ᠢᠯᠡ ᠵᠠᠰᠠᠭ   -   ᠵᠠᠰᠠᠭ᠎ᠤᠨ ᠤᠷᠳᠤᠨ᠎ᠤ ᠪᠢᠴᠢᠭ ᠮᠠᠲ᠋ᠧᠷᠢᠶᠠᠯ
2025 ᠣᠨ᠎ᠤ ᠣᠶ ᠰᠢᠭᠤᠢ ᠨᠤᠲᠤᠭ ᠪᠡᠯᠴᠢᠭᠡᠷ᠎ᠤᠨ ᠭᠠᠯ ᠲᠦᠢ᠍ᠮᠡᠷ᠎ᠢ ᠰᠡᠷᠭᠡᠢ᠌ᠯᠡᠨ ᠤᠨᠲᠠᠷᠠᠭ᠋ᠠᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠷᠯᠢᠭ
ᠨᠡᠶ᠋ᠢᠲᠡᠯᠡᠭᠰᠡᠨ ᠴᠠᠭ᠄ 2025-04-14

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ
ᠠᠷᠠᠳ᠎ᠤᠨ ᠵᠠᠰᠠᠭ᠎ᠤᠨ ᠣᠷᠳᠣᠨ᠎ᠤ ᠪᠢᠴᠢᠭ ᠮᠠᠲ᠋ᠧᠷᠢᠶᠠᠯ
      ᠥᠪᠥᠷ ᠵᠠᠰᠠᠭ ᠲᠠᠷᠬᠠᠭ᠋ᠠᠭᠰᠠᠨ [2025] 10 ᠳ᠋ᠤᠭ᠋ᠠᠷ ᠲᠣᠭ᠋ᠠᠲᠤ


2025 ᠣᠨ᠎ᠤ ᠣᠶ ᠰᠢᠭᠤᠢ ᠨᠤᠲᠤᠭ ᠪᠡᠯᠴᠢᠭᠡᠷ᠎ᠤᠨ ᠭᠠᠯ ᠲᠦᠢ᠍ᠮᠡᠷ᠎ᠢ ᠰᠡᠷᠭᠡᠢ᠌ᠯᠡᠨ ᠤᠨᠲᠠᠷᠠᠭ᠋ᠠᠬᠤ ᠲᠤᠬᠠᠢ

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠷᠯᠢᠭ


ᠡᠯ᠎ᠡ ᠠᠢ᠌ᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠡᠯ᠎ᠡ ᠬᠣᠰᠢᠭᠤ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠢ᠌ᠯᠠᠯ᠂ ᠠᠵᠢᠯ ᠦᠢ᠍ᠯᠡᠰ᠎ᠤᠨ ᠨᠢᠭᠡᠴᠢ᠎ᠳᠤ᠄
      ᠶᠡᠷᠦᠩᠬᠡᠢ ᠱᠦᠵᠢ ᠰᠢ ᠵᠢᠨ ᠫᠢᠩ᠎ᠤᠨ ᠣᠶ ᠰᠢᠭᠤᠢ ᠨᠤᠲᠤᠭ ᠪᠡᠯᠴᠢᠭᠡᠷ᠎ᠤᠨ ᠭᠠᠯ ᠲᠦᠢ᠍ᠮᠡᠷ᠎ᠢ ᠰᠡᠷᠭᠡᠢ᠌ᠯᠡᠨ ᠤᠨᠲᠠᠷᠠᠭ᠋ᠠᠬᠤ ᠠᠵᠢᠯ᠎ᠤᠨ ᠲᠤᠬᠠᠢ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠣᠶ ᠰᠢᠭᠤᠢ ᠨᠤᠲᠤᠭ ᠪᠡᠯᠴᠢᠭᠡᠷ᠎ᠤᠨ ᠭᠠᠯ ᠲᠦᠢ᠍ᠮᠡᠷ᠎ᠤᠨ ᠭᠠᠮᠰᠢᠭ᠎ᠢ ᠪᠦᠲᠦᠮᠵᠢᠲᠡᠶ ᠰᠡᠷᠭᠡᠢ᠌ᠯᠡᠨ ᠬᠣᠷᠢᠭᠯᠠᠵᠤ᠂ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ ᠪᠠ ᠠᠮᠢ ᠠᠬᠤᠢ ᠵᠢᠨ ᠠᠮᠤᠷ ᠲᠦᠪᠰᠢᠨ᠎ᠢ ᠦᠨᠡᠨ ᠬᠦ᠌ ᠬᠠᠮᠠᠭ᠋ᠠᠯᠠᠬᠤ ᠵᠢᠨ ᠲᠤᠰᠠᠳᠠ᠂ ᠬᠣᠯᠪᠣᠭᠳᠠᠯ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ ᠵᠢ ᠦᠨᠳᠦᠰᠦᠯᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠠᠵᠢᠯ᠎ᠤᠨ ᠭᠣᠣᠯ ᠰᠢᠵᠢᠮ᠎ᠤᠨ ᠲᠣᠭᠣᠷᠢᠨ᠎ᠳᠤ ᠴᠢᠩᠭ᠎ᠠ ᠨᠢᠭᠲᠠᠷᠠᠨ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ᠎ᠪᠠᠨ ᠤᠶᠠᠯᠳᠤᠭᠤᠯᠵᠤ᠂ ᠳᠣᠣᠷᠠᠬᠢ ᠮᠡᠲᠦ ᠵᠠᠷᠯᠢᠭ᠎ᠢ ᠨᠡᠢ᠌ᠲᠡᠯᠡᠪᠡ᠃
      ᠨᠢᠭᠡ᠂ ᠭᠠᠯ ᠰᠡᠷᠭᠡᠢ᠌ᠯᠡᠬᠦ ᠬᠤᠭᠤᠴᠠᠭ᠎ᠠ ᠪᠠ ᠴᠢᠩᠭ᠎ᠠ ᠰᠡᠷᠭᠡᠢ᠌ᠯᠡᠵᠦ ᠵᠠᠬᠢᠷᠤᠨ ᠬᠠᠮᠢᠶᠠᠷᠬᠤ ᠬᠤᠭᠤᠴᠠᠭ᠎ᠠ
      ᠰᠢᠯᠢ ᠵᠢᠨ ᠭᠣᠣᠯ ᠠᠢ᠌ᠮᠠᠭ ᠵᠢᠴᠢ ᠲᠡᠭᠦᠨ᠎ᠠᠴᠠ ᠵᠡᠭᠦᠨᠰᠢᠬᠢ ᠭᠠᠵᠠᠷ ᠣᠷᠣᠨ᠎ᠤ ᠭᠠᠯ ᠲᠦᠢ᠍ᠮᠡᠷ ᠰᠡᠷᠭᠡᠢ᠌ᠯᠡᠬᠦ ᠬᠤᠭᠤᠴᠠᠭ᠎ᠠ᠎ᠨᠢ ᠬᠠᠪᠤᠷ᠎ᠤᠨ ᠤᠯᠠᠷᠢᠯ᠎ᠤᠨ 3 ᠳ᠋ᠤᠭ᠋ᠠᠷ ᠰᠠᠷ᠎ᠠ ᠵᠢᠨ 15᠎ᠤ ᠡᠳᠦᠷ᠎ᠠᠴᠠ 6 ᠳ᠋ᠤᠭ᠋ᠠᠷ ᠰᠠᠷ᠎ᠠ ᠵᠢᠨ 15᠎ᠤ ᠡᠳᠦᠷ᠂ ᠨᠠᠮᠤᠷ᠎ᠤᠨ ᠤᠯᠠᠷᠢᠯ᠎ᠤᠨ 9 ᠳ᠋ᠦ᠍ᠭᠡᠷ ᠰᠠᠷ᠎ᠠ ᠵᠢᠨ 15᠎ᠤ ᠡᠳᠦᠷ᠎ᠠᠴᠠ 11 ᠳ᠋ᠦ᠍ᠭᠡᠷ ᠰᠠᠷ᠎ᠠ ᠵᠢᠨ 15᠎ᠤ ᠡᠳᠦᠷ ᠪᠣᠯᠣᠨ᠎ᠠ᠂ ᠤᠯᠠᠭ᠋ᠠᠨᠴᠠᠪ ᠬᠤᠲᠠ ᠵᠢᠴᠢ ᠲᠡᠭᠦᠨ᠎ᠠᠴᠠ ᠪᠠᠷᠠᠭᠤᠨᠰᠢᠬᠢ ᠭᠠᠵᠠᠷ ᠣᠷᠣᠨ᠎ᠤ ᠭᠠᠯ ᠲᠦᠢ᠍ᠮᠡᠷ ᠰᠡᠷᠭᠡᠢ᠌ᠯᠡᠬᠦ ᠬᠤᠭᠤᠴᠠᠭ᠎ᠠ᠎ᠨᠢ ᠲᠣᠰ ᠵᠢᠯ᠎ᠤᠨ 9 ᠳ᠋ᠦ᠍ᠭᠡᠷ ᠰᠠᠷ᠎ᠠ ᠵᠢᠨ 15᠎ᠤ ᠡᠳᠦᠷ᠎ᠠᠴᠠ ᠢᠷᠡᠬᠦ ᠵᠢᠯ᠎ᠤᠨ 6 ᠳ᠋ᠤᠭ᠋ᠠᠷ ᠰᠠᠷ᠎ᠠ ᠵᠢᠨ 15᠎ᠤ ᠡᠳᠦᠷ ᠪᠣᠯᠣᠨ᠎ᠠ᠂ ᠡᠭᠦᠨ᠎ᠳᠤ᠂ ᠶᠡᠬᠡ ᠬᠢᠩᠭ᠋ᠠᠨ ᠳᠠᠪᠠᠭ᠎ᠠ ᠵᠢᠨ ᠰᠢᠭᠤᠢ᠌ᠲᠤ ᠣᠷᠣᠨ᠎ᠤ ᠭᠠᠯ ᠲᠦᠢ᠍ᠮᠡᠷ ᠰᠡᠷᠭᠡᠢ᠌ᠯᠡᠬᠦ ᠬᠤᠭᠤᠴᠠᠭ᠎ᠠ᠎ᠨᠢ 3 ᠳ᠋ᠤᠭ᠋ᠠᠷ ᠰᠠᠷ᠎ᠠ ᠵᠢᠨ 15᠎ᠤ ᠡᠳᠦᠷ᠎ᠠᠴᠠ 11 ᠳ᠋ᠦ᠍ᠭᠡᠷ ᠰᠠᠷ᠎ᠠ ᠵᠢᠨ 15᠎ᠤ ᠡᠳᠦᠷ ᠪᠣᠯᠣᠨ᠎ᠠ᠃ ᠪᠥᠬᠦ ᠣᠷᠣᠨ᠎ᠤ ᠭᠠᠯ ᠲᠦᠢ᠍ᠮᠡᠷ ᠰᠡᠷᠭᠡᠢ᠌ᠯᠡᠨ ᠤᠨᠲᠠᠷᠠᠭ᠋ᠠᠬᠤ ᠠᠵᠢᠯ᠎ᠤᠨ ᠴᠢᠩᠭ᠎ᠠ ᠰᠡᠷᠭᠡᠢ᠌ᠯᠡᠵᠦ ᠵᠠᠬᠢᠷᠤᠨ ᠬᠠᠮᠢᠶᠠᠷᠬᠤ ᠬᠤᠭᠤᠴᠠᠭ᠎ᠠ᠎ᠨᠢ ᠬᠠᠪᠤᠷ᠎ᠤᠨ ᠤᠯᠠᠷᠢᠯ᠎ᠤᠨ 4 ᠳ᠋ᠦ᠍ᠭᠡᠷ ᠰᠠᠷ᠎ᠠ ᠵᠢᠨ 1᠎ᠤ ᠡᠳᠦᠷ᠎ᠠᠴᠠ 5 ᠳ᠋ᠤᠭ᠋ᠠᠷ ᠰᠠᠷ᠎ᠠ ᠵᠢᠨ 31᠎ᠤ ᠡᠳᠦᠷ᠂ ᠨᠠᠮᠤᠷ᠎ᠤᠨ ᠤᠯᠠᠷᠢᠯ᠎ᠤᠨ 10 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ 10 ᠳ᠋ᠤᠭ᠋ᠠᠷ ᠰᠠᠷ᠎ᠠ ᠵᠢᠨ 31᠎ᠤ ᠡᠳᠦᠷ ᠪᠣᠯᠣᠨ᠎ᠠ᠃ ᠡᠯ᠎ᠡ ᠭᠠᠵᠠᠷ ᠣᠷᠣᠨ᠎ᠨᠢ ᠪᠣᠳᠠᠲᠤ ᠪᠠᠢ᠌ᠳᠠᠯ ᠵᠶ᠋ᠠᠨ ᠦᠨᠳᠦᠰᠦᠯᠡᠵᠦ ᠴᠢᠩᠭ᠎ᠠ ᠰᠡᠷᠭᠡᠢ᠌ᠯᠡᠵᠦ ᠵᠠᠬᠢᠷᠤᠨ ᠬᠠᠮᠢᠶᠠᠷᠬᠤ ᠬᠤᠭᠤᠴᠠᠭ᠎ᠠ᠎ᠪᠠᠨ ᠤᠷᠢᠳᠴᠢᠯᠠᠭᠤᠯᠬᠤ ᠪᠤᠶᠤ ᠬᠣᠢ᠌ᠰᠢᠯᠠᠭᠤᠯᠵᠤ ᠪᠣᠯᠣᠨ᠎ᠠ᠃ ᠴᠢᠩᠭ᠎ᠠ ᠰᠡᠷᠭᠡᠢ᠌ᠯᠡᠵᠦ ᠵᠠᠬᠢᠷᠤᠨ ᠬᠠᠮᠢᠶᠠᠷᠬᠤ ᠬᠤᠭᠤᠴᠠᠭ᠎ᠠ ᠬᠢᠵᠠᠭ᠋ᠠᠷ ᠪᠠ ᠣᠷᠣᠨ ᠪᠦᠰᠡ ᠵᠢ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠠᠴᠠ ᠬᠤᠪᠢᠶᠠᠷᠢᠯᠠᠨ ᠲᠣᠭᠲᠠᠭ᠋ᠠᠵᠤ᠂ ᠳᠡᠭᠡᠷ᠎ᠡ ᠨᠢᠭᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠪᠠ ᠣᠶ ᠰᠢᠭᠤᠢ ᠨᠤᠲᠤᠭ ᠪᠡᠯᠴᠢᠭᠡᠷ᠎ᠤᠨ ᠭᠠᠯ ᠲᠦᠢ᠍ᠮᠡᠷ ᠰᠡᠷᠭᠡᠢ᠌ᠯᠡᠨ ᠤᠨᠲᠠᠷᠠᠭ᠋ᠠᠬᠤ ᠠᠵᠢᠯ᠎ᠤᠨ ᠵᠢᠯᠤᠭᠣᠳᠬᠤ ᠭᠠᠵᠠᠷ᠎ᠤᠨ ᠠᠯᠪᠠᠨ ᠭᠡᠷ᠎ᠲᠤ ᠪᠦᠷᠢᠳᠬᠡᠨ ᠳᠠᠩᠰᠠᠯᠠᠭᠤᠯᠬᠤ ᠵᠢᠨ ᠬᠠᠮᠲᠤ᠂ ᠨᠡᠢ᠌ᠭᠡᠮ᠎ᠳᠤ ᠨᠡᠢ᠌ᠲᠡᠯᠡᠬᠦ ᠬᠡᠷᠡᠭᠲᠡᠢ᠃
      ᠬᠣᠶᠠᠷ᠂ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠬᠤ᠎ᠪᠠᠨ ᠴᠢᠩᠭ᠋ᠠᠷᠠᠭᠤᠯᠤᠨ᠎ᠠ
      ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠬᠥᠨᠳᠡᠯᠡᠨ ᠭᠤᠯᠳᠤ᠎ᠪᠠᠷ ᠥᠷᠭᠡᠵᠢᠨ ᠭᠦᠨᠵᠡᠭᠡᠢ᠌ᠷᠡᠭᠰᠡᠨ ᠬᠠᠷᠢᠭᠤᠴᠠᠯᠭ᠎ᠠ ᠵᠢᠨ ᠲᠣᠭᠲᠠᠯᠴᠠᠭ᠎ᠠ ᠵᠢ ᠪᠠᠢ᠌ᠭᠤᠯᠤᠨ ᠪᠦᠷᠢᠨᠰᠢᠭᠦᠯᠵᠦ᠂ ᠣᠶ ᠰᠢᠭᠤᠢ ᠨᠤᠲᠤᠭ ᠪᠡᠯᠴᠢᠭᠡᠷ᠎ᠤᠨ ᠭᠠᠯ ᠲᠦᠢ᠍ᠮᠡᠷ ᠰᠡᠷᠭᠡᠢ᠌ᠯᠡᠨ ᠤᠨᠲᠠᠷᠠᠭ᠋ᠠᠬᠤ ᠠᠵᠢᠯ᠎ᠤᠨ ᠲᠠᠯ᠎ᠠ᠎ᠳᠤ ᠵᠠᠰᠠᠭ ᠵᠠᠬᠢᠷᠭ᠋ᠠᠨ᠎ᠤ ᠳᠠᠷᠤᠭ᠎ᠠ ᠬᠠᠷᠢᠭᠤᠴᠠᠬᠤ ᠳᠦᠷᠢᠮ᠎ᠢ ᠪᠥᠬᠦ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠬᠠᠷᠢᠶ᠎ᠠ ᠭᠠᠵᠠᠷ᠎ᠤᠨ ᠤᠳᠤᠷᠢᠳᠬᠤ ᠬᠠᠷᠢᠭᠤᠴᠠᠯᠭ᠎ᠠ᠂ ᠠᠵᠢᠯ ᠲᠥᠷᠥᠯ᠎ᠤᠨ ᠰᠠᠯᠠᠭ᠎ᠠ ᠮᠥᠴᠢᠷ᠎ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠪᠠ ᠦᠢ᠍ᠯᠡᠳᠪᠦᠷᠢᠯᠡᠯ ᠡᠵᠡᠩᠨᠡᠯᠲᠡ ᠬᠠᠮᠢᠶᠠᠷᠤᠯᠲᠠ ᠵᠢᠨ ᠨᠢᠭᠡᠴᠢ (ᠬᠤᠪᠢ ᠬᠥᠮᠥᠨ) ᠵᠢᠨ ᠭᠣᠣᠯ ᠴᠣᠭᠴᠠ ᠵᠢᠨ ᠬᠠᠷᠢᠭᠤᠴᠠᠯᠭ᠎ᠠ ᠵᠢ ᠴᠢᠩᠭ᠋ᠠᠳᠬᠠᠨ ᠪᠣᠳᠠᠲᠠᠢ᠌ᠵᠢᠭᠤᠯᠬᠤ ᠬᠡᠷᠡᠭᠲᠡᠢ᠃ ᠡᠯ᠎ᠡ ᠱᠠᠲᠤᠨ᠎ᠤ ᠣᠶ ᠰᠢᠭᠤᠢ ᠨᠤᠲᠤᠭ ᠪᠡᠯᠴᠢᠭᠡᠷ᠎ᠤᠨ ᠭᠠᠯ ᠲᠦᠢ᠍ᠮᠡᠷ ᠰᠡᠷᠭᠡᠢ᠌ᠯᠡᠨ ᠤᠨᠲᠠᠷᠠᠭ᠋ᠠᠬᠤ ᠠᠵᠢᠯ᠎ᠤᠨ ᠵᠢᠯᠤᠭᠣᠳᠬᠤ ᠭᠠᠵᠠᠷ᠎ᠤᠨ ᠪᠦᠷᠢᠯᠳᠦᠭᠦᠨ ᠨᠢᠭᠡᠴᠢ᠎ᠨᠦᠭᠦᠳ ᠲᠤᠰ ᠲᠤᠰ᠎ᠤᠨ ᠡᠭᠦᠷᠭᠡ ᠲᠤᠰᠢᠶᠠᠯ ᠵᠶ᠋ᠠᠨ ᠭᠦᠢ᠍ᠴᠡᠳᠬᠡᠵᠦ᠂ ᠬᠤᠪᠢ ᠬᠤᠪᠢᠨ᠎ᠤ ᠬᠠᠷᠢᠭᠤᠴᠠᠯᠭ᠎ᠠ᠎ᠪᠠᠨ ᠡᠭᠦᠷᠭᠡᠯᠡᠨ᠂ ᠨᠢᠭᠲᠠ ᠬᠠᠮᠵᠢᠯᠴᠠᠵᠤ᠂ ᠣᠶ ᠰᠢᠭᠤᠢ ᠨᠤᠲᠤᠭ ᠪᠡᠯᠴᠢᠭᠡᠷ᠎ᠤᠨ ᠭᠠᠯ ᠲᠦᠢ᠍ᠮᠡᠷ ᠰᠡᠷᠭᠡᠢ᠌ᠯᠡᠨ ᠤᠨᠲᠠᠷᠠᠭ᠋ᠠᠬᠤ ᠠᠵᠢᠯ᠎ᠢ ᠬᠠᠷᠠᠯᠲᠠ ᠨᠢᠭᠡᠲᠡᠢ ᠰᠠᠢ᠌ᠲᠤᠷ ᠬᠦᠴᠦᠯᠡᠨ ᠬᠢᠬᠦ ᠬᠡᠷᠡᠭᠲᠡᠢ᠃ ᠡᠯ᠎ᠡ ᠭᠠᠵᠠᠷ ᠣᠷᠣᠨ᠂ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ᠎ᠨᠢ ᠬᠤᠪᠢᠶᠠᠷᠢᠯᠠᠨ ᠲᠣᠭᠲᠠᠭ᠋ᠠᠭᠰᠠᠨ ᠣᠶ ᠰᠢᠭᠤᠢ ᠨᠤᠲᠤᠭ ᠪᠡᠯᠴᠢᠭᠡᠷ᠎ᠤᠨ ᠭᠠᠯ ᠲᠦᠢ᠍ᠮᠡᠷ ᠰᠡᠷᠭᠡᠢ᠌ᠯᠡᠬᠦ ᠬᠠᠷᠢᠭᠤᠴᠠᠯᠭ᠎ᠠ ᠵᠢᠨ ᠣᠷᠣᠨ ᠪᠦᠰᠡ ᠵᠢᠨ ᠶᠣᠰᠣᠭ᠋ᠠᠷ᠂ ᠡᠭᠦᠷᠭᠡ ᠬᠠᠷᠢᠭᠤᠴᠠᠯᠭ᠎ᠠ ᠵᠢᠨ ᠡᠭᠦᠷᠭᠡ ᠵᠢᠴᠢ ᠬᠠᠷᠢᠭᠤᠴᠠᠬᠤ ᠬᠥᠮᠥᠨ᠎ᠢ ᠲᠣᠳᠣᠷᠬᠠᠢ᠌ᠯᠠᠵᠤ᠂ ᠲᠣᠤᠷᠵᠢᠭᠤᠯᠤᠭᠰᠠᠨ ᠬᠠᠮᠢᠶᠠᠷᠤᠯᠲᠠ ᠵᠢ ᠴᠢᠩᠭ᠎ᠠ ᠬᠡᠷᠡᠭᠵᠢᠭᠦᠯᠬᠦ ᠬᠡᠷᠡᠭᠲᠡᠢ᠃ ᠰᠢᠭᠤᠢ᠌ᠲᠤ ᠣᠷᠣᠨ ᠮᠠᠯᠵᠢᠬᠤ ᠣᠷᠣᠨ᠎ᠤ ᠬᠥᠷᠰᠢ ᠵᠡᠷᠭᠡᠯᠡᠳᠡᠭᠡ ᠭᠠᠵᠠᠷ ᠣᠷᠣᠨ᠂ ᠰᠠᠯᠠᠭ᠎ᠠ ᠮᠥᠴᠢᠷ ᠨᠢᠭᠡᠴᠢ᠎ᠨᠦᠭᠦᠳ ᠬᠣᠯᠪᠤᠭ᠋ᠠᠯᠠᠨ ᠰᠡᠷᠭᠡᠢ᠌ᠯᠡᠬᠦ ᠵᠥᠪᠯᠡᠯᠴᠡᠭᠡᠷ ᠲᠣᠬᠢᠷᠠᠯᠴᠠᠵᠤ᠂ ᠬᠣᠯᠪᠤᠭ᠋ᠠᠯᠠᠨ ᠰᠡᠷᠭᠡᠢ᠌ᠯᠡᠵᠦ ᠬᠣᠯᠪᠤᠭ᠋ᠠᠯᠠᠨ ᠡᠵᠡᠮᠳᠡᠬᠦ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠤᠨ᠂ ᠬᠣᠯᠪᠤᠭ᠋ᠠᠯᠠᠨ ᠰᠡᠷᠭᠡᠢ᠌ᠯᠡᠬᠦ ᠣᠷᠣᠨ ᠪᠦᠰᠡ ᠵᠢᠨ ᠳᠣᠲᠣᠷᠠᠬᠢ ᠣᠶ ᠰᠢᠭᠤᠢ ᠨᠤᠲᠤᠭ ᠪᠡᠯᠴᠢᠭᠡᠷ᠎ᠤᠨ ᠭᠠᠯ ᠲᠦᠢ᠍ᠮᠡᠷ ᠰᠡᠷᠭᠡᠢ᠌ᠯᠡᠨ ᠤᠨᠲᠠᠷᠠᠭ᠋ᠠᠬᠤ ᠠᠵᠢᠯ᠎ᠢ ᠰᠡᠳᠬᠢᠯ ᠵᠶ᠋ᠠᠨ ᠨᠢᠭᠡᠳᠬᠡᠨ ᠬᠦᠴᠦ᠎ᠪᠠᠨ ᠬᠠᠮᠲᠤᠳᠬᠠᠵᠤ ᠪᠠᠢ᠌ᠭ᠋ᠠᠳ ᠰᠠᠢ᠌ᠲᠤᠷ ᠬᠢᠬᠦ ᠬᠡᠷᠡᠭᠲᠡᠢ᠃
      ᠭᠤᠷᠪᠠ᠂ ᠭᠠᠯ᠎ᠤᠨ ᠡᠬᠢ ᠡᠭᠦᠰᠦᠯ᠎ᠢ ᠵᠠᠰᠠᠬᠤ᠎ᠪᠠᠨ ᠴᠢᠩᠭ᠋ᠠᠷᠠᠭᠤᠯᠤᠨ᠎ᠠ
      ᠡᠯ᠎ᠡ ᠭᠠᠵᠠᠷ ᠣᠷᠣᠨ᠂ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ᠎ᠨᠢ ᠪᠥᠬᠦ ᠤᠯᠤᠰ᠎ᠤᠨ ᠠᠶᠤᠯ ᠦᠭᠡᠢ ᠦᠢ᠍ᠯᠡᠳᠪᠦᠷᠢᠯᠡᠯ ᠪᠠ ᠣᠶ ᠰᠢᠭᠤᠢ ᠨᠤᠲᠤᠭ ᠪᠡᠯᠴᠢᠭᠡᠷ᠎ᠤᠨ ᠭᠠᠯ ᠲᠦᠢ᠍ᠮᠡᠷ ᠰᠡᠷᠭᠡᠢ᠌ᠯᠡᠨ ᠤᠨᠲᠠᠷᠠᠭ᠋ᠠᠬᠤ ᠸᠢᠳᠢᠤ᠋ ᠬᠤᠷᠠᠯ᠎ᠤᠨ ᠵᠣᠷᠢᠭ ᠰᠠᠨᠠᠭ᠎ᠠ ᠵᠢ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠤᠷᠢᠳᠴᠢᠯᠠᠨ ᠰᠡᠷᠭᠡᠢ᠌ᠯᠡᠬᠦ ᠵᠢ ᠴᠢᠬᠤᠯᠠ᠎ᠠᠴᠠ ᠴᠢᠬᠤᠯᠠ ᠵᠦᠢ᠍ᠯ ᠪᠣᠯᠭ᠋ᠠᠬᠤ ᠵᠢ ᠪᠠᠷᠢᠮᠲᠠᠯᠠᠨ᠂ ᠤᠴᠢᠷ ᠶᠠᠪᠤᠳᠠᠯ᠎ᠤᠨ ᠡᠮᠦᠨ᠎ᠡ᠎ᠨᠢ ᠬᠦᠴᠦᠯᠡᠵᠦ᠂ ᠬᠢᠨᠠᠨ ᠰᠡᠷᠭᠡᠢ᠌ᠯᠡᠬᠦ ᠠᠵᠢᠯ᠎ᠢ ᠤᠷᠢᠳ ᠵᠶ᠋ᠠᠷ ᠬᠢᠬᠦ ᠪᠠ ᠭᠣᠣᠯᠳᠠᠯᠭ᠎ᠠ᠎ᠪᠠᠨ ᠦᠨᠳᠦᠰᠦᠨ ᠱᠠᠲᠤᠨ᠎ᠳᠤ ᠪᠠᠭᠤᠯᠭ᠋ᠠᠨ᠂ ᠭᠣᠣᠯᠳᠠᠯᠭ᠎ᠠ ᠪᠣᠯᠬᠤ ᠴᠠᠭ ᠬᠤᠭᠤᠴᠠᠭ᠎ᠠ ᠵᠢ ᠰᠠᠢ᠌ᠲᠤᠷ ᠠᠳᠬᠤᠵᠤ᠂ ᠭᠣᠣᠯᠳᠠᠯᠭ᠎ᠠ ᠪᠣᠯᠬᠤ ᠣᠷᠣᠨ ᠪᠦᠰᠡ ᠵᠢ ᠰᠠᠢ᠌ᠲᠤᠷ ᠰᠠᠬᠢᠵᠤ᠂ ᠭᠣᠣᠯᠳᠠᠯᠭ᠎ᠠ ᠪᠣᠯᠬᠤ ᠬᠥᠮᠥᠰ᠎ᠢ ᠰᠠᠢ᠌ᠲᠤᠷ ᠠᠩᠬᠠᠷᠴᠤ᠂ ᠲᠤᠰᠠᠭ᠋ᠠᠷᠯᠠᠬᠤ ᠪᠦᠰᠡ ᠵᠢ ᠪᠦᠲᠦᠭᠡᠨ ᠪᠠᠢ᠌ᠭᠤᠯᠬᠤ᠂ ᠬᠡᠭᠡᠷ᠎ᠡ ᠭᠠᠳᠠᠭ᠎ᠠ ᠭᠠᠯ ᠬᠡᠷᠡᠭᠯᠡᠬᠦ ᠵᠢ ᠬᠢᠨᠠᠨ ᠵᠥᠪᠰᠢᠶᠡᠷᠡᠬᠦ᠂ ᠣᠶ ᠵᠢᠨ ᠬᠣᠷᠮᠣᠢ ᠵᠢᠨ ᠰᠢᠲᠠᠮᠠᠬᠠᠢ ᠪᠣᠳᠠᠰ᠎ᠢ ᠠᠷᠢᠯᠭ᠋ᠠᠬᠤ᠂ ᠬᠣᠯᠪᠤᠭ᠋ᠠᠯᠠᠨ ᠰᠡᠷᠭᠡᠢ᠌ᠯᠡᠵᠦ ᠬᠣᠯᠪᠤᠭ᠋ᠠᠯᠠᠨ ᠡᠵᠡᠮᠳᠡᠬᠦ ᠵᠡᠷᠭᠡ ᠭᠠᠯ᠎ᠤᠨ ᠡᠬᠢ ᠡᠭᠦᠰᠦᠯ᠎ᠢ ᠬᠠᠮᠢᠶᠠᠷᠤᠨ ᠡᠵᠡᠮᠳᠡᠬᠦ ᠵᠡᠷᠭᠡ ᠠᠷᠭ᠎ᠠ ᠬᠡᠮᠵᠢᠶ᠎ᠡ᠎ᠪᠠᠨ ᠴᠢᠩᠭ᠎ᠠ ᠨᠠᠢ᠌ᠳᠠᠪᠤᠷᠢᠵᠢᠭᠤᠯᠵᠤ᠂ ᠭᠠᠯ ᠲᠦᠢ᠍ᠮᠡᠷ᠎ᠤᠨ ᠭᠠᠮᠰᠢᠭ ᠎ᠤᠨ ᠬᠡᠮ ᠰᠣᠭᠣᠭ᠎ᠢ ᠬᠥᠳᠡᠯᠦᠩᠭᠦᠢ᠎ᠪᠠᠷ ᠠᠷᠢᠯᠭ᠋ᠠᠬᠤ ᠠᠵᠢᠯᠯᠠᠭ᠋ᠠᠨ᠎ᠢ ᠪᠠᠢ᠌ᠩᠭᠤᠰᠢᠭᠤᠯᠤᠨ ᠥᠷᠨᠢᠭᠦᠯᠦᠨ᠂ ᠲᠠᠷᠢᠶᠠᠯᠠᠩ᠎ᠤᠨ ᠠᠳᠠᠯ ᠣᠶ ᠰᠢᠭᠤᠢ ᠵᠢᠨ ᠠᠳᠠᠯ ᠡᠷᠬᠢᠯᠡᠬᠦ᠂ ᠪᠠᠷᠢᠯᠭ᠎ᠠ ᠵᠢᠨ ᠠᠵᠢᠯ ᠬᠢᠬᠦ᠂ ᠦᠢ᠍ᠯᠡᠳᠪᠦᠷᠢᠯᠡᠵᠦ ᠲᠡᠭᠡᠭᠡᠪᠦᠷᠢᠯᠡᠬᠦ᠂ ᠵᠤᠭ᠋ᠠᠴᠠᠨ ᠨᠠᠭ᠋ᠠᠳᠴᠤ ᠲᠠᠬᠢᠯᠭ᠎ᠠ ᠲᠠᠬᠢᠬᠤ ᠵᠡᠷᠭᠡ ᠬᠡᠭᠡᠷ᠎ᠡ ᠭᠠᠳᠠᠭ᠎ᠠ ᠭᠠᠯ ᠬᠡᠷᠡᠭᠯᠡᠬᠦ ᠡᠯ᠎ᠡ ᠲᠥᠷᠥᠯ᠎ᠤᠨ ᠦᠢᠯᠡ ᠠᠵᠢᠯᠯᠠᠭ᠎ᠠ ᠵᠢ ᠴᠢᠩᠭ᠎ᠠ ᠬᠠᠮᠢᠶᠠᠷᠴᠤ᠂ 《ᠰᠢᠯᠤᠭᠤᠳᠬᠠᠬᠤ ᠪᠠ ᠬᠣᠷᠢᠭᠯᠠᠬᠤ ᠵᠢ ᠤᠶᠠᠯᠳᠤᠭᠤᠯᠬᠤ》᠎ᠪᠠᠷ ᠳᠠᠮᠵᠢᠭᠤᠯᠤᠨ ᠡᠬᠢ ᠡᠭᠦᠰᠦᠯ᠎ᠠᠴᠠ᠎ᠨᠢ ᠬᠠᠮᠢᠶᠠᠷᠤᠨ ᠡᠵᠡᠮᠳᠡᠬᠦ ᠠᠵᠢᠯ᠎ᠢ ᠰᠠᠢ᠌ᠲᠤᠷ ᠠᠳᠬᠤᠬᠤ ᠬᠡᠷᠡᠭᠲᠡᠢ᠃ ᠴᠢᠩᠭ᠎ᠠ ᠰᠡᠷᠭᠡᠢ᠌ᠯᠡᠵᠦ ᠵᠠᠬᠢᠷᠤᠨ ᠬᠠᠮᠢᠶᠠᠷᠬᠤ ᠬᠤᠭᠤᠴᠠᠭ᠋ᠠᠨ᠎ᠳᠤ ᠴᠢᠩᠭ᠎ᠠ ᠰᠡᠷᠭᠡᠢ᠌ᠯᠡᠵᠦ ᠵᠠᠬᠢᠷᠤᠨ ᠬᠠᠮᠢᠶᠠᠷᠬᠤ ᠣᠷᠣᠨ ᠪᠦᠰᠡ᠎ᠨᠢ ᠳᠣᠣᠷᠠᠬᠢ ᠲᠣᠭᠲᠠᠭ᠋ᠠᠯ᠎ᠤᠳ᠎ᠢ ᠴᠢᠩᠭ᠎ᠠ ᠬᠡᠷᠡᠭᠵᠢᠭᠦᠯᠬᠦ ᠬᠡᠷᠡᠭᠲᠡᠢ᠄
      (ᠨᠢᠭᠡ) ᠬᠡᠭᠡᠷ᠎ᠡ ᠭᠠᠳᠠᠭ᠎ᠠ ᠲᠠᠮᠠᠬᠢ ᠲᠠᠲᠠᠬᠤ᠂ ᠬᠡᠭᠡᠷ᠎ᠡ ᠭᠠᠳᠠᠭ᠎ᠠ ᠬᠣᠭᠣᠯᠠᠯᠠᠬᠤ᠂ ᠴᠠᠭ᠋ᠠᠰᠤ ᠰᠢᠲᠠᠭ᠋ᠠᠬᠤ᠂ ᠬᠦᠵᠢ ᠠᠰᠠᠭ᠋ᠠᠬᠤ᠂ ᠫᠤᠤᠵᠢᠩ ᠲᠠᠯᠪᠢᠬᠤ᠂ ᠭᠠᠯ ᠨᠣᠴᠣᠭ᠋ᠠᠵᠤ ᠳᠤᠯᠠᠭ᠋ᠠᠯᠠᠬᠤ᠂ ᠬᠣᠭ ᠨᠣᠪᠰᠢ ᠰᠢᠲᠠᠭ᠋ᠠᠬᠤ ᠵᠡᠷᠭᠡ ᠦᠢ᠍ᠯᠡᠳᠪᠦᠷᠢᠯᠡᠯ᠎ᠤᠨ ᠪᠤᠰᠤ ᠬᠡᠷᠡᠭᠴᠡᠭᠡᠨ᠎ᠳᠤ ᠭᠠᠯ ᠬᠡᠷᠡᠭᠯᠡᠬᠦ ᠪᠠ ᠠᠲᠠᠷ ᠰᠢᠲᠠᠭ᠋ᠠᠬᠤ᠂ ᠡᠰᠢ ᠰᠦᠷᠡᠯ ᠰᠢᠲᠠᠭ᠋ᠠᠬᠤ ᠵᠡᠷᠭᠡ ᠲᠠᠷᠢᠶᠠᠯᠠᠩ᠎ᠤᠨ ᠠᠳᠠᠯ᠎ᠳᠤ ᠭᠠᠯ ᠬᠡᠷᠡᠭᠯᠡᠬᠦ ᠵᠢ ᠴᠢᠩᠭ᠎ᠠ ᠴᠠᠭ᠋ᠠᠵᠠᠯᠠᠨ᠎ᠠ᠃
      (ᠬᠣᠶᠠᠷ) ᠬᠡᠭᠡᠷ᠎ᠡ ᠭᠠᠳᠠᠨᠠᠬᠢ ᠦᠢ᠍ᠯᠡᠳᠪᠦᠷᠢᠯᠡᠯ᠎ᠳᠤ ᠭᠠᠯ ᠬᠡᠷᠡᠭᠯᠡᠬᠦ᠎ᠳᠤ᠎ᠪᠠᠨ ᠡᠷᠬᠡᠪᠰᠢ ᠲᠤᠬᠠᠢ ᠵᠢᠨ ᠭᠠᠵᠠᠷ᠎ᠤᠨ ᠬᠣᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠣᠶ ᠰᠢᠭᠤᠢ ᠪᠠ ᠨᠤᠲᠤᠭ ᠪᠡᠯᠴᠢᠭᠡᠷ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠶ᠋ᠡᠷ ᠬᠢᠨᠠᠨ ᠪᠠᠢ᠌ᠴᠠᠭ᠋ᠠᠯᠭ᠋ᠠᠵᠤ ᠵᠥᠪᠰᠢᠶᠡᠷᠡᠭᠦᠯᠦᠭᠡᠳ᠂ ᠴᠠᠭ ᠵᠶ᠋ᠠᠨ ᠲᠣᠭᠲᠠᠭᠰᠠᠨ᠂ ᠭᠠᠵᠠᠷ ᠵᠶ᠋ᠠᠨ ᠲᠣᠭᠲᠠᠭᠰᠠᠨ᠂ ᠬᠠᠷᠢᠭᠤᠴᠠᠯᠭ᠋ᠠᠲᠠᠨ ᠵᠶ᠋ᠠᠨ ᠲᠣᠳᠣᠷᠬᠠᠢ᠌ᠯᠠᠭᠰᠠᠨ᠂ ᠰᠡᠷᠭᠡᠢ᠌ᠯᠡᠵᠦ ᠠᠪᠤᠷᠠᠬᠤ ᠪᠡᠯᠡᠳᠬᠡᠯ ᠵᠶ᠋ᠠᠨ ᠰᠠᠢ᠌ᠲᠤᠷ ᠬᠢᠭᠰᠡᠨ ᠤᠷᠢᠲᠠᠯ ᠳᠣᠣᠷ᠎ᠠ ᠬᠡᠷᠡᠭᠵᠢᠭᠦᠯᠦᠨ᠎ᠡ᠃
      (ᠭᠤᠷᠪᠠ) ᠵᠠᠬᠢᠷᠤᠨ ᠬᠠᠮᠢᠶᠠᠷᠬᠤ ᠣᠷᠣᠨ ᠪᠦᠰᠡ᠎ᠳᠤ ᠣᠷᠣᠬᠤ ᠬᠥᠮᠥᠨ ᠬᠠᠷ᠎ᠠ ᠲᠡᠷᠭᠡ ᠬᠥᠰᠬᠡ ᠵᠢᠨ ᠭᠠᠯ᠎ᠤᠨ ᠴᠣᠭ ᠪᠤᠶᠤ ᠨᠣᠴᠣᠮᠠᠲᠠᠭ᠋ᠠᠢ ᠳᠡᠯᠪᠡᠷᠡᠮᠡᠲᠡᠭᠡᠢ ᠡᠳ᠋ ᠪᠣᠳᠠᠰ ᠠᠪᠴᠤ ᠶᠠᠪᠤᠬᠤ ᠵᠢ ᠴᠢᠩᠭ᠎ᠠ ᠴᠠᠭ᠋ᠠᠵᠠᠯᠠᠵᠤ᠂  ᠴᠢᠬᠤᠯᠠᠲᠠᠢ ᠦᠶᠡᠰ 《ᠭᠠᠯ ᠰᠡᠷᠭᠡᠢ᠌ᠯᠡᠬᠦ ᠪᠦᠲᠡᠭᠡᠯᠭᠡ》 ᠨᠡᠮᠡᠨ ᠤᠭᠰᠠᠷᠠᠵᠤ ᠪᠠᠢ᠌ᠭ᠋ᠠᠳ ᠪᠤᠬ᠎ᠠ ᠲᠡᠷᠭᠡ ᠭᠠᠯ ᠵᠣᠯᠭ᠋ᠠᠵᠤ ᠳᠦᠷᠡᠯᠵᠡᠨ ᠨᠣᠴᠣᠬᠤ ᠵᠢ ᠰᠡᠷᠡᠮᠵᠢᠯᠡᠨ ᠰᠡᠷᠭᠡᠢ᠌ᠯᠡᠬᠦ ᠪᠠ ᠠᠴᠢᠶᠠᠨ᠎ᠤ ᠲᠡᠷᠭᠡ ᠵᠢᠨ ᠲᠡᠷᠭᠡᠨ ᠲᠠᠰᠤᠯᠭ᠎ᠠ ᠵᠢ ᠪᠢᠲᠡᠭᠦᠮᠵᠢᠯᠡᠵᠦ ᠪᠠᠢ᠌ᠭ᠋ᠠᠳ ᠰᠢᠲᠠᠮᠠᠬᠠᠢ ᠪᠣᠳᠠᠰ ᠠᠰᠬᠠᠷᠠᠵᠤ ᠭᠠᠷᠬᠤ ᠵᠢ ᠰᠡᠷᠭᠡᠢ᠌ᠯᠡᠬᠦ ᠵᠡᠷᠭᠡ ᠠᠮᠤᠷ ᠲᠦᠪᠰᠢᠨ᠎ᠤ ᠲᠠᠯ᠎ᠠ᠎ᠳᠤ ᠰᠡᠷᠡᠮᠵᠢᠯᠡᠨ ᠰᠡᠷᠭᠡᠢ᠌ᠯᠡᠬᠦ ᠠᠷᠭ᠎ᠠ ᠬᠡᠮᠵᠢᠶ᠎ᠡ ᠠᠪᠤᠨ᠎ᠠ᠃ ᠭᠠᠯᠲᠤ ᠲᠡᠷᠭᠡ᠂ ᠨᠡᠢ᠌ᠲᠡ ᠵᠢᠨ ᠮᠠᠰᠢᠨ ᠲᠡᠷᠭᠡ ᠵᠡᠷᠭᠡ ᠵᠢᠨ ᠵᠢᠯᠣᠭᠣᠴᠢ ᠦᠢ᠍ᠯᠡᠴᠢᠯᠡᠭᠴᠢ ᠪᠠ ᠠᠶᠠᠨᠴᠢᠳ᠎ᠤᠨ ᠭᠠᠳᠠᠭᠰᠢ᠎ᠪᠠᠨ ᠤᠨᠲᠠᠷᠠᠭ᠋ᠠᠭᠰᠠᠨ ᠦᠭᠡᠢ ᠭᠠᠯ ᠵᠣᠯᠭ᠋ᠠᠬᠤ ᠵᠦᠢ᠍ᠯ ᠰᠢᠳᠡᠬᠦ ᠵᠢ ᠴᠢᠩᠭ᠎ᠠ ᠴᠠᠭ᠋ᠠᠵᠠᠯᠠᠨ᠎ᠠ᠃
      (ᠳᠥᠷᠪᠡ) ᠡᠯ᠎ᠡ ᠪᠠᠢ᠌ᠴᠠᠭ᠋ᠠᠬᠤ ᠥᠷᠲᠡᠭᠡ᠂ ᠪᠠᠷᠠᠯᠠᠬᠤ ᠲᠠᠪᠴᠠᠩ᠂ ᠴᠠᠭᠳᠠᠨ ᠲᠣᠭᠣᠷᠢᠬᠤ ᠴᠠᠭᠳᠠᠨ ᠬᠠᠮᠠᠭ᠋ᠠᠯᠠᠬᠤ ᠠᠵᠢᠯ᠎ᠤᠨ ᠪᠠᠢ᠌ᠷᠢ ᠵᠡᠷᠭᠡ᠎ᠨᠢ ᠪᠦᠬᠦᠯᠢ ᠡᠳᠦᠷ ᠵᠶ᠋ᠠᠷ ᠵᠢᠵᠢᠭᠦᠷᠯᠡᠨ ᠰᠠᠬᠢᠵᠤ᠂ ᠰᠢᠭᠤᠢ᠌ᠲᠤ ᠣᠷᠣᠨ᠂ ᠨᠤᠲᠤᠭ ᠪᠡᠯᠴᠢᠭᠡᠷ᠎ᠲᠤ ᠣᠷᠣᠬᠤ ᠬᠥᠮᠥᠰ ᠪᠠ ᠲᠡᠷᠭᠡ ᠬᠥᠰᠬᠡ ᠵᠢ ᠴᠢᠩᠭ᠎ᠠ ᠵᠠᠬᠢᠷᠤᠨ ᠬᠠᠮᠢᠶᠠᠷᠤᠨ᠎ᠠ᠃ ᠰᠢᠭᠤᠢ᠌ᠲᠤ ᠣᠷᠣᠨ᠂ ᠨᠤᠲᠤᠭ ᠪᠡᠯᠴᠢᠭᠡᠷ᠎ᠲᠤ ᠣᠷᠣᠬᠤ ᠬᠥᠮᠥᠰ ᠪᠠ ᠲᠡᠷᠭᠡ ᠬᠥᠰᠬᠡ᠎ᠨᠦᠭᠦᠳ ᠡᠷᠬᠡᠪᠰᠢ ᠭᠠᠯ ᠲᠦᠢ᠍ᠮᠡᠷ ᠰᠡᠷᠭᠡᠢ᠌ᠯᠡᠨ ᠤᠨᠲᠠᠷᠠᠭ᠋ᠠᠬᠤ ᠪᠠᠢ᠌ᠴᠠᠭ᠋ᠠᠯᠲᠠ ᠵᠢ ᠬᠦᠯᠢᠶᠡᠵᠦ᠂ ᠭᠠᠯ ᠲᠦᠢ᠍ᠮᠡᠷ ᠰᠡᠷᠭᠡᠢ᠌ᠯᠡᠨ ᠤᠨᠲᠠᠷᠠᠭ᠋ᠠᠬᠤ ᠲᠣᠭᠲᠠᠭ᠋ᠠᠯ᠎ᠢ ᠵᠢᠷᠤᠮᠯᠠᠨ᠂ ᠭᠠᠯ ᠲᠦᠢ᠍ᠮᠡᠷ ᠰᠡᠷᠭᠡᠢ᠌ᠯᠡᠨ ᠤᠨᠲᠠᠷᠠᠭ᠋ᠠᠬᠤ ᠡᠭᠦᠷᠭᠡ᠎ᠪᠠᠨ ᠭᠦᠢ᠍ᠴᠡᠳᠬᠡᠬᠦ ᠬᠡᠷᠡᠭᠲᠡᠢ᠃
      ᠳᠡᠭᠡᠷᠡᠬᠢ ᠲᠣᠭᠲᠠᠭ᠋ᠠᠯ᠎ᠢ ᠵᠥᠷᠢᠴᠡᠭᠰᠡᠨ ᠪᠠᠢ᠌ᠪᠠᠯ᠂ ᠬᠠᠤᠯᠢ ᠶᠣᠰᠣᠭ᠋ᠠᠷ ᠵᠣᠬᠢᠬᠤ ᠰᠢᠢ᠍ᠳᠬᠡᠯ ᠲᠣᠷᠭ᠋ᠠᠭᠤᠯᠢ ᠥᠭᠭᠦᠨ᠎ᠡ᠃
      ᠳᠥᠷᠪᠡ᠂ ᠤᠷᠢᠳᠴᠢᠯᠠᠨ ᠰᠡᠷᠡᠮᠵᠢᠯᠡᠭᠦᠯᠵᠦ ᠬᠢᠨᠠᠨ ᠰᠢᠨᠵᠢᠬᠦ᠎ᠪᠠᠨ ᠴᠢᠩᠭ᠋ᠠᠷᠠᠭᠤᠯᠤᠨ᠎ᠠ
      ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ᠎ᠨᠢ 《ᠤᠷᠢᠳᠴᠢᠯᠠᠨ ᠰᠡᠷᠭᠡᠢ᠌ᠯᠡᠬᠦ ᠵᠢ ᠲᠡᠷᠢᠭᠦᠨ᠎ᠳᠤ ᠲᠠᠯᠪᠢᠬᠤ᠂ ᠡᠷᠲᠡ ᠢᠯᠡᠷᠡᠭᠦᠯᠬᠦ᠂ ᠪᠠᠭ᠎ᠠ ᠳᠡᠭᠡᠷ᠎ᠡ᠎ᠨᠢ ᠰᠢᠢ᠍ᠳᠪᠦᠷᠢᠯᠡᠬᠦ》 ᠵᠢ ᠪᠣᠳᠣᠯᠬᠢᠯᠠᠨ ᠪᠠᠢ᠌ᠵᠤ᠂ ᠲᠦᠭᠰᠢᠭᠦᠷᠢ ᠵᠢ ᠰᠤᠳᠤᠯᠤᠨ ᠮᠠᠭ᠋ᠠᠳᠯᠠᠬᠤ᠂ ᠲᠠᠰᠤᠯᠳᠠᠯ ᠦᠭᠡᠢ ᠵᠥᠪᠳᠡᠯᠴᠡᠬᠦ᠂ ᠤᠷᠢᠳᠴᠢᠯᠠᠨ ᠰᠡᠷᠡᠮᠵᠢᠯᠡᠭᠦᠯᠵᠦ ᠨᠡᠢ᠌ᠲᠡᠯᠡᠬᠦ ᠠᠵᠢᠯ᠎ᠤᠨ ᠲᠣᠭᠲᠠᠴᠠ ᠵᠢ ᠲᠡᠭᠦᠯᠳᠡᠷᠵᠢᠭᠦᠯᠵᠦ᠂ ᠳᠠᠭ᠋ᠠᠭᠤᠯᠢ ᠣᠳᠣ᠎ᠪᠠᠷ ᠬᠢᠨᠠᠨ ᠰᠢᠨᠵᠢᠬᠦ᠂ ᠭᠠᠵᠠᠷ ᠳᠡᠭᠡᠷ᠎ᠡ ᠲᠣᠭᠣᠷᠢᠨ ᠪᠠᠢ᠌ᠴᠠᠭ᠋ᠠᠬᠤ᠂ ᠠᠭ᠋ᠠᠷ ᠠᠶᠠᠯᠠᠯ ᠵᠶ᠋ᠠᠷ ᠴᠠᠭᠳᠠᠨ ᠬᠠᠮᠠᠭ᠋ᠠᠯᠠᠬᠤ᠂ ᠸᠢᠳᠢᠤ᠋᠎ᠪᠠᠷ ᠬᠢᠨᠠᠨ ᠡᠵᠡᠮᠳᠡᠬᠦ᠂ ᠬᠥᠮᠥᠨ᠎ᠤ ᠬᠦᠴᠦ᠎ᠪᠠᠷ ᠪᠠᠷᠠᠯᠠᠬᠤ᠂ ᠶᠠᠷᠢᠶ᠎ᠠ ᠬᠡᠯᠡᠯᠴᠡᠭᠡᠨ᠎ᠤ ᠪᠠᠢ᠌ᠳᠠᠯ᠎ᠢ ᠬᠢᠨᠠᠨ ᠰᠢᠨᠵᠢᠬᠦ 《ᠵᠢᠷᠭᠤᠭ᠎ᠠ ᠵᠢ ᠨᠢᠭᠡ ᠴᠣᠭᠴᠠᠵᠢᠭᠤᠯᠬᠤ》 ᠠᠷᠭ᠎ᠠ ᠪᠠᠷᠢᠯ᠎ᠢ ᠶᠡᠷᠦᠩᠬᠡᠢ᠌ᠯᠡᠨ ᠬᠡᠷᠡᠭᠯᠡᠵᠦ᠂ ᠭᠠᠯ ᠲᠦᠢ᠍ᠮᠡᠷ᠎ᠤᠨ ᠪᠠᠢ᠌ᠳᠠᠯ᠎ᠢ ᠬᠢᠨᠠᠨ ᠰᠢᠨᠵᠢᠬᠦ ᠴᠢᠳᠠᠪᠤᠷᠢ᠎ᠪᠠᠨ ᠳᠡᠭᠡᠭᠰᠢᠯᠡᠭᠦᠯᠬᠦ ᠬᠡᠷᠡᠭᠲᠡᠢ᠃ ᠭᠠᠯ ᠲᠦᠢ᠍ᠮᠡᠷ᠎ᠤᠨ ᠲᠦᠭᠰᠢᠭᠦᠷᠢ ᠶᠡᠬᠡᠲᠡᠢ ᠬᠤᠭᠤᠴᠠᠭ᠋ᠠᠨ᠎ᠳᠤ᠂ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ᠂ ᠣᠶ ᠰᠢᠭᠤᠢ ᠨᠤᠲᠤᠭ ᠪᠡᠯᠴᠢᠭᠡᠷ᠂ ᠴᠠᠭ ᠠᠭᠤᠷ ᠵᠡᠷᠭᠡ ᠰᠠᠯᠠᠭ᠎ᠠ ᠮᠥᠴᠢᠷ᠎ᠤᠳ ᠴᠠᠭ ᠠᠭᠤᠷ ᠪᠠ ᠭᠠᠯ ᠲᠦᠢ᠍ᠮᠡᠷ᠎ᠤᠨ ᠲᠦᠭᠰᠢᠭᠦᠷᠢ ᠵᠢᠨ ᠬᠤᠪᠢᠷᠠᠯᠲᠠ ᠵᠢᠨ ᠬᠠᠨᠳᠤᠰᠢ ᠵᠢ ᠨᠢᠭᠲᠠ ᠠᠩᠬᠠᠷᠴᠤ᠂ ᠣᠬᠣᠷ ᠬᠤᠭᠤᠴᠠᠭ᠋ᠠᠨ᠎ᠳᠤ ᠪᠠᠴᠢᠮ ᠰᠤᠳᠤᠯᠤᠨ ᠮᠠᠭ᠋ᠠᠳᠯᠠᠬᠤ ᠪᠠ ᠤᠷᠢᠳᠴᠢᠯᠠᠨ ᠰᠡᠷᠡᠮᠵᠢᠯᠡᠭᠦᠯᠵᠦ ᠲᠦᠷᠭᠡᠨ ᠮᠡᠳᠡᠭᠦᠯᠬᠦ᠎ᠪᠠᠨ ᠴᠢᠩᠭ᠋ᠠᠳᠬᠠᠨ᠂ ᠴᠠᠭ ᠲᠤᠬᠠᠢ᠎ᠳᠤ᠎ᠨᠢ ᠭᠠᠯ ᠲᠦᠢ᠍ᠮᠡᠷ᠎ᠤᠨ ᠲᠦᠭᠰᠢᠭᠦᠷᠢ ᠶᠡᠬᠡᠲᠡᠢ ᠣᠷᠣᠨ᠎ᠳᠤ ᠠᠮᠤᠷ ᠲᠦᠪᠰᠢᠨ᠎ᠤ ᠰᠠᠨᠠᠭᠤᠯᠤᠮᠵᠢ ᠥᠭᠴᠦ᠂ 《ᠰᠢᠭᠤᠳ ᠨᠡᠪᠲᠡᠷᠡᠬᠦ ᠮᠠᠶᠢᠭ》᠂ 《ᠴᠡᠭ᠎ᠢ ᠴᠡᠭ᠎ᠲᠤ᠎ᠨᠢ ᠬᠠᠨᠳᠤᠭᠤᠯᠬᠤ》 ᠠᠷᠭ᠎ᠠ ᠮᠠᠶᠢᠭ᠎ᠢ ᠬᠡᠷᠡᠭᠯᠡᠨ᠂ ᠦᠨᠳᠦᠰᠦᠨ ᠱᠠᠲᠤᠨ᠎ᠤ ᠨᠢᠭᠡᠳᠦᠭᠡᠷ ᠹᠷᠣᠨᠲ᠎ᠲᠤ ᠰᠢᠭᠤᠳ ᠬᠦᠷᠬᠦ ᠭᠠᠮᠰᠢᠭ᠎ᠤᠨ ᠪᠠᠴᠢᠮ 《ᠳᠠᠭᠤᠳᠠᠯᠲᠠ》 ᠵᠢᠨ ᠲᠣᠭᠲᠠᠴᠠ ᠵᠢ ᠨᠠᠢ᠌ᠳᠠᠪᠤᠷᠢᠵᠢᠭᠤᠯᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠢ ᠵᠢ ᠰᠢᠮᠳᠠᠭᠤᠯᠵᠤ ᠪᠠᠢ᠌ᠭ᠋ᠠᠳ ᠴᠤᠤᠷᠢᠶᠠᠲᠤᠨ ᠳᠠᠭ᠋ᠠᠬᠤ ᠠᠷᠭ᠎ᠠ ᠬᠡᠮᠵᠢᠶ᠎ᠡ ᠵᠢ ᠮᠥᠷᠳᠡᠵᠦ ᠨᠠᠢ᠌ᠳᠠᠪᠤᠷᠢᠵᠢᠭᠤᠯᠬᠤ ᠬᠡᠷᠡᠭᠲᠡᠢ᠃ ᠰᠡᠵᠢᠭᠯᠡᠯᠲᠦ ᠭᠠᠯ ᠲᠦᠢ᠍ᠮᠡᠷ᠎ᠤᠨ ᠪᠠᠢ᠌ᠳᠠᠯ᠎ᠢ ᠦᠳᠲᠡᠷ ᠲᠦᠷᠭᠡᠨ ᠬᠠᠷᠭᠤᠭᠤᠯᠤᠨ ᠪᠠᠢ᠌ᠴᠠᠭ᠋ᠠᠵᠤ᠂ ᠴᠠᠭ ᠲᠤᠬᠠᠢ᠎ᠳᠤ᠎ᠨᠢ ᠮᠡᠳᠡᠭᠦᠯᠬᠦ ᠬᠡᠷᠡᠭᠲᠡᠢ᠃
      ᠲᠠᠪᠤ᠂ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠪᠡᠯᠡᠳᠬᠡᠯ ᠠᠵᠢᠯ ᠵᠶ᠋ᠠᠨ ᠴᠢᠩᠭ᠋ᠠᠷᠠᠭᠤᠯᠤᠨ᠎ᠠ
      ᠭᠠᠯ ᠲᠦᠢ᠍ᠮᠡᠷ ᠰᠡᠷᠭᠡᠢ᠌ᠯᠡᠬᠦ ᠬᠤᠭᠤᠴᠠᠭ᠋ᠠᠨ᠎ᠳᠤ᠂ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠣᠶ ᠰᠢᠭᠤᠢ ᠨᠤᠲᠤᠭ ᠪᠡᠯᠴᠢᠭᠡᠷ᠎ᠤᠨ ᠭᠠᠯ ᠲᠦᠢ᠍ᠮᠡᠷ ᠰᠡᠷᠭᠡᠢ᠌ᠯᠡᠨ ᠤᠨᠲᠠᠷᠠᠭ᠋ᠠᠬᠤ ᠠᠵᠢᠯ᠎ᠤᠨ ᠵᠢᠯᠤᠭᠣᠳᠬᠤ ᠪᠠᠢ᠌ᠭᠤᠯᠤᠮᠵᠢ᠎ᠨᠢ 24 ᠴᠠᠭ ᠵᠶ᠋ᠠᠷ ᠵᠢᠵᠢᠭᠦᠷᠯᠡᠨ ᠰᠠᠬᠢᠬᠤ ᠳᠦᠷᠢᠮ᠎ᠢ ᠴᠢᠩᠭ᠎ᠠ ᠬᠡᠷᠡᠭᠵᠢᠭᠦᠯᠦᠨ᠂ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ᠎ᠨᠢ ᠣᠶ ᠰᠢᠭᠤᠢ ᠨᠤᠲᠤᠭ ᠪᠡᠯᠴᠢᠭᠡᠷ᠎ᠤᠨ ᠭᠠᠯ ᠲᠦᠢ᠍ᠮᠡᠷ᠎ᠤᠨ ᠭᠠᠮᠰᠢᠭ᠎ᠢ ᠳᠡᠰ ᠬᠤᠪᠢᠶᠠᠵᠤ ᠴᠤᠤᠷᠢᠶᠠᠲᠤᠨ ᠳᠠᠭ᠋ᠠᠬᠤ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠵᠦ᠂ ᠡᠯ᠎ᠡ ᠲᠥᠷᠥᠯ᠎ᠤᠨ ᠭᠠᠯ ᠲᠦᠢ᠍ᠮᠡᠷ ᠤᠨᠲᠠᠷᠠᠭ᠋ᠠᠬᠤ ᠡᠩᠨᠡᠭᠡ᠎ᠨᠢ ᠳᠠᠢ᠌ᠯᠠᠯᠳᠤᠭ᠋ᠠᠨ᠎ᠠᠴᠠ ᠡᠮᠦᠨᠡᠬᠢ ᠵᠠᠷᠯᠢᠭ ᠬᠦᠯᠢᠶᠡᠬᠦ ᠪᠠᠢ᠌ᠳᠠᠯ ᠵᠶ᠋ᠠᠨ ᠪᠠᠲᠤᠯᠠᠵᠤ᠂ ᠪᠡᠯᠡᠳᠬᠡᠯ ᠲᠥᠰᠥᠯ᠎ᠤᠨ ᠪᠣᠯᠪᠠᠰᠤᠷᠠᠯ ᠪᠠ ᠪᠣᠳᠠᠲᠤ ᠪᠠᠢ᠌ᠯᠳᠤᠭ᠋ᠠᠨ᠎ᠤ ᠰᠣᠷᠢᠯᠲᠠ ᠬᠢᠬᠦ᠎ᠪᠠᠨ ᠴᠢᠩᠭ᠋ᠠᠷᠠᠭᠤᠯᠤᠨ᠂ ᠡᠳ᠋ ᠪᠠᠷᠠᠭ᠎ᠠ᠂ ᠮᠠᠰᠢᠨ ᠪᠠᠭ᠋ᠠᠵᠢ ᠪᠠ ᠲᠣᠨᠤᠭ ᠲᠥᠬᠦᠭᠡᠷᠦᠮᠵᠢ ᠵᠢᠨ ᠨᠥᠭᠡᠴᠡ᠎ᠪᠠᠨ ᠴᠢᠩᠭ᠋ᠠᠳᠬᠠᠵᠤ᠂ ᠵᠢᠭ᠋ᠠᠨ ᠵᠢᠯᠣᠭᠣᠳᠤᠯᠭ᠎ᠠ᠂ ᠬᠦᠴᠦᠨ ᠴᠢᠳᠠᠯ᠂ ᠲᠣᠨᠤᠭ ᠲᠥᠬᠦᠭᠡᠷᠦᠮᠵᠢ 《ᠭᠤᠷᠪᠠ ᠵᠢ ᠤᠷᠢᠳ ᠵᠶ᠋ᠠᠷ ᠪᠠᠢ᠌ᠷᠢᠯᠠᠭᠤᠯᠬᠤ》 ᠵᠢ ᠦᠨᠡᠨ ᠬᠦ᠌ ᠪᠠᠲᠤᠯᠠᠬᠤ ᠬᠡᠷᠡᠭᠲᠡᠢ᠃ ᠭᠠᠯ ᠲᠦᠢ᠍ᠮᠡᠷ᠎ᠤᠨ ᠠᠬᠤᠢ ᠲᠠᠯᠠᠪᠠᠢ ᠵᠢᠨ ᠵᠢᠯᠤᠭᠣᠳᠬᠤ ᠭᠠᠵᠠᠷ᠎ᠤᠨ᠎ᠬᠢᠨ ᠠᠮᠤᠷ ᠲᠦᠪᠰᠢᠨ᠎ᠤ ᠬᠣᠷᠢᠭ᠎ᠠ ᠱᠤᠭᠤᠮ᠎ᠢ ᠪᠠᠲᠤ ᠰᠠᠬᠢᠵᠤ᠂ ᠭᠠᠯ ᠲᠦᠢ᠍ᠮᠡᠷ᠎ᠤᠨ ᠠᠬᠤᠢ ᠲᠠᠯᠠᠪᠠᠢ᠎ᠳᠠᠬᠢ ᠬᠠᠮᠢᠶᠠᠷᠤᠯᠲᠠ᠎ᠪᠠᠨ ᠴᠢᠩᠭ᠋ᠠᠳᠬᠠᠨ᠂ ᠲᠤᠰᠬᠠᠢ ᠮᠡᠷᠭᠡᠵᠢᠯ᠎ᠤᠨ ᠵᠢᠯᠣᠭᠣᠳᠤᠯᠭ᠎ᠠ᠎ᠪᠠᠨ ᠨᠠᠢ᠌ᠳᠠᠪᠤᠷᠢᠵᠢᠭᠤᠯᠵᠤ᠂ ᠬᠦᠨᠳᠦ ᠶᠡᠬᠡ ᠰᠡᠷᠭᠡᠭ ᠴᠢᠨᠠᠷᠲᠠᠢ ᠭᠠᠯ ᠲᠦᠢ᠍ᠮᠡᠷ᠎ᠤᠨ ᠭᠠᠮᠰᠢᠭ᠎ᠢ ᠲᠡᠰ ᠳᠡᠪᠰᠢᠭᠦᠯᠦᠨ ᠠᠷᠭ᠋ᠠᠴᠠᠭ᠋ᠠᠬᠤ ᠪᠠ ᠲᠡᠭᠦᠨ᠎ᠳᠤ ᠰᠠᠨᠠᠭ᠋ᠠᠴᠢᠯᠠᠭ᠎ᠠ᠎ᠠᠴᠠ᠎ᠪᠠᠨ ᠣᠷᠣᠯᠴᠠᠨ ᠬᠥᠳᠡᠯᠦᠯᠴᠡᠵᠦ᠂ ᠭᠠᠯ ᠲᠦᠢ᠍ᠮᠡᠷ᠎ᠤᠨ ᠰᠦᠷᠳᠡᠭᠦᠯᠭᠡ᠎ᠳᠤ ᠤᠴᠠᠷᠠᠭᠰᠠᠨ ᠤᠯᠠᠨ ᠲᠦᠮᠡᠨ᠎ᠢ ᠲᠡᠷᠡ ᠳᠠᠷᠤᠢ᠎ᠳᠤ᠎ᠨᠢ ᠰᠢᠯᠵᠢᠭᠦᠯᠵᠦ᠂ ᠬᠥᠮᠥᠨ ᠬᠠᠷ᠎ᠠ ᠡᠨᠳᠡᠵᠦ ᠰᠢᠷᠬᠠᠲᠤᠬᠤ ᠭᠡᠨᠡᠳᠡᠯ ᠭᠠᠷᠬᠤ᠎ᠢ ᠡᠷᠡᠰ ᠬᠣᠷᠢᠭᠯᠠᠬᠤ ᠬᠡᠷᠡᠭᠲᠡᠢ᠃
      ᠵᠢᠷᠭᠤᠭ᠎ᠠ᠂ ᠮᠡᠳᠡᠭᠦᠯᠬᠦ ᠳᠦᠷᠢᠮ ᠵᠶ᠋ᠠᠨ ᠴᠢᠩᠭ᠋ᠠᠷᠠᠭᠤᠯᠤᠨ᠎ᠠ
      ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠪᠠ ᠬᠣᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ᠎ᠨᠢ ᠭᠠᠯ ᠲᠦᠢ᠍ᠮᠡᠷ᠎ᠤᠨ ᠪᠠᠢ᠌ᠳᠠᠯ᠎ᠤᠨ ᠮᠡᠳᠡᠭᠡ ᠵᠠᠩᠭᠢ ᠵᠢ ᠰᠢᠰᠲ᠋ᠧᠮᠵᠢᠭᠦᠯᠦᠨ ᠳᠡᠭᠡᠭᠰᠢ ᠮᠡᠳᠡᠭᠦᠯᠬᠦ ᠳᠦᠷᠢᠮ᠎ᠢ ᠴᠢᠩᠭ᠎ᠠ ᠬᠡᠷᠡᠭᠵᠢᠭᠦᠯᠵᠦ᠂ ᠭᠠᠯ ᠲᠦᠢ᠍ᠮᠡᠷ᠎ᠤᠨ ᠪᠠᠢ᠌ᠳᠠᠯ᠎ᠢ ᠬᠠᠷᠭᠤᠭᠤᠯᠤᠨ ᠪᠠᠢ᠌ᠴᠠᠭ᠋ᠠᠬᠤ ᠪᠠ ᠡᠷᠲᠡ᠎ᠠᠴᠠ ᠰᠢᠢ᠍ᠳᠪᠦᠷᠢᠯᠡᠬᠦ᠎ᠪᠠᠨ ᠴᠢᠩᠭ᠋ᠠᠷᠠᠭᠤᠯᠤᠨ᠂ ᠵᠠᠰᠠᠭ᠎ᠤᠨ ᠵᠠᠷᠯᠢᠭ᠎ᠤᠨ ᠮᠡᠳᠡᠭᠡ ᠵᠠᠩᠭᠢ ᠵᠢᠨ ᠰᠠᠭ᠋ᠠᠳ ᠦᠭᠡᠢ ᠨᠡᠪᠲᠡᠷᠡᠬᠦ ᠵᠢ ᠦᠨᠡᠨ ᠬᠦ᠌ ᠪᠠᠲᠤᠯᠠᠵᠤ᠂ ᠭᠠᠯ ᠲᠦᠢ᠍ᠮᠡᠷ ᠢᠯᠡᠷᠡᠪᠡᠯ ᠵᠠᠪᠠᠯ ᠮᠡᠳᠡᠭᠦᠯᠬᠦ᠂ ᠳᠠᠷᠤᠵᠤ ᠮᠡᠳᠡᠭᠦᠯᠬᠦ ᠵᠢ ᠵᠡᠷᠭᠡ᠎ᠳᠤ᠎ᠨᠢ ᠶᠠᠪᠤᠭᠤᠯᠬᠤ ᠵᠢ ᠬᠢᠵᠦ ᠴᠢᠳᠠᠭᠰᠠᠨ ᠪᠠᠢ᠌ᠬᠤ ᠬᠡᠷᠡᠭᠲᠡᠢ᠃ ᠪᠤᠰᠤᠳ ᠰᠠᠯᠠᠭ᠎ᠠ ᠮᠥᠴᠢᠷ ᠨᠢᠭᠡᠴᠢ ᠪᠠ ᠬᠤᠪᠢ ᠬᠥᠮᠥᠨ ᠣᠶ ᠰᠢᠭᠤᠢ ᠨᠤᠲᠤᠭ ᠪᠡᠯᠴᠢᠭᠡᠷ᠎ᠤᠨ ᠭᠠᠯ ᠲᠦᠢ᠍ᠮᠡᠷ᠎ᠤᠨ ᠪᠠᠢ᠌ᠳᠠᠯ᠎ᠢ ᠣᠯᠵᠤ ᠮᠡᠳᠡᠪᠡᠯ ᠲᠡᠷᠡ ᠳᠠᠷᠤᠢ᠎ᠳᠤ᠎ᠨᠢ 《12119》 ᠴᠠᠭᠳᠠᠭ᠎ᠠ᠎ᠳᠤ ᠮᠡᠳᠡᠭᠦᠯᠬᠦ ᠤᠲᠠᠰᠤ ᠠᠪᠬᠤ ᠪᠤᠶᠤ ᠪᠤᠰᠤᠳ ᠠᠷᠭ᠎ᠠ ᠮᠠᠶᠢᠭ ᠵᠶ᠋ᠠᠷ ᠳᠠᠮᠵᠢᠭᠤᠯᠤᠨ ᠲᠤᠬᠠᠢ ᠵᠢᠨ ᠭᠠᠵᠠᠷ᠎ᠤᠨ ᠣᠶ ᠰᠢᠭᠤᠢ ᠨᠤᠲᠤᠭ ᠪᠡᠯᠴᠢᠭᠡᠷ᠎ᠤᠨ ᠭᠠᠯ ᠲᠦᠢ᠍ᠮᠡᠷ ᠰᠡᠷᠭᠡᠢ᠌ᠯᠡᠨ ᠤᠨᠲᠠᠷᠠᠭ᠋ᠠᠬᠤ ᠰᠠᠯᠠᠭ᠎ᠠ ᠮᠥᠴᠢᠷ᠎ᠲᠤ ᠮᠡᠳᠡᠭᠦᠯᠬᠦ ᠬᠡᠷᠡᠭᠲᠡᠢ᠃
      ᠳᠣᠯᠤᠭ᠎ᠠ᠂ ᠤᠬᠠᠭᠤᠯᠭ᠎ᠠ ᠬᠥᠮᠦᠵᠢᠯ ᠵᠶ᠋ᠠᠨ ᠴᠢᠩᠭ᠋ᠠᠷᠠᠭᠤᠯᠤᠨ᠎ᠠ
      ᠡᠯ᠎ᠡ ᠭᠠᠵᠠᠷ ᠣᠷᠣᠨ᠂ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ᠎ᠨᠢ ᠷᠠᠳᠢᠣ᠋ ᠨᠡᠪᠲᠡᠷᠡᠭᠦᠯᠭᠡ᠂ ᠲᠧᠯᠸᠢᠰ᠂ ᠰᠣᠨᠢᠨ ᠰᠡᠳᠬᠦᠯ᠂ ᠲᠣᠣᠷ ᠰᠦᠯᠵᠢᠶ᠎ᠡ᠂ ᠰᠢᠨ᠎ᠡ ᠵᠠᠭᠤᠴᠢᠯᠠᠭᠤᠷ ᠵᠡᠷᠭᠡ ᠣᠯᠠᠨ ᠵᠦᠢ᠍ᠯ᠎ᠤᠨ ᠠᠷᠭ᠎ᠠ ᠵᠠᠮ᠎ᠢ ᠭᠦᠢ᠍ᠴᠡᠳ ᠠᠰᠢᠭᠯᠠᠨ᠂ ᠭᠠᠯ ᠲᠦᠢ᠍ᠮᠡᠷ ᠰᠡᠷᠭᠡᠢ᠌ᠯᠡᠬᠦ ᠤᠬᠠᠭᠤᠯᠭ᠎ᠠ ᠵᠢᠨ ᠰᠠᠷ᠎ᠠ᠂ ᠭᠠᠯ ᠲᠦᠢ᠍ᠮᠡᠷ ᠰᠡᠷᠭᠡᠢ᠌ᠯᠡᠬᠦ ᠤᠬᠠᠭᠤᠯᠭ᠎ᠠ ᠵᠢ 《ᠲᠠᠪᠤᠨ ᠭᠠᠵᠠᠷ᠎ᠲᠤ ᠤᠷᠤᠭᠤᠯᠬᠤ》 ᠵᠡᠷᠭᠡ ᠰᠢᠷᠢᠰ ᠤᠬᠠᠭᠤᠯᠭ᠎ᠠ ᠵᠢᠨ ᠠᠵᠢᠯᠯᠠᠭ᠎ᠠ ᠵᠢ ᠥᠷᠭᠡᠨ ᠵᠶ᠋ᠠᠷ ᠥᠷᠨᠢᠭᠦᠯᠵᠦ᠂ ᠭᠠᠯ ᠲᠦᠢ᠍ᠮᠡᠷ ᠰᠡᠷᠭᠡᠢ᠌ᠯᠡᠬᠦ ᠬᠠᠤᠯᠢ ᠴᠠᠭ᠋ᠠᠵᠠ ᠬᠠᠤᠯᠢ ᠲᠣᠭᠲᠠᠭ᠋ᠠᠯ᠂ ᠠᠮᠤᠷ ᠲᠦᠪᠰᠢᠨ ᠵᠶ᠋ᠠᠷ ᠠᠶᠤᠯ᠎ᠠᠴᠠ ᠵᠠᠢ᠌ᠯᠠᠬᠤ ᠮᠡᠳᠡᠯᠭᠡ ᠪᠠ ᠭᠠᠯ ᠲᠦᠢ᠍ᠮᠡᠷ᠎ᠤᠨ ᠭᠠᠮᠰᠢᠭ᠎ᠤᠨ ᠨᠡᠢ᠌ᠲᠡᠯᠢᠭ ᠬᠡᠷᠡᠭ᠎ᠤᠨ ᠵᠢᠱ᠌ᠢᠶ᠎ᠡ ᠵᠢ ᠭᠦᠨᠵᠡᠭᠡᠢ ᠲᠦᠭᠡᠮᠡᠯᠵᠢᠭᠦᠯᠦᠨ᠂ ᠣᠯᠠᠨ ᠲᠦᠮᠡᠨ᠎ᠢ ᠬᠥᠲᠥᠯᠥᠨ ᠵᠢᠯᠤᠭᠣᠳᠴᠤ ᠪᠠᠢ᠌ᠭ᠋ᠠᠳ ᠭᠠᠯ ᠲᠦᠢ᠍ᠮᠡᠷ ᠰᠡᠷᠭᠡᠢ᠌ᠯᠡᠬᠦ ᠲᠣᠭᠲᠠᠭ᠋ᠠᠯ᠎ᠢ ᠤᠬᠠᠮᠰᠠᠷ᠎ᠠᠴᠠ᠎ᠪᠠᠨ ᠵᠢᠷᠤᠮᠯᠠᠭᠤᠯᠵᠤ᠂ ᠲᠣᠭᠲᠠᠭ᠋ᠠᠯ᠎ᠠᠴᠠ ᠵᠥᠷᠢᠴᠡᠨ ᠭᠠᠯ ᠬᠡᠷᠡᠭᠯᠡᠬᠦ ᠦᠢ᠍ᠯᠡ ᠠᠵᠢᠯᠯᠠᠭ᠎ᠠ ᠵᠢ ᠢᠳᠡᠪᠬᠢᠲᠡᠢ᠎ᠪᠠᠷ ᠢᠯᠡᠴᠢᠯᠡᠨ ᠮᠡᠳᠡᠭᠦᠯᠵᠦ᠂ ᠪᠦᠬᠦ ᠨᠡᠢ᠌ᠭᠡᠮ᠎ᠤᠨ ᠭᠠᠯ ᠲᠦᠢ᠍ᠮᠡᠷ ᠰᠡᠷᠭᠡᠢ᠌ᠯᠡᠬᠦ ᠤᠬᠠᠮᠰᠠᠷ᠎ᠢ ᠳᠡᠭᠡᠭᠰᠢᠯᠡᠭᠦᠯᠦᠨ᠂ 《ᠣᠶ ᠰᠢᠭᠤᠢ ᠨᠤᠲᠤᠭ ᠪᠡᠯᠴᠢᠭᠡᠷ᠎ᠤᠨ ᠭᠠᠯ ᠲᠦᠢ᠍ᠮᠡᠷ᠎ᠢ ᠰᠡᠷᠭᠡᠢ᠌ᠯᠡᠬᠦ᠎ᠳᠤ ᠬᠥᠮᠥᠨ ᠪᠦᠬᠦᠨ ᠬᠠᠷᠢᠭᠤᠴᠠᠯᠭ᠎ᠠ᠎ᠲᠠᠢ》 ᠬᠡᠮᠡᠬᠦ ᠭᠦᠨ ᠵᠤᠵᠠᠭ᠋ᠠᠨ ᠠᠭᠤᠷ ᠠᠮᠢᠰᠬᠤᠯ᠎ᠢ ᠢᠳᠡᠪᠬᠢᠲᠡᠢ ᠪᠣᠶ ᠪᠣᠯᠭ᠋ᠠᠬᠤ ᠬᠡᠷᠡᠭᠲᠡᠢ᠃
      ᠨᠠᠢ᠍ᠮᠠ᠂ ᠰᠢᠮᠳᠠᠭᠤᠯᠤᠨ ᠵᠢᠯᠤᠭᠣᠳᠴᠤ ᠬᠠᠷᠢᠭᠤᠴᠠᠯᠭ᠎ᠠ ᠬᠡᠯᠡᠯᠴᠡᠬᠦ᠎ᠪᠠᠨ ᠴᠢᠩᠭ᠋ᠠᠷᠠᠭᠤᠯᠤᠨ᠎ᠠ
      ᠣᠶ ᠰᠢᠭᠤᠢ ᠨᠤᠲᠤᠭ ᠪᠡᠯᠴᠢᠭᠡᠷ᠎ᠤᠨ ᠭᠠᠯ ᠲᠦᠢ᠍ᠮᠡᠷ᠎ᠤᠨ ᠭᠠᠮᠰᠢᠭ᠎ᠤᠨ ᠭᠡᠮ ᠰᠣᠭᠣᠭ᠎ᠢ ᠬᠥᠳᠡᠯᠦᠩᠭᠦᠢ᠎ᠪᠠᠷ ᠠᠷᠢᠯᠭ᠋ᠠᠬᠤ ᠪᠠ ᠲᠣᠭᠲᠠᠭ᠋ᠠᠯ᠎ᠠᠴᠠ ᠵᠥᠷᠢᠴᠡᠨ ᠭᠠᠯ ᠬᠡᠷᠡᠭᠯᠡᠬᠦ ᠦᠢ᠍ᠯᠡ ᠠᠵᠢᠯᠯᠠᠭ᠎ᠠ ᠵᠢ ᠪᠠᠢ᠌ᠴᠠᠭ᠋ᠠᠨ ᠰᠢᠢ᠍ᠳᠪᠦᠷᠢᠯᠡᠬᠦ ᠲᠤᠰᠬᠠᠢ ᠠᠵᠢᠯᠯᠠᠭ᠋ᠠᠨ᠎ᠢ ᠪᠦᠬᠦ ᠲᠠᠯ᠎ᠠ᠎ᠪᠠᠷ ᠥᠷᠨᠢᠭᠦᠯᠦᠨ᠂ ᠠᠰᠠᠭᠤᠳᠠᠯ᠎ᠤᠨ ᠲᠣᠳᠣᠷᠬᠠᠢ ᠬᠠᠭᠤᠳᠠᠰᠤ ᠵᠢ ᠪᠠᠢ᠌ᠭᠤᠯᠵᠤ᠂ ᠬᠤᠭᠤᠴᠠᠭ᠎ᠠ ᠬᠢᠵᠠᠭ᠋ᠠᠷᠯᠠᠨ ᠴᠡᠭᠴᠡᠯᠡᠨ ᠰᠠᠢ᠌ᠵᠢᠷᠠᠭᠤᠯᠬᠤ ᠵᠢ ᠨᠠᠢ᠌ᠳᠠᠪᠤᠷᠢᠵᠢᠭᠤᠯᠤᠨ᠂ ᠴᠢᠬᠤᠯᠠ ᠶᠡᠬᠡ ᠠᠰᠠᠭᠤᠳᠠᠯ᠎ᠤᠨ ᠭᠡᠮ ᠰᠣᠭᠣᠭ᠎ᠢ ᠨᠡᠷᠡᠯᠡᠨ ᠵᠢᠭ᠋ᠠᠵᠤ ᠰᠢᠮᠳᠠᠭᠤᠯᠤᠨ ᠰᠢᠢ᠍ᠳᠪᠦᠷᠢᠯᠡᠭᠦᠯᠵᠦ᠂ ᠮᠥᠷᠳᠡᠵᠦ ᠦᠷ᠎ᠡ ᠪᠦᠲᠦᠮᠵᠢ ᠵᠢ᠎ᠨᠢ ᠲᠤᠯᠭ᠋ᠠᠨ ᠠᠰᠠᠭᠤᠬᠤ ᠬᠡᠷᠡᠭᠲᠡᠢ᠃ ᠭᠠᠯ ᠲᠦᠢ᠍ᠮᠡᠷ᠎ᠤᠨ ᠬᠡᠷᠡᠭ᠎ᠢ ᠪᠠᠢ᠌ᠴᠠᠭ᠋ᠠᠨ ᠰᠢᠢ᠍ᠳᠪᠦᠷᠢᠯᠡᠬᠦ ᠡᠷᠴᠢᠮ ᠵᠶ᠋ᠠᠨ ᠦᠨᠡᠨ ᠬᠦ᠌ ᠴᠢᠩᠭ᠋ᠠᠷᠠᠭᠤᠯᠤᠨ᠂ ᠨᠡᠢ᠌ᠲᠡᠯᠢᠭ ᠬᠡᠷᠡᠭ᠎ᠤᠨ ᠵᠢᠱ᠌ᠢᠶ᠎ᠡ ᠵᠢ ᠢᠯᠡᠴᠢᠯᠡᠨ ᠢᠯᠡᠷᠡᠭᠦᠯᠵᠦ᠂ ᠨᠢᠭᠡ ᠬᠡᠷᠡᠭ ᠶᠠᠪᠤᠳᠠᠯ᠎ᠢ ᠪᠠᠢ᠌ᠴᠠᠭ᠋ᠠᠨ ᠰᠢᠢ᠍ᠳᠪᠦᠷᠢᠯᠡᠪᠡᠯ᠂ ᠨᠢᠭᠡ ᠲᠠᠯ᠎ᠠ ᠵᠢᠨ᠎ᠬᠢᠨ᠎ᠳᠤ ᠰᠦᠷ ᠦᠵᠡᠭᠦᠯᠵᠦ᠂ ᠨᠢᠭᠡ ᠪᠦᠯᠦᠭ ᠬᠥᠮᠥᠰ᠎ᠢ ᠬᠥᠮᠥᠵᠢᠭᠦᠯᠬᠦ ᠦᠢ᠍ᠯᠡᠳᠦᠯ ᠵᠶ᠋ᠠᠨ ᠪᠠᠳᠠᠷᠠᠭᠤᠯᠬᠤ ᠬᠡᠷᠡᠭᠲᠡᠢ᠃ ᠭᠠᠯ ᠲᠦᠢ᠍ᠮᠡᠷ ᠰᠡᠷᠭᠡᠢ᠌ᠯᠡᠨ ᠤᠨᠲᠠᠷᠠᠭ᠋ᠠᠬᠤ ᠬᠠᠷᠢᠭᠤᠴᠠᠯᠭ᠎ᠠ᠎ᠪᠠᠨ ᠨᠠᠢ᠌ᠳᠠᠪᠤᠷᠢᠵᠢᠭᠤᠯᠤᠭᠰᠠᠨ ᠦᠭᠡᠢ᠂ ᠠᠵᠢᠯ᠎ᠤᠨ ᠠᠷᠭ᠎ᠠ ᠬᠡᠮᠵᠢᠶ᠎ᠡ᠎ᠪᠠᠨ ᠪᠣᠳᠠᠲᠠᠢ᠌ᠵᠢᠭᠤᠯᠤᠭᠰᠠᠨ ᠦᠭᠡᠢ᠂ ᠭᠡᠮ ᠰᠣᠭᠣᠭ᠎ᠢ ᠵᠢᠭᠰᠠᠭ᠋ᠠᠨ ᠪᠠᠢ᠌ᠴᠠᠭ᠋ᠠᠭᠰᠠᠨ᠎ᠨᠢ ᠲᠤᠭᠤᠰᠢ ᠦᠭᠡᠢ᠂ ᠴᠠᠭ ᠲᠤᠬᠠᠢ᠎ᠳᠤ᠎ᠨᠢ ᠭᠠᠯ ᠲᠦᠢ᠍ᠮᠡᠷ ᠤᠨᠲᠠᠷᠠᠭ᠋ᠠᠬᠤ ᠵᠢ ᠵᠣᠬᠢᠶᠠᠨ ᠪᠠᠢ᠌ᠭᠤᠯᠤᠭᠰᠠᠨ ᠦᠭᠡᠢ ᠵᠡᠷᠭᠡ᠎ᠠᠴᠠ ᠪᠣᠯᠵᠤ ᠣᠶ ᠰᠢᠭᠤᠢ ᠨᠤᠲᠤᠭ ᠪᠡᠯᠴᠢᠭᠡᠷ᠎ᠤᠨ ᠬᠦᠨᠳᠦ ᠶᠡᠬᠡ ᠭᠠᠯ ᠲᠦᠢ᠍ᠮᠡᠷ᠎ᠤᠨ ᠭᠠᠮᠰᠢᠭ ᠪᠤᠶᠤ ᠬᠥᠮᠥᠨ ᠬᠠᠷ᠎ᠠ ᠡᠨᠳᠡᠵᠦ ᠰᠢᠷᠬᠠᠲᠤᠭᠰᠠᠨ ᠭᠡᠨᠡᠳᠡᠯ ᠭᠠᠷᠤᠭᠰᠠᠨ ᠪᠠᠢ᠌ᠪᠠᠯ᠂ ᠳᠦᠷᠢᠮ ᠲᠣᠭᠲᠠᠭ᠋ᠠᠯ ᠰᠠᠬᠢᠯᠭ᠎ᠠ ᠪᠠᠲᠤ ᠬᠠᠤᠯᠢ ᠴᠠᠭ᠋ᠠᠵᠠ ᠶᠣᠰᠣᠭ᠋ᠠᠷ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃
                            2025 ᠣᠨ᠎ᠤ 2 ᠳ᠋ᠤᠭ᠋ᠠᠷ ᠰᠠᠷ᠎ᠠ ᠵᠢᠨ 27᠎ᠤ ᠡᠳᠦᠷ
      (ᠲᠤᠰ ᠪᠢᠴᠢᠭ ᠮᠠᠲ᠋ᠧᠷᠢᠶᠠᠯ᠎ᠢ ᠢᠯᠡ ᠨᠡᠢ᠌ᠲᠡᠯᠡᠨ᠎ᠡ)

      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ
      ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ
      2025 ᠣᠨ᠎ᠤ 2 ᠳ᠋ᠤᠭ᠋ᠠᠷ ᠰᠠᠷ᠎ᠠ ᠵᠢᠨ 28᠎ᠤ ᠡᠳᠦᠷ ᠳᠠᠷᠤᠮᠠᠯᠯᠠᠨ ᠲᠠᠷᠬᠠᠭ᠋ᠠᠪᠠ

 

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ