ᠢᠯᠡ ᠵᠠᠰᠠᠭ   -   ᠵᠠᠰᠠᠭ᠎ᠤᠨ ᠤᠷᠳᠤᠨ᠎ᠤ ᠪᠢᠴᠢᠭ ᠮᠠᠲ᠋ᠧᠷᠢᠶᠠᠯ
2025 ᠣᠨ᠎ᠤ ᠦᠪᠡᠷᠲᠡᠭᠡᠨ ᠵᠠᠰᠠᠬᠤ ᠣᠷᠣᠨ᠎ᠤ ᠤᠯᠤᠰ ᠠᠷᠠᠳ᠎ᠤᠨ ᠠᠵᠤ ᠠᠬᠤᠢ ᠪᠠ ᠨᠡᠶ᠋ᠢᠭᠡᠮ᠎ᠤᠨ ᠬᠥᠭᠵᠢᠯᠲᠡ ᠵᠢᠨ ᠲᠦᠯᠦᠪᠯᠡᠭᠡ ᠵᠢ ᠳᠤᠷᠤᠭᠰᠢ ᠪᠠᠭᠤᠯᠭ᠋ᠠᠬᠤ ᠲᠣᠬᠠᠢ ᠦᠪᠦᠷ ᠮᠣᠩᠭᠣᠯ᠎ᠤᠨ ᠦᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ
ᠨᠡᠶ᠋ᠢᠲᠡᠯᠡᠭᠰᠡᠨ ᠴᠠᠭ᠄ 2025-04-09

ᠦᠪᠦᠷ ᠮᠣᠩᠭᠣᠯ᠎ᠤᠨ ᠦᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠢᠴᠢᠭ ᠮᠠᠲ᠋ᠧᠷᠢᠶᠠᠯ

ᠦᠪᠦᠷ ᠵᠠᠰᠠᠭ ᠲᠠᠷᠬᠠᠭ᠋ᠠᠭᠰᠠᠨ [2025] 1 ᠳ᠋ᠦ᠍ᠭᠡᠷ ᠲᠣᠭ᠋ᠠᠲᠤ

2025 ᠣᠨ᠎ᠤ ᠦᠪᠡᠷᠲᠡᠭᠡᠨ ᠵᠠᠰᠠᠬᠤ ᠣᠷᠣᠨ᠎ᠤ ᠤᠯᠤᠰ ᠠᠷᠠᠳ᠎ᠤᠨ ᠠᠵᠤ ᠠᠬᠤᠢ ᠪᠠ ᠨᠡᠶ᠋ᠢᠭᠡᠮ᠎ᠤᠨ ᠬᠥᠭᠵᠢᠯᠲᠡ ᠵᠢᠨ ᠲᠦᠯᠦᠪᠯᠡᠭᠡ ᠵᠢ

ᠳᠤᠷᠤᠭᠰᠢ ᠪᠠᠭᠤᠯᠭ᠋ᠠᠬᠤ ᠲᠣᠬᠠᠢ ᠦᠪᠦᠷ ᠮᠣᠩᠭᠣᠯ᠎ᠤᠨ ᠦᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ

ᠡᠯ᠎ᠡ ᠠᠢ᠌ᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠡᠯ᠎ᠡ ᠬᠣᠰᠢᠭᠤ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠬᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠢ᠌ᠯᠠᠯ᠂ ᠠᠵᠢᠯ ᠦᠢ᠍ᠯᠡᠰ᠎ᠤᠨ ᠨᠢᠭᠡᠴᠢ᠎ᠳᠤ᠄

      《2025 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢ᠌ᠭᠡᠮ᠎ᠤᠨ ᠬᠥᠭᠵᠢᠯᠲᠡ ᠵᠢᠨ ᠲᠥᠯᠥᠪᠯᠡᠭᠡ》 ᠵᠢ ᠨᠢᠭᠡᠨᠲᠡ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠭᠤᠷᠪᠠᠳᠤᠭ᠋ᠠᠷ ᠬᠤᠷᠠᠯᠳᠤᠭ᠋ᠠᠨ ᠵᠶ᠋ᠠᠷ ᠬᠢᠨᠠᠨ ᠵᠥᠪᠯᠡᠵᠦ ᠪᠠᠲᠤᠯᠠᠭ᠋ᠠᠳ᠂ ᠡᠳᠦᠭᠡ ᠪᠠᠭᠤᠯᠭ᠋ᠠᠪᠠ᠂ ᠪᠣᠳᠠᠲᠠᠶ᠎ᠲᠠᠢ᠎ᠪᠠᠨ ᠤᠶᠠᠯᠳᠤᠭᠤᠯᠤᠨ᠂ ᠬᠢᠨᠠᠮᠠᠭ᠋ᠠᠶ ᠲᠤᠭᠤᠰᠢᠯᠠᠭᠤᠯᠤᠨ ᠬᠡᠷᠡᠭᠵᠢᠭᠦᠯᠲᠦᠭᠡᠶ᠃

      2025 ᠣᠨ᠎ᠤ 2 ᠳ᠋ᠤᠭ᠋ᠠᠷ ᠰᠠᠷ᠎ᠠ ᠵᠢᠨ 5᠎ᠤ ᠡᠳᠦᠷ

      (ᠲᠣᠰ ᠪᠢᠴᠢᠭ ᠮᠠᠲ᠋ᠧᠷᠢᠶᠠᠯ᠎ᠢ ᠢᠯᠡ ᠨᠡᠢ᠌ᠲᠡᠯᠡᠨ᠎ᠡ)


2025 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ

ᠠᠷᠠᠳ᠎ᠤᠨ ᠠᠵᠤ ᠠᠬᠤᠶ ᠪᠠ ᠨᠡᠢ᠌ᠭᠡᠮ᠎ᠤᠨ ᠬᠥᠭᠵᠢᠯᠲᠡ ᠵᠢᠨ ᠲᠦᠯᠦᠪᠯᠡᠭᠡ

      2025 ᠣᠨ ᠪᠣᠯ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠰᠡᠭᠦᠯ ᠬᠤᠷᠢᠶᠠᠬᠤ ᠵᠢᠯ ᠪᠣᠯᠣᠨ᠎ᠠ᠂ ᠮᠦᠨᠴᠦ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠲᠥᠯᠥᠪᠵᠢᠭᠦᠯᠭᠡ ᠵᠢ ᠡᠬᠢᠯᠡᠵᠦ ᠪᠠᠶ᠋ᠢᠷᠢᠰᠢᠭᠤᠯᠬᠤ ᠵᠢᠯ ᠪᠣᠯᠣᠨ᠎ᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠶᠢᠰᠦᠳᠦᠭᠡᠷ ᠪᠥᠬᠥᠳᠡ ᠬᠤᠷᠠᠯ ᠬᠢᠭᠡᠳ ᠪᠦᠬᠦ ᠣᠷᠣᠨ᠎ᠤ ᠠᠵᠤ ᠠᠬᠤᠶ ᠵᠢᠨ ᠠᠵᠢᠯ᠎ᠤᠨ ᠬᠤᠷᠠᠯ᠎ᠤᠨ ᠪᠠᠢ᠌ᠷᠢᠯᠠᠭᠤᠯᠤᠯᠲᠠ ᠶᠣᠰᠣᠭ᠋ᠠᠷ᠂ 2025 ᠣᠨ᠎ᠤ ᠠᠵᠢᠯ᠎ᠢ ᠰᠠᠢ᠌ᠲᠤᠷ ᠬᠢᠬᠦ᠎ᠳᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭ᠋ᠠᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ ᠪᠠ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ᠂ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ᠂ ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠣᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠨᠠᠮ᠎ᠤᠨ ᠪᠠᠢ᠌ᠭᠤᠯᠤᠯᠲᠠ᠎ᠪᠠᠷ ᠤᠳᠤᠷᠢᠳᠤᠮᠵᠢ ᠪᠣᠯᠭ᠋ᠠᠵᠤ᠂ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠦᠨ᠂ ᠲᠣᠭᠲᠠᠭᠤᠨ᠎ᠤ ᠳᠤᠮᠳᠠ ᠣᠷᠤᠭᠰᠢᠯᠠᠨ ᠳᠠᠪᠰᠢᠬᠤ᠂ ᠲᠥᠪ ᠶᠤᠰᠤ ᠵᠢ ᠪᠠᠷᠢᠮᠲᠠᠯᠠᠨ ᠰᠢᠨ᠎ᠡ ᠵᠢ ᠡᠭᠦᠳᠬᠦ᠂ ᠰᠢᠷᠭ᠋ᠠᠭᠤ ᠬᠠᠲᠠᠭᠤᠵᠢᠯᠲᠠᠢ ᠠᠵᠢᠯᠯᠠᠬᠤ ᠵᠢ ᠪᠠᠷᠢᠮᠲᠠᠯᠠᠵᠤ᠂ ᠬᠥᠭᠵᠢᠯᠲᠡ ᠪᠠ ᠠᠮᠤᠷ ᠲᠦᠪᠰᠢᠨ᠎ᠢ ᠨᠡᠩ ᠰᠠᠢ᠌ᠲᠤᠷ ᠨᠢᠭᠡᠳᠦᠯᠲᠡᠢ ᠲᠦᠯᠦᠪᠯᠡᠨ᠂ 《ᠨᠢᠭᠡ ᠭᠣᠣᠯ ᠰᠢᠵᠢᠮ᠎ᠢ ᠲᠤᠭᠤᠰᠢᠯᠠᠭᠤᠯᠬᠤ᠂ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠬᠦ᠂ ᠮᠣᠩᠭᠣᠯ ᠮᠤᠷᠢᠨ᠎ᠤ ᠵᠣᠷᠢᠭ ᠰᠠᠨᠠᠭ᠎ᠠ ᠵᠢ ᠪᠠᠳᠠᠷᠠᠭᠤᠯᠬᠤ᠂ ᠰᠢᠨ᠎ᠡ ᠵᠠᠮ᠎ᠢ ᠨᠡᠭᠡᠭᠡᠵᠦ ᠳᠤᠮᠳᠠ ᠲᠦᠪᠰᠢᠨ᠎ᠳᠤ ᠳᠠᠪᠰᠢᠬᠤ》 ᠲᠠᠯ᠎ᠠ᠎ᠪᠠᠷ ᠨᠡᠩ ᠶᠡᠬᠡ ᠠᠬᠢᠯᠲᠠ᠎ᠲᠠᠢ ᠪᠣᠯᠭ᠋ᠠᠬᠤ᠎ᠪᠠᠷ ᠴᠢᠷᠮᠠᠶ᠋ᠢᠵᠤ᠂ ᠳᠤᠮᠳᠠᠳᠤ ᠤᠯᠤᠰ᠎ᠤᠨ ᠮᠠᠶᠢᠭ᠎ᠤᠨ ᠤᠳᠤᠬᠢᠴᠢᠯᠠᠯᠲᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ ᠵᠢ ᠲᠠᠰᠤᠷᠠᠯᠳᠡ ᠦᠭᠡᠢ ᠪᠢᠴᠢᠭᠯᠡᠨ᠎ᠡ᠃

      2025 ᠣᠨ᠎ᠤ ᠠᠵᠤ ᠠᠬᠤᠶ ᠨᠡᠢ᠌ᠭᠡᠮ᠎ᠤᠨ ᠬᠥᠭᠵᠢᠯᠲᠡ ᠵᠢᠨ ᠭᠣᠣᠯ ᠵᠢᠱ᠌ᠢᠭᠰᠡᠨ ᠬᠠᠷᠠᠯᠲᠠ ᠪᠣᠯ᠄ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠢ ᠦᠷᠳᠡᠭ᠎ᠢ 6% ᠣᠷᠴᠢᠮ ᠨᠡᠮᠡᠭᠳᠡᠭᠦᠯᠦᠨ᠎ᠡ; ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ ᠦᠷᠳᠡᠭ᠎ᠢ 7% ᠣᠷᠴᠢᠮ ᠨᠡᠮᠡᠭᠳᠡᠭᠦᠯᠦᠨ᠎ᠡ; ᠲᠣᠭᠲᠠᠮᠠᠯ ᠬᠦᠷᠦᠩᠭᠡ ᠵᠢᠨ ᠪᠡᠯᠡ ᠣᠷᠣᠭᠤᠯᠤᠯᠲᠠ ᠵᠢ 10% ᠣᠷᠴᠢᠮ ᠨᠡᠮᠡᠭᠳᠡᠭᠦᠯᠦᠨ᠎ᠡ; ᠡᠩ᠎ᠤᠨ ᠤᠯᠠᠨ ᠨᠡᠢ᠌ᠲᠡ ᠵᠢᠨ ᠲᠥᠰᠦᠪ᠎ᠤᠨ ᠣᠷᠣᠯᠭ᠎ᠠ ᠵᠢ ᠠᠳᠠᠯᠢ ᠪᠠᠷᠢᠮᠵᠢᠶ᠎ᠠ᠎ᠪᠠᠷ 4%᠎ᠠᠴᠠ ᠳᠡᠭᠡᠭᠰᠢ ᠨᠡᠮᠡᠭᠳᠡᠭᠦᠯᠦᠨ᠎ᠡ; ᠬᠤᠳᠠ ᠪᠠᠯᠭ᠋ᠠᠰᠤᠨ᠎ᠤ 18 ᠲᠦᠮᠡ᠎ᠠᠴᠠ ᠳᠡᠭᠡᠭᠰᠢᠬᠢ ᠬᠥᠮᠦᠨ᠎ᠳᠤ ᠰᠢᠨ᠎ᠡ᠎ᠪᠠᠷ ᠠᠵᠢᠯ ᠣᠯᠭᠣᠵᠤ᠂ ᠬᠤᠳᠠ ᠪᠠᠯᠭ᠋ᠠᠰᠤᠨ᠎ᠤ ᠪᠠᠶ᠋ᠢᠴᠠᠭ᠋ᠠᠯᠲᠠ᠎ᠳᠠᠬᠢ ᠠᠵᠢᠯ ᠠᠯᠳᠠᠭᠰᠠᠨ ᠨᠤᠷᠮ᠎ᠠ ᠵᠢ 5.5% ᠣᠷᠴᠢᠮ ᠪᠠᠢ᠌ᠯᠭ᠋ᠠᠨ᠎ᠠ; ᠰᠠᠭᠤᠭ᠋ᠠᠯᠢ ᠠᠷᠠᠳ᠎ᠤᠨ ᠣᠷᠣᠯᠭ᠎ᠠ ᠵᠢᠨ ᠨᠡᠮᠡᠭᠳᠡᠯ᠎ᠢ ᠠᠵᠤ ᠠᠬᠤᠶ ᠵᠢᠨ ᠨᠡᠮᠡᠭᠳᠡᠯ᠎ᠯᠦᠭᠡ ᠦᠨᠳᠦᠰᠦᠨ᠎ᠳᠤ᠎ᠪᠠᠨ ᠠᠳᠠᠯᠢ ᠪᠠᠶ᠋ᠢᠯᠭ᠋ᠠᠨ᠎ᠠ; ᠰᠠᠭᠤᠭ᠋ᠠᠯᠢ ᠠᠷᠠᠳ᠎ᠤᠨ ᠬᠡᠷᠡᠭᠯᠡᠭᠡ ᠵᠢᠨ ᠦᠨ᠎ᠡ ᠬᠠᠩᠰᠢ ᠵᠢᠨ ᠥᠰᠥᠯᠲᠡ ᠵᠢᠨ ᠬᠡᠮᠵᠢᠶ᠎ᠡ ᠵᠢ 2% ᠣᠷᠴᠢᠮ ᠪᠠᠶ᠋ᠢᠯᠭ᠋ᠠᠨ᠎ᠠ; ᠤᠯᠤᠰ᠎ᠠᠴᠠ ᠪᠠᠭᠤᠯᠭ᠋ᠠᠭᠰᠠᠨ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ᠎ᠳᠠᠬᠢ ᠡᠨᠧᠷᠭᠢ ᠵᠢᠨ ᠬᠣᠷᠤᠭᠳᠠᠯ᠎ᠤᠨ ᠬᠦᠴᠦᠯᠡᠴᠡ ᠵᠢ ᠪᠠᠭᠤᠷᠠᠭᠤᠯᠬᠤ ᠬᠠᠷᠠᠯᠲᠠ᠎ᠪᠠᠨ ᠪᠡᠶᠡᠯᠡᠭᠦᠯᠬᠦ ᠵᠢ ᠦᠨᠡᠨ ᠬᠦ᠌ ᠪᠠᠲᠤᠯᠠᠨ᠎ᠠ᠃

       ᠨᠢᠭᠡ᠂ 《ᠲᠠᠪᠤᠨ ᠶᠡᠬᠡ ᠡᠭᠦᠷᠭᠡ》 ᠵᠢ ᠬᠦᠴᠦ᠎ᠪᠠᠨ ᠲᠥᠪᠯᠡᠷᠡᠭᠦᠯᠦᠨ ᠨᠠᠢ᠌ᠳᠠᠪᠤᠷᠢᠵᠢᠭᠤᠯᠵᠤ᠂ ᠪᠥᠬᠥ ᠵᠢᠯ᠎ᠤᠨ ᠡᠭᠦᠷᠭᠡ ᠬᠠᠷᠠᠯᠲᠠ᠎ᠪᠠᠨ ᠪᠡᠶᠡᠯᠡᠭᠦᠯᠬᠦ ᠵᠢ ᠦᠨᠡᠨ ᠬᠦ᠌ ᠪᠠᠲᠤᠯᠠᠨ᠎ᠠ

      《ᠲᠠᠪᠤᠨ ᠶᠡᠬᠡ ᠡᠭᠦᠷᠭᠡ》 ᠵᠢᠨ ᠬᠡᠷᠡᠭᠵᠢᠭᠦᠯᠬᠦ ᠲᠥᠰᠦᠯ᠎ᠳᠤ   ᠲᠣᠳᠣᠷᠬᠠᠢ᠌ᠯᠠᠭᠰᠠᠨ 2025 ᠣᠨ᠎ᠤ ᠬᠠᠷᠠᠯᠲᠠᠲᠤ ᠡᠭᠦᠷᠭᠡ ᠵᠢ ᠡᠷᠡᠰ ᠭᠤᠢ᠌ᠪᠢᠰᠢ ᠥᠬᠡᠶ ᠪᠡᠶᠡᠯᠡᠭᠦᠯᠦᠨ᠎ᠡ᠃

      (ᠨᠢᠭᠡ) ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠶ ᠵᠢᠨ ᠠᠮᠤᠷ ᠲᠦᠪᠰᠢᠨ᠎ᠤ ᠬᠠᠯᠬᠠᠪᠴᠢ ᠵᠢ ᠡᠷᠡᠰ ᠪᠠᠲᠤ ᠪᠡᠬᠢᠵᠢᠭᠦᠯᠦᠨ᠎ᠡ᠃ 《ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠶ ᠵᠢᠨ ᠠᠮᠤᠷ ᠲᠦᠪᠰᠢᠨ᠎ᠤ ᠬᠠᠯᠬᠠᠪᠴᠢ ᠵᠢ ᠪᠡᠬᠢᠵᠢᠭᠦᠯᠵᠦ ᠦᠵᠡᠰᠬᠦᠯᠡᠩᠲᠦ ᠰᠠᠢ᠌ᠬᠠᠨ ᠥᠪᠥᠷ ᠮᠣᠩᠭᠣᠯ᠎ᠤᠨ ᠪᠥᠲᠥᠭᠡᠨ ᠪᠠᠢ᠌ᠭᠤᠯᠤᠯᠲᠠ ᠵᠢ ᠪᠥᠬᠥ ᠲᠠᠯ᠎ᠠ᠎ᠪᠠᠷ ᠠᠬᠢᠭᠤᠯᠬᠤ ᠲᠥᠯᠥᠪᠵᠢᠭᠦᠯᠭᠡ ᠵᠢᠨ ᠬᠥᠲᠥᠯᠪᠦᠷᠢ》 ᠵᠢ ᠳᠠᠷᠤᠮᠠᠯᠯᠠᠨ ᠶᠠᠪᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦ ᠵᠢ ᠵᠠᠰᠠᠬᠤ ᠲᠦᠷᠢᠮ᠎ᠤᠨ ᠬᠠᠤᠯᠢ ᠲᠣᠭᠲᠠᠭ᠋ᠠᠬᠤ ᠠᠬᠢᠴᠠ ᠵᠢ ᠲᠦᠷᠭᠡᠳᠬᠡᠨ ᠠᠬᠢᠭᠤᠯᠵᠤ᠂ 《ᠭᠤᠷᠪᠠᠨ ᠤᠮᠠᠷᠠᠲᠤ》 ᠵᠢᠨ ᠢᠨᠵᠧᠨᠧᠷᠢᠩ᠎ᠤᠨ ᠭᠤᠷᠪᠠᠨ ᠶᠡᠬᠡ ᠪᠡᠯᠭᠡ ᠲᠡᠮᠳᠡᠭ᠎ᠤᠨ ᠴᠢᠨᠠᠷᠲᠠᠶ ᠳᠠᠢ᠌ᠯᠠᠯᠳᠤᠭ᠋ᠠᠨ᠎ᠳᠤ ᠴᠢᠬᠤᠯᠠ ᠦᠷ᠎ᠡ ᠪᠦᠲᠦᠭᠡᠯ ᠤᠯᠬᠤ ᠵᠢ ᠠᠬᠢᠭᠤᠯᠤᠨ᠂ 2000 ᠭᠠᠷᠤᠢ ᠲᠦᠮᠡᠨ ᠮᠥ᠍ ᠡᠯᠡᠰᠦ ᠵᠢ ᠵᠠᠰᠠᠬᠤ ᠵᠢ ᠪᠡᠶᠡᠯᠡᠭᠦᠯᠵᠦ᠂ ᠡᠯᠡᠰᠦᠨ ᠴᠦᠯ᠎ᠢ ᠰᠤᠨᠳᠠᠯᠠᠭᠰᠠᠨ ᠵᠠᠰᠠᠮᠠᠯ ᠵᠠᠮ᠎ᠢ 2500 ᠺᠢᠯᠣᠮᠧᠲᠷ ᠪᠥᠲᠥᠭᠡᠨ ᠪᠠᠢ᠌ᠭᠤᠯᠤᠨ᠎ᠠ᠃ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦ ᠵᠢ ᠵᠠᠰᠠᠬᠤ ᠪᠠ ᠰᠠᠯᠬᠢᠨ ᠬᠦᠴᠦᠨ᠎ᠤ ᠴᠠᠬᠢᠯᠭ᠋ᠠᠨ ᠭᠡᠷᠡᠯᠴᠢ ᠴᠡᠨᠡᠭ ᠵᠶ᠋ᠠᠨ ᠨᠢᠭᠡ ᠴᠤᠭᠴᠠᠵᠢᠭᠤᠯᠬᠤ ᠢᠨᠵᠧᠨᠧᠷᠢᠩ᠎ᠢ ᠭᠦᠨᠵᠡᠭᠡᠶ ᠬᠡᠷᠡᠭᠵᠢᠭᠦᠯᠦᠨ᠂ 2024 ᠣᠨ᠎ᠤ 2727 ᠲᠦᠮᠡᠨ ᠺᠢᠯᠣᠸᠠᠲ᠎ᠤᠨ ᠰᠢᠨ᠎ᠡ ᠡᠨᠧᠷᠭᠢ ᠵᠢᠨ ᠲᠦᠷᠦᠯ ᠵᠦᠢ᠍ᠯ ᠵᠶ᠋ᠠᠨ ᠪᠦᠬᠦᠨ᠎ᠢ ᠠᠰᠢᠭᠯᠠᠯᠲᠠ᠎ᠳᠤ ᠣᠷᠣᠭᠤᠯᠵᠤ᠂ ᠰᠢᠨ᠎ᠡ ᠡᠨᠧᠷᠭᠢ ᠵᠢᠨ ᠮᠠᠰᠢᠨ ᠴᠣᠭᠴᠠᠯᠠᠪᠤᠷᠢ ᠵᠢ 1500 ᠲᠦᠮᠡᠨ ᠺᠢᠯᠣᠸᠠᠲ ᠰᠢᠨ᠎ᠡ᠎ᠪᠠᠷ ᠪᠠᠢ᠌ᠭᠤᠯᠵᠤ᠂ 140 ᠲᠦᠮᠡᠨ ᠮᠦ᠍ ᠡᠯᠡᠰᠦᠵᠢᠭᠰᠡᠨ ᠭᠠᠵᠠᠷ ᠰᠢᠷᠣᠶ ᠵᠢ ᠵᠠᠰᠠᠨ᠎ᠠ᠃ ᠬᠠᠲᠤᠨ ᠭᠣᠤᠯ᠎ᠤᠨ ᠰᠠᠪᠠ ᠭᠠᠵᠠᠷ᠎ᠤᠨ ᠨᠤᠭᠤ ᠭᠠᠵᠠᠷ᠎ᠤᠨ ᠠᠮᠢ ᠠᠬᠤᠶ ᠵᠢᠨ ᠰᠢᠰᠲ᠋ᠧᠮ ᠪᠠ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠤᠨ ᠬᠠᠮᠠᠭ᠋ᠠᠯᠠᠯᠲᠠ ᠵᠢ ᠴᠢᠩᠭ᠋ᠠᠳᠬᠠᠵᠤ᠂ ᠠᠯᠠᠱ᠌ᠠ ᠠᠭᠤᠯᠠ ᠪᠠ ᠳᠠᠯᠠᠨ ᠬᠠᠷ᠎ᠠ ᠠᠭᠤᠯᠠ ᠵᠢᠨ ᠤᠯᠤᠰ᠎ᠤᠨ ᠴᠡᠴᠡᠷᠯᠢᠭ᠎ᠢ ᠡᠭᠦᠳᠦᠨ ᠪᠠᠢ᠌ᠭᠤᠯᠬᠤ ᠵᠢ᠎ᠨᠢ ᠠᠬᠢᠭᠤᠯᠤᠨ᠎ᠠ᠃ ᠦᠩᠭᠡᠷᠡᠭᠰᠡᠨ᠎ᠤ ᠦᠯᠡᠳᠡᠭᠳᠡᠵᠦ ᠢᠷᠡᠭᠰᠡᠨ ᠠᠭᠤᠷᠬᠠᠶ ᠵᠢᠨ ᠠᠮᠢ ᠠᠬᠤᠶ ᠵᠢ ᠰᠡᠷᠭᠦᠭᠡᠬᠦ ᠭᠤᠷᠪᠠᠨ ᠵᠢᠯ᠎ᠤᠨ ᠠᠵᠢᠯᠯᠠᠭ᠋ᠠᠨ᠎ᠢ ᠠᠬᠢᠭᠤᠯᠤᠨ᠎ᠠ᠃ ᠴᠡᠯᠮᠡᠭ ᠲᠩᠷᠢ᠂ ᠲᠤᠩᠭ᠋ᠠᠯᠠᠭ ᠤᠰᠤ᠂ ᠴᠡᠪᠡᠷ ᠬᠦᠷᠦᠰᠦᠨ᠎ᠤ ᠬᠠᠮᠠᠭ᠋ᠠᠯᠠᠯᠲᠠ ᠵᠢᠨ ᠳᠠᠶ᠋ᠢᠯᠠᠯᠳᠤᠭ᠋ᠠᠨ᠎ᠢ ᠭᠦᠨᠵᠡᠭᠡᠢ ᠰᠠᠢ᠌ᠲᠤᠷ ᠬᠢᠬᠦ ᠲᠦᠷᠢᠮ ᠲᠣᠭᠲᠠᠴᠠ ᠵᠢ᠎ᠨᠢ ᠪᠦᠷᠢᠨᠰᠢᠬᠦᠯᠦᠨ᠂ ᠴᠡᠪᠡᠷ ᠰᠠᠶ᠋ᠢᠨ ᠠᠭ᠋ᠠᠷ᠎ᠲᠠᠢ ᠡᠳᠦᠷ᠎ᠤᠨ ᠲᠣᠭ᠎ᠠ ᠵᠢᠨ ᠬᠠᠷᠢᠴᠠᠯ᠎ᠢ 90%᠎ᠠᠴᠠ ᠳᠡᠭᠡᠭᠰᠢ ᠪᠠᠢ᠌ᠯᠭ᠋ᠠᠵᠤ᠂ ᠤᠯᠤᠰ᠎ᠤᠨ ᠭᠠᠵᠠᠷ ᠳᠡᠭᠡᠷᠡᠬᠢ ᠤᠰᠤ ᠵᠢ ᠰᠢᠯᠭ᠋ᠠᠨ ᠬᠢᠨᠠᠬᠤ ᠤᠭᠲᠤᠯᠤᠭ᠋ᠠᠰᠤ᠎ᠳᠠᠬᠢ ᠭᠣᠣᠯᠳᠠᠯᠭ᠎ᠠ ᠪᠣᠯᠬᠤ ᠰᠠᠪᠠ ᠭᠠᠵᠠᠷ᠎ᠤᠨ ᠭᠠᠵᠠᠷ ᠳᠡᠭᠡᠷᠡᠬᠢ ᠤᠰᠤᠨ᠎ᠤ ᠴᠢᠨᠠᠷ᠎ᠤᠨ III ᠲᠦᠷᠦᠯ᠎ᠤᠨ ᠤᠰᠤᠨ ᠴᠣᠭᠴᠠ᠎ᠳᠤ ᠬᠦᠷᠦᠭᠦᠯᠬᠦ ᠪᠤᠶᠤ ᠡᠭᠦᠨ᠎ᠠᠴᠠ ᠰᠠᠶ᠋ᠢᠨ ᠪᠣᠯᠬᠤ ᠬᠠᠷᠢᠴᠠᠯ᠎ᠢ 70%᠎ᠠᠴᠠ ᠳᠠᠪᠠᠭᠤᠯᠤᠨ᠎ᠠ᠃ 《ᠠᠷᠪᠠᠨ ᠶᠡᠬᠡ ᠬᠦᠨᠳᠡᠢ》᠂ 《ᠬᠥᠯᠦᠨ ᠨᠠᠭᠤᠷ ᠳᠠᠭ᠎ᠠ ᠵᠢᠨ ᠨᠠᠭᠤᠷ ᠤᠯᠠᠭ᠋ᠠᠨᠰᠤᠬᠠᠢ ᠨᠠᠭᠤᠷ》 ᠵᠢᠴᠢ ᠴᠠᠭ᠋ᠠᠨᠨᠠᠭᠤᠷ ᠵᠡᠷᠭᠡ ᠭᠣᠤᠯᠳᠠᠯᠭ᠎ᠠ ᠪᠣᠯᠬᠤ ᠭᠣᠤᠯ ᠨᠠᠭᠤᠷ᠎ᠤᠨ ᠤᠰᠤᠨ᠎ᠤ ᠠᠮᠢ ᠠᠬᠤᠶ ᠵᠢᠨ ᠣᠷᠴᠢᠨ ᠲᠣᠭᠣᠷᠢᠨ᠎ᠢ   ᠶᠡᠷᠦᠩᠬᠡᠢ᠌ᠯᠡᠨ ᠵᠠᠰᠠᠬᠤ ᠵᠢ ᠠᠬᠢᠭᠤᠯᠵᠤ᠂ ᠪᠠᠷᠠᠭᠤᠨ ᠯᠢᠶᠣᠤ ᠾᠧ ᠭᠣᠤᠯ᠎ᠤᠨ ᠰᠠᠪᠠ ᠭᠠᠵᠠᠷ᠎ᠤᠨ ᠠᠮᠢ ᠠᠬᠤᠶ ᠵᠢᠨ ᠰᠡᠷᠭᠦᠯᠲᠡ ᠵᠢ ᠠᠬᠢᠭᠤᠯᠤᠨ᠂ ᠭᠣᠤᠯᠳᠠᠯᠭ᠎ᠠ ᠪᠣᠯᠬᠤ ᠰᠠᠪᠠ ᠭᠠᠵᠠᠷ᠎ᠤᠨ ᠪᠣᠬᠢᠷᠲᠤᠯ ᠭᠠᠳᠠᠭᠰᠢᠯᠠᠭᠤᠯᠬᠤ ᠠᠮᠠᠰᠠᠷ᠎ᠤᠨ ᠵᠢᠭᠰᠠᠭ᠋ᠠᠨ ᠪᠠᠢ᠌ᠴᠠᠭ᠋ᠠᠵᠤ ᠴᠡᠭᠴᠡᠯᠡᠨ ᠵᠠᠰᠠᠬᠤ ᠠᠵᠢᠯ᠎ᠢ ᠦᠷᠭᠦᠯᠵᠢᠯᠡᠨ ᠠᠬᠢᠭᠤᠯᠵᠤ᠂ ᠶᠡᠬᠡ ᠬᠡᠮᠵᠢᠶᠡᠨ᠎ᠤ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠢ ᠣᠪᠣᠭ᠋ᠠᠯᠠᠨ ᠬᠠᠳᠠᠭ᠋ᠠᠯᠠᠬᠤ ᠨᠡᠢ᠌ᠲᠡᠯᠢᠭ ᠴᠢᠨᠠᠷᠲᠠᠢ ᠲᠠᠯᠠᠪᠤᠷ ᠭᠠᠵᠠᠷ᠎ᠲᠤ ᠵᠢᠭᠰᠠᠭ᠋ᠠᠨ ᠪᠠᠢ᠌ᠴᠠᠭ᠋ᠠᠬᠤ ᠠᠵᠢᠯ᠎ᠢ ᠥᠷᠨᠢᠭᠦᠯᠦᠨ᠎ᠡ᠃ ᠬᠣᠶᠠᠳᠤᠭ᠋ᠠᠷ ᠡᠭᠡᠯᠵᠢ ᠵᠢᠨ ᠲᠥᠪ᠎ᠤᠨ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠮᠳᠠᠭᠤᠯᠤᠨ ᠪᠠᠶ᠋ᠢᠴᠠᠭ᠋ᠠᠯᠲᠠ ᠪᠠ ᠥᠪᠡᠷᠲᠡᠭᠡᠨ ᠵᠠᠰᠠᠬᠤ ᠣᠷᠣᠨ᠎ᠤ ᠬᠠᠲᠤᠨ ᠭᠣᠤᠯ᠎ᠤᠨ ᠰᠠᠪᠠ ᠭᠠᠵᠠᠷ᠎ᠤᠨ ᠲᠤᠰᠬᠠᠶ ᠰᠢᠮᠳᠠᠭᠤᠯᠤᠨ ᠪᠠᠶ᠋ᠢᠴᠠᠭ᠋ᠠᠯᠲᠠ᠎ᠳᠠᠬᠢ ᠣᠨ᠎ᠤ ᠴᠡᠭᠴᠡᠯᠡᠨ ᠰᠠᠢ᠌ᠵᠢᠷᠠᠭᠤᠯᠬᠤ ᠡᠭᠦᠷᠭᠡ ᠵᠢ ᠠᠬᠢᠭᠤᠯᠤᠨ ᠪᠡᠶᠡᠯᠡᠭᠦᠯᠦᠨ᠎ᠡ᠃

      (ᠬᠣᠶᠠᠷ) ᠡᠬᠡ ᠤᠯᠤᠰ᠎ᠤᠨ ᠤᠮᠠᠷᠠᠲᠤ ᠬᠢᠯᠢ ᠵᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ ᠵᠢ ᠡᠷᠡᠰ ᠪᠠᠲᠤ ᠪᠡᠬᠢᠵᠢᠭᠦᠯᠦᠨ᠎ᠡ᠃ ᠠᠶᠤᠯ ᠲᠦᠭᠰᠢᠭᠦᠷᠢ ᠵᠢ ᠰᠠᠭᠤᠷᠢ᠎ᠠᠴᠠ᠎ᠨᠢ ᠪᠠᠲᠤᠯᠠᠵᠤ ᠠᠪᠤᠷᠠᠨ ᠲᠤᠰᠠᠯᠠᠬᠤ᠎ᠳᠤ 《ᠭᠤᠷᠪᠠ ᠵᠢ ᠪᠠᠲᠤᠯᠠᠬᠤ》 ᠠᠷᠭ᠎ᠠ ᠵᠢ ᠨᠠᠢ᠌ᠳᠠᠪᠤᠷᠢᠵᠢᠭᠤᠯᠤᠨ᠂ 《ᠭᠤᠷᠪᠠ ᠵᠢ ᠪᠠᠲᠤᠯᠠᠬᠤ》 ᠵᠢᠨ ᠲᠤᠰᠬᠠᠶ ᠲᠠᠨᠭ᠌ᠰᠠ᠂ ᠴᠠᠯᠢᠩ᠎ᠤᠨ ᠲᠤᠰᠬᠠᠶ ᠲᠠᠨᠭ᠌ᠰᠠ ᠵᠢᠨ ᠬᠠᠮᠢᠶᠠᠷᠤᠯᠲᠠ ᠵᠢ ᠴᠢᠩᠭ᠎ᠠ ᠬᠡᠷᠡᠭᠵᠢᠭᠦᠯᠵᠦ᠂ 《ᠭᠤᠷᠪᠠ ᠵᠢ ᠪᠠᠲᠤᠯᠠᠬᠤ》 ᠵᠢᠨ ᠰᠠᠭᠤᠷᠢ ᠱᠤᠭᠤᠮ᠎ᠢ ᠦᠨᠡᠨ ᠬᠦ᠌ ᠪᠠᠲᠤ ᠰᠠᠬᠢᠬᠤ ᠬᠡᠷᠡᠭᠲᠡᠢ᠃ ᠤᠯᠤᠰ᠎ᠤᠨ ᠥᠷᠢ ᠥᠭᠴᠡᠭᠡ ᠵᠢ ᠠᠷᠢᠯᠭ᠋ᠠᠬᠤ᠎ᠳᠤ ᠳᠡᠮᠵᠢᠬᠦ ᠠᠷᠭ᠎ᠠ ᠬᠡᠮᠵᠢᠶ᠎ᠡ ᠵᠢ ᠨᠠᠢ᠌ᠳᠠᠪᠤᠷᠢᠵᠢᠭᠤᠯᠵᠤ᠂ ᠳᠠᠬᠢᠨᠳᠠ ᠪᠠᠯᠠ ᠳᠣᠭᠢᠷᠠᠭᠤᠯᠬᠤ ᠵᠢᠭᠡᠯᠡᠯᠭᠡ ᠵᠢᠨ ᠲᠡᠮᠳᠡᠭᠲᠦ᠎ᠪᠠᠷ ᠦᠯᠡᠳᠡᠭᠡᠯ ᠳᠠᠯᠳᠠ ᠥᠭᠴᠡᠭᠡ ᠵᠢ ᠰᠣᠯᠢᠬᠤ ᠠᠵᠢᠯ ᠵᠶ᠋ᠠᠨ ᠰᠠᠢ᠌ᠲᠤᠷ ᠬᠢᠵᠦ᠂ ᠣᠨ᠎ᠤ ᠥᠷᠢ ᠥᠭᠴᠡᠭᠡ ᠵᠢ ᠠᠷᠢᠯᠭ᠋ᠠᠬᠤ ᠡᠭᠦᠷᠭᠡ᠎ᠪᠠᠨ ᠪᠥᠬᠥ ᠬᠦᠴᠦᠨ ᠵᠶ᠋ᠠᠷ ᠵᠶ᠋ᠠᠨ ᠪᠡᠶᠡᠯᠡᠭᠦᠯᠵᠦ᠂ ᠳᠠᠯᠳᠠ ᠥᠭᠴᠡᠭᠡ ᠵᠢᠨ ᠰᠢᠨ᠎ᠡ᠎ᠪᠠᠷ ᠨᠡᠮᠡᠭᠳᠡᠬᠦ ᠵᠢ ᠴᠢᠩᠭ᠎ᠠ ᠴᠠᠭ᠋ᠠᠵᠠᠯᠠᠨ᠎ᠠ᠃ ᠮᠥᠩᠭᠥᠨ ᠭᠦᠢ᠍ᠯᠭᠡᠭᠡᠨ᠎ᠤ ᠲᠦᠭᠰᠢᠭᠦᠷᠢ ᠵᠢ   ᠰᠡᠷᠭᠡᠢ᠌ᠯᠡᠬᠦ᠎ᠪᠠᠨ ᠴᠢᠩᠭ᠋ᠠᠷᠠᠭᠤᠯᠵᠤ᠂ ᠣᠷᠣᠨ ᠨᠤᠲᠤᠭ᠎ᠤᠨ ᠬᠠᠤᠯᠢ ᠵᠢᠨ ᠡᠷᠬᠡᠲᠡᠨ᠎ᠤ ᠪᠠᠩᠬᠢ ᠵᠢᠨ ᠥᠭᠡᠷᠡᠴᠢᠯᠡᠯᠲᠡ᠎ᠪᠠᠷ ᠲᠥᠭᠰᠢᠭᠦᠷᠢ᠎ᠪᠠᠨ ᠠᠷᠢᠯᠭ᠋ᠠᠬᠤ ᠵᠢ ᠠᠬᠢᠭᠤᠯᠤᠨ᠂ ᠥᠪᠥᠷ ᠮᠣᠩᠭᠣᠯ᠎ᠤᠨ ᠲᠠᠷᠢᠶᠠᠯᠠᠩ ᠬᠤᠳᠠᠯᠳᠤᠭ᠋ᠠᠨ᠎ᠤ ᠪᠠᠩᠬᠢ ᠵᠢᠨ ᠫᠠᠢ᠌ᠰᠠ ᠡᠯᠭᠦᠨ ᠠᠵᠢᠯ ᠡᠬᠢᠯᠡᠭᠦᠯᠬᠦ ᠵᠢ ᠠᠬᠢᠭᠤᠯᠵᠤ᠂ ᠲᠦᠭᠰᠢᠭᠦᠷᠢ ᠶᠡᠬᠡᠲᠡᠶ ᠪᠠᠢ᠌ᠭᠤᠯᠤᠮᠵᠢ ᠵᠢᠨ ᠲᠥᠭᠰᠢᠭᠦᠷᠢ ᠶᠡᠬᠡᠲᠡᠢ ᠵᠡᠷᠭᠡ ᠳᠡᠰ᠎ᠠᠴᠠ ᠪᠤᠴᠠᠵᠤ ᠭᠠᠷᠬᠤ ᠵᠢ ᠦᠷᠭᠦᠯᠵᠢᠯᠡᠨ ᠠᠬᠢᠭᠤᠯᠤᠨ᠎ᠠ᠃ ᠬᠡᠷ ᠪᠠᠢ᠌ᠰᠢᠩ ᠭᠠᠵᠠᠷ ᠬᠥᠷᠥᠩᠭᠡ ᠵᠢᠨ ᠲᠦᠭᠰᠢᠭᠦᠷᠢ ᠵᠢ ᠲᠥᠷᠥᠯ ᠬᠤᠪᠢᠶᠠᠨ ᠰᠢᠢ᠍ᠳᠪᠦᠷᠢᠯᠡᠨ ᠠᠷᠢᠯᠭ᠋ᠠᠵᠤ᠂ ᠴᠠᠭ᠎ᠲᠤ᠎ᠪᠠᠨ ᠪᠠᠲᠤᠯᠠᠨ ᠲᠤᠰᠢᠶᠠᠬᠤ ᠭᠡᠷ ᠪᠠᠶ᠋ᠢᠰᠢᠩ᠎ᠤᠨ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠢ ᠡᠷᠡᠰ ᠰᠠᠢ᠌ᠲᠤᠷ ᠬᠢᠵᠦ᠂ ᠴᠠᠭ᠎ᠲᠤ᠎ᠪᠠᠨ ᠪᠠᠲᠤᠯᠠᠨ ᠲᠤᠰᠢᠶᠠᠬᠤ ᠠᠰᠠᠷ᠎ᠤᠨ ᠰᠡᠭᠦᠯ ᠬᠤᠷᠢᠶᠠᠬᠤ ᠠᠵᠢᠯ ᠪᠠ 5000 ᠢᠵᠢ ᠭᠡᠷ ᠪᠠᠶ᠋ᠢᠰᠢᠩ᠎ᠢ ᠴᠠᠭ᠎ᠲᠤ᠎ᠪᠠᠨ ᠪᠠᠲᠤᠯᠠᠨ ᠲᠤᠰᠢᠶᠠᠬᠤ ᠡᠭᠦᠷᠭᠡ᠎ᠪᠠᠨ ᠪᠡᠶᠡᠯᠡᠭᠦᠯᠵᠦ᠂ 4000 ᠢᠵᠢ ᠭᠡᠷ ᠪᠠᠶ᠋ᠢᠰᠢᠩ᠎ᠤᠨ ᠣᠷᠣᠵᠤ ᠰᠠᠭᠤᠬᠤ᠎ᠳᠤ ᠬᠦᠴᠢᠷ᠂ ᠪᠤᠴᠠᠭ᠋ᠠᠨ ᠨᠡᠭᠦᠯᠭᠡᠬᠦ᠎ᠳᠤ ᠬᠦᠴᠢᠷ ᠪᠠᠶ᠋ᠢᠬᠤ ᠠᠰᠠᠭᠤᠳᠠᠯ᠎ᠢ ᠰᠢᠢ᠍ᠳᠪᠦᠷᠢᠯᠡᠵᠦ᠂ ᠦᠯᠡᠳᠡᠭᠡᠯ ᠲᠠᠸᠠᠷ᠎ᠤᠨ ᠬᠡᠷ ᠪᠠᠢ᠌ᠰᠢᠩ᠎ᠤᠨ ᠰᠢᠢ᠍ᠳᠪᠦᠷᠢᠯᠡᠬᠦ ᠠᠵᠢᠯ᠎ᠢ ᠠᠬᠢᠭᠤᠯᠤᠨ᠎ᠠ᠃ ᠠᠶᠤᠯ ᠦᠭᠡᠢ ᠦᠢ᠍ᠯᠡᠳᠪᠦᠷᠢᠯᠡᠯ᠎ᠤᠨ ᠦᠨᠳᠦᠰᠦ᠎ᠠᠴᠠ᠎ᠨᠢ ᠵᠠᠰᠠᠬᠤ ᠰᠢᠪᠲᠤᠯᠤᠯᠲᠠ ᠵᠢᠨ ᠭᠤᠷᠪᠠᠨ ᠵᠢᠯ᠎ᠤᠨ ᠠᠵᠢᠯᠯᠠᠭ᠋ᠠᠨ᠎ᠢ ᠯᠠᠪᠳᠠᠭᠤᠨ ᠵᠶ᠋ᠠᠷ ᠠᠬᠢᠭᠤᠯᠵᠤ᠂ ᠭᠣᠣᠯᠳᠠᠯᠭ᠎ᠠ ᠪᠣᠯᠬᠤ ᠠᠵᠢᠯ ᠲᠦᠷᠦᠯ᠎ᠤᠨ ᠬᠦᠷᠢᠶᠡᠨ᠎ᠳᠠᠬᠢ ᠠᠮᠦᠷ ᠲᠦᠪᠰᠢᠨ᠎ᠤ ᠲᠤᠰᠬᠠᠶ ᠴᠡᠭᠴᠡᠯᠡᠨ ᠵᠠᠰᠠᠬᠤ ᠠᠵᠢᠯ᠎ᠢ ᠴᠢᠩᠭ᠋ᠠᠳᠬᠠᠨ᠂ ᠬᠦᠨᠳᠦ ᠶᠡᠬᠡ ᠡᠨᠳᠡᠯ᠎ᠤᠨ ᠲᠠᠯᠳᠠ ᠭᠡᠮ᠎ᠢ ᠬᠥᠳᠡᠯᠦᠩᠭᠦᠶ᠎ᠪᠠᠷ ᠠᠷᠢᠯᠭ᠋ᠠᠬᠤ ᠠᠵᠢᠯ᠎ᠢ ᠦᠷᠭᠦᠯᠵᠢᠯᠡᠨ ᠠᠬᠢᠭᠤᠯᠤᠨ᠎ᠠ᠃ ᠭᠠᠮᠰᠢᠭ᠎ᠢ ᠰᠡᠷᠭᠡᠢ᠌ᠯᠡᠬᠦ ᠭᠠᠮᠰᠢᠭ᠎ᠢ ᠪᠠᠭ᠋ᠠᠰᠬᠠᠬᠤ ᠭᠠᠮᠰᠢᠭ᠎ᠠᠴᠠ ᠠᠪᠤᠷᠠᠬᠤ ᠠᠵᠢᠯ᠎ᠢ ᠦᠷᠭᠦᠯᠵᠢᠯᠡᠨ ᠰᠠᠢ᠌ᠲᠤᠷ ᠠᠳᠬᠤᠨ᠎ᠠ᠃ ᠢᠳᠡᠭᠡᠨ ᠪᠠ ᠡᠮ᠎ᠤᠨ ᠵᠦᠢ᠍ᠯ᠎ᠳᠠᠬᠢ ᠠᠮᠦᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢ ᠴᠢᠩᠳᠠᠯᠠᠨ᠎ᠠ᠃ ᠭᠡᠨᠡᠳᠲᠡ ᠡᠭᠦᠰᠦᠭᠰᠡᠨ ᠬᠦᠨᠳᠦ ᠶᠡᠬᠡ ᠤᠯᠠᠨ ᠨᠡᠢ᠌ᠲᠡ ᠵᠢᠨ ᠬᠡᠷᠡᠭ᠎ᠢ ᠰᠢᠢ᠍ᠳᠪᠦᠷᠢᠯᠡᠬᠦ ᠪᠠᠲᠤᠯᠠᠭ᠎ᠠ ᠵᠢᠨ ᠲᠣᠭᠲᠠᠯᠴᠠᠭ᠎ᠠ ᠵᠢ ᠪᠦᠷᠢᠨᠰᠢᠭᠦᠯᠦᠨ᠎ᠡ᠃ ᠠᠮᠤᠷ ᠠᠮᠤᠭᠤᠯᠠᠩ ᠥᠪᠥᠷ ᠮᠣᠩᠭᠣᠯ᠎ᠤᠨ ᠪᠠᠢ᠌ᠭᠤᠯᠤᠯᠲᠠ ᠵᠢ ᠭᠦᠨᠵᠡᠭᠡᠶ᠋ᠢᠷᠡᠭᠦᠯᠦᠨ ᠠᠬᠢᠭᠤᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭ᠋ᠠᠬᠤ ᠲᠡᠮᠡᠴᠡᠯ ᠵᠶ᠋ᠠᠨ ᠪᠠᠶ᠋ᠢᠩᠭᠤᠰᠢᠭᠤᠯᠤᠨ ᠥᠷᠨᠢᠭᠦᠯᠵᠦ᠂ ᠣᠯᠠᠨ ᠨᠡᠢ᠌ᠲᠡ ᠵᠢᠨ ᠠᠮᠤᠷ ᠲᠦᠪᠰᠢᠨ᠎ᠳᠤ ᠰᠢᠰᠲ᠋ᠧᠮ᠎ᠲᠠᠢ ᠵᠠᠰᠠᠯᠲᠠ ᠬᠢᠬᠦ ᠵᠢ ᠴᠢᠩᠭ᠋ᠠᠳᠬᠠᠨ᠂ ᠵᠥᠷᠢᠴᠡᠯ ᠲᠦᠭᠰᠢᠭᠦᠷᠢ ᠵᠢ ᠠᠷᠢᠯᠭ᠋ᠠᠵᠤ ᠨᠡᠢ᠌ᠭᠡᠮ᠎ᠤᠨ ᠲᠣᠭᠲᠠᠭᠤᠨ᠎ᠢ ᠬᠠᠮᠠᠭ᠋ᠠᠯᠠᠬᠤ ᠲᠤᠰᠬᠠᠶ ᠵᠠᠰᠠᠯᠲᠠ ᠵᠢ ᠯᠠᠪᠳᠠᠭᠤᠨ ᠪᠠᠲᠤᠲᠠᠶ ᠥᠷᠨᠢᠭᠦᠯᠦᠨ᠎ᠡ᠃

      (ᠭᠤᠷᠪᠠ) ᠤᠯᠤᠰ᠎ᠤᠨ ᠴᠢᠬᠤᠯᠠ ᠡᠨᠧᠷᠭᠢ ᠪᠠ ᠪᠠᠢ᠌ᠯᠳᠤᠬᠤ ᠪᠣᠳᠣᠯᠭ᠎ᠠ ᠵᠢᠨ ᠡᠬᠢ ᠪᠠᠶᠠᠯᠢᠭ᠎ᠤᠨ ᠰᠠᠭᠤᠷᠢᠨ ᠭᠠᠵᠠᠷ᠎ᠢ ᠪᠥᠬᠥ ᠬᠦᠴᠦᠨ ᠵᠶ᠋ᠠᠷ ᠵᠶ᠋ᠠᠨ ᠪᠥᠲᠥᠭᠡᠨ ᠪᠠᠢ᠌ᠭᠤᠯᠤᠨ᠎ᠠ᠃ ᠡᠨᠧᠷᠭᠢ ᠵᠢᠨ ᠦᠢ᠍ᠯᠡᠳᠪᠦᠷᠢᠯᠡᠯ ᠬᠠᠩᠭ᠋ᠠᠯᠭ᠎ᠠ ᠪᠠ ᠴᠢᠳᠠᠪᠤᠷᠢ ᠵᠢᠨ ᠨᠥᠭᠡᠴᠡ ᠵᠢ ᠨᠢᠭᠡᠳᠦᠯᠲᠡᠶ ᠲᠥᠯᠥᠪᠯᠡᠵᠦ᠂ ᠨᠡᠭᠦᠷᠡᠰᠦᠨ᠎ᠤ ᠬᠠᠩᠭ᠋ᠠᠯᠭ᠎ᠠ ᠵᠢ ᠪᠠᠲᠤᠯᠠᠬᠤ ᠪᠠ ᠪᠠᠢ᠌ᠭ᠋ᠠᠯᠢ ᠵᠢᠨ ᠰᠢᠲᠠᠮᠠᠬᠠᠶ ᠬᠡᠢ ᠵᠢᠨ ᠨᠥᠭᠡᠴᠡ ᠵᠢ ᠨᠡᠮᠡᠭᠳᠡᠭᠦᠯᠦᠨ ᠭᠠᠷᠤᠯᠲᠠ ᠵᠢ᠎ᠨᠢ ᠳᠡᠭᠡᠭᠰᠢᠯᠡᠭᠦᠯᠬᠦ ᠵᠢ ᠦᠷᠭᠦᠯᠵᠢᠯᠡᠨ ᠰᠠᠢ᠌ᠲᠤᠷ ᠬᠢᠵᠦ᠂ ᠨᠡᠭᠦᠷᠡᠰᠦ ᠵᠢ ᠴᠡᠪᠡᠷ ᠪᠥᠭᠡᠳ ᠥᠨᠳᠥᠷ ᠦᠷ᠎ᠡ ᠪᠦᠲᠦᠮᠵᠢᠲᠡᠶ᠎ᠪᠠᠷ ᠠᠰᠢᠭᠯᠠᠬᠤ ᠵᠢ ᠠᠬᠢᠭᠤᠯᠤᠨ᠂ ᠨᠡᠭᠦᠷᠡᠰᠦᠨ ᠠᠭᠤᠷᠬᠠᠶ ᠵᠢᠨ ᠣᠷᠣᠨ᠎ᠤ ᠶᠡᠷᠦᠩᠬᠡᠶ ᠲᠥᠯᠥᠪᠵᠢᠭᠦᠯᠭᠡ ᠵᠢᠨ ᠴᠣᠬᠣᠯᠠᠪᠤᠷᠢ ᠵᠢ ᠲᠦᠷᠭᠡᠳᠬᠡᠨ ᠠᠬᠢᠭᠤᠯᠵᠤ᠂ ᠤᠯᠤᠰ᠎ᠤᠨ ᠰᠢᠨ᠎ᠡ᠎ᠪᠠᠷ ᠬᠢᠨᠠᠨ ᠵᠥᠪᠰᠢᠶᠡᠷᠡᠭᠰᠡᠨ ᠨᠡᠭᠦᠷᠡᠰᠦᠨ ᠠᠭᠤᠷᠬᠠᠶ ᠵᠢᠨ ᠲᠥᠷᠥᠯ ᠵᠦᠢ᠍ᠯ᠎ᠢ 3000 ᠲᠦᠮᠡᠨ ᠲᠣᠨ᠎ᠠᠴᠠ ᠳᠡᠭᠡᠭᠰᠢ᠂ ᠪᠥᠬᠥ ᠵᠢᠯ᠎ᠤᠨ ᠨᠡᠭᠦᠷᠡᠰᠦᠨ᠎ᠤ ᠭᠠᠷᠤᠯᠲᠠ ᠵᠢ 12 ᠳ᠋ᠦᠩᠰᠢᠭᠤᠷ ᠲᠣᠨ᠎ᠠᠴᠠ ᠳᠡᠭᠡᠭᠰᠢ᠎ᠳᠤ ᠬᠦᠷᠦᠭᠦᠯᠬᠦ᠂ ᠨᠡᠭᠦᠷᠡᠰᠦᠨ᠎ᠤ ᠦᠢ᠍ᠯᠡᠳᠪᠦᠷᠢᠯᠡᠬᠦ ᠴᠢᠳᠠᠮᠵᠢ ᠵᠢᠨ ᠨᠥᠭᠡᠴᠡ ᠵᠢ 2000 ᠲᠦᠮᠡᠨ ᠲᠣᠨ᠎ᠠᠴᠠ ᠳᠡᠭᠡᠭᠰᠢ ᠰᠢᠨ᠎ᠡ᠎ᠪᠠᠷ ᠨᠡᠮᠡᠭᠳᠡᠭᠦᠯᠬᠦ᠂ ᠲᠦᠭᠦᠬᠡᠶ ᠴᠢᠯᠠᠭᠤᠨ ᠲᠣᠰᠣᠨ᠎ᠤ ᠭᠠᠷᠤᠯᠲᠠ ᠵᠢ 310 ᠲᠦᠮᠡᠨ ᠲᠣᠨ᠎ᠠᠴᠠ ᠳᠡᠭᠡᠭᠰᠢ᠎ᠳᠤ ᠬᠦᠷᠦᠭᠦᠯᠬᠦ᠂ ᠪᠠᠢ᠌ᠭ᠋ᠠᠯᠢ ᠵᠢᠨ ᠰᠢᠲᠠᠮᠠᠬᠠᠶ ᠬᠡᠶ ᠵᠢᠨ ᠭᠠᠷᠤᠯᠲᠠ ᠵᠢ 310 ᠳ᠋ᠦᠩᠰᠢᠭᠤᠷ ᠺᠦᠪ ᠮᠧᠲᠷ ᠣᠷᠴᠢᠮ᠎ᠳᠤ ᠲᠣᠭᠲᠠᠪᠤᠷᠢᠵᠢᠭᠤᠯᠬᠤ᠎ᠪᠠᠷ ᠴᠢᠷᠮᠠᠢ᠌ᠨ᠎ᠠ᠃ ᠨᠡᠭᠦᠷᠡᠰᠦ ᠴᠠᠬᠢᠯᠭ᠋ᠠᠨ᠂ ᠴᠠᠬᠢᠯᠭ᠋ᠠᠨ ᠬᠦᠴᠦᠨ᠎ᠤ ᠲᠣᠤᠷ ᠵᠡᠷᠭᠡ ᠡᠨᠧᠷᠭᠢ ᠵᠢᠨ ᠲᠥᠷᠥᠯ ᠵᠦᠢ᠍ᠯ᠎ᠢ ᠲᠦᠯᠦᠪᠵᠢᠭᠦᠯᠭᠡ᠎ᠳᠤ ᠣᠷᠣᠭᠤᠯᠬᠤ᠎ᠪᠠᠷ ᠲᠦᠷᠭᠡᠳᠬᠡᠨ ᠠᠬᠢᠭᠤᠯᠵᠤ᠂ ᠦᠬᠠᠶ᠂ ᠤᠯᠠᠭ᠋ᠠᠨᠬᠠᠳᠠ᠂ ᠪᠠᠶᠠᠨᠨᠠᠭᠤᠷ᠎ᠤᠨ ᠤᠰᠤ ᠲᠠᠲᠠᠵᠤ ᠡᠨᠧᠷᠭᠢ ᠨᠦᠬᠡᠴᠡᠯᠡᠬᠦ ᠲᠥᠷᠥᠯ ᠵᠦᠢ᠍ᠯ᠎ᠤᠨ ᠪᠥᠲᠥᠭᠡᠨ ᠪᠠᠢ᠌ᠭᠤᠯᠤᠯᠲᠠ ᠵᠢ ᠠᠬᠢᠭᠤᠯᠤᠨ᠂ ᠨᠡᠭᠦᠷᠡᠰᠦ ᠴᠠᠬᠢᠯᠭ᠋ᠠᠨ᠎ᠤ ᠮᠠᠰᠢᠨ ᠴᠣᠭᠴᠠᠯᠠᠪᠤᠷᠢ ᠵᠢᠨ ᠬᠡᠪᠴᠢᠶ᠎ᠡ ᠵᠢ 400 ᠲᠦᠮᠡᠨ ᠺᠢᠯᠣᠸᠠᠲ᠎ᠠᠴᠠ ᠳᠡᠭᠡᠭᠰᠢ᠂ 500 ᠺᠢᠯᠤᠸᠣᠯᠲ᠎ᠤᠨ ᠴᠠᠬᠢᠯᠭ᠋ᠠᠨ ᠬᠦᠴᠦᠨ᠎ᠤ ᠲᠣᠤᠷ᠎ᠤᠨ 15 ᠲᠥᠷᠥᠯ ᠵᠦᠢ᠍ᠯ᠎ᠢ ᠰᠢᠨ᠎ᠡ᠎ᠪᠠᠷ ᠠᠵᠢᠯ ᠡᠬᠢᠯᠡᠭᠦᠯᠵᠦ᠂ ᠴᠠᠬᠢᠯᠭ᠋ᠠᠨ ᠬᠦᠴᠦᠨ᠎ᠤ ᠬᠡᠷᠡᠭᠴᠡᠭᠡ ᠱᠠᠭ᠋ᠠᠷᠳᠠᠯᠭ᠎ᠠ ᠵᠢᠨ ᠲᠠᠯ᠎ᠠ ᠵᠢᠨ ᠠᠶᠠᠳᠠᠨ ᠬᠠᠮᠵᠢᠬᠤ ᠳᠠᠭ᠋ᠠᠬᠤ ᠴᠢᠳᠠᠪᠤᠷᠢ ᠵᠢ ᠬᠠᠮᠤᠭ᠎ᠤᠨ ᠶᠡᠬᠡ ᠴᠠᠬᠢᠯᠭ᠋ᠠᠨ ᠬᠡᠷᠡᠭᠯᠡᠬᠦ ᠳᠠᠭ᠋ᠠᠭ᠋ᠠᠴᠠ ᠵᠢᠨ 5%᠎ᠳᠤ ᠬᠦᠷᠦᠭᠦᠯᠦᠨ᠎ᠡ᠃ ᠰᠢᠨ᠎ᠡ ᠨᠢᠭᠡᠨ ᠡᠭᠡᠯᠵᠢ ᠵᠢᠨ ᠠᠭᠤᠷᠬᠠᠶ ᠬᠠᠶ᠋ᠢᠬᠤ ᠲᠠᠯ᠎ᠠ᠎ᠪᠠᠷ ᠰᠢᠪᠲᠤᠯᠤᠯᠲᠠ ᠭᠠᠷᠭ᠋ᠠᠬᠤ ᠪᠠᠢ᠌ᠯᠳᠤᠬᠤ ᠪᠤᠳᠤᠯᠭ᠎ᠠ ᠵᠢᠨ ᠠᠵᠢᠯᠯᠠᠭ᠋ᠠᠨ᠎ᠢ ᠬᠦᠴᠦᠲᠡᠢ ᠠᠬᠢᠭᠤᠯᠵᠤ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠠᠬᠢ ᠤᠯᠤᠰ᠎ᠠᠴᠠ ᠪᠠᠭᠤᠯᠭ᠋ᠠᠭᠰᠠᠨ ᠴᠢᠯᠠᠭᠤᠨ ᠲᠤᠰᠤ ᠰᠢᠲᠠᠮᠠᠬᠠᠶ ᠬᠡᠢ ᠵᠢᠨ ᠪᠤᠰᠤ ᠪᠠᠢ᠌ᠯᠳᠤᠬᠤ ᠪᠤᠳᠤᠯᠭ᠎ᠠ ᠵᠢᠨ ᠴᠢᠨᠠᠷᠲᠠᠶ 13 ᠵᠦᠢ᠍ᠯ᠎ᠤᠨ ᠠᠭᠤᠷᠬᠠᠶ ᠵᠢᠨ ᠭᠠᠷᠤᠯᠲᠠ ᠵᠢᠨ ᠠᠭᠤᠷᠬᠠᠶ ᠬᠠᠶ᠋ᠢᠬᠤ ᠡᠭᠦᠷᠭᠡ ᠵᠢ ᠦᠨᠡᠨ ᠬᠦ᠌ ᠪᠡᠶᠡᠯᠡᠭᠦᠯᠦᠨ᠎ᠡ᠃

      (ᠳᠥᠷᠪᠡ) ᠤᠯᠤᠰ᠎ᠤᠨ ᠴᠢᠬᠤᠯᠠ ᠪᠣᠯᠬᠤ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢᠨ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠢ ᠲᠦᠷᠭᠡᠳᠬᠡᠨ ᠪᠠᠢ᠌ᠭᠤᠯᠤᠨ᠎ᠠ᠃ ᠲᠠᠷᠢᠶᠠᠯᠠᠬᠤ ᠭᠠᠵᠠᠷ᠎ᠤᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠢ ᠪᠠᠲᠤ ᠰᠠᠬᠢᠵᠤ᠂ ᠲᠠᠷᠢᠶᠠᠯᠠᠬᠤ ᠭᠠᠵᠠᠷ᠎ᠤᠨ ᠡᠵᠡᠯᠡᠬᠦ ᠪᠠ ᠨᠥᠬᠥᠪᠥᠷᠢᠯᠡᠬᠦ ᠵᠢ ᠲᠡᠩᠴᠡᠭᠦᠷᠢᠲᠡᠶ ᠪᠠᠢ᠌ᠯᠭ᠋ᠠᠬᠤ ᠬᠠᠮᠢᠶᠠᠷᠤᠯᠲᠠ᠎ᠪᠠᠨ ᠴᠢᠩᠳᠠᠯᠠᠨ᠎ᠠ᠃ ᠠᠮᠤ ᠪᠤᠳᠠᠭ᠎ᠠ ᠪᠠ ᠴᠢᠬᠤᠯᠠ ᠪᠣᠯᠬᠤ ᠲᠠᠷᠢᠶᠠᠯᠠᠩ᠎ᠤᠨ ᠪᠦᠲᠦᠭᠡᠭᠳᠡᠬᠦᠨ᠎ᠤ ᠤᠨᠠᠯᠲᠠ ᠵᠢ ᠲᠣᠭᠲᠠᠪᠤᠷᠢᠵᠢᠭᠤᠯᠵᠤ ᠬᠠᠩᠭ᠋ᠠᠯᠭ᠎ᠠ ᠵᠢ ᠪᠠᠲᠤᠯᠠᠬᠤ ᠠᠵᠢᠯ ᠵᠶ᠋ᠠᠨ ᠰᠠᠢ᠌ᠲᠤᠷ ᠠᠳᠬᠤᠵᠤ᠂ ᠠᠮᠤ ᠪᠤᠳᠠᠭ᠎ᠠ ᠨᠥᠭᠡᠴᠡᠯᠡᠬᠦ ᠪᠠᠲᠤᠯᠠᠭ᠎ᠠ ᠵᠢᠨ ᠴᠢᠳᠠᠪᠤᠷᠢ ᠪᠠ ᠴᠠᠭ ᠠᠭᠤᠷ᠎ᠤᠨ ᠭᠠᠮᠰᠢᠭ᠎ᠢ ᠰᠡᠷᠭᠡᠶ᠋ᠢᠯᠡᠨ ᠬᠣᠷᠢᠭᠯᠠᠬᠤ ᠴᠢᠳᠠᠪᠤᠷᠢ ᠵᠢᠨ ᠪᠠᠢ᠌ᠭᠤᠯᠤᠯᠲᠠ ᠵᠢ ᠴᠢᠩᠭ᠋ᠠᠳᠬᠠᠨ᠂ ᠠᠮᠤ ᠪᠤᠳᠠᠭ᠋ᠠᠨ᠎ᠤ ᠶᠡᠷᠦᠩᠬᠡᠢ᠌ᠯᠡᠭᠰᠡᠨ ᠦᠢ᠍ᠯᠡᠳᠪᠦᠷᠢᠯᠡᠯ᠎ᠤᠨ ᠴᠢᠳᠠᠪᠤᠷᠢ ᠵᠢ ᠳᠡᠭᠡᠭᠰᠢᠯᠡᠭᠦᠯᠵᠦ᠂ ᠠᠮᠤ ᠪᠤᠳᠠᠭ᠎ᠠ ᠢᠳᠡᠰᠢᠨ ᠲᠣᠰᠣᠨ᠎ᠤ ᠲᠠᠯᠠᠪᠠᠢ ᠨᠢᠭᠡᠴᠢ ᠵᠢᠨ ᠤᠨᠠᠯᠲᠠ ᠵᠢ ᠶᠡᠬᠡ ᠬᠡᠪᠴᠢᠶ᠎ᠡ᠎ᠪᠠᠷ ᠳᠡᠭᠡᠭᠰᠢᠯᠡᠭᠦᠯᠬᠦ ᠠᠵᠢᠯᠯᠠᠭ᠋ᠠᠨ ᠪᠠ ᠦᠷ᠎ᠡ ᠵᠢᠨ ᠦᠢ᠍ᠯᠡᠰ᠎ᠢ ᠬᠥᠭᠵᠢᠭᠦᠯᠦᠨ ᠮᠠᠨᠳᠤᠭᠤᠯᠬᠤ ᠠᠵᠢᠯᠯᠠᠭ᠋ᠠᠨ᠎ᠢ ᠭᠦᠨᠵᠡᠭᠡᠶ ᠬᠡᠷᠡᠭᠵᠢᠭᠦᠯᠦᠨ᠂ ᠭᠣᠤᠯ ᠪᠣᠯᠬᠤ ᠲᠠᠷᠢᠮᠠᠯ᠎ᠤᠨ ᠲᠠᠯᠠᠪᠠᠶ ᠨᠢᠭᠡᠴᠢ ᠵᠢᠨ ᠤᠨᠠᠯᠲᠠ ᠵᠢ ᠳᠡᠭᠡᠭᠰᠢᠯᠡᠭᠦᠯᠬᠦ ᠵᠢᠱ᠌ᠢᠶ᠎ᠡ ᠦᠵᠡᠭᠦᠯᠬᠦ ᠣᠷᠣᠨ᠎ᠢ 1000 ᠲᠦᠮᠡᠨ ᠮᠥ᠍᠂ 《ᠲᠣᠨ ᠤᠨᠠᠯᠲᠠ᠎ᠲᠠᠢ ᠲᠠᠷᠢᠶ᠎ᠠ》 ᠵᠢ 900 ᠲᠦᠮᠡᠨ ᠮᠥ᠍ ᠪᠠᠶ᠋ᠢᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ 850 ᠲᠦᠮᠡᠨ ᠮᠥ᠍᠂ ᠬᠠᠷ᠎ᠠ ᠬᠥᠷᠥᠰᠥ ᠵᠢᠨ ᠬᠠᠮᠠᠭ᠋ᠠᠯᠠᠯᠲᠠ ᠵᠢᠨ ᠴᠢᠨᠠᠷᠲᠠᠶ ᠲᠠᠷᠢᠶᠠᠯᠠᠭ᠎ᠠ ᠵᠢ 2500 ᠲᠦᠮᠡᠨ ᠮᠥ᠍ ᠰᠢᠨ᠎ᠡ᠎ᠪᠠᠷ ᠪᠠᠶ᠋ᠢᠭᠤᠯᠵᠤ᠂ ᠪᠡᠯᠡᠳᠬᠡᠮᠵᠢᠲᠦ ᠲᠠᠷᠢᠶᠠᠯᠠᠩ᠎ᠢ 25 ᠲᠦᠮᠡᠨ ᠮᠥ᠍ ᠰᠢᠨ᠎ᠡ᠎ᠪᠠᠷ ᠨᠡᠮᠡᠭᠳᠡᠭᠦᠯᠦᠨ᠂ ᠶᠡᠷᠦᠩᠬᠡᠶ ᠲᠠᠯᠠᠪᠠᠶ ᠵᠢ᠎ᠨᠢ 280 ᠲᠦᠮᠡᠨ ᠮᠥ᠍᠎ᠳᠤ ᠬᠦᠷᠦᠭᠦᠯᠵᠦ᠂ ᠠᠮᠤ ᠪᠤᠳᠠᠭ᠎ᠠ ᠳᠠᠷᠢᠬᠤ ᠲᠠᠯᠠᠪᠠᠶ ᠵᠢ ᠳ᠋ᠦᠩᠰᠢᠭᠤᠷ ᠮᠥ᠍᠎ᠠᠴᠠ ᠳᠡᠭᠡᠭᠰᠢ᠎ᠳᠤ ᠲᠣᠭᠲᠠᠪᠤᠷᠢᠵᠢᠭᠤᠯᠤᠨ᠂ ᠠᠮᠤ ᠪᠤᠳᠠᠭ᠋ᠠᠨ᠎ᠤ ᠤᠨᠠᠯᠲᠠ ᠵᠢ 800 ᠳ᠋ᠦᠩᠰᠢᠭᠤᠷ ᠵᠢᠩ᠎ᠠᠴᠠ ᠳᠡᠭᠡᠭᠰᠢ ᠬᠡᠮᠵᠢᠶᠡᠨ᠎ᠳᠤ ᠲᠣᠭᠲᠠᠪᠤᠷᠢᠵᠢᠭᠤᠯᠤᠨ᠎ᠠ᠃ ᠮᠠᠯ ᠠᠵᠤ ᠠᠬᠤᠶ᠎ᠳᠤ 《ᠮᠠᠯ᠎ᠤᠨ ᠪᠤᠳᠠᠭ᠋ᠠᠯᠢ ᠪᠡᠶ᠎ᠡ ᠵᠢᠨ ᠭᠠᠷᠤᠯᠲᠠ ᠵᠢ ᠳᠡᠭᠡᠭᠰᠢᠯᠡᠭᠦᠯᠬᠦ ᠢᠨᠵᠧᠨᠧᠷᠢᠩ》᠎ᠢ ᠬᠡᠷᠡᠭᠵᠢᠭᠦᠯᠵᠦ᠂ ᠨᠤᠲᠤᠭ ᠪᠡᠯᠴᠢᠭᠡᠷ᠎ᠤᠨ ᠳᠠᠭ᠋ᠠᠭ᠋ᠠᠴᠠ᠎ᠠᠴᠠ᠎ᠨᠢ ᠬᠡᠲᠦᠷᠡᠲᠡᠯ᠎ᠡ ᠮᠠᠯᠵᠢᠬᠤ ᠠᠰᠠᠭᠤᠳᠠᠯ᠎ᠢ ᠰᠠᠢ᠌ᠲᠤᠷ ᠰᠢᠢ᠍ᠳᠪᠦᠷᠢᠯᠡᠬᠦ ᠵᠢ ᠠᠬᠢᠭᠤᠯᠤᠨ᠂ ᠬᠠᠰᠢᠶᠠᠯᠠᠨ ᠲᠡᠵᠢᠭᠡᠬᠦ ᠪᠠ ᠬᠠᠭ᠋ᠠᠰ ᠬᠠᠰᠢᠶᠠᠯᠠᠨ ᠲᠡᠵᠢᠭᠡᠬᠦ᠂ ᠨᠠᠢ᠌ᠳᠠᠨ ᠬᠠᠮᠢᠶᠠᠷᠤᠭᠤᠯᠵᠤ ᠣᠷᠣᠯᠠᠨ ᠲᠡᠵᠢᠭᠡᠬᠦ ᠵᠡᠷᠭᠡ ᠬᠡᠪ ᠵᠠᠭᠪᠤᠷ᠎ᠢ ᠲᠤᠬᠠᠶ ᠵᠢᠨ ᠭᠠᠵᠠᠷ ᠣᠷᠣᠨ᠎ᠤ ᠪᠠᠢ᠌ᠳᠠᠯ᠎ᠳᠤ᠎ᠨᠢ ᠳᠣᠭᠢᠷᠠᠭᠤᠯᠤᠨ ᠳᠡᠯᠭᠡᠷᠡᠭᠦᠯᠵᠦ᠂ ᠬᠠᠰᠢᠶᠠᠯᠠᠨ ᠲᠡᠵᠢᠭᠡᠬᠦ ᠬᠠᠰᠢᠶ᠎ᠠ ᠰᠠᠷᠠᠪᠴᠢ ᠵᠢ 500 ᠲᠦᠮᠡᠨ ᠺᠦᠸᠠᠳ᠋ ᠮᠧᠲᠷ᠎ᠠᠴᠠ ᠳᠡᠭᠡᠭᠰᠢ ᠰᠢᠨ᠎ᠡ᠎ᠪᠠᠷ ᠪᠠᠢ᠌ᠭᠤᠯᠵᠤ᠂ 《ᠰᠦ ᠰᠠᠭ᠋ᠠᠯᠢ ᠵᠢᠨ 33 ᠵᠤᠷᠪᠤᠰ》 ᠵᠡᠷᠭᠡ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠨᠠᠷᠢᠯᠢᠭ ᠨᠠᠢ᠌ᠳᠠᠪᠤᠷᠢᠵᠢᠭᠤᠯᠤᠨ᠂ 8 ᠬᠣᠰᠢᠭᠤ ᠰᠢᠶᠠᠨ᠎ᠳᠤ ᠪᠦᠬᠦ ᠬᠤᠰᠢᠭᠤ ᠰᠢᠶᠠᠨ ᠵᠶ᠋ᠠᠷ ᠵᠶ᠋ᠠᠨ ᠰᠦ ᠰᠠᠭ᠋ᠠᠯᠢ ᠵᠢᠨ ᠦᠢ᠍ᠯᠡᠰ᠎ᠤᠨ ᠦᠢ᠍ᠯᠡᠳᠪᠦᠷᠢᠯᠡᠯ᠎ᠤᠨ ᠴᠢᠳᠠᠪᠤᠷᠢ᠎ᠪᠠᠨ ᠳᠡᠭᠡᠭᠰᠢᠯᠡᠭᠦᠯᠬᠦ ᠵᠢ ᠠᠬᠢᠭᠤᠯᠵᠤ᠂ ᠪᠥᠬᠥ ᠵᠢᠯ᠎ᠤᠨ ᠮᠢᠬ᠎ᠠ ᠰᠦ ᠵᠢᠨ ᠭᠠᠷᠤᠯᠲᠠ ᠵᠢ 60 ᠳ᠋ᠦᠩᠰᠢᠭᠤᠷ ᠵᠢᠩ᠂ 160 ᠳ᠋ᠦᠩᠰᠢᠭᠤᠷ ᠵᠢᠩ᠎ᠠᠴᠠ ᠳᠡᠭᠡᠭᠰᠢ ᠬᠡᠮᠵᠢᠶᠡᠨ᠎ᠳᠤ ᠲᠣᠭᠲᠠᠪᠤᠷᠢᠵᠢᠭᠤᠯᠬᠤ᠎ᠪᠠᠷ ᠴᠢᠷᠮᠠᠢ᠌ᠨ᠎ᠠ᠃ ᠠᠯᠠᠰᠢᠨ ᠦᠬᠡᠷ᠎ᠤᠨ ᠰᠠᠶ᠋ᠢᠨ ᠡᠭᠦᠯᠳᠡᠷ᠎ᠤᠨ ᠢᠴᠡᠭᠡᠯ ᠦᠷ᠎ᠡ ᠵᠢ 600 ᠲᠦᠮᠡ᠂ ᠰᠢᠯᠢᠳᠡᠭ ᠡᠭᠦᠯᠳᠡᠷ᠎ᠤᠨ ᠬᠤᠴᠠ ᠵᠢ 8 ᠲᠦᠮᠡ ᠪᠣᠶ᠋ᠢᠵᠢᠭᠤᠯᠤᠨ ᠳᠡᠯᠭᠡᠷᠡᠭᠦᠯᠵᠦ᠂ ᠤᠯᠤᠰ᠎ᠤᠨ ᠲᠡᠰ᠎ᠤᠨ ᠡᠭᠦᠯᠳᠡᠷ ᠪᠣᠢ᠌ᠵᠢᠭᠤᠯᠬᠤ ᠭᠣᠣᠯᠯᠠᠬᠤ ᠲᠠᠯᠠᠪᠠᠢ ᠵᠢ 2 - 3 ᠰᠢᠨ᠎ᠡ᠎ᠪᠠᠷ ᠪᠠᠢ᠌ᠭᠤᠯᠵᠤ᠂ 1 - 2 ᠡᠭᠦᠯᠳᠡᠷ᠎ᠢ ᠤᠯᠤᠰ᠎ᠤᠨ ᠭᠣᠣᠯ ᠪᠣᠶ᠋ᠢᠵᠢᠭᠤᠯᠤᠨ ᠳᠡᠯᠭᠡᠷᠡᠭᠦᠯᠬᠦ ᠡᠭᠦᠯᠳᠡᠷ᠎ᠤᠨ ᠭᠠᠷᠴᠠᠭ᠎ᠲᠤ ᠣᠷᠣᠭᠤᠯᠬᠤ᠎ᠪᠠᠷ ᠴᠢᠷᠮᠠᠢ᠌ᠨ᠎ᠠ᠃ ᠬᠥᠬᠡ ᠳᠠᠷᠤᠰᠢ ᠵᠢᠨ ᠡᠷᠳᠡᠨᠢ ᠰᠢᠰᠢ᠂ ᠴᠠᠷᠭ᠋ᠠᠰᠤ᠂ ᠲᠡᠵᠢᠭᠡᠯ ᠨᠣᠬᠠᠶ ᠵᠢᠨ ᠬᠣᠰᠢᠭᠤ᠂ ᠬᠢᠶᠠᠭ ᠵᠡᠷᠭᠡ ᠲᠠᠷᠢᠮᠠᠯ ᠲᠡᠵᠢᠭᠡᠯ ᠡᠪᠡᠰᠦ ᠵᠢᠨ ᠲᠠᠯᠠᠪᠠᠶ ᠵᠢ 2000 ᠲᠦᠮᠡᠨ ᠮᠥ᠍᠎ᠠᠴᠠ ᠳᠡᠭᠡᠭᠰᠢ ᠪᠠᠢ᠌ᠯᠭ᠋ᠠᠬᠤ ᠵᠢ ᠪᠠᠲᠤᠯᠠᠵᠤ᠂ ᠪᠥᠬᠥ ᠵᠢᠯ᠎ᠳᠤ ᠡᠯ᠎ᠡ ᠲᠥᠷᠥᠯ᠎ᠤᠨ ᠲᠡᠵᠢᠭᠡᠯ ᠡᠪᠡᠰᠦ ᠬᠠᠩᠭ᠋ᠠᠬᠤ ᠴᠢᠳᠠᠪᠤᠷᠢ᠎ᠪᠠᠨ 7500 ᠲᠦᠮᠡᠨ ᠲᠣᠨ᠎ᠠᠴᠠ ᠳᠡᠭᠡᠭᠰᠢ ᠪᠠᠢ᠌ᠯᠭ᠋ᠠᠬᠤ ᠵᠢ ᠪᠠᠲᠤᠯᠠᠨ᠎ᠠ᠃ 《ᠦᠪᠦᠷ ᠮᠣᠩᠭᠣᠯ》 ᠨᠡᠷᠡᠮᠵᠢᠲᠦ ᠲᠡᠮᠳᠡᠭ᠎ᠤᠨ ᠭᠡᠷᠡᠴᠢᠯᠡᠭᠡ ᠵᠢ ᠭᠦᠨᠵᠡᠭᠡᠢ᠌ᠷᠡᠭᠦᠯᠦᠨ ᠥᠷᠭᠡᠳᠬᠡᠨ᠎ᠡ᠃ 《ᠨᠡᠷᠡᠲᠡᠢ ᠣᠨᠴᠠᠭ᠋ᠠᠢ ᠰᠢᠯᠢᠳᠡᠭ ᠰᠢᠨ᠎ᠡ》 ᠲᠠᠷᠢᠶᠠᠯᠠᠩ᠎ᠤᠨ ᠪᠦᠲᠦᠭᠡᠭᠳᠡᠬᠦᠨ᠎ᠢ 100 ᠪᠣᠢ᠌ᠵᠢᠭᠤᠯᠤᠨ ᠮᠠᠭ᠋ᠠᠳᠯᠠᠨ ᠲᠣᠭᠲᠠᠭ᠋ᠠᠯᠭ᠋ᠠᠵᠤ᠂ ᠪᠦᠬᠦ ᠤᠯᠤᠰ᠎ᠤᠨ ᠭᠣᠣᠯᠳᠠᠯᠭ᠎ᠠ ᠪᠣᠯᠬᠤ ᠬᠤᠳᠠ᠎ᠳᠤ ᠭᠡᠷ᠎ᠤᠨ ᠲᠡᠵᠢᠭᠡᠪᠦᠷᠢ ᠵᠢᠨ ᠰᠢᠯᠢᠳᠡᠭ ᠪᠦᠲᠦᠭᠡᠭᠳᠡᠬᠦᠨ ᠡᠵᠡᠩᠨᠡᠨ ᠪᠣᠷᠣᠯᠠᠭᠤᠯᠬᠤ ᠲᠥᠪ᠎ᠢ 5 ᠪᠠ ᠤᠷᠢᠳᠠᠴᠢ ᠬᠥᠮᠥᠷᠭᠡ ᠵᠢ 6 ᠪᠠᠶ᠋ᠢᠷᠢᠯᠠᠭᠤᠯᠵᠤ ᠪᠠᠶ᠋ᠢᠭᠤᠯᠤᠨ᠎ᠠ᠃

      (ᠲᠠᠪᠤ) ᠤᠯᠤᠰ᠎ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠡᠬᠢᠯᠡᠯᠲᠡ ᠵᠢ ᠦᠷᠭᠦᠯᠵᠢᠯᠡᠨ ᠴᠣᠭᠴᠠᠯᠠᠨ᠎ᠠ᠃ ᠴᠢᠯᠥᠭᠡᠲᠦ ᠠᠷᠠᠯᠵᠢᠶᠠᠨ᠎ᠤ ᠣᠷᠣᠨ᠎ᠢ ᠡᠭᠦᠳᠦᠨ ᠪᠠᠢ᠌ᠭᠤᠯᠬᠤ ᠢᠨᠵᠧᠨᠧᠷᠢᠩ᠎ᠢ ᠦᠷᠭᠦᠯᠵᠢᠯᠡᠨ ᠠᠬᠢᠭᠤᠯᠵᠤ᠂ ᠴᠢᠯᠥᠭᠡᠲᠦ ᠠᠷᠠᠯᠵᠢᠶᠠᠨ᠎ᠤ ᠲᠤᠷᠰᠢᠯᠲᠠ ᠵᠢᠨ ᠣᠷᠣᠨ᠎ᠤ ᠲᠦᠷᠢᠮ᠎ᠤᠨ ᠰᠢᠨ᠎ᠡ ᠡᠭᠦᠳᠦᠯᠲᠡ᠎ᠲᠠᠢ ᠦᠷ᠎ᠡ ᠪᠦᠲᠦᠭᠡᠯ ᠵᠶ᠋ᠠᠷ ᠵᠢᠷᠤᠮᠯᠠᠨ ᠳᠠᠭᠤᠷᠢᠶᠠᠵᠤ ᠳᠡᠯᠭᠡᠷᠡᠭᠦᠯᠬᠦ ᠵᠢ ᠴᠢᠩᠭ᠋ᠠᠳᠬᠠᠨ᠎ᠠ᠃ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠥᠲᠥᠭᠡᠨ ᠪᠠᠢ᠌ᠭᠤᠯᠬᠤ ᠠᠵᠢᠯ ᠪᠠ ᠳᠤᠮᠳᠠᠳᠤ ᠮᠣᠩᠭᠣᠯ ᠣᠷᠣᠰ᠎ᠤᠨ ᠠᠵᠤ ᠠᠬᠤᠶ ᠵᠢᠨ ᠬᠣᠩᠭᠢᠯ᠎ᠤᠨ ᠪᠥᠲᠥᠭᠡᠨ ᠪᠠᠢ᠌ᠭᠤᠯᠤᠯᠲᠠ᠎ᠳᠤ ᠨᠠᠩ ᠭᠦᠨᠵᠡᠭᠡᠢ ᠣᠷᠣᠯᠴᠠᠵᠤ᠂ ᠣᠷᠣᠰ ᠮᠣᠩᠭᠣᠯ᠎ᠯᠤᠭ᠎ᠠ ᠵᠢᠨ ᠨᠡᠭᠡᠭᠡᠯᠲᠡ ᠵᠢ ᠤᠯᠠᠮ ᠨᠢᠭᠡ ᠠᠯᠬᠤᠮ ᠥᠷᠭᠡᠳᠬᠡᠨ᠂ ᠣᠷᠣᠰ᠎ᠤᠨ ᠭᠠᠳᠠᠭ᠋ᠠᠳᠤ ᠪᠠᠢ᠌ᠭ᠋ᠠᠯ᠎ᠤᠨ ᠬᠡᠳᠦ ᠬᠤᠰᠢᠭᠤᠷᠬᠠᠴᠢ ᠬᠥᠭᠵᠢᠯᠲᠡ ᠵᠢᠨ ᠣᠷᠣᠨ᠎ᠯᠤᠭ᠎ᠠ ᠵᠣᠯᠭ᠋ᠠᠭᠤᠯᠬᠤ ᠵᠢ ᠴᠢᠩᠭ᠋ᠠᠳᠬᠠᠵᠤ᠂ ᠮᠣᠩᠭᠣᠯ ᠤᠯᠤᠰ᠎ᠤᠨ ᠰᠢᠨ᠎ᠡ ᠡᠨᠧᠷᠭᠢ᠂ ᠡᠯᠡᠰᠦᠷᠬᠡᠭᠵᠢᠯ᠎ᠢ   ᠰᠡᠷᠭᠡᠢ᠌ᠯᠡᠨ ᠡᠯᠡᠰᠦ ᠵᠢ ᠵᠠᠰᠠᠬᠤ᠂ ᠳᠥᠭᠥᠮ ᠪᠦᠳᠦᠭᠦᠯᠢᠭ ᠣᠷᠣᠨ ᠰᠠᠭᠤᠴᠠᠳᠤ ᠲᠣᠭᠣᠷᠢᠭ᠎ᠢ ᠦᠭᠡᠷᠡᠴᠢᠯᠡᠨ ᠰᠢᠨᠡᠳᠭᠡᠬᠦ ᠪᠠ ᠰᠤᠷᠭ᠋ᠠᠨ ᠬᠥᠮᠦᠵᠢᠯ᠂ ᠡᠮᠴᠢᠯᠡᠭᠡ᠂ ᠰᠣᠶᠣᠯ ᠵᠡᠷᠭᠡ ᠬᠦᠷᠢᠶᠡᠨ᠎ᠤ ᠪᠥᠲᠥᠭᠡᠨ ᠪᠠᠢ᠌ᠭᠤᠯᠤᠯᠲᠠ᠎ᠳᠤ ᠢᠳᠡᠪᠬᠢᠲᠡᠶ ᠣᠷᠤᠯᠴᠠᠨ᠂ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠬᠤ ᠬᠡᠮᠵᠢᠶ᠎ᠡ ᠵᠢ 2200 ᠳ᠋ᠦᠩᠰᠢᠭᠤᠷ ᠲᠥᠭᠥᠷᠢᠭ᠎ᠠᠴᠠ ᠳᠠᠪᠠᠭᠤᠯᠬᠤ᠎ᠪᠠᠷ ᠴᠢᠷᠮᠠᠢ᠌ᠵᠤ᠂ ᠬᠢᠯᠢ ᠵᠢᠨ ᠪᠣᠭᠣᠮᠲᠠ ᠵᠢᠨ ᠲᠡᠭᠡᠭᠡᠪᠦᠷᠢ ᠵᠢᠨ ᠬᠡᠮᠵᠢᠶ᠎ᠡ ᠵᠢ 1.3 ᠳ᠋ᠦᠩᠰᠢᠭᠤᠷ ᠲᠣᠨ᠎ᠠᠴᠠ ᠳᠠᠪᠠᠭᠤᠯᠤᠨ᠎ᠠ᠃ ᠮᠠᠨᠵᠤᠤᠷ ᠲᠡᠮᠦᠷ ᠵᠠᠮ᠎ᠤᠨ ᠬᠢᠯᠢ ᠵᠢᠨ ᠪᠣᠭᠣᠮᠲᠠ ᠵᠢᠨ ᠨᠡᠮᠡᠨ ᠪᠠᠶ᠋ᠢᠭᠤᠯᠬᠤ ᠪᠠᠷᠢᠮᠵᠢᠶᠠᠲᠦ ᠵᠠᠶ᠋ᠢᠲᠠᠢ ᠲᠡᠮᠦᠷ ᠵᠠᠮ᠎ᠤᠨ ᠬᠤᠶᠠᠳᠤᠭ᠋ᠠᠷ ᠱᠤᠭᠤᠮ᠂ ᠡᠷᠢᠶᠡᠨ ᠬᠣᠲᠠ ᠵᠠᠰᠠᠮᠠᠯ ᠵᠠᠮ᠎ᠤᠨ ᠬᠢᠯᠢ ᠵᠢᠨ ᠪᠣᠭᠣᠮᠲᠠ ᠵᠢᠨ ᠬᠣᠶᠠᠳᠤᠭ᠋ᠠᠷ ᠨᠡᠪᠲᠡᠷᠡᠯ ᠵᠠᠮ᠂ ᠮᠠᠨᠳᠤᠯ ᠬᠢᠯᠢ ᠵᠢᠨ ᠪᠣᠭᠣᠮᠲᠠ ᠵᠢᠨ ᠨᠡᠪᠲᠡᠷᠡᠯ ᠵᠠᠮ᠎ᠢ ᠥᠷᠭᠡᠳᠬᠡᠨ ᠪᠠᠢ᠌ᠭᠤᠯᠬᠤ᠂ ᠭᠠᠬ᠍ᠴᠠᠮᠤᠲᠤ ᠬᠢᠯᠢ ᠰᠤᠨᠳᠠᠯᠠᠭᠰᠠᠨ ᠲᠡᠮᠦᠷ ᠵᠠᠮ᠎ᠤᠨ ᠶᠡᠬᠡ ᠬᠥᠭᠥᠷᠭᠡ ᠵᠡᠷᠭᠡ ᠭᠣᠤᠯᠳᠠᠯᠭ᠎ᠠ ᠪᠣᠯᠬᠤ ᠲᠥᠷᠥᠯ ᠵᠦᠢ᠍ᠯ᠎ᠢ ᠰᠠᠢ᠌ᠲᠤᠷ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ᠎ᠤ ᠭᠠᠳᠠᠭ᠋ᠠᠳᠤ ᠠᠷᠠᠯᠵᠢᠶᠠᠨ᠎ᠤ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠬᠤ ᠬᠠᠮᠵᠢᠯᠴᠠᠭ᠋ᠠᠨ᠎ᠤ ᠲᠣᠭᠲᠠᠴᠠ ᠵᠢ ᠪᠦᠷᠢᠨᠰᠢᠭᠦᠯᠵᠦ᠂ ᠭᠠᠷ ᠳᠠᠮᠵᠢᠭᠰᠠᠨ ᠮᠠᠰᠢᠨ ᠲᠡᠷᠭᠡ᠂ 《ᠰᠢᠨ᠎ᠡ ᠭᠤᠷᠪᠠᠨ ᠵᠦᠢ᠍ᠯ》᠂ ᠵᠠᠪᠰᠠᠷ᠎ᠤᠨ ᠪᠦᠲᠦᠭᠡᠭᠳᠡᠭᠦᠨ᠂ ᠲᠠᠷᠢᠶᠠᠯᠠᠩ᠎ᠤᠨ ᠢᠳᠡᠭᠡᠨ᠎ᠤ ᠪᠦᠲᠦᠭᠡᠭᠳᠡᠬᠦᠨ᠎ᠢ ᠭᠠᠳᠠᠭ᠋ᠠᠳᠤ᠎ᠳᠤ ᠭᠠᠷᠭ᠋ᠠᠬᠤ ᠬᠡᠪᠴᠢᠶ᠎ᠡ᠎ᠪᠠᠨ ᠥᠷᠭᠡᠳᠬᠡᠨ᠂ ᠦᠢ᠍ᠯᠡᠴᠢᠯᠡᠭᠡᠨ᠎ᠤ ᠠᠷᠠᠯᠵᠢᠶ᠎ᠠ ᠵᠢᠨ ᠤᠨᠴᠠᠯᠢᠬᠳᠤ ᠳᠠᠪᠠᠭᠤᠯᠢᠭ ᠠᠵᠤ ᠦᠢ᠍ᠯᠡᠰ᠎ᠢ ᠢᠳᠡᠪᠬᠢᠲᠡᠶ ᠪᠣᠢ᠌ᠵᠢᠭᠤᠯᠵᠤ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠋ᠠᠨ᠎ᠤ ᠭᠠᠳᠠᠭ᠋ᠠᠳᠤ ᠬᠥᠮᠥᠷᠭᠡ ᠵᠢ ᠪᠣᠢ ᠪᠣᠯᠭ᠋ᠠᠬᠤ ᠵᠢ ᠦᠷᠭᠦᠯᠵᠢᠯᠡᠨ ᠥᠷᠨᠢᠭᠦᠯᠵᠦ᠂ ᠪᠣᠬᠢᠷᠲᠤᠯ ᠥᠬᠡᠶ ᠠᠷᠠᠯᠵᠢᠶ᠎ᠠ᠂ ᠳ᠋ᠢᠬᠢᠲ ᠠᠷᠠᠯᠵᠢᠶ᠎ᠠ ᠵᠢ ᠬᠥᠭᠵᠢᠭᠦᠯᠦᠨ᠂ ᠬᠢᠯᠢ ᠵᠢᠨ ᠠᠷᠠᠳ᠎ᠤᠨ ᠬᠠᠷᠢᠯᠴᠠᠨ ᠮᠠᠢ᠌ᠮᠠᠢ᠌ᠯᠠᠬᠤ ᠠᠷᠠᠯᠵᠢᠶ᠎ᠠ ᠵᠢᠨ ᠬᠡᠪᠴᠢᠶᠡᠵᠢᠯ᠎ᠢ᠎ᠨᠢ ᠪᠣᠵᠠᠭ᠋ᠠᠶ᠋ᠢᠷᠠᠭᠤᠯᠬᠤ ᠵᠢ ᠠᠬᠢᠭᠤᠯᠵᠤ᠂ ᠮᠠᠨᠵᠦᠦᠷ᠂ ᠡᠷᠢᠶᠡᠨ ᠬᠣᠲᠠ ᠵᠢᠨ ᠬᠢᠯᠢ ᠵᠢᠨ ᠠᠷᠠᠳ᠎ᠤᠨ ᠬᠠᠷᠢᠯᠴᠠᠨ ᠮᠠᠢ᠌ᠮᠠᠢ᠌ᠯᠠᠬᠤ ᠠᠷᠠᠯᠵᠢᠶ᠎ᠠ ᠵᠢ ᠪᠣᠲᠠᠲᠠᠶ᠋ᠢᠵᠢᠭᠤᠯᠵᠤ ᠡᠳ᠋ᠰᠢᠭᠦᠯᠦᠨ ᠪᠣᠯᠪᠠᠰᠤᠷᠠᠭᠤᠯᠬᠤ ᠵᠢ ᠳᠡᠮᠵᠢᠵᠦ᠂ ᠰᠢᠨ᠎ᠡ ᠬᠡᠯᠪᠡᠷᠢ ᠵᠢᠨ ᠪᠠᠷᠠᠭ᠎ᠠ ᠰᠣᠯᠢᠯᠴᠠᠬᠤ ᠠᠷᠠᠯᠵᠢᠶ᠎ᠠ ᠵᠢ ᠰᠦᠪᠡᠭᠴᠢᠯᠡᠨ ᠥᠷᠨᠢᠭᠦᠯᠦᠨ᠎ᠡ᠃ 《ᠶᠡᠷᠦᠩᠬᠡᠢ᠌ᠯᠡᠭᠰᠡᠨ ᠭᠠᠢ᠌ᠯᠢ ᠪᠠᠲᠤᠯᠠᠬᠤ ᠣᠷᠣᠨ᠎ᠤ ᠲᠠᠰ᠎ᠢ᠎ᠨᠢ ᠳᠡᠭᠡᠭᠰᠢᠯᠡᠭᠦᠯᠵᠦ ᠪᠠᠶ᠋ᠢᠷᠢ ᠵᠢ᠎ᠨᠢ ᠳᠡᠪᠰᠢᠭᠦᠯᠬᠦ ᠶᠠᠰᠤ ᠴᠢᠨᠠᠷ᠎ᠢ᠎ᠨᠢ ᠳᠡᠭᠡᠭᠰᠢᠯᠡᠭᠦᠯᠦᠨ ᠦᠷ᠎ᠡ ᠠᠰᠢᠭ᠎ᠢ᠎ᠨᠢ ᠨᠡᠮᠡᠭᠳᠡᠭᠦᠯᠬᠦ ᠵᠢ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ》᠎ᠤᠨ ᠵᠣᠷᠢᠭ ᠰᠠᠨᠠᠭ᠎ᠠ ᠵᠢ ᠨᠠᠢ᠌ᠳᠠᠪᠤᠷᠢᠵᠢᠭᠤᠯᠵᠤ᠂ ᠶᠡᠷᠦᠩᠬᠡᠢ᠌ᠯᠡᠭᠰᠡᠨ ᠭᠠᠶ᠋ᠢᠯᠢ ᠪᠠᠲᠤᠯᠠᠬᠤ ᠣᠷᠣᠨ᠎ᠤ ᠠᠵᠢᠯᠯᠠᠭ᠋ᠠᠨ᠎ᠤ ᠶᠠᠰᠤ ᠴᠢᠨᠠᠷ ᠦᠷ᠎ᠡ ᠠᠰᠢᠭ᠎ᠢ ᠪᠥᠬᠥ ᠲᠠᠯ᠎ᠠ᠎ᠪᠠᠷ ᠳᠡᠭᠡᠭᠰᠢᠯᠡᠭᠦᠯᠦᠨ᠎ᠡ᠃ ᠳᠤᠮᠳᠠᠳᠤ ᠮᠣᠩᠭᠣᠯ᠎ᠤᠨ ᠡᠷᠢᠶᠡᠨ ᠬᠣᠲᠠ – ᠵᠠᠮ᠎ᠤᠨ ᠡᠭᠦᠳᠡ ᠵᠢᠨ ᠠᠵᠤ ᠠᠬᠤᠶ ᠵᠢᠨ ᠬᠠᠮᠲᠤᠷᠠᠯᠴᠠᠭ᠋ᠠᠨ᠎ᠤ ᠣᠷᠣᠨ᠎ᠤ ᠪᠥᠲᠥᠭᠡᠨ ᠪᠠᠢ᠌ᠭᠤᠯᠤᠯᠲᠠ ᠵᠢ ᠢᠳᠡᠪᠬᠢᠲᠡᠶ ᠠᠬᠢᠭᠤᠯᠤᠨ᠎ᠠ᠃ ᠮᠠᠨᠵᠦᠦᠷ᠂ ᠡᠷᠢᠶᠡᠨ ᠬᠣᠲᠠ ᠵᠢᠨ ᠤᠶᠤᠨᠲᠤ ᠬᠢᠯᠢ ᠵᠢᠨ ᠪᠣᠭᠣᠮᠲᠠ ᠵᠢᠨ ᠲᠤᠷᠰᠢᠯᠲᠠ ᠵᠢᠨ ᠴᠡᠭ᠎ᠤᠨ ᠪᠥᠲᠥᠭᠡᠨ ᠪᠠᠢ᠌ᠭᠤᠯᠤᠯᠲᠠ ᠵᠢ ᠪᠡᠶᠡᠯᠡᠭᠦᠯᠬᠦ ᠵᠢᠨ ᠬᠠᠮᠲᠤ ᠵᠢᠷᠤᠮᠯᠠᠨ ᠳᠠᠭᠤᠷᠢᠶᠠᠵᠤ ᠳᠡᠯᠭᠡᠷᠡᠭᠦᠯᠦᠨ᠎ᠡ᠃ ᠣᠷᠣᠨ᠎ᠤ ᠳᠣᠲᠣᠷᠠᠬᠢ ᠳᠤᠮᠳᠠᠳᠤ ᠧᠦ᠋ᠷᠣᠫᠠ ᠵᠢᠨ ᠡᠭᠡᠯᠵᠢ ᠵᠢᠨ ᠴᠤᠪᠤᠭ᠎ᠠ ᠲᠡᠷᠭᠡᠨ᠎ᠤ ᠬᠡᠮᠵᠢᠶ᠎ᠡ ᠵᠢ᠎ᠨᠢ ᠨᠡᠮᠡᠭᠳᠡᠭᠦᠯᠦᠨ ᠪᠠᠭᠲᠠᠭ᠋ᠠᠮᠵᠢ ᠵᠢ᠎ᠨᠢ ᠥᠷᠭᠡᠳᠬᠡᠬᠦ ᠵᠢ ᠠᠬᠢᠭᠤᠯᠵᠤ᠂ 《ᠳᠤᠮᠳᠠᠳᠤ ᠧᠦ᠋ᠷᠣᠫᠠ ᠵᠢᠨ ᠡᠭᠡᠯᠵᠢ ᠵᠢᠨ ᠴᠤᠪᠤᠭ᠎ᠠ ᠲᠡᠷᠭᠡ + ᠵᠠᠮ ᠳᠠᠭ᠋ᠠᠤ ᠵᠢᠨ ᠬᠣᠲᠠ + ᠬᠢᠯᠢ ᠳᠠᠭ᠋ᠠᠤ ᠵᠢᠨ ᠪᠣᠭᠣᠮᠲᠠ》 ᠵᠢᠨ ᠬᠡᠪ ᠵᠠᠭᠪᠤᠷ᠎ᠢ ᠶᠡᠬᠡ᠎ᠪᠠᠷ ᠬᠥᠭᠵᠢᠭᠦᠯᠦᠨ᠂ ᠳᠤᠮᠳᠠᠳᠤ ᠧᠦ᠋ᠷᠣᠫᠠ ᠵᠢᠨ ᠡᠭᠡᠯᠵᠢ ᠵᠢᠨ ᠢᠷᠡᠵᠦ ᠶᠠᠪᠤᠭᠰᠠᠨ ᠴᠤᠪᠤᠭ᠎ᠠ ᠲᠡᠷᠭᠡᠨ᠎ᠤ ᠲᠣᠭ᠎ᠠ ᠵᠢ 500᠎ᠠᠴᠠ ᠳᠠᠪᠠᠭᠤᠯᠤᠨ᠎ᠠ᠃ ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠡᠯᠡ ᠣᠷᠣᠭᠤᠯᠤᠯᠲᠠ ᠵᠢ ᠠᠬᠢᠭᠤᠯᠬᠤ ᠪᠠᠢ᠌ᠭᠤᠯᠤᠯ ᠲᠣᠭᠲᠠᠴᠠ ᠵᠢᠨ ᠦᠭᠡᠷᠡᠴᠢᠯᠡᠯᠲᠡ ᠵᠢ ᠭᠦᠨᠵᠡᠭᠡᠶ᠋ᠢᠷᠡᠭᠦᠯᠦᠨ᠎ᠡ᠃ ᠬᠢᠯᠢ ᠵᠢᠨ ᠭᠠᠳᠠᠨᠠᠬᠢ ᠪᠡᠯᠡ ᠣᠷᠣᠭᠤᠯᠤᠯᠲᠠ ᠵᠢᠨ ᠲᠦᠭᠰᠢᠭᠦᠷᠢ ᠵᠢ ᠰᠡᠷᠭᠡᠢ᠌ᠯᠡᠨ ᠡᠵᠡᠮᠳᠡᠬᠦ ᠪᠠ ᠭᠠᠳᠠᠭ᠋ᠠᠳᠤ᠎ᠳᠠᠬᠢ ᠠᠰᠢᠭ ᠲᠤᠰᠠ ᠵᠢᠨ ᠬᠠᠮᠠᠭ᠋ᠠᠯᠠᠯᠲᠠ ᠵᠢ᠎ᠪᠠᠨ ᠴᠢᠩᠭ᠋ᠠᠳᠬᠠᠨ᠎ᠠ᠃

       ᠬᠣᠶᠠᠷ᠂ ᠤᠮᠠᠷᠠᠲᠤ ᠬᠢᠯᠢ ᠵᠢᠨ ᠰᠣᠶᠣᠯ᠎ᠤᠨ ᠪᠠᠢ᠌ᠭᠤᠯᠤᠯᠲᠠ ᠵᠢ ᠳᠡᠭᠡᠭᠰᠢᠯᠡᠭᠦᠯᠬᠦ ᠠᠵᠢᠯᠯᠠᠭ᠋ᠠᠨ᠎ᠢ ᠬᠡᠷᠡᠭᠵᠢᠭᠦᠯᠵᠦ᠂ 《ᠵᠢᠰᠢᠶᠡᠴᠢ ᠥᠪᠡᠷᠲᠡᠭᠡᠨ ᠵᠠᠰᠠᠬᠤ ᠣᠷᠣᠨ》᠎ᠢ ᠪᠥᠬᠥ ᠲᠠᠯ᠎ᠠ᠎ᠪᠠᠷ ᠪᠥᠲᠥᠭᠡᠨ ᠪᠠᠢ᠌ᠭᠤᠯᠤᠨ᠎ᠠ

       ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠠᠵᠢᠯ᠎ᠤᠨ ᠭᠣᠣᠯ ᠰᠢᠵᠢᠮ᠎ᠲᠠᠢ ᠨᠢᠭᠲᠠ ᠤᠶᠠᠯᠳᠤᠭᠤᠯᠤᠨ᠂ ᠤᠮᠠᠷᠠᠲᠤ ᠬᠢᠯᠢ ᠵᠢᠨ ᠰᠣᠶᠣᠯ᠎ᠤᠨ ᠪᠠᠢ᠌ᠭᠤᠯᠤᠯᠲᠠ ᠵᠢ ᠳᠡᠭᠡᠭᠰᠢᠯᠡᠭᠦᠯᠬᠦ ᠪᠠ ᠬᠢᠯᠢ ᠬᠢᠵᠠᠭ᠋ᠠᠷ ᠵᠶ᠋ᠠᠨ ᠪᠡᠬᠢᠵᠢᠭᠦᠯᠦᠨ ᠬᠥᠭᠵᠢᠭᠦᠯᠵᠦ ᠬᠢᠯᠢ ᠵᠢᠨ ᠠᠷᠠᠳ᠎ᠢ ᠪᠠᠶᠠᠵᠢᠭᠤᠯᠬᠤ ᠡᠯ᠎ᠡ ᠵᠦᠢ᠍ᠯ᠎ᠤᠨ ᠠᠵᠢᠯ᠎ᠢ ᠨᠢᠭᠡᠳᠦᠯᠲᠡᠢ ᠲᠦᠯᠦᠪᠯᠡᠨ ᠰᠠᠢ᠌ᠲᠤᠷ ᠬᠢᠵᠦ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠬᠦᠴᠦᠯᠡᠨ ᠠᠬᠢᠭᠤᠯᠤᠨ᠎ᠠ᠃

      (ᠨᠢᠭᠡ) ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠨ᠎ᠠ᠃ ᠥᠪᠡᠷᠲᠡᠭᠡᠨ ᠵᠠᠰᠠᠬᠤ ᠣᠷᠣᠨ᠎ᠤ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠭᠣᠤᠯ ᠰᠢᠵᠢᠮ᠎ᠢ ᠪᠥᠬᠥ ᠲᠠᠯ᠎ᠠ᠎ᠪᠠᠷ ᠲᠤᠭᠤᠰᠢᠯᠠᠭᠤᠯᠬᠤ ᠲᠤᠬᠠᠶ ᠠᠷᠭ᠎ᠠ ᠬᠡᠮᠵᠢᠶ᠎ᠡ᠎ᠨᠦᠭᠦᠳ》᠎ᠢ ᠭᠦᠨᠵᠡᠭᠡᠶ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠠᠵᠢᠯ᠎ᠤᠨ ᠭᠣᠤᠯ ᠰᠢᠵᠢᠮ᠎ᠤᠨ ᠴᠢᠬᠤᠯᠠ ᠶᠡᠬᠡ ᠣᠨᠣᠯ ᠪᠠ ᠦᠢ᠍ᠯᠡᠳᠦᠯᠭᠡ ᠵᠢᠨ ᠠᠰᠠᠭᠤᠳᠠᠯ᠎ᠤᠨ ᠰᠤᠳᠤᠯᠤᠯ᠎ᠢ ᠴᠢᠩᠭ᠋ᠠᠳᠬᠠᠨ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠭᠰᠠᠨ ᠵᠢᠱ᠌ᠢᠶ᠎ᠡ ᠦᠵᠡᠭᠦᠯᠬᠦ ᠣᠷᠣᠨ᠎ᠢ ᠴᠢᠷᠮᠠᠢ᠌ᠨ ᠪᠥᠲᠥᠭᠡᠨ ᠪᠠᠢ᠌ᠭᠤᠯᠤᠨ᠎ᠠ᠃ 《ᠨᠠᠮ᠎ᠤᠨ ᠠᠴᠢ᠎ᠳᠤ ᠲᠠᠯᠠᠷᠬᠠᠨ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ᠎ᠲᠠᠭᠠᠨ ᠤᠷᠤᠭᠰᠢᠯᠠᠬᠤ》 ᠤᠯᠠᠨ ᠲᠦᠮᠡᠨᠴᠢ ᠬᠥᠮᠦᠵᠢᠯ᠎ᠤᠨ ᠦᠢ᠍ᠯᠡᠳᠦᠯᠭᠡ ᠵᠢ ᠪᠠᠶ᠋ᠢᠩᠭᠤᠰᠢᠭᠤᠯᠤᠨ ᠦᠷᠨᠢᠭᠦᠯᠦᠨ᠎ᠡ᠃ ᠦᠪᠡᠷᠲᠡᠭᠡᠨ ᠵᠠᠰᠠᠬᠤ ᠣᠷᠣᠨ᠎ᠤ ᠳᠣᠲᠣᠷᠠᠬᠢ ᠶᠡᠬᠡ ᠳᠡᠭᠡᠳᠦ ᠰᠤᠷᠭ᠋ᠠᠭᠤᠯᠢ ᠵᠢᠨ ᠪᠠᠭᠰᠢ ᠰᠤᠷᠤᠭᠴᠢᠳ᠎ᠤᠨ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠲᠣᠢ᠌ᠮᠤᠴᠢᠯᠠᠯ》᠎ᠤᠨ ᠵᠢᠭ᠋ᠠᠬᠤ ᠮᠠᠲ᠋ᠧᠷᠢᠶᠠᠯ᠎ᠢ ᠰᠠᠢ᠌ᠲᠤᠷ ᠬᠡᠷᠡᠭᠯᠡᠵᠦ ᠰᠠᠶ᠋ᠢᠲᠤᠷ ᠰᠤᠷᠤᠯᠴᠠᠬᠤ ᠵᠢ ᠦᠷᠭᠦᠯᠵᠢᠯᠡᠨ ᠠᠬᠢᠭᠤᠯᠤᠨ᠎ᠠ᠃ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ 《ᠭᠤᠷᠪᠠᠨ ᠵᠦᠢ᠍ᠯ᠎ᠤᠨ ᠲᠥᠯᠥᠪᠯᠡᠭᠡ》 ᠵᠢ ᠬᠡᠷᠡᠭᠵᠢᠭᠦᠯᠵᠦ᠂ 《ᠡᠶ᠎ᠡ ᠨᠠᠶ᠋ᠢᠷᠠᠮᠳᠠᠭᠤ ᠤᠮᠠᠷᠠᠲᠤ ᠬᠢᠯᠢ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ》 ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠦᠨᠳᠦᠰᠦᠨ ᠱᠠᠲᠤᠨ᠎ᠤ ᠠᠶᠠᠯᠠᠯ᠎ᠤᠨ ᠠᠵᠢᠯᠯᠠᠭ᠎ᠠ ᠵᠢ ᠦᠷᠨᠢᠭᠦᠯᠦᠨ᠎ᠡ᠃

      (ᠬᠣᠶᠠᠷ) ᠤᠮᠠᠷᠠᠲᠤ ᠬᠢᠯᠢ ᠵᠢᠨ ᠰᠣᠶᠣᠯ᠎ᠤᠨ ᠪᠠᠢ᠌ᠭᠤᠯᠤᠯᠲᠠ ᠵᠢ ᠳᠡᠭᠡᠭᠰᠢᠯᠡᠭᠦᠯᠬᠦ ᠠᠵᠢᠯᠯᠠᠭ᠋ᠠᠨ᠎ᠢ ᠬᠡᠷᠡᠭᠵᠢᠭᠦᠯᠦᠨ᠎ᠡ᠃ ᠣᠨᠣᠯ᠎ᠤᠨ ᠰᠤᠳᠤᠯᠭ᠋ᠠᠨ᠎ᠢ ᠭᠦᠨᠵᠡᠭᠡᠶ ᠪᠥᠭᠡᠳ ᠪᠣᠳᠠᠲᠠᠶ᠎ᠪᠠᠷ ᠬᠢᠵᠦ᠂ ᠥᠨᠳᠥᠷ ᠬᠢᠷᠢ ᠲᠦᠪᠰᠢᠨ ᠪᠥᠬᠥᠶ ᠪᠦᠯᠬᠦᠮ ᠨᠡᠢ᠌ᠲᠡ ᠵᠢ ᠵᠣᠬᠢᠶᠠᠨ ᠪᠠᠢ᠌ᠭᠤᠯᠤᠨ ᠤᠮᠠᠷᠠᠲᠤ ᠬᠢᠯᠢ ᠵᠢᠨ ᠰᠣᠶᠣᠯ᠎ᠤᠨ ᠲᠡᠤᠬᠡ ᠵᠢᠨ ᠡᠬᠢ ᠰᠤᠷᠪᠤᠯᠵᠢ᠂ ᠬᠥᠭᠵᠢᠯᠲᠡ ᠵᠢᠨ ᠤᠯᠠᠷᠢᠯ ᠬᠣᠪᠢᠷᠠᠯ᠎ᠢ ᠭᠦᠨᠵᠡᠭᠡᠶ ᠰᠤᠳᠤᠯᠤᠨ ᠲᠠᠢ᠌ᠯᠪᠤᠷᠢᠯᠠᠵᠤ᠂ ᠣᠷᠣᠨ ᠳᠠᠶᠠᠭ᠋ᠠᠷ᠎ᠤᠨ ᠮᠣᠩᠭᠣᠯ ᠮᠣᠷᠢᠨ᠎ᠤ ᠵᠣᠷᠢᠭ ᠰᠠᠨᠠᠭ᠎ᠠ᠎ᠪᠠᠷ 《ᠬᠣᠶᠠᠷ ᠶᠡᠬᠡ ᠶᠠᠪᠤᠳᠠᠯ》᠎ᠢ ᠰᠠᠢ᠌ᠲᠤᠷ ᠬᠢᠬᠦ᠎ᠳᠤ ᠠᠭᠤᠯᠤᠭᠳᠠᠵᠤ ᠪᠠᠢ᠌ᠭ᠎ᠠ ᠵᠣᠷᠢᠭ ᠰᠠᠨᠠᠭ᠎ᠠ ᠪᠠ ᠰᠣᠶᠣᠯ᠎ᠤᠨ ᠦᠨ᠎ᠡ ᠥᠷᠲᠡᠭ᠎ᠢ ᠭᠦᠨᠵᠡᠭᠡᠶ ᠢᠯᠡᠷᠡᠭᠦᠯᠦᠨ᠎ᠡ᠃ ᠤᠮᠠᠷᠠᠲᠤ ᠬᠢᠯᠢ ᠵᠢᠨ ᠰᠣᠶᠣᠯ᠎ᠤᠨ ᠦᠵᠡᠭᠦᠯᠭᠡ ᠵᠢ ᠢᠳᠡᠪᠬᠢᠲᠡᠶ ᠥᠷᠨᠢᠭᠦᠯᠵᠦ᠂ ᠬᠣᠲᠠ ᠵᠢᠨ ᠰᠣᠶᠣᠯ᠎ᠤᠨ ᠪᠠᠢ᠌ᠭᠤᠯᠤᠯᠲᠠ ᠵᠢ ᠴᠢᠩᠭ᠋ᠠᠳᠬᠠᠨ᠂ ᠤᠳᠬ᠎ᠠ ᠤᠷᠠᠯᠢᠭ ᠰᠣᠶᠣᠯ᠎ᠤᠨ ᠲᠣᠭᠯᠠᠯᠲᠠ ᠰᠣᠯᠢᠯᠴᠠᠭ᠋ᠠᠨ᠎ᠤ ᠠᠵᠢᠯᠯᠠᠭ᠎ᠠ ᠵᠢ ᠪᠠᠶ᠋ᠢᠩᠭᠤᠰᠢᠭᠤᠯᠤᠨ ᠥᠷᠨᠢᠭᠦᠯᠵᠦ᠂ ᠤᠯᠠᠭ᠋ᠠᠨᠮᠥ᠋ᠴᠢᠷ ᠵᠡᠷᠭᠡ ᠤᠷᠠᠯᠢᠭ᠎ᠤᠨ ᠪᠦᠯᠬᠦᠮ᠎ᠤᠨ ᠭᠠᠳᠠᠭᠰᠢ ᠭᠠᠷᠴᠤ ᠲᠣᠭᠯᠠᠯᠲᠠ ᠭᠠᠷᠭ᠋ᠠᠬᠤ ᠵᠢ ᠳᠡᠮᠵᠢᠵᠦ᠂ ᠰᠣᠶᠣᠯ ᠵᠢᠭᠤᠯᠴᠢᠯᠠᠯ᠎ᠤᠨ ᠭᠦᠨᠵᠡᠭᠡᠶ ᠠᠭᠤᠰᠤᠯᠴᠠᠨ ᠬᠥᠭᠵᠢᠬᠦ ᠵᠢ ᠠᠬᠢᠭᠤᠯᠤᠨ᠂ ᠲᠣᠮᠣ ᠬᠡᠪᠴᠢᠶᠡᠨ᠎ᠤ ᠲᠣᠭᠯᠠᠯᠲᠠ ᠪᠠ ᠣᠯᠠᠨ ᠲᠦᠮᠡᠨ᠎ᠤ ᠠᠵᠢᠯᠯᠠᠭ᠎ᠠ᠎ᠳᠤ ᠤᠮᠠᠷᠠᠲᠤ ᠬᠢᠯᠢ ᠵᠢᠨ ᠰᠣᠶᠣᠯ᠎ᠤᠨ ᠭᠣᠤᠯ ᠰᠡᠳᠦᠪ᠎ᠢ ᠢᠯᠡᠷᠡᠭᠦᠯᠵᠦ᠂ ᠨᠠᠶ᠋ᠢᠷ ᠨᠠᠭ᠋ᠠᠳᠤᠮ᠂ ᠰᠣᠶᠣᠯ ᠦᠵᠡᠰᠬᠦᠯᠡᠩ᠎ᠤᠨ ᠴᠤᠭᠯᠠᠭ᠋ᠠᠨ ᠵᠡᠷᠭᠡ ᠰᠣᠶᠣᠯ᠎ᠤᠨ ᠠᠵᠢᠯᠯᠠᠭ᠎ᠠ ᠵᠢ ᠰᠠᠢ᠌ᠲᠤᠷ ᠡᠷᠭᠢᠯᠡᠨ᠎ᠡ᠃ ᠳᠥᠷᠪᠡᠳᠦᠭᠡᠷ ᠤᠳᠠᠭ᠋ᠠᠨ᠎ᠤ ᠪᠥᠬᠥ ᠤᠯᠤᠰ᠎ᠤᠨ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠨᠡᠢ᠌ᠳᠡᠮ ᠪᠠᠢ᠌ᠴᠠᠭ᠋ᠠᠯᠲᠠ ᠵᠢᠨ ᠠᠵᠢᠯ᠎ᠢ ᠯᠠᠪᠳᠠᠭᠤᠨ ᠪᠠᠲᠤᠲᠠᠶ ᠰᠠᠢ᠌ᠲᠤᠷ ᠬᠢᠵᠦ᠂ ᠬᠤᠩᠱ᠌ᠠᠨ ᠰᠣᠶᠣᠯ᠎ᠢ ᠥᠪ ᠵᠶ᠋ᠠᠷ ᠬᠣᠯᠪᠣᠭ᠋ᠠᠯᠠᠵᠤ ᠪᠠᠶ᠋ᠢᠭ᠋ᠠᠳ ᠭᠤᠶᠤᠴᠢᠯᠠᠬᠤ ᠵᠢ ᠠᠬᠢᠭᠤᠯᠤᠨ᠎ᠠ᠃ ᠤᠯᠤᠰ᠎ᠤᠨ ᠥᠮᠴᠢᠯᠡᠯᠲᠦ ᠤᠳᠬ᠎ᠠ ᠤᠷᠠᠯᠢᠭ᠎ᠤᠨ ᠬᠦᠷᠢᠶᠡᠯᠡᠩ ᠪᠦᠯᠬᠦᠮ ᠪᠠ ᠰᠣᠶᠣᠯ᠎ᠤᠨ ᠠᠵᠢᠯ ᠦᠢ᠍ᠯᠡᠰ᠎ᠤᠨ ᠨᠢᠭᠡᠴᠢ ᠵᠢᠨ ᠪᠠᠢ᠌ᠭᠤᠯᠤᠯ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ᠂ ᠥᠪᠥᠷ ᠮᠣᠩᠭᠣᠯ᠎ᠤᠨ ᠤᠳᠬ᠎ᠠ ᠤᠷᠠᠯᠢᠭ᠎ᠤᠨ᠎ᠬᠢᠨ᠎ᠤ ᠦᠵᠡᠯ ᠰᠠᠨᠠᠭ᠋ᠠᠨ᠎ᠤ ᠬᠦᠲᠦᠯᠦᠮᠵᠢ 《ᠦᠨᠳᠦᠰᠦ ᠰᠠᠭᠤᠷᠢ ᠵᠢ ᠪᠡᠬᠢᠵᠢᠭᠦᠯᠵᠦ ᠰᠦᠭ ᠰᠦᠨᠡᠰᠦ ᠵᠢ ᠱᠤᠭᠤᠬᠤ》 ᠢᠨᠵᠧᠨᠧᠷᠢᠩ᠎ᠢ ᠭᠦᠨᠵᠡᠭᠡᠢ᠌ᠷᠡᠭᠦᠯᠦᠨ᠂ ᠰᠣᠶᠣᠯ᠎ᠤᠨ ᠪᠠᠢ᠌ᠭᠤᠯᠤᠯᠲᠠ ᠵᠢᠨ ᠦᠭᠰᠦᠨ ᠤᠷᠤᠭᠰᠢᠯᠠᠬᠤ ᠵᠢ ᠠᠬᠢᠭᠤᠯᠤᠨ᠎ᠠ᠃

      (ᠭᠤᠷᠪᠠ) ᠬᠢᠯᠢ ᠬᠢᠵᠠᠭ᠋ᠠᠷ᠎ᠤᠨ ᠵᠠᠰᠠᠯᠲᠠ ᠵᠢᠨ ᠠᠵᠢᠯ᠎ᠢ ᠰᠠᠢ᠌ᠲᠤᠷ ᠬᠢᠨ᠎ᠠ᠃ ᠰᠢᠨ᠎ᠡ ᠴᠠᠭ ᠦᠶ᠎ᠡ ᠵᠢᠨ ᠬᠢᠯᠢ ᠬᠢᠵᠠᠭ᠋ᠠᠷ ᠣᠷᠣᠨ᠎ᠢ ᠬᠥᠭᠵᠢᠭᠦᠯᠵᠦ ᠬᠢᠯᠢ ᠵᠢᠨ ᠠᠷᠠᠳ᠎ᠢ ᠪᠠᠶᠠᠵᠢᠭᠤᠯᠬᠤ ᠠᠵᠢᠯᠯᠠᠭ᠋ᠠᠨ᠎ᠢ ᠠᠬᠢᠭᠤᠯᠵᠤ᠂ ᠬᠢᠯᠢ ᠬᠢᠵᠠᠭ᠋ᠠᠷ᠎ᠤᠨ ᠲᠥᠪ ᠪᠣᠯᠬᠤ ᠬᠣᠲᠠ ᠪᠠᠯᠭ᠋ᠠᠰᠤᠨ᠎ᠤ ᠪᠥᠲᠥᠭᠡᠨ ᠪᠠᠢ᠌ᠭᠤᠯᠤᠯᠲᠠ ᠵᠢᠨ ᠲᠤᠷᠰᠢᠯᠲᠠ ᠵᠢᠨ ᠴᠡᠭ᠎ᠢ ᠦᠷᠨᠢᠭᠦᠯᠦᠨ᠂ ᠬᠢᠯᠢ ᠬᠢᠵᠠᠭ᠋ᠠᠷ ᠣᠷᠣᠨ᠎ᠤ ᠨᠥᠬᠥᠴᠡᠯ᠎ᠲᠠᠢ ᠪᠠᠶ᠋ᠢᠭ᠎ᠠ ᠭᠠᠵᠠᠷ ᠣᠷᠣᠨ᠎ᠳᠤ 《ᠤᠰᠤ ᠴᠠᠬᠢᠯᠭ᠋ᠠᠨ ᠵᠠᠮ ᠴᠢᠮᠡᠭᠡ》 ᠵᠢ ᠦᠨᠳᠦᠰᠦᠨ᠎ᠳᠤ᠎ᠪᠠᠨ ᠨᠡᠪᠲᠡᠷᠡᠭᠦᠯᠬᠦ ᠵᠢ ᠪᠡᠶᠡᠯᠡᠭᠦᠯᠦᠨ᠎ᠡ᠃ ᠬᠢᠯᠢ ᠬᠢᠵᠠᠭ᠋ᠠᠷ᠎ᠲᠠᠬᠢ ᠳᠤᠮᠳᠠᠳᠤ ᠵᠢᠨ ᠦᠨᠳᠦᠰᠦᠲᠡᠨ᠎ᠤ ᠲᠡᠦᠬᠡ ᠵᠢᠨ ᠦᠵᠡᠯᠲᠡ ᠵᠢᠨ ᠤᠬᠠᠭᠤᠯᠭ᠎ᠠ ᠬᠥᠮᠦᠵᠢᠯ᠎ᠤᠨ ᠤᠷᠳᠤ ᠬᠤᠩᠭᠢᠯ᠎ᠤᠨ ᠪᠦᠳᠦᠭᠡᠨ ᠪᠠᠢ᠌ᠭᠤᠯᠤᠯᠲᠠ ᠵᠢ ᠠᠬᠢᠭᠤᠯᠵᠤ᠂ ᠴᠢᠳᠠᠪᠤᠷᠢᠲᠠᠨ ᠵᠶ᠋ᠠᠷ ᠬᠢᠯᠢ ᠬᠢᠵᠠᠭ᠋ᠠᠷ ᠣᠷᠣᠨ ᠵᠶ᠋ᠠᠨ ᠬᠥᠭᠵᠢᠭᠦᠯᠬᠦ ᠲᠦᠷᠦ ᠵᠢᠨ ᠪᠤᠳᠤᠯᠭ᠎ᠠ ᠵᠢ ᠲᠣᠭᠲᠠᠭ᠋ᠠᠵᠤ᠂ 《ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯ᠎ᠢ ᠬᠢᠯᠢ ᠬᠢᠵᠠᠭ᠋ᠠᠷ ᠣᠷᠣᠨ᠎ᠳᠤ ᠣᠷᠤᠭᠤᠯᠬᠤ》 ᠠᠵᠢᠯᠯᠠᠭ᠋ᠠᠨ ᠪᠠ 《ᠬᠢᠯᠢ ᠬᠢᠵᠠᠭ᠋ᠠᠷ᠎ᠤᠨ ᠣᠨᠴᠠ ᠭᠠᠷᠤᠯᠲᠠ ᠵᠢ ᠪᠦᠬᠦ ᠤᠯᠤᠰ᠎ᠲᠤ ᠪᠤᠷᠤᠯᠠᠭᠤᠯᠬᠤ》 ᠠᠵᠢᠯᠯᠠᠭ᠎ᠠ ᠵᠢ ᠥᠷᠨᠢᠭᠦᠯᠦᠨ᠎ᠡ᠃

       ᠭᠤᠷᠪᠠ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠡᠭᠦᠳᠦᠯᠲᠡ᠎ᠪᠠᠷ ᠬᠥᠲᠥᠯᠥᠨ ᠳᠠᠭ᠋ᠠᠭᠤᠯᠬᠤ ᠵᠢ ᠪᠠᠷᠢᠮᠲᠠᠯᠠᠨ᠂ ᠠᠵᠤ ᠦᠢ᠍ᠯᠡᠰ᠎ᠤᠨ ᠶᠠᠰᠤ ᠴᠢᠨᠠᠷ ᠵᠶ᠋ᠠᠨ ᠳᠡᠭᠡᠭᠰᠢᠯᠡᠭᠦᠯᠦᠨ ᠲᠡᠰ ᠳᠡᠪᠰᠢᠭᠦᠯᠬᠦ ᠵᠢ᠎ᠨᠢ ᠤᠯᠠᠮ ᠨᠢᠭᠡ ᠠᠯᠬᠤᠮ ᠠᠬᠢᠭᠤᠯᠤᠨ᠎ᠠ

       ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠡᠭᠦᠳᠦᠯᠲᠡ ᠪᠠ ᠠᠵᠤ ᠦᠢ᠍ᠯᠡᠰ᠎ᠤᠨ ᠰᠢᠨ᠎ᠡ ᠡᠭᠦᠳᠦᠯᠲᠡ ᠵᠢᠨ ᠠᠭᠤᠰᠤᠯᠴᠠᠨ ᠬᠥᠭᠵᠢᠬᠦ ᠵᠢ ᠠᠬᠢᠭᠤᠯᠵᠤ᠂ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠪᠣᠢ᠌ᠵᠢᠭᠤᠯᠤᠨ ᠬᠥᠭᠵᠢᠭᠦᠯᠵᠦ᠂ ᠭᠣᠣᠯᠳᠠᠯᠭ᠎ᠠ ᠪᠣᠯᠬᠤ ᠠᠵᠤ ᠦᠢ᠍ᠯᠡᠰ᠎ᠤᠨ ᠪᠠᠶ᠋ᠢᠷᠢᠰᠢᠭᠤᠯᠤᠯᠲᠠ ᠵᠢ ᠤᠯᠠᠮ ᠨᠢᠭᠡ ᠠᠯᠬᠤᠮ ᠰᠢᠯᠢᠳᠡᠭᠵᠢᠭᠦᠯᠦᠨ᠎ᠡ᠃

      (ᠨᠢᠭᠡ) ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠵᠢ ᠶᠡᠬᠡ᠎ᠪᠠᠷ ᠠᠬᠢᠭᠤᠯᠤᠨ᠎ᠠ᠃ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ 《ᠪᠦᠰᠡᠯᠡᠯᠲᠡ ᠰᠢᠪᠲᠤᠯᠬᠤ》 ᠢᠨᠵᠧᠨᠧᠷᠢᠩ᠎ᠢ ᠭᠦᠨᠵᠡᠭᠡᠶ ᠬᠡᠷᠡᠭᠵᠢᠭᠦᠯᠵᠦ᠂ ᠵᠣᠬᠢᠶᠠᠮᠠᠯ ᠤᠶᠤᠨ +᠂ ᠳᠣᠤᠷ᠎ᠠ ᠠᠭ᠋ᠠᠷ᠎ᠤᠨ ᠠᠵᠤ ᠠᠬᠤᠶ᠂ ᠠᠮᠢᠳᠤ ᠪᠣᠳᠠᠰ᠎ᠤᠨ ᠮᠡᠷᠭᠡᠵᠢᠯ ᠵᠡᠷᠭᠡ ᠰᠢᠨ᠎ᠡ 《ᠪᠦᠰᠡᠯᠡᠯᠲᠡ ᠰᠢᠪᠲᠤᠯᠬᠤ》 ᠴᠡᠭ ᠪᠠᠢ᠌ᠷᠢ ᠵᠢᠨ ᠮᠡᠷᠭᠡᠵᠢᠯ᠎ᠤᠨ ᠴᠢᠭᠯᠡᠯ᠎ᠢ ᠰᠠᠢ᠌ᠲᠤᠷ ᠤᠬᠠᠭ᠋ᠠᠯᠠᠨ ᠲᠦᠯᠦᠪᠯᠡᠵᠦ᠂ ᠤᠯᠤᠰ᠎ᠤᠨ ᠳᠣᠲᠣᠭ᠋ᠠᠳᠤ ᠵᠢᠨ ᠲᠡᠷᠢᠭᠦᠨ᠎ᠤ ᠮᠡᠷᠭᠡᠵᠢᠯ᠎ᠢ 5 ᠵᠦᠢ᠍ᠯ᠎ᠠᠴᠠ ᠳᠡᠭᠡᠭᠰᠢ ᠰᠤᠳᠤᠯᠤᠨ ᠨᠡᠭᠡᠭᠡᠵᠦ᠂ ᠰᠢᠨ᠎ᠡ ᠮᠡᠷᠭᠡᠵᠢᠯ ᠰᠢᠨ᠎ᠡ ᠦᠢ᠍ᠯᠡᠳᠬᠦᠨ ᠰᠢᠨ᠎ᠡ ᠠᠬᠤᠶ ᠪᠠᠢ᠌ᠳᠠᠯ᠎ᠢ ᠶᠡᠬᠡ ᠬᠡᠪᠴᠢᠶ᠎ᠡ᠎ᠪᠠᠷ ᠬᠡᠷᠡᠭᠯᠡᠬᠦ ᠵᠢᠱ᠌ᠢᠶ᠎ᠡ ᠦᠵᠡᠭᠦᠯᠬᠦ ᠠᠵᠢᠯᠯᠠᠭ᠋ᠠᠨ᠎ᠢ ᠥᠷᠨᠢᠭᠦᠯᠦᠨ᠎ᠡ᠃ 《ᠮᠧᠩ ᠺᠧ ᠵᠢᠦᠢ》 ᠵᠢᠨ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠬᠤ ᠲᠠᠪᠴᠠᠩ᠎ᠤᠨ ᠴᠢᠳᠠᠮᠵᠢ ᠵᠢ᠎ᠨᠢ ᠳᠡᠭᠡᠭᠰᠢᠯᠡᠭᠦᠯᠵᠦ᠂ ᠰᠢᠨ᠎ᠡ ᠵᠢ ᠡᠭᠦᠳᠬᠦ ᠬᠡᠷᠡᠭᠴᠡᠭᠡ ᠱᠠᠭ᠋ᠠᠷᠳᠠᠯᠭ᠎ᠠ᠂ ᠬᠦᠴᠦᠨ ᠵᠦᠢ᠍ᠯ᠂ ᠤᠯᠠᠷᠢᠭᠤᠯᠤᠯᠲᠠ ᠵᠢ ᠬᠠᠷᠢᠯᠴᠠᠨ ᠨᠡᠪᠲᠡᠷᠡᠭᠦᠯᠬᠦ ᠲᠣᠭᠲᠠᠴᠠ ᠵᠢ ᠪᠦᠷᠢᠨᠰᠢᠬᠦᠯᠦᠨ᠂ ᠮᠡᠷᠭᠡᠵᠢᠯ᠎ᠤᠨ ᠭᠡᠷ᠎ᠡ ᠵᠢᠨ ᠠᠷᠠᠯᠵᠢᠶᠠᠯᠠᠬᠤ ᠲᠣᠭ᠎ᠠ ᠵᠢ 100 ᠳ᠋ᠦᠩᠰᠢᠭᠤᠷ ᠲᠥᠭᠥᠷᠢᠭ᠎ᠲᠤ ᠬᠦᠷᠦᠭᠦᠯᠬᠦ᠎ᠪᠠᠷ ᠴᠢᠷᠮᠠᠢ᠌ᠨ᠎ᠠ᠃ ᠰᠢᠨ᠎ᠡ ᠵᠢ ᠡᠭᠦᠳᠬᠦ ᠬᠡᠯᠪᠡᠷᠢ ᠵᠢᠨ ᠠᠵᠤ ᠠᠬᠤᠢ᠌ᠯᠠᠯ᠎ᠤᠨ 《ᠬᠣᠶᠠᠷ᠎ᠢ ᠨᠡᠮᠡᠭᠳᠡᠭᠦᠯᠵᠦ ᠬᠣᠶᠠᠷ᠎ᠢ ᠳᠡᠭᠡᠭᠰᠢᠯᠡᠭᠦᠯᠬᠦ》 ᠠᠵᠢᠯᠯᠠᠭ᠋ᠠᠨ᠎ᠢ ᠭᠦᠨᠵᠡᠭᠡᠶ ᠬᠡᠷᠡᠭᠵᠢᠭᠦᠯᠵᠦ᠂ ᠰᠢᠨ᠎ᠡ ᠵᠢ ᠡᠭᠦᠳᠬᠦ ᠭᠣᠤᠯ ᠴᠣᠭᠴᠠ ᠵᠢᠨ ᠬᠡᠪᠴᠢᠶᠡᠵᠢᠯ᠎ᠢ ᠪᠣᠢ᠌ᠵᠢᠭᠤᠯᠤᠨ ᠪᠤᠵᠠᠭ᠋ᠠᠢ᠌ᠷᠠᠭᠤᠯᠵᠤ᠂ ᠪᠥᠬᠥ ᠣᠷᠣᠨ᠎ᠤ ᠡᠳ᠋᠎ᠤᠨ ᠵᠠᠰᠠᠭ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠣᠷᠣᠭᠤᠯᠤᠯᠲᠠ ᠵᠢᠨ 20%᠎ᠪᠠᠷ ᠨᠡᠮᠡᠭᠳᠡᠬᠦ ᠵᠢ ᠠᠬᠢᠭᠤᠯᠤᠨ᠂ ᠲᠤᠰᠬᠠᠶ ᠠᠰᠢᠭ᠎ᠢ ᠤᠯᠠᠷᠢᠭᠤᠯᠤᠨ ᠬᠡᠷᠡᠭᠯᠡᠬᠦ ᠵᠢ ᠴᠢᠩᠭ᠋ᠠᠳᠬᠠᠵᠤ᠂ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠡᠭᠦᠳᠦᠨ ᠪᠦᠲᠦᠭᠡᠬᠦ ᠶᠠᠰᠤ ᠴᠢᠨᠠᠷ᠎ᠢ ᠳᠡᠭᠡᠭᠰᠢᠯᠡᠭᠦᠯᠦᠨ᠎ᠡ᠃ ᠬᠥᠬᠡᠬᠣᠲᠠ ᠪᠤᠭᠤᠲᠤ ᠣᠷᠳᠣᠰ᠎ᠤᠨ ᠤᠯᠤᠰ᠎ᠤᠨ ᠪᠡᠶ᠎ᠡ᠎ᠪᠠᠨ ᠳᠠᠭ᠋ᠠᠭ᠋ᠠᠵᠤ ᠰᠢᠨ᠎ᠡ ᠵᠢ ᠡᠭᠦᠳᠬᠦ ᠵᠢᠱ᠌ᠢᠶ᠎ᠡ ᠦᠵᠡᠭᠦᠯᠬᠦ ᠣᠷᠣᠨ᠂ ᠬᠤᠸᠠᠢ ᠷᠸᠦ ᠲᠤᠷᠰᠢᠯᠲᠠ ᠵᠢᠨ ᠲᠠᠰᠤᠭ᠎ᠤᠨ ᠥᠪᠥᠷ ᠮᠣᠩᠭᠣᠯ᠎ᠤᠨ ᠰᠠᠭᠤᠷᠢᠨ ᠭᠠᠵᠠᠷ᠂ ᠤᠯᠤᠰ᠎ᠤᠨ ᠡᠪᠡᠰᠦᠨ᠎ᠤ ᠦᠢ᠍ᠯᠡᠰ᠎ᠤᠨ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠎ᠢ ᠲᠦᠷᠭᠡᠳᠬᠡᠨ ᠡᠭᠦᠳᠦᠨ ᠪᠠᠢ᠌ᠭᠤᠯᠵᠤ᠂ ᠤᠯᠤᠰ᠎ᠤᠨ ᠰᠦ ᠰᠠᠭ᠋ᠠᠯᠢ ᠵᠢᠨ ᠦᠢ᠍ᠯᠡᠰ᠎ᠤᠨ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠂ ᠪᠠᠶᠠᠨᠨᠠᠭᠤᠷ᠎ᠤᠨ ᠤᠯᠤᠰ᠎ᠤᠨ ᠲᠠᠷᠢᠶᠠᠯᠠᠩ᠎ᠤᠨ ᠳᠡᠭᠡᠳᠦ ᠰᠢᠨ᠎ᠡ ᠮᠡᠷᠭᠡᠵᠢᠯ᠎ᠤᠨ ᠠᠵᠤ ᠦᠢ᠍ᠯᠡᠰ᠎ᠤᠨ ᠵᠢᠱ᠌ᠢᠶ᠎ᠡ ᠦᠵᠡᠭᠦᠯᠬᠦ ᠣᠷᠣᠨ᠂ ᠣᠷᠳᠣᠰ᠎ᠤᠨ ᠤᠯᠤᠰ᠎ᠤᠨ ᠦᠷᠭᠦᠯᠵᠢᠯᠡᠬᠦᠢ᠌ᠴᠡ ᠬᠥᠭᠵᠢᠯᠲᠡ ᠵᠢᠨ ᠵᠥᠪᠯᠡᠬᠦ ᠵᠦᠢ᠍ᠯ᠎ᠤᠨ ᠰᠢᠨ᠎ᠡ ᠵᠢ ᠡᠭᠦᠳᠬᠦ ᠵᠢᠱ᠌ᠢᠶ᠎ᠡ ᠦᠵᠡᠭᠦᠯᠬᠦ ᠣᠷᠣᠨ ᠵᠢᠴᠢ ᠪᠠᠶᠠᠠᠠᠤᠪᠤᠭ᠎ᠠ ᠵᠢᠨ ᠬᠣᠪᠣᠷ ᠰᠢᠷᠣᠶ ᠵᠢᠨ ᠡᠬᠢ ᠪᠠᠶᠠᠯᠢᠭ᠎ᠢ ᠰᠤᠳᠤᠯᠬᠤ ᠪᠠ   ᠶᠡᠷᠦᠩᠬᠡᠢ᠌ᠯᠡᠨ ᠠᠰᠢᠭᠯᠠᠬᠤ᠂ ᠣᠨᠴᠠ ᠲᠥᠷᠥᠯ᠎ᠤᠨ ᠮᠠᠰᠢᠨ ᠲᠡᠷᠭᠡ ᠵᠢ ᠵᠢᠷᠤᠵᠤ ᠲᠥᠯᠥᠪᠯᠡᠨ ᠦᠢ᠍ᠯᠡᠳᠬᠦ ᠬᠤᠷᠠᠮᠠᠯ ᠮᠡᠷᠭᠡᠵᠢᠯ᠎ᠤᠨ ᠪᠥᠬᠥ ᠤᠯᠤᠰ᠎ᠤᠨ ᠭᠣᠤᠯᠳᠠᠯᠭ᠎ᠠ ᠪᠣᠯᠬᠤ 2 ᠲᠤᠷᠰᠢᠯᠲᠠ ᠵᠢᠨ ᠲᠠᠰᠤᠭ ᠵᠡᠷᠭᠡ ᠤᠯᠤᠰ᠎ᠤᠨ ᠲᠠᠰ᠎ᠤᠨ ᠲᠠᠪᠴᠠᠩ᠎ᠤᠨ ᠰᠢᠨ᠎ᠡ ᠵᠢ ᠡᠭᠦᠳᠬᠦ ᠴᠢᠳᠠᠪᠤᠷᠢ ᠵᠢ ᠠᠬᠢᠭᠤᠯᠤᠨ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠎ᠢ 10 ᠰᠢᠨ᠎ᠡ᠎ᠪᠠᠷ ᠨᠡᠮᠡᠭᠳᠡᠭᠦᠯᠦᠨ᠂ ᠥᠪᠡᠷᠲᠡᠭᠡᠨ ᠵᠠᠰᠠᠬᠤ ᠣᠷᠣᠨ᠎ᠤ ᠭᠣᠤᠯᠳᠠᠯᠭ᠎ᠠ ᠪᠣᠯᠬᠤ ᠲᠤᠷᠰᠢᠯᠲᠠ ᠵᠢᠨ ᠲᠠᠰᠤᠭ᠎ᠢ 110 ᠪᠠᠢ᠌ᠭᠤᠯᠤᠨ᠎ᠠ᠃ 《ᠰᠤᠳᠤᠨ ᠴᠢᠳᠠᠪᠤᠷᠢᠲᠠᠨ ᠵᠶ᠋ᠠᠷ ᠥᠪᠥᠷ ᠮᠣᠩᠭᠣᠯ ᠵᠶ᠋ᠠᠨ ᠮᠠᠨᠳᠤᠭᠤᠯᠬᠤ》 ᠢᠨᠵᠧᠨᠧᠷᠢᠩ᠎ᠢ ᠬᠡᠷᠡᠭᠵᠢᠭᠦᠯᠵᠦ᠂ ᠴᠢᠳᠠᠪᠤᠷᠢᠲᠠᠨ᠎ᠤ ᠣᠯᠭᠣᠮᠵᠢ ᠪᠠ ᠬᠦᠨᠳᠦᠳᠭᠡᠯ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢ ᠲᠡᠭᠦᠯᠳᠡᠷᠵᠢᠭᠦᠯᠦᠨ᠂ ᠴᠢᠳᠠᠪᠤᠷᠢᠲᠠᠨ᠎ᠢ ᠬᠥᠮᠦᠵᠢᠭᠦᠯᠬᠦ ᠪᠠ ᠣᠷᠣᠭᠤᠯᠤᠨ ᠠᠪᠴᠢᠷᠠᠬᠤ᠎ᠪᠠᠨ ᠴᠢᠩᠭ᠋ᠠᠳᠬᠠᠵᠤ᠂ 《ᠨᠢᠭᠡ ᠺᠤᠳ᠋ ᠵᠶ᠋ᠠᠷ ᠨᠡᠶ᠋ᠢᠳᠡᠮ ᠰᠶ᠋ᠢᠳᠪᠦᠷᠢᠯᠡᠬᠦ》 ᠴᠢᠳᠠᠪᠤᠷᠢᠲᠠᠨ᠎ᠤ ᠦᠢ᠍ᠯᠡᠴᠢᠯᠡᠭᠡᠨ᠎ᠤ ᠲᠣᠭᠲᠠᠯᠴᠠᠭ᠎ᠠ ᠵᠢ ᠪᠠᠢ᠌ᠭᠤᠯᠤᠨ᠎ᠠ᠃

      (ᠬᠣᠶᠠᠷ) ᠤᠯᠠᠮᠵᠢᠯᠠᠯᠲᠤ ᠠᠵᠤ ᠦᠢ᠍ᠯᠡᠰ᠎ᠤᠨ ᠲᠠᠰ ᠳᠡᠪᠰᠢᠬᠦ ᠵᠢ ᠠᠬᠢᠭᠤᠯᠤᠨ᠎ᠠ᠃ ᠰᠢᠨ᠎ᠡ ᠨᠢᠭᠡ ᠡᠭᠡᠯᠵᠢ ᠵᠢᠨ ᠳᠠᠭ᠋ᠠᠭ᠋ᠠᠨ ᠵᠠᠯᠭ᠋ᠠᠭᠤᠯᠤᠭᠰᠠᠨ ᠠᠵᠤ ᠦᠢ᠍ᠯᠡᠰ᠎ᠤᠨ ᠰᠢᠯᠵᠢᠭᠦᠯᠦᠨ ᠵᠣᠯᠭ᠋ᠠᠭᠤᠯᠬᠤ ᠠᠵᠢᠯᠯᠠᠭ᠎ᠠ ᠵᠢ ᠵᠣᠬᠢᠶᠠᠨ ᠪᠠᠢ᠌ᠭᠤᠯᠤᠨ ᠥᠷᠨᠢᠭᠦᠯᠵᠦ᠂ ᠠᠵᠤ ᠦᠢ᠍ᠯᠡᠳᠪᠦᠷᠢ ᠵᠢᠨ ᠬᠦᠷᠢᠶᠡᠨ᠎ᠳᠠᠬᠢ ᠶᠡᠬᠡ ᠬᠡᠪᠴᠢᠶᠡᠨ᠎ᠤ ᠲᠥᠬᠥᠭᠡᠷᠦᠮᠵᠢ ᠵᠢ ᠰᠢᠨᠡᠳᠬᠡᠨ ᠥᠭᠡᠷᠡᠴᠢᠯᠡᠬᠦ ᠲᠥᠷᠥᠯ ᠵᠦᠢ᠍ᠯ᠎ᠤᠨ ᠨᠥᠭᠡᠴᠡᠯᠡᠯᠲᠡ ᠪᠠ ᠬᠡᠷᠡᠭᠵᠢᠭᠦᠯᠦᠯᠲᠡ ᠵᠢ ᠯᠠᠪᠳᠠᠭᠤᠨ ᠪᠠᠲᠤᠲᠠᠶ ᠰᠠᠢ᠌ᠲᠤᠷ ᠬᠢᠵᠦ᠂ ᠦᠢ᠍ᠯᠡᠳᠬᠦ ᠦᠢ᠍ᠯᠡᠰ᠎ᠤᠨ ᠭᠣᠤᠯᠳᠠᠯᠭ᠎ᠠ ᠪᠣᠯᠬᠤ ᠠᠵᠤ ᠦᠢ᠍ᠯᠡᠰ᠎ᠤᠨ ᠬᠡᠯᠬᠢᠶ᠎ᠡ ᠵᠢᠨ ᠴᠢᠨᠠᠷ ᠰᠠᠢ᠌ᠲᠠᠶ ᠬᠥᠭᠵᠢᠯᠲᠡ ᠵᠢ ᠲᠦᠷᠭᠡᠳᠭᠡᠨ᠎ᠡ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠲᠤᠰᠠᠯᠠᠬᠤ ᠠᠵᠤ ᠠᠬᠤᠢ ᠵᠢᠨ ᠢᠳᠡᠭᠡᠨ᠎ᠢ ᠡᠳ᠋ᠰᠢᠭᠦᠯᠦᠨ ᠪᠣᠯᠪᠠᠰᠤᠷᠠᠭᠤᠯᠬᠤ ᠦᠢ᠍ᠯᠡᠰ᠎ᠢ ᠪᠣᠢ᠌ᠵᠢᠭᠤᠯᠤᠨ ᠪᠤᠵᠠᠭ᠋ᠠᠢ᠌ᠷᠠᠭᠤᠯᠬᠤ ᠠᠵᠢᠯᠯᠠᠭ᠋ᠠᠨ᠎ᠤ ᠲᠥᠰᠦᠯ (2025 – 2027 ᠣᠨ)》᠎ᠢ ᠲᠣᠭᠲᠠᠭ᠋ᠠᠨ ᠬᠡᠷᠡᠭᠵᠢᠭᠦᠯᠵᠦ᠂ ᠭᠣᠤᠯ ᠪᠣᠯᠬᠤ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢ ᠡᠳ᠋ᠰᠢᠭᠦᠯᠦᠨ ᠪᠣᠯᠪᠠᠰᠤᠷᠠᠭᠤᠯᠵᠤ ᠤᠯᠠᠷᠢᠭᠤᠯᠬᠤ ᠨᠣᠷᠮ᠎ᠠ ᠵᠢ 75%᠎ᠠᠴᠠ ᠳᠡᠭᠡᠭᠰᠢ᠎ᠳᠤ ᠬᠦᠷᠦᠭᠦᠯᠬᠦ᠎ᠪᠠᠷ ᠴᠢᠷᠮᠠᠢ᠌ᠨ᠎ᠠ᠃ ᠣᠷᠣᠨ ᠨᠤᠲᠤᠭ᠎ᠤᠨ ᠣᠨᠴᠠᠯᠢᠠᠠᠳᠣ ᠢᠳᠡᠭᠡᠨ᠎ᠤ ᠠᠵᠤ ᠦᠢ᠍ᠯᠡᠰ᠎ᠤᠨ ᠳᠠᠪᠠᠭᠤᠯᠢᠭ᠎ᠢ ᠲᠦᠷᠭᠡᠳᠬᠡᠨ ᠪᠣᠶ ᠪᠣᠯᠭ᠋ᠠᠵᠤ᠂ ᠣᠨᠴᠠᠯᠢᠠᠠᠳᠣ ᠢᠳᠡᠭᠡᠨ᠎ᠤ ᠠᠵᠤ ᠦᠢ᠍ᠯᠡᠰ᠎ᠤᠨ ᠪᠦᠯᠦᠭᠵᠢᠯ᠎ᠢ ᠪᠣᠢ ᠪᠣᠯᠭ᠋ᠠᠨ᠎ᠠ᠃ ᠲᠡᠮᠦᠷ᠎ᠤᠨ ᠬᠠᠢ᠌ᠯᠤᠰᠢ ᠵᠢᠨ ᠠᠵᠢᠯ ᠲᠥᠷᠥᠯ᠎ᠤᠨ ᠬᠡᠪᠴᠢᠶᠡᠵᠢᠭᠦᠯᠦᠨ ᠡᠮᠬᠢᠯᠡᠨ ᠨᠡᠢ᠌ᠯᠡᠭᠦᠯᠬᠦ ᠵᠢ ᠲᠦᠷᠭᠡᠳᠬᠡᠨ ᠠᠬᠢᠭᠤᠯᠵᠤ᠂ ᠲᠡᠮᠦᠷ᠎ᠤᠨ ᠬᠠᠢ᠌ᠯᠤᠰᠢ ᠵᠢᠨ ᠠᠵᠢᠯ ᠲᠥᠷᠥᠯ᠎ᠤᠨ ᠤᠯᠠᠭ᠋ᠠᠨᠴᠠᠪ᠂ ᠰᠢᠯᠢ ᠵᠢᠨ ᠭᠣᠤᠯ᠎ᠤᠨ ᠡᠮᠦᠨ᠎ᠡ ᠬᠡᠰᠡᠭ ᠲᠡᠶ᠋ᠢᠰᠢ ᠲᠥᠪᠯᠡᠷᠡᠨ ᠪᠦᠭᠡᠮᠨᠡᠷᠡᠬᠦ ᠵᠢ ᠠᠬᠢᠭᠤᠯᠤᠨ᠎ᠠ᠃ ᠤᠯᠤᠰ᠎ᠤᠨ ᠳᠣᠲᠣᠭ᠋ᠠᠳᠤ ᠵᠢᠨ ᠴᠠᠬᠢᠯᠭ᠋ᠠᠨ ᠵᠠᠳᠠᠯᠤᠯ᠎ᠤᠨ ᠬᠦᠩᠭᠡᠨ ᠴᠠᠭ᠋ᠠᠨ᠎ᠤ ᠦᠢ᠍ᠯᠡᠳᠪᠦᠷᠢᠯᠡᠬᠦ ᠴᠢᠳᠠᠮᠵᠢ ᠵᠢᠨ ᠰᠢᠯᠵᠢᠯᠲᠡ ᠵᠢ ᠨᠥᠬᠥᠴᠡᠯ᠎ᠲᠠᠢ ᠪᠦᠭᠡᠳ ᠡᠮᠬᠢ ᠵᠢᠷᠤᠮ᠎ᠲᠠᠢ᠎ᠪᠠᠷ ᠵᠠᠯᠭ᠋ᠠᠨ ᠠᠪᠴᠤ᠂ ᠬᠦᠩᠭᠡᠨ ᠴᠠᠭ᠋ᠠᠨ᠎ᠤ ᠠᠵᠤ ᠦᠢ᠍ᠯᠡᠰ᠎ᠤᠨ ᠳᠡᠭᠡᠳᠦ ᠳᠣᠤᠷᠠᠳᠤ ᠬᠡᠯᠬᠢᠶᠡᠨ᠎ᠤ ᠠᠵᠤ ᠦᠢ᠍ᠯᠡᠰ᠎ᠤᠨ ᠬᠡᠪᠴᠢᠶᠡᠵᠢᠯ᠎ᠢ ᠦᠷᠭᠦᠯᠵᠢᠯᠡᠨ ᠪᠣᠵᠠᠭ᠋ᠠᠶ᠋ᠢᠷᠠᠭᠤᠯᠤᠨ᠎ᠠ᠃ ᠰᠢᠨ᠎ᠡ ᠬᠡᠯᠪᠡᠷᠢ ᠵᠢᠨ ᠬᠡᠦᠷᠰᠢᠭᠦᠯᠬᠦ ᠵᠢ ᠨᠢᠭᠡ ᠴᠤᠭᠴᠠᠵᠢᠭᠤᠯᠤᠭᠰᠠᠨ 4 ᠰᠠᠭᠤᠷᠢᠨ ᠭᠠᠵᠠᠷ᠎ᠤᠨ ᠪᠥᠲᠥᠭᠡᠨ ᠪᠠᠢ᠌ᠭᠤᠯᠤᠯᠲᠠ ᠵᠢᠨ ᠠᠬᠢᠴᠠ ᠵᠢ ᠲᠦᠷᠭᠡᠳᠬᠡᠵᠦ᠂ ᠦᠬᠠᠶ ᠵᠢᠴᠢ ᠡᠷᠬᠢᠨ ᠲᠣᠭᠣᠷᠢᠨ ᠭᠠᠵᠠᠷ ᠣᠷᠣᠨ᠎ᠤ ᠬᠡᠦᠷᠰᠢᠭᠦᠯᠬᠦ ᠠᠵᠢᠯ ᠲᠥᠷᠥᠯ ᠠᠵᠤ ᠦᠢ᠍ᠯᠡᠰ᠎ᠤᠨ ᠲᠠᠰ ᠳᠡᠪᠰᠢᠬᠦ ᠪᠠ ᠬᠡᠲᠦ ᠳᠣᠤᠷ᠎ᠠ ᠭᠠᠳᠠᠭᠰᠢᠯᠠᠭᠤᠯᠬᠤ᠎ᠪᠠᠷ ᠦᠭᠡᠷᠡᠴᠢᠯᠡᠨ ᠰᠢᠨᠡᠳᠭᠡᠬᠦ ᠵᠢ ᠪᠥᠬᠥ ᠬᠦᠴᠦᠨ ᠵᠶ᠋ᠠᠷ ᠵᠶ᠋ᠠᠨ ᠠᠬᠢᠭᠤᠯᠤᠨ᠎ᠠ᠃ ᠳ᠋ᠢᠬᠢᠲ ᠮᠡᠷᠭᠡᠵᠢᠯ᠂ ᠪᠣᠬᠢᠷᠲᠤᠯ ᠥᠬᠡᠶ ᠮᠡᠷᠭᠡᠵᠢᠯ᠎ᠢ ᠢᠳᠡᠪᠬᠢᠲᠡᠶ ᠬᠡᠷᠡᠭᠯᠡᠨ ᠤᠯᠠᠮᠵᠢᠯᠠᠯᠲᠤ ᠠᠵᠤ ᠦᠢ᠍ᠯᠡᠰ᠎ᠢ ᠥᠭᠡᠷᠡᠴᠢᠯᠡᠨ ᠰᠢᠨᠡᠳᠭᠡᠵᠦ ᠳᠡᠭᠡᠭᠰᠢᠯᠡᠭᠦᠯᠦᠨ᠂ 《2025 ᠪᠣᠬᠢᠷᠲᠤᠯ ᠥᠬᠡᠶ ᠪᠦᠭᠡᠳ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠮᠡᠷᠭᠡᠵᠢᠯ᠎ᠢ ᠳᠡᠯᠭᠡᠷᠡᠭᠦᠯᠬᠦ ᠭᠠᠷᠴᠠᠭ》᠎ᠢ ᠨᠡᠢ᠌ᠲᠡᠯᠡᠨ᠂ ᠬᠣᠶᠠᠳᠤᠭ᠋ᠠᠷ ᠪᠦᠯᠦᠭ᠎ᠤᠨ ᠥᠪᠡᠷᠲᠡᠭᠡᠨ ᠵᠠᠰᠠᠬᠤ ᠣᠷᠣᠨ᠎ᠤ ᠳ᠋ᠢᠬᠢᠲᠴᠢᠯᠡᠬᠦ ᠲᠡᠶ᠋ᠢᠰᠢ ᠬᠡᠯᠪᠡᠷᠢ᠎ᠪᠠᠨ ᠬᠤᠪᠢᠷᠠᠭᠤᠯᠬᠤ ᠲᠤᠷᠰᠢᠯᠲᠠ ᠵᠢᠨ ᠴᠡᠭ᠎ᠤᠨ ᠠᠵᠢᠯ᠎ᠢ ᠦᠷᠭᠦᠯᠵᠢᠯᠡᠨ ᠥᠷᠨᠢᠭᠦᠯᠵᠦ᠂ 60 ᠪᠣᠬᠢᠷᠲᠤᠯ ᠥᠬᠡᠶ ᠦᠢ᠍ᠯᠡᠳᠪᠦᠷᠢ᠂ 5 ᠪᠣᠬᠢᠷᠲᠤᠯ ᠥᠬᠡᠶ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ ᠪᠠ 3 ᠪᠣᠬᠢᠷᠲᠤᠯ ᠥᠬᠡᠶ ᠬᠠᠩᠭ᠋ᠠᠯᠭ᠎ᠠ ᠵᠢᠨ ᠬᠡᠯᠬᠢᠶᠡᠵᠢᠯ᠎ᠤᠨ ᠬᠠᠮᠢᠶᠠᠷᠤᠯᠲᠠ ᠵᠢᠨ ᠠᠵᠤ ᠠᠬᠤᠢ᠌ᠯᠠᠯ᠎ᠢ ᠡᠭᠦᠳᠦᠨ ᠪᠠᠢ᠌ᠭᠤᠯᠤᠨ᠎ᠠ᠃ ᠪᠠᠷᠢᠯᠭ᠎ᠠ ᠵᠢᠨ ᠦᠢ᠍ᠯᠡᠰ᠎ᠤᠨ ᠭᠤᠷᠪᠠᠨ ᠵᠢᠯ᠎ᠤᠨ ᠳᠠᠬᠢᠨ ᠵᠶ᠋ᠠᠷ ᠨᠡᠮᠡᠭᠳᠡᠭᠦᠯᠬᠦ ᠠᠵᠢᠯᠯᠠᠭ᠋ᠠᠨ᠎ᠤ ᠰᠡᠭᠦᠯ ᠬᠤᠷᠢᠶᠠᠬᠤ ᠳᠠᠶ᠋ᠢᠯᠠᠯᠳᠤᠭ᠋ᠠᠨ᠎ᠢ ᠰᠠᠢ᠌ᠲᠤᠷ ᠬᠢᠵᠦ᠂ ᠤᠭᠰᠠᠷᠠᠮᠠᠯ ᠮᠠᠶᠢᠭ᠎ᠤᠨ ᠪᠠᠷᠢᠯᠭ᠎ᠠ᠂ ᠪᠣᠬᠢᠷᠲᠤᠯ ᠥᠬᠡᠶ ᠪᠠᠷᠢᠯᠭ᠎ᠠ᠂ ᠪᠣᠬᠢᠷᠲᠤᠯ ᠥᠬᠡᠶ ᠪᠠᠷᠢᠯᠭ᠎ᠠ ᠵᠢᠨ ᠮᠠᠲ᠋ᠧᠷᠢᠶᠠᠯ᠎ᠢ ᠶᠡᠬᠡ᠎ᠪᠠᠷ ᠬᠥᠭᠵᠢᠭᠦᠯᠦᠨ᠂ ᠣᠶᠤᠨᠴᠢ᠎ᠪᠠᠷ ᠪᠥᠲᠥᠭᠡᠨ ᠪᠠᠢ᠌ᠭᠤᠯᠬᠤ ᠲᠤᠷᠰᠢᠯᠲᠠ ᠵᠢᠨ ᠵᠢᠱ᠌ᠢᠶ᠎ᠡ ᠦᠵᠡᠭᠦᠯᠦᠨ ᠡᠭᠦᠳᠦᠨ ᠪᠠᠢ᠌ᠭᠤᠯᠬᠤ ᠠᠵᠢᠯᠯᠠᠭ᠋ᠠᠨ᠎ᠢ ᠬᠡᠷᠡᠭᠵᠢᠭᠦᠯᠵᠦ᠂ ᠠᠵᠢᠯ ᠳᠠᠭᠤᠰᠤᠭᠰᠠᠨ ᠪᠠᠷᠢᠯᠭ᠎ᠠ᠎ᠳᠠᠬᠢ ᠪᠣᠬᠢᠷᠲᠤᠯ ᠥᠬᠡᠶ ᠪᠠᠷᠢᠯᠭ᠎ᠠ ᠵᠢᠨ ᠡᠵᠡᠯᠡᠬᠦ ᠬᠠᠷᠢᠴᠠᠯ᠎ᠢ 100%᠎ᠳᠤ ᠬᠦᠷᠦᠭᠦᠯᠦᠨ᠎ᠡ᠃

      (ᠭᠤᠷᠪᠠ) ᠰᠢᠨ᠎ᠡ᠎ᠪᠠᠷ ᠪᠣᠶ ᠪᠣᠯᠤᠭᠰᠠᠨ ᠠᠵᠤ ᠦᠢ᠍ᠯᠡᠰ᠎ᠢ ᠦᠷᠭᠦᠯᠵᠢᠯᠡᠨ ᠪᠤᠵᠠᠭ᠋ᠠᠢ᠌ᠷᠠᠭᠤᠯᠤᠨ᠎ᠠ᠃ ᠰᠢᠨ᠎ᠡ ᠡᠨᠧᠷᠭᠢ ᠵᠢᠨ ᠠᠵᠤ ᠦᠢ᠍ᠯᠡᠰ᠎ᠤᠨ ᠲᠠᠯ᠎ᠠ᠎ᠪᠠᠷ᠂ ᠡᠯᠡᠰᠦᠨ ᠴᠦᠯ ᠭᠣᠪᠢ ᠴᠦᠯᠡᠷᠬᠡᠭ ᠣᠷᠣᠨ᠎ᠳᠠᠬᠢ ᠲᠣᠮᠣ ᠰᠠᠭᠤᠷᠢᠨ ᠭᠠᠵᠠᠷ᠂ ᠥᠪᠥᠷ ᠮᠣᠩᠭᠣᠯ᠎ᠤᠨ ᠪᠠᠷᠠᠭᠤᠨ ᠬᠡᠰᠡᠭ᠎ᠠᠴᠠ ᠪᠡᠭᠡᠵᠢᠩ ᠲᠢᠶᠠᠨᠵᠢᠨ ᠾᠧᠪᠧᠢ ᠬᠥᠷᠬᠥ ᠵᠡᠷᠭᠡ ᠭᠠᠳᠠᠭᠰᠢ ᠳᠠᠮᠵᠢᠭᠤᠯᠬᠤ ᠨᠡᠪᠲᠡᠷᠡᠯ ᠵᠠᠮ᠎ᠤᠨ ᠪᠥᠲᠥᠭᠡᠨ ᠪᠠᠢ᠌ᠭᠤᠯᠤᠯᠲᠠ ᠵᠢ ᠲᠦᠷᠭᠡᠳᠬᠡᠵᠦ᠂ ᠰᠠᠯᠬᠢᠨ ᠬᠦᠴᠦᠨ᠎ᠤ ᠴᠠᠬᠢᠯᠭ᠋ᠠᠨ᠎ᠤ ᠪᠥᠲᠥᠭᠡᠨ ᠪᠠᠢ᠌ᠭᠤᠯᠤᠯᠲᠠ ᠵᠢᠨ ᠬᠡᠪᠴᠢᠶᠡᠵᠢᠯ᠎ᠢ ᠪᠠᠲᠤᠯᠠᠭᠰᠠᠨ ᠰᠠᠭᠤᠷᠢᠨ ᠳᠡᠭᠡᠷ᠎ᠡ ᠭᠡᠷᠡᠯᠴᠢ ᠴᠡᠨᠡᠭ᠎ᠤᠨ ᠲᠥᠷᠥᠯ ᠵᠦᠢ᠍ᠯ᠎ᠤᠨ ᠬᠡᠪᠴᠢᠶᠡᠵᠢᠯ᠎ᠢ ᠥᠷᠭᠡᠳᠬᠡᠨ᠂ ᠵᠢᠯ᠎ᠤᠨ ᠳᠣᠲᠣᠷ᠎ᠠ ᠰᠢᠨ᠎ᠡ ᠡᠨᠧᠷᠭᠢ ᠵᠢᠨ ᠲᠣᠤᠷ᠎ᠲᠤ ᠨᠡᠢ᠌ᠯᠡᠭᠦᠯᠬᠦ ᠮᠠᠰᠢᠨ ᠴᠣᠭᠴᠠᠯᠠᠪᠤᠷᠢ ᠵᠢ 4000 ᠲᠦᠮᠡᠨ ᠺᠢᠯᠣᠸᠠᠲ ᠰᠢᠨ᠎ᠡ᠎ᠪᠠᠷ ᠨᠡᠮᠡᠭᠳᠡᠭᠦᠯᠬᠦ᠎ᠪᠠᠷ ᠴᠢᠷᠮᠠᠢ᠌ᠵᠤ᠂ ᠶᠡᠷᠦᠩᠬᠡᠶ ᠬᠡᠪᠴᠢᠶᠡᠵᠢᠯ᠎ᠢ 1.7 ᠳ᠋ᠦᠩᠰᠢᠭᠤᠷ ᠺᠢᠯᠣᠸᠠᠲ᠎ᠠᠴᠠ ᠳᠠᠪᠠᠭᠤᠯᠤᠨ᠂ ᠴᠠᠬᠢᠯᠭ᠋ᠠᠨ ᠭᠠᠷᠭ᠋ᠠᠬᠤ ᠬᠡᠮᠵᠢᠶ᠎ᠡ ᠵᠢ 3000 ᠳ᠋ᠦᠩᠰᠢᠭᠤᠷ ᠭ᠋ᠷᠠᠳᠦ᠋ᠰ᠎ᠠᠴᠠ ᠳᠠᠪᠠᠭᠤᠯᠤᠨ᠎ᠠ᠃ ᠪᠣᠬᠢᠷᠲᠤᠯ ᠥᠬᠡᠶ ᠴᠠᠬᠢᠯᠭ᠋ᠠᠨ᠎ᠤ ᠠᠷᠠᠯᠵᠢᠶ᠎ᠠ ᠵᠢᠨ ᠬᠡᠷᠡᠭᠵᠢᠭᠦᠯᠬᠦ ᠨᠠᠷᠢᠨ ᠲᠦᠷᠢᠮ ᠪᠠ 《ᠰᠢᠨ᠎ᠡ ᠡᠨᠧᠷᠭᠢ +》 ᠲᠥᠷᠥ ᠵᠢᠨ ᠪᠣᠳᠣᠯᠭ᠎ᠠ ᠵᠢᠨ ᠲᠣᠭᠲᠠᠯᠴᠠᠭ᠎ᠠ ᠵᠢ ᠲᠡᠭᠦᠯᠳᠡᠷᠵᠢᠭᠦᠯᠵᠦ᠂ ᠰᠢᠨ᠎ᠡ ᠡᠨᠧᠷᠭᠢ ᠵᠢᠨ ᠥᠨᠳᠥᠷ ᠦᠷ᠎ᠡ ᠪᠦᠲᠦᠮᠵᠢᠲᠡᠢ᠎ᠪᠠᠷ ᠰᠢᠩᠭᠡᠭᠡᠬᠦ ᠬᠡᠷᠡᠭᠯᠡᠭᠡᠨ᠎ᠤ ᠠᠬᠤᠢ ᠪᠠᠶ᠋ᠢᠳᠠᠯ᠎ᠢ ᠥᠷᠭᠡᠳᠬᠡᠨ᠂ 2.0 ᠪᠠᠷᠯᠠᠯ᠎ᠤᠨ ᠲᠡᠭ ᠨᠡᠭᠦᠷᠡᠰᠦᠳᠦ᠋ᠷᠦᠭᠴᠢᠲᠦ ᠬᠦᠷᠢᠶᠡᠯᠡᠩ ᠲᠣᠭᠣᠷᠢᠭ᠎ᠤᠨ ᠪᠥᠲᠥᠭᠡᠨ ᠪᠠᠢ᠌ᠭᠤᠯᠤᠯᠲᠠ ᠵᠢ ᠠᠬᠢᠭᠤᠯᠤᠨ᠎ᠠ᠃ ᠴᠠᠬᠢᠯᠭ᠋ᠠᠨ ᠭᠠᠷᠭ᠋ᠠᠬᠤ ᠳᠠᠮᠵᠢᠭᠤᠯᠬᠤ ᠪᠠ ᠲᠦᠭᠡᠭᠡᠬᠦ ᠬᠦᠷᠢᠶᠡᠨ᠎ᠳᠠᠬᠢ ᠲᠥᠬᠥᠭᠡᠷᠦᠮᠵᠢ ᠵᠢ ᠰᠢᠨᠡᠳᠬᠡᠬᠦ ᠪᠠ ᠮᠡᠷᠭᠡᠵᠢᠯ᠎ᠤᠨ ᠦᠭᠡᠷᠡᠴᠢᠯᠡᠨ ᠰᠢᠨᠡᠳᠭᠡᠬᠦ ᠠᠵᠢᠯᠯᠠᠭ᠋ᠠᠨ᠂ ᠰᠠᠯᠬᠢᠨ ᠬᠦᠴᠦᠨ᠎ᠤ ᠴᠠᠬᠢᠯᠭ᠋ᠠᠨ ᠭᠡᠷᠡᠯᠴᠢ ᠴᠡᠨᠡᠭ᠎ᠤᠨ ᠲᠥᠬᠥᠭᠡᠷᠦᠮᠵᠢ ᠵᠢ ᠰᠢᠨᠡᠳᠬᠡᠬᠦ ᠪᠠ ᠥᠨᠳᠥᠷ ᠪᠦᠲᠦᠮᠵᠢᠲᠡᠶ᠎ᠪᠠᠷ ᠡᠭᠡᠭᠦᠯᠦᠨ ᠬᠤᠷᠢᠶᠠᠵᠤ ᠠᠰᠢᠭᠯᠠᠬᠤ ᠠᠵᠢᠯᠯᠠᠭ᠋ᠠᠨ᠎ᠢ ᠬᠡᠷᠡᠭᠵᠢᠭᠦᠯᠵᠦ᠂ ᠰᠢᠨ᠎ᠡ ᠡᠨᠧᠷᠭᠢ ᠵᠢᠨ ᠣᠶᠤᠨᠴᠢ᠎ᠪᠠᠷ ᠠᠵᠢᠯᠯᠠᠭᠤᠯᠵᠤ ᠪᠠᠲᠤᠯᠠᠬᠤ ᠪᠠ ᠡᠨᠧᠷᠭᠢ ᠵᠢᠨ ᠣᠷᠴᠢᠨ ᠨᠦᠬᠦᠴᠡᠯ᠎ᠢ ᠬᠠᠮᠠᠭ᠋ᠠᠯᠠᠬᠤ ᠦᠢ᠍ᠯᠡᠴᠢᠯᠡᠭᠡᠨ᠎ᠤ ᠦᠢ᠍ᠯᠡᠰ᠎ᠢ ᠪᠣᠢ᠌ᠵᠢᠭᠤᠯᠤᠨ ᠪᠤᠵᠠᠭ᠋ᠠᠢ᠌ᠷᠠᠭᠤᠯᠤᠨ᠎ᠠ᠃ ᠯᠢᠲ᠋ᠢ ᠵᠢᠨ ᠠᠵᠤ ᠦᠢ᠍ᠯᠡᠰ᠎ᠤᠨ ᠬᠥᠭᠵᠢᠯᠲᠡ ᠵᠢᠨ ᠵᠢᠯᠣᠭᠣᠳᠬᠤ ᠰᠠᠨᠠᠯ᠎ᠢ ᠨᠠᠢ᠌ᠳᠠᠪᠤᠷᠢᠵᠢᠭᠤᠯᠵᠤ᠂ ᠯᠢᠲ᠋ᠢ ᠵᠢᠨ ᠠᠵᠤ ᠦᠢ᠍ᠯᠡᠰ᠎ᠤᠨ ᠬᠦᠷᠢᠶᠡᠯᠡᠩ᠎ᠤᠨ ᠪᠦᠳᠦᠭᠡᠨ ᠪᠠᠢ᠌ᠭᠤᠯᠤᠯᠲᠠ ᠵᠢ ᠨᠠᠶ᠋ᠢᠳᠠᠪᠤᠷᠢᠵᠢᠭᠤᠯᠤᠨ᠎ᠠ᠃ ᠣᠲᠣ ᠦᠶ᠎ᠡ ᠵᠢᠨ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠵᠢᠨ ᠠᠵᠤ ᠦᠢ᠍ᠯᠡᠰ᠎ᠤᠨ ᠲᠠᠯ᠎ᠠ᠎ᠪᠠᠷ᠂ ᠣᠷᠳᠣᠰ᠎ᠤᠨ ᠣᠲᠣ ᠦᠶ᠎ᠡ ᠵᠢᠨ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠵᠢᠨ ᠵᠢᠱ᠌ᠢᠶ᠎ᠡ ᠦᠵᠡᠭᠦᠯᠬᠦ ᠣᠷᠣᠨ᠎ᠢ ᠲᠦᠷᠭᠡᠳᠬᠡᠨ ᠪᠠᠢ᠌ᠭᠤᠯᠵᠤ᠂ ᠳᠤᠮᠳᠠᠳᠤ ᠤᠯᠤᠰ᠎ᠤᠨ ᠴᠢᠯᠠᠭᠤᠨ ᠲᠣᠰᠣᠨ᠎ᠤ ᠬᠢᠮᠢ ᠵᠢᠨ ᠠᠵᠤ ᠦᠢ᠍ᠯᠡᠳᠪᠦᠷᠢ ᠵᠢᠨ ᠨᠡᠭᠦᠷᠡᠰᠦ᠎ᠪᠠᠷ ᠠᠯᠺᠤᠨ ᠦᠢ᠍ᠯᠡᠳᠬᠦ᠂ ᠷᠦᠩ ᠱᠧᠩ ᠪᠣᠬᠢᠷᠲᠤᠯ ᠥᠬᠡᠶ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠵᠢ ᠨᠢᠭᠡ ᠴᠤᠭᠴᠠᠵᠢᠭᠤᠯᠬᠤ ᠵᠡᠷᠭᠡ ᠲᠥᠷᠥᠯ ᠵᠦᠢ᠍ᠯ᠎ᠤᠨ ᠪᠥᠲᠥᠭᠡᠨ ᠪᠠᠢ᠌ᠭᠤᠯᠤᠯᠲᠠ ᠵᠢ ᠢᠳᠡᠪᠬᠢᠲᠡᠶ᠎ᠪᠠᠷ ᠠᠬᠢᠭᠤᠯᠤᠨ᠂ ᠤᠯᠤᠰ᠎ᠤᠨ ᠡᠨᠧᠷᠭᠢ ᠵᠢᠨ ᠪᠦᠯᠦᠭᠯᠡᠯ᠎ᠤᠨ ᠨᠡᠭᠦᠷᠡᠰᠦ᠎ᠪᠠᠷ ᠲᠣᠰᠣ ᠦᠢ᠍ᠯᠡᠳᠬᠦ ᠲᠥᠷᠥᠯ ᠵᠦᠢ᠍ᠯ᠎ᠢ ᠬᠢᠨᠠᠨ ᠵᠥᠪᠰᠢᠶᠡᠷᠡᠭᠦᠯᠵᠦ ᠴᠣᠬᠣᠯᠠᠪᠤᠷᠢ ᠣᠯᠬᠤ᠎ᠪᠠᠷ ᠴᠢᠷᠮᠠᠢ᠌ᠨ᠎ᠠ᠃ ᠨᠡᠭᠦᠷᠡᠰᠦᠨ ᠳᠠᠪᠬᠤᠷᠭ᠎ᠠ ᠵᠢᠨ ᠬᠡᠢ ᠵᠢᠨ ᠡᠬᠢ ᠪᠠᠶᠠᠯᠢᠭ᠎ᠢ   ᠶᠡᠷᠦᠩᠬᠡᠢ᠌ᠯᠡᠨ ᠬᠠᠢ᠌ᠨ ᠰᠢᠨᠵᠢᠯᠡᠵᠦ ᠨᠡᠭᠡᠭᠡᠨ ᠠᠰᠢᠭᠯᠠᠬᠤ ᠵᠢ ᠠᠬᠢᠭᠤᠯᠤᠨ᠎ᠠ᠃ ᠬᠣᠪᠣᠷ ᠰᠢᠷᠣᠶ ᠵᠢᠨ ᠠᠵᠤ ᠦᠢ᠍ᠯᠡᠰ᠎ᠤᠨ ᠲᠠᠯ᠎ᠠ᠎ᠪᠠᠷ᠂ ᠬᠣᠪᠣᠷ ᠰᠢᠷᠣᠶ ᠵᠢᠨ ᠬᠠᠢ᠌ᠯᠤᠭᠤᠯᠤᠯᠲᠠ ᠵᠢ ᠴᠡᠪᠡᠷᠰᠢᠭᠦᠯᠬᠦ᠎ᠪᠠᠷ ᠦᠭᠡᠷᠡᠴᠢᠯᠡᠨ ᠰᠢᠨᠡᠳᠭᠡᠬᠦ ᠵᠢ ᠦᠷᠭᠦᠯᠵᠢᠯᠡᠨ ᠥᠷᠨᠢᠭᠦᠯᠵᠦ᠂ ᠪᠠᠶ᠋ᠢᠩᠭᠤ ᠰᠣᠷᠢᠨᠵᠢᠨᠲᠤ ᠴᠠᠬᠢᠯᠭ᠋ᠠᠨ ᠮᠠᠰᠢᠨ ᠵᠶ᠋ᠠᠷ ᠣᠷᠤᠯᠠᠭᠤᠯᠬᠤ ᠠᠵᠢᠯᠯᠠᠭ᠋ᠠᠨ᠎ᠢ ᠶᠡᠬᠡ᠎ᠪᠠᠷ ᠠᠬᠢᠭᠤᠯᠤᠨ᠂ ᠪᠥᠬᠥ ᠬᠡᠯᠬᠢᠶᠡᠲᠦ ᠬᠣᠪᠣᠷ ᠰᠢᠷᠣᠶ ᠵᠢᠨ ᠠᠵᠤ ᠦᠢ᠍ᠯᠡᠰ᠎ᠤᠨ ᠬᠡᠮᠵᠢᠯᠲᠡ ᠵᠢᠨ ᠪᠠᠷᠢᠮᠵᠢᠶ᠎ᠠ ᠵᠢ ᠭᠡᠷᠡᠴᠢᠯᠡᠬᠦ ᠲᠣᠭᠲᠠᠯᠴᠠᠭ᠎ᠠ᠎ᠪᠠᠨ ᠲᠡᠭᠦᠯᠳᠡᠷᠵᠢᠭᠦᠯᠵᠦ᠂ ᠪᠠᠶᠠᠠᠠᠤᠪᠤᠭ᠎ᠠ ᠵᠢᠨ ᠬᠣᠪᠣᠷ ᠰᠢᠷᠣᠶ ᠵᠢᠨ ᠡᠬᠢ ᠪᠠᠶᠠᠯᠢᠭ᠎ᠤᠨ ᠨᠦᠬᠡᠴᠡ ᠵᠢ ᠨᠡᠮᠡᠭᠳᠡᠭᠦᠯᠬᠦ ᠵᠢ ᠳᠡᠮᠵᠢᠵᠦ᠂ ᠰᠢᠨ᠎ᠡ ᠡᠨᠧᠷᠭᠢ ᠵᠢᠨ ᠮᠠᠰᠢᠨ ᠲᠡᠷᠭᠡ᠂ ᠰᠠᠯᠬᠢᠨ ᠬᠦᠴᠦᠨ᠎ᠤ ᠴᠠᠬᠢᠯᠭ᠋ᠠᠨ᠎ᠳᠤ ᠬᠡᠷᠡᠭᠯᠡᠬᠦ ᠬᠣᠪᠣᠷ ᠰᠢᠷᠣᠶ ᠵᠢᠨ ᠰᠣᠷᠢᠨᠵᠢᠨᠲᠤ ᠮᠠᠲ᠋ᠧᠷᠢᠶᠠᠯ᠎ᠢ ᠨᠡᠭᠡᠭᠡᠨ ᠬᠥᠭᠵᠢᠭᠦᠯᠵᠦ᠂ ᠪᠤᠭᠤᠲᠤ ᠵᠢᠨ 《ᠬᠣᠪᠣᠷ ᠰᠢᠷᠣᠶ +》 ᠠᠵᠤ ᠦᠢ᠍ᠯᠡᠰ᠎ᠤᠨ ᠪᠦᠯᠦᠭᠵᠢᠯ᠎ᠢ ᠪᠠᠢ᠌ᠭᠤᠯᠬᠤ ᠵᠢ ᠳᠡᠮᠵᠢᠨ᠎ᠡ᠃

      (ᠳᠥᠷᠪᠡ) ᠢᠷᠡᠭᠡᠳᠦᠶ ᠵᠢᠨ ᠠᠵᠤ ᠦᠢ᠍ᠯᠡᠰ᠎ᠢ ᠪᠠᠢ᠌ᠷᠢᠰᠢᠭᠤᠯᠤᠨ ᠬᠥᠭᠵᠢᠭᠦᠯᠦᠨ᠎ᠡ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠢᠷᠡᠭᠡᠳᠦᠶ ᠵᠢᠨ ᠠᠵᠤ ᠦᠢ᠍ᠯᠡᠰ᠎ᠤᠨ ᠰᠢᠨ᠎ᠡ ᠡᠭᠦᠳᠦᠯᠲᠡ᠎ᠲᠠᠢ ᠬᠥᠭᠵᠢᠯᠲᠡ ᠵᠢᠨ ᠬᠡᠷᠡᠭᠵᠢᠭᠦᠯᠬᠦ ᠲᠥᠰᠦᠯ》᠎ᠢ ᠪᠣᠲᠠᠲᠠᠶ᠋ᠢᠵᠢᠭᠤᠯᠤᠨ ᠦᠷ᠎ᠡ ᠪᠦᠲᠦᠮᠵᠢ ᠤᠯᠬᠤ ᠵᠢ ᠠᠬᠢᠭᠤᠯᠵᠤ᠂ ᠢᠷᠡᠭᠡᠳᠦᠶ ᠵᠢᠨ ᠠᠵᠤ ᠦᠢ᠍ᠯᠡᠰ᠎ᠤᠨ ᠬᠥᠭᠵᠢᠯᠲᠡ ᠵᠢᠨ ᠰᠠᠭᠤᠷᠢ ᠮᠦᠩᠭᠦ ᠵᠢ ᠪᠠᠶ᠋ᠢᠭᠤᠯᠤᠨ᠎ᠠ᠃ ᠨᠦᠬᠡᠴᠡ ᠡᠨᠧᠷᠬᠢ ᠵᠢᠨ ᠠᠵᠤ ᠦᠢ᠍ᠯᠡᠰ᠎ᠤᠨ ᠲᠠᠯ᠎ᠠ᠎ᠪᠠᠷ᠂ ᠰᠢᠨ᠎ᠡ ᠬᠡᠯᠪᠡᠷᠢ ᠵᠢᠨ ᠨᠦᠬᠡᠴᠡ ᠡᠨᠧᠷᠭᠢ ᠵᠢᠨ ᠲᠤᠰᠬᠠᠶ ᠠᠵᠢᠯᠯᠠᠭ᠋ᠠᠨ᠎ᠢ ᠬᠡᠷᠡᠭᠵᠢᠭᠦᠯᠵᠦ᠂ ᠰᠢᠨ᠎ᠡ ᠬᠡᠯᠪᠡᠷᠢ ᠵᠢᠨ ᠨᠦᠬᠡᠴᠡ ᠡᠨᠧᠷᠭᠢ ᠵᠢᠨ ᠮᠠᠰᠢᠨ ᠴᠣᠭᠴᠠᠯᠠᠪᠤᠷᠢ ᠵᠢ 1000 ᠲᠦᠮᠡᠨ ᠺᠢᠯᠣᠸᠠᠲ ᠠᠵᠢᠯ ᠡᠬᠢᠯᠡᠭᠦᠯᠦᠨ᠂ 600 ᠲᠦᠮᠡᠨ ᠺᠢᠯᠣᠸᠠᠲ᠎ᠢ ᠪᠠᠢ᠌ᠭᠤᠯᠵᠤ ᠳᠠᠭᠤᠰᠬᠠᠭ᠋ᠠᠳ ᠠᠰᠢᠭᠯᠠᠯᠲᠠ᠎ᠳᠤ ᠣᠷᠤᠭᠤᠯᠤᠨ᠎ᠠ᠃ ᠨᠦᠬᠡᠴᠡ ᠡᠨᠧᠷᠭᠢ ᠵᠢᠨ ᠲᠡᠷᠢᠭᠦᠨ᠎ᠤ ᠮᠡᠷᠭᠡᠵᠢᠯ᠎ᠤᠨ ᠠᠵᠤ ᠠᠬᠤᠢ᠌ᠯᠠᠯ᠎ᠢ ᠣᠷᠣᠭᠤᠯᠤᠨ ᠠᠪᠴᠢᠷᠠᠵᠤ᠂ ᠨᠦᠬᠡᠴᠡ ᠡᠨᠧᠷᠭᠢ ᠵᠢᠨ ᠭᠣᠤᠯᠯᠠᠬᠤ ᠮᠡᠷᠭᠡᠵᠢᠯ᠎ᠤᠨ ᠲᠠᠯ᠎ᠠ᠎ᠪᠠᠷ ᠪᠡᠶ᠎ᠡ᠎ᠪᠠᠨ ᠳᠠᠭ᠋ᠠᠭ᠋ᠠᠬᠤ ᠵᠢ ᠲᠦᠷᠭᠡᠳᠬᠡᠨ ᠪᠡᠶᠡᠯᠡᠭᠦᠯᠦᠨ᠎ᠡ᠃ ᠪᠤᠳᠤᠬᠤ ᠴᠢᠳᠠᠪᠤᠷᠢ ᠵᠢᠨ ᠠᠵᠤ ᠦᠢ᠍ᠯᠡᠰ᠎ᠤᠨ ᠲᠠᠯ᠎ᠠ᠎ᠪᠠᠷ᠂ ᠪᠦᠬᠦ ᠤᠯᠤᠰ᠎ᠤᠨ ᠨᠢᠭᠡ ᠴᠤᠭᠴᠠᠵᠢᠭᠰᠠᠨ ᠪᠤᠳᠤᠬᠤ ᠴᠢᠳᠠᠪᠤᠷᠢ ᠵᠢᠨ ᠰᠦᠯᠵᠢᠶᠡᠨ᠎ᠤ ᠤᠯᠤᠰ (ᠥᠪᠥᠷ ᠮᠣᠩᠭᠣᠯ)᠎ᠤᠨ ᠬᠦᠢ᠍ᠰᠦ ᠵᠠᠩᠬᠢᠶᠠᠰᠤ ᠵᠢᠨ ᠪᠦᠲᠦᠭᠡᠨ ᠪᠠᠢ᠌ᠭᠤᠯᠤᠯᠲᠠ ᠵᠢ ᠠᠬᠢᠭᠤᠯᠵᠤ᠂ 400G/800G᠎ᠤᠨ ᠪᠦᠷᠢᠨ ᠭᠡᠷᠡᠯᠯᠢᠭ ᠰᠦᠯᠵᠢᠶᠡᠨ᠎ᠤ ᠪᠠᠢ᠌ᠭᠤᠯᠤᠯᠲᠠ ᠵᠢ ᠲᠦᠷᠭᠡᠳᠭᠡᠨ᠂ ᠪᠤᠳᠤᠬᠤ ᠴᠢᠳᠠᠪᠤᠷᠢ ᠵᠢᠨ ᠬᠢᠨᠠᠨ ᠬᠡᠮᠵᠢᠵᠦ ᠲᠣᠬᠢᠷᠠᠭᠤᠯᠬᠤ ᠲᠠᠪᠴᠠᠩ᠎ᠢ ᠪᠠᠢ᠌ᠭᠤᠯᠵᠤ᠂ ᠬᠣᠷᠢᠨᠭᠡᠷ᠎ᠤᠨ ᠳ᠋ᠠᠶ᠋ᠢᠲ᠋ᠠ ᠵᠢᠨ ᠲᠥᠪ᠎ᠤᠨ ᠪᠦᠯᠦᠭᠵᠢᠯ᠎ᠢ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ᠎ᠤ ᠭᠤᠷᠪᠠᠯᠵᠢᠨ ᠬᠣᠢ᠌ᠭ᠂ ᠭᠤᠸᠠᠩᠳᠦ᠋ᠩ ᠰᠢᠶᠠᠩᠭ᠋ᠠᠩ ᠣᠣᠮᠧᠨ᠎ᠤ ᠲᠤᠮᠤ ᠪᠤᠯᠤᠩ᠎ᠤᠨ ᠣᠷᠣᠨ᠎ᠯᠤᠭ᠎ᠠ ᠲᠦᠷᠭᠡᠨ ᠵᠶ᠋ᠠᠷ ᠰᠢᠭᠤᠳ ᠬᠣᠯᠪᠣᠯᠳᠤᠭᠤᠯᠬᠤ ᠵᠢ ᠠᠬᠢᠭᠤᠯᠤᠨ᠂ ᠪᠡᠭᠡᠵᠢᠩ᠎ᠳᠤ ᠬᠠᠨᠳᠤᠭᠤᠯᠤᠭᠰᠠᠨ ᠬᠡᠳᠦ ᠶᠡᠬᠡ ᠬᠡᠪᠴᠢᠶᠡᠨ᠎ᠤ ᠣᠶᠤᠨᠴᠢ ᠪᠤᠳᠤᠬᠤ ᠴᠢᠳᠠᠪᠤᠷᠢ ᠵᠢᠨ ᠪᠦᠯᠦᠭᠵᠢᠯ᠎ᠢ ᠪᠠᠢ᠌ᠭᠤᠯᠵᠤ᠂ ᠬᠤᠸᠠ ᠸᠧᠢ ᠡᠭᠦᠯᠡᠨ ᠳ᠋ᠠᠶ᠋ᠢᠲ᠋ᠠ ᠵᠢᠨ ᠲᠥᠪ᠂ ᠵᠢᠦ ᠵᠧᠤ ᠤᠶᠤᠨᠴᠢ ᠪᠤᠳᠤᠬᠤ ᠴᠢᠳᠠᠪᠤᠷᠢ᠂ ᠪᠢᠩ ᠰᠢᠩ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠂ ᠠ ᠯᠢ ᠪᠠ ᠪᠠ᠂ ᠵᠥᠩ ᠵᠢᠨ ᠳ᠋ᠠᠶ᠋ᠢᠲ᠋ᠠ ᠵᠡᠷᠭᠡ 20 ᠭᠣᠤᠯᠳᠠᠯᠭ᠎ᠠ ᠪᠣᠯᠬᠤ ᠲᠥᠷᠥᠯ ᠵᠦᠢ᠍ᠯ᠎ᠤᠨ ᠪᠥᠲᠥᠭᠡᠨ ᠪᠠᠢ᠌ᠭᠤᠯᠤᠯᠲᠠ ᠵᠢ ᠠᠬᠢᠭᠤᠯᠤᠨ᠂ 《ᠵᠣᠬᠢᠶᠠᠮᠠᠯ ᠣᠶᠤᠨ +》᠂ 《ᠳ᠋ᠠᠢ᠌ᠲ᠋ᠠ ᠵᠢᠨ ᠬᠦᠴᠦᠨ ᠵᠦᠢ᠍ᠯ ×》 ᠵᠡᠷᠭᠡ ᠠᠵᠢᠯᠯᠠᠭ᠋ᠠᠨ᠎ᠢ ᠥᠷᠨᠢᠭᠦᠯᠵᠦ᠂ ᠨᠢᠭᠡ ᠪᠦᠯᠦᠭ ᠵᠣᠬᠢᠶᠠᠮᠠᠯ ᠣᠶᠤᠨ᠎ᠤ ᠨᠡᠢ᠌ᠲᠡᠯᠢᠭ ᠬᠡᠷᠡᠭᠯᠡᠭᠡᠨ᠎ᠤ ᠲᠥᠷᠥᠯ ᠵᠦᠢ᠍ᠯ᠎ᠢ ᠬᠡᠷᠡᠭᠵᠢᠭᠦᠯᠦᠨ᠂ ᠬᠥᠬᠡᠬᠣᠲᠠ ᠵᠢᠨ ᠵᠣᠬᠢᠶᠠᠮᠠᠯ ᠣᠶᠤᠨ᠎ᠤ ᠠᠵᠤ ᠦᠢ᠍ᠯᠡᠰ᠎ᠤᠨ ᠰᠠᠭᠤᠷᠢᠨ ᠭᠠᠵᠠᠷ᠎ᠢ ᠪᠣᠢ᠌ᠵᠢᠭᠤᠯᠵᠤ᠂ ᠦᠢ᠍ᠯᠡᠴᠢᠯᠡᠭᠦᠷ᠎ᠤᠨ ᠮᠠᠰᠢᠨ ᠴᠣᠭᠴᠠᠯᠠᠪᠤᠷᠢ ᠵᠢᠨ ᠴᠢᠳᠠᠪᠤᠷᠢ ᠵᠢ 150 ᠲᠦᠮᠡᠨ ᠰᠠᠭᠤᠷᠢ ᠰᠢᠨ᠎ᠡ᠎ᠪᠠᠷ ᠨᠡᠮᠡᠭᠳᠡᠭᠦᠯᠬᠦ᠎ᠪᠠᠷ ᠴᠢᠷᠮᠠᠢ᠌ᠵᠤ᠂ ᠪᠤᠳᠤᠬᠤ ᠴᠢᠳᠠᠪᠤᠷᠢ ᠵᠢᠨ ᠬᠡᠪᠴᠢᠶᠡᠵᠢᠯ᠎ᠢ 20 ᠲᠦᠮᠡᠨ P᠎ᠠᠴᠠ ᠳᠠᠪᠠᠭᠤᠯᠤᠨ᠂ ᠤᠶᠤᠨᠴᠢ ᠪᠤᠳᠤᠬᠣ ᠴᠢᠳᠠᠪᠤᠷᠢ ᠵᠢᠨ ᠬᠡᠪᠴᠢᠶᠡᠵᠢᠯ᠎ᠤᠨ ᠪᠥᠬᠥ ᠤᠯᠤᠰ᠎ᠲᠤ ᠲᠦᠷᠦᠭᠦᠯᠡᠭᠰᠡᠨ ᠪᠠᠶ᠋ᠢᠷᠢ᠎ᠪᠠᠨ ᠪᠠᠲᠤᠯᠠᠵᠤ᠂ ᠰᠢᠨ᠎ᠡ᠎ᠪᠠᠷ ᠪᠠᠢ᠌ᠭᠤᠯᠤᠭᠰᠠᠨ ᠳ᠋ᠠᠢ᠌ᠲ᠋ᠠ ᠵᠢᠨ ᠲᠥᠪ᠎ᠤᠨ ᠪᠣᠬᠢᠷᠲᠤᠯ ᠥᠬᠡᠶ ᠴᠠᠬᠢᠯᠭ᠋ᠠᠨ᠎ᠤ ᠬᠠᠷᠢᠴᠠᠯ᠎ᠢ 80%᠎ᠠᠴᠠ ᠳᠣᠤᠷ᠎ᠠ ᠥᠬᠡᠶ ᠪᠠᠶ᠋ᠢᠯᠭ᠋ᠠᠨ᠎ᠠ᠃ ᠪᠣᠬᠢᠷᠳᠤᠯ ᠦᠭᠡᠢ ᠤᠰᠤᠲᠥ᠋ᠷᠥᠭᠴᠢ ᠵᠢᠨ ᠠᠵᠤ ᠦᠢ᠍ᠯᠡᠰ᠎ᠤᠨ ᠲᠠᠯ᠎ᠠ᠎ᠪᠠᠷ᠂ ᠪᠣᠬᠢᠷᠳᠤᠯ ᠦᠭᠡᠢ ᠤᠰᠤᠲᠥ᠋ᠷᠥᠭᠴᠢ ᠵᠢᠨ ᠠᠵᠤ ᠦᠢ᠍ᠯᠡᠰ᠎ᠤᠨ ᠬᠤᠰᠢᠭᠤᠴᠢ ᠣᠷᠣᠨ᠎ᠤ ᠠᠵᠢᠯᠯᠠᠭ᠋ᠠᠨ᠎ᠤ ᠲᠥᠰᠦᠯ᠎ᠢ ᠨᠠᠢ᠌ᠳᠠᠪᠤᠷᠢᠵᠢᠭᠤᠯᠤᠨ᠂ ᠪᠤᠬᠢᠷᠳᠤᠯ ᠦᠭᠡᠢ ᠴᠠᠬᠢᠯᠭ᠋ᠠᠨ ᠵᠶ᠋ᠠᠷ ᠤᠰᠤᠲᠥ᠋ᠷᠥᠭᠴᠢ ᠰᠢᠪᠲᠦᠷ ᠠᠯᠺᠣᠣᠯ ᠦᠢ᠍ᠯᠡᠳᠬᠦ ᠲᠥᠷᠥᠯ ᠵᠦᠢ᠍ᠯ᠎ᠤᠨ ᠪᠥᠲᠥᠭᠡᠨ ᠪᠠᠢ᠌ᠭᠤᠯᠤᠯᠲᠠ ᠵᠢ ᠠᠬᠢᠭᠤᠯᠵᠤ᠂ ᠪᠣᠬᠢᠷᠳᠤᠯ ᠦᠭᠡᠢ ᠤᠰᠤᠲᠥ᠋ᠷᠥᠭᠴᠢ ᠦᠢ᠍ᠯᠡᠳᠪᠦᠷᠢᠯᠡᠬᠦ ᠴᠢᠳᠠᠮᠵᠢ ᠵᠢ 20 ᠲᠦᠮᠡᠨ ᠲᠣᠨ᠎ᠳᠤ ᠬᠦᠷᠦᠭᠦᠯᠬᠦ᠎ᠪᠠᠷ ᠴᠢᠷᠮᠠᠢ᠌ᠨ᠎ᠠ᠃ ᠳᠤᠮᠳᠠᠳᠤ ᠤᠯᠤᠰ᠎ᠤᠨ ᠴᠢᠯᠠᠭᠤᠨ ᠲᠤᠰᠤ ᠬᠢᠮᠢ ᠵᠢᠨ ᠠᠵᠤ ᠦᠢ᠍ᠯᠡᠳᠪᠦᠷᠢ ᠵᠢᠨ ᠤᠯᠠᠭ᠋ᠠᠨᠴᠠᠪ᠎ᠠᠴᠠ ᠶᠠᠨᠱ᠌ᠠᠨ ᠬᠥᠷᠬᠥ ᠴᠢᠯᠠᠭᠤᠨ ᠲᠤᠰᠤ ᠬᠢᠮᠢ ᠵᠢᠨ ᠤᠰᠤᠲᠥ᠋ᠷᠥᠭᠴᠢ ᠳᠠᠮᠵᠢᠭᠤᠯᠬᠤ ᠬᠣᠭᠣᠯᠠᠶ ᠭᠣᠣᠷᠰᠤ᠂ ᠤᠯᠠᠭ᠋ᠠᠨᠬᠠᠳᠠ᠎ᠠᠴᠠ ᠵᠢᠨᠵᠧᠦ ᠭᠠᠷᠠᠮ ᠬᠦᠷᠴᠦ ᠠᠬᠢᠭ᠋ᠠᠳ ᠱᠠᠩᠬᠠᠶ ᠬᠥᠷᠬᠥ ᠪᠣᠬᠢᠷᠳᠤᠯ ᠦᠭᠡᠢ ᠤᠰᠤᠲᠥ᠋ᠷᠥᠭᠴᠢ ᠵᠢᠨ ᠬᠣᠩᠭᠢᠯ᠎ᠢ ᠠᠵᠢᠯ ᠡᠬᠢᠯᠡᠭᠦᠯᠦᠨ ᠪᠥᠲᠥᠭᠡᠨ ᠪᠠᠢ᠌ᠭᠤᠯᠤᠨ᠎ᠠ᠃ 《ᠪᠣᠬᠢᠷᠳᠤᠯ ᠦᠭᠡᠢ ᠤᠰᠤᠲᠥ᠋ᠷᠥᠭᠴᠢ + ᠠᠵᠤ ᠦᠢ᠍ᠯᠡᠳᠪᠦᠷᠢ》᠂ 《ᠪᠣᠬᠢᠷᠳᠤᠯ ᠦᠭᠡᠢ ᠤᠰᠤᠲᠥ᠋ᠷᠥᠭᠴᠢ + ᠵᠠᠮ ᠬᠠᠷᠢᠯᠴᠠᠭ᠎ᠠ》 ᠵᠡᠷᠭᠡ ᠬᠡᠷᠡᠭᠯᠡᠭᠡᠨ᠎ᠤ ᠰᠢᠩᠭᠡᠭᠡᠬᠦ ᠲᠠᠯᠠᠪᠤᠷ᠎ᠤᠨ ᠲᠤᠷᠰᠢᠯᠲᠠ ᠵᠢᠨ ᠵᠢᠱ᠌ᠢᠶ᠎ᠡ ᠦᠵᠡᠭᠦᠯᠬᠦ ᠵᠢ ᠲᠦᠷᠭᠡᠳᠬᠡᠨ ᠠᠬᠢᠭᠤᠯᠵᠤ᠂ ᠤᠰᠤᠲᠥ᠋ᠷᠥᠭᠴᠢ ᠡᠨᠧᠷᠭᠢ ᠵᠢᠨ ᠲᠣᠨᠣᠭ ᠲᠥᠬᠥᠭᠡᠷᠦᠮᠵᠢ ᠦᠢ᠍ᠯᠡᠳᠬᠦ ᠠᠵᠤ ᠦᠢ᠍ᠯᠡᠰ᠎ᠢ ᠪᠤᠵᠠᠭ᠋ᠠᠢ᠌ᠷᠠᠭᠤᠯᠤᠨ᠎ᠠ᠃ ᠳᠣᠤᠷ᠎ᠠ ᠠᠭ᠋ᠠᠷ᠎ᠤᠨ ᠠᠵᠤ ᠠᠬᠤᠶ ᠵᠢᠨ ᠲᠠᠯ᠎ᠠ᠎ᠪᠠᠷ᠂ ᠤᠯᠤᠰ᠎ᠤᠨ ᠳᠣᠤᠷ᠎ᠠ ᠠᠭ᠋ᠠᠷ᠎ᠤᠨ ᠠᠵᠤ ᠠᠬᠤᠶ ᠵᠢᠨ ᠴᠢᠨᠠᠷ ᠰᠠᠢ᠌ᠲᠠᠶ ᠬᠥᠭᠵᠢᠯᠲᠡ ᠵᠢᠨ ᠵᠢᠯᠣᠭᠣᠳᠬᠤ ᠰᠠᠨᠠᠯ᠎ᠢ ᠨᠠᠢ᠌ᠳᠠᠪᠤᠷᠢᠵᠢᠭᠤᠯᠬᠤ ᠵᠢ ᠠᠬᠢᠭᠤᠯᠵᠤ᠂ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠪᠠ ᠬᠠᠤᠯᠢ ᠲᠣᠭᠲᠠᠭ᠋ᠠᠯ᠎ᠢ ᠵᠢᠷᠤᠮᠯᠠᠭᠰᠠᠨ ᠤᠷᠢᠲᠠᠯ ᠳᠣᠤᠷ᠎ᠠ᠂ ᠰᠢᠰᠲ᠋ᠧᠮ᠎ᠲᠠᠢ ᠣᠬᠠᠭ᠋ᠠᠯᠠᠨ ᠲᠦᠯᠦᠪᠯᠡᠬᠦ ᠵᠢ ᠴᠢᠩᠭ᠋ᠠᠳᠬᠠᠨ᠂ ᠠᠵᠤ ᠦᠢ᠍ᠯᠡᠰ᠎ᠤᠨ ᠰᠠᠭᠤᠷᠢ ᠵᠢ ᠪᠡᠬᠢᠵᠢᠭᠦᠯᠵᠦ᠂ ᠡᠯ᠎ᠡ ᠭᠠᠵᠠᠷ᠎ᠤᠨ᠎ᠬᠢᠨ᠎ᠢ ᠬᠥᠲᠥᠯᠦᠨ ᠵᠢᠯᠣᠭᠣᠳᠴᠤ ᠪᠠᠢ᠌ᠭ᠋ᠠᠳ ᠲᠣᠰ ᠪᠡᠶ᠎ᠡ ᠵᠢᠨ ᠪᠠᠢ᠌ᠷᠢ ᠲᠣᠭᠲᠠᠭ᠋ᠠᠯᠲᠠ᠎ᠪᠠᠨ ᠣᠨᠣᠪᠴᠢᠲᠠᠶ ᠡᠷᠢᠵᠦ ᠣᠯᠣᠭ᠋ᠠᠳ ᠦᠪᠡᠷᠮᠢᠴᠡ ᠬᠥᠭᠵᠢᠯᠲᠡ ᠵᠢᠨ ᠳᠠᠪᠠᠭᠤᠯᠢᠭ᠎ᠢ ᠪᠦᠷᠢᠯᠳᠦᠭᠦᠯᠦᠨ᠂ ᠳᠣᠤᠷ᠎ᠠ ᠠᠭ᠋ᠠᠷ᠎ᠤᠨ ᠠᠵᠤ ᠠᠬᠤᠶ ᠵᠢᠨ ᠬᠥᠭᠵᠢᠯᠲᠡ ᠵᠢᠨ ᠳᠠᠯᠳᠠ ᠬᠦᠴᠦᠨ᠎ᠢ ᠠᠯᠬᠤᠮ ᠠᠯᠬᠤᠮ ᠵᠶ᠋ᠠᠷ ᠪᠠᠳᠠᠷᠠᠭᠤᠯᠤᠨ᠎ᠠ᠃

      (ᠲᠠᠪᠤ) ᠦᠢ᠍ᠯᠡᠴᠢᠯᠡᠭᠡᠨ᠎ᠤ ᠦᠢ᠍ᠯᠡᠰ᠎ᠢ ᠲᠦᠷᠭᠡᠳᠬᠡᠨ ᠰᠡᠷᠭᠦᠭᠡᠬᠦ ᠵᠢ ᠠᠬᠢᠭᠤᠯᠤᠨ᠎ᠠ᠃ 《ᠲᠡᠷᠢᠭᠦᠨ᠎ᠤ ᠦᠢ᠍ᠯᠡᠳᠬᠦ ᠦᠢ᠍ᠯᠡᠰ ᠪᠠ ᠣᠲᠣ ᠦᠶ᠎ᠡ ᠵᠢᠨ ᠦᠢ᠍ᠯᠡᠴᠢᠯᠡᠭᠡᠨ᠎ᠤ ᠦᠢ᠍ᠯᠡᠰ᠎ᠤᠨ ᠠᠭᠤᠰᠤᠯᠴᠠᠨ ᠬᠥᠭᠵᠢᠬᠦ ᠵᠢ ᠤᠯᠠᠮ ᠨᠢᠭᠡ ᠠᠯᠬᠤᠮ ᠭᠦᠨᠵᠡᠭᠡᠢ᠌ᠷᠡᠭᠦᠯᠬᠦ ᠲᠤᠬᠠᠶ ᠬᠡᠷᠡᠭᠵᠢᠭᠦᠯᠬᠦ ᠲᠥᠰᠦᠯ》᠎ᠢ ᠨᠡᠢ᠌ᠲᠡᠯᠡᠵᠦ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠢᠨᠠᠷᠯᠢᠭ ᠥᠨᠳᠥᠷ ᠪᠦᠲᠦᠮᠵᠢᠲᠡᠶ ᠦᠢ᠍ᠯᠡᠴᠢᠯᠡᠭᠡᠨ᠎ᠤ ᠦᠢ᠍ᠯᠡᠰ᠎ᠤᠨ ᠰᠢᠨ᠎ᠡ ᠲᠣᠭᠲᠠᠯᠴᠠᠭ᠎ᠠ ᠵᠢ ᠲᠦᠷᠭᠡᠳᠬᠡᠨ ᠪᠠᠢ᠌ᠭᠤᠯᠬᠤ ᠠᠵᠢᠯᠯᠠᠭ᠋ᠠᠨ᠎ᠤ ᠲᠥᠰᠦᠯ (2024 – 2026 ᠣᠨ)》᠎ᠢ ᠨᠠᠢ᠌ᠳᠠᠪᠤᠷᠢᠵᠢᠭᠤᠯᠤᠨ᠂ ᠵᠠᠮ ᠬᠠᠷᠢᠯᠴᠠᠭ᠎ᠠ ᠲᠡᠭᠡᠭᠡᠪᠦᠷᠢ᠂ ᠠᠷᠠᠯᠵᠢᠶ᠎ᠠ ᠬᠤᠳᠠᠯᠳᠤᠭ᠎ᠠ᠂ ᠰᠣᠶᠣᠯ ᠵᠢᠭᠤᠯᠴᠢᠯᠠᠯ ᠵᠡᠷᠭᠡ ᠭᠣᠤᠯᠳᠠᠯᠭ᠎ᠠ ᠪᠣᠯᠬᠤ ᠬᠦᠷᠢᠶ᠎ᠡ ᠴᠠᠷᠠᠭ᠎ᠠ ᠵᠢᠨ ᠲᠣᠭᠣᠷᠢᠨ᠎ᠳᠤ᠂ ᠨᠢᠭᠡ ᠪᠦᠯᠦᠭ ᠦᠢ᠍ᠯᠡᠴᠢᠯᠡᠭᠡᠨ᠎ᠤ ᠦᠢ᠍ᠯᠡᠰ᠎ᠤᠨ ᠬᠥᠲᠥᠴᠢ ᠠᠵᠤ ᠠᠬᠤᠢ᠌ᠯᠠᠯ᠎ᠢ ᠪᠣᠢ᠌ᠵᠢᠭᠤᠯᠤᠨ᠎ᠠ᠃ ᠵᠠᠮ ᠬᠠᠷᠢᠯᠴᠠᠭ᠎ᠠ ᠪᠠᠷᠠᠭ᠋ᠠᠨ᠎ᠤ ᠭᠦᠢ᠍ᠯᠭᠡᠭᠡᠨ᠎ᠤ ᠦᠢ᠍ᠯᠡᠰ᠎ᠤᠨ ᠨᠡᠮᠡᠭᠳᠡᠯ᠎ᠢ ᠲᠣᠭᠲᠠᠪᠤᠷᠢᠵᠢᠭᠤᠯᠤᠨ᠎ᠠ᠃ ᠤᠯᠤᠰ᠎ᠤᠨ 《ᠪᠥᠬᠥ ᠨᠡᠢ᠌ᠭᠡᠮ᠎ᠤᠨ ᠪᠠᠷᠠᠭ᠋ᠠᠨ᠎ᠤ ᠭᠦᠢ᠍ᠯᠭᠡᠭᠡᠨ᠎ᠤ ᠥᠪᠡᠷ᠎ᠤᠨ ᠥᠷᠲᠡᠭ᠎ᠢ ᠪᠦᠲᠦᠮᠵᠢᠲᠡᠶ ᠪᠠᠭᠤᠷᠠᠭᠤᠯᠬᠤ ᠠᠵᠢᠯᠯᠠᠭ᠋ᠠᠨ᠎ᠤ ᠲᠥᠰᠦᠯ》 ᠵᠢᠴᠢ ᠥᠪᠡᠷᠲᠡᠭᠡᠨ ᠵᠠᠰᠠᠬᠤ ᠣᠷᠣᠨ᠎ᠤ ᠡᠭᠦᠷᠭᠡ ᠵᠢᠨ ᠲᠤᠳᠤᠷᠬᠠᠢ ᠬᠠᠭᠤᠳᠠᠰᠤ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠤᠨ᠎ᠠ᠃ ᠣᠲᠣ ᠦᠶ᠎ᠡ ᠵᠢᠨ ᠵᠠᠮ ᠬᠠᠷᠢᠯᠴᠠᠭ᠎ᠠ ᠪᠠᠷᠠᠭ᠋ᠠᠨ᠎ᠤ ᠭᠦᠢ᠍ᠯᠭᠡᠭᠡᠨ᠎ᠤ ᠳᠠᠭ᠋ᠠᠭᠤᠯᠤᠭᠴᠢ ᠠᠵᠤ ᠠᠬᠤᠢ᠌ᠯᠠᠯ᠎ᠢ 50᠎ᠠᠴᠠ ᠳᠡᠭᠡᠭᠰᠢ ᠪᠣᠢ᠌ᠵᠢᠭᠤᠯᠵᠤ᠂ ᠪᠥᠬᠥ ᠣᠷᠣᠨ᠎ᠤ   ᠶᠡᠷᠦᠩᠬᠡᠢ᠌ᠯᠡᠭᠰᠡᠨ ᠲᠡᠭᠡᠭᠡᠪᠦᠷᠢ ᠵᠢᠨ ᠪᠠᠷᠠᠭ᠋ᠠᠨ᠎ᠤ ᠲᠡᠭᠡᠭᠡᠪᠦᠷᠢ ᠵᠢᠨ ᠬᠡᠮᠵᠢᠶ᠎ᠡ᠎ᠳᠤ ᠡᠵᠡᠯᠡᠬᠦ ᠪᠠᠷᠠᠭ᠋ᠠᠨ᠎ᠤ ᠲᠡᠭᠡᠭᠡᠪᠦᠷᠢ ᠵᠢᠨ ᠬᠡᠮᠵᠢᠶ᠎ᠡ ᠵᠢᠨ ᠬᠠᠷᠢᠴᠠᠯ᠎ᠢ 40%᠎ᠠᠴᠠ ᠳᠡᠭᠡᠭᠰᠢ ᠪᠣᠯᠭ᠋ᠠᠨ᠎ᠠ᠃ ᠰᠦᠯᠵᠢᠶ᠎ᠡ᠎ᠪᠠᠷ ᠪᠠᠷᠠᠭ᠎ᠠ ᠲᠡᠭᠡᠭᠡᠪᠦᠷᠢᠯᠡᠬᠦ ᠲᠠᠪᠴᠠᠩ᠎ᠤᠨ   ᠶᠡᠷᠦᠩᠬᠡᠢ᠌ᠯᠡᠭᠰᠡᠨ ᠪᠠᠷᠠᠭ᠋ᠠᠨ᠎ᠤ ᠭᠦᠢ᠍ᠯᠭᠡᠭᠡᠨ᠎ᠤ ᠲᠠᠪᠴᠠᠩ ᠲᠡᠶ᠋ᠢᠰᠢ ᠬᠡᠯᠪᠡᠷᠢ᠎ᠪᠠᠨ ᠬᠤᠪᠢᠷᠠᠭᠤᠯᠬᠤ ᠵᠢ ᠳᠡᠮᠵᠢᠵᠦ᠂ ᠪᠥᠬᠥ ᠣᠷᠣᠨ᠎ᠤ ᠨᠢᠭᠡᠳᠦᠯᠲᠡᠶ ᠳ᠋ᠢᠬᠢᠲᠴᠢᠯᠡᠭᠰᠡᠨ ᠪᠠᠷᠠᠭ᠋ᠠᠨ᠎ᠤ ᠭᠦᠢ᠍ᠯᠭᠡᠭᠡᠨ᠎ᠤ   ᠶᠡᠷᠦᠩᠬᠡᠢ᠌ᠯᠡᠭᠰᠡᠨ ᠦᠢ᠍ᠯᠡᠴᠢᠯᠡᠭᠡᠨ᠎ᠤ ᠲᠠᠪᠴᠠᠩ᠎ᠢ ᠰᠤᠳᠤᠯᠤᠨ ᠪᠠᠢ᠌ᠭᠤᠯᠤᠨ᠎ᠠ᠃ ᠭᠣᠣᠯᠳᠠᠯᠭ᠎ᠠ ᠪᠣᠯᠬᠤ ᠦᠢ᠍ᠯᠡᠳᠪᠦᠷᠢ ᠠᠭᠤᠷᠬᠠᠶ ᠵᠢᠨ ᠠᠵᠤ ᠠᠬᠤᠢ᠌ᠯᠠᠯ᠎ᠤᠨ ᠨᠡᠭᠦᠷᠡᠰᠦᠨ᠎ᠤ ᠥᠷᠭᠡᠨ ᠬᠡᠷᠡᠭᠴᠡᠭᠡᠨ᠎ᠤ ᠪᠠᠷᠠᠭ᠎ᠠ ᠵᠢ ᠬᠤᠯᠠ ᠵᠠᠶ ᠲᠡᠭᠡᠭᠡᠪᠦᠷᠢᠯᠡᠬᠦ ᠵᠢᠨ 《ᠵᠠᠰᠠᠮᠠᠯ ᠵᠠᠮ᠎ᠠᠴᠠ ᠲᠡᠮᠦᠷ ᠵᠠᠮ᠎ᠳᠤ ᠰᠢᠯᠵᠢᠬᠦ》 ᠵᠢ ᠠᠬᠢᠭᠤᠯᠵᠤ᠂ ᠲᠡᠮᠦᠷ ᠵᠠᠮ᠎ᠤᠨ ᠪᠠᠷᠠᠭ᠎ᠠ ᠲᠡᠭᠡᠭᠡᠪᠦᠷᠢᠯᠡᠬᠦ ᠬᠡᠮᠵᠢᠶ᠎ᠡ ᠵᠢ 950 ᠲᠦᠮᠡᠨ ᠲᠣᠨ ᠨᠡᠮᠡᠭᠳᠡᠭᠦᠯᠬᠦ᠎ᠪᠠᠷ ᠴᠢᠷᠮᠠᠢ᠌ᠨ᠎ᠠ᠃ ᠵᠠᠰᠠᠮᠠᠯ ᠵᠠᠮ ᠳᠠᠭ᠋ᠠᠤ ᠵᠢᠨ ᠡᠭᠦᠰᠦᠮᠡᠯ ᠠᠵᠤ ᠠᠬᠤᠶ ᠵᠢ ᠬᠥᠭᠵᠢᠭᠦᠯᠵᠦ᠂ ᠨᠢᠭᠡ ᠪᠦᠯᠦᠭ ᠵᠢᠭᠤᠯᠴᠢᠯᠠᠯ᠎ᠤᠨ ᠵᠢᠱ᠌ᠢᠶ᠎ᠡ ᠦᠵᠡᠭᠦᠯᠬᠦ ᠵᠠᠰᠠᠮᠠᠯ ᠵᠠᠮ᠂ ᠵᠢᠭᠤᠯᠴᠢᠯᠠᠯ᠎ᠤᠨ ᠵᠢᠱ᠌ᠢᠶ᠎ᠡ ᠦᠵᠡᠭᠦᠯᠬᠦ ᠦᠢ᠍ᠯᠡᠴᠢᠯᠡᠭᠡᠨ᠎ᠤ ᠲᠣᠭᠣᠷᠢᠭ᠎ᠢ ᠴᠤᠭᠴᠠᠯᠠᠨ᠎ᠠ᠃ ᠭᠡᠷ ᠪᠠᠢ᠌ᠰᠢᠩ ᠭᠠᠵᠠᠷ ᠬᠦᠷᠦᠩᠭᠡ ᠵᠢᠨ ᠬᠥᠭᠵᠢᠯᠲᠡ ᠵᠢᠨ ᠰᠢᠨ᠎ᠡ ᠬᠡᠪ ᠵᠠᠭᠪᠤᠷ᠎ᠢ ᠠᠬᠢᠭᠤᠯᠤᠨ ᠪᠠᠶ᠋ᠢᠭᠤᠯᠤᠨ᠎ᠠ᠃ ᠤᠯᠤᠰ ᠵᠢᠴᠢ ᠥᠪᠡᠷᠲᠡᠭᠡᠨ ᠵᠠᠰᠠᠬᠤ ᠣᠷᠣᠨ᠎ᠤ ᠬᠡᠷ ᠪᠠᠢ᠌ᠰᠢᠩ ᠭᠠᠵᠠᠷ ᠬᠥᠷᠥᠩᠭᠡ ᠵᠢᠨ ᠵᠠᠬ᠎ᠠ ᠳᠡᠯᠭᠡᠭᠦᠷ᠎ᠤᠨ ᠪᠠᠭᠤᠷᠠᠯᠲᠠ ᠵᠢ ᠵᠤᠭᠰᠤᠭ᠋ᠠᠨ ᠲᠣᠭᠲᠠᠭᠤᠨ ᠪᠣᠯᠭ᠋ᠠᠬᠤ ᠵᠢ ᠤᠯᠠᠮ ᠨᠢᠭᠡ ᠠᠯᠬᠤᠮ ᠠᠬᠢᠭᠤᠯᠬᠤ ᠬᠣᠯᠪᠣᠭᠳᠠᠯ ᠪᠥᠬᠥᠶ ᠠᠷᠭ᠎ᠠ ᠬᠡᠮᠵᠢᠶ᠎ᠡ ᠵᠢ ᠪᠥᠬᠥ ᠲᠠᠯ᠎ᠠ᠎ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠰᠢᠨ᠎ᠡ᠎ᠪᠠᠷ ᠨᠡᠮᠡᠭᠳᠡᠭᠰᠡᠨ ᠬᠡᠷ ᠪᠠᠢ᠌ᠰᠢᠩ ᠭᠠᠵᠠᠷ ᠬᠥᠷᠥᠩᠭᠡ᠎ᠳᠤ ᠬᠡᠷᠡᠭᠯᠡᠬᠦ ᠭᠠᠵᠠᠷ᠎ᠤᠨ ᠬᠠᠩᠭ᠋ᠠᠯᠭ᠎ᠠ ᠵᠢ ᠵᠦᠶ ᠵᠣᠬᠢᠰᠲᠠᠶ ᠬᠢᠵᠠᠭ᠋ᠠᠷᠯᠠᠨ᠂ ᠠᠷᠠᠳ ᠣᠯᠠᠨ᠎ᠤ ᠴᠢᠨᠠᠷ ᠴᠢᠨᠰᠠᠭ᠎ᠠ᠎ᠲᠠᠢ ᠠᠮᠢᠳᠤᠷᠠᠯ᠎ᠳᠤ ᠳᠣᠭᠢᠷᠠᠬᠤ ᠰᠠᠢ᠌ᠨ ᠬᠡᠷ ᠪᠠᠢ᠌ᠰᠢᠩ᠎ᠢ ᠢᠳᠡᠪᠬᠢᠲᠡᠶ ᠪᠥᠲᠥᠭᠡᠨ ᠪᠠᠢ᠌ᠭᠤᠯᠤᠨ᠎ᠠ᠃ ᠲᠠᠷᠢᠶᠠᠯᠠᠬᠤ ᠮᠠᠯᠵᠢᠬᠤ ᠣᠷᠣᠨ᠎ᠤ ᠨᠤᠷᠠᠬᠤ ᠠᠶᠤᠯᠲᠠᠶ ᠬᠡᠷ ᠪᠠᠢ᠌ᠰᠢᠩ᠎ᠢ ᠦᠭᠡᠷᠡᠴᠢᠯᠡᠨ ᠰᠢᠨᠡᠳᠭᠡᠬᠦ ᠪᠠ ᠪᠠᠲᠤᠯᠠᠭ᠎ᠠ ᠵᠢᠨ ᠴᠢᠨᠠᠷᠲᠠᠶ ᠣᠷᠣᠨ ᠰᠠᠭᠤᠴᠠ ᠵᠢ ᠪᠦᠲᠦᠭᠡᠨ ᠪᠠᠶ᠋ᠢᠭᠤᠯᠬᠤ ᠣᠨ᠎ᠤ ᠡᠭᠦᠷᠭᠡ ᠵᠢ ᠪᠡᠶᠡᠯᠡᠭᠦᠯᠦᠨ᠎ᠡ᠃ ᠨᠡᠢ᠌ᠭᠡᠮ ᠲᠣᠭᠣᠷᠢᠭ᠎ᠤᠨ ᠠᠳᠠᠯ ᠠᠬᠤᠶ ᠨᠠᠮ᠎ᠤᠨ ᠪᠠᠢ᠌ᠭᠤᠯᠤᠯᠲᠠ ᠵᠢ ᠬᠣᠯᠪᠣᠭ᠋ᠠᠯᠠᠨ ᠪᠠᠶ᠋ᠢᠭᠤᠯᠬᠤ ᠵᠢ ᠯᠠᠪᠳᠠᠭᠤᠨ ᠪᠠᠲᠤᠲᠠᠶ ᠠᠬᠢᠭᠤᠯᠵᠤ᠂ ᠪᠣᠶ ᠪᠥᠬᠥᠶ ᠬᠣᠰᠢᠭᠤ ᠰᠢᠶᠠᠨ (ᠬᠣᠲᠠ᠂ ᠲᠣᠭᠣᠷᠢᠭ)᠎ᠤ ᠪᠠᠢ᠌ᠭᠤᠯᠤᠭᠰᠠᠨ ᠲᠣᠭᠣᠷᠢᠭ᠎ᠤᠨ ᠰᠠᠭᠤᠭ᠋ᠠᠯᠢ ᠲᠣᠭᠣᠷᠢᠭ᠎ᠤᠨ ᠠᠳᠠᠯ ᠠᠬᠤᠶ ᠵᠢᠨ ᠬᠠᠮᠢᠶᠠᠷᠤᠯᠲᠠ ᠵᠢ ᠪᠦᠬᠦᠨ᠎ᠢ ᠬᠠᠮᠤᠷᠬᠤ᠎ᠪᠠᠷ ᠴᠢᠷᠮᠠᠢ᠌ᠵᠤ᠂ ᠦᠮᠴᠢᠲᠡᠨ᠎ᠤ ᠺᠤᠮᠢᠰ (ᠠᠳᠠᠯ ᠠᠬᠤᠢ ᠵᠢᠨ ᠬᠠᠮᠢᠶᠠᠷᠤᠯᠲᠠ ᠵᠢᠨ ᠺᠣᠮᠢᠰ)᠎ᠢ ᠵᠣᠬᠢᠶᠠᠨ ᠪᠠᠢ᠌ᠭᠤᠯᠬᠤ ᠨᠣᠷᠮ᠎ᠠ ᠵᠢ 95%᠎ᠠᠴᠠ ᠳᠡᠭᠡᠭᠰᠢ᠎ᠳᠤ ᠬᠦᠷᠦᠭᠦᠯᠦᠨ᠎ᠡ᠃ ᠵᠢᠭᠤᠯᠴᠢᠯᠠᠯ᠎ᠤᠨ ᠦᠢ᠍ᠯᠡᠰ᠎ᠤᠨ ᠲᠦᠷᠭᠡᠨ ᠬᠥᠭᠵᠢᠵᠦ ᠪᠠᠶ᠋ᠢᠭ᠎ᠠ ᠪᠠᠢ᠌ᠳᠠᠯ᠎ᠢ ᠪᠠᠲᠤᠯᠠᠨ᠎ᠠ᠃ ᠪᠥᠬᠥ ᠣᠷᠣᠨ᠎ᠳᠤ 3A᠂ 4A ᠲᠠᠰ᠎ᠤᠨ ᠵᠢᠭᠤᠯᠴᠢᠯᠠᠯ᠎ᠤᠨ ᠦᠵᠡᠮᠵᠢ ᠵᠢᠨ ᠣᠷᠣᠨ᠎ᠢ 20᠎ᠠᠴᠠ ᠳᠡᠭᠡᠭᠰᠢ ᠰᠢᠨ᠎ᠡ᠎ᠪᠠᠷ ᠪᠣᠢ᠌ᠵᠢᠭᠤᠯᠤᠨ᠎ᠠ᠃ 《ᠵᠢᠭᠤᠯᠴᠢᠯᠠᠯ᠎ᠤᠨ ᠳᠥᠷᠪᠡᠨ ᠭᠠᠵᠠᠷ》᠎ᠤᠨ ᠪᠥᠲᠥᠭᠡᠨ ᠪᠠᠢ᠌ᠭᠤᠯᠤᠯᠲᠠ ᠵᠢ ᠠᠬᠢᠭᠤᠯᠵᠤ᠂ ᠰᠣᠶᠣᠯ ᠬᠤᠳᠠᠯᠳᠤᠭ᠎ᠠ᠂ ᠵᠢᠭᠤᠯᠴᠢᠯᠠᠯ ᠬᠤᠳᠠᠯᠳᠤᠭ᠎ᠠ᠂ ᠪᠡᠶ᠎ᠡ ᠵᠢᠨ ᠲᠠᠮᠢᠷ ᠬᠤᠳᠠᠯᠳᠤᠭ᠋ᠠᠨ᠎ᠤ ᠠᠭᠤᠰᠤᠯᠴᠠᠨ ᠬᠥᠭᠵᠢᠬᠦ ᠵᠢ ᠶᠡᠬᠡ᠎ᠪᠠᠷ ᠠᠬᠢᠭᠤᠯᠵᠤ᠂ 《ᠢᠳᠡᠬᠦ ᠰᠠᠭᠤᠬᠤ ᠶᠠᠪᠤᠬᠤ ᠵᠤᠭ᠋ᠠᠴᠠᠬᠤ ᠪᠠᠷᠠᠭ᠎ᠠ ᠬᠤᠳᠠᠯᠳᠤᠨ ᠠᠪᠬᠤ ᠵᠤᠭ᠋ᠠᠴᠠᠨ ᠴᠡᠩᠭᠡᠬᠦ》 ᠵᠢ ᠨᠢᠭᠡ ᠴᠣᠠᠠᠴᠠᠵᠢᠭᠤᠯᠥᠠᠠᠰᠠᠨ ᠬᠡᠷᠡᠭᠯᠡᠭᠡᠨ᠎ᠤ ᠠᠵᠤ ᠦᠢ᠍ᠯᠡᠰ᠎ᠤᠨ ᠬᠡᠯᠬᠢᠶ᠎ᠡ ᠵᠢ ᠤᠬᠠᠭ᠋ᠠᠯᠠᠨ ᠲᠦᠯᠦᠪᠯᠡᠵᠦ ᠪᠠᠶ᠋ᠢᠭᠤᠯᠤᠨ᠂ ᠵᠢᠭᠤᠯᠴᠢᠯᠠᠯ᠎ᠤᠨ ᠬᠥᠮᠦᠨ ᠤᠳᠠᠭ᠎ᠠ᠂ ᠶᠡᠷᠦᠩᠬᠡᠶ ᠣᠷᠣᠯᠭ᠎ᠠ᠂ ᠬᠥᠮᠦᠨ ᠳᠤᠮᠳᠠᠴᠢ ᠵᠢᠨ ᠵᠠᠷᠤᠳᠠᠯ᠎ᠤᠨ 《ᠭᠤᠷᠪᠠᠨ ᠨᠡᠮᠡᠭᠳᠡᠯ》᠎ᠢ ᠠᠬᠢᠭᠤᠯᠤᠨ᠎ᠠ᠃ ᠳᠥᠷᠪᠡᠨ ᠤᠯᠠᠷᠢᠯ᠎ᠤᠨ ᠵᠢᠭᠤᠯᠴᠢᠯᠠᠯ᠎ᠤᠨ ᠠᠵᠢᠯᠯᠠᠭ᠎ᠠ ᠵᠢ ᠨᠢᠮᠪᠠᠶ ᠲᠥᠯᠥᠪᠯᠡᠵᠦ᠂ ᠰᠣᠳᠣᠨ ᠵᠢᠭᠤᠯᠴᠢᠯᠠᠯ᠎ᠤᠨ ᠪᠦᠲᠦᠭᠡᠭᠳᠡᠬᠦᠨ᠎ᠢ ᠨᠡᠭᠡᠭᠡᠨ ᠬᠥᠭᠵᠢᠭᠦᠯᠬᠦ ᠡᠷᠴᠢᠮ ᠵᠶ᠋ᠠᠨ ᠦᠨᠡᠨ ᠬᠦ᠌ ᠴᠢᠩᠭ᠋ᠠᠷᠠᠭᠤᠯᠤᠨ᠂ ᠳᠤᠮᠳᠠᠳᠤ ᠤᠯᠤᠰ᠎ᠤᠨ ᠤᠮᠠᠷᠠᠲᠤ ᠬᠢᠯᠢ ᠵᠢᠨ ᠬᠠᠮᠤᠭ᠎ᠤᠨ ᠭᠣᠶᠣ ᠵᠠᠰᠠᠮᠠᠯ ᠵᠠᠮ᠎ᠢ ᠴᠤᠭᠴᠠᠯᠠᠨ᠎ᠠ᠃ 《ᠤᠷᠤᠯᠳᠤᠭ᠋ᠠᠨ᠎ᠤ ᠳᠠᠰᠢᠷᠠᠮ ᠵᠶ᠋ᠠᠷ ᠵᠢᠭᠤᠯᠴᠢᠯᠠᠬᠤ》᠂ 《ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠶᠠᠪᠤᠳᠠᠯ᠎ᠢ ᠵᠡᠭᠡᠯᠢ ᠲᠣᠭᠣᠷᠢᠭ᠎ᠲᠤ ᠣᠷᠣᠭᠤᠯᠬᠤ᠂ ᠦᠵᠡᠮᠵᠢ ᠵᠢᠨ ᠣᠷᠣᠨ᠎ᠳᠤ ᠣᠷᠣᠭᠤᠯᠬᠤ᠂ ᠬᠤᠳᠠᠯᠳᠤᠭ᠋ᠠᠨ᠎ᠤ ᠲᠣᠭᠣᠷᠢᠭ᠎ᠲᠤ ᠣᠷᠣᠭᠤᠯᠬᠤ》 ᠵᠡᠷᠭᠡ ᠰᠢᠷᠢᠰ ᠠᠵᠢᠯᠯᠠᠭ᠎ᠠ ᠵᠢ ᠢᠳᠡᠪᠬᠢᠲᠡᠶ ᠵᠣᠬᠢᠶᠠᠨ ᠪᠠᠢ᠌ᠭᠤᠯᠵᠤ᠂ ᠥᠪᠡᠷᠲᠡᠭᠡᠨ ᠵᠠᠰᠠᠬᠤ ᠣᠷᠣᠨ᠎ᠤ 35 ᠳ᠋ᠤᠭ᠋ᠠᠷ ᠬᠤᠭᠤᠴᠠᠭ᠋ᠠᠨ᠎ᠤ ᠵᠢᠭᠤᠯᠴᠢᠯᠠᠯ᠎ᠤᠨ ᠨᠠᠶ᠋ᠢᠷ ᠨᠠᠭ᠋ᠠᠳᠤᠮ᠂ 21 ᠳ᠋ᠦ᠍ᠭᠡᠷ ᠬᠤᠭᠤᠴᠠᠭ᠋ᠠᠨ᠎ᠤ ᠮᠥᠰᠥ ᠴᠠᠰᠤᠨ᠎ᠤ ᠨᠠᠶ᠋ᠢᠷ ᠨᠠᠭ᠋ᠠᠳᠤᠮ᠂ ᠮᠠᠨᠵᠦᠦᠷ᠎ᠤᠨ ᠳᠤᠮᠳᠠᠳᠤ ᠣᠷᠣᠰ ᠮᠣᠩᠭᠣᠯ᠎ᠤᠨ ᠣᠯᠠᠨ ᠤᠯᠤᠰ᠎ᠤᠨ ᠮᠥᠰᠥ ᠴᠠᠰᠤᠨ᠎ᠤ ᠨᠠᠢ᠌ᠷ ᠵᠡᠷᠭᠡ ᠵᠢ ᠰᠠᠢ᠌ᠲᠤᠷ ᠡᠷᠭᠢᠯᠡᠵᠦ᠂ ᠥᠨᠳᠥᠷ ᠲᠦᠪᠰᠢᠨ ᠪᠦᠬᠦᠢ ᠰᠣᠶᠣᠯ ᠲᠠᠮᠢᠷ ᠵᠢᠭᠤᠯᠴᠢᠯᠠᠯ᠎ᠤᠨ ᠠᠵᠢᠯᠯᠠᠭ᠎ᠠ ᠵᠢ ᠪᠣᠶ ᠪᠣᠯᠭ᠋ᠠᠨ᠎ᠠ᠃ 《ᠠᠶᠠᠯᠭᠤᠲᠤ ᠵᠢᠭᠤᠯᠴᠢᠯᠠᠯ ᠥᠪᠥᠷ ᠮᠣᠩᠭᠣᠯ》 ᠭᠡᠬᠦ ᠣᠷᠣᠨ ᠪᠦᠰᠡ ᠵᠢᠨ ᠰᠣᠶᠣᠯ ᠵᠢᠭᠤᠯᠴᠢᠯᠠᠯ᠎ᠤᠨ ᠨᠠᠷᠠᠲᠤ ᠲᠡᠮᠲᠡᠭ᠎ᠢ ᠭᠣᠤᠯᠳᠠᠯᠭ᠎ᠠ᠎ᠲᠠᠢ ᠴᠤᠭᠴᠠᠯᠠᠵᠤ᠂ ᠪᠥᠬᠥ ᠵᠢᠯ᠎ᠳᠤ ᠪᠥᠬᠥ ᠣᠷᠣᠨ᠎ᠤ ᠵᠤᠭ᠋ᠠᠴᠠᠭᠰᠠᠳ᠎ᠤᠨ ᠲᠣᠭ᠎ᠠ ᠵᠢ 3 ᠳ᠋ᠦᠩᠰᠢᠭᠤᠷ ᠬᠥᠮᠦᠨ ᠤᠳᠠᠭ᠎ᠠ᠎ᠠᠴᠠ ᠳᠠᠪᠠᠭᠤᠯᠬᠤ᠂ ᠵᠢᠭᠤᠯᠴᠢᠯᠠᠯ᠎ᠤᠨ ᠣᠷᠣᠯᠭ᠎ᠠ ᠵᠢ 4500 ᠳ᠋ᠦᠩᠰᠢᠭᠤᠷ ᠲᠥᠭᠥᠷᠢᠭ᠎ᠠᠴᠠ ᠳᠠᠪᠠᠭᠤᠯᠬᠤ᠎ᠪᠠᠷ ᠴᠢᠷᠮᠠᠢ᠌ᠨ᠎ᠠ᠃

       ᠳᠥᠷᠪᠡ᠂ ᠳᠣᠲᠣᠭ᠋ᠠᠳᠤ ᠬᠡᠷᠡᠭᠴᠡᠭᠡ ᠵᠢᠨ ᠳᠠᠯᠳᠠ ᠬᠦᠴᠦᠨ᠎ᠢ ᠪᠠᠳᠠᠷᠠᠭᠤᠯᠬᠤ ᠵᠢ ᠲᠦᠷᠭᠡᠳᠬᠡᠵᠦ᠂ ᠴᠢᠬᠤᠯᠠ ᠶᠡᠬᠡ ᠲᠥᠷᠥᠯ ᠵᠦᠢ᠍ᠯ᠎ᠢ ᠤᠬᠠᠭ᠋ᠠᠯᠠᠨ ᠲᠦᠯᠦᠪᠯᠡᠬᠦ ᠠᠵᠢᠯᠯᠠᠭ᠋ᠠᠨ᠎ᠢ ᠪᠥᠬᠥ ᠬᠦᠴᠦᠨ ᠵᠶ᠋ᠠᠷ ᠵᠶ᠋ᠠᠨ ᠬᠡᠷᠡᠭᠵᠢᠭᠦᠯᠦᠨ᠎ᠡ

       ᠬᠡᠷᠡᠭᠯᠡᠭᠡ ᠵᠢ ᠶᠡᠬᠡ᠎ᠪᠠᠷ ᠬᠥᠭᠵᠢᠭᠡᠨ᠂ ᠪᠡᠯᠡ ᠣᠷᠣᠭᠤᠯᠤᠯᠲᠠ ᠵᠢᠨ ᠦᠷ᠎ᠡ ᠠᠰᠢᠭ᠎ᠢ ᠳᠡᠭᠡᠭᠰᠢᠯᠡᠭᠦᠯᠵᠦ᠂ ᠠᠵᠤ ᠠᠬᠤᠶ ᠵᠢᠨ ᠬᠥᠭᠵᠢᠯᠲᠡ ᠵᠢᠨ ᠳᠣᠲᠣᠭ᠋ᠠᠳᠤ ᠬᠦᠳᠡᠯᠭᠡᠭᠴᠢ ᠬᠦᠴᠦᠨ᠎ᠢ ᠨᠡᠮᠡᠭᠳᠡᠭᠦᠯᠦᠨ᠎ᠡ᠃

      (ᠨᠢᠭᠡ) ᠴᠢᠬᠤᠯᠠ ᠶᠡᠬᠡ ᠲᠥᠷᠥᠯ ᠵᠦᠢ᠍ᠯ᠎ᠢ ᠤᠬᠠᠭ᠋ᠠᠯᠠᠨ ᠲᠦᠯᠦᠪᠯᠡᠬᠦ ᠠᠵᠢᠯᠯᠠᠭ᠋ᠠᠨ᠎ᠢ ᠬᠡᠷᠡᠭᠵᠢᠭᠦᠯᠦᠨ᠎ᠡ᠃ ᠴᠢᠬᠤᠯᠠ ᠶᠡᠬᠡ ᠲᠥᠷᠥᠯ ᠵᠦᠢ᠍ᠯ᠎ᠤᠨ ᠠᠬᠢᠭᠤᠯᠬᠤ᠂ ᠵᠣᠬᠢᠴᠠᠭᠤᠯᠬᠤ᠂ ᠲᠣᠬᠢᠷᠠᠭᠤᠯᠬᠤ ᠠᠵᠢᠯ᠎ᠤᠨ ᠲᠣᠭᠲᠠᠴᠠ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ 《ᠬᠤᠳᠠᠯᠳᠤᠭ᠋ᠠᠴᠢᠨ ᠤᠷᠢᠬᠤ ᠵᠢ ᠠᠳᠬᠤᠬᠤ᠂ ᠨᠥᠭᠡᠴᠡᠯᠡᠬᠦ ᠵᠢ ᠠᠳᠬᠤᠬᠤ᠂ ᠡᠮᠦᠨᠡᠬᠢ ᠬᠤᠭᠤᠴᠠᠭ᠋ᠠᠨ᠎ᠤ ᠠᠵᠢᠯ᠎ᠢ ᠠᠳᠬᠤᠬᠤ᠂ ᠠᠵᠢᠯ ᠡᠬᠢᠯᠡᠭᠦᠯᠬᠦ ᠵᠢ ᠠᠳᠬᠤᠬᠤ᠂ ᠠᠬᠢᠴᠠ ᠵᠢ ᠠᠳᠬᠤᠬᠤ᠂ ᠠᠰᠢᠭᠯᠠᠯᠲᠠ᠎ᠳᠤ ᠣᠷᠣᠭᠤᠯᠬᠤ ᠵᠢ ᠠᠳᠬᠤᠬᠤ᠂ ᠪᠦᠷᠢᠳᠭᠡᠯ᠎ᠳᠤ ᠣᠷᠣᠭᠤᠯᠬᠤ ᠵᠢ ᠠᠳᠬᠤᠬᠤ》 ᠠᠵᠢᠯ᠎ᠢ ᠪᠥᠬᠥ ᠬᠦᠴᠦᠨ ᠵᠶ᠋ᠠᠷ ᠵᠶ᠋ᠠᠨ ᠰᠠᠢ᠌ᠲᠤᠷ ᠬᠢᠵᠦ᠂ ᠪᠥᠬᠥ ᠶᠠᠪᠤᠴᠠᠨ᠎ᠳᠤ ᠨᠠᠷᠢᠯᠢᠬ᠍ᠵᠢᠭᠤᠯᠤᠨ ᠬᠠᠮᠢᠶᠠᠷᠬᠤ ᠵᠢ ᠪᠡᠶᠡᠯᠡᠭᠦᠯᠦᠨ᠂ ᠭᠠᠵᠠᠷ ᠬᠡᠷᠡᠭᠯᠡᠬᠦ ᠪᠠ ᠲᠡᠤᠬᠡ ᠵᠢᠨ ᠳᠤᠷᠠᠰᠬᠠᠯᠲᠤ ᠵᠦᠢ᠍ᠯ᠎ᠤᠨ ᠬᠠᠮᠠᠭ᠋ᠠᠯᠠᠯᠲᠠ ᠵᠢᠨ ᠬᠢᠨᠠᠨ ᠵᠥᠪᠰᠢᠶᠡᠷᠡᠬᠦ ᠴᠤᠪᠤᠷᠠᠯ᠎ᠢ ᠰᠢᠯᠢᠳᠡᠭᠵᠢᠭᠦᠯᠬᠦ ᠵᠢ ᠠᠬᠢᠭᠤᠯᠵᠤ᠂ ᠪᠥᠬᠥ ᠵᠢᠯ᠎ᠤᠨ ᠴᠢᠬᠤᠯᠠ ᠶᠡᠬᠡ ᠲᠥᠷᠥᠯ ᠵᠦᠢ᠍ᠯ᠎ᠤᠨ ᠪᠡᠶᠡᠯᠡᠭᠦᠯᠬᠦ ᠪᠥᠲᠥᠭᠡᠨ ᠪᠠᠢ᠌ᠭᠤᠯᠤᠯᠲᠠ ᠵᠢᠨ ᠪᠠᠯᠠ ᠣᠷᠣᠭᠤᠯᠤᠯᠲᠠ ᠵᠢ ᠲᠦᠮᠡᠨ ᠳ᠋ᠦᠩᠰᠢᠭᠤᠷ ᠲᠥᠭᠥᠷᠢᠭ᠎ᠠᠴᠠ ᠳᠠᠪᠠᠭᠤᠯᠬᠤ᠎ᠪᠠᠷ ᠴᠢᠷᠮᠠᠢ᠌ᠵᠤ᠂ ᠲᠣᠭᠲᠠᠮᠠᠯ ᠬᠥᠷᠥᠩᠭᠡ ᠵᠢᠨ ᠪᠠᠯᠠ ᠣᠷᠣᠭᠤᠯᠤᠯᠲᠠ ᠵᠢ 10% ᠣᠷᠴᠢᠮ ᠨᠡᠮᠡᠭᠳᠡᠭᠦᠯᠦᠨ᠎ᠡ᠃ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠰᠡᠭᠦᠯ ᠬᠤᠷᠢᠶᠠᠬᠤ ᠠᠵᠢᠯ ᠪᠠ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠰᠤᠳᠤᠯᠤᠯ᠎ᠲᠠᠢ ᠤᠶᠠᠯᠳᠤᠭᠤᠯᠤᠨ᠂ ᠤᠯᠤᠰ᠎ᠤᠨ ᠴᠢᠬᠤᠯᠠ ᠶᠡᠬᠡ ᠪᠠᠢ᠌ᠯᠳᠤᠬᠤ ᠪᠣᠳᠣᠯᠭ᠎ᠠ᠂ ᠥᠪᠡᠷᠲᠡᠭᠡᠨ ᠵᠠᠰᠠᠬᠤ ᠣᠷᠣᠨ᠎ᠤ ᠬᠥᠭᠵᠢᠯᠲᠡ ᠵᠢᠨ ᠪᠠᠢ᠌ᠷᠢ ᠲᠣᠭᠲᠠᠭ᠋ᠠᠯᠲᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠣᠢ᠌ᠷ᠎ᠠ ᠵᠢᠨ ᠬᠤᠭᠤᠴᠠᠭ᠎ᠠ (2025 ᠣᠨ)᠂ ᠤᠷᠲᠤᠪᠲᠤᠷ ᠬᠤᠭᠤᠴᠠᠭ᠎ᠠ (《ᠠᠷᠪᠠᠨ ᠲᠠᠪᠤᠳᠤᠭ᠋ᠠᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠡᠮᠦᠨᠡᠬᠢ ᠬᠤᠭᠤᠴᠠᠭ᠎ᠠ)᠂ ᠠᠯᠤᠰ ᠬᠤᠭᠤᠴᠠᠭ᠎ᠠ (《ᠠᠷᠪᠠᠨ ᠲᠠᠪᠤᠳᠤᠭ᠋ᠠᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠳᠤᠮᠳᠠ ᠪᠠ ᠰᠡᠭᠦᠯᠴᠢ ᠵᠢᠨ ᠬᠤᠭᠤᠴᠠᠭ᠎ᠠ) ᠵᠢᠨ ᠴᠢᠬᠤᠯᠠ ᠶᠡᠬᠡ ᠲᠥᠷᠥᠯ ᠵᠦᠢ᠍ᠯ᠎ᠢ ᠤᠬᠠᠭ᠋ᠠᠯᠠᠨ ᠲᠦᠯᠦᠪᠯᠡᠵᠦ ᠨᠥᠭᠡᠴᠡᠯᠡᠬᠦ ᠵᠢ ᠯᠠᠪᠳᠠᠭᠤᠨ ᠪᠠᠲᠤᠲᠠᠶ ᠰᠠᠢ᠌ᠲᠤᠷ ᠬᠢᠵᠦ᠂ ᠲᠠᠰ ᠱᠠᠲᠤ ᠬᠦᠷᠢᠶ᠎ᠡ ᠴᠠᠷᠠᠭ᠎ᠠ ᠬᠤᠪᠢᠶᠠᠨ ᠨᠥᠭᠡᠴᠡᠯᠡᠬᠦ ᠲᠣᠭᠲᠠᠴᠠ ᠵᠢ ᠪᠠᠢ᠌ᠭᠤᠯᠤᠨ ᠪᠦᠷᠢᠨᠰᠢᠬᠦᠯᠵᠦ᠂ ᠲᠥᠷᠥᠯ ᠵᠦᠢ᠍ᠯ᠎ᠤᠨ ᠡᠮᠦᠨᠡᠬᠢ ᠬᠤᠭᠤᠴᠠᠭ᠋ᠠᠨ᠎ᠤ ᠭᠠᠷᠳᠠᠮ᠎ᠢ ᠭᠦᠢ᠍ᠴᠡᠳᠬᠡᠬᠦ᠎ᠪᠠᠨ ᠲᠦᠷᠭᠡᠳᠬᠡᠨ᠎ᠡ᠃ ᠡᠳ᠋᠎ᠤᠨ ᠵᠠᠰᠠᠭ ᠪᠠ ᠮᠥᠩᠭᠥᠨ ᠭᠦᠢ᠍ᠯᠭᠡᠭᠡᠨ᠎ᠤ ᠬᠠᠮᠵᠢᠯᠴᠠᠭ᠎ᠠ ᠵᠢ ᠴᠢᠩᠭ᠋ᠠᠳᠬᠠᠵᠤ᠂ ᠵᠠᠰᠠᠭ᠎ᠤᠨ ᠣᠷᠳᠣᠨ᠎ᠤ ᠪᠠᠯᠠ ᠣᠷᠣᠭᠤᠯᠤᠯᠲᠠ᠎ᠪᠠᠷ ᠨᠡᠢ᠌ᠭᠡᠮ᠎ᠤᠨ ᠪᠠᠯᠠ ᠣᠷᠣᠭᠤᠯᠤᠯᠲᠠ ᠵᠢ ᠪᠦᠲᠦᠮᠵᠢᠲᠡᠶ ᠳᠠᠶ᠋ᠢᠴᠢᠯᠠᠨ᠂ ᠠᠷᠠᠳ᠎ᠤᠨ ᠪᠠᠯᠠ ᠣᠷᠣᠭᠤᠯᠤᠯᠲᠠ ᠪᠠ ᠬᠦᠴᠦᠨ ᠵᠦᠢ᠍ᠯ᠎ᠤᠨ ᠪᠠᠲᠤᠯᠠᠭ᠎ᠠ ᠵᠢ ᠠᠬᠢᠭᠤᠯᠬᠤ ᠠᠵᠢᠯ᠎ᠤᠨ ᠲᠣᠭᠲᠠᠴᠠ ᠵᠢ ᠪᠠᠢ᠌ᠭᠤᠯᠤᠨ ᠪᠦᠷᠢᠨᠰᠢᠬᠦᠯᠵᠦ᠂ ᠠᠷᠠᠳ᠎ᠤᠨ ᠬᠥᠷᠥᠩᠭᠡ᠎ᠳᠤ ᠲᠥᠷᠥᠯ ᠵᠦᠢ᠍ᠯ᠎ᠢ ᠲᠠᠨᠢᠯᠴᠠᠭᠤᠯᠬᠤ᠎ᠪᠠᠨ ᠪᠠᠶ᠋ᠢᠩᠭᠤᠰᠢᠭᠤᠯᠤᠨ᠂ ᠵᠠᠰᠠᠭ᠎ᠤᠨ ᠣᠷᠳᠣᠨ ᠪᠠ ᠨᠡᠢ᠌ᠭᠡᠮ᠎ᠤᠨ ᠬᠥᠷᠥᠩᠭᠡ ᠵᠢᠨ ᠬᠠᠮᠲᠤᠷᠠᠯᠴᠠᠭ᠎ᠠ (PPP) ᠵᠢᠨ ᠰᠢᠨ᠎ᠡ ᠲᠣᠭᠲᠠᠴᠠ ᠵᠢ ᠵᠢᠷᠤᠮᠵᠢᠭᠤᠯᠤᠨ ᠬᠡᠷᠡᠭᠵᠢᠭᠦᠯᠵᠦ᠂ ᠨᠠᠩ ᠣᠯᠠᠨ ᠠᠷᠠᠳ᠎ᠤᠨ ᠬᠥᠷᠥᠩᠭᠡ ᠵᠢ ᠲᠡᠳᠡᠨ ᠥᠪᠡᠷᠲᠡᠭᠡᠨ ᠵᠠᠰᠠᠬᠤ ᠣᠷᠣᠨ᠎ᠤ ᠴᠢᠬᠤᠯᠠ ᠶᠡᠬᠡ ᠲᠥᠷᠥᠯ ᠵᠦᠢ᠍ᠯ᠎ᠤᠨ ᠪᠥᠲᠥᠭᠡᠨ ᠪᠠᠢ᠌ᠭᠤᠯᠤᠯᠲᠠ ᠡᠵᠡᠩᠨᠡᠯᠲᠡ᠎ᠳᠤ ᠣᠷᠤᠯᠴᠠᠭᠤᠯᠤᠨ᠂ ᠠᠷᠠᠳ᠎ᠤᠨ ᠪᠠᠯᠠ ᠣᠷᠣᠭᠤᠯᠤᠯᠲᠠ ᠵᠢᠨ ᠲᠥᠷᠥᠯ ᠵᠦᠢ᠍ᠯ᠎ᠢ ᠲᠦᠷᠭᠡᠳᠬᠡᠨ ᠨᠠᠢ᠌ᠳᠠᠪᠤᠷᠢᠵᠢᠭᠤᠯᠬᠤ ᠵᠢ ᠪᠠᠲᠤᠯᠠᠨ᠎ᠠ᠃ ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ ᠵᠢ ᠤᠯᠠᠮ ᠨᠢᠭᠡ ᠠᠯᠬᠤᠮ ᠵᠢᠷᠤᠮᠵᠢᠭᠤᠯᠵᠤ᠂ ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ ᠴᠢᠬᠤᠯᠠ ᠶᠡᠬᠡ ᠲᠦᠷᠦᠯ ᠵᠦᠢ᠍ᠯ᠎ᠢ ᠠᠩᠬ᠎ᠠ ᠶᠠᠷᠢᠯᠴᠠᠵᠤ ᠮᠡᠳᠡᠭᠦᠯᠦᠨ ᠳᠠᠩᠰᠠᠯᠠᠭᠤᠯᠬᠤ᠂ ᠡᠭᠦᠷᠭᠡ ᠴᠢᠳᠠᠮᠵᠢᠲᠦ ᠰᠠᠯᠠᠭ᠎ᠠ ᠮᠥᠴᠢᠷ ᠬᠠᠮᠲᠤᠷᠠᠨ ᠬᠤᠳᠠᠯᠳᠤᠭ᠋ᠠᠴᠢᠨ ᠤᠷᠢᠬᠤ᠂ ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ ᠠᠮᠠᠯᠠᠯᠲᠠ᠎ᠪᠠᠨ ᠭᠦᠢ᠍ᠴᠡᠳᠭᠡᠬᠦ ᠵᠢᠨ ᠱᠠᠩᠨᠠᠵᠤ ᠵᠠᠯᠬᠠᠭ᠋ᠠᠬᠤ ᠲᠣᠭᠲᠠᠴᠠ ᠵᠢ ᠬᠡᠷᠡᠭᠵᠢᠭᠦᠯᠦᠨ᠂ ᠬᠤᠳᠠᠯᠳᠤᠭ᠋ᠠᠴᠢᠨ ᠤᠷᠢᠬᠤ ᠳᠡᠭᠡᠳᠦ ᠴᠢᠳᠠᠮᠵᠢ ᠲᠠᠰ᠎ᠤᠨ ᠲᠠᠪᠴᠠᠩ᠎ᠢ ᠴᠤᠭᠴᠠᠯᠠᠵᠤ᠂ ᠲᠠᠪᠤᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ – ᠮᠣᠩᠭᠣᠯ ᠤᠯᠤᠰ᠎ᠤᠨ ᠦᠵᠡᠰᠬᠦᠯᠡᠩ᠎ᠤᠨ ᠴᠤᠭᠯᠠᠭ᠋ᠠᠨ᠂ ᠭᠤᠷᠪᠠᠳᠤᠭ᠋ᠠᠷ ᠬᠤᠭᠤᠴᠠᠭ᠋ᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ ᠠᠵᠤ ᠠᠬᠤᠶ ᠠᠷᠠᠯᠵᠢᠶ᠎ᠠ ᠵᠢᠨ ᠵᠥᠪᠳᠡᠯᠴᠡᠬᠦ ᠬᠤᠷᠠᠯ᠂ ᠭᠤᠷᠪᠠᠳᠤᠭ᠋ᠠᠷ ᠬᠤᠭᠤᠴᠠᠭ᠋ᠠᠨ᠎ᠤ ᠳᠡᠯᠡᠬᠡᠶ ᠵᠢᠨ ᠰᠢᠨ᠎ᠡ ᠡᠨᠧᠷᠭᠢ ᠰᠢᠨ᠎ᠡ ᠮᠠᠲ᠋ᠧᠷᠢᠶᠠᠯ᠎ᠤᠨ ᠶᠡᠬᠡ ᠬᠤᠷᠠᠯ᠂ ᠭᠤᠷᠪᠠᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠪᠣᠬᠢᠷᠲᠤᠯ ᠥᠬᠡᠶ ᠪᠤᠳᠤᠬᠤ ᠴᠢᠳᠠᠪᠤᠷᠢ ᠵᠢᠨ ᠶᠡᠬᠡ ᠬᠤᠷᠠᠯ ᠵᠡᠷᠭᠡ ᠵᠢ ᠦᠷᠭᠦᠯᠵᠢᠯᠡᠨ ᠰᠠᠢ᠌ᠲᠤᠷ ᠡᠷᠭᠢᠯᠡᠵᠦ᠂ ᠬᠤᠳᠠᠯᠳᠤᠭ᠋ᠠᠴᠢᠨ ᠤᠷᠢᠵᠤ ᠪᠠᠯᠠ ᠣᠷᠣᠭᠤᠯᠬᠤ᠎ᠳᠤ ᠪᠣᠲᠠᠲᠠᠶ᠋ᠢᠵᠢᠭᠤᠯᠬᠤ ᠪᠡᠯᠡ ᠮᠦᠩᠭᠦ ᠵᠢ 5700 ᠳ᠋ᠦᠩᠰᠢᠭᠤᠷ ᠲᠥᠭᠥᠷᠢᠭ᠎ᠠᠴᠠ ᠳᠡᠭᠡᠭᠰᠢ᠎ᠳᠤ ᠬᠦᠷᠦᠭᠦᠯᠬᠦ᠎ᠪᠠᠷ ᠴᠢᠷᠮᠠᠢ᠌ᠨ᠎ᠠ᠃

      (ᠬᠣᠶᠠᠷ) ᠬᠡᠷᠡᠭᠯᠡᠭᠡ ᠵᠢ ᠶᠡᠬᠡ᠎ᠪᠠᠷ ᠬᠥᠭᠵᠢᠭᠡᠨ᠎ᠡ᠃ ᠬᠡᠷᠡᠭᠯᠡᠭᠡ ᠵᠢ ᠬᠥᠭᠵᠢᠭᠡᠬᠦ ᠲᠤᠰᠬᠠᠶ ᠠᠵᠢᠯᠯᠠᠭ᠋ᠠᠨ᠎ᠢ ᠬᠡᠷᠡᠭᠵᠢᠭᠦᠯᠦᠨ᠂ ᠬᠠᠩᠭ᠋ᠠᠯᠭ᠎ᠠ ᠬᠡᠷᠡᠭᠴᠡᠭᠡ ᠬᠣᠶᠠᠷ ᠲᠠᠯ᠎ᠠ᠎ᠪᠠᠷ ᠶᠡᠷᠦᠩᠬᠡᠶ᠋ᠢᠯᠡᠨ ᠬᠦᠴᠦᠯᠡᠬᠦ ᠵᠢᠨ ᠲᠣᠭᠣᠷᠢᠨ᠎ᠳᠤ ᠭᠣᠣᠯᠳᠠᠭᠤᠯᠤᠨ᠂ ᠣᠷᠣᠯᠭ᠎ᠠ ᠵᠢ ᠨᠡᠮᠡᠭᠳᠡᠭᠦᠯᠦᠨ ᠳᠠᠷᠤᠭ᠋ᠠᠰᠤ ᠵᠢ ᠬᠥᠩᠭᠡᠷᠡᠭᠦᠯᠬᠦ᠂ ᠬᠠᠩᠭ᠋ᠠᠯᠭ᠎ᠠ ᠵᠢ ᠪᠠᠶᠠᠯᠢᠭᠵᠢᠭᠤᠯᠬᠤ᠂ ᠬᠢᠵᠠᠭ᠋ᠠᠷᠯᠠᠯ᠎ᠢ ᠪᠠᠭ᠋ᠠᠰᠬᠠᠬᠤ᠂ ᠣᠷᠴᠢᠨ ᠨᠦᠬᠦᠴᠡᠯ᠎ᠢ ᠰᠢᠯᠢᠳᠡᠭᠵᠢᠭᠦᠯᠬᠦ ᠵᠡᠷᠭᠡ ᠲᠠᠯ᠎ᠠ᠎ᠠᠴᠠ ᠭᠠᠷᠳᠠᠵᠤ᠂ ᠠᠷᠠᠳ᠎ᠢ ᠪᠠᠶᠠᠵᠢᠭᠤᠯᠬᠤ ᠠᠵᠤ ᠦᠢ᠍ᠯᠡᠰ᠎ᠢ ᠶᠡᠬᠡ᠎ᠪᠠᠷ ᠬᠥᠭᠵᠢᠭᠦᠯᠦᠨ᠂ ᠬᠡᠷᠡᠭᠯᠡᠭᠡ ᠵᠢ ᠠᠬᠢᠭᠤᠯᠬᠤ ᠪᠠ ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠬᠦ ᠵᠢ ᠨᠢᠭᠲᠠ ᠤᠶᠠᠯᠳᠤᠭᠤᠯᠵᠤ᠂ ᠬᠡᠷᠡᠭᠯᠡᠭᠡ ᠵᠢᠨ ᠬᠡᠮᠵᠢᠶ᠎ᠡ ᠵᠢ ᠥᠷᠭᠡᠳᠬᠡᠨ ᠶᠠᠰᠤ ᠴᠢᠨᠠᠷ᠎ᠢ ᠳᠡᠭᠡᠭᠰᠢᠯᠡᠭᠦᠯᠵᠦ ᠦᠷ᠎ᠡ ᠠᠰᠢᠭ᠎ᠢ᠎ᠨᠢ ᠨᠡᠮᠡᠭᠳᠡᠭᠦᠯᠬᠦ ᠵᠢ ᠠᠬᠢᠭᠤᠯᠤᠨ᠎ᠠ᠃ ᠠᠩᠬ᠎ᠠ ᠲᠠᠷᠬᠠᠭ᠋ᠠᠬᠤ ᠠᠵᠤ ᠠᠬᠤᠶ᠂ ᠮᠥᠰᠥ ᠴᠠᠰᠤᠨ᠎ᠤ ᠠᠵᠤ ᠠᠬᠤᠶ᠂ ᠪᠤᠭᠤᠷᠤᠯᠴᠤᠳ᠎ᠤᠨ ᠠᠵᠤ ᠠᠬᠤᠶ᠂ ᠤᠷᠤᠯᠳᠤᠭ᠋ᠠᠨ᠎ᠤ ᠶᠠᠪᠤᠳᠠᠯ᠎ᠤᠨ ᠠᠵᠤ ᠠᠬᠤᠶ᠂ ᠦᠵᠡᠭᠦᠯᠭᠡ ᠵᠢᠨ ᠠᠵᠤ ᠠᠬᠤᠶ ᠵᠡᠷᠭᠡ ᠬᠡᠷᠡᠭᠯᠡᠭᠡᠨ᠎ᠤ ᠰᠢᠨ᠎ᠡ ᠨᠡᠮᠡᠭᠳᠡᠯ ᠴᠡᠭ᠎ᠢ ᠦᠷᠭᠦᠯᠵᠢᠯᠡᠨ ᠪᠣᠢ᠌ᠵᠢᠭᠤᠯᠵᠤ᠂ ᠰᠣᠶᠣᠯ ᠵᠢᠭᠤᠯᠴᠢᠯᠠᠯ᠂ ᠰᠤᠷᠭ᠋ᠠᠨ ᠬᠥᠮᠦᠵᠢᠯ᠂ ᠪᠡᠶ᠎ᠡ ᠵᠢᠨ ᠲᠠᠮᠢᠷ᠂ ᠡᠮᠴᠢᠯᠡᠭᠡ᠂ ᠨᠠᠰᠤᠵᠢᠯ᠎ᠤᠨ ᠠᠰᠠᠷᠠᠮᠵᠢ᠂ ᠬᠡᠦᠬᠡᠳ ᠪᠣᠶ᠋ᠢᠵᠢᠭᠤᠯᠬᠤ᠂ ᠬᠡᠷ ᠠᠬᠤᠶ ᠵᠡᠷᠭᠡ ᠦᠢ᠍ᠯᠡᠴᠢᠯᠡᠭᠡᠨ᠎ᠤ ᠬᠡᠷᠡᠭᠯᠡᠭᠡᠨ᠎ᠤ ᠶᠠᠰᠤ ᠴᠢᠨᠠᠷ᠎ᠢ ᠳᠡᠭᠡᠭᠰᠢᠯᠡᠭᠦᠯᠦᠨ ᠪᠠᠭᠲᠠᠭ᠋ᠠᠮᠵᠢ ᠵᠢ ᠥᠷᠭᠡᠳᠬᠡᠬᠦ ᠵᠢ ᠤᠯᠠᠮ ᠨᠢᠭᠡ ᠠᠯᠬᠤᠮ ᠠᠬᠢᠭᠤᠯᠤᠨ᠎ᠠ᠃ ᠬᠥᠬᠡᠬᠣᠲᠠ ᠵᠢ ᠤᠯᠤᠰ᠎ᠤᠨ ᠰᠣᠶᠣᠯ ᠵᠢᠭᠤᠯᠴᠢᠯᠠᠯ᠎ᠤᠨ ᠬᠡᠷᠡᠭᠯᠡᠭᠡᠨ᠎ᠤ ᠵᠢᠱ᠌ᠢᠶ᠎ᠡ ᠦᠵᠡᠭᠦᠯᠬᠦ ᠬᠣᠲᠠ᠎ᠪᠠᠷ ᠭᠤᠶᠤᠴᠢᠯᠠᠨ ᠮᠡᠳᠡᠭᠦᠯᠬᠦ ᠵᠢ ᠳᠡᠮᠵᠢᠨ᠎ᠡ᠃ ᠬᠣᠲᠠ ᠵᠢᠨ 《ᠨᠢᠭᠡ ᠮᠥᠴᠡ ᠵᠢᠨ ᠠᠷᠠᠳ᠎ᠲᠤ ᠳᠦᠭᠦᠮ ᠦᠵᠡᠭᠦᠯᠬᠦ ᠠᠮᠢᠳᠤᠷᠠᠯ᠎ᠤᠨ ᠲᠣᠭᠤᠷᠢᠭ》᠎ᠢ ᠲᠦᠷᠭᠡᠳᠬᠡᠨ ᠪᠠᠢ᠌ᠭᠤᠯᠵᠤ᠂ ᠤᠯᠠᠮᠵᠢᠯᠠᠯᠲᠤ ᠬᠤᠳᠠᠯᠳᠤᠭ᠋ᠠᠨ᠎ᠤ ᠲᠤᠭᠤᠷᠢᠭ (ᠬᠤᠳᠠᠯᠳᠤᠭ᠎ᠠ ᠳᠡᠯᠭᠡᠭᠦᠷ)᠎ᠤᠨ ᠳ᠋ᠢᠬᠢᠲᠴᠢᠯᠡᠬᠦ ᠲᠡᠶ᠋ᠢᠰᠢ ᠬᠡᠯᠪᠡᠷᠢ᠎ᠪᠠᠨ ᠬᠤᠪᠢᠷᠠᠭᠤᠯᠬᠤ ᠵᠢ ᠠᠬᠢᠭᠤᠯᠤᠨ᠂ ᠬᠡᠷᠡᠭᠯᠡᠭᠡᠨ᠎ᠤ ᠲᠠᠯᠠᠪᠤᠷ ᠭᠠᠵᠠᠷ᠎ᠤᠨ ᠦᠲᠡᠭᠦᠰ᠎ᠲᠤ ᠲᠣᠬᠢᠷᠠᠭᠤᠯᠤᠨ ᠦᠭᠡᠷᠡᠴᠢᠯᠡᠵᠦ ᠰᠢᠨᠡᠳᠭᠡᠬᠦ ᠵᠢ ᠲᠦᠷᠭᠡᠳᠬᠡᠵᠦ᠂ ᠤᠯᠤᠰ᠎ᠤᠨ 《ᠵᠠᠭᠤᠨ ᠡᠷᠦᠬᠡ ᠵᠢᠨ ᠬᠡᠷᠡᠭᠯᠡᠭᠡᠨ᠎ᠤ ᠰᠢᠨ᠎ᠡ ᠪᠠᠢ᠌ᠳᠠᠯ》᠎ᠤᠨ ᠣᠨ᠎ᠤ ᠠᠵᠢᠯᠯᠠᠭ᠎ᠠ ᠵᠢ ᠭᠤᠶᠤᠴᠢᠯᠠᠨ ᠮᠡᠳᠡᠭᠦᠯᠬᠦ ᠠᠵᠢᠯ ᠵᠶ᠋ᠠᠨ ᠰᠠᠢ᠌ᠲᠤᠷ ᠬᠢᠨ᠎ᠠ᠃ ᠬᠠᠭᠤᠴᠢᠨ ᠨᠡᠷᠡᠮᠵᠢᠲᠦ ᠲᠠᠸᠠᠷ᠎ᠤᠨ 《ᠦᠨᠡᠮᠰᠢᠵᠦ ᠮᠡᠳᠡᠷᠡᠬᠦ ᠪᠠ ᠪᠤᠴᠠᠭ᠋ᠠᠵᠤ ᠭᠠᠷᠭ᠋ᠠᠬᠤ》 ᠬᠥᠳᠡᠯᠦᠩᠭᠦᠶ ᠬᠠᠮᠢᠶᠠᠷᠤᠯᠲᠠ ᠵᠢᠨ ᠲᠣᠭᠲᠠᠴᠠ ᠵᠢ ᠪᠦᠷᠢᠨᠰᠢᠭᠦᠯᠵᠦ᠂ ᠤᠯᠤᠰ᠎ᠤᠨ ᠪᠠᠷᠠᠭ᠎ᠠ ᠵᠢᠨ 《ᠴᠠᠭ᠎ᠤᠨ ᠦᠩᠭᠡᠲᠦ ᠲᠠᠸᠠᠷ》᠎ᠤᠨ ᠬᠡᠷᠡᠭᠯᠡᠭᠡᠨ᠎ᠤ ᠬᠠᠯᠠᠮᠰᠢᠯ ᠴᠡᠭ᠎ᠢ ᠦᠷᠭᠦᠯᠵᠢᠯᠡᠨ ᠪᠣᠢ᠌ᠵᠢᠭᠤᠯᠤᠨ᠎ᠠ᠃ ᠬᠤᠪᠢ ᠵᠢᠨ ᠪᠠ ᠬᠤᠪᠢᠨ᠎ᠤ ᠡᠵᠡᠩᠨᠡᠯᠲᠡ ᠵᠢᠨ ᠠᠵᠤ ᠠᠬᠤᠢ᠌ᠯᠠᠯ᠎ᠤᠨ ᠨᠡᠢ᠌ᠭᠡᠮᠯᠢᠭ᠂ ᠬᠡᠷᠡᠭᠯᠡᠭᠴᠢᠳ᠎ᠤᠨ ᠡᠷᠬᠡ ᠠᠰᠢᠭ᠎ᠢ ᠬᠠᠮᠠᠭ᠋ᠠᠯᠠᠬᠤ ᠵᠣᠬᠢᠶᠠᠨ ᠪᠠᠢ᠌ᠭᠤᠯᠤᠯᠲᠠ ᠵᠢᠨ ᠲᠣᠭᠲᠠᠯᠴᠠᠭ᠎ᠠ ᠵᠢ ᠪᠦᠷᠢᠨᠰᠢᠭᠦᠯᠵᠦ᠂ ᠬᠡᠷᠡᠭᠯᠡᠭᠴᠢᠳ᠎ᠤᠨ ᠡᠷᠬᠡ ᠠᠰᠢᠭ᠎ᠤᠨ ᠬᠠᠮᠠᠭ᠋ᠠᠯᠠᠯᠲᠠ ᠵᠢ ᠴᠢᠩᠭ᠋ᠠᠳᠬᠠᠵᠤ᠂ ᠬᠡᠷᠡᠭᠯᠡᠭᠡᠨ᠎ᠤ ᠲᠠᠯᠳᠠ ᠬᠦᠴᠦᠨ᠎ᠢ ᠬᠥᠭᠵᠢᠭᠡᠨ᠎ᠡ᠃

      (ᠭᠤᠷᠪᠠ) 《ᠬᠣᠶᠠᠷ ᠴᠢᠬᠣᠯᠠ》᠂ 《ᠬᠣᠶᠠᠷ ᠰᠢᠨ᠎ᠡ》 ᠲᠥᠷᠥ ᠵᠢᠨ ᠪᠣᠳᠣᠯᠭ᠎ᠠ ᠵᠢ ᠪᠣᠲᠠᠲᠠᠶ᠋ᠢᠵᠢᠭᠤᠯᠤᠨ ᠦᠷ᠎ᠡ ᠪᠦᠲᠦᠮᠵᠢ ᠣᠯᠬᠤ᠎ᠪᠠᠷ ᠬᠦᠴᠦᠯᠡᠨ᠎ᠡ᠃ 《ᠬᠣᠶᠠᠷ ᠴᠢᠬᠣᠯᠠ》 ᠵᠢᠨ ᠪᠥᠲᠥᠭᠡᠨ ᠪᠠᠢ᠌ᠭᠤᠯᠤᠯᠲᠠ ᠵᠢ ᠨᠠᠩ ᠴᠢᠨᠠᠷ ᠰᠠᠢ᠌ᠲᠠᠶ ᠠᠬᠢᠭᠤᠯᠵᠤ᠂ 《ᠬᠠᠲᠠᠭᠤ ᠪᠠᠯᠠ ᠣᠷᠣᠭᠤᠯᠤᠯᠲᠠ》 ᠪᠠ 《ᠵᠥᠭᠡᠯᠡᠨ ᠪᠥᠲᠥᠭᠡᠨ ᠪᠠᠢ᠌ᠭᠤᠯᠤᠯᠲᠠ》 ᠵᠢ ᠨᠠᠩ ᠰᠠᠶ᠋ᠢᠬᠠᠨ ᠨᠢᠭᠡᠳᠦᠯᠲᠡᠶ ᠲᠥᠯᠥᠪᠯᠡᠨ᠂ ᠤᠯᠤᠰ᠎ᠤᠨ 《ᠬᠣᠶᠠᠷ ᠴᠢᠬᠣᠯᠠ》 ᠵᠢᠨ ᠪᠠᠯᠠ ᠮᠥᠩᠭᠥ ᠵᠢᠨ ᠣᠷᠣᠭᠤᠯᠤᠯᠲᠠ ᠵᠢᠨ ᠬᠠᠨᠳᠤᠰᠢ ᠵᠢ ᠰᠠᠢ᠌ᠲᠤᠷ ᠡᠵᠡᠮᠳᠡᠵᠦ᠂ ᠡᠯ᠎ᠡ ᠬᠦᠷᠢᠶ᠎ᠡ ᠴᠠᠷᠠᠭ᠋ᠠᠨ᠎ᠤ ᠬᠠᠷᠠᠯᠲᠠ ᠡᠭᠦᠷᠭᠡ᠎ᠳᠤ ᠠᠩᠬᠠᠷᠤᠯ ᠵᠶ᠋ᠠᠨ ᠲᠥᠪᠯᠡᠷᠡᠭᠦᠯᠦᠨ᠂ ᠤᠯᠤᠰ᠎ᠤᠨ ᠡᠯ᠎ᠡ ᠲᠥᠷᠥᠯ᠎ᠤᠨ ᠬᠡᠷᠡᠭᠵᠢᠭᠦᠯᠬᠦ ᠲᠥᠰᠦᠯ ᠵᠶ᠋ᠠᠷ ᠪᠠᠷᠢᠮᠵᠢᠶᠠᠯᠠᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠡᠭᠦᠳᠦᠯᠲᠡ᠂ ᠢᠷᠡᠭᠡᠳᠦᠶ ᠵᠢᠨ ᠠᠵᠤ ᠦᠢ᠍ᠯᠡᠰ᠎ᠤᠨ ᠬᠥᠭᠵᠢᠯᠲᠡ ᠵᠡᠷᠭᠡ ᠬᠦᠷᠢᠶ᠎ᠡ ᠴᠠᠷᠠᠭ᠋ᠠᠨ᠎ᠤ ᠲᠥᠷᠥᠯ ᠵᠦᠢ᠍ᠯ᠎ᠤᠨ ᠨᠥᠭᠡᠴᠡ ᠵᠢ ᠴᠢᠩᠭ᠋ᠠᠳᠬᠠᠵᠤ᠂ ᠪᠠᠯᠠ ᠮᠥᠩᠭᠥ ᠴᠢᠷᠮᠠᠶ᠋ᠢᠨ ᠤᠯᠬᠤ ᠠᠵᠢᠯ᠎ᠢ ᠢᠳᠡᠪᠬᠢᠲᠡᠶ ᠰᠠᠢ᠌ᠲᠤᠷ ᠬᠢᠵᠦ᠂ ᠲᠥᠷᠥᠯ ᠵᠦᠢ᠍ᠯ᠎ᠢ ᠨᠡᠭᠡᠭᠡᠪᠡᠰᠦ ᠵᠣᠬᠢᠬᠤ ᠵᠢ᠎ᠨᠢ ᠪᠦᠬᠦᠨ᠎ᠢ ᠨᠡᠭᠡᠭᠡᠬᠦ ᠵᠢ ᠠᠬᠢᠭᠤᠯᠵᠤ᠂ ᠨᠠᠩ ᠣᠯᠠᠨ ᠪᠣᠳᠠᠲᠤ ᠵᠦᠢ᠍ᠯ᠎ᠤᠨ ᠠᠵᠢᠯ᠎ᠤᠨ ᠬᠡᠮᠵᠢᠶ᠎ᠡ ᠵᠢ ᠪᠣᠶ ᠪᠣᠯᠭ᠋ᠠᠨ᠎ᠠ᠃ ᠲᠥᠯᠥᠪᠵᠢᠭᠦᠯᠭᠡ ᠵᠢᠨ ᠲᠦᠷᠦ ᠵᠢᠨ ᠪᠤᠳᠤᠯᠭ᠎ᠠ ᠲᠣᠭᠲᠠᠭ᠋ᠠᠬᠤ ᠪᠠ ᠪᠠᠢ᠌ᠭᠤᠯᠤᠯ ᠲᠣᠭᠲᠠᠴᠠ ᠵᠢᠨ ᠲᠠᠯ᠎ᠠ᠎ᠪᠠᠷ ᠰᠢᠨ᠎ᠡ ᠵᠢ ᠡᠭᠦᠳᠬᠦ ᠵᠢ ᠶᠡᠬᠡ᠎ᠪᠠᠷ ᠠᠬᠢᠭᠤᠯᠤᠨ᠎ᠠ᠃ 《ᠬᠣᠶᠠᠷ ᠰᠢᠨ᠎ᠡ》 ᠲᠥᠷᠥ ᠵᠢᠨ ᠪᠣᠳᠣᠯᠭ᠎ᠠ ᠵᠢ ᠬᠦᠴᠦᠯᠡᠨ ᠬᠡᠪᠴᠢᠶ᠎ᠡ ᠥᠷᠭᠡᠳᠬᠡᠨ ᠬᠡᠷᠡᠭᠵᠢᠭᠦᠯᠵᠦ᠂ ᠲᠥᠬᠥᠭᠡᠷᠦᠮᠵᠢ ᠵᠢ ᠰᠢᠨᠡᠳᠬᠡᠬᠦ ᠲᠥᠷᠥᠯ ᠵᠦᠢ᠍ᠯ᠎ᠤᠨ ᠨᠥᠭᠡᠴᠡ ᠵᠢ ᠴᠢᠩᠭ᠋ᠠᠷᠠᠭᠤᠯᠤᠨ᠂ ᠠᠵᠤ ᠠᠬᠤᠢ᠌ᠯᠠᠯ᠎ᠤᠨ ᠳᠡᠭᠡᠳᠦ ᠳᠡᠰᠴᠢᠯᠡᠭᠰᠡᠨ᠂ ᠪᠣᠬᠢᠷᠲᠤᠯ ᠥᠬᠡᠶ᠂ ᠤᠶᠤᠨᠴᠢᠯᠠᠭᠰᠠᠨ ᠲᠥᠬᠥᠭᠡᠷᠦᠮᠵᠢ᠎ᠪᠠᠷ ᠰᠢᠨᠡᠳᠬᠡᠬᠦ ᠵᠢ ᠭᠣᠤᠯᠳᠠᠯᠭ᠎ᠠ᠎ᠲᠠᠢ ᠳᠡᠮᠵᠢᠨ᠎ᠡ᠃ ᠬᠡᠷᠡᠭᠯᠡᠭᠡᠨ᠎ᠤ ᠵᠦᠢ᠍ᠯ᠎ᠤᠨ ᠬᠠᠭᠤᠴᠢᠨ ᠵᠶ᠋ᠠᠷ ᠰᠢᠨ᠎ᠡ ᠵᠢ ᠰᠣᠯᠢᠬᠤ ᠵᠢ ᠳᠡᠮᠵᠢᠬᠦ ᠬᠡᠪᠴᠢᠶ᠎ᠡ ᠵᠢ ᠭᠠᠷ ᠤᠲᠠᠰᠤ ᠵᠡᠷᠭᠡ ᠳ᠋ᠢᠭᠢᠲ ᠦᠢ᠍ᠯᠡᠳᠬᠦᠨ᠎ᠳᠤ ᠬᠦᠷᠲᠡᠯ᠎ᠡ ᠥᠷᠭᠡᠳᠬᠡᠵᠦ᠂ ᠭᠡᠷ ᠴᠢᠮᠡᠭᠯᠡᠯ᠎ᠤᠨ ᠬᠦᠷᠢᠶ᠎ᠡ ᠴᠠᠷᠠᠭ᠋ᠠᠨ᠎ᠳᠠᠬᠢ ᠬᠠᠭᠤᠴᠢᠨ ᠵᠶ᠋ᠠᠷ ᠰᠢᠨ᠎ᠡ ᠵᠢ ᠰᠣᠯᠢᠬᠤ ᠨᠡᠮᠡᠭᠦᠷᠢ ᠵᠢᠨ ᠪᠠᠷᠢᠮᠵᠢᠶ᠎ᠠ ᠵᠢ ᠳᠡᠭᠡᠭᠰᠢᠯᠡᠭᠦᠯᠦᠨ᠂ ᠨᠡᠮᠡᠭᠦᠷᠢ ᠭᠤᠶᠤᠴᠢᠯᠠᠬᠤ ᠳᠡᠰ ᠳᠠᠷᠠᠭ᠋ᠠᠯᠠᠯ᠎ᠢ ᠳᠥᠭᠥᠮᠴᠢᠯᠡᠨ᠎ᠡ᠃ ᠲᠥᠷᠥᠯ ᠵᠦᠢ᠍ᠯ ᠪᠠ ᠪᠠᠯᠠ ᠮᠥᠩᠭᠥ ᠵᠢᠨ ᠪᠥᠬᠥ ᠬᠡᠯᠬᠢᠶᠡᠨ᠎ᠤ ᠬᠠᠮᠢᠶᠠᠷᠤᠯᠲᠠ ᠵᠢ ᠰᠠᠢ᠌ᠲᠤᠷ ᠬᠢᠵᠦ᠂ ᠡᠨᠧᠷᠭᠢ ᠵᠢᠨ ᠬᠣᠷᠣᠭᠳᠠᠯ ᠵᠡᠷᠭᠡ ᠠᠯᠪᠠᠳᠠᠯᠭ᠎ᠠ ᠵᠢᠨ ᠴᠢᠨᠠᠷᠲᠠᠶ ᠪᠠᠷᠢᠮᠵᠢᠶ᠎ᠠ ᠵᠢ ᠴᠢᠩᠳᠠᠯᠠᠵᠤ᠂ ᠬᠡᠷᠡᠭᠯᠡᠭᠡᠨ᠎ᠤ ᠵᠦᠢ᠍ᠯ᠎ᠤᠨ ᠬᠠᠭᠤᠴᠢᠨ ᠵᠶ᠋ᠠᠷ ᠰᠢᠨ᠎ᠡ ᠵᠢ ᠰᠣᠯᠢᠬᠤ ᠪᠣᠳᠠᠲᠠᠶ ᠬᠦᠷᠢᠶ᠎ᠡ ᠬᠡᠪᠴᠢᠶ᠎ᠡ ᠪᠤᠶᠤ ᠲᠥᠷᠥᠯ ᠵᠦᠢ᠍ᠯ᠎ᠢ ᠦᠷᠭᠦᠯᠵᠢᠯᠡᠨ ᠰᠦᠪᠡᠭᠴᠢᠯᠡᠵᠦ ᠥᠷᠭᠡᠳᠬᠡᠨ᠎ᠡ᠃

      (ᠳᠥᠷᠪᠡ) ᠣᠲᠣ ᠦᠶ᠎ᠡ ᠵᠢᠨ ᠪᠠᠷᠠᠭ᠋ᠠᠨ᠎ᠤ ᠭᠦᠢ᠍ᠯᠭᠡᠭᠡᠨ᠎ᠤ ᠠᠵᠢᠯᠯᠠᠭ᠋ᠠᠨ᠎ᠤ ᠲᠣᠭᠲᠠᠯᠴᠠᠭ᠎ᠠ ᠵᠢ ᠲᠡᠭᠦᠯᠳᠡᠷᠵᠢᠭᠦᠯᠦᠨ᠎ᠡ᠃ 《ᠲᠦᠷᠪᠡᠨ ᠬᠥᠨᠳᠡᠯᠡᠨ ᠠᠷᠪᠠᠨ ᠬᠣᠶᠠᠷ ᠭᠤᠯᠳᠤ》 ᠵᠢᠨ ᠶᠡᠷᠦᠩᠬᠡᠢ᠌ᠯᠡᠭᠰᠡᠨ ᠲᠡᠭᠡᠭᠡᠪᠦᠷᠢ ᠵᠢᠨ ᠵᠠᠮ᠎ᠢ ᠲᠦᠷᠭᠡᠳᠭᠡᠨ ᠪᠠᠢ᠌ᠭᠤᠯᠤᠨ᠎ᠠ᠃ ᠲᠡᠮᠦᠷ ᠵᠠᠮ᠎ᠤᠨ ᠲᠠᠯ᠎ᠠ᠎ᠪᠠᠷ᠂ ᠪᠤᠭᠤᠲᠤ᠎ᠠᠴᠠ ᠢᠷᠭ᠋ᠠᠶ ᠬᠥᠷᠬᠥ ᠲᠥᠷᠭᠡᠨ᠎ᠤ ᠲᠡᠮᠦᠷ ᠵᠠᠮ᠎ᠢ ᠪᠠᠢ᠌ᠭᠤᠯᠵᠤ ᠳᠠᠭᠤᠰᠬᠠᠨ᠂ ᠲᠠᠶ᠋ᠢᠽᠢ᠎ᠠᠴᠠ ᠰᠢᠯᠢ ᠵᠢᠨ ᠬᠣᠲᠠ ᠬᠦᠷᠬᠦ ᠲᠡᠮᠦᠷ ᠵᠠᠮ᠎ᠤᠨ ᠪᠥᠲᠥᠭᠡᠨ ᠪᠠᠢ᠌ᠭᠤᠯᠤᠯᠲᠠ ᠵᠢ ᠲᠦᠷᠭᠡᠳᠬᠡᠵᠦ᠂ ᠯᠢᠨ ᠾᠧ᠎ᠠᠴᠠ ᠬᠠᠮᠢ ᠬᠦᠷᠬᠦ ᠱᠤᠭᠤᠮ᠂ ᠵᠢᠨᠢᠩ᠎ᠠᠴᠠ ᠡᠷᠢᠶᠡᠨ ᠬᠦᠷᠬᠦ ᠱᠤᠭᠤᠮ᠎ᠤᠨ ᠴᠢᠳᠠᠮᠵᠢ ᠵᠢ᠎ᠨᠢ ᠥᠷᠭᠡᠳᠬᠡᠨ ᠦᠭᠡᠷᠡᠴᠢᠯᠡᠨ ᠰᠢᠨᠡᠳᠭᠡᠵᠦ᠂ ᠪᠤᠭᠤᠲᠤ ᠣᠷᠳᠣᠰ ᠲᠡᠮᠡᠭᠡᠲᠦ ᠵᠢᠨ ᠲᠦᠷᠭᠡᠨ᠎ᠤ ᠲᠡᠮᠦᠷ ᠵᠠᠮ᠎ᠢ ᠠᠵᠢᠯ ᠡᠬᠢᠯᠡᠭᠦᠯᠬᠦ᠎ᠪᠠᠷ ᠴᠢᠷᠮᠠᠢ᠌ᠨ᠎ᠠ᠃ ᠵᠠᠰᠠᠮᠠᠯ ᠵᠠᠮ᠎ᠤᠨ ᠲᠠᠯ᠎ᠠ᠎ᠪᠠᠷ᠂ S22 ᠪᠠᠶᠠᠨᠴᠠᠭ᠋ᠠᠨ᠎ᠠᠴᠠ ᠶᠦᠩ᠎ᠲᠠᠢ ᠬᠦᠩ ᠬᠥᠷᠬᠥ ᠬᠡᠰᠡᠭ᠎ᠢ ᠪᠠᠢ᠌ᠭᠤᠯᠵᠤ᠂ ᠬᠥᠳᠡᠭᠡ ᠲᠣᠰᠬᠣᠨ᠎ᠤ ᠵᠠᠰᠠᠮᠠᠯ ᠵᠠᠮ᠎ᠢ 5000 ᠺᠢᠯᠣᠮᠧᠲᠷ ᠰᠢᠨ᠎ᠡ᠎ᠪᠠᠷ ᠪᠠᠢ᠌ᠭᠤᠯᠵᠤ᠂ G0616 ᠬᠠᠯᠢᠭᠤᠲᠤ᠎ᠠᠴᠠ ᠮᠤᠨᠠ ᠠᠭᠤᠯᠠ ᠪᠠᠯᠭ᠋ᠠᠰᠤ ᠬᠦᠷᠬᠦ ᠬᠡᠰᠡᠭ᠂ G1817 ᠤᠰᠤᠲᠠᠶ᠎ᠠᠴᠠ ᠪᠠᠶᠠᠨ ᠬᠤᠳᠳᠤᠭ ᠬᠥᠷᠬᠥ ᠬᠡᠰᠡᠭ ᠵᠡᠷᠭᠡ ᠲᠥᠷᠥᠯ ᠵᠦᠢ᠍ᠯ᠎ᠢ ᠠᠵᠢᠯ ᠡᠬᠢᠯᠡᠭᠦᠯᠦᠨ ᠪᠥᠲᠥᠭᠡᠨ ᠪᠠᠢ᠌ᠭᠤᠯᠤᠨ᠎ᠠ᠃ ᠨᠢᠰᠬᠡᠯ᠎ᠤᠨ ᠪᠠᠭᠤᠳᠠᠯ᠎ᠤᠨ ᠲᠠᠯ᠎ᠠ᠎ᠪᠠᠷ᠂ ᠬᠥᠬᠡᠬᠣᠲᠠ ᠵᠢᠨ ᠱᠧᠩᠯᠧ ᠣᠯᠠᠨ ᠤᠯᠤᠰ᠎ᠤᠨ ᠨᠢᠰᠬᠡᠯ᠎ᠤᠨ ᠪᠠᠭᠤᠳᠠᠯ᠎ᠢ ᠪᠠᠢ᠌ᠭᠤᠯᠤᠨ ᠳᠠᠭᠤᠰᠬᠠᠵᠤ ᠠᠶᠠᠯᠠᠯ ᠨᠡᠪᠲᠡᠷᠡᠭᠦᠯᠬᠦ ᠵᠢ ᠦᠨᠡᠨ ᠬᠦ᠌ ᠪᠠᠲᠤᠯᠠᠵᠤ᠂ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤ᠂ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤ ᠪᠠ ᠤᠯᠠᠭ᠋ᠠᠶ ᠨᠡᠢ᠌ᠳᠡᠮ ᠬᠡᠷᠡᠭᠯᠡᠭᠡᠨ᠎ᠤ ᠨᠢᠰᠬᠡᠯ᠎ᠤᠨ ᠪᠠᠭᠤᠳᠠᠯ᠎ᠤᠨ ᠪᠠᠷᠢᠯᠭ᠎ᠠ ᠡᠬᠢᠯᠡᠭᠦᠯᠦᠨ ᠪᠥᠲᠥᠭᠡᠨ ᠪᠠᠢ᠌ᠭᠤᠯᠬᠤ ᠵᠢ ᠠᠬᠢᠭᠤᠯᠤᠨ᠎ᠠ᠃ ᠤᠳᠤ ᠦᠶ᠎ᠡ ᠵᠢᠨ ᠠᠷᠠᠯᠵᠢᠶ᠎ᠠ ᠬᠤᠳᠠᠯᠳᠤᠭ᠋ᠠᠨ᠎ᠤ ᠭᠦᠢ᠍ᠯᠭᠡᠭᠡᠨ᠎ᠤ ᠲᠣᠭᠲᠠᠯᠴᠠᠭ᠎ᠠ ᠵᠢ ᠲᠦᠷᠭᠡᠳᠭᠡᠨ ᠪᠠᠶ᠋ᠢᠭᠤᠯᠤᠨ᠎ᠠ᠃ ᠬᠤᠳᠠ ᠵᠢᠨ ᠬᠤᠳᠠᠯᠳᠤᠭ᠋ᠠᠨ᠎ᠤ ᠶᠠᠰᠤ ᠴᠢᠨᠠᠷ᠎ᠢ ᠳᠡᠭᠡᠭᠰᠢᠯᠡᠭᠦᠯᠬᠦ᠂ ᠬᠥᠳᠡᠭᠡ ᠲᠣᠰᠬᠣᠨ᠎ᠤ ᠵᠠᠬ᠎ᠠ ᠳᠡᠯᠭᠡᠭᠦᠷ᠎ᠢ ᠲᠡᠰ ᠳᠡᠪᠰᠢᠭᠦᠯᠬᠦ᠂ ᠵᠢᠵᠢᠭᠯᠡᠨ ᠬᠤᠳᠠᠯᠳᠤᠬᠤ ᠦᠢ᠍ᠯᠡᠰ᠎ᠤᠨ ᠰᠢᠨ᠎ᠡ ᠵᠢ ᠡᠭᠦᠳᠦᠨ ᠳᠡᠭᠡᠭᠰᠢᠯᠡᠭᠦᠯᠬᠦ᠂ ᠪᠥᠭᠡᠮ ᠵᠶ᠋ᠠᠷ ᠬᠤᠳᠠᠯᠳᠤᠬᠤ ᠦᠢ᠍ᠯᠡᠰ᠎ᠢ ᠴᠢᠨᠠᠷ ᠰᠠᠢ᠌ᠲᠠᠶ ᠬᠥᠭᠵᠢᠭᠦᠯᠬᠦ᠂ ᠬᠠᠩᠭ᠋ᠠᠯᠭ᠎ᠠ ᠵᠢᠨ ᠬᠡᠯᠬᠢᠶ᠎ᠡ ᠵᠢᠨ ᠰᠢᠨ᠎ᠡ ᠵᠢ ᠡᠭᠦᠳᠦᠨ ᠳᠡᠭᠡᠭᠰᠢᠯᠡᠭᠦᠯᠬᠦ᠂ ᠠᠷᠠᠯᠵᠢᠶ᠎ᠠ ᠬᠤᠳᠠᠯᠳᠤᠭ᠎ᠠ ᠪᠠᠷᠠᠭ᠋ᠠᠨ᠎ᠤ ᠭᠦᠢ᠍ᠯᠭᠡᠭᠡᠨ᠎ᠳᠤ ᠳ᠋ᠢᠭᠢᠲ ᠤᠶᠤᠨᠴᠢ᠎ᠪᠠᠷ ᠴᠢᠳᠠᠮᠵᠢ ᠣᠯᠭᠣᠬᠤ᠂ ᠳᠣᠲᠣᠭ᠋ᠠᠳᠤ ᠭᠠᠳᠠᠭ᠋ᠠᠳᠤ ᠠᠷᠠᠯᠵᠢᠶ᠎ᠠ ᠵᠢ ᠨᠢᠭᠡ ᠴᠤᠭᠴᠠᠵᠢᠭᠤᠯᠬᠤ ᠪᠠ ᠭᠦᠢ᠍ᠯᠭᠡᠭᠡᠨ᠎ᠤ ᠬᠦᠷᠢᠶᠡᠨ᠎ᠳᠠᠬᠢ ᠲᠡᠷᠢᠭᠦᠨ᠎ᠤ ᠠᠵᠤ ᠠᠬᠤᠢ᠌ᠯᠠᠯ᠎ᠢ ᠪᠣᠢ᠌ᠵᠢᠭᠤᠯᠬᠤ ᠵᠡᠷᠭᠡ ᠢᠨᠵᠧᠨᠧᠷᠢᠩ᠎ᠢ ᠬᠡᠷᠡᠭᠵᠢᠭᠦᠯᠦᠨ᠎ᠡ᠃ ᠠᠮᠤ ᠪᠤᠳᠠᠭ᠋ᠠᠨ᠎ᠤ ᠪᠠᠷᠠᠭ᠋ᠠᠨ᠎ᠤ ᠭᠦᠢ᠍ᠯᠭᠡᠭᠡᠨ᠎ᠤ ᠭᠣᠤᠯ ᠬᠦᠢ᠍ᠰᠦ᠂ ᠤᠯᠤᠰ᠎ᠤᠨ ᠪᠠᠷᠠᠭ᠋ᠠᠨ᠎ᠤ ᠭᠦᠢ᠍ᠯᠭᠡᠭᠡᠨ᠎ᠤ ᠬᠦᠢ᠍ᠰᠦ᠂ ᠤᠯᠤᠰ᠎ᠤᠨ ᠨᠢᠷᠤᠭᠤᠪᠴᠢ ᠭᠦᠢ᠍ᠲᠡᠨ ᠬᠡᠯᠬᠢᠶᠡᠨ᠎ᠤ ᠪᠠᠷᠠᠭ᠋ᠠᠨ᠎ᠤ ᠭᠦᠢ᠍ᠯᠭᠡᠭᠡᠨ᠎ᠤ ᠰᠠᠭᠤᠷᠢᠨ ᠭᠠᠵᠠᠷ ᠪᠠ ᠥᠪᠡᠷᠲᠡᠭᠡᠨ ᠵᠠᠰᠠᠬᠤ ᠣᠷᠣᠨ᠎ᠤ ᠪᠠᠷᠠᠭ᠋ᠠᠨ᠎ᠤ ᠭᠦᠢ᠍ᠯᠭᠡᠭᠡᠨ᠎ᠤ ᠪᠠᠶ᠋ᠢᠷᠢᠰᠢᠭᠤᠯᠤᠯᠲᠠ ᠪᠠᠶ᠋ᠢᠭᠤᠯᠤᠯᠲᠠ ᠵᠢ ᠠᠬᠢᠭᠤᠯᠤᠨ᠎ᠠ᠃ ᠬᠥᠳᠡᠭᠡ ᠲᠣᠰᠬᠣᠨ᠎ᠤ ᠢᠯᠡᠭᠡᠯᠲᠡ ᠬᠦᠷᠭᠡᠯᠲᠡ ᠪᠠᠷᠠᠭ᠋ᠠᠨ᠎ᠤ ᠭᠦᠢ᠍ᠯᠭᠡᠭᠡᠨ᠎ᠤ ᠲᠣᠭᠲᠠᠯᠴᠠᠭ᠎ᠠ ᠵᠢᠨ ᠪᠠᠢ᠌ᠭᠤᠯᠤᠯᠲᠠ ᠵᠢᠨ ᠠᠵᠢᠯ᠎ᠢ ᠪᠠᠶ᠋ᠢᠩᠭᠤᠰᠢᠭᠤᠯᠤᠨ ᠠᠬᠢᠭᠤᠯᠵᠤ᠂ 《ᠭᠠᠴᠠᠭ᠎ᠠ ᠲᠤᠰᠬᠤᠨ᠎ᠳᠤ ᠲᠦᠷᠭᠡᠨ ᠢᠯᠡᠭᠡᠯᠲᠡ᠎ᠲᠠᠢ ᠪᠣᠯᠭ᠋ᠠᠬᠤ》 ᠨᠡᠪᠲᠡᠷᠡᠮᠵᠢ ᠵᠢ 97%᠎ᠠᠴᠠ ᠳᠡᠭᠡᠭᠰᠢ᠎ᠳᠤ ᠬᠦᠷᠦᠭᠦᠯᠬᠦ ᠵᠢ ᠦᠨᠡᠨ ᠬᠦ᠌ ᠪᠠᠲᠤᠯᠠᠨ᠎ᠠ᠃

       ᠲᠠᠪᠤ᠂ ᠠᠯᠤᠰ ᠬᠡᠳᠤ ᠵᠢᠨ ᠬᠥᠭᠵᠢᠯᠲᠡ ᠵᠢᠨ ᠬᠠᠷᠠᠯᠲᠠ᠎ᠪᠠᠨ ᠣᠨᠢᠯᠠᠵᠤ᠂ ᠲᠦᠷᠦ ᠵᠢᠨ ᠪᠤᠳᠤᠯᠭ᠎ᠠ᠂ ᠥᠭᠡᠷᠡᠴᠢᠯᠡᠯᠲᠡ᠂ ᠲᠥᠯᠥᠪᠵᠢᠭᠦᠯᠭᠡ ᠵᠢ ᠪᠣᠲᠠᠲᠠᠶ᠋ᠢᠵᠢᠭᠤᠯᠬᠤ ᠵᠢ ᠨᠢᠭᠡ ᠴᠤᠭᠴᠠᠵᠢᠭᠤᠯᠤᠨ ᠠᠬᠢᠭᠤᠯᠤᠨ᠎ᠠ

       ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠢ᠌ᠷᠡᠭᠦᠯᠬᠦ᠎ᠪᠠᠷ ᠬᠦᠳᠡᠯᠭᠡᠭᠴᠢ ᠬᠦᠴᠦᠨ ᠪᠣᠯᠭ᠋ᠠᠵᠤ᠂ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠲᠥᠯᠥᠪᠵᠢᠭᠦᠯᠭᠡ ᠵᠢ ᠨᠠᠢ᠌ᠷᠠᠭᠤᠯᠤᠨ ᠵᠣᠬᠢᠶᠠᠬᠤ ᠠᠵᠢᠯ᠎ᠢ ᠪᠦᠬᠦ ᠬᠦᠴᠦᠨ ᠵᠶ᠋ᠠᠷ ᠵᠶ᠋ᠠᠨ ᠰᠠᠢ᠌ᠲᠤᠷ ᠬᠢᠵᠦ᠂ ᠲᠥᠪ᠎ᠤᠨ ᠠᠵᠤ ᠠᠬᠤᠶ ᠵᠢᠨ ᠠᠵᠢᠯ᠎ᠤᠨ ᠬᠤᠷᠠᠯᠳᠤᠭ᠋ᠠᠨ᠎ᠤ ᠭᠣᠣᠯᠳᠠᠯᠭ᠎ᠠ ᠪᠣᠯᠬᠤ ᠡᠭᠦᠷᠭᠡ ᠵᠢ ᠪᠣᠳᠠᠲᠠᠶ ᠪᠤᠳᠠᠳᠤ ᠶᠠᠪᠤᠳᠠᠯ ᠪᠣᠯᠭ᠋ᠠᠨ ᠬᠤᠪᠢᠷᠠᠭᠤᠯᠬᠤ ᠵᠢ ᠱᠠᠯᠠᠪᠳᠠᠨ ᠠᠳᠬᠤᠵᠤ᠂ ᠬᠠᠷᠢᠭᠤᠴᠠᠯᠭ᠎ᠠ ᠵᠢᠨ ᠲᠣᠭᠲᠠᠯᠴᠠᠭ᠎ᠠ ᠵᠢ ᠪᠠᠢ᠌ᠭᠤᠯᠤᠨ ᠪᠦᠷᠢᠨᠰᠢᠭᠦᠯᠵᠦ᠂ ᠲᠦᠷᠦ ᠵᠢᠨ ᠪᠤᠳᠤᠯᠭ᠎ᠠ ᠵᠢᠨ ᠴᠡᠪᠡᠷ ᠠᠰᠢᠭ᠎ᠢ ᠪᠠᠳᠠᠷᠠᠭᠤᠯᠤᠨ᠎ᠠ᠃

      (ᠨᠢᠭᠡ) ᠲᠥᠷᠥ ᠵᠢᠨ ᠪᠣᠳᠣᠯᠭ᠎ᠠ ᠵᠢᠨ ᠪᠣᠲᠠᠲᠠᠶ᠋ᠢᠵᠢᠭᠤᠯᠤᠯᠲᠠ ᠵᠢ ᠨᠠᠩ ᠶᠡᠬᠡ ᠡᠷᠴᠢᠮ ᠵᠶ᠋ᠠᠷ ᠠᠬᠢᠭᠤᠯᠤᠨ᠎ᠠ᠃ ᠨᠠᠩ ᠢᠳᠡᠪᠬᠢᠲᠡᠶ ᠡᠳ᠋᠎ᠤᠨ ᠵᠠᠰᠠᠭ᠎ᠤᠨ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠵᠤ᠂ ᠡᠳ᠋᠎ᠤᠨ ᠵᠠᠰᠠᠭ ᠭᠠᠢ᠌ᠯᠢ ᠵᠢᠨ ᠪᠠᠢ᠌ᠭᠤᠯᠤᠯ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠦᠨ᠂ ᠥᠪᠡᠷᠲᠡᠭᠡᠨ ᠵᠠᠰᠠᠬᠤ ᠣᠷᠣᠨ᠎ᠠᠴᠠ ᠳᠣᠷᠣᠭᠰᠢᠬᠢ ᠡᠳ᠋᠎ᠤᠨ ᠵᠠᠰᠠᠭ᠎ᠤᠨ ᠪᠠᠢ᠌ᠭᠤᠯᠤᠯ᠎ᠤᠨ ᠥᠭᠡᠷᠡᠴᠢᠯᠡᠯᠲᠡ ᠵᠢ ᠬᠡᠷᠡᠭᠵᠢᠭᠦᠯᠬᠦ ᠵᠢ ᠠᠬᠢᠭᠤᠯᠵᠤ᠂ ᠲᠡᠭ ᠰᠠᠭᠤᠷᠢᠨ ᠲᠥᠰᠦᠪ᠎ᠤᠨ ᠥᠭᠡᠷᠡᠴᠢᠯᠡᠯᠲᠡ ᠵᠢ ᠶᠡᠬᠡ᠎ᠪᠠᠷ ᠠᠬᠢᠭᠤᠯᠤᠨ᠎ᠠ᠃ ᠪᠦᠬᠦ ᠵᠢᠯ᠎ᠤᠨ ᠡᠳ᠋᠎ᠤᠨ ᠵᠠᠰᠠᠭ᠎ᠤᠨ ᠣᠷᠣᠯᠭ᠎ᠠ ᠵᠠᠷᠤᠯᠭ᠎ᠠ ᠵᠢᠨ ᠬᠠᠷᠠᠯᠲᠠ ᠵᠢ ᠪᠦᠬᠦ ᠬᠦᠴᠦᠨ ᠵᠶ᠋ᠠᠷ ᠵᠶ᠋ᠠᠨ ᠪᠡᠶᠡᠯᠡᠭᠦᠯᠵᠦ᠂ ᠪᠠᠲᠤᠯᠠᠭ᠋ᠠᠲᠤ ᠴᠢᠨᠠᠷᠲᠠᠢ ᠪᠤᠰᠤ ᠪᠠᠴᠢᠮ ᠬᠡᠷᠡᠭᠴᠡᠭᠡᠨ᠎ᠤ ᠪᠤᠰᠤ ᠵᠠᠷᠤᠯᠭ᠎ᠠ ᠵᠢ ᠶᠡᠬᠡ᠎ᠪᠠᠷ ᠪᠠᠭ᠋ᠠᠰᠬᠠᠨ᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠲᠤᠰᠬᠠᠶ ᠵᠦᠢ᠍ᠯ᠎ᠤᠨ ᠵᠢᠭᠡᠯᠡᠯᠭᠡ ᠵᠢᠨ ᠲᠡᠮᠳᠡᠭᠲᠦ ᠵᠢ ᠲᠠᠷᠬᠠᠭ᠋ᠠᠵᠤ ᠬᠡᠷᠡᠭᠯᠡᠬᠦ ᠠᠵᠢᠯ᠎ᠢ ᠰᠠᠢ᠌ᠲᠤᠷ ᠬᠢᠵᠦ᠂ ᠡᠳ᠋᠎ᠤᠨ ᠵᠠᠰᠠᠭ᠎ᠤᠨ ᠲᠦᠷᠦ ᠵᠢᠨ ᠪᠤᠳᠤᠯᠭ᠎ᠠ᠂ ᠡᠬᠢ ᠪᠠᠶᠠᠯᠢᠭ᠂ ᠪᠡᠯᠡ ᠮᠥᠩᠭᠥ ᠵᠢ ᠬᠣᠶᠠᠷ ᠶᠡᠬᠡ ᠶᠠᠪᠤᠳᠠᠯ᠎ᠳᠤ ᠴᠢᠭᠯᠡᠭᠦᠯᠦᠨ ᠲᠦᠪᠯᠡᠷᠡᠭᠦᠯᠬᠦ ᠵᠢ ᠬᠦᠴᠦᠯᠡᠨ ᠠᠬᠢᠭᠤᠯᠤᠨ᠎ᠠ᠃ ᠵᠣᠬᠢᠰᠲᠠᠶ ᠠᠭᠤᠵᠢᠭᠤ ᠪᠠᠢ᠌ᠯᠭ᠋ᠠᠬᠤ ᠵᠣᠭᠣᠰᠣᠨ᠎ᠤ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠵᠤ᠂ ᠮᠥᠩᠭᠥᠨ ᠭᠦᠢ᠍ᠯᠭᠡᠭᠡᠨ᠎ᠤ ᠬᠦᠷᠢᠶᠡᠨ᠎ᠤ 《ᠪᠦᠬᠦᠨ᠎ᠢ ᠬᠠᠮᠤᠷᠤᠭᠰᠠᠨ ᠨᠡᠮᠡᠭᠳᠡᠯ᠎ᠤᠨ ᠲᠥᠷᠥ ᠵᠢᠨ ᠪᠣᠳᠣᠯᠭ᠎ᠠ》 ᠵᠢ ᠪᠣᠲᠠᠲᠠᠶ᠋ᠢᠵᠢᠭᠤᠯᠤᠨ ᠦᠷ᠎ᠡ ᠪᠦᠲᠦᠮᠵᠢ ᠤᠯᠬᠤ ᠵᠢ ᠠᠬᠢᠭᠤᠯᠵᠤ᠂ ᠡᠬᠡ ᠮᠥᠩᠭᠥ ᠵᠢ᠎ᠨᠢ ᠪᠤᠴᠠᠭ᠋ᠠᠬᠤ ᠥᠬᠡᠶ᠎ᠪᠠᠷ ᠦᠷᠭᠦᠯᠵᠢᠯᠡᠨ ᠵᠢᠭᠡᠯᠡᠯᠭᠡ ᠲᠠᠯᠪᠢᠬᠤ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠤᠨ᠂ ᠵᠢᠭᠡᠯᠡᠯᠭᠡ᠂ ᠳ᠋ᠦᠩᠨᠡᠨ ᠪᠤᠳᠤᠯᠲᠠ᠂ ᠬᠠᠤᠯᠢ ᠵᠢᠨ ᠡᠷᠬᠡᠲᠡᠨ᠎ᠤ 《ᠭᠤᠷᠪᠠ ᠵᠢ ᠪᠣᠲᠠᠲᠠᠶ᠋ᠢᠵᠢᠭᠤᠯᠬᠤ》 ᠵᠢ ᠠᠬᠢᠭᠤᠯᠵᠤ᠂ ᠪᠠᠩᠬᠢ ᠳᠠᠭ᠋ᠠᠳᠬᠠᠯ᠎ᠤᠨ ᠬᠠᠮᠲᠤᠷᠠᠯᠴᠠᠭ᠎ᠠ ᠵᠢ ᠬᠡᠷᠡᠭᠵᠢᠭᠦᠯᠬᠦ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠠᠵᠤ ᠠᠬᠤᠢ᠌ᠯᠠᠯ᠎ᠤᠨ ᠪᠠᠯᠠ ᠲᠣᠬᠢᠷᠠᠭᠤᠯᠭ᠎ᠠ ᠵᠢᠨ ᠥᠪᠡᠷ᠎ᠤᠨ ᠥᠷᠲᠡᠭ᠎ᠢ᠎ᠨᠢ ᠪᠠᠭᠤᠷᠠᠭᠤᠯᠬᠤ ᠵᠢ ᠰᠦᠪᠡᠭᠴᠢᠯᠡᠵᠦ᠂ ᠠᠵᠤ ᠠᠬᠤᠢ᠌ᠯᠠᠯ᠎ᠢ ᠰᠲ᠋ᠣᠺ᠎ᠤᠨ ᠵᠠᠬ᠎ᠠ ᠳᠡᠯᠭᠡᠭᠦᠷ᠎ᠲᠤ ᠭᠠᠷᠭ᠋ᠠᠬᠤ 《ᠲᠢᠶᠠᠨ ᠵᠢᠶᠦ᠋ᠨ ᠲᠥᠯᠥᠪᠯᠡᠭᠡ》 ᠪᠠ 《ᠮᠢᠩᠭ᠎ᠠ ᠵᠠᠭᠤᠨ᠎ᠤ ᠢᠨᠵᠧᠨᠧᠷᠢᠩ》᠎ᠢ ᠬᠡᠷᠡᠭᠵᠢᠭᠦᠯᠦᠨ᠂ ᠪᠥᠬᠥ ᠤᠯᠤᠰ᠎ᠲᠤ ᠬᠠᠨᠳᠤᠭᠤᠯᠤᠭᠰᠠᠨ 《ᠳᠤᠮᠳᠠᠳᠤ ᠤᠯᠤᠰ᠎ᠤᠨ ᠡᠭᠦᠯᠡᠨ ᠬᠥᠨᠳᠡᠶ》 ᠵᠢᠨ ᠮᠥᠩᠭᠥᠨ ᠭᠦᠢ᠍ᠯᠭᠡᠭᠡᠨ᠎ᠤ ᠳ᠋ᠠᠶ᠋ᠢᠲ᠋ᠠ ᠵᠢᠨ ᠲᠥᠪ᠎ᠤᠨ ᠲᠥᠪᠯᠡᠷᠡᠭᠰᠡᠨ ᠣᠷᠣᠨ᠎ᠢ ᠪᠥᠲᠥᠭᠡᠨ ᠪᠠᠢ᠌ᠭᠤᠯᠵᠤ᠂ ᠮᠥᠩᠭᠥᠨ ᠭᠦᠢ᠍ᠯᠭᠡᠭᠡᠨ᠎ᠤ ᠦᠢ᠍ᠯᠡᠰ᠎ᠤᠨ ᠨᠡᠮᠡᠭᠳᠡᠯ ᠥᠷᠲᠡᠭ᠎ᠢ 6%᠎ᠠᠴᠠ ᠳᠡᠭᠡᠭᠰᠢ ᠨᠡᠮᠡᠭᠳᠡᠭᠦᠯᠬᠦ᠎ᠪᠠᠷ ᠴᠢᠷᠮᠠᠢ᠌ᠨ᠎ᠠ᠃ ᠲᠦᠷᠦ ᠵᠢᠨ ᠪᠤᠳᠤᠯᠭ᠎ᠠ ᠵᠢ ᠪᠣᠲᠠᠲᠠᠶ᠋ᠢᠵᠢᠭᠤᠯᠵᠤ ᠢᠨᠵᠧᠨᠧᠷᠢᠩ᠎ᠤᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠵᠦ᠂ ᠲᠦᠷᠦ ᠵᠢᠨ ᠪᠤᠳᠤᠯᠭ᠎ᠠ ᠵᠢᠨ ᠬᠡᠷᠡᠭᠵᠢᠭᠦᠯᠦᠯᠲᠡ ᠵᠢ ᠪᠠᠶ᠋ᠢᠩᠭᠤᠰᠢᠭᠤᠯᠤᠨ ᠰᠠᠢ᠌ᠲᠤᠷ ᠠᠳᠬᠤᠵᠤ᠂ ᠡᠳ᠋᠎ᠤᠨ ᠵᠠᠰᠠᠭ᠂ ᠵᠣᠭᠣᠰ᠂ ᠠᠵᠢᠯ ᠣᠯᠭᠣᠯᠲᠠ᠂ ᠠᠵᠤ ᠦᠢ᠍ᠯᠡᠰ᠂ ᠣᠷᠣᠨ ᠪᠦᠰᠡ᠂ ᠠᠷᠠᠯᠵᠢᠶ᠎ᠠ᠂ ᠣᠷᠴᠢᠨ ᠲᠣᠭᠤᠷᠢᠨ᠎ᠤ ᠬᠠᠮᠠᠭ᠋ᠠᠯᠠᠯᠲᠠ᠂ ᠬᠢᠨᠠᠯᠲᠠ ᠬᠠᠮᠢᠶᠠᠷᠤᠯᠲᠠ ᠵᠡᠷᠭᠡ ᠲᠦᠷᠦ ᠵᠢᠨ ᠪᠤᠳᠤᠯᠭ᠎ᠠ ᠪᠠ ᠥᠭᠡᠷᠡᠴᠢᠯᠡᠯᠲᠡ ᠨᠡᠭᠡᠭᠡᠯᠳᠡ ᠵᠢᠨ ᠠᠷᠭ᠎ᠠ ᠬᠡᠮᠵᠢᠶᠡᠨ᠎ᠤ ᠵᠣᠬᠢᠴᠠᠭᠤᠯᠭ᠎ᠠ ᠬᠠᠮᠵᠢᠯᠴᠠᠭ᠎ᠠ ᠵᠢ ᠴᠢᠩᠭ᠋ᠠᠳᠬᠠᠵᠤ᠂ ᠲᠦᠷᠦ ᠵᠢᠨ ᠪᠤᠳᠤᠯᠭ᠎ᠠ ᠵᠢᠨ ᠨᠡᠢ᠌ᠯᠡᠮᠡᠯ ᠬᠦᠴᠦᠨ᠎ᠢ ᠴᠢᠩᠭ᠋ᠠᠷᠠᠭᠤᠯᠤᠨ᠎ᠠ᠃

      (ᠬᠣᠶᠠᠷ) ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠢ᠌ᠷᠡᠭᠦᠯᠬᠦ ᠵᠢ ᠨᠡᠩ ᠶᠡᠬᠡ ᠡᠷᠴᠢᠮ ᠵᠶ᠋ᠠᠷ ᠠᠬᠢᠭᠤᠯᠤᠨ᠎ᠠ᠃ ᠠᠵᠤ ᠠᠬᠤᠶ ᠵᠢᠨ ᠪᠠᠢ᠌ᠭᠤᠯᠤᠯ᠎ᠤᠨ ᠥᠭᠡᠷᠡᠴᠢᠯᠡᠯᠲᠡ ᠵᠢᠨ ᠬᠥᠲᠥᠯᠥᠨ ᠳᠠᠭ᠋ᠠᠭᠤᠯᠬᠤ ᠦᠢ᠍ᠯᠡᠳᠦᠯ᠎ᠢ ᠪᠠᠳᠠᠷᠠᠭᠤᠯᠵᠤ᠂ ᠪᠡᠯᠭᠡ ᠲᠡᠮᠳᠡᠭ᠎ᠤᠨ ᠴᠢᠨᠠᠷᠲᠠᠶ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠵᠢ ᠪᠣᠲᠠᠲᠠᠶ᠋ᠢᠵᠢᠭᠤᠯᠤᠨ ᠦᠷ᠎ᠡ ᠪᠦᠲᠦᠮᠵᠢ ᠣᠯᠬᠤ ᠵᠢ ᠠᠬᠢᠭᠤᠯᠤᠨ᠎ᠠ᠃ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠵᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠳ᠋ᠢᠭᠢᠲ ᠵᠠᠰᠠᠭ᠎ᠤᠨ ᠣᠷᠳᠣᠨ ᠪᠠ ᠲᠠᠰ ᠱᠠᠲᠤ ᠰᠠᠯᠠᠭ᠎ᠠ ᠮᠥᠴᠢᠷ ᠠᠯᠤᠰᠯᠠᠨ ᠠᠵᠢᠯ ᠶᠠᠪᠤᠳᠠᠯ ᠭᠦᠢ᠍ᠴᠡᠳᠬᠡᠬᠦ ᠰᠠᠭ᠋ᠠᠳ ᠥᠬᠡᠶ ᠨᠡᠪᠲᠡᠷᠡᠬᠦ ᠵᠠᠮ᠎ᠤᠨ ᠪᠥᠲᠥᠭᠡᠨ ᠪᠠᠢ᠌ᠭᠤᠯᠤᠯᠲᠠ ᠵᠢ ᠠᠬᠢᠭᠤᠯᠤᠨ᠂ 《ᠥᠨᠳᠥᠷ ᠪᠦᠲᠦᠮᠵᠢᠲᠡᠶ᠎ᠪᠠᠷ ᠨᠢᠭᠡ ᠠᠵᠢᠯ ᠶᠠᠪᠤᠳᠠᠯ᠎ᠢ ᠭᠦᠢ᠍ᠴᠡᠳᠭᠡᠬᠦ》 30 ᠵᠦᠢ᠍ᠯ᠂ 《ᠪᠥᠬᠥ ᠣᠷᠣᠨ᠎ᠳᠤ ᠨᠡᠢ᠌ᠳᠡᠮ ᠭᠦᠢ᠍ᠴᠡᠳᠭᠡᠬᠦ》 150 ᠵᠦᠢ᠍ᠯᠡᠰ᠎ᠢ ᠰᠢᠨ᠎ᠡ᠎ᠪᠠᠷ ᠬᠡᠷᠡᠭᠵᠢᠭᠦᠯᠦᠨ᠎ᠡ᠃ ᠥᠨᠳᠥᠷ ᠪᠠᠷᠢᠮᠵᠢᠶᠠᠲᠤ ᠵᠠᠬ᠎ᠠ ᠳᠡᠯᠭᠡᠭᠦᠷ᠎ᠤᠨ ᠲᠣᠭᠲᠠᠯᠴᠠᠭ᠎ᠠ ᠵᠢᠨ ᠪᠥᠲᠥᠭᠡᠨ ᠪᠠᠢ᠌ᠭᠤᠯᠤᠯᠲᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠪᠥᠬᠥ ᠤᠯᠤᠰ᠎ᠤᠨ ᠨᠢᠭᠡᠳᠦᠯᠲᠡᠶ ᠲᠣᠮᠣ ᠵᠠᠬ᠎ᠠ ᠳᠡᠯᠭᠡᠭᠦᠷ᠎ᠢ ᠲᠦᠷᠭᠡᠳᠬᠡᠨ ᠪᠠᠢ᠌ᠭᠤᠯᠵᠤ᠂ 《ᠪᠥᠬᠥ ᠤᠯᠤᠰ᠎ᠤᠨ ᠨᠢᠭᠡᠳᠦᠯᠲᠡᠶ ᠲᠣᠮᠣ ᠵᠠᠬ᠎ᠠ ᠳᠡᠯᠭᠡᠭᠦᠷ᠎ᠤᠨ ᠪᠥᠲᠥᠭᠡᠨ ᠪᠠᠢ᠌ᠭᠤᠯᠤᠯᠲᠠ ᠵᠢᠨ ᠵᠢᠯᠣᠭᠣᠳᠤᠮᠵᠢ (ᠲᠤᠷᠰᠢᠨ ᠬᠡᠷᠡᠭᠵᠢᠭᠦᠯᠬᠦ)》 ᠪᠠ 《ᠵᠠᠬ᠎ᠠ ᠳᠡᠯᠭᠡᠭᠦᠷ᠎ᠲᠤ ᠵᠥᠪᠰᠢᠶᠡᠷᠡᠨ ᠣᠷᠤᠭᠤᠯᠬᠤ ᠨᠠᠵᠠᠭ᠋ᠠᠶ ᠲᠠᠯ᠎ᠠ ᠵᠢᠨ ᠲᠤᠳᠤᠷᠬᠠᠢ ᠬᠠᠭᠤᠳᠠᠰᠤ》 ᠵᠢ ᠴᠢᠩᠭ᠎ᠠ ᠨᠠᠢ᠌ᠳᠠᠪᠤᠷᠢᠵᠢᠭᠤᠯᠤᠨ᠂ ᠥᠪᠡᠷᠲᠡᠭᠡᠨ ᠵᠠᠰᠠᠬᠤ ᠣᠷᠣᠨ᠎ᠤ ᠭᠣᠤᠯᠴᠢ ᠥᠷᠢᠰᠥᠯᠳᠦᠭᠡᠨ᠎ᠤ ᠬᠢᠨᠠᠨ ᠪᠠᠢ᠌ᠴᠠᠭ᠋ᠠᠬᠤ ᠠᠷᠭ᠎ᠠ ᠪᠠ ᠬᠠᠮᠲᠤᠷᠠᠨ ᠬᠢᠨᠠᠨ ᠪᠠᠢ᠌ᠴᠠᠭ᠋ᠠᠬᠤ ᠲᠦᠷᠢᠮ ᠲᠣᠭᠲᠠᠭ᠋ᠠᠯ᠎ᠢ ᠨᠡᠢ᠌ᠲᠡᠯᠡᠵᠦ᠂ ᠳᠠᠭ᠋ᠠᠭ᠋ᠠᠴᠢᠯᠠᠯᠲᠠ ᠵᠠᠷᠯᠠᠬᠤ ᠳᠠᠭ᠋ᠠᠭ᠋ᠠᠴᠢᠯᠠᠯᠲᠠ ᠬᠦᠯᠢᠶᠡᠬᠦ ᠬᠦᠷᠢᠶ᠎ᠡ ᠴᠠᠷᠠᠭ᠋ᠠᠨ᠎ᠤ ᠥᠭᠡᠷᠡᠴᠢᠯᠡᠯᠲᠡ ᠵᠢ ᠢᠳᠡᠪᠬᠢᠲᠡᠶ ᠬᠠᠢ᠌ᠨ ᠰᠦᠪᠡᠭᠴᠢᠯᠡᠵᠦ᠂ ᠰᠢᠨ᠎ᠡ ᠡᠵᠡᠩᠨᠡᠯᠲᠡ ᠵᠢᠨ ᠬᠡᠯᠪᠡᠷᠢ ᠪᠠᠢ᠌ᠳᠠᠯ ᠰᠢᠨ᠎ᠡ ᠬᠦᠷᠢᠶ᠎ᠡ ᠴᠠᠷᠠᠭ᠋ᠠᠨ᠎ᠤ ᠵᠠᠬ᠎ᠠ ᠳᠡᠯᠭᠡᠭᠦᠷ᠎ᠲᠤ ᠵᠥᠪᠰᠢᠶᠡᠷᠡᠨ ᠣᠷᠤᠭᠤᠯᠬᠤ ᠣᠷᠴᠢᠨ ᠨᠦᠬᠦᠴᠡᠯ᠎ᠢ ᠰᠢᠯᠢᠳᠡᠭᠵᠢᠭᠦᠯᠦᠨ᠎ᠡ᠃ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠠᠷᠠᠳ᠎ᠲᠤ ᠲᠥᠬᠥᠮ ᠦᠵᠡᠭᠦᠯᠬᠦ ᠬᠠᠯᠠᠮᠰᠢᠯ ᠤᠲᠠᠰᠤ 12345 ᠵᠡᠷᠭᠡ ᠲᠠᠪᠴᠠᠩ᠎ᠢ ᠭᠦᠢ᠍ᠴᠡᠳ ᠠᠰᠢᠭᠯᠠᠨ᠂ ᠵᠠᠬ᠎ᠠ ᠳᠡᠯᠭᠡᠭᠦᠷ᠎ᠤᠨ ᠭᠣᠤᠯ ᠴᠣᠭᠴᠠ ᠵᠢᠨ᠎ᠬᠢᠨ᠎ᠤ ᠳᠠᠯᠳᠠ ᠬᠣᠷᠢᠭ᠎ᠠ ᠵᠢ ᠵᠠᠭ᠋ᠠᠯᠳᠤᠬᠤ ᠠᠷᠭ᠎ᠠ ᠵᠠᠮ ᠪᠠ ᠰᠢᠢ᠍ᠳᠪᠦᠷᠢᠯᠡᠵᠦ ᠬᠠᠷᠢᠭᠤ ᠥᠭᠬᠦ ᠲᠣᠭᠲᠠᠴᠠ ᠵᠢ ᠤᠯᠠᠮ ᠨᠢᠭᠡ ᠠᠯᠬᠤᠮ ᠰᠢᠯᠤᠭᠤᠳᠬᠠᠨ᠎ᠠ᠃ ᠲᠠᠷᠢᠶᠠᠯᠠᠬᠤ ᠮᠠᠯᠵᠢᠬᠤ ᠣᠷᠣᠨ᠎ᠤ ᠥᠭᠡᠷᠡᠴᠢᠯᠡᠯᠲᠡ ᠵᠢ ᠭᠦᠨᠵᠡᠭᠡᠢ᠌ᠷᠡᠭᠦᠯᠦᠨ ᠪᠣᠲᠠᠲᠠᠢ᠌ᠵᠢᠭᠤᠯᠬᠤ ᠵᠢ ᠠᠬᠢᠭᠤᠯᠵᠤ᠂ 《ᠲᠠᠷᠢᠶᠠᠯᠠᠬᠤ ᠮᠠᠯᠵᠢᠬᠤ ᠣᠷᠣᠨ᠎ᠤ ᠭᠠᠵᠠᠷ ᠰᠢᠷᠣᠶ ᠵᠢᠨ ᠡᠵᠡᠩᠨᠡᠯᠲᠡ ᠵᠢᠨ ᠡᠷᠬᠡ ᠵᠢ ᠡᠷᠭᠢᠯᠲᠡ᠎ᠳᠤ ᠣᠷᠣᠭᠤᠯᠬᠤ ᠵᠢ ᠵᠢᠷᠤᠮᠵᠢᠭᠤᠯᠬᠤ ᠪᠠ ᠳᠠᠭ᠋ᠠᠭ᠋ᠠᠴᠢᠯᠠᠭᠰᠠᠨ ᠭᠠᠵᠠᠷ᠎ᠤᠨ ᠬᠡᠰᠡᠭᠯᠡᠭᠰᠡᠨ ᠬᠥᠭᠵᠢᠯᠲᠡ ᠵᠢ ᠰᠶ᠋ᠢᠳᠪᠦᠷᠢᠯᠡᠵᠦ ᠵᠣᠬᠢᠰᠲᠠᠢ᠎ᠪᠠᠷ ᠬᠡᠪᠴᠢᠶᠡᠵᠢᠭᠦᠯᠦᠨ ᠡᠵᠡᠩᠨᠡᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠡᠷᠡᠭᠵᠢᠭᠦᠯᠬᠦ ᠲᠥᠰᠦᠯ》᠎ᠢ ᠨᠠᠢ᠌ᠳᠠᠪᠤᠷᠢᠵᠢᠭᠤᠯᠤᠨ᠂ ᠬᠣᠶᠠᠳᠤᠭ᠋ᠠᠷ ᠡᠭᠡᠯᠵᠢ ᠵᠢᠨ ᠭᠠᠵᠠᠷ ᠰᠢᠷᠣᠶ ᠪᠠ ᠬᠠᠳᠤᠯᠠᠩ ᠪᠡᠯᠴᠢᠭᠡᠷ᠎ᠤᠨ ᠳᠠᠭ᠋ᠠᠭ᠋ᠠᠴᠢᠯᠠᠯᠲᠠ ᠵᠢ ᠣᠷᠲᠤᠳᠬᠠᠬᠤ ᠲᠤᠷᠰᠢᠯᠲᠠ ᠵᠢ ᠯᠠᠪᠳᠠᠭᠤᠨ ᠪᠠᠲᠤᠲᠠᠢ ᠠᠬᠢᠭᠤᠯᠤᠨ᠎ᠠ᠃

      (ᠭᠤᠷᠪᠠ) ᠬᠦᠴᠦᠨ ᠵᠶ᠋ᠠᠨ ᠲᠥᠪᠯᠡᠷᠡᠭᠦᠯᠦᠨ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠲᠥᠯᠥᠪᠵᠢᠭᠦᠯᠭᠡ ᠵᠢ ᠨᠠᠢ᠌ᠷᠠᠭᠤᠯᠤᠨ ᠵᠣᠬᠢᠶᠠᠬᠤ ᠠᠵᠢᠯ ᠵᠶ᠋ᠠᠨ ᠥᠷᠨᠢᠭᠦᠯᠦᠨ᠎ᠡ᠃ 2024 ᠣᠨ᠎ᠳᠤ ᠥᠪᠡᠷᠲᠡᠭᠡᠨ ᠵᠠᠰᠠᠬᠤ ᠣᠷᠣᠨ᠎ᠤ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠲᠥᠯᠥᠪᠵᠢᠭᠦᠯᠭᠡ ᠵᠢᠨ 《ᠦᠨᠳᠦᠰᠦᠨ ᠰᠡᠳᠬᠢᠮᠵᠢ》 ᠵᠢ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠲᠥᠯᠥᠪᠵᠢᠭᠦᠯᠭᠡ ᠵᠢᠨ 《ᠰᠠᠨᠠᠭᠤᠯᠭ᠎ᠠ》 ᠪᠠ 《ᠬᠥᠲᠥᠯᠪᠦᠷᠢ》 ᠵᠢᠨ ᠡᠬᠡ ᠲᠥᠰᠦᠯ᠎ᠢ ᠱᠠᠯᠠᠪᠳᠠᠨ ᠪᠦᠷᠢᠯᠳᠦᠭᠦᠯᠵᠦ᠂ ᠴᠢᠬᠤᠯᠠ ᠶᠡᠬᠡ ᠲᠤᠰᠬᠠᠶ ᠰᠡᠳᠦᠪᠲᠦ ᠰᠤᠳᠤᠯᠭ᠋ᠠᠨ᠂ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠤ ᠠᠵᠤ ᠠᠬᠤᠶ ᠨᠡᠢ᠌ᠭᠡᠮ᠎ᠤᠨ ᠬᠥᠭᠵᠢᠯᠲᠡ ᠵᠢᠨ ᠭᠣᠣᠯ ᠭᠦᠢ᠍ᠴᠡᠳᠬᠡᠯ ᠲᠣᠭ᠎ᠠ ᠵᠢᠨ ᠲᠥᠰᠦᠭᠡᠯᠡᠨ ᠪᠣᠳᠣᠯᠲᠠ ᠵᠢ ᠰᠠᠢ᠌ᠲᠤᠷ ᠵᠣᠬᠢᠶᠠᠨ ᠪᠠᠢ᠌ᠭᠤᠯᠤᠨ ᠥᠷᠨᠢᠭᠦᠯᠵᠦ᠂ ᠬᠦᠴᠦᠨ ᠵᠶ᠋ᠠᠨ ᠲᠥᠪᠯᠡᠷᠡᠭᠦᠯᠦᠨ ᠰᠢᠢ᠍ᠳᠪᠦᠷᠢᠯᠡᠬᠦ ᠴᠢᠬᠤᠯᠠᠲᠠᠶ ᠶᠡᠬᠡ ᠶᠠᠪᠤᠳᠠᠯ᠂ ᠪᠠᠴᠢᠮ ᠶᠠᠪᠤᠳᠠᠯ᠂ ᠬᠦᠴᠢᠷ ᠶᠠᠪᠤᠳᠠᠯ᠎ᠤᠨ ᠲᠣᠭᠣᠷᠢᠨ᠎ᠳᠤ ᠴᠢᠩᠭ᠎ᠠ ᠨᠢᠭᠲᠠᠷᠠᠨ᠂ 《ᠨᠢᠭᠡ ᠰᠢᠷᠬᠡᠭ ᠦᠰᠦ ᠵᠢ᠎ᠨᠢ ᠴᠢᠩᠭ᠋ᠠᠭ᠋ᠠᠪᠠᠯ ᠪᠦᠬᠦ ᠪᠡᠶ᠎ᠡ᠎ᠨᠢ ᠬᠥᠳᠡᠯᠬᠦ》 ᠴᠢᠬᠤᠯᠠ ᠶᠡᠬᠡ ᠪᠠᠢ᠌ᠯᠳᠤᠬᠤ ᠪᠤᠳᠤᠯᠭ᠎ᠠ ᠵᠢᠨ ᠡᠭᠦᠷᠭᠡ ᠵᠢ ᠳᠤᠷᠠᠳᠤᠨ ᠭᠠᠷᠭ᠋ᠠᠬᠤ᠎ᠪᠠᠷ ᠴᠢᠷᠮᠠᠢ᠌ᠵᠤ᠂ ᠴᠢᠬᠤᠯᠠ ᠶᠡᠬᠡ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠵᠢ ᠠᠬᠢᠭᠤᠯᠬᠤ ᠠᠷᠭ᠎ᠠ ᠵᠠᠮ᠎ᠢ ᠤᠯᠠᠮ ᠨᠢᠭᠡ ᠠᠯᠬᠤᠮ   ᠲᠣᠳᠣᠷᠬᠠᠢ᠌ᠯᠠᠵᠤ᠂ ᠪᠡᠯᠭᠡ ᠲᠡᠮᠳᠡᠭ᠎ᠤᠨ ᠴᠢᠨᠠᠷᠲᠠᠶ ᠬᠦᠲᠦᠯᠦᠨ ᠳᠠᠭ᠋ᠠᠭᠤᠯᠬᠤ ᠴᠢᠨᠠᠷᠲᠠᠶ ᠨᠢᠭᠡ ᠪᠦᠯᠦᠭ ᠴᠢᠬᠤᠯᠠ ᠶᠡᠬᠡ ᠲᠠᠩ ᠴᠣᠭᠴᠠᠲᠤ ᠢᠨᠵᠧᠨᠧᠷᠢᠩ ᠪᠠ ᠠᠷᠠᠳ᠎ᠤᠨ ᠰᠡᠳᠬᠢᠯ᠎ᠢ ᠳᠤᠯᠠᠭ᠋ᠠᠴᠠᠭᠤᠯᠵᠤ ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠬᠦ ᠲᠦᠷᠦᠯ ᠵᠦᠢ᠍ᠯ᠎ᠢ ᠤᠬᠠᠭ᠋ᠠᠯᠠᠵᠤ ᠲᠥᠯᠥᠪᠯᠡᠨ᠂ ᠤᠯᠤᠰ᠎ᠤᠨ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠲᠥᠯᠥᠪᠵᠢᠭᠦᠯᠭᠡ ᠵᠢᠨ 《ᠬᠦᠲᠦᠯᠪᠦᠷᠢ》᠎ᠲᠠᠢ ᠵᠣᠯᠭ᠋ᠠᠭᠤᠯᠬᠤ᠂ ᠡᠯ᠎ᠡ ᠲᠠᠯ᠎ᠠ ᠵᠢᠨ᠎ᠬᠢᠨ᠎ᠤ ᠰᠠᠨᠠᠯ᠎ᠢ ᠬᠤᠷᠢᠶᠠᠬᠤ ᠪᠠ ᠲᠤᠰᠬᠠᠶ ᠮᠡᠷᠭᠡᠵᠢᠯᠲᠡᠨ ᠵᠶ᠋ᠠᠷ ᠨᠤᠲᠠᠯᠠᠭᠤᠯᠬᠤ ᠵᠡᠷᠭᠡ ᠠᠵᠢᠯ᠎ᠢ ᠰᠠᠢ᠌ᠲᠤᠷ ᠬᠢᠨ᠎ᠡ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠠᠷᠪᠠᠨ ᠲᠠᠪᠤᠳᠤᠭ᠋ᠠᠷ ᠲᠠᠪᠤᠨ ᠵᠢᠯ〉᠎ᠤᠨ ᠲᠥᠯᠥᠪᠵᠢᠭᠦᠯᠭᠡ ᠵᠢ ᠨᠠᠢ᠌ᠷᠠᠭᠤᠯᠤᠨ ᠵᠣᠬᠢᠶᠠᠬᠤ ᠭᠠᠷᠴᠠᠭ᠎ᠤᠨ ᠲᠤᠳᠤᠷᠬᠠᠢ ᠬᠠᠭᠤᠳᠠᠰᠤ》 ᠵᠢ ᠲᠣᠭᠲᠠᠭ᠋ᠠᠵᠤ᠂ ᠡᠯ᠎ᠡ ᠲᠥᠷᠥᠯ᠎ᠤᠨ ᠲᠤᠰᠬᠠᠶ ᠵᠦᠢ᠍ᠯ᠎ᠤᠨ ᠲᠥᠯᠥᠪᠵᠢᠭᠦᠯᠭᠡ ᠵᠢ ᠥᠪᠡᠷᠲᠡᠭᠡᠨ ᠵᠠᠰᠠᠬᠤ ᠣᠷᠣᠨ᠎ᠤ ᠲᠥᠯᠥᠪᠵᠢᠭᠦᠯᠭᠡ ᠵᠢᠨ 《ᠬᠥᠲᠥᠯᠪᠦᠷᠢ》᠎ᠯᠦᠭᠡ ᠵᠡᠷᠭᠡ᠎ᠳᠤ᠎ᠨᠢ ᠰᠤᠳᠤᠯᠵᠤ᠂ ᠵᠡᠷᠭᠡ᠎ᠳᠤ᠎ᠨᠢ ᠨᠠᠢ᠌ᠷᠠᠭᠤᠯᠤᠨ ᠵᠣᠬᠢᠶᠠᠵᠤ᠂ ᠵᠡᠷᠭᠡ᠎ᠳᠤ᠎ᠨᠢ ᠬᠡᠷᠡᠭᠵᠢᠭᠦᠯᠬᠦ ᠵᠢ ᠦᠨᠡᠨ ᠬᠦ᠌ ᠪᠠᠲᠤᠯᠠᠨ᠎ᠠ᠃

       ᠵᠢᠷᠭᠤᠭ᠎ᠠ᠂ ᠬᠥᠭᠵᠢᠯᠲᠡ ᠵᠢᠨ ᠢᠲᠡᠭᠡᠯ ᠵᠣᠷᠢᠭ ᠵᠶ᠋ᠠᠨ ᠬᠦᠴᠦᠯᠡᠨ ᠳᠡᠭᠡᠭᠰᠢᠯᠡᠭᠦᠯᠵᠦ᠂ ᠠᠵᠤ ᠠᠬᠤᠢ᠌ᠯᠠᠯ᠎ᠢ ᠲᠤᠰᠠᠯᠠᠬᠤ ᠠᠵᠢᠯᠯᠠᠭ᠋ᠠᠨ᠎ᠢ ᠶᠡᠬᠡ᠎ᠪᠠᠷ ᠬᠡᠷᠡᠭᠵᠢᠭᠦᠯᠦᠨ᠎ᠡ

       ᠪᠠᠢ᠌ᠭᠤᠯᠤᠯ ᠲᠣᠭᠲᠠᠴᠠ ᠵᠢᠨ ᠬᠠᠷᠰᠢ ᠰᠠᠭ᠋ᠠᠳ᠎ᠢ ᠤᠯᠠᠮ ᠨᠢᠭᠡ ᠠᠯᠬᠤᠮ ᠠᠷᠢᠯᠭ᠋ᠠᠵᠤ᠂ ᠠᠵᠤ ᠠᠬᠤᠢ᠌ᠯᠠᠯ᠎ᠢ ᠬᠠᠪᠰᠤᠷᠤᠨ ᠲᠡᠳᠬᠦᠬᠦ ᠡᠷᠴᠢᠮ ᠵᠶ᠋ᠠᠨ ᠴᠢᠩᠭ᠋ᠠᠷᠠᠭᠤᠯᠵᠤ᠂ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠢᠨᠵᠧᠨᠧᠷᠢᠩ᠎ᠢ ᠦᠷᠭᠦᠯᠵᠢᠯᠡᠨ ᠰᠠᠢ᠌ᠲᠤᠷ ᠬᠡᠷᠡᠭᠵᠢᠭᠦᠯᠦᠨ᠂ ᠡᠯ᠎ᠡ ᠲᠥᠷᠥᠯ᠎ᠤᠨ ᠡᠵᠡᠩᠨᠡᠯᠲᠡ ᠵᠢᠨ ᠭᠣᠤᠯ ᠴᠣᠭᠴᠠ ᠵᠢᠨ ᠳᠣᠲᠣᠭ᠋ᠠᠳᠤ ᠬᠦᠳᠡᠯᠭᠡᠭᠴᠢ ᠬᠦᠴᠦᠨ᠎ᠢ ᠭᠦᠢ᠍ᠴᠡᠳ ᠬᠥᠭᠵᠢᠭᠡᠨ᠎ᠡ᠃

      (ᠨᠢᠭᠡ) ᠡᠵᠡᠩᠨᠡᠯᠲᠡ ᠵᠢᠨ ᠭᠣᠤᠯ ᠴᠣᠭᠴᠠ ᠵᠢᠨ ᠬᠡᠪᠴᠢᠶᠡᠵᠢᠯ᠎ᠢ ᠦᠷᠭᠦᠯᠵᠢᠯᠡᠨ ᠥᠷᠭᠡᠳᠬᠡᠨ᠎ᠡ᠃ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠢᠨᠵᠧᠨᠧᠷᠢᠩ᠎ᠤᠨ ᠦᠷ᠎ᠡ ᠪᠦᠲᠦᠭᠡᠯ᠎ᠢ ᠪᠡᠬᠢᠵᠢᠭᠦᠯᠵᠦ᠂ ᠵᠠᠰᠠᠭ᠎ᠤᠨ ᠣᠷᠳᠣᠨ᠎ᠤ ᠦᠨᠡᠨᠴᠢ ᠢᠲᠡᠭᠡᠮᠵᠢᠲᠡᠶ᠎ᠪᠠᠷ ᠭᠡᠷ᠎ᠡ᠎ᠪᠠᠨ ᠭᠦᠢ᠍ᠴᠡᠳᠬᠡᠬᠦ ᠲᠣᠭᠲᠠᠴᠠ ᠵᠢᠨ ᠪᠠᠢ᠌ᠭᠤᠯᠤᠯᠲᠠ ᠵᠢ ᠴᠢᠩᠭ᠋ᠠᠳᠬᠠᠨ᠂ ᠢᠲᠡᠭᠡᠮᠵᠢ ᠵᠢᠨ ᠪᠠᠯᠠ ᠲᠣᠬᠢᠷᠠᠭᠤᠯᠭ᠎ᠠ ᠵᠢᠨ ᠦᠢ᠍ᠯᠡᠴᠢᠯᠡᠭᠡ ᠵᠢ ᠴᠢᠩᠭ᠋ᠠᠳᠬᠠᠨ᠎ᠠ᠃ ᠡᠵᠡᠩᠨᠡᠨ ᠬᠤᠳᠠᠯᠳᠤᠭ᠋ᠠᠯᠠᠬᠤ ᠣᠷᠴᠢᠨ ᠨᠦᠬᠦᠴᠡᠯ᠎ᠤᠨ 4.0 ᠪᠠᠷᠯᠠᠯ᠎ᠤᠨ ᠲᠥᠰᠦᠯ᠎ᠤᠨ 160 ᠵᠦᠢ᠍ᠯ᠎ᠤᠨ ᠭᠣᠤᠯᠳᠠᠯᠭ᠎ᠠ ᠪᠣᠯᠬᠤ ᠡᠭᠦᠷᠭᠡ ᠵᠢ ᠨᠠᠢ᠌ᠳᠠᠪᠤᠷᠢᠵᠢᠭᠤᠯᠬᠤ᠎ᠪᠠᠨ ᠲᠦᠷᠭᠡᠳᠬᠡᠨ ᠠᠬᠢᠭᠤᠯᠵᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠵᠡᠩᠨᠡᠨ ᠬᠤᠳᠠᠯᠳᠤᠭ᠋ᠠᠯᠠᠬᠤ ᠣᠷᠴᠢᠨ ᠨᠦᠬᠦᠴᠡᠯ᠎ᠢ ᠰᠢᠯᠢᠳᠡᠭᠵᠢᠭᠦᠯᠬᠦ ᠲᠦᠷᠢᠮ》᠎ᠤᠨ ᠬᠠᠤᠯᠢ ᠲᠣᠭᠲᠠᠭ᠋ᠠᠬᠤ ᠠᠬᠢᠴᠠ ᠵᠢ ᠠᠬᠢᠭᠤᠯᠵᠤ᠂ ᠡᠵᠡᠩᠨᠡᠨ ᠬᠤᠳᠠᠯᠳᠤᠭ᠋ᠠᠯᠠᠬᠤ ᠣᠷᠴᠢᠨ ᠨᠦᠬᠦᠴᠡᠯ᠎ᠤᠨ ᠬᠦᠷᠢᠶᠡᠨ᠎ᠳᠠᠬᠢ ᠠᠰᠠᠭᠤᠳᠠᠯ᠎ᠢ ᠲᠤᠰᠬᠠᠶ ᠴᠡᠭᠴᠡᠯᠡᠨ ᠵᠠᠰᠠᠬᠤ ᠠᠵᠢᠯ᠎ᠢ ᠦᠷᠭᠦᠯᠵᠢᠯᠡᠨ ᠥᠷᠨᠢᠭᠦᠯᠦᠨ᠎ᠡ᠃ ᠮᠢᠩᠭ᠋ᠠᠨ ᠠᠵᠤ ᠠᠬᠤᠢ᠌ᠯᠠᠯ ᠲᠦᠮᠡᠨ ᠡᠷᠦᠬᠡ ᠵᠢ ᠬᠠᠪᠰᠤᠷᠤᠨ ᠲᠡᠳᠬᠦᠵᠦ ᠬᠣᠣᠰᠯᠠᠬᠤ ᠠᠵᠢᠯᠯᠠᠭ᠋ᠠᠨ᠎ᠢ ᠥᠷᠨᠢᠭᠦᠯᠵᠦ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠢᠵᠢᠭ ᠪᠢᠴᠢᠯ ᠠᠵᠤ ᠠᠬᠤᠢ᠌ᠯᠠᠯ ᠬᠤᠪᠢ ᠵᠢᠨ ᠠᠵᠤ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠭᠤᠷᠪᠠᠨ ᠵᠢᠯ᠎ᠤᠨ ᠬᠥᠭᠵᠢᠯᠲᠡ ᠵᠢᠨ ᠲᠥᠯᠥᠪᠯᠡᠭᠡ (2023 – 2025 ᠣᠨ)》 ᠵᠢ ᠬᠡᠷᠡᠭᠵᠢᠭᠦᠯᠵᠦ᠂ ᠬᠤᠪᠢ ᠵᠢᠨ ᠠᠵᠤ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠬᠡᠯᠪᠡᠷᠢ ᠲᠥᠷᠥᠯ ᠬᠤᠪᠢᠶᠠᠵᠤ ᠣᠨᠣᠴᠠᠲᠠᠶ᠎ᠪᠠᠷ ᠬᠠᠪᠰᠤᠷᠤᠨ ᠲᠡᠳᠬᠦᠬᠦ ᠲᠣᠭᠲᠠᠴᠠ ᠵᠢ ᠭᠦᠨᠵᠡᠭᠡᠢ᠌ᠷᠡᠭᠦᠯᠵᠦ᠂ ᠠᠵᠤ ᠠᠬᠤᠢ᠌ᠯᠠᠯ᠎ᠤᠨ ᠣᠨᠳᠣᠤ ᠭᠠᠵᠠᠷ᠎ᠲᠤ ᠨᠡᠭᠦᠬᠦ ᠭᠠᠷᠳᠠᠮ᠎ᠢ ᠰᠢᠭᠤᠳ ᠭᠦᠢ᠍ᠴᠡᠳᠬᠡᠬᠦ ᠵᠢ ᠠᠬᠢᠭᠤᠯᠤᠨ᠂ ᠡᠵᠡᠩᠨᠡᠯᠲᠡ ᠵᠢᠨ ᠭᠣᠤᠯ ᠴᠣᠭᠴᠠ ᠵᠢ ᠠᠯᠪᠠᠳᠠᠯᠭ᠎ᠠ᠎ᠪᠠᠷ ᠪᠤᠴᠠᠭ᠋ᠠᠨ ᠭᠠᠷᠭ᠋ᠠᠬᠤ ᠪᠠ ᠲᠥᠬᠥᠮ ᠠᠪᠰᠠᠷᠬᠠᠨ ᠵᠶ᠋ᠠᠷ ᠪᠤᠴᠠᠭ᠋ᠠᠨ ᠭᠠᠷᠭ᠋ᠠᠬᠤ ᠲᠣᠭᠲᠠᠴᠠ ᠵᠢ ᠰᠦᠪᠡᠭᠴᠢᠯᠡᠨ ᠪᠠᠢ᠌ᠭᠤᠯᠵᠤ᠂ ᠵᠢᠵᠢᠭ ᠪᠢᠴᠢᠯ ᠠᠵᠤ ᠠᠬᠤᠢ᠌ᠯᠠᠯ ᠬᠤᠪᠢ ᠵᠢᠨ ᠠᠵᠤ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠭᠤᠷᠪᠠᠨ ᠵᠢᠯ᠎ᠤᠨ ᠬᠥᠭᠵᠢᠯᠲᠡ᠎ᠳᠤ ᠨᠢᠭᠡ ᠯᠠ ᠤᠳᠠᠭ᠎ᠠ ᠵᠢᠨ ᠴᠢᠨᠠᠷᠲᠠᠶ ᠨᠥᠬᠥᠪᠥᠷᠢ ᠥᠭᠬᠦ ᠲᠥᠷᠥ ᠵᠢᠨ ᠪᠣᠳᠣᠯᠭ᠎ᠠ ᠵᠢ ᠬᠡᠷᠡᠭᠵᠢᠭᠦᠯᠬᠦ ᠠᠵᠢᠯ᠎ᠢ ᠰᠠᠢ᠌ᠲᠤᠷ ᠬᠢᠵᠦ᠂ ᠵᠢᠵᠢᠭ ᠪᠢᠴᠢᠯ ᠠᠵᠤ ᠠᠬᠤᠢ᠌ᠯᠠᠯ᠂ ᠬᠤᠪᠢ ᠵᠢᠨ ᠠᠵᠤ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠬᠡᠪᠴᠢᠶᠡᠵᠢᠯ᠎ᠢ ᠲᠣᠭᠲᠠᠭᠤᠨ ᠵᠶ᠋ᠠᠷ ᠥᠷᠭᠡᠳᠬᠡᠬᠦ ᠵᠢ ᠠᠬᠢᠭᠤᠯᠤᠨ᠎ᠠ᠃ ᠠᠵᠤ ᠠᠬᠤᠢ᠌ᠯᠠᠯ᠎ᠳᠤ ᠥᠷᠢᠲᠦᠵᠦ ᠪᠠᠢ᠌ᠭ᠎ᠠ ᠳᠠᠩᠰᠠᠨ᠎ᠳᠠᠬᠢ ᠵᠣᠭᠣᠰ᠎ᠢ ᠢᠯᠭ᠋ᠠᠷᠠᠭᠤᠯᠬᠤ ᠠᠵᠢᠯ᠎ᠢ ᠬᠠᠤᠯᠢ ᠲᠣᠭᠲᠠᠭ᠋ᠠᠯ ᠶᠣᠰᠣᠭ᠋ᠠᠷ ᠰᠠᠢ᠌ᠲᠤᠷ ᠬᠢᠨ᠎ᠡ᠃

      (ᠬᠣᠶᠠᠷ) ᠠᠷᠠᠳ᠎ᠠᠴᠠ ᠡᠵᠡᠩᠨᠡᠭᠰᠡᠨ ᠠᠵᠤ ᠠᠬᠤᠶ ᠵᠢᠨ ᠬᠥᠭᠵᠢᠯᠲᠡ ᠵᠢ ᠠᠬᠢᠭᠤᠯᠤᠨ᠎ᠠ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ᠌ᠯᠠᠯ᠎ᠢ ᠳᠡᠮᠵᠢᠨ ᠬᠦᠴᠢᠷᠳᠡᠯ᠎ᠢ᠎ᠨᠢ ᠲᠠᠢ᠌ᠯᠬᠤ ᠠᠵᠢᠯᠯᠠᠭ᠋ᠠᠠᠨ᠎ᠤ ᠠᠵᠢᠯ᠎ᠤᠨ ᠲᠥᠰᠦᠯ》᠎ᠢ ᠲᠣᠭᠲᠠᠭ᠋ᠠᠵᠤ᠂ 《ᠮᠤᠵᠢ ᠵᠢᠨ ᠱᠠᠲᠤᠨ᠎ᠤ ᠤᠳᠤᠷᠢᠳᠬᠤ ᠺᠠᠳ᠋ᠷᠴᠤᠳ᠎ᠤᠨ ᠭᠣᠣᠯᠳᠠᠯᠭ᠋ᠠᠲᠤ ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯ᠎ᠲᠠᠢ ᠬᠠᠷᠢᠯᠴᠠᠵᠤ ᠦᠢ᠍ᠯᠡᠴᠢᠯᠡᠬᠦ ᠠᠵᠢᠯ᠎ᠤᠨ ᠲᠥᠰᠦᠯ》 ᠵᠢᠴᠢ ᠵᠠᠰᠠᠭ ᠬᠤᠳᠠᠯᠳᠤᠭ᠋ᠠᠨ᠎ᠤ ᠬᠠᠷᠢᠯᠴᠠᠭ᠋ᠠᠨ᠎ᠤ ᠦᠢ᠍ᠯᠡ ᠠᠵᠢᠯᠯᠠᠭ᠎ᠠ ᠵᠢ ᠵᠢᠷᠤᠮᠵᠢᠭᠤᠯᠬᠤ 《ᠭᠤᠷᠪᠠᠨ ᠲᠤᠳᠤᠷᠬᠠᠢ ᠬᠠᠭᠤᠳᠠᠰᠤ》 ᠵᠢ ᠨᠠᠢ᠌ᠳᠠᠪᠤᠷᠢᠵᠢᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠠᠴᠠ ᠡᠵᠡᠩᠨᠡᠭᠰᠡᠨ ᠠᠵᠤ ᠠᠬᠤᠶ ᠵᠢᠨ ᠬᠥᠭᠵᠢᠯᠲᠡ ᠵᠢ ᠠᠬᠢᠭᠤᠯᠬᠤ ᠲᠦᠷᠢᠮ᠎ᠤᠨ ᠬᠠᠤᠯᠢ ᠲᠣᠭᠲᠠᠭ᠋ᠠᠬᠤ ᠠᠬᠢᠴᠠ ᠵᠢ ᠲᠦᠷᠭᠡᠳᠬᠡᠨ ᠠᠬᠢᠭᠤᠯᠤᠨ᠎ᠠ᠃ ᠣᠨᠳᠣᠤ ᠭᠠᠵᠠᠷ᠎ᠲᠤ ᠪᠠᠯᠠ ᠣᠷᠣᠭᠤᠯᠤᠨ ᠡᠵᠡᠩᠨᠡᠬᠦ᠎ᠳᠤ ᠬᠠᠮᠵᠢᠯᠴᠠᠬᠤ ᠲᠣᠭᠲᠠᠴᠠ ᠵᠢ ᠪᠠᠢ᠌ᠭᠤᠯᠬᠤ ᠵᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ 《ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯ᠎ᠤᠨ ᠳᠤᠮᠳᠠᠳᠤ ᠤᠯᠤᠰ᠎ᠤᠨ ᠣᠨᠴᠠᠯᠢᠭ᠎ᠲᠠᠢ ᠣᠲᠣ ᠦᠶ᠎ᠡ ᠵᠢᠨ ᠠᠵᠤ ᠠᠬᠤᠢ᠌ᠯᠠᠯ᠎ᠤᠨ ᠲᠦᠷᠢᠮ᠎ᠢ ᠪᠠᠢ᠌ᠭᠤᠯᠤᠨ ᠪᠦᠷᠢᠨᠰᠢᠬᠦᠯᠬᠦ ᠯᠠᠪᠯᠠᠯᠲᠠ ᠵᠢᠨ ᠭᠦᠢ᠍ᠴᠡᠳᠬᠡᠯ ᠲᠣᠭ᠎ᠠ》 ᠵᠢ ᠲᠣᠭᠲᠠᠭ᠋ᠠᠵᠤ᠂ ᠳᠡᠯᠡᠬᠡᠶ ᠵᠢᠨ ᠲᠡᠷᠢᠭᠦᠨ ᠲᠠᠰ᠎ᠤᠨ ᠠᠵᠤ ᠠᠬᠤᠢ᠌ᠯᠠᠯ᠎ᠤᠨ ᠪᠥᠲᠥᠭᠡᠨ ᠪᠠᠢ᠌ᠭᠤᠯᠤᠯᠲᠠ ᠵᠢᠨ ᠥᠪᠡᠷᠲᠡᠭᠡᠨ ᠵᠠᠰᠠᠬᠤ ᠣᠷᠣᠨ᠎ᠤ ᠪᠣᠢ᠌ᠵᠢᠭᠤᠯᠬᠤ ᠬᠥᠮᠥᠷᠭᠡ ᠵᠢᠨ ᠬᠥᠮᠥᠷᠭᠡ᠎ᠳᠤ ᠣᠷᠣᠭᠤᠯᠬᠤ ᠠᠵᠢᠯ᠎ᠢ ᠵᠣᠬᠢᠶᠠᠨ ᠪᠠᠶ᠋ᠢᠭᠤᠯᠤᠨ ᠦᠷᠨᠢᠭᠦᠯᠦᠨ᠎ᠡ᠃ ᠠᠵᠤ ᠠᠬᠤᠢ᠌ᠯᠠᠯ᠎ᠤᠨ ᠮᠡᠷᠭᠡᠵᠢᠯ ᠰᠤᠳᠤᠯᠤᠨ ᠨᠡᠭᠡᠭᠡᠬᠦ ᠠᠵᠢᠯ᠎ᠢ᠎ᠨᠢ ᠳᠡᠮᠵᠢᠬᠦ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠰᠤᠳᠤᠯᠤᠨ ᠲᠣᠭᠲᠠᠭ᠋ᠠᠨ᠎ᠠ᠃ ᠠᠵᠤ ᠠᠬᠤᠢ᠌ᠯᠠᠯ᠎ᠳᠤ ᠬᠣᠯᠪᠣᠭᠳᠠᠭᠰᠠᠨ ᠬᠠᠤᠯᠢ ᠬᠡᠷᠡᠭᠵᠢᠭᠦᠯᠦᠯᠲᠡ ᠵᠢ ᠵᠢᠷᠤᠮᠵᠢᠭᠤᠯᠬᠤ ᠲᠤᠰᠬᠠᠶ ᠠᠵᠢᠯᠯᠠᠭ᠋ᠠᠨ᠎ᠢ ᠥᠷᠨᠢᠭᠦᠯᠵᠦ᠂ ᠳᠤᠷ᠎ᠠ᠎ᠪᠠᠷ ᠰᠦᠢ᠍ᠳᠬᠡᠯ ᠬᠤᠷᠢᠶᠠᠬᠤ᠂ ᠳᠤᠷ᠎ᠠ᠎ᠪᠠᠷ ᠵᠣᠭᠣᠰ ᠵᠶ᠋ᠠᠷ ᠲᠣᠷᠭ᠋ᠠᠬᠤ᠂ ᠳᠤᠷ᠎ᠠ᠎ᠪᠠᠷ ᠪᠠᠢ᠌ᠴᠠᠭ᠋ᠠᠬᠤ᠂ ᠳᠤᠷ᠎ᠠ᠎ᠪᠠᠷ ᠪᠠᠢ᠌ᠴᠠᠭ᠋ᠠᠨ ᠪᠢᠲᠡᠭᠦᠮᠵᠢᠯᠡᠬᠦ ᠵᠢ ᠲᠥᠪᠯᠡᠷᠡᠭᠦᠯᠦᠨ ᠴᠡᠭᠴᠡᠯᠡᠨ ᠵᠠᠰᠠᠵᠤ᠂ ᠲᠣᠭᠲᠠᠭ᠋ᠠᠯ᠎ᠠᠴᠠ ᠵᠥᠷᠢᠴᠡᠨ ᠣᠨᠳᠣᠣ ᠭᠠᠵᠠᠷ᠎ᠲᠤ ᠬᠠᠤᠯᠢ ᠬᠡᠷᠡᠭᠵᠢᠭᠦᠯᠬᠦ ᠪᠠ ᠠᠰᠢᠭ ᠬᠥᠭᠡᠭᠡᠴᠡᠯᠳᠦᠬᠦ ᠴᠢᠨᠠᠷᠲᠠᠶ ᠬᠠᠤᠯᠢ ᠬᠡᠷᠡᠭᠵᠢᠭᠦᠯᠬᠦ ᠵᠢ ᠡᠷᠡᠰ   ᠰᠡᠷᠭᠡᠢ᠌ᠯᠡᠵᠦ᠂ ᠬᠡᠷᠡᠭ ᠰᠢᠢ᠍ᠳᠪᠦᠷᠢᠯᠡᠬᠦ ᠵᠢ ᠠᠰᠢᠭ ᠲᠤᠰᠠ᠎ᠲᠠᠢ ᠬᠣᠯᠪᠣᠭᠳᠠᠭᠤᠯᠬᠤ ᠵᠢ ᠴᠠᠭ᠋ᠠᠵᠠᠯᠠᠨ᠎ᠠ᠃ ᠠᠵᠤ ᠠᠬᠤᠢ᠌ᠯᠠᠯ᠎ᠳᠤ ᠬᠣᠯᠪᠣᠭᠳᠠᠬᠤ ᠪᠢᠴᠢᠭ ᠮᠠᠲ᠋ᠧᠷᠢᠶᠠᠯ᠎ᠤᠨ 《ᠰᠢᠭᠤᠳ ᠨᠡᠪᠲᠡᠷᠡᠬᠦ ᠲᠡᠷᠭᠡ》 ᠵᠢᠨ ᠨᠠᠷᠢᠯᠢᠭ ᠣᠨᠣᠴᠠᠲᠠᠶ᠎ᠪᠠᠷ ᠬᠠᠮᠤᠷᠬᠤ ᠬᠡᠪᠴᠢᠶ᠎ᠡ ᠵᠢ ᠥᠷᠭᠡᠳᠬᠡᠬᠦ ᠵᠢ ᠠᠬᠢᠭᠤᠯᠤᠨ᠎ᠠ᠃

      (ᠭᠤᠷᠪᠠ) ᠤᠯᠤᠰ᠎ᠤᠨ ᠦᠮᠴᠢᠯᠡᠯᠲᠦ ᠠᠵᠤ ᠠᠬᠤᠢ᠌ᠯᠠᠯ᠎ᠤᠨ ᠶᠠᠰᠤ ᠴᠢᠨᠠᠷ᠎ᠢ ᠳᠡᠭᠡᠭᠰᠢᠯᠡᠭᠦᠯᠵᠦ ᠦᠷ᠎ᠡ ᠠᠰᠢᠭ᠎ᠢ ᠨᠡᠮᠡᠭᠳᠡᠭᠦᠯᠬᠦ ᠵᠢ ᠠᠬᠢᠭᠤᠯᠤᠨ᠎ᠠ᠃ ᠤᠯᠤᠰ᠎ᠤᠨ ᠦᠮᠴᠢᠯᠡᠯᠲᠦ ᠠᠵᠤ ᠠᠬᠤᠢ᠌ᠯᠠᠯ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠦᠨ ᠳᠡᠭᠡᠭᠰᠢᠯᠡᠭᠦᠯᠬᠦ ᠠᠵᠢᠯᠯᠠᠭ᠋ᠠᠨ᠎ᠢ ᠴᠢᠨᠠᠷ ᠰᠠᠢ᠌ᠲᠠᠶ ᠪᠡᠶᠡᠯᠡᠭᠦᠯᠵᠦ᠂ ᠤᠯᠤᠰ᠎ᠤᠨ ᠦᠮᠴᠢᠯᠡᠯᠲᠦ ᠠᠵᠤ ᠠᠬᠤᠢ᠌ᠯᠠᠯ᠎ᠳᠤ ᠦᠢ᠍ᠯᠡᠴᠢᠯᠡᠬᠦ ᠡᠷᠴᠢᠮ ᠵᠶ᠋ᠠᠨ ᠴᠢᠩᠭ᠋ᠠᠷᠠᠭᠤᠯᠵᠤ᠂ ᠲᠤᠰᠬᠠᠶ ᠦᠢ᠍ᠯᠡᠴᠢᠯᠡᠭᠡᠨ᠎ᠤ ᠪᠠᠢ᠌ᠭᠤᠯᠤᠮᠵᠢ ᠪᠠᠶ᠋ᠢᠭᠤᠯᠤᠨ᠂ ᠤᠯᠤᠰ᠎ᠤᠨ ᠦᠮᠴᠢᠯᠡᠯᠲᠦ ᠡᠳ᠋ ᠬᠥᠷᠥᠩᠭᠡ ᠤᠯᠤᠰ᠎ᠤᠨ ᠦᠮᠴᠢᠯᠡᠯᠲᠦ ᠠᠵᠤ ᠠᠬᠤᠢ᠌ᠯᠠᠯ᠎ᠤᠨ ᠪᠦᠰᠡᠯᠡᠯᠲᠡ ᠰᠢᠪᠲᠤᠯᠬᠤ ᠠᠵᠢᠯ᠎ᠤᠨ ᠠᠷᠭ᠎ᠠ ᠬᠡᠮᠵᠢᠶ᠎ᠡ ᠵᠢ ᠤᠯᠠᠮ ᠨᠢᠭᠡ ᠠᠯᠬᠤᠮ ᠪᠠᠶᠠᠯᠢᠭᠵᠢᠭᠤᠯᠤᠨ᠂ ᠤᠯᠤᠰ᠎ᠤᠨ ᠦᠮᠴᠢᠯᠡᠯᠲᠦ ᠡᠳ᠋ ᠬᠥᠷᠥᠩᠭᠡ ᠵᠢᠨ ᠡᠬᠢ ᠪᠠᠶᠠᠯᠢᠭ᠎ᠢ ᠢᠯᠭ᠋ᠠᠷᠠᠭᠤᠯᠤᠨ ᠪᠠᠢ᠌ᠴᠠᠭ᠋ᠠᠬᠤ ᠪᠠ ᠴᠢᠯᠥᠭᠡᠲᠡᠶ ᠭᠦᠢ᠍ᠯᠭᠡᠭᠡᠬᠦ ᠰᠢᠪᠲᠤᠯᠤᠯᠲᠠ ᠵᠢᠨ ᠠᠵᠢᠯᠯᠠᠭ᠋ᠠᠨ᠎ᠢ ᠬᠡᠷᠡᠭᠵᠢᠭᠦᠯᠵᠦ᠂ ᠠᠯᠳᠠᠭᠳᠠᠯ᠎ᠢ ᠪᠠᠭ᠋ᠠᠰᠬᠠᠨ ᠠᠯᠳᠠᠭᠳᠠᠯ᠎ᠢ ᠵᠠᠰᠠᠬᠤ ᠲᠤᠰᠬᠠᠶ ᠠᠵᠢᠯᠯᠠᠭ᠋ᠠᠨ᠎ᠢ ᠦᠷᠭᠦᠯᠵᠢᠯᠡᠨ ᠥᠷᠨᠢᠭᠦᠯᠵᠦ᠂ 《ᠨᠢᠭᠡ ᠠᠵᠤ ᠠᠬᠤᠢ᠌ᠯᠠᠯ᠎ᠳᠤ ᠨᠢᠭᠡ ᠠᠷᠭ᠎ᠠ ᠪᠣᠳᠣᠯᠭ᠎ᠠ》᠎ᠪᠠᠷ ᠠᠯᠳᠠᠭᠳᠠᠯ᠎ᠲᠠᠢ ᠪᠠᠶ᠋ᠢᠳᠠᠯ᠎ᠢ᠎ᠨᠢ ᠬᠤᠪᠢᠷᠠᠭᠤᠯᠬᠤ ᠠᠷᠭ᠎ᠠ ᠬᠡᠮᠵᠢᠶ᠎ᠡ ᠲᠣᠭᠲᠠᠭ᠋ᠠᠨ᠎ᠠ᠃ 《ᠭᠤᠷᠪᠠ ᠵᠢ ᠲᠥᠪᠯᠡᠷᠡᠭᠦᠯᠬᠦ》 ᠱᠠᠭ᠋ᠠᠷᠳᠠᠯᠭ᠎ᠠ ᠶᠣᠰᠣᠭ᠋ᠠᠷ᠂ ᠤᠯᠤᠰ᠎ᠤᠨ ᠦᠮᠴᠢᠯᠡᠯᠲᠦ ᠬᠦᠷᠦᠨᠭᠭᠡ ᠵᠢᠨ ᠪᠠᠶ᠋ᠢᠷᠢᠰᠢᠭᠤᠯᠤᠯᠲᠠ ᠵᠢ ᠤᠯᠠᠮ ᠨᠢᠭᠡ ᠠᠯᠬᠤᠮ ᠰᠢᠯᠢᠳᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ᠎ᠳᠤ ᠰᠠᠭᠤᠭ᠎ᠠ ᠲᠥᠪ᠎ᠤᠨ ᠠᠵᠤ ᠠᠬᠤᠢ᠌ᠯᠠᠯ᠎ᠯᠤᠭ᠎ᠠ ᠪᠠᠶ᠋ᠢᠩᠭᠤᠰᠢᠭᠤᠯᠤᠨ ᠵᠣᠯᠭ᠋ᠠᠭᠤᠯᠬᠤ ᠬᠠᠮᠲᠤᠷᠠᠯᠴᠠᠭ᠋ᠠᠨ᠎ᠤ ᠲᠣᠭᠲᠠᠴᠠ ᠵᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠪᠤᠰᠤᠳ ᠮᠤᠵᠢ (ᠣᠷᠣᠨ᠂ ᠬᠣᠲᠠ) ᠵᠢᠨ ᠥᠪᠡᠷᠲᠡᠭᠡᠨ ᠵᠠᠰᠠᠬᠤ ᠣᠷᠣᠨ᠎ᠳᠤ ᠰᠠᠭᠤᠭ᠎ᠠ ᠠᠵᠤ ᠠᠬᠤᠢ᠌ᠯᠠᠯ᠎ᠤᠨ ᠪᠠᠯᠠ ᠣᠷᠣᠭᠤᠯᠤᠯᠲᠠ ᠵᠢᠨ ᠡᠷᠴᠢᠮ ᠵᠶ᠋ᠠᠨ ᠴᠢᠩᠭ᠋ᠠᠷᠠᠭᠤᠯᠬᠤ ᠵᠢ᠎ᠨᠢ ᠠᠬᠢᠭᠤᠯᠵᠤ᠂ ᠱᠠᠨᠳᠦ᠋ᠩ᠂ ᠪᠡᠭᠡᠵᠢᠩ᠂ ᠠᠨᠾᠦ᠋ᠢ ᠵᠡᠷᠭᠡ ᠭᠠᠵᠠᠷ᠎ᠯᠤᠭ᠎ᠠ ᠪᠠᠢ᠌ᠯᠳᠤᠬᠤ ᠪᠣᠳᠣᠯᠭ᠎ᠠ ᠵᠢᠨ ᠬᠠᠮᠲᠤᠷᠠᠯᠴᠠᠭ᠋ᠠᠨ᠎ᠤ ᠵᠥᠪᠯᠡᠯᠴᠡᠭᠡᠷ ᠲᠣᠭᠲᠠᠨ᠎ᠠ᠃ ᠤᠯᠤᠰ᠎ᠤᠨ ᠦᠮᠴᠢᠯᠡᠯᠲᠦ ᠠᠵᠤ ᠠᠬᠤᠢ᠌ᠯᠠᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠭᠣᠤᠯ ᠬᠦᠴᠦᠨ᠎ᠤ ᠦᠢ᠍ᠯᠡᠳᠦᠯ᠎ᠢ ᠪᠠᠳᠠᠷᠠᠭᠤᠯᠵᠤ᠂ ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠢ᠌ᠯᠠᠯ᠎ᠤᠨ ᠲᠣᠭ᠎ᠠ ᠬᠡᠮᠵᠢᠶ᠎ᠡ ᠵᠢ 《ᠵᠠᠭᠤ᠎ᠠᠴᠠ ᠳᠠᠪᠠᠭᠤᠯᠬᠤ》᠂ ᠲᠤᠰᠬᠠᠶ ᠨᠠᠷᠢᠯᠢᠭ ᠦᠪᠡᠷᠮᠢᠴᠡ ᠰᠢᠨ᠎ᠡ ᠠᠵᠤ ᠠᠬᠤᠢ᠌ᠯᠠᠯ᠎ᠤᠨ ᠲᠣᠭ᠎ᠠ ᠬᠡᠮᠵᠢᠶ᠎ᠡ ᠵᠢ 《ᠳᠠᠬᠢᠨ ᠵᠶ᠋ᠠᠷ ᠨᠡᠮᠡᠭᠳᠡᠭᠦᠯᠬᠦ》 ᠵᠢ ᠠᠬᠢᠭᠤᠯᠵᠤ᠂ 2025 ᠣᠨ᠎ᠳᠤ ᠦᠪᠡᠷᠲᠡᠭᠡᠨ ᠵᠠᠰᠠᠬᠤ ᠣᠷᠣᠨ᠎ᠤ ᠬᠠᠷᠢᠶ᠎ᠠ ᠪᠥᠬᠥᠶ ᠤᠯᠤᠰ᠎ᠤᠨ ᠦᠮᠴᠢᠯᠡᠯᠲᠦ ᠠᠵᠤ ᠠᠬᠤᠢ᠌ᠯᠠᠯ᠎ᠤᠨ ᠰᠤᠳᠤᠯᠤᠨ ᠨᠡᠭᠡᠭᠡᠬᠦ ᠣᠷᠣᠭᠤᠯᠤᠯᠲᠠ ᠵᠢᠨ ᠡᠷᠴᠢᠮ ᠵᠶ᠋ᠠᠨ 4%᠎ᠠᠴᠠ ᠳᠡᠭᠡᠭᠰᠢ᠎ᠳᠤ ᠬᠦᠷᠦᠭᠦᠯᠬᠦ᠎ᠪᠠᠷ ᠴᠢᠷᠮᠠᠢ᠌ᠨ᠎ᠠ᠃

       ᠲᠤᠯᠤᠭ᠎ᠠ᠂ ᠤᠰᠤ ᠠᠷᠪᠢᠯᠠᠬᠤ ᠠᠵᠢᠯᠯᠠᠭ᠋ᠠᠨ᠎ᠢ ᠭᠦᠨᠵᠡᠭᠡᠶ ᠬᠡᠷᠡᠭᠵᠢᠭᠦᠯᠵᠦ᠂ ᠲᠦᠪᠯᠡᠷᠡᠵᠦ ᠡᠷᠴᠢᠮᠵᠢᠵᠦ ᠪᠦᠭᠡᠮᠨᠡᠷᠡᠨ ᠬᠥᠭᠵᠢᠬᠦ ᠵᠢ ᠠᠬᠢᠭᠤᠯᠤᠨ᠎ᠠ

       ᠬᠦᠴᠦᠨ ᠵᠦᠢ᠍ᠯ᠎ᠤᠨ ᠪᠠᠲᠤᠯᠠᠭ᠎ᠠ ᠵᠢᠨ ᠴᠢᠳᠠᠪᠤᠷᠢ ᠵᠢ ᠬᠦᠴᠦᠯᠡᠨ ᠳᠡᠭᠡᠭᠰᠢᠯᠡᠭᠦᠯᠵᠦ᠂ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠠᠵᠢᠯ᠎ᠢ ᠭᠦᠨᠵᠡᠭᠡᠶ ᠠᠬᠢᠭᠤᠯᠤᠨ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠵᠢ ᠪᠠᠭᠤᠷᠠᠭᠤᠯᠬᠤ ᠪᠠ ᠠᠵᠤ ᠠᠬᠤᠶ ᠵᠢᠨ ᠬᠥᠭᠵᠢᠯᠲᠡ ᠵᠢ ᠥᠨᠳᠥᠷ ᠪᠦᠲᠦᠮᠵᠢᠲᠡᠶ ᠨᠢᠭᠡᠳᠦᠯᠲᠡᠶ ᠲᠥᠯᠥᠪᠯᠡᠨ᠎ᠡ᠃

      (ᠨᠢᠭᠡ) ᠤᠰᠤ ᠠᠷᠪᠢᠯᠠᠬᠤ ᠠᠵᠢᠯᠯᠠᠭ᠋ᠠᠨ᠎ᠢ ᠪᠥᠬᠥ ᠬᠦᠴᠦᠨ ᠵᠶ᠋ᠠᠷ ᠵᠶ᠋ᠠᠨ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ᠎ᠤ 《ᠤᠰᠤ᠎ᠪᠠᠷ ᠳᠥᠷᠪᠡ ᠵᠢ ᠲᠣᠭᠲᠠᠭ᠋ᠠᠬᠤ》 ᠲᠥᠷᠥ ᠵᠢᠨ ᠪᠣᠳᠣᠯᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠪᠢᠴᠢᠭ ᠮᠠᠲ᠋ᠧᠷᠢᠶᠠᠯ᠎ᠢ ᠲᠣᠭᠲᠠᠭ᠋ᠠᠵᠤ᠂ 2025 ᠣᠨ᠎ᠤ ᠲᠦᠮᠡᠨ ᠲᠥᠭᠥᠷᠢᠭ᠎ᠤᠨ ᠤᠯᠤᠰ᠎ᠤᠨ ᠳᠣᠲᠣᠭ᠋ᠠᠳᠤ ᠵᠢᠨ ᠦᠢ᠍ᠯᠡᠳᠪᠦᠷᠢᠯᠡᠯ᠎ᠤᠨ ᠶᠡᠷᠦᠩᠬᠡᠢ ᠥᠷᠲᠡᠭ᠎ᠲᠤ ᠬᠡᠷᠡᠭᠯᠡᠬᠦ ᠤᠰᠤᠨ᠎ᠤ ᠬᠡᠮᠵᠢᠶ᠎ᠡ᠂ ᠲᠦᠮᠡᠨ ᠲᠥᠭᠥᠷᠢᠭ᠎ᠤᠨ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ᠎ᠲᠤ ᠬᠡᠷᠡᠭᠯᠡᠬᠦ ᠤᠰᠤᠨ᠎ᠤ ᠬᠡᠮᠵᠢᠶ᠎ᠡ ᠵᠢ 2020 ᠣᠨ᠎ᠤ᠎ᠬᠢ᠎ᠠᠴᠠ ᠲᠣᠰ ᠲᠣᠰ 12% ᠪᠠ 13%᠎ᠪᠠᠷ ᠪᠠᠭᠤᠷᠠᠭᠤᠯᠤᠨ᠎ᠠ᠃ ᠲᠠᠷᠢᠶᠠᠯᠠᠩ᠎ᠤᠨ ᠤᠰᠤᠨ᠎ᠤ ᠦᠨ᠎ᠡ ᠵᠢᠨ ᠶᠡᠷᠦᠩᠬᠡᠢ᠌ᠯᠡᠭᠰᠡᠨ ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠢ᠌ᠷᠡᠭᠦᠯᠵᠦ᠂ ᠢᠨᠵᠧᠨᠧᠷᠢᠩ᠂ ᠲᠠᠷᠢᠶᠠᠯᠠᠩ᠎ᠤᠨ ᠮᠡᠷᠭᠡᠵᠢᠯ᠂ ᠲᠥᠷᠥᠯ ᠵᠦᠢ᠍ᠯ᠂ ᠪᠦᠲᠦᠴᠡ᠂ ᠲᠣᠭᠲᠠᠴᠠ 《ᠲᠠᠪᠤᠨ ᠲᠠᠯ᠎ᠠ᠎ᠪᠠᠷ ᠠᠷᠪᠢᠯᠠᠨ ᠭᠠᠮᠨᠠᠬᠤ》 ᠠᠷᠭ᠎ᠠ ᠬᠡᠮᠵᠢᠶ᠎ᠡ ᠵᠢ ᠪᠥᠬᠥ ᠲᠠᠯ᠎ᠠ᠎ᠪᠠᠷ ᠨᠠᠢ᠌ᠳᠠᠪᠤᠷᠢᠵᠢᠭᠤᠯᠤᠨ᠂ ᠥᠨᠳᠥᠷ ᠦᠷ᠎ᠡ ᠪᠦᠲᠦᠮᠵᠢᠲᠡᠶ᠎ᠪᠠᠷ ᠤᠰᠤ ᠠᠷᠪᠢᠯᠠᠬᠤ ᠤᠰᠤᠯᠠᠯᠲᠠ ᠵᠢᠨ ᠲᠠᠯᠠᠪᠠᠶ ᠵᠢ 200 ᠲᠦᠮᠡᠨ ᠮᠥ᠍ ᠰᠢᠨ᠎ᠡ᠎ᠪᠠᠷ ᠪᠠᠢ᠌ᠭᠤᠯᠵᠤ᠂ ᠤᠰᠤ ᠠᠷᠪᠢᠯᠠᠵᠤ ᠠᠮᠤ ᠪᠤᠳᠠᠭ᠋ᠠᠨ᠎ᠤ ᠤᠨᠠᠯᠲᠠ᠎ᠪᠠᠨ ᠨᠡᠮᠡᠭᠳᠡᠭᠦᠯᠬᠦ ᠵᠢ ᠠᠬᠢᠭᠤᠯᠬᠤ ᠰᠢᠶᠠᠨ᠎ᠢ 20 ᠡᠭᠦᠳᠦᠨ ᠪᠠᠢ᠌ᠭᠤᠯᠵᠤ᠂ ᠤᠰᠤ ᠠᠷᠪᠢᠯᠠᠬᠤ ᠬᠡᠮᠵᠢᠶ᠎ᠡ ᠵᠢ 2.7 ᠳ᠋ᠦᠩᠰᠢᠭᠤᠷ ᠺᠦᠪ ᠮᠧᠲᠷ᠎ᠠᠴᠠ ᠳᠡᠭᠡᠭᠰᠢ ᠰᠢᠨ᠎ᠡ᠎ᠪᠠᠷ ᠨᠡᠮᠡᠭᠳᠡᠭᠦᠯᠬᠦ᠎ᠪᠠᠷ ᠴᠢᠷᠮᠠᠢ᠌ᠨ᠎ᠠ᠃ ᠪᠣᠷᠣᠲᠣᠬᠣᠶ ᠵᠢᠨ ᠤᠰᠤᠯᠠᠯᠲᠠ ᠵᠢᠨ ᠣᠷᠣᠨ᠎ᠤ ᠨᠠᠮᠤᠷ ᠤᠰᠤᠯᠠᠬᠤ᠂ ᠬᠠᠪᠤᠷ ᠬᠤᠷᠠᠭᠤᠯᠬᠤ ᠤᠰᠤ ᠬᠡᠷᠡᠭᠯᠡᠬᠦ ᠲᠥᠰᠦᠯ᠎ᠢ ᠰᠤᠳᠤᠯᠤᠨ ᠲᠣᠭᠲᠠᠭ᠋ᠠᠵᠤ᠂ 《ᠨᠡᠯᠦᠢ᠌ᠲᠡᠯ᠎ᠡ ᠤᠰᠤᠯᠠᠬᠤ》 ᠠᠰᠠᠭᠤᠳᠠᠯ᠎ᠢ ᠦᠨᠳᠦᠰᠦᠨ᠎ᠳᠤ᠎ᠪᠠᠨ ᠰᠢᠢ᠍ᠳᠪᠦᠷᠢᠯᠡᠵᠦ᠂ ᠲᠠᠷᠢᠶᠠᠨ ᠭᠠᠵᠠᠷ᠎ᠢ ᠤᠰᠤᠯᠠᠬᠤ ᠤᠰᠤ ᠵᠢ ᠪᠦᠲᠦᠮᠵᠢᠲᠡᠢ ᠠᠰᠢᠭᠯᠠᠬᠤ ᠢᠯᠡᠳᠬᠡᠮᠵᠢ ᠵᠢ 0.59᠎ᠠᠴᠠ ᠳᠡᠭᠡᠭᠰᠢ ᠬᠦᠷᠲᠡᠯ᠎ᠡ ᠳᠡᠭᠡᠭᠰᠢᠯᠡᠭᠦᠯᠦᠨ᠎ᠡ᠃ ᠠᠵᠤ ᠦᠢ᠍ᠯᠡᠳᠪᠦᠷᠢ ᠵᠢᠨ ᠤᠰᠤ ᠠᠷᠪᠢᠯᠠᠬᠤ ᠮᠡᠷᠭᠡᠵᠢᠯ᠎ᠤᠨ ᠥᠭᠡᠷᠡᠴᠢᠯᠡᠯᠲᠡ ᠵᠢ ᠲᠦᠷᠭᠡᠳᠬᠡᠨ᠂ ᠠᠵᠤ ᠦᠢ᠍ᠯᠡᠳᠪᠦᠷᠢ ᠵᠢᠨ ᠤᠰᠤ ᠬᠡᠷᠡᠭᠯᠡᠬᠦ ᠲᠥᠰᠦᠪ᠎ᠤᠨ ᠬᠠᠮᠢᠶᠠᠷᠤᠯᠲᠠ ᠵᠢᠨ ᠲᠤᠷᠰᠢᠯᠲᠠ ᠵᠢ ᠰᠠᠢ᠌ᠲᠤᠷ ᠠᠳᠬᠤᠵᠤ᠂ ᠨᠢᠭᠡ ᠪᠦᠯᠦᠭ ᠤᠰᠤ ᠠᠷᠪᠢᠯᠠᠬᠤ ᠬᠡᠯᠪᠡᠷᠢ ᠵᠢᠨ ᠠᠵᠤ ᠠᠬᠤᠢ᠌ᠯᠠᠯ᠂ ᠤᠰᠤ ᠠᠷᠪᠢᠯᠠᠬᠤ ᠬᠡᠪ ᠳᠠᠭᠤᠷᠢᠶᠠᠯᠲᠤ ᠠᠵᠤ ᠠᠬᠤᠢ᠌ᠯᠠᠯ᠂ ᠤᠰᠤᠨ᠎ᠤ ᠠᠰᠢᠭᠯᠠᠮᠵᠢ ᠵᠢᠨ ᠲᠠᠭ᠋ᠠᠭᠤᠯᠤᠭᠴᠢ ᠪᠦᠬᠦᠢ ᠵᠢᠱ᠌ᠢᠶ᠎ᠡ ᠦᠵᠡᠭᠦᠯᠬᠦ ᠠᠵᠤ ᠠᠬᠤᠢ᠌ᠯᠠᠯ᠎ᠢ ᠡᠭᠦᠳᠦᠨ ᠪᠠᠢ᠌ᠭᠤᠯᠤᠨ᠎ᠠ᠃ ᠬᠣᠲᠠ ᠵᠢᠨ ᠰᠠᠭᠤᠭ᠋ᠠᠯᠢ ᠠᠷᠠᠳ᠎ᠤᠨ ᠠᠮᠢᠳᠤᠷᠠᠯ᠎ᠳᠤ ᠬᠡᠷᠡᠭᠯᠡᠬᠦ ᠤᠰᠤᠨ᠎ᠤ ᠱᠠᠲᠤᠯᠢᠭ ᠦᠨ᠎ᠡ᠂ ᠰᠠᠭᠤᠭ᠋ᠠᠯᠢ ᠠᠷᠠᠳ᠎ᠤᠨ ᠪᠤᠰᠤ ᠬᠡᠷᠡᠭᠯᠡᠬᠦ ᠤᠰᠤ ᠪᠠ ᠣᠨᠴᠠ ᠲᠥᠷᠥᠯ᠎ᠤᠨ ᠠᠵᠢᠯ ᠲᠥᠷᠥᠯ᠎ᠤᠨ ᠬᠡᠷᠡᠭᠯᠡᠬᠦ ᠤᠰᠤᠨ᠎ᠤ ᠲᠣᠭᠲᠠᠭᠰᠠᠨ ᠨᠣᠷᠮ᠎ᠠ᠎ᠠᠴᠠ ᠬᠡᠲᠦᠷᠡᠭᠰᠡᠨ᠎ᠤ ᠳᠠᠷᠠᠭ᠎ᠠ ᠬᠤᠷᠠᠮᠳᠤᠭᠤᠯᠤᠨ ᠪᠤᠳᠤᠵᠤ ᠦᠨ᠎ᠡ ᠨᠡᠮᠡᠬᠦ ᠵᠡᠷᠭᠡ ᠲᠥᠷᠥ ᠵᠢᠨ ᠪᠣᠳᠣᠯᠭ᠎ᠠ ᠵᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠤᠰᠤ ᠠᠷᠪᠢᠯᠠᠬᠤ ᠣᠶᠤᠨᠴᠢ ᠬᠠᠮᠢᠶᠠᠷᠤᠯᠲᠠ ᠵᠢᠨ ᠲᠠᠪᠴᠠᠩ᠎ᠢ ᠪᠣᠶ ᠪᠣᠯᠭ᠋ᠠᠨ᠎ᠠ᠃ ᠲᠠᠬᠢᠯᠳᠠ ᠤᠰᠤ ᠵᠢ ᠠᠰᠢᠭᠯᠠᠬᠤ ᠠᠵᠢᠯᠯᠠᠭ᠋ᠠᠨ᠎ᠢ ᠥᠷᠨᠢᠭᠦᠯᠵᠦ᠂ ᠬᠠᠲᠤᠨ ᠭᠣᠣᠯ᠎ᠤᠨ ᠰᠠᠪᠠ ᠭᠠᠵᠠᠷ᠎ᠤᠨ ᠲᠠᠬᠢᠯᠳᠠ ᠤᠰᠤᠨ᠎ᠤ ᠠᠰᠢᠭᠯᠠᠯᠲᠠ ᠵᠢᠨ ᠨᠤᠷᠮ᠎ᠠ ᠵᠢ 60%᠎ᠠᠴᠠ ᠳᠡᠭᠡᠭᠰᠢ᠎ᠳᠤ ᠬᠦᠷᠦᠭᠦᠯᠬᠦ᠎ᠪᠠᠷ ᠴᠢᠷᠮᠠᠶ᠋ᠢᠨ᠎ᠠ᠃ ᠤᠰᠤ ᠴᠠᠬᠢᠯᠭ᠋ᠠᠨ ᠬᠡᠢ ᠢᠯᠴᠢ ᠬᠠᠩᠭ᠋ᠠᠬᠤ ᠵᠡᠷᠭᠡ ᠴᠢᠬᠤᠯᠠ ᠬᠦᠷᠢᠶᠡᠨ᠎ᠳᠠᠬᠢ ᠨᠡᠢ᠌ᠲᠡ ᠵᠢᠨ ᠬᠡᠷᠡᠭᠯᠡᠭᠡᠨ᠎ᠤ ᠦᠢ᠍ᠯᠡᠰ᠎ᠤᠨ ᠦᠨ᠎ᠡ ᠬᠠᠩᠰᠢ ᠵᠢᠨ ᠥᠭᠡᠷᠡᠴᠢᠯᠡᠯᠲᠡ ᠵᠢ ᠯᠠᠪᠳᠠᠭᠤᠨ ᠵᠶ᠋ᠠᠷ ᠠᠬᠢᠭᠤᠯᠤᠨ᠎ᠠ᠃ ᠪᠠᠢ᠌ᠭᠤᠯᠵᠤ ᠪᠠᠢ᠌ᠭ᠎ᠠ ᠴᠢᠬᠤᠯᠠ ᠶᠡᠬᠡ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠪᠥᠲᠥᠭᠡᠨ ᠪᠠᠢ᠌ᠭᠤᠯᠤᠯᠲᠠ ᠵᠢ ᠲᠦᠷᠭᠡᠳᠬᠡᠵᠦ᠂ ᠴᠤᠤᠯ ᠭᠣᠤᠯ᠎ᠤᠨ ᠤᠰᠤ ᠵᠢ ᠲᠠᠲᠠᠵᠤ ᠯᠢᠶᠣᠤ ᠾᠧ ᠭᠣᠤᠯ᠎ᠳᠤ ᠨᠡᠮᠡᠷᠢᠯᠡᠬᠦ᠂ ᠴᠤᠤᠯ ᠭᠣᠤᠯ᠎ᠤᠨ ᠤᠰᠤ ᠵᠢ ᠲᠠᠲᠠᠵᠤ ᠯᠢᠶᠣᠤ ᠾᠧ ᠭᠣᠤᠯ᠎ᠳᠤ ᠨᠡᠮᠡᠷᠢᠯᠡᠬᠦ ᠬᠣᠶᠠᠳᠤᠭ᠋ᠠᠷ ᠬᠤᠭᠤᠴᠠᠭ᠋ᠠᠨ᠎ᠤ ᠪᠠᠷᠢᠯᠭ᠎ᠠ ᠵᠢᠨ ᠪᠥᠬᠥ ᠱᠤᠭᠤᠮ ᠵᠶ᠋ᠠᠷ ᠤᠰᠤ ᠨᠡᠪᠲᠡᠷᠡᠭᠦᠯᠬᠦ ᠵᠢ ᠠᠬᠢᠭᠤᠯᠵᠤ᠂ ᠪᠣᠷᠣᠲᠣᠬᠣᠶ᠂ ᠳ᠋ᠧᠩᠺᠧᠥ ᠵᠡᠷᠭᠡ ᠲᠣᠮᠣ ᠳᠤᠮᠳᠠ ᠬᠡᠯᠪᠡᠷᠢ ᠵᠢᠨ ᠤᠰᠤᠯᠠᠯᠲᠠ ᠵᠢᠨ ᠣᠷᠣᠨ᠎ᠢ ᠤᠳᠤᠬᠢᠴᠢᠯᠠᠬᠤ ᠲᠡᠶ᠋ᠢᠰᠢ ᠦᠭᠡᠷᠡᠴᠢᠯᠡᠨ ᠰᠢᠨᠡᠳᠭᠡᠬᠦ ᠵᠢ ᠠᠬᠢᠭᠤᠯᠤᠨ᠎ᠠ᠃

      (ᠬᠣᠶᠠᠷ) ᠭᠠᠵᠠᠷ ᠰᠢᠷᠣᠶ ᠵᠢᠨ ᠡᠬᠢ ᠪᠠᠶᠠᠯᠢᠭ᠎ᠤᠨ ᠬᠦᠴᠦᠨ ᠵᠦᠢ᠍ᠯ᠎ᠤᠨ ᠬᠠᠩᠭ᠋ᠠᠯᠭ᠎ᠠ ᠵᠢ ᠣᠨᠣᠴᠠᠲᠠᠶ ᠰᠠᠢ᠌ᠲᠤᠷ ᠬᠢᠨ᠎ᠠ᠃ ᠭᠣᠣᠯᠯᠠᠬᠤ ᠠᠵᠤ ᠦᠢ᠍ᠯᠡᠰ᠂ ᠴᠢᠬᠤᠯᠠ ᠶᠡᠬᠡ ᠲᠥᠷᠥᠯ ᠵᠦᠢ᠍ᠯ᠎ᠳᠤ ᠭᠠᠵᠠᠷ ᠰᠢᠷᠣᠶ ᠵᠢ ᠵᠦᠶ ᠵᠣᠬᠢᠰᠲᠠᠶ ᠬᠡᠷᠡᠭᠯᠡᠬᠦ ᠵᠢ ᠤᠷᠢᠳ ᠵᠶ᠋ᠠᠷ ᠪᠠᠲᠤᠯᠠᠵᠤ᠂ ᠵᠥᠪᠰᠢᠶᠡᠷᠡᠭᠰᠡᠨ ᠪᠠᠢ᠌ᠲᠠᠯ᠎ᠠ ᠬᠠᠩᠭ᠋ᠠᠭ᠋ᠠᠳᠤᠢ᠂ ᠰᠤᠯᠠ ᠲᠠᠯᠪᠢᠭᠳᠠᠵᠤ ᠪᠠᠶ᠋ᠢᠭ᠎ᠠ ᠭᠠᠵᠠᠷ ᠰᠢᠷᠣᠶ ᠵᠢ ᠰᠢᠩᠭᠡᠭᠡᠵᠦ ᠰᠢᠢ᠍ᠳᠪᠦᠷᠢᠯᠡᠬᠦ ᠵᠢ ᠦᠷᠭᠦᠯᠵᠢᠯᠡᠨ ᠠᠬᠢᠭᠤᠯᠵᠤ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠤᠭᠤᠴᠠᠭ᠋ᠠᠨ᠎ᠳᠤ 52.02 ᠲᠦᠮᠡᠨ ᠮᠥ᠍ ᠵᠥᠪᠰᠢᠶᠡᠷᠡᠭᠰᠡᠨ ᠪᠠᠢ᠌ᠲᠠᠯ᠎ᠠ ᠬᠠᠩᠭ᠋ᠠᠭ᠋ᠠᠳᠤᠢ ᠭᠠᠵᠠᠷ ᠰᠢᠷᠣᠶ᠂᠂ 15.92 ᠲᠦᠮᠡᠨ ᠮᠥ᠍ ᠰᠤᠯᠠ ᠲᠠᠯᠪᠢᠭᠳᠠᠵᠤ ᠪᠠᠶ᠋ᠢᠭ᠎ᠠ ᠭᠠᠵᠠᠷ ᠰᠢᠷᠣᠶ ᠵᠢ ᠰᠢᠩᠭᠡᠭᠡᠵᠦ ᠰᠢᠢ᠍ᠳᠪᠦᠷᠢᠯᠡᠬᠦ ᠡᠭᠦᠷᠭᠡ᠎ᠪᠠᠨ ᠪᠡᠶᠡᠯᠡᠭᠦᠯᠬᠦ ᠵᠢ ᠦᠨᠡᠨ ᠬᠦ᠌ ᠪᠠᠲᠤᠯᠠᠨ᠎ᠠ᠃ ᠪᠥᠬᠥ ᠣᠷᠣᠨ ᠪᠦᠰᠡ ᠵᠢᠨ ᠭᠠᠵᠠᠷ ᠰᠢᠷᠣᠶ ᠵᠢ   ᠶᠡᠷᠦᠩᠬᠡᠢ᠌ᠯᠡᠨ ᠴᠡᠭᠴᠡᠯᠡᠨ ᠵᠠᠰᠠᠬᠤ ᠲᠤᠷᠰᠢᠯᠲᠠ ᠵᠢᠨ ᠴᠡᠭ᠎ᠤᠨ ᠠᠵᠢᠯ᠎ᠢ ᠯᠠᠪᠳᠠᠭᠤᠨ ᠵᠶ᠋ᠠᠷ ᠠᠬᠢᠭᠤᠯᠵᠤ᠂ ᠨᠡᠮᠡᠭᠳᠡᠯ ᠬᠠᠰᠤᠭᠳᠠᠯ᠎ᠢ ᠬᠣᠯᠪᠣᠯᠳᠤᠭᠤᠯᠤᠭᠰᠠᠨ ᠭᠦᠢ᠍ᠴᠡᠳᠬᠡᠯ ᠲᠣᠭ᠎ᠠ ᠵᠢ ᠮᠤᠵᠢ ᠣᠷᠣᠨ ᠠᠯᠤᠰᠯᠠᠨ ᠠᠷᠠᠯᠵᠢᠶᠠᠯᠠᠬᠤ ᠵᠢ ᠠᠬᠢᠭᠤᠯᠤᠨ᠎ᠠ᠃ ᠠᠵᠤ ᠦᠢ᠍ᠯᠡᠰ᠎ᠤᠨ ᠬᠦᠷᠢᠶᠡᠯᠡᠩ ᠲᠣᠭᠣᠷᠢᠭ᠎ᠤᠨ ᠣᠷᠣ ᠰᠤᠯᠠᠯᠠᠨ ᠠᠵᠤ ᠦᠢ᠍ᠯᠡᠰ ᠵᠶ᠋ᠠᠨ ᠰᠣᠯᠢᠬᠤ ᠵᠢ ᠦᠷᠭᠦᠯᠵᠢᠯᠡᠨ ᠠᠬᠢᠭᠤᠯᠵᠤ᠂ ᠮᠥ᠍ ᠪᠦᠷᠢ ᠵᠢᠨ ᠳᠤᠮᠳᠠᠴᠢ ᠭᠠᠷᠤᠯᠲᠠ ᠵᠢ ᠨᠡᠮᠡᠭᠳᠡᠭᠦᠯᠦᠨ ᠣᠷᠣᠯᠭ᠎ᠠ ᠵᠢ ᠨᠡᠮᠡᠭᠳᠡᠭᠦᠯᠬᠦ᠂ ᠬᠣᠷᠣᠭᠳᠠᠯ᠎ᠢ ᠪᠠᠭ᠋ᠠᠰᠬᠠᠨ ᠬᠤᠷ᠎ᠠ ᠲᠣᠨᠣᠳᠠᠰᠤ ᠪᠠᠭᠤᠯᠭ᠋ᠠᠬᠤ ᠠᠵᠢᠯᠯᠠᠭ᠋ᠠᠨ᠎ᠢ ᠥᠷᠨᠢᠭᠦᠯᠵᠦ᠂ ᠦᠷ᠎ᠡ ᠠᠰᠢᠭ ᠵᠶ᠋ᠠᠷ ᠳᠣᠤᠷ᠎ᠠ ᠦᠯᠡᠳᠡᠭᠡᠯ ᠭᠠᠵᠠᠷ ᠰᠢᠷᠣᠶ ᠵᠢ ᠴᠢᠯᠦᠭᠡᠲᠡᠢ ᠭᠦᠢ᠍ᠯᠭᠡᠭᠡᠨ᠎ᠡ᠃

      (ᠭᠤᠷᠪᠠ) ᠠᠵᠤ ᠠᠬᠤᠶ ᠵᠢᠨ ᠬᠥᠭᠵᠢᠯᠲᠡ ᠵᠢᠨ ᠪᠥᠬᠥ ᠲᠠᠯ᠎ᠠ᠎ᠪᠠᠷ ᠪᠣᠬᠢᠷᠲᠤᠯ ᠥᠬᠡᠶ ᠲᠡᠶ᠋ᠢᠰᠢ ᠬᠡᠯᠪᠡᠷᠢ᠎ᠪᠠᠨ ᠬᠤᠪᠢᠷᠠᠭᠤᠯᠬᠤ ᠵᠢ᠎ᠨᠢ ᠠᠬᠢᠭᠤᠯᠤᠨ᠎ᠠ᠃ ᠤᠯᠤᠰ᠎ᠤᠨ ᠠᠵᠤ ᠠᠬᠤᠶ ᠵᠢᠨ ᠬᠥᠭᠵᠢᠯᠲᠡ ᠵᠢᠨ ᠪᠥᠬᠥ ᠲᠠᠯ᠎ᠠ᠎ᠪᠠᠷ ᠪᠣᠬᠢᠷᠲᠤᠯ ᠥᠬᠡᠶ ᠲᠡᠶ᠋ᠢᠰᠢ ᠬᠡᠯᠪᠡᠷᠢ᠎ᠪᠠᠨ ᠬᠤᠪᠢᠷᠠᠭᠤᠯᠬᠤ ᠵᠢ ᠲᠦᠷᠭᠡᠳᠬᠡᠬᠦ ᠰᠠᠨᠠᠯ᠎ᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠲᠠ ᠵᠢᠨ ᠬᠣᠤᠰ ᠡᠵᠡᠮᠳᠡᠯ᠎ᠤᠨ ᠲᠣᠭᠲᠠᠯᠴᠠᠭ᠎ᠠ ᠵᠢᠨ ᠪᠠᠢ᠌ᠭᠤᠯᠤᠯᠲᠠ ᠵᠢ ᠲᠦᠷᠭᠡᠳᠬᠡᠨ᠂ ᠭᠠᠵᠠᠷ ᠣᠷᠣᠨ᠎ᠤ ᠨᠡᠭᠦᠷᠡᠰᠦᠲᠥ᠋ᠷᠥᠭᠴᠢ ᠵᠢᠨ ᠰᠢᠯᠭ᠋ᠠᠨ ᠬᠢᠨᠠᠯᠲᠠ᠂ ᠲᠥᠷᠥᠯ ᠵᠦᠢ᠍ᠯ᠎ᠤᠨ ᠨᠡᠭᠦᠷᠡᠰᠦᠲᠥ᠋ᠷᠥᠭᠴᠢ ᠵᠢᠨ ᠦᠨᠡᠯᠡᠯᠲᠡ᠂ ᠠᠵᠢᠯ ᠲᠥᠷᠥᠯ᠎ᠤᠨ ᠨᠡᠭᠦᠷᠡᠰᠦᠲᠥ᠋ᠷᠥᠭᠴᠢ ᠵᠢᠨ ᠬᠠᠮᠢᠶᠠᠷᠤᠯᠲᠠ ᠡᠵᠡᠮᠳᠡᠯ᠂ ᠠᠵᠤ ᠠᠬᠤᠢ᠌ᠯᠠᠯ᠎ᠤᠨ ᠨᠡᠭᠦᠷᠡᠰᠦᠲᠥ᠋ᠷᠥᠭᠴᠢ ᠵᠢᠨ ᠬᠠᠮᠢᠶᠠᠷᠤᠯᠲᠠ᠂ ᠦᠢ᠍ᠯᠡᠳᠬᠦᠨ᠎ᠤ ᠨᠡᠭᠦᠷᠡᠰᠦᠲᠥ᠋ᠷᠥᠭᠴᠢ ᠵᠢᠨ ᠤᠯᠠ ᠮᠥᠷ᠎ᠤᠨ ᠲᠥᠷᠥ ᠵᠢᠨ ᠪᠣᠳᠣᠯᠭ᠎ᠠ ᠵᠢᠨ ᠲᠦᠷᠢᠮ ᠪᠠ ᠬᠠᠮᠢᠶᠠᠷᠤᠯᠲᠠ ᠵᠢᠨ ᠲᠣᠭᠲᠠᠴᠠ ᠵᠢ ᠪᠠᠢ᠌ᠭᠤᠯᠬᠤ ᠵᠢ ᠠᠬᠢᠭᠤᠯᠤᠨ᠎ᠠ᠃ ᠤᠯᠤᠰ᠎ᠤᠨ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠲᠠ ᠵᠢ ᠣᠷᠬᠢᠯ ᠬᠡᠮᠵᠢᠭᠳᠡᠯ᠎ᠳᠤ᠎ᠨᠢ ᠬᠦᠷᠭᠡᠬᠦ ᠲᠤᠷᠰᠢᠯᠲᠠ ᠵᠢᠨ ᠴᠡᠭ᠎ᠤᠨ ᠪᠥᠲᠥᠭᠡᠨ ᠪᠠᠢ᠌ᠭᠤᠯᠤᠯᠲᠠ ᠵᠢ ᠭᠦᠨᠵᠡᠭᠡᠢ᠌ᠷᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠲᠠ ᠵᠢ ᠣᠷᠬᠢᠯ ᠬᠡᠮᠵᠢᠭᠳᠡᠯ᠎ᠳᠤ᠎ᠨᠢ ᠬᠦᠷᠭᠡᠬᠦ ᠨᠢᠭᠡ ᠪᠦᠯᠦᠭ ᠲᠤᠷᠰᠢᠯᠲᠠ ᠵᠢᠨ ᠴᠡᠭ᠎ᠢ ᠡᠭᠦᠳᠦᠨ ᠪᠠᠶ᠋ᠢᠭᠤᠯᠤᠨ᠎ᠠ᠃ ᠬᠠᠮᠲᠤ ᠵᠢᠨ ᠤᠢ ᠮᠣᠳᠣᠨ᠎ᠤ ᠡᠷᠬᠡ ᠵᠢᠨ ᠳᠦᠷᠢᠮ᠎ᠤᠨ ᠥᠭᠡᠷᠡᠴᠢᠯᠡᠯᠲᠡ ᠵᠢ ᠠᠬᠢᠭᠤᠯᠵᠤ᠂ ᠤᠢ ᠰᠢᠭᠤᠶ ᠡᠪᠡᠰᠦ ᠪᠡᠯᠴᠢᠭᠡᠷ᠎ᠤᠨ ᠨᠡᠭᠦᠷᠡᠰᠦᠲᠥ᠋ᠷᠥᠭᠴᠢ ᠵᠢᠨ ᠬᠤᠷᠠᠮᠠᠯ᠎ᠢ ᠨᠡᠭᠡᠭᠡᠨ ᠬᠥᠭᠵᠢᠭᠦᠯᠵᠦ ᠠᠷᠠᠯᠵᠢᠶᠠᠯᠠᠬᠤ ᠬᠠᠮᠢᠶᠠᠷᠤᠯᠲᠠ ᠵᠢᠨ ᠠᠷᠭ᠎ᠠ ᠵᠢ ᠲᠣᠭᠲᠠᠭ᠋ᠠᠨ᠎ᠠ᠃ ᠤᠯᠤᠰ᠎ᠤᠨ ᠲᠠᠰ᠎ᠤᠨ ᠪᠥᠬᠥ ᠲᠠᠯ᠎ᠠ᠎ᠪᠠᠷ ᠪᠣᠬᠢᠷᠲᠤᠯ ᠥᠬᠡᠶ ᠲᠡᠶ᠋ᠢᠰᠢ ᠬᠡᠯᠪᠡᠷᠢ᠎ᠪᠠᠨ ᠬᠤᠪᠢᠷᠠᠭᠤᠯᠬᠤ ᠵᠢᠱ᠌ᠢᠶ᠎ᠡ ᠦᠵᠡᠭᠦᠯᠬᠦ ᠬᠣᠲᠠ ᠵᠢ ᠢᠳᠡᠪᠬᠢᠲᠡᠢ ᠡᠭᠦᠳᠦᠨ ᠪᠠᠶ᠋ᠢᠭᠤᠯᠵᠤ᠂ 2025 ᠣᠨ᠎ᠤ ᠡᠨᠧᠷᠭᠢ ᠬᠡᠷᠡᠭᠯᠡᠬᠦ ᠲᠥᠰᠦᠪ᠎ᠤᠨ ᠬᠠᠮᠢᠶᠠᠷᠤᠯᠲᠠ ᠵᠢ ᠰᠠᠢ᠌ᠲᠤᠷ ᠬᠢᠵᠦ᠂ ᠡᠨᠧᠷᠭᠢ ᠵᠢᠨ ᠬᠤᠷᠣᠭᠳᠠᠯ᠎ᠢ ᠪᠠᠭ᠋ᠠᠰᠬᠠᠬᠤ ᠬᠡᠮᠵᠢᠶ᠎ᠡ᠂ ᠳᠠᠬᠢᠨ ᠡᠭᠦᠰᠴᠦ ᠪᠣᠯᠬᠤ ᠡᠨᠧᠷᠭᠢ ᠵᠢ ᠰᠢᠩᠭᠡᠭᠡᠨ ᠠᠪᠬᠤ ᠬᠡᠮᠵᠢᠶ᠎ᠡ᠂ ᠲᠦᠭᠦᠬᠡᠶ ᠮᠠᠲ᠋ᠧᠷᠢᠶᠠᠯ᠎ᠤᠨ ᠡᠨᠧᠷᠭᠢ ᠬᠡᠷᠡᠭᠯᠡᠬᠦ ᠬᠡᠮᠵᠢᠶ᠎ᠡ ᠵᠢ ᠬᠠᠷᠭᠤᠭᠤᠯᠤᠨ ᠪᠠᠭ᠋ᠠᠰᠬᠠᠬᠤ ᠬᠡᠮᠵᠢᠶ᠎ᠡ᠂ ᠪᠤᠬᠢᠷᠳᠤᠯ ᠦᠭᠡᠢ ᠴᠠᠬᠢᠯᠭ᠋ᠠᠨ᠎ᠤ ᠦᠨᠡᠮᠯᠡᠯ᠎ᠤᠨ ᠮᠤᠵᠢ ᠠᠯᠤᠰᠯᠠᠨ ᠠᠷᠠᠯᠵᠢᠶᠠᠯᠠᠬᠤ ᠬᠡᠮᠵᠢᠶ᠎ᠡ᠂ ᠲᠤᠨᠤᠮᠠᠯ ᠡᠨᠧᠷᠭᠢ ᠵᠢᠨ ᠬᠣᠷᠣᠭᠳᠠᠯ᠎ᠤᠨ ᠭᠦᠢ᠍ᠴᠡᠳᠭᠡᠯ ᠲᠣᠭ᠎ᠠ ᠵᠢ ᠠᠮᠢᠳᠤᠯᠢᠭ ᠪᠣᠯᠭ᠋ᠠᠬᠤ ᠵᠡᠷᠭᠡ ᠵᠢ ᠨᠢᠭᠡᠳᠦᠯᠲᠡᠶ ᠲᠥᠯᠥᠪᠯᠡᠵᠦ᠂ ᠰᠢᠨ᠎ᠡ᠎ᠪᠠᠷ ᠠᠰᠢᠭᠯᠠᠯᠲᠠ᠎ᠳᠤ ᠣᠷᠣᠭᠤᠯᠬᠤ ᠲᠦᠷᠦᠯ ᠵᠦᠢ᠍ᠯ ᠪᠠ ᠦᠯᠡᠳᠡᠭᠡᠯ ᠠᠵᠤ ᠠᠬᠤᠢ᠌ᠯᠠᠯ᠎ᠤᠨ ᠡᠨᠧᠷᠭᠢ ᠬᠡᠷᠡᠭᠯᠡᠬᠦ ᠬᠠᠷᠢᠮᠠᠬᠠᠶ ᠴᠢᠨᠠᠷ᠎ᠤᠨ ᠪᠠᠲᠤᠯᠠᠭ᠎ᠠ ᠵᠢ ᠴᠢᠩᠭ᠋ᠠᠳᠬᠠᠨ᠎ᠠ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠣᠬᠢᠷᠲᠤᠯ᠎ᠢ ᠪᠠᠭ᠋ᠠᠰᠬᠠᠵᠤ ᠨᠡᠭᠦᠷᠡᠰᠦᠲᠥ᠋ᠷᠥᠭᠴᠢ ᠵᠢ ᠪᠠᠭᠤᠷᠠᠭᠤᠯᠬᠤ ᠵᠢ ᠬᠠᠮᠵᠢᠯᠴᠠᠭᠤᠯᠤᠨ ᠦᠷ᠎ᠡ ᠠᠰᠢᠭ᠎ᠢ ᠨᠡᠮᠡᠭᠳᠡᠭᠦᠯᠬᠦ ᠵᠢᠨ ᠬᠡᠷᠡᠭᠵᠢᠭᠦᠯᠬᠦ ᠲᠥᠰᠦᠯ》᠎ᠢ ᠤᠯᠠᠮ ᠨᠢᠭᠡ ᠠᠯᠬᠤᠮ ᠨᠠᠢ᠌ᠳᠠᠪᠤᠷᠢᠵᠢᠭᠤᠯᠵᠤ᠂ ᠭᠣᠤᠯᠳᠠᠯᠭ᠎ᠠ ᠪᠣᠯᠬᠤ ᠬᠦᠷᠢᠶ᠎ᠡ ᠴᠠᠷᠠᠭ᠎ᠠ ᠵᠢᠨ ᠠᠭᠤᠷ ᠠᠮᠢᠰᠬᠤᠯ᠎ᠤᠨ ᠬᠤᠪᠢᠷᠠᠯᠲᠠ᠎ᠳᠤ ᠵᠣᠬᠢᠴᠠᠬᠤ ᠠᠵᠢᠯᠯᠠᠭ᠋ᠠᠨ᠎ᠢ ᠭᠦᠨᠵᠡᠭᠡᠢ᠌ᠷᠡᠭᠦᠯᠦᠨ᠂ ᠣᠷᠳᠣᠰ ᠬᠣᠲᠠ᠂ ᠣᠲᠣᠭ᠎ᠤᠨ ᠠᠵᠤ ᠠᠬᠤᠶ ᠵᠢᠨ ᠨᠡᠭᠡᠭᠡᠯᠲᠡ ᠵᠢᠨ ᠲᠣᠭᠣᠷᠢᠭ᠂ ᠰᠤᠪᠤᠷᠭ᠎ᠠ ᠵᠢᠨ ᠠᠵᠤ ᠠᠬᠤᠶ ᠵᠢᠨ ᠨᠡᠭᠡᠭᠡᠯᠲᠡ ᠵᠢᠨ ᠲᠣᠭᠣᠷᠢᠭ᠎ᠤᠨ ᠪᠣᠬᠢᠷᠲᠤᠯ᠎ᠢ ᠪᠠᠭ᠋ᠠᠰᠬᠠᠵᠤ ᠨᠡᠭᠦᠷᠡᠰᠦᠲᠥ᠋ᠷᠥᠭᠴᠢ ᠵᠢ ᠪᠠᠭᠤᠷᠠᠭᠤᠯᠬᠤ ᠵᠢ ᠬᠠᠮᠵᠢᠯᠴᠠᠭᠤᠯᠤᠭᠰᠠᠨ ᠰᠢᠨ᠎ᠡ ᠵᠢ ᠡᠭᠦᠳᠬᠦ ᠲᠤᠷᠰᠢᠯᠲᠠ ᠵᠢᠨ ᠴᠡᠭ᠎ᠤᠨ ᠪᠥᠲᠥᠭᠡᠨ ᠪᠠᠢ᠌ᠭᠤᠯᠤᠯᠲᠠ ᠵᠢ ᠦᠷᠭᠦᠯᠵᠢᠯᠡᠨ ᠠᠬᠢᠭᠤᠯᠤᠨ᠎ᠠ᠃ ᠬᠡᠷᠡᠭᠴᠡᠭᠡᠨ᠎ᠠᠴᠠ ᠭᠠᠷᠤᠭᠰᠠᠨ ᠰᠠᠯᠬᠢᠨ ᠬᠦᠴᠦᠨ᠎ᠤ ᠴᠠᠬᠢᠯᠭ᠋ᠠᠨ ᠭᠡᠷᠡᠯᠴᠢ ᠴᠡᠨᠡᠭ᠎ᠤᠨ ᠲᠣᠨᠣᠭ ᠲᠥᠬᠥᠭᠡᠷᠦᠮᠵᠢ᠂ ᠠᠵᠤ ᠦᠢ᠍ᠯᠡᠳᠪᠦᠷᠢ ᠵᠢᠨ ᠬᠠᠲᠠᠭᠤ ᠬᠠᠶᠠᠭᠳᠠᠮᠠᠯ ᠪᠣᠳᠠᠰ᠂ ᠳᠡᠭᠡᠳᠦ ᠬᠦᠩᠭᠡᠨ ᠴᠠᠭ᠋ᠠᠨ ᠨᠤᠨᠲᠠᠭ ᠨᠡᠭᠦᠷᠡᠰᠦᠨ᠎ᠤ ᠦᠨᠡᠰᠦ ᠪᠠ ᠳᠠᠬᠢᠯᠲᠠ ᠬᠦᠩᠭᠡᠨ ᠴᠠᠭ᠋ᠠᠨ ᠵᠡᠷᠭᠡ ᠡᠬᠢ ᠪᠠᠶᠠᠯᠢᠭ᠎ᠢ ᠡᠷᠭᠢᠯᠳᠦᠭᠦᠯᠦᠨ ᠠᠰᠢᠭᠯᠠᠬᠤ ᠵᠢ ᠴᠢᠩᠭ᠋ᠠᠳᠬᠠᠨ᠎ᠠ᠃

       ᠨᠠᠢ᠍ᠮᠠ᠂ ᠬᠤᠳᠠ ᠬᠥᠳᠡᠭᠡ ᠵᠢ ᠠᠭᠤᠰᠤᠯᠴᠠᠭᠤᠯᠤᠨ ᠬᠥᠭᠵᠢᠭᠦᠯᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠰᠢᠨ᠎ᠡ ᠬᠡᠯᠪᠡᠷᠢ ᠵᠢᠨ ᠬᠤᠳᠠ ᠪᠠᠯᠭ᠋ᠠᠰᠤᠵᠢᠯᠳᠠ ᠪᠠ ᠬᠥᠳᠡᠭᠡ ᠲᠣᠰᠬᠣᠨ᠎ᠤ ᠪᠦᠬᠦ ᠲᠠᠯ᠎ᠠ ᠵᠢᠨ ᠬᠥᠭᠵᠢᠯ ᠮᠠᠨᠳᠤᠯ᠎ᠢ ᠨᠢᠭᠡᠲᠦᠯᠲᠡᠢ ᠲᠦᠯᠦᠪᠯᠡᠨ ᠠᠬᠢᠭᠤᠯᠤᠨ᠎ᠠ

       ᠰᠢᠨ᠎ᠡ ᠬᠡᠯᠪᠡᠷᠢ ᠵᠢᠨ ᠠᠵᠤ ᠦᠢ᠍ᠯᠡᠳᠪᠦᠷᠢᠵᠢᠯᠲᠡ᠂ ᠰᠢᠨ᠎ᠡ ᠬᠡᠯᠪᠡᠷᠢ ᠵᠢᠨ ᠬᠤᠲᠠ ᠪᠠᠯᠭ᠋ᠠᠰᠤᠵᠢᠯᠲᠠ ᠪᠠ ᠬᠥᠳᠡᠭᠡ ᠲᠣᠰᠬᠣᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠨᠢᠭᠡᠳᠦᠯᠲᠡᠢ ᠲᠦᠯᠦᠪᠯᠡᠨ ᠠᠬᠢᠭᠤᠯᠵᠤ᠂ ᠬᠤᠲᠠ ᠬᠥᠳᠡᠭᠡ ᠵᠢᠨ ᠠᠭᠤᠰᠤᠯᠴᠠᠨ ᠬᠥᠭᠵᠢᠬᠦ ᠵᠢ ᠢᠳᠡᠪᠬᠢᠲᠡᠢ ᠠᠬᠢᠭᠤᠯᠵᠤ᠂ ᠬᠤᠲᠠ ᠬᠥᠳᠡᠭᠡ ᠵᠢᠨ ᠵᠥᠷᠢᠶ᠎ᠡ ᠵᠢ ᠪᠠᠭ᠋ᠠᠰᠬᠠᠨ᠎ᠠ᠃

      (ᠨᠢᠭᠡ) ᠰᠢᠨ᠎ᠡ ᠬᠡᠯᠪᠡᠷᠢ ᠵᠢᠨ ᠬᠣᠲᠠ ᠪᠠᠯᠭ᠋ᠠᠰᠤᠵᠢᠯᠲᠠ ᠵᠢᠨ ᠪᠥᠲᠥᠭᠡᠨ ᠪᠠᠢ᠌ᠭᠤᠯᠤᠯᠲᠠ ᠵᠢ ᠦᠷᠭᠦᠯᠵᠢᠯᠡᠨ ᠠᠬᠢᠭᠤᠯᠤᠨ᠎ᠠ᠃ ᠤᠯᠤᠰ᠎ᠤᠨ 《ᠬᠥᠮᠦᠨ ᠵᠶ᠋ᠠᠷ ᠦᠨᠳᠦᠰᠦ ᠪᠣᠯᠭ᠋ᠠᠭᠰᠠᠨ ᠰᠢᠨ᠎ᠡ ᠮᠠᠶᠢᠭ᠎ᠤᠨ ᠬᠣᠲᠠ ᠪᠠᠯᠭ᠋ᠠᠰᠤᠵᠢᠯᠲᠠ ᠵᠢᠨ ᠪᠠᠢ᠌ᠯᠳᠤᠬᠤ ᠪᠣᠳᠣᠯᠭ᠎ᠠ ᠵᠢ ᠭᠦᠨᠵᠡᠭᠡᠶ ᠬᠡᠷᠡᠭᠵᠢᠭᠦᠯᠬᠦ ᠲᠠᠪᠤᠨ ᠵᠢᠯ᠎ᠤᠨ ᠠᠵᠢᠯᠯᠠᠭ᠋ᠠᠨ᠎ᠤ ᠲᠥᠯᠥᠪᠯᠡᠭᠡ》 ᠵᠢᠴᠢ ᠥᠪᠡᠷᠲᠡᠭᠡᠨ ᠵᠠᠰᠠᠬᠤ ᠣᠷᠣᠨ᠎ᠤ ᠬᠡᠷᠡᠭᠵᠢᠭᠦᠯᠬᠦ ᠲᠥᠰᠦᠯ᠎ᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢ ᠰᠠᠢ᠌ᠲᠤᠷ ᠠᠳᠬᠤᠵᠤ᠂ ᠰᠢᠨ᠎ᠡ ᠮᠠᠶᠢᠭ᠎ᠤᠨ ᠬᠣᠲᠠ ᠪᠠᠯᠭ᠋ᠠᠰᠤᠵᠢᠯᠲᠠ ᠵᠢᠨ ᠲᠤᠷᠰᠢᠯᠲᠠ ᠵᠢᠨ ᠴᠡᠭ᠎ᠤᠨ ᠠᠵᠢᠯ᠎ᠢ ᠰᠠᠢ᠌ᠲᠤᠷ ᠬᠢᠵᠦ᠂ ᠬᠣᠲᠠ ᠪᠠᠯᠭ᠋ᠠᠰᠤᠵᠢᠯᠲᠠ ᠵᠢᠨ ᠳᠠᠯᠳᠠ ᠬᠦᠴᠦᠨ᠎ᠲᠠᠢ ᠭᠠᠵᠠᠷ ᠣᠷᠣᠨ᠎ᠳᠤ ᠠᠵᠤ ᠦᠢ᠍ᠯᠡᠰ᠎ᠢ ᠵᠠᠯᠠᠵᠤ ᠣᠷᠤᠭᠤᠯᠬᠤ᠎ᠪᠠᠨ ᠴᠢᠩᠭ᠋ᠠᠷᠠᠭᠤᠯᠬᠤ ᠵᠢ ᠠᠬᠢᠭᠤᠯᠵᠤ᠂ ᠬᠥᠳᠡᠯᠮᠦᠷᠢ ᠨᠢᠭᠲᠠᠷᠠᠭᠰᠠᠨ ᠬᠡᠯᠪᠡᠷᠢ ᠵᠢᠨ ᠠᠵᠤ ᠦᠢ᠍ᠯᠡᠰ᠎ᠢ ᠣᠷᠣᠭᠤᠯᠤᠨ ᠠᠪᠴᠢᠷᠠᠵᠤ ᠪᠣᠢ᠌ᠵᠢᠭᠤᠯᠤᠨ᠂ ᠲᠠᠷᠢᠶᠠᠯᠠᠩ ᠮᠠᠯ ᠠᠵᠤ ᠠᠬᠤᠶ᠎ᠠᠴᠠ ᠰᠢᠯᠵᠢᠭᠰᠡᠨ ᠬᠥᠮᠦᠨ ᠠᠮᠠ ᠵᠢ ᠬᠣᠲᠠ ᠵᠢᠨ ᠠᠷᠠᠳ ᠪᠣᠯᠭ᠋ᠠᠬᠤ ᠵᠢ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠰᠢᠶᠠᠨ᠎ᠤ ᠬᠡᠪᠴᠢᠶᠡᠨ᠎ᠤ ᠠᠵᠤ ᠠᠬᠤᠶ ᠵᠢᠨ ᠴᠢᠨᠠᠷ ᠰᠠᠢ᠌ᠲᠠᠶ ᠬᠥᠭᠵᠢᠯᠲᠡ ᠵᠢ ᠲᠦᠷᠭᠡᠳᠬᠡᠬᠦ ᠰᠠᠨᠠᠯ᠎ᠢ ᠨᠡᠢ᠌ᠲᠡᠯᠡᠨ ᠬᠡᠷᠡᠭᠵᠢᠭᠦᠯᠵᠦ᠂ ᠰᠢᠶᠠᠨ᠎ᠤ ᠬᠣᠲᠠ᠎ᠪᠠᠷ ᠴᠢᠬᠤᠯᠠ ᠠᠴᠢᠶᠠᠯᠠᠪᠤᠷᠢ ᠪᠣᠯᠭ᠋ᠠᠭᠰᠠᠨ ᠬᠣᠲᠠ ᠪᠠᠯᠭ᠋ᠠᠰᠤᠵᠢᠯᠲᠠ ᠵᠢᠨ ᠪᠥᠲᠥᠭᠡᠨ ᠪᠠᠢ᠌ᠭᠤᠯᠤᠯᠲᠠ ᠵᠢ ᠲᠦᠷᠭᠡᠳᠬᠡᠨ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠬᠥᠮᠦᠨ ᠠᠮᠠ ᠵᠢᠨ ᠪᠠᠢ᠌ᠷᠢᠰᠢᠭᠤᠯᠤᠯᠲᠠ ᠵᠢ ᠰᠢᠯᠢᠳᠡᠭᠵᠢᠭᠦᠯᠬᠦ ᠬᠠᠮᠢᠶ᠎ᠠ ᠪᠥᠬᠥᠶ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠰᠤᠳᠤᠯᠤᠨ ᠨᠡᠶ᠋ᠢᠲᠡᠯᠡᠨ᠎ᠡ᠃ ᠬᠤᠳᠠ ᠵᠢᠨ ᠲᠥᠯᠥᠪᠵᠢᠭᠦᠯᠭᠡ ᠵᠢᠨ ᠪᠠᠶ᠋ᠢᠷᠢᠰᠢᠭᠤᠯᠤᠯᠲᠠ ᠵᠢ ᠰᠢᠯᠢᠳᠡᠭᠵᠢᠭᠦᠯᠵᠦ᠂ ᠬᠤᠳᠠ ᠵᠢᠨ ᠭᠠᠵᠠᠷ ᠳᠣᠣᠷᠠᠬᠢ ᠬᠣᠭᠣᠯᠠᠶ ᠭᠣᠣᠷᠰᠤ ᠵᠢᠨ ᠲᠣᠣᠷ ᠵᠡᠷᠭᠡ 《ᠦᠩᠭᠡᠨ ᠲᠠᠯ᠎ᠠ ᠵᠢᠨ ᠪᠤᠰᠤ》 ᠢᠨᠵᠧᠨᠧᠷᠢᠩ᠎ᠢ ᠰᠠᠢ᠌ᠲᠤᠷ ᠬᠡᠷᠡᠭᠵᠢᠭᠦᠯᠵᠦ᠂ ᠬᠤᠳᠠ ᠵᠢᠨ ᠰᠢᠨᠡᠳᠭᠡᠯ᠎ᠢ ᠠᠬᠢᠭᠤᠯᠤᠨ᠂ ᠬᠣᠲᠠ ᠪᠠᠯᠭ᠋ᠠᠰᠤ ᠵᠢᠨ ᠬᠠᠭᠤᠴᠢᠨ ᠰᠠᠭᠤᠭ᠋ᠠᠯᠢ ᠲᠣᠭᠣᠷᠢᠭ᠎ᠢ 1291᠂ 24.6 ᠲᠦᠮᠡᠨ ᠡᠷᠦᠬᠡ ᠦᠭᠡᠷᠡᠴᠢᠯᠡᠨ ᠰᠢᠨᠡᠳᠭᠡᠵᠦ᠂ ᠬᠤᠳᠠ ᠪᠠᠯᠭ᠋ᠠᠰᠤᠨ᠎ᠤ ᠰᠠᠭᠤᠷᠢ ᠪᠡᠯᠡᠳᠭᠡᠮᠵᠢ ᠵᠢᠨ ᠪᠦᠳᠦᠭᠡᠨ ᠪᠠᠢ᠌ᠭᠤᠯᠤᠯᠲᠠ ᠵᠢ ᠠᠬᠢᠭᠤᠯᠤᠨ᠂ ᠬᠤᠳᠠ ᠵᠢᠨ ᠤᠰᠤ ᠬᠠᠩᠭ᠋ᠠᠬᠤ ᠴᠢᠳᠠᠪᠤᠷᠢ ᠵᠢ ᠳᠡᠭᠡᠭᠰᠢᠯᠡᠭᠦᠯᠬᠦ ᠠᠵᠢᠯᠯᠠᠭ᠋ᠠᠨ᠎ᠢ ᠥᠷᠨᠢᠭᠦᠯᠵᠦ᠂ ᠭᠣᠣᠯ ᠬᠤᠳᠠ ᠵᠢᠨ ᠲᠣᠭᠣᠷᠢᠭ᠎ᠤᠨ ᠲᠡᠷᠭᠡᠨ ᠵᠤᠭᠰᠤᠭ᠋ᠠᠯ᠎ᠤᠨ ᠪᠡᠯᠡᠳᠭᠡᠮᠵᠢ ᠵᠢᠨ ᠪᠦᠳᠦᠭᠡᠨ ᠪᠠᠢ᠌ᠭᠤᠯᠤᠯᠲᠠ ᠵᠢᠨ ᠲᠥᠯᠥᠪᠵᠢᠭᠦᠯᠭᠡ ᠵᠢ ᠲᠣᠭᠲᠠᠭ᠋ᠠᠨ᠂ ᠤᠯᠠᠨ ᠨᠡᠢ᠌ᠲᠡ ᠵᠢᠨ ᠲᠡᠷᠭᠡ ᠵᠣᠭᠰᠣᠭ᠋ᠠᠬᠤ ᠭᠠᠵᠠᠷ᠎ᠢ ᠲᠦᠮᠡ ᠰᠢᠨ᠎ᠡ᠎ᠪᠠᠷ ᠨᠡᠮᠡᠭᠳᠡᠭᠦᠯᠦᠨ᠎ᠡ᠃ ᠳᠤᠯᠠᠭ᠋ᠠᠯᠠᠭ᠎ᠠ ᠵᠢᠨ ᠢᠨᠵᠧᠨᠧᠷᠢᠩ᠎ᠢ ᠦᠷᠭᠦᠯᠵᠢᠯᠡᠨ ᠰᠠᠢ᠌ᠲᠤᠷ ᠬᠡᠷᠡᠭᠵᠢᠭᠦᠯᠵᠦ᠂ ᠡᠯ᠎ᠡ ᠲᠦᠷᠦᠯ᠎ᠤᠨ ᠢᠯᠴᠢ ᠬᠠᠩᠭ᠋ᠠᠬᠤ ᠪᠡᠯᠡᠳᠭᠡᠮᠵᠢ ᠵᠢ ᠰᠠᠢ᠌ᠲᠤᠷ ᠬᠠᠮᠠᠭ᠋ᠠᠯᠠᠵᠤ᠂ ᠰᠢᠲᠠᠮᠠᠬᠠᠶ ᠬᠡᠢ᠂ ᠤᠰᠤ ᠬᠠᠩᠭ᠋ᠠᠬᠤ᠂ ᠤᠰᠤ ᠵᠠᠯᠠᠬᠤ᠂ ᠢᠯᠴᠢ ᠬᠠᠩᠭ᠋ᠠᠬᠤ ᠵᠡᠷᠭᠡ ᠬᠠᠭᠤᠴᠢᠷᠬᠠᠰᠠᠨ ᠬᠣᠭᠣᠯᠠᠶ ᠭᠣᠣᠷᠰᠤ ᠵᠢ 1500 ᠺᠢᠯᠣᠮᠧᠲᠷ ᠦᠭᠡᠷᠡᠴᠢᠯᠡᠨ ᠰᠢᠨᠡᠳᠭᠡᠵᠦ᠂ ᠢᠯᠴᠢ ᠬᠠᠩᠭ᠋ᠠᠬᠤ ᠠᠵᠢᠯᠯᠠᠭ᠋ᠠᠨ᠎ᠤ ᠬᠠᠮᠢᠶᠠᠷᠤᠯᠲᠠ᠂ ᠳᠤᠯᠠᠭ᠋ᠠᠯᠠᠭ᠎ᠠ ᠵᠢᠨ ᠨᠡᠮᠡᠭᠦᠷᠢ ᠵᠡᠷᠭᠡ ᠢᠵᠢ ᠪᠦᠷᠢᠳᠦᠭᠦᠯᠬᠦ ᠲᠦᠷᠦ ᠵᠢᠨ ᠪᠤᠳᠤᠯᠭ᠎ᠠ ᠵᠢᠨ ᠲᠣᠭᠲᠠᠴᠠ ᠵᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠣᠶᠤᠨᠴᠢ᠎ᠪᠠᠷ ᠢᠯᠴᠢ ᠬᠠᠩᠭ᠋ᠠᠬᠤ ᠲᠤᠷᠰᠢᠯᠲᠠ ᠵᠢᠨ ᠴᠡᠭ᠎ᠢ 2500 ᠲᠦᠮᠡᠨ ᠺᠦᠸᠠᠳ᠋ ᠮᠧᠲᠷ ᠰᠢᠨ᠎ᠡ᠎ᠪᠠᠷ ᠨᠡᠮᠡᠭᠳᠡᠭᠦᠯᠦᠨ᠎ᠡ᠃ ᠬᠣᠲᠠ ᠪᠠᠯᠭ᠋ᠠᠰᠤ ᠵᠢᠨ ᠰᠢᠨ᠎ᠡ᠎ᠪᠠᠷ ᠪᠠᠢ᠌ᠭᠤᠯᠤᠭᠰᠠᠨ ᠣᠷᠣᠨ ᠰᠠᠭᠤᠴᠠ ᠵᠢᠨ ᠲᠣᠭᠣᠷᠢᠭ᠎ᠤᠨ ᠨᠠᠰᠤᠵᠢᠯ᠎ᠤᠨ ᠦᠢ᠍ᠯᠡᠴᠢᠯᠡᠭᠡᠨ᠎ᠤ ᠪᠡᠯᠡᠳᠬᠡᠮᠵᠢ ᠵᠢ ᠪᠦᠷᠢᠨ ᠪᠦᠷᠬᠦᠭᠦᠯᠬᠦ ᠵᠢ ᠪᠡᠶᠡᠯᠡᠭᠦᠯᠦᠨ᠎ᠡ᠃

      (ᠬᠣᠶᠠᠷ) ᠬᠥᠳᠡᠭᠡ ᠲᠣᠰᠬᠣᠨ᠎ᠢ ᠪᠥᠬᠥ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠠᠬᠢᠭᠤᠯᠤᠨ᠎ᠠ᠃ ᠠᠵᠢᠯ ᠦᠢ᠍ᠯᠡᠰ ᠵᠶ᠋ᠠᠨ ᠬᠥᠭᠵᠢᠭᠦᠯᠬᠦ᠂ ᠰᠢᠶᠠᠨ ᠵᠶ᠋ᠠᠨ ᠬᠦᠴᠦᠷᠬᠡᠭᠵᠢᠭᠦᠯᠬᠦ᠂ ᠠᠷᠠᠳ ᠵᠶ᠋ᠠᠨ ᠪᠠᠶᠠᠵᠢᠭᠤᠯᠬᠤ ᠵᠢ ᠨᠢᠭᠡ ᠴᠤᠭᠴᠠᠵᠢᠭᠤᠯᠤᠨ ᠬᠥᠭᠵᠢᠭᠦᠯᠬᠦ ᠵᠢ ᠭᠠᠵᠠᠷ ᠣᠷᠣᠨ᠎ᠤ ᠪᠠᠢ᠌ᠳᠠᠯ᠎ᠳᠤ᠎ᠨᠢ ᠲᠣᠬᠢᠷᠠᠭᠤᠯᠤᠨ ᠠᠬᠢᠭᠤᠯᠵᠤ᠂ ᠶᠠᠳᠠᠭᠤ᠎ᠠᠴᠠ ᠠᠩᠭᠢᠵᠢᠷᠠᠭᠤᠯᠬᠤ ᠰᠢᠪᠲᠤᠯᠤᠯᠲᠠ ᠵᠢᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠵᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠯᠤᠭ᠎ᠠ ᠪᠦᠲᠦᠮᠵᠢᠲᠡᠶ ᠵᠣᠯᠭ᠋ᠠᠭᠤᠯᠤᠨ ᠳᠡᠭᠡᠭᠰᠢᠯᠡᠭᠦᠯᠬᠦ ᠠᠵᠢᠯᠯᠠᠭ᠋ᠠᠨ᠎ᠢ ᠬᠡᠷᠡᠭᠵᠢᠭᠦᠯᠵᠦ᠂ ᠶᠠᠳᠠᠭᠤ᠎ᠠᠴᠠ ᠠᠩᠭᠢᠵᠢᠷᠠᠭᠤᠯᠤᠭᠰᠠᠨ ᠬᠥᠮᠦᠨ ᠠᠮᠠ ᠵᠢᠨ ᠠᠵᠢᠯ ᠣᠯᠭᠣᠯᠲᠠ ᠵᠢ 19.62 ᠲᠦᠮᠡᠨ ᠬᠥᠮᠦᠨ᠎ᠠᠴᠠ ᠳᠡᠭᠡᠭᠰᠢ᠎ᠳᠤ ᠬᠦᠷᠦᠭᠦᠯᠬᠦ ᠵᠢ ᠠᠬᠢᠭᠤᠯᠵᠤ᠂ ᠬᠡᠪᠴᠢᠶᠡᠵᠢᠯ᠎ᠤᠨ ᠴᠢᠨᠠᠷᠲᠠᠶ ᠪᠤᠴᠠᠭ᠋ᠠᠳ ᠶᠠᠳᠠᠭᠤᠷᠠᠬᠤ ᠪᠠ ᠶᠠᠳᠠᠭᠤᠷᠠᠬᠤ ᠶᠠᠪᠤᠳᠠᠯ ᠦᠯᠦ ᠡᠭᠦᠰᠬᠦ ᠵᠢ ᠦᠨᠡᠨ ᠬᠦ᠌ ᠪᠠᠲᠤᠯᠠᠵᠤ᠂ ᠶᠠᠳᠠᠭᠤ᠎ᠠᠴᠠ ᠠᠩᠭᠢᠵᠢᠷᠠᠭᠤᠯᠤᠭᠰᠠᠨ ᠬᠥᠮᠦᠨ ᠠᠮᠠ ᠵᠢᠨ ᠣᠷᠣᠯᠭ᠎ᠠ ᠵᠢ ᠨᠡᠮᠡᠭᠳᠡᠭᠦᠯᠬᠦ᠎ᠠᠴᠠ ᠪᠢᠰᠢ ᠬᠠᠰᠤᠭᠳᠠᠭᠤᠯᠬᠤ ᠦᠭᠡᠢ ᠪᠠᠢ᠌ᠬᠤ ᠵᠢ ᠦᠨᠡᠨ ᠬᠦ᠌ ᠪᠠᠲᠤᠯᠠᠨ᠎ᠠ᠃ ᠣᠷᠣᠰᠢᠨ ᠰᠠᠭᠤᠵᠤ ᠠᠵᠤ ᠲᠦᠷᠦᠬᠦ᠎ᠳᠤ ᠲᠣᠬᠢᠷᠠᠮᠵᠢᠲᠠᠶ ᠡᠶ᠎ᠡ ᠨᠠᠶ᠋ᠢᠷᠠᠮᠳᠠᠭᠤ ᠬᠥᠳᠡᠭᠡ ᠲᠣᠰᠬᠣᠨ᠎ᠤ ᠪᠥᠲᠥᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠢ ᠠᠬᠢᠭᠤᠯᠤᠨ ᠬᠡᠷᠡᠭᠵᠢᠭᠦᠯᠵᠦ᠂ ᠤᠯᠤᠰ᠎ᠤᠨ ᠲᠠᠰ᠎ᠤᠨ ᠦᠵᠡᠰᠬᠦᠯᠡᠩᠲᠦ ᠰᠠᠢ᠌ᠬᠠᠨ ᠰᠡᠯᠡᠭᠦᠴᠡᠯ᠎ᠤᠨ ᠬᠥᠳᠡᠭᠡ ᠲᠣᠰᠬᠣᠨ᠎ᠢ 8 ᠴᠢᠷᠮᠠᠢ᠌ᠨ ᠪᠠᠢ᠌ᠭᠤᠯᠤᠨ᠎ᠠ᠃ ᠲᠠᠷᠢᠶᠠᠯᠠᠬᠤ ᠮᠠᠯᠵᠢᠬᠤ ᠣᠷᠣᠨ᠎ᠤ ᠰᠢᠨ᠎ᠡ ᠮᠠᠶᠢᠭ᠎ᠤᠨ ᠬᠠᠮᠲᠤ ᠵᠢᠨ ᠠᠵᠤ ᠠᠬᠤᠶ ᠵᠢ ᠶᠡᠬᠡ᠎ᠪᠠᠷ ᠬᠥᠭᠵᠢᠭᠦᠯᠵᠦ᠂ ᠲᠠᠷᠢᠶᠠᠯᠠᠬᠤ ᠮᠠᠯᠵᠢᠬᠤ ᠣᠷᠣᠨ᠎ᠤ ᠦᠮᠴᠢᠯᠡᠯ᠎ᠤᠨ ᠡᠷᠬᠡ ᠵᠢ ᠡᠷᠭᠢᠯᠳᠦᠭᠦᠯᠦᠨ ᠠᠷᠠᠯᠵᠢᠶᠠᠯᠠᠬᠤ ᠵᠢ᠎ᠨᠢ ᠵᠢᠷᠤᠮᠵᠢᠭᠤᠯᠬᠤ ᠪᠥᠳᠥᠭᠡᠨ ᠪᠠᠢ᠌ᠭᠤᠯᠤᠯᠲᠠ ᠵᠢᠨ ᠥᠪᠡᠷᠲᠡᠭᠡᠨ ᠵᠠᠰᠠᠬᠤ ᠣᠷᠣᠨ᠎ᠤ 5 ᠲᠤᠷᠰᠢᠯᠲᠠ ᠵᠢᠨ ᠴᠡᠭ᠎ᠢ ᠥᠷᠨᠢᠭᠦᠯᠦᠨ᠎ᠡ᠃ ᠪᠥᠬᠥ ᠣᠷᠣᠨ᠎ᠤ 2000᠎ᠠᠴᠠ ᠳᠡᠭᠡᠭᠰᠢᠬᠢ ᠭᠠᠴᠠᠭ᠎ᠠ ᠲᠣᠰᠬᠣᠨ᠎ᠳᠤ 《ᠭᠤᠷᠪᠠ ᠵᠢ ᠬᠤᠪᠢᠷᠠᠭᠤᠯᠬᠤ》 ᠥᠭᠡᠷᠡᠴᠢᠯᠡᠯᠲᠡ ᠵᠢᠨ 9 ᠵᠦᠢ᠍ᠯ᠎ᠤᠨ ᠨᠡᠢ᠌ᠲᠡᠯᠢᠭ ᠬᠡᠪ ᠵᠠᠭᠪᠤᠷ᠎ᠢ ᠳᠡᠯᠭᠡᠷᠡᠭᠦᠯᠵᠦ᠂ 230 ᠭᠠᠴᠠᠭ᠎ᠠ ᠲᠣᠰᠬᠣᠨ᠎ᠳᠤ 《ᠨᠢᠭᠡᠳᠦᠯᠲᠡᠶ ᠳᠠᠷᠢᠵᠤ (ᠲᠡᠵᠢᠭᠡᠵᠦ) ᠬᠠᠮᠲᠤ᠎ᠪᠠᠷ ᠪᠠᠶᠠᠵᠢᠬᠤ》 ᠬᠡᠪ ᠵᠠᠭᠪᠤᠷ᠎ᠢ ᠬᠡᠷᠡᠭᠵᠢᠭᠦᠯᠦᠨ᠎ᠡ᠃ 《ᠠᠵᠢᠯ ᠣᠯᠭᠣᠬᠤ᠎ᠪᠠᠷ ᠲᠡᠳᠬᠦᠮᠵᠢ ᠵᠢ ᠣᠷᠣᠯᠠᠭᠤᠯᠬᠤ》 ᠠᠷᠭ᠎ᠠ ᠮᠠᠶᠢᠭ᠎ᠢ ᠦᠷᠭᠦᠯᠵᠢᠯᠡᠨ ᠳᠡᠯᠭᠡᠷᠡᠭᠦᠯᠵᠦ᠂ ᠬᠡᠷᠡᠭᠵᠢᠭᠦᠯᠬᠦ ᠬᠦᠷᠢᠶ᠎ᠡ ᠬᠡᠪᠴᠢᠶ᠎ᠡ ᠵᠢ ᠥᠷᠭᠡᠳᠬᠡᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠲᠦᠷᠦᠯ ᠵᠦᠢ᠍ᠯ᠂ 《ᠭᠤᠷᠪᠠᠨ ᠤᠮᠠᠷᠠᠲᠤ》 ᠵᠢᠨ ᠢᠨᠵᠧᠨᠧᠷᠢᠩ᠎ᠤᠨ ᠲᠦᠷᠦᠯ ᠵᠦᠢ᠍ᠯ᠎ᠤᠨ ᠪᠡᠯᠡ ᠮᠥᠩᠭᠥ ᠵᠢᠨ 10% ᠵᠢ᠎ᠨᠢ 《ᠠᠵᠢᠯ ᠣᠯᠭᠣᠬᠤ᠎ᠪᠠᠷ ᠲᠡᠳᠬᠦᠮᠵᠢ ᠵᠢ ᠣᠷᠣᠯᠠᠭᠤᠯᠬᠤ》᠎ᠳᠤ ᠬᠡᠷᠡᠭᠯᠡᠨ᠎ᠡ᠃ ᠬᠦᠷᠢᠶ᠎ᠡ ᠬᠠᠰᠢᠶᠠᠨ᠎ᠤ ᠠᠵᠤ ᠠᠬᠤᠶ ᠵᠢᠨ 《ᠵᠠᠭᠤᠨ ᠰᠢᠶᠠᠩ ᠮᠢᠩᠭ᠋ᠠᠨ ᠲᠣᠰᠬᠣᠨ ᠲᠦᠮᠡᠨ ᠬᠦᠷᠢᠶᠡᠯᠡᠩ》᠎ᠤᠨ ᠠᠵᠢᠯᠯᠠᠭ᠋ᠠᠨ᠎ᠢ ᠥᠷᠨᠢᠭᠦᠯᠵᠦ᠂ ᠲᠠᠷᠢᠶᠠᠴᠢᠨ ᠮᠠᠯᠴᠢᠳ᠎ᠤᠨ ᠣᠷᠣᠯᠭ᠎ᠠ ᠵᠢᠨ ᠲᠣᠭᠲᠠᠭᠤᠨ ᠵᠶ᠋ᠠᠷ ᠨᠡᠮᠡᠭᠳᠡᠬᠦ ᠵᠢ ᠲᠦᠷᠭᠡᠳᠬᠡᠨ ᠠᠬᠢᠭᠤᠯᠵᠤ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ᠎ᠳᠠᠬᠢ ᠣᠷᠣᠯᠭ᠎ᠠ ᠵᠢᠨ ᠬᠠᠷᠠᠯᠲᠠ᠎ᠪᠠᠨ ᠪᠡᠶᠡᠯᠡᠭᠦᠯᠬᠦ ᠵᠢ ᠦᠨᠡᠨ ᠬᠦ᠌ ᠪᠠᠲᠤᠯᠠᠨ᠎ᠠ᠃

       ᠶᠢᠰᠦ᠂ ᠴᠢᠬᠤᠯᠠ ᠶᠡᠬᠡ ᠪᠠᠢ᠌ᠯᠳᠤᠬᠤ ᠪᠤᠳᠤᠯᠭ᠎ᠠ ᠵᠢᠨ ᠬᠡᠷᠡᠭᠵᠢᠭᠦᠯᠦᠯᠲᠡ ᠵᠢ ᠴᠢᠩᠭ᠋ᠠᠷᠠᠭᠤᠯᠵᠤ᠂ ᠣᠷᠣᠨ ᠪᠦᠰᠡ ᠵᠢᠨ ᠬᠠᠮᠲᠤᠷᠠᠯᠴᠠᠭ᠎ᠠ ᠵᠢ ᠭᠦᠨᠵᠡᠭᠡᠢ᠌ᠷᠡᠭᠦᠯᠬᠦ ᠠᠵᠢᠯᠯᠠᠭ᠋ᠠᠨ᠎ᠢ ᠯᠠᠪᠳᠠᠭᠤᠨ ᠪᠠᠲᠤᠲᠠᠢ ᠥᠷᠨᠢᠭᠦᠯᠦᠨ᠎ᠡ

       ᠴᠢᠬᠤᠯᠠ ᠶᠡᠬᠡ ᠣᠷᠣᠨ ᠪᠦᠰᠡ ᠵᠢᠨ ᠪᠠᠢ᠌ᠯᠳᠤᠬᠤ ᠪᠣᠳᠣᠯᠭ᠎ᠠ ᠵᠢ ᠪᠥᠬᠥ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠣᠷᠣᠨ ᠪᠦᠰᠡ ᠵᠢᠨ ᠬᠣᠯᠪᠣᠭ᠋ᠠᠯᠠᠨ ᠬᠥᠳᠡᠯᠦᠯᠴᠡᠵᠦ ᠠᠭᠤᠰᠤᠯᠴᠠᠨ ᠬᠥᠭᠵᠢᠬᠦ ᠵᠢ ᠨᠢᠭᠡᠳᠦᠯᠲᠡᠶ ᠲᠥᠯᠥᠪᠯᠡᠨ᠂ ᠰᠢᠨ᠎ᠡ ᠬᠥᠭᠵᠢᠯᠲᠡ ᠵᠢᠨ ᠪᠠᠢ᠌ᠷᠢᠰᠢᠯ᠎ᠳᠤ ᠨᠠᠩ ᠰᠠᠶ᠋ᠢᠲᠤᠷ ᠦᠢ᠍ᠯᠡᠴᠢᠯᠡᠬᠦ ᠪᠠ ᠠᠭᠤᠰᠤᠯᠴᠠᠨ᠎ᠠ᠃

      (ᠨᠢᠭᠡ) ᠣᠷᠣᠨ ᠪᠦᠰᠡ ᠵᠢᠨ ᠳᠣᠲᠣᠷᠠᠬᠢ ᠪᠠᠢ᠌ᠯᠳᠤᠬᠤ ᠪᠣᠳᠣᠯᠭ᠎ᠠ ᠵᠢ ᠭᠦᠨᠵᠡᠭᠡᠢ᠌ᠷᠡᠭᠦᠯᠦᠨ ᠬᠡᠷᠡᠭᠵᠢᠭᠦᠯᠬᠦ ᠵᠢ ᠠᠬᠢᠭᠤᠯᠤᠨ᠎ᠠ᠃ ᠪᠠᠷᠠᠭᠤᠨ ᠬᠡᠰᠡᠭ᠎ᠤᠨ ᠭᠠᠵᠠᠷ ᠣᠷᠣᠨ᠎ᠢ ᠶᠡᠬᠡ᠎ᠪᠠᠷ ᠨᠡᠭᠡᠭᠡᠨ ᠬᠥᠭᠵᠢᠭᠦᠯᠬᠦ᠂ ᠵᠡᠭᠦᠨ ᠬᠣᠢ᠌ᠲᠤ ᠣᠷᠣᠨ᠎ᠢ ᠪᠥᠬᠥ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠂ ᠬᠠᠲᠤᠨ ᠭᠣᠤᠯ᠎ᠤᠨ ᠰᠠᠪᠠ ᠭᠠᠵᠠᠷ᠎ᠤᠨ ᠠᠮᠢ ᠠᠬᠤᠶ ᠵᠢ ᠬᠠᠮᠠᠭ᠋ᠠᠯᠠᠬᠤ ᠪᠠ ᠴᠢᠨᠠᠷ ᠰᠠᠢ᠌ᠲᠠᠶ ᠬᠥᠭᠵᠢᠭᠦᠯᠬᠦ ᠵᠡᠷᠭᠡ ᠤᠯᠤᠰ᠎ᠤᠨ ᠴᠢᠬᠤᠯᠠ ᠶᠡᠬᠡ ᠪᠠᠢ᠌ᠯᠳᠤᠬᠤ ᠪᠣᠳᠣᠯᠭ᠎ᠠ ᠵᠢᠨ ᠨᠠᠶ᠋ᠢᠳᠠᠪᠤᠷᠢᠵᠢᠭᠤᠯᠤᠯᠲᠠ ᠵᠢ ᠠᠬᠢᠭᠤᠯᠵᠤ᠂ 《ᠪᠠᠷᠠᠭᠤᠨ ᠬᠡᠰᠡᠭ᠎ᠤᠨ ᠭᠠᠵᠠᠷ ᠣᠷᠣᠨ᠎ᠤ ᠵᠣᠷᠢᠭᠵᠢᠭᠤᠯᠬᠤ ᠲᠥᠷᠥᠯ᠎ᠤᠨ ᠠᠵᠤ ᠦᠢ᠍ᠯᠡᠰ᠎ᠤᠨ ᠭᠠᠷᠴᠠᠭ》᠎ᠢ ᠰᠠᠢ᠌ᠲᠤᠷ ᠬᠡᠷᠡᠭᠵᠢᠭᠦᠯᠵᠦ᠂ ᠬᠠᠲᠤᠨ ᠭᠣᠤᠯ᠎ᠤᠨ ᠥᠪᠥᠷ ᠮᠣᠩᠭᠣᠯ᠎ᠤᠨ ᠬᠡᠰᠡᠭ᠎ᠤᠨ ᠭᠣᠤᠯ᠎ᠤᠨ ᠵᠠᠮ᠎ᠢ ᠵᠠᠰᠠᠬᠤ ᠵᠡᠷᠭᠡ ᠲᠥᠷᠥᠯ ᠵᠦᠢ᠍ᠯ᠎ᠢ ᠠᠵᠢᠯ ᠡᠬᠢᠯᠡᠭᠦᠯᠦᠨ ᠪᠥᠲᠥᠭᠡᠨ ᠪᠠᠢ᠌ᠭᠤᠯᠬᠤ᠎ᠪᠠᠷ ᠴᠢᠷᠮᠠᠢ᠌ᠨ᠎ᠠ᠃ ᠥᠪᠥᠷ ᠮᠣᠩᠭᠣᠯ᠎ᠤᠨ ᠵᠡᠭᠦᠨ ᠬᠡᠰᠡᠭ᠎ᠤᠨ ᠭᠠᠵᠠᠷ ᠣᠷᠣᠨ᠎ᠤ ᠬᠥᠭᠵᠢᠯᠲᠡ ᠵᠢ ᠠᠬᠢᠭᠤᠯᠬᠤ ᠰᠠᠨᠠᠯ᠎ᠢ ᠰᠤᠳᠤᠯᠤᠨ ᠳᠤᠷᠠᠳᠴᠤ᠂ ᠤᠯᠠᠭ᠋ᠠᠨᠬᠠᠳᠠ ᠵᠢᠨ ᠯᠢᠲ᠋ᠢ ᠵᠢᠨ ᠠᠵᠤ ᠦᠢ᠍ᠯᠡᠰ᠎ᠤᠨ ᠬᠦᠷᠢᠶᠡᠯᠡᠩ᠂ ᠪᠡᠭᠡᠵᠢᠩ ᠥᠪᠥᠷ ᠮᠣᠩᠭᠣᠯ (ᠤᠯᠠᠭ᠋ᠠᠨᠬᠠᠳᠠ · ᠢᠵᠤᠸᠠᠩ)᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠠᠵᠤ ᠦᠢ᠍ᠯᠡᠰ᠎ᠤᠨ ᠬᠦᠷᠢᠶᠡᠯᠡᠩ᠎ᠤᠨ ᠪᠥᠲᠥᠭᠡᠨ ᠪᠠᠢ᠌ᠭᠤᠯᠤᠯᠲᠠ ᠵᠢ ᠲᠦᠷᠭᠡᠳᠬᠡᠵᠦ᠂ ᠥᠪᠥᠷ ᠮᠣᠩᠭᠣᠯ᠎ᠤᠨ ᠳᠡᠭᠡᠳᠦ ᠵᠡᠷᠭᠡ ᠵᠢᠨ ᠰᠤᠳᠤᠯᠭ᠋ᠠᠨ᠎ᠤ ᠬᠦᠷᠢᠶᠡᠯᠡᠩ ᠪᠠᠢ᠌ᠭᠤᠯᠬᠤ ᠵᠢ ᠠᠬᠢᠭᠤᠯᠤᠨ᠎ᠠ᠃ ᠵᠡᠭᠦᠨ ᠳᠤᠮᠳᠠ ᠪᠠᠷᠠᠭᠤᠨ ᠬᠡᠰᠡᠭ᠎ᠤᠨ ᠭᠠᠵᠠᠷ ᠣᠷᠣᠨ᠎ᠢ ᠵᠦᠷᠢᠶᠡᠵᠢᠬᠦᠯᠦᠨ ᠵᠣᠬᠢᠴᠠᠯᠳᠤᠭᠤᠯᠤᠨ ᠬᠥᠭᠵᠢᠭᠦᠯᠬᠦ ᠵᠢ ᠠᠬᠢᠭᠤᠯᠵᠤ᠂ ᠬᠥᠬᠡᠬᠣᠲᠠ ᠪᠤᠭᠤᠲᠤ ᠣᠷᠳᠣᠰ ᠤᠯᠠᠭ᠋ᠠᠨᠴᠠᠪ᠎ᠢ ᠨᠢᠭᠡ ᠴᠣᠠᠠᠴᠠᠵᠢᠭᠤᠯᠥᠨ ᠬᠥᠭᠵᠢᠭᠦᠯᠬᠦ ᠲᠥᠯᠥᠪᠵᠢᠭᠦᠯᠭᠡ (2026 – 2035 ᠣᠨ) ᠵᠢ ᠨᠠᠢ᠌ᠷᠠᠭᠤᠯᠤᠨ ᠵᠣᠬᠢᠶᠠᠬᠤ ᠠᠵᠢᠯ᠎ᠢ ᠦᠷᠨᠢᠭᠦᠯᠵᠦ᠂ ᠬᠥᠬᠡᠬᠣᠲᠠ ᠪᠤᠭᠤᠲᠤ ᠬᠣᠶᠠᠷ ᠬᠣᠲᠠ ᠵᠢᠨ ᠠᠵᠤ ᠠᠬᠤᠶ᠂ ᠨᠡᠢ᠌ᠭᠡᠮ᠎ᠤᠨ ᠣᠯᠠᠨ ᠲᠠᠯ᠎ᠠ᠎ᠪᠠᠷ ᠵᠣᠬᠢᠴᠠᠯᠳᠤᠨ ᠬᠥᠭᠵᠢᠬᠦ ᠵᠢ ᠴᠢᠩᠭ᠋ᠠᠷᠠᠭᠤᠯᠵᠤ᠂ ᠬᠥᠬᠡᠬᠣᠲᠠ ᠪᠤᠭᠤᠲᠤ ᠵᠢᠨ ᠨᠢᠭᠡ ᠬᠣᠲᠠᠴᠢᠯᠠᠬᠤ᠎ᠪᠠᠷ ᠬᠥᠬᠡᠬᠣᠲᠠ ᠪᠤᠭᠤᠲᠤ ᠣᠷᠳᠣᠰ ᠤᠯᠠᠭ᠋ᠠᠨᠴᠠᠪ᠎ᠢ ᠨᠢᠭᠡ ᠴᠣᠠᠠᠴᠠᠵᠢᠭᠤᠯᠥᠨ ᠬᠥᠭᠵᠢᠭᠦᠯᠬᠦ ᠵᠢ ᠳᠠᠢ᠌ᠴᠢᠯᠠᠨ᠎ᠠ᠃ ᠥᠪᠥᠷ ᠮᠣᠩᠭᠣᠯ᠎ᠤᠨ ᠪᠠᠷᠠᠭᠤᠨ ᠬᠡᠰᠡᠭ ᠵᠢᠴᠢ ᠪᠤᠰᠤᠳ ᠭᠤᠷᠪᠠᠨ ᠠᠢ᠌ᠮᠠᠭ ᠬᠣᠲᠠ ᠵᠢᠨ ᠠᠮᠢ ᠠᠬᠤᠶ ᠵᠢᠨ ᠬᠠᠮᠠᠭ᠋ᠠᠯᠠᠯᠲᠠ ᠪᠠ ᠠᠵᠤ ᠦᠢ᠍ᠯᠡᠰ᠎ᠤᠨ ᠬᠥᠭᠵᠢᠯᠲᠡ ᠵᠢ ᠨᠢᠭᠡᠳᠦᠯᠲᠡᠶ ᠲᠥᠯᠥᠪᠯᠡᠨ ᠠᠬᠢᠭᠤᠯᠬᠤ ᠵᠢ᠎ᠨᠢ ᠳᠡᠮᠵᠢᠵᠦ᠂ ᠠᠵᠤ ᠦᠢ᠍ᠯᠡᠰ᠎ᠤᠨ ᠰᠢᠨ᠎ᠡ ᠨᠡᠮᠡᠭᠳᠡᠯ ᠴᠡᠭ᠎ᠢ ᠪᠣᠢ ᠪᠣᠯᠭ᠋ᠠᠨ᠎ᠠ᠃ ᠥᠪᠥᠷ ᠮᠣᠩᠭᠣᠯ᠎ᠤᠨ ᠵᠡᠭᠦᠨ ᠬᠡᠰᠡᠭ᠎ᠤᠨ ᠲᠠᠪᠤᠨ ᠠᠢ᠌ᠮᠠᠭ ᠬᠣᠲᠠ ᠵᠢᠨ᠎ᠬᠢᠨ᠎ᠤ ᠣᠷᠣᠨ ᠪᠦᠰᠡ ᠵᠢᠨ ᠲᠥᠪ ᠬᠣᠲᠠ᠂ ᠬᠢᠯᠢ ᠵᠢᠨ ᠪᠣᠭᠣᠮᠲᠠ᠎ᠳᠤ ᠲᠦᠰᠢᠭᠯᠡᠨ᠂ ᠳᠠᠪᠠᠭᠤᠯᠢᠭ ᠣᠨᠴᠠᠯᠢᠠᠠᠳᠣ ᠠᠵᠤ ᠦᠢ᠍ᠯᠡᠰ ᠲᠥᠪᠯᠡᠷᠡᠭᠰᠡᠨ ᠣᠷᠣᠨ᠎ᠢ ᠪᠣᠶ ᠪᠣᠯᠭ᠋ᠠᠬᠤ ᠵᠢ᠎ᠨᠢ ᠵᠣᠷᠢᠭᠵᠢᠭᠤᠯᠤᠨ᠎ᠠ᠃

      (ᠬᠣᠶᠠᠷ) ᠣᠷᠣᠨ ᠪᠦᠰᠡ ᠵᠢᠨ ᠬᠣᠭᠣᠷᠣᠨᠳᠣᠬᠢ ᠠᠭᠤᠰᠤᠯᠴᠠᠨ ᠬᠣᠯᠪᠣᠭ᠋ᠠᠯᠠᠨ ᠬᠥᠳᠡᠯᠦᠯᠴᠡᠬᠦ ᠬᠥᠭᠵᠢᠯᠲᠡ ᠵᠢ ᠲᠦᠷᠭᠡᠳᠬᠡᠨ᠎ᠡ᠃ ᠪᠡᠭᠡᠵᠢᠩ ᠲᠢᠶᠠᠨᠵᠢᠨ ᠾᠧᠪᠧᠶ ᠵᠢᠨ ᠬᠠᠮᠵᠢᠯᠴᠠᠭᠰᠠᠨ ᠬᠥᠭᠵᠢᠯᠲᠡ᠎ᠳᠤ ᠭᠦᠨᠵᠡᠭᠡᠶ ᠠᠭᠤᠰᠤᠯᠴᠠᠵᠤ᠂ ᠪᠡᠭᠡᠵᠢᠩ ᠲᠢᠶᠠᠨᠵᠢᠨ ᠾᠧᠪᠧᠢ ᠭᠤᠷᠪᠠᠨ ᠮᠤᠵᠢ ᠬᠣᠲᠠ᠎ᠯᠤᠭ᠎ᠠ ᠵᠢᠨ ᠬᠠᠮᠲᠤᠷᠠᠯᠴᠠᠭ᠋ᠠᠨ᠎ᠤ ᠲᠣᠭᠲᠠᠴᠠ ᠵᠢ ᠲᠡᠭᠦᠯᠳᠡᠷᠵᠢᠭᠦᠯᠵᠦ᠂ ᠪᠡᠭᠡᠵᠢᠩ ᠥᠪᠥᠷ ᠮᠣᠩᠭᠣᠯ᠎ᠤᠨ ᠪᠥᠬᠥ ᠲᠠᠯ᠎ᠠ᠎ᠪᠠᠷ ᠬᠠᠮᠲᠤᠷᠠᠯᠴᠠᠬᠤ ᠠᠵᠢᠯ᠎ᠤᠨ ᠲᠣᠭᠲᠠᠴᠠ ᠵᠢ ᠪᠠᠢ᠌ᠭᠤᠯᠵᠤ᠂ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠎ᠠ ᠵᠢᠨ 《ᠵᠢᠷᠭᠤᠭ᠎ᠠ ᠵᠢ ᠳᠠᠬᠢᠨ ᠵᠶ᠋ᠠᠷ ᠨᠡᠮᠡᠭᠳᠡᠭᠦᠯᠬᠦ ᠲᠥᠯᠥᠪᠯᠡᠭᠡ》 ᠵᠢ ᠶᠡᠬᠡ᠎ᠪᠠᠷ ᠬᠡᠷᠡᠭᠵᠢᠭᠦᠯᠦᠨ᠂ ᠤᠨᠴᠠᠯᠢᠬᠳᠤ ᠠᠵᠤ ᠦᠢ᠍ᠯᠡᠰ᠎ᠢ ᠳᠡᠭᠡᠭᠰᠢᠯᠡᠭᠦᠯᠬᠦ᠂ ᠠᠵᠤ ᠦᠢ᠍ᠯᠡᠰ᠎ᠤᠨ ᠪᠦᠯᠦᠭᠵᠢᠯ᠎ᠢ ᠪᠣᠶ ᠪᠣᠯᠭ᠋ᠠᠬᠤ᠂ ᠬᠡᠷᠡᠭᠯᠡᠭᠡ᠎ᠪᠠᠷ ᠬᠠᠪᠰᠤᠷᠤᠨ ᠲᠡᠳᠬᠦᠵᠦ ᠣᠷᠣᠯᠭ᠎ᠠ ᠵᠢ ᠨᠡᠮᠡᠭᠳᠡᠭᠦᠯᠬᠦ᠂ ᠬᠥᠳᠡᠯᠮᠦᠷᠢ ᠦᠢ᠍ᠯᠡᠴᠢᠯᠡᠭᠡ᠎ᠪᠠᠷ ᠬᠠᠮᠵᠢᠯᠴᠠᠨ ᠶᠠᠰᠤ ᠴᠢᠨᠠᠷ᠎ᠢ ᠳᠡᠭᠡᠭᠰᠢᠯᠡᠭᠦᠯᠬᠦ 《ᠳᠥᠷᠪᠡᠨ ᠵᠦᠢ᠍ᠯ᠎ᠤᠨ ᠠᠵᠢᠯᠯᠠᠭ᠋ᠠᠨ》᠎ᠢ ᠭᠦᠨᠵᠡᠭᠡᠶ ᠠᠬᠢᠭᠤᠯᠵᠤ᠂ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢ ᠪᠡᠭᠡᠵᠢᠩ᠎ᠳᠤ ᠣᠷᠣᠭᠤᠯᠵᠤ ᠰᠦᠯᠵᠢᠶ᠎ᠡ᠎ᠪᠠᠷ ᠪᠣᠷᠣᠯᠠᠭᠤᠯᠬᠤ ᠠᠷᠭ᠎ᠠ ᠵᠠᠮ᠎ᠢ ᠥᠷᠭᠡᠳᠬᠡᠨ᠂ ᠪᠣᠷᠣᠯᠠᠭᠤᠯᠭ᠎ᠠ ᠵᠢᠨ ᠲᠣᠭ᠎ᠠ ᠵᠢ 320 ᠳ᠋ᠦᠩᠰᠢᠭᠤᠷ ᠲᠥᠭᠥᠷᠢᠭ᠎ᠠᠴᠠ ᠳᠡᠭᠡᠭᠰᠢ᠎ᠳᠤ ᠬᠦᠷᠦᠭᠦᠯᠬᠦ᠎ᠪᠠᠷ ᠴᠢᠷᠮᠠᠢ᠌ᠵᠤ᠂ ᠠᠢ᠌ᠮᠠᠭ ᠬᠣᠲᠠ ᠬᠢᠭᠡᠳ ᠪᠡᠭᠡᠵᠢᠩ᠎ᠤᠨ ᠬᠠᠮᠲᠤᠷᠠᠯᠴᠠᠭ᠎ᠠ ᠵᠢᠨ 《ᠪᠦᠬᠦᠨ᠎ᠢ ᠬᠠᠮᠤᠷᠬᠤ》 ᠵᠢ ᠪᠡᠶᠡᠯᠡᠭᠦᠯᠦᠨ᠎ᠡ᠃ ᠭᠤᠸᠠᠩᠳᠦ᠋ᠩ ᠰᠢᠶᠠᠩᠭ᠋ᠠᠩ ᠣᠣᠮᠧᠨ᠎ᠤ ᠲᠤᠮᠤ ᠪᠤᠯᠤᠩ᠎ᠤᠨ ᠣᠷᠣᠨ᠂ ᠵᠡᠭᠦᠨ ᠬᠣᠶ᠋ᠢᠲᠤ ᠵᠢᠨ ᠭᠤᠷᠪᠠᠨ ᠮᠤᠵᠢ᠂ ᠬᠥᠬᠡᠮᠥ᠋ᠷᠡᠨ᠎ᠤ ᠭᠤᠷᠪᠠᠯᠵᠢᠨ ᠬᠣᠢ᠌ᠭ᠂ ᠴᠧᠩᠳᠦ᠋ ᠴᠦᠩᠴᠢᠩ᠂ ᠬᠠᠳᠤᠨ ᠭᠣᠣᠯ᠎ᠤᠨ ᠰᠠᠪᠠ ᠭᠠᠵᠠᠷ᠂ ᠬᠥᠷᠰᠢ ᠵᠡᠷᠭᠡᠯᠡᠳᠡᠭᠡ ᠮᠤᠵᠢ ᠣᠷᠣᠨ᠎ᠯᠤᠭ᠎ᠠ ᠵᠢᠨ ᠪᠣᠳᠠᠲᠠᠶ ᠵᠢ ᠡᠷᠬᠢᠮᠯᠡᠭᠰᠡᠨ ᠬᠠᠮᠲᠤᠷᠠᠯᠴᠠᠭ᠎ᠠ ᠵᠢ ᠦᠷᠭᠦᠯᠵᠢᠯᠡᠨ ᠭᠦᠨᠵᠡᠭᠡᠢ᠌ᠷᠡᠭᠦᠯᠵᠦ᠂ ᠱᠠᠨᠳᠦ᠋ᠩ᠂ ᠭᠢᠷᠢᠨ᠂ ᠱᠠᠨᠰᠢ᠂ ᠨᠢᠩᠰᠢᠶᠠ᠎ᠯᠤᠭ᠎ᠠ ᠲᠣᠭᠲᠠᠭᠰᠠᠨ ᠬᠣᠯᠪᠣᠭᠳᠠᠯ ᠪᠦᠬᠦᠢ ᠬᠦᠷᠢᠶ᠎ᠡ ᠴᠠᠷᠠᠭ᠋ᠠᠨ᠎ᠤ ᠬᠠᠮᠲᠤᠷᠠᠯᠴᠠᠭ᠋ᠠᠨ᠎ᠤ ᠪᠦᠳᠦᠭᠦᠪᠴᠢ ᠵᠥᠪᠯᠡᠯᠴᠡᠭᠡᠷ᠎ᠢ ᠪᠣᠲᠠᠲᠠᠶ᠋ᠢᠵᠢᠭᠤᠯᠤᠨ ᠨᠠᠢ᠌ᠳᠠᠪᠤᠷᠢᠵᠢᠭᠤᠯᠬᠤ ᠵᠢ ᠠᠬᠢᠭᠤᠯᠤᠨ᠎ᠠ᠃ ᠱᠠᠩᠬᠠᠶ ᠥᠪᠥᠷ ᠮᠣᠩᠭᠣᠯ᠂ ᠯᠢᠶᠤᠤᠨᠢᠩ ᠥᠪᠥᠷ ᠮᠣᠩᠭᠣᠯ᠂ ᠲᠢᠶᠠᠨᠵᠢᠨ ᠥᠪᠥᠷ ᠮᠣᠩᠭᠣᠯ᠎ᠤᠨ ᠣᠷᠣᠨ ᠪᠦᠰᠡ ᠵᠢᠨ ᠡᠮᠴᠢᠯᠡᠭᠡᠨ᠎ᠤ ᠬᠠᠮᠵᠢᠯᠴᠠᠭ᠎ᠠ ᠵᠢᠨ ᠶᠠᠰᠤ ᠴᠢᠨᠠᠷ ᠦᠷ᠎ᠡ ᠪᠦᠲᠦᠮᠵᠢ ᠵᠢ ᠳᠡᠭᠡᠭᠰᠢᠯᠡᠭᠦᠯᠦᠨ᠎ᠡ᠃

       ᠠᠷᠪᠠ᠂ ᠠᠵᠢᠯ ᠣᠯᠭᠣᠯᠲᠠ ᠵᠢ ᠠᠬᠢᠭᠤᠯᠬᠤ ᠠᠵᠢᠯᠯᠠᠭ᠋ᠠᠨ᠎ᠢ ᠥᠷᠨᠢᠭᠦᠯᠵᠦ᠂ ᠲᠦᠭᠡᠮᠡᠯ ᠬᠠᠷᠠᠭ᠋ᠠᠯᠵᠠᠯ᠎ᠤᠨ ᠴᠢᠨᠠᠷᠲᠠᠶ᠂ ᠰᠠᠭᠤᠷᠢ ᠴᠢᠨᠠᠷᠲᠠᠶ᠂ ᠦᠨᠳᠦᠰᠦᠨ ᠵᠦᠢ᠍ᠯ᠎ᠢ ᠪᠠᠲᠤᠯᠠᠬᠤ ᠴᠢᠨᠠᠷᠲᠠᠶ ᠠᠷᠠᠳ᠎ᠤᠨ ᠠᠮᠢᠳᠤᠷᠠᠯ᠎ᠤᠨ ᠪᠠᠢ᠌ᠭᠤᠯᠤᠯᠲᠠ ᠵᠢ ᠴᠢᠩᠭ᠋ᠠᠳᠬᠠᠨ᠎ᠠ

       ᠴᠢᠳᠠᠯ᠎ᠤᠨ ᠬᠢᠷᠢ᠎ᠪᠠᠷ ᠵᠶ᠋ᠠᠨ ᠴᠢᠷᠮᠠᠢ᠌ᠵᠤ᠂ ᠴᠢᠳᠠᠯ᠎ᠤᠨ ᠵᠶ᠋ᠠᠨ ᠬᠢᠷᠢ᠎ᠪᠠᠷ ᠬᠢᠬᠦ ᠵᠢ ᠪᠠᠷᠢᠮᠲᠠᠯᠠᠵᠤ᠂ ᠬᠥᠭᠵᠢᠯᠲᠡ ᠵᠢᠨ ᠳᠤᠮᠳᠠ ᠠᠷᠠᠳ᠎ᠤᠨ ᠠᠮᠢᠳᠤᠷᠠᠯ᠎ᠢ ᠪᠠᠲᠤᠯᠠᠨ ᠰᠠᠢ᠌ᠵᠢᠷᠠᠭᠤᠯᠵᠤ᠂ ᠠᠷᠠᠳ ᠤᠯᠠᠨ᠎ᠤ ᠬᠦᠷᠲᠡᠮᠵᠢ ᠵᠢᠨ ᠲᠦᠷᠦᠭᠳᠡᠯ ᠵᠣᠯ ᠵᠢᠷᠭ᠋ᠠᠯᠲᠤ ᠲᠦᠷᠦᠭᠳᠡᠯ ᠠᠮᠤᠷ ᠲᠦᠪᠰᠢᠨ᠎ᠤ ᠲᠦᠷᠦᠭᠳᠡᠯ᠎ᠢ ᠨᠡᠮᠡᠭᠳᠡᠭᠦᠯᠦᠨ᠎ᠡ᠃

      (ᠨᠢᠭᠡ) ᠠᠵᠢᠯ ᠣᠯᠭᠣᠯᠲᠠ ᠵᠢ ᠠᠬᠢᠭᠤᠯᠬᠤ ᠠᠵᠢᠯᠯᠠᠭ᠋ᠠᠨ᠎ᠢ ᠰᠠᠢ᠌ᠲᠤᠷ ᠠᠳᠬᠤᠨ᠎ᠠ᠃ ᠥᠪᠡᠷᠲᠡᠭᠡᠨ ᠵᠠᠰᠠᠬᠤ ᠣᠷᠣᠨ᠎ᠤ ᠠᠵᠢᠯ ᠣᠯᠭᠣᠯᠲᠠ ᠵᠢᠨ ᠬᠦᠷᠢᠶ᠎ᠡ ᠴᠠᠷᠠᠭ᠋ᠠᠨ᠎ᠤ ᠶᠡᠷᠦᠩᠬᠡᠢ᠌ᠯᠡᠭᠰᠡᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠲᠤᠬᠠᠶ ᠰᠠᠨᠠᠯ᠎ᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠬᠣᠲᠠ ᠪᠠᠯᠭ᠋ᠠᠰᠤᠨ᠎ᠤ 18 ᠲᠦᠮᠡ᠎ᠠᠴᠠ ᠳᠡᠭᠡᠭᠰᠢ ᠬᠥᠮᠦᠨ᠎ᠳᠤ ᠰᠢᠨ᠎ᠡ᠎ᠪᠠᠷ ᠠᠵᠢᠯ ᠣᠯᠭᠣᠵᠤ᠂ ᠭᠣᠣᠯᠳᠠᠯᠭ᠎ᠠ ᠪᠣᠯᠬᠤ ᠬᠦᠷᠢᠶ᠎ᠡ ᠴᠠᠷᠠᠭ᠎ᠠ᠂ ᠭᠣᠣᠯᠳᠠᠯᠭ᠎ᠠ ᠪᠣᠯᠬᠤ ᠠᠵᠢᠯ ᠲᠥᠷᠥᠯ᠂ ᠬᠣᠲᠠ ᠬᠥᠳᠡᠭᠡ ᠵᠢᠨ ᠦᠨᠳᠦᠰᠦᠨ ᠱᠠᠲᠤ ᠪᠠ ᠳᠤᠮᠳᠠ ᠵᠢᠵᠢᠭ ᠪᠢᠴᠢᠯ ᠠᠵᠤ ᠠᠬᠤᠢ᠌ᠯᠠᠯ᠎ᠤᠨ ᠠᠵᠢᠯ ᠣᠯᠭᠣᠯᠲᠠ ᠵᠢ ᠳᠡᠮᠵᠢᠬᠦ ᠲᠥᠯᠥᠪᠯᠡᠭᠡ ᠵᠢ ᠬᠡᠷᠡᠭᠵᠢᠭᠦᠯᠵᠦ᠂ ᠭᠤᠷᠪᠠᠳᠤᠭ᠋ᠠᠷ ᠠᠵᠤ ᠦᠢ᠍ᠯᠡᠰ᠎ᠲᠠᠬᠢ ᠠᠵᠢᠯ᠎ᠤᠨ ᠪᠠᠢ᠌ᠷᠢ ᠵᠢ 10 ᠲᠦᠮᠡ᠎ᠠᠴᠠ ᠳᠡᠭᠡᠭᠰᠢ ᠰᠢᠨ᠎ᠡ᠎ᠪᠠᠷ ᠨᠡᠮᠡᠭᠳᠡᠭᠦᠯᠵᠦ᠂ 《ᠥᠪᠥᠷ ᠮᠣᠩᠭᠣᠯ᠎ᠤᠨ ᠮᠡᠷᠭᠡᠵᠢᠯ ᠴᠢᠳᠠᠪᠤᠷᠢ ᠵᠢᠨ ᠠᠵᠢᠯᠯᠠᠭ᠋ᠠᠨ》᠎ᠢ ᠭᠦᠨᠵᠡᠭᠡᠢ᠌ᠷᠡᠭᠦᠯᠦᠨ᠂ ᠠᠵᠢᠯ ᠣᠯᠭᠣᠬᠤ ᠮᠡᠷᠭᠡᠵᠢᠯ ᠴᠢᠳᠠᠪᠤᠷᠢ ᠵᠢᠨ ᠪᠣᠯᠪᠠᠰᠤᠷᠠᠯ᠎ᠤᠨ ᠶᠠᠰᠤ ᠴᠢᠨᠠᠷ᠎ᠢ ᠳᠡᠭᠡᠭᠰᠢᠯᠡᠭᠦᠯᠵᠦ᠂ ᠡᠯ᠎ᠡ ᠠᠵᠢᠯ ᠲᠥᠷᠥᠯ᠎ᠤᠨ ᠠᠵᠢᠯ ᠮᠡᠷᠭᠡᠵᠢᠯ᠎ᠤᠨ ᠮᠡᠷᠭᠡᠵᠢᠯ ᠴᠢᠳᠠᠪᠤᠷᠢ ᠵᠢᠨ ᠪᠣᠯᠪᠠᠰᠤᠷᠠᠯ᠎ᠤᠨ ᠬᠡᠪᠴᠢᠶᠡᠵᠢᠯ᠎ᠢ 35 ᠲᠦᠮᠡᠨ ᠬᠦᠮᠦᠨ᠎ᠠᠴᠠ ᠳᠡᠭᠡᠭᠰᠢ᠎ᠳᠤ ᠬᠦᠷᠦᠭᠦᠯᠦᠨ᠂ ᠳᠡᠭᠡᠳᠦ ᠲᠠᠰ᠎ᠤᠨ ᠦᠢ᠍ᠯᠡᠳᠬᠦ ᠦᠢ᠍ᠯᠡᠰ᠂ ᠳ᠋ᠢᠬᠢᠲ ᠠᠵᠤ ᠦᠢ᠍ᠯᠡᠰ ᠵᠡᠷᠭᠡ ᠵᠢ ᠬᠥᠭᠵᠢᠭᠦᠯᠬᠦ ᠵᠢᠨ ᠲᠣᠭᠣᠷᠢᠨ᠎ᠳᠤ᠂ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ ᠵᠡᠷᠭᠡ ᠵᠠᠯᠠᠭᠤᠴᠤᠳ᠎ᠤᠨ ᠠᠵᠢᠯ ᠤᠯᠬᠤ᠎ᠳᠤ ᠳᠣᠭᠢᠷᠠᠬᠤ ᠨᠠᠩ ᠣᠯᠠᠨ ᠠᠵᠢᠯ᠎ᠤᠨ ᠪᠠᠢ᠌ᠷᠢ ᠵᠢ ᠠᠭᠤᠳᠠᠯᠵᠤ᠂ ᠨᠠᠩ ᠣᠯᠠᠨ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠢ ᠦᠪᠦᠷ ᠮᠣᠩᠭᠣᠯ᠎ᠳᠤ᠎ᠪᠠᠨ ᠦᠯᠡᠳᠡᠭᠡᠬᠦ ᠦᠪᠦᠷ ᠮᠣᠩᠭᠣᠯ᠎ᠳᠤ ᠢᠷᠡᠭᠦᠯᠬᠦ᠎ᠪᠠᠷ ᠲᠠᠲᠠᠬᠤ ᠬᠡᠷᠡᠭᠲᠡᠶ᠃ 《ᠠᠳᠠᠯ ᠦᠢ᠍ᠯᠡᠰ ᠴᠣᠭᠴᠠᠯᠠᠬᠤ ᠥᠪᠥᠷ ᠮᠣᠩᠭᠣᠯ》᠎ᠤᠨ ᠠᠵᠢᠯᠯᠠᠭ᠋ᠠᠨ᠎ᠢ ᠭᠦᠨᠵᠡᠭᠡᠢ᠌ᠷᠡᠭᠦᠯᠦᠨ᠂ ᠠᠵᠢᠯ ᠣᠯᠭᠣᠬᠤ ᠦᠢ᠍ᠯᠡᠴᠢᠯᠡᠭᠡᠨ᠎ᠤ ᠲᠠᠪᠴᠠᠩ᠎ᠢ ᠰᠠᠢ᠌ᠲᠤᠷ ᠪᠠᠢ᠌ᠭᠤᠯᠵᠤ᠂ ᠴᠠᠯᠢᠩ ᠥᠷᠢᠲᠦᠬᠦ ᠳᠠᠭ᠋ᠠᠳᠬᠠᠯ ᠥᠷᠢᠲᠦᠬᠦ᠂ 《ᠬᠠᠷ᠎ᠠ ᠵᠠᠭᠤᠴᠢ ᠪᠠᠶ᠋ᠢᠭᠤᠯᠤᠮᠵᠢ》 ᠵᠡᠷᠭᠡ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠴᠢᠨ ᠬᠥᠯᠥᠰᠥᠨ ᠠᠵᠢᠯᠴᠢᠨ᠎ᠤ ᠴᠠᠯᠢᠩ᠎ᠢ ᠪᠠᠲᠤᠯᠠᠬᠤ ᠲᠦᠷᠢᠮ᠎ᠤᠨ ᠬᠠᠤᠯᠢ ᠲᠣᠭᠲᠠᠭ᠋ᠠᠬᠤ ᠠᠬᠢᠴᠠ ᠵᠢ ᠲᠦᠷᠭᠡᠳᠬᠡᠨ ᠠᠬᠢᠭᠤᠯᠵᠤ᠂ ᠪᠡᠭᠡᠵᠢᠩ ᠲᠢᠶᠠᠨᠵᠢᠨ ᠾᠧᠪᠧᠢ᠂ ᠱᠠᠨ ᠰᠢ ᠥᠪᠥᠷ ᠮᠣᠩᠭᠣᠯ ᠱᠠᠨᠳᠦ᠋ᠩ᠂ ᠬᠠᠲᠤᠨ ᠭᠣᠤᠯ᠎ᠤᠨ ᠰᠠᠪᠠ ᠭᠠᠵᠠᠷ᠂ ᠵᠡᠭᠦᠨ ᠬᠣᠢ᠌ᠲᠤ ᠵᠢᠨ ᠭᠤᠷᠪᠠᠨ ᠮᠤᠵᠢ ᠨᠢᠭᠡ ᠣᠷᠣᠨ ᠵᠡᠷᠭᠡ ᠵᠢᠨ ᠠᠵᠢᠯ ᠣᠯᠵᠤ ᠠᠳᠠᠯ ᠦᠢ᠍ᠯᠡᠰ ᠴᠣᠭᠴᠠᠯᠠᠬᠤ ᠬᠠᠮᠵᠢᠯᠴᠠᠭ᠎ᠠ ᠵᠢᠨ ᠵᠦᠪᠯᠡᠯᠴᠡᠭᠡᠷ᠎ᠢ ᠠᠬᠢᠭᠤᠯᠤᠨ ᠨᠠᠶ᠋ᠢᠳᠠᠪᠤᠷᠢᠵᠢᠭᠤᠯᠤᠨ᠎ᠠ᠃ ᠠᠵᠢᠯ ᠣᠯᠭᠣᠯᠲᠠ ᠵᠢᠨ ᠤᠯᠠᠨ ᠨᠡᠢ᠌ᠲᠡ ᠵᠢᠨ ᠦᠢ᠍ᠯᠡᠴᠢᠯᠡᠭᠡ ᠵᠢ ᠦᠨᠳᠦᠰᠦᠨ ᠱᠠᠲᠤᠨ᠎ᠳᠤ ᠪᠠᠭᠤᠯᠭ᠋ᠠᠬᠤ ᠵᠢ ᠠᠬᠢᠭᠤᠯᠵᠤ᠂ ᠠᠵᠢᠯ ᠣᠯᠭᠣᠯᠲᠠ ᠵᠢᠨ ᠦᠢ᠍ᠯᠡᠴᠢᠯᠡᠭᠡᠨ᠎ᠤ ᠲᠣᠣᠷ ᠴᠡᠭ᠎ᠢ ᠭᠠᠵᠠᠷ ᠣᠷᠣᠨ᠎ᠤ ᠪᠠᠢ᠌ᠳᠠᠯ᠎ᠳᠤ᠎ᠨᠢ ᠲᠣᠬᠢᠷᠠᠭᠤᠯᠤᠨ ᠪᠠᠢ᠌ᠷᠢᠰᠢᠭᠤᠯᠵᠤ᠂ ᠠᠵᠢᠯ ᠣᠯᠭᠣᠯᠲᠠ ᠵᠢᠨ ᠦᠢ᠍ᠯᠡᠴᠢᠯᠡᠭᠡᠨ᠎ᠤ ᠬᠡᠯᠬᠢᠶᠡᠵᠢᠯ᠎ᠢ ᠤᠷᠲᠤᠳᠬᠠᠨ᠎ᠠ᠃

      (ᠬᠣᠶᠠᠷ) ᠪᠠᠷᠠᠭ᠋ᠠᠨ᠎ᠤ ᠦᠨ᠎ᠡ ᠵᠢᠨ ᠶᠡᠷᠦᠩᠬᠡᠶ᠎ᠳᠤ᠎ᠪᠠᠨ ᠲᠣᠭᠲᠠᠭᠤᠨ ᠪᠠᠢ᠌ᠬᠤ ᠵᠢ ᠪᠠᠲᠤᠯᠠᠨ᠎ᠠ᠃ ᠠᠷᠠᠳ᠎ᠤᠨ ᠠᠮᠢᠳᠤᠷᠠᠯ᠎ᠤᠨ ᠴᠢᠬᠤᠯᠠ ᠲᠠᠸᠠᠷ᠎ᠤᠨ ᠦᠨ᠎ᠡ ᠬᠠᠩᠰᠢ ᠵᠢ ᠲᠣᠬᠢᠷᠠᠭᠤᠯᠤᠨ ᠡᠵᠡᠮᠳᠡᠬᠦ ᠲᠣᠭᠲᠠᠴᠠ ᠵᠢ ᠰᠠᠢ᠌ᠲᠤᠷ ᠨᠠᠢ᠌ᠳᠠᠪᠤᠷᠢᠵᠢᠭᠤᠯᠵᠤ᠂ ᠬᠠᠩᠭ᠋ᠠᠬᠤ ᠬᠠᠳᠠᠭ᠋ᠠᠯᠠᠬᠤ ᠪᠣᠷᠣᠯᠠᠭᠤᠯᠬᠤ ᠡᠯ᠎ᠡ ᠭᠤᠭᠴᠤᠭ᠋ᠠᠨ᠎ᠤ ᠠᠵᠢᠯᠯᠠᠭ᠋ᠠᠨ᠎ᠤ ᠪᠠᠢ᠌ᠳᠠᠯ ᠪᠠ ᠦᠨ᠎ᠡ ᠬᠠᠩᠰᠢ ᠵᠢᠨ ᠬᠠᠨᠳᠤᠰᠢ ᠵᠢ ᠨᠢᠭᠲᠠ ᠠᠩᠬᠠᠷᠴᠤ᠂ ᠲᠤᠬᠠᠶ ᠵᠢᠨ ᠭᠠᠵᠠᠷ᠎ᠤᠨ ᠵᠶ᠋ᠠᠨ ᠦᠢ᠍ᠯᠡᠳᠪᠦᠷᠢᠯᠡᠯ᠎ᠢ ᠬᠦᠴᠦᠯᠡᠨ ᠰᠠᠢ᠌ᠲᠤᠷ ᠠᠳᠬᠤᠵᠤ᠂ ᠦᠢ᠍ᠯᠡᠳᠪᠦᠷᠢᠯᠡᠯ ᠪᠣᠷᠤᠯᠠᠭᠤᠯᠭ᠎ᠠ ᠵᠢ ᠵᠤᠯᠭ᠋ᠠᠭᠤᠯᠬᠤ᠎ᠪᠠᠨ ᠰᠢᠯᠤᠭᠤᠳᠬᠠᠵᠤ᠂ ᠨᠥᠭᠡᠴᠡᠯᠡᠨ ᠲᠣᠬᠢᠷᠠᠭᠤᠯᠬᠤ ᠵᠢ ᠴᠢᠩᠭ᠋ᠠᠷᠠᠭᠤᠯᠤᠨ᠂ ᠡᠩ᠎ᠤᠨ ᠦᠨ᠎ᠡ᠎ᠪᠠᠷ ᠪᠣᠷᠣᠯᠠᠭᠤᠯᠬᠤ ᠵᠢ ᠳᠡᠯᠭᠡᠷᠡᠭᠦᠯᠵᠦ᠂ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠵᠠᠬ᠎ᠠ ᠳᠡᠯᠭᠡᠭᠦᠷ᠎ᠤᠨ ᠦᠨ᠎ᠡ ᠬᠠᠩᠰᠢ ᠵᠢ ᠲᠣᠬᠢᠷᠠᠭᠤᠯᠤᠨ ᠡᠵᠡᠮᠳᠡᠬᠦ ᠵᠢ ᠴᠢᠩᠭ᠋ᠠᠳᠬᠠᠨ᠂ ᠠᠮᠤ ᠪᠤᠳᠠᠭ᠎ᠠ ᠲᠤᠰᠤ ᠮᠢᠬ᠎ᠠ ᠥᠨᠳᠡᠭᠡ ᠨᠣᠭᠣᠭ᠎ᠠ ᠵᠡᠷᠭᠡ ᠲᠠᠸᠠᠷ᠎ᠤᠨ ᠬᠡᠮᠵᠢᠶ᠎ᠡ ᠭᠦᠢ᠍ᠴᠡᠳ ᠦᠨ᠎ᠡ ᠲᠣᠭᠲᠠᠭᠤᠨ ᠪᠠᠢ᠌ᠬᠤ ᠵᠢ ᠪᠠᠲᠤᠯᠠᠨ᠎ᠠ᠃ ᠦᠨ᠎ᠡ ᠬᠠᠩᠰᠢ ᠵᠢᠨ ᠨᠡᠮᠡᠭᠦᠷᠢ ᠵᠢᠨ ᠬᠣᠯᠪᠣᠭ᠋ᠠᠯᠠᠨ ᠬᠥᠳᠡᠯᠦᠯᠴᠡᠬᠦ ᠲᠣᠭᠲᠠᠴᠠ ᠵᠢ ᠰᠠᠢ᠌ᠲᠤᠷ ᠨᠠᠢ᠌ᠳᠠᠪᠤᠷᠢᠵᠢᠭᠤᠯᠤᠨ᠎ᠠ᠃ ᠨᠠᠰᠤᠵᠢᠯ᠎ᠤᠨ ᠠᠰᠠᠷᠠᠮᠵᠢ᠂ ᠣᠷᠣᠰᠢᠭᠤᠯᠭ᠎ᠠ ᠵᠢᠨ ᠪᠠ ᠲᠦᠭᠡᠮᠡᠯ ᠬᠠᠷᠠᠭ᠋ᠠᠯᠵᠠᠯ᠎ᠤᠨ ᠴᠢᠨᠠᠷᠲᠠᠶ ᠬᠡᠦᠬᠡᠳ ᠰᠠᠭ᠋ᠠᠲᠠᠭᠤᠯᠬᠤ ᠦᠢ᠍ᠯᠡᠴᠢᠯᠡᠭᠡᠨ᠎ᠤ ᠰᠦᠢ᠍ᠳᠬᠡᠯ ᠬᠤᠷᠢᠶᠠᠬᠤ ᠲᠦᠷᠦ ᠵᠢᠨ ᠪᠤᠳᠤᠯᠭ᠎ᠠ ᠵᠢ ᠲᠡᠭᠦᠯᠳᠡᠷᠵᠢᠭᠦᠯᠦᠨ᠎ᠡ᠃

      (ᠭᠤᠷᠪᠠ) ᠨᠡᠢ᠌ᠭᠡᠮ᠎ᠤᠨ ᠪᠠᠲᠤᠯᠠᠭ᠎ᠠ ᠵᠢᠨ ᠲᠣᠭᠲᠠᠯᠴᠠᠭ᠎ᠠ ᠵᠢ ᠦᠷᠭᠦᠯᠵᠢᠯᠡᠨ ᠲᠡᠭᠦᠯᠳᠡᠷᠵᠢᠭᠦᠯᠦᠨ᠎ᠡ᠃ ᠨᠡᠢ᠌ᠭᠡᠮ᠎ᠤᠨ ᠪᠠᠲᠤᠯᠠᠭ᠎ᠠ ᠵᠢᠨ ᠥᠭᠡᠷᠡᠴᠢᠯᠡᠯᠲᠡ ᠵᠢᠨ ᠶᠠᠰᠤ ᠴᠢᠨᠠᠷ᠎ᠢ ᠳᠡᠭᠡᠭᠰᠢᠯᠡᠭᠦᠯᠬᠦ ᠢᠨᠵᠧᠨᠧᠷᠢᠩ᠎ᠢ ᠭᠦᠨᠵᠡᠭᠡᠢ ᠬᠡᠷᠡᠭᠵᠢᠭᠦᠯᠵᠦ᠂ ᠪᠦᠬᠦ ᠠᠷᠠᠳ ᠵᠶ᠋ᠠᠷ ᠵᠶ᠋ᠠᠨ ᠳᠠᠭ᠋ᠠᠳᠬᠠᠯ᠎ᠳᠤ ᠣᠷᠣᠯᠴᠠᠬᠤ᠂ ᠨᠠᠰᠤᠵᠢᠯ᠎ᠤᠨ ᠦᠨᠳᠦᠰᠦᠨ ᠳᠠᠭ᠋ᠠᠳᠬᠠᠯ᠂ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠳᠤ ᠣᠷᠣᠯᠴᠠᠬᠤ ᠨᠣᠷᠮ᠎ᠠ ᠵᠢ 95%᠎ᠠᠴᠠ ᠳᠡᠭᠡᠭᠰᠢ ᠬᠡᠮᠵᠢᠶᠡᠨ᠎ᠳᠤ ᠲᠣᠭᠲᠠᠪᠤᠷᠢᠵᠢᠭᠤᠯᠤᠨ᠂ ᠬᠤᠪᠢ ᠬᠥᠮᠦᠨ᠎ᠤ ᠨᠠᠰᠤᠵᠢᠯ᠎ᠤᠨ ᠮᠥᠩᠭᠥ ᠵᠢᠨ ᠳᠦᠷᠢᠮ᠎ᠢ ᠪᠦᠬᠦ ᠲᠠᠯ᠎ᠠ᠎ᠪᠠᠷ ᠬᠡᠷᠡᠭᠵᠢᠭᠦᠯᠵᠦ᠂ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠨᠠᠰᠤᠵᠢᠯ᠎ᠤᠨ ᠦᠨᠳᠦᠰᠦᠨ ᠳᠠᠭ᠋ᠠᠳᠬᠠᠯ᠎ᠤᠨ ᠪᠠᠯᠠ ᠴᠤᠭᠯᠠᠭᠤᠯᠬᠤ ᠪᠠ ᠣᠯᠭᠣᠮᠵᠢ ᠵᠢ ᠳᠣᠭᠢᠷᠠᠭᠤᠯᠬᠤ ᠲᠥᠷᠥ ᠵᠢᠨ ᠪᠣᠳᠣᠯᠭ᠎ᠠ ᠵᠢ ᠰᠣᠳᠤᠯᠵᠤ ᠨᠡᠢ᠌ᠲᠡᠯᠡᠨ ᠪᠦᠷᠢᠨᠰᠢᠭᠦᠯᠵᠦ᠂ ᠨᠠᠰᠤᠵᠢᠯ᠎ᠤᠨ ᠦᠨᠳᠦᠰᠦᠨ ᠳᠠᠭ᠋ᠠᠳᠬᠠᠯ᠎ᠤᠨ ᠬᠠᠤᠯᠢ᠎ᠪᠠᠷ ᠲᠣᠭᠲᠠᠭ᠋ᠠᠭᠰᠠᠨ ᠬᠦᠮᠦᠰ᠎ᠢ ᠪᠦᠬᠦᠨ᠎ᠢ ᠬᠠᠮᠤᠷᠬᠤ ᠵᠢ ᠠᠬᠢᠭᠤᠯᠤᠨ᠂ ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠂ ᠠᠵᠢᠯ ᠠᠯᠳᠠᠯᠲᠠ ᠵᠢᠨ ᠳᠠᠭ᠋ᠠᠳᠬᠠᠯ᠎ᠤᠨ ᠵᠠᠷᠤᠳᠠᠯ᠎ᠤᠨ ᠨᠣᠷᠮ᠎ᠠ ᠵᠢ ᠱᠠᠲᠤ ᠦᠶᠡᠴᠢ ᠴᠢᠨᠠᠷᠲᠠᠶ᠎ᠪᠠᠷ ᠪᠠᠭᠤᠷᠠᠭᠤᠯᠬᠤ ᠲᠥᠷᠥ ᠵᠢᠨ ᠪᠣᠳᠣᠯᠭ᠎ᠠ ᠵᠢ ᠪᠣᠲᠠᠲᠠᠶ᠋ᠢᠵᠢᠭᠤᠯᠤᠨ ᠨᠠᠢ᠌ᠳᠠᠪᠤᠷᠢᠵᠢᠭᠤᠯᠬᠤ ᠵᠢ ᠦᠷᠭᠦᠯᠵᠢᠯᠡᠨ ᠰᠠᠢ᠌ᠲᠤᠷ ᠠᠳᠬᠤᠵᠤ᠂ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠥᠪᠡᠷᠲᠡᠭᠡᠨ ᠵᠠᠰᠠᠬᠤ ᠣᠷᠣᠨ᠎ᠤ ᠱᠠᠲᠤᠨ᠎ᠳᠤ ᠨᠢᠭᠡᠳᠦᠯᠲᠡᠶ ᠲᠥᠯᠥᠪᠯᠡᠬᠦ ᠵᠢ ᠠᠬᠢᠭᠤᠯᠤᠨ᠂ ᠬᠦᠨᠳᠦ ᠡᠪᠡᠳᠴᠢᠨ᠎ᠤ ᠳᠠᠭ᠋ᠠᠳᠬᠠᠯ ᠪᠠ ᠡᠮᠴᠢᠯᠡᠭᠡᠨ᠎ᠤ ᠠᠪᠤᠷᠠᠨ ᠲᠤᠰᠠᠯᠠᠬᠤ ᠳᠦᠷᠢᠮ᠎ᠢ ᠲᠡᠭᠦᠯᠳᠡᠷᠵᠢᠭᠦᠯᠦᠨ᠎ᠡ᠃ ᠴᠠᠯᠢᠩ ᠣᠯᠭᠣᠬᠤ ᠵᠢ ᠦᠨᠡᠨ ᠬᠦ᠌ ᠪᠠᠲᠤᠯᠠᠵᠤ᠂ ᠴᠠᠯᠢᠩ ᠥᠷᠢᠲᠦᠵᠦ ᠪᠠᠢ᠌ᠭ᠎ᠠ ᠪᠠᠢ᠌ᠳᠠᠯ᠎ᠢ ᠢᠯᠭ᠋ᠠᠷᠠᠭᠤᠯᠤᠨ ᠴᠡᠭᠴᠡᠯᠡᠵᠦ᠂ ᠬᠦᠴᠢᠷᠳᠡᠯᠲᠡᠢ ᠤᠯᠠᠨ ᠲᠦᠮᠡᠨ᠎ᠤ ᠦᠨᠳᠦᠰᠦᠨ ᠠᠮᠢᠳᠤᠷᠠᠯ᠎ᠢ ᠪᠠᠲᠤᠯᠠᠨ᠎ᠠ᠃ ᠵᠡᠮᠳᠡᠭᠴᠦᠳ᠎ᠤᠨ ᠬᠣᠶᠠᠷ ᠵᠦᠢ᠍ᠯ᠎ᠤᠨ ᠨᠡᠮᠡᠭᠦᠷᠢ ᠵᠢᠨ ᠣᠨᠣᠴᠠᠲᠠᠶ ᠬᠠᠮᠢᠶᠠᠷᠤᠯᠲᠠ ᠵᠢ ᠦᠷᠭᠦᠯᠵᠢᠯᠡᠨ ᠴᠢᠩᠭ᠋ᠠᠷᠠᠭᠤᠯᠵᠤ᠂ ᠪᠥᠬᠥ ᠣᠷᠣᠨ᠎ᠤ ᠤᠶᠤᠨ ᠮᠡᠳᠡᠷᠡᠯ᠎ᠤᠨ ᠰᠠᠭ᠋ᠠᠳ᠎ᠲᠠᠢ ᠡᠪᠡᠳᠴᠢᠲᠡᠨ᠎ᠢ ᠡᠷᠡᠭᠦᠯᠵᠢᠭᠦᠯᠵᠦ ᠨᠡᠶ᠋ᠢᠭᠡᠮ᠎ᠳᠤ ᠠᠭᠤᠰᠤᠯᠴᠠᠭᠤᠯᠬᠤ ᠠᠵᠢᠯᠯᠠᠭ᠋ᠠᠨ᠎ᠢ ᠶᠡᠬᠡ᠎ᠪᠠᠷ ᠠᠬᠢᠭᠤᠯᠤᠨ᠎ᠠ᠃

      (ᠳᠥᠷᠪᠡ) ᠣᠯᠠᠨ ᠨᠡᠢ᠌ᠲᠡ ᠵᠢᠨ ᠦᠢ᠍ᠯᠡᠴᠢᠯᠡᠭᠡ ᠪᠠ ᠨᠡᠢ᠌ᠭᠡᠮ᠎ᠤᠨ ᠵᠠᠰᠠᠯᠲᠠ ᠵᠢᠨ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ᠃ 《〈ᠰᠤᠷᠭ᠋ᠠᠨ ᠬᠥᠮᠦᠵᠢᠯ᠎ᠤᠨ ᠬᠦᠴᠦᠷᠬᠡᠭ ᠤᠯᠤᠰ᠎ᠢ ᠪᠦᠲᠦᠭᠡᠨ ᠪᠠᠢ᠌ᠭᠤᠯᠬᠤ ᠲᠥᠯᠥᠪᠵᠢᠭᠦᠯᠭᠡ ᠵᠢᠨ ᠬᠥᠲᠥᠯᠪᠦᠷᠢ (2024 – 2035 ᠣᠨ)〉᠎ᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ ᠰᠤᠷᠭ᠋ᠠᠨ ᠬᠥᠮᠦᠵᠢᠯ᠎ᠤᠨ ᠬᠦᠴᠦᠷᠬᠡᠭ ᠣᠷᠣᠨ᠎ᠢ ᠲᠦᠷᠭᠡᠳᠭᠡᠨ ᠪᠦᠲᠦᠭᠡᠨ ᠪᠠᠢ᠌ᠭᠤᠯᠬᠤ ᠲᠤᠬᠠᠶ ᠰᠠᠨᠠᠯ》᠎ᠤᠨ ᠵᠣᠷᠢᠭ ᠰᠠᠨᠠᠭ᠎ᠠ ᠵᠢ ᠭᠦᠨᠵᠡᠭᠡᠶ ᠨᠠᠢ᠌ᠳᠠᠪᠤᠷᠢᠵᠢᠭᠤᠯᠵᠤ᠂ ᠰᠤᠷᠬᠤ ᠨᠠᠰᠤᠨ᠎ᠠᠴᠠ ᠡᠮᠦᠨᠡᠬᠢ ᠰᠤᠷᠭ᠋ᠠᠨ ᠬᠥᠮᠦᠵᠢᠯ᠎ᠢ ᠲᠦᠭᠡᠮᠡᠯᠵᠢᠭᠦᠯᠬᠦ ᠲᠦᠭᠡᠮᠡᠯ ᠬᠠᠷᠠᠭ᠋ᠠᠯᠵᠠᠯ ᠬᠦᠷᠲᠡᠭᠡᠬᠦ ᠪᠠ ᠠᠯᠪᠠᠨ ᠵᠢᠷᠤᠮ᠎ᠤᠨ ᠰᠤᠷᠭ᠋ᠠᠨ ᠬᠥᠮᠦᠵᠢᠯ ᠴᠢᠨᠠᠷᠯᠢᠭ ᠪᠥᠭᠡᠳ ᠲᠡᠩᠴᠡᠭᠦᠷᠢᠲᠡᠶ ᠪᠠᠶ᠋ᠢᠬᠤ ᠬᠣᠰᠢᠭᠤ ᠰᠢᠶᠠᠨ᠎ᠤ ᠬᠠᠮᠤᠷᠬᠤ ᠬᠡᠪᠴᠢᠶ᠎ᠡ ᠵᠢ ᠦᠷᠭᠡᠳᠭᠡᠨ᠂ ᠬᠣᠲᠠ ᠵᠢᠨ ᠬᠡᠪᠴᠢᠶᠡᠨ᠎ᠳᠠᠬᠢ ᠠᠵᠤ ᠦᠢ᠍ᠯᠡᠰ ᠪᠠ ᠰᠤᠷᠭ᠋ᠠᠨ ᠬᠥᠮᠦᠵᠢᠯ᠎ᠤᠨ ᠬᠣᠯᠪᠣᠭ᠋ᠠᠲᠤ ᠴᠣᠭᠴᠠ᠂ ᠠᠵᠢᠯ ᠲᠥᠷᠥᠯ᠎ᠤᠨ ᠠᠵᠤ ᠦᠢ᠍ᠯᠡᠰ ᠪᠠ ᠰᠤᠷᠭ᠋ᠠᠨ ᠬᠥᠮᠦᠵᠢᠯ᠎ᠤᠨ ᠠᠭᠤᠰᠤᠯᠴᠠᠭᠰᠠᠨ ᠴᠣᠭᠴᠠ ᠵᠢᠨ ᠲᠥᠷᠥᠯ ᠵᠦᠢ᠍ᠯ᠎ᠢ ᠴᠢᠨᠠᠷ ᠰᠠᠢ᠌ᠲᠠᠶ ᠬᠡᠷᠡᠭᠵᠢᠭᠦᠯᠵᠦ᠂ ᠣᠲᠣ ᠦᠶ᠎ᠡ ᠵᠢᠨ ᠠᠵᠤ ᠦᠢ᠍ᠯᠡᠰ᠎ᠤᠨ ᠳᠡᠭᠡᠳᠦ ᠰᠤᠷᠭ᠋ᠠᠭᠤᠯᠢ᠂ ᠢᠷᠡᠭᠡᠳᠦᠶ ᠵᠢᠨ ᠮᠡᠷᠭᠡᠵᠢᠯ᠎ᠤᠨ ᠳᠡᠭᠡᠳᠦ ᠰᠤᠷᠭ᠋ᠠᠭᠤᠯᠢ᠂ ᠲᠤᠰᠬᠠᠶ ᠮᠡᠷᠭᠡᠵᠢᠯ᠎ᠤᠨ ᠤᠨᠴᠠᠯᠢᠭᠳᠤ ᠳᠡᠭᠡᠳᠦ ᠰᠤᠷᠭ᠋ᠠᠭᠤᠯᠢ ᠵᠢᠨ ᠪᠥᠲᠥᠭᠡᠨ ᠪᠠᠢ᠌ᠭᠤᠯᠤᠯᠲᠠ ᠵᠢ ᠠᠬᠢᠭᠤᠯᠤᠨ᠂ ᠥᠪᠥᠷ ᠮᠣᠩᠭᠣᠯ᠎ᠤᠨ ᠶᠡᠬᠡ ᠰᠤᠷᠭ᠋ᠠᠭᠤᠯᠢ ᠵᠢᠨ 《ᠬᠣᠤᠰ ᠲᠡᠷᠢᠭᠦᠨ ᠲᠠᠰ》᠎ᠤᠨ ᠪᠥᠲᠥᠭᠡᠨ ᠪᠠᠢ᠌ᠭᠤᠯᠤᠯᠲᠠ ᠵᠢ ᠦᠷᠭᠦᠯᠵᠢᠯᠡᠨ ᠳᠡᠮᠵᠢᠨ᠎ᠡ᠃ ᠴᠢᠨᠠᠷ ᠰᠠᠢ᠌ᠲᠠᠶ ᠡᠮᠴᠢᠯᠡᠭᠡᠨ᠎ᠤ ᠡᠬᠢ ᠪᠠᠶᠠᠯᠢᠭ᠎ᠤᠨ ᠪᠠᠭᠲᠠᠭ᠋ᠠᠮᠵᠢ ᠵᠢ ᠥᠷᠭᠡᠳᠬᠡᠨ ᠳᠣᠷᠣᠭᠰᠢ ᠪᠠᠭᠤᠯᠭ᠋ᠠᠬᠤ ᠵᠢ ᠠᠬᠢᠭᠤᠯᠵᠤ᠂ ᠤᠯᠤᠰ᠎ᠤᠨ ᠣᠷᠣᠨ ᠪᠦᠰᠡ ᠵᠢᠨ ᠣᠯᠠᠨ ᠨᠡᠢ᠌ᠲᠡ ᠵᠢᠨ ᠡᠷᠡᠭᠦᠯ ᠬᠠᠮᠠᠭ᠋ᠠᠯᠠᠯ᠎ᠤᠨ ᠲᠥᠪ (ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ)᠂ ᠤᠯᠤᠰ᠎ᠤᠨ ᠣᠷᠣᠨ ᠪᠦᠰᠡ ᠵᠢᠨ ᠡᠮᠴᠢᠯᠡᠭᠡᠨ᠎ᠤ ᠲᠥᠪ᠂ ᠥᠪᠡᠷᠲᠡᠭᠡᠨ ᠵᠠᠰᠠᠬᠤ ᠣᠷᠣᠨ᠎ᠤ ᠲᠤᠰᠬᠠᠶ ᠰᠠᠯᠠᠭ᠎ᠠ ᠵᠢᠨ ᠣᠷᠣᠨ ᠪᠦᠰᠡ ᠵᠢᠨ ᠡᠮᠴᠢᠯᠡᠭᠡᠨ᠎ᠤ ᠲᠥᠪ ᠪᠠ 82 ᠬᠣᠰᠢᠭᠤ ᠰᠢᠶᠠᠨ᠎ᠤ ᠨᠢᠭᠲᠠ ᠬᠡᠯᠪᠡᠷᠢ ᠵᠢᠨ ᠰᠢᠶᠠᠨ᠎ᠤ ᠬᠡᠪᠴᠢᠶᠡᠨ᠎ᠤ ᠡᠮᠴᠢᠯᠡᠭᠡᠨ᠎ᠤ ᠬᠠᠮᠲᠤ ᠴᠣᠭᠴᠠ ᠵᠢ ᠲᠦᠷᠭᠡᠳᠬᠡᠨ ᠪᠠᠢ᠌ᠭᠤᠯᠵᠤ᠂ ᠤᠯᠤᠰ᠎ᠤᠨ ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ ᠵᠢᠨ ᠥᠭᠡᠷᠡᠴᠢᠯᠡᠯᠲᠡ ᠵᠢᠨ ᠲᠦᠷᠦᠭᠦᠤ ᠪᠦᠯᠦᠭ᠎ᠤᠨ ᠲᠤᠷᠰᠢᠯᠲᠠ ᠵᠢᠨ ᠴᠡᠭ᠎ᠢ ᠯᠠᠪᠳᠠᠭᠤᠨ ᠪᠠᠲᠤᠲᠠᠶ ᠠᠬᠢᠭᠤᠯᠤᠨ᠎ᠠ᠃ ᠨᠡᠢ᠌ᠳᠡᠮ ᠬᠠᠷᠠᠭ᠋ᠠᠯᠵᠠᠯ᠎ᠤᠨ ᠬᠡᠤᠬᠡᠳ ᠰᠠᠭ᠋ᠠᠲᠠᠭᠤᠯᠬᠤ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠰᠣᠷᠣᠭᠴᠢ ᠪᠦᠷᠢ ᠵᠢᠨ ᠳᠤᠮᠳᠠᠴᠢ ᠲᠣᠭᠲᠠᠭᠰᠠᠨ ᠲᠣᠭ᠋ᠠᠨ᠎ᠤ ᠨᠥᠬᠥᠪᠥᠷᠢ ᠵᠢᠨ ᠲᠥᠷᠥᠯ ᠵᠦᠢ᠍ᠯ᠎ᠢ ᠬᠡᠷᠡᠭᠵᠢᠭᠦᠯᠵᠦ᠂ ᠬᠣᠰᠢᠭᠤ ᠰᠢᠶᠠᠨ (ᠬᠣᠲᠠ᠂ ᠲᠣᠭᠣᠷᠢᠭ) ᠨᠢᠭᠡᠪᠦᠷᠢ᠎ᠳᠤ ᠠᠯᠪᠠᠨ᠎ᠠᠴᠠ ᠡᠷᠭᠢᠯᠡᠭᠰᠡᠨ ᠬᠡᠤᠬᠡᠳ ᠰᠠᠭ᠋ᠠᠲᠠᠭᠤᠯᠬᠤ ᠪᠠᠢ᠌ᠭᠤᠯᠤᠮᠵᠢ ᠵᠢ ᠠᠳᠠᠭ᠎ᠲᠤ᠎ᠪᠠᠨ 2 ᠪᠠᠢ᠌ᠭᠤᠯᠤᠨ᠎ᠠ᠃ ᠳᠤᠮᠳᠠᠳᠤ ᠪᠠᠭ᠎ᠠ ᠰᠤᠷᠭ᠋ᠠᠭᠤᠯᠢ ᠵᠢᠨ ᠬᠦᠷᠢᠶᠡᠨ᠎ᠤ ᠬᠦᠴᠦᠷᠬᠡᠭᠯᠡᠯ ᠪᠠ ᠰᠤᠷᠤᠭᠴᠢᠳ᠎ᠤᠨ ᠳᠠᠷᠤᠯᠠᠯ ᠲᠤᠷᠤᠮᠵᠢᠯᠠᠯ᠎ᠢ   ᠰᠡᠷᠭᠡᠢ᠌ᠯᠡᠨ ᠵᠠᠰᠠᠬᠤ ᠲᠤᠰᠬᠠᠶ ᠠᠵᠢᠯᠯᠠᠭ᠋ᠠᠨ᠎ᠢ ᠦᠷᠭᠦᠯᠵᠢᠯᠡᠨ ᠥᠷᠨᠢᠭᠦᠯᠵᠦ᠂ ᠶᠠᠯ᠎ᠠ ᠪᠤᠷᠤᠭᠤ᠎ᠲᠠᠢ ᠨᠠᠰᠤᠨ᠎ᠳᠤ ᠦᠯᠤ ᠬᠥᠷᠦᠭᠰᠡᠳ᠎ᠢ ᠲᠤᠰᠬᠠᠢ᠌ᠯᠠᠨ ᠵᠠᠯᠠᠷᠠᠭᠤᠯᠤᠨ ᠵᠠᠰᠠᠬᠤ ᠰᠤᠷᠭ᠋ᠠᠨ ᠬᠥᠮᠦᠵᠢᠯ᠎ᠤᠨ ᠰᠤᠷᠭ᠋ᠠᠭᠤᠯᠢ ᠵᠢᠨ ᠪᠦᠲᠦᠭᠡᠨ ᠪᠠᠢ᠌ᠭᠤᠯᠤᠯᠲᠠ ᠵᠢ ᠲᠦᠷᠭᠡᠳᠭᠡᠨ ᠠᠬᠢᠭᠤᠯᠤᠨ᠎ᠠ᠃ ᠬᠥᠳᠡᠭᠡ ᠲᠣᠰᠬᠣᠨ᠎ᠤ ᠬᠡᠷ᠎ᠲᠤ᠎ᠪᠠᠨ ᠬᠣᠴᠣᠷᠤᠭᠰᠠᠨ ᠬᠡᠤᠬᠡᠳ ᠪᠠ ᠬᠦᠴᠢᠷᠳᠡᠯ᠎ᠳᠤ ᠲᠤᠯᠭ᠋ᠠᠷᠠᠭᠰᠠᠨ ᠬᠡᠤᠬᠡᠳ᠎ᠢ ᠬᠠᠯᠠᠮᠵᠢᠯᠠᠨ ᠬᠠᠢ᠌ᠷᠠᠯᠠᠬᠤ ᠦᠢ᠍ᠯᠡᠴᠢᠯᠡᠭᠡᠨ᠎ᠤ ᠶᠠᠰᠤ ᠴᠢᠨᠠᠷ᠎ᠢ ᠳᠡᠭᠡᠭᠰᠢᠯᠡᠭᠦᠯᠬᠦ ᠭᠤᠷᠪᠠᠨ ᠵᠢᠯ᠎ᠤᠨ ᠠᠵᠢᠯᠯᠠᠭ᠋ᠠᠨ᠎ᠢ ᠨᠠᠶ᠋ᠢᠳᠠᠪᠤᠷᠢᠵᠢᠭᠤᠯᠤᠨ᠎ᠠ᠃ ᠰᠢᠨ᠎ᠡ ᠴᠠᠭ ᠦᠶ᠎ᠡ ᠵᠢᠨ 《ᠪᠤᠭᠤᠷᠤᠯᠴᠤᠳ᠎ᠤᠨ ᠠᠵᠢᠯᠯᠠᠭ᠋ᠠᠨ》᠎ᠤ ᠠᠵᠢᠯᠯᠠᠭ᠎ᠠ ᠵᠢ ᠯᠠᠪᠳᠠᠭᠤᠨ ᠪᠠᠲᠤᠲᠠᠶ ᠥᠷᠨᠢᠭᠦᠯᠵᠦ᠂ ᠬᠡᠷ ᠪᠦᠯᠢ ᠵᠢᠨ ᠨᠠᠰᠤᠵᠢᠯ᠎ᠤᠨ ᠠᠰᠠᠷᠠᠮᠵᠢ ᠵᠢᠨ ᠣᠷᠣ ᠵᠢ 1.2 ᠲᠦᠮᠡ᠎ᠳᠤ ᠬᠦᠷᠦᠭᠦᠯᠦᠨ᠂ ᠣᠨᠴᠠᠭ᠋ᠠᠢ ᠬᠦᠴᠢᠷᠳᠡᠯᠲᠡᠶ ᠨᠠᠰᠤᠲᠠᠢ᠌ᠴᠤᠳ᠎ᠤᠨ ᠬᠡᠷ ᠪᠦᠯᠢ ᠵᠢᠨ 6000 ᠡᠷᠦᠬᠡ ᠵᠢ ᠥᠲᠡᠭᠦᠰ᠎ᠲᠤ ᠲᠣᠬᠢᠷᠠᠭᠤᠯᠬᠤ᠎ᠪᠠᠷ ᠥᠭᠡᠷᠡᠴᠢᠯᠡᠨ ᠰᠢᠨᠡᠳᠬᠡᠬᠦ ᠵᠢ ᠪᠡᠶᠡᠯᠡᠭᠦᠯᠵᠦ᠂ ᠨᠡᠢ᠌ᠭᠡᠮ ᠲᠣᠭᠣᠷᠢᠭ᠎ᠠᠴᠠ ᠳᠡᠮᠵᠢᠬᠦ ᠬᠡᠷ ᠪᠦᠯᠢ ᠵᠢᠨ ᠨᠠᠰᠤᠵᠢᠯ᠎ᠤᠨ ᠠᠰᠠᠷᠠᠮᠵᠢ ᠵᠢ ᠬᠥᠭᠵᠢᠭᠦᠯᠦᠨ᠎ᠡ᠃ ᠤᠷᠳᠤ ᠴᠠᠭ᠋ᠠᠨ ᠬᠡᠷᠡᠮ᠂ ᠬᠠᠳᠤᠨ ᠭᠣᠣᠯ᠎ᠤᠨ ᠤᠯᠤᠰ᠎ᠤᠨ ᠰᠣᠶᠣᠯ᠎ᠤᠨ ᠴᠡᠴᠡᠷᠯᠢᠭ᠎ᠤᠨ ᠪᠦᠳᠦᠭᠡᠨ ᠪᠠᠢ᠌ᠭᠤᠯᠤᠯᠲᠠ ᠵᠢ ᠠᠬᠢᠭᠤᠯᠤᠨ᠎ᠠ᠃ ᠣᠯᠠᠨ ᠴᠢᠳᠠᠮᠵᠢᠳᠣ ᠪᠡᠶ᠎ᠡ ᠵᠢᠨ ᠲᠠᠮᠢᠷ᠎ᠤᠨ ᠲᠠᠯᠠᠪᠠᠶ ᠵᠢ 30᠂ 《ᠤᠯᠤᠰ᠎ᠤᠨ ᠪᠥᠮᠪᠥᠭᠡ ᠵᠢ ᠨᠡᠢ᠌ᠭᠡᠮ ᠲᠣᠭᠣᠷᠢᠭ᠎ᠲᠤ ᠣᠷᠣᠭᠤᠯᠬᠤ᠂ ᠴᠡᠴᠡᠷᠯᠢᠭ᠎ᠲᠤ ᠣᠷᠣᠭᠤᠯᠬᠤ》 ᠲᠥᠷᠥᠯ ᠵᠦᠢ᠍ᠯ᠎ᠢ 400 ᠰᠢᠨ᠎ᠡ᠎ᠪᠠᠷ ᠪᠠᠶ᠋ᠢᠭᠤᠯᠵᠤ ᠦᠭᠡᠷᠡᠴᠢᠯᠡᠨ ᠪᠠᠶ᠋ᠢᠭᠤᠯᠬᠤ ᠪᠠ ᠦᠷᠭᠡᠳᠭᠡᠨ ᠪᠠᠶ᠋ᠢᠭᠤᠯᠤᠨ᠎ᠠ᠃

       ᠦᠪᠦᠷ ᠮᠣᠩᠭᠣᠯ᠎ᠤᠨ ᠦᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠭᠢᠮ

      2025 ᠣᠨ᠎ᠤ 2 ᠳ᠋ᠤᠭ᠋ᠠᠷ ᠰᠠᠷ᠎ᠠ ᠵᠢᠨ 6᠎ᠤ ᠡᠳᠦᠷ ᠳᠠᠷᠤᠮᠠᠯᠯᠠᠨ ᠲᠠᠷᠬᠠᠭ᠋ᠠᠪᠠ

      

 

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ