ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠢᠴᠢᠭ ᠮᠠᠲ᠋ᠧᠷᠢᠶᠠᠯ
ᠥᠪᠥᠷ ᠵᠠᠰᠠᠭ ᠲᠠᠷᠬᠠᠭ᠋ᠠᠭᠰᠠᠨ [2024] 37 ᠳ᠋ᠤᠭ᠋ᠠᠷ ᠲᠣᠭ᠋ᠠᠲᠤ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠦᠲᠦᠭᠡᠨ ᠪᠠᠢ᠌ᠭᠤᠯᠤᠯᠲᠠ᠎ᠳᠤ ᠡᠵᠡᠯᠡᠨ ᠬᠡᠷᠡᠭᠯᠡᠭᠰᠡᠨ ᠬᠠᠷ᠎ᠠ ᠬᠥᠷᠥᠰᠥᠲᠦ ᠭᠠᠵᠠᠷ᠎ᠤᠨ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠵᠢ ᠮᠠᠯᠲᠠᠨ ᠠᠪᠴᠤ ᠠᠰᠢᠭᠯᠠᠬᠤ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ)》 ᠵᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ
ᠡᠯ᠎ᠡ ᠠᠢ᠌ᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠡᠯ᠎ᠡ ᠬᠣᠰᠢᠭᠤᠨ᠎ᠤ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠢ᠌ᠯᠠᠯ᠂ ᠠᠵᠢᠯ ᠦᠢ᠍ᠯᠡᠰ᠎ᠤᠨ ᠨᠢᠭᠡᠴᠢ᠎ᠳᠤ᠄
ᠡᠳᠦᠭᠡ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠦᠲᠦᠭᠡᠨ ᠪᠠᠢ᠌ᠭᠤᠯᠤᠯᠲᠠ᠎ᠳᠤ ᠡᠵᠡᠯᠡᠨ ᠬᠡᠷᠡᠭᠯᠡᠭᠰᠡᠨ ᠬᠠᠷ᠎ᠠ ᠬᠥᠷᠥᠰᠥᠲᠦ ᠭᠠᠵᠠᠷ᠎ᠤᠨ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠵᠢ ᠮᠠᠯᠲᠠᠨ ᠠᠪᠴᠤ ᠠᠰᠢᠭᠯᠠᠬᠤ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ)》 ᠵᠢ ᠲᠠ ᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ᠎ᠲᠠᠢ᠎ᠪᠠᠨ ᠤᠶᠠᠯᠳᠤᠭᠤᠯᠤᠨ᠂ ᠬᠢᠨᠠᠮᠠᠭ᠋ᠠᠢ ᠲᠤᠭᠤᠰᠢᠯᠠᠭᠤᠯᠤᠨ ᠨᠠᠢ᠌ᠳᠠᠪᠤᠷᠢᠵᠢᠭᠤᠯᠲᠤᠭ᠋ᠠᠢ᠃
2024 ᠣᠨ᠎ᠤ12 ᠳ᠋ᠤᠭ᠋ᠠᠷ ᠰᠠᠷ᠎ᠠ ᠵᠢᠨ 29᠎ᠤ ᠡᠳᠦᠷ
(ᠲᠣᠰ ᠪᠢᠴᠢᠭ ᠮᠠᠲ᠋ᠧᠷᠢᠶᠠᠯ᠎ᠢ ᠢᠯᠡ ᠨᠡᠢ᠌ᠲᠡᠯᠡᠨ᠎ᠡ)
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠦᠲᠦᠭᠡᠨ ᠪᠠᠢ᠌ᠭᠤᠯᠤᠯᠲᠠ᠎ᠳᠤ ᠡᠵᠡᠯᠡᠨ ᠬᠡᠷᠡᠭᠯᠡᠭᠰᠡᠨ ᠬᠠᠷ᠎ᠠ ᠬᠥᠷᠥᠰᠥᠲᠦ ᠭᠠᠵᠠᠷ᠎ᠤᠨ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠵᠢ ᠮᠠᠯᠲᠠᠨ ᠠᠪᠴᠤ ᠠᠰᠢᠭᠯᠠᠬᠤ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ)
ᠨᠢᠭᠡᠳᠦᠭᠡᠷ ᠪᠦᠯᠦᠭ ᠶᠡᠷᠦᠩᠬᠡᠢ ᠳᠦᠷᠢᠮ
ᠨᠢᠭᠡᠳᠦᠭᠡᠷ ᠵᠦᠢ᠍ᠯ ᠬᠠᠷ᠎ᠠ ᠬᠥᠷᠥᠰᠥᠲᠦ ᠭᠠᠵᠠᠷ᠎ᠤᠨ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠵᠢ ᠮᠠᠯᠲᠠᠨ ᠠᠪᠬᠤ ᠠᠵᠢᠯ᠎ᠤᠨ ᠬᠠᠮᠢᠶᠠᠷᠤᠯᠲᠠ ᠵᠢ ᠵᠢᠷᠤᠮᠵᠢᠭᠤᠯᠵᠤ᠂ ᠬᠠᠷ᠎ᠠ ᠬᠥᠷᠥᠰᠥᠲᠦ ᠭᠠᠵᠠᠷ᠎ᠤᠨ ᠡᠬᠢ ᠪᠠᠶᠠᠯᠢᠭ᠎ᠢ ᠪᠦᠲᠦᠮᠵᠢᠲᠡᠶ ᠠᠰᠢᠭᠯᠠᠬᠤ ᠵᠢ ᠠᠬᠢᠭᠤᠯᠤᠨ᠂ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠢ ᠪᠠᠲᠤᠯᠠᠬᠤ ᠵᠢᠨ ᠲᠤᠰᠠᠳᠠ᠂ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠭᠠᠵᠠᠷ ᠰᠢᠷᠣᠢ ᠵᠢᠨ ᠬᠠᠮᠢᠶᠠᠷᠤᠯᠲᠠ ᠵᠢᠨ ᠬᠠᠤᠯᠢ》᠂ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠬᠠᠷ᠎ᠠ ᠬᠥᠷᠥᠰᠥᠲᠦ ᠭᠠᠵᠠᠷ᠎ᠢ ᠬᠠᠮᠠᠭ᠋ᠠᠯᠠᠬᠤ ᠬᠠᠤᠯᠢ》᠂ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠢ ᠪᠠᠲᠤᠯᠠᠬᠤ ᠬᠠᠤᠯᠢ》᠂ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠭᠠᠵᠠᠷ ᠰᠢᠷᠣᠢ ᠵᠢᠨ ᠬᠠᠮᠢᠶᠠᠷᠤᠯᠲᠠ ᠵᠢᠨ ᠬᠠᠤᠯᠢ ᠵᠢ ᠬᠡᠷᠡᠭᠵᠢᠭᠦᠯᠬᠦ ᠳᠦᠷᠢᠮ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠷ᠎ᠠ ᠬᠥᠷᠥᠰᠥᠲᠦ ᠭᠠᠵᠠᠷ᠎ᠢ ᠬᠠᠮᠠᠭ᠋ᠠᠯᠠᠬᠤ ᠳᠦᠷᠢᠮ》 ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ ᠤᠶᠠᠯᠳᠤᠭᠤᠯᠵᠤ᠂ ᠲᠣᠰ ᠠᠷᠭ᠎ᠠ ᠵᠢ ᠲᠣᠭᠲᠠᠭ᠋ᠠᠪᠠ᠃
ᠬᠣᠶᠠᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠣᠷᠣᠨ ᠬᠡᠪᠴᠢᠶᠡᠨ᠎ᠳᠠᠬᠢ ᠪᠦᠲᠦᠭᠡᠨ ᠪᠠᠢ᠌ᠭᠤᠯᠤᠯᠲᠠ᠎ᠳᠤ ᠡᠵᠡᠯᠡᠨ ᠬᠡᠷᠡᠭᠯᠡᠭᠰᠡᠨ ᠬᠠᠷ᠎ᠠ ᠬᠥᠷᠥᠰᠥᠲᠦ ᠭᠠᠵᠠᠷ᠎ᠤᠨ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠵᠢ ᠮᠠᠯᠲᠠᠨ ᠠᠪᠬᠤ᠂ ᠵᠥᠭᠡᠭᠡᠪᠦᠷᠢᠯᠡᠬᠦ᠂ ᠬᠠᠳᠠᠭ᠋ᠠᠯᠠᠬᠤ᠂ ᠬᠠᠮᠢᠶᠠᠷᠴᠤ ᠬᠠᠮᠠᠭ᠋ᠠᠯᠠᠬᠤ᠂ ᠠᠰᠢᠭᠯᠠᠬᠤ ᠵᠡᠷᠭᠡ ᠠᠵᠢᠯᠯᠠᠭ᠎ᠠ᠎ᠳᠤ ᠲᠣᠰ ᠠᠷᠭ᠎ᠠ ᠵᠢ ᠲᠣᠬᠢᠷᠠᠭᠤᠯᠤᠨ ᠬᠡᠷᠡᠭᠯᠡᠨ᠎ᠡ᠃
ᠭᠤᠷᠪᠠᠳᠤᠭ᠋ᠠᠷ ᠵᠦᠢ᠍ᠯ ᠲᠤᠰ ᠠᠷᠭ᠎ᠠ᠎ᠳᠤ ᠬᠡᠯᠡᠵᠦ ᠪᠠᠢ᠌ᠭ᠎ᠠ ᠬᠠᠷ᠎ᠠ ᠬᠥᠷᠥᠰᠥᠲᠦ ᠭᠠᠵᠠᠷ ᠭᠡᠳᠡᠭ᠎ᠨᠢ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠣᠷᠣᠨ ᠬᠡᠪᠴᠢᠶᠡᠨ᠎ᠳᠠᠬᠢ ᠬᠠᠷ᠎ᠠ ᠪᠤᠶᠤ ᠬᠠᠷᠠᠪᠲᠤᠷ ᠢᠯᠵᠢᠮᠡᠭ ᠦᠩᠭᠡᠨ ᠬᠥᠷᠥᠰᠥᠨ᠎ᠤ ᠳᠠᠪᠬᠤᠷᠭ᠎ᠠ ᠵᠢᠨ᠂ ᠰᠢᠨᠵᠢ ᠲᠥᠯᠥᠪ ᠰᠠᠢ᠌ᠲᠠᠢ ᠰᠢᠮᠡᠯᠢᠭ ᠲᠠᠷᠢᠶᠠᠯᠠᠬᠤ ᠭᠠᠵᠠᠷ᠎ᠢ ᠵᠢᠭ᠋ᠠᠵᠤ ᠪᠤᠢ᠃
ᠲᠣᠰ ᠠᠷᠭ᠎ᠠ᠎ᠳᠤ ᠬᠡᠯᠡᠵᠦ ᠪᠠᠢ᠌ᠭ᠎ᠠ ᠪᠦᠲᠦᠭᠡᠨ ᠪᠠᠢ᠌ᠭᠤᠯᠤᠯᠲᠠ᠎ᠳᠤ ᠡᠵᠡᠯᠡᠨ ᠬᠡᠷᠡᠭᠯᠡᠭᠰᠡᠨ ᠬᠠᠷ᠎ᠠ ᠬᠥᠷᠥᠰᠥᠲᠦ ᠭᠠᠵᠠᠷ᠎ᠤᠨ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠵᠢ ᠮᠠᠯᠲᠠᠨ ᠠᠪᠴᠤ ᠠᠰᠢᠭᠯᠠᠬᠤ ᠭᠡᠳᠡᠭ᠎ᠨᠢ ᠮᠠᠰᠢᠨ ᠮᠧᠬᠠᠨᠢᠭ ᠪᠤᠶᠤ ᠬᠥᠮᠥᠨ᠎ᠤ ᠬᠦᠴᠦ᠎ᠪᠠᠷ ᠳᠠᠮᠵᠢᠭᠤᠯᠤᠨ᠂ ᠲᠠᠷᠢᠶᠠᠯᠠᠬᠤ᠎ᠳᠤ ᠲᠣᠬᠢᠷᠠᠬᠤ ᠬᠠᠷ᠎ᠠ ᠬᠥᠷᠥᠰᠥᠲᠦ ᠭᠠᠵᠠᠷ᠎ᠤᠨ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠵᠢ ᠮᠠᠯᠲᠠᠨ ᠠᠪᠴᠤ᠂ ᠰᠢᠨ᠎ᠡ᠎ᠪᠠᠷ ᠬᠠᠭ᠋ᠠᠯᠪᠤᠷᠢᠯᠠᠬᠤ ᠲᠠᠷᠢᠶᠠᠯᠠᠬᠤ ᠭᠠᠵᠠᠷ ᠪᠠ ᠴᠢᠨᠠᠷ ᠮᠠᠭᠤᠲᠠᠢ ᠲᠠᠷᠢᠶᠠᠯᠠᠬᠤ ᠭᠠᠵᠠᠷ᠎ᠢ ᠰᠠᠢ᠌ᠵᠢᠷᠠᠭᠤᠯᠬᠤ᠂ ᠪᠣᠬᠢᠷᠲᠤᠭᠰᠠᠨ ᠲᠠᠷᠢᠶᠠᠯᠠᠬᠤ ᠭᠠᠵᠠᠷ᠎ᠢ ᠵᠠᠰᠠᠬᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠪᠦᠲᠦᠭᠡᠨ ᠪᠠᠢ᠌ᠭᠤᠯᠬᠤ᠂ ᠭᠠᠵᠠᠷ ᠰᠢᠷᠣᠢ ᠵᠢ ᠳᠠᠬᠢᠨ ᠬᠠᠭ᠋ᠠᠯᠪᠤᠷᠢᠯᠠᠬᠤ ᠵᠡᠷᠭᠡ᠎ᠳᠤ ᠬᠡᠷᠡᠭᠯᠡᠬᠦ ᠵᠢ ᠵᠢᠭ᠋ᠠᠵᠤ ᠪᠣᠶ᠃
ᠳᠥᠷᠪᠡᠳᠦᠭᠡᠷ ᠵᠦᠢ᠍ᠯ ᠪᠦᠲᠦᠭᠡᠨ ᠪᠠᠢ᠌ᠭᠤᠯᠤᠯᠲᠠ᠎ᠳᠤ ᠡᠵᠡᠯᠡᠨ ᠬᠡᠷᠡᠭᠯᠡᠭᠰᠡᠨ ᠬᠠᠷ᠎ᠠ ᠬᠥᠷᠥᠰᠥᠲᠦ ᠭᠠᠵᠠᠷ᠎ᠤᠨ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠵᠢ ᠮᠠᠯᠲᠠᠨ ᠠᠪᠴᠤ ᠠᠰᠢᠭᠯᠠᠬᠤ ᠠᠵᠢᠯ᠎ᠳᠤ ᠨᠠᠮ᠎ᠤᠨ ᠪᠦᠬᠦ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠠᠵᠢᠯ᠎ᠤᠨ ᠭᠣᠣᠯ ᠰᠢᠵᠢᠮ ᠪᠣᠯᠭ᠋ᠠᠵᠤ᠂ ᠬᠠᠤᠯᠢ ᠲᠣᠭᠲᠠᠭ᠋ᠠᠯ᠎ᠢ ᠵᠢᠷᠤᠮᠯᠠᠬᠤ᠂ ᠰᠢᠨᠵᠢᠯᠡᠬᠦ ᠤᠬᠠᠭ᠋ᠠᠨᠴᠢ ᠵᠢᠷᠤᠮᠵᠢᠭᠤᠨ ᠪᠠᠢ᠌ᠯᠭ᠋ᠠᠬᠤ᠂ ᠮᠠᠯᠲᠠᠨ ᠠᠪᠬᠤ ᠶᠣᠰᠣᠲᠠᠢ ᠵᠢ᠎ᠨᠢ ᠪᠦᠬᠦᠨ᠎ᠢ ᠮᠠᠯᠲᠠᠨ ᠠᠪᠬᠤ᠂ ᠣᠢ᠌ᠷ᠎ᠠ ᠬᠠᠪᠢ᠎ᠳᠤ᠎ᠪᠠᠨ ᠠᠰᠢᠭᠯᠠᠬᠤ ᠵᠠᠷᠴᠢᠮ᠎ᠢ ᠵᠢᠷᠤᠮᠯᠠᠵᠤ᠂ ᠵᠠᠰᠠᠭ᠎ᠤᠨ ᠣᠷᠳᠣᠨ ᠵᠶ᠋ᠠᠷ ᠭᠣᠣᠯᠯᠠᠭᠤᠯᠤᠭᠰᠠᠨ᠂ ᠰᠠᠯᠠᠭ᠎ᠠ ᠮᠥᠴᠢᠷ ᠬᠠᠮᠵᠢᠯᠴᠠᠭᠰᠠᠨ᠂ ᠨᠡᠢ᠌ᠭᠡᠮ ᠨᠡᠶ᠋ᠢᠲᠡ᠎ᠪᠠᠷ ᠵᠶ᠋ᠡᠨ ᠣᠷᠣᠯᠴᠠᠭᠰᠠᠨ ᠠᠵᠢᠯ᠎ᠤᠨ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠬᠦ ᠬᠡᠷᠡᠭᠲᠡᠢ᠃
ᠲᠠᠪᠤᠳᠤᠭ᠋ᠠᠷ ᠵᠦᠢ᠍ᠯ ᠬᠣᠰᠢᠭᠤ ᠰᠢᠶᠠᠨ (ᠬᠣᠲᠠ᠂ ᠲᠣᠭᠣᠷᠢᠭ)᠎ᠤ ᠠᠷᠠᠳ᠎ᠤᠨ ᠵᠠᠰᠠᠭ᠎ᠤᠨ ᠣᠷᠳᠣᠨ᠎ᠨᠢ ᠲᠣᠰ ᠵᠠᠰᠠᠭ ᠵᠠᠬᠢᠷᠭ᠋ᠠᠨ᠎ᠤ ᠣᠷᠣᠨ ᠬᠡᠪᠴᠢᠶᠡᠨ᠎ᠳᠠᠬᠢ ᠪᠦᠲᠦᠭᠡᠨ ᠪᠠᠢ᠌ᠭᠤᠯᠤᠯᠲᠠ᠎ᠳᠤ ᠡᠵᠡᠯᠡᠨ ᠬᠡᠷᠡᠭᠯᠡᠭᠰᠡᠨ ᠬᠠᠷ᠎ᠠ ᠬᠥᠷᠥᠰᠥᠲᠦ ᠭᠠᠵᠠᠷ᠎ᠤᠨ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠵᠢ ᠮᠠᠯᠲᠠᠨ ᠠᠪᠴᠤ ᠠᠰᠢᠭᠯᠠᠬᠤ ᠠᠵᠢᠯ ᠵᠶ᠋ᠠᠨ ᠨᠢᠭᠡᠳᠦᠯᠲᠡᠢ ᠲᠥᠯᠥᠪᠯᠡᠨ ᠵᠣᠬᠢᠴᠠᠭᠤᠯᠵᠤ᠂ ᠬᠣᠰᠢᠭᠤ ᠰᠢᠶᠠᠨ᠎ᠤ ᠱᠠᠲᠤᠨ᠎ᠤ ᠪᠠᠢ᠌ᠭ᠋ᠠᠯᠢ ᠵᠢᠨ ᠡᠬᠢ ᠪᠠᠶᠠᠯᠢᠭ᠎ᠤᠨ ᠰᠠᠯᠠᠭ᠎ᠠ ᠮᠥᠴᠢᠷ᠎ᠨᠢ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠂ ᠠᠮᠢ ᠠᠬᠤᠢ ᠣᠷᠴᠢᠨ ᠲᠣᠭᠣᠷᠢᠨ᠂ ᠡᠳ᠋᠎ᠤᠨ ᠵᠠᠰᠠᠭ᠂ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠵᠤ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠵᠢᠨ ᠵᠶ᠋ᠠᠨ ᠶᠣᠰᠣᠭ᠋ᠠᠷ ᠪᠣᠳᠠᠲᠠᠢ ᠨᠠᠢ᠌ᠳᠠᠪᠤᠷᠢᠵᠢᠭᠤᠯᠬᠤ ᠠᠵᠢᠯ᠎ᠢ ᠬᠠᠷᠢᠭᠤᠴᠠᠨ᠎ᠠ᠃
ᠬᠣᠶᠠᠳᠤᠭ᠋ᠠᠷ ᠪᠦᠯᠦᠭ ᠬᠥᠷᠥᠰᠥ ᠰᠢᠷᠣᠢ ᠵᠢ ᠮᠠᠯᠲᠠᠨ ᠠᠪᠴᠤ ᠠᠰᠢᠭᠯᠠᠬᠤ
ᠵᠢᠷᠭᠤᠳᠤᠭ᠋ᠠᠷ ᠵᠦᠢ᠍ᠯ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠳᠤ ᠬᠠᠷ᠎ᠠ ᠬᠥᠷᠥᠰᠥᠲᠦ ᠭᠠᠵᠠᠷ᠎ᠢ ᠦᠨᠡᠨ ᠬᠦ᠌ ᠡᠵᠡᠯᠡᠨ ᠬᠡᠷᠡᠭᠯᠡᠬᠦ ᠴᠢᠬᠤᠯᠠᠲᠠᠢ ᠪᠠᠢ᠌ᠪᠠᠯ᠂ ᠬᠣᠰᠢᠭᠤ ᠰᠢᠶᠠᠨ (ᠬᠤᠳᠠ᠂ ᠲᠣᠭᠣᠷᠢᠭ)᠎ᠤ ᠠᠷᠠᠳ᠎ᠤᠨ ᠵᠠᠰᠠᠭ᠎ᠤᠨ ᠣᠷᠳᠣᠨ᠎ᠨᠢ ᠪᠠᠢ᠌ᠭ᠋ᠠᠯᠢ ᠵᠢᠨ ᠡᠬᠢ ᠪᠠᠶᠠᠯᠢᠭ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠰᠠᠯᠠᠭ᠎ᠠ ᠮᠥᠴᠢᠷ᠎ᠢ ᠵᠣᠬᠢᠶᠠᠨ ᠪᠠᠢ᠌ᠭᠤᠯᠵᠤ ᠬᠠᠷ᠎ᠠ ᠬᠥᠷᠥᠰᠥᠲᠦ ᠭᠠᠵᠠᠷ᠎ᠤᠨ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠵᠢ ᠮᠠᠯᠲᠠᠨ ᠠᠪᠴᠤ ᠠᠰᠢᠭᠯᠠᠬᠤ ᠣᠨ᠎ᠤ ᠲᠥᠯᠥᠪᠯᠡᠭᠡ ᠵᠢ ᠨᠠᠢ᠌ᠷᠠᠭᠤᠯᠤᠨ ᠵᠣᠬᠢᠶᠠᠵᠤ᠂ ᠠᠢ᠌ᠮᠠᠭ ᠬᠤᠳᠠ ᠵᠢᠨ ᠪᠠᠢ᠌ᠭ᠋ᠠᠯᠢ ᠵᠢᠨ ᠡᠬᠢ ᠪᠠᠶᠠᠯᠢᠭ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠵᠦ ᠳᠠᠩᠰᠠᠯᠠᠭᠤᠯᠬᠤ ᠬᠡᠷᠡᠭᠲᠡᠢ᠃
ᠳᠣᠯᠣᠳᠤᠭ᠋ᠠᠷ ᠵᠦᠢ᠍ᠯ ᠬᠠᠷ᠎ᠠ ᠬᠥᠷᠥᠰᠥᠲᠦ ᠭᠠᠵᠠᠷ᠎ᠤᠨ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠵᠢ ᠮᠠᠯᠲᠠᠨ ᠠᠪᠴᠤ ᠠᠰᠢᠭᠯᠠᠬᠤ ᠣᠨ᠎ᠤ ᠲᠥᠯᠥᠪᠯᠡᠭᠡ᠎ᠨᠢ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠲᠥᠯᠦᠪᠵᠢᠭᠦᠯᠭᠡ᠎ᠳᠤ ᠨᠡᠢ᠌ᠴᠡᠭᠰᠡᠨ ᠪᠠᠢ᠌ᠬᠤ ᠬᠡᠷᠡᠭᠲᠡᠢ᠂ ᠣᠨ᠎ᠤ ᠪᠦᠲᠦᠭᠡᠨ ᠪᠠᠢ᠌ᠭᠤᠯᠤᠯᠲᠠ᠎ᠳᠤ ᠡᠵᠡᠯᠡᠨ ᠬᠡᠷᠡᠭᠯᠡᠭᠰᠡᠨ ᠬᠠᠷ᠎ᠠ ᠬᠥᠷᠥᠰᠥᠲᠦ ᠭᠠᠵᠠᠷ᠎ᠤᠨ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠵᠢ ᠮᠠᠯᠲᠠᠨ ᠠᠪᠬᠤ ᠬᠢᠭᠡᠳ ᠰᠢᠨ᠎ᠡ᠎ᠪᠠᠷ ᠬᠠᠭ᠋ᠠᠯᠪᠤᠷᠢᠯᠠᠬᠤ ᠲᠠᠷᠢᠶᠠᠯᠠᠬᠤ ᠭᠠᠵᠠᠷ ᠪᠠ ᠴᠢᠨᠠᠷ ᠮᠠᠭᠤᠲᠠᠢ ᠲᠠᠷᠢᠶᠠᠯᠠᠬᠤ ᠭᠠᠵᠠᠷ᠎ᠢ ᠰᠠᠢ᠌ᠵᠢᠷᠠᠭᠤᠯᠬᠤ᠂ ᠪᠣᠬᠢᠷᠲᠤᠭᠰᠠᠨ ᠲᠠᠷᠢᠶᠠᠯᠠᠬᠤ ᠭᠠᠵᠠᠷ᠎ᠢ ᠵᠠᠰᠠᠬᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠪᠦᠲᠦᠭᠡᠨ ᠪᠠᠢ᠌ᠭᠤᠯᠬᠤ᠂ ᠭᠠᠵᠠᠷ ᠰᠢᠷᠣᠢ ᠵᠢ ᠳᠠᠬᠢᠨ ᠬᠠᠭ᠋ᠠᠯᠪᠤᠷᠢᠯᠠᠬᠤ ᠵᠡᠷᠭᠡ ᠬᠥᠷᠥᠰᠥ ᠰᠢᠷᠣᠢ ᠵᠢᠨ ᠠᠰᠢᠭᠯᠠᠯᠲᠠ ᠵᠢ ᠨᠢᠭᠡᠳᠦᠯᠲᠡᠢ ᠲᠥᠯᠥᠪᠯᠡᠨ ᠲᠣᠬᠢᠷᠠᠭᠤᠯᠬᠤ ᠵᠢᠨ ᠬᠠᠮᠲᠤ᠂ ᠬᠠᠷ᠎ᠠ ᠬᠥᠷᠥᠰᠥᠲᠦ ᠭᠠᠵᠠᠷ᠎ᠤᠨ ᠬᠠᠮᠠᠭ᠋ᠠᠯᠠᠯᠲᠠ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠡᠷᠭᠡ ᠲᠤᠰᠬᠠᠢ ᠵᠦᠢ᠍ᠯ᠎ᠤᠨ ᠲᠥᠯᠦᠪᠵᠢᠭᠦᠯᠭᠡᠯᠦᠭᠡ ᠭᠦᠢ᠍ᠴᠡᠳ ᠵᠣᠯᠭ᠋ᠠᠭᠤᠯᠬᠤ ᠬᠡᠷᠡᠭᠲᠡᠢ᠃
ᠨᠠᠢ᠍ᠮᠠᠳᠤᠭ᠋ᠠᠷ ᠵᠦᠢ᠍ᠯ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠳᠤ ᠬᠠᠷ᠎ᠠ ᠬᠥᠷᠥᠰᠥᠲᠦ ᠭᠠᠵᠠᠷ᠎ᠢ ᠦᠨᠡᠨ ᠬᠦ᠌ ᠡᠵᠡᠯᠡᠨ ᠬᠡᠷᠡᠭᠯᠡᠬᠦ ᠴᠢᠬᠤᠯᠠᠲᠠᠢ ᠪᠠᠢ᠌ᠪᠠᠯ᠂ ᠥᠪᠡᠷᠲᠡᠭᠡᠨ ᠵᠠᠰᠠᠬᠤ ᠣᠷᠣᠨ᠎ᠤ ᠪᠦᠲᠦᠭᠡᠨ ᠪᠠᠢ᠌ᠭᠤᠯᠤᠯᠲᠠ᠎ᠳᠤ ᠡᠵᠡᠯᠡᠨ ᠬᠡᠷᠡᠭᠯᠡᠭᠰᠡᠨ ᠬᠠᠷ᠎ᠠ ᠬᠥᠷᠥᠰᠥᠲᠦ ᠭᠠᠵᠠᠷ᠎ᠤᠨ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠵᠢ ᠮᠠᠯᠲᠠᠨ ᠠᠪᠴᠤ ᠠᠰᠢᠭᠯᠠᠬᠤ ᠮᠡᠷᠭᠡᠵᠢᠯ᠎ᠤᠨ ᠵᠢᠷᠤᠮᠵᠢᠯ ᠶᠣᠰᠣᠭ᠋ᠠᠷ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠵᠢ ᠮᠠᠯᠲᠠᠨ ᠠᠪᠬᠤ ᠵᠢ ᠬᠡᠷᠡᠭᠵᠢᠭᠦᠯᠬᠦ ᠬᠡᠷᠡᠭᠲᠡᠢ᠃
ᠳᠣᠣᠷ᠎ᠠ ᠵᠢᠭᠰᠠᠭ᠋ᠠᠭᠰᠠᠨ ᠪᠠᠢ᠌ᠳᠠᠯ ᠣᠷᠣᠰᠢᠵᠤ ᠪᠠᠢ᠌ᠪᠠᠯ᠂ ᠬᠣᠰᠢᠭᠤ ᠰᠢᠶᠠᠨ᠎ᠤ ᠱᠠᠲᠤᠨ᠎ᠤ ᠪᠠᠢ᠌ᠭ᠋ᠠᠯᠢ ᠵᠢᠨ ᠡᠬᠢ ᠪᠠᠶᠠᠯᠢᠭ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠂ ᠠᠮᠢ ᠠᠬᠤᠢ ᠣᠷᠴᠢᠨ ᠲᠣᠭᠣᠷᠢᠨ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠨ ᠮᠠᠭ᠋ᠠᠳᠯᠠᠭᠤᠯᠤᠨ ᠲᠣᠭᠲᠠᠭ᠋ᠠᠯᠭ᠋ᠠᠵᠤ᠂ ᠲᠣᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠳᠤ᠎ᠪᠠᠨ ᠮᠡᠳᠡᠭᠦᠯᠦᠨ ᠵᠥᠪᠰᠢᠶᠡᠷᠡᠭᠦᠯᠦᠭᠡᠳ᠂ ᠮᠠᠯᠲᠠᠨ ᠠᠪᠬᠤ ᠦᠭᠡᠢ ᠪᠠᠢ᠌ᠵᠤ ᠪᠣᠯᠣᠨ᠎ᠠ᠄
(ᠨᠢᠭᠡ) ᠥᠪᠡᠷᠲᠡᠭᠡᠨ ᠵᠠᠰᠠᠬᠤ ᠣᠷᠣᠨ᠎ᠤ ᠪᠦᠲᠦᠭᠡᠨ ᠪᠠᠢ᠌ᠭᠤᠯᠤᠯᠲᠠ᠎ᠳᠤ ᠡᠵᠡᠯᠡᠨ ᠬᠡᠷᠡᠭᠯᠡᠭᠰᠡᠨ ᠬᠠᠷ᠎ᠠ ᠬᠥᠷᠥᠰᠥᠲᠦ ᠭᠠᠵᠠᠷ᠎ᠤᠨ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠵᠢ ᠮᠠᠯᠲᠠᠨ ᠠᠪᠴᠤ ᠠᠰᠢᠭᠯᠠᠬᠤ ᠮᠡᠷᠭᠡᠵᠢᠯ᠎ᠤᠨ ᠵᠢᠷᠤᠮᠵᠢᠯ ᠱᠠᠭ᠋ᠠᠷᠳᠠᠯᠭ᠎ᠠ᠎ᠳᠤ ᠨᠡᠢ᠌ᠴᠡᠬᠦ ᠦᠭᠡᠢ ᠪᠠᠢ᠌ᠬᠤ;
(ᠬᠣᠶᠠᠷ) ᠬᠦᠨᠳᠦ ᠨᠣᠴᠢᠲᠠᠢ ᠪᠣᠬᠢᠷᠲᠤᠭ᠋ᠠᠳ ᠳᠠᠬᠢᠵᠤ ᠠᠰᠢᠭᠯᠠᠬᠤ᠎ᠳᠤ ᠲᠣᠬᠢᠷᠠᠬᠤ ᠦᠭᠡᠢ ᠪᠣᠯᠤᠭᠰᠠᠨ;
(ᠭᠤᠷᠪᠠ) ᠬᠦᠨᠳᠦ ᠨᠣᠴᠢᠲᠠᠢ ᠡᠯᠡᠰᠦᠷᠬᠡᠭᠵᠢᠵᠦ᠂ ᠬᠤᠵᠢᠷᠰᠢᠭ᠋ᠠᠳ ᠳᠠᠬᠢᠵᠤ ᠠᠰᠢᠭᠯᠠᠬᠤ᠎ᠳᠤ ᠲᠣᠬᠢᠷᠠᠬᠤ ᠦᠭᠡᠢ ᠪᠣᠯᠤᠭᠰᠠᠨ;
(ᠳᠥᠷᠪᠡ) ᠵᠥᠪᠰᠢᠶᠡᠷᠡᠯ ᠦᠭᠡᠢ᠎ᠪᠠᠷ ᠬᠠᠤᠯᠢ ᠪᠤᠰᠤ᠎ᠪᠠᠷ ᠬᠠᠷ᠎ᠠ ᠬᠥᠷᠥᠰᠥᠲᠦ ᠭᠠᠵᠠᠷ᠎ᠢ ᠡᠵᠡᠯᠡᠨ ᠬᠡᠷᠡᠭᠯᠡᠭᠰᠡᠨ ᠮᠥᠷᠲᠡᠭᠡᠨ ᠲᠠᠷᠢᠶᠠᠯᠠᠬᠤ ᠳᠠᠪᠬᠤᠷᠭ᠎ᠠ ᠵᠢᠨ ᠬᠥᠷᠥᠰᠥ᠎ᠨᠢ ᠬᠦᠨᠳᠦ ᠨᠣᠴᠢᠲᠠᠢ ᠡᠪᠳᠡᠭᠳᠡᠭᠡᠳ ᠲᠠᠬᠢᠵᠥ ᠠᠰᠢᠭᠯᠠᠬᠤ ᠵᠢᠨ ᠠᠷᠭ᠎ᠠ ᠦᠭᠡᠢ ᠪᠣᠯᠤᠭᠰᠠᠨ᠎ᠤ ᠬᠠᠮᠲᠤ ᠨᠢᠭᠡᠨᠲᠡ ᠬᠠᠤᠯᠢ ᠶᠣᠰᠣᠭ᠋ᠠᠷ ᠪᠠᠢ᠌ᠴᠠᠭ᠋ᠠᠨ ᠰᠢᠢ᠍ᠳᠪᠦᠷᠢᠯᠡᠭᠰᠡᠨ;
(ᠲᠠᠪᠤ) ᠤᠯᠤᠰ᠎ᠤᠨ ᠠᠮᠤᠷ ᠲᠦᠪᠰᠢᠨ᠂ ᠴᠡᠷᠢᠭ᠎ᠤᠨ ᠶᠠᠪᠤᠳᠠᠯ᠂ ᠠᠶᠤᠯ ᠭᠠᠮᠰᠢᠭ᠎ᠠᠴᠠ ᠠᠪᠤᠷᠠᠬᠤ ᠵᠡᠷᠭᠡ ᠪᠠᠴᠢᠮ ᠬᠡᠷᠡᠭᠴᠡᠭᠡ᠎ᠳᠤ ᠭᠠᠵᠠᠷ᠎ᠢ ᠲᠦᠷ ᠬᠡᠷᠡᠭᠯᠡᠬᠦ;
(ᠵᠢᠷᠭᠤᠭ᠎ᠠ) ᠪᠡᠯᠡᠳᠭᠡᠮᠵᠢᠳᠤ ᠲᠠᠷᠢᠶᠠᠯᠠᠩ᠎ᠳᠤ ᠬᠡᠷᠡᠭᠯᠡᠬᠦ ᠭᠠᠵᠠᠷ᠎ᠢ ᠡᠵᠡᠯᠡᠨ ᠬᠡᠷᠡᠭᠯᠡᠭᠡᠳ ᠲᠠᠷᠢᠶᠠᠯᠠᠬᠤ ᠳᠠᠪᠬᠤᠷᠭ᠎ᠠ ᠵᠢ ᠡᠪᠳᠡᠬᠦ ᠦᠭᠡᠢ ᠪᠠᠢ᠌ᠬᠤ᠃
ᠶᠢᠰᠦᠳᠦᠭᠡᠷ ᠵᠦᠢ᠍ᠯ ᠪᠦᠲᠦᠭᠡᠨ ᠪᠠᠢ᠌ᠭᠤᠯᠤᠯᠲᠠ ᠵᠢᠨ ᠲᠦᠷᠦᠯ ᠵᠦᠢ᠍ᠯ᠎ᠳᠤ ᠬᠠᠷ᠎ᠠ ᠬᠥᠷᠥᠰᠥᠲᠦ ᠭᠠᠵᠠᠷ᠎ᠢ ᠡᠵᠡᠯᠡᠨ ᠬᠡᠷᠡᠭᠯᠡᠭᠡᠳ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠵᠢ ᠮᠠᠯᠲᠠᠨ ᠠᠪᠬᠤ ᠴᠢᠬᠤᠯᠠᠲᠠᠢ ᠪᠠᠢ᠌ᠪᠠᠯ᠂ ᠭᠠᠵᠠᠷ ᠬᠡᠷᠡᠭᠯᠡᠬᠦ᠎ᠪᠠᠷ ᠭᠤᠶᠤᠴᠢᠯᠠᠬᠤ᠎ᠠᠴᠠ᠎ᠪᠠᠨ ᠡᠮᠦᠨ᠎ᠡ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠵᠢ ᠮᠠᠯᠲᠠᠨ ᠠᠪᠴᠤ ᠠᠰᠢᠭᠯᠠᠬᠤ ᠲᠥᠰᠥᠯ᠎ᠢ ᠨᠠᠢ᠌ᠷᠠᠭᠤᠯᠤᠨ ᠵᠣᠬᠢᠶᠠᠬᠤ ᠬᠡᠷᠡᠭᠲᠡᠢ᠃
ᠲᠦᠷ ᠬᠡᠷᠡᠭᠯᠡᠬᠦ ᠭᠠᠵᠠᠷ᠎ᠨᠢ ᠬᠠᠷ᠎ᠠ ᠬᠥᠷᠥᠰᠥᠲᠦ ᠭᠠᠵᠠᠷ᠎ᠢ ᠡᠵᠡᠯᠡᠨ ᠬᠡᠷᠡᠭᠯᠡᠬᠦ᠎ᠳᠤ ᠬᠣᠯᠪᠣᠭᠳᠠᠪᠠᠯ᠂ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠵᠢ ᠮᠠᠯᠲᠠᠨ ᠠᠪᠴᠤ ᠠᠰᠢᠭᠯᠠᠬᠤ ᠠᠭᠤᠯᠭ᠎ᠠ ᠵᠢ ᠭᠠᠵᠠᠷ ᠰᠢᠷᠣᠢ ᠵᠢᠨ ᠳᠠᠬᠢᠨ ᠬᠠᠭ᠋ᠠᠯᠪᠤᠷᠢᠯᠠᠬᠤ ᠲᠥᠰᠥᠯ᠎ᠳᠤ᠎ᠪᠠᠨ ᠣᠷᠣᠭᠤᠯᠵᠤ᠂ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠵᠢ ᠮᠠᠯᠲᠠᠨ ᠠᠪᠴᠤ ᠠᠰᠢᠭᠯᠠᠬᠤ ᠲᠥᠰᠥᠯ᠎ᠢ ᠠᠰᠲᠤᠨᠢ ᠨᠠᠢ᠌ᠷᠠᠭᠤᠯᠤᠨ ᠵᠣᠬᠢᠶᠠᠬᠤ ᠦᠭᠡᠢ᠂ ᠭᠠᠵᠠᠷ ᠰᠢᠷᠣᠢ ᠵᠢ ᠳᠠᠬᠢᠨ ᠬᠠᠭ᠋ᠠᠯᠪᠤᠷᠢᠯᠠᠬᠤ᠎ᠳᠤ᠎ᠪᠠᠨ ᠡᠷᠬᠡᠪᠰᠢ ᠬᠠᠷ᠎ᠠ ᠬᠥᠷᠥᠰᠥᠲᠦ ᠭᠠᠵᠠᠷ᠎ᠢ ᠰᠡᠷᠭᠦᠭᠡᠬᠦ ᠬᠡᠷᠡᠭᠲᠡᠢ᠃
ᠠᠷᠪᠠᠳᠤᠭ᠋ᠠᠷ ᠵᠦᠢ᠍ᠯ ᠬᠣᠲᠠ ᠪᠠᠯᠭ᠋ᠠᠰᠤ ᠵᠢᠨ ᠲᠥᠯᠦᠪᠵᠢᠭᠦᠯᠭᠡ ᠵᠢᠨ ᠪᠦᠯᠦᠭ ᠤᠳᠠᠭ᠎ᠠ ᠵᠢᠨ ᠬᠡᠷᠡᠭᠯᠡᠬᠦ ᠭᠠᠵᠠᠷ᠂ ᠠᠢ᠌ᠯ ᠲᠣᠰᠬᠣᠨ᠎ᠤ ᠲᠥᠯᠦᠪᠵᠢᠭᠦᠯᠭᠡ ᠵᠢᠨ ᠪᠦᠯᠦᠭ ᠤᠳᠠᠭ᠎ᠠ ᠵᠢᠨ ᠬᠡᠷᠡᠭᠯᠡᠬᠦ ᠭᠠᠵᠠᠷ᠎ᠲᠤ ᠬᠠᠷ᠎ᠠ ᠬᠥᠷᠥᠰᠥᠲᠦ ᠭᠠᠵᠠᠷ᠎ᠢ ᠡᠵᠡᠯᠡᠨ ᠬᠡᠷᠡᠭᠯᠡᠭᠰᠡᠨ ᠪᠠᠢ᠌ᠪᠠᠯ᠂ ᠬᠣᠰᠢᠭᠤ ᠰᠢᠶᠠᠨ᠎ᠤ ᠱᠠᠲᠤᠨ᠎ᠤ ᠪᠠᠢ᠌ᠭ᠋ᠠᠯᠢ ᠵᠢᠨ ᠡᠬᠢ ᠪᠠᠶᠠᠯᠢᠭ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠵᠢ ᠮᠠᠯᠲᠠᠨ ᠠᠪᠴᠤ ᠠᠰᠢᠭᠯᠠᠬᠤ ᠲᠥᠰᠥᠯ᠎ᠢ ᠵᠣᠬᠢᠶᠠᠨ ᠪᠠᠢ᠌ᠭᠤᠯᠵᠤ ᠨᠠᠢ᠌ᠷᠠᠭᠤᠯᠤᠨ ᠵᠣᠬᠢᠶᠠᠨ᠎ᠠ; ᠲᠤᠰᠠᠭ᠋ᠠᠷ ᠭᠠᠵᠠᠷ ᠰᠣᠩᠭᠣᠬᠤ ᠲᠥᠷᠥᠯ ᠵᠦᠢ᠍ᠯ᠂ ᠪᠡᠯᠡᠳᠭᠡᠮᠵᠢᠳᠤ ᠲᠠᠷᠢᠶᠠᠯᠠᠩ᠎ᠳᠤ ᠬᠡᠷᠡᠭᠯᠡᠬᠦ ᠭᠠᠵᠠᠷ᠎ᠤᠨ ᠲᠥᠷᠥᠯ ᠵᠦᠢ᠍ᠯ ᠪᠠ ᠲᠦᠷ ᠬᠡᠷᠡᠭᠯᠡᠬᠦ ᠭᠠᠵᠠᠷ᠎ᠲᠤ ᠬᠠᠷ᠎ᠠ ᠬᠥᠷᠥᠰᠥᠲᠦ ᠭᠠᠵᠠᠷ᠎ᠢ ᠡᠵᠡᠯᠡᠨ ᠬᠡᠷᠡᠭᠯᠡᠭᠰᠡᠨ ᠪᠠᠢ᠌ᠪᠠᠯ᠂ ᠭᠠᠵᠠᠷ ᠬᠡᠷᠡᠭᠯᠡᠬᠦ ᠨᠢᠭᠡᠴᠢ᠎ᠠᠴᠠ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠵᠢ ᠮᠠᠯᠲᠠᠨ ᠠᠪᠴᠤ ᠠᠰᠢᠭᠯᠠᠬᠤ ᠲᠥᠰᠥᠯ᠎ᠢ ᠨᠠᠢ᠌ᠷᠠᠭᠤᠯᠤᠨ ᠵᠣᠬᠢᠶᠠᠨ᠎ᠠ᠃
ᠡᠵᠡᠯᠡᠨ ᠬᠡᠷᠡᠭᠯᠡᠭᠰᠡᠨ ᠬᠠᠷ᠎ᠠ ᠬᠥᠷᠥᠰᠥᠲᠦ ᠭᠠᠵᠠᠷ᠎ᠤᠨ ᠲᠠᠯᠠᠪᠠᠶ᠎ᠨᠢ 1000 ᠲᠡᠭᠰᠢ ᠳᠥᠷᠪᠡᠯᠵᠢᠨ ᠮᠧᠲᠷ ᠵᠢᠴᠢ ᠲᠡᠭᠦᠨ᠎ᠠᠴᠠ ᠳᠣᠷᠣᠭᠰᠢᠬᠢ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠨᠢ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠵᠢ ᠮᠠᠯᠲᠠᠨ ᠠᠪᠴᠤ ᠠᠰᠢᠭᠯᠠᠬᠤ ᠲᠥᠰᠥᠯ᠎ᠢ ᠨᠠᠢ᠌ᠷᠠᠭᠤᠯᠤᠨ ᠵᠣᠬᠢᠶᠠᠬᠤ ᠦᠭᠡᠢ ᠪᠠᠢ᠌ᠵᠤ ᠪᠣᠯᠣᠨ᠎ᠠ᠂ ᠭᠡᠪᠡᠴᠦ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠵᠢ ᠮᠠᠯᠲᠠᠨ ᠠᠪᠴᠤ ᠠᠰᠢᠭᠯᠠᠬᠤ ᠮᠡᠳᠡᠭᠦᠯᠦᠯᠲᠡ ᠵᠢᠨ ᠬᠦᠰᠦᠨᠦᠭᠲᠦ ᠵᠢ ᠲᠠᠭᠯᠠᠬᠤ ᠬᠡᠷᠡᠭᠲᠡᠢ᠃
ᠠᠷᠪᠠᠨ ᠨᠢᠭᠡᠳᠦᠭᠡᠷ ᠵᠦᠢ᠍ᠯ ᠪᠦᠲᠦᠭᠡᠨ ᠪᠠᠢ᠌ᠭᠤᠯᠤᠯᠲᠠ᠎ᠳᠤ ᠡᠵᠡᠯᠡᠨ ᠬᠡᠷᠡᠭᠯᠡᠭᠰᠡᠨ ᠬᠠᠷ᠎ᠠ ᠬᠥᠷᠥᠰᠥᠲᠦ ᠭᠠᠵᠠᠷ᠎ᠤᠨ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠵᠢ ᠮᠠᠯᠲᠠᠨ ᠠᠪᠴᠤ ᠠᠰᠢᠭᠯᠠᠬᠤ ᠲᠥᠰᠥᠯ᠎ᠳᠤ ᠲᠥᠷᠥᠯ ᠵᠦᠢ᠍ᠯ᠎ᠤᠨ ᠲᠣᠢ᠌ᠮᠣ ᠪᠠᠢ᠌ᠳᠠᠯ᠂ ᠨᠠᠢ᠌ᠷᠠᠭᠤᠯᠤᠨ ᠵᠣᠬᠢᠶᠠᠭᠰᠠᠨ ᠦᠨᠳᠦᠰᠦᠯᠡᠯ᠂ ᠬᠥᠷᠥᠰᠥ ᠰᠢᠷᠣᠢ ᠵᠢ ᠪᠠᠢ᠌ᠴᠠᠭ᠋ᠠᠬᠤ᠂ ᠮᠠᠯᠲᠠᠨ ᠠᠪᠬᠤ᠂ ᠵᠥᠭᠡᠭᠡᠪᠦᠷᠢᠯᠡᠬᠦ᠂ ᠰᠢᠯᠭ᠋ᠠᠨ ᠠᠪᠬᠤ᠂ ᠬᠠᠳᠠᠭ᠋ᠠᠯᠠᠬᠤ᠂ ᠬᠠᠮᠢᠶᠠᠷᠴᠤ ᠬᠠᠮᠠᠭ᠋ᠠᠯᠠᠬᠤ᠂ ᠠᠰᠢᠭᠯᠠᠬᠤ᠂ ᠪᠡᠯᠡ ᠣᠷᠣᠭᠤᠯᠤᠯᠲᠠ ᠵᠢ ᠪᠠᠷᠤᠭᠯᠠᠨ ᠪᠣᠳᠣᠬᠤ᠂ ᠪᠠᠲᠤᠯᠠᠭ᠎ᠠ ᠵᠢᠨ ᠠᠷᠭ᠎ᠠ ᠬᠡᠮᠵᠢᠶ᠎ᠡ ᠵᠡᠷᠭᠡ ᠵᠢ ᠪᠠᠭᠲᠠᠭ᠋ᠠᠭᠰᠠᠨ ᠪᠠᠢ᠌ᠬᠤ ᠬᠡᠷᠡᠭᠲᠡᠢ᠃
ᠠᠷᠪᠠᠨ ᠬᠣᠶᠠᠳᠤᠭ᠋ᠠᠷ ᠵᠦᠢ᠍ᠯ ᠪᠦᠲᠦᠭᠡᠨ ᠪᠠᠢ᠌ᠭᠤᠯᠤᠯᠲᠠ᠎ᠳᠤ ᠡᠵᠡᠯᠡᠨ ᠬᠡᠷᠡᠭᠯᠡᠭᠰᠡᠨ ᠬᠠᠷ᠎ᠠ ᠬᠥᠷᠥᠰᠥᠲᠦ ᠭᠠᠵᠠᠷ᠎ᠤᠨ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠵᠢ ᠮᠠᠯᠲᠠᠨ ᠠᠪᠴᠤ ᠠᠰᠢᠭᠯᠠᠬᠤ ᠲᠥᠰᠥᠯ᠎ᠢ ᠨᠠᠢ᠌ᠷᠠᠭᠤᠯᠤᠨ ᠵᠣᠬᠢᠶᠠᠵᠤ ᠳᠠᠭᠤᠰᠤᠭᠰᠠᠨ᠎ᠤ ᠳᠠᠷᠠᠭ᠎ᠠ᠂ ᠬᠣᠰᠢᠭᠤ ᠰᠢᠶᠠᠨ᠎ᠤ ᠱᠠᠲᠤᠨ᠎ᠤ ᠪᠠᠢ᠌ᠭ᠋ᠠᠯᠢ ᠵᠢᠨ ᠡᠬᠢ ᠪᠠᠶᠠᠯᠢᠭ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠬᠤ ᠵᠢᠨ ᠬᠠᠮᠲᠤ ᠬᠠᠮᠢᠶ᠎ᠠ ᠪᠦᠬᠦᠢ ᠬᠦᠷᠢᠶ᠎ᠡ ᠴᠠᠷᠠᠭ᠋ᠠᠨ᠎ᠤ ᠲᠤᠰᠬᠠᠢ ᠮᠡᠷᠭᠡᠵᠢᠯᠲᠡᠳ᠎ᠢ ᠵᠣᠬᠢᠶᠠᠨ ᠪᠠᠢ᠌ᠭᠤᠯᠤᠨ ᠲᠥᠰᠥᠯ᠎ᠳᠤ ᠬᠢᠨᠠᠨ ᠪᠠᠢ᠌ᠴᠠᠭ᠋ᠠᠯᠲᠠ ᠨᠤᠲᠠᠯᠠᠯᠲᠠ ᠬᠢᠵᠦ᠂ ᠲᠤᠰᠬᠠᠢ ᠮᠡᠷᠭᠡᠵᠢᠯᠲᠡᠨ᠎ᠤ ᠳᠤᠭᠤᠢ᠌ᠯᠠᠩ᠎ᠠᠴᠠ ᠬᠢᠨᠠᠨ ᠪᠠᠢ᠌ᠴᠠᠭ᠋ᠠᠭᠰᠠᠨ ᠰᠠᠨᠠᠯ ᠭᠠᠷᠭ᠋ᠠᠵᠤ᠂ ᠠᠢ᠌ᠮᠠᠭ ᠬᠣᠲᠠ ᠵᠢᠨ ᠪᠠᠢ᠌ᠭ᠋ᠠᠯᠢ ᠵᠢᠨ ᠡᠬᠢ ᠪᠠᠶᠠᠯᠢᠭ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠵᠦ ᠳᠠᠩᠰᠠᠯᠠᠭᠤᠯᠤᠨ᠎ᠠ᠃
ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠵᠢ ᠮᠠᠯᠲᠠᠨ ᠠᠪᠴᠤ ᠠᠰᠢᠭᠯᠠᠬᠤ ᠮᠡᠳᠡᠭᠦᠯᠦᠯᠲᠡ ᠵᠢᠨ ᠬᠦᠰᠦᠨᠦᠭᠲᠦ ᠵᠢ ᠬᠣᠰᠢᠭᠤ ᠰᠢᠶᠠᠨ᠎ᠤ ᠱᠠᠲᠤᠨ᠎ᠤ ᠪᠠᠢ᠌ᠭ᠋ᠠᠯᠢ ᠵᠢᠨ ᠡᠬᠢ ᠪᠠᠶᠠᠯᠢᠭ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠠᠢ ᠬᠠᠮᠲᠤᠷᠠᠨ ᠬᠠᠮᠢᠶ᠎ᠠ ᠪᠦᠬᠦᠢ ᠪᠠᠷᠢᠮᠵᠢᠶ᠎ᠠ ᠶᠣᠰᠣᠭ᠋ᠠᠷ ᠬᠢᠨᠠᠨ ᠪᠠᠢ᠌ᠴᠠᠭ᠋ᠠᠵᠤ ᠪᠠᠲᠤᠯᠠᠭᠰᠠᠨ᠎ᠤ ᠳᠠᠷᠠᠭ᠎ᠠ᠂ ᠠᠢ᠌ᠮᠠᠭ ᠬᠣᠲᠠ ᠵᠢᠨ ᠪᠠᠢ᠌ᠭ᠋ᠠᠯᠢ ᠵᠢᠨ ᠡᠬᠢ ᠪᠠᠶᠠᠯᠢᠭ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠵᠦ ᠳᠠᠩᠰᠠᠯᠠᠭᠤᠯᠤᠨ᠎ᠠ᠃
ᠠᠷᠪᠠᠨ ᠭᠤᠷᠪᠠᠳᠤᠭ᠋ᠠᠷ ᠵᠦᠢ᠍ᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠢ ᠲᠠᠷᠢᠶᠠᠯᠠᠩ᠎ᠳᠤ ᠬᠡᠷᠡᠭᠯᠡᠬᠦ ᠭᠠᠵᠠᠷ᠎ᠢ ᠬᠤᠪᠢᠷᠠᠭᠤᠯᠤᠨ ᠬᠡᠷᠡᠭᠯᠡᠬᠦ ᠪᠠ ᠭᠠᠵᠠᠷ ᠰᠢᠷᠣᠢ ᠲᠠᠲᠠᠪᠤᠷᠢᠯᠠᠬᠤ ᠭᠠᠷᠳᠠᠮ᠎ᠢ ᠭᠦᠢ᠍ᠴᠡᠳᠬᠡᠬᠦ᠎ᠪᠠᠷ ᠭᠤᠶᠤᠴᠢᠯᠠᠬᠤ᠎ᠳᠤ᠂ ᠪᠦᠲᠦᠭᠡᠨ ᠪᠠᠢ᠌ᠭᠤᠯᠤᠯᠲᠠ᠎ᠳᠤ ᠡᠵᠡᠯᠡᠨ ᠬᠡᠷᠡᠭᠯᠡᠭᠰᠡᠨ ᠬᠠᠷ᠎ᠠ ᠬᠥᠷᠥᠰᠥᠲᠦ ᠭᠠᠵᠠᠷ᠎ᠤᠨ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠵᠢ ᠮᠠᠯᠲᠠᠨ ᠠᠪᠬᠤ᠎ᠳᠤ ᠬᠣᠯᠪᠣᠭᠳᠠᠪᠠᠯ᠂ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠵᠢ ᠮᠠᠯᠲᠠᠨ ᠠᠪᠴᠤ ᠠᠰᠢᠭᠯᠠᠬᠤ ᠲᠥᠰᠥᠯ ᠪᠤᠶᠤ ᠮᠡᠳᠡᠭᠦᠯᠦᠯᠲᠡ ᠵᠢᠨ ᠬᠦᠰᠦᠨᠦᠭᠲᠦ ᠵᠢᠴᠢ ᠬᠢᠨᠠᠨ ᠪᠠᠢ᠌ᠴᠠᠭ᠋ᠠᠭᠰᠠᠨ ᠰᠠᠨᠠᠯ ᠵᠶ᠋ᠠᠨ ᠳᠡᠭᠡᠭᠰᠢ ᠮᠡᠳᠡᠭᠦᠯᠬᠦ ᠬᠡᠷᠡᠭᠲᠡᠢ᠃
ᠠᠷᠪᠠᠨ ᠳᠥᠷᠪᠡᠳᠦᠭᠡᠷ ᠵᠦᠢ᠍ᠯ ᠬᠣᠲᠠ ᠪᠠᠯᠭ᠋ᠠᠰᠤ ᠵᠢᠨ ᠲᠥᠯᠦᠪᠵᠢᠭᠦᠯᠭᠡ ᠵᠢᠨ ᠪᠦᠯᠦᠭ ᠤᠳᠠᠭ᠎ᠠ ᠵᠢᠨ ᠬᠡᠷᠡᠭᠯᠡᠬᠦ ᠭᠠᠵᠠᠷ᠂ ᠠᠢ᠌ᠯ ᠲᠣᠰᠬᠣᠨ᠎ᠤ ᠲᠥᠯᠦᠪᠵᠢᠭᠦᠯᠭᠡ ᠵᠢᠨ ᠪᠦᠯᠦᠭ ᠤᠳᠠᠭ᠎ᠠ ᠵᠢᠨ ᠬᠡᠷᠡᠭᠯᠡᠬᠦ ᠭᠠᠵᠠᠷ᠎ᠲᠤ ᠬᠠᠷ᠎ᠠ ᠬᠥᠷᠥᠰᠥᠲᠦ ᠭᠠᠵᠠᠷ᠎ᠢ ᠡᠵᠡᠯᠡᠨ ᠬᠡᠷᠡᠭᠯᠡᠵᠦ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠵᠢ ᠮᠠᠯᠲᠠᠨ ᠠᠪᠬᠤ᠎ᠳᠤ ᠬᠦᠷᠪᠡᠯ᠂ ᠬᠣᠰᠢᠭᠤ ᠰᠢᠶᠠᠨ (ᠬᠣᠲᠠ᠂ ᠲᠣᠭᠣᠷᠢᠭ)᠎ᠤ ᠠᠷᠠᠳ᠎ᠤᠨ ᠵᠠᠰᠠᠭ᠎ᠤᠨ ᠣᠷᠳᠣᠨ᠎ᠠᠴᠠ ᠭᠠᠵᠠᠷ ᠬᠠᠩᠭ᠋ᠠᠬᠤ᠎ᠠᠴᠠ ᠡᠮᠦᠨ᠎ᠡ ᠮᠠᠯᠲᠠᠨ ᠠᠪᠴᠤ ᠠᠰᠢᠭᠯᠠᠬᠤ ᠲᠥᠰᠥᠯ᠎ᠤᠨ ᠶᠣᠰᠣᠭ᠋ᠠᠷ ᠵᠣᠬᠢᠶᠠᠨ ᠪᠠᠢ᠌ᠭᠤᠯᠵᠤ ᠬᠡᠷᠡᠭᠵᠢᠭᠦᠯᠬᠦ ᠵᠢᠨ ᠬᠠᠮᠲᠤ ᠬᠡᠷᠡᠭᠵᠢᠭᠦᠯᠬᠦ ᠭᠣᠣᠯ ᠴᠣᠭᠴᠠ ᠵᠢ ᠬᠠᠤᠯᠢ ᠲᠣᠭᠲᠠᠭ᠋ᠠᠯ ᠶᠣᠰᠣᠭ᠋ᠠᠷ ᠲᠣᠭᠲᠠᠭ᠋ᠠᠬᠤ ᠬᠡᠷᠡᠭᠲᠡᠢ᠃ ᠬᠣᠯᠪᠣᠭᠳᠠᠭᠰᠠᠨ ᠬᠥᠷᠥᠰᠥ ᠰᠢᠷᠣᠢ ᠵᠢ ᠪᠠᠢ᠌ᠴᠠᠭ᠋ᠠᠨ ᠦᠨᠡᠯᠡᠬᠦ ᠵᠠᠷᠤᠳᠠᠯ᠂ ᠬᠥᠷᠥᠰᠥ ᠰᠢᠷᠣᠢ ᠵᠢ ᠮᠠᠯᠲᠠᠨ ᠠᠪᠴᠤ ᠠᠰᠢᠭᠯᠠᠬᠤ ᠲᠥᠰᠥᠯ᠎ᠢ ᠨᠠᠢ᠌ᠷᠠᠭᠤᠯᠤᠨ ᠵᠣᠬᠢᠶᠠᠬᠤ ᠵᠢᠴᠢ ᠬᠢᠨᠠᠨ ᠲᠣᠭᠲᠠᠭ᠋ᠠᠬᠤ ᠵᠠᠷᠤᠳᠠᠯ᠂ ᠬᠥᠷᠥᠰᠥ ᠰᠢᠷᠣᠢ ᠵᠢ ᠮᠠᠯᠲᠠᠨ ᠠᠪᠬᠤ ᠠᠵᠢᠯ᠎ᠤᠨ ᠵᠠᠷᠤᠳᠠᠯ᠂ ᠵᠥᠭᠡᠭᠡᠪᠦᠷᠢᠯᠡᠬᠦ ᠵᠠᠷᠤᠳᠠᠯ᠂ ᠬᠠᠳᠠᠭ᠋ᠠᠯᠠᠵᠤ ᠬᠠᠮᠢᠶᠠᠷᠤᠨ ᠬᠠᠮᠠᠭ᠋ᠠᠯᠠᠬᠤ ᠵᠠᠷᠤᠳᠠᠯ᠂ ᠰᠢᠯᠭ᠋ᠠᠨ ᠠᠪᠬᠤ ᠵᠠᠷᠤᠳᠠᠯ ᠵᠡᠷᠭᠡ ᠵᠢ ᠭᠠᠵᠠᠷ ᠬᠡᠷᠡᠭᠯᠡᠬᠦ ᠥᠪᠡᠷ᠎ᠤᠨ ᠥᠷᠲᠡᠭ᠎ᠲᠤ ᠣᠷᠣᠭᠤᠯᠤᠨ᠎ᠠ᠃
ᠲᠤᠰᠠᠭ᠋ᠠᠷ ᠭᠠᠵᠠᠷ ᠰᠣᠩᠭᠣᠬᠤ ᠲᠥᠷᠥᠯ ᠵᠦᠢ᠍ᠯ᠂ ᠪᠡᠯᠡᠳᠭᠡᠮᠵᠢᠳᠤ ᠲᠠᠷᠢᠶᠠᠯᠠᠩ᠎ᠳᠤ ᠬᠡᠷᠡᠭᠯᠡᠬᠦ ᠭᠠᠵᠠᠷ᠎ᠤᠨ ᠲᠥᠷᠥᠯ ᠵᠦᠢ᠍ᠯ᠂ ᠲᠦᠷ ᠬᠡᠷᠡᠭᠯᠡᠬᠦ ᠭᠠᠵᠠᠷ᠎ᠲᠤ ᠬᠠᠷ᠎ᠠ ᠬᠥᠷᠥᠰᠥᠲᠦ ᠭᠠᠵᠠᠷ᠎ᠢ ᠡᠵᠡᠯᠡᠨ ᠬᠡᠷᠡᠭᠯᠡᠵᠦ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠵᠢ ᠮᠠᠯᠲᠠᠨ ᠠᠪᠬᠤ᠎ᠳᠤ ᠬᠦᠷᠪᠡᠯ᠂ ᠭᠠᠵᠠᠷ ᠬᠡᠷᠡᠭᠯᠡᠬᠦ ᠨᠢᠭᠡᠴᠢ᠎ᠨᠢ ᠲᠥᠷᠥᠯ ᠵᠦᠢ᠍ᠯ᠎ᠤᠨ ᠠᠵᠢᠯ ᠡᠬᠢᠯᠡᠬᠦ᠎ᠠᠴᠠ ᠡᠮᠦᠨ᠎ᠡ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠵᠢ ᠮᠠᠯᠲᠠᠨ ᠠᠪᠴᠤ ᠠᠰᠢᠭᠯᠠᠬᠤ ᠲᠥᠰᠥᠯ᠂ ᠮᠡᠳᠡᠭᠦᠯᠦᠯᠲᠡ ᠵᠢᠨ ᠬᠦᠰᠦᠨᠦᠭᠲᠦ ᠪᠤᠶᠤ ᠭᠠᠵᠠᠷ ᠰᠢᠷᠣᠢ ᠵᠢ ᠳᠠᠬᠢᠨ ᠬᠠᠭ᠋ᠠᠯᠪᠤᠷᠢᠯᠠᠬᠤ ᠲᠥᠰᠥᠯ᠎ᠤᠨ ᠶᠣᠰᠣᠭ᠋ᠠᠷ ᠵᠣᠬᠢᠶᠠᠨ ᠪᠠᠢ᠌ᠭᠤᠯᠤᠨ ᠬᠡᠷᠡᠭᠵᠢᠭᠦᠯᠦᠨ᠎ᠡ᠃
ᠠᠷᠪᠠᠨ ᠲᠠᠪᠤᠳᠤᠭ᠋ᠠᠷ ᠵᠦᠢ᠍ᠯ ᠪᠦᠲᠦᠭᠡᠨ ᠪᠠᠢ᠌ᠭᠤᠯᠤᠯᠲᠠ᠎ᠳᠤ ᠡᠵᠡᠯᠡᠨ ᠬᠡᠷᠡᠭᠯᠡᠭᠰᠡᠨ ᠬᠠᠷ᠎ᠠ ᠬᠥᠷᠥᠰᠥᠲᠦ ᠭᠠᠵᠠᠷ᠎ᠤᠨ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠵᠢ ᠮᠠᠯᠲᠠᠨ ᠠᠪᠬᠤ ᠠᠵᠢᠯ ᠳᠠᠭᠤᠰᠤᠭᠰᠠᠨ᠎ᠤ ᠳᠠᠷᠠᠭ᠎ᠠ᠂ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠵᠢ ᠮᠠᠯᠲᠠᠨ ᠠᠪᠬᠤ ᠵᠢ ᠬᠡᠷᠡᠭᠵᠢᠭᠦᠯᠦᠭᠰᠡᠨ ᠭᠣᠣᠯ ᠴᠣᠭᠴᠠ᠎ᠨᠢ ᠴᠠᠭ ᠲᠤᠬᠠᠢᠳᠤᠨᠢ ᠬᠣᠰᠢᠭᠤ ᠰᠢᠶᠠᠨ᠎ᠤ ᠱᠠᠲᠤᠨ᠎ᠤ ᠪᠠᠢ᠌ᠭ᠋ᠠᠯᠢ ᠵᠢᠨ ᠡᠬᠢ ᠪᠠᠶᠠᠯᠢᠭ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠰᠢᠯᠭ᠋ᠠᠨ ᠠᠪᠤᠭᠤᠯᠬᠤ ᠭᠤᠶᠤᠴᠢᠯᠠᠯ ᠳᠤᠷᠠᠳᠬᠤ ᠬᠡᠷᠡᠭᠲᠡᠢ᠃
ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠵᠢ ᠮᠠᠯᠲᠠᠵᠤ ᠠᠪᠤᠭᠰᠠᠨ ᠠᠵᠢᠯ ᠵᠶ᠋ᠠᠨ ᠰᠢᠯᠭ᠋ᠠᠨ ᠠᠪᠤᠭᠤᠯᠬᠤ᠎ᠳᠤ ᠠᠵᠢᠯ᠎ᠤᠨ ᠬᠡᠷᠡᠭᠴᠡᠭᠡ᠎ᠪᠠᠨ ᠦᠨᠳᠦᠰᠦᠯᠡᠨ ᠣᠷᠣᠨ ᠬᠤᠪᠢᠶᠠᠨ᠂ ᠬᠡᠰᠡᠭ ᠬᠤᠪᠢᠶᠠᠨ᠂ ᠬᠤᠭᠤᠴᠠᠭ᠎ᠠ ᠬᠤᠪᠢᠶᠠᠨ ᠭᠤᠶᠤᠴᠢᠯᠠᠵᠤ ᠪᠣᠯᠣᠨ᠎ᠠ᠃
ᠠᠷᠪᠠᠨ ᠵᠢᠷᠭᠤᠳᠤᠭ᠋ᠠᠷ ᠵᠦᠢ᠍ᠯ ᠪᠦᠲᠦᠭᠡᠨ ᠪᠠᠢ᠌ᠭᠤᠯᠤᠯᠲᠠ᠎ᠳᠤ ᠡᠵᠡᠯᠡᠨ ᠬᠡᠷᠡᠭᠯᠡᠭᠰᠡᠨ ᠬᠠᠷ᠎ᠠ ᠬᠥᠷᠥᠰᠥᠲᠦ ᠭᠠᠵᠠᠷ᠎ᠤᠨ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠵᠢ ᠮᠠᠯᠲᠠᠵᠤ ᠠᠪᠤᠭᠰᠠᠨ ᠠᠵᠢᠯ ᠵᠶ᠋ᠠᠨ ᠰᠢᠯᠭ᠋ᠠᠨ ᠠᠪᠤᠭᠤᠯᠬᠤ᠎ᠪᠠᠷ ᠭᠤᠶᠤᠴᠢᠯᠠᠬᠤ᠎ᠳᠤ᠂ ᠰᠢᠯᠭ᠋ᠠᠨ ᠠᠪᠤᠭᠤᠯᠬᠤ ᠭᠤᠶᠤᠴᠢᠯᠠᠯ᠂ ᠠᠵᠢᠯ ᠳᠠᠭᠤᠰᠤᠭᠰᠠᠨ ᠮᠡᠳᠡᠭᠦᠯᠦᠯᠲᠡ᠂ ᠠᠵᠢᠯᠯᠠᠭᠰᠠᠨ ᠲᠡᠮᠳᠡᠭᠯᠡᠯ᠂ ᠬᠢᠨᠠᠨ ᠬᠠᠮᠢᠶᠠᠷᠴᠤ ᠪᠠᠢ᠌ᠴᠠᠭ᠋ᠠᠨ ᠬᠡᠮᠵᠢᠭᠰᠡᠨ ᠲᠡᠮᠳᠡᠭᠯᠡᠯ᠂ ᠪᠠᠷᠢᠯᠭ᠎ᠠ ᠵᠢᠨ ᠬᠡᠮᠵᠢᠯᠲᠡ ᠵᠢᠨ ᠳ᠋ᠦᠩᠨᠡᠨ ᠪᠤᠳᠤᠭᠰᠠᠨ ᠮᠠᠲ᠋ᠧᠷᠢᠶᠠᠯ᠂ ᠮᠠᠯᠲᠠᠨ ᠠᠪᠤᠭᠰᠠᠨ ᠬᠥᠷᠥᠰᠥ ᠵᠢ ᠵᠥᠭᠡᠭᠡᠪᠦᠷᠢᠯᠡᠵᠦ ᠬᠠᠳᠠᠭ᠋ᠠᠯᠠᠨ ᠬᠠᠮᠢᠶᠠᠷᠴᠤ ᠬᠠᠮᠠᠭ᠋ᠠᠯᠠᠭᠰᠠᠨ ᠠᠵᠢᠯ᠎ᠤᠨ ᠮᠠᠲ᠋ᠧᠷᠢᠶᠠᠯ᠂ ᠬᠠᠮᠢᠶ᠎ᠠ ᠪᠦᠬᠦᠢ ᠵᠢᠷᠤᠭ ᠳᠦᠷᠰᠦ ᠵᠡᠷᠭᠡ ᠮᠠᠲ᠋ᠧᠷᠢᠶᠠᠯ᠎ᠢ ᠲᠤᠰᠢᠶᠠᠬᠤ ᠬᠡᠷᠡᠭᠲᠡᠢ᠃
ᠮᠠᠯᠲᠠᠨ ᠠᠪᠤᠭᠰᠠᠨ ᠬᠥᠷᠥᠰᠥ ᠵᠢ ᠮᠠᠯᠲᠠᠬᠤ ᠵᠢᠨ ᠳᠠᠭ᠋ᠠᠤ ᠬᠡᠷᠡᠭᠯᠡᠪᠡᠯ᠂ ᠬᠥᠷᠥᠰᠥ ᠵᠢ ᠠᠰᠢᠭᠯᠠᠭᠰᠠᠨ ᠪᠠᠢ᠌ᠳᠠᠯ᠎ᠢ ᠬᠠᠮᠲᠤᠳᠤᠨᠢ ᠰᠢᠯᠭ᠋ᠠᠨ ᠠᠪᠬᠤ ᠵᠢᠨ ᠬᠠᠮᠲᠤ᠂ ᠬᠥᠷᠥᠰᠥ ᠰᠢᠷᠣᠢ ᠵᠢᠨ ᠬᠡᠷᠡᠭᠯᠡᠯᠲᠡ ᠵᠢᠨ ᠲᠡᠮᠳᠡᠭᠯᠡᠯ᠎ᠤᠨ ᠮᠠᠲ᠋ᠧᠷᠢᠶᠠᠯ᠎ᠢ ᠳᠠᠭ᠋ᠠᠯᠳᠤᠭᠤᠯᠬᠤ ᠬᠡᠷᠡᠭᠲᠡᠢ᠃
ᠠᠷᠪᠠᠨ ᠳᠣᠯᠣᠳᠤᠭ᠋ᠠᠷ ᠵᠦᠢ᠍ᠯ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠢ ᠠᠵᠢᠯ ᠡᠬᠢᠯᠡᠭᠦᠯᠬᠦ᠎ᠠᠴᠠ ᠡᠮᠦᠨ᠎ᠡ ᠬᠣᠰᠢᠭᠤ ᠰᠢᠶᠠᠨ᠎ᠤ ᠱᠠᠲᠤᠨ᠎ᠤ ᠪᠠᠢ᠌ᠭ᠋ᠠᠯᠢ ᠵᠢᠨ ᠡᠬᠢ ᠪᠠᠶᠠᠯᠢᠭ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠬᠤ ᠵᠢᠨ ᠬᠠᠮᠲᠤ᠂ ᠬᠠᠮᠢᠶ᠎ᠠ ᠪᠦᠬᠦᠢ ᠬᠦᠷᠢᠶ᠎ᠡ ᠴᠠᠷᠠᠭ᠋ᠠᠨ᠎ᠤ ᠲᠤᠰᠬᠠᠢ ᠮᠡᠷᠭᠡᠵᠢᠯᠲᠡᠳ᠎ᠢ ᠵᠣᠬᠢᠶᠠᠨ ᠪᠠᠢ᠌ᠭᠤᠯᠵᠤ ᠪᠠᠢ᠌ᠭ᠋ᠠᠳ ᠬᠠᠷ᠎ᠠ ᠬᠥᠷᠥᠰᠥᠲᠦ ᠭᠠᠵᠠᠷ᠎ᠤᠨ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠵᠢ ᠮᠠᠯᠲᠠᠵᠤ ᠠᠪᠤᠭᠰᠠᠨ ᠠᠵᠢᠯ ᠵᠶ᠋ᠠᠨ ᠰᠢᠯᠭ᠋ᠠᠨ ᠠᠪᠤᠭᠤᠯᠬᠤ ᠵᠢ ᠪᠡᠶᠡᠯᠡᠭᠦᠯᠬᠦ ᠬᠡᠷᠡᠭᠲᠡᠢ᠃
ᠠᠷᠪᠠᠨ ᠨᠠᠢ᠍ᠮᠠᠳᠤᠭ᠋ᠠᠷ ᠵᠦᠢ᠍ᠯ ᠬᠣᠲᠠ ᠪᠠᠯᠭ᠋ᠠᠰᠤ ᠵᠢᠨ ᠲᠥᠯᠦᠪᠵᠢᠭᠦᠯᠭᠡ ᠵᠢᠨ ᠪᠦᠯᠦᠭ ᠤᠳᠠᠭ᠎ᠠ ᠵᠢᠨ ᠬᠡᠷᠡᠭᠯᠡᠬᠦ ᠭᠠᠵᠠᠷ᠂ ᠠᠢ᠌ᠯ ᠲᠣᠰᠬᠣᠨ᠎ᠤ ᠲᠥᠯᠦᠪᠵᠢᠭᠦᠯᠭᠡ ᠵᠢᠨ ᠪᠦᠯᠦᠭ ᠤᠳᠠᠭ᠎ᠠ ᠵᠢᠨ ᠬᠡᠷᠡᠭᠯᠡᠬᠦ ᠭᠠᠵᠠᠷ᠎ᠠᠴᠠ ᠮᠠᠯᠲᠠᠵᠤ ᠠᠪᠤᠭᠰᠠᠨ ᠬᠠᠷ᠎ᠠ ᠬᠥᠷᠥᠰᠥᠲᠦ ᠭᠠᠵᠠᠷ᠎ᠤᠨ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠵᠢᠨ ᠲᠣᠬᠢᠷᠠᠭᠤᠯᠵᠤ ᠠᠰᠢᠭᠯᠠᠬᠤ ᠠᠵᠢᠯ᠎ᠢ ᠬᠣᠰᠢᠭᠤ ᠰᠢᠶᠠᠨ (ᠬᠣᠲᠠ᠂ ᠲᠣᠭᠣᠷᠢᠭ)᠎ᠤ ᠠᠷᠠᠳ᠎ᠤᠨ ᠵᠠᠰᠠᠭ᠎ᠤᠨ ᠣᠷᠳᠣᠨ᠎ᠠᠴᠠ ᠬᠠᠷᠢᠭᠤᠴᠠᠨ᠎ᠠ᠃
ᠲᠤᠰᠠᠭ᠋ᠠᠷ ᠭᠠᠵᠠᠷ ᠰᠣᠩᠭᠣᠬᠤ ᠲᠥᠷᠥᠯ ᠵᠦᠢ᠍ᠯ᠂ ᠪᠡᠯᠡᠳᠭᠡᠮᠵᠢᠳᠤ ᠲᠠᠷᠢᠶᠠᠯᠠᠩ᠎ᠳᠤ ᠬᠡᠷᠡᠭᠯᠡᠬᠦ ᠭᠠᠵᠠᠷ᠎ᠤᠨ ᠲᠥᠷᠥᠯ ᠵᠦᠢ᠍ᠯ᠎ᠳᠤ ᠮᠠᠯᠲᠠᠵᠤ ᠠᠪᠤᠭᠰᠠᠨ ᠬᠠᠷ᠎ᠠ ᠬᠥᠷᠥᠰᠥᠲᠦ ᠭᠠᠵᠠᠷ᠎ᠤᠨ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠵᠢ ᠬᠣᠰᠢᠭᠤ ᠰᠢᠶᠠᠨ (ᠬᠣᠲᠠ᠂ ᠲᠣᠭᠣᠷᠢᠭ)᠎ᠤ ᠠᠷᠠᠳ᠎ᠤᠨ ᠵᠠᠰᠠᠭ᠎ᠤᠨ ᠣᠷᠳᠣᠨ᠎ᠠᠴᠠ ᠭᠠᠵᠠᠷ ᠬᠡᠷᠡᠭᠯᠡᠬᠦ ᠨᠢᠭᠡᠴᠢ ᠵᠢ ᠰᠢᠮᠳᠠᠭᠤᠯᠵᠤ ᠪᠠᠢ᠌ᠭ᠋ᠠᠳ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠵᠢ ᠮᠠᠯᠲᠠᠨ ᠠᠪᠴᠤ ᠠᠰᠢᠭᠯᠠᠬᠤ ᠲᠥᠰᠥᠯ᠎ᠤᠨ ᠶᠣᠰᠣᠭ᠋ᠠᠷ ᠠᠰᠢᠭᠯᠠᠭᠤᠯᠬᠤ ᠵᠢ ᠬᠠᠷᠢᠭᠤᠴᠠᠨ᠎ᠠ᠃ ᠭᠠᠵᠠᠷ ᠬᠡᠷᠡᠭᠯᠡᠬᠦ ᠨᠢᠭᠡᠴᠢ᠎ᠨᠢ ᠦᠪᠡᠰᠦᠪᠡᠨ ᠠᠰᠢᠭᠯᠠᠵᠤ ᠳᠡᠢ᠌ᠯᠬᠦ ᠦᠭᠡᠢ᠎ᠳᠤ ᠬᠦᠷᠪᠡᠯ᠂ ᠮᠠᠯᠲᠠᠨ ᠠᠪᠤᠭᠰᠠᠨ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠵᠢ ᠬᠠᠳᠠᠭ᠋ᠠᠯᠠᠬᠤ ᠴᠡᠭ᠎ᠲᠤ ᠵᠥᠭᠡᠭᠡᠪᠦᠷᠢᠯᠡᠨ ᠬᠦᠷᠭᠡᠵᠦ᠂ ᠬᠣᠰᠢᠭᠤ ᠰᠢᠶᠠᠨ (ᠬᠣᠲᠠ᠂ ᠲᠣᠭᠣᠷᠢᠭ)᠎ᠤ ᠠᠷᠠᠳ᠎ᠤᠨ ᠵᠠᠰᠠᠭ᠎ᠤᠨ ᠣᠷᠳᠣᠨ᠎ᠳᠤ ᠲᠤᠰᠢᠶᠠᠵᠤ ᠲᠣᠬᠢᠷᠠᠭᠤᠯᠤᠨ ᠠᠰᠢᠭᠯᠠᠭᠤᠯᠬᠤ ᠬᠡᠷᠡᠭᠲᠡᠢ᠃
ᠬᠠᠷ᠎ᠠ ᠬᠥᠷᠥᠰᠥᠲᠦ ᠭᠠᠵᠠᠷ᠎ᠤᠨ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠵᠢ ᠠᠰᠢᠭᠯᠠᠬᠤ ᠬᠠᠷᠢᠭᠤᠴᠠᠯᠭ᠎ᠠ ᠵᠢᠨ ᠭᠣᠣᠯ ᠴᠣᠭᠴᠠ᠎ᠨᠢ ᠬᠠᠷ᠎ᠠ ᠬᠥᠷᠥᠰᠥᠲᠦ ᠭᠠᠵᠠᠷ᠎ᠤᠨ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠵᠢ ᠠᠰᠢᠭᠯᠠᠭᠰᠠᠨ ᠬᠠᠮᠢᠶ᠎ᠠ ᠪᠦᠬᠦᠢ ᠮᠠᠲ᠋ᠧᠷᠢᠶᠠᠯ ᠵᠶ᠋ᠠᠨ ᠲᠣᠬᠢᠲᠠᠢ ᠦᠯᠡᠳᠡᠭᠡᠵᠦ ᠬᠠᠳᠠᠭ᠋ᠠᠯᠠᠨ ᠬᠠᠮᠢᠶᠠᠷᠬᠤ ᠬᠡᠷᠡᠭᠲᠡᠢ᠃
ᠠᠷᠪᠠ ᠶᠢᠰᠦᠳᠦᠭᠡᠷ ᠵᠦᠢ᠍ᠯ ᠮᠠᠯᠲᠠᠨ ᠠᠪᠤᠭᠰᠠᠨ ᠬᠠᠷ᠎ᠠ ᠬᠥᠷᠥᠰᠥᠲᠦ ᠭᠠᠵᠠᠷ᠎ᠤᠨ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠵᠢ ᠣᠢ᠌ᠷ᠎ᠠ ᠬᠠᠪᠢ ᠵᠢᠨ ᠭᠠᠵᠠᠷ᠎ᠲᠤᠨᠢ ᠰᠢᠨ᠎ᠡ᠎ᠪᠠᠷ ᠬᠠᠭ᠋ᠠᠯᠪᠤᠷᠢᠯᠠᠬᠤ ᠲᠠᠷᠢᠶᠠᠯᠠᠬᠤ ᠭᠠᠵᠠᠷ ᠪᠠ ᠴᠢᠨᠠᠷ ᠮᠠᠭᠤᠲᠠᠢ ᠲᠠᠷᠢᠶᠠᠯᠠᠬᠤ ᠭᠠᠵᠠᠷ᠎ᠢ ᠰᠠᠢ᠌ᠵᠢᠷᠠᠭᠤᠯᠬᠤ᠂ ᠪᠣᠬᠢᠷᠲᠤᠭᠰᠠᠨ ᠲᠠᠷᠢᠶᠠᠯᠠᠬᠤ ᠭᠠᠵᠠᠷ᠎ᠢ ᠵᠠᠰᠠᠬᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠪᠦᠲᠦᠭᠡᠨ ᠪᠠᠶ᠋ᠢᠭᠤᠯᠬᠤ᠂ ᠭᠠᠵᠠᠷ ᠰᠢᠷᠣᠢ ᠵᠢ ᠳᠠᠬᠢᠨ ᠬᠠᠭ᠋ᠠᠯᠪᠤᠷᠢᠯᠠᠬᠤ ᠵᠡᠷᠭᠡ᠎ᠳᠤ ᠬᠡᠷᠡᠭᠯᠡᠬᠦ ᠬᠡᠷᠡᠭᠲᠡᠢ᠃
ᠬᠣᠷᠢᠳᠤᠭ᠋ᠠᠷ ᠵᠦᠢ᠍ᠯ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠲᠥᠷᠥᠯ ᠵᠦᠢ᠍ᠯ᠎ᠳᠤ ᠮᠠᠯᠲᠠᠵᠤ ᠠᠪᠤᠭᠰᠠᠨ ᠬᠠᠷ᠎ᠠ ᠬᠥᠷᠥᠰᠥᠲᠦ ᠭᠠᠵᠠᠷ᠎ᠤᠨ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠵᠢ ᠦᠨ᠎ᠡ ᠲᠥᠯᠥᠪᠦᠷᠢ ᠦᠭᠡᠢ᠎ᠪᠠᠷ ᠬᠡᠷᠡᠭᠯᠡᠵᠦ ᠪᠣᠯᠣᠨ᠎ᠠ᠂ ᠵᠠᠰᠠᠭ᠎ᠤᠨ ᠣᠷᠳᠣᠨ᠎ᠤ ᠪᠤᠰᠤ ᠪᠡᠯᠡ ᠣᠷᠣᠭᠤᠯᠤᠯᠲᠠ ᠵᠢᠨ ᠲᠥᠷᠥᠯ ᠵᠦᠢ᠍ᠯ᠎ᠳᠤ ᠲᠥᠯᠥᠪᠦᠷᠢ᠎ᠲᠠᠢ᠎ᠪᠠᠷ ᠬᠡᠷᠡᠭᠯᠡᠬᠦ ᠵᠢ ᠬᠡᠷᠡᠭᠵᠢᠭᠦᠯᠦᠨ᠎ᠡ᠃ ᠬᠣᠰᠢᠭᠤ ᠰᠢᠶᠠᠨ (ᠬᠣᠲᠠ᠂ ᠲᠣᠭᠣᠷᠢᠭ)᠎ᠤ ᠠᠷᠠᠳ᠎ᠤᠨ ᠵᠠᠰᠠᠭ᠎ᠤᠨ ᠣᠷᠳᠣᠨ᠎ᠨᠢ ᠲᠠᠷᠢᠶᠠᠯᠠᠬᠤ ᠡᠷᠦᠬᠡ᠂ ᠤᠯᠤᠰ᠎ᠤᠨ ᠥᠮᠴᠢᠯᠡᠯᠲᠦ ᠲᠠᠷᠢᠶᠠᠯᠠᠩ᠎ᠤᠨ ᠲᠠᠯᠠᠪᠠᠶ᠂ ᠲᠠᠷᠢᠶᠠᠴᠢᠳ᠎ᠤᠨ ᠬᠣᠷᠰᠢᠶ᠎ᠠ ᠵᠡᠷᠭᠡ ᠲᠠᠷᠢᠶᠠᠯᠠᠬᠤ ᠭᠠᠵᠠᠷ᠎ᠤᠨ ᠡᠵᠡᠩᠨᠡᠯᠲᠡ ᠵᠢᠨ ᠭᠣᠣᠯ ᠴᠣᠭᠴᠠ ᠵᠢ ᠮᠠᠯᠲᠠᠨ ᠠᠪᠤᠭᠰᠠᠨ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠵᠢ ᠣᠢ᠌ᠷ᠎ᠠ ᠬᠠᠪᠢ᠎ᠳᠤ᠎ᠪᠠᠨ ᠦᠨ᠎ᠡ ᠲᠥᠯᠥᠪᠦᠷᠢ ᠦᠭᠡᠢ ᠠᠰᠢᠭᠯᠠᠬᠤ ᠵᠢ ᠢᠳᠡᠪᠬᠢᠲᠡᠢ ᠬᠥᠲᠥᠯᠥᠨ ᠵᠢᠯᠤᠭᠣᠳᠬᠤ ᠪᠠ ᠵᠣᠷᠢᠭᠵᠢᠭᠤᠯᠬᠤ ᠬᠡᠷᠡᠭᠲᠡᠢ᠃
ᠮᠠᠯᠲᠠᠨ ᠠᠪᠤᠭᠰᠠᠨ ᠬᠥᠷᠥᠰᠥ ᠵᠢ ᠲᠥᠯᠥᠪᠦᠷᠢ᠎ᠲᠠᠢ᠎ᠪᠠᠷ ᠬᠡᠷᠡᠭᠯᠡᠭᠦᠯᠦᠭᠰᠡᠨ ᠠᠰᠢᠭ ᠣᠷᠤᠯᠭ᠎ᠠ ᠵᠢ ᠡᠩ ᠲᠡᠷᠢᠭᠦᠨ᠎ᠳᠤ ᠲᠠᠷᠢᠶᠠᠯᠠᠬᠤ ᠭᠠᠵᠠᠷ᠎ᠤᠨ ᠬᠠᠮᠠᠭ᠋ᠠᠯᠠᠯᠲᠠ ᠪᠠ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠬᠡᠷᠡᠭᠲᠡᠢ᠃
ᠭᠤᠷᠪᠠᠳᠤᠭ᠋ᠠᠷ ᠪᠦᠯᠦᠭ ᠬᠥᠷᠥᠰᠥ ᠰᠢᠷᠣᠢ ᠵᠢ ᠬᠠᠳᠠᠭ᠋ᠠᠯᠠᠨ ᠬᠠᠮᠢᠶᠠᠷᠴᠤ ᠬᠠᠮᠠᠭ᠋ᠠᠯᠠᠬᠤ
ᠬᠣᠷᠢᠨ ᠨᠢᠭᠡᠳᠦᠭᠡᠷ ᠵᠦᠢ᠍ᠯ ᠮᠠᠯᠲᠠᠨ ᠠᠪᠤᠭᠰᠠᠨ ᠬᠠᠷ᠎ᠠ ᠬᠥᠷᠥᠰᠥᠲᠦ ᠭᠠᠵᠠᠷ᠎ᠤᠨ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠵᠢ ᠣᠬᠣᠷ ᠬᠤᠭᠤᠴᠠᠭ᠋ᠠᠨ᠎ᠳᠤ ᠠᠰᠢᠭᠯᠠᠬᠤ ᠵᠢᠨ ᠠᠷᠭ᠎ᠠ ᠦᠭᠡᠢ ᠪᠣᠯ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠵᠢ ᠮᠠᠯᠲᠠᠵᠤ ᠠᠪᠬᠤ ᠵᠢ ᠬᠡᠷᠡᠭᠵᠢᠭᠦᠯᠦᠭᠰᠡᠨ ᠨᠢᠭᠡᠴᠢ᠎ᠨᠢ ᠲᠡᠭᠦᠨ ᠵᠶ᠋ᠠᠨ ᠣᠢ᠌ᠷ᠎ᠠ ᠬᠠᠪᠢ ᠵᠢᠨ ᠲᠥᠷ ᠬᠠᠳᠠᠭ᠋ᠠᠯᠠᠬᠤ ᠴᠡᠭ᠎ᠲᠤ ᠵᠥᠭᠡᠭᠡᠪᠦᠷᠢᠯᠡᠨ ᠬᠦᠷᠭᠡᠵᠦ ᠬᠠᠳᠠᠭ᠋ᠠᠯᠠᠬᠤ ᠬᠡᠷᠡᠭᠲᠡᠢ᠂ ᠲᠥᠷ ᠬᠠᠳᠠᠭ᠋ᠠᠯᠠᠬᠤ ᠴᠡᠭ᠎ᠢ ᠬᠣᠰᠢᠭᠤ ᠰᠢᠶᠠᠨ (ᠬᠤᠳᠠ᠂ ᠲᠣᠭᠣᠷᠢᠭ)᠎ᠤ ᠠᠷᠠᠳ᠎ᠤᠨ ᠵᠠᠰᠠᠭ᠎ᠤᠨ ᠣᠷᠳᠣᠨ᠎ᠠᠴᠠ ᠲᠣᠭᠲᠠᠭ᠋ᠠᠨ᠎ᠠ᠃
ᠲᠦᠷ ᠬᠠᠳᠠᠭ᠋ᠠᠯᠠᠬᠤ ᠴᠡᠭ᠎ᠢ ᠲᠣᠭᠲᠠᠭ᠋ᠠᠬᠤ᠎ᠳᠤ ᠵᠥᠭᠡᠭᠡᠪᠦᠷᠢᠯᠡᠬᠦ ᠵᠠᠢ᠂ ᠠᠰᠢᠭᠯᠠᠬᠤ ᠥᠪᠡᠷ᠎ᠤᠨ ᠥᠷᠲᠡᠭ ᠵᠢᠴᠢ ᠡᠷᠬᠢᠨ ᠲᠣᠭᠣᠷᠢᠨ᠎ᠤ ᠣᠷᠴᠢᠨ ᠲᠣᠭᠣᠷᠢᠨ᠎ᠳᠤ ᠦᠵᠡᠭᠦᠯᠬᠦ ᠨᠥᠯᠥᠭᠡ ᠵᠡᠷᠭᠡ ᠬᠦᠴᠦᠨ ᠵᠦᠢ᠍ᠯ᠎ᠢ ᠶᠡᠷᠦᠩᠬᠡᠢ᠌ᠯᠡᠨ ᠪᠣᠳᠣᠯᠬᠢᠯᠠᠵᠤ᠂ ᠲᠠᠷᠢᠶᠠᠯᠠᠬᠤ ᠭᠠᠵᠠᠷ ᠪᠠ ᠥᠨᠢᠳᠡ ᠵᠢᠨ ᠦᠨᠳᠦᠰᠦᠨ ᠲᠠᠷᠢᠶᠠᠨ ᠭᠠᠵᠠᠷ᠂ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠂ ᠤᠰᠤᠨ ᠰᠤᠷᠪᠤᠯᠵᠢ ᠵᠢᠨ ᠣᠷᠣᠨ ᠵᠡᠷᠭᠡ ᠬᠦᠨᠳᠡᠭᠦᠷᠢ᠎ᠲᠠᠢ ᠭᠣᠣᠯᠳᠠᠯᠭ᠎ᠠ ᠪᠣᠯᠬᠤ ᠣᠷᠣᠨ ᠪᠦᠰᠡ᠎ᠠᠴᠠ ᠵᠠᠢ᠌ᠯᠠᠭᠤᠯᠤᠨ᠂ ᠦᠯᠡᠳᠡᠭᠡᠯ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ ᠪᠤᠶᠤ ᠠᠰᠢᠭᠯᠠᠭ᠋ᠠᠳᠤᠢ ᠭᠠᠵᠠᠷ᠎ᠢ ᠤᠷᠢᠳ ᠵᠶ᠋ᠠᠷ ᠰᠣᠩᠭᠣᠨ ᠬᠠᠳᠠᠭ᠋ᠠᠯᠠᠬᠤ ᠴᠡᠭ ᠪᠣᠯᠭ᠋ᠠᠬᠤ ᠬᠡᠷᠡᠭᠲᠡᠢ᠃
ᠬᠣᠷᠢᠨ ᠬᠣᠶᠠᠳᠤᠭ᠋ᠠᠷ ᠵᠦᠢ᠍ᠯ ᠬᠠᠳᠠᠭ᠋ᠠᠯᠠᠭᠰᠠᠨ ᠬᠠᠷ᠎ᠠ ᠬᠥᠷᠥᠰᠥᠲᠦ ᠭᠠᠵᠠᠷ᠎ᠤᠨ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠵᠢ ᠪᠠᠢ᠌ᠭ᠎ᠠ ᠭᠠᠵᠠᠷ᠎ᠤᠨ ᠬᠣᠰᠢᠭᠤ ᠰᠢᠶᠠᠨ (ᠬᠤᠳᠠ᠂ ᠲᠣᠭᠣᠷᠢᠭ)᠎ᠤ ᠠᠷᠠᠳ᠎ᠤᠨ ᠵᠠᠰᠠᠭ᠎ᠤᠨ ᠣᠷᠳᠣᠨ᠎ᠠᠴᠠ ᠨᠢᠭᠡᠳᠦᠯᠲᠡᠢ ᠬᠠᠮᠢᠶᠠᠷᠴᠤ᠂ ᠬᠠᠳᠠᠭ᠋ᠠᠯᠠᠬᠤ ᠬᠤᠭᠤᠴᠠᠭ᠎ᠠ ᠵᠢ 3 ᠵᠢᠯ᠎ᠠᠴᠠ ᠬᠡᠲᠦᠷᠡᠭᠦᠯᠵᠦ ᠪᠣᠯᠬᠤ ᠦᠭᠡᠢ᠂ ᠬᠠᠳᠠᠭ᠋ᠠᠯᠠᠬᠤ᠎ᠳᠤ᠎ᠪᠠᠨ ᠬᠠᠮᠢᠶ᠎ᠠ ᠪᠦᠬᠦᠢ ᠮᠡᠷᠭᠡᠵᠢᠯ᠎ᠤᠨ ᠵᠢᠷᠤᠮᠵᠢᠯ᠎ᠤᠨ ᠶᠣᠰᠣᠭ᠋ᠠᠷ ᠬᠠᠮᠠᠭ᠋ᠠᠯᠠᠬᠤ ᠠᠷᠭ᠎ᠠ ᠬᠡᠮᠵᠢᠶ᠎ᠡ ᠠᠪᠴᠤ᠂ ᠬᠥᠷᠥᠰᠥ ᠰᠢᠷᠣᠢ ᠢᠳᠡᠭᠳᠡᠬᠦ᠂ ᠬᠥᠷᠥᠰᠥ ᠰᠢᠷᠣᠢ ᠵᠢᠨ ᠴᠢᠨᠠᠷ ᠮᠠᠭᠤᠵᠢᠷᠠᠬᠤ ᠪᠠ ᠠᠮᠤᠷ ᠲᠦᠪᠰᠢᠨ ᠪᠤᠰᠤ ᠲᠠᠯᠳᠠ ᠭᠡᠮ ᠭᠠᠷᠬᠤ ᠵᠢ ᠰᠡᠷᠭᠡᠢ᠌ᠯᠡᠨ ᠬᠣᠷᠢᠭᠯᠠᠬᠤ ᠬᠡᠷᠡᠭᠲᠡᠢ᠃
ᠬᠣᠷᠢᠨ ᠭᠤᠷᠪᠠᠳᠤᠭ᠋ᠠᠷ ᠵᠦᠢ᠍ᠯ ᠬᠠᠷ᠎ᠠ ᠬᠥᠷᠥᠰᠥᠲᠦ ᠭᠠᠵᠠᠷ᠎ᠤᠨ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠵᠢ ᠵᠥᠭᠡᠭᠡᠪᠦᠷᠢᠯᠡᠬᠦ᠎ᠳᠤ᠎ᠪᠠᠨ ᠵᠥᠭᠡᠭᠡᠪᠦᠷᠢᠯᠡᠬᠦ ᠵᠠᠮ ᠱᠤᠭᠤᠮ᠎ᠢ ᠵᠦᠢ ᠵᠣᠬᠢᠰᠲᠠᠢ ᠲᠣᠬᠢᠷᠠᠭᠤᠯᠵᠤ᠂ ᠵᠣᠷᠢᠭᠰᠠᠨ ᠭᠠᠵᠠᠷ᠎ᠲᠤ᠎ᠪᠠᠨ ᠨᠢᠭᠡ ᠯᠡ ᠤᠳᠠᠭ᠎ᠠ᠎ᠳᠤ ᠵᠥᠭᠡᠭᠡᠪᠦᠷᠢᠯᠡᠨ ᠬᠦᠷᠭᠡᠬᠦ ᠠᠷᠭ᠎ᠠ ᠮᠠᠶᠢᠭ ᠵᠶ᠋ᠠᠷ ᠵᠥᠭᠡᠭᠡᠪᠦᠷᠢᠯᠡᠵᠦ᠂ ᠵᠥᠭᠡᠭᠡᠪᠦᠷᠢᠯᠡᠬᠦ ᠶᠠᠪᠤᠴᠠ᠎ᠳᠤ ᠬᠥᠷᠥᠰᠥ ᠰᠢᠷᠣᠢ ᠵᠢᠨ ᠢᠳᠡᠭᠳᠡᠯ ᠪᠠ ᠲᠣᠭᠣᠰᠣ ᠰᠢᠷᠣᠢ ᠵᠢᠨ ᠪᠣᠬᠢᠷᠲᠤᠯ᠎ᠢ ᠰᠡᠷᠭᠡᠢ᠌ᠯᠡᠬᠦ ᠵᠡᠷᠭᠡ ᠠᠷᠭ᠎ᠠ ᠬᠡᠮᠵᠢᠶ᠎ᠡ ᠠᠪᠬᠤ ᠬᠡᠷᠡᠭᠲᠡᠢ᠃
ᠳᠥᠷᠪᠡᠳᠦᠭᠡᠷ ᠪᠦᠯᠦᠭ ᠬᠢᠨᠠᠯᠲᠠ ᠲᠠᠯᠪᠢᠬᠤ ᠪᠠ ᠬᠠᠮᠢᠶᠠᠷᠬᠤ
ᠬᠣᠷᠢᠨ ᠳᠥᠷᠪᠡᠳᠦᠭᠡᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠪᠠᠢ᠌ᠭ᠋ᠠᠯᠢ ᠵᠢᠨ ᠡᠬᠢ ᠪᠠᠶᠠᠯᠢᠭ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠨ ᠬᠠᠷ᠎ᠠ ᠬᠥᠷᠥᠰᠥᠲᠦ ᠭᠠᠵᠠᠷ᠎ᠤᠨ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠵᠢ ᠮᠠᠯᠲᠠᠨ ᠠᠪᠴᠤ ᠠᠰᠢᠭᠯᠠᠬᠤ ᠠᠵᠢᠯ᠎ᠳᠤ ᠬᠢᠨᠠᠯᠲᠠ ᠲᠠᠯᠪᠢᠬᠤ ᠪᠠ ᠬᠠᠮᠢᠶᠠᠷᠬᠤ᠎ᠪᠠᠨ ᠴᠢᠩᠭ᠋ᠠᠳᠬᠠᠬᠤ ᠬᠡᠷᠡᠭᠲᠡᠢ᠃
ᠠᠢ᠌ᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠨᠢ ᠬᠠᠮᠢᠶ᠎ᠠ ᠪᠦᠬᠦᠢ ᠰᠠᠯᠠᠭ᠎ᠠ ᠮᠥᠴᠢᠷ᠎ᠢ ᠵᠣᠬᠢᠶᠠᠨ ᠪᠠᠢ᠌ᠭᠤᠯᠤᠨ ᠬᠣᠰᠢᠭᠤ ᠰᠢᠶᠠᠨ (ᠬᠣᠲᠠ᠂ ᠲᠣᠭᠣᠷᠢᠭ)᠎ᠤ ᠬᠠᠷ᠎ᠠ ᠬᠥᠷᠥᠰᠥᠲᠦ ᠭᠠᠵᠠᠷ᠎ᠤᠨ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠵᠢ ᠮᠠᠯᠲᠠᠨ ᠠᠪᠴᠤ ᠠᠰᠢᠭᠯᠠᠭᠰᠠᠨ ᠪᠠᠢ᠌ᠳᠠᠯ᠎ᠳᠤ ᠲᠣᠭᠲᠠᠮᠠᠯ ᠬᠤᠭᠤᠴᠠᠭ᠎ᠠ᠎ᠲᠠᠢ᠎ᠪᠠᠷ ᠬᠢᠨᠠᠯᠲᠠ ᠲᠠᠯᠪᠢᠨ ᠪᠠᠢ᠌ᠴᠠᠭ᠋ᠠᠵᠤ᠂ ᠵᠢᠯ ᠪᠦᠷᠢ ᠵᠢᠨ ᠵᠢᠯ᠎ᠤᠨ ᠡᠴᠦᠰ᠎ᠲᠤ ᠠᠢ᠌ᠮᠠᠭ ᠬᠣᠲᠠ ᠵᠢᠨ ᠪᠠᠢ᠌ᠭ᠋ᠠᠯᠢ ᠵᠢᠨ ᠡᠬᠢ ᠪᠠᠶᠠᠯᠢᠭ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠰᠠᠯᠠᠭ᠎ᠠ ᠮᠥᠴᠢᠷ᠎ᠠᠴᠠ ᠲᠣᠰ ᠲᠣᠰ ᠥᠪᠡᠷᠲᠡᠭᠡᠨ ᠵᠠᠰᠠᠬᠤ ᠣᠷᠣᠨ᠎ᠤ ᠪᠠᠢ᠌ᠭ᠋ᠠᠯᠢ ᠵᠢᠨ ᠡᠬᠢ ᠪᠠᠶᠠᠯᠢᠭ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠰᠠᠯᠠᠭ᠎ᠠ ᠮᠥᠴᠢᠷ᠎ᠲᠤ ᠪᠠᠢ᠌ᠴᠠᠭ᠋ᠠᠭᠰᠠᠨ ᠪᠠᠢ᠌ᠳᠠᠯ ᠵᠶ᠋ᠠᠨ ᠮᠡᠳᠡᠭᠦᠯᠬᠦ ᠬᠡᠷᠡᠭᠲᠡᠢ᠃
ᠬᠣᠷᠢᠨ ᠲᠠᠪᠤᠳᠤᠭ᠋ᠠᠷ ᠵᠦᠢ᠍ᠯ ᠬᠣᠰᠢᠭᠤ ᠰᠢᠶᠠᠨ᠎ᠤ ᠱᠠᠲᠤᠨ᠎ᠤ ᠪᠠᠢ᠌ᠭ᠋ᠠᠯᠢ ᠵᠢᠨ ᠡᠬᠢ ᠪᠠᠶᠠᠯᠢᠭ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠠᠢ ᠬᠠᠮᠲᠤᠷᠠᠨ ᠬᠠᠷ᠎ᠠ ᠬᠥᠷᠥᠰᠥᠲᠦ ᠭᠠᠵᠠᠷ᠎ᠤᠨ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠵᠢ ᠮᠠᠯᠲᠠᠨ ᠠᠪᠴᠤ ᠠᠰᠢᠭᠯᠠᠬᠤ᠎ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯ᠎ᠢ ᠬᠠᠷᠢᠭᠤᠴᠠᠵᠤ᠂ ᠲᠤᠰ ᠭᠠᠵᠠᠷ ᠣᠷᠣᠨ᠎ᠤ᠎ᠪᠠᠨ ᠬᠠᠷ᠎ᠠ ᠬᠥᠷᠥᠰᠥᠲᠦ ᠭᠠᠵᠠᠷ᠎ᠤᠨ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠵᠢ ᠮᠠᠯᠲᠠᠨ ᠠᠪᠴᠤ ᠠᠰᠢᠭᠯᠠᠬᠤ ᠠᠵᠢᠯ᠎ᠳᠠᠬᠢ ᠬᠠᠮᠢᠶᠠᠷᠤᠯᠲᠠ᠎ᠪᠠᠨ ᠴᠢᠩᠭ᠋ᠠᠳᠬᠠᠬᠤ ᠬᠡᠷᠡᠭᠲᠡᠢ᠃
ᠬᠣᠷᠢᠨ ᠵᠢᠷᠭᠤᠳᠤᠭ᠋ᠠᠷ ᠵᠦᠢ᠍ᠯ ᠬᠣᠰᠢᠭᠤ ᠰᠢᠶᠠᠨ᠎ᠤ ᠱᠠᠲᠤᠨ᠎ᠤ ᠪᠠᠢ᠌ᠭ᠋ᠠᠯᠢ ᠵᠢᠨ ᠡᠬᠢ ᠪᠠᠶᠠᠯᠢᠭ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠲᠣᠰ ᠭᠠᠵᠠᠷ ᠣᠷᠣᠨ᠎ᠤ ᠬᠠᠷ᠎ᠠ ᠬᠥᠷᠥᠰᠥᠲᠦ ᠭᠠᠵᠠᠷ᠎ᠤᠨ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠵᠢ ᠮᠠᠯᠲᠠᠵᠤ ᠠᠪᠤᠭᠰᠠᠨ ᠮᠡᠳᠡᠭᠡ ᠵᠠᠩᠭᠢ᠎ᠪᠠᠨ ᠴᠠᠭ ᠲᠤᠬᠠᠢᠳᠤᠨᠢ ᠨᠡᠢ᠌ᠭᠡᠮ᠎ᠳᠤ ᠨᠡᠢ᠌ᠲᠡᠯᠡᠬᠦ ᠵᠢᠨ ᠬᠠᠮᠲᠤ᠂ ᠬᠠᠮᠢᠶ᠎ᠠ ᠪᠦᠬᠦᠢ ᠨᠢᠭᠡᠴᠢ᠎ᠯᠦᠭᠡ ᠮᠡᠳᠡᠭᠡ ᠵᠠᠩᠭᠢ᠎ᠪᠠᠨ ᠬᠠᠮᠲᠤ᠎ᠪᠠᠷ ᠭᠥᠷᠳᠡᠬᠦ ᠵᠢ ᠴᠢᠩᠭ᠋ᠠᠳᠬᠠᠬᠤ ᠬᠡᠷᠡᠭᠲᠡᠢ᠃
ᠲᠠᠪᠤᠳᠤᠭ᠋ᠠᠷ ᠪᠦᠯᠦᠭ ᠳᠠᠭ᠋ᠠᠯᠳᠤᠭᠤᠯᠤᠯ ᠳᠦᠷᠢᠮ
ᠬᠣᠷᠢᠨ ᠳᠣᠯᠣᠳᠤᠭ᠋ᠠᠷ ᠵᠦᠢ᠍ᠯ ᠲᠤᠰ ᠠᠷᠭ᠎ᠠ ᠵᠢ ᠳᠠᠷᠤᠮᠠᠯᠯᠠᠨ ᠲᠠᠷᠬᠠᠭ᠋ᠠᠭᠰᠠᠨ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃ ᠬᠡᠷᠡᠭᠵᠢᠭᠦᠯᠬᠦ ᠶᠠᠪᠤᠴᠠ᠎ᠳᠠᠬᠢ ᠪᠣᠳᠠᠲᠠᠢ ᠠᠰᠠᠭᠤᠳᠠᠯ᠎ᠢ ᠥᠪᠡᠷᠲᠡᠭᠡᠨ ᠵᠠᠰᠠᠬᠤ ᠣᠷᠣᠨ᠎ᠤ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠠᠴᠠ ᠬᠠᠷᠢᠭᠤᠴᠠᠨ ᠲᠠᠢ᠌ᠯᠪᠤᠷᠢᠯᠠᠨ᠎ᠠ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ
2024 ᠣᠨ᠎ᠤ 12 ᠳ᠋ᠤᠭ᠋ᠠᠷ ᠰᠠᠷ᠎ᠠ ᠵᠢᠨ 29᠎ᠤ ᠡᠳᠦᠷ ᠳᠠᠷᠤᠮᠠᠯᠯᠠᠨ ᠲᠠᠷᠬᠠᠭ᠋ᠠᠪᠠ