ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠪᠢᠴᠢᠭ ᠮᠠᠲ᠋ᠧᠷᠢᠶᠠᠯ
ᠥᠪᠥᠷ ᠵᠠᠰᠠᠭ ᠠᠯᠪᠠᠨ ᠲᠠᠷᠬᠠᠭ᠋ᠠᠭᠰᠠᠨ [2024] 37 ᠳ᠋ᠤᠭ᠋ᠠᠷ ᠲᠣᠭ᠋ᠠᠲᠤ
ᠥᠪᠡᠷᠲᠡᠭᠡᠨ ᠵᠠᠰᠠᠬᠤ ᠣᠷᠣᠨ᠎ᠤ ᠪᠠᠷᠢᠯᠭ᠎ᠠ ᠵᠢᠨ ᠬᠦᠷᠢᠶᠡᠨ᠎ᠳᠠᠬᠢ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠤᠷᠠᠭᠤᠯᠬᠤ ᠵᠢ ᠲᠦᠷᠭᠡᠳᠬᠡᠨ ᠠᠬᠢᠭᠤᠯᠬᠤ ᠬᠡᠷᠡᠭᠵᠢᠭᠦᠯᠬᠦ ᠲᠥᠰᠥᠯ᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠡᠯ᠎ᠡ ᠠᠢ᠌ᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠢ᠌ᠯᠠᠯ᠂ ᠠᠵᠢᠯ ᠦᠢ᠍ᠯᠡᠰ᠎ᠤᠨ ᠨᠢᠭᠡᠴᠢ᠎ᠳᠤ᠄
ᠡᠳᠦᠭᠡ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠷᠢᠯᠭ᠎ᠠ ᠵᠢᠨ ᠬᠦᠷᠢᠶᠡᠨ᠎ᠳᠠᠬᠢ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠤᠷᠠᠭᠤᠯᠬᠤ ᠵᠢ ᠲᠦᠷᠭᠡᠳᠬᠡᠨ ᠠᠬᠢᠭᠤᠯᠬᠤ ᠬᠡᠷᠡᠭᠵᠢᠭᠦᠯᠬᠦ ᠲᠥᠰᠥᠯ》᠎ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ ᠲᠠ ᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ᠎ᠲᠠᠢ᠎ᠪᠠᠨ ᠤᠶᠠᠯᠳᠤᠭᠤᠯᠤᠨ᠂ ᠬᠢᠨᠠᠮᠠᠭ᠋ᠠᠢ ᠲᠤᠭᠤᠰᠢᠯᠠᠭᠤᠯᠤᠨ ᠨᠠᠢ᠌ᠳᠠᠪᠤᠷᠢᠵᠢᠭᠤᠯᠲᠤᠭ᠋ᠠᠢ᠃
2024 ᠣᠨ᠎ᠤ 9 ᠳ᠋ᠦ᠍ᠭᠡᠷ ᠰᠠᠷ᠎ᠠ ᠵᠢᠨ10᠎ᠤ ᠡᠳᠦᠷ
(ᠲᠣᠰ ᠪᠢᠴᠢᠭ ᠮᠠᠲ᠋ᠧᠷᠢᠶᠠᠯ᠎ᠢ ᠢᠯᠡ ᠨᠡᠢ᠌ᠲᠡᠯᠡᠨ᠎ᠡ)
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠷᠢᠯᠭ᠎ᠠ ᠵᠢᠨ ᠬᠦᠷᠢᠶᠡᠨ᠎ᠳᠠᠬᠢ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠤᠷᠠᠭᠤᠯᠬᠤ ᠵᠢ ᠲᠦᠷᠭᠡᠳᠬᠡᠨ ᠠᠬᠢᠭᠤᠯᠬᠤ ᠬᠡᠷᠡᠭᠵᠢᠭᠦᠯᠬᠦ ᠲᠥᠰᠥᠯ
ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠠᠵᠤ ᠠᠬᠤᠢ ᠨᠡᠢ᠌ᠭᠡᠮ᠎ᠤᠨ ᠪᠥᠬᠦ ᠲᠠᠯ᠎ᠠ᠎ᠪᠠᠷ ᠪᠣᠬᠢᠷᠲᠤᠯ ᠦᠭᠡᠢ ᠲᠡᠢ᠌ᠰᠢ ᠬᠡᠯᠪᠡᠷᠢ᠎ᠪᠠᠨ ᠬᠤᠪᠢᠷᠠᠭᠤᠯᠬᠤ ᠵᠢ ᠠᠬᠢᠭᠤᠯᠤᠨ᠂ ᠥᠪᠡᠷᠲᠡᠭᠡᠨ ᠵᠠᠰᠠᠬᠤ ᠣᠷᠣᠨ᠎ᠤ ᠪᠠᠷᠢᠯᠭ᠎ᠠ ᠵᠢᠨ ᠬᠦᠷᠢᠶᠡᠨ᠎ᠳᠠᠬᠢ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠤᠷᠠᠭᠤᠯᠬᠤ ᠵᠢ ᠲᠦᠷᠭᠡᠳᠬᠡᠨ ᠠᠬᠢᠭᠤᠯᠬᠤ ᠵᠢᠨ ᠲᠤᠰᠠᠳᠠ᠂ 《ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠶᠠᠮᠤᠨ᠎ᠤ 〈ᠪᠠᠷᠢᠯᠭ᠎ᠠ ᠵᠢᠨ ᠬᠦᠷᠢᠶᠡᠨ᠎ᠳᠠᠬᠢ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠤᠷᠠᠭᠤᠯᠬᠤ ᠵᠢ ᠲᠦᠷᠭᠡᠳᠬᠡᠨ ᠠᠬᠢᠭᠤᠯᠬᠤ ᠠᠵᠢᠯ᠎ᠤᠨ ᠲᠥᠰᠥᠯ〉᠎ᠢ ᠤᠯᠠᠮᠵᠢᠯᠠᠨ ᠶᠠᠪᠤᠭᠤᠯᠬᠤ ᠲᠤᠬᠠᠢ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ ᠮᠡᠳᠡᠭᠳᠡᠯ》 (ᠲᠥᠷᠥ ᠠᠯᠪᠠᠨ ᠵᠠᠬᠢᠳᠠᠯ [2024] 20 ᠳ᠋ᠤᠭ᠋ᠠᠷ ᠲᠣᠭ᠋ᠠᠲᠤ) ᠵᠡᠷᠭᠡ ᠵᠢᠨ ᠱᠠᠭ᠋ᠠᠷᠳᠠᠯᠭ᠎ᠠ ᠵᠢ ᠦᠨᠳᠦᠰᠦᠯᠡᠨ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠠᠵᠢᠯ᠎ᠤᠨ ᠭᠣᠣᠯ ᠰᠢᠵᠢᠮ ᠪᠣᠯᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ ᠤᠶᠠᠯᠳᠤᠭᠤᠯᠤᠨ᠂ ᠲᠣᠰ ᠲᠥᠰᠥᠯ᠎ᠢ ᠲᠣᠭᠲᠠᠭ᠋ᠠᠪᠠ᠃
ᠨᠢᠭᠡ᠂ ᠭᠣᠣᠯ ᠬᠠᠷᠠᠯᠲᠠ
2025 ᠣᠨ ᠪᠣᠯᠬᠤ᠎ᠳᠤ᠂ ᠪᠥᠬᠦ ᠣᠷᠣᠨ᠎ᠤ ᠪᠠᠷᠢᠯᠭ᠎ᠠ ᠵᠢᠨ ᠬᠦᠷᠢᠶᠡᠨ᠎ᠳᠠᠬᠢ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠤᠷᠠᠭᠤᠯᠬᠤ ᠳᠦᠷᠢᠮ᠎ᠤᠨ ᠲᠣᠭᠲᠠᠯᠴᠠᠭ᠎ᠠ ᠵᠢ ᠨᠠᠩ ᠪᠦᠷᠢᠨᠰᠢᠭᠦᠯᠵᠦ᠂ ᠬᠤᠲᠠ ᠪᠠᠯᠭ᠋ᠠᠰᠤᠨ᠎ᠤ ᠰᠢᠨ᠎ᠡ᠎ᠪᠠᠷ ᠪᠠᠢ᠌ᠭᠤᠯᠬᠤ ᠪᠠᠷᠢᠯᠭ᠎ᠠ᠎ᠳᠤ ᠪᠣᠬᠢᠷᠲᠤᠯ ᠦᠭᠡᠢ ᠪᠠᠷᠢᠯᠭ᠎ᠠ ᠵᠢᠨ ᠪᠠᠷᠢᠮᠵᠢᠶ᠎ᠠ ᠵᠢ ᠪᠥᠬᠦ ᠲᠠᠯ᠎ᠠ᠎ᠪᠠᠷ ᠬᠡᠷᠡᠭᠵᠢᠭᠦᠯᠦᠨ᠂ ᠰᠢᠨ᠎ᠡ᠎ᠪᠠᠷ ᠪᠠᠢ᠌ᠭᠤᠯᠤᠭᠰᠠᠨ ᠬᠡᠳᠦ ᠳᠣᠣᠷ᠎ᠠ ᠡᠨᠧᠷᠭᠢ ᠵᠢᠨ ᠬᠣᠷᠣᠭᠳᠠᠯ᠎ᠲᠠᠢ᠂ ᠡᠨᠧᠷᠭᠢ ᠵᠢᠨ ᠬᠣᠷᠣᠭᠳᠠᠯ ᠪᠠᠷᠤᠭ ᠦᠭᠡᠢ ᠪᠠᠷᠢᠯᠭ᠎ᠠ ᠵᠢᠨ ᠲᠠᠯᠠᠪᠠᠶ ᠵᠢ 30 ᠲᠦᠮᠡᠨ ᠲᠡᠭᠰᠢ ᠳᠥᠷᠪᠡᠯᠵᠢᠨ ᠮᠧᠲᠷ᠎ᠠᠴᠠ ᠳᠠᠪᠠᠭᠤᠯᠵᠤ᠂ ᠨᠢᠭᠡᠨᠲᠡ ᠪᠠᠢ᠌ᠭ᠎ᠠ ᠪᠠᠷᠢᠯᠭ᠎ᠠ ᠵᠢᠨ ᠡᠨᠧᠷᠭᠢ ᠠᠷᠪᠢᠯᠠᠬᠤ ᠥᠭᠡᠷᠡᠴᠢᠯᠡᠯᠲᠡ ᠵᠢᠨ ᠲᠠᠯᠠᠪᠠᠶ ᠵᠢ 2023 ᠣᠨ᠎ᠤ᠎ᠬᠢ᠎ᠠᠴᠠ 500 ᠲᠦᠮᠡᠨ ᠲᠡᠭᠰᠢ ᠳᠥᠷᠪᠡᠯᠵᠢᠨ ᠮᠧᠲᠷ᠎ᠠᠴᠠ ᠳᠡᠭᠡᠭᠰᠢ ᠨᠡᠮᠡᠭᠳᠡᠭᠦᠯᠦᠨ᠂ ᠪᠠᠷᠢᠯᠭ᠎ᠠ᠎ᠳᠤ ᠬᠡᠷᠡᠭᠯᠡᠬᠦ ᠡᠨᠧᠷᠭᠢ᠎ᠳᠠᠬᠢ ᠴᠠᠬᠢᠯᠭ᠋ᠠᠨ ᠬᠦᠴᠦᠨ᠎ᠤ ᠬᠡᠷᠡᠭᠯᠡᠭᠡ ᠵᠢᠨ ᠡᠵᠡᠯᠡᠬᠦ ᠬᠠᠷᠢᠴᠠᠯ᠎ᠢ 40%᠎ᠠᠴᠠ ᠳᠠᠪᠠᠭᠤᠯᠬᠤ᠎ᠪᠠᠷ ᠬᠦᠴᠦᠯᠡᠨ ᠴᠢᠷᠮᠠᠢ᠌ᠵᠤ᠂ ᠬᠤᠲᠠ ᠪᠠᠯᠭ᠋ᠠᠰᠤᠨ᠎ᠤ ᠪᠠᠷᠢᠯᠭ᠎ᠠ ᠵᠢᠨ ᠳᠠᠬᠢᠨ ᠡᠭᠦᠰᠴᠦ ᠪᠣᠯᠬᠤ ᠡᠨᠧᠷᠭᠢ᠎ᠪᠠᠷ ᠣᠷᠣᠯᠠᠭᠤᠯᠬᠤ ᠨᠣᠷᠮ᠎ᠠ ᠵᠢ ᠲᠣᠭᠲᠠᠭᠤᠨ ᠵᠶ᠋ᠠᠷ ᠳᠡᠭᠡᠭᠰᠢᠯᠡᠭᠦᠯᠵᠦ᠂ ᠪᠠᠷᠢᠯᠭ᠎ᠠ ᠵᠢᠨ ᠬᠦᠷᠢᠶᠡᠨ᠎ᠳᠠᠬᠢ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠤᠷᠠᠭᠤᠯᠬᠤ ᠲᠠᠯ᠎ᠠ᠎ᠪᠠᠷ ᠢᠳᠡᠪᠬᠢᠲᠡᠢ ᠠᠬᠢᠴᠠ᠎ᠲᠠᠢ ᠪᠣᠯᠭ᠋ᠠᠨ᠎ᠠ᠃ 2027 ᠣᠨ ᠪᠣᠯᠬᠤ᠎ᠳᠤ᠂ ᠨᠢᠭᠡᠨᠲᠡ ᠪᠠᠢ᠌ᠭ᠎ᠠ ᠪᠠᠷᠢᠯᠭ᠎ᠠ ᠵᠢᠨ ᠡᠨᠧᠷᠭᠢ ᠠᠷᠪᠢᠯᠠᠬᠤ ᠥᠭᠡᠷᠡᠴᠢᠯᠡᠯᠲᠡ ᠵᠢᠨ ᠬᠡᠪᠴᠢᠶ᠎ᠡ ᠵᠢ ᠤᠯᠠᠮ ᠨᠢᠭᠡ ᠠᠯᠬᠤᠮ ᠥᠷᠭᠡᠳᠬᠡᠵᠦ᠂ ᠨᠢᠭᠡ ᠪᠦᠯᠦᠭ ᠬᠡᠲᠦ ᠳᠣᠣᠷ᠎ᠠ ᠡᠨᠧᠷᠭᠢ ᠵᠢᠨ ᠬᠣᠷᠣᠭᠳᠠᠯ᠎ᠲᠠᠢ ᠪᠠᠷᠢᠯᠭ᠎ᠠ ᠵᠢ ᠪᠠᠢ᠌ᠭᠤᠯᠤᠨ ᠪᠦᠲᠦᠭᠡᠵᠦ᠂ ᠪᠠᠷᠢᠯᠭ᠎ᠠ᠎ᠳᠤ ᠬᠡᠷᠡᠭᠯᠡᠬᠦ ᠡᠨᠧᠷᠭᠢ ᠵᠢᠨ ᠪᠦᠲᠦᠴᠡ ᠵᠢ ᠨᠠᠩ ᠰᠢᠯᠢᠳᠡᠭᠵᠢᠭᠦᠯᠦᠨ᠂ ᠪᠣᠬᠢᠷᠲᠤᠯ ᠦᠭᠡᠢ ᠪᠠ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠴᠢᠨᠠᠷ ᠰᠠᠢ᠌ᠲᠠᠢ ᠪᠠᠷᠢᠯᠭ᠎ᠠ ᠵᠢᠨ ᠬᠡᠪᠴᠢᠶᠡᠵᠢᠭᠰᠡᠨ ᠬᠥᠭᠵᠢᠯᠲᠡ ᠵᠢ ᠪᠡᠶᠡᠯᠡᠭᠦᠯᠵᠦ᠂ ᠪᠠᠷᠢᠯᠭ᠎ᠠ ᠵᠢᠨ ᠬᠦᠷᠢᠶᠡᠨ᠎ᠳᠠᠬᠢ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠤᠷᠠᠭᠤᠯᠬᠤ ᠲᠠᠯ᠎ᠠ᠎ᠪᠠᠷ ᠢᠯᠡᠳᠲᠡ ᠦᠷ᠎ᠡ ᠪᠦᠲᠦᠮᠵᠢ᠎ᠲᠠᠢ ᠪᠣᠯᠭ᠋ᠠᠨ᠎ᠠ᠃
ᠬᠣᠶᠠᠷ᠂ ᠭᠣᠣᠯᠳᠠᠯᠭ᠎ᠠ᠎ᠲᠠᠢ ᠡᠭᠦᠷᠭᠡ
(ᠨᠢᠭᠡ) ᠬᠤᠲᠠ ᠪᠠᠯᠭ᠋ᠠᠰᠤᠨ᠎ᠤ ᠰᠢᠨ᠎ᠡ᠎ᠪᠠᠷ ᠪᠠᠢ᠌ᠭᠤᠯᠬᠤ ᠪᠠᠷᠢᠯᠭ᠎ᠠ ᠵᠢᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠤᠷᠠᠭᠤᠯᠬᠤ ᠲᠦᠪᠰᠢᠨ᠎ᠢ ᠳᠡᠭᠡᠭᠰᠢᠯᠡᠭᠦᠯᠦᠨ᠎ᠡ᠃ ᠰᠢᠨ᠎ᠡ᠎ᠪᠠᠷ ᠪᠠᠢ᠌ᠭᠤᠯᠬᠤ ᠪᠠᠷᠢᠯᠭ᠎ᠠ ᠵᠢᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠤᠷᠠᠭᠤᠯᠬᠤ ᠵᠢᠷᠤᠭ ᠲᠥᠯᠥᠪᠯᠡᠭᠡ ᠵᠢ ᠰᠢᠯᠢᠳᠡᠭᠵᠢᠭᠦᠯᠵᠦ᠂ ᠠᠶᠠᠨᠳᠠᠭ᠋ᠠᠨ᠎ᠤ ᠭᠡᠷᠡᠯ ᠠᠪᠤᠯᠭ᠎ᠠ ᠪᠠ ᠰᠠᠯᠬᠢ ᠨᠡᠪᠲᠡᠷᠡᠭᠦᠯᠬᠦ ᠵᠢ ᠭᠦᠢ᠍ᠴᠡᠳ ᠠᠰᠢᠭᠯᠠᠨ᠂ ᠥᠨᠳᠥᠷ ᠦᠷ᠎ᠡ ᠪᠦᠲᠦᠮᠵᠢᠲᠡᠶ ᠡᠨᠧᠷᠭᠢ᠎ᠳᠤ ᠠᠷᠪᠢᠲᠠᠢ ᠨᠡᠭᠦᠷᠡᠰᠦᠲᠥ᠋ᠷᠥᠭᠴᠢ ᠪᠠᠭ᠋ᠠᠲᠠᠢ ᠲᠥᠬᠦᠭᠡᠷᠦᠮᠵᠢ ᠵᠢ ᠬᠡᠷᠡᠭᠯᠡᠵᠦ᠂ ᠪᠠᠷᠢᠯᠭ᠎ᠠ ᠵᠢᠨ ᠬᠦᠷᠢᠶᠡᠯᠡᠨ ᠬᠠᠮᠠᠭ᠋ᠠᠯᠠᠬᠤ ᠪᠦᠲᠦᠴᠡ ᠵᠢᠨ ᠳᠤᠯᠠᠭ᠋ᠠᠨ᠎ᠢ ᠬᠠᠮᠠᠭ᠋ᠠᠯᠠᠨ ᠢᠯᠴᠢ ᠬᠠᠯᠬᠠᠯᠠᠬᠤ ᠪᠠ ᠭᠠᠯ ᠰᠡᠷᠭᠡᠢ᠌ᠯᠡᠬᠦ ᠴᠢᠳᠠᠪᠬᠢ ᠵᠢ᠎ᠨᠢ ᠳᠡᠭᠡᠭᠰᠢᠯᠡᠭᠦᠯᠦᠨ᠎ᠡ᠃ ᠰᠢᠨ᠎ᠡ᠎ᠪᠠᠷ ᠪᠠᠢ᠌ᠭᠤᠯᠬᠤ ᠪᠠᠷᠢᠯᠭ᠎ᠠ ᠵᠢᠨ ᠡᠨᠧᠷᠭᠢ ᠠᠷᠪᠢᠯᠠᠬᠤ ᠠᠯᠪᠠᠳᠠᠯᠭ᠎ᠠ ᠵᠢᠨ ᠴᠢᠨᠠᠷᠲᠠᠢ ᠪᠠᠷᠢᠮᠵᠢᠶᠠᠨ᠎ᠤ ᠪᠦᠬᠦ ᠶᠠᠪᠤᠴᠠ ᠵᠢᠨ ᠬᠠᠮᠢᠶᠠᠷᠤᠯᠲᠠ᠂ ᠢᠯᠠᠩᠭᠤᠶ᠎ᠠ ᠪᠠᠷᠢᠯᠭ᠎ᠠ ᠵᠢᠨ ᠠᠵᠢᠯ᠎ᠤᠨ ᠵᠢᠷᠤᠭ᠎ᠢ ᠬᠢᠨᠠᠨ ᠪᠠᠢ᠌ᠴᠠᠭ᠋ᠠᠬᠤ ᠪᠠ ᠪᠠᠷᠢᠯᠭ᠎ᠠ ᠵᠢᠨ ᠲᠥᠷᠥᠯ ᠵᠦᠢ᠍ᠯ᠎ᠢ ᠰᠢᠯᠭ᠋ᠠᠨ ᠬᠤᠷᠢᠶᠠᠵᠤ ᠠᠪᠬᠤ ᠭᠣᠭᠴᠣᠭ᠎ᠠ ᠵᠢ ᠴᠢᠩᠭ᠋ᠠᠳᠬᠠᠨ᠂ ᠵᠢᠷᠤᠭ ᠲᠥᠯᠥᠪᠯᠡᠭᠡ ᠪᠠ ᠪᠠᠷᠢᠯᠭ᠎ᠠ ᠵᠢᠨ ᠬᠡᠷᠡᠭᠵᠢᠭᠦᠯᠦᠯᠲᠡ ᠵᠢᠨ ᠨᠣᠷᠮ᠎ᠠ ᠵᠢ 100%᠎ᠳᠤ ᠬᠦᠷᠦᠭᠦᠯᠬᠦ ᠵᠢ ᠦᠨᠡᠨ ᠬᠦ᠌ ᠪᠠᠲᠤᠯᠠᠨ᠎ᠠ᠃ ᠣᠨ᠎ᠤ ᠠᠵᠢᠯᠯᠠᠭ᠋ᠠᠨ᠎ᠤ ᠡᠨᠧᠷᠭᠢ ᠵᠢᠨ ᠬᠣᠷᠣᠭᠳᠠᠯ᠎ᠨᠢ 1000 ᠲᠣᠨ ᠪᠠᠷᠢᠮᠵᠢᠶᠠᠲᠤ ᠨᠡᠭᠦᠷᠡᠰᠦ (ᠪᠤᠶᠤ ᠴᠠᠬᠢᠯᠭ᠋ᠠᠨ᠎ᠤ ᠬᠣᠷᠣᠭᠳᠠᠯ᠎ᠨᠢ 500 ᠲᠦᠮᠡᠨ ᠺᠢᠯᠣᠸᠠᠲ ᠴᠠᠭ) ᠵᠢᠴᠢ ᠲᠡᠭᠦᠨ᠎ᠠᠴᠠ ᠳᠡᠭᠡᠭᠰᠢᠬᠢ ᠪᠠᠷᠢᠯᠭ᠎ᠠ ᠵᠢᠨ ᠲᠥᠷᠥᠯ ᠵᠦᠢ᠍ᠯ᠎ᠳᠠᠬᠢ ᠡᠨᠧᠷᠭᠢ ᠠᠷᠪᠢᠯᠠᠬᠤ ᠬᠢᠨᠠᠨ ᠪᠠᠢ᠌ᠴᠠᠭ᠋ᠠᠯᠲᠠ ᠵᠢ ᠴᠢᠩᠭ᠋ᠠᠷᠠᠭᠤᠯᠵᠤ᠂ ᠪᠠᠷᠢᠯᠭ᠎ᠠ ᠵᠢᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠤᠷᠠᠭᠤᠯᠬᠤ ᠠᠯᠪᠠᠳᠠᠯᠭ᠎ᠠ ᠵᠢᠨ ᠴᠢᠨᠠᠷᠲᠠᠢ ᠪᠠᠷᠢᠮᠵᠢᠶ᠎ᠠ ᠵᠢ ᠴᠢᠩᠭ᠎ᠠ ᠬᠡᠷᠡᠭᠵᠢᠭᠦᠯᠦᠨ᠎ᠡ᠃ ᠬᠡᠲᠦ ᠳᠣᠣᠷ᠎ᠠ ᠡᠨᠧᠷᠭᠢ ᠵᠢᠨ ᠬᠣᠷᠣᠭᠳᠠᠯ᠎ᠲᠠᠢ ᠪᠠᠷᠢᠯᠭ᠎ᠠ ᠪᠠ ᠪᠣᠬᠢᠷᠲᠤᠯ ᠦᠭᠡᠢ ᠪᠠᠷᠢᠯᠭ᠎ᠠ ᠵᠢᠨ ᠬᠠᠮᠢᠶ᠎ᠠ ᠪᠦᠬᠦᠢ ᠮᠡᠷᠭᠡᠵᠢᠯ᠎ᠤᠨ ᠪᠠᠷᠢᠮᠵᠢᠶᠠᠨ᠎ᠤ ᠲᠣᠭᠲᠠᠯᠴᠠᠭ᠎ᠠ ᠵᠢ ᠲᠡᠭᠦᠯᠳᠡᠷᠵᠢᠭᠦᠯᠵᠦ᠂ ᠵᠠᠰᠠᠭ᠎ᠤᠨ ᠣᠷᠳᠣᠨ᠎ᠠᠴᠠ ᠪᠡᠯᠡ ᠣᠷᠣᠭᠤᠯᠤᠭᠰᠠᠨ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠢ ᠪᠠᠷᠢᠯᠭ᠎ᠠ ᠵᠢ ᠬᠡᠳᠦ ᠳᠣᠣᠷ᠎ᠠ ᠡᠨᠧᠷᠭᠢ ᠵᠢᠨ ᠬᠣᠷᠣᠭᠳᠠᠯ᠎ᠲᠠᠢ ᠪᠠᠷᠢᠯᠭ᠎ᠠ ᠵᠢᠨ ᠪᠠᠷᠢᠮᠵᠢᠶ᠎ᠠ᠎ᠪᠠᠷ ᠪᠦᠲᠦᠭᠡᠨ ᠪᠠᠢ᠌ᠭᠤᠯᠬᠤ ᠵᠢ ᠵᠣᠷᠢᠭᠵᠢᠭᠤᠯᠤᠨ᠂ ᠬᠥᠬᠡᠬᠤᠲᠠ᠂ ᠪᠤᠭᠤᠲᠤ ᠬᠤᠲᠠ᠂ ᠣᠷᠳᠣᠰ ᠬᠤᠲᠠ ᠵᠡᠷᠭᠡ ᠨᠥᠬᠥᠴᠡᠯ᠎ᠲᠠᠢ ᠭᠠᠵᠠᠷ ᠣᠷᠣᠨ᠎ᠨᠢ ᠬᠡᠲᠦ ᠳᠣᠣᠷ᠎ᠠ ᠡᠨᠧᠷᠭᠢ ᠵᠢᠨ ᠬᠣᠷᠣᠭᠳᠠᠯ᠎ᠲᠠᠢ ᠪᠠᠷᠢᠯᠭ᠎ᠠ ᠵᠢ ᠬᠡᠪᠴᠢᠶᠡᠵᠢᠭᠦᠯᠦᠨ ᠬᠥᠭᠵᠢᠭᠦᠯᠬᠦ ᠵᠢ ᠲᠦᠷᠭᠡᠳᠬᠡᠨ ᠠᠬᠢᠭᠤᠯᠤᠨ᠎ᠠ᠃ ᠰᠢᠨ᠎ᠡ᠎ᠪᠠᠷ ᠪᠠᠢ᠌ᠭᠤᠯᠬᠤ ᠪᠠᠷᠢᠯᠭ᠎ᠠ ᠵᠢᠨ ᠳᠣᠲᠣᠷᠠᠬᠢ ᠣᠳᠣᠨ ᠲᠠᠰ᠎ᠤᠨ ᠪᠣᠬᠢᠷᠲᠤᠯ ᠦᠭᠡᠢ ᠪᠠᠷᠢᠯᠭ᠎ᠠ ᠵᠢᠨ ᠬᠠᠷᠢᠴᠠᠯ᠎ᠢ ᠦᠷᠭᠦᠯᠵᠢᠯᠡᠨ ᠳᠡᠭᠡᠭᠰᠢᠯᠡᠭᠦᠯᠵᠦ᠂ ᠪᠠᠢ᠌ᠭᠤᠯᠭ᠎ᠠ ᠵᠢᠨ ᠠᠯᠪᠠᠯᠠᠬᠤ ᠪᠠᠷᠢᠯᠭ᠎ᠠ᠂ ᠪᠠᠲᠤᠯᠠᠭ᠎ᠠ ᠵᠢᠨ ᠴᠢᠨᠠᠷᠲᠠᠢ ᠣᠷᠣᠨ ᠰᠠᠭᠤᠴᠠ᠂ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠢ ᠪᠠᠷᠢᠯᠭ᠎ᠠ᠂ 2 ᠲᠦᠮᠡᠨ ᠲᠡᠭᠰᠢ ᠳᠥᠷᠪᠡᠯᠵᠢᠨ ᠮᠧᠲᠷ᠎ᠠᠴᠠ ᠳᠡᠭᠡᠭᠰᠢᠬᠢ ᠲᠣᠮᠣ ᠬᠡᠯᠪᠡᠷᠢ ᠵᠢᠨ ᠣᠯᠠᠨ ᠨᠡᠶ᠋ᠢᠲᠡ ᠵᠢᠨ ᠪᠠᠷᠢᠯᠭ᠎ᠠ᠂ 5 ᠲᠦᠮᠡᠨ ᠲᠡᠭᠰᠢ ᠳᠥᠷᠪᠡᠯᠵᠢᠨ ᠮᠧᠲᠷ᠎ᠠᠴᠠ ᠳᠡᠭᠡᠭᠰᠢᠬᠢ ᠣᠷᠣᠨ ᠰᠠᠭᠤᠴᠠ ᠵᠢᠨ ᠰᠠᠭᠤᠭ᠋ᠠᠯᠢ ᠲᠣᠭᠣᠷᠢᠭ᠂ ᠬᠤᠲᠠ ᠵᠢᠨ ᠰᠢᠨ᠎ᠡ᠎ᠪᠠᠷ ᠪᠠᠢ᠌ᠭᠤᠯᠬᠤ ᠲᠣᠭᠣᠷᠢᠭ ᠬᠢᠭᠡᠳ ᠪᠣᠬᠢᠷᠲᠤᠯ ᠦᠭᠡᠢ ᠠᠮᠢ ᠠᠬᠤᠢ᠌ᠲᠤ ᠬᠤᠲᠠ ᠵᠢᠨ ᠲᠣᠭᠣᠷᠢᠭ᠎ᠲᠠᠬᠢ ᠠᠷᠠᠳ᠎ᠤᠨ ᠬᠡᠷᠡᠭᠯᠡᠭᠡᠨ᠎ᠤ ᠪᠠᠷᠢᠯᠭ᠎ᠠ᠎ᠳᠤ ᠣᠳᠣᠨ ᠲᠠᠰ᠎ᠤᠨ ᠪᠣᠬᠢᠷᠲᠤᠯ ᠦᠭᠡᠢ ᠪᠠᠷᠢᠯᠭ᠎ᠠ ᠵᠢᠨ ᠪᠠᠷᠢᠮᠵᠢᠶ᠎ᠠ ᠵᠢ ᠪᠥᠬᠦ ᠲᠠᠯ᠎ᠠ᠎ᠪᠠᠷ ᠬᠡᠷᠡᠭᠵᠢᠭᠦᠯᠦᠨ᠂ ᠭᠠᠵᠠᠷ ᠬᠡᠷᠡᠭᠯᠡᠬᠦ ᠲᠥᠯᠦᠪᠵᠢᠭᠦᠯᠭᠡ ᠵᠢᠨ ᠵᠢᠷᠤᠭ ᠲᠥᠯᠥᠪᠯᠡᠭᠡ ᠵᠢᠨ ᠨᠥᠬᠥᠴᠡᠯ᠎ᠤᠨ ᠪᠢᠴᠢᠭ ᠵᠢᠴᠢ ᠭᠠᠵᠠᠷ ᠰᠣᠩᠭᠣᠬᠤ ᠰᠠᠨᠠᠯ᠎ᠤᠨ ᠪᠢᠴᠢᠭ᠎ᠢ ᠬᠠᠷᠭᠤᠭᠤᠯᠤᠨ ᠣᠯᠭᠣᠬᠤ᠎ᠳᠤ᠂ 《ᠪᠦᠲᠦᠭᠡᠨ ᠪᠠᠢ᠌ᠭᠤᠯᠬᠤ ᠱᠠᠭ᠋ᠠᠷᠳᠠᠯᠭ᠎ᠠ》᠎ᠳᠤ ᠣᠳᠣᠨ ᠲᠠᠰ᠎ᠤᠨ ᠪᠣᠬᠢᠷᠲᠤᠯ ᠦᠭᠡᠢ ᠪᠠᠷᠢᠯᠭ᠎ᠠ ᠵᠢᠨ ᠪᠠᠷᠢᠮᠵᠢᠶ᠎ᠠ ᠵᠢ ᠬᠡᠷᠡᠭᠵᠢᠭᠦᠯᠬᠦ᠎ᠪᠠᠨ ᠲᠣᠳᠣᠷᠬᠠᠢ᠌ᠯᠠᠨ᠎ᠠ᠃ (ᠥᠪᠡᠷᠲᠡᠭᠡᠨ ᠵᠠᠰᠠᠬᠤ ᠣᠷᠣᠨ᠎ᠤ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠪᠠᠢ᠌ᠭᠤᠯᠭ᠎ᠠ ᠵᠢᠨ ᠶᠠᠪᠤᠳᠠᠯ᠎ᠤᠨ ᠬᠠᠮᠢᠶᠠᠷᠤᠯᠲᠠ ᠵᠢᠨ ᠲᠣᠪᠴᠢᠶ᠎ᠠ ᠵᠡᠷᠭᠡ᠎ᠨᠢ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠵᠤ᠂ ᠡᠯ᠎ᠡ ᠠᠢ᠌ᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠨᠠᠢ᠌ᠳᠠᠪᠤᠷᠢᠵᠢᠭᠤᠯᠤᠨ᠎ᠠ᠃ ᠳᠣᠣᠷᠠᠬᠢ ᠡᠭᠦᠷᠭᠡ ᠵᠢ ᠴᠥᠮ ᠡᠯ᠎ᠡ ᠠᠢ᠌ᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ ᠨᠠᠢ᠌ᠳᠠᠪᠤᠷᠢᠵᠢᠭᠤᠯᠬᠤ ᠴᠢᠬᠤᠯᠠᠲᠠᠢ ᠪᠣᠯᠬᠣᠷ ᠳᠠᠬᠢᠵᠤ ᠵᠢᠭᠰᠠᠭ᠋ᠠᠬᠤ ᠦᠭᠡᠢ)
(ᠬᠣᠶᠠᠷ) ᠬᠣᠲᠠ ᠪᠠᠯᠭ᠋ᠠᠰᠤᠨ᠎ᠤ ᠨᠢᠭᠡᠨᠲᠡ ᠪᠠᠢ᠌ᠭ᠎ᠠ ᠪᠠᠷᠢᠯᠭ᠎ᠠ ᠵᠢ ᠥᠭᠡᠷᠡᠴᠢᠯᠡᠨ ᠳᠡᠰ ᠳᠡᠪᠰᠢᠭᠦᠯᠬᠦ ᠵᠢ ᠠᠬᠢᠭᠤᠯᠤᠨ᠎ᠠ᠃ ᠡᠨᠧᠷᠭᠢ ᠵᠢᠨ ᠠᠰᠢᠭᠯᠠᠮᠵᠢ ᠵᠢᠨ ᠣᠨᠣᠰᠢᠯᠠᠯᠲᠠ ᠵᠢ ᠵᠣᠬᠢᠶᠠᠨ ᠪᠠᠢ᠌ᠭᠤᠯᠤᠨ ᠬᠡᠷᠡᠭᠵᠢᠭᠦᠯᠵᠦ᠂ ᠬᠤᠲᠠ ᠪᠠᠯᠭ᠋ᠠᠰᠤᠨ᠎ᠤ ᠨᠢᠭᠡᠨᠲᠡ ᠪᠠᠢ᠌ᠭ᠎ᠠ ᠪᠠᠷᠢᠯᠭ᠎ᠠ ᠵᠢᠨ ᠪᠠᠢ᠌ᠳᠠᠯ᠎ᠢ ᠣᠢ᠌ᠯᠠᠭ᠋ᠠᠬᠤ ᠪᠠᠢ᠌ᠴᠠᠭ᠋ᠠᠯᠲᠠ ᠵᠢ ᠪᠥᠬᠦ ᠲᠠᠯ᠎ᠠ᠎ᠪᠠᠷ ᠥᠷᠨᠢᠭᠦᠯᠦᠨ᠂ ᠠᠢ᠌ᠮᠠᠭ ᠬᠤᠲᠠ ᠵᠢᠨ ᠱᠠᠲᠤᠨ᠎ᠤ ᠪᠠᠷᠢᠯᠭ᠎ᠠ ᠵᠢᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠤᠷᠠᠭᠤᠯᠬᠤ ᠥᠭᠡᠷᠡᠴᠢᠯᠡᠯᠲᠡ ᠵᠢᠨ ᠳ᠋ᠠᠢ᠌ᠲ᠋ᠠ ᠬᠥᠮᠥᠷᠭᠡ ᠪᠠ ᠲᠥᠷᠥᠯ ᠵᠦᠢ᠍ᠯ ᠨᠥᠭᠡᠴᠡᠯᠡᠬᠦ ᠬᠥᠮᠥᠷᠭᠡ ᠵᠢ ᠪᠠᠢ᠌ᠭᠤᠯᠤᠨ᠎ᠠ᠃ ᠠᠢ᠌ᠮᠠᠭ ᠬᠣᠲᠠ᠎ᠪᠠᠷ ᠨᠢᠭᠡᠴᠢ ᠪᠣᠯᠭ᠋ᠠᠨ ᠨᠢᠭᠡᠨᠲᠡ ᠪᠠᠢ᠌ᠭ᠎ᠠ ᠪᠠᠷᠢᠯᠭ᠎ᠠ ᠵᠢᠨ ᠣᠨ᠎ᠤ ᠥᠭᠡᠷᠡᠴᠢᠯᠡᠯᠲᠡ ᠵᠢᠨ ᠲᠥᠯᠥᠪᠯᠡᠭᠡ ᠵᠢ ᠲᠣᠭᠲᠠᠭ᠋ᠠᠵᠤ᠂ ᠥᠭᠡᠷᠡᠴᠢᠯᠡᠬᠦ ᠴᠠᠭ᠎ᠤᠨ ᠳᠡᠰ ᠳᠠᠷᠠᠭ᠋ᠠᠯᠠᠯ᠎ᠢ ᠵᠦᠢ ᠵᠣᠬᠢᠰᠲᠠᠢ ᠲᠣᠭᠲᠠᠭ᠋ᠠᠨ᠂ ᠭᠡᠷ ᠪᠠᠢ᠌ᠰᠢᠩ᠎ᠤᠨ ᠠᠮᠤᠷ ᠲᠦᠪᠰᠢᠨ᠎ᠤ ᠪᠠᠢ᠌ᠳᠠᠯ᠎ᠲᠠᠢ ᠤᠶᠠᠯᠳᠤᠭᠤᠯᠤᠨ᠂ ᠠᠭ᠋ᠠᠷ ᠲᠣᠬᠢᠷᠠᠭᠤᠯᠤᠭᠴᠢ᠂ ᠭᠡᠷᠡᠯᠲᠦᠭᠦᠯᠭᠡ᠂ ᠴᠠᠬᠢᠯᠭ᠋ᠠᠨ ᠱᠠᠲᠤ ᠵᠡᠷᠭᠡ ᠭᠣᠣᠯᠳᠠᠯᠭ᠋ᠠᠲᠤ ᠡᠨᠧᠷᠭᠢ ᠬᠡᠷᠡᠭᠯᠡᠬᠦ ᠲᠥᠬᠦᠭᠡᠷᠦᠮᠵᠢ ᠪᠠ ᠭᠠᠳᠠᠷ ᠬᠡᠷᠡᠮ᠎ᠤᠨ ᠳᠤᠯᠠᠭ᠋ᠠᠨ᠎ᠢ ᠬᠠᠮᠠᠭ᠋ᠠᠯᠠᠬᠤ᠂ ᠡᠭᠦᠳᠡ ᠴᠣᠩᠬᠣ ᠵᠡᠷᠭᠡ᠎ᠪᠠᠷ ᠭᠣᠣᠯᠳᠠᠯᠭ᠎ᠠ᠎ᠲᠠᠢ ᠠᠭᠤᠯᠭ᠎ᠠ ᠪᠣᠯᠭ᠋ᠠᠵᠤ ᠳᠡᠰ ᠳᠡᠪᠰᠢᠭᠦᠯᠦᠨ ᠥᠭᠡᠷᠡᠴᠢᠯᠡᠬᠦ ᠵᠢ ᠲᠣᠳᠣᠷᠬᠠᠢ᠌ᠯᠠᠨ᠎ᠠ᠃ ᠣᠯᠠᠨ ᠨᠡᠶ᠋ᠢᠲᠡ ᠵᠢᠨ ᠪᠠᠷᠢᠯᠭ᠎ᠠ ᠵᠢᠨ ᠡᠨᠧᠷᠭᠢ ᠵᠢᠨ ᠠᠰᠢᠭᠯᠠᠮᠵᠢ ᠵᠢ ᠳᠡᠭᠡᠭᠰᠢᠯᠡᠭᠦᠯᠬᠦ ᠭᠣᠣᠯᠳᠠᠯᠭ᠎ᠠ᠎ᠲᠠᠢ ᠬᠤᠲᠠ᠎ᠳᠤ ᠣᠷᠣᠭᠤᠯᠤᠭᠰᠠᠨ ᠬᠥᠬᠡᠬᠤᠲᠠ᠂ ᠪᠤᠭᠤᠲᠤ ᠬᠤᠲᠠ ᠪᠠ ᠴᠡᠪᠡᠷ ᠳᠤᠯᠠᠭ᠋ᠠᠯᠠᠭ᠎ᠠ ᠵᠢᠨ ᠲᠤᠷᠰᠢᠯᠲᠠ ᠵᠢᠨ ᠬᠤᠲᠠ᠎ᠳᠤ ᠣᠷᠣᠭᠤᠯᠤᠭᠰᠠᠨ ᠬᠥᠬᠡᠬᠤᠲᠠ᠂ ᠪᠤᠭᠤᠲᠤ ᠬᠤᠲᠠ᠂ ᠤᠯᠠᠭ᠋ᠠᠨᠴᠠᠪ ᠬᠤᠲᠠ᠂ ᠪᠠᠶᠠᠨᠨᠠᠭᠤᠷ ᠬᠤᠲᠠ ᠵᠡᠷᠭᠡ᠎ᠪᠠᠷ ᠭᠣᠣᠯᠳᠠᠯᠭ᠎ᠠ ᠪᠣᠯᠭ᠋ᠠᠵᠤ᠂ ᠪᠤᠰᠤᠳ ᠠᠢ᠌ᠮᠠᠭ ᠬᠤᠲᠠ᠎ᠨᠢ ᠨᠥᠬᠥᠴᠡᠯ ᠪᠦᠷᠢᠳᠦᠭᠦᠯᠵᠦ ᠢᠳᠡᠪᠬᠢᠲᠡᠢ ᠠᠬᠢᠭᠤᠯᠤᠨ᠂ ᠪᠣᠬᠢᠷᠲᠤᠯ ᠦᠭᠡᠢ ᠪᠠ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠣᠯᠠᠨ ᠨᠡᠶ᠋ᠢᠲᠡ ᠵᠢᠨ ᠪᠠᠢ᠌ᠭᠤᠯᠤᠮᠵᠢ ᠡᠭᠦᠳᠦᠨ ᠪᠠᠢ᠌ᠭᠤᠯᠬᠤ ᠠᠵᠢᠯ᠎ᠲᠠᠢ ᠤᠶᠠᠯᠳᠤᠭᠤᠯᠤᠨ᠂ ᠨᠢᠭᠡᠨᠲᠡ ᠪᠠᠢ᠌ᠭ᠎ᠠ ᠣᠯᠠᠨ ᠨᠡᠶ᠋ᠢᠲᠡ ᠵᠢᠨ ᠪᠠᠷᠢᠯᠭ᠎ᠠ ᠵᠢᠨ ᠡᠨᠧᠷᠭᠢ ᠠᠷᠪᠢᠯᠠᠬᠤ ᠥᠭᠡᠷᠡᠴᠢᠯᠡᠯᠲᠡ ᠵᠢ ᠨᠢᠭᠡᠳᠦᠯᠲᠡᠢ ᠲᠥᠯᠥᠪᠯᠡᠨ ᠥᠷᠨᠢᠭᠦᠯᠦᠨ᠎ᠡ᠃ ᠣᠷᠣᠨ ᠰᠠᠭᠤᠴᠠ ᠵᠢᠨ ᠪᠠᠷᠢᠯᠭ᠎ᠠ ᠵᠢᠨ ᠡᠨᠧᠷᠭᠢ ᠠᠷᠪᠢᠯᠠᠬᠤ ᠥᠭᠡᠷᠡᠴᠢᠯᠡᠯᠲᠡ ᠵᠢᠨ ᠬᠡᠰᠡᠭ᠎ᠤᠨ ᠡᠨᠧᠷᠭᠢ ᠵᠢᠨ ᠠᠰᠢᠭᠯᠠᠮᠵᠢ ᠵᠢ ᠣᠲᠣ ᠵᠢᠨ ᠬᠡᠷᠡᠭᠵᠢᠭᠦᠯᠵᠦ ᠪᠠᠢ᠌ᠭ᠎ᠠ ᠪᠠᠷᠢᠮᠵᠢᠶᠠᠨ᠎ᠤ ᠲᠣᠭᠲᠠᠭ᠋ᠠᠯ᠎ᠳᠤ ᠬᠦᠷᠦᠭᠦᠯᠵᠦ᠂ ᠡᠨᠧᠷᠭᠢ ᠠᠷᠪᠢᠯᠠᠬᠤ ᠠᠷᠭ᠎ᠠ ᠬᠡᠮᠵᠢᠶ᠎ᠡ ᠠᠪᠤᠭᠰᠠᠨ ᠦᠭᠡᠢ ᠣᠯᠠᠨ ᠨᠡᠶ᠋ᠢᠲᠡ ᠵᠢᠨ ᠪᠠᠷᠢᠯᠭ᠎ᠠ ᠵᠢ ᠥᠭᠡᠷᠡᠴᠢᠯᠡᠭᠰᠡᠨ᠎ᠤ ᠳᠠᠷᠠᠭ᠎ᠠ ᠪᠦᠬᠦᠯᠢ ᠴᠣᠭᠴᠠ ᠵᠢᠨ ᠡᠨᠧᠷᠭᠢ ᠵᠢᠨ ᠠᠰᠢᠭᠯᠠᠮᠵᠢ ᠵᠢ 20%᠎ᠠᠴᠠ ᠳᠡᠭᠡᠭᠰᠢ ᠳᠡᠭᠡᠭᠰᠢᠯᠡᠭᠦᠯᠬᠦ ᠵᠢ ᠪᠡᠶᠡᠯᠡᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠪᠠᠢ᠌ᠭᠤᠯᠭ᠎ᠠ ᠵᠢᠨ ᠶᠠᠪᠤᠳᠠᠯ᠎ᠤᠨ ᠬᠠᠮᠢᠶᠠᠷᠤᠯᠲᠠ ᠵᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
(ᠭᠤᠷᠪᠠ) ᠪᠠᠷᠢᠯᠭ᠎ᠠ ᠵᠢᠨ ᠠᠵᠢᠯᠯᠠᠭ᠋ᠠᠨ᠎ᠤ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠤᠷᠠᠭᠤᠯᠬᠤ ᠬᠠᠮᠢᠶᠠᠷᠤᠯᠲᠠ ᠵᠢ ᠴᠢᠩᠭ᠋ᠠᠷᠠᠭᠤᠯᠤᠨ᠎ᠠ᠃ ᠣᠷᠣᠨ ᠰᠠᠭᠤᠴᠠ ᠵᠢᠨ ᠬᠠᠭᠤᠴᠢᠷᠠᠭᠰᠠᠨ ᠴᠠᠬᠢᠯᠭ᠋ᠠᠨ ᠱᠠᠲᠤ ᠵᠢ ᠰᠢᠨᠡᠳᠬᠡᠬᠦ᠎ᠪᠠᠨ ᠠᠬᠢᠭᠤᠯᠵᠤ᠂ ᠥᠨᠳᠥᠷ ᠦᠷ᠎ᠡ ᠪᠦᠲᠦᠮᠵᠢᠲᠡᠢ ᠡᠨᠧᠷᠭᠢ ᠠᠷᠪᠢᠯᠠᠬᠤ ᠭᠡᠷ᠎ᠤᠨ ᠴᠠᠬᠢᠯᠭ᠋ᠠᠨ ᠬᠡᠷᠡᠭᠰᠡᠯ ᠵᠡᠷᠭᠡ ᠲᠥᠬᠦᠭᠡᠷᠦᠮᠵᠢ ᠵᠢ ᠳᠡᠯᠭᠡᠷᠡᠭᠦᠯᠬᠦ ᠡᠷᠴᠢᠮ ᠵᠶ᠋ᠠᠨ ᠴᠢᠩᠭ᠋ᠠᠷᠠᠭᠤᠯᠤᠨ᠂ ᠰᠠᠭᠤᠭ᠋ᠠᠯᠢ ᠠᠷᠠᠳ᠎ᠤᠨ ᠦᠷ᠎ᠡ ᠠᠰᠢᠭ ᠵᠶ᠋ᠠᠷ ᠳᠣᠣᠷ᠎ᠠ ᠮᠥᠷᠲᠡᠭᠡᠨ ᠬᠣᠴᠤᠷᠤᠩᠭᠤᠢ ᠡᠨᠧᠷᠭᠢ ᠬᠡᠷᠡᠭᠯᠡᠬᠦ ᠲᠥᠬᠦᠭᠡᠷᠦᠮᠵᠢ᠎ᠪᠠᠨ ᠰᠣᠯᠢᠬᠤ ᠵᠢ᠎ᠨᠢ ᠵᠣᠷᠢᠭᠵᠢᠭᠤᠯᠤᠨ᠎ᠠ᠃ ᠪᠠᠷᠢᠯᠭ᠎ᠠ ᠵᠢᠨ ᠡᠨᠧᠷᠭᠢ ᠠᠷᠪᠢᠯᠠᠬᠤ ᠦᠢ᠍ᠯᠡᠳᠬᠦᠨ ᠪᠠ ᠮᠡᠷᠭᠡᠵᠢᠯ᠎ᠢ ᠳᠡᠯᠭᠡᠷᠡᠭᠦᠯᠬᠦ ᠭᠠᠷᠴᠠᠭ ᠵᠶ᠋ᠡᠨ ᠨᠠᠢ᠌ᠷᠠᠭᠤᠯᠤᠨ ᠵᠣᠬᠢᠶᠠᠵᠤ ᠵᠠᠰᠠᠪᠤᠷᠢ ᠣᠷᠣᠭᠤᠯᠤᠨ᠎ᠠ᠃ ᠡᠯ᠎ᠡ ᠠᠢ᠌ᠮᠠᠭ ᠬᠣᠲᠠ᠎ᠨᠢ ᠣᠯᠠᠨ ᠨᠡᠶ᠋ᠢᠲᠡ ᠵᠢᠨ ᠪᠠᠷᠢᠯᠭ᠎ᠠ ᠵᠢᠨ ᠥᠷᠥᠭᠡᠨ᠎ᠤ ᠳᠤᠯᠠᠭ᠋ᠠᠨ᠎ᠤ ᠬᠡᠮᠵᠢᠶ᠎ᠡ ᠵᠢ ᠡᠵᠡᠮᠳᠡᠬᠦ ᠲᠣᠭᠲᠠᠴᠠ ᠵᠢ ᠲᠦᠷᠭᠡᠳᠬᠡᠨ ᠪᠠᠢ᠌ᠭᠤᠯᠬᠤ ᠵᠢᠨ ᠬᠠᠮᠲᠤ ᠴᠢᠩᠭ᠎ᠠ ᠬᠡᠷᠡᠭᠵᠢᠭᠦᠯᠦᠨ᠂ ᠬᠠᠤᠯᠢ᠎ᠠᠴᠠ ᠵᠥᠷᠢᠴᠡᠨ ᠡᠨᠧᠷᠭᠢ ᠬᠡᠷᠡᠭᠯᠡᠭᠰᠡᠨ ᠦᠢ᠍ᠯᠡ ᠠᠵᠢᠯᠯᠠᠭ᠎ᠠ ᠵᠢ ᠴᠢᠩᠭ᠎ᠠ ᠪᠠᠢ᠌ᠴᠠᠭ᠋ᠠᠨ ᠰᠢᠢ᠍ᠳᠪᠦᠷᠢᠯᠡᠵᠦ᠂ ᠣᠯᠠᠨ ᠨᠡᠶ᠋ᠢᠲᠡ ᠵᠢᠨ ᠪᠠᠢ᠌ᠭᠤᠯᠤᠮᠵᠢ ᠵᠢᠨ ᠠᠯᠪᠠᠨ ᠠᠵᠢᠯ ᠪᠠ ᠮᠡᠷᠭᠡᠵᠢᠯ᠎ᠤᠨ ᠲᠤᠬᠠᠢ᠌ᠯᠠᠭᠰᠠᠨ ᠠᠵᠢᠯ᠎ᠳᠤ ᠬᠡᠷᠡᠭᠯᠡᠬᠦ ᠭᠡᠷ ᠪᠠᠢ᠌ᠰᠢᠩ᠂ ᠤᠯᠤᠰ᠎ᠤᠨ ᠥᠮᠴᠢᠯᠡᠯᠲᠦ ᠠᠵᠤ ᠠᠬᠤᠢ᠌ᠯᠠᠯ᠎ᠤᠨ ᠠᠯᠪᠠᠨ ᠠᠵᠢᠯ᠎ᠳᠤ ᠬᠡᠷᠡᠭᠯᠡᠬᠦ ᠭᠡᠷ ᠪᠠᠢ᠌ᠰᠢᠩ᠂ ᠵᠠᠮ ᠬᠠᠷᠢᠯᠴᠠᠭ᠋ᠠᠨ᠎ᠤ ᠲᠠᠯᠠᠪᠤᠷ ᠥᠷᠳᠡᠭᠡ ᠵᠡᠷᠭᠡ ᠣᠯᠠᠨ ᠨᠡᠶ᠋ᠢᠲᠡ ᠵᠢᠨ ᠪᠠᠷᠢᠯᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠪᠠᠷᠢᠯᠭ᠎ᠠ ᠵᠢᠨ ᠥᠷᠥᠭᠡᠨ᠎ᠤ ᠡᠪᠦᠯ ᠵᠤᠨ᠎ᠤ ᠳᠤᠯᠠᠭ᠋ᠠᠨ᠎ᠤ ᠬᠡᠮᠵᠢᠶ᠎ᠡ ᠵᠢ ᠡᠵᠡᠮᠳᠡᠬᠦ᠂ ᠡᠨᠧᠷᠭᠢ ᠬᠡᠷᠡᠭᠯᠡᠬᠦ ᠲᠥᠬᠦᠭᠡᠷᠦᠮᠵᠢ ᠪᠠ ᠰᠢᠰᠲ᠋ᠧᠮ᠎ᠤᠨ ᠠᠵᠢᠯᠯᠠᠭ᠋ᠠᠨ᠎ᠤ ᠵᠡᠷᠭᠡ ᠪᠠᠢ᠌ᠳᠠᠯ᠎ᠤᠨ ᠪᠠᠢ᠌ᠴᠠᠭ᠋ᠠᠯᠲᠠ ᠵᠢ ᠬᠠᠤᠯᠢ ᠶᠣᠰᠣᠭ᠋ᠠᠷ ᠥᠷᠨᠢᠭᠦᠯᠦᠨ᠎ᠡ᠃ ᠥᠪᠡᠷᠲᠡᠭᠡᠨ ᠵᠠᠰᠠᠬᠤ ᠣᠷᠣᠨ᠎ᠤ ᠡᠨᠧᠷᠭᠢ ᠵᠢᠨ ᠬᠣᠷᠣᠭᠳᠠᠯ᠎ᠢ ᠰᠦᠯᠵᠢᠶ᠎ᠡ᠎ᠪᠠᠷ ᠬᠢᠨᠠᠨ ᠬᠡᠮᠵᠢᠬᠦ ᠰᠢᠰᠲ᠋ᠧᠮ᠎ᠤᠨ ᠪᠠᠢ᠌ᠭᠤᠯᠤᠯᠲᠠ ᠵᠢᠨ ᠠᠵᠢᠯᠯᠠᠭ᠋ᠠᠨ᠎ᠢ ᠲᠡᠭᠦᠯᠳᠡᠷᠵᠢᠭᠦᠯᠵᠦ᠂ ᠣᠯᠠᠨ ᠨᠡᠶ᠋ᠢᠲᠡ ᠵᠢᠨ ᠪᠠᠷᠢᠯᠭ᠎ᠠ ᠵᠢᠨ ᠬᠢᠨᠠᠨ ᠬᠡᠮᠵᠢᠯᠲᠡ ᠵᠢᠨ ᠲᠣᠭ᠎ᠠ ᠬᠡᠮᠵᠢᠶ᠎ᠡ ᠵᠢ ᠲᠠᠰᠤᠷᠠᠯᠲᠠ ᠦᠭᠡᠢ ᠨᠡᠮᠡᠭᠳᠡᠭᠦᠯᠦᠨ᠎ᠡ᠃ ᠣᠯᠠᠨ ᠨᠡᠶ᠋ᠢᠲᠡ ᠵᠢᠨ ᠪᠠᠢ᠌ᠭᠤᠯᠤᠮᠵᠢ ᠵᠢᠨ ᠡᠨᠧᠷᠭᠢ ᠵᠢᠨ ᠬᠣᠷᠣᠭᠳᠠᠯ᠎ᠤᠨ ᠲᠣᠭᠲᠠᠭᠰᠠᠨ ᠨᠣᠷᠮᠠᠲᠤ ᠲᠥᠰᠥᠪ᠎ᠤᠨ ᠳᠦᠷᠢᠮ᠎ᠢ ᠰᠦᠪᠡᠭᠴᠢᠯᠡᠨ᠂ ᠭᠡᠷᠡᠲᠦ ᠡᠨᠧᠷᠭᠢ᠂ ᠤᠰᠤ ᠠᠷᠪᠢᠯᠠᠬᠤ ᠭᠡᠷᠡᠲᠦ ᠬᠠᠮᠢᠶᠠᠷᠤᠯᠲᠠ ᠵᠢ ᠳᠡᠯᠭᠡᠷᠡᠭᠦᠯᠦᠨ ᠬᠡᠷᠡᠭᠵᠢᠭᠦᠯᠵᠦ᠂ ᠡᠨᠧᠷᠭᠢ ᠠᠷᠪᠢᠯᠠᠬᠤ ᠳᠠᠯᠳᠠ ᠬᠦᠴᠦᠨ ᠵᠶ᠋ᠠᠷ ᠶᠡᠬᠡ ᠣᠯᠠᠨ ᠨᠡᠶ᠋ᠢᠲᠡ ᠵᠢᠨ ᠪᠠᠢ᠌ᠭᠤᠯᠤᠮᠵᠢ ᠵᠢ ᠰᠣᠩᠭᠣᠨ ᠡᠨᠧᠷᠭᠢ ᠵᠢᠨ ᠵᠠᠷᠤᠳᠠᠯ᠎ᠢ ᠨᠠᠢ᠌ᠳᠠᠨ ᠬᠠᠮᠢᠶᠠᠷᠤᠭᠤᠯᠬᠤ ᠦᠢ᠍ᠯᠡᠴᠢᠯᠡᠭᠡ ᠵᠢ ᠪᠣᠢ ᠪᠣᠯᠭ᠋ᠠᠵᠤ᠂ ᠪᠣᠬᠢᠷᠲᠤᠯ ᠦᠭᠡᠢ ᠪᠠ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠣᠯᠠᠨ ᠨᠡᠶ᠋ᠢᠲᠡ ᠵᠢᠨ ᠪᠠᠢ᠌ᠭᠤᠯᠤᠮᠵᠢ ᠵᠢ ᠡᠭᠦᠳᠦᠨ ᠪᠠᠢ᠌ᠭᠤᠯᠬᠤ ᠵᠢᠴᠢ ᠤᠬᠠᠭᠤᠯᠤᠨ ᠰᠠᠨᠠᠭ᠋ᠠᠴᠢᠯᠠᠬᠤ ᠠᠵᠢᠯ᠎ᠢ ᠰᠠᠢ᠌ᠲᠤᠷ ᠥᠷᠨᠢᠭᠦᠯᠦᠨ᠎ᠡ᠃ ᠣᠯᠠᠨ ᠨᠡᠶ᠋ᠢᠲᠡ ᠵᠢᠨ ᠪᠠᠷᠢᠯᠭ᠎ᠠ ᠵᠢᠨ ᠠᠭ᠋ᠠᠷ ᠲᠣᠬᠢᠷᠠᠭᠤᠯᠤᠭᠴᠢ᠂ ᠭᠡᠷᠡᠯᠲᠦᠭᠦᠯᠭᠡ᠂ ᠴᠠᠬᠢᠯᠭ᠋ᠠᠨ ᠱᠠᠲᠤ ᠵᠡᠷᠭᠡ ᠭᠣᠣᠯᠳᠠᠯᠭ᠋ᠠᠲᠤ ᠡᠨᠧᠷᠭᠢ ᠬᠡᠷᠡᠭᠯᠡᠬᠦ ᠲᠥᠬᠦᠭᠡᠷᠦᠮᠵᠢ ᠵᠢ ᠲᠣᠬᠢᠷᠠᠭᠤᠯᠤᠨ ᠲᠤᠷᠰᠢᠵᠤ ᠠᠷᠠᠴᠢᠯᠠᠨ ᠬᠠᠮᠠᠭ᠋ᠠᠯᠠᠬᠤ ᠠᠵᠢᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠥᠷᠨᠢᠭᠦᠯᠦᠨ᠎ᠡ᠃ ᠲᠣᠮᠣ ᠬᠡᠯᠪᠡᠷᠢ ᠵᠢᠨ ᠣᠯᠠᠨ ᠨᠡᠶ᠋ᠢᠲᠡ ᠵᠢᠨ ᠪᠠᠷᠢᠯᠭ᠎ᠠ᠎ᠳᠤ ᠥᠨᠳᠥᠷ ᠦᠷ᠎ᠡ ᠠᠰᠢᠭ᠎ᠲᠤ ᠤᠶᠠᠨ ᠬᠠᠲᠠᠨ ᠴᠢᠨᠠᠷᠲᠠᠢ ᠣᠶᠤᠨᠴᠢ ᠲᠣᠬᠢᠷᠠᠭᠤᠯᠤᠨ ᠡᠵᠡᠮᠳᠡᠬᠦ ᠮᠡᠷᠭᠡᠵᠢᠯ᠎ᠢ ᠰᠦᠪᠡᠭᠴᠢᠯᠡᠵᠦ ᠳᠡᠯᠭᠡᠷᠡᠭᠦᠯᠦᠨ ᠬᠡᠷᠡᠭᠯᠡᠵᠦ᠂ ᠴᠠᠬᠢᠯᠭ᠋ᠠᠨ ᠬᠡᠷᠡᠭᠯᠡᠬᠦ ᠳᠠᠭ᠋ᠠᠭ᠋ᠠᠴᠠ ᠵᠢ ᠵᠦᠢ ᠵᠣᠬᠢᠰᠲᠠᠢ ᠲᠣᠬᠢᠷᠠᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠂ ᠰᠤᠷᠭ᠋ᠠᠨ ᠬᠥᠮᠦᠵᠢᠯ᠎ᠤᠨ ᠲᠢᠩᠬᠢᠮ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠂ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠰᠣᠶᠣᠯ ᠪᠠ ᠵᠢᠭᠤᠯᠴᠢᠯᠠᠯ᠎ᠤᠨ ᠲᠢᠩᠬᠢᠮ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠤᠯᠤᠰ᠎ᠤᠨ ᠥᠮᠴᠢᠯᠡᠯᠲᠦ ᠡᠳ᠋ ᠬᠥᠷᠥᠩᠭᠡ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠪᠡᠶ᠎ᠡ ᠵᠢᠨ ᠲᠠᠮᠢᠷ᠎ᠤᠨ ᠲᠣᠪᠴᠢᠶ᠎ᠠ᠂ ᠡᠨᠧᠷᠭᠢ ᠵᠢᠨ ᠲᠣᠪᠴᠢᠶ᠎ᠠ᠂ ᠪᠠᠢ᠌ᠭᠤᠯᠭ᠎ᠠ ᠵᠢᠨ ᠶᠠᠪᠤᠳᠠᠯ᠎ᠤᠨ ᠬᠠᠮᠢᠶᠠᠷᠤᠯᠲᠠ ᠵᠢᠨ ᠲᠣᠪᠴᠢᠶ᠎ᠠ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠨᠡᠢ᠌ᠭᠡᠮᠯᠢᠭ ᠵᠡᠷᠭᠡ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
(ᠳᠥᠷᠪᠡ) ᠪᠠᠷᠢᠯᠭ᠎ᠠ᠎ᠳᠤ ᠬᠡᠷᠡᠭᠯᠡᠬᠦ ᠡᠨᠧᠷᠭᠢ ᠵᠢᠨ ᠨᠡᠭᠦᠷᠡᠰᠦᠲᠥ᠋ᠷᠥᠭᠴᠢ ᠪᠠᠭ᠋ᠠᠲᠠᠢ ᠲᠡᠢ᠌ᠰᠢ ᠬᠡᠯᠪᠡᠷᠢ᠎ᠪᠠᠨ ᠬᠤᠪᠢᠷᠠᠭᠤᠯᠬᠤ ᠵᠢ ᠠᠬᠢᠭᠤᠯᠤᠨ᠎ᠠ᠃ ᠡᠯ᠎ᠡ ᠠᠢ᠌ᠮᠠᠭ ᠬᠣᠲᠠ᠎ᠨᠢ ᠪᠣᠳᠠᠲᠠᠢ᠎ᠲᠠᠢ᠎ᠪᠠᠨ ᠤᠶᠠᠯᠳᠤᠭᠤᠯᠤᠨ ᠳᠠᠬᠢᠨ ᠡᠭᠦᠰᠴᠦ ᠪᠣᠯᠬᠤ ᠡᠨᠧᠷᠭᠢ ᠵᠢᠨ ᠪᠠᠷᠢᠯᠭ᠎ᠠ᠎ᠳᠠᠬᠢ ᠬᠡᠷᠡᠭᠯᠡᠭᠡᠨ᠎ᠢ ᠨᠢᠭᠡᠳᠦᠯᠲᠡᠢ ᠲᠥᠯᠥᠪᠵᠢᠭᠦᠯᠵᠦ᠂ ᠴᠠᠭ᠎ᠤᠨ ᠬᠦᠰᠦᠨᠦᠭᠲᠦ᠂ ᠠᠵᠢᠯ᠎ᠤᠨ ᠱᠤᠭᠤᠮ᠎ᠤᠨ ᠵᠢᠷᠤᠭ᠂ ᠪᠠᠷᠢᠯᠭ᠎ᠠ ᠵᠢᠨ ᠠᠵᠢᠯ᠎ᠤᠨ ᠵᠢᠷᠤᠭ᠎ᠢ ᠲᠣᠭᠲᠠᠭ᠋ᠠᠨ᠂《ᠪᠠᠷᠢᠯᠭ᠎ᠠ ᠵᠢᠨ ᠡᠨᠧᠷᠭᠢ ᠠᠷᠪᠢᠯᠠᠬᠤ ᠬᠢᠭᠡᠳ ᠳᠠᠬᠢᠨ ᠡᠭᠦᠰᠴᠦ ᠪᠣᠯᠬᠤ ᠡᠨᠧᠷᠭᠢ ᠵᠢ ᠠᠰᠢᠭᠯᠠᠬᠤ ᠨᠡᠢ᠌ᠳᠡᠮ ᠬᠡᠷᠡᠭᠯᠡᠭᠡᠨ᠎ᠤ ᠵᠢᠷᠤᠮᠵᠢᠯ》᠎ᠢ ᠴᠢᠩᠭ᠎ᠠ ᠨᠠᠢ᠌ᠳᠠᠪᠤᠷᠢᠵᠢᠭᠤᠯᠤᠨ᠎ᠠ᠃ ᠲᠤᠬᠠᠢ ᠵᠢᠨ ᠭᠠᠵᠠᠷ ᠣᠷᠣᠨ᠎ᠤ ᠪᠠᠢ᠌ᠳᠠᠯᠳᠤᠨᠢ ᠲᠣᠬᠢᠷᠠᠭᠤᠯᠤᠨ ᠴᠡᠪᠡᠷ ᠳᠤᠯᠠᠭ᠋ᠠᠯᠠᠭ᠎ᠠ ᠬᠠᠩᠭ᠋ᠠᠬᠤ ᠵᠢ ᠠᠬᠢᠭᠤᠯᠵᠤ᠂ ᠢᠯᠴᠢ ᠴᠠᠬᠢᠯᠭ᠋ᠠᠨ᠎ᠢ ᠵᠡᠷᠭᠡ᠎ᠪᠠᠷ ᠦᠢ᠍ᠯᠡᠳᠪᠦᠷᠢᠯᠡᠬᠦ᠂ ᠠᠵᠤ ᠦᠢ᠍ᠯᠡᠳᠪᠦᠷᠢ ᠵᠢᠨ ᠪᠦᠯᠢᠶᠡᠨ ᠢᠯᠴᠢ ᠵᠢ ᠲᠥᠪᠯᠡᠷᠡᠭᠦᠯᠦᠨ ᠢᠯᠴᠢ ᠬᠠᠩᠭ᠋ᠠᠬᠤ᠎ᠳᠤ ᠬᠡᠷᠡᠭᠯᠡᠬᠦ ᠵᠢ ᠶᠡᠬᠡ᠎ᠪᠠᠷ ᠬᠥᠭᠵᠢᠭᠦᠯᠦᠨ᠂ ᠪᠠᠷᠢᠯᠭ᠎ᠠ ᠵᠢᠨ ᠬᠦᠷᠢᠶ᠎ᠡ ᠴᠠᠷᠠᠭ᠋ᠠᠨ᠎ᠳᠠᠬᠢ ᠭᠠᠵᠠᠷ᠎ᠤᠨ ᠢᠯᠴᠢ ᠵᠢᠨ ᠡᠨᠧᠷᠭᠢ᠂ ᠨᠡᠷᠡᠨ᠎ᠤ ᠡᠨᠧᠷᠭᠢ᠎ᠪᠠᠷ ᠢᠯᠴᠢ ᠬᠠᠩᠭ᠋ᠠᠬᠤ ᠬᠡᠷᠡᠭᠯᠡᠭᠡᠨ᠎ᠢ ᠳᠡᠮᠵᠢᠵᠦ᠂ ᠨᠥᠬᠥᠴᠡᠯ᠎ᠲᠠᠢ ᠭᠠᠵᠠᠷ ᠣᠷᠣᠨ᠎ᠨᠢ ᠲᠠᠷᠢᠶᠠᠯᠠᠬᠤ ᠮᠠᠯᠵᠢᠬᠤ ᠣᠷᠣᠨ᠎ᠢ ᠡᠮᠬᠢ ᠵᠢᠷᠤᠮ᠎ᠲᠠᠢ ᠵᠢᠯᠣᠭᠣᠳᠴᠤ ᠪᠠᠢ᠌ᠭ᠋ᠠᠳ ᠪᠢᠥᠮᠠᠰᠤᠨ ᠡᠨᠧᠷᠭᠢᠲᠦ ᠵᠤᠤᠬ᠎ᠠ᠎ᠪᠠᠷ ᠳᠤᠯᠠᠭ᠋ᠠᠨ ᠬᠠᠩᠭ᠋ᠠᠬᠤ ᠵᠢ ᠬᠥᠭᠵᠢᠭᠦᠯᠬᠦ ᠵᠢ᠎ᠨᠢ ᠵᠣᠷᠢᠭᠵᠢᠭᠤᠯᠤᠨ᠎ᠠ᠃ ᠪᠠᠷᠢᠯᠭ᠎ᠠ ᠵᠢ ᠴᠠᠬᠢᠯᠭ᠋ᠠᠨᠵᠢᠭᠤᠯᠬᠤ ᠬᠡᠮᠵᠢᠶ᠎ᠡ ᠵᠢ ᠳᠡᠭᠡᠭᠰᠢᠯᠡᠭᠦᠯᠦᠨ᠂ ᠰᠢᠨ᠎ᠡ᠎ᠪᠠᠷ ᠪᠠᠢ᠌ᠭᠤᠯᠬᠤ ᠣᠯᠠᠨ ᠨᠡᠶ᠋ᠢᠲᠡ ᠵᠢᠨ ᠪᠠᠷᠢᠯᠭ᠎ᠠ ᠵᠢ ᠪᠦᠬᠦ ᠲᠠᠯ᠎ᠠ᠎ᠪᠠᠷ ᠴᠠᠬᠢᠯᠭ᠋ᠠᠨᠵᠢᠭᠤᠯᠬᠤ ᠵᠢ ᠠᠬᠢᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠡᠨᠧᠷᠭᠢ ᠵᠢᠨ ᠲᠣᠪᠴᠢᠶ᠎ᠠ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ᠂ ᠪᠠᠢ᠌ᠭᠤᠯᠭ᠎ᠠ ᠵᠢᠨ ᠶᠠᠪᠤᠳᠠᠯ᠎ᠤᠨ ᠬᠠᠮᠢᠶᠠᠷᠤᠯᠲᠠ ᠵᠢᠨ ᠲᠣᠪᠴᠢᠶ᠎ᠠ ᠵᠡᠷᠭᠡ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
(ᠲᠠᠪᠤ) ᠪᠠᠷᠢᠯᠭ᠎ᠠ ᠵᠢᠨ ᠭᠡᠷᠡᠯᠴᠢ ᠴᠡᠨᠡᠭ᠎ᠢ ᠳᠡᠯᠭᠡᠷᠡᠭᠦᠯᠦᠨ ᠬᠡᠷᠡᠭᠯᠡᠬᠦ ᠵᠢ ᠴᠢᠩᠭ᠋ᠠᠳᠬᠠᠨ᠎ᠠ᠃ ᠥᠪᠡᠷᠲᠡᠭᠡᠨ ᠵᠠᠰᠠᠬᠤ ᠣᠷᠣᠨ᠎ᠤ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ ᠪᠠ ᠡᠯ᠎ᠡ ᠠᠢ᠌ᠮᠠᠭ ᠬᠤᠲᠠ᠎ᠨᠢ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠷᠢᠯᠭ᠎ᠠ ᠵᠢᠨ ᠭᠡᠷᠡᠯᠴᠢ ᠴᠡᠨᠡᠭ᠎ᠢ ᠳᠡᠯᠭᠡᠷᠡᠭᠦᠯᠦᠨ ᠬᠡᠷᠡᠭᠯᠡᠬᠦ ᠬᠡᠷᠡᠭᠵᠢᠭᠦᠯᠬᠦ ᠲᠥᠰᠥᠯ》᠎ᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠲᠤᠬᠠᠢ ᠵᠢᠨ ᠭᠠᠵᠠᠷ ᠣᠷᠣᠨ᠎ᠤ ᠪᠠᠢ᠌ᠳᠠᠯᠳᠤᠨᠢ ᠲᠣᠬᠢᠷᠠᠭᠤᠯᠤᠨ ᠪᠠᠷᠢᠯᠭ᠎ᠠ ᠵᠢᠨ ᠭᠡᠷᠡᠯᠴᠢ ᠴᠡᠨᠡᠭ᠎ᠤᠨ ᠬᠥᠭᠵᠢᠯᠲᠡ᠎ᠳᠤ ᠠᠰᠢᠭᠲᠠᠢ ᠲᠣᠭᠲᠠᠴᠠ ᠪᠠ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠨᠡᠢ᠌ᠲᠡᠯᠡᠵᠦ᠂ ᠬᠦᠴᠦᠨ ᠵᠦᠢ᠍ᠯ᠎ᠤᠨ ᠲᠤᠯᠭ᠋ᠠᠭᠤᠷᠢᠯᠠᠯ᠎ᠢ ᠴᠢᠩᠭ᠋ᠠᠷᠠᠭᠤᠯᠤᠨ᠂ ᠥᠪᠡᠷᠲᠡᠭᠡᠨ ᠵᠠᠰᠠᠬᠤ ᠣᠷᠣᠨ᠎ᠤ ᠪᠠᠷᠢᠯᠭ᠎ᠠ ᠵᠢᠨ ᠭᠡᠷᠡᠯᠴᠢ ᠴᠡᠨᠡᠭ᠎ᠤᠨ ᠴᠢᠨᠠᠷ ᠰᠠᠢ᠌ᠲᠠᠢ ᠬᠥᠭᠵᠢᠯᠲᠡ ᠵᠢ ᠬᠠᠮᠵᠢᠯᠴᠠᠨ ᠠᠬᠢᠭᠤᠯᠤᠨ᠎ᠠ᠃ ᠪᠠᠷᠢᠯᠭ᠎ᠠ ᠪᠠ ᠭᠡᠷᠡᠯᠴᠢ ᠴᠡᠨᠡᠭ᠎ᠢ ᠨᠢᠭᠡ ᠴᠣᠭᠴᠠᠵᠢᠭᠤᠯᠤᠨ ᠪᠦᠲᠦᠭᠡᠨ ᠪᠠᠢ᠌ᠭᠤᠯᠬᠤ ᠣᠷᠣᠨ ᠨᠤᠲᠤᠭ᠎ᠤᠨ ᠪᠠᠷᠢᠮᠵᠢᠶ᠎ᠠ ᠪᠠ ᠵᠢᠷᠤᠭ᠎ᠤᠨ ᠲᠣᠪᠬᠢᠮᠠᠯ᠎ᠢ ᠲᠣᠭᠲᠠᠭ᠋ᠠᠨ ᠲᠡᠭᠦᠯᠳᠡᠷᠵᠢᠭᠦᠯᠵᠦ᠂ ᠠᠵᠤ ᠦᠢ᠍ᠯᠡᠳᠪᠦᠷᠢ ᠵᠢᠨ ᠭᠡᠷ ᠪᠠᠢ᠌ᠰᠢᠩ᠂ ᠣᠯᠠᠨ ᠨᠡᠶ᠋ᠢᠲᠡ ᠵᠢᠨ ᠪᠠᠷᠢᠯᠭ᠎ᠠ᠂ ᠣᠷᠣᠨ ᠰᠠᠭᠤᠴᠠ ᠵᠢᠨ ᠪᠠᠷᠢᠯᠭ᠎ᠠ ᠵᠡᠷᠭᠡ ᠰᠢᠨ᠎ᠡ᠎ᠪᠠᠷ ᠪᠠᠢ᠌ᠭᠤᠯᠤᠭᠰᠠᠨ ᠪᠠᠷᠢᠯᠭ᠎ᠠ ᠵᠢ ᠭᠡᠷᠡᠯᠴᠢ ᠴᠡᠨᠡᠭ᠎ᠲᠠᠢ ᠨᠢᠭᠡ ᠴᠣᠭᠴᠠᠵᠢᠭᠤᠯᠤᠨ ᠪᠦᠲᠦᠭᠡᠨ ᠪᠠᠢ᠌ᠭᠤᠯᠬᠤ ᠠᠵᠢᠯ᠎ᠢ ᠤᠯᠤᠰ᠎ᠤᠨ ᠲᠤᠷᠰᠢᠯᠲᠠ ᠵᠢᠨ ᠴᠡᠭ ᠵᠶ᠋ᠠᠷ ᠭᠤᠶᠤᠴᠢᠯᠠᠨ ᠮᠡᠳᠡᠭᠦᠯᠬᠦ ᠵᠢ ᠵᠣᠷᠢᠭᠵᠢᠭᠤᠯᠤᠨ᠎ᠠ᠃ ᠪᠠᠷᠢᠯᠭ᠎ᠠ ᠵᠢᠨ ᠭᠡᠷᠡᠯᠴᠢ ᠴᠡᠨᠡᠭ᠎ᠤᠨ ᠬᠠᠮᠢᠶᠠᠷᠤᠯᠲᠠ ᠵᠢ ᠴᠢᠩᠭ᠋ᠠᠳᠬᠠᠵᠤ᠂ ᠭᠡᠷᠡᠯᠴᠢ ᠴᠡᠨᠡᠭ ᠵᠶ᠋ᠠᠷ ᠭᠠᠷᠭ᠋ᠠᠬᠤ ᠴᠠᠬᠢᠯᠭ᠋ᠠᠨ᠎ᠢ ᠪᠠᠭᠲᠠᠭ᠋ᠠᠨ ᠰᠢᠩᠭᠡᠭᠡᠬᠦ᠎ᠪᠠᠨ ᠰᠠᠢ᠌ᠲᠤᠷ ᠬᠢᠵᠦ᠂ ᠠᠵᠢᠯᠯᠠᠭᠤᠯᠵᠤ ᠬᠠᠮᠠᠭ᠋ᠠᠯᠠᠬᠤ ᠬᠠᠮᠢᠶᠠᠷᠤᠯᠲᠠ ᠵᠢ ᠴᠢᠩᠭ᠋ᠠᠷᠠᠭᠤᠯᠤᠨ᠂ ᠬᠥᠭᠵᠢᠯᠲᠡ ᠵᠢᠨ ᠵᠠᠭᠪᠤᠷ᠎ᠲᠤ ᠰᠢᠨ᠎ᠡ ᠵᠢ ᠡᠭᠦᠳᠴᠦ᠂ ᠪᠠᠷᠢᠯᠭ᠎ᠠ ᠵᠢᠨ ᠭᠡᠷᠡᠯᠴᠢ ᠴᠡᠨᠡᠭ᠎ᠤᠨ ᠲᠠᠯ᠎ᠠ᠎ᠪᠠᠷ᠎ᠬᠢ ᠨᠡᠢ᠌ᠲᠡᠯᠢᠭ ᠠᠵᠢᠯ᠎ᠤᠨ ᠲᠤᠷᠰᠢᠯᠭ᠎ᠠ ᠵᠢ ᠴᠠᠭ ᠲᠤᠬᠠᠢᠳᠤᠨᠢ ᠤᠬᠠᠭᠤᠯᠤᠨ ᠳᠡᠯᠭᠡᠷᠡᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠡᠨᠧᠷᠭᠢ ᠵᠢᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠂ ᠪᠠᠢ᠌ᠭᠤᠯᠭ᠎ᠠ ᠵᠢᠨ ᠶᠠᠪᠤᠳᠠᠯ᠎ᠤᠨ ᠬᠠᠮᠢᠶᠠᠷᠤᠯᠲᠠ ᠵᠢᠨ ᠲᠣᠪᠴᠢᠶ᠎ᠠ ᠵᠡᠷᠭᠡ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
(ᠵᠢᠷᠭᠤᠭ᠎ᠠ) ᠢᠯᠴᠢ ᠵᠢᠨ ᠬᠠᠩᠭ᠋ᠠᠯᠭ᠎ᠠ ᠵᠢᠨ ᠬᠡᠮᠵᠢᠯᠲᠡ ᠪᠠ ᠢᠯᠴᠢ ᠬᠠᠩᠭ᠋ᠠᠭᠰᠠᠨ ᠬᠡᠮᠵᠢᠶ᠎ᠡ᠎ᠪᠠᠷ ᠰᠦᠢ᠍ᠳᠬᠡᠯ ᠬᠤᠷᠢᠶᠠᠬᠤ ᠵᠢ ᠠᠬᠢᠭᠤᠯᠤᠨ᠎ᠠ᠃ ᠬᠥᠬᠡᠬᠤᠲᠠ᠂ ᠪᠤᠭᠤᠲᠤ ᠬᠤᠲᠠ᠂ ᠤᠯᠠᠭ᠋ᠠᠨᠬᠠᠳᠠ ᠬᠤᠲᠠ᠂ ᠣᠷᠳᠣᠰ ᠬᠤᠲᠠ᠂ ᠦᠬᠠᠢ ᠬᠤᠲᠠ᠎ᠳᠤ ᠤᠷᠢᠳ ᠵᠶ᠋ᠠᠷ ᠲᠤᠷᠰᠢᠨ ᠬᠡᠷᠡᠭᠵᠢᠭᠦᠯᠵᠦ᠂ ᠣᠷᠣᠨ ᠪᠦᠰᠡ ᠬᠤᠪᠢᠶᠠᠨ ᠥᠪᠡᠷᠲᠡᠭᠡᠨ ᠵᠠᠰᠠᠬᠤ ᠣᠷᠣᠨ᠎ᠤ ᠢᠯᠴᠢ ᠵᠢᠨ ᠬᠠᠩᠭ᠋ᠠᠯᠭ᠎ᠠ ᠵᠢᠨ ᠬᠡᠮᠵᠢᠯᠲᠡ᠎ᠪᠠᠷ ᠰᠦᠢ᠍ᠳᠬᠡᠯ ᠬᠤᠷᠢᠶᠠᠬᠤ ᠥᠭᠡᠷᠡᠴᠢᠯᠡᠯᠲᠡ ᠵᠢ ᠵᠢᠱ᠌ᠢᠶ᠎ᠡ ᠦᠵᠡᠭᠦᠯᠦᠨ ᠠᠬᠢᠭᠤᠯᠵᠤ᠂ ᠢᠯᠴᠢ ᠵᠢᠨ ᠬᠠᠩᠭ᠋ᠠᠯᠭ᠎ᠠ ᠵᠢᠨ ᠣᠶᠤᠨᠴᠢᠯᠠᠯᠲᠠ ᠵᠢ ᠪᠡᠶᠡᠯᠡᠭᠦᠯᠦᠨ᠎ᠡ᠃ ᠡᠯ᠎ᠡ ᠠᠢ᠌ᠮᠠᠭ ᠬᠤᠲᠠ᠎ᠨᠢ ᠪᠣᠳᠠᠲᠠᠢ᠎ᠲᠠᠢ᠎ᠪᠠᠨ ᠤᠶᠠᠯᠳᠤᠭᠤᠯᠤᠨ ᠢᠯᠴᠢ ᠵᠢᠨ ᠬᠠᠩᠭ᠋ᠠᠯᠭ᠎ᠠ ᠵᠢ ᠡᠷᠦᠬᠡ ᠡᠷᠦᠬᠡ᠎ᠪᠠᠷ ᠬᠡᠮᠵᠢᠬᠦ ᠥᠭᠡᠷᠡᠴᠢᠯᠡᠯᠲᠡ ᠵᠢᠨ ᠲᠥᠰᠥᠯ᠎ᠢ ᠲᠣᠭᠲᠠᠭ᠋ᠠᠵᠤ᠂ ᠬᠡᠮᠵᠢᠶᠡᠯᠡᠬᠦ ᠬᠠᠷᠠᠯᠲᠠ ᠡᠭᠦᠷᠭᠡ ᠪᠠ ᠥᠭᠡᠷᠡᠴᠢᠯᠡᠬᠦ ᠬᠤᠭᠤᠴᠠᠭ᠎ᠠ ᠬᠢᠵᠠᠭ᠋ᠠᠷ᠎ᠢ ᠲᠣᠳᠣᠷᠬᠠᠢ ᠪᠣᠯᠭ᠋ᠠᠨ᠂ ᠨᠥᠬᠥᠴᠡᠯ ᠪᠦᠷᠢᠳᠦᠭᠦᠯᠦᠭᠰᠡᠨ ᠣᠷᠣᠨ ᠰᠠᠭᠤᠴᠠ ᠵᠢᠨ ᠪᠠᠷᠢᠯᠭ᠎ᠠ ᠪᠠ ᠣᠯᠠᠨ ᠨᠡᠶ᠋ᠢᠲᠡ ᠵᠢᠨ ᠪᠠᠷᠢᠯᠭ᠎ᠠ᠎ᠠᠴᠠ ᠢᠯᠴᠢ ᠵᠢᠨ ᠬᠡᠷᠡᠭᠯᠡᠴᠡ ᠵᠢ ᠬᠡᠮᠵᠢᠵᠦ ᠰᠦᠢ᠍ᠳᠬᠡᠯ ᠬᠤᠷᠢᠶᠠᠬᠤ ᠵᠢ ᠠᠯᠬᠤᠮ ᠠᠯᠬᠤᠮ ᠵᠶ᠋ᠠᠷ ᠠᠬᠢᠭᠤᠯᠵᠤ᠂ ᠡᠷᠦᠬᠡ ᠵᠢᠨ ᠳᠣᠲᠣᠭ᠋ᠠᠳᠤ᠎ᠳᠤ ᠢᠯᠴᠢ ᠵᠢᠨ ᠬᠠᠩᠭ᠋ᠠᠯᠭ᠎ᠠ ᠵᠢᠨ ᠬᠡᠮᠵᠢᠯᠲᠡ ᠵᠢ ᠥᠭᠡᠷᠡᠴᠢᠯᠡᠨ ᠰᠢᠨᠡᠳᠬᠡᠬᠦ ᠥᠷᠲᠡᠭ ᠪᠠ ᠨᠥᠬᠥᠴᠡᠯ᠎ᠢ ᠡᠰᠡ ᠪᠦᠷᠢᠳᠦᠭᠦᠯᠦᠭᠰᠡᠨ ᠨᠢᠭᠡᠨᠲᠡ ᠪᠠᠢ᠌ᠭ᠎ᠠ ᠣᠷᠣᠨ ᠰᠠᠭᠤᠴᠠ ᠵᠢᠨ ᠪᠠᠷᠢᠯᠭ᠎ᠠ᠎ᠳᠤ ᠠᠰᠠᠷ᠎ᠤᠨ ᠣᠷᠤᠴᠠ ᠣᠷᠤᠴᠠ᠎ᠪᠠᠷ ᠬᠡᠮᠵᠢᠬᠦ ᠠᠷᠭ᠎ᠠ ᠵᠢ ᠬᠡᠷᠡᠭᠵᠢᠭᠦᠯᠵᠦ ᠪᠣᠯᠣᠨ᠎ᠠ᠃ ᠰᠢᠨ᠎ᠡ᠎ᠪᠠᠷ ᠪᠠᠷᠢᠵᠤ ᠳᠠᠭᠤᠰᠬᠠᠭᠰᠠᠨ ᠪᠠᠷᠢᠯᠭ᠎ᠠ ᠵᠢ ᠢᠯᠴᠢ ᠵᠢᠨ ᠬᠠᠩᠭ᠋ᠠᠯᠭ᠎ᠠ ᠵᠢᠨ ᠬᠡᠮᠵᠢᠯᠲᠡ ᠵᠢᠨ ᠱᠠᠭ᠋ᠠᠷᠳᠠᠯᠭ᠎ᠠ᠎ᠳᠤ ᠬᠦᠷᠭᠡᠬᠦ ᠬᠡᠷᠡᠭᠲᠡᠢ᠃ ᠢᠯᠴᠢ ᠵᠢᠨ ᠬᠠᠩᠭ᠋ᠠᠯᠭ᠎ᠠ ᠵᠢᠨ ᠬᠡᠮᠵᠢᠯᠲᠡ ᠵᠢᠨ ᠰᠢᠨᠵᠢᠯᠡᠬᠦ ᠤᠬᠠᠭ᠋ᠠᠨᠴᠢ ᠵᠦᠢ ᠵᠣᠬᠢᠰᠲᠠᠢ ᠰᠦᠢ᠍ᠳᠬᠡᠯ ᠬᠤᠷᠢᠶᠠᠬᠤ ᠲᠣᠭᠲᠠᠴᠠ ᠵᠢ ᠪᠠᠢ᠌ᠭᠤᠯᠵᠤ᠂ ᠦᠨᠳᠦᠰᠦᠨ ᠢᠯᠴᠢ ᠵᠢᠨ ᠦᠨ᠎ᠡ ᠪᠠ ᠬᠡᠮᠵᠢᠯᠲᠡ ᠵᠢᠨ ᠢᠯᠴᠢ ᠵᠢᠨ ᠦᠨ᠎ᠡ ᠵᠢ ᠬᠠᠷᠢᠯᠴᠠᠨ ᠤᠶᠠᠯᠳᠤᠭᠤᠯᠤᠭᠰᠠᠨ ᠬᠣᠶᠠᠷ ᠢᠵᠢ ᠢᠯᠴᠢ ᠵᠢᠨ ᠦᠨ᠎ᠡ ᠵᠢ ᠲᠦᠷᠭᠡᠳᠬᠡᠨ ᠬᠡᠷᠡᠭᠵᠢᠭᠦᠯᠦᠨ᠎ᠡ᠃ ᠮᠡᠳᠡᠭᠡ ᠵᠠᠩᠭᠢᠴᠢᠯᠠᠯᠲᠠ ᠵᠢᠨ ᠮᠡᠷᠭᠡᠵᠢᠯ᠎ᠢ ᠭᠦᠢ᠍ᠴᠡᠳ ᠠᠰᠢᠭᠯᠠᠨ᠂ ᠬᠤᠲᠠ ᠵᠢᠨ ᠢᠯᠴᠢ ᠵᠢᠨ ᠬᠠᠩᠭ᠋ᠠᠯᠭ᠎ᠠ ᠵᠢᠨ ᠬᠠᠮᠢᠶᠠᠷᠤᠯᠲᠠ ᠵᠢᠨ ᠣᠶᠤᠨᠴᠢᠯᠠᠯᠲᠠ ᠵᠢ ᠠᠯᠬᠤᠮ ᠠᠯᠬᠤᠮ ᠵᠶ᠋ᠠᠷ ᠲᠡᠭᠦᠯᠳᠡᠷᠵᠢᠭᠦᠯᠵᠦ᠂ ᠢᠯᠴᠢ ᠬᠠᠩᠭ᠋ᠠᠬᠤ ᠠᠵᠤ ᠠᠬᠤᠢ᠌ᠯᠠᠯ᠎ᠤᠨ ᠬᠠᠮᠢᠶᠠᠷᠤᠯᠲᠠ ᠵᠢᠨ ᠲᠣᠭ᠋ᠠᠵᠢᠭᠤᠯᠤᠯᠲᠠ᠂ ᠣᠶᠤᠨᠴᠢᠯᠠᠯᠲᠠ ᠲᠡᠢ᠌ᠰᠢ ᠬᠡᠯᠪᠡᠷᠢ᠎ᠪᠠᠨ ᠬᠤᠪᠢᠷᠠᠭᠤᠯᠵᠤ ᠲᠠᠰ ᠳᠡᠪᠰᠢᠭᠦᠯᠬᠦ ᠵᠢ᠎ᠨᠢ ᠠᠬᠢᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠡᠳ᠋᠎ᠤᠨ ᠵᠠᠰᠠᠭ᠎ᠤᠨ ᠲᠢᠩᠬᠢᠮ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
(ᠳᠣᠯᠣᠭ᠎ᠠ) ᠬᠥᠳᠡᠭᠡ ᠲᠣᠰᠬᠤᠨ᠎ᠤ ᠭᠡᠷ ᠪᠠᠢ᠌ᠰᠢᠩ᠎ᠤᠨ ᠪᠣᠬᠢᠷᠲᠤᠯ ᠦᠭᠡᠢ ᠪᠠ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠲᠦᠪᠰᠢᠨ᠎ᠢ ᠳᠡᠭᠡᠭᠰᠢᠯᠡᠭᠦᠯᠦᠨ᠎ᠡ᠃ ᠲᠠᠷᠢᠶᠠᠴᠢᠨ ᠮᠠᠯᠴᠢᠨ ᠰᠠᠢ᠌ᠨ ᠳᠤᠷ᠎ᠠ ᠵᠢᠨ ᠪᠠᠢ᠌ᠬᠤ᠂ ᠲᠤᠬᠠᠢ ᠵᠢᠨ ᠭᠠᠵᠠᠷ ᠣᠷᠣᠨ᠎ᠤ ᠪᠠᠢ᠌ᠳᠠᠯᠳᠤᠨᠢ ᠲᠣᠬᠢᠷᠠᠭᠤᠯᠬᠤ᠂ ᠨᠢᠭᠡ ᠡᠷᠦᠬᠡ᠎ᠳᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ ᠵᠠᠷᠴᠢᠮ᠎ᠢ ᠪᠠᠷᠢᠮᠲᠠᠯᠠᠵᠤ᠂ ᠪᠣᠬᠢᠷᠲᠤᠯ ᠦᠭᠡᠢ ᠪᠠ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠳᠡᠭᠡ ᠲᠣᠰᠬᠤᠨ᠎ᠤ ᠭᠡᠷ ᠪᠠᠢ᠌ᠰᠢᠩ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠤᠨ᠎ᠠ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠬᠤ ᠮᠠᠯᠵᠢᠬᠤ ᠣᠷᠣᠨ᠎ᠤ ᠣᠷᠣᠨ ᠰᠠᠭᠤᠴᠠ ᠵᠢᠨ ᠪᠠᠷᠢᠯᠭ᠎ᠠ ᠵᠢᠨ ᠡᠨᠧᠷᠭᠢ ᠠᠷᠪᠢᠯᠠᠬᠤ ᠵᠢᠷᠤᠭ ᠲᠥᠯᠥᠪᠯᠡᠭᠡ ᠵᠢᠨ ᠪᠠᠷᠢᠮᠵᠢᠶ᠎ᠠ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠬᠤ ᠮᠠᠯᠵᠢᠬᠤ ᠣᠷᠣᠨ᠎ᠤ ᠰᠢᠨ᠎ᠡ ᠬᠡᠯᠪᠡᠷᠢ ᠵᠢᠨ ᠣᠷᠣᠨ ᠰᠠᠭᠤᠴᠠ ᠵᠢᠨ ᠬᠦᠷᠢᠶ᠎ᠡ ᠬᠠᠰᠢᠶᠠᠨ᠎ᠤ ᠵᠢᠷᠤᠭ ᠲᠥᠯᠥᠪᠯᠡᠭᠡ ᠵᠢᠨ ᠵᠢᠷᠤᠭ᠎ᠤᠨ ᠲᠣᠪᠬᠢᠮᠠᠯ》᠎ᠤᠨ ᠬᠡᠷᠡᠭᠯᠡᠭᠡᠨ᠎ᠢ ᠵᠣᠷᠢᠭᠵᠢᠭᠤᠯᠵᠤ᠂ ᠬᠥᠳᠡᠭᠡ ᠲᠣᠰᠬᠤᠨ᠎ᠤ ᠭᠡᠷ ᠪᠠᠢ᠌ᠰᠢᠩ᠎ᠤᠨ ᠡᠨᠧᠷᠭᠢ ᠠᠷᠪᠢᠯᠠᠬᠤ ᠠᠷᠭ᠎ᠠ ᠬᠡᠮᠵᠢᠶ᠎ᠡ ᠵᠢ ᠲᠡᠭᠦᠯᠳᠡᠷᠵᠢᠭᠦᠯᠦᠨ᠂ ᠬᠥᠳᠡᠭᠡ ᠲᠣᠰᠬᠤᠨ᠎ᠤ ᠭᠡᠷ ᠪᠠᠢ᠌ᠰᠢᠩ᠎ᠤᠨ ᠠᠶᠠᠨᠳᠠᠭ᠋ᠠᠨ ᠰᠠᠯᠬᠢ ᠨᠡᠪᠲᠡᠷᠡᠬᠦ᠂ ᠭᠡᠷᠡᠯ ᠠᠪᠤᠯᠭ᠎ᠠ ᠪᠠ ᠳᠤᠯᠠᠭ᠋ᠠᠨ᠎ᠢ ᠬᠠᠮᠠᠭ᠋ᠠᠯᠠᠬᠤ ᠴᠢᠳᠠᠮᠵᠢ ᠵᠢ ᠳᠡᠭᠡᠭᠰᠢᠯᠡᠭᠦᠯᠵᠦ᠂ ᠬᠥᠳᠡᠭᠡ ᠲᠣᠰᠬᠤᠨ᠎ᠤ ᠭᠡᠷ ᠪᠠᠢ᠌ᠰᠢᠩ᠎ᠤᠨ ᠡᠨᠧᠷᠭᠢ ᠵᠢᠨ ᠬᠣᠷᠣᠭᠳᠠᠯ᠎ᠢ ᠪᠠᠭ᠋ᠠᠰᠬᠠᠬᠤ ᠵᠢᠨ ᠬᠠᠮᠲᠤ ᠲᠠᠭ᠋ᠠᠯᠠᠮᠵᠢ ᠵᠢᠨ ᠬᠡᠮᠵᠢᠶ᠎ᠡ ᠵᠢ ᠳᠡᠭᠡᠭᠰᠢᠯᠡᠭᠦᠯᠦᠨ᠎ᠡ᠃ ᠨᠢᠭᠡᠨᠲᠡ ᠪᠠᠢ᠌ᠭ᠎ᠠ ᠬᠥᠳᠡᠭᠡ ᠲᠣᠰᠬᠤᠨ᠎ᠤ ᠭᠡᠷ ᠪᠠᠢ᠌ᠰᠢᠩ᠎ᠤᠨ ᠡᠨᠧᠷᠭᠢ ᠠᠷᠪᠢᠯᠠᠬᠤ ᠥᠭᠡᠷᠡᠴᠢᠯᠡᠯᠲᠡ ᠵᠢ ᠡᠮᠬᠢ ᠵᠢᠷᠤᠮ᠎ᠲᠠᠢ ᠥᠷᠨᠢᠭᠦᠯᠵᠦ᠂ ᠭᠡᠷ ᠪᠠᠢ᠌ᠰᠢᠩ᠎ᠤᠨ ᠬᠡᠷᠡᠮ ᠬᠠᠨ᠎ᠠ᠂ ᠡᠭᠦᠳᠡ ᠴᠣᠩᠬᠣ᠂ ᠭᠡᠷ᠎ᠤᠨ ᠳᠡᠭᠡᠪᠦᠷ᠂ ᠱᠠᠯᠠ ᠵᠡᠷᠭᠡ᠎ᠳᠤ ᠲᠣᠪᠶᠣᠭ ᠮᠠᠶᠢᠭ᠎ᠤᠨ ᠪᠢᠴᠢᠯ ᠥᠭᠡᠷᠡᠴᠢᠯᠡᠯᠲᠡ ᠬᠢᠬᠦ ᠵᠢ ᠵᠣᠷᠢᠭᠵᠢᠭᠤᠯᠤᠨ᠎ᠠ᠃ ᠪᠣᠬᠢᠷᠳᠤᠯ ᠦᠭᠡᠢ ᠪᠠᠷᠢᠯᠭ᠎ᠠ ᠵᠢᠨ ᠮᠠᠲ᠋ᠧᠷᠢᠶᠡᠯᠢ ᠬᠥᠳᠡᠭᠡ ᠪᠠᠭᠤᠯᠭ᠋ᠠᠬᠤ ᠠᠵᠢᠯᠯᠠᠭ᠎ᠠ ᠵᠢ ᠢᠳᠡᠪᠬᠢᠲᠡᠢ ᠥᠷᠨᠢᠭᠦᠯᠵᠦ᠂ ᠥᠨᠳᠥᠷ ᠦᠷ᠎ᠡ ᠪᠦᠳᠦᠮᠵᠢᠳᠡᠢ ᠭᠡᠷᠡᠯᠲᠦᠭᠦᠯᠭᠡ᠂ ᠵᠤᠤᠬᠠᠨ᠎ᠤ ᠬᠡᠷᠡᠭᠰᠡᠯ᠂ ᠡᠨᠧᠷᠬᠢ ᠠᠷᠪᠢᠯᠠᠬᠤ ᠪᠠᠭ᠋ᠠᠵᠢ ᠬᠡᠷᠡᠭᠰᠡᠯ ᠵᠡᠷᠭᠡ ᠪᠡᠯᠡᠳᠬᠡᠮᠵᠢ ᠲᠥᠬᠦᠭᠡᠷᠦᠮᠵᠢ ᠵᠢ ᠳᠡᠯᠭᠡᠷᠡᠭᠦᠯᠦᠨ ᠬᠡᠷᠡᠭᠯᠡᠨ᠎ᠡ᠃ ᠲᠠᠷᠢᠶᠠᠯᠠᠬᠤ ᠮᠠᠯᠵᠢᠬᠤ ᠣᠷᠣᠨ᠎ᠤ ᠴᠡᠪᠡᠷ ᠳᠤᠯᠠᠭ᠋ᠠᠯᠠᠭ᠎ᠠ ᠵᠢ ᠠᠬᠢᠭᠤᠯᠵᠤ᠂ ᠴᠠᠬᠢᠯᠭ᠋ᠠᠨ ᠬᠦᠴᠦᠨ᠂ ᠪᠠᠢ᠌ᠭ᠋ᠠᠯᠢ ᠵᠢᠨ ᠰᠢᠲᠠᠮᠠᠬᠠᠢ ᠬᠡᠢ ᠪᠠ ᠨᠡᠷᠡᠨ᠎ᠤ ᠡᠨᠧᠷᠭᠢ᠂ ᠭᠠᠵᠠᠷ᠎ᠤᠨ ᠢᠯᠴᠢ ᠵᠢᠨ ᠡᠨᠧᠷᠭᠢ᠂ ᠠᠭ᠋ᠠᠷ᠎ᠤᠨ ᠢᠯᠴᠢ ᠵᠢᠨ ᠡᠨᠧᠷᠭᠢ᠂ ᠪᠢᠥᠮᠠᠰᠤᠨ ᠡᠨᠧᠷᠭᠢ ᠵᠡᠷᠭᠡ ᠳᠠᠬᠢᠨ ᠡᠭᠦᠰᠴᠦ ᠪᠣᠯᠬᠤ ᠡᠨᠧᠷᠭᠢ ᠵᠢ ᠲᠤᠬᠠᠢ ᠵᠢᠨ ᠭᠠᠵᠠᠷ ᠣᠷᠣᠨ᠎ᠤ ᠪᠠᠢ᠌ᠳᠠᠯᠳᠤᠨᠢ ᠲᠣᠬᠢᠷᠠᠭᠤᠯᠤᠨ ᠬᠡᠷᠡᠭᠯᠡᠬᠦ ᠵᠢ ᠵᠣᠷᠢᠭᠵᠢᠭᠤᠯᠵᠤ᠂ ᠲᠠᠷᠢᠶᠠᠯᠠᠬᠤ ᠮᠠᠯᠵᠢᠬᠤ ᠡᠷᠦᠬᠡ ᠵᠢᠨ ᠭᠡᠷᠡᠯᠴᠢ ᠴᠡᠨᠡᠭ ᠵᠶ᠋ᠡᠷ ᠴᠠᠬᠢᠯᠭ᠋ᠠᠨ ᠭᠠᠷᠭ᠋ᠠᠬᠤ ᠰᠢᠰᠲ᠋ᠧᠮ ᠨᠡᠮᠡᠵᠦ ᠤᠭᠰᠠᠷᠠᠬᠤ᠂ ᠨᠡᠭᠦᠷᠡᠰᠦ ᠰᠢᠲᠠᠭ᠋ᠠᠵᠤ ᠬᠡᠷᠡᠭᠯᠡᠬᠦ ᠵᠢ ᠪᠠᠭ᠋ᠠᠰᠬᠠᠬᠤ ᠵᠢ᠎ᠨᠢ ᠵᠣᠷᠢᠭᠵᠢᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠡᠨᠧᠷᠭᠢ ᠵᠢᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
(ᠨᠠᠢ᠍ᠮᠠ) ᠪᠣᠬᠢᠷᠲᠤᠯ ᠦᠭᠡᠢ ᠪᠠ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠪᠠᠢ᠌ᠭᠤᠯᠤᠯᠲᠠ ᠵᠢ ᠠᠬᠢᠭᠤᠯᠤᠨ᠎ᠠ᠃ ᠤᠭᠰᠠᠷᠠᠮᠠᠯ ᠮᠠᠶᠢᠭ᠎ᠤᠨ ᠪᠠᠷᠢᠯᠭ᠎ᠠ ᠵᠢ ᠲᠦᠷᠭᠡᠳᠬᠡᠨ ᠬᠥᠭᠵᠢᠭᠦᠯᠵᠦ᠂ ᠤᠷᠢᠳᠴᠢᠯᠠᠨ ᠦᠢ᠍ᠯᠡᠳᠦᠭᠰᠡᠨ ᠲᠣᠨᠣᠭᠯᠠᠭ᠋ᠠᠰᠤ ᠪᠠ ᠤᠭᠰᠠᠷᠠᠭ᠎ᠠ ᠦᠢ᠍ᠯᠡᠳᠬᠦᠨ ᠤᠭᠰᠠᠷᠠᠭ᠎ᠠ ᠲᠣᠨᠣᠭ᠎ᠤᠨ ᠨᠡᠢ᠌ᠳᠡᠮ ᠬᠡᠷᠡᠭᠯᠡᠭᠡᠨ᠎ᠤ ᠴᠢᠨᠠᠷ᠎ᠢ ᠳᠡᠭᠡᠭᠰᠢᠯᠡᠭᠦᠯᠦᠨ᠂ ᠪᠠᠷᠢᠮᠵᠢᠶᠠᠵᠢᠭᠤᠯᠤᠭᠰᠠᠨ᠂ ᠴᠥᠭᠡᠨ ᠬᠡᠪ ᠪᠠᠷᠢᠮᠵᠢᠶᠠᠨ᠎ᠤ᠂ ᠣᠯᠡᠨ ᠨᠡᠢ᠌ᠯᠡᠮᠡᠯ ᠵᠢᠷᠤᠭ ᠲᠥᠯᠥᠪᠯᠡᠭᠡ ᠵᠢ ᠳᠡᠯᠭᠡᠷᠡᠭᠦᠯᠵᠦ᠂ 2025 ᠣᠨ ᠪᠣᠯᠬᠤ᠎ᠳᠤ᠂ ᠪᠦᠬᠦ ᠣᠷᠣᠨ᠎ᠤ ᠰᠢᠨ᠎ᠡ᠎ᠪᠠᠷ ᠪᠠᠢ᠌ᠭᠤᠯᠤᠭᠰᠠᠨ ᠪᠠᠷᠢᠯᠭ᠎ᠠ ᠵᠢᠨ ᠳᠡᠯᠡᠪᠡᠢ᠎ᠳᠠᠬᠢ ᠤᠭᠰᠠᠷᠠᠮᠠᠯ ᠮᠠᠶᠢᠭ᠎ᠤᠨ ᠪᠠᠷᠢᠯᠭ᠎ᠠ ᠵᠢᠨ ᠬᠠᠷᠢᠴᠠᠯ᠎ᠢ 30% ᠣᠷᠴᠢᠮ᠎ᠳᠤ ᠬᠦᠷᠦᠭᠦᠯᠬᠦ᠎ᠪᠠᠷ ᠬᠦᠴᠦᠯᠡᠨ ᠴᠢᠷᠮᠠᠢ᠌ᠨ᠎ᠠ᠂ ᠡᠭᠦᠨ᠎ᠳᠤ ᠬᠦᠬᠡᠬᠤᠳᠡ᠂ ᠪᠤᠭᠤᠲᠤ ᠬᠤᠳᠡ ᠵᠢᠨ ᠭᠣᠣᠯ ᠬᠤᠳᠡ ᠲᠣᠭᠣᠷᠢᠭ᠎ᠤᠨ᠎ᠬᠢ ᠵᠢ 40% ᠣᠷᠴᠢᠮ᠎ᠳᠤ ᠬᠦᠷᠦᠭᠦᠯᠦᠨ᠎ᠡ᠃ ᠪᠠᠷᠢᠯᠭ᠎ᠠ ᠵᠢᠨ ᠠᠵᠢᠯ᠎ᠤᠨ ᠠᠮᠤᠷ ᠲᠦᠪᠰᠢᠨ᠎ᠤ ᠬᠠᠮᠢᠶᠠᠷᠤᠯᠲᠠ ᠵᠢ ᠴᠢᠩᠳᠠᠯᠠᠵᠤ᠂ ᠪᠠᠷᠢᠯᠭ᠎ᠠ ᠵᠢᠨ ᠠᠵᠢᠯ᠎ᠤᠨ ᠶᠠᠰᠤ ᠴᠢᠨᠠᠷ᠎ᠤᠨ ᠠᠮᠤᠷ ᠲᠦᠪᠰᠢᠨ᠎ᠢ ᠦᠨᠡᠨ ᠬᠦ᠌ ᠪᠠᠲᠤᠯᠠᠨ᠎ᠠ᠃ ᠤᠭᠰᠠᠷᠠᠭᠰᠠᠨ ᠵᠠᠰᠠᠯ ᠴᠢᠮᠡᠭᠯᠡᠯ᠎ᠢ ᠢᠳᠡᠪᠬᠢᠲᠡᠢ ᠳᠡᠯᠭᠡᠷᠡᠭᠦᠯᠵᠦ᠂ ᠪᠣᠬᠢᠷᠲᠤᠯ ᠦᠭᠡᠢ ᠪᠠ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠣᠷᠣᠨ ᠰᠠᠭᠤᠴᠠ ᠵᠢ ᠲᠦᠷᠭᠡᠳᠬᠡᠨ ᠪᠠᠢ᠌ᠭᠤᠯᠤᠨ᠎ᠠ᠃ ᠪᠤᠭᠤᠲᠤ ᠬᠤᠲᠠ᠂ ᠣᠷᠳᠣᠰ ᠬᠤᠲᠠ ᠪᠠ ᠤᠯᠠᠭ᠋ᠠᠨᠬᠠᠳᠠ ᠵᠢᠨ ᠳᠡᠭᠡᠳᠦ ᠰᠢᠨ᠎ᠡ ᠮᠡᠷᠭᠡᠵᠢᠯ᠎ᠤᠨ ᠠᠵᠤ ᠦᠢ᠍ᠯᠡᠰ᠎ᠤᠨ ᠨᠡᠭᠡᠭᠡᠯᠲᠡ ᠵᠢᠨ ᠲᠣᠭᠣᠷᠢᠭ᠎ᠢ ᠵᠢᠯᠣᠭᠣᠳᠤᠨ ᠤᠯᠤᠰ᠎ᠤᠨ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠲᠠ ᠤᠷᠬᠢᠯ ᠬᠡᠮᠵᠢᠭᠳᠡᠯ᠎ᠳᠤ ᠬᠦᠷᠬᠦ ᠲᠤᠷᠰᠢᠯᠲᠠ ᠵᠢᠨ ᠴᠡᠭ᠎ᠤᠨ ᠪᠦᠲᠦᠭᠡᠨ ᠪᠠᠢ᠌ᠭᠤᠯᠤᠯᠲᠠ ᠵᠢ ᠰᠠᠢ᠌ᠲᠤᠷ ᠥᠷᠨᠢᠭᠦᠯᠦᠨ᠎ᠡ᠃ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠵᠢᠨ ᠬᠥᠲᠥᠯᠥᠨ ᠳᠠᠭ᠋ᠠᠭᠤᠯᠬᠤ ᠦᠢ᠍ᠯᠡᠳᠦᠯ᠎ᠢ ᠪᠠᠳᠠᠷᠠᠭᠤᠯᠵᠤ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ᠎ᠪᠠᠷ ᠪᠣᠬᠢᠷᠲᠤᠯ ᠦᠭᠡᠢ ᠪᠠᠷᠢᠯᠭ᠎ᠠ ᠵᠢᠨ ᠮᠠᠲ᠋ᠧᠷᠢᠶᠠᠯ᠎ᠤᠨ ᠳᠡᠯᠭᠡᠷᠡᠭᠦᠯᠦᠨ ᠬᠡᠷᠡᠭᠯᠡᠬᠦ᠎ᠳᠤ ᠳᠡᠮᠵᠢᠯᠭᠡ ᠦᠵᠡᠭᠦᠯᠬᠦ ᠵᠢ ᠰᠦᠪᠡᠭᠴᠢᠯᠡᠵᠦ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠡᠯᠧᠺᠲᠷᠣᠨ ᠬᠤᠳᠠᠯᠳᠤᠭ᠋ᠠᠨ᠎ᠤ ᠲᠠᠯᠠᠪᠤᠷ᠎ᠤᠨ ᠪᠣᠬᠢᠷᠲᠤᠯ ᠦᠭᠡᠢ ᠪᠠᠷᠢᠯᠭ᠎ᠠ ᠵᠢᠨ ᠮᠠᠲ᠋ᠧᠷᠢᠶᠠᠯ᠎ᠤᠨ ᠣᠨᠴᠠᠯᠢᠭᠲᠤ ᠣᠷᠳᠣᠨ᠎ᠢ ᠨᠡᠭᠡᠭᠡᠨ ᠬᠥᠭᠵᠢᠭᠦᠯᠦᠨ ᠪᠦᠲᠦᠭᠡᠨ ᠪᠠᠢ᠌ᠭᠤᠯᠵᠤ ᠡᠵᠡᠩᠨᠡᠨ ᠠᠵᠢᠯᠯᠠᠭᠤᠯᠬᠤ ᠵᠢ ᠢᠳᠡᠪᠬᠢᠲᠡᠢ ᠠᠬᠢᠭᠤᠯᠤᠨ᠎ᠠ᠃ ᠬᠥᠬᠡᠬᠤᠲᠠ᠂ ᠣᠷᠳᠣᠰ ᠬᠤᠲᠠ᠎ᠨᠢ ᠤᠯᠤᠰ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ᠎ᠪᠠᠷ ᠪᠣᠬᠢᠷᠳᠤᠯ ᠦᠭᠡᠢ ᠪᠠᠷᠢᠯᠭ᠎ᠠ ᠵᠢᠨ ᠮᠠᠲ᠋ᠧᠷᠢᠶᠠᠯ᠎ᠢ ᠳᠡᠮᠵᠢᠵᠦ ᠪᠠᠷᠢᠯᠭ᠎ᠠ ᠵᠢᠨ ᠶᠠᠰᠤ ᠴᠢᠨᠠᠷ᠎ᠤᠨ ᠳᠡᠭᠡᠭᠰᠢᠯᠡᠭᠦᠯᠦᠯᠲᠡ ᠵᠢ ᠠᠬᠢᠭᠤᠯᠬᠤ ᠬᠣᠲᠠ ᠪᠣᠯᠣᠭᠰᠠᠨ᠎ᠤ ᠬᠤᠪᠢ᠎ᠳᠤ᠂ ᠲᠥᠷᠥ ᠵᠢᠨ ᠪᠣᠳᠣᠯᠭ᠎ᠠ ᠵᠢ ᠬᠡᠷᠡᠭᠵᠢᠭᠦᠯᠬᠦ ᠬᠡᠪᠴᠢᠶᠡᠨ᠎ᠳᠤ ᠣᠷᠣᠭᠤᠯᠤᠭᠰᠠᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠢᠨᠵᠧᠨᠧᠷᠢᠩ᠎ᠳᠤ ᠪᠣᠬᠢᠷᠳᠤᠯ ᠦᠭᠡᠢ ᠪᠠᠷᠢᠯᠭ᠎ᠠ ᠪᠠ ᠪᠣᠬᠢᠷᠳᠤᠯ ᠦᠭᠡᠢ ᠪᠠᠷᠢᠯᠭ᠎ᠠ ᠵᠢᠨ ᠮᠠᠲ᠋ᠧᠷᠢᠶᠠᠯ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠡᠷᠡᠭᠴᠡᠭᠡ ᠱᠠᠭ᠋ᠠᠷᠳᠠᠯᠭ᠎ᠠ ᠵᠢᠨ ᠪᠠᠷᠢᠮᠵᠢᠶ᠎ᠠ᠎ᠳᠤ ᠨᠡᠢ᠌ᠴᠡᠭᠰᠡᠨ ᠪᠣᠬᠢᠷᠳᠤᠯ ᠦᠭᠡᠢ ᠪᠠᠷᠢᠯᠭ᠎ᠠ ᠵᠢᠨ ᠮᠠᠲ᠋ᠧᠷᠢᠶᠠᠯ᠎ᠢ ᠬᠤᠳᠠᠯᠳᠤᠨ ᠠᠪᠬᠤ ᠬᠡᠷᠡᠭᠲᠡᠢ᠃ ᠪᠣᠬᠢᠷᠳᠤᠯ ᠦᠭᠡᠢ ᠪᠠᠷᠢᠯᠭ᠎ᠠ ᠵᠢᠨ ᠮᠠᠲ᠋ᠧᠷᠢᠶᠡᠯ᠎ᠤᠨ ᠦᠢ᠍ᠯᠡᠳᠬᠦᠨ᠎ᠤ ᠭᠡᠷᠡᠴᠢᠯᠡᠭᠡ ᠪᠠ ᠬᠡᠷᠡᠭᠯᠡᠭᠡᠨ᠎ᠢ ᠳᠡᠯᠭᠡᠷᠡᠭᠦᠯᠬᠦ᠎ᠪᠠᠨ ᠲᠦᠷᠭᠡᠳᠬᠡᠨ ᠠᠬᠢᠭᠤᠯᠵᠤ᠂ ᠪᠠᠷᠢᠯᠭ᠎ᠠ ᠵᠢᠨ ᠮᠠᠲ᠋ᠧᠷᠢᠶᠠᠯ ᠦᠢ᠍ᠯᠡᠳᠪᠦᠷᠢᠯᠡᠬᠦ ᠠᠵᠤ ᠠᠬᠤᠢ᠌ᠯᠠᠯ᠎ᠢ ᠬᠥᠲᠥᠯᠥᠨ ᠵᠢᠯᠤᠭᠣᠳᠴᠤ ᠪᠠᠢ᠌ᠭ᠋ᠠᠳ ᠪᠣᠬᠢᠷᠳᠤᠯ ᠦᠭᠡᠢ ᠪᠠᠷᠢᠯᠭ᠎ᠠ ᠵᠢᠨ ᠮᠠᠲ᠋ᠧᠷᠢᠶᠡᠯ᠎ᠤᠨ ᠭᠡᠷᠡᠴᠢᠯᠡᠭᠡ ᠵᠢ ᠥᠷᠨᠢᠭᠦᠯᠵᠦ᠂ ᠪᠣᠬᠢᠷᠳᠤᠯ ᠦᠭᠡᠢ ᠪᠠᠷᠢᠯᠭ᠎ᠠ ᠵᠢᠨ ᠮᠠᠲ᠋ᠧᠷᠢᠶᠠᠯ᠎ᠤᠨ ᠦᠨᠡᠮᠯᠡᠯ ᠣᠯᠣᠭᠰᠠᠨ ᠠᠵᠤ ᠠᠬᠤᠢ᠌ᠯᠠᠯ᠎ᠤᠨ ᠲᠣᠭ᠎ᠠ ᠬᠡᠮᠵᠢᠶ᠎ᠡ ᠪᠠ ᠦᠢ᠍ᠯᠡᠳᠬᠦᠨ᠎ᠢ ᠥᠷᠭᠡᠳᠬᠡᠨ᠂ ᠪᠣᠬᠢᠷᠳᠤᠯ ᠦᠭᠡᠢ ᠪᠠᠷᠢᠯᠭ᠎ᠠ ᠵᠢᠨ ᠮᠠᠲ᠋ᠧᠷᠢᠶᠡᠯ᠎ᠤᠨ ᠮᠡᠳᠡᠭᠡ ᠵᠠᠩᠭᠢ ᠵᠢ ᠴᠤᠭᠯᠠᠭᠤᠯᠬᠤ ᠬᠡᠷᠡᠭᠯᠡᠭᠡᠨ᠎ᠤ ᠳ᠋ᠠᠢ᠌ᠲ᠋ᠠ ᠬᠥᠮᠥᠷᠭᠡ ᠵᠢ ᠳᠠᠰᠣᠷᠡᠯᠳᠡ ᠦᠭᠡᠢ ᠲᠡᠭᠦᠯᠳᠡᠷᠵᠢᠭᠦᠯᠦᠨ᠎ᠡ᠃ ᠪᠣᠬᠢᠷᠲᠤᠯ ᠦᠭᠡᠢ ᠪᠠᠷᠢᠯᠭ᠎ᠠ ᠵᠢᠨ ᠮᠠᠲ᠋ᠧᠷᠢᠶᠠᠯ᠎ᠢ ᠬᠥᠳᠡᠭᠡ ᠪᠠᠭᠤᠯᠭ᠋ᠠᠬᠤ ᠠᠵᠢᠯᠯᠠᠭ᠎ᠠ ᠵᠢ ᠦᠷᠭᠦᠯᠵᠢᠯᠡᠨ ᠥᠷᠨᠢᠭᠦᠯᠦᠨ᠎ᠡ᠃ ᠡᠨᠧᠷᠭᠢ ᠠᠷᠪᠢᠯᠠᠬᠤ ᠬᠡᠯᠪᠡᠷᠢ ᠵᠢᠨ ᠪᠠᠷᠢᠯᠭ᠎ᠠ ᠵᠢᠨ ᠠᠵᠢᠯ᠎ᠤᠨ ᠲᠥᠬᠦᠭᠡᠷᠦᠮᠵᠢ ᠵᠢ ᠳᠡᠯᠭᠡᠷᠡᠭᠦᠯᠵᠦ᠂ ᠪᠠᠷᠢᠯᠭ᠎ᠠ ᠵᠢᠨ ᠠᠵᠢᠯ᠎ᠤᠨ ᠲᠦᠷ ᠴᠠᠭ᠎ᠤᠨ ᠲᠥᠬᠦᠭᠡᠷᠦᠮᠵᠢ ᠬᠢᠭᠡᠳ ᠡᠭᠦᠷᠢᠳᠡ ᠵᠢᠨ ᠲᠥᠬᠦᠭᠡᠷᠦᠮᠵᠢ ᠵᠢ ᠶᠡᠷᠦᠩᠬᠡᠢ᠌ᠯᠡᠨ ᠠᠰᠢᠭᠯᠠᠬᠤ ᠵᠢ ᠨᠢᠭᠡᠳᠦᠯᠲᠡᠢ ᠲᠥᠯᠥᠪᠯᠡᠨ ᠰᠠᠢ᠌ᠲᠤᠷ ᠬᠢᠨ᠎ᠡ᠃ ᠪᠠᠷᠢᠯᠭ᠎ᠠ ᠵᠢᠨ ᠲᠤᠬᠠᠢ ᠵᠢᠨ ᠲᠠᠯᠠᠪᠤᠷ᠎ᠤᠨ ᠬᠠᠮᠢᠶᠠᠷᠤᠯᠲᠠ ᠵᠢ ᠵᠢᠷᠤᠮᠵᠢᠭᠤᠯᠵᠤ᠂ ᠪᠠᠷᠢᠯᠭ᠎ᠠ ᠵᠢᠨ ᠬᠣᠭ ᠨᠣᠪᠰᠢ ᠵᠢ ᠲᠥᠷᠥᠯ ᠬᠤᠪᠢᠶᠠᠨ ᠰᠢᠢ᠍ᠳᠪᠦᠷᠢᠯᠡᠬᠦ ᠪᠠ ᠡᠬᠢ ᠪᠠᠶᠠᠯᠢᠭᠵᠢᠭᠤᠯᠤᠨ ᠠᠰᠢᠭᠯᠠᠬᠤ ᠵᠢ ᠠᠬᠢᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
(ᠶᠢᠰᠦ) ᠪᠠᠷᠢᠯᠭ᠎ᠠ ᠵᠢ ᠨᠤᠷᠠᠭ᠋ᠠᠵᠤ ᠰᠢᠢ᠍ᠳᠪᠦᠷᠢᠯᠡᠬᠦ ᠬᠠᠮᠢᠶᠠᠷᠤᠯᠲᠠ ᠵᠢ ᠴᠢᠩᠳᠠᠯᠠᠨ᠎ᠠ᠃ ᠬᠤᠳᠠ ᠵᠢᠨ ᠣᠷᠭ᠋ᠠᠨᠢᠭ ᠰᠢᠨᠡᠴᠢᠯᠡᠯᠲᠡ ᠵᠢ ᠠᠬᠢᠭᠤᠯᠵᠤ᠂ 《ᠦᠯᠡᠳᠡᠭᠡᠬᠦ ᠥᠭᠡᠷᠡᠴᠢᠯᠡᠬᠦ ᠨᠤᠷᠠᠭ᠋ᠠᠬᠤ》 ᠵᠢ ᠵᠡᠷᠭᠡ᠎ᠪᠠᠷ ᠠᠳᠬᠤᠬᠤ ᠵᠢ ᠪᠠᠷᠢᠮᠲᠠᠯᠠᠨ᠂ ᠬᠠᠭᠤᠴᠢᠷᠠᠭᠰᠠᠨ ᠪᠠᠷᠢᠯᠭ᠎ᠠ ᠵᠢ ᠰᠡᠯᠪᠢᠨ ᠵᠠᠰᠠᠵᠤ ᠥᠭᠡᠷᠡᠴᠢᠯᠡᠨ ᠰᠢᠨᠡᠳᠬᠡᠬᠦ ᠪᠠ ᠦᠯᠡᠳᠡᠭᠡᠨ ᠠᠰᠢᠭᠯᠠᠬᠤ ᠵᠢ ᠴᠢᠩᠭ᠋ᠠᠳᠬᠠᠨ᠎ᠠ᠃ ᠡᠯ᠎ᠡ ᠭᠠᠵᠠᠷ ᠣᠷᠣᠨ᠎ᠤ ᠪᠠᠷᠢᠯᠭ᠎ᠠ ᠵᠢ ᠨᠤᠷᠠᠭ᠋ᠠᠨ ᠰᠢᠢ᠍ᠳᠪᠦᠷᠢᠯᠡᠭᠰᠡᠨ ᠪᠠᠢ᠌ᠳᠠᠯ᠎ᠳᠤ ᠬᠢᠨᠠᠯᠲᠠ ᠲᠠᠯᠪᠢᠵᠤ ᠬᠠᠮᠢᠶᠠᠷᠬᠤ᠎ᠪᠠᠨ ᠴᠢᠩᠭ᠋ᠠᠳᠬᠠᠨ᠎ᠠ᠃ ᠪᠦᠲᠦᠭᠡᠨ ᠪᠠᠢ᠌ᠭᠤᠯᠬᠤ ᠨᠢᠭᠡᠴᠢ᠎ᠨᠢ ᠵᠣᠬᠢᠬᠤ ᠬᠢᠷᠢ ᠭᠡᠮ᠎ᠲᠠᠢ ᠪᠠᠷᠢᠯᠭ᠎ᠠ ᠨᠤᠷᠠᠭ᠋ᠠᠵᠤ ᠰᠢᠢ᠍ᠳᠪᠦᠷᠢᠯᠡᠬᠦ ᠢᠨᠵᠧᠨᠧᠷᠢᠩ ᠳᠠᠭ᠋ᠠᠭ᠋ᠠᠴᠢᠯᠠᠬᠤ ᠨᠢᠭᠡᠴᠢ᠎ᠳᠤ ᠲᠣᠭᠲᠠᠭ᠋ᠠᠯ ᠶᠣᠰᠣᠭ᠋ᠠᠷ ᠨᠠᠢ᠌ᠳᠠᠵᠤ ᠭᠡᠷ ᠪᠠᠷᠢᠯᠭ᠎ᠠ ᠨᠤᠷᠠᠭ᠋ᠠᠵᠤ ᠰᠢᠢ᠍ᠳᠪᠦᠷᠢᠯᠡᠬᠦ ᠢᠨᠵᠧᠨᠧᠷᠢᠩ᠎ᠢ ᠬᠡᠷᠡᠭᠵᠢᠭᠦᠯᠵᠦ᠂ ᠪᠠᠷᠢᠯᠭ᠎ᠠ ᠵᠢᠨ ᠬᠠᠶᠠᠭᠳᠠᠮᠠᠯ ᠪᠣᠳᠠᠰ᠎ᠢ ᠳᠠᠬᠢᠨ ᠠᠰᠢᠭᠯᠠᠵᠤ ᠪᠣᠯᠬᠤ᠎ᠳᠤ ᠬᠦᠷᠪᠡᠯ᠂ ᠣᠷᠴᠢᠯᠳᠤᠭᠤᠯᠤᠨ ᠠᠰᠢᠭᠯᠠᠨ᠎ᠠ; ᠳᠠᠬᠢᠨ ᠠᠰᠢᠭᠯᠠᠵᠤ ᠳᠡᠶ᠋ᠢᠯᠬᠦ ᠦᠭᠡᠢ ᠵᠢ᠎ᠨᠢ ᠲᠣᠭᠲᠠᠭ᠋ᠠᠯ ᠶᠣᠰᠣᠭ᠋ᠠᠷ ᠬᠣᠣᠷ ᠦᠭᠡᠢ᠌ᠳᠡᠭᠦᠯᠦᠨ ᠰᠢᠢ᠍ᠳᠪᠦᠷᠢᠯᠡᠨ᠎ᠡ᠃ ᠡᠯ᠎ᠡ ᠭᠠᠵᠠᠷ ᠣᠷᠣᠨ᠎ᠨᠢ ᠪᠦᠲᠦᠭᠡᠨ ᠪᠠᠢ᠌ᠭᠤᠯᠤᠯᠲᠠ ᠵᠢᠨ ᠴᠠᠭ᠎ᠤᠨ ᠳᠡᠰ ᠳᠠᠷᠠᠭ᠋ᠠᠯᠠᠯ᠎ᠢ ᠡᠵᠡᠮᠳᠡᠵᠦ᠂ ᠶᠡᠬᠡ᠎ᠪᠠᠷ ᠨᠤᠷᠠᠭ᠋ᠠᠵᠤ ᠶᠡᠬᠡ᠎ᠪᠠᠷ ᠪᠠᠢ᠌ᠭᠤᠯᠬᠤ᠎ᠠᠴᠠ ᠪᠣᠯᠵᠤ ᠡᠨᠧᠷᠭᠢ ᠡᠬᠢ ᠪᠠᠶᠠᠯᠢᠭ᠎ᠢ ᠪᠦᠷᠢᠯᠭᠡᠬᠦ ᠦᠵᠡᠭᠳᠡᠯ ᠭᠠᠷᠬᠤ ᠵᠢ ᠡᠷᠡᠰ ᠬᠣᠷᠢᠭᠯᠠᠨ᠎ᠠ᠃ (ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
(ᠠᠷᠪᠠ) ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠤᠷᠠᠭᠤᠯᠬᠤ ᠲᠡᠷᠢᠭᠦᠨ᠎ᠤ ᠮᠡᠷᠭᠡᠵᠢᠯ᠎ᠢ ᠰᠤᠳᠤᠯᠤᠨ ᠨᠡᠭᠡᠭᠡᠵᠦ ᠳᠡᠯᠭᠡᠷᠡᠭᠦᠯᠬᠦ ᠵᠢ ᠲᠦᠷᠭᠡᠳᠬᠡᠨ᠎ᠡ᠃ ᠪᠣᠬᠢᠷᠲᠤᠯ ᠦᠭᠡᠢ ᠪᠠ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠪᠠᠷᠢᠯᠭ᠎ᠠ᠂ ᠪᠣᠬᠢᠷᠲᠤᠯ ᠦᠭᠡᠢ ᠪᠠᠷᠢᠯᠭ᠎ᠠ ᠵᠢᠨ ᠮᠠᠲ᠋ᠧᠷᠢᠶᠠᠯ ᠵᠡᠷᠭᠡ ᠬᠦᠷᠢᠶ᠎ᠡ ᠴᠠᠷᠠᠭ᠋ᠠᠨ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠨᠢᠭᠡ ᠪᠦᠯᠦᠭ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠥᠯᠥᠪᠯᠡᠭᠡ ᠵᠢᠨ ᠲᠥᠷᠥᠯ ᠵᠦᠢ᠍ᠯ᠎ᠢ ᠵᠣᠬᠢᠶᠠᠨ ᠪᠠᠢ᠌ᠭᠤᠯᠤᠨ ᠬᠡᠷᠡᠭᠵᠢᠭᠦᠯᠵᠦ᠂ ᠠᠵᠤ ᠦᠢ᠍ᠯᠡᠰ᠎ᠤᠨ ᠵᠠᠩᠭᠢᠯᠠᠭ᠎ᠠ ᠵᠢᠨ ᠮᠡᠷᠭᠡᠵᠢᠯ᠎ᠤᠨ ᠬᠦᠴᠢᠷ ᠠᠰᠠᠭᠤᠳᠠᠯ᠎ᠢ ᠰᠢᠢ᠍ᠳᠪᠦᠷᠢᠯᠡᠨ᠂ ᠰᠢᠨ᠎ᠡ ᠦᠢ᠍ᠯᠡᠳᠬᠦᠨ᠂ ᠰᠢᠨ᠎ᠡ ᠮᠡᠷᠭᠡᠵᠢᠯ ᠵᠶ᠋ᠠᠨ ᠤᠯᠠᠷᠢᠭᠤᠯᠤᠨ ᠰᠢᠨᠡᠳᠬᠡᠬᠦ ᠵᠢ᠎ᠨᠢ ᠠᠬᠢᠭᠤᠯᠵᠤ᠂ ᠨᠡᠭᠦᠷᠡᠰᠦᠲᠥ᠋ᠷᠥᠭᠴᠢ ᠪᠠᠭ᠋ᠠᠲᠠᠢ᠂ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠵᠡᠷᠭᠡ ᠮᠡᠷᠭᠡᠵᠢᠯ᠎ᠤᠨ ᠪᠠᠷᠢᠯᠭ᠎ᠠ ᠵᠢᠨ ᠬᠦᠷᠢᠶᠡᠨ᠎ᠳᠤ ᠥᠷᠭᠡᠨ ᠵᠶ᠋ᠠᠷ ᠬᠡᠷᠡᠭᠯᠡᠭᠳᠡᠬᠦ ᠵᠢ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠶᠡᠬᠡ ᠳᠡᠭᠡᠳᠦ ᠰᠤᠷᠭ᠋ᠠᠭᠤᠯᠢ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠡᠯᠪᠡᠷᠢ ᠵᠢᠨ ᠠᠵᠤ ᠠᠬᠤᠢ᠌ᠯᠠᠯ᠂ ᠭᠣᠣᠯᠳᠠᠯᠭ᠎ᠠ᠎ᠲᠠᠢ ᠲᠤᠷᠰᠢᠯᠲᠠ ᠵᠢᠨ ᠲᠠᠰᠤᠭ ᠵᠡᠷᠭᠡ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠲᠠᠪᠴᠠᠩ᠎ᠳᠤ ᠲᠦᠰᠢᠭᠯᠡᠨ᠂ ᠥᠪᠡᠷᠲᠡᠭᠡᠨ ᠵᠠᠰᠠᠬᠤ ᠣᠷᠣᠨ᠎ᠤ ᠠᠭᠤᠷ ᠠᠮᠢᠰᠬᠤᠯ᠎ᠤᠨ ᠣᠨᠴᠠᠯᠢᠭᠲᠤ ᠲᠣᠬᠢᠷᠠᠭᠰᠠᠨ ᠪᠣᠬᠢᠷᠳᠤᠯ ᠦᠭᠡᠢ ᠪᠠ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠪᠠᠷᠢᠯᠭ᠎ᠠ ᠵᠢᠨ ᠵᠠᠩᠭᠢᠯᠠᠭ᠎ᠠ ᠵᠢᠨ ᠮᠡᠷᠭᠡᠵᠢᠯ᠎ᠤᠨ ᠪᠣᠭᠣᠮᠲᠠ ᠰᠢᠪᠲᠤᠯᠤᠯᠲᠠ ᠵᠢ ᠥᠷᠨᠢᠭᠦᠯᠵᠦ᠂ ᠠᠵᠤ ᠦᠢ᠍ᠯᠡᠰ᠎ᠤᠨ ᠮᠡᠷᠭᠡᠵᠢᠯ᠎ᠤᠨ ᠰᠢᠨ᠎ᠡ ᠵᠢ ᠡᠭᠦᠳᠬᠦ ᠬᠤᠯᠪᠣᠭ᠎ᠠ ᠵᠢ ᠪᠣᠢ᠌ᠵᠢᠭᠤᠯᠤᠨ᠂ ᠬᠠᠬᠢᠷ ᠬᠦᠢ᠍ᠲᠡᠨ᠂ ᠬᠦᠢ᠍ᠲᠡᠨ ᠭᠠᠵᠠᠷ ᠣᠷᠣᠨ᠎ᠤ ᠬᠡᠷᠡᠭᠴᠡᠭᠡ ᠱᠠᠭ᠋ᠠᠷᠳᠠᠯᠭ᠎ᠠ᠎ᠳᠤ ᠲᠣᠬᠢᠷᠠᠬᠤ ᠬᠡᠳᠦ ᠳᠣᠣᠷ᠎ᠠ ᠡᠨᠧᠷᠭᠢ ᠵᠢᠨ ᠬᠣᠷᠣᠭᠳᠠᠯ᠎ᠲᠠᠢ ᠪᠠᠷᠢᠯᠭ᠎ᠠ ᠵᠢᠨ ᠰᠢᠨ᠎ᠡ ᠮᠡᠷᠭᠡᠵᠢᠯ᠂ ᠰᠢᠨ᠎ᠡ ᠮᠠᠲ᠋ᠧᠷᠢᠶᠠᠯ᠂ ᠰᠢᠨ᠎ᠡ ᠲᠥᠬᠦᠭᠡᠷᠦᠮᠵᠢ ᠪᠠ ᠪᠣᠬᠢᠷᠳᠤᠯ ᠦᠭᠡᠢ ᠡᠨᠧᠷᠭᠢ ᠵᠢᠨ ᠬᠡᠷᠡᠭᠯᠡᠭᠡᠨ᠎ᠢ ᠰᠤᠳᠤᠯᠤᠨ ᠨᠡᠭᠡᠭᠡᠨ᠎ᠡ᠃ ᠪᠠᠷᠢᠯᠭ᠎ᠠ ᠵᠢᠨ ᠬᠦᠷᠢᠶᠡᠨ᠎ᠳᠠᠬᠢ ᠡᠨᠧᠷᠭᠢ ᠵᠢᠨ ᠬᠠᠮᠢᠶᠠᠷᠤᠯᠲᠠ ᠵᠢᠨ ᠲᠣᠭᠲᠠᠯᠴᠠᠭ᠋ᠠᠨ᠎ᠤ ᠭᠡᠷᠡᠴᠢᠯᠡᠭᠡ ᠵᠢ ᠠᠬᠢᠭᠤᠯᠵᠤ᠂ ᠪᠠᠷᠢᠯᠭ᠎ᠠ ᠵᠢᠨ ᠬᠦᠷᠢᠶᠡᠨ᠎ᠳᠠᠬᠢ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠤᠷᠠᠭᠤᠯᠬᠤ ᠲᠡᠷᠢᠭᠦᠨ᠎ᠤ ᠬᠡᠷᠡᠭᠯᠡᠭᠡᠨ᠎ᠤ ᠮᠡᠷᠭᠡᠵᠢᠯ᠎ᠤᠨ ᠬᠡᠷᠡᠭᠯᠡᠯᠲᠡ ᠵᠢᠨ ᠨᠡᠢ᠌ᠲᠡᠯᠢᠭ ᠬᠡᠷᠡᠭ᠎ᠤᠨ ᠵᠢᠱ᠌ᠢᠶ᠎ᠡ ᠵᠢ ᠴᠠᠭ ᠲᠤᠬᠠᠢᠳᠤᠨᠢ ᠡᠮᠬᠢᠯᠡᠨ᠎ᠡ᠃ ᠪᠠᠷᠢᠯᠭ᠎ᠠ ᠵᠢᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠤᠷᠠᠭᠤᠯᠬᠤ ᠪᠣᠯᠪᠠᠰᠤᠷᠠᠩᠭᠤᠢ ᠮᠡᠷᠭᠡᠵᠢᠯ᠎ᠤᠨ ᠦᠢ᠍ᠯᠡᠳᠬᠦᠨ᠎ᠢ ᠬᠡᠪᠴᠢᠶᠡᠵᠢᠭᠦᠯᠦᠨ ᠦᠢ᠍ᠯᠡᠳᠪᠦᠷᠢᠯᠡᠬᠦ ᠵᠢ᠎ᠨᠢ ᠳᠡᠮᠵᠢᠨ᠎ᠡ᠃ ᠥᠪᠡᠷᠲᠡᠭᠡᠨ ᠵᠠᠰᠠᠬᠤ ᠣᠷᠣᠨ᠎ᠤ ᠴᠢᠳᠠᠪᠤᠷᠢᠲᠠᠨ᠎ᠤ ᠪᠠᠢ᠌ᠯᠳᠤᠬᠤ ᠪᠣᠳᠣᠯᠭ᠎ᠠ ᠵᠢᠨ ᠲᠥᠯᠥᠪᠯᠡᠭᠡ᠎ᠲᠠᠢ ᠤᠶᠠᠯᠳᠤᠭᠤᠯᠵᠤ ᠪᠠᠢ᠌ᠭ᠋ᠠᠳ ᠪᠠᠷᠢᠯᠭ᠎ᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠴᠢᠳᠠᠪᠤᠷᠢᠲᠠᠨ᠎ᠢ ᠬᠥᠮᠥᠵᠢᠭᠦᠯᠬᠦ ᠪᠠ ᠣᠷᠣᠭᠤᠯᠤᠨ ᠠᠪᠴᠢᠷᠠᠨ᠎ᠠ᠃ ᠰᠠᠭᠤᠷᠢ ᠪᠡᠯᠡᠳᠬᠡᠮᠵᠢ ᠵᠢᠨ ᠲᠥᠯᠦᠪᠵᠢᠭᠦᠯᠭᠡ᠂ ᠪᠦᠲᠦᠭᠡᠨ ᠪᠠᠢ᠌ᠭᠤᠯᠤᠯᠲᠠ ᠵᠡᠷᠭᠡ ᠲᠠᠯ᠎ᠠ ᠵᠢᠨ ᠲᠤᠰᠬᠠᠢ ᠮᠡᠷᠭᠡᠵᠢᠯ᠎ᠤᠨ ᠬᠠᠮᠢᠶᠠᠷᠤᠯᠲᠠ ᠵᠢᠨ ᠴᠢᠳᠠᠪᠤᠷᠢᠲᠠᠨ ᠵᠢᠴᠢ ᠰᠢᠨ᠎ᠡ ᠦᠨᠳᠦᠰᠦᠨ ᠪᠦᠲᠦᠭᠡᠨ ᠪᠠᠢ᠌ᠭᠤᠯᠤᠯᠲᠠ ᠵᠡᠷᠭᠡ ᠬᠦᠷᠢᠶ᠎ᠡ ᠴᠠᠷᠠᠭ᠋ᠠᠨ᠎ᠤ ᠮᠡᠷᠭᠡᠵᠢᠯ᠎ᠤᠨ ᠴᠢᠳᠠᠪᠤᠷᠢᠲᠠᠨ᠎ᠢ ᠬᠥᠮᠥᠵᠢᠭᠦᠯᠬᠦ ᠡᠷᠴᠢᠮ ᠵᠶ᠋ᠡᠨ ᠴᠢᠩᠭ᠋ᠠᠷᠠᠭᠤᠯᠤᠨ᠎ᠠ᠃ ᠨᠥᠬᠥᠴᠡᠯ᠎ᠲᠠᠢ ᠥᠪᠡᠷᠲᠡᠭᠡᠨ ᠵᠠᠰᠠᠬᠤ ᠣᠷᠣᠨ᠎ᠤ ᠬᠠᠷᠢᠶ᠎ᠠ ᠪᠦᠬᠦᠢ ᠤᠯᠤᠰ᠎ᠤᠨ ᠥᠮᠴᠢᠯᠡᠯᠲᠦ ᠠᠵᠤ ᠠᠬᠤᠢ᠌ᠯᠠᠯ᠎ᠤᠨ ᠪᠠᠷᠢᠯᠭ᠎ᠠ ᠵᠢᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠤᠷᠠᠭᠤᠯᠬᠤ ᠮᠡᠷᠭᠡᠵᠢᠯ᠎ᠤᠨ ᠰᠤᠳᠤᠯᠤᠨ ᠨᠡᠭᠡᠭᠡᠬᠦ ᠪᠠ ᠪᠣᠯᠪᠠᠰᠤᠷᠠᠭᠤᠯᠬᠤ ᠲᠠᠪᠴᠠᠩ ᠪᠠᠢ᠌ᠭᠤᠯᠬᠤ ᠵᠢ ᠳᠡᠮᠵᠢᠵᠦ᠂ ᠠᠵᠢᠯᠯᠠᠭᠰᠠᠳ᠎ᠲᠤ ᠪᠠᠷᠢᠯᠭ᠎ᠠ ᠵᠢᠨ ᠦᠢ᠍ᠯᠡᠳᠦᠯᠭᠡ ᠵᠢᠨ ᠪᠣᠯᠪᠠᠰᠤᠷᠠᠯ ᠬᠢᠬᠦ᠎ᠪᠠᠨ ᠴᠢᠩᠭ᠋ᠠᠳᠬᠠᠨ᠎ᠠ᠃ (ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠂ ᠰᠤᠷᠭ᠋ᠠᠨ ᠬᠥᠮᠦᠵᠢᠯ᠎ᠤᠨ ᠲᠢᠩᠬᠢᠮ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
(ᠠᠷᠪᠠᠨ ᠨᠢᠭᠡ) ᠪᠠᠷᠢᠯᠭ᠎ᠠ ᠵᠢᠨ ᠬᠦᠷᠢᠶᠡᠨ᠎ᠳᠠᠬᠢ ᠡᠨᠧᠷᠭᠢ ᠵᠢᠨ ᠬᠣᠷᠣᠭᠳᠠᠯ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠲᠠ ᠵᠢᠨ ᠲᠠᠯ᠎ᠠ᠎ᠪᠠᠷ ᠲᠣᠭ᠎ᠠ ᠪᠦᠷᠢᠳᠬᠡᠯ᠎ᠤᠨ ᠲᠣᠭ᠋ᠠᠴᠠᠭ᠎ᠠ ᠬᠢᠬᠦ ᠳᠦᠷᠢᠮ᠎ᠢ ᠨᠠᠢ᠌ᠳᠠᠪᠤᠷᠢᠵᠢᠭᠤᠯᠤᠨ᠎ᠠ᠃ ᠪᠠᠷᠢᠯᠭ᠎ᠠ ᠵᠢᠨ ᠬᠦᠷᠢᠶᠡᠨ᠎ᠤ ᠡᠨᠧᠷᠭᠢ ᠵᠢᠨ ᠬᠡᠷᠡᠭᠯᠡᠭᠡ ᠵᠢᠨ ᠲᠤᠬᠠᠢ ᠤᠯᠤᠰ᠎ᠤᠨ ᠲᠣᠭ᠎ᠠ ᠪᠦᠷᠢᠳᠬᠡᠯ᠎ᠤᠨ ᠳᠦᠷᠢᠮ ᠪᠠ ᠭᠦᠢ᠍ᠴᠡᠳᠬᠡᠯ ᠲᠣᠭ᠋ᠠᠨ᠎ᠤ ᠲᠣᠭᠲᠠᠯᠴᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠡᠨᠧᠷᠭᠢ᠂ ᠴᠠᠬᠢᠯᠭ᠋ᠠᠨ ᠬᠦᠴᠦᠨ᠂ ᠲᠣᠭ᠎ᠠ ᠪᠦᠷᠢᠳᠬᠡᠯ ᠵᠡᠷᠭᠡ ᠰᠠᠯᠠᠭ᠎ᠠ ᠮᠥᠴᠢᠷ᠎ᠤᠨ᠎ᠬᠢᠨ᠎ᠤ ᠪᠠᠷᠢᠯᠭ᠎ᠠ᠎ᠳᠤ ᠬᠡᠷᠡᠭᠯᠡᠬᠦ ᠡᠨᠧᠷᠭᠢ ᠵᠢᠨ ᠳ᠋ᠠᠢ᠌ᠲ᠋ᠠ ᠵᠢᠨ ᠲᠤᠬᠠᠢ ᠬᠠᠮᠵᠢᠯᠴᠠᠭ᠎ᠠ ᠵᠢ ᠴᠢᠩᠭ᠋ᠠᠳᠬᠠᠨ᠎ᠠ᠃ ᠥᠪᠡᠷᠲᠡᠭᠡᠨ ᠵᠠᠰᠠᠬᠤ ᠣᠷᠣᠨ᠎ᠤ ᠪᠠᠷᠢᠯᠭ᠎ᠠ ᠵᠢᠨ ᠠᠵᠢᠯ ᠲᠥᠷᠥᠯ᠎ᠤᠨ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠲᠠ ᠵᠢᠨ ᠲᠣᠭ᠋ᠠᠴᠠᠭ᠎ᠠ ᠬᠢᠬᠦ ᠠᠷᠭ᠎ᠠ ᠵᠢᠨ ᠲᠣᠭᠲᠠᠯᠴᠠᠭ᠎ᠠ ᠵᠢ ᠲᠦᠷᠭᠡᠳᠬᠡᠨ ᠪᠠᠢ᠌ᠭᠤᠯᠵᠤ᠂ 《ᠨᠢᠭᠡᠨᠲᠡ ᠪᠠᠢ᠌ᠭ᠎ᠠ ᠪᠠᠷᠢᠯᠭ᠎ᠠ ᠵᠢᠨ ᠡᠨᠧᠷᠭᠢ ᠠᠷᠪᠢᠯᠠᠬᠤ ᠥᠭᠡᠷᠡᠴᠢᠯᠡᠯᠲᠡ ᠵᠢᠨ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠲᠠ ᠵᠢ ᠪᠤᠳᠤᠬᠤ ᠪᠠᠷᠢᠮᠵᠢᠶ᠎ᠠ》᠂ 《ᠤᠭᠰᠠᠷᠠᠮᠠᠯ ᠮᠠᠶᠢᠭ᠎ᠤᠨ ᠪᠠᠷᠢᠯᠭ᠎ᠠ ᠵᠢᠨ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠲᠠ ᠵᠢ ᠪᠤᠳᠤᠬᠤ ᠪᠠᠷᠢᠮᠵᠢᠶ᠎ᠠ》᠂ 《ᠬᠤᠲᠠ ᠵᠢᠨ ᠶᠠᠪᠤᠳᠠᠯ᠎ᠤᠨ ᠬᠥᠭᠥᠷᠭᠡ ᠵᠢᠨ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠲᠠ ᠵᠢ ᠪᠤᠳᠤᠬᠤ ᠪᠠᠷᠢᠮᠵᠢᠶ᠎ᠠ》 ᠵᠡᠷᠭᠡ ᠣᠷᠣᠨ ᠨᠤᠲᠤᠭ᠎ᠤᠨ ᠪᠠᠷᠢᠮᠵᠢᠶ᠎ᠠ ᠵᠢ ᠵᠣᠬᠢᠶᠠᠨ ᠪᠠᠢ᠌ᠭᠤᠯᠵᠤ ᠨᠠᠢ᠌ᠷᠠᠭᠤᠯᠤᠨ ᠵᠣᠬᠢᠶᠠᠵᠤ᠂ ᠥᠪᠡᠷᠲᠡᠭᠡᠨ ᠵᠠᠰᠠᠬᠤ ᠣᠷᠣᠨ᠎ᠢ ᠡᠨᠧᠷᠭᠢ ᠵᠢᠨ ᠬᠣᠷᠣᠭᠳᠠᠯ᠎ᠤᠨ ᠬᠣᠣᠰ ᠡᠵᠡᠮᠳᠡᠯ ᠪᠠᠢ᠌ᠭᠰᠠᠨ᠎ᠠᠴᠠ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠲᠠ ᠵᠢᠨ ᠬᠣᠣᠰ ᠡᠵᠡᠮᠳᠡᠯ ᠲᠡᠢ᠌ᠰᠢ ᠬᠤᠪᠢᠷᠠᠭᠤᠯᠬᠤ ᠵᠢ ᠠᠬᠢᠭᠤᠯᠬᠤ ᠵᠢᠨ ᠲᠣᠭᠣᠷᠢᠨ᠎ᠳᠤ ᠤᠷᠢᠳ ᠵᠶ᠋ᠠᠷ ᠰᠦᠪᠡᠭᠴᠢᠯᠡᠬᠦ ᠵᠢ᠎ᠨᠢ ᠳᠡᠮᠵᠢᠵᠦ᠂ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠲᠠ ᠵᠢᠨ ᠲᠠᠯ᠎ᠠ᠎ᠪᠠᠷ ᠲᠣᠭ᠎ᠠ ᠪᠦᠷᠢᠳᠬᠡᠯ᠎ᠤᠨ ᠲᠣᠭ᠋ᠠᠴᠠᠭ᠎ᠠ ᠬᠢᠬᠦ ᠠᠵᠢᠯ᠎ᠤᠨ ᠰᠠᠭᠤᠷᠢ ᠵᠢ ᠪᠠᠲᠤᠳᠬᠠᠨ᠎ᠠ᠃ (ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠲᠣᠭ᠎ᠠ ᠪᠦᠷᠢᠳᠬᠡᠯ᠎ᠤᠨ ᠲᠣᠪᠴᠢᠶ᠎ᠠ᠂ ᠡᠨᠧᠷᠭᠢ ᠵᠢᠨ ᠲᠣᠪᠴᠢᠶ᠎ᠠ ᠵᠡᠷᠭᠡ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
(ᠠᠷᠪᠠᠨ ᠬᠣᠶᠠᠷ) ᠬᠠᠤᠯᠢ ᠲᠣᠭᠲᠠᠭ᠋ᠠᠯ᠎ᠤᠨ ᠪᠠᠷᠢᠮᠵᠢᠶᠠᠨ᠎ᠤ ᠲᠤᠯᠭ᠋ᠠᠭᠤᠷᠢᠯᠠᠯ᠎ᠢ ᠴᠢᠩᠭ᠋ᠠᠷᠠᠭᠤᠯᠤᠨ᠎ᠠ᠃《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠢ ᠬᠡᠷᠡᠭᠵᠢᠭᠦᠯᠬᠦ ᠠᠷᠭ᠎ᠠ》᠎ᠳᠤ ᠵᠠᠰᠠᠪᠤᠷᠢ ᠣᠷᠣᠭᠤᠯᠬᠤ ᠵᠢ ᠠᠬᠢᠭᠤᠯᠵᠤ᠂ ᠣᠷᠣᠨ ᠨᠤᠲᠤᠭ᠎ᠤᠨ ᠴᠢᠨᠠᠷᠲᠠᠢ ᠬᠠᠤᠯᠢ ᠲᠣᠭᠲᠠᠭ᠋ᠠᠯ ᠪᠠ ᠵᠠᠰᠠᠭ᠎ᠤᠨ ᠣᠷᠳᠣᠨ᠎ᠤ ᠲᠣᠭᠲᠠᠭ᠋ᠠᠯ ᠳᠦᠷᠢᠮ᠎ᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ᠎ᠤ 《ᠣᠷᠣᠨ ᠰᠠᠭᠤᠴᠠ ᠵᠢᠨ ᠪᠠᠷᠢᠯᠭ᠎ᠠ ᠵᠢᠨ ᠡᠨᠧᠷᠭᠢ ᠠᠷᠪᠢᠯᠠᠬᠤ ᠵᠢᠷᠤᠭ ᠲᠥᠯᠥᠪᠯᠡᠭᠡ ᠵᠢᠨ ᠪᠠᠷᠢᠮᠵᠢᠶ᠎ᠠ》᠂ 《ᠣᠯᠡᠨ ᠨᠡᠶ᠋ᠢᠲᠡ ᠵᠢᠨ ᠪᠠᠷᠢᠯᠭ᠎ᠠ ᠵᠢᠨ ᠡᠨᠧᠷᠭᠢ ᠠᠷᠪᠢᠯᠠᠬᠤ ᠵᠢᠷᠤᠭ ᠲᠥᠯᠥᠪᠯᠡᠭᠡ ᠵᠢᠨ ᠪᠠᠷᠢᠮᠵᠢᠶ᠎ᠠ》᠂ 《ᠬᠡᠳᠦ ᠳᠣᠣᠷ᠎ᠠ ᠡᠨᠧᠷᠬᠢ ᠵᠢᠨ ᠬᠣᠷᠣᠭᠳᠠᠯ᠎ᠲᠠᠢ ᠪᠠᠷᠢᠯᠭ᠎ᠠ ᠵᠢᠨ ᠮᠡᠷᠭᠡᠵᠢᠯ᠎ᠤᠨ ᠪᠠᠷᠢᠮᠵᠢᠶ᠎ᠠ》 ᠵᠡᠷᠭᠡ ᠨᠢᠭᠡ ᠪᠦᠯᠦᠭ ᠪᠠᠷᠢᠯᠭ᠎ᠠ ᠵᠢᠨ ᠡᠨᠧᠷᠭᠢ ᠠᠷᠪᠢᠯᠠᠬᠤ ᠪᠠᠷᠢᠮᠵᠢᠶ᠎ᠠ᠎ᠳᠤ ᠵᠠᠰᠠᠪᠤᠷᠢ ᠣᠷᠣᠭᠤᠯᠬᠤ᠎ᠪᠠᠨ ᠲᠦᠷᠭᠡᠳᠬᠡᠵᠦ᠂ ᠵᠢᠷᠤᠭᠯᠠᠨ ᠲᠥᠯᠥᠪᠯᠡᠬᠦ᠂ ᠦᠢ᠍ᠯᠡᠳᠪᠦᠷᠢᠯᠡᠬᠦ᠂ ᠪᠠᠷᠢᠯᠭ᠎ᠠ ᠪᠠᠷᠢᠬᠤ ᠪᠠ ᠬᠡᠷᠡᠭᠯᠡᠵᠦ ᠬᠠᠮᠠᠭ᠋ᠠᠯᠠᠬᠤ ᠪᠦᠬᠦ ᠶᠠᠪᠤᠴᠠ ᠵᠢ ᠬᠠᠮᠤᠷᠤᠭᠰᠠᠨ ᠤᠭᠰᠠᠷᠠᠮᠠᠯ ᠮᠠᠶᠢᠭ᠎ᠤᠨ ᠪᠠᠷᠢᠯᠭ᠎ᠠ ᠵᠢᠨ ᠪᠠᠷᠢᠮᠵᠢᠶᠠᠨ᠎ᠤ ᠲᠣᠭᠲᠠᠯᠴᠠᠭ᠎ᠠ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃ ᠪᠠᠷᠢᠯᠭ᠎ᠠ ᠵᠢᠨ ᠡᠨᠧᠷᠭᠢ ᠵᠢᠨ ᠠᠰᠢᠭᠯᠠᠮᠵᠢ ᠵᠢ ᠰᠢᠯᠭ᠋ᠠᠨ ᠦᠨᠡᠯᠡᠬᠦ ᠴᠢᠳᠠᠪᠤᠷᠢ ᠵᠢᠨ ᠪᠠᠢ᠌ᠭᠤᠯᠤᠯᠲᠠ ᠵᠢ ᠴᠢᠩᠭ᠋ᠠᠳᠬᠠᠵᠤ᠂ ᠰᠢᠨ᠎ᠡ᠎ᠪᠠᠷ ᠪᠠᠢ᠌ᠭᠤᠯᠤᠭᠰᠠᠨ ᠪᠠᠷᠢᠯᠭ᠎ᠠ ᠪᠠ ᠨᠢᠭᠡᠨᠲᠡ ᠪᠠᠢ᠌ᠭ᠎ᠠ ᠪᠠᠷᠢᠯᠭ᠎ᠠ ᠵᠢᠨ ᠡᠨᠧᠷᠭᠢ ᠠᠷᠪᠢᠯᠠᠬᠤ ᠥᠭᠡᠷᠡᠴᠢᠯᠡᠯᠲᠡ ᠵᠢᠨ ᠡᠨᠧᠷᠭᠢ ᠵᠢᠨ ᠠᠰᠢᠭᠯᠠᠮᠵᠢ ᠵᠢ ᠰᠢᠯᠭ᠋ᠠᠨ ᠦᠨᠡᠯᠡᠬᠦ ᠠᠵᠢᠯ ᠵᠶ᠋ᠠᠨ ᠥᠷᠨᠢᠭᠦᠯᠵᠦ᠂ ᠪᠠᠷᠢᠯᠭ᠎ᠠ ᠵᠢᠨ ᠵᠢᠷᠤᠭᠯᠠᠨ ᠲᠥᠯᠥᠪᠯᠡᠭᠰᠡᠨ ᠡᠨᠧᠷᠭᠢ ᠵᠢᠨ ᠠᠰᠢᠭᠯᠠᠮᠵᠢ ᠵᠢᠨ ᠱᠠᠭ᠋ᠠᠷᠳᠠᠯᠭ᠎ᠠ᠎ᠳᠤ ᠬᠦᠷᠦᠭᠦᠯᠬᠦ ᠵᠢ ᠦᠨᠡᠨ ᠬᠦ᠌ ᠪᠠᠲᠤᠯᠠᠨ᠎ᠠ᠃ (ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
(ᠠᠷᠪᠠᠨ ᠭᠤᠷᠪᠠ) ᠲᠥᠷᠥ ᠵᠢᠨ ᠪᠣᠳᠣᠯᠭ᠎ᠠ ᠪᠡᠯᠡ ᠮᠥᠩᠭᠥᠨ᠎ᠤ ᠳᠡᠮᠵᠢᠯᠭᠡ ᠵᠢᠨ ᠡᠷᠴᠢᠮ ᠵᠶ᠋ᠠᠨ ᠴᠢᠩᠭ᠋ᠠᠷᠠᠭᠤᠯᠤᠨ᠎ᠠ᠃ ᠣᠳᠣ ᠪᠠᠢ᠌ᠭ᠎ᠠ ᠡᠳ᠋᠎ᠤᠨ ᠵᠠᠰᠠᠭ᠎ᠤᠨ ᠭᠠᠢ᠌ᠯᠢ᠂ ᠮᠥᠩᠭᠥᠨ ᠭᠦᠢ᠍ᠯᠭᠡᠭᠡ᠂ ᠪᠡᠯᠡ ᠣᠷᠣᠭᠤᠯᠤᠯᠲᠠ᠂ ᠦᠨ᠎ᠡ ᠬᠠᠩᠰᠢ ᠵᠡᠷᠭᠡ ᠵᠢᠨ ᠲᠥᠷᠥ ᠵᠢᠨ ᠪᠣᠳᠣᠯᠭ᠎ᠠ ᠵᠢ ᠨᠢᠭᠡᠳᠦᠯᠲᠡᠢ ᠲᠥᠯᠥᠪᠯᠡᠨ ᠠᠰᠢᠭᠯᠠᠵᠤ᠂ ᠨᠥᠬᠥᠴᠡᠯ᠎ᠳᠤ ᠨᠡᠢ᠌ᠴᠡᠭᠰᠡᠨ ᠪᠠᠷᠢᠯᠭ᠎ᠠ ᠵᠢᠨ ᠬᠦᠷᠢᠶᠡᠨ᠎ᠤ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠤᠷᠠᠭᠤᠯᠬᠤ ᠲᠥᠷᠥᠯ ᠵᠦᠢ᠍ᠯ᠎ᠢ ᠳᠡᠮᠵᠢᠨ᠎ᠡ᠃ ᠪᠠᠷᠢᠯᠭ᠎ᠠ ᠵᠢᠨ ᠡᠨᠧᠷᠭᠢ ᠠᠷᠪᠢᠯᠠᠬᠤ ᠵᠢ ᠳᠡᠮᠵᠢᠬᠦ᠂ ᠡᠬᠢ ᠪᠠᠶᠠᠯᠢᠭ᠎ᠢ ᠶᠡᠷᠦᠩᠬᠡᠢ᠌ᠯᠡᠨ ᠠᠰᠢᠭᠯᠠᠬᠤ ᠵᠢ ᠵᠣᠷᠢᠭᠵᠢᠭᠤᠯᠬᠤ ᠭᠠᠢ᠌ᠯᠢ ᠲᠠᠲᠠᠪᠤᠷᠢ ᠵᠢᠨ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠤᠨ᠎ᠠ᠃ ᠪᠦᠲᠦᠴᠡ ᠵᠢᠨ ᠴᠢᠨᠠᠷᠲᠠᠢ ᠵᠣᠭᠣᠰᠤᠨ᠎ᠤ ᠲᠥᠷᠥ ᠵᠢᠨ ᠪᠣᠳᠣᠯᠭ᠎ᠠ ᠵᠢᠨ ᠪᠠᠭ᠋ᠠᠵᠢ ᠵᠢ ᠰᠠᠢ᠌ᠲᠤᠷ ᠬᠡᠷᠡᠭᠯᠡᠵᠦ᠂ ᠪᠠᠩᠬᠢ ᠳᠠᠭ᠋ᠠᠳᠬᠠᠯ᠎ᠤᠨ ᠪᠠᠢ᠌ᠭᠤᠯᠤᠮᠵᠢ ᠵᠢ ᠵᠣᠷᠢᠭᠵᠢᠭᠤᠯᠵᠤ ᠪᠠᠢ᠌ᠭ᠋ᠠᠳ ᠲᠦᠭᠰᠢᠭᠦᠷᠢ ᠵᠢᠨ ᠡᠵᠡᠮᠳᠡᠬᠦᠢ᠌ᠴᠡ᠂ ᠬᠤᠳᠠᠯᠳᠤᠭ᠎ᠠ ᠵᠢᠨ ᠦᠷᠭᠦᠯᠵᠢᠯᠡᠬᠦᠢ᠌ᠴᠡ ᠤᠷᠢᠳᠠᠯ ᠳᠣᠣᠷ᠎ᠠ ᠪᠡᠯᠡ ᠲᠣᠬᠢᠷᠠᠭᠤᠯᠭ᠎ᠠ ᠵᠢᠨ ᠳᠡᠮᠵᠢᠯᠭᠡ ᠵᠢᠨ ᠡᠷᠴᠢᠮ ᠵᠶ᠋ᠠᠨ ᠴᠢᠩᠭ᠋ᠠᠷᠠᠭᠤᠯᠤᠨ᠂ ᠪᠣᠬᠢᠷᠲᠤᠯ ᠦᠭᠡᠢ ᠮᠥᠩᠭᠥᠨ ᠭᠦᠢ᠍ᠯᠭᠡᠭᠡ ᠵᠡᠷᠭᠡ ᠨᠡᠷᠡᠳᠭᠦᠨ ᠪᠠ ᠦᠢ᠍ᠯᠡᠴᠢᠯᠡᠭᠡ ᠵᠢ ᠲᠡᠭᠦᠯᠳᠡᠷᠵᠢᠭᠦᠯᠵᠦ᠂ ᠬᠡᠳᠦ ᠳᠣᠣᠷ᠎ᠠ ᠡᠨᠧᠷᠬᠢ ᠵᠢᠨ ᠬᠣᠷᠣᠭᠳᠠᠯ᠎ᠲᠠᠢ ᠪᠠᠷᠢᠯᠭ᠎ᠠ᠂ ᠪᠣᠬᠢᠷᠳᠤᠯ ᠦᠭᠡᠢ ᠪᠠᠷᠢᠯᠭ᠎ᠠ᠂ ᠤᠭᠰᠠᠷᠠᠮᠠᠯ ᠮᠠᠶᠢᠭ᠎ᠤᠨ ᠪᠠᠷᠢᠯᠭ᠎ᠠ᠂ ᠣᠶᠤᠨᠴᠢ ᠴᠣᠭᠴᠠᠯᠠᠯᠲᠠ᠂ ᠨᠢᠭᠡᠨᠲᠡ ᠪᠠᠢ᠌ᠭ᠎ᠠ ᠪᠠᠷᠢᠯᠭ᠎ᠠ ᠵᠢᠨ ᠡᠨᠧᠷᠬᠢ ᠠᠷᠪᠢᠯᠠᠬᠤ ᠥᠭᠡᠷᠡᠴᠢᠯᠡᠯᠲᠡ᠂ ᠪᠠᠷᠢᠯᠭ᠎ᠠ ᠵᠢᠨ ᠳᠠᠬᠢᠨ ᠡᠭᠦᠰᠴᠦ ᠪᠣᠯᠬᠤ ᠡᠨᠧᠷᠬᠢ ᠵᠢᠨ ᠬᠡᠷᠡᠭᠯᠡᠭᠡᠨ ᠪᠠ ᠬᠠᠮᠢᠶ᠎ᠠ ᠪᠦᠬᠦᠢ ᠠᠵᠤ ᠦᠢ᠍ᠯᠡᠰ᠎ᠤᠨ ᠬᠥᠭᠵᠢᠯᠲᠡ ᠵᠢ ᠳᠡᠮᠵᠢᠨ᠎ᠡ᠃ (ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠥᠪᠥᠷ ᠮᠣᠩᠭᠣᠯ᠎ᠤᠨ ᠭᠠᠢ᠌ᠯᠢ ᠵᠢᠨ ᠶᠠᠪᠤᠳᠠᠯ᠎ᠤᠨ ᠲᠣᠪᠴᠢᠶ᠎ᠠ᠂ ᠥᠪᠥᠷ ᠮᠣᠩᠭᠣᠯ᠎ᠤᠨ ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠳᠤᠮᠳᠠᠳᠤ ᠤᠯᠤᠰ᠎ᠤᠨ ᠠᠷᠠᠳ᠎ᠤᠨ ᠪᠠᠩᠬᠢ ᠵᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠳᠠᠬᠢ ᠬᠤᠪᠢᠶᠠᠷᠢ ᠪᠠᠩᠬᠢ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
ᠭᠤᠷᠪᠠ᠂ ᠠᠵᠢᠯ᠎ᠤᠨ ᠱᠠᠭ᠋ᠠᠷᠳᠠᠯᠭ᠎ᠠ
ᠡᠯ᠎ᠡ ᠠᠢ᠌ᠮᠠᠭ ᠬᠤᠲᠠ᠂ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠨᠢ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢᠴᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ᠎ᠤ ᠠᠵᠢᠯ᠎ᠤᠨ ᠱᠠᠭ᠋ᠠᠷᠳᠠᠯᠭ᠎ᠠ ᠵᠢ ᠬᠢᠨᠠᠮᠠᠭ᠋ᠠᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠪᠠᠷᠢᠯᠭ᠎ᠠ ᠵᠢᠨ ᠬᠦᠷᠢᠶᠡᠨ᠎ᠳᠠᠬᠢ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠤᠷᠠᠭᠤᠯᠬᠤ ᠵᠢ ᠲᠦᠷᠭᠡᠳᠬᠡᠨ ᠠᠬᠢᠭᠤᠯᠬᠤ ᠴᠢᠬᠤᠯᠠ ᠴᠢᠨᠠᠷ᠎ᠢ ᠭᠦᠢ᠍ᠴᠡᠳ ᠲᠠᠨᠢᠵᠤ᠂ ᠲᠣᠰ ᠲᠥᠰᠥᠯ᠎ᠤᠨ ᠭᠣᠣᠯᠳᠠᠯᠭ᠎ᠠ᠎ᠲᠠᠢ ᠡᠭᠦᠷᠭᠡ ᠵᠢ ᠨᠠᠷᠢᠨ ᠪᠣᠳᠠᠲᠠᠢ ᠨᠠᠢ᠌ᠳᠠᠪᠤᠷᠢᠵᠢᠭᠤᠯᠤᠨ᠂ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠ ᠲᠥᠷᠥ ᠵᠢᠨ ᠪᠣᠳᠣᠯᠭ᠎ᠠ ᠪᠡᠯᠡ ᠮᠥᠩᠭᠥᠨ᠎ᠤ ᠳᠡᠮᠵᠢᠯᠭᠡ᠎ᠪᠠᠨ ᠴᠢᠩᠭ᠋ᠠᠳᠬᠠᠵᠤ᠂ ᠠᠵᠢᠯ᠎ᠤᠨ ᠨᠡᠢ᠌ᠯᠡᠮᠡᠯ ᠬᠦᠴᠦᠨ᠎ᠢ ᠪᠣᠶ ᠪᠣᠯᠭ᠋ᠠᠨ᠂ ᠡᠯ᠎ᠡ ᠵᠦᠢ᠍ᠯ᠎ᠤᠨ ᠬᠠᠷᠠᠯᠲᠠ ᠡᠭᠦᠷᠭᠡ᠎ᠪᠠᠨ ᠲᠣᠭᠲᠠᠭᠰᠠᠨ ᠬᠤᠭᠤᠴᠠᠭ᠋ᠠᠨ᠎ᠳᠤ ᠪᠡᠶᠡᠯᠡᠭᠦᠯᠵᠦ᠂ ᠡᠨᠧᠷᠭᠢ ᠵᠢᠨ ᠠᠰᠢᠭᠯᠠᠯᠲᠠ ᠵᠢᠨ ᠦᠷ᠎ᠡ ᠪᠦᠲᠦᠮᠵᠢ᠎ᠪᠠᠨ ᠳᠡᠭᠡᠭᠰᠢᠯᠡᠭᠦᠯᠦᠨ᠂ ᠪᠠᠷᠢᠯᠭ᠎ᠠ ᠵᠢᠨ ᠬᠦᠷᠢᠶᠡᠨ᠎ᠤ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠬᠡᠷᠡᠭᠲᠡᠢ᠃ ᠰᠢᠰᠲ᠋ᠧᠮ᠎ᠤᠨ ᠦᠵᠡᠯᠲᠡ ᠵᠢ ᠪᠠᠷᠢᠮᠲᠠᠯᠠᠵᠤ᠂ ᠡᠯ᠎ᠡ ᠲᠠᠯ᠎ᠠ ᠵᠢᠨ ᠠᠰᠢᠭ ᠲᠤᠰᠠ ᠵᠢ ᠨᠢᠭᠡᠳᠦᠯᠲᠡᠢ ᠲᠥᠯᠥᠪᠯᠡᠨ ᠨᠡᠶ᠋ᠢᠲᠡᠳᠤᠨᠢ ᠬᠠᠷᠠᠭ᠋ᠠᠯᠵᠠᠵᠤ᠂ ᠭᠠᠷᠴᠤ ᠮᠡᠳᠡᠬᠦ ᠠᠰᠠᠭᠤᠳᠠᠯ ᠪᠠ ᠵᠥᠷᠢᠴᠡᠯ᠎ᠢ ᠪᠦᠲᠦᠮᠵᠢᠲᠡᠢ ᠰᠢᠢ᠍ᠳᠪᠦᠷᠢᠯᠡᠵᠦ᠂ ᠠᠷᠠᠳ᠎ᠤᠨ ᠠᠮᠢᠳᠤᠷᠠᠯ᠎ᠤᠨ ᠬᠣᠷᠢᠭ᠎ᠠ ᠱᠤᠭᠤᠮ᠎ᠢ ᠪᠠᠲᠤᠯᠠᠬᠤ ᠵᠢ ᠦᠨᠡᠨ ᠬᠦ᠌ ᠪᠡᠶᠡᠯᠡᠭᠦᠯᠬᠦ ᠬᠡᠷᠡᠭᠲᠡᠢ᠃ ᠬᠤᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠪᠣᠬᠢᠷᠲᠤᠯ ᠦᠭᠡᠢ ᠬᠥᠭᠵᠢᠯᠲᠡ ᠵᠢ ᠤᠬᠠᠭᠤᠯᠬᠤ ᠡᠷᠴᠢᠮ ᠵᠶ᠋ᠠᠨ ᠴᠢᠩᠭ᠋ᠠᠷᠠᠭᠤᠯᠵᠤ᠂ ᠪᠠᠷᠢᠯᠭ᠎ᠠ ᠵᠢᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠤᠷᠠᠭᠤᠯᠬᠤ ᠲᠠᠯ᠎ᠠ ᠵᠢᠨ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠ ᠬᠠᠮᠢᠶ᠎ᠠ ᠪᠦᠬᠦᠢ ᠮᠡᠳᠡᠯᠭᠡ ᠵᠢ ᠲᠦᠭᠡᠮᠡᠯᠵᠢᠭᠦᠯᠬᠦ ᠬᠡᠷᠡᠭᠲᠡᠢ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ
2024 ᠣᠨ᠎ᠤ 9 ᠳ᠋ᠦ᠍ᠭᠡᠷ ᠰᠠᠷ᠎ᠠ ᠵᠢᠨ 10᠎ᠤ ᠡᠳᠦᠷ ᠳᠠᠷᠤᠮᠠᠯᠯᠠᠨ ᠲᠠᠷᠬᠠᠭ᠋ᠠᠪᠠ