ᠦᠪᠦᠷ ᠮᠤᠩᠭᠤᠯᠤᠨ ᠦᠪᠡᠷᠳᠡᠬᠡᠨ ᠵᠠᠰᠠᠬᠤ ᠤᠷᠤᠨᠤ ᠠᠷᠠᠳᠤᠨ ᠵᠠᠰᠠᠭᠤᠨ ᠣᠷᠳᠣᠨ
ᠦᠪᠦᠷ ᠵᠠᠰᠠᠭ ᠦᠰᠦᠭ [2025] 48 ᠳ᠋ᠤᠭ᠋ᠠᠷ ᠲᠤᠭ᠋ᠠᠲᠤ
《ᠪᠠᠶᠠᠨᠨᠠᠭᠤᠷ ᠬᠣᠲᠠ ᠵᠢᠨ ᠯᠢᠨᠾᠧ ᠲᠤᠭᠤᠷᠢᠭᠤᠨ ᠭᠠᠵᠠᠷ ᠰᠢᠷᠦᠢ ᠵᠢ ᠲᠠᠳᠠᠪᠤᠷᠢᠯᠠᠨ ᠬᠤᠷᠢᠶᠠᠵᠦ ᠬᠡᠰᠡᠭ ᠵᠶ᠋ᠠᠷ ᠨᠡᠭᠡᠭᠡᠨ ᠭᠦᠭᠵᠢᠬᠦᠯᠬᠦ ᠲᠣᠬᠢᠷᠠᠭᠤᠯᠤᠯᠲᠠ ᠵᠢᠨ
ᠲᠥᠰᠦᠯ》ᠤᠨ ᠲᠤᠬᠠᠢ ᠦᠪᠦᠷ ᠮᠤᠩᠭᠤᠯᠤᠨ ᠦᠪᠡᠷᠳᠡᠬᠡᠨ ᠵᠠᠰᠠᠬᠤ ᠤᠷᠤᠨᠤ ᠠᠷᠠᠳᠤᠨ ᠵᠠᠰᠠᠭᠤᠨ ᠣᠷᠳᠣᠨᠤ ᠴᠤᠬᠤᠯᠠᠪᠤᠷᠢ
ᠪᠠᠶᠠᠨᠨᠠᠭᠤᠷ ᠬᠤᠲᠠ ᠵᠢᠨ ᠠᠷᠠᠳᠤᠨ ᠵᠠᠰᠠᠭᠤᠨ ᠣᠷᠳᠣᠨᠳᠤ᠄
ᠲᠠᠨᠤ ᠬᠤᠲᠠ ᠵᠢᠨ 《ᠯᠢᠨᠾᠧ ᠲᠤᠭᠤᠷᠢᠭᠤᠨ ᠭᠠᠵᠠᠷ ᠰᠢᠷᠦᠢ ᠵᠢ ᠲᠠᠳᠠᠪᠤᠷᠢᠯᠠᠨ ᠬᠤᠷᠢᠶᠠᠵᠦ ᠬᠡᠰᠡᠭ ᠵᠶ᠋ᠠᠷ ᠨᠡᠭᠡᠭᠡᠨ ᠭᠦᠭᠵᠢᠬᠦᠯᠬᠦ ᠲᠣᠬᠢᠷᠠᠭᠤᠯᠤᠯᠲᠠ ᠵᠢᠨ ᠲᠥᠰᠦᠯᠤᠨ ᠲᠤᠬᠠᠢ ᠡᠰᠢᠯᠡᠯᠲᠡ》 (ᠪᠠᠶᠠᠨᠨᠠᠭᠤᠷ ᠵᠠᠰᠠᠭ ᠮᠡᠳᠡᠭᠦᠯᠦᠯᠲᠡ [2025] 22 ᠳ᠋ᠤᠭ᠋ᠠᠷ ᠲᠤᠭ᠋ᠠᠲᠤ) ᠵᠢ ᠭᠦᠯᠢᠶᠡᠨ ᠠᠪᠴᠤ ᠤᠶ᠋ᠢᠯᠠᠭ᠋ᠠᠯᠠ᠃ ᠡᠳᠦᠬᠡ ᠲᠤᠤᠷᠠᠬᠢ ᠮᠡᠲᠦ ᠴᠤᠬᠤᠯᠠᠪᠤᠷᠢᠯᠠᠪᠠ᠄
ᠦᠪᠡᠷᠳᠡᠬᠡᠨ ᠵᠠᠰᠠᠬᠤ ᠤᠷᠤᠨᠤ ᠪᠠᠶ᠋ᠢᠭ᠋ᠠᠯᠢ ᠵᠢᠨ ᠡᠬᠢ ᠪᠠᠶᠠᠯᠢᠭᠤᠨ ᠲᠢᠩᠬᠢᠮ ᠲᠤᠰᠬᠠᠢ ᠮᠡᠷᠬᠡᠵᠢᠯᠳᠡᠨᠢ ᠵᠤᠬᠢᠶᠠᠨ ᠪᠠᠶ᠋ᠢᠭᠤᠯᠵᠦ ᠨᠣᠳᠠᠯᠠᠭᠤᠯᠬᠤ ᠪᠠ ᠬᠢᠨᠠᠨ ᠪᠠᠶ᠋ᠢᠴᠠᠭ᠋ᠠᠯᠭ᠋ᠠᠭ᠋ᠠᠳ᠂ 《ᠪᠠᠶᠠᠨᠨᠠᠭᠤᠷ ᠬᠣᠲᠠ ᠵᠢᠨ ᠯᠢᠨᠾᠧ ᠲᠤᠭᠤᠷᠢᠭᠤᠨ ᠭᠠᠵᠠᠷ ᠰᠢᠷᠦᠢ ᠵᠢ ᠲᠠᠳᠠᠪᠤᠷᠢᠯᠠᠨ ᠬᠤᠷᠢᠶᠠᠵᠦ ᠬᠡᠰᠡᠭ ᠵᠶ᠋ᠠᠷ ᠨᠡᠭᠡᠭᠡᠨ ᠭᠦᠭᠵᠢᠬᠦᠯᠬᠦ ᠲᠣᠬᠢᠷᠠᠭᠤᠯᠤᠯᠲᠠ ᠵᠢᠨ ᠲᠥᠰᠦᠯ》ᠨᠢ 《ᠪᠦᠭᠦᠳᠡ ᠨᠠᠶ᠋ᠢᠷᠠᠮᠳᠠᠬᠤ ᠲᠤᠮᠳᠠᠳᠤ ᠠᠷᠠᠳ ᠤᠯᠤᠰᠤᠨ ᠭᠠᠵᠠᠷ ᠰᠢᠷᠦᠢ ᠵᠢᠨ ᠬᠠᠮᠢᠶᠠᠷᠤᠯᠲᠠ ᠵᠢᠨ ᠬᠠᠤᠯᠢ》᠂ 《〈ᠭᠠᠵᠠᠷ ᠰᠢᠷᠦᠢ ᠵᠢ ᠳᠠᠳᠠᠪᠤᠷᠢᠯᠠᠨ ᠬᠤᠷᠢᠶᠠᠵᠦ ᠬᠡᠰᠡᠭ ᠵᠶ᠋ᠠᠷ ᠨᠡᠬᠡᠬᠡᠨ ᠭᠦᠭᠵᠢᠬᠦᠯᠬᠦ ᠪᠠᠷᠢᠮᠵᠢᠶ᠎ᠠ〉 ᠵᠢ ᠳᠠᠷᠤᠮᠠᠯᠯᠠᠨ ᠶᠠᠪᠤᠭᠤᠯᠬᠤ ᠲᠤᠬᠠᠢ ᠪᠠᠶ᠋ᠢᠭ᠋ᠠᠯᠢ ᠵᠢᠨ ᠡᠬᠢ ᠪᠠᠶᠠᠯᠢᠭᠤᠨ ᠶᠠᠮᠤᠨᠤ ᠮᠡᠳᠡᠭᠳᠡᠯ》 (ᠪᠠᠶ᠋ᠢᠭ᠋ᠠᠯᠢ ᠡᠬᠢ ᠲᠤᠨᠨᠳᠠᠭ᠋ᠠᠯ [2023] 7 ᠳ᠋ᠤᠭ᠋ᠠᠷ ᠲᠤᠭ᠋ᠠᠲᠤ) ᠪᠠ 《ᠦᠪᠦᠷ ᠮᠤᠩᠭᠤᠯᠤᠨ ᠦᠪᠡᠷᠳᠡᠬᠡᠨ ᠵᠠᠰᠠᠬᠤ ᠤᠷᠤᠨᠤ ᠭᠠᠵᠠᠷ ᠰᠢᠷᠦᠢ ᠵᠢ ᠳᠠᠳᠠᠪᠤᠷᠢᠯᠠᠨ ᠬᠤᠷᠢᠶᠠᠵᠦ ᠬᠡᠰᠡᠭ ᠵᠶ᠋ᠠᠷ ᠨᠡᠬᠡᠬᠡᠨ ᠭᠦᠭᠵᠢᠬᠦᠯᠬᠦ ᠵᠢ ᠬᠡᠷᠡᠭᠵᠢᠬᠦᠯᠬᠦ ᠨᠠᠷᠢᠨ ᠲᠦᠷᠢᠮ (ᠲᠤᠷᠰᠢᠨ ᠬᠡᠷᠡᠭᠵᠢᠬᠦᠯᠬᠦ)》᠂ 《ᠭᠠᠵᠠᠷ ᠰᠢᠷᠦᠢ ᠵᠢ ᠳᠠᠳᠠᠪᠤᠷᠢᠯᠠᠨ ᠬᠤᠷᠢᠶᠠᠵᠦ ᠬᠡᠰᠡᠭ ᠵᠶ᠋ᠠᠷ ᠨᠡᠬᠡᠬᠡᠨ ᠭᠦᠭᠵᠢᠬᠦᠯᠬᠦ ᠲᠦᠰᠦᠯᠤᠨ ᠬᠤᠯᠪᠤᠨᠨᠳᠠᠯ ᠪᠦᠭᠦᠢ ᠠᠵᠢᠯᠢ ᠤᠯᠠᠮ ᠨᠢᠭᠡ ᠠᠯᠬᠤᠮ ᠵᠢᠷᠤᠮᠵᠢᠭᠤᠯᠬᠤ ᠲᠤᠬᠠᠢ ᠦᠪᠦᠷ ᠮᠤᠩᠭᠤᠯᠤᠨ ᠦᠪᠡᠷᠳᠡᠬᠡᠨ ᠵᠠᠰᠠᠬᠤ ᠤᠷᠤᠨᠤ ᠪᠠᠶ᠋ᠢᠭ᠋ᠠᠯᠢ ᠵᠢᠨ ᠡᠬᠢ ᠪᠠᠶᠠᠯᠢᠭᠤᠨ ᠲᠢᠩᠬᠢᠮᠤᠨ ᠮᠡᠳᠡᠭᠳᠡᠯ》 (ᠦᠪᠦᠷ ᠪᠠᠶ᠋ᠢᠭ᠋ᠠᠯᠢ ᠡᠬᠢ ᠦᠰᠦᠭ [2024] 15 ᠳ᠋ᠤᠭ᠋ᠠᠷ ᠲᠤᠭ᠋ᠠᠲᠤ)ᠤᠨ ᠱᠠᠭ᠋ᠠᠷᠳᠠᠯᠭᠠᠳᠤ ᠨᠡᠶ᠋ᠢᠴᠡᠵᠦ᠂ ᠤᠯᠤᠰᠤᠨ ᠨᠣᠳᠣᠭ ᠲᠡᠪᠢᠰᠬᠡᠷᠤᠨ ᠤᠷᠤᠨ ᠵᠠᠢ ᠵᠢᠨ ᠶᠡᠷᠦᠩᠬᠡᠢ ᠲᠦᠯᠦᠪᠵᠢᠬᠦᠯᠬᠡ ᠵᠢᠨ ᠬᠠᠮᠢᠶᠠᠷᠤᠨ ᠡᠵᠡᠮᠳᠡᠬᠦ ᠲᠦᠷᠢᠮᠳᠤ ᠨᠡᠶ᠋ᠢᠴᠡᠵᠦ ᠪᠠᠶ᠋ᠢᠨ᠎ᠠ᠂ ᠡᠶ᠋ᠢᠨ ᠬᠦ᠌ 《ᠪᠠᠶᠠᠨᠨᠠᠭᠤᠷ ᠬᠣᠲᠠ ᠵᠢᠨ ᠯᠢᠨᠾᠧ ᠲᠤᠭᠤᠷᠢᠭᠤᠨ ᠭᠠᠵᠠᠷ ᠰᠢᠷᠦᠢ ᠵᠢ ᠲᠠᠳᠠᠪᠤᠷᠢᠯᠠᠨ ᠬᠤᠷᠢᠶᠠᠵᠦ ᠬᠡᠰᠡᠭ ᠵᠶ᠋ᠠᠷ ᠨᠡᠭᠡᠭᠡᠨ ᠭᠦᠭᠵᠢᠬᠦᠯᠬᠦ ᠲᠣᠬᠢᠷᠠᠭᠤᠯᠤᠯᠲᠠ ᠵᠢᠨ ᠲᠥᠰᠦᠯ》ᠢ ᠵᠠᠷᠴᠢᠮ ᠳᠡᠭᠡᠷᠡᠪᠠᠨ ᠵᠦᠪᠰᠢᠶᠡᠷᠡᠪᠡ᠂ ᠡᠯ᠎ᠡ ᠵᠦᠢ᠍ᠯᠤᠨ ᠠᠵᠢᠯ ᠵᠶ᠋ᠠᠨ ᠬᠠᠤᠯᠢ ᠲᠤᠨᠨᠳᠠᠭ᠋ᠠᠯ ᠶᠤᠰᠤᠭ᠋ᠠᠷ ᠰᠠᠶ᠋ᠢᠳᠤᠷ ᠬᠢᠳᠦᠬᠡᠢ᠃
2025 ᠤᠨᠤ 3 ᠳ᠋ᠤᠭ᠋ᠠᠷ ᠰᠠᠷ᠎ᠠ ᠵᠢᠨ 17ᠤ ᠡᠳᠦᠷ
(ᠲᠤᠰ ᠪᠢᠴᠢᠭ ᠮᠠᠲᠸᠷᠢᠶᠠᠯᠢ ᠢᠯᠡ ᠨᠡᠶ᠋ᠢᠳᠡᠯᠡᠨᠡ)