ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ
ᠥᠪᠥᠷ ᠵᠠᠰᠠᠭ ᠦᠰᠦᠭ 〔2025〕 53 ᠳ᠋ᠤᠭ᠋ᠠᠷ ᠲᠣᠭ᠋ᠠᠲᠤ
ᠰᠣᠯᠣᠨ ᠤᠰᠤ ᠲᠠᠲᠠᠵᠤ ᠡᠨᠧᠷᠬᠢ ᠬᠠᠳᠠᠭ᠋ᠠᠯᠠᠬᠤ ᠴᠠᠬᠢᠯᠭ᠋ᠠᠨ ᠥᠷᠲᠡᠭᠡᠨ᠎ᠤ ᠪᠦᠲᠦᠭᠡᠨ ᠪᠠᠢ᠌ᠭᠤᠯᠤᠯᠲᠠ᠎ᠶ᠋ᠢᠨ ᠭᠠᠵᠠᠷ ᠰᠢᠷᠣᠢ ᠲᠠᠲᠠᠪᠤᠷᠢᠯᠠᠬᠤ ᠬᠡᠪᠴᠢᠶᠡᠨ᠎ᠳᠤ ᠪᠦᠲᠦᠭᠡᠨ ᠪᠠᠢ᠌ᠭᠤᠯᠤᠯᠲᠠ᠎ᠶ᠋ᠢᠨ ᠲᠦᠷᠦᠯ ᠵᠦᠢ᠍ᠯ ᠪᠠ ᠨᠡᠭᠦᠯᠭᠡᠨ ᠤᠷᠤᠭᠤᠯᠬᠤ ᠬᠥᠮᠥᠨ ᠠᠮᠠ ᠰᠢᠨ᠎ᠡ᠎ᠪᠠᠷ ᠨᠡᠮᠡᠭᠳᠡᠭᠦᠯᠬᠦ᠎ᠶ᠋ᠢ ᠴᠠᠭ᠋ᠠᠵᠠᠯᠠᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠷᠯᠠᠯ
ᠬᠢᠩᠭ᠋ᠠᠨ ᠠᠢ᠌ᠮᠠᠭ᠎ᠤᠨ ᠵᠠᠬᠢᠷᠭ᠎ᠠ᠂ ᠥᠪᠡᠷᠲᠡᠭᠡᠨ ᠵᠠᠰᠠᠬᠤ ᠣᠷᠣᠨ᠎ᠤ ᠡᠯ᠎ᠡ ᠬᠣᠯᠪᠣᠭᠳᠠᠯ ᠪᠦᠬᠦᠢ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠎ᠳᠤ᠄
ᠰᠣᠯᠣᠨ ᠤᠰᠤ ᠲᠠᠲᠠᠵᠤ ᠡᠨᠧᠷᠭᠢ ᠬᠠᠳᠠᠭ᠋ᠠᠯᠠᠬᠤ ᠴᠠᠬᠢᠯᠭ᠋ᠠᠨ ᠥᠷᠲᠡᠭᠡ ᠪᠣᠯ ᠥᠪᠡᠷᠲᠡᠭᠡᠨ ᠵᠠᠰᠠᠬᠤ ᠣᠷᠣᠨ᠎ᠤ ᠤᠰᠤ ᠲᠠᠲᠠᠵᠤ ᠡᠨᠧᠷᠭᠢ ᠬᠠᠳᠠᠭ᠋ᠠᠯᠠᠬᠤ ᠪᠠᠢ᠌ᠷᠢᠰᠢᠭᠤᠯᠤᠯᠲᠠ᠎ᠶ᠋ᠢ ᠰᠢᠯᠢᠳᠡᠭᠵᠢᠭᠦᠯᠦᠨ ᠲᠣᠬᠢᠷᠠᠭᠤᠯᠬᠤ ᠲᠥᠰᠥᠯ᠎ᠳᠤ ᠲᠣᠳᠣᠷᠬᠠᠢ ᠲᠣᠭᠲᠠᠭ᠋ᠠᠭᠰᠠᠨ 2025 ᠣᠨ᠎ᠤ ᠭᠣᠣᠯᠳᠠᠯᠭ᠎ᠠ᠎ᠲᠠᠢ ᠬᠡᠷᠡᠭᠵᠢᠭᠦᠯᠬᠦ ᠲᠥᠷᠥᠯ ᠵᠦᠢ᠍ᠯ ᠪᠣᠯᠣᠨ᠎ᠠ᠃ ᠪᠠᠷᠢᠯᠭ᠎ᠠ᠎ᠶ᠋ᠢᠨ ᠪᠦᠲᠦᠭᠡᠨ ᠪᠠᠢ᠌ᠭᠤᠯᠤᠯᠲᠠ᠎ᠶ᠋ᠢᠨ ᠭᠠᠵᠠᠷ ᠰᠢᠷᠣᠢ ᠲᠠᠲᠠᠪᠤᠷᠢᠯᠠᠬᠤ ᠪᠠ ᠠᠷᠠᠳ᠎ᠢ ᠨᠡᠭᠦᠯᠭᠡᠨ ᠲᠥᠪᠬᠢᠨᠡᠭᠦᠯᠬᠦ ᠠᠵᠢᠯ᠎ᠤᠨ ᠤᠷᠤᠭᠰᠢᠲᠠᠢ ᠶᠠᠪᠤᠭᠳᠠᠬᠤ᠎ᠶ᠋ᠢ ᠦᠨᠡᠨ ᠬᠦ᠌ ᠪᠠᠲᠤᠯᠠᠬᠤ᠎ᠶ᠋ᠢᠨ ᠲᠤᠰᠠᠳᠠ᠂ 《ᠲᠣᠮᠣ ᠳᠤᠮᠳᠠ ᠬᠡᠯᠪᠡᠷᠢ᠎ᠶ᠋ᠢᠨ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠪᠠᠷᠢᠯᠭ᠎ᠠ᠎ᠶ᠋ᠢᠨ ᠪᠦᠲᠦᠭᠡᠨ ᠪᠠᠢ᠌ᠭᠤᠯᠤᠯᠲᠠ᠎ᠶ᠋ᠢᠨ ᠭᠠᠵᠠᠷ ᠰᠢᠷᠣᠢ ᠲᠠᠲᠠᠪᠤᠷᠢᠯᠠᠬᠤ᠎ᠳᠤ ᠲᠥᠯᠥᠪᠦᠷᠢ ᠥᠭᠬᠦ ᠪᠠ ᠠᠷᠠᠳ᠎ᠢ ᠨᠡᠭᠦᠯᠭᠡᠨ ᠲᠥᠪᠬᠢᠨᠡᠭᠦᠯᠬᠦ ᠳᠦᠷᠢᠮ》 (ᠲᠥᠷᠥ᠎ᠶ᠋ᠢᠨ ᠶᠠᠪᠤᠳᠠᠯ᠎ᠤᠨ ᠬᠣᠷᠢᠶᠠᠨ᠎ᠤ ᠵᠠᠷᠯᠢᠭ 679 ᠳ᠋ᠦ᠍ᠭᠡᠷ ᠲᠣᠭ᠋ᠠᠲᠤ)᠎ᠤᠨ ᠬᠣᠯᠪᠣᠭᠳᠠᠯ ᠪᠦᠬᠦᠢ ᠲᠣᠭᠲᠠᠭ᠋ᠠᠯ᠎ᠢ ᠦᠨᠳᠦᠰᠦᠯᠡᠨ᠂ ᠡᠳᠦᠭᠡ ᠬᠣᠯᠪᠣᠭᠳᠠᠯ ᠪᠦᠬᠦᠢ ᠵᠦᠢ᠍ᠯᠡᠰ᠎ᠢ ᠳᠣᠣᠷᠠᠬᠢ ᠮᠡᠲᠦ ᠵᠠᠷᠯᠠᠪᠠ᠄
ᠨᠢᠭᠡ᠂ ᠰᠣᠯᠣᠨ ᠤᠰᠤ ᠲᠠᠲᠠᠵᠤ ᠡᠨᠧᠷᠭᠢ ᠬᠠᠳᠠᠭ᠋ᠠᠯᠠᠬᠤ ᠴᠠᠬᠢᠯᠭ᠋ᠠᠨ ᠥᠷᠲᠡᠭᠡᠨ᠎ᠤ ᠪᠦᠲᠦᠭᠡᠨ ᠪᠠᠢ᠌ᠭᠤᠯᠤᠯᠲᠠ᠎ᠶ᠋ᠢᠨ ᠭᠠᠵᠠᠷ ᠰᠢᠷᠣᠢ ᠲᠠᠲᠠᠪᠤᠷᠢᠯᠠᠬᠤ ᠬᠡᠪᠴᠢᠶ᠎ᠡ᠄ ᠳᠡᠭᠡᠳᠦ ᠤᠷᠤᠰᠬᠠᠯ᠎ᠤᠨ ᠤᠰᠤᠨ ᠴᠥᠭᠦᠷᠥᠮ ᠪᠣᠯ ᠡᠷᠭᠦᠭᠳᠡᠴᠡᠨᠢ 843 ᠮᠧᠲᠷ᠎ᠠᠴᠠ ᠳᠣᠷᠣᠭᠰᠢᠬᠢ ᠣᠷᠣᠨ ᠪᠦᠰᠡ ᠪᠣᠯᠣᠨ᠎ᠠ; ᠳᠣᠣᠷᠠᠳᠤ ᠤᠷᠤᠰᠬᠠᠯ᠎ᠤᠨ ᠤᠰᠤᠨ ᠴᠥᠭᠦᠷᠥᠮ ᠪᠣᠯ ᠡᠷᠭᠦᠭᠳᠡᠴᠡᠨᠢ 614 ᠮᠧᠲᠷ᠎ᠠᠴᠠ ᠳᠣᠷᠣᠭᠰᠢᠬᠢ ᠣᠷᠣᠨ ᠪᠦᠰᠡ ᠪᠣᠯᠣᠨ᠎ᠠ; ᠬᠦᠢ᠍ᠰᠦ ᠪᠠᠷᠢᠯᠭ᠎ᠠ᠎ᠶ᠋ᠢᠨ ᠪᠦᠲᠦᠭᠡᠨ ᠪᠠᠢ᠌ᠭᠤᠯᠤᠯᠲᠠ᠎ᠶ᠋ᠢᠨ ᠣᠷᠣᠨ᠎ᠨᠢ ᠬᠢᠨᠠᠨ ᠲᠣᠭᠲᠠᠭ᠋ᠠᠵᠤ ᠲᠣᠳᠣᠷᠬᠠᠢ᠌ᠯᠠᠭᠰᠠᠨ ᠪᠠᠷᠢᠯᠭ᠎ᠠ᠎ᠶ᠋ᠢᠨ ᠬᠣᠷᠢᠭ᠎ᠠ ᠱᠤᠭᠤᠮ᠎ᠤᠨ ᠬᠡᠪᠴᠢᠶ᠎ᠡ᠎ᠳᠤ ᠬᠣᠯᠪᠣᠭᠳᠠᠪᠠᠯ᠂ ᠲᠤᠬᠠᠢ᠎ᠶ᠋ᠢᠨ ᠭᠠᠵᠠᠷ᠎ᠲᠤ ᠬᠠᠲᠠᠭᠰᠠᠨ ᠱᠣᠩ ᠵᠶ᠋ᠠᠷ ᠪᠠᠷᠢᠮᠵᠢᠶ᠎ᠠ ᠪᠣᠯᠭ᠋ᠠᠨ᠎ᠠ᠃
ᠬᠣᠶᠠᠷ᠂ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ᠎ᠨᠢ ᠰᠣᠯᠣᠨ ᠤᠰᠤ ᠲᠠᠲᠠᠵᠤ ᠡᠨᠧᠷᠭᠢ ᠬᠠᠳᠠᠭ᠋ᠠᠯᠠᠬᠤ ᠴᠠᠬᠢᠯᠭ᠋ᠠᠨ ᠥᠷᠲᠡᠭᠡᠨ᠎ᠤ ᠪᠦᠲᠦᠭᠡᠨ ᠪᠠᠢ᠌ᠭᠤᠯᠤᠯᠲᠠ᠎ᠶ᠋ᠢᠨ ᠭᠠᠵᠠᠷ ᠰᠢᠷᠣᠢ ᠲᠠᠲᠠᠪᠤᠷᠢᠯᠠᠬᠤ ᠬᠡᠪᠴᠢᠶᠡᠨ ᠳᠣᠲᠣᠷ᠎ᠠ ᠡᠯ᠎ᠡ ᠵᠦᠢ᠍ᠯ᠎ᠤᠨ ᠰᠠᠭᠤᠷᠢ ᠪᠡᠯᠡᠳᠬᠡᠮᠵᠢ (ᠰᠤᠮᠤ ᠰᠢᠶᠠᠩ ᠪᠠᠯᠭ᠋ᠠᠰᠤᠨ᠎ᠤ ᠠᠵᠤ ᠠᠬᠤᠢ᠌ᠯᠠᠯ ᠪᠠ ᠠᠷᠠᠳ᠎ᠤᠨ ᠣᠷᠣᠨ ᠰᠠᠭᠤᠴᠠ ᠪᠠᠭᠲᠠᠨ᠎ᠠ) ᠪᠠᠢ᠌ᠭᠤᠯᠬᠤ᠎ᠶ᠋ᠢ ᠵᠥᠪᠰᠢᠶᠡᠷᠡᠵᠦ ᠪᠣᠯᠬᠤ ᠦᠭᠡᠢ᠃
ᠭᠤᠷᠪᠠ᠂ ᠶᠠᠮᠠᠷᠪᠠ ᠨᠢᠭᠡᠴᠢ ᠪᠠ ᠬᠤᠪᠢ ᠬᠥᠮᠥᠨ ᠭᠡᠳ ᠰᠣᠯᠣᠨ ᠤᠰᠤ ᠲᠠᠲᠠᠵᠤ ᠡᠨᠧᠷᠭᠢ ᠬᠠᠳᠠᠭ᠋ᠠᠯᠠᠬᠤ ᠴᠠᠬᠢᠯᠭ᠋ᠠᠨ ᠥᠷᠲᠡᠭᠡᠨ᠎ᠤ ᠪᠦᠲᠦᠭᠡᠨ ᠪᠠᠢ᠌ᠭᠤᠯᠤᠯᠲᠠ᠎ᠶ᠋ᠢᠨ ᠭᠠᠵᠠᠷ ᠰᠢᠷᠣᠢ ᠲᠠᠲᠠᠪᠤᠷᠢᠯᠠᠬᠤ ᠬᠡᠪᠴᠢᠶᠡᠨ ᠳᠣᠲᠣᠷ᠎ᠠ ᠲᠦᠷᠦᠯ ᠵᠦᠢ᠍ᠯ ᠰᠢᠨ᠎ᠡ᠎ᠪᠠᠷ ᠪᠠᠶ᠋ᠢᠭᠤᠯᠬᠤ᠂ ᠥᠷᠭᠡᠳᠬᠡᠨ ᠪᠠᠶ᠋ᠢᠭᠤᠯᠬᠤ ᠪᠠ ᠥᠭᠡᠷᠡᠴᠢᠯᠡᠨ ᠪᠠᠢ᠌ᠭᠤᠯᠵᠤ ᠪᠣᠯᠬᠤ ᠦᠭᠡᠢ᠂ ᠭᠡᠷ ᠪᠠᠢ᠌ᠰᠢᠩ ᠵᠢᠴᠢ ᠪᠤᠰᠤᠳ ᠪᠡᠯᠡᠳᠬᠡᠮᠵᠢ᠎ᠶ᠋ᠢ ᠪᠠᠢ᠌ᠭᠤᠯᠵᠤ ᠪᠣᠯᠬᠤ ᠦᠭᠡᠢ᠂ ᠤᠤᠯ ᠭᠠᠵᠠᠷ᠎ᠤᠨ ᠲᠥᠷᠥᠯ᠂ ᠭᠠᠵᠠᠷ᠎ᠤᠨ ᠲᠥᠷᠬᠦ᠎ᠶ᠋ᠢ ᠬᠤᠪᠢᠷᠠᠭᠤᠯᠵᠤ ᠪᠣᠯᠬᠤ ᠦᠭᠡᠢ᠂ ᠲᠠᠷᠢᠶᠠᠯᠠᠬᠤ ᠭᠠᠵᠠᠷ᠂ ᠴᠡᠴᠡᠷᠯᠢᠭ᠎ᠲᠦ ᠭᠠᠵᠠᠷ᠎ᠢ ᠳᠠᠯᠢᠮᠳᠠᠭᠤᠯᠤᠨ ᠬᠠᠭ᠋ᠠᠯᠪᠤᠷᠢᠯᠠᠬᠤ ᠵᠢᠴᠢ ᠡᠯ᠎ᠡ ᠵᠦᠢ᠍ᠯ᠎ᠤᠨ ᠣᠯᠠᠨ ᠨᠠᠰᠤᠲᠤ ᠠᠵᠤ ᠠᠬᠤᠢ᠎ᠶ᠋ᠢᠨ ᠲᠠᠷᠢᠮᠠᠯ ᠪᠠ ᠣᠶ ᠮᠣᠳᠣ᠎ᠶ᠋ᠢ ᠲᠠᠯᠢᠮᠳᠠᠭᠤᠯᠤᠨ ᠵᠠᠢ᠌ᠯᠠᠬᠤ ᠵᠡᠷᠭᠡ ᠭᠠᠵᠠᠷ ᠰᠢᠷᠣᠢ᠎ᠶ᠋ᠢᠨ ᠬᠡᠷᠡᠭᠴᠡᠭᠡ ᠵᠢ ᠬᠤᠪᠢᠷᠠᠭᠤᠯᠬᠤ ᠪᠠ ᠪᠠᠷᠢᠯᠭ᠎ᠠ᠎ᠶ᠋ᠢᠨ ᠪᠦᠲᠦᠭᠡᠨ ᠪᠠᠢ᠌ᠭᠤᠯᠤᠯᠲᠠ᠎ᠶ᠋ᠢ ᠨᠥᠯᠥᠭᠡᠯᠡᠬᠦ ᠠᠵᠢᠯᠯᠠᠭ᠎ᠠ ᠬᠢᠵᠦ ᠪᠣᠯᠬᠤ ᠦᠭᠡᠢ᠃
ᠳᠥᠷᠪᠡ᠂ ᠰᠣᠯᠣᠨ ᠤᠰᠤ ᠲᠠᠲᠠᠵᠤ ᠡᠨᠧᠷᠭᠢ ᠬᠠᠳᠠᠭ᠋ᠠᠯᠠᠬᠤ ᠴᠠᠬᠢᠯᠭ᠋ᠠᠨ ᠥᠷᠲᠡᠭᠡ᠎ᠶ᠋ᠢ ᠪᠦᠲᠦᠭᠡᠨ ᠪᠠᠶ᠋ᠢᠭᠤᠯᠬᠤ ᠦᠶᠡᠯᠡᠯ᠎ᠤᠨ ᠬᠤᠭᠤᠴᠠᠭ᠎ᠠ᠎ᠨᠢ ᠨᠡᠯᠢᠶᠡᠳ ᠤᠷᠲᠤ ᠲᠠᠯ᠎ᠠ᠎ᠶ᠋ᠢ ᠪᠣᠳᠣᠯᠬᠢᠯᠠᠵᠤ᠂ ᠲᠤᠬᠠᠢ᠎ᠶ᠋ᠢᠨ ᠭᠠᠵᠠᠷ᠎ᠤᠨ ᠣᠯᠠᠨ ᠲᠦᠮᠡᠨ᠎ᠤ ᠬᠡᠪ᠎ᠤᠨ ᠦᠢ᠍ᠯᠡᠳᠪᠦᠷᠢᠯᠡᠯ ᠠᠮᠢᠳᠤᠷᠠᠯ᠎ᠨᠢ ᠪᠠᠷᠢᠯᠭ᠎ᠠ᠎ᠶ᠋ᠢᠨ ᠪᠦᠲᠦᠭᠡᠨ ᠪᠠᠢ᠌ᠭᠤᠯᠤᠯᠲᠠ᠎ᠳᠤ ᠬᠡᠲᠦᠷᠬᠡᠢ ᠶᠡᠬᠡ ᠨᠥᠯᠥᠭᠡᠯᠡᠭᠳᠡᠬᠦ ᠦᠭᠡᠢ ᠪᠠᠢ᠌ᠬᠤ᠎ᠶ᠋ᠢ ᠦᠨᠡᠨ ᠬᠦ᠌ ᠪᠠᠲᠤᠯᠠᠬᠤ᠎ᠶ᠋ᠢᠨ ᠲᠤᠰᠠᠳᠠ᠂ ᠲᠤᠬᠠᠢ᠎ᠶ᠋ᠢᠨ ᠭᠠᠵᠠᠷ᠎ᠤᠨ ᠤᠯᠠᠨ ᠲᠦᠮᠡᠨ᠎ᠤ ᠦᠢ᠍ᠯᠡᠳᠪᠦᠷᠢᠯᠡᠯ ᠠᠮᠢᠳᠤᠷᠠᠯ᠎ᠳᠤ ᠰᠢᠭᠤᠳ ᠬᠠᠮᠢᠶᠠᠳᠠᠬᠤ᠂ ᠦᠨᠡᠨ ᠬᠦ᠌ ᠪᠦᠲᠦᠭᠡᠨ ᠪᠠᠢ᠌ᠭᠤᠯᠬᠤ ᠴᠢᠬᠤᠯᠠᠲᠠᠢ ᠲᠦᠷᠦᠯ ᠵᠦᠢ᠍ᠯ ᠪᠣᠯ᠂ 《ᠲᠣᠮᠣ ᠳᠤᠮᠳᠠ ᠬᠡᠯᠪᠡᠷᠢ᠎ᠶ᠋ᠢᠨ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠪᠠᠷᠢᠯᠭ᠎ᠠ᠎ᠶ᠋ᠢᠨ ᠪᠦᠲᠦᠭᠡᠨ ᠪᠠᠢ᠌ᠭᠤᠯᠤᠯᠲᠠ᠎ᠶ᠋ᠢᠨ ᠭᠠᠵᠠᠷ ᠰᠢᠷᠣᠢ ᠲᠠᠲᠠᠪᠤᠷᠢᠯᠠᠬᠤ᠎ᠳᠤ ᠲᠥᠯᠥᠪᠦᠷᠢ ᠥᠭᠬᠦ ᠪᠠ ᠠᠷᠠᠳ᠎ᠢ ᠨᠡᠭᠦᠯᠭᠡᠨ ᠲᠥᠪᠬᠢᠨᠡᠭᠦᠯᠬᠦ ᠳᠦᠷᠢᠮ》᠎ᠤᠨ ᠬᠣᠯᠪᠣᠭᠳᠠᠯ ᠪᠦᠬᠦᠢ ᠲᠣᠭᠲᠠᠭ᠋ᠠᠯ᠎ᠢ ᠴᠢᠩᠳᠠ ᠵᠢᠷᠤᠮᠯᠠᠨ ᠬᠡᠷᠡᠭᠵᠢᠭᠦᠯᠵᠦ᠂ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠵᠦ ᠵᠥᠪᠰᠢᠶᠡᠷᠡᠭᠦᠯᠦᠭᠰᠡᠨ᠎ᠤ ᠳᠠᠷᠠᠭ᠎ᠠ ᠪᠦᠲᠦᠭᠡᠨ ᠪᠠᠢ᠌ᠭᠤᠯᠵᠤ ᠪᠣᠯᠣᠨ᠎ᠠ᠃
ᠲᠠᠪᠤ᠂ ᠰᠣᠯᠣᠨ ᠤᠰᠤ ᠲᠠᠲᠠᠵᠤ ᠡᠨᠧᠷᠭᠢ ᠬᠠᠳᠠᠭ᠋ᠠᠯᠠᠬᠤ ᠴᠠᠬᠢᠯᠭ᠋ᠠᠨ ᠥᠷᠲᠡᠭᠡᠨ᠎ᠤ ᠪᠦᠲᠦᠭᠡᠨ ᠪᠠᠢ᠌ᠭᠤᠯᠤᠯᠲᠠ᠎ᠶ᠋ᠢᠨ ᠭᠠᠵᠠᠷ ᠰᠢᠷᠣᠢ ᠲᠠᠲᠠᠪᠤᠷᠢᠯᠠᠬᠤ ᠬᠡᠪᠴᠢᠶᠡᠨ ᠳᠣᠲᠣᠷᠠᠬᠢ ᠡᠷᠦᠬᠡ ᠠᠮᠠ᠎ᠶ᠋ᠢᠨ ᠬᠠᠮᠢᠶᠠᠷᠤᠯᠲᠠ᠎ᠪᠠᠨ ᠴᠢᠩᠭ᠋ᠠᠳᠬᠠᠵᠤ᠂ ᠪᠦᠲᠦᠭᠡᠨ ᠪᠠᠶ᠋ᠢᠭᠤᠯᠬᠤ ᠬᠡᠪᠴᠢᠶᠡᠨ ᠳᠣᠲᠣᠷ᠎ᠠ ᠬᠥᠮᠥᠨ ᠠᠮᠠ ᠨᠡᠭᠦᠯᠭᠡᠨ ᠤᠷᠤᠭᠤᠯᠬᠤ᠎ᠶ᠋ᠢ ᠴᠢᠩᠳᠠ ᠬᠢᠵᠠᠭ᠋ᠠᠷᠯᠠᠬᠤ ᠬᠡᠷᠡᠭᠲᠡᠢ᠃ ᠨᠢᠯᠬ᠎ᠠ ᠨᠢᠷᠠᠢ᠂ ᠤᠷᠤᠭᠯᠠᠭᠰᠠᠳ᠂ ᠴᠡᠷᠢᠭ᠎ᠠᠴᠠ ᠬᠠᠯᠠᠭᠳᠠᠭᠰᠠᠳ ᠪᠠ ᠪᠠᠭᠤᠭᠰᠠᠳ᠂ ᠶᠡᠬᠡ ᠰᠤᠷᠭ᠋ᠠᠭᠤᠯᠢ ᠳᠤᠮᠳᠠ ᠵᠡᠷᠭᠡ᠎ᠶ᠋ᠢᠨ ᠲᠤᠰᠬᠠᠢ ᠮᠡᠷᠭᠡᠵᠢᠯ᠎ᠤᠨ ᠰᠤᠷᠭ᠋ᠠᠭᠤᠯᠢ ᠲᠡᠭᠦᠰᠦᠭᠰᠡᠳ᠂ ᠡᠷᠡᠭᠦᠦ᠎ᠶ᠋ᠢᠨ ᠬᠤᠭᠤᠴᠠᠭ᠎ᠠ᠎ᠨᠢ ᠳᠦᠭᠦᠷᠴᠦ ᠰᠤᠯᠠᠯᠠᠭᠳᠠᠭᠰᠠᠳ ᠵᠡᠷᠭᠡ ᠤᠭ ᠨᠤᠲᠤᠭ᠎ᠲᠤ᠎ᠪᠠᠨ ᠡᠷᠦᠬᠡ ᠠᠮᠠ᠎ᠳᠤ ᠣᠷᠣᠬᠤ ᠬᠥᠮᠥᠰ᠎ᠠᠴᠠ ᠭᠠᠳᠠᠨ᠎ᠠ᠂ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠪᠠ ᠬᠠᠮᠢᠶ᠎ᠠ ᠪᠦᠬᠦᠢ ᠰᠠᠯᠠᠭ᠎ᠠ ᠮᠥᠴᠢᠷ᠎ᠤᠳ ᠡᠯ᠎ᠡ ᠲᠥᠷᠥᠯ᠎ᠤᠨ ᠬᠥᠮᠥᠨ ᠠᠮᠠ ᠨᠡᠭᠦᠯᠭᠡᠨ ᠤᠷᠤᠭᠤᠯᠬᠤ ᠭᠠᠷᠳᠠᠮ ᠭᠦᠢ᠍ᠴᠡᠳᠬᠡᠵᠦ ᠪᠣᠯᠬᠤ ᠦᠭᠡᠢ᠃
ᠵᠢᠷᠭᠤᠭ᠎ᠠ᠂ ᠪᠠᠷᠢᠯᠭ᠎ᠠ᠎ᠶ᠋ᠢᠨ ᠭᠠᠵᠠᠷ ᠰᠢᠷᠣᠢ ᠲᠠᠲᠠᠪᠤᠷᠢᠯᠠᠬᠤ ᠪᠠ ᠨᠡᠭᠦᠯᠭᠡᠬᠦ ᠵᠠᠪᠰᠢᠶᠠᠨ᠎ᠢᠶᠠᠷ ᠣᠯᠠᠨ ᠲᠦᠮᠡᠨ᠎ᠢ ᠥᠳᠥᠭᠡᠨ ᠬᠡᠷᠡᠭ ᠲᠠᠲᠠᠬᠤ᠂ ᠭᠠᠵᠠᠷ ᠰᠢᠷᠣᠢ ᠲᠠᠲᠠᠪᠤᠷᠢᠯᠠᠨ ᠨᠡᠭᠦᠯᠭᠡᠬᠦ ᠠᠵᠢᠯ᠎ᠳᠤ ᠬᠠᠷᠰᠢ ᠰᠠᠭ᠋ᠠᠳ ᠤᠴᠠᠷᠠᠭᠤᠯᠬᠤ᠂ ᠪᠠᠷᠢᠯᠭ᠎ᠠ᠎ᠶ᠋ᠢᠨ ᠪᠦᠲᠦᠭᠡᠨ ᠪᠠᠢ᠌ᠭᠤᠯᠤᠯᠲᠠ᠎ᠶ᠋ᠢ ᠬᠠᠷᠰᠢᠯᠠᠬᠤ ᠵᠡᠷᠭᠡ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠶ᠋ᠢ ᠪᠣᠯ ᠳᠣᠲᠣᠭᠠᠳᠤ᠎ᠶ᠋ᠢ ᠬᠠᠮᠠᠭ᠋ᠠᠯᠠᠬᠤ ᠪᠠᠢ᠌ᠭᠤᠯᠭ᠎ᠠ 《ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠠᠮᠤᠷ᠎ᠢ ᠬᠠᠮᠠᠭ᠋ᠠᠯᠠᠬᠤ ᠬᠠᠮᠢᠶᠠᠷᠤᠯᠲᠠ᠎ᠶ᠋ᠢᠨ ᠰᠢᠢ᠍ᠳᠬᠡᠯ ᠲᠣᠷᠭ᠋ᠠᠭᠤᠯᠢ᠎ᠶ᠋ᠢᠨ ᠬᠠᠤᠯᠢ》᠎ᠶ᠋ᠢᠨ ᠲᠣᠭᠲᠠᠭ᠋ᠠᠯ ᠶᠣᠰᠣᠭ᠋ᠠᠷ ᠠᠮᠤᠷ᠎ᠢ ᠬᠠᠮᠠᠭ᠋ᠠᠯᠠᠬᠤ ᠬᠠᠮᠢᠶᠠᠷᠤᠯᠲᠠ᠎ᠶ᠋ᠢᠨ ᠰᠢᠢ᠍ᠳᠬᠡᠯ ᠲᠣᠷᠭ᠋ᠠᠭᠤᠯᠢ ᠥᠭᠬᠦ ᠬᠡᠷᠡᠭᠲᠡᠢ᠃ ᠶᠠᠯᠠᠳᠤ ᠬᠦᠷᠦᠭᠰᠡᠨ ᠪᠠᠢ᠌ᠪᠠᠯ ᠬᠠᠤᠯᠢ ᠶᠣᠰᠣᠭ᠋ᠠᠷ ᠡᠷᠡᠭᠦᠦ᠎ᠶ᠋ᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃
ᠲᠤᠰ ᠵᠠᠷᠯᠠᠯ᠎ᠢ ᠨᠡᠢ᠌ᠲᠡᠯᠡᠭᠰᠡᠨ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃
2025 ᠣᠨ᠎ᠤ 4 ᠳ᠋ᠦ᠍ᠭᠡᠷ ᠰᠠᠷ᠎ᠠ᠎ᠶ᠋ᠢᠨ 12᠎ᠤᠨ ᠡᠳᠦᠷ
(ᠲᠤᠰ ᠪᠢᠴᠢᠭ ᠮᠠᠲ᠋ᠧᠷᠢᠶᠠᠯ᠎ᠢ ᠢᠯᠡ ᠨᠡᠢ᠌ᠲᠡᠯᠡᠨ᠎ᠡ)