠭᠠᠳᠠᠭᠠᠳᠤ ᠭᠠᠷᠭᠠᠯᠲᠠ᠎ᠶᠢᠨ ᠠᠵᠤ ᠠᠬᠤᠢᠯᠠᠯ᠎ᠤᠨ ᠪᠠᠷᠠᠭ᠎ᠠ ᠣᠷᠣᠭᠤᠯᠬᠤ ᠬᠦᠴᠦᠨ ᠪᠦᠬᠦᠢ ᠪᠠᠷᠢᠮᠲᠠ ᠣᠯᠣᠭᠠᠳᠤᠢ ᠪᠠᠷᠠᠭ᠎ᠠ ᠨᠢ᠂ ᠲᠣᠭᠲᠠᠭᠠᠭᠰᠠᠨ ᠨᠥᠬᠥᠴᠡᠯ᠎ᠳᠦ ᠨᠡᠢᠴᠡᠭᠰᠡᠨ ᠪᠠᠢᠪᠠᠯ᠂ ᠭᠠᠳᠠᠭᠠᠳᠤ᠎ᠳᠤ ᠭᠠᠷᠭᠠᠬᠤ᠎ᠳᠤ ᠥᠷᠲᠡᠭ ᠨᠡᠮᠡᠭᠳᠡᠯ᠎ᠦᠨ ᠭᠠᠢᠯᠢ ᠪᠠ ᠬᠡᠷᠡᠭᠯᠡᠭᠡ᠎ᠶᠢᠨ ᠭᠠᠢᠯᠢ ᠲᠠᠲᠠᠪᠤᠷᠢᠯᠠᠬᠤ᠎ᠡᠴᠡ ᠬᠡᠯᠲᠦᠷᠢᠭᠦᠯᠦᠨ᠎ᠡ᠃ ᠡᠷᠢᠶᠡᠨ ᠬᠣᠲᠠ᠎ᠶᠢᠨ ᠶᠡᠷᠦᠩᠬᠡᠢᠯᠡᠭᠰᠡᠨ ᠲᠤᠷᠰᠢᠯᠲᠠ᠎ᠶᠢᠨ ᠣᠷᠣᠨ᠎ᠤ ᠳᠣᠲᠣᠷᠠᠬᠢ ᠵᠣᠬᠢᠬᠤ ᠨᠥᠬᠥᠴᠡᠯ᠎ᠳᠦ ᠨᠡᠢᠴᠡᠬᠦ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠶᠠᠪᠤᠳᠠᠯ᠎ᠤᠨ ᠵᠢᠵᠢᠭᠯᠡᠨ ᠬᠤᠳᠠᠯᠳᠤᠬᠤ ᠠᠵᠤ ᠠᠬᠤᠢᠯᠠᠯ᠎ᠳᠤ ᠠᠵᠤ ᠠᠬᠤᠢᠯᠠᠯ᠎ᠤᠨ ᠠᠰᠢᠭ᠋ ᠣᠷᠣᠯᠭ᠎ᠠ᠎ᠶᠢᠨ ᠭᠠᠢᠯᠢ᠎ᠶᠢ ᠬᠠᠷᠭᠤᠭᠤᠯᠤᠨ ᠲᠣᠭᠲᠠᠭᠠᠵᠤ ᠲᠠᠲᠠᠪᠤᠷᠢᠯᠠᠬᠤ ᠠᠷᠭ᠎ᠠ᠎ᠶᠢ ᠲᠤᠷᠰᠢᠨ ᠬᠡᠷᠡᠭᠵᠢᠭᠦᠯᠵᠦ᠂ ᠭᠠᠢᠯᠢ ᠲᠤᠰᠢᠶᠠᠬᠤ ᠶᠣᠰᠣᠲᠠᠢ ᠠᠰᠢᠭ᠋ ᠣᠷᠣᠯᠭ᠎ᠠ᠎ᠶᠢᠨ ᠨᠣᠷᠮ᠎ᠠ᠎ᠶᠢ 4%᠎ᠪᠠᠷ ᠨᠢᠭᠡᠳᠦᠯᠲᠡᠢ ᠲᠣᠭᠲᠠᠭᠠᠨ᠎ᠠ᠃

(ᠠᠷᠪᠠᠨ ᠨᠢᠭᠡ) ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠲᠣᠭᠠᠴᠠᠭ᠎ᠠ ᠬᠢᠵᠦ ᠳ᠋ᠦᠩᠨᠡᠨ ᠪᠤᠳᠤᠬᠤ ᠦᠢᠯᠡᠴᠢᠯᠡᠭᠡ᠎ᠶᠢ ᠰᠢᠯᠢᠳᠡᠭᠵᠢᠭᠦᠯᠦᠨ᠎ᠡ᠃ ᠡᠷᠢᠶᠡᠨ ᠬᠣᠲᠠ᠎ᠶᠢᠨ ᠶᠡᠷᠦᠩᠬᠡᠢᠯᠡᠭᠰᠡᠨ ᠲᠤᠷᠰᠢᠯᠲᠠ᠎ᠶᠢᠨ ᠣᠷᠣᠨ᠎ᠤ ᠳᠣᠲᠣᠷᠠᠬᠢ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠲᠤᠬᠠᠢᠯᠠᠭᠰᠠᠨ ᠠᠵᠢᠯ ᠥᠷᠨᠢᠭᠦᠯᠵᠦ ᠪᠠᠢᠭ᠎ᠠ ᠠᠵᠤ ᠠᠬᠤᠢᠯᠠᠯ᠎ᠤᠳ᠂ ᠰᠦᠯᠵᠢᠶ᠎ᠡ᠎ᠪᠡᠷ ᠶᠡᠷᠦᠩᠬᠡᠢᠯᠡᠭᠰᠡᠨ ᠦᠢᠯᠡᠴᠢᠯᠡᠭᠡᠨ᠎ᠦ ᠲᠠᠪᠴᠠᠩ᠎ᠤᠨ ᠳᠠᠩᠰᠠᠯᠠᠭᠤᠯᠬᠤ ᠭᠠᠷᠳᠠᠮ᠎ᠢ ᠭᠦᠢᠴᠡᠳᠬᠡᠭᠰᠡᠨ᠎ᠦ ᠳᠠᠷᠠᠭ᠎ᠠ᠂ ᠳᠠᠩᠰᠠᠯᠠᠭᠤᠯᠤᠭᠰᠠᠨ ᠪᠠᠷᠢᠮᠲᠠ᠎ᠪᠠᠷ᠎ᠢᠶᠠᠨ ᠭᠠᠳᠠᠭᠠᠳᠤ ᠭᠤᠪᠢᠭᠤᠯᠭ᠎ᠠ᠎ᠶᠢᠨ ᠳ᠋ᠦᠩᠨᠡᠨ ᠪᠤᠳᠤᠬᠤ ᠲᠠᠩᠰᠠᠨ ᠡᠷᠦᠬᠡ᠎ᠶᠢ ᠳᠦᠭᠦᠮ ᠲᠦᠷᠭᠡᠨ ᠪᠠᠢᠭᠤᠯᠬᠤ᠎ᠶᠢ ᠳᠡᠮᠵᠢᠵᠦ᠂ ᠲᠠᠩᠰᠠᠨ ᠡᠷᠦᠬᠡ ᠪᠠᠢᠭᠤᠯᠬᠤ ᠴᠤᠪᠤᠷᠠᠯ ᠪᠠ ᠮᠠᠲᠧᠷᠢᠶᠠᠯ᠎ᠤᠨ ᠱᠠᠭᠠᠷᠳᠠᠯᠭ᠎ᠠ᠎ᠶᠢ ᠨᠢ ᠳᠥᠭᠥᠮᠴᠢᠯᠡᠨ᠎ᠡ᠃ ᠠᠷᠠᠯᠵᠢᠶᠠᠨ᠎ᠤ ᠦᠨᠡᠨ ᠪᠣᠳᠠᠲᠤ ᠴᠢᠨᠠᠷ᠎ᠢ ᠬᠢᠨᠠᠨ ᠬᠠᠷᠭᠤᠭᠤᠯᠬᠤ ᠪᠠ ᠲᠦᠭᠰᠢᠭᠦᠷᠢ᠎ᠶᠢ ᠰᠡᠷᠭᠡᠢᠯᠡᠨ ᠡᠵᠡᠮᠳᠡᠬᠦ ᠲᠣᠭᠲᠠᠯᠴᠠᠭ᠎ᠠ ᠎ᠶᠢ ᠴᠢᠩᠭ᠎ᠠ ᠨᠠᠢᠳᠠᠪᠤᠷᠢᠵᠢᠭᠤᠯᠤᠭᠰᠠᠨ ᠤᠷᠢᠲᠠᠯ ᠳᠣᠣᠷ᠎ᠠ᠂ ᠰᠦᠯᠵᠢᠶᠡᠨ᠎ᠤ ᠲᠠᠪᠴᠠᠩ᠎ᠢᠶᠠᠷ ᠳᠠᠮᠵᠢᠭᠤᠯᠤᠨ 《ᠵᠠᠬᠢᠶᠠᠯᠠᠭ᠎ᠠ᠎ᠶᠢᠨ ᠬᠠᠭᠤᠳᠠᠰᠤ᠂ ᠲᠣᠭᠠᠴᠠᠭ᠎ᠠ ᠬᠢᠬᠦ ᠬᠠᠭᠤᠳᠠᠰᠤ᠂ ᠪᠠᠷᠠᠭᠠᠨ᠎ᠤ ᠭᠦᠢᠯᠭᠡᠭᠡᠨ᠎ᠦ ᠬᠠᠭᠤᠳᠠᠰᠤ》 ᠭᠡᠬᠦ ᠭᠤᠷᠪᠠᠨ ᠬᠠᠭᠤᠳᠠᠰᠤᠨ᠎ᠤ ᠮᠡᠳᠡᠭᠡ ᠵᠠᠩᠭᠢ᠎ᠶᠢ ᠴᠠᠭ ᠲᠤᠬᠠᠢ᠎ᠳᠤ ᠨᠢ ᠬᠠᠷᠭᠤᠭᠤᠯᠤᠨ ᠪᠠᠢᠴᠠᠭᠠᠭᠰᠠᠨ ᠦᠨᠡᠨ ᠪᠣᠳᠠᠲᠠᠢ ᠬᠢᠯᠢ ᠠᠯᠤᠰᠯᠠᠭᠰᠠᠨ ᠠᠷᠠᠯᠵᠢᠶ᠎ᠠ᠎ᠶᠢ ᠪᠡᠶᠡᠯᠡᠭᠦᠯᠵᠦ᠂ ᠠᠵᠤ ᠠᠬᠤᠢᠯᠠᠯ᠎ᠤᠨ ᠭᠤᠪᠢᠭᠤᠯᠭ᠎ᠠ ᠬᠤᠷᠢᠶᠠᠬᠤ᠂ ᠭᠤᠪᠢᠭᠤᠯᠭ᠎ᠠ᠎ᠶᠢ ᠳ᠋ᠦᠩᠨᠡᠨ ᠪᠤᠳᠤᠬᠤ ᠲᠤᠬᠠᠢᠯᠠᠭᠰᠠᠨ ᠠᠵᠢᠯ᠎ᠢ ᠡᠵᠡᠨ ᠮᠡᠳᠡᠵᠦ ᠭᠦᠢᠴᠡᠳᠬᠡᠬᠦ᠎ᠶᠢ ᠵᠥᠪᠰᠢᠶᠡᠷᠡᠵᠦ᠂ ᠴᠠᠭᠠᠰᠤᠨ ᠬᠡᠪᠯᠡᠯ᠎ᠦᠨ ᠪᠠᠷᠢᠮᠲᠠ᠎ᠶᠢ ᠢᠯᠡᠭᠦᠴᠡ ᠲᠤᠰᠢᠶᠠᠬᠤ ᠴᠢᠬᠤᠯᠠ ᠦᠭᠡᠢ ᠪᠠᠢᠵᠤ᠂ ᠪᠡᠯᠡ ᠮᠥᠩᠭᠥ ᠳ᠋ᠦᠩᠨᠡᠨ ᠪᠤᠳᠤᠬᠤ ᠠᠮᠢᠳᠤᠯᠢᠭ᠋ ᠴᠢᠨᠠᠷ᠎ᠢ ᠳᠡᠭᠡᠭᠰᠢᠯᠡᠭᠦᠯᠦᠨ᠎ᠡ᠃ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠠᠷᠠᠯᠵᠢᠶ᠎ᠠ᠎ᠳᠠᠬᠢ ᠠᠷᠠᠳ᠎ᠤᠨ ᠵᠣᠭᠣᠰ᠎ᠤᠨ ᠬᠡᠷᠡᠭᠯᠡᠯᠲᠡ᠎ᠶᠢ ᠶᠡᠬᠡ᠎ᠪᠡᠷ ᠳᠡᠯᠭᠡᠷᠡᠭᠦᠯᠵᠦ᠂ ᠠᠵᠤ ᠠᠬᠤᠢᠯᠠᠯ᠎ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠠᠷᠠᠯᠵᠢᠶ᠎ᠠ᠎ᠳᠤ ᠠᠷᠠᠳ᠎ᠤᠨ ᠵᠣᠭᠣᠰ᠎ᠢᠶᠠᠷ ᠦᠨ᠎ᠡ ᠪᠤᠳᠤᠵᠤ ᠳ᠋ᠦᠩᠨᠡᠨ ᠪᠤᠳᠤᠬᠤ᠎ᠶᠢ ᠵᠣᠷᠢᠭ᠍ᠵᠢᠭᠤᠯᠤᠨ᠂ ᠲᠣᠭᠠᠴᠠᠭ᠎ᠠ ᠬᠢᠵᠦ ᠳ᠋ᠦᠩᠨᠡᠨ ᠪᠤᠳᠤᠬᠤ ᠦᠷ᠎ᠡ ᠪᠦᠲᠦᠮᠵᠢ᠎ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠣᠰ ᠤᠯᠤᠰ᠎ᠤᠨ ᠪᠠ ᠭᠠᠳᠠᠭᠠᠳᠤ ᠵᠣᠭᠣᠰ᠎ᠢ ᠨᠢᠭᠡᠳᠬᠡᠭᠰᠡᠨ ᠪᠠᠩᠬᠢ᠎ᠶᠢᠨ ᠳ᠋ᠦᠩᠨᠡᠨ ᠪᠤᠳᠤᠬᠤ ᠲᠠᠩᠰᠠᠨ ᠡᠷᠦᠬᠡ᠎ᠶᠢᠨ ᠲᠣᠭᠲᠠᠯᠴᠠᠭ᠎ᠠ᠎ᠶᠢ ᠯᠠᠪᠳᠠᠭᠤᠨ᠎ᠢᠶᠠᠷ ᠠᠬᠢᠭᠤᠯᠵᠤ᠂ ᠠᠵᠤ ᠠᠬᠤᠢᠯᠠᠯ᠎ᠤᠨ ᠨᠢᠭᠡ ᠲᠠᠩᠰᠠᠨ ᠡᠷᠦᠬᠡ᠎ᠳᠦ ᠣᠯᠠᠨ ᠵᠦᠢᠯ᠎ᠦᠨ ᠵᠣᠭᠣᠰ᠎ᠤᠨ ᠲᠥᠷᠥᠯ᠎ᠢ ᠵᠡᠷᠭᠡ᠎ᠪᠡᠷ ᠬᠠᠮᠢᠶᠠᠷᠬᠤ᠎ᠶᠢ ᠪᠡᠶᠡᠯᠡᠭᠦᠯᠬᠦ᠎ᠳᠦ ᠲᠥᠬᠥᠮ ᠦᠵᠡᠭᠦᠯᠵᠦ᠂ ᠬᠢᠯᠢ ᠠᠯᠤᠰᠯᠠᠨ ᠳ᠋ᠦᠩᠨᠡᠨ ᠪᠤᠳᠤᠬᠤ ᠦᠷ᠎ᠡ ᠪᠦᠲᠦᠮᠵᠢ᠎ᠶᠢ ᠳᠡᠭᠡᠭᠰᠢᠯᠡᠭᠦᠯᠦᠨ᠎ᠡ᠃

(ᠠᠷᠪᠠᠨ ᠬᠣᠶᠠᠷ) ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠮᠥᠩᠭᠥᠨ ᠭᠦᠢᠯᠭᠡᠭᠡᠨ᠎ᠦ ᠦᠢᠯᠡᠴᠢᠯᠡᠭᠡᠨ᠎ᠦ ᠵᠠᠭᠪᠤᠷ᠎ᠢ ᠪᠠᠢᠭᠤᠯᠤᠨ ᠰᠢᠯᠢᠳᠡᠭᠵᠢᠭᠦᠯᠦᠨ᠎ᠡ᠃ ᠡᠷᠢᠶᠡᠨ ᠬᠣᠲᠠ᠎ᠶᠢᠨ ᠮᠥᠩᠭᠥᠨ ᠭᠦᠢᠯᠭᠡᠭᠡᠨ᠎ᠦ ᠪᠠᠢᠭᠤᠯᠤᠮᠵᠢ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠲᠠᠪᠴᠠᠩ᠎ᠤᠨ ᠠᠵᠤ ᠠᠬᠤᠢᠯᠠᠯ ᠯᠤᠭ᠎ᠠ ᠬᠠᠮᠲᠤᠷᠠᠵᠤ ᠮᠥᠩᠭᠥᠨ ᠭᠦᠢᠯᠭᠡᠭᠡᠨ᠎ᠦ ᠦᠢᠯᠡᠴᠢᠯᠡᠭᠡᠨ᠎ᠦ ᠨᠡᠷᠡᠳᠭᠦᠨ ᠭᠠᠷᠭᠠᠬᠤ᠎ᠶᠢ ᠵᠣᠷᠢᠭ᠍ᠵᠢᠭᠤᠯᠵᠤ᠂ ᠡᠷᠢᠶᠡᠨ ᠬᠣᠲᠠ᠎ᠶᠢᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠬᠤᠳᠠᠯᠳᠤᠨ ᠠᠪᠬᠤ ᠥᠪᠡᠷ᠎ᠦᠨ ᠥᠷᠲᠡᠭ᠎ᠢ ᠨᠢ ᠪᠠᠭᠤᠷᠠᠭᠤᠯᠤᠨ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠭᠠᠳᠠᠭᠠᠳᠤ ᠭᠠᠷᠭᠠᠯᠲᠠ᠎ᠶᠢᠨ ᠦᠷᠭᠦᠯᠵᠢᠯᠡᠨ ᠲᠣᠭᠲᠠᠭᠤᠨ᠎ᠢᠶᠠᠷ ᠬᠥᠭᠵᠢᠬᠦ᠎ᠳᠦ ᠬᠢᠵᠠᠭᠠᠷᠯᠠᠯ ᠪᠠᠭ᠎ᠠ᠂ ᠬᠦᠦ ᠮᠥᠩᠭᠥᠨ᠎ᠦ ᠨᠣᠷᠮ᠎ᠠ᠎ᠪᠠᠷ ᠳᠣᠣᠷ᠎ᠠ᠂ ᠭᠤᠶᠤᠴᠢᠯᠠᠬᠤ᠎ᠳᠤ ᠬᠢᠯᠪᠠᠷ ᠢᠲᠡᠭᠡᠮᠵᠢᠲᠦ ᠵᠢᠭᠡᠯᠡᠯᠭᠡ᠎ᠶᠢᠨ ᠳᠡᠮᠵᠢᠯᠭᠡ ᠬᠠᠩᠭᠠᠨ᠎ᠠ᠃

(ᠠᠷᠪᠠᠨ ᠭᠤᠷᠪᠠ) ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠲᠣᠭ᠎ᠠ ᠪᠦᠷᠢᠳᠬᠡᠯ᠎ᠦᠨ ᠬᠢᠨᠠᠨ ᠰᠢᠨᠵᠢᠬᠦ ᠲᠣᠭᠲᠠᠯᠴᠠᠭ᠎ᠠ᠎ᠶᠢ ᠪᠠᠢᠭᠤᠯᠤᠨ᠎ᠠ᠃ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠲᠣᠭ᠎ᠠ ᠪᠦᠷᠢᠳᠬᠡᠯ᠎ᠦᠨ ᠬᠢᠨᠠᠨ ᠰᠢᠨᠵᠢᠬᠦ ᠲᠣᠭᠲᠠᠯᠴᠠᠭ᠎ᠠ᠎ᠶᠢ ᠪᠠᠢᠭᠤᠯᠵᠤ᠂ ᠠᠵᠤ ᠦᠢᠯᠡᠰ᠎ᠦᠨ ᠬᠥᠭᠵᠢᠯᠲᠡ᠎ᠳᠦ ᠳ᠋ᠠᠢᠲ᠋ᠠ᠎ᠶᠢᠨ ᠲᠤᠯᠭᠠᠭᠤᠷᠢᠯᠠᠯ ᠬᠠᠩᠭᠠᠨ᠎ᠠ᠃ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠪᠣᠭᠣᠮᠲᠠ᠎ᠶᠢᠨ ᠲᠣᠭ᠎ᠠ ᠪᠦᠷᠢᠳᠬᠡᠯ᠎ᠦᠨ ᠠᠵᠢᠯ᠎ᠢ ᠴᠢᠩᠭᠠᠷᠠᠭᠤᠯᠵᠤ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠲᠠᠸᠠᠷ᠎ᠤᠨ ᠠᠷᠠᠯᠵᠢᠶᠠᠨ᠎ᠤ ᠳ᠋ᠠᠢᠲ᠋ᠠ᠂ ᠪᠠᠷᠠᠭᠠᠨ᠎ᠤ ᠭᠦᠢᠯᠭᠡᠭᠡᠨ᠎ᠦ ᠪᠣᠭᠣᠮᠲᠠ᠎ᠪᠠᠷ ᠥᠩᠭᠡᠷᠡᠬᠦ ᠳ᠋ᠠᠢᠲ᠋ᠠ᠂ ᠮᠥᠩᠭᠥᠨ ᠭᠦᠢᠯᠭᠡᠭᠡᠨ᠎ᠦ ᠲᠣᠭᠠᠴᠠᠭ᠎ᠠ ᠬᠢᠬᠦ ᠳ᠋ᠠᠢᠲ᠋ᠠ ᠵᠡᠷᠭᠡ ᠵᠠᠩᠭᠢᠯᠠᠭ᠎ᠠ᠎ᠶᠢᠨ ᠮᠡᠳᠡᠭᠡ ᠵᠠᠩᠭᠢ᠎ᠶᠢ ᠨᠡᠢᠳᠬᠡᠵᠦ᠂ ᠰᠠᠯᠠᠭ᠎ᠠ ᠮᠥᠴᠢᠷ ᠠᠯᠤᠰᠯᠠᠭᠰᠠᠨ ᠳ᠋ᠠᠢᠲ᠋ᠠ᠎ᠶᠢ ᠬᠠᠮᠲᠤ᠎ᠪᠡᠷ ᠬᠦᠷᠲᠡᠬᠦ ᠲᠣᠭᠲᠠᠯᠴᠠᠭ᠎ᠠ᠎ᠶᠢ ᠪᠠᠢᠭᠤᠯᠤᠨ᠂ ᠪᠣᠭᠣᠮᠲᠠ᠂ ᠬᠤᠳᠠᠯᠳᠤᠭᠠᠨ᠎ᠤ ᠶᠠᠪᠤᠳᠠᠯ᠂ ᠭᠠᠢᠯᠢ᠎ᠶᠢᠨ ᠶᠠᠪᠤᠳᠠᠯ᠂ ᠭᠠᠳᠠᠭᠠᠳᠤ ᠭᠤᠪᠢᠭᠤᠯᠭ᠎ᠠ᠂ ᠪᠠᠷᠠᠭᠠᠨ᠎ᠤ ᠭᠦᠢᠯᠭᠡᠭᠡ ᠵᠡᠷᠭᠡ ᠰᠠᠯᠠᠭ᠎ᠠ ᠮᠥᠴᠢᠷ᠎ᠦᠨ ᠳ᠋ᠠᠢᠲ᠋ᠠ᠎ᠶᠢ ᠴᠠᠭ ᠲᠤᠬᠠᠢ᠎ᠳᠤ ᠨᠢ ᠬᠠᠷᠢᠯᠴᠠᠨ ᠨᠡᠪᠲᠡᠷᠡᠯᠴᠡᠬᠦ᠂ ᠬᠥᠳᠡᠯᠦᠩᠭᠦᠢ᠎ᠪᠡᠷ ᠰᠢᠨᠡᠳᠬᠡᠬᠦ᠎ᠶᠢ ᠠᠬᠢᠭᠤᠯᠤᠨ᠎ᠠ᠃

(ᠠᠷᠪᠠᠨ ᠳᠥᠷᠪᠡ) ᠪᠤᠰᠤᠳ ᠪᠠᠲᠤᠯᠠᠭ᠎ᠠ᠎ᠶᠢᠨ ᠲᠥᠷᠥ᠎ᠶᠢᠨ ᠪᠣᠳᠣᠯᠭ᠎ᠠ ᠠᠷᠭ᠎ᠠ ᠬᠡᠮᠵᠢᠶ᠎ᠡ᠃ ᠳᠡᠭᠡᠷᠡᠬᠢ ᠲᠥᠷᠥ᠎ᠶᠢᠨ ᠪᠣᠳᠣᠯᠭ᠎ᠠ᠎ᠶᠢ ᠭᠠᠷᠭᠠᠪᠠᠯ᠂ ᠲᠣᠰ ᠲᠥᠰᠥᠯ᠎ᠢ ᠬᠡᠷᠡᠭᠵᠢᠭᠦᠯᠬᠦ ᠶᠠᠪᠤᠴᠠ᠎ᠳᠤ ᠳᠡᠮᠵᠢᠬᠦ ᠴᠢᠬᠤᠯᠠᠲᠠᠢ ᠪᠤᠰᠤᠳ ᠵᠦᠢᠯᠡᠰ᠎ᠲᠦ ᠲᠣᠬᠢᠶᠠᠯᠳᠤᠪᠠᠯ᠂ ᠨᠢᠭᠡ ᠨᠢᠭᠡ ᠤᠴᠢᠷ᠎ᠢᠶᠠᠷ ᠵᠥᠪᠯᠡᠬᠦ ᠠᠷᠭ᠎ᠠ ᠮᠠᠶᠢᠭ᠋᠎ᠢᠶᠠᠷ ᠰᠤᠳᠤᠯᠤᠨ ᠰᠢᠢᠳᠪᠦᠷᠢᠯᠡᠨ᠎ᠡ᠃

ᠲᠠᠪᠤ᠂ ᠵᠣᠬᠢᠶᠠᠨ ᠪᠠᠢᠭᠤᠯᠤᠨ ᠬᠡᠷᠡᠭᠵᠢᠭᠦᠯᠬᠦ

ᠡᠷᠢᠶᠡᠨ ᠬᠣᠲᠠ ᠲᠣᠰ ᠲᠥᠰᠥᠯ᠎ᠢ ᠦᠨᠳᠦᠰᠦᠯᠡᠨ ᠡᠷᠢᠶᠡᠨ ᠬᠣᠲᠠ᠎ᠶᠢᠨ ᠶᠡᠷᠦᠩᠬᠡᠢᠯᠡᠭᠰᠡᠨ ᠲᠤᠷᠰᠢᠯᠲᠠ᠎ᠶᠢᠨ ᠣᠷᠣᠨ᠎ᠤ ᠪᠦᠲᠦᠭᠡᠨ ᠪᠠᠢᠭᠤᠯᠤᠯᠲᠠ᠎ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠬᠠᠷᠢᠭᠤᠴᠠᠯᠭ᠎ᠠ᠎ᠪᠠᠨ ᠲᠣᠳᠣᠷᠬᠠᠢᠯᠠᠨ᠂ ᠠᠵᠢᠯ᠎ᠤᠨ ᠬᠤᠪᠢᠶᠠᠷᠢᠯᠠᠯ᠎ᠢᠶᠠᠨ ᠨᠠᠢᠳᠠᠪᠤᠷᠢᠵᠢᠭᠤᠯᠵᠤ᠂ ᠲᠡᠳᠬᠦᠨ ᠳᠡᠮᠵᠢᠬᠦ ᠬᠠᠨᠳᠤᠯᠭᠠᠲᠤ ᠴᠢᠨᠠᠷ᠎ᠢᠶᠠᠷ ᠴᠢᠩᠭ᠎ᠠ ᠠᠷᠭ᠎ᠠ ᠬᠡᠮᠵᠢᠶ᠎ᠡ᠎ᠶᠢ ᠰᠤᠳᠤᠯᠤᠨ ᠨᠡᠢᠲᠡᠯᠡᠵᠦ᠂ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠲᠤᠰᠬᠠᠢ ᠵᠦᠢᠯ᠎ᠦᠨ ᠪᠡᠯᠡ ᠮᠥᠩᠭᠥ᠎ᠶᠢ ᠨᠢᠭᠡᠳᠦᠯᠲᠡᠢ ᠲᠥᠯᠥᠪᠯᠡᠨ ᠬᠡᠷᠡᠭᠯᠡᠵᠦ᠂ ᠠᠵᠢᠯ᠎ᠤᠨ ᠠᠮᠵᠢᠯᠲᠠ ᠪᠦᠲᠦᠮᠵᠢ᠎ᠶᠢᠨ ᠤᠳᠤᠷᠢᠳᠤᠮᠵᠢ᠎ᠶᠢ ᠲᠣᠪᠤᠢᠯᠭᠠᠨ᠂ ᠪᠡᠯᠡ ᠮᠥᠩᠭᠥᠨ᠎ᠦ ᠬᠡᠷᠡᠭᠯᠡᠯᠲᠡ᠎ᠶᠢᠨ ᠦᠷ᠎ᠡ ᠪᠦᠲᠦᠮᠵᠢ᠎ᠶᠢ ᠳᠡᠭᠡᠭᠰᠢᠯᠡᠭᠦᠯᠦᠨ᠎ᠡ᠃ ᠲᠤᠷᠰᠢᠯᠭᠠᠲᠤ ᠠᠷᠭ᠎ᠠ ᠬᠢᠳᠡᠯ ᠪᠠ ᠰᠢᠨ᠎ᠡ᠎ᠶᠢ ᠡᠭᠦᠳᠦᠭᠰᠡᠨ ᠦᠷ᠎ᠡ ᠪᠦᠲᠦᠭᠡᠯ᠎ᠢ ᠴᠠᠭ ᠲᠤᠬᠠᠢ᠎ᠳᠤ ᠨᠢ ᠳ᠋ᠦᠩᠨᠡᠨ ᠳᠡᠯᠭᠡᠷᠡᠭᠦᠯᠵᠦ᠂ ᠡᠷᠢᠶᠡᠨ ᠬᠣᠲᠠ᠎ᠶᠢᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠬᠥᠭᠵᠢᠯᠲᠡ᠎ᠶᠢ ᠠᠬᠢᠭᠤᠯᠤᠭᠰᠠᠨ ᠰᠢᠨ᠎ᠡ ᠠᠷᠭ᠎ᠠ ᠬᠡᠮᠵᠢᠶ᠎ᠡ᠂ ᠰᠢᠨ᠎ᠡ ᠦᠷ᠎ᠡ ᠪᠦᠲᠦᠮᠵᠢ᠂ ᠰᠢᠨ᠎ᠡ ᠲᠤᠷᠰᠢᠯᠭ᠎ᠠ᠎ᠶᠢ ᠥᠷᠭᠡᠨ᠎ᠢᠶᠡᠷ ᠤᠬᠠᠭᠤᠯᠵᠤ᠂ ᠰᠠᠢᠨ ᠰᠠᠢᠬᠠᠨ ᠶᠠᠷᠢᠶ᠎ᠠ ᠬᠡᠯᠡᠯᠴᠡᠭᠡᠨ᠎ᠦ ᠠᠭᠤᠷ ᠠᠮᠢᠰᠬᠤᠯ᠎ᠢ ᠪᠣᠶ ᠪᠣᠯᠭᠠᠨ᠎ᠠ᠃

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ