ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ
ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠪᠢᠴᠢᠭ ᠮᠠᠲ᠋ᠧᠷᠢᠶᠠᠯ
ᠥᠪᠥᠷ ᠵᠠᠰᠠᠭ ᠠᠯᠪᠠᠨ ᠲᠠᠷᠬᠠᠭ᠋ᠠᠭᠰᠠᠨ [2023] 16 ᠳ᠋ᠤᠭ᠋ᠠᠷ ᠲᠣᠭ᠋ᠠᠲᠤ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠬᠡᠷᠡᠭᠵᠢᠭᠦᠯᠬᠦ ᠨᠠᠷᠢᠨ ᠳᠦᠷᠢᠮ (ᠲᠤᠷᠰᠢᠨ ᠬᠡᠷᠡᠭᠵᠢᠭᠦᠯᠬᠦ)》᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠡᠯ᠎ᠡ ᠠᠢ᠌ᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠢ᠌ᠯᠠᠯ᠂ ᠠᠵᠢᠯ ᠦᠢ᠍ᠯᠡᠰ᠎ᠤᠨ ᠨᠢᠭᠡᠴᠢ᠎ᠳᠤ᠄
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠬᠡᠷᠡᠭᠵᠢᠭᠦᠯᠬᠦ ᠨᠠᠷᠢᠨ ᠳᠦᠷᠢᠮ (ᠲᠤᠷᠰᠢᠨ ᠬᠡᠷᠡᠭᠵᠢᠭᠦᠯᠬᠦ)》᠎ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ ᠡᠳᠦᠭᠡ ᠲᠠ ᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ᠎ᠲᠠᠢ᠎ᠪᠠᠨ ᠤᠶᠠᠯᠳᠤᠭᠤᠯᠤᠨ᠂ ᠬᠢᠨᠠᠮᠠᠭ᠋ᠠᠢ ᠵᠢᠷᠤᠮᠯᠠᠨ ᠬᠡᠷᠡᠭᠵᠢᠭᠦᠯᠲᠦᠭᠡᠢ᠃
2023 ᠣᠨ᠎ᠤ 2 ᠳ᠋ᠤᠭ᠋ᠠᠷ ᠰᠠᠷ᠎ᠠ ᠵᠢᠨ 6᠎ᠤ ᠡᠳᠦᠷ
(ᠲᠣᠰ ᠪᠢᠴᠢᠭ ᠮᠠᠲ᠋ᠧᠷᠢᠶᠠᠯ᠎ᠢ ᠢᠯᠡ ᠨᠡᠢ᠌ᠲᠡᠯᠡᠨ᠎ᠡ)
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠬᠡᠷᠡᠭᠵᠢᠭᠦᠯᠬᠦ ᠨᠠᠷᠢᠨ ᠳᠦᠷᠢᠮ (ᠲᠤᠷᠰᠢᠨ ᠬᠡᠷᠡᠭᠵᠢᠭᠦᠯᠬᠦ)
ᠨᠢᠭᠡᠳᠦᠭᠡᠷ ᠪᠦᠯᠦᠭ ᠶᠡᠷᠦᠩᠬᠡᠢ ᠳᠦᠷᠢᠮ
ᠨᠢᠭᠡᠳᠦᠭᠡᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ (ᠳᠣᠷᠣᠭᠰᠢ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ ᠭᠡᠵᠦ ᠲᠣᠪᠴᠢᠯᠠᠨ᠎ᠠ)᠎ᠤᠨ ᠠᠵᠢᠯᠯᠠᠭ᠎ᠠ ᠵᠢ ᠵᠢᠷᠤᠮᠵᠢᠭᠤᠯᠤᠨ᠂ ᠪᠡᠯᠡ ᠣᠷᠣᠭᠤᠯᠤᠭᠴᠢᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠵᠤ᠂ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠤᠨ ᠲᠦᠭᠰᠢᠭᠦᠷᠢ ᠵᠢ ᠰᠡᠷᠭᠡᠢ᠌ᠯᠡᠨ᠂ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠤᠨ ᠡᠷᠡᠭᠦᠯ ᠵᠶ᠋ᠡᠷ ᠬᠥᠭᠵᠢᠬᠦ ᠵᠢ ᠠᠬᠢᠭᠤᠯᠬᠤ ᠵᠢᠨ ᠲᠤᠰᠠᠳᠠ᠂ 《ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠲᠡᠮᠳᠡᠭᠲᠦ ᠵᠢᠨ ᠬᠠᠤᠯᠢ》 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠺᠣᠮᠫᠠᠨᠢ ᠵᠢᠨ ᠬᠠᠤᠯᠢ》 《ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠤᠷᠰᠢᠨ ᠬᠡᠷᠡᠭᠵᠢᠭᠦᠯᠬᠦ ᠠᠷᠭ᠎ᠠ》 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠳᠦᠷᠢᠮ》 ᠵᠢᠴᠢ ᠳᠤᠮᠳᠠᠳᠤ ᠤᠯᠤᠰ᠎ᠤᠨ ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠢᠨ ᠡᠪᠯᠡᠯ᠎ᠤᠨ ᠠᠯᠪᠠᠨ ᠲᠢᠩᠬᠢᠮ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠶᠠᠮᠤᠨ᠎ᠤ ᠠᠯᠪᠠᠨ ᠲᠢᠩᠬᠢᠮ᠎ᠤᠨ 《ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠤᠨ 〈ᠲᠤᠰᠬᠠᠢ᠌ᠵᠢᠭᠰᠠᠨ ᠨᠠᠷᠢᠯᠢᠭ ᠥᠪᠡᠷᠮᠢᠴᠡ ᠰᠢᠨ᠎ᠡ〉 ᠲᠤᠰᠬᠠᠢ ᠰᠠᠮᠪᠠᠷ᠎ᠠ ᠵᠢ ᠴᠢᠨᠠᠷ ᠰᠠᠢ᠌ᠲᠠᠢ ᠪᠦᠲᠦᠭᠡᠨ ᠪᠠᠶ᠋ᠢᠭᠤᠯᠬᠤ ᠲᠤᠬᠠᠢ ᠵᠢᠯᠤᠭᠣᠳᠬᠤ ᠰᠠᠨᠠᠯ》 (ᠲᠡᠮᠳᠡᠭᠲᠦ ᠬᠢᠨᠠᠯᠲᠠ ᠠᠯᠪᠠᠨ ᠵᠠᠬᠢᠳᠠᠯ [2022] 840 ᠳ᠋ᠦ᠍ᠭᠡᠷ ᠲᠣᠭ᠋ᠠᠲᠤ) ᠵᠡᠷᠭᠡ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠲᠣᠭᠲᠠᠭ᠋ᠠᠯ ᠳᠦᠷᠢᠮ ᠪᠠ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠲᠣᠭᠲᠠᠭ᠋ᠠᠯ᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ ᠤᠶᠠᠯᠳᠤᠭᠤᠯᠤᠨ᠂ ᠲᠣᠰ ᠨᠠᠷᠢᠨ ᠳᠦᠷᠢᠮ᠎ᠢ ᠲᠣᠭᠲᠠᠭ᠋ᠠᠪᠠ᠃
ᠬᠣᠶᠠᠳᠤᠭ᠋ᠠᠷ ᠵᠦᠢ᠍ᠯ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ ᠪᠣᠯ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠠᠵᠤ ᠠᠬᠤᠢ᠌ᠯᠠᠯ᠎ᠤᠨ ᠲᠡᠮᠳᠡᠭᠲᠦ ᠵᠢ ᠢᠯᠡ ᠪᠤᠰᠤ᠎ᠪᠠᠷ ᠲᠠᠷᠬᠠᠭ᠋ᠠᠬᠤ᠂ ᠰᠢᠯᠵᠢᠭᠦᠯᠦᠨ ᠥᠭᠬᠦ᠂ ᠰᠲ᠋ᠣᠺ᠎ᠤᠨ ᠡᠷᠬᠡ ᠵᠢ ᠳᠡᠩᠰᠡᠯᠡᠵᠦ ᠨᠠᠢ᠌ᠳᠠᠨ ᠬᠠᠮᠢᠶᠠᠷᠤᠭᠤᠯᠬᠤ ᠵᠢᠴᠢ ᠬᠣᠯᠪᠣᠭᠳᠠᠯ ᠪᠦᠬᠦᠢ ᠠᠵᠢᠯᠯᠠᠭ᠎ᠠ᠎ᠳᠤ ᠪᠡᠯᠡᠳᠬᠡᠮᠵᠢ ᠬᠢᠭᠡᠳ ᠦᠢ᠍ᠯᠡᠴᠢᠯᠡᠭᠡᠨ᠎ᠤ ᠲᠠᠯᠠᠪᠤᠷ ᠭᠠᠵᠠᠷ ᠬᠠᠩᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠴᠢᠬᠤᠯᠠ ᠪᠦᠬᠦᠢ ᠮᠥᠩᠭᠥᠨ ᠭᠦᠢ᠍ᠯᠭᠡᠭᠡᠨ᠎ᠤ ᠰᠠᠭᠤᠷᠢ ᠪᠡᠯᠡᠳᠬᠡᠮᠵᠢ ᠪᠣᠯᠣᠨ᠎ᠠ᠃
ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠠᠴᠠ ᠭᠠᠳᠠᠨ᠎ᠠ᠂ ᠥᠪᠡᠷᠲᠡᠭᠡᠨ ᠵᠠᠰᠠᠬᠤ ᠣᠷᠣᠨ᠎ᠤ ᠪᠤᠰᠤᠳ ᠲᠥᠷᠥᠯ᠎ᠤᠨ ᠠᠷᠠᠯᠵᠢᠶᠠᠨ᠎ᠤ ᠲᠠᠯᠠᠪᠤᠷ ᠭᠠᠵᠠᠷ᠂ ᠪᠠᠢ᠌ᠭᠤᠯᠤᠮᠵᠢ᠎ᠨᠢ ᠲᠡᠮᠳᠡᠭᠲᠦ ᠲᠠᠷᠬᠠᠭ᠋ᠠᠬᠤ ᠪᠠ ᠰᠢᠯᠵᠢᠭᠦᠯᠦᠨ ᠥᠭᠬᠦ ᠠᠵᠢᠯᠯᠠᠭ᠎ᠠ ᠵᠢ ᠵᠣᠬᠢᠶᠠᠨ ᠪᠠᠢ᠌ᠭᠤᠯᠵᠤ ᠪᠣᠯᠬᠤ ᠦᠭᠡᠢ᠃
ᠭᠤᠷᠪᠠᠳᠤᠭ᠋ᠠᠷ ᠵᠦᠢ᠍ᠯ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠲᠤ ᠰᠲ᠋ᠣᠺ᠂ ᠰᠲ᠋ᠣᠺ ᠪᠣᠯᠭ᠋ᠠᠨ ᠰᠣᠯᠢᠵᠤ ᠪᠣᠯᠬᠤ ᠺᠣᠮᠫᠠᠨᠢ ᠵᠢᠨ ᠵᠢᠭᠡᠯᠡᠯᠭᠡ ᠵᠢᠨ ᠲᠡᠮᠳᠡᠭᠲᠦ ᠪᠣᠯᠣᠨ ᠲᠦᠷᠦ ᠵᠢᠨ ᠶᠠᠪᠤᠳᠠᠯ᠎ᠤᠨ ᠬᠣᠷᠢᠶᠠᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠵᠥᠪᠰᠢᠶᠡᠷᠡᠭᠰᠡᠨ ᠪᠤᠰᠤᠳ ᠲᠡᠮᠳᠡᠭᠲᠦ ᠵᠢ ᠢᠯᠡ ᠪᠤᠰᠤ᠎ᠪᠠᠷ ᠲᠠᠷᠬᠠᠭ᠋ᠠᠬᠤ ᠪᠠ ᠰᠢᠯᠵᠢᠭᠦᠯᠦᠨ ᠥᠭᠬᠦ ᠵᠢᠴᠢ ᠫᠠᠢ᠌ᠰᠠ ᠡᠯᠭᠦᠵᠦ ᠳᠡᠯᠭᠡᠨ ᠦᠵᠡᠭᠦᠯᠬᠦ᠂ ᠠᠵᠤ ᠠᠬᠤᠢ᠌ᠯᠠᠯ᠎ᠢ ᠪᠣᠢ᠌ᠵᠢᠭᠤᠯᠬᠤ᠂ ᠰᠲ᠋ᠣᠺ᠎ᠤᠨ ᠡᠷᠬᠡ ᠵᠢ ᠳᠠᠩᠰᠠᠯᠠᠵᠤ ᠨᠠᠢ᠌ᠳᠠᠨ ᠬᠠᠮᠢᠶᠠᠷᠤᠭᠤᠯᠬᠤ᠂ ᠠᠷᠠᠯᠵᠢᠶᠠᠨ᠎ᠤ ᠳ᠋ᠦᠩᠨᠡᠨ ᠪᠣᠳᠣᠯᠲᠠ ᠵᠡᠷᠭᠡ ᠬᠠᠮᠢᠶ᠎ᠠ ᠪᠦᠬᠦᠢ ᠠᠵᠢᠯᠯᠠᠭ᠎ᠠ ᠵᠢ ᠥᠷᠨᠢᠭᠦᠯᠬᠦ᠎ᠳᠤ ᠲᠤᠰ ᠨᠠᠷᠢᠨ ᠳᠦᠷᠢᠮ᠎ᠢ ᠲᠣᠬᠢᠷᠠᠭᠤᠯᠤᠨ ᠬᠡᠷᠡᠭᠯᠡᠨ᠎ᠡ᠃
ᠳᠥᠷᠪᠡᠳᠦᠭᠡᠷ ᠵᠦᠢ᠍ᠯ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠲᠤ ᠲᠡᠮᠳᠡᠭᠲᠦ ᠵᠢ ᠢᠯᠡ ᠪᠤᠰᠤ᠎ᠪᠠᠷ ᠲᠠᠷᠬᠠᠭ᠋ᠠᠬᠤ᠂ ᠰᠢᠯᠵᠢᠭᠦᠯᠦᠨ ᠥᠭᠬᠦ ᠵᠢᠴᠢ ᠫᠠᠢ᠌ᠰᠠ ᠡᠯᠭᠦᠵᠦ ᠳᠡᠯᠭᠡᠨ ᠦᠵᠡᠭᠦᠯᠬᠦ᠂ ᠰᠲ᠋ᠣᠺ᠎ᠤᠨ ᠡᠷᠬᠡ ᠵᠢ ᠳᠠᠩᠰᠠᠯᠠᠵᠤ ᠨᠠᠢ᠌ᠳᠠᠨ ᠬᠠᠮᠢᠶᠠᠷᠤᠭᠤᠯᠬᠤ᠂ ᠠᠷᠠᠯᠵᠢᠶᠠᠨ᠎ᠤ ᠳ᠋ᠦᠩᠨᠡᠨ ᠪᠣᠳᠣᠯᠲᠠ ᠵᠡᠷᠭᠡ ᠬᠠᠮᠢᠶ᠎ᠠ ᠪᠦᠬᠦᠢ ᠠᠵᠢᠯᠯᠠᠭ᠎ᠠ ᠬᠢᠬᠦ᠎ᠳᠤ᠎ᠪᠠᠨ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠲᠣᠭᠲᠠᠭ᠋ᠠᠯ ᠳᠦᠷᠢᠮ ᠪᠠ ᠬᠢᠨᠠᠯᠲᠠ ᠬᠠᠮᠢᠶᠠᠷᠤᠯᠲᠠ ᠵᠢᠨ ᠳᠦᠷᠢᠮ ᠵᠡᠷᠭᠡ ᠲᠣᠭᠲᠠᠭ᠋ᠠᠯ᠎ᠢ ᠵᠢᠷᠤᠮᠯᠠᠵᠤ᠂ ᠲᠥᠪ ᠭᠣᠣᠯᠴᠢ ᠰᠠᠢ᠌ᠨ ᠳᠤᠷ᠎ᠠ ᠵᠢᠨ᠂ ᠦᠨᠡᠨᠴᠢ ᠢᠲᠡᠭᠡᠮᠵᠢᠲᠡᠢ᠂ ᠲᠦᠭᠰᠢᠭᠦᠷᠢ ᠵᠢ ᠥᠪᠡᠰᠦᠪᠡᠨ ᠡᠭᠦᠷᠭᠡᠯᠡᠬᠦ ᠵᠠᠷᠴᠢᠮ᠎ᠢ ᠵᠢᠷᠤᠮᠯᠠᠨ᠂ ᠮᠡᠬᠡᠯᠡᠨ ᠬᠢᠬᠠᠬᠤ᠂ ᠳᠠᠯᠳᠠ᠎ᠪᠠᠷ ᠠᠷᠠᠯᠵᠢᠶᠠᠯᠠᠬᠤ᠂ ᠵᠠᠬ᠎ᠠ ᠳᠡᠯᠭᠡᠭᠦᠷ᠎ᠢ ᠡᠷᠬᠡᠰᠢᠶᠡᠨ ᠡᠵᠡᠮᠳᠡᠬᠦ᠂ ᠬᠠᠤᠯᠢ ᠪᠤᠰᠤ᠎ᠪᠠᠷ ᠪᠡᠯᠡ ᠴᠤᠭᠯᠠᠭᠤᠯᠬᠤ ᠦᠢ᠍ᠯᠡ ᠠᠵᠢᠯᠯᠠᠭ᠎ᠠ ᠵᠢ ᠴᠠᠭ᠋ᠠᠵᠠᠯᠠᠬᠤ ᠬᠡᠷᠡᠭᠲᠡᠢ᠃
ᠲᠠᠪᠤᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠨᠢ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠤᠨ ᠲᠤᠬᠠᠢ᠌ᠯᠠᠭᠰᠠᠨ ᠠᠵᠢᠯ᠎ᠢ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠵᠢ ᠳᠠᠭ᠋ᠠᠭ᠋ᠠᠨ ᠡᠭᠦᠷᠭᠡᠯᠡᠵᠦ᠂ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢᠯᠡ ᠠᠵᠢᠯᠯᠠᠭ᠎ᠠ ᠵᠢ ᠬᠠᠤᠯᠢ ᠲᠣᠭᠲᠠᠭ᠋ᠠᠯ ᠶᠣᠰᠣᠭ᠋ᠠᠷ ᠪᠠᠢ᠌ᠴᠠᠭ᠋ᠠᠨ ᠰᠢᠢ᠍ᠳᠪᠦᠷᠢᠯᠡᠵᠦ᠂ ᠡᠯ᠎ᠡ ᠠᠢ᠌ᠮᠠᠭ ᠬᠣᠲᠠ ᠵᠢ ᠵᠢᠯᠣᠭᠣᠳᠤᠨ ᠰᠢᠮᠳᠠᠭᠤᠯᠵᠤ ᠪᠠᠢ᠌ᠭ᠋ᠠᠳ ᠲᠣᠰ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠬᠤᠪᠢᠶᠠᠷᠢ ᠰᠠᠯᠪᠤᠷᠢ ᠪᠠᠢ᠌ᠭᠤᠯᠤᠮᠵᠢ ᠵᠢᠴᠢ ᠳᠡᠯᠭᠡᠨ ᠦᠵᠡᠭᠦᠯᠵᠦ ᠫᠠᠢ᠌ᠰᠠ ᠡᠯᠭᠦᠭᠰᠡᠨ ᠠᠵᠤ ᠠᠬᠤᠢ᠌ᠯᠠᠯ ᠵᠶ᠋ᠠᠨ ᠨᠢᠭᠡᠳᠦᠯᠲᠡᠢ ᠲᠥᠯᠥᠪᠯᠡᠨ ᠬᠠᠮᠢᠶᠠᠷᠬᠤ ᠠᠵᠢᠯ᠎ᠢ ᠰᠠᠢ᠌ᠲᠤᠷ ᠬᠢᠯᠭᠡᠵᠦ᠂ ᠲᠦᠭᠰᠢᠭᠦᠷᠢ ᠵᠢ ᠰᠡᠷᠭᠡᠢ᠌ᠯᠡᠨ ᠰᠢᠢ᠍ᠳᠪᠦᠷᠢᠯᠡᠬᠦ ᠠᠵᠢᠯ᠎ᠢ ᠵᠣᠬᠢᠶᠠᠨ ᠪᠠᠢ᠌ᠭᠤᠯᠤᠨ ᠥᠷᠨᠢᠭᠦᠯᠦᠨ᠎ᠡ᠃
ᠵᠢᠷᠭᠤᠳᠤᠭ᠋ᠠᠷ ᠵᠦᠢ᠍ᠯ ᠥᠪᠥᠷ ᠮᠣᠩᠭᠣᠯ᠎ᠤᠨ ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠨᠢ ᠬᠠᠤᠯᠢ ᠶᠣᠰᠣᠭ᠋ᠠᠷ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠠᠵᠢᠯ᠎ᠢ ᠵᠢᠯᠤᠭᠣᠳᠬᠤ᠂ ᠵᠣᠬᠢᠴᠠᠭᠤᠯᠬᠤ ᠪᠠ ᠬᠢᠨᠠᠯᠲᠠ ᠬᠢᠵᠦ᠂ ᠵᠠᠬ᠎ᠠ ᠳᠡᠯᠭᠡᠭᠦᠷ᠎ᠤᠨ ᠵᠢᠷᠤᠮᠵᠢᠭᠰᠠᠨ ᠠᠵᠢᠯᠯᠠᠭ᠋ᠠᠨ᠎ᠤ ᠪᠠᠢ᠌ᠳᠠᠯ᠎ᠳᠤ ᠬᠢᠨᠠᠨ ᠪᠠᠢ᠌ᠴᠠᠭ᠋ᠠᠯᠲᠠ ᠬᠢᠵᠦ᠂ ᠵᠠᠬ᠎ᠠ ᠳᠡᠯᠭᠡᠭᠦᠷ᠎ᠤᠨ ᠲᠦᠭᠰᠢᠭᠦᠷᠢ᠎ᠳᠤ ᠰᠡᠷᠡᠮᠵᠢᠯᠡᠭᠦᠯᠦᠨ ᠰᠠᠨᠠᠭᠤᠯᠭ᠎ᠠ ᠬᠢᠬᠦ ᠪᠠ ᠰᠢᠢ᠍ᠳᠪᠦᠷᠢᠯᠡᠵᠦ ᠰᠢᠮᠳᠠᠭᠤᠯᠤᠨ ᠵᠢᠯᠣᠭᠣᠳᠤᠨ᠎ᠠ᠃
ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠬᠢᠭᠡᠳ ᠥᠪᠥᠷ ᠮᠣᠩᠭᠣᠯ᠎ᠤᠨ ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠨᠢ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠠᠯ᠎ᠠ᠎ᠪᠠᠷ ᠬᠠᠮᠵᠢᠯᠴᠠᠨ ᠠᠵᠢᠯᠯᠠᠬᠤ᠂ ᠮᠡᠳᠡᠭᠡ ᠵᠠᠩᠭᠢ ᠵᠢ ᠬᠠᠮᠲᠤ᠎ᠪᠠᠷ ᠭᠥᠷᠳᠡᠬᠦ ᠲᠣᠭᠲᠠᠴᠠ ᠵᠢ ᠪᠠᠢ᠌ᠭᠤᠯᠵᠤ᠂ ᠬᠢᠨᠠᠨ ᠬᠠᠮᠢᠶᠠᠷᠬᠤ᠎ᠳᠤ ᠬᠠᠮᠵᠢᠯᠴᠠᠬᠤ᠂ ᠮᠡᠳᠡᠭᠡ ᠵᠠᠩᠭᠢ ᠵᠢ ᠬᠠᠮᠲᠤ᠎ᠪᠠᠷ ᠭᠥᠷᠳᠡᠬᠦ᠂ ᠲᠦᠭᠰᠢᠭᠦᠷᠢ ᠵᠢ ᠰᠢᠢ᠍ᠳᠪᠦᠷᠢᠯᠡᠬᠦ ᠵᠡᠷᠭᠡ ᠲᠠᠯ᠎ᠠ᠎ᠪᠠᠷ ᠬᠢᠨᠠᠯᠲᠠ ᠬᠠᠮᠢᠶᠠᠷᠤᠯᠲᠠ ᠵᠢᠨ ᠬᠠᠮᠲᠤᠷᠠᠯᠴᠠᠭ᠋ᠠᠨ᠎ᠤ ᠰᠠᠨᠠᠭᠤᠯᠤᠮᠵᠢ ᠲᠣᠭᠲᠠᠬᠤ ᠬᠡᠷᠡᠭᠲᠡᠢ᠃
ᠳᠣᠯᠣᠳᠤᠭ᠋ᠠᠷ ᠵᠦᠢ᠍ᠯ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠨᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠳᠤᠮᠳᠠ ᠵᠢᠵᠢᠭ ᠪᠢᠴᠢᠯ ᠠᠵᠤ ᠠᠬᠤᠢ᠌ᠯᠠᠯ᠎ᠢ ᠲᠡᠳᠬᠦᠨ ᠳᠡᠮᠵᠢᠬᠦ ᠶᠡᠷᠦᠩᠬᠡᠢ᠌ᠯᠡᠭᠰᠡᠨ ᠬᠡᠷᠡᠭᠯᠡᠭᠡᠨ᠎ᠤ ᠲᠠᠪᠴᠠᠩ ᠪᠣᠯᠵᠤ᠂ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠵᠠᠬ᠎ᠠ ᠳᠡᠯᠭᠡᠭᠦᠷᠴᠢᠯᠡᠨ ᠠᠵᠢᠯᠯᠠᠭᠤᠯᠬᠤ᠎ᠳᠤ ᠳᠠᠮ ᠬᠦᠦ ᠥᠭᠬᠦ᠂ ᠳᠠᠭ᠋ᠠᠭ᠋ᠠᠯᠲᠠ ᠬᠢᠬᠦ᠂ ᠪᠡᠯᠡ ᠣᠷᠣᠭᠤᠯᠬᠤ ᠵᠡᠷᠭᠡ ᠲᠦᠷᠦ ᠵᠢᠨ ᠪᠣᠳᠣᠯᠭ᠎ᠠ ᠵᠢᠨ ᠪᠠᠭ᠋ᠠᠵᠢ ᠬᠡᠷᠡᠭᠰᠡᠯ ᠵᠶ᠋ᠡᠷ ᠪᠣᠳᠠᠲᠤ ᠴᠣᠭᠴᠠ ᠵᠢᠨ ᠠᠵᠤ ᠠᠬᠤᠢ ᠵᠢ ᠲᠡᠳᠬᠦᠨ ᠳᠡᠮᠵᠢᠬᠦ᠎ᠳᠤ ᠶᠡᠷᠦᠩᠬᠡᠢ᠌ᠯᠡᠭᠰᠡᠨ ᠮᠥᠩᠭᠥᠨ ᠭᠦᠢ᠍ᠯᠭᠡᠭᠡᠨ᠎ᠤ ᠦᠢ᠍ᠯᠡᠴᠢᠯᠡᠭᠡ ᠬᠠᠩᠭ᠋ᠠᠬᠤ ᠬᠡᠷᠡᠭᠲᠡᠢ; ᠣᠷᠣᠨ ᠨᠤᠲᠤᠭ᠎ᠤᠨ ᠮᠥᠩᠭᠥᠨ ᠭᠦᠢ᠍ᠯᠭᠡᠭᠡᠨ᠎ᠤ ᠬᠦᠴᠦᠨ ᠵᠦᠢ᠍ᠯ᠎ᠢ ᠴᠤᠭᠯᠠᠭᠤᠯᠵᠤ᠂ ᠰᠲ᠋ᠣᠺ ᠡᠵᠡᠮᠰᠢᠭᠰᠡᠨ ᠬᠤᠪᠢ᠎ᠪᠠᠷ ᠵᠶ᠋ᠠᠨ ᠴᠤᠭᠯᠠᠭᠤᠯᠬᠤ ᠰᠠᠭᠤᠷᠢ ᠮᠥᠩᠭᠥᠨ᠎ᠤ ᠬᠠᠮᠢᠶᠠᠷᠤᠯᠲᠠ ᠵᠢᠨ ᠺᠣᠮᠫᠠᠨᠢ ᠪᠠᠶ᠋ᠢᠭᠤᠯᠬᠤ ᠵᠡᠷᠭᠡ ᠵᠠᠬ᠎ᠠ ᠳᠡᠯᠭᠡᠭᠦᠷᠴᠢᠯᠡᠭᠰᠡᠨ ᠠᠷᠭ᠎ᠠ ᠬᠡᠯᠪᠡᠷᠢ᠎ᠪᠠᠷ ᠳᠠᠮᠵᠢᠭᠤᠯᠤᠨ ᠨᠡᠩ ᠤᠯᠠᠨ ᠨᠡᠢ᠌ᠭᠡᠮ᠎ᠤᠨ ᠪᠡᠯᠡ ᠮᠥᠩᠭᠥ ᠵᠢ ᠲᠠᠲᠠᠨ ᠣᠷᠣᠭᠤᠯᠵᠤ ᠪᠠᠢ᠌ᠭ᠋ᠠᠳ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠲᠤ ᠫᠠᠢ᠌ᠰᠠ ᠡᠯᠭᠦᠬᠦ ᠠᠵᠤ ᠠᠬᠤᠢ᠌ᠯᠠᠯ᠎ᠳᠤ ᠪᠡᠯᠡ ᠣᠷᠣᠭᠤᠯᠤᠭᠤᠯᠤᠨ᠂ ᠠᠵᠤ ᠠᠬᠤᠢ᠌ᠯᠠᠯ᠎ᠤᠨ ᠰᠢᠭᠤᠳ ᠪᠡᠯᠡ ᠲᠣᠬᠢᠷᠠᠭᠤᠯᠬᠤ ᠠᠷᠭ᠎ᠠ ᠵᠠᠮ᠎ᠢ ᠥᠷᠭᠡᠳᠬᠡᠵᠦ᠂ ᠴᠢᠨᠠᠷ ᠰᠠᠢ᠌ᠲᠠᠢ ᠠᠵᠤ ᠠᠬᠤᠢ᠌ᠯᠠᠯ᠎ᠤᠨ A ᠡᠭᠡᠯᠵᠢ᠂ B ᠡᠭᠡᠯᠵᠢ᠂ C ᠡᠭᠡᠯᠵᠢ ᠵᠡᠷᠭᠡ ᠬᠤᠪᠢ᠎ᠪᠠᠷ ᠵᠶ᠋ᠡᠨ ᠴᠤᠭᠯᠠᠭᠤᠯᠤᠭᠰᠠᠨ ᠰᠲ᠋ᠣᠺ᠎ᠤᠨ ᠡᠷᠬᠡ ᠵᠢᠨ ᠪᠡᠯᠡ ᠲᠣᠬᠢᠷᠠᠭᠤᠯᠭ᠎ᠠ ᠵᠢ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠲᠤ ᠵᠢᠷᠤᠮᠵᠢᠭᠤᠯᠤᠨ ᠶᠠᠪᠤᠭᠳᠠᠭᠤᠯᠬᠤ᠎ᠪᠠᠷ ᠬᠥᠲᠥᠯᠥᠨ ᠵᠢᠯᠤᠭᠣᠳᠴᠤ᠂ ᠵᠠᠰᠠᠭ᠎ᠤᠨ ᠣᠷᠳᠣᠨ᠎ᠠᠴᠠ ᠪᠡᠯᠡ ᠣᠷᠣᠭᠤᠯᠤᠯᠲᠠ ᠵᠢᠨ ᠰᠠᠭᠤᠷᠢ ᠮᠥᠩᠭᠥ ᠵᠢ ᠬᠥᠲᠥᠯᠥᠨ ᠵᠢᠯᠤᠭᠣᠳᠴᠤ ᠪᠠᠢ᠌ᠭ᠋ᠠᠳ ᠣᠷᠣᠨ ᠪᠦᠰᠡ ᠵᠢᠨ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ ᠵᠶ᠋ᠡᠷ ᠳᠠᠮᠵᠢᠭᠤᠯᠤᠨ ᠵᠢᠷᠤᠮᠵᠢᠭᠤᠯᠤᠨ ᠪᠤᠴᠠᠭ᠋ᠠᠨ ᠭᠠᠷᠭ᠋ᠠᠬᠤ ᠵᠢ ᠵᠣᠷᠢᠭᠵᠢᠭᠤᠯᠬᠤ ᠬᠡᠷᠡᠭᠲᠡᠢ᠃
ᠬᠠᠮᠢᠶ᠎ᠠ ᠪᠦᠬᠦᠢ ᠰᠠᠯᠠᠭ᠎ᠠ ᠮᠥᠴᠢᠷ᠎ᠤᠨ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠯᠦᠭᠡ ᠮᠡᠳᠡᠭᠡ ᠵᠠᠩᠭᠢ ᠵᠢ ᠬᠠᠮᠲᠤ᠎ᠪᠠᠷ ᠭᠥᠷᠳᠡᠬᠦ ᠲᠣᠭᠲᠠᠴᠠ ᠪᠠᠶ᠋ᠢᠭᠤᠯᠬᠤ ᠵᠢ ᠵᠣᠷᠢᠭᠵᠢᠭᠤᠯᠤᠨ᠎ᠠ᠃ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠨᠢ ᠣᠯᠠᠨ ᠬᠡᠮᠵᠢᠯᠲᠦ ᠠᠵᠤ ᠠᠬᠤᠢ᠌ᠯᠠᠯ᠎ᠤᠨ ᠮᠡᠳᠡᠭᠡ ᠵᠠᠩᠭᠢ ᠵᠢᠨ ᠳ᠋ᠠᠢ᠌ᠲ᠋ᠠ ᠬᠥᠮᠥᠷᠭᠡ ᠵᠢ ᠪᠠᠢ᠌ᠭᠤᠯᠵᠤ᠂ ᠮᠡᠳᠡᠭᠡ ᠵᠠᠩᠭᠢ ᠵᠢᠨ ᠠᠮᠤᠷ ᠲᠦᠪᠰᠢᠨ ᠪᠠ ᠠᠵᠤ ᠠᠬᠤᠢ᠌ᠯᠠᠯ᠎ᠤᠨ ᠡᠷᠬᠡ ᠠᠰᠢᠭ᠎ᠢ ᠪᠠᠲᠤᠯᠠᠭᠰᠠᠨ ᠤᠷᠢᠲᠠᠯ ᠳᠣᠣᠷ᠎ᠠ᠂ ᠠᠵᠤ ᠠᠬᠤᠢ᠌ᠯᠠᠯ᠎ᠳᠤ ᠨᠠᠷᠢᠯᠢᠭ ᠣᠨᠣᠴᠠᠲᠠᠢ ᠬᠦᠷᠦᠭ ᠵᠢᠷᠤᠵᠤ᠂ ᠢᠲᠡᠭᠡᠮᠵᠢ ᠵᠢᠨ ᠦᠨᠡᠯᠡᠯᠲᠡ ᠵᠡᠷᠭᠡ ᠵᠢ ᠬᠢᠵᠦ᠂ ᠠᠵᠤ ᠠᠬᠤᠢ᠌ᠯᠠᠯ᠎ᠤᠨ ᠡᠷᠬᠡ ᠣᠯᠭᠣᠭᠰᠠᠨ ᠪᠤᠶᠤ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠬᠣᠯᠪᠣᠭᠳᠠᠯ ᠪᠦᠬᠦᠢ ᠲᠣᠭᠲᠠᠭ᠋ᠠᠯ᠎ᠢ ᠦᠨᠳᠦᠰᠦᠯᠡᠨ ᠠᠵᠤ ᠠᠬᠤᠢ᠌ᠯᠠᠯ᠎ᠤᠨ ᠬᠠᠮᠢᠶ᠎ᠠ ᠪᠦᠬᠦᠢ ᠮᠡᠳᠡᠭᠡ ᠵᠠᠩᠭᠢ ᠵᠢ ᠭᠠᠳᠠᠭᠰᠢ ᠬᠠᠩᠭ᠋ᠠᠵᠤ᠂ ᠮᠡᠳᠡᠭᠡ ᠵᠠᠩᠭᠢ ᠵᠢᠴᠢ ᠬᠡᠷᠡᠭᠯᠡᠭᠰᠡᠨ ᠪᠠᠢ᠌ᠳᠠᠯ᠎ᠢ ᠬᠡᠰᠡᠭ᠎ᠤᠳ᠎ᠤᠨ ᠬᠡᠯᠬᠢᠶ᠎ᠡ᠎ᠳᠤ ᠭᠡᠷᠡᠴᠢᠯᠡᠨ ᠬᠠᠳᠠᠭ᠋ᠠᠯᠠᠬᠤ ᠬᠡᠷᠡᠭᠲᠡᠢ᠃
ᠬᠣᠶᠠᠳᠤᠭ᠋ᠠᠷ ᠪᠦᠯᠦᠭ ᠠᠵᠢᠯᠯᠠᠨ ᠡᠵᠡᠩᠨᠡᠬᠦ ᠪᠠᠢ᠌ᠭᠤᠯᠤᠮᠵᠢ
ᠨᠠᠢ᠍ᠮᠠᠳᠤᠭ᠋ᠠᠷ ᠵᠦᠢ᠍ᠯ ᠥᠪᠥᠷ ᠮᠣᠩᠭᠣᠯ᠎ᠤᠨ ᠰᠲ᠋ᠣᠺ᠎ᠤᠨ ᠡᠷᠬᠡ ᠵᠢᠨ ᠠᠷᠠᠯᠵᠢᠶᠠᠨ᠎ᠤ ᠲᠥᠪ᠎ᠤᠨ ᠬᠤᠪᠢ ᠣᠷᠣᠭᠤᠯᠤᠭᠰᠠᠨ ᠬᠢᠵᠠᠭ᠋ᠠᠷᠲᠤ ᠺᠣᠮᠫᠠᠨᠢ ᠪᠣᠯ ᠥᠪᠡᠷᠲᠡᠭᠡᠨ ᠵᠠᠰᠠᠬᠤ ᠣᠷᠣᠨ᠎ᠤ ᠴᠣᠷ᠎ᠤᠨ ᠭᠠᠭᠴᠠ ᠬᠠᠤᠯᠢ ᠶᠣᠰᠣᠨ᠎ᠤ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠤᠨ ᠠᠵᠢᠯᠯᠠᠨ ᠡᠵᠡᠩᠨᠡᠬᠦ ᠪᠠᠢ᠌ᠭᠤᠯᠤᠮᠵᠢ (ᠳᠣᠷᠣᠭᠰᠢ ᠠᠵᠢᠯᠯᠠᠨ ᠡᠵᠡᠩᠨᠡᠬᠦ ᠪᠠᠢ᠌ᠭᠤᠯᠤᠮᠵᠢ ᠭᠡᠵᠦ ᠲᠣᠪᠴᠢᠯᠠᠨ᠎ᠠ) ᠪᠠᠢ᠌ᠵᠤ᠂ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠤᠨ ᠠᠵᠢᠯᠯᠠᠭ᠎ᠠ ᠵᠢ ᠵᠣᠬᠢᠶᠠᠨ ᠪᠠᠶ᠋ᠢᠭᠤᠯᠬᠤ ᠵᠢ ᠬᠠᠷᠢᠭᠤᠴᠠᠵᠤ᠂ ᠵᠠᠬ᠎ᠠ ᠳᠡᠯᠭᠡᠭᠦᠷ᠎ᠲᠤ ᠣᠷᠣᠯᠴᠠᠭᠰᠠᠳ᠎ᠲᠤ ᠥᠪᠡᠷ᠎ᠢ᠎ᠪᠠᠨ ᠱᠠᠭ᠋ᠠᠷᠳᠠᠬᠤ ᠬᠠᠮᠢᠶᠠᠷᠤᠯᠲᠠ ᠬᠢᠨ᠎ᠡ᠃
ᠶᠢᠰᠦᠳᠦᠭᠡᠷ ᠵᠦᠢ᠍ᠯ ᠠᠵᠢᠯᠯᠠᠨ ᠡᠵᠡᠩᠨᠡᠬᠦ ᠪᠠᠢ᠌ᠭᠤᠯᠤᠮᠵᠢ᠎ᠨᠢ ᠺᠣᠮᠫᠠᠨᠢ ᠵᠢᠨ ᠵᠠᠰᠠᠯᠲᠠ ᠵᠢ ᠲᠡᠭᠦᠯᠳᠡᠷᠵᠢᠭᠦᠯᠵᠦ᠂ ᠲᠤᠬᠠᠢ᠌ᠯᠠᠭᠰᠠᠨ ᠠᠵᠢᠯ᠎ᠤᠨ ᠰᠠᠯᠠᠭ᠎ᠠ ᠮᠥᠴᠢᠷ᠎ᠢ ᠵᠦᠢ ᠵᠣᠬᠢᠰᠲᠠᠢ ᠲᠣᠬᠢᠷᠠᠭᠤᠯᠤᠨ᠂ ᠢᠯᠡ ᠲᠣᠳᠣᠷᠬᠠᠢ ᠺᠣᠮᠫᠠᠨᠢ ᠵᠢᠨ ᠵᠠᠰᠠᠯᠲᠠ ᠵᠢᠨ ᠪᠦᠲᠦᠴᠡ᠂ ᠰᠢᠨᠵᠢᠯᠡᠬᠦ ᠤᠬᠠᠭ᠋ᠠᠨᠴᠢ ᠰᠢᠢ᠍ᠳᠪᠦᠷᠢᠲᠦ ᠪᠣᠳᠣᠯᠭ᠎ᠠ ᠵᠢᠨ ᠲᠣᠭᠲᠠᠴᠠ᠂ ᠪᠦᠲᠦᠮᠵᠢᠲᠡᠢ ᠬᠢᠵᠠᠭ᠋ᠠᠷᠯᠠᠬᠤ ᠲᠣᠭᠲᠠᠴᠠ ᠵᠢ ᠪᠠᠢ᠌ᠭᠤᠯᠵᠤ᠂ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠤᠨ ᠬᠥᠭᠵᠢᠯᠲᠡ ᠵᠢᠨ ᠪᠠᠢ᠌ᠯᠳᠤᠬᠤ ᠪᠣᠳᠣᠯᠭ᠎ᠠ᠎ᠯᠤᠭ᠎ᠠ ᠵᠣᠬᠢᠴᠠᠯᠳᠤᠭᠰᠠᠨ ᠪᠦᠬᠦ ᠲᠠᠯ᠎ᠠ ᠵᠢᠨ ᠲᠦᠭᠰᠢᠭᠦᠷᠢ ᠵᠢᠨ ᠬᠠᠮᠢᠶᠠᠷᠤᠯᠲᠠ ᠵᠢᠨ ᠲᠣᠭᠲᠠᠯᠴᠠᠭ᠎ᠠ ᠵᠢ ᠪᠠᠢ᠌ᠭᠤᠯᠤᠨ ᠪᠦᠷᠢᠨᠰᠢᠭᠦᠯᠬᠦ ᠬᠡᠷᠡᠭᠲᠡᠢ᠃
ᠠᠷᠪᠠᠳᠤᠭ᠋ᠠᠷ ᠵᠦᠢ᠍ᠯ ᠠᠵᠢᠯᠯᠠᠨ ᠡᠵᠡᠩᠨᠡᠬᠦ ᠪᠠᠢ᠌ᠭᠤᠯᠤᠮᠵᠢ ᠵᠢᠨ ᠦᠨᠳᠦᠰᠦᠨ ᠡᠭᠦᠷᠭᠡ ᠬᠠᠷᠢᠭᠤᠴᠠᠯᠭ᠎ᠠ᠄
(ᠨᠢᠭᠡ) ᠠᠵᠤ ᠠᠬᠤᠢ᠌ᠯᠠᠯ᠎ᠢ ᠵᠣᠬᠢᠶᠠᠨ ᠪᠠᠢ᠌ᠭᠤᠯᠤᠨ ᠳᠡᠯᠭᠡᠨ ᠦᠵᠡᠭᠦᠯᠵᠦ᠂ ᠫᠠᠢ᠌ᠰᠠ ᠡᠯᠭᠦᠭᠦᠯᠵᠦ᠂ ᠳᠤᠮᠳᠠ ᠵᠢᠵᠢᠭ ᠠᠵᠤ ᠠᠬᠤᠢ᠌ᠯᠠᠯ᠎ᠤᠨ ᠲᠡᠮᠳᠡᠭᠲᠦ ᠵᠢ ᠢᠯᠡ ᠪᠤᠰᠤ᠎ᠪᠠᠷ ᠲᠠᠷᠬᠠᠭ᠋ᠠᠬᠤ᠂ ᠰᠢᠯᠵᠢᠭᠦᠯᠦᠨ ᠥᠭᠬᠦ ᠵᠢᠴᠢ ᠬᠠᠮᠢᠶ᠎ᠠ ᠪᠦᠬᠦᠢ ᠠᠵᠢᠯᠯᠠᠭ᠎ᠠ ᠵᠢ ᠥᠷᠨᠢᠭᠦᠯᠦᠨ᠂ ᠠᠵᠤ ᠠᠬᠤᠢ᠌ᠯᠠᠯ᠎ᠤᠨ ᠬᠤᠪᠢᠲᠤ (ᠰᠲ᠋ᠣᠺ᠎ᠤᠨ ᠡᠷᠬᠡ) ᠵᠢᠴᠢ ᠪᠤᠰᠤᠳ ᠡᠷᠬᠡ ᠠᠰᠢᠭ᠎ᠲᠤ ᠳᠠᠩᠰᠠᠯᠠᠵᠤ ᠨᠠᠢ᠌ᠳᠠᠵᠤ ᠬᠠᠮᠢᠶᠠᠷᠤᠭᠤᠯᠬᠤ᠂ ᠲᠤᠰᠠᠯᠠᠨ ᠠᠷᠠᠯᠵᠢᠶᠠᠯᠠᠬᠤ᠂ ᠳ᠋ᠦᠩᠨᠡᠨ ᠪᠤᠳᠤᠬᠤ ᠵᠡᠷᠭᠡ ᠦᠢ᠍ᠯᠡᠴᠢᠯᠡᠭᠡ ᠬᠠᠩᠭ᠋ᠠᠨ᠎ᠠ;
(ᠬᠣᠶᠠᠷ) ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠤᠨ ᠲᠡᠮᠳᠡᠭᠲᠦ ᠵᠢᠨ ᠠᠷᠠᠯᠵᠢᠶᠠᠨ᠎ᠤ ᠠᠵᠢᠯᠯᠠᠭ᠎ᠠ᠎ᠳᠤ ᠬᠢᠨᠠᠯᠲᠠ ᠲᠠᠯᠪᠢᠨ᠎ᠠ;
(ᠭᠤᠷᠪᠠ) ᠠᠵᠤ ᠠᠬᠤᠢ᠌ᠯᠠᠯ᠎ᠢ ᠰᠢᠭᠰᠢᠨ᠂ ᠪᠣᠢ᠌ᠵᠢᠭᠤᠯᠵᠤ᠂ ᠨᠡᠪᠴᠢᠭᠦᠯᠦᠨ ᠰᠲ᠋ᠣᠺ᠎ᠤᠨ ᠵᠠᠬ᠎ᠠ᠎ᠳᠤ ᠭᠠᠷᠭ᠋ᠠᠵᠤ᠂ ᠵᠠᠬ᠎ᠠ᠎ᠳᠤ ᠭᠠᠷᠭ᠋ᠠᠬᠤ ᠪᠡᠯᠡᠳᠬᠡᠯ ᠠᠵᠤ ᠠᠬᠤᠢ᠌ᠯᠠᠯ᠎ᠳᠤ ᠦᠷᠭᠦᠯᠵᠢ ᠵᠢᠨ ᠴᠢᠨᠠᠷᠲᠠᠢ ᠦᠢ᠍ᠯᠡᠴᠢᠯᠡᠭᠡᠨ᠎ᠤ ᠵᠢᠯᠣᠭᠣᠳᠤᠯᠭ᠎ᠠ ᠵᠢᠨ ᠠᠵᠢᠯ᠎ᠢ ᠥᠷᠨᠢᠭᠦᠯᠵᠦ᠂ ᠵᠠᠬ᠎ᠠ ᠳᠡᠯᠭᠡᠭᠦᠷ᠎ᠲᠤ ᠣᠷᠣᠯᠴᠠᠭᠰᠠᠳ᠎ᠲᠤ ᠥᠪᠡᠷ᠎ᠢ᠎ᠪᠠᠨ ᠱᠠᠭ᠋ᠠᠷᠳᠠᠬᠤ ᠴᠢᠨᠠᠷᠲᠠᠢ ᠬᠠᠮᠢᠶᠠᠷᠤᠯᠲᠠ ᠶᠠᠪᠤᠭᠤᠯᠤᠨ᠎ᠠ;
(ᠳᠥᠷᠪᠡ) ᠣᠷᠣᠨ ᠨᠤᠲᠤᠭ᠎ᠤᠨ ᠮᠥᠩᠭᠥᠨ ᠭᠦᠢ᠍ᠯᠭᠡᠭᠡᠨ᠎ᠤ ᠠᠵᠤ ᠠᠬᠤᠢ᠌ᠯᠠᠯ᠎ᠤᠨ ᠤᠯᠤᠰ᠎ᠤᠨ ᠦᠮᠴᠢᠯᠡᠯ᠎ᠤᠨ ᠥᠮᠴᠢᠯᠡᠬᠦ ᠡᠷᠬᠡ ᠵᠢᠨ ᠠᠷᠠᠯᠵᠢᠶ᠎ᠠ᠎ᠳᠤ ᠲᠠᠯᠠᠪᠤᠷ ᠭᠠᠵᠠᠷ᠂ ᠪᠡᠯᠡᠳᠬᠡᠮᠵᠢ ᠪᠠ ᠦᠢ᠍ᠯᠡᠴᠢᠯᠡᠭᠡ ᠬᠠᠩᠭ᠋ᠠᠨ᠎ᠠ;
(ᠲᠠᠪᠤ) ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠤᠨ ᠬᠠᠮᠢᠶ᠎ᠠ ᠪᠦᠬᠦᠢ ᠮᠡᠳᠡᠭᠡ ᠵᠠᠩᠭᠢ ᠵᠢ ᠬᠠᠮᠢᠶᠠᠷᠬᠤ ᠪᠠ ᠨᠡᠢ᠌ᠲᠡᠯᠡᠵᠦ᠂ ᠮᠡᠳᠡᠭᠡ ᠵᠠᠩᠭᠢ ᠨᠡᠢ᠌ᠲᠡᠯᠡᠬᠦ ᠡᠭᠦᠷᠭᠡᠲᠡᠨᠤ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ᠎ᠳᠤ ᠬᠢᠨᠠᠯᠲᠠ ᠲᠠᠯᠪᠢᠨ᠎ᠠ;
(ᠵᠢᠷᠭᠤᠭ᠎ᠠ) ᠲᠤᠬᠠᠢ᠌ᠯᠠᠭᠰᠠᠨ ᠠᠵᠢᠯ᠎ᠤᠨ ᠲᠥᠷᠥᠯ ᠬᠤᠪᠢᠶᠠᠨ ᠠᠵᠢᠯᠯᠠᠬᠤ ᠨᠠᠷᠢᠨ ᠳᠦᠷᠢᠮ ᠪᠠ ᠥᠪᠡᠷ᠎ᠢ᠎ᠪᠠᠨ ᠱᠠᠭ᠋ᠠᠷᠳᠠᠬᠤ ᠬᠠᠮᠢᠶᠠᠷᠤᠯᠲᠠ ᠵᠢᠨ ᠳᠦᠷᠢᠮ᠎ᠢ ᠲᠣᠭᠲᠠᠭ᠋ᠠᠬᠤ ᠪᠠ ᠵᠠᠰᠠᠪᠤᠷᠢ ᠣᠷᠣᠭᠤᠯᠤᠨ᠎ᠠ;
(ᠳᠣᠯᠣᠭ᠎ᠠ) ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠱᠠᠭ᠋ᠠᠷᠳᠠᠭᠰᠠᠨ ᠪᠤᠰᠤᠳ ᠵᠦᠢ᠍ᠯᠡᠰ᠃
ᠠᠷᠪᠠᠨ ᠨᠢᠭᠡᠳᠦᠭᠡᠷ ᠵᠦᠢ᠍ᠯ ᠠᠵᠢᠯᠯᠠᠨ ᠡᠵᠡᠩᠨᠡᠬᠦ ᠪᠠᠢ᠌ᠭᠤᠯᠤᠮᠵᠢ ᠳᠣᠣᠷ᠎ᠠ ᠵᠢᠭᠰᠠᠭ᠋ᠠᠭᠰᠠᠨ ᠨᠥᠬᠥᠴᠡᠯ᠎ᠤᠳ᠎ᠢ ᠪᠦᠷᠢᠳᠦᠭᠦᠯᠦᠭᠰᠡᠨ ᠪᠠᠢ᠌ᠬᠤ ᠬᠡᠷᠡᠭᠲᠡᠢ᠄
(ᠨᠢᠭᠡ) ᠬᠠᠤᠯᠢ ᠶᠣᠰᠣᠭ᠋ᠠᠷ ᠭᠠᠷᠭ᠋ᠠᠭᠰᠠᠨ ᠬᠠᠤᠯᠢ ᠵᠢᠨ ᠡᠷᠬᠡᠲᠡᠨ;
(ᠬᠣᠶᠠᠷ) ᠲᠤᠬᠠᠢ᠌ᠯᠠᠭᠰᠠᠨ ᠠᠵᠢᠯ᠎ᠤᠨ ᠠᠵᠢᠯᠯᠠᠭ᠎ᠠ ᠥᠷᠨᠢᠭᠦᠯᠬᠦ᠎ᠳᠤ ᠵᠠᠪᠠᠯ ᠱᠠᠭ᠋ᠠᠷᠳᠠᠭᠳᠠᠬᠤ ᠡᠵᠡᠩᠨᠡᠯᠲᠡ ᠵᠢᠨ ᠲᠠᠯᠠᠪᠤᠷ ᠭᠠᠵᠠᠷ᠂ ᠲᠤᠬᠠᠢ᠌ᠯᠠᠭᠰᠠᠨ ᠠᠵᠢᠯ᠎ᠤᠨ ᠪᠡᠯᠡᠳᠬᠡᠮᠵᠢ᠂ ᠠᠵᠢᠯᠯᠠᠨ ᠡᠵᠡᠩᠨᠡᠯᠲᠡ ᠵᠢᠨ ᠪᠡᠯᠡ ᠮᠥᠩᠭᠥ᠂ ᠲᠤᠰᠬᠠᠢ ᠮᠡᠷᠭᠡᠵᠢᠯ᠎ᠤᠨ ᠠᠵᠢᠯᠲᠠᠨ;
(ᠭᠤᠷᠪᠠ) ᠪᠦᠷᠢᠨᠰᠢᠭᠰᠡᠨ ᠬᠠᠤᠯᠢ ᠵᠢᠨ ᠡᠷᠬᠡᠲᠡᠨ᠎ᠤ ᠵᠠᠰᠠᠯᠲᠠ ᠵᠢᠨ ᠪᠦᠲᠦᠴᠡ;
(ᠳᠥᠷᠪᠡ) ᠲᠡᠭᠦᠯᠳᠡᠷᠵᠢᠭᠰᠡᠨ ᠲᠦᠭᠰᠢᠭᠦᠷᠢ ᠵᠢᠨ ᠬᠠᠮᠢᠶᠠᠷᠤᠯᠲᠠ ᠪᠠ ᠳᠣᠲᠣᠭ᠋ᠠᠳᠤ ᠡᠵᠡᠮᠳᠡᠯ᠎ᠤᠨ ᠳᠦᠷᠢᠮ;
(ᠲᠠᠪᠤ) ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠲᠣᠭᠲᠠᠭ᠋ᠠᠯ ᠳᠦᠷᠢᠮ ᠪᠣᠯᠣᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠲᠣᠭᠲᠠᠭ᠋ᠠᠭᠰᠠᠨ ᠪᠤᠰᠤᠳ ᠨᠥᠬᠥᠴᠡᠯ᠃
ᠠᠷᠪᠠᠨ ᠬᠣᠶᠠᠳᠤᠭ᠋ᠠᠷ ᠵᠦᠢ᠍ᠯ ᠠᠵᠢᠯᠯᠠᠨ ᠡᠵᠡᠩᠨᠡᠬᠦ ᠪᠠᠢ᠌ᠭᠤᠯᠤᠮᠵᠢ᠎ᠳᠤ ᠳᠣᠣᠷᠠᠬᠢ ᠵᠦᠢ᠍ᠯᠡᠰ᠎ᠤᠨ ᠨᠢᠭᠡ᠎ᠨᠢ ᠭᠠᠷᠤᠭᠰᠠᠨ ᠪᠣᠯ᠂ 7 ᠠᠵᠢᠯᠯᠠᠬᠤ ᠡᠳᠦᠷ᠎ᠤᠨ ᠳᠣᠲᠣᠷ᠎ᠠ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠳᠤ ᠮᠡᠳᠡᠭᠦᠯᠦᠨ ᠬᠦᠷᠭᠡᠵᠦ ᠳᠠᠩᠰᠠᠯᠠᠭᠤᠯᠬᠤ ᠵᠢᠨ ᠬᠠᠮᠲᠤ ᠥᠪᠥᠷ ᠮᠣᠩᠭᠣᠯ᠎ᠤᠨ ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠳᠤ ᠬᠠᠭᠤᠯᠤᠨ ᠢᠯᠡᠭᠡᠬᠦ ᠬᠡᠷᠡᠭᠲᠡᠢ᠄
(ᠨᠢᠭᠡ) ᠨᠡᠷᠡᠢ᠌ᠳᠦᠯ᠂ ᠳᠠᠩᠰᠠᠯᠠᠭᠤᠯᠤᠭᠰᠠᠨ ᠬᠥᠷᠥᠩᠭᠡ᠂ ᠡᠵᠡᠩᠨᠡᠯᠲᠡ ᠵᠢᠨ ᠬᠦᠷᠢᠶ᠎ᠡ ᠬᠡᠪᠴᠢᠶ᠎ᠡ᠂ ᠳᠠᠩᠰᠠᠯᠠᠭᠤᠯᠤᠭᠰᠠᠨ ᠭᠠᠵᠠᠷ ᠪᠠ ᠠᠯᠪᠠᠯᠠᠬᠤ ᠬᠠᠶᠢᠭ ᠵᠶ᠋ᠡᠨ ᠬᠤᠪᠢᠷᠠᠭᠤᠯᠬᠤ;
(ᠬᠣᠶᠠᠷ) ᠬᠤᠪᠢ ᠣᠷᠣᠭᠤᠯᠤᠭᠴᠢ ᠵᠢ ᠬᠤᠪᠢᠷᠠᠭᠤᠯᠬᠤ᠂ ᠪᠣᠳᠠᠲᠠᠢ ᠡᠵᠡᠮᠰᠢᠭᠴᠢ᠎ᠳᠤ ᠲᠣᠬᠢᠷᠠᠭᠤᠯᠤᠯᠲᠠ ᠬᠢᠬᠦ (ᠰᠲ᠋ᠣᠺ᠎ᠤᠨ ᠡᠷᠬᠡ ᠵᠢ ᠰᠢᠯᠵᠢᠭᠦᠯᠦᠨ ᠥᠭᠬᠦ᠂ ᠪᠠᠲᠤᠯᠠᠬᠤ ᠡᠷᠬᠡ ᠵᠢ ᠨᠠᠢ᠌ᠳᠠᠨ ᠬᠡᠷᠡᠭᠵᠢᠭᠦᠯᠬᠦ ᠵᠢ ᠪᠠᠭᠲᠠᠭ᠋ᠠᠨ᠎ᠠ);
(ᠭᠤᠷᠪᠠ) ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ᠂ ᠬᠡᠷᠡᠭ ᠮᠡᠳᠡᠭᠴᠢ᠂ ᠳᠡᠭᠡᠳᠦ ᠵᠡᠷᠭᠡ ᠵᠢᠨ ᠬᠠᠮᠢᠶᠠᠷᠤᠯᠲᠠ ᠵᠢᠨ ᠠᠵᠢᠯᠲᠠᠨ᠎ᠢ ᠬᠤᠪᠢᠷᠠᠭᠤᠯᠬᠤ;
(ᠳᠥᠷᠪᠡ) ᠺᠣᠮᠫᠠᠨᠢ ᠵᠢᠨ ᠳᠦᠷᠢᠮ᠎ᠳᠤ ᠵᠠᠰᠠᠪᠤᠷᠢ ᠣᠷᠣᠭᠤᠯᠬᠤ;
(ᠲᠠᠪᠤ) ᠲᠤᠬᠠᠢ᠌ᠯᠠᠭᠰᠠᠨ ᠠᠵᠢᠯ᠎ᠤᠨ ᠲᠥᠷᠥᠯ ᠵᠦᠢ᠍ᠯ᠎ᠢ ᠰᠢᠨ᠎ᠡ᠎ᠪᠠᠷ ᠨᠡᠮᠡᠬᠦ᠂ ᠬᠤᠪᠢᠷᠠᠭᠤᠯᠬᠤ ᠪᠤᠶᠤ ᠬᠦᠴᠦᠨ ᠦᠭᠡᠢ ᠪᠣᠯᠭ᠋ᠠᠬᠤ;
(ᠵᠢᠷᠭᠤᠭ᠎ᠠ) ᠭᠠᠳᠠᠭᠰᠢ ᠪᠠᠲᠤᠯᠠᠨ ᠳᠠᠭ᠋ᠠᠭ᠋ᠠᠬᠤ ᠪᠤᠶᠤ ᠰᠲ᠋ᠣᠺ᠎ᠤᠨ ᠡᠷᠬᠡ ᠵᠢᠨ ᠪᠡᠯᠡ ᠣᠷᠣᠭᠤᠯᠤᠯᠲᠠ ᠵᠢᠨ ᠵᠦᠢ᠍ᠯᠡᠰ;
(ᠳᠣᠯᠣᠭ᠎ᠠ) ᠲᠤᠬᠠᠢ᠌ᠯᠠᠭᠰᠠᠨ ᠠᠵᠢᠯ᠎ᠤᠨ ᠠᠵᠢᠯᠯᠠᠭ᠋ᠠᠨ᠎ᠤ ᠨᠠᠷᠢᠨ ᠳᠦᠷᠢᠮ ᠪᠠ ᠥᠪᠡᠷ᠎ᠢ᠎ᠪᠠᠨ ᠱᠠᠭ᠋ᠠᠷᠳᠠᠬᠤ ᠬᠠᠮᠢᠶᠠᠷᠤᠯᠲᠠ ᠵᠢᠨ ᠨᠠᠷᠢᠨ ᠳᠦᠷᠢᠮ᠎ᠢ ᠲᠣᠭᠲᠠᠭ᠋ᠠᠬᠤ ᠪᠠ ᠲᠡᠭᠦᠨ᠎ᠳᠤ ᠵᠠᠰᠠᠪᠤᠷᠢ ᠣᠷᠣᠭᠤᠯᠬᠤ;
(ᠨᠠᠢ᠍ᠮᠠ) ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠮᠠᠭ᠋ᠠᠳᠯᠠᠨ ᠲᠣᠭᠲᠠᠭ᠋ᠠᠭᠰᠠᠨ ᠪᠦᠷᠢᠳᠬᠡᠨ ᠳᠠᠩᠰᠠᠯᠠᠭᠤᠯᠬᠤ ᠴᠢᠬᠤᠯᠠᠲᠠᠢ ᠪᠤᠰᠤᠳ ᠵᠦᠢ᠍ᠯᠡᠰ᠃
ᠠᠷᠪᠠᠨ ᠭᠤᠷᠪᠠᠳᠤᠭ᠋ᠠᠷ ᠵᠦᠢ᠍ᠯ ᠠᠵᠢᠯᠯᠠᠨ ᠡᠵᠡᠩᠨᠡᠬᠦ ᠪᠠᠢ᠌ᠭᠤᠯᠤᠮᠵᠢ ᠵᠢᠨ ᠬᠡᠷᠡᠭ ᠮᠡᠳᠡᠭᠴᠢ᠂ ᠳᠡᠭᠡᠳᠦ ᠵᠡᠷᠭᠡ ᠵᠢᠨ ᠬᠠᠮᠢᠶᠠᠷᠤᠯᠲᠠ ᠵᠢᠨ ᠠᠵᠢᠯᠲᠠᠨ ᠵᠢᠴᠢ ᠠᠵᠢᠯᠯᠠᠭᠰᠠᠳ᠎ᠨᠢ ᠬᠠᠮᠢᠶ᠎ᠠ ᠪᠦᠬᠦᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠤᠨ ᠲᠣᠭᠲᠠᠭ᠋ᠠᠯ᠎ᠳᠤ ᠨᠡᠢ᠌ᠴᠡᠭᠰᠡᠨ ᠪᠠᠢ᠌ᠬᠤ ᠬᠡᠷᠡᠭᠲᠡᠢ᠃
《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠲᠡᠮᠳᠡᠭᠲᠦ ᠵᠢᠨ ᠬᠠᠤᠯᠢ》 ᠵᠢᠨ ᠵᠠᠭᠤ ᠪᠥᠭᠡᠳ ᠭᠤᠷᠪᠠᠳᠤᠭ᠋ᠠᠷ ᠵᠦᠢ᠍ᠯ᠎ᠳᠤ ᠲᠣᠭᠲᠠᠭ᠋ᠠᠭᠰᠠᠨ ᠪᠠᠢ᠌ᠳᠠᠯ᠎ᠲᠠᠢ ᠪᠠᠢ᠌ᠬᠤ᠂ ᠡᠰᠡᠬᠦᠯ᠎ᠡ ᠳᠤᠮᠳᠠᠳᠤ ᠤᠯᠤᠰ᠎ᠤᠨ ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ᠎ᠠᠴᠠ ᠲᠡᠮᠳᠡᠭᠲᠦ ᠵᠢᠨ ᠵᠠᠬ᠎ᠠ ᠳᠡᠯᠭᠡᠭᠦᠷ᠎ᠲᠤ ᠣᠷᠣᠬᠤ ᠵᠢ ᠴᠠᠭ᠋ᠠᠵᠠᠯᠠᠬᠤ ᠠᠷᠭ᠎ᠠ ᠬᠡᠮᠵᠢᠶ᠎ᠡ ᠠᠪᠤᠭᠰᠠᠨ ᠪᠥᠭᠡᠳ ᠮᠥᠨ ᠬᠦ᠌ ᠣᠷᠣᠬᠤ ᠵᠢ ᠴᠠᠭ᠋ᠠᠵᠠᠯᠠᠬᠤ ᠬᠤᠭᠤᠴᠠᠭ᠋ᠠᠨ᠎ᠳᠤ ᠪᠠᠢ᠌ᠪᠠᠯ᠂ ᠠᠵᠢᠯᠯᠠᠨ ᠡᠵᠡᠩᠨᠡᠬᠦ ᠪᠠᠢ᠌ᠭᠤᠯᠤᠮᠵᠢ ᠵᠢᠨ ᠬᠠᠷᠢᠭᠤᠴᠠᠯᠭ᠋ᠠᠲᠠᠨ᠎ᠤ ᠲᠤᠰᠢᠶᠠᠯ᠎ᠢ ᠡᠭᠦᠷᠭᠡᠯᠡᠵᠦ ᠪᠣᠯᠬᠤ ᠦᠭᠡᠢ᠃
《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠲᠡᠮᠳᠡᠭᠲᠦ ᠵᠢᠨ ᠬᠠᠤᠯᠢ》 ᠵᠢᠨ ᠵᠠᠭᠤ ᠪᠥᠭᠡᠳ ᠳᠥᠷᠪᠡᠳᠦᠭᠡᠷ ᠵᠦᠢ᠍ᠯ᠎ᠳᠤ ᠲᠣᠭᠲᠠᠭ᠋ᠠᠭᠰᠠᠨ ᠪᠠᠢ᠌ᠳᠠᠯ᠎ᠲᠠᠢ ᠪᠠᠢ᠌ᠬᠤ᠂ ᠡᠰᠡᠬᠦᠯ᠎ᠡ ᠳᠤᠮᠳᠠᠳᠤ ᠤᠯᠤᠰ᠎ᠤᠨ ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ᠎ᠠᠴᠠ ᠲᠡᠮᠳᠡᠭᠲᠦ ᠵᠢᠨ ᠵᠠᠬ᠎ᠠ ᠳᠡᠯᠭᠡᠭᠦᠷ᠎ᠲᠤ ᠣᠷᠣᠬᠤ ᠵᠢ ᠴᠠᠭ᠋ᠠᠵᠠᠯᠠᠬᠤ ᠠᠷᠭ᠎ᠠ ᠬᠡᠮᠵᠢᠶ᠎ᠡ ᠠᠪᠤᠭᠰᠠᠨ ᠪᠥᠭᠡᠳ ᠮᠥᠨ ᠬᠦ᠌ ᠣᠷᠣᠬᠤ ᠵᠢ ᠴᠠᠭ᠋ᠠᠵᠠᠯᠠᠬᠤ ᠬᠤᠭᠤᠴᠠᠭ᠋ᠠᠨ᠎ᠳᠤ ᠪᠠᠢ᠌ᠪᠠᠯ᠂ ᠠᠵᠢᠯᠯᠠᠨ ᠡᠵᠡᠩᠨᠡᠬᠦ ᠪᠠᠢ᠌ᠭᠤᠯᠤᠮᠵᠢ ᠵᠢᠨ ᠠᠵᠢᠯᠯᠠᠭᠴᠢ᠎ᠪᠠᠷ ᠤᠷᠢᠵᠤ ᠪᠣᠯᠬᠤ ᠦᠭᠡᠢ᠃
ᠠᠷᠪᠠᠨ ᠳᠥᠷᠪᠡᠳᠦᠭᠡᠷ ᠵᠦᠢ᠍ᠯ ᠠᠵᠢᠯᠯᠠᠨ ᠡᠵᠡᠩᠨᠡᠬᠦ ᠪᠠᠢ᠌ᠭᠤᠯᠤᠮᠵᠢ ᠳᠣᠣᠷᠠᠬᠢ ᠵᠦᠢ᠍ᠯᠡᠰ᠎ᠢ ᠭᠦᠢ᠍ᠴᠡᠳᠬᠡᠬᠦ ᠬᠡᠷᠡᠭᠲᠡᠢ᠄
(ᠨᠢᠭᠡ) ᠪᠣᠢ᠌ᠵᠢᠭᠤᠯᠬᠤ ᠠᠵᠤ ᠠᠬᠤᠢ᠌ᠯᠠᠯ᠎ᠳᠤ ᠳᠡᠰ ᠬᠤᠪᠢᠶᠠᠭᠰᠠᠨ ᠬᠠᠮᠢᠶᠠᠷᠤᠯᠲᠠ ᠵᠢᠨ ᠲᠣᠭᠲᠠᠯᠴᠠᠭ᠎ᠠ ᠵᠢ ᠪᠠᠢ᠌ᠭᠤᠯᠵᠤ᠂ ᠠᠵᠤ ᠠᠬᠤᠢ᠌ᠯᠠᠯ᠎ᠤᠨ ᠬᠥᠭᠵᠢᠯᠲᠡ ᠵᠢᠨ ᠪᠠᠢ᠌ᠳᠠᠯ᠎ᠢ ᠦᠨᠳᠦᠰᠦᠯᠡᠨ ᠪᠠᠢ᠌ᠭ᠎ᠠ ᠲᠠᠰ ᠳᠠᠪᠬᠤᠷᠭ᠎ᠠ᠎ᠳᠤᠨᠢ ᠲᠣᠬᠢᠷᠠᠭᠤᠯᠤᠯᠲᠠ ᠬᠢᠨ᠎ᠡ᠃ ᠳᠡᠰ ᠬᠤᠪᠢᠶᠠᠨ ᠬᠤᠪᠢᠷᠠᠭᠤᠯᠵᠤ ᠳᠠᠭᠤᠰᠤᠭᠰᠠᠨ᠎ᠤ ᠳᠠᠷᠠᠭ᠎ᠠ 5 ᠠᠵᠢᠯᠯᠠᠬᠤ ᠡᠳᠦᠷ᠎ᠤᠨ ᠳᠣᠲᠣᠷ᠎ᠠ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠳᠤ ᠮᠡᠳᠡᠭᠦᠯᠦᠨ ᠬᠦᠷᠭᠡᠵᠦ ᠳᠠᠩᠰᠠᠯᠠᠭᠤᠯᠬᠤ ᠵᠢᠨ ᠬᠠᠮᠲᠤ᠂ ᠥᠪᠥᠷ ᠮᠣᠩᠭᠣᠯ᠎ᠤᠨ ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠳᠤ ᠬᠠᠭᠤᠯᠤᠨ ᠢᠯᠡᠭᠡᠨ᠎ᠡ᠃
(ᠬᠣᠶᠠᠷ) ᠠᠵᠤ ᠠᠬᠤᠢ᠌ᠯᠠᠯ᠎ᠤᠨ ᠫᠠᠢ᠌ᠰᠠ ᠡᠯᠭᠦᠬᠦ᠂ ᠲᠡᠮᠳᠡᠭᠲᠦ ᠲᠠᠷᠬᠠᠭ᠋ᠠᠬᠤ ᠪᠤᠶᠤ ᠰᠢᠯᠵᠢᠭᠦᠯᠦᠨ ᠥᠭᠬᠦ ᠭᠤᠶᠤᠴᠢᠯᠠᠯ᠎ᠤᠨ ᠪᠢᠴᠢᠭ ᠮᠠᠲ᠋ᠧᠷᠢᠶᠠᠯ᠎ᠳᠤ ᠬᠠᠤᠯᠢ ᠶᠣᠰᠣᠭ᠋ᠠᠷ ᠲᠡᠭᠦᠰ ᠴᠢᠨᠠᠷ᠎ᠤᠨ ᠬᠢᠨᠠᠨ ᠪᠠᠢ᠌ᠴᠠᠭ᠋ᠠᠯᠲᠠ ᠬᠢᠵᠦ᠂ ᠬᠢᠨᠠᠨ ᠪᠠᠢ᠌ᠴᠠᠭ᠋ᠠᠭᠰᠠᠨ ᠰᠠᠨᠠᠯ ᠭᠠᠷᠭ᠋ᠠᠨ᠎ᠠ᠃ ᠫᠠᠢ᠌ᠰᠠ ᠡᠯᠭᠦᠬᠦ᠂ ᠲᠡᠮᠳᠡᠭᠲᠦ ᠲᠠᠷᠬᠠᠭ᠋ᠠᠬᠤ ᠪᠤᠶᠤ ᠰᠢᠯᠵᠢᠭᠦᠯᠦᠨ ᠥᠭᠬᠦ ᠵᠢ ᠪᠡᠶᠡᠯᠡᠭᠦᠯᠦᠭᠰᠡᠨ᠎ᠤ ᠳᠠᠷᠠᠭ᠎ᠠ 5 ᠠᠵᠢᠯᠯᠠᠬᠤ ᠡᠳᠦᠷ᠎ᠤᠨ ᠳᠣᠲᠣᠷ᠎ᠠ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠥᠪᠥᠷ ᠮᠣᠩᠭᠣᠯ᠎ᠤᠨ ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠳᠤ ᠮᠡᠳᠡᠭᠦᠯᠦᠨ ᠬᠦᠷᠭᠡᠵᠦ ᠳᠠᠩᠰᠠᠯᠠᠭᠤᠯᠬᠤ ᠵᠢᠨ ᠬᠠᠮᠲᠤ᠂ ᠠᠵᠤ ᠠᠬᠤᠢ᠌ᠯᠠᠯ᠎ᠤᠨ ᠬᠠᠷᠢᠶᠠᠯᠠᠭᠳᠠᠬᠤ ᠭᠠᠵᠠᠷ᠎ᠤᠨ ᠠᠷᠠᠳ᠎ᠤᠨ ᠵᠠᠰᠠᠭ᠎ᠤᠨ ᠣᠷᠳᠣᠨ᠎ᠳᠤ ᠬᠠᠭᠤᠯᠤᠨ ᠢᠯᠡᠭᠡᠨ᠎ᠡ᠃
(ᠭᠤᠷᠪᠠ) ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠲᠤ ᠵᠥᠪᠰᠢᠶᠡᠷᠡᠨ ᠣᠷᠣᠭᠤᠯᠬᠤ ᠨᠥᠬᠥᠴᠡᠯ᠎ᠳᠤ ᠥᠯᠥ ᠨᠡᠢ᠌ᠴᠡᠬᠦ ᠪᠤᠶᠤ ᠬᠠᠤᠯᠢ᠎ᠠᠴᠠ ᠵᠥᠷᠢᠴᠡᠭᠰᠡᠨ ᠦᠢᠯᠡ ᠠᠵᠢᠯᠯᠠᠭ᠎ᠠ᠎ᠲᠠᠢ ᠳᠡᠯᠭᠡᠨ ᠦᠵᠡᠭᠦᠯᠬᠦ ᠪᠠ ᠫᠠᠢ᠌ᠰᠠ ᠡᠯᠭᠦᠬᠦ ᠠᠵᠤ ᠠᠬᠤᠢ᠌ᠯᠠᠯ᠎ᠢ ᠲᠣᠭᠲᠠᠭ᠋ᠠᠯ ᠶᠣᠰᠣᠭ᠋ᠠᠷ ᠴᠠᠭ ᠲᠤᠬᠠᠢᠳᠤᠨᠢ ᠢᠯᠭ᠋ᠠᠷᠠᠭᠤᠯᠤᠨ ᠪᠤᠴᠠᠭ᠋ᠠᠨ᠎ᠠ᠃ ᠰᠲ᠋ᠣᠺ᠎ᠤᠨ ᠠᠷᠠᠯᠵᠢᠶ᠎ᠠ ᠵᠢ ᠵᠣᠭᠰᠣᠭ᠋ᠠᠭᠰᠠᠨ᠎ᠤ ᠳᠠᠷᠠᠭ᠎ᠠ 5 ᠠᠵᠢᠯᠯᠠᠬᠤ ᠡᠳᠦᠷ᠎ᠤᠨ ᠳᠣᠲᠣᠷ᠎ᠠ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠳᠤ ᠮᠡᠳᠡᠭᠦᠯᠦᠨ ᠬᠦᠷᠭᠡᠵᠦ ᠳᠠᠩᠰᠠᠯᠠᠭᠤᠯᠬᠤ ᠵᠢᠨ ᠬᠠᠮᠲᠤ᠂ ᠥᠪᠥᠷ ᠮᠣᠩᠭᠣᠯ᠎ᠤᠨ ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠰᠲ᠋ᠣᠺ᠎ᠤᠨ ᠠᠷᠠᠯᠵᠢᠶ᠎ᠠ ᠵᠢ ᠵᠣᠭᠰᠣᠭ᠋ᠠᠭᠰᠠᠨ ᠠᠵᠤ ᠠᠬᠤᠢ᠌ᠯᠠᠯ᠎ᠤᠨ ᠬᠠᠷᠢᠶᠠᠯᠠᠭᠳᠠᠬᠤ ᠭᠠᠵᠠᠷ᠎ᠤᠨ ᠠᠷᠠᠳ᠎ᠤᠨ ᠵᠠᠰᠠᠭ᠎ᠤᠨ ᠣᠷᠳᠣᠨ᠎ᠳᠤ ᠬᠠᠭᠤᠯᠤᠨ ᠢᠯᠡᠭᠡᠨ᠎ᠡ᠃
(ᠳᠥᠷᠪᠡ) ᠠᠷᠠᠯᠵᠢᠶᠠᠨ᠎ᠤ ᠡᠳᠦᠷ ᠪᠦᠷᠢ᠎ᠳᠤ ᠲᠡᠮᠳᠡᠭᠲᠦ ᠵᠢᠨ ᠫᠠᠢ᠌ᠰᠠ ᠡᠯᠭᠦᠵᠦ ᠰᠢᠯᠵᠢᠭᠦᠯᠦᠨ ᠥᠭᠬᠦ ᠬᠠᠮᠤᠭ᠎ᠤᠨ ᠰᠢᠨ᠎ᠡ ᠦᠨ᠎ᠡ ᠬᠠᠩᠰᠢ ᠵᠢᠨ ᠪᠠᠢ᠌ᠳᠠᠯ᠎ᠢ ᠨᠡᠢ᠌ᠲᠡᠯᠡᠨ᠎ᠡ᠃
ᠠᠷᠪᠠᠨ ᠲᠠᠪᠤᠳᠤᠭ᠋ᠠᠷ ᠵᠦᠢ᠍ᠯ ᠠᠵᠢᠯᠯᠠᠨ ᠡᠵᠡᠩᠨᠡᠬᠦ ᠪᠠᠢ᠌ᠭᠤᠯᠤᠮᠵᠢ᠎ᠨᠢ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠥᠪᠥᠷ ᠮᠣᠩᠭᠣᠯ᠎ᠤᠨ ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠳᠤ ᠳᠣᠣᠷᠠᠬᠢ ᠮᠡᠲᠦ ᠮᠡᠳᠡᠭᠦᠯᠬᠦ ᠡᠭᠦᠷᠭᠡ ᠵᠢ ᠭᠦᠢ᠍ᠴᠡᠳᠬᠡᠨ᠎ᠡ᠄
(ᠨᠢᠭᠡ) ᠰᠠᠷ᠎ᠠ ᠳᠠᠭᠤᠰᠬᠤ ᠪᠣᠯᠭ᠋ᠠᠨ 7 ᠠᠵᠢᠯᠯᠠᠬᠤ ᠡᠳᠦᠷ᠎ᠤᠨ ᠳᠣᠲᠣᠷ᠎ᠠ᠂ ᠠᠷᠠᠯᠵᠢᠶᠠᠨ᠎ᠤ ᠪᠠᠢ᠌ᠳᠠᠯ᠂ ᠲᠤᠬᠠᠢ᠌ᠯᠠᠭᠰᠠᠨ ᠠᠵᠢᠯ᠎ᠤᠨ ᠪᠠᠢ᠌ᠳᠠᠯ ᠵᠢᠴᠢ ᠪᠤᠰᠤᠳ ᠲᠣᠳᠣᠷᠬᠠᠢ᠌ᠯᠠᠬᠤ ᠴᠢᠬᠤᠯᠠᠲᠠᠢ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠤᠨ ᠬᠣᠯᠪᠣᠭᠳᠠᠯ ᠪᠦᠬᠦᠢ ᠵᠦᠢ᠍ᠯᠡᠰ᠎ᠢ ᠪᠠᠭᠲᠠᠭ᠋ᠠᠭᠰᠠᠨ ᠰᠠᠷ᠎ᠠ ᠵᠢᠨ ᠮᠡᠳᠡᠭᠦᠯᠦᠯᠲᠡ ᠵᠢ ᠮᠡᠳᠡᠭᠦᠯᠦᠨ ᠬᠦᠷᠭᠡᠨ᠎ᠡ;
(ᠬᠣᠶᠠᠷ) ᠤᠯᠠᠷᠢᠯ ᠳᠠᠭᠤᠰᠬᠤ ᠪᠣᠯᠭ᠋ᠠᠨ 7 ᠠᠵᠢᠯᠯᠠᠬᠤ ᠡᠳᠦᠷ᠎ᠤᠨ ᠳᠣᠲᠣᠷ᠎ᠠ ᠂ ᠣᠨ ᠳᠠᠭᠤᠰᠬᠤ ᠪᠣᠯᠭ᠋ᠠᠨ 15 ᠠᠵᠢᠯᠯᠠᠬᠤ ᠡᠳᠦᠷ᠎ᠤᠨ ᠳᠣᠲᠣᠷ᠎ᠠ ᠲᠤᠰ ᠲᠤᠰ ᠺᠣᠮᠫᠠᠨᠢ ᠵᠢᠨ ᠵᠠᠰᠠᠯᠲᠠ ᠵᠢᠴᠢ ᠲᠤᠬᠠᠢ᠌ᠯᠠᠭᠰᠠᠨ ᠠᠵᠢᠯ᠎ᠢ ᠥᠷᠨᠢᠭᠦᠯᠦᠭᠰᠡᠨ ᠪᠠᠢ᠌ᠳᠠᠯ᠂ ᠵᠢᠷᠤᠮᠵᠢᠭᠤᠯᠤᠨ ᠠᠵᠢᠯᠯᠠᠭᠤᠯᠤᠭᠰᠠᠨ ᠪᠠᠢ᠌ᠳᠠᠯ᠂ ᠥᠪᠡᠷ᠎ᠢ᠎ᠪᠠᠨ ᠱᠠᠭ᠋ᠠᠷᠳᠠᠬᠤ ᠬᠢᠨᠠᠯᠲᠠ ᠬᠠᠮᠢᠶᠠᠷᠤᠯᠲᠠ ᠵᠢ ᠭᠦᠢ᠍ᠴᠡᠳᠬᠡᠭᠰᠡᠨ ᠪᠠᠢ᠌ᠳᠠᠯ᠂ ᠳᠣᠲᠣᠭ᠋ᠠᠳᠤ ᠵᠢᠨ ᠲᠦᠭᠰᠢᠭᠦᠷᠢ ᠵᠢ ᠰᠡᠷᠭᠡᠢ᠌ᠯᠡᠨ ᠡᠵᠡᠮᠳᠡᠭᠰᠡᠨ ᠪᠠ ᠰᠢᠢ᠍ᠳᠪᠦᠷᠢᠯᠡᠭᠰᠡᠨ ᠪᠠᠢ᠌ᠳᠠᠯ᠂ ᠣᠷᠣᠰᠢᠵᠤ ᠪᠠᠢ᠌ᠭ᠎ᠠ ᠭᠣᠣᠯ ᠠᠰᠠᠭᠤᠳᠠᠯ ᠪᠠ ᠲᠦᠭᠰᠢᠭᠦᠷᠢ ᠵᠡᠷᠭᠡ ᠵᠢ ᠪᠠᠭᠲᠠᠭ᠋ᠠᠭᠰᠠᠨ ᠤᠯᠠᠷᠢᠯ᠎ᠤᠨ᠂ ᠣᠨ᠎ᠤ ᠠᠵᠢᠯ᠎ᠤᠨ ᠮᠡᠳᠡᠭᠦᠯᠦᠯᠲᠡ ᠵᠢ ᠮᠡᠳᠡᠭᠦᠯᠦᠨ ᠬᠦᠷᠭᠡᠨ᠎ᠡ;
(ᠭᠤᠷᠪᠠ) ᠤᠯᠠᠷᠢᠯ ᠳᠠᠭᠤᠰᠬᠤ ᠪᠣᠯᠭ᠋ᠠᠨ 7 ᠠᠵᠢᠯᠯᠠᠬᠤ ᠡᠳᠦᠷ᠎ᠤᠨ ᠳᠣᠲᠣᠷ᠎ᠠ ᠳᠡᠭᠡᠷ᠎ᠡ ᠤᠯᠠᠷᠢᠯ᠎ᠤᠨ ᠣᠷᠣᠨ ᠨᠤᠲᠤᠭ᠎ᠤᠨ ᠤᠯᠤᠰ᠎ᠤᠨ ᠥᠮᠴᠢᠯᠡᠯᠲᠦ ᠮᠥᠩᠭᠥᠨ ᠭᠦᠢ᠍ᠯᠭᠡᠭᠡᠨ᠎ᠤ ᠠᠵᠤ ᠠᠬᠤᠢ᠌ᠯᠠᠯ᠎ᠤᠨ ᠥᠮᠴᠢᠯᠡᠬᠦ ᠡᠷᠬᠡ ᠵᠢᠨ ᠠᠷᠠᠯᠵᠢᠶ᠎ᠠ ᠪᠠ ᠰᠲ᠋ᠣᠺ᠎ᠤᠨ ᠡᠷᠬᠡ ᠵᠢ ᠨᠠᠢ᠌ᠳᠠᠨ ᠬᠠᠮᠢᠶᠠᠷᠤᠭᠤᠯᠤᠭᠰᠠᠨ ᠪᠠᠢ᠌ᠳᠠᠯ ᠵᠶ᠋ᠠᠨ ᠮᠡᠳᠡᠭᠦᠯᠦᠨ ᠬᠦᠷᠭᠡᠨ᠎ᠡ;
(ᠳᠥᠷᠪᠡ) ᠮᠡᠳᠡᠭᠦᠯᠬᠦ ᠵᠢ ᠱᠠᠭ᠋ᠠᠷᠳᠠᠭᠰᠠᠨ ᠪᠤᠰᠤᠳ ᠵᠦᠢ᠍ᠯᠡᠰ᠃
ᠠᠷᠪᠠᠨ ᠵᠢᠷᠭᠤᠳᠤᠭ᠋ᠠᠷ ᠵᠦᠢ᠍ᠯ ᠴᠢᠬᠤᠯᠠ ᠶᠡᠬᠡ ᠵᠦᠢ᠍ᠯᠡᠰ ᠲᠣᠬᠢᠶᠠᠯᠳᠤᠪᠠᠯ᠂ ᠠᠵᠢᠯᠯᠠᠨ ᠡᠵᠡᠩᠨᠡᠬᠦ ᠪᠠᠢ᠌ᠭᠤᠯᠤᠮᠵᠢ᠎ᠨᠢ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠥᠪᠥᠷ ᠮᠣᠩᠭᠣᠯ᠎ᠤᠨ ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠳᠤ ᠳᠠᠷᠤᠢ᠌ᠬᠠᠨ ᠮᠡᠳᠡᠭᠦᠯᠬᠦ ᠵᠢᠨ ᠬᠠᠮᠲᠤ ᠬᠠᠮᠢᠶ᠎ᠠ ᠪᠦᠬᠦᠢ ᠰᠢᠢ᠍ᠳᠪᠦᠷᠢᠯᠡᠯᠲᠡ ᠵᠢ ᠴᠠᠭ ᠲᠤᠬᠠᠢᠳᠤᠨᠢ ᠰᠠᠢ᠌ᠲᠤᠷ ᠬᠢᠵᠦ᠂ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠤᠨ ᠲᠣᠭᠲᠠᠭᠤᠨ᠎ᠢ ᠦᠨᠡᠨ ᠬᠦ᠌ ᠪᠠᠲᠤᠯᠠᠬᠤ ᠬᠡᠷᠡᠭᠲᠡᠢ᠃ ᠮᠡᠳᠡᠭᠦᠯᠦᠯᠲᠡ ᠵᠢᠨ ᠠᠭᠤᠯᠭ᠎ᠠ᠎ᠳᠤ ᠬᠡᠷᠡᠭ ᠡᠭᠦᠰᠦᠭᠰᠡᠨ ᠰᠢᠯᠲᠠᠭ᠋ᠠᠨ᠂ ᠪᠠᠢ᠌ᠳᠠᠯ᠂ ᠣᠷᠣᠰᠢᠵᠤ ᠪᠠᠢ᠌ᠭ᠎ᠠ ᠲᠦᠭᠰᠢᠭᠦᠷᠢ ᠵᠢᠴᠢ ᠲᠠᠷᠠᠭ᠋ᠠᠴᠢ ᠵᠢᠨ ᠱᠠᠲᠤ ᠦᠶ᠎ᠡ ᠵᠢᠨ ᠠᠵᠢᠯ᠎ᠤᠨ ᠲᠣᠬᠢᠷᠠᠭᠤᠯᠤᠯᠲᠠ ᠵᠢ ᠪᠠᠭᠲᠠᠭ᠋ᠠᠬᠤ ᠪᠣᠯᠪᠠᠴᠤ ᠡᠭᠦᠨ᠎ᠳᠤ ᠯᠡ ᠬᠢᠵᠠᠭ᠋ᠠᠷᠯᠠᠭᠳᠠᠬᠤ ᠦᠭᠡᠢ᠃ ᠴᠢᠬᠤᠯᠠ ᠶᠡᠬᠡ ᠵᠦᠢ᠍ᠯᠡᠰ᠎ᠲᠤ ᠳᠣᠣᠷᠠᠬᠢ ᠵᠦᠢ᠍ᠯᠡᠰ ᠪᠠᠭᠲᠠᠨ᠎ᠠ᠄
(ᠨᠢᠭᠡ) ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠲᠤ ᠣᠷᠣᠯᠴᠠᠭᠴᠢ᠎ᠳᠤ ᠤᠯᠤᠰ᠎ᠤᠨ ᠬᠣᠯᠪᠣᠭᠳᠠᠯ ᠪᠦᠬᠦᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠵᠢᠴᠢ ᠲᠦᠷᠦ ᠵᠢᠨ ᠪᠣᠳᠣᠯᠭ᠎ᠠ ᠵᠢ ᠬᠦᠨᠳᠦ ᠨᠣᠴᠢᠲᠠᠢ ᠵᠥᠷᠢᠴᠡᠭᠰᠡᠨ ᠦᠢ᠍ᠯᠡ ᠠᠵᠢᠯᠯᠠᠭ᠎ᠠ ᠣᠷᠣᠰᠢᠵᠤ ᠪᠠᠢ᠌ᠭ᠎ᠠ ᠪᠤᠶᠤ ᠣᠷᠣᠰᠢᠬᠤ ᠪᠣᠯᠣᠯᠴᠠᠭ᠎ᠠ᠎ᠲᠠᠢ ᠵᠢ ᠣᠯᠵᠤ ᠮᠡᠳᠡᠬᠦ;
(ᠬᠣᠶᠠᠷ) ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠲᠤ ᠬᠣᠯᠪᠣᠭᠳᠠᠯ ᠪᠦᠬᠦᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠵᠢᠴᠢ ᠲᠦᠷᠦ ᠵᠢᠨ ᠪᠣᠳᠣᠯᠭ᠎ᠠ ᠵᠢ ᠬᠦᠨᠳᠦ ᠨᠣᠴᠢᠲᠠᠢ ᠵᠥᠷᠢᠴᠡᠭᠰᠡᠨ ᠦᠢ᠍ᠯᠡ ᠠᠵᠢᠯᠯᠠᠭ᠎ᠠ ᠡᠭᠦᠰᠬᠦ ᠳᠠᠯᠳᠠ ᠲᠦᠭᠰᠢᠭᠦᠷᠢ ᠣᠷᠣᠰᠢᠵᠤ ᠪᠠᠢ᠌ᠭ᠎ᠠ ᠵᠢ ᠣᠯᠵᠤ ᠮᠡᠳᠡᠬᠦ;
(ᠭᠤᠷᠪᠠ) ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠲᠤ ᠬᠣᠯᠪᠣᠭᠳᠠᠯ ᠪᠦᠬᠦᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠵᠢᠴᠢ ᠲᠦᠷᠦ ᠵᠢᠨ ᠪᠣᠳᠣᠯᠭ᠎ᠠ᠎ᠳᠤ ᠲᠣᠳᠣᠷᠬᠠᠢ ᠲᠣᠭᠲᠠᠭ᠋ᠠᠯ ᠭᠠᠷᠭ᠋ᠠᠭᠰᠠᠨ ᠦᠭᠡᠢ᠂ ᠭᠡᠬᠦ᠎ᠳᠤ᠎ᠪᠠᠨ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠲᠤ ᠴᠢᠬᠤᠯᠠ ᠶᠡᠬᠡ ᠨᠥᠯᠥᠭᠡ ᠦᠵᠡᠭᠦᠯᠬᠦ ᠵᠦᠢ᠍ᠯᠡᠰ ᠢᠯᠡᠷᠡᠬᠦ;
(ᠳᠥᠷᠪᠡ) ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠤᠨ ᠠᠮᠤᠷ ᠲᠦᠪᠰᠢᠨ ᠠᠵᠢᠯᠯᠠᠭ᠋ᠠᠨ᠎ᠢ ᠨᠥᠯᠥᠭᠡᠯᠡᠬᠦ ᠪᠠᠢ᠌ᠳᠠᠯ ᠡᠭᠦᠰᠬᠦ;
(ᠲᠠᠪᠤ) ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠨᠢ ᠳᠠᠪᠠᠭᠳᠠᠰᠢ ᠦᠭᠡᠢ ᠬᠦᠴᠦᠨ ᠵᠦᠢ᠍ᠯ᠎ᠠᠴᠠ ᠪᠣᠯᠵᠤ ᠵᠠᠬ᠎ᠠ ᠳᠡᠯᠭᠡᠭᠦᠷ᠎ᠢ ᠬᠠᠭ᠋ᠠᠬᠤ᠂ ᠡᠰᠡᠬᠦᠯ᠎ᠡ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠤᠨ ᠬᠡᠪ᠎ᠤᠨ ᠡᠮᠬᠢ ᠵᠢᠷᠤᠮ᠎ᠢ ᠬᠠᠮᠠᠭ᠋ᠠᠯᠠᠬᠤ ᠵᠢᠨ ᠲᠥᠯᠥᠭᠡ ᠵᠠᠬ᠎ᠠ ᠳᠡᠯᠭᠡᠭᠦᠷ᠎ᠢ ᠮᠡᠷᠭᠡᠵᠢᠯ᠎ᠤᠨ ᠴᠢᠨᠠᠷᠲᠠᠢ᠎ᠪᠠᠷ ᠬᠠᠭ᠋ᠠᠬᠤ ᠠᠷᠭ᠎ᠠ ᠬᠡᠮᠵᠢᠶ᠎ᠡ ᠠᠪᠬᠤ;
(ᠵᠢᠷᠭᠤᠭ᠎ᠠ) ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠲᠣᠭᠲᠠᠭ᠋ᠠᠭᠰᠠᠨ ᠪᠤᠰᠤᠳ ᠵᠦᠢ᠍ᠯᠡᠰ᠃
(ᠳᠥᠷᠪᠡ)᠂ (ᠲᠠᠪᠤ) ᠳ᠋ᠤᠭ᠋ᠠᠷ ᠵᠤᠷᠪᠤᠰ᠎ᠤᠨ ᠪᠠᠢ᠌ᠳᠠᠯ ᠡᠭᠦᠰᠬᠦ ᠦᠶ᠎ᠡ᠎ᠳᠤ᠂ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠲᠤ ᠣᠷᠣᠯᠴᠠᠭᠰᠠᠳ᠎ᠲᠤ ᠬᠠᠮᠲᠤᠳᠤᠨᠢ ᠮᠡᠳᠡᠭᠳᠡᠬᠦ ᠬᠡᠷᠡᠭᠲᠡᠢ᠃
ᠠᠷᠪᠠᠨ ᠳᠣᠯᠣᠳᠤᠭ᠋ᠠᠷ ᠵᠦᠢ᠍ᠯ ᠠᠵᠢᠯᠯᠠᠨ ᠡᠵᠡᠩᠨᠡᠬᠦ ᠪᠠᠢ᠌ᠭᠤᠯᠤᠮᠵᠢ ᠵᠢ ᠲᠠᠷᠬᠠᠭ᠋ᠠᠬᠤ᠎ᠳᠤ ᠪᠡᠯᠡ ᠣᠷᠣᠭᠤᠯᠤᠭᠴᠢᠳ᠎ᠤᠨ ᠠᠷᠠᠯᠵᠢᠶᠠᠨ᠎ᠤ ᠪᠡᠯᠡ ᠮᠥᠩᠭᠥ ᠬᠢᠭᠡᠳ ᠳᠡᠯᠭᠡᠨ ᠦᠵᠡᠭᠦᠯᠵᠦ᠂ ᠫᠠᠢ᠌ᠰᠠ ᠡᠯᠭᠦᠭᠰᠡᠨ ᠠᠵᠤ ᠠᠬᠤᠢ᠌ᠯᠠᠯ᠎ᠤᠨ ᠲᠦᠭᠰᠢᠭᠦᠷᠢ ᠵᠢᠴᠢ ᠪᠤᠰᠤᠳ ᠳᠠᠯᠳᠠ ᠲᠦᠭᠰᠢᠭᠦᠷᠢ ᠵᠢ ᠲᠣᠬᠢᠲᠠᠢ ᠰᠢᠢ᠍ᠳᠪᠦᠷᠢᠯᠡᠬᠦ ᠵᠢᠨ ᠬᠠᠮᠲᠤ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠺᠣᠮᠫᠠᠨᠢ ᠵᠢᠨ ᠬᠠᠤᠯᠢ》 ᠵᠡᠷᠭᠡ ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠪᠣᠯᠣᠨ ᠳᠤᠮᠳᠠᠳᠤ ᠤᠯᠤᠰ᠎ᠤᠨ ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ᠎ᠤᠨ ᠬᠠᠮᠢᠶ᠎ᠠ ᠪᠦᠬᠦᠢ ᠱᠠᠭ᠋ᠠᠷᠳᠠᠯᠭ᠎ᠠ ᠶᠣᠰᠣᠭ᠋ᠠᠷ ᠨᠠᠷᠢᠪᠴᠢᠯᠠᠨ ᠲᠣᠭ᠋ᠠᠴᠠᠭ᠋ᠠᠯᠠᠬᠤ ᠬᠡᠷᠡᠭᠲᠡᠢ᠃
ᠭᠤᠷᠪᠠᠳᠤᠭ᠋ᠠᠷ ᠪᠦᠯᠦᠭ ᠲᠤᠬᠠᠢ᠌ᠯᠠᠭᠰᠠᠨ ᠠᠵᠢᠯ᠎ᠤᠨ ᠬᠠᠮᠢᠶᠠᠷᠤᠯᠲᠠ
ᠠᠷᠪᠠᠨ ᠨᠠᠢ᠍ᠮᠠᠳᠤᠭ᠋ᠠᠷ ᠵᠦᠢ᠍ᠯ ᠳᠡᠯᠭᠡᠨ ᠦᠵᠡᠭᠦᠯᠬᠦ ᠭᠡᠳᠡᠭ᠎ᠨᠢ ᠠᠵᠤ ᠠᠬᠤᠢ᠌ᠯᠠᠯ᠎ᠤᠨ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠲᠤ ᠠᠵᠤ ᠠᠬᠤᠢ᠌ᠯᠠᠯ᠎ᠤᠨ ᠦᠨᠳᠦᠰᠦᠨ ᠪᠠᠢ᠌ᠳᠠᠯ᠂ ᠪᠡᠯᠡ ᠲᠣᠬᠢᠷᠠᠭᠤᠯᠬᠤ ᠬᠡᠷᠡᠭᠴᠡᠭᠡ ᠱᠠᠭ᠋ᠠᠷᠳᠠᠯᠭ᠎ᠠ ᠵᠡᠷᠭᠡ ᠮᠡᠳᠡᠭᠡ ᠵᠠᠩᠭᠢ ᠵᠢ ᠢᠯᠡ ᠨᠡᠢ᠌ᠲᠡᠯᠡᠬᠦ ᠦᠢᠯᠡ ᠠᠵᠢᠯᠯᠠᠭ᠎ᠠ ᠵᠢ ᠵᠢᠭ᠋ᠠᠵᠤ ᠪᠣᠶ᠃ ᠫᠠᠢ᠌ᠰᠠ ᠡᠯᠭᠦᠬᠦ ᠭᠡᠳᠡᠭ᠎ᠨᠢ ᠰᠲ᠋ᠣᠺ᠎ᠤᠨ ᠵᠠᠬ᠎ᠠ᠎ᠳᠤ ᠭᠠᠷᠤᠭᠰᠠᠨ ᠦᠭᠡᠢ ᠠᠵᠤ ᠠᠬᠤᠢ᠌ᠯᠠᠯ᠎ᠤᠨ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠲᠤ ᠠᠵᠤ ᠠᠬᠤᠢ᠌ᠯᠠᠯ᠎ᠤᠨ ᠮᠡᠳᠡᠭᠡ ᠵᠠᠩᠭᠢ ᠵᠢ ᠢᠯᠡ ᠨᠡᠢ᠌ᠲᠡᠯᠡᠵᠦ᠂ ᠬᠣᠪᠢᠴᠠᠭ᠎ᠠ (ᠰᠲ᠋ᠣᠺ᠎ᠤᠨ ᠡᠷᠬᠡ) ᠳᠠᠩᠰᠠᠯᠠᠬᠤ᠂ ᠨᠠᠢ᠌ᠳᠠᠨ ᠬᠠᠮᠢᠶᠠᠷᠤᠭᠤᠯᠬᠤ᠂ ᠠᠷᠠᠯᠵᠢᠶᠠᠯᠠᠬᠤ ᠵᠢᠴᠢ ᠪᠡᠯᠡ ᠲᠣᠬᠢᠷᠠᠭᠤᠯᠬᠤ ᠵᠡᠷᠭᠡ ᠲᠤᠬᠠᠢ᠌ᠯᠠᠭᠰᠠᠨ ᠠᠵᠢᠯ ᠥᠷᠨᠢᠭᠦᠯᠬᠦ ᠦᠢᠯᠡ ᠠᠵᠢᠯᠯᠠᠭ᠎ᠠ ᠵᠢ ᠵᠢᠭ᠋ᠠᠵᠤ ᠪᠣᠶ᠃ ᠳᠡᠯᠭᠡᠨ ᠦᠵᠡᠭᠦᠯᠬᠦ᠂ ᠫᠠᠢ᠌ᠰᠠ ᠡᠯᠭᠦᠬᠦ᠎ᠪᠠᠷ ᠭᠤᠶᠤᠴᠢᠯᠠᠬᠤ ᠠᠵᠤ ᠠᠬᠤᠢ᠌ᠯᠠᠯ᠎ᠨᠢ ᠳᠣᠣᠷ᠎ᠠ ᠵᠢᠭᠰᠠᠭ᠋ᠠᠭᠰᠠᠨ ᠨᠥᠬᠥᠴᠡᠯ᠎ᠳᠤ ᠨᠡᠢ᠌ᠴᠡᠭᠰᠡᠨ ᠪᠠᠢ᠌ᠬᠤ ᠬᠡᠷᠡᠭᠲᠡᠢ᠄
(ᠨᠢᠭᠡ) 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠺᠣᠮᠫᠠᠨᠢ ᠵᠢᠨ ᠬᠠᠤᠯᠢ》᠎ᠳᠤ ᠲᠣᠭᠲᠠᠭ᠋ᠠᠭᠰᠠᠨ ᠵᠠᠰᠠᠯᠲᠠ ᠵᠢᠨ ᠪᠦᠲᠦᠴᠡ᠎ᠲᠠᠢ ᠪᠠᠢ᠌ᠬᠤ;
(ᠬᠣᠶᠠᠷ) ᠬᠤᠪᠢ ᠣᠷᠣᠭᠤᠯᠤᠭᠴᠢᠳ᠎ᠤᠨ ᠬᠥᠮᠥᠨ᠎ᠤ ᠲᠣᠭ᠎ᠠ᠎ᠨᠢ 200 ᠬᠥᠮᠥᠨ᠎ᠠᠴᠠ ᠬᠡᠲᠦᠷᠡᠬᠦ ᠦᠭᠡᠢ ᠪᠠᠢ᠌ᠬᠤ᠂ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠳᠦᠷᠢᠮ ᠲᠣᠭᠲᠠᠭ᠋ᠠᠯ᠎ᠳᠤ ᠠᠰᠲᠠᠭ᠋ᠠᠨ ᠲᠣᠭᠲᠠᠭ᠋ᠠᠯ᠎ᠲᠠᠢ᠎ᠨᠢ ᠡᠭᠦᠨ᠎ᠳᠤ ᠪᠠᠭᠲᠠᠬᠤ ᠦᠭᠡᠢ;
(ᠭᠤᠷᠪᠠ) ᠦᠷᠭᠦᠯᠵᠢᠯᠡᠭᠰᠡᠨ ᠪᠠᠢ᠌ᠳᠠᠯ᠎ᠳᠤ ᠣᠷᠣᠰᠢᠵᠤ ᠪᠠᠢ᠌ᠭ᠎ᠠ ᠬᠦᠨᠳᠦ ᠶᠡᠬᠡ ᠬᠠᠤᠯᠢ ᠵᠢ ᠵᠥᠷᠢᠴᠡᠭᠰᠡᠨ ᠦᠢ᠍ᠯᠡ ᠠᠵᠢᠯᠯᠠᠭ᠎ᠠ ᠪᠠᠢ᠌ᠬᠤ ᠦᠭᠡᠢ ᠮᠥᠷᠲᠡᠭᠡᠨ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠺᠣᠮᠫᠠᠨᠢ ᠵᠢᠨ ᠬᠠᠤᠯᠢ》 ᠵᠢᠨ ᠵᠠᠭᠤ ᠨᠠᠶᠠᠳᠤᠭ᠋ᠠᠷ ᠵᠦᠢ᠍ᠯ᠎ᠳᠤ ᠲᠣᠭᠲᠠᠭ᠋ᠠᠭᠰᠠᠨ ᠲᠠᠷᠬᠠᠭ᠋ᠠᠬᠤ ᠪᠠᠢ᠌ᠳᠠᠯ᠂ ᠡᠰᠡᠬᠦᠯ᠎ᠡ ᠰᠢᠭᠦᠬᠦ ᠬᠣᠷᠢᠶ᠎ᠠ᠎ᠠᠴᠠ ᠺᠣᠮᠫᠠᠨᠢ ᠵᠢ ᠲᠠᠬᠢᠨ ᠴᠡᠭᠴᠡᠯᠡᠬᠦ᠂ ᠡᠶᠡᠳᠡᠭᠦᠯᠬᠦ ᠪᠤᠶᠤ ᠳᠠᠮᠫᠤᠷᠠᠭᠤᠯᠬᠤ ᠭᠤᠶᠤᠴᠢᠯᠠᠯ᠎ᠢ ᠬᠠᠤᠯᠢ ᠶᠣᠰᠣᠭ᠋ᠠᠷ ᠬᠦᠯᠢᠶᠡᠨ ᠠᠪᠴᠤ ᠰᠢᠢ᠍ᠳᠪᠦᠷᠢᠯᠡᠬᠦ ᠵᠡᠷᠭᠡ ᠪᠠᠢ᠌ᠳᠠᠯ ᠣᠷᠣᠰᠢᠬᠤ ᠦᠭᠡᠢ;
(ᠳᠥᠷᠪᠡ) ᠠᠵᠤ ᠠᠬᠤᠢ᠌ᠯᠠᠯ᠎ᠨᠢ ᠪᠡᠯᠡ ᠣᠷᠣᠭᠤᠯᠤᠭᠴᠢᠳ᠎ᠤᠨ ᠱᠠᠭ᠋ᠠᠷᠳᠠᠯᠭ᠎ᠠ ᠵᠢ ᠦᠨᠳᠦᠰᠦᠯᠡᠨ ᠬᠠᠮᠢᠶ᠎ᠠ ᠪᠦᠬᠦᠢ ᠮᠡᠳᠡᠭᠡ ᠵᠠᠩᠭᠢ ᠵᠢ ᠢᠯᠡ ᠨᠡᠢ᠌ᠲᠡᠯᠡᠬᠦ ᠡᠭᠦᠷᠭᠡ ᠵᠢ ᠭᠦᠢ᠍ᠴᠡᠳᠬᠡᠬᠦ᠎ᠪᠠᠷ ᠠᠮᠠᠯᠠᠬᠤ;
(ᠲᠠᠪᠤ) ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠲᠣᠭᠲᠠᠭ᠋ᠠᠯ ᠳᠦᠷᠢᠮ ᠵᠢᠴᠢ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠲᠣᠭᠲᠠᠭ᠋ᠠᠭᠰᠠᠨ ᠪᠤᠰᠤᠳ ᠨᠥᠬᠥᠴᠡᠯ᠃
ᠠᠷᠪᠠ ᠶᠢᠰᠦᠳᠦᠭᠡᠷ ᠵᠦᠢ᠍ᠯ ᠳᠣᠣᠷ᠎ᠠ ᠵᠢᠭᠰᠠᠭ᠋ᠠᠭᠰᠠᠨ ᠠᠵᠤ ᠠᠬᠤᠢ᠌ᠯᠠᠯ᠎ᠢ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠲᠤ ᠪᠣᠢ᠌ᠵᠢᠭᠤᠯᠬᠤ ᠵᠢ ᠵᠣᠷᠢᠭᠵᠢᠭᠤᠯᠤᠨ᠎ᠠ᠄
(ᠨᠢᠭᠡ) ᠥᠪᠡᠷᠲᠡᠭᠡᠨ ᠵᠠᠰᠠᠬᠤ ᠣᠷᠣᠨ᠎ᠤ ᠱᠠᠲᠤᠨ᠎ᠠᠴᠠ ᠳᠡᠭᠡᠭᠰᠢᠬᠢ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠰᠠᠯᠠᠭ᠎ᠠ ᠮᠥᠴᠢᠷ᠎ᠠᠴᠠ ᠦᠨᠡᠯᠡᠭᠰᠡᠨ ᠪᠤᠶᠤ ᠮᠠᠭ᠋ᠠᠳᠯᠠᠨ ᠲᠣᠭᠲᠠᠭ᠋ᠠᠭᠰᠠᠨ ᠰᠢᠨ᠎ᠡ ᠵᠢ ᠡᠭᠦᠳᠬᠦ ᠬᠡᠯᠪᠡᠷᠢ ᠪᠦᠬᠦᠢ ᠳᠤᠮᠳᠠ ᠵᠢᠵᠢᠭ ᠠᠵᠤ ᠠᠬᠤᠢ᠌ᠯᠠᠯ᠂ ᠲᠤᠰᠬᠠᠢ᠌ᠵᠢᠭᠰᠠᠨ ᠨᠠᠷᠢᠯᠢᠭ ᠥᠪᠡᠷᠮᠢᠴᠡ ᠰᠢᠨ᠎ᠡ ᠳᠤᠮᠳᠠ ᠵᠢᠵᠢᠭ ᠠᠵᠤ ᠠᠬᠤᠢ᠌ᠯᠠᠯ᠂ ᠲᠤᠰᠬᠠᠢ᠌ᠵᠢᠭᠰᠠᠨ ᠨᠠᠷᠢᠯᠢᠭ ᠥᠪᠡᠷᠮᠢᠴᠡ ᠰᠢᠨ᠎ᠡ 《ᠬᠡᠪᠴᠢᠶ᠎ᠡ᠎ᠨᠢ ᠵᠢᠵᠢᠭ ᠪᠣᠯᠪᠠᠴᠤ ᠬᠥᠭᠵᠢᠯᠲᠡ ᠰᠠᠢ᠌ᠲᠠᠢ ᠠᠪᠤᠷᠭᠤ》 ᠠᠵᠤ ᠠᠬᠤᠢ᠌ᠯᠠᠯ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠠᠯᠠᠭ᠎ᠠ ᠮᠥᠴᠢᠷ᠎ᠠᠴᠠ ᠮᠠᠭ᠋ᠠᠳᠯᠠᠨ ᠲᠣᠭᠲᠠᠭ᠋ᠠᠭᠰᠠᠨ ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠢ᠌ᠯᠠᠯ;
(ᠬᠣᠶᠠᠷ) ᠥᠪᠡᠷᠲᠡᠭᠡᠨ ᠵᠠᠰᠠᠬᠤ ᠣᠷᠣᠨ᠎ᠤ ᠰᠲ᠋ᠣᠺ᠎ᠤᠨ ᠵᠠᠬ᠎ᠠ᠎ᠳᠤ ᠭᠠᠷᠭ᠋ᠠᠬᠤ ᠪᠡᠯᠡᠳᠬᠡᠯ ᠠᠵᠤ ᠠᠬᠤᠢ᠌ᠯᠠᠯ ᠵᠢᠴᠢ ᠪᠤᠰᠤᠳ ᠳᠠᠯᠳᠠ ᠬᠦᠴᠦᠨ᠎ᠲᠠᠢ ᠠᠵᠤ ᠠᠬᠤᠢ᠌ᠯᠠᠯ;
(ᠭᠤᠷᠪᠠ) ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠥ᠎ᠠᠴᠠ ᠪᠡᠯᠡ ᠣᠷᠣᠭᠤᠯᠤᠭᠰᠠᠨ ᠠᠵᠤ ᠠᠬᠤᠢ᠌ᠯᠠᠯ᠂ ᠬᠤᠪᠢ᠎ᠪᠠᠷ ᠵᠶ᠋ᠠᠨ ᠴᠤᠭᠯᠠᠭᠤᠯᠤᠭᠰᠠᠨ ᠰᠲ᠋ᠣᠺ᠎ᠤᠨ ᠡᠷᠬᠡ ᠪᠠ ᠦᠢ᠍ᠯᠡᠰ ᠴᠣᠭᠴᠠᠯᠠᠬᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠥ᠎ᠠᠴᠠ ᠪᠡᠯᠡ ᠣᠷᠣᠭᠤᠯᠤᠭᠰᠠᠨ ᠳᠤᠮᠳᠠ ᠵᠢᠵᠢᠭ ᠠᠵᠤ ᠠᠬᠤᠢ᠌ᠯᠠᠯ᠃
ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠨᠢ ᠪᠣᠢ᠌ᠵᠢᠭᠤᠯᠬᠤ ᠠᠵᠤ ᠠᠬᠤᠢ᠌ᠯᠠᠯ᠎ᠳᠤ ᠳᠡᠰ ᠬᠤᠪᠢᠶᠠᠭᠰᠠᠨ ᠬᠠᠮᠢᠶᠠᠷᠤᠯᠲᠠ ᠵᠢᠨ ᠲᠣᠭᠲᠠᠯᠴᠠᠭ᠎ᠠ ᠵᠢ ᠪᠠᠶ᠋ᠢᠭᠤᠯᠬᠤ ᠵᠢᠨ ᠬᠠᠮᠲᠤ ᠡᠯ᠎ᠡ ᠳᠡᠰ᠎ᠤᠨ ᠠᠵᠤ ᠠᠬᠤᠢ᠌ᠯᠠᠯ᠎ᠳᠤ ᠲᠡᠭᠦᠨ᠎ᠤ ᠣᠨᠴᠠᠯᠢᠭ ᠪᠠ ᠬᠡᠷᠡᠭᠴᠡᠭᠡ ᠱᠠᠭ᠋ᠠᠷᠳᠠᠯᠭ᠎ᠠ᠎ᠲᠠᠢ᠎ᠨᠢ ᠵᠣᠬᠢᠴᠠᠭᠰᠠᠨ ᠰᠠᠭᠤᠷᠢ ᠦᠢ᠍ᠯᠡᠴᠢᠯᠡᠭᠡ ᠪᠠ ᠶᠡᠷᠦᠩᠬᠡᠢ᠌ᠯᠡᠭᠰᠡᠨ ᠮᠥᠩᠭᠥᠨ ᠭᠦᠢ᠍ᠯᠭᠡᠭᠡᠨ᠎ᠤ ᠦᠢ᠍ᠯᠡᠴᠢᠯᠡᠭᠡ ᠬᠠᠩᠭ᠋ᠠᠬᠤ ᠬᠡᠷᠡᠭᠲᠡᠢ᠃
ᠬᠣᠷᠢᠳᠤᠭ᠋ᠠᠷ ᠵᠦᠢ᠍ᠯ ᠨᠠᠢ᠌ᠳᠠᠨ ᠬᠠᠮᠢᠶᠠᠷᠤᠭᠤᠯᠬᠤ ᠭᠡᠳᠡᠭ᠎ᠨᠢ ᠠᠵᠤ ᠠᠬᠤᠢ᠌ᠯᠠᠯ᠎ᠤᠨ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠲᠤ ᠰᠲ᠋ᠣᠺ᠎ᠤᠨ ᠡᠷᠬᠡ ᠵᠢ ᠳᠠᠩᠰᠠᠯᠠᠵᠤ ᠨᠠᠢ᠌ᠳᠠᠨ ᠬᠠᠮᠢᠶᠠᠷᠤᠭᠤᠯᠬᠤ᠂ ᠡᠷᠤᠭᠡ ᠰᠢᠯᠵᠢᠭᠦᠯᠬᠦ ᠵᠢ ᠳᠠᠩᠰᠠᠯᠠᠬᠤ᠂ ᠮᠡᠳᠡᠭᠡ ᠵᠠᠩᠭᠢ ᠪᠠᠢ᠌ᠴᠠᠭ᠋ᠠᠨ ᠯᠠᠪᠯᠠᠬᠤ᠂ ᠠᠰᠢᠭ ᠬᠤᠪᠢᠶᠠᠨ ᠬᠦᠦ ᠣᠨᠣᠭᠳᠠᠭᠤᠯᠬᠤ ᠵᠡᠷᠭᠡ ᠲᠤᠬᠠᠢ᠌ᠯᠠᠭᠰᠠᠨ ᠠᠵᠢᠯ᠎ᠢ ᠶᠠᠪᠤᠭᠤᠯᠬᠤ ᠦᠢ᠍ᠯᠡ ᠠᠵᠢᠯᠯᠠᠭ᠎ᠠ ᠵᠢ ᠵᠢᠭ᠋ᠠᠵᠤ ᠪᠤᠢ᠃ ᠨᠠᠢ᠌ᠳᠠᠨ ᠬᠠᠮᠢᠶᠠᠷᠤᠭᠤᠯᠬᠤ ᠠᠵᠤ ᠠᠬᠤᠢ᠌ᠯᠠᠯ᠎ᠨᠢ ᠬᠤᠪᠢ ᠣᠷᠣᠭᠤᠯᠤᠭᠴᠢᠳ᠎ᠤᠨ 200 ᠬᠥᠮᠥᠨ᠎ᠤ ᠬᠢᠵᠠᠭ᠋ᠠᠷᠯᠠᠯ᠎ᠳᠤ ᠬᠢᠵᠠᠭ᠋ᠠᠷᠯᠠᠭᠳᠠᠬᠤ ᠦᠭᠡᠢ ᠪᠠᠢ᠌ᠵᠤ ᠪᠣᠯᠣᠨ᠎ᠠ᠃
ᠪᠦᠬᠦ ᠤᠯᠤᠰ᠎ᠤᠨ ᠳᠤᠮᠳᠠ ᠵᠢᠵᠢᠭ ᠠᠵᠤ ᠠᠬᠤᠢ᠌ᠯᠠᠯ᠎ᠤᠨ ᠬᠤᠪᠢ ᠰᠢᠯᠵᠢᠭᠦᠯᠦᠨ ᠥᠭᠬᠦ ᠰᠢᠰᠲ᠋ᠧᠮ᠎ᠠᠴᠠ ᠫᠠᠢ᠌ᠰᠠ ᠪᠠᠭᠤᠯᠭ᠋ᠠᠭᠰᠠᠨ ᠪᠤᠶᠤ ᠵᠠᠬ᠎ᠠ᠎ᠠᠴᠠ ᠭᠠᠷᠤᠭᠰᠠᠨ ᠰᠲ᠋ᠣᠺ ᠵᠶ᠋ᠠᠨ ᠵᠠᠬ᠎ᠠ᠎ᠳᠤ ᠭᠠᠷᠭ᠋ᠠᠭᠰᠠᠨ ᠺᠣᠮᠫᠠᠨᠢ᠎ᠨᠢ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠲᠤ ᠬᠤᠪᠢ᠎ᠪᠠᠨ ᠳᠠᠩᠰᠠᠯᠠᠭᠤᠯᠤᠨ ᠨᠠᠢ᠌ᠳᠠᠨ ᠬᠠᠮᠢᠶᠠᠷᠤᠭᠤᠯᠵᠤ ᠪᠣᠯᠣᠨ᠎ᠠ᠂ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠤᠨ ᠫᠠᠢ᠌ᠰᠠ ᠡᠯᠭᠦᠬᠦ ᠨᠥᠬᠥᠴᠡᠯ᠎ᠳᠤ ᠨᠡᠢ᠌ᠴᠡᠭᠰᠡᠨ᠎ᠨᠢ ᠲᠠᠬᠢᠵᠤ ᠫᠠᠢ᠌ᠰᠠ ᠡᠯᠭᠦᠭᠦᠯᠬᠦ᠎ᠪᠠᠷ ᠭᠤᠶᠤᠴᠢᠯᠠᠵᠤ ᠪᠣᠯᠣᠨ᠎ᠠ᠃
ᠬᠣᠷᠢᠨ ᠨᠢᠭᠡᠳᠦᠭᠡᠷ ᠵᠦᠢ᠍ᠯ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠨᠢ ᠬᠠᠷᠢᠭᠤᠴᠠᠯᠭ᠎ᠠ᠎ᠪᠠᠨ ᠴᠢᠷᠮᠠᠢ᠌ᠨ ᠭᠦᠢ᠍ᠴᠡᠳᠬᠡᠵᠦ ᠬᠤᠪᠢ ᠣᠷᠣᠭᠤᠯᠤᠭᠴᠢᠳ᠎ᠤᠨ ᠨᠡᠷᠡᠰ᠎ᠤᠨ ᠲᠠᠨᠭ᠌ᠰᠠ ᠵᠢ ᠬᠠᠮᠢᠶᠠᠷᠴᠤ᠂ ᠰᠲ᠋ᠣᠺ᠎ᠤᠨ ᠡᠷᠬᠡ ᠵᠢ ᠬᠤᠪᠢᠷᠠᠭᠤᠯᠬᠤ᠂ ᠳᠠᠨᠵᠢᠯᠠᠬᠤ᠂ ᠴᠠᠷᠴᠠᠭ᠋ᠠᠬᠤ ᠵᠡᠷᠭᠡ ᠪᠠᠢ᠌ᠳᠠᠯ᠎ᠢ ᠲᠡᠮᠳᠡᠭᠯᠡᠵᠦ᠂ ᠠᠷᠭ᠎ᠠ ᠬᠡᠮᠵᠢᠶ᠎ᠡ ᠠᠪᠴᠤ ᠪᠠᠢ᠌ᠭ᠋ᠠᠳ ᠳ᠋ᠠᠢ᠌ᠲ᠋ᠠ ᠵᠢᠨ ᠲᠡᠮᠳᠡᠭᠯᠡᠯ᠎ᠤᠨ ᠵᠥᠪ ᠣᠨᠣᠪᠴᠢᠲᠠᠶ ᠪᠠᠢ᠌ᠬᠤ ᠵᠢ ᠪᠠᠲᠤᠯᠠᠬᠤ ᠵᠢᠨ ᠬᠠᠮᠲᠤ ᠪᠣᠯᠵᠣᠨ ᠲᠣᠭᠲᠠᠭᠰᠠᠨ ᠶᠣᠰᠣᠭ᠋ᠠᠷ ᠰᠲ᠋ᠣᠺ᠎ᠤᠨ ᠡᠷᠬᠡ ᠨᠠᠢ᠌ᠳᠠᠨ ᠬᠠᠮᠢᠶᠠᠷᠤᠭᠤᠯᠤᠭᠰᠠᠨ ᠠᠵᠤ ᠠᠬᠤᠢ᠌ᠯᠠᠯ᠎ᠳᠤ ᠴᠠᠭ ᠲᠤᠬᠠᠢᠳᠤᠨᠢ ᠬᠠᠷᠢᠭᠤ ᠲᠤᠰᠬᠠᠬᠤ ᠬᠡᠷᠡᠭᠲᠡᠢ᠃
ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠨᠢ ᠰᠲ᠋ᠣᠺ᠎ᠤᠨ ᠡᠷᠬᠡ ᠵᠢᠨ ᠠᠵᠢᠯ ᠶᠠᠪᠤᠳᠠᠯ᠎ᠢ ᠭᠦᠢ᠍ᠴᠡᠳᠬᠡᠬᠦ ᠶᠠᠪᠤᠴᠠ᠎ᠳᠤ ᠣᠯᠣᠭᠰᠠᠨ ᠰᠲ᠋ᠣᠺ᠎ᠤᠨ ᠡᠷᠬᠡ ᠵᠢ ᠨᠠᠢ᠌ᠳᠠᠨ ᠬᠠᠮᠢᠶᠠᠷᠤᠭᠤᠯᠤᠭᠰᠠᠨ ᠠᠵᠤ ᠠᠬᠤᠢ᠌ᠯᠠᠯ᠎ᠤᠨ ᠰᠲ᠋ᠣᠺ᠎ᠤᠨ ᠡᠷᠬᠡ ᠵᠢᠨ ᠮᠡᠳᠡᠭᠡ ᠵᠠᠩᠭᠢ ᠵᠢᠨ ᠨᠢᠭᠤᠴᠠ ᠵᠢ ᠬᠠᠮᠠᠭ᠋ᠠᠯᠠᠵᠤ᠂ ᠦᠢ᠍ᠯᠡᠴᠢᠯᠡᠭᠡᠨ᠎ᠤ ᠵᠥᠪᠯᠡᠯᠴᠡᠭᠡᠷ ᠳᠠᠭᠤᠰᠤᠭᠰᠠᠨ᠎ᠤ ᠲᠠᠷᠠᠭ᠎ᠠ ᠨᠢᠭᠤᠴᠠ ᠵᠢ ᠬᠠᠮᠠᠭ᠋ᠠᠯᠠᠬᠤ ᠡᠭᠦᠷᠭᠡ᠎ᠪᠠᠨ ᠮᠥᠨ ᠬᠦ᠌ ᠭᠦᠢ᠍ᠴᠡᠳᠬᠡᠬᠦ ᠬᠡᠷᠡᠭᠲᠡᠢ᠃
ᠬᠣᠷᠢᠨ ᠬᠣᠶᠠᠳᠤᠭ᠋ᠠᠷ ᠵᠦᠢ᠍ᠯ ᠠᠵᠤ ᠠᠬᠤᠢ᠌ᠯᠠᠯ᠎ᠨᠢ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠲᠤ ᠰᠲ᠋ᠣᠺ ᠲᠠᠷᠬᠠᠭ᠋ᠠᠬᠤ᠎ᠳᠤ ᠳᠣᠣᠷ᠎ᠠ ᠵᠢᠭᠰᠠᠭ᠋ᠠᠭᠰᠠᠨ ᠨᠥᠬᠥᠴᠡᠯ᠎ᠳᠤ ᠨᠡᠢ᠌ᠴᠡᠭᠰᠡᠨ ᠪᠠᠢ᠌ᠬᠤ ᠬᠡᠷᠡᠭᠲᠡᠢ᠄
(ᠨᠢᠭᠡ) ᠲᠠᠷᠬᠠᠭ᠋ᠠᠬᠤ ᠭᠣᠣᠯ ᠴᠣᠭᠴᠠ᠎ᠨᠢ ᠬᠤᠪᠢ ᠣᠷᠣᠭᠤᠯᠤᠭᠰᠠᠨ ᠬᠢᠵᠠᠭ᠋ᠠᠷᠲᠤ ᠺᠣᠮᠫᠠᠨᠢ ᠪᠣᠯᠬᠤ ᠪᠥᠭᠡᠳ ᠲᠤᠰ ᠨᠠᠷᠢᠨ ᠳᠦᠷᠢᠮ᠎ᠤᠨ ᠠᠷᠪᠠᠨ ᠨᠠᠢ᠍ᠮᠠᠳᠤᠭ᠋ᠠᠷ ᠵᠦᠢ᠍ᠯ᠎ᠤᠨ ᠲᠣᠭᠲᠠᠭ᠋ᠠᠯ᠎ᠳᠤ ᠨᠡᠢ᠌ᠴᠡᠬᠦ;
(ᠬᠣᠶᠠᠷ) ᠣᠷᠴᠢᠮ᠎ᠤᠨ ᠨᠢᠭᠡ ᠨᠢᠭᠲᠠᠯᠠᠨ ᠪᠤᠳᠤᠬᠤ ᠣᠨ᠎ᠤ ᠬᠢᠨᠠᠨ ᠪᠤᠳᠤᠭᠰᠠᠨ ᠡᠳ᠋᠎ᠤᠨ ᠶᠠᠪᠤᠳᠠᠯ᠎ᠤᠨ ᠮᠡᠳᠡᠭᠦᠯᠦᠯᠲᠡ᠎ᠪᠠᠷ ᠪᠠᠷᠢᠮᠵᠢᠶ᠎ᠠ ᠪᠣᠯᠭ᠋ᠠᠵᠤ ᠰᠠᠨᠠᠯ ᠵᠶ᠋ᠠᠨ ᠥᠯᠥ ᠦᠯᠡᠳᠡᠭᠡᠬᠦ;
(ᠭᠤᠷᠪᠠ) ᠺᠣᠮᠫᠠᠨᠢ᠎ᠨᠢ ᠺᠣᠮᠫᠠᠨᠢ ᠵᠢᠨ ᠳᠦᠷᠢᠮ ᠵᠶ᠋ᠠᠷ ᠦᠨᠳᠦᠰᠦᠯᠡᠯ ᠪᠣᠯᠭ᠋ᠠᠨ ᠰᠲ᠋ᠣᠺ ᠲᠠᠷᠬᠠᠭ᠋ᠠᠬᠤ᠎ᠪᠠᠷ ᠭᠤᠶᠤᠴᠢᠯᠠᠬᠤ ᠲᠤᠬᠠᠢ ᠰᠢᠢ᠍ᠳᠪᠦᠷᠢ ᠭᠠᠷᠭ᠋ᠠᠬᠤ ᠵᠢᠨ ᠬᠠᠮᠲᠤ ᠬᠠᠮᠢᠶ᠎ᠠ ᠪᠦᠬᠦᠢ ᠮᠡᠳᠡᠭᠡ ᠵᠠᠩᠭᠢ ᠵᠢ ᠢᠯᠡ ᠨᠡᠢ᠌ᠲᠡᠯᠡᠬᠦ ᠡᠭᠦᠷᠭᠡ᠎ᠪᠠᠨ ᠭᠦᠢ᠍ᠴᠡᠳᠬᠡᠬᠦ᠎ᠪᠠᠷ ᠠᠮᠠᠯᠠᠬᠤ;
(ᠳᠥᠷᠪᠡ) ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠲᠣᠭᠲᠠᠭ᠋ᠠᠯ ᠳᠦᠷᠢᠮ ᠵᠢᠴᠢ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠲᠣᠭᠲᠠᠭ᠋ᠠᠭᠰᠠᠨ ᠪᠤᠰᠤᠳ ᠨᠥᠬᠥᠴᠡᠯ᠃
ᠬᠣᠷᠢᠨ ᠭᠤᠷᠪᠠᠳᠤᠭ᠋ᠠᠷ ᠵᠦᠢ᠍ᠯ ᠠᠵᠤ ᠠᠬᠤᠢ᠌ᠯᠠᠯ᠎ᠨᠢ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠲᠤ ᠰᠲ᠋ᠣᠺ ᠪᠣᠯᠭ᠋ᠠᠨ ᠬᠤᠪᠢᠷᠠᠭᠤᠯᠵᠤ ᠪᠣᠯᠬᠤ ᠺᠣᠮᠫᠠᠨᠢ ᠵᠢᠨ ᠵᠢᠭᠡᠯᠡᠯᠭᠡ ᠵᠢᠨ ᠲᠡᠮᠳᠡᠭᠲᠦ ᠵᠢ ᠲᠠᠷᠬᠠᠭ᠋ᠠᠬᠤ᠎ᠪᠠᠷ ᠭᠤᠶᠤᠴᠢᠯᠠᠬᠤ᠎ᠳᠤ ᠳᠣᠣᠷ᠎ᠠ ᠵᠢᠭᠰᠠᠭ᠋ᠠᠭᠰᠠᠨ ᠨᠥᠬᠥᠴᠡᠯ᠎ᠳᠤ ᠨᠡᠢ᠌ᠴᠡᠭᠰᠡᠨ ᠪᠠᠢ᠌ᠬᠤ ᠬᠡᠷᠡᠭᠲᠡᠢ᠄
(ᠨᠢᠭᠡ) ᠲᠠᠷᠬᠠᠭ᠋ᠠᠬᠤ ᠭᠣᠣᠯ ᠴᠣᠭᠴᠠ᠎ᠨᠢ ᠬᠤᠪᠢ ᠣᠷᠣᠭᠤᠯᠤᠭᠰᠠᠨ ᠬᠢᠵᠠᠭ᠋ᠠᠷᠲᠤ ᠺᠣᠮᠫᠠᠨᠢ ᠪᠣᠯᠬᠤ ᠪᠥᠭᠡᠳ ᠲᠤᠰ ᠨᠠᠷᠢᠨ ᠳᠦᠷᠢᠮ᠎ᠤᠨ ᠠᠷᠪᠠᠨ ᠨᠠᠢ᠍ᠮᠠᠳᠤᠭ᠋ᠠᠷ ᠵᠦᠢ᠍ᠯ᠎ᠤᠨ ᠲᠣᠭᠲᠠᠭ᠋ᠠᠯ᠎ᠳᠤ ᠨᠡᠢ᠌ᠴᠡᠬᠦ;
(ᠬᠣᠶᠠᠷ) ᠣᠷᠴᠢᠮ᠎ᠤᠨ ᠨᠢᠭᠡ ᠨᠢᠭᠲᠠᠯᠠᠨ ᠪᠤᠳᠤᠬᠤ ᠣᠨ᠎ᠤ ᠬᠢᠨᠠᠨ ᠪᠣᠳᠤᠭᠰᠠᠨ ᠡᠳ᠋᠎ᠤᠨ ᠶᠠᠪᠤᠳᠠᠯ᠎ᠤᠨ ᠮᠡᠳᠡᠭᠦᠯᠦᠯᠲᠡ᠎ᠪᠠᠷ ᠪᠠᠷᠢᠮᠵᠢᠶ᠎ᠠ ᠪᠣᠯᠭ᠋ᠠᠵᠤ ᠰᠠᠨᠠᠯ ᠵᠶ᠋ᠠᠨ ᠥᠯᠥ ᠦᠯᠡᠳᠡᠭᠡᠬᠦ;
(ᠭᠤᠷᠪᠠ) ᠠᠵᠤ ᠠᠬᠤᠢ᠌ᠯᠠᠯ᠎ᠨᠢ ᠺᠣᠮᠫᠠᠨᠢ ᠵᠢᠨ ᠳᠦᠷᠢᠮ᠎ᠤᠨ ᠶᠣᠰᠣᠭ᠋ᠠᠷ ᠵᠢᠭᠡᠯᠡᠯᠭᠡ ᠵᠢᠨ ᠲᠡᠮᠳᠡᠭᠲᠦ ᠵᠢ ᠲᠠᠷᠬᠠᠭ᠋ᠠᠬᠤ᠎ᠪᠠᠷ ᠭᠤᠶᠤᠴᠢᠯᠠᠬᠤ ᠲᠤᠬᠠᠢ ᠰᠢᠢ᠍ᠳᠪᠦᠷᠢ ᠭᠠᠷᠭ᠋ᠠᠬᠤ ᠵᠢᠨ ᠬᠠᠮᠲᠤ ᠬᠠᠮᠢᠶ᠎ᠠ ᠪᠦᠬᠦᠢ ᠮᠡᠳᠡᠭᠡ ᠵᠠᠩᠭᠢ ᠵᠢ ᠢᠯᠡ ᠨᠡᠢ᠌ᠲᠡᠯᠡᠬᠦ ᠡᠭᠦᠷᠭᠡ᠎ᠪᠠᠨ ᠭᠦᠢ᠍ᠴᠡᠳᠬᠡᠬᠦ᠎ᠪᠠᠷ ᠠᠮᠠᠯᠠᠬᠤ;
(ᠳᠥᠷᠪᠡ) ᠵᠢᠭᠡᠯᠡᠯᠭᠡ ᠵᠢᠨ ᠲᠡᠮᠳᠡᠭᠲᠦ ᠴᠤᠭᠯᠠᠭᠤᠯᠬᠤ ᠲᠣᠳᠣᠷᠬᠠᠢ᠌ᠯᠠᠯᠲᠠ ᠵᠢᠨ ᠪᠢᠴᠢᠭ᠎ᠲᠤ ᠺᠣᠮᠫᠠᠨᠢ ᠵᠢᠨ ᠵᠢᠭᠡᠯᠡᠯᠭᠡ ᠵᠢᠨ ᠲᠡᠮᠳᠡᠭᠲᠦ ᠵᠢ ᠰᠲ᠋ᠣᠺ ᠪᠣᠯᠭ᠋ᠠᠨ ᠬᠤᠪᠢᠷᠠᠭᠤᠯᠬᠤ ᠪᠣᠳᠠᠲᠠᠢ ᠠᠷᠭ᠎ᠠ ᠬᠡᠮᠵᠢᠶ᠎ᠡ᠎ᠲᠠᠢ ᠪᠠᠢ᠌ᠬᠤ;
(ᠲᠠᠪᠤ) ᠲᠠᠷᠬᠠᠭ᠋ᠠᠬᠤ ᠠᠵᠤ ᠠᠬᠤᠢ᠌ᠯᠠᠯ᠎ᠤᠨ ᠨᠢᠭᠡᠨᠲᠡ ᠲᠠᠷᠬᠠᠭ᠋ᠠᠭᠰᠠᠨ ᠺᠣᠮᠫᠠᠨᠢ ᠵᠢᠨ ᠵᠢᠭᠡᠯᠡᠯᠭᠡ ᠵᠢᠨ ᠲᠡᠮᠳᠡᠭᠲᠦ ᠪᠤᠶᠤ ᠪᠤᠰᠤᠳ ᠥᠭᠴᠡᠭᠡ᠎ᠨᠢ ᠦᠷᠭᠦᠯᠵᠢᠯᠡᠭᠰᠡᠨ ᠪᠠᠢ᠌ᠳᠠᠯ᠎ᠳᠤ ᠥᠯᠥ ᠣᠷᠣᠰᠢᠬᠤ ᠭᠡᠷ᠎ᠡ ᠵᠢ ᠵᠥᠷᠢᠴᠡᠭᠰᠡᠨ ᠪᠤᠶᠤ ᠡᠬᠡ ᠮᠥᠩᠭᠥ ᠬᠦᠦ ᠮᠥᠩᠭᠥ ᠵᠢ᠎ᠨᠢ ᠤᠳᠠᠭ᠋ᠠᠰᠢᠷᠠᠭᠤᠯᠤᠨ ᠲᠥᠯᠥᠭᠰᠡᠨ ᠪᠠᠢ᠌ᠳᠠᠯ᠎ᠳᠤ ᠪᠠᠢ᠌ᠬᠤ ᠦᠭᠡᠢ᠂ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠣᠨᠴᠠᠭ᠋ᠠᠶ ᠱᠠᠭ᠋ᠠᠷᠳᠠᠯᠭ᠎ᠠ᠎ᠲᠠᠢ᠎ᠨᠢ ᠡᠭᠦᠨ᠎ᠳᠤ ᠪᠠᠭᠲᠠᠬᠤ ᠦᠭᠡᠢ;
(ᠵᠢᠷᠭᠤᠭ᠎ᠠ) ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠲᠣᠭᠲᠠᠭ᠋ᠠᠯ ᠳᠦᠷᠢᠮ ᠬᠢᠭᠡᠳ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠲᠣᠭᠲᠠᠭ᠋ᠠᠭᠰᠠᠨ ᠪᠤᠰᠤᠳ ᠨᠥᠬᠥᠴᠡᠯ᠃
ᠬᠣᠷᠢᠨ ᠳᠥᠷᠪᠡᠳᠦᠭᠡᠷ ᠵᠦᠢ᠍ᠯ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠲᠤ ᠲᠡᠮᠳᠡᠭᠲᠦ ᠵᠢ ᠲᠠᠷᠬᠠᠭ᠋ᠠᠬᠤ ᠪᠤᠶᠤ ᠰᠢᠯᠵᠢᠭᠦᠯᠦᠨ ᠥᠭᠬᠦ᠎ᠳᠤ ᠳᠣᠣᠷᠠᠬᠢ ᠵᠠᠷᠴᠢᠮ᠎ᠤᠳ᠎ᠢ ᠵᠢᠷᠤᠮᠯᠠᠬᠤ ᠬᠡᠷᠡᠭᠲᠡᠢ᠄
(ᠨᠢᠭᠡ) ᠲᠦᠷᠦ ᠵᠢᠨ ᠶᠠᠪᠤᠳᠠᠯ᠎ᠤᠨ ᠬᠣᠷᠢᠶ᠎ᠠ ᠵᠢᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠵᠥᠪᠰᠢᠶᠡᠷᠡᠯ ᠦᠭᠡᠢ᠎ᠪᠠᠷ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠲᠤ ᠰᠲ᠋ᠣᠺ᠂ ᠰᠲ᠋ᠣᠺ ᠪᠣᠯᠭ᠋ᠠᠨ ᠬᠤᠪᠢᠷᠠᠭᠤᠯᠵᠤ ᠪᠣᠯᠬᠤ ᠺᠣᠮᠫᠠᠨᠢ ᠵᠢᠨ ᠵᠢᠭᠡᠯᠡᠯᠭᠡ ᠵᠢᠨ ᠲᠡᠮᠳᠡᠭᠲᠦ᠎ᠠᠴᠠ ᠭᠠᠳᠠᠨᠠᠬᠢ ᠪᠤᠰᠤᠳ ᠲᠡᠮᠳᠡᠭᠲᠦ ᠵᠢ ᠲᠠᠷᠬᠠᠭ᠋ᠠᠵᠤ ᠪᠣᠯᠬᠤ ᠦᠭᠡᠢ;
(ᠬᠣᠶᠠᠷ) ᠵᠡᠷ ᠮᠡᠳᠡᠭᠡ᠂ ᠢᠯᠠ᠎ᠪᠠᠷ ᠢᠳᠬᠠᠨ ᠳᠠᠭ᠋ᠠᠭᠤᠯᠬᠤ ᠵᠡᠷᠭᠡ ᠢᠯᠠ᠎ᠪᠠᠷ ᠪᠤᠶᠤ ᠬᠡᠯᠪᠡᠷᠢ ᠵᠢ᠎ᠨᠢ ᠥᠭᠡᠷᠡᠲᠦᠭᠦᠯᠦᠨ ᠢᠯᠠ ᠪᠣᠯᠭ᠋ᠠᠬᠤ ᠠᠷᠭ᠎ᠠ ᠮᠠᠶᠢᠭ ᠵᠶ᠋ᠠᠷ ᠲᠡᠮᠳᠡᠭᠲᠦ ᠵᠢ ᠲᠠᠷᠬᠠᠭ᠋ᠠᠬᠤ ᠪᠤᠶᠤ ᠰᠢᠯᠵᠢᠭᠦᠯᠦᠨ ᠥᠭᠴᠦ ᠪᠣᠯᠬᠤ ᠦᠭᠡᠢ᠂ ᠬᠠᠤᠯᠢ ᠪᠤᠰᠤ᠎ᠪᠠᠷ ᠪᠡᠯᠡ ᠴᠤᠭᠯᠠᠭᠤᠯᠵᠤ ᠪᠣᠯᠬᠤ ᠦᠭᠡᠢ;
(ᠭᠤᠷᠪᠠ) ᠲᠥᠪᠯᠡᠷᠡᠭᠦᠯᠦᠨ ᠠᠷᠠᠯᠵᠢᠶᠠᠯᠠᠬᠤ ᠠᠷᠭ᠎ᠠ ᠮᠠᠶᠢᠭ ᠵᠶ᠋ᠠᠷ ᠲᠡᠮᠳᠡᠭᠲᠦ ᠵᠢ ᠲᠠᠷᠬᠠᠭ᠋ᠠᠬᠤ ᠪᠤᠶᠤ ᠰᠢᠯᠵᠢᠭᠦᠯᠦᠨ ᠥᠭᠴᠦ ᠪᠣᠯᠬᠤ ᠦᠭᠡᠢ᠂ ᠡᠭᠦᠨ᠎ᠳᠤ ᠴᠤᠭᠯᠠᠷᠠᠭᠤᠯᠤᠨ ᠦᠨ᠎ᠡ ᠥᠷᠢᠰᠦᠯᠳᠦᠬᠦ᠂ ᠵᠠᠯᠭ᠋ᠠᠭ᠎ᠠ᠎ᠪᠠᠷ ᠦᠨ᠎ᠡ ᠥᠷᠢᠰᠦᠯᠳᠦᠬᠦ᠂ ᠡᠯᠧᠺᠲᠷᠣᠨ ᠵᠶ᠋ᠠᠷ ᠡᠪᠯᠡᠭᠦᠯᠦᠨ ᠠᠷᠠᠯᠵᠢᠶᠠᠯᠠᠬᠤ᠂ ᠨᠡᠷ᠎ᠡ ᠪᠤᠷᠤᠭᠤᠯᠠᠵᠤ ᠠᠷᠠᠯᠵᠢᠶᠠᠯᠠᠬᠤ ᠵᠡᠷᠭᠡ ᠠᠷᠠᠯᠵᠢᠶᠠᠨ᠎ᠤ ᠠᠷᠭ᠎ᠠ ᠮᠠᠶᠢᠭ ᠪᠠᠭᠲᠠᠨ᠎ᠠ᠂ ᠵᠥᠪᠯᠡᠯᠴᠡᠭᠡᠷ ᠵᠶ᠋ᠡᠷ ᠰᠢᠯᠵᠢᠭᠦᠯᠦᠨ ᠥᠭᠬᠦ ᠪᠠ ᠬᠠᠤᠯᠢ ᠶᠣᠰᠣᠭ᠋ᠠᠷ ᠦᠨ᠎ᠡ ᠬᠠᠶᠠᠯᠴᠠᠭᠤᠯᠤᠨ ᠬᠤᠳᠠᠯᠳᠤᠬᠤ᠎ᠨᠢ ᠡᠭᠦᠨ᠎ᠳᠤ ᠪᠠᠭᠲᠠᠬᠤ ᠦᠭᠡᠢ;
(ᠳᠥᠷᠪᠡ) ᠪᠡᠯᠡ ᠣᠷᠣᠭᠤᠯᠤᠭᠴᠢᠳ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠲᠤ ᠠᠳᠠᠯᠢ ᠨᠢᠭᠡᠨ ᠲᠡᠮᠳᠡᠭᠲᠦ ᠵᠢ ᠬᠤᠳᠠᠯᠳᠤᠨ ᠠᠪᠤᠭᠰᠠᠨ᠎ᠤ ᠲᠠᠷᠠᠭ᠎ᠠ ᠬᠤᠳᠠᠯᠳᠤᠨ ᠭᠠᠷᠭ᠋ᠠᠬᠤ ᠪᠤᠶᠤ ᠬᠤᠳᠠᠯᠳᠤᠨ ᠭᠠᠷᠭ᠋ᠠᠭᠰᠠᠨ᠎ᠤ ᠲᠠᠷᠠᠭ᠎ᠠ ᠬᠤᠳᠠᠯᠳᠤᠨ ᠠᠪᠤᠭᠰᠠᠨ ᠴᠠᠭ᠎ᠤᠨ ᠠᠯᠭ᠋ᠠᠰᠠᠯ᠎ᠨᠢ 5 ᠠᠷᠠᠯᠵᠢᠶᠠᠨ᠎ᠤ ᠡᠳᠦᠷ᠎ᠠᠴᠠ ᠳᠤᠲᠠᠭᠤ ᠪᠠᠢ᠌ᠵᠤ ᠪᠣᠯᠬᠤ ᠦᠭᠡᠢ;
(ᠲᠠᠪᠤ) ᠳᠠᠩ ᠭᠠᠭᠴᠠ ᠲᠡᠮᠳᠡᠭᠲᠦ ᠵᠢᠨ ᠡᠷᠬᠡ ᠠᠰᠢᠭ ᠡᠵᠡᠮᠰᠢᠭᠴᠢ᠎ᠨᠢ ᠨᠡᠢ᠌ᠯᠡᠭᠡᠳ 200 ᠬᠥᠮᠥᠨ᠎ᠠᠴᠠ ᠬᠡᠲᠦᠷᠡᠵᠦ ᠪᠣᠯᠬᠤ ᠦᠭᠡᠢ᠂ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠲᠣᠭᠲᠠᠭ᠋ᠠᠯ ᠳᠦᠷᠢᠮ᠎ᠳᠤ ᠠᠰᠲᠠᠭ᠋ᠠᠨ ᠲᠣᠭᠲᠠᠭ᠋ᠠᠯ᠎ᠲᠠᠢ᠎ᠨᠢ ᠡᠭᠦᠨ᠎ᠳᠤ ᠪᠠᠭᠲᠠᠬᠤ ᠦᠭᠡᠢ;
(ᠵᠢᠷᠭᠤᠭ᠎ᠠ) ᠠᠵᠢᠯᠯᠠᠨ ᠡᠵᠡᠩᠨᠡᠬᠦ ᠪᠠᠢ᠌ᠭᠤᠯᠤᠮᠵᠢ᠂ ᠲᠡᠮᠳᠡᠭᠲᠦ ᠲᠠᠷᠬᠠᠭ᠋ᠠᠭᠴᠢ᠂ ᠵᠠᠭᠤᠴᠢ ᠪᠠᠢ᠌ᠭᠤᠯᠤᠮᠵᠢ ᠵᠢᠴᠢ ᠣᠷᠣᠨ ᠪᠦᠰᠡ ᠵᠢᠨ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠲᠠᠬᠢ ᠪᠤᠰᠤᠳ ᠣᠷᠣᠯᠴᠠᠭᠴᠢ᠎ᠨᠢ ᠪᠡᠯᠡ ᠣᠷᠣᠭᠤᠯᠤᠭᠴᠢᠳ᠎ᠲᠤ ᠡᠬᠡ ᠮᠥᠩᠭᠥ᠎ᠨᠢ ᠪᠡᠯᠡ ᠣᠷᠣᠭᠤᠯᠬᠤ ᠲᠦᠭᠰᠢᠭᠦᠷᠢ ᠦᠭᠡᠢ ᠪᠠ ᠨᠠᠭ᠋ᠠᠲᠤ ᠵᠠᠬ᠎ᠠ ᠵᠢᠨ ᠠᠰᠢᠭ ᠣᠯᠵᠠᠪᠤᠷᠢ ᠵᠢ ᠠᠮᠠᠯᠠᠵᠤ ᠪᠣᠯᠬᠤ ᠦᠭᠡᠢ᠃
ᠬᠣᠷᠢᠨ ᠲᠠᠪᠤᠳᠤᠭ᠋ᠠᠷ ᠵᠦᠢ᠍ᠯ ᠢᠨᠲ᠋ᠧᠷ ᠰᠦᠯᠵᠢᠶ᠎ᠡ᠂ ᠷᠠᠳᠢᠣ᠋ ᠲᠧᠯᠸᠢᠰ᠂ ᠰᠣᠨᠢᠨ ᠰᠡᠳᠬᠦᠯ᠂ ᠰᠢᠯᠵᠢᠮᠡᠯ ᠦᠵᠦᠭᠦᠷ ᠵᠡᠷᠭᠡ᠎ᠪᠠᠷ ᠳᠠᠮᠵᠢᠭᠤᠯᠤᠨ ᠨᠡᠢ᠌ᠭᠡᠮ ᠨᠡᠶ᠋ᠢᠲᠡ᠎ᠳᠤ ᠬᠤᠪᠢ ᠡᠯᠰᠡᠬᠦ ᠲᠣᠳᠣᠷᠬᠠᠢ᠌ᠯᠠᠯᠲᠠ ᠵᠢᠨ ᠪᠢᠴᠢᠭ᠂ ᠲᠡᠮᠳᠡᠭᠲᠦ ᠴᠤᠭᠯᠠᠭᠤᠯᠬᠤ ᠲᠣᠳᠣᠷᠬᠠᠢ᠌ᠯᠠᠯᠲᠠ ᠵᠢᠨ ᠪᠢᠴᠢᠭ᠂ ᠰᠢᠯᠵᠢᠭᠦᠯᠦᠨ ᠥᠭᠬᠦ᠎ᠪᠠᠷ ᠪᠠᠢ᠌ᠭ᠎ᠠ ᠲᠡᠮᠳᠡᠭᠲᠦ ᠵᠢᠨ ᠲᠣᠭ᠎ᠠ ᠬᠡᠮᠵᠢᠶ᠎ᠡ ᠪᠠ ᠦᠨ᠎ᠡ ᠬᠠᠩᠰᠢ ᠵᠡᠷᠭᠡ ᠲᠡᠮᠳᠡᠭᠲᠦ ᠵᠢ ᠲᠠᠷᠬᠠᠭ᠋ᠠᠬᠤ ᠪᠤᠶᠤ ᠰᠢᠯᠵᠢᠭᠦᠯᠦᠨ ᠥᠭᠬᠦ ᠬᠣᠯᠪᠣᠭᠳᠠᠯ ᠪᠦᠬᠦᠢ ᠮᠡᠳᠡᠭᠡ ᠵᠠᠩᠭᠢ ᠵᠢ ᠨᠡᠢ᠌ᠲᠡᠯᠡᠭᠰᠡᠨ ᠪᠠᠢ᠌ᠪᠠᠯ᠂ ᠲᠤᠰ ᠨᠠᠷᠢᠨ ᠳᠦᠷᠢᠮ᠎ᠤᠨ ᠬᠣᠷᠢᠨ ᠳᠥᠷᠪᠡᠳᠦᠭᠡᠷ ᠵᠦᠢ᠍ᠯ᠎ᠳᠤ ᠲᠣᠭᠲᠠᠭ᠋ᠠᠭᠰᠠᠨ ᠢᠯᠠ ᠪᠤᠶᠤ ᠬᠡᠯᠪᠡᠷᠢ ᠵᠢ᠎ᠨᠢ ᠥᠭᠡᠷᠡᠲᠦᠭᠦᠯᠦᠨ ᠢᠯᠠ ᠪᠣᠯᠭ᠋ᠠᠬᠤ ᠠᠷᠭ᠎ᠠ ᠮᠠᠶᠢᠭ᠎ᠲᠤ ᠲᠣᠭ᠋ᠠᠴᠠᠭᠳᠠᠨ᠎ᠠ᠂ ᠭᠡᠪᠡᠴᠦ ᠳᠣᠣᠷ᠎ᠠ ᠵᠢᠭᠰᠠᠭ᠋ᠠᠭᠰᠠᠨ ᠨᠥᠬᠥᠴᠡᠯ᠎ᠳᠤ ᠨᠡᠢ᠌ᠴᠡᠭᠰᠡᠨ᠎ᠨᠢ ᠡᠭᠦᠨ᠎ᠳᠤ ᠪᠠᠭᠲᠠᠬᠤ ᠦᠭᠡᠢ᠄
(ᠨᠢᠭᠡ) ᠲᠤᠰ ᠵᠠᠬ᠎ᠠ ᠳᠡᠯᠭᠡᠭᠦᠷ᠎ᠲᠤ ᠳᠠᠩᠰᠠᠨ ᠡᠷᠦᠬᠡ ᠪᠠᠢ᠌ᠭᠤᠯᠤᠭᠰᠠᠨ ᠬᠢᠷᠢ ᠲᠡᠩᠴᠡᠭᠰᠡᠨ ᠪᠡᠯᠡ ᠣᠷᠣᠭᠤᠯᠤᠭᠴᠢᠳ᠎ᠲᠤ ᠠᠵᠢᠯᠯᠠᠨ ᠡᠵᠡᠩᠨᠡᠬᠦ ᠪᠠᠢ᠌ᠭᠤᠯᠤᠮᠵᠢ ᠵᠢᠨ ᠮᠡᠳᠡᠭᠡ ᠵᠠᠩᠭᠢ ᠵᠢᠨ ᠰᠢᠰᠲ᠋ᠧᠮ᠂ ᠠᠯᠪᠠᠨ ᠰᠦᠯᠵᠢᠶᠡᠨ ᠦᠷᠳᠡᠭᠡ᠂ ᠭᠠᠷ ᠤᠲᠠᠰᠤᠨ᠎ᠤ APP᠂ ᠸᠢᠴᠠᠲ᠎ᠤᠨ ᠵᠢᠵᠢᠭ ᠫᠷᠣᠭ᠌ᠷᠠᠮ ᠵᠡᠷᠭᠡ ᠰᠦᠯᠵᠢᠶᠡᠨ᠎ᠤ ᠲᠠᠪᠴᠠᠩ ᠵᠶ᠋ᠠᠷ ᠳᠠᠮᠵᠢᠭᠤᠯᠤᠨ ᠲᠡᠮᠳᠡᠭᠲᠦ ᠵᠢ ᠲᠠᠷᠬᠠᠭ᠋ᠠᠬᠤ ᠪᠤᠶᠤ ᠰᠢᠯᠵᠢᠭᠦᠯᠦᠨ ᠥᠭᠬᠦ ᠮᠡᠳᠡᠭᠡ ᠵᠠᠩᠭᠢ ᠵᠢ ᠨᠡᠢ᠌ᠲᠡᠯᠡᠬᠦ;
(ᠬᠣᠶᠠᠷ) ᠪᠡᠯᠡ ᠣᠷᠣᠭᠤᠯᠤᠭᠴᠢᠳ᠎ᠨᠢ ᠬᠡᠷᠡᠭᠯᠡᠭᠴᠢ ᠵᠢᠨ ᠨᠡᠷ᠎ᠡ ᠪᠠ ᠨᠢᠭᠤᠴᠠ ᠨᠣᠮᠧᠷ ᠵᠡᠷᠭᠡ ᠪᠡᠶ᠎ᠡ᠎ᠪᠠᠨ ᠭᠡᠷᠡᠴᠢᠯᠡᠬᠦ ᠠᠷᠭ᠎ᠠ ᠮᠠᠶᠢᠭ ᠵᠶ᠋ᠠᠷ ᠳᠠᠩᠰᠠᠯᠠᠭᠰᠠᠨ᠎ᠤ ᠳᠠᠷᠠᠭ᠎ᠠ ᠰᠠᠶᠢ ᠮᠡᠳᠡᠭᠡ ᠵᠠᠩᠭᠢ ᠵᠢ ᠪᠠᠢ᠌ᠴᠠᠭ᠋ᠠᠨ ᠦᠵᠡᠵᠦ ᠪᠣᠯᠣᠨ᠎ᠠ᠃
ᠬᠣᠷᠢᠨ ᠵᠢᠷᠭᠤᠳᠤᠭ᠋ᠠᠷ ᠵᠦᠢ᠍ᠯ ᠫᠠᠢ᠌ᠰᠠ ᠡᠯᠭᠦᠭᠰᠡᠨ ᠠᠵᠤ ᠠᠬᠤᠢ᠌ᠯᠠᠯ᠂ ᠲᠡᠮᠳᠡᠭᠲᠦ ᠲᠠᠷᠬᠠᠭ᠋ᠠᠭᠴᠢ᠂ ᠵᠠᠭᠤᠴᠢ ᠪᠠᠢ᠌ᠭᠤᠯᠤᠮᠵᠢ ᠵᠢᠴᠢ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠲᠠᠬᠢ ᠪᠤᠰᠤᠳ ᠣᠷᠣᠯᠴᠠᠭᠴᠢᠳ᠎ᠨᠢ ᠲᠣᠭᠲᠠᠭ᠋ᠠᠯ ᠪᠠ ᠵᠥᠪᠯᠡᠯᠴᠡᠭᠡᠷ᠎ᠤᠨ ᠪᠣᠯᠵᠣᠯ ᠶᠣᠰᠣᠭ᠋ᠠᠷ᠂ 《ᠴᠢᠬᠤᠯᠠ ᠦᠭᠡᠢ ᠪᠣᠯ ᠦᠯᠦ ᠢᠯᠡ ᠨᠡᠢ᠌ᠲᠡᠯᠡᠬᠦ》 ᠵᠠᠷᠴᠢᠮ᠎ᠢ ᠦᠨᠳᠦᠰᠦᠯᠡᠨ ᠮᠡᠳᠡᠭᠡ ᠵᠠᠩᠭᠢ ᠵᠢ ᠵᠦᠷᠢᠶᠡᠵᠢᠭᠦᠯᠦᠨ ᠢᠯᠡ ᠨᠡᠢ᠌ᠲᠡᠯᠡᠬᠦ ᠪᠠ ᠮᠡᠳᠡᠭᠡ ᠵᠠᠩᠭᠢ ᠵᠢ ᠬᠠᠨᠳᠤᠯᠭ᠎ᠠ᠎ᠲᠠᠢ᠎ᠪᠠᠷ ᠢᠯᠡ ᠨᠡᠢ᠌ᠲᠡᠯᠡᠬᠦ ᠵᠢ ᠬᠡᠷᠡᠭᠵᠢᠭᠦᠯᠬᠦ ᠬᠡᠷᠡᠭᠲᠡᠢ᠃ ᠰᠲ᠋ᠣᠺ᠎ᠤᠨ ᠡᠷᠬᠡ ᠪᠠ ᠠᠪᠴᠠᠭ᠋ᠠᠨ᠎ᠤ ᠡᠷᠬᠡ ᠵᠢᠨ ᠪᠡᠯᠡ ᠲᠣᠬᠢᠷᠠᠭᠤᠯᠭ᠎ᠠ ᠬᠢᠭᠰᠡᠨ ᠦᠭᠡᠢ ᠠᠵᠤ ᠠᠬᠤᠢ᠌ᠯᠠᠯ᠎ᠨᠢ ᠢᠯᠡ ᠨᠡᠢ᠌ᠲᠡᠯᠡᠬᠦ ᠠᠭᠤᠯᠭ᠎ᠠ ᠪᠠ ᠬᠦᠷᠢᠶ᠎ᠡ ᠬᠡᠪᠴᠢᠶ᠎ᠡ᠎ᠪᠠᠨ ᠰᠠᠢ᠌ᠨ ᠳᠤᠷ᠎ᠠ᠎ᠠᠴᠠ᠎ᠪᠠᠨ ᠰᠣᠩᠭᠣᠵᠤ ᠪᠣᠯᠣᠨ᠎ᠠ᠂ ᠰᠲ᠋ᠣᠺ᠎ᠤᠨ ᠡᠷᠬᠡ ᠪᠤᠶᠤ ᠠᠪᠴᠠᠭ᠋ᠠᠨ᠎ᠤ ᠡᠷᠬᠡ ᠵᠢᠨ ᠪᠡᠯᠡ ᠲᠣᠬᠢᠷᠠᠭᠤᠯᠭ᠎ᠠ ᠬᠢᠵᠦ ᠥᠩᠭᠡᠷᠡᠭᠰᠡᠨ ᠠᠵᠤ ᠠᠬᠤᠢ᠌ᠯᠠᠯ᠎ᠨᠢ ᠭᠠᠳᠠᠨᠠᠬᠢ ᠪᠡᠯᠡ ᠣᠷᠣᠭᠤᠯᠤᠭᠴᠢ ᠵᠢᠨ ᠱᠠᠭ᠋ᠠᠷᠳᠠᠯᠭ᠎ᠠ ᠪᠤᠶᠤ ᠬᠣᠯᠪᠣᠭᠳᠠᠯ ᠪᠦᠬᠦᠢ ᠬᠢᠨᠠᠯᠲᠠ ᠬᠠᠮᠢᠶᠠᠷᠤᠯᠲᠠ ᠵᠢᠨ ᠱᠠᠭ᠋ᠠᠷᠳᠠᠯᠭ᠎ᠠ ᠵᠢ ᠦᠨᠳᠦᠰᠦᠯᠡᠨ ᠲᠣᠭᠲᠠᠮᠠᠯ ᠬᠤᠭᠤᠴᠠᠭ᠎ᠠ᠎ᠲᠠᠢ᠎ᠪᠠᠷ ᠬᠠᠨᠳᠤᠯᠭ᠎ᠠ᠎ᠲᠠᠢ᠎ᠪᠠᠷ ᠮᠡᠳᠡᠭᠡ ᠵᠠᠩᠭᠢ᠎ᠪᠠᠨ ᠢᠯᠡ ᠨᠡᠢ᠌ᠲᠡᠯᠡᠬᠦ ᠬᠡᠷᠡᠭᠲᠡᠢ᠃ ᠪᠡᠯᠡ ᠣᠷᠣᠭᠤᠯᠤᠭᠴᠢᠳ᠎ᠲᠤ ᠮᠡᠳᠡᠭᠡ ᠵᠠᠩᠭᠢ ᠵᠢ ᠦᠨᠡᠨ ᠪᠣᠳᠠᠲᠠᠢ ᠵᠥᠪ ᠣᠨᠣᠪᠴᠢᠲᠠᠶ ᠴᠠᠭ ᠲᠤᠬᠠᠢᠳᠤᠨᠢ ᠢᠯᠡ ᠨᠡᠢ᠌ᠲᠡᠯᠡᠬᠦ ᠬᠡᠷᠡᠭᠲᠡᠢ᠂ ᠬᠤᠳᠠᠯ ᠬᠠᠭᠤᠷᠮᠠᠭ ᠲᠡᠮᠳᠡᠭᠯᠡᠯ᠂ ᠡᠨᠳᠡᠭᠦᠷᠡᠭᠦᠯᠬᠦ ᠴᠢᠨᠠᠷᠲᠠᠢ ᠲᠣᠭ᠋ᠠᠴᠢᠯᠲᠠ ᠬᠢᠵᠦ ᠪᠣᠯᠬᠤ ᠦᠭᠡᠢ᠃
ᠬᠣᠷᠢᠨ ᠳᠣᠯᠣᠳᠤᠭ᠋ᠠᠷ ᠵᠦᠢ᠍ᠯ ᠠᠵᠢᠯᠯᠠᠨ ᠡᠵᠡᠩᠨᠡᠬᠦ ᠪᠠᠢ᠌ᠭᠤᠯᠤᠮᠵᠢ᠎ᠨᠢ ᠠᠵᠤ ᠠᠬᠤᠢ᠌ᠯᠠᠯ᠎ᠤᠨ ᠳ᠋ᠠᠢ᠌ᠲ᠋ᠠ ᠬᠥᠮᠥᠷᠭᠡ ᠪᠠ ᠬᠠᠨᠳᠤᠯᠭ᠎ᠠ᠎ᠲᠠᠢ ᠮᠡᠳᠡᠭᠡ ᠵᠠᠩᠭᠢ ᠢᠯᠡ ᠨᠡᠢ᠌ᠲᠡᠯᠡᠬᠦ ᠰᠢᠰᠲ᠋ᠧᠮ᠎ᠢ ᠪᠠᠢ᠌ᠭᠤᠯᠵᠤ᠂ ᠮᠡᠳᠡᠭᠡ ᠵᠠᠩᠭᠢ ᠵᠢ ᠢᠯᠡ ᠨᠡᠢ᠌ᠲᠡᠯᠡᠬᠦ ᠡᠭᠦᠷᠭᠡᠲᠦ ᠬᠥᠮᠥᠨ᠎ᠤ ᠲᠣᠭᠲᠠᠭ᠋ᠠᠯ ᠶᠣᠰᠣᠭ᠋ᠠᠷ ᠮᠡᠳᠡᠭᠡ ᠵᠠᠩᠭᠢ ᠵᠢ ᠢᠯᠡ ᠨᠡᠢ᠌ᠲᠡᠯᠡᠬᠦ᠂ ᠪᠡᠯᠡ ᠣᠷᠣᠭᠤᠯᠤᠭᠴᠢᠯᠤᠭᠠ ᠦᠢ᠍ᠯᠡᠳᠦᠯᠴᠡᠨ ᠰᠣᠯᠢᠯᠴᠠᠬᠤ ᠠᠵᠢᠯᠯᠠᠭ᠎ᠠ ᠥᠷᠨᠢᠭᠦᠯᠬᠦ᠎ᠳᠤ ᠲᠥᠬᠥᠮ ᠦᠵᠡᠭᠦᠯᠬᠦ ᠬᠡᠷᠡᠭᠲᠡᠢ᠃
ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠤᠨ ᠮᠡᠳᠡᠭᠡ ᠵᠠᠩᠭᠢ ᠵᠢᠨ ᠰᠢᠰᠲ᠋ᠧᠮ᠎ᠨᠢ ᠬᠣᠯᠪᠣᠭᠳᠠᠯ ᠪᠦᠬᠦᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠪᠠ ᠮᠡᠳᠡᠭᠡ ᠵᠠᠩᠭᠢ ᠵᠢᠨ ᠮᠡᠷᠭᠡᠵᠢᠯ᠎ᠤᠨ ᠬᠠᠮᠢᠶᠠᠷᠤᠯᠲᠠ ᠵᠢᠨ ᠵᠢᠷᠤᠮᠵᠢᠯᠳᠤ ᠨᠡᠢ᠌ᠴᠡᠭᠰᠡᠨ ᠪᠠᠢ᠌ᠬᠤ ᠬᠡᠷᠡᠭᠲᠡᠢ ᠪᠥᠭᠡᠳ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠵᠣᠬᠢᠶᠠᠨ ᠪᠠᠢ᠌ᠭᠤᠯᠤᠭᠰᠠᠨ ᠲᠣᠭᠲᠠᠭ᠋ᠠᠯ᠎ᠳᠤ ᠨᠡᠢ᠌ᠴᠡᠬᠦ ᠴᠢᠨᠠᠷ᠂ ᠠᠮᠤᠷ ᠲᠦᠪᠰᠢᠨ ᠴᠢᠨᠠᠷ᠎ᠤᠨ ᠦᠨᠡᠯᠡᠨ ᠵᠢᠱ᠌ᠢᠯᠲᠡ ᠵᠢ ᠥᠩᠭᠡᠷᠡᠭᠰᠡᠨ ᠪᠠᠢ᠌ᠬᠤ ᠬᠡᠷᠡᠭᠲᠡᠢ᠃
ᠬᠣᠷᠢᠨ ᠨᠠᠢ᠍ᠮᠠᠳᠤᠭ᠋ᠠᠷ ᠵᠦᠢ᠍ᠯ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠲᠤ ᠲᠡᠮᠳᠡᠭᠲᠦ ᠵᠢ ᠲᠠᠷᠬᠠᠭ᠋ᠠᠬᠤ ᠪᠤᠶᠤ ᠰᠢᠯᠵᠢᠭᠦᠯᠦᠨ ᠥᠭᠬᠦ᠎ᠳᠤ ᠬᠢᠷᠢ ᠲᠡᠩᠴᠡᠭᠰᠡᠨ ᠪᠡᠯᠡ ᠣᠷᠣᠭᠤᠯᠤᠭᠴᠢ᠎ᠳᠤ ᠬᠠᠨᠳᠤᠭᠤᠯᠬᠤ ᠬᠡᠷᠡᠭᠲᠡᠢ᠃ ᠲᠤᠰ ᠨᠠᠷᠢᠨ ᠳᠦᠷᠢᠮ᠎ᠳᠤ ᠬᠡᠯᠡᠵᠦ ᠪᠠᠢ᠌ᠭ᠎ᠠ ᠬᠢᠷᠢ ᠲᠡᠩᠴᠡᠭᠰᠡᠨ ᠪᠡᠯᠡ ᠣᠷᠣᠭᠤᠯᠤᠭᠴᠢ ᠪᠣᠯ ᠨᠡᠯᠢᠶᠡᠳ ᠴᠢᠩᠭ᠎ᠠ ᠲᠦᠭᠰᠢᠭᠦᠷᠢ ᠵᠢ ᠢᠯᠭ᠋ᠠᠨ ᠲᠠᠨᠢᠬᠤ ᠪᠠ ᠳᠠᠭ᠋ᠠᠭ᠋ᠠᠨ ᠡᠭᠦᠷᠭᠡᠯᠡᠬᠦ ᠴᠢᠳᠠᠪᠤᠷᠢ᠎ᠲᠠᠢ ᠪᠠᠢ᠌ᠵᠤ᠂ ᠲᠡᠮᠳᠡᠭᠲᠦ ᠵᠢᠨ ᠪᠡᠯᠡ ᠣᠷᠣᠭᠤᠯᠬᠤ ᠲᠦᠭᠰᠢᠭᠦᠷᠢ ᠵᠢ ᠣᠢ᠌ᠯᠠᠭ᠋ᠠᠵᠤ ᠮᠡᠳᠡᠬᠦ ᠵᠢᠨ ᠬᠠᠮᠲᠤ ᠥᠪᠡᠷ ᠵᠶ᠋ᠡᠨ ᠳᠠᠭ᠋ᠠᠭ᠋ᠠᠨ ᠡᠭᠦᠷᠭᠡᠯᠡᠬᠦ ᠪᠥᠭᠡᠳ ᠳᠣᠣᠷ᠎ᠠ ᠵᠢᠭᠰᠠᠭ᠋ᠠᠭᠰᠠᠨ ᠨᠥᠬᠥᠴᠡᠯ᠎ᠤᠳ᠎ᠤᠨ ᠨᠢᠭᠡ᠎ᠳᠤ ᠨᠡᠢ᠌ᠴᠡᠭᠰᠡᠨ ᠪᠠᠢ᠌ᠬᠤ ᠬᠡᠷᠡᠭᠲᠡᠢ᠄
(ᠨᠢᠭᠡ) ᠲᠡᠮᠳᠡᠭᠲᠦ ᠵᠢᠨ ᠺᠣᠮᠫᠠᠨᠢ᠂ ᠬᠤᠭᠤᠴᠠᠭ᠋ᠠᠲᠤ ᠪᠠᠷᠠᠭ᠋ᠠᠨ᠎ᠤ ᠺᠣᠮᠫᠠᠨᠢ᠂ ᠰᠠᠭᠤᠷᠢ ᠮᠥᠩᠭᠥᠨ᠎ᠤ ᠬᠠᠮᠢᠶᠠᠷᠤᠯᠲᠠ ᠵᠢᠨ ᠺᠣᠮᠫᠠᠨᠢ ᠵᠢᠴᠢ ᠲᠡᠭᠦᠨ᠎ᠤ ᠬᠦᠦ ᠺᠣᠮᠫᠠᠨᠢ᠂ ᠬᠤᠳᠠᠯᠳᠤᠭ᠋ᠠᠨ᠎ᠤ ᠪᠠᠩᠬᠢ᠂ ᠳᠠᠭ᠋ᠠᠳᠬᠠᠯ᠎ᠤᠨ ᠺᠣᠮᠫᠠᠨᠢ᠂ ᠢᠲᠡᠭᠡᠮᠵᠢᠲᠦ ᠨᠠᠢ᠌ᠳᠠᠯᠭ᠎ᠠ ᠵᠢᠨ ᠺᠣᠮᠫᠠᠨᠢ᠂ ᠡᠳ᠋᠎ᠤᠨ ᠶᠠᠪᠤᠳᠠᠯ᠎ᠤᠨ ᠺᠣᠮᠫᠠᠨᠢ ᠵᠡᠷᠭᠡ ᠬᠠᠤᠯᠢ ᠶᠣᠰᠣᠭ᠋ᠠᠷ ᠵᠥᠪᠰᠢᠶᠡᠷᠡᠭᠦᠯᠦᠨ ᠪᠠᠢ᠌ᠭᠤᠯᠤᠭᠰᠠᠨ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ ᠵᠢᠴᠢ ᠬᠠᠤᠯᠢ ᠶᠣᠰᠣᠭ᠋ᠠᠷ ᠪᠦᠷᠢᠳᠬᠡᠨ ᠳᠠᠩᠰᠠᠯᠠᠭᠤᠯᠤᠭᠰᠠᠨ ᠪᠤᠶᠤ ᠲᠡᠮᠳᠡᠭᠯᠡᠭᠦᠯᠦᠭᠰᠡᠨ ᠲᠡᠮᠳᠡᠭᠲᠦ ᠵᠢᠨ ᠺᠣᠮᠫᠠᠨᠢ ᠵᠢᠨ ᠬᠦᠦ ᠺᠣᠮᠫᠠᠨᠢ᠂ ᠬᠤᠭᠤᠴᠠᠭ᠋ᠠᠲᠤ ᠪᠠᠷᠠᠭ᠋ᠠᠨ᠎ᠤ ᠺᠣᠮᠫᠠᠨᠢ ᠵᠢᠨ ᠬᠦᠦ ᠺᠣᠮᠫᠠᠨᠢ᠂ ᠬᠤᠪᠢ᠎ᠪᠠᠷ ᠵᠶ᠋ᠠᠨ ᠴᠤᠭᠯᠠᠭᠤᠯᠤᠭᠰᠠᠨ ᠰᠠᠭᠤᠷᠢ ᠮᠥᠩᠭᠥᠨ᠎ᠤ ᠬᠠᠮᠢᠶᠠᠷᠤᠭᠴᠢ;
(ᠬᠣᠶᠠᠷ) ᠲᠡᠮᠳᠡᠭᠲᠦ ᠵᠢᠨ ᠺᠣᠮᠫᠠᠨᠢ ᠵᠢᠨ ᠡᠳ᠋ ᠬᠥᠷᠥᠩᠭᠡ ᠵᠢᠨ ᠬᠠᠮᠢᠶᠠᠷᠤᠯᠲᠠ ᠵᠢᠨ ᠨᠡᠷᠡᠳᠬᠦᠨ᠂ ᠰᠠᠭᠤᠷᠢ ᠮᠥᠩᠭᠥᠨ᠎ᠤ ᠬᠠᠮᠢᠶᠠᠷᠤᠯᠲᠠ ᠵᠢᠨ ᠺᠣᠮᠫᠠᠨᠢ ᠵᠢᠴᠢ ᠲᠡᠭᠦᠨ᠎ᠤ ᠬᠦᠦ ᠺᠣᠮᠫᠠᠨᠢ ᠵᠢᠨ ᠨᠡᠷᠡᠳᠬᠦᠨ᠂ ᠬᠤᠭᠤᠴᠠᠭ᠋ᠠᠲᠤ ᠪᠠᠷᠠᠭ᠋ᠠᠨ᠎ᠤ ᠺᠣᠮᠫᠠᠨᠢ ᠵᠢᠨ ᠡᠳ᠋ ᠬᠥᠷᠥᠩᠭᠡ ᠵᠢᠨ ᠬᠠᠮᠢᠶᠠᠷᠤᠯᠲᠠ ᠵᠢᠨ ᠨᠡᠷᠡᠳᠬᠦᠨ᠂ ᠪᠠᠩᠬᠢ ᠵᠢᠨ ᠬᠥᠷᠥᠩᠭᠡ ᠮᠥᠩᠭᠥ ᠠᠬᠤᠢ᠌ᠯᠠᠬᠤ ᠨᠡᠷᠡᠳᠬᠦᠨ᠂ ᠳᠠᠭ᠋ᠠᠳᠬᠠᠯ᠎ᠤᠨ ᠨᠡᠷᠡᠳᠬᠦᠨ᠂ ᠢᠲᠡᠭᠡᠮᠵᠢᠲᠦ ᠨᠠᠢ᠌ᠳᠠᠯᠭ᠎ᠠ ᠵᠢᠨ ᠨᠡᠷᠡᠳᠬᠦᠨ ᠵᠡᠷᠭᠡ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ ᠵᠢᠨ ᠬᠠᠤᠯᠢ ᠶᠣᠰᠣᠭ᠋ᠠᠷ ᠬᠠᠮᠢᠶᠠᠷᠴᠤ ᠪᠠᠢ᠌ᠭ᠎ᠠ ᠪᠡᠯᠡ ᠣᠷᠣᠭᠤᠯᠤᠯᠲᠠ ᠵᠢᠨ ᠴᠢᠨᠠᠷᠲᠠᠢ ᠲᠥᠯᠥᠪᠯᠡᠭᠡ;
(ᠭᠤᠷᠪᠠ) ᠨᠡᠢ᠌ᠭᠡᠮ᠎ᠤᠨ ᠪᠠᠲᠤᠯᠠᠭ᠎ᠠ ᠵᠢᠨ ᠰᠠᠭᠤᠷᠢ ᠮᠥᠩᠭᠥ᠂ ᠠᠵᠤ ᠠᠬᠤᠢ᠌ᠯᠠᠯ᠎ᠤᠨ ᠣᠨ᠎ᠤ ᠮᠥᠩᠭᠥ ᠵᠡᠷᠭᠡ ᠨᠠᠰᠤᠵᠢᠯ᠎ᠤᠨ ᠠᠰᠠᠷᠠᠮᠵᠢ ᠵᠢᠨ ᠰᠠᠭᠤᠷᠢ ᠮᠥᠩᠭᠥ᠂ ᠨᠢᠭᠦᠯᠡᠰᠦᠩᠭᠦᠢ ᠵᠢᠨ ᠰᠠᠭᠤᠷᠢ ᠮᠥᠩᠭᠥ ᠵᠡᠷᠭᠡ ᠨᠡᠢ᠌ᠭᠡᠮ᠎ᠤᠨ ᠨᠡᠶ᠋ᠢᠲᠡ ᠵᠢᠨ ᠠᠰᠠᠷᠠᠮᠵᠢ ᠵᠢᠨ ᠰᠠᠭᠤᠷᠢ ᠮᠥᠩᠭᠥ ᠵᠢᠴᠢ ᠬᠠᠤᠯᠢ ᠶᠣᠰᠣᠭ᠋ᠠᠷ ᠪᠦᠷᠢᠳᠬᠡᠨ ᠳᠠᠩᠰᠠᠯᠠᠭᠤᠯᠤᠭᠰᠠᠨ ᠬᠤᠪᠢ᠎ᠪᠠᠷ ᠵᠶ᠋ᠠᠨ ᠴᠤᠭᠯᠠᠭᠤᠯᠤᠭᠰᠠᠨ ᠰᠠᠭᠤᠷᠢ ᠮᠥᠩᠭᠥ;
(ᠳᠥᠷᠪᠡ) ᠬᠠᠤᠯᠢ ᠶᠣᠰᠣᠭ᠋ᠠᠷ ᠪᠠᠢ᠌ᠭᠤᠯᠤᠭᠰᠠᠨ ᠪᠥᠭᠡᠳ ᠣᠷᠴᠢᠮ᠎ᠤᠨ ᠨᠢᠭᠡ ᠵᠢᠯ᠎ᠤᠨ ᠴᠡᠪᠡᠷ ᠡᠳ᠋ ᠬᠥᠷᠥᠩᠭᠡ᠎ᠨᠢ 200 ᠲᠦᠮᠡᠨ ᠲᠥᠭᠥᠷᠢᠭ᠎ᠠᠴᠠ ᠳᠣᠣᠷ᠎ᠠ ᠦᠭᠡᠢ ᠬᠠᠤᠯᠢ ᠵᠢᠨ ᠡᠷᠬᠡᠲᠡᠨ ᠪᠤᠶᠤ ᠪᠤᠰᠤᠳ ᠵᠣᠬᠢᠶᠠᠨ ᠪᠠᠢ᠌ᠭᠤᠯᠤᠯᠲᠠ;
(ᠲᠠᠪᠤ) ᠵᠣᠬᠢᠬᠤ ᠬᠤᠭᠤᠴᠠᠭ᠋ᠠᠨ᠎ᠳᠤ ᠳᠤᠮᠳᠠᠳᠤ ᠤᠯᠤᠰ᠎ᠤᠨ ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ᠎ᠤᠨ ᠲᠣᠭᠲᠠᠭ᠋ᠠᠯ᠎ᠳᠤ ᠨᠡᠢ᠌ᠴᠡᠭᠰᠡᠨ ᠠᠷᠠᠳ᠎ᠤᠨ ᠵᠣᠭᠣᠰ ᠵᠶ᠋ᠠᠷ 50 ᠲᠦᠮᠡᠨ ᠲᠥᠭᠥᠷᠢᠭ᠎ᠠᠴᠠ ᠳᠣᠣᠷ᠎ᠠ ᠦᠭᠡᠢ ᠦᠷᠲᠡᠭ ᠪᠦᠬᠦᠢ ᠮᠥᠩᠭᠥᠨ ᠭᠦᠢ᠍ᠯᠭᠡᠭᠡᠨ᠎ᠤ ᠡᠳ᠋ ᠬᠥᠷᠥᠩᠭᠡ᠎ᠲᠠᠢ ᠪᠠᠢ᠌ᠬᠤ ᠪᠥᠭᠡᠳ 2 ᠵᠢᠯ᠎ᠠᠴᠠ ᠳᠡᠭᠡᠭᠰᠢᠬᠢ ᠮᠥᠩᠭᠥᠨ ᠭᠦᠢ᠍ᠯᠭᠡᠭᠡᠨ᠎ᠤ ᠨᠡᠷᠡᠳᠬᠦᠨ᠎ᠳᠤ ᠪᠡᠯᠡ ᠣᠷᠣᠭᠤᠯᠤᠭᠰᠠᠨ ᠥᠩᠭᠡᠷᠡᠯᠲᠡ᠎ᠲᠠᠢ ᠪᠤᠶᠤ 2 ᠵᠢᠯ᠎ᠠᠴᠠ ᠳᠡᠭᠡᠭᠰᠢᠬᠢ ᠮᠥᠩᠭᠥᠨ ᠭᠦᠢ᠍ᠯᠭᠡᠭᠡᠨ᠎ᠤ ᠠᠵᠢᠯ ᠲᠥᠷᠥᠯ ᠵᠢᠴᠢ ᠬᠠᠮᠢᠶ᠎ᠠ ᠪᠦᠬᠦᠢ ᠠᠵᠢᠯ᠎ᠤᠨ ᠥᠩᠭᠡᠷᠡᠯᠲᠡ᠎ᠲᠠᠢ ᠪᠠᠢ᠌ᠭ᠋ᠠᠯᠢ ᠬᠥᠮᠥᠨ᠃
ᠪᠡᠯᠡ ᠣᠷᠣᠭᠤᠯᠤᠭᠴᠢ᠎ᠨᠢ ᠵᠢᠭᠡᠯᠡᠯᠭᠡ ᠪᠠ ᠵᠢᠭᠡᠯᠡᠯᠭᠡ ᠵᠢᠨ ᠲᠡᠮᠳᠡᠭᠲᠦ ᠲᠠᠷᠬᠠᠭ᠋ᠠᠬᠤ ᠵᠡᠷᠭᠡ᠎ᠪᠠᠷ ᠴᠤᠭᠯᠠᠭᠤᠯᠤᠭᠰᠠᠨ ᠥᠪᠡᠷ᠎ᠤᠨ ᠪᠤᠰᠤ ᠪᠡᠯᠡ ᠮᠥᠩᠭᠥ᠎ᠪᠠᠷ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠤᠨ ᠲᠡᠮᠳᠡᠭᠲᠦ᠎ᠳᠤ ᠪᠡᠯᠡ ᠣᠷᠣᠭᠤᠯᠵᠤ ᠪᠣᠯᠬᠤ ᠦᠭᠡᠢ᠃
ᠬᠣᠷᠢ ᠶᠢᠰᠦᠳᠦᠭᠡᠷ ᠵᠦᠢ᠍ᠯ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠲᠤ ᠲᠡᠮᠳᠡᠭᠲᠦ ᠵᠢ ᠲᠠᠷᠬᠠᠭ᠋ᠠᠬᠤ ᠪᠤᠶᠤ ᠰᠢᠯᠵᠢᠭᠦᠯᠦᠨ ᠥᠭᠬᠦ᠎ᠳᠤ ᠰᠠᠯᠭ᠋ᠠᠨ ᠬᠤᠪᠢᠶᠠᠬᠤ᠂ ᠣᠷᠣᠯᠠᠨ ᠡᠵᠡᠮᠰᠢᠬᠦ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠬᠢᠷᠢ ᠲᠡᠩᠴᠡᠭᠰᠡᠨ ᠪᠡᠯᠡ ᠣᠷᠣᠭᠤᠯᠤᠭᠴᠢ ᠵᠢᠨ ᠪᠠᠷᠢᠮᠵᠢᠶ᠎ᠠ ᠵᠢ ᠬᠡᠯᠪᠡᠷᠢ ᠵᠢ᠎ᠨᠢ ᠥᠭᠡᠷᠡᠲᠦᠭᠦᠯᠦᠨ ᠡᠪᠳᠡᠵᠦ ᠪᠣᠯᠬᠤ ᠦᠭᠡᠢ᠃ ᠳᠣᠣᠷ᠎ᠠ ᠵᠢᠭᠰᠠᠭ᠋ᠠᠭᠰᠠᠨ ᠪᠠᠢ᠌ᠳᠠᠯ᠎ᠤᠨ ᠨᠢᠭᠡ᠎ᠨᠢ ᠪᠠᠢ᠌ᠪᠠᠯ᠂ ᠬᠠᠮᠤᠭ ᠡᠴᠦᠰ᠎ᠤᠨ ᠪᠡᠯᠡ ᠣᠷᠣᠭᠤᠯᠤᠭᠴᠢ᠎ᠨᠢ ᠬᠢᠷᠢ ᠲᠡᠩᠴᠡᠭᠰᠡᠨ ᠪᠡᠯᠡ ᠣᠷᠣᠭᠤᠯᠤᠭᠴᠢ ᠮᠥᠨ ᠡᠰᠡᠬᠦ ᠵᠢ ᠨᠡᠪᠲᠡ ᠬᠢᠨᠠᠨ ᠪᠠᠢ᠌ᠴᠠᠭ᠋ᠠᠬᠤ ᠵᠢᠨ ᠬᠠᠮᠲᠤ ᠪᠡᠯᠡ ᠣᠷᠣᠭᠤᠯᠤᠭᠴᠢ ᠵᠢᠨ ᠬᠥᠮᠥᠨ᠎ᠤ ᠲᠣᠭ᠎ᠠ ᠵᠢ ᠨᠡᠢ᠌ᠯᠡᠭᠦᠯᠦᠨ ᠪᠤᠳᠤᠬᠤ ᠬᠡᠷᠡᠭᠲᠡᠢ᠄
(ᠨᠢᠭᠡ) ᠬᠥᠷᠥᠩᠭᠡ ᠮᠥᠩᠭᠥ ᠠᠬᠤᠢ᠌ᠯᠠᠬᠤ ᠨᠡᠷᠡᠳᠬᠦᠨ᠂ ᠬᠤᠷᠰᠢᠭᠰᠠᠨ ᠠᠵᠤ ᠠᠬᠤᠢ᠌ᠯᠠᠯ ᠵᠡᠷᠭᠡ ᠬᠡᠯᠪᠡᠷᠢ᠎ᠪᠠᠷ ᠤᠯᠠᠨ ᠪᠡᠯᠡ ᠣᠷᠣᠭᠤᠯᠤᠭᠴᠢᠳ᠎ᠤᠨ ᠪᠡᠯᠡ ᠮᠥᠩᠭᠥ ᠵᠢ ᠴᠤᠭᠯᠠᠭᠤᠯᠵᠤ ᠰᠢᠭᠤᠳ ᠪᠤᠶᠤ ᠳᠠᠮ ᠵᠶ᠋ᠠᠷ ᠲᠡᠮᠳᠡᠭᠲᠦ᠎ᠳᠤ ᠪᠡᠯᠡ ᠣᠷᠣᠭᠤᠯᠤᠭᠰᠠᠨ;
(ᠬᠣᠶᠠᠷ) ᠳᠠᠩ ᠭᠠᠭᠴᠠ ᠲᠡᠮᠳᠡᠭᠲᠦ ᠵᠢ ᠬᠤᠭᠤᠴᠠᠭ᠎ᠠ ᠬᠤᠪᠢᠶᠠᠨ ᠲᠠᠷᠬᠠᠭ᠋ᠠᠭᠰᠠᠨ᠃
ᠬᠥᠷᠥᠩᠭᠡ ᠮᠥᠩᠭᠥ ᠠᠬᠤᠢ᠌ᠯᠠᠬᠤ ᠨᠡᠷᠡᠳᠬᠦᠨ᠂ ᠬᠤᠷᠰᠢᠭᠰᠠᠨ ᠠᠵᠤ ᠠᠬᠤᠢ᠌ᠯᠠᠯ ᠵᠡᠷᠭᠡ ᠪᠡᠯᠡ ᠣᠷᠣᠭᠤᠯᠤᠭᠴᠢᠳ᠎ᠨᠢ ᠲᠤᠰ ᠨᠠᠷᠢᠨ ᠳᠦᠷᠢᠮ᠎ᠤᠨ ᠬᠣᠷᠢᠨ ᠨᠠᠢ᠍ᠮᠠᠳᠤᠭ᠋ᠠᠷ ᠵᠦᠢ᠍ᠯ᠎ᠤᠨ (ᠬᠣᠶᠠᠷ)᠂ (ᠭᠤᠷᠪᠠ) ᠳ᠋ᠤᠭ᠋ᠠᠷ ᠵᠤᠷᠪᠤᠰ᠎ᠤᠨ ᠲᠣᠭᠲᠠᠭ᠋ᠠᠯ᠎ᠳᠤ ᠨᠡᠢ᠌ᠴᠡᠪᠡᠯ ᠡᠭᠦᠨ᠎ᠳᠤ ᠪᠠᠭᠲᠠᠬᠤ ᠦᠭᠡᠢ᠃
ᠭᠤᠴᠢᠳᠤᠭ᠋ᠠᠷ ᠵᠦᠢ᠍ᠯ ᠳᠣᠣᠷᠠᠬᠢ ᠪᠠᠢ᠌ᠳᠠᠯ᠎ᠤᠨ ᠨᠢᠭᠡ ᠲᠠᠢᠨ᠎ᠢ ᠨᠡᠢ᠌ᠴᠡᠪᠡᠯ᠂ ᠲᠤᠰ ᠨᠠᠷᠢᠨ ᠳᠦᠷᠢᠮ᠎ᠳᠠᠬᠢ ᠬᠢᠷᠢ ᠲᠡᠩᠴᠡᠭᠰᠡᠨ ᠪᠡᠯᠡ ᠣᠷᠣᠭᠤᠯᠤᠭᠴᠢ ᠵᠢᠨ ᠲᠣᠭᠲᠠᠭ᠋ᠠᠯ᠎ᠳᠤ ᠬᠢᠵᠠᠭ᠋ᠠᠷᠯᠠᠭᠳᠠᠬᠤ ᠦᠭᠡᠢ᠄
(ᠨᠢᠭᠡ) ᠲᠡᠮᠳᠡᠭᠲᠦ ᠲᠠᠷᠬᠠᠭ᠋ᠠᠭᠴᠢ᠂ ᠫᠠᠢ᠌ᠰᠠ ᠡᠯᠭᠦᠭᠰᠡᠨ ᠺᠣᠮᠫᠠᠨᠢ᠎ᠨᠢ ᠰᠲ᠋ᠣᠺ᠎ᠤᠨ ᠡᠷᠬᠡ ᠵᠢᠨ ᠤᠷᠮᠠᠰᠢᠭᠤᠯᠤᠯ᠎ᠤᠨ ᠲᠥᠯᠥᠪᠯᠡᠭᠡ ᠬᠡᠷᠡᠭᠵᠢᠭᠦᠯᠬᠦ;
(ᠬᠣᠶᠠᠷ) ᠲᠡᠮᠳᠡᠭᠲᠦ ᠲᠠᠷᠬᠠᠭ᠋ᠠᠭᠴᠢ᠂ ᠫᠠᠢ᠌ᠰᠠ ᠡᠯᠭᠦᠭᠰᠡᠨ ᠺᠣᠮᠫᠠᠨᠢ ᠵᠢᠨ ᠬᠡᠷᠡᠭ ᠮᠡᠳᠡᠭᠴᠢ᠂ ᠬᠢᠨᠠᠭᠴᠢ᠂ ᠳᠡᠭᠡᠳᠦ ᠵᠡᠷᠭᠡ ᠵᠢᠨ ᠬᠠᠮᠢᠶᠠᠷᠤᠯᠲᠠ ᠵᠢᠨ ᠠᠵᠢᠯᠲᠠᠨ ᠵᠢᠴᠢ ᠲᠠᠷᠬᠠᠭ᠋ᠠᠬᠤ᠂ ᠫᠠᠢ᠌ᠰᠠ ᠡᠯᠭᠦᠬᠦ᠎ᠠᠴᠠ ᠡᠮᠦᠨ᠎ᠡ ᠨᠢᠭᠡᠨᠲᠡ ᠰᠲ᠋ᠣᠺ᠎ᠤᠨ ᠡᠷᠬᠡ ᠡᠵᠡᠮᠰᠢᠭᠰᠡᠨ ᠬᠤᠪᠢ ᠣᠷᠣᠭᠤᠯᠤᠭᠴᠢ᠎ᠨᠢ ᠲᠤᠰ ᠲᠠᠷᠬᠠᠭ᠋ᠠᠭᠴᠢ᠂ ᠫᠠᠢ᠌ᠰᠠ ᠡᠯᠭᠦᠭᠰᠡᠨ ᠺᠣᠮᠫᠠᠨᠢ ᠵᠢᠨ ᠲᠡᠮᠳᠡᠭᠲᠦ ᠵᠢ ᠬᠤᠳᠠᠯᠳᠤᠨ ᠠᠪᠬᠤ ᠪᠤᠶᠤ ᠰᠢᠯᠵᠢᠭᠦᠯᠦᠨ ᠠᠪᠬᠤ;
(ᠭᠤᠷᠪᠠ) ᠵᠠᠯᠭ᠋ᠠᠮᠵᠢᠯᠠᠬᠤ᠂ ᠪᠡᠯᠡᠭᠯᠡᠬᠦ᠂ ᠬᠠᠤᠯᠢ ᠴᠠᠭ᠋ᠠᠵᠠ ᠵᠢᠨ ᠲᠠᠰᠤᠯᠤᠯᠲᠠ᠂ ᠠᠵᠤ ᠠᠬᠤᠢ᠌ᠯᠠᠯ᠎ᠢ ᠨᠡᠢ᠌ᠯᠡᠭᠦᠯᠦᠨ ᠬᠤᠳᠠᠯᠳᠤᠨ ᠠᠪᠬᠤ ᠵᠡᠷᠭᠡ ᠠᠷᠠᠯᠵᠢᠶᠠᠨ᠎ᠤ ᠪᠤᠰᠤ ᠠᠵᠢᠯᠯᠠᠭ᠎ᠠ᠎ᠠᠴᠠ ᠪᠣᠯᠵᠤ ᠲᠡᠮᠳᠡᠭᠲᠦ ᠣᠯᠬᠤ;
(ᠳᠥᠷᠪᠡ) ᠠᠵᠤ ᠠᠬᠤᠢ᠌ᠯᠠᠯ᠎ᠤᠨ ᠰᠲ᠋ᠣᠺ᠎ᠤᠨ ᠡᠷᠬᠡ ᠵᠢ ᠡᠷᠦᠬᠡ ᠰᠢᠯᠵᠢᠭᠦᠯᠦᠨ ᠳᠠᠩᠰᠠᠯᠠᠬᠤ ᠦᠢ᠍ᠯᠡᠴᠢᠯᠡᠭᠡ ᠵᠢ ᠨᠠᠢ᠌ᠳᠠᠨ ᠬᠠᠮᠢᠶᠠᠷᠤᠭᠤᠯᠤᠭᠰᠠᠨ᠃
ᠭᠤᠴᠢᠨ ᠨᠢᠭᠡᠳᠦᠭᠡᠷ ᠵᠦᠢ᠍ᠯ ᠵᠠᠭᠤᠴᠢ ᠪᠠᠢ᠌ᠭᠤᠯᠤᠮᠵᠢ ᠭᠡᠳᠡᠭ᠎ᠨᠢ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠲᠤ ᠬᠠᠮᠢᠶ᠎ᠠ ᠪᠦᠬᠦᠢ ᠲᠤᠬᠠᠢ᠌ᠯᠠᠭᠰᠠᠨ ᠠᠵᠢᠯ ᠡᠷᠬᠢᠯᠡᠬᠦ ᠦᠢ᠍ᠯᠡᠴᠢᠯᠡᠭᠡᠨ᠎ᠤ ᠪᠠᠢ᠌ᠭᠤᠯᠤᠮᠵᠢ ᠵᠢ ᠵᠢᠭ᠋ᠠᠵᠤ ᠪᠠᠢ᠌ᠨ᠎ᠠ᠃ ᠵᠠᠭᠤᠴᠢ ᠪᠠᠢ᠌ᠭᠤᠯᠤᠮᠵᠢ᠎ᠨᠢ ᠨᠥᠬᠥᠴᠡᠯ᠎ᠳᠤ ᠨᠡᠢ᠌ᠴᠡᠭᠰᠡᠨ ᠠᠵᠤ ᠠᠬᠤᠢ᠌ᠯᠠᠯ᠎ᠢ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠲᠤ ᠳᠡᠯᠭᠡᠨ ᠦᠵᠡᠭᠦᠯᠬᠦ᠂ ᠫᠠᠢ᠌ᠰᠠ ᠡᠯᠭᠦᠬᠦ᠂ ᠲᠡᠮᠳᠡᠭᠲᠦ ᠲᠠᠷᠬᠠᠭ᠋ᠠᠬᠤ ᠪᠠ ᠰᠢᠯᠵᠢᠭᠦᠯᠦᠨ ᠥᠭᠬᠦ ᠵᠢᠴᠢ ᠪᠤᠰᠤᠳ ᠠᠵᠢᠯᠯᠠᠭ᠎ᠠ ᠬᠢᠯᠭᠡᠬᠦ᠎ᠪᠠᠷ ᠲᠠᠨᠢᠯᠴᠠᠭᠤᠯᠵᠤ ᠪᠣᠯᠣᠨ᠎ᠠ᠃
ᠵᠠᠭᠤᠴᠢ ᠪᠠᠢ᠌ᠭᠤᠯᠤᠮᠵᠢ ᠵᠢᠴᠢ ᠲᠡᠭᠦᠨ᠎ᠤ ᠲᠤᠬᠠᠢ᠌ᠯᠠᠭᠰᠠᠨ ᠠᠵᠢᠯ᠎ᠤᠨ ᠠᠵᠢᠯᠲᠠᠳ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠲᠤ ᠵᠠᠭᠤᠴᠢᠯᠠᠬᠤ ᠦᠢ᠍ᠯᠡᠴᠢᠯᠡᠭᠡᠨ᠎ᠤ ᠠᠵᠢᠯᠯᠠᠭ᠎ᠠ ᠬᠢᠬᠦ᠎ᠳᠤ᠎ᠪᠠᠨ ᠦᠨᠡᠨᠴᠢ ᠢᠲᠡᠭᠡᠮᠵᠢᠲᠡᠢ ᠪᠠᠢ᠌ᠵᠤ᠂ ᠡᠭᠦᠷᠭᠡ ᠬᠠᠷᠢᠭᠤᠴᠠᠯᠭ᠎ᠠ᠎ᠪᠠᠨ ᠴᠢᠷᠮᠠᠢ᠌ᠨ ᠭᠦᠢ᠍ᠴᠡᠳᠬᠡᠵᠦ᠂ ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠪᠠ ᠳᠤᠮᠳᠠᠳᠤ ᠤᠯᠤᠰ᠎ᠤᠨ ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ᠎ᠤᠨ ᠬᠠᠮᠢᠶ᠎ᠠ ᠪᠦᠬᠦᠢ ᠲᠣᠭᠲᠠᠭ᠋ᠠᠯ ᠵᠡᠷᠭᠡ ᠵᠢ ᠵᠢᠷᠤᠮᠯᠠᠨ ᠰᠠᠬᠢᠵᠤ᠂ ᠠᠵᠢᠯ ᠲᠦᠷᠦᠯ᠎ᠤᠨ ᠵᠢᠷᠤᠮᠵᠢᠯ᠎ᠢ ᠵᠢᠷᠤᠮᠯᠠᠨ ᠰᠠᠬᠢᠨ᠂ ᠲᠡᠭᠦᠨ᠎ᠤ ᠲᠤᠬᠠᠢ᠌ᠯᠠᠭᠰᠠᠨ ᠠᠵᠢᠯ᠎ᠤᠨ ᠦᠢ᠍ᠯᠡ ᠠᠵᠢᠯᠯᠠᠭ᠎ᠠ᠎ᠳᠤ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃
ᠭᠤᠴᠢᠨ ᠬᠣᠶᠠᠳᠤᠭ᠋ᠠᠷ ᠵᠦᠢ᠍ᠯ ᠠᠵᠢᠯᠯᠠᠨ ᠡᠵᠡᠩᠨᠡᠬᠦ ᠪᠠᠢ᠌ᠭᠤᠯᠤᠮᠵᠢ᠎ᠨᠢ ᠥᠪᠡᠷᠲᠡᠭᠡᠨ ᠪᠤᠶᠤ ᠬᠣᠯᠪᠣᠭᠳᠠᠯ ᠪᠦᠬᠦᠢ ᠵᠠᠭᠤᠴᠢ ᠪᠠᠢ᠌ᠭᠤᠯᠤᠮᠵᠢ ᠵᠢ ᠵᠣᠬᠢᠶᠠᠨ ᠪᠠᠢ᠌ᠭᠤᠯᠵᠤ ᠳᠣᠣᠷ᠎ᠠ ᠵᠢᠭᠰᠠᠭ᠋ᠠᠭᠰᠠᠨ ᠲᠤᠬᠠᠢ᠌ᠯᠠᠭᠰᠠᠨ ᠠᠵᠢᠯ᠎ᠤᠨ ᠠᠵᠢᠯᠯᠠᠭ᠎ᠠ ᠵᠢ ᠥᠷᠨᠢᠭᠦᠯᠵᠦ ᠪᠣᠯᠣᠨ᠎ᠠ᠄
(ᠨᠢᠭᠡ) ᠲᠤᠰ ᠵᠠᠬ᠎ᠠ ᠳᠡᠯᠭᠡᠭᠦᠷ᠎ᠲᠤ ᠣᠷᠣᠯᠴᠠᠭᠰᠠᠨ ᠠᠵᠤ ᠠᠬᠤᠢ᠌ᠯᠠᠯ᠎ᠳᠤ ᠳᠦᠷᠢᠮ᠎ᠤᠨ ᠥᠭᠡᠷᠡᠴᠢᠯᠡᠯᠲᠡ ᠵᠢ ᠬᠠᠪᠰᠤᠷᠤᠨ ᠵᠢᠯᠤᠭᠣᠳᠬᠤ᠂ ᠪᠣᠯᠪᠠᠰᠤᠷᠠᠯ ᠬᠢᠬᠦ᠂ ᠯᠠᠪᠯᠠᠭ᠎ᠠ ᠬᠢᠬᠦ᠂ ᠡᠳ᠋᠎ᠤᠨ ᠶᠠᠪᠤᠳᠠᠯ᠎ᠤᠨ ᠵᠥᠪᠯᠡᠭᠴᠢ ᠵᠡᠷᠭᠡ ᠦᠢ᠍ᠯᠡᠴᠢᠯᠡᠭᠡ ᠬᠠᠩᠭ᠋ᠠᠬᠤ;
(ᠬᠣᠶᠠᠷ) ᠲᠡᠮᠳᠡᠭᠲᠦ ᠵᠢ ᠢᠯᠡ ᠪᠤᠰᠤ᠎ᠪᠠᠷ ᠲᠠᠷᠬᠠᠭ᠋ᠠᠬᠤ᠎ᠳᠤ ᠬᠢᠷᠢ ᠲᠡᠩᠴᠡᠭᠰᠡᠨ ᠪᠡᠯᠡ ᠣᠷᠣᠭᠤᠯᠤᠭᠴᠢᠳᠢ ᠵᠣᠬᠢᠶᠠᠨ ᠪᠠᠢ᠌ᠭᠤᠯᠤᠨ ᠰᠤᠷᠲᠠᠯᠴᠢᠯᠠᠨ ᠲᠠᠨᠢᠯᠴᠠᠭᠤᠯᠭ᠎ᠠ ᠬᠢᠬᠦ ᠪᠤᠶᠤ ᠪᠡᠯᠡ ᠣᠷᠣᠭᠤᠯᠵᠤ ᠪᠡᠯᠡ ᠲᠣᠬᠢᠷᠠᠭᠤᠯᠬᠤ ᠬᠡᠷᠡᠭᠴᠡᠭᠡᠨ᠎ᠤ ᠵᠠᠯᠭ᠋ᠠᠯᠳᠤᠭᠤᠯᠬᠤ ᠵᠢ ᠪᠦᠲᠦᠭᠡᠬᠦ᠎ᠪᠠᠷ ᠴᠢᠷᠮᠠᠢ᠌ᠭᠰᠠᠨ ᠪᠤᠰᠤᠳ ᠠᠵᠢᠯᠯᠠᠭ᠎ᠠ;
(ᠭᠤᠷᠪᠠ) ᠬᠢᠷᠢ ᠲᠡᠩᠴᠡᠭᠰᠡᠨ ᠪᠡᠯᠡ ᠣᠷᠣᠭᠤᠯᠤᠭᠴᠢᠳ᠎ᠲᠤ ᠠᠵᠤ ᠠᠬᠤᠢ᠌ᠯᠠᠯ᠎ᠤᠨ ᠰᠤᠳᠤᠯᠭ᠋ᠠᠨ᠎ᠤ ᠮᠡᠳᠡᠭᠦᠯᠦᠯᠲᠡ ᠪᠠ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠭᠰᠡᠨ ᠪᠠᠢ᠌ᠴᠠᠭ᠋ᠠᠯᠲᠠ ᠵᠢᠨ ᠮᠡᠳᠡᠭᠡ ᠵᠠᠩᠭᠢ ᠵᠢ ᠬᠠᠩᠭ᠋ᠠᠬᠤ;
(ᠳᠥᠷᠪᠡ) ᠠᠵᠤ ᠠᠬᠤᠢ᠌ᠯᠠᠯ ᠪᠠ ᠪᠡᠯᠡ ᠣᠷᠣᠭᠤᠯᠤᠭᠴᠢᠳ᠎ᠲᠤ ᠰᠲ᠋ᠣᠺ᠎ᠤᠨ ᠡᠷᠬᠡ ᠵᠢᠨ ᠦᠷᠳᠡᠭ᠎ᠢ ᠵᠢᠱ᠌ᠢᠬᠦ ᠦᠢ᠍ᠯᠡᠴᠢᠯᠡᠭᠡ ᠬᠠᠩᠭ᠋ᠠᠬᠤ;
(ᠲᠠᠪᠤ) ᠲᠤᠰ ᠵᠠᠬ᠎ᠠ ᠳᠡᠯᠭᠡᠭᠦᠷ᠎ᠲᠤ ᠳᠠᠩᠰᠠᠨ ᠡᠷᠦᠬᠡ ᠨᠡᠭᠡᠭᠡᠭᠰᠡᠨ ᠬᠢᠷᠢ ᠲᠡᠩᠴᠡᠭᠰᠡᠨ ᠪᠡᠯᠡ ᠣᠷᠣᠭᠤᠯᠤᠭᠴᠢᠳ᠎ᠲᠤ ᠲᠡᠮᠳᠡᠭᠲᠦ ᠮᠠᠢ᠌ᠮᠠᠢ᠌ᠯᠠᠬᠤ᠎ᠳᠤᠨᠢ ᠵᠠᠭᠤᠴᠢᠯᠠᠨ ᠲᠠᠨᠢᠯᠴᠠᠭᠤᠯᠬᠤ ᠦᠢ᠍ᠯᠡᠴᠢᠯᠡᠭᠡ ᠬᠠᠩᠭ᠋ᠠᠬᠤ;
(ᠵᠢᠷᠭᠤᠭ᠎ᠠ) ᠠᠵᠤ ᠠᠬᠤᠢ᠌ᠯᠠᠯ ᠪᠣᠯᠣᠨ ᠪᠡᠯᠡ ᠣᠷᠣᠭᠤᠯᠤᠭᠴᠢᠳ᠎ᠲᠤ ᠪᠡᠯᠡ ᠲᠣᠬᠢᠷᠠᠭᠤᠯᠬᠤ ᠠᠷᠠᠯᠵᠢᠶᠠᠨ᠎ᠤ ᠭᠣᠭᠴᠣᠭ᠎ᠠ ᠵᠢᠨ ᠬᠠᠮᠢᠶ᠎ᠠ ᠪᠦᠬᠦᠢ ᠲᠣᠭᠲᠠᠭ᠋ᠠᠯ᠎ᠳᠤ ᠨᠡᠢ᠌ᠴᠡᠭᠰᠡᠨ ᠦᠢ᠍ᠯᠡᠴᠢᠯᠡᠭᠡ ᠪᠠ ᠦᠨ᠎ᠡ ᠮᠥᠩᠭᠥ ᠵᠢ ᠳ᠋ᠦᠩᠨᠡᠨ ᠪᠤᠳᠤᠬᠤ ᠲᠤᠬᠠᠢ᠌ᠯᠠᠭᠰᠠᠨ ᠠᠵᠢᠯ᠎ᠢ ᠬᠠᠩᠭ᠋ᠠᠬᠤ;
(ᠳᠣᠯᠣᠭ᠎ᠠ) ᠬᠤᠳᠠᠯᠳᠤᠭ᠋ᠠᠨ᠎ᠤ ᠪᠠᠩᠬᠢ᠂ ᠪᠠᠭ᠎ᠠ ᠲᠣᠭ᠋ᠠᠨ᠎ᠤ ᠵᠢᠭᠡᠯᠡᠯᠭᠡ ᠵᠢᠨ ᠺᠣᠮᠫᠠᠨᠢ᠂ ᠪᠡᠯᠡ ᠲᠣᠬᠢᠷᠠᠭᠤᠯᠭ᠎ᠠ ᠵᠢᠨ ᠴᠢᠨᠠᠷᠲᠠᠢ ᠳᠠᠭ᠋ᠠᠭ᠋ᠠᠯᠲᠠ ᠵᠢᠨ ᠺᠣᠮᠫᠠᠨᠢ᠂ ᠪᠡᠯᠡ ᠲᠣᠬᠢᠷᠠᠭᠤᠯᠭ᠎ᠠ ᠵᠢᠨ ᠲᠦᠷᠢᠶᠡᠰᠦᠯᠡᠯ᠎ᠤᠨ ᠺᠣᠮᠫᠠᠨᠢ᠂ ᠳᠠᠨᠵᠢᠯᠠᠬᠤ᠂ ᠬᠤᠳᠠᠯᠳᠤᠭ᠋ᠠᠨ᠎ᠤ ᠪᠠᠲᠤᠯᠠᠵᠤ ᠠᠬᠤᠢ᠌ᠯᠠᠬᠤ᠂ ᠰᠠᠭᠤᠷᠢ ᠮᠥᠩᠭᠥᠨ᠎ᠤ ᠺᠣᠮᠫᠠᠨᠢ ᠵᠡᠷᠭᠡ ᠪᠠᠢ᠌ᠭᠤᠯᠤᠮᠵᠢ᠎ᠯᠤᠭ᠎ᠠ ᠲᠤᠬᠠᠢ᠌ᠯᠠᠭᠰᠠᠨ ᠠᠵᠢᠯ᠎ᠤᠨ ᠬᠠᠮᠲᠤᠷᠠᠯᠴᠠᠭ᠎ᠠ ᠥᠷᠨᠢᠭᠦᠯᠵᠦ᠂ ᠬᠠᠤᠯᠢ ᠴᠠᠭ᠋ᠠᠵᠠ ᠲᠥᠷᠥ ᠵᠢᠨ ᠪᠣᠳᠣᠯᠭ᠎ᠠ ᠵᠢᠨ ᠵᠥᠪᠰᠢᠶᠡᠷᠡᠯ᠎ᠤᠨ ᠬᠡᠪᠴᠢᠶᠡᠨ ᠳᠣᠲᠣᠷ᠎ᠠ᠂ ᠳᠡᠯᠭᠡᠨ ᠦᠵᠡᠭᠦᠯᠬᠦ᠂ ᠨᠠᠢ᠌ᠳᠠᠨ ᠬᠠᠮᠢᠶᠠᠷᠤᠭᠤᠯᠬᠤ᠂ ᠫᠠᠢ᠌ᠰᠠ ᠡᠯᠭᠦᠬᠦ ᠠᠵᠤ ᠠᠬᠤᠢ᠌ᠯᠠᠯ᠎ᠳᠤ ᠢᠲᠡᠭᠡᠮᠵᠢᠲᠦ ᠵᠢᠭᠡᠯᠡᠯᠭᠡ᠂ ᠳᠠᠭ᠋ᠠᠭ᠋ᠠᠯᠲᠠ ᠬᠢᠬᠦ᠂ ᠢᠲᠡᠭᠡᠮᠵᠢ ᠨᠡᠮᠡᠭᠳᠡᠭᠦᠯᠬᠦ᠂ ᠰᠲ᠋ᠣᠺ᠎ᠤᠨ ᠡᠷᠬᠡ᠎ᠪᠠᠨ ᠳᠠᠨᠵᠢᠯᠠᠵᠤ ᠪᠡᠯᠡ ᠲᠣᠬᠢᠷᠠᠭᠤᠯᠬᠤ᠂ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ᠎ᠪᠠᠨ ᠳᠠᠨᠵᠢᠯᠠᠵᠤ ᠪᠡᠯᠡ ᠲᠣᠬᠢᠷᠠᠭᠤᠯᠬᠤ ᠵᠡᠷᠭᠡ ᠭᠤᠷᠪᠠᠳᠠᠭᠢ ᠡᠲᠡᠭᠡᠳ᠎ᠤᠨ ᠵᠠᠭᠤᠴᠢᠯᠠᠬᠤ ᠦᠢ᠍ᠯᠡᠴᠢᠯᠡᠭᠡ ᠬᠠᠩᠭ᠋ᠠᠬᠤ;
(ᠨᠠᠢ᠍ᠮᠠ) ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠲᠣᠭᠲᠠᠭ᠋ᠠᠭᠰᠠᠨ ᠪᠤᠰᠤᠳ ᠲᠤᠬᠠᠢ᠌ᠯᠠᠭᠰᠠᠨ ᠠᠵᠢᠯ᠃
ᠭᠤᠴᠢᠨ ᠭᠤᠷᠪᠠᠳᠤᠭ᠋ᠠᠷ ᠵᠦᠢ᠍ᠯ ᠠᠵᠢᠯᠯᠠᠨ ᠡᠵᠡᠩᠨᠡᠬᠦ ᠪᠠᠢ᠌ᠭᠤᠯᠤᠮᠵᠢ᠎ᠨᠢ ᠲᠣᠰ ᠨᠠᠷᠢᠨ ᠳᠦᠷᠢᠮ᠎ᠤᠨ ᠭᠤᠴᠢᠨ ᠬᠣᠶᠠᠳᠤᠭ᠋ᠠᠷ ᠵᠦᠢ᠍ᠯ᠎ᠳᠤ ᠲᠣᠭᠲᠠᠭ᠋ᠠᠭᠰᠠᠨ ᠲᠤᠬᠠᠢ᠌ᠯᠠᠭᠰᠠᠨ ᠠᠵᠢᠯ᠎ᠤᠨ ᠠᠵᠢᠯᠯᠠᠭ᠎ᠠ ᠵᠢ ᠥᠷᠨᠢᠭᠦᠯᠬᠦ᠎ᠳᠤ᠎ᠪᠠᠨ᠂ ᠳᠣᠣᠷᠠᠬᠢ ᠮᠡᠲᠦ ᠪᠦᠲᠦᠮᠵᠢᠲᠡᠶ ᠠᠷᠭ᠎ᠠ ᠬᠡᠮᠵᠢᠶ᠎ᠡ ᠵᠢ ᠠᠪᠴᠤ ᠪᠠᠢ᠌ᠭ᠋ᠠᠳ ᠵᠠᠬ᠎ᠠ ᠳᠡᠯᠭᠡᠭᠦᠷ᠎ᠲᠤ ᠣᠷᠣᠯᠴᠠᠭᠴᠢ᠂ ᠠᠳᠠᠯᠢ ᠪᠤᠰᠤ ᠣᠷᠣᠯᠴᠠᠭᠴᠢᠯᠤᠭᠠ ᠵᠢᠨ ᠬᠣᠭᠣᠷᠣᠨᠳᠣᠬᠢ ᠠᠰᠢᠭ ᠲᠤᠰᠠ ᠵᠢᠨ ᠮᠥᠷᠭᠥᠯᠳᠦᠭᠡᠨ᠎ᠢ ᠰᠡᠷᠭᠡᠢ᠌ᠯᠡᠬᠦ ᠬᠡᠷᠡᠭᠲᠡᠢ᠄
(ᠨᠢᠭᠡ) ᠲᠤᠰ ᠵᠠᠬ᠎ᠠ ᠳᠡᠯᠭᠡᠭᠦᠷ᠎ᠲᠤ ᠣᠷᠣᠯᠴᠠᠭᠰᠠᠨ ᠠᠵᠤ ᠠᠬᠤᠢ᠌ᠯᠠᠯ᠎ᠳᠤ ᠦᠢ᠍ᠯᠡᠴᠢᠯᠡᠭᠡ ᠬᠠᠩᠭ᠋ᠠᠬᠤ᠎ᠳᠤ᠎ᠪᠠᠨ ᠲᠤᠬᠠᠢ᠌ᠯᠠᠭᠰᠠᠨ ᠠᠵᠢᠯ᠎ᠤᠨ ᠲᠤᠰᠠᠭ᠋ᠠᠷᠯᠠᠬᠤ ᠠᠷᠭ᠎ᠠ ᠬᠡᠮᠵᠢᠶ᠎ᠡ ᠠᠪᠴᠤ᠂ ᠪᠡᠯᠡ ᠣᠷᠣᠭᠤᠯᠤᠭᠴᠢᠯᠤᠭᠠ ᠠᠰᠢᠭ ᠲᠤᠰᠠ ᠵᠢᠨ ᠮᠥᠷᠭᠥᠯᠳᠦᠭᠡᠨ ᠭᠠᠷᠬᠤ᠎ᠠᠴᠠ ᠵᠠᠢ᠌ᠯᠠᠰᠬᠢᠬᠦ ᠬᠡᠷᠡᠭᠲᠡᠢ;
(ᠬᠣᠶᠠᠷ) ᠬᠢᠷᠢ ᠲᠡᠩᠴᠡᠭᠰᠡᠨ ᠪᠡᠯᠡ ᠣᠷᠣᠭᠤᠯᠤᠭᠴᠢᠳ᠎ᠲᠤ ᠠᠵᠤ ᠠᠬᠤᠢ᠌ᠯᠠᠯ᠎ᠤᠨ ᠰᠤᠳᠤᠯᠭ᠋ᠠᠨ᠎ᠤ ᠮᠡᠳᠡᠭᠦᠯᠦᠯᠲᠡ ᠪᠠ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠭᠰᠡᠨ ᠪᠠᠢ᠌ᠴᠠᠭ᠋ᠠᠯᠲᠠ ᠵᠢᠨ ᠮᠡᠳᠡᠭᠡ ᠵᠠᠩᠭᠢ ᠵᠢ ᠬᠠᠩᠭ᠋ᠠᠬᠤ᠎ᠳᠤ᠎ᠪᠠᠨ ᠪᠡᠶ᠎ᠡ᠎ᠪᠠᠨ ᠳᠠᠭ᠋ᠠᠭ᠋ᠠᠭᠰᠠᠨ᠂ ᠪᠤᠰᠤᠳᠴᠢ ᠪᠠᠢ᠌ᠬᠤ ᠵᠠᠷᠴᠢᠮ᠎ᠢ ᠵᠢᠷᠤᠮᠯᠠᠬᠤ ᠬᠡᠷᠡᠭᠲᠡᠢ᠂ ᠲᠡᠮᠳᠡᠭᠲᠦ᠎ᠳᠤ ᠪᠡᠯᠡ ᠣᠷᠣᠭᠤᠯᠬᠤ ᠰᠠᠨᠠᠭᠤᠯᠭ᠎ᠠ ᠬᠠᠩᠭ᠋ᠠᠵᠤ ᠪᠣᠯᠬᠤ ᠦᠭᠡᠢ᠂ ᠬᠤᠳᠠᠯ ᠬᠠᠭᠤᠷᠮᠠᠭ᠂ ᠵᠢᠩᠬᠢᠨᠢ ᠪᠤᠰᠤ᠂ ᠡᠨᠳᠡᠭᠦᠷᠡᠭᠦᠯᠬᠦ ᠴᠢᠨᠠᠷᠲᠠᠢ ᠮᠡᠳᠡᠭᠡ ᠵᠠᠩᠭᠢ ᠬᠠᠩᠭ᠋ᠠᠵᠤ ᠪᠣᠯᠬᠤ ᠦᠭᠡᠢ;
(ᠭᠤᠷᠪᠠ) ᠬᠢᠷᠢ ᠲᠡᠩᠴᠡᠭᠰᠡᠨ ᠪᠡᠯᠡ ᠣᠷᠣᠭᠤᠯᠤᠭᠴᠢᠳ᠎ᠲᠤ ᠲᠡᠮᠳᠡᠭᠲᠦ ᠮᠠᠢ᠌ᠮᠠᠢ᠌ᠯᠠᠬᠤ᠎ᠳᠤ ᠵᠠᠭᠤᠴᠢᠯᠠᠨ ᠲᠠᠨᠢᠯᠴᠠᠭᠤᠯᠬᠤ ᠦᠢ᠍ᠯᠡᠴᠢᠯᠡᠭᠡ ᠬᠠᠩᠭ᠋ᠠᠬᠤ᠎ᠳᠤ᠎ᠪᠠᠨ᠂ ᠮᠠᠢ᠌ᠮᠠᠢ᠌ᠯᠠᠬᠤ ᠬᠣᠶᠠᠷ ᠡᠲᠡᠭᠡᠳ᠎ᠲᠤ ᠭᠣᠣᠯᠴᠢ᠎ᠪᠠᠷ ᠬᠠᠨᠳᠤᠬᠤ ᠬᠡᠷᠡᠭᠲᠡᠢ᠂ ᠠᠯᠢ ᠨᠢᠭᠡ ᠲᠠᠯ᠎ᠠ ᠵᠢᠨ᠎ᠬᠢᠨ᠎ᠤ ᠠᠰᠢᠭ ᠲᠤᠰᠠ ᠵᠢ ᠴᠦ᠍ ᠬᠣᠬᠢᠷᠠᠭᠤᠯᠵᠤ ᠪᠣᠯᠬᠤ ᠦᠭᠡᠢ;
(ᠳᠥᠷᠪᠡ) ᠦᠢ᠍ᠯᠡᠴᠢᠯᠡᠬᠦ ᠡᠲᠡᠭᠡᠳ᠎ᠠᠴᠠ ᠰᠦᠢ᠍ᠳᠬᠡᠯ ᠬᠤᠷᠢᠶᠠᠬᠤ᠎ᠳᠤ᠎ᠪᠠᠨ ᠬᠣᠯᠪᠣᠭᠳᠠᠯ ᠪᠦᠬᠦᠢ ᠲᠣᠭᠲᠠᠭ᠋ᠠᠯ᠎ᠳᠤ ᠨᠡᠢ᠌ᠴᠡᠭᠦᠯᠬᠦ ᠵᠢᠨ ᠬᠠᠮᠲᠤ ᠰᠦᠢ᠍ᠳᠬᠡᠯ ᠬᠤᠷᠢᠶᠠᠬᠤ ᠪᠠᠷᠢᠮᠵᠢᠶ᠎ᠠ ᠵᠢ ᠢᠯᠡ ᠨᠡᠢ᠌ᠲᠡᠯᠡᠬᠦ ᠬᠡᠷᠡᠭᠲᠡᠢ᠃
ᠭᠤᠴᠢᠨ ᠳᠥᠷᠪᠡᠳᠦᠭᠡᠷ ᠵᠦᠢ᠍ᠯ ᠠᠵᠢᠯᠯᠠᠨ ᠡᠵᠡᠩᠨᠡᠬᠦ ᠪᠠᠢ᠌ᠭᠤᠯᠤᠮᠵᠢ᠎ᠨᠢ ᠵᠠᠭᠤᠴᠢ ᠪᠠᠢ᠌ᠭᠤᠯᠤᠮᠵᠢ ᠵᠢᠨ ᠬᠠᠮᠢᠶᠠᠷᠤᠯᠲᠠ ᠵᠢᠨ ᠳᠦᠷᠢᠮ ᠵᠢᠴᠢ ᠬᠢᠨᠠᠯᠲᠠ ᠲᠠᠯᠪᠢᠬᠤ ᠲᠣᠭᠲᠠᠴᠠ ᠵᠢ ᠪᠠᠢ᠌ᠭᠤᠯᠵᠤ᠂ ᠣᠷᠣᠯᠴᠠᠬᠤ ᠵᠠᠭᠤᠴᠢ ᠪᠠᠢ᠌ᠭᠤᠯᠤᠮᠵᠢ ᠵᠢᠨ ᠲᠦᠷᠦᠯ ᠵᠦᠢ᠍ᠯ᠂ ᠬᠢᠷᠢ ᠬᠡᠮ᠎ᠤᠨ ᠨᠥᠬᠥᠴᠡᠯ᠂ ᠡᠷᠬᠡ ᠪᠠ ᠡᠭᠦᠷᠭᠡ᠂ ᠲᠤᠬᠠᠢ᠌ᠯᠠᠭᠰᠠᠨ ᠠᠵᠢᠯ᠎ᠤᠨ ᠳᠦᠷᠢᠮ ᠵᠡᠷᠭᠡ ᠵᠦᠢ᠍ᠯᠡᠰ᠎ᠢ ᠲᠣᠳᠣᠷᠬᠠᠢ᠌ᠯᠠᠵᠤ᠂ ᠲᠡᠭᠦᠨ᠎ᠤ ᠨᠡᠷᠡᠰ ᠪᠠ ᠬᠠᠮᠢᠶ᠎ᠠ ᠪᠦᠬᠦᠢ ᠮᠠᠲ᠋ᠧᠷᠢᠶᠠᠯ᠎ᠢ ᠨᠡᠢ᠌ᠲᠡ᠎ᠳᠤ ᠵᠠᠷᠯᠠᠵᠤ᠂ ᠦᠨᠡᠨᠴᠢ ᠢᠲᠡᠭᠡᠮᠵᠢ ᠵᠢᠨ ᠲᠠᠨᠭ᠌ᠰᠠ ᠪᠠᠶ᠋ᠢᠭᠤᠯᠬᠤ ᠵᠢᠨ ᠬᠠᠮᠲᠤ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠢ᠌ᠭ᠋ᠠᠳ ᠵᠠᠭᠤᠴᠢ ᠪᠠᠢ᠌ᠭᠤᠯᠤᠮᠵᠢ ᠵᠢᠨ ᠪᠡᠯᠡ ᠣᠷᠣᠭᠤᠯᠤᠭᠴᠢᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠬᠣᠬᠢᠷᠠᠭᠤᠯᠬᠤ᠎ᠠᠴᠠ ᠰᠡᠷᠭᠡᠢ᠌ᠯᠡᠬᠦ ᠬᠡᠷᠡᠭᠲᠡᠢ᠃ ᠵᠠᠭᠤᠴᠢ ᠪᠠᠢ᠌ᠭᠤᠯᠤᠮᠵᠢ ᠵᠢᠨ ᠲᠤᠬᠠᠢ᠌ᠯᠠᠭᠰᠠᠨ ᠠᠵᠢᠯ᠎ᠤᠨ ᠬᠢᠷᠢ ᠬᠡᠮ ᠵᠶ᠋ᠡᠨ ᠶᠠᠮᠠᠷᠪᠠ ᠬᠡᠯᠪᠡᠷᠢ᠎ᠪᠠᠷ ᠪᠤᠰᠤᠳ ᠪᠠᠢ᠌ᠭᠤᠯᠤᠮᠵᠢ ᠪᠠ ᠬᠤᠪᠢ ᠬᠥᠮᠥᠨ᠎ᠳᠤ ᠥᠭᠴᠦ ᠬᠡᠷᠡᠭᠯᠡᠭᠦᠯᠬᠦ ᠵᠢ ᠴᠢᠩᠭ᠎ᠠ ᠴᠠᠭ᠋ᠠᠵᠠᠯᠠᠨ᠎ᠠ᠃
ᠳᠥᠷᠪᠡᠳᠦᠭᠡᠷ ᠪᠦᠯᠦᠭ ᠳᠠᠩᠰᠠᠨ ᠡᠷᠦᠬᠡ ᠵᠢᠨ ᠬᠠᠮᠢᠶᠠᠷᠤᠯᠲᠠ ᠬᠢᠭᠡᠳ ᠳᠠᠩᠰᠠᠯᠠᠵᠤ ᠳ᠋ᠦᠩᠨᠡᠨ ᠪᠣᠳᠣᠬᠤ
ᠭᠤᠴᠢᠨ ᠲᠠᠪᠤᠳᠤᠭ᠋ᠠᠷ ᠵᠦᠢ᠍ᠯ ᠪᠡᠯᠡ ᠣᠷᠣᠭᠤᠯᠤᠭᠴᠢ᠎ᠨᠢ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠲᠤ ᠲᠡᠮᠳᠡᠭᠲᠦ ᠲᠠᠷᠬᠠᠭ᠋ᠠᠵᠤ ᠰᠢᠯᠵᠢᠭᠦᠯᠦᠨ ᠥᠭᠬᠦ᠎ᠳᠤ᠎ᠪᠠᠨ᠂ ᠲᠡᠡᠭᠰᠡᠯᠡᠵᠦ ᠳ᠋ᠦᠩᠨᠡᠨ ᠪᠤᠳᠦᠬᠤ ᠲᠤᠬᠠᠢ᠌ᠯᠠᠭᠰᠠᠨ ᠠᠵᠢᠯ᠎ᠢ ᠭᠦᠢ᠍ᠴᠡᠳᠬᠡᠬᠦ ᠪᠠᠢ᠌ᠭᠤᠯᠤᠮᠵᠢ᠎ᠳᠤ ᠲᠡᠮᠳᠡᠭᠲᠦ ᠵᠢᠨ ᠳᠠᠩᠰᠠᠨ ᠡᠷᠦᠬᠡ ᠪᠠᠢ᠌ᠭᠤᠯᠬᠤ ᠪᠠᠷ ᠭᠤᠶᠤᠴᠢᠯᠠᠬᠤ ᠬᠡᠷᠡᠭᠲᠡᠢ᠂ ᠲᠡᠡᠭᠰᠡᠯᠡᠵᠦ ᠳ᠋ᠦᠩᠨᠡᠨ ᠪᠤᠳᠦᠬᠤ ᠲᠤᠬᠠᠢ᠌ᠯᠠᠭᠰᠠᠨ ᠠᠵᠢᠯ᠎ᠢ ᠭᠦᠢ᠍ᠴᠡᠳᠬᠡᠬᠦ ᠪᠠᠢ᠌ᠭᠤᠯᠤᠮᠵᠢ᠎ᠨᠢ ᠪᠡᠯᠡ ᠣᠷᠣᠭᠤᠯᠤᠭᠴᠢ᠎ᠳᠤ ᠲᠡᠮᠳᠡᠭᠲᠦ ᠵᠢᠨ ᠳᠠᠩᠰᠠᠨ ᠡᠷᠦᠬᠡ ᠰᠢᠭᠤᠳ ᠪᠠᠢ᠌ᠭᠤᠯᠤᠨ ᠥᠭᠴᠦ ᠪᠣᠯᠣᠨ᠎ᠠ᠂ ᠲᠤᠰ ᠵᠠᠬ᠎ᠠ ᠳᠡᠯᠭᠡᠭᠦᠷ᠎ᠲᠤ ᠣᠷᠣᠯᠴᠠᠭᠰᠠᠨ ᠲᠡᠮᠳᠡᠭᠲᠦ ᠵᠢᠨ ᠺᠣᠮᠫᠠᠨᠢ᠎ᠳᠤ ᠨᠠᠢ᠌ᠳᠠᠵᠤ ᠣᠷᠣᠯᠠᠭᠤᠯᠤᠨ ᠭᠦᠢ᠍ᠴᠡᠳᠬᠡᠯᠭᠡᠵᠦ ᠴᠦ᠍ ᠪᠣᠯᠣᠨ᠎ᠠ᠃
ᠲᠡᠮᠳᠡᠭᠲᠦ ᠵᠢᠨ ᠳᠠᠩᠰᠠᠨ ᠡᠷᠦᠬᠡ ᠪᠠᠢ᠌ᠭᠤᠯᠤᠭᠰᠠᠨ ᠪᠠᠢ᠌ᠭᠤᠯᠤᠮᠵᠢ᠎ᠠᠴᠠ ᠭᠤᠶᠤᠴᠢᠯᠠᠭᠴᠢ᠎ᠨᠢ ᠲᠤᠰ ᠨᠠᠷᠢᠨ ᠳᠦᠷᠢᠮ᠎ᠳᠤ ᠲᠣᠭᠲᠠᠭ᠋ᠠᠭᠰᠠᠨ ᠬᠢᠷᠢ ᠲᠡᠩᠴᠡᠭᠰᠡᠨ ᠪᠡᠯᠡ ᠣᠷᠣᠭᠤᠯᠤᠭᠴᠢ ᠵᠢᠨ ᠨᠥᠬᠥᠴᠡᠯ᠎ᠳᠤ ᠨᠡᠢ᠌ᠴᠡᠬᠦ ᠡᠰᠡᠬᠦ᠎ᠳᠤ ᠬᠢᠨᠠᠨ ᠪᠠᠢ᠌ᠴᠠᠭ᠋ᠠᠯᠲᠠ ᠬᠢᠬᠦ ᠬᠡᠷᠡᠭᠲᠡᠢ᠂ ᠲᠣᠭᠲᠠᠭ᠋ᠠᠭᠰᠠᠨ ᠨᠥᠬᠥᠴᠡᠯ᠎ᠳᠤ ᠥᠯᠥ ᠨᠡᠢ᠌ᠴᠡᠬᠦ ᠭᠤᠶᠤᠴᠢᠯᠠᠭᠴᠢ᠎ᠳᠤ ᠲᠡᠮᠳᠡᠭᠲᠦ ᠵᠢᠨ ᠳᠠᠩᠰᠠᠨ ᠡᠷᠦᠬᠡ ᠪᠠᠢ᠌ᠭᠤᠯᠤᠨ ᠥᠭᠴᠦ ᠪᠣᠯᠬᠤ ᠦᠭᠡᠢ᠃ ᠭᠤᠶᠤᠴᠢᠯᠠᠭᠴᠢ᠎ᠨᠢ ᠪᠠᠢ᠌ᠭ᠋ᠠᠯᠢ ᠬᠥᠮᠥᠨ ᠪᠠᠢ᠌ᠪᠠᠯ᠂ ᠪᠠᠰᠠ ᠲᠡᠭᠦᠨ᠎ᠳᠤ ᠲᠡᠮᠳᠡᠭᠲᠦ ᠵᠢᠨ ᠲᠠᠨᠭ᠌ᠰᠠᠨ ᠡᠷᠦᠬᠡ ᠪᠠᠢ᠌ᠭᠤᠯᠵᠤ ᠥᠭᠬᠦ᠎ᠠᠴᠠ ᠡᠮᠦᠨ᠎ᠡ᠂ ᠪᠢᠴᠢᠭ ᠵᠶ᠋ᠡᠷ ᠪᠤᠶᠤ ᠡᠯᠧᠺᠲᠷᠣᠨ᠎ᠤ ᠬᠡᠯᠪᠡᠷᠢ᠎ᠪᠠᠷ ᠲᠡᠭᠦᠨ᠎ᠳᠤ ᠲᠦᠭᠰᠢᠭᠦᠷᠢ ᠵᠢ ᠢᠯᠡᠴᠢᠯᠡᠨ ᠮᠡᠳᠡᠭᠳᠡᠬᠦ ᠵᠢᠨ ᠬᠠᠮᠲᠤ ᠲᠡᠭᠦᠨ ᠵᠶ᠋ᠡᠷ ᠨᠤᠲᠠᠯᠠᠭᠤᠯᠬᠤ᠎ᠪᠠᠷ ᠱᠠᠭ᠋ᠠᠷᠳᠠᠬᠤ ᠬᠡᠷᠡᠭᠲᠡᠢ᠃
ᠲᠤᠰ ᠨᠠᠷᠢᠨ ᠳᠦᠷᠢᠮ᠎ᠢ ᠬᠡᠷᠡᠭᠵᠢᠭᠦᠯᠬᠦ᠎ᠠᠴᠠ ᠡᠮᠦᠨ᠎ᠡ ᠨᠢᠭᠡᠨᠲᠡ ᠲᠡᠮᠳᠡᠭᠲᠦ ᠵᠢᠨ ᠳᠠᠩᠰᠠᠨ ᠡᠷᠦᠬᠡ ᠪᠠᠢ᠌ᠭᠤᠯᠤᠭᠰᠠᠨ ᠪᠣᠯᠪᠠᠴᠤ ᠲᠤᠰ ᠨᠠᠷᠢᠨ ᠳᠦᠷᠢᠮ᠎ᠳᠤ ᠲᠣᠭᠲᠠᠭ᠋ᠠᠭᠰᠠᠨ ᠬᠢᠷᠢ ᠲᠡᠩᠴᠡᠭᠰᠡᠨ ᠪᠡᠯᠡ ᠣᠷᠣᠭᠤᠯᠤᠭᠴᠢ ᠵᠢᠨ ᠨᠥᠬᠥᠴᠡᠯ᠎ᠳᠤ ᠥᠯᠥ ᠨᠡᠢ᠌ᠴᠡᠬᠦ ᠪᠡᠯᠡ ᠣᠷᠣᠭᠤᠯᠤᠭᠴᠢ᠎ᠨᠢ ᠲᠡᠮᠳᠡᠭᠲᠦ ᠵᠢ ᠬᠤᠳᠠᠯᠳᠤᠨ ᠠᠪᠬᠤ ᠪᠤᠶᠤ ᠰᠢᠯᠵᠢᠭᠦᠯᠦᠨ ᠠᠪᠴᠤ ᠪᠣᠯᠬᠤ ᠦᠭᠡᠢ; ᠲᠡᠮᠳᠡᠭᠲᠦ ᠵᠢ ᠨᠢᠭᠡᠨᠲᠡ ᠬᠤᠳᠠᠯᠳᠤᠨ ᠠᠪᠤᠭᠰᠠᠨ ᠪᠤᠶᠤ ᠰᠢᠯᠵᠢᠭᠦᠯᠦᠨ ᠠᠪᠤᠭᠰᠠᠨ ᠪᠠᠢ᠌ᠪᠠᠯ ᠵᠥᠪᠬᠡᠨ ᠦᠷᠭᠦᠯᠵᠢᠯᠡᠨ ᠡᠵᠡᠮᠰᠢᠬᠦ ᠪᠤᠶᠤ ᠬᠤᠳᠠᠯᠳᠤᠨ ᠭᠠᠷᠭ᠋ᠠᠨ᠎ᠠ᠃
ᠭᠤᠴᠢᠨ ᠵᠢᠷᠭᠤᠳᠤᠭ᠋ᠠᠷ ᠵᠦᠢ᠍ᠯ ᠠᠵᠢᠯᠯᠠᠨ ᠡᠵᠡᠩᠨᠡᠬᠦ ᠪᠠᠢ᠌ᠭᠤᠯᠤᠮᠵᠢ᠎ᠨᠢ ᠪᠡᠯᠡ ᠣᠷᠣᠭᠤᠯᠤᠭᠴᠢ ᠵᠢᠨ ᠪᠡᠯᠡ ᠮᠥᠩᠭᠥᠨ᠎ᠤ ᠬᠠᠮᠢᠶᠠᠷᠤᠯᠲᠠ ᠵᠢᠨ ᠳᠦᠷᠢᠮ᠎ᠢ ᠪᠠᠢ᠌ᠭᠤᠯᠵᠤ᠂ ᠬᠤᠳᠠᠯᠳᠤᠭ᠋ᠠᠨ᠎ᠤ ᠪᠠᠩᠬᠢ ᠪᠤᠶᠤ ᠲᠦᠷᠦ ᠵᠢᠨ ᠶᠠᠪᠤᠳᠠᠯ᠎ᠤᠨ ᠬᠣᠷᠢᠶ᠎ᠠ ᠵᠢᠨ ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠵᠥᠪᠰᠢᠶᠡᠷᠡᠯ ᠵᠶ᠋ᠡᠷ ᠪᠠᠢ᠌ᠭᠤᠯᠤᠭᠰᠠᠨ ᠲᠡᠮᠳᠡᠭᠲᠦ ᠵᠢᠨ ᠬᠤᠭᠤᠴᠠᠭ᠋ᠠᠲᠤ ᠪᠠᠷᠠᠭ᠋ᠠᠨ᠎ᠤ ᠪᠠᠲᠤᠯᠠᠭ᠋ᠠᠲᠤ ᠮᠥᠩᠭᠥ ᠵᠢ ᠬᠠᠳᠠᠭ᠋ᠠᠯᠠᠨ ᠬᠠᠮᠢᠶᠠᠷᠬᠤ ᠲᠤᠬᠠᠢ᠌ᠯᠠᠭᠰᠠᠨ ᠠᠵᠢᠯ᠎ᠤᠨ ᠬᠢᠷᠢ ᠬᠡᠮ᠎ᠲᠠᠢ ᠪᠠᠢ᠌ᠭᠤᠯᠤᠮᠵᠢ᠎ᠳᠤ ᠲᠤᠰᠠᠭ᠋ᠠᠷ᠎ᠨᠢ ᠲᠤᠰᠬᠠᠢ ᠬᠡᠷᠡᠭᠯᠡᠬᠦ ᠳ᠋ᠦᠩᠨᠡᠨ ᠪᠤᠳᠤᠬᠤ ᠲᠠᠨᠭ᠌ᠰᠠᠨ ᠡᠷᠦᠬᠡ ᠪᠠᠢ᠌ᠭᠤᠯᠵᠤ᠂ ᠪᠡᠯᠡ ᠣᠷᠣᠭᠤᠯᠤᠭᠴᠢ ᠵᠢᠨ ᠪᠡᠯᠡ ᠮᠥᠩᠭᠥ ᠵᠢ ᠬᠠᠳᠠᠭ᠋ᠠᠯᠠᠬᠤ᠎ᠳᠤ ᠲᠤᠰᠬᠠᠢ᠌ᠯᠠᠨ ᠬᠡᠷᠡᠭᠯᠡᠬᠦ ᠬᠡᠷᠡᠭᠲᠡᠢ᠂ ᠲᠤᠰᠬᠠᠢ ᠬᠡᠷᠡᠭᠯᠡᠬᠦ ᠳ᠋ᠦᠩᠨᠡᠨ ᠪᠤᠳᠤᠬᠤ ᠲᠠᠨᠭ᠌ᠰᠠᠨ ᠡᠷᠦᠬᠡ ᠪᠣᠯᠣᠨ ᠠᠵᠢᠯᠯᠠᠨ ᠡᠵᠡᠩᠨᠡᠬᠦ ᠪᠠᠢ᠌ᠭᠤᠯᠤᠮᠵᠢ ᠵᠢᠨ ᠥᠪᠡᠷ᠎ᠤᠨ᠎ᠬᠢ ᠪᠠᠢ᠌ᠭ᠎ᠠ ᠪᠡᠯᠡ ᠮᠥᠩᠭᠥᠨ᠎ᠤ ᠲᠠᠨᠭ᠌ᠰᠠᠨ ᠡᠷᠦᠬᠡ ᠵᠢ᠎ᠨᠢ ᠴᠢᠩᠭ᠎ᠠ ᠰᠠᠯᠭ᠋ᠠᠵᠤ᠂ ᠬᠤᠳᠬᠤᠯᠳᠤᠭᠤᠯᠵᠤ ᠪᠣᠯᠬᠤ ᠦᠭᠡᠢ᠃ ᠶᠠᠮᠠᠷᠪᠠ ᠨᠢᠭᠡᠴᠢ ᠪᠠ ᠬᠤᠪᠢ ᠬᠥᠮᠥᠨ ᠭᠡᠳ ᠶᠠᠮᠠᠷᠪᠠ ᠬᠡᠯᠪᠡᠷᠢ᠎ᠪᠠᠷ ᠪᠡᠯᠡ ᠣᠷᠣᠭᠤᠯᠤᠭᠴᠢ ᠵᠢᠨ ᠪᠡᠯᠡ ᠮᠥᠩᠭᠥ ᠵᠢ ᠨᠡᠭᠦᠯᠭᠡᠨ ᠬᠡᠷᠡᠭᠯᠡᠵᠦ ᠪᠣᠯᠬᠤ ᠦᠭᠡᠢ᠃
ᠪᠡᠯᠡ ᠣᠷᠣᠭᠤᠯᠤᠭᠴᠢ᠎ᠨᠢ ᠪᠡᠯᠡ ᠣᠷᠣᠭᠤᠯᠬᠤ ᠪᠡᠯᠡ ᠮᠥᠩᠭᠥᠨ᠎ᠤ ᠢᠷᠡᠯᠲᠡ ᠵᠢᠨ ᠬᠠᠤᠯᠢ ᠶᠣᠰᠣᠨ᠎ᠤ ᠪᠠᠢ᠌ᠬᠤ ᠵᠢ ᠦᠨᠡᠨ ᠬᠦ᠌ ᠪᠠᠲᠤᠯᠠᠬᠤ ᠬᠡᠷᠡᠭᠲᠡᠢ᠂ ᠬᠠᠤᠯᠢ ᠪᠤᠰᠤ᠎ᠪᠠᠷ ᠪᠤᠰᠤᠳ᠎ᠤᠨ ᠪᠡᠯᠡ ᠮᠥᠩᠭᠥ ᠵᠢ ᠴᠤᠭᠯᠠᠭᠤᠯᠤᠨ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠤᠨ ᠲᠡᠮᠳᠡᠭᠲᠦ᠎ᠳᠤ ᠪᠡᠯᠡ ᠣᠷᠣᠭᠤᠯᠵᠤ ᠪᠣᠯᠬᠤ ᠦᠭᠡᠢ᠃
ᠠᠵᠢᠯᠯᠠᠨ ᠡᠵᠡᠩᠨᠡᠬᠦ ᠪᠠᠢ᠌ᠭᠤᠯᠤᠮᠵᠢ᠎ᠨᠢ ᠪᠡᠯᠡ ᠣᠷᠣᠭᠤᠯᠤᠭᠴᠢ ᠵᠢᠨ ᠪᠡᠯᠡ ᠮᠥᠩᠭᠥᠨ᠎ᠤ ᠬᠤᠪᠢᠷᠠᠯᠲᠠ ᠵᠢᠨ ᠪᠠᠢ᠌ᠳᠠᠯ᠎ᠢ ᠡᠳᠦᠷ ᠪᠦᠷᠢ ᠬᠢᠨᠠᠨ ᠰᠢᠨᠵᠢᠵᠦ᠂ ᠬᠡᠪ᠎ᠤᠨ ᠪᠤᠰᠤ ᠪᠠᠢ᠌ᠳᠠᠯ᠎ᠢ ᠣᠯᠵᠤ ᠮᠡᠳᠡᠪᠡᠯ ᠴᠠᠭ ᠲᠤᠬᠠᠢᠳᠤᠨᠢ ᠰᠢᠢ᠍ᠳᠪᠦᠷᠢᠯᠡᠬᠦ ᠵᠢᠨ ᠬᠠᠮᠲᠤ᠂ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠪᠣᠯᠣᠨ ᠥᠪᠥᠷ ᠮᠣᠩᠭᠣᠯ᠎ᠤᠨ ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠳᠤ ᠮᠡᠳᠡᠭᠦᠯᠬᠦ ᠬᠡᠷᠡᠭᠲᠡᠢ᠃
ᠭᠤᠴᠢᠨ ᠳᠣᠯᠣᠳᠤᠭ᠋ᠠᠷ ᠵᠦᠢ᠍ᠯ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠤᠨ ᠳᠠᠨᠭ᠌ᠰᠠᠯᠠᠵᠤ ᠳ᠋ᠦᠩᠨᠡᠨ ᠪᠤᠳᠤᠬᠤ ᠲᠤᠬᠠᠢ᠌ᠯᠠᠭᠰᠠᠨ ᠠᠵᠢᠯ᠎ᠢ ᠪᠣᠯ ᠠᠵᠢᠯᠯᠠᠨ ᠡᠵᠡᠩᠨᠡᠬᠦ ᠪᠠᠢ᠌ᠭᠤᠯᠤᠮᠵᠢ ᠪᠤᠶᠤ ᠳᠤᠮᠳᠠᠳᠤ ᠤᠯᠤᠰ᠎ᠤᠨ ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ᠎ᠤᠨ ᠵᠥᠪᠰᠢᠶᠡᠷᠡᠭᠰᠡᠨ ᠳᠠᠨᠭ᠌ᠰᠠᠯᠠᠵᠤ ᠳ᠋ᠦᠩᠨᠡᠨ ᠪᠤᠳᠤᠬᠤ ᠪᠠᠢ᠌ᠭᠤᠯᠤᠮᠵᠢ᠎ᠠᠴᠠ ᠭᠦᠢ᠍ᠴᠡᠳᠬᠡᠬᠦ ᠬᠡᠷᠡᠭᠲᠡᠢ᠃ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠲᠤ ᠲᠠᠷᠬᠠᠭ᠋ᠠᠬᠤ᠂ ᠰᠢᠯᠵᠢᠭᠦᠯᠦᠨ ᠥᠭᠬᠦ ᠲᠡᠮᠳᠡᠭᠲᠦ ᠵᠢ ᠪᠣᠯ ᠲᠡᠡᠭᠰᠡᠯᠡᠵᠦ ᠳ᠋ᠦᠩᠨᠡᠨ ᠪᠤᠳᠦᠬᠤ ᠪᠠᠢ᠌ᠭᠤᠯᠤᠮᠵᠢ᠎ᠳᠤ ᠲᠥᠪᠯᠡᠷᠡᠭᠦᠯᠦᠨ ᠬᠠᠳᠠᠭ᠋ᠠᠯᠠᠵᠤ ᠬᠠᠮᠢᠶᠠᠷᠬᠤ ᠪᠠ ᠳᠠᠩᠰᠠᠯᠠᠬᠤ ᠬᠡᠷᠡᠭᠲᠡᠢ᠃ ᠲᠡᠡᠭᠰᠡᠯᠡᠵᠦ ᠳ᠋ᠦᠩᠨᠡᠨ ᠪᠤᠳᠦᠬᠤ ᠲᠤᠬᠠᠢ᠌ᠯᠠᠭᠰᠠᠨ ᠠᠵᠢᠯ᠎ᠢ ᠭᠦᠢ᠍ᠴᠡᠳᠬᠡᠬᠦ ᠪᠠᠢ᠌ᠭᠤᠯᠤᠮᠵᠢ᠎ᠨᠢ ᠲᠡᠮᠳᠡᠭᠲᠦ ᠵᠢ ᠲᠡᠡᠭᠰᠡᠯᠡᠵᠦ ᠳ᠋ᠦᠩᠨᠡᠨ ᠪᠤᠳᠦᠭ᠍ᠰᠡᠠ ᠦᠷ᠎ᠡ ᠳ᠋ᠦᠩ᠎ᠢ ᠦᠨᠳᠦᠰᠦᠯᠡᠨ᠂ ᠲᠡᠮᠳᠡᠭᠲᠦ ᠡᠵᠡᠮᠰᠢᠭᠴᠢ ᠵᠢᠨ ᠲᠡᠮᠳᠡᠭᠲᠦ ᠡᠵᠡᠮᠰᠢᠵᠦ ᠪᠠᠢ᠌ᠭ᠎ᠠ ᠪᠣᠳᠠᠲᠤ ᠶᠠᠪᠤᠳᠠᠯ᠎ᠢ ᠨᠤᠲᠠᠯᠠᠵᠤ᠂ ᠲᠡᠮᠳᠡᠭᠲᠦ ᠡᠵᠡᠮᠰᠢᠭᠴᠢ ᠵᠢᠨ ᠳᠠᠩᠰᠠᠯᠠᠭᠤᠯᠤᠭᠰᠠᠨ ᠮᠠᠲ᠋ᠧᠷᠢᠶᠠᠯ᠎ᠢ ᠬᠠᠩᠭ᠋ᠠᠬᠤ ᠬᠡᠷᠡᠭᠲᠡᠢ᠃
ᠲᠡᠡᠭᠰᠡᠯᠡᠵᠦ ᠳ᠋ᠦᠩᠨᠡᠨ ᠪᠤᠳᠦᠬᠤ ᠲᠤᠬᠠᠢ᠌ᠯᠠᠭᠰᠠᠨ ᠠᠵᠢᠯ᠎ᠢ ᠭᠦᠢ᠍ᠴᠡᠳᠬᠡᠬᠦ ᠪᠠᠢ᠌ᠭᠤᠯᠤᠮᠵᠢ᠎ᠨᠢ ᠳᠠᠩᠰᠠᠯᠠᠭᠰᠠᠨ᠂ ᠳ᠋ᠦᠩᠨᠡᠨ ᠪᠤᠳᠦᠭ᠍ᠰᠡᠠ ᠠᠩᠬᠠᠨ᠎ᠤ ᠭᠡᠷᠡᠴᠢ ᠪᠠᠷᠢᠮᠲᠠ ᠵᠢᠴᠢ ᠬᠣᠯᠪᠣᠭᠳᠠᠯ ᠪᠦᠬᠦᠢ ᠪᠢᠴᠢᠭ ᠮᠠᠲ᠋ᠧᠷᠢᠶᠠᠯ᠎ᠢ ᠲᠣᠬᠢᠲᠠᠢ ᠬᠠᠳᠠᠭ᠋ᠠᠯᠠᠬᠤ ᠬᠡᠷᠡᠭᠲᠡᠢ᠂ ᠬᠠᠳᠠᠭ᠋ᠠᠯᠠᠬᠤ ᠬᠤᠭᠤᠴᠠᠭ᠎ᠠ ᠵᠢ 20 ᠵᠢᠯ᠎ᠠᠴᠠ ᠳᠤᠲᠠᠭᠤ ᠪᠠᠢ᠌ᠯᠭ᠋ᠠᠵᠤ ᠪᠣᠯᠬᠤ ᠦᠭᠡᠢ᠃
ᠭᠤᠴᠢᠨ ᠨᠠᠢ᠍ᠮᠠᠳᠤᠭ᠋ᠠᠷ ᠵᠦᠢ᠍ᠯ ᠲᠡᠡᠭᠰᠡᠯᠡᠵᠦ ᠳ᠋ᠦᠩᠨᠡᠨ ᠪᠤᠳᠦᠬᠤ ᠪᠠᠢ᠌ᠭᠤᠯᠤᠮᠵᠢ᠎ᠨᠢ ᠲᠣᠭᠲᠠᠭ᠋ᠠᠯ ᠶᠣᠰᠣᠭ᠋ᠠᠷ ᠲᠡᠮᠳᠡᠭᠲᠦ ᠵᠢᠨ ᠳᠠᠩᠰᠠᠨ ᠡᠷᠦᠬᠡ ᠪᠠᠢ᠌ᠭᠤᠯᠬᠤ᠂ ᠬᠤᠪᠢᠷᠠᠭᠤᠯᠬᠤ᠂ ᠲᠡᠡᠭᠰᠡᠠᠠᠴᠠ ᠬᠠᠰᠤᠬᠤ ᠪᠠ ᠲᠡᠮᠳᠡᠭᠲᠦ ᠵᠢ ᠳᠠᠩᠰᠠᠯᠠᠬᠤ᠂ ᠳ᠋ᠦᠩᠨᠡᠨ ᠪᠤᠳᠦᠬᠤ ᠠᠵᠢᠯ᠎ᠢ ᠭᠦᠢ᠍ᠴᠡᠳᠬᠡᠵᠦ᠂ ᠲᠡᠮᠳᠡᠭᠲᠦ ᠡᠵᠡᠮᠰᠢᠭᠴᠢ ᠵᠢᠨ ᠨᠡᠷᠡᠰ᠎ᠤᠨ ᠳᠠᠩᠰᠠ ᠪᠠ ᠳᠠᠩᠰᠠᠯᠠᠭᠤᠯᠤᠭᠰᠠᠨ ᠨᠡᠷ᠎ᠡ᠎ᠪᠠᠨ ᠬᠠᠯᠠᠭᠰᠠᠨ ᠡᠷᠦᠭᠡ ᠰᠣᠯᠢᠭᠰᠠᠨ ᠲᠡᠮᠳᠡᠭᠯᠡᠯ᠎ᠤᠨ ᠦᠨᠡᠨ ᠪᠣᠳᠠᠲᠠᠢ᠂ ᠵᠥᠪ ᠣᠨᠣᠪᠴᠢᠲᠠᠶ᠂ ᠪᠦᠷᠢᠨ ᠪᠦᠲᠦᠨ ᠪᠠᠢ᠌ᠬᠤ ᠂ ᠲᠡᠮᠳᠡᠭᠲᠦ ᠪᠠ ᠪᠡᠯᠡ ᠮᠥᠩᠭᠥ ᠵᠢ ᠨᠠᠷᠢᠪᠴᠢᠯᠠᠨ ᠲᠣᠭ᠋ᠠᠴᠠᠭ᠋ᠠᠯᠠᠵᠤ ᠲᠤᠰᠢᠶᠠᠬᠤ ᠬᠤᠷᠢᠶᠠᠬᠤ ᠠᠵᠢᠯ᠎ᠤᠨ ᠡᠮᠬᠢ ᠵᠢᠷᠤᠮ᠎ᠲᠠᠢ ᠶᠠᠪᠤᠭᠳᠠᠬᠤ ᠵᠢ ᠪᠠᠲᠤᠯᠠᠬᠤ ᠬᠡᠷᠡᠭᠲᠡᠢ᠃ ᠲᠡᠡᠭᠰᠡᠯᠡᠵᠦ ᠳ᠋ᠦᠩᠨᠡᠨ ᠪᠤᠳᠦᠬᠤ ᠪᠠᠢ᠌ᠭᠤᠯᠤᠮᠵᠢ᠎ᠨᠢ ᠪᠡᠯᠡ ᠣᠷᠣᠭᠤᠯᠤᠭᠴᠢ ᠵᠢᠨ ᠲᠡᠮᠳᠡᠭᠲᠦ ᠵᠢ ᠨᠡᠭᠦᠯᠭᠡᠨ ᠬᠡᠷᠡᠭᠯᠡᠵᠦ ᠪᠣᠯᠬᠤ ᠦᠭᠡᠢ᠃
ᠲᠡᠡᠭᠰᠡᠯᠡᠵᠦ ᠳ᠋ᠦᠩᠨᠡᠨ ᠪᠤᠳᠦᠬᠤ ᠪᠠᠢ᠌ᠭᠤᠯᠤᠮᠵᠢ᠎ᠨᠢ ᠳᠤᠮᠳᠠᠳᠤ ᠤᠯᠤᠰ᠎ᠤᠨ ᠲᠡᠮᠳᠡᠭᠲᠦ ᠵᠢᠨ ᠲᠡᠡᠭᠰᠡᠯᠡᠵᠦ ᠳ᠋ᠦᠩᠨᠡᠨ ᠪᠤᠳᠦᠬᠤ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ᠎ᠯᠤᠭ᠎ᠠ ᠲᠡᠮᠳᠡᠭᠲᠦ ᠵᠢᠨ ᠳᠠᠩᠰᠠᠨ ᠡᠷᠦᠬᠡ ᠵᠢ ᠵᠣᠯᠭ᠋ᠠᠭᠤᠯᠬᠤ ᠲᠣᠭᠲᠠᠴᠠ ᠵᠢ ᠠᠯᠬᠤᠮ ᠠᠯᠬᠤᠮ ᠵᠶ᠋ᠠᠷ ᠪᠠᠢ᠌ᠭᠤᠯᠵᠤ᠂ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠤᠨ ᠲᠡᠮᠳᠡᠭᠲᠦ ᠵᠢᠨ ᠳᠠᠩᠰᠠᠨ ᠡᠷᠦᠬᠡ ᠵᠢ ᠬᠥᠷᠥᠩᠭᠡ ᠵᠢᠨ ᠵᠠᠬ᠎ᠠ ᠳᠡᠯᠭᠡᠭᠦᠷ᠎ᠤᠨ ᠨᠢᠭᠡᠳᠦᠯᠲᠡᠢ ᠲᠡᠮᠳᠡᠭᠲᠦ ᠵᠢᠨ ᠳᠠᠩᠰᠠᠨ ᠡᠷᠦᠬᠡ ᠵᠢᠨ ᠲᠣᠭᠲᠠᠯᠴᠠᠭ᠎ᠠ᠎ᠳᠤ ᠣᠷᠣᠭᠤᠯᠬᠤ ᠬᠡᠷᠡᠭᠲᠡᠢ᠃
ᠲᠡᠡᠭᠰᠡᠯᠡᠵᠦ ᠳ᠋ᠦᠩᠨᠡᠨ ᠪᠤᠳᠦᠬᠤ ᠪᠠᠢ᠌ᠭᠤᠯᠤᠮᠵᠢ᠎ᠨᠢ ᠡᠷᠬᠡᠪᠰᠢ ᠪᠦᠷᠢᠯᠳᠦᠭᠦᠯᠬᠦ ᠴᠢᠬᠤᠯᠠᠲᠠᠢ ᠮᠡᠳᠡᠭᠡ ᠵᠠᠩᠭᠢ ᠵᠢᠨ ᠰᠢᠰᠲ᠋ᠧᠮ᠎ᠤᠨ ᠵᠥᠭᠡᠯᠡᠨ ᠬᠠᠲᠠᠭᠤ ᠲᠤᠨᠦᠬ ᠲᠥᠬᠦᠭᠡᠷᠦᠮᠵᠢ᠎ᠲᠠᠢ᠂ ᠳ᠋ᠠᠢ᠌ᠲ᠋ᠠ ᠵᠢᠨ ᠠᠮᠤᠷ ᠲᠦᠪᠰᠢᠨ᠎ᠢ ᠬᠠᠮᠠᠭ᠋ᠠᠯᠠᠬᠤ ᠪᠠ ᠳ᠋ᠠᠢ᠌ᠲ᠋ᠠ ᠵᠢ ᠨᠥᠭᠡᠴᠡᠯᠡᠬᠦ ᠪᠦᠷᠢᠨ ᠪᠦᠲᠦᠨ ᠠᠷᠭ᠎ᠠ ᠬᠡᠮᠵᠢᠶ᠎ᠡ᠎ᠲᠠᠢ ᠪᠠᠢ᠌ᠵᠤ᠂ ᠲᠡᠮᠳᠡᠭᠲᠦ ᠵᠢ ᠳᠠᠩᠰᠠᠯᠠᠬᠤ᠂ ᠳ᠋ᠦᠩᠨᠡᠨ ᠪᠤᠳᠦᠬᠤ ᠵᠡᠷᠭᠡ ᠲᠤᠰᠢᠶᠠᠬᠤ ᠬᠤᠷᠢᠶᠠᠬᠤ ᠮᠠᠲ᠋ᠧᠷᠢᠶᠠᠯ ᠪᠠ ᠮᠡᠳᠡᠭᠡ ᠵᠠᠩᠭᠢ ᠵᠢᠨ ᠰᠢᠰᠲ᠋ᠧᠮ᠎ᠤᠨ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠬᠡᠷᠡᠭᠲᠡᠢ᠃ ᠲᠣᠰ ᠪᠠᠢ᠌ᠭᠤᠯᠤᠮᠵᠢ ᠵᠢᠨ ᠵᠶ᠋ᠠᠨ ᠲᠤᠬᠠᠢ᠌ᠯᠠᠭᠰᠠᠨ ᠠᠵᠢᠯ᠂ ᠡᠳ᠋᠎ᠤᠨ ᠶᠠᠪᠤᠳᠠᠯ ᠪᠠ ᠠᠮᠤᠷ ᠲᠦᠪᠰᠢᠨ᠎ᠤ ᠰᠡᠷᠭᠡᠢ᠌ᠯᠡᠯᠲᠡ ᠵᠡᠷᠭᠡ ᠳᠣᠲᠣᠭ᠋ᠠᠳᠤ ᠵᠢᠨ ᠬᠠᠮᠢᠶᠠᠷᠤᠯᠲᠠ ᠵᠢᠨ ᠳᠦᠷᠢᠮ ᠪᠠ ᠠᠵᠢᠯ᠎ᠤᠨ ᠳᠡᠰ ᠳᠠᠷᠠᠭ᠋ᠠᠯᠠᠯ᠎ᠢ ᠪᠠᠢ᠌ᠭᠤᠯᠤᠨ ᠪᠦᠷᠢᠨᠰᠢᠭᠦᠯᠬᠦ ᠵᠢᠨ ᠬᠠᠮᠲᠤ᠂ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠥᠪᠥᠷ ᠮᠣᠩᠭᠣᠯ᠎ᠤᠨ ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠳᠤ ᠮᠡᠳᠡᠭᠦᠯᠦᠨ ᠬᠦᠷᠭᠡᠵᠦ ᠪᠦᠷᠢᠳᠬᠡᠨ ᠳᠠᠩᠰᠠᠯᠠᠭᠤᠯᠬᠤ ᠬᠡᠷᠡᠭᠲᠡᠢ᠃
ᠭᠤᠴᠢ ᠶᠢᠰᠦᠳᠦᠭᠡᠷ ᠵᠦᠢ᠍ᠯ ᠠᠵᠢᠯᠯᠠᠨ ᠡᠵᠡᠩᠨᠡᠬᠦ ᠪᠠᠢ᠌ᠭᠤᠯᠤᠮᠵᠢ᠎ᠠᠴᠠ ᠵᠠᠬ᠎ᠠ᠎ᠳᠤ ᠥᠯᠥ ᠭᠠᠷᠤᠭᠰᠠᠨ ᠺᠣᠮᠫᠠᠨᠢ ᠵᠢᠨ ᠬᠣᠪᠢᠴᠠᠭ᠎ᠠ (ᠰᠲ᠋ᠣᠺ᠎ᠤᠨ ᠡᠷᠬᠡ) ᠵᠢ ᠬᠤᠪᠢᠷᠠᠭᠤᠯᠬᠤ᠂ ᠳᠠᠨᠵᠢᠯᠠᠬᠤ ᠵᠡᠷᠭᠡ ᠳᠠᠩᠰᠠᠯᠠᠭᠤᠯᠬᠤ ᠵᠢ ᠨᠠᠢ᠌ᠳᠠᠨ ᠬᠠᠮᠢᠶᠠᠷᠤᠭᠤᠯᠬᠤ ᠲᠤᠬᠠᠢ᠌ᠯᠠᠭᠰᠠᠨ ᠠᠵᠢᠯ᠎ᠢ ᠯᠡ ᠭᠦᠢ᠍ᠴᠡᠳᠬᠡᠬᠦ ᠬᠠᠮᠢᠶ᠎ᠠ ᠪᠦᠬᠦᠢ ᠡᠷᠬᠡ ᠠᠰᠢᠭ᠎ᠲᠤ ᠬᠥᠮᠥᠨ᠎ᠳᠤ ᠪᠠᠢ᠌ᠭᠤᠯᠤᠭᠰᠠᠨ ᠳᠠᠩᠰᠠᠯᠠᠭᠤᠯᠬᠤ ᠵᠢ ᠨᠠᠢ᠌ᠳᠠᠨ ᠬᠠᠮᠢᠶᠠᠷᠤᠭᠤᠯᠬᠤ ᠳᠠᠩᠰᠠᠨ ᠡᠷᠦᠬᠡ ᠵᠢ ᠪᠣᠯ ᠬᠢᠷᠢ ᠲᠡᠩᠴᠡᠭᠰᠡᠨ ᠪᠡᠯᠡ ᠣᠷᠣᠭᠤᠯᠤᠭᠴᠢ ᠵᠢᠨ ᠲᠠᠨᠭ᠌ᠰᠠᠨ ᠡᠷᠦᠭᠡᠯᠦᠭᠡ ᠢᠯᠭ᠋ᠠᠨ ᠬᠠᠮᠢᠶᠠᠷᠬᠤ ᠬᠡᠷᠡᠭᠲᠡᠢ᠂ ᠲᠤᠰ ᠲᠦᠷᠦᠯ᠎ᠤᠨ ᠲᠠᠨᠭ᠌ᠰᠠᠨ ᠡᠷᠦᠭᠡ ᠵᠢᠨ ᠡᠵᠡᠮᠰᠢᠭᠴᠢ᠎ᠨᠢ ᠬᠢᠷᠢ ᠲᠡᠩᠴᠡᠭᠰᠡᠨ ᠪᠡᠯᠡ ᠣᠷᠣᠭᠤᠯᠤᠭᠴᠢ᠎ᠪᠠᠷ ᠮᠠᠭ᠋ᠠᠳᠯᠠᠨ ᠲᠣᠭᠲᠠᠭ᠋ᠠᠭᠳᠠᠬᠤᠠᠴᠠ ᠡᠮᠦᠨ᠎ᠡ᠂ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠲᠠᠬᠢ ᠲᠡᠮᠳᠡᠭᠲᠦ ᠵᠢ ᠲᠠᠷᠬᠠᠭ᠋ᠠᠬᠤ᠂ ᠰᠢᠯᠵᠢᠭᠦᠯᠦᠨ ᠥᠭᠬᠦ ᠬᠠᠮᠢᠶ᠎ᠠ ᠪᠦᠬᠦᠢ ᠠᠵᠢᠯᠯᠠᠭ᠎ᠠ᠎ᠳᠤ ᠣᠷᠣᠯᠴᠠᠵᠤ ᠪᠣᠯᠬᠤ ᠦᠭᠡᠢ᠃
ᠳᠥᠴᠢᠳᠦᠭᠡᠷ ᠵᠦᠢ᠍ᠯ ᠠᠵᠢᠯᠯᠠᠨ ᠡᠵᠡᠩᠨᠡᠬᠦ ᠪᠠᠢ᠌ᠭᠤᠯᠤᠮᠵᠢ ᠶᠠᠮᠠᠷᠪᠠ ᠨᠢᠭᠡᠴᠢ ᠪᠠ ᠬᠤᠪᠢ ᠬᠥᠮᠥᠨ᠎ᠤ ᠲᠡᠮᠳᠡᠭᠲᠦ ᠡᠵᠡᠮᠰᠢᠭᠴᠢ ᠵᠢᠨ ᠨᠡᠷᠡᠰ᠎ᠤᠨ ᠳᠠᠩᠰᠠ ᠵᠢᠴᠢ ᠲᠡᠭᠦᠨ᠎ᠤ ᠬᠠᠮᠢᠶ᠎ᠠ ᠪᠦᠬᠦᠢ ᠮᠠᠲ᠋ᠧᠷᠢᠶᠠᠯ᠎ᠢ ᠪᠠᠢ᠌ᠴᠠᠭ᠋ᠠᠨ ᠯᠠᠪᠯᠠᠬᠤ ᠵᠢ᠎ᠨᠢ ᠲᠡᠪᠴᠢᠬᠦ ᠡᠷᠬᠡ᠎ᠲᠠᠢ᠂ ᠭᠡᠪᠡᠴᠦ ᠳᠣᠣᠷ᠎ᠠ ᠵᠢᠭᠰᠠᠭ᠋ᠠᠭᠰᠠᠨ ᠪᠠᠢ᠌ᠳᠠᠯ ᠡᠭᠦᠨ᠎ᠳᠤ ᠪᠠᠭᠲᠠᠬᠤ ᠦᠭᠡᠢ᠄
(ᠨᠢᠭᠡ) ᠲᠡᠮᠳᠡᠭᠲᠦ ᠡᠵᠡᠮᠰᠢᠭᠴᠢ ᠲᠤᠰ ᠬᠥᠮᠥᠨ ᠪᠤᠶᠤ ᠠᠯᠪᠠᠨ ᠭᠡᠷᠡᠴᠢᠯᠡᠭᠡ ᠬᠢᠭᠰᠡᠨ ᠨᠠᠶ᠋ᠢᠳᠠᠯᠭ᠎ᠠ ᠬᠦᠯᠢᠶᠡᠭᠴᠢ᠎ᠳᠤ ᠨᠠᠢ᠌ᠳᠠᠵᠤ ᠪᠠᠢ᠌ᠴᠠᠭ᠋ᠠᠨ ᠯᠠᠪᠯᠠᠭᠤᠯᠬᠤ;
(ᠬᠣᠶᠠᠷ) ᠲᠡᠮᠳᠡᠭᠲᠦ ᠲᠠᠷᠬᠠᠭ᠋ᠠᠭᠴᠢ᠎ᠳᠤ ᠲᠡᠮᠳᠡᠭᠲᠦ ᠡᠵᠡᠮᠰᠢᠭᠴᠢ ᠵᠢᠨ ᠨᠡᠷᠡᠰ᠎ᠤᠨ ᠳᠠᠩᠰᠠ ᠵᠢᠴᠢ ᠪᠤᠰᠤᠳ ᠬᠣᠯᠪᠣᠭᠳᠠᠯ ᠪᠦᠬᠦᠢ ᠮᠠᠲ᠋ᠧᠷᠢᠶᠠᠯ᠎ᠢ ᠬᠠᠤᠯᠢ ᠶᠣᠰᠣᠭ᠋ᠠᠷ ᠬᠠᠩᠭ᠋ᠠᠬᠤ;
(ᠭᠤᠷᠪᠠ) ᠠᠷᠠᠳ᠎ᠤᠨ ᠰᠢᠭᠦᠬᠦ ᠬᠣᠷᠢᠶ᠎ᠠ᠂ ᠠᠷᠠᠳ᠎ᠤᠨ ᠪᠠᠢ᠌ᠴᠠᠭ᠋ᠠᠬᠤ ᠬᠣᠷᠢᠶ᠎ᠠ ᠵᠢᠴᠢ ᠪᠤᠰᠤᠳ ᠲᠥᠷᠥ ᠵᠢᠨ ᠪᠠᠢ᠌ᠭᠤᠯᠭ᠎ᠠ ᠵᠢᠨ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠤᠨ ᠲᠣᠭᠲᠠᠭ᠋ᠠᠯ ᠪᠣᠯᠣᠨ ᠵᠢᠷᠤᠮ ᠵᠶ᠋ᠠᠷ ᠪᠠᠢ᠌ᠴᠠᠭ᠋ᠠᠨ ᠯᠠᠪᠯᠠᠬᠤ ᠪᠠ ᠭᠡᠷᠡᠴᠢ ᠠᠪᠬᠤ;
(ᠳᠥᠷᠪᠡ) ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠲᠣᠭᠲᠠᠭ᠋ᠠᠯ ᠳᠦᠷᠢᠮ᠎ᠳᠤ ᠲᠣᠭᠲᠠᠭ᠋ᠠᠭᠰᠠᠨ ᠪᠤᠰᠤᠳ ᠪᠠᠢ᠌ᠳᠠᠯ᠎ᠤᠳ᠃
ᠲᠠᠪᠤᠳᠤᠭ᠋ᠠᠷ ᠪᠦᠯᠦᠭ ᠲᠦᠭᠰᠢᠭᠦᠷᠢ ᠵᠢ ᠰᠡᠷᠭᠡᠢ᠌ᠯᠡᠬᠦ ᠬᠢᠭᠡᠳ ᠰᠢᠢ᠍ᠳᠪᠦᠷᠢᠯᠡᠬᠦ
ᠳᠥᠴᠢᠨ ᠨᠢᠭᠡᠳᠦᠭᠡᠷ ᠵᠦᠢ᠍ᠯ ᠠᠵᠢᠯᠯᠠᠨ ᠡᠵᠡᠩᠨᠡᠬᠦ ᠪᠠᠢ᠌ᠭᠤᠯᠤᠮᠵᠢ᠂ ᠲᠡᠮᠳᠡᠭᠲᠦ ᠲᠠᠷᠬᠠᠭ᠋ᠠᠭᠴᠢ᠂ ᠵᠠᠭᠤᠴᠢ ᠪᠠᠢ᠌ᠭᠤᠯᠤᠮᠵᠢ᠎ᠨᠢ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠲᠤ ᠣᠷᠣᠯᠴᠠᠭᠰᠠᠳᠲᠠᠬᠢ ᠵᠣᠬᠢᠰᠲᠠᠢ ᠬᠠᠮᠢᠶᠠᠷᠤᠯᠲᠠ᠎ᠪᠠᠨ ᠴᠢᠩᠭ᠋ᠠᠳᠬᠠᠵᠤ᠂ ᠪᠣᠯᠪᠠᠰᠤᠷᠠᠯ ᠬᠢᠬᠦ᠂ ᠲᠦᠭᠰᠢᠭᠦᠷᠢ ᠵᠢ ᠰᠠᠨᠠᠭᠤᠯᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠲᠦᠭᠰᠢᠭᠦᠷᠢ ᠵᠢᠨ ᠬᠥᠮᠦᠵᠢᠯ ᠥᠷᠨᠢᠭᠦᠯᠵᠦ᠂ ᠪᠡᠯᠡ ᠣᠷᠣᠭᠤᠯᠤᠭᠴᠢᠳ᠎ᠤᠨ ᠲᠦᠭᠰᠢᠭᠦᠷᠢ ᠵᠢᠨ ᠤᠬᠠᠮᠰᠠᠷ᠎ᠢ᠎ᠨᠢ ᠳᠡᠭᠡᠭᠰᠢᠯᠡᠭᠦᠯᠬᠦ ᠬᠡᠷᠡᠭᠲᠡᠢ᠃
ᠳᠥᠴᠢᠨ ᠬᠣᠶᠠᠳᠤᠭ᠋ᠠᠷ ᠵᠦᠢ᠍ᠯ ᠠᠵᠢᠯᠯᠠᠨ ᠡᠵᠡᠩᠨᠡᠬᠦ ᠪᠠᠢ᠌ᠭᠤᠯᠤᠮᠵᠢ᠎ᠨᠢ ᠲᠦᠭᠰᠢᠭᠦᠷᠢ ᠵᠢ ᠰᠡᠷᠭᠡᠢ᠌ᠯᠡᠬᠦ ᠵᠢᠴᠢ ᠪᠠᠴᠢᠮ ᠪᠠᠢ᠌ᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠪᠡᠯᠡᠳᠬᠡᠯ ᠲᠥᠰᠥᠯ ᠲᠣᠭᠲᠠᠭ᠋ᠠᠵᠤ᠂ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠤᠨ ᠲᠦᠭᠰᠢᠭᠦᠷᠢ ᠵᠢᠨ ᠵᠦᠢ᠍ᠯᠡᠰ᠎ᠢ ᠬᠢᠨᠠᠨ ᠰᠢᠨᠵᠢᠬᠦ᠂ ᠦᠨᠡᠯᠡᠨ ᠵᠢᠱ᠌ᠢᠬᠦ᠂ ᠰᠡᠷᠡᠮᠵᠢᠯᠡᠭᠦᠯᠬᠦ ᠪᠠ ᠬᠣᠯᠪᠣᠭᠳᠠᠯ ᠪᠦᠬᠦᠢ ᠰᠢᠢ᠍ᠳᠪᠦᠷᠢᠯᠡᠬᠦ ᠠᠷᠭ᠎ᠠ ᠬᠡᠮᠵᠢᠶ᠎ᠡ ᠠᠪᠴᠤ᠂ ᠵᠠᠬ᠎ᠠ ᠳᠡᠯᠭᠡᠭᠦᠷ᠎ᠤᠨ ᠲᠦᠭᠰᠢᠭᠦᠷᠢ ᠵᠢ ᠰᠡᠷᠭᠡᠢ᠌ᠯᠡᠬᠦ ᠪᠠ ᠠᠷᠢᠯᠭ᠋ᠠᠬᠤ ᠬᠡᠷᠡᠭᠲᠡᠢ᠃ ᠲᠦᠭᠰᠢᠭᠦᠷᠢ ᠵᠢ ᠰᠡᠷᠭᠡᠢ᠌ᠯᠡᠬᠦ ᠵᠢᠴᠢ ᠪᠠᠴᠢᠮ ᠪᠠᠢ᠌ᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠠᠷᠭ᠎ᠠ ᠵᠢ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠥᠪᠥᠷ ᠮᠣᠩᠭᠣᠯ᠎ᠤᠨ ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠳᠤ ᠮᠡᠳᠡᠭᠦᠯᠦᠨ ᠬᠦᠷᠭᠡᠵᠦ ᠪᠦᠷᠢᠳᠬᠡᠨ ᠳᠠᠩᠰᠠᠯᠠᠭᠤᠯᠬᠤ ᠬᠡᠷᠡᠭᠲᠡᠢ᠃
ᠳᠥᠴᠢᠨ ᠭᠤᠷᠪᠠᠳᠤᠭ᠋ᠠᠷ ᠵᠦᠢ᠍ᠯ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠤᠨ ᠠᠮᠤᠷ ᠲᠣᠭᠲᠠᠭᠤᠨ ᠵᠶ᠋ᠠᠷ ᠠᠵᠢᠯᠯᠠᠬᠤ ᠵᠢ ᠨᠥᠯᠥᠭᠡᠯᠡᠬᠦ ᠪᠤᠶᠤ ᠨᠥᠯᠥᠭᠡᠯᠡᠵᠦ ᠮᠡᠳᠡᠬᠦ᠂ ᠪᠡᠯᠡ ᠣᠷᠣᠭᠤᠯᠤᠭᠴᠢᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠬᠣᠬᠢᠷᠠᠭᠤᠯᠬᠤ ᠬᠦᠨᠳᠦ ᠶᠡᠬᠡ ᠲᠦᠭᠰᠢᠭᠦᠷᠢ ᠵᠢᠨ ᠬᠡᠷᠡᠭ ᠭᠠᠷᠤᠭᠰᠠᠨ ᠦᠶ᠎ᠡ᠎ᠳᠤ᠂ ᠠᠵᠢᠯᠯᠠᠨ ᠡᠵᠡᠩᠨᠡᠬᠦ ᠪᠠᠢ᠌ᠭᠤᠯᠤᠮᠵᠢ᠎ᠨᠢ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠥᠪᠥᠷ ᠮᠣᠩᠭᠣᠯ᠎ᠤᠨ ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠳᠤ ᠳᠠᠷᠤᠢ᠌ᠬᠠᠨ ᠮᠡᠳᠡᠭᠦᠯᠵᠦ᠂ ᠬᠡᠷᠡᠭ᠎ᠤᠨ ᠡᠭᠦᠰᠦᠭᠰᠡᠨ ᠰᠢᠯᠲᠠᠭ᠋ᠠᠨ᠂ ᠣᠳᠣᠬᠠᠨ᠎ᠤ ᠪᠠᠢ᠌ᠳᠠᠯ᠂ ᠡᠭᠦᠰᠴᠦ ᠮᠡᠳᠡᠬᠦ ᠦᠷ᠎ᠡ ᠳ᠋ᠦᠩ᠂ ᠨᠢᠭᠡᠨᠲᠡ ᠠᠪᠤᠭᠰᠠᠨ ᠪᠠ ᠠᠪᠬᠤ᠎ᠪᠠᠷ ᠪᠠᠢ᠌ᠭ᠎ᠠ ᠵᠣᠬᠢᠬᠤ ᠠᠷᠭ᠎ᠠ ᠬᠡᠮᠵᠢᠶ᠎ᠡ ᠵᠢ ᠲᠣᠳᠣᠷᠬᠠᠢ᠌ᠯᠠᠬᠤ ᠬᠡᠷᠡᠭᠲᠡᠢ᠃
ᠬᠦᠨᠳᠦ ᠶᠡᠬᠡ ᠲᠦᠭᠰᠢᠭᠦᠷᠢ ᠵᠢᠨ ᠬᠡᠷᠡᠭ᠎ᠲᠤ᠄
(ᠨᠢᠭᠡ) ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠤᠨ ᠵᠠᠷᠤᠴᠠᠭᠤᠯᠤᠭ᠎ᠠ ᠵᠢᠨ ᠲᠦᠭᠰᠢᠭᠦᠷᠢ ᠪᠤᠶᠤ ᠥᠷᠢ ᠲᠥᠯᠥᠬᠦ ᠴᠢᠳᠠᠪᠤᠷᠢ᠎ᠨᠢ ᠬᠦᠨᠳᠦ ᠨᠣᠴᠢᠲᠠᠢ ᠬᠡᠴᠡᠭᠦᠳᠡᠨ ᠮᠠᠭᠤᠳᠠᠵᠤ᠂ ᠠᠵᠢᠯᠯᠠᠨ ᠡᠵᠡᠩᠨᠡᠬᠦ ᠪᠠᠢ᠌ᠭᠤᠯᠤᠮᠵᠢ ᠵᠢ ᠳᠠᠮᠫᠤᠷᠠᠭᠤᠯᠬᠤ᠎ᠳᠤ ᠬᠦᠷᠦᠭᠦᠯᠵᠦ ᠮᠡᠳᠡᠬᠦ ᠬᠡᠷᠡᠭ;
(ᠬᠣᠶᠠᠷ) ᠪᠡᠯᠡ ᠣᠷᠣᠭᠤᠯᠤᠭᠴᠢᠳ᠎ᠤᠨ ᠪᠡᠯᠡ ᠮᠥᠩᠭᠥ ᠵᠢ ᠬᠠᠳᠠᠭ᠋ᠠᠯᠠᠨ ᠲᠠᠯᠪᠢᠬᠤ᠂ ᠬᠡᠷᠡᠭᠯᠡᠭᠰᠡᠨ ᠪᠠᠢ᠌ᠳᠠᠯ ᠪᠤᠶᠤ ᠬᠤᠪᠢᠶᠠᠷᠢᠯᠠᠨ ᠰᠢᠯᠵᠢᠭᠦᠯᠦᠭᠰᠡᠨ ᠠᠷᠭ᠎ᠠ ᠵᠠᠮ᠎ᠨᠢ 《ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠤᠷᠰᠢᠨ ᠬᠡᠷᠡᠭᠵᠢᠭᠦᠯᠬᠦ ᠠᠷᠭ᠎ᠠ》 ᠪᠠ ᠲᠤᠰ ᠨᠠᠷᠢᠨ ᠳᠦᠷᠢᠮ᠎ᠤᠨ ᠲᠣᠭᠲᠠᠭ᠋ᠠᠯ᠎ᠳᠤ ᠦᠯᠦ ᠨᠡᠢ᠌ᠴᠡᠭᠰᠡᠨ;
(ᠭᠤᠷᠪᠠ) ᠲᠠᠷᠬᠠᠭ᠋ᠠᠭᠴᠢ᠎ᠳᠤ ᠰᠣᠯᠢᠵᠤ ᠥᠭᠬᠦ ᠵᠢᠨ ᠠᠷᠭ᠎ᠠ ᠦᠭᠡᠢ᠂ ᠳᠠᠮᠫᠤᠷᠠᠬᠤ ᠵᠡᠷᠭᠡ ᠪᠠᠢ᠌ᠳᠠᠯ ᠭᠠᠷᠤᠭᠰᠠᠨ᠎ᠤ ᠤᠯᠠᠮ᠎ᠠᠴᠠ ᠪᠡᠯᠡ ᠣᠷᠣᠭᠤᠯᠤᠭᠴᠢᠳ᠎ᠤᠨ ᠠᠰᠢᠭ ᠲᠤᠰᠠ᠎ᠳᠤ ᠬᠦᠨᠳᠦ ᠨᠣᠴᠢᠲᠠᠢ ᠬᠣᠬᠢᠷᠠᠯ ᠤᠴᠠᠷᠠᠭᠤᠯᠤᠭᠰᠠᠨ;
(ᠳᠥᠷᠪᠡ) ᠲᠡᠮᠳᠡᠭᠲᠦ ᠵᠢ ᠲᠠᠷᠬᠠᠭ᠋ᠠᠬᠤ ᠬᠢᠭᠡᠳ ᠰᠢᠯᠵᠢᠭᠦᠯᠦᠨ ᠥᠭᠬᠦ᠂ ᠳ᠋ᠦᠩᠨᠡᠨ ᠪᠤᠳᠦᠬᠤ ᠵᠢᠨ ᠬᠦᠨᠳᠦ ᠶᠡᠬᠡ ᠬᠡᠪ᠎ᠤᠨ ᠪᠤᠰᠤ ᠵᠦᠢ᠍ᠯᠡᠰ;
(ᠲᠠᠪᠤ) ᠠᠵᠢᠯᠯᠠᠨ ᠡᠵᠡᠩᠨᠡᠬᠦ ᠪᠠᠢ᠌ᠭᠤᠯᠤᠮᠵᠢ᠎ᠳᠤ ᠬᠣᠯᠪᠣᠭᠳᠠᠭᠰᠠᠨ ᠴᠢᠬᠤᠯᠠ ᠶᠡᠬᠡ ᠵᠠᠷᠭᠤ᠂ ᠬᠥᠨᠳᠡᠯᠡᠨ᠎ᠠᠴᠠ ᠲᠠᠰᠤᠯᠬᠤ; ᠠᠵᠢᠯᠯᠠᠨ ᠡᠵᠡᠩᠨᠡᠬᠦ ᠪᠠᠢ᠌ᠭᠤᠯᠤᠮᠵᠢ᠎ᠨᠢ ᠬᠠᠤᠯᠢ ᠲᠣᠭᠲᠠᠭ᠋ᠠᠯ᠎ᠢ ᠵᠥᠷᠢᠴᠡᠭᠰᠡᠨ ᠰᠡᠵᠢᠭᠯᠡᠯᠲᠡᠢ᠎ᠠᠴᠠ ᠪᠣᠯᠵᠤ ᠡᠷᠬᠡᠲᠦ ᠪᠠᠢ᠌ᠭᠤᠯᠭ᠎ᠠ᠎ᠳᠤ ᠪᠠᠢ᠌ᠴᠠᠭ᠋ᠠᠭᠳᠠᠭᠰᠠᠨ᠂ ᠡᠰᠡᠬᠦᠯ᠎ᠡ ᠡᠷᠡᠭᠦᠦ ᠵᠢᠨ ᠰᠢᠢ᠍ᠳᠬᠡᠯ᠂ ᠬᠦᠨᠳᠦ ᠶᠡᠬᠡ ᠵᠠᠰᠠᠭ ᠵᠠᠬᠢᠷᠭ᠋ᠠᠨ᠎ᠤ ᠰᠢᠢ᠍ᠳᠬᠡᠯ ᠣᠯᠣᠭᠰᠠᠨ;
(ᠵᠢᠷᠭᠤᠭ᠎ᠠ) ᠠᠵᠢᠯᠯᠠᠨ ᠡᠵᠡᠩᠨᠡᠬᠦ ᠪᠠᠢ᠌ᠭᠤᠯᠤᠮᠵᠢ ᠵᠢᠨ ᠬᠡᠷᠡᠭ ᠮᠡᠳᠡᠭᠴᠢ᠂ ᠳᠡᠭᠡᠳᠦ ᠵᠡᠷᠭᠡ ᠵᠢᠨ ᠬᠠᠮᠢᠶᠠᠷᠤᠯᠲᠠ ᠵᠢᠨ ᠠᠵᠢᠯᠲᠠᠨ ᠬᠠᠤᠯᠢ ᠲᠣᠭᠲᠠᠭ᠋ᠠᠯ᠎ᠢ ᠵᠥᠷᠢᠴᠡᠭᠰᠡᠨ ᠰᠡᠵᠢᠭᠯᠡᠯᠲᠡᠢ᠎ᠠᠴᠠ ᠪᠣᠯᠵᠤ ᠡᠷᠬᠡᠲᠦ ᠪᠠᠢ᠌ᠭᠤᠯᠭ᠎ᠠ᠎ᠳᠤ ᠪᠠᠢ᠌ᠴᠠᠭ᠋ᠠᠭᠳᠠᠭᠰᠠᠨ ᠪᠤᠶᠤ ᠠᠯᠪᠠᠳᠠᠯᠭ᠎ᠠ ᠵᠢᠨ ᠠᠷᠭ᠎ᠠ ᠬᠡᠮᠵᠢᠶ᠎ᠡ ᠠᠪᠤᠭᠰᠠᠨ;
(ᠲᠤᠯᠤᠭ᠎ᠠ) ᠪᠡᠯᠡ ᠣᠷᠣᠭᠤᠯᠤᠭᠴᠢᠳ᠎ᠤᠨ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠲᠤ ᠲᠡᠮᠳᠡᠭᠲᠦ ᠮᠠᠢ᠌ᠮᠠᠢ᠌ᠯᠠᠬᠤ ᠪᠡᠯᠡ ᠮᠥᠩᠭᠥ᠂ ᠪᠡᠯᠡ ᠣᠷᠣᠭᠤᠯᠤᠭᠴᠢᠳ᠎ᠤᠨ ᠲᠡᠮᠳᠡᠭᠲᠦ᠎ᠨᠢ ᠨᠡᠭᠦᠯᠭᠡᠨ ᠬᠡᠷᠡᠭᠯᠡᠭᠳᠡᠭᠰᠡᠨ;
(ᠨᠠᠢ᠍ᠮᠠ) ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠲᠤ ᠣᠷᠣᠯᠴᠠᠭᠰᠠᠳ ᠲᠣᠭᠲᠠᠭ᠋ᠠᠯ᠎ᠠᠴᠠ ᠵᠥᠷᠢᠴᠡᠨ ᠠᠵᠢᠯᠯᠠᠭᠰᠠᠨ ᠪᠤᠶᠤ ᠡᠵᠡᠩᠨᠡᠭᠰᠡᠨ᠎ᠠᠴᠠ ᠪᠣᠯᠵᠤ ᠪᠡᠯᠡ ᠣᠷᠣᠭᠤᠯᠤᠭᠴᠢ ᠪᠤᠶᠤ ᠵᠠᠬ᠎ᠠ ᠳᠡᠯᠭᠡᠭᠦᠷ᠎ᠤᠨ ᠠᠰᠢᠭ ᠲᠤᠰᠠ ᠵᠢ ᠬᠦᠨᠳᠦ ᠨᠣᠴᠢᠲᠠᠢ ᠬᠣᠬᠢᠷᠠᠭᠤᠯᠤᠭᠰᠠᠨ ᠬᠡᠷᠡᠭ ᠪᠠᠭᠲᠠᠨ᠎ᠠ᠃
ᠳᠥᠴᠢᠨ ᠳᠥᠷᠪᠡᠳᠦᠭᠡᠷ ᠵᠦᠢ᠍ᠯ ᠬᠦᠨᠳᠦ ᠶᠡᠬᠡ ᠲᠦᠭᠰᠢᠭᠦᠷᠢ ᠵᠢᠨ ᠬᠡᠷᠡᠭ ᠭᠠᠷᠤᠭᠰᠠᠨ ᠦᠶ᠎ᠡ᠎ᠳᠤ᠂ ᠠᠵᠢᠯᠯᠠᠨ ᠡᠵᠡᠩᠨᠡᠬᠦ ᠪᠠᠢ᠌ᠭᠤᠯᠤᠮᠵᠢ᠎ᠨᠢ ᠪᠡᠯᠡ ᠣᠷᠣᠭᠤᠯᠤᠭᠴᠢᠳᠢ ᠬᠠᠮᠠᠭ᠋ᠠᠯᠠᠬᠤ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠲᠥᠰᠥᠯ᠎ᠢ ᠡᠬᠢᠯᠡᠭᠦᠯᠦᠨ ᠬᠡᠷᠡᠭᠵᠢᠭᠦᠯᠵᠦ ᠪᠣᠯᠣᠨ᠎ᠠ᠂ ᠡᠭᠦᠨ᠎ᠳᠤ ᠪᠠᠭᠲᠠᠬᠤ ᠪᠣᠯᠪᠠᠴᠤ ᠬᠢᠵᠠᠭ᠋ᠠᠷᠯᠠᠭᠳᠠᠬᠤ ᠦᠭᠡᠢ᠎ᠨᠢ᠄
(ᠨᠢᠭᠡ) ᠲᠠᠷᠬᠠᠭ᠋ᠠᠭᠴᠢ ᠵᠢ ᠤᠷᠢᠳᠴᠢᠯᠠᠨ ᠡᠬᠡ ᠬᠦᠦ ᠮᠥᠩᠭᠥ᠎ᠲᠠᠢ᠎ᠨᠢ ᠪᠤᠴᠠᠭ᠋ᠠᠯᠭ᠋ᠠᠬᠤ᠎ᠪᠠᠷ ᠱᠠᠭ᠋ᠠᠷᠳᠠᠬᠤ;
(ᠬᠣᠶᠠᠷ) ᠲᠡᠮᠳᠡᠭᠲᠦ ᠵᠢ ᠲᠠᠷᠬᠠᠭ᠋ᠠᠬᠤ ᠪᠤᠶᠤ ᠠᠷᠠᠯᠵᠢᠶᠠᠯᠠᠬᠤ ᠵᠢ ᠲᠦᠷ ᠵᠣᠭᠰᠤᠭ᠋ᠠᠬᠤ;
(ᠭᠤᠷᠪᠠ) ᠪᠡᠯᠡ ᠮᠥᠩᠭᠥ ᠵᠢ ᠰᠢᠯᠵᠢᠭᠦᠯᠦᠨ ᠭᠠᠷᠭ᠋ᠠᠬᠤ ᠵᠢ ᠴᠠᠭ᠋ᠠᠵᠠᠯᠠᠬᠤ;
(ᠳᠥᠷᠪᠡ) ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠤ ᠮᠡᠳᠡᠭᠦᠯᠵᠦ᠂ ᠬᠠᠤᠯᠢ ᠵᠢ ᠵᠥᠷᠢᠴᠡᠵᠦ ᠶᠠᠯ᠎ᠠ ᠬᠢᠭᠰᠡᠨ᠎ᠳᠤ ᠰᠡᠵᠢᠭᠯᠡᠯᠲᠡᠢ ᠵᠢ᠎ᠨᠢ ᠬᠠᠤᠯᠢ ᠶᠣᠰᠣᠭ᠋ᠠᠷ ᠬᠠᠤᠯᠢ ᠴᠠᠭ᠋ᠠᠵᠠ ᠵᠢᠨ ᠪᠠᠢ᠌ᠭᠤᠯᠭ᠎ᠠ᠎ᠳᠤ ᠰᠢᠯᠵᠢᠭᠦᠯᠦᠨ ᠬᠦᠷᠭᠡᠬᠦ;
(ᠲᠠᠪᠤ) ᠪᠤᠰᠤᠳ ᠴᠢᠬᠤᠯᠠ ᠪᠦᠬᠦᠢ ᠠᠷᠭ᠎ᠠ ᠬᠡᠮᠵᠢᠶ᠎ᠡ᠃
ᠬᠦᠨᠳᠦ ᠶᠡᠬᠡ ᠲᠦᠭᠰᠢᠭᠦᠷᠢ ᠵᠢ ᠰᠢᠢ᠍ᠳᠪᠦᠷᠢᠯᠡᠬᠦ ᠶᠠᠪᠤᠴᠠ᠎ᠳᠤ᠂ ᠠᠵᠢᠯᠯᠠᠨ ᠡᠵᠡᠩᠨᠡᠬᠦ ᠪᠠᠢ᠌ᠭᠤᠯᠤᠮᠵᠢ᠎ᠨᠢ ᠮᠡᠳᠡᠭᠦᠯᠬᠦ ᠳᠦᠷᠢᠮ᠂ ᠨᠢᠭᠤᠴᠠ ᠵᠢ ᠬᠠᠮᠠᠭ᠋ᠠᠯᠠᠬᠤ ᠳᠦᠷᠢᠮ᠂ ᠮᠡᠳᠡᠭᠡ ᠵᠠᠩᠭᠢ ᠵᠢ ᠢᠯᠡ ᠨᠡᠢ᠌ᠲᠡᠯᠡᠬᠦ ᠪᠠ ᠪᠠᠲᠤᠯᠠᠭ᠎ᠠ ᠵᠢᠨ ᠠᠷᠭ᠎ᠠ ᠬᠡᠮᠵᠢᠶ᠎ᠡ ᠵᠢᠨ ᠱᠠᠭ᠋ᠠᠷᠳᠠᠯᠭ᠎ᠠ ᠵᠢ ᠵᠢᠷᠤᠮᠯᠠᠬᠤ ᠬᠡᠷᠡᠭᠲᠡᠢ᠃
ᠵᠢᠷᠭᠤᠳᠤᠭ᠋ᠠᠷ ᠪᠦᠯᠦᠭ ᠬᠢᠨᠠᠯᠲᠠ ᠬᠠᠮᠢᠶᠠᠷᠤᠯᠲᠠ
ᠳᠥᠴᠢᠨ ᠲᠠᠪᠤᠳᠤᠭ᠋ᠠᠷ ᠵᠦᠢ᠍ᠯ ᠠᠵᠢᠯᠯᠠᠨ ᠡᠵᠡᠩᠨᠡᠬᠦ ᠪᠠᠢ᠌ᠭᠤᠯᠤᠮᠵᠢ᠎ᠨᠢ ᠲᠣᠰ ᠨᠠᠷᠢᠨ ᠳᠦᠷᠢᠮ᠂ 《ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠤᠷᠰᠢᠨ ᠬᠡᠷᠡᠭᠵᠢᠭᠦᠯᠬᠦ ᠠᠷᠭ᠎ᠠ》 ᠪᠣᠯᠣᠨ ᠳᠤᠮᠳᠠᠳᠤ ᠤᠯᠤᠰ᠎ᠤᠨ ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ᠎ᠤᠨ 《ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠤᠨ ᠮᠡᠳᠡᠭᠡ ᠵᠠᠩᠭᠢ ᠵᠢ ᠮᠡᠳᠡᠭᠦᠯᠦᠨ ᠬᠦᠷᠭᠡᠬᠦ ᠵᠢᠯᠣᠭᠣᠳᠤᠮᠵᠢ》 ᠵᠢᠨ ᠱᠠᠭ᠋ᠠᠷᠳᠠᠯᠭ᠎ᠠ ᠶᠣᠰᠣᠭ᠋ᠠᠷ ᠮᠡᠳᠡᠭᠦᠯᠦᠨ ᠬᠦᠷᠭᠡᠬᠦ ᠮᠡᠳᠡᠭᠡ ᠵᠠᠩᠭᠢ ᠵᠢ ᠡᠷᠬᠡᠪᠰᠢ ᠦᠨᠡᠨ ᠪᠣᠳᠠᠲᠠᠢ᠂ ᠵᠥᠪ ᠣᠨᠣᠪᠴᠢᠲᠠᠶ᠂ ᠪᠦᠷᠢᠨ ᠪᠦᠲᠦᠨ᠂ ᠴᠠᠭ ᠲᠤᠬᠠᠢᠳᠤᠨᠢ ᠮᠡᠳᠡᠭᠦᠯᠵᠦ᠂ ᠭᠦᠢ᠍ᠴᠡᠳᠬᠡᠯ ᠲᠣᠭ᠎ᠠ᠂ ᠵᠠᠭᠪᠤᠷ᠂ ᠪᠦᠷᠢᠳᠬᠡᠬᠦ ᠠᠷᠭ᠎ᠠ᠎ᠨᠢ ᠵᠢᠷᠤᠮᠵᠢᠭᠤᠨ᠂ ᠨᠢᠭᠡᠳᠦᠯᠲᠡᠢ ᠪᠠᠢ᠌ᠬᠤ ᠬᠡᠷᠡᠭᠲᠡᠢ᠃
ᠠᠵᠢᠯᠯᠠᠨ ᠡᠵᠡᠩᠨᠡᠬᠦ ᠪᠠᠢ᠌ᠭᠤᠯᠤᠮᠵᠢ ᠵᠢᠨ ᠲᠣᠭᠲᠠᠭ᠋ᠠᠭᠰᠠᠨ᠂ ᠵᠠᠰᠠᠪᠤᠷᠢ ᠣᠷᠣᠭᠤᠯᠤᠭᠰᠠᠨ ᠲᠤᠬᠠᠢ᠌ᠯᠠᠭᠰᠠᠨ ᠠᠵᠢᠯ᠎ᠤᠨ ᠠᠵᠢᠯᠯᠠᠭ᠋ᠠᠨ᠎ᠤ ᠨᠠᠷᠢᠨ ᠳᠦᠷᠢᠮ ᠪᠠ ᠥᠪᠡᠷ᠎ᠢ᠎ᠪᠠᠨ ᠱᠠᠭ᠋ᠠᠷᠳᠠᠬᠤ ᠬᠠᠮᠢᠶᠠᠷᠤᠯᠲᠠ ᠵᠢᠨ ᠳᠦᠷᠢᠮ᠎ᠨᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠲᠣᠭᠲᠠᠭ᠋ᠠᠯ ᠳᠦᠷᠢᠮ ᠵᠡᠷᠭᠡ ᠵᠢᠨ ᠲᠣᠭᠲᠠᠭ᠋ᠠᠯ ᠳᠤ ᠨᠡᠢ᠌ᠴᠡᠭᠰᠡᠨ ᠪᠠᠢ᠌ᠬᠤ ᠵᠢᠨ ᠬᠠᠮᠲᠤ᠂ ᠲᠣᠭᠲᠠᠭ᠋ᠠᠭᠰᠠᠨ᠂ ᠵᠠᠰᠠᠪᠤᠷᠢ ᠣᠷᠣᠭᠤᠯᠤᠭᠰᠠᠨ ᠡᠳᠦᠷ᠎ᠠᠴᠠ ᠡᠬᠢᠯᠡᠨ 5 ᠠᠵᠢᠯᠯᠠᠬᠤ ᠡᠳᠦᠷ᠎ᠤᠨ ᠳᠣᠲᠣᠷ᠎ᠠ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠥᠪᠥᠷ ᠮᠣᠩᠭᠣᠯ᠎ᠤᠨ ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠳᠤ ᠮᠡᠳᠡᠭᠦᠯᠦᠨ ᠬᠦᠷᠭᠡᠵᠦ ᠪᠦᠷᠢᠳᠬᠡᠨ ᠳᠠᠩᠰᠠᠯᠠᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠥᠪᠥᠷ ᠮᠣᠩᠭᠣᠯ᠎ᠤᠨ ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠨᠢ ᠲᠤᠬᠠᠢ᠌ᠯᠠᠭᠰᠠᠨ ᠠᠵᠢᠯ᠎ᠤᠨ ᠠᠵᠢᠯᠯᠠᠭ᠋ᠠᠨ᠎ᠤ ᠨᠠᠷᠢᠨ ᠳᠦᠷᠢᠮ ᠪᠠ ᠥᠪᠡᠷ᠎ᠢ᠎ᠪᠠᠨ ᠱᠠᠭ᠋ᠠᠷᠳᠠᠬᠤ ᠬᠠᠮᠢᠶᠠᠷᠤᠯᠲᠠ ᠵᠢᠨ ᠳᠦᠷᠢᠮ᠎ᠨᠢ ᠬᠠᠮᠢᠶ᠎ᠠ ᠪᠦᠬᠦᠢ ᠲᠣᠭᠲᠠᠭ᠋ᠠᠯ᠎ᠠᠴᠠ ᠵᠥᠷᠢᠴᠡᠭᠰᠡᠨ᠎ᠢ ᠣᠯᠵᠤ ᠮᠡᠳᠡᠪᠡᠯ᠂ ᠲᠡᠭᠦᠨ᠎ᠢ ᠵᠠᠷᠯᠢᠭᠳᠠᠵᠤ ᠪᠠᠢ᠌ᠭ᠋ᠠᠳ ᠵᠠᠰᠠᠭᠤᠯᠬᠤ ᠬᠡᠷᠡᠭᠲᠡᠢ᠃
ᠳᠥᠴᠢᠨ ᠵᠢᠷᠭᠤᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠥᠪᠥᠷ ᠮᠣᠩᠭᠣᠯ᠎ᠤᠨ ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠨᠢ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠲᠤ ᠲᠤᠬᠠᠢ ᠵᠢᠨ ᠲᠠᠯᠠᠪᠠᠢ ᠵᠢᠨ ᠪᠠᠢ᠌ᠴᠠᠭ᠋ᠠᠯᠲᠠ ᠪᠠ ᠲᠤᠬᠠᠢ ᠵᠢᠨ ᠲᠠᠯᠠᠪᠠᠢ ᠵᠢᠨ ᠪᠤᠰᠤ ᠬᠢᠨᠠᠯᠲᠠ ᠬᠠᠮᠢᠶᠠᠷᠤᠯᠲᠠ ᠬᠢᠬᠦ᠎ᠳᠤ᠎ᠪᠠᠨ᠂ ᠳᠣᠣᠷᠠᠬᠢ ᠠᠷᠭ᠎ᠠ ᠬᠡᠮᠵᠢᠶ᠎ᠡ ᠵᠢ ᠠᠪᠴᠤ ᠪᠣᠯᠣᠨ᠎ᠠ᠄
(ᠨᠢᠭᠡ) ᠠᠵᠢᠯᠯᠠᠨ ᠡᠵᠡᠩᠨᠡᠬᠦ ᠪᠠᠢ᠌ᠭᠤᠯᠤᠮᠵᠢ᠂ ᠳᠡᠩᠰᠡᠯᠡᠵᠦ ᠳ᠋ᠦᠩᠨᠡᠨ ᠪᠤᠳᠤᠬᠤ ᠪᠠᠢ᠌ᠭᠤᠯᠤᠮᠵᠢ ᠪᠤᠶᠤ ᠬᠣᠯᠪᠣᠭᠳᠠᠯ ᠪᠦᠬᠦᠢ ᠣᠷᠣᠯᠴᠠᠭᠴᠢ ᠵᠢᠨ ᠠᠵᠢᠯᠯᠠᠬᠤ ᠲᠠᠯᠠᠪᠤᠷ ᠭᠠᠵᠠᠷ ᠪᠤᠶᠤ ᠡᠵᠡᠩᠨᠡᠯᠲᠡ ᠵᠢᠨ ᠲᠠᠯᠠᠪᠤᠷ ᠭᠠᠵᠠᠷ᠎ᠲᠤ ᠣᠷᠣᠵᠤ ᠪᠠᠢ᠌ᠴᠠᠭ᠋ᠠᠯᠲᠠ ᠬᠢᠬᠦ;
(ᠬᠣᠶᠠᠷ) ᠠᠵᠢᠯᠯᠠᠨ ᠡᠵᠡᠩᠨᠡᠬᠦ ᠪᠠᠢ᠌ᠭᠤᠯᠤᠮᠵᠢ ᠪᠤᠶᠤ ᠣᠷᠣᠯᠴᠠᠭᠴᠢ ᠵᠢᠨ ᠬᠠᠷᠢᠭᠤᠴᠠᠯᠭ᠋ᠠᠲᠠᠨ᠂ ᠠᠵᠢᠯᠲᠠᠳ᠎ᠠᠴᠠ ᠯᠠᠪᠯᠠᠨ ᠠᠰᠠᠭᠤᠵᠤ᠂ ᠲᠡᠳᠡᠨ᠎ᠢ ᠬᠣᠯᠪᠣᠭᠳᠠᠯ ᠪᠦᠬᠦᠢ ᠪᠠᠢ᠌ᠴᠠᠭ᠋ᠠᠯᠲᠠ ᠵᠢᠨ ᠵᠦᠢ᠍ᠯᠡᠰ᠎ᠤᠨ ᠲᠤᠬᠠᠢ ᠲᠣᠳᠣᠷᠬᠠᠢ᠌ᠯᠠᠯᠲᠠ ᠬᠢᠯᠭᠡᠬᠦ᠎ᠪᠠᠷ ᠱᠠᠭ᠋ᠠᠷᠳᠠᠬᠤ;
(ᠭᠤᠷᠪᠠ) ᠪᠠᠢ᠌ᠴᠠᠭ᠋ᠠᠯᠲᠠ ᠵᠢᠨ ᠵᠦᠢ᠍ᠯᠡᠰ᠎ᠲᠠᠢ ᠬᠣᠯᠪᠣᠭᠳᠠᠬᠤ ᠪᠢᠴᠢᠭ ᠮᠠᠲ᠋ᠧᠷᠢᠶᠠᠯ᠎ᠢ ᠪᠠᠢ᠌ᠴᠠᠭ᠋ᠠᠨ ᠦᠵᠡᠵᠦ ᠪᠠᠭᠤᠯᠭ᠋ᠠᠨ ᠠᠪᠴᠤ᠂ ᠰᠢᠯᠵᠢᠭᠦᠯᠬᠦ᠂ ᠨᠢᠭᠤᠨ ᠳᠠᠯᠳᠠᠯᠠᠬᠤ ᠪᠤᠶᠤ ᠡᠪᠳᠡᠨ ᠰᠦᠢ᠍ᠳᠬᠡᠵᠦ ᠮᠡᠳᠡᠬᠦ ᠪᠢᠴᠢᠭ ᠮᠠᠲ᠋ᠧᠷᠢᠶᠠᠯ᠂ ᠡᠯᠧᠺᠲᠷᠣᠨ ᠲᠥᠬᠦᠭᠡᠷᠦᠮᠵᠢ ᠵᠢ ᠪᠢᠲᠡᠭᠦᠮᠵᠢᠯᠡᠨ ᠬᠠᠳᠠᠭ᠋ᠠᠯᠠᠬᠤ;
(ᠳᠥᠷᠪᠡ) ᠠᠵᠢᠯᠯᠠᠨ ᠡᠵᠡᠩᠨᠡᠬᠦ ᠪᠠᠢ᠌ᠭᠤᠯᠤᠮᠵᠢ ᠪᠤᠶᠤ ᠬᠣᠯᠪᠣᠭᠳᠠᠯ ᠪᠦᠬᠦᠢ ᠣᠷᠣᠯᠴᠠᠭᠴᠢ ᠵᠢᠨ ᠮᠡᠳᠡᠭᠡ ᠵᠠᠩᠭᠢ ᠵᠢᠨ ᠰᠢᠰᠲ᠋ᠧᠮ᠎ᠢ ᠪᠠᠢ᠌ᠴᠠᠭ᠋ᠠᠵᠤ᠂ ᠬᠣᠯᠪᠣᠭᠳᠠᠯ ᠪᠦᠬᠦᠢ ᠳ᠋ᠠᠢ᠌ᠲ᠋ᠠ ᠮᠠᠲ᠋ᠧᠷᠢᠶᠠᠯ᠎ᠢ ᠪᠠᠭᠤᠯᠭ᠋ᠠᠨ ᠠᠪᠬᠤ;
(ᠲᠠᠪᠤ) ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠲᠣᠭᠲᠠᠭ᠋ᠠᠯ ᠳᠦᠷᠢᠮ ᠪᠠ ᠳᠤᠮᠳᠠᠳᠤ ᠤᠯᠤᠰ᠎ᠤᠨ ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ᠎ᠠᠴᠠ ᠲᠣᠭᠲᠠᠭ᠋ᠠᠭᠰᠠᠨ ᠪᠤᠰᠤᠳ ᠠᠷᠭ᠎ᠠ ᠬᠡᠮᠵᠢᠶ᠎ᠡ᠃
ᠳᠥᠴᠢᠨ ᠳᠣᠯᠣᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠥᠪᠥᠷ ᠮᠣᠩᠭᠣᠯ᠎ᠤᠨ ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠡᠭᠦᠷᠭᠡ ᠬᠠᠷᠢᠭᠤᠴᠠᠯᠭ᠎ᠠ᠎ᠪᠠᠨ ᠬᠠᠤᠯᠢ ᠶᠣᠰᠣᠭ᠋ᠠᠷ ᠭᠦᠢ᠍ᠴᠡᠳᠬᠡᠬᠦ᠎ᠳᠤ᠂ ᠪᠠᠢ᠌ᠴᠠᠭ᠋ᠠᠭᠳᠠᠬᠤ ᠨᠢᠭᠡᠴᠢ ᠪᠣᠯᠣᠨ ᠬᠤᠪᠢ ᠬᠥᠮᠥᠨ᠎ᠨᠢ ᠬᠠᠮᠵᠢᠯᠴᠠᠵᠤ ᠪᠠᠢ᠌ᠭ᠋ᠠᠳ᠂ ᠬᠣᠯᠪᠣᠭᠳᠠᠯ ᠪᠦᠬᠦᠢ ᠪᠢᠴᠢᠭ ᠮᠠᠲ᠋ᠧᠷᠢᠶᠠᠯ᠎ᠢ ᠦᠨᠡᠨ ᠮᠥᠨ ᠵᠶ᠋ᠡᠷ᠎ᠨᠢ ᠬᠠᠩᠭ᠋ᠠᠬᠤ ᠬᠡᠷᠡᠭᠲᠡᠢ᠂ ᠲᠡᠪᠴᠢᠬᠦ᠂ ᠬᠠᠷᠰᠢᠯᠠᠬᠤ ᠪᠠ ᠨᠢᠭᠤᠨ ᠳᠠᠯᠳᠠᠯᠠᠵᠤ ᠪᠣᠯᠬᠤ ᠦᠭᠡᠢ᠃
ᠳᠥᠴᠢᠨ ᠨᠠᠢ᠍ᠮᠠᠳᠤᠭ᠋ᠠᠷ ᠵᠦᠢ᠍ᠯ ᠥᠪᠥᠷ ᠮᠣᠩᠭᠣᠯ᠎ᠤᠨ ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠨᠢ ᠲᠣᠰ ᠨᠠᠷᠢᠨ ᠳᠦᠷᠢᠮ᠎ᠠᠴᠠ ᠵᠥᠷᠢᠴᠡᠭᠰᠡᠨ ᠠᠵᠢᠯᠯᠠᠭ᠎ᠠ ᠵᠢᠨ ᠰᠦᠪᠡᠭᠴᠢ ᠵᠢ ᠣᠯᠵᠤ ᠮᠡᠳᠡᠪᠡᠯ᠂ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠳᠤ ᠴᠠᠭ ᠲᠤᠬᠠᠢᠳᠤᠨᠢ ᠰᠢᠯᠵᠢᠭᠦᠯᠦᠨ ᠬᠦᠷᠭᠡᠵᠦ ᠰᠢᠢ᠍ᠳᠪᠦᠷᠢᠯᠡᠭᠦᠯᠬᠦ ᠬᠡᠷᠡᠭᠲᠡᠢ᠃
ᠳᠥᠴᠢ ᠶᠢᠰᠦᠳᠦᠭᠡᠷ ᠵᠦᠢ᠍ᠯ ᠠᠵᠢᠯᠯᠠᠨ ᠡᠵᠡᠩᠨᠡᠬᠦ ᠪᠠᠢ᠌ᠭᠤᠯᠤᠮᠵᠢ᠎ᠨᠢ ᠬᠠᠤᠯᠢ ᠲᠣᠭᠲᠠᠭ᠋ᠠᠯ᠎ᠠᠴᠠ ᠵᠥᠷᠢᠴᠡᠨ ᠡᠵᠡᠩᠨᠡᠭᠰᠡᠨ ᠪᠤᠶᠤ ᠬᠦᠨᠳᠦ ᠶᠡᠬᠡ ᠲᠦᠭᠰᠢᠭᠦᠷᠢ ᠭᠠᠷᠴᠤ᠂ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠤᠨ ᠡᠮᠬᠢ ᠳᠢᠭᠯᠢᠮ᠎ᠳᠤ ᠬᠦᠨᠳᠦ ᠨᠣᠴᠢᠲᠠᠢ ᠬᠣᠣᠷ ᠬᠥᠨᠥᠭᠡᠯ ᠤᠴᠠᠷᠠᠭᠤᠯᠵᠤ᠂ ᠪᠡᠯᠡ ᠣᠷᠣᠭᠤᠯᠤᠭᠴᠢᠳ᠎ᠤᠨ ᠠᠰᠢᠭ ᠲᠤᠰᠠ ᠵᠢ ᠬᠣᠬᠢᠷᠠᠭᠤᠯᠤᠭᠰᠠᠨ ᠪᠠᠢ᠌ᠪᠠᠯ᠂ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠠᠴᠠ ᠵᠠᠷᠯᠢᠭᠳᠠᠵᠤ ᠪᠠᠢ᠌ᠭ᠋ᠠᠳ ᠠᠵᠢᠯ᠎ᠢ᠎ᠨᠢ ᠵᠣᠭᠰᠣᠭ᠋ᠠᠨ ᠴᠡᠭᠴᠡᠯᠡᠭᠦᠯᠬᠦ ᠵᠢᠨ ᠬᠠᠮᠲᠤ ᠬᠣᠯᠪᠣᠭᠳᠠᠯ ᠪᠦᠬᠦᠢ ᠬᠠᠷᠢᠭᠤᠴᠠᠯᠭ᠋ᠠᠲᠠᠨ᠎ᠢ᠎ᠨᠢ ᠰᠣᠯᠢᠭᠤᠯᠬᠤ ᠬᠡᠷᠡᠭᠲᠡᠢ᠃
ᠲᠠᠪᠢᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠠᠴᠠ ᠠᠵᠢᠯᠯᠠᠨ ᠡᠵᠡᠩᠨᠡᠬᠦ ᠪᠠᠢ᠌ᠭᠤᠯᠤᠮᠵᠢ᠂ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠤᠨ ᠬᠣᠯᠪᠣᠭᠳᠠᠯ ᠪᠦᠬᠦᠢ ᠣᠷᠣᠯᠴᠠᠭᠴᠢ ᠵᠢᠴᠢ ᠬᠠᠮᠢᠶ᠎ᠠ ᠪᠦᠬᠦᠢ ᠬᠥᠮᠥᠰ᠎ᠲᠤ 《ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠤᠷᠰᠢᠨ ᠬᠡᠷᠡᠭᠵᠢᠭᠦᠯᠬᠦ ᠠᠷᠭ᠎ᠠ》 ᠪᠠ ᠲᠣᠰ ᠨᠠᠷᠢᠨ ᠳᠦᠷᠢᠮ᠎ᠠᠴᠠ ᠵᠥᠷᠢᠴᠡᠭᠰᠡᠨ ᠦᠢᠯᠡ ᠠᠵᠢᠯᠯᠠᠭ᠎ᠠ ᠣᠷᠣᠰᠢᠵᠤ ᠪᠠᠢ᠌ᠬᠤ ᠵᠢ ᠣᠯᠵᠤ ᠮᠡᠳᠡᠪᠡᠯ᠂ ᠬᠠᠤᠯᠢ ᠲᠣᠭᠲᠠᠭ᠋ᠠᠯ ᠶᠣᠰᠣᠭ᠋ᠠᠷ ᠲᠡᠭᠦᠨ᠎ᠢ ᠵᠠᠷᠯᠢᠭᠳᠠᠨ ᠵᠠᠯᠠᠷᠠᠭᠤᠯᠤᠭᠤᠯᠬᠤ᠂ ᠬᠢᠨᠠᠨ ᠬᠠᠮᠢᠶᠠᠷᠴᠤ ᠶᠠᠷᠢᠯᠴᠠᠬᠤ᠂ ᠰᠡᠷᠡᠮᠵᠢᠯᠡᠭᠦᠯᠬᠦ ᠵᠠᠬᠢᠳᠠᠯ ᠭᠠᠷᠭ᠋ᠠᠬᠤ᠂ ᠵᠠᠷᠯᠢᠭᠳᠠᠵᠤ ᠪᠠᠢ᠌ᠭ᠋ᠠᠳ ᠪᠣᠯᠪᠠᠰᠤᠷᠠᠯ᠎ᠳᠤ ᠣᠷᠣᠯᠴᠠᠭᠤᠯᠬᠤ᠂ ᠵᠠᠷᠯᠢᠭᠳᠠᠵᠤ ᠪᠠᠢ᠌ᠭ᠋ᠠᠳ ᠲᠣᠭᠲᠠᠮᠠᠯ ᠬᠤᠭᠤᠴᠠᠭ᠎ᠠ᠎ᠲᠠᠢ᠎ᠪᠠᠷ ᠮᠡᠳᠡᠭᠦᠯᠦᠭᠦᠯᠬᠦ᠂ ᠲᠣᠬᠢᠷᠠᠮᠵᠢ ᠦᠭᠡᠢ ᠵᠢᠱ᠌ᠢᠭᠳᠡᠭᠴᠢ᠎ᠪᠠᠷ ᠮᠠᠭ᠋ᠠᠳᠯᠠᠨ ᠲᠣᠭᠲᠠᠭ᠋ᠠᠬᠤ ᠵᠡᠷᠭᠡ ᠬᠢᠨᠠᠯᠲᠠ ᠬᠠᠮᠢᠶᠠᠷᠤᠯᠲᠠ ᠵᠢᠨ ᠠᠷᠭ᠎ᠠ ᠬᠡᠮᠵᠢᠶ᠎ᠡ ᠠᠪᠬᠤ ᠬᠡᠷᠡᠭᠲᠡᠢ; ᠬᠢᠨᠠᠯᠲᠠ ᠬᠠᠮᠢᠶᠠᠷᠤᠯᠲᠠ ᠵᠢᠨ ᠳᠤᠮᠳᠠ ᠢᠯᠡᠷᠡᠭᠦᠯᠦᠭᠰᠡᠨ ᠥᠪᠡᠷ᠎ᠢ᠎ᠪᠠᠨ ᠱᠠᠭ᠋ᠠᠷᠳᠠᠬᠤ ᠬᠢᠨᠠᠯᠲᠠ ᠬᠠᠮᠢᠶᠠᠷᠤᠯᠲᠠ ᠵᠢᠨ ᠠᠢ᠎ᠳᠤ ᠬᠣᠯᠪᠣᠭᠳᠠᠭᠰᠠᠨ ᠠᠰᠠᠭᠤᠳᠠᠯ᠎ᠢ ᠠᠵᠢᠯᠯᠠᠨ ᠡᠵᠡᠩᠨᠡᠬᠦ ᠪᠠᠢ᠌ᠭᠤᠯᠤᠮᠵᠢ᠎ᠳᠤ ᠰᠢᠯᠵᠢᠭᠦᠯᠦᠨ ᠲᠤᠰᠢᠶᠠᠵᠤ ᠰᠢᠢ᠍ᠳᠪᠦᠷᠢᠯᠡᠭᠦᠯᠦᠨ᠎ᠡ; ᠬᠠᠤᠯᠢ ᠶᠣᠰᠣᠭ᠋ᠠᠷ ᠵᠠᠰᠠᠭ ᠵᠠᠬᠢᠷᠭ᠋ᠠᠨ᠎ᠤ ᠰᠢᠢ᠍ᠳᠬᠡᠯ ᠥᠭᠬᠦ ᠶᠣᠰᠣᠲᠠᠢ ᠵᠢ᠎ᠨᠢ ᠳᠣᠩᠭᠣᠳᠬᠤ ᠵᠢᠨ ᠬᠠᠮᠲᠤ᠂ 3 ᠲᠦᠮᠡᠨ ᠲᠥᠭᠥᠷᠢᠭ᠎ᠠᠴᠠ ᠳᠣᠷᠣᠭᠰᠢᠬᠢ ᠵᠣᠭᠣᠰ ᠵᠶ᠋ᠠᠷ ᠲᠣᠷᠭ᠋ᠠᠨ᠎ᠠ᠃
ᠲᠤᠰ ᠨᠠᠷᠢᠨ ᠳᠦᠷᠢᠮ᠎ᠤᠨ ᠲᠣᠭᠲᠠᠭ᠋ᠠᠯ᠎ᠠᠴᠠ ᠵᠥᠷᠢᠴᠡᠭᠰᠡᠨ ᠥᠢ᠍ᠯᠡ ᠠᠵᠢᠯᠯᠠᠭ᠎ᠠ᠎ᠳᠤ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠲᠣᠭᠲᠠᠭ᠋ᠠᠯ ᠳᠦᠷᠢᠮ᠎ᠳᠤ ᠠᠰᠲᠠᠭ᠋ᠠᠨ ᠲᠣᠭᠲᠠᠭ᠋ᠠᠯ᠎ᠲᠠᠢ ᠪᠠᠢ᠌ᠪᠠᠯ᠂ ᠲᠡᠷᠡ ᠲᠣᠭᠲᠠᠭ᠋ᠠᠯ ᠶᠣᠰᠣᠭ᠋ᠠᠷ ᠰᠢᠢ᠍ᠳᠪᠦᠷᠢᠯᠡᠨ᠎ᠡ᠃
ᠲᠠᠪᠢᠨ ᠨᠢᠭᠡᠳᠦᠭᠡᠷ ᠵᠦᠢ᠍ᠯ ᠲᠤᠰ ᠨᠠᠷᠢᠨ ᠳᠦᠷᠢᠮ᠎ᠤᠨ ᠲᠣᠭᠲᠠᠭ᠋ᠠᠯ᠎ᠠᠴᠠ ᠵᠥᠷᠢᠴᠡᠨ ᠲᠡᠮᠳᠡᠭᠲᠦ ᠲᠠᠷᠬᠠᠭ᠋ᠠᠬᠤ ᠪᠠ ᠰᠢᠯᠵᠢᠭᠦᠯᠦᠨ ᠥᠭᠬᠦ ᠠᠵᠢᠯᠯᠠᠭ᠎ᠠ ᠵᠢ ᠵᠣᠬᠢᠶᠠᠨ ᠪᠠᠢ᠌ᠭᠤᠯᠤᠭᠰᠠᠨ᠂ ᠡᠰᠡᠬᠦᠯ᠎ᠡ ᠲᠤᠰ ᠨᠠᠷᠢᠨ ᠳᠦᠷᠢᠮ᠎ᠤᠨ ᠲᠣᠭᠲᠠᠭ᠋ᠠᠯ᠎ᠠᠴᠠ ᠵᠥᠷᠢᠴᠡᠨ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠲᠠᠬᠢ ᠠᠵᠢᠯᠯᠠᠭ᠎ᠠ ᠵᠢ ᠳᠤᠷ᠎ᠠ᠎ᠪᠠᠷ ᠵᠶ᠋ᠠᠨ ᠵᠣᠬᠢᠶᠠᠨ ᠪᠠᠢ᠌ᠭᠤᠯᠵᠤ ᠥᠷᠨᠢᠭᠦᠯᠦᠭᠰᠡᠨ᠎ᠳᠤ 《ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠤᠷᠰᠢᠨ ᠬᠡᠷᠡᠭᠵᠢᠭᠦᠯᠬᠦ ᠠᠷᠭ᠎ᠠ》 ᠵᠢᠨ ᠲᠣᠭᠲᠠᠭ᠋ᠠᠯ ᠶᠣᠰᠣᠭ᠋ᠠᠷ ᠢᠯᠭ᠋ᠠᠷᠠᠭᠤᠯᠤᠨ ᠴᠡᠪᠡᠷᠯᠡᠬᠦ ᠵᠢᠨ ᠬᠠᠮᠲᠤ᠂ ᠬᠠᠤᠯᠢ ᠶᠣᠰᠣᠭ᠋ᠠᠷ ᠬᠠᠤᠯᠢ ᠴᠠᠭ᠋ᠠᠵᠠ ᠵᠢᠨ ᠬᠠᠷᠢᠭᠤᠴᠠᠯᠭ᠎ᠠ ᠨᠡᠬᠡᠮᠵᠢᠯᠡᠨ᠎ᠡ᠃
ᠲᠠᠪᠢᠨ ᠬᠣᠶᠠᠳᠤᠭ᠋ᠠᠷ ᠵᠦᠢ᠍ᠯ ᠥᠪᠥᠷ ᠮᠣᠩᠭᠣᠯ᠎ᠤᠨ ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠨᠢ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠤᠨ ᠠᠮᠤᠷ ᠲᠦᠪᠰᠢᠨ ᠵᠢᠷᠤᠮᠵᠢᠯ᠎ᠲᠠᠢ ᠠᠵᠢᠯᠯᠠᠭ᠋ᠠᠨ᠎ᠤ ᠪᠠᠢ᠌ᠳᠠᠯ᠂ ᠲᠦᠭᠰᠢᠭᠦᠷᠢ ᠵᠢᠨ ᠬᠠᠮᠢᠶᠠᠷᠤᠯᠲᠠ ᠵᠢᠨ ᠴᠢᠳᠠᠪᠤᠷᠢ ᠵᠡᠷᠭᠡ᠎ᠳᠤ ᠬᠢᠨᠠᠨ ᠰᠢᠨᠵᠢᠯᠡᠵᠦ ᠦᠨᠡᠯᠡᠨ ᠵᠢᠱ᠌ᠢᠯᠲᠡ ᠬᠢᠵᠦ ᠪᠣᠯᠣᠨ᠎ᠠ᠃ ᠦᠨᠡᠯᠡᠨ ᠵᠢᠱ᠌ᠢᠭᠰᠡᠨ ᠦᠷ᠎ᠡ ᠳ᠋ᠦᠩ᠎ᠢ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠤᠨ ᠤᠷᠢᠳ ᠵᠶ᠋ᠠᠷ ᠬᠡᠷᠡᠭᠵᠢᠭᠦᠯᠦᠨ ᠤᠷᠢᠳ ᠵᠶ᠋ᠠᠷ ᠲᠤᠷᠰᠢᠬᠤ ᠬᠠᠮᠢᠶ᠎ᠠ ᠪᠦᠬᠦᠢ ᠲᠤᠬᠠᠢ᠌ᠯᠠᠭᠰᠠᠨ ᠠᠵᠢᠯ᠎ᠢ ᠥᠷᠨᠢᠭᠦᠯᠬᠦ ᠵᠢᠨ ᠬᠢᠴᠢᠶᠡᠮᠵᠢ ᠪᠣᠯᠭᠣᠮᠵᠢᠲᠠᠢ ᠨᠥᠬᠥᠴᠡᠯ ᠪᠣᠯᠭ᠋ᠠᠬᠤ ᠬᠡᠷᠡᠭᠲᠡᠢ᠃
ᠳᠣᠯᠣᠳᠤᠭ᠋ᠠᠷ ᠪᠦᠯᠦᠭ ᠵᠠᠬ᠎ᠠ ᠳᠡᠯᠭᠡᠭᠦᠷ᠎ᠤᠨ ᠥᠪᠡᠷ᠎ᠢ᠎ᠪᠠᠨ ᠱᠠᠭ᠋ᠠᠷᠳᠠᠬᠤ
ᠲᠠᠪᠢᠨ ᠭᠤᠷᠪᠠᠳᠤᠭ᠋ᠠᠷ ᠵᠦᠢ᠍ᠯ ᠠᠵᠢᠯᠯᠠᠨ ᠡᠵᠡᠩᠨᠡᠬᠦ ᠪᠠᠢ᠌ᠭᠤᠯᠤᠮᠵᠢ᠎ᠨᠢ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠤᠨ ᠢᠲᠡᠭᠡᠮᠵᠢ ᠵᠢᠨ ᠲᠠᠨᠭ᠌ᠰᠠ ᠡᠪᠬᠡᠮᠡᠯ ᠪᠠᠶ᠋ᠢᠭᠤᠯᠬᠤ ᠵᠢᠨ ᠬᠠᠮᠲᠤ ᠲᠣᠭᠲᠠᠭ᠋ᠠᠯ ᠶᠣᠰᠣᠭ᠋ᠠᠷ ᠢᠲᠡᠭᠡᠮᠵᠢ ᠵᠢᠨ ᠮᠡᠳᠡᠭᠡ ᠵᠠᠩᠭᠢ ᠵᠢ ᠪᠠᠢ᠌ᠴᠠᠭ᠋ᠠᠨ ᠯᠠᠪᠯᠠᠬᠤ ᠪᠠ ᠨᠡᠢ᠌ᠲᠡ᠎ᠳᠤ ᠵᠠᠷᠯᠠᠬᠤ ᠵᠢ ᠬᠠᠩᠭ᠋ᠠᠬᠤ ᠬᠡᠷᠡᠭᠲᠡᠢ᠃
ᠠᠵᠢᠯᠯᠠᠨ ᠡᠵᠡᠩᠨᠡᠬᠦ ᠪᠠᠢ᠌ᠭᠤᠯᠤᠮᠵᠢ᠂ ᠳᠡᠩᠰᠡᠯᠡᠵᠦ ᠳ᠋ᠦᠩᠨᠡᠨ ᠪᠤᠳᠤᠬᠤ ᠪᠠᠢ᠌ᠭᠤᠯᠤᠮᠵᠢ ᠪᠣᠯᠣᠨ ᠪᠤᠰᠤᠳ ᠣᠷᠣᠯᠴᠠᠭᠴᠢ ᠵᠢᠴᠢ ᠬᠠᠮᠢᠶ᠎ᠠ ᠪᠦᠬᠦᠢ ᠬᠥᠮᠥᠰ᠎ᠤᠨ ᠢᠲᠡᠭᠡᠮᠵᠢ ᠵᠢᠨ ᠮᠡᠳᠡᠭᠡ ᠵᠠᠩᠭᠢ ᠵᠢ ᠬᠠᠮᠲᠤᠳᠤᠨᠢ ᠲᠣᠭᠲᠠᠭ᠋ᠠᠯ ᠶᠣᠰᠣᠭ᠋ᠠᠷ ᠳᠤᠮᠳᠠᠳᠤ ᠤᠯᠤᠰ᠎ᠤᠨ ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ᠎ᠤᠨ ᠲᠡᠮᠳᠡᠭᠲᠦ ᠵᠢᠨ ᠬᠤᠭᠤᠴᠠᠭ᠋ᠠᠲᠤ ᠪᠠᠷᠠᠭ᠋ᠠᠨ᠎ᠤ ᠵᠠᠬ᠎ᠠ ᠳᠡᠯᠭᠡᠭᠦᠷ᠎ᠤᠨ ᠢᠲᠡᠭᠡᠮᠵᠢ ᠵᠢᠨ ᠲᠠᠩᠰᠠ ᠡᠪᠬᠡᠮᠡᠯ᠎ᠤᠨ ᠳ᠋ᠠᠢ᠌ᠲ᠋ᠠ ᠬᠥᠮᠥᠷᠭᠡ᠎ᠳᠤ ᠲᠡᠮᠳᠡᠭᠯᠡᠨ ᠣᠷᠣᠭᠤᠯᠬᠤ ᠬᠡᠷᠡᠭᠲᠡᠢ᠃
ᠲᠠᠪᠢᠨ ᠳᠥᠷᠪᠡᠳᠦᠭᠡᠷ ᠵᠦᠢ᠍ᠯ ᠠᠵᠢᠯᠯᠠᠨ ᠡᠵᠡᠩᠨᠡᠬᠦ ᠪᠠᠢ᠌ᠭᠤᠯᠤᠮᠵᠢ᠎ᠨᠢ ᠥᠪᠡᠷ᠎ᠢ᠎ᠪᠠᠨ ᠱᠠᠭ᠋ᠠᠷᠳᠠᠬᠤ ᠬᠠᠮᠢᠶᠠᠷᠤᠯᠲᠠ ᠵᠢᠨ ᠳᠦᠷᠢᠮ᠎ᠢ ᠲᠣᠭᠲᠠᠭ᠋ᠠᠬᠤ ᠵᠢᠨ ᠬᠠᠮᠲᠤ ᠬᠡᠷᠡᠭᠵᠢᠭᠦᠯᠵᠦ᠂ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠲᠤ ᠣᠷᠣᠯᠴᠠᠭᠰᠠᠳ᠎ᠤᠨ ᠦᠢᠯᠡ ᠠᠵᠢᠯᠯᠠᠭ᠎ᠠ ᠵᠢ ᠵᠢᠷᠤᠮᠵᠢᠭᠤᠯᠤᠨ᠂ ᠲᠣᠭᠲᠠᠭ᠋ᠠᠯ᠎ᠠᠴᠠ ᠵᠥᠷᠢᠴᠡᠭᠰᠡᠳ᠎ᠲᠤ ᠥᠪᠡᠷ᠎ᠢ᠎ᠪᠠᠨ ᠱᠠᠭ᠋ᠠᠷᠳᠠᠬᠤ ᠬᠠᠮᠢᠶᠠᠷᠤᠯᠲᠠ ᠵᠢᠨ ᠠᠷᠭ᠎ᠠ ᠬᠡᠮᠵᠢᠶ᠎ᠡ ᠠᠪᠬᠤ ᠵᠢᠨ ᠬᠠᠮᠲᠤ᠂ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠥᠪᠥᠷ ᠮᠣᠩᠭᠣᠯ᠎ᠤᠨ ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠳᠤ ᠮᠡᠳᠡᠭᠦᠯᠬᠦ ᠬᠡᠷᠡᠭᠲᠡᠢ᠃
ᠲᠠᠪᠢᠨ ᠲᠠᠪᠤᠳᠤᠭ᠋ᠠᠷ ᠵᠦᠢ᠍ᠯ ᠠᠵᠢᠯᠯᠠᠨ ᠡᠵᠡᠩᠨᠡᠬᠦ ᠪᠠᠢ᠌ᠭᠤᠯᠤᠮᠵᠢ᠎ᠨᠢ ᠵᠠᠭ᠋ᠠᠯᠳᠤᠯᠭ᠎ᠠ ᠵᠢ ᠰᠢᠢ᠍ᠳᠪᠦᠷᠢᠯᠡᠬᠦ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠵᠦ᠂ ᠠᠯᠪᠠᠨ᠎ᠤ ᠰᠦᠯᠵᠢᠶᠡᠨ ᠦᠷᠳᠡᠭᠡ ᠵᠢᠨ ᠳᠤᠷᠠᠢ᠌ᠮᠠ ᠣᠷᠣᠨ ᠪᠠᠢ᠌ᠷᠢ᠎ᠳᠤ ᠵᠠᠭ᠋ᠠᠯᠳᠤᠬᠤ ᠤᠲᠠᠰᠤ ᠵᠢᠴᠢ ᠪᠤᠰᠤᠳ ᠵᠠᠭ᠋ᠠᠯᠳᠤᠬᠤ ᠠᠷᠭ᠎ᠠ ᠵᠠᠮ᠎ᠢ ᠢᠯᠡ ᠨᠡᠢ᠌ᠲᠡᠯᠡᠨ᠂ ᠲᠤᠰᠬᠠᠢ ᠬᠥᠮᠥᠨ ᠲᠣᠬᠢᠷᠠᠭᠤᠯᠤᠨ ᠵᠠᠭ᠋ᠠᠯᠳᠤᠯᠭ᠎ᠠ ᠵᠢᠨ ᠵᠦᠢ᠍ᠯᠡᠰ᠎ᠢ ᠬᠦᠯᠢᠶᠡᠨ ᠠᠪᠤᠭᠤᠯᠬᠤ ᠪᠠ ᠰᠢᠢ᠍ᠳᠪᠦᠷᠢᠯᠡᠭᠦᠯᠵᠦ᠂ ᠵᠠᠭ᠋ᠠᠯᠳᠤᠯᠭ᠎ᠠ ᠵᠢᠨ ᠠᠷᠭ᠎ᠠ ᠵᠠᠮ᠎ᠤᠨ ᠰᠠᠭ᠋ᠠᠳ ᠦᠭᠡᠢ ᠨᠡᠪᠲᠡᠷᠡᠬᠦ ᠵᠢ ᠦᠨᠡᠨ ᠬᠦ᠌ ᠪᠠᠲᠤᠯᠠᠨ᠂ ᠵᠠᠭ᠋ᠠᠯᠳᠤᠯᠭ᠎ᠠ ᠵᠢ ᠴᠠᠭ ᠲᠤᠬᠠᠢᠳᠤᠨᠢ ᠲᠣᠬᠢᠲᠠᠢ ᠰᠢᠢ᠍ᠳᠪᠦᠷᠢᠯᠡᠵᠦ᠂ ᠪᠡᠯᠡ ᠣᠷᠣᠭᠤᠯᠤᠭᠴᠢᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠬᠤ ᠬᠡᠷᠡᠭᠲᠡᠢ᠃
ᠨᠠᠢ᠍ᠮᠠᠳᠤᠭ᠋ᠠᠷ ᠪᠦᠯᠦᠭ ᠳᠠᠭ᠋ᠠᠯᠳᠤᠭᠤᠯᠤᠯ ᠳᠦᠷᠢᠮ
ᠲᠠᠪᠢᠨ ᠵᠢᠷᠭᠤᠳᠤᠭ᠋ᠠᠷ ᠵᠦᠢ᠍ᠯ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠨᠢ ᠥᠪᠡᠷᠲᠡᠭᠡᠨ ᠵᠠᠰᠠᠬᠤ ᠣᠷᠣᠨ᠎ᠤ ᠳᠣᠲᠣᠷᠠᠬᠢ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ᠎ᠳᠤ ᠦᠢ᠍ᠯᠡᠴᠢᠯᠡᠭᠡ ᠬᠠᠩᠭ᠋ᠠᠭᠰᠠᠨ ᠪᠠᠢ᠌ᠪᠠᠯ᠂ ᠲᠤᠰ ᠨᠠᠷᠢᠨ ᠳᠦᠷᠢᠮ᠎ᠢ ᠯᠠᠪᠯᠠᠯᠲᠠ ᠪᠣᠯᠭ᠋ᠠᠨ ᠬᠡᠷᠡᠭᠯᠡᠨ᠎ᠡ᠃
ᠲᠠᠪᠢᠨ ᠳᠣᠯᠣ᠋ ᠳ᠋ᠤᠭ᠋ᠠᠷ ᠵᠦᠢ᠍ᠯ ᠲᠣᠰ ᠨᠠᠷᠢᠨ ᠳᠦᠷᠢᠮ᠎ᠢ ᠬᠡᠷᠡᠭᠵᠢᠭᠦᠯᠬᠦ ᠶᠠᠪᠤᠴᠠ᠎ᠳᠠᠬᠢ ᠪᠣᠳᠠᠲᠠᠢ ᠠᠰᠠᠭᠤᠳᠠᠯ᠎ᠢ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠠᠴᠠ ᠬᠠᠷᠢᠭᠤᠴᠠᠨ ᠲᠠᠢ᠌ᠯᠪᠤᠷᠢᠯᠠᠨ᠎ᠠ ᠃
ᠲᠠᠪᠢᠨ ᠨᠠᠢ᠍ᠮᠠᠳᠤᠭ᠋ᠠᠷ ᠵᠦᠢ᠍ᠯ ᠲᠣᠰ ᠨᠠᠷᠢᠨ ᠳᠦᠷᠢᠮ᠎ᠢ 2023 ᠣᠨ᠎ᠤ 6 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠨ ᠬᠡᠷᠡᠭᠵᠢᠭᠦᠯᠦᠨ᠎ᠡ᠃
ᠬᠠᠭᠤᠯᠤᠨ ᠢᠯᠡᠭᠡᠬᠦ᠎ᠨᠢ᠄
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠡᠯ᠎ᠡ ᠰᠠᠯᠠᠭ᠎ᠠ ᠮᠥᠴᠢᠷ᠂ ᠥᠪᠥᠷ ᠮᠣᠩᠭᠣᠯ᠎ᠤᠨ ᠴᠡᠷᠢᠭ᠎ᠤᠨ ᠲᠣᠭᠣᠷᠢᠭ᠂ ᠵᠡᠪᠰᠡᠭᠲᠦ ᠴᠠᠭᠳᠠᠭ᠎ᠠ ᠵᠢᠨ ᠥᠪᠥᠷ ᠮᠣᠩᠭᠣᠯ᠎ᠤᠨ ᠶᠡᠷᠦᠩᠬᠡᠢ ᠠᠩᠭᠢ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢ᠌ᠩᠭᠤ ᠬᠣᠷᠢᠶᠠᠨ᠎ᠤ ᠠᠯᠪᠠᠨ ᠲᠢᠩᠬᠢᠮ᠂ ᠤᠯᠤᠰ ᠲᠥᠷᠥ ᠵᠢᠨ ᠵᠥᠪᠯᠡᠯᠭᠡᠨ᠎ᠤ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠬᠢᠨᠠᠨ ᠪᠠᠢ᠌ᠴᠠᠭ᠋ᠠᠬᠤ ᠵᠥᠪᠯᠡᠯ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ ᠵᠢᠨ ᠰᠢᠭᠦᠬᠦ ᠬᠣᠷᠢᠶ᠎ᠠ᠂ ᠪᠠᠢ᠌ᠴᠠᠭ᠋ᠠᠬᠤ ᠬᠣᠷᠢᠶ᠎ᠠ᠃
ᠡᠯ᠎ᠡ ᠠᠷᠠᠳ᠎ᠤᠨ ᠪᠦᠯᠬᠦᠮ᠂ ᠰᠣᠨᠢᠨ ᠮᠡᠳᠡᠭᠡᠨ᠎ᠤ ᠨᠢᠭᠡᠴᠢ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ
2023 ᠣᠨ᠎ᠤ 2 ᠳ᠋ᠤᠭ᠋ᠠᠷ ᠰᠠᠷ᠎ᠠ ᠵᠢᠨ 8᠎ᠤ ᠡᠳᠦᠷ ᠳᠠᠷᠤᠮᠠᠯᠯᠠᠨ ᠲᠠᠷᠬᠠᠭ᠋ᠠᠪᠠ