ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ
ᠥᠪᠥᠷ ᠵᠠᠰᠠᠭ ᠦᠰᠦᠭ [2025] 52 ᠳ᠋ᠤᠭ᠋ᠠᠷ ᠲᠣᠭ᠋ᠠᠲᠤ
《ᠬᠠᠷᠠᠴᠢᠨ ᠬᠣᠰᠢᠭᠤᠨ᠎ᠤ ᠸᠠᠩ᠎ᠤᠨ ᠣᠷᠳᠣᠨ᠎ᠤ ᠲᠡᠦᠬᠡ ᠰᠣᠶᠣᠯ᠎ᠤᠨ ᠨᠠᠷᠠᠲᠤ ᠪᠠᠯᠭ᠋ᠠᠰᠤᠨ᠎ᠤ ᠬᠠᠮᠠᠭ᠋ᠠᠯᠠᠯᠲᠠ ᠵᠢᠨ ᠲᠥᠯᠦᠪᠵᠢᠭᠦᠯᠭᠡ (2024 - 2035 ᠣᠨ)》 ᠵᠢᠨ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠴᠣᠬᠣᠯᠠᠪᠤᠷᠢ
ᠤᠯᠠᠭ᠋ᠠᠨᠬᠠᠳᠠ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠳᠤ ᠄
ᠲᠠᠨ᠎ᠤ ᠬᠤᠲᠠ ᠵᠢᠨ 《 〈 ᠬᠠᠷᠠᠴᠢᠨ ᠬᠣᠰᠢᠭᠤᠨ᠎ᠤ ᠸᠠᠩ᠎ᠤᠨ ᠣᠷᠳᠣᠨ᠎ᠤ ᠲᠡᠦᠬᠡ ᠰᠣᠶᠣᠯ᠎ᠤᠨ ᠨᠠᠷᠠᠲᠤ ᠪᠠᠯᠭ᠋ᠠᠰᠤᠨ᠎ᠤ ᠬᠠᠮᠠᠭ᠋ᠠᠯᠠᠯᠲᠠ ᠵᠢᠨ ᠲᠥᠯᠦᠪᠵᠢᠭᠦᠯᠭᠡ 〉 ᠵᠢᠨ ᠲᠤᠬᠠᠢ ᠡᠰᠢᠯᠡᠯᠲᠡ 》 ( ᠤᠯᠠᠭ᠋ᠠᠨᠬᠠᠳᠠ ᠵᠠᠰᠠᠭ ᠮᠡᠳᠡᠭᠦᠯᠦᠯᠲᠡ [2025] 25 ᠳ᠋ᠤᠭ᠋ᠠᠷ ᠲᠣᠭ᠋ᠠᠲᠤ ) ᠵᠢ ᠭᠥᠯᠢᠶᠡᠨ ᠠᠪᠴᠤ ᠣᠢ᠌ᠯᠠᠭ᠋ᠠᠯ᠎ᠠ ᠃ ᠡᠳᠦᠭᠡ ᠳᠣᠣᠷᠠᠬᠢ ᠮᠡᠲᠦ ᠴᠣᠬᠣᠯᠠᠪᠤᠷᠢᠯᠠᠪᠠ ᠄
ᠨᠢᠭᠡ ᠂ 《 ᠬᠠᠷᠠᠴᠢᠨ ᠬᠣᠰᠢᠭᠤᠨ᠎ᠤ ᠸᠠᠩ᠎ᠤᠨ ᠣᠷᠳᠣᠨ᠎ᠤ ᠲᠡᠦᠬᠡ ᠰᠣᠶᠣᠯ᠎ᠤᠨ ᠨᠠᠷᠠᠲᠤ ᠪᠠᠯᠭ᠋ᠠᠰᠤᠨ᠎ᠤ ᠬᠠᠮᠠᠭ᠋ᠠᠯᠠᠯᠲᠠ ᠵᠢᠨ ᠲᠥᠯᠦᠪᠵᠢᠭᠦᠯᠭᠡ 》 ( ᠳᠣᠷᠣᠭᠰᠢ 《ᠬᠠᠮᠠᠭ᠋ᠠᠯᠠᠯᠲᠠ ᠵᠢᠨ ᠲᠥᠯᠦᠪᠵᠢᠭᠦᠯᠭᠡ 》 ᠭᠡᠵᠦ ᠲᠣᠪᠴᠢᠯᠠᠨ᠎ᠠ ) ᠵᠢ ᠵᠠᠷᠴᠢᠮ ᠳᠡᠭᠡᠷ᠎ᠡ᠎ᠪᠠᠨ ᠵᠥᠪᠰᠢᠶᠡᠷᠡᠪᠡ ᠂ ᠲᠥᠯᠥᠪᠵᠢᠭᠦᠯᠬᠦ ᠬᠤᠭᠤᠴᠠᠭ᠎ᠠ ᠬᠢᠵᠠᠭ᠋ᠠᠷ᠎ᠨᠢ 2024 - 2035 ᠣᠨ ᠪᠣᠯᠣᠨ᠎ᠠ ᠃
ᠬᠣᠶᠠᠷ ᠂ ᠲᠠᠨ᠎ᠤ ᠬᠤᠲᠠ ᠬᠠᠷᠠᠴᠢᠨ ᠬᠣᠰᠢᠭᠤᠨ᠎ᠤ ᠠᠷᠠᠳ᠎ᠤᠨ ᠵᠠᠰᠠᠭ᠎ᠤᠨ ᠣᠷᠳᠣᠨ᠎ᠢ ᠬᠢᠨᠠᠨ ᠵᠢᠯᠤᠭᠣᠳᠴᠤ ᠪᠠᠢ᠌ᠭ᠋ᠠᠳ 《 ᠪᠥᠬᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠬᠤᠲᠠ ᠬᠥᠳᠡᠭᠡ ᠵᠢᠨ ᠲᠥᠯᠦᠪᠵᠢᠭᠦᠯᠭᠡ ᠵᠢᠨ ᠬᠠᠤᠯᠢ 》 ᠂ 《ᠪᠥᠬᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠲᠡᠦᠬᠡ ᠵᠢᠨ ᠳᠤᠷᠠᠰᠬᠠᠯᠲᠤ ᠵᠦᠢ᠍ᠯ᠎ᠤᠨ ᠬᠠᠮᠠᠭ᠋ᠠᠯᠠᠯᠲᠠ ᠵᠢᠨ ᠬᠠᠤᠯᠢ 》 ᠪᠠ 《 ᠲᠡᠦᠬᠡ ᠰᠣᠶᠣᠯ᠎ᠤᠨ ᠨᠠᠷᠠᠲᠤ ᠬᠤᠲᠠ ᠨᠠᠷᠠᠲᠤ ᠪᠠᠯᠭ᠋ᠠᠰᠤ ᠨᠠᠷᠠᠲᠤ ᠲᠣᠰᠬᠤᠨ᠎ᠤ ᠬᠠᠮᠠᠭ᠋ᠠᠯᠠᠯᠲᠠ ᠵᠢᠨ ᠳᠦᠷᠢᠮ 》 ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠱᠠᠭ᠋ᠠᠷᠳᠠᠯᠭ᠎ᠠ ᠶᠣᠰᠣᠭ᠋ᠠᠷ ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠠᠵᠢᠯ᠎ᠤᠨ ᠭᠣᠣᠯ ᠰᠢᠵᠢᠮ᠎ᠤᠨ ᠲᠣᠭᠣᠷᠢᠨ᠎ᠳᠤ ᠴᠢᠩᠭ᠎ᠠ ᠨᠢᠭᠲᠠᠷᠠᠵᠤ ᠂ 《 ᠬᠠᠮᠠᠭ᠋ᠠᠯᠠᠯᠲᠠ ᠵᠢᠨ ᠲᠥᠯᠦᠪᠵᠢᠭᠦᠯᠭᠡ 》 ᠵᠢ ᠬᠢᠨᠠᠮᠠᠭ᠋ᠠᠢ ᠵᠣᠬᠢᠶᠠᠨ ᠪᠠᠢ᠌ᠭᠤᠯᠤᠨ ᠬᠡᠷᠡᠭᠵᠢᠭᠦᠯᠵᠦ ᠂ ᠡᠯ᠎ᠡ ᠵᠦᠢ᠍ᠯ᠎ᠤᠨ ᠬᠠᠮᠠᠭ᠋ᠠᠯᠠᠯᠲᠠ ᠵᠢᠨ ᠠᠷᠭ᠎ᠠ ᠬᠡᠮᠵᠢᠶ᠎ᠡ ᠵᠢ ᠨᠠᠢ᠌ᠳᠠᠪᠤᠷᠢᠵᠢᠭᠤᠯᠬᠤ ᠬᠡᠷᠡᠭᠲᠡᠢ ᠃ 《 ᠬᠠᠮᠠᠭ᠋ᠠᠯᠠᠯᠲᠠ ᠵᠢᠨ ᠲᠥᠯᠦᠪᠵᠢᠭᠦᠯᠭᠡ 》 ᠵᠢ ᠬᠡᠷᠡᠭᠵᠢᠭᠦᠯᠬᠦ ᠶᠠᠪᠤᠴᠠ᠎ᠳᠤ ᠂ ᠬᠠᠮᠠᠭ᠋ᠠᠯᠠᠯᠲᠠ ᠬᠢᠬᠦ ᠵᠢ ᠤᠷᠢᠳ ᠵᠶ᠋ᠠᠷ ᠪᠣᠳᠣᠯᠬᠢᠯᠠᠵᠤ ᠂ ᠵᠦᠢ ᠵᠣᠬᠢᠰᠲᠠᠢ ᠠᠰᠢᠭᠯᠠᠬᠤ ᠵᠠᠷᠴᠢᠮ᠎ᠢ ᠴᠢᠩᠭ᠎ᠠ ᠵᠢᠷᠤᠮᠯᠠᠨ ᠂ ᠲᠡᠦᠬᠡ ᠰᠣᠶᠣᠯ᠎ᠤᠨ ᠨᠠᠷᠠᠲᠤ ᠪᠠᠯᠭ᠋ᠠᠰᠤᠨ᠎ᠤ ᠪᠦᠬᠦᠯᠢ ᠴᠣᠭᠴᠠ ᠵᠢᠨ ᠳᠦᠷᠰᠦ ᠪᠠᠢ᠌ᠳᠠᠯ ᠪᠠ ᠰᠣᠶᠣᠯ᠎ᠤᠨ ᠠᠭᠤᠯᠤᠭᠳᠠᠬᠤᠨ᠎ᠢ ᠬᠠᠮᠠᠭ᠋ᠠᠯᠠᠬᠤ᠎ᠪᠠᠨ ᠴᠢᠬᠤᠯᠠᠴᠢᠯᠠᠵᠤ ᠂ ᠬᠡᠲᠦ ᠨᠡᠭᠡᠭᠡᠨ ᠬᠥᠭᠵᠢᠭᠦᠯᠬᠦ ᠪᠠ ᠪᠦᠲᠦᠭᠡᠯᠴᠢ ᠴᠢᠨᠠᠷᠲᠠᠢ ᠡᠪᠳᠡᠯᠡᠭᠡ ᠬᠢᠬᠦ᠎ᠠᠴᠠ ᠵᠠᠢ᠌ᠯᠠᠰᠬᠢᠬᠤ ᠬᠡᠷᠡᠭᠲᠡᠢ ᠃
ᠭᠤᠷᠪᠠ᠎ᠳᠤ ᠂ ᠲᠡᠦᠬᠡ ᠰᠣᠶᠣᠯ᠎ᠤᠨ ᠨᠡᠷᠡᠳᠦ ᠪᠠᠯᠭ᠋ᠠᠰᠤᠨ᠎ᠤ ᠬᠠᠮᠠᠭ᠋ᠠᠯᠠᠯᠲᠠ ᠪᠠ ᠠᠵᠤ ᠠᠬᠤᠢ ᠨᠡᠢ᠌ᠭᠡᠮ᠎ᠤᠨ ᠬᠥᠭᠵᠢᠯᠲᠡ ᠵᠢ ᠨᠢᠭᠡᠳᠦᠯᠲᠡᠢ ᠲᠥᠯᠥᠪᠵᠢᠭᠦᠯᠵᠦ ᠂ ᠲᠡᠦᠬᠡ ᠰᠣᠶᠣᠯ᠎ᠤᠨ ᠨᠡᠷᠡᠳᠦ ᠪᠠᠯᠭ᠋ᠠᠰᠤᠨ᠎ᠤ ᠠᠵᠤ ᠦᠢ᠍ᠯᠡᠰ᠎ᠤᠨ ᠬᠥᠭᠵᠢᠯᠲᠡ ᠬᠢᠭᠡᠳ ᠰᠣᠶᠣᠯ ᠵᠢᠭᠤᠯᠴᠢᠯᠠᠯ᠎ᠤᠨ ᠠᠭᠤᠰᠤᠯᠴᠠᠯ᠎ᠢ ᠠᠬᠢᠭᠤᠯᠵᠤ ᠂ ᠪᠦᠲᠦᠮᠵᠢᠲᠡᠢ ᠬᠠᠮᠠᠭ᠋ᠠᠯᠠᠯᠲᠠ ᠪᠠ ᠦᠷᠭᠦᠯᠵᠢᠯᠡᠬᠦᠢ᠌ᠴᠡ ᠬᠥᠭᠵᠢᠯᠲᠡ ᠵᠢ ᠪᠡᠶᠡᠯᠡᠭᠦᠯᠬᠦ ᠬᠡᠷᠡᠭᠲᠡᠢ ᠃
2025 ᠣᠨ᠎ᠤ 4 ᠳ᠋ᠦ᠍ᠭᠡᠷ ᠰᠠᠷ᠎ᠠ ᠵᠢᠨ 10᠎ᠤ ᠡᠳᠦᠷ
( ᠲᠤᠰ ᠪᠢᠴᠢᠭ ᠮᠠᠲ᠋ᠧᠷᠢᠶᠠᠯ᠎ᠢ ᠢᠯᠡ ᠨᠡᠢ᠌ᠲᠡᠯᠡᠨ᠎ᠡ )