ᠢᠯᠡ ᠵᠠᠰᠠᠭ   -   ᠠᠯᠪᠠᠨ ᠲᠢᠩᠬᠢᠮ᠎ᠤᠨ ᠪᠢᠴᠢᠭ ᠮᠠᠲ᠋ᠧᠷᠢᠶᠠᠯ
ᠥᠪᠡᠷᠲᠡᠭᠡᠨ ᠵᠠᠰᠠᠬᠤ ᠣᠷᠣᠨ᠎ᠤ ᠴᠢᠮᠡᠭᠡ ᠬᠣᠯᠪᠣᠭ᠋ᠠᠨ᠎ᠤ ᠲᠣᠣᠷ ᠰᠦᠯᠵᠢᠶ᠎ᠡ ᠵᠢᠨ ᠭᠡᠨᠡᠳᠡᠯ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠪᠡᠯᠡᠳᠬᠡᠯ ᠲᠥᠰᠥᠯ᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠨᠡᠶ᠋ᠢᠲᠡᠯᠡᠭᠰᠡᠨ ᠴᠠᠭ᠄ 2023-11-30

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ

ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠪᠢᠴᠢᠭ ᠮᠠᠲ᠋ᠧᠷᠢᠶᠠᠯ

  ᠥᠪᠥᠷ ᠵᠠᠰᠠᠭ ᠠᠯᠪᠠᠨ ᠲᠠᠷᠬᠠᠭ᠋ᠠᠭᠰᠠᠨ [2023] 3 ᠳ᠋ᠤᠭ᠋ᠠᠷ ᠲᠣᠭ᠋ᠠᠲᠤ

 

ᠥᠪᠡᠷᠲᠡᠭᠡᠨ ᠵᠠᠰᠠᠬᠤ ᠣᠷᠣᠨ᠎ᠤ ᠴᠢᠮᠡᠭᠡ ᠬᠣᠯᠪᠣᠭ᠋ᠠᠨ᠎ᠤ ᠲᠣᠣᠷ ᠰᠦᠯᠵᠢᠶ᠎ᠡ ᠵᠢᠨ ᠭᠡᠨᠡᠳᠡᠯ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠪᠡᠯᠡᠳᠬᠡᠯ ᠲᠥᠰᠥᠯ᠎ᠢ

ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ

     

ᠡᠯ᠎ᠡ ᠠᠢ᠌ᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠢ᠌ᠯᠠᠯ᠂ ᠠᠵᠢᠯ ᠦᠢ᠍ᠯᠡᠰ᠎ᠤᠨ ᠨᠢᠭᠡᠴᠢ᠎ᠳᠤ᠄

     《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠢᠮᠡᠭᠡ ᠬᠣᠯᠪᠣᠭ᠋ᠠᠨ᠎ᠤ ᠲᠣᠣᠷ ᠰᠦᠯᠵᠢᠶ᠎ᠡ ᠵᠢᠨ ᠭᠡᠨᠡᠳᠡᠯ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠪᠡᠯᠡᠳᠬᠡᠯ ᠲᠥᠰᠥᠯ》᠎ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ ᠡᠳᠦᠭᠡ ᠲᠠ ᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ᠎ᠲᠠᠢ᠎ᠪᠠᠨ ᠤᠶᠠᠯᠳᠤᠭᠤᠯᠤᠨ᠂ ᠬᠢᠨᠠᠮᠠᠭ᠋ᠠᠢ ᠲᠤᠭᠤᠰᠢᠯᠠᠭᠤᠯᠤᠨ ᠨᠠᠢ᠌ᠳᠠᠪᠤᠷᠢᠵᠢᠭᠤᠯᠲᠤᠭ᠋ᠠᠢ᠃

     

     2023 ᠣᠨ᠎ᠤ 1 ᠳ᠋ᠦ᠍ᠭᠡᠷ ᠰᠠᠷ᠎ᠠ ᠵᠢᠨ 5᠎ᠤ ᠡᠳᠦᠷ

           (ᠲᠣᠰ ᠪᠢᠴᠢᠭ ᠮᠠᠲ᠋ᠧᠷᠢᠶᠠᠯ᠎ᠢ ᠢᠯᠡ ᠨᠡᠢ᠌ᠲᠡᠯᠡᠨ᠎ᠡ)

     

     

      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠢᠮᠡᠭᠡ ᠬᠣᠯᠪᠣᠭ᠋ᠠᠨ᠎ᠤ ᠲᠣᠣᠷ

      ᠰᠦᠯᠵᠢᠶ᠎ᠡ ᠵᠢᠨ ᠭᠡᠨᠡᠳᠡᠯ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠪᠡᠯᠡᠳᠬᠡᠯ ᠲᠥᠰᠥᠯ

     

      ᠭᠠᠷᠴᠠᠭ

     1. ᠶᠡᠷᠦᠩᠬᠡᠢ ᠳᠦᠷᠢᠮ

     1.1 ᠲᠣᠭᠲᠠᠭ᠋ᠠᠭᠰᠠᠨ ᠵᠣᠷᠢᠯᠭ᠎ᠠ

     1.2 ᠲᠣᠭᠲᠠᠭ᠋ᠠᠭᠰᠠᠨ ᠦᠨᠳᠦᠰᠦᠯᠡᠯ

     1.3 ᠬᠡᠷᠡᠭᠯᠡᠭᠳᠡᠬᠦ ᠬᠦᠷᠢᠶ᠎ᠡ ᠬᠡᠪᠴᠢᠶ᠎ᠡ

     1.4 ᠠᠵᠢᠯᠯᠠᠬᠤ ᠵᠠᠷᠴᠢᠮ

     1.5 ᠪᠡᠯᠡᠳᠬᠡᠯ ᠲᠥᠰᠥᠯ᠎ᠤᠨ ᠲᠣᠭᠲᠠᠯᠴᠠᠭ᠎ᠠ

     2. ᠪᠠᠴᠢᠮ ᠪᠠᠢ᠌ᠳᠠᠯ᠎ᠢ ᠠᠷᠭ᠋ᠠᠴᠠᠭ᠋ᠠᠬᠤ ᠵᠢᠯᠣᠭᠣᠳᠤᠯᠭ᠎ᠠ

     2.1 ᠵᠢᠯᠤᠭᠣᠳᠬᠤ ᠭᠠᠵᠠᠷ᠎ᠤᠨ ᠪᠦᠷᠢᠯᠳᠦᠯ

     2.2 ᠴᠢᠮᠡᠭᠡ ᠬᠣᠯᠪᠣᠭ᠋ᠠᠨ᠎ᠤ ᠲᠣᠣᠷ ᠰᠦᠯᠵᠢᠶᠡᠨ᠎ᠤ ᠭᠡᠨᠡᠳᠡᠯ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠪᠠᠲᠤᠯᠠᠭ᠎ᠠ ᠵᠢᠨ ᠠᠯᠪᠠᠨ ᠭᠡᠷ᠎ᠤᠨ ᠪᠦᠷᠢᠯᠳᠦᠯ

     2.3 ᠵᠢᠯᠤᠭᠣᠳᠬᠤ ᠲᠣᠭᠲᠠᠯᠴᠠᠭ᠎ᠠ ᠵᠢᠨ ᠡᠭᠦᠷᠭᠡ ᠬᠠᠷᠢᠭᠤᠴᠠᠯᠭ᠎ᠠ

     2.3.1 ᠵᠢᠯᠤᠭᠣᠳᠬᠤ ᠭᠠᠵᠠᠷ᠎ᠤᠨ ᠡᠭᠦᠷᠭᠡ ᠬᠠᠷᠢᠭᠤᠴᠠᠯᠭ᠎ᠠ

     2.3.2 ᠪᠠᠴᠢᠮ ᠪᠠᠢ᠌ᠳᠠᠯ᠎ᠢ ᠠᠷᠭ᠋ᠠᠴᠠᠭ᠋ᠠᠬᠤ ᠠᠯᠪᠠᠨ ᠭᠡᠷ᠎ᠤᠨ ᠡᠭᠦᠷᠭᠡ ᠬᠠᠷᠢᠭᠤᠴᠠᠯᠭ᠎ᠠ

     2.3.3 ᠪᠦᠷᠢᠯᠳᠦᠭᠦᠨ ᠨᠢᠭᠡᠴᠢ ᠵᠢᠨ ᠡᠭᠦᠷᠭᠡ ᠬᠠᠷᠢᠭᠤᠴᠠᠯᠭ᠎ᠠ

     2.4 ᠴᠢᠮᠡᠭᠡ ᠬᠣᠯᠪᠣᠭ᠋ᠠᠨ᠎ᠤ ᠲᠣᠣᠷ ᠰᠦᠯᠵᠢᠶᠡᠨ᠎ᠤ ᠭᠡᠨᠡᠳᠡᠯ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠪᠠᠲᠤᠯᠠᠭ᠎ᠠ ᠵᠢᠨ ᠲᠤᠰᠬᠠᠢ ᠮᠡᠷᠭᠡᠵᠢᠯᠲᠡᠨ᠎ᠤ ᠳᠤᠭᠤᠢ᠌ᠯᠠᠩ᠎ᠤᠨ ᠪᠦᠷᠢᠯᠳᠦᠯ ᠬᠢᠭᠡᠳ ᠡᠭᠦᠷᠭᠡ ᠬᠠᠷᠢᠭᠤᠴᠠᠯᠭ᠎ᠠ

     3. ᠤᠷᠢᠳᠴᠢᠯᠠᠨ ᠰᠡᠷᠭᠡᠢ᠌ᠯᠡᠬᠦ ᠬᠢᠭᠡᠳ ᠰᠡᠷᠡᠮᠵᠢᠯᠡᠭᠦᠯᠬᠦ

     3.1 ᠤᠷᠢᠳᠴᠢᠯᠠᠨ ᠰᠡᠷᠭᠡᠢ᠌ᠯᠡᠬᠦ ᠲᠣᠭᠲᠠᠴᠠ

     3.2 ᠰᠡᠷᠡᠮᠵᠢᠯᠡᠭᠦᠯᠬᠦ ᠳᠡᠰ ᠬᠤᠪᠢᠶᠠᠬᠤ

     3.3 ᠰᠡᠷᠡᠮᠵᠢᠯᠡᠭᠦᠯᠬᠦ ᠬᠢᠨᠠᠨ ᠰᠢᠨᠵᠢᠯᠲᠡ

     3.4 ᠰᠡᠷᠡᠮᠵᠢᠯᠡᠭᠦᠯᠬᠦ ᠨᠡᠪᠲᠡᠷᠡᠭᠦᠯᠭᠡ

     3.5 ᠰᠡᠷᠡᠮᠵᠢᠯᠡᠭᠦᠯᠬᠦ ᠵᠢ ᠳᠠᠭ᠋ᠠᠬᠤ

     4. ᠪᠠᠴᠢᠮ ᠪᠠᠢ᠌ᠳᠠᠯ᠎ᠤᠨ ᠠᠷᠭ᠋ᠠᠴᠠᠭ᠋ᠠᠯᠲᠠ ᠵᠢ ᠳᠠᠭ᠋ᠠᠬᠤ

     4.1 ᠠᠵᠢᠯ᠎ᠤᠨ ᠲᠣᠭᠲᠠᠴᠠ

     4.1.1 ᠳᠡᠰ ᠬᠤᠪᠢᠶᠠᠨ ᠤᠷᠢᠶᠠᠯᠠᠨ ᠳᠠᠭ᠋ᠠᠬᠤ

     4.1.2 ᠵᠢᠯᠤᠭᠣᠳᠴᠤ ᠬᠣᠯᠪᠤᠭ᠋ᠠᠯᠠᠨ ᠬᠥᠳᠡᠯᠦᠯᠴᠡᠬᠦ

     4.1.3 ᠮᠡᠳᠡᠭᠡ ᠵᠠᠩᠭᠢ ᠵᠢ ᠮᠡᠳᠡᠭᠦᠯᠦᠨ ᠬᠦᠷᠭᠡᠬᠦ

     4.1.4 ᠴᠡᠷᠢᠭ ᠠᠩᠭᠢ ᠪᠠ ᠣᠷᠣᠨ ᠨᠤᠲᠤᠭ ᠬᠣᠯᠪᠤᠭ᠋ᠠᠯᠠᠨ ᠪᠠᠲᠤᠯᠠᠬᠤ

     4.2 ᠤᠷᠢᠳ ᠵᠶ᠋ᠠᠷ ᠰᠢᠢ᠍ᠳᠪᠦᠷᠢᠯᠡᠬᠦ ᠪᠠ ᠮᠡᠳᠡᠭᠡ ᠵᠠᠩᠭᠢ ᠵᠢ ᠠᠩᠬ᠎ᠠ ᠮᠡᠳᠡᠭᠦᠯᠬᠦ

     4.3 Ⅰ ᠳᠡᠰ᠎ᠤᠨ ᠪᠠᠴᠢᠮ ᠪᠠᠢ᠌ᠳᠠᠯ᠎ᠤᠨ ᠠᠷᠭ᠋ᠠᠴᠠᠭ᠋ᠠᠯᠲᠠ ᠵᠢ ᠳᠠᠭ᠋ᠠᠬᠤ

     4.3.1 ᠡᠬᠢᠯᠡᠭᠦᠯᠬᠦ ᠨᠥᠬᠥᠴᠡᠯ

     4.3.2 Ⅰ ᠳᠡᠰ᠎ᠤᠨ ᠤᠷᠢᠶᠠᠯᠠᠨ ᠳᠠᠭ᠋ᠠᠬᠤ ᠠᠵᠢᠯᠯᠠᠭ᠎ᠠ ᠵᠢ ᠡᠬᠢᠯᠡᠭᠦᠯᠬᠦ

     4.3.3 Ⅰ ᠳᠡᠰ᠎ᠤᠨ ᠤᠷᠢᠶᠠᠯᠠᠨ ᠳᠠᠭ᠋ᠠᠬᠤ ᠠᠵᠢᠯᠯᠠᠭ᠋ᠠᠨ

     4.4 Ⅱ ᠳᠡᠰ᠎ᠤᠨ ᠪᠠᠴᠢᠮ ᠪᠠᠢ᠌ᠳᠠᠯ᠎ᠤᠨ ᠠᠷᠭ᠋ᠠᠴᠠᠭ᠋ᠠᠯᠲᠠ ᠵᠢ ᠤᠷᠢᠶᠠᠯᠠᠨ ᠳᠠᠭ᠋ᠠᠬᠤ

     4.4.1 ᠡᠬᠢᠯᠡᠭᠦᠯᠬᠦ ᠨᠥᠬᠥᠴᠡᠯ

     4.4.2 Ⅱ ᠳᠡᠰ᠎ᠤᠨ ᠤᠷᠢᠶᠠᠯᠠᠨ ᠳᠠᠭ᠋ᠠᠬᠤ ᠠᠵᠢᠯᠯᠠᠭ᠎ᠠ ᠵᠢ ᠡᠬᠢᠯᠡᠭᠦᠯᠬᠦ

     4.4.3 Ⅱ ᠳᠡᠰ᠎ᠤᠨ ᠤᠷᠢᠶᠠᠯᠠᠨ ᠳᠠᠭ᠋ᠠᠬᠤ ᠠᠵᠢᠯᠯᠠᠭ᠋ᠠᠨ

     4. 5 Ⅲ ᠲᠠᠰ᠎ᠤᠨ ᠪᠠᠴᠢᠮ ᠪᠠᠢ᠌ᠳᠠᠯ᠎ᠤᠨ ᠠᠷᠭ᠋ᠠᠴᠠᠭ᠋ᠠᠯᠲᠠ ᠵᠢ ᠤᠷᠢᠶᠠᠯᠠᠨ ᠳᠠᠭ᠋ᠠᠬᠤ

     4.5.1 ᠡᠬᠢᠯᠡᠭᠦᠯᠬᠦ ᠨᠥᠬᠥᠴᠡᠯ

     4.5.2Ⅲ ᠳᠡᠰ᠎ᠤᠨ ᠤᠷᠢᠶᠠᠯᠠᠨ ᠳᠠᠭ᠋ᠠᠬᠤ ᠠᠵᠢᠯᠯᠠᠭ᠎ᠠ ᠵᠢ ᠡᠬᠢᠯᠡᠭᠦᠯᠬᠦ

     4.5.3Ⅲ ᠳᠡᠰ᠎ᠤᠨ ᠤᠷᠢᠶᠠᠯᠠᠨ ᠳᠠᠭ᠋ᠠᠬᠤ ᠠᠵᠢᠯᠯᠠᠭ᠋ᠠᠨ

     4. 6Ⅳ ᠳᠡᠰ᠎ᠤᠨ ᠪᠠᠴᠢᠮ ᠪᠠᠢ᠌ᠳᠠᠯ᠎ᠤᠨ ᠠᠷᠭ᠋ᠠᠴᠠᠭ᠋ᠠᠯᠲᠠ ᠵᠢ ᠤᠷᠢᠶᠠᠯᠠᠨ ᠳᠠᠭ᠋ᠠᠬᠤ

     4.6.1 ᠡᠬᠢᠯᠡᠭᠦᠯᠬᠦ ᠨᠥᠬᠥᠴᠡᠯ

     4. 6.2 Ⅳ ᠳᠡᠰ᠎ᠤᠨ ᠤᠷᠢᠶᠠᠯᠠᠨ ᠳᠠᠭ᠋ᠠᠬᠤ ᠠᠵᠢᠯᠯᠠᠭ᠎ᠠ ᠵᠢ ᠡᠬᠢᠯᠡᠭᠦᠯᠬᠦ

     4.6.3 Ⅳ ᠳᠡᠰ᠎ᠤᠨ ᠤᠷᠢᠶᠠᠯᠠᠨ ᠳᠠᠭ᠋ᠠᠬᠤ ᠠᠵᠢᠯᠯᠠᠭ᠋ᠠᠨ

     4.7 ᠴᠢᠮᠡᠭᠡ ᠬᠣᠯᠪᠣᠭ᠋ᠠᠨ᠎ᠤ ᠪᠠᠲᠤᠯᠠᠭ᠎ᠠ ᠪᠠ ᠵᠠᠪᠳᠤᠨ ᠵᠠᠰᠠᠵᠤ ᠰᠡᠷᠭᠦᠭᠡᠬᠦ ᠠᠵᠢᠯ᠎ᠤᠨ ᠵᠠᠷᠴᠢᠮ

     4.8 ᠲᠣᠣᠷ ᠰᠦᠯᠵᠢᠶ᠎ᠡ ᠵᠢᠨ ᠲᠦᠭᠵᠢᠷᠡᠯ᠎ᠢ ᠰᠢᠢ᠍ᠳᠪᠦᠷᠢᠯᠡᠬᠦ

     4.9 ᠮᠡᠳᠡᠭᠡ ᠵᠠᠩᠭᠢ ᠵᠢ ᠨᠡᠪᠲᠡᠷᠡᠭᠦᠯᠦᠨ ᠮᠡᠳᠡᠭᠡᠯᠡᠬᠦ ᠪᠠ ᠨᠡᠢ᠌ᠲᠡᠯᠡᠬᠦ

     4.10 ᠪᠠᠴᠢᠮ ᠪᠠᠢ᠌ᠳᠠᠯ᠎ᠢ ᠠᠷᠭ᠋ᠠᠴᠠᠭ᠋ᠠᠬᠤ ᠠᠵᠢᠯᠯᠠᠭ᠎ᠠ ᠳᠠᠭᠤᠰᠬᠤ

     5. ᠰᠡᠭᠦᠯᠴᠢ ᠵᠢᠨ ᠬᠤᠭᠤᠴᠠᠭ᠋ᠠᠨ᠎ᠤ ᠰᠢᠢ᠍ᠳᠪᠦᠷᠢᠯᠡᠯᠲᠡ

     5.1 ᠳ᠋ᠦᠩᠨᠡᠯᠲᠡ ᠬᠢᠵᠦ ᠦᠨᠡᠯᠡᠨ ᠵᠢᠱ᠌ᠢᠬᠦ

     5.2 ᠲᠠᠲᠠᠪᠤᠷᠢᠯᠠᠨ ᠬᠡᠷᠡᠭᠯᠡᠭᠰᠡᠨ ᠲᠥᠯᠥᠪᠦᠷᠢ

     5.3 ᠰᠡᠷᠭᠦᠭᠡᠬᠦ ᠬᠢᠭᠡᠳ ᠲᠠᠬᠢᠨ ᠪᠠᠶ᠋ᠢᠭᠤᠯᠬᠤ

     5.4 ᠱᠠᠩᠨᠠᠬᠤ ᠪᠠ ᠬᠠᠷᠢᠭᠤᠴᠠᠯᠭ᠎ᠠ ᠨᠡᠬᠡᠮᠵᠢᠯᠡᠬᠦ

     6. ᠪᠠᠲᠤᠯᠠᠭ᠎ᠠ ᠵᠢᠨ ᠠᠷᠭ᠎ᠠ ᠬᠡᠮᠵᠢᠶ᠎ᠡ

     6.1 ᠮᠡᠳᠡᠭᠡ ᠵᠠᠩᠭᠢ ᠵᠢᠨ ᠮᠡᠷᠭᠡᠵᠢᠯ᠎ᠤᠨ ᠲᠤᠯᠭ᠋ᠠᠭᠤᠷᠢᠯᠠᠯ᠎ᠤᠨ ᠪᠠᠲᠤᠯᠠᠭ᠎ᠠ

     6.2 ᠪᠠᠴᠢᠮ ᠪᠠᠢ᠌ᠳᠠᠯ᠎ᠢ ᠠᠷᠭ᠋ᠠᠴᠠᠭ᠋ᠠᠬᠤ ᠴᠢᠮᠡᠭᠡ ᠬᠣᠯᠪᠣᠭ᠋ᠠᠨ᠎ᠤ ᠡᠩᠨᠡᠭᠡ ᠵᠢᠨ ᠪᠠᠲᠤᠯᠠᠭ᠎ᠠ

     6.3 ᠰᠠᠭᠤᠷᠢ ᠪᠡᠯᠡᠳᠬᠡᠮᠵᠢ ᠵᠢᠴᠢ ᠡᠳ᠋ ᠪᠠᠷᠠᠭ᠋ᠠᠨ᠎ᠤ ᠪᠠᠲᠤᠯᠠᠭ᠎ᠠ

     6.4 ᠵᠠᠮ ᠬᠠᠷᠢᠯᠴᠠᠭ᠎ᠠ ᠲᠡᠭᠡᠭᠡᠪᠦᠷᠢ ᠵᠢᠨ ᠪᠠᠲᠤᠯᠠᠭ᠎ᠠ

     6.5 ᠴᠠᠬᠢᠯᠭ᠋ᠠᠨ ᠬᠦᠴᠦᠨ ᠡᠨᠧᠷᠭᠢ ᠵᠢᠨ ᠬᠠᠩᠭ᠋ᠠᠯᠭ᠎ᠠ ᠵᠢᠨ ᠪᠠᠲᠤᠯᠠᠭ᠎ᠠ

     6.6 ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠳᠡᠮᠵᠢᠨ ᠲᠤᠰᠠᠯᠠᠬᠤ ᠪᠠᠲᠤᠯᠠᠭ᠎ᠠ

     6.7 ᠪᠡᠯᠡ ᠮᠥᠩᠭᠥ ᠵᠢᠨ ᠪᠠᠲᠤᠯᠠᠭ᠎ᠠ

     7. ᠳᠠᠭ᠋ᠠᠯᠳᠤᠭᠤᠯᠤᠯ ᠳᠦᠷᠢᠮ

     7.1 ᠲᠠᠢ᠌ᠯᠪᠤᠷᠢ ᠬᠢᠭᠡᠳ ᠲᠣᠳᠣᠷᠬᠠᠢ᠌ᠯᠠᠯᠲᠠ

     7.2 ᠪᠡᠯᠡᠳᠬᠡᠯ ᠲᠥᠰᠥᠯ᠎ᠢ ᠬᠠᠮᠢᠶᠠᠷᠬᠤ ᠪᠠ ᠰᠢᠨᠡᠳᠬᠡᠬᠦ

     7.3 ᠤᠬᠠᠭᠤᠯᠬᠤ᠂ ᠪᠣᠯᠪᠠᠰᠤᠷᠠᠯ ᠬᠦᠷᠲᠡᠭᠡᠬᠦ ᠪᠠ ᠰᠣᠷᠢᠯᠲᠠ ᠬᠢᠬᠦ

     7.4 ᠪᠡᠯᠡᠳᠬᠡᠯ ᠲᠥᠰᠥᠯ᠎ᠢ ᠬᠡᠷᠡᠭᠵᠢᠭᠦᠯᠬᠦ

     

     1 ᠶᠡᠷᠦᠩᠬᠡᠢ ᠳᠦᠷᠢᠮ

     1.1  ᠲᠣᠭᠲᠠᠭ᠋ᠠᠭᠰᠠᠨ ᠵᠣᠷᠢᠯᠭ᠎ᠠ

      ᠥᠪᠡᠷᠲᠡᠭᠡᠨ ᠵᠠᠰᠠᠬᠤ ᠣᠷᠣᠨ᠎ᠤ ᠴᠢᠮᠡᠭᠡ ᠬᠣᠯᠪᠣᠭ᠋ᠠᠨ᠎ᠤ ᠲᠣᠣᠷ ᠰᠦᠯᠵᠢᠶ᠎ᠡ ᠵᠢᠨ ᠭᠡᠨᠡᠳᠡᠯ᠎ᠢ ᠵᠠᠪᠳᠤᠨ ᠵᠠᠰᠠᠵᠤ ᠰᠡᠷᠭᠦᠭᠡᠬᠦ ᠴᠢᠮᠡᠭᠡ ᠬᠣᠯᠪᠣᠭ᠋ᠠᠨ᠎ᠤ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠪᠠᠲᠤᠯᠠᠭ᠎ᠠ ᠵᠢᠨ ᠠᠵᠢᠯ᠎ᠤᠨ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠵᠦ᠂ ᠴᠢᠮᠡᠭᠡ ᠬᠣᠯᠪᠣᠭ᠋ᠠᠨ᠎ᠤ ᠲᠣᠣᠷ ᠰᠦᠯᠵᠢᠶ᠎ᠡ ᠵᠢᠨ ᠭᠡᠨᠡᠳᠲᠡ ᠵᠢᠨ ᠬᠡᠷᠡᠭ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠪᠠᠲᠤᠯᠠᠭ᠎ᠠ ᠵᠢᠨ ᠬᠡᠷᠡᠭᠴᠡᠭᠡ ᠵᠢ ᠬᠠᠩᠭ᠋ᠠᠵᠤ᠂ ᠪᠥᠬᠥ ᠣᠷᠣᠨ᠎ᠤ ᠴᠢᠮᠡᠭᠡ ᠬᠣᠯᠪᠣᠭ᠋ᠠᠨ᠎ᠤ ᠲᠣᠣᠷ ᠰᠦᠯᠵᠢᠶ᠎ᠡ ᠵᠢᠨ ᠠᠮᠤᠷ ᠲᠦᠪᠰᠢᠨ᠂ ᠲᠣᠭᠲᠠᠭᠤᠨ᠂ ᠰᠠᠭ᠋ᠠᠳ ᠦᠭᠡᠢ ᠨᠡᠪᠲᠡᠷᠡᠬᠦ ᠵᠢ ᠦᠨᠡᠨ ᠬᠦ᠌ ᠪᠠᠲᠤᠯᠠᠨ᠎ᠠ᠃

     1.2  ᠲᠣᠭᠲᠠᠭ᠋ᠠᠭᠰᠠᠨ ᠦᠨᠳᠦᠰᠦᠯᠡᠯ

     《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠭᠡᠨᠡᠳᠲᠡ ᠵᠢᠨ ᠬᠡᠷᠡᠭ᠎ᠢ ᠠᠷᠭ᠋ᠠᠴᠠᠭ᠋ᠠᠬᠤ ᠬᠠᠤᠯᠢ》 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠠᠶᠤᠯ ᠦᠭᠡᠢ ᠦᠢ᠍ᠯᠡᠳᠪᠦᠷᠢᠯᠡᠯ᠎ᠤᠨ ᠬᠠᠤᠯᠢ》 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠴᠠᠬᠢᠯᠭ᠋ᠠᠨ ᠬᠣᠯᠪᠣᠭ᠋ᠠᠨ᠎ᠤ ᠳᠦᠷᠢᠮ》 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠷᠠᠳᠢᠣ᠋ ᠵᠢᠨ ᠬᠠᠮᠢᠶᠠᠷᠤᠯᠲᠠ ᠵᠢᠨ ᠳᠦᠷᠢᠮ》 《ᠤᠯᠤᠰ᠎ᠤᠨ ᠭᠡᠨᠡᠳᠲᠡ ᠵᠢᠨ ᠬᠡᠷᠡᠭ᠎ᠤᠨ ᠪᠠᠴᠢᠮ ᠪᠠᠢ᠌ᠳᠠᠯ᠎ᠢ ᠶᠡᠷᠦᠩᠬᠡᠢ᠎ᠳᠤ᠎ᠨᠢ ᠠᠷᠭ᠋ᠠᠴᠠᠭ᠋ᠠᠬᠤ ᠪᠡᠯᠡᠳᠬᠡᠯ ᠲᠥᠰᠥᠯ》 《ᠴᠠᠬᠢᠯᠭ᠋ᠠᠨ ᠬᠣᠯᠪᠣᠭ᠋ᠠᠨ᠎ᠤ ᠲᠣᠣᠷ ᠰᠦᠯᠵᠢᠶ᠎ᠡ ᠵᠢᠨ ᠠᠵᠢᠯᠯᠠᠭ᠋ᠠᠨ᠎ᠤ ᠬᠢᠨᠠᠯᠲᠠ ᠬᠠᠮᠢᠶᠠᠷᠤᠯᠲᠠ ᠵᠢᠨ ᠠᠷᠭ᠎ᠠ》 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠶᠤᠯ ᠦᠭᠡᠢ ᠦᠢ᠍ᠯᠡᠳᠪᠦᠷᠢᠯᠡᠯ᠎ᠤᠨ ᠳᠦᠷᠢᠮ》 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠡᠨᠡᠳᠲᠡ ᠵᠢᠨ ᠬᠡᠷᠡᠭ᠎ᠤᠨ ᠪᠠᠴᠢᠮ ᠪᠠᠢ᠌ᠳᠠᠯ᠎ᠢ ᠶᠡᠷᠦᠩᠬᠡᠢ᠎ᠳᠤ᠎ᠨᠢ ᠠᠷᠭ᠋ᠠᠴᠠᠭ᠋ᠠᠬᠤ ᠪᠡᠯᠡᠳᠬᠡᠯ ᠲᠥᠰᠥᠯ (ᠲᠤᠷᠰᠢᠨ ᠬᠡᠷᠡᠭᠵᠢᠭᠦᠯᠬᠦ)》 ᠵᠡᠷᠭᠡ ᠬᠣᠯᠪᠣᠭᠳᠠᠯ ᠪᠦᠬᠦᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠪᠠ ᠪᠢᠴᠢᠭ ᠮᠠᠲ᠋ᠧᠷᠢᠶᠠᠯ᠃

     1.3 ᠬᠡᠷᠡᠭᠯᠡᠭᠳᠡᠬᠦ ᠬᠦᠷᠢᠶ᠎ᠡ ᠬᠡᠪᠴᠢᠶ᠎ᠡ

      ᠲᠣᠰ ᠪᠡᠯᠡᠳᠬᠡᠯ ᠲᠥᠰᠥᠯ᠎ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠪᠠᠢ᠌ᠭ᠋ᠠᠯᠢ ᠵᠢᠨ ᠭᠠᠢ ᠭᠠᠮᠰᠢᠭ᠂ ᠭᠡᠨᠡᠳᠡᠯ᠎ᠤᠨ ᠭᠠᠢ ᠭᠠᠮᠰᠢᠭ᠂ ᠭᠡᠨᠡᠳᠲᠡ ᠵᠢᠨ ᠣᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ᠎ᠤᠨ ᠬᠡᠷᠡᠭ᠂ ᠭᠡᠨᠡᠳᠲᠡ ᠵᠢᠨ ᠨᠡᠢ᠌ᠭᠡᠮ᠎ᠤᠨ ᠠᠮᠤᠷ ᠲᠦᠪᠰᠢᠨ᠎ᠤ ᠬᠡᠷᠡᠭ ᠵᠢᠴᠢ ᠲᠣᠰ ᠪᠡᠶ᠎ᠡ ᠵᠢᠨ ᠰᠠᠭ᠋ᠠᠳ᠂ ᠬᠥᠮᠥᠨ᠎ᠤ ᠰᠢᠯᠲᠠᠭ᠋ᠠᠨ᠎ᠠᠴᠠ ᠪᠣᠯᠤᠭᠰᠠᠨ ᠴᠢᠮᠡᠭᠡ ᠬᠣᠯᠪᠣᠭ᠋ᠠᠨ᠎ᠤ ᠲᠣᠣᠷ ᠰᠦᠯᠵᠢᠶ᠎ᠡ ᠪᠤᠶᠤ ᠲᠤᠬᠠᠢ᠌ᠯᠠᠭᠰᠠᠨ ᠠᠵᠢᠯ᠎ᠤᠨ ᠲᠠᠰᠤᠯᠳᠠᠯ ᠵᠡᠷᠭᠡ ᠪᠠᠢ᠌ᠳᠠᠯ᠎ᠠᠴᠠ ᠪᠣᠯᠵᠤ᠂ ᠴᠢᠮᠡᠭᠡ ᠬᠣᠯᠪᠣᠭ᠋ᠠᠨ᠎ᠤ ᠲᠣᠣᠷ ᠰᠦᠯᠵᠢᠶ᠎ᠡ ᠵᠢ ᠵᠠᠪᠳᠤᠨ ᠵᠠᠰᠠᠵᠤ ᠰᠡᠷᠭᠦᠭᠡᠬᠦ ᠴᠢᠬᠤᠯᠠᠲᠠᠢ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠠᠵᠢᠯ᠎ᠳᠤ ᠲᠣᠬᠢᠷᠠᠭᠤᠯᠤᠨ ᠬᠡᠷᠡᠭᠯᠡᠭᠳᠡᠨ᠎ᠡ᠃

     1.4 ᠠᠵᠢᠯᠯᠠᠬᠤ ᠵᠠᠷᠴᠢᠮ

      ᠴᠢᠮᠡᠭᠡ ᠬᠣᠯᠪᠣᠭ᠋ᠠᠨ᠎ᠤ ᠲᠣᠣᠷ ᠰᠦᠯᠵᠢᠶᠡᠨ᠎ᠤ ᠭᠡᠨᠡᠳᠡᠯ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠪᠠᠲᠤᠯᠠᠭ᠎ᠠ ᠵᠢᠨ ᠠᠵᠢᠯ᠎ᠨᠢ ᠬᠥᠮᠥᠨ ᠵᠶ᠋ᠠᠷ ᠦᠨᠳᠦᠰᠦ ᠪᠣᠯᠭ᠋ᠠᠨ ᠠᠮᠤᠷ ᠲᠦᠪᠰᠢᠨ᠎ᠢ ᠲᠡᠷᠢᠭᠦᠨ᠎ᠳᠤ ᠲᠠᠯᠪᠢᠬᠤ᠂ ᠨᠢᠭᠡᠳᠦᠯᠲᠡᠢ ᠤᠳᠤᠷᠢᠳᠤᠨ ᠱᠠᠲᠤ ᠬᠤᠪᠢᠶᠠᠵᠤ ᠬᠠᠷᠢᠭᠤᠴᠠᠬᠤ᠂ ᠬᠠᠷᠢᠶ᠎ᠠ ᠭᠠᠵᠠᠷ ᠵᠶ᠋ᠠᠷ ᠭᠣᠣᠯᠯᠠᠭᠤᠯᠤᠨ ᠲᠦᠷᠭᠡᠨ ᠲᠤᠰᠬᠠᠬᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠳᠤ ᠲᠦᠰᠢᠭᠯᠡᠨ ᠬᠦᠴᠦᠲᠡᠢ ᠪᠠᠲᠤᠯᠠᠬᠤ᠂ ᠤᠷᠢᠳᠴᠢᠯᠠᠨ ᠰᠡᠷᠭᠡᠢ᠌ᠯᠡᠬᠦ᠎ᠪᠠᠷ ᠭᠣᠣᠯ ᠪᠣᠯᠭ᠋ᠠᠨ ᠡᠩ᠎ᠤᠨ ᠦᠶ᠎ᠡ ᠪᠠ ᠳᠠᠢ᠌ᠨ᠎ᠤ ᠦᠶ᠎ᠡ ᠵᠢ ᠤᠶᠠᠯᠳᠤᠭᠤᠯᠬᠤ ᠵᠠᠷᠴᠢᠮ᠎ᠢ ᠪᠠᠷᠢᠮᠲᠠᠯᠠᠨ᠎ᠠ᠃

     1.5 ᠪᠡᠯᠡᠳᠬᠡᠯ ᠲᠥᠰᠥᠯ᠎ᠤᠨ ᠲᠣᠭᠲᠠᠯᠴᠠᠭ᠎ᠠ

      ᠥᠪᠡᠷᠲᠡᠭᠡᠨ ᠵᠠᠰᠠᠬᠤ ᠣᠷᠣᠨ᠎ᠤ ᠴᠢᠮᠡᠭᠡ ᠬᠣᠯᠪᠣᠭ᠋ᠠᠨ᠎ᠤ ᠲᠣᠣᠷ ᠰᠦᠯᠵᠢᠶᠡᠨ᠎ᠤ ᠭᠡᠨᠡᠳᠡᠯ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠪᠡᠯᠡᠳᠬᠡᠯ ᠲᠥᠰᠥᠯ ᠪᠣᠯ ᠪᠥᠬᠥ ᠣᠷᠣᠨ᠎ᠤ ᠴᠢᠮᠡᠭᠡ ᠬᠣᠯᠪᠣᠭ᠋ᠠᠨ᠎ᠤ ᠲᠣᠣᠷ ᠰᠦᠯᠵᠢᠶᠡᠨ᠎ᠤ ᠭᠡᠨᠡᠳᠡᠯ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠪᠡᠯᠡᠳᠬᠡᠯ ᠲᠥᠰᠥᠯ᠎ᠤᠨ ᠲᠣᠭᠲᠠᠯᠴᠠᠭ᠎ᠠ ᠵᠢᠨ ᠶᠡᠷᠦᠩᠬᠡᠢ ᠬᠥᠲᠥᠯᠪᠦᠷᠢ ᠪᠣᠯᠣᠨ᠎ᠠ᠂ ᠥᠪᠥᠷ ᠮᠣᠩᠭᠣᠯ᠎ᠤᠨ ᠴᠢᠮᠡᠭᠡ ᠬᠣᠯᠪᠣᠭ᠋ᠠᠨ᠎ᠤ ᠬᠠᠮᠢᠶᠠᠷᠤᠯᠲᠠ ᠵᠢᠨ ᠲᠣᠪᠴᠢᠶ᠎ᠠ᠎ᠠᠴᠠ ᠲᠦᠷᠦᠭᠦᠯᠡᠨ ᠲᠣᠭᠲᠠᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠰᠡᠨ᠎ᠤ ᠲᠠᠷᠠᠭ᠎ᠠ ᠬᠡᠷᠡᠭᠵᠢᠭᠦᠯᠦᠨ᠎ᠡ᠃

      ᠥᠪᠡᠷᠲᠡᠭᠡᠨ ᠵᠠᠰᠠᠬᠤ ᠣᠷᠣᠨ᠎ᠤ ᠰᠠᠭᠤᠷᠢ ᠴᠠᠬᠢᠯᠭ᠋ᠠᠨ ᠬᠣᠯᠪᠣᠭ᠋ᠠᠨ᠎ᠤ ᠠᠵᠤ ᠠᠬᠤᠢ᠌ᠯᠠᠯ (ᠳᠣᠷᠣᠭᠰᠢ ᠰᠠᠭᠤᠷᠢ ᠴᠠᠬᠢᠯᠭ᠋ᠠᠨ ᠬᠣᠯᠪᠣᠭ᠋ᠠᠨ᠎ᠤ ᠠᠵᠤ ᠠᠬᠤᠢ᠌ᠯᠠᠯ ᠭᠡᠵᠦ ᠲᠣᠪᠴᠢᠯᠠᠨ᠎ᠠ)᠎ᠤᠨ ᠴᠢᠮᠡᠭᠡ ᠬᠣᠯᠪᠣᠭ᠋ᠠᠨ᠎ᠤ ᠲᠣᠣᠷ ᠰᠦᠯᠵᠢᠶ᠎ᠡ ᠵᠢᠨ ᠭᠡᠨᠡᠳᠡᠯ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠲᠤᠰᠬᠠᠢ ᠵᠦᠢ᠍ᠯ᠎ᠤᠨ ᠪᠡᠯᠡᠳᠬᠡᠯ ᠲᠥᠰᠥᠯ ᠪᠣᠯ ᠲᠣᠰ ᠠᠵᠤ ᠠᠬᠤᠢ᠌ᠯᠠᠯ᠎ᠤᠨ ᠴᠢᠮᠡᠭᠡ ᠬᠣᠯᠪᠣᠭ᠋ᠠᠨ᠎ᠤ ᠲᠣᠣᠷ ᠰᠦᠯᠵᠢᠶ᠎ᠡ ᠵᠢᠨ ᠭᠡᠨᠡᠳᠡᠯ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠠᠵᠢᠯ ᠵᠶ᠋ᠡᠨ ᠰᠠᠢ᠌ᠲᠤᠷ ᠬᠢᠬᠦ ᠵᠢᠨ ᠲᠤᠰᠠᠳᠠ ᠲᠣᠭᠲᠠᠭ᠋ᠠᠭᠰᠠᠨ ᠪᠡᠯᠡᠳᠬᠡᠯ ᠲᠥᠰᠥᠯ ᠪᠣᠯᠬᠣᠷ ᠥᠪᠥᠷ ᠮᠣᠩᠭᠣᠯ᠎ᠤᠨ ᠴᠢᠮᠡᠭᠡ ᠬᠣᠯᠪᠣᠭ᠋ᠠᠨ᠎ᠤ ᠬᠠᠮᠢᠶᠠᠷᠤᠯᠲᠠ ᠵᠢᠨ ᠲᠣᠪᠴᠢᠶ᠎ᠠ᠎ᠳᠤ ᠮᠡᠳᠡᠭᠦᠯᠦᠨ ᠬᠦᠷᠭᠡᠵᠦ ᠳᠠᠩᠰᠠᠯᠠᠭᠤᠯᠬᠤ ᠬᠡᠷᠡᠭᠲᠡᠢ᠃

     2 ᠪᠠᠴᠢᠮ ᠪᠠᠢ᠌ᠳᠠᠯ᠎ᠢ ᠠᠷᠭ᠋ᠠᠴᠠᠭ᠋ᠠᠬᠤ ᠵᠢᠯᠣᠭᠣᠳᠤᠯᠭ᠎ᠠ

      ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠥᠪᠡᠷᠲᠡᠭᠡᠨ ᠵᠠᠰᠠᠬᠤ ᠣᠷᠣᠨ᠎ᠤ ᠴᠢᠮᠡᠭᠡ ᠬᠣᠯᠪᠣᠭ᠋ᠠᠨ᠎ᠤ ᠲᠣᠣᠷ ᠰᠦᠯᠵᠢᠶᠡᠨ᠎ᠤ ᠭᠡᠨᠡᠳᠡᠯ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠠᠵᠢᠯ᠎ᠤᠨ ᠵᠢᠯᠤᠭᠣᠳᠬᠤ ᠭᠠᠵᠠᠷ (ᠳᠣᠷᠣᠭᠰᠢ ᠵᠢᠯᠤᠭᠣᠳᠬᠤ ᠭᠠᠵᠠᠷ ᠭᠡᠵᠦ ᠲᠣᠪᠴᠢᠯᠠᠨ᠎ᠠ)᠎ᠢ ᠪᠠᠢ᠌ᠭᠤᠯᠵᠤ᠂ ᠪᠦᠬᠦ ᠣᠷᠣᠨ᠎ᠤ ᠴᠢᠮᠡᠭᠡ ᠬᠣᠯᠪᠣᠭ᠋ᠠᠨ᠎ᠤ ᠲᠣᠣᠷ ᠰᠦᠯᠵᠢᠶᠡᠨ᠎ᠤ ᠭᠡᠨᠡᠳᠡᠯ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠪᠠᠲᠤᠯᠠᠨ ᠰᠢᠢ᠍ᠳᠪᠦᠷᠢᠯᠡᠬᠦ ᠵᠢ ᠤᠳᠤᠷᠢᠳᠬᠤ᠂ ᠵᠣᠬᠢᠶᠠᠨ ᠪᠠᠶ᠋ᠢᠭᠤᠯᠬᠤ᠂ ᠵᠣᠬᠢᠴᠠᠭᠤᠯᠬᠤ ᠠᠵᠢᠯ᠎ᠢ ᠬᠠᠷᠢᠭᠤᠴᠠᠭᠤᠯᠤᠨ᠎ᠠ᠃ ᠴᠢᠬᠤᠯᠠ᠎ᠲᠠᠢ ᠦᠶ᠎ᠡ᠎ᠳᠤ᠂ ᠵᠢᠯᠤᠭᠣᠳᠬᠤ ᠭᠠᠵᠠᠷ᠎ᠨᠢ ᠬᠡᠷᠡᠭ ᠭᠠᠷᠤᠭᠰᠠᠨ ᠭᠠᠵᠠᠷ᠎ᠤᠨ ᠠᠷᠠᠳ᠎ᠤᠨ ᠵᠠᠰᠠᠭ᠎ᠤᠨ ᠣᠷᠳᠣᠨ᠂ ᠥᠪᠥᠷ ᠮᠣᠩᠭᠣᠯ᠎ᠤᠨ ᠴᠢᠮᠡᠭᠡ ᠬᠣᠯᠪᠣᠭ᠋ᠠᠨ᠎ᠤ ᠬᠠᠮᠢᠶᠠᠷᠤᠯᠲᠠ ᠵᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠨᠢᠭᠡᠴᠢ᠎ᠪᠠᠷ ᠭᠣᠣᠯ ᠪᠣᠯᠭ᠋ᠠᠭᠰᠠᠨ ᠲᠦᠷ ᠴᠠᠭ᠎ᠤᠨ ᠲᠤᠬᠠᠢ ᠵᠢᠨ ᠲᠠᠯᠠᠪᠤᠷ᠎ᠤᠨ ᠴᠢᠮᠡᠭᠡ ᠬᠣᠯᠪᠣᠭ᠋ᠠᠨ᠎ᠤ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠪᠠᠲᠤᠯᠠᠭ᠎ᠠ ᠵᠢᠨ ᠤᠳᠤᠷᠢᠳᠬᠤ ᠳᠤᠭᠤᠢ᠌ᠯᠠᠩ (ᠳᠣᠷᠣᠭᠰᠢ ᠲᠦᠷ ᠴᠠᠭ᠎ᠤᠨ ᠲᠤᠬᠠᠢ ᠵᠢᠨ ᠲᠠᠯᠠᠪᠤᠷ᠎ᠤᠨ ᠤᠳᠤᠷᠢᠳᠬᠤ ᠳᠤᠭᠤᠢ᠌ᠯᠠᠩ ᠭᠡᠵᠦ ᠲᠣᠪᠴᠢᠯᠠᠨ᠎ᠠ)᠎ᠢ ᠪᠠᠢ᠌ᠭᠤᠯᠵᠤ᠂ ᠬᠡᠷᠡᠭ ᠭᠠᠷᠤᠭᠰᠠᠨ ᠲᠤᠬᠠᠢ ᠵᠢᠨ ᠲᠠᠯᠠᠪᠤᠷ᠎ᠤᠨ ᠴᠢᠮᠡᠭᠡ ᠬᠣᠯᠪᠣᠭ᠋ᠠᠨ᠎ᠤ ᠪᠠᠲᠤᠯᠠᠭ᠎ᠠ ᠵᠢᠨ ᠵᠣᠬᠢᠶᠠᠨ ᠪᠠᠶ᠋ᠢᠭᠤᠯᠬᠤ᠂ ᠵᠣᠬᠢᠴᠠᠭᠤᠯᠬᠤ ᠠᠵᠢᠯ᠎ᠢ ᠪᠣᠳᠠᠲᠠᠢ ᠬᠠᠷᠢᠭᠤᠴᠠᠨ᠎ᠠ᠃

     2.1 ᠵᠢᠯᠤᠭᠣᠳᠬᠤ ᠭᠠᠵᠠᠷ᠎ᠤᠨ ᠪᠦᠷᠢᠯᠳᠦᠯ

      ᠵᠢᠯᠤᠭᠣᠳᠬᠤ ᠭᠠᠵᠠᠷ᠎ᠤᠨ ᠵᠢᠯᠤᠭᠣᠳᠬᠤ ᠳᠠᠷᠤᠭ᠎ᠠ ᠵᠢᠨ ᠲᠤᠰᠢᠶᠠᠯ᠎ᠢ ᠥᠪᠡᠷᠲᠡᠭᠡᠨ ᠵᠠᠰᠠᠬᠤ ᠣᠷᠣᠨ᠎ᠤ ᠬᠤᠪᠢᠳᠠᠨ ᠬᠠᠮᠢᠶᠠᠷᠴᠤ ᠪᠦᠬᠦᠢ ᠳᠡᠳ᠋ ᠲᠡᠷᠢᠭᠦᠯᠡᠭᠴᠢ᠎ᠠᠴᠠ ᠡᠭᠦᠷᠭᠡᠯᠡᠵᠦ᠂ ᠳᠡᠳ᠋ ᠵᠢᠯᠤᠭᠣᠳᠬᠤ ᠳᠠᠷᠤᠭ᠎ᠠ ᠵᠢᠨ ᠲᠤᠰᠢᠶᠠᠯ᠎ᠢ ᠥᠪᠥᠷ ᠮᠣᠩᠭᠣᠯ᠎ᠤᠨ ᠴᠢᠮᠡᠭᠡ ᠬᠣᠯᠪᠣᠭ᠋ᠠᠨ᠎ᠤ ᠬᠠᠮᠢᠶᠠᠷᠤᠯᠲᠠ ᠵᠢᠨ ᠲᠣᠪᠴᠢᠶᠠᠨ᠎ᠤ ᠳᠠᠷᠤᠭ᠎ᠠ᠎ᠠᠴᠠ ᠡᠭᠦᠷᠭᠡᠯᠡᠨ᠎ᠡ᠃

      ᠭᠡᠰᠢᠭᠦᠨ᠄ ᠥᠪᠥᠷ ᠮᠣᠩᠭᠣᠯ᠎ᠤᠨ ᠴᠢᠮᠡᠭᠡ ᠬᠣᠯᠪᠣᠭ᠋ᠠᠨ᠎ᠤ ᠬᠠᠮᠢᠶᠠᠷᠤᠯᠲᠠ ᠵᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠂ ᠤᠰᠤᠨ ᠠᠰᠢᠭᠯᠠᠯᠲᠠ ᠵᠢᠨ ᠲᠢᠩᠬᠢᠮ᠂ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠲᠢᠩᠬᠢᠮ᠂ ᠡᠨᠧᠷᠭᠢ ᠵᠢᠨ ᠲᠣᠪᠴᠢᠶ᠎ᠠ᠂ ᠥᠪᠥᠷ ᠮᠣᠩᠭᠣᠯ᠎ᠤᠨ ᠭᠠᠵᠠᠷ ᠬᠥᠳᠡᠯᠦᠯᠲᠡ ᠵᠢᠨ ᠲᠣᠪᠴᠢᠶ᠎ᠠ᠂ ᠥᠪᠥᠷ ᠮᠣᠩᠭᠣᠯ᠎ᠤᠨ ᠴᠠᠭ ᠠᠭᠤᠷ᠎ᠤᠨ ᠲᠣᠪᠴᠢᠶ᠎ᠠ᠂ ᠳᠤᠮᠳᠠᠳᠤ ᠤᠯᠤᠰ᠎ᠤᠨ ᠲᠡᠮᠦᠷ ᠵᠠᠮ᠎ᠤᠨ ᠬᠥᠬᠡᠬᠣᠲᠠ ᠲᠣᠪᠴᠢᠶ᠎ᠠ ᠵᠢᠨ ᠪᠦᠯᠦᠭᠯᠡᠯᠳᠦ ᠬᠢᠵᠠᠭ᠋ᠠᠷᠲᠤ ᠺᠣᠮᠫᠠᠨᠢ᠂ ᠠᠷᠠᠳ᠎ᠤᠨ ᠠᠭ᠋ᠠᠷ᠎ᠤᠨ ᠲᠡᠭᠡᠭᠡᠪᠦᠷᠢ ᠵᠢᠨ ᠥᠪᠥᠷ ᠮᠣᠩᠭᠣᠯ᠎ᠤᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠥᠪᠥᠷ ᠮᠣᠩᠭᠣᠯ᠎ᠤᠨ ᠴᠡᠷᠢᠭ᠎ᠤᠨ ᠲᠣᠭᠣᠷᠢᠭ᠎ᠤᠨ ᠲᠡᠶ᠋ᠢᠨ᠎ᠤ ᠪᠡᠯᠡᠳᠬᠡᠯ᠎ᠤᠨ ᠪᠦᠲᠦᠭᠡᠨ ᠪᠠᠢ᠌ᠭᠤᠯᠤᠯᠲᠠ ᠵᠢᠨ ᠲᠣᠪᠴᠢᠶ᠎ᠠ᠂ ᠵᠡᠪᠰᠡᠭᠲᠦ ᠴᠠᠭᠳᠠᠭ᠎ᠠ ᠵᠢᠨ ᠥᠪᠥᠷ ᠮᠣᠩᠭᠣᠯ᠎ᠤᠨ ᠶᠡᠷᠦᠩᠬᠡᠢ ᠠᠩᠭᠢ᠂ ᠥᠪᠥᠷ ᠮᠣᠩᠭᠣᠯ᠎ᠤᠨ ᠬᠢᠯᠢ᠎ᠪᠠᠷ ᠭᠠᠷᠴᠤ ᠣᠷᠣᠬᠤ ᠬᠢᠯᠢ ᠵᠢᠨ ᠬᠠᠮᠠᠭ᠋ᠠᠯᠠᠯᠲᠠ ᠵᠢᠨ ᠪᠠᠢ᠌ᠴᠠᠭ᠋ᠠᠬᠤ ᠶᠡᠷᠦᠩᠬᠡᠢ ᠥᠷᠲᠡᠭᠡ᠂ ᠥᠪᠥᠷ ᠮᠣᠩᠭᠣᠯ᠎ᠤᠨ ᠭᠠᠯ ᠰᠡᠷᠭᠡᠢ᠌ᠯᠡᠨ ᠤᠨᠲᠠᠷᠠᠭ᠋ᠠᠵᠤ ᠠᠪᠤᠷᠠᠨ ᠲᠤᠰᠠᠯᠠᠬᠤ ᠶᠡᠷᠦᠩᠬᠡᠢ ᠠᠩᠭᠢ᠂ ᠥᠪᠥᠷ ᠮᠣᠩᠭᠣᠯ᠎ᠤᠨ ᠣᠶ ᠰᠢᠭᠤᠢ ᠵᠢᠨ ᠭᠠᠯ ᠲᠦᠢ᠍ᠮᠡᠷ᠎ᠢ ᠰᠡᠷᠭᠡᠢ᠌ᠯᠡᠨ ᠤᠨᠲᠠᠷᠠᠭ᠋ᠠᠬᠤ ᠶᠡᠷᠦᠩᠬᠡᠢ ᠠᠩᠭᠢ᠂ ᠰᠠᠭᠤᠷᠢ ᠴᠠᠬᠢᠯᠭ᠋ᠠᠨ ᠬᠣᠯᠪᠣᠭ᠋ᠠᠨ᠎ᠤ ᠠᠵᠤ ᠠᠬᠤᠢ᠌ᠯᠠᠯ ᠵᠡᠷᠭᠡ ᠰᠠᠯᠠᠭ᠎ᠠ ᠮᠥᠴᠢᠷ ᠨᠢᠭᠡᠴᠢ ᠵᠢᠨ ᠬᠠᠮᠢᠶ᠎ᠠ ᠪᠦᠬᠦᠢ ᠬᠠᠷᠢᠭᠤᠴᠠᠯᠭ᠋ᠠᠲᠠᠨ᠃

     2.2 ᠴᠢᠮᠡᠭᠡ ᠬᠣᠯᠪᠣᠭ᠋ᠠᠨ᠎ᠤ ᠲᠣᠣᠷ ᠰᠦᠯᠵᠢᠶᠡᠨ᠎ᠤ ᠭᠡᠨᠡᠳᠡᠯ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠪᠠᠲᠤᠯᠠᠭ᠎ᠠ ᠵᠢᠨ ᠠᠯᠪᠠᠨ ᠭᠡᠷ᠎ᠤᠨ ᠪᠦᠷᠢᠯᠳᠦᠯ

      ᠵᠢᠯᠤᠭᠣᠳᠬᠤ ᠭᠠᠵᠠᠷ᠎ᠤᠨ ᠳᠣᠣᠷᠠᠬᠢ ᠴᠢᠮᠡᠭᠡ ᠬᠣᠯᠪᠣᠭ᠋ᠠᠨ᠎ᠤ ᠲᠣᠣᠷ ᠰᠦᠯᠵᠢᠶᠡᠨ᠎ᠤ ᠭᠡᠨᠡᠳᠡᠯ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠪᠠᠲᠤᠯᠠᠭ᠎ᠠ ᠵᠢᠨ ᠠᠯᠪᠠᠨ ᠭᠡᠷ (ᠳᠣᠷᠣᠭᠰᠢ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠠᠯᠪᠠᠨ ᠭᠡᠷ ᠭᠡᠵᠦ ᠲᠣᠪᠴᠢᠯᠠᠨ᠎ᠠ)᠎ᠢ ᠥᠪᠥᠷ ᠮᠣᠩᠭᠣᠯ᠎ᠤᠨ ᠴᠢᠮᠡᠭᠡ ᠬᠣᠯᠪᠣᠭ᠋ᠠᠨ᠎ᠤ ᠬᠠᠮᠢᠶᠠᠷᠤᠯᠲᠠ ᠵᠢᠨ ᠲᠣᠪᠴᠢᠶ᠎ᠠ᠎ᠳᠤ ᠲᠣᠬᠢᠷᠠᠭᠤᠯᠵᠤ᠂ ᠵᠢᠯᠤᠭᠣᠳᠬᠤ ᠭᠠᠵᠠᠷ᠎ᠤᠨ ᠡᠳᠦᠷ ᠲᠤᠳᠤᠮ᠎ᠤᠨ ᠠᠵᠢᠯ᠎ᠢ ᠬᠠᠷᠢᠭᠤᠴᠠᠭᠤᠯᠤᠨ᠎ᠠ᠃ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠠᠯᠪᠠᠨ ᠭᠡᠷ᠎ᠤᠨ ᠡᠷᠬᠢᠯᠡᠭᠴᠢ ᠵᠢᠨ ᠲᠤᠰᠢᠶᠠᠯ᠎ᠢ ᠥᠪᠥᠷ ᠮᠣᠩᠭᠣᠯ᠎ᠤᠨ ᠴᠢᠮᠡᠭᠡ ᠬᠣᠯᠪᠣᠭ᠋ᠠᠨ᠎ᠤ ᠬᠠᠮᠢᠶᠠᠷᠤᠯᠲᠠ ᠵᠢᠨ ᠲᠣᠪᠴᠢᠶ᠎ᠠ ᠵᠢᠨ ᠲᠣᠪᠴᠢᠶᠠᠨ᠎ᠤ ᠳᠠᠷᠤᠭ᠎ᠠ᠎ᠠᠴᠠ ᠬᠠᠪᠰᠤᠷᠭ᠋ᠠᠨ ᠡᠭᠦᠷᠭᠡᠯᠡᠵᠦ᠂ ᠳᠡᠳ᠋ ᠡᠷᠬᠢᠯᠡᠭᠴᠢ ᠵᠢᠨ ᠲᠤᠰᠢᠶᠠᠯ᠎ᠢ ᠥᠪᠥᠷ ᠮᠣᠩᠭᠣᠯ᠎ᠤᠨ ᠴᠢᠮᠡᠭᠡ ᠬᠣᠯᠪᠣᠭ᠋ᠠᠨ᠎ᠤ ᠬᠠᠮᠢᠶᠠᠷᠤᠯᠲᠠ ᠵᠢᠨ ᠲᠣᠪᠴᠢᠶᠠᠨ᠎ᠤ ᠬᠤᠪᠢᠳᠠᠨ ᠬᠠᠮᠢᠶᠠᠷᠴᠤ ᠪᠠᠢ᠌ᠭ᠎ᠠ ᠳᠡᠳ᠋ ᠲᠣᠪᠴᠢᠶᠠᠨ ᠳᠠᠷᠤᠭ᠎ᠠ᠎ᠠᠴᠠ ᠡᠭᠦᠷᠭᠡᠯᠡᠨ᠎ᠡ᠃

     2.3 ᠵᠢᠯᠤᠭᠣᠳᠬᠤ ᠲᠣᠭᠲᠠᠯᠴᠠᠭ᠎ᠠ ᠵᠢᠨ ᠡᠭᠦᠷᠭᠡ ᠬᠠᠷᠢᠭᠤᠴᠠᠯᠭ᠎ᠠ

     2.3.1 ᠵᠢᠯᠤᠭᠣᠳᠬᠤ ᠭᠠᠵᠠᠷ᠎ᠤᠨ ᠡᠭᠦᠷᠭᠡ ᠬᠠᠷᠢᠭᠤᠴᠠᠯᠭ᠎ᠠ

      ᠴᠢᠮᠡᠭᠡ ᠬᠣᠯᠪᠣᠭ᠋ᠠᠨ᠎ᠤ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠪᠠᠲᠤᠯᠠᠭ᠎ᠠ ᠵᠢᠨ ᠠᠵᠢᠯ᠎ᠤᠨ ᠲᠤᠬᠠᠢ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠴᠢᠮᠡᠭᠡ ᠬᠣᠯᠪᠣᠭ᠋ᠠᠨ᠎ᠤ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠪᠠᠲᠤᠯᠠᠭ᠎ᠠ ᠵᠢᠨ ᠠᠵᠢᠯ᠎ᠤᠨ ᠳᠤᠮᠳᠠᠬᠢ ᠴᠢᠬᠤᠯᠠ ᠶᠡᠬᠡ ᠠᠰᠠᠭᠤᠳᠠᠯ᠎ᠢ ᠰᠤᠳᠤᠯᠤᠨ ᠰᠢᠢ᠍ᠳᠪᠦᠷᠢᠯᠡᠵᠦ᠂ ᠪᠥᠬᠥ ᠣᠷᠣᠨ᠎ᠤ ᠴᠢᠮᠡᠭᠡ ᠬᠣᠯᠪᠣᠭ᠋ᠠᠨ᠎ᠤ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠪᠠᠲᠤᠯᠠᠭ᠎ᠠ ᠵᠢᠨ ᠠᠵᠢᠯ᠎ᠢ ᠵᠢᠯᠣᠭᠣᠳᠤᠨ ᠵᠣᠬᠢᠴᠠᠭᠤᠯᠵᠤ᠂ ᠴᠢᠮᠡᠭᠡ ᠬᠣᠯᠪᠣᠭ᠋ᠠᠨ᠎ᠤ ᠪᠠᠲᠤᠯᠠᠭ᠎ᠠ ᠵᠢᠨ ᠬᠦᠴᠦᠨ ᠪᠠ ᠲᠣᠨᠣᠭ ᠲᠥᠬᠦᠭᠡᠷᠦᠮᠵᠢ ᠡᠳ᠋ ᠪᠠᠷᠠᠭ᠎ᠠ ᠵᠢ ᠰᠢᠯᠵᠢᠭᠦᠯᠦᠨ ᠴᠤᠭᠯᠠᠭᠤᠯᠵᠤ᠂ ᠣᠷᠣᠨ᠎ᠳᠤ ᠰᠠᠭᠤᠭ᠎ᠠ ᠡᠯ᠎ᠡ ᠱᠠᠲᠤᠨ᠎ᠤ ᠴᠡᠷᠢᠭ ᠠᠩᠭᠢ ᠵᠢ ᠵᠣᠬᠢᠴᠠᠭᠤᠯᠵᠤ ᠪᠠᠢ᠌ᠭ᠋ᠠᠳ ᠣᠷᠣᠨ ᠨᠤᠲᠤᠭ᠎ᠤᠨ ᠴᠢᠮᠡᠭᠡ ᠬᠣᠯᠪᠣᠭ᠋ᠠᠨ᠎ᠤ ᠪᠠᠲᠤᠯᠠᠭ᠎ᠠ ᠵᠢᠨ ᠠᠵᠢᠯ ᠥᠷᠨᠢᠭᠦᠯᠬᠦ᠎ᠳᠤ ᠳᠡᠮᠵᠢᠯᠭᠡ ᠦᠵᠡᠭᠦᠯᠦᠨ᠎ᠡ᠃

     2.3.2 ᠪᠠᠴᠢᠮ ᠪᠠᠢ᠌ᠳᠠᠯ᠎ᠢ ᠠᠷᠭ᠋ᠠᠴᠠᠭ᠋ᠠᠬᠤ ᠠᠯᠪᠠᠨ ᠭᠡᠷ᠎ᠤᠨ ᠡᠭᠦᠷᠭᠡ ᠬᠠᠷᠢᠭᠤᠴᠠᠯᠭ᠎ᠠ

     (1) ᠵᠢᠯᠤᠭᠣᠳᠬᠤ ᠭᠠᠵᠠᠷ᠎ᠤᠨ ᠡᠳᠦᠷ ᠲᠤᠲᠤᠮ᠎ᠤᠨ ᠠᠵᠢᠯ᠎ᠢ ᠳᠠᠭ᠋ᠠᠭ᠋ᠠᠨ ᠡᠭᠦᠷᠭᠡᠯᠡᠵᠦ᠂ ᠵᠢᠯᠤᠭᠣᠳᠬᠤ ᠭᠠᠵᠠᠷ᠎ᠤᠨ ᠪᠠᠭᠤᠯᠭ᠋ᠠᠭᠰᠠᠨ ᠵᠠᠷᠯᠢᠭ ᠪᠠ ᠵᠢᠭ᠋ᠠᠪᠤᠷᠢ ᠶᠣᠰᠣᠭ᠋ᠠᠷ᠂ ᠮᠤᠵᠢ (ᠣᠷᠣᠨ᠂ ᠬᠣᠲᠠ) ᠠᠯᠤᠰᠯᠠᠭᠰᠠᠨ᠂ ᠠᠵᠤ ᠠᠬᠤᠢ᠌ᠯᠠᠯ ᠠᠯᠤᠰᠯᠠᠭᠰᠠᠨ ᠴᠢᠮᠡᠭᠡ ᠬᠣᠯᠪᠣᠭ᠋ᠠᠨ᠎ᠤ ᠪᠠᠲᠤᠯᠠᠭ᠎ᠠ ᠵᠢᠨ ᠠᠵᠢᠯ᠎ᠢ ᠵᠣᠬᠢᠶᠠᠨ ᠪᠠᠶ᠋ᠢᠭᠤᠯᠬᠤ᠂ ᠵᠢᠯᠤᠭᠣᠳᠬᠤ ᠪᠠ ᠵᠣᠬᠢᠴᠠᠭᠤᠯᠬᠤ ᠠᠵᠢᠯ᠎ᠢ ᠬᠠᠷᠢᠭᠤᠴᠠᠵᠤ᠂ ᠴᠡᠷᠢᠭ ᠠᠩᠭᠢ ᠪᠠ ᠣᠷᠣᠨ ᠨᠤᠲᠤᠭ ᠬᠣᠯᠪᠣᠭ᠋ᠠᠯᠠᠵᠤ ᠴᠢᠮᠡᠭᠡ ᠬᠣᠯᠪᠣᠭ᠎ᠠ ᠵᠢ ᠪᠠᠲᠤᠯᠠᠬᠤ ᠵᠡᠷᠭᠡ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠠᠵᠢᠯ᠎ᠢ ᠵᠣᠬᠢᠴᠠᠭᠤᠯᠤᠨ᠎ᠠ᠃

     (2) ᠪᠦᠷᠢᠯᠳᠦᠭᠦᠨ ᠨᠢᠭᠡᠴᠢ ᠵᠢᠨ ᠬᠣᠭᠣᠷᠣᠨᠳᠣᠬᠢ ᠴᠢᠮᠡᠭᠡ ᠬᠣᠯᠪᠣᠭ᠋ᠠᠨ᠎ᠤ ᠪᠠᠲᠤᠯᠠᠭ᠎ᠠ ᠵᠢᠨ ᠵᠣᠬᠢᠴᠠᠭᠤᠯᠬᠤ ᠠᠵᠢᠯ᠎ᠤᠨ ᠲᠣᠭᠲᠠᠴᠠ ᠵᠢ ᠬᠠᠷᠢᠭᠤᠴᠠᠨ ᠪᠠᠢ᠌ᠭᠤᠯᠵᠤ᠂ ᠴᠢᠮᠡᠭᠡ ᠬᠣᠯᠪᠣᠭ᠋ᠠᠨ᠎ᠤ ᠲᠣᠣᠷ ᠰᠦᠯᠵᠢᠶ᠎ᠡ ᠵᠢᠨ ᠭᠡᠨᠡᠳᠡᠯ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠪᠠᠲᠤᠯᠠᠭ᠎ᠠ ᠵᠢᠨ ᠠᠵᠢᠯ᠎ᠤᠨ ᠪᠠᠢ᠌ᠳᠠᠯ᠎ᠳᠤ ᠵᠠᠳᠠᠯᠤᠯᠲᠠ ᠬᠢᠵᠦ ᠦᠨᠡᠯᠡᠨ ᠵᠢᠱ᠌ᠢᠵᠦ᠂ ᠵᠢᠯᠤᠭᠣᠳᠬᠤ ᠭᠠᠵᠠᠷ᠎ᠤᠨ ᠵᠥᠪᠯᠡᠨ ᠲᠣᠭᠲᠠᠭ᠋ᠠᠭᠰᠠᠨ ᠴᠢᠮᠡᠭᠡ ᠬᠣᠯᠪᠣᠭ᠋ᠠᠨ᠎ᠤ ᠪᠠᠲᠤᠯᠠᠭ᠎ᠠ ᠵᠢᠨ ᠠᠵᠢᠯ᠎ᠤᠨ ᠲᠣᠬᠢᠷᠠᠭᠤᠯᠤᠯᠲᠠ ᠵᠢ ᠨᠠᠢ᠌ᠳᠠᠪᠤᠷᠢᠵᠢᠭᠤᠯᠤᠨ᠂ ᠪᠥᠬᠥ ᠣᠷᠣᠨ᠎ᠤ ᠴᠢᠮᠡᠭᠡ ᠬᠣᠯᠪᠣᠭ᠋ᠠᠨ᠎ᠤ ᠪᠠᠲᠤᠯᠠᠭ᠎ᠠ ᠵᠢᠨ ᠠᠵᠢᠯ᠎ᠢ ᠵᠢᠯᠣᠭᠣᠳᠤᠨ᠎ᠠ᠃

     (3) ᠪᠠᠴᠢᠮ ᠪᠠᠢ᠌ᠳᠠᠯ᠎ᠢ ᠠᠷᠭ᠋ᠠᠴᠠᠭ᠋ᠠᠬᠤ ᠮᠡᠳᠡᠭᠡ ᠵᠠᠩᠭᠢ ᠵᠢᠨ ᠵᠠᠳᠠᠯᠤᠯᠲᠠ ᠬᠢᠬᠦ᠂ ᠬᠤᠷᠢᠶᠠᠩᠭᠤᠢ᠌ᠯᠠᠨ ᠡᠮᠬᠢᠳᠬᠡᠬᠦ ᠵᠡᠷᠭᠡ ᠠᠵᠢᠯ᠎ᠢ ᠬᠠᠷᠢᠭᠤᠴᠠᠵᠤ᠂ ᠬᠣᠯᠪᠣᠭᠳᠠᠯ ᠪᠦᠬᠦᠢ ᠰᠢᠢ᠍ᠳᠪᠦᠷᠢᠯᠡᠬᠦ ᠲᠥᠰᠥᠯ᠎ᠢ ᠵᠣᠬᠢᠶᠠᠨ ᠪᠠᠢ᠌ᠭᠤᠯᠤᠨ ᠲᠣᠭᠲᠠᠭ᠋ᠠᠵᠤ᠂ ᠵᠢᠯᠤᠭᠣᠳᠬᠤ ᠭᠠᠵᠠᠷ᠎ᠲᠤ ᠴᠢᠬᠤᠯᠠ ᠶᠡᠬᠡ ᠠᠰᠠᠭᠤᠳᠠᠯ᠎ᠢ ᠮᠡᠳᠡᠭᠦᠯᠬᠦ ᠵᠢᠨ ᠬᠠᠮᠲᠤ ᠰᠢᠢ᠍ᠳᠪᠦᠷᠢᠯᠡᠬᠦ ᠰᠠᠨᠠᠭᠤᠯᠭ᠎ᠠ ᠳᠤᠷᠠᠳᠤᠨ᠎ᠠ᠃

     (4) ᠵᠢᠯᠤᠭᠣᠳᠬᠤ ᠭᠠᠵᠠᠷ ᠵᠶ᠋ᠠᠷ ᠵᠥᠪᠰᠢᠶᠡᠷᠡᠭᠦᠯᠦᠭᠡᠳ᠂ ᠪᠠᠴᠢᠮ ᠪᠠᠢ᠌ᠳᠠᠯ᠎ᠤᠨ ᠠᠷᠭ᠋ᠠᠴᠠᠭ᠋ᠠᠯᠲᠠ ᠵᠢ ᠳᠠᠭ᠋ᠠᠬᠤ ᠲᠠᠰ᠎ᠢ ᠨᠡᠪᠲᠡᠷᠡᠭᠦᠯᠦᠨ ᠮᠡᠳᠡᠭᠡᠯᠡᠵᠦ ᠲᠣᠬᠢᠷᠠᠭᠤᠯᠤᠨ᠎ᠠ᠃

     2.3.3 ᠪᠦᠷᠢᠯᠳᠦᠭᠦᠨ ᠨᠢᠭᠡᠴᠢ ᠵᠢᠨ ᠡᠭᠦᠷᠭᠡ ᠬᠠᠷᠢᠭᠤᠴᠠᠯᠭ᠎ᠠ

      ᠥᠪᠥᠷ ᠮᠣᠩᠭᠣᠯ᠎ᠤᠨ ᠴᠢᠮᠡᠭᠡ ᠬᠣᠯᠪᠣᠭ᠋ᠠᠨ᠎ᠤ ᠬᠠᠮᠢᠶᠠᠷᠤᠯᠲᠠ ᠵᠢᠨ ᠲᠣᠪᠴᠢᠶ᠎ᠠ᠄ ᠡᠭᠦᠷᠭᠡ ᠬᠠᠷᠢᠭᠤᠴᠠᠯᠭ᠎ᠠ ᠵᠢᠨ ᠬᠡᠪᠴᠢᠶᠡᠨ ᠳᠣᠲᠣᠷᠠᠬᠢ ᠴᠢᠮᠡᠭᠡ ᠬᠣᠯᠪᠣᠭ᠋ᠠᠨ᠎ᠤ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠪᠠᠲᠤᠯᠠᠭ᠎ᠠ ᠵᠢᠨ ᠵᠢᠯᠤᠭᠣᠳᠬᠤ᠂ ᠵᠣᠬᠢᠶᠠᠨ ᠪᠠᠶ᠋ᠢᠭᠤᠯᠬᠤ ᠪᠠ ᠵᠣᠬᠢᠴᠠᠭᠤᠯᠬᠤ ᠠᠵᠢᠯ᠎ᠢ ᠬᠠᠷᠢᠭᠤᠴᠠᠨ᠎ᠠ;  ᠰᠠᠭᠤᠷᠢ ᠴᠠᠬᠢᠯᠭ᠋ᠠᠨ ᠬᠣᠯᠪᠣᠭ᠋ᠠᠨ᠎ᠤ ᠠᠵᠤ ᠠᠬᠤᠢ᠌ᠯᠠᠯ ᠵᠡᠷᠭᠡ ᠨᠢᠭᠡᠴᠢ ᠵᠢᠨ ᠴᠢᠮᠡᠭᠡ ᠬᠣᠯᠪᠣᠭ᠋ᠠᠨ᠎ᠤ ᠲᠣᠣᠷ ᠰᠦᠯᠵᠢᠶ᠎ᠡ ᠵᠢᠨ ᠭᠡᠨᠡᠳᠡᠯ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠠᠵᠢᠯ ᠥᠷᠨᠢᠭᠦᠯᠬᠦ ᠵᠢ᠎ᠨᠢ ᠵᠢᠯᠤᠭᠣᠳᠴᠤ᠂ ᠵᠢᠯᠤᠭᠣᠳᠬᠤ ᠭᠠᠵᠠᠷ᠎ᠲᠤ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠴᠢᠮᠡᠭᠡ ᠬᠣᠯᠪᠣᠭ᠋ᠠᠨ᠎ᠤ ᠪᠠᠲᠤᠯᠠᠭ᠎ᠠ ᠵᠢᠨ ᠠᠵᠢᠯ᠎ᠤᠨ ᠠᠬᠢᠴᠠ ᠵᠢ ᠴᠠᠭ ᠲᠤᠬᠠᠢ᠎ᠳᠤ᠎ᠨᠢ ᠮᠡᠳᠡᠭᠦᠯᠦᠨ᠎ᠡ᠃

      ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠄ ᠤᠯᠤᠰ᠎ᠤᠨ ᠭᠠᠢ ᠭᠠᠮᠰᠢᠭ᠎ᠤᠨ ᠳᠠᠷᠠᠭ᠎ᠠ ᠳᠠᠬᠢᠨ ᠪᠠᠶ᠋ᠢᠭᠤᠯᠬᠤ ᠲᠥᠪ᠎ᠤᠨ ᠲᠥᠰᠥᠪ᠎ᠤᠨ ᠳᠣᠲᠣᠷᠠᠬᠢ ᠲᠤᠰᠬᠠᠢ ᠪᠡᠯᠡ ᠮᠥᠩᠭᠥᠨ᠎ᠤ ᠲᠥᠷᠥᠯ ᠵᠦᠢ᠍ᠯ᠎ᠢ ᠴᠢᠷᠮᠠᠢ᠌ᠨ ᠣᠯᠵᠤ᠂ ᠪᠠᠴᠢᠮ ᠪᠠᠢ᠌ᠳᠠᠯ᠎ᠢ ᠠᠷᠭ᠋ᠠᠴᠠᠭ᠋ᠠᠨ ᠬᠠᠩᠭ᠋ᠠᠯᠭ᠎ᠠ ᠵᠢ ᠪᠠᠲᠤᠯᠠᠬᠤ ᠠᠷᠠᠳ᠎ᠤᠨ ᠠᠮᠢᠳᠤᠷᠠᠯ᠎ᠤᠨ ᠴᠢᠬᠤᠯᠠ ᠲᠠᠸᠠᠷ᠎ᠲᠤ ᠦᠨ᠎ᠡ ᠬᠠᠩᠰᠢ ᠵᠢᠨ ᠬᠢᠨᠠᠨ ᠰᠢᠨᠵᠢᠯᠲᠡ ᠬᠢᠨ᠎ᠡ᠃

      ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠄ ᠠᠶᠤᠯ ᠭᠠᠮᠰᠢᠭ᠎ᠠᠴᠠ ᠠᠪᠤᠷᠠᠬᠤ᠎ᠳᠤ ᠬᠡᠷᠡᠭᠰᠡᠬᠦ ᠡᠮ ᠡᠮᠨᠡᠯᠭᠡ ᠪᠣᠯᠣᠨ ᠬᠠᠮᠠᠭ᠋ᠠᠯᠠᠯᠲᠠ ᠵᠢᠨ ᠬᠡᠷᠡᠭᠰᠡᠯ ᠵᠡᠷᠭᠡ ᠡᠳ᠋ ᠪᠠᠷᠠᠭ᠋ᠠᠨ᠎ᠤ ᠦᠢ᠍ᠯᠡᠳᠪᠦᠷᠢᠯᠡᠯ᠎ᠢ ᠬᠠᠷᠢᠭᠤᠴᠠᠨ ᠵᠣᠬᠢᠴᠠᠭᠤᠯᠤᠨ᠎ᠠ᠃

      ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠄ ᠨᠡᠢ᠌ᠭᠡᠮ᠎ᠤᠨ ᠠᠮᠤᠷ ᠲᠦᠪᠰᠢᠨ᠎ᠤ ᠡᠮᠬᠢ ᠳᠢᠭᠯᠢᠮ᠎ᠢ ᠬᠠᠷᠢᠭᠤᠴᠠᠨ ᠬᠠᠮᠠᠭ᠋ᠠᠯᠠᠵᠤ᠂ ᠴᠤᠤᠷᠬᠠᠯ ᠲᠠᠯᠪᠢᠨ ᠣᠯᠠᠨ᠎ᠢ ᠬᠠᠭᠤᠷᠬᠤ ᠪᠠ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠴᠢᠮᠡᠭᠡ ᠬᠣᠯᠪᠣᠭ᠋ᠠᠨ᠎ᠤ ᠡᠳ᠋ ᠪᠠᠷᠠᠭ᠎ᠠ ᠵᠢ ᠬᠤᠯᠠᠭ᠋ᠠᠢ᠌ᠯᠠᠬᠤ᠂ ᠳᠦᠷᠭᠢᠯᠳᠦᠨ ᠪᠤᠯᠢᠶᠠᠬᠤ ᠵᠢᠴᠢ ᠴᠢᠮᠡᠭᠡ ᠬᠣᠯᠪᠣᠭ᠋ᠠᠨ᠎ᠤ ᠪᠡᠯᠡᠳᠬᠡᠮᠵᠢ ᠵᠢ ᠡᠪᠳᠡᠬᠦ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠬᠠᠤᠯᠢ ᠶᠣᠰᠣᠭ᠋ᠠᠷ ᠴᠣᠬᠢᠯᠲᠠ ᠥᠭᠴᠦ᠂ ᠬᠣᠯᠪᠣᠭᠳᠠᠯ ᠪᠦᠬᠦᠢ ᠰᠠᠯᠠᠭ᠎ᠠ ᠮᠥᠴᠢᠷ᠎ᠢ ᠬᠠᠮᠵᠢᠨ ᠴᠢᠮᠡᠭᠡ ᠬᠣᠯᠪᠣᠭ᠎ᠠ ᠲᠠᠰᠤᠷᠠᠭᠰᠠᠨ᠎ᠠᠴᠠ ᠪᠣᠯᠵᠤ ᠡᠭᠦᠰᠦᠭᠰᠡᠨ ᠪᠦᠯᠦᠭᠵᠢᠯ᠎ᠤᠨ ᠴᠢᠨᠠᠷᠲᠠᠢ ᠠᠮᠤᠷ᠎ᠢ ᠬᠠᠮᠠᠭ᠋ᠠᠯᠠᠬᠤ ᠬᠡᠷᠡᠭ᠎ᠢ ᠲᠣᠬᠢᠲᠠᠢ ᠰᠢᠢ᠍ᠳᠪᠦᠷᠢᠯᠡᠨ᠎ᠡ;  ᠴᠢᠮᠡᠭᠡ ᠬᠣᠯᠪᠣᠭ᠋ᠠᠨ᠎ᠤ ᠪᠠᠲᠤᠯᠠᠭ᠎ᠠ ᠵᠢᠨ ᠠᠵᠢᠯᠯᠠᠭ᠋ᠠᠨ᠎ᠳᠤ ᠵᠠᠮ ᠨᠡᠪᠲᠡᠷᠡᠯᠭᠡ ᠵᠢᠨ ᠪᠠᠲᠤᠯᠠᠭ᠎ᠠ ᠬᠠᠩᠭ᠋ᠠᠨ᠎ᠠ᠃

      ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠄ ᠴᠢᠮᠡᠭᠡ ᠬᠣᠯᠪᠣᠭ᠋ᠠᠨ᠎ᠤ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠪᠠᠲᠤᠯᠠᠭ᠎ᠠ ᠵᠢᠨ᠎ᠬᠢᠨ᠎ᠤ ᠴᠢᠬᠤᠯᠠ ᠴᠢᠮᠡᠭᠡ ᠬᠣᠯᠪᠣᠭ᠋ᠠᠨ᠎ᠤ ᠪᠠᠲᠤᠯᠠᠭ᠎ᠠ ᠵᠢᠨ ᠡᠭᠦᠷᠭᠡ ᠵᠢ ᠰᠢᠢ᠍ᠳᠪᠦᠷᠢᠯᠡᠬᠦ ᠪᠠ ᠬᠡᠷᠡᠭᠵᠢᠭᠦᠯᠬᠦ᠎ᠳᠤ ᠴᠢᠬᠤᠯᠠ ᠪᠦᠬᠦᠢ ᠵᠠᠷᠤᠳᠠᠯ᠎ᠤᠨ ᠳᠡᠮᠵᠢᠯᠭᠡ ᠬᠠᠩᠭ᠋ᠠᠬᠤ ᠵᠢ ᠬᠠᠷᠢᠭᠤᠴᠠᠨ᠎ᠠ᠃

      ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠄ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠴᠢᠮᠡᠭᠡ ᠬᠣᠯᠪᠣᠭ᠎ᠠ ᠵᠢᠨ ᠡᠳ᠋ ᠪᠠᠷᠠᠭ᠋ᠠᠨ᠎ᠤ ᠬᠠᠭᠤᠷᠠᠢ ᠵᠠᠮ᠂ ᠤᠰᠤᠨ ᠵᠠᠮ᠎ᠳᠠᠬᠢ ᠪᠠᠴᠢᠮ ᠲᠡᠭᠡᠭᠡᠪᠦᠷᠢ ᠪᠣᠯᠣᠨ ᠤᠷᠢᠳ ᠵᠶ᠋ᠠᠷ ᠨᠡᠪᠲᠡᠷᠡᠬᠦ ᠠᠵᠢᠯ᠎ᠢ ᠬᠠᠷᠢᠭᠤᠴᠠᠨ ᠵᠣᠬᠢᠴᠠᠭᠤᠯᠤᠨ᠎ᠠ;  ᠪᠠᠴᠢᠮ ᠪᠠᠢ᠌ᠳᠠᠯ᠎ᠢ ᠠᠷᠭ᠋ᠠᠴᠠᠭ᠋ᠠᠬᠤ ᠲᠡᠭᠡᠭᠡᠪᠦᠷᠢ ᠵᠢᠨ ᠲᠡᠷᠭᠡ ᠬᠥᠰᠬᠡ ᠵᠢ ᠬᠠᠪᠰᠤᠷᠤᠨ ᠲᠣᠬᠢᠷᠠᠭᠤᠯᠵᠤ᠂ ᠠᠶᠤᠯ᠎ᠠᠴᠠ ᠠᠪᠤᠷᠠᠨ ᠲᠤᠰᠠᠯᠠᠬᠤ ᠬᠥᠮᠥᠰ᠂ ᠡᠳ᠋ ᠪᠠᠷᠠᠭ᠎ᠠ ᠪᠣᠯᠣᠨ ᠬᠦᠴᠢᠷᠳᠡᠯ᠎ᠳᠤ ᠲᠤᠯᠭ᠋ᠠᠷᠠᠭᠰᠠᠨ ᠬᠥᠮᠥᠰ᠎ᠢ ᠲᠠᠷᠬᠠᠭ᠋ᠠᠨ ᠵᠠᠢ᠌ᠯᠠᠭᠤᠯᠬᠤ ᠠᠵᠢᠯ᠎ᠢ ᠬᠠᠮᠵᠢᠯᠴᠠᠨ ᠰᠠᠢ᠌ᠲᠤᠷ ᠬᠢᠨ᠎ᠡ᠃

      ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠄ ᠦᠶᠡᠷ᠎ᠤᠨ ᠪᠠᠢ᠌ᠳᠠᠯ᠂ ᠤᠰᠤᠨ ᠵᠦᠢ ᠵᠢᠨ ᠭᠠᠩ ᠬᠠᠭᠰᠠᠷᠠᠭ᠋ᠠᠨ᠎ᠤ ᠬᠢᠨᠠᠨ ᠰᠢᠨᠵᠢᠯᠲᠡ ᠵᠢ ᠬᠠᠷᠢᠭᠤᠴᠠᠬᠤ ᠵᠢᠨ ᠬᠠᠮᠲᠤ᠂ ᠵᠢᠯᠤᠭᠣᠳᠬᠤ ᠭᠠᠵᠠᠷ ᠵᠢᠴᠢ ᠪᠦᠷᠢᠯᠳᠦᠭᠦᠨ ᠨᠢᠭᠡᠴᠢ᠎ᠳᠤ ᠤᠰᠤᠨ ᠠᠰᠢᠭᠯᠠᠯᠲᠠ ᠵᠢᠨ ᠭᠡᠨᠡᠳᠲᠡ ᠡᠭᠦᠰᠬᠦ ᠣᠯᠠᠨ ᠨᠡᠶ᠋ᠢᠲᠡ ᠵᠢᠨ ᠬᠡᠷᠡᠭ ᠪᠠ ᠬᠠᠮᠢᠶ᠎ᠠ ᠪᠦᠬᠦᠢ ᠬᠢᠨᠠᠨ ᠰᠢᠨᠵᠢᠯᠲᠡ ᠬᠢᠭᠰᠡᠨ ᠮᠡᠳᠡᠭᠡ ᠵᠠᠩᠭᠢ ᠵᠢ ᠬᠠᠩᠭ᠋ᠠᠨ᠎ᠠ᠃

      ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠲᠢᠩᠬᠢᠮ᠄ ᠬᠠᠮᠢᠶ᠎ᠠ ᠪᠦᠬᠦᠢ ᠲᠤᠰᠬᠠᠢ ᠮᠡᠷᠭᠡᠵᠢᠯ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠨ ᠲᠤᠰᠠᠯᠠᠬᠤ ᠡᠩᠨᠡᠭᠡ ᠵᠢ ᠬᠠᠪᠰᠤᠷᠤᠨ ᠲᠣᠬᠢᠷᠠᠭᠤᠯᠵᠤ᠂ ᠪᠠᠴᠢᠮ ᠪᠠᠢ᠌ᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠠᠵᠢᠯ᠎ᠳᠤ ᠣᠷᠣᠯᠴᠠᠭᠤᠯᠤᠨ᠎ᠠ᠃

      ᠥᠪᠡᠷᠲᠡᠭᠡᠨ ᠵᠠᠰᠠᠬᠤ ᠣᠷᠣᠨ᠎ᠤ ᠡᠨᠧᠷᠭᠢ ᠵᠢᠨ ᠲᠣᠪᠴᠢᠶ᠎ᠠ᠄ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠴᠠᠬᠢᠯᠭ᠋ᠠᠨ ᠬᠦᠴᠦᠨ᠂ ᠡᠨᠧᠷᠭᠢ ᠵᠢᠨ ᠠᠵᠤ ᠠᠬᠤᠢ᠌ᠯᠠᠯ᠎ᠤᠳ᠎ᠢ ᠵᠣᠬᠢᠴᠠᠭᠤᠯᠵᠤ ᠪᠠᠢ᠌ᠭ᠋ᠠᠳ ᠴᠢᠮᠡᠭᠡ ᠬᠣᠯᠪᠣᠭ᠋ᠠᠨ᠎ᠤ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠪᠠᠲᠤᠯᠠᠭ᠎ᠠ ᠵᠢᠨ ᠠᠵᠢᠯ᠎ᠳᠤ ᠴᠢᠬᠤᠯᠠ ᠪᠦᠬᠦᠢ ᠴᠠᠬᠢᠯᠭ᠋ᠠᠨ ᠬᠦᠴᠦᠨ᠂ ᠲᠣᠰᠣᠯᠢᠭ ᠵᠦᠢ᠍ᠯ᠎ᠤᠨ ᠬᠠᠩᠭ᠋ᠠᠯᠭ᠎ᠠ ᠵᠢ ᠡᠩ ᠲᠡᠷᠢᠭᠦᠨ᠎ᠳᠤ ᠬᠠᠩᠭ᠋ᠠᠨ᠎ᠠ᠃

      ᠥᠪᠥᠷ ᠮᠣᠩᠭᠣᠯ᠎ᠤᠨ ᠭᠠᠵᠠᠷ ᠬᠥᠳᠡᠯᠦᠯᠲᠡ ᠵᠢᠨ ᠲᠣᠪᠴᠢᠶ᠎ᠠ᠄ ᠵᠢᠯᠤᠭᠣᠳᠬᠤ ᠭᠠᠵᠠᠷ ᠵᠢᠴᠢ ᠪᠦᠷᠢᠯᠳᠦᠭᠦᠨ ᠨᠢᠭᠡᠴᠢ᠎ᠳᠤ ᠴᠢᠮᠡᠭᠡ ᠬᠣᠯᠪᠣᠭ᠎ᠠ ᠵᠢ ᠲᠠᠰᠤᠯᠳᠠᠭᠤᠯᠵᠤ ᠮᠡᠳᠡᠬᠦ ᠬᠦᠨᠳᠦ ᠨᠣᠴᠢᠲᠠᠢ ᠭᠠᠵᠠᠷ ᠬᠥᠳᠡᠯᠦᠯᠲᠡ ᠵᠢ ᠬᠢᠨᠠᠨ ᠰᠢᠨᠵᠢᠭᠰᠡᠨ ᠮᠡᠳᠡᠭᠡ ᠵᠠᠩᠭᠢ ᠵᠢᠴᠢ ᠪᠠᠴᠢᠮ ᠪᠠᠢ᠌ᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠬᠤᠭᠤᠴᠠᠭ᠋ᠠᠨ᠎ᠳᠠᠬᠢ ᠭᠠᠵᠠᠷ ᠬᠥᠳᠡᠯᠦᠯᠲᠡ ᠵᠢᠨ ᠪᠠᠢ᠌ᠳᠠᠯ᠂ ᠬᠠᠨᠳᠤᠰᠢ ᠵᠢᠨ ᠮᠠᠭ᠋ᠠᠳᠯᠠᠯᠲᠠ ᠵᠡᠷᠭᠡ ᠮᠡᠳᠡᠭᠡ ᠵᠠᠩᠭᠢ ᠵᠢ ᠬᠠᠩᠭ᠋ᠠᠬᠤ ᠠᠵᠢᠯ᠎ᠢ ᠬᠠᠷᠢᠭᠤᠴᠠᠨ᠎ᠠ᠃

      ᠥᠪᠥᠷ ᠮᠣᠩᠭᠣᠯ᠎ᠤᠨ ᠴᠠᠭ ᠠᠭᠤᠷ᠎ᠤᠨ ᠲᠣᠪᠴᠢᠶ᠎ᠠ᠄ ᠴᠠᠭ ᠠᠭᠤᠷ᠎ᠤᠨ ᠬᠢᠨᠠᠨ ᠠᠵᠢᠭᠯᠠᠯᠲᠠ ᠪᠠ ᠤᠷᠢᠳᠴᠢᠯᠠᠨ ᠰᠢᠨᠵᠢᠨ ᠮᠡᠳᠡᠭᠡᠯᠡᠬᠦ ᠵᠢ ᠬᠠᠷᠢᠭᠤᠴᠠᠬᠤ ᠵᠢᠨ ᠬᠠᠮᠲᠤ ᠵᠢᠯᠤᠭᠣᠳᠬᠤ ᠭᠠᠵᠠᠷ ᠵᠢᠴᠢ ᠪᠦᠷᠢᠯᠳᠦᠭᠦᠨ ᠨᠢᠭᠡᠴᠢ᠎ᠳᠤ ᠬᠠᠮᠢᠶ᠎ᠠ ᠪᠦᠬᠦᠢ ᠬᠢᠨᠠᠨ ᠰᠢᠨᠵᠢᠭᠰᠡᠨ ᠮᠡᠳᠡᠭᠡ ᠵᠠᠩᠭᠢ ᠵᠢ ᠬᠠᠩᠭ᠋ᠠᠨ᠎ᠠ᠃

      ᠳᠤᠮᠳᠠᠳᠤ ᠤᠯᠤᠰ᠎ᠤᠨ ᠲᠡᠮᠦᠷ ᠵᠠᠮ᠎ᠤᠨ ᠬᠥᠬᠡᠬᠣᠲᠠ ᠲᠣᠪᠴᠢᠶ᠎ᠠ ᠵᠢᠨ ᠪᠦᠯᠦᠭᠯᠡᠯᠳᠦ ᠬᠢᠵᠠᠭ᠋ᠠᠷᠲᠤ ᠺᠣᠮᠫᠠᠨᠢ᠄ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠴᠢᠮᠡᠭᠡ ᠬᠣᠯᠪᠣᠭ᠋ᠠᠨ᠎ᠤ ᠡᠳ᠋ ᠪᠠᠷᠠᠭ᠋ᠠᠨ᠎ᠤ ᠲᠠᠯ᠎ᠠ᠎ᠪᠠᠷ ᠲᠡᠮᠦᠷ ᠵᠠᠮ᠎ᠤᠨ ᠲᠡᠭᠡᠭᠡᠪᠦᠷᠢ ᠵᠢᠨ ᠳᠡᠮᠵᠢᠯᠭᠡ ᠵᠢᠴᠢ ᠲᠡᠭᠡᠭᠡᠪᠦᠷᠢ ᠨᠡᠪᠲᠡᠷᠡᠬᠦ ᠪᠠᠲᠤᠯᠠᠭ᠎ᠠ ᠬᠠᠩᠭ᠋ᠠᠬᠤ ᠵᠢ ᠬᠠᠷᠢᠭᠤᠴᠠᠨ᠎ᠠ᠃

      ᠠᠷᠠᠳ᠎ᠤᠨ ᠠᠭ᠋ᠠᠷ᠎ᠤᠨ ᠲᠡᠭᠡᠭᠡᠪᠦᠷᠢ ᠵᠢᠨ ᠥᠪᠥᠷ ᠮᠣᠩᠭᠣᠯ᠎ᠤᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠄ ᠠᠷᠠᠳ᠎ᠤᠨ ᠬᠡᠷᠡᠭᠯᠡᠭᠡᠨ᠎ᠤ ᠠᠭ᠋ᠠᠷ᠎ᠤᠨ ᠠᠶᠠᠯᠠᠯ᠎ᠤᠨ ᠨᠢᠰᠦᠭᠦᠷ᠎ᠢ ᠵᠣᠬᠢᠴᠠᠭᠤᠯᠤᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠴᠢᠮᠡᠭᠡ ᠬᠣᠯᠪᠣᠭ᠋ᠠᠨ᠎ᠤ ᠡᠳ᠋ ᠪᠣᠳᠠᠰ᠎ᠢ ᠪᠠᠴᠢᠮ ᠵᠥᠭᠡᠭᠡᠪᠦᠷᠢᠯᠡᠨ ᠬᠦᠷᠭᠡᠬᠦ ᠵᠢ ᠬᠠᠷᠢᠭᠤᠴᠠᠨ᠎ᠠ᠃

      ᠥᠪᠥᠷ ᠮᠣᠩᠭᠣᠯ᠎ᠤᠨ ᠴᠡᠷᠢᠭ᠎ᠤᠨ ᠲᠣᠭᠣᠷᠢᠭ᠎ᠤᠨ ᠳᠠᠢ᠌ᠨ᠎ᠤ ᠪᠡᠯᠡᠳᠬᠡᠯ᠎ᠤᠨ ᠪᠦᠲᠦᠭᠡᠨ ᠪᠠᠢ᠌ᠭᠤᠯᠤᠯᠲᠠ ᠵᠢᠨ ᠲᠣᠪᠴᠢᠶ᠎ᠠ᠄ ᠬᠠᠷᠢᠶ᠎ᠠ ᠪᠦᠬᠦᠢ ᠡᠷᠥᠭᠡ ᠵᠢᠨ ᠴᠡᠷᠢᠭ᠎ᠤᠨ ᠬᠦᠴᠦᠨ᠎ᠢ ᠵᠣᠬᠢᠶᠠᠨ ᠪᠠᠶ᠋ᠢᠭᠤᠯᠬᠤ ᠵᠢ ᠬᠠᠷᠢᠭᠤᠴᠠᠵᠤ᠂ ᠴᠢᠬᠤᠯᠠ᠎ᠲᠠᠢ ᠦᠶ᠎ᠡ᠎ᠳᠤ ᠣᠷᠣᠨ᠎ᠳᠤ ᠰᠠᠭᠤᠭ᠎ᠠ ᠡᠯ᠎ᠡ ᠱᠠᠲᠤᠨ᠎ᠤ ᠴᠡᠷᠢᠭ ᠠᠩᠭᠢ ᠵᠢ ᠵᠣᠬᠢᠴᠠᠭᠤᠯᠤᠨ ᠴᠢᠮᠡᠭᠡ ᠬᠣᠯᠪᠣᠭ᠋ᠠᠨ᠎ᠤ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠪᠠᠲᠤᠯᠠᠭ᠎ᠠ ᠵᠢᠨ ᠠᠵᠢᠯᠯᠠᠭ᠋ᠠᠨ᠎ᠳᠤ ᠣᠷᠣᠯᠴᠠᠭᠤᠯᠤᠨ᠎ᠠ᠃

      ᠵᠡᠪᠰᠡᠭᠲᠦ ᠴᠠᠭᠳᠠᠭ᠎ᠠ ᠵᠢᠨ ᠥᠪᠥᠷ ᠮᠣᠩᠭᠣᠯ᠎ᠤᠨ ᠶᠡᠷᠦᠩᠬᠡᠢ ᠠᠩᠭᠢ᠂ ᠥᠪᠥᠷ ᠮᠣᠩᠭᠣᠯ᠎ᠤᠨ ᠬᠢᠯᠢ᠎ᠪᠠᠷ ᠭᠠᠷᠴᠤ ᠣᠷᠣᠬᠤ ᠬᠢᠯᠢ ᠵᠢᠨ ᠬᠠᠮᠠᠭ᠋ᠠᠯᠠᠯᠲᠠ ᠵᠢᠨ ᠪᠠᠢ᠌ᠴᠠᠭ᠋ᠠᠬᠤ ᠶᠡᠷᠦᠩᠬᠡᠢ ᠥᠷᠲᠡᠭᠡ᠂ ᠥᠪᠥᠷ ᠮᠣᠩᠭᠣᠯ᠎ᠤᠨ ᠭᠠᠯ ᠰᠡᠷᠭᠡᠢ᠌ᠯᠡᠨ ᠤᠨᠲᠠᠷᠠᠭ᠋ᠠᠵᠤ ᠠᠪᠤᠷᠠᠨ ᠲᠤᠰᠠᠯᠠᠬᠤ ᠶᠡᠷᠦᠩᠬᠡᠢ ᠠᠩᠭᠢ᠂ ᠥᠪᠥᠷ ᠮᠣᠩᠭᠣᠯ᠎ᠤᠨ ᠣᠶ ᠰᠢᠭᠤᠢ ᠵᠢᠨ ᠭᠠᠯ ᠲᠦᠢ᠍ᠮᠡᠷ᠎ᠢ ᠰᠡᠷᠭᠡᠢ᠌ᠯᠡᠨ ᠤᠨᠲᠠᠷᠠᠭ᠋ᠠᠬᠤ ᠶᠡᠷᠦᠩᠬᠡᠢ ᠠᠩᠭᠢ᠄ ᠬᠦᠴᠦᠨ ᠵᠶ᠋ᠡᠨ ᠵᠣᠬᠢᠶᠠᠨ ᠪᠠᠢ᠌ᠭᠤᠯᠵᠤ ᠴᠢᠮᠡᠭᠡ ᠬᠣᠯᠪᠣᠭ᠋ᠠᠨ᠎ᠤ ᠵᠠᠪᠳᠤᠨ ᠵᠠᠰᠠᠬᠤ᠎ᠳᠤ ᠬᠠᠮᠵᠢᠨ ᠣᠷᠣᠯᠴᠠᠬᠤ ᠵᠢ ᠬᠠᠷᠢᠭᠤᠴᠠᠨ᠎ᠠ;  ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠎ᠳᠤ ᠬᠠᠮᠵᠢᠯᠴᠠᠨ ᠲᠤᠬᠠᠢ ᠵᠢᠨ ᠭᠠᠵᠠᠷ᠎ᠤᠨ ᠡᠮᠬᠢ ᠳᠢᠭᠯᠢᠮ᠎ᠢ ᠬᠠᠮᠠᠭ᠋ᠠᠯᠠᠵᠤ᠂ ᠴᠢᠬᠤᠯᠠ ᠬᠠᠷᠠᠯᠲᠠ ᠵᠢ ᠬᠠᠮᠠᠭ᠋ᠠᠯᠠᠨ᠎ᠠ᠃

      ᠰᠠᠭᠤᠷᠢ ᠴᠠᠬᠢᠯᠭ᠋ᠠᠨ ᠬᠣᠯᠪᠣᠭ᠋ᠠᠨ᠎ᠤ ᠠᠵᠤ ᠠᠬᠤᠢ᠌ᠯᠠᠯ᠄ ᠲᠣᠰ ᠠᠵᠤ ᠠᠬᠤᠢ᠌ᠯᠠᠯ᠎ᠤᠨ ᠵᠶ᠋ᠡᠨ ᠡᠭᠦᠷᠭᠡ ᠬᠠᠷᠢᠭᠤᠴᠠᠯᠭ᠎ᠠ ᠵᠢᠨ ᠬᠡᠪᠴᠢᠶᠡᠨ ᠳᠣᠲᠣᠷᠠᠬᠢ ᠴᠢᠮᠡᠭᠡ ᠬᠣᠯᠪᠣᠭ᠋ᠠᠨ᠎ᠤ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠪᠠᠲᠤᠯᠠᠭ᠎ᠠ ᠵᠢᠨ ᠠᠵᠢᠯ᠎ᠢ ᠵᠣᠬᠢᠶᠠᠨ ᠪᠠᠢ᠌ᠭᠤᠯᠤᠨ ᠨᠠᠢ᠌ᠳᠠᠪᠤᠷᠢᠵᠢᠭᠤᠯᠬᠤ ᠵᠢ ᠬᠠᠷᠢᠭᠤᠴᠠᠨ᠎ᠠ;  ᠵᠢᠯᠤᠭᠣᠳᠬᠤ ᠭᠠᠵᠠᠷ ᠪᠣᠯᠣᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠠᠯᠪᠠᠨ ᠭᠡᠷ᠎ᠲᠤ ᠲᠣᠰ ᠠᠵᠤ ᠠᠬᠤᠢ᠌ᠯᠠᠯ᠎ᠤᠨ ᠵᠶ᠋ᠠᠨ ᠴᠢᠮᠡᠭᠡ ᠬᠣᠯᠪᠣᠭ᠋ᠠᠨ᠎ᠤ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠪᠠᠲᠤᠯᠠᠭ᠎ᠠ ᠵᠢᠨ ᠠᠵᠢᠯ᠎ᠤᠨ ᠠᠬᠢᠴᠠ ᠵᠢᠨ ᠪᠠᠢ᠌ᠳᠠᠯ ᠵᠶ᠋ᠠᠨ ᠴᠠᠭ ᠲᠤᠬᠠᠢ᠎ᠳᠤ᠎ᠨᠢ ᠮᠡᠳᠡᠭᠦᠯᠦᠨ᠎ᠡ;  ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠡᠷᠡᠭᠴᠡᠭᠡ ᠵᠢ ᠦᠨᠳᠦᠰᠦᠯᠡᠨ᠂ ᠪᠤᠰᠤᠳ ᠴᠠᠬᠢᠯᠭ᠋ᠠᠨ ᠬᠣᠯᠪᠣᠭ᠋ᠠᠨ᠎ᠤ ᠠᠵᠤ ᠠᠬᠤᠢ᠌ᠯᠠᠯ᠎ᠤᠨ ᠳᠤᠷᠠᠳᠤᠭᠰᠠᠨ ᠬᠡᠷᠡᠭᠴᠡᠭᠡ ᠱᠠᠭ᠋ᠠᠷᠳᠠᠯᠭ᠎ᠠ᠎ᠳᠤ ᠴᠠᠭ ᠲᠤᠬᠠᠢ᠎ᠳᠤ᠎ᠨᠢ ᠳᠡᠮᠵᠢᠯᠭᠡ ᠦᠵᠡᠭᠦᠯᠦᠨ᠎ᠡ;  ᠲᠤᠰ ᠠᠵᠤ ᠠᠬᠤᠢ᠌ᠯᠠᠯ᠎ᠤᠨ ᠵᠶ᠋ᠠᠨ ᠴᠢᠮᠡᠭᠡ ᠬᠣᠯᠪᠣᠭ᠋ᠠᠨ᠎ᠤ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠪᠠᠲᠤᠯᠠᠭ᠎ᠠ ᠵᠢᠨ ᠪᠡᠯᠡᠳᠬᠡᠯ ᠲᠥᠰᠥᠯ᠎ᠤᠨ ᠲᠣᠭᠲᠠᠯᠴᠠᠭ᠎ᠠ ᠵᠢ ᠪᠠᠢ᠌ᠭᠤᠯᠵᠤ᠂ ᠵᠢᠯᠤᠭᠣᠳᠬᠤ ᠭᠠᠵᠠᠷ ᠪᠣᠯᠣᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠠᠯᠪᠠᠨ ᠭᠡᠷ᠎ᠤᠨ ᠬᠣᠯᠪᠣᠭᠳᠠᠯ ᠪᠦᠬᠦᠢ ᠴᠢᠮᠡᠭᠡ ᠬᠣᠯᠪᠣᠭ᠋ᠠᠨ᠎ᠤ ᠪᠠᠲᠤᠯᠠᠭ᠎ᠠ ᠵᠢᠨ ᠠᠵᠢᠯ᠎ᠤᠨ ᠪᠠᠢ᠌ᠷᠢᠯᠠᠭᠤᠯᠤᠯᠲᠠ ᠵᠢ ᠨᠠᠢ᠌ᠳᠠᠪᠤᠷᠢᠵᠢᠭᠤᠯᠤᠨ᠎ᠠ᠃

     2.4 ᠴᠢᠮᠡᠭᠡ ᠬᠣᠯᠪᠣᠭ᠋ᠠᠨ᠎ᠤ ᠲᠣᠣᠷ ᠰᠦᠯᠵᠢᠶᠡᠨ᠎ᠤ ᠭᠡᠨᠡᠳᠡᠯ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠪᠠᠲᠤᠯᠠᠭ᠎ᠠ ᠵᠢᠨ ᠲᠤᠰᠬᠠᠢ ᠮᠡᠷᠭᠡᠵᠢᠯᠲᠡᠨ᠎ᠤ ᠳᠤᠭᠤᠢ᠌ᠯᠠᠩ᠎ᠤᠨ ᠪᠦᠷᠢᠯᠳᠦᠯ ᠬᠢᠭᠡᠳ ᠡᠭᠦᠷᠭᠡ ᠬᠠᠷᠢᠭᠤᠴᠠᠯᠭ᠎ᠠ

      ᠪᠠᠴᠢᠮ ᠪᠠᠢ᠌ᠳᠠᠯ᠎ᠢ ᠠᠷᠭ᠋ᠠᠴᠠᠭ᠋ᠠᠬᠤ ᠠᠯᠪᠠᠨ ᠭᠡᠷ᠎ᠤᠨ ᠳᠣᠣᠷ᠎ᠠ ᠲᠠᠯ᠎ᠠ᠎ᠳᠤ ᠴᠢᠮᠡᠭᠡ ᠬᠣᠯᠪᠣᠭ᠋ᠠᠨ᠎ᠤ ᠲᠣᠣᠷ ᠰᠦᠯᠵᠢᠶᠡᠨ᠎ᠤ ᠭᠡᠨᠡᠳᠡᠯ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠪᠠᠲᠤᠯᠠᠭ᠎ᠠ ᠵᠢᠨ ᠲᠤᠰᠬᠠᠢ ᠮᠡᠷᠭᠡᠵᠢᠯᠲᠡᠨ᠎ᠤ ᠳᠤᠭᠤᠢ᠌ᠯᠠᠩ (ᠳᠣᠷᠣᠭᠰᠢ ᠲᠤᠰᠬᠠᠢ ᠮᠡᠷᠭᠡᠵᠢᠯᠲᠡᠨ᠎ᠤ ᠳᠤᠭᠤᠢ᠌ᠯᠠᠩ ᠭᠡᠵᠦ ᠲᠣᠪᠴᠢᠯᠠᠨ᠎ᠠ) ᠪᠠᠢ᠌ᠭᠤᠯᠤᠨ᠎ᠠ᠃ ᠲᠤᠰᠬᠠᠢ ᠮᠡᠷᠭᠡᠵᠢᠯᠲᠡᠨ᠎ᠤ ᠳᠤᠭᠤᠢ᠌ᠯᠠᠩ᠎ᠨᠢ ᠴᠢᠮᠡᠭᠡ ᠬᠣᠯᠪᠣᠭ᠎ᠠ ᠪᠠ ᠲᠣᠣᠷ ᠰᠦᠯᠵᠢᠶᠡᠨ᠎ᠤ ᠠᠵᠢᠯᠯᠠᠭ᠋ᠠᠨ᠎ᠤ ᠠᠮᠤᠷ ᠲᠦᠪᠰᠢᠨ᠎ᠤ ᠮᠡᠷᠭᠡᠵᠢᠯ ᠵᠢᠴᠢ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠴᠢᠮᠡᠭᠡ ᠬᠣᠯᠪᠣᠭ᠋ᠠᠨ᠎ᠤ ᠬᠠᠮᠢᠶᠠᠷᠤᠯᠲᠠ ᠵᠢᠨ ᠲᠤᠷᠰᠢᠯᠭ᠎ᠠ᠎ᠲᠠᠢ ᠬᠥᠮᠥᠰ ᠵᠶ᠋ᠡᠷ ᠪᠦᠷᠢᠯᠳᠦᠵᠦ᠂ ᠭᠣᠣᠯ ᠡᠭᠦᠷᠭᠡ ᠬᠠᠷᠢᠭᠤᠴᠠᠯᠭ᠎ᠠ᠎ᠨᠢ ᠪᠣᠯ᠄ ᠴᠢᠮᠡᠭᠡ ᠬᠣᠯᠪᠣᠭ᠋ᠠᠨ᠎ᠤ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠪᠠᠲᠤᠯᠠᠭ᠎ᠠ ᠵᠢᠨ ᠠᠵᠢᠯ᠎ᠤᠨ ᠰᠢᠢ᠍ᠳᠪᠦᠷᠢᠲᠦ ᠪᠣᠳᠣᠯᠭ᠎ᠠ ᠵᠢᠨ ᠯᠠᠪᠯᠠᠭ᠎ᠠ ᠵᠢᠨ ᠡᠭᠦᠷᠭᠡ ᠵᠢ ᠳᠠᠭ᠋ᠠᠭ᠋ᠠᠨ ᠡᠭᠦᠷᠭᠡᠯᠡᠬᠦ᠂ ᠴᠢᠮᠡᠭᠡ ᠬᠣᠯᠪᠣᠭ᠋ᠠᠨ᠎ᠤ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠪᠠᠲᠤᠯᠠᠭ᠎ᠠ ᠵᠢᠨ ᠰᠢᠢ᠍ᠳᠪᠦᠷᠢᠯᠡᠬᠦ ᠠᠷᠭ᠎ᠠ ᠬᠡᠮᠵᠢᠶ᠎ᠡ ᠵᠢᠨ ᠰᠠᠨᠠᠭᠤᠯᠭ᠎ᠠ ᠳᠤᠷᠠᠳᠬᠤ᠂ ᠵᠢᠯᠤᠭᠣᠳᠬᠤ ᠭᠠᠵᠠᠷ ᠪᠠ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠠᠯᠪᠠᠨ ᠭᠡᠷ᠎ᠤᠨ ᠨᠠᠶ᠋ᠢᠳᠠᠯᠭ᠎ᠠ᠎ᠪᠠᠷ ᠬᠣᠯᠪᠣᠭᠳᠠᠯ ᠪᠦᠬᠦᠢ ᠰᠢᠢ᠍ᠳᠪᠦᠷᠢᠯᠡᠬᠦ ᠲᠥᠰᠥᠯ᠎ᠳᠤ ᠶᠡᠷᠦᠩᠬᠡᠢ᠌ᠯᠡᠭᠰᠡᠨ ᠦᠨᠡᠯᠡᠨ ᠵᠢᠱ᠌ᠢᠯᠲᠡ ᠬᠢᠬᠦ ᠵᠡᠷᠭᠡ ᠪᠣᠯᠣᠨ᠎ᠠ᠃

     3 ᠤᠷᠢᠳᠴᠢᠯᠠᠨ ᠰᠡᠷᠭᠡᠢ᠌ᠯᠡᠬᠦ ᠬᠢᠭᠡᠳ ᠰᠡᠷᠡᠮᠵᠢᠯᠡᠭᠦᠯᠬᠦ

     3.1 ᠤᠷᠢᠳᠴᠢᠯᠠᠨ ᠰᠡᠷᠭᠡᠢ᠌ᠯᠡᠬᠦ ᠲᠣᠭᠲᠠᠴᠠ

      ᠰᠠᠭᠤᠷᠢ ᠴᠠᠬᠢᠯᠭ᠋ᠠᠨ ᠬᠣᠯᠪᠣᠭ᠋ᠠᠨ᠎ᠤ ᠠᠵᠤ ᠠᠬᠤᠢ᠌ᠯᠠᠯ᠎ᠨᠢ ᠴᠢᠮᠡᠭᠡ ᠬᠣᠯᠪᠣᠭ᠋ᠠᠨ᠎ᠤ ᠲᠣᠣᠷ ᠰᠦᠯᠵᠢᠶᠡᠨ᠎ᠤ ᠲᠥᠯᠦᠪᠵᠢᠭᠦᠯᠭᠡ ᠪᠠ ᠪᠦᠲᠦᠭᠡᠨ ᠪᠠᠢ᠌ᠭᠤᠯᠤᠯᠲᠠ ᠵᠢᠨ ᠳᠤᠮᠳᠠ᠂ ᠲᠣᠣᠷ ᠰᠦᠯᠵᠢᠶᠡᠨ᠎ᠤ ᠠᠵᠢᠯᠯᠠᠭ᠋ᠠᠨ᠎ᠤ ᠠᠮᠤᠷ ᠲᠦᠪᠰᠢᠨ᠎ᠤ ᠡᠯ᠎ᠡ ᠵᠦᠢ᠍ᠯ᠎ᠤᠨ ᠠᠵᠢᠯ᠎ᠤᠨ ᠱᠠᠭ᠋ᠠᠷᠳᠠᠯᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠲᠣᠣᠷ ᠰᠦᠯᠵᠢᠶᠡᠨ᠎ᠤ ᠠᠵᠢᠯᠯᠠᠭ᠋ᠠᠨ᠎ᠤ ᠠᠮᠤᠷ ᠲᠦᠪᠰᠢᠨ᠎ᠤ ᠰᠡᠷᠭᠡᠢ᠌ᠯᠡᠯᠲᠡ᠂ ᠬᠢᠨᠠᠨ ᠰᠢᠨᠵᠢᠵᠦ ᠰᠡᠷᠡᠮᠵᠢᠯᠡᠭᠦᠯᠬᠦ ᠪᠠ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠴᠢᠮᠡᠭᠡ ᠬᠣᠯᠪᠣᠭ᠋ᠠᠨ᠎ᠤ ᠪᠠᠲᠤᠯᠠᠭ᠎ᠠ ᠵᠢᠨ ᠲᠣᠭᠲᠠᠯᠴᠠᠭ᠎ᠠ ᠵᠢ ᠪᠦᠷᠢᠨᠰᠢᠭᠦᠯᠵᠦ᠂ ᠲᠣᠣᠷ ᠰᠦᠯᠵᠢᠶᠡᠨ᠎ᠤ ᠡᠪᠳᠡᠯᠡᠭᠡ ᠵᠢ ᠡᠰᠡᠷᠭᠦᠴᠡᠬᠦ ᠴᠢᠳᠠᠪᠤᠷᠢ ᠵᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ;  ᠲᠦᠭᠰᠢᠭᠦᠷᠢ ᠵᠢᠨ ᠳᠠᠯᠳᠠ ᠬᠡᠮ᠎ᠢ ᠵᠢᠭᠰᠠᠭ᠋ᠠᠨ ᠪᠠᠢ᠌ᠴᠠᠭ᠋ᠠᠬᠤ ᠵᠢ ᠴᠢᠩᠭ᠋ᠠᠳᠬᠠᠵᠤ᠂ ᠪᠠᠴᠢᠮ ᠪᠠᠢ᠌ᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠲᠣᠭᠲᠠᠴᠠ ᠵᠢ ᠲᠡᠭᠦᠯᠳᠡᠷᠵᠢᠭᠦᠯᠦᠨ᠂ ᠡᠯ᠎ᠡ ᠱᠠᠲᠤᠨ᠎ᠤ ᠴᠢᠮᠡᠭᠡ ᠬᠣᠯᠪᠣᠭ᠋ᠠᠨ᠎ᠤ ᠪᠠᠲᠤᠯᠠᠭ᠎ᠠ ᠵᠢᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠪᠡᠯᠡᠳᠬᠡᠯ ᠲᠥᠰᠥᠯ᠎ᠳᠤ ᠴᠠᠭ ᠲᠤᠬᠠᠢ᠎ᠳᠤ᠎ᠨᠢ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠲᠣᠭᠲᠠᠮᠠᠯ ᠬᠤᠭᠤᠴᠠᠭ᠎ᠠ᠎ᠲᠠᠢ᠎ᠪᠠᠷ ᠵᠣᠬᠢᠶᠠᠨ ᠪᠠᠢ᠌ᠭᠤᠯᠤᠨ ᠰᠣᠷᠢᠯᠲᠠ ᠬᠢᠵᠦ᠂ ᠤᠬᠠᠭᠤᠯᠭ᠎ᠠ ᠬᠥᠮᠦᠵᠢᠯ᠎ᠤᠨ ᠪᠣᠯᠪᠠᠰᠤᠷᠠᠯ᠎ᠢ ᠴᠢᠩᠭ᠋ᠠᠳᠬᠠᠨ᠂ ᠭᠡᠨᠡᠳᠲᠡ ᠵᠢᠨ ᠬᠡᠷᠡᠭ᠎ᠢ ᠠᠷᠭ᠋ᠠᠴᠠᠭ᠋ᠠᠬᠤ ᠴᠢᠳᠠᠪᠤᠷᠢ ᠵᠢ᠎ᠨᠢ ᠳᠡᠭᠡᠭᠰᠢᠯᠡᠭᠦᠯᠬᠦ ᠬᠡᠷᠡᠭᠲᠡᠢ᠃

     3.2 ᠰᠡᠷᠡᠮᠵᠢᠯᠡᠭᠦᠯᠬᠦ ᠳᠡᠰ ᠬᠤᠪᠢᠶᠠᠬᠤ

      ᠨᠥᠯᠥᠭᠡᠯᠡᠵᠦ ᠮᠡᠳᠡᠬᠦ ᠬᠡᠪᠴᠢᠶ᠎ᠡ ᠵᠢ᠎ᠨᠢ ᠦᠨᠳᠦᠰᠦᠯᠡᠨ᠂ ᠴᠢᠮᠡᠭᠡ ᠬᠣᠯᠪᠣᠭ᠋ᠠᠨ᠎ᠤ ᠲᠣᠣᠷ ᠰᠦᠯᠵᠢᠶᠡᠨ᠎ᠤ ᠰᠡᠷᠡᠮᠵᠢᠯᠡᠭᠦᠯᠦᠯ᠎ᠢ ᠳᠦᠷᠪᠡᠨ ᠳᠡᠰ ᠬᠤᠪᠢᠶᠠᠵᠤ᠂ ᠳᠡᠰ ᠳᠠᠷᠠᠭ᠎ᠠ᠎ᠪᠠᠷ᠎ᠨᠢ Ⅰ ᠳᠡᠰ (ᠣᠨᠴᠠᠭ᠋ᠠᠶ ᠬᠦᠨᠳᠦ ᠨᠣᠴᠢᠲᠠᠢ)᠂ Ⅱ ᠳᠡᠰ (ᠬᠦᠨᠳᠦ ᠨᠣᠴᠢᠲᠠᠢ)᠂ Ⅲ ᠳᠡᠰ (ᠨᠡᠯᠢᠶᠡᠳ ᠬᠦᠨᠳᠦ ᠨᠣᠴᠢᠲᠠᠢ) ᠪᠠ Ⅳ ᠳᠡᠰ (ᠡᠩ᠎ᠤᠨ) ᠭᠡᠬᠦ ᠳᠦᠷᠪᠡᠨ ᠳᠡᠰ ᠬᠤᠪᠢᠶᠠᠪᠠ᠃

     Ⅰ ᠳᠡᠰ᠎ᠤᠨ ᠰᠡᠷᠡᠮᠵᠢᠯᠡᠭᠦᠯᠦᠯ᠄ ᠴᠠᠬᠢᠯᠭ᠋ᠠᠨ ᠬᠣᠯᠪᠣᠭ᠋ᠠᠨ᠎ᠤ ᠲᠣᠣᠷ ᠰᠦᠯᠵᠢᠶ᠎ᠡ᠎ᠳᠤ ᠰᠠᠭ᠋ᠠᠳ ᠭᠠᠷᠬᠤ ᠪᠤᠶᠤ ᠪᠤᠰᠤᠳ ᠬᠡᠷᠡᠭ ᠶᠠᠪᠤᠳᠠᠯ᠎ᠤᠨ ᠰᠢᠨᠵᠢ ᠲᠡᠮᠳᠡᠭ ᠢᠯᠡᠷᠡᠵᠦ᠂ ᠰᠤᠳᠤᠯᠤᠨ ᠮᠠᠭ᠋ᠠᠳᠯᠠᠬᠤ᠎ᠪᠠᠷ ᠳᠠᠮᠵᠢᠭ᠋ᠠᠳ 2 ᠵᠢᠴᠢ ᠲᠡᠭᠦᠨ᠎ᠠᠴᠠ ᠳᠡᠭᠡᠭᠰᠢᠬᠢ ᠮᠤᠵᠢ (ᠣᠷᠣᠨ᠂ ᠬᠣᠲᠠ) ᠵᠢᠨ ᠴᠢᠮᠡᠭᠡ ᠬᠣᠯᠪᠣᠭ᠎ᠠ ᠵᠢ ᠶᠡᠬᠡ ᠬᠡᠪᠴᠢᠶ᠎ᠡ᠎ᠪᠠᠷ ᠲᠠᠰᠤᠯᠳᠠᠭᠤᠯᠬᠤ ᠪᠠᠢ᠌ᠳᠠᠯ᠎ᠢ ᠡᠭᠦᠰᠬᠡᠵᠦ ᠮᠡᠳᠡᠬᠦ᠃

     Ⅱ ᠲᠠᠰ᠎ᠤᠨ ᠰᠡᠷᠡᠮᠵᠢᠯᠡᠭᠦᠯᠦᠯ᠄ ᠴᠠᠬᠢᠯᠭ᠋ᠠᠨ ᠬᠣᠯᠪᠣᠭ᠋ᠠᠨ᠎ᠤ ᠲᠣᠣᠷ ᠰᠦᠯᠵᠢᠶ᠎ᠡ᠎ᠳᠤ ᠰᠠᠭ᠋ᠠᠳ ᠭᠠᠷᠬᠤ ᠪᠤᠶᠤ ᠪᠤᠰᠤᠳ ᠬᠡᠷᠡᠭ ᠶᠠᠪᠤᠳᠠᠯ᠎ᠤᠨ ᠰᠢᠨᠵᠢ ᠲᠡᠮᠳᠡᠭ ᠢᠯᠡᠷᠡᠵᠦ᠂ ᠰᠤᠳᠤᠯᠤᠨ ᠮᠠᠭ᠋ᠠᠳᠯᠠᠬᠤ᠎ᠪᠠᠷ ᠳᠠᠮᠵᠢᠭ᠋ᠠᠳ 1 ᠮᠤᠵᠢ (ᠣᠷᠣᠨ᠂ ᠬᠣᠲᠠ) ᠵᠢᠨ ᠳᠣᠲᠣᠷᠠᠬᠢ 2 ᠵᠢᠴᠢ ᠲᠡᠭᠦᠨ᠎ᠠᠴᠠ ᠳᠡᠭᠡᠭᠰᠢᠬᠢ ᠠᠢ᠌ᠮᠠᠭ ᠬᠣᠲᠠ ᠵᠢᠨ ᠴᠢᠮᠡᠭᠡ ᠬᠣᠯᠪᠣᠭ᠎ᠠ ᠵᠢ ᠶᠡᠬᠡ ᠬᠡᠪᠴᠢᠶ᠎ᠡ᠎ᠪᠠᠷ ᠲᠠᠰᠤᠯᠳᠠᠭᠤᠯᠬᠤ ᠪᠠᠢ᠌ᠳᠠᠯ᠎ᠢ ᠡᠭᠦᠰᠬᠡᠵᠦ ᠮᠡᠳᠡᠬᠦ᠃

     Ⅲ ᠲᠠᠰ᠎ᠤᠨ ᠰᠡᠷᠡᠮᠵᠢᠯᠡᠭᠦᠯᠦᠯ᠄ ᠴᠠᠬᠢᠯᠭ᠋ᠠᠨ ᠬᠣᠯᠪᠣᠭ᠋ᠠᠨ᠎ᠤ ᠲᠣᠣᠷ ᠰᠦᠯᠵᠢᠶ᠎ᠡ᠎ᠳᠤ ᠰᠠᠭ᠋ᠠᠳ ᠭᠠᠷᠬᠤ ᠪᠤᠶᠤ ᠪᠤᠰᠤᠳ ᠬᠡᠷᠡᠭ ᠶᠠᠪᠤᠳᠠᠯ᠎ᠤᠨ ᠰᠢᠨᠵᠢ ᠲᠡᠮᠳᠡᠭ ᠢᠯᠡᠷᠡᠵᠦ᠂ ᠰᠤᠳᠤᠯᠤᠨ ᠮᠠᠭ᠋ᠠᠳᠯᠠᠬᠤ᠎ᠪᠠᠷ ᠳᠠᠮᠵᠢᠭ᠋ᠠᠳ 1 ᠠᠢ᠌ᠮᠠᠭ ᠬᠣᠲᠠ ᠵᠢᠨ ᠳᠣᠲᠣᠷᠠᠬᠢ 2 ᠵᠢᠴᠢ ᠲᠡᠭᠦᠨ᠎ᠠᠴᠠ ᠳᠡᠭᠡᠭᠰᠢᠬᠢ ᠬᠣᠰᠢᠭᠤ ᠰᠢᠶᠠᠨ (ᠬᠣᠲᠠ᠂ ᠲᠣᠭᠣᠷᠢᠭ)᠎ᠤ ᠴᠢᠮᠡᠭᠡ ᠬᠣᠯᠪᠣᠭ᠎ᠠ ᠵᠢ ᠶᠡᠬᠡ ᠬᠡᠪᠴᠢᠶ᠎ᠡ᠎ᠪᠠᠷ ᠲᠠᠰᠤᠯᠳᠠᠭᠤᠯᠬᠤ ᠪᠠᠢ᠌ᠳᠠᠯ᠎ᠢ ᠡᠭᠦᠰᠬᠡᠵᠦ ᠮᠡᠳᠡᠬᠦ᠃

     Ⅳ ᠲᠠᠰ᠎ᠤᠨ ᠰᠡᠷᠡᠮᠵᠢᠯᠡᠭᠦᠯᠦᠯ᠄ ᠴᠠᠬᠢᠯᠭ᠋ᠠᠨ ᠬᠣᠯᠪᠣᠭ᠋ᠠᠨ᠎ᠤ ᠲᠣᠣᠷ ᠰᠦᠯᠵᠢᠶ᠎ᠡ᠎ᠳᠤ ᠰᠠᠭ᠋ᠠᠳ ᠭᠠᠷᠬᠤ ᠪᠤᠶᠤ ᠪᠤᠰᠤᠳ ᠬᠡᠷᠡᠭ ᠶᠠᠪᠤᠳᠠᠯ᠎ᠤᠨ ᠰᠢᠨᠵᠢ ᠲᠡᠮᠳᠡᠭ ᠢᠯᠡᠷᠡᠵᠦ᠂ ᠰᠤᠳᠤᠯᠤᠨ ᠮᠠᠭ᠋ᠠᠳᠯᠠᠬᠤ᠎ᠪᠠᠷ ᠳᠡᠮᠵᠢᠨ 1 ᠬᠣᠰᠢᠭᠤ ᠰᠢᠶᠠᠨ (ᠬᠣᠲᠠ᠂ ᠲᠣᠭᠣᠷᠢᠭ)᠎ᠤ ᠴᠢᠮᠡᠭᠡ ᠬᠣᠯᠪᠣᠭ᠎ᠠ ᠵᠢ ᠲᠠᠰᠤᠯᠳᠠᠭᠤᠯᠬᠤ ᠪᠠᠢ᠌ᠳᠠᠯ᠎ᠢ ᠡᠭᠦᠰᠬᠡᠵᠦ ᠮᠡᠳᠡᠬᠦ᠃

      ᠣᠨᠴᠠᠭ᠋ᠠᠢ ᠪᠠᠢ᠌ᠳᠠᠯ ᠭᠠᠷᠪᠠᠯ᠂ ᠪᠣᠳᠠᠲᠠᠢ᠎ᠲᠠᠢ᠎ᠪᠠᠨ ᠤᠶᠠᠯᠳᠤᠭᠤᠯᠤᠨ᠂ ᠰᠡᠷᠡᠮᠵᠢᠯᠡᠭᠦᠯᠬᠦ ᠵᠢ ᠳᠠᠭ᠋ᠠᠬᠤ ᠲᠠᠰ᠎ᠲᠤ ᠵᠣᠬᠢᠰᠲᠠᠢ ᠲᠣᠬᠢᠷᠠᠭᠤᠯᠤᠯᠲᠠ ᠬᠢᠵᠦ ᠪᠣᠯᠣᠨ᠎ᠠ᠃

     3.3 ᠰᠡᠷᠡᠮᠵᠢᠯᠡᠭᠦᠯᠬᠦ ᠬᠢᠨᠠᠨ ᠰᠢᠨᠵᠢᠯᠲᠡ

      ᠥᠪᠥᠷ ᠮᠣᠩᠭᠣᠯ᠎ᠤᠨ ᠴᠢᠮᠡᠭᠡ ᠬᠣᠯᠪᠣᠭ᠎ᠠ ᠵᠢᠨ ᠬᠠᠮᠢᠶᠠᠷᠤᠯᠲᠠ ᠵᠢᠨ ᠲᠣᠪᠴᠢᠶ᠎ᠠ᠎ᠠᠴᠠ ᠴᠠᠭ ᠠᠭᠤᠷ᠂ ᠤᠰᠤᠨ ᠠᠰᠢᠭᠯᠠᠯᠲᠠ᠂ ᠭᠠᠵᠠᠷ ᠬᠥᠳᠡᠯᠦᠯᠲᠡ ᠵᠡᠷᠭᠡ ᠬᠣᠯᠪᠣᠭᠳᠠᠯ ᠪᠦᠬᠦᠢ ᠪᠦᠷᠢᠯᠳᠦᠭᠦᠨ ᠨᠢᠭᠡᠴᠢ᠎ᠯᠦᠭᠡ ᠨᠢᠭᠲᠠ ᠬᠠᠮᠵᠢᠯᠴᠠᠨ᠂ ᠮᠡᠳᠡᠭᠡ ᠵᠠᠩᠭᠢ ᠵᠢ ᠬᠠᠮᠲᠤ᠎ᠪᠠᠷ ᠭᠥᠷᠳᠡᠬᠦ᠎ᠪᠠᠨ ᠴᠢᠩᠭ᠋ᠠᠳᠬᠠᠵᠤ᠂ ᠪᠣᠷᠣᠭ᠋ᠠᠨ᠎ᠤ ᠪᠠᠢ᠌ᠳᠠᠯ᠂ ᠤᠰᠤᠨ᠎ᠤ ᠪᠠᠢ᠌ᠳᠠᠯ᠂ ᠲᠦᠭᠰᠢᠭᠦᠷᠢᠲᠦ ᠪᠠᠢ᠌ᠳᠠᠯ ᠵᠡᠷᠭᠡ ᠡᠯ᠎ᠡ ᠲᠥᠷᠥᠯ᠎ᠤᠨ ᠪᠠᠢ᠌ᠭ᠋ᠠᠯᠢ ᠵᠢᠨ ᠭᠠᠢ ᠭᠠᠮᠰᠢᠭ᠎ᠢ ᠬᠢᠨᠠᠨ ᠰᠢᠨᠵᠢᠵᠦ ᠰᠡᠷᠡᠮᠵᠢᠯᠡᠭᠦᠯᠦᠭᠰᠡᠨ ᠮᠡᠳᠡᠭᠡ ᠵᠠᠩᠭᠢ ᠵᠢ ᠴᠠᠭ ᠲᠤᠬᠠᠢ᠎ᠳᠤ᠎ᠨᠢ ᠣᠢ᠌ᠯᠠᠭ᠋ᠠᠨ ᠮᠡᠳᠡᠵᠦ᠂ ᠬᠣᠯᠪᠣᠭᠳᠠᠯ ᠪᠦᠬᠦᠢ ᠮᠡᠳᠡᠭᠡ ᠵᠠᠩᠭᠢ ᠵᠢ ᠡᠮᠬᠢᠳᠬᠡᠨ ᠬᠤᠷᠢᠶᠠᠩᠭᠤᠢ᠌ᠯᠠᠬᠤ ᠵᠢᠨ ᠬᠠᠮᠲᠤ ᠵᠢᠯᠤᠭᠣᠳᠬᠤ ᠭᠠᠵᠠᠷ᠎ᠲᠤ ᠨᠡᠪᠲᠡᠷᠡᠭᠦᠯᠦᠨ ᠮᠡᠳᠡᠭᠡᠯᠡᠨ᠎ᠡ᠃ ᠴᠢᠬᠤᠯᠠ᠎ᠲᠠᠢ ᠦᠶ᠎ᠡ᠎ᠳᠤ ᠵᠢᠯᠤᠭᠣᠳᠬᠤ ᠭᠠᠵᠠᠷ᠎ᠠᠴᠠ ᠲᠤᠰᠬᠠᠢ ᠮᠡᠷᠭᠡᠵᠢᠯᠲᠡᠳ᠎ᠢ ᠵᠣᠬᠢᠶᠠᠨ ᠪᠠᠢ᠌ᠭᠤᠯᠤᠨ ᠵᠥᠪᠳᠡᠯᠴᠡᠵᠦ ᠪᠠᠢ᠌ᠭ᠋ᠠᠳ ᠰᠤᠳᠤᠯᠤᠨ ᠮᠠᠭ᠋ᠠᠳᠯᠠᠬᠤ ᠪᠠ ᠲᠦᠭᠰᠢᠭᠦᠷᠢ ᠵᠢᠨ ᠦᠨᠡᠯᠡᠨ ᠵᠢᠱ᠌ᠢᠯᠲᠡ ᠬᠢᠨ᠎ᠡ᠃

      ᠮᠡᠳᠡᠭᠡ ᠵᠠᠩᠭᠢ ᠵᠢ ᠮᠡᠳᠡᠭᠦᠯᠦᠨ ᠬᠦᠷᠭᠡᠬᠦ ᠠᠭᠤᠯᠭ᠎ᠠ᠎ᠳᠤ᠄ ᠬᠢᠨᠠᠨ ᠰᠢᠨᠵᠢᠭᠰᠡᠨ ᠮᠡᠳᠡᠭᠡ ᠵᠠᠩᠭᠢ ᠵᠢᠨ ᠦᠨᠳᠦᠰᠦᠨ ᠪᠠᠢ᠌ᠳᠠᠯ᠎ᠤᠨ ᠳᠦᠷᠰᠦᠯᠡᠯ᠂ ᠤᠴᠠᠷᠠᠭᠤᠯᠵᠤ ᠮᠡᠳᠡᠬᠦ ᠬᠣᠣᠷ ᠬᠥᠨᠥᠭᠡᠯ ᠵᠢᠴᠢ ᠬᠡᠮᠵᠢᠶ᠎ᠡ᠂ ᠨᠥᠯᠥᠭᠡᠯᠡᠵᠦ ᠮᠡᠳᠡᠬᠦ ᠬᠡᠷᠡᠭᠯᠡᠭᠴᠢᠳ ᠵᠢᠴᠢ ᠬᠦᠷᠢᠶ᠎ᠡ ᠬᠡᠪᠴᠢᠶ᠎ᠡ᠂ ᠰᠠᠨᠠᠭᠤᠯᠭ᠎ᠠ ᠪᠠ ᠠᠷᠭ᠋ᠠᠴᠠᠭ᠋ᠠᠬᠤ ᠠᠷᠭ᠎ᠠ ᠬᠡᠮᠵᠢᠶ᠎ᠡ ᠵᠡᠷᠭᠡ ᠪᠠᠭᠲᠠᠨ᠎ᠠ᠃

     3.4 ᠰᠡᠷᠡᠮᠵᠢᠯᠡᠭᠦᠯᠬᠦ ᠨᠡᠪᠲᠡᠷᠡᠭᠦᠯᠭᠡ

      ᠴᠢᠮᠡᠭᠡ ᠬᠣᠯᠪᠣᠭ᠋ᠠᠨ᠎ᠤ ᠰᠡᠷᠡᠮᠵᠢᠯᠡᠭᠦᠯᠦᠯ᠎ᠢ ᠵᠢᠯᠤᠭᠣᠳᠬᠤ ᠭᠠᠵᠠᠷ᠎ᠠᠴᠠ ᠨᠤᠲᠠᠯᠠᠬᠤ ᠵᠢᠨ ᠬᠠᠮᠲᠤ ᠨᠡᠪᠲᠡᠷᠡᠭᠦᠯᠦᠨ ᠮᠡᠳᠡᠭᠡᠯᠡᠨ᠎ᠡ᠃ ᠰᠡᠷᠡᠮᠵᠢᠯᠡᠭᠦᠯᠬᠦ ᠨᠡᠪᠲᠡᠷᠡᠭᠦᠯᠭᠡ᠎ᠨᠢ ᠪᠢᠴᠢᠭ ᠮᠠᠲ᠋ᠧᠷᠢᠶᠠᠯ᠎ᠤᠨ ᠳᠦᠷᠰᠦᠲᠦ ᠴᠠᠬᠢᠯᠭ᠋ᠠᠨ᠎ᠤ ᠬᠡᠯᠪᠡᠷᠢ ᠵᠢ ᠬᠡᠷᠡᠭᠯᠡᠵᠦ᠂ ᠪᠠᠴᠢᠮ ᠪᠠᠢ᠌ᠳᠠᠯ ᠲᠣᠬᠢᠶᠠᠯᠳᠤᠪᠠᠯ ᠤᠲᠠᠰᠤᠳᠠᠬᠤ ᠵᠡᠷᠭᠡ ᠠᠷᠭ᠎ᠠ ᠮᠠᠶᠢᠭ᠎ᠢ ᠬᠡᠷᠡᠭᠯᠡᠵᠦ ᠪᠣᠯᠣᠨ᠎ᠠ᠂ ᠬᠡᠷᠡᠭ᠎ᠤᠨ ᠲᠠᠷᠠᠭ᠎ᠠ ᠵᠢᠩᠬᠢᠨᠢ ᠪᠢᠴᠢᠭ ᠮᠠᠲ᠋ᠧᠷᠢᠶᠠᠯ᠎ᠤᠨ ᠬᠡᠯᠪᠡᠷᠢ᠎ᠪᠠᠷ ᠨᠥᠬᠥᠵᠦ ᠮᠡᠳᠡᠭᠦᠯᠦᠨ᠎ᠡ᠃

     3.5 ᠰᠡᠷᠡᠮᠵᠢᠯᠡᠭᠦᠯᠬᠦ ᠵᠢ ᠳᠠᠭ᠋ᠠᠬᠤ

     (1) Ⅳ ᠲᠠᠰ᠎ᠤᠨ ᠰᠡᠷᠡᠮᠵᠢᠯᠡᠭᠦᠯᠬᠦ ᠵᠢ ᠳᠠᠭ᠋ᠠᠬᠤ᠃ ᠰᠠᠭᠤᠷᠢ ᠴᠠᠬᠢᠯᠭ᠋ᠠᠨ ᠬᠣᠯᠪᠣᠭ᠋ᠠᠨ᠎ᠤ ᠠᠵᠤ ᠠᠬᠤᠢ᠌ᠯᠠᠯ᠎ᠤᠳ ᠴᠢᠮᠡᠭᠡ ᠬᠣᠯᠪᠣᠭ᠋ᠠᠨ᠎ᠤ ᠰᠠᠭ᠋ᠠᠳ ᠦᠭᠡᠢ ᠨᠡᠪᠲᠡᠷᠡᠬᠦ ᠵᠢ ᠪᠠᠲᠤᠯᠠᠵᠤ᠂ ᠰᠡᠷᠡᠮᠵᠢᠯᠡᠭᠦᠯᠬᠦ ᠣᠷᠣᠨ ᠪᠦᠰᠡ ᠵᠢᠨ ᠳᠣᠲᠣᠷᠠᠬᠢ ᠲᠣᠣᠷ ᠰᠦᠯᠵᠢᠶᠡᠨ᠎ᠤ ᠠᠵᠢᠯᠯᠠᠭ᠋ᠠᠨ᠎ᠤ ᠪᠠᠢ᠌ᠳᠠᠯ᠎ᠢ ᠬᠢᠨᠠᠨ ᠰᠢᠨᠵᠢᠬᠦ ᠪᠠ ᠪᠡᠯᠡᠳᠬᠡᠮᠵᠢ ᠵᠢ ᠲᠣᠭᠣᠷᠢᠨ ᠪᠠᠢ᠌ᠴᠠᠭ᠋ᠠᠬᠤ᠎ᠪᠠᠨ ᠴᠢᠩᠭ᠋ᠠᠳᠬᠠᠵᠤ᠂ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠠᠯᠪᠠᠨ ᠭᠡᠷ᠎ᠲᠤ ᠬᠣᠯᠪᠣᠭᠳᠠᠯ ᠪᠦᠬᠦᠢ ᠪᠠᠢ᠌ᠳᠠᠯ᠎ᠢ ᠡᠳᠦᠷ ᠪᠦᠷᠢ ᠮᠡᠳᠡᠭᠦᠯᠦᠨ᠎ᠡ᠃

     (2) Ⅲ ᠲᠠᠰ᠎ᠤᠨ ᠰᠡᠷᠡᠮᠵᠢᠯᠡᠭᠦᠯᠬᠦ ᠵᠢ ᠳᠠᠭ᠋ᠠᠬᠤ᠃ Ⅳ ᠳᠡᠰ᠎ᠤᠨ ᠰᠡᠷᠡᠮᠵᠢᠯᠡᠭᠦᠯᠬᠦ ᠵᠢ ᠳᠠᠭ᠋ᠠᠭᠰᠠᠨ ᠰᠠᠭᠤᠷᠢᠨ ᠳᠡᠭᠡᠷ᠎ᠡ᠂ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠠᠯᠪᠠᠨ ᠭᠡᠷ ᠪᠣᠯᠣᠨ ᠰᠠᠭᠤᠷᠢ ᠴᠠᠬᠢᠯᠭ᠋ᠠᠨ ᠬᠣᠯᠪᠣᠭ᠋ᠠᠨ᠎ᠤ ᠠᠵᠤ ᠠᠬᠤᠢ᠌ᠯᠠᠯ 24 ᠴᠠᠭ ᠵᠶ᠋ᠠᠷ ᠵᠢᠵᠢᠭᠦᠷᠯᠡᠬᠦ ᠵᠢ ᠬᠡᠷᠡᠭᠵᠢᠭᠦᠯᠵᠦ᠂ ᠳᠠᠭ᠋ᠠᠭᠤᠯᠢ ᠤᠳᠤᠨ᠎ᠤ ᠤᠲᠠᠰᠤ᠂ ᠶᠠᠷᠢᠯᠴᠠᠭᠤᠷ ᠵᠡᠷᠭᠡ ᠲᠣᠨᠣᠭ ᠲᠥᠬᠦᠭᠡᠷᠦᠮᠵᠢ ᠵᠢ ᠠᠪᠴᠤ ᠭᠣᠣᠯᠳᠠᠯᠭ᠎ᠠ᠎ᠲᠠᠢ ᠪᠠᠲᠤᠯᠠᠭ᠎ᠠ ᠵᠢᠨ ᠣᠷᠣᠨ ᠪᠦᠰᠡ᠎ᠳᠤ ᠤᠷᠢᠳᠴᠢᠯᠠᠨ ᠪᠠᠢ᠌ᠷᠢᠯᠠᠭᠤᠯᠤᠨ᠎ᠠ᠃ ᠰᠡᠷᠡᠮᠵᠢᠯᠡᠭᠦᠯᠬᠦ ᠣᠷᠣᠨ ᠪᠦᠰᠡ ᠵᠢᠨ ᠪᠠᠲᠤᠯᠠᠭ᠎ᠠ ᠵᠢᠨ ᠡᠩᠨᠡᠭᠡ᠂ ᠲᠣᠨᠣᠭ ᠲᠥᠬᠦᠭᠡᠷᠦᠮᠵᠢ ᠪᠠ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠡᠳ᠋ ᠪᠣᠳᠠᠰ᠎ᠢ ᠲᠣᠬᠢᠷᠠᠭᠤᠯᠬᠤ ᠲᠥᠰᠥᠯ ᠵᠶ᠋ᠠᠨ ᠲᠣᠭᠲᠠᠭ᠋ᠠᠨ᠎ᠠ᠃

     (3) Ⅱ ᠲᠠᠰ᠎ᠤᠨ ᠰᠡᠷᠡᠮᠵᠢᠯᠡᠭᠦᠯᠬᠦ ᠵᠢ ᠳᠠᠭ᠋ᠠᠬᠤ᠃ Ⅲ ᠲᠠᠰ᠎ᠤᠨ ᠰᠡᠷᠡᠮᠵᠢᠯᠡᠭᠦᠯᠬᠦ ᠵᠢ ᠳᠠᠭ᠋ᠠᠭᠰᠠᠨ ᠰᠠᠭᠤᠷᠢᠨ ᠳᠡᠭᠡᠷ᠎ᠡ᠂ ᠵᠢᠯᠤᠭᠣᠳᠬᠤ ᠭᠠᠵᠠᠷ  24 ᠴᠠᠭ ᠵᠶ᠋ᠠᠷ ᠠᠵᠢᠯ᠎ᠤᠨ ᠪᠠᠢ᠌ᠷᠢ᠎ᠳᠤ᠎ᠪᠠᠨ ᠵᠢᠵᠢᠭᠦᠷᠯᠡᠬᠦ ᠵᠢ ᠬᠡᠷᠡᠭᠵᠢᠭᠦᠯᠵᠦ᠂ ᠠᠢ᠌ᠮᠠᠭ ᠬᠣᠲᠠ ᠠᠯᠤᠰᠯᠠᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠴᠢᠮᠡᠭᠡ ᠬᠣᠯᠪᠣᠭ᠋ᠠᠨ᠎ᠤ ᠪᠠᠲᠤᠯᠠᠭ᠎ᠠ ᠵᠢᠨ ᠡᠩᠨᠡᠭᠡ ᠪᠠ ᠲᠣᠨᠣᠭ ᠲᠥᠬᠦᠭᠡᠷᠦᠮᠵᠢ ᠵᠢ ᠲᠣᠬᠢᠷᠠᠭᠤᠯᠬᠤ ᠠᠵᠢᠯ᠎ᠤᠨ ᠲᠥᠰᠥᠯ᠎ᠢ ᠲᠣᠭᠲᠠᠭ᠋ᠠᠬᠤ ᠵᠢᠨ ᠬᠠᠮᠲᠤ᠂ ᠳᠡᠮᠵᠢᠨ ᠲᠤᠰᠠᠯᠠᠬᠤ ᠪᠡᠯᠡᠳᠬᠡᠯ᠎ᠢ ᠰᠠᠢ᠌ᠲᠤᠷ ᠬᠢᠨ᠎ᠡ᠃

     (4) Ⅰ ᠳᠡᠰ᠎ᠤᠨ ᠰᠡᠷᠡᠮᠵᠢᠯᠡᠭᠦᠯᠬᠦ ᠵᠢ ᠳᠠᠭ᠋ᠠᠬᠤ᠃ ᠬᠣᠯᠪᠣᠭᠳᠠᠯ ᠪᠦᠬᠦᠢ ᠪᠠᠢ᠌ᠳᠠᠯ᠎ᠢ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠶᠠᠮᠤᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠳᠠᠷᠤᠢ᠌ᠬᠠᠨ ᠮᠡᠳᠡᠭᠦᠯᠦᠨ ᠬᠦᠷᠭᠡᠨ᠎ᠡ᠃ Ⅱ ᠲᠠᠰ᠎ᠤᠨ ᠰᠡᠷᠡᠮᠵᠢᠯᠡᠭᠦᠯᠬᠦ ᠵᠢ ᠳᠠᠭ᠋ᠠᠭᠰᠠᠨ ᠰᠠᠭᠤᠷᠢᠨ ᠳᠡᠭᠡᠷ᠎ᠡ᠂ ᠵᠢᠯᠤᠭᠣᠳᠬᠤ ᠭᠠᠵᠠᠷ᠎ᠠᠴᠠ  ᠵᠣᠬᠢᠶᠠᠨ ᠪᠠᠢ᠌ᠭᠤᠯᠵᠤ ᠪᠠᠢ᠌ᠭ᠋ᠠᠳ ᠬᠠᠮᠲᠤᠷᠠᠨ ᠵᠥᠪᠳᠡᠯᠴᠡᠵᠦ ᠰᠤᠳᠤᠯᠤᠨ ᠮᠠᠭ᠋ᠠᠳᠯᠠᠵᠤ᠂ ᠴᠢᠮᠡᠭᠡ ᠬᠣᠯᠪᠣᠭ᠋ᠠᠨ᠎ᠤ ᠪᠠᠲᠤᠯᠠᠭ᠎ᠠ ᠵᠢᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠪᠡᠯᠡᠳᠬᠡᠯ ᠠᠷᠭ᠎ᠠ ᠬᠡᠮᠵᠢᠶ᠎ᠡ ᠪᠠ ᠠᠵᠢᠯ᠎ᠤᠨ ᠲᠥᠰᠥᠯ᠎ᠢ ᠰᠤᠳᠤᠯᠤᠨ ᠲᠣᠭᠲᠠᠭ᠋ᠠᠵᠤ᠂ ᠡᠬᠢ ᠪᠠᠶᠠᠯᠢᠭ᠎ᠢ ᠲᠣᠬᠢᠷᠠᠭᠤᠯᠬᠤ᠂ ᠵᠣᠬᠢᠶᠠᠨ ᠪᠠᠢ᠌ᠭᠤᠯᠵᠤ ᠳᠠᠢ᠌ᠴᠢᠯᠠᠬᠤ ᠪᠠ ᠰᠠᠯᠠᠭ᠎ᠠ ᠮᠥᠴᠢᠷ᠎ᠤᠳ ᠬᠣᠯᠪᠤᠭ᠋ᠠᠯᠠᠨ ᠬᠥᠳᠡᠯᠦᠯᠴᠡᠬᠦ ᠵᠡᠷᠭᠡ ᠡᠯ᠎ᠡ ᠵᠦᠢ᠍ᠯ᠎ᠤᠨ ᠪᠡᠯᠡᠳᠬᠡᠯ ᠠᠵᠢᠯ᠎ᠢ ᠪᠠᠴᠢᠮ ᠪᠠᠢ᠌ᠷᠢᠯᠠᠭᠤᠯᠵᠤ᠂ ᠬᠠᠮᠵᠢᠯᠴᠠᠨ ᠠᠷᠭ᠋ᠠᠴᠠᠭ᠋ᠠᠨ᠎ᠠ᠃

     4 ᠪᠠᠴᠢᠮ ᠪᠠᠢ᠌ᠳᠠᠯ᠎ᠤᠨ ᠠᠷᠭ᠋ᠠᠴᠠᠭ᠋ᠠᠯᠲᠠ ᠵᠢ ᠳᠠᠭ᠋ᠠᠬᠤ

     4.1 ᠠᠵᠢᠯ᠎ᠤᠨ ᠲᠣᠭᠲᠠᠴᠠ

     4.1.1 ᠳᠡᠰ ᠬᠤᠪᠢᠶᠠᠨ ᠤᠷᠢᠶᠠᠯᠠᠨ ᠳᠠᠭ᠋ᠠᠬᠤ

      ᠭᠡᠨᠡᠳᠲᠡ ᠵᠢᠨ ᠬᠡᠷᠡᠭ᠎ᠤᠨ ᠨᠥᠯᠥᠭᠡᠯᠡᠬᠦ ᠬᠡᠪᠴᠢᠶ᠎ᠡ᠂ ᠬᠥᠨᠥᠭᠡᠯ᠎ᠤᠨ ᠬᠡᠮᠵᠢᠶ᠎ᠡ ᠵᠢᠴᠢ ᠴᠢᠮᠡᠭᠡ ᠬᠣᠯᠪᠣᠭ᠋ᠠᠨ᠎ᠤ ᠪᠠᠲᠤᠯᠠᠭ᠎ᠠ ᠵᠢᠨ ᠡᠭᠦᠷᠭᠡ ᠵᠢᠨ ᠴᠢᠬᠤᠯᠠ ᠴᠢᠨᠠᠷ ᠵᠡᠷᠭᠡ ᠬᠦᠴᠦᠨ ᠵᠦᠢ᠍ᠯ᠎ᠢ ᠦᠨᠳᠦᠰᠦᠯᠡᠨ᠂ ᠥᠨᠳᠥᠷ᠎ᠠᠴᠠ ᠳᠣᠣᠷ᠎ᠠ ᠲᠡᠢ᠌ᠰᠢ Ⅰ(ᠣᠨᠴᠠ ᠬᠦᠨᠳᠦ ᠨᠣᠴᠢᠲᠠᠢ)᠂ Ⅱ (ᠬᠦᠨᠳᠦ ᠨᠣᠴᠢᠲᠠᠢ)᠂ Ⅲ (ᠨᠡᠯᠢᠶᠡᠳ ᠬᠦᠨᠳᠦ ᠨᠣᠴᠢᠲᠠᠢ)᠂ Ⅳ (ᠡᠩ᠎ᠤᠨ) ᠳᠥᠷᠪᠡᠨ ᠳᠡᠰ᠎ᠤᠨ ᠴᠢᠮᠡᠭᠡ ᠬᠣᠯᠪᠣᠭ᠋ᠠᠨ᠎ᠤ ᠪᠠᠲᠤᠯᠠᠭ᠎ᠠ ᠵᠢᠨ ᠤᠷᠢᠶᠠᠯᠠᠨ ᠳᠠᠭ᠋ᠠᠬᠤ ᠵᠡᠷᠭᠡ ᠲᠠᠰ᠎ᠢ ᠲᠣᠭᠲᠠᠭ᠋ᠠᠵᠤ᠂ ᠴᠢᠮᠡᠭᠡ ᠬᠣᠯᠪᠣᠭ᠋ᠠᠨ᠎ᠤ ᠪᠠᠲᠤᠯᠠᠭ᠎ᠠ ᠵᠢᠨ ᠤᠷᠢᠶᠠᠯᠠᠨ ᠳᠠᠭ᠋ᠠᠬᠤ ᠵᠡᠷᠭᠡ ᠳᠡᠰ᠎ᠲᠤ ᠪᠣᠳᠠᠲᠤ ᠪᠠᠢ᠌ᠳᠠᠯ᠎ᠢ ᠦᠨᠳᠦᠰᠦᠯᠡᠨ ᠲᠣᠬᠢᠷᠠᠭᠤᠯᠤᠯᠲᠠ ᠬᠢᠵᠦ ᠪᠣᠯᠣᠨ᠎ᠠ᠃

     4.1.2 ᠵᠢᠯᠤᠭᠣᠳᠴᠤ ᠬᠣᠯᠪᠤᠭ᠋ᠠᠯᠠᠨ ᠬᠥᠳᠡᠯᠦᠯᠴᠡᠬᠦ

      ᠵᠢᠯᠤᠭᠣᠳᠬᠤ ᠭᠠᠵᠠᠷ᠎ᠨᠢ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠠᠢ᠌ᠮᠠᠭ ᠬᠣᠲᠠ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ᠂ ᠠᠵᠤ ᠠᠬᠤᠢ᠌ᠯᠠᠯ ᠠᠯᠤᠰᠯᠠᠭᠰᠠᠨ ᠡᠬᠢ ᠪᠠᠶᠠᠯᠢᠭ᠎ᠤᠨ ᠲᠣᠬᠢᠷᠠᠭᠤᠯᠤᠯᠲᠠ᠂ ᠳᠡᠮᠵᠢᠨ ᠲᠤᠰᠠᠯᠠᠬᠤ ᠪᠠᠲᠤᠯᠠᠭ᠎ᠠ ᠵᠡᠷᠭᠡ ᠵᠣᠬᠢᠶᠠᠨ ᠪᠠᠢ᠌ᠭᠤᠯᠵᠤ ᠵᠣᠬᠢᠴᠠᠭᠤᠯᠬᠤ ᠠᠵᠢᠯ᠎ᠢ ᠬᠠᠷᠢᠭᠤᠴᠠᠨ᠎ᠠ᠃

      ᠵᠢᠯᠤᠭᠣᠳᠬᠤ ᠭᠠᠵᠠᠷ᠎ᠤᠨ ᠡᠯ᠎ᠡ ᠪᠦᠷᠢᠯᠳᠦᠭᠦᠨ ᠨᠢᠭᠡᠴᠢ᠎ᠨᠢ ᠵᠢᠯᠤᠭᠣᠳᠬᠤ ᠭᠠᠵᠠᠷ᠎ᠤᠨ ᠨᠢᠭᠡᠳᠦᠯᠲᠡᠢ ᠵᠢᠯᠣᠭᠣᠳᠤᠨ ᠲᠣᠬᠢᠷᠠᠭᠤᠯᠬᠤ ᠳᠣᠣᠷ᠎ᠠ᠂ ᠴᠢᠮᠡᠭᠡ ᠬᠣᠯᠪᠣᠭ᠋ᠠᠨ᠎ᠤ ᠪᠠᠲᠤᠯᠠᠭ᠎ᠠ ᠵᠢᠨ ᠬᠥᠳᠡᠯᠦᠩᠭᠦᠢ ᠡᠩᠨᠡᠭᠡ ᠵᠢ ᠪᠠᠢ᠌ᠭᠤᠯᠤᠨ᠎ᠠ᠃ ᠲᠤᠬᠠᠢ ᠵᠢᠨ ᠲᠠᠯᠠᠪᠤᠷ᠎ᠤᠨ ᠲᠦᠷ ᠴᠠᠭ᠎ᠤᠨ ᠤᠳᠤᠷᠢᠳᠬᠤ ᠳᠤᠭᠤᠢ᠌ᠯᠠᠩ ᠪᠠᠢ᠌ᠭᠤᠯᠤᠭᠳᠠᠭᠰᠠᠨ᠎ᠤ ᠳᠠᠷᠠᠭ᠎ᠠ᠂ ᠬᠡᠷᠡᠭ ᠭᠠᠷᠤᠭᠰᠠᠨ ᠲᠤᠬᠠᠢ ᠵᠢᠨ ᠲᠠᠯᠠᠪᠤᠷ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠴᠢᠮᠡᠭᠡ ᠬᠣᠯᠪᠣᠭ᠋ᠠᠨ᠎ᠤ ᠪᠠᠲᠤᠯᠠᠭ᠎ᠠ ᠵᠢᠨ ᠡᠯ᠎ᠡ ᠡᠩᠨᠡᠭᠡ ᠵᠢᠴᠢ ᠡᠳ᠋ ᠪᠠᠷᠠᠭ᠎ᠠ ᠵᠡᠷᠭᠡ᠎ᠨᠢ ᠲᠤᠬᠠᠢ ᠵᠢᠨ ᠲᠠᠯᠠᠪᠤᠷ᠎ᠤᠨ ᠲᠦᠷ ᠴᠠᠭ᠎ᠤᠨ ᠤᠳᠤᠷᠢᠳᠬᠤ ᠳᠤᠭᠤᠢ᠌ᠯᠠᠩ᠎ᠤᠨ ᠨᠢᠭᠡᠳᠦᠯᠲᠡᠢ ᠵᠢᠯᠣᠭᠣᠳᠤᠯᠭ᠎ᠠ ᠪᠠ ᠲᠣᠬᠢᠷᠠᠭᠤᠯᠤᠯᠲᠠ ᠵᠢ ᠬᠦᠯᠢᠶᠡᠨ᠎ᠡ᠃

     4.1.3 ᠮᠡᠳᠡᠭᠡ ᠵᠠᠩᠭᠢ ᠵᠢ ᠮᠡᠳᠡᠭᠦᠯᠦᠨ ᠬᠦᠷᠭᠡᠬᠦ

      ᠴᠢᠮᠡᠭᠡ ᠬᠣᠯᠪᠣᠭ᠋ᠠᠨ᠎ᠤ ᠪᠠᠲᠤᠯᠠᠭ᠎ᠠ ᠵᠢᠨ ᠤᠷᠢᠶᠠᠯᠠᠨ ᠳᠠᠭ᠋ᠠᠬᠤ ᠵᠡᠷᠭᠡ ᠲᠠᠰ᠎ᠢ ᠦᠨᠳᠦᠰᠦᠯᠡᠨ ᠮᠡᠳᠡᠭᠡ ᠵᠠᠩᠭᠢ ᠮᠡᠳᠡᠭᠦᠯᠦᠨ ᠬᠦᠷᠭᠡᠬᠦ ᠳᠦᠷᠢᠮ᠎ᠢ ᠡᠬᠢᠯᠡᠭᠦᠯᠦᠨ᠎ᠡ᠃

      ᠰᠠᠭᠤᠷᠢ ᠴᠠᠬᠢᠯᠭ᠋ᠠᠨ ᠬᠣᠯᠪᠣᠭ᠋ᠠᠨ᠎ᠤ ᠠᠵᠤ ᠠᠬᠤᠢ᠌ᠯᠠᠯ᠎ᠨᠢ ᠬᠠᠮᠢᠶ᠎ᠠ ᠪᠦᠬᠦᠢ ᠠᠭᠤᠯᠭ᠎ᠠ᠂ ᠴᠠᠭ᠎ᠤᠨ ᠬᠢᠵᠠᠭ᠋ᠠᠷ᠂ ᠳᠠᠪᠲᠠᠮᠵᠢ ᠤᠳᠠᠭ᠎ᠠ ᠵᠡᠷᠭᠡ ᠱᠠᠭ᠋ᠠᠷᠳᠠᠯᠭ᠎ᠠ ᠵᠢ ᠦᠨᠳᠦᠰᠦᠯᠡᠨ ᠴᠢᠮᠡᠭᠡ ᠬᠣᠯᠪᠣᠭ᠋ᠠᠨ᠎ᠤ ᠬᠣᠬᠢᠷᠠᠯ ᠵᠢᠴᠢ ᠪᠠᠲᠤᠯᠠᠭ᠎ᠠ᠂ ᠰᠡᠷᠭᠦᠭᠡᠯᠲᠡ ᠵᠡᠷᠭᠡ ᠪᠠᠢ᠌ᠳᠠᠯ ᠵᠶ᠋ᠠᠨ ᠴᠢᠮᠡᠭᠡ ᠬᠣᠯᠪᠣᠭ᠋ᠠᠨ᠎ᠤ ᠪᠠᠲᠤᠯᠠᠭ᠎ᠠ ᠵᠢᠨ ᠤᠷᠢᠶᠠᠯᠠᠨ ᠳᠠᠭ᠋ᠠᠬᠤ ᠵᠡᠷᠭᠡ ᠲᠠᠰ᠎ᠤᠨ ᠱᠠᠭ᠋ᠠᠷᠳᠠᠯᠭ᠎ᠠ ᠶᠣᠰᠣᠭ᠋ᠠᠷ ᠮᠡᠳᠡᠭᠦᠯᠦᠨ ᠬᠦᠷᠭᠡᠬᠦ ᠬᠡᠷᠡᠭᠲᠡᠢ᠃ ᠠᠭᠤᠯᠭ᠎ᠠ᠎ᠳᠤ᠄ ᠬᠡᠷᠡᠭ ᠶᠠᠪᠤᠳᠠᠯ᠎ᠤᠨ ᠦᠨᠳᠦᠰᠦᠨ ᠪᠠᠢ᠌ᠳᠠᠯ᠎ᠤᠨ ᠳᠦᠷᠰᠦᠯᠡᠯ᠂ ᠠᠩᠬ᠎ᠠ ᠠᠯᠬᠤᠮ ᠵᠢᠱ᠌ᠢᠭᠰᠡᠨ ᠬᠣᠣᠷ ᠬᠥᠨᠥᠭᠡᠯ ᠵᠢᠴᠢ ᠬᠡᠮᠵᠢᠶ᠎ᠡ᠂ ᠨᠥᠯᠥᠭᠡᠯᠡᠵᠦ ᠮᠡᠳᠡᠬᠦ ᠬᠡᠷᠡᠭᠯᠡᠭᠴᠢᠳ ᠵᠢᠴᠢ ᠬᠦᠷᠢᠶ᠎ᠡ ᠬᠡᠪᠴᠢᠶ᠎ᠡ᠂ ᠠᠷᠭ᠋ᠠᠴᠠᠭ᠋ᠠᠬᠤ ᠠᠷᠭ᠎ᠠ ᠬᠡᠮᠵᠢᠶ᠎ᠡ ᠵᠢᠨ ᠰᠠᠨᠠᠭᠤᠯᠭ᠎ᠠ ᠵᠡᠷᠭᠡ ᠵᠢ ᠪᠠᠭᠲᠠᠭ᠋ᠠᠬᠤ ᠬᠡᠷᠡᠭᠲᠡᠢ᠃

      ᠪᠠᠴᠢᠮ ᠪᠠᠢ᠌ᠳᠠᠯ᠎ᠢ ᠠᠷᠭ᠋ᠠᠴᠠᠭ᠋ᠠᠬᠤ ᠠᠯᠪᠠᠨ ᠭᠡᠷ᠎ᠨᠢ ᠴᠢᠮᠡᠭᠡ ᠬᠣᠯᠪᠣᠭ᠋ᠠᠨ᠎ᠤ ᠬᠣᠬᠢᠷᠠᠯ ᠬᠢᠭᠡᠳ ᠪᠠᠲᠤᠯᠠᠭ᠎ᠠ ᠵᠢᠨ ᠰᠡᠷᠭᠦᠭᠡᠯᠲᠡ ᠵᠢᠨ ᠮᠡᠳᠡᠭᠡ ᠵᠠᠩᠭᠢ ᠵᠢ ᠴᠤᠭᠯᠠᠭᠤᠯᠬᠤ᠂ ᠵᠠᠳᠠᠯᠬᠤ᠂ ᠡᠮᠬᠢᠳᠬᠡᠨ ᠬᠤᠷᠢᠶᠠᠩᠭᠤᠢ᠌ᠯᠠᠬᠤ ᠵᠢ ᠬᠠᠷᠢᠭᠤᠴᠠᠵᠤ᠂ ᠵᠢᠯᠤᠭᠣᠳᠬᠤ ᠭᠠᠵᠠᠷ᠎ᠤᠨ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ᠎ᠳᠤ ᠯᠠᠪᠯᠠᠯᠲᠠ ᠪᠣᠯᠭ᠋ᠠᠨ᠎ᠠ᠃

     4.1.4 ᠴᠡᠷᠢᠭ ᠠᠩᠭᠢ ᠪᠠ ᠣᠷᠣᠨ ᠨᠤᠲᠤᠭ ᠬᠣᠯᠪᠤᠭ᠋ᠠᠯᠠᠨ ᠪᠠᠲᠤᠯᠠᠬᠤ

      ᠭᠡᠨᠡᠳᠲᠡ ᠵᠢᠨ ᠬᠡᠷᠡᠭ᠎ᠠᠴᠠ ᠪᠣᠯᠵᠤ ᠴᠡᠷᠢᠭ ᠠᠩᠭᠢ ᠪᠠ ᠣᠷᠣᠨ ᠨᠤᠲᠤᠭ᠎ᠤᠨ ᠠᠯᠢ ᠨᠢᠭᠡ ᠲᠠᠯ᠎ᠠ᠎ᠳᠤ ᠴᠢᠮᠡᠭᠡ ᠬᠣᠯᠪᠣᠭ᠋ᠠᠨ᠎ᠤ ᠪᠠᠲᠤᠯᠠᠭ᠎ᠠ ᠵᠢᠨ ᠴᠢᠳᠠᠪᠤᠷᠢ ᠬᠦᠷᠦᠯᠴᠡᠬᠦ ᠦᠭᠡᠢ ᠪᠠᠢ᠌ᠳᠠᠯ ᠭᠠᠷᠪᠠᠯ᠂ ᠨᠦᠬᠦᠭᠡ ᠲᠠᠯ᠎ᠠ᠎ᠨᠢ ᠪᠠᠴᠢᠮ ᠲᠤᠰᠠᠯᠠᠮᠵᠢ ᠦᠵᠡᠭᠦᠯᠦᠨ᠎ᠡ᠃

      ᠴᠢᠬᠤᠯᠠ᠎ᠲᠠᠢ ᠦᠶ᠎ᠡ᠎ᠳᠤ᠂ ᠵᠢᠯᠤᠭᠣᠳᠬᠤ ᠭᠠᠵᠠᠷ᠎ᠠᠴᠠ ᠴᠡᠷᠢᠭ ᠠᠩᠭᠢ ᠪᠠ ᠣᠷᠣᠨ ᠨᠤᠲᠤᠭ᠎ᠤᠨ ᠬᠣᠯᠪᠤᠭ᠋ᠠᠯᠠᠨ ᠪᠠᠲᠤᠯᠠᠬᠤ ᠲᠣᠭᠲᠠᠴᠠ ᠵᠢ ᠡᠬᠢᠯᠡᠭᠦᠯᠵᠦ᠂ ᠴᠡᠷᠢᠭ ᠠᠩᠭᠢ ᠪᠠ ᠣᠷᠣᠨ ᠨᠤᠲᠤᠭ᠎ᠤᠨ ᠴᠢᠮᠡᠭᠡ ᠬᠣᠯᠪᠣᠭ᠋ᠠᠨ᠎ᠤ ᠡᠬᠢ ᠪᠠᠶᠠᠯᠢᠭ ᠪᠣᠯᠣᠨ ᠪᠠᠲᠤᠯᠠᠭ᠎ᠠ ᠵᠢᠨ ᠬᠦᠴᠦᠨ᠎ᠢ ᠨᠢᠭᠡᠳᠦᠯᠲᠡᠢ ᠲᠥᠯᠥᠪᠯᠡᠨ ᠬᠡᠷᠡᠭᠯᠡᠵᠦ᠂ ᠴᠡᠷᠢᠭ ᠠᠩᠭᠢ ᠪᠠ ᠣᠷᠣᠨ ᠨᠤᠲᠤᠭ᠎ᠤᠨ ᠴᠢᠬᠤᠯᠠ ᠬᠡᠷᠡᠭᠯᠡᠭᠴᠢᠳ᠎ᠤᠨ ᠴᠢᠮᠡᠭᠡ ᠬᠣᠯᠪᠣᠭ᠎ᠠ ᠵᠢ ᠪᠠᠲᠤᠯᠠᠬᠤ ᠪᠠ ᠵᠠᠮ ᠱᠤᠭᠤᠮ᠂ ᠪᠡᠯᠡᠳᠬᠡᠮᠵᠢ ᠵᠢ ᠵᠠᠪᠳᠤᠨ ᠵᠠᠰᠠᠵᠤ ᠰᠡᠷᠭᠦᠭᠡᠬᠦ ᠠᠵᠢᠯ᠎ᠢ ᠨᠢᠭᠡᠳᠦᠯᠲᠡᠢ ᠵᠣᠬᠢᠶᠠᠨ ᠪᠠᠢ᠌ᠭᠤᠯᠤᠨ᠎ᠠ;  ᠲᠤᠬᠠᠢ ᠵᠢᠨ ᠲᠠᠯᠠᠪᠤᠷ᠎ᠤᠨ ᠲᠦᠷ ᠴᠠᠭ᠎ᠤᠨ ᠤᠳᠤᠷᠢᠳᠬᠤ ᠳᠤᠭᠤᠢ᠌ᠯᠠᠩ᠎ᠨᠢ ᠵᠢᠯᠤᠭᠣᠳᠬᠤ ᠭᠠᠵᠠᠷ᠎ᠤᠨ ᠬᠣᠯᠪᠣᠭᠳᠠᠯ ᠪᠦᠬᠦᠢ ᠱᠠᠭ᠋ᠠᠷᠳᠠᠯᠭ᠎ᠠ ᠵᠢ ᠨᠠᠢ᠌ᠳᠠᠪᠤᠷᠢᠵᠢᠭᠤᠯᠵᠤ᠂ ᠴᠢᠬᠤᠯᠠ ᠴᠢᠮᠡᠭᠡ ᠬᠣᠯᠪᠣᠭ᠋ᠠᠨ᠎ᠤ ᠪᠠᠲᠤᠯᠠᠭ᠎ᠠ ᠵᠢᠨ ᠳᠤᠮᠳᠠ ᠲᠤᠯᠭ᠋ᠠᠷᠠᠭᠰᠠᠨ ᠪᠣᠳᠠᠲᠠᠢ ᠠᠰᠠᠭᠤᠳᠠᠯ᠎ᠢ ᠵᠣᠬᠢᠶᠠᠨ ᠪᠠᠢ᠌ᠭᠤᠯᠤᠨ ᠵᠣᠬᠢᠴᠠᠭᠤᠯᠵᠤ ᠰᠢᠢ᠍ᠳᠪᠦᠷᠢᠯᠡᠨ᠎ᠡ᠃

     4.2 ᠤᠷᠢᠳ ᠵᠶ᠋ᠠᠷ ᠰᠢᠢ᠍ᠳᠪᠦᠷᠢᠯᠡᠬᠦ ᠪᠠ ᠮᠡᠳᠡᠭᠡ ᠵᠠᠩᠭᠢ ᠵᠢ ᠠᠩᠬ᠎ᠠ ᠮᠡᠳᠡᠭᠦᠯᠬᠦ

      ᠭᠡᠨᠡᠳᠲᠡ ᠵᠢᠨ ᠬᠡᠷᠡᠭ ᠡᠭᠦᠰᠦᠭᠰᠡᠨ᠎ᠤ ᠲᠠᠷᠠᠭ᠎ᠠ᠂ ᠬᠠᠮᠢᠶ᠎ᠠ ᠪᠦᠬᠦᠢ ᠰᠠᠭᠤᠷᠢ ᠴᠠᠬᠢᠯᠭ᠋ᠠᠨ ᠬᠣᠯᠪᠣᠭ᠋ᠠᠨ᠎ᠤ ᠠᠵᠤ ᠠᠬᠤᠢ᠌ᠯᠠᠯ᠎ᠨᠢ ᠴᠢᠮᠡᠭᠡ ᠬᠣᠯᠪᠣᠭ᠋ᠠᠨ᠎ᠤ ᠲᠣᠣᠷ ᠰᠦᠯᠵᠢᠶᠡᠨ᠎ᠤ ᠠᠵᠢᠯᠯᠠᠭ᠋ᠠᠨ᠎ᠤ ᠪᠠᠢ᠌ᠳᠠᠯ᠎ᠢ ᠳᠠᠷᠤᠢ᠌ᠬᠠᠨ ᠣᠢ᠌ᠯᠠᠭ᠋ᠠᠵᠤ᠂ ᠴᠠᠭ ᠲᠤᠬᠠᠢ᠎ᠳᠤ᠎ᠨᠢ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠭᠡᠨᠡᠳᠲᠡ ᠵᠢᠨ ᠬᠡᠷᠡᠭ᠎ᠠᠴᠠ ᠴᠢᠮᠡᠭᠡ ᠬᠣᠯᠪᠣᠭ᠋ᠠᠨ᠎ᠤ ᠲᠣᠣᠷ ᠰᠦᠯᠵᠢᠶ᠎ᠡ᠎ᠳᠤ ᠦᠵᠡᠭᠦᠯᠬᠦ ᠨᠥᠯᠥᠭᠡᠯᠡᠯ᠎ᠤᠨ ᠬᠡᠪᠴᠢᠶ᠎ᠡ ᠵᠢ ᠬᠢᠵᠠᠭ᠋ᠠᠷᠯᠠᠬᠤ ᠬᠡᠷᠡᠭᠲᠡᠢ; 30 ᠮᠢᠨᠦ᠋ᠲ᠎ᠤᠨ ᠳᠣᠲᠣᠷ᠎ᠠ ᠬᠡᠷᠡᠭ ᠶᠠᠪᠤᠳᠠᠯ᠎ᠤᠨ ᠮᠡᠳᠡᠭᠡ ᠵᠠᠩᠭᠢ ᠵᠢ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠠᠯᠪᠠᠨ ᠭᠡᠷ᠎ᠲᠤ ᠮᠡᠳᠡᠭᠦᠯᠦᠨ ᠬᠦᠷᠭᠡᠬᠦ ᠬᠡᠷᠡᠭᠲᠡᠢ᠃ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠠᠯᠪᠠᠨ ᠭᠡᠷ᠎ᠨᠢ ᠬᠡᠷᠡᠭ ᠶᠠᠪᠤᠳᠠᠯ᠎ᠤᠨ ᠮᠡᠳᠡᠭᠦᠯᠦᠯᠲᠡ ᠵᠢ ᠣᠯᠣᠭᠰᠠᠨ᠎ᠤ ᠳᠠᠷᠠᠭ᠎ᠠ᠂ ᠲᠡᠷᠡ ᠳᠠᠷᠤᠢ᠎ᠳᠤ᠎ᠨᠢ ᠬᠢᠨᠠᠨ ᠬᠠᠷᠭᠤᠭᠤᠯᠬᠤ ᠵᠢᠨ ᠬᠠᠮᠲᠤ 1 ᠴᠠᠭ᠎ᠤᠨ ᠳᠣᠲᠣᠷ᠎ᠠ ᠬᠠᠮᠢᠶ᠎ᠠ ᠪᠦᠬᠦᠢ ᠮᠡᠳᠡᠭᠡ ᠵᠠᠩᠭᠢ ᠵᠢ ᠵᠢᠯᠤᠭᠣᠳᠬᠤ ᠭᠠᠵᠠᠷ᠎ᠲᠤ ᠮᠡᠳᠡᠭᠦᠯᠦᠨ ᠬᠦᠷᠭᠡᠬᠦ ᠬᠡᠷᠡᠭᠲᠡᠢ᠃

     4.3 Ⅰ ᠳᠡᠰ᠎ᠤᠨ ᠪᠠᠴᠢᠮ ᠪᠠᠢ᠌ᠳᠠᠯ᠎ᠤᠨ ᠠᠷᠭ᠋ᠠᠴᠠᠭ᠋ᠠᠯᠲᠠ ᠵᠢ ᠤᠷᠢᠶᠠᠯᠠᠨ ᠳᠠᠭ᠋ᠠᠬᠤ

     4.3.1 ᠡᠬᠢᠯᠡᠭᠦᠯᠬᠦ ᠨᠥᠬᠥᠴᠡᠯ

      ᠳᠣᠣᠷᠠᠬᠢ ᠪᠠᠢ᠌ᠳᠠᠯ᠎ᠤᠨ ᠨᠢᠭᠡ᠎ᠨᠢ ᠡᠭᠦᠰᠪᠡᠯ᠂ ᠥᠪᠡᠷᠲᠡᠭᠡᠨ ᠵᠠᠰᠠᠬᠤ ᠣᠷᠣᠨ᠎ᠤ ᠴᠢᠮᠡᠭᠡ ᠬᠣᠯᠪᠣᠭ᠋ᠠᠨ᠎ᠤ ᠪᠠᠲᠤᠯᠠᠭ᠎ᠠ ᠵᠢᠨ Ⅰ ᠲᠠᠰ᠎ᠤᠨ ᠪᠠᠴᠢᠮ ᠪᠠᠢ᠌ᠳᠠᠯ᠎ᠤᠨ ᠠᠷᠭ᠋ᠠᠴᠠᠭ᠋ᠠᠯᠲᠠ ᠵᠢ ᠤᠷᠢᠶᠠᠯᠠᠨ ᠳᠠᠭ᠋ᠠᠬᠤ ᠠᠵᠢᠯᠯᠠᠭ᠎ᠠ ᠵᠢ ᠡᠬᠢᠯᠡᠭᠦᠯᠦᠨ᠎ᠡ᠄

     (1) ᠨᠡᠢ᠌ᠲᠡ ᠣᠯᠠᠨ᠎ᠤ ᠴᠢᠮᠡᠭᠡ ᠬᠣᠯᠪᠣᠭ᠋ᠠᠨ᠎ᠤ ᠰᠦᠯᠵᠢᠶ᠎ᠡ ᠵᠢᠨ ᠮᠤᠵᠢ ᠵᠢᠨ ᠬᠣᠭᠣᠷᠣᠨᠳᠣᠬᠢ ᠨᠢᠷᠤᠭᠤᠪᠴᠢ ᠲᠣᠣᠷ ᠰᠦᠯᠵᠢᠶ᠎ᠡ ᠲᠠᠰᠤᠯᠳᠠᠭᠰᠠᠨ᠂ ᠴᠢᠬᠤᠯᠠ ᠴᠢᠮᠡᠭᠡ ᠬᠣᠯᠪᠣᠭ᠋ᠠᠨ᠎ᠤ ᠬᠦᠢ᠍ᠰᠦ ᠵᠠᠩᠭᠢᠯᠠᠭ᠎ᠠ ᠵᠢᠨ ᠠᠰᠠᠷ ᠡᠪᠳᠡᠭᠳᠡᠭᠰᠡᠨ ᠵᠡᠷᠭᠡ᠎ᠠᠴᠠ ᠪᠣᠯᠵᠤ᠂ ᠡᠭᠦᠨ᠎ᠤ ᠬᠠᠮᠲᠤ 2 ᠵᠢᠴᠢ ᠲᠡᠭᠦᠨ᠎ᠠᠴᠠ ᠳᠡᠭᠡᠭᠰᠢᠬᠢ ᠮᠤᠵᠢ (  ᠣᠷᠣᠨ᠂ ᠬᠤᠳᠠ ) ᠵᠢᠨ ᠬᠣᠭᠣᠷᠣᠨᠳᠣᠬᠢ ᠴᠢᠮᠡᠭᠡ ᠬᠣᠯᠪᠣᠭ᠎ᠠ ᠶᠡᠬᠡ ᠬᠡᠪᠴᠢᠶ᠎ᠡ᠎ᠪᠠᠷ ᠲᠠᠰᠤᠯᠳᠠᠭᠰᠠᠨ᠃

     (2) 《ᠴᠠᠬᠢᠯᠭ᠋ᠠᠨ ᠬᠣᠯᠪᠣᠭ᠋ᠠᠨ᠎ᠤ ᠲᠣᠣᠷ ᠰᠦᠯᠵᠢᠶ᠎ᠡ ᠵᠢᠨ ᠠᠵᠢᠯᠯᠠᠭ᠋ᠠᠨ᠎ᠤ ᠬᠢᠨᠠᠯᠲᠠ ᠬᠠᠮᠢᠶᠠᠷᠤᠯᠲᠠ ᠵᠢᠨ ᠠᠷᠭ᠎ᠠ》᠎ᠳᠠᠬᠢ ᠣᠨᠴᠠ ᠬᠦᠨᠳᠦ ᠶᠡᠬᠡ ᠭᠡᠨᠡᠳᠡᠯ᠎ᠢ ᠬᠤᠪᠢᠶᠠᠷᠢᠯᠠᠬᠤ ᠨᠥᠬᠥᠴᠡᠯ᠎ᠢ ᠬᠠᠩᠭ᠋ᠠᠭᠰᠠᠨ᠃

     (3) ᠤᠯᠤᠰ᠎ᠠᠴᠠ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠴᠢᠮᠡᠭᠡ ᠬᠣᠯᠪᠣᠭ᠋ᠠᠨ᠎ᠤ ᠪᠠᠲᠤᠯᠠᠭ᠎ᠠ ᠵᠢᠨ Ⅰ ᠳᠡᠰ᠎ᠤᠨ ᠪᠠᠴᠢᠮ ᠪᠠᠢ᠌ᠳᠠᠯ᠎ᠤᠨ ᠠᠷᠭ᠋ᠠᠴᠠᠭ᠋ᠠᠯᠲᠠ ᠵᠢ ᠤᠷᠢᠶᠠᠯᠠᠨ ᠳᠠᠭ᠋ᠠᠬᠤ ᠠᠵᠢᠯᠯᠠᠭ᠎ᠠ ᠵᠢ ᠡᠬᠢᠯᠡᠭᠦᠯᠦᠭᠰᠡᠨ᠎ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠲᠠᠢ ᠬᠣᠯᠪᠣᠭᠳᠠᠭᠰᠠᠨ᠃

     4.3.2 Ⅰ ᠳᠡᠰ᠎ᠤᠨ ᠤᠷᠢᠶᠠᠯᠠᠨ ᠳᠠᠭ᠋ᠠᠬᠤ ᠠᠵᠢᠯᠯᠠᠭ᠎ᠠ ᠵᠢ ᠡᠬᠢᠯᠡᠭᠦᠯᠬᠦ

      ᠪᠠᠴᠢᠮ ᠪᠠᠢ᠌ᠳᠠᠯ᠎ᠢ ᠠᠷᠭ᠋ᠠᠴᠠᠭ᠋ᠠᠬᠤ ᠠᠯᠪᠠᠨ ᠭᠡᠷ᠎ᠠᠴᠠ ᠲᠤᠰᠬᠠᠢ ᠮᠡᠷᠭᠡᠵᠢᠯᠲᠡᠨ᠎ᠤ ᠳᠤᠭᠤᠢ᠌ᠯᠠᠩ᠎ᠢ ᠵᠣᠬᠢᠶᠠᠨ ᠪᠠᠢ᠌ᠭᠤᠯᠤᠨ ᠵᠠᠳᠠᠯᠤᠯᠲᠠ ᠬᠢᠵᠦ ᠦᠨᠡᠯᠡᠨ ᠵᠢᠱ᠌ᠢᠵᠦ᠂ ᠭᠠᠮᠰᠢᠭ᠎ᠤᠨ ᠪᠠᠢ᠌ᠳᠠᠯ ᠪᠤᠶᠤ ᠬᠡᠷᠡᠭ ᠶᠠᠪᠤᠳᠠᠯ᠎ᠨᠢ ᠡᠬᠢᠯᠡᠭᠦᠯᠬᠦ ᠪᠠᠷᠢᠮᠵᠢᠶ᠎ᠠ᠎ᠳᠤ ᠬᠦᠷᠦᠭᠰᠡᠨ᠎ᠢ ᠮᠠᠭ᠋ᠠᠳᠯᠠᠨ ᠲᠣᠭᠲᠠᠭ᠋ᠠᠵᠤ᠂ ᠵᠢᠯᠤᠭᠣᠳᠬᠤ ᠭᠠᠵᠠᠷ᠎ᠲᠤ Ⅰ ᠲᠠᠰ᠎ᠤᠨ ᠤᠷᠢᠶᠠᠯᠠᠨ ᠳᠠᠭ᠋ᠠᠬᠤ ᠠᠵᠢᠯᠯᠠᠭ᠎ᠠ ᠵᠢ ᠡᠬᠢᠯᠡᠭᠦᠯᠬᠦ ᠰᠠᠨᠠᠭᠤᠯᠭ᠎ᠠ ᠳᠤᠷᠠᠳᠤᠨ᠎ᠠ᠃

      ᠵᠢᠯᠤᠭᠣᠳᠬᠤ ᠭᠠᠵᠠᠷ᠎ᠠᠴᠠ Ⅰ ᠳᠡᠰ᠎ᠤᠨ ᠤᠷᠢᠶᠠᠯᠠᠨ ᠳᠠᠭ᠋ᠠᠬᠤ ᠠᠵᠢᠯᠯᠠᠭ᠎ᠠ ᠵᠢ ᠡᠬᠢᠯᠡᠭᠦᠯᠬᠦ᠎ᠪᠠᠷ ᠲᠣᠭᠲᠠᠵᠤ᠂ ᠵᠢᠯᠤᠭᠣᠳᠬᠤ ᠳᠠᠷᠤᠭ᠎ᠠ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠵᠢ ᠤᠷᠢᠶᠠᠯᠠᠨ ᠳᠠᠭ᠋ᠠᠬᠤ ᠵᠠᠷᠯᠢᠭ᠎ᠲᠤ ᠭᠠᠷ᠎ᠤᠨ ᠦᠰᠦᠭ ᠵᠢᠷᠤᠵᠤ ᠶᠠᠪᠤᠭᠤᠯᠬᠤ ᠵᠢᠨ ᠬᠠᠮᠲᠤ ᠡᠯ᠎ᠡ ᠪᠦᠷᠢᠯᠳᠦᠭᠦᠨ ᠨᠢᠭᠡᠴᠢ᠎ᠳᠤ ᠮᠡᠳᠡᠭᠳᠡᠨ᠎ᠡ᠃

     4.3.3Ⅰ ᠳᠡᠰ᠎ᠤᠨ ᠤᠷᠢᠶᠠᠯᠠᠨ ᠳᠠᠭ᠋ᠠᠬᠤ ᠠᠵᠢᠯᠯᠠᠭ᠋ᠠᠨ

      ᠵᠢᠯᠤᠭᠣᠳᠬᠤ ᠭᠠᠵᠠᠷ᠂ ᠬᠠᠮᠢᠶ᠎ᠠ ᠪᠦᠬᠦᠢ ᠮᠤᠵᠢ (ᠣᠷᠣᠨ᠂ ᠬᠣᠲᠠ) ᠵᠢᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠴᠢᠮᠡᠭᠡ ᠬᠣᠯᠪᠣᠭ᠋ᠠᠨ᠎ᠤ ᠪᠠᠲᠤᠯᠠᠭ᠎ᠠ ᠵᠢᠨ ᠵᠢᠯᠤᠭᠣᠳᠬᠤ ᠪᠠᠢ᠌ᠭᠤᠯᠤᠮᠵᠢ᠂ ᠬᠠᠮᠢᠶ᠎ᠠ ᠪᠦᠬᠦᠢ ᠰᠠᠭᠤᠷᠢ ᠴᠠᠬᠢᠯᠭ᠋ᠠᠨ ᠬᠣᠯᠪᠣᠭ᠋ᠠᠨ᠎ᠤ ᠠᠵᠤ ᠠᠬᠤᠢ᠌ᠯᠠᠯ᠎ᠨᠢ 24 ᠴᠠᠭ ᠵᠶ᠋ᠠᠷ ᠵᠢᠵᠢᠭᠦᠷᠯᠡᠬᠦ ᠠᠵᠢᠯ᠎ᠢ ᠡᠬᠢᠯᠡᠭᠦᠯᠦᠨ᠎ᠡ᠃

      ᠵᠢᠯᠤᠭᠣᠳᠬᠤ ᠭᠠᠵᠠᠷ᠎ᠠᠴᠠ ᠲᠡᠷᠡ ᠳᠠᠷᠤᠢ᠎ᠳᠤ᠎ᠨᠢ ᠵᠣᠬᠢᠶᠠᠨ ᠪᠠᠢ᠌ᠭᠤᠯᠤᠨ ᠵᠥᠪᠳᠡᠯᠴᠡᠵᠦ᠂ ᠬᠣᠯᠪᠣᠭᠳᠠᠯ ᠪᠦᠬᠦᠢ ᠪᠠᠢ᠌ᠳᠠᠯ᠎ᠢ ᠣᠢ᠌ᠯᠠᠭ᠋ᠠᠨ᠂ ᠴᠢᠮᠡᠭᠡ ᠬᠣᠯᠪᠣᠭ᠋ᠠᠨ᠎ᠤ ᠪᠠᠲᠤᠯᠠᠭ᠎ᠠ ᠵᠢᠨ ᠠᠵᠢᠯ᠎ᠤᠨ ᠬᠠᠷᠠᠯᠲᠠ ᠪᠠ ᠲᠥᠰᠥᠯ᠎ᠢ ᠲᠣᠭᠲᠠᠭ᠋ᠠᠨ᠎ᠠ᠃ ᠭᠠᠵᠠᠷ ᠣᠷᠣᠨ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ᠂ ᠠᠵᠤ ᠠᠬᠤᠢ᠌ᠯᠠᠯ ᠠᠯᠤᠰᠯᠠᠭᠰᠠᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠴᠢᠮᠡᠭᠡ ᠬᠣᠯᠪᠣᠭ᠋ᠠᠨ᠎ᠤ ᠪᠠᠲᠤᠯᠠᠭ᠎ᠠ ᠵᠢᠨ ᠡᠩᠨᠡᠭᠡ ᠵᠢᠴᠢ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠲᠣᠨᠣᠭ ᠲᠥᠬᠦᠭᠡᠷᠦᠮᠵᠢ ᠵᠢ ᠰᠢᠯᠵᠢᠭᠦᠯᠦᠨ ᠬᠡᠷᠡᠭᠯᠡᠬᠦ ᠵᠢ ᠵᠣᠬᠢᠶᠠᠨ ᠪᠠᠢ᠌ᠭᠤᠯᠤᠨ ᠵᠣᠬᠢᠴᠠᠭᠤᠯᠤᠨ᠎ᠠ᠃ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ᠂ ᠳᠣᠲᠣᠭ᠋ᠠᠳᠤ ᠵᠢ ᠬᠠᠮᠠᠭ᠋ᠠᠯᠠᠬᠤ᠂ ᠵᠠᠮ ᠬᠠᠷᠢᠯᠴᠠᠭ᠎ᠠ ᠲᠡᠭᠡᠭᠡᠪᠦᠷᠢ᠂ ᠡᠨᠧᠷᠭᠢ ᠵᠡᠷᠭᠡ ᠰᠠᠯᠠᠭ᠎ᠠ ᠮᠥᠴᠢᠷ ᠨᠢᠭᠡᠴᠢ᠎ᠨᠦᠭᠦᠳ ᠨᠡᠪᠲᠡᠷᠡᠯᠴᠡᠨ ᠬᠠᠮᠵᠢᠯᠴᠠᠬᠤ᠎ᠪᠠᠨ ᠴᠢᠩᠭ᠋ᠠᠳᠬᠠᠵᠤ᠂ ᠲᠤᠰ ᠲᠤᠰ᠎ᠤᠨ ᠡᠭᠦᠷᠭᠡ ᠬᠠᠷᠢᠭᠤᠴᠠᠯᠭ᠎ᠠ ᠵᠢᠨ ᠵᠶ᠋ᠠᠨ ᠶᠣᠰᠣᠭ᠋ᠠᠷ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠪᠠᠲᠤᠯᠠᠭ᠎ᠠ ᠵᠢᠨ ᠠᠵᠢᠯ᠎ᠢ ᠵᠣᠬᠢᠶᠠᠨ ᠪᠠᠢ᠌ᠭᠤᠯᠵᠤ᠂ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠴᠢᠮᠡᠭᠡ ᠬᠣᠯᠪᠣᠭ᠎ᠠ ᠵᠢᠨ ᠵᠠᠮ ᠬᠠᠷᠢᠯᠴᠠᠭ᠎ᠠ᠂ ᠡᠨᠧᠷᠭᠢ ᠵᠢᠨ ᠬᠠᠩᠭ᠋ᠠᠯᠭ᠎ᠠ ᠵᠢ ᠡᠩ ᠲᠡᠷᠢᠭᠦᠨ᠎ᠳᠤ ᠪᠠᠲᠤᠯᠠᠬᠤ ᠵᠢ ᠵᠣᠬᠢᠴᠠᠭᠤᠯᠬᠤ ᠬᠡᠷᠡᠭᠲᠡᠢ᠃ ᠴᠡᠷᠢᠭ ᠠᠩᠭᠢ ᠪᠠ ᠣᠷᠣᠨ ᠨᠤᠲᠤᠭ ᠬᠣᠯᠪᠤᠭ᠋ᠠᠯᠠᠨ ᠪᠠᠲᠤᠯᠠᠬᠤ ᠲᠣᠭᠲᠠᠴᠠ ᠵᠢ ᠡᠬᠢᠯᠡᠭᠦᠯᠦᠨ᠎ᠡ᠃ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠶᠠᠮᠤᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠬᠣᠯᠪᠣᠭᠳᠠᠯ ᠪᠦᠬᠦᠢ ᠪᠠᠢ᠌ᠳᠠᠯ᠎ᠢ ᠴᠠᠭ ᠲᠤᠬᠠᠢ᠎ᠳᠤ᠎ᠨᠢ ᠮᠡᠳᠡᠭᠦᠯᠵᠦ᠂ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠴᠢᠮᠡᠭᠡ ᠬᠣᠯᠪᠣᠭ᠋ᠠᠨ᠎ᠤ ᠪᠠᠲᠤᠯᠠᠭ᠎ᠠ ᠵᠢᠨ ᠤᠬᠠᠭᠤᠯᠭ᠎ᠠ ᠵᠢᠨ ᠲᠥᠷᠥᠯᠵᠢᠯ᠎ᠤᠨ ᠠᠭᠤᠯᠭ᠎ᠠ ᠵᠢ ᠨᠡᠢ᠌ᠲᠡᠯᠡᠨ᠎ᠡ᠃

      ᠪᠠᠴᠢᠮ ᠪᠠᠢ᠌ᠳᠠᠯ᠎ᠢ ᠠᠷᠭ᠋ᠠᠴᠠᠭ᠋ᠠᠬᠤ ᠠᠯᠪᠠᠨ ᠭᠡᠷ᠎ᠠᠴᠠ ᠲᠤᠰᠬᠠᠢ ᠮᠡᠷᠭᠡᠵᠢᠯᠲᠡᠨ᠎ᠤ ᠳᠤᠭᠤᠢ᠌ᠯᠠᠩ᠎ᠢ ᠵᠣᠬᠢᠶᠠᠨ ᠪᠠᠢ᠌ᠭᠤᠯᠤᠨ ᠬᠠᠮᠢᠶ᠎ᠠ ᠪᠦᠬᠦᠢ ᠮᠡᠳᠡᠭᠡ ᠵᠠᠩᠭᠢ᠎ᠳᠤ ᠵᠠᠳᠠᠯᠤᠯᠲᠠ ᠬᠢᠵᠦ ᠦᠨᠡᠯᠡᠨ ᠵᠢᠱ᠌ᠢᠵᠦ᠂ ᠪᠠᠴᠢᠮ ᠪᠠᠢ᠌ᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠠᠷᠭ᠎ᠠ ᠪᠣᠳᠣᠯᠭ᠎ᠠ ᠪᠠ ᠲᠥᠰᠥᠯ᠎ᠤᠨ ᠰᠠᠨᠠᠭᠤᠯᠭ᠎ᠠ ᠵᠢ ᠰᠤᠳᠤᠯᠤᠨ ᠳᠤᠷᠠᠳᠤᠨ᠎ᠠ;  ᠵᠢᠯᠤᠭᠣᠳᠬᠤ ᠭᠠᠵᠠᠷ᠎ᠤᠨ ᠰᠢᠢ᠍ᠳᠪᠦᠷᠢᠲᠦ ᠪᠣᠳᠣᠯᠭ᠎ᠠ ᠵᠢ ᠨᠠᠢ᠌ᠳᠠᠪᠤᠷᠢᠵᠢᠭᠤᠯᠵᠤ᠂ ᠬᠠᠮᠢᠶ᠎ᠠ ᠪᠦᠬᠦᠢ ᠰᠠᠭᠤᠷᠢ ᠴᠠᠬᠢᠯᠭ᠋ᠠᠨ ᠬᠣᠯᠪᠣᠭ᠋ᠠᠨ᠎ᠤ ᠠᠵᠤ ᠠᠬᠤᠢ᠌ᠯᠠᠯ᠎ᠳᠤ ᠴᠢᠮᠡᠭᠡ ᠬᠣᠯᠪᠣᠭ᠋ᠠᠨ᠎ᠤ ᠪᠠᠲᠤᠯᠠᠭ᠎ᠠ ᠵᠢᠨ ᠡᠭᠦᠷᠭᠡ ᠪᠠᠭᠤᠯᠭ᠋ᠠᠬᠤ ᠵᠢᠨ ᠬᠠᠮᠲᠤ ᠰᠢᠮᠳᠠᠭᠤᠯᠤᠨ ᠨᠠᠢ᠌ᠳᠠᠪᠤᠷᠢᠵᠢᠭᠤᠯᠤᠨ᠎ᠠ᠃

      ᠬᠠᠮᠢᠶ᠎ᠠ ᠪᠦᠬᠦᠢ ᠰᠠᠭᠤᠷᠢ ᠴᠠᠬᠢᠯᠭ᠋ᠠᠨ ᠬᠣᠯᠪᠣᠭ᠋ᠠᠨ᠎ᠤ ᠠᠵᠤ ᠠᠬᠤᠢ᠌ᠯᠠᠯ᠎ᠤᠳ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠲᠣᠨᠣᠭ ᠲᠥᠬᠦᠭᠡᠷᠦᠮᠵᠢ᠂ ᠴᠢᠮᠡᠭᠡ ᠬᠣᠯᠪᠣᠭ᠋ᠠᠨ᠎ᠤ ᠱᠤᠭᠤᠮ ᠵᠡᠷᠭᠡ ᠡᠬᠢ ᠪᠠᠶᠠᠯᠢᠭ᠎ᠢ ᠬᠠᠮᠲᠤ᠎ᠪᠠᠷ ᠭᠥᠷᠳᠡᠬᠦ ᠪᠠ ᠠᠵᠤ ᠠᠬᠤᠢ᠌ᠯᠠᠯ ᠠᠯᠤᠰᠯᠠᠭᠰᠠᠨ ᠳᠡᠮᠵᠢᠨ ᠲᠤᠰᠠᠯᠠᠬᠤ ᠲᠥᠰᠥᠯ᠎ᠢ ᠰᠤᠳᠤᠯᠤᠨ ᠳᠤᠷᠠᠳᠴᠤ᠂ ᠵᠢᠯᠤᠭᠣᠳᠬᠤ ᠭᠠᠵᠠᠷ ᠵᠶ᠋ᠠᠷ ᠵᠥᠪᠰᠢᠶᠡᠷᠡᠭᠦᠯᠦᠭᠰᠡᠨ᠎ᠤ ᠳᠠᠷᠠᠭ᠎ᠠ ᠬᠡᠷᠡᠭᠵᠢᠭᠦᠯᠦᠨ᠎ᠡ᠃ ᠵᠢᠯᠤᠭᠣᠳᠬᠤ ᠭᠠᠵᠠᠷ᠎ᠤᠨ ᠱᠠᠭ᠋ᠠᠷᠳᠠᠯᠭ᠎ᠠ ᠶᠣᠰᠣᠭ᠋ᠠᠷ ᠪᠠᠲᠤᠯᠠᠭ᠎ᠠ ᠵᠢᠨ ᠡᠩᠨᠡᠭᠡ ᠲᠣᠮᠢᠯᠠᠵᠤ ᠠᠵᠤ ᠠᠬᠤᠢ᠌ᠯᠠᠯ ᠠᠯᠤᠰᠯᠠᠨ ᠳᠡᠮᠵᠢᠨ ᠲᠤᠰᠠᠯᠠᠨ᠎ᠠ᠃ 2 ᠴᠠᠭ ᠠᠯᠤᠰᠯᠠᠬᠤ ᠪᠦᠷᠢ ᠵᠢᠯᠤᠭᠣᠳᠬᠤ ᠭᠠᠵᠠᠷ ᠪᠣᠯᠣᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠠᠯᠪᠠᠨ ᠭᠡᠷ᠎ᠲᠤ ᠴᠢᠮᠡᠭᠡ ᠬᠣᠯᠪᠣᠭ᠋ᠠᠨ᠎ᠤ ᠪᠠᠲᠤᠯᠠᠭ᠎ᠠ ᠵᠢᠨ ᠪᠠᠢ᠌ᠳᠠᠯ ᠵᠶ᠋ᠠᠨ ᠮᠡᠳᠡᠭᠦᠯᠦᠨ᠎ᠡ᠃

      ᠵᠢᠯᠤᠭᠣᠳᠬᠤ ᠭᠠᠵᠠᠷ᠎ᠨᠢ ᠭᠡᠨᠡᠳᠡᠯ᠎ᠤᠨ ᠬᠠᠮᠢᠶ᠎ᠠ ᠪᠦᠬᠦᠢ ᠮᠤᠵᠢ (ᠣᠷᠣᠨ᠂ ᠬᠣᠲᠠ) ᠵᠢᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠯᠦᠭᠡ ᠨᠡᠪᠲᠡᠷᠡᠯᠴᠡᠨ ᠬᠠᠷᠢᠯᠴᠠᠵᠤ᠂ ᠬᠥᠷᠰᠢ ᠵᠡᠷᠭᠡᠯᠡᠳᠡᠭᠡ ᠮᠤᠵᠢ (ᠣᠷᠣᠨ᠂ ᠬᠣᠲᠠ) ᠵᠢ ᠵᠣᠬᠢᠴᠠᠭᠤᠯᠤᠨ ᠬᠠᠷᠢᠶ᠎ᠠ ᠣᠷᠣᠨ᠎ᠤ᠎ᠪᠠᠨ ᠳᠣᠲᠣᠷᠠᠬᠢ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠴᠢᠮᠡᠭᠡ ᠬᠣᠯᠪᠣᠭ᠋ᠠᠨ᠎ᠤ ᠪᠠᠲᠤᠯᠠᠭ᠎ᠠ ᠵᠢᠨ ᠡᠩᠨᠡᠭᠡ ᠵᠢ ᠵᠣᠬᠢᠶᠠᠨ ᠪᠠᠢ᠌ᠭᠤᠯᠬᠤ ᠪᠠ ᠲᠣᠨᠣᠭ ᠲᠥᠬᠦᠭᠡᠷᠦᠮᠵᠢ ᠵᠢ ᠴᠤᠭᠯᠠᠷᠠᠭᠤᠯᠤᠨ ᠵᠠᠷᠯᠢᠭ ᠬᠦᠯᠢᠶᠡᠯᠭᠡᠵᠦ᠂ ᠴᠢᠮᠡᠭᠡ ᠬᠣᠯᠪᠣᠭ᠋ᠠᠨ᠎ᠤ ᠵᠠᠪᠳᠤᠨ ᠵᠠᠰᠠᠬᠤ ᠵᠢ ᠪᠠᠲᠤᠯᠠᠬᠤ ᠪᠠ ᠮᠤᠵᠢ (ᠣᠷᠣᠨ᠂ ᠬᠣᠲᠠ) ᠠᠯᠤᠰᠯᠠᠨ ᠳᠡᠮᠵᠢᠨ ᠲᠤᠰᠠᠯᠠᠬᠤ᠎ᠳᠤ ᠬᠠᠮᠵᠢᠯᠴᠠᠬᠤ᠎ᠪᠠᠷ ᠪᠡᠯᠡᠳᠬᠡᠨ᠎ᠡ᠃

      ᠲᠤᠬᠠᠢ ᠵᠢᠨ ᠲᠠᠯᠠᠪᠤᠷ᠎ᠤᠨ ᠲᠦᠷ ᠴᠠᠭ᠎ᠤᠨ ᠤᠳᠤᠷᠢᠳᠬᠤ ᠳᠤᠭᠤᠢ᠌ᠯᠠᠩ ᠪᠠᠢ᠌ᠭᠤᠯᠵᠤ᠂ ᠴᠢᠮᠡᠭᠡ ᠬᠣᠯᠪᠣᠭ᠋ᠠᠨ᠎ᠤ ᠪᠠᠲᠤᠯᠠᠭ᠎ᠠ ᠵᠢᠨ ᠬᠡᠷᠡᠭᠴᠡᠭᠡ ᠱᠠᠭ᠋ᠠᠷᠳᠠᠯᠭ᠎ᠠ ᠵᠢ ᠰᠠᠨᠠᠭ᠋ᠠᠴᠢᠯᠠᠭ᠎ᠠ᠎ᠠᠴᠠ᠎ᠪᠠᠨ ᠣᠢ᠌ᠯᠠᠭ᠋ᠠᠨ᠎ᠠ᠄

     (1) ᠲᠤᠬᠠᠢ ᠵᠢᠨ ᠲᠠᠯᠠᠪᠤᠷ᠎ᠤᠨ ᠴᠢᠮᠡᠭᠡ ᠬᠣᠯᠪᠣᠭ᠋ᠠᠨ᠎ᠤ ᠪᠠᠲᠤᠯᠠᠭ᠎ᠠ ᠵᠢᠨ ᠠᠵᠢᠯ᠎ᠤᠨ ᠲᠥᠰᠥᠯ᠎ᠢ ᠰᠤᠳᠤᠯᠤᠨ ᠲᠣᠭᠲᠠᠭ᠋ᠠᠵᠤ᠂ ᠵᠠᠮ ᠬᠠᠷᠢᠯᠴᠠᠭ᠎ᠠ ᠲᠡᠭᠡᠭᠡᠪᠦᠷᠢ᠂ ᠴᠠᠬᠢᠯᠭ᠋ᠠᠨ ᠬᠦᠴᠦᠨ᠂ ᠡᠨᠧᠷᠭᠢ᠂ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠨᠢᠭᠡᠴᠢ᠎ᠯᠦᠭᠡ ᠵᠢᠨ ᠵᠣᠬᠢᠴᠠᠭᠤᠯᠤᠨ ᠬᠣᠯᠪᠤᠭ᠋ᠠᠯᠠᠨ ᠬᠥᠳᠡᠯᠦᠯᠴᠡᠬᠦ ᠲᠣᠭᠲᠠᠴᠠ ᠵᠢ ᠡᠬᠢᠯᠡᠭᠦᠯᠵᠦ᠂ ᠬᠡᠷᠡᠭ ᠶᠠᠪᠤᠳᠠᠯ ᠭᠠᠷᠤᠭᠰᠠᠨ ᠲᠤᠬᠠᠢ ᠵᠢᠨ ᠲᠠᠯᠠᠪᠤᠷ᠎ᠤᠨ ᠴᠢᠬᠤᠯᠠ ᠴᠢᠮᠡᠭᠡ ᠬᠣᠯᠪᠣᠭ᠎ᠠ ᠵᠢᠨ ᠰᠠᠭ᠋ᠠᠳ ᠦᠭᠡᠢ ᠨᠡᠪᠲᠡᠷᠡᠬᠦ ᠵᠢ ᠦᠨᠡᠨ ᠬᠦ᠌ ᠪᠠᠲᠤᠯᠠᠨ᠎ᠠ᠃

     (2) ᠠᠵᠤ ᠠᠬᠤᠢ᠌ᠯᠠᠯ ᠠᠯᠤᠰᠯᠠᠭᠰᠠᠨ ᠲᠤᠬᠠᠢ ᠵᠢᠨ ᠲᠠᠯᠠᠪᠤᠷ᠎ᠤᠨ ᠴᠢᠮᠡᠭᠡ ᠬᠣᠯᠪᠣᠭ᠋ᠠᠨ᠎ᠤ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠪᠠᠲᠤᠯᠠᠭ᠎ᠠ ᠵᠢᠨ ᠠᠵᠢᠯ᠎ᠢ ᠵᠢᠯᠤᠭᠣᠳᠴᠤ ᠵᠣᠬᠢᠶᠠᠨ ᠪᠠᠢ᠌ᠭᠤᠯᠵᠤ ᠵᠣᠬᠢᠴᠠᠭᠤᠯᠤᠨ᠂ ᠲᠤᠬᠠᠢ ᠵᠢᠨ ᠲᠠᠯᠠᠪᠤᠷ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠴᠢᠮᠡᠭᠡ ᠬᠣᠯᠪᠣᠭ᠋ᠠᠨ᠎ᠤ ᠡᠩᠨᠡᠭᠡ ᠪᠠ ᠡᠬᠢ ᠪᠠᠶᠠᠯᠢᠭ᠎ᠢ ᠨᠢᠭᠡᠳᠦᠯᠲᠡᠢ ᠲᠥᠯᠥᠪᠯᠡᠨ ᠲᠣᠬᠢᠷᠠᠭᠤᠯᠤᠨ᠎ᠠ᠃

     (3) ᠲᠤᠬᠠᠢ ᠵᠢᠨ ᠲᠠᠯᠠᠪᠤᠷ᠎ᠤᠨ ᠴᠢᠮᠡᠭᠡ ᠬᠣᠯᠪᠣᠭ᠋ᠠᠨ᠎ᠤ ᠪᠠᠲᠤᠯᠠᠭ᠎ᠠ ᠵᠢᠨ ᠠᠵᠢᠯ᠎ᠤᠨ ᠬᠠᠮᠢᠶ᠎ᠠ ᠪᠦᠬᠦᠢ ᠪᠠᠢ᠌ᠳᠠᠯ᠎ᠢ ᠴᠠᠭ ᠲᠤᠬᠠᠢ᠎ᠳᠤ᠎ᠨᠢ ᠴᠤᠭᠯᠠᠭᠤᠯᠤᠨ ᠬᠤᠷᠢᠶᠠᠩᠭᠤᠢ᠌ᠯᠠᠬᠤ ᠵᠢᠨ ᠬᠠᠮᠲᠤ ᠵᠢᠯᠤᠭᠣᠳᠬᠤ ᠭᠠᠵᠠᠷ᠎ᠲᠤ ᠮᠡᠳᠡᠭᠦᠯᠦᠨ ᠬᠦᠷᠭᠡᠨ᠎ᠡ᠃

     (4) ᠬᠡᠷᠡᠭ ᠶᠠᠪᠤᠳᠠᠯ᠎ᠤᠨ ᠬᠥᠭᠵᠢᠯᠲᠡ ᠪᠠ ᠴᠢᠮᠡᠭᠡ ᠬᠣᠯᠪᠣᠭ᠋ᠠᠨ᠎ᠤ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠪᠠᠲᠤᠯᠠᠭ᠎ᠠ ᠵᠢᠨ ᠪᠠᠢ᠌ᠳᠠᠯ᠎ᠢ ᠦᠨᠳᠦᠰᠦᠯᠡᠨ᠂ ᠵᠢᠯᠤᠭᠣᠳᠬᠤ ᠭᠠᠵᠠᠷ᠎ᠲᠤ ᠴᠡᠷᠢᠭ ᠠᠩᠭᠢ ᠵᠢᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠴᠢᠮᠡᠭᠡ ᠬᠣᠯᠪᠣᠭ᠋ᠠᠨ᠎ᠤ ᠪᠠᠲᠤᠯᠠᠭ᠎ᠠ ᠵᠢᠨ ᠬᠦᠴᠦᠨ᠎ᠢ ᠬᠡᠷᠡᠭᠯᠡᠬᠦ ᠬᠡᠷᠡᠭᠴᠡᠭᠡ ᠱᠠᠭ᠋ᠠᠷᠳᠠᠯᠭ᠎ᠠ᠎ᠪᠠᠨ ᠳᠤᠷᠠᠳᠤᠨ ᠭᠠᠷᠭ᠋ᠠᠨ᠎ᠠ᠃

     4.4 Ⅱ ᠳᠡᠰ᠎ᠤᠨ ᠪᠠᠴᠢᠮ ᠪᠠᠢ᠌ᠳᠠᠯ᠎ᠤᠨ ᠠᠷᠭ᠋ᠠᠴᠠᠭ᠋ᠠᠯᠲᠠ ᠵᠢ ᠤᠷᠢᠶᠠᠯᠠᠨ ᠳᠠᠭ᠋ᠠᠬᠤ

     4.4.1 ᠡᠬᠢᠯᠡᠭᠦᠯᠬᠦ ᠨᠥᠬᠥᠴᠡᠯ

      ᠳᠣᠣᠷᠠᠬᠢ ᠪᠠᠢ᠌ᠳᠠᠯ᠎ᠤᠨ ᠨᠢᠭᠡ᠎ᠨᠢ ᠭᠠᠷᠪᠠᠯ᠂ ᠥᠪᠡᠷᠲᠡᠭᠡᠨ ᠵᠠᠰᠠᠬᠤ ᠣᠷᠣᠨ᠎ᠤ ᠴᠢᠮᠡᠭᠡ ᠬᠣᠯᠪᠣᠭ᠋ᠠᠨ᠎ᠤ ᠪᠠᠲᠤᠯᠠᠭ᠎ᠠ ᠵᠢᠨ Ⅱ ᠲᠠᠰ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠠᠵᠢᠯᠯᠠᠭ᠎ᠠ ᠵᠢ ᠡᠬᠢᠯᠡᠭᠦᠯᠦᠨ᠎ᠡ᠄

     (1) ᠨᠡᠢ᠌ᠲᠡ ᠣᠯᠠᠨ᠎ᠤ ᠴᠢᠮᠡᠭᠡ ᠬᠣᠯᠪᠣᠭ᠋ᠠᠨ᠎ᠤ ᠰᠦᠯᠵᠢᠶ᠎ᠡ ᠵᠢᠨ ᠥᠪᠡᠷᠲᠡᠭᠡᠨ ᠵᠠᠰᠠᠬᠤ ᠣᠷᠣᠨ᠎ᠤ ᠳᠣᠲᠣᠷᠠᠬᠢ ᠭᠣᠣᠯ ᠵᠠᠮ ᠱᠤᠭᠤᠮ᠎ᠤᠨ ᠲᠣᠣᠷ ᠰᠦᠯᠵᠢᠶ᠎ᠡ ᠲᠠᠰᠤᠯᠳᠠᠭᠰᠠᠨ᠂ ᠮᠤᠵᠢ ᠵᠢᠨ ᠳᠡᠰ᠎ᠤᠨ ᠴᠢᠬᠤᠯᠠ ᠴᠢᠮᠡᠭᠡ ᠬᠣᠯᠪᠣᠭ᠋ᠠᠨ᠎ᠤ ᠭᠣᠣᠯ ᠵᠠᠩᠭᠢᠯᠠᠭ᠎ᠠ ᠵᠢᠨ ᠠᠰᠠᠷ ᠡᠪᠳᠡᠭᠳᠡᠭᠰᠡᠨ ᠵᠡᠷᠭᠡ᠎ᠠᠴᠠ ᠪᠣᠯᠵᠤ᠂ ᠥᠪᠡᠷᠲᠡᠭᠡᠨ ᠵᠠᠰᠠᠬᠤ ᠣᠷᠣᠨ᠎ᠤ ᠳᠣᠲᠣᠷᠠᠬᠢ 2 ᠵᠢᠴᠢ ᠲᠡᠭᠦᠨ᠎ᠠᠴᠠ ᠳᠡᠭᠡᠭᠰᠢᠬᠢ ᠠᠢ᠌ᠮᠠᠭ ᠬᠣᠲᠠ ᠵᠢᠨ ᠴᠢᠮᠡᠭᠡ ᠬᠣᠯᠪᠣᠭ᠎ᠠ᠎ᠨᠢ ᠶᠡᠬᠡ ᠬᠡᠪᠴᠢᠶ᠎ᠡ᠎ᠪᠠᠷ ᠲᠠᠰᠤᠯᠳᠠᠬᠤ ᠵᠢ ᠪᠣᠯᠭ᠋ᠠᠭᠰᠠᠨ᠃

     (2) 《ᠴᠠᠬᠢᠯᠭ᠋ᠠᠨ ᠬᠣᠯᠪᠣᠭ᠋ᠠᠨ᠎ᠤ ᠲᠣᠣᠷ ᠰᠦᠯᠵᠢᠶ᠎ᠡ ᠵᠢᠨ ᠠᠵᠢᠯᠯᠠᠭ᠋ᠠᠨ᠎ᠤ ᠬᠢᠨᠠᠯᠲᠠ ᠬᠠᠮᠢᠶᠠᠷᠤᠯᠲᠠ ᠵᠢᠨ ᠠᠷᠭ᠎ᠠ》᠎ᠳᠠᠬᠢ  ᠬᠦᠨᠳᠦ ᠶᠡᠬᠡ ᠭᠡᠨᠡᠳᠡᠯ᠎ᠢ ᠬᠤᠪᠢᠶᠠᠷᠢᠯᠠᠬᠤ ᠨᠥᠬᠥᠴᠡᠯ᠎ᠢ ᠬᠠᠩᠭ᠋ᠠᠭᠰᠠᠨ᠃

     (3) ᠤᠯᠤᠰ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠴᠢᠮᠡᠭᠡ ᠬᠣᠯᠪᠣᠭ᠋ᠠᠨ᠎ᠤ ᠪᠠᠲᠤᠯᠠᠭ᠎ᠠ᠎ᠨᠢ  Ⅱ ᠳᠡᠰ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠠᠵᠢᠯᠯᠠᠭ᠎ᠠ ᠵᠢ ᠡᠬᠢᠯᠡᠭᠦᠯᠬᠦ ᠵᠢ ᠤᠷᠢᠶᠠᠯᠠᠨ ᠳᠠᠭ᠋ᠠᠬᠤ᠎ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠲᠠᠢ ᠬᠣᠯᠪᠣᠭᠳᠠᠭᠰᠠᠨ᠃

     4.4.2 Ⅱ ᠳᠡᠰ᠎ᠤᠨ ᠤᠷᠢᠶᠠᠯᠠᠨ ᠳᠠᠭ᠋ᠠᠬᠤ ᠠᠵᠢᠯᠯᠠᠭ᠎ᠠ ᠵᠢ ᠡᠬᠢᠯᠡᠭᠦᠯᠬᠦ

      ᠪᠠᠴᠢᠮ ᠪᠠᠢ᠌ᠳᠠᠯ᠎ᠢ ᠠᠷᠭ᠋ᠠᠴᠠᠭ᠋ᠠᠬᠤ ᠠᠯᠪᠠᠨ ᠭᠡᠷ᠎ᠠᠴᠠ ᠲᠤᠰᠬᠠᠢ ᠮᠡᠷᠭᠡᠵᠢᠯᠲᠡᠨ᠎ᠤ ᠳᠤᠭᠤᠢ᠌ᠯᠠᠩ᠎ᠢ ᠵᠣᠬᠢᠶᠠᠨ ᠪᠠᠢ᠌ᠭᠤᠯᠤᠨ ᠵᠠᠳᠠᠯᠤᠯᠲᠠ ᠬᠢᠵᠦ ᠦᠨᠡᠯᠡᠨ ᠵᠢᠱ᠌ᠢᠵᠦ᠂ ᠭᠠᠮᠰᠢᠭ᠎ᠤᠨ ᠪᠠᠢ᠌ᠳᠠᠯ ᠪᠤᠶᠤ ᠬᠡᠷᠡᠭ ᠶᠠᠪᠤᠳᠠᠯ᠎ᠨᠢ ᠡᠬᠢᠯᠡᠭᠦᠯᠬᠦ ᠪᠠᠷᠢᠮᠵᠢᠶ᠎ᠠ᠎ᠳᠤ ᠬᠦᠷᠦᠭᠰᠡᠨ ᠵᠶ᠋ᠡᠷ ᠮᠠᠭ᠋ᠠᠳᠯᠠᠨ ᠲᠣᠭᠲᠠᠭ᠋ᠠᠵᠤ᠂ ᠵᠢᠯᠤᠭᠣᠳᠬᠤ ᠭᠠᠵᠠᠷ᠎ᠲᠤ Ⅱ ᠲᠠᠰ᠎ᠤᠨ ᠤᠷᠢᠶᠠᠯᠠᠨ ᠳᠠᠭ᠋ᠠᠬᠤ ᠵᠢ ᠡᠬᠢᠯᠡᠭᠦᠯᠬᠦ ᠰᠠᠨᠠᠭᠤᠯᠭ᠎ᠠ ᠳᠤᠷᠠᠳᠤᠨ᠎ᠠ᠃

      ᠵᠢᠯᠤᠭᠣᠳᠬᠤ ᠭᠠᠵᠠᠷ᠎ᠠᠴᠠ Ⅱ ᠲᠠᠰ᠎ᠤᠨ ᠤᠷᠢᠶᠠᠯᠠᠨ ᠳᠠᠭ᠋ᠠᠬᠤ ᠵᠢ ᠡᠬᠢᠯᠡᠭᠦᠯᠬᠦ᠎ᠪᠠᠷ ᠲᠣᠭᠲᠠᠵᠤ᠂ ᠳᠡᠳ᠋ ᠵᠢᠯᠤᠭᠣᠳᠬᠤ ᠳᠠᠷᠤᠭ᠎ᠠ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠵᠢ ᠤᠷᠢᠶᠠᠯᠠᠨ ᠳᠠᠭ᠋ᠠᠬᠤ ᠵᠠᠷᠯᠢᠭ᠎ᠲᠤ ᠭᠠᠷ᠎ᠤᠨ ᠥᠰᠥᠭ ᠵᠢᠷᠤᠵᠤ ᠵᠢᠨ ᠬᠠᠮᠲᠤ ᠡᠯ᠎ᠡ ᠪᠦᠷᠢᠯᠳᠦᠭᠦᠨ ᠨᠢᠭᠡᠴᠢ᠎ᠳᠤ ᠮᠡᠳᠡᠭᠳᠡᠨ᠎ᠡ᠃

     4.4.3 Ⅱ ᠳᠡᠰ᠎ᠤᠨ ᠤᠷᠢᠶᠠᠯᠠᠨ ᠳᠠᠭ᠋ᠠᠬᠤ ᠠᠵᠢᠯᠯᠠᠭ᠋ᠠᠨ

      ᠵᠢᠯᠤᠭᠣᠳᠬᠤ ᠭᠠᠵᠠᠷ᠂ ᠬᠠᠮᠢᠶ᠎ᠠ ᠪᠦᠬᠦᠢ ᠰᠠᠭᠤᠷᠢ ᠴᠠᠬᠢᠯᠭ᠋ᠠᠨ ᠬᠣᠯᠪᠣᠭ᠋ᠠᠨ᠎ᠤ ᠠᠵᠤ ᠠᠬᠤᠢ᠌ᠯᠠᠯ 24 ᠴᠠᠭ ᠵᠶ᠋ᠠᠷ ᠵᠢᠵᠢᠭᠦᠷᠯᠡᠬᠦ ᠵᠢ ᠡᠬᠢᠯᠡᠭᠦᠯᠦᠨ᠎ᠡ᠃

      ᠵᠢᠯᠤᠭᠣᠳᠬᠤ ᠭᠠᠵᠠᠷ᠎ᠠᠴᠠ ᠵᠣᠬᠢᠶᠠᠨ ᠪᠠᠢ᠌ᠭᠤᠯᠤᠨ ᠵᠥᠪᠳᠡᠯᠴᠡᠵᠦ᠂ ᠴᠢᠮᠡᠭᠡ ᠬᠣᠯᠪᠣᠭ᠋ᠠᠨ᠎ᠤ ᠪᠠᠲᠤᠯᠠᠭ᠎ᠠ ᠵᠢᠨ ᠠᠵᠢᠯ᠎ᠤᠨ ᠬᠠᠷᠠᠯᠲᠠ ᠪᠣᠯᠣᠨ ᠲᠥᠰᠥᠯ᠎ᠢ ᠲᠣᠭᠲᠠᠭ᠋ᠠᠨ᠎ᠠ᠃ ᠠᠢ᠌ᠮᠠᠭ ᠬᠣᠲᠠ ᠠᠯᠤᠰᠯᠠᠭᠰᠠᠨ᠂ ᠠᠵᠤ ᠠᠬᠤᠢ᠌ᠯᠠᠯ ᠠᠯᠤᠰᠯᠠᠭᠰᠠᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠴᠢᠮᠡᠭᠡ ᠬᠣᠯᠪᠣᠭ᠎ᠠ ᠵᠢᠨ ᠪᠠᠲᠤᠯᠠᠭ᠎ᠠ ᠵᠢᠨ ᠡᠩᠨᠡᠭᠡ ᠵᠢᠴᠢ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠲᠣᠨᠣᠭ ᠲᠥᠬᠦᠭᠡᠷᠦᠮᠵᠢ ᠵᠢ ᠰᠢᠯᠵᠢᠭᠦᠯᠦᠨ ᠬᠡᠷᠡᠭᠯᠡᠬᠦ ᠵᠢ ᠵᠣᠬᠢᠶᠠᠨ ᠪᠠᠢ᠌ᠭᠤᠯᠤᠨ ᠵᠣᠬᠢᠴᠠᠭᠤᠯᠤᠨ᠎ᠠ᠃ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ᠂ ᠤᠰᠤᠨ ᠠᠰᠢᠭᠯᠠᠯᠲᠠ᠂ ᠭᠠᠵᠠᠷ ᠬᠥᠳᠡᠯᠦᠯᠲᠡ᠂ ᠴᠠᠭ ᠠᠭᠤᠷ᠂ ᠳᠣᠲᠣᠭ᠋ᠠᠳᠤ ᠵᠢ ᠬᠠᠮᠠᠭ᠋ᠠᠯᠠᠬᠤ᠂ ᠵᠡᠪᠰᠡᠭᠲᠦ ᠴᠠᠭᠳᠠᠭ᠎ᠠ᠂ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠰᠠᠯᠠᠭ᠎ᠠ ᠮᠥᠴᠢᠷ ᠨᠢᠭᠡᠴᠢ᠎ᠨᠦᠭᠦᠳ ᠨᠡᠪᠲᠡᠷᠡᠯᠴᠡᠨ ᠬᠠᠮᠵᠢᠯᠴᠠᠬᠤ᠎ᠪᠠᠨ ᠴᠢᠩᠭ᠋ᠠᠳᠬᠠᠵᠤ᠂ ᠲᠣᠰ ᠲᠣᠰ᠎ᠤᠨ ᠡᠭᠦᠷᠭᠡ ᠬᠠᠷᠢᠭᠤᠴᠠᠯᠭ᠎ᠠ ᠵᠢᠨ ᠵᠶ᠋ᠠᠨ ᠶᠣᠰᠣᠭ᠋ᠠᠷ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠪᠠᠲᠤᠯᠠᠭ᠎ᠠ ᠵᠢᠨ ᠠᠵᠢᠯ᠎ᠢ ᠵᠣᠬᠢᠶᠠᠨ ᠪᠠᠶ᠋ᠢᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠴᠢᠮᠡᠭᠡ ᠬᠣᠯᠪᠣᠭ᠋ᠠᠨ᠎ᠤ ᠪᠠᠲᠤᠯᠠᠭ᠎ᠠ ᠵᠢᠨ ᠤᠬᠠᠭᠤᠯᠭ᠎ᠠ ᠵᠢᠨ ᠲᠥᠷᠥᠯᠵᠢᠯ᠎ᠢ ᠨᠡᠢ᠌ᠲᠡᠯᠡᠨ᠎ᠡ᠃

      ᠪᠠᠴᠢᠮ ᠪᠠᠢ᠌ᠳᠠᠯ᠎ᠢ ᠠᠷᠭ᠋ᠠᠴᠠᠭ᠋ᠠᠬᠤ ᠠᠯᠪᠠᠨ ᠭᠡᠷ᠎ᠠᠴᠠ ᠵᠢᠯᠤᠭᠣᠳᠬᠤ ᠭᠠᠵᠠᠷ᠎ᠤᠨ ᠰᠢᠢ᠍ᠳᠪᠦᠷᠢᠲᠦ ᠪᠣᠳᠣᠯᠭ᠎ᠠ ᠵᠢ ᠨᠠᠢ᠌ᠳᠠᠪᠤᠷᠢᠵᠢᠭᠤᠯᠵᠤ᠂ ᠬᠠᠮᠢᠶ᠎ᠠ ᠪᠦᠬᠦᠢ ᠰᠠᠭᠤᠷᠢ ᠴᠠᠬᠢᠯᠭ᠋ᠠᠨ ᠬᠣᠯᠪᠣᠭ᠋ᠠᠨ᠎ᠤ ᠠᠵᠤ ᠠᠬᠤᠢ᠌ᠯᠠᠯ᠎ᠳᠤ ᠴᠢᠮᠡᠭᠡ ᠬᠣᠯᠪᠣᠭ᠋ᠠᠨ᠎ᠤ ᠪᠠᠲᠤᠯᠠᠭ᠎ᠠ ᠵᠢᠨ ᠡᠭᠦᠷᠭᠡ ᠪᠠᠭᠤᠯᠭ᠋ᠠᠬᠤ ᠵᠢᠨ ᠬᠠᠮᠲᠤ ᠰᠢᠮᠳᠠᠭᠤᠯᠤᠨ ᠨᠠᠢ᠌ᠳᠠᠪᠤᠷᠢᠵᠢᠭᠤᠯᠤᠨ᠎ᠠ᠃ ᠬᠠᠮᠢᠶ᠎ᠠ ᠪᠦᠬᠦᠢ ᠰᠠᠭᠤᠷᠢ ᠴᠠᠬᠢᠯᠭ᠋ᠠᠨ ᠬᠣᠯᠪᠣᠭ᠋ᠠᠨ᠎ᠤ ᠠᠵᠤ ᠠᠬᠤᠢ᠌ᠯᠠᠯ᠎ᠤᠳ ᠲᠣᠰ ᠠᠵᠤ ᠠᠬᠤᠢ᠌ᠯᠠᠯ᠎ᠤᠨ ᠵᠶ᠋ᠠᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠲᠣᠭᠲᠠᠴᠠ ᠵᠢ ᠡᠬᠢᠯᠡᠭᠦᠯᠬᠦ ᠵᠢᠨ ᠬᠠᠮᠲᠤ ᠵᠢᠯᠤᠭᠣᠳᠬᠤ ᠭᠠᠵᠠᠷ᠎ᠤᠨ ᠱᠠᠭ᠋ᠠᠷᠳᠠᠯᠭ᠎ᠠ ᠶᠣᠰᠣᠭ᠋ᠠᠷ᠂ ᠪᠠᠲᠤᠯᠠᠭ᠎ᠠ ᠵᠢᠨ ᠡᠩᠨᠡᠭᠡ ᠲᠣᠮᠢᠯᠠᠨ ᠠᠵᠤ ᠠᠬᠤᠢ᠌ᠯᠠᠯ ᠠᠯᠤᠰᠯᠠᠨ ᠳᠡᠮᠵᠢᠨ ᠲᠤᠰᠠᠯᠠᠨ᠎ᠠ᠃ ᠬᠠᠮᠢᠶ᠎ᠠ ᠪᠦᠬᠦᠢ ᠰᠠᠭᠤᠷᠢ ᠴᠠᠬᠢᠯᠭ᠋ᠠᠨ ᠬᠣᠯᠪᠣᠭ᠋ᠠᠨ᠎ᠤ ᠠᠵᠤ ᠠᠬᠤᠢ᠌ᠯᠠᠯ᠎ᠨᠢ 4 ᠴᠠᠭ ᠠᠯᠤᠰᠯᠠᠬᠤ ᠪᠦᠷᠢ ᠵᠢᠯᠤᠭᠣᠳᠬᠤ ᠭᠠᠵᠠᠷ ᠪᠣᠯᠣᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠠᠯᠪᠠᠨ ᠭᠡᠷ᠎ᠲᠤ ᠴᠢᠮᠡᠭᠡ ᠬᠣᠯᠪᠣᠭ᠋ᠠᠨ᠎ᠤ ᠪᠠᠲᠤᠯᠠᠭ᠎ᠠ ᠵᠢᠨ ᠪᠠᠢ᠌ᠳᠠᠯ ᠵᠶ᠋ᠠᠨ ᠮᠡᠳᠡᠭᠦᠯᠦᠨ᠎ᠡ᠃

      ᠴᠢᠬᠤᠯᠠ᠎ᠲᠠᠢ ᠦᠶ᠎ᠡ᠎ᠳᠤ᠂ ᠲᠤᠬᠠᠢ ᠵᠢᠨ ᠲᠠᠯᠠᠪᠤᠷ᠎ᠤᠨ ᠲᠦᠷ ᠴᠠᠭ᠎ᠤᠨ ᠤᠳᠤᠷᠢᠳᠬᠤ ᠳᠤᠭᠤᠢ᠌ᠯᠠᠩ   ᠪᠠᠢ᠌ᠭᠤᠯᠵᠤ᠂ ᠴᠢᠮᠡᠭᠡ ᠬᠣᠯᠪᠣᠭ᠋ᠠᠨ᠎ᠤ ᠲᠤᠬᠠᠢ ᠵᠢᠨ ᠲᠠᠯᠠᠪᠤᠷ᠎ᠤᠨ ᠪᠠᠲᠤᠯᠠᠭ᠎ᠠ ᠵᠢᠨ ᠵᠣᠬᠢᠶᠠᠨ ᠪᠠᠶ᠋ᠢᠭᠤᠯᠬᠤ᠂ ᠵᠣᠬᠢᠴᠠᠭᠤᠯᠬᠤ ᠠᠵᠢᠯ᠎ᠢ ᠬᠠᠷᠢᠭᠤᠴᠠᠭᠤᠯᠤᠨ᠎ᠠ᠃

     4. 5 Ⅲ ᠲᠠᠰ᠎ᠤᠨ ᠪᠠᠴᠢᠮ ᠪᠠᠢ᠌ᠳᠠᠯ᠎ᠤᠨ ᠠᠷᠭ᠋ᠠᠴᠠᠭ᠋ᠠᠯᠲᠠ ᠵᠢ ᠤᠷᠢᠶᠠᠯᠠᠨ ᠳᠠᠭ᠋ᠠᠬᠤ

     4.5.1 ᠡᠬᠢᠯᠡᠭᠦᠯᠬᠦ ᠨᠥᠬᠥᠴᠡᠯ

      ᠳᠣᠣᠷᠠᠬᠢ ᠪᠠᠢ᠌ᠳᠠᠯ᠎ᠤᠨ ᠨᠢᠭᠡ᠎ᠨᠢ ᠭᠠᠷᠪᠠᠯ᠂ ᠥᠪᠡᠷᠲᠡᠭᠡᠨ ᠵᠠᠰᠠᠬᠤ ᠣᠷᠣᠨ᠎ᠤ ᠴᠢᠮᠡᠭᠡ ᠬᠣᠯᠪᠣᠭ᠋ᠠᠨ᠎ᠤ ᠪᠠᠲᠤᠯᠠᠭ᠎ᠠ ᠵᠢᠨ Ⅲ ᠲᠠᠰ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠠᠵᠢᠯᠯᠠᠭ᠎ᠠ ᠵᠢ ᠡᠬᠢᠯᠡᠭᠦᠯᠦᠨ᠎ᠡ᠄

     (1) ᠨᠡᠢ᠌ᠲᠡ ᠣᠯᠠᠨ᠎ᠤ ᠴᠢᠮᠡᠭᠡ ᠬᠣᠯᠪᠣᠭ᠋ᠠᠨ᠎ᠤ ᠰᠦᠯᠵᠢᠶ᠎ᠡ ᠵᠢᠨ ᠠᠢ᠌ᠮᠠᠭ ᠬᠣᠲᠠ ᠵᠢᠨ ᠳᠡᠰ᠎ᠤᠨ ᠲᠣᠣᠷ ᠰᠦᠯᠵᠢᠶ᠎ᠡ ᠲᠠᠰᠤᠯᠳᠠᠭᠰᠠᠨ᠂ ᠠᠢ᠌ᠮᠠᠭ ᠬᠣᠲᠠ ᠵᠢᠨ ᠳᠡᠰ᠎ᠤᠨ ᠴᠢᠬᠤᠯᠠ ᠴᠢᠮᠡᠭᠡ ᠬᠣᠯᠪᠣᠭ᠋ᠠᠨ᠎ᠤ ᠭᠣᠣᠯ ᠵᠠᠩᠭᠢᠯᠠᠭ᠎ᠠ ᠵᠢᠨ ᠠᠰᠠᠷ ᠡᠪᠳᠡᠭᠳᠡᠭᠰᠡᠨ ᠵᠡᠷᠭᠡ᠎ᠠᠴᠠ ᠪᠣᠯᠵᠤ᠂ ᠲᠣᠰ ᠭᠠᠵᠠᠷ ᠣᠷᠣᠨ᠎ᠤ ᠴᠢᠮᠡᠭᠡ ᠬᠣᠯᠪᠣᠭ᠎ᠠ ᠶᠡᠬᠡ ᠬᠡᠪᠴᠢᠶ᠎ᠡ᠎ᠪᠠᠷ ᠲᠠᠰᠤᠯᠳᠠᠬᠤ ᠵᠢ ᠪᠣᠯᠭ᠋ᠠᠭᠰᠠᠨ᠃

     (2) 《ᠴᠠᠬᠢᠯᠭ᠋ᠠᠨ ᠬᠣᠯᠪᠣᠭ᠋ᠠᠨ᠎ᠤ ᠲᠣᠣᠷ ᠰᠦᠯᠵᠢᠶ᠎ᠡ ᠵᠢᠨ ᠠᠵᠢᠯᠯᠠᠭ᠋ᠠᠨ᠎ᠤ ᠬᠢᠨᠠᠯᠲᠠ ᠬᠠᠮᠢᠶᠠᠷᠤᠯᠲᠠ ᠵᠢᠨ ᠠᠷᠭ᠎ᠠ》᠎ᠳᠠᠬᠢ  ᠨᠡᠯᠢᠶᠡᠳ ᠶᠡᠬᠡ ᠭᠡᠨᠡᠳᠡᠯ᠎ᠢ ᠬᠤᠪᠢᠶᠠᠷᠢᠯᠠᠬᠤ ᠨᠥᠬᠥᠴᠡᠯ᠎ᠢ ᠬᠠᠩᠭ᠋ᠠᠭᠰᠠᠨ᠃

     (3) ᠤᠯᠤᠰ᠎ᠠᠴᠠ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠴᠢᠮᠡᠭᠡ ᠬᠣᠯᠪᠣᠭ᠋ᠠᠨ᠎ᠤ ᠪᠠᠲᠤᠯᠠᠭ᠎ᠠ ᠵᠢᠨ  Ⅲ ᠳᠡᠰ᠎ᠤᠨ ᠪᠠᠴᠢᠮ ᠪᠠᠢ᠌ᠳᠠᠯ᠎ᠤᠨ ᠠᠷᠭ᠋ᠠᠴᠠᠭ᠋ᠠᠬᠤ ᠠᠵᠢᠯᠯᠠᠭ᠎ᠠ ᠵᠢ ᠡᠬᠢᠯᠡᠭᠦᠯᠬᠦ ᠵᠢ ᠤᠷᠢᠶᠠᠯᠠᠨ ᠳᠠᠭ᠋ᠠᠬᠤ᠎ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠲᠠᠢ ᠬᠣᠯᠪᠣᠭᠳᠠᠭᠰᠠᠨ᠃

     4.5.2 Ⅲ ᠳᠡᠰ᠎ᠤᠨ ᠤᠷᠢᠶᠠᠯᠠᠨ ᠳᠠᠭ᠋ᠠᠬᠤ ᠠᠵᠢᠯᠯᠠᠭ᠎ᠠ ᠵᠢ ᠡᠬᠢᠯᠡᠭᠦᠯᠬᠦ

      ᠪᠠᠴᠢᠮ ᠪᠠᠢ᠌ᠳᠠᠯ᠎ᠢ ᠠᠷᠭ᠋ᠠᠴᠠᠭ᠋ᠠᠬᠤ ᠠᠯᠪᠠᠨ ᠭᠡᠷ᠎ᠠᠴᠠ ᠲᠤᠰᠬᠠᠢ ᠮᠡᠷᠭᠡᠵᠢᠯᠲᠡᠨ᠎ᠤ ᠳᠤᠭᠤᠢ᠌ᠯᠠᠩ᠎ᠢ ᠵᠣᠬᠢᠶᠠᠨ ᠪᠠᠢ᠌ᠭᠤᠯᠤᠨ ᠵᠠᠳᠠᠯᠤᠯᠲᠠ ᠬᠢᠵᠦ ᠦᠨᠡᠯᠡᠨ ᠵᠢᠱ᠌ᠢᠵᠦ᠂ ᠭᠠᠮᠰᠢᠭ᠎ᠤᠨ ᠪᠠᠢ᠌ᠳᠠᠯ ᠪᠤᠶᠤ ᠬᠡᠷᠡᠭ ᠶᠠᠪᠤᠳᠠᠯ᠎ᠨᠢ ᠡᠬᠢᠯᠡᠭᠦᠯᠬᠦ ᠪᠠᠷᠢᠮᠵᠢᠶ᠎ᠠ᠎ᠳᠤ ᠬᠦᠷᠦᠭᠰᠡᠨ᠎ᠢ ᠮᠠᠭ᠋ᠠᠳᠯᠠᠨ ᠲᠣᠭᠲᠠᠭ᠋ᠠᠭᠰᠠᠨ᠎ᠤ ᠳᠠᠷᠠᠭ᠎ᠠ᠂ Ⅲ ᠲᠠᠰ᠎ᠤᠨ ᠤᠷᠢᠶᠠᠯᠠᠨ ᠳᠠᠭ᠋ᠠᠬᠤ ᠵᠢ ᠡᠬᠢᠯᠡᠭᠦᠯᠬᠦ᠎ᠪᠠᠷ ᠲᠣᠭᠲᠠᠭ᠋ᠠᠵᠤ᠂ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠠᠯᠪᠠᠨ ᠭᠡᠷ᠎ᠤᠨ ᠡᠷᠬᠢᠯᠡᠭᠴᠢ᠎ᠠᠴᠠ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠵᠢ ᠤᠷᠢᠶᠠᠯᠠᠨ ᠳᠠᠭ᠋ᠠᠬᠤ ᠵᠠᠷᠯᠢᠭ᠎ᠲᠤ ᠭᠠᠷ᠎ᠤᠨ ᠥᠰᠥᠭ ᠵᠢᠷᠤᠬᠤ ᠵᠢᠨ ᠬᠠᠮᠲᠤ ᠡᠯ᠎ᠡ ᠪᠦᠷᠢᠯᠳᠦᠭᠦᠨ ᠨᠢᠭᠡᠴᠢ᠎ᠳᠤ ᠮᠡᠳᠡᠭᠳᠡᠨ᠎ᠡ᠃

     4.5.3 Ⅲ ᠳᠡᠰ᠎ᠤᠨ ᠤᠷᠢᠶᠠᠯᠠᠨ ᠳᠠᠭ᠋ᠠᠬᠤ ᠠᠵᠢᠯᠯᠠᠭ᠋ᠠᠨ

      ᠪᠠᠴᠢᠮ ᠪᠠᠢ᠌ᠳᠠᠯ᠎ᠢ ᠠᠷᠭ᠋ᠠᠴᠠᠭ᠋ᠠᠬᠤ ᠠᠯᠪᠠᠨ ᠭᠡᠷ᠂ ᠬᠠᠮᠢᠶ᠎ᠠ ᠪᠦᠬᠦᠢ ᠰᠠᠭᠤᠷᠢ ᠴᠠᠬᠢᠯᠭ᠋ᠠᠨ ᠬᠣᠯᠪᠣᠭ᠋ᠠᠨ᠎ᠤ ᠠᠵᠤ ᠠᠬᠤᠢ᠌ᠯᠠᠯ 24 ᠴᠠᠭ ᠵᠶ᠋ᠠᠷ ᠵᠢᠵᠢᠭᠦᠷᠯᠡᠬᠦ ᠵᠢ ᠡᠬᠢᠯᠡᠭᠦᠯᠦᠨ᠎ᠡ᠃

      ᠪᠠᠴᠢᠮ ᠪᠠᠢ᠌ᠳᠠᠯ᠎ᠢ ᠠᠷᠭ᠋ᠠᠴᠠᠭ᠋ᠠᠬᠤ ᠠᠯᠪᠠᠨ ᠭᠡᠷ᠎ᠠᠴᠠ ᠲᠤᠰᠬᠠᠢ ᠮᠡᠷᠭᠡᠵᠢᠯᠲᠡᠨ᠎ᠤ ᠳᠤᠭᠤᠢ᠌ᠯᠠᠩ᠎ᠢ ᠵᠣᠬᠢᠶᠠᠨ ᠪᠠᠢ᠌ᠭᠤᠯᠤᠨ ᠬᠠᠮᠢᠶ᠎ᠠ ᠪᠦᠬᠦᠢ ᠮᠡᠳᠡᠭᠡ ᠵᠠᠩᠭᠢ᠎ᠳᠤ ᠵᠠᠳᠠᠯᠤᠯᠲᠠ ᠬᠢᠵᠦ ᠦᠨᠡᠯᠡᠨ ᠵᠢᠱ᠌ᠢᠵᠦ᠂ ᠪᠠᠴᠢᠮ ᠪᠠᠢ᠌ᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠠᠷᠭ᠎ᠠ ᠪᠣᠳᠣᠯᠭ᠎ᠠ ᠪᠠ ᠲᠥᠰᠥᠯ᠎ᠤᠨ ᠰᠠᠨᠠᠭᠤᠯᠭ᠎ᠠ ᠵᠢ ᠰᠤᠳᠤᠯᠤᠨ ᠳᠤᠷᠠᠳᠴᠤ᠂ ᠵᠢᠯᠤᠭᠣᠳᠬᠤ ᠭᠠᠵᠠᠷ᠎ᠲᠤ ᠬᠣᠯᠪᠣᠭᠳᠠᠯ ᠪᠦᠬᠦᠢ ᠪᠠᠢ᠌ᠳᠠᠯ᠎ᠢ ᠴᠠᠭ ᠲᠤᠬᠠᠢ᠎ᠳᠤ᠎ᠨᠢ ᠮᠡᠳᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠴᠢᠮᠡᠭᠡ ᠬᠣᠯᠪᠣᠭ᠎ᠠ ᠵᠢᠨ ᠪᠠᠲᠤᠯᠠᠭ᠎ᠠ ᠵᠢᠨ ᠤᠬᠠᠭᠤᠯᠭ᠎ᠠ ᠵᠢᠨ ᠲᠥᠷᠥᠯᠵᠢᠯ᠎ᠢ ᠨᠡᠢ᠌ᠲᠡᠯᠡᠨ᠎ᠡ᠃ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠠᠯᠪᠠᠨ ᠭᠡᠷ᠎ᠠᠴᠠ ᠬᠠᠮᠢᠶ᠎ᠠ ᠪᠦᠬᠦᠢ ᠰᠠᠭᠤᠷᠢ ᠴᠠᠬᠢᠯᠭ᠋ᠠᠨ ᠬᠣᠯᠪᠣᠭ᠋ᠠᠨ᠎ᠤ ᠠᠵᠤ ᠠᠬᠤᠢ᠌ᠯᠠᠯ᠎ᠳᠤ ᠴᠢᠮᠡᠭᠡ ᠬᠣᠯᠪᠣᠭ᠋ᠠᠨ᠎ᠤ ᠪᠠᠲᠤᠯᠠᠭ᠎ᠠ ᠵᠢᠨ ᠡᠭᠦᠷᠭᠡ ᠪᠠᠭᠤᠯᠭ᠋ᠠᠬᠤ ᠵᠢᠨ ᠬᠠᠮᠲᠤ ᠰᠢᠮᠳᠠᠭᠤᠯᠤᠨ ᠨᠠᠢ᠌ᠳᠠᠪᠤᠷᠢᠵᠢᠭᠤᠯᠤᠨ᠎ᠠ᠃

      ᠬᠡᠷᠡᠭ ᠶᠠᠪᠤᠳᠠᠯ ᠭᠠᠷᠤᠭᠰᠠᠨ ᠭᠠᠵᠠᠷ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠨᠢ ᠲᠤᠬᠠᠢ ᠵᠢᠨ ᠭᠠᠵᠠᠷ᠎ᠤᠨ ᠴᠢᠮᠡᠭᠡ ᠬᠣᠯᠪᠣᠭ᠋ᠠᠨ᠎ᠤ ᠲᠣᠣᠷ ᠰᠦᠯᠵᠢᠶᠡᠨ᠎ᠤ ᠠᠵᠢᠯᠯᠠᠭ᠋ᠠᠨ᠎ᠤ ᠪᠠᠢ᠌ᠳᠠᠯ᠂ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠴᠢᠮᠡᠭᠡ ᠬᠣᠯᠪᠣᠭ᠋ᠠᠨ᠎ᠤ ᠪᠠᠲᠤᠯᠠᠭ᠎ᠠ ᠵᠢᠨ ᠡᠩᠨᠡᠭᠡ᠂ ᠲᠤᠨᠤᠭ ᠲᠥᠬᠦᠭᠡᠷᠦᠮᠵᠢ ᠵᠡᠷᠭᠡ ᠡᠬᠢ ᠪᠠᠶᠠᠯᠢᠭ ᠪᠣᠯᠣᠨ ᠲᠤᠬᠠᠢ ᠵᠢᠨ ᠲᠠᠯᠠᠪᠤᠷ᠎ᠤᠨ ᠴᠢᠮᠡᠭᠡ ᠬᠣᠯᠪᠣᠭ᠋ᠠᠨ᠎ᠤ ᠪᠠᠲᠤᠯᠠᠭ᠎ᠠ ᠵᠢᠨ ᠬᠡᠷᠡᠭᠴᠡᠭᠡ ᠱᠠᠭ᠋ᠠᠷᠳᠠᠯᠭ᠎ᠠ ᠵᠢ ᠴᠠᠭ ᠲᠤᠬᠠᠢ᠎ᠳᠤ᠎ᠨᠢ ᠣᠢ᠌ᠯᠠᠭ᠋ᠠᠵᠤ᠂ ᠬᠠᠪᠰᠤᠷᠤᠯᠭ᠎ᠠ ᠳᠡᠮᠵᠢᠯᠭᠡ ᠦᠵᠡᠭᠦᠯᠦᠨ᠎ᠡ᠃ ᠬᠠᠮᠢᠶ᠎ᠠ ᠪᠦᠬᠦᠢ ᠰᠠᠭᠤᠷᠢ ᠴᠠᠬᠢᠯᠭ᠋ᠠᠨ ᠬᠣᠯᠪᠣᠭ᠋ᠠᠨ᠎ᠤ ᠠᠵᠤ ᠠᠬᠤᠢ᠌ᠯᠠᠯ᠎ᠤᠳ ᠲᠣᠰ ᠠᠵᠤ ᠠᠬᠤᠢ᠌ᠯᠠᠯ᠎ᠤᠨ ᠵᠶ᠋ᠠᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠲᠣᠭᠲᠠᠴᠠ ᠵᠢ ᠡᠬᠢᠯᠡᠭᠦᠯᠬᠦ ᠵᠢᠨ ᠬᠠᠮᠲᠤ ᠴᠢᠮᠡᠭᠡ ᠬᠣᠯᠪᠣᠭ᠋ᠠᠨ᠎ᠤ ᠪᠠᠲᠤᠯᠠᠭ᠎ᠠ ᠵᠢᠨ ᠡᠩᠨᠡᠭᠡ ᠵᠢᠨ ᠠᠵᠤ ᠠᠬᠤᠢ᠌ᠯᠠᠯ ᠠᠯᠤᠰᠯᠠᠨ ᠳᠡᠮᠵᠢᠨ ᠲᠤᠰᠠᠯᠠᠬᠤ ᠪᠡᠯᠡᠳᠬᠡᠯ᠎ᠢ ᠰᠠᠢ᠌ᠲᠤᠷ ᠬᠢᠨ᠎ᠡ᠃ ᠬᠠᠮᠢᠶ᠎ᠠ ᠪᠦᠬᠦᠢ ᠰᠠᠭᠤᠷᠢ ᠴᠠᠬᠢᠯᠭ᠋ᠠᠨ ᠬᠣᠯᠪᠣᠭ᠋ᠠᠨ᠎ᠤ ᠠᠵᠤ ᠠᠬᠤᠢ᠌ᠯᠠᠯ᠎ᠨᠢ ᠡᠳᠦᠷ ᠪᠦᠷᠢ 2 ᠤᠳᠠᠭ᠎ᠠ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠠᠯᠪᠠᠨ ᠭᠡᠷ᠎ᠲᠤ ᠴᠢᠮᠡᠭᠡ ᠬᠣᠯᠪᠣᠭ᠋ᠠᠨ᠎ᠤ ᠪᠠᠲᠤᠯᠠᠭ᠎ᠠ ᠵᠢᠨ ᠪᠠᠢ᠌ᠳᠠᠯ ᠵᠶ᠋ᠠᠨ ᠮᠡᠳᠡᠭᠦᠯᠦᠨ᠎ᠡ᠃

     4.6 Ⅳ ᠳᠡᠰ᠎ᠤᠨ ᠪᠠᠴᠢᠮ ᠪᠠᠢ᠌ᠳᠠᠯ᠎ᠤᠨ ᠠᠷᠭ᠋ᠠᠴᠠᠭ᠋ᠠᠯᠲᠠ ᠵᠢ ᠤᠷᠢᠶᠠᠯᠠᠨ ᠳᠠᠭ᠋ᠠᠬᠤ

     4.6.1 ᠡᠬᠢᠯᠡᠭᠦᠯᠬᠦ ᠨᠥᠬᠥᠴᠡᠯ

      ᠳᠣᠣᠷᠠᠬᠢ ᠪᠠᠢ᠌ᠳᠠᠯ᠎ᠤᠨ ᠨᠢᠭᠡ᠎ᠨᠢ ᠭᠠᠷᠪᠠᠯ᠂ ᠥᠪᠡᠷᠲᠡᠭᠡᠨ ᠵᠠᠰᠠᠬᠤ ᠣᠷᠣᠨ᠎ᠤ ᠴᠢᠮᠡᠭᠡ ᠬᠣᠯᠪᠣᠭ᠋ᠠᠨ᠎ᠤ ᠪᠠᠲᠤᠯᠠᠭ᠎ᠠ ᠵᠢᠨ Ⅳ ᠲᠠᠰ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠠᠵᠢᠯᠯᠠᠭ᠎ᠠ ᠵᠢ ᠡᠬᠢᠯᠡᠭᠦᠯᠦᠨ᠎ᠡ᠄

     (1) ᠨᠡᠢ᠌ᠲᠡ ᠣᠯᠠᠨ᠎ᠤ ᠴᠢᠮᠡᠭᠡ ᠬᠣᠯᠪᠣᠭ᠋ᠠᠨ᠎ᠤ ᠰᠦᠯᠵᠢᠶ᠎ᠡ ᠵᠢᠨ ᠬᠣᠰᠢᠭᠤ ᠰᠢᠶᠠᠨ᠎ᠤ ᠳᠡᠰ᠎ᠤᠨ ᠲᠣᠣᠷ ᠰᠦᠯᠵᠢᠶ᠎ᠡ ᠲᠠᠰᠤᠯᠳᠠᠭᠰᠠᠨ᠎ᠠᠴᠠ ᠪᠣᠯᠵᠤ ᠪᠥᠬᠥ ᠬᠣᠰᠢᠭᠤ ᠰᠢᠶᠠᠨ (ᠬᠣᠲᠠ᠂ ᠲᠣᠭᠣᠷᠢᠭ) ᠎ᠤ ᠴᠢᠮᠡᠭᠡ ᠬᠣᠯᠪᠣᠭ᠎ᠠ ᠶᠡᠬᠡ ᠬᠡᠪᠴᠢᠶ᠎ᠡ᠎ᠪᠠᠷ ᠲᠠᠰᠤᠯᠳᠠᠬᠤ ᠵᠢ ᠪᠣᠯᠭ᠋ᠠᠭᠰᠠᠨ᠃

     (2) 《ᠴᠠᠬᠢᠯᠭ᠋ᠠᠨ ᠬᠣᠯᠪᠣᠭ᠎ᠠ ᠵᠢᠨ ᠲᠣᠣᠷ ᠰᠦᠯᠵᠢᠶᠡᠨ᠎ᠤ ᠠᠵᠢᠯᠯᠠᠭ᠋ᠠᠨ᠎ᠤ ᠬᠢᠨᠠᠯᠲᠠ ᠬᠠᠮᠢᠶᠠᠷᠤᠯᠲᠠ ᠵᠢᠨ ᠠᠷᠭ᠎ᠠ》᠎ᠳᠠᠬᠢ  ᠡᠩ᠎ᠤᠨ ᠭᠡᠨᠡᠳᠡᠯ᠎ᠢ ᠬᠤᠪᠢᠶᠠᠷᠢᠯᠠᠬᠤ ᠨᠥᠬᠥᠴᠡᠯ᠎ᠢ ᠬᠠᠩᠭ᠋ᠠᠭᠰᠠᠨ᠃

     (3) ᠤᠯᠤᠰ᠎ᠠᠴᠠ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠴᠢᠮᠡᠭᠡ ᠬᠣᠯᠪᠣᠭ᠋ᠠᠨ᠎ᠤ ᠪᠠᠲᠤᠯᠠᠭ᠎ᠠ ᠵᠢᠨ Ⅳ ᠳᠡᠰ᠎ᠤᠨ ᠪᠠᠴᠢᠮ ᠪᠠᠢ᠌ᠳᠠᠯ᠎ᠤᠨ ᠠᠷᠭ᠋ᠠᠴᠠᠭ᠋ᠠᠬᠤ ᠠᠵᠢᠯᠯᠠᠭ᠎ᠠ ᠵᠢ ᠡᠬᠢᠯᠡᠭᠦᠯᠬᠦ ᠵᠢ ᠤᠷᠢᠶᠠᠯᠠᠨ ᠳᠠᠭ᠋ᠠᠬᠤ᠎ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠲᠠᠢ ᠬᠣᠯᠪᠣᠭᠳᠠᠭᠰᠠᠨ᠃

     4.6.2 Ⅳ ᠳᠡᠰ᠎ᠤᠨ ᠤᠷᠢᠶᠠᠯᠠᠨ ᠳᠠᠭ᠋ᠠᠬᠤ ᠠᠵᠢᠯᠯᠠᠭ᠎ᠠ ᠵᠢ ᠡᠬᠢᠯᠡᠭᠦᠯᠬᠦ

      ᠪᠠᠴᠢᠮ ᠪᠠᠢ᠌ᠳᠠᠯ᠎ᠢ ᠠᠷᠭ᠋ᠠᠴᠠᠭ᠋ᠠᠬᠤ ᠠᠯᠪᠠᠨ ᠭᠡᠷ᠎ᠠᠴᠠ ᠲᠤᠰᠬᠠᠢ ᠮᠡᠷᠭᠡᠵᠢᠯᠲᠡᠨ᠎ᠤ ᠳᠤᠭᠤᠢ᠌ᠯᠠᠩ᠎ᠢ ᠵᠣᠬᠢᠶᠠᠨ ᠪᠠᠢ᠌ᠭᠤᠯᠤᠨ ᠵᠠᠳᠠᠯᠤᠯᠲᠠ ᠬᠢᠵᠦ ᠦᠨᠡᠯᠡᠨ ᠵᠢᠱ᠌ᠢᠵᠦ᠂ ᠭᠠᠮᠰᠢᠭ᠎ᠤᠨ ᠪᠠᠢ᠌ᠳᠠᠯ ᠪᠤᠶᠤ ᠬᠡᠷᠡᠭ ᠶᠠᠪᠤᠳᠠᠯ᠎ᠨᠢ ᠡᠬᠢᠯᠡᠭᠦᠯᠬᠦ ᠪᠠᠷᠢᠮᠵᠢᠶ᠎ᠠ᠎ᠳᠤ ᠬᠦᠷᠦᠭᠰᠡᠨ᠎ᠢ ᠮᠠᠭ᠋ᠠᠳᠯᠠᠨ ᠲᠣᠭᠲᠠᠭ᠋ᠠᠭᠰᠠᠨ᠎ᠤ ᠳᠠᠷᠠᠭ᠎ᠠ᠂ Ⅳ ᠲᠠᠰ᠎ᠤᠨ ᠤᠷᠢᠶᠠᠯᠠᠨ ᠳᠠᠭ᠋ᠠᠬᠤ ᠠᠵᠢᠯᠯᠠᠭ᠎ᠠ ᠵᠢ ᠡᠬᠢᠯᠡᠭᠦᠯᠬᠦ᠎ᠪᠠᠷ ᠲᠣᠭᠲᠠᠭ᠋ᠠᠵᠤ᠂ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠠᠯᠪᠠᠨ ᠭᠡᠷ᠎ᠤᠨ ᠳᠡᠳ᠋ ᠡᠷᠬᠢᠯᠡᠭᠴᠢ᠎ᠠᠴᠠ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠵᠢ ᠤᠷᠢᠶᠠᠯᠠᠨ ᠳᠠᠭ᠋ᠠᠬᠤ ᠵᠠᠷᠯᠢᠭ᠎ᠲᠤ ᠭᠠᠷ᠎ᠤᠨ ᠥᠰᠥᠭ ᠵᠢᠷᠤᠬᠤ ᠵᠢᠨ ᠬᠠᠮᠲᠤ ᠡᠯ᠎ᠡ ᠪᠦᠷᠢᠯᠳᠦᠭᠦᠨ ᠨᠢᠭᠡᠴᠢ᠎ᠳᠤ ᠮᠡᠳᠡᠭᠳᠡᠨ᠎ᠡ᠃

     4.6.3 Ⅳ ᠳᠡᠰ᠎ᠤᠨ ᠤᠷᠢᠶᠠᠯᠠᠨ ᠳᠠᠭ᠋ᠠᠬᠤ ᠠᠵᠢᠯᠯᠠᠭ᠋ᠠᠨ

      ᠬᠠᠮᠢᠶ᠎ᠠ ᠪᠦᠬᠦᠢ ᠰᠠᠭᠤᠷᠢ ᠴᠠᠬᠢᠯᠭ᠋ᠠᠨ ᠬᠣᠯᠪᠣᠭ᠋ᠠᠨ᠎ᠤ ᠠᠵᠤ ᠠᠬᠤᠢ᠌ᠯᠠᠯ 24 ᠴᠠᠭ ᠵᠶ᠋ᠠᠷ ᠵᠢᠵᠢᠭᠦᠷᠯᠡᠬᠦ ᠵᠢ ᠡᠬᠢᠯᠡᠭᠦᠯᠵᠦ᠂ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠠᠯᠪᠠᠨ ᠭᠡᠷ᠎ᠲᠤ ᠴᠢᠮᠡᠭᠡ ᠬᠣᠯᠪᠣᠭ᠋ᠠᠨ᠎ᠤ ᠪᠠᠲᠤᠯᠠᠭ᠎ᠠ ᠵᠢᠨ ᠮᠡᠳᠡᠭᠡ ᠵᠠᠩᠭᠢ ᠵᠢ ᠴᠠᠭ ᠲᠤᠬᠠᠢ᠎ᠳᠤ᠎ᠨᠢ ᠮᠡᠳᠡᠭᠦᠯᠦᠨ᠎ᠡ᠃ ᠬᠡᠷᠡᠭ ᠶᠠᠪᠤᠳᠠᠯ ᠭᠠᠷᠤᠭᠰᠠᠨ ᠭᠠᠵᠠᠷ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠰᠠᠯᠠᠭ᠎ᠠ ᠮᠥᠴᠢᠷ ᠪᠣᠯᠣᠨ ᠬᠠᠮᠢᠶ᠎ᠠ ᠪᠦᠬᠦᠢ ᠰᠠᠭᠤᠷᠢ ᠴᠠᠬᠢᠯᠭ᠋ᠠᠨ ᠬᠣᠯᠪᠣᠭ᠋ᠠᠨ᠎ᠤ ᠠᠵᠤ ᠠᠬᠤᠢ᠌ᠯᠠᠯ᠎ᠨᠢ ᠲᠤᠬᠠᠢ ᠵᠢᠨ ᠭᠠᠵᠠᠷ᠎ᠤᠨ ᠴᠠᠬᠢᠯᠭ᠋ᠠᠨ ᠬᠣᠯᠪᠣᠭ᠋ᠠᠨ᠎ᠤ ᠡᠵᠡᠩᠨᠡᠯᠲᠡ ᠵᠢᠨ ᠠᠵᠤ ᠠᠬᠤᠢ᠌ᠯᠠᠯ᠎ᠢ ᠵᠢᠯᠣᠭᠣᠳᠤᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠴᠢᠮᠡᠭᠡ ᠬᠣᠯᠪᠣᠭ᠋ᠠᠨ᠎ᠤ ᠪᠠᠲᠤᠯᠠᠭ᠎ᠠ ᠵᠢ ᠰᠠᠢ᠌ᠲᠤᠷ ᠬᠢᠯᠭᠡᠨ᠎ᠡ᠃ ᠬᠠᠮᠢᠶ᠎ᠠ ᠪᠦᠬᠦᠢ ᠰᠠᠭᠤᠷᠢ ᠴᠠᠬᠢᠯᠭ᠋ᠠᠨ ᠬᠣᠯᠪᠣᠭ᠋ᠠᠨ᠎ᠤ ᠠᠵᠤ ᠠᠬᠤᠢ᠌ᠯᠠᠯ ᠡᠳᠦᠷ ᠪᠦᠷᠢ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠠᠯᠪᠠᠨ ᠭᠡᠷ᠎ᠲᠤ ᠴᠢᠮᠡᠭᠡ ᠬᠣᠯᠪᠣᠭ᠋ᠠᠨ᠎ᠤ ᠪᠠᠲᠤᠯᠠᠭ᠎ᠠ ᠵᠢᠨ ᠪᠠᠢ᠌ᠳᠠᠯ ᠵᠶ᠋ᠠᠨ ᠮᠡᠳᠡᠭᠦᠯᠦᠨ᠎ᠡ᠃

     4.7 ᠴᠢᠮᠡᠭᠡ ᠬᠣᠯᠪᠣᠭ᠋ᠠᠨ᠎ᠤ ᠪᠠᠲᠤᠯᠠᠭ᠎ᠠ ᠪᠠ ᠵᠠᠪᠳᠤᠨ ᠵᠠᠰᠠᠵᠤ ᠰᠡᠷᠭᠦᠭᠡᠬᠦ ᠵᠠᠷᠴᠢᠮ

      ᠡᠯ᠎ᠡ ᠰᠠᠯᠠᠭ᠎ᠠ ᠮᠥᠴᠢᠷ ᠨᠢᠭᠡᠴᠢ᠎ᠨᠢ ᠴᠢᠮᠡᠭᠡ ᠬᠣᠯᠪᠣᠭ᠋ᠠᠨ᠎ᠤ ᠪᠠᠲᠤᠯᠠᠭ᠎ᠠ ᠪᠠ ᠵᠠᠪᠳᠤᠨ   ᠵᠠᠰᠠᠵᠤ ᠰᠡᠷᠭᠦᠭᠡᠬᠦ ᠠᠵᠢᠯ᠎ᠢ ᠭᠦᠢ᠍ᠴᠡᠳᠬᠡᠬᠦ᠎ᠳᠤ᠎ᠪᠠᠨ ᠬᠥᠮᠥᠨ᠎ᠤ ᠪᠡᠶ᠎ᠡ ᠵᠢᠨ ᠠᠮᠤᠷ ᠲᠦᠪᠰᠢᠨ᠎ᠢ ᠦᠨᠡᠨ ᠬᠦ᠌ ᠪᠠᠲᠤᠯᠠᠭᠰᠠᠨ ᠤᠷᠢᠲᠠᠯ ᠳᠣᠣᠷ᠎ᠠ᠂ ᠤᠷᠢᠳ ᠵᠶ᠋ᠠᠷ ᠲᠥᠪ ᠬᠣᠷᠢᠶ᠎ᠠ ᠳᠠᠷᠠᠭ᠎ᠠ᠎ᠨᠢ ᠣᠷᠣᠨ ᠨᠤᠲᠤᠭ᠂ ᠤᠷᠢᠳ ᠵᠶ᠋ᠠᠷ ᠭᠣᠣᠯᠳᠠᠯᠭ᠎ᠠ᠎ᠲᠠᠢ ᠵᠢ᠎ᠨᠢ ᠲᠠᠷᠠᠭ᠎ᠠ᠎ᠨᠢ ᠡᠩ᠎ᠤᠨ᠎ᠬᠢ ᠵᠢ᠂ ᠤᠷᠢᠳ ᠵᠶ᠋ᠠᠷ ᠵᠠᠪᠳᠤᠨ ᠨᠠᠪᠲᠠᠷᠡᠭᠦᠯᠵᠦ ᠲᠠᠷᠠᠭ᠎ᠠ᠎ᠨᠢ ᠵᠠᠰᠠᠵᠤ ᠰᠡᠷᠭᠦᠭᠡᠬᠦ ᠵᠠᠷᠴᠢᠮ ᠶᠣᠰᠣᠭ᠋ᠠᠷ ᠶᠠᠪᠤᠭᠳᠠᠭᠤᠯᠬᠤ ᠬᠡᠷᠡᠭᠲᠡᠢ᠃

     4.8 ᠲᠣᠣᠷ ᠰᠦᠯᠵᠢᠶᠡᠨ᠎ᠤ ᠲᠦᠭᠵᠢᠷᠡᠯ᠎ᠢ ᠰᠢᠢ᠍ᠳᠪᠦᠷᠢᠯᠡᠬᠦ

      ᠭᠡᠨᠡᠳᠲᠡ ᠵᠢᠨ ᠬᠡᠷᠡᠭ ᠶᠠᠪᠤᠳᠠᠯ ᠭᠠᠷᠤᠭᠰᠠᠨ ᠦᠶ᠎ᠡ᠎ᠳᠤ᠂ ᠴᠠᠬᠢᠯᠭ᠋ᠠᠨ ᠬᠣᠯᠪᠣᠭ᠋ᠠᠨ᠎ᠤ ᠲᠣᠣᠷ ᠰᠦᠯᠵᠢᠶ᠎ᠡ ᠵᠢᠨ ᠲᠤᠬᠠᠢ᠌ᠯᠠᠭᠰᠠᠨ ᠠᠵᠢᠯ᠎ᠤᠨ ᠬᠡᠮᠵᠢᠶ᠎ᠡ ᠦᠷᠭᠦᠯᠵᠢᠯᠡᠨ ᠶᠡᠬᠡ ᠬᠡᠮᠵᠢᠶ᠎ᠡ᠎ᠪᠠᠷ ᠲᠦᠷᠭᠡᠨ ᠨᠡᠮᠡᠭᠳᠡᠭᠰᠡᠨ᠎ᠠᠴᠠ ᠪᠣᠯᠵᠤ ᠲᠣᠣᠷ ᠰᠦᠯᠵᠢᠶ᠎ᠡ ᠲᠦᠭᠵᠢᠷᠡᠬᠦ ᠪᠠᠢ᠌ᠳᠠᠯ᠎ᠳᠤ ᠴᠢᠭᠯᠡᠭᠦᠯᠦᠨ᠂ ᠰᠠᠭᠤᠷᠢ ᠴᠠᠬᠢᠯᠭ᠋ᠠᠨ ᠬᠣᠯᠪᠣᠭ᠎ᠠ ᠵᠢᠨ ᠠᠵᠤ ᠠᠬᠤᠢ᠌ᠯᠠᠯ᠎ᠤᠳ ᠲᠣᠰ ᠠᠵᠤ ᠠᠬᠤᠢ᠌ᠯᠠᠯ᠎ᠤᠨ ᠵᠶ᠋ᠠᠨ ᠪᠡᠯᠡᠳᠬᠡᠯ ᠲᠥᠰᠥᠯ᠎ᠳᠤ ᠲᠤᠬᠠᠢ᠌ᠯᠠᠭᠰᠠᠨ ᠠᠵᠢᠯ᠎ᠤᠨ ᠵᠠᠯᠠᠵᠤ ᠵᠢᠯᠤᠭᠣᠳᠬᠤ ᠲᠥᠰᠥᠯ ᠲᠣᠭᠲᠠᠭ᠋ᠠᠬᠤ ᠵᠢᠨ ᠬᠠᠮᠲᠤ ᠥᠪᠥᠷ ᠮᠣᠩᠭᠣᠯ᠎ᠤᠨ ᠴᠢᠮᠡᠭᠡ ᠬᠣᠯᠪᠣᠭ᠎ᠠ ᠵᠢᠨ ᠬᠠᠮᠢᠶᠠᠷᠤᠯᠲᠠ ᠵᠢᠨ ᠲᠣᠪᠴᠢᠶ᠎ᠠ᠎ᠳᠤ ᠮᠡᠳᠡᠭᠦᠯᠦᠨ ᠬᠦᠷᠭᠡᠵᠦ ᠳᠠᠩᠰᠠᠯᠠᠭᠤᠯᠤᠨ᠎ᠠ᠃ ᠰᠠᠭᠤᠷᠢ ᠴᠠᠬᠢᠯᠭ᠋ᠠᠨ ᠬᠣᠯᠪᠣᠭ᠋ᠠᠨ᠎ᠤ ᠠᠵᠤ ᠠᠬᠤᠢ᠌ᠯᠠᠯ᠎ᠤᠳ ᠵᠠᠪᠳᠤᠨ ᠵᠠᠰᠠᠵᠤ ᠪᠠᠢ᠌ᠭ᠎ᠠ ᠬᠤᠭᠤᠴᠠᠭ᠋ᠠᠨ᠎ᠳᠤ ᠪᠠ ᠵᠠᠪᠳᠤᠨ ᠵᠠᠰᠠᠵᠤ ᠳᠠᠭᠤᠰᠤᠭᠰᠠᠨ᠎ᠤ ᠲᠠᠷᠠᠭ᠎ᠠ᠂ ᠲᠣᠣᠷ ᠰᠦᠯᠵᠢᠶᠡᠨ᠎ᠤ ᠳᠠᠭ᠋ᠠᠭ᠋ᠠᠴᠠ ᠵᠢᠨ ᠪᠠᠢ᠌ᠳᠠᠯ᠎ᠢ ᠴᠠᠭ ᠲᠤᠬᠠᠢ᠎ᠳᠤ᠎ᠨᠢ ᠬᠢᠨᠠᠨ ᠡᠵᠡᠮᠳᠡᠬᠦ ᠵᠢᠨ ᠬᠠᠮᠲᠤ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠢ᠌ᠭ᠋ᠠᠳ ᠲᠣᠣᠷ ᠰᠦᠯᠵᠢᠶᠡᠨ᠎ᠤ ᠬᠣᠷᠣᠮᠬᠠᠨ ᠵᠠᠭᠤᠷ᠎ᠠ ᠳᠠᠪᠬᠤᠷᠯᠠᠬᠤ ᠲᠤᠬᠠᠢ᠌ᠯᠠᠭᠰᠠᠨ ᠠᠵᠢᠯ᠎ᠤᠨ ᠬᠡᠮᠵᠢᠶ᠎ᠡ ᠵᠢ ᠵᠠᠯᠠᠵᠤ ᠵᠢᠯᠣᠭᠣᠳᠤᠨ᠂ ᠲᠤᠬᠠᠢ᠌ᠯᠠᠭᠰᠠᠨ ᠠᠵᠢᠯ᠎ᠤᠨ ᠦᠷᠭᠦᠯᠵᠢᠯᠡᠨ ᠬᠡᠪ᠎ᠤᠨ ᠪᠠᠢ᠌ᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃

      ᠭᠡᠨᠡᠳᠲᠡ ᠵᠢᠨ ᠬᠡᠷᠡᠭ ᠶᠠᠪᠤᠳᠠᠯ᠎ᠠᠴᠠ ᠪᠣᠯᠵᠤ ᠲᠣᠣᠷ ᠰᠦᠯᠵᠢᠶ᠎ᠡ ᠲᠦᠭᠵᠢᠷᠡᠬᠦ ᠦᠶ᠎ᠡ᠎ᠳᠤ᠂ ᠬᠠᠮᠢᠶ᠎ᠠ ᠪᠦᠬᠦᠢ ᠰᠠᠭᠤᠷᠢ ᠴᠠᠬᠢᠯᠭ᠋ᠠᠨ ᠬᠣᠯᠪᠣᠭ᠋ᠠᠨ᠎ᠤ ᠠᠵᠤ ᠠᠬᠤᠢ᠌ᠯᠠᠯ᠎ᠨᠢ ᠳᠠᠷᠤᠢ᠌ᠬᠠᠨ ᠪᠡᠯᠡᠳᠬᠡᠯ ᠲᠥᠰᠥᠯ ᠵᠶ᠋ᠡᠨ ᠡᠬᠢᠯᠡᠭᠦᠯᠬᠦ ᠵᠢᠨ ᠬᠠᠮᠲᠤ᠂ 30 ᠮᠢᠨᠦ᠋ᠲ᠎ᠤᠨ ᠳᠣᠲᠣᠷ᠎ᠠ ᠬᠣᠯᠪᠣᠭᠳᠠᠯ ᠪᠦᠬᠦᠢ ᠪᠠᠢ᠌ᠳᠠᠯ ᠵᠶ᠋ᠠᠨ ᠥᠪᠥᠷ ᠮᠣᠩᠭᠣᠯ᠎ᠤᠨ ᠴᠢᠮᠡᠭᠡ ᠬᠣᠯᠪᠣᠭ᠋ᠠᠨ᠎ᠤ ᠬᠠᠮᠢᠶᠠᠷᠤᠯᠲᠠ ᠵᠢᠨ ᠲᠣᠪᠴᠢᠶ᠎ᠠ᠎ᠳᠤ ᠮᠡᠳᠡᠭᠦᠯᠬᠦ ᠬᠡᠷᠡᠭᠲᠡᠢ᠃

     4.9 ᠮᠡᠳᠡᠭᠡ ᠵᠠᠩᠭᠢ ᠵᠢ ᠨᠡᠪᠲᠡᠷᠡᠭᠦᠯᠦᠨ ᠮᠡᠳᠡᠭᠡᠯᠡᠬᠦ ᠪᠠ ᠨᠡᠢ᠌ᠲᠡᠯᠡᠬᠦ

      ᠪᠠᠴᠢᠮ ᠪᠠᠢ᠌ᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠶᠠᠪᠤᠴᠠ᠎ᠳᠤ᠂ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠠᠯᠪᠠᠨ ᠭᠡᠷ᠎ᠨᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠱᠠᠭ᠋ᠠᠷᠳᠠᠯᠭ᠎ᠠ ᠶᠣᠰᠣᠭ᠋ᠠᠷ᠂ ᠬᠡᠷᠡᠭ ᠶᠠᠪᠤᠳᠠᠯ᠎ᠤᠨ ᠬᠤᠪᠢᠷᠠᠯᠲᠠ ᠵᠢᠴᠢ ᠪᠠᠴᠢᠮ ᠪᠠᠢ᠌ᠳᠠᠯ᠎ᠢ ᠠᠷᠭ᠋ᠠᠴᠠᠭ᠋ᠠᠨ ᠰᠢᠢ᠍ᠳᠪᠦᠷᠢᠯᠡᠭᠰᠡᠨ ᠪᠠᠢ᠌ᠳᠠᠯ᠎ᠢ ᠴᠠᠭ ᠲᠤᠬᠠᠢ᠎ᠳᠤ᠎ᠨᠢ ᠨᠡᠪᠲᠡᠷᠡᠭᠦᠯᠦᠨ ᠮᠡᠳᠡᠭᠡᠯᠡᠬᠦ ᠵᠢᠨ ᠬᠠᠮᠲᠤ᠂ ᠰᠣᠨᠢᠨ ᠮᠡᠳᠡᠭᠡᠨ᠎ᠤ ᠵᠠᠭᠤᠴᠢᠯᠠᠭᠤᠷ᠎ᠢ ᠵᠣᠬᠢᠶᠠᠨ ᠪᠠᠢ᠌ᠭᠤᠯᠤᠨ ᠨᠡᠢ᠌ᠭᠡᠮ᠎ᠳᠤ ᠴᠢᠮᠡᠭᠡ ᠬᠣᠯᠪᠣᠭ᠋ᠠᠨ᠎ᠤ ᠪᠠᠲᠤᠯᠠᠭ᠎ᠠ ᠵᠢᠨ ᠮᠡᠳᠡᠭᠡ ᠵᠠᠩᠭᠢ ᠵᠢ ᠨᠡᠢ᠌ᠲᠡᠯᠡᠨ᠎ᠡ᠃

     4.10 ᠪᠠᠴᠢᠮ ᠪᠠᠢ᠌ᠳᠠᠯ᠎ᠢ ᠠᠷᠭ᠋ᠠᠴᠠᠭ᠋ᠠᠬᠤ ᠠᠵᠢᠯᠯᠠᠭ᠎ᠠ ᠳᠠᠭᠤᠰᠬᠤ

      ᠪᠠᠴᠢᠮ ᠪᠠᠢ᠌ᠳᠠᠯ᠎ᠢ ᠠᠷᠭ᠋ᠠᠴᠠᠭ᠋ᠠᠬᠤ ᠠᠯᠪᠠᠨ ᠭᠡᠷ᠎ᠨᠢ ᠴᠢᠮᠡᠭᠡ ᠬᠣᠯᠪᠣᠭ᠋ᠠᠨ᠎ᠤ ᠲᠣᠣᠷ ᠰᠦᠯᠵᠢᠶ᠎ᠡ ᠵᠢᠨ ᠰᠡᠷᠭᠦᠭᠡᠯᠲᠡ ᠵᠢᠨ ᠪᠠᠢ᠌ᠳᠠᠯ᠎ᠢ ᠦᠨᠳᠦᠰᠦᠯᠡᠨ᠂ ᠴᠠᠭ᠎ᠲᠤ᠎ᠨᠢ ᠲᠣᠬᠢᠷᠠᠭᠤᠯᠤᠨ ᠵᠢᠯᠤᠭᠣᠳᠬᠤ ᠭᠠᠵᠠᠷ᠎ᠲᠤ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠵᠢ ᠤᠷᠢᠶᠠᠯᠠᠨ ᠳᠠᠭ᠋ᠠᠬᠤ ᠠᠵᠢᠯᠯᠠᠭ᠎ᠠ ᠵᠢ ᠳᠠᠭᠤᠰᠬᠠᠬᠤ ᠰᠠᠨᠠᠭᠤᠯᠭ᠎ᠠ ᠳᠤᠷᠠᠳᠤᠨ᠎ᠠ᠃ ᠵᠢᠯᠤᠭᠣᠳᠬᠤ ᠭᠠᠵᠠᠷ᠎ᠠᠴᠠ  ᠰᠤᠳᠤᠯᠤᠨ ᠨᠤᠲᠠᠯᠠᠭᠰᠠᠨ᠎ᠤ ᠳᠠᠷᠠᠭ᠎ᠠ᠂ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠵᠢ ᠤᠷᠢᠶᠠᠯᠠᠨ ᠳᠠᠭ᠋ᠠᠬᠤ ᠠᠵᠢᠯᠯᠠᠭ᠎ᠠ ᠳᠠᠭᠤᠰᠤᠭᠰᠠᠨ᠎ᠢ ᠨᠡᠢ᠌ᠲᠡᠯᠡᠬᠦ ᠵᠢᠨ ᠬᠠᠮᠲᠤ ᠡᠯ᠎ᠡ ᠪᠦᠷᠢᠯᠳᠦᠭᠦᠨ ᠨᠢᠭᠡᠴᠢ᠎ᠳᠤ ᠮᠡᠳᠡᠭᠳᠡᠵᠦ᠂ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠢ᠎ᠨᠦᠭᠦᠳ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠵᠢ ᠤᠷᠢᠶᠠᠯᠠᠨ ᠳᠠᠭ᠋ᠠᠬᠤ ᠠᠵᠢᠯᠯᠠᠭ᠎ᠠ᠎ᠪᠠᠨ ᠵᠣᠭᠰᠣᠭ᠋ᠠᠨ᠎ᠠ᠃

     5 ᠰᠡᠭᠦᠯᠴᠢ ᠵᠢᠨ ᠬᠤᠭᠤᠴᠠᠭ᠋ᠠᠨ᠎ᠤ ᠰᠢᠢ᠍ᠳᠪᠦᠷᠢᠯᠡᠯᠲᠡ

     5.1 ᠳ᠋ᠦᠩᠨᠡᠯᠲᠡ ᠬᠢᠵᠦ ᠦᠨᠡᠯᠡᠨ ᠵᠢᠱ᠌ᠢᠬᠦ

      ᠴᠢᠮᠡᠭᠡ ᠬᠣᠯᠪᠣᠭ᠋ᠠᠨ᠎ᠤ ᠪᠠᠲᠤᠯᠠᠭ᠎ᠠ ᠵᠢᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠠᠵᠢᠯ ᠳᠠᠭᠤᠰᠤᠭᠰᠠᠨ᠎ᠤ ᠲᠠᠷᠠᠭ᠎ᠠ᠂ ᠬᠠᠮᠢᠶ᠎ᠠ ᠪᠦᠬᠦᠢ ᠪᠦᠷᠢᠯᠳᠦᠭᠦᠨ ᠨᠢᠭᠡᠴᠢ᠎ᠨᠦᠭᠦᠳ ᠭᠡᠨᠡᠳᠲᠡ ᠵᠢᠨ ᠬᠡᠷᠡᠭ ᠶᠠᠪᠤᠳᠠᠯ᠎ᠳᠠᠬᠢ ᠨᠡᠢ᠌ᠲᠡ ᠣᠯᠠᠨ᠎ᠤ ᠴᠠᠬᠢᠯᠭ᠋ᠠᠨ ᠬᠣᠯᠪᠣᠭ᠋ᠠᠨ᠎ᠤ ᠲᠣᠣᠷ ᠰᠦᠯᠵᠢᠶ᠎ᠡ ᠵᠢᠨ ᠪᠡᠯᠡᠳᠬᠡᠮᠵᠢ ᠵᠢᠨ ᠬᠣᠬᠢᠷᠠᠯ᠎ᠤᠨ ᠪᠠᠢ᠌ᠳᠠᠯ᠎ᠢ ᠪᠦᠷᠢᠳᠬᠡᠬᠦ᠂ ᠬᠤᠷᠢᠶᠠᠩᠭᠤᠢ᠌ᠯᠠᠬᠤ ᠠᠵᠢᠯ᠎ᠢ ᠰᠠᠢ᠌ᠲᠤᠷ ᠬᠢᠵᠦ᠂ ᠪᠠᠲᠤᠯᠠᠭ᠎ᠠ ᠵᠢᠨ ᠡᠭᠦᠷᠭᠡ᠎ᠪᠠᠨ ᠪᠡᠶᠡᠯᠡᠭᠦᠯᠦᠭᠰᠡᠨ ᠪᠠᠢ᠌ᠳᠠᠯ᠎ᠳᠤ ᠪᠥᠬᠥ ᠲᠠᠯ᠎ᠠ᠎ᠪᠠᠷ ᠭᠦᠨᠵᠡᠭᠡᠢ ᠪᠥᠭᠡᠳ ᠪᠤᠰᠤᠳᠴᠢ ᠲᠥᠪ ᠭᠣᠣᠯᠴᠢ᠎ᠪᠠᠷ ᠪᠠᠢ᠌ᠴᠠᠭ᠋ᠠᠯᠲᠠ ᠪᠠ ᠦᠨᠡᠯᠡᠨ ᠵᠢᠱ᠌ᠢᠯᠲᠡ ᠬᠢᠵᠦ᠂ ᠳ᠋ᠦᠩᠨᠡᠯᠲᠡ ᠵᠢᠨ ᠮᠡᠳᠡᠭᠦᠯᠦᠯᠲᠡ ᠭᠠᠷᠭ᠋ᠠᠬᠤ ᠬᠡᠷᠡᠭᠲᠡᠢ᠃

     5.2 ᠲᠠᠲᠠᠪᠤᠷᠢᠯᠠᠨ ᠬᠡᠷᠡᠭᠯᠡᠭᠰᠡᠨ ᠲᠥᠯᠥᠪᠦᠷᠢ

     (1) 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠡᠨᠡᠳᠲᠡ ᠵᠢᠨ ᠬᠡᠷᠡᠭ ᠶᠠᠪᠤᠳᠠᠯ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠶᠡᠷᠦᠩᠬᠡᠢ ᠪᠡᠯᠡᠳᠬᠡᠯ ᠲᠥᠰᠥᠯ (ᠲᠤᠷᠰᠢᠨ ᠬᠡᠷᠡᠭᠵᠢᠭᠦᠯᠬᠦ)》᠎ᠤᠨ ᠱᠠᠭ᠋ᠠᠷᠳᠠᠯᠭ᠎ᠠ ᠵᠢ ᠬᠡᠷᠡᠭᠵᠢᠭᠦᠯᠦᠨ᠎ᠡ᠃

     (2) ᠲᠣᠣᠷ ᠰᠦᠯᠵᠢᠶᠡᠨ᠎ᠤ ᠲᠤᠰ ᠪᠡᠶ᠎ᠡ ᠵᠢᠨ ᠰᠠᠭ᠋ᠠᠳ᠂ ᠵᠣᠷᠢᠭᠤᠳᠠ ᠵᠢᠨ ᠬᠦᠴᠦᠨ ᠵᠦᠢ᠍ᠯ᠎ᠠᠴᠠ ᠪᠣᠯᠤᠭᠰᠠᠨ ᠴᠢᠮᠡᠭᠡ ᠬᠣᠯᠪᠣᠭ᠋ᠠᠨ᠎ᠤ ᠪᠠᠲᠤᠯᠠᠭ᠎ᠠ ᠵᠢᠨ ᠰᠢᠢ᠍ᠳᠪᠦᠷᠢᠯᠡᠯᠲᠡ ᠵᠢᠨ ᠵᠠᠷᠤᠳᠠᠯ᠎ᠢ ᠰᠠᠭᠤᠷᠢ ᠴᠠᠬᠢᠯᠭ᠋ᠠᠨ ᠬᠣᠯᠪᠣᠭ᠋ᠠᠨ᠎ᠤ ᠠᠵᠤ ᠠᠬᠤᠢ᠌ᠯᠠᠯ᠎ᠠᠴᠠ ᠳᠠᠭ᠋ᠠᠭ᠋ᠠᠨ ᠡᠭᠦᠷᠭᠡᠯᠡᠨ᠎ᠡ᠂ ᠬᠡᠷᠪᠡ ᠭᠤᠷᠪᠠᠳᠠᠭᠢ ᠡᠲᠡᠭᠡᠳ᠎ᠤᠨ ᠬᠠᠷᠢᠭᠤᠴᠠᠯᠭ᠎ᠠ᠎ᠠᠴᠠ ᠪᠣᠯᠤᠭᠰᠠᠨ ᠪᠠᠢ᠌ᠪᠠᠯ᠂ ᠭᠤᠷᠪᠠᠳᠠᠭᠢ ᠡᠲᠡᠭᠡᠳ᠎ᠠᠴᠠ ᠬᠠᠮᠢᠶ᠎ᠠ ᠪᠦᠬᠦᠢ ᠵᠠᠷᠤᠳᠠᠯ᠎ᠢ ᠳᠠᠭ᠋ᠠᠭ᠋ᠠᠨ ᠡᠭᠦᠷᠭᠡᠯᠡᠬᠦ ᠬᠡᠷᠡᠭᠲᠡᠢ;  ᠭᠡᠨᠡᠳᠲᠡ ᠵᠢᠨ ᠬᠡᠷᠡᠭ ᠶᠠᠪᠤᠳᠠᠯ (ᠵᠢᠱ᠌ᠢᠶᠡᠯᠡᠪᠡᠯ ᠦᠶᠡᠷ᠂ ᠭᠠᠵᠠᠷ ᠬᠥᠳᠡᠯᠦᠯᠲᠡ ᠵᠡᠷᠭᠡ ᠭᠠᠢ ᠭᠠᠮᠰᠢᠭ)᠎ᠢ ᠰᠢᠢ᠍ᠳᠪᠦᠷᠢᠯᠡᠭᠰᠡᠨ᠎ᠠᠴᠠ ᠡᠭᠦᠰᠦᠭᠰᠡᠨ ᠴᠢᠮᠡᠭᠡ ᠬᠣᠯᠪᠣᠭ᠋ᠠᠨ᠎ᠤ ᠪᠠᠲᠤᠯᠠᠭ᠎ᠠ ᠵᠢᠨ ᠵᠠᠷᠤᠳᠠᠯ᠎ᠢ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ  ᠬᠠᠮᠢᠶ᠎ᠠ ᠪᠦᠬᠦᠢ ᠲᠣᠭᠲᠠᠭ᠋ᠠᠯ ᠶᠣᠰᠣᠭ᠋ᠠᠷ ᠨᠠᠢ᠌ᠳᠠᠪᠤᠷᠢᠵᠢᠭᠤᠯᠤᠨ᠎ᠠ᠃

     (3) ᠤᠯᠤᠰ᠎ᠤᠨ ᠥᠮᠴᠢᠯᠡᠯᠲᠦ ᠡᠳ᠋ ᠬᠥᠷᠥᠩᠭᠡ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ᠎ᠬᠢᠨ ᠴᠢᠮᠡᠭᠡ ᠬᠣᠯᠪᠣᠭ᠋ᠠᠨ᠎ᠤ ᠪᠠᠲᠤᠯᠠᠭ᠎ᠠ ᠵᠢᠨ ᠪᠠᠴᠢᠮ ᠪᠠᠢ᠌ᠳᠠᠯ᠎ᠢ ᠠᠷᠭ᠋ᠠᠴᠠᠭ᠋ᠠᠨ ᠰᠢᠢ᠍ᠳᠪᠦᠷᠢᠯᠡᠭᠰᠡᠨ ᠪᠠᠢ᠌ᠳᠠᠯ᠎ᠢ ᠦᠨᠳᠦᠰᠦᠯᠡᠨ᠂ ᠴᠠᠬᠢᠯᠭ᠋ᠠᠨ ᠬᠣᠯᠪᠣᠭ᠋ᠠᠨ᠎ᠤ ᠠᠵᠤ ᠠᠬᠤᠢ᠌ᠯᠠᠯ᠎ᠤᠨ ᠠᠰᠢᠭ ᠬᠣᠨᠵᠢᠪᠤᠷᠢ ᠵᠢ ᠰᠢᠯᠭ᠋ᠠᠨ ᠬᠢᠨᠠᠬᠤ᠎ᠳᠤ᠎ᠪᠠᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠵᠣᠬᠢᠰᠲᠠᠢ᠎ᠪᠠᠷ ᠬᠠᠷᠭᠤᠭᠤᠯᠤᠨ ᠬᠠᠰᠤᠨ᠎ᠠ᠃

     5.3 ᠰᠡᠷᠭᠦᠭᠡᠬᠦ ᠪᠠ ᠲᠠᠬᠢᠨ ᠪᠠᠶ᠋ᠢᠭᠤᠯᠬᠤ

      ᠭᠡᠨᠡᠳᠲᠡ ᠵᠢᠨ ᠬᠡᠷᠡᠭ ᠶᠠᠪᠤᠳᠠᠯ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠠᠵᠢᠯ ᠳᠠᠭᠤᠰᠤᠭᠰᠠᠨ᠎ᠤ ᠳᠠᠷᠠᠭ᠎ᠠ᠂ ᠬᠠᠮᠢᠶ᠎ᠠ ᠪᠦᠬᠦᠢ ᠪᠦᠷᠢᠯᠳᠦᠭᠦᠨ ᠨᠢᠭᠡᠴᠢ᠎ᠨᠦᠭᠦᠳ ᠬᠣᠯᠪᠣᠭᠳᠠᠯ ᠪᠦᠬᠦᠢ ᠱᠠᠭ᠋ᠠᠷᠳᠠᠯᠭ᠎ᠠ ᠶᠣᠰᠣᠭ᠋ᠠᠷ᠂ ᠰᠠᠭᠤᠷᠢ ᠴᠠᠬᠢᠯᠭ᠋ᠠᠨ ᠬᠣᠯᠪᠣᠭ᠋ᠠᠨ᠎ᠤ ᠠᠵᠤ ᠠᠬᠤᠢ᠌ᠯᠠᠯ᠎ᠲᠠᠢ ᠬᠠᠮᠵᠢᠯᠴᠠᠵᠤ ᠪᠠᠢ᠌ᠭ᠋ᠠᠳ ᠰᠡᠷᠭᠦᠭᠡᠵᠦ ᠳᠠᠬᠢᠨ ᠪᠠᠶ᠋ᠢᠭᠤᠯᠬᠤ ᠲᠥᠯᠥᠪᠯᠡᠭᠡ ᠲᠣᠭᠲᠠᠭ᠋ᠠᠬᠤ ᠵᠢᠨ ᠬᠠᠮᠲᠤ ᠬᠡᠷᠡᠭᠵᠢᠭᠦᠯᠬᠦ ᠬᠡᠷᠡᠭᠲᠡᠢ᠃

      ᠬᠠᠮᠢᠶ᠎ᠠ ᠪᠦᠬᠦᠢ ᠪᠦᠷᠢᠯᠳᠦᠭᠦᠨ ᠨᠢᠭᠡᠴᠢ ᠵᠢᠴᠢ ᠰᠠᠭᠤᠷᠢ ᠴᠠᠬᠢᠯᠭ᠋ᠠᠨ ᠬᠣᠯᠪᠣᠭ᠋ᠠᠨ᠎ᠤ ᠠᠵᠤ ᠠᠬᠤᠢ᠌ᠯᠠᠯ᠎ᠤᠳ ᠭᠠᠮᠰᠢᠭ᠎ᠤᠨ ᠳᠠᠷᠠᠭ᠋ᠠᠬᠢ ᠪᠠᠢ᠌ᠴᠠᠭ᠋ᠠᠨ ᠰᠤᠳᠤᠯᠤᠯᠲᠠ ᠵᠢ ᠴᠠᠭ ᠲᠤᠬᠠᠢ᠎ᠳᠤ᠎ᠨᠢ ᠵᠣᠬᠢᠶᠠᠨ ᠪᠠᠢ᠌ᠭᠤᠯᠵᠤ᠂ ᠴᠢᠮᠡᠭᠡ ᠬᠣᠯᠪᠣᠭ᠋ᠠᠨ᠎ᠤ ᠪᠡᠯᠡᠳᠬᠡᠮᠵᠢ ᠵᠢᠨ ᠭᠠᠮᠰᠢᠭ᠎ᠲᠤ ᠳᠠᠭ᠋ᠠᠷᠢᠭᠳᠠᠵᠤ ᠬᠣᠬᠢᠷᠠᠭᠰᠠᠨ ᠪᠠᠢ᠌ᠳᠠᠯ᠎ᠳᠤ ᠦᠨᠡᠯᠡᠨ ᠵᠢᠱ᠌ᠢᠯᠲᠡ ᠬᠢᠬᠦ ᠵᠢᠨ ᠬᠠᠮᠲᠤ ᠬᠠᠮᠢᠶ᠎ᠠ ᠪᠦᠬᠦᠢ ᠪᠠᠢ᠌ᠳᠠᠯ᠎ᠢ ᠵᠢᠯᠤᠭᠣᠳᠬᠤ ᠭᠠᠵᠠᠷ᠎ᠲᠤ ᠮᠡᠳᠡᠭᠦᠯᠦᠨ ᠬᠦᠷᠭᠡᠬᠦ ᠬᠡᠷᠡᠭᠲᠡᠢ᠃

     5.4 ᠱᠠᠩᠨᠠᠬᠤ ᠪᠠ ᠬᠠᠷᠢᠭᠤᠴᠠᠯᠭ᠎ᠠ ᠨᠡᠬᠡᠮᠵᠢᠯᠡᠬᠦ

      ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠢ᠎ᠨᠢ ᠴᠢᠮᠡᠭᠡ ᠬᠣᠯᠪᠣᠭ᠋ᠠᠨ᠎ᠤ ᠪᠠᠲᠤᠯᠠᠭ᠎ᠠ ᠵᠢᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠠᠵᠢᠯ᠎ᠤᠨ ᠳᠤᠮᠳᠠ ᠲᠣᠪᠣᠢ᠌ᠮ᠎ᠠ ᠬᠤᠪᠢ ᠨᠡᠮᠡᠷᠢ ᠦᠵᠡᠭᠦᠯᠦᠭᠰᠡᠨ ᠨᠢᠭᠡᠴᠢ ᠪᠣᠯᠣᠨ ᠬᠤᠪᠢ ᠬᠥᠮᠥᠨ᠎ᠢ ᠱᠠᠩᠨᠠᠬᠤ ᠬᠡᠷᠡᠭᠲᠡᠢ᠃

      ᠴᠢᠮᠡᠭᠡ ᠬᠣᠯᠪᠣᠭ᠋ᠠᠨ᠎ᠤ ᠪᠠᠲᠤᠯᠠᠭ᠎ᠠ ᠵᠢᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠠᠵᠢᠯ᠎ᠤᠨ ᠳᠤᠮᠳᠠ ᠲᠤᠰᠢᠶᠠᠯ ᠬᠠᠷᠢᠭᠤᠴᠠᠯᠭ᠎ᠠ᠎ᠪᠠᠨ ᠣᠮᠲᠣᠭ᠋ᠠᠢ᠌ᠯᠠᠭ᠋ᠠᠳ ᠬᠣᠬᠢᠷᠠᠯ ᠤᠴᠠᠷᠠᠭᠤᠯᠤᠭᠰᠠᠨ ᠪᠠᠢ᠌ᠪᠠᠯ᠂ ᠤᠯᠤᠰ᠎ᠤᠨ ᠬᠣᠯᠪᠣᠭᠳᠠᠯ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ ᠵᠢᠴᠢ ᠬᠠᠮᠢᠶ᠎ᠠ ᠪᠦᠬᠦᠢ ᠲᠣᠭᠲᠠᠭ᠋ᠠᠯ᠎ᠢ ᠦᠨᠳᠦᠰᠦᠯᠡᠨ᠂ ᠲᠤᠬᠠᠢ ᠵᠢᠨ ᠬᠥᠮᠥᠨ᠎ᠤ ᠬᠠᠷᠢᠭᠤᠴᠠᠯᠭ᠎ᠠ ᠵᠢ ᠨᠡᠬᠡᠮᠵᠢᠯᠡᠨ᠎ᠡ;  ᠶᠠᠯ᠎ᠠ᠎ᠳᠤ ᠬᠦᠷᠦᠭᠰᠡᠨ ᠪᠠᠢ᠌ᠪᠠᠯ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃

     6 ᠪᠠᠲᠤᠯᠠᠭ᠎ᠠ ᠵᠢᠨ ᠠᠷᠭ᠎ᠠ ᠬᠡᠮᠵᠢᠶ᠎ᠡ

     6.1 ᠮᠡᠳᠡᠭᠡ ᠵᠠᠩᠭᠢ ᠵᠢᠨ ᠮᠡᠷᠭᠡᠵᠢᠯ᠎ᠤᠨ ᠲᠤᠯᠭ᠋ᠠᠭᠤᠷᠢᠯᠠᠯ᠎ᠤᠨ ᠪᠠᠲᠤᠯᠠᠭ᠎ᠠ

      ᠥᠪᠥᠷ ᠮᠣᠩᠭᠣᠯ᠎ᠤᠨ ᠴᠢᠮᠡᠭᠡ ᠬᠣᠯᠪᠣᠭ᠋ᠠᠨ᠎ᠤ ᠬᠠᠮᠢᠶᠠᠷᠤᠯᠲᠠ ᠵᠢᠨ ᠲᠣᠪᠴᠢᠶ᠎ᠠ ᠵᠢᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠴᠢᠮᠡᠭᠡ ᠬᠣᠯᠪᠣᠭ᠋ᠠᠨ᠎ᠤ ᠵᠢᠯᠣᠭᠣᠳᠤᠨ ᠲᠣᠬᠢᠷᠠᠭᠤᠯᠬᠤ ᠲᠥᠪ᠎ᠨᠢ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠴᠢᠮᠡᠭᠡ ᠬᠣᠯᠪᠣᠭ᠋ᠠᠨ᠎ᠤ ᠵᠢᠯᠤᠭᠣᠳᠬᠤ ᠰᠢᠰᠲ᠋ᠧᠮ᠎ᠢ ᠠᠵᠢᠯᠯᠠᠭᠤᠯᠵᠤ ᠪᠠᠲᠤᠯᠠᠬᠤ ᠵᠢ ᠬᠠᠷᠢᠭᠤᠴᠠᠵᠤ᠂ ᠰᠠᠭᠤᠷᠢ ᠴᠠᠬᠢᠯᠭ᠋ᠠᠨ ᠬᠣᠯᠪᠣᠭ᠋ᠠᠨ᠎ᠤ ᠠᠵᠤ ᠠᠬᠤᠢ᠌ᠯᠠᠯ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠴᠢᠮᠡᠭᠡ ᠬᠣᠯᠪᠣᠭ᠋ᠠᠨ᠎ᠤ ᠪᠠᠲᠤᠯᠠᠭ᠎ᠠ ᠵᠢᠨ ᠬᠦᠴᠦᠨ ᠵᠦᠢ᠍ᠯ᠎ᠤᠨ ᠪᠠᠢ᠌ᠭᠤᠯᠤᠯᠲᠠ ᠵᠢ ᠵᠣᠬᠢᠶᠠᠨ ᠪᠠᠢ᠌ᠭᠤᠯᠤᠨ ᠵᠢᠯᠤᠭᠣᠳᠴᠤ᠂ ᠵᠢᠵᠢᠭᠦᠷᠯᠡᠨ ᠰᠠᠬᠢᠬᠤ᠂ ᠮᠡᠳᠡᠭᠡ ᠵᠠᠩᠭᠢ ᠮᠡᠳᠡᠭᠦᠯᠦᠨ ᠬᠦᠷᠭᠡᠬᠦ᠂ ᠪᠠᠴᠢᠮ ᠪᠠᠢ᠌ᠳᠠᠯ᠎ᠢ ᠠᠷᠭ᠋ᠠᠴᠠᠭ᠋ᠠᠨ ᠵᠥᠪᠳᠡᠯᠴᠡᠬᠦ ᠪᠠ ᠵᠢᠯᠣᠭᠣᠳᠤᠨ ᠲᠣᠬᠢᠷᠠᠭᠤᠯᠬᠤ ᠵᠡᠷᠭᠡ ᠠᠵᠢᠯ᠎ᠢ ᠰᠠᠢ᠌ᠲᠤᠷ ᠬᠢᠵᠦ᠂ ᠬᠢᠨᠠᠨ ᠰᠢᠨᠵᠢᠵᠦ ᠰᠡᠷᠡᠮᠵᠢᠯᠡᠭᠦᠯᠬᠦ᠂ ᠵᠠᠳᠠᠯᠤᠯᠲᠠ ᠬᠢᠵᠦ ᠰᠤᠳᠤᠯᠤᠨ ᠮᠠᠭ᠋ᠠᠳᠯᠠᠬᠤ ᠪᠠ ᠪᠠᠴᠢᠮ ᠪᠠᠢ᠌ᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠬᠦᠴᠦᠨ ᠴᠢᠳᠠᠪᠤᠷᠢ᠎ᠪᠠᠨ ᠪᠥᠬᠥ ᠲᠠᠯ᠎ᠠ᠎ᠪᠠᠷ ᠳᠡᠭᠡᠭᠰᠢᠯᠡᠭᠦᠯᠦᠨ᠎ᠡ᠃ ᠰᠠᠭᠤᠷᠢ ᠴᠠᠬᠢᠯᠭ᠋ᠠᠨ ᠬᠣᠯᠪᠣᠭ᠋ᠠᠨ᠎ᠤ ᠠᠵᠤ ᠠᠬᠤᠢ᠌ᠯᠠᠯ᠎ᠤᠳ ᠲᠤᠯᠭ᠋ᠠᠭᠤᠷᠢᠯᠠᠬᠤ ᠦᠢ᠍ᠯᠡᠴᠢᠯᠡᠭᠡ ᠬᠠᠩᠭ᠋ᠠᠨ᠎ᠠ᠃

     6.2 ᠪᠠᠴᠢᠮ ᠪᠠᠢ᠌ᠳᠠᠯ᠎ᠢ ᠠᠷᠭ᠋ᠠᠴᠠᠭ᠋ᠠᠬᠤ ᠴᠢᠮᠡᠭᠡ ᠬᠣᠯᠪᠣᠭ᠋ᠠᠨ᠎ᠤ ᠡᠩᠨᠡᠭᠡ ᠵᠢᠨ ᠪᠠᠲᠤᠯᠠᠭ᠎ᠠ

      ᠵᠢᠯᠤᠭᠣᠳᠬᠤ ᠭᠠᠵᠠᠷ᠂ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠠᠯᠪᠠᠨ ᠭᠡᠷ᠎ᠨᠢ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠴᠢᠮᠡᠭᠡ ᠬᠣᠯᠪᠣᠭ᠋ᠠᠨ᠎ᠤ ᠪᠠᠲᠤᠯᠠᠭ᠎ᠠ ᠵᠢᠨ ᠡᠩᠨᠡᠭᠡᠨ᠎ᠤ ᠪᠠᠢ᠌ᠭᠤᠯᠤᠯᠲᠠ ᠵᠢ ᠴᠢᠩᠭ᠋ᠠᠳᠬᠠᠵᠤ᠂ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠴᠢᠮᠡᠭᠡ ᠬᠣᠯᠪᠣᠭ᠋ᠠᠨ᠎ᠤ ᠪᠠᠲᠤᠯᠠᠭ᠎ᠠ ᠵᠢᠨ ᠬᠡᠷᠡᠭ ᠶᠠᠪᠤᠳᠠᠯ ᠪᠠᠢ᠌ᠷᠢᠰᠢᠯ᠎ᠳᠤ ᠴᠢᠭᠯᠡᠭᠦᠯᠦᠭᠰᠡᠨ ᠵᠦᠢ ᠵᠣᠬᠢᠰᠲᠠᠢ ᠲᠣᠬᠢᠷᠠᠭᠤᠯᠤᠯᠲᠠ ᠬᠢᠬᠦ ᠵᠢᠨ ᠬᠠᠮᠲᠤ᠂ ᠵᠣᠬᠢᠬᠤ ᠪᠣᠯᠪᠠᠰᠤᠷᠠᠯ᠂ ᠰᠣᠷᠢᠯᠲᠠ ᠵᠢᠴᠢ ᠬᠢᠨᠠᠨ ᠰᠢᠯᠭ᠋ᠠᠯᠲᠠ ᠵᠢ ᠥᠷᠨᠢᠭᠦᠯᠵᠦ᠂ ᠴᠢᠮᠡᠭᠡ ᠬᠣᠯᠪᠣᠭ᠋ᠠᠨ᠎ᠤ ᠪᠠᠲᠤᠯᠠᠭ᠎ᠠ ᠵᠢᠨ ᠡᠩᠨᠡᠭᠡᠨ᠎ᠤ ᠲᠤᠰᠬᠠᠢ ᠮᠡᠷᠭᠡᠵᠢᠯ᠎ᠤᠨ ᠤᠷ᠎ᠠ ᠴᠢᠳᠠᠪᠤᠷᠢ ᠪᠣᠯᠣᠨ ᠪᠣᠳᠠᠲᠠᠢ ᠦᠢ᠍ᠯᠡᠳᠦᠯᠭᠡ ᠵᠢᠨ ᠴᠢᠳᠠᠪᠤᠷᠢ ᠵᠢ᠎ᠨᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠰᠠᠭᠤᠷᠢ ᠴᠠᠬᠢᠯᠭ᠋ᠠᠨ ᠬᠣᠯᠪᠣᠭ᠋ᠠᠨ᠎ᠤ ᠠᠵᠤ ᠠᠬᠤᠢ᠌ᠯᠠᠯ᠎ᠤᠳ ᠲᠣᠰ ᠲᠣᠰ᠎ᠤᠨ ᠵᠶ᠋ᠠᠨ ᠲᠤᠰᠬᠠᠢ ᠮᠡᠷᠭᠡᠵᠢᠯ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠴᠢᠮᠡᠭᠡ ᠬᠣᠯᠪᠣᠭ᠋ᠠᠨ᠎ᠤ ᠪᠠᠲᠤᠯᠠᠭ᠎ᠠ ᠵᠢᠨ ᠡᠩᠨᠡᠭᠡ᠂ ᠨᠡᠶ᠋ᠢᠲᠡ ᠵᠢᠨ ᠬᠡᠷᠡᠭᠯᠡᠭᠡᠨ᠎ᠤ ᠴᠢᠮᠡᠭᠡ ᠬᠣᠯᠪᠣᠭ᠋ᠠᠨ᠎ᠤ ᠰᠦᠯᠵᠢᠶ᠎ᠡ ᠵᠢ ᠠᠵᠢᠯᠯᠠᠭᠤᠯᠵᠤ ᠪᠠᠲᠤᠯᠠᠬᠤ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠪᠦᠯᠬᠦᠮ ᠨᠡᠶ᠋ᠢᠲᠡ ᠵᠢᠴᠢ ᠬᠠᠮᠢᠶ᠎ᠠ ᠪᠦᠬᠦᠢ ᠲᠤᠰᠬᠠᠢ ᠮᠡᠷᠭᠡᠵᠢᠯ᠎ᠤᠨ ᠪᠠᠲᠤᠯᠠᠭ᠎ᠠ ᠵᠢᠨ ᠡᠩᠨᠡᠭᠡ ᠵᠢᠨ ᠪᠠᠢ᠌ᠭᠤᠯᠤᠯᠲᠠ ᠵᠢ ᠬᠠᠷᠢᠭᠤᠴᠠᠨ᠎ᠠ᠂ ᠡᠭᠦᠨ᠎ᠳᠤ ᠤᠯᠤᠰ᠎ᠤᠨ ᠨᠢᠭᠡᠳᠦᠭᠡᠷ ᠲᠥᠷᠥᠯ᠎ᠤᠨ ᠴᠢᠮᠡᠭᠡ ᠬᠣᠯᠪᠣᠭ᠋ᠠᠨ᠎ᠤ ᠪᠠᠲᠤᠯᠠᠭ᠎ᠠ ᠵᠢᠨ ᠡᠩᠨᠡᠭᠡ ᠵᠢᠨ ᠪᠠᠢ᠌ᠭᠤᠯᠤᠯᠲᠠ ᠵᠢ ᠪᠣᠯ ᠤᠯᠤᠰ᠎ᠤᠨ ᠨᠢᠭᠡᠳᠦᠭᠡᠷ ᠲᠥᠷᠥᠯ᠎ᠤᠨ ᠴᠢᠮᠡᠭᠡ ᠬᠣᠯᠪᠣᠭ᠋ᠠᠨ᠎ᠤ ᠪᠠᠲᠤᠯᠠᠭ᠎ᠠ ᠵᠢᠨ ᠡᠩᠨᠡᠭᠡ ᠵᠢᠨ ᠬᠠᠮᠢᠶᠠᠷᠤᠯᠲᠠ ᠵᠢᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠴᠢᠩᠭ᠎ᠠ ᠬᠡᠷᠡᠭᠵᠢᠭᠦᠯᠦᠨ᠎ᠡ᠃

     6.3 ᠰᠠᠭᠤᠷᠢ ᠪᠡᠯᠡᠳᠬᠡᠮᠵᠢ ᠵᠢᠴᠢ ᠡᠳ᠋ ᠪᠠᠷᠠᠭ᠋ᠠᠨ᠎ᠤ ᠪᠠᠲᠤᠯᠠᠭ᠎ᠠ

      ᠰᠠᠭᠤᠷᠢ ᠴᠠᠬᠢᠯᠭ᠋ᠠᠨ ᠬᠣᠯᠪᠣᠭ᠋ᠠᠨ᠎ᠤ ᠠᠵᠤ ᠠᠬᠤᠢ᠌ᠯᠠᠯ᠎ᠨᠢ ᠭᠠᠵᠠᠷ ᠣᠷᠣᠨ᠎ᠤ ᠣᠨᠴᠠᠯᠢᠭ ᠪᠣᠯᠣᠨ ᠴᠢᠮᠡᠭᠡ ᠬᠣᠯᠪᠣᠭ᠋ᠠᠨ᠎ᠤ ᠪᠠᠲᠤᠯᠠᠭ᠎ᠠ ᠵᠢᠨ ᠠᠵᠢᠯ᠎ᠤᠨ ᠬᠡᠷᠡᠭᠴᠡᠭᠡ ᠵᠢ ᠦᠨᠳᠦᠰᠦᠯᠡᠨ᠂ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠴᠢᠮᠡᠭᠡ ᠬᠣᠯᠪᠣᠭ᠋ᠠᠨ᠎ᠤ ᠪᠠᠲᠤᠯᠠᠭ᠎ᠠ ᠵᠢ ᠠᠵᠤ ᠠᠬᠤᠢ᠌ᠯᠠᠯ᠎ᠤᠨ ᠬᠥᠭᠵᠢᠯᠲᠡ ᠵᠢᠨ ᠲᠥᠯᠦᠪᠵᠢᠭᠦᠯᠭᠡ᠎ᠳᠤ᠎ᠪᠠᠨ ᠣᠷᠣᠭᠤᠯᠵᠤ᠂ ᠵᠣᠬᠢᠬᠤ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠴᠢᠮᠡᠭᠡ ᠬᠣᠯᠪᠣᠭ᠋ᠠᠨ᠎ᠤ ᠪᠠᠲᠤᠯᠠᠭ᠎ᠠ ᠵᠢᠨ ᠲᠣᠭᠲᠠᠴᠠ ᠪᠠᠢ᠌ᠭᠤᠯᠬᠤ ᠵᠢ ᠬᠠᠷᠢᠭᠤᠴᠠᠨ᠎ᠠ᠃

      ᠦᠨᠳᠦᠰᠦᠨ ᠬᠠᠮᠠᠭ᠋ᠠᠯᠠᠯᠲᠠ ᠵᠢᠨ ᠲᠣᠨᠣᠭ ᠲᠥᠬᠦᠭᠡᠷᠦᠮᠵᠢ ᠵᠢ ᠪᠠᠭᠲᠠᠭ᠋ᠠᠭᠰᠠᠨ ᠴᠢᠬᠤᠯᠠ ᠪᠦᠬᠦᠢ ᠴᠢᠮᠡᠭᠡ ᠬᠣᠯᠪᠣᠭ᠋ᠠᠨ᠎ᠤ ᠪᠠᠲᠤᠯᠠᠭ᠎ᠠ ᠵᠢᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠲᠣᠨᠣᠭ ᠲᠥᠬᠦᠭᠡᠷᠦᠮᠵᠢ ᠵᠢ ᠬᠠᠨᠳᠤᠯᠭ᠋ᠠᠲᠤ ᠴᠢᠨᠠᠷ᠎ᠲᠠᠢ᠎ᠪᠠᠷ ᠲᠣᠬᠢᠷᠠᠭᠤᠯᠵᠤ᠂ ᠵᠢᠵᠢᠭ ᠬᠡᠯᠪᠡᠷᠢ ᠵᠢᠨ᠂ ᠳᠥᠭᠥᠮ ᠠᠪᠰᠠᠷ᠂ ᠪᠡᠶ᠎ᠡ᠎ᠪᠠᠨ ᠳᠠᠭ᠋ᠠᠭ᠋ᠠᠵᠤ ᠡᠵᠡᠮᠳᠡᠵᠦ ᠪᠣᠯᠬᠤᠢ᠌ᠴᠠ ᠳᠠᠭ᠋ᠠᠭᠤᠯᠢ ᠣᠳᠣᠨ᠎ᠤ ᠴᠢᠮᠡᠭᠡ ᠬᠣᠯᠪᠣᠭ᠋ᠠᠨ᠎ᠤ ᠲᠥᠬᠦᠭᠡᠷᠦᠮᠵᠢ ᠵᠡᠷᠭᠡ ᠵᠣᠬᠢᠴᠠᠬᠤ ᠴᠢᠨᠠᠷ ᠵᠶ᠋ᠠᠷ ᠴᠢᠩᠭ᠎ᠠ ᠪᠦᠬᠦᠢ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠴᠢᠮᠡᠭᠡ ᠬᠣᠯᠪᠣᠭ᠋ᠠᠨ᠎ᠤ ᠲᠣᠨᠣᠭ ᠲᠥᠬᠦᠭᠡᠷᠦᠮᠵᠢ ᠲᠣᠬᠢᠷᠠᠭᠤᠯᠬᠤ᠎ᠪᠠᠨ ᠴᠢᠩᠭ᠋ᠠᠳᠬᠠᠵᠤ᠂ ᠠᠷᠭ᠎ᠠ ᠪᠠᠷᠢᠯ᠎ᠨᠢ ᠣᠯᠠᠨ ᠶᠠᠩᠵᠤ ᠵᠢᠨ᠂ ᠰᠠᠨᠰᠠᠷ᠂ ᠣᠭᠲᠠᠷᠭᠤᠢ᠂ ᠭᠠᠵᠠᠷ᠎ᠢ ᠨᠢᠭᠡ ᠴᠣᠭᠴᠠᠵᠢᠭᠤᠯᠤᠭᠰᠠᠨ᠂ ᠲᠦᠷᠭᠡᠨ ᠪᠥᠭᠡᠳ ᠪᠡᠶ᠎ᠡ᠎ᠪᠠᠨ ᠳᠠᠭ᠋ᠠᠭ᠋ᠠᠨ ᠲᠣᠣᠷ ᠰᠦᠯᠵᠢᠶᠡᠵᠢᠭᠦᠯᠵᠦ ᠳᠡᠶ᠋ᠢᠯᠬᠦ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠴᠢᠮᠡᠭᠡ ᠬᠣᠯᠪᠣᠭ᠋ᠠᠨ᠎ᠤ ᠲᠣᠨᠣᠭ ᠲᠥᠬᠦᠭᠡᠷᠦᠮᠵᠢ ᠵᠢᠨ ᠲᠣᠬᠢᠷᠠᠭᠤᠯᠤᠯᠲᠠ ᠵᠢᠨ ᠰᠢᠷᠢᠰ᠎ᠢ ᠪᠣᠶ ᠪᠣᠯᠭ᠋ᠠᠬᠤ ᠵᠢᠨ ᠬᠠᠮᠲᠤ᠂ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠲᠣᠨᠣᠭ ᠲᠥᠬᠦᠭᠡᠷᠦᠮᠵᠢ ᠵᠢᠨ ᠬᠠᠮᠢᠶᠠᠷᠤᠯᠲᠠ᠂ ᠬᠠᠮᠠᠭ᠋ᠠᠯᠠᠯᠲᠠ ᠪᠠ ᠠᠷᠠᠴᠢᠯᠠᠯᠲᠠ ᠵᠢ ᠴᠢᠩᠭ᠋ᠠᠳᠬᠠᠵᠤ᠂ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠴᠢᠮᠡᠭᠡ ᠬᠣᠯᠪᠣᠭ᠋ᠠᠨ᠎ᠤ ᠲᠣᠨᠣᠭ ᠲᠥᠬᠦᠭᠡᠷᠦᠮᠵᠢ ᠵᠢ ᠬᠤᠳᠠᠯᠳᠤᠨ ᠠᠪᠬᠤ᠂ ᠰᠢᠯᠵᠢᠭᠦᠯᠦᠨ ᠬᠡᠷᠡᠭᠯᠡᠬᠦ᠂ ᠨᠥᠬᠥᠪᠦᠷᠢᠯᠡᠬᠦ᠂ ᠬᠡᠷᠡᠭᠯᠡᠭᠡᠨ᠎ᠠᠴᠠ ᠭᠠᠷᠭ᠋ᠠᠬᠤ ᠵᠡᠷᠭᠡ ᠬᠠᠮᠢᠶᠠᠷᠤᠯᠲᠠ ᠵᠢᠨ ᠳᠦᠷᠢᠮ᠎ᠢ ᠪᠠᠢ᠌ᠭᠤᠯᠤᠨ ᠪᠦᠷᠢᠨᠰᠢᠭᠦᠯᠦᠨ᠎ᠡ᠃

     6.4 ᠵᠠᠮ ᠬᠠᠷᠢᠯᠴᠠᠭ᠎ᠠ ᠲᠡᠭᠡᠭᠡᠪᠦᠷᠢ ᠵᠢᠨ ᠪᠠᠲᠤᠯᠠᠭ᠎ᠠ

      ᠥᠪᠡᠷᠲᠡᠭᠡᠨ ᠵᠠᠰᠠᠬᠤ ᠣᠷᠣᠨ᠎ᠤ ᠡᠯ᠎ᠡ ᠱᠠᠲᠤᠨ᠎ᠤ ᠵᠠᠮ ᠬᠠᠷᠢᠯᠴᠠᠭ᠎ᠠ ᠲᠡᠭᠡᠭᠡᠪᠦᠷᠢ᠂ ᠳᠣᠲᠣᠭ᠋ᠠᠳᠤ ᠵᠢ ᠬᠠᠮᠠᠭ᠋ᠠᠯᠠᠬᠤ ᠵᠡᠷᠭᠡ ᠰᠠᠯᠠᠭ᠎ᠠ ᠮᠥᠴᠢᠷ ᠨᠢᠭᠡᠴᠢ᠎ᠨᠦᠭᠦᠳ ᠵᠠᠮ ᠬᠠᠷᠢᠯᠴᠠᠭ᠋ᠠᠨ᠎ᠤ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ᠎ᠪᠠᠨ ᠴᠢᠩᠭ᠋ᠠᠳᠬᠠᠵᠤ᠂ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠴᠢᠮᠡᠭᠡ ᠬᠣᠯᠪᠣᠭ᠋ᠠᠨ᠎ᠤ ᠲᠤᠰᠬᠠᠢ ᠬᠡᠷᠡᠭᠯᠡᠬᠦ ᠲᠡᠷᠭᠡ ᠬᠥᠰᠬᠡ᠎ᠳᠤ ᠣᠨᠴᠠ ᠵᠥᠪᠰᠢᠶᠡᠷᠡᠯ᠎ᠤᠨ ᠨᠡᠪᠲᠡᠷᠡᠬᠦ ᠦᠨᠡᠮᠯᠡᠯ ᠲᠣᠬᠢᠷᠠᠭᠤᠯᠤᠨ ᠥᠭᠴᠦ᠂ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠨ ᠲᠤᠰᠠᠯᠠᠬᠤ ᠲᠡᠷᠭᠡ ᠬᠥᠰᠬᠡ ᠪᠣᠯᠣᠨ ᠣᠩᠭᠣᠴᠠ ᠰᠠᠯ᠎ᠤᠨ ᠤᠷᠢᠳ ᠵᠶ᠋ᠠᠷ ᠨᠡᠪᠲᠡᠷᠡᠬᠦ ᠵᠢ ᠪᠠᠲᠤᠯᠠᠬᠤ ᠬᠡᠷᠡᠭᠲᠡᠢ᠃ ᠲᠡᠮᠦᠷ ᠵᠠᠮ᠂ ᠠᠷᠠᠳ᠎ᠤᠨ ᠠᠭ᠋ᠠᠷ᠎ᠤᠨ ᠲᠡᠭᠡᠭᠡᠪᠦᠷᠢ ᠵᠡᠷᠭᠡ ᠬᠣᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ᠎ᠨᠦᠭᠦᠳ ᠴᠢᠬᠤᠯᠠ ᠪᠦᠬᠦᠢ ᠵᠠᠮ ᠬᠠᠷᠢᠯᠴᠠᠭ᠎ᠠ ᠲᠡᠭᠡᠭᠡᠪᠦᠷᠢ ᠵᠢᠨ ᠪᠠᠭ᠋ᠠᠵᠢ ᠵᠢ ᠵᠣᠬᠢᠶᠠᠨ ᠪᠠᠢ᠌ᠭᠤᠯᠤᠨ ᠵᠣᠬᠢᠴᠠᠭᠤᠯᠵᠤ᠂ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠴᠢᠮᠡᠭᠡ ᠬᠣᠯᠪᠣᠭ᠎ᠠ᠎ᠳᠤ ᠴᠢᠬᠤᠯᠠ ᠪᠦᠬᠦᠢ ᠵᠠᠮ ᠬᠠᠷᠢᠯᠴᠠᠭ᠋ᠠᠨ᠎ᠤ ᠨᠡᠪᠲᠡᠷᠡᠯᠭᠡ ᠵᠢᠨ ᠪᠠᠲᠤᠯᠠᠭ᠎ᠠ ᠵᠢ ᠬᠠᠩᠭ᠋ᠠᠬᠤ ᠵᠢᠨ ᠬᠠᠮᠲᠤ ᠬᠠᠮᠢᠶ᠎ᠠ ᠪᠦᠬᠦᠢ ᠵᠠᠮ ᠬᠠᠷᠢᠯᠴᠠᠭ᠋ᠠᠨ᠎ᠤ ᠨᠡᠪᠲᠡᠷᠡᠯᠭᠡ ᠵᠢᠨ ᠵᠠᠷᠤᠳᠠᠯ᠎ᠢ᠎ᠨᠢ ᠬᠠᠰᠤᠵᠤ ᠬᠡᠯᠲᠦᠷᠢᠭᠦᠯᠦᠨ᠎ᠡ᠃

     6.5 ᠴᠠᠬᠢᠯᠭ᠋ᠠᠨ ᠬᠦᠴᠦᠨ ᠡᠨᠧᠷᠭᠢ ᠵᠢᠨ ᠬᠠᠩᠭ᠋ᠠᠯᠭ᠎ᠠ ᠵᠢᠨ ᠪᠠᠲᠤᠯᠠᠭ᠎ᠠ

      ᠭᠡᠨᠡᠳᠲᠡ ᠵᠢᠨ ᠬᠡᠷᠡᠭ ᠶᠠᠪᠤᠳᠠᠯ ᠭᠠᠷᠬᠤ ᠦᠶ᠎ᠡ᠎ᠳᠤ᠂ ᠡᠯ᠎ᠡ ᠱᠠᠲᠤᠨ᠎ᠤ ᠡᠨᠧᠷᠭᠢ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠴᠠᠬᠢᠯᠭ᠋ᠠᠨ ᠬᠦᠴᠦᠨ᠂ ᠲᠣᠰᠣᠯᠢᠭ ᠵᠦᠢ᠍ᠯ ᠵᠡᠷᠭᠡ ᠦᠢ᠍ᠯᠡᠳᠪᠦᠷᠢᠯᠡᠯ ᠬᠠᠩᠭ᠋ᠠᠯᠭ᠎ᠠ ᠵᠢᠨ ᠠᠵᠤ ᠠᠬᠤᠢ᠌ᠯᠠᠯ᠎ᠢ ᠨᠢᠭᠡᠳᠦᠯᠲᠡᠢ ᠲᠥᠯᠥᠪᠯᠡᠨ ᠵᠣᠬᠢᠴᠠᠭᠤᠯᠵᠤ ᠪᠠᠢ᠌ᠭ᠋ᠠᠳ ᠴᠢᠮᠡᠭᠡ ᠬᠣᠯᠪᠣᠭ᠋ᠠᠨ᠎ᠤ ᠪᠡᠯᠡᠳᠬᠡᠮᠵᠢ ᠵᠢᠨ ᠴᠠᠬᠢᠯᠭ᠋ᠠᠨ ᠬᠠᠩᠭ᠋ᠠᠬᠤ ᠲᠣᠰᠣ ᠬᠠᠩᠭ᠋ᠠᠬᠤ ᠵᠡᠷᠭᠡ ᠡᠨᠧᠷᠭᠢ ᠵᠢᠨ ᠬᠡᠷᠡᠭᠴᠡᠭᠡ ᠱᠠᠭ᠋ᠠᠷᠳᠠᠯᠭ᠎ᠠ ᠵᠢ ᠡᠩ ᠲᠡᠷᠢᠭᠦᠨ᠎ᠳᠤ ᠪᠠᠲᠤᠯᠠᠵᠤ᠂ ᠴᠠᠬᠢᠯᠭ᠋ᠠᠨ ᠬᠦᠴᠦᠨ᠂ ᠲᠣᠰᠣᠯᠢᠭ ᠵᠦᠢ᠍ᠯ᠂ ᠪᠠᠢ᠌ᠭ᠋ᠠᠯᠢ ᠵᠢᠨ ᠰᠢᠲᠠᠮᠠᠬᠠᠢ ᠬᠡᠢ ᠵᠡᠷᠭᠡ ᠬᠠᠮᠢᠶ᠎ᠠ ᠪᠦᠬᠦᠢ ᠦᠢ᠍ᠯᠡᠳᠪᠦᠷᠢᠯᠡᠯ᠂ ᠬᠠᠩᠭ᠋ᠠᠯᠭ᠎ᠠ ᠵᠢᠨ ᠠᠵᠤ ᠠᠬᠤᠢ᠌ᠯᠠᠯ᠎ᠤᠳ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠴᠢᠮᠡᠭᠡ ᠬᠣᠯᠪᠣᠭ᠋ᠠᠨ᠎ᠤ ᠪᠡᠯᠡᠳᠬᠡᠮᠵᠢ ᠵᠢᠨ ᠴᠠᠬᠢᠯᠭ᠋ᠠᠨ ᠬᠡᠷᠡᠭᠯᠡᠬᠦ᠂ ᠲᠣᠰᠣ ᠬᠡᠷᠡᠭᠯᠡᠬᠦ᠂ ᠰᠢᠲᠠᠮᠠᠬᠠᠢ ᠬᠡᠢ ᠬᠡᠷᠡᠭᠯᠡᠬᠦ ᠵᠡᠷᠭᠡ ᠬᠡᠷᠡᠭᠴᠡᠭᠡ ᠱᠠᠭ᠋ᠠᠷᠳᠠᠯᠭ᠎ᠠ ᠵᠢ ᠡᠩ ᠲᠡᠷᠢᠭᠦᠨ᠎ᠳᠤ ᠪᠠᠲᠤᠯᠠᠬᠤ ᠵᠢ ᠬᠠᠷᠢᠭᠤᠴᠠᠵᠤ᠂ ᠴᠢᠮᠡᠭᠡ ᠬᠣᠯᠪᠣᠭ᠋ᠠᠨ᠎ᠤ ᠭᠣᠣᠯ ᠵᠠᠩᠭᠢᠯᠠᠭ᠎ᠠ᠂ ᠴᠢᠬᠤᠯᠠ ᠲᠣᠪᠴᠢᠶ᠎ᠠ ᠭᠠᠵᠠᠷ᠂ ᠴᠢᠮᠡᠭᠡ ᠬᠣᠯᠪᠣᠭ᠋ᠠᠨ᠎ᠤ ᠰᠠᠭᠤᠷᠢ ᠥᠷᠳᠡᠭᠡ ᠵᠡᠷᠭᠡ ᠴᠢᠮᠡᠭᠡ ᠬᠣᠯᠪᠣᠭ᠋ᠠᠨ᠎ᠤ ᠪᠡᠯᠡᠳᠬᠡᠮᠵᠢ ᠵᠢᠨ ᠡᠨᠧᠷᠭᠢ ᠵᠢᠨ ᠬᠠᠩᠭ᠋ᠠᠯᠭ᠎ᠠ ᠵᠢ ᠦᠨᠡᠨ ᠬᠦ᠌ ᠪᠠᠲᠤᠯᠠᠨ᠎ᠠ᠃

     6.6 ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠳᠡᠮᠵᠢᠯᠭᠡ ᠵᠢᠨ ᠪᠠᠲᠤᠯᠠᠭ᠎ᠠ

      ᠬᠡᠷᠡᠭ ᠶᠠᠪᠤᠳᠠᠯ ᠭᠠᠷᠤᠭᠰᠠᠨ ᠭᠠᠵᠠᠷ᠎ᠤᠨ ᠠᠷᠠᠳ᠎ᠤᠨ ᠵᠠᠰᠠᠭ᠎ᠤᠨ ᠣᠷᠳᠣᠨ᠎ᠠᠴᠠ ᠲᠤᠬᠠᠢ ᠵᠢᠨ ᠭᠠᠵᠠᠷ᠎ᠤᠨ ᠵᠠᠮ ᠬᠠᠷᠢᠯᠴᠠᠭ᠎ᠠ ᠲᠡᠭᠡᠭᠡᠪᠦᠷᠢ᠂ ᠴᠠᠬᠢᠯᠭ᠋ᠠᠨ ᠬᠦᠴᠦᠨ᠂ ᠡᠨᠧᠷᠭᠢ᠂ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠡᠷᠭᠡ ᠬᠣᠯᠪᠣᠭᠳᠠᠯ ᠪᠦᠬᠦᠢ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠢ ᠬᠠᠷᠢᠭᠤᠴᠠᠨ ᠵᠣᠬᠢᠴᠠᠭᠤᠯᠵᠤ᠂ ᠴᠢᠮᠡᠭᠡ ᠬᠣᠯᠪᠣᠭ᠋ᠠᠨ᠎ᠤ ᠪᠠᠲᠤᠯᠠᠭ᠎ᠠ ᠵᠢᠨ ᠲᠠᠯ᠎ᠠ᠎ᠪᠠᠷ᠎ᠬᠢ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠡᠳ᠋ ᠪᠠᠷᠠᠭ᠎ᠠ᠂ ᠪᠠᠭ᠋ᠠᠵᠢ ᠬᠡᠷᠡᠭᠰᠡᠯ᠂ ᠠᠵᠢᠯᠲᠠᠨ᠎ᠢ ᠴᠠᠭ ᠲᠤᠬᠠᠢ᠎ᠳᠤ᠎ᠨᠢ ᠪᠣᠳᠠᠲᠠᠢ᠌ᠵᠢᠭᠤᠯᠬᠤ ᠵᠢ ᠦᠨᠡᠨ ᠬᠦ᠌ ᠪᠠᠲᠤᠯᠠᠵᠤ᠂ ᠲᠤᠬᠠᠢ ᠵᠢᠨ ᠲᠠᠯᠠᠪᠤᠷ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠴᠢᠮᠡᠭᠡ ᠬᠣᠯᠪᠣᠭ᠋ᠠᠨ᠎ᠤ ᠰᠢᠰᠲ᠋ᠧᠮ᠎ᠤᠨ ᠴᠠᠬᠢᠯᠭ᠋ᠠᠨ ᠬᠦᠴᠦᠨ᠂ ᠲᠣᠰᠣᠯᠢᠭ ᠵᠦᠢ᠍ᠯ᠎ᠤᠨ ᠬᠠᠩᠭ᠋ᠠᠯᠭ᠎ᠠ ᠵᠢ ᠪᠠᠲᠤᠯᠠᠵᠤ᠂ ᠴᠢᠮᠡᠭᠡ ᠬᠣᠯᠪᠣᠭ᠋ᠠᠨ᠎ᠤ ᠪᠠᠲᠤᠯᠠᠭ᠎ᠠ ᠵᠢᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠲᠤᠬᠠᠢ ᠵᠢᠨ ᠲᠠᠯᠠᠪᠤᠷ᠎ᠲᠤ ᠰᠢᠢ᠍ᠳᠪᠦᠷᠢᠯᠡᠨ ᠲᠣᠬᠢᠷᠠᠭᠤᠯᠬᠤ ᠠᠵᠢᠯᠲᠠᠨ ᠵᠢᠴᠢ ᠥᠪᠡᠰᠦᠪᠡᠨ ᠪᠡᠯᠡᠳᠬᠡᠭᠰᠡᠨ ᠡᠳ᠋ ᠪᠠᠷᠠᠭ᠎ᠠ ᠬᠦᠷᠦᠯᠴᠡᠬᠦ ᠦᠭᠡᠢ ᠦᠶ᠎ᠡ᠎ᠳᠤ ᠴᠢᠬᠤᠯᠠ ᠪᠦᠬᠦᠢ ᠠᠷᠤ ᠲᠠᠯ᠎ᠠ ᠵᠢᠨ ᠦᠢ᠍ᠯᠡᠴᠢᠯᠡᠭᠡᠨ᠎ᠤ ᠪᠠᠲᠤᠯᠠᠭ᠎ᠠ ᠬᠠᠩᠭ᠋ᠠᠬᠤ ᠵᠢ ᠬᠠᠷᠢᠭᠤᠴᠠᠨ᠎ᠠ᠃

     6.7 ᠪᠡᠯᠡ ᠮᠥᠩᠭᠥ ᠵᠢᠨ ᠪᠠᠲᠤᠯᠠᠭ᠎ᠠ

      ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠴᠢᠮᠡᠭᠡ ᠬᠣᠯᠪᠣᠭ᠋ᠠᠨ᠎ᠤ ᠭᠡᠨᠡᠳᠡᠯ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠠᠵᠢᠯ᠎ᠤᠨ ᠬᠡᠷᠡᠭᠴᠡᠭᠡ᠎ᠪᠠᠨ ᠦᠨᠳᠦᠰᠦᠯᠡᠨ ᠲᠤᠰᠬᠠᠢ ᠵᠦᠢ᠍ᠯ᠎ᠤᠨ ᠪᠡᠯᠡ ᠮᠥᠩᠭᠥ ᠲᠣᠬᠢᠷᠠᠭᠤᠯᠵᠤ᠂ ᠪᠠᠴᠢᠮ ᠪᠠᠢ᠌ᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ᠎ᠳᠤ ᠵᠠᠷᠤᠳᠠᠯ᠎ᠤᠨ ᠪᠠᠲᠤᠯᠠᠭ᠎ᠠ ᠬᠠᠩᠭ᠋ᠠᠬᠤ ᠬᠡᠷᠡᠭᠲᠡᠢ᠃ ᠡᠳ᠋᠎ᠤᠨ ᠵᠠᠰᠠᠭ᠂ ᠬᠢᠨᠠᠨ ᠪᠤᠳᠤᠬᠤ ᠰᠠᠯᠠᠭ᠎ᠠ ᠮᠥᠴᠢᠷ᠎ᠤᠳ ᠪᠡᠯᠡ ᠮᠥᠩᠭᠥ ᠵᠢ ᠬᠡᠷᠡᠭᠯᠡᠭᠰᠡᠨ ᠪᠠᠢ᠌ᠳᠠᠯ᠎ᠳᠤ ᠬᠢᠨᠠᠯᠲᠠ ᠲᠠᠯᠪᠢᠵᠤ ᠪᠠᠢ᠌ᠴᠠᠭ᠋ᠠᠬᠤ᠎ᠪᠠᠨ ᠴᠢᠩᠭ᠋ᠠᠳᠬᠠᠵᠤ᠂ ᠲᠤᠰᠬᠠᠢ ᠵᠣᠭᠣᠰ᠎ᠢ ᠲᠤᠰᠬᠠᠢ ᠵᠦᠢ᠍ᠯ᠎ᠳᠤ ᠬᠡᠷᠡᠭᠯᠡᠬᠦ ᠵᠢ ᠦᠨᠡᠨ ᠬᠦ᠌ ᠪᠠᠲᠤᠯᠠᠨ᠎ᠠ᠃

     7 ᠳᠠᠭ᠋ᠠᠯᠳᠤᠭᠤᠯᠤᠯ ᠳᠦᠷᠢᠮ

     7.1 ᠲᠠᠢ᠌ᠯᠪᠤᠷᠢ ᠬᠢᠭᠡᠳ ᠲᠣᠳᠣᠷᠬᠠᠢ᠌ᠯᠠᠯᠲᠠ

     (1) ᠥᠪᠡᠷᠲᠡᠭᠡᠨ ᠵᠠᠰᠠᠬᠤ ᠣᠷᠣᠨ᠎ᠤ ᠰᠠᠭᠤᠷᠢ ᠴᠠᠬᠢᠯᠭ᠋ᠠᠨ ᠬᠣᠯᠪᠣᠭ᠋ᠠᠨ᠎ᠤ ᠠᠵᠤ ᠠᠬᠤᠢ᠌ᠯᠠᠯ ᠭᠡᠳᠡᠭ᠎ᠨᠢ ᠳᠤᠮᠳᠠᠳᠤ ᠤᠯᠤᠰ᠎ᠤᠨ ᠬᠠᠮᠲᠤᠷᠠᠭᠰᠠᠨ ᠲᠣᠣᠷ ᠰᠦᠯᠵᠢᠶᠡᠨ᠎ᠤ ᠴᠢᠮᠡᠭᠡ ᠬᠣᠯᠪᠣᠭ᠋ᠠᠨ᠎ᠤ ᠬᠢᠵᠠᠭ᠋ᠠᠷᠲᠤ ᠺᠣᠮᠫᠠᠨᠢ ᠵᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠪᠢᠶᠠᠷᠢ ᠺᠣᠮᠫᠠᠨᠢ᠂ ᠳᠤᠮᠳᠠᠳᠤ ᠤᠯᠤᠰ᠎ᠤᠨ ᠰᠢᠯᠵᠢᠮᠡᠯ ᠴᠢᠮᠡᠭᠡ ᠬᠣᠯᠪᠣᠭ᠋ᠠᠨ᠎ᠤ ᠪᠦᠯᠦᠭᠯᠡᠯ᠎ᠤᠨ ᠥᠪᠥᠷ ᠮᠣᠩᠭᠣᠯ᠎ᠤᠨ ᠬᠢᠵᠠᠭ᠋ᠠᠷᠲᠤ ᠺᠣᠮᠫᠠᠨᠢ᠂ ᠳᠤᠮᠳᠠᠳᠤ ᠤᠯᠤᠰ᠎ᠤᠨ ᠴᠠᠬᠢᠯᠭ᠋ᠠᠨ ᠬᠣᠯᠪᠣᠭ᠋ᠠᠨ᠎ᠤ ᠪᠦᠯᠦᠭᠯᠡᠯ᠎ᠤᠨ ᠬᠢᠵᠠᠭ᠋ᠠᠷᠲᠤ ᠺᠣᠮᠫᠠᠨᠢ ᠵᠢᠨ ᠥᠪᠥᠷ ᠮᠣᠩᠭᠣᠯ᠎ᠤᠨ ᠬᠤᠪᠢᠶᠠᠷᠢ ᠺᠣᠮᠫᠠᠨᠢ᠂ ᠳᠤᠮᠳᠠᠳᠤ ᠤᠯᠤᠰ᠎ᠤᠨ ᠲᠢᠶᠧ ᠲᠠ ᠬᠤᠪᠢ ᠣᠷᠣᠭᠤᠯᠤᠭᠰᠠᠨ ᠬᠢᠵᠠᠭ᠋ᠠᠷᠲᠤ ᠺᠣᠮᠫᠠᠨᠢ ᠵᠢᠨ ᠥᠪᠥᠷ ᠮᠣᠩᠭᠣᠯ᠎ᠤᠨ ᠬᠤᠪᠢᠶᠠᠷᠢ ᠺᠣᠮᠫᠠᠨᠢ᠂ ᠳᠤᠮᠳᠠᠳᠤ ᠤᠯᠤᠰ᠎ᠤᠨ ᠷᠠᠳᠢᠣ᠋ ᠲᠧᠯᠸᠢᠰ᠎ᠤᠨ ᠥᠪᠥᠷ ᠮᠣᠩᠭᠣᠯ᠎ᠤᠨ ᠲᠣᠣᠷ ᠰᠦᠯᠵᠢᠶᠡᠨ᠎ᠤ ᠬᠢᠵᠠᠭ᠋ᠠᠷᠲᠤ ᠺᠣᠮᠫᠠᠨᠢ ᠵᠢ ᠵᠢᠭ᠋ᠠᠵᠤ ᠪᠤᠢ᠃

     (2) ᠣᠨᠴᠠ ᠬᠦᠨᠳᠦ ᠶᠡᠬᠡ ᠭᠡᠨᠡᠳᠡᠯ ᠭᠡᠵᠦ ᠳᠣᠣᠷ᠎ᠠ ᠵᠢᠭᠰᠠᠭ᠋ᠠᠭᠰᠠᠨ ᠨᠥᠬᠥᠴᠡᠯ᠎ᠤᠳ᠎ᠤᠨ ᠨᠢᠭᠡ᠎ᠳᠤ ᠨᠡᠢ᠌ᠴᠡᠭᠰᠡᠨ ᠪᠠᠢ᠌ᠳᠠᠯ᠎ᠢ ᠵᠢᠭ᠋ᠠᠵᠤ ᠪᠠᠢ᠌ᠨ᠎ᠠ᠄

     ① 3᠎ᠠᠴᠠ ᠳᠡᠭᠡᠭᠰᠢᠬᠢ ᠤᠯᠤᠰ᠎ᠤᠨ ᠬᠣᠭᠣᠷᠣᠨᠳᠣᠬᠢ ᠴᠢᠮᠡᠭᠡ ᠬᠣᠯᠪᠣᠭ᠋ᠠᠨ᠎ᠤ ᠬᠠᠭᠤᠷᠠᠢ ᠲᠡᠯᠡᠢ ᠵᠢᠨ ᠭᠡᠷᠡᠯᠯᠢᠭ (ᠴᠠᠬᠢᠯᠭ᠋ᠠᠨ) ᠳᠡᠭᠡᠰᠦ ᠲᠠᠰᠤᠷᠠᠭᠰᠠᠨ᠂ ᠡᠰᠡᠬᠦᠯ᠎ᠡ ᠶᠠᠮᠠᠷ ᠨᠢᠭᠡᠨ ᠤᠯᠤᠰ᠎ᠲᠤ ᠨᠡᠪᠲᠡᠷᠡᠬᠦ ᠤᠯᠤᠰ᠎ᠤᠨ ᠬᠣᠭᠣᠷᠣᠨᠳᠣᠬᠢ ᠤᠲᠠᠰᠤ ᠵᠢᠨ ᠴᠢᠮᠡᠭᠡ ᠬᠣᠯᠪᠣᠭ᠎ᠠ᠎ᠨᠢ ᠪᠦᠬᠦᠨ ᠵᠶ᠋ᠡᠷ ᠵᠶ᠋ᠡᠨ ᠲᠠᠰᠤᠷᠠᠭ᠋ᠠᠳ ᠦᠷᠭᠦᠯᠵᠢᠯᠡᠨ 1 ᠴᠠᠭ᠎ᠠᠴᠠ ᠬᠡᠲᠦᠷᠡᠭᠰᠡᠨ;

     ② 5᠎ᠠᠴᠠ ᠳᠡᠭᠡᠭᠰᠢᠬᠢ ᠳᠠᠭ᠋ᠠᠭᠤᠯᠢ ᠳᠠᠮᠵᠢᠯᠭ᠎ᠠ ᠰᠠᠴᠤᠷᠠᠭᠤᠯᠤᠤᠷ᠎ᠤᠨ ᠴᠢᠮᠡᠭᠡ ᠬᠣᠯᠪᠣᠭ᠎ᠠ ᠲᠠᠰᠤᠷᠠᠭ᠋ᠠᠳ ᠦᠷᠭᠦᠯᠵᠢᠯᠡᠨ 1 ᠴᠠᠭ᠎ᠠᠴᠠ ᠬᠡᠲᠦᠷᠡᠭᠰᠡᠨ;

     ③ ᠠᠳᠠᠯᠢ ᠪᠤᠰᠤ ᠰᠠᠭᠤᠷᠢ ᠴᠠᠬᠢᠯᠭ᠋ᠠᠨ ᠬᠣᠯᠪᠣᠭ᠋ᠠᠨ᠎ᠤ ᠲᠤᠬᠠᠢ᠌ᠯᠠᠭᠰᠠᠨ ᠠᠵᠢᠯ᠎ᠤᠨ ᠡᠵᠡᠩᠨᠡᠭᠴᠢ ᠵᠢᠨ ᠰᠦᠯᠵᠢᠶᠡᠨ᠎ᠤ ᠬᠣᠭᠣᠷᠣᠨᠳᠣᠬᠢ ᠤᠲᠠᠰᠤ ᠵᠢᠨ ᠴᠢᠮᠡᠭᠡ ᠬᠣᠯᠪᠣᠭ᠎ᠠ᠎ᠨᠢ ᠪᠦᠬᠦᠨ ᠵᠶ᠋ᠡᠷ ᠵᠶ᠋ᠡᠨ ᠲᠠᠰᠤᠷᠠᠭ᠋ᠠᠳ ᠦᠷᠭᠦᠯᠵᠢᠯᠡᠨ 5 ᠴᠠᠭ᠎ᠠᠴᠠ ᠬᠡᠲᠦᠷᠡᠭᠰᠡᠨ;

     ④ ᠮᠤᠵᠢ ᠵᠢᠨ ᠬᠣᠭᠣᠷᠣᠨᠳᠣᠬᠢ ᠠᠯᠤᠰ᠎ᠤᠨ ᠤᠲᠠᠰᠤ ᠵᠢᠨ ᠴᠢᠮᠡᠭᠡ ᠬᠣᠯᠪᠣᠭ᠋ᠠᠨ᠎ᠤ 1 ᠴᠢᠭᠯᠡᠯ ᠪᠠᠢ᠌ᠷᠢ᠎ᠨᠢ ᠪᠦᠬᠦᠨ ᠵᠶ᠋ᠡᠷ ᠵᠶ᠋ᠡᠨ ᠲᠠᠰᠤᠷᠠᠭ᠋ᠠᠳ ᠦᠷᠭᠦᠯᠵᠢᠯᠡᠨ 2 ᠴᠠᠭ᠎ᠠᠴᠠ ᠬᠡᠲᠦᠷᠡᠭᠰᠡᠨ;

     ⑤ ᠲᠣᠭᠲᠠᠮᠠᠯ ᠤᠲᠠᠰᠤ ᠵᠢᠨ ᠴᠢᠮᠡᠭᠡ ᠬᠣᠯᠪᠣᠭ᠋ᠠᠨ᠎ᠤ ᠲᠠᠰᠤᠯᠳᠠᠯ᠎ᠨᠢ 50 ᠲᠦᠮᠡ᠎ᠠᠴᠠ ᠳᠠᠪᠠᠭᠰᠠᠨ ᠡᠷᠦᠬᠡ ᠵᠢ ᠨᠥᠯᠥᠭᠡᠯᠡᠭᠰᠡᠨ ᠮᠥᠷᠲᠡᠭᠡᠨ ᠦᠷᠭᠦᠯᠵᠢᠯᠡᠨ 1 ᠴᠠᠭ᠎ᠠᠴᠠ ᠬᠡᠲᠦᠷᠡᠭᠰᠡᠨ;

     ⑥ ᠰᠢᠯᠵᠢᠮᠡᠯ ᠤᠲᠠᠰᠤ ᠵᠢᠨ ᠴᠢᠮᠡᠭᠡ ᠬᠣᠯᠪᠣᠭ᠋ᠠᠨ᠎ᠤ ᠲᠠᠰᠤᠯᠳᠠᠯ᠎ᠨᠢ 50 ᠲᠦᠮᠡ᠎ᠠᠴᠠ ᠳᠠᠪᠠᠭᠰᠠᠨ ᠡᠷᠦᠬᠡ ᠵᠢ ᠨᠥᠯᠥᠭᠡᠯᠡᠭᠰᠡᠨ ᠮᠥᠷᠲᠡᠭᠡᠨ ᠦᠷᠭᠦᠯᠵᠢᠯᠡᠨ 1 ᠴᠠᠭ᠎ᠠᠴᠠ ᠬᠡᠲᠦᠷᠡᠭᠰᠡᠨ;

     ⑦ ᠣᠬᠣᠷ ᠮᠡᠳᠡᠭᠡᠨ᠎ᠤ ᠲᠠᠪᠴᠠᠩ᠂ ᠣᠯᠠᠨ ᠵᠠᠭᠤᠴᠢᠲᠤ ᠮᠡᠳᠡᠭᠡᠨ᠎ᠤ ᠲᠠᠪᠴᠠᠩ ᠵᠢᠴᠢ ᠪᠤᠰᠤᠳ ᠥᠷᠲᠡᠭ ᠨᠡᠮᠡᠭᠳᠡᠯ᠎ᠤᠨ ᠲᠤᠬᠠᠢ᠌ᠯᠠᠭᠰᠠᠨ ᠠᠵᠢᠯ᠎ᠤᠨ ᠲᠠᠪᠴᠠᠩ᠎ᠤᠨ ᠦᠢ᠍ᠯᠡᠴᠢᠯᠡᠭᠡ ᠲᠠᠰᠤᠷᠠᠭᠰᠠᠨ ᠴᠠᠭ᠎ᠨᠢ ᠦᠷᠭᠦᠯᠵᠢᠯᠡᠨ 5 ᠴᠠᠭ᠎ᠠᠴᠠ  ᠬᠡᠲᠦᠷᠡᠭᠰᠡᠨ;

     ⑧ ᠮᠤᠵᠢ ᠵᠢᠨ ᠱᠠᠲᠤᠨ᠎ᠠᠴᠠ ᠳᠡᠭᠡᠭᠰᠢᠬᠢ ᠨᠠᠮ ᠵᠠᠰᠠᠭ ᠴᠡᠷᠢᠭ᠎ᠤᠨ ᠴᠢᠬᠤᠯᠠ ᠪᠠᠢ᠌ᠭᠤᠯᠭ᠎ᠠ᠂ ᠤᠯᠤᠰ᠎ᠤᠨ ᠠᠵᠤ ᠠᠬᠤᠢ ᠠᠷᠠᠳ᠎ᠤᠨ ᠠᠮᠢᠳᠤᠷᠠᠯ ᠪᠠ ᠨᠡᠢ᠌ᠭᠡᠮ᠎ᠤᠨ ᠠᠮᠤᠷ ᠲᠣᠭᠲᠠᠭᠤᠨ᠎ᠲᠠᠢ ᠰᠢᠭᠤᠳ ᠬᠣᠯᠪᠣᠭᠳᠠᠬᠤ ᠴᠢᠬᠤᠯᠠ ᠠᠵᠤ ᠠᠬᠤᠢ᠌ᠯᠠᠯ ᠠᠵᠢᠯ ᠦᠢ᠍ᠯᠡᠰ᠎ᠤᠨ ᠨᠢᠭᠡᠴᠢ ᠵᠢᠨ ᠬᠠᠮᠢᠶ᠎ᠠ ᠪᠦᠬᠦᠢ ᠴᠢᠮᠡᠭᠡ ᠬᠣᠯᠪᠣᠭ᠎ᠠ ᠲᠠᠰᠤᠷᠠᠭᠰᠠᠨ᠃

     (3) ᠬᠦᠨᠳᠦ ᠶᠡᠬᠡ ᠭᠡᠨᠡᠳᠡᠯ ᠭᠡᠳᠡᠭ᠎ᠨᠢ ᠪᠣᠯ ᠳᠣᠣᠷ᠎ᠠ ᠵᠢᠭᠰᠠᠭ᠋ᠠᠭᠰᠠᠨ ᠨᠥᠬᠥᠴᠡᠯ᠎ᠤᠳ᠎ᠤᠨ ᠨᠢᠭᠡ᠎ᠳᠤ ᠨᠡᠢ᠌ᠴᠡᠬᠦ ᠮᠥᠷᠲᠡᠭᠡᠨ ᠣᠨᠴᠠ ᠬᠦᠨᠳᠦ ᠶᠡᠬᠡ ᠭᠡᠨᠡᠳᠡᠯ᠎ᠳᠤ ᠲᠣᠭ᠋ᠠᠴᠠᠭᠳᠠᠬᠤ ᠦᠭᠡᠢ ᠪᠠᠢ᠌ᠳᠠᠯ᠄

     ①1᠎ᠠᠴᠠ ᠳᠡᠭᠡᠭᠰᠢᠬᠢ ᠤᠯᠤᠰ᠎ᠤᠨ ᠬᠣᠭᠣᠷᠣᠨᠳᠣᠬᠢ ᠴᠢᠮᠡᠭᠡ ᠬᠣᠯᠪᠣᠭ᠋ᠠᠨ᠎ᠤ ᠬᠠᠭᠤᠷᠠᠢ ᠲᠡᠯᠡᠢ ᠵᠢᠨ ᠭᠡᠷᠡᠯᠯᠢᠭ (ᠴᠠᠬᠢᠯᠭ᠋ᠠᠨ) ᠲᠠᠲᠠᠯᠭ᠎ᠠ ᠲᠠᠰᠤᠷᠠᠭᠰᠠᠨ;

     ② ᠨᠢᠭᠡ᠎ᠠᠴᠠ ᠳᠡᠭᠡᠭᠰᠢᠬᠢ ᠳᠠᠭ᠋ᠠᠭᠤᠯᠢ ᠳᠠᠮᠵᠢᠯᠭ᠎ᠠ ᠰᠠᠴᠤᠷᠠᠭᠤᠯᠤᠤᠷ᠎ᠤᠨ ᠴᠢᠮᠡᠭᠡ ᠬᠣᠯᠪᠣᠭ᠎ᠠ ᠲᠠᠰᠤᠷᠠᠭ᠋ᠠᠳ ᠦᠷᠭᠦᠯᠵᠢᠯᠡᠨ 1 ᠴᠠᠭ᠎ᠠᠴᠠ ᠬᠡᠲᠦᠷᠡᠭᠰᠡᠨ;

     ③ ᠠᠳᠠᠯᠢ ᠪᠤᠰᠤ ᠰᠠᠭᠤᠷᠢ ᠴᠠᠬᠢᠯᠭ᠋ᠠᠨ ᠬᠣᠯᠪᠣᠭ᠋ᠠᠨ᠎ᠤ ᠲᠤᠬᠠᠢ᠌ᠯᠠᠭᠰᠠᠨ ᠠᠵᠢᠯ᠎ᠤᠨ ᠡᠵᠡᠩᠨᠡᠭᠴᠢ ᠵᠢᠨ ᠰᠦᠯᠵᠢᠶᠡᠨ᠎ᠤ ᠬᠣᠭᠣᠷᠣᠨᠳᠣᠬᠢ ᠤᠲᠠᠰᠤ ᠵᠢᠨ ᠴᠢᠮᠡᠭᠡ ᠬᠣᠯᠪᠣᠭ᠎ᠠ᠎ᠨᠢ ᠪᠦᠬᠦᠨ ᠵᠶ᠋ᠡᠷ ᠵᠶ᠋ᠡᠨ ᠲᠠᠰᠤᠷᠠᠭ᠋ᠠᠳ ᠦᠷᠭᠦᠯᠵᠢᠯᠡᠨ 2 ᠴᠠᠭ᠎ᠠᠴᠠ ᠬᠡᠲᠦᠷᠡᠭᠰᠡᠨ ᠪᠤᠶᠤ ᠰᠢᠭᠤᠳ ᠨᠥᠯᠥᠭᠡᠯᠡᠬᠦ ᠬᠡᠪᠴᠢᠶ᠎ᠡ᠎ᠨᠢ 5 ᠲᠦᠮᠡ (ᠬᠡᠷᠡᠭᠯᠡᠭᠴᠢ × × ᠴᠠᠭ)᠎ᠠᠴᠠ ᠳᠡᠭᠡᠭᠰᠢ ᠪᠣᠯᠤᠭᠰᠠᠨ;

     ④ ᠠᠯᠤᠰ᠎ᠤᠨ ᠤᠲᠠᠰᠤ ᠵᠢᠨ ᠴᠢᠮᠡᠭᠡ ᠬᠣᠯᠪᠣᠭ᠋ᠠᠨ᠎ᠤ 1 ᠴᠢᠭᠯᠡᠯ᠎ᠨᠢ ᠪᠦᠬᠦᠨ ᠵᠶ᠋ᠡᠷ ᠵᠶ᠋ᠡᠨ ᠲᠠᠰᠤᠷᠠᠭ᠋ᠠᠳ 1 ᠴᠠᠭ᠎ᠠᠴᠠ ᠬᠡᠲᠦᠷᠡᠭᠰᠡᠨ;

     ⑤ ᠲᠣᠭᠲᠠᠮᠠᠯ ᠤᠲᠠᠰᠤ ᠵᠢᠨ ᠴᠢᠮᠡᠭᠡ ᠬᠣᠯᠪᠣᠭ᠋ᠠᠨ᠎ᠤ ᠲᠠᠰᠤᠯᠳᠠᠯ᠎ᠨᠢ 10 ᠲᠦᠮᠡ᠎ᠠᠴᠠ ᠳᠠᠪᠠᠭᠰᠠᠨ ᠡᠷᠦᠬᠡ ᠵᠢ ᠨᠥᠯᠥᠭᠡᠯᠡᠭᠰᠡᠨ ᠮᠥᠷᠲᠡᠭᠡᠨ ᠦᠷᠭᠦᠯᠵᠢᠯᠡᠨ 1 ᠴᠠᠭ᠎ᠠᠴᠠ ᠬᠡᠲᠦᠷᠡᠭᠰᠡᠨ;

     ⑥ ᠰᠢᠯᠵᠢᠮᠡᠯ ᠤᠲᠠᠰᠤ ᠵᠢᠨ ᠴᠢᠮᠡᠭᠡ ᠬᠣᠯᠪᠣᠭ᠋ᠠᠨ᠎ᠤ ᠲᠠᠰᠤᠯᠳᠠᠯ᠎ᠨᠢ 10 ᠲᠦᠮᠡ᠎ᠠᠴᠠ ᠳᠠᠪᠠᠭᠰᠠᠨ ᠡᠷᠦᠬᠡ ᠵᠢ ᠨᠥᠯᠥᠭᠡᠯᠡᠭᠰᠡᠨ ᠮᠥᠷᠲᠡᠭᠡᠨ ᠦᠷᠭᠦᠯᠵᠢᠯᠡᠨ 1 ᠴᠠᠭ᠎ᠠᠴᠠ ᠬᠡᠲᠦᠷᠡᠭᠰᠡᠨ;

     ⑦ ᠣᠬᠣᠷ ᠮᠡᠳᠡᠭᠡᠨ᠎ᠤ ᠲᠠᠪᠴᠠᠩ᠂ ᠣᠯᠠᠨ ᠵᠠᠭᠤᠴᠢᠲᠤ ᠮᠡᠳᠡᠭᠡᠨ᠎ᠤ ᠲᠠᠪᠴᠠᠩ ᠵᠢᠴᠢ ᠪᠤᠰᠤᠳ ᠥᠷᠲᠡᠭ ᠨᠡᠮᠡᠭᠳᠡᠯ᠎ᠤᠨ ᠲᠤᠬᠠᠢ᠌ᠯᠠᠭᠰᠠᠨ ᠠᠵᠢᠯ᠎ᠤᠨ ᠲᠠᠪᠴᠠᠩ᠎ᠤᠨ ᠦᠢ᠍ᠯᠡᠴᠢᠯᠡᠭᠡ ᠲᠠᠰᠤᠷᠠᠭᠰᠠᠨ   ᠴᠠᠭ᠎ᠨᠢ ᠦᠷᠭᠦᠯᠵᠢᠯᠡᠨ 1 ᠴᠠᠭ᠎ᠠᠴᠠ  ᠬᠡᠲᠦᠷᠡᠭᠰᠡᠨ;

     ⑧ ᠠᠢ᠌ᠮᠠᠭ ᠬᠣᠲᠠ ᠵᠢᠨ ᠱᠠᠲᠤᠨ᠎ᠠᠴᠠ  ᠳᠡᠭᠡᠭᠰᠢᠬᠢ ᠨᠠᠮ ᠵᠠᠰᠠᠭ ᠴᠡᠷᠢᠭ᠎ᠤᠨ ᠴᠢᠬᠤᠯᠠ ᠪᠠᠢ᠌ᠭᠤᠯᠭ᠎ᠠ᠂ ᠤᠯᠤᠰ᠎ᠤᠨ ᠠᠵᠤ ᠠᠬᠤᠢ ᠠᠷᠠᠳ᠎ᠤᠨ ᠠᠮᠢᠳᠤᠷᠠᠯ ᠪᠠ ᠨᠡᠢ᠌ᠭᠡᠮ᠎ᠤᠨ ᠠᠮᠤᠷ ᠲᠣᠭᠲᠠᠭᠤᠨ᠎ᠳᠤ ᠰᠢᠭᠤᠳ ᠬᠣᠯᠪᠣᠭᠳᠠᠬᠤ ᠴᠢᠬᠤᠯᠠ ᠠᠵᠤ ᠠᠬᠤᠢ᠌ᠯᠠᠯ ᠠᠵᠢᠯ ᠦᠢ᠍ᠯᠡᠰ᠎ᠤᠨ ᠨᠢᠭᠡᠴᠢ ᠵᠢᠨ ᠬᠠᠮᠢᠶ᠎ᠠ ᠪᠦᠬᠦᠢ ᠴᠢᠮᠡᠭᠡ ᠬᠣᠯᠪᠣᠭ᠎ᠠ ᠲᠠᠰᠤᠷᠠᠭᠰᠠᠨ;

     ⑨ ᠴᠢᠬᠤᠯᠠ ᠶᠡᠬᠡ ᠨᠥᠯᠥᠭᠡ᠎ᠲᠠᠢ ᠬᠤᠷᠠᠯ ᠪᠣᠯᠣᠨ ᠠᠵᠢᠯᠯᠠᠭ᠎ᠠ ᠵᠢᠨ ᠬᠤᠭᠤᠴᠠᠭ᠋ᠠᠨ᠎ᠳᠤ ᠬᠠᠮᠢᠶ᠎ᠠ ᠪᠦᠬᠦᠢ ᠴᠢᠮᠡᠭᠡ ᠬᠣᠯᠪᠣᠭ᠎ᠠ ᠲᠠᠰᠤᠷᠠᠭᠰᠠᠨ᠃

     (4) ᠨᠡᠯᠢᠶᠡᠳ ᠶᠡᠬᠡ ᠭᠡᠨᠡᠳᠡᠯ ᠭᠡᠳᠡᠭ᠎ᠨᠢ ᠪᠣᠯ ᠳᠣᠣᠷ᠎ᠠ ᠵᠢᠭᠰᠠᠭ᠋ᠠᠭᠰᠠᠨ ᠨᠥᠬᠥᠴᠡᠯ᠎ᠤᠳ᠎ᠤᠨ ᠨᠢᠭᠡ᠎ᠳᠤ ᠨᠡᠢ᠌ᠴᠡᠬᠦ ᠮᠥᠷᠲᠡᠭᠡᠨ ᠣᠨᠴᠠ ᠬᠦᠨᠳᠦ ᠶᠡᠬᠡ᠂ ᠬᠦᠨᠳᠦ ᠶᠡᠬᠡ ᠭᠡᠨᠡᠳᠡᠯ᠎ᠳᠤ ᠲᠣᠭ᠋ᠠᠴᠠᠭᠳᠠᠬᠤ ᠦᠭᠡᠢ ᠪᠠᠢ᠌ᠳᠠᠯ᠄

     ① ᠳᠠᠭ᠋ᠠᠭᠤᠯᠢ ᠳᠠᠮᠵᠢᠯᠭ᠎ᠠ ᠰᠠᠴᠤᠷᠠᠭᠤᠯᠤᠤᠷ᠎ᠤᠨ ᠴᠢᠮᠡᠭᠡ ᠬᠣᠯᠪᠣᠭ᠎ᠠ ᠲᠠᠰᠤᠷᠠᠭ᠋ᠠᠳ 20 ᠮᠢᠨᠦ᠋ᠲ᠎ᠠᠴᠠ ᠬᠡᠲᠦᠷᠡᠭᠰᠡᠨ;

     ② ᠠᠳᠠᠯᠢ ᠪᠤᠰᠤ ᠰᠠᠭᠤᠷᠢ ᠴᠠᠬᠢᠯᠭ᠋ᠠᠨ ᠬᠣᠯᠪᠣᠭ᠋ᠠᠨ᠎ᠤ ᠲᠤᠬᠠᠢ᠌ᠯᠠᠭᠰᠠᠨ ᠠᠵᠢᠯ᠎ᠤᠨ ᠡᠵᠡᠩᠨᠡᠭᠴᠢ ᠵᠢᠨ ᠰᠦᠯᠵᠢᠶᠡᠨ᠎ᠤ ᠬᠣᠭᠣᠷᠣᠨᠳᠣᠬᠢ ᠤᠲᠠᠰᠤ ᠵᠢᠨ ᠴᠢᠮᠡᠭᠡ ᠬᠣᠯᠪᠣᠭ᠎ᠠ ᠪᠦᠬᠦᠨ ᠵᠶ᠋ᠡᠷ ᠵᠶ᠋ᠡᠨ ᠲᠠᠰᠤᠷᠠᠭ᠋ᠠᠳ ᠦᠷᠭᠦᠯᠵᠢᠯᠡᠨ 20 ᠮᠢᠨᠦ᠋ᠲ᠎ᠠᠴᠠ ᠬᠡᠲᠦᠷᠡᠭᠰᠡᠨ ᠪᠤᠶᠤ ᠰᠢᠭᠤᠳ ᠨᠥᠯᠥᠭᠡᠯᠡᠬᠦ ᠬᠡᠪᠴᠢᠶ᠎ᠡ᠎ᠨᠢ 1 ᠲᠦᠮᠡ (ᠬᠡᠷᠡᠭᠯᠡᠭᠴᠢ × × ᠴᠠᠭ)᠎ᠠᠴᠠ ᠳᠡᠭᠡᠭᠰᠢ ᠪᠣᠯᠤᠭᠰᠠᠨ;

     ③ ᠠᠯᠤᠰ᠎ᠤᠨ ᠤᠲᠠᠰᠤ ᠵᠢᠨ ᠴᠢᠮᠡᠭᠡ ᠬᠣᠯᠪᠣᠭ᠋ᠠᠨ᠎ᠤ 1 ᠴᠢᠭᠯᠡᠯ᠎ᠨᠢ ᠪᠦᠬᠦᠨ ᠵᠶ᠋ᠡᠷ ᠵᠶ᠋ᠡᠨ ᠲᠠᠰᠤᠷᠠᠭ᠋ᠠᠳ ᠦᠷᠭᠦᠯᠵᠢᠯᠡᠨ 20 ᠮᠢᠨᠦ᠋ᠲ᠎ᠠᠴᠠ ᠬᠡᠲᠦᠷᠡᠭᠰᠡᠨ;

     ④ ᠲᠣᠭᠲᠠᠮᠠᠯ ᠤᠲᠠᠰᠤ ᠵᠢᠨ ᠴᠢᠮᠡᠭᠡ ᠬᠣᠯᠪᠣᠭ᠋ᠠᠨ᠎ᠤ ᠲᠠᠰᠤᠯᠳᠠᠯ᠎ᠨᠢ 3 ᠲᠦᠮᠡ᠎ᠠᠴᠠ ᠳᠠᠪᠠᠭᠰᠠᠨ ᠡᠷᠦᠬᠡ ᠵᠢ ᠨᠥᠯᠥᠭᠡᠯᠡᠭᠰᠡᠨ ᠮᠥᠷᠲᠡᠭᠡᠨ ᠦᠷᠭᠦᠯᠵᠢᠯᠡᠨ 20 ᠮᠢᠨᠦ᠋ᠲ᠎ᠠᠴᠠ ᠬᠡᠲᠦᠷᠡᠭᠰᠡᠨ;

     ⑤ ᠰᠢᠯᠵᠢᠮᠡᠯ ᠤᠲᠠᠰᠤ ᠵᠢᠨ ᠴᠢᠮᠡᠭᠡ ᠬᠣᠯᠪᠣᠭ᠋ᠠᠨ᠎ᠤ ᠲᠠᠰᠤᠯᠳᠠᠯ᠎ᠨᠢ 3 ᠲᠦᠮᠡ᠎ᠠᠴᠠ ᠳᠠᠪᠠᠭᠰᠠᠨ ᠡᠷᠦᠬᠡ ᠵᠢ ᠨᠥᠯᠥᠭᠡᠯᠡᠭᠰᠡᠨ ᠮᠥᠷᠲᠡᠭᠡᠨ ᠦᠷᠭᠦᠯᠵᠢᠯᠡᠨ 20 ᠮᠢᠨᠦ᠋ᠲ᠎ᠠᠴᠠ ᠬᠡᠲᠦᠷᠡᠭᠰᠡᠨ;

     ⑥ ᠣᠬᠣᠷ ᠮᠡᠳᠡᠭᠡᠨ᠎ᠤ ᠲᠠᠪᠴᠠᠩ᠂ ᠣᠯᠠᠨ ᠵᠠᠭᠤᠴᠢᠲᠤ ᠮᠡᠳᠡᠭᠡᠨ᠎ᠤ ᠲᠠᠪᠴᠠᠩ ᠵᠢᠴᠢ ᠪᠤᠰᠤᠳ ᠥᠷᠲᠡᠭ ᠨᠡᠮᠡᠭᠳᠡᠯ᠎ᠤᠨ ᠲᠤᠬᠠᠢ᠌ᠯᠠᠭᠰᠠᠨ ᠠᠵᠢᠯ᠎ᠤᠨ ᠲᠠᠪᠴᠠᠩ᠎ᠤᠨ ᠦᠢ᠍ᠯᠡᠴᠢᠯᠡᠭᠡ ᠲᠠᠰᠤᠷᠠᠭᠰᠠᠨ ᠴᠠᠭ᠎ᠨᠢ ᠦᠷᠭᠦᠯᠵᠢᠯᠡᠨ 20 ᠮᠢᠨᠦ᠋ᠲ᠎ᠠᠴᠠ ᠬᠡᠲᠦᠷᠡᠭᠰᠡᠨ;

     ⑦ ᠠᠢ᠌ᠮᠠᠭ ᠬᠣᠲᠠ ᠵᠢᠨ ᠱᠠᠲᠤᠨ᠎ᠠᠴᠠ  ᠳᠣᠷᠣᠭᠰᠢᠬᠢ ᠨᠠᠮ ᠵᠠᠰᠠᠭ ᠴᠡᠷᠢᠭ᠎ᠤᠨ ᠴᠢᠬᠤᠯᠠ ᠪᠠᠢ᠌ᠭᠤᠯᠭ᠎ᠠ᠂ ᠤᠯᠤᠰ᠎ᠤᠨ ᠠᠵᠤ ᠠᠬᠤᠢ ᠠᠷᠠᠳ᠎ᠤᠨ ᠠᠮᠢᠳᠤᠷᠠᠯ ᠪᠠ ᠨᠡᠢ᠌ᠭᠡᠮ᠎ᠤᠨ ᠠᠮᠤᠷ ᠲᠣᠭᠲᠠᠭᠤᠨ᠎ᠳᠤ ᠰᠢᠭᠤᠳ ᠬᠣᠯᠪᠣᠭᠳᠠᠬᠤ ᠴᠢᠬᠤᠯᠠ ᠠᠵᠤ ᠠᠬᠤᠢ᠌ᠯᠠᠯ ᠠᠵᠢᠯ ᠦᠢ᠍ᠯᠡᠰ᠎ᠤᠨ ᠨᠢᠭᠡᠴᠢ ᠵᠢᠨ ᠬᠠᠮᠢᠶ᠎ᠠ ᠪᠦᠬᠦᠢ ᠴᠢᠮᠡᠭᠡ ᠬᠣᠯᠪᠣᠭ᠎ᠠ ᠲᠠᠰᠤᠷᠠᠭᠰᠠᠨ᠃

     (5) ᠡᠩ᠎ᠤᠨ ᠭᠡᠨᠡᠳᠡᠯ ᠭᠡᠳᠡᠭ᠎ᠨᠢ ᠪᠣᠯ ᠳᠣᠣᠷ᠎ᠠ ᠵᠢᠭᠰᠠᠭ᠋ᠠᠭᠰᠠᠨ ᠨᠥᠬᠥᠴᠡᠯ᠎ᠤᠳ᠎ᠤᠨ ᠨᠢᠭᠡ᠎ᠳᠤ ᠨᠡᠢ᠌ᠴᠡᠬᠦ ᠮᠥᠷᠲᠡᠭᠡᠨ ᠣᠨᠴᠠ ᠬᠦᠨᠳᠦ ᠶᠡᠬᠡ᠂ ᠬᠦᠨᠳᠦ ᠶᠡᠬᠡ᠂ ᠨᠡᠯᠢᠶᠡᠳ ᠶᠡᠬᠡ ᠭᠡᠨᠡᠳᠡᠯ᠎ᠳᠤ ᠲᠣᠭ᠋ᠠᠴᠠᠭᠳᠠᠬᠤ ᠦᠭᠡᠢ ᠪᠠᠢ᠌ᠳᠠᠯ᠄

     ① ᠳᠠᠭ᠋ᠠᠭᠤᠯᠢ ᠳᠠᠮᠵᠢᠯᠭ᠎ᠠ ᠰᠠᠴᠤᠷᠠᠭᠤᠯᠤᠤᠷ᠎ᠤᠨ ᠬᠣᠯᠪᠣᠭ᠎ᠠ ᠲᠠᠰᠤᠷᠠᠭᠰᠠᠨ;

     ② ᠠᠳᠠᠯᠢ ᠪᠤᠰᠤ ᠰᠠᠭᠤᠷᠢ ᠴᠠᠬᠢᠯᠭ᠋ᠠᠨ ᠬᠣᠯᠪᠣᠭ᠋ᠠᠨ᠎ᠤ ᠲᠤᠬᠠᠢ᠌ᠯᠠᠭᠰᠠᠨ ᠠᠵᠢᠯ᠎ᠤᠨ ᠡᠵᠡᠩᠨᠡᠭᠴᠢ ᠵᠢᠨ ᠰᠦᠯᠵᠢᠶᠡᠨ᠎ᠤ ᠬᠣᠭᠣᠷᠣᠨᠳᠣᠬᠢ ᠤᠲᠠᠰᠤ ᠵᠢᠨ ᠴᠢᠮᠡᠭᠡ ᠬᠣᠯᠪᠣᠭ᠎ᠠ ᠪᠦᠬᠦᠨ ᠵᠶ᠋ᠡᠷ ᠵᠶ᠋ᠡᠨ ᠲᠠᠰᠤᠷᠠᠭᠰᠠᠨ;

     ③ ᠠᠯᠤᠰ᠎ᠤᠨ ᠤᠲᠠᠰᠤ ᠵᠢᠨ ᠴᠢᠮᠡᠭᠡ ᠬᠣᠯᠪᠣᠭ᠋ᠠᠨ᠎ᠤ 1 ᠴᠢᠭᠯᠡᠯ᠎ᠨᠢ ᠪᠦᠬᠦᠨ ᠵᠶ᠋ᠡᠷ ᠵᠶ᠋ᠡᠨ ᠲᠠᠰᠤᠷᠠᠭᠰᠠᠨ;

     ④ ᠲᠣᠭᠲᠠᠮᠠᠯ ᠤᠲᠠᠰᠤ ᠵᠢᠨ ᠴᠢᠮᠡᠭᠡ ᠬᠣᠯᠪᠣᠭ᠋ᠠᠨ᠎ᠤ ᠲᠠᠰᠤᠯᠳᠠᠯ᠎ᠤᠨ ᠨᠥᠯᠥᠭᠡ᠎ᠨᠢ ᠲᠦᠮᠡᠨ ᠡᠷᠦᠬᠡ᠎ᠠᠴᠠ ᠬᠡᠲᠦᠷᠡᠭᠰᠡᠨ;

     ⑤ ᠰᠢᠯᠵᠢᠮᠡᠯ ᠤᠲᠠᠰᠤ ᠵᠢᠨ ᠴᠢᠮᠡᠭᠡ ᠬᠣᠯᠪᠣᠭ᠋ᠠᠨ᠎ᠤ ᠲᠠᠰᠤᠯᠳᠠᠯ᠎ᠤᠨ ᠨᠥᠯᠥᠭᠡ᠎ᠨᠢ ᠲᠦᠮᠡᠨ ᠡᠷᠦᠬᠡ᠎ᠠᠴᠠ ᠬᠡᠲᠦᠷᠡᠭᠰᠡᠨ;

     ⑥ ᠣᠬᠣᠷ ᠮᠡᠳᠡᠭᠡᠨ᠎ᠤ ᠲᠠᠪᠴᠠᠩ᠂ ᠣᠯᠠᠨ ᠵᠠᠭᠤᠴᠢᠲᠤ ᠮᠡᠳᠡᠭᠡᠨ᠎ᠤ ᠲᠠᠪᠴᠠᠩ ᠵᠢᠴᠢ ᠪᠤᠰᠤᠳ ᠥᠷᠲᠡᠭ ᠨᠡᠮᠡᠭᠳᠡᠯ᠎ᠤᠨ ᠲᠤᠬᠠᠢ᠌ᠯᠠᠭᠰᠠᠨ ᠠᠵᠢᠯ᠎ᠤᠨ ᠲᠠᠪᠴᠠᠩ᠎ᠤᠨ ᠦᠢ᠍ᠯᠡᠴᠢᠯᠡᠭᠡ ᠲᠠᠰᠤᠷᠠᠭᠰᠠᠨ᠃

     《ᠣᠨᠴᠠ ᠬᠦᠨᠳᠦ ᠶᠡᠬᠡ ᠭᠡᠨᠡᠳᠡᠯ᠂ ᠬᠦᠨᠳᠦ ᠶᠡᠬᠡ ᠭᠡᠨᠡᠳᠡᠯ᠂ ᠨᠡᠯᠢᠶᠡᠳ ᠶᠡᠬᠡ ᠭᠡᠨᠡᠳᠡᠯ᠂ ᠡᠩ᠎ᠤᠨ ᠭᠡᠨᠡᠳᠡᠯ》᠎ᠢ ᠲᠣᠭᠲᠠᠭ᠋ᠠᠬᠤ ᠪᠠᠷᠢᠮᠵᠢᠶ᠎ᠠ ᠵᠢ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠶᠠᠮᠤᠨ᠎ᠠᠴᠠ ᠬᠤᠪᠢᠶᠠᠷᠢᠯᠠᠬᠤ ᠵᠢᠨ ᠬᠠᠮᠲᠤ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ ᠲᠣᠬᠢᠷᠠᠭᠤᠯᠤᠨ᠎ᠠ᠂ ᠡᠭᠦᠨ᠎ᠳᠤ ᠬᠡᠯᠡᠵᠦ ᠪᠠᠢ᠌ᠭ᠎ᠠ 《ᠳᠡᠭᠡᠭᠰᠢ》 ᠭᠡᠳᠡᠭ᠎ᠲᠤ ᠲᠤᠰ ᠲᠣᠭ᠎ᠠ ᠵᠢ ᠪᠠᠭᠲᠠᠭ᠋ᠠᠨ᠎ᠠ᠂ ᠬᠡᠯᠡᠵᠦ ᠪᠠᠢ᠌ᠭ᠎ᠠ 《ᠳᠣᠷᠣᠭᠰᠢ》 ᠭᠡᠳᠡᠭ᠎ᠲᠤ ᠲᠤᠰ ᠲᠣᠭ᠎ᠠ ᠵᠢ ᠪᠠᠭᠲᠠᠭ᠋ᠠᠬᠤ ᠦᠭᠡᠢ᠃

     7.2 ᠪᠡᠯᠡᠳᠬᠡᠯ ᠲᠥᠰᠥᠯ᠎ᠢ ᠬᠠᠮᠢᠶᠠᠷᠬᠤ ᠪᠠ ᠰᠢᠨᠡᠳᠬᠡᠬᠦ

      ᠲᠣᠰ ᠪᠡᠯᠡᠳᠬᠡᠯ ᠲᠥᠰᠥᠯ᠎ᠢ ᠥᠪᠥᠷ ᠮᠣᠩᠭᠣᠯ᠎ᠤᠨ ᠴᠢᠮᠡᠭᠡ ᠬᠣᠯᠪᠣᠭ᠋ᠠᠨ᠎ᠤ ᠬᠠᠮᠢᠶᠠᠷᠤᠯᠲᠠ ᠵᠢᠨ ᠲᠣᠪᠴᠢᠶ᠎ᠠ᠎ᠠᠴᠠ  ᠥᠪᠡᠷᠲᠡᠭᠡᠨ ᠵᠠᠰᠠᠬᠤ ᠣᠷᠣᠨ᠎ᠤ ᠵᠢᠯᠤᠭᠣᠳᠬᠤ ᠭᠠᠵᠠᠷ᠎ᠤᠨ ᠡᠯ᠎ᠡ ᠪᠦᠷᠢᠯᠳᠦᠭᠦᠨ ᠨᠢᠭᠡᠴᠢ᠎ᠲᠠᠢ ᠬᠠᠮᠲᠤᠷᠠᠨ ᠴᠠᠭ᠎ᠲᠤ᠎ᠨᠢ ᠲᠣᠬᠢᠷᠠᠭᠤᠯᠤᠨ ᠵᠠᠰᠠᠪᠤᠷᠢ ᠣᠷᠣᠭᠤᠯᠤᠨ ᠲᠡᠭᠦᠯᠳᠡᠷᠵᠢᠭᠦᠯᠦᠨ᠎ᠡ᠃

     7.3 ᠤᠬᠠᠭᠤᠯᠬᠤ᠂ ᠪᠣᠯᠪᠠᠰᠤᠷᠠᠯ ᠬᠦᠷᠲᠡᠭᠡᠬᠦ ᠪᠠ ᠰᠣᠷᠢᠯᠲᠠ ᠬᠢᠬᠦ

      ᠪᠠᠴᠢᠮ ᠪᠠᠢ᠌ᠳᠠᠯ᠎ᠢ ᠠᠷᠭ᠋ᠠᠴᠠᠭ᠋ᠠᠬᠤ ᠠᠯᠪᠠᠨ ᠭᠡᠷ᠎ᠨᠢ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠷᠢᠭᠤᠴᠠᠯᠭ᠎ᠠ᠎ᠪᠠᠨ ᠴᠢᠩᠭ᠋ᠠᠷᠠᠭᠤᠯᠵᠤ᠂ ᠵᠢᠩᠬᠢᠨᠢ ᠪᠠᠢ᠌ᠯᠳᠤᠭ᠋ᠠᠨ᠎ᠳᠤ ᠰᠠᠭᠤᠷᠢᠯᠠᠨ᠂ ᠴᠢᠮᠡᠭᠡ ᠬᠣᠯᠪᠣᠭ᠋ᠠᠨ᠎ᠤ ᠭᠡᠨᠡᠳᠡᠯ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠰᠣᠷᠢᠯᠲᠠ ᠵᠢ 3 ᠵᠢᠯ᠎ᠳᠤ ᠨᠠᠭ᠋ᠠᠲᠤ ᠵᠠᠬ᠎ᠠ᠎ᠳᠤ᠎ᠪᠠᠨ ᠨᠢᠭᠡ ᠤᠳᠠᠭ᠎ᠠ ᠵᠣᠬᠢᠶᠠᠨ ᠪᠠᠢ᠌ᠭᠤᠯᠤᠨ ᠥᠷᠨᠢᠭᠦᠯᠵᠦ᠂ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠶᠠᠪᠤᠴᠠ ᠵᠢ ᠰᠠᠢ᠌ᠨ ᠮᠡᠳᠡᠵᠦ᠂ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠲᠣᠭᠲᠠᠴᠠ ᠵᠢ ᠰᠢᠯᠭ᠋ᠠᠨ ᠪᠠᠢ᠌ᠴᠠᠭ᠋ᠠᠵᠤ᠂ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠡᠩᠨᠡᠭᠡ᠎ᠪᠠᠨ ᠳᠠᠪᠲᠠᠨ ᠪᠣᠯᠪᠠᠰᠤᠷᠠᠭᠤᠯᠵᠤ᠂ ᠤᠷᠢᠶᠠᠯᠠᠨ ᠳᠠᠭ᠋ᠠᠬᠤ ᠬᠢᠷᠢ ᠲᠦᠪᠰᠢᠨ ᠵᠶ᠋ᠡᠨ ᠳᠡᠭᠡᠭᠰᠢᠯᠡᠭᠦᠯᠬᠦ ᠵᠢᠨ ᠬᠠᠮᠲᠤ ᠪᠡᠯᠡᠳᠬᠡᠯ ᠲᠥᠰᠥᠯ᠎ᠳᠤ ᠵᠠᠰᠠᠪᠤᠷᠢ ᠣᠷᠣᠭᠤᠯᠬᠤ ᠪᠠ ᠲᠡᠭᠦᠯᠳᠡᠷᠵᠢᠭᠦᠯᠬᠦ᠎ᠳᠤ ᠦᠨᠳᠦᠰᠦᠯᠡᠯ ᠬᠠᠩᠭ᠋ᠠᠬᠤ ᠬᠡᠷᠡᠭᠲᠡᠢ᠃ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠴᠢᠮᠡᠭᠡ ᠬᠣᠯᠪᠣᠭ᠋ᠠᠨ᠎ᠤ ᠰᠠᠭᠤᠷᠢ ᠪᠡᠯᠡᠳᠬᠡᠮᠵᠢ ᠵᠢᠨ ᠬᠠᠮᠠᠭ᠋ᠠᠯᠠᠯᠲᠠ ᠵᠢᠨ ᠮᠡᠳᠡᠯᠭᠡ ᠵᠢᠨ ᠤᠬᠠᠭᠤᠯᠭ᠎ᠠ ᠬᠥᠮᠦᠵᠢᠯ᠎ᠢ ᠴᠢᠩᠭ᠋ᠠᠳᠬᠠᠵᠤ᠂ ᠪᠥᠬᠥ ᠠᠵᠢᠯᠲᠠᠨ᠎ᠤ᠎ᠪᠠᠨ ᠠᠮᠤᠷ ᠲᠦᠪᠰᠢᠨ᠎ᠤ ᠦᠵᠡᠯ ᠤᠬᠠᠮᠰᠠᠷ᠎ᠢ᠎ᠨᠢ ᠴᠢᠩᠭ᠋ᠠᠷᠠᠭᠤᠯᠤᠨ᠂ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠡᠩᠨᠡᠭᠡ ᠵᠢᠨ ᠪᠣᠯᠪᠠᠰᠤᠷᠠᠯ᠎ᠢ ᠥᠷᠨᠢᠭᠦᠯᠵᠦ᠂ ᠪᠠᠴᠢᠮ ᠪᠠᠢ᠌ᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠴᠢᠳᠠᠪᠤᠷᠢ᠎ᠪᠠᠨ ᠳᠡᠭᠡᠭᠰᠢᠯᠡᠭᠦᠯᠬᠦ ᠬᠡᠷᠡᠭᠲᠡᠢ᠃

     7.4 ᠪᠡᠯᠡᠳᠬᠡᠯ ᠲᠥᠰᠥᠯ᠎ᠢ ᠬᠡᠷᠡᠭᠵᠢᠭᠦᠯᠬᠦ

      ᠲᠤᠰ ᠪᠡᠯᠡᠳᠬᠡᠯ ᠲᠥᠰᠥᠯ᠎ᠢ ᠳᠠᠷᠤᠮᠠᠯᠯᠠᠨ ᠲᠠᠷᠬᠠᠭ᠋ᠠᠭᠰᠠᠨ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃


      ᠳᠠᠭ᠋ᠠᠯᠳᠤᠭᠤᠯᠤᠯ᠄ ᠥᠪᠥᠷ ᠮᠣᠩᠭᠣᠯ᠎ᠤᠨ ᠴᠢᠮᠡᠭᠡ ᠬᠣᠯᠪᠣᠭ᠋ᠠᠨ᠎ᠤ ᠲᠣᠣᠷ ᠰᠦᠯᠵᠢᠶ᠎ᠡ ᠵᠢᠨ ᠭᠡᠨᠡᠳᠡᠯ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠴᠤᠪᠤᠷᠠᠯ ᠵᠢᠷᠤᠭ

     

11111111111.png





ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ