ᠢᠯᠡ ᠵᠠᠰᠠᠭ   -   ᠠᠯᠪᠠᠨ ᠲᠢᠩᠬᠢᠮ᠎ᠤᠨ ᠪᠢᠴᠢᠭ ᠮᠠᠲ᠋ᠧᠷᠢᠶᠠᠯ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠤ ᠪᠤᠳᠠᠭ᠎ᠠ ᠬᠤᠳᠠᠯᠳᠤᠨ ᠠᠪᠬᠤ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ)》 ᠵᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠨᠡᠶ᠋ᠢᠲᠡᠯᠡᠭᠰᠡᠨ ᠴᠠᠭ᠄ 2023-12-14

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ

ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠪᠢᠴᠢᠭ ᠮᠠᠲ᠋ᠧᠷᠢᠶᠠᠯ

 

ᠥᠪᠥᠷ ᠵᠠᠰᠠᠭ ᠠᠯᠪᠠᠨ ᠲᠠᠷᠬᠠᠭ᠋ᠠᠭᠰᠠᠨ [2023 ] 12 ᠳ᠋ᠤᠭ᠋ᠠᠷ ᠲᠣᠭ᠋ᠠᠲᠤ

 

《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠤ ᠪᠤᠳᠠᠭ᠎ᠠ ᠬᠤᠳᠠᠯᠳᠤᠨ ᠠᠪᠬᠤ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ ) 》 ᠵᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ

 

ᠡᠯ᠎ᠡ ᠠᠢ᠌ᠮᠠᠭ᠎ᠤᠨ ᠵᠠᠬᠢᠷᠭ᠎ᠠ ᠂  ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠂  ᠡᠯ᠎ᠡ ᠬᠣᠰᠢᠭᠤ ᠰᠢᠶᠠᠨ᠎ᠤ  ᠠᠷᠠᠳ᠎ᠤᠨ  ᠵᠠᠰᠠᠭ᠎ᠤᠨ ᠣᠷᠳᠣᠨ ᠂  ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ ᠂  ᠠᠯᠪᠠᠨ ᠭᠡᠷ ᠂  ᠲᠢᠩᠬᠢᠮ ᠂  ᠲᠣᠪᠴᠢᠶ᠎ᠠ ᠂  ᠡᠯ᠎ᠡ ᠲᠣᠮᠣ ᠠᠵᠤ ᠠᠬᠤᠢ᠌ᠯᠠᠯ ᠂  ᠠᠵᠢᠯ ᠦᠢ᠍ᠯᠡᠰ᠎ᠤᠨ ᠨᠢᠭᠡᠴᠢ᠎ᠳᠤ᠄

       ᠡᠳᠦᠭᠡ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠤ ᠪᠤᠳᠠᠭ᠎ᠠ ᠬᠤᠳᠠᠯᠳᠤᠨ ᠠᠪᠬᠤ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ ) 》 ᠵᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ ᠂  ᠲᠠ ᠨᠠᠷ᠎ᠲᠤ ᠳᠠᠷᠤᠮᠠᠯᠯᠠᠨ ᠶᠠᠪᠤᠭᠤᠯᠤᠯ᠎ᠠ ᠂  ᠪᠣᠳᠠᠲᠠᠢ᠎ᠲᠠᠢ᠎ᠪᠠᠨ ᠤᠶᠠᠯᠳᠤᠭᠤᠯᠤᠨ ᠂  ᠬᠢᠨᠠᠮᠠᠭ᠋ᠠᠢ ᠲᠤᠭᠤᠰᠢᠯᠠᠭᠤᠯᠤᠨ ᠬᠡᠷᠡᠭᠵᠢᠭᠦᠯᠲᠦᠭᠡᠢ ᠃ 

2023 ᠣᠨ᠎ᠤ 1 ᠳ᠋ᠦ᠍ᠭᠡᠷ ᠰᠠᠷ᠎ᠠ ᠵᠢᠨ 14᠎ᠤ ᠡᠳᠦᠷ

      (ᠲᠣᠰ ᠪᠢᠴᠢᠭ ᠮᠠᠲ᠋ᠧᠷᠢᠶᠠᠯ᠎ᠢ ᠢᠯᠡ ᠨᠡᠢ᠌ᠲᠡᠯᠡᠨ᠎ᠡ)

 

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠤ ᠪᠤᠳᠠᠭ᠎ᠠ ᠬᠤᠳᠠᠯᠳᠤᠨ ᠠᠪᠬᠤ  ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ )

       ᠨᠢᠭᠡᠳᠦᠭᠡᠷ ᠪᠦᠯᠦᠭ   ᠶᠡᠷᠦᠩᠬᠡᠢ ᠳᠦᠷᠢᠮ

       ᠨᠢᠭᠡᠳᠦᠭᠡᠷ ᠵᠦᠢ᠍ᠯ   ᠠᠮᠤ ᠪᠤᠳᠠᠭ᠎ᠠ ᠬᠤᠳᠠᠯᠳᠤᠨ ᠠᠪᠬᠤ ᠠᠵᠢᠯᠯᠠᠭ᠎ᠠ ᠵᠢ ᠤᠯᠠᠮ ᠨᠢᠭᠡ ᠠᠯᠬᠤᠮ ᠵᠢᠷᠤᠮᠵᠢᠭᠤᠯᠤᠨ ᠂  ᠠᠮᠤ ᠪᠤᠳᠠᠭ᠎ᠠ ᠬᠤᠳᠠᠯᠳᠤᠨ ᠠᠪᠬᠤ ᠬᠠᠮᠢᠶᠠᠷᠤᠯᠲᠠ ᠪᠠ ᠦᠢ᠍ᠯᠡᠴᠢᠯᠡᠭᠡ ᠵᠢ ᠴᠢᠩᠭ᠋ᠠᠳᠬᠠᠨ ᠂  ᠠᠮᠤ ᠪᠤᠳᠠᠭ᠎ᠠ ᠬᠤᠳᠠᠯᠳᠤᠨ ᠠᠪᠬᠤ ᠡᠮᠬᠢ ᠵᠢᠷᠤᠮ᠎ᠢ ᠦᠨᠡᠨ ᠬᠦ᠌ ᠬᠠᠮᠠᠭ᠋ᠠᠯᠠᠨ ᠂  ᠠᠮᠤ ᠪᠤᠳᠠᠭ᠋ᠠᠨ᠎ᠤ ᠦᠢ᠍ᠯᠡᠳᠪᠦᠷᠢᠯᠡᠭᠴᠢ ᠂  ᠬᠤᠳᠠᠯᠳᠤᠨ ᠠᠪᠤᠭᠴᠢ ᠂  ᠬᠡᠷᠡᠭᠯᠡᠭᠴᠢᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠨ ᠂  ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠢ ᠪᠠᠲᠤᠯᠠᠬᠤ ᠵᠢᠨ ᠲᠤᠰᠠᠳᠠ ᠂ 《  ᠠᠮᠤ ᠪᠤᠳᠠᠭ᠋ᠠᠨ᠎ᠤ ᠭᠦᠢ᠍ᠯᠭᠡᠭᠡᠨ᠎ᠤ ᠬᠠᠮᠢᠶᠠᠷᠤᠯᠲᠠ ᠵᠢᠨ ᠳᠦᠷᠢᠮ 》 ᠵᠡᠷᠭᠡ ᠬᠣᠯᠪᠣᠭᠳᠠᠯ ᠪᠦᠬᠦᠢ ᠬᠠᠤᠯᠢ ᠴᠠᠭ᠋ᠠᠵᠠ ᠂  ᠬᠠᠤᠯᠢ ᠲᠣᠭᠲᠠᠭ᠋ᠠᠯ᠎ᠤᠨ  ᠬᠠᠮᠢᠶ᠎ᠠ ᠪᠦᠬᠦᠢ ᠲᠣᠭᠲᠠᠭ᠋ᠠᠯ᠎ᠢ  ᠦᠨᠳᠦᠰᠦᠯᠡᠵᠦ ᠂  ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ ᠤᠶᠠᠯᠳᠤᠭᠤᠯᠤᠨ ᠂  ᠲᠣᠰ ᠠᠷᠭ᠎ᠠ ᠵᠢ ᠲᠣᠭᠲᠠᠭ᠋ᠠᠪᠠ ᠃

       ᠬᠣᠶᠠᠳᠤᠭ᠋ᠠᠷ ᠵᠦᠢ᠍ᠯ   ᠥᠪᠥᠷ ᠮᠣᠩᠭᠣᠯ᠎ᠤᠨ  ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠴᠠᠷᠠᠭ᠋ᠠᠨ᠎ᠳᠤ ᠠᠮᠤ ᠪᠤᠳᠠᠭ᠋ᠠᠨ᠎ᠤ ᠬᠤᠳᠠᠯᠳᠤᠨ ᠠᠪᠬᠤ ᠠᠵᠢᠯᠯᠠᠭ᠎ᠠ ᠡᠷᠬᠢᠯᠡᠵᠦ ᠪᠠᠢ᠌ᠭ᠎ᠠ ᠪᠠᠢ᠌ᠭ᠋ᠠᠯᠢ ᠬᠥᠮᠥᠨ ᠂  ᠬᠠᠤᠯᠢ ᠵᠢᠨ ᠡᠷᠬᠡᠲᠡᠨ ᠂  ᠬᠠᠤᠯᠢ ᠵᠢᠨ ᠡᠷᠬᠡᠲᠡᠨ᠎ᠤ ᠪᠤᠰᠤ ᠵᠣᠬᠢᠶᠠᠨ ᠪᠠᠢ᠌ᠭᠤᠯᠤᠯᠲᠠ (ᠳᠣᠷᠣᠭᠰᠢ ᠠᠮᠤ ᠪᠤᠳᠠᠭ᠋ᠠᠨ᠎ᠤ ᠬᠤᠳᠠᠯᠳᠤᠨ ᠠᠪᠤᠭᠴᠢ ᠭᠡᠵᠦ ᠶᠡᠷᠦᠩᠬᠡᠢ᠌ᠯᠡᠨ ᠨᠡᠷᠡᠢ᠌ᠳᠦᠨ᠎ᠡ ) ᠲᠣᠰ ᠠᠷᠭ᠎ᠠ ᠵᠢ ᠵᠢᠷᠤᠮᠯᠠᠨ ᠰᠠᠬᠢᠬᠤ ᠬᠡᠷᠡᠭᠲᠡᠢ ᠃

       ᠲᠣᠰ ᠠᠷᠭ᠎ᠠ᠎ᠳᠤ ᠶᠠᠷᠢᠵᠤ ᠪᠠᠢ᠌ᠭ᠎ᠠ ᠠᠮᠤ ᠪᠤᠳᠠᠭ᠎ᠠ ᠭᠡᠳᠡᠭ᠎ᠨᠢ ᠪᠤᠭᠤᠳᠠᠢ ᠂  ᠲᠤᠲᠤᠷᠭ᠎ᠠ ᠂  ᠡᠷᠳᠡᠨᠢ ᠰᠢᠰᠢ ᠂  ᠡᠯᠳᠡᠪ ᠠᠮᠤ ᠵᠢᠴᠢ ᠴᠠᠢ᠌ᠯᠭ᠋ᠠᠭᠰᠠᠨ ᠠᠮᠤ ᠵᠢ ᠵᠢᠭ᠋ᠠᠵᠤ ᠪᠣᠢ ᠃

       ᠭᠤᠷᠪᠠᠳᠤᠭ᠋ᠠᠷ ᠵᠦᠢ᠍ᠯ   ᠠᠮᠤ ᠪᠤᠳᠠᠭ᠎ᠠ ᠬᠤᠳᠠᠯᠳᠤᠨ ᠠᠪᠬᠤ ᠭᠡᠳᠡᠭ᠎ᠨᠢ ᠠᠮᠤ ᠪᠤᠳᠠᠭ᠎ᠠ ᠲᠠᠷᠢᠵᠤ ᠪᠠᠢ᠌ᠭ᠎ᠠ ᠲᠠᠷᠢᠶᠠᠴᠢᠨ ᠂  ᠪᠤᠰᠤᠳ ᠠᠮᠤ ᠪᠤᠳᠠᠭ᠋ᠠᠨ᠎ᠤ ᠦᠢ᠍ᠯᠡᠳᠪᠦᠷᠢᠯᠡᠭᠴᠢ ᠪᠤᠶᠤ ᠠᠮᠤ ᠪᠤᠳᠠᠭ᠋ᠠᠨ᠎ᠤ ᠡᠷᠬᠢᠯᠡᠨ ᠡᠵᠡᠩᠨᠡᠭᠴᠢ ᠂  ᠲᠠᠷᠢᠶᠠᠴᠢᠨ᠎ᠤ ᠲᠤᠰᠬᠠᠢ ᠬᠣᠷᠰᠢᠶ᠎ᠠ ᠵᠡᠷᠭᠡ ᠵᠢᠨ ᠪᠥᠭᠡᠮ ᠵᠶ᠋ᠡᠷ ᠠᠮᠤ ᠪᠤᠳᠠᠭ᠎ᠠ ᠬᠤᠳᠠᠯᠳᠤᠨ ᠠᠪᠬᠤ ᠠᠵᠢᠯᠯᠠᠭ᠎ᠠ ᠵᠢ ᠵᠢᠭ᠋ᠠᠵᠤ ᠪᠣᠢ ᠃

       ᠠᠮᠤ ᠪᠤᠳᠠᠭ᠋ᠠᠨ᠎ᠤ ᠡᠷᠬᠢᠯᠡᠨ ᠡᠵᠡᠩᠨᠡᠭᠴᠢ ᠭᠡᠳᠡᠭ᠎ᠨᠢ ᠬᠤᠪᠢ ᠬᠥᠮᠥᠨ ᠪᠤᠶᠤ ᠭᠡᠷ ᠪᠦᠯᠢ᠎ᠪᠠᠷ ᠡᠵᠡᠩᠨᠡᠯᠲᠡ ᠵᠢᠨ ᠭᠣᠣᠯ ᠴᠣᠭᠴᠠ ᠪᠣᠯᠭ᠋ᠠᠵᠤ ᠰᠢᠭᠤᠳ ᠠᠮᠤ ᠪᠤᠳᠠᠭ᠎ᠠ ᠲᠠᠷᠢᠵᠤ ᠪᠠᠢ᠌ᠭ᠎ᠠ ᠲᠠᠷᠢᠶᠠᠴᠢᠨ ᠂  ᠪᠤᠰᠤᠳ ᠠᠮᠤ ᠪᠤᠳᠠᠭ᠋ᠠᠨ᠎ᠤ ᠦᠢ᠍ᠯᠡᠳᠪᠦᠷᠢᠯᠡᠭᠴᠢ ᠂  ᠲᠠᠷᠢᠶᠠᠴᠢᠨ᠎ᠤ ᠲᠤᠰᠬᠠᠢ ᠬᠣᠷᠰᠢᠶ᠎ᠠ᠎ᠠᠴᠠ  ᠪᠥᠭᠡᠮ ᠵᠶ᠋ᠡᠷ ᠠᠮᠤ ᠪᠤᠳᠠᠭ᠎ᠠ ᠬᠤᠳᠠᠯᠳᠤᠨ ᠠᠪᠳᠠᠭ ᠡᠵᠡᠩᠨᠡᠭᠴᠢ ᠵᠢ ᠵᠢᠭ᠋ᠠᠵᠤ ᠪᠣᠢ ᠃

       ᠳᠥᠷᠪᠡᠳᠦᠭᠡᠷ ᠵᠦᠢ᠍ᠯ   ᠠᠮᠤ ᠪᠤᠳᠠᠭ᠎ᠠ ᠬᠤᠳᠠᠯᠳᠤᠨ ᠠᠪᠬᠤ ᠠᠵᠢᠯᠯᠠᠭ᠎ᠠ᠎ᠳᠤ ᠰᠠᠢ᠌ᠨ ᠳᠤᠷ᠎ᠠ᠎ᠠᠴᠠ᠎ᠪᠠᠨ ᠂  ᠲᠥᠪ ᠭᠣᠣᠯᠴᠢ ᠂  ᠦᠨᠡᠨᠴᠢ ᠢᠲᠡᠭᠡᠮᠵᠢᠲᠡᠢ ᠪᠠᠢ᠌ᠬᠤ ᠵᠠᠷᠴᠢᠮ᠎ᠢ ᠵᠢᠷᠤᠮᠯᠠᠵᠤ ᠂  ᠠᠮᠤ ᠪᠤᠳᠠᠭ᠎ᠠ ᠦᠢ᠍ᠯᠡᠳᠪᠦᠷᠢᠯᠡᠭᠴᠢ ᠵᠢᠨ ᠬᠠᠤᠯᠢ ᠶᠣᠰᠣᠨ᠎ᠤ ᠡᠷᠬᠡ ᠠᠰᠢᠭ᠎ᠢ ᠬᠣᠬᠢᠷᠠᠭᠤᠯᠵᠤ ᠪᠣᠯᠬᠤ ᠦᠭᠡᠢ ᠂  ᠤᠯᠤᠰ᠎ᠤᠨ ᠠᠰᠢᠭ ᠲᠤᠰᠠ ᠪᠠ ᠨᠡᠢ᠌ᠭᠡᠮ ᠨᠡᠢ᠌ᠲᠡ ᠵᠢᠨ ᠠᠰᠢᠭ ᠲᠤᠰᠠ ᠵᠢ ᠬᠣᠬᠢᠷᠠᠭᠤᠯᠵᠤ ᠪᠣᠯᠬᠤ ᠦᠭᠡᠢ ᠃

       ᠭᠣᠣᠯ ᠴᠣᠭᠴᠠ ᠵᠢᠨ ᠣᠯᠠᠨ ᠡᠰᠢᠵᠢᠭᠰᠡᠨ ᠂  ᠭᠣᠣᠯᠴᠢ ᠨᠡᠭᠡᠭᠡᠯᠲᠡ᠎ᠲᠠᠢ ᠂  ᠥᠷᠢᠰᠦᠯᠳᠦᠭᠡᠨ᠎ᠨᠢ ᠡᠮᠬᠢ ᠵᠢᠷᠤᠮ᠎ᠲᠠᠢ ᠠᠮᠤ ᠪᠤᠳᠠᠭ᠎ᠠ ᠬᠤᠳᠠᠯᠳᠤᠨ ᠠᠪᠬᠤ ᠵᠠᠬ᠎ᠠ ᠳᠡᠯᠭᠡᠭᠦᠷ᠎ᠢ ᠴᠣᠭᠴᠠᠯᠠᠬᠤ ᠵᠢ ᠵᠣᠷᠢᠭᠵᠢᠭᠤᠯᠬᠤ ᠵᠢᠨ ᠬᠠᠮᠲᠤ ᠂  ᠪᠦᠲᠦᠮᠵᠢᠲᠡᠢ ᠠᠷᠭ᠎ᠠ ᠠᠪᠴᠤ ᠪᠠᠢ᠌ᠭ᠋ᠠᠳ ᠠᠮᠤ ᠪᠤᠳᠠᠭ᠎ᠠ ᠪᠦᠷᠢᠯᠭᠡᠨ ᠰᠦᠢ᠍ᠳᠬᠡᠬᠦ ᠵᠢ ᠰᠡᠷᠭᠡᠢ᠌ᠯᠡᠬᠦ ᠪᠠ ᠪᠠᠭ᠋ᠠᠰᠬᠠᠨ᠎ᠠ ᠃

       ᠲᠠᠪᠤᠳᠤᠭ᠋ᠠᠷ ᠵᠦᠢ᠍ᠯ   ᠠᠮᠤ ᠪᠤᠳᠠᠭ᠎ᠠ ᠪᠠ ᠨᠥᠭᠡᠴᠡᠯᠡᠬᠦ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠨᠢ ᠠᠷᠠᠳ ᠲᠦᠮᠡᠨ ᠵᠶ᠋ᠠᠷ ᠭᠣᠣᠯ ᠪᠣᠯᠭ᠋ᠠᠬᠤ ᠬᠥᠭᠵᠢᠯᠲᠡ ᠵᠢᠨ ᠣᠨᠣᠯᠵᠢᠬᠤᠨ᠎ᠢ ᠪᠣᠢ ᠪᠣᠯᠭ᠋ᠠᠵᠤ ᠂  ᠲᠠᠷᠢᠶᠠᠴᠢᠨ ᠪᠣᠯᠣᠨ ᠠᠵᠤ ᠠᠬᠤᠢ᠌ᠯᠠᠯ᠎ᠳᠤ ᠦᠢ᠍ᠯᠡᠴᠢᠯᠡᠬᠦ ᠬᠢᠷᠢ ᠲᠦᠪᠰᠢᠨ ᠵᠶ᠋ᠡᠨ ᠲᠠᠰᠤᠷᠠᠯᠲᠠ ᠦᠭᠡᠢ ᠳᠡᠭᠡᠭᠰᠢᠯᠡᠭᠦᠯᠵᠦ ᠂  ᠠᠮᠤ ᠪᠤᠳᠠᠭ᠎ᠠ ᠬᠤᠳᠠᠯᠳᠤᠨ ᠠᠪᠬᠤ ᠬᠠᠮᠢᠶᠠᠷᠤᠯᠲᠠ ᠵᠢᠨ ᠠᠵᠢᠯᠯᠠᠭ᠎ᠠ᠎ᠳᠤ᠎ᠪᠠᠨ ᠡᠭᠦᠷᠭᠡ ᠬᠠᠷᠢᠭᠤᠴᠠᠯᠭ᠎ᠠ᠎ᠪᠠᠨ ᠬᠠᠤᠯᠢ ᠶᠣᠰᠣᠭ᠋ᠠᠷ ᠭᠦᠢ᠍ᠴᠡᠳᠬᠡᠵᠦ ᠂  ᠬᠠᠤᠯᠢ ᠪᠤᠰᠤ ᠠᠷᠭ᠎ᠠ ᠪᠠᠷᠢᠯ ᠵᠶ᠋ᠠᠷ ᠠᠮᠤ ᠪᠤᠳᠠᠭ᠋ᠠᠨ᠎ᠤ ᠴᠢᠯᠦᠭᠡᠲᠡᠢ ᠭᠦᠢ᠍ᠯᠭᠡᠭᠡᠨ᠎ᠢ ᠬᠠᠷᠰᠢᠯᠠᠬᠤ ᠵᠢ ᠡᠷᠡᠰ ᠴᠠᠭ᠋ᠠᠵᠠᠯᠠᠨ᠎ᠠ ᠃  ᠠᠮᠤ ᠪᠤᠳᠠᠭ᠎ᠠ ᠬᠤᠳᠠᠯᠳᠤᠨ ᠠᠪᠤᠭᠴᠢ ᠵᠢᠨ ᠬᠠᠤᠯᠢ ᠶᠣᠰᠣᠨ᠎ᠤ ᠡᠷᠬᠡ ᠠᠰᠢᠭ᠎ᠢ ᠬᠥᠨᠥᠭᠡᠵᠦ ᠪᠣᠯᠬᠤ ᠦᠭᠡᠢ ᠃

       ᠵᠢᠷᠭᠤᠳᠤᠭ᠋ᠠᠷ ᠵᠦᠢ᠍ᠯ   ᠠᠮᠤ ᠪᠤᠳᠠᠭ᠎ᠠ ᠪᠠ ᠨᠥᠭᠡᠴᠡᠯᠡᠬᠦ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠨᠢ ᠠᠮᠤ ᠪᠤᠳᠠᠭ᠎ᠠ ᠬᠤᠳᠠᠯᠳᠤᠨ ᠠᠪᠬᠤ ᠬᠠᠮᠢᠶᠠᠷᠤᠯᠲᠠ ᠪᠠ ᠦᠢ᠍ᠯᠡᠴᠢᠯᠡᠭᠡ᠎ᠪᠠᠨ  ᠴᠢᠩᠭ᠋ᠠᠳᠬᠠᠵᠤ ᠂  ᠠᠮᠤ ᠪᠤᠳᠠᠭ᠎ᠠ ᠬᠤᠳᠠᠯᠳᠤᠨ ᠠᠪᠬᠤ ᠠᠵᠢᠯᠯᠠᠭ᠎ᠠ ᠵᠢ ᠵᠢᠷᠤᠮᠵᠢᠭᠤᠯᠬᠤ ᠬᠡᠷᠡᠭᠲᠡᠢ ᠃

       ᠬᠥᠭᠵᠢᠭᠦᠯᠦᠯᠲᠡ ᠪᠠ ᠥᠭᠡᠷᠡᠴᠢᠯᠡᠯᠲᠡ ᠂  ᠡᠳ᠋᠎ᠤᠨ ᠵᠠᠰᠠᠭ ᠂  ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠂  ᠵᠠᠮ ᠬᠠᠷᠢᠯᠴᠠᠭ᠎ᠠ ᠲᠡᠭᠡᠭᠡᠪᠦᠷᠢ ᠂  ᠲᠠᠷᠢᠶᠠᠠᠯᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠂  ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠂  ᠲᠣᠭ᠎ᠠ ᠪᠦᠷᠢᠳᠬᠡᠯ ᠂  ᠡᠷᠡᠭᠦᠯ ᠬᠠᠮᠠᠭ᠋ᠠᠯᠠᠯ ᠡᠷᠡᠭᠦᠯ ᠮᠡᠨᠳᠦ ᠂  ᠵᠠᠰᠠᠭ᠎ᠤᠨ  ᠶᠠᠪᠤᠳᠠᠯ᠎ᠤᠨ ᠦᠢ᠍ᠯᠡᠴᠢᠯᠡᠭᠡᠨ ᠂  ᠪᠠᠩᠬᠢ ᠳᠠᠭ᠋ᠠᠳᠬᠠᠯ᠎ᠤᠨ ᠬᠢᠨᠠᠯᠲᠠ ᠬᠠᠮᠢᠶᠠᠷᠤᠯᠲᠠ ᠂  ᠠᠷᠠᠳ᠎ᠤᠨ ᠪᠠᠩᠬᠢ ᠂  ᠲᠠᠷᠢᠶᠠᠯᠠᠩ᠎ᠤᠨ  ᠬᠥᠭᠵᠢᠭᠦᠯᠦᠯᠲᠡ ᠵᠢᠨ ᠪᠠᠩᠬᠢ ᠵᠡᠷᠭᠡ ᠰᠠᠯᠠᠭ᠎ᠠ ᠮᠥᠴᠢᠷ ᠂  ᠨᠢᠭᠡᠴᠢ᠎ᠨᠢ ᠥᠪᠡᠷ ᠥᠪᠡᠷ᠎ᠤᠨ ᠡᠭᠦᠷᠭᠡ ᠬᠠᠷᠢᠭᠤᠴᠠᠯᠭ᠎ᠠ ᠵᠢᠨ ᠬᠡᠪᠴᠢᠶᠡᠨ᠎ᠳᠤ᠎ᠪᠠᠨ ᠠᠮᠤ ᠪᠤᠳᠠᠭ᠎ᠠ ᠬᠤᠳᠠᠯᠳᠤᠨ ᠠᠪᠬᠤ ᠵᠢᠨ ᠬᠠᠮᠢᠶ᠎ᠠ ᠪᠦᠬᠦᠢ ᠵᠣᠬᠢᠴᠠᠯᠳᠤᠭᠤᠯᠤᠨ ᠬᠠᠮᠵᠢᠯᠴᠠᠬᠤ ᠠᠵᠢᠯ᠎ᠢ ᠰᠠᠢ᠌ᠲᠤᠷ ᠬᠢᠬᠦ ᠬᠡᠷᠡᠭᠲᠡᠢ ᠃

       ᠬᠣᠶᠠᠳᠤᠭ᠋ᠠᠷ ᠪᠦᠯᠦᠭ   ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠢ᠌ᠯᠠᠯ᠎ᠢ ᠪᠦᠷᠢᠳᠬᠡᠨ ᠳᠠᠩᠰᠠᠯᠠᠬᠤ

       ᠳᠣᠯᠣᠳᠤᠭ᠋ᠠᠷ ᠵᠦᠢ᠍ᠯ   ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠢ᠌ᠯᠠᠯ᠎ᠢ ᠪᠦᠷᠢᠳᠬᠡᠨ ᠳᠠᠩᠰᠠᠯᠠᠬᠤ ᠬᠠᠮᠢᠶᠠᠷᠤᠯᠲᠠ ᠵᠢᠨ ᠠᠵᠢᠯ᠎ᠳᠤ 《ᠢᠯᠡ ᠪᠠᠢ᠌ᠯᠭ᠋ᠠᠬᠤ ᠂  ᠲᠥᠪ ᠴᠢᠬᠡᠴᠢ ᠂  ᠲᠥᠪ ᠭᠣᠣᠯᠴᠢ ᠂  ᠠᠷᠠᠳ᠎ᠲᠤ ᠳᠥᠭᠥᠮ ᠦᠵᠡᠭᠦᠯᠦᠨ ᠠᠵᠤ ᠠᠬᠤᠢ᠌ᠯᠠᠯ᠎ᠳᠤ ᠠᠰᠢᠭ ᠬᠦᠷᠲᠡᠭᠡᠬᠦ ᠂  ᠤᠶᠠᠨ ᠬᠠᠳᠠᠨ ᠮᠥᠷᠲᠡᠭᠡᠨ ᠥᠨᠳᠥᠷ ᠪᠦᠲᠦᠮᠵᠢᠲᠡᠢ 》 《ᠬᠡᠨ ᠪᠦᠷᠢᠳᠬᠡᠨ ᠳᠠᠩᠰᠠᠯᠠᠪᠠᠯ ᠲᠡᠷᠡ ᠬᠢᠨᠠᠨ ᠬᠠᠮᠢᠶᠠᠷᠬᠤ 》 ᠵᠠᠷᠴᠢᠮ᠎ᠢ ᠪᠠᠷᠢᠮᠲᠠᠯᠠᠬᠤ ᠬᠡᠷᠡᠭᠲᠡᠢ ᠃

       ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠮᠤ ᠪᠤᠳᠠᠭ᠎ᠠ ᠪᠠ ᠨᠥᠭᠡᠴᠡᠯᠡᠬᠦ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠨᠢ ᠪᠥᠬᠥ ᠣᠷᠣᠨ᠎ᠤ ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠢ᠌ᠯᠠᠯ᠎ᠢ ᠪᠦᠷᠢᠳᠬᠡᠨ ᠳᠠᠩᠰᠠᠯᠠᠬᠤ ᠬᠠᠮᠢᠶᠠᠷᠤᠯᠲᠠ ᠵᠢᠨ ᠠᠵᠢᠯ᠎ᠢ ᠵᠢᠭ᠋ᠠᠨ ᠵᠢᠯᠣᠭᠣᠳᠤᠨ᠎ᠠ ᠃

       ᠠᠢ᠌ᠮᠠᠭ᠎ᠤᠨ ᠵᠠᠬᠢᠷᠭ᠎ᠠ ᠂  ᠲᠣᠭᠣᠷᠢᠭ ᠪᠠᠢ᠌ᠭᠤᠯᠤᠭᠰᠠᠨ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠠᠮᠤ ᠪᠤᠳᠠᠭ᠎ᠠ ᠪᠠ ᠨᠥᠭᠡᠴᠡᠯᠡᠬᠦ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠨᠢ ᠬᠠᠷᠢᠶᠠᠲᠤ ᠣᠷᠣᠨ ᠎ᠳᠠᠬᠢ ᠡᠯ᠎ᠡ ᠬᠣᠰᠢᠭᠤ ᠰᠢᠶᠠᠨ (ᠬᠣᠲᠠ ᠂  ᠲᠣᠭᠣᠷᠢᠭ )᠎ᠤ ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠢ᠌ᠯᠠᠯ᠎ᠢ ᠪᠦᠷᠢᠳᠬᠡᠨ ᠳᠠᠩᠰᠠᠯᠠᠬᠤ ᠬᠠᠮᠢᠶᠠᠷᠤᠯᠲᠠ ᠵᠢᠨ ᠠᠵᠢᠯ᠎ᠳᠤ ᠵᠢᠭ᠋ᠠᠨ ᠵᠢᠯᠣᠭᠣᠳᠤᠯᠭ᠎ᠠ ᠬᠢᠬᠦ ᠪᠠ ᠬᠢᠨᠠᠯᠲᠠ ᠲᠠᠯᠪᠢᠨ᠎ᠠ ᠃

       ᠬᠣᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠮᠤ ᠪᠤᠳᠠᠭ᠎ᠠ ᠪᠠ ᠨᠥᠭᠡᠴᠡᠯᠡᠬᠦ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠨᠢ ᠲᠣᠰ ᠬᠠᠷᠢᠶᠠᠲᠤ ᠣᠷᠣᠨ᠎ᠳᠠᠬᠢ ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠢ᠌ᠯᠠᠯ᠎ᠢ ᠪᠦᠷᠢᠳᠬᠡᠨ ᠳᠠᠩᠰᠠᠯᠠᠬᠤ ᠬᠠᠮᠢᠶᠠᠷᠤᠯᠲᠠ ᠵᠢᠨ ᠠᠵᠢᠯ᠎ᠢ ᠬᠠᠷᠢᠭᠤᠴᠠᠨ᠎ᠠ ᠃

       ᠨᠠᠢ᠍ᠮᠠᠳᠤᠭ᠋ᠠᠷ ᠵᠦᠢ᠍ᠯ   ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠢ᠌ᠯᠠᠯ᠎ᠢ ᠪᠦᠷᠢᠳᠬᠡᠨ ᠳᠠᠩᠰᠠᠯᠠᠬᠤ ᠪᠠ ᠬᠤᠪᠢᠷᠠᠭ᠋ᠠᠬᠤ ᠠᠵᠢᠯ᠎ᠢ ᠲᠤᠬᠠᠢ ᠵᠢᠨ ᠲᠠᠯᠠᠪᠠᠢ ᠂  ᠰᠦᠯᠵᠢᠶᠡᠨ᠎ᠳᠤ ᠪᠦᠷᠢᠳᠬᠡᠨ ᠳᠠᠩᠰᠠᠯᠠᠬᠤ ᠵᠢᠴᠢ ᠵᠠᠬᠢᠳᠠᠯ ᠂  ᠹᠠᠺᠰ ᠂  ᠡᠯᠧᠺᠲᠷᠣᠨ ᠰᠢᠤᠳᠠᠨ ᠵᠡᠷᠭᠡ ᠣᠯᠡᠨ ᠵᠦᠢ᠍ᠯ᠎ᠤᠨ ᠠᠷᠭ᠎ᠠ ᠬᠡᠯᠪᠡᠷᠢ᠎ᠪᠠᠷ ᠶᠠᠪᠤᠭᠳᠠᠭᠤᠯᠤᠨ᠎ᠠ ᠃

       ᠶᠢᠰᠦᠳᠦᠭᠡᠷ ᠵᠦᠢ᠍ᠯ   ᠬᠣᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠮᠤ ᠪᠤᠳᠠᠭ᠎ᠠ ᠪᠠ ᠨᠥᠭᠡᠴᠡᠯᠡᠬᠦ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠨᠢ ᠪᠦᠷᠢᠳᠬᠡᠨ ᠳᠠᠩᠰᠠᠯᠠᠬᠤ ᠠᠷᠭ᠎ᠠ ᠬᠡᠯᠪᠡᠷᠢ ᠂  ᠬᠠᠷᠢᠯᠴᠠᠬᠤ ᠬᠥᠮᠥᠨ ᠵᠢᠴᠢ ᠬᠠᠷᠢᠯᠴᠠᠬᠤ ᠠᠷᠭ᠎ᠠ ᠮᠠᠶᠢᠭ ᠵᠶ᠋ᠠᠨ ᠰᠠᠨᠠᠭ᠋ᠠᠴᠢᠯᠠᠭ᠎ᠠ᠎ᠠᠴᠠ᠎ᠪᠠᠨ ᠨᠡᠢ᠌ᠭᠡᠮ᠎ᠳᠤ  ᠢᠯᠡ ᠨᠡᠢ᠌ᠲᠡᠯᠡᠵᠦ ᠂  ᠲᠡᠭᠦᠨ᠎ᠤ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ᠎ᠤᠨ ᠰᠦᠯᠵᠢᠶᠡᠨ ᠳᠡᠭᠡᠷ᠎ᠡ᠎ᠪᠠᠨ ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠢ᠌ᠯᠠᠯ᠎ᠢ ᠪᠦᠷᠢᠳᠬᠡᠨ ᠳᠠᠩᠰᠠᠯᠠᠬᠤ ᠵᠦᠢ᠍ᠯᠡᠰ᠎ᠤᠨ ᠦᠢ᠍ᠯᠡᠴᠢᠯᠡᠭᠡᠨ᠎ᠤ ᠵᠦᠭᠯᠡᠭᠦᠷ ᠂  ᠭᠦᠢ᠍ᠴᠡᠳᠬᠡᠬᠦ ᠴᠤᠪᠤᠷᠠᠯ ᠵᠡᠷᠭᠡ ᠵᠢ ᠨᠡᠢ᠌ᠲᠡ᠎ᠳᠤ ᠵᠠᠷᠯᠠᠵᠤ ᠂  ᠬᠣᠯᠪᠣᠭᠳᠠᠯ ᠪᠦᠬᠦᠢ ᠪᠦᠷᠢᠳᠬᠡᠨ ᠳᠠᠩᠰᠠᠯᠠᠬᠤ ᠮᠠᠲᠸᠷᠢᠶᠠᠯ᠎ᠢ ᠲᠠᠭᠯᠠᠬᠤ ᠵᠢᠨ ᠦᠯᠢᠭᠡᠷ ᠪᠢᠴᠢᠭ ᠰᠡᠯᠲᠡ ᠵᠢ ᠬᠠᠩᠭ᠋ᠠᠵᠤ ᠂  ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠢ᠌ᠯᠠᠯ᠎ᠢ ᠠᠮᠤ ᠪᠤᠳᠠᠭ᠎ᠠ ᠬᠤᠳᠠᠯᠳᠤᠨ ᠠᠪᠬᠤ ᠵᠢᠨ ᠪᠦᠷᠢᠳᠬᠡᠨ ᠳᠠᠩᠰᠠᠯᠠᠬᠤ᠎ᠲᠠᠢ ᠬᠠᠮᠢᠶ᠎ᠠ ᠦᠭᠡᠢ ᠮᠠᠲᠸᠷᠢᠶᠠᠯ ᠬᠠᠩᠭ᠋ᠠᠬᠤ᠎ᠪᠠᠷ ᠱᠠᠭ᠋ᠠᠷᠳᠠᠵᠤ ᠪᠣᠯᠬᠤ ᠦᠭᠡᠢ ᠃

       ᠠᠷᠪᠠᠳᠤᠭ᠋ᠠᠷ ᠵᠦᠢ᠍ᠯ   ᠬᠣᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠮᠤ ᠪᠤᠳᠠᠭ᠎ᠠ ᠪᠠ ᠨᠥᠭᠡᠴᠡᠯᠡᠬᠦ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠠᠵᠢᠯᠲᠠᠨ ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠢ᠌ᠯᠠᠯ᠎ᠢ ᠪᠦᠷᠢᠳᠬᠡᠨ ᠳᠠᠩᠰᠠᠯᠠᠬᠤ ᠠᠵᠢᠯ᠎ᠢ ᠭᠦᠢ᠍ᠴᠡᠳᠬᠡᠬᠦ᠎ᠳᠤ᠎ᠪᠠᠨ ᠶᠠᠮᠠᠷ ᠴᠦ᠍ ᠰᠦᠢ᠍ᠳᠬᠡᠯ ᠬᠤᠷᠢᠶᠠᠵᠤ ᠪᠣᠯᠬᠤ ᠦᠭᠡᠢ ᠂  ᠪᠤᠰᠤᠳ᠎ᠠᠴᠠ ᠡᠳ᠋ ᠪᠣᠳᠠᠰ ᠨᠡᠬᠡᠬᠦ ᠪᠤᠶᠤ ᠬᠦᠯᠢᠶᠡᠨ ᠠᠪᠴᠤ ᠪᠣᠯᠬᠤ ᠦᠭᠡᠢ ᠂  ᠵᠦᠢ ᠪᠤᠰᠤ ᠠᠰᠢᠭ ᠲᠤᠰᠠ ᠵᠢᠨ ᠬᠣᠢ᠌ᠨ᠎ᠠ᠎ᠠᠴᠠ ᠬᠥᠭᠡᠭᠡᠴᠡᠯᠳᠦᠵᠦ ᠪᠣᠯᠬᠤ ᠦᠭᠡᠢ ᠃

       ᠠᠷᠪᠠᠨ ᠨᠢᠭᠡᠳᠦᠭᠡᠷ ᠵᠦᠢ᠍ᠯ  《ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠳᠠᠩᠰᠠᠯᠠᠨ ᠬᠠᠮᠢᠶᠠᠷᠬᠤ ᠳᠦᠷᠢᠮ 》 ᠵᠡᠷᠭᠡ ᠵᠢᠨ ᠲᠣᠭᠲᠠᠭ᠋ᠠᠯ ᠶᠣᠰᠣᠭ᠋ᠠᠷ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠳᠠᠩᠰᠠᠯᠠᠭᠤᠯᠤᠨ ᠲᠡᠮᠳᠡᠭᠯᠡᠬᠦ ᠠᠵᠢᠯ᠎ᠢ ᠭᠦᠢ᠍ᠴᠡᠳᠬᠡᠬᠦ ᠮᠥᠷᠲᠡᠭᠡᠨ ᠠᠮᠤ ᠪᠤᠳᠠᠭ᠎ᠠ ᠬᠤᠳᠠᠯᠳᠤᠨ ᠠᠪᠬᠤ ᠠᠵᠢᠯᠯᠠᠭ᠎ᠠ ᠡᠷᠬᠢᠯᠡᠵᠦ ᠪᠠᠢ᠌ᠭ᠎ᠠ ᠠᠵᠤ ᠠᠬᠤᠢ᠌ᠯᠠᠯ᠎ᠨᠢ ᠬᠤᠳᠠᠯᠳᠤᠨ ᠠᠪᠬᠤ ᠭᠠᠵᠠᠷ᠎ᠤᠨ ᠵᠶ᠋ᠠᠨ ᠬᠣᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠮᠤ ᠪᠤᠳᠠᠭ᠎ᠠ ᠪᠠ ᠨᠥᠭᠡᠴᠡᠯᠡᠬᠦ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠤ ᠠᠵᠤ ᠠᠬᠤᠢ᠌ᠯᠠᠯ᠎ᠤᠨ ᠨᠡᠷᠡᠢ᠌ᠳᠦᠯ ᠂  ᠬᠠᠶᠢᠭ ᠂  ᠬᠠᠷᠢᠭᠤᠴᠠᠯᠭ᠋ᠠᠲᠠᠨ ᠵᠢᠴᠢ ᠬᠥᠮᠥᠷᠭᠡᠯᠡᠬᠦ ᠪᠡᠯᠡᠳᠬᠡᠮᠵᠢ ᠵᠡᠷᠭᠡ ᠮᠡᠳᠡᠭᠡ ᠵᠠᠩᠭᠢ᠎ᠪᠠᠨ ᠪᠦᠷᠢᠳᠬᠡᠨ ᠳᠠᠩᠰᠠᠯᠠᠭᠤᠯᠤᠭᠰᠠᠨ ᠪᠠᠢ᠌ᠬᠤ ᠬᠡᠷᠡᠭᠲᠡᠢ ᠃  ᠪᠦᠷᠢᠳᠬᠡᠨ ᠳᠠᠩᠰᠠᠯᠠᠭᠤᠯᠤᠭᠰᠠᠨ ᠠᠭᠤᠯᠭ᠎ᠠ᠎ᠨᠢ ᠬᠤᠪᠢᠷᠠᠯᠲᠠ ᠭᠠᠷᠪᠠᠯ ᠴᠠᠭ ᠲᠤᠬᠠᠢ᠎ᠳᠤ᠎ᠨᠢ ᠬᠤᠪᠢᠷᠠᠭᠤᠯᠤᠨ ᠳᠠᠩᠰᠠᠯᠠᠭᠤᠯᠬᠤ ᠬᠡᠷᠡᠭᠲᠡᠢ ᠃

       ᠠᠷᠪᠠᠨ ᠬᠣᠶᠠᠳᠤᠭ᠋ᠠᠷ ᠵᠦᠢ᠍ᠯ   ᠨᠡᠭᠡᠭᠡᠯᠲᠡ ᠵᠢᠨ ᠲᠣᠭᠣᠷᠢᠭ ᠵᠡᠷᠭᠡ ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠢ᠌ᠯᠠᠯ᠎ᠢ ᠪᠦᠷᠢᠳᠬᠡᠨ ᠳᠠᠩᠰᠠᠯᠠᠬᠤ ᠠᠵᠢᠯ ᠥᠷᠨᠢᠭᠦᠯᠵᠦ ᠪᠣᠯᠬᠤ ᠦᠭᠡᠢ ᠵᠢ᠎ᠨᠢ ᠪᠠᠢ᠌ᠭ᠎ᠠ ᠭᠠᠵᠠᠷ᠎ᠤᠨ  ᠠᠢ᠌ᠮᠠᠭ᠎ᠤᠨ ᠵᠠᠬᠢᠷᠭ᠎ᠠ ᠂  ᠲᠣᠭᠣᠷᠢᠭ ᠪᠠᠢ᠌ᠭᠤᠯᠤᠭᠰᠠᠨ ᠬᠣᠲᠠ ᠵᠢᠨ ᠠᠷᠠᠳ᠎ᠤᠨ ᠵᠠᠰᠠᠭ᠎ᠤᠨ  ᠣᠷᠳᠣᠨ᠎ᠤ ᠠᠮᠤ ᠪᠤᠳᠠᠭ᠎ᠠ ᠪᠠ ᠨᠥᠭᠡᠴᠡᠯᠡᠬᠦ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ  ᠰᠠᠯᠠᠭ᠎ᠠ ᠮᠥᠴᠢᠷ᠎ᠠᠴᠠ  ᠨᠡᠭᠡᠭᠡᠯᠲᠡ ᠵᠢᠨ ᠲᠣᠭᠣᠷᠢᠭ ᠵᠡᠷᠭᠡ ᠵᠢᠨ ᠪᠠᠢ᠌ᠭ᠎ᠠ ᠬᠣᠰᠢᠭᠤ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠮᠤ ᠪᠤᠳᠠᠭ᠎ᠠ ᠪᠠ ᠨᠥᠭᠡᠴᠡᠯᠡᠬᠦ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ ᠪᠤᠶᠤ ᠣᠢ᠌ᠷ᠎ᠠ ᠬᠠᠪᠢ ᠵᠢᠨ ᠬᠣᠰᠢᠭᠤ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠮᠤ ᠪᠤᠳᠠᠭ᠎ᠠ ᠪᠠ ᠨᠥᠭᠡᠴᠡᠯᠡᠬᠦ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠢ ᠵᠢᠭ᠋ᠠᠨ ᠲᠣᠭᠲᠠᠭ᠋ᠠᠵᠤ ᠭᠦᠢ᠍ᠴᠡᠳᠬᠡᠯᠭᠡᠨ ᠂  ᠵᠠᠷᠴᠢᠮ ᠳᠡᠭᠡᠷ᠎ᠡ᠎ᠪᠠᠨ ᠠᠳᠠᠯᠢ ᠨᠢᠭᠡᠨ ᠣᠷᠣᠨ ᠬᠡᠪᠴᠢᠶᠡᠨ᠎ᠤ ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠢ᠌ᠯᠠᠯ᠎ᠳᠤ ᠠᠳᠠᠯᠢ ᠨᠢᠭᠡᠨ ᠬᠣᠰᠢᠭᠤ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠮᠤ ᠪᠤᠳᠠᠭ᠎ᠠ ᠪᠠ ᠨᠥᠭᠡᠴᠡᠯᠡᠬᠦ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠢ ᠵᠢᠭ᠋ᠠᠨ ᠲᠣᠭᠲᠠᠭ᠋ᠠᠵᠤ ᠪᠠᠢ᠌ᠭ᠋ᠠᠳ ᠠᠮᠤ ᠪᠤᠳᠠᠭ᠎ᠠ ᠬᠤᠳᠠᠯᠳᠤᠨ ᠠᠪᠬᠤ ᠪᠦᠷᠢᠳᠬᠡᠨ ᠳᠠᠩᠰᠠᠯᠠᠬᠤ ᠠᠵᠢᠯ᠎ᠢ ᠭᠦᠢ᠍ᠴᠡᠳᠬᠡᠯᠭᠡᠨ᠎ᠡ ᠃

       ᠠᠷᠪᠠᠨ ᠭᠤᠷᠪᠠᠳᠤᠭ᠋ᠠᠷ ᠵᠦᠢ᠍ᠯ   ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠢ᠌ᠯᠠᠯ ᠳᠣᠣᠷᠠᠬᠢ ᠪᠦᠷᠢᠳᠬᠡᠨ ᠳᠠᠩᠰᠠᠯᠠᠬᠤ ᠮᠠᠲ᠋ᠧᠷᠢᠶᠠᠯ᠎ᠢ ᠲᠤᠰᠢᠶᠠᠬᠤ ᠴᠢᠬᠤᠯᠠᠲᠠᠢ᠄

      (ᠨᠢᠭᠡ ) 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠢ᠌ᠯᠠᠯ᠎ᠤᠨ ᠪᠦᠷᠢᠳᠬᠡᠨ ᠳᠠᠩᠰᠠᠯᠠᠭᠤᠯᠬᠤ ᠮᠡᠳᠡᠭᠡ ᠵᠠᠩᠭᠢ ᠵᠢᠨ ᠬᠦᠰᠦᠨᠦᠭᠲᠦ 》 ;

      (ᠬᠣᠶᠠᠷ) ᠡᠵᠡᠩᠨᠡᠯᠲᠡ ᠵᠢᠨ ᠦᠨᠡᠮᠯᠡᠯ (ᠪᠠᠭᠤᠯᠭ᠋ᠠᠪᠤᠷᠢ ) ;

      (ᠭᠤᠷᠪᠠ ) ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ ᠪᠤᠶᠤ ᠬᠠᠷᠢᠭᠤᠴᠠᠯᠭ᠋ᠠᠲᠠᠨ᠎ᠤ ᠪᠡᠶ᠎ᠡ ᠵᠢᠨ ᠦᠨᠡᠮᠯᠡᠯ (  ᠪᠠᠭᠤᠯᠭ᠋ᠠᠪᠤᠷᠢ ) ;

      (ᠳᠥᠷᠪᠡ ) ᠨᠥᠭᠡᠴᠡᠯᠡᠬᠦ ᠪᠡᠯᠡᠳᠬᠡᠮᠵᠢ ᠵᠢᠨ ᠥᠮᠴᠢᠯᠡᠯ᠎ᠤᠨ ᠡᠷᠬᠡ ᠵᠢᠨ ᠭᠡᠷᠡᠴᠢ (  ᠪᠠᠭᠤᠯᠭ᠋ᠠᠪᠤᠷᠢ ) ᠪᠤᠶᠤ ᠬᠦᠴᠦᠨ ᠪᠦᠬᠦᠢ ᠲᠦᠷᠢᠶᠡᠰᠦᠯᠡᠬᠦ ᠭᠡᠷ᠎ᠡ (  ᠪᠠᠭᠤᠯᠭ᠋ᠠᠪᠤᠷᠢ ) ᠵᠡᠷᠭᠡ ;

       ᠰᠠᠯᠠᠭ᠎ᠠ ᠮᠥᠴᠢᠷ ᠬᠣᠭᠣᠷᠣᠨᠳᠤ᠎ᠪᠠᠨ ᠭᠤᠶᠤᠴᠢᠯᠠᠬᠤ ᠮᠠᠲᠸᠷᠢᠶᠠᠯ᠎ᠤᠨ ᠮᠡᠳᠡᠭᠡ ᠵᠠᠩᠭᠢ ᠵᠢ ᠬᠠᠮᠲᠤ᠎ᠪᠠᠷ ᠬᠦᠷᠲᠡᠵᠦ ᠬᠡᠷᠡᠭᠯᠡᠬᠦ ᠵᠢ ᠪᠡᠶᠡᠯᠡᠭᠦᠯᠦᠭᠰᠡᠨ ᠪᠣᠯ ᠬᠠᠩᠭ᠋ᠠᠬᠤ ᠦᠭᠡᠢ ᠪᠠᠢ᠌ᠵᠤ ᠪᠣᠯᠣᠨ᠎ᠠ ᠃

       ᠠᠷᠪᠠᠨ ᠳᠥᠷᠪᠡᠳᠦᠭᠡᠷ ᠵᠦᠢ᠍ᠯ   ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠢ᠌ᠯᠠᠯ᠎ᠨᠢ ᠠᠮᠤ ᠪᠤᠳᠠᠭ᠎ᠠ ᠬᠤᠳᠠᠯᠳᠤᠨ ᠠᠪᠬᠤ ᠠᠵᠢᠯᠯᠠᠭ᠎ᠠ ᠡᠬᠢᠯᠡᠭᠦᠯᠬᠦ᠎ᠠᠴᠠ ᠡᠮᠦᠨ᠎ᠡ ᠠᠮᠤ ᠪᠤᠳᠠᠭ᠎ᠠ ᠬᠤᠳᠠᠯᠳᠤᠨ ᠠᠪᠬᠤ᠎ᠳᠤ ᠪᠦᠷᠢᠳᠬᠡᠨ ᠳᠠᠩᠰᠠᠯᠠᠬᠤ᠎ᠪᠠᠨ ᠪᠡᠶᠡᠯᠡᠭᠦᠯᠦᠭᠰᠡᠨ ᠪᠠᠢ᠌ᠬᠤ ᠬᠡᠷᠡᠭᠲᠡᠢ ᠃

       ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠢ᠌ᠯᠠᠯ᠎ᠤᠨ ᠪᠦᠷᠢᠳᠬᠡᠨ ᠳᠠᠩᠰᠠᠯᠠᠭᠤᠯᠤᠭᠰᠠᠨ ᠠᠭᠤᠯᠭ᠎ᠠ ᠵᠢᠨ ᠠᠯᠢ ᠨᠢᠭᠡᠨ ᠵᠦᠢ᠍ᠯ᠎ᠳᠤ ᠬᠤᠪᠢᠷᠠᠯᠲᠠ ᠭᠠᠷᠪᠠᠯ ᠂  ᠠᠮᠤ ᠪᠤᠳᠠᠭ᠎ᠠ ᠬᠤᠳᠠᠯᠳᠤᠨ ᠠᠪᠬᠤ ᠠᠵᠢᠯᠯᠠᠭ᠎ᠠ ᠡᠬᠢᠯᠡᠭᠦᠯᠬᠦ᠎ᠠᠴᠠ ᠡᠮᠦᠨ᠎ᠡ ᠪᠦᠷᠢᠳᠬᠡᠨ ᠳᠠᠩᠰᠠᠯᠠᠭᠰᠠᠨ ᠵᠶ᠋ᠠᠨ ᠬᠤᠪᠢᠷᠠᠭ᠋ᠠᠬᠤ ᠵᠢᠨ ᠬᠠᠮᠲᠤ ᠬᠠᠮᠢᠶ᠎ᠠ ᠪᠦᠬᠦᠢ ᠮᠠᠲᠸᠷᠢᠶᠠᠯ ᠵᠶ᠋ᠡᠨ ᠬᠠᠩᠭ᠋ᠠᠬᠤ ᠬᠡᠷᠡᠭᠲᠡᠢ ᠃ 

       ᠠᠷᠪᠠᠨ ᠲᠠᠪᠤᠳᠤᠭ᠋ᠠᠷ ᠵᠦᠢ᠍ᠯ   ᠪᠦᠷᠢᠳᠬᠡᠨ ᠳᠠᠩᠰᠠᠯᠠᠬᠤ ᠪᠠᠢ᠌ᠭᠤᠯᠭ᠎ᠠ᠎ᠨᠢ ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠢ᠌ᠯᠠᠯ᠎ᠤᠨ ᠲᠤᠰᠢᠶᠠᠭᠰᠠᠨ ᠪᠦᠷᠢᠳᠬᠡᠨ ᠳᠠᠩᠰᠠᠯᠠᠭᠤᠯᠬᠤ (  ᠬᠤᠪᠢᠷᠠᠭ᠋ᠠᠬᠤ ) ᠮᠠᠲᠸᠷᠢᠶᠠᠯ᠎ᠢ ᠬᠦᠯᠢᠶᠡᠨ ᠠᠪᠤᠭᠰᠠᠨ᠎ᠤ ᠳᠠᠷᠠᠭ᠎ᠠ ᠂  ᠲᠤᠰᠢᠶᠠᠭᠰᠠᠨ ᠮᠠᠲᠸᠷᠢᠶᠠᠯ᠎ᠳᠤ ᠬᠡᠯᠪᠡᠷᠢ ᠵᠢᠨ ᠬᠢᠨᠠᠨ ᠪᠠᠢ᠌ᠴᠠᠭ᠋ᠠᠯᠲᠠ ᠬᠢᠬᠦ ᠬᠡᠷᠡᠭᠲᠡᠢ ᠃

       ᠠᠵᠤ ᠠᠬᠤᠢ᠌ᠯᠠᠯ᠎ᠤᠨ ᠲᠤᠬᠠᠢ ᠵᠢᠨ ᠲᠠᠯᠠᠪᠠᠢ᠎ᠳᠤ  ᠲᠤᠰᠢᠶᠠᠭᠰᠠᠨ ᠮᠠᠲᠸᠷᠢᠶᠠᠯ᠎ᠨᠢ ᠪᠦᠷᠢᠨ ᠭᠦᠢ᠍ᠴᠡᠳ ᠂  ᠲᠠᠭᠯᠠᠭᠰᠠᠨ ᠮᠡᠳᠡᠭᠡ ᠵᠠᠩᠭᠢ ᠠᠯᠳᠠᠭ᠎ᠠ ᠦᠭᠡᠢ ᠪᠣᠯ ᠪᠦᠷᠢᠳᠬᠡᠨ ᠳᠠᠩᠰᠠᠯᠠᠬᠤ ᠪᠠᠢ᠌ᠭᠤᠯᠭ᠎ᠠ᠎ᠨᠢ 11  ᠠᠵᠢᠯᠯᠠᠬᠤ ᠡᠳᠦᠷ᠎ᠤᠨ ᠳᠣᠲᠣᠷ᠎ᠠ ᠭᠦᠢ᠍ᠴᠡᠳᠬᠡᠵᠦ ᠳᠠᠭᠤᠰᠬᠠᠬᠤ ᠬᠡᠷᠡᠭᠲᠡᠢ ᠂  ᠡᠭᠦᠨ᠎ᠤ ᠬᠠᠮᠲᠤ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠢ᠌ᠯᠠᠯ᠎ᠢ ᠪᠦᠷᠢᠳᠬᠡᠨ ᠳᠠᠩᠰᠠᠯᠠᠭᠰᠠᠨ ᠬᠦᠰᠦᠨᠦᠭᠲᠦ 》 ᠵᠢ  ᠭᠠᠷᠭ᠋ᠠᠵᠤ ᠥᠭᠬᠦ ᠬᠡᠷᠡᠭᠲᠡᠢ ᠃

       ᠲᠤᠬᠠᠢ ᠵᠢᠨ ᠲᠠᠯᠠᠪᠠᠢ᠎ᠳᠤ ᠭᠤᠶᠤᠴᠢᠯᠠᠭᠰᠠᠨ ᠦᠭᠡᠢ ᠵᠢ᠎ᠨᠢ ᠪᠦᠷᠢᠳᠬᠡᠨ ᠳᠠᠩᠰᠠᠯᠠᠯᠲᠠ ᠵᠢ ᠬᠦᠯᠢᠶᠡᠨ ᠠᠪᠤᠭᠰᠠᠨ ᠡᠳᠦᠷ᠎ᠠᠴᠠ ᠡᠬᠢᠯᠡᠨ 2 ᠠᠵᠢᠯᠯᠠᠬᠤ ᠡᠳᠦᠷ᠎ᠤᠨ ᠳᠣᠲᠣᠷ᠎ᠠ ᠪᠦᠷᠢᠳᠬᠡᠨ ᠳᠠᠩᠰᠠᠯᠠᠬᠤ (  ᠬᠤᠪᠢᠷᠠᠭ᠋ᠠᠬᠤ ) ᠵᠢ ᠪᠡᠶᠡᠯᠡᠭᠦᠯᠬᠦ ᠬᠡᠷᠡᠭᠲᠡᠢ ᠃  ᠪᠦᠷᠢᠳᠬᠡᠨ ᠳᠠᠩᠰᠠᠯᠠᠬᠤ ᠪᠠᠢ᠌ᠭᠤᠯᠭ᠎ᠠ᠎ᠨᠢ ᠪᠦᠷᠢᠳᠬᠡᠨ ᠳᠠᠩᠰᠠᠯᠠᠭᠰᠠᠨ (  ᠬᠤᠪᠢᠷᠠᠭ᠋ᠠᠭᠰᠠᠨ )᠎ᠤ  ᠬᠣᠢ᠌ᠨ᠎ᠠ ᠂  ᠪᠦᠷᠢᠳᠬᠡᠨ ᠳᠠᠩᠰᠠᠯᠠᠭᠤᠯᠤᠭᠰᠠᠨ ᠠᠵᠤ ᠠᠬᠤᠢ᠌ᠯᠠᠯ᠎ᠳᠤ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠢ᠌ᠯᠠᠯ᠎ᠢ ᠪᠦᠷᠢᠳᠬᠡᠨ ᠳᠠᠩᠰᠠᠯᠠᠭᠰᠠᠨ ᠬᠦᠰᠦᠨᠦᠭᠲᠦ 》᠎ᠪᠠᠨ ᠬᠠᠷᠢᠭᠤ ᠲᠤᠰᠬᠠᠬᠤ ᠬᠡᠷᠡᠭᠲᠡᠢ ᠃ 

       ᠮᠠᠲᠸᠷᠢᠶᠠᠯ᠎ᠨᠢ ᠪᠦᠷᠢᠨ ᠪᠤᠰᠤ ᠂  ᠲᠠᠭᠯᠠᠭᠰᠠᠨ ᠮᠡᠳᠡᠭᠡ ᠵᠠᠩᠭᠢ᠎ᠨᠢ ᠠᠯᠳᠠᠭ᠎ᠠ᠎ᠲᠠᠢ ᠪᠣᠯ ᠪᠦᠷᠢᠳᠬᠡᠨ ᠳᠠᠩᠰᠠᠯᠠᠬᠤ ᠪᠠᠢ᠌ᠭᠤᠯᠭ᠎ᠠ᠎ᠨᠢ ᠪᠦᠷᠢᠳᠬᠡᠨ ᠳᠠᠩᠰᠠᠯᠠᠭᠤᠯᠬᠤ ᠠᠵᠤ ᠠᠬᠤᠢ᠌ᠯᠠᠯ᠎ᠳᠤ ᠨᠥᠬᠥᠪᠦᠷᠢᠯᠡᠵᠦ ᠵᠠᠯᠠᠷᠠᠭᠤᠯᠬᠤ ᠪᠥᠬᠥ ᠠᠭᠤᠯᠭ᠎ᠠ ᠵᠢ  ᠨᠢᠭᠡ  ᠯᠡ ᠤᠳᠠᠭ᠋ᠠᠨ᠎ᠳᠤ ᠮᠡᠳᠡᠭᠳᠡᠬᠦ ᠬᠡᠷᠡᠭᠲᠡᠢ ᠃

       ᠠᠷᠪᠠᠨ ᠵᠢᠷᠭᠤᠳᠤᠭ᠋ᠠᠷ ᠵᠦᠢ᠍ᠯ   ᠪᠦᠷᠢᠳᠬᠡᠨ ᠳᠠᠩᠰᠠᠯᠠᠬᠤ ᠪᠠᠢ᠌ᠭᠤᠯᠭ᠎ᠠ᠎ᠨᠢ ᠪᠦᠷᠢᠳᠬᠡᠨ ᠳᠠᠩᠰᠠᠯᠠᠬᠤ ᠲᠤᠬᠠᠢ᠌ᠯᠠᠭᠰᠠᠨ ᠠᠵᠢᠯ᠎ᠢ ᠭᠦᠢ᠍ᠴᠡᠳᠬᠡᠬᠦ᠎ᠳᠤ᠎ᠪᠠᠨ ᠴᠠᠭ ᠲᠤᠬᠠᠢ᠎ᠳᠤ᠎ᠨᠢ ᠪᠦᠷᠢᠳᠬᠡᠨ ᠳᠠᠩᠰᠠᠯᠠᠭᠰᠠᠨ ᠨᠣᠮᠧᠷ᠎ᠢ ᠪᠣᠢ ᠪᠣᠯᠭ᠋ᠠᠵᠤ ᠂  ᠪᠦᠷᠢᠳᠬᠡᠨ ᠳᠠᠩᠰᠠᠯᠠᠭᠤᠯᠤᠭᠰᠠᠨ ᠠᠭᠤᠯᠭ᠎ᠠ᠎ᠳᠤ᠎ᠨᠢ ᠬᠤᠪᠢᠷᠠᠯᠲᠠ ᠭᠠᠷᠤᠭᠰᠠᠨ᠎ᠤ ᠤᠤᠯ᠎ᠤᠨ ᠪᠦᠷᠢᠳᠬᠡᠨ ᠳᠠᠩᠰᠠᠯᠠᠭᠰᠠᠨ ᠨᠣᠮᠧᠷ᠎ᠢ᠎ᠨᠢ ᠬᠤᠪᠢᠷᠠᠭᠤᠯᠬᠤ ᠦᠭᠡᠢ ᠃

       ᠠᠷᠪᠠᠨ ᠳᠣᠯᠣᠳᠤᠭ᠋ᠠᠷ ᠵᠦᠢ᠍ᠯ   ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠢ᠌ᠯᠠᠯ᠎ᠤᠨ ᠪᠦᠷᠢᠳᠬᠡᠨ ᠳᠠᠩᠰᠠᠯᠠᠭᠤᠯᠤᠭᠰᠠᠨ ᠪᠥᠬᠥ ᠮᠠᠲᠸᠷᠢᠶᠠᠯ᠎ᠢ ᠬᠣᠰᠢᠭᠤ ᠰᠢᠶᠠᠨ᠎ᠤ ᠠᠷᠠᠳ᠎ᠤᠨ  ᠵᠠᠰᠠᠭ᠎ᠤᠨ ᠣᠷᠳᠣᠨ᠎ᠤ ᠠᠮᠤ ᠪᠤᠳᠠᠭ᠎ᠠ ᠪᠠ ᠨᠥᠭᠡᠴᠡᠯᠡᠬᠦ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ ᠦᠯᠡᠳᠡᠭᠡᠨ ᠬᠠᠳᠠᠭ᠋ᠠᠯᠠᠵᠤ ᠪᠠᠢ᠌ᠴᠠᠭ᠋ᠠᠬᠤ᠎ᠳᠤ ᠪᠡᠯᠡᠳᠬᠡᠨ᠎ᠡ ᠃

       ᠭᠤᠷᠪᠠᠳᠤᠭ᠋ᠠᠷ ᠪᠦᠯᠦᠭ   ᠠᠮᠤ ᠪᠤᠳᠠᠭ᠎ᠠ ᠬᠤᠳᠠᠯᠳᠤᠨ ᠠᠪᠬᠤ ᠠᠵᠢᠯᠯᠠᠭ᠋ᠠᠨ᠎ᠤ ᠵᠢᠷᠤᠮᠵᠢᠯ

       ᠠᠷᠪᠠᠨ ᠨᠠᠢ᠍ᠮᠠᠳᠤᠭ᠋ᠠᠷ ᠵᠦᠢ᠍ᠯ   ᠠᠮᠤ ᠪᠤᠳᠠᠭ᠎ᠠ ᠬᠤᠳᠠᠯᠳᠤᠨ ᠠᠪᠤᠭᠴᠢ ᠲᠡᠭᠦᠨ᠎ᠤ ᠬᠤᠳᠠᠯᠳᠤᠨ ᠠᠪᠬᠤ ᠠᠮᠤ ᠪᠤᠳᠠᠭ᠋ᠠᠨ᠎ᠤ ᠲᠥᠷᠥᠯ ᠵᠦᠢ᠍ᠯ ᠂  ᠲᠣᠭ᠎ᠠ ᠬᠡᠮᠵᠢᠶ᠎ᠡ᠎ᠯᠦᠭᠡ ᠬᠠᠷᠢᠯᠴᠠᠨ ᠲᠣᠬᠢᠷᠠᠯᠴᠠᠭᠰᠠᠨ ᠨᠥᠭᠡᠴᠡᠯᠡᠬᠦ ᠪᠡᠯᠡᠳᠬᠡᠮᠵᠢ ᠂  ᠶᠠᠰᠤ ᠴᠢᠨᠠᠷ᠎ᠢ  ᠰᠢᠯᠭ᠋ᠠᠨ ᠪᠠᠢ᠌ᠴᠠᠭ᠋ᠠᠬᠤ ᠪᠠ ᠪᠡᠯᠡ ᠮᠥᠩᠭᠥ ᠴᠤᠭᠯᠠᠭᠤᠯᠬᠤ ᠴᠢᠳᠠᠪᠤᠷᠢ ᠵᠢ  ᠪᠦᠷᠢᠳᠦᠭᠦᠯᠦᠭᠰᠡᠨ ᠪᠠᠢ᠌ᠬᠤ ᠬᠡᠷᠡᠭᠲᠡᠢ ᠃

       ᠠᠷᠪᠠ ᠶᠢᠰᠦᠳᠦᠭᠡᠷ ᠵᠦᠢ᠍ᠯ   ᠠᠮᠤ ᠪᠤᠳᠠᠭ᠎ᠠ ᠬᠤᠳᠠᠯᠳᠤᠨ ᠠᠪᠤᠭᠴᠢ ᠵᠢᠨ ᠬᠡᠷᠡᠭᠯᠡᠵᠦ ᠪᠠᠢ᠌ᠭ᠎ᠠ ᠨᠥᠭᠡᠴᠡᠯᠡᠬᠦ ᠪᠡᠯᠡᠳᠬᠡᠮᠵᠢ᠎ᠨᠢ ᠠᠮᠤ ᠪᠤᠳᠠᠭ᠎ᠠ ᠨᠥᠭᠡᠴᠡᠯᠡᠬᠦ ᠬᠣᠯᠪᠣᠭᠳᠠᠯ ᠪᠦᠬᠦᠢ ᠪᠠᠷᠢᠮᠵᠢᠶ᠎ᠠ ᠪᠠ ᠮᠡᠷᠭᠡᠵᠢᠯ᠎ᠤᠨ ᠵᠢᠷᠤᠮᠵᠢᠯ ᠵᠢᠴᠢ ᠠᠶᠤᠯ ᠦᠭᠡᠢ ᠦᠢ᠍ᠯᠡᠳᠪᠦᠷᠢᠯᠡᠯ᠎ᠤᠨ ᠬᠠᠤᠯᠢ ᠴᠠᠭ᠋ᠠᠵᠠ ᠂  ᠬᠠᠤᠯᠢ ᠲᠣᠭᠲᠠᠭ᠋ᠠᠯ᠎ᠤᠨ ᠱᠠᠭ᠋ᠠᠷᠳᠠᠯᠭ᠎ᠠ᠎ᠳᠤ  ᠨᠡᠢ᠌ᠴᠡᠭᠰᠡᠨ ᠪᠠᠢ᠌ᠵᠤ ᠂  ᠨᠥᠭᠡᠴᠡᠯᠡᠬᠦ ᠲᠥᠷᠥᠯ ᠵᠦᠢ᠍ᠯ ᠂  ᠬᠡᠪᠴᠢᠶ᠎ᠡ ᠂  ᠦᠶᠡᠯᠡᠯ ᠵᠡᠷᠭᠡ᠎ᠯᠦᠭᠡ ᠬᠠᠷᠢᠯᠴᠠᠨ ᠵᠣᠬᠢᠴᠠᠯᠳᠤᠭᠰᠠᠨ ᠨᠥᠭᠡᠴᠡᠯᠡᠬᠦ ᠨᠥᠬᠥᠴᠡᠯ᠎ᠲᠠᠢ ᠪᠠᠢ᠌ᠵᠤ ᠂  ᠠᠮᠤ ᠪᠤᠳᠠᠭ᠋ᠠᠨ᠎ᠤ ᠨᠥᠭᠡᠴᠡᠯᠡᠵᠦ ᠬᠠᠳᠠᠭ᠋ᠠᠯᠠᠬᠤ ᠵᠢᠨ ᠬᠣᠷᠣᠭᠳᠠᠯ᠎ᠢ ᠪᠠᠭ᠋ᠠᠰᠬᠠᠬᠤ ᠬᠡᠷᠡᠭᠲᠡᠢ ᠃

       ᠠᠮᠤ ᠪᠤᠳᠠᠭ᠎ᠠ ᠵᠢ ᠠᠮᠤ ᠪᠤᠳᠠᠭ᠋ᠠᠨ᠎ᠳᠤ ᠪᠣᠬᠢᠷᠲᠤᠯ ᠡᠭᠦᠰᠬᠡᠬᠦ ᠪᠣᠯᠣᠮᠵᠢ᠎ᠲᠠᠢ ᠬᠣᠣᠷ ᠬᠥᠨᠥᠭᠡᠯᠳᠦ ᠪᠣᠳᠠᠰ᠎ᠲᠠᠢ ᠬᠣᠯᠢᠯᠳᠤᠭᠤᠯᠤᠨ ᠨᠥᠭᠡᠴᠡᠯᠡᠵᠦ ᠪᠣᠯᠬᠤ ᠦᠭᠡᠢ ᠂  ᠠᠮᠤ ᠪᠤᠳᠠᠭ᠎ᠠ ᠨᠥᠭᠡᠴᠡᠯᠡᠵᠦ ᠬᠠᠳᠠᠭ᠋ᠠᠯᠠᠬᠤ᠎ᠳᠤ ᠤᠯᠤᠰ᠎ᠠᠴᠠ ᠬᠡᠷᠡᠭᠯᠡᠬᠦ ᠵᠢ ᠴᠠᠭ᠋ᠠᠵᠠᠯᠠᠬᠤ ᠬᠢᠮᠢ ᠵᠢᠨ ᠡᠮ ᠨᠠᠢ᠌ᠷᠠᠯᠭ᠎ᠠ ᠵᠢ ᠬᠡᠷᠡᠭᠯᠡᠬᠦ ᠪᠤᠶᠤ ᠬᠢᠮᠢ ᠵᠢᠨ ᠡᠮ ᠨᠠᠢ᠌ᠷᠠᠯᠭ᠎ᠠ ᠵᠢ ᠬᠡᠮᠵᠢᠶᠡᠨ᠎ᠠᠴᠠ᠎ᠨᠢ ᠳᠠᠪᠠᠭᠤᠯᠤᠨ ᠬᠡᠷᠡᠭᠯᠡᠵᠦ ᠪᠣᠯᠬᠤ ᠦᠭᠡᠢ ᠃

       ᠬᠣᠷᠢᠳᠤᠭ᠋ᠠᠷ ᠵᠦᠢ᠍ᠯ   ᠠᠮᠤ ᠪᠤᠳᠠᠭ᠎ᠠ ᠬᠤᠳᠠᠯᠳᠤᠨ ᠠᠪᠤᠭᠴᠢ᠎ᠨᠢ ᠤᠯᠤᠰ᠎ᠤᠨ ᠠᠮᠤ ᠪᠤᠳᠠᠭ᠎ᠠ ᠬᠤᠳᠠᠯᠳᠤᠨ ᠠᠪᠬᠤ ᠲᠥᠷᠥ ᠵᠢᠨ  ᠪᠣᠳᠣᠯᠭ᠎ᠠ ᠂  ᠠᠮᠤ ᠪᠤᠳᠠᠭ᠋ᠠᠨ᠎ᠤ ᠶᠠᠰᠤ ᠴᠢᠨᠠᠷ᠎ᠤᠨ ᠪᠠᠷᠢᠮᠵᠢᠶ᠎ᠠ ᠵᠢᠴᠢ ᠢᠳᠡᠭᠡᠨ᠎ᠤ ᠠᠮᠤᠷ ᠲᠦᠪᠰᠢᠨ᠎ᠤ ᠪᠠᠷᠢᠮᠵᠢᠶ᠎ᠠ ᠶᠣᠰᠣᠭ᠋ᠠᠷ ᠠᠮᠤ ᠪᠤᠳᠠᠭ᠎ᠠ ᠬᠤᠳᠠᠯᠳᠤᠨ ᠠᠪᠬᠤ ᠠᠵᠢᠯᠯᠠᠭ᠎ᠠ ᠡᠷᠬᠢᠯᠡᠬᠦ ᠬᠡᠷᠡᠭᠲᠡᠢ ᠃

       ᠠᠮᠤ ᠪᠤᠳᠠᠭ᠋ᠠᠨ᠎ᠤ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠪᠠᠢ᠌ᠳᠠᠯ᠎ᠤᠨ ᠬᠤᠭᠤᠴᠠᠭ᠋ᠠᠨ᠎ᠳᠤ ᠂  ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠡᠷᠭᠡ ᠲᠣᠭᠲᠠᠭ᠋ᠠᠯ᠎ᠢ ᠬᠡᠷᠡᠭᠵᠢᠭᠦᠯᠬᠦ ᠬᠡᠷᠡᠭᠲᠡᠢ ᠃

       ᠬᠣᠷᠢᠨ ᠨᠢᠭᠡᠳᠦᠭᠡᠷ ᠵᠦᠢ᠍ᠯ   ᠠᠮᠤ ᠪᠤᠳᠠᠭ᠎ᠠ ᠬᠤᠳᠠᠯᠳᠤᠨ ᠠᠪᠤᠭᠴᠢ ᠠᠮᠤ ᠪᠤᠳᠠᠭ᠎ᠠ ᠬᠤᠳᠠᠯᠳᠤᠨ ᠠᠪᠬᠤ᠎ᠳᠤ᠎ᠪᠠᠨ ᠠᠮᠤ ᠪᠤᠳᠠᠭ᠎ᠠ ᠬᠤᠳᠠᠯᠳᠤᠭᠴᠢ᠎ᠳᠤ ᠮᠡᠳᠡᠭᠳᠡᠬᠦ ᠪᠤᠶᠤ ᠬᠤᠳᠠᠯᠳᠤᠨ ᠠᠪᠬᠤ ᠭᠠᠵᠠᠷ᠎ᠲᠤ ᠬᠤᠳᠠᠯᠳᠤᠨ ᠠᠪᠬᠤ ᠠᠮᠤ ᠪᠤᠳᠠᠭ᠋ᠠᠨ᠎ᠤ ᠲᠥᠷᠥᠯ ᠵᠦᠢ᠍ᠯ ᠂  ᠶᠠᠰᠤ ᠴᠢᠨᠠᠷ᠎ᠤᠨ ᠪᠠᠷᠢᠮᠵᠢᠶ᠎ᠠ ᠪᠠ ᠬᠤᠳᠠᠯᠳᠤᠨ ᠠᠪᠬᠤ ᠦᠨ᠎ᠡ ᠬᠠᠩᠰᠢ ᠵᠢ ᠵᠠᠷᠯᠠᠨ ᠨᠡᠢ᠌ᠲᠡᠯᠡᠬᠦ ᠬᠡᠷᠡᠭᠲᠡᠢ ᠃

       ᠠᠮᠤ ᠪᠤᠳᠠᠭ᠎ᠠ ᠬᠤᠳᠠᠯᠳᠤᠨ ᠠᠪᠤᠭᠴᠢ ᠠᠮᠤ ᠪᠤᠳᠠᠭ᠎ᠠ ᠬᠤᠳᠠᠯᠳᠤᠨ ᠠᠪᠬᠤ᠎ᠳᠤ᠎ᠪᠠᠨ ᠤᠯᠤᠰ᠎ᠤᠨ ᠠᠮᠤ ᠪᠤᠳᠠᠭ᠋ᠠᠨ᠎ᠤ ᠶᠠᠰᠤ ᠴᠢᠨᠠᠷ᠎ᠤᠨ ᠪᠠᠷᠢᠮᠵᠢᠶ᠎ᠠ ᠵᠢ ᠬᠡᠷᠡᠭᠵᠢᠭᠦᠯᠵᠦ ᠂  ᠴᠢᠨᠠᠷ ᠵᠶ᠋ᠠᠷ ᠦᠨ᠎ᠡ ᠬᠠᠶᠠᠯᠴᠠᠨ ᠂  ᠲᠠᠷᠢᠶᠠᠴᠢᠨ ᠪᠠ ᠪᠤᠰᠤᠳ ᠠᠮᠤ ᠪᠤᠳᠠᠭ᠋ᠠᠨ᠎ᠤ ᠦᠢ᠍ᠯᠡᠳᠪᠦᠷᠢᠯᠡᠭᠴᠢ ᠵᠢᠨ ᠠᠰᠢᠭ ᠲᠤᠰᠠ ᠵᠢ ᠬᠣᠬᠢᠷᠠᠭᠤᠯᠵᠤ ᠪᠣᠯᠬᠤ ᠦᠭᠡᠢ; ᠠᠮᠤ ᠪᠤᠳᠠᠭ᠎ᠠ ᠬᠤᠳᠠᠯᠳᠤᠭᠴᠢ᠎ᠳᠤ ᠴᠠᠭ ᠲᠤᠬᠠᠢ᠎ᠳᠤ᠎ᠨᠢ ᠠᠮᠤ ᠬᠤᠳᠠᠯᠳᠤᠭᠰᠠᠨ ᠵᠣᠭᠣᠰ᠎ᠢ᠎ᠨᠢ ᠥᠭᠴᠦ ᠂  ᠥᠷᠢᠲᠦᠵᠦ ᠪᠣᠯᠬᠤ ᠦᠭᠡᠢ; ᠶᠠᠮᠠᠷᠪᠠ ᠵᠣᠬᠢᠶᠠᠨ ᠪᠠᠢ᠌ᠭᠤᠯᠤᠯᠲᠠ ᠪᠤᠶᠤ ᠬᠤᠪᠢ ᠬᠥᠮᠥᠨ᠎ᠤ ᠨᠡᠢ᠌ᠳᠠᠯᠭ᠎ᠠ ᠵᠢ ᠬᠦᠯᠢᠶᠡᠵᠦ ᠶᠠᠮᠠᠷᠪᠠ ᠭᠠᠢ᠌ᠯᠢ ᠂  ᠵᠠᠷᠤᠳᠠᠯ ᠪᠠ ᠪᠤᠰᠤᠳ ᠵᠣᠭᠣᠰᠤᠨ᠎ᠤ ᠲᠥᠷᠥᠯ᠎ᠢ ᠣᠷᠣᠯᠠᠨ ᠰᠠᠭᠤᠯᠭ᠋ᠠᠵᠤ ᠣᠷᠣᠯᠠᠨ ᠲᠤᠰᠢᠶᠠᠵᠤ ᠪᠣᠯᠬᠤ ᠦᠭᠡᠢ; ᠮᠡᠬᠡᠯᠡᠨ ᠬᠢᠬᠠᠬᠤ ᠂  ᠬᠤᠷᠠᠮᠳᠤᠭᠤᠯᠤᠨ ᠳᠠᠷᠤᠵᠤ ᠬᠣᠨᠵᠢᠨ ᠵᠠᠪᠰᠢᠬᠤ ᠵᠡᠷᠭᠡ ᠬᠠᠤᠯᠢ ᠪᠤᠰᠤ ᠠᠷᠭ᠎ᠠ ᠪᠠᠷᠢᠯ ᠵᠶ᠋ᠠᠷ ᠠᠮᠤ ᠪᠤᠳᠠᠭ᠋ᠠᠨ᠎ᠤ ᠦᠨ᠎ᠡ ᠬᠠᠩᠰᠢ ᠵᠢ ᠡᠵᠡᠮᠳᠡᠵᠦ ᠪᠣᠯᠬᠤ ᠦᠭᠡᠢ ᠃

       ᠬᠣᠷᠢᠨ ᠬᠣᠶᠠᠳᠤᠭ᠋ᠠᠷ ᠵᠦᠢ᠍ᠯ   ᠠᠮᠤ ᠪᠤᠳᠠᠭ᠎ᠠ ᠬᠤᠳᠠᠯᠳᠤᠨ ᠠᠪᠤᠭᠴᠢ᠎ᠨᠢ ᠠᠮᠤ ᠪᠤᠳᠠᠭ᠋ᠠᠨ᠎ᠤ ᠡᠵᠡᠩᠨᠡᠯᠲᠡ ᠵᠢᠨ ᠡᠬᠡ ᠳᠠᠩᠰᠠ ᠪᠠᠢ᠌ᠭᠤᠯᠬᠤ ᠵᠢᠨ ᠬᠠᠮᠲᠤ ᠂  ᠬᠤᠳᠠᠯᠳᠤᠨ ᠠᠪᠬᠤ ᠭᠠᠵᠠᠷ᠎ᠤᠨ ᠵᠶ᠋ᠠᠨ ᠬᠣᠰᠢᠭᠤ ᠰᠢᠶᠠᠨ᠎ᠤ  ᠠᠷᠠᠳ᠎ᠤᠨ  ᠵᠠᠰᠠᠭ᠎ᠤᠨ ᠣᠷᠳᠣᠨ᠎ᠤ ᠠᠮᠤ ᠪᠤᠳᠠᠭ᠎ᠠ ᠪᠠ ᠨᠥᠭᠡᠴᠡᠯᠡᠬᠦ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ  ᠰᠠᠯᠠᠭ᠎ᠠ ᠮᠥᠴᠢᠷ᠎ᠲᠤ ᠠᠮᠤ ᠪᠤᠳᠠᠭ᠎ᠠ ᠬᠤᠳᠠᠯᠳᠤᠨ ᠠᠪᠴᠤ ᠣᠷᠣᠭᠤᠯᠤᠭᠰᠠᠨ ᠂  ᠪᠣᠷᠣᠯᠠᠭᠤᠯᠤᠭᠰᠠᠨ ᠂  ᠬᠥᠮᠥᠷᠭᠡ ᠵᠢᠨ  ᠬᠠᠳᠠᠭ᠋ᠠᠯᠠᠮᠵᠢ ᠵᠡᠷᠭᠡ ᠦᠨᠳᠦᠰᠦᠨ ᠲᠣᠭ᠎ᠠ ᠪᠠᠷᠢᠮᠲᠠ ᠪᠠ ᠬᠣᠯᠪᠣᠭᠳᠠᠯ ᠪᠦᠬᠦᠢ ᠪᠠᠢ᠌ᠳᠠᠯ ᠵᠶ᠋ᠠᠨ ᠮᠡᠳᠡᠭᠦᠯᠬᠦ ᠬᠡᠷᠡᠭᠲᠡᠢ ᠃  ᠠᠮᠤ ᠪᠤᠳᠠᠭ᠋ᠠᠨ᠎ᠤ ᠡᠵᠡᠩᠨᠡᠯᠲᠡ ᠵᠢᠨ ᠡᠬᠡ ᠳᠠᠩᠰᠠ᠎ᠪᠠᠨ ᠬᠠᠳᠠᠭ᠋ᠠᠯᠠᠬᠤ ᠬᠤᠭᠤᠴᠠᠭ᠎ᠠ ᠬᠢᠵᠠᠭ᠋ᠠᠷ᠎ᠨᠢ 3 ᠵᠢᠯ᠎ᠠᠴᠠ ᠳᠤᠲᠠᠭᠤ ᠪᠠᠢ᠌ᠵᠤ ᠪᠣᠯᠬᠤ ᠦᠭᠡᠢ ᠃

       ᠨᠢᠭᠤᠴᠠ᠎ᠳᠤ ᠬᠣᠯᠪᠣᠭᠳᠠᠭᠰᠠᠨ ᠮᠡᠳᠡᠭᠡ ᠵᠠᠩᠭᠢ ᠵᠢ ᠳᠠᠮᠵᠢᠭᠤᠯᠬᠤ ᠂  ᠰᠢᠢ᠍ᠳᠪᠦᠷᠢᠯᠡᠬᠦ ᠂  ᠬᠠᠳᠠᠭ᠋ᠠᠯᠠᠬᠤ ᠵᠡᠷᠭᠡ᠎ᠳᠤ ᠨᠢᠭᠤᠴᠠ ᠵᠢ ᠬᠠᠮᠠᠭ᠋ᠠᠯᠠᠬᠤ ᠬᠠᠮᠢᠶ᠎ᠠ ᠪᠦᠬᠦᠢ ᠳᠦᠷᠢᠮ᠎ᠢ ᠴᠢᠩᠭ᠎ᠠ ᠵᠢᠷᠤᠮᠯᠠᠨ ᠬᠡᠷᠡᠭᠵᠢᠭᠦᠯᠬᠦ ᠬᠡᠷᠡᠭᠲᠡᠢ; ᠬᠤᠳᠠᠯᠳᠤᠭ᠋ᠠᠨ᠎ᠤ ᠨᠢᠭᠤᠴᠠ᠎ᠳᠤ ᠬᠣᠯᠪᠣᠭᠳᠠᠭᠰᠠᠨ ᠮᠠᠲᠸᠷᠢᠶᠠᠯ᠎ᠢ ᠠᠮᠤ ᠪᠤᠳᠠᠭ᠎ᠠ ᠪᠠ ᠨᠥᠭᠡᠴᠡᠯᠡᠬᠦ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ  ᠰᠠᠯᠠᠭ᠎ᠠ ᠮᠥᠴᠢᠷ᠎ᠤᠨ ᠎ᠬᠢᠨ ᠬᠠᠤᠯᠢ ᠶᠣᠰᠣᠭ᠋ᠠᠷ ᠨᠢᠭᠤᠴᠠ ᠵᠢ ᠬᠠᠮᠠᠭ᠋ᠠᠯᠠᠬᠤ ᠬᠡᠷᠡᠭᠲᠡᠢ ᠃

       ᠬᠣᠷᠢᠨ ᠭᠤᠷᠪᠠᠳᠤᠭ᠋ᠠᠷ ᠵᠦᠢ᠍ᠯ   ᠠᠮᠤ ᠪᠤᠳᠠᠭ᠎ᠠ ᠬᠤᠳᠠᠯᠳᠤᠨ ᠠᠪᠤᠭᠴᠢ᠎ᠨᠢ ᠬᠤᠳᠠᠯᠳᠤᠨ ᠠᠪᠬᠤ ᠭᠠᠵᠠᠷ᠎ᠤᠨ ᠵᠶ᠋ᠠᠨ ᠬᠣᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ  ᠣᠷᠳᠣᠨ᠎ᠤ ᠠᠮᠤ ᠪᠤᠳᠠᠭ᠎ᠠ ᠪᠠ ᠨᠥᠭᠡᠴᠡᠯᠡᠬᠦ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠤ ᠠᠮᠤ ᠪᠤᠳᠠᠭ᠎ᠠ ᠬᠤᠳᠠᠯᠳᠤᠨ ᠠᠪᠤᠭᠰᠠᠨ ᠲᠣᠭ᠎ᠠ ᠬᠡᠮᠵᠢᠶ᠎ᠡ ᠵᠡᠷᠭᠡ ᠬᠣᠯᠪᠣᠭᠳᠠᠯ ᠪᠦᠬᠦᠢ ᠪᠠᠢ᠌ᠳᠠᠯ ᠵᠶ᠋ᠠᠨ ᠲᠣᠭᠲᠠᠮᠠᠯ ᠬᠤᠭᠤᠴᠠᠭ᠎ᠠ᠎ᠲᠠᠢ᠎ᠪᠠᠷ ᠮᠡᠳᠡᠭᠦᠯᠬᠦ ᠬᠡᠷᠡᠭᠲᠡᠢ ᠃

       ᠮᠤᠵᠢ (ᠥᠪᠡᠷᠲᠡᠭᠡᠨ ᠵᠠᠰᠠᠬᠤ ᠣᠷᠣᠨ ᠂  ᠰᠢᠭᠤᠳ ᠬᠠᠷᠢᠶ᠎ᠠ ᠬᠣᠲᠠ) ᠠᠯᠤᠰᠯᠠᠨ ᠠᠮᠤ ᠪᠤᠳᠠᠭ᠎ᠠ ᠬᠤᠳᠠᠯᠳᠤᠨ ᠠᠪᠬᠤ᠎ᠳᠤ ᠂  ᠬᠤᠳᠠᠯᠳᠤᠨ ᠠᠪᠬᠤ ᠭᠠᠵᠠᠷ ᠪᠠ ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠢ᠌ᠯᠠᠯ᠎ᠤᠨ ᠪᠠᠢ᠌ᠭ᠎ᠠ ᠰᠢᠶᠠᠨ ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠮᠤ ᠪᠤᠳᠠᠭ᠎ᠠ ᠪᠠ ᠨᠥᠭᠡᠴᠡᠯᠡᠬᠦ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠤ ᠠᠮᠤ ᠪᠤᠳᠠᠭ᠎ᠠ ᠬᠤᠳᠠᠯᠳᠤᠨ ᠠᠪᠤᠭᠰᠠᠨ ᠲᠣᠭ᠎ᠠ ᠬᠡᠮᠵᠢᠶ᠎ᠡ ᠵᠡᠷᠭᠡ ᠬᠣᠯᠪᠣᠭᠳᠠᠯ ᠪᠦᠬᠦᠢ ᠪᠠᠢ᠌ᠳᠠᠯ ᠵᠶ᠋ᠠᠨ ᠲᠣᠭᠲᠠᠮᠠᠯ ᠬᠤᠭᠤᠴᠠᠭ᠎ᠠ᠎ᠲᠠᠢ᠎ᠪᠠᠷ ᠮᠡᠳᠡᠭᠦᠯᠬᠦ ᠬᠡᠷᠡᠭᠲᠡᠢ ᠃

       ᠠᠮᠤ ᠪᠤᠳᠠᠭ᠎ᠠ ᠬᠤᠳᠠᠯᠳᠤᠨ ᠠᠪᠤᠭᠰᠠᠨ ᠲᠣᠭ᠎ᠠ ᠬᠡᠮᠵᠢᠶ᠎ᠡ ᠵᠡᠷᠭᠡ ᠬᠣᠯᠪᠣᠭᠳᠠᠯ ᠪᠦᠬᠦᠢ ᠪᠠᠢ᠌ᠳᠠᠯ᠎ᠢ  ᠮᠡᠳᠡᠭᠦᠯᠬᠦ᠎ᠳᠤ 《ᠤᠯᠤᠰ᠎ᠤᠨ ᠠᠮᠤ ᠪᠤᠳᠠᠭ᠋ᠠᠨ᠎ᠤ ᠭᠦᠢ᠍ᠯᠭᠡᠭᠡᠨ᠎ᠢ ᠪᠦᠷᠢᠳᠬᠡᠨ ᠪᠠᠢ᠌ᠴᠠᠭ᠋ᠠᠬᠤ ᠳᠦᠷᠢᠮ》᠎ᠤᠨ ᠬᠣᠯᠪᠣᠭᠳᠠᠯ ᠪᠦᠬᠦᠢ ᠲᠣᠭᠲᠠᠭ᠋ᠠᠯ᠎ᠢ ᠬᠡᠷᠡᠭᠵᠢᠭᠦᠯᠦᠨ᠎ᠡ ᠃

       ᠬᠣᠷᠢᠨ ᠳᠥᠷᠪᠡᠳᠦᠭᠡᠷ ᠵᠦᠢ᠍ᠯ   ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠢ᠌ᠯᠠᠯ᠎ᠨᠢ ᠠᠮᠤ ᠪᠤᠳᠠᠭ᠎ᠠ ᠬᠤᠳᠠᠯᠳᠤᠨ ᠠᠪᠬᠤ᠎ᠳᠤ᠎ᠪᠠᠨ ᠬᠤᠳᠠᠯᠳᠤᠨ ᠠᠪᠤᠭᠰᠠᠨ ᠪᠠᠷᠢᠮᠲᠠ ᠭᠠᠷᠭ᠋ᠠᠵᠤ ᠂  ᠡᠵᠡᠩᠨᠡᠯᠲᠡ ᠵᠢᠨ  ᠡᠬᠡ ᠳᠠᠩᠰᠠ ᠪᠠᠢ᠌ᠭᠤᠯᠬᠤ ᠵᠢᠨ ᠬᠠᠮᠲᠤ ᠂  ᠴᠠᠭ ᠲᠤᠬᠠᠢ᠎ᠳᠤ ᠎ᠨᠢ ᠲᠡᠮᠳᠡᠭᠯᠡᠬᠦ ᠬᠡᠷᠡᠭᠲᠡᠢ ᠃

       ᠬᠣᠷᠢᠨ ᠲᠠᠪᠤᠳᠤᠭ᠋ᠠᠷ ᠵᠦᠢ᠍ᠯ   ᠤᠯᠤᠰ᠎ᠤᠨ ᠥᠮᠴᠢᠯᠡᠯ᠎ᠤᠨ ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠢ᠌ᠯᠠᠯ᠎ᠨᠢ ᠤᠯᠤᠰ᠎ᠤᠨ ᠠᠮᠤ ᠪᠤᠳᠠᠭ᠎ᠠ ᠬᠤᠳᠠᠯᠳᠤᠨ ᠠᠪᠬᠤ ᠲᠥᠷᠥ ᠵᠢᠨ ᠪᠣᠳᠣᠯᠭ᠎ᠠ ᠵᠢ ᠲᠦᠷᠦᠭᠦᠯᠡᠨ ᠬᠡᠷᠡᠭᠵᠢᠭᠦᠯᠵᠦ ᠂  ᠢᠳᠡᠪᠬᠢᠲᠡᠢ᠎ᠪᠠᠷ ᠵᠠᠬ᠎ᠠ ᠳᠡᠯᠭᠡᠭᠦᠷ᠎ᠲᠤ ᠣᠷᠣᠯᠴᠠᠨ ᠠᠮᠤ ᠪᠤᠳᠠᠭ᠎ᠠ ᠬᠤᠳᠠᠯᠳᠤᠨ ᠠᠪᠬᠤ ᠵᠢᠨ ᠬᠠᠮᠲᠤ ᠲᠥᠷᠥ ᠵᠢᠨ ᠪᠣᠳᠣᠯᠭ᠎ᠠ ᠵᠢᠨ ᠴᠢᠨᠠᠷᠲᠠᠢ ᠠᠮᠤ ᠪᠤᠳᠠᠭ᠎ᠠ ᠬᠤᠳᠠᠯᠳᠤᠨ ᠠᠪᠬᠤ ᠠᠵᠢᠯ᠎ᠢ ᠰᠠᠢ᠌ᠲᠤᠷ ᠬᠢᠵᠦ ᠂  ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠠᠮᠤ ᠪᠤᠳᠠᠭ᠋ᠠᠨ᠎ᠤ ᠬᠣᠷᠸ᠎ᠠ ᠲᠣᠬᠢᠷᠠᠭᠤᠯᠭ᠎ᠠ ᠵᠢ ᠳᠠᠭ᠋ᠠᠬᠤ ᠪᠠ ᠲᠡᠭᠦᠨ᠎ᠳᠤ ᠦᠢ᠍ᠯᠡᠴᠢᠯᠡᠬᠦ ᠬᠡᠷᠡᠭᠲᠡᠢ ᠃

       ᠬᠣᠷᠢᠨ ᠵᠢᠷᠭᠤᠳᠤᠭ᠋ᠠᠷ ᠵᠦᠢ᠍ᠯ   ᠵᠠᠰᠠᠭ᠎ᠤᠨ ᠣᠷᠳᠣᠨ ᠨᠥᠭᠡᠴᠡᠯᠡᠬᠦ᠎ᠪᠠᠷ ᠬᠤᠳᠠᠯᠳᠤᠨ ᠠᠪᠬᠤ᠎ᠳᠤ 《ᠵᠠᠰᠠᠭ᠎ᠤᠨ ᠣᠷᠳᠣᠨ᠎ᠤ ᠨᠥᠭᠡᠴᠡᠯᠡᠬᠦ ᠠᠮᠤ ᠪᠤᠳᠠᠭ᠎ᠠ ᠵᠢᠨ ᠬᠥᠮᠥᠷᠭᠡᠯᠡᠬᠦ ᠬᠠᠮᠢᠶᠠᠷᠤᠯᠲᠠ ᠵᠢᠨ ᠠᠷᠭ᠎ᠠ》 《ᠵᠠᠰᠠᠭ᠎ᠤᠨ ᠣᠷᠳᠣᠨ᠎ᠤ ᠨᠥᠭᠡᠴᠡᠯᠡᠬᠦ ᠠᠮᠤ ᠪᠤᠳᠠᠭ᠎ᠠ ᠵᠢᠨ ᠶᠠᠰᠤ ᠴᠢᠨᠠᠷ᠎ᠤᠨ ᠠᠮᠤᠷ ᠲᠦᠪᠰᠢᠨ᠎ᠤ ᠬᠠᠮᠢᠶᠠᠷᠤᠯᠲᠠ ᠵᠢᠨ ᠠᠷᠭ᠎ᠠ》 ᠵᠡᠷᠭᠡ ᠬᠣᠯᠪᠣᠭᠳᠠᠯ ᠪᠦᠬᠦᠢ ᠲᠣᠭᠲᠠᠭ᠋ᠠᠯ᠎ᠢ ᠬᠡᠷᠡᠭᠵᠢᠭᠦᠯᠬᠦ ᠬᠡᠷᠡᠭᠲᠡᠢ ᠃

       ᠳᠥᠷᠪᠡᠳᠦᠭᠡᠷ ᠪᠦᠯᠦᠭ   ᠠᠮᠤ ᠪᠤᠳᠠᠭ᠎ᠠ ᠬᠤᠳᠠᠯᠳᠤᠨ ᠠᠪᠬᠤ ᠶᠠᠰᠤ ᠴᠢᠨᠠᠷ᠎ᠤᠨ ᠬᠠᠮᠢᠶᠠᠷᠤᠯᠲᠠ

       ᠬᠣᠷᠢᠨ ᠳᠣᠯᠣᠳᠤᠭ᠋ᠠᠷ ᠵᠦᠢ᠍ᠯ   ᠠᠮᠤ ᠪᠤᠳᠠᠭ᠎ᠠ ᠬᠤᠳᠠᠯᠳᠤᠨ ᠠᠪᠤᠭᠴᠢ ᠠᠮᠤ ᠪᠤᠳᠠᠭ᠎ᠠ ᠬᠤᠳᠠᠯᠳᠤᠨ ᠠᠪᠬᠤ᠎ᠳᠤ ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠶᠠᠰᠤ ᠴᠢᠨᠠᠷ᠎ᠤᠨ ᠠᠮᠤᠷ ᠲᠦᠪᠰᠢᠨ᠎ᠤ ᠰᠢᠯᠭ᠋ᠠᠨ ᠪᠠᠢ᠌ᠴᠠᠭ᠋ᠠᠯᠲᠠ ᠬᠢᠵᠦ ᠂  ᠠᠮᠤ ᠪᠤᠳᠠᠭ᠋ᠠᠨ᠎ᠤ ᠶᠠᠰᠤ ᠴᠢᠨᠠᠷ᠎ᠤᠨ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠬᠡᠷᠡᠭᠲᠡᠢ ᠃  ᠢᠳᠡᠭᠡᠨ᠎ᠤ ᠠᠮᠤᠷ ᠲᠦᠪᠰᠢᠨ᠎ᠤ ᠪᠠᠷᠢᠮᠵᠢᠶ᠎ᠠ᠎ᠳᠤ ᠨᠡᠢ᠌ᠴᠡᠬᠦ ᠦᠭᠡᠢ ᠠᠮᠤ ᠪᠤᠳᠠᠭ᠎ᠠ ᠵᠢ  ᠢᠳᠡᠭᠡᠨ᠎ᠤ ᠪᠤᠰᠤ ᠬᠡᠷᠡᠭᠴᠡᠭᠡ᠎ᠪᠠᠷ ᠲᠤᠰᠬᠠᠢ ᠨᠥᠭᠡᠴᠡᠯᠡᠬᠦ ᠵᠢᠨ ᠬᠠᠮᠲᠤ ᠰᠢᠢ᠍ᠳᠪᠦᠷᠢᠯᠡᠵᠦ ᠂  ᠬᠦᠨᠡᠰᠦᠨ ᠠᠮᠤ ᠵᠢᠨ ᠵᠠᠬ᠎ᠠ ᠳᠡᠯᠭᠡᠭᠦᠷ ᠪᠠ ᠢᠳᠡᠭᠡᠨ᠎ᠢ ᠡᠳ᠋ᠰᠢᠭᠦᠯᠬᠦ ᠵᠠᠮ ᠮᠥᠷ᠎ᠲᠤ ᠣᠷᠣᠭᠤᠯᠵᠤ ᠪᠣᠯᠬᠤ ᠦᠭᠡᠢ ᠃ 

       ᠬᠣᠷᠢᠨ ᠨᠠᠢ᠍ᠮᠠᠳᠤᠭ᠋ᠠᠷ ᠵᠦᠢ᠍ᠯ   ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠢ᠌ᠯᠠᠯ᠎ᠨᠢ ᠠᠮᠤ ᠪᠤᠳᠠᠭ᠋ᠠᠨ᠎ᠤ ᠶᠠᠰᠤ ᠴᠢᠨᠠᠷ᠎ᠤᠨ ᠠᠮᠤᠷ ᠲᠦᠪᠰᠢᠨ᠎ᠢ ᠪᠠᠲᠤᠯᠠᠬᠤ ᠴᠢᠳᠠᠪᠤᠷᠢ ᠵᠢ  ᠪᠦᠷᠢᠳᠦᠭᠦᠯᠬᠦ ᠬᠡᠷᠡᠭᠲᠡᠢ ᠃  ᠬᠤᠳᠠᠯᠳᠤᠨ ᠠᠪᠤᠭᠰᠠᠨ ᠠᠮᠤ ᠪᠤᠳᠠᠭ᠋ᠠᠨ᠎ᠤ ᠶᠠᠰᠤ ᠴᠢᠨᠠᠷ᠎ᠲᠤ ᠰᠢᠯᠭ᠋ᠠᠨ ᠪᠠᠢ᠌ᠴᠠᠭ᠋ᠠᠯᠲᠠ ᠬᠢᠵᠦ ᠂  ᠶᠡᠷᠦ᠎ᠳᠤ᠎ᠪᠠᠨ ᠳᠡᠰ ᠂  ᠴᠢᠭᠢᠭ ᠂  ᠬᠣᠯᠢᠴᠠ ᠂  ᠲᠡᠭᠦᠯᠳᠡᠷ ᠪᠤᠰᠤ ᠮᠥᠬᠥᠯᠢᠭ ᠂  ᠡᠵᠡᠯᠡᠬᠦᠨ᠎ᠤ ᠬᠦᠨᠳᠦ ᠂  ᠪᠦᠳᠦᠭᠦᠯᠢᠭ ᠠᠮᠤ ᠭᠠᠷᠬᠤ ᠨᠣᠷᠮ᠎ᠠ ᠂  ᠬᠦᠨᠳᠦ ᠲᠡᠮᠦᠷᠯᠢᠭ ᠂  ᠵᠢᠩᠬᠢᠨᠢ ᠮᠥᠬᠥ ᠵᠢᠨ ᠬᠣᠣᠷ ᠵᠡᠷᠭᠡ ᠶᠠᠰᠤ ᠴᠢᠨᠠᠷ᠎ᠤᠨ ᠠᠮᠤᠷ ᠲᠦᠪᠰᠢᠨ᠎ᠤ ᠪᠠᠷᠢᠮᠵᠢᠶ᠎ᠠ ᠪᠠᠭᠲᠠᠬᠤ (ᠬᠢᠵᠠᠭ᠋ᠠᠷᠯᠠᠭᠳᠠᠬᠤ ᠦᠭᠡᠢ) ᠬᠡᠷᠡᠭᠲᠡᠢ ᠃

       ᠬᠣᠷᠢ ᠶᠢᠰᠦᠳᠦᠭᠡᠷ ᠵᠦᠢ᠍ᠯ   ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠢ᠌ᠯᠠᠯ᠎ᠤᠨ ᠬᠡᠷᠡᠭᠴᠡᠭᠡ᠎ᠪᠠᠨ ᠦᠨᠳᠦᠰᠦᠯᠡᠨ ᠱᠠᠭ᠋ᠠᠷᠳᠠᠯᠭ᠎ᠠ᠎ᠳᠤ ᠨᠡᠢ᠌ᠴᠡᠬᠦ ᠠᠮᠤ ᠪᠤᠳᠠᠭ᠎ᠠ ᠬᠤᠳᠠᠯᠳᠤᠵᠤ ᠠᠪᠬᠤ ᠵᠢᠨ ᠬᠠᠮᠲᠤ ᠬᠥᠮᠥᠷᠭᠡ ᠬᠤᠪᠢᠶᠠᠨ ᠨᠥᠭᠡᠴᠡᠯᠡᠬᠦ ᠵᠢ ᠵᠣᠷᠢᠭᠵᠢᠭᠤᠯᠵᠤ ᠂  ᠨᠥᠬᠥᠴᠡᠯ᠎ᠲᠠᠢ ᠪᠠᠢ᠌ᠭ᠎ᠠ᠎ᠨᠢ ᠴᠢᠨᠠᠷ᠎ᠤᠨ  ᠵᠢᠭ᠋ᠠᠯᠲᠠ ᠲᠣᠭ᠋ᠠᠨ᠎ᠤ ᠲᠦᠷᠭᠡᠨ ᠰᠢᠯᠭ᠋ᠠᠨ ᠪᠠᠢ᠌ᠴᠠᠭ᠋ᠠᠯᠲᠠ ᠬᠢᠵᠦ ᠂  ᠣᠨᠣᠴᠠᠲᠠᠢ᠎ᠪᠠᠷ ᠬᠠᠮᠢᠶᠠᠷᠤᠨ ᠂  ᠰᠢᠯᠢᠳᠡᠭ ᠠᠮᠤ ᠵᠢ ᠰᠢᠯᠢᠳᠡᠭᠴᠢᠯᠡᠨ ᠨᠥᠭᠡᠴᠡᠯᠡᠬᠦ ᠵᠢ ᠪᠡᠶᠡᠯᠡᠭᠦᠯᠦᠨ᠎ᠡ ᠃

       ᠭᠤᠴᠢᠳᠤᠭ᠋ᠠᠷ ᠵᠦᠢ᠍ᠯ   ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠢ᠌ᠯᠠᠯ᠎ᠨᠢ ᠠᠮᠤ ᠪᠤᠳᠠᠭ᠋ᠠᠨ᠎ᠤ ᠶᠠᠰᠤ ᠴᠢᠨᠠᠷ᠎ᠤᠨ ᠠᠮᠤᠷ ᠲᠦᠪᠰᠢᠨ᠎ᠤ ᠬᠠᠮᠢᠶᠠᠷᠤᠯᠲᠠ ᠵᠢᠨ ᠳᠦᠷᠢᠮ ᠪᠠᠢ᠌ᠭᠤᠯᠵᠤ ᠂  ᠶᠠᠰᠤ ᠴᠢᠨᠠᠷ᠎ᠤᠨ ᠠᠮᠤᠷ ᠲᠦᠪᠰᠢᠨ᠎ᠢ  ᠡᠵᠡᠮᠰᠢᠬᠦ ᠲᠣᠭᠲᠠᠯᠴᠠᠭ᠎ᠠ ᠵᠢ ᠪᠦᠷᠢᠨᠰᠢᠭᠦᠯᠵᠦ ᠂  ᠶᠠᠰᠤ ᠴᠢᠨᠠᠷ᠎ᠤᠨ ᠠᠮᠤᠷ ᠲᠦᠪᠰᠢᠨ᠎ᠤ ᠬᠠᠮᠢᠶᠠᠷᠤᠯᠲᠠ ᠵᠢᠨ ᠬᠠᠷᠢᠭᠤᠴᠠᠯᠭ᠎ᠠ ᠵᠢ ᠲᠣᠳᠣᠷᠬᠠᠢ ᠪᠣᠯᠭ᠋ᠠᠵᠤ ᠂  ᠲᠣᠭᠲᠠᠮᠠᠯ ᠬᠤᠭᠤᠴᠠᠭ᠎ᠠ᠎ᠲᠠᠢ᠎ᠪᠠᠷ ᠠᠵᠢᠯᠲᠠᠨ᠎ᠳᠤ᠎ᠪᠠᠨ  ᠬᠠᠮᠢᠶ᠎ᠠ ᠪᠦᠬᠦᠢ ᠬᠠᠤᠯᠢ ᠴᠠᠭ᠋ᠠᠵᠠ ᠂  ᠬᠠᠤᠯᠢ ᠲᠣᠭᠲᠠᠭ᠋ᠠᠯ ᠂  ᠲᠥᠷᠥ ᠵᠢᠨ ᠪᠣᠳᠣᠯᠭ᠎ᠠ ᠂  ᠪᠠᠷᠢᠮᠵᠢᠶ᠎ᠠ ᠪᠠ ᠤᠷ᠎ᠠ ᠴᠢᠳᠠᠪᠤᠷᠢ ᠵᠢᠨ ᠪᠣᠯᠪᠠᠰᠤᠷᠠᠯ ᠬᠦᠷᠲᠡᠭᠡᠬᠦ ᠬᠡᠷᠡᠭᠲᠡᠢ ᠃

       ᠭᠤᠴᠢᠨ ᠨᠢᠭᠡᠳᠦᠭᠡᠷ ᠵᠦᠢ᠍ᠯ   ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠢ᠌ᠯᠠᠯ᠎ᠨᠢ ᠠᠮᠤ ᠪᠤᠳᠠᠭ᠋ᠠᠨ᠎ᠤ ᠶᠠᠰᠤ ᠴᠢᠨᠠᠷ᠎ᠤᠨ ᠠᠮᠤᠷ ᠲᠦᠪᠰᠢᠨ᠎ᠤ ᠡᠬᠡ ᠳᠠᠩᠰᠠ ᠪᠠᠢ᠌ᠭᠤᠯᠵᠤ ᠂  ᠠᠮᠤ ᠪᠤᠳᠠᠭ᠋ᠠᠨ᠎ᠤ ᠲᠥᠷᠥᠯ ᠵᠦᠢ᠍ᠯ ᠂  ᠪᠠᠷᠠᠭ᠎ᠠ ᠬᠠᠩᠭ᠋ᠠᠬᠤ ᠡᠲᠡᠭᠡᠳ ᠂  ᠠᠮᠤ ᠪᠤᠳᠠᠭ᠋ᠠᠨ᠎ᠤ ᠭᠠᠷᠤᠯᠲᠠ ᠵᠢᠨ ᠣᠷᠣᠨ ᠂  ᠬᠤᠷᠢᠶᠠᠯᠲᠠ ᠣᠯᠣᠭᠰᠠᠨ ᠣᠨ ᠵᠢᠯ ᠂  ᠬᠤᠳᠠᠯᠳᠤᠨ ᠠᠪᠤᠭᠰᠠᠨ ᠪᠤᠶᠤ ᠬᠥᠮᠥᠷᠭᠡ᠎ᠳᠤ ᠣᠷᠣᠭᠤᠯᠤᠭᠰᠠᠨ ᠴᠠᠭ ᠬᠤᠭᠤᠴᠠᠭ᠎ᠠ ᠂  ᠪᠠᠷᠠᠭ᠋ᠠᠨ᠎ᠤ ᠪᠠᠢ᠌ᠷᠢᠯᠠᠯ ᠵᠢᠴᠢ ᠲᠣᠭ᠎ᠠ ᠬᠡᠮᠵᠢᠶ᠎ᠡ ᠂  ᠶᠠᠰᠤ ᠴᠢᠨᠠᠷ᠎ᠤᠨ ᠳᠡᠰ ᠂  ᠴᠢᠨᠠᠷ᠎ᠤᠨ ᠪᠠᠢ᠌ᠳᠠᠯ ᠂  ᠪᠣᠷᠣᠯᠠᠭᠤᠯᠤᠭᠰᠠᠨ ᠵᠦᠭ ᠴᠢᠭᠯᠡᠯ ᠂  ᠬᠥᠮᠥᠷᠭᠡ᠎ᠠᠴᠠ ᠭᠠᠷᠤᠭᠰᠠᠨ ᠴᠠᠭ ᠬᠤᠭᠤᠴᠠᠭ᠎ᠠ ᠵᠢᠴᠢ ᠬᠣᠯᠪᠣᠭᠳᠠᠯ ᠪᠦᠬᠦᠢ ᠪᠤᠰᠤᠳ ᠠᠭᠤᠯᠭ᠎ᠠ ᠵᠢ ᠦᠨᠡᠨ ᠪᠣᠳᠠᠲᠠᠢ᠎ᠪᠠᠷ ᠲᠡᠮᠳᠡᠭᠯᠡᠬᠦ ᠬᠡᠷᠡᠭᠲᠡᠢ ᠃

       ᠠᠮᠤ ᠪᠤᠳᠠᠭ᠋ᠠᠨ᠎ᠤ ᠶᠠᠰᠤ ᠴᠢᠨᠠᠷ᠎ᠤᠨ ᠠᠮᠤᠷ ᠲᠦᠪᠰᠢᠨ᠎ᠤ ᠡᠬᠡ ᠳᠠᠩᠰᠠ ᠵᠢᠨ ᠬᠠᠳᠠᠭ᠋ᠠᠯᠠᠬᠤ ᠬᠤᠭᠤᠴᠠᠭ᠎ᠠ ᠵᠢ ᠠᠮᠤ ᠪᠤᠳᠠᠭ᠎ᠠ ᠵᠢ  ᠪᠣᠷᠣᠯᠠᠭᠤᠯᠬᠤ᠎ᠪᠠᠷ ᠬᠥᠮᠥᠷᠭᠡ᠎ᠠᠴᠠ ᠭᠠᠷᠭ᠋ᠠᠭᠰᠠᠨ ᠡᠳᠦᠷ᠎ᠠᠴᠠ ᠡᠬᠢᠯᠡᠨ ᠪᠣᠳᠣᠵᠤ ᠂ 5 ᠵᠢᠯ᠎ᠠᠴᠠ ᠳᠤᠲᠠᠭᠤ ᠪᠠᠢ᠌ᠯᠭ᠋ᠠᠵᠤ ᠪᠣᠯᠬᠤ ᠦᠭᠡᠢ ᠃

       ᠲᠠᠪᠤᠳᠤᠭ᠋ᠠᠷ ᠪᠦᠯᠦᠭ   ᠠᠮᠤ ᠪᠤᠳᠠᠭ᠎ᠠ ᠬᠤᠳᠠᠯᠳᠤᠨ ᠠᠪᠬᠤ ᠦᠢ᠍ᠯᠡᠴᠢᠯᠡᠭᠡᠨ᠎ᠤ ᠪᠠᠲᠤᠯᠠᠭ᠎ᠠ

       ᠭᠤᠴᠢᠨ ᠬᠣᠶᠠᠳᠤᠭ᠋ᠠᠷ ᠵᠦᠢ᠍ᠯ   ᠠᠮᠤ ᠪᠤᠳᠠᠭ᠎ᠠ ᠪᠠ ᠨᠥᠭᠡᠴᠡᠯᠡᠬᠦ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠨᠢ ᠵᠣᠬᠢᠶᠠᠨ ᠪᠠᠢ᠌ᠭᠤᠯᠵᠤ ᠤᠳᠤᠷᠢᠳᠬᠤ᠎ᠪᠠᠨ ᠴᠢᠩᠭ᠋ᠠᠳᠬᠠᠵᠤ ᠂  ᠠᠮᠤ ᠪᠤᠳᠠᠭ᠎ᠠ ᠬᠤᠳᠠᠯᠳᠤᠨ ᠠᠪᠬᠤ ᠠᠵᠢᠯ᠎ᠢ ᠯᠠᠪᠳᠠᠭᠤᠨ ᠵᠶ᠋ᠠᠷ ᠠᠬᠢᠭᠤᠯᠬᠤ ᠬᠡᠷᠡᠭᠲᠡᠢ; ᠰᠠᠯᠠᠭ᠎ᠠ ᠮᠥᠴᠢᠷ᠎ᠤᠨ ᠬᠠᠮᠵᠢᠯᠴᠠᠭ᠎ᠠ ᠵᠢ ᠴᠢᠩᠭ᠋ᠠᠳᠬᠠᠵᠤ ᠂  ᠲᠠᠷᠢᠶᠠᠯᠠᠩ᠎ᠳᠤ ᠦᠢ᠍ᠯᠡᠴᠢᠯᠡᠬᠦ ᠠᠷᠭ᠎ᠠ ᠬᠡᠮᠵᠢᠶ᠎ᠡ᠎ᠪᠠᠨ ᠴᠢᠩᠭ᠋ᠠᠳᠬᠠᠨ᠎ᠠ; ᠦᠢ᠍ᠯᠡᠳᠪᠦᠷᠢᠯᠡᠭᠰᠡᠨ᠎ᠤ ᠳᠠᠷᠠᠭ᠋ᠠᠬᠢ ᠦᠢ᠍ᠯᠡᠴᠢᠯᠡᠭᠡ᠎ᠪᠠᠨ ᠴᠢᠩᠭ᠋ᠠᠳᠬᠠᠵᠤ ᠂  ᠣᠷᠣᠯᠠᠨ ᠴᠡᠪᠡᠷᠯᠡᠬᠦ ᠂  ᠣᠷᠣᠯᠠᠨ ᠬᠠᠭᠤᠷᠠᠢ᠌ᠰᠢᠭᠤᠯᠬᠤ ᠂  ᠣᠷᠣᠯᠠᠨ ᠬᠠᠳᠠᠭ᠋ᠠᠯᠠᠬᠤ ᠂  ᠣᠷᠣᠯᠠᠨ ᠡᠳ᠋ᠰᠢᠭᠦᠯᠬᠦ ᠂  ᠣᠷᠣᠯᠠᠨ ᠪᠣᠷᠣᠯᠠᠭᠤᠯᠬᠤ ᠵᠡᠷᠭᠡ ᠨᠡᠢ᠌ᠭᠡᠮᠴᠢᠯᠡᠭᠰᠡᠨ ᠦᠢ᠍ᠯᠡᠴᠢᠯᠡᠭᠡ ᠬᠠᠩᠭ᠋ᠠᠵᠤ ᠂  ᠠᠮᠤ ᠪᠤᠳᠠᠭ᠋ᠠᠨ᠎ᠤ ᠬᠣᠬᠢᠷᠠᠯ ᠰᠦᠢ᠍ᠳᠬᠡᠯ᠎ᠢ ᠪᠠᠭᠤᠷᠠᠭᠤᠯᠤᠨ᠎ᠠ ᠃  ᠲᠠᠷᠢᠶᠠᠴᠢᠨ ᠡᠷᠦᠬᠡ ᠵᠢᠨ ᠬᠦᠷᠢᠶ᠎ᠡ ᠬᠠᠰᠢᠶ᠎ᠠ᠎ᠳᠤ ᠠᠮᠤ ᠨᠥᠭᠡᠴᠡᠯᠡᠬᠦ ᠮᠡᠷᠭᠡᠵᠢᠯ᠎ᠤᠨ ᠵᠢᠭ᠋ᠠᠨ ᠵᠢᠯᠣᠭᠣᠳᠤᠯᠭ᠎ᠠ ᠵᠢᠨ  ᠡᠷᠴᠢᠮ ᠵᠶ᠋ᠡᠨ ᠴᠢᠩᠭ᠋ᠠᠳᠬᠠᠵᠤ ᠂  ᠠᠮᠤ ᠨᠥᠭᠡᠴᠡᠯᠡᠬᠦ ᠰᠠᠪᠠᠯᠠᠬᠤ ᠬᠡᠷᠡᠭᠰᠡᠯ ᠵᠡᠷᠭᠡ ᠪᠡᠯᠡᠳᠬᠡᠮᠵᠢ ᠲᠥᠬᠦᠭᠡᠷᠦᠮᠵᠢ ᠲᠠᠭ᠋ᠠᠷᠠᠭᠤᠯᠬᠤ ᠵᠢ ᠳᠡᠮᠵᠢᠵᠦ ᠂  ᠰᠢᠨᠵᠢᠯᠡᠬᠦ ᠤᠬᠠᠭ᠋ᠠᠨᠴᠢ᠎ᠪᠠᠷ ᠠᠮᠤ ᠨᠥᠭᠡᠴᠡᠯᠡᠬᠦ ᠮᠡᠷᠭᠡᠵᠢᠯ᠎ᠤᠨ ᠪᠣᠯᠪᠠᠰᠤᠷᠠᠯ ᠪᠠ ᠦᠢ᠍ᠯᠡᠴᠢᠯᠡᠭᠡ ᠬᠠᠩᠭ᠋ᠠᠬᠤ ᠬᠡᠷᠡᠭᠲᠡᠢ ᠃

       ᠭᠤᠴᠢᠨ ᠭᠤᠷᠪᠠᠳᠤᠭ᠋ᠠᠷ ᠵᠦᠢ᠍ᠯ   ᠠᠮᠤ ᠪᠤᠳᠠᠭ᠎ᠠ ᠪᠠ ᠨᠥᠭᠡᠴᠡᠯᠡᠬᠦ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠨᠢ ᠰᠠᠨᠠᠭ᠋ᠠᠴᠢᠯᠠᠭ᠎ᠠ᠎ᠠᠴᠠ᠎ᠪᠠᠨ ᠠᠮᠤ ᠪᠤᠳᠠᠭ᠋ᠠᠨ᠎ᠤ ᠦᠨ᠎ᠡ ᠬᠠᠩᠰᠢ ᠂  ᠬᠤᠳᠠᠯᠳᠤᠨ ᠠᠪᠬᠤ ᠠᠬᠢᠴᠠ ᠵᠡᠷᠭᠡ ᠮᠡᠳᠡᠭᠡ ᠵᠠᠩᠭᠢ ᠵᠢ ᠨᠡᠢ᠌ᠲᠡᠯᠡᠵᠦ ᠂  ᠠᠮᠤ ᠪᠤᠳᠠᠭ᠎ᠠ ᠬᠤᠳᠠᠯᠳᠤᠨ ᠠᠪᠬᠤ ᠲᠥᠷᠥ ᠵᠢᠨ ᠪᠣᠳᠣᠯᠭ᠎ᠠ ᠵᠢ ᠣᠯᠠᠨ ᠵᠦᠢ᠍ᠯ᠎ᠤᠨ ᠬᠡᠯᠪᠡᠷᠢ᠎ᠪᠠᠷ ᠤᠬᠠᠭᠤᠯᠤᠨ ᠲᠠᠢ᠌ᠯᠤᠮᠵᠢ ᠬᠢᠵᠦ ᠂  ᠨᠡᠢ᠌ᠭᠡᠮ᠎ᠤᠨ ᠠᠩᠬᠠᠷᠤᠯ ᠲᠠᠯᠪᠢᠵᠤ ᠪᠠᠢ᠌ᠭ᠎ᠠ ᠵᠦᠢ᠍ᠯᠡᠰ᠎ᠢ ᠢᠳᠡᠪᠬᠢᠲᠡᠢ᠎ᠪᠠᠷ ᠬᠠᠷᠢᠭᠤᠯᠵᠤ ᠂  ᠵᠠᠬ᠎ᠠ ᠳᠡᠯᠭᠡᠭᠦᠷ᠎ᠤᠨ ᠵᠢᠱ᠌ᠢᠯᠲᠡ ᠵᠢ ᠬᠥᠲᠥᠯᠥᠨ ᠵᠢᠯᠤᠭᠣᠳᠴᠤ ᠂  ᠠᠮᠤ ᠪᠤᠳᠠᠭ᠋ᠠᠨ᠎ᠤ ᠦᠢ᠍ᠯᠡᠳᠪᠦᠷᠢᠯᠡᠯ ᠪᠣᠷᠤᠯᠠᠭᠤᠯᠭ᠎ᠠ ᠵᠢᠨ  ᠬᠠᠮᠲᠤᠷᠠᠯᠴᠠᠭ᠎ᠠ ᠵᠢ ᠭᠦᠨᠵᠡᠭᠡᠢ᠌ᠷᠡᠭᠦᠯᠵᠦ ᠂  ᠠᠮᠤ ᠪᠤᠳᠠᠭ᠋ᠠᠨ᠎ᠤ ᠵᠠᠬ᠎ᠠ ᠳᠡᠯᠭᠡᠭᠦᠷ᠎ᠤᠨ ᠲᠣᠭᠲᠠᠭᠤᠨ ᠠᠵᠢᠯᠯᠠᠭ᠋ᠠᠨ᠎ᠢ ᠠᠬᠢᠭᠤᠯᠬᠤ ᠬᠡᠷᠡᠭᠲᠡᠢ ᠃

       ᠭᠤᠴᠢᠨ ᠳᠥᠷᠪᠡᠳᠦᠭᠡᠷ ᠵᠦᠢ᠍ᠯ   ᠠᠮᠤ ᠪᠤᠳᠠᠭ᠎ᠠ ᠪᠠ ᠨᠥᠭᠡᠴᠡᠯᠡᠬᠦ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠨᠢ ᠠᠮᠤ ᠪᠤᠳᠠᠭ᠋ᠠᠨ᠎ᠤ ᠵᠠᠬ᠎ᠠ ᠳᠡᠯᠭᠡᠭᠦᠷ᠎ᠤᠨ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠬᠦ᠎ᠪᠠᠨ ᠴᠢᠩᠭ᠋ᠠᠳᠬᠠᠵᠤ ᠂  ᠠᠮᠤ ᠪᠤᠳᠠᠭ᠋ᠠᠨ᠎ᠤ ᠵᠠᠬ᠎ᠠ ᠳᠡᠯᠭᠡᠭᠦᠷ᠎ᠤᠨ ᠦᠨ᠎ᠡ ᠬᠠᠩᠰᠢ ᠪᠠ ᠵᠠᠬ᠎ᠠ ᠳᠡᠯᠭᠡᠭᠦᠷ᠎ᠤᠨ ᠬᠥᠳᠡᠯᠦᠩᠭᠦᠢ ᠪᠠᠢ᠌ᠳᠠᠯ᠎ᠢ ᠨᠢᠭᠲᠠ ᠠᠩᠬᠠᠷᠴᠤ ᠂  ᠠᠮᠤ ᠪᠤᠳᠠᠭ᠎ᠠ ᠬᠤᠳᠠᠯᠳᠤᠨ ᠠᠪᠬᠤ ᠤᠯᠠᠷᠢᠯ᠎ᠳᠤ ᠬᠤᠳᠠᠯᠳᠤᠨ ᠠᠪᠬᠤ ᠠᠬᠢᠴᠠ ᠪᠠ ᠵᠠᠬ᠎ᠠ ᠳᠡᠯᠭᠡᠭᠦᠷ᠎ᠤᠨ ᠦᠨ᠎ᠡ ᠬᠠᠩᠰᠢ ᠵᠢ ᠭᠣᠣᠯᠳᠠᠯᠭ᠎ᠠ᠎ᠲᠠᠢ᠎ᠪᠠᠷ ᠬᠢᠨᠠᠨ ᠬᠡᠮᠵᠢᠵᠦ ᠂  ᠬᠥᠭᠵᠢᠭᠦᠯᠦᠯᠲᠡ ᠪᠠ ᠥᠭᠡᠷᠡᠴᠢᠯᠡᠯᠲᠡ ᠂  ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠂  ᠲᠣᠭ᠎ᠠ ᠪᠦᠷᠢᠳᠬᠡᠯ ᠂  ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠂  ᠵᠠᠮ ᠬᠠᠷᠢᠯᠴᠠᠭ᠎ᠠ ᠲᠡᠭᠡᠭᠡᠪᠦᠷᠢ ᠂  ᠲᠠᠷᠢᠶᠠᠯᠠᠩ᠎ᠤᠨ  ᠬᠥᠭᠵᠢᠭᠦᠯᠦᠯᠲᠡ ᠵᠢᠨ ᠪᠠᠩᠬᠢ ᠵᠡᠷᠭᠡ ᠰᠠᠯᠠᠭ᠎ᠠ ᠮᠥᠴᠢᠷ ᠂  ᠨᠢᠭᠡᠴᠢ᠎ᠯᠦᠭᠡ ᠵᠥᠪᠳᠡᠯᠴᠡᠬᠦ ᠲᠣᠭᠲᠠᠴᠠ   ᠪᠠᠢ᠌ᠭᠤᠯᠵᠤ ᠂  ᠠᠮᠤ ᠪᠤᠳᠠᠭ᠎ᠠ ᠬᠤᠳᠠᠯᠳᠤᠨ ᠠᠪᠬᠤ ᠲᠠᠯ᠎ᠠ ᠵᠢᠨ ᠪᠠᠢ᠌ᠳᠠᠯ᠎ᠢ ᠴᠠᠭ ᠲᠤᠬᠠᠢ᠎ᠳᠤ᠎ᠨᠢ ᠵᠠᠳᠠᠯᠤᠨ ᠰᠢᠨᠵᠢᠯᠡᠵᠦ ᠰᠤᠳᠤᠯᠤᠨ ᠮᠠᠭ᠋ᠠᠳᠯᠠᠬᠤ ᠬᠡᠷᠡᠭᠲᠡᠢ ᠃  ᠭᠡᠨᠡᠳᠲᠡ ᠡᠭᠦᠰᠬᠦ ᠨᠡᠢ᠌ᠲᠡ ᠵᠢᠨ ᠡᠷᠡᠭᠦᠯ ᠬᠠᠮᠠᠭ᠋ᠠᠯᠠᠯ᠎ᠤᠨ ᠬᠡᠷᠡᠭ ᠪᠠ ᠣᠨᠴᠠᠭ᠋ᠠᠢ ᠴᠠᠭ ᠠᠭᠤᠷ ᠵᠡᠷᠭᠡ ᠵᠢᠨ ᠨᠥᠯᠥᠭᠡᠯᠡᠯ᠎ᠢ ᠨᠢᠭᠲᠠ ᠠᠩᠬᠠᠷᠴᠤ ᠂  ᠣᠯᠠᠨ ᠠᠷᠭ᠎ᠠ ᠵᠢ ᠵᠡᠷᠭᠡ᠎ᠪᠠᠷ ᠬᠡᠷᠡᠭᠯᠡᠵᠦ ᠂  ᠨᠠᠮᠤᠷ᠎ᠤᠨ ᠠᠮᠤ ᠲᠥᠪᠯᠡᠷᠡᠨ ᠵᠠᠬ᠎ᠠ ᠳᠡᠯᠭᠡᠭᠦᠷ᠎ᠲᠤ ᠭᠠᠷᠬᠤ ᠬᠤᠭᠤᠴᠠᠭ᠋ᠠᠨ᠎ᠳᠤ ᠣᠷᠣᠨ ᠪᠦᠰᠡ ᠵᠢᠨ ᠴᠢᠨᠠᠷ᠎ᠲᠠᠢ ᠂  ᠱᠠᠲᠤᠴᠢ ᠴᠢᠨᠠᠷ᠎ᠲᠠᠢ ᠲᠠᠷᠢᠶᠠᠴᠢᠨ᠎ᠤ 《ᠠᠮᠤ ᠬᠤᠳᠠᠯᠳᠤᠬᠤ᠎ᠳᠤ ᠪᠡᠷᠬᠡ》 ᠠᠰᠠᠭᠤᠳᠠᠯ ᠡᠭᠦᠰᠬᠦ ᠵᠢ ᠡᠷᠡᠰ ᠰᠡᠷᠭᠡᠢ᠌ᠯᠡᠬᠦ ᠬᠡᠷᠡᠭᠲᠡᠢ ᠃

       ᠭᠤᠴᠢᠨ ᠲᠠᠪᠤᠳᠤᠭ᠋ᠠᠷ ᠵᠦᠢ᠍ᠯ   ᠮᠡᠳᠡᠭᠡ ᠵᠠᠩᠭᠢᠴᠢᠯᠠᠭᠰᠠᠨ ᠂  ᠣᠶᠤᠨᠴᠢᠯᠠᠭᠰᠠᠨ ᠮᠡᠷᠭᠡᠵᠢᠯ᠎ᠢ ᠠᠰᠢᠭᠯᠠᠬᠤ ᠵᠢ ᠵᠣᠷᠢᠭᠵᠢᠭᠤᠯᠵᠤ ᠂ 《ᠢᠨᠲ᠋ᠧᠷ ᠰᠦᠯᠵᠢᠶ᠎ᠡ +》 ᠬᠤᠳᠠᠯᠳᠤᠨ ᠠᠪᠬᠤ ᠂  ᠪᠣᠯᠵᠣᠨ ᠬᠤᠳᠠᠯᠳᠤᠨ ᠠᠪᠬᠤ ᠂  ᠡᠭᠦᠳᠡᠨ᠎ᠳᠤ᠎ᠨᠢ ᠬᠦᠷᠴᠦ ᠬᠤᠳᠠᠯᠳᠤᠨ ᠠᠪᠬᠤ ᠵᠡᠷᠭᠡ ᠲᠠᠷᠢᠶᠠᠴᠢᠨ᠎ᠳᠤ ᠳᠥᠭᠥᠮ ᠦᠵᠡᠭᠦᠯᠬᠦ ᠠᠷᠭ᠎ᠠ ᠪᠠᠷᠢᠯ᠎ᠤᠨ  ᠬᠡᠷᠡᠭᠯᠡᠭᠡᠨ᠎ᠢ ᠳᠡᠯᠭᠡᠷᠡᠭᠦᠯᠵᠦ ᠂  ᠠᠮᠤ ᠪᠤᠳᠠᠭ᠎ᠠ ᠨᠥᠭᠡᠴᠡᠯᠡᠨ ᠲᠡᠭᠡᠭᠡᠪᠦᠷᠢᠯᠡᠬᠦ ᠪᠠ ᠠᠮᠤ ᠠᠷᠪᠢᠯᠠᠨ ᠬᠣᠷᠣᠭᠳᠠᠯ᠎ᠢ ᠪᠠᠭ᠋ᠠᠰᠬᠠᠬᠤ ᠲᠡᠷᠢᠭᠦᠨ᠎ᠤ ᠮᠡᠷᠭᠡᠵᠢᠯ᠎ᠢ ᠨᠡᠭᠡᠭᠡᠨ ᠠᠰᠢᠭᠯᠠᠬᠤ ᠪᠠ ᠳᠡᠯᠭᠡᠷᠡᠭᠦᠯᠬᠦ ᠵᠢ  ᠳᠡᠮᠵᠢᠵᠦ ᠂  ᠠᠮᠤ   ᠪᠤᠳᠠᠭ᠎ᠠ ᠬᠤᠳᠠᠯᠳᠤᠨ ᠠᠪᠤᠭᠴᠢ ᠵᠢᠨ ᠠᠮᠤ ᠵᠢ ᠬᠠᠢ᠌ᠷᠠᠯᠠᠨ ᠠᠮᠤ ᠵᠢ ᠠᠷᠪᠢᠯᠠᠬᠤ ᠦᠵᠡᠯ ᠤᠬᠠᠮᠰᠠᠷ᠎ᠢ᠎ᠨᠢ ᠳᠡᠭᠡᠭᠰᠢᠯᠡᠭᠦᠯᠬᠦ᠎ᠪᠠᠷ ᠬᠥᠲᠥᠯᠥᠨ ᠵᠢᠯᠤᠭᠣᠳᠴᠤ ᠂  ᠠᠮᠤ ᠪᠤᠳᠠᠭ᠋ᠠᠨ᠎ᠤ ᠬᠣᠷᠣᠭᠳᠠᠯ᠎ᠢ ᠪᠠᠭᠤᠷᠠᠭᠤᠯᠬᠤ ᠬᠡᠷᠡᠭᠲᠡᠢ ᠃

       ᠭᠤᠴᠢᠨ ᠵᠢᠷᠭᠤᠳᠤᠭ᠋ᠠᠷ ᠵᠦᠢ᠍ᠯ   ᠵᠠᠮ ᠬᠠᠷᠢᠯᠴᠠᠭ᠎ᠠ ᠲᠡᠭᠡᠭᠡᠪᠦᠷᠢ ᠂  ᠲᠡᠮᠦᠷ ᠵᠠᠮ᠎ᠤᠨ ᠰᠠᠯᠠᠭ᠎ᠠ ᠮᠥᠴᠢᠷ᠎ᠨᠢ ᠠᠮᠤ ᠪᠤᠳᠠᠭ᠎ᠠ ᠲᠡᠭᠡᠭᠡᠪᠦᠷᠢᠯᠡᠬᠦ ᠬᠡᠷᠡᠭᠴᠡᠭᠡ ᠱᠠᠭ᠋ᠠᠷᠳᠠᠯᠭ᠎ᠠ ᠬᠢᠭᠡᠳ ᠲᠡᠭᠡᠭᠡᠪᠦᠷᠢᠯᠡᠬᠦ ᠴᠢᠳᠠᠪᠤᠷᠢ ᠬᠠᠩᠭ᠋ᠠᠬᠤ ᠵᠢ ᠵᠣᠯᠭ᠋ᠠᠭᠤᠯᠬᠤ ᠲᠣᠭᠲᠠᠴᠠ ᠵᠢ ᠲᠡᠭᠦᠯᠳᠡᠷᠵᠢᠭᠦᠯᠵᠦ ᠂  ᠵᠠᠮ᠎ᠤᠨ ᠲᠣᠣᠷ ᠂  ᠲᠡᠮᠦᠷ ᠵᠠᠮ᠎ᠤᠨ ᠲᠡᠭᠡᠭᠡᠪᠦᠷᠢᠯᠡᠬᠦ ᠴᠢᠳᠠᠪᠤᠷᠢ ᠵᠢᠨ ᠬᠢᠨᠠᠨ ᠬᠡᠮᠵᠢᠬᠦ ᠪᠠ ᠮᠡᠳᠡᠭᠡ ᠵᠠᠩᠭᠢ ᠵᠢᠨ ᠦᠢ᠍ᠯᠡᠴᠢᠯᠡᠭᠡ᠎ᠪᠠᠨ ᠴᠢᠩᠭ᠋ᠠᠳᠬᠠᠵᠤ ᠂  ᠠᠮᠤ ᠪᠤᠳᠠᠭ᠎ᠠ ᠲᠥᠪᠯᠡᠷᠡᠨ ᠵᠠᠬ᠎ᠠ ᠳᠡᠯᠭᠡᠭᠦᠷ᠎ᠲᠤ ᠭᠠᠷᠬᠤ᠎ᠠᠴᠠ ᠡᠮᠦᠨ᠎ᠡ ᠴᠢᠬᠤᠯᠠ ᠪᠦᠬᠦᠢ ᠲᠡᠭᠡᠭᠡᠪᠦᠷᠢᠯᠡᠬᠦ ᠪᠠᠲᠤᠯᠠᠭ᠎ᠠ ᠬᠠᠩᠭ᠋ᠠᠬᠤ ᠬᠡᠷᠡᠭᠲᠡᠢ ᠃

       ᠠᠮᠤ ᠪᠤᠳᠠᠭ᠎ᠠ ᠲᠡᠭᠡᠭᠡᠪᠦᠷᠢᠯᠡᠬᠦ᠎ᠳᠤ᠎ᠪᠠᠨ ᠤᠯᠤᠰ᠎ᠤᠨ ᠠᠮᠤ ᠪᠤᠳᠠᠭ᠎ᠠ ᠲᠡᠭᠡᠭᠡᠪᠦᠷᠢᠯᠡᠬᠦ ᠮᠡᠷᠭᠡᠵᠢᠯ᠎ᠤᠨ ᠵᠢᠷᠤᠮᠵᠢᠯ᠎ᠢ ᠴᠢᠩᠭ᠎ᠠ ᠬᠡᠷᠡᠭᠵᠢᠭᠦᠯᠵᠦ ᠂  ᠠᠮᠤ ᠪᠤᠳᠠᠭ᠋ᠠᠨ᠎ᠤ ᠲᠡᠭᠡᠭᠡᠪᠦᠷᠢ ᠵᠢᠨ ᠬᠣᠷᠣᠭᠳᠠᠯ᠎ᠢ ᠪᠠᠭ᠋ᠠᠰᠬᠠᠬᠤ ᠬᠡᠷᠡᠭᠲᠡᠢ ᠃  ᠪᠣᠬᠢᠷᠲᠤᠭᠰᠠᠨ ᠲᠡᠭᠡᠭᠡᠪᠦᠷᠢ ᠵᠢᠨ ᠪᠠᠭ᠋ᠠᠵᠢ ᠪᠤᠶᠤ ᠪᠣᠭᠣᠳᠠᠯᠯᠠᠬᠤ ᠮᠠᠲ᠋ᠧᠷᠢᠶᠠᠯ ᠵᠶ᠋ᠠᠷ ᠠᠮᠤ ᠪᠤᠳᠠᠭ᠎ᠠ ᠲᠡᠭᠡᠭᠡᠪᠦᠷᠢᠯᠡᠵᠦ ᠪᠣᠯᠬᠤ ᠦᠭᠡᠢ ᠂  ᠬᠣᠣᠷ ᠬᠥᠨᠥᠭᠡᠯᠳᠦ   ᠪᠣᠳᠠᠰ  ᠎ᠲᠠᠢ ᠬᠣᠯᠢᠯᠳᠤᠭᠤᠯᠤᠨ ᠲᠡᠭᠡᠭᠡᠪᠦᠷᠢᠯᠡᠵᠦ ᠪᠣᠯᠬᠤ ᠦᠭᠡᠢ ᠃

       ᠭᠤᠴᠢᠨ ᠳᠣᠯᠣᠳᠤᠭ᠋ᠠᠷ ᠵᠦᠢ᠍ᠯ   ᠵᠢᠭᠡᠯᠡᠯᠭᠡ ᠵᠢᠨ ᠨᠥᠬᠥᠴᠡᠯ᠎ᠳᠤ ᠨᠡᠢ᠌ᠴᠡᠭᠰᠡᠨ ᠠᠮᠤ ᠪᠤᠳᠠᠭ᠎ᠠ ᠬᠤᠳᠠᠯᠳᠤᠨ ᠠᠪᠤᠭᠴᠢ᠎ᠳᠤ ᠂  ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ᠎ᠨᠢ ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠴᠠᠭ ᠲᠤᠬᠠᠢ᠎ᠳᠤ᠎ᠨᠢ ᠬᠤᠳᠠᠯᠳᠤᠨ ᠠᠪᠬᠤ ᠵᠢᠭᠡᠯᠡᠯᠭᠡ ᠵᠢᠨ ᠮᠥᠩᠭᠥ ᠬᠠᠩᠭ᠋ᠠᠬᠤ ᠬᠡᠷᠡᠭᠲᠡᠢ ᠃

       ᠳᠤᠮᠳᠠᠳᠤ ᠤᠯᠤᠰ᠎ᠤᠨ ᠲᠠᠷᠢᠶᠠᠯᠠᠩ᠎ᠤᠨ  ᠬᠥᠭᠵᠢᠭᠦᠯᠦᠯᠲᠡ ᠵᠢᠨ ᠪᠠᠩᠬᠢ ᠵᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠪᠢᠶᠠᠷᠢ ᠪᠠᠩᠬᠢ ᠵᠢᠴᠢ ᠰᠠᠯᠪᠤᠷᠢ ᠪᠠᠢ᠌ᠭᠤᠯᠤᠮᠵᠢ᠎ᠨᠢ ᠣᠷᠣᠨ ᠨᠤᠲᠤᠭ᠎ᠤᠨ ᠨᠥᠭᠡᠴᠡᠯᠡᠬᠦ ᠠᠮᠤ ᠬᠢᠭᠡᠳ ᠪᠤᠰᠤᠳ ᠲᠥᠷᠥ ᠵᠢᠨ ᠪᠣᠳᠣᠯᠭ᠎ᠠ ᠵᠢᠨ ᠴᠢᠨᠠᠷᠲᠠᠢ ᠠᠮᠤ ᠪᠤᠳᠠᠭ᠋ᠠᠨ᠎ᠳᠠᠬᠢ ᠢᠲᠡᠭᠡᠮᠵᠢᠲᠦ ᠵᠢᠭᠡᠯᠡᠯᠭᠡ ᠵᠢᠨ ᠪᠡᠯᠡ ᠮᠥᠩᠭᠥᠨ᠎ᠤ ᠬᠡᠷᠡᠭᠴᠡᠭᠡ ᠵᠢ ᠪᠠᠲᠤᠯᠠᠵᠤ ᠂  ᠤᠯᠤᠰ᠎ᠤᠨ ᠥᠮᠴᠢᠯᠡᠯ᠎ᠤᠨ ᠠᠵᠤ ᠠᠬᠤᠢ᠌ᠯᠠᠯ ᠂  ᠲᠣᠮᠣ ᠬᠡᠯᠪᠡᠷᠢ ᠵᠢᠨ ᠠᠮᠤ ᠪᠤᠳᠠᠭ᠋ᠠᠨ᠎ᠤ ᠠᠵᠤ ᠦᠢ᠍ᠯᠡᠰᠵᠢᠭᠰᠡᠨ ᠬᠥᠲᠥᠴᠢ ᠠᠵᠤ ᠠᠬᠤᠢ᠌ᠯᠠᠯ ᠪᠠ ᠪᠤᠰᠤᠳ ᠠᠮᠤ ᠪᠤᠳᠠᠭ᠋ᠠᠨ᠎ᠤ ᠠᠵᠤ ᠠᠬᠤᠢ᠌ᠯᠠᠯ᠎ᠳᠤ ᠂  ᠠᠵᠤ ᠠᠬᠤᠢ᠌ᠯᠠᠯ᠎ᠤᠨ ᠲᠦᠭᠰᠢᠭᠦᠷᠢ ᠵᠢ ᠳᠠᠭ᠋ᠠᠭ᠋ᠠᠬᠤ ᠴᠢᠳᠠᠪᠤᠷᠢ ᠵᠢ ᠎ᠨᠢ ᠦᠨᠳᠦᠰᠦᠯᠡᠨ ᠢᠲᠡᠭᠡᠮᠵᠢᠲᠦ ᠵᠢᠭᠡᠯᠡᠯᠭᠡ ᠵᠢᠨ ᠪᠡᠯᠡ ᠮᠥᠩᠭᠥᠨ᠎ᠤ ᠳᠡᠮᠵᠢᠯᠭᠡ ᠦᠵᠡᠭᠦᠯᠬᠦ ᠬᠡᠷᠡᠭᠲᠡᠢ ᠃

       ᠲᠥᠷᠥ ᠵᠢᠨ ᠪᠣᠳᠣᠯᠭ᠎ᠠ ᠵᠢᠨ ᠴᠢᠨᠠᠷᠲᠠᠢ ᠠᠮᠤ ᠪᠤᠳᠠᠭ᠎ᠠ ᠬᠤᠳᠠᠯᠳᠤᠨ ᠠᠪᠬᠤ ᠪᠡᠯᠡ ᠮᠥᠩᠭᠥ᠎ᠳᠤ ᠲᠤᠰᠬᠠᠢ ᠵᠣᠭᠣᠰ᠎ᠢ ᠲᠤᠰᠬᠠᠢ ᠬᠡᠷᠡᠭᠯᠡᠵᠦ ᠂  ᠪᠢᠲᠡᠭᠦᠮᠵᠢᠯᠡᠵᠦ ᠠᠵᠢᠯᠯᠠᠭᠤᠯᠬᠤ ᠬᠡᠷᠡᠭᠲᠡᠢ ᠃

       ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ ᠵᠢᠨ ᠠᠮᠤ ᠪᠤᠳᠠᠭ᠎ᠠ ᠬᠤᠳᠠᠯᠳᠤᠨ ᠠᠪᠬᠤ᠎ᠳᠠᠬᠢ ᠢᠲᠡᠭᠡᠮᠵᠢᠲᠦ ᠵᠢᠭᠡᠯᠡᠯᠭᠡ᠎ᠪᠠᠷ ᠳᠡᠮᠵᠢᠬᠦ ᠡᠷᠴᠢᠮ ᠵᠶ᠋ᠡᠨ ᠴᠢᠩᠭ᠋ᠠᠳᠬᠠᠬᠤ ᠵᠢ᠎ᠨᠢ ᠵᠣᠷᠢᠭᠵᠢᠭᠤᠯᠵᠤ ᠂  ᠠᠮᠤ ᠪᠤᠳᠠᠭ᠋ᠠᠨ᠎ᠤ ᠵᠠᠬ᠎ᠠ ᠳᠡᠯᠭᠡᠭᠦᠷᠴᠢᠯᠡᠨ ᠬᠤᠳᠠᠯᠳᠤᠨ ᠠᠪᠬᠤ ᠪᠡᠯᠡ ᠣᠷᠣᠭᠤᠯᠬᠤ ᠵᠠᠮ ᠮᠥᠷ᠎ᠢ ᠥᠷᠭᠡᠳᠬᠡᠵᠦ ᠂  ᠮᠥᠩᠭᠥᠨ ᠭᠦᠢ᠍ᠯᠭᠡᠭᠡᠨ᠎ᠤ ᠦᠢ᠍ᠯᠡᠴᠢᠯᠡᠭᠡ ᠵᠢ ᠰᠢᠯᠢᠳᠡᠭᠵᠢᠭᠦᠯᠦᠨ ᠂  ᠵᠢᠭᠡᠯᠡᠯᠭᠡ ᠵᠢᠨ  ᠨᠥᠬᠥᠴᠡᠯ᠎ᠳᠤ ᠨᠡᠢ᠌ᠴᠡᠬᠦ ᠠᠮᠤ ᠪᠤᠳᠠᠭ᠎ᠠ ᠬᠤᠳᠠᠯᠳᠤᠨ ᠠᠪᠤᠭᠴᠢ᠎ᠳᠤ  ᠂  ᠲᠣᠭᠲᠠᠭ᠋ᠠᠯ ᠶᠣᠰᠣᠭ᠋ᠠᠷ ᠴᠠᠭ ᠲᠤᠬᠠᠢ᠎ᠳᠤ᠎ᠨᠢ ᠬᠤᠳᠠᠯᠳᠤᠨ ᠠᠪᠬᠤ ᠵᠢᠭᠡᠯᠡᠯᠭᠡ ᠬᠠᠩᠭ᠋ᠠᠬᠤ ᠬᠡᠷᠡᠭᠲᠡᠢ ᠃

       ᠵᠢᠷᠭᠤᠳᠤᠭ᠋ᠠᠷ   ᠪᠦᠯᠦᠭ   ᠠᠮᠤ ᠪᠤᠳᠠᠭ᠎ᠠ ᠬᠤᠳᠠᠯᠳᠤᠨ ᠠᠪᠬᠤ᠎ᠳᠤ  ᠬᠢᠨᠠᠯᠲᠠ ᠲᠠᠯᠪᠢᠵᠤ ᠪᠠᠢ᠌ᠴᠠᠭ᠋ᠠᠬᠤ

       ᠭᠤᠴᠢᠨ ᠨᠠᠢ᠍ᠮᠠᠳᠤᠭ᠋ᠠᠷ ᠵᠦᠢ᠍ᠯ   ᠠᠮᠤ ᠪᠤᠳᠠᠭ᠎ᠠ ᠪᠠ ᠨᠥᠭᠡᠴᠡᠯᠡᠬᠦ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠨᠢ 《ᠠᠮᠤ ᠪᠤᠳᠠᠭ᠋ᠠᠨ᠎ᠤ ᠭᠦᠢ᠍ᠯᠭᠡᠭᠡᠨ᠎ᠤ ᠬᠠᠮᠢᠶᠠᠷᠤᠯᠲᠠ ᠵᠢᠨ ᠳᠦᠷᠢᠮ》 ᠪᠠ ᠲᠣᠰ ᠠᠷᠭ᠎ᠠ ᠵᠢᠨ ᠲᠣᠭᠲᠠᠭ᠋ᠠᠯ ᠶᠣᠰᠣᠭ᠋ᠠᠷ ᠂  ᠠᠮᠤ ᠪᠤᠳᠠᠭ᠎ᠠ ᠬᠤᠳᠠᠯᠳᠤᠨ ᠠᠪᠤᠭᠴᠢ ᠵᠢᠨ ᠠᠮᠤ ᠪᠤᠳᠠᠭ᠎ᠠ ᠬᠤᠳᠠᠯᠳᠤᠨ ᠠᠪᠬᠤ ᠠᠵᠢᠯᠯᠠᠭ᠎ᠠ ᠡᠷᠬᠢᠯᠡᠬᠦ ᠂  ᠮᠡᠳᠡᠭᠡ ᠵᠠᠩᠭᠢ ᠪᠦᠷᠢᠳᠬᠡᠨ ᠳᠠᠩᠰᠠᠯᠠᠬᠤ ᠵᠢᠴᠢ 《ᠤᠯᠤᠰ᠎ᠤᠨ ᠠᠮᠤ ᠪᠤᠳᠠᠭ᠋ᠠᠨ᠎ᠤ ᠭᠦᠢ᠍ᠯᠭᠡᠭᠡᠨ᠎ᠤ ᠪᠦᠷᠢᠳᠬᠡᠨ ᠪᠠᠢ᠌ᠴᠠᠭ᠋ᠠᠬᠤ ᠳᠦᠷᠢᠮ》᠎ᠢ  ᠬᠡᠷᠡᠭᠵᠢᠭᠦᠯᠬᠦ ᠵᠡᠷᠭᠡ ᠪᠠᠢ᠌ᠳᠠᠯ᠎ᠳᠤ ᠬᠢᠨᠠᠯᠲᠠ ᠲᠠᠯᠪᠢᠵᠤ ᠪᠠᠢ᠌ᠴᠠᠭ᠋ᠠᠨ᠎ᠠ ᠃

       ᠠᠮᠤ ᠪᠤᠳᠠᠭ᠎ᠠ ᠪᠠ ᠨᠥᠭᠡᠴᠡᠯᠡᠬᠦ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠨᠢ ᠬᠢᠨᠠᠯᠲᠠ ᠲᠠᠯᠪᠢᠵᠤ ᠪᠠᠢ᠌ᠴᠠᠭ᠋ᠠᠬᠤ ᠶᠠᠪᠤᠴᠠ᠎ᠳᠤ ᠠᠮᠤ ᠪᠤᠳᠠᠭ᠋ᠠᠨ᠎ᠤ ᠡᠵᠡᠩᠨᠡᠯᠲᠡ ᠵᠢᠨ ᠲᠠᠯᠠᠪᠤᠷ ᠭᠠᠵᠠᠷ᠎ᠲᠤ ᠭᠦᠨᠵᠡᠭᠡᠢ᠌ᠷᠡᠵᠦ ᠂  ᠬᠣᠯᠪᠣᠭᠳᠠᠯ ᠪᠦᠬᠦᠢ ᠮᠠᠲᠸᠷᠢᠶᠠᠯ ᠂  ᠭᠡᠷᠡᠴᠢ ᠪᠠᠷᠢᠮᠲᠠ ᠵᠢ ᠪᠠᠢ᠌ᠴᠠᠭ᠋ᠠᠨ ᠦᠵᠡᠵᠦ ᠪᠣᠯᠣᠨ᠎ᠠ; ᠠᠮᠤ ᠪᠤᠳᠠᠭ᠋ᠠᠨ᠎ᠤ ᠲᠣᠭ᠎ᠠ ᠬᠡᠮᠵᠢᠶ᠎ᠡ ᠂  ᠶᠠᠰᠤ ᠴᠢᠨᠠᠷ ᠪᠠ ᠨᠥᠭᠡᠴᠡᠯᠡᠬᠦ ᠠᠮᠤᠷ ᠲᠦᠪᠰᠢᠨ᠎ᠤ ᠪᠠᠢ᠌ᠳᠠᠯ᠎ᠢ ᠪᠠᠢ᠌ᠴᠠᠭ᠋ᠠᠨ᠎ᠠ; ᠠᠮᠤ ᠪᠤᠳᠠᠭ᠋ᠠᠨ᠎ᠤ ᠨᠥᠭᠡᠴᠡᠯᠡᠬᠦ ᠪᠡᠯᠡᠳᠬᠡᠮᠵᠢ ᠂  ᠲᠥᠬᠦᠭᠡᠷᠦᠮᠵᠢ ᠵᠢᠨ  ᠬᠣᠯᠪᠣᠭᠳᠠᠯ ᠪᠦᠬᠦᠢ ᠪᠠᠷᠢᠮᠵᠢᠶ᠎ᠠ ᠪᠠ ᠮᠡᠷᠭᠡᠵᠢᠯ᠎ᠤᠨ ᠵᠢᠷᠤᠮᠵᠢᠯ᠎ᠳᠤ ᠨᠡᠢ᠌ᠴᠡᠬᠦ ᠡᠰᠡᠬᠦ ᠵᠢ᠎ᠨᠢ ᠪᠠᠢ᠌ᠴᠠᠭ᠋ᠠᠨ᠎ᠠ; ᠬᠣᠯᠪᠣᠭᠳᠠᠯ ᠪᠦᠬᠦᠢ ᠨᠢᠭᠡᠴᠢ ᠪᠠ ᠠᠵᠢᠯᠲᠠᠨ᠎ᠠᠴᠠ ᠬᠠᠮᠢᠶ᠎ᠠ ᠪᠦᠬᠦᠢ ᠪᠠᠢ᠌ᠳᠠᠯ᠎ᠢ ᠪᠠᠢ᠌ᠴᠠᠭ᠋ᠠᠨ ᠣᠢ᠌ᠯᠠᠭ᠋ᠠᠨ᠎ᠠ; ᠬᠠᠤᠯᠢ ᠪᠤᠰᠤ᠎ᠪᠠᠷ ᠬᠤᠳᠠᠯᠳᠤᠵᠤ ᠠᠪᠤᠭᠰᠠᠨ ᠪᠤᠶᠤ ᠤᠯᠤᠰ᠎ᠤᠨ ᠠᠮᠤ ᠪᠤᠳᠠᠭ᠋ᠠᠨ᠎ᠤ ᠶᠠᠰᠤ ᠴᠢᠨᠠᠷ᠎ᠤᠨ ᠠᠮᠤᠷ ᠲᠦᠪᠰᠢᠨ᠎ᠤ ᠪᠠᠷᠢᠮᠵᠢᠶ᠎ᠠ᠎ᠳᠤ ᠨᠡᠢ᠌ᠴᠡᠬᠦ ᠦᠭᠡᠢ ᠠᠮᠤ ᠪᠤᠳᠠᠭ᠎ᠠ ᠂  ᠬᠠᠤᠯᠢ᠎ᠠᠴᠠ ᠵᠥᠷᠢᠴᠡᠨ ᠡᠵᠡᠩᠨᠡᠬᠦ᠎ᠳᠤ ᠬᠡᠷᠡᠭᠯᠡᠬᠦ ᠪᠤᠶᠤ ᠪᠣᠬᠢᠷᠲᠤᠭᠰᠠᠨ ᠪᠠᠭ᠋ᠠᠵᠢ ᠬᠡᠷᠡᠭᠰᠡᠯ ᠂  ᠲᠥᠬᠦᠭᠡᠷᠦᠮᠵᠢ ᠵᠢᠴᠢ ᠬᠣᠯᠪᠣᠭᠳᠠᠯ ᠪᠦᠬᠦᠢ ᠳᠠᠩᠰᠠᠨ ᠳᠡᠪᠲᠡᠷ᠎ᠤᠨ ᠮᠠᠲᠸᠷᠢᠶᠠᠯ᠎ᠢ ᠪᠠᠢ᠌ᠴᠠᠭ᠋ᠠᠨ ᠪᠢᠲᠡᠭᠦᠮᠵᠢᠯᠡᠵᠦ ᠂  ᠪᠡᠷᠢᠴᠠᠭ᠋ᠠᠨ᠎ᠳᠤ ᠦᠯᠡᠳᠡᠭᠡᠨ᠎ᠡ; ᠬᠠᠤᠯᠢ᠎ᠠᠴᠠ ᠵᠥᠷᠢᠴᠡᠨ ᠠᠮᠤ ᠪᠤᠳᠠᠭ᠋ᠠᠨ᠎ᠤ ᠡᠵᠡᠩᠨᠡᠯᠲᠡ ᠵᠢᠨ ᠦᠢ᠍ᠯᠡ ᠠᠵᠢᠯᠯᠠᠭ᠎ᠠ ᠡᠷᠬᠢᠯᠡᠵᠦ ᠪᠠᠢ᠌ᠭ᠎ᠠ ᠲᠠᠯᠠᠪᠤᠷ ᠭᠠᠵᠠᠷ᠎ᠢ ᠪᠠᠢ᠌ᠴᠠᠭ᠋ᠠᠨ ᠪᠢᠲᠡᠭᠦᠮᠵᠢᠯᠡᠨ᠎ᠡ ᠃

       ᠭᠤᠴᠢ ᠶᠢᠰᠦᠳᠦᠭᠡᠷ ᠵᠦᠢ᠍ᠯ   ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ   ᠵᠡᠷᠭᠡ ᠰᠠᠯᠠᠭ᠎ᠠ ᠮᠥᠴᠢᠷ᠎ᠨᠢ ᠥᠪᠡᠷ ᠥᠪᠡᠷ᠎ᠤᠨ ᠵᠶ᠋ᠠᠨ ᠲᠤᠰᠢᠶᠠᠯ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠂  ᠬᠣᠯᠪᠣᠭᠳᠠᠯ ᠪᠦᠬᠦᠢ ᠬᠠᠤᠯᠢ ᠴᠠᠭ᠋ᠠᠵᠠ ᠂  ᠬᠠᠤᠯᠢ ᠲᠣᠭᠲᠠᠭ᠋ᠠᠯ᠎ᠢ  ᠦᠨᠳᠦᠰᠦᠯᠡᠨ ᠂  ᠠᠮᠤ ᠪᠤᠳᠠᠭ᠋ᠠᠨ᠎ᠤ ᠡᠵᠡᠩᠨᠡᠯᠲᠡ ᠵᠢᠨ ᠠᠵᠢᠯᠯᠠᠭ᠋ᠠᠨ᠎ᠳᠠᠬᠢ ᠵᠠᠬ᠎ᠠ ᠳᠡᠯᠭᠡᠭᠦᠷ᠎ᠤᠨ ᠡᠮᠬᠢ ᠳᠢᠭᠯᠢᠮ᠎ᠢ ᠰᠠᠮᠠᠭᠤᠷᠠᠭᠤᠯᠬᠤ ᠦᠢ᠍ᠯᠡ ᠠᠵᠢᠯᠯᠠᠭ᠎ᠠ ᠂  ᠬᠠᠤᠯᠢ ᠪᠤᠰᠤ᠎ᠪᠠᠷ ᠠᠷᠠᠯᠵᠢᠶᠠᠯᠠᠬᠤ ᠵᠢᠴᠢ ᠬᠠᠤᠯᠢ᠎ᠠᠴᠠ ᠵᠥᠷᠢᠴᠡᠭᠰᠡᠨ ᠦᠨ᠎ᠡ ᠬᠠᠩᠰᠢ ᠵᠢᠨ ᠠᠵᠢᠯᠯᠠᠭ᠎ᠠ᠎ᠳᠤ ᠬᠢᠨᠠᠯᠲᠠ ᠲᠠᠯᠪᠢᠵᠤ ᠪᠠᠢ᠌ᠴᠠᠭ᠋ᠠᠨ᠎ᠠ ᠃

       ᠳᠥᠴᠢᠳᠦᠭᠡᠷ ᠵᠦᠢ᠍ᠯ   ᠠᠮᠤ ᠪᠤᠳᠠᠭ᠎ᠠ ᠪᠠ ᠨᠥᠭᠡᠴᠡᠯᠡᠬᠦ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠨᠢ ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠂ 《  ᠬᠣᠶᠠᠷ᠎ᠢ ᠲᠠᠰᠢᠷᠠᠮ ᠵᠶ᠋ᠠᠷ ᠭᠦᠢ᠍ᠴᠡᠳᠬᠡᠬᠦ ᠂  ᠨᠢᠭᠡ ᠵᠢ ᠢᠯᠡ ᠪᠣᠯᠭ᠋ᠠᠬᠤ》 ᠬᠢᠨᠠᠨ ᠬᠠᠮᠢᠶᠠᠷᠬᠤ ᠠᠷᠭ᠎ᠠ ᠬᠡᠯᠪᠡᠷᠢ᠎ᠪᠠᠷ ᠠᠮᠤ ᠪᠤᠳᠠᠭ᠎ᠠ ᠬᠤᠳᠠᠯᠳᠤᠨ ᠠᠪᠬᠤ ᠵᠢᠨ ᠲᠤᠰᠠᠭ᠋ᠠᠷ ᠪᠠᠢ᠌ᠴᠠᠭ᠋ᠠᠬᠤ ᠪᠠ ᠣᠷᠣᠨ ᠪᠦᠰᠡ ᠂  ᠰᠠᠯᠠᠭ᠎ᠠ ᠮᠥᠴᠢᠷ ᠠᠯᠤᠰᠯᠠᠨ ᠬᠠᠮᠲᠤᠷᠠᠵᠤ ᠪᠠᠢ᠌ᠴᠠᠭ᠋ᠠᠬᠤ ᠠᠵᠢᠯ ᠥᠷᠨᠢᠭᠦᠯᠬᠦ ᠬᠡᠷᠡᠭᠲᠡᠢ ᠃

       ᠳᠥᠴᠢᠨ ᠨᠢᠭᠡᠳᠦᠭᠡᠷ ᠵᠦᠢ᠍ᠯ   ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠢ᠌ᠯᠠᠯ᠎ᠤᠨ ᠢᠲᠡᠭᠡᠮᠵᠢ ᠵᠢᠨ ᠲᠣᠭᠲᠠᠯᠴᠠᠭ᠎ᠠ ᠵᠢᠨ ᠪᠠᠢ᠌ᠭᠤᠯᠤᠯᠲᠠ ᠵᠢ  ᠴᠢᠩᠭ᠋ᠠᠳᠬᠠᠵᠤ ᠂  ᠠᠵᠤ ᠠᠬᠤᠢ᠌ᠯᠠᠯ᠎ᠤᠨ ᠢᠲᠡᠭᠡᠮᠵᠢ ᠵᠢᠨ ᠡᠬᠡ ᠳᠠᠩᠰᠠ ᠵᠢ ᠪᠠᠢ᠌ᠭᠤᠯᠵᠤ ᠂  ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠴᠠᠭ ᠲᠤᠬᠠᠢ᠎ᠳᠤ᠎ᠨᠢ ᠢᠲᠡᠭᠡᠮᠵᠢ ᠵᠢᠨ ᠮᠡᠳᠡᠭᠡ ᠵᠠᠩᠭᠢ ᠵᠢᠨ ᠬᠠᠮᠲᠤ᠎ᠳᠤ᠎ᠪᠠᠨ ᠬᠦᠷᠲᠡᠭᠡᠬᠦ ᠲᠠᠪᠴᠠᠩ᠎ᠳᠤ  ᠣᠷᠣᠭᠤᠯᠬᠤ ᠵᠢᠨ ᠬᠠᠮᠲᠤ ᠨᠡᠢ᠌ᠭᠡᠮ᠎ᠳᠤ ᠨᠡᠢ᠌ᠲᠡᠯᠡᠨ ᠂  ᠬᠦᠨᠳᠦ ᠨᠣᠴᠢᠲᠠᠢ ᠢᠲᠡᠭᠡᠯ ᠠᠯᠳᠠᠭᠰᠠᠨ ᠠᠵᠤ ᠠᠬᠤᠢ᠌ᠯᠠᠯ᠎ᠢ ᠬᠠᠤᠯᠢ ᠶᠣᠰᠣᠭ᠋ᠠᠷ ᠬᠠᠮᠲᠤᠷᠠᠵᠤ ᠵᠠᠯᠬᠠᠭ᠋ᠠᠨ ᠴᠡᠭᠡᠷᠯᠡᠭᠦᠯᠦᠨ᠎ᠡ ᠃

       ᠳᠥᠴᠢᠨ ᠬᠣᠶᠠᠳᠤᠭ᠋ᠠᠷ ᠵᠦᠢ᠍ᠯ   ᠶᠠᠮᠠᠷᠪᠠ ᠪᠠᠢ᠌ᠭᠤᠯᠭ᠎ᠠ ᠪᠠ ᠬᠤᠪᠢ ᠬᠥᠮᠥᠨ ᠭᠡᠳ ᠴᠥᠮ ᠲᠣᠰ ᠠᠷᠭ᠎ᠠ ᠵᠢᠨ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ  ᠠᠮᠤ ᠪᠤᠳᠠᠭ᠎ᠠ ᠪᠠ ᠨᠥᠭᠡᠴᠡᠯᠡᠬᠦ ᠵᠠᠰᠠᠭ ᠵᠠᠬᠢᠷᠭ᠋ᠠᠨ᠎ᠤ ᠬᠠᠮᠢᠶᠠᠷᠤᠯᠲᠠ ᠂  ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ᠎ᠲᠤ ᠢᠯᠡᠴᠢᠯᠡᠨ ᠮᠡᠳᠡᠭᠦᠯᠬᠦ ᠡᠷᠬᠡ᠎ᠲᠠᠢ ᠃  ᠬᠠᠮᠢᠶ᠎ᠠ ᠪᠦᠬᠦᠢ ᠰᠠᠯᠠᠭ᠎ᠠ ᠮᠥᠴᠢᠷ᠎ᠨᠢ ᠢᠯᠡᠴᠢᠯᠡᠨ ᠮᠡᠳᠡᠭᠦᠯᠦᠯᠲᠡ ᠵᠢ ᠲᠣᠰᠴᠤ ᠣᠯᠣᠭᠰᠠᠨ᠎ᠤ ᠳᠠᠷᠠᠭ᠎ᠠ ᠴᠠᠭ ᠲᠤᠬᠠᠢ᠎ᠳᠤ᠎ᠨᠢ ᠬᠢᠨᠠᠨ ᠬᠠᠷᠭᠤᠭᠤᠯᠵᠤ ᠰᠢᠢ᠍ᠳᠪᠦᠷᠢᠯᠡᠬᠦ ᠵᠢᠨ ᠬᠠᠮᠲᠤ ᠢᠯᠡᠴᠢᠯᠡᠨ ᠮᠡᠳᠡᠭᠦᠯᠦᠭᠴᠢ᠎ᠳᠤ ᠨᠢᠭᠤᠴᠠ ᠬᠠᠮᠠᠭ᠋ᠠᠯᠠᠬᠤ ᠬᠡᠷᠡᠭᠲᠡᠢ ᠃  ᠬᠠᠷᠭᠤᠭᠤᠯᠤᠨ ᠪᠠᠢ᠌ᠴᠠᠭ᠋ᠠᠳ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠣᠷᠣᠰᠢᠵᠤ ᠪᠠᠢ᠌ᠬᠤ ᠨᠢᠭᠡᠴᠢ ᠪᠠ ᠬᠤᠪᠢ ᠬᠥᠮᠥᠨ᠎ᠢ ᠬᠠᠤᠯᠢ ᠲᠣᠭᠲᠠᠭ᠋ᠠᠯ ᠶᠣᠰᠣᠭ᠋ᠠᠷ ᠰᠢᠢ᠍ᠳᠪᠦᠷᠢᠯᠡᠨ᠎ᠡ ᠃

       ᠳᠣᠯᠣᠳᠤᠭ᠋ᠠᠷ ᠪᠦᠯᠦᠭ   ᠳᠠᠭ᠋ᠠᠯᠳᠤᠭᠤᠯᠤᠯ ᠳᠦᠷᠢᠮ

       ᠳᠥᠴᠢᠨ ᠭᠤᠷᠪᠠᠳᠤᠭ᠋ᠠᠷ ᠵᠦᠢ᠍ᠯ   ᠰᠢᠷ᠎ᠠ ᠪᠤᠷᠴᠠᠭ ᠂  ᠲᠣᠰᠣᠯᠢᠭ ᠲᠠᠷᠢᠮᠠᠯ ᠪᠠ ᠢᠳᠡᠭᠡᠨ᠎ᠤ ᠤᠷᠭᠤᠮᠠᠯ᠎ᠤᠨ  ᠲᠣᠰᠣᠨ᠎ᠤ ᠬᠤᠳᠠᠯᠳᠤᠨ ᠠᠪᠬᠤ ᠡᠵᠡᠩᠨᠡᠯᠲᠡ ᠵᠢᠨ ᠠᠵᠢᠯᠯᠠᠭ᠎ᠠ᠎ᠳᠤ ᠂  ᠲᠣᠰ ᠠᠷᠭ᠎ᠠ ᠵᠢᠨ ᠨᠠᠢ᠍ᠮᠠᠳᠤᠭ᠋ᠠᠷ ᠂  ᠠᠷᠪᠠᠨ ᠨᠢᠭᠡᠳᠦᠭᠡᠷ ᠂  ᠠᠷᠪᠠᠨ ᠭᠤᠷᠪᠠᠳᠤᠭ᠋ᠠᠷ ᠂  ᠠᠷᠪᠠᠨ ᠳᠥᠷᠪᠡᠳᠦᠭᠡᠷ ᠵᠦᠢ᠍ᠯ᠎ᠠᠴᠠ ᠪᠤᠰᠤᠳ ᠲᠣᠭᠲᠠᠭ᠋ᠠᠯ᠎ᠢ ᠲᠣᠬᠢᠷᠠᠭᠤᠯᠤᠨ ᠬᠡᠷᠡᠭᠯᠡᠨ᠎ᠡ ᠃

       ᠳᠥᠴᠢᠨ ᠳᠥᠷᠪᠡᠳᠦᠭᠡᠷ ᠵᠦᠢ᠍ᠯ   ᠲᠣᠰ ᠠᠷᠭ᠎ᠠ᠎ᠳᠤ ᠦᠯᠦ ᠬᠣᠯᠪᠣᠭᠳᠠᠭᠰᠠᠨ ᠠᠭᠤᠯᠭ᠎ᠠ ᠵᠢ 《ᠠᠮᠤ ᠪᠤᠳᠠᠭ᠋ᠠᠨ᠎ᠤ ᠭᠦᠢ᠍ᠯᠭᠡᠭᠡᠨ᠎ᠤ ᠬᠠᠮᠢᠶᠠᠷᠤᠯᠲᠠ ᠵᠢᠨ ᠳᠦᠷᠢᠮ》᠎ᠤᠨ ᠶᠣᠰᠣᠭ᠋ᠠᠷ ᠬᠡᠷᠡᠭᠵᠢᠭᠦᠯᠦᠨ᠎ᠡ ᠃  ᠥᠪᠡᠷᠲᠡᠭᠡᠨ ᠵᠠᠰᠠᠬᠤ ᠣᠷᠣᠨ᠎ᠤ ᠥᠩᠭᠡᠷᠡᠭᠰᠡᠨ᠎ᠤ ᠬᠣᠯᠪᠣᠭᠳᠠᠯ ᠪᠦᠬᠦᠢ ᠲᠣᠭᠲᠠᠭ᠋ᠠᠯ᠎ᠨᠢ ᠲᠣᠰ ᠠᠷᠭ᠎ᠠ᠎ᠲᠠᠢ ᠨᠢᠭᠡᠳᠦᠯ ᠦᠭᠡᠢ ᠪᠠᠢ᠌ᠪᠠᠯ ᠂  ᠲᠣᠰ ᠠᠷᠭ᠎ᠠ᠎ᠪᠠᠷ ᠪᠠᠷᠢᠮᠵᠢᠶ᠎ᠠ ᠪᠣᠯᠭ᠋ᠠᠨ᠎ᠠ ᠃  ᠤᠯᠤᠰ᠎ᠠᠴᠠ ᠠᠮᠤ ᠪᠤᠳᠠᠭ᠎ᠠ ᠬᠤᠳᠠᠯᠳᠤᠨ ᠠᠪᠬᠤ᠎ᠲᠠᠢ ᠬᠣᠯᠪᠣᠭᠳᠠᠭᠰᠠᠨ ᠬᠣᠯᠪᠣᠭᠳᠠᠯ ᠪᠦᠬᠦᠢ ᠲᠣᠭᠲᠠᠭ᠋ᠠᠯ᠎ᠢ ᠰᠢᠨ᠎ᠡ᠎ᠪᠠᠷ ᠨᠡᠢ᠌ᠲᠡᠯᠡᠪᠡᠯ ᠂  ᠲᠡᠷᠡ ᠬᠦ᠌ ᠲᠣᠭᠲᠠᠭ᠋ᠠᠯ ᠵᠶ᠋ᠠᠷ ᠬᠡᠷᠡᠭᠵᠢᠭᠦᠯᠦᠨ᠎ᠡ ᠃

       ᠳᠥᠴᠢᠨ ᠲᠠᠪᠤᠳᠤᠭ᠋ᠠᠷ ᠵᠦᠢ᠍ᠯ   ᠲᠣᠰ ᠠᠷᠭ᠎ᠠ ᠵᠢ ᠳᠠᠷᠤᠮᠠᠯᠯᠠᠨ ᠶᠠᠪᠤᠭᠤᠯᠤᠭᠰᠠᠨ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ ᠃

 

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ

ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ

2023 ᠣᠨ᠎ᠤ 1 ᠳ᠋ᠦ᠍ᠭᠡᠷ ᠰᠠᠷ᠎ᠠ ᠵᠢᠨ

14 ᠎ᠤ ᠡᠳᠦᠷ ᠳᠠᠷᠤᠮᠠᠯᠯᠠᠨ ᠲᠠᠷᠬᠠᠭ᠋ᠠᠪᠠ

      

        

      

      


ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ