ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ
ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠪᠢᠴᠢᠭ ᠮᠠᠲᠸᠷᠢᠶᠠᠯ
ᠥᠪᠥᠷ ᠵᠠᠰᠠᠭ ᠠᠯᠪᠠᠨ ᠲᠠᠷᠬᠠᠭ᠋ᠠᠭᠰᠠᠨ [ 2023 ] 14 ᠳ᠋ᠦ᠍ᠭᠡᠷ ᠲᠣᠭ᠋ᠠᠲᠤ
ᠠᠮᠢ ᠠᠬᠤᠢ ᠵᠢ ᠬᠠᠮᠠᠭ᠋ᠠᠯᠠᠨ ᠰᠡᠷᠭᠦᠭᠡᠬᠦ᠎ᠳᠤ ᠨᠡᠢ᠌ᠭᠡᠮ᠎ᠤᠨ ᠬᠥᠷᠥᠩᠭᠡ ᠵᠢ ᠤᠷᠤᠯᠴᠠᠭᠤᠯᠬᠤ ᠠᠵᠢᠯ᠎ᠢ
ᠤᠯᠠᠮ ᠨᠢᠭᠡ ᠠᠯᠬᠤᠮ ᠰᠠᠢ᠌ᠲᠤᠷ ᠬᠢᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ
ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠬᠡᠷᠡᠭᠵᠢᠭᠦᠯᠬᠦ ᠰᠠᠨᠠᠯ
ᠡᠯ᠎ᠡ ᠠᠢ᠌ᠮᠠᠭ᠎ᠤᠨ ᠵᠠᠬᠢᠷᠭ᠎ᠠ ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠂ ᠡᠯ᠎ᠡ ᠬᠣᠰᠢᠭᠤ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ ᠂ ᠠᠯᠪᠠᠨ ᠭᠡᠷ ᠂ ᠲᠢᠩᠬᠢᠮ ᠂ ᠲᠣᠪᠴᠢᠶ᠎ᠠ ᠂ ᠡᠯ᠎ᠡ ᠲᠣᠮᠣ ᠠᠵᠤ ᠠᠬᠤᠢ᠌ᠯᠠᠯ ᠂ ᠠᠵᠢᠯ ᠦᠢ᠍ᠯᠡᠰ᠎ᠤᠨ ᠨᠢᠭᠡᠴᠢ᠎ᠳᠤ᠄
《ᠠᠮᠢ ᠠᠬᠤᠢ ᠵᠢ ᠬᠠᠮᠠᠭ᠋ᠠᠯᠠᠨ ᠰᠡᠷᠭᠦᠭᠡᠬᠦ᠎ᠳᠤ ᠨᠡᠢ᠌ᠭᠡᠮ᠎ᠤᠨ ᠬᠥᠷᠥᠩᠭᠡ ᠣᠷᠣᠯᠴᠠᠬᠤ ᠵᠢ ᠵᠣᠷᠢᠭᠵᠢᠭᠤᠯᠬᠤ ᠪᠠ ᠳᠡᠮᠵᠢᠬᠦ ᠲᠤᠬᠠᠢ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ ᠰᠠᠨᠠᠯ 》 ( ᠲᠥᠷᠥ ᠠᠯᠪᠠᠨ ᠲᠠᠷᠬᠠᠭ᠋ᠠᠭᠰᠠᠨ [ 2021 ] 40 ᠳ᠋ᠦ᠍ᠭᠡᠷ ᠲᠣᠭ᠋ᠠᠲᠤ )᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ ᠂ ᠠᠮᠢ ᠠᠬᠤᠢ ᠵᠢ ᠬᠠᠮᠠᠭ᠋ᠠᠯᠠᠨ ᠰᠡᠷᠭᠦᠭᠡᠬᠦ᠎ᠳᠤ ᠨᠡᠢ᠌ᠭᠡᠮ᠎ᠤᠨ ᠬᠥᠷᠥᠩᠭᠡ ᠵᠢ ᠤᠷᠤᠯᠴᠠᠭᠤᠯᠬᠤ ᠪᠠᠢ᠌ᠭᠤᠯᠤᠯ ᠲᠣᠭᠲᠠᠴᠠ ᠵᠢ ᠪᠥᠬᠦ ᠲᠠᠯ᠎ᠠ᠎ᠪᠠᠷ ᠴᠣᠭᠴᠠᠯᠠᠨ ᠂ ᠪᠥᠬᠦ ᠨᠡᠢ᠌ᠭᠡᠮ᠎ᠤᠨ ᠬᠦᠴᠦᠨ᠎ᠢ ᠳᠠᠶ᠋ᠢᠴᠢᠯᠠᠨ ᠪᠠᠢ᠌ᠵᠤ ᠠᠮᠢ ᠠᠬᠤᠢ ᠵᠢ ᠬᠠᠮᠠᠭ᠋ᠠᠯᠠᠨ ᠰᠡᠷᠭᠦᠭᠡᠬᠦ ᠠᠵᠢᠯ᠎ᠳᠤ ᠣᠷᠣᠯᠴᠠᠭᠤᠯᠵᠤ ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠡᠬᠢᠵᠢᠭᠦᠯᠬᠦ ᠵᠢᠨ ᠲᠤᠰᠠᠳᠠ ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ ᠂ ᠡᠳᠦᠭᠡ ᠳᠣᠣᠷᠠᠬᠢ ᠮᠡᠲᠦ ᠰᠠᠨᠠᠯ᠎ᠢ ᠳᠤᠷᠠᠳᠪᠠ ᠃
ᠨᠢᠭᠡ ᠂ ᠠᠮᠢ ᠠᠬᠤᠢ ᠵᠢ ᠬᠠᠮᠠᠭ᠋ᠠᠯᠠᠨ ᠰᠡᠷᠭᠦᠭᠡᠬᠦ᠎ᠳᠤ ᠨᠡᠢ᠌ᠭᠡᠮ᠎ᠤᠨ ᠬᠥᠷᠥᠩᠭᠡ ᠵᠢ ᠤᠷᠤᠯᠴᠠᠭᠤᠯᠬᠤ ᠠᠵᠢᠯ᠎ᠤᠨ ᠭᠣᠣᠯᠳᠠᠯᠭ᠎ᠠ᠎ᠲᠠᠢ ᠬᠦᠷᠢᠶ᠎ᠡ ᠴᠠᠷᠠᠭ᠎ᠠ ᠵᠢ ᠲᠣᠳᠣᠷᠬᠠᠢ ᠲᠣᠭᠲᠠᠭ᠋ᠠᠨ᠎ᠠ
ᠪᠦᠬᠦ ᠤᠯᠤᠰ᠎ᠤᠨ ᠴᠢᠬᠤᠯᠠ ᠠᠮᠢ ᠠᠬᠤᠢ ᠵᠢᠨ ᠰᠢᠰᠲ᠋ᠧᠮ᠎ᠢ ᠬᠠᠮᠠᠭ᠋ᠠᠯᠠᠬᠤ ᠪᠠ ᠰᠡᠷᠭᠦᠭᠡᠬᠦ ᠴᠢᠬᠤᠯᠠ ᠶᠡᠬᠡ ᠢᠨᠵᠧᠨᠧᠷᠢᠩ᠎ᠤᠨ ᠶᠡᠷᠦᠩᠬᠡᠢ ᠪᠠᠢ᠌ᠷᠢᠰᠢᠭᠤᠯᠤᠯᠲᠠ᠎ᠪᠠᠷ ᠰᠠᠭᠤᠷᠢ ᠪᠤᠯᠭ᠋ᠠᠵᠦ ᠂ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠲᠥᠯᠦᠪᠵᠢᠭᠦᠯᠭᠡ᠎ᠳᠤ ᠲᠣᠭᠲᠠᠭ᠋ᠠᠭᠰᠠᠨ ᠭᠣᠣᠯᠳᠠᠯᠭ᠎ᠠ᠎ᠲᠠᠢ ᠠᠮᠢ ᠠᠬᠤᠢ ᠵᠢᠨ ᠴᠢᠳᠠᠮᠵᠢᠲᠤ ᠣᠷᠣᠨ ᠂ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ ᠵᠡᠷᠭᠡ᠎ᠪᠠᠷ ᠭᠣᠣᠯᠳᠠᠯᠭ᠎ᠠ ᠪᠣᠯᠭ᠋ᠠᠨ ᠂ ᠥᠪᠥᠷ ᠮᠣᠩᠭᠣᠯ᠎ᠤᠨ ᠠᠮᠢ ᠠᠬᠤᠢ ᠵᠢ ᠬᠠᠮᠠᠭ᠋ᠠᠯᠠᠨ ᠰᠡᠷᠭᠦᠭᠡᠬᠦ ᠠᠵᠢᠯ᠎ᠢ ᠶᠡᠬᠡ᠎ᠪᠠᠷ ᠠᠬᠢᠭᠤᠯᠤᠨ᠎ᠠ ᠃
(ᠨᠢᠭᠡ ) ᠣᠶ ᠰᠢᠭᠤᠢ ᠂ ᠨᠤᠲᠤᠭ ᠪᠡᠯᠴᠢᠭᠡᠷ᠎ᠤᠨ ᠠᠮᠢ ᠠᠬᠤᠢ ᠵᠢ ᠬᠠᠮᠠᠭ᠋ᠠᠯᠠᠨ ᠰᠡᠷᠭᠦᠭᠡᠬᠦ ᠭᠣᠣᠯᠳᠠᠯᠭ᠎ᠠ᠎ᠲᠠᠢ ᠭᠠᠵᠠᠷ ᠣᠷᠣᠨ ᠃ ᠨᠡᠢ᠌ᠭᠡᠮ᠎ᠤᠨ ᠬᠥᠷᠥᠩᠭᠡ ᠵᠢ ᠵᠣᠷᠢᠭᠵᠢᠭᠤᠯᠤᠨ ᠳᠡᠮᠵᠢᠵᠦ ᠪᠠᠢ᠌ᠭ᠋ᠠᠳ ᠬᠠᠨᠳᠤᠯᠭ᠎ᠠ᠎ᠲᠠᠢ᠎ᠪᠠᠷ ᠶᠡᠬᠡ ᠬᠢᠩᠭ᠋ᠠᠨ ᠳᠠᠪᠠᠭ᠋ᠠᠨ᠎ᠤ ᠣᠢ ᠰᠢᠭᠤᠢ ᠂ ᠬᠥᠯᠥᠨ ᠪᠣᠶ᠋ᠢᠷ᠎ᠤᠨ ᠨᠤᠭᠤ ᠵᠢᠨ ᠬᠡᠭᠡᠷ᠎ᠡ ᠂ ᠬᠣᠷᠴᠢᠨ᠎ᠤ ᠲᠠᠯ᠎ᠠ ᠨᠤᠲᠤᠭ ᠂ ᠰᠢᠯᠢ ᠵᠢᠨ ᠭᠣᠣᠯ᠎ᠤᠨ ᠨᠡᠢ᠌ᠲᠡᠯᠢᠭ ᠨᠤᠲᠤᠭ ᠪᠡᠯᠴᠢᠭᠡᠷ ᠂ ᠮᠤᠨᠢ ᠠᠭᠤᠯᠠ ᠵᠢᠨ ᠠᠷᠤ ᠬᠣᠷᠮᠣᠢ ᠵᠢᠨ ᠨᠤᠲᠤᠭ ᠪᠡᠯᠴᠢᠭᠡᠷ ᠪᠠ ᠤᠯᠠᠭ᠋ᠠᠨᠴᠠᠪ᠎ᠤᠨ ᠴᠥᠯᠡᠷᠬᠡᠭ ᠬᠡᠭᠡᠷ᠎ᠡ ᠵᠡᠷᠭᠡ ᠭᠣᠣᠯᠳᠠᠯᠭ᠎ᠠ᠎ᠲᠠᠢ ᠭᠠᠵᠠᠷ ᠣᠷᠣᠨ ᠪᠠ ᠴᠢᠬᠤᠯᠠ ᠪᠣᠯᠬᠤ ᠬᠥᠷᠥᠰᠥ ᠰᠢᠷᠣᠢ ᠵᠢᠨ ᠨᠡᠭᠦᠷᠡᠰᠦᠲᠥ᠋ᠷᠥᠭᠴᠢ ᠬᠤᠷᠠᠭᠤᠯᠬᠤ ᠰᠠᠭᠤᠷᠢᠨ ᠭᠠᠵᠠᠷ᠎ᠲᠤ ᠂ ᠤᠯᠤᠰ᠎ᠤᠨ ᠨᠤᠲᠤᠭ ᠳᠡᠪᠢᠰᠬᠡᠷ᠎ᠢ ᠨᠣᠭᠣᠭ᠋ᠠᠷᠠᠭᠤᠯᠬᠤ ᠂ ᠰᠡᠢ᠌ᠷᠡᠭᠵᠢᠵᠦ ᠮᠠᠭᠤᠵᠢᠷᠠᠭᠰᠠᠨ ᠣᠶ ᠵᠢ ᠰᠡᠷᠭᠦᠭᠡᠬᠦ ᠂ ᠣᠶ ᠰᠢᠭᠤᠢ ᠵᠢ ᠠᠷᠠᠴᠢᠯᠠᠨ ᠪᠣᠢ᠌ᠵᠢᠭᠤᠯᠵᠤ ᠡᠵᠡᠩᠨᠡᠬᠦ ᠂ ᠲᠠᠴᠢᠷᠳᠠᠵᠤ ᠡᠯᠡᠰᠦᠷᠬᠡᠭᠵᠢᠭᠰᠡᠨ ᠨᠤᠲᠤᠭ ᠪᠡᠯᠴᠢᠭᠡᠷ᠎ᠤᠨ ᠠᠮᠢ ᠠᠬᠤᠢ ᠵᠢ ᠰᠡᠷᠭᠦᠭᠡᠨ ᠵᠠᠰᠠᠬᠤ ᠂ ᠬᠡᠭᠡᠷ᠎ᠡ ᠵᠢᠨ ᠠᠮᠢᠲᠠᠨ ᠤᠷᠭᠤᠮᠠᠯ᠎ᠤᠨ ᠳᠦᠷᠰᠦ ᠵᠢᠨ ᠰᠦᠷᠦᠭᠵᠢᠯ᠎ᠢ ᠬᠠᠮᠠᠭ᠋ᠠᠯᠠᠨ ᠰᠡᠷᠭᠦᠭᠡᠬᠦ ᠵᠡᠷᠭᠡ ᠵᠢ ᠬᠡᠷᠡᠭᠵᠢᠭᠦᠯᠵᠦ ᠂ ᠣᠢ ᠰᠢᠭᠤᠢ ᠂ ᠨᠤᠲᠤᠭ ᠪᠡᠯᠴᠢᠭᠡᠷ᠎ᠤᠨ ᠠᠮᠢ ᠠᠬᠤᠢ ᠵᠢᠨ ᠶᠠᠰᠤ ᠴᠢᠨᠠᠷ ᠪᠠ ᠲᠣᠭᠲᠠᠪᠤᠷᠢᠲᠤ ᠴᠢᠨᠠᠷ᠎ᠢ ᠠᠯᠬᠤᠮ ᠠᠯᠬᠤᠮ ᠵᠶ᠋ᠠᠷ ᠳᠡᠭᠡᠭᠰᠢᠯᠡᠭᠦᠯᠦᠨ ᠂ ᠠᠮᠢ ᠠᠬᠤᠢ ᠵᠢᠨ ᠰᠢᠰᠲ᠋ᠧᠮ᠎ᠤᠨ ᠨᠡᠭᠦᠷᠡᠰᠦᠲᠥ᠋ᠷᠥᠭᠴᠢ ᠬᠤᠷᠠᠭᠤᠯᠬᠤ ᠴᠢᠳᠠᠪᠤᠷᠢ ᠵᠢ ᠨᠡᠮᠡᠭᠳᠡᠭᠦᠯᠵᠦ ᠂ ᠨᠡᠭᠦᠷᠡᠰᠦᠲᠥ᠋ᠷᠥᠭᠴᠢ ᠬᠤᠷᠠᠭᠤᠯᠬᠤ ᠲᠥᠷᠥᠯ ᠵᠦᠢ᠍ᠯ ᠨᠡᠭᠡᠭᠡᠨ ᠬᠥᠭᠵᠢᠭᠦᠯᠬᠦ ᠵᠢ ᠵᠣᠷᠢᠭᠵᠢᠭᠤᠯᠤᠨ᠎ᠠ ᠃
(ᠬᠣᠶᠠᠷ ) ᠡᠯᠡᠰᠦᠷᠬᠡᠭᠵᠢᠭᠰᠡᠨ ᠭᠠᠵᠠᠷ ᠰᠢᠷᠣᠢ ᠵᠢ ᠵᠠᠰᠠᠨ ᠰᠡᠷᠭᠦᠭᠡᠬᠦ ᠭᠣᠣᠯᠳᠠᠯᠭ᠎ᠠ᠎ᠲᠠᠢ ᠭᠠᠵᠠᠷ ᠣᠷᠣᠨ ᠃ ᠨᠡᠢ᠌ᠭᠡᠮ᠎ᠤᠨ ᠬᠥᠷᠥᠩᠭᠡ ᠵᠢ ᠵᠣᠷᠢᠭᠵᠢᠭᠤᠯᠤᠨ ᠳᠡᠮᠵᠢᠵᠦ ᠪᠠᠢ᠌ᠭ᠋ᠠᠳ ᠬᠠᠨᠳᠤᠯᠭ᠎ᠠ᠎ᠲᠠᠢ᠎ᠪᠠᠷ ᠬᠤᠯᠠᠨ ᠰᠢᠷᠭ᠎ᠠ ᠲᠠᠭ᠎ᠠ ᠂ ᠦᠵᠦᠮᠦᠴᠢᠨ ᠂ ᠬᠣᠷᠴᠢᠨ ᠵᠡᠷᠭᠡ ᠴᠢᠬᠤᠯᠠ ᠡᠯᠡᠰᠦᠷᠬᠡᠭ ᠭᠠᠵᠠᠷ ᠪᠠ ᠴᠢᠬᠤᠯᠠ ᠰᠠᠯᠬᠢ ᠡᠯᠡᠰᠦᠨ᠎ᠤ ᠡᠬᠢ ᠵᠢᠨ ᠣᠷᠣᠨ ᠂ ᠬᠥᠪᠴᠢ — ᠮᠤᠤᠠᠤᠰᠤ ᠵᠢᠨ ᠡᠯᠡᠰᠦᠷᠬᠡᠭᠵᠢᠭᠰᠡᠨ ᠭᠠᠵᠠᠷ ᠂ ᠠᠯᠠᠱ᠌ᠠ ᠠᠭᠤᠯᠠ ᠵᠢᠨ ᠪᠠᠷᠠᠭᠤᠨ ᠬᠣᠷᠮᠣᠢ ᠂ ᠠᠯᠠᠱ᠌ᠠ ᠵᠢᠨ ᠡᠯᠡᠰᠦᠨ ᠴᠥᠯ ᠵᠡᠷᠭᠡ ᠭᠣᠣᠯᠳᠠᠯᠭ᠎ᠠ᠎ᠲᠠᠢ ᠣᠷᠣᠨ ᠪᠦᠰᠡ ᠵᠢᠨ ᠤᠷᠭᠤᠮᠠᠯ᠎ᠤᠨ ᠬᠤᠴᠢᠯᠭ᠎ᠠ ᠮᠠᠭᠤᠳᠠᠬᠤ ᠂ ᠭᠠᠵᠠᠷ ᠰᠢᠷᠣᠢ ᠵᠢᠨ ᠡᠯᠡᠰᠦᠷᠬᠡᠭᠵᠢᠬᠦ ᠂ ᠬᠥᠷᠥᠰᠥᠨ᠎ᠤ ᠢᠳᠡᠭᠳᠡᠯ ᠂ ᠬᠥᠷᠥᠰᠥ ᠰᠢᠷᠣᠢ ᠵᠢᠨ ᠤᠷᠤᠰᠬᠠᠭᠳᠠᠯ ᠵᠡᠷᠭᠡ ᠠᠰᠠᠭᠤᠳᠠᠯ᠎ᠳᠤ ᠂ ᠡᠯᠡᠰᠦ ᠵᠢ ᠲᠠᠷᠬᠠᠯᠠᠵᠦ ᠣᠢ᠌ᠵᠢᠭᠤᠯᠬᠤ ᠪᠠ ᠡᠪᠡᠰᠦ ᠤᠷᠭᠤᠭᠤᠯᠬᠤ ᠂ ᠵᠢᠵᠢᠭ ᠰᠠᠪᠠ ᠭᠠᠵᠠᠷ᠎ᠢ ᠶᠡᠷᠦᠩᠬᠡᠢ᠌ᠯᠡᠨ ᠵᠠᠰᠠᠬᠤ ᠂ ᠰᠠᠯᠬᠢᠨ ᠬᠦᠴᠦᠨ᠎ᠤ ᠴᠠᠬᠢᠯᠭ᠋ᠠᠨ ᠪᠠ ᠭᠡᠷᠡᠯᠴᠢ ᠴᠡᠨᠡᠭ ᠵᠶ᠋ᠠᠷ ᠡᠯᠡᠰᠦ ᠵᠢ ᠵᠠᠰᠠᠬᠤ ᠲᠤᠷᠰᠢᠯᠲᠠ ᠵᠢᠨ ᠴᠡᠭ ᠵᠡᠷᠭᠡ ᠵᠢ ᠬᠡᠷᠡᠭᠵᠢᠭᠦᠯᠵᠦ ᠂ ᠨᠣᠭᠣᠭ᠋ᠠᠨ ᠬᠠᠯᠬᠠᠪᠴᠢ ᠵᠢ ᠪᠡᠬᠢᠵᠢᠭᠦᠯᠦᠨ ᠂ ᠡᠯᠡᠰᠦᠷᠬᠡᠭ ᠣᠷᠣᠨ᠎ᠤ ᠠᠮᠢ ᠠᠬᠤᠢ ᠵᠢᠨ ᠪᠠᠢ᠌ᠳᠠᠯ᠎ᠢ ᠰᠠᠢ᠌ᠵᠢᠷᠠᠭᠤᠯᠤᠨ᠎ᠠ ᠃
(ᠭᠤᠷᠪᠠ ) ᠭᠣᠣᠯ ᠨᠠᠭᠤᠷ ᠂ ᠨᠤᠭᠤ ᠭᠠᠵᠠᠷ᠎ᠤᠨ ᠠᠮᠢ ᠠᠬᠤᠢ ᠵᠢ ᠬᠠᠮᠠᠭ᠋ᠠᠯᠠᠨ ᠰᠡᠷᠭᠦᠭᠡᠬᠦ ᠭᠣᠣᠯᠳᠠᠯᠭ᠎ᠠ᠎ᠲᠠᠢ ᠭᠠᠵᠠᠷ ᠣᠷᠣᠨ ᠃ ᠨᠡᠢ᠌ᠭᠡᠮ᠎ᠤᠨ ᠬᠥᠷᠥᠩᠭᠡ ᠵᠢ ᠵᠣᠷᠢᠭᠵᠢᠭᠤᠯᠤᠨ ᠳᠡᠮᠵᠢᠵᠦ ᠪᠠᠢ᠌ᠭ᠋ᠠᠳ ᠬᠠᠨᠳᠤᠯᠭ᠎ᠠ᠎ᠲᠠᠢ᠎ᠪᠠᠷ ᠬᠠᠲᠤᠨ ᠭᠣᠣᠯ᠎ᠤᠨ ᠰᠠᠪᠠ ᠭᠠᠵᠠᠷ᠎ᠤᠨ ᠥᠪᠥᠷ ᠮᠣᠩᠭᠣᠯ᠎ᠳᠠᠬᠢ ᠬᠡᠰᠡᠭ ᠂ ᠶᠡᠬᠡ ᠬᠢᠩᠭ᠋ᠠᠨ ᠳᠠᠪᠠᠭ᠋ᠠᠨ᠎ᠤ ᠨᠤᠨ ᠮᠥᠷᠡᠨ᠎ᠤ ᠳᠡᠭᠡᠳᠦ ᠤᠷᠤᠰᠬᠠᠯ᠎ᠤᠨ ᠤᠰᠤᠨ ᠰᠤᠷᠪᠤᠯᠵᠢ ᠵᠢᠨ ᠭᠠᠵᠠᠷ ᠂ ᠡᠷᠭᠦᠨ᠎ᠡ ᠭᠣᠣᠯ᠎ᠤᠨ ᠰᠠᠪᠠ ᠭᠠᠵᠠᠷ ᠂ ᠪᠠᠷᠠᠭᠤᠨ ᠯᠢᠶᠣᠤ ᠾᠧ ᠭᠣᠣᠯ᠎ᠤᠨ ᠴᠢᠬᠤᠯᠠ ᠡᠭᠦᠰᠦᠯ ᠬᠥᠭᠵᠢᠯ᠎ᠤᠨ ᠣᠷᠣᠨ ᠂ 《ᠭᠤᠷᠪᠠᠨ ᠨᠠᠭᠤᠷ 》᠂ ᠴᠠᠭ᠋ᠠᠨᠨᠠᠭᠤᠷ ᠵᠢᠴᠢ ᠡᠵᠡᠨ᠎ᠡ ᠵᠢᠨ ᠨᠣᠭᠣᠭ᠋ᠠᠨ ᠪᠦᠷᠢᠳᠦ ᠵᠡᠷᠭᠡ ᠭᠣᠣᠯᠳᠠᠯᠭ᠎ᠠ᠎ᠲᠠᠢ ᠨᠠᠭᠤᠷ ᠴᠥᠭᠦᠷᠥᠮ ᠬᠢᠭᠡᠳ ᠨᠤᠭᠤ ᠭᠠᠵᠠᠷ᠎ᠤᠨ ᠠᠮᠢ ᠠᠬᠤᠢ ᠵᠢ ᠶᠡᠷᠦᠩᠬᠡᠢ᠌ᠯᠡᠨ ᠵᠠᠰᠠᠬᠤ ᠭᠣᠣᠯᠳᠠᠯᠭ᠎ᠠ᠎ᠲᠠᠢ ᠣᠷᠣᠨ ᠪᠦᠰᠡ᠎ᠳᠤ ᠂ ᠮᠠᠯᠵᠢᠬᠤ ᠵᠢ ᠵᠣᠭᠰᠣᠭ᠋ᠠᠵᠤ ᠨᠤᠭᠤ ᠭᠠᠵᠠᠷ᠎ᠢ ᠰᠡᠷᠭᠦᠭᠡᠬᠦ ᠂ ᠲᠡᠵᠢᠭᠡᠨ ᠦᠷᠡᠵᠢᠭᠦᠯᠬᠦ ᠵᠢ ᠵᠣᠭᠰᠣᠭ᠋ᠠᠵᠤ ᠭᠣᠣᠯ᠎ᠤᠨ ᠲᠠᠩ ᠭᠠᠵᠠᠷ᠎ᠢ ᠰᠡᠷᠭᠦᠭᠡᠬᠦ ᠂ ᠨᠠᠭᠤᠷ ᠴᠥᠭᠦᠷᠥᠮ ᠬᠢᠭᠡᠳ ᠲᠠᠴᠢᠷᠳᠠᠭᠰᠠᠨ ᠨᠤᠭᠤ ᠭᠠᠵᠠᠷ᠎ᠢ ᠰᠡᠷᠭᠦᠭᠡᠬᠦ ᠂ ᠭᠠᠵᠠᠷ ᠳᠣᠣᠷᠠᠬᠢ ᠤᠰᠤ ᠵᠢ ᠬᠡᠲᠦᠷᠡᠲᠡᠯ᠎ᠡ ᠲᠠᠲᠠᠬᠤ ᠵᠢ ᠶᠡᠷᠦᠩᠬᠡᠢ᠌ᠯᠡᠨ ᠵᠠᠰᠠᠬᠤ ᠂ ᠤᠰᠤᠨ᠎ᠤ ᠠᠮᠢ ᠠᠬᠤᠢ ᠵᠢ ᠶᠡᠷᠦᠩᠬᠡᠢ᠌ᠯᠡᠨ ᠵᠠᠰᠠᠬᠤ ᠵᠡᠷᠭᠡ ᠵᠢ ᠬᠡᠷᠡᠭᠵᠢᠭᠦᠯᠵᠦ ᠂ ᠬᠥᠷᠥᠰᠥ ᠰᠢᠷᠣᠢ ᠵᠢ ᠬᠠᠮᠠᠭ᠋ᠠᠯᠠᠬᠤ ᠪᠠ ᠪᠣᠬᠢᠷᠳᠤᠯ᠎ᠢ ᠰᠡᠷᠭᠡᠢ᠌ᠯᠡᠨ ᠵᠠᠰᠠᠬᠤ ᠵᠢ ᠴᠢᠩᠭ᠋ᠠᠳᠬᠠᠨ ᠂ ᠤᠰᠤᠨ᠎ᠤ ᠡᠬᠢ ᠰᠤᠷᠪᠤᠯᠵᠢ ᠵᠢ ᠬᠠᠳᠠᠭ᠋ᠠᠯᠠᠬᠤ ᠴᠢᠳᠠᠪᠤᠷᠢ ᠵᠢ ᠳᠡᠭᠡᠭᠰᠢᠯᠡᠭᠦᠯᠦᠨ᠎ᠡ ᠃
(ᠳᠥᠷᠪᠡ ) ᠠᠭᠤᠷᠬᠠᠢ ᠵᠢᠨ ᠣᠷᠣᠨ᠎ᠤ ᠠᠮᠢ ᠠᠬᠤᠢ ᠵᠢ ᠬᠠᠮᠠᠭ᠋ᠠᠯᠠᠨ ᠰᠡᠷᠭᠦᠭᠡᠬᠦ ᠭᠣᠣᠯᠳᠠᠯᠭ᠎ᠠ᠎ᠲᠠᠢ ᠭᠠᠵᠠᠷ ᠣᠷᠣᠨ ᠃ ᠨᠡᠢ᠌ᠭᠡᠮ᠎ᠤᠨ ᠬᠥᠷᠥᠩᠭᠡ ᠵᠢ ᠵᠣᠷᠢᠭᠵᠢᠭᠤᠯᠤᠨ ᠳᠡᠮᠵᠢᠵᠦ ᠪᠠᠢ᠌ᠭ᠋ᠠᠳ ᠬᠠᠨᠳᠤᠯᠭ᠎ᠠ᠎ᠲᠠᠢ᠎ᠪᠠᠷ ᠬᠠᠲᠤᠨ ᠭᠣᠣᠯ᠎ᠤᠨ ᠰᠠᠪᠠ ᠭᠠᠵᠠᠷ ᠂ ᠦᠬᠠᠢ ᠵᠢᠴᠢ ᠲᠡᠭᠦᠨ᠎ᠤ ᠡᠷᠬᠢᠨ ᠲᠣᠭᠣᠷᠢᠨ᠎ᠤ ᠭᠠᠵᠠᠷ ᠣᠷᠣᠨ ᠂ ᠮᠤᠨᠢ ᠠᠭᠤᠯᠠ — ᠳᠠᠯᠠᠨ ᠬᠠᠷ᠎ᠠ ᠠᠭᠤᠯᠠ ᠂ ᠶᠡᠬᠡ ᠬᠢᠩᠭ᠋ᠠᠨ ᠳᠠᠪᠠᠭ᠋ᠠᠨ᠎ᠤ ᠡᠮᠦᠨ᠎ᠡ ᠬᠣᠷᠮᠣᠢ ᠂ ᠶᠠᠨᠱ᠌ᠠᠨ ᠠᠭᠤᠯᠠ ᠵᠡᠷᠭᠡ ᠭᠠᠵᠠᠷ ᠣᠷᠣᠨ᠎ᠤ ᠥᠩᠭᠡᠷᠡᠭᠰᠡᠨ᠎ᠠᠴᠠ ᠦᠯᠡᠳᠡᠭᠳᠡᠵᠦ ᠢᠷᠡᠭᠰᠡᠨ ᠠᠭᠤᠷᠬᠠᠢ ᠵᠢᠨ ᠬᠠᠶᠠᠭᠳᠠᠮᠠᠯ ᠭᠠᠵᠠᠷ᠎ᠲᠤ ᠬᠠᠨᠳᠤᠭᠤᠯᠤᠨ ᠂ ᠥᠩᠭᠡᠷᠡᠭᠰᠡᠨ᠎ᠠᠴᠠ ᠦᠯᠡᠳᠡᠭᠳᠡᠵᠦ ᠢᠷᠡᠭᠰᠡᠨ ᠠᠭᠤᠷᠬᠠᠢ ᠵᠢᠨ ᠣᠷᠣᠨ᠎ᠤ ᠶᠡᠷᠦᠩᠬᠡᠢ᠌ᠯᠡᠨ ᠵᠠᠰᠠᠬᠤ ᠠᠵᠢᠯ᠎ᠢ ᠥᠷᠨᠢᠭᠦᠯᠵᠦ ᠂ ᠠᠭᠤᠷᠬᠠᠢ ᠵᠢᠨ ᠣᠷᠣᠨ᠎ᠤ ᠭᠠᠵᠠᠷ ᠰᠢᠷᠣᠢ ᠵᠢ ᠰᠠᠢ᠌ᠵᠢᠷᠠᠭᠤᠯᠤᠨ ᠵᠠᠰᠠᠬᠤ ᠂ ᠭᠠᠵᠠᠷ᠎ᠤᠨ ᠪᠠᠢ᠌ᠴᠠ ᠭᠠᠵᠠᠷ᠎ᠤᠨ ᠭᠠᠳᠠᠷᠭᠤ ᠵᠢ ᠳᠠᠬᠢᠨ ᠴᠣᠭᠴᠠᠯᠠᠬᠤ ᠂ ᠬᠥᠷᠥᠰᠥ ᠵᠢ ᠳᠠᠬᠢᠨ ᠪᠦᠲᠦᠭᠡᠬᠦ ᠪᠠ ᠰᠠᠢ᠌ᠵᠢᠷᠠᠭᠤᠯᠬᠤ ᠂ ᠣᠶ ᠰᠢᠭᠤᠢ ᠡᠪᠡᠰᠦ ᠪᠡᠯᠴᠢᠭᠡᠷ᠎ᠤᠨ ᠤᠷᠭᠤᠮᠠᠯ᠎ᠤᠨ ᠬᠤᠴᠢᠯᠭ᠎ᠠ ᠵᠢ ᠰᠡᠷᠭᠦᠭᠡᠬᠦ ᠂ ᠬᠣᠬᠢᠷᠠᠵᠤ ᠰᠦᠢ᠍ᠳᠦᠭᠰᠡᠨ ᠠᠮᠢ ᠠᠬᠤᠢ ᠵᠢᠨ ᠬᠣᠩᠭᠢᠯ᠎ᠢ ᠵᠠᠰᠠᠵᠤ ᠰᠡᠷᠭᠦᠭᠡᠬᠦ ᠵᠡᠷᠭᠡ ᠢᠨᠵᠧᠨᠧᠷᠢᠩ᠎ᠢ ᠬᠡᠷᠡᠭᠵᠢᠭᠦᠯᠵᠦ ᠂ ᠠᠭᠤᠷᠬᠠᠢ ᠵᠢᠨ ᠣᠷᠣᠨ ᠵᠢᠴᠢ ᠡᠷᠬᠢᠨ ᠲᠣᠭᠣᠷᠢᠨ᠎ᠤ ᠠᠮᠢ ᠠᠬᠤᠢ ᠣᠷᠴᠢᠨ ᠲᠣᠭᠣᠷᠢᠨ᠎ᠢ ᠰᠡᠷᠭᠦᠭᠡᠵᠦ ᠂ ᠵᠠᠰᠠᠨ ᠰᠡᠷᠭᠦᠭᠡᠭᠰᠡᠨ᠎ᠤ ᠳᠠᠷᠠᠭ᠋ᠠᠬᠢ ᠠᠮᠢ ᠠᠬᠤᠢ᠌ᠵᠢᠭᠤᠯᠤᠨ ᠠᠰᠢᠭᠯᠠᠬᠤ ᠠᠵᠢᠯ᠎ᠢ ᠵᠦᠢ ᠵᠣᠬᠢᠰᠲᠠᠢ ᠥᠷᠨᠢᠭᠦᠯᠦᠨ᠎ᠡ ᠃
(ᠲᠠᠪᠤ ) ᠲᠠᠷᠢᠶᠠᠨ ᠭᠠᠵᠠᠷ᠎ᠤᠨ ᠠᠮᠢ ᠠᠬᠤᠢ ᠵᠢᠨ ᠰᠢᠰᠲ᠋ᠧᠮ᠎ᠢ ᠬᠠᠮᠠᠭ᠋ᠠᠯᠠᠨ ᠰᠡᠷᠭᠦᠭᠡᠬᠦ ᠭᠣᠣᠯᠳᠠᠯᠭ᠎ᠠ᠎ᠲᠠᠢ ᠭᠠᠵᠠᠷ ᠣᠷᠣᠨ ᠃ ᠨᠡᠢ᠌ᠭᠡᠮ᠎ᠤᠨ ᠬᠥᠷᠥᠩᠭᠡ ᠵᠢ ᠵᠣᠷᠢᠭᠵᠢᠭᠤᠯᠤᠨ ᠳᠡᠮᠵᠢᠵᠦ ᠪᠠᠢ᠌ᠭ᠋ᠠᠳ ᠬᠠᠨᠳᠤᠯᠭ᠎ᠠ᠎ᠲᠠᠢ᠎ᠪᠠᠷ ᠰᠤᠮᠤ ᠰᠢᠶᠠᠩ ᠪᠠᠯᠭ᠋ᠠᠰᠤᠨ᠎ᠤ ᠪᠦᠬᠦᠯᠢ ᠴᠣᠭᠴᠠ ᠪᠤᠶᠤ ᠬᠡᠰᠡᠭ ᠭᠠᠴᠠᠭ᠎ᠠ ᠲᠣᠰᠬᠤᠨ ᠵᠶ᠋ᠠᠷ ᠨᠢᠭᠡᠴᠢ ᠪᠣᠯᠭ᠋ᠠᠨ ᠂ ᠪᠦᠭᠦᠢ᠌ᠯᠡ ᠪᠦᠰᠡ ᠵᠢᠨ ᠭᠠᠵᠠᠷ ᠰᠢᠷᠣᠢ ᠵᠢ ᠶᠡᠷᠦᠩᠬᠡᠢ᠌ᠯᠡᠨ ᠴᠡᠭᠴᠡᠯᠡᠨ ᠵᠠᠰᠠᠬᠤ ᠠᠵᠢᠯ᠎ᠢ ᠥᠷᠨᠢᠭᠦᠯᠵᠦ ᠂ ᠲᠠᠷᠢᠶᠠᠨ ᠭᠠᠵᠠᠷ᠎ᠤᠨ ᠠᠮᠢ ᠠᠬᠤᠢ ᠵᠢᠨ ᠰᠢᠰᠲ᠋ᠧᠮ᠎ᠳᠤ ᠲᠠᠷᠢᠶᠠᠯᠠᠬᠤ ᠭᠠᠵᠠᠷ᠎ᠢ ᠬᠠᠮᠠᠭ᠋ᠠᠯᠠᠬᠤ ᠪᠠ ᠶᠠᠰᠤ ᠴᠢᠨᠠᠷ᠎ᠢ ᠳᠡᠭᠡᠭᠰᠢᠯᠡᠭᠦᠯᠬᠦ ᠂ ᠵᠡᠭᠦᠨ ᠬᠣᠢ᠌ᠲᠤ ᠵᠢᠨ ᠬᠠᠷ᠎ᠠ ᠬᠥᠷᠥᠰᠥ ᠵᠢ ᠬᠠᠮᠠᠭ᠋ᠠᠯᠠᠨ ᠠᠰᠢᠭᠯᠠᠬᠤ ᠂ ᠪᠣᠬᠢᠷᠲᠤᠭᠰᠠᠨ ᠬᠥᠷᠥᠰᠥ ᠰᠢᠷᠣᠢ ᠵᠢ ᠵᠠᠰᠠᠨ ᠰᠡᠷᠭᠦᠭᠡᠬᠦ ᠂ ᠲᠠᠴᠢᠷᠳᠠᠭᠰᠠᠨ ᠲᠠᠷᠢᠶᠠᠨ ᠭᠠᠵᠠᠷ᠎ᠤᠨ ᠠᠮᠢ ᠠᠬᠤᠢ ᠵᠢ ᠰᠡᠷᠭᠦᠭᠡᠬᠦ ᠂ ᠲᠠᠷᠢᠶᠠᠯᠠᠩ᠎ᠤᠨ ᠲᠠᠷᠬᠠᠮᠠᠯ ᠡᠬᠢᠲᠦ ᠪᠣᠬᠢᠷᠲᠤᠯ᠎ᠢ ᠵᠠᠰᠠᠬᠤ ᠂ ᠬᠥᠳᠡᠭᠡ ᠲᠣᠰᠬᠤᠨ᠎ᠤ ᠭᠤᠤ ᠰᠤᠪᠠᠭ ᠂ ᠭᠣᠣᠯ᠎ᠤᠨ ᠵᠠᠮ᠎ᠢ ᠯᠠᠢ᠌ᠳᠠᠵᠤ ᠨᠡᠪᠲᠡᠷᠡᠭᠦᠯᠬᠦ ᠂ ᠡᠰᠢ ᠰᠦᠷᠡᠯ᠎ᠢ ᠶᠡᠷᠦᠩᠬᠡᠢ᠌ᠯᠡᠨ ᠠᠰᠢᠭᠯᠠᠬᠤ ᠵᠡᠷᠭᠡ᠎ᠳᠤ ᠭᠣᠣᠯᠳᠠᠯᠭ᠎ᠠ᠎ᠲᠠᠢ ᠬᠠᠨᠳᠤᠭᠤᠯᠤᠨ ᠂ ᠲᠠᠷᠢᠶᠠᠨ ᠭᠠᠵᠠᠷ᠎ᠤᠨ ᠤᠷᠭᠤᠯᠲᠠ ᠵᠢᠨ ᠣᠷᠴᠢᠨ ᠪᠠ ᠨᠥᠬᠥᠴᠡᠯ᠎ᠢ ᠰᠠᠢ᠌ᠵᠢᠷᠠᠭᠤᠯᠵᠤ ᠂ ᠲᠠᠷᠢᠶᠠᠨ ᠭᠠᠵᠠᠷ᠎ᠤᠨ ᠰᠠᠭᠤᠷᠢ ᠪᠡᠯᠡᠳᠬᠡᠮᠵᠢ ᠵᠢᠨ ᠲᠣᠬᠢᠷᠠᠭᠤᠯᠤᠯᠲᠠ ᠵᠢ ᠳᠡᠭᠡᠭᠰᠢᠯᠡᠭᠦᠯᠦᠨ᠎ᠡ ᠃
(ᠵᠢᠷᠭᠤᠭ᠎ᠠ ) ᠬᠤᠲᠠ ᠪᠠᠯᠭ᠋ᠠᠰᠤᠨ᠎ᠤ ᠠᠮᠢ ᠠᠬᠤᠢ ᠵᠢᠨ ᠰᠢᠰᠲ᠋ᠧᠮ᠎ᠢ ᠬᠠᠮᠠᠭ᠋ᠠᠯᠠᠨ ᠰᠡᠷᠭᠦᠭᠡᠬᠦ ᠭᠣᠣᠯᠳᠠᠯᠭ᠎ᠠ᠎ᠲᠠᠢ ᠭᠠᠵᠠᠷ ᠣᠷᠣᠨ ᠃ ᠨᠡᠢ᠌ᠭᠡᠮ᠎ᠤᠨ ᠬᠥᠷᠥᠩᠭᠡ ᠵᠢ ᠵᠣᠷᠢᠭᠵᠢᠭᠤᠯᠤᠨ ᠲᠡᠮᠵᠢᠵᠦ ᠪᠠᠢ᠌ᠭ᠋ᠠᠳ ᠬᠠᠨᠳᠤᠯᠭ᠎ᠠ᠎ᠲᠠᠢ᠎ᠪᠠᠷ ᠬᠤᠲᠠ ᠪᠠᠯᠭ᠋ᠠᠰᠤᠨ᠎ᠤ ᠣᠷᠣᠨ ᠵᠠᠢ ᠵᠢ ᠵᠠᠰᠠᠨ ᠰᠡᠷᠭᠦᠭᠡᠬᠦ ᠠᠵᠢᠯ᠎ᠢ ᠥᠷᠨᠢᠭᠦᠯᠵᠦ ᠂ ᠬᠤᠲᠠ ᠪᠠᠯᠭ᠋ᠠᠰᠤᠨ᠎ᠤ ᠰᠤᠯᠠ ᠲᠠᠯᠪᠢᠭᠳᠠᠵᠤ ᠪᠠᠢ᠌ᠭ᠎ᠠ ᠦᠷ᠎ᠡ ᠪᠦᠳᠦᠮᠵᠢ᠎ᠪᠠᠷ ᠳᠣᠣᠷ᠎ᠠ ᠭᠠᠵᠠᠷ ᠰᠢᠷᠣᠢ ᠵᠢ ᠲᠥᠪᠯᠡᠷᠡᠭᠦᠯᠦᠨ ᠵᠠᠯᠭ᠋ᠠᠯᠳᠤᠭᠤᠯᠤᠨ ᠥᠭᠡᠷᠡᠴᠢᠯᠡᠵᠦ ᠠᠰᠢᠭᠯᠠᠬᠤ ᠂ 《 ᠬᠣᠲᠠᠨ᠎ᠳᠠᠬᠢ ᠲᠣᠰᠬᠤᠨ 》 ᠵᠡᠷᠭᠡ ᠬᠠᠮᠲᠤ ᠵᠢᠨ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠎ᠢ ᠳᠠᠬᠢᠨ ᠨᠡᠭᠡᠭᠡᠨ ᠠᠰᠢᠭᠯᠠᠬᠤ ᠵᠢ ᠬᠡᠷᠡᠭᠵᠢᠭᠦᠯᠦᠨ᠎ᠡ; ᠬᠤᠲᠠ ᠵᠢᠨ ᠠᠮᠢ ᠠᠬᠤᠢ ᠵᠢ ᠰᠡᠷᠭᠦᠭᠡᠬᠦ ᠠᠵᠢᠯ᠎ᠢ ᠥᠷᠨᠢᠭᠦᠯᠵᠦ ᠂ ᠠᠮᠢ ᠠᠬᠤᠢ ᠵᠢᠨ ᠬᠣᠩᠭᠢᠯ᠎ᠤᠨ ᠪᠦᠲᠦᠭᠡᠨ ᠪᠠᠢ᠌ᠭᠤᠯᠤᠯᠲᠠ ᠂ ᠠᠮᠢ ᠠᠬᠤᠢ ᠵᠢᠨ ᠰᠠᠭᠤᠷᠢ ᠪᠡᠯᠡᠳᠬᠡᠮᠵᠢ ᠪᠠ ᠠᠮᠢ ᠠᠬᠤᠢ ᠵᠢᠨ ᠰᠦᠯᠵᠢᠶᠡᠨ᠎ᠤ ᠪᠦᠲᠦᠭᠡᠨ ᠪᠠᠢ᠌ᠭᠤᠯᠤᠯᠲᠠ ᠵᠡᠷᠭᠡ ᠵᠢ ᠬᠡᠷᠡᠭᠵᠢᠭᠦᠯᠦᠨ᠎ᠡ; ᠬᠤᠲᠠ ᠪᠠᠯᠭ᠋ᠠᠰᠤᠨ᠎ᠤ ᠣᠷᠣᠰᠢᠨ ᠰᠠᠭᠤᠷᠢᠰᠢᠬᠤ ᠣᠷᠴᠢᠨ ᠨᠥᠬᠥᠴᠡᠯ᠎ᠢ ᠶᠡᠷᠦᠩᠬᠡᠢ᠌ᠯᠡᠨ ᠴᠡᠭᠴᠡᠯᠡᠨ ᠵᠠᠰᠠᠬᠤ ᠠᠵᠢᠯ᠎ᠢ ᠥᠷᠨᠢᠭᠦᠯᠵᠦ ᠂ ᠬᠤᠲᠠ ᠵᠢᠨ ᠣᠶ ᠰᠢᠭᠤᠢ ᠂ ᠨᠤᠭᠤ ᠂ ᠵᠦᠯᠭᠡ ᠂ ᠴᠡᠴᠡᠷᠯᠢᠭ᠎ᠤᠨ ᠪᠦᠲᠦᠭᠡᠨ ᠪᠠᠢ᠌ᠭᠤᠯᠤᠯᠲᠠ ᠂ ᠤᠰᠤᠨ᠎ᠤ ᠪᠣᠬᠢᠷᠲᠤᠯ᠎ᠢ ᠶᠡᠷᠦᠩᠬᠡᠢ᠌ᠯᠡᠨ ᠵᠠᠰᠠᠬᠤ ᠂ ᠬᠤᠲᠠ ᠵᠢᠨ ᠪᠣᠬᠢᠷ ᠦᠮᠡᠬᠡᠢ ᠤᠰᠤᠨ ᠴᠣᠭᠴᠠ ᠵᠢ ᠵᠠᠰᠠᠬᠤ ᠂ ᠬᠠᠶ᠋ᠢᠮᠢᠶᠠᠨ ᠬᠤᠲᠠ ᠵᠢᠨ ᠪᠦᠲᠦᠭᠡᠨ ᠪᠠᠢ᠌ᠭᠤᠯᠤᠯᠲᠠ ᠵᠡᠷᠭᠡ ᠵᠢ ᠬᠡᠷᠡᠭᠵᠢᠭᠦᠯᠵᠦ ᠂ ᠣᠷᠣᠰᠢᠨ ᠰᠠᠭᠤᠷᠢᠰᠢᠬᠤ᠎ᠳᠤ ᠲᠣᠬᠢᠷᠠᠮᠵᠢᠲᠠᠢ ᠣᠯᠠᠨ ᠡᠰᠢᠲᠦ ᠬᠤᠲᠠ ᠪᠠᠯᠭ᠋ᠠᠰᠤᠨ᠎ᠤ ᠣᠷᠣᠨ ᠵᠠᠢ ᠵᠢ ᠴᠣᠭᠴᠠᠯᠠᠨ᠎ᠠ ᠃
(ᠳᠤᠯᠤᠭ᠎ᠠ ) ᠠᠮᠢ ᠠᠬᠤᠢ ᠵᠢᠨ ᠠᠵᠤ ᠦᠢ᠍ᠯᠡᠰ᠎ᠤᠨ ᠭᠣᠣᠯᠳᠠᠯᠭ᠎ᠠ᠎ᠲᠠᠢ ᠭᠠᠵᠠᠷ ᠣᠷᠣᠨ᠎ᠢ ᠰᠦᠪᠡᠭᠴᠢᠯᠡᠨ ᠬᠥᠭᠵᠢᠭᠦᠯᠦᠨ᠎ᠡ ᠃ ᠨᠡᠢ᠌ᠭᠡᠮ᠎ᠤᠨ ᠬᠥᠷᠥᠩᠭᠡ ᠵᠢᠨ ᠣᠷᠴᠢᠯ ᠲᠠᠷᠢᠶᠠᠯᠠᠩ ᠣᠶ ᠰᠢᠭᠤᠢ ᠮᠠᠯ ᠠᠵᠤ ᠠᠬᠤᠢ ᠂ ᠠᠮᠢ ᠠᠬᠤᠢ ᠵᠢᠨ ᠵᠢᠭᠤᠯᠴᠢᠯᠠᠯ ᠂ ᠰᠡᠯᠡᠭᠦᠴᠡᠯ ᠡᠷᠡᠭᠦᠯᠵᠢᠯ ᠰᠤᠪᠢᠯᠠᠯᠲᠠ ᠂ ᠪᠠᠢ᠌ᠭ᠋ᠠᠯᠢ ᠵᠢᠨ ᠰᠤᠷᠭ᠋ᠠᠨ ᠬᠥᠮᠦᠵᠢᠯ ᠂ ᠴᠡᠪᠡᠷ ᠡᠨᠧᠷᠭᠢ ᠵᠢᠴᠢ ᠤᠰᠤᠨ᠎ᠤ ᠡᠬᠢ ᠪᠠᠶᠠᠯᠢᠭ᠎ᠢ ᠠᠷᠪᠢᠲᠠᠢ ᠡᠷᠴᠢᠮᠯᠢᠭ ᠠᠰᠢᠭᠯᠠᠬᠤ ᠵᠡᠷᠭᠡ ᠭᠣᠣᠯᠳᠠᠯᠭ᠎ᠠ᠎ᠲᠠᠢ ᠠᠮᠢ ᠠᠬᠤᠢ ᠵᠢᠨ ᠠᠵᠤ ᠦᠢ᠍ᠯᠡᠰ᠎ᠲᠤ ᠣᠷᠣᠭᠤᠯᠤᠯᠲᠠ ᠬᠢᠬᠦ ᠵᠢ ᠵᠣᠷᠢᠭᠵᠢᠭᠤᠯᠤᠨ ᠳᠡᠮᠵᠢᠨ᠎ᠡ; ᠠᠵᠤ ᠠᠬᠤᠢ ᠵᠢᠨ ᠣᠶ ᠵᠢᠨ ᠠᠵᠤ ᠦᠢ᠍ᠯᠡᠰ ᠂ ᠰᠢᠨ᠎ᠡ ᠬᠡᠯᠪᠡᠷᠢ ᠵᠢᠨ ᠦᠷ᠎ᠡ ᠵᠢᠨ ᠦᠢ᠍ᠯᠡᠰ ᠪᠠ ᠡᠪᠡᠰᠦ ᠂ ᠡᠯᠡᠰᠦ ᠂ ᠠᠮᠢᠳᠤ ᠪᠣᠳᠠᠰ᠎ᠤᠨ ᠮᠠᠰ ᠡᠨᠧᠷᠭᠢ ᠵᠡᠷᠭᠡ ᠣᠨᠴᠠᠯᠢᠭᠲᠤ ᠠᠵᠤ ᠦᠢ᠍ᠯᠡᠰ᠎ᠢ ᠬᠥᠭᠵᠢᠭᠦᠯᠵᠦ ᠂ ᠣᠶ ᠰᠢᠭᠤᠢ ᠵᠢᠨ ᠡᠬᠢ ᠪᠠᠶᠠᠯᠢᠭ ᠵᠡᠷᠭᠡ ᠣᠯᠠᠨ ᠵᠦᠢ᠍ᠯ᠎ᠤᠨ ᠠᠮᠢ ᠠᠬᠤᠢ ᠵᠢᠨ ᠡᠳ᠋ ᠬᠥᠷᠥᠩᠭᠡ ᠵᠢ ᠪᠦᠲᠦᠮᠵᠢᠲᠡᠶ ᠭᠦᠢ᠍ᠯᠭᠡᠭᠡᠨ᠎ᠲᠠᠢ ᠪᠣᠯᠭ᠋ᠠᠨ᠎ᠠ; ᠴᠡᠪᠡᠷ ᠡᠨᠧᠷᠭᠢ ᠵᠢ ᠢᠳᠡᠪᠬᠢᠲᠡᠢ᠎ᠪᠠᠷ ᠬᠥᠭᠵᠢᠭᠦᠯᠵᠦ ᠂ ᠭᠡᠷᠡᠯᠴᠢ ᠴᠡᠨᠡᠭ᠎ᠤᠨ ᠰᠢᠨ᠎ᠡ ᠡᠨᠧᠷᠭᠢ ᠵᠢᠨ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ᠎ᠳᠤ ᠣᠷᠣᠯᠴᠠᠭᠤᠯᠤᠨ᠎ᠠ; ᠦᠢ᠍ᠯᠡᠳᠬᠦᠨ᠎ᠤ ᠭᠡᠷᠡᠴᠢᠯᠡᠭᠡ ᠂ ᠠᠮᠢ ᠠᠬᠤᠢ ᠵᠢᠨ ᠢᠯᠭ᠋ᠠᠬᠤ ᠲᠡᠮᠳᠡᠭ ᠂ ᠨᠡᠷᠡᠲᠦ ᠲᠡᠮᠳᠡᠭ᠎ᠤᠨ ᠪᠦᠲᠦᠭᠡᠨ ᠪᠠᠢ᠌ᠭᠤᠯᠤᠯᠲᠠ ᠵᠡᠷᠭᠡ ᠠᠵᠢᠯ᠎ᠢ ᠥᠷᠨᠢᠭᠦᠯᠦᠨ᠎ᠡ ᠃
ᠬᠣᠶᠠᠷ ᠂ ᠠᠮᠢ ᠠᠬᠤᠢ ᠵᠢ ᠬᠠᠮᠠᠭ᠋ᠠᠯᠠᠨ ᠰᠡᠷᠭᠦᠭᠡᠬᠦ᠎ᠳᠤ ᠨᠡᠢ᠌ᠭᠡᠮ᠎ᠤᠨ ᠬᠥᠷᠥᠩᠭᠡ ᠵᠢ ᠤᠷᠤᠯᠴᠠᠭᠤᠯᠬᠤ ᠠᠵᠢᠯ᠎ᠤᠨ ᠬᠠᠮᠢᠶᠠᠷᠤᠯᠲᠠ ᠵᠢᠨ ᠲᠣᠭᠲᠠᠴᠠ ᠵᠢ ᠲᠡᠭᠦᠯᠳᠡᠷᠵᠢᠭᠦᠯᠦᠨ᠎ᠡ
《ᠬᠡᠨ ᠵᠠᠰᠠᠨ ᠰᠡᠷᠭᠦᠭᠡᠭᠰᠡᠨ ᠪᠣᠯ ᠲᠡᠷᠡ ᠠᠰᠢᠭ ᠭᠥᠷᠳᠡᠬᠦ 》 ᠵᠠᠷᠴᠢᠮ ᠶᠣᠰᠣᠭ᠋ᠠᠷ ᠂ ᠵᠠᠰᠠᠭ᠎ᠤᠨ ᠣᠷᠳᠣᠨ ᠵᠶ᠋ᠠᠷ ᠭᠣᠣᠯᠯᠠᠭᠤᠯᠤᠭᠰᠠᠨ ᠂ ᠨᠡᠢ᠌ᠭᠡᠮ ᠳᠠᠶᠠᠭ᠋ᠠᠷ ᠣᠷᠣᠯᠴᠠᠭᠰᠠᠨ ᠬᠥᠲᠥᠯᠥᠨ ᠵᠢᠯᠤᠭᠣᠳᠬᠤ ᠪᠠ ᠤᠷᠮᠠᠰᠢᠭᠤᠯᠬᠤ ᠲᠣᠭᠲᠠᠴᠠ ᠵᠢ ᠪᠠᠢ᠌ᠭᠤᠯᠵᠤ ᠂ ᠠᠮᠢ ᠠᠬᠤᠢ ᠵᠢ ᠬᠠᠮᠠᠭ᠋ᠠᠯᠠᠨ ᠰᠡᠷᠭᠦᠭᠡᠬᠦ᠎ᠳᠤ ᠨᠡᠢ᠌ᠭᠡᠮ᠎ᠤᠨ ᠬᠥᠷᠥᠩᠭᠡ ᠵᠢ ᠤᠷᠤᠯᠴᠠᠭᠤᠯᠬᠤ ᠠᠵᠢᠯ᠎ᠤᠨ ᠬᠠᠮᠢᠶᠠᠷᠤᠯᠲᠠ ᠵᠢ ᠵᠢᠷᠤᠮᠵᠢᠭᠤᠯᠤᠨ ᠂ ᠬᠠᠤᠯᠢ ᠶᠣᠰᠣᠨ᠎ᠤ ᠡᠷᠬᠡ ᠠᠰᠢᠭ᠎ᠢ ᠪᠠᠲᠤᠯᠠᠵᠤ ᠂ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠠᠮᠢᠵᠢᠷᠠᠯ᠎ᠤᠨ ᠬᠦᠴᠦᠨ᠎ᠢ ᠪᠠᠳᠠᠷᠠᠭ᠋ᠠᠨ᠎ᠠ ᠃
(ᠨᠠᠢ᠍ᠮᠠ ) ᠠᠮᠢ ᠠᠬᠤᠢ ᠵᠢ ᠬᠠᠮᠠᠭ᠋ᠠᠯᠠᠨ ᠰᠡᠷᠭᠦᠭᠡᠬᠦ᠎ᠳᠤ ᠨᠡᠢ᠌ᠭᠡᠮ᠎ᠤᠨ ᠬᠥᠷᠥᠩᠭᠡ ᠵᠢ ᠤᠷᠤᠯᠴᠠᠭᠤᠯᠬᠤ ᠠᠵᠢᠯ᠎ᠤᠨ ᠲᠥᠷᠥᠯ ᠵᠦᠢ᠍ᠯ᠎ᠤᠨ ᠬᠥᠮᠥᠷᠭᠡ ᠵᠢ ᠪᠠᠢ᠌ᠭᠤᠯᠤᠨ᠎ᠠ ᠃ ᠠᠢ᠌ᠮᠠᠭ᠎ᠤᠨ ᠵᠠᠬᠢᠷᠭ᠎ᠠ ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠂ ᠬᠣᠰᠢᠭᠤ ᠰᠢᠶᠠᠨ (ᠬᠣᠲᠠ ᠂ ᠲᠣᠭᠣᠷᠢᠭ )᠎ᠤ ᠠᠷᠠᠳ᠎ᠤᠨ ᠵᠠᠰᠠᠭ᠎ᠤᠨ ᠣᠷᠳᠣᠨ᠎ᠨᠢ ᠲᠤᠰ ᠱᠠᠲᠤᠨ᠎ᠤ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠲᠥᠯᠦᠪᠵᠢᠭᠦᠯᠭᠡ ᠂ ᠠᠮᠢ ᠠᠬᠤᠢ ᠵᠢ ᠰᠡᠷᠭᠦᠭᠡᠬᠦ ᠲᠥᠯᠦᠪᠵᠢᠭᠦᠯᠭᠡ ᠵᠡᠷᠭᠡ ᠲᠥᠯᠦᠪᠵᠢᠭᠦᠯᠭᠡ ᠪᠠ ᠬᠣᠯᠪᠣᠭᠳᠠᠯ ᠪᠦᠬᠦᠢ ᠪᠠᠷᠢᠮᠵᠢᠶ᠎ᠠ ᠱᠠᠭ᠋ᠠᠷᠳᠠᠯᠭ᠎ᠠ ᠵᠢ ᠦᠨᠳᠦᠰᠦᠯᠡᠨ ᠂ ᠲᠥᠷᠥᠯ ᠵᠦᠢ᠍ᠯ᠎ᠢ ᠬᠠᠮᠢᠶᠠᠷᠬᠤ ᠪᠠ ᠬᠡᠷᠡᠭᠵᠢᠭᠦᠯᠬᠦ ᠡᠷᠬᠡ ᠮᠡᠳᠡᠯ᠎ᠤᠨ ᠶᠣᠰᠣᠭ᠋ᠠᠷ ᠂ ᠠᠮᠢ ᠠᠬᠤᠢ ᠵᠢ ᠬᠠᠮᠠᠭ᠋ᠠᠯᠠᠨ ᠰᠡᠷᠭᠦᠭᠡᠬᠦ ᠡᠭᠦᠷᠭᠡ ᠪᠠ ᠭᠣᠣᠯᠳᠠᠯᠭ᠎ᠠ᠎ᠲᠠᠢ ᠲᠥᠷᠥᠯ ᠵᠦᠢ᠍ᠯ᠎ᠢ ᠡᠮᠬᠢ ᠵᠢᠷᠤᠮ᠎ᠲᠠᠢ᠎ᠪᠠᠷ ᠲᠣᠭᠲᠠᠭ᠋ᠠᠵᠤ ᠂ ᠠᠮᠢ ᠠᠬᠤᠢ ᠵᠢ ᠬᠠᠮᠠᠭ᠋ᠠᠯᠠᠨ ᠰᠡᠷᠭᠦᠭᠡᠬᠦ᠎ᠳᠤ ᠨᠡᠢ᠌ᠭᠡᠮ᠎ᠤᠨ ᠬᠥᠷᠥᠩᠭᠡ ᠵᠢ ᠤᠷᠤᠯᠴᠠᠭᠤᠯᠬᠤ ᠲᠥᠷᠥᠯ ᠵᠦᠢ᠍ᠯ᠎ᠤᠨ ᠬᠥᠮᠥᠷᠭᠡ ᠪᠠᠢ᠌ᠭᠤᠯᠤᠨ ᠂ ᠣᠨ ᠵᠶ᠋ᠠᠷ ᠴᠠᠭ ᠲᠤᠬᠠᠢ᠎ᠳᠤ ᠨᠢ ᠨᠡᠢ᠌ᠭᠡᠮ᠎ᠳᠤ ᠨᠡᠢ᠌ᠲᠡᠯᠡᠬᠦ ᠬᠡᠷᠡᠭᠲᠡᠢ ᠃ ᠲᠥᠷᠥᠯ ᠵᠦᠢ᠍ᠯ᠎ᠤᠨ ᠬᠥᠮᠥᠷᠭᠡ᠎ᠳᠤ ᠬᠥᠳᠡᠯᠦᠩᠭᠦᠢ ᠬᠠᠮᠢᠶᠠᠷᠤᠯᠲᠠ ᠵᠢ ᠬᠡᠷᠡᠭᠵᠢᠭᠦᠯᠵᠦ ᠂ ᠵᠢᠯ ᠪᠦᠷᠢ ᠴᠠᠭ ᠲᠤᠬᠠᠢ᠎ᠳᠤ ᠨᠢ ᠰᠢᠨᠡᠳᠬᠡᠨ ᠲᠡᠭᠦᠯᠳᠡᠷᠵᠢᠭᠦᠯᠦᠨ᠎ᠡ ᠃
(ᠶᠢᠰᠦ ) ᠠᠮᠢ ᠠᠬᠤᠢ ᠵᠢ ᠬᠠᠮᠠᠭ᠋ᠠᠯᠠᠨ ᠰᠡᠷᠭᠦᠭᠡᠬᠦ᠎ᠳᠤ ᠨᠡᠢ᠌ᠭᠡᠮ᠎ᠤᠨ ᠬᠥᠷᠥᠩᠭᠡ ᠵᠢ ᠤᠷᠤᠯᠴᠠᠭᠤᠯᠬᠤ ᠠᠵᠢᠯ᠎ᠤᠨ ᠬᠠᠮᠢᠶ᠎ᠠ ᠪᠦᠬᠦᠢ ᠵᠦᠢ᠍ᠯᠡᠰ᠎ᠢ ᠲᠣᠳᠣᠷᠬᠠᠢ ᠲᠣᠭᠲᠠᠭ᠋ᠠᠨ᠎ᠠ ᠃ ᠠᠢ᠌ᠮᠠᠭ᠎ᠤᠨ ᠵᠠᠬᠢᠷᠭ᠎ᠠ ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ ᠂ ᠬᠣᠰᠢᠭᠤ ᠰᠢᠶᠠᠨ (ᠬᠤᠲᠠ ᠂ ᠲᠣᠭᠣᠷᠢᠭ )᠎ᠤ ᠠᠷᠠᠳ᠎ᠤᠨ ᠵᠠᠰᠠᠭ᠎ᠤᠨ ᠣᠷᠳᠣᠨ᠎ᠨᠢ ᠠᠮᠢ ᠠᠬᠤᠢ ᠵᠢ ᠬᠠᠮᠠᠭ᠋ᠠᠯᠠᠨ ᠰᠡᠷᠭᠦᠭᠡᠬᠦ᠎ᠳᠤ ᠨᠡᠢ᠌ᠭᠡᠮ᠎ᠤᠨ ᠬᠥᠷᠥᠩᠭᠡ ᠵᠢ ᠤᠷᠤᠯᠴᠠᠭᠤᠯᠬᠤ ᠠᠵᠢᠯ᠎ᠤᠨ ᠲᠥᠰᠥᠯ᠎ᠢ ᠨᠠᠢ᠌ᠷᠠᠭᠤᠯᠤᠨ ᠵᠣᠬᠢᠶᠠᠬᠤ᠎ᠳᠤ᠎ᠪᠠᠨ᠂ ᠠᠮᠢ ᠠᠬᠤᠢ ᠵᠢ ᠬᠠᠮᠠᠭ᠋ᠠᠯᠠᠨ ᠰᠡᠷᠭᠦᠭᠡᠬᠦ᠎ᠳᠤ ᠨᠡᠢ᠌ᠭᠡᠮ᠎ᠤᠨ ᠬᠥᠷᠥᠩᠭᠡ ᠵᠢᠨ ᠣᠷᠣᠯᠴᠠᠬᠤ ᠲᠦᠷᠦᠯ ᠵᠦᠢ᠍ᠯ᠎ᠤᠨ ᠡᠭᠦᠷᠭᠡ ᠬᠠᠷᠠᠯᠲᠠ ᠪᠤᠶᠤ ᠭᠣᠣᠯ ᠭᠦᠢ᠍ᠴᠡᠳᠬᠡᠯ ᠲᠣᠭ᠎ᠠ ᠂ ᠢᠨᠵᠧᠨᠧᠷᠢᠩ᠎ᠤᠨ ᠠᠷᠭ᠎ᠠ ᠬᠡᠮᠵᠢᠶ᠎ᠡ ᠂ ᠪᠡᠯᠡ ᠣᠷᠣᠭᠤᠯᠤᠯᠲᠠ ᠵᠢᠨ ᠲᠣᠢ᠌ᠮᠣ ᠲᠥᠰᠥᠪ ᠂ ᠳᠡᠮᠵᠢᠯᠭᠡ ᠵᠢᠨ ᠲᠥᠷᠥ ᠵᠢᠨ ᠪᠣᠳᠣᠯᠭ᠎ᠠ ᠂ ᠲᠣᠭᠲᠠᠭ᠋ᠠᠯ᠎ᠳᠤ ᠨᠡᠢ᠌ᠴᠡᠬᠦ ᠪᠠᠢ᠌ᠭ᠋ᠠᠯᠢ ᠵᠢᠨ ᠡᠬᠢ ᠪᠠᠶᠠᠯᠢᠭ᠎ᠤᠨ ᠪᠡᠯᠡ ᠬᠥᠷᠥᠩᠭᠡ ᠵᠢᠨ ᠲᠣᠬᠢᠷᠠᠭᠤᠯᠤᠯᠲᠠ ᠂ ᠰᠡᠯᠭᠦᠬᠦ ᠠᠵᠤ ᠦᠢ᠍ᠯᠡᠰ᠎ᠤᠨ ᠬᠥᠭᠵᠢᠯᠲᠡ ᠵᠢᠨ ᠱᠠᠭ᠋ᠠᠷᠳᠠᠯᠭ᠎ᠠ ᠵᠡᠷᠭᠡ ᠭᠣᠣᠯ ᠠᠭᠤᠯᠭ᠎ᠠ ᠵᠢ ᠲᠣᠳᠣᠷᠬᠠᠢ ᠲᠣᠭᠲᠠᠭ᠋ᠠᠵᠤ ᠂ ᠡᠳ᠋᠎ᠤᠨ ᠵᠠᠰᠠᠭ ᠭᠠᠢ᠌ᠯᠢ ᠵᠢᠨ ᠳᠡᠮᠵᠢᠯᠭᠡ ᠵᠢᠨ ᠠᠷᠭ᠎ᠠ ᠮᠠᠶᠢᠭ ᠵᠢᠴᠢ ᠪᠡᠯᠡ ᠮᠥᠩᠭᠥᠨ᠎ᠤ ᠬᠠᠷᠢᠴᠠᠯ᠎ᠢ ᠵᠦᠢ ᠵᠣᠬᠢᠰᠲᠠᠢ ᠲᠣᠭᠲᠠᠭ᠋ᠠᠬᠤ ᠵᠢᠨ ᠬᠠᠮᠲᠤ ᠂ ᠲᠣᠭᠲᠠᠭ᠋ᠠᠯ ᠶᠣᠰᠣᠭ᠋ᠠᠷ ᠡᠳᠦᠢ ᠲᠡᠳᠦᠢ ᠬᠤᠪᠢᠶᠠᠷᠢ ᠲᠥᠷᠥᠯ ᠵᠦᠢ᠍ᠯ᠎ᠢ ᠲᠣᠬᠢᠷᠠᠭᠤᠯᠵᠤ ᠪᠣᠯᠣᠨ᠎ᠠ ᠂ ᠡᠭᠦᠨ᠎ᠳᠤ ᠭᠠᠵᠠᠷ ᠰᠢᠷᠣᠢ ᠵᠢ ᠶᠡᠷᠦᠩᠬᠡᠢ᠌ᠯᠡᠨ ᠴᠡᠭᠴᠡᠯᠡᠨ ᠵᠠᠰᠠᠬᠤ ᠂ ᠬᠤᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠎ᠤᠨ ᠨᠡᠮᠡᠭᠳᠡᠬᠦ ᠪᠠ ᠬᠠᠰᠤᠭᠳᠠᠬᠤ ᠵᠢ ᠬᠣᠯᠪᠣᠭᠳᠠᠭᠤᠯᠬᠤ ᠂ ᠰᠢᠷᠣᠢ ᠴᠢᠯᠠᠭᠤᠨ ᠮᠠᠲ᠋ᠧᠷᠢᠶᠠᠯ᠎ᠢ ᠠᠰᠢᠭᠯᠠᠬᠤ ᠂ ( ᠥᠩᠭᠡᠷᠡᠭᠰᠡᠨ᠎ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ) ᠠᠭᠤᠷᠬᠠᠢ ᠵᠢᠨ ᠠᠮᠢ ᠠᠬᠤᠢ ᠵᠢ ᠰᠡᠷᠭᠦᠭᠡᠬᠦ ᠂ ᠬᠥᠷᠥᠰᠥ ᠰᠢᠷᠣᠢ ᠵᠢᠨ ᠤᠷᠤᠰᠬᠠᠭᠳᠠᠯ᠎ᠢ ᠰᠡᠷᠭᠡᠢ᠌ᠯᠡᠨ ᠵᠠᠰᠠᠬᠤ ᠂ ᠭᠣᠣᠯ᠎ᠤᠨ ᠵᠠᠮ᠎ᠢ ᠬᠠᠮᠠᠭ᠋ᠠᠯᠠᠨ ᠵᠠᠰᠠᠬᠤ ᠂ ᠤᠰᠤᠨ᠎ᠤ ᠠᠮᠢ ᠠᠬᠤᠢ ᠵᠢ ᠬᠠᠮᠠᠭ᠋ᠠᠯᠠᠨ ᠰᠡᠷᠭᠦᠭᠡᠬᠦ ᠂ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠢ ᠬᠠᠮᠠᠭ᠋ᠠᠯᠠᠬᠤ ᠂ ᠮᠣᠳᠣ ᠳᠠᠷᠢᠵᠤ ᠣᠢ᠌ᠵᠢᠭᠤᠯᠬᠤ ᠂ ᠣᠶ ᠰᠢᠭᠤᠢ ᠵᠢᠨ ᠶᠠᠰᠤ ᠴᠢᠨᠠᠷ᠎ᠢ ᠰᠠᠢ᠌ᠵᠢᠷᠠᠭᠤᠯᠬᠤ ᠂ ᠡᠪᠡᠰᠦᠨ ᠦᠷ᠎ᠡ ᠵᠢᠨ ᠦᠢ᠍ᠯᠡᠰ᠎ᠢ ᠬᠥᠭᠵᠢᠭᠦᠯᠬᠦ ᠂ ᠠᠮᠢ ᠠᠬᠤᠢ ᠵᠢᠨ ᠠᠵᠤ ᠦᠢ᠍ᠯᠡᠰ᠎ᠢ ᠬᠥᠭᠵᠢᠭᠦᠯᠬᠦ ᠵᠡᠷᠭᠡ ᠵᠢ ᠪᠠᠭᠲᠠᠭ᠋ᠠᠬᠤ ᠪᠣᠯᠪᠠᠴᠣ ᠡᠳᠡᠬᠡᠷ᠎ᠲᠤ ᠯᠡ ᠬᠢᠵᠠᠭ᠋ᠠᠷᠯᠠᠭᠳᠠᠬᠤ ᠦᠭᠡᠢ ᠃
(ᠠᠷᠪᠠ ) ᠢᠯᠡ᠎ᠪᠠᠷ ᠨᠡᠢ᠌ᠭᠡᠮ᠎ᠤᠨ ᠬᠥᠷᠥᠩᠭᠡ ᠵᠢ ᠣᠷᠣᠭᠤᠯᠤᠨ ᠠᠪᠴᠢᠷᠠᠵᠤ ᠪᠠᠢ᠌ᠭ᠋ᠠᠳ ᠠᠮᠢ ᠠᠬᠤᠢ ᠵᠢ ᠬᠠᠮᠠᠭ᠋ᠠᠯᠠᠨ ᠰᠡᠷᠭᠦᠭᠡᠬᠦ ᠠᠵᠢᠯ᠎ᠳᠤ ᠣᠷᠣᠯᠴᠠᠭᠤᠯᠤᠨ᠎ᠠ ᠃ ᠠᠢ᠌ᠮᠠᠭ᠎ᠤᠨ ᠵᠠᠬᠢᠷᠭ᠎ᠠ ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠂ ᠬᠣᠰᠢᠭᠤ ᠰᠢᠶᠠᠨ (ᠬᠣᠲᠠ ᠂ ᠲᠣᠭᠣᠷᠢᠭ )᠎ᠤ ᠠᠷᠠᠳ᠎ᠤᠨ ᠵᠠᠰᠠᠭ᠎ᠤᠨ ᠣᠷᠳᠣᠨ ᠪᠤᠶᠤ ᠲᠡᠭᠦᠨ᠎ᠤ ᠡᠷᠬᠡ ᠣᠯᠭᠣᠭᠰᠠᠨ ᠰᠠᠯᠠᠭ᠎ᠠ ᠮᠥᠴᠢᠷ᠎ᠤᠳ ᠢᠯᠡ᠎ᠪᠠᠷ ᠳᠠᠭ᠋ᠠᠭ᠋ᠠᠴᠢᠯᠠᠯᠲᠠ ᠵᠠᠷᠯᠠᠬᠤ ᠂ ᠤᠷᠢᠵᠤ ᠳᠠᠭ᠋ᠠᠭ᠋ᠠᠴᠢᠯᠠᠯᠲᠠ ᠵᠠᠷᠯᠠᠬᠤ ᠂ ᠥᠷᠢᠰᠦᠯᠳᠦᠭᠡᠨ᠎ᠤ ᠴᠢᠨᠠᠷᠲᠠᠢ ᠬᠡᠯᠡᠯᠴᠡᠭᠡ ᠬᠢᠬᠦ ᠂ ᠥᠷᠢᠰᠦᠯᠳᠦᠭᠡᠨ᠎ᠤ ᠴᠢᠨᠠᠷᠲᠠᠢ ᠵᠥᠪᠳᠡᠯᠴᠡᠬᠦ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠨᠡᠢ᠌ᠭᠡᠮ᠎ᠤᠨ ᠬᠥᠷᠥᠩᠭᠡ ᠵᠢ ᠣᠷᠣᠭᠤᠯᠤᠨ ᠠᠪᠴᠢᠷᠠᠵᠤ ᠪᠠᠢ᠌ᠭ᠋ᠠᠳ ᠠᠮᠢ ᠠᠬᠤᠢ ᠵᠢ ᠬᠠᠮᠠᠭ᠋ᠠᠯᠠᠨ ᠰᠡᠷᠭᠦᠭᠡᠬᠦ ᠠᠵᠢᠯ᠎ᠳᠤ ᠣᠷᠣᠯᠴᠠᠭᠤᠯᠵᠤ ᠂ ᠠᠮᠢ ᠠᠬᠤᠢ ᠵᠢ ᠬᠠᠮᠠᠭ᠋ᠠᠯᠠᠨ ᠰᠡᠷᠭᠦᠭᠡᠬᠦ ᠵᠥᠪᠯᠡᠯᠴᠡᠭᠡᠷ ᠪᠠ ᠪᠠᠢ᠌ᠭ᠋ᠠᠯᠢ ᠵᠢᠨ ᠡᠬᠢ ᠪᠠᠶᠠᠯᠢᠭ᠎ᠤᠨ ᠪᠡᠯᠡ ᠬᠥᠷᠥᠩᠭᠡ ᠵᠢ ᠲᠣᠬᠢᠷᠠᠭᠤᠯᠬᠤ ᠵᠥᠪᠯᠡᠯᠴᠡᠭᠡᠷ ᠲᠣᠭᠲᠠᠵᠤ ᠂ ᠰᠡᠷᠭᠦᠭᠡᠨ ᠵᠠᠰᠠᠬᠤ ᠱᠠᠭ᠋ᠠᠷᠳᠠᠯᠭ᠎ᠠ ᠂ ᠲᠥᠷᠥᠯ ᠵᠦᠢ᠍ᠯ᠎ᠤᠨ ᠪᠡᠯᠡ ᠣᠷᠣᠭᠤᠯᠤᠯᠲᠠ ᠂ ᠵᠢᠷᠤᠭᠯᠠᠨ ᠲᠥᠯᠥᠪᠯᠡᠵᠦ ᠬᠡᠷᠡᠭᠵᠢᠭᠦᠯᠬᠦ ᠂ ᠬᠠᠮᠢᠶᠠᠷᠤᠨ ᠬᠠᠮᠠᠭ᠋ᠠᠯᠠᠬᠤ ᠵᠢᠴᠢ ᠦᠷᠭᠦᠯᠵᠢᠯᠡᠨ ᠨᠡᠭᠡᠭᠡᠨ ᠬᠥᠭᠵᠢᠭᠦᠯᠬᠦ ᠵᠡᠷᠭᠡ ᠵᠦᠢ᠍ᠯᠡᠰ᠎ᠤᠨ ᠠᠵᠢᠯᠯᠠᠭ᠋ᠠᠨ᠎ᠤ ᠵᠠᠭᠪᠤᠷ ᠵᠢᠴᠢ ᠡᠯ᠎ᠡ ᠲᠠᠯ᠎ᠠ ᠵᠢᠨ ᠡᠷᠬᠡ ᠠᠰᠢᠭ ᠡᠭᠦᠷᠭᠡ ᠪᠠ ᠭᠡᠷ᠎ᠡ᠎ᠠᠴᠠ ᠵᠥᠷᠢᠴᠡᠭᠰᠡᠨ ᠬᠠᠷᠢᠭᠤᠴᠠᠯᠭ᠎ᠠ ᠵᠢ ᠲᠣᠳᠣᠷᠬᠠᠢ ᠲᠣᠭᠲᠠᠭ᠋ᠠᠬᠤ ᠵᠢᠨ ᠬᠠᠮᠲᠤ ᠂ ᠴᠠᠭ ᠲᠤᠬᠠᠢ᠎ᠳᠤ ᠨᠢ ᠨᠡᠢ᠌ᠭᠡᠮ᠎ᠳᠤ ᠵᠠᠷᠯᠠᠨ ᠨᠡᠢ᠌ᠲᠡᠯᠡᠬᠦ ᠪᠤᠶᠤ ᠢᠯᠡ ᠨᠡᠢ᠌ᠲᠡᠯᠡᠨ᠎ᠡ ᠃ ᠨᠡᠢ᠌ᠭᠡᠮ᠎ᠤᠨ ᠬᠥᠷᠥᠩᠭᠡ᠎ᠨᠢ ᠲᠤᠰᠠᠭ᠋ᠠᠷ ᠪᠤᠶᠤ ᠬᠣᠯᠪᠣᠭ᠋ᠠᠲᠤ ᠴᠣᠭᠴᠠ ᠂ ᠠᠵᠤ ᠦᠢ᠍ᠯᠡᠰ᠎ᠤᠨ ᠬᠤᠯᠪᠣᠭ᠎ᠠ ᠵᠡᠷᠭᠡ ᠡᠯ᠎ᠡ ᠲᠥᠷᠥᠯ᠎ᠤᠨ ᠬᠡᠯᠪᠡᠷᠢ᠎ᠪᠠᠷ ᠪᠡᠯᠡ ᠭᠠᠷᠭ᠋ᠠᠵᠤ ᠠᠮᠢ ᠠᠬᠤᠢ ᠵᠢ ᠬᠠᠮᠠᠭ᠋ᠠᠯᠠᠨ ᠰᠡᠷᠭᠦᠭᠡᠬᠦ ᠠᠵᠢᠯ᠎ᠢ ᠥᠷᠨᠢᠭᠦᠯᠵᠦ ᠪᠣᠯᠣᠨ᠎ᠠ ᠂ ᠪᠠᠰᠠ ᠵᠠᠬ᠎ᠠ ᠳᠡᠯᠭᠡᠭᠦᠷᠴᠢᠯᠡᠬᠦ ᠵᠠᠷᠴᠢᠮ ᠶᠣᠰᠣᠭ᠋ᠠᠷ ᠰᠠᠭᠤᠷᠢ ᠮᠥᠩᠭᠥ ᠭᠠᠷᠭ᠋ᠠᠵᠤ ᠪᠡᠯᠡ ᠤᠷᠤᠭᠤᠯᠤᠯᠲᠠ ᠬᠢᠵᠦ ᠴᠤ᠌ ᠪᠣᠯᠣᠨ᠎ᠠ ᠃
(ᠠᠷᠪᠠᠨ ᠨᠢᠭᠡ ) ᠨᠡᠢ᠌ᠭᠡᠮ᠎ᠤᠨ ᠬᠥᠷᠥᠩᠭᠡ ᠤᠷᠤᠯᠴᠠᠨᠨᠰᠠᠨ ᠠᠮᠢ ᠠᠬᠤᠢ ᠵᠢ ᠬᠠᠮᠠᠭ᠋ᠠᠯᠠᠨ ᠰᠡᠷᠭᠦᠭᠡᠬᠦ ᠲᠦᠷᠦᠯ ᠵᠦᠢ᠍ᠯ᠎ᠢ ᠬᠡᠷᠡᠭᠵᠢᠭᠦᠯᠬᠦ ᠪᠠᠲᠤᠯᠠᠭ᠎ᠠ ᠵᠢ ᠴᠢᠩᠭ᠋ᠠᠷᠠᠭᠤᠯᠤᠨ᠎ᠠ ᠃ ᠨᠡᠢ᠌ᠭᠡᠮ᠎ᠤᠨ ᠬᠥᠷᠥᠩᠭᠡ ᠣᠷᠣᠯᠴᠠᠭᠰᠠᠨ ᠠᠮᠢ ᠠᠬᠤᠢ ᠵᠢ ᠬᠠᠮᠠᠭ᠋ᠠᠯᠠᠨ ᠰᠡᠷᠭᠦᠭᠡᠬᠦ ᠲᠦᠷᠦᠯ ᠵᠦᠢ᠍ᠯ᠎ᠳᠤ ᠪᠣᠯ ᠂ ᠠᠢ᠌ᠮᠠᠭ᠎ᠤᠨ ᠵᠠᠬᠢᠷᠭ᠎ᠠ ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ ᠂ ᠬᠣᠰᠢᠭᠤ ᠰᠢᠶᠠᠨ (ᠬᠤᠲᠠ ᠂ ᠲᠣᠭᠣᠷᠢᠭ )᠎ᠤ ᠠᠷᠠᠳ᠎ᠤᠨ ᠵᠠᠰᠠᠭ᠎ᠤᠨ ᠣᠷᠳᠣᠨ᠎ᠨᠢ ᠬᠠᠮᠢᠶ᠎ᠠ ᠪᠦᠬᠦᠢ ᠰᠠᠯᠠᠭ᠎ᠠ ᠮᠥᠴᠢᠷ᠎ᠢ ᠵᠣᠬᠢᠶᠠᠨ ᠪᠠᠢ᠌ᠭᠤᠯᠤᠨ ᠵᠥᠪᠳᠡᠯᠴᠡᠭᠡᠷ᠎ᠲᠤ ᠪᠣᠯᠵᠣᠵᠤ ᠲᠣᠭᠲᠠᠭᠰᠠᠨ ᠶᠣᠰᠣᠭ᠋ᠠᠷ ᠲᠥᠷᠥᠯ ᠵᠦᠢ᠍ᠯ᠎ᠤᠨ ᠬᠡᠷᠡᠭᠵᠢᠭᠦᠯᠦᠯᠲᠡ ᠵᠢ ᠠᠬᠢᠭᠤᠯᠵᠤ ᠂ ᠨᠡᠢ᠌ᠭᠡᠮ᠎ᠤᠨ ᠬᠥᠷᠥᠩᠭᠡ ᠵᠢ ᠵᠢᠯᠣᠭᠣᠳᠤᠨ ᠲᠤᠰᠬᠠᠢ ᠪᠠᠢ᠌ᠭᠤᠯᠤᠮᠵᠢ ᠰᠣᠩᠭᠣᠭᠤᠯᠵᠤ ᠪᠠᠢ᠌ᠭ᠋ᠠᠳ ᠠᠮᠢ ᠠᠬᠤᠢ ᠵᠢ ᠰᠡᠷᠭᠦᠭᠡᠬᠦ ᠲᠥᠷᠥᠯ ᠵᠦᠢ᠍ᠯ᠎ᠤᠨ ᠬᠠᠢ᠌ᠨ ᠪᠠᠢ᠌ᠴᠠᠭ᠋ᠠᠬᠤ ᠂ ᠵᠢᠷᠤᠭᠯᠠᠨ ᠲᠥᠯᠥᠪᠯᠡᠬᠦ ᠂ ᠪᠠᠷᠢᠯᠭ᠎ᠠ ᠪᠠᠷᠢᠬᠤ ᠂ ᠬᠢᠨᠠᠨ ᠬᠠᠮᠢᠶᠠᠷᠬᠤ ᠵᠡᠷᠭᠡ ᠠᠵᠢᠯ᠎ᠢ ᠡᠭᠦᠷᠭᠡᠯᠡᠭᠦᠯᠬᠦ ᠵᠢᠨ ᠬᠠᠮᠲᠤ ᠂ ᠬᠢᠨᠠᠨ ᠵᠥᠪᠰᠢᠶᠡᠷᠡᠭᠰᠡᠨ ᠲᠥᠯᠦᠪᠵᠢᠭᠦᠯᠭᠡ ᠵᠢᠷᠤᠭ ᠲᠥᠯᠥᠪᠯᠡᠭᠡ ᠪᠠ ᠬᠠᠮᠢᠶ᠎ᠠ ᠪᠦᠬᠦᠢ ᠮᠡᠷᠭᠡᠵᠢᠯ᠎ᠤᠨ ᠵᠢᠷᠤᠮᠵᠢᠯ ᠂ ᠠᠵᠢᠯ ᠲᠥᠷᠥᠯ᠎ᠤᠨ ᠪᠠᠷᠢᠮᠵᠢᠶ᠎ᠠ ᠶᠣᠰᠣᠭ᠋ᠠᠷ ᠢᠨᠵᠧᠨᠧᠷᠢᠩ᠎ᠢ ᠴᠢᠩᠭ᠎ᠠ ᠬᠡᠷᠡᠭᠵᠢᠭᠦᠯᠵᠦ ᠂ ᠢᠨᠵᠧᠨᠧᠷᠢᠩ᠎ᠤᠨ ᠶᠠᠰᠤ ᠴᠢᠨᠠᠷ᠎ᠢ ᠪᠠᠲᠤᠯᠠᠬᠤ ᠬᠡᠷᠡᠭᠲᠡᠢ ᠃ ᠲᠥᠷᠥᠯ ᠵᠦᠢ᠍ᠯ᠎ᠢ ᠬᠡᠷᠡᠭᠵᠢᠭᠦᠯᠬᠦ ᠶᠠᠪᠤᠴᠠ᠎ᠳᠤ ᠠᠮᠢ ᠠᠬᠤᠢ ᠵᠢ ᠬᠠᠮᠠᠭ᠋ᠠᠯᠠᠨ ᠰᠡᠷᠭᠦᠭᠡᠬᠦ ᠲᠥᠰᠥᠯ᠎ᠳᠤ ᠲᠣᠭᠲᠠᠭ᠋ᠠᠭᠰᠠᠨ ᠬᠠᠨᠳᠤᠰᠢ᠎ᠪᠠᠷ ᠵᠠᠰᠠᠨ ᠰᠡᠷᠭᠦᠭᠡᠬᠦ ᠠᠵᠢᠯ᠎ᠢ ᠥᠷᠨᠢᠭᠦᠯᠦᠭᠰᠡᠨ ᠦᠭᠡᠢ ᠪᠤᠶᠤ ᠭᠠᠵᠠᠷ ᠰᠢᠷᠣᠢ ᠵᠢᠨ ᠬᠡᠷᠡᠭᠯᠡᠯᠲᠡ ᠵᠢ ᠳᠤᠷ᠎ᠠ᠎ᠪᠠᠷ ᠵᠶ᠋ᠠᠨ ᠬᠤᠪᠢᠷᠠᠭᠤᠯᠤᠭᠰᠠᠨ ᠵᠡᠷᠭᠡ ᠪᠠᠢ᠌ᠳᠠᠯ ᠭᠠᠷᠤᠭᠰᠠᠨ ᠪᠠᠢ᠌ᠪᠠᠯ ᠂ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠵᠠᠷᠯᠢᠭᠳᠠᠵᠤ ᠪᠠᠢ᠌ᠭ᠋ᠠᠳ ᠬᠤᠭᠤᠴᠠᠭ᠎ᠠ ᠬᠢᠵᠠᠭ᠋ᠠᠷᠯᠠᠨ ᠵᠠᠯᠠᠷᠠᠭᠤᠯᠤᠭᠤᠯᠬᠤ ᠵᠢᠨ ᠬᠠᠮᠲᠤ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠰᠢᠢ᠍ᠳᠬᠡᠨ ᠰᠢᠢ᠍ᠳᠪᠦᠷᠢᠯᠡᠵᠦ ᠂ ᠴᠡᠭᠴᠡᠯᠡᠨ ᠰᠠᠢ᠌ᠵᠢᠷᠠᠭᠤᠯᠬᠤ ᠵᠢ ᠪᠡᠶᠡᠯᠡᠭᠦᠯᠬᠦ ᠵᠢᠨ ᠬᠠᠮᠲᠤ ᠰᠢᠯᠭ᠋ᠠᠨ ᠠᠪᠬᠤ᠎ᠪᠠᠷ ᠳᠠᠮᠵᠢᠭᠤᠯᠤᠨ ᠬᠠᠮᠢᠶ᠎ᠠ ᠪᠦᠬᠦᠢ ᠱᠠᠭ᠋ᠠᠷᠳᠠᠯᠭ᠎ᠠ᠎ᠳᠤ ᠬᠦᠷᠦᠭᠰᠡᠨ᠎ᠤ ᠳᠠᠷᠠᠭ᠎ᠠ ᠦᠷᠭᠦᠯᠵᠢᠯᠡᠨ ᠬᠡᠷᠡᠭᠵᠢᠭᠦᠯᠵᠦ ᠪᠣᠯᠣᠨ᠎ᠠ ᠃ ᠵᠣᠬᠢᠴᠠᠬᠤ ᠴᠢᠨᠠᠷᠲᠠᠢ ᠬᠠᠮᠢᠶᠠᠷᠤᠯᠲᠠ ᠵᠢ ᠴᠢᠩᠭ᠋ᠠᠳᠬᠠᠵᠤ ᠂ ᠠᠮᠢ ᠠᠬᠤᠢ ᠵᠢ ᠰᠡᠷᠭᠦᠭᠡᠬᠦ ᠬᠠᠷᠠᠯᠲᠠ᠎ᠠᠴᠠ ᠵᠠᠢ᠌ᠳᠠᠬᠤ ᠪᠤᠶᠤ ᠠᠮᠢ ᠠᠬᠤᠢ ᠵᠢᠨ ᠰᠢᠰᠲ᠋ᠧᠮ᠎ᠳᠤ ᠰᠢᠨ᠎ᠡ ᠡᠪᠳᠡᠯᠡᠭᠡ ᠤᠴᠠᠷᠠᠭᠤᠯᠵᠤ ᠮᠡᠳᠡᠬᠦ ᠰᠡᠷᠭᠦᠭᠡᠬᠦ ᠠᠷᠭ᠎ᠠ ᠬᠡᠮᠵᠢᠶ᠎ᠡ᠎ᠳᠤ ᠲᠥᠷᠥᠯ ᠵᠦᠢ᠍ᠯ᠎ᠤᠨ ᠬᠢᠨᠠᠨ ᠵᠥᠪᠰᠢᠶᠡᠷᠡᠬᠦ ᠰᠠᠯᠠᠭ᠎ᠠ ᠮᠥᠴᠢᠷ᠎ᠤᠳ ᠪᠦᠲᠦᠭᠡᠨ ᠪᠠᠶ᠋ᠢᠭᠤᠯᠬᠤ ᠨᠢᠭᠡᠴᠢ ᠵᠢ ᠵᠢᠯᠤᠭᠣᠳᠴᠤ ᠪᠠᠢ᠌ᠭ᠋ᠠᠳ ᠲᠣᠬᠢᠷᠠᠭᠤᠯᠤᠯᠲᠠ ᠬᠢᠬᠦ ᠲᠥᠰᠥᠯ᠎ᠢ ᠨᠠᠢ᠌ᠷᠠᠭᠤᠯᠤᠨ ᠵᠣᠬᠢᠶᠠᠵᠤ ᠂ ᠲᠤᠰᠬᠠᠢ ᠮᠡᠷᠭᠡᠵᠢᠯᠲᠡᠨ᠎ᠢ ᠵᠣᠬᠢᠶᠠᠨ ᠪᠠᠢ᠌ᠭᠤᠯᠤᠨ ᠭᠦᠢ᠍ᠴᠡᠳ ᠨᠤᠲᠠᠯᠠᠭᠰᠠᠨ᠎ᠤ ᠳᠠᠷᠠᠭ᠎ᠠ ᠬᠡᠷᠡᠭᠵᠢᠭᠦᠯᠬᠦ ᠬᠡᠷᠡᠭᠲᠡᠢ ᠂ ᠲᠣᠬᠢᠷᠠᠭᠤᠯᠤᠯᠲᠠ ᠬᠢᠬᠦ ᠵᠢᠨ ᠳᠠᠭ᠋ᠠᠤ ᠬᠡᠷᠡᠭᠵᠢᠭᠦᠯᠵᠦ ᠪᠣᠯᠬᠤ ᠦᠭᠡᠢ ᠃
(ᠠᠷᠪᠠᠨ ᠬᠣᠶᠠᠷ ) ᠨᠡᠢ᠌ᠭᠡᠮ᠎ᠤᠨ ᠬᠥᠷᠥᠩᠭᠡ ᠵᠢᠨ ᠤᠷᠤᠯᠴᠠᠨᠨᠰᠠᠨ ᠠᠮᠢ ᠠᠬᠤᠢ ᠵᠢ ᠬᠠᠮᠠᠭ᠋ᠠᠯᠠᠨ ᠰᠡᠷᠭᠦᠭᠡᠬᠦ ᠲᠥᠷᠥᠯ ᠵᠦᠢ᠍ᠯ᠎ᠤᠨ ᠪᠠᠷᠢᠯᠭ᠎ᠠ ᠳᠠᠭᠤᠰᠤᠭᠰᠠᠨ᠎ᠢ ᠰᠢᠯᠭ᠋ᠠᠨ ᠠᠪᠬᠤ ᠠᠵᠢᠯ᠎ᠢ ᠴᠢᠩᠳᠠᠯᠠᠨ᠎ᠠ ᠃ ᠨᠡᠢ᠌ᠭᠡᠮ᠎ᠤᠨ ᠬᠥᠷᠥᠩᠭᠡ ᠵᠢᠨ ᠤᠷᠤᠯᠴᠠᠨᠨᠰᠠᠨ ᠠᠮᠢ ᠠᠬᠤᠢ ᠵᠢ ᠬᠠᠮᠠᠭ᠋ᠠᠯᠠᠨ ᠰᠡᠷᠭᠦᠭᠡᠬᠦ ᠲᠥᠷᠥᠯ ᠵᠦᠢ᠍ᠯ᠎ᠤᠨ ᠪᠠᠷᠢᠯᠭ᠎ᠠ ᠳᠠᠭᠤᠰᠤᠭᠰᠠᠨ᠎ᠤ ᠳᠠᠷᠠᠭ᠎ᠠ ᠂ ᠠᠮᠢ ᠠᠬᠤᠢ ᠵᠢ ᠬᠠᠮᠠᠭ᠋ᠠᠯᠠᠨ ᠰᠡᠷᠭᠦᠭᠡᠬᠦ ᠭᠣᠣᠯ ᠴᠣᠭᠴᠠ᠎ᠨᠢ ᠢᠨᠵᠧᠨᠧᠷᠢᠩ᠎ᠤᠨ ᠠᠵᠢᠯ᠎ᠢ ᠳᠠᠬᠢᠨ ᠬᠢᠨᠠᠬᠤ ᠂ ᠢᠨᠵᠧᠨᠧᠷᠢᠩ᠎ᠤᠨ ᠳ᠋ᠦᠩᠨᠡᠨ ᠪᠣᠳᠣᠯᠲᠠ ᠂ ᠡᠳ᠋᠎ᠤᠨ ᠶᠠᠪᠤᠳᠠᠯ᠎ᠤᠨ ᠲᠥᠰᠥᠪ᠎ᠤᠨ ᠭᠦᠢ᠍ᠴᠡᠳᠬᠡᠯ᠎ᠤᠨ ᠮᠡᠳᠡᠭᠦᠯᠦᠯᠲᠡ ᠵᠢ ᠨᠠᠢ᠌ᠷᠠᠭᠤᠯᠤᠨ ᠵᠣᠬᠢᠶᠠᠬᠤ ᠂ ᠭᠠᠵᠠᠷ ᠰᠢᠷᠣᠢ ᠵᠢ ᠳᠠᠬᠢᠨ ᠦᠨᠡᠯᠡᠨ ᠵᠢᠱ᠌ᠢᠬᠦ ᠵᠡᠷᠭᠡ ᠠᠵᠢᠯ ᠪᠠ ᠬᠠᠮᠢᠶ᠎ᠠ ᠪᠦᠬᠦᠢ ᠲᠠᠩᠰᠠ ᠡᠪᠬᠡᠮᠡᠯ᠎ᠢ ᠡᠮᠬᠢᠯᠡᠬᠦ ᠵᠢᠨ ᠬᠠᠮᠲᠤ ᠂ ᠰᠠᠷ᠎ᠠ ᠵᠢᠨ ᠳᠣᠲᠣᠷ᠎ᠠ ᠠᠢ᠌ᠮᠠᠭ᠎ᠤᠨ ᠵᠠᠬᠢᠷᠭ᠎ᠠ ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ ᠂ ᠬᠣᠰᠢᠭᠤ ᠰᠢᠶᠠᠨ (ᠬᠤᠲᠠ ᠂ ᠲᠣᠭᠣᠷᠢᠭ)᠎ᠤ ᠠᠷᠠᠳ᠎ᠤᠨ ᠵᠠᠰᠠᠭ᠎ᠤᠨ ᠣᠷᠳᠣᠨ᠎ᠳᠤ ᠰᠢᠯᠭ᠋ᠠᠨ ᠠᠪᠤᠭᠤᠯᠬᠤ ᠭᠤᠶᠤᠴᠢᠯᠠᠯ ᠳᠤᠷᠠᠳᠤᠨ ᠭᠠᠷᠭ᠋ᠠᠬᠤ ᠬᠡᠷᠡᠭᠲᠡᠢ ᠃ ᠠᠢ᠌ᠮᠠᠭ᠎ᠤᠨ ᠵᠠᠬᠢᠷᠭ᠎ᠠ ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠂ ᠬᠣᠰᠢᠭᠤ ᠰᠢᠶᠠᠨ (ᠬᠣᠲᠠ ᠂ ᠲᠣᠭᠣᠷᠢᠭ )᠎ᠤ ᠠᠷᠠᠳ᠎ᠤᠨ ᠵᠠᠰᠠᠭ᠎ᠤᠨ ᠣᠷᠳᠣᠨ᠎ᠨᠢ ᠰᠢᠯᠭ᠋ᠠᠨ ᠠᠪᠬᠤ ᠠᠵᠢᠯ᠎ᠢ ᠴᠢᠩᠭ᠎ᠠ ᠵᠣᠬᠢᠶᠠᠨ ᠪᠠᠢ᠌ᠭᠤᠯᠤᠨ ᠥᠷᠨᠢᠭᠦᠯᠵᠦ ᠂ ᠰᠢᠯᠭ᠋ᠠᠨ ᠠᠪᠤᠯᠲᠠ᠎ᠳᠤ ᠪᠠᠲᠤᠯᠠᠭᠳᠠᠭᠰᠠᠨ ᠪᠣᠯ ᠂ ᠰᠢᠯᠭ᠋ᠠᠨ ᠠᠪᠴᠤ ᠴᠣᠬᠣᠯᠠᠪᠤᠷᠢᠯᠠᠭᠰᠠᠨ ᠰᠠᠨᠠᠯ᠎ᠢ ᠭᠠᠷᠭ᠋ᠠᠬᠤ ᠵᠢᠨ ᠬᠠᠮᠲᠤ ᠂ ᠵᠥᠪᠯᠡᠯᠴᠡᠭᠡᠷ᠎ᠲᠤ ᠪᠣᠯᠵᠣᠨ ᠲᠣᠭᠲᠠᠭᠰᠠᠨ ᠶᠣᠰᠣᠭ᠋ᠠᠷ ᠨᠡᠢ᠌ᠭᠡᠮ᠎ᠤᠨ ᠪᠡᠯᠡ ᠣᠷᠣᠭᠤᠯᠤᠯᠲᠠ ᠵᠢᠨ ᠭᠣᠣᠯ ᠴᠣᠭᠴᠠ ᠵᠢᠨ ᠠᠰᠢᠭ ᠣᠯᠵᠠᠪᠤᠷᠢ ᠵᠢ ᠴᠠᠭ ᠲᠤᠬᠠᠢᠳᠤᠨᠢ ᠲᠣᠭ᠋ᠠᠴᠠᠨ ᠪᠤᠳᠤᠵᠦ ᠂ ᠬᠠᠮᠢᠶ᠎ᠠ ᠪᠦᠬᠦᠢ ᠳᠡᠮᠵᠢᠯᠭᠡ ᠵᠢᠨ ᠲᠥᠷᠥ ᠵᠢᠨ ᠪᠣᠳᠣᠯᠭ᠎ᠠ᠎ᠪᠠᠨ ᠪᠡᠶᠡᠯᠡᠭᠦᠯᠬᠦ ᠬᠡᠷᠡᠭᠲᠡᠢ; ᠰᠢᠯᠭ᠋ᠠᠨ ᠠᠪᠤᠯᠲᠠ᠎ᠳᠤ ᠦᠯᠦ ᠪᠠᠲᠤᠯᠠᠭᠳᠠᠭᠰᠠᠨ ᠪᠣᠯ ᠂ ᠬᠤᠭᠤᠴᠠᠭ᠎ᠠ ᠬᠢᠵᠠᠭ᠋ᠠᠷᠯᠠᠨ ᠴᠡᠭᠴᠡᠯᠡᠨ ᠰᠠᠢ᠌ᠵᠢᠷᠠᠭᠤᠯᠤᠭᠤᠯᠵᠦ ᠂ ᠴᠡᠭᠴᠡᠯᠡᠨ ᠰᠠᠢ᠌ᠵᠢᠷᠠᠭᠤᠯᠬᠤ ᠴᠠᠭ᠎ᠤᠨ ᠬᠢᠵᠠᠭ᠋ᠠᠷ᠎ᠢ ᠵᠠᠷᠴᠢᠮ ᠳᠡᠭᠡᠷ᠎ᠡ᠎ᠪᠠᠨ 1 ᠵᠢᠯ᠎ᠠᠴᠠ ᠬᠡᠲᠦᠷᠡᠭᠦᠯᠵᠦ ᠪᠣᠯᠬᠤ ᠦᠭᠡᠢ ᠃
(ᠠᠷᠪᠠᠨ ᠭᠤᠷᠪᠠ ) ᠨᠡᠢ᠌ᠭᠡᠮ᠎ᠤᠨ ᠬᠥᠷᠥᠩᠭᠡ ᠵᠢᠨ ᠤᠷᠤᠯᠴᠠᠨᠨᠰᠠᠨ ᠠᠮᠢ ᠠᠬᠤᠢ ᠵᠢ ᠬᠠᠮᠠᠭ᠋ᠠᠯᠠᠨ ᠰᠡᠷᠭᠦᠭᠡᠬᠦ ᠲᠥᠷᠥᠯ ᠵᠦᠢ᠍ᠯ᠎ᠤᠨ ᠰᠡᠭᠦᠯᠴᠢ ᠵᠢᠨ ᠬᠤᠭᠤᠴᠠᠭ᠋ᠠᠨ᠎ᠤ ᠬᠠᠮᠢᠶᠠᠷᠤᠨ ᠬᠠᠮᠠᠭ᠋ᠠᠯᠠᠬᠤ ᠠᠵᠢᠯ᠎ᠢ ᠴᠢᠩᠭ᠋ᠠᠳᠬᠠᠨ᠎ᠠ ᠃ ᠠᠢ᠌ᠮᠠᠭ᠎ᠤᠨ ᠵᠠᠬᠢᠷᠭ᠎ᠠ ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠂ ᠬᠣᠰᠢᠭᠤ ᠰᠢᠶᠠᠨ (ᠬᠣᠲᠠ ᠂ ᠲᠣᠭᠣᠷᠢᠭ)᠎ᠤ ᠠᠷᠠᠳ᠎ᠤᠨ ᠵᠠᠰᠠᠭ᠎ᠤᠨ ᠣᠷᠳᠣᠨ᠎ᠨᠢ ᠠᠮᠢ ᠠᠬᠤᠢ ᠵᠢ ᠬᠠᠮᠠᠭ᠋ᠠᠯᠠᠨ ᠰᠡᠷᠭᠦᠭᠡᠬᠦ ᠭᠣᠣᠯ ᠴᠣᠭᠴᠠ ᠂ ᠰᠡᠭᠦᠯᠴᠢ ᠵᠢᠨ ᠬᠤᠭᠤᠴᠠᠭ᠋ᠠᠨ᠎ᠤ ᠬᠠᠮᠢᠶᠠᠷᠴᠤ ᠬᠠᠮᠠᠭ᠋ᠠᠯᠠᠬᠤ ᠠᠵᠢᠯ᠎ᠤᠨ ᠭᠣᠣᠯ ᠴᠣᠭᠴᠠ ᠵᠢ ᠵᠣᠬᠢᠶᠠᠨ ᠪᠠᠢ᠌ᠭᠤᠯᠤᠨ ᠭᠤᠷᠪᠠᠨ ᠲᠠᠯ᠎ᠠ ᠵᠢᠨ ᠬᠠᠮᠢᠶᠠᠷᠴᠤ ᠬᠠᠮᠠᠭ᠋ᠠᠯᠠᠬᠤ ᠭᠡᠷ᠎ᠡ ᠲᠣᠭᠲᠠᠵᠤ ᠂ ᠲᠥᠷᠥᠯ ᠵᠦᠢ᠍ᠯ᠎ᠤᠨ ᠰᠡᠭᠦᠯᠴᠢ ᠵᠢᠨ ᠬᠤᠭᠤᠴᠠᠭ᠋ᠠᠨ᠎ᠤ ᠬᠠᠮᠢᠶᠠᠷᠴᠤ ᠬᠠᠮᠠᠭ᠋ᠠᠯᠠᠬᠤ ᠪᠠ ᠠᠵᠢᠯᠯᠠᠭᠤᠯᠵᠤ ᠬᠠᠮᠠᠭ᠋ᠠᠯᠠᠬᠤ ᠠᠵᠢᠯ᠎ᠤᠨ ᠵᠠᠭ᠋ᠠᠭ ᠬᠢᠵᠠᠭ᠋ᠠᠷ᠎ᠢ ᠵᠦᠢ ᠵᠣᠬᠢᠰᠲᠠᠢ ᠲᠣᠭᠲᠠᠭ᠋ᠠᠨ ᠂ ᠰᠡᠭᠦᠯᠴᠢ ᠵᠢᠨ ᠬᠤᠭᠤᠴᠠᠭ᠋ᠠᠨ᠎ᠤ ᠬᠠᠮᠢᠶᠠᠷᠴᠤ ᠬᠠᠮᠠᠭ᠋ᠠᠯᠠᠬᠤ ᠵᠠᠷᠤᠳᠠᠯ᠎ᠢ ᠨᠠᠢ᠌ᠳᠠᠪᠤᠷᠢᠵᠢᠭᠤᠯᠵᠤ ᠂ ᠰᠡᠭᠦᠯᠴᠢ ᠵᠢᠨ ᠬᠤᠭᠤᠴᠠᠭ᠋ᠠᠨ᠎ᠤ ᠬᠠᠮᠢᠶᠠᠷᠴᠤ ᠬᠠᠮᠠᠭ᠋ᠠᠯᠠᠬᠤ ᠭᠣᠣᠯ ᠴᠣᠭᠴᠠ ᠵᠢᠨ ᠬᠠᠷᠢᠭᠤᠴᠠᠯᠭ᠎ᠠ ᠂ ᠬᠠᠮᠢᠶᠠᠷᠴᠤ ᠬᠠᠮᠠᠭ᠋ᠠᠯᠠᠬᠤ ᠬᠤᠭᠤᠴᠠᠭ᠎ᠠ ᠪᠠ ᠬᠠᠮᠢᠶᠠᠷᠴᠤ ᠬᠠᠮᠠᠭ᠋ᠠᠯᠠᠬᠤ ᠠᠭᠤᠯᠭ᠎ᠠ ᠵᠡᠷᠭᠡ ᠵᠢ ᠲᠣᠳᠣᠷᠬᠠᠢ ᠲᠣᠭᠲᠠᠭ᠋ᠠᠬᠤ ᠬᠡᠷᠡᠭᠲᠡᠢ ᠃ ᠰᠡᠭᠦᠯᠴᠢ ᠵᠢᠨ ᠬᠤᠭᠤᠴᠠᠭ᠋ᠠᠨ᠎ᠤ ᠬᠠᠮᠢᠶᠠᠷᠴᠤ ᠬᠠᠮᠠᠭ᠋ᠠᠯᠠᠬᠤ ᠵᠠᠷᠤᠳᠠᠯ᠎ᠢ ᠠᠮᠢ ᠠᠬᠤᠢ ᠵᠢ ᠬᠠᠮᠠᠭ᠋ᠠᠯᠠᠨ ᠰᠡᠷᠭᠦᠭᠡᠬᠦ ᠲᠥᠷᠥᠯ ᠵᠦᠢ᠍ᠯ᠎ᠤᠨ ᠲᠥᠰᠥᠪ᠎ᠲᠤ ᠣᠷᠣᠭᠤᠯᠤᠨ ᠭᠦᠢ᠍ᠴᠡᠳ ᠲᠣᠭ᠎ᠠ᠎ᠪᠠᠷ ᠪᠠᠲᠤᠯᠠᠵᠤ ᠂ ᠬᠠᠮᠢᠶᠠᠷᠴᠤ ᠬᠠᠮᠠᠭ᠋ᠠᠯᠠᠬᠤ ᠬᠤᠭᠤᠴᠠᠭ᠎ᠠ ᠵᠢ ᠲᠥᠷᠥᠯ ᠵᠦᠢ᠍ᠯ᠎ᠤᠨ ᠰᠢᠯᠭ᠋ᠠᠨ ᠠᠪᠬᠤ ᠵᠢ ᠨᠤᠲᠠᠯᠠᠭᠰᠠᠨ ᠴᠠᠭ᠎ᠠᠴᠠ ᠡᠬᠢᠯᠡᠨ ᠪᠤᠳᠤᠵᠤ ᠂ ᠬᠠᠮᠢᠶᠠᠷᠴᠤ ᠬᠠᠮᠠᠭ᠋ᠠᠯᠠᠬᠤ ᠬᠤᠭᠤᠴᠠᠭ᠎ᠠ ᠵᠢ 3 ᠵᠢᠯ᠎ᠠᠴᠠ ᠳᠤᠲᠠᠭᠤ ᠪᠠᠢ᠌ᠯᠭ᠋ᠠᠵᠤ ᠪᠣᠯᠬᠤ ᠦᠭᠡᠢ ᠃
(ᠠᠷᠪᠠᠨ ᠳᠥᠷᠪᠡ ) ᠠᠮᠢ ᠠᠬᠤᠢ ᠵᠢ ᠬᠠᠮᠠᠭ᠋ᠠᠯᠠᠨ ᠰᠡᠷᠭᠦᠭᠡᠬᠦ᠎ᠳᠤ ᠨᠡᠢ᠌ᠭᠡᠮ᠎ᠤᠨ ᠬᠥᠷᠥᠩᠭᠡ ᠵᠢ ᠤᠷᠤᠯᠴᠠᠭᠤᠯᠬᠤ ᠠᠵᠢᠯ᠎ᠤᠨ ᠢᠲᠡᠭᠡᠮᠵᠢ ᠵᠢ ᠦᠨᠡᠯᠡᠬᠦ ᠲᠣᠭᠲᠠᠯᠴᠠᠭ᠎ᠠ ᠵᠢ ᠲᠡᠭᠦᠯᠳᠡᠷᠵᠢᠭᠦᠯᠦᠨ᠎ᠡ ᠃ ᠠᠢ᠌ᠮᠠᠭ᠎ᠤᠨ ᠵᠠᠬᠢᠷᠭ᠎ᠠ ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠂ ᠬᠣᠰᠢᠭᠤ ᠰᠢᠶᠠᠨ (ᠬᠣᠲᠠ ᠂ ᠲᠣᠭᠣᠷᠢᠭ )᠎ᠤ ᠠᠷᠠᠳ᠎ᠤᠨ ᠵᠠᠰᠠᠭ᠎ᠤᠨ ᠣᠷᠳᠣᠨ᠎ᠨᠤᠭᠤᠳ ᠠᠮᠢ ᠠᠬᠤᠢ ᠵᠢ ᠬᠠᠮᠠᠭ᠋ᠠᠯᠠᠨ ᠰᠡᠷᠭᠦᠭᠡᠬᠦ᠎ᠳᠤ ᠨᠡᠢ᠌ᠭᠡᠮ᠎ᠤᠨ ᠬᠥᠷᠥᠩᠭᠡ ᠵᠢ ᠤᠷᠤᠯᠴᠠᠭᠤᠯᠬᠤ ᠠᠵᠢᠯ᠎ᠤᠨ ᠠᠮᠵᠢᠯᠲᠠ ᠪᠦᠲᠦᠮᠵᠢ ᠵᠢ ᠦᠨᠡᠯᠡᠬᠦ ᠲᠣᠭᠲᠠᠯᠴᠠᠭ᠎ᠠ ᠵᠢ ᠪᠠᠢ᠌ᠭᠤᠯᠤᠨ ᠂ ᠨᠡᠢ᠌ᠭᠡᠮ᠎ᠤᠨ ᠪᠡᠯᠡ ᠣᠷᠣᠭᠤᠯᠤᠯᠲᠠ ᠵᠢᠨ ᠭᠣᠣᠯ ᠴᠣᠭᠴᠠ ᠵᠢᠨ ᠢᠲᠡᠭᠡᠮᠵᠢ ᠵᠢᠨ ᠦᠨᠡᠯᠡᠯᠲᠡ (ᠭᠡᠷ᠎ᠡ ᠭᠦᠢ᠍ᠴᠡᠳᠬᠡᠬᠦ ᠂ ᠡᠷᠬᠢᠯᠡᠭᠰᠡᠨ ᠠᠵᠢᠯ᠎ᠤᠨ ᠠᠵᠢᠯᠯᠠᠭ᠎ᠠ ᠂ ᠦᠢ᠍ᠯᠡᠴᠢᠯᠡᠬᠦ ᠣᠪᠣᠷ ᠂ ᠢᠨᠵᠧᠨᠧᠷᠢᠩ᠎ᠤᠨ ᠶᠠᠰᠤ ᠴᠢᠨᠠᠷ ) ᠪᠠ ᠲᠥᠷᠥᠯ ᠵᠦᠢ᠍ᠯ᠎ᠤᠨ ᠦᠷ᠎ᠡ ᠠᠰᠢᠭ᠎ᠤᠨ ᠦᠨᠡᠯᠡᠯᠲᠡ (ᠠᠮᠢ ᠠᠬᠤᠢ ᠵᠢᠨ ᠦᠷ᠎ᠡ ᠠᠰᠢᠭ ᠂ ᠨᠡᠢ᠌ᠭᠡᠮ᠎ᠤᠨ ᠦᠷ᠎ᠡ ᠠᠰᠢᠭ ᠂ ᠠᠵᠤ ᠠᠬᠤᠢ ᠵᠢᠨ ᠦᠷ᠎ᠡ ᠠᠰᠢᠭ ) ᠥᠷᠨᠢᠭᠦᠯᠵᠦ ᠂ ᠦᠨᠡᠯᠡᠭᠰᠡᠨ ᠦᠷ᠎ᠡ ᠳ᠋ᠦᠩ᠎ᠢ ᠨᠡᠢ᠌ᠭᠡᠮ᠎ᠤᠨ ᠬᠥᠷᠥᠩᠭᠡ ᠵᠢᠨ ᠲᠠᠯ᠎ᠠ ᠵᠢᠨ᠎ᠬᠢᠨ᠎ᠤ ᠣᠷᠤᠯᠴᠠᠬᠤ ᠲᠥᠷᠥᠯ ᠵᠦᠢ᠍ᠯ᠎ᠤᠨ ᠢᠲᠡᠭᠡᠮᠵᠢ ᠵᠢᠨ ᠲᠠᠰ᠎ᠲᠤ ᠦᠨᠡᠯᠡᠯᠲᠡ ᠬᠢᠬᠦ ᠪᠠ ᠵᠠᠰᠠᠭ᠎ᠤᠨ ᠣᠷᠳᠣᠨ᠎ᠤ᠎ᠬᠢᠨ ᠨᠡᠢ᠌ᠭᠡᠮ᠎ᠤᠨ ᠪᠡᠯᠡ ᠣᠷᠣᠭᠤᠯᠤᠯᠲᠠ ᠵᠢᠨ ᠭᠣᠣᠯ ᠴᠣᠭᠴᠠ ᠵᠢᠨ ᠠᠰᠢᠭ ᠣᠯᠵᠠᠪᠤᠷᠢ ᠵᠢ ᠲᠣᠭᠲᠠᠭ᠋ᠠᠬᠤ ᠦᠨᠳᠦᠰᠦᠯᠡᠯ ᠪᠣᠯᠭ᠋ᠠᠵᠦ ᠪᠤᠯᠬᠣ ᠵᠢᠨ ᠬᠠᠮᠲᠤ ᠴᠠᠭ ᠲᠤᠬᠠᠢ᠎ᠳᠤ ᠨᠢ ᠨᠡᠢ᠌ᠭᠡᠮ᠎ᠳᠤ ᠨᠡᠢ᠌ᠲᠡᠯᠡᠨ᠎ᠡ ᠃
(ᠠᠷᠪᠠᠨ ᠲᠠᠪᠤ ) ᠠᠮᠢ ᠠᠬᠤᠢ ᠵᠢ ᠬᠠᠮᠠᠭ᠋ᠠᠯᠠᠨ ᠰᠡᠷᠭᠦᠭᠡᠬᠦ᠎ᠳᠤ ᠨᠡᠢ᠌ᠭᠡᠮ᠎ᠤᠨ ᠬᠥᠷᠥᠩᠭᠡ ᠵᠢ ᠤᠷᠤᠯᠴᠠᠭᠤᠯᠬᠤ ᠡᠷᠬᠡ ᠵᠢᠨ ᠬᠠᠷᠢᠶᠠᠯᠠᠯ᠎ᠤᠨ ᠬᠠᠮᠢᠶᠠᠷᠤᠯᠲᠠ ᠵᠢ ᠴᠢᠩᠭ᠋ᠠᠳᠬᠠᠨ᠎ᠠ ᠃ ᠨᠡᠢ᠌ᠭᠡᠮ᠎ᠤᠨ ᠬᠥᠷᠥᠩᠭᠡ ᠵᠢᠨ ᠤᠷᠤᠯᠴᠠᠨᠨᠰᠠᠨ ᠠᠮᠢ ᠠᠬᠤᠢ ᠵᠢ ᠬᠠᠮᠠᠭ᠋ᠠᠯᠠᠨ ᠰᠡᠷᠭᠦᠭᠡᠬᠦ ᠲᠦᠷᠦᠯ ᠵᠦᠢ᠍ᠯ᠎ᠤᠨ ᠬᠡᠪᠴᠢᠶᠡᠨ᠎ᠳᠠᠬᠢ ᠬᠡᠷᠡᠭᠯᠡᠬᠦ ᠭᠠᠵᠠᠷ᠎ᠨᠢ ᠣᠷᠣᠨ ᠵᠠᠢ ᠵᠢ ᠰᠣᠯᠢᠬᠤ ᠪᠠ ᠪᠠᠢ᠌ᠷᠢᠰᠢᠭᠤᠯᠤᠯ᠎ᠢ ᠰᠢᠯᠢᠳᠡᠭᠵᠢᠭᠦᠯᠬᠦ᠎ᠳᠤ ᠬᠣᠯᠪᠣᠭᠳᠠᠪᠠᠯ ᠂ ᠬᠠᠤᠯᠢ ᠲᠣᠭᠲᠠᠭ᠋ᠠᠯ ᠶᠣᠰᠣᠭ᠋ᠠᠷ ᠬᠢᠨᠠᠨ ᠵᠥᠪᠰᠢᠶᠡᠷᠡᠭᠦᠯᠬᠦ ᠭᠠᠷᠳᠠᠮ᠎ᠢ ᠭᠦᠢ᠍ᠴᠡᠳᠬᠡᠨ᠎ᠡ ᠃ ᠲᠥᠷᠥᠯ ᠵᠦᠢ᠍ᠯ᠎ᠨᠢ ᠰᠢᠯᠭ᠋ᠠᠨ ᠠᠪᠤᠯᠲᠠ᠎ᠪᠠᠷ ᠴᠣᠬᠣᠯᠠᠪᠤᠷᠢᠯᠠᠭᠰᠠᠨ ᠰᠠᠨᠠᠯ᠎ᠢ ᠳᠤᠰᠤᠭᠰᠠᠨ᠎ᠤ ᠳᠠᠷᠠᠭ᠎ᠠ ᠂ ᠣᠨ᠎ᠤ ᠭᠠᠵᠠᠷ ᠰᠢᠷᠣᠢ ᠵᠢᠨ ᠬᠤᠪᠢᠷᠠᠯᠲᠠ ᠵᠢᠨ ᠪᠠᠢ᠌ᠴᠠᠭ᠋ᠠᠯᠲᠠ᠎ᠪᠠᠷ ᠳᠠᠮᠵᠢᠭᠤᠯᠤᠨ ᠭᠠᠵᠠᠷ ᠰᠢᠷᠣᠢ ᠵᠢᠨ ᠬᠡᠷᠡᠭᠯᠡᠯᠲᠡ ᠵᠢ ᠨᠢᠭᠡᠳᠦᠯᠲᠡᠢ ᠲᠣᠬᠢᠷᠠᠭᠤᠯᠵᠤ ᠂ ᠥᠯᠥ ᠬᠥᠳᠡᠯᠬᠦ ᠬᠥᠷᠥᠩᠭᠡ ᠵᠢᠨ ᠳᠠᠩᠰᠠᠯᠠᠨ ᠲᠡᠮᠳᠡᠭᠯᠡᠬᠦ ᠪᠠᠢ᠌ᠭᠤᠯᠤᠮᠵᠢ᠎ᠨᠢ ᠭᠠᠵᠠᠷ ᠰᠢᠷᠣᠢ ᠵᠢᠨ ᠬᠡᠷᠡᠭᠴᠡᠭᠡ ᠵᠢ ᠲᠣᠬᠢᠷᠠᠭᠤᠯᠬᠤ ᠪᠢᠴᠢᠭ ᠮᠠᠲ᠋ᠧᠷᠢᠶᠠᠯ᠎ᠢ ᠦᠨᠳᠦᠰᠦᠯᠡᠨ ᠬᠠᠮᠢᠶ᠎ᠠ ᠪᠦᠬᠦᠢ ᠥᠯᠥ ᠬᠥᠳᠡᠯᠬᠦ ᠬᠥᠷᠥᠩᠭᠡ ᠵᠢᠨ ᠳᠠᠩᠰᠠᠯᠠᠯᠲᠠ ᠵᠢ ᠭᠦᠢ᠍ᠴᠡᠳᠬᠡᠨ᠎ᠡ ᠃ ᠬᠠᠮᠲᠤ ᠵᠢᠨ ᠭᠠᠵᠠᠷ ᠰᠢᠷᠣᠢ ᠵᠢᠨ ᠡᠷᠬᠡ ᠵᠢᠨ ᠬᠠᠷᠢᠶᠠᠯᠠᠯ᠎ᠢ ᠲᠣᠬᠢᠷᠠᠭᠤᠯᠬᠤ᠎ᠳᠤ ᠬᠣᠯᠪᠣᠭᠳᠠᠪᠠᠯ ᠂ ᠳᠡᠰ ᠳᠠᠷᠠᠭ᠋ᠠᠯᠠᠯ᠎ᠤᠨ ᠶᠣᠰᠣᠭ᠋ᠠᠷ ᠡᠷᠬᠡ ᠠᠰᠢᠭ᠎ᠤᠨ ᠡᠯ᠎ᠡ ᠲᠠᠯ᠎ᠠ ᠵᠢ ᠵᠣᠬᠢᠶᠠᠨ ᠪᠠᠢ᠌ᠭᠤᠯᠤᠨ ᠲᠣᠬᠢᠷᠠᠭᠤᠯᠤᠯᠲᠠ ᠵᠢᠨ ᠵᠥᠪᠯᠡᠯᠴᠡᠭᠡᠷ ᠲᠣᠭᠲᠠᠵᠤ ᠂ ᠦᠯᠦ ᠬᠥᠳᠡᠯᠬᠦ ᠬᠥᠷᠥᠩᠭᠡ ᠵᠢᠨ ᠳᠠᠩᠰᠠᠯᠠᠨ ᠲᠡᠮᠳᠡᠭᠯᠡᠬᠦ ᠪᠠᠢ᠌ᠭᠤᠯᠤᠮᠵᠢ᠎ᠨᠢ ᠬᠠᠤᠯᠢ ᠶᠣᠰᠣᠭ᠋ᠠᠷ ᠦᠯᠦ ᠬᠥᠳᠡᠯᠬᠦ ᠬᠥᠷᠥᠩᠭᠡ ᠵᠢᠨ ᠳᠠᠩᠰᠠᠯᠠᠯᠲᠠ ᠵᠢ ᠭᠦᠢ᠍ᠴᠡᠳᠬᠡᠬᠦ ᠬᠡᠷᠡᠭᠲᠡᠢ ᠃ ᠬᠣᠰᠢᠭᠤ ᠰᠢᠶᠠᠨ (ᠬᠤᠲᠠ ᠂ ᠲᠣᠭᠣᠷᠢᠭ )᠎ᠤ ᠠᠷᠠᠳ᠎ᠤᠨ ᠵᠠᠰᠠᠭ᠎ᠤᠨ ᠣᠷᠳᠣᠨ᠎ᠨᠢ ᠠᠮᠢ ᠠᠬᠤᠢ ᠵᠢ ᠬᠠᠮᠠᠭ᠋ᠠᠯᠠᠨ ᠰᠡᠷᠭᠦᠭᠡᠬᠦ ᠲᠥᠷᠥᠯ ᠵᠦᠢ᠍ᠯ᠎ᠤᠨ ᠪᠠᠢ᠌ᠭ᠎ᠠ ᠭᠠᠵᠠᠷ᠎ᠤᠨ ᠬᠥᠳᠡᠭᠡ ᠲᠣᠰᠬᠣᠨ᠎ᠤ ᠬᠠᠮᠲᠤ ᠵᠢᠨ ᠠᠵᠤ ᠠᠬᠤᠢ ᠵᠢᠨ ᠵᠣᠬᠢᠶᠠᠨ ᠪᠠᠢ᠌ᠭᠤᠯᠤᠯᠲᠠ ᠪᠠ ᠲᠠᠷᠢᠶᠠᠴᠢᠨ ᠮᠠᠯᠴᠢᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠦᠨᠡᠨ ᠬᠦ᠌ ᠬᠠᠮᠠᠭ᠋ᠠᠯᠠᠵᠤ ᠂ ᠵᠢᠭᠤᠷᠠᠯᠳᠤᠭ᠋ᠠᠨ ᠡᠭᠦᠰᠬᠦ ᠦᠭᠡᠢ ᠪᠠᠢ᠌ᠬᠤ ᠵᠢ ᠦᠨᠡᠨ ᠬᠦ᠌ ᠪᠠᠲᠤᠯᠠᠨ᠎ᠠ ᠃
ᠭᠤᠷᠪᠠ ᠂ ᠠᠮᠢ ᠠᠬᠤᠢ ᠵᠢ ᠬᠠᠮᠠᠭ᠋ᠠᠯᠠᠨ ᠰᠡᠷᠭᠦᠭᠡᠬᠦ᠎ᠳᠤ ᠨᠡᠢ᠌ᠭᠡᠮ᠎ᠤᠨ ᠬᠥᠷᠥᠩᠭᠡ ᠵᠢ ᠤᠷᠤᠯᠴᠠᠭᠤᠯᠬᠤ ᠠᠵᠢᠯ᠎ᠤᠨ ᠬᠠᠮᠢᠶ᠎ᠠ ᠪᠦᠬᠦᠢ ᠳᠡᠮᠵᠢᠯᠭᠡ ᠵᠢᠨ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠵᠢ ᠠᠬᠢᠭᠤᠯᠤᠨ᠎ᠠ
(ᠠᠷᠪᠠᠨ ᠵᠢᠷᠭᠤᠭ᠎ᠠ ) ᠭᠠᠵᠠᠷ ᠰᠢᠷᠣᠢ ᠬᠡᠷᠡᠭᠯᠡᠬᠦ ᠲᠠᠯ᠎ᠠ᠎ᠪᠠᠷ ᠵᠥᠷᠢᠶᠡᠴᠢᠯᠡᠭᠰᠡᠨ ᠪᠠᠲᠤᠯᠠᠭ᠎ᠠ ᠵᠢᠨ ᠲᠥᠷᠥ ᠵᠢᠨ ᠪᠣᠳᠣᠯᠭ᠎ᠠ ᠵᠢ ᠬᠡᠷᠡᠭᠵᠢᠭᠦᠯᠦᠨ᠎ᠡ ᠃ ᠡᠯ᠎ᠡ ᠭᠠᠵᠠᠷ ᠣᠷᠣᠨ᠎ᠤ᠎ᠬᠢᠨ ᠨᠡᠢ᠌ᠭᠡᠮ᠎ᠤᠨ ᠬᠥᠷᠥᠩᠭᠡ ᠵᠢᠨ ᠣᠷᠣᠯᠴᠠᠭᠰᠠᠨ ᠠᠮᠢ ᠠᠬᠤᠢ ᠵᠢ ᠬᠠᠮᠠᠭ᠋ᠠᠯᠠᠨ ᠰᠡᠷᠭᠦᠭᠡᠬᠦ ᠲᠥᠷᠥᠯ ᠵᠦᠢ᠍ᠯ᠎ᠳᠤ ᠂ ᠠᠮᠢ ᠠᠬᠤᠢ ᠵᠢ ᠬᠠᠮᠠᠭ᠋ᠠᠯᠠᠨ ᠰᠡᠷᠭᠦᠭᠡᠬᠦ ᠣᠷᠣᠨ ᠪᠦᠰᠡ ᠵᠢᠨ ᠳᠣᠲᠣᠷᠠᠬᠢ ᠡᠯ᠎ᠡ ᠲᠥᠷᠥᠯ᠎ᠤᠨ ᠬᠡᠷᠡᠭᠯᠡᠬᠦ ᠭᠠᠵᠠᠷ᠎ᠤᠨ ᠪᠦᠲᠦᠴᠡ ᠂ ᠪᠠᠢ᠌ᠷᠢᠰᠢᠭᠤᠯᠤᠯᠲᠠ ᠪᠠ ᠴᠠᠭ᠎ᠤᠨ ᠳᠠᠷᠠᠭ᠋ᠠᠯᠠᠯ᠎ᠢ ᠵᠣᠬᠢᠰᠲᠠᠢ ᠲᠣᠬᠢᠷᠠᠭᠤᠯᠬᠤ ᠬᠡᠷᠡᠭᠲᠡᠢ; ᠠᠮᠢ ᠠᠬᠤᠢ ᠵᠢ ᠰᠡᠷᠭᠦᠭᠡᠬᠦ ᠲᠥᠷᠥᠯ ᠵᠦᠢ᠍ᠯ᠎ᠤᠨ ᠣᠷᠣᠨ᠎ᠤ ᠳᠣᠲᠣᠷᠠᠬᠢ ᠭᠠᠵᠠᠷ ᠰᠢᠷᠣᠢ ᠵᠢ ᠠᠰᠢᠭᠯᠠᠨ ᠵᠢᠭᠤᠯᠴᠢᠯᠠᠯ ᠪᠠ ᠡᠷᠡᠭᠦᠯᠵᠢᠯ ᠰᠤᠪᠢᠯᠠᠯᠲᠠ ᠵᠢᠨ ᠦᠢ᠍ᠯᠡᠴᠢᠯᠡᠭᠡᠨ᠎ᠤ ᠠᠵᠤ ᠦᠢ᠍ᠯᠡᠰ᠎ᠢ ᠬᠥᠭᠵᠢᠭᠦᠯᠬᠦ᠎ᠳᠤ᠎ᠪᠠᠨ᠂ ᠲᠠᠲᠠᠪᠤᠷᠢᠯᠠᠬᠤ ᠦᠭᠡᠢ ᠪᠣᠯᠤᠭᠰᠠᠨ ᠴᠦ᠍ ᠪᠣᠯᠬᠣ ᠂ ᠰᠢᠯᠵᠢᠭᠦᠯᠦᠨ ᠬᠡᠷᠡᠭᠯᠡᠬᠦ ᠦᠭᠡᠢ ᠪᠠᠢ᠌ᠭᠰᠠᠨ ᠴᠦ᠍ ᠪᠣᠯᠬᠤ ᠨᠥᠬᠥᠴᠡᠯ᠎ᠢ ᠬᠠᠩᠭ᠋ᠠᠬᠤ ᠪᠠᠢ᠌ᠭ᠋ᠠᠯᠢ ᠵᠢᠨ ᠦᠵᠡᠮᠦᠷᠢ ᠪᠣᠯᠭ᠋ᠠᠨ ᠬᠡᠷᠡᠭᠯᠡᠬᠦ ᠭᠠᠵᠠᠷ ᠂ ᠲᠠᠷᠢᠶᠠᠯᠠᠩ ᠮᠠᠯ ᠠᠵᠤ ᠠᠬᠤᠢ ᠵᠢᠭ᠋ᠠᠰᠤᠨ ᠠᠵᠤ ᠠᠬᠤᠢ ᠵᠢᠨ ᠲᠠᠷᠢᠵᠦ ᠤᠷᠭᠤᠭᠤᠯᠬᠤ ᠂ ᠲᠡᠵᠢᠭᠡᠨ ᠦᠷᠡᠵᠢᠭᠦᠯᠬᠦ᠎ᠳᠤ ᠬᠡᠷᠡᠭᠯᠡᠬᠦ ᠭᠠᠵᠠᠷ ᠪᠠ ᠦᠵᠡᠮᠵᠢ ᠪᠠᠬᠠᠷᠬᠠᠬᠤ ᠭᠠᠵᠠᠷ ᠂ ᠬᠥᠭᠥᠷᠭᠡᠨ ᠵᠠᠮ ᠪᠠᠢ᠌ᠭᠤᠯᠬᠤ ᠵᠡᠷᠭᠡ ᠥᠨᠢᠳᠡ ᠵᠢᠨ ᠴᠢᠨᠠᠷᠲᠠᠢ ᠪᠤᠰᠤ ᠳᠠᠭ᠋ᠠᠯᠲᠠ ᠪᠡᠯᠡᠳᠬᠡᠮᠵᠢ ᠵᠢᠨ ᠬᠡᠷᠡᠭᠯᠡᠬᠦ ᠭᠠᠵᠠᠷ᠎ᠢ ᠣᠲᠣ ᠵᠢᠨ ᠬᠡᠷᠡᠭᠴᠡᠭᠡ᠎ᠪᠠᠷ ᠬᠠᠮᠢᠶᠠᠷᠴᠤ ᠂ ᠪᠣᠳᠠᠲᠠᠢ ᠠᠷᠭ᠎ᠠ ᠬᠡᠮᠵᠢᠶ᠎ᠡ ᠲᠣᠭᠲᠠᠭ᠋ᠠᠨ ᠂ ᠡᠬᠡ ᠲᠠᠩᠰᠠ ᠵᠢᠨ ᠬᠠᠮᠢᠶᠠᠷᠤᠯᠲᠠ᠎ᠳᠤ ᠣᠷᠣᠭᠤᠯᠵᠤ ᠂ ᠨᠡᠢ᠌ᠭᠡᠮ᠎ᠤᠨ ᠬᠥᠷᠥᠩᠭᠡ ᠵᠢ ᠵᠢᠷᠤᠮᠵᠢᠭᠤᠯᠤᠨ ᠬᠡᠷᠡᠭᠯᠡᠭᠦᠯᠬᠦ᠎ᠪᠠᠷ ᠵᠢᠯᠤᠭᠣᠳᠴᠤ ᠂ ᠲᠡᠳᠡᠨ᠎ᠤ ᠵᠦᠢ ᠶᠣᠰᠣᠨ᠎ᠤ ᠡᠷᠬᠡ ᠠᠰᠢᠭ᠎ᠢ ᠪᠠᠲᠤᠯᠠᠬᠤ ᠬᠡᠷᠡᠭᠲᠡᠢ; ᠲᠥᠯᠥᠪᠦᠷᠢᠲᠡᠢ ᠰᠢᠯᠵᠢᠭᠦᠯᠬᠦ ᠂ ᠲᠦᠷᠢᠶᠡᠰᠦᠯᠡᠭᠦᠯᠬᠦ ᠠᠷᠭ᠎ᠠ ᠮᠠᠶᠢᠭ ᠵᠶ᠋ᠠᠷ ᠨᠡᠢ᠌ᠭᠡᠮ᠎ᠤᠨ ᠬᠥᠷᠥᠩᠭᠡ᠎ᠳᠤ ᠭᠠᠵᠠᠷ ᠰᠢᠷᠣᠢ ᠵᠢ ᠠᠮᠢᠳᠤᠯᠢᠭ ᠵᠶ᠋ᠠᠷ ᠬᠠᠩᠭ᠋ᠠᠬᠤ ᠵᠢ ᠵᠣᠷᠢᠭᠵᠢᠭᠤᠯᠵᠤ ᠂ ᠠᠢ᠌ᠮᠠᠭ᠎ᠤᠨ ᠵᠠᠬᠢᠷᠭ᠎ᠠ ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ ᠂ ᠬᠣᠰᠢᠭᠤ ᠰᠢᠶᠠᠨ (ᠬᠤᠲᠠ ᠂ ᠲᠣᠭᠣᠷᠢᠭ )᠎ᠤ ᠠᠷᠠᠳ᠎ᠤᠨ ᠵᠠᠰᠠᠭ᠎ᠤᠨ ᠣᠷᠳᠣᠨ᠎ᠤ ᠤᠯᠤᠰ᠎ᠤᠨ ᠥᠮᠴᠢᠯᠡᠯᠲᠦ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠡᠷᠡᠭᠯᠡᠬᠦ ᠡᠷᠬᠡ᠎ᠪᠠᠷ ᠬᠠᠩᠰᠢᠯᠠᠨ ᠪᠡᠯᠡ ᠭᠠᠷᠭ᠋ᠠᠬᠤ ᠂ ᠬᠤᠪᠢ ᠣᠷᠣᠭᠤᠯᠬᠤ ᠠᠷᠭ᠎ᠠ ᠮᠠᠶᠢᠭ ᠵᠶ᠋ᠠᠷ ᠭᠠᠵᠠᠷ ᠰᠢᠷᠣᠢ ᠬᠠᠩᠭ᠋ᠠᠵᠤ ᠂ ᠨᠡᠢ᠌ᠭᠡᠮ᠎ᠤᠨ ᠬᠥᠷᠥᠩᠭᠡᠯᠦᠭᠡ ᠬᠠᠮᠲᠤ᠎ᠪᠠᠷ ᠪᠡᠯᠡ ᠣᠷᠣᠭᠤᠯᠤᠨ ᠪᠦᠲᠦᠭᠡᠨ ᠪᠠᠢ᠌ᠭᠤᠯᠬᠤ ᠵᠢ᠎ᠨᠢ ᠲᠡᠮᠵᠢᠨ᠎ᠡ ᠃
(ᠠᠷᠪᠠᠨ ᠳᠣᠯᠣᠭ᠎ᠠ ) ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠦᠯᠡᠳᠡᠭᠡᠯ ᠭᠠᠵᠠᠷ᠎ᠢ ᠭᠦᠢ᠍ᠯᠭᠡᠭᠡᠨ᠎ᠳᠤ ᠣᠷᠣᠭᠤᠯᠤᠨ᠎ᠠ ᠃ ᠡᠯ᠎ᠡ ᠭᠠᠵᠠᠷ ᠣᠷᠣᠨ᠎ᠤ᠎ᠬᠢᠨ ᠨᠡᠢ᠌ᠭᠡᠮ᠎ᠤᠨ ᠬᠥᠷᠥᠩᠭᠡ ᠵᠢᠨ ᠣᠷᠣᠯᠴᠠᠭᠰᠠᠨ ᠠᠮᠢ ᠠᠬᠤᠢ ᠵᠢ ᠬᠠᠮᠠᠭ᠋ᠠᠯᠠᠨ ᠰᠡᠷᠭᠦᠭᠡᠬᠦ ᠲᠥᠷᠥᠯ ᠵᠦᠢ᠍ᠯ᠎ᠢ ᠬᠡᠷᠡᠭᠵᠢᠭᠦᠯᠬᠦ ᠶᠠᠪᠤᠴᠠ᠎ᠳᠤ ᠰᠤᠯᠠᠯᠠᠵᠤ ᠭᠠᠷᠭ᠋ᠠᠭᠰᠠᠨ ᠲᠥᠯᠦᠪᠵᠢᠭᠦᠯᠭᠡ ᠵᠢᠨ ᠬᠡᠪᠴᠢᠶᠡᠵᠢᠯ ᠪᠠ ᠡᠭᠦᠰᠦᠭᠰᠡᠨ ᠲᠠᠷᠢᠶᠠᠯᠠᠬᠤ ᠭᠠᠵᠠᠷ᠎ᠢ ᠡᠵᠡᠯᠡᠵᠦ ᠨᠥᠬᠥᠪᠦᠷᠢᠯᠡᠬᠦ ᠵᠢ ᠲᠡᠩᠴᠡᠭᠦᠷᠢᠰᠢᠭᠦᠯᠦᠭᠰᠡᠨ ᠂ ᠨᠡᠮᠡᠭᠳᠡᠬᠦ ᠪᠠ ᠬᠠᠰᠤᠭᠳᠠᠬᠤ ᠵᠢ ᠬᠣᠯᠪᠣᠭᠳᠠᠭᠤᠯᠤᠭᠰᠠᠨ ᠵᠡᠷᠭᠡ ᠭᠦᠢ᠍ᠴᠡᠳᠬᠡᠯ ᠲᠣᠭ᠎ᠠ ᠵᠢ ᠭᠦᠢ᠍ᠴᠡᠳ ᠬᠡᠷᠡᠭᠯᠡᠬᠦ ᠵᠢ ᠵᠥᠪᠰᠢᠶᠡᠷᠡᠵᠦ ᠂ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠎ᠢ ᠰᠡᠷᠭᠦᠭᠡᠨ ᠵᠠᠰᠠᠭ᠋ᠠᠳ ᠲᠠᠷᠢᠶᠠᠯᠠᠩ᠎ᠳᠤ ᠬᠡᠷᠡᠭᠯᠡᠬᠦ ᠭᠠᠵᠠᠷ ᠪᠣᠯᠭ᠋ᠠᠭᠰᠠᠨ ᠪᠠᠢ᠌ᠪᠠᠯ ᠂ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠦᠯᠡᠳᠡᠭᠡᠯ ᠭᠠᠵᠠᠷ᠎ᠤᠨ ᠭᠦᠢ᠍ᠴᠡᠳᠬᠡᠯ ᠲᠣᠭ᠎ᠠ ᠪᠣᠯᠭ᠋ᠠᠨ ᠬᠡᠷᠡᠭᠯᠡᠵᠦ ᠪᠣᠯᠣᠨ᠎ᠠ; ᠰᠡᠷᠭᠦᠭᠡᠨ ᠵᠠᠰᠠᠭ᠋ᠠᠳ ᠤᠷᠳᠤ ᠬᠤᠭᠤᠴᠠᠭ᠋ᠠᠨ᠎ᠤ ᠪᠦᠳᠦᠮᠵᠢᠳᠡᠢ ᠲᠣᠭᠲᠠᠪᠤᠷᠢᠲᠠᠢ ᠠᠰᠢᠭᠯᠠᠬᠤ ᠲᠠᠷᠢᠶᠠᠯᠠᠬᠤ ᠭᠠᠵᠠᠷ ᠪᠤᠯᠭ᠋ᠠᠨᠨᠰᠠᠨ ᠪᠣᠯ ᠂ ᠬᠠᠮᠢᠶ᠎ᠠ ᠪᠦᠬᠦᠢ ᠲᠣᠭᠲᠠᠭ᠋ᠠᠯ ᠶᠣᠰᠣᠭ᠋ᠠᠷ ᠲᠠᠷᠢᠶᠠᠯᠠᠬᠤ ᠭᠠᠵᠠᠷ᠎ᠢ ᠡᠵᠡᠯᠡᠬᠦ ᠨᠥᠬᠥᠪᠦᠷᠢᠯᠡᠬᠦ ᠵᠢ᠎ᠨᠢ ᠲᠡᠩᠴᠡᠭᠦᠷᠢᠰᠢᠭᠦᠯᠬᠦ᠎ᠳᠤ ᠬᠡᠷᠡᠭᠯᠡᠵᠦ ᠪᠣᠯᠣᠨ᠎ᠠ; ᠬᠤᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠎ᠤᠨ ᠨᠡᠮᠡᠭᠳᠡᠬᠦ ᠪᠠ ᠬᠠᠰᠤᠭᠳᠠᠬᠤ ᠵᠢ ᠬᠣᠯᠪᠣᠭᠳᠠᠭᠤᠯᠬᠤ ᠲᠦᠷᠦᠯ ᠵᠦᠢ᠍ᠯ᠎ᠤᠨ ᠬᠡᠷᠡᠭᠵᠢᠭᠦᠯᠬᠦ ᠱᠠᠭ᠋ᠠᠷᠳᠠᠯᠭ᠎ᠠ᠎ᠳᠤ ᠨᠡᠢ᠌ᠴᠡᠭᠰᠡᠨ ᠪᠠᠢ᠌ᠪᠠᠯ ᠂ ᠡᠭᠦᠰᠦᠭᠰᠡᠨ ᠨᠡᠮᠡᠭᠳᠡᠬᠦ ᠪᠠ ᠬᠠᠰᠤᠭᠳᠠᠬᠤ ᠵᠢ ᠬᠣᠯᠪᠣᠭᠳᠠᠭᠤᠯᠤᠭᠰᠠᠨ ᠭᠦᠢ᠍ᠴᠡᠳᠬᠡᠯ ᠲᠣᠭ᠎ᠠ ᠵᠢ ᠣᠷᠣᠨ᠎ᠤ ᠳᠣᠲᠣᠷ᠎ᠠ ᠡᠷᠭᠢᠯᠳᠦᠭᠦᠯᠦᠨ ᠠᠷᠠᠯᠵᠢᠶᠠᠯᠠᠵᠤ ᠪᠣᠯᠣᠨ᠎ᠠ ᠃ ᠨᠥᠬᠥᠪᠦᠷᠢ ᠲᠠᠷᠢᠶᠠᠯᠠᠬᠤ ᠭᠠᠵᠠᠷ᠎ᠤᠨ ᠭᠦᠢ᠍ᠴᠡᠳᠬᠡᠯ ᠲᠣᠭ᠎ᠠ ᠂ ᠬᠤᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠎ᠤᠨ ᠨᠡᠮᠡᠭᠳᠡᠬᠦ ᠪᠠ ᠬᠠᠰᠤᠭᠳᠠᠬᠤ ᠵᠢ ᠬᠣᠯᠪᠣᠭᠳᠠᠭᠤᠯᠬᠤ ᠭᠦᠢ᠍ᠴᠡᠳᠬᠡᠯ ᠲᠣᠭ᠎ᠠ ᠡᠭᠦᠰᠬᠦ᠎ᠳᠤ ᠬᠣᠯᠪᠣᠭᠳᠠᠬᠤ ᠲᠦᠷᠦᠯ ᠵᠦᠢ᠍ᠯ ᠪᠣᠯ ᠂ ᠰᠡᠷᠭᠦᠭᠡᠬᠦ ᠲᠥᠰᠥᠯ᠎ᠢ ᠨᠠᠢ᠌ᠷᠠᠭᠤᠯᠤᠨ ᠵᠣᠬᠢᠶᠠᠬᠤ᠎ᠳᠤ᠎ᠪᠠᠨ ᠠᠰᠢᠭᠯᠠᠬᠤ ᠲᠥᠰᠥᠯ ᠪᠦᠬᠦᠢ ᠪᠦᠯᠦᠭ ᠬᠡᠰᠡᠭ᠎ᠢ ᠠᠰᠲᠠᠭ᠋ᠠᠨ ᠲᠣᠬᠢᠷᠠᠭᠤᠯᠵᠤ ᠂ ᠬᠠᠮᠢᠶ᠎ᠠ ᠪᠦᠬᠦᠢ ᠱᠠᠭ᠋ᠠᠷᠳᠠᠯᠭ᠎ᠠ ᠵᠢ ᠲᠣᠳᠣᠷᠬᠠᠢ᠌ᠯᠠᠨ ᠂ ᠰᠡᠷᠭᠦᠭᠡᠬᠦ ᠲᠥᠰᠥᠯ᠎ᠢ ᠳᠠᠭ᠋ᠠᠯᠳᠤᠭᠤᠯᠵᠤ ᠬᠠᠮᠲᠤ᠎ᠳᠤ ᠨᠢ ᠬᠡᠷᠡᠭᠵᠢᠭᠦᠯᠬᠦ ᠪᠠ ᠰᠢᠯᠭ᠋ᠠᠨ ᠠᠪᠤᠭᠤᠯᠬᠤ᠎ᠪᠠᠷ ᠴᠣᠬᠣᠯᠠᠪᠤᠷᠢᠯᠠᠵᠤ ᠂ ᠳᠠᠭᠢᠵᠤ ᠲᠤᠰᠠᠭ᠋ᠠᠷ ᠬᠢᠨᠠᠨ ᠵᠥᠪᠰᠢᠶᠡᠷᠡᠬᠦ ᠦᠭᠡᠢ ᠃ ᠰᠢᠨ᠎ᠡ᠎ᠪᠠᠷ ᠨᠡᠮᠡᠭᠳᠡᠭᠰᠡᠨ ᠲᠠᠷᠢᠶᠠᠯᠠᠬᠤ ᠭᠠᠵᠠᠷ᠎ᠢ ᠭᠤᠷᠪᠠᠨ ᠲᠡᠰ ᠵᠶ᠋ᠡᠷ ᠬᠠᠷᠭᠤᠭᠤᠯᠤᠨ ᠲᠣᠭᠲᠠᠭ᠋ᠠᠬᠤ ᠪᠠ ᠲᠠᠷᠢᠶᠠᠯᠠᠬᠤ ᠭᠠᠵᠠᠷ᠎ᠢ ᠡᠵᠡᠯᠡᠬᠦ ᠨᠥᠬᠥᠪᠦᠷᠢᠯᠡᠬᠦ ᠵᠢ ᠲᠡᠩᠴᠡᠭᠦᠷᠢᠰᠢᠭᠦᠯᠬᠦ ᠭᠦᠢ᠍ᠴᠡᠳᠬᠡᠯ ᠲᠣᠭ᠎ᠠ ᠂ ᠬᠤᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠎ᠤᠨ ᠨᠡᠮᠡᠭᠳᠡᠬᠦ ᠪᠠ ᠬᠠᠰᠤᠭᠳᠠᠬᠤ ᠵᠢ ᠬᠣᠯᠪᠣᠭᠳᠠᠭᠤᠯᠬᠤ ᠭᠦᠢ᠍ᠴᠡᠳᠬᠡᠯ ᠲᠣᠭ᠎ᠠ ᠵᠢ ᠬᠥᠮᠥᠷᠭᠡ᠎ᠳᠤ ᠣᠷᠣᠭᠤᠯᠤᠨ ᠬᠠᠮᠢᠶᠠᠷᠬᠤ ᠪᠠ ᠠᠷᠠᠯᠵᠢᠶᠠᠯᠠᠬᠤ ᠵᠡᠷᠭᠡ ᠵᠠᠯᠭ᠋ᠠᠮᠵᠢ ᠵᠢᠨ ᠠᠵᠢᠯ᠎ᠢ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠭᠦᠢ᠍ᠴᠡᠳᠬᠡᠨ᠎ᠡ ᠃
(ᠠᠷᠪᠠᠨ ᠨᠠᠢ᠍ᠮᠠ ) ᠰᠢᠷᠣᠢ ᠴᠢᠯᠠᠭᠤᠨ ᠮᠠᠲ᠋ᠧᠷᠢᠶᠠᠯ᠎ᠢ ᠵᠣᠬᠢᠰᠲᠠᠢ ᠠᠰᠢᠭᠯᠠᠨ᠎ᠠ ᠃ ᠡᠯ᠎ᠡ ᠭᠠᠵᠠᠷ ᠣᠷᠣᠨ᠎ᠤ ᠬᠢᠨ ᠨᠡᠢ᠌ᠭᠡᠮ᠎ᠤᠨ ᠬᠥᠷᠥᠩᠭᠡ ᠵᠢᠨ ᠣᠷᠣᠯᠴᠠᠭᠰᠠᠨ ᠠᠮᠢ ᠠᠬᠤᠢ ᠵᠢ ᠬᠠᠮᠠᠭ᠋ᠠᠯᠠᠨ ᠰᠡᠷᠭᠦᠭᠡᠬᠦ ᠲᠥᠷᠥᠯ ᠵᠦᠢ᠍ᠯ᠎ᠤᠨ ᠪᠠᠷᠢᠯᠭ᠎ᠠ ᠵᠢᠨ ᠠᠵᠢᠯ᠎ᠤᠨ ᠶᠠᠪᠤᠴᠠ᠎ᠳᠤ ᠰᠢᠨ᠎ᠡ᠎ᠪᠠᠷ ᠪᠤᠢ ᠪᠣᠯᠤᠭᠰᠠᠨ ᠰᠢᠷᠣᠢ ᠴᠢᠯᠠᠭᠤᠨ ᠮᠠᠲ᠋ᠧᠷᠢᠶᠠᠯ ᠵᠢᠴᠢ ᠤᠭ ᠭᠠᠵᠠᠷ᠎ᠲᠠᠬᠢ ᠦᠯᠡᠳᠡᠭᠳᠡᠯ ᠰᠢᠷᠣᠢ ᠴᠢᠯᠠᠭᠤᠨ ᠮᠠᠲ᠋ᠧᠷᠢᠶᠠᠯ ᠂ ᠭᠣᠣᠯ ᠮᠥᠷᠡᠨ ᠨᠠᠭᠤᠷ ᠴᠥᠭᠦᠷᠥᠮ᠎ᠤᠨ ᠰᠢᠪᠠᠷ ᠰᠢᠷᠣᠢ ᠵᠢ ᠴᠡᠪᠡᠷᠯᠡᠵᠦ ᠯᠠᠢ᠌ᠳᠠᠵᠤ ᠨᠡᠪᠲᠡᠷᠡᠭᠦᠯᠦᠭᠡᠳ ᠡᠭᠦᠰᠦᠭᠰᠡᠨ ᠨᠦᠯᠦᠮᠡᠯ ᠰᠢᠪᠠᠷ ᠂ ᠡᠯᠡᠰᠦ ᠰᠢᠪᠠᠷ ᠵᠢᠴᠢ ᠴᠢᠨᠠᠷ ᠰᠠᠢ᠌ᠲᠠᠢ ᠦᠩᠬᠡᠨ ᠬᠥᠷᠥᠰᠥ ᠪᠠ ᠨᠤᠲᠤᠭ᠎ᠤᠨ ᠤᠷᠭᠤᠮᠠᠯ᠎ᠢ ᠲᠤᠰ ᠰᠡᠷᠭᠦᠭᠡᠬᠦ ᠢᠨᠵᠸᠨ᠋ᠸᠷᠢᠩ᠎ᠳᠤ ᠲᠥᠯᠥᠪᠦᠷᠢ ᠦᠭᠡᠢ᠎ᠪᠠᠷ ᠬᠡᠷᠡᠭᠯᠡᠭᠦᠯᠬᠦ ᠵᠢ ᠵᠥᠪᠰᠢᠶᠡᠷᠡᠵᠦ ᠂ ᠥᠷᠲᠡᠭ᠎ᠤᠨ ᠬᠠᠮᠢᠶᠠᠷᠤᠯᠲᠠ᠎ᠳᠤ ᠣᠷᠣᠭᠤᠯᠤᠨ ᠂ ᠦᠨᠡᠨ ᠬᠦ᠌ ᠦᠯᠡᠳᠡᠪᠦᠷᠢ᠎ᠲᠠᠢ ᠪᠣᠯ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠠᠨ᠎ᠤ ᠲᠠᠪᠴᠠᠩ᠎ᠳᠤ ᠣᠷᠣᠭᠤᠯᠵᠤ ᠂ ᠣᠷᠣᠯᠭ᠎ᠠ ᠵᠠᠷᠤᠯᠭ᠎ᠠ ᠵᠢ ᠠᠰ᠎ᠲᠤ ᠨᠢ ᠪᠤᠳᠤᠵᠦ ᠬᠡᠷᠡᠭᠵᠢᠭᠦᠯᠦᠨ ᠂ ᠰᠡᠷᠭᠦᠭᠡᠬᠦ ᠵᠥᠪᠯᠡᠯᠴᠡᠭᠡᠷ ᠲᠣᠭᠲᠠᠬᠤ ᠦᠶ᠎ᠡ᠎ᠳᠤ᠎ᠪᠠᠨ ᠲᠣᠳᠣᠷᠬᠠᠢ᠌ᠯᠠᠬᠤ ᠬᠡᠷᠡᠭᠲᠡᠢ ᠃ ᠰᠢᠷᠣᠢ ᠴᠢᠯᠠᠭᠤᠨ ᠮᠠᠲ᠋ᠧᠷᠢᠶᠠᠯ᠎ᠢ ᠠᠰᠢᠭᠯᠠᠬᠤ᠎ᠳᠤ ᠬᠣᠯᠪᠣᠭᠳᠠᠭᠰᠠᠨ ᠪᠠᠢ᠌ᠪᠠᠯ ᠂ ᠰᠡᠷᠭᠦᠭᠡᠬᠦ ᠲᠥᠰᠥᠯ᠎ᠢ ᠨᠠᠢ᠌ᠷᠠᠭᠤᠯᠤᠨ ᠵᠣᠬᠢᠶᠠᠬᠤ᠎ᠳᠤ᠎ᠪᠠᠨ ᠠᠰᠢᠭᠯᠠᠬᠤ ᠲᠥᠰᠥᠯ ᠪᠦᠬᠦᠢ ᠪᠦᠯᠦᠭ ᠬᠡᠰᠡᠭ᠎ᠢ ᠠᠰᠲᠠᠭ᠋ᠠᠨ ᠲᠣᠬᠢᠷᠠᠭᠤᠯᠤᠨ ᠂ ᠬᠠᠮᠢᠶ᠎ᠠ ᠪᠦᠬᠦᠢ ᠱᠠᠭ᠋ᠠᠷᠳᠠᠯᠭ᠎ᠠ ᠵᠢ ᠲᠣᠳᠣᠷᠬᠠᠢ᠌ᠯᠠᠵᠤ ᠂ ᠰᠡᠷᠭᠦᠭᠡᠬᠦ ᠲᠥᠰᠥᠯ᠎ᠢ ᠳᠠᠭ᠋ᠠᠯᠳᠤᠭᠤᠯᠤᠨ ᠬᠠᠮᠲᠤ᠎ᠪᠠᠷ ᠬᠠᠷᠢᠭᠤ ᠴᠣᠬᠣᠯᠲᠠ ᠥᠭᠴᠦ ᠬᠡᠷᠡᠭᠵᠢᠭᠦᠯᠦᠨ ᠂ ᠳᠠᠭᠢᠵᠤ ᠠᠰ᠎ᠲᠤ ᠨᠢ ᠬᠢᠨᠠᠨ ᠵᠥᠪᠰᠢᠶᠡᠷᠡᠭᠦᠯᠬᠦ ᠦᠭᠡᠢ ᠃
(ᠠᠷᠪᠠ ᠶᠢᠰᠦ ) ᠣᠢ ᠮᠣᠳᠣᠨ᠎ᠤ ᠬᠠᠮᠢᠶᠠᠷᠤᠯᠲᠠ ᠵᠢᠨ ᠲᠣᠭᠲᠠᠴᠠ᠎ᠳᠤ ᠰᠢᠨ᠎ᠡ ᠵᠢ ᠡᠭᠦᠳᠦᠨ᠎ᠡ ᠃ ᠡᠯ᠎ᠡ ᠭᠠᠵᠠᠷ ᠣᠷᠣᠨ᠎ᠤ᠎ᠬᠢᠨ ᠨᠡᠢ᠌ᠭᠡᠮ᠎ᠤᠨ ᠬᠥᠷᠥᠩᠭᠡ ᠵᠢᠨ ᠪᠡᠯᠡ ᠣᠷᠣᠭᠤᠯᠤᠨ ᠪᠠᠢ᠌ᠭᠤᠯᠤᠭᠰᠠᠨ ᠠᠮᠢ ᠠᠬᠤᠢ ᠵᠢᠨ ᠣᠶ ᠵᠡᠷᠭᠡ ᠵᠢᠨ ᠵᠠᠯᠭ᠋ᠠᠯᠳᠤᠭᠰᠠᠨ ᠲᠠᠯᠠᠪᠠᠶ᠎ᠨᠢ ᠵᠣᠬᠢᠬᠤ ᠬᠡᠪᠴᠢᠶᠡᠵᠢᠯ ᠪᠠ ᠵᠢᠱ᠌ᠢᠭᠰᠡᠨ ᠬᠠᠷᠠᠯᠲᠠ᠎ᠳᠤ ᠬᠦᠷᠦᠭᠰᠡᠨ ᠪᠠᠢ᠌ᠪᠠᠯ ᠂ ᠲᠥᠷᠥᠯ ᠵᠦᠢ᠍ᠯ᠎ᠤᠨ ᠣᠷᠣᠨ᠎ᠤ ᠳᠣᠲᠣᠷᠠᠬᠢ ᠶᠡᠷᠦᠩᠬᠡᠢ ᠰᠡᠷᠭᠦᠭᠡᠨ ᠵᠠᠰᠠᠭᠰᠠᠨ ᠲᠠᠯᠠᠪᠠᠶ ᠵᠢᠨ 1%᠎ᠠᠴᠠ ᠬᠡᠲᠦᠷᠡᠭᠦᠯᠬᠦ ᠦᠭᠡᠢ ᠰᠡᠷᠭᠦᠭᠡᠨ ᠵᠠᠰᠠᠬᠤ ᠲᠠᠯᠠᠪᠠᠢ ᠵᠢ ᠠᠰᠢᠭᠯᠠᠵᠤ ᠪᠠᠢ᠌ᠭ᠋ᠠᠳ ᠠᠮᠢ ᠠᠬᠤᠢ ᠵᠢᠨ ᠠᠵᠤ ᠦᠢ᠍ᠯᠡᠰ᠎ᠲᠤ ᠬᠡᠷᠡᠭᠯᠡᠬᠦ ᠭᠠᠵᠠᠷ ᠪᠣᠯᠭ᠋ᠠᠵᠤ ᠂ ᠵᠤᠭ᠋ᠠᠴᠠᠨ ᠦᠵᠡᠬᠦ ᠪᠠ ᠰᠡᠯᠡᠭᠦᠴᠡᠨ ᠠᠮᠠᠷᠠᠬᠤ ᠵᠢᠭᠤᠯᠴᠢᠯᠠᠯ ᠂ ᠡᠳ᠋ᠰᠢᠭᠦᠯᠵᠦ ᠭᠦᠢ᠍ᠯᠭᠡᠭᠡᠬᠦ ᠵᠡᠷᠭᠡ ᠡᠵᠡᠩᠨᠡᠯᠲᠡ ᠵᠢᠨ ᠠᠵᠢᠯᠯᠠᠭ᠎ᠠ ᠥᠷᠨᠢᠭᠦᠯᠦᠨ ᠂ ᠬᠠᠤᠯᠢ ᠶᠣᠰᠣᠭ᠋ᠠᠷ ᠬᠠᠮᠢᠶ᠎ᠠ ᠪᠦᠬᠦᠢ ᠭᠠᠷᠳᠠᠮ᠎ᠢ ᠭᠦᠢ᠍ᠴᠡᠳᠬᠡᠵᠦ ᠪᠣᠯᠣᠨ᠎ᠠ ᠃ ᠨᠡᠢ᠌ᠭᠡᠮ᠎ᠤᠨ ᠬᠥᠷᠥᠩᠭᠡ ᠵᠢᠨ ᠤᠷᠤᠯᠴᠠᠨᠨᠰᠠᠨ ᠠᠮᠢ ᠠᠬᠤᠢ ᠵᠢ ᠬᠠᠮᠠᠭ᠋ᠠᠯᠠᠨ ᠰᠡᠷᠭᠦᠭᠡᠬᠦ ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠬᠤ ᠬᠡᠷᠡᠭᠴᠡᠭᠡ ᠪᠠ ᠠᠮᠢ ᠠᠬᠤᠢ ᠵᠢᠨ ᠠᠵᠤ ᠦᠢ᠍ᠯᠡᠰ᠎ᠨᠢ ᠣᠢ᠌ᠲᠤ ᠭᠠᠵᠠᠷ ᠪᠠ ᠣᠶ ᠮᠣᠳᠣ ᠵᠢ ᠣᠭᠲᠣᠯᠬᠤ᠎ᠳᠤ ᠬᠣᠯᠪᠣᠭᠳᠠᠭᠰᠠᠨ ᠪᠠᠢ᠌ᠪᠠᠯ ᠂ ᠣᠢ᠌ᠲᠤ ᠭᠠᠵᠠᠷ᠎ᠤᠨ ᠲᠣᠭᠲᠠᠭᠰᠠᠨ ᠨᠣᠷᠮ᠎ᠠ ᠵᠢᠴᠢ ᠣᠶ ᠮᠣᠳᠣ ᠣᠭᠲᠣᠯᠬᠤ ᠬᠢᠵᠠᠭ᠋ᠠᠷ ᠲᠣᠭ᠎ᠠ ᠵᠢ ᠤᠷᠢᠳ ᠵᠶ᠋ᠠᠷ ᠪᠠᠲᠤᠯᠠᠭᠰᠠᠨ ᠪᠠᠢ᠌ᠬᠤ ᠬᠡᠷᠡᠭᠲᠡᠢ ᠃ ᠣᠢ᠌ᠲᠤ ᠭᠠᠵᠠᠷ ᠂ ᠣᠶ ᠮᠣᠳᠣ ᠵᠢ ᠰᠢᠯᠵᠢᠭᠦᠯᠦᠨ ᠡᠷᠭᠢᠯᠳᠦᠭᠦᠯᠬᠦ ᠳᠦᠷᠢᠮ᠎ᠤᠨ ᠪᠠᠢ᠌ᠭᠤᠯᠤᠯᠲᠠ ᠵᠢ ᠲᠦᠷᠭᠡᠳᠬᠡᠵᠦ ᠂ ᠰᠢᠯᠵᠢᠭᠦᠯᠦᠨ ᠡᠷᠭᠢᠯᠳᠦᠭᠦᠯᠬᠦ ᠪᠠ ᠡᠵᠡᠩᠨᠡᠬᠦ ᠠᠷᠭ᠎ᠠ ᠮᠠᠶᠢᠭ᠎ᠲᠤ ᠰᠢᠨ᠎ᠡ ᠵᠢ ᠡᠭᠦᠳᠬᠦ ᠵᠢ ᠵᠣᠷᠢᠭᠵᠢᠭᠤᠯᠵᠤ ᠂ ᠥᠮᠴᠢᠯᠡᠬᠦ ᠡᠷᠬᠡ ᠵᠢᠨ ᠠᠷᠠᠯᠵᠢᠶᠠᠯᠠᠬᠤ ᠲᠠᠪᠴᠠᠩ᠎ᠢ ᠪᠠᠢ᠌ᠭᠤᠯᠤᠨ ᠪᠦᠷᠢᠨᠰᠢᠭᠦᠯᠵᠦ ᠂ ᠢᠯᠡ ᠵᠠᠬ᠎ᠠ ᠳᠡᠯᠭᠡᠭᠦᠷ᠎ᠤᠨ ᠠᠷᠠᠯᠵᠢᠶ᠎ᠠ ᠵᠢ ᠳᠡᠮᠵᠢᠵᠦ ᠂ ᠣᠶ ᠰᠢᠭᠤᠢ ᠵᠢᠨ ᠡᠷᠬᠡ ᠵᠢ ᠡᠮᠬᠢ ᠵᠢᠷᠤᠮ᠎ᠲᠠᠢ᠎ᠪᠠᠷ ᠰᠢᠯᠵᠢᠭᠦᠯᠦᠨ ᠡᠷᠭᠢᠯᠳᠦᠭᠦᠯᠬᠦ ᠵᠢ ᠪᠠᠲᠤᠯᠠᠬᠤ ᠬᠡᠷᠡᠭᠲᠡᠢ ᠃ ᠠᠮᠢ ᠠᠬᠤᠢ ᠵᠢᠨ ᠴᠢᠳᠠᠮᠵᠢ ᠵᠢ ᠡᠪᠳᠡᠬᠦ ᠦᠭᠡᠢ ᠂ ᠠᠮᠢ ᠠᠬᠤᠢ ᠵᠢᠨ ᠨᠡᠶ᠋ᠢᠲᠡ ᠵᠢᠨ ᠠᠰᠠᠷᠠᠮᠵᠢ ᠵᠢᠨ ᠣᠶ ᠵᠢᠨ ᠰᠢᠨᠵᠢ ᠴᠢᠨᠠᠷ᠎ᠢ ᠬᠤᠪᠢᠷᠠᠭᠤᠯᠬᠤ ᠦᠭᠡᠢ ᠪᠠᠢ᠌ᠬᠤ ᠤᠷᠢᠲᠠᠯ ᠳᠣᠣᠷ᠎ᠠ ᠂ ᠳᠠᠭ᠋ᠠᠭ᠋ᠠᠴᠢᠯᠠᠬᠤ ᠂ ᠪᠡᠯᠡ ᠨᠡᠢ᠌ᠯᠡᠭᠦᠯᠦᠨ ᠬᠤᠷᠰᠢᠬᠤ ᠂ ᠲᠦᠷᠢᠶᠡᠰᠦᠯᠡᠭᠦᠯᠬᠦ ᠠᠷᠭ᠎ᠠ ᠮᠠᠶᠢᠭ᠎ᠢ ᠠᠪᠴᠤ ᠣᠶ ᠵᠢᠨ ᠬᠣᠷᠮᠣᠢ ᠵᠢᠨ ᠲᠠᠷᠢᠵᠤ ᠲᠡᠵᠢᠭᠡᠬᠦ ᠦᠢ᠍ᠯᠡᠰ ᠪᠠ ᠣᠶ ᠰᠢᠭᠤᠢ ᠵᠢᠨ ᠵᠢᠭᠤᠯᠴᠢᠯᠠᠯ᠎ᠤᠨ ᠦᠢ᠍ᠯᠡᠰ᠎ᠢ ᠬᠥᠭᠵᠢᠭᠦᠯᠵᠦ ᠪᠣᠯᠣᠨ᠎ᠠ ᠃
(ᠬᠣᠷᠢ ) ᠨᠡᠭᠦᠷᠡᠰᠦᠲᠥ᠋ᠷᠥᠭᠴᠢ ᠬᠤᠷᠠᠭᠤᠯᠬᠤ ᠦᠢ᠍ᠯᠡᠳᠬᠦᠨ᠎ᠤ ᠥᠷᠲᠡᠭ᠎ᠢ ᠪᠡᠶᠡᠯᠡᠭᠦᠯᠬᠦ ᠵᠠᠭᠪᠤᠷ᠎ᠢ ᠰᠦᠪᠡᠭᠴᠢᠯᠡᠨ᠎ᠡ ᠃ ᠨᠡᠢ᠌ᠭᠡᠮ᠎ᠤᠨ ᠬᠥᠷᠥᠩᠭᠡ ᠵᠢ ᠵᠣᠷᠢᠭᠵᠢᠭᠤᠯᠵᠤ ᠪᠠᠢ᠌ᠭ᠋ᠠᠳ ᠣᠶ ᠰᠢᠭᠤᠢ ᠂ ᠨᠤᠲᠤᠭ ᠪᠡᠯᠴᠢᠭᠡᠷ ᠂ ᠨᠤᠭᠤ ᠭᠠᠵᠠᠷ ᠵᠡᠷᠭᠡ ᠪᠠᠢ᠌ᠭ᠋ᠠᠯᠢ ᠵᠢᠨ ᠠᠮᠢ ᠠᠬᠤᠢ ᠵᠢᠨ ᠰᠢᠰᠲ᠋ᠧᠮ᠎ᠢ ᠬᠠᠮᠠᠭ᠋ᠠᠯᠠᠨ ᠰᠡᠷᠭᠦᠭᠡᠬᠦ᠎ᠳᠤ ᠪᠡᠯᠡ ᠤᠷᠤᠭᠤᠯᠬᠤ ᠶᠠᠪᠤᠴᠠ᠎ᠳᠤ᠎ᠪᠠᠨ ᠨᠡᠭᠦᠷᠡᠰᠦᠲᠥ᠋ᠷᠥᠭᠴᠢ ᠬᠤᠷᠠᠭᠤᠯᠬᠤ ᠲᠥᠷᠥᠯ ᠵᠦᠢ᠍ᠯ᠎ᠢ ᠨᠡᠭᠡᠭᠡᠨ ᠬᠥᠭᠵᠢᠭᠦᠯᠵᠦ ᠂ ᠨᠡᠭᠦᠷᠡᠰᠦᠲᠥ᠋ᠷᠥᠭᠴᠢ ᠬᠤᠷᠠᠭᠤᠯᠬᠤ ᠦᠢ᠍ᠯᠡᠳᠬᠦᠨ᠎ᠢ ᠨᠡᠭᠡᠭᠡᠨ ᠬᠥᠭᠵᠢᠭᠦᠯᠬᠦ ᠡᠷᠴᠢᠮ᠎ᠢ ᠴᠢᠩᠭ᠋ᠠᠷᠠᠭᠤᠯᠤᠨ ᠂ ᠤᠯᠤᠰ᠎ᠤᠨ ᠬᠦᠯᠡᠮᠵᠢ ᠵᠢᠨ ᠬᠡᠢ ᠪᠡᠶᠡᠲᠦ ᠵᠢᠨ ᠭᠠᠳᠠᠭᠰᠢᠯᠠᠭᠤᠯᠤᠯᠲᠠ ᠵᠢ ᠰᠠᠢ᠌ᠨ ᠳᠤᠷ᠎ᠠ᠎ᠠᠴᠠ᠎ᠪᠠᠨ ᠪᠠᠭ᠋ᠠᠰᠬᠠᠬᠤ ᠲᠥᠷᠥᠯ ᠵᠦᠢ᠍ᠯ᠎ᠢ ᠭᠤᠶᠤᠴᠢᠯᠠᠬᠤ ᠪᠠ ᠰᠠᠢ᠌ᠨ ᠳᠤᠷ᠎ᠠ᠎ᠠᠴᠠ᠎ᠪᠠᠨ ᠭᠠᠳᠠᠭᠰᠢᠯᠠᠭᠤᠯᠤᠯᠲᠠ ᠵᠢ ᠪᠠᠭ᠋ᠠᠰᠬᠠᠬᠤ ᠬᠡᠮᠵᠢᠶ᠎ᠡ (CCER ) ᠵᠢ ᠬᠢᠨᠠᠨ ᠬᠠᠷᠭᠤᠭᠤᠯᠵᠤ ᠪᠦᠷᠢᠳᠬᠡᠨ ᠳᠠᠩᠰᠠᠯᠠᠭᠤᠯᠵᠤ ᠂ ᠪᠥᠬᠦ ᠤᠯᠤᠰ᠎ᠤᠨ ᠨᠡᠭᠦᠷᠡᠰᠦᠲᠥ᠋ᠷᠥᠭᠴᠢ ᠵᠢ ᠭᠠᠳᠠᠭᠰᠢᠯᠠᠭᠤᠯᠬᠤ ᠡᠷᠬᠡ ᠵᠢᠨ ᠠᠷᠠᠯᠵᠢᠶ᠎ᠠ᠎ᠳᠤ ᠣᠷᠣᠯᠴᠠᠨ ᠂ ᠠᠮᠢ ᠠᠬᠤᠢ ᠵᠢᠨ ᠦᠢ᠍ᠯᠡᠳᠬᠦᠨ᠎ᠤ ᠥᠷᠲᠡᠭ᠎ᠢ᠎ᠨᠢ ᠥᠷᠭᠡᠳᠬᠡᠬᠦ᠎ᠪᠠᠷ ᠳᠠᠮᠵᠢᠭᠤᠯᠤᠨ ᠬᠡᠪᠴᠢᠶᠡᠵᠢᠯ᠎ᠢ᠎ᠨᠢ ᠪᠡᠶᠡᠯᠡᠭᠦᠯᠵᠦ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠰᠢᠰᠲ᠋ᠧᠮ᠎ᠤᠨ ᠨᠡᠭᠦᠷᠡᠰᠦᠲᠥ᠋ᠷᠥᠭᠴᠢ ᠲᠣᠭᠲᠠᠪᠤᠷᠢᠵᠢᠭᠤᠯᠬᠤ ᠴᠢᠳᠠᠪᠤᠷᠢ ᠵᠢ ᠮᠡᠳᠡᠭᠳᠡᠬᠦᠢ᠌ᠴᠡ ᠳᠡᠭᠡᠭᠰᠢᠯᠡᠭᠦᠯᠦᠨ᠎ᠡ ᠃
(ᠬᠣᠷᠢᠨ ᠨᠢᠭᠡ ) ᠡᠳ᠋᠎ᠤᠨ ᠵᠠᠰᠠᠭ᠎ᠤᠨ ᠬᠥᠲᠥᠯᠥᠨ ᠵᠢᠯᠤᠭᠣᠳᠬᠤ ᠪᠠ ᠳᠠᠢ᠌ᠴᠢᠯᠠᠬᠤ ᠦᠢ᠍ᠯᠡᠳᠦᠯ᠎ᠢ ᠪᠠᠳᠠᠷᠠᠭᠤᠯᠤᠨ᠎ᠠ ᠃ ᠲᠣᠭᠲᠠᠮᠠᠯ ᠡᠵᠡᠩᠨᠡᠯᠲᠡ ᠵᠢᠨ ᠴᠢᠨᠠᠷᠲᠠᠢ ᠣᠷᠣᠯᠭ᠎ᠠ᠎ᠲᠠᠢ ᠳᠥᠷᠦᠯ ᠵᠦᠢ᠍ᠯ᠎ᠳᠤ ᠂ ᠠᠢ᠌ᠮᠠᠭ᠎ᠤᠨ ᠵᠠᠬᠢᠷᠭ᠎ᠠ ᠂ ᠬᠤᠳᠡ ᠵᠢᠨ ᠠᠷᠠᠳ᠎ᠤᠨ ᠵᠠᠰᠠᠭ᠎ᠤᠨ ᠣᠷᠳᠣᠨ ᠂ ᠬᠣᠰᠢᠭᠤ ᠰᠢᠶᠠᠨ (ᠬᠤᠳᠡ ᠂ ᠲᠣᠭᠣᠷᠢᠭ )᠎ᠤ ᠠᠷᠠᠳ᠎ᠤᠨ ᠵᠠᠰᠠᠭ᠎ᠤᠨ ᠣᠷᠳᠣᠨ᠎ᠢ ᠵᠣᠷᠢᠭᠵᠢᠭᠤᠯᠵᠤ ᠪᠠᠢ᠌ᠭ᠋ᠠᠳ ᠵᠠᠰᠠᠭ᠎ᠤᠨ ᠣᠷᠳᠣᠨ ᠪᠠ ᠨᠡᠢ᠌ᠭᠡᠮ᠎ᠤᠨ ᠬᠥᠷᠥᠩᠭᠡ ᠵᠢᠨ ᠬᠠᠮᠲᠤᠷᠠᠯᠴᠠᠭ᠎ᠠ (PPP ) ᠵᠡᠷᠭᠡ ᠵᠠᠭᠪᠤᠷ ᠵᠶ᠋ᠠᠷ ᠳᠠᠮᠵᠢᠭᠤᠯᠤᠨ ᠂ ᠨᠡᠢ᠌ᠭᠡᠮ᠎ᠤᠨ ᠬᠥᠷᠥᠩᠭᠡ ᠵᠢ ᠣᠷᠣᠭᠤᠯᠤᠨ ᠠᠮᠢ ᠠᠬᠤᠢ ᠵᠢ ᠬᠠᠮᠠᠭ᠋ᠠᠯᠠᠨ ᠰᠡᠷᠭᠦᠭᠡᠬᠦ ᠠᠵᠢᠯ᠎ᠢ ᠥᠷᠨᠢᠭᠦᠯᠵᠦ ᠂ ᠨᠥᠬᠥᠴᠡᠯ᠎ᠳᠤ ᠨᠡᠢ᠌ᠴᠡᠬᠦ᠎ᠳᠤ ᠨᠢ ᠲᠣᠭᠲᠠᠭ᠋ᠠᠯ ᠶᠣᠰᠣᠭ᠋ᠠᠷ ᠣᠷᠴᠢᠨ ᠲᠣᠭᠣᠷᠢᠨ᠎ᠢ ᠬᠠᠮᠠᠭ᠋ᠠᠯᠠᠬᠤ ᠂ ᠡᠨᠧᠷᠭᠢ ᠠᠷᠪᠢᠯᠠᠵᠤ ᠤᠰᠤ ᠭᠠᠮᠨᠠᠬᠤ ᠂ ᠭᠠᠢ᠌ᠯᠢ ᠲᠠᠲᠠᠪᠤᠷᠢ ᠵᠢᠨ ᠬᠠᠷᠠᠭ᠋ᠠᠯᠵᠠᠯ ᠦᠵᠡᠭᠦᠯᠬᠦ ᠵᠡᠷᠭᠡ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ ᠵᠢ ᠬᠦᠷᠲᠡᠭᠡᠵᠦ ᠪᠣᠯᠣᠨ᠎ᠠ ᠃ ᠨᠡᠢ᠌ᠭᠡᠮ᠎ᠤᠨ ᠬᠥᠷᠥᠩᠭᠡ ᠵᠢᠨ ᠣᠷᠣᠯᠴᠠᠭᠰᠠᠨ ᠣᠶ ᠰᠢᠭᠤᠢ ᠵᠢᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠳᠤ ᠂ ᠲᠥᠷᠥ ᠵᠢᠨ ᠪᠣᠳᠣᠯᠭ᠎ᠠ ᠵᠢᠨ ᠲᠣᠭᠲᠠᠭ᠋ᠠᠯ ᠶᠣᠰᠣᠭ᠋ᠠᠷ ᠵᠢᠭᠡᠯᠡᠯᠭᠡ᠎ᠳᠤ ᠳᠠᠮ ᠬᠦᠦ ᠮᠥᠩᠭᠥ ᠥᠭᠬᠦ ᠂ ᠠᠵᠤ ᠠᠬᠤᠢ᠌ᠯᠠᠯ᠎ᠤᠨ ᠣᠯᠵᠠᠪᠤᠷᠢ ᠵᠢᠨ ᠭᠠᠢ᠌ᠯᠢ ᠵᠢ ᠬᠠᠰᠤᠵᠤ ᠬᠡᠯᠲᠦᠷᠢᠭᠦᠯᠬᠦ ᠂ ᠣᠶ ᠰᠢᠭᠤᠢ ᠵᠢᠨ ᠳᠠᠭ᠋ᠠᠳᠬᠠᠯ᠎ᠤᠨ ᠵᠠᠷᠤᠳᠠᠯ᠎ᠤᠨ ᠨᠡᠮᠡᠭᠦᠷᠢ ᠵᠢ ᠬᠦᠷᠲᠡᠭᠡᠵᠦ ᠂ ᠤᠢ ᠰᠢᠭᠤᠢ ᠵᠢᠨ ᠦᠢ᠍ᠯᠡᠰ᠎ᠤᠨ ppp ᠲᠥᠷᠥᠯ ᠵᠦᠢ᠍ᠯ᠎ᠤᠨ ᠲᠦᠭᠰᠢᠭᠦᠷᠢ ᠵᠢ ᠪᠠᠭᠤᠷᠠᠭᠤᠯᠵᠤ ᠂ ᠲᠥᠷᠥᠯ ᠵᠦᠢ᠍ᠯ᠎ᠤᠨ ᠠᠰᠢᠭ ᠣᠯᠵᠠᠪᠤᠷᠢ ᠵᠢᠨ ᠴᠢᠳᠠᠪᠤᠷᠢ ᠵᠢ ᠨᠡᠮᠡᠭᠳᠡᠭᠦᠯᠬᠦ ᠬᠡᠷᠡᠭᠲᠡᠢ ᠃ ᠲᠠᠷᠢᠶᠠᠯᠠᠩ᠎ᠤᠨ ᠡᠵᠡᠩᠨᠡᠯᠲᠡ᠎ᠳᠤ ᠨᠡᠢ᠌ᠭᠡᠮ᠎ᠤᠨ ᠬᠥᠷᠥᠩᠭᠡ ᠣᠷᠣᠯᠴᠠᠭᠰᠠᠨ ᠪᠠᠢ᠌ᠪᠠᠯ ᠂ ᠲᠣᠭᠲᠠᠭ᠋ᠠᠯ ᠶᠣᠰᠣᠭ᠋ᠠᠷ ᠦᠢ᠍ᠯᠡᠳᠪᠦᠷᠢᠯᠡᠭᠴᠢ ᠵᠢᠨ ᠨᠡᠮᠡᠭᠦᠷᠢ ᠂ ᠲᠠᠷᠢᠶᠠᠯᠠᠩ᠎ᠤᠨ ᠵᠢᠭᠡᠯᠡᠯᠭᠡ ᠵᠢᠨ ᠳᠠᠮ ᠬᠦᠦ ᠵᠢᠨ ᠨᠥᠬᠥᠪᠦᠷᠢ ᠪᠠ ᠲᠠᠷᠢᠶᠠᠯᠠᠩ᠎ᠤᠨ ᠮᠠᠰᠢᠨ ᠬᠤᠳᠠᠯᠳᠤᠨ ᠠᠪᠬᠤ ᠨᠡᠮᠡᠭᠦᠷᠢ ᠵᠡᠷᠭᠡ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢ ᠬᠦᠷᠲᠡᠭᠡᠵᠦ ᠪᠣᠯᠣᠨ᠎ᠠ ᠃
ᠳᠥᠷᠪᠡ ᠂ ᠠᠮᠢ ᠠᠬᠤᠢ ᠵᠢ ᠬᠠᠮᠠᠭ᠋ᠠᠯᠠᠨ ᠰᠡᠷᠭᠦᠭᠡᠬᠦ᠎ᠳᠤ ᠨᠡᠢ᠌ᠭᠡᠮ᠎ᠤᠨ ᠬᠥᠷᠥᠩᠭᠡ ᠵᠢ ᠤᠷᠤᠯᠴᠠᠭᠤᠯᠬᠤ ᠠᠵᠢᠯ᠎ᠢ ᠵᠣᠬᠢᠶᠠᠨ ᠪᠠᠢ᠌ᠭᠤᠯᠵᠤ ᠤᠳᠤᠷᠢᠳᠬᠤ᠎ᠪᠠᠨ ᠴᠢᠩᠭ᠋ᠠᠳᠬᠠᠨ᠎ᠠ
(ᠬᠣᠷᠢᠨ ᠬᠣᠶᠠᠷ ) ᠵᠣᠬᠢᠴᠠᠭᠤᠯᠬᠤ ᠲᠣᠭᠲᠠᠴᠠ ᠵᠢ ᠪᠠᠢ᠌ᠭᠤᠯᠤᠨ᠎ᠠ ᠃ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠢ ᠲᠣᠰ ᠵᠠᠰᠠᠭ ᠵᠠᠬᠢᠷᠭ᠋ᠠᠨ᠎ᠤ ᠣᠷᠣᠨ ᠪᠦᠰᠡ ᠵᠢᠨ ᠳᠣᠲᠣᠷᠠᠬᠢ ᠠᠮᠢ ᠠᠬᠤᠢ ᠵᠢ ᠬᠠᠮᠠᠭ᠋ᠠᠯᠠᠨ ᠰᠡᠷᠭᠦᠭᠡᠬᠦ᠎ᠳᠤ ᠨᠡᠢ᠌ᠭᠡᠮ᠎ᠤᠨ ᠬᠥᠷᠥᠩᠭᠡ ᠵᠢ ᠤᠷᠤᠯᠴᠠᠭᠤᠯᠬᠤ ᠠᠵᠢᠯ᠎ᠢ ᠨᠢᠭᠡᠳᠦᠯᠲᠡᠢ ᠲᠥᠯᠥᠪᠯᠡᠨ ᠵᠣᠬᠢᠴᠠᠭᠤᠯᠵᠤ ᠰᠢᠮᠳᠠᠭᠤᠯᠤᠨ ᠠᠬᠢᠭᠤᠯᠵᠤ ᠂ ᠪᠠᠢ᠌ᠭ᠋ᠠᠯᠢ ᠵᠢᠨ ᠡᠬᠢ ᠪᠠᠶᠠᠯᠢᠭ ᠂ ᠬᠥᠭᠵᠢᠭᠦᠯᠦᠯᠲᠡ ᠪᠠ ᠥᠭᠡᠷᠡᠴᠢᠯᠡᠯᠲᠡ ᠂ ᠠᠮᠢ ᠠᠬᠤᠢ ᠣᠷᠴᠢᠨ ᠲᠣᠭᠣᠷᠢᠨ ᠂ ᠤᠰᠤᠨ ᠠᠰᠢᠭᠯᠠᠯᠲᠠ ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠂ ᠡᠨᠧᠷᠭᠢ ᠂ ᠣᠶ ᠰᠢᠭᠤᠢ ᠪᠠ ᠨᠤᠲᠤᠭ ᠪᠡᠯᠴᠢᠭᠡᠷ ᠵᠡᠷᠭᠡ ᠰᠠᠯᠠᠭ᠎ᠠ ᠮᠥᠴᠢᠷ ᠣᠷᠣᠯᠴᠠᠭᠰᠠᠨ ᠠᠮᠢ ᠠᠬᠤᠢ ᠵᠢ ᠬᠠᠮᠠᠭ᠋ᠠᠯᠠᠨ ᠰᠡᠷᠭᠦᠭᠡᠬᠦ᠎ᠳᠤ ᠨᠡᠢ᠌ᠭᠡᠮ᠎ᠤᠨ ᠬᠥᠷᠥᠩᠭᠡ ᠵᠢ ᠤᠷᠤᠯᠴᠠᠭᠤᠯᠬᠤ ᠠᠵᠢᠯ᠎ᠤᠨ ᠵᠣᠬᠢᠴᠠᠭᠤᠯᠬᠤ ᠲᠣᠭᠲᠠᠴᠠ ᠵᠢ ᠪᠠᠢ᠌ᠭᠤᠯᠵᠤ ᠂ ᠠᠵᠢᠯ᠎ᠤᠨ ᠶᠠᠪᠤᠴᠠ᠎ᠳᠠᠬᠢ ᠴᠢᠬᠤᠯᠠ ᠶᠡᠬᠡ ᠵᠦᠢ᠍ᠯᠡᠰ ᠪᠠ ᠠᠰᠠᠭᠤᠳᠠᠯ᠎ᠢ ᠰᠤᠳᠤᠯᠤᠨ ᠰᠢᠢ᠍ᠳᠪᠦᠷᠢᠯᠡᠨ᠎ᠡ ᠃
(ᠬᠣᠷᠢᠨ ᠭᠤᠷᠪᠠ ) ᠵᠢᠱ᠌ᠢᠶ᠎ᠡ ᠦᠵᠡᠭᠦᠯᠦᠨ ᠬᠥᠲᠥᠯᠥᠨ ᠵᠢᠯᠤᠭᠣᠳᠬᠤ᠎ᠪᠠᠨ ᠴᠢᠩᠭ᠋ᠠᠳᠬᠠᠨ᠎ᠠ ᠃ ᠡᠯ᠎ᠡ ᠭᠠᠵᠠᠷ ᠣᠷᠣᠨ᠎ᠨᠢ ᠭᠣᠣᠯᠳᠠᠯᠭ᠎ᠠ᠎ᠲᠠᠢ ᠬᠦᠷᠢᠶ᠎ᠡ ᠴᠠᠷᠠᠭ᠎ᠠ ᠂ ᠭᠣᠣᠯᠳᠠᠯᠭ᠎ᠠ᠎ᠲᠠᠢ ᠭᠠᠵᠠᠷ ᠣᠷᠣᠨ᠎ᠳᠤ᠎ᠪᠠᠨ ᠠᠮᠢ ᠠᠬᠤᠢ ᠵᠢ ᠬᠠᠮᠠᠭ᠋ᠠᠯᠠᠨ ᠰᠡᠷᠭᠦᠭᠡᠬᠦ᠎ᠳᠤ ᠨᠡᠢ᠌ᠭᠡᠮ᠎ᠤᠨ ᠬᠥᠷᠥᠩᠭᠡ ᠵᠢ ᠤᠷᠤᠯᠴᠠᠭᠤᠯᠬᠤ ᠲᠠᠯ᠎ᠠ᠎ᠪᠠᠷ ᠲᠦᠷᠦᠯ ᠵᠦᠢ᠍ᠯ᠎ᠤᠨ ᠲᠤᠷᠰᠢᠯᠲᠠ ᠵᠢᠨ ᠴᠡᠭ᠎ᠤᠨ ᠵᠢᠱ᠌ᠢᠶ᠎ᠡ ᠦᠵᠡᠭᠦᠯᠬᠦ ᠢᠨᠵᠧᠨᠧᠷᠢᠩ ᠭᠠᠷᠭ᠋ᠠᠬᠤ ᠵᠢ ᠵᠣᠷᠢᠭᠵᠢᠭᠤᠯᠵᠤ ᠂ ᠵᠢᠱ᠌ᠢᠶ᠎ᠡ ᠦᠵᠡᠭᠦᠯᠵᠦ ᠬᠥᠲᠥᠯᠥᠨ ᠵᠢᠯᠤᠭᠣᠳᠬᠤ᠎ᠪᠠᠨ ᠴᠢᠩᠭ᠋ᠠᠷᠠᠭᠤᠯᠤᠨ ᠂ ᠲᠤᠷᠰᠢᠯᠭ᠎ᠠ ᠠᠷᠭ᠎ᠠ ᠬᠢᠳᠡᠯ᠎ᠢ ᠰᠦᠪᠡᠭᠴᠢᠯᠡᠨ᠎ᠡ ᠃ ᠲᠥᠪ ᠠᠵᠤ ᠠᠬᠤᠢ᠌ᠯᠠᠯ ᠂ ᠤᠯᠤᠰ᠎ᠤᠨ ᠥᠮᠴᠢᠯᠡᠯᠲᠦ ᠠᠵᠤ ᠠᠬᠤᠢ᠌ᠯᠠᠯ ᠵᠡᠷᠭᠡ ᠨᠢᠷᠤᠭᠤᠪᠴᠢ ᠠᠵᠤ ᠠᠬᠤᠢ᠌ᠯᠠᠯ᠎ᠤᠨ ᠲᠦᠷᠦᠭᠦᠯᠡᠨ ᠬᠢᠵᠦ ᠬᠥᠲᠥᠯᠥᠨ ᠵᠢᠯᠤᠭᠣᠳᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ ᠂ ᠨᠤᠲᠤᠭ᠎ᠤᠨ ᠠᠵᠤ ᠠᠬᠤᠢ᠌ᠯᠠᠯ᠎ᠤᠨ ᠢᠳᠡᠪᠬᠢᠲᠡᠢ ᠣᠷᠣᠯᠴᠠᠬᠤ ᠵᠢ ᠵᠣᠷᠢᠭᠵᠢᠭᠤᠯᠵᠤ ᠂ ᠡᠯ᠎ᠡ ᠲᠦᠷᠦᠯ᠎ᠤᠨ ᠬᠥᠷᠥᠩᠭᠡ ᠪᠠ ᠠᠵᠤ ᠦᠢ᠍ᠯᠡᠰ᠎ᠤᠨ ᠬᠠᠮᠵᠢᠯᠴᠠᠭ᠎ᠠ ᠵᠢ ᠠᠬᠢᠭᠤᠯᠤᠨ᠎ᠠ ᠃ ᠠᠮᠢ ᠠᠬᠤᠢ ᠵᠢ ᠬᠠᠮᠠᠭ᠋ᠠᠯᠠᠨ ᠰᠡᠷᠭᠦᠭᠡᠬᠦ ᠤᠨᠤᠯ ᠪᠠ ᠠᠷᠭ᠎ᠠ ᠵᠡᠷᠭᠡ ᠰᠠᠭᠤᠷᠢ ᠰᠤᠳᠤᠯᠭ᠋ᠠᠨ ᠂ ᠵᠠᠩᠭᠢᠯᠠᠭ᠎ᠠ ᠵᠢᠨ ᠮᠡᠷᠭᠡᠵᠢᠯ᠎ᠢ ᠰᠤᠳᠤᠯᠤᠨ ᠨᠡᠭᠡᠭᠡᠬᠦ ᠪᠠ ᠬᠤᠷᠠᠮᠳᠤᠭᠤᠯᠤᠨ ᠵᠢᠱ᠌ᠢᠶ᠎ᠡ ᠦᠵᠡᠭᠦᠯᠵᠦ ᠳᠡᠯᠭᠡᠷᠡᠭᠦᠯᠬᠦ ᠠᠵᠢᠯᠯᠠᠭ᠋ᠠᠨ ᠥᠷᠨᠢᠭᠦᠯᠬᠦ ᠵᠢ ᠵᠣᠷᠢᠭᠵᠢᠭᠤᠯᠵᠤ ᠂ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠴᠢᠳᠠᠪᠤᠷᠢᠲᠠᠨ᠎ᠤ ᠱᠠᠲᠤᠯᠵᠢᠨ ᠡᠩᠨᠡᠭᠡ ᠵᠢᠨ ᠪᠠᠢ᠌ᠭᠤᠯᠤᠯᠲᠠ ᠵᠢ ᠴᠢᠩᠭ᠋ᠠᠳᠬᠠᠵᠤ ᠂ ᠦᠢ᠍ᠯᠡᠳᠪᠦᠷᠢᠯᠡᠬᠦ ᠵᠢᠭ᠋ᠠᠬᠤ ᠰᠤᠳᠤᠯᠬᠤ ᠬᠡᠷᠡᠭᠯᠡᠬᠦ ᠵᠢ ᠤᠶᠠᠯᠳᠤᠭᠤᠯᠤᠭᠰᠠᠨ ᠰᠠᠢ᠌ᠨ ᠰᠠᠢ᠌ᠬᠠᠨ ᠬᠥᠭᠵᠢᠯᠲᠡ ᠵᠢᠨ ᠲᠣᠭᠲᠠᠴᠠ ᠵᠢ ᠪᠠᠢ᠌ᠭᠤᠯᠤᠨ᠎ᠠ ᠃
(ᠬᠣᠷᠢᠨ ᠳᠥᠷᠪᠡ ) ᠬᠢᠨᠠᠯᠲᠠ ᠬᠠᠮᠢᠶᠠᠷᠤᠯᠲᠠ ᠦᠢ᠍ᠯᠡᠴᠢᠯᠡᠭᠡ ᠵᠢ ᠴᠢᠩᠭ᠋ᠠᠳᠬᠠᠨ᠎ᠠ ᠃ ᠡᠯ᠎ᠡ ᠠᠢ᠌ᠮᠠᠭ᠎ᠤᠨ ᠵᠠᠬᠢᠷᠭ᠎ᠠ ᠂ ᠬᠤᠳᠠ ᠵᠢᠨ ᠠᠷᠠᠳ᠎ᠤᠨ ᠵᠠᠰᠠᠭ᠎ᠤᠨ ᠣᠷᠳᠣᠨ᠎ᠨᠢ ᠲᠦᠷᠦᠯ ᠵᠦᠢ᠍ᠯ᠎ᠢ ᠬᠡᠷᠡᠭᠵᠢᠭᠦᠯᠬᠦ ᠪᠦᠬᠦ ᠶᠠᠪᠤᠴᠠ ᠵᠢ ᠬᠠᠮᠤᠷᠤᠭᠰᠠᠨ ᠲᠦᠷᠦᠯ ᠵᠦᠢ᠍ᠯ᠎ᠤᠨ ᠬᠠᠤᠯᠢ ᠵᠢᠨ ᠡᠲᠡᠭᠡᠳ᠎ᠤᠨ ᠳᠦᠷᠢᠮ ᠂ ᠳᠠᠭ᠋ᠠᠭ᠋ᠠᠴᠢᠯᠠᠯᠲᠠ ᠵᠠᠷᠯᠠᠵᠤ ᠳᠠᠭ᠋ᠠᠭ᠋ᠠᠴᠢᠯᠠᠯᠲᠠ ᠬᠦᠯᠢᠶᠡᠬᠦ ᠳᠦᠷᠢᠮ ᠂ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢᠨ ᠬᠢᠨᠠᠨ ᠬᠠᠮᠢᠶᠠᠷᠬᠤ ᠳᠦᠷᠢᠮ ᠂ ᠭᠡᠷ᠎ᠡ ᠵᠢᠨ ᠬᠠᠮᠢᠶᠠᠷᠤᠯᠲᠠ ᠵᠢᠨ ᠳᠦᠷᠢᠮ ᠂ ᠰᠢᠯᠭ᠋ᠠᠨ ᠠᠪᠬᠤ ᠳᠦᠷᠢᠮ ᠵᠢᠴᠢ ᠰᠡᠭᠦᠯᠴᠢ ᠵᠢᠨ ᠬᠤᠭᠤᠴᠠᠭ᠋ᠠᠨ᠎ᠤ ᠬᠠᠮᠢᠶᠠᠷᠤᠯᠲᠠ ᠬᠠᠮᠠᠭ᠋ᠠᠯᠠᠯᠲᠠ ᠵᠡᠷᠭᠡ ᠬᠠᠮᠢᠶᠠᠷᠤᠯᠲᠠ ᠵᠢᠨ ᠳᠦᠷᠢᠮ᠎ᠢ ᠵᠣᠬᠢᠶᠠᠨ ᠪᠠᠢ᠌ᠭᠤᠯᠵᠤ ᠲᠣᠭᠲᠠᠭ᠋ᠠᠨ ᠲᠡᠭᠦᠯᠳᠡᠷᠵᠢᠭᠦᠯᠵᠦ ᠂ ᠨᠡᠢ᠌ᠭᠡᠮ᠎ᠤᠨ ᠬᠥᠷᠥᠩᠭᠡ ᠵᠢᠨ ᠵᠠᠬ᠎ᠠ ᠳᠡᠯᠭᠡᠭᠦᠷ᠎ᠤᠨ ᠡᠮᠬᠢ ᠳᠢᠭᠯᠢᠮ᠎ᠢ ᠵᠢᠷᠤᠮᠵᠢᠭᠤᠯᠤᠨ ᠂ ᠠᠮᠢ ᠠᠬᠤᠢ ᠵᠢ ᠰᠡᠷᠭᠦᠭᠡᠬᠦ ᠨᠡᠷ᠎ᠡ᠎ᠪᠠᠷ ᠬᠠᠤᠯᠢ ᠵᠢ ᠵᠥᠷᠢᠴᠡᠨ ᠠᠭᠤᠷᠬᠠᠢ ᠮᠠᠯᠲᠠᠨ ᠭᠠᠵᠠᠷ ᠡᠵᠡᠯᠡᠬᠦ ᠦᠢ᠍ᠯᠡ ᠦᠢ᠍ᠯᠡᠳᠬᠦ ᠵᠢ ᠴᠢᠩᠭ᠎ᠠ ᠴᠠᠭ᠋ᠠᠵᠠᠯᠠᠬᠤ ᠬᠡᠷᠡᠭᠲᠡᠢ ᠃ ᠠᠢ᠌ᠮᠠᠭ᠎ᠤᠨ ᠵᠠᠬᠢᠷᠭ᠎ᠠ ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠂ ᠬᠣᠰᠢᠭᠤ ᠰᠢᠶᠠᠨ (ᠬᠣᠲᠠ ᠂ ᠲᠣᠭᠣᠷᠢᠭ )᠎ᠤ ᠠᠷᠠᠳ᠎ᠤᠨ ᠵᠠᠰᠠᠭ᠎ᠤᠨ ᠣᠷᠳᠣᠨ᠎ᠨᠢ ᠲᠥᠷᠥᠯ ᠵᠦᠢ᠍ᠯ᠎ᠤᠨ ᠪᠥᠬᠦ ᠴᠤᠪᠤᠷᠠᠯ᠎ᠤᠨ ᠬᠠᠮᠢᠶᠠᠷᠤᠯᠲᠠ ᠵᠢᠨ ᠭᠣᠣᠯ ᠴᠣᠭᠴᠠ ᠵᠢᠨ ᠬᠠᠷᠢᠭᠤᠴᠠᠯᠭ᠎ᠠ ᠵᠢ ᠦᠨᠡᠨ ᠬᠦ᠌ ᠭᠦᠢ᠍ᠴᠡᠳᠬᠡᠵᠦ ᠂ ᠲᠥᠷᠥᠯ ᠵᠦᠢ᠍ᠯ᠎ᠢ ᠨᠠᠢ᠌ᠷᠠᠭᠤᠯᠤᠨ ᠵᠣᠬᠢᠶᠠᠬᠤ ᠂ ᠬᠢᠨᠠᠨ ᠵᠥᠪᠰᠢᠶᠡᠷᠡᠬᠦ ᠂ ᠬᠢᠨᠠᠨ ᠬᠠᠮᠢᠶᠠᠷᠬᠤ ᠂ ᠠᠶᠤᠯ ᠲᠦᠭᠰᠢᠭᠦᠷᠢ ᠵᠢ ᠰᠡᠷᠭᠡᠢ᠌ᠯᠡᠬᠦ ᠵᠡᠷᠭᠡ ᠡᠯ᠎ᠡ ᠵᠦᠢ᠍ᠯ᠎ᠤᠨ ᠠᠵᠢᠯ᠎ᠢ ᠬᠢᠨᠠᠮᠠᠭ᠋ᠠᠢ ᠰᠠᠢ᠌ᠲᠤᠷ ᠬᠢᠵᠦ ᠂ ᠬᠡᠰᠡᠭ ᠪᠤᠰᠠᠭ ᠵᠶ᠋ᠠᠷ ᠵᠠᠰᠠᠬᠤ ᠂ ᠣᠶ ᠰᠢᠭᠤᠢ ᠨᠤᠲᠤᠭ ᠪᠡᠯᠴᠢᠭᠡᠷ᠎ᠤᠨ ᠬᠡᠪ᠎ᠤᠨ ᠪᠠᠢ᠌ᠳᠠᠯ᠎ᠢ ᠠᠯᠳᠠᠭᠤᠯᠬᠤ ᠵᠡᠷᠭᠡ ᠠᠮᠢ ᠠᠬᠤᠢ ᠵᠢ ᠬᠠᠮᠠᠭ᠋ᠠᠯᠠᠨ ᠰᠡᠷᠭᠦᠭᠡᠬᠦ ᠬᠡᠯᠪᠡᠷᠢᠴᠢ ᠦᠵᠡᠯ᠎ᠤᠨ ᠦᠢᠯᠡ ᠠᠵᠢᠯᠯᠠᠭ᠎ᠠ ᠵᠢ ᠰᠡᠷᠭᠡᠢ᠌ᠯᠡᠬᠦ ᠬᠡᠷᠡᠭᠲᠡᠢ ᠃ ᠡᠯ᠎ᠡ ᠱᠠᠲᠤᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠂ ᠡᠳ᠋᠎ᠤᠨ ᠵᠠᠰᠠᠭ ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠂ ᠠᠮᠢ ᠠᠬᠤᠢ ᠣᠷᠴᠢᠨ ᠲᠣᠭᠣᠷᠢᠨ ᠂ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠂ ᠪᠠᠢ᠌ᠭ᠋ᠠᠯᠢ ᠵᠢᠨ ᠡᠬᠢ ᠪᠠᠶᠠᠯᠢᠭ ᠂ ᠤᠰᠤᠨ ᠠᠰᠢᠭᠯᠠᠯᠲᠠ ᠂ ᠣᠶ ᠰᠢᠭᠤᠢ ᠪᠠ ᠨᠤᠲᠤᠭ ᠪᠡᠯᠴᠢᠭᠡᠷ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠵᠢᠴᠢ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ᠎ᠨᠢ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠣᠰᠣᠭ᠋ᠠᠷ ᠂ ᠬᠠᠮᠢᠶ᠎ᠠ ᠪᠦᠬᠦᠢ ᠲᠥᠬᠥᠷ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠲᠣᠭᠲᠠᠭ᠋ᠠᠨ ᠲᠡᠭᠦᠯᠳᠡᠷᠵᠢᠭᠦᠯᠵᠦ ᠂ ᠠᠵᠢᠯᠯᠠᠬᠤ ᠲᠠᠰ ᠳᠠᠷᠠᠭ᠋ᠠᠯᠠᠯ᠎ᠢ ᠨᠠᠷᠢᠯᠢᠭᠵᠢᠭᠤᠯᠤᠨ ᠂ ᠠᠵᠢᠯ᠎ᠤᠨ ᠬᠠᠮᠲᠤᠷᠠᠯ ᠬᠦᠴᠦᠨ᠎ᠢ ᠪᠦᠷᠢᠯᠳᠦᠭᠦᠯᠵᠦ ᠂ ᠠᠮᠢ ᠠᠬᠤᠢ ᠵᠢ ᠬᠠᠮᠠᠭ᠋ᠠᠯᠠᠨ ᠰᠡᠷᠭᠦᠭᠡᠬᠦ᠎ᠳᠤ ᠨᠡᠢ᠌ᠭᠡᠮ᠎ᠤᠨ ᠬᠥᠷᠥᠩᠭᠡ ᠵᠢ ᠤᠷᠤᠯᠴᠠᠭᠤᠯᠬᠤ ᠠᠵᠢᠯ᠎ᠢ ᠬᠠᠮᠵᠢᠯᠴᠠᠨ ᠠᠬᠢᠭᠤᠯᠵᠤ ᠪᠠᠢ᠌ᠭ᠋ᠠᠳ ᠪᠣᠳᠠᠲᠤ ᠦᠷ᠎ᠡ ᠪᠦᠲᠦᠮᠵᠢ ᠭᠠᠷᠭ᠋ᠠᠬᠤ ᠬᠡᠷᠡᠭᠲᠡᠢ ᠃
ᠳᠠᠭ᠋ᠠᠯᠳᠤᠭᠤᠯᠤᠯ
1. ×× ᠬᠣᠰᠢᠭᠤᠨ (ᠰᠢᠶᠠᠨ ᠂ ᠬᠤᠲᠠ ᠂ ᠲᠣᠭᠣᠷᠢᠭ )᠎ᠤ ×× ᠠᠮᠢ ᠠᠬᠤᠢ ᠵᠢ ᠰᠡᠷᠭᠦᠭᠡᠬᠦ ᠲᠦᠷᠦᠯ ᠵᠦᠢ᠍ᠯ᠎ᠤᠨ ᠵᠠᠬ᠎ᠠ ᠳᠡᠯᠭᠡᠭᠦᠷᠴᠢᠯᠡᠨ ᠠᠮᠢ ᠠᠬᠤᠢ ᠵᠢ ᠰᠡᠷᠭᠦᠭᠡᠬᠦ ᠲᠥᠰᠥᠯ (ᠯᠠᠪᠯᠠᠯᠲᠠ ᠵᠢᠨ ᠲᠣᠪᠴᠢ )
2. ×× ᠬᠣᠰᠢᠭᠤᠨ (ᠰᠢᠶᠠᠨ ᠂ ᠬᠤᠲᠠ ᠂ ᠲᠣᠭᠣᠷᠢᠭ )᠎ᠤ ×× ᠥᠩᠭᠡᠷᠡᠭᠰᠡᠨ᠎ᠠᠴᠠ ᠦᠯᠡᠳᠡᠭᠳᠡᠵᠦ ᠢᠷᠡᠭᠰᠡᠨ ᠠᠭᠤᠷᠬᠠᠢ ᠵᠢ ᠵᠠᠬ᠎ᠠ ᠳᠡᠯᠭᠡᠭᠦᠷᠴᠢᠯᠡᠨ ᠠᠮᠢ ᠠᠬᠤᠢ ᠵᠢ ᠰᠡᠷᠭᠦᠭᠡᠬᠦ ᠲᠥᠷᠥᠯ ᠵᠦᠢ᠍ᠯ᠎ᠤᠨ ᠰᠢᠷᠣᠢ ᠴᠢᠯᠠᠭᠤᠨ ᠮᠠᠲ᠋ᠧᠷᠢᠶᠠᠯ᠎ᠢ ᠠᠰᠢᠭᠯᠠᠬᠤ ᠲᠥᠰᠥᠯ (ᠯᠠᠪᠯᠠᠯᠲᠠ ᠵᠢᠨ ᠲᠣᠪᠴᠢ )
3. ×× ᠬᠣᠰᠢᠭᠤᠨ (ᠰᠢᠶᠠᠨ ᠂ ᠬᠤᠲᠠ ᠂ ᠲᠣᠭᠣᠷᠢᠭ )᠎ᠤ ×× ᠠᠮᠢ ᠠᠬᠤᠢ ᠵᠢ ᠰᠡᠷᠭᠦᠭᠡᠬᠦ ᠲᠦᠷᠦᠯ ᠵᠦᠢ᠍ᠯ᠎ᠤᠨ ᠰᠢᠨ᠎ᠡ ᠨᠡᠮᠡᠭᠳᠡᠭᠰᠡᠨ ᠲᠠᠷᠢᠶᠠᠯᠠᠬᠤ ᠭᠠᠵᠠᠷ᠎ᠢ ᠡᠵᠡᠯᠡᠬᠦ ᠨᠥᠬᠥᠪᠦᠷᠢᠯᠡᠬᠦ ᠵᠢ᠎ᠨᠢ ᠲᠡᠩᠴᠡᠭᠦᠷᠢᠰᠢᠭᠦᠯᠦᠨ ᠠᠰᠢᠭᠯᠠᠬᠤ ᠲᠥᠰᠥᠯ (ᠯᠠᠪᠯᠠᠯᠲᠠ ᠵᠢᠨ ᠲᠣᠪᠴᠢ )
4. ×× ᠬᠣᠰᠢᠭᠤᠨ (ᠰᠢᠶᠠᠨ ᠂ ᠬᠤᠲᠠ ᠂ ᠲᠣᠭᠣᠷᠢᠭ )᠎ᠤ ×× ᠠᠮᠢ ᠠᠬᠤᠢ ᠵᠢ ᠰᠡᠷᠭᠦᠭᠡᠬᠦ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠎ᠤᠨ ᠨᠡᠮᠡᠭᠳᠡᠬᠦ ᠪᠠ ᠬᠠᠰᠤᠭᠳᠠᠬᠤ ᠵᠢ ᠬᠣᠯᠪᠣᠭᠳᠠᠭᠤᠯᠤᠨ ᠠᠰᠢᠭᠯᠠᠬᠤ ᠲᠥᠷᠥᠯ ᠵᠦᠢ᠍ᠯ᠎ᠤᠨ ᠲᠥᠰᠥᠯ (ᠯᠠᠪᠯᠠᠯᠲᠠ ᠵᠢᠨ ᠲᠣᠪᠴᠢ )
2023 ᠣᠨ᠎ᠤ 2 ᠳ᠋ᠤᠭ᠋ᠠᠷ ᠰᠠᠷ᠎ᠠ ᠵᠢᠨ 7᠎ᠤ ᠡᠳᠦᠷ
(ᠲᠤᠰ ᠪᠢᠴᠢᠭ ᠮᠠᠲ᠋ᠧᠷᠢᠶᠠᠯ᠎ᠢ ᠢᠯᠡ ᠨᠡᠢ᠌ᠲᠡᠯᠡᠨ᠎ᠡ )
ᠳᠠᠭ᠋ᠠᠯᠳᠤᠭᠤᠯᠤᠯ 1
×× ᠬᠣᠰᠢᠭᠤᠨ (ᠰᠢᠶᠠᠨ ᠂ ᠬᠤᠲᠠ ᠂ ᠲᠣᠭᠣᠷᠢᠭ )᠎ᠤ ×× ᠠᠮᠢ ᠠᠬᠤᠢ ᠵᠢ ᠰᠡᠷᠭᠦᠭᠡᠬᠦ
ᠲᠦᠷᠦᠯ ᠵᠦᠢ᠍ᠯ᠎ᠤᠨ ᠵᠠᠬ᠎ᠠ ᠳᠡᠯᠭᠡᠭᠦᠷᠴᠢᠯᠡᠨ ᠠᠮᠢ ᠠᠬᠤᠢ ᠵᠢ ᠰᠡᠷᠭᠦᠭᠡᠬᠦ ᠲᠥᠰᠥᠯ
(ᠯᠠᠪᠯᠠᠯᠲᠠ ᠵᠢᠨ ᠲᠣᠪᠴᠢ )
×× ᠬᠣᠰᠢᠭᠤᠨ (ᠰᠢᠶᠠᠨ ᠂ ᠬᠤᠲᠠ ᠂ ᠲᠣᠭᠣᠷᠢᠭ )᠎ᠤ ᠠᠷᠠᠳ᠎ᠤᠨ ᠵᠠᠰᠠᠭ᠎ᠤᠨ ᠣᠷᠳᠣᠨ
×××× ᠣᠨ᠎ᠤ ×× ᠳ᠋ᠤᠭ᠋ᠠᠷ (ᠳ᠋ᠦ᠍ᠭᠡᠷ ) ᠰᠠᠷ᠎ᠠ
ᠨᠢᠭᠡᠳᠦᠭᠡᠷ ᠪᠦᠯᠦᠭ ᠡᠮᠦᠨᠡᠬᠢ ᠦᠭᠡ
ᠭᠣᠣᠯᠳᠠᠭᠤ ᠲᠥᠰᠥᠯ᠎ᠢ ᠨᠠᠢ᠌ᠷᠠᠭᠤᠯᠤᠨ ᠵᠣᠬᠢᠶᠠᠬᠤ ᠡᠭᠦᠷᠭᠡ ᠵᠢᠨ ᠢᠷᠡᠯᠲᠡ ᠂ ᠨᠠᠢ᠌ᠷᠠᠭᠤᠯᠤᠨ ᠵᠣᠬᠢᠶᠠᠬᠤ ᠦᠨᠳᠦᠰᠦᠯᠡᠯ ᠂ ᠵᠣᠷᠢᠯᠭ᠎ᠠ ᠬᠢᠭᠡᠳ ᠡᠭᠦᠷᠭᠡ ᠂ ᠵᠢᠯᠤᠭᠣᠳᠬᠤ ᠦᠵᠡᠯ ᠰᠠᠨᠠᠭ᠎ᠠ ᠵᠢ ᠲᠣᠳᠣᠷᠬᠠᠢ᠌ᠯᠠᠨ᠎ᠠ ᠃
ᠬᠣᠶᠠᠳᠤᠭ᠋ᠠᠷ ᠪᠦᠯᠦᠭ ᠲᠥᠷᠥᠯ ᠵᠦᠢ᠍ᠯ᠎ᠤᠨ ᠦᠨᠳᠦᠰᠦᠨ ᠪᠠᠢ᠌ᠳᠠᠯ
ᠨᠢᠭᠡᠳᠦᠭᠡᠷ ᠬᠡᠰᠡᠭ ᠲᠥᠷᠥᠯ ᠵᠦᠢ᠍ᠯ᠎ᠤᠨ ᠲᠣᠢ᠌ᠮᠣ ᠪᠠᠢ᠌ᠳᠠᠯ
ᠲᠥᠷᠥᠯ ᠵᠦᠢ᠍ᠯ᠎ᠤᠨ ᠣᠷᠣᠨ᠎ᠤ ᠭᠠᠵᠠᠷ ᠵᠦᠢ ᠵᠢᠨ ᠪᠠᠢ᠌ᠷᠢᠯᠠᠯ ᠵᠢᠴᠢ ᠬᠣᠯᠪᠣᠭᠳᠠᠬᠤ ᠵᠠᠰᠠᠭ ᠵᠠᠬᠢᠷᠭ᠋ᠠᠨ᠎ᠤ ᠣᠷᠣᠨ ᠂ ᠲᠠᠯᠠᠪᠠᠶ ᠂ ᠪᠠᠢ᠌ᠭ᠎ᠠ ᠰᠠᠪᠠ ᠭᠠᠵᠠᠷ ᠪᠤᠶᠤ ᠪᠠᠢ᠌ᠭ᠋ᠠᠯᠢ ᠵᠢᠨ ᠭᠠᠵᠠᠷ ᠵᠦᠢ ᠵᠢᠨ ᠨᠢᠭᠡᠴᠢ ᠵᠢᠨ ᠨᠡᠷᠡᠢ᠌ᠳᠦᠯ ᠂ ᠠᠮᠢ ᠠᠬᠤᠢ ᠵᠢᠨ ᠰᠢᠰᠲ᠋ᠧᠮ᠎ᠤᠨ ᠪᠠᠢ᠌ᠳᠠᠯ ᠪᠠ ᠦᠢ᠍ᠯᠡᠴᠢᠯᠡᠭᠡᠨ᠎ᠤ ᠴᠢᠳᠠᠮᠵᠢ ᠂ ᠪᠠᠢ᠌ᠭ᠋ᠠᠯᠢ ᠵᠢᠨ ᠭᠠᠵᠠᠷ ᠵᠦᠢ ᠵᠢᠨ ᠨᠥᠬᠥᠴᠡᠯ ᠂ ᠭᠠᠵᠠᠷ᠎ᠤᠨ ᠪᠠᠢ᠌ᠴᠠ ᠭᠠᠵᠠᠷ᠎ᠤᠨ ᠭᠠᠳᠠᠷᠭᠤ ᠵᠢᠨ ᠨᠥᠬᠥᠴᠡᠯ ᠂ ᠠᠭᠤᠷ ᠠᠮᠢᠰᠬᠤᠯ᠎ᠤᠨ ᠨᠥᠬᠥᠴᠡᠯ ᠂ ᠤᠰᠤᠨ ᠵᠦᠢ ᠵᠢᠨ ᠭᠠᠵᠠᠷ ᠰᠢᠨᠵᠢᠯᠡᠭᠡᠨ ᠂ ᠬᠥᠷᠥᠰᠥ ᠰᠢᠷᠣᠢ ᠂ ᠪᠠᠢ᠌ᠭ᠋ᠠᠯᠢ ᠵᠢᠨ ᠡᠬᠢ ᠪᠠᠶᠠᠯᠢᠭ᠎ᠤᠨ ᠪᠠᠢ᠌ᠳᠠᠯ ᠂ ᠠᠮᠢ ᠠᠬᠤᠢ ᠵᠢᠨ ᠶᠠᠰᠤ ᠴᠢᠨᠠᠷ᠎ᠤᠨ ᠪᠠᠢ᠌ᠳᠠᠯ ᠂ ᠭᠠᠵᠠᠷ ᠰᠢᠷᠣᠢ ᠵᠢᠨ ᠠᠰᠢᠭᠯᠠᠯᠲᠠ ᠵᠢᠨ ᠣᠳᠣᠬᠢ ᠪᠠᠢ᠌ᠳᠠᠯ ᠂ ᠨᠡᠢ᠌ᠭᠡᠮ᠎ᠤᠨ ᠠᠵᠤ ᠠᠬᠤᠢ ᠵᠢᠨ ᠪᠠᠢ᠌ᠳᠠᠯ ᠵᠡᠷᠭᠡ ᠬᠦᠴᠦᠨ ᠵᠦᠢ᠍ᠯ᠎ᠤᠨ ᠪᠠᠢ᠌ᠳᠠᠯ ᠵᠢᠴᠢ ᠲᠡᠭᠦᠨ᠎ᠤ ᠭᠣᠣᠯ ᠣᠨᠴᠠᠯᠢᠭ ᠪᠠ ᠲᠥᠷᠥᠯ ᠵᠦᠢ᠍ᠯ᠎ᠳᠤ ᠬᠣᠯᠪᠣᠭᠳᠠᠬᠤ ᠬᠠᠮᠢᠶ᠎ᠠ ᠪᠦᠬᠦᠢ ᠲᠥᠯᠦᠪᠵᠢᠭᠦᠯᠭᠡ ᠵᠡᠷᠭᠡ ᠵᠢ ᠲᠣᠳᠣᠷᠬᠠᠢ᠌ᠯᠠᠨ᠎ᠠ ᠃
ᠬᠣᠶᠠᠳᠤᠭ᠋ᠠᠷ ᠬᠡᠰᠡᠭ ᠠᠮᠢ ᠠᠬᠤᠢ ᠵᠢᠨ ᠠᠰᠠᠭᠤᠳᠠᠯ
ᠣᠷᠣᠨ ᠪᠦᠰᠡ ᠵᠢᠨ ᠠᠮᠢ ᠠᠬᠤᠢ ᠵᠢᠨ ᠰᠢᠰᠲ᠋ᠧᠮ᠎ᠳᠤ ᠣᠷᠣᠰᠢᠵᠤ ᠪᠠᠢ᠌ᠭ᠎ᠠ ᠭᠣᠣᠯ ᠪᠣᠯᠬᠤ ᠠᠮᠢ ᠠᠬᠤᠢ ᠵᠢᠨ ᠠᠰᠠᠭᠤᠳᠠᠯ (ᠬᠣᠬᠢᠷᠠᠵᠤ ᠰᠦᠢ᠍ᠳᠦᠭᠰᠡᠨ ᠂ ᠰᠡᠢ᠌ᠷᠡᠭᠵᠢᠵᠦ ᠮᠠᠭᠤᠵᠢᠷᠠᠭᠰᠠᠨ ᠂ ᠴᠢᠳᠠᠮᠵᠢ᠎ᠨᠢ ᠪᠠᠭᠤᠷᠠᠭᠰᠠᠨ ᠵᠡᠷᠭᠡ ᠲᠥᠷᠥᠯ ᠬᠡᠯᠪᠡᠷᠢ ᠂ ᠲᠠᠯᠠᠪᠠᠶ ᠪᠠ ᠬᠡᠮᠵᠢᠶ᠎ᠡ )᠎ᠢ ᠲᠣᠳᠣᠷᠬᠠᠢ᠌ᠯᠠᠵᠤ ᠂ ᠤᠴᠢᠷ ᠰᠢᠯᠲᠠᠭ᠋ᠠᠨ᠎ᠢ᠎ᠨᠢ ᠵᠠᠳᠠᠯᠤᠨ ᠂ ᠠᠮᠢ ᠠᠬᠤᠢ ᠵᠢ ᠬᠠᠮᠠᠭ᠋ᠠᠯᠠᠨ ᠰᠡᠷᠭᠦᠭᠡᠬᠦ ᠡᠲᠡᠭᠡᠳ᠎ᠢ ᠲᠣᠳᠣᠷᠬᠠᠢ ᠲᠣᠭᠲᠠᠭ᠋ᠠᠨ᠎ᠠ ᠃
ᠭᠤᠷᠪᠠᠳᠤᠭ᠋ᠠᠷ ᠬᠡᠰᠡᠭ ᠡᠮᠦᠨᠡᠬᠢ ᠬᠤᠭᠤᠴᠠᠭ᠋ᠠᠨ᠎ᠤ ᠠᠵᠢᠯ᠎ᠤᠨ ᠪᠠᠢ᠌ᠳᠠᠯ
ᠣᠷᠣᠨ ᠪᠦᠰᠡ ᠵᠢᠨ ᠠᠮᠢ ᠠᠬᠤᠢ ᠵᠢ ᠬᠠᠮᠠᠭ᠋ᠠᠯᠠᠬᠤ ᠬᠢᠭᠡᠳ ᠰᠡᠷᠭᠦᠭᠡᠬᠦ ᠠᠵᠢᠯ ᠥᠷᠨᠢᠭᠦᠯᠦᠭᠰᠡᠨ ᠥᠩᠭᠡᠷᠡᠭᠰᠡᠨ᠎ᠤ ᠪᠠᠢ᠌ᠳᠠᠯ᠎ᠢ ᠲᠣᠪᠴᠢ ᠲᠣᠭ᠋ᠠᠴᠢᠨᠠ ᠃
ᠭᠤᠷᠪᠠᠳᠤᠭ᠋ᠠᠷ ᠪᠦᠯᠦᠭ ᠴᠢᠬᠤᠯᠠ ᠴᠢᠨᠠᠷ ᠂ ᠵᠠᠢ᠌ᠯᠠᠰᠢ ᠦᠭᠡᠢ ᠴᠢᠨᠠᠷ ᠬᠢᠭᠡᠳ ᠪᠣᠯᠣᠮᠵᠢᠲᠤ ᠴᠢᠨᠠᠷ᠎ᠤᠨ ᠵᠠᠳᠠᠯᠤᠯᠲᠠ
ᠨᠢᠭᠡᠳᠦᠭᠡᠷ ᠬᠡᠰᠡᠭ ᠴᠢᠬᠤᠯᠠ ᠴᠢᠨᠠᠷ
ᠢᠨᠵᠧᠨᠧᠷᠢᠩ᠎ᠤᠨ ᠬᠦᠷᠢᠶ᠎ᠡ ᠬᠡᠪᠴᠢᠶ᠎ᠡ᠎ᠨᠢ ᠤᠯᠤᠰ ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠠᠮᠤᠷ ᠲᠦᠪᠰᠢᠨ᠎ᠳᠤ ᠬᠣᠯᠪᠣᠭᠳᠠᠬᠤ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢᠨ ᠭᠣᠣᠯᠯᠠᠬᠤ ᠣᠷᠣᠨ ᠪᠦᠰᠡ ᠪᠤᠶᠤ ᠭᠣᠣᠯᠳᠠᠯᠭ᠎ᠠ᠎ᠲᠠᠢ ᠣᠷᠣᠨ ᠪᠦᠰᠡ᠎ᠳᠤ ᠬᠠᠷᠢᠶᠠᠯᠠᠭᠳᠠᠬᠤ ᠡᠰᠡᠬᠦ ᠂ ᠠᠮᠢ ᠠᠬᠤᠢ ᠣᠷᠴᠢᠨ ᠲᠣᠭᠣᠷᠢᠨ᠎ᠤ ᠲᠣᠪᠣᠢ᠌ᠮ᠎ᠠ ᠪᠠᠢ᠌ᠯᠳᠤᠬᠤ ᠪᠣᠳᠣᠯᠭ᠎ᠠ ᠵᠢᠨ ᠠᠴᠢ ᠬᠣᠯᠪᠣᠭᠳᠠᠯ᠎ᠲᠠᠢ ᠡᠰᠡᠬᠦ ; ᠲᠥᠷᠥᠯ ᠵᠦᠢ᠍ᠯ᠎ᠤᠨ ᠬᠡᠷᠡᠭᠵᠢᠭᠦᠯᠦᠯᠲᠡ᠎ᠨᠢ ᠨᠠᠮ᠎ᠤᠨ ᠲᠥᠪ ᠬᠣᠷᠢᠶ᠎ᠠ ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠪᠠ ᠤᠯᠤᠰ᠎ᠤᠨ ᠴᠢᠬᠤᠯᠠ ᠶᠡᠬᠡ ᠪᠠᠢ᠌ᠯᠳᠤᠬᠤ ᠪᠣᠳᠣᠯᠭ᠎ᠠ ᠂ ᠴᠢᠬᠤᠯᠠ ᠶᠡᠬᠡ ᠲᠥᠯᠦᠪᠵᠢᠭᠦᠯᠭᠡ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ᠎ᠯᠤᠭ᠎ᠠ ᠵᠢᠨ ᠬᠠᠷᠢᠴᠠᠭ᠎ᠠ ᠵᠡᠷᠭᠡ ᠵᠢ ᠲᠣᠳᠣᠷᠬᠠᠢ᠌ᠯᠠᠨ ᠥᠭᠦᠯᠡᠨ᠎ᠡ ᠃ ᠡᠨᠡ᠎ᠨᠢ ᠤᠯᠤᠰ ᠂ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠠᠮᠢ ᠠᠬᠤᠢ ᠵᠢ ᠬᠠᠮᠠᠭ᠋ᠠᠯᠠᠨ ᠰᠡᠷᠭᠦᠭᠡᠬᠦ ᠲᠥᠯᠦᠪᠵᠢᠭᠦᠯᠭᠡ ᠵᠢᠨ ᠪᠠᠢ᠌ᠳᠠᠯ᠎ᠳᠤ ᠨᠡᠢ᠌ᠴᠡᠨ᠎ᠡ ᠭᠡᠳᠡᠭ᠎ᠢ ᠲᠣᠳᠣᠷᠬᠠᠢ᠌ᠯᠠᠨ᠎ᠠ ᠃
ᠬᠣᠶᠠᠳᠤᠭ᠋ᠠᠷ ᠬᠡᠰᠡᠭ ᠴᠢᠬᠤᠯᠠ ᠴᠢᠨᠠᠷ
ᠣᠷᠣᠨ ᠪᠦᠰᠡ ᠵᠢᠨ ᠠᠮᠢ ᠠᠬᠤᠢ ᠣᠷᠴᠢᠨ ᠲᠣᠭᠣᠷᠢᠨ᠎ᠤ ᠠᠰᠠᠭᠤᠳᠠᠯ᠎ᠤᠨ ᠬᠦᠨᠳᠦ ᠨᠣᠴᠢᠲᠠᠢ ᠴᠢᠨᠠᠷ ᠂ ᠵᠠᠩᠭᠢᠯᠠᠭ᠎ᠠ ᠵᠢᠨ ᠴᠢᠨᠠᠷ ᠵᠢᠴᠢ ᠠᠮᠢ ᠠᠬᠤᠢ ᠵᠢ ᠬᠠᠮᠠᠭ᠋ᠠᠯᠠᠨ ᠰᠡᠷᠭᠦᠭᠡᠬᠦ ᠵᠢᠨ ᠲᠤᠯᠭ᠋ᠠᠮ᠎ᠠ ᠴᠢᠨᠠᠷ᠎ᠲᠤ ᠬᠠᠨᠳᠤᠭᠤᠯᠵᠤ ᠂ ᠠᠮᠢ ᠠᠬᠤᠢ ᠵᠢᠨ ᠠᠮᠤᠷ ᠲᠦᠪᠰᠢᠨ ᠂ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ ᠂ ᠪᠠᠢ᠌ᠭ᠋ᠠᠯᠢ ᠵᠢᠨ ᠡᠬᠢ ᠪᠠᠶᠠᠯᠢᠭ᠎ᠢ ᠬᠠᠮᠠᠭ᠋ᠠᠯᠠᠬᠤ ᠪᠠ ᠦᠷᠭᠦᠯᠵᠢᠯᠡᠨ ᠠᠰᠢᠭᠯᠠᠬᠤ ᠂ ᠬᠥᠮᠥᠨ ᠬᠢᠭᠡᠳ ᠪᠠᠢ᠌ᠭ᠋ᠠᠯᠢ ᠡᠶ᠎ᠡ ᠵᠣᠬᠢᠴᠠᠯ᠎ᠲᠠᠢ᠎ᠪᠠᠷ ᠬᠠᠮᠲᠤ ᠣᠷᠣᠰᠢᠬᠤ ᠵᠡᠷᠭᠡ ᠲᠠᠯ᠎ᠠ᠎ᠠᠴᠠ ᠠᠮᠢ ᠠᠬᠤᠢ ᠵᠢ ᠰᠡᠷᠭᠦᠭᠡᠬᠦ ᠢᠨᠵᠧᠨᠧᠷᠢᠩ᠎ᠢ ᠬᠡᠷᠡᠭᠵᠢᠭᠦᠯᠬᠦ ᠂ ᠠᠮᠢ ᠠᠬᠤᠢ ᠣᠷᠴᠢᠨ ᠲᠣᠭᠣᠷᠢᠨ᠎ᠤ ᠬᠦᠴᠢᠷ ᠠᠰᠠᠭᠤᠳᠠᠯ᠎ᠢ ᠠᠷᠢᠯᠭ᠋ᠠᠨ ᠰᠢᠢ᠍ᠳᠪᠦᠷᠢᠯᠡᠬᠦ ᠵᠢᠨ ᠴᠢᠬᠤᠯᠠ ᠴᠢᠨᠠᠷ᠎ᠢ ᠲᠣᠳᠣᠷᠬᠠᠢ᠌ᠯᠠᠨ ᠥᠭᠦᠯᠡᠨ᠎ᠡ ᠃
ᠭᠤᠷᠪᠠᠳᠤᠭ᠋ᠠᠷ ᠬᠡᠰᠡᠭ ᠪᠣᠯᠣᠮᠵᠢᠲᠤ ᠴᠢᠨᠠᠷ
ᠲᠥᠷᠥᠯ ᠵᠦᠢ᠍ᠯ᠎ᠢ ᠬᠡᠷᠡᠭᠵᠢᠭᠦᠯᠬᠦ ᠪᠦᠬᠦᠯᠢ ᠴᠣᠭᠴᠠᠲᠤ ᠴᠢᠨᠠᠷ ᠂ ᠰᠢᠰᠲ᠋ᠧᠮᠲᠦ ᠴᠢᠨᠠᠷ ᠂ ᠰᠢᠨᠵᠢᠯᠡᠬᠦ ᠤᠬᠠᠭ᠋ᠠᠨᠴᠢ ᠴᠢᠨᠠᠷ ᠵᠢᠴᠢ ᠮᠡᠷᠭᠡᠵᠢᠯ ᠪᠠ ᠲᠥᠷᠥ ᠵᠢᠨ ᠪᠣᠳᠣᠯᠭ᠎ᠠ ᠵᠢᠨ ᠪᠣᠯᠣᠮᠵᠢᠲᠤ ᠴᠢᠨᠠᠷ᠎ᠢ ᠨᠤᠲᠠᠯᠠᠵᠤ ᠂ ᠲᠥᠷᠥᠯ ᠵᠦᠢ᠍ᠯ᠎ᠤᠨ ᠡᠮᠦᠨᠡᠬᠢ ᠬᠤᠭᠤᠴᠠᠭ᠋ᠠᠨ᠎ᠤ ᠠᠵᠢᠯ᠎ᠤᠨ ᠰᠠᠭᠤᠷᠢ ᠵᠢ ᠲᠣᠳᠣᠷᠬᠠᠢ᠌ᠯᠠᠨ᠎ᠠ ᠂ ᠡᠭᠦᠨ᠎ᠳᠤ ᠬᠡᠷᠡᠭᠵᠢᠭᠦᠯᠬᠦ᠎ᠪᠠᠷ ᠪᠠᠢ᠌ᠭ᠎ᠠ ᠲᠦᠷᠦᠯ ᠵᠦᠢ᠍ᠯ᠎ᠤᠨ ᠵᠶ᠋ᠡᠨ ᠡᠮᠦᠨᠡᠬᠢ ᠬᠤᠭᠤᠴᠠᠭ᠋ᠠᠨ᠎ᠤ ᠠᠵᠢᠯ᠎ᠢ ᠠᠬᠢᠭᠤᠯᠤᠭᠰᠠᠨ ᠪᠠᠢ᠌ᠳᠠᠯ ᠂ ᠠᠰᠢᠭ ᠲᠤᠰᠠ ᠬᠠᠮᠢᠶᠠᠲᠠᠳᠢ ᠵᠣᠬᠢᠴᠠᠭᠤᠯᠤᠭᠰᠠᠨ ᠪᠠᠢ᠌ᠳᠠᠯ ᠂ ᠪᠡᠯᠡ ᠮᠥᠩᠭᠥ ᠤᠷᠤᠭᠤᠯᠬᠤ ᠵᠠᠮ ᠮᠥᠷ ᠂ ᠲᠣᠭ᠎ᠠ ᠬᠡᠮᠵᠢᠶ᠎ᠡ ᠵᠢᠴᠢ ᠨᠠᠢ᠌ᠳᠠᠪᠤᠷᠢᠵᠢᠭᠤᠯᠤᠯᠲᠠ ᠵᠢᠨ ᠵᠡᠷᠭᠡ ᠪᠠᠢ᠌ᠳᠠᠯ ᠪᠠᠭᠲᠠᠨ᠎ᠠ ᠃
ᠳᠥᠷᠪᠡᠳᠦᠭᠡᠷ ᠪᠦᠯᠦᠭ ᠭᠣᠣᠯ ᠠᠵᠢᠯ᠎ᠤᠨ ᠠᠭᠤᠯᠭ᠎ᠠ
ᠨᠢᠭᠡᠳᠦᠭᠡᠷ ᠬᠡᠰᠡᠭ ᠶᠡᠷᠦᠩᠬᠡᠢ ᠪᠠᠢ᠌ᠷᠢ ᠲᠣᠭᠲᠠᠭ᠋ᠠᠯᠲᠠ
ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠲᠥᠯᠦᠪᠵᠢᠭᠦᠯᠭᠡ ᠵᠢᠨ ᠬᠠᠮᠢᠶ᠎ᠠ ᠪᠦᠬᠦᠢ ᠱᠠᠭ᠋ᠠᠷᠳᠠᠯᠭ᠎ᠠ ᠵᠢ ᠦᠨᠳᠦᠰᠦᠯᠡᠨ ᠂ ᠠᠮᠢ ᠠᠬᠤᠢ ᠵᠢ ᠰᠡᠷᠭᠦᠭᠡᠬᠦ ᠣᠷᠣᠨ ᠪᠦᠰᠡ ᠵᠢᠨ ᠢᠷᠡᠭᠡᠳᠦᠢ ᠵᠢᠨ ᠭᠠᠵᠠᠷ ᠬᠡᠷᠡᠭᠯᠡᠬᠦ ᠲᠥᠯᠦᠪᠵᠢᠭᠦᠯᠭᠡ ᠂ ᠨᠡᠭᠡᠭᠡᠨ ᠠᠰᠢᠭᠯᠠᠬᠤ ᠠᠷᠭ᠎ᠠ ᠮᠠᠶᠢᠭ ᠪᠠ ᠭᠠᠵᠠᠷ ᠰᠢᠷᠣᠢ ᠵᠢᠨ ᠬᠡᠷᠡᠭᠴᠡᠭᠡ᠎ᠲᠠᠢ ᠤᠶᠠᠯᠳᠤᠭᠤᠯᠵᠤ ᠲᠣᠭᠲᠠᠭ᠋ᠠᠭᠰᠠᠨ ᠠᠮᠢ ᠠᠬᠤᠢ ᠵᠢ ᠰᠡᠷᠭᠦᠭᠡᠬᠦ ᠬᠠᠨᠳᠤᠰᠢ ᠪᠣᠯᠣᠨ᠎ᠠ ᠃
ᠬᠣᠶᠠᠳᠤᠭ᠋ᠠᠷ ᠬᠡᠰᠡᠭ ᠦᠨᠳᠦᠰᠦᠨ ᠵᠠᠷᠴᠢᠮ
ᠢᠨᠵᠧᠨᠧᠷᠢᠩ᠎ᠤᠨ ᠲᠥᠷᠥᠯ ᠵᠦᠢ᠍ᠯ᠎ᠢ ᠬᠡᠷᠡᠭᠵᠢᠭᠦᠯᠬᠦ ᠵᠢᠨ ᠦᠨᠳᠦᠰᠦᠨ ᠵᠠᠷᠴᠢᠮ᠎ᠢ ᠲᠣᠳᠣᠷᠬᠠᠢ᠌ᠯᠠᠨ ᠥᠭᠦᠯᠡᠨ᠎ᠡ ᠃
ᠭᠤᠷᠪᠠᠳᠤᠭ᠋ᠠᠷ ᠬᠡᠰᠡᠭ ᠭᠣᠣᠯ ᠬᠠᠷᠠᠯᠲᠠ
ᠶᠡᠷᠦᠩᠬᠡᠢ ᠬᠠᠷᠠᠯᠲᠠ ᠂ ᠣᠨ᠎ᠤ ᠬᠠᠷᠠᠯᠲᠠ ᠂ ᠠᠮᠵᠢᠯᠲᠠ ᠪᠦᠲᠦᠮᠵᠢ ᠵᠢᠨ ᠬᠠᠷᠠᠯᠲᠠ ᠬᠡᠮᠡᠬᠦ ᠭᠤᠷᠪᠠᠨ ᠬᠡᠰᠡᠭ ᠪᠠᠭᠲᠠᠨ᠎ᠠ ᠃ ᠶᠡᠷᠦᠩᠬᠡᠢ ᠬᠠᠷᠠᠯᠲᠠ ᠵᠢ ᠭᠣᠣᠯᠳᠠᠭᠤ ᠠᠮᠢ ᠠᠬᠤᠢ ᠵᠢ ᠬᠠᠮᠠᠭ᠋ᠠᠯᠠᠨ ᠰᠡᠷᠭᠦᠭᠡᠬᠦ ᠡᠲᠡᠭᠡᠳ᠎ᠤᠨ ᠲᠣᠭᠣᠷᠢᠨ᠎ᠳᠤ ᠂ ᠣᠷᠣᠰᠢᠵᠤ ᠪᠠᠢ᠌ᠭ᠎ᠠ ᠠᠮᠢ ᠠᠬᠤᠢ ᠵᠢᠨ ᠲᠣᠪᠣᠢ᠌ᠮ᠎ᠠ ᠠᠰᠠᠭᠤᠳᠠᠯ᠎ᠳᠤ ᠬᠠᠨᠳᠤᠭᠤᠯᠵᠤ ᠂ ᠴᠢᠨᠠᠷ ᠪᠠ ᠬᠡᠮᠵᠢᠶᠡᠨ᠎ᠤ ᠳᠦᠷᠰᠦᠯᠡᠯ ᠲᠣᠭ᠋ᠠᠴᠢᠯᠲᠠ᠎ᠲᠠᠢ ᠬᠠᠷᠢᠯᠴᠠᠨ ᠤᠶᠠᠯᠳᠤᠭᠤᠯᠬᠤ ᠵᠢ ᠪᠠᠷᠢᠮᠲᠠᠯᠠᠨ ᠂ ᠰᠢᠰᠲ᠋ᠧᠮᠲᠦ ᠢᠨᠵᠧᠨᠧᠷᠢᠩ ᠪᠠ ᠶᠡᠷᠦᠩᠬᠡᠢ ᠴᠣᠭᠴᠠ ᠵᠢᠨ ᠬᠠᠷᠠᠭ᠋ᠠᠰᠤ᠎ᠠᠴᠠ ᠪᠦᠭᠦ ᠲᠠᠯ᠎ᠠ᠎ᠪᠠᠷ᠂ ᠪᠦᠭᠦ ᠣᠷᠣᠨ ᠪᠦᠰᠡ ᠂ ᠪᠦᠭᠦ ᠶᠠᠪᠤᠴᠠ᠎ᠳᠤ ᠠᠮᠢ ᠠᠬᠤᠢ ᠵᠢ ᠬᠠᠮᠠᠭ᠋ᠠᠯᠠᠨ ᠰᠡᠷᠭᠦᠭᠡᠬᠦ ᠲᠥᠷᠥᠯ ᠵᠦᠢ᠍ᠯ᠎ᠤᠨ ᠬᠡᠷᠡᠭᠵᠢᠭᠦᠯᠦᠯᠲᠡ ᠥᠷᠨᠢᠭᠦᠯᠬᠦ ᠵᠢᠨ ᠶᠡᠷᠦᠩᠬᠡᠢ ᠬᠠᠷᠠᠯᠲᠠ ᠵᠢ ᠳᠤᠷᠠᠳᠴᠤ ᠂ ᠠᠮᠢ ᠠᠬᠤᠢ ᠵᠢᠨ ᠰᠢᠰᠲ᠋ᠧᠮ᠎ᠢ ᠰᠡᠷᠭᠦᠭᠡᠨ ᠵᠠᠰᠠᠬᠤ ᠶᠡᠷᠦᠩᠬᠡᠢ ᠲᠠᠯᠠᠪᠠᠶ ᠵᠢ ᠲᠣᠳᠣᠷᠬᠠᠢ ᠲᠣᠭᠲᠠᠭ᠋ᠠᠨ ᠂ ᠠᠮᠢ ᠠᠬᠤᠢ ᠵᠢᠨ ᠰᠢᠰᠲ᠋ᠧᠮ᠎ᠤᠨ ᠶᠠᠰᠤ ᠴᠢᠨᠠᠷ ᠪᠠ ᠲᠣᠭᠲᠠᠪᠤᠷᠢᠲᠤ ᠴᠢᠨᠠᠷ᠎ᠢ ᠲᠡᠬᠡᠭᠰᠢᠯᠡᠬᠦᠯᠵᠦ ᠂ ᠠᠮᠢ ᠠᠬᠤᠢ ᠵᠢᠨ ᠭᠠᠮᠰᠢᠭ᠎ᠢ ᠪᠠᠭ᠋ᠠᠰᠬᠠᠬᠤ᠎ᠲᠠᠢ ᠬᠠᠮᠵᠢᠯᠴᠠᠭᠤᠯᠤᠨ ᠦᠷ᠎ᠡ ᠠᠰᠢᠭ᠎ᠢ ᠨᠡᠮᠡᠭᠳᠡᠭᠦᠯᠬᠦ ᠵᠢ ᠠᠬᠢᠭᠤᠯᠤᠨ᠎ᠠ ᠃ ᠲᠦᠷᠦᠯ ᠵᠦᠢ᠍ᠯ᠎ᠳᠤ ᠣᠯᠠᠨ ᠳᠠᠭ᠋ᠠᠭᠤᠯ ᠲᠥᠷᠥᠯ ᠵᠦᠢ᠍ᠯ᠎ᠢ ᠪᠠᠭᠲᠠᠭ᠋ᠠᠵᠤ ᠪᠠᠢ᠌ᠪᠠᠯ ᠂ ᠳᠠᠭ᠋ᠠᠭᠤᠯ ᠲᠥᠷᠥᠯ ᠵᠦᠢ᠍ᠯ ᠪᠦᠷᠢ ᠵᠢᠨ ᠶᠡᠷᠦᠩᠬᠡᠢ ᠬᠠᠷᠠᠯᠲᠠ ᠵᠢ ᠳᠦᠷᠰᠦᠯᠡᠨ ᠲᠣᠭ᠋ᠠᠴᠢᠬᠤ ᠬᠡᠷᠡᠭᠲᠡᠢ ᠃ ᠣᠨ᠎ᠤ ᠬᠠᠷᠠᠯᠲᠠ ᠵᠢ ᠭᠣᠣᠯᠳᠠᠭᠤ ᠲᠥᠷᠥᠯ ᠵᠦᠢ᠍ᠯ ᠬᠡᠷᠡᠭᠵᠢᠭᠦᠯᠬᠦ ᠦᠶᠡᠯᠡᠯ᠎ᠤᠨ ᠬᠤᠭᠤᠴᠠᠭ᠎ᠠ ᠵᠢ ᠦᠨᠳᠦᠰᠦᠯᠡᠨ ᠂ ᠣᠨ ᠵᠶ᠋ᠠᠷ ᠢᠨᠵᠧᠨᠧᠷᠢᠩ᠎ᠤᠨ ᠲᠥᠷᠥᠯ ᠵᠦᠢ᠍ᠯ ᠪᠠ ᠡᠯ᠎ᠡ ᠳᠠᠭ᠋ᠠᠭᠤᠯ ᠲᠥᠷᠥᠯ ᠵᠦᠢ᠍ᠯ᠎ᠤᠨ ᠣᠨ᠎ᠤ ᠬᠠᠷᠠᠯᠲᠠ ᠵᠢ ᠲᠣᠳᠣᠷᠬᠠᠢ᠌ᠯᠠᠨ᠎ᠠ ᠃ ᠠᠮᠵᠢᠯᠲᠠ ᠪᠦᠲᠦᠮᠵᠢ ᠵᠢᠨ ᠬᠠᠷᠠᠯᠲᠠ ᠵᠢ ᠭᠣᠣᠯᠳᠠᠭᠤ ᠲᠥᠷᠥᠯ ᠵᠦᠢ᠍ᠯ᠎ᠤᠨ ᠶᠡᠷᠦᠩᠬᠡᠢ ᠬᠠᠷᠠᠯᠲᠠ ᠵᠢ ᠦᠨᠳᠦᠰᠦᠯᠡᠨ ᠵᠦᠢ ᠵᠣᠬᠢᠰᠲᠠᠢ ᠪᠠᠢ᠌ᠷᠢᠯᠠᠭᠤᠯᠤᠨ ᠲᠣᠭᠲᠠᠭ᠋ᠠᠵᠤ ᠂ ᠲᠥᠷᠥᠯ ᠵᠦᠢ᠍ᠯ᠎ᠤᠨ ᠵᠢᠱ᠌ᠢᠭᠰᠡᠨ ᠪᠡᠶᠡᠯᠡᠭᠦᠯᠬᠦ ᠭᠠᠷᠭ᠋ᠠᠯᠲᠠ ᠂ ᠶᠠᠰᠤ ᠴᠢᠨᠠᠷ ᠂ ᠥᠪᠡᠷ᠎ᠤᠨ ᠥᠷᠲᠡᠭ ᠂ ᠦᠷ᠎ᠡ ᠠᠰᠢᠭ ᠂ ᠬᠠᠨᠤᠮᠵᠢ ᠵᠢᠨ ᠬᠡᠮᠵᠢᠶ᠎ᠡ ᠵᠡᠷᠭᠡ ᠲᠠᠯ᠎ᠠ᠎ᠪᠠᠷ ᠬᠢ ᠴᠢᠨᠠᠷ ᠪᠠ ᠬᠡᠮᠵᠢᠶᠡᠨ᠎ᠤ ᠭᠦᠢ᠍ᠴᠡᠳᠬᠡᠯ ᠲᠣᠭ᠎ᠠ ᠵᠢ ᠲᠣᠭᠲᠠᠭ᠋ᠠᠬᠤ ᠵᠢᠨ ᠬᠠᠮᠲᠤ ᠂ ᠲᠥᠷᠥᠯ ᠵᠦᠢ᠍ᠯ᠎ᠤᠨ ᠣᠨ᠎ᠤ ᠬᠠᠷᠠᠯᠲᠠ ᠵᠢ ᠦᠨᠳᠦᠰᠦᠯᠡᠨ ᠣᠨ᠎ᠤ ᠠᠮᠵᠢᠯᠲᠠ ᠪᠦᠲᠦᠮᠵᠢ ᠵᠢᠨ ᠬᠠᠷᠠᠯᠲᠠ ᠵᠢ ᠲᠣᠭᠲᠠᠭ᠋ᠠᠨ᠎ᠠ ᠃ ᠬᠡᠮᠵᠢᠶᠡᠵᠢᠭᠦᠯᠵᠦ ᠳᠡᠶ᠋ᠢᠯᠬᠦ ᠠᠮᠵᠢᠯᠲᠠ ᠪᠦᠲᠦᠮᠵᠢ ᠵᠢᠨ ᠭᠦᠢ᠍ᠴᠡᠳᠬᠡᠯ ᠲᠣᠭ᠎ᠠ᠎ᠳᠤ ᠬᠡᠮᠵᠢᠶᠡᠯᠡᠭᠰᠡᠨ ᠭᠦᠢ᠍ᠴᠡᠳᠬᠡᠯ ᠲᠣᠭ᠎ᠠ ᠵᠢ ᠪᠠᠢ᠌ᠷᠢᠯᠠᠭᠤᠯᠤᠨ ᠲᠣᠭᠲᠠᠭ᠋ᠠᠵᠤ ᠂ ᠣᠯᠠᠨ ᠬᠤᠪᠢᠶᠠᠷᠢ ᠲᠥᠷᠥᠯ ᠵᠦᠢ᠍ᠯ᠎ᠢ ᠪᠠᠭᠲᠠᠭ᠋ᠠᠵᠤ ᠪᠠᠢ᠌ᠪᠠᠯ ᠂ ᠬᠤᠪᠢᠶᠠᠷᠢ ᠲᠥᠷᠥᠯ ᠵᠦᠢ᠍ᠯ ᠪᠦᠷᠢ ᠵᠢᠨ ᠠᠮᠵᠢᠯᠲᠠ ᠪᠦᠲᠦᠮᠵᠢ ᠵᠢᠨ ᠬᠠᠷᠠᠯᠲᠠ ᠵᠢ ᠵᠢᠭᠰᠠᠭ᠋ᠠᠨ ᠭᠠᠷᠭ᠋ᠠᠬᠤ ᠬᠡᠷᠡᠭᠲᠡᠢ ᠃
ᠳᠥᠷᠪᠡᠳᠦᠭᠡᠷ ᠬᠡᠰᠡᠭ ᠬᠡᠷᠡᠭᠵᠢᠭᠦᠯᠬᠦ ᠬᠡᠪᠴᠢᠶ᠎ᠡ ᠵᠢᠴᠢ ᠬᠤᠭᠤᠴᠠᠭ᠎ᠠ ᠬᠢᠵᠠᠭ᠋ᠠᠷ
ᠲᠥᠰᠥᠯ᠎ᠢ ᠨᠠᠢ᠌ᠷᠠᠭᠤᠯᠤᠨ ᠵᠣᠬᠢᠶᠠᠭᠰᠠᠨ ᠠᠮᠢ ᠠᠬᠤᠢ ᠵᠢ ᠰᠡᠷᠭᠦᠭᠡᠬᠦ ᠢᠨᠵᠧᠨᠧᠷᠢᠩ᠎ᠤᠨ ᠬᠡᠪᠴᠢᠶ᠎ᠡ ᠵᠢ ᠲᠣᠳᠣᠷᠬᠠᠢ᠌ᠯᠠᠵᠤ ᠂ ᠢᠨᠵᠧᠨᠧᠷᠢᠩ᠎ᠤᠨ ᠬᠡᠪᠴᠢᠶᠡᠨ᠎ᠤ ᠪᠠᠢ᠌ᠭ᠎ᠠ ᠰᠠᠪᠠ ᠭᠠᠵᠠᠷ ᠂ ᠠᠭᠤᠯᠠᠨ ᠴᠣᠭᠴᠠ ᠠᠭᠤᠯᠠ ᠨᠢᠷᠤᠭᠤᠳ ᠵᠡᠷᠭᠡ ᠬᠠᠷᠢᠴᠠᠩᠭᠤᠢ ᠪᠦᠷᠢᠨ ᠪᠦᠲᠦᠨ ᠪᠠᠢ᠌ᠭ᠋ᠠᠯᠢ ᠵᠢᠨ ᠭᠠᠵᠠᠷ ᠵᠦᠢ ᠵᠢᠨ ᠨᠢᠭᠡᠴᠢ ᠵᠢᠨ ᠨᠡᠷᠡᠢ᠌ᠳᠦᠯ ᠂ ᠭᠠᠵᠠᠷ ᠵᠦᠢ ᠵᠢᠨ ᠪᠠᠢ᠌ᠷᠢᠰᠢᠯ ᠂ ᠪᠣᠳᠠᠲᠠᠢ ᠭᠠᠵᠠᠷ᠎ᠤᠨ ᠬᠡᠪᠴᠢᠶ᠎ᠡ ᠵᠢᠴᠢ ᠣᠷᠣᠨ ᠪᠦᠰᠡ ᠵᠢᠨ ᠲᠠᠯᠠᠪᠠᠶ ᠂ ᠡᠷᠭᠢᠨ ᠲᠣᠭᠣᠷᠢᠨᠯᠤᠭᠠ ᠵᠢᠨ ᠬᠠᠷᠢᠴᠠᠭ᠎ᠠ ᠵᠡᠷᠭᠡ ᠵᠢ᠎ᠨᠢ ᠲᠣᠳᠣᠷᠬᠠᠢ᠌ᠯᠠᠨ ᠥᠭᠦᠯᠡᠨ᠎ᠡ ᠂ ᠡᠭᠦᠨ᠎ᠳᠤ ᠠᠯᠤᠰ ᠰᠡᠷᠡᠯ᠎ᠤᠨ ᠢᠮᠡᠭᠸ ᠳᠦᠷᠰᠦ᠎ᠳᠤ ᠰᠠᠭᠤᠷᠢᠯᠠᠭᠰᠠᠨ ᠢᠨᠵᠧᠨᠧᠷᠢᠩ᠎ᠤᠨ ᠬᠡᠪᠴᠢᠶᠡᠨ ᠳᠣᠲᠣᠷᠠᠬᠢ ᠠᠮᠢ ᠠᠬᠤᠢ ᠵᠢ ᠬᠠᠮᠠᠭ᠋ᠠᠯᠠᠨ ᠰᠡᠷᠭᠦᠭᠡᠬᠦ ᠢᠨᠵᠧᠨᠧᠷᠢᠩ᠎ᠤᠨ ᠬᠤᠪᠢᠶᠠᠷᠢ ᠲᠥᠷᠥᠯ ᠵᠦᠢ᠍ᠯ᠎ᠤᠨ ᠪᠠᠢ᠌ᠷᠢᠰᠢᠭᠤᠯᠤᠯᠲᠠ ᠵᠢᠨ ᠵᠢᠷᠤᠭ ᠂ ᠢᠨᠵᠧᠨᠧᠷᠢᠩ᠎ᠤᠨ ᠬᠡᠪᠴᠢᠶᠡᠨ (ᠰᠠᠭᠤᠷᠢ ᠪᠠᠷᠢᠮᠵᠢᠶ᠎ᠠ ᠣᠨ )᠎ᠤ ᠠᠯᠤᠰ ᠰᠡᠷᠡᠯ᠎ᠤᠨ ᠢᠮᠡᠭᠸ ᠳᠦᠷᠰᠦ ᠵᠢᠨ ᠵᠢᠷᠤᠭ ᠂ ᠭᠠᠵᠠᠷ ᠰᠢᠷᠣᠢ ᠵᠢᠨ ᠠᠰᠢᠭᠯᠠᠯᠲᠠ ᠵᠢᠨ ᠣᠳᠣᠬᠢ ᠪᠠᠢ᠌ᠳᠠᠯ᠎ᠤᠨ ᠵᠢᠷᠤᠭ ᠂ ᠢᠨᠵᠧᠨᠧᠷᠢᠩ᠎ᠤᠨ ᠬᠡᠪᠴᠢᠶ᠎ᠡ ᠂ ᠠᠮᠢ ᠠᠬᠤᠢ ᠵᠢ ᠬᠠᠮᠠᠭ᠋ᠠᠯᠠᠨ ᠰᠡᠷᠭᠦᠭᠡᠬᠦ ᠨᠢᠭᠡᠴᠢ ᠵᠢᠴᠢ ᠳᠠᠭ᠋ᠠᠭᠤᠯ ᠲᠥᠷᠥᠯ ᠵᠦᠢ᠍ᠯ᠎ᠤᠨ ᠵᠠᠬ᠎ᠠ ᠵᠢᠨ ᠬᠡᠪᠴᠢᠶᠡᠨ᠎ᠤ ᠸᠧᠺᠲ᠋ᠣᠷ ᠲᠣᠭ᠎ᠠ ᠪᠠᠷᠢᠮᠲᠠ ᠵᠡᠷᠭᠡ ᠵᠢ ᠪᠠᠭᠲᠠᠭ᠋ᠠᠨ᠎ᠠ; ᠢᠨᠵᠧᠨᠧᠷᠢᠩ᠎ᠤᠨ ᠬᠡᠪᠴᠢᠶᠡᠨ᠎ᠤ 《 ᠭᠤᠷᠪᠠᠨ ᠣᠷᠣᠨ ᠵᠠᠢ ᠭᠤᠷᠪᠠᠨ ᠱᠤᠭᠤᠮ ᠬᠢᠵᠠᠭ᠋ᠠᠷᠯᠠᠯ 》᠂ ᠪᠠᠢ᠌ᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ ᠂ ᠭᠣᠣᠯᠳᠠᠯᠭ᠎ᠠ᠎ᠲᠠᠢ ᠠᠮᠢ ᠠᠬᠤᠢ ᠵᠢᠨ ᠴᠢᠳᠠᠮᠵᠢ ᠵᠢᠨ ᠣᠷᠣᠨ ᠵᠡᠷᠭᠡ ᠴᠢᠬᠤᠯᠠ ᠬᠦᠴᠦᠨ ᠵᠦᠢ᠍ᠯ᠎ᠤᠨ ᠪᠠᠢ᠌ᠳᠠᠯ᠎ᠢ ᠲᠣᠳᠣᠷᠬᠠᠢ᠌ᠯᠠᠨ ᠥᠭᠦᠯᠡᠨ᠎ᠡ; ᠢᠨᠵᠧᠨᠧᠷᠢᠩ᠎ᠤᠨ ᠬᠡᠪᠴᠢᠶᠡᠨ ᠳᠣᠲᠣᠷᠠᠬᠢ ᠭᠣᠣᠯ ᠪᠣᠯᠬᠤ ᠠᠮᠢ ᠠᠬᠤᠢ ᠵᠢᠨ ᠰᠢᠰᠲ᠋ᠧᠮ᠎ᠤᠨ ᠲᠥᠷᠥᠯ ᠬᠡᠯᠪᠡᠷᠢ ᠂ ᠠᠮᠢ ᠠᠬᠤᠢ ᠵᠢᠨ ᠰᠢᠰᠲ᠋ᠧᠮ᠎ᠢ ᠪᠦᠷᠢᠯᠳᠦᠭᠦᠯᠦᠭᠰᠡᠨ ᠠᠮᠢᠲᠠᠨ ᠤᠷᠭᠤᠮᠠᠯ᠎ᠤᠨ ᠰᠦᠷᠦᠭᠵᠢᠯ᠎ᠤᠨ ᠣᠨᠴᠠᠯᠢᠭ᠎ᠢ ᠲᠣᠳᠣᠷᠬᠠᠢ᠌ᠯᠠᠨ ᠥᠭᠦᠯᠡᠨ᠎ᠡ ᠃ ᠠᠮᠢ ᠠᠬᠤᠢ ᠵᠢ ᠬᠠᠮᠠᠭ᠋ᠠᠯᠠᠨ ᠰᠡᠷᠭᠦᠭᠡᠬᠦ ᠲᠥᠷᠥᠯ ᠵᠦᠢ᠍ᠯ᠎ᠢ ᠬᠡᠷᠡᠭᠵᠢᠭᠦᠯᠬᠦ ᠬᠤᠭᠤᠴᠠᠭ᠎ᠠ ᠬᠢᠵᠠᠭ᠋ᠠᠷ᠎ᠢ ᠲᠣᠳᠣᠷᠬᠠᠢ ᠲᠣᠭᠲᠠᠭ᠋ᠠᠨ᠎ᠠ ᠃
ᠲᠠᠪᠤᠳᠤᠭ᠋ᠠᠷ ᠬᠡᠰᠡᠭ ᠭᠣᠣᠯ ᠡᠭᠦᠷᠭᠡ ᠬᠢᠭᠡᠳ ᠠᠬᠢᠴᠠ ᠵᠢᠨ ᠲᠣᠬᠢᠷᠠᠭᠤᠯᠤᠯᠲᠠ
ᠶᠡᠷᠦᠩᠬᠡᠢ ᠬᠠᠷᠠᠯᠲᠠ ᠪᠠ ᠪᠣᠳᠠᠲᠠᠢ ᠠᠮᠵᠢᠯᠲᠠ ᠪᠦᠲᠦᠮᠵᠢ ᠵᠢᠨ ᠬᠠᠷᠠᠯᠲᠠ ᠵᠢᠨ ᠲᠣᠭᠣᠷᠢᠨ᠎ᠳᠤ ᠂ ᠲᠥᠷᠥᠯ ᠵᠦᠢ᠍ᠯ᠎ᠤᠨ ᠥᠷᠨᠢᠭᠦᠯᠬᠦ ᠴᠢᠬᠤᠯᠠᠲᠠᠢ ᠭᠣᠣᠯᠳᠠᠯᠭ᠎ᠠ᠎ᠲᠠᠢ ᠠᠮᠢ ᠠᠬᠤᠢ ᠵᠢ ᠰᠡᠷᠭᠦᠭᠡᠬᠦ ᠡᠭᠦᠷᠭᠡ ᠵᠢ ᠲᠣᠳᠣᠷᠬᠠᠢ᠌ᠯᠠᠵᠤ ᠂ ᠣᠨ ᠵᠶ᠋ᠠᠷ ᠲᠥᠷᠥᠯ ᠵᠦᠢ᠍ᠯ ᠂ ᠳᠠᠭ᠋ᠠᠭᠤᠯ ᠲᠥᠷᠥᠯ ᠵᠦᠢ᠍ᠯ᠎ᠤᠨ ᠠᠵᠢᠯ᠎ᠤᠨ ᠠᠭᠤᠯᠭ᠎ᠠ ᠵᠢᠨ ᠲᠣᠬᠢᠷᠠᠭᠤᠯᠤᠯᠲᠠ ᠪᠠ ᠬᠡᠷᠡᠭᠵᠢᠭᠦᠯᠬᠦ ᠠᠬᠢᠴᠠ ᠵᠢ ᠲᠣᠳᠣᠷᠬᠠᠢ᠌ᠯᠠᠨ᠎ᠠ ᠃
ᠵᠢᠷᠭᠤᠳᠤᠭ᠋ᠠᠷ ᠬᠡᠰᠡᠭ ᠮᠡᠷᠭᠡᠵᠢᠯ᠎ᠤᠨ ᠵᠠᠮ ᠱᠤᠭᠤᠮ
ᠭᠣᠣᠯᠳᠠᠭᠤ ᠠᠮᠢ ᠠᠬᠤᠢ ᠵᠢ ᠰᠡᠷᠭᠦᠭᠡᠨ ᠵᠠᠰᠠᠬᠤ ᠮᠡᠷᠭᠡᠵᠢᠯ᠎ᠤᠨ ᠵᠠᠮ ᠱᠤᠭᠤᠮ ᠂ ᠮᠡᠷᠭᠡᠵᠢᠯ᠎ᠤᠨ ᠠᠷᠭ᠎ᠠ ᠪᠠᠷᠢᠯ ᠪᠠ ᠠᠷᠭ᠎ᠠ ᠬᠡᠮᠵᠢᠶ᠎ᠡ ᠂ ᠢᠨᠵᠧᠨᠧᠷᠢᠩ᠎ᠤᠨ ᠪᠠᠢ᠌ᠷᠢᠰᠢᠭᠤᠯᠤᠯᠲᠠ ᠂ ᠭᠣᠣᠯ ᠢᠨᠵᠧᠨᠧᠷᠢᠩ᠎ᠤᠨ ᠬᠡᠮᠵᠢᠶ᠎ᠡ ᠂ ᠢᠨᠵᠧᠨᠧᠷᠢᠩ᠎ᠤᠨ ᠰᠢᠢ᠍ᠳᠪᠦᠷᠢᠯᠡᠬᠦ᠎ᠪᠠᠷ ᠪᠠᠢ᠌ᠭ᠎ᠠ ᠠᠮᠢ ᠠᠬᠤᠢ ᠵᠢᠨ ᠠᠰᠠᠭᠤᠳᠠᠯ ᠵᠡᠷᠭᠡ ᠪᠠᠭᠲᠠᠨ᠎ᠠ ᠃ ᠭᠠᠵᠠᠷ ᠰᠢᠷᠣᠢ ᠵᠢ ᠡᠵᠡᠯᠡᠨ ᠬᠡᠷᠡᠭᠯᠡᠬᠦ ᠵᠡᠷᠭᠡ ᠡᠷᠬᠡ ᠵᠢᠨ ᠬᠠᠷᠢᠶᠠᠯᠠᠯ᠎ᠤᠨ ᠠᠰᠠᠭᠤᠳᠠᠯ᠎ᠳᠤ ᠬᠣᠯᠪᠣᠭᠳᠠᠵᠤ ᠂ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ ᠂ ᠪᠠᠢ᠌ᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ ᠂ ᠡᠷᠬᠡ ᠵᠢ ᠲᠣᠳᠣᠯᠠᠨ ᠲᠣᠭᠲᠠᠭ᠋ᠠᠭ᠋ᠠᠳ ᠬᠡᠷᠡᠭᠯᠡᠬᠦ ᠭᠠᠵᠠᠷ ᠪᠠ ᠨᠤᠷᠠᠭ᠋ᠠᠨ ᠨᠡᠭᠦᠯᠭᠡᠵᠦ ᠲᠥᠪᠬᠢᠨᠡᠭᠦᠯᠬᠦ ᠵᠡᠷᠭᠡ ᠠᠰᠢᠭ ᠲᠤᠰᠠ ᠵᠢᠨ ᠬᠣᠯᠪᠣᠭᠳᠠᠯᠲᠤ ᠲᠠᠯ᠎ᠠ ᠵᠢᠨ ᠠᠰᠠᠭᠤᠳᠠᠯ᠎ᠳᠤ ᠬᠣᠯᠪᠣᠭᠳᠠᠪᠠᠯ ᠂ ᠬᠠᠮᠢᠶ᠎ᠠ ᠪᠦᠬᠦᠢ ᠴᠣᠬᠣᠯᠠᠪᠤᠷᠢᠯᠠᠭᠰᠠᠨ ᠪᠢᠴᠢᠭ ᠮᠠᠲ᠋ᠧᠷᠢᠶᠠᠯ ᠂ ᠵᠥᠪᠯᠡᠯᠴᠡᠭᠡᠷ᠎ᠤᠨ ᠪᠢᠴᠢᠭ ᠪᠤᠶᠤ ᠲᠤᠬᠠᠢ ᠵᠢᠨ ᠭᠠᠵᠠᠷ᠎ᠤᠨ ᠵᠠᠰᠠᠭ᠎ᠤᠨ ᠣᠷᠳᠣᠨ᠎ᠤ ᠠᠮᠠᠯᠠᠯᠲᠠ ᠵᠢᠨ ᠪᠢᠴᠢᠭ᠎ᠢ ᠭᠠᠷᠳᠠᠬᠤ ᠬᠡᠷᠡᠭᠲᠡᠢ ᠃ ᠬᠥᠳᠡᠭᠡ ᠲᠣᠰᠬᠣᠨ᠎ᠤ ᠬᠠᠮᠲᠤ ᠵᠢᠨ ᠭᠠᠵᠠᠷ ᠰᠢᠷᠣᠢ᠎ᠳᠤ ᠬᠣᠯᠪᠣᠭᠳᠠᠪᠠᠯ ᠂ ᠬᠠᠮᠲᠤ ᠵᠢᠨ ᠠᠵᠤ ᠠᠬᠤᠢ ᠵᠢᠨ ᠵᠣᠬᠢᠶᠠᠨ ᠪᠠᠢ᠌ᠭᠤᠯᠤᠯᠲᠠ ᠪᠠ ᠳᠠᠭ᠋ᠠᠭ᠋ᠠᠴᠢᠯᠠᠭᠰᠠᠨ ᠲᠠᠷᠢᠶᠠᠯᠠᠬᠤ ᠡᠷᠦᠬᠡ ᠵᠢᠨ ᠰᠠᠨᠠᠯ᠎ᠢ ᠬᠤᠷᠢᠶᠠᠭᠰᠠᠨ ᠪᠠᠢ᠌ᠳᠠᠯ ᠵᠶ᠋ᠠᠨ ᠲᠣᠳᠣᠷᠬᠠᠢ᠌ᠯᠠᠨ᠎ᠠ ᠃ ᠨᠥᠬᠥᠪᠦᠷᠢ ᠲᠠᠷᠢᠶᠠᠯᠠᠬᠤ ᠭᠠᠵᠠᠷ᠎ᠤᠨ ᠭᠦᠢ᠍ᠴᠡᠳᠬᠡᠯ ᠲᠣᠭ᠎ᠠ ᠂ ᠬᠤᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠎ᠤᠨ ᠨᠡᠮᠡᠭᠳᠡᠬᠦ ᠪᠠ ᠬᠠᠰᠤᠭᠳᠠᠬᠤ ᠵᠢ ᠬᠣᠯᠪᠣᠭᠳᠠᠭᠤᠯᠬᠤ ᠭᠦᠢ᠍ᠴᠡᠳᠬᠡᠯ ᠲᠣᠭ᠎ᠠ ᠂ ᠰᠢᠷᠣᠢ ᠴᠢᠯᠠᠭᠤᠨ ᠮᠠᠲ᠋ᠧᠷᠢᠶᠠᠯ᠎ᠢ ᠠᠰᠢᠭᠯᠠᠬᠤ᠎ᠳᠤ ᠬᠣᠯᠪᠣᠭᠳᠠᠪᠠᠯ ᠂ ᠠᠰᠢᠭᠯᠠᠬᠤ ᠲᠥᠰᠥᠯ ᠪᠦᠬᠦᠢ ᠪᠦᠯᠦᠭ ᠬᠡᠰᠡᠭ᠎ᠢ ᠠᠰᠲᠤᠨᠢ ᠲᠣᠬᠢᠷᠠᠭᠤᠯᠬᠤ ᠪᠤᠶᠤ ᠠᠰᠢᠭᠯᠠᠬᠤ ᠲᠥᠰᠥᠯ᠎ᠢ ᠲᠤᠰᠠᠭ᠋ᠠᠷ ᠨᠠᠢ᠌ᠷᠠᠭᠤᠯᠤᠨ ᠵᠣᠬᠢᠶᠠᠵᠤ ᠂ ᠬᠠᠮᠢᠶ᠎ᠠ ᠪᠦᠬᠦᠢ ᠱᠠᠭ᠋ᠠᠷᠳᠠᠯᠭ᠎ᠠ ᠪᠠ ᠲᠣᠬᠢᠷᠠᠭᠤᠯᠬᠤ ᠬᠠᠷᠢᠴᠠᠯ ᠵᠡᠷᠭᠡ ᠵᠢ ᠲᠣᠳᠣᠷᠬᠠᠢ ᠲᠣᠭᠲᠠᠭ᠋ᠠᠨ᠎ᠠ ᠃
ᠲᠠᠪᠤᠳᠤᠭ᠋ᠠᠷ ᠪᠦᠯᠦᠭ ᠠᠮᠢ ᠠᠬᠤᠢ ᠵᠢ ᠰᠡᠷᠭᠦᠭᠡᠬᠦ ᠢᠨᠵᠧᠨᠧᠷᠢᠩ᠎ᠤᠨ ᠪᠠᠢ᠌ᠷᠢᠰᠢᠭᠤᠯᠤᠯᠲᠠ ᠬᠢᠭᠡᠳ ᠴᠠᠭ ᠬᠤᠭᠤᠴᠠᠭ᠋ᠠᠨ᠎ᠤ ᠳᠠᠷᠠᠭ᠋ᠠᠯᠠᠯ᠎ᠤᠨ ᠲᠣᠬᠢᠷᠠᠭᠤᠯᠤᠯᠲᠠ
ᠨᠢᠭᠡᠳᠦᠭᠡᠷ ᠬᠡᠰᠡᠭ ᠢᠨᠵᠧᠨᠧᠷᠢᠩ᠎ᠤᠨ ᠪᠠᠢ᠌ᠷᠢᠰᠢᠭᠤᠯᠤᠯᠲᠠ
ᠭᠣᠣᠯᠳᠠᠭᠤ ᠢᠨᠵᠧᠨᠧᠷᠢᠩ᠎ᠤᠨ ᠬᠡᠪᠴᠢᠶᠡᠨ ᠳᠣᠲᠣᠷᠠᠬᠢ ᠂ ᠢᠨᠵᠧᠨᠧᠷᠢᠩ᠎ᠤᠨ ᠳᠠᠭ᠋ᠠᠭᠤᠯ ᠲᠦᠷᠦᠯ ᠵᠦᠢ᠍ᠯ᠎ᠤᠨ ᠲᠦᠷᠦᠯ ᠬᠡᠯᠪᠡᠷᠢ ᠂ ᠲᠣᠭ᠎ᠠ ᠬᠡᠮᠵᠢᠶ᠎ᠡ ᠂ ᠲᠠᠷᠬᠠᠯᠲᠠ ᠂ ᠠᠮᠢ ᠠᠬᠤᠢ ᠵᠢ ᠬᠠᠮᠠᠭ᠋ᠠᠯᠠᠨ ᠰᠡᠷᠭᠦᠭᠡᠬᠦ ᠲᠠᠯᠠᠪᠠᠢ ᠵᠢᠴᠢ ᠪᠦᠲᠦᠭᠡᠨ ᠪᠠᠢ᠌ᠭᠤᠯᠤᠯᠲᠠ ᠵᠢᠨ ᠠᠭᠤᠯᠭ᠎ᠠ ᠵᠢ ᠲᠣᠳᠣᠷᠬᠠᠢ᠌ᠯᠠᠨ ᠥᠭᠦᠯᠡᠨ᠎ᠡ ᠃ ᠬᠦᠰᠦᠨᠦᠭ ᠭᠠᠷᠭ᠋ᠠᠨ ᠳᠠᠭ᠋ᠠᠭᠤᠯ ᠲᠥᠷᠥᠯ ᠵᠦᠢ᠍ᠯ᠎ᠤᠨ ᠨᠠᠷᠢᠨ ᠬᠠᠭᠤᠳᠠᠰᠤ ᠵᠢ ᠲᠣᠳᠣᠷᠬᠠᠢ᠌ᠯᠠᠵᠤ ᠂ ᠲᠥᠷᠥᠯ ᠵᠦᠢ᠍ᠯ᠎ᠤᠨ ᠲᠥᠷᠥᠯ ᠬᠡᠯᠪᠡᠷᠢ ᠂ ᠠᠮᠢ ᠠᠬᠤᠢ ᠵᠢ ᠬᠠᠮᠠᠭ᠋ᠠᠯᠠᠨ ᠰᠡᠷᠭᠦᠭᠡᠬᠦ ᠲᠠᠯᠠᠪᠠᠶ ᠂ ᠪᠠᠷᠢᠯᠭ᠎ᠠ ᠵᠢᠨ ᠬᠡᠮᠵᠢᠶ᠎ᠡ ᠵᠡᠷᠭᠡ ᠵᠢ ᠲᠣᠳᠣᠷᠬᠠᠢ᠌ᠯᠠᠨ᠎ᠠ ᠃ ᠢᠨᠵᠧᠨᠧᠷᠢᠩ᠎ᠤᠨ ᠪᠠᠢ᠌ᠷᠢᠰᠢᠭᠤᠯᠤᠯᠲᠠ᠎ᠨᠢ ᠪᠦᠬᠦᠯᠢ ᠴᠣᠭᠴᠠᠲᠤ ᠴᠢᠨᠠᠷ ᠂ ᠰᠢᠰᠲ᠋ᠧᠮᠲᠦ ᠴᠢᠨᠠᠷ ᠂ ᠵᠣᠬᠢᠴᠠᠯᠳᠤ ᠴᠢᠨᠠᠷ᠎ᠢ ᠢᠯᠡᠷᠡᠭᠦᠯᠦᠭᠰᠡᠨ ᠪᠠᠢ᠌ᠬᠤ ᠬᠡᠷᠡᠭᠲᠡᠢ ᠃
ᠬᠣᠶᠠᠳᠤᠭ᠋ᠠᠷ ᠬᠡᠰᠡᠭ ᠢᠨᠵᠧᠨᠧᠷᠢᠩ᠎ᠤᠨ ᠠᠷᠭ᠎ᠠ ᠬᠡᠮᠵᠢᠶ᠎ᠡ
ᠢᠨᠵᠧᠨᠧᠷᠢᠩ᠎ᠤᠨ ᠬᠡᠪᠴᠢᠶᠡᠨ ᠳᠣᠲᠣᠷᠠᠬᠢ ᠡᠯ᠎ᠡ ᠳᠠᠭ᠋ᠠᠭᠤᠯ ᠲᠥᠷᠥᠯ ᠵᠦᠢ᠍ᠯ᠎ᠤᠨ ᠠᠪᠬᠤ᠎ᠪᠠᠷ ᠪᠠᠢ᠌ᠭ᠎ᠠ ᠭᠠᠵᠠᠷ ᠰᠢᠷᠣᠢ ᠵᠢ ᠴᠡᠭᠴᠡᠯᠡᠨ ᠵᠠᠰᠠᠬᠤ ᠂ ᠭᠠᠵᠠᠷ᠎ᠤᠨ ᠪᠠᠢ᠌ᠴᠠ ᠭᠠᠵᠠᠷ᠎ᠤᠨ ᠭᠠᠳᠠᠷᠭᠤ ᠵᠢ ᠳᠠᠬᠢᠨ ᠴᠣᠭᠴᠠᠯᠠᠬᠤ ᠂ ᠬᠥᠷᠥᠰᠥ ᠰᠢᠷᠣᠢ ᠵᠢ ᠳᠠᠬᠢᠨ ᠪᠦᠲᠦᠭᠡᠬᠦ ᠪᠠ ᠰᠠᠢ᠌ᠵᠢᠷᠠᠭᠤᠯᠬᠤ ᠂ ᠣᠶ ᠰᠢᠭᠤᠢ ᠡᠪᠡᠰᠦ ᠪᠡᠯᠴᠢᠭᠡᠷ᠎ᠤᠨ ᠤᠷᠭᠤᠮᠠᠯ᠎ᠤᠨ ᠬᠤᠴᠢᠯᠭ᠎ᠠ ᠵᠢ ᠰᠡᠷᠭᠦᠭᠡᠬᠦ ᠂ ᠬᠣᠬᠢᠷᠠᠵᠤ ᠰᠦᠢ᠍ᠳᠦᠭᠰᠡᠨ ᠠᠮᠢ ᠠᠬᠤᠢ ᠵᠢᠨ ᠬᠣᠩᠭᠢᠯ ᠪᠠ ᠠᠮᠢᠲᠠᠨ ᠤᠷᠭᠤᠮᠠᠯ᠎ᠤᠨ ᠣᠷᠣᠰᠢᠨ ᠠᠮᠢᠳᠤᠷᠠᠬᠤ ᠭᠠᠵᠠᠷ᠎ᠢ ᠰᠡᠷᠭᠦᠭᠡᠬᠦ ᠵᠡᠷᠭᠡ ᠠᠮᠢ ᠠᠬᠤᠢ ᠵᠢ ᠰᠡᠷᠭᠦᠭᠡᠬᠦ ᠠᠷᠭ᠎ᠠ ᠮᠠᠶᠢᠭ ᠵᠢᠴᠢ ᠠᠮᠢ ᠠᠬᠤᠢ ᠵᠢ ᠰᠡᠷᠭᠦᠭᠡᠬᠦ ᠠᠷᠭ᠎ᠠ ᠬᠡᠮᠵᠢᠶ᠎ᠡ ᠵᠢ ᠲᠣᠳᠣᠷᠬᠠᠢ᠌ᠯᠠᠨ ᠥᠭᠦᠯᠡᠨ᠎ᠡ ᠃
ᠭᠤᠷᠪᠠᠳᠤᠭ᠋ᠠᠷ ᠬᠡᠰᠡᠭ ᠴᠠᠭ ᠬᠤᠭᠤᠴᠠᠭ᠋ᠠᠨ᠎ᠤ ᠳᠠᠷᠠᠭ᠋ᠠᠯᠠᠯ᠎ᠤᠨ ᠲᠣᠬᠢᠷᠠᠭᠤᠯᠤᠯᠲᠠ
ᠭᠣᠣᠯᠳᠠᠭᠤ ᠢᠨᠵᠧᠨᠧᠷᠢᠩ᠎ᠤᠨ ᠬᠡᠪᠴᠢᠶᠡᠨ ᠳᠣᠲᠣᠷᠠᠬᠢ ᠡᠯ᠎ᠡ ᠳᠠᠭ᠋ᠠᠭᠤᠯ ᠲᠥᠷᠥᠯ ᠵᠦᠢ᠍ᠯ᠎ᠤᠨ ᠴᠠᠭ ᠬᠤᠭᠤᠴᠠᠭ᠋ᠠᠨ᠎ᠤ ᠳᠠᠷᠠᠭ᠋ᠠᠯᠠᠯ᠎ᠤᠨ ᠲᠣᠬᠢᠷᠠᠭᠤᠯᠤᠯᠲᠠ ᠵᠢ ᠲᠣᠳᠣᠷᠬᠠᠢ᠌ᠯᠠᠨ ᠥᠭᠦᠯᠡᠵᠦ ᠂ ᠳᠠᠭ᠋ᠠᠭᠤᠯ ᠲᠥᠷᠥᠯ ᠵᠦᠢ᠍ᠯ᠎ᠤᠨ ᠢᠨᠵᠧᠨᠧᠷᠢᠩ᠎ᠤᠨ ᠬᠤᠭᠤᠴᠠᠭ᠎ᠠ ᠬᠢᠵᠠᠭ᠋ᠠᠷ ᠪᠠ ᠡᠬᠢᠯᠡᠵᠦ ᠳᠠᠭᠤᠰᠬᠤ ᠴᠠᠭ ᠂ ᠣᠨ᠎ᠤ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢᠨ ᠲᠥᠯᠥᠪᠯᠡᠭᠡ ᠂ ᠢᠨᠵᠧᠨᠧᠷᠢᠩ᠎ᠤᠨ ᠬᠡᠮᠵᠢᠶ᠎ᠡ ᠂ ᠪᠡᠯᠡ ᠣᠷᠣᠭᠤᠯᠤᠯᠲᠠ ᠵᠢᠨ ᠲᠥᠯᠥᠪᠯᠡᠭᠡ ᠵᠡᠷᠭᠡ ᠵᠢ ᠲᠣᠳᠣᠷᠬᠠᠢ ᠥᠭᠦᠯᠡᠨ᠎ᠡ ᠃
ᠵᠢᠷᠭᠤᠳᠤᠭ᠋ᠠᠷ ᠪᠦᠯᠦᠭ ᠪᠡᠯᠡ ᠣᠷᠣᠭᠤᠯᠤᠯᠲᠠ ᠵᠢᠨ ᠲᠥᠰᠥᠭᠡᠯᠡᠨ ᠪᠣᠳᠣᠯᠲᠠ
ᠨᠢᠭᠡᠳᠦᠭᠡᠷ ᠬᠡᠰᠡᠭ ᠲᠥᠰᠥᠭᠡᠯᠡᠨ ᠪᠤᠳᠤᠬᠤ ᠦᠨᠳᠦᠰᠦᠯᠡᠯ
ᠵᠠᠷᠤᠳᠠᠯ᠎ᠢ ᠲᠥᠰᠥᠭᠡᠯᠡᠨ ᠪᠤᠳᠤᠨᠨᠰᠠᠨ ᠦᠨᠳᠦᠰᠦᠯᠡᠯ ᠂ ᠰᠦᠢ᠍ᠳᠬᠡᠯ ᠠᠪᠬᠤ ᠪᠠᠷᠢᠮᠵᠢᠶ᠎ᠠ ᠵᠡᠷᠭᠡ ᠵᠢ ᠲᠣᠳᠣᠷᠬᠠᠢ᠌ᠯᠠᠨ ᠥᠭᠦᠯᠡᠨ᠎ᠡ ᠃
ᠬᠣᠶᠠᠳᠤᠭ᠋ᠠᠷ ᠬᠡᠰᠡᠭ ᠵᠠᠷᠤᠳᠠᠯ᠎ᠤᠨ ᠲᠥᠰᠥᠭᠡᠯᠡᠨ ᠪᠣᠳᠣᠯᠲᠠ
ᠠᠮᠢ ᠠᠬᠤᠢ ᠵᠢ ᠰᠡᠷᠭᠦᠭᠡᠬᠦ ᠢᠨᠵᠧᠨᠧᠷᠢᠩ᠎ᠤᠨ ᠪᠠᠷᠢᠯᠭ᠎ᠠ ᠪᠠᠷᠢᠬᠤ ᠵᠠᠷᠤᠳᠠᠯ ᠂ ᠬᠢᠨᠠᠨ ᠰᠢᠨᠵᠢᠬᠦ ᠬᠢᠭᠡᠳ ᠬᠠᠮᠢᠶᠠᠷᠤᠨ ᠬᠠᠮᠠᠭ᠋ᠠᠯᠠᠬᠤ ᠵᠠᠷᠤᠳᠠᠯ ᠂ ᠪᠤᠰᠤᠳ ᠵᠠᠷᠤᠳᠠᠯ (ᠡᠮᠦᠨᠡᠬᠢ ᠬᠤᠭᠤᠴᠠᠭ᠋ᠠᠨ᠎ᠤ ᠠᠵᠢᠯ᠎ᠤᠨ ᠵᠠᠷᠤᠳᠠᠯ ᠂ ᠢᠨᠵᠧᠨᠧᠷᠢᠩ᠎ᠤᠨ ᠬᠢᠨᠠᠨ ᠬᠠᠮᠢᠶᠠᠷᠬᠤ ᠵᠠᠷᠤᠳᠠᠯ ᠂ ᠪᠠᠷᠢᠯᠭ᠎ᠠ ᠳᠠᠭᠤᠰᠴᠤ ᠰᠢᠯᠭ᠋ᠠᠨ ᠠᠪᠬᠤ ᠵᠠᠷᠤᠳᠠᠯ ᠂ ᠥᠮᠴᠢᠲᠡᠨ᠎ᠤ ᠬᠠᠮᠢᠶᠠᠷᠤᠯᠲᠠ ᠵᠢᠨ ᠵᠠᠷᠤᠳᠠᠯ ) ᠵᠢᠴᠢ ᠪᠠᠷᠤᠭᠴᠠᠭ᠋ᠠᠯᠠᠵᠤ ᠲᠡᠢ᠌ᠯᠬᠦ ᠦᠭᠡᠢ ᠵᠠᠷᠤᠳᠠᠯ ᠵᠡᠷᠭᠡ ᠵᠠᠷᠤᠳᠠᠯ᠎ᠤᠨ ᠪᠦᠷᠢᠯᠳᠦᠯ᠎ᠢ ᠲᠣᠳᠣᠷᠬᠠᠢ᠌ᠯᠠᠨ ᠥᠭᠦᠯᠡᠨ᠎ᠡ ᠃ ᠠᠮᠢ ᠠᠬᠤᠢ ᠵᠢ ᠬᠠᠮᠠᠭ᠋ᠠᠯᠠᠨ ᠰᠡᠷᠭᠦᠭᠡᠬᠦ ᠢᠨᠵᠧᠨᠧᠷᠢᠩ᠎ᠤᠨ ᠪᠡᠯᠡ ᠣᠷᠣᠭᠤᠯᠤᠯᠲᠠ ᠵᠢᠨ ᠶᠡᠷᠦᠩᠬᠡᠢ ᠲᠣᠭ᠎ᠠ ᠂ ᠨᠢᠭᠡᠴᠢ ᠢᠨᠵᠧᠨᠧᠷᠢᠩ᠎ᠤᠨ ᠬᠡᠮᠵᠢᠶ᠎ᠡ ᠵᠢ ᠪᠡᠶᠡᠯᠡᠭᠦᠯᠦᠭᠰᠡᠨ ᠡᠯ᠎ᠡ ᠲᠦᠷᠦᠯ᠎ᠤᠨ ᠠᠮᠢ ᠠᠬᠤᠢ ᠵᠢ ᠬᠠᠮᠠᠭ᠋ᠠᠯᠠᠨ ᠰᠡᠷᠭᠦᠭᠡᠬᠦ ᠠᠷᠭ᠎ᠠ ᠬᠡᠮᠵᠢᠶ᠎ᠡ᠎ᠳᠤ ᠬᠡᠷᠡᠭᠰᠡᠬᠦ ᠥᠪᠡᠷ᠎ᠤᠨ ᠥᠷᠲᠡᠭ᠎ᠢ ᠲᠣᠳᠣᠷᠬᠠᠢ᠌ᠯᠠᠨ᠎ᠠ ᠃
ᠳᠣᠯᠣᠳᠤᠭ᠋ᠠᠷ ᠪᠦᠯᠦᠭ ᠪᠡᠯᠡ ᠮᠥᠩᠭᠥ ᠪᠠᠵᠠᠭ᠋ᠠᠬᠤ
ᠨᠢᠭᠡᠳᠦᠭᠡᠷ ᠬᠡᠰᠡᠭ ᠪᠡᠯᠡ ᠮᠥᠩᠭᠥᠨ᠎ᠤ ᠬᠤᠪᠢᠶᠠᠷᠢᠯᠠᠯᠲᠠ
ᠨᠡᠢ᠌ᠭᠡᠮ᠎ᠤᠨ ᠬᠥᠷᠥᠩᠭᠡ ᠵᠢᠨ ᠣᠷᠣᠭᠤᠯᠤᠯᠲᠠ ᠵᠢᠨ ᠵᠠᠭᠪᠤᠷ᠎ᠢ ᠥᠭᠦᠯᠡᠨ ᠲᠣᠳᠣᠷᠬᠠᠢ᠌ᠯᠠᠵᠤ ᠂ ᠲᠥᠷᠥᠯ ᠵᠦᠢ᠍ᠯ᠎ᠤᠨ ᠶᠡᠷᠦᠩᠬᠡᠢ ᠪᠡᠯᠡ ᠣᠷᠣᠭᠤᠯᠤᠯᠲᠠ ᠂ ᠲᠥᠪ᠎ᠤᠨ ᠪᠡᠯᠡ ᠣᠷᠣᠭᠤᠯᠤᠯᠲᠠ ᠵᠢ ᠭᠤᠶᠤᠴᠢᠯᠠᠬᠤ ᠂ ᠣᠷᠣᠨ ᠨᠤᠲᠤᠭ ᠵᠢᠴᠢ ᠨᠡᠢ᠌ᠭᠡᠮ᠎ᠤᠨ ᠬᠥᠷᠥᠩᠭᠡ ᠵᠢᠨ ᠣᠷᠣᠭᠤᠯᠤᠯᠲᠠ ᠵᠢᠨ ᠪᠡᠯᠡ ᠮᠥᠩᠭᠥᠨ᠎ᠤ ᠢᠷᠡᠯᠲᠡ ᠵᠢᠨ ᠪᠦᠷᠢᠯᠳᠦᠯ᠎ᠢ ᠲᠣᠳᠣᠷᠬᠠᠢ ᠲᠣᠭᠲᠠᠭ᠋ᠠᠨ᠎ᠠ ᠃ ᠡᠯ᠎ᠡ ᠬᠤᠪᠢᠶᠠᠷᠢ ᠲᠦᠷᠦᠯ ᠵᠦᠢ᠍ᠯ᠎ᠤᠨ ᠢᠨᠵᠧᠨᠧᠷᠢᠩ᠎ᠤᠨ ᠪᠡᠯᠡ ᠮᠥᠩᠭᠥᠨ᠎ᠤ ᠢᠷᠡᠯᠲᠡ ᠂ ᠪᠡᠯᠡ ᠣᠷᠣᠭᠤᠯᠤᠯᠲᠠ ᠵᠢᠨ ᠲᠥᠰᠥᠭᠡᠯᠡᠨ ᠪᠣᠳᠣᠯᠲᠠ ᠂ ᠵᠢᠱ᠌ᠢᠭᠰᠡᠨ ᠭᠠᠷᠭ᠋ᠠᠯᠲᠠ ᠵᠢᠨ ᠠᠰᠢᠭ ᠣᠷᠣᠯᠭ᠎ᠠ ᠵᠢ ᠲᠣᠳᠣᠷᠬᠠᠢ᠌ᠯᠠᠨ᠎ᠠ ᠃
ᠬᠣᠶᠠᠳᠤᠭ᠋ᠠᠷ ᠬᠡᠰᠡᠭ ᠳᠡᠮᠵᠢᠯᠭᠡ ᠵᠢᠨ ᠲᠥᠷᠥ ᠵᠢᠨ ᠪᠣᠳᠣᠯᠭ᠎ᠠ
ᠵᠠᠰᠠᠨ ᠰᠡᠷᠭᠦᠭᠡᠭᠰᠡᠨ᠎ᠤ ᠳᠠᠷᠠᠭ᠋ᠠᠬᠢ ᠭᠠᠵᠠᠷ ᠰᠢᠷᠣᠢ ᠵᠢ ᠨᠡᠭᠡᠭᠡᠨ ᠠᠰᠢᠭᠯᠠᠬᠤ ᠂ ᠣᠨᠴᠠ ᠵᠥᠪᠰᠢᠶᠡᠷᠡᠭᠰᠡᠨ ᠡᠵᠡᠩᠨᠡᠯᠲᠡ᠎ᠳᠤ ᠭᠠᠵᠠᠷ ᠬᠠᠩᠭ᠋ᠠᠬᠤ ᠂ ᠬᠡᠷᠡᠭᠯᠡᠬᠦ ᠭᠠᠵᠠᠷ᠎ᠲᠤ ᠲᠣᠬᠢᠷᠠᠭᠤᠯᠤᠯᠲᠠ ᠬᠢᠬᠦ ᠂ ᠵᠠᠯᠭ᠋ᠠᠮᠵᠢ ᠠᠵᠤ ᠦᠢ᠍ᠯᠡᠰ᠎ᠢ ᠨᠡᠭᠡᠭᠡᠨ ᠬᠥᠭᠵᠢᠭᠦᠯᠬᠦ ᠂ ᠪᠠᠢ᠌ᠭ᠋ᠠᠯᠢ ᠵᠢᠨ ᠡᠬᠢ ᠪᠠᠶᠠᠯᠢᠭ᠎ᠢ ᠨᠡᠭᠡᠭᠡᠨ ᠠᠰᠢᠭᠯᠠᠬᠤ ᠂ ᠪᠠᠢ᠌ᠭ᠋ᠠᠯᠢ ᠵᠢᠨ ᠡᠬᠢ ᠪᠠᠶᠠᠯᠢᠭ᠎ᠤᠨ ᠪᠡᠯᠡ ᠬᠥᠷᠥᠩᠭᠡ ᠵᠢ ᠲᠣᠬᠢᠷᠠᠭᠤᠯᠬᠤ ᠂ ᠡᠳ᠋᠎ᠤᠨ ᠵᠠᠰᠠᠭ ᠭᠠᠢ᠌ᠯᠢ ᠵᠢᠨ ᠳᠡᠮᠵᠢᠯᠭᠡ ᠦᠵᠡᠭᠦᠯᠬᠦ ᠪᠠ ᠡᠯ᠎ᠡ ᠲᠥᠷᠥᠯ᠎ᠤᠨ ᠭᠦᠢ᠍ᠴᠡᠳᠬᠡᠯ ᠲᠣᠭ᠋ᠠᠨ᠎ᠤ ᠲᠤᠰᠬᠠᠢ ᠬᠠᠷᠢᠶᠠᠯᠠᠭᠳᠠᠬᠤ ᠡᠷᠬᠡ ᠵᠡᠷᠭᠡ ᠲᠠᠯ᠎ᠠ ᠵᠢᠨ ᠳᠡᠮᠵᠢᠯᠭᠡ ᠵᠢᠨ ᠲᠥᠷᠥ ᠵᠢᠨ ᠪᠣᠳᠣᠯᠭ᠎ᠠ ᠵᠢ ᠲᠣᠳᠣᠷᠬᠠᠢ᠌ᠯᠠᠨ ᠥᠭᠦᠯᠡᠨ᠎ᠡ ᠃
ᠭᠤᠷᠪᠠᠳᠤᠭ᠋ᠠᠷ ᠬᠡᠰᠡᠭ ᠠᠰᠢᠭ ᠤᠷᠤᠯᠭ᠎ᠠ ᠵᠢᠨ ᠬᠤᠪᠢᠶᠠᠷᠢᠯᠠᠯᠲᠠ
ᠪᠡᠯᠡ ᠮᠥᠩᠭᠥᠨ᠎ᠤ ᠬᠤᠪᠢᠶᠠᠷᠢᠯᠠᠯᠲᠠ ᠪᠠ ᠳᠡᠮᠵᠢᠯᠭᠡ ᠵᠢᠨ ᠲᠦᠷᠦ ᠵᠢᠨ ᠪᠣᠳᠣᠯᠭ᠎ᠠ᠎ᠳᠤ ᠰᠠᠭᠤᠷᠢᠯᠠᠵᠤ ᠂ ᠨᠡᠢ᠌ᠭᠡᠮ᠎ᠤᠨ ᠪᠡᠯᠡ ᠣᠷᠣᠭᠤᠯᠤᠯᠲᠠ ᠵᠢᠨ ᠲᠠᠯ᠎ᠠ ᠵᠢᠨ ᠠᠰᠢᠭ ᠣᠷᠣᠯᠭ᠎ᠠ ᠵᠢᠨ ᠬᠤᠪᠢᠶᠠᠷᠢᠯᠠᠯᠲᠠ ᠵᠢᠨ ᠲᠣᠭᠲᠠᠴᠠ ᠵᠢ ᠲᠣᠢ᠌ᠮᠣᠴᠢᠯᠠᠨ ᠲᠣᠭ᠋ᠠᠴᠢᠨᠠ ᠃
ᠨᠠᠢ᠍ᠮᠠᠳᠤᠭ᠋ᠠᠷ ᠪᠦᠯᠦᠭ ᠮᠥᠷᠳᠡᠵᠦ ᠬᠢᠨᠠᠨ ᠰᠢᠨᠵᠢᠬᠦ ᠬᠢᠭᠡᠳ ᠠᠮᠵᠢᠯᠲᠠ ᠪᠦᠲᠦᠮᠵᠢ ᠵᠢ ᠦᠨᠡᠯᠡᠬᠦ
ᠨᠢᠭᠡᠳᠦᠭᠡᠷ ᠬᠡᠰᠡᠭ ᠮᠥᠷᠳᠡᠵᠦ ᠬᠢᠨᠠᠨ ᠰᠢᠨᠵᠢᠬᠦ
ᠢᠨᠵᠧᠨ᠌ᠧᠷᠢᠩᠢ ᠬᠡᠷᠡᠭᠵᠢᠭᠦᠯᠦᠭᠰᠡᠨ᠎ᠤ ᠳᠠᠷᠠᠭ᠋ᠠᠬᠢ ᠮᠥᠷᠳᠡᠵᠦ ᠬᠢᠨᠠᠨ ᠰᠢᠨᠵᠢᠬᠦ ᠠᠭᠤᠯᠭ᠎ᠠ ᠬᠢᠭᠡᠳ ᠠᠷᠭ᠎ᠠ ᠵᠢ ᠲᠣᠳᠣᠷᠬᠠᠢ᠌ᠯᠠᠨ ᠥᠭᠦᠯᠡᠨ᠌ᠡ ᠃
ᠬᠣᠶᠠᠳᠤᠭ᠋ᠠᠷ ᠬᠡᠰᠡᠭ ᠠᠮᠵᠢᠯᠲᠠ ᠪᠦᠲᠦᠮᠵᠢ ᠵᠢ ᠦᠨᠡᠯᠡᠬᠦ
ᠢᠨᠵᠧᠨᠧᠷᠢᠩ᠎ᠢ ᠬᠡᠷᠡᠭᠵᠢᠭᠦᠯᠦᠭᠰᠡᠨ᠎ᠤ ᠳᠠᠷᠠᠭ᠋ᠠᠬᠢ ᠠᠮᠵᠢᠯᠲᠠ ᠪᠦᠲᠦᠮᠵᠢ ᠵᠢ ᠦᠨᠡᠯᠡᠬᠦ ᠠᠭᠤᠯᠭ᠎ᠠ ᠪᠠ ᠠᠷᠭ᠎ᠠ ᠵᠢ ᠲᠣᠳᠣᠷᠬᠠᠢ᠌ᠯᠠᠨ ᠥᠭᠦᠯᠡᠨ᠌ᠡ ᠃
ᠶᠢᠰᠦᠳᠦᠭᠡᠷ ᠪᠦᠯᠦᠭ ᠪᠠᠲᠤᠯᠠᠭ᠎ᠠ ᠵᠢᠨ ᠠᠷᠭ᠎ᠠ ᠬᠡᠮᠵᠢᠶ᠎ᠡ
ᠬᠣᠰᠢᠭᠤ ᠰᠢᠶᠠᠨ᠎ᠤ ᠱᠠᠲᠤᠨ᠎ᠠᠴᠠ ᠵᠣᠬᠢᠶᠠᠨ ᠪᠠᠢ᠌ᠭᠤᠯᠵᠤ ᠬᠡᠷᠡᠭᠵᠢᠭᠦᠯᠬᠦ ᠂ ᠬᠢᠨᠠᠯᠲᠠ ᠲᠠᠯᠪᠢᠨ ᠬᠠᠮᠢᠶᠠᠷᠬᠤ ᠂ ᠮᠡᠷᠭᠡᠵᠢᠯ᠎ᠤᠨ ᠲᠤᠯᠭ᠋ᠠᠭᠤᠷᠢᠯᠠᠯ ᠦᠵᠡᠬᠦᠯᠬᠦ ᠠᠵᠢᠯ᠎ᠢ ᠨᠢᠭᠡᠳᠦᠯᠲᠡᠢ ᠲᠥᠯᠥᠪᠯᠡᠬᠦ ᠵᠡᠷᠭᠡ ᠪᠠᠲᠤᠯᠠᠭ᠎ᠠ ᠵᠢᠨ ᠠᠷᠭ᠎ᠠ ᠬᠡᠮᠵᠢᠶ᠎ᠡ ᠵᠢ ᠲᠣᠳᠣᠷᠬᠠᠢ᠌ᠯᠠᠨ ᠥᠭᠦᠯᠡᠨ᠌ᠡ ᠃
ᠳᠠᠭ᠋ᠠᠯᠳᠤᠭᠤᠯᠤᠯ ᠄ 1. ×× ᠬᠣᠰᠢᠭᠤᠨ (ᠰᠢᠶᠠᠨ ᠂ ᠬᠤᠲᠠ ᠂ ᠲᠣᠭᠣᠷᠢᠭ )᠎ᠤ ×× ᠠᠮᠢ ᠠᠬᠤᠢ ᠵᠢ ᠰᠡᠷᠭᠦᠭᠡᠬᠦ ᠲᠥᠷᠥᠯ ᠵᠦᠢ᠍ᠯ᠎ᠤᠨ ᠠᠯᠤᠰ ᠰᠡᠷᠡᠯ᠎ᠤᠨ ᠢᠮᠡᠭᠸ ᠳᠦᠷᠰᠦ
2. ×× ᠬᠣᠰᠢᠭᠤᠨ (ᠰᠢᠶᠠᠨ ᠂ ᠬᠤᠳᠠ ᠂ ᠲᠣᠭᠣᠷᠢᠭ )᠎ᠤ ×× ᠠᠮᠢ ᠠᠬᠤᠢ ᠵᠢ ᠰᠡᠷᠭᠦᠭᠡᠬᠦ ᠲᠦᠷᠦᠯ ᠵᠦᠢ᠍ᠯ᠎ᠤᠨ ᠭᠠᠵᠠᠷ ᠰᠢᠷᠣᠢ ᠵᠢᠨ ᠠᠰᠢᠭᠯᠠᠯᠲᠠ ᠵᠢᠨ ᠣᠳᠣᠬᠢ ᠪᠠᠢ᠌ᠳᠠᠯ᠎ᠤᠨ ᠵᠢᠷᠤᠭ
3. ×× ᠬᠣᠰᠢᠭᠤᠨ (ᠰᠢᠶᠠᠨ ᠂ ᠬᠤᠳᠠ ᠂ ᠲᠣᠭᠣᠷᠢᠭ )᠎ᠤ ×× ᠠᠮᠢ ᠠᠬᠤᠢ ᠵᠢ ᠰᠡᠷᠭᠦᠭᠡᠬᠦ ᠲᠦᠷᠦᠯ ᠵᠦᠢ᠍ᠯ᠎ᠤᠨ ᠠᠮᠢ ᠠᠬᠤᠢ ᠵᠢᠨ ᠠᠰᠠᠭᠤᠳᠠᠯ᠎ᠤᠨ ᠣᠳᠣᠬᠢ ᠪᠠᠢ᠌ᠳᠠᠯ᠎ᠤᠨ ᠵᠢᠷᠤᠭ
4. ×× ᠬᠣᠰᠢᠭᠤᠨ (ᠰᠢᠶᠠᠨ ᠂ ᠬᠤᠳᠠ ᠂ ᠲᠣᠭᠣᠷᠢᠭ )᠎ᠤ ×× ᠠᠮᠢ ᠠᠬᠤᠢ ᠵᠢ ᠰᠡᠷᠭᠦᠭᠡᠬᠦ ᠲᠦᠷᠦᠯ ᠵᠦᠢ᠍ᠯ᠎ᠤᠨ ᠢᠨᠵᠧᠨᠧᠷᠢᠩ᠎ᠤᠨ ᠳᠠᠭ᠋ᠠᠭᠤᠯ ᠲᠦᠷᠦᠯ ᠵᠦᠢ᠍ᠯ᠎ᠤᠨ ᠪᠠᠢ᠌ᠷᠢᠰᠢᠭᠤᠯᠤᠯᠲᠠ ᠵᠢᠨ ᠵᠢᠷᠤᠭ ( ᠳᠠᠭ᠋ᠠᠭᠤᠯ ᠲᠦᠷᠦᠯ ᠵᠦᠢ᠍ᠯ ᠦᠭᠡᠢ ᠪᠣᠯ ᠬᠢᠬᠦ ᠦᠭᠡᠢ ᠪᠠᠢ᠌ᠭᠰᠠᠨ ᠴᠤ᠌ ᠪᠣᠯᠣᠨ᠎ᠠ )
5. ×× ᠬᠣᠰᠢᠭᠤᠨ (ᠰᠢᠶᠠᠨ ᠂ ᠬᠤᠳᠠ ᠂ ᠲᠣᠭᠣᠷᠢᠭ )᠎ᠤ ×× ᠠᠮᠢ ᠠᠬᠤᠢ ᠵᠢ ᠰᠡᠷᠭᠦᠭᠡᠬᠦ ᠲᠦᠷᠦᠯ ᠵᠦᠢ᠍ᠯ᠎ᠤᠨ ᠠᠮᠢ ᠠᠬᠤᠢ ᠵᠢ ᠰᠡᠷᠭᠦᠭᠡᠬᠦ ᠢᠨᠵᠧᠨᠧᠷᠢᠩ᠎ᠤᠨ ᠪᠠᠢ᠌ᠷᠢᠰᠢᠭᠤᠯᠤᠯᠲᠠ ᠵᠢᠨ ᠵᠢᠷᠤᠭ
6. ᠢᠨᠵᠧᠨᠧᠷᠢᠩ᠎ᠤᠨ ᠬᠡᠪᠴᠢᠶᠡᠨ ᠳᠣᠲᠣᠷ᠎ᠠ ᠬᠣᠯᠪᠣᠭᠳᠠᠵᠤ ᠪᠠᠢ᠌ᠭ᠎ᠠ ᠰᠤᠮᠤ ᠰᠢᠶᠠᠩ ᠪᠠᠯᠭ᠋ᠠᠰᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠠᠨᠠᠯ ᠂ ᠲᠤᠰᠬᠤᠨ᠎ᠤ ᠬᠠᠮᠲᠤ ᠵᠢᠨ ᠠᠵᠤ ᠠᠬᠤᠢ ᠵᠢᠨ ᠵᠣᠬᠢᠶᠠᠨ ᠪᠠᠢ᠌ᠭᠤᠯᠤᠯᠲᠠ (ᠪᠤᠶᠤ ᠭᠠᠴᠠᠭ᠎ᠠ ᠲᠣᠰᠬᠤᠨ᠎ᠤ ᠠᠷᠠᠳ᠎ᠤᠨ ᠵᠥᠪᠯᠡᠯ ) ᠵᠢᠨ ᠰᠠᠨᠠᠯ ᠪᠠ ᠳᠠᠭ᠋ᠠᠭ᠋ᠠᠴᠢᠯᠠᠭᠰᠠᠨ ᠲᠠᠷᠢᠶᠠᠯᠠᠬᠤ ᠮᠠᠯᠵᠢᠬᠤ ᠡᠷᠦᠬᠡ ᠵᠢᠨ ᠰᠠᠨᠠᠯ
7. ᠪᠡᠯᠡ ᠣᠷᠣᠭᠤᠯᠤᠯᠲᠠ ᠵᠢᠨ ᠭᠣᠣᠯ ᠴᠣᠭᠴᠠ ᠵᠢᠨ ᠪᠡᠯᠡ ᠣᠷᠣᠭᠤᠯᠤᠯᠲᠠ ᠵᠢᠨ ᠰᠠᠨᠠᠮᠵᠢ ᠵᠢᠨ ᠪᠢᠴᠢᠭ
8. ×× ᠬᠣᠰᠢᠭᠤᠨ (ᠰᠢᠶᠠᠨ ᠂ ᠬᠤᠲᠠ ᠂ ᠲᠣᠭᠣᠷᠢᠭ )᠎ᠤ ×× ᠠᠮᠢ ᠠᠬᠤᠢ ᠵᠢ ᠰᠡᠷᠭᠦᠭᠡᠬᠦ ᠲᠥᠷᠥᠯ ᠵᠦᠢ᠍ᠯ᠎ᠤᠨ ᠠᠮᠵᠢᠯᠲᠠ ᠪᠦᠲᠦᠮᠵᠢ ᠵᠢᠨ ᠬᠠᠷᠠᠯᠲᠠ ᠵᠢᠨ ᠬᠦᠰᠦᠨᠦᠭᠲᠦ (ᠡᠯ᠎ᠡ ᠳᠠᠭ᠋ᠠᠭᠤᠯ ᠲᠥᠷᠥᠯ ᠵᠦᠢ᠍ᠯ ᠪᠠᠭᠲᠠᠨ᠎ᠠ )
9. ᠪᠤᠰᠤᠳ ᠲᠤᠰᠬᠠᠢ ᠲᠥᠰᠥᠯ ᠪᠠ ᠳᠠᠭ᠋ᠠᠭᠤᠯ ᠲᠥᠷᠥᠯ ᠵᠦᠢ᠍ᠯ᠎ᠤᠨ ᠵᠢᠷᠤᠭ ᠲᠥᠯᠥᠪᠯᠡᠭᠡ (ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠲᠠᠷᠢᠶᠠᠯᠠᠩ᠎ᠳᠤ ᠬᠡᠷᠡᠭᠯᠡᠬᠦ ᠭᠠᠵᠠᠷ᠎ᠢ ᠨᠡᠭᠡᠭᠡᠨ ᠬᠥᠭᠵᠢᠭᠦᠯᠬᠦ ᠵᠢ ᠳᠠᠬᠢᠨ ᠬᠢᠨᠠᠭᠰᠠᠨ ᠰᠠᠨᠠᠯ ᠂ ᠠᠢ᠌ᠮᠠᠭ ᠬᠣᠲᠠ ᠵᠢᠨ ᠱᠠᠲᠤᠨ᠎ᠤ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠎ᠤᠨ ᠨᠡᠮᠡᠭᠳᠡᠬᠦ ᠪᠠ ᠬᠠᠰᠤᠭᠳᠠᠬᠤ ᠵᠢ ᠬᠣᠯᠪᠣᠭᠳᠠᠭᠤᠯᠬᠤ ᠲᠥᠷᠥᠯ ᠵᠦᠢ᠍ᠯ ᠲᠣᠭᠲᠠᠭ᠋ᠠᠬᠤ ᠵᠦᠢ᠍ᠯ᠎ᠢ ᠬᠢᠨᠠᠨ ᠪᠠᠢ᠌ᠴᠠᠭ᠋ᠠᠭᠰᠠᠨ ᠰᠠᠨᠠᠯ ᠂ ᠳᠡᠯᠪᠡᠴᠢᠬᠦ ᠢᠨᠵᠧᠨᠧᠷᠢᠩ᠎ᠤᠨ ᠠᠶᠤᠯ ᠦᠭᠡᠢ ᠪᠠᠷᠢᠯᠭ᠎ᠠ ᠵᠢᠨ ᠲᠥᠰᠥᠯ ᠂ ᠠᠮᠢ ᠠᠬᠤᠢ ᠣᠷᠴᠢᠨ ᠲᠣᠭᠣᠷᠢᠨ᠎ᠤ ᠨᠥᠯᠥᠭᠡᠯᠡᠯ᠎ᠤᠨ ᠦᠨᠡᠯᠡᠯᠲᠡ ᠵᠢᠨ ᠮᠡᠳᠡᠭᠦᠯᠦᠯᠲᠡ ᠂ ᠬᠥᠷᠥᠰᠥ ᠰᠢᠷᠣᠢ ᠵᠢ ᠬᠠᠮᠠᠭ᠋ᠠᠯᠠᠬᠤ ᠲᠥᠰᠥᠯ ᠂ ᠬᠠᠶᠠᠭᠳᠠᠮᠠᠯ ᠠᠭᠤᠷᠬᠠᠢ ᠵᠢᠨ ᠭᠠᠵᠠᠷ ᠰᠢᠨᠵᠢᠯᠡᠭᠡᠨ᠎ᠤ ᠣᠷᠴᠢᠨ ᠲᠣᠭᠣᠷᠢᠨ᠎ᠢ ᠵᠠᠰᠠᠬᠤ ᠲᠥᠰᠥᠯ ᠵᠡᠷᠭᠡ )
ᠳᠠᠭ᠋ᠠᠯᠳᠤᠭᠤᠯᠤᠯ 2
×× ᠬᠣᠰᠢᠭᠤᠨ (ᠰᠢᠶᠠᠨ ᠂ ᠬᠤᠲᠠ ᠂ ᠲᠣᠭᠣᠷᠢᠭ )᠎ᠤ ×× ᠥᠩᠭᠡᠷᠡᠭᠰᠡᠨ᠎ᠠᠴᠠ ᠦᠯᠡᠳᠡᠭᠳᠡᠵᠦ ᠢᠷᠡᠭᠰᠡᠨ ᠠᠭᠤᠷᠬᠠᠢ ᠵᠢᠨ
ᠵᠠᠬ᠎ᠠ ᠳᠡᠯᠭᠡᠭᠦᠷᠴᠢᠯᠡᠨ ᠠᠮᠢ ᠠᠬᠤᠢ ᠵᠢ ᠰᠡᠷᠭᠦᠭᠡᠬᠦ ᠲᠦᠷᠦᠯ ᠵᠦᠢ᠍ᠯ᠎ᠤᠨ ᠰᠢᠷᠣᠢ ᠴᠢᠯᠠᠭᠤᠨ ᠮᠠᠲᠸᠷᠢᠶᠠᠯ᠎ᠢ ᠠᠰᠢᠭᠯᠠᠬᠤ ᠲᠥᠰᠥᠯ
(ᠯᠠᠪᠯᠠᠯᠲᠠ ᠵᠢᠨ ᠲᠣᠪᠴᠢ )
×× ᠬᠣᠰᠢᠭᠤᠨ (ᠰᠢᠶᠠᠨ ᠂ ᠬᠤᠲᠠ ᠂ ᠲᠣᠭᠣᠷᠢᠭ )᠎ᠤ ᠠᠷᠠᠳ᠎ᠤᠨ ᠵᠠᠰᠠᠭ᠎ᠤᠨ ᠣᠷᠳᠣᠨ
×××× ᠣᠨ᠎ᠤ ×× ᠳ᠋ᠤᠭ᠋ᠠᠷ (ᠳ᠋ᠦ᠍ᠭᠡᠷ ) ᠰᠠᠷ᠎ᠠ
ᠨᠢᠭᠡᠳᠦᠭᠡᠷ ᠪᠦᠯᠦᠭ ᠡᠮᠦᠨᠡᠬᠢ ᠦᠭᠡ
ᠨᠢᠭᠡᠳᠦᠭᠡᠷ ᠬᠡᠰᠡᠭ ᠲᠥᠷᠥᠯ ᠵᠦᠢ᠍ᠯ᠎ᠤᠨ ᠲᠣᠪᠴᠢ ᠲᠠᠨᠢᠯᠴᠠᠭᠤᠯᠭ᠎ᠠ
ᠥᠩᠭᠡᠷᠡᠭᠰᠡᠨ᠎ᠠᠴᠠ ᠦᠯᠡᠳᠡᠭᠳᠡᠵᠦ ᠢᠷᠡᠭᠰᠡᠨ ᠠᠭᠤᠷᠬᠠᠢ ᠵᠢᠨ ᠵᠠᠬ᠎ᠠ ᠳᠡᠯᠭᠡᠭᠦᠷᠴᠢᠯᠡᠨ ᠠᠮᠢ ᠠᠬᠤᠢ ᠵᠢ ᠰᠡᠷᠭᠦᠭᠡᠬᠦ ᠲᠥᠷᠥᠯ ᠵᠦᠢ᠍ᠯ᠎ᠤᠨ ᠲᠣᠢ᠌ᠮᠣ ᠪᠠᠢ᠌ᠳᠠᠯ᠎ᠢ ᠲᠣᠪᠴᠢ ᠲᠣᠭ᠋ᠠᠴᠢᠨᠠ ᠃
ᠬᠣᠶᠠᠳᠤᠭ᠋ᠠᠷ ᠬᠡᠰᠡᠭ ᠵᠣᠷᠢᠯᠭ᠎ᠠ ᠡᠭᠦᠷᠭᠡ
ᠲᠥᠰᠥᠯ᠎ᠢ ᠨᠠᠢ᠌ᠷᠠᠭᠤᠯᠤᠨ ᠵᠣᠬᠢᠶᠠᠬᠤ ᠵᠣᠷᠢᠯᠭ᠎ᠠ ᠪᠠ ᠭᠣᠣᠯᠳᠠᠯᠭ᠎ᠠ᠎ᠲᠠᠢ ᠠᠵᠢᠯ᠎ᠤᠨ ᠡᠭᠦᠷᠭᠡ ᠵᠢ ᠲᠣᠪᠴᠢ ᠲᠣᠭ᠋ᠠᠴᠢᠨᠠ ᠃
ᠭᠤᠷᠪᠠᠳᠤᠭ᠋ᠠᠷ ᠬᠡᠰᠡᠭ ᠨᠠᠢ᠌ᠷᠠᠭᠤᠯᠤᠨ ᠵᠣᠬᠢᠶᠠᠬᠤ ᠵᠠᠷᠴᠢᠮ
ᠲᠥᠰᠥᠯ᠎ᠢ ᠨᠠᠢ᠌ᠷᠠᠭᠤᠯᠤᠨ ᠵᠣᠬᠢᠶᠠᠬᠤ ᠦᠨᠳᠦᠰᠦᠨ ᠵᠠᠷᠴᠢᠮ᠎ᠢ ᠲᠣᠳᠣᠷᠬᠠᠢ᠌ᠯᠠᠨ᠎ᠠ ᠃
ᠳᠥᠷᠪᠡᠳᠦᠭᠡᠷ ᠬᠡᠰᠡᠭ ᠨᠠᠢ᠌ᠷᠠᠭᠤᠯᠤᠨ ᠵᠣᠬᠢᠶᠠᠭᠰᠠᠨ ᠦᠨᠳᠦᠰᠦᠯᠡᠯ
ᠲᠥᠰᠥᠯ᠎ᠢ ᠨᠠᠢ᠌ᠷᠠᠭᠤᠯᠤᠨ ᠵᠣᠬᠢᠶᠠᠭᠰᠠᠨ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ ᠵᠢᠨ ᠪᠢᠴᠢᠭ ᠮᠠᠲ᠋ᠧᠷᠢᠶᠠᠯ ᠂ ᠬᠣᠯᠪᠣᠭᠳᠠᠯ ᠪᠦᠬᠦᠢ ᠲᠥᠯᠦᠪᠵᠢᠭᠦᠯᠭᠡ ᠂ ᠬᠠᠤᠯᠢ ᠴᠠᠭ᠋ᠠᠵᠠ ᠬᠠᠤᠯᠢ ᠲᠣᠭᠲᠠᠭ᠋ᠠᠯ ᠂ ᠵᠢᠷᠤᠮᠵᠢᠯ᠎ᠤᠨ ᠪᠠᠷᠢᠮᠵᠢᠶ᠎ᠠ ᠵᠡᠷᠭᠡ ᠨᠠᠢ᠌ᠷᠠᠭᠤᠯᠤᠨ ᠵᠣᠬᠢᠶᠠᠬᠤ ᠦᠨᠳᠦᠰᠦᠯᠡᠯ᠎ᠢ ᠲᠣᠳᠣᠷᠬᠠᠢ᠌ᠯᠠᠨ᠎ᠠ ᠃
ᠬᠣᠶᠠᠳᠤᠭ᠋ᠠᠷ ᠪᠦᠯᠦᠭ ᠲᠥᠷᠥᠯ ᠵᠦᠢ᠍ᠯ᠎ᠤᠨ ᠣᠷᠣᠨ᠎ᠤ ᠦᠨᠳᠦᠰᠦᠨ ᠪᠠᠢ᠌ᠳᠠᠯ
ᠨᠢᠭᠡᠳᠦᠭᠡᠷ ᠬᠡᠰᠡᠭ ᠪᠠᠢ᠌ᠷᠢᠯᠠᠯ ᠵᠠᠮ ᠬᠠᠷᠢᠯᠴᠠᠭ᠎ᠠ
ᠲᠥᠷᠥᠯ ᠵᠦᠢ᠍ᠯ᠎ᠤᠨ ᠣᠷᠣᠨ᠎ᠤ ᠪᠠᠢ᠌ᠷᠢᠯᠠᠯ ᠂ ᠬᠦᠷᠢᠶ᠎ᠡ ᠬᠡᠪᠴᠢᠶ᠎ᠡ (ᠵᠠᠮ ᠬᠠᠷᠢᠯᠴᠠᠭ᠋ᠠᠨ᠎ᠤ ᠪᠠᠢ᠌ᠷᠢᠯᠠᠯ᠎ᠤᠨ ᠵᠢᠷᠤᠭ᠎ᠢ ᠳᠠᠭ᠋ᠠᠯᠳᠤᠭᠤᠯᠤᠨ᠎ᠠ ) ᠵᠢ ᠲᠣᠪᠴᠢ ᠲᠣᠭ᠋ᠠᠴᠢᠨᠠ ᠃
ᠬᠣᠶᠠᠳᠤᠭ᠋ᠠᠷ ᠬᠡᠰᠡᠭ ᠪᠠᠢ᠌ᠭ᠋ᠠᠯᠢ ᠵᠢᠨ ᠭᠠᠵᠠᠷ ᠵᠦᠢ
ᠲᠥᠷᠥᠯ ᠵᠦᠢ᠍ᠯ᠎ᠤᠨ ᠣᠷᠣᠨ᠎ᠤ ᠤᠰᠤᠨ ᠵᠦᠢ ᠵᠢᠨ ᠴᠠᠭ ᠠᠭᠤᠷ᠎ᠤᠨ ᠰᠢᠨᠵᠢᠯᠡᠭᠡᠨ ᠂ ᠭᠠᠵᠠᠷ᠎ᠤᠨ ᠪᠠᠢ᠌ᠴᠠ ᠭᠠᠵᠠᠷ᠎ᠤᠨ ᠭᠠᠳᠠᠷᠭᠤ ᠂ ᠬᠥᠷᠥᠰᠥ ᠰᠢᠷᠣᠢ ᠤᠷᠭᠤᠮᠠᠯ᠎ᠤᠨ ᠬᠤᠴᠢᠯᠭ᠎ᠠ ᠂ ᠭᠠᠵᠠᠷ ᠰᠢᠷᠣᠢ ᠵᠢᠨ ᠠᠰᠢᠭᠯᠠᠯᠲᠠ ᠵᠢᠨ ᠣᠳᠣᠬᠢ ᠪᠠᠢ᠌ᠳᠠᠯ ᠵᠡᠷᠭᠡ ᠪᠠᠢ᠌ᠳᠠᠯ᠎ᠢ ᠲᠣᠪᠴᠢ ᠲᠣᠭ᠋ᠠᠴᠢᠨᠠ ᠃
ᠭᠤᠷᠪᠠᠳᠤᠭ᠋ᠠᠷ ᠬᠡᠰᠡᠭ ᠭᠠᠵᠠᠷ ᠰᠢᠨᠵᠢᠯᠡᠭᠡᠨ᠎ᠤ ᠣᠷᠴᠢᠨ ᠲᠣᠭᠣᠷᠢᠨ᠎ᠤ ᠨᠥᠬᠥᠴᠡᠯ
ᠲᠥᠷᠥᠯ ᠵᠦᠢ᠍ᠯ᠎ᠤᠨ ᠣᠷᠣᠨ᠎ᠤ ᠭᠠᠵᠠᠷ᠎ᠤᠨ ᠳᠠᠪᠬᠤᠷᠭ᠎ᠠ ᠵᠢᠨ ᠴᠢᠯᠠᠭᠤᠯᠢᠭ ᠴᠢᠨᠠᠷ ᠂ ᠭᠠᠵᠠᠷ᠎ᠤᠨ ᠲᠣᠭᠲᠠᠴᠠ ᠂ ᠣᠰᠣᠨ ᠵᠦᠢ ᠵᠢᠨ ᠭᠠᠵᠠᠷ ᠰᠢᠨᠵᠢᠯᠡᠭᠡᠨ᠎ᠤ ᠨᠥᠬᠥᠴᠡᠯ ᠂ ᠢᠨᠵᠧᠨᠧᠷᠢᠩ᠎ᠤᠨ ᠭᠠᠵᠠᠷ ᠰᠢᠨᠵᠢᠯᠡᠭᠡᠨ᠎ᠤ ᠨᠥᠬᠥᠴᠡᠯ ᠂ ᠣᠷᠴᠢᠨ ᠲᠣᠭᠣᠷᠢᠨ᠎ᠤ ᠭᠠᠵᠠᠷ ᠰᠢᠨᠵᠢᠯᠡᠭᠡᠨ᠎ᠤ ᠨᠥᠬᠥᠴᠡᠯ ᠵᠡᠷᠭᠡ ᠪᠠᠢ᠌ᠳᠠᠯ᠎ᠢ ᠲᠣᠪᠴᠢ ᠲᠣᠭ᠋ᠠᠴᠢᠨᠠ ᠃
ᠳᠥᠷᠪᠡᠳᠦᠭᠡᠷ ᠬᠡᠰᠡᠭ ᠨᠡᠢ᠌ᠭᠡᠮ᠎ᠤᠨ ᠠᠵᠤ ᠠᠬᠤᠢ ᠪᠠ ᠬᠥᠮᠥᠨ ᠲᠥᠷᠥᠯᠬᠢᠲᠡᠨ᠎ᠤ ᠢᠨᠵᠧᠨᠧᠷᠢᠩ᠎ᠤᠨ ᠠᠵᠢᠯᠯᠠᠭ᠋ᠠᠨ
ᠲᠥᠷᠥᠯ ᠵᠦᠢ᠍ᠯ᠎ᠤᠨ ᠣᠷᠣᠨ᠎ᠤ ᠬᠠᠷᠢᠶ᠎ᠠ ᠪᠦᠬᠦᠢ ᠵᠠᠰᠠᠭ ᠵᠠᠬᠢᠷᠭ᠋ᠠᠨ᠎ᠤ ᠣᠷᠣᠨ᠎ᠤ ᠠᠵᠤ ᠠᠬᠤᠢ ᠨᠡᠢ᠌ᠭᠡᠮ ᠪᠠ ᠲᠥᠷᠥᠯ ᠵᠦᠢ᠍ᠯ᠎ᠤᠨ ᠣᠷᠣᠨ ᠵᠢᠴᠢ ᠲᠡᠭᠦᠨ᠎ᠤ ᠡᠷᠭᠢᠨ ᠲᠣᠭᠣᠷᠢᠨ᠎ᠤ ᠬᠥᠮᠥᠨ ᠲᠥᠷᠥᠯᠬᠢᠲᠡᠨ᠎ᠤ ᠢᠨᠵᠧᠨᠧᠷᠢᠩ᠎ᠤᠨ ᠠᠵᠢᠯᠯᠠᠭ᠋ᠠᠨ᠎ᠤ ᠲᠣᠢ᠌ᠮᠣ ᠪᠠᠢ᠌ᠳᠠᠯ᠎ᠢ ᠲᠣᠪᠴᠢ ᠲᠣᠭ᠋ᠠᠴᠢᠨᠠ ᠃
ᠭᠤᠷᠪᠠᠳᠤᠭ᠋ᠠᠷ ᠪᠦᠯᠦᠭ ᠰᠢᠷᠣᠢ ᠴᠢᠯᠠᠭᠤᠨ ᠮᠠᠲᠸᠷᠢᠶᠠᠯ᠎ᠢ ᠠᠰᠢᠭᠯᠠᠬᠤ ᠲᠥᠰᠥᠯ
ᠨᠢᠭᠡᠳᠦᠭᠡᠷ ᠬᠡᠰᠡᠭ ᠤᠭ ᠭᠠᠵᠠᠷ᠎ᠲᠠᠬᠢ ᠦᠯᠡᠳᠡᠭᠳᠡᠯ ᠰᠢᠷᠣᠢ ᠴᠢᠯᠠᠭᠤᠨ ᠮᠠᠲ᠋ᠧᠷᠢᠶᠠᠯ᠎ᠤᠨ ᠪᠠᠢ᠌ᠳᠠᠯ
ᠲᠥᠷᠥᠯ ᠵᠦᠢ᠍ᠯ᠎ᠤᠨ ᠣᠷᠣᠨ᠎ᠤ ᠬᠡᠪᠴᠢᠶᠡᠨ᠎ᠳᠠᠬᠢ ᠤᠤᠯ᠎ᠤᠨ ᠪᠠᠢ᠌ᠭᠰᠠᠨ ᠰᠢᠷᠣᠢ ᠴᠢᠯᠠᠭᠤᠨ ᠮᠠᠲᠸᠷᠢᠶᠠᠯ᠎ᠤᠨ ᠲᠠᠷᠬᠠᠯᠲᠠ ᠵᠢᠨ ᠪᠠᠢ᠌ᠷᠢᠯᠠᠯ ᠂ ᠣᠨᠴᠠᠯᠢᠭ ᠂ ᠮᠸᠲᠷ ᠰᠢᠷᠣᠢ ᠴᠢᠯᠠᠭᠤᠨ᠎ᠤ ᠬᠡᠮᠵᠢᠶ᠎ᠡ ᠵᠡᠷᠭᠡ ᠪᠠᠢ᠌ᠳᠠᠯ᠎ᠢ ᠲᠣᠳᠣᠷᠬᠠᠢ᠌ᠯᠠᠨ ᠥᠭᠦᠯᠡᠨ᠎ᠡ ᠃
ᠬᠣᠶᠠᠳᠤᠭ᠋ᠠᠷ ᠬᠡᠰᠡᠭ ᠰᠢᠷᠣᠢ ᠴᠢᠯᠠᠭᠤᠨ ᠮᠠᠲᠸᠷᠢᠶᠠᠯ᠎ᠢ ᠰᠠᠯᠭ᠋ᠠᠬᠤ ᠪᠤᠶᠤ ᠨᠡᠭᠡᠭᠡᠨ ᠮᠠᠯᠲᠠᠬᠤ
ᠠᠮᠢ ᠠᠬᠤᠢ ᠵᠢ ᠰᠡᠷᠭᠦᠭᠡᠬᠦ ᠲᠥᠰᠥᠯ ᠵᠶ᠋ᠠᠷ ᠶᠠᠪᠤᠭᠳᠠᠭᠤᠯᠵᠤ ᠪᠠᠢ᠌ᠭ᠎ᠠ ᠠᠮᠢ ᠠᠬᠤᠢ ᠵᠢ ᠰᠡᠷᠭᠦᠭᠡᠬᠦ ᠠᠷᠭ᠎ᠠ ᠮᠠᠶᠢᠭ ᠵᠢᠴᠢ ᠠᠮᠢ ᠠᠬᠤᠢ ᠵᠢ ᠰᠡᠷᠭᠦᠭᠡᠬᠦ ᠠᠷᠭ᠎ᠠ ᠬᠡᠮᠵᠢᠶ᠎ᠡ ᠵᠢᠨ ᠢᠨᠵᠧᠨᠧᠷᠢᠩ᠎ᠤᠨ ᠪᠠᠢ᠌ᠷᠢᠰᠢᠭᠤᠯᠤᠯᠲᠠ ᠵᠢ ᠦᠨᠳᠦᠰᠦᠯᠡᠵᠦ ᠂ ᠢᠨᠵᠧᠨᠧᠷᠢᠩ᠎ᠤᠨ ᠬᠡᠷᠡᠭᠵᠢᠭᠦᠯᠦᠯᠲᠡ᠎ᠳᠠᠬᠢ ᠰᠢᠨ᠎ᠡ᠎ᠪᠠᠷ ᠪᠣᠢ ᠪᠣᠯᠤᠭᠰᠠᠨ ᠰᠢᠷᠣᠢ ᠴᠢᠯᠠᠭᠤᠨ ᠮᠠᠲ᠋ᠧᠷᠢᠶᠠᠯ᠎ᠤᠨ ᠪᠠᠢ᠌ᠳᠠᠯ (ᠰᠠᠯᠭ᠋ᠠᠬᠤ ᠪᠤᠶᠤ ᠨᠡᠭᠡᠭᠡᠨ ᠮᠠᠯᠲᠠᠬᠤ ᠪᠠᠢ᠌ᠷᠢᠯᠠᠯ ᠂ ᠬᠦᠷᠢᠶ᠎ᠡ ᠬᠡᠪᠴᠢᠶ᠎ᠡ ᠂ ᠲᠥᠰᠥᠭᠡᠯᠡᠨ ᠪᠤᠳᠤᠬᠤ ᠠᠷᠭ᠎ᠠ ᠪᠠ ᠲᠥᠰᠥᠭᠡᠯᠡᠨ ᠪᠤᠳᠤᠬᠤ ᠪᠣᠯᠵᠣᠯᠲᠤ ᠲᠣᠭ᠎ᠠ )᠎ᠢ ᠲᠣᠳᠣᠷᠬᠠᠢ᠌ᠯᠠᠬᠤ ᠵᠢᠨ ᠬᠠᠮᠲᠤ ᠂ ᠡᠭᠦᠨ᠎ᠢ ᠦᠨᠳᠦᠰᠦᠯᠡᠨ ᠬᠠᠶᠠᠭᠳᠠᠮᠠᠯ ᠰᠢᠷᠣᠢ ᠴᠢᠯᠠᠭᠤᠨ ᠮᠠᠲ᠋ᠧᠷᠢᠶᠠᠯ᠎ᠢ ᠰᠠᠯᠭ᠋ᠠᠬᠤ ᠪᠤᠶᠤ ᠨᠡᠭᠡᠭᠡᠨ ᠮᠠᠯᠲᠠᠬᠤ ᠬᠡᠮᠵᠢᠶ᠎ᠡ (ᠠᠵᠤ ᠦᠢ᠍ᠯᠡᠳᠪᠦᠷᠢ ᠵᠢᠨ ᠭᠦᠢ᠍ᠴᠡᠳᠬᠡᠯ ᠲᠣᠭ᠋ᠠᠨ᠎ᠤ ᠵᠥᠷᠢᠶ᠎ᠡ ᠣᠷᠣᠰᠢᠵᠤ ᠪᠠᠢ᠌ᠬᠤ ᠦᠶ᠎ᠡ᠎ᠳᠤ ᠂ ᠠᠰ ᠠᠰ ᠵᠶ᠋ᠠᠷ᠎ᠨᠢ ᠲᠥᠰᠥᠭᠡᠯᠡᠨ ᠪᠣᠳᠣᠵᠦ ᠂ ᠪᠦᠷᠢᠳᠬᠡᠯ᠎ᠤᠨ ᠲᠠᠯ᠎ᠠ ᠵᠢᠨ ᠬᠡᠮᠵᠢᠶ᠎ᠡ ᠵᠢ ᠲᠣᠭᠲᠠᠭ᠋ᠠᠨ᠎ᠠ ) ᠵᠢ ᠲᠥᠰᠥᠭᠡᠯᠡᠨ ᠪᠤᠳᠤᠨ᠎ᠠ ᠃
ᠭᠤᠷᠪᠠᠳᠤᠭ᠋ᠠᠷ ᠬᠡᠰᠡᠭ ᠰᠢᠷᠣᠢ ᠴᠢᠯᠠᠭᠤᠨ ᠮᠠᠲᠸᠷᠢᠶᠠᠯ ᠠᠰᠢᠭᠯᠠᠬᠤ ᠵᠢᠨ ᠴᠢᠬᠤᠯᠠ ᠴᠢᠨᠠᠷ ᠪᠠ ᠪᠣᠯᠣᠮᠵᠢᠲᠤ ᠴᠢᠨᠠᠷ᠎ᠤᠨ ᠵᠠᠳᠠᠯᠤᠯᠲᠠ
ᠠᠮᠢ ᠠᠬᠤᠢ ᠵᠢ ᠰᠡᠷᠭᠦᠭᠡᠬᠦ ᠲᠥᠰᠥᠯ ᠵᠶ᠋ᠡᠷ ᠶᠠᠪᠤᠭᠳᠠᠭᠤᠯᠵᠤ ᠪᠠᠢ᠌ᠭ᠎ᠠ ᠠᠮᠢ ᠠᠬᠤᠢ ᠵᠢ ᠰᠡᠷᠭᠦᠭᠡᠬᠦ ᠠᠷᠭ᠎ᠠ ᠮᠠᠶᠢᠭ ᠵᠢᠴᠢ ᠠᠮᠢ ᠠᠬᠤᠢ ᠵᠢ ᠰᠡᠷᠭᠦᠭᠡᠬᠦ ᠠᠷᠭ᠎ᠠ ᠬᠡᠮᠵᠢᠶ᠎ᠡ ᠵᠢᠨ ᠢᠨᠵᠧᠨᠧᠷᠢᠩ᠎ᠤᠨ ᠪᠠᠢ᠌ᠷᠢᠰᠢᠭᠤᠯᠤᠯᠲᠠ ᠵᠢ ᠦᠨᠳᠦᠰᠦᠯᠡᠵᠦ ᠂ ᠲᠥᠷᠥᠯ ᠵᠦᠢ᠍ᠯ᠎ᠤᠨ ᠣᠷᠣᠨ᠎ᠤ ᠭᠠᠵᠠᠷ ᠰᠢᠨᠵᠢᠯᠡᠭᠡᠨ᠎ᠤ ᠣᠷᠴᠢᠨ ᠲᠣᠭᠣᠷᠢᠨ᠎ᠤ ᠨᠥᠬᠥᠴᠡᠯ ᠵᠡᠷᠭᠡ ᠭᠠᠳᠠᠷ ᠲᠠᠯ᠎ᠠ ᠵᠢᠨ ᠪᠠᠷᠢᠯᠭ᠎ᠠ ᠵᠢᠨ ᠨᠥᠬᠥᠴᠡᠯ᠎ᠲᠠᠢ ᠤᠶᠠᠯᠳᠤᠭᠤᠯᠤᠨ ᠂ ᠰᠢᠷᠣᠢ ᠴᠢᠯᠠᠭᠤᠨ ᠮᠠᠲ᠋ᠧᠷᠢᠶᠠᠯ᠎ᠢ ᠰᠠᠯᠭ᠋ᠠᠬᠤ ᠪᠤᠶᠤ ᠨᠡᠭᠡᠭᠡᠨ ᠮᠠᠯᠲᠠᠬᠤ ᠵᠢᠨ ᠴᠢᠬᠤᠯᠠ ᠴᠢᠨᠠᠷ ᠪᠠ ᠵᠣᠬᠢᠬᠤ ᠢᠨᠵᠧᠨᠧᠷᠢᠩ᠎ᠤᠨ ᠠᠷᠭ᠎ᠠ ᠬᠡᠮᠵᠢᠶ᠎ᠡ ᠵᠢᠨ ᠪᠣᠯᠣᠮᠵᠢᠲᠤ ᠴᠢᠨᠠᠷ᠎ᠢ ᠨᠤᠲᠠᠯᠠᠨ᠎ᠠ ᠃
ᠳᠥᠷᠪᠡᠳᠦᠭᠡᠷ ᠬᠡᠰᠡᠭ ᠰᠢᠷᠣᠢ ᠴᠢᠯᠠᠭᠤᠨ ᠮᠠᠲ᠋ᠧᠷᠢᠶᠠᠯ᠎ᠤᠨ ᠲᠡᠩᠴᠡᠭᠦᠷᠢ ᠵᠢᠨ ᠵᠠᠳᠠᠯᠤᠯᠲᠠ
ᠲᠥᠷᠥᠯ ᠵᠦᠢ᠍ᠯ᠎ᠤᠨ ᠣᠷᠣᠨ᠎ᠤ ᠠᠮᠢ ᠠᠬᠤᠢ ᠵᠢ ᠰᠡᠷᠭᠦᠭᠡᠬᠦ ᠢᠨᠵᠧᠨᠧᠷᠢᠩ᠎ᠳᠠᠬᠢ ᠰᠢᠷᠣᠢ ᠴᠢᠯᠠᠭᠤᠨ ᠮᠠᠲ᠋ᠧᠷᠢᠶᠠᠯ ᠬᠠᠩᠭ᠋ᠠᠬᠤ ᠬᠡᠮᠵᠢᠶ᠎ᠡ (ᠤᠭ ᠭᠠᠵᠠᠷ᠎ᠲᠠᠬᠢ ᠦᠯᠡᠳᠡᠭᠳᠡᠯ ᠰᠢᠷᠣᠢ ᠴᠢᠯᠠᠭᠤᠨ ᠮᠠᠲ᠋ᠧᠷᠢᠶᠠᠯ ᠪᠠ ᠰᠢᠨ᠎ᠡ᠎ᠪᠠᠷ ᠪᠤᠢ ᠪᠣᠯᠤᠭᠰᠠᠨ ᠰᠢᠷᠣᠢ ᠴᠢᠯᠠᠭᠤᠨ ᠮᠠᠲ᠋ᠧᠷᠢᠶᠠᠯ )᠂ ᠰᠢᠷᠣᠢ ᠴᠢᠯᠠᠭᠤᠨ ᠮᠠᠲ᠋ᠧᠷᠢᠶᠠᠯ᠎ᠤᠨ ᠬᠡᠷᠡᠭᠰᠡᠬᠦ ᠬᠡᠮᠵᠢᠶ᠎ᠡ ᠪᠠ ᠦᠯᠡᠳᠡᠪᠦᠷᠢ ᠰᠢᠢ᠍ᠳᠪᠦᠷᠢᠯᠡᠵᠦ ᠪᠣᠯᠬᠤᠢ᠌ᠴᠠ ᠰᠢᠷᠣᠢ ᠴᠢᠯᠠᠭᠤᠨ ᠮᠠᠲ᠋ᠧᠷᠢᠶᠠᠯ᠎ᠤᠨ ᠬᠡᠮᠵᠢᠶ᠎ᠡ᠎ᠳᠤ ᠲᠡᠩᠴᠡᠭᠦᠷᠢ ᠵᠢᠨ ᠵᠠᠳᠠᠯᠤᠯᠲᠠ ᠬᠢᠨ᠎ᠡ ᠃
ᠲᠠᠪᠤᠳᠤᠭ᠋ᠠᠷ ᠬᠡᠰᠡᠭ ᠰᠢᠷᠣᠢ ᠴᠢᠯᠠᠭᠤᠨ ᠮᠠᠲ᠋ᠧᠷᠢᠶᠠᠯ᠎ᠢ ᠠᠰᠢᠭᠯᠠᠬᠤ ᠠᠷᠭ᠎ᠠ
ᠲᠣᠰ ᠤᠳᠠᠭ᠋ᠠᠨ᠎ᠤ ᠠᠮᠢ ᠠᠬᠤᠢ ᠵᠢ ᠰᠡᠷᠭᠦᠭᠡᠬᠦ ᠲᠥᠷᠥᠯ ᠵᠦᠢ᠍ᠯ᠎ᠳᠤ ᠵᠠᠷᠤᠴᠠᠭᠤᠯᠬᠤ ᠮᠸ ᠲ᠋ᠷ ᠰᠢᠷᠣᠢ ᠴᠢᠯᠠᠭᠤᠨ᠎ᠤ ᠬᠡᠮᠵᠢᠶ᠎ᠡ ᠵᠢᠴᠢ ᠦᠯᠡᠳᠡᠪᠦᠷᠢ ᠰᠢᠢ᠍ᠳᠪᠦᠷᠢᠯᠡᠵᠦ ᠪᠣᠯᠬᠤᠢ᠌ᠴᠠ ᠰᠢᠷᠣᠢ ᠴᠢᠯᠠᠭᠤᠨ ᠮᠠᠲ᠋ᠧᠷᠢᠶᠠᠯ᠎ᠤᠨ ᠬᠡᠮᠵᠢᠶ᠎ᠡ ᠵᠢ ᠲᠣᠳᠣᠷᠬᠠᠢ᠌ᠯᠠᠨ᠎ᠠ ᠃ ᠦᠯᠡᠳᠡᠪᠦᠷᠢ ᠰᠢᠢ᠍ᠳᠪᠦᠷᠢᠯᠡᠵᠦ ᠪᠣᠯᠬᠤᠢ᠌ᠴᠠ ᠰᠢᠷᠣᠢ ᠴᠢᠯᠠᠭᠤᠨ ᠮᠠᠲᠸᠷᠢᠶᠠᠯ᠎ᠢ ᠰᠢᠢ᠍ᠳᠪᠦᠷᠢᠯᠡᠬᠦ ᠠᠷᠭ᠎ᠠ ᠬᠡᠮᠵᠢᠶ᠎ᠡ (ᠠᠢ᠌ᠮᠠᠭ ᠬᠤᠲᠠ ᠵᠢᠨ ᠠᠵᠢᠯ ᠲᠥᠷᠥᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠶ᠋ᠠᠷ ᠵᠥᠪᠰᠢᠶᠡᠷᠡᠭᠦᠯᠦᠭᠡᠳ ᠂ ᠬᠣᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠵᠣᠬᠢᠶᠠᠨ ᠪᠠᠢ᠌ᠭᠤᠯᠵᠤ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠠᠨ᠎ᠤ ᠲᠠᠪᠴᠠᠩ᠎ᠳᠤ ᠣᠷᠣᠭᠤᠯᠤᠨ᠎ᠠ ) ᠵᠢ ᠲᠣᠳᠣᠷᠬᠠᠢ ᠲᠣᠭᠲᠠᠭ᠋ᠠᠨ᠎ᠠ ᠃
ᠳᠥᠷᠪᠡᠳᠦᠭᠡᠷ ᠪᠦᠯᠦᠭ ᠠᠰᠢᠭ ᠣᠷᠣᠯᠭ᠎ᠠ ᠵᠢᠨ ᠬᠤᠪᠢᠶᠠᠷᠢᠯᠠᠯᠲᠠ
ᠨᠢᠭᠡᠳᠦᠭᠡᠷ ᠬᠡᠰᠡᠭ ᠠᠰᠢᠭ ᠤᠷᠤᠯᠭ᠎ᠠ ᠵᠢᠨ ᠲᠥᠰᠥᠭᠡᠯᠡᠨ ᠪᠣᠳᠣᠯᠲᠠ
ᠦᠯᠡᠳᠡᠪᠦᠷᠢ ᠰᠢᠢ᠍ᠳᠪᠦᠷᠢᠯᠡᠵᠦ ᠪᠣᠯᠬᠤᠢ᠌ᠴᠠ ᠰᠢᠷᠣᠢ ᠴᠢᠯᠠᠭᠤᠨ ᠮᠠᠲ᠋ᠧᠷᠢᠶᠠᠯ᠎ᠤᠨ ᠠᠷᠠᠯᠵᠢᠶᠠᠨ᠎ᠤ ᠠᠰᠢᠭ ᠣᠷᠣᠯᠭ᠎ᠠ ᠵᠢ ᠲᠥᠰᠥᠭᠡᠯᠡᠨ ᠪᠣᠳᠣᠨ᠎ᠠ ᠃
ᠬᠣᠶᠠᠳᠤᠭ᠋ᠠᠷ ᠬᠡᠰᠡᠭ ᠠᠰᠢᠭ ᠤᠷᠤᠯᠭ᠎ᠠ ᠵᠢᠨ ᠬᠤᠪᠢᠶᠠᠷᠢᠯᠠᠯᠲᠠ
ᠪᠡᠯᠡ ᠮᠥᠩᠭᠥᠨ᠎ᠤ ᠲᠡᠩᠴᠡᠭᠦᠷᠢ ᠵᠢᠨ ᠵᠠᠳᠠᠯᠤᠯᠲᠠ᠎ᠳᠤ ᠰᠠᠭᠤᠷᠢᠯᠠᠵᠤ ᠂ ᠨᠡᠢ᠌ᠭᠡᠮ᠎ᠤᠨ ᠪᠡᠯᠡ ᠣᠷᠣᠭᠤᠯᠤᠯᠲᠠ ᠵᠢᠨ ᠲᠠᠯ᠎ᠠ ᠵᠢᠨ ᠠᠰᠢᠭ ᠣᠷᠣᠯᠭ᠎ᠠ ᠵᠢᠨ ᠬᠤᠪᠢᠶᠠᠷᠢᠯᠠᠯᠲᠠ ᠵᠢᠨ ᠲᠣᠭᠲᠠᠴᠠ ᠵᠢ ᠲᠣᠢ᠌ᠮᠣᠴᠢᠯᠠᠨ ᠲᠣᠭ᠋ᠠᠴᠢᠨᠠ ᠃
ᠳᠠᠭ᠋ᠠᠯᠳᠤᠭᠤᠯᠤᠯ᠄ 1. ᠲᠥᠷᠥᠯ ᠵᠦᠢ᠍ᠯ᠎ᠤᠨ ᠣᠷᠣᠨ᠎ᠤ ᠰᠢᠷᠣᠢ ᠴᠢᠯᠠᠭᠤᠨ ᠮᠠᠲ᠋ᠧᠷᠢᠶᠠᠯ᠎ᠤᠨ ᠲᠡᠩᠴᠡᠭᠦᠷᠢ ᠵᠢᠨ ᠵᠠᠳᠠᠯᠤᠯᠲᠠ ᠵᠢᠨ ᠬᠦᠰᠦᠨᠦᠭᠲᠦ
2. ᠲᠥᠷᠥᠯ ᠵᠦᠢ᠍ᠯ᠎ᠤᠨ ᠣᠷᠣᠨ᠎ᠤ ᠤᠭ ᠭᠠᠵᠠᠷ᠎ᠲᠠᠬᠢ ᠦᠯᠡᠳᠡᠭᠳᠡᠯ ᠰᠢᠷᠣᠢ ᠴᠢᠯᠠᠭᠤᠨ ᠮᠠᠲ᠋ᠧᠷᠢᠶᠠᠯ᠎ᠤᠨ ᠣᠳᠣᠬᠢ ᠪᠠᠢ᠌ᠳᠠᠯ᠎ᠤᠨ ᠵᠢᠷᠤᠭ
3. ᠲᠥᠷᠥᠯ ᠵᠦᠢ᠍ᠯ᠎ᠤᠨ ᠣᠷᠣᠨ᠎ᠤ ᠰᠢᠷᠣᠢ ᠴᠢᠯᠠᠭᠤᠨ᠎ᠤ ᠮᠠᠲ᠋ᠧᠷᠢᠶᠠᠯ᠎ᠢ ᠰᠠᠯᠭ᠋ᠠᠬᠤ ᠪᠤᠶᠤ ᠨᠡᠭᠡᠭᠡᠨ ᠮᠠᠯᠲᠠᠬᠤ ᠢᠨᠵᠧᠨᠧᠷᠢᠩ᠎ᠤᠨ ᠪᠠᠢ᠌ᠷᠢᠰᠢᠭᠤᠯᠤᠯᠲᠠ ᠵᠢᠨ ᠵᠢᠷᠤᠭ
4. ᠲᠥᠷᠥᠯ ᠵᠦᠢ᠍ᠯ᠎ᠤᠨ ᠣᠷᠣᠨ᠎ᠤ ᠰᠢᠷᠣᠢ ᠴᠢᠯᠠᠭᠤᠨ ᠮᠠᠲ᠋ᠧᠷᠢᠶᠠᠯ᠎ᠢ ᠰᠠᠯᠭ᠋ᠠᠬᠤ ᠪᠤᠶᠤ ᠨᠡᠭᠡᠭᠡᠨ ᠮᠠᠯᠲᠠᠬᠤ ᠵᠢᠷᠤᠭ ᠲᠥᠯᠥᠪᠯᠡᠭᠡ ᠵᠢᠨ ᠶᠡᠷᠦᠩᠬᠡᠢ᠌ᠯᠡᠭᠰᠡᠨ ᠣᠭᠲᠣᠯᠣᠭ᠋ᠠᠰᠤ ᠵᠢᠨ ᠵᠢᠷᠤᠭ
5. ᠲᠥᠷᠥᠯ ᠵᠦᠢ᠍ᠯ᠎ᠤᠨ ᠣᠷᠣᠨ᠎ᠤ ᠰᠢᠷᠣᠢ ᠴᠢᠯᠠᠭᠤᠨ᠎ᠤ ᠮᠠᠲ᠋ᠧᠷᠢᠶᠠᠯ᠎ᠤᠨ ᠬᠡᠮᠵᠢᠶᠡᠨ᠎ᠤ ᠲᠥᠰᠥᠭᠡᠯᠡᠨ ᠪᠤᠳᠤᠨᠨᠰᠠᠨ ᠬᠠᠪᠲᠠᠭ᠋ᠠᠢ ᠵᠢᠷᠤᠭ
6. ᠬᠠᠶᠠᠭᠳᠠᠮᠠᠯ ᠰᠢᠷᠣᠢ ᠴᠢᠯᠠᠭᠤᠨ ᠮᠠᠲ᠋ᠧᠷᠢᠶᠠᠯ᠎ᠢ ᠶᠡᠷᠦᠩᠬᠡᠢ᠌ᠯᠡᠨ ᠠᠰᠢᠭᠯᠠᠬᠤ ᠬᠢᠨᠠᠯᠲᠠ ᠬᠠᠮᠢᠶᠠᠷᠤᠯᠲᠠ ᠵᠢᠨ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠬᠤ ᠲᠤᠬᠠᠢ ×× ᠬᠣᠰᠢᠭᠤᠨ (ᠰᠢᠶᠠᠨ ᠂ ᠬᠤᠳᠠ ᠂ ᠲᠣᠭᠣᠷᠢᠭ )᠎ᠤ ᠠᠷᠠᠳ᠎ᠤᠨ ᠵᠠᠰᠠᠭ᠎ᠤᠨ ᠣᠷᠳᠣᠨ᠎ᠤ ᠠᠮᠠᠯᠠᠯᠲᠠ ᠵᠢᠨ ᠪᠢᠴᠢᠭ
ᠳᠠᠭ᠋ᠠᠯᠳᠤᠭᠤᠯᠤᠯ 3
×× ᠬᠣᠰᠢᠭᠤᠨ (ᠰᠢᠶᠠᠨ ᠂ ᠬᠤᠲᠠ ᠂ ᠲᠣᠭᠣᠷᠢᠭ )᠎ᠤ ×× ᠠᠮᠢ ᠠᠬᠤᠢ ᠵᠢ ᠰᠡᠷᠭᠦᠭᠡᠬᠦ ᠲᠦᠷᠦᠯ ᠵᠦᠢ᠍ᠯ᠎ᠤᠨ
ᠰᠢᠨ᠎ᠡ᠎ᠪᠠᠷ ᠨᠡᠮᠡᠭᠳᠡᠭᠰᠡᠨ ᠲᠠᠷᠢᠶᠠᠯᠠᠬᠤ ᠭᠠᠵᠠᠷ᠎ᠢ ᠡᠵᠡᠯᠡᠬᠦ ᠨᠥᠬᠥᠪᠦᠷᠢᠯᠡᠬᠦ ᠵᠢ᠎ᠨᠢ ᠲᠡᠩᠴᠡᠭᠦᠷᠢᠰᠢᠭᠦᠯᠦᠨ ᠠᠰᠢᠭᠯᠠᠬᠤ ᠲᠥᠰᠥᠯ
(ᠯᠠᠪᠯᠠᠯᠲᠠ ᠵᠢᠨ ᠲᠣᠪᠴᠢ )
ᠨᠢᠭᠡᠳᠦᠭᠡᠷ ᠪᠦᠯᠦᠭ ᠡᠮᠦᠨᠡᠬᠢ ᠦᠭᠡ
ᠲᠥᠰᠥᠯ᠎ᠢ ᠨᠠᠢ᠌ᠷᠠᠭᠤᠯᠤᠨ ᠵᠣᠬᠢᠶᠠᠬᠤ ᠵᠢᠨ ᠦᠨᠳᠦᠰᠦᠯᠡᠯ ᠂ ᠵᠣᠷᠢᠯᠭ᠎ᠠ ᠬᠢᠭᠡᠳ ᠡᠭᠦᠷᠭᠡ ᠂ ᠵᠢᠯᠤᠭᠣᠳᠬᠤ ᠦᠵᠡᠯ ᠰᠠᠨᠠᠭ᠎ᠠ ᠪᠠ ᠦᠨᠳᠦᠰᠦᠨ ᠵᠠᠷᠴᠢᠮ᠎ᠢ ᠲᠣᠳᠣᠷᠬᠠᠢ᠌ᠯᠠᠨ ᠥᠭᠦᠯᠡᠨ᠎ᠡ ᠃
ᠬᠣᠶᠠᠳᠤᠭ᠋ᠠᠷ ᠪᠦᠯᠦᠭ ᠣᠷᠣᠨ ᠪᠦᠰᠡ ᠵᠢᠨ ᠪᠠᠢ᠌ᠭ᠋ᠠᠯᠢ ᠵᠢᠨ ᠲᠣᠢ᠌ᠮᠣ ᠪᠠᠢ᠌ᠳᠠᠯ
ᠥᠩᠭᠡᠷᠡᠭᠰᠡᠨ᠎ᠠᠴᠠ ᠦᠯᠡᠳᠡᠭᠳᠡᠵᠦ ᠢᠷᠡᠭᠰᠡᠨ ᠠᠭᠤᠷᠬᠠᠢ ᠵᠢᠨ ᠠᠮᠢ ᠠᠬᠤᠢ ᠵᠢ ᠰᠡᠷᠭᠦᠭᠡᠬᠦ ᠠᠵᠢᠯ᠎ᠢ ᠲᠠᠷᠢᠶᠠᠯᠠᠬᠤ ᠭᠠᠵᠠᠷ᠎ᠢ ᠡᠵᠡᠯᠡᠬᠦ ᠨᠥᠬᠥᠪᠦᠷᠢᠯᠡᠬᠦ ᠵᠢ ᠲᠡᠩᠴᠡᠭᠦᠷᠢᠰᠢᠭᠦᠯᠬᠦ᠎ᠳᠤ ᠬᠡᠷᠡᠭᠯᠡᠬᠦ ᠲᠥᠷᠥᠯ ᠵᠦᠢ᠍ᠯ᠎ᠤᠨ ᠣᠷᠣᠨ ᠪᠦᠰᠡ ᠵᠢᠨ ᠪᠠᠢ᠌ᠷᠢᠯᠠᠯ ᠂ ᠬᠡᠪᠴᠢᠶ᠎ᠡ ᠂ ᠪᠠᠢ᠌ᠭ᠋ᠠᠯᠢ ᠵᠢᠨ ᠭᠠᠵᠠᠷ ᠵᠦᠢ (ᠣᠨᠴᠠᠭ᠋ᠠᠢ᠌ᠯᠠᠨ ᠭᠠᠵᠠᠷ᠎ᠤᠨ ᠭᠠᠳᠠᠷᠭᠤ ᠵᠢᠨ ᠲᠥᠷᠥᠯ ᠬᠡᠯᠪᠡᠷᠢ ᠂ ᠠᠭᠤᠷ ᠠᠮᠢᠰᠬᠤᠯ᠎ᠤᠨ ᠨᠥᠬᠥᠴᠡᠯ ᠂ ᠬᠥᠷᠥᠰᠥ ᠰᠢᠷᠣᠢ ᠵᠢᠨ ᠨᠥᠬᠥᠴᠡᠯ ᠂ ᠣᠰᠣᠨ ᠵᠦᠢ ᠵᠢᠨ ᠭᠠᠵᠠᠷ ᠰᠢᠨᠵᠢᠯᠡᠭᠡᠨ᠎ᠤ ᠨᠥᠬᠥᠴᠡᠯ ᠵᠡᠷᠭᠡ ) ᠵᠢᠨ ᠠᠵᠤ ᠠᠬᠤᠢ ᠵᠢᠨ ᠲᠣᠢ᠌ᠮᠣ ᠪᠠᠢ᠌ᠳᠠᠯ᠎ᠢ ᠲᠣᠳᠣᠷᠬᠠᠢ᠌ᠯᠠᠨ ᠥᠭᠦᠯᠡᠨ᠎ᠡ ᠃
ᠭᠤᠷᠪᠠᠳᠤᠭ᠋ᠠᠷ ᠪᠦᠯᠦᠭ ᠲᠥᠷᠥᠯ ᠵᠦᠢ᠍ᠯ᠎ᠤᠨ ᠣᠷᠣᠨ᠎ᠤ ᠭᠠᠵᠠᠷ ᠰᠢᠷᠣᠢ ᠵᠢ ᠠᠰᠢᠭᠯᠠᠵᠤ ᠪᠠᠢ᠌ᠭ᠎ᠠ ᠪᠠᠢ᠌ᠳᠠᠯ
ᠲᠥᠷᠥᠯ ᠵᠦᠢ᠍ᠯ᠎ᠤᠨ ᠣᠷᠣᠨ᠎ᠢ ᠪᠦᠲᠦᠭᠡᠨ ᠪᠠᠶ᠋ᠢᠭᠤᠯᠬᠤ᠎ᠠᠴᠠ ᠡᠮᠦᠨᠡᠬᠢ ᠭᠠᠵᠠᠷ ᠰᠢᠷᠣᠢ ᠵᠢᠨ ᠠᠰᠢᠭᠯᠠᠯᠲᠠ ᠵᠢᠨ ᠪᠠᠢ᠌ᠳᠠᠯ᠎ᠢ ᠵᠠᠳᠠᠯᠤᠨ᠎ᠠ ᠃
ᠳᠥᠷᠪᠡᠳᠦᠭᠡᠷ ᠪᠦᠯᠦᠭ ᠲᠠᠷᠢᠶᠠᠯᠠᠬᠤ ᠭᠠᠵᠠᠷ᠎ᠢ ᠡᠵᠡᠯᠡᠬᠦ ᠨᠥᠬᠥᠪᠦᠷᠢᠯᠡᠬᠦ ᠵᠢ᠎ᠨᠢ ᠲᠡᠩᠴᠡᠭᠦᠷᠢᠰᠢᠭᠦᠯᠬᠦ ᠵᠢᠨ
ᠴᠢᠬᠤᠯᠠ ᠴᠢᠨᠠᠷ ᠪᠠ ᠪᠣᠯᠣᠮᠵᠢᠲᠤ ᠴᠢᠨᠠᠷ᠎ᠤᠨ ᠵᠠᠳᠠᠯᠤᠯᠲᠠ
ᠠᠮᠢ ᠠᠬᠤᠢ ᠵᠢ ᠰᠡᠷᠭᠦᠭᠡᠬᠦ ᠲᠥᠰᠥᠯ᠎ᠳᠠᠬᠢ ᠡᠯ᠎ᠡ ᠵᠦᠢ᠍ᠯ᠎ᠤᠨ ᠢᠨᠵᠧᠨᠧᠷᠢᠩ᠎ᠤᠨ ᠪᠠᠢ᠌ᠷᠢᠰᠢᠭᠤᠯᠤᠯᠲᠠ᠎ᠲᠠᠢ ᠤᠶᠠᠯᠳᠤᠭᠤᠯᠵᠤ ᠂ ᠰᠡᠷᠭᠦᠭᠡᠨ ᠬᠠᠭ᠋ᠠᠯᠪᠤᠷᠢᠯᠠᠭᠰᠠᠨ ᠭᠠᠵᠠᠷ ᠣᠷᠣᠨ᠎ᠤ ᠬᠣᠯᠪᠣᠭᠳᠠᠯ ᠪᠦᠬᠦᠢ ᠭᠠᠵᠠᠷ ᠰᠢᠨᠵᠢᠯᠡᠭᠡᠨ᠎ᠤ ᠣᠷᠴᠢᠨ ᠲᠣᠭᠣᠷᠢᠨ᠎ᠤ ᠨᠥᠬᠥᠴᠡᠯ ᠂ ᠤᠰᠤᠨ᠎ᠤ ᠡᠬᠢ ᠰᠤᠷᠪᠤᠯᠵᠢ ᠵᠢᠨ ᠨᠥᠬᠥᠴᠡᠯ ᠂ ᠬᠥᠷᠥᠰᠥ ᠰᠢᠷᠣᠢ ᠵᠢᠨ ᠨᠥᠬᠥᠴᠡᠯ ᠂ ᠬᠦᠨᠳᠦ ᠲᠡᠮᠦᠷᠯᠢᠭ᠎ᠤᠨ ᠪᠣᠬᠢᠷᠲᠤᠯ᠎ᠤᠨ ᠪᠠᠢ᠌ᠳᠠᠯ ᠪᠠ ᠠᠮᠢ ᠠᠬᠤᠢ ᠵᠢᠨ ᠤᠯᠠᠭ᠋ᠠᠨ ᠱᠤᠭᠤᠮ᠎ᠤᠨ ᠪᠠᠢ᠌ᠳᠠᠯ᠎ᠢ ᠦᠨᠳᠦᠰᠦᠯᠡᠨ ᠂ ᠤᠷᠳᠤ ᠬᠤᠭᠤᠴᠠᠭ᠋ᠠᠨ᠎ᠤ ᠂ ᠲᠣᠭᠲᠠᠪᠤᠷᠢᠲᠠᠢ ᠂ ᠪᠦᠲᠦᠮᠵᠢᠲᠡᠢ ᠲᠠᠷᠢᠶᠠᠯᠠᠬᠤ ᠭᠠᠵᠠᠷ᠎ᠢ ᠪᠤᠢ ᠪᠣᠯᠭ᠋ᠠᠵᠦ ᠴᠢᠳᠠᠬᠤ ᠡᠰᠡᠬᠦ ᠵᠢᠨ ᠪᠣᠯᠣᠮᠵᠢᠲᠤ ᠴᠢᠨᠠᠷ ᠪᠠ ᠴᠢᠬᠤᠯᠠ ᠴᠢᠨᠠᠷ᠎ᠢ ᠵᠠᠳᠠᠯᠤᠨ ᠨᠤᠲᠠᠯᠠᠨ᠎ᠠ ᠃
ᠲᠠᠪᠤᠳᠤᠭ᠋ᠠᠷ ᠪᠦᠯᠦᠭ ᠲᠠᠷᠢᠶᠠᠯᠠᠬᠤ ᠭᠠᠵᠠᠷ᠎ᠢ ᠡᠵᠡᠯᠡᠬᠦ ᠨᠥᠬᠥᠪᠦᠷᠢᠯᠡᠬᠦ ᠵᠢ᠎ᠨᠢ ᠲᠡᠩᠴᠡᠭᠦᠷᠢᠰᠢᠭᠦᠯᠦᠨ ᠠᠰᠢᠭᠯᠠᠬᠤ ᠲᠥᠰᠥᠯ
ᠭᠣᠣᠯᠳᠠᠭᠤ ᠲᠥᠷᠥᠯ ᠵᠦᠢ᠍ᠯ᠎ᠤᠨ ᠰᠡᠷᠭᠦᠭᠡᠨ ᠬᠠᠭ᠋ᠠᠯᠪᠤᠷᠢᠯᠠᠬᠤ ᠭᠠᠵᠠᠷ ᠂ ᠪᠦᠲᠦᠭᠡᠨ ᠪᠠᠢ᠌ᠭᠤᠯᠬᠤ ᠢᠨᠵᠧᠨᠧᠷᠢᠩ᠎ᠤᠨ ᠬᠤᠭᠤᠴᠠᠭ᠎ᠠ ᠂ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢᠨ ᠪᠠᠢ᠌ᠳᠠᠯ ᠂ ᠲᠥᠷᠥᠯ ᠵᠦᠢ᠍ᠯ᠎ᠤᠨ ᠣᠷᠣᠨ᠎ᠤ ᠡᠷᠬᠢᠨ ᠲᠣᠭᠣᠷᠢᠨ᠎ᠤ ᠲᠠᠷᠢᠶᠠᠯᠠᠬᠤ ᠭᠠᠵᠠᠷ᠎ᠤᠨ ᠪᠠᠢ᠌ᠳᠠᠯ ᠪᠠ ᠶᠠᠰᠤ ᠴᠢᠨᠠᠷ᠎ᠤᠨ ᠪᠠᠢ᠌ᠳᠠᠯ ᠂ ᠣᠷᠳᠣ ᠬᠤᠭᠤᠴᠠᠭ᠋ᠠᠨ᠎ᠤ ᠂ ᠲᠣᠭᠲᠠᠪᠤᠷᠢᠲᠠᠢ ᠂ ᠪᠦᠲᠦᠮᠵᠢᠲᠡᠶ ᠲᠠᠷᠢᠶᠠᠯᠠᠬᠤ ᠭᠠᠵᠠᠷ᠎ᠤᠨ ᠲᠠᠯᠠᠪᠠᠶ ᠂ ᠦᠢ᠍ᠯᠡᠳᠪᠦᠷᠢᠯᠡᠬᠦ ᠴᠢᠳᠠᠮᠵᠢ ᠵᠢᠴᠢ ᠭᠠᠵᠠᠷ ᠰᠢᠷᠣᠢ ᠵᠢᠨ ᠡᠷᠬᠡ ᠵᠢᠨ ᠬᠠᠷᠢᠶᠠᠯᠠᠯ᠎ᠤᠨ ᠪᠤᠢ ᠪᠣᠯᠤᠭᠰᠠᠨ ᠪᠠᠢ᠌ᠳᠠᠯ ᠂ ᠭᠠᠵᠠᠷ ᠰᠢᠷᠣᠢ ᠬᠠᠭ᠋ᠠᠯᠪᠤᠷᠢᠯᠠᠨ ᠲᠠᠷᠢᠨᠨᠴᠢᠳ᠎ᠤᠨ ᠪᠠᠲᠤᠯᠠᠭ᠎ᠠ ᠵᠢᠴᠢ ᠲᠥᠷᠥᠯ ᠵᠦᠢ᠍ᠯ᠎ᠢ ᠰᠢᠯᠭ᠋ᠠᠨ ᠠᠪᠤᠭᠰᠠᠨ᠎ᠤ ᠳᠠᠷᠠᠭ᠋ᠠᠬᠢ ᠰᠡᠭᠦᠯᠴᠢ ᠵᠢᠨ ᠬᠤᠭᠤᠴᠠᠭ᠋ᠠᠨ᠎ᠤ ᠬᠠᠮᠢᠶᠠᠷᠴᠤ ᠬᠠᠮᠠᠭ᠋ᠠᠯᠠᠭᠰᠠᠨ ᠪᠠ ᠭᠠᠵᠠᠷ᠎ᠤᠨ ᠬᠦᠴᠦ ᠰᠢᠮᠡᠵᠢᠭᠦᠯᠦᠭᠰᠡᠨ ᠪᠠᠢ᠌ᠳᠠᠯ᠎ᠳᠤ ᠵᠠᠳᠠᠯᠤᠯᠲᠠ ᠬᠢᠨ᠎ᠡ ᠃
ᠵᠢᠷᠭᠤᠳᠤᠭ᠋ᠠᠷ ᠪᠦᠯᠦᠭ ᠪᠡᠯᠡ ᠮᠥᠩᠭᠥᠨ᠎ᠤ ᠲᠡᠩᠴᠡᠭᠦᠷᠢ ᠵᠢᠨ ᠵᠠᠳᠠᠯᠤᠯᠲᠠ
ᠶᠡᠷᠦᠩᠬᠡᠢ ᠪᠡᠯᠡ ᠣᠷᠣᠭᠤᠯᠤᠯᠲᠠ ᠵᠢ ᠲᠥᠰᠥᠭᠡᠯᠡᠨ ᠪᠣᠳᠣᠬᠤ ᠂ ᠵᠠᠬ᠎ᠠ ᠳᠡᠯᠭᠡᠭᠦᠷᠴᠢᠯᠡᠯᠲᠡ ᠵᠢ ᠣᠷᠣᠭᠤᠯᠤᠨ ᠠᠪᠴᠢᠷᠠᠭ᠋ᠠᠳ ᠣᠷᠣᠭᠤᠯᠤᠯᠲᠠ ᠬᠢᠯᠭᠡᠭᠰᠡᠨ ᠪᠡᠯᠡ ᠮᠥᠩᠭᠥ ᠵᠢ ᠲᠥᠰᠥᠭᠡᠯᠡᠨ ᠪᠤᠳᠤᠬᠤ ᠂ ᠵᠢᠱ᠌ᠢᠭᠰᠡᠨ ᠦᠢ᠍ᠯᠡᠳᠪᠦᠷᠢᠯᠡᠯ᠎ᠤᠨ ᠠᠰᠢᠭ ᠣᠷᠣᠯᠭ᠎ᠠ ᠂ ᠨᠡᠢ᠌ᠭᠡᠮ᠎ᠤᠨ ᠬᠥᠷᠥᠩᠭᠡ ᠵᠢᠨ ᠪᠡᠯᠡ ᠣᠷᠣᠭᠤᠯᠤᠯᠲᠠ ᠬᠢᠭᠡᠳ ᠠᠰᠢᠭ ᠬᠦᠷᠲᠡᠬᠦ ᠵᠢ ᠬᠣᠯᠪᠣᠭᠳᠠᠭᠤᠯᠬᠤ ᠵᠠᠷᠴᠢᠮ ᠵᠡᠷᠭᠡ ᠵᠢ ᠲᠣᠢ᠌ᠮᠣᠴᠢᠯᠠᠨ ᠲᠣᠭ᠋ᠠᠴᠢᠨᠠ ᠃
ᠳᠣᠯᠣᠳᠤᠭ᠋ᠠᠷ ᠪᠦᠯᠦᠭ ᠪᠠᠲᠤᠯᠠᠭ᠎ᠠ ᠵᠢᠨ ᠠᠷᠭ᠎ᠠ ᠬᠡᠮᠵᠢᠶ᠎ᠡ
ᠬᠣᠰᠢᠭᠤ ᠰᠢᠶᠠᠨ᠎ᠤ ᠱᠠᠲᠤᠨ᠎ᠠᠴᠠ ᠵᠣᠬᠢᠶᠠᠨ ᠪᠠᠢ᠌ᠭᠤᠯᠵᠤ ᠬᠡᠷᠡᠭᠵᠢᠭᠦᠯᠬᠦ ᠂ ᠬᠢᠨᠠᠯᠲᠠ ᠲᠠᠯᠪᠢᠨ ᠬᠠᠮᠢᠶᠠᠷᠬᠤ ᠂ ᠮᠡᠷᠭᠡᠵᠢᠯ᠎ᠤᠨ ᠲᠤᠯᠭ᠋ᠠᠭᠤᠷᠢᠯᠠᠯ ᠦᠵᠡᠬᠦᠯᠬᠦ ᠵᠢ ᠨᠢᠭᠡᠳᠦᠯᠲᠡᠢ ᠲᠥᠯᠥᠪᠯᠡᠬᠦ ᠵᠡᠷᠭᠡ ᠪᠠᠲᠤᠯᠠᠭ᠎ᠠ ᠵᠢᠨ ᠠᠷᠭ᠎ᠠ ᠬᠡᠮᠵᠢᠶ᠎ᠡ ᠵᠢ ᠲᠣᠳᠣᠷᠬᠠᠢ ᠲᠣᠭᠲᠠᠭ᠋ᠠᠨ᠎ᠠ ᠃
ᠳᠠᠭ᠋ᠠᠯᠳᠤᠭᠤᠯᠤᠯ 4
×× ᠬᠣᠰᠢᠭᠤᠨ (ᠰᠢᠶᠠᠨ ᠂ ᠬᠤᠲᠠ ᠂ ᠲᠣᠭᠣᠷᠢᠭ )᠎ᠤ ×× ×× ᠠᠮᠢ ᠠᠬᠤᠢ ᠵᠢ ᠰᠡᠷᠭᠦᠭᠡᠬᠦ ᠲᠥᠷᠥᠯ ᠵᠦᠢ᠍ᠯ᠎ᠤᠨ ᠪᠦᠲᠦᠭᠡᠨ
ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠎ᠤᠨ ᠨᠡᠮᠡᠭᠳᠡᠬᠦ ᠪᠠ ᠬᠠᠰᠤᠭᠳᠠᠬᠤ ᠵᠢ ᠬᠣᠯᠪᠣᠭᠳᠠᠭᠤᠯᠤᠨ ᠠᠰᠢᠭᠯᠠᠬᠤ ᠲᠥᠷᠥᠯ ᠵᠦᠢ᠍ᠯ᠎ᠤᠨ ᠲᠥᠰᠥᠯ
(ᠯᠠᠪᠯᠠᠯᠲᠠ ᠵᠢᠨ ᠲᠣᠪᠴᠢ )
ᠨᠢᠭᠡᠳᠦᠭᠡᠷ ᠪᠦᠯᠦᠭ ᠡᠮᠦᠨᠡᠬᠢ ᠦᠭᠡ
ᠲᠥᠰᠥᠯ᠎ᠢ ᠨᠠᠢ᠌ᠷᠠᠭᠤᠯᠤᠨ ᠵᠣᠬᠢᠶᠠᠬᠤ ᠵᠢᠨ ᠦᠨᠳᠦᠰᠦᠯᠡᠯ ᠂ ᠵᠣᠷᠢᠯᠭ᠎ᠠ ᠬᠢᠭᠡᠳ ᠡᠭᠦᠷᠭᠡ ᠂ ᠵᠢᠯᠤᠭᠣᠳᠬᠤ ᠦᠵᠡᠯ ᠰᠠᠨᠠᠭ᠎ᠠ ᠪᠠ ᠦᠨᠳᠦᠰᠦᠨ ᠵᠠᠷᠴᠢᠮ᠎ᠢ ᠲᠣᠳᠣᠷᠬᠠᠢ᠌ᠯᠠᠨ ᠥᠭᠦᠯᠡᠨ᠎ᠡ ᠃
ᠬᠣᠶᠠᠳᠤᠭ᠋ᠠᠷ ᠪᠦᠯᠦᠭ ᠵᠣᠷᠢᠯᠭ᠎ᠠ ᠡᠭᠦᠷᠭᠡ
ᠲᠥᠰᠥᠯ᠎ᠢ ᠨᠠᠢ᠌ᠷᠠᠭᠤᠯᠤᠨ ᠵᠣᠬᠢᠶᠠᠬᠤ ᠵᠣᠷᠢᠯᠭ᠎ᠠ ᠪᠠ ᠭᠣᠣᠯᠳᠠᠯᠭ᠎ᠠ᠎ᠲᠠᠢ ᠠᠵᠢᠯ᠎ᠤᠨ ᠡᠭᠦᠷᠭᠡ ᠵᠢ ᠲᠣᠪᠴᠢ ᠲᠣᠭ᠋ᠠᠴᠢᠨᠠ ᠃ ᠭᠣᠣᠯᠳᠠᠭᠤ ᠠᠭᠤᠷᠬᠠᠢ ᠵᠢᠨ ᠠᠮᠢ ᠠᠬᠤᠢ ᠵᠢ ᠰᠡᠷᠭᠦᠭᠡᠬᠦ ᠶᠠᠪᠤᠴᠠ᠎ᠳᠠᠬᠢ ᠨᠡᠮᠡᠭᠳᠡᠬᠦ ᠪᠠ ᠬᠠᠰᠤᠭᠳᠠᠬᠤ ᠵᠢ ᠬᠣᠯᠪᠣᠭᠳᠠᠭᠤᠯᠬᠤ ᠲᠥᠷᠥᠯ ᠵᠦᠢ᠍ᠯ᠎ᠤᠨ ᠭᠠᠵᠠᠷ ᠰᠣᠩᠭᠣᠬᠤ ᠨᠥᠬᠥᠴᠡᠯ᠎ᠳᠤ ᠨᠡᠢ᠌ᠴᠡᠬᠦ ᠬᠡᠪᠴᠢᠶ᠎ᠡ ᠂ ᠭᠠᠵᠠᠷ ᠬᠡᠰᠡᠭ᠎ᠤᠨ ᠪᠠᠢ᠌ᠷᠢ ᠂ ᠰᠡᠷᠭᠦᠭᠡᠨ ᠬᠠᠭ᠋ᠠᠯᠪᠤᠷᠢᠯᠠᠬᠤ ᠭᠠᠵᠠᠷ᠎ᠤᠨ ᠲᠥᠷᠥᠯ ᠂ ᠰᠡᠷᠭᠦᠭᠡᠨ ᠬᠠᠭ᠋ᠠᠯᠪᠤᠷᠢᠯᠠᠬᠤ ᠢᠨᠵᠧᠨᠧᠷᠢᠩ ᠵᠡᠷᠭᠡ ᠵᠢ ᠲᠣᠳᠣᠷᠬᠠᠢ᠌ᠯᠠᠨ᠎ᠠ ᠃
ᠭᠤᠷᠪᠠᠳᠤᠭ᠋ᠠᠷ ᠪᠦᠯᠦᠭ ᠭᠦᠢ᠍ᠴᠡᠳᠬᠡᠯ ᠲᠣᠭ᠋ᠠᠨ᠎ᠤ ᠬᠡᠪᠴᠢᠶ᠎ᠡ ᠵᠢ ᠬᠠᠷᠭᠤᠭᠤᠯᠤᠨ ᠲᠣᠭᠲᠠᠭ᠋ᠠᠬᠤ
ᠨᠡᠮᠡᠭᠳᠡᠬᠦ ᠪᠠ ᠬᠠᠰᠤᠭᠳᠠᠬᠤ ᠵᠢ ᠬᠣᠯᠪᠣᠭᠳᠠᠭᠤᠯᠬᠤ ᠲᠥᠷᠥᠯ ᠵᠦᠢ᠍ᠯ᠎ᠤᠨ ᠭᠠᠵᠠᠷ ᠰᠣᠩᠭᠣᠬᠤ ᠨᠥᠬᠥᠴᠡᠯ᠎ᠲᠠᠢ ᠵᠣᠬᠢᠴᠠᠯᠳᠤᠭᠤᠯᠵᠤ ᠂ ᠭᠣᠣᠯᠳᠠᠭᠤ ᠨᠡᠮᠡᠭᠳᠡᠬᠦ ᠪᠠ ᠬᠠᠰᠤᠭᠳᠠᠬᠤ ᠵᠢ ᠬᠣᠯᠪᠣᠭᠳᠠᠭᠤᠯᠬᠤ ᠲᠥᠷᠥᠯ ᠵᠦᠢ᠍ᠯ᠎ᠳᠤ ᠣᠷᠣᠭᠤᠯᠵᠤ ᠪᠣᠯᠬᠣ ᠭᠦᠢ᠍ᠴᠡᠳᠬᠡᠯ ᠲᠣᠭ᠋ᠠᠨ᠎ᠤ ᠬᠡᠪᠴᠢᠶ᠎ᠡ ᠵᠢ ᠲᠣᠳᠣᠷᠬᠠᠢ᠌ᠯᠠᠨ᠎ᠠ ᠃
ᠭᠠᠵᠠᠷ ᠰᠣᠩᠭᠣᠬᠤ ᠨᠥᠬᠥᠴᠡᠯ᠎ᠳᠤ᠄
ᠡᠷᠬᠡ ᠵᠢᠨ ᠬᠠᠷᠢᠶᠠᠯᠠᠯ᠎ᠨᠢ ᠬᠠᠮᠲᠤ᠎ᠳᠤ ᠥᠮᠴᠢᠯᠡᠭᠳᠡᠬᠦ;
ᠠᠯᠤᠰ ᠰᠡᠷᠡᠯ᠎ᠤᠨ ᠢᠮᠡᠭᠸ ᠳᠦᠷᠰᠦ ᠵᠢᠨ ᠳᠡᠮᠵᠢᠯᠭᠡ᠎ᠲᠠᠢ ᠪᠠᠢ᠌ᠬᠤ;
ᠳᠠᠩ ᠭᠠᠭᠴᠠ ᠭᠠᠵᠠᠷ ᠬᠡᠰᠡᠭ᠎ᠤᠨ ᠲᠠᠯᠠᠪᠠᠢ᠎ᠨᠢ 1 ᠮᠦ᠍᠎ᠠᠴᠠ ᠪᠠᠭ᠎ᠠ ᠦᠭᠡᠢ ᠃
ᠥᠩᠭᠡᠷᠡᠭᠰᠡᠨ᠎ᠠᠴᠠ ᠦᠯᠡᠳᠡᠭᠳᠡᠵᠦ ᠢᠷᠡᠭᠰᠡᠨ ᠠᠭᠤᠷᠬᠠᠢ᠎ᠳᠤ ᠬᠠᠷᠢᠶᠠᠯᠠᠭᠳᠠᠪᠠᠯ ᠂ ᠥᠩᠭᠡᠷᠡᠭᠰᠡᠨ᠎ᠠᠴᠠ ᠦᠯᠡᠳᠡᠭᠳᠡᠵᠦ ᠢᠷᠡᠭᠰᠡᠨ ᠠᠭᠤᠷᠬᠠᠢ ᠵᠢᠨ ᠦᠨᠳᠦᠰᠦᠨ ᠪᠠᠢ᠌ᠳᠠᠯ᠎ᠢ ᠲᠠᠨᠢᠯᠴᠠᠭᠤᠯᠤᠨ᠎ᠠ ᠂ ᠡᠭᠦᠨ᠎ᠳᠤ ᠠᠭᠤᠷᠬᠠᠢ ᠮᠠᠯᠲᠠᠭᠰᠠᠨ ᠣᠨ ᠵᠢᠯ ᠪᠠ ᠠᠭᠤᠷᠬᠠᠢ ᠵᠢᠨ ᠲᠦᠷᠦᠯ ᠵᠦᠢ᠍ᠯ ᠵᠡᠷᠭᠡ ᠪᠠᠭᠲᠠᠨ᠎ᠠ;
ᠪᠦᠲᠦᠭᠡᠨ ᠪᠠᠢ᠌ᠭᠤᠯᠤᠯᠲᠠ᠎ᠳᠤ ᠪᠠᠢ᠌ᠭ᠎ᠠ ᠠᠭᠤᠷᠬᠠᠢ᠎ᠳᠤ ᠬᠠᠷᠢᠶᠠᠯᠠᠭᠳᠠᠪᠠᠯ ᠂ ᠠᠭᠤᠷᠬᠠᠢ᠎ᠳᠤ ᠬᠡᠷᠡᠭᠯᠡᠭᠰᠡᠨ ᠭᠠᠵᠠᠷ ᠂ ᠪᠦᠲᠦᠭᠡᠨ ᠪᠠᠢ᠌ᠭᠤᠯᠵᠤ ᠪᠠᠢ᠌ᠭ᠎ᠠ ᠵᠢᠴᠢ ᠠᠵᠢᠯ ᠵᠣᠭᠰᠣᠭᠰᠠᠨ ᠵᠡᠷᠭᠡ ᠦᠨᠳᠦᠰᠦᠨ ᠪᠠᠢ᠌ᠳᠠᠯ᠎ᠢ ᠲᠠᠨᠢᠯᠴᠠᠭᠤᠯᠤᠨ᠎ᠠ ᠂ ᠡᠭᠦᠨ᠎ᠳᠤ ᠠᠭᠤᠷᠬᠠᠢ᠎ᠳᠤ ᠬᠡᠷᠡᠭᠯᠡᠬᠦ ᠭᠠᠵᠠᠷ᠎ᠤᠨ ᠬᠢᠨᠠᠨ ᠵᠥᠪᠰᠢᠶᠡᠷᠡᠯ ᠴᠣᠬᠣᠯᠠᠪᠤᠷᠢ ᠂ ᠠᠭᠤᠷᠬᠠᠢ ᠵᠢᠨ ᠲᠦᠷᠦᠯ ᠵᠦᠢ᠍ᠯ ᠵᠡᠷᠭᠡ ᠵᠢ ᠪᠠᠭᠲᠠᠭ᠋ᠠᠨ᠎ᠠ ᠃
ᠳᠥᠷᠪᠡᠳᠦᠭᠡᠷ ᠪᠦᠯᠦᠭ ᠰᠡᠷᠭᠦᠭᠡᠨ ᠬᠠᠭ᠋ᠠᠯᠪᠤᠷᠢᠯᠠᠬᠤ ᠭᠠᠵᠠᠷ᠎ᠤᠨ ᠲᠥᠷᠥᠯ᠎ᠤᠨ ᠪᠠᠢ᠌ᠳᠠᠯ
ᠭᠣᠣᠯᠳᠠᠭᠤ ᠰᠡᠷᠭᠦᠭᠡᠨ ᠬᠠᠭ᠋ᠠᠯᠪᠤᠷᠢᠯᠠᠬᠤ ᠬᠠᠨᠳᠤᠰᠢ ᠪᠠ ᠡᠯ᠎ᠡ ᠭᠠᠵᠠᠷ᠎ᠤᠨ ᠲᠥᠷᠥᠯ᠎ᠤᠨ ᠲᠠᠯᠠᠪᠠᠶ ᠵᠢ ᠲᠣᠳᠣᠷᠬᠠᠢ᠌ᠯᠠᠵᠤ ᠂ ᠰᠡᠷᠭᠦᠭᠡᠨ ᠬᠠᠭ᠋ᠠᠯᠪᠤᠷᠢᠯᠠᠬᠤ᠎ᠨᠢ ᠲᠠᠷᠢᠶᠠᠯᠠᠬᠤ ᠭᠠᠵᠠᠷ ᠪᠣᠯᠬᠣ᠎ᠳᠤ ᠭᠦᠷᠪᠡᠯ ᠂ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠤᠨ ᠳᠣᠲᠣᠷ᠎ᠠ ᠪᠠᠢ᠌ᠵᠤ ᠪᠣᠯᠬᠣ ᠦᠭᠡᠢ ᠮᠥᠷᠲᠡᠭᠡᠨ ᠨᠠᠯᠠᠤᠴᠠ᠎ᠨᠢ 25°ᠠᠴᠠ ᠪᠠᠭ᠎ᠠ ᠪᠠᠢ᠌ᠬᠤ ᠬᠡᠷᠡᠭᠲᠡᠢ ᠃
ᠲᠠᠪᠤᠳᠤᠭ᠋ᠠᠷ ᠪᠦᠯᠦᠭ ᠰᠡᠷᠭᠦᠭᠡᠨ ᠬᠠᠭ᠋ᠠᠯᠪᠤᠷᠢᠯᠠᠬᠤ ᠢᠨᠵᠧᠨᠧᠷᠢᠩ ᠵᠢᠴᠢ ᠪᠡᠯᠡ ᠮᠥᠩᠭᠥᠨ᠎ᠤ ᠲᠥᠰᠥᠪ
ᠭᠣᠣᠯᠳᠠᠭᠤ ᠵᠣᠬᠢᠴᠠᠯᠳᠤᠬᠤ ᠭᠠᠵᠠᠷ ᠬᠡᠰᠡᠭ᠎ᠢ ᠰᠡᠷᠭᠦᠭᠡᠨ ᠬᠠᠭ᠋ᠠᠯᠪᠤᠷᠢᠯᠠᠬᠤ᠎ᠳᠤ ᠠᠪᠤᠭᠰᠠᠨ ᠢᠨᠵᠧᠨᠧᠷᠢᠩ᠎ᠤᠨ ᠠᠷᠭ᠎ᠠ ᠬᠡᠮᠵᠢᠶ᠎ᠡ ᠂ ᠢᠨᠵᠧᠨᠧᠷᠢᠩ᠎ᠤᠨ ᠬᠡᠮᠵᠢᠶ᠎ᠡ ᠵᠢᠴᠢ ᠪᠡᠯᠡ ᠮᠥᠩᠭᠥᠨ᠎ᠤ ᠲᠥᠰᠥᠪ ᠵᠡᠷᠭᠡ ᠵᠢ ᠲᠣᠳᠣᠷᠬᠠᠢ᠌ᠯᠠᠨ᠎ᠠ ᠃
ᠵᠢᠷᠭᠤᠳᠤᠭ᠋ᠠᠷ ᠪᠦᠯᠦᠭ ᠪᠠᠲᠤᠯᠠᠭ᠎ᠠ ᠵᠢᠨ ᠠᠷᠭ᠎ᠠ ᠬᠡᠮᠵᠢᠶ᠎ᠡ
ᠬᠣᠰᠢᠭᠤ ᠰᠢᠶᠠᠨ᠎ᠤ ᠱᠠᠲᠤᠨ᠎ᠠᠴᠠ ᠵᠣᠬᠢᠶᠠᠨ ᠪᠠᠢ᠌ᠭᠤᠯᠵᠤ ᠬᠡᠷᠡᠭᠵᠢᠭᠦᠯᠬᠦ ᠂ ᠬᠢᠨᠠᠯᠲᠠ ᠲᠠᠯᠪᠢᠨ ᠬᠠᠮᠢᠶᠠᠷᠬᠤ ᠂ ᠮᠡᠷᠭᠡᠵᠢᠯ᠎ᠤᠨ ᠲᠤᠯᠭ᠋ᠠᠭᠤᠷᠢᠯᠠᠯ ᠦᠵᠡᠬᠦᠯᠬᠦ ᠵᠢ ᠨᠢᠭᠡᠳᠦᠯᠲᠡᠢ ᠲᠥᠯᠥᠪᠯᠡᠬᠦ ᠵᠡᠷᠭᠡ ᠪᠠᠲᠤᠯᠠᠭ᠎ᠠ ᠵᠢᠨ ᠠᠷᠭ᠎ᠠ ᠬᠡᠮᠵᠢᠶ᠎ᠡ ᠵᠢ ᠲᠣᠳᠣᠷᠬᠠᠢ ᠲᠣᠭᠲᠠᠭ᠋ᠠᠨ᠎ᠠ ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ
2023 ᠣᠨ᠎ᠤ 2 ᠳ᠋ᠤᠭ᠋ᠠᠷ ᠰᠠᠷ᠎ᠠ ᠵᠢᠨ 8᠎ᠤ ᠡᠳᠦᠷ ᠳᠠᠷᠤᠮᠠᠯᠯᠠᠨ ᠲᠠᠷᠬᠠᠭ᠋ᠠᠪᠠ