ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ
ᠥᠪᠥᠷ ᠵᠠᠰᠠᠭ ᠠᠯᠪᠠᠨ ᠦᠰᠦᠭ [2024]8 ᠳ᠋ᠤᠭ᠋ᠠᠷ ᠲᠣᠭ᠋ᠠᠲᠤ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠬᠢᠭᠡᠳ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠎ᠤᠨ ᠬᠠᠮᠲᠤᠷᠠᠭᠰᠠᠨ ᠬᠤᠷᠠᠯ᠎ᠤᠨ ᠠᠵᠢᠯ᠎ᠤᠨ ᠳᠦᠷᠢᠮ》᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠡᠯ᠎ᠡ ᠠᠢ᠌ᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠢ᠌ᠯᠠᠯ᠂ ᠠᠵᠢᠯ ᠦᠢ᠍ᠯᠡᠰ᠎ᠤᠨ ᠨᠢᠭᠡᠴᠢ᠎ᠳᠤ᠄
ᠡᠳᠦᠭᠡ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠬᠢᠭᠡᠳ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠎ᠤᠨ ᠬᠠᠮᠲᠤᠷᠠᠭᠰᠠᠨ ᠬᠤᠷᠠᠯ᠎ᠤᠨ ᠠᠵᠢᠯ᠎ᠤᠨ ᠳᠦᠷᠢᠮ》᠎ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ ᠲᠠ ᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ᠎ᠲᠠᠢ᠎ᠪᠠᠨ ᠤᠶᠠᠯᠳᠤᠭᠤᠯᠤᠨ᠂ ᠬᠢᠨᠠᠮᠠᠭ᠋ᠠᠢ ᠲᠤᠭᠤᠰᠢᠯᠠᠭᠤᠯᠤᠨ ᠨᠠᠢ᠌ᠳᠠᠪᠤᠷᠢᠵᠢᠭᠤᠯᠲᠤᠭ᠋ᠠᠢ᠃
2024 ᠣᠨ᠎ᠤ 2 ᠳ᠋ᠤᠭ᠋ᠠᠷ ᠰᠠᠷ᠎ᠠ ᠵᠢᠨ 8᠎ᠤ ᠡᠳᠦᠷ
(ᠲᠣᠰ ᠪᠢᠴᠢᠭ ᠮᠠᠲ᠋ᠧᠷᠢᠶᠠᠯ᠎ᠢ ᠢᠯᠡ ᠨᠡᠢ᠌ᠲᠡᠯᠡᠨ᠎ᠡ)
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠬᠢᠭᠡᠳ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠎ᠤᠨ ᠬᠠᠮᠲᠤᠷᠠᠭᠰᠠᠨ ᠬᠤᠷᠠᠯ᠎ᠤᠨ ᠠᠵᠢᠯ᠎ᠤᠨ ᠳᠦᠷᠢᠮ
ᠨᠢᠭᠡᠳᠦᠭᠡᠷ ᠵᠦᠢ᠍ᠯ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠬᠢᠭᠡᠳ ᠠᠳᠠᠯᠢ ᠱᠠᠲᠤᠨ᠎ᠤ ᠠᠵᠢᠯᠴᠢᠨ᠎ᠤ ᠡᠪᠯᠡᠯ᠎ᠤᠨ ᠬᠠᠮᠲᠤᠷᠠᠭᠰᠠᠨ ᠬᠤᠷᠠᠯ᠎ᠤᠨ ᠳᠦᠷᠢᠮ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠵᠢᠨ ᠲᠤᠰᠠᠳᠠ᠂ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠠᠵᠢᠯᠴᠢᠨ᠎ᠤ ᠡᠪᠯᠡᠯ᠎ᠤᠨ ᠬᠠᠤᠯᠢ》᠂ 《〈ᠰᠢᠨ᠎ᠡ ᠴᠠᠭ ᠦᠶ᠎ᠡ ᠵᠢᠨ ᠠᠵᠤ ᠦᠢ᠍ᠯᠡᠰ᠎ᠤᠨ ᠠᠵᠢᠯᠴᠢᠨ᠎ᠤ ᠡᠩᠨᠡᠭᠡᠨ᠎ᠤ ᠪᠠᠢ᠌ᠭᠤᠯᠤᠯᠲᠠ ᠵᠢᠨ ᠥᠭᠡᠷᠡᠴᠢᠯᠡᠯᠲᠡ ᠵᠢᠨ ᠲᠥᠰᠥᠯ〉᠎ᠢ ᠳᠠᠷᠤᠮᠠᠯᠯᠠᠨ ᠶᠠᠪᠤᠭᠤᠯᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠲᠥᠷᠥ ᠵᠢᠨ ᠶᠠᠪᠤᠳᠠᠯ᠎ᠤᠨ ᠬᠣᠷᠢᠶᠠᠨ᠎ᠤ ᠮᠡᠳᠡᠭᠳᠡᠯ》 ᠵᠡᠷᠭᠡ ᠬᠠᠤᠯᠢ ᠴᠠᠭ᠋ᠠᠵᠠ ᠵᠢᠨ ᠲᠣᠭᠲᠠᠭ᠋ᠠᠯ ᠪᠠ ᠪᠢᠴᠢᠭ ᠮᠠᠲ᠋ᠧᠷᠢᠶᠠᠯ᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ ᠤᠶᠠᠯᠳᠤᠭᠤᠯᠵᠤ᠂ ᠲᠤᠰ ᠳᠦᠷᠢᠮ᠎ᠢ ᠲᠣᠭᠲᠠᠭ᠋ᠠᠪᠠ᠃
ᠬᠣᠶᠠᠳᠤᠭ᠋ᠠᠷ ᠵᠦᠢ᠍ᠯ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠬᠢᠭᠡᠳ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠎ᠤᠨ ᠬᠠᠮᠲᠤᠷᠠᠭᠰᠠᠨ ᠬᠤᠷᠠᠯ (ᠳᠣᠷᠣᠭᠰᠢ ᠬᠠᠮᠲᠤᠷᠠᠭᠰᠠᠨ ᠬᠤᠷᠠᠯ ᠭᠡᠵᠦ ᠲᠣᠪᠴᠢᠯᠠᠨ᠎ᠠ)᠎ᠨᠢ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠬᠤ ᠵᠢ ᠪᠠᠷᠢᠮᠲᠠᠯᠠᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠬᠢᠨᠠᠮᠠᠭ᠋ᠠᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠠᠵᠢᠯᠴᠢᠨ ᠠᠩᠭᠢ ᠪᠣᠯᠣᠨ ᠠᠵᠢᠯᠴᠢᠨ᠎ᠤ ᠡᠪᠯᠡᠯ᠎ᠤᠨ ᠠᠵᠢᠯ᠎ᠤᠨ ᠲᠤᠬᠠᠢ ᠴᠢᠬᠤᠯᠠ ᠥᠭᠦᠯᠡᠯᠲᠡ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠪᠦᠬᠦ ᠰᠡᠳᠬᠢᠯ ᠪᠦᠬᠦ ᠵᠣᠷᠢᠭ ᠵᠶ᠋ᠠᠷ ᠠᠵᠢᠯᠴᠢᠨ ᠠᠩᠭᠢ᠎ᠳᠤ ᠲᠦᠰᠢᠭᠯᠡᠬᠦ ᠦᠨᠳᠦᠰᠦᠨ ᠴᠢᠭᠯᠡᠯᠲᠡ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠠᠵᠢᠯ᠎ᠤᠨ ᠭᠣᠣᠯ ᠰᠢᠵᠢᠮ ᠪᠣᠯᠭ᠋ᠠᠵᠤ᠂ ᠠᠵᠢᠯᠴᠢᠨ᠎ᠤ ᠡᠪᠯᠡᠯ᠎ᠤᠨ ᠵᠣᠬᠢᠶᠠᠨ ᠪᠠᠢ᠌ᠭᠤᠯᠤᠯᠲᠠ ᠵᠢᠨ ᠬᠥᠭᠥᠷᠭᠡ ᠬᠣᠯᠪᠣᠭ᠋ᠠᠰᠤ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠂ ᠠᠵᠢᠯᠲᠠᠨ ᠠᠵᠢᠯᠴᠢᠨ᠎ᠤ ᠬᠠᠤᠯᠢ ᠶᠣᠰᠣᠨ᠎ᠤ ᠡᠷᠬᠡ ᠠᠰᠢᠭ᠎ᠢ ᠦᠨᠡᠨ ᠬᠦ᠌ ᠬᠠᠮᠠᠭ᠋ᠠᠯᠠᠵᠤ᠂ ᠡᠶ᠎ᠡ ᠵᠣᠬᠢᠴᠠᠯ᠎ᠲᠠᠢ ᠬᠥᠳᠡᠯᠮᠦᠷᠢ ᠵᠢᠨ ᠬᠠᠷᠢᠴᠠᠭ᠎ᠠ ᠵᠢ ᠪᠠᠢ᠌ᠭᠤᠯᠤᠨ᠂ ᠠᠵᠤ ᠠᠬᠤᠢ ᠨᠡᠢ᠌ᠭᠡᠮ᠎ᠤᠨ ᠬᠥᠭᠵᠢᠯᠲᠡ ᠵᠢ ᠠᠬᠢᠭᠤᠯᠤᠨ᠎ᠠ᠃
ᠭᠤᠷᠪᠠᠳᠤᠭ᠋ᠠᠷ ᠵᠦᠢ᠍ᠯ ᠬᠠᠮᠲᠤᠷᠠᠭᠰᠠᠨ ᠬᠤᠷᠠᠯ᠎ᠤᠨ ᠭᠣᠣᠯ ᠡᠭᠦᠷᠭᠡ ᠪᠣᠯ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠬᠢᠭᠡᠳ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠎ᠨᠢ ᠪᠠᠢ᠌ᠳᠠᠯ ᠵᠶ᠋ᠠᠨ ᠬᠠᠷᠢᠯᠴᠠᠨ ᠨᠡᠪᠲᠡᠷᠡᠯᠴᠡᠵᠦ᠂ ᠣᠷᠣᠨ ᠨᠤᠲᠤᠭ᠎ᠤᠨ ᠠᠵᠤ ᠠᠬᠤᠢ ᠨᠡᠢ᠌ᠭᠡᠮ᠎ᠤᠨ ᠬᠥᠭᠵᠢᠯᠲᠡ᠂ ᠠᠵᠢᠯᠴᠢᠨ ᠠᠩᠭᠢ ᠪᠠ ᠠᠵᠢᠯᠴᠢᠨ᠎ᠤ ᠡᠪᠯᠡᠯ᠎ᠤᠨ ᠠᠵᠢᠯ ᠵᠡᠷᠭᠡ ᠲᠠᠯ᠎ᠠ᠎ᠳᠤ ᠬᠣᠯᠪᠣᠭᠳᠠᠬᠤ ᠴᠢᠬᠤᠯᠠ ᠶᠡᠬᠡ ᠠᠰᠠᠭᠤᠳᠠᠯ᠎ᠢ ᠬᠠᠮᠲᠤ᠎ᠪᠠᠷ ᠰᠤᠳᠤᠯᠵᠤ᠂ ᠵᠥᠪᠳᠡᠯᠴᠡᠨ ᠰᠢᠢ᠍ᠳᠪᠦᠷᠢᠯᠡᠬᠦ ᠪᠣᠯᠣᠨ᠎ᠠ᠃ ᠡᠭᠦᠨ᠎ᠳᠤ ᠭᠣᠣᠯᠳᠠᠭᠤ ᠳᠣᠣᠷᠠᠬᠢ ᠠᠭᠤᠯᠭ᠎ᠠ ᠪᠠᠭᠲᠠᠨ᠎ᠠ᠄
(ᠨᠢᠭᠡ) ᠳᠡᠭᠡᠷ᠎ᠡ ᠤᠳᠠᠭ᠋ᠠᠨ᠎ᠤ ᠬᠠᠮᠲᠤᠷᠠᠭᠰᠠᠨ ᠬᠤᠷᠠᠯ᠎ᠤᠨ ᠵᠥᠪᠯᠡᠬᠦ ᠰᠡᠳᠦᠪ᠎ᠢ ᠨᠠᠢ᠌ᠳᠠᠪᠤᠷᠢᠵᠢᠭᠤᠯᠤᠭᠰᠠᠨ ᠪᠠᠢ᠌ᠳᠠᠯ᠎ᠢ ᠨᠡᠪᠲᠡᠷᠡᠭᠦᠯᠦᠨ ᠮᠡᠳᠡᠭᠡᠯᠡᠵᠦ᠂ ᠨᠠᠢ᠌ᠳᠠᠪᠤᠷᠢᠵᠢᠭᠤᠯᠤᠭ᠋ᠠᠳᠤᠢ ᠵᠦᠢ᠍ᠯᠡᠰ᠎ᠲᠤ ᠲᠣᠳᠣᠷᠬᠠᠢ᠌ᠯᠠᠯᠲᠠ ᠬᠢᠬᠦ ᠵᠢᠨ ᠬᠠᠮᠲᠤ ᠰᠠᠨᠠᠯ ᠵᠶ᠋ᠡᠨ ᠳᠤᠷᠠᠳᠴᠤ᠂ ᠪᠡᠶᠡᠯᠡᠭᠦᠯᠬᠦ ᠬᠤᠭᠤᠴᠠᠭ᠎ᠠ ᠬᠢᠵᠠᠭ᠋ᠠᠷ᠎ᠢ ᠲᠣᠳᠣᠷᠬᠠᠢ᠌ᠯᠠᠨ᠎ᠠ᠃
(ᠬᠣᠶᠠᠷ) ᠤᠯᠤᠰ ᠠᠷᠠᠳ᠎ᠤᠨ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠲᠥᠯᠦᠪᠵᠢᠭᠦᠯᠭᠡ᠂ ᠵᠠᠰᠠᠭ᠎ᠤᠨ ᠣᠷᠳᠣᠨ᠎ᠤ ᠠᠵᠢᠯ᠎ᠤᠨ ᠶᠠᠪᠤᠴᠠ᠎ᠳᠠᠬᠢ ᠠᠵᠢᠯᠲᠠᠨ ᠠᠵᠢᠯᠴᠢᠨ᠎ᠤ ᠠᠰᠢᠭ ᠲᠤᠰᠠ᠎ᠳᠤ ᠬᠣᠯᠪᠣᠭᠳᠠᠭᠰᠠᠨ ᠬᠣᠯᠪᠣᠭᠳᠠᠯ ᠪᠦᠬᠦᠢ ᠲᠦᠷᠦ ᠵᠢᠨ ᠪᠣᠳᠣᠯᠭ᠎ᠠ ᠠᠷᠭ᠎ᠠ ᠬᠡᠮᠵᠢᠶ᠎ᠡ ᠵᠢᠨ ᠪᠠᠢ᠌ᠳᠠᠯ᠎ᠢ ᠨᠡᠪᠲᠡᠷᠡᠭᠦᠯᠦᠨ ᠮᠡᠳᠡᠭᠡᠯᠡᠨ᠎ᠡ; ᠠᠵᠢᠯᠴᠢᠨ᠎ᠤ ᠡᠪᠯᠡᠯ᠎ᠤᠨ ᠭᠣᠣᠯᠳᠠᠯᠭ᠎ᠠ ᠵᠢᠨ ᠲᠣᠭᠣᠷᠢᠨ᠎ᠳᠤ᠂ ᠶᠡᠬᠡ ᠲᠠᠯ᠎ᠠ᠎ᠳᠤ ᠦᠢ᠍ᠯᠡᠴᠢᠯᠡᠭᠰᠡᠨ᠂ ᠠᠵᠢᠯᠲᠠᠨ ᠠᠵᠢᠯᠴᠢᠨ᠎ᠳᠤ ᠦᠢ᠍ᠯᠡᠴᠢᠯᠡᠭᠰᠡᠨ ᠴᠢᠬᠤᠯᠠ ᠠᠷᠭ᠎ᠠ ᠬᠡᠮᠵᠢᠶ᠎ᠡ ᠵᠡᠷᠭᠡ ᠪᠠᠢ᠌ᠳᠠᠯ᠎ᠢ ᠨᠡᠪᠲᠡᠷᠡᠭᠦᠯᠦᠨ ᠮᠡᠳᠡᠭᠡᠯᠡᠨ᠎ᠡ᠃
(ᠭᠤᠷᠪᠠ) ᠥᠷᠭᠡᠨ ᠣᠯᠠᠨ ᠠᠵᠢᠯᠲᠠᠨ ᠠᠵᠢᠯᠴᠢᠨ᠎ᠢ ᠵᠣᠬᠢᠶᠠᠨ ᠪᠠᠢ᠌ᠭᠤᠯᠤᠨ ᠳᠠᠶ᠋ᠢᠴᠢᠯᠠᠵᠤ ᠪᠠᠢ᠌ᠭ᠋ᠠᠳ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠲᠤᠰᠢᠶᠠᠭᠰᠠᠨ ᠲᠠᠪᠤᠨ ᠶᠡᠬᠡ ᠡᠭᠦᠷᠭᠡ ᠪᠠ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠢ ᠪᠥᠬᠥ ᠲᠠᠯ᠎ᠠ᠎ᠪᠠᠷ ᠪᠦᠲᠦᠭᠡᠨ ᠪᠠᠶ᠋ᠢᠭᠤᠯᠬᠤ ᠬᠣᠶᠠᠷ ᠶᠡᠬᠡ ᠶᠠᠪᠤᠳᠠᠯ᠎ᠢ ᠰᠠᠢ᠌ᠲᠤᠷ ᠪᠡᠶᠡᠯᠡᠭᠦᠯᠬᠦ᠂ ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ ᠳᠤᠮᠳᠠ ᠭᠠᠪᠢᠶ᠎ᠠ ᠪᠠᠢ᠌ᠭᠤᠯᠤᠨ ᠦᠢ᠍ᠯᠡᠰ ᠪᠦᠲᠦᠭᠡᠬᠦ ᠵᠡᠷᠭᠡ ᠲᠠᠯ᠎ᠠ ᠵᠢᠨ ᠬᠣᠯᠪᠣᠭᠳᠠᠯ ᠪᠦᠬᠦᠢ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠪᠠ ᠳᠦᠷᠢᠮ᠎ᠤᠨ ᠪᠠᠲᠤᠯᠠᠭ᠎ᠠ ᠵᠢ ᠰᠤᠳᠤᠯᠤᠨ᠎ᠠ; ᠡᠶ᠎ᠡ ᠵᠣᠬᠢᠴᠠᠯ᠎ᠲᠠᠢ ᠬᠥᠳᠡᠯᠮᠦᠷᠢ ᠵᠢᠨ ᠬᠠᠷᠢᠴᠠᠭ᠎ᠠ ᠵᠢ ᠪᠠᠶ᠋ᠢᠭᠤᠯᠬᠤ ᠶᠡᠷᠦᠩᠬᠡᠢ ᠪᠠᠢ᠌ᠷᠢᠯᠠᠭᠤᠯᠤᠯᠲᠠ ᠪᠠ ᠪᠣᠳᠠᠲᠠᠢ ᠠᠷᠭ᠎ᠠ ᠬᠡᠮᠵᠢᠶ᠎ᠡ ᠵᠢ ᠰᠤᠳᠤᠯᠤᠨ᠎ᠠ᠃
(ᠳᠥᠷᠪᠡ) ᠠᠵᠢᠯᠲᠠᠨ ᠠᠵᠢᠯᠴᠢᠨ ᠣᠯᠠᠨ ᠲᠦᠮᠡᠨ᠎ᠤ ᠲᠣᠰ ᠪᠡᠶ᠎ᠡ ᠵᠢᠨ ᠠᠰᠢᠭ ᠲᠤᠰᠠ᠎ᠳᠤ ᠬᠣᠯᠪᠣᠭᠳᠠᠬᠤ ᠴᠢᠬᠤᠯᠠ ᠠᠰᠠᠭᠤᠳᠠᠯ᠂ ᠠᠵᠢᠯᠲᠠᠨ ᠠᠵᠢᠯᠴᠢᠨ ᠣᠯᠠᠨ ᠲᠦᠮᠡᠨ᠎ᠤ ᠬᠠᠯᠠᠮᠵᠢᠯᠠᠨ ᠠᠩᠬᠠᠷᠴᠤ ᠪᠠᠢ᠌ᠭ᠎ᠠ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠢ᠌ᠭ᠎ᠠ ᠠᠰᠠᠭᠤᠳᠠᠯ ᠵᠡᠷᠭᠡ ᠵᠢ ᠰᠤᠳᠤᠯᠵᠤ ᠰᠢᠢ᠍ᠳᠪᠦᠷᠢᠯᠡᠨ᠎ᠡ; ᠰᠢᠨ᠎ᠡ ᠠᠵᠢᠯ ᠣᠯᠭᠣᠯᠲᠠ ᠵᠢᠨ ᠪᠠᠢ᠌ᠳᠠᠯ᠎ᠳᠠᠬᠢ ᠬᠥᠳᠡᠯᠮᠦᠷᠢᠴᠢᠳ᠎ᠤᠨ ᠡᠷᠬᠡ ᠠᠰᠢᠭ᠎ᠢ ᠪᠠᠲᠤᠯᠠᠬᠤ ᠵᠡᠷᠭᠡ ᠰᠢᠨ᠎ᠡ ᠠᠰᠠᠭᠤᠳᠠᠯ ᠰᠢᠨ᠎ᠡ ᠰᠡᠳᠦᠪ᠎ᠢ ᠰᠤᠳᠤᠯᠵᠤ ᠰᠢᠢ᠍ᠳᠪᠦᠷᠢᠯᠡᠨ᠎ᠡ᠃
(ᠲᠠᠪᠤ) ᠠᠵᠢᠯᠴᠢᠨ᠎ᠤ ᠡᠪᠯᠡᠯ᠎ᠤᠨ ᠲᠣᠰ ᠪᠡᠶ᠎ᠡ ᠵᠢᠨ ᠥᠭᠡᠷᠡᠴᠢᠯᠡᠯᠲᠡ ᠪᠠ ᠪᠠᠢ᠌ᠭᠤᠯᠤᠯᠲᠠ ᠵᠢ ᠠᠬᠢᠭᠤᠯᠬᠤ ᠶᠠᠪᠤᠴᠠ᠎ᠳᠠᠬᠢ ᠵᠠᠰᠠᠭ᠎ᠤᠨ ᠣᠷᠳᠣᠨ᠎ᠤ ᠳᠡᠮᠵᠢᠯᠭᠡ ᠱᠠᠭ᠋ᠠᠷᠳᠠᠭᠳᠠᠬᠤ ᠬᠠᠮᠢᠶ᠎ᠠ ᠪᠦᠬᠦᠢ ᠠᠰᠠᠭᠤᠳᠠᠯ᠎ᠢ ᠰᠤᠳᠤᠯᠤᠨ᠎ᠠ᠃
(ᠵᠢᠷᠭᠤᠭ᠎ᠠ) ᠬᠠᠮᠲᠤᠷᠠᠭᠰᠠᠨ ᠬᠤᠷᠠᠯ ᠵᠶ᠋ᠠᠷ ᠰᠤᠳᠤᠯᠤᠨ ᠰᠢᠢ᠍ᠳᠪᠦᠷᠢᠯᠡᠬᠦ ᠴᠢᠬᠤᠯᠠᠲᠠᠢ ᠪᠤᠰᠤᠳ ᠠᠰᠠᠭᠤᠳᠠᠯ᠃
ᠳᠥᠷᠪᠡᠳᠦᠭᠡᠷ ᠵᠦᠢ᠍ᠯ ᠬᠠᠮᠲᠤᠷᠠᠭᠰᠠᠨ ᠬᠤᠷᠠᠯ᠎ᠢ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠎ᠠᠴᠠ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠳᠡᠪᠰᠢᠭᠦᠯᠵᠦ ᠬᠠᠮᠲᠤ᠎ᠪᠠᠷ ᠵᠣᠬᠢᠶᠠᠨ ᠪᠠᠢ᠌ᠭᠤᠯᠤᠨ ᠬᠤᠷᠠᠯᠳᠤᠭᠤᠯᠤᠨ᠎ᠠ᠃ ᠠᠵᠢᠯᠴᠢᠨ᠎ᠤ ᠡᠪᠯᠡᠯ᠎ᠤᠨ ᠠᠵᠢᠯ᠎ᠢ ᠬᠠᠷᠢᠯᠴᠠᠵᠤ ᠪᠠᠢ᠌ᠭ᠎ᠠ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠎ᠤᠨ ᠲᠡᠷᠢᠭᠦᠯᠡᠭᠴᠢ᠎ᠪᠠᠷ ᠶᠡᠷᠦᠩᠬᠡᠢ ᠬᠤᠷᠠᠯᠳᠤᠭᠤᠯᠤᠭᠴᠢ ᠵᠢᠨ ᠲᠤᠰᠢᠶᠠᠯ ᠳᠠᠭ᠋ᠠᠭ᠋ᠠᠨ ᠡᠭᠦᠷᠭᠡᠯᠡᠭᠦᠯᠵᠦ᠂ ᠠᠵᠢᠯᠴᠢᠨ᠎ᠤ ᠡᠪᠯᠡᠯ᠎ᠤᠨ ᠠᠵᠢᠯ᠎ᠢ ᠬᠠᠷᠢᠯᠴᠠᠵᠤ ᠪᠠᠢ᠌ᠭ᠎ᠠ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠨᠠᠷᠢᠨ ᠪᠢᠴᠢᠭ᠎ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠎ᠤᠨ ᠪᠠᠢ᠌ᠩᠭᠤ ᠵᠢᠨ ᠠᠵᠢᠯ᠎ᠢ ᠬᠠᠷᠢᠭᠤᠴᠠᠵᠤ ᠪᠠᠢ᠌ᠭ᠎ᠠ ᠳᠡᠳ᠋ ᠲᠡᠷᠢᠭᠦᠯᠡᠭᠴᠢ᠎ᠪᠠᠷ ᠬᠤᠷᠠᠯᠳᠤᠭᠤᠯᠤᠭᠴᠢ ᠵᠢᠨ ᠲᠤᠰᠢᠶᠠᠯ ᠳᠠᠭ᠋ᠠᠭ᠋ᠠᠨ ᠡᠭᠦᠷᠭᠡᠯᠡᠭᠦᠯᠦᠨ᠎ᠡ᠃ ᠣᠨᠴᠠᠭ᠋ᠠᠢ ᠴᠢᠬᠤᠯᠠ ᠶᠡᠬᠡ ᠠᠰᠠᠭᠤᠳᠠᠯ ᠲᠣᠬᠢᠶᠠᠯᠳᠤᠪᠠᠯ᠂ ᠬᠡᠷᠡᠭᠴᠡᠭᠡ᠎ᠪᠠᠨ ᠦᠨᠳᠦᠰᠦᠯᠡᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠭᠣᠣᠯ ᠤᠳᠤᠷᠢᠳᠬᠤ ᠨᠥᠬᠥᠳ᠎ᠢ ᠤᠷᠢᠵᠤ ᠣᠷᠣᠯᠴᠠᠭᠤᠯᠬᠤ ᠵᠢᠨ ᠬᠠᠮᠲᠤ ᠬᠤᠷᠠᠯ ᠡᠷᠬᠢᠯᠡᠬᠥᠯᠵᠤ ᠪᠣᠯᠣᠨ᠎ᠠ᠃ ᠬᠠᠮᠲᠤᠷᠠᠭᠰᠠᠨ ᠬᠤᠷᠠᠯ᠎ᠢ ᠵᠠᠷᠴᠢᠮ ᠳᠡᠭᠡᠷ᠎ᠡ᠎ᠪᠠᠨ ᠵᠢᠯ ᠪᠦᠷᠢ ᠨᠢᠭᠡ ᠤᠳᠠᠭ᠎ᠠ ᠬᠤᠷᠠᠯᠳᠤᠭᠤᠯᠤᠨ᠎ᠠ᠂ ᠬᠡᠷᠪᠡ ᠣᠨᠴᠠᠭ᠋ᠠᠶ ᠪᠠᠢ᠌ᠳᠠᠯ ᠪᠤᠶᠤ ᠴᠢᠬᠤᠯᠠ ᠶᠡᠬᠡ ᠠᠰᠠᠭᠤᠳᠠᠯ ᠲᠣᠬᠢᠶᠠᠯᠳᠤᠪᠠᠯ᠂ ᠵᠥᠪᠳᠡᠯᠴᠡᠭᠰᠡᠨ᠎ᠤ ᠲᠠᠷᠠᠭ᠎ᠠ ᠬᠡᠵᠢᠶ᠎ᠡ ᠴᠦ᠍ ᠭᠡᠰᠡᠨ ᠬᠤᠷᠠᠯᠳᠤᠭᠤᠯᠵᠤ ᠪᠣᠯᠣᠨ᠎ᠠ᠃
ᠲᠠᠪᠤᠳᠤᠭ᠋ᠠᠷ ᠵᠦᠢ᠍ᠯ ᠬᠠᠮᠲᠤᠷᠠᠭᠰᠠᠨ ᠬᠤᠷᠠᠯ᠎ᠳᠤ ᠣᠷᠣᠯᠴᠠᠭᠴᠢ ᠪᠠ ᠰᠤᠯᠠ ᠣᠷᠣᠯᠴᠠᠭᠰᠠᠳ᠎ᠲᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠠᠯ᠎ᠠ᠎ᠠᠴᠠ ᠶᠡᠷᠦ᠎ᠳᠤ᠎ᠪᠠᠨ ᠪᠠᠭᠲᠠᠬᠤ᠎ᠨᠢ᠄ ᠠᠵᠢᠯᠴᠢᠨ᠎ᠤ ᠡᠪᠯᠡᠯ᠎ᠤᠨ ᠠᠵᠢᠯ᠎ᠲᠠᠢ ᠬᠠᠷᠢᠯᠴᠠᠵᠤ ᠪᠠᠢ᠌ᠭ᠎ᠠ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ᠂ ᠵᠥᠪᠯᠡᠬᠦ ᠰᠡᠳᠦᠪ᠎ᠤᠨ ᠠᠭᠤᠯᠭ᠎ᠠ᠎ᠳᠤ ᠬᠣᠯᠪᠣᠭᠳᠠᠬᠤ ᠥᠪᠡᠷᠲᠡᠭᠡᠨ ᠵᠠᠰᠠᠬᠤ ᠣᠷᠣᠨ᠎ᠤ ᠪᠤᠰᠤᠳ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠣᠯᠪᠣᠭᠳᠠᠯ ᠪᠦᠬᠦᠢ ᠳᠡᠳ᠋ ᠨᠠᠷᠢᠨ ᠪᠢᠴᠢᠭ᠎ᠤᠨ ᠳᠠᠷᠤᠭ᠎ᠠ (ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠬᠣᠯᠪᠣᠭᠳᠠᠯ ᠪᠦᠬᠦᠢ ᠳᠡᠳ᠋ ᠡᠷᠬᠢᠯᠡᠭᠴᠢ)᠂ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠵᠢᠨ ᠬᠠᠷᠢᠭᠤᠴᠠᠯᠭ᠋ᠠᠲᠠᠨ; ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠎ᠤᠨ ᠲᠠᠯ᠎ᠠ᠎ᠠᠴᠠ ᠶᠡᠷᠦ᠎ᠳᠤ᠎ᠪᠠᠨ ᠪᠠᠭᠲᠠᠬᠤ᠎ᠨᠢ᠄ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠎ᠤᠨ ᠤᠳᠤᠷᠢᠳᠬᠤ ᠪᠠᠭ᠎ᠤᠨ ᠪᠦᠷᠢᠯᠳᠦᠭᠦᠨ ᠵᠢᠴᠢ ᠬᠣᠯᠪᠣᠭᠳᠠᠯ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ᠂ ᠠᠵᠤ ᠦᠢ᠍ᠯᠡᠰ᠎ᠤᠨ ᠠᠵᠢᠯᠴᠢᠨ᠎ᠤ ᠡᠪᠯᠡᠯ᠎ᠤᠨ ᠬᠠᠷᠢᠭᠤᠴᠠᠯᠭ᠋ᠠᠲᠠᠨ᠃
ᠬᠠᠮᠲᠤᠷᠠᠭᠰᠠᠨ ᠬᠤᠷᠠᠯ᠎ᠳᠤ ᠦᠨᠳᠦᠰᠦᠨ ᠱᠠᠲᠤᠨ᠎ᠤ ᠨᠠᠮ ᠵᠠᠰᠠᠭ᠎ᠤᠨ ᠺᠠᠳ᠋ᠷ᠂ ᠠᠵᠢᠯᠲᠠᠨ ᠠᠵᠢᠯᠴᠢᠨ᠎ᠤ ᠲᠥᠯᠥᠭᠡᠯᠡᠭᠴᠢ᠂ ᠬᠥᠳᠡᠯᠮᠦᠷᠢ ᠵᠢᠨ ᠵᠢᠱ᠌ᠢᠶᠡᠴᠢ ᠵᠢᠨ ᠲᠡᠷᠢᠭᠦᠨ᠎ᠤ ᠲᠥᠯᠥᠭᠡᠯᠡᠭᠴᠢ ᠪᠠ ᠦᠨᠳᠦᠰᠦᠨ ᠱᠠᠲᠤᠨ᠎ᠤ ᠠᠵᠢᠯᠴᠢᠨ᠎ᠤ ᠡᠪᠯᠡᠯ᠎ᠤᠨ ᠠᠵᠢᠯᠲᠠᠨ ᠵᠡᠷᠭᠡ ᠵᠢ ᠤᠷᠢᠨ ᠣᠷᠣᠯᠴᠠᠭᠤᠯᠵᠤ ᠪᠣᠯᠣᠨ᠎ᠠ᠃
ᠵᠢᠷᠭᠤᠳᠤᠭ᠋ᠠᠷ ᠵᠦᠢ᠍ᠯ ᠬᠠᠮᠲᠤᠷᠠᠭᠰᠠᠨ ᠬᠤᠷᠠᠯ᠎ᠤᠨ ᠵᠥᠪᠯᠡᠬᠦ ᠰᠡᠳᠦᠪ᠎ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠪᠠ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ ᠵᠥᠪᠳᠡᠯᠴᠡᠨ ᠲᠣᠭᠲᠠᠭ᠋ᠠᠨ᠎ᠠ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠤᠷᠠᠳᠤᠭᠰᠠᠨ ᠵᠥᠪᠯᠡᠬᠦ ᠰᠡᠳᠦᠪ᠎ᠢ ᠬᠠᠮᠢᠶ᠎ᠠ ᠪᠦᠬᠦᠢ ᠡᠭᠦᠷᠭᠡ ᠴᠢᠳᠠᠪᠤᠷᠢ ᠵᠢ ᠡᠭᠦᠷᠭᠡᠯᠡᠵᠦ ᠪᠦᠬᠦᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ᠎ᠠᠴᠠ ᠳᠤᠷᠠᠳᠤᠭᠰᠠᠨ᠎ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠳᠤ ᠮᠡᠳᠡᠭᠦᠯᠵᠦ ᠬᠤᠷᠢᠶᠠᠩᠭᠤᠢ᠌ᠯᠠᠨᠠ; ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠎ᠤᠨ ᠳᠤᠷᠠᠳᠤᠭᠰᠠᠨ ᠵᠥᠪᠯᠡᠬᠦ ᠰᠡᠳᠦᠪ᠎ᠢ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠎ᠤᠨ ᠠᠯᠪᠠᠨ ᠭᠡᠷ᠎ᠠᠴᠠ ᠬᠠᠷᠢᠭᠤᠴᠠᠵᠤ ᠴᠤᠭᠯᠠᠭᠤᠯᠤᠨ᠎ᠠ᠃ ᠡᠩ᠎ᠤᠨ ᠪᠠᠢ᠌ᠳᠠᠯ᠎ᠳᠤ ᠬᠠᠮᠲᠤᠷᠠᠭᠰᠠᠨ ᠬᠤᠷᠠᠯ ᠬᠤᠷᠠᠯᠳᠤᠬᠤ᠎ᠠᠴᠠ 2 ᠰᠠᠷ᠎ᠠ ᠵᠢᠨ ᠡᠮᠦᠨ᠎ᠡ ᠵᠥᠪᠯᠡᠬᠦ ᠰᠡᠳᠦᠪ ᠴᠤᠭᠯᠠᠭᠤᠯᠬᠤ ᠠᠵᠢᠯ᠎ᠢ ᠡᠬᠢᠯᠡᠭᠦᠯᠦᠨ᠎ᠡ᠃ ᠬᠣᠶᠠᠷ ᠲᠠᠯ᠎ᠠ᠎ᠪᠠᠷ ᠵᠶ᠋ᠠᠨ ᠬᠠᠮᠲᠤᠷᠠᠨ ᠳᠤᠷᠠᠳᠤᠭᠰᠠᠨ ᠵᠥᠪᠯᠡᠬᠦ ᠰᠡᠳᠦᠪ ᠪᠣᠯ ᠭᠣᠣᠯ ᠠᠵᠢᠯ᠎ᠢ ᠡᠭᠦᠷᠭᠡᠯᠡᠵᠦ ᠪᠠᠢ᠌ᠭ᠎ᠠ ᠨᠢᠭᠡ ᠲᠠᠯ᠎ᠠ᠎ᠨᠢ ᠳᠤᠷᠠᠳᠬᠤ ᠳᠡᠰ ᠳᠠᠷᠠᠭ᠋ᠠᠯᠠᠯ᠎ᠢ ᠭᠦᠢ᠍ᠴᠡᠳᠬᠡᠨ᠎ᠡ᠃
ᠬᠠᠮᠲᠤᠷᠠᠭᠰᠠᠨ ᠬᠤᠷᠠᠯ᠎ᠤᠨ ᠵᠥᠪᠯᠡᠬᠦ ᠰᠡᠳᠦᠪ᠎ᠢ ᠭᠦᠨᠵᠡᠭᠡᠢ ᠪᠠᠢ᠌ᠴᠠᠭ᠋ᠠᠨ ᠰᠤᠳᠤᠯᠤᠯᠲᠠ ᠬᠢᠭᠰᠡᠨ᠂ ᠥᠷᠭᠡᠨ ᠵᠶ᠋ᠡᠷ ᠨᠤᠲᠠᠯᠠᠯᠲᠠ ᠬᠢᠭᠰᠡᠨ᠂ ᠨᠠᠷᠢᠨ ᠨᠢᠮᠪᠠᠢ ᠰᠢᠯᠢᠨ ᠰᠣᠩᠭᠣᠭᠰᠠᠨ ᠰᠠᠭᠤᠷᠢᠨ ᠳᠡᠭᠡᠷ᠎ᠡ ᠳᠤᠷᠠᠳᠬᠤ ᠬᠡᠷᠡᠭᠲᠡᠢ᠃ ᠬᠤᠷᠠᠯ᠎ᠠᠴᠠ ᠡᠮᠦᠨᠡᠬᠢ ᠵᠣᠬᠢᠴᠠᠭᠤᠯᠭ᠎ᠠ ᠵᠢ ᠴᠢᠩᠭ᠋ᠠᠷᠠᠭᠤᠯᠵᠤ᠂ ᠵᠥᠪᠯᠡᠬᠦ ᠰᠡᠳᠦᠪ᠎ᠤᠨ ᠰᠠᠨᠠᠯ ᠬᠤᠷᠢᠶᠠᠬᠤ ᠵᠡᠷᠭᠡ ᠤᠷᠢᠳᠠᠴᠢ ᠠᠵᠢᠯ᠎ᠢ ᠰᠠᠢ᠌ᠲᠤᠷ ᠬᠢᠵᠦ᠂ ᠬᠤᠷᠠᠯ᠎ᠤᠨ ᠡᠴᠦᠰ᠎ᠲᠤ᠎ᠪᠠᠨ ᠰᠠᠨᠠᠯ ᠨᠢᠭᠡᠳᠴᠦ᠂ ᠰᠢᠢ᠍ᠳᠪᠦᠷᠢ ᠭᠠᠷᠭ᠋ᠠᠬᠤ᠎ᠳᠤ᠎ᠨᠢ ᠨᠥᠬᠥᠴᠡᠯ ᠪᠦᠷᠢᠯᠳᠦᠭᠦᠯᠵᠦ ᠥᠭᠬᠦ ᠬᠡᠷᠡᠭᠲᠡᠢ᠃
ᠳᠣᠯᠣᠳᠤᠭ᠋ᠠᠷ ᠵᠦᠢ᠍ᠯ ᠬᠠᠮᠲᠤᠷᠠᠭᠰᠠᠨ ᠬᠤᠷᠠᠯ᠎ᠤᠨ ᠶᠠᠪᠤᠳᠠᠯ᠎ᠤᠨ ᠪᠡᠯᠡᠳᠬᠡᠯ ᠠᠵᠢᠯ᠎ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ ᠬᠢᠭᠡᠳ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ ᠬᠠᠮᠲᠤ᠎ᠪᠠᠷ ᠡᠭᠦᠷᠭᠡᠯᠡᠵᠦ᠂ ᠪᠣᠳᠠᠲᠠᠢ ᠪᠡᠯᠡᠳᠬᠡᠯ ᠠᠵᠢᠯ᠎ᠢ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠎ᠤᠨ ᠠᠯᠪᠠᠨ ᠭᠡᠷ᠎ᠠᠴᠠ ᠬᠠᠷᠢᠭᠤᠴᠠᠨ᠎ᠠ᠃ ᠬᠤᠷᠠᠯ᠎ᠤᠨ ᠮᠡᠳᠡᠭᠳᠡᠯ᠎ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠠᠴᠠ ᠬᠠᠷᠢᠭᠤᠴᠠᠨ ᠳᠠᠷᠤᠮᠠᠯᠯᠠᠨ ᠲᠠᠷᠬᠠᠭ᠋ᠠᠬᠤ ᠵᠢᠨ ᠬᠠᠮᠲᠤ ᠵᠠᠰᠠᠭ᠎ᠤᠨ ᠣᠷᠳᠣᠨ᠎ᠤ ᠲᠠᠯ᠎ᠠ ᠵᠢᠨ ᠬᠤᠷᠠᠯ᠎ᠳᠤ ᠣᠷᠣᠯᠴᠠᠭᠴᠢ ᠵᠢ ᠵᠣᠬᠢᠴᠠᠭᠤᠯᠤᠨ᠎ᠠ᠃
ᠨᠠᠢ᠍ᠮᠠᠳᠤᠭ᠋ᠠᠷ ᠵᠦᠢ᠍ᠯ ᠬᠠᠮᠲᠤᠷᠠᠭᠰᠠᠨ ᠬᠤᠷᠠᠯ᠎ᠢ ᠵᠠᠷᠴᠢᠮ ᠳᠡᠭᠡᠷ᠎ᠡ᠎ᠪᠠᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠣᠷᠣᠯᠴᠠᠭᠰᠠᠨ ᠤᠳᠤᠷᠢᠳᠤᠯᠭ᠎ᠠ᠎ᠠᠴᠠ ᠡᠷᠭᠢᠯᠡᠨ᠎ᠡ᠃ ᠵᠥᠪᠯᠡᠬᠦ ᠠᠯᠬᠤᠮ ᠳᠠᠷᠠᠭ᠎ᠠ᠎ᠳᠤ ᠶᠡᠷᠦ᠎ᠳᠤ᠎ᠪᠠᠨ ᠪᠠᠭᠲᠠᠬᠤ᠎ᠨᠢ᠄ ᠳᠡᠭᠡᠷ᠎ᠡ ᠤᠳᠠᠭ᠋ᠠᠨ᠎ᠤ ᠬᠠᠮᠲᠤᠷᠠᠭᠰᠠᠨ ᠬᠤᠷᠠᠯ᠎ᠳᠤ ᠵᠥᠪᠯᠡᠨ ᠲᠣᠭᠲᠠᠭ᠋ᠠᠭᠰᠠᠨ ᠵᠦᠢ᠍ᠯᠡᠰ᠎ᠢ ᠨᠠᠢ᠌ᠳᠠᠪᠤᠷᠢᠵᠢᠭᠤᠯᠤᠭᠰᠠᠨ ᠪᠠᠢ᠌ᠳᠠᠯ᠎ᠢ ᠨᠡᠪᠲᠡᠷᠡᠭᠦᠯᠦᠨ ᠮᠡᠳᠡᠭᠡᠯᠡᠵᠦ᠂ ᠲᠤᠰ ᠤᠳᠠᠭ᠋ᠠᠨ᠎ᠤ ᠬᠠᠮᠲᠤᠷᠠᠭᠰᠠᠨ ᠬᠤᠷᠠᠯ᠎ᠤᠨ ᠵᠥᠪᠯᠡᠬᠦ ᠰᠡᠳᠦᠪ᠎ᠤᠨ ᠪᠤᠢ ᠪᠣᠯᠤᠭᠰᠠᠨ ᠪᠠᠢ᠌ᠳᠠᠯ ᠵᠢᠴᠢ ᠭᠣᠣᠯ ᠠᠭᠤᠯᠭ᠎ᠠ ᠵᠢ ᠨᠡᠪᠲᠡᠷᠡᠭᠦᠯᠦᠨ ᠮᠡᠳᠡᠭᠡᠯᠡᠵᠦ᠂ ᠲᠤᠰ ᠤᠳᠠᠭ᠋ᠠᠨ᠎ᠤ ᠬᠠᠮᠲᠤᠷᠠᠭᠰᠠᠨ ᠬᠤᠷᠠᠯ᠎ᠤᠨ ᠬᠣᠯᠪᠣᠭᠳᠠᠯ ᠪᠦᠬᠦᠢ ᠵᠦᠢ᠍ᠯᠡᠰ᠎ᠢ ᠰᠤᠳᠤᠯᠤᠨ ᠶᠠᠷᠢᠯᠴᠠᠬᠤ ᠵᠢᠨ ᠬᠠᠮᠲᠤ ᠵᠥᠪᠳᠡᠯᠴᠡᠨ ᠲᠣᠭᠲᠠᠭ᠋ᠠᠵᠤ᠂ ᠲᠤᠰ ᠤᠳᠠᠭ᠋ᠠᠨ᠎ᠤ ᠬᠠᠮᠲᠤᠷᠠᠭᠰᠠᠨ ᠬᠤᠷᠠᠯ᠎ᠤᠨ ᠵᠥᠪᠯᠡᠨ ᠲᠣᠭᠲᠠᠭ᠋ᠠᠭᠰᠠᠨ ᠵᠦᠢ᠍ᠯᠡᠰ᠎ᠢ ᠨᠠᠢ᠌ᠳᠠᠪᠤᠷᠢᠵᠢᠭᠤᠯᠬᠤ ᠲᠠᠯ᠎ᠠ᠎ᠪᠠᠷ ᠪᠠᠢ᠌ᠷᠢᠯᠠᠭᠤᠯᠤᠯᠲᠠ ᠬᠢᠨ᠎ᠡ᠃
ᠶᠢᠰᠦᠳᠦᠭᠡᠷ ᠵᠦᠢ᠍ᠯ ᠬᠠᠮᠲᠤᠷᠠᠭᠰᠠᠨ ᠬᠤᠷᠠᠯ᠎ᠳᠤ ᠵᠥᠪᠯᠡᠨ ᠲᠣᠭᠲᠠᠭ᠋ᠠᠭᠰᠠᠨ ᠵᠦᠢ᠍ᠯᠡᠰ᠎ᠢ ᠬᠤᠷᠠᠯ᠎ᠤᠨ ᠲᠣᠪᠴᠢ ᠪᠣᠯᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠎ᠤᠨ ᠠᠯᠪᠠᠨ ᠭᠡᠷ᠎ᠠᠴᠠ ᠬᠠᠷᠢᠭᠤᠴᠠᠨ ᠲᠤᠭᠤᠷᠪᠢᠵᠤ᠂ ᠲᠡᠰ ᠳᠠᠷᠠᠭ᠋ᠠᠯᠠᠯ᠎ᠤᠨ ᠶᠣᠰᠣᠭ᠋ᠠᠷ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ ᠪᠠ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠵᠦ ᠬᠢᠨᠠᠨ ᠲᠣᠭᠲᠠᠭ᠋ᠠᠯᠭ᠋ᠠᠭᠰᠠᠨ᠎ᠤ ᠲᠠᠷᠠᠭ᠎ᠠ᠂ ᠬᠠᠮᠲᠤᠷᠠᠭᠰᠠᠨ ᠬᠤᠷᠠᠯ᠎ᠤᠨ ᠲᠣᠪᠴᠢ ᠵᠢᠨ ᠬᠡᠯᠪᠡᠷᠢ᠎ᠪᠠᠷ ᠳᠠᠷᠤᠮᠠᠯᠯᠠᠨ ᠶᠠᠪᠤᠭᠤᠯᠤᠨ᠎ᠠ᠃
ᠠᠷᠪᠠᠳᠤᠭ᠋ᠠᠷ ᠵᠦᠢ᠍᠊᠊ᠯ ᠬᠠᠮᠲᠤᠷᠠᠭᠰᠠᠨ ᠬᠤᠷᠠᠯ᠎ᠤᠨ ᠤᠬᠠᠭᠤᠯᠭ᠎ᠠ ᠮᠡᠳᠡᠭᠡᠯᠡᠯ᠎ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ ᠪᠠ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠎ᠠᠴᠠ ᠬᠠᠮᠲᠤ᠎ᠪᠠᠷ ᠬᠠᠷᠢᠭᠤᠴᠠᠵᠤ᠂ ᠡᠶ᠎ᠡ ᠵᠣᠬᠢᠴᠠᠯ᠎ᠲᠠᠢ ᠬᠥᠳᠡᠯᠮᠦᠷᠢ ᠵᠢᠨ ᠬᠠᠷᠢᠴᠠᠭ᠎ᠠ ᠵᠢ ᠴᠣᠭᠴᠠᠯᠠᠬᠤ᠂ ᠠᠵᠢᠯ ᠦᠢ᠍ᠯᠡᠰ᠎ᠤᠨ ᠬᠥᠭᠵᠢᠯᠲᠡ ᠵᠢ ᠠᠬᠢᠭᠤᠯᠬᠤ᠎ᠳᠤ ᠰᠠᠢ᠌ᠨ ᠰᠠᠢ᠌ᠬᠠᠨ ᠨᠡᠢ᠌ᠭᠡᠮ᠎ᠤᠨ ᠣᠷᠴᠢᠨ ᠠᠬᠤᠢ ᠵᠢ ᠪᠤᠢ ᠪᠣᠯᠭ᠋ᠠᠨ᠎ᠠ᠃
ᠠᠷᠪᠠᠨ ᠨᠢᠭᠡᠳᠦᠭᠡᠷ ᠵᠦᠢ᠍ᠯ ᠬᠠᠮᠲᠤᠷᠠᠭᠰᠠᠨ ᠬᠤᠷᠠᠯ᠎ᠤᠨ ᠵᠥᠪᠯᠡᠨ ᠲᠣᠭᠲᠠᠭ᠋ᠠᠭᠰᠠᠨ ᠵᠦᠢ᠍ᠯᠡᠰ᠎ᠢ ᠨᠠᠢ᠌ᠳᠠᠪᠤᠷᠢᠵᠢᠭᠤᠯᠤᠭᠰᠠᠨ ᠪᠠᠢ᠌ᠳᠠᠯ᠎ᠤᠨ ᠲᠣᠳᠣᠷᠬᠠᠢ ᠬᠠᠭᠤᠳᠠᠰᠤ ᠵᠢ ᠪᠠᠢ᠌ᠭᠤᠯᠵᠤ᠂ ᠬᠠᠷᠢᠭᠤᠴᠠᠯᠭ᠋ᠠᠲᠤ ᠨᠢᠭᠡᠴᠢ ᠪᠠ ᠴᠠᠭ ᠬᠤᠭᠤᠴᠠᠭ᠎ᠠ᠎ᠪᠠᠨ ᠲᠣᠳᠣᠷᠬᠠᠢ᠌ᠯᠠᠨ᠂ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ᠎ᠠᠴᠠ ᠲᠣᠰ ᠲᠣᠰ᠎ᠤᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠵᠢᠨ ᠶᠣᠰᠣᠭ᠋ᠠᠷ ᠨᠠᠢ᠌ᠳᠠᠪᠤᠷᠢᠵᠢᠭᠤᠯᠤᠯᠲᠠ ᠵᠢ ᠰᠠᠢ᠌ᠲᠤᠷ ᠠᠳᠬᠤᠬᠤ ᠬᠡᠷᠡᠭᠲᠡᠢ᠃
ᠠᠷᠪᠠᠨ ᠬᠣᠶᠠᠳᠤᠭ᠋ᠠᠷ ᠵᠦᠢ᠍ᠯ ᠡᠯ᠎ᠡ ᠠᠢ᠌ᠮᠠᠭ ᠬᠤᠳᠠ᠂ ᠬᠣᠰᠢᠭᠤ ᠰᠢᠶᠠᠨ (ᠬᠤᠳᠠ᠂ ᠲᠣᠭᠣᠷᠢᠭ)᠎ᠨᠢ ᠲᠤᠰ ᠳᠦᠷᠢᠮ ᠵᠶ᠋ᠡᠷ ᠯᠠᠪᠯᠠᠯᠲᠠ ᠪᠣᠯᠭ᠋ᠠᠵᠤ᠂ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠬᠢᠭᠡᠳ ᠠᠳᠠᠯᠢ ᠱᠠᠲᠤᠨ᠎ᠤ ᠠᠵᠢᠯᠴᠢᠨ᠎ᠤ ᠡᠪᠯᠡᠯ᠎ᠤᠨ ᠬᠠᠮᠲᠤᠷᠠᠭᠰᠠᠨ ᠬᠤᠷᠠᠯ᠎ᠤᠨ ᠳᠦᠷᠢᠮ᠎ᠢ ᠪᠠᠢ᠌ᠭᠤᠯᠤᠨ ᠲᠡᠭᠦᠯᠳᠡᠷᠵᠢᠭᠦᠯᠬᠦ ᠬᠡᠷᠡᠭᠲᠡᠢ᠃ ᠬᠠᠮᠲᠤᠷᠠᠭᠰᠠᠨ ᠬᠤᠷᠠᠯ᠎ᠤᠨ ᠳᠦᠷᠢᠮ᠎ᠢ ᠵᠣᠬᠢᠶᠠᠨ ᠪᠠᠢ᠌ᠭᠤᠯᠵᠤ ᠬᠡᠷᠡᠭᠵᠢᠭᠦᠯᠬᠦ ᠵᠢ ᠡᠯ᠎ᠡ ᠣᠨ᠎ᠤ ᠵᠠᠰᠠᠭ᠎ᠤᠨ ᠣᠷᠳᠣᠨ᠎ᠤ ᠠᠵᠢᠯ᠎ᠤᠨ ᠲᠣᠬᠢᠷᠠᠭᠤᠯᠤᠯᠲᠠ ᠪᠠ ᠠᠵᠢᠯᠴᠢᠨ᠎ᠤ ᠡᠪᠯᠡᠯ᠎ᠤᠨ ᠠᠵᠢᠯ᠎ᠢ ᠰᠢᠯᠭ᠋ᠠᠨ ᠬᠢᠨᠠᠬᠤ ᠠᠭᠤᠯᠭ᠎ᠠ᠎ᠳᠤ ᠣᠷᠣᠭᠣᠯᠬᠣ ᠬᠡᠷᠡᠭᠲᠡᠢ᠃
ᠠᠷᠪᠠᠨ ᠭᠤᠷᠪᠠᠳᠤᠭ᠋ᠠᠷ ᠵᠦᠢ᠍ᠯ ᠲᠤᠰ ᠳᠦᠷᠢᠮ᠎ᠢ ᠳᠠᠷᠤᠮᠠᠯᠯᠠᠨ ᠲᠠᠷᠬᠠᠭ᠋ᠠᠭᠰᠠᠨ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃ 《〈ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠬᠢᠭᠡᠳ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠎ᠤᠨ ᠬᠠᠮᠲᠤᠷᠠᠭᠰᠠᠨ ᠬᠤᠷᠠᠯ᠎ᠤᠨ ᠳᠦᠷᠢᠮ᠎ᠤᠨ ᠲᠣᠭᠲᠠᠭ᠋ᠠᠯ᠎ᠤᠳ〉᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ》 (ᠥᠪᠥᠷ ᠵᠠᠰᠠᠭ ᠠᠯᠪᠠᠨ ᠥᠰᠥᠭ [2004] 12 ᠳ᠋ᠤᠭ᠋ᠠᠷ ᠲᠣᠭ᠋ᠠᠲᠤ)᠎ᠢ ᠬᠠᠮᠲᠤᠳᠤᠨᠢ ᠬᠦᠴᠦᠨ ᠦᠭᠡᠢ ᠪᠣᠯᠭ᠋ᠠᠨ᠎ᠠ᠃