ᠢᠯᠡ ᠵᠠᠰᠠᠭ   -   ᠵᠠᠰᠠᠭ᠎ᠤᠨ ᠤᠷᠳᠤᠨ᠎ᠤ ᠪᠢᠴᠢᠭ ᠮᠠᠲ᠋ᠧᠷᠢᠶᠠᠯ
ᠬᠣᠷᠢᠨᠭᠡᠷ ᠮᠥᠩᠭᠥᠨ ᠭᠦᠢ᠍ᠯᠭᠡᠭᠡᠨ᠎ᠤ ᠳ᠋ᠠᠢ᠌ᠲ᠋ᠠ ᠵᠢᠨ ᠠᠵᠤ ᠦᠢ᠍ᠯᠡᠰ᠎ᠤᠨ ᠬᠦᠷᠢᠶᠡᠯᠡᠩ ᠪᠦᠲᠦᠭᠡᠨ ᠪᠠᠢ᠌ᠭᠤᠯᠬᠤ ᠵᠢ ᠵᠥᠪᠰᠢᠶᠡᠷᠡᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠴᠣᠬᠣᠯᠠᠪᠤᠷᠢ
ᠨᠡᠶ᠋ᠢᠲᠡᠯᠡᠭᠰᠡᠨ ᠴᠠᠭ᠄ 2025-02-12

ᠥᠪᠥᠷ ᠮᠣᠩᠭᠣᠯ᠎ᠤᠨ ᠥᠪᠡᠷᠲᠡᠭᠡᠨ ᠵᠠᠰᠠᠬᠤ

ᠣᠷᠣᠨ᠎ᠤ ᠠᠷᠠᠳ᠎ᠤᠨ ᠵᠠᠰᠠᠭ᠎ᠤᠨ ᠣᠷᠳᠣᠨ


ᠥᠪᠥᠷ ᠵᠠᠰᠠᠭ ᠦᠰᠦᠭ [2025] 5 ᠳ᠋ᠤᠭ᠋ᠠᠷ ᠲᠣᠭ᠋ᠠᠲᠤ


ᠬᠣᠷᠢᠨᠭᠡᠷ ᠮᠥᠩᠭᠥᠨ ᠭᠦᠢ᠍ᠯᠭᠡᠭᠡᠨ᠎ᠤ ᠳ᠋ᠠᠢ᠌ᠲ᠋ᠠ ᠵᠢᠨ ᠠᠵᠤ ᠦᠢ᠍ᠯᠡᠰ᠎ᠤᠨ ᠬᠦᠷᠢᠶᠡᠯᠡᠩ ᠪᠦᠲᠦᠭᠡᠨ ᠪᠠᠢ᠌ᠭᠤᠯᠬᠤ ᠵᠢ ᠵᠥᠪᠰᠢᠶᠡᠷᠡᠬᠦ

ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠴᠣᠬᠣᠯᠠᠪᠤᠷᠢ


ᠭᠦᠬᠡᠬᠤᠲᠡ ᠵᠢᠨ ᠠᠷᠠᠳ᠎ᠤᠨ ᠵᠠᠰᠠᠭ᠎ᠤᠨ ᠣᠷᠳᠣᠨ᠎ᠳᠤ ᠄

       ᠲᠠᠨ᠎ᠤ ᠬᠤᠲᠠ ᠵᠢᠨ 《〈ᠬᠣᠷᠢᠨᠭᠡᠷ ᠮᠥᠩᠭᠥᠨ ᠭᠦᠢ᠍ᠯᠭᠡᠭᠡᠨ᠎ᠤ ᠳ᠋ᠠᠢ᠌ᠲ᠋ᠠ ᠵᠢᠨ ᠠᠵᠤ ᠦᠢ᠍ᠯᠡᠰ᠎ᠤᠨ ᠬᠦᠷᠢᠶᠡᠯᠡᠩ᠎ᠤᠨ ᠪᠦᠲᠦᠭᠡᠨ ᠪᠠᠢ᠌ᠭᠤᠯᠤᠯᠲᠠ ᠵᠢᠨ ᠲᠥᠰᠥᠯ〉᠎ᠤᠨ ᠬᠠᠷᠢᠭᠤ ᠴᠣᠬᠣᠯᠲᠠ ᠠᠪᠬᠤ ᠲᠤᠬᠠᠢ ᠡᠰᠢᠯᠡᠯᠲᠡ》 (ᠭᠦᠬᠡᠬᠤᠲᠡ ᠵᠠᠰᠠᠭ ᠲᠠᠷᠬᠠᠭ᠋ᠠᠭᠰᠠᠨ [2024] 342 ᠳ᠋ᠤᠭ᠋ᠠᠷ ᠲᠣᠭ᠋ᠠᠲᠤ) ᠵᠢ ᠭᠥᠯᠢᠶᠡᠨ ᠠᠪᠴᠤ ᠣᠢ᠌ᠯᠠᠭ᠋ᠠᠯ᠎ᠠ᠃ ᠡᠳᠦᠭᠡ ᠳᠣᠣᠷᠠᠬᠢ ᠮᠡᠲᠦ ᠴᠣᠬᠣᠯᠠᠪᠤᠷᠢᠯᠠᠪᠠ᠄

       ᠨᠢᠭᠡ᠂ ᠬᠣᠷᠢᠨᠭᠡᠷ ᠮᠥᠩᠭᠥᠨ ᠭᠦᠢ᠍ᠯᠭᠡᠭᠡᠨ᠎ᠤ ᠳ᠋ᠠᠢ᠌ᠲ᠋ᠠ ᠵᠢᠨ ᠠᠵᠤ ᠦᠢ᠍ᠯᠡᠰ᠎ᠤᠨ ᠬᠦᠷᠢᠶᠡᠯᠡᠩ᠎ᠢ ᠪᠦᠲᠦᠭᠡᠨ ᠪᠠᠢ᠌ᠭᠤᠯᠬᠤ ᠪᠣᠯ 《ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ   ᠲᠣᠮᠳᠠᠲᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ ᠲᠤᠬᠠᠢ ᠲᠦᠷᠦ ᠵᠢᠨ ᠶᠠᠪᠤᠳᠠᠯ᠎ᠤᠨ ᠬᠣᠷᠢᠶᠠᠨ᠎ᠤ ᠰᠠᠨᠠᠯ》 (ᠲᠦᠷᠦ ᠲᠠᠷᠬᠠᠭ᠋ᠠᠭᠰᠠᠨ [2023] 16 ᠳ᠋ᠤᠭ᠋ᠠᠷ ᠲᠣᠭ᠋ᠠᠲᠤ)᠎ᠳᠤ  ᠲᠣᠳᠣᠷᠬᠠᠢ ᠲᠣᠭᠲᠠᠭ᠋ᠠᠭᠰᠠᠨ ᠭᠣᠣᠯᠳᠠᠯᠭ᠎ᠠ ᠪᠣᠯᠬᠤ ᠡᠭᠦᠷᠭᠡ ᠪᠣᠯᠣᠨ᠎ᠠ᠂ ᠲᠡᠷᠡ᠎ᠨᠢ ᠮᠥᠩᠭᠥᠨ ᠭᠦᠢ᠍ᠯᠭᠡᠭᠡᠨ᠎ᠤ ᠦᠢ᠍ᠯᠡᠰ᠎ᠢ ᠳᠠᠢ᠌ᠴᠢᠯᠠᠵᠦ ᠪᠠᠢ᠌ᠭ᠋ᠠᠳ ᠳ᠋ᠢᠭᠢᠲᠴᠢᠯᠡᠭᠰᠡᠨ ᠲᠡᠢ᠌ᠰᠢ ᠬᠡᠯᠪᠡᠷᠢ᠎ᠪᠠᠨ  ᠬᠤᠪᠢᠷᠠᠭᠤᠯᠬᠤ᠂ ᠳ᠋ᠠᠢ᠌ᠲ᠋ᠠ ᠵᠢᠨ ᠠᠵᠤ ᠦᠢ᠍ᠯᠡᠰ᠎ᠤᠨ ᠬᠥᠭᠵᠢᠨ ᠪᠤᠵᠠᠭ᠋ᠠᠢ᠌ᠷᠠᠬᠤ ᠵᠢ ᠠᠬᠢᠭᠤᠯᠬᠤ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠢ᠌ᠭᠡᠮ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ᠃ ᠲᠠᠨ᠎ᠤ ᠬᠤᠳᠠ ᠵᠢᠨ ᠳᠤᠷᠠᠳᠤᠭᠰᠠᠨ 《ᠬᠣᠷᠢᠨᠭᠡᠷ ᠮᠥᠩᠭᠥᠨ ᠭᠦᠢ᠍ᠯᠭᠡᠭᠡᠨ᠎ᠤ ᠳ᠋ᠠᠢ᠌ᠲ᠋ᠠ ᠵᠢᠨ ᠠᠵᠤ ᠦᠢ᠍ᠯᠡᠰ᠎ᠤᠨ ᠬᠦᠷᠢᠶᠡᠯᠡᠩ᠎ᠤᠨ ᠪᠦᠲᠦᠭᠡᠨ ᠪᠠᠢ᠌ᠭᠤᠯᠤᠯᠲᠠ ᠵᠢᠨ ᠲᠥᠰᠥᠯ》᠎ᠢ ᠵᠠᠷᠴᠢᠮ ᠳᠡᠭᠡᠷ᠎ᠡ᠎ᠪᠠᠨ ᠵᠥᠪᠰᠢᠶᠡᠷᠡᠪᠡ᠃

       ᠬᠣᠶᠠᠷ᠂ ᠬᠣᠷᠢᠨᠭᠡᠷ ᠮᠥᠩᠭᠥᠨ ᠭᠦᠢ᠍ᠯᠭᠡᠭᠡᠨ᠎ᠤ ᠳ᠋ᠠᠢ᠌ᠲ᠋ᠠ ᠵᠢᠨ ᠠᠵᠤ ᠦᠢ᠍ᠯᠡᠰ᠎ᠤᠨ ᠬᠦᠷᠢᠶᠡᠯᠡᠩ᠎ᠢ ᠪᠦᠲᠦᠭᠡᠨ ᠪᠠᠶ᠋ᠢᠭᠤᠯᠬᠤ᠎ᠳᠤ᠎ᠪᠠᠨ  ᠬᠥᠬᠡᠬᠤᠲᠠ ᠵᠢᠨ ᠣᠷᠣᠨ ᠪᠦᠰᠡ ᠵᠢᠨ ᠴᠢᠨᠠᠷᠲᠠᠢ ᠮᠥᠩᠭᠥᠨ ᠭᠦᠢ᠍ᠯᠭᠡᠭᠡᠨ᠎ᠤ ᠲᠥᠪ᠎ᠢ ᠪᠦᠲᠦᠭᠡᠨ ᠪᠠᠶ᠋ᠢᠭᠤᠯᠬᠤ᠎ᠯᠤᠭ᠎ᠠ ᠭᠦᠢ᠍ᠴᠡᠳ ᠵᠣᠯᠭ᠋ᠠᠭᠤᠯᠵᠤ ᠤᠶᠠᠯᠳᠤᠭᠤᠯᠤᠨ᠂ ᠨᠡᠷᠡᠳᠬᠦᠨ ᠪᠠ ᠠᠵᠤ ᠦᠢ᠍ᠯᠡᠰ᠎ᠤᠨ ᠲᠠᠯ᠎ᠠ᠎ᠳᠤ  ᠰᠢᠨ᠎ᠡ ᠡᠭᠦᠳᠦᠯᠲᠡ ᠭᠠᠷᠭ᠋ᠠᠬᠤ᠎ᠪᠠᠨ  ᠴᠢᠩᠭ᠋ᠠᠳᠬᠠᠵᠤ᠂ ᠳ᠋ᠠᠢ᠌ᠲ᠋ᠠ ᠵᠢᠨ ᠴᠢᠬᠤᠯᠠ ᠬᠦᠴᠦᠨ ᠵᠦᠢ᠍ᠯ᠎ᠤᠨ ᠮᠥᠩᠭᠥᠨ ᠭᠦᠢ᠍ᠯᠬᠡᠬᠡᠵᠢᠯᠲᠡ ᠪᠠ ᠳ᠋ᠠᠢ᠌ᠲ᠋ᠠ ᠵᠢᠨ ᠦᠷᠳᠡᠭ ᠨᠡᠮᠡᠭᠳᠡᠯ᠎ᠢ ᠨᠢᠭᠡᠳᠦᠯᠲᠡᠢ ᠲᠥᠯᠥᠪᠯᠡᠨ ᠠᠬᠢᠭᠤᠯᠵᠤ᠂ ᠮᠥᠩᠭᠥᠨ ᠭᠦᠢ᠍ᠯᠭᠡᠭᠡᠨ᠎ᠤ ᠳ᠋ᠠᠢ᠌ᠲ᠋ᠠ ᠵᠢᠨ ᠲᠥᠪ᠂ ᠮᠥᠩᠭᠥᠨ ᠭᠦᠢ᠍ᠯᠭᠡᠭᠡᠨ᠎ᠤ ᠦᠢ᠍ᠯᠡᠰ᠎ᠤᠨ ᠡᠯᠧᠺᠲᠷᠣᠨ ᠮᠡᠳᠡᠭᠡ ᠵᠠᠩᠭᠢ ᠵᠢᠨ ᠲᠥᠬᠦᠭᠡᠷᠦᠮᠵᠢ ᠦᠢ᠍ᠯᠡᠳᠬᠦ᠂ ᠮᠥᠩᠭᠥᠨ ᠭᠦᠢ᠍ᠯᠭᠡᠭᠡᠨ᠎ᠤ ᠳ᠋ᠠᠢ᠌ᠲ᠋ᠠ ᠵᠢ ᠵᠠᠳᠠᠯᠵᠤ ᠪᠣᠯᠪᠠᠰᠤᠷᠠᠭᠤᠯᠤᠨ ᠭᠦᠢ᠍ᠯᠭᠡᠭᠡᠬᠦ᠂ ᠮᠥᠩᠭᠥᠨ ᠭᠦᠢ᠍ᠯᠭᠡᠭᠡᠨ᠎ᠤ ᠳ᠋ᠠᠢ᠌ᠲ᠋ᠠ ᠵᠢᠨ ᠠᠮᠤᠷ ᠲᠦᠪᠰᠢᠨ ᠵᠡᠷᠭᠡ ᠡᠵᠡᠩᠨᠡᠯᠲᠡ ᠵᠢᠨ ᠪᠠᠢ᠌ᠳᠠᠯ᠎ᠢ ᠬᠥᠭᠵᠢᠭᠦᠯᠦᠨ᠂ ᠪᠦᠬᠦ ᠤᠯᠤᠰ᠎ᠤᠨ ᠴᠢᠬᠤᠯᠠ ᠪᠣᠯᠬᠤ ᠮᠥᠩᠭᠥᠨ ᠭᠦᠢ᠍ᠯᠭᠡᠭᠡᠨ᠎ᠤ ᠳ᠋ᠠᠢ᠌ᠲ᠋ᠠ ᠵᠢᠨ ᠲᠥᠪ᠎ᠤᠨ ᠪᠥᠭᠡᠮᠨᠡᠷᠡᠯ᠎ᠤᠨ ᠲᠣᠭᠣᠷᠢᠭ᠂ ᠳ᠋ᠢᠭᠢᠲ ᠮᠥᠩᠭᠥᠨ ᠭᠦᠢ᠍ᠯᠭᠡᠭᠡᠨ᠎ᠤ ᠨᠡᠷᠡᠳᠬᠦᠨ᠎ᠤ ᠠᠷᠠᠯᠵᠢᠶᠠᠨ᠎ᠤ ᠭᠠᠵᠠᠷ ᠪᠠ ᠮᠥᠩᠭᠥᠨ ᠭᠦᠢ᠍ᠯᠭᠡᠭᠡᠨ᠎ᠤ ᠳ᠋ᠢᠭᠢᠲ ᠠᠵᠤ ᠦᠢ᠍ᠯᠡᠰ᠎ᠤᠨ ᠪᠦᠯᠦᠭᠵᠢᠯ᠎ᠢ ᠴᠢᠷᠮᠠᠢ᠌ᠨ ᠪᠠᠢ᠌ᠭᠤᠯᠬᠤ ᠬᠡᠷᠡᠭᠲᠡᠢ᠃

       ᠭᠤᠷᠪᠠ᠂ ᠮᠥᠩᠭᠥᠨ ᠭᠦᠢ᠍ᠯᠭᠡᠭᠡᠨ᠎ᠤ ᠳ᠋ᠠᠢ᠌ᠲ᠋ᠠ ᠵᠢᠨ ᠠᠵᠤ ᠦᠢ᠍ᠯᠡᠰ᠎ᠤᠨ ᠬᠦᠷᠢᠶᠡᠯᠡᠩ᠎ᠢ ᠪᠦᠲᠦᠭᠡᠨ   ᠪᠠᠢ᠌ᠭᠤᠯᠬᠤ ᠬᠠᠷᠢᠭᠤᠴᠠᠯᠭ᠎ᠠ ᠵᠢᠨ ᠭᠣᠣᠯ ᠴᠣᠭᠴᠠ ᠪᠣᠯᠤᠭᠰᠠᠨ᠎ᠤ ᠬᠤᠪᠢ᠎ᠳᠤ᠂ ᠬᠥᠬᠡᠬᠤᠲᠠ ᠵᠢᠨ᠎ᠬᠢᠨ ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠵᠤ᠂ ᠣᠲᠣ ᠵᠢᠨ ᠪᠠᠢ᠌ᠭ᠎ᠠ ᠳᠡᠮᠵᠢᠯᠭᠡ ᠵᠢᠨ ᠲᠥᠷᠥ ᠵᠢᠨ ᠪᠣᠳᠣᠯᠭ᠎ᠠ ᠵᠢ ᠰᠠᠢ᠌ᠲᠤᠷ ᠨᠠᠢ᠌ᠳᠠᠪᠤᠷᠢᠵᠢᠭᠤᠯᠤᠨ᠂ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠢ ᠲᠦᠭᠦᠷᠵᠢᠬᠦᠯᠬᠦ ᠵᠢᠴᠢ ᠭᠠᠵᠠᠷ ᠰᠢᠷᠣᠢ᠂ ᠴᠢᠳᠠᠪᠤᠷᠢᠲᠠᠨ᠂ ᠡᠨᠧᠷᠭᠢ ᠵᠡᠷᠭᠡ ᠴᠢᠬᠤᠯᠠ ᠬᠦᠴᠦᠨ ᠵᠦᠢ᠍ᠯ᠎ᠤᠨ ᠪᠠᠲᠤᠯᠠᠭ᠎ᠠ ᠵᠢ ᠲᠦᠷᠭᠡᠳᠬᠡᠨ ᠲᠡᠭᠦᠯᠳᠡᠷᠵᠢᠭᠦᠯᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠎ᠤᠳ ᠮᠥᠷᠳᠡᠬᠦ ᠪᠠ ᠦᠢ᠍ᠯᠡᠴᠢᠯᠡᠵᠦ ᠵᠢᠯᠤᠭᠣᠳᠬᠤ᠎ᠪᠠᠨ ᠴᠢᠩᠭ᠋ᠠᠳᠬᠠᠵᠤ᠂ ᠮᠥᠩᠭᠥᠨ ᠭᠦᠢ᠍ᠯᠭᠡᠭᠡᠨ᠎ᠤ ᠳ᠋ᠠᠢ᠌ᠲ᠋ᠠ ᠵᠢᠨ ᠠᠵᠤ ᠦᠢ᠍ᠯᠡᠰ᠎ᠤᠨ ᠬᠦᠷᠢᠶᠡᠯᠡᠩ᠎ᠤᠨ᠎ᠬᠢᠨ᠎ᠤ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠬᠠᠮᠢᠶ᠎ᠠ ᠪᠦᠬᠦᠢ ᠳᠡᠮᠵᠢᠯᠭᠡ ᠵᠢᠨ ᠲᠥᠷᠥ ᠵᠢᠨ ᠪᠣᠳᠣᠯᠭ᠎ᠠ ᠵᠢ ᠠᠳᠠᠯᠢ ᠲᠡᠭᠰᠢ᠎ᠪᠠᠷ ᠬᠦᠷᠲᠡᠬᠦ ᠵᠢ ᠠᠬᠢᠭᠤᠯᠤᠨ᠂ ᠤᠯᠤᠰ᠎ᠤᠨ ᠬᠠᠮᠢᠶ᠎ᠠ ᠪᠦᠬᠦᠢ ᠶᠠᠮᠤᠨ ᠵᠥᠪᠯᠡᠯ᠎ᠤᠨ ᠳᠡᠮᠵᠢᠯᠭᠡ ᠵᠢ ᠴᠢᠷᠮᠠᠢ᠌ᠨ ᠣᠯᠬᠤ᠎ᠳᠤ ᠎ᠨᠢ ᠢᠳᠡᠪᠬᠢᠲᠡᠢ ᠬᠠᠪᠰᠤᠷᠤᠯᠭ᠎ᠠ ᠦᠵᠡᠬᠦᠯᠬᠦ ᠬᠡᠷᠡᠭᠲᠡᠢ᠃ ᠴᠢᠬᠤᠯᠠ ᠪᠠᠢ᠌ᠳᠠᠯ᠎ᠢ ᠴᠠᠭ ᠲᠤᠬᠠᠢ᠎ᠳᠤ᠎ᠨᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ᠎ᠳᠤ ᠮᠡᠳᠡᠭᠦᠯᠦᠭᠡᠷᠡᠢ᠃

2025   ᠣᠨ᠎ᠤ 1 ᠳ᠋ᠦ᠍ᠭᠡᠷ ᠰᠠᠷ᠎ᠠ ᠵᠢᠨ 3᠎ᠤ ᠡᠳᠦᠷ

      (ᠲᠤᠰ ᠪᠢᠴᠢᠭ ᠮᠠᠲᠸᠷᠢᠶᠠᠯ᠎ᠢ ᠢᠯᠡ ᠨᠡᠢ᠌ᠲᠡᠯᠡᠨ᠎ᠡ)

       

      

 

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ