ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠪᠢᠴᠢᠭ ᠮᠠᠲ᠋ᠧᠷᠢᠶᠠᠯ
ᠥᠪᠥᠷ ᠵᠠᠰᠠᠭ ᠠᠯᠪᠠᠨ ᠲᠠᠷᠬᠠᠭ᠋ᠠᠭᠰᠠᠨ [2024] 38 ᠳ᠋ᠤᠭ᠋ᠠᠷ ᠲᠣᠭ᠋ᠠᠲᠤ
ᠥᠪᠡᠷᠲᠡᠭᠡᠨ ᠵᠠᠰᠠᠬᠤ ᠣᠷᠣᠨ᠎ᠤ ᠳᠣᠣᠷ᠎ᠠ ᠠᠭ᠋ᠠᠷ᠎ᠤᠨ ᠠᠵᠤ ᠠᠬᠤᠢ ᠵᠢᠨ ᠴᠢᠨᠠᠷ ᠰᠠᠢ᠌ᠲᠠᠢ ᠬᠥᠭᠵᠢᠯᠲᠡ ᠵᠢᠨ ᠬᠡᠷᠡᠭᠵᠢᠭᠦᠯᠬᠦ ᠲᠥᠰᠥᠯ (2024 – 2027 ᠣᠨ)᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠡᠯ᠎ᠡ ᠠᠢ᠌ᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠢ᠌ᠯᠠᠯ᠂ ᠠᠵᠢᠯ ᠦᠢ᠍ᠯᠡᠰ᠎ᠤᠨ ᠨᠢᠭᠡᠴᠢ᠎ᠳᠤ᠄
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠣᠣᠷ᠎ᠠ ᠠᠭ᠋ᠠᠷ᠎ᠤᠨ ᠠᠵᠤ ᠠᠬᠤᠢ ᠵᠢᠨ ᠴᠢᠨᠠᠷ ᠰᠠᠢ᠌ᠲᠠᠢ ᠬᠥᠭᠵᠢᠯᠲᠡ ᠵᠢᠨ ᠬᠡᠷᠡᠭᠵᠢᠭᠦᠯᠬᠦ ᠲᠥᠰᠥᠯ (2024 – 2027 ᠣᠨ)》᠎ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ ᠡᠳᠦᠭᠡ ᠲᠠ ᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ᠎ᠲᠠᠢ᠎ᠪᠠᠨ ᠤᠶᠠᠯᠳᠤᠭᠤᠯᠤᠨ᠂ ᠬᠢᠨᠠᠮᠠᠭ᠋ᠠᠢ ᠲᠤᠭᠤᠰᠢᠯᠠᠭᠤᠯᠤᠨ ᠨᠠᠢ᠌ᠳᠠᠪᠤᠷᠢᠵᠢᠭᠤᠯᠲᠤᠭ᠋ᠠᠢ᠃
2024 ᠣᠨ᠎ᠤ 9 ᠳ᠋ᠦ᠍ᠭᠡᠷ ᠰᠠᠷ᠎ᠠ ᠵᠢᠨ 12᠎ᠤᠨ ᠡᠳᠦᠷ
(ᠲᠤᠰ ᠪᠢᠴᠢᠭ ᠮᠠᠲ᠋ᠧᠷᠢᠶᠠᠯ᠎ᠢ ᠢᠯᠡ ᠨᠡᠢ᠌ᠲᠡᠯᠡᠨ᠎ᠡ)
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠣᠣᠷ᠎ᠠ ᠠᠭ᠋ᠠᠷ᠎ᠤᠨ ᠠᠵᠤ ᠠᠬᠤᠢ ᠵᠢᠨ ᠴᠢᠨᠠᠷ ᠰᠠᠢ᠌ᠲᠠᠢ ᠬᠥᠭᠵᠢᠯᠲᠡ ᠵᠢᠨ ᠬᠡᠷᠡᠭᠵᠢᠭᠦᠯᠬᠦ ᠲᠥᠰᠥᠯ (2024 – 2027 ᠣᠨ)
《ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ ᠲᠤᠬᠠᠢ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠠᠨᠠᠯ》 (ᠲᠦᠷᠦ ᠲᠠᠷᠬᠠᠭ᠋ᠠᠭᠰᠠᠨ [2023] 16 ᠳ᠋ᠤᠭ᠋ᠠᠷ ᠲᠣᠭ᠋ᠠᠲᠤ)᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠠᠵᠢᠯ᠎ᠤᠨ ᠭᠣᠣᠯ ᠰᠢᠵᠢᠮ ᠪᠣᠯᠭ᠋ᠠᠬᠤ ᠵᠢ ᠪᠠᠷᠢᠮᠲᠠᠯᠠᠨ᠂ ᠬᠥᠭᠵᠢᠯᠲᠡ ᠵᠢᠨ ᠠᠵᠠ ᠲᠣᠬᠢᠶᠠᠯ᠎ᠢ ᠵᠠᠪᠳᠤᠨ ᠠᠳᠬᠤᠵᠤ᠂ ᠳᠣᠣᠷ᠎ᠠ ᠠᠭ᠋ᠠᠷ᠎ᠤᠨ ᠠᠵᠤ ᠠᠬᠤᠢ ᠵᠢ ᠲᠦᠷᠭᠡᠬᠡᠨ ᠪᠣᠢ᠌ᠵᠢᠭᠤᠯᠬᠤ ᠪᠠ ᠴᠢᠨᠠᠷ ᠰᠠᠢ᠌ᠲᠠᠢ ᠬᠥᠭᠵᠢᠭᠦᠯᠬᠦ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ ᠤᠶᠠᠯᠳᠤᠭᠤᠯᠤᠨ᠂ ᠲᠣᠰ ᠲᠥᠰᠥᠯ᠎ᠢ ᠲᠣᠭᠲᠠᠭ᠋ᠠᠪᠠ᠃
ᠨᠢᠭᠡ᠂ ᠬᠥᠭᠵᠢᠯᠲᠡ ᠵᠢᠨ ᠬᠠᠷᠠᠯᠲᠠ
ᠥᠪᠥᠷ ᠮᠣᠩᠭᠣᠯ᠎ᠤᠨ ᠣᠷᠣᠨ ᠪᠠᠢ᠌ᠷᠢ ᠵᠢᠨ ᠳᠠᠪᠠᠭᠤᠯᠢᠭ᠂ ᠪᠤᠳᠤᠬᠤ ᠴᠢᠳᠠᠪᠤᠷᠢ ᠵᠢᠨ ᠳᠠᠪᠠᠭᠤᠯᠢᠭ᠂ ᠠᠭ᠋ᠠᠷ᠎ᠤᠨ ᠣᠷᠣᠨ᠎ᠤ ᠳᠠᠪᠠᠭᠤᠯᠢᠭ᠎ᠢ ᠪᠠᠳᠠᠷᠠᠭᠤᠯᠵᠤ᠂ 《ᠳᠣᠣᠷ᠎ᠠ ᠠᠭ᠋ᠠᠷ +》 ᠬᠡᠷᠡᠭᠯᠡᠭᠡᠨ᠎ᠤ ᠠᠬᠤᠢ ᠪᠠᠢ᠌ᠳᠠᠯ᠎ᠢ ᠥᠷᠭᠡᠳᠬᠡᠨ ᠪᠠᠶᠠᠯᠢᠭᠵᠢᠭᠤᠯᠬᠤ ᠪᠠ ᠵᠢᠱ᠌ᠢᠶ᠎ᠡ ᠦᠵᠡᠭᠦᠯᠦᠨ ᠳᠡᠯᠭᠡᠷᠡᠭᠦᠯᠵᠦ᠂ ᠳᠣᠣᠷ᠎ᠠ ᠠᠭ᠋ᠠᠷ᠎ᠤᠨ ᠨᠢᠰᠦᠭᠦᠷ ᠵᠢᠴᠢ ᠰᠡᠯᠪᠢᠭ ᠲᠤᠨᠤᠭ ᠦᠢ᠍ᠯᠡᠳᠬᠦ᠂ ᠰᠠᠭᠤᠷᠢ ᠪᠡᠯᠡᠳᠬᠡᠮᠵᠢ᠂ ᠳᠣᠣᠷ᠎ᠠ ᠠᠭ᠋ᠠᠷ᠎ᠤᠨ ᠨᠢᠰᠦᠯᠲᠡ ᠬᠢᠭᠡᠳ ᠪᠠᠲᠤᠯᠠᠭ᠎ᠠ ᠵᠢ ᠨᠢᠭᠡ ᠴᠣᠭᠴᠠᠵᠢᠭᠤᠯᠤᠨ ᠬᠥᠭᠵᠢᠭᠦᠯᠬᠦ᠎ᠪᠠᠷ ᠳᠠᠶ᠋ᠢᠴᠢᠯᠠᠨ᠂ ᠰᠢᠨ᠎ᠡ ᠡᠵᠡᠩᠨᠡᠯᠲᠡ ᠵᠢᠨ ᠪᠠᠢ᠌ᠳᠠᠯ ᠰᠢᠨ᠎ᠡ ᠵᠠᠭᠪᠤᠷ᠎ᠢ ᠪᠣᠢ᠌ᠵᠢᠭᠤᠯᠵᠤ᠂ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠦᠨ᠎ᠡ᠃ 2027 ᠣᠨ ᠪᠣᠯᠬᠤ᠎ᠳᠤ᠂ ᠳᠣᠣᠷ᠎ᠠ ᠠᠭ᠋ᠠᠷ᠎ᠤᠨ ᠣᠷᠣᠨ᠎ᠤ ᠥᠭᠡᠷᠡᠴᠢᠯᠡᠯᠲᠡ ᠠᠩᠬ᠎ᠠ ᠠᠯᠬᠤᠮ ᠦᠷ᠎ᠡ ᠪᠦᠳᠦᠮᠵᠢ ᠣᠯᠵᠤ᠂ ᠳᠣᠣᠷ᠎ᠠ ᠠᠭ᠋ᠠᠷ᠎ᠤᠨ ᠣᠷᠣᠨ᠎ᠤ ᠬᠠᠮᠢᠶᠠᠷᠤᠯᠲᠠ ᠵᠢᠨ ᠲᠠᠯ᠎ᠠ᠎ᠪᠠᠷ 1 – 2 ᠥᠭᠡᠷᠡᠴᠢᠯᠡᠯᠲᠡ ᠵᠢᠨ ᠲᠤᠷᠰᠢᠬᠤ ᠴᠡᠭ᠎ᠢ ᠪᠣᠢ᠌ᠵᠢᠭᠤᠯᠤᠨ᠎ᠠ᠃ ᠳᠣᠣᠷ᠎ᠠ ᠠᠭ᠋ᠠᠷ᠎ᠤᠨ ᠰᠠᠭᠤᠷᠢ ᠪᠡᠯᠡᠳᠬᠡᠮᠵᠢ ᠵᠢ ᠠᠯᠬᠤᠮ ᠠᠯᠬᠤᠮ ᠵᠶ᠋ᠠᠷ ᠲᠡᠭᠦᠯᠳᠡᠷᠵᠢᠭᠦᠯᠵᠦ᠂ ᠨᠡᠢ᠌ᠳᠡᠮ ᠬᠡᠷᠡᠭᠯᠡᠭᠡᠨ᠎ᠤ ᠨᠢᠰᠬᠡᠯ᠎ᠤᠨ ᠪᠠᠭᠤᠳᠠᠯ᠎ᠤᠨ ᠲᠣᠭ᠎ᠠ ᠬᠡᠮᠵᠢᠶ᠎ᠡ ᠵᠢ 33᠎ᠳᠤ ᠬᠦᠷᠦᠭᠦᠯᠵᠦ᠂ ᠪᠠᠷᠢᠮᠵᠢᠶᠠᠵᠢᠭᠤᠯᠤᠭᠰᠠᠨ ᠲᠦᠷ ᠴᠠᠭ᠎ᠤᠨ ᠨᠢᠰᠴᠦ ᠭᠠᠵᠠᠷᠳᠠᠬᠤ ᠲᠠᠯᠠᠪᠤᠷ (ᠴᠡᠭ)᠎ᠢ 100᠎ᠳᠤ ᠬᠦᠷᠦᠭᠦᠯᠵᠦ᠂ ᠳᠣᠣᠷ᠎ᠠ ᠠᠭ᠋ᠠᠷ᠎ᠤᠨ ᠨᠢᠰᠦᠯᠲᠡ ᠵᠢᠨ ᠶᠡᠷᠦᠩᠬᠡᠢ᠌ᠯᠡᠭᠰᠡᠨ ᠦᠢ᠍ᠯᠡᠴᠢᠯᠡᠭᠡᠨ᠎ᠤ ᠥᠷᠲᠡᠭᠡ ᠵᠢ 2᠎ᠠᠴᠠ ᠳᠡᠭᠡᠭᠰᠢ ᠪᠠᠢ᠌ᠭᠤᠯᠤᠨ᠎ᠠ᠃ ᠬᠡᠷᠡᠭᠯᠡᠭᠡᠨ᠎ᠤ ᠠᠬᠤᠢ ᠪᠠᠢ᠌ᠳᠠᠯ᠎ᠢ ᠲᠠᠰᠤᠷᠠᠯᠲᠠ ᠦᠭᠡᠢ ᠪᠠᠶᠠᠯᠢᠭᠵᠢᠭᠤᠯᠵᠤ᠂ ᠳᠣᠣᠷ᠎ᠠ ᠠᠭ᠋ᠠᠷ᠎ᠤᠨ ᠠᠵᠤ ᠠᠬᠤᠢ ᠵᠢᠨ ᠬᠡᠷᠡᠭᠯᠡᠭᠡᠨ᠎ᠤ ᠨᠡᠢ᠌ᠲᠡᠯᠢᠭ ᠠᠬᠤᠢ ᠪᠠᠢ᠌ᠳᠠᠯ᠎ᠢ 10 ᠣᠷᠴᠢᠮ ᠴᠣᠭᠴᠠᠯᠠᠨ᠎ᠠ᠃ ᠳᠣᠣᠷ᠎ᠠ ᠠᠭ᠋ᠠᠷ᠎ᠤᠨ ᠦᠢ᠍ᠯᠡᠳᠬᠦ ᠦᠢ᠍ᠯᠡᠰ᠎ᠲᠤ ᠰᠢᠪᠲᠤᠯᠤᠯᠲᠠ ᠭᠠᠷᠭ᠋ᠠᠵᠤ᠂ ᠳᠣᠣᠷ᠎ᠠ ᠠᠭ᠋ᠠᠷ᠎ᠤᠨ ᠠᠵᠤ ᠠᠬᠤᠢ ᠵᠢᠨ 3 – 5 ᠲᠣᠯᠣᠭ᠋ᠠᠢ᠌ᠯᠠᠭᠴᠢ ᠠᠵᠤ ᠠᠬᠤᠢ᠌ᠯᠠᠯ ᠪᠠ 30 ᠰᠤᠳᠤᠯᠤᠨ ᠨᠡᠭᠡᠭᠡᠵᠦ ᠦᠢ᠍ᠯᠡᠳᠬᠦ ᠠᠵᠤ ᠠᠬᠤᠢ᠌ᠯᠠᠯ᠎ᠢ ᠣᠷᠣᠭᠤᠯᠤᠨ ᠪᠣᠢ᠌ᠵᠢᠭᠤᠯᠤᠨ᠎ᠠ᠃ ᠠᠵᠤ ᠦᠢ᠍ᠯᠡᠰ᠎ᠤᠨ ᠪᠥᠭᠡᠮᠨᠡᠷᠡᠯ᠎ᠤᠨ ᠨᠥᠯᠥᠭᠡᠯᠡᠯ᠎ᠢ ᠠᠩᠬ᠎ᠠ ᠠᠯᠬᠤᠮ ᠢᠯᠡᠷᠡᠭᠦᠯᠵᠦ᠂ ᠬᠥᠬᠡᠬᠣᠲᠠ ᠪᠤᠭᠤᠲᠤ ᠣᠷᠳᠣᠰ ᠬᠣᠲᠠ ᠵᠢᠨ ᠳᠣᠣᠷ᠎ᠠ ᠠᠭ᠋ᠠᠷ᠎ᠤᠨ ᠠᠵᠤ ᠠᠬᠤᠢ ᠵᠢᠨ ᠬᠥᠭᠵᠢᠯᠲᠡ ᠵᠢᠨ ᠲᠣᠭᠣᠷᠢᠭ᠎ᠢ ᠪᠣᠢ᠌ᠵᠢᠭᠤᠯᠤᠨ᠂ ᠭᠦᠬᠡᠬᠤᠲᠠ᠂ ᠣᠷᠳᠣᠰ ᠬᠤᠲᠠ ᠵᠢᠨ ᠳᠣᠣᠷ᠎ᠠ ᠠᠭ᠋ᠠᠷ᠎ᠤᠨ ᠠᠵᠤ ᠠᠬᠤᠢ ᠵᠢᠨ 2 ᠵᠢᠱ᠌ᠢᠶ᠎ᠡ ᠦᠵᠡᠭᠦᠯᠬᠦ ᠲᠣᠭᠣᠷᠢᠭ᠎ᠢ ᠪᠦᠲᠦᠭᠡᠨ ᠪᠠᠢ᠌ᠭᠤᠯᠵᠤ᠂ ᠪᠤᠭᠤᠲᠤ ᠵᠢᠨ ᠳᠣᠣᠷ᠎ᠠ ᠠᠭ᠋ᠠᠷ᠎ᠤᠨ ᠦᠢ᠍ᠯᠡᠳᠬᠦ᠂ ᠤᠯᠠᠭ᠋ᠠᠨᠬᠠᠳᠠ ᠲᠦᠩᠯᠢᠶᠣᠣ ᠰᠢᠯᠢ ᠵᠢᠨ ᠭᠣᠣᠯ᠎ᠤᠨ ᠳᠣᠣᠷ᠎ᠠ ᠠᠭ᠋ᠠᠷ᠎ᠤᠨ ᠬᠡᠷᠡᠭᠯᠡᠭᠡᠨ᠂ ᠤᠯᠠᠭ᠋ᠠᠨᠬᠣᠲᠠ ᠷᠠᠰᠢᠶᠠᠨ ᠬᠠᠢ᠌ᠯᠠᠷ ᠮᠠᠨᠵᠤᠤᠷ᠎ᠤᠨ ᠳᠣᠣᠷ᠎ᠠ ᠠᠭ᠋ᠠᠷ᠎ᠤᠨ ᠵᠢᠭᠤᠯᠴᠢᠯᠠᠯ ᠵᠡᠷᠭᠡ 3 ᠪᠥᠭᠡᠮᠨᠡᠷᠡᠯ ᠣᠷᠣᠨ᠎ᠢ ᠴᠣᠭᠴᠠᠯᠠᠵᠤ᠂ ᠳᠣᠣᠷ᠎ᠠ ᠠᠭ᠋ᠠᠷ᠎ᠤᠨ ᠦᠢ᠍ᠯᠡᠳᠬᠦ᠂ ᠳᠣᠣᠷ᠎ᠠ ᠠᠭ᠋ᠠᠷ᠎ᠤᠨ ᠨᠢᠰᠦᠯᠲᠡ᠂ ᠳᠣᠣᠷ᠎ᠠ ᠠᠭ᠋ᠠᠷ᠎ᠤᠨ ᠪᠠᠲᠤᠯᠠᠭ᠎ᠠ᠂ ᠶᠡᠷᠦᠩᠬᠡᠢ᠌ᠯᠡᠭᠰᠡᠨ ᠦᠢ᠍ᠯᠡᠴᠢᠯᠡᠭᠡᠨ᠎ᠢ ᠨᠢᠭᠡ ᠴᠣᠭᠴᠠᠵᠢᠭᠤᠯᠤᠭᠰᠠᠨ ᠠᠵᠤ ᠦᠢ᠍ᠯᠡᠰ᠎ᠤᠨ ᠬᠥᠭᠵᠢᠯᠲᠡ ᠵᠢᠨ ᠪᠠᠢ᠌ᠷᠢᠰᠢᠯ᠎ᠢ ᠦᠨᠳᠦᠰᠦᠨ᠎ᠳᠤ᠎ᠪᠠᠨ ᠪᠦᠷᠢᠯᠳᠦᠭᠦᠯᠦᠨ᠎ᠡ᠃
ᠬᠣᠶᠠᠷ᠂ ᠭᠣᠣᠯ ᠡᠭᠦᠷᠭᠡ
(ᠨᠢᠭᠡ) ᠳᠣᠣᠷ᠎ᠠ ᠠᠭ᠋ᠠᠷ᠎ᠤᠨ ᠣᠷᠣᠨ᠎ᠤ ᠥᠭᠡᠷᠡᠴᠢᠯᠡᠯᠲᠡ ᠵᠢ ᠲᠦᠷᠭᠡᠳᠬᠡᠨ᠎ᠡ᠃ ᠳᠣᠣᠷ᠎ᠠ ᠠᠭ᠋ᠠᠷ᠎ᠤᠨ ᠣᠷᠣᠨ᠎ᠤ ᠡᠬᠢ ᠪᠠᠶᠠᠯᠢᠭ᠎ᠢ ᠠᠭᠤᠳᠠᠯᠵᠤ᠂ ᠨᠡᠢ᠌ᠳᠡᠮ ᠬᠡᠷᠡᠭᠯᠡᠭᠡᠨ᠎ᠤ ᠠᠭ᠋ᠠᠷ᠎ᠤᠨ ᠠᠶᠠᠯᠠᠯ᠎ᠤᠨ ᠺᠣᠮᠫᠠᠨᠢ ᠵᠢᠨ ᠲᠣᠭ᠎ᠠ ᠬᠡᠮᠵᠢᠶ᠎ᠡ ᠵᠢᠴᠢ ᠰᠠᠭᠤᠷᠢᠰᠢᠯ ᠲᠠᠷᠬᠠᠯᠲᠠ ᠵᠢᠨ ᠪᠠᠢ᠌ᠳᠠᠯ᠎ᠤᠨ ᠲᠣᠭᠣᠷᠢᠨ᠎ᠳᠤ᠂ ᠠᠢ᠌ᠮᠠᠭ ᠬᠣᠲᠠ ᠵᠢᠨ ᠳᠣᠣᠷ᠎ᠠ ᠠᠭ᠋ᠠᠷ᠎ᠤᠨ ᠣᠷᠣᠨ᠎ᠤ ᠬᠡᠷᠡᠭᠴᠡᠭᠡ ᠱᠠᠭ᠋ᠠᠷᠳᠠᠯᠭ᠎ᠠ᠎ᠲᠠᠢ ᠤᠶᠠᠯᠳᠤᠭᠤᠯᠵᠤ᠂ ᠳᠣᠣᠷ᠎ᠠ ᠠᠭ᠋ᠠᠷ᠎ᠤᠨ ᠨᠢᠰᠬᠦ᠎ᠳᠤ ᠲᠣᠬᠢᠷᠠᠮᠵᠢᠲᠠᠢ ᠣᠷᠣᠨ᠎ᠢ ᠲᠥᠷᠥᠯ ᠠᠩᠭᠢᠯᠠᠵᠤ ᠬᠤᠪᠢᠶᠠᠷᠢᠯᠠᠨ ᠲᠣᠬᠢᠷᠠᠭᠤᠯᠤᠨ᠎ᠠ᠃ ᠨᠥᠬᠥᠴᠡᠯ᠎ᠲᠠᠢ ᠠᠢ᠌ᠮᠠᠭ ᠬᠤᠲᠠ ᠵᠢ ᠵᠣᠷᠢᠭᠵᠢᠭᠤᠯᠵᠤ ᠪᠠᠢ᠌ᠭ᠋ᠠᠳ ᠳᠣᠣᠷ᠎ᠠ ᠠᠭ᠋ᠠᠷ᠎ᠤᠨ ᠣᠷᠣᠨ᠎ᠤ ᠬᠠᠮᠢᠶᠠᠷᠤᠯᠲᠠ ᠵᠢᠨ ᠲᠠᠯ᠎ᠠ᠎ᠪᠠᠷ ᠥᠭᠡᠷᠡᠴᠢᠯᠡᠯᠲᠡ ᠦᠷᠨᠢᠬᠦᠯᠦᠬᠦᠯᠵᠦ᠂ ᠣᠷᠳᠣᠰ ᠬᠤᠲᠠ ᠵᠢᠨ ᠳᠣᠣᠷ᠎ᠠ ᠠᠭ᠋ᠠᠷ᠎ᠤᠨ ᠣᠷᠣᠨ᠎ᠤ ᠬᠠᠮᠢᠶᠠᠷᠤᠯᠲᠠ ᠵᠢᠨ ᠲᠠᠯ᠎ᠠ᠎ᠪᠠᠷ ᠥᠭᠡᠷᠡᠴᠢᠯᠡᠯᠲᠡ ᠵᠢᠨ ᠲᠤᠷᠰᠢᠬᠤ ᠴᠡᠭ ᠴᠣᠭᠴᠠᠯᠠᠬᠤ᠎ᠳᠤ ᠳᠡᠮᠵᠢᠯᠭᠡ ᠦᠵᠡᠭᠦᠯᠦᠨ᠂ ᠬᠥᠯᠥᠨ ᠪᠤᠶ᠋ᠢᠷ ᠬᠤᠲᠠ᠂ ᠠᠯᠠᠱ᠌ᠠ ᠠᠢ᠌ᠮᠠᠭ᠎ᠲᠤ 《ᠳᠣᠣᠷ᠎ᠠ ᠠᠭ᠋ᠠᠷ᠎ᠤᠨ ᠣᠷᠣᠨ᠎ᠤ ᠬᠠᠮᠢᠶᠠᠷᠤᠯᠲᠠ + ᠳᠣᠣᠷ᠎ᠠ ᠠᠭ᠋ᠠᠷ᠎ᠤᠨ ᠠᠵᠤ ᠠᠬᠤᠢ ᠵᠢᠨ ᠬᠥᠭᠵᠢᠯᠲᠡ》 ᠵᠢᠨ ᠰᠢᠨ᠎ᠡ ᠵᠠᠭᠪᠤᠷ᠎ᠢ ᠬᠠᠢ᠌ᠨ ᠰᠦᠪᠡᠭᠴᠢᠯᠡᠨ᠎ᠡ᠃
(ᠬᠣᠶᠠᠷ) ᠰᠠᠭᠤᠷᠢ ᠪᠡᠯᠡᠳᠬᠡᠮᠵᠢ ᠵᠢ ᠨᠢᠭᠡᠳᠦᠯᠲᠡᠢ ᠲᠥᠯᠥᠪᠯᠡᠨ ᠬᠠᠮᠲᠤ᠎ᠪᠠᠷ ᠪᠠᠢ᠌ᠭᠤᠯᠤᠨ᠎ᠠ᠃ ᠳᠣᠣᠷ᠎ᠠ ᠠᠭ᠋ᠠᠷ᠎ᠤᠨ ᠨᠢᠰᠦᠭᠦᠷ᠎ᠤᠨ ᠨᠢᠰᠴᠦ ᠭᠠᠵᠠᠷᠳᠠᠬᠤ᠂ ᠭᠠᠵᠠᠷᠳᠠᠬᠤ᠎ᠳᠤ ᠪᠡᠯᠡᠳᠬᠡᠬᠦ᠂ ᠵᠣᠭᠰᠤᠭ᠋ᠠᠬᠤ᠂ ᠡᠨᠧᠷᠭᠢ ᠨᠥᠬᠥᠪᠦᠷᠢᠯᠡᠬᠦ ᠵᠡᠷᠭᠡ ᠴᠢᠳᠠᠮᠵᠢ᠎ᠲᠠᠢ ᠨᠡᠢ᠌ᠳᠡᠮ ᠬᠡᠷᠡᠭᠯᠡᠭᠡᠨ᠎ᠤ ᠨᠢᠰᠬᠡᠯ᠎ᠤᠨ ᠪᠠᠭᠤᠳᠠᠯ᠂ ᠨᠢᠰᠴᠦ ᠭᠠᠵᠠᠷᠳᠠᠬᠤ ᠲᠠᠯᠠᠪᠤᠷ (ᠴᠡᠭ)᠎ᠢ ᠲᠦᠷᠭᠡᠬᠡᠨ ᠪᠠᠢ᠌ᠭᠤᠯᠵᠤ᠂ ᠳᠣᠣᠷ᠎ᠠ ᠠᠭ᠋ᠠᠷ᠎ᠤᠨ ᠨᠢᠰᠦᠭᠦᠷ᠎ᠤᠨ ᠲᠤᠷᠰᠢᠨ ᠠᠶᠠᠯᠠᠵᠤ ᠲᠤᠷᠰᠢᠨ ᠨᠢᠰᠬᠦ ᠰᠠᠭᠤᠷᠢᠨ ᠭᠠᠵᠠᠷ᠎ᠢ ᠰᠦᠪᠡᠭᠴᠢᠯᠡᠨ ᠪᠣᠢ᠌ᠵᠢᠭᠤᠯᠤᠨ᠎ᠠ᠃ ᠵᠢᠭᠤᠯᠴᠢᠯᠠᠯ᠎ᠤᠨ ᠦᠵᠡᠮᠵᠢ ᠵᠢᠨ ᠣᠷᠣᠨ᠂ ᠡᠮᠴᠢᠯᠡᠭᠡᠨ᠎ᠤ ᠪᠠᠢ᠌ᠭᠤᠯᠤᠮᠵᠢ᠂ ᠲᠦᠷᠭᠡᠨ᠎ᠤ ᠵᠠᠮ᠎ᠤᠨ ᠦᠢ᠍ᠯᠡᠴᠢᠯᠡᠭᠡᠨ᠎ᠤ ᠲᠣᠭᠣᠷᠢᠭ᠂ ᠬᠦᠢ᠍ᠰᠦ ᠲᠠᠯᠠᠪᠤᠷ ᠥᠷᠲᠡᠭᠡ᠂ ᠭᠣᠣᠯᠳᠠᠯᠭ᠎ᠠ᠎ᠲᠠᠢ ᠰᠢᠭᠤᠢ᠌ᠲᠤ (ᠮᠠᠯᠵᠢᠬᠤ) ᠣᠷᠣᠨ ᠵᠢᠴᠢ ᠪᠠᠢ᠌ᠭ᠋ᠠᠯᠢ ᠵᠢᠨ ᠭᠠᠢ ᠭᠠᠮᠰᠢᠭ᠎ᠤᠨ ᠲᠦᠭᠰᠢᠭᠦᠷᠢ ᠶᠡᠬᠡᠲᠡᠢ ᠣᠷᠣᠨ᠎ᠳᠤ ᠡᠭᠴᠡ ᠨᠢᠰᠬᠡᠯ᠎ᠤᠨ ᠲᠦᠷ ᠴᠠᠭ ᠨᠢᠰᠴᠦ ᠭᠠᠵᠠᠷᠳᠠᠬᠤ ᠴᠡᠭ ᠪᠠ ᠵᠢᠯᠣᠭᠣᠴᠢ ᠦᠭᠡᠢ ᠨᠢᠰᠬᠡᠯ᠎ᠤᠨ ᠨᠢᠰᠴᠦ ᠭᠠᠵᠠᠷᠳᠠᠬᠤ ᠲᠠᠪᠴᠠᠩ᠎ᠢ ᠪᠦᠲᠦᠭᠡᠨ ᠪᠠᠢ᠌ᠭᠤᠯᠵᠤ᠂ ᠬᠤᠳᠠᠯᠳᠤᠭ᠋ᠠᠨ᠎ᠤ ᠲᠣᠭᠣᠷᠢᠭ᠂ ᠴᠡᠴᠡᠷᠯᠢᠭ᠂ ᠬᠡᠭᠡᠷᠡᠯᠡᠨ ᠪᠠᠭᠤᠳᠠᠯᠯᠠᠬᠤ ᠴᠡᠭ᠂ ᠲᠣᠮᠣ ᠬᠡᠯᠪᠡᠷᠢ ᠵᠢᠨ ᠨᠡᠢ᠌ᠭᠡᠮ ᠲᠣᠭᠣᠷᠢᠭ ᠵᠡᠷᠭᠡ ᠣᠷᠣᠨ ᠪᠦᠰᠡ᠎ᠳᠤ ᠵᠢᠯᠣᠭᠣᠴᠢ ᠦᠭᠡᠢ ᠨᠢᠰᠬᠡᠯ᠎ᠤᠨ ᠪᠠᠷᠠᠭ᠋ᠠᠨ᠎ᠤ ᠭᠦᠢ᠍ᠯᠭᠡᠭᠡᠨ᠎ᠤ ᠲᠣᠬᠢᠷᠠᠭᠤᠯᠤᠨ ᠬᠦᠷᠭᠡᠬᠦ᠎ᠳᠤ ᠵᠣᠷᠢᠭᠤᠯᠤᠭᠰᠠᠨ ᠨᠢᠰᠴᠦ ᠭᠠᠵᠠᠷᠳᠠᠬᠤ ᠲᠠᠪᠴᠠᠩ ᠪᠦᠲᠦᠭᠡᠨ ᠪᠠᠶ᠋ᠢᠭᠤᠯᠬᠤ ᠵᠢ ᠳᠡᠮᠵᠢᠵᠦ᠂ ᠪᠦᠲᠦᠭᠡᠨ ᠪᠠᠢ᠌ᠭᠤᠯᠤᠯᠲᠠ᠎ᠳᠤ ᠨᠡᠢ᠌ᠭᠡᠮ᠎ᠤᠨ ᠬᠥᠷᠥᠩᠭᠡ ᠵᠢᠨ ᠣᠷᠣᠯᠴᠠᠬᠤ ᠵᠢ ᠵᠣᠷᠢᠭᠵᠢᠭᠤᠯᠤᠨ᠎ᠠ᠃
(ᠭᠤᠷᠪᠠ) ᠬᠠᠮᠵᠢᠯᠴᠠᠨ ᠪᠠᠲᠤᠯᠠᠬᠤ ᠲᠣᠣᠷ ᠰᠦᠯᠵᠢᠶ᠎ᠡ ᠵᠢ ᠪᠠᠢ᠌ᠭᠤᠯᠤᠨ᠎ᠠ᠃ ᠪᠥᠬᠦ ᠤᠯᠤᠰ᠎ᠤᠨ ᠨᠢᠭᠡ ᠴᠣᠭᠴᠠᠲᠤ ᠪᠤᠳᠤᠬᠤ ᠴᠢᠳᠠᠪᠤᠷᠢ ᠵᠢᠨ ᠲᠣᠣᠷ ᠰᠦᠯᠵᠢᠶᠡᠨ᠎ᠤ ᠤᠯᠤᠰ (ᠥᠪᠥᠷ ᠮᠣᠩᠭᠣᠯ)᠎ᠤᠨ ᠬᠦᠢ᠍ᠰᠦ ᠵᠠᠩᠭᠢᠶᠠᠰᠤ ᠵᠢᠨ ᠪᠦᠲᠦᠭᠡᠨ ᠪᠠᠢ᠌ᠭᠤᠯᠤᠯᠲᠠ ᠪᠠ ᠪᠣᠬᠢᠷᠳᠤᠯ ᠦᠭᠡᠢ ᠪᠣᠳᠣᠯᠲᠠ ᠵᠢᠨ ᠡᠬᠢ ᠪᠠᠶᠠᠯᠢᠭ᠎ᠲᠤ ᠲᠦᠰᠢᠭᠯᠡᠨ᠂ ᠥᠪᠡᠷᠲᠡᠭᠡᠨ ᠵᠠᠰᠠᠬᠤ ᠣᠷᠣᠨ᠎ᠤ ᠳᠣᠣᠷ᠎ᠠ ᠠᠭ᠋ᠠᠷ᠎ᠤᠨ ᠨᠢᠰᠦᠯᠲᠡ ᠵᠢᠨ ᠣᠶᠤᠨᠴᠢ ᠮᠡᠳᠡᠭᠡ ᠵᠠᠩᠭᠢ ᠵᠢᠨ ᠲᠣᠣᠷ ᠰᠦᠯᠵᠢᠶ᠎ᠡ ᠵᠢ ᠪᠠᠢ᠌ᠭᠤᠯᠵᠤ᠂ ᠳᠣᠣᠷ᠎ᠠ ᠠᠭ᠋ᠠᠷ᠎ᠤᠨ ᠲᠣᠭ᠎ᠠ ᠪᠠᠷᠢᠮᠲᠠ ᠵᠢ ᠠᠦ᠋ᠲ᠋ᠣ᠋ ᠴᠤᠭᠯᠠᠭᠤᠯᠬᠤ ᠪᠠ ᠲᠡᠳᠡᠭᠡᠷ᠎ᠲᠤ ᠣᠶᠤᠨᠴᠢ ᠵᠠᠳᠠᠯᠤᠯᠲᠠ ᠬᠢᠬᠦ ᠵᠢ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠳᠣᠣᠷ᠎ᠠ ᠠᠭ᠋ᠠᠷ᠎ᠤᠨ ᠠᠵᠤ ᠠᠬᠤᠢ ᠵᠢᠨ ᠲᠣᠭ᠎ᠠ ᠪᠠᠷᠢᠮᠲᠠ ᠵᠢᠨ ᠰᠠᠭᠤᠷᠢ ᠲᠤᠯᠭ᠋ᠠᠭᠤᠷᠢᠯᠠᠯ᠎ᠢ ᠴᠣᠭᠴᠠᠯᠠᠨ᠎ᠠ᠃ ᠥᠪᠡᠷᠲᠡᠭᠡᠨ ᠵᠠᠰᠠᠬᠤ ᠣᠷᠣᠨ᠎ᠤ ᠳᠣᠣᠷ᠎ᠠ ᠠᠭ᠋ᠠᠷ᠎ᠤᠨ ᠨᠢᠰᠦᠯᠲᠡ ᠵᠢᠨ ᠠᠵᠢᠯᠯᠠᠭ᠎ᠠ᠎ᠳᠤ ᠲᠣᠬᠢᠷᠠᠬᠤ ᠲᠣᠭ᠋ᠠᠵᠢᠭᠤᠯᠤᠭᠰᠠᠨ᠂ ᠣᠶᠤᠨᠴᠢᠯᠠᠭᠰᠠᠨ ᠨᠢᠰᠦᠯᠲᠡ ᠵᠢᠨ ᠳᠦᠷᠢᠮ ᠪᠠ ᠵᠠᠭᠪᠤᠷ᠎ᠤᠨ ᠰᠤᠳᠤᠯᠭ᠋ᠠᠨ᠎ᠢ ᠥᠷᠨᠢᠭᠦᠯᠵᠦ᠂ ᠳᠣᠣᠷ᠎ᠠ ᠠᠭ᠋ᠠᠷ᠎ᠤᠨ ᠣᠷᠣᠨ᠎ᠤ ᠬᠠᠮ ᠨᠢᠰᠦᠯᠲᠡ ᠵᠢᠨ ᠬᠠᠮᠢᠶᠠᠷᠤᠯᠲᠠ ᠵᠢᠨ ᠦᠢ᠍ᠯᠡᠴᠢᠯᠡᠭᠡᠨ᠎ᠤ ᠲᠣᠭᠲᠠᠴᠠ ᠵᠢ ᠰᠦᠪᠡᠭᠴᠢᠯᠡᠨ᠂ ᠥᠪᠡᠷᠲᠡᠭᠡᠨ ᠵᠠᠰᠠᠬᠤ ᠣᠷᠣᠨ᠎ᠤ ᠳᠣᠣᠷ᠎ᠠ ᠠᠭ᠋ᠠᠷ᠎ᠤᠨ ᠣᠷᠣᠨ᠎ᠤ ᠳ᠋ᠢᠵᠢᠲ᠋ᠠᠯ ᠵᠢᠷᠤᠭ ᠪᠠ ᠨᠢᠰᠦᠯᠲᠡ ᠵᠢᠨ ᠬᠠᠷᠠᠭ᠋ᠠᠨ ᠵᠢᠷᠤᠭ᠎ᠢ ᠨᠠᠢ᠌ᠷᠠᠭᠤᠯᠤᠨ ᠵᠣᠬᠢᠶᠠᠵᠤ᠂ ᠳᠣᠣᠷ᠎ᠠ ᠠᠭ᠋ᠠᠷ᠎ᠤᠨ ᠠᠶᠠᠯᠠᠯ᠎ᠤᠨ ᠵᠠᠮ ᠪᠠ ᠠᠶᠠᠯᠠᠯ᠎ᠤᠨ ᠱᠤᠭᠤᠮ᠎ᠤᠨ ᠪᠡᠶᠡᠲᠦ ᠵᠠᠮ ᠬᠠᠷᠢᠯᠴᠠᠭ᠋ᠠᠨ᠎ᠤ ᠲᠣᠣᠷ ᠰᠦᠯᠵᠢᠶ᠎ᠡ ᠵᠢ ᠪᠠᠢ᠌ᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠳᠣᠣᠷ᠎ᠠ ᠠᠭ᠋ᠠᠷ᠎ᠤᠨ ᠨᠢᠰᠦᠯᠲᠡ ᠵᠢᠨ ᠦᠢ᠍ᠯᠡᠴᠢᠯᠡᠭᠡᠨ᠎ᠤ ᠲᠣᠬᠢᠷᠠᠭᠤᠯᠤᠯᠲᠠ ᠵᠢᠨ ᠲᠠᠪᠴᠠᠩ᠎ᠢ ᠪᠠᠢ᠌ᠭᠤᠯᠵᠤ᠂ ᠳᠣᠣᠷ᠎ᠠ ᠠᠭ᠋ᠠᠷ᠎ᠤᠨ ᠨᠢᠰᠦᠯᠲᠡ ᠵᠢᠨ ᠦᠢ᠍ᠯᠡᠴᠢᠯᠡᠭᠡᠨ᠎ᠢ 《ᠨᠢᠭᠡ ᠥᠷᠲᠡᠭᠡ᠎ᠪᠠᠷ ᠭᠦᠢ᠍ᠴᠡᠳᠬᠡᠬᠦ》 ᠵᠢ ᠪᠡᠶᠡᠯᠡᠭᠦᠯᠦᠨ᠎ᠡ; ᠥᠪᠡᠷᠲᠡᠭᠡᠨ ᠵᠠᠰᠠᠬᠤ ᠣᠷᠣᠨ᠎ᠤ ᠳᠣᠣᠷ᠎ᠠ ᠠᠭ᠋ᠠᠷ᠎ᠤᠨ ᠨᠢᠰᠦᠯᠲᠡ ᠵᠢᠨ ᠤᠬᠠᠭ᠋ᠠᠯᠢᠭ ᠬᠢᠨᠠᠯᠲᠠ ᠬᠠᠮᠢᠶᠠᠷᠤᠯᠲᠠ ᠵᠢᠨ ᠲᠠᠪᠴᠠᠩ᠎ᠢ ᠪᠠᠢ᠌ᠭᠤᠯᠵᠤ᠂ ᠠᠭ᠋ᠠᠷ᠎ᠤᠨ ᠵᠠᠮ ᠬᠠᠷᠢᠯᠴᠠᠭ᠋ᠠᠨ᠎ᠤ ᠬᠠᠮᠢᠶᠠᠷᠤᠯᠲᠠ᠂ ᠳᠣᠣᠷ᠎ᠠ ᠠᠭ᠋ᠠᠷ᠎ᠤᠨ ᠬᠢᠨᠠᠨ ᠠᠵᠢᠭᠯᠠᠯᠲᠠ ᠵᠢᠨ ᠰᠡᠷᠡᠮᠵᠢᠯᠡᠬᠦᠯᠦᠯ᠂ ᠭᠡᠨᠡᠳᠲᠡ ᠵᠢᠨ ᠬᠡᠷᠡᠭ᠎ᠤᠨ ᠰᠢᠢ᠍ᠳᠪᠦᠷᠢᠯᠡᠯᠲᠡ᠂ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠨ ᠲᠤᠰᠠᠯᠠᠬᠤ ᠪᠠᠲᠤᠯᠠᠭ᠎ᠠ ᠵᠡᠷᠭᠡ ᠵᠢ 《ᠨᠢᠭᠡ ᠰᠦᠯᠵᠢᠶ᠎ᠡ᠎ᠪᠠᠷ ᠨᠡᠢ᠌ᠳᠡᠮ ᠬᠠᠮᠢᠶᠠᠷᠬᠤ》 ᠵᠢ ᠪᠡᠶᠡᠯᠡᠭᠦᠯᠦᠨ᠎ᠡ᠃
(ᠳᠥᠷᠪᠡ) ᠬᠡᠷᠡᠭᠯᠡᠭᠡᠨ᠎ᠤ ᠠᠬᠤᠢ ᠪᠠᠢ᠌ᠳᠠᠯ᠎ᠢ ᠨᠡᠭᠡᠭᠡᠨ ᠠᠰᠢᠭᠯᠠᠵᠤ ᠴᠢᠯᠦᠭᠡᠲᠡᠢ ᠪᠣᠯᠭ᠋ᠠᠨ᠎ᠠ᠃ ᠳᠣᠣᠷ᠎ᠠ ᠠᠭ᠋ᠠᠷ + ᠬᠡᠷᠡᠭᠯᠡᠭᠡᠨ᠎ᠤ ᠠᠬᠤᠢ ᠪᠠᠢ᠌ᠳᠠᠯ᠎ᠤᠨ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠵᠤ᠂ ᠣᠯᠠᠨ ᠡᠰᠢᠲᠦ ᠭᠣᠣᠯ ᠴᠣᠭᠴᠠ ᠵᠢᠨ ᠣᠷᠣᠯᠴᠠᠬᠤ ᠵᠢ ᠵᠣᠷᠢᠭᠵᠢᠭᠤᠯᠤᠨ᠂ ᠳᠣᠣᠷ᠎ᠠ ᠠᠭ᠋ᠠᠷ᠎ᠤᠨ ᠠᠵᠤ ᠠᠬᠤᠢ ᠵᠢᠨ ᠠᠵᠤ ᠦᠢ᠍ᠯᠡᠰ᠎ᠢ ᠠᠭᠤᠰᠤᠯᠴᠠᠭᠤᠯᠤᠨ ᠬᠥᠭᠵᠢᠭᠦᠯᠬᠦ ᠲᠡᠢ᠌ᠰᠢ ᠳᠠᠶ᠋ᠢᠴᠢᠯᠠᠨ᠎ᠠ᠃ ᠳᠣᠣᠷ᠎ᠠ ᠠᠭ᠋ᠠᠷ᠎ᠤᠨ ᠣᠶᠤᠨᠴᠢ ᠨᠢᠰᠦᠭᠦᠷ᠎ᠤᠨ ᠤᠯᠤᠰ᠎ᠤᠨ ᠨᠤᠲᠤᠭ ᠳᠡᠪᠢᠰᠬᠡᠷ᠂ ᠴᠠᠭ ᠠᠭᠤᠷ᠂ ᠣᠷᠴᠢᠨ ᠲᠣᠭᠣᠷᠢᠨ᠎ᠤ ᠬᠠᠮᠠᠭ᠋ᠠᠯᠠᠯᠲᠠ᠂ ᠪᠠᠴᠢᠮ ᠪᠠᠢ᠌ᠳᠠᠯ᠎ᠢ ᠠᠷᠭ᠋ᠠᠴᠠᠭ᠋ᠠᠬᠤ᠂ ᠴᠠᠬᠢᠯᠭ᠋ᠠᠨ ᠬᠦᠴᠦᠨ᠂ ᠵᠠᠮ ᠬᠠᠷᠢᠯᠴᠠᠭ᠎ᠠ᠂ ᠬᠣᠲᠠ ᠵᠢᠨ ᠬᠠᠮᠢᠶᠠᠷᠤᠯᠲᠠ᠂ ᠳᠣᠲᠣᠭ᠋ᠠᠳᠤ ᠵᠢ ᠬᠠᠮᠠᠭ᠋ᠠᠯᠠᠬᠤ᠂ ᠬᠢᠯᠢ ᠵᠢᠨ ᠬᠠᠮᠠᠭ᠋ᠠᠯᠠᠯᠲᠠ ᠵᠡᠷᠭᠡ ᠬᠦᠷᠢᠶᠡᠨ᠎ᠳᠠᠬᠢ ᠵᠢᠱ᠌ᠢᠶ᠎ᠡ ᠦᠵᠡᠭᠦᠯᠬᠦ ᠬᠡᠷᠡᠭᠯᠡᠭᠡᠨ᠎ᠢ ᠠᠬᠢᠭᠤᠯᠤᠨ᠎ᠠ᠃ ᠲᠠᠷᠢᠶᠠᠯᠠᠩ (ᠤᠢ ᠰᠢᠭᠤᠢ)᠂ ᠳᠣᠣᠷ᠎ᠠ ᠠᠭ᠋ᠠᠷ᠎ᠤᠨ ᠪᠠᠷᠠᠭ᠋ᠠᠨ᠎ᠤ ᠭᠦᠢ᠍ᠯᠭᠡᠭᠡ᠂ ᠳᠣᠣᠷ᠎ᠠ ᠠᠭ᠋ᠠᠷ᠎ᠤᠨ ᠬᠡᠷᠡᠭᠯᠡᠭᠡ ᠵᠡᠷᠭᠡ ᠬᠦᠷᠢᠶᠡᠨ᠎ᠳᠠᠬᠢ ᠬᠡᠪᠴᠢᠶᠡᠵᠢᠭᠰᠡᠨ ᠬᠡᠷᠡᠭᠯᠡᠭᠡᠨ᠎ᠢ ᠥᠷᠭᠡᠳᠬᠡᠨ᠎ᠡ᠃
(ᠲᠠᠪᠤ) ᠳᠣᠣᠷ᠎ᠠ ᠠᠭ᠋ᠠᠷ᠎ᠤᠨ ᠦᠢ᠍ᠯᠡᠳᠬᠦ ᠠᠵᠤ ᠦᠢ᠍ᠯᠡᠰ᠎ᠢ ᠬᠥᠭᠵᠢᠭᠦᠯᠦᠨ᠎ᠡ᠃ ᠬᠥᠬᠡᠬᠣᠲᠠ᠂ ᠪᠤᠭᠤᠲᠤ ᠬᠣᠲᠠ᠂ ᠲᠦᠩᠯᠢᠶᠣᠣ ᠬᠣᠲᠠ᠂ ᠣᠷᠳᠣᠰ ᠬᠣᠲᠠ ᠵᠡᠷᠭᠡ ᠭᠠᠵᠠᠷ ᠣᠷᠣᠨ᠎ᠤ ᠲᠣᠨᠣᠭ ᠲᠥᠬᠦᠭᠡᠷᠦᠮᠵᠢ ᠦᠢ᠍ᠯᠡᠳᠬᠦ ᠦᠢ᠍ᠯᠡᠰ ᠤᠨ ᠳᠠᠪᠠᠭᠤᠯᠢᠭ᠎ᠢ ᠪᠠᠳᠠᠷᠠᠭᠤᠯᠵᠤ᠂ ᠨᠢᠭᠡ ᠪᠦᠯᠦᠭ ᠭᠣᠣᠯᠯᠠᠬᠤ ᠥᠷᠢᠰᠦᠯᠳᠦᠬᠦ ᠬᠦᠴᠦᠨ ᠪᠦᠬᠦᠢ ᠲᠣᠯᠣᠭ᠋ᠠᠢ᠌ᠯᠠᠭᠴᠢ ᠠᠵᠤ ᠠᠬᠤᠢ᠌ᠯᠠᠯ᠎ᠢ ᠲᠥᠪᠯᠡᠷᠡᠭᠦᠯᠦᠨ ᠣᠷᠣᠭᠤᠯᠵᠤ᠂ ᠵᠢᠯᠣᠭᠣᠴᠢ ᠦᠭᠡᠢ ᠨᠢᠰᠬᠡᠯ᠂ ᠴᠠᠬᠢᠯᠭ᠋ᠠᠨ ᠬᠥᠳᠡᠯᠭᠡᠭᠦᠷᠲᠦ ᠡᠭᠴᠡ ᠴᠢᠭᠯᠡᠯ᠎ᠤᠨ ᠨᠢᠰᠴᠦ ᠭᠠᠵᠠᠷᠳᠠᠬᠤ ᠨᠢᠰᠦᠭᠦᠷ (eVTOL)᠂ ᠭᠣᠣᠯ ᠰᠡᠯᠪᠢᠭ ᠲᠣᠨᠣᠭ᠂ ᠠᠭ᠋ᠠᠷ᠎ᠤᠨ ᠠᠶᠠᠯᠠᠯ᠎ᠤᠨ ᠮᠠᠲ᠋ᠧᠷᠢᠶᠠᠯ ᠵᠡᠷᠭᠡ ᠳᠣᠣᠷ᠎ᠠ ᠠᠭ᠋ᠠᠷ᠎ᠤᠨ ᠦᠢ᠍ᠯᠡᠳᠬᠦ ᠦᠢ᠍ᠯᠡᠰ᠎ᠢ ᠬᠥᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ᠎ᠤ ᠲᠦᠭᠦᠬᠡᠢ ᠮᠠᠲ᠋ᠧᠷᠢᠶᠠᠯ᠂ ᠰᠢᠨ᠎ᠡ ᠡᠨᠧᠷᠭᠢ ᠵᠢᠨ ᠲᠤᠨᠤᠭ ᠲᠥᠬᠦᠭᠡᠷᠦᠮᠵᠢ ᠵᠢᠨ ᠠᠵᠤ ᠦᠢ᠍ᠯᠡᠰ᠎ᠤᠨ ᠳᠠᠪᠠᠭᠤᠯᠢᠭ᠎ᠲᠤ ᠲᠦᠰᠢᠭᠯᠡᠨ᠂ ᠨᠡᠭᠦᠷᠡᠰᠦᠲᠥ᠋ᠷᠥᠭᠴᠢᠲᠦ ᠰᠢᠷᠬᠡᠭ᠂ ᠬᠡᠲᠦ ᠥᠨᠳᠥᠷ ᠬᠦᠴᠦᠯᠡᠴᠡᠲᠦ ᠪᠣᠯᠣᠳ᠂ ᠮᠠᠭᠨᠢ ᠬᠥᠩᠭᠡᠨ ᠴᠠᠭ᠋ᠠᠨ᠎ᠤ ᠬᠥᠩᠭᠡᠨ ᠬᠠᠢ᠌ᠯᠤᠰᠢ ᠵᠡᠷᠭᠡ ᠰᠢᠨ᠎ᠡ ᠬᠡᠯᠪᠡᠷᠢ ᠵᠢᠨ ᠠᠭ᠋ᠠᠷ᠎ᠤᠨ ᠠᠶᠠᠯᠠᠯ᠎ᠤᠨ ᠮᠠᠲ᠋ᠧᠷᠢᠶᠠᠯ ᠵᠢᠴᠢ ᠴᠠᠬᠢᠯᠭ᠋ᠠᠨ ᠮᠠᠰᠢᠨ᠂ ᠳ᠋ᠢᠶᠠᠨ ᡂᠢ᠂ ᠨᠢᠰᠦᠯᠲᠡ ᠵᠢᠨ ᠡᠵᠡᠮᠳᠡᠬᠦᠷ ᠰᠢᠰᠲ᠋ᠧᠮ ᠵᠡᠷᠭᠡ ᠰᠡᠯᠪᠢᠭ ᠲᠣᠨᠤᠭ᠎ᠢ ᠰᠤᠳᠤᠯᠤᠨ ᠨᠡᠭᠡᠭᠡᠵᠦ ᠦᠢ᠍ᠯᠡᠳᠪᠦᠷᠢᠯᠡᠬᠦ ᠠᠵᠢᠯ᠎ᠢ ᠥᠷᠨᠢᠭᠦᠯᠵᠦ᠂ 《ᠲᠤᠰᠬᠠᠢ᠌ᠵᠢᠭᠰᠠᠨ ᠰᠣᠳᠣᠨ ᠥᠪᠡᠷᠮᠢᠴᠡ ᠰᠢᠨ᠎ᠡ》 ᠳᠤᠮᠳᠠ ᠵᠢᠵᠢᠭ ᠠᠵᠤ ᠠᠬᠤᠢ᠌ᠯᠠᠯ᠎ᠢ ᠪᠣᠢ᠌ᠵᠢᠭᠤᠯᠤᠨ᠎ᠠ᠃
(ᠵᠢᠷᠭᠤᠭ᠎ᠠ) ᠰᠢᠨ᠎ᠡ ᠡᠭᠦᠳᠦᠯᠲᠡ᠎ᠲᠠᠢ᠎ᠪᠠᠷ ᠬᠥᠭᠵᠢᠭᠦᠯᠬᠦ ᠴᠢᠳᠠᠪᠤᠷᠢ᠎ᠪᠠᠨ ᠳᠡᠭᠡᠭᠰᠢᠯᠡᠭᠦᠯᠦᠨ᠎ᠡ᠃ ᠣᠷᠣᠨ᠎ᠤ ᠭᠠᠳᠠᠨᠠᠬᠢ ᠳᠣᠣᠷ᠎ᠠ ᠠᠭ᠋ᠠᠷ᠎ᠤᠨ ᠨᠢᠰᠦᠭᠦᠷ᠎ᠤᠨ ᠰᠤᠳᠤᠯᠤᠨ ᠨᠡᠭᠡᠭᠡᠬᠦ ᠪᠠᠢ᠌ᠭᠤᠯᠤᠮᠵᠢ᠂ ᠶᠡᠬᠡ ᠳᠡᠭᠡᠳᠦ ᠰᠤᠷᠭ᠋ᠠᠭᠤᠯᠢ᠂ ᠠᠵᠤ ᠠᠬᠤᠢ᠌ᠯᠠᠯ ᠬᠢᠭᠡᠳ ᠣᠷᠣᠨ᠎ᠤ ᠳᠣᠲᠣᠷᠠᠬᠢ ᠠᠵᠤ ᠠᠬᠤᠢ᠌ᠯᠠᠯ ᠬᠠᠮᠲᠤᠷᠠᠨ ᠪᠠᠢ᠌ᠭᠤᠯᠤᠭᠰᠠᠨ ᠰᠤᠳᠤᠯᠤᠨ ᠨᠡᠭᠡᠭᠡᠬᠦ ᠪᠠᠢ᠌ᠭᠤᠯᠤᠮᠵᠢ ᠵᠢ ᠳᠡᠮᠵᠢᠵᠦ᠂ ᠵᠠᠩᠭᠢᠯᠠᠭ᠎ᠠ ᠵᠢᠨ ᠮᠡᠷᠭᠡᠵᠢᠯ᠎ᠤᠨ ᠰᠤᠳᠤᠯᠤᠨ ᠨᠡᠭᠡᠭᠡᠯᠲᠡ᠂ ᠰᠢᠰᠲ᠋ᠧᠮᠲᠦ ᠬᠤᠷᠠᠮᠠᠯ ᠪᠠ ᠢᠨᠵᠧᠨᠧᠷᠢᠩᠵᠢᠭᠦᠯᠬᠦ ᠬᠡᠷᠡᠭᠯᠡᠭᠡᠨ᠎ᠢ ᠥᠷᠨᠢᠭᠦᠯᠦᠨ᠎ᠡ᠃ ᠠᠵᠤ ᠠᠬᠤᠢ᠌ᠯᠠᠯ ᠬᠢᠭᠡᠳ ᠶᠡᠬᠡ ᠳᠡᠭᠡᠳᠦ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠦᠷᠢᠶᠡᠯᠡᠩ ᠭᠠᠵᠠᠷ᠎ᠤᠨ ᠬᠠᠮᠲᠤᠷᠠᠯᠴᠠᠭ᠎ᠠ ᠵᠢ ᠴᠢᠩᠭ᠋ᠠᠳᠬᠠᠨ᠂ ᠦᠢ᠍ᠯᠡᠳᠪᠦᠷᠢᠯᠡᠬᠦ ᠵᠢᠭ᠋ᠠᠬᠤ ᠰᠤᠳᠤᠯᠬᠤ ᠬᠡᠷᠡᠭᠯᠡᠬᠦ ᠵᠢ ᠨᠢᠭᠡ ᠴᠣᠭᠴᠠᠵᠢᠭᠤᠯᠬᠤ ᠲᠣᠭᠲᠠᠴᠠ ᠵᠢ ᠪᠠᠢ᠌ᠭᠤᠯᠵᠤ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ 《ᠪᠦᠰᠡᠯᠡᠯᠲᠡ ᠰᠢᠪᠲᠤᠯᠬᠤ》 ᠢᠨᠵᠧᠨᠧᠷᠢᠩ᠎ᠳᠤ ᠭᠦᠨᠵᠡᠭᠡᠢ ᠣᠷᠣᠯᠴᠠᠨ᠎ᠠ᠃ ᠲᠥᠪ᠎ᠤᠨ ᠠᠵᠤ ᠠᠬᠤᠢ᠌ᠯᠠᠯ᠂ ᠶᠡᠬᠡ ᠳᠡᠭᠡᠳᠦ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠦᠷᠢᠶᠡᠯᠡᠩ ᠭᠠᠵᠠᠷ᠎ᠢ ᠬᠥᠲᠥᠯᠥᠨ ᠵᠢᠯᠤᠭᠣᠳᠴᠤ ᠪᠠᠢ᠌ᠭ᠋ᠠᠳ ᠬᠥᠬᠡᠬᠤᠲᠠ᠂ ᠪᠤᠭᠤᠲᠤ ᠬᠤᠲᠠ᠎ᠳᠤ ᠳᠣᠣᠷ᠎ᠠ ᠠᠭ᠋ᠠᠷ᠎ᠤᠨ ᠠᠵᠤ ᠠᠬᠤᠢ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠤᠨ ᠨᠡᠪᠴᠢᠭᠦᠯᠦᠭᠦᠷ ᠪᠠᠢ᠌ᠷᠢᠯᠠᠭᠤᠯᠵᠤ᠂ ᠰᠢᠨ᠎ᠡ ᠡᠭᠦᠳᠦᠯᠲᠡ᠎ᠲᠠᠢ ᠦᠷ᠎ᠡ ᠪᠦᠲᠦᠭᠡᠯ᠂ ᠦᠢ᠍ᠯᠡᠳᠬᠦᠨ ᠪᠠ ᠮᠡᠷᠭᠡᠵᠢᠯ᠎ᠢ ᠨᠡᠪᠴᠢᠭᠦᠯᠬᠦ ᠪᠠ ᠰᠢᠯᠭ᠋ᠠᠨ ᠭᠡᠷᠡᠴᠢᠯᠡᠨ᠎ᠡ᠃ ᠥᠪᠡᠷᠲᠡᠭᠡᠨ ᠵᠠᠰᠠᠬᠤ ᠣᠷᠣᠨ᠎ᠤ ᠳᠤᠮᠳᠠ ᠲᠣᠮᠣ ᠬᠡᠯᠪᠡᠷᠢ ᠵᠢᠨ ᠵᠢᠯᠣᠭᠣᠴᠢ ᠦᠭᠡᠢ ᠠᠭ᠋ᠠᠷ᠎ᠤᠨ ᠨᠢᠰᠦᠭᠦᠷ᠎ᠤᠨ ᠲᠤᠷᠰᠢᠨ ᠠᠶᠠᠯᠠᠵᠤ ᠲᠤᠷᠰᠢᠨ ᠨᠢᠰᠬᠦ ᠵᠢ ᠰᠢᠯᠭ᠋ᠠᠨ ᠲᠤᠷᠰᠢᠵᠤ ᠰᠢᠯᠭ᠋ᠠᠨ ᠪᠠᠲᠤᠯᠠᠬᠤ ᠲᠤᠷᠰᠢᠯᠲᠠ ᠵᠢᠨ ᠲᠠᠰᠤᠭ᠂ ᠳᠣᠣᠷ᠎ᠠ ᠠᠭ᠋ᠠᠷ᠎ᠤᠨ ᠪᠡᠶᠡᠲᠦ ᠵᠠᠮ ᠬᠠᠷᠢᠯᠴᠠᠭ᠋ᠠᠨ᠎ᠤ ᠲᠣᠣᠷ ᠰᠦᠯᠵᠢᠶᠡᠨ᠎ᠤ ᠲᠤᠷᠰᠢᠯᠲᠠ ᠵᠢᠨ ᠲᠠᠰᠤᠭ᠎ᠢ ᠰᠦᠪᠡᠭᠴᠢᠯᠡᠨ ᠪᠠᠢ᠌ᠭᠤᠯᠵᠤ᠂ ᠳᠣᠣᠷ᠎ᠠ ᠠᠭ᠋ᠠᠷ᠎ᠤᠨ ᠪᠡᠶᠡᠲᠦ ᠵᠠᠮ ᠬᠠᠷᠢᠯᠴᠠᠭ᠋ᠠᠨ᠎ᠤ ᠰᠦᠯᠵᠢᠶ᠎ᠡ ᠬᠢᠭᠡᠳ ᠳᠣᠣᠷ᠎ᠠ ᠠᠭ᠋ᠠᠷ᠎ᠤᠨ ᠨᠢᠰᠦᠯᠲᠡ ᠵᠢᠨ ᠬᠠᠮᠢᠶ᠎ᠠ ᠪᠦᠬᠦᠢ ᠣᠯᠠᠨ ᠤᠯᠤᠰ᠂ ᠤᠯᠤᠰ ᠭᠦᠷᠦᠨ᠂ ᠠᠵᠢᠯ ᠲᠥᠷᠥᠯ᠂ ᠪᠦᠯᠬᠦᠮ ᠨᠡᠢ᠌ᠳᠡ ᠵᠢᠴᠢ ᠣᠷᠣᠨ ᠨᠤᠲᠤᠭ᠎ᠤᠨ ᠪᠠᠷᠢᠮᠵᠢᠶ᠎ᠠ ᠵᠢᠷᠤᠮᠵᠢᠯ᠎ᠤᠨ ᠰᠤᠳᠤᠯᠤᠯ᠎ᠳᠤ ᠢᠳᠡᠪᠬᠢᠲᠡᠢ ᠣᠷᠣᠯᠴᠠᠵᠤ᠂ ᠠᠵᠤ ᠠᠬᠤᠢ᠌ᠯᠠᠯ᠂ ᠶᠡᠬᠡ ᠳᠡᠭᠡᠳᠦ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠦᠷᠢᠶᠡᠯᠡᠩ ᠭᠠᠵᠠᠷ᠎ᠤᠨ᠎ᠬᠢᠨ᠎ᠤ ᠤᠯᠤᠰ᠎ᠤᠨ ᠬᠠᠮᠢᠶ᠎ᠠ ᠪᠦᠬᠦᠢ ᠬᠦᠷᠢᠶ᠎ᠡ ᠴᠠᠷᠠᠭ᠋ᠠᠨ᠎ᠤ ᠪᠠᠷᠢᠮᠵᠢᠶ᠎ᠠ ᠵᠢ ᠰᠤᠳᠤᠯᠤᠨ ᠲᠣᠭᠲᠠᠭ᠋ᠠᠬᠤ᠎ᠳᠤ ᠣᠷᠣᠯᠴᠠᠬᠤ ᠵᠢ᠎ᠨᠢ ᠵᠣᠷᠢᠭᠵᠢᠭᠤᠯᠤᠨ᠎ᠠ᠃
(ᠲᠤᠯᠤᠭ᠎ᠠ) ᠠᠵᠤ ᠦᠢ᠍ᠯᠡᠰ᠎ᠤᠨ ᠪᠥᠭᠡᠮᠨᠡᠷᠡᠨ ᠵᠢᠱ᠌ᠢᠶ᠎ᠡ ᠦᠵᠡᠭᠦᠯᠬᠦ ᠵᠢ ᠲᠦᠷᠭᠡᠳᠬᠡᠨ᠎ᠡ᠃ ᠬᠥᠬᠡᠬᠣᠲᠠ ᠵᠢᠨ ᠳᠣᠣᠷ᠎ᠠ ᠠᠭ᠋ᠠᠷ᠎ᠤᠨ ᠠᠵᠤ ᠠᠬᠤᠢ ᠵᠢᠨ ᠠᠵᠤ ᠦᠢ᠍ᠯᠡᠰ᠎ᠤᠨ ᠬᠦᠷᠢᠶᠡᠯᠡᠩ᠎ᠳᠤ ᠲᠦᠰᠢᠭᠯᠡᠨ᠂ ᠵᠢᠯᠣᠭᠣᠴᠢ ᠦᠭᠡᠢ ᠨᠢᠰᠬᠡᠯ ᠵᠢᠴᠢ ᠭᠣᠣᠯ ᠰᠡᠯᠪᠢᠭ ᠲᠣᠨᠣᠭ ᠦᠢ᠍ᠯᠡᠳᠬᠦ᠎ᠪᠠᠷ ᠭᠣᠣᠯᠳᠠᠯᠭ᠎ᠠ ᠪᠣᠯᠭ᠋ᠠᠵᠤ᠂ ᠦᠢ᠍ᠯᠡᠴᠢᠯᠡᠭᠡ᠂ ᠰᠤᠳᠤᠯᠤᠨ ᠨᠡᠭᠡᠭᠡᠬᠦ᠂ ᠪᠣᠯᠪᠠᠰᠤᠷᠠᠯ᠂ ᠪᠠᠷᠠᠭ᠋ᠠᠨ᠎ᠤ ᠭᠦᠢ᠍ᠯᠭᠡᠭᠡᠨ ᠵᠶ᠋ᠡᠷ ᠣᠨᠴᠠᠯᠢᠭ ᠪᠣᠯᠭ᠋ᠠᠭᠰᠠᠨ ᠳᠣᠣᠷ᠎ᠠ ᠠᠭ᠋ᠠᠷ᠎ᠤᠨ ᠠᠵᠤ ᠠᠬᠤᠢ ᠵᠢᠨ ᠵᠢᠱ᠌ᠢᠶ᠎ᠡ ᠦᠵᠡᠭᠦᠯᠬᠦ ᠲᠣᠭᠣᠷᠢᠭ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠤᠨ᠎ᠠ᠃ ᠣᠷᠳᠣᠰ ᠬᠤᠲᠠ ᠵᠢᠨ ᠲᠤᠷᠰᠢᠨ ᠨᠢᠰᠬᠦ ᠲᠤᠬᠠᠢ᠌ᠯᠠᠭᠰᠠᠨ ᠠᠵᠢᠯ᠂ ᠣᠢ᠌ᠷ᠎ᠠ ᠵᠠᠮ᠎ᠤᠨ ᠲᠡᠭᠡᠭᠡᠪᠦᠷᠢ᠂ ᠠᠭ᠋ᠠᠷ᠎ᠤᠨ ᠠᠶᠠᠯᠠᠯ᠎ᠤᠨ ᠪᠣᠯᠪᠠᠰᠤᠷᠠᠯ᠂ ᠵᠢᠯᠣᠭᠣᠴᠢ ᠦᠭᠡᠢ ᠨᠢᠰᠬᠡᠯ᠎ᠤᠨ ᠠᠵᠤ ᠦᠢ᠍ᠯᠡᠰ ᠵᠡᠷᠭᠡ ᠲᠠᠯ᠎ᠠ᠎ᠪᠠᠷ᠎ᠬᠢ ᠠᠵᠤ ᠦᠢ᠍ᠯᠡᠰ᠎ᠤᠨ ᠰᠠᠭᠤᠷᠢ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠠᠭ᠋ᠠᠷ᠎ᠤᠨ ᠣᠷᠣᠨ᠎ᠤ ᠥᠭᠡᠷᠡᠴᠢᠯᠡᠯᠲᠡ᠂ ᠵᠢᠯᠣᠭᠣᠴᠢ ᠦᠭᠡᠢ ᠨᠢᠰᠬᠡᠯ ᠦᠢ᠍ᠯᠡᠳᠬᠦ᠂ ᠰᠡᠯᠪᠢᠨ ᠵᠠᠰᠠᠵᠤ ᠠᠷᠠᠴᠢᠯᠠᠨ ᠬᠠᠮᠠᠭ᠋ᠠᠯᠠᠬᠤ᠂ ᠶᠡᠷᠦᠩᠬᠡᠢ᠌ᠯᠡᠭᠰᠡᠨ ᠪᠠᠲᠤᠯᠠᠭ᠎ᠠ᠎ᠪᠠᠷ ᠭᠣᠣᠯ ᠪᠣᠯᠭ᠋ᠠᠭᠰᠠᠨ ᠳᠣᠣᠷ᠎ᠠ ᠠᠭ᠋ᠠᠷ᠎ᠤᠨ ᠠᠵᠤ ᠠᠬᠤᠢ ᠵᠢᠨ ᠵᠢᠱ᠌ᠢᠶ᠎ᠡ ᠦᠵᠡᠭᠦᠯᠬᠦ ᠲᠣᠭᠣᠷᠢᠭ᠎ᠢ ᠴᠣᠭᠴᠠᠯᠠᠨ᠎ᠠ᠃ ᠪᠤᠭᠤᠲᠤ ᠬᠣᠲᠠ ᠵᠢᠨ ᠲᠣᠨᠣᠭ ᠲᠥᠬᠦᠭᠡᠷᠦᠮᠵᠢ ᠦᠢ᠍ᠯᠡᠳᠬᠦ ᠪᠠ ᠬᠣᠪᠣᠷ ᠰᠢᠷᠣᠢ ᠵᠢᠨ ᠰᠢᠨ᠎ᠡ ᠮᠠᠲ᠋ᠧᠷᠢᠶᠠᠯ᠎ᠤᠨ ᠳᠠᠪᠠᠭᠤᠯᠢᠭ᠎ᠤᠨ ᠲᠣᠭᠣᠷᠢᠨ᠎ᠳᠤ᠂ ᠳᠣᠣᠷ᠎ᠠ ᠠᠭ᠋ᠠᠷ᠎ᠤᠨ ᠨᠢᠰᠦᠭᠦᠷ᠎ᠤᠨ ᠪᠦᠬᠦᠯᠢ ᠮᠠᠰᠢᠨ ᠵᠢᠴᠢ ᠭᠣᠣᠯ ᠰᠡᠯᠪᠢᠭ ᠲᠣᠨᠣᠭ ᠦᠢ᠍ᠯᠡᠳᠬᠦ᠎ᠪᠠᠷ ᠭᠣᠣᠯ ᠪᠣᠯᠭ᠋ᠠᠭᠰᠠᠨ ᠳᠣᠣᠷ᠎ᠠ ᠠᠭ᠋ᠠᠷ᠎ᠤᠨ ᠦᠢ᠍ᠯᠡᠳᠬᠦ ᠲᠠᠯ᠎ᠠ᠎ᠳᠤ ᠪᠥᠭᠡᠮᠨᠡᠷᠡᠯ ᠣᠷᠣᠨ᠎ᠢ ᠪᠣᠢ᠌ᠵᠢᠭᠤᠯᠤᠨ᠎ᠠ᠃ ᠬᠥᠬᠡᠬᠣᠲᠠ᠂ ᠪᠤᠭᠤᠲᠤ ᠬᠣᠲᠠ᠂ ᠣᠷᠳᠣᠰ ᠬᠣᠲᠠ ᠭᠤᠷᠪᠠᠨ ᠬᠣᠲᠠ ᠵᠢᠨ ᠬᠣᠯᠪᠤᠭ᠋ᠠᠯᠠᠨ ᠬᠥᠳᠡᠯᠦᠯᠴᠡᠬᠦ ᠪᠠ ᠠᠵᠤ ᠦᠢ᠍ᠯᠡᠰ᠎ᠤᠨ ᠬᠠᠮᠵᠢᠯᠴᠠᠭ᠎ᠠ ᠬᠢᠬᠦ ᠵᠢ ᠴᠢᠩᠭ᠋ᠠᠳᠬᠠᠨ᠂ ᠬᠥᠬᠡᠬᠣᠲᠠ ᠪᠤᠭᠤᠲᠤ ᠣᠷᠳᠣᠰ᠎ᠤᠨ ᠳᠣᠣᠷ᠎ᠠ ᠠᠭ᠋ᠠᠷ᠎ᠤᠨ ᠠᠵᠤ ᠠᠬᠤᠢ ᠵᠢᠨ ᠬᠥᠭᠵᠢᠯᠲᠡ ᠵᠢᠨ ᠲᠣᠭᠣᠷᠢᠭ᠎ᠢ ᠪᠠᠢ᠌ᠭᠤᠯᠤᠨ᠎ᠠ᠃ ᠲᠦᠩᠯᠢᠶᠣᠣ ᠬᠤᠲᠠ᠂ ᠤᠯᠠᠭ᠋ᠠᠨᠬᠠᠳᠠ ᠬᠤᠲᠠ᠂ ᠰᠢᠯᠢ ᠵᠢᠨ ᠭᠣᠣᠯ ᠠᠢ᠌ᠮᠠᠭ᠎ᠤᠨ ᠠᠬᠤᠢ ᠪᠠᠢ᠌ᠳᠠᠯ᠎ᠤᠨ ᠣᠯᠠᠨ ᠡᠰᠢᠲᠦ ᠳᠠᠪᠠᠭᠤᠯᠢᠭ ᠵᠢᠴᠢ ᠵᠡᠭᠦᠨ ᠬᠡᠰᠡᠭ᠎ᠤᠨ ᠭᠠᠵᠠᠷ ᠣᠷᠣᠨ᠎ᠤ ᠰᠣᠶᠣᠯ ᠵᠢᠭᠤᠯᠴᠢᠯᠠᠯ᠎ᠤᠨ ᠡᠬᠢ ᠪᠠᠶᠠᠯᠢᠭ᠎ᠤᠨ ᠳᠠᠪᠠᠭᠤᠯᠢᠭ᠎ᠢ ᠪᠠᠳᠠᠷᠠᠭᠤᠯᠵᠤ᠂ ᠤᠯᠠᠭ᠋ᠠᠨᠬᠠᠳᠠ ᠲᠦᠩᠯᠢᠶᠣᠣ ᠰᠢᠯᠢ ᠵᠢᠨ ᠭᠣᠣᠯ᠎ᠤᠨ ᠳᠣᠣᠷ᠎ᠠ ᠠᠭ᠋ᠠᠷ᠎ᠤᠨ ᠬᠡᠷᠡᠭᠯᠡᠭᠡᠨ ᠪᠠ ᠤᠯᠠᠭ᠋ᠠᠨᠬᠣᠲᠠ ᠷᠠᠰᠢᠶᠠᠨ ᠬᠠᠢ᠌ᠯᠠᠷ ᠮᠠᠨᠵᠤᠤᠷ᠎ᠤᠨ ᠳᠣᠣᠷ᠎ᠠ ᠠᠭ᠋ᠠᠷ᠎ᠤᠨ ᠵᠢᠭᠤᠯᠴᠢᠯᠠᠯ᠎ᠤᠨ ᠪᠥᠭᠡᠮᠨᠡᠷᠡᠭᠰᠡᠨ ᠣᠷᠣᠨ᠎ᠢ ᠪᠦᠲᠦᠭᠡᠨ ᠪᠠᠢ᠌ᠭᠤᠯᠤᠨ᠎ᠠ᠃ ᠳᠣᠣᠷ᠎ᠠ ᠠᠭ᠋ᠠᠷ᠎ᠤᠨ ᠨᠢᠰᠦᠯᠲᠡ ᠵᠢ ᠣᠯᠠᠨ ᠬᠦᠷᠢᠶ᠎ᠡ ᠴᠠᠷᠠᠭ᠎ᠠ᠂ ᠣᠯᠠᠨ ᠠᠵᠢᠯ ᠲᠥᠷᠥᠯ᠎ᠲᠠᠢ ᠠᠭᠤᠰᠤᠯᠴᠠᠭᠤᠯᠬᠤ᠎ᠪᠠᠨ ᠲᠦᠷᠭᠡᠳᠬᠡᠨ᠂ ᠴᠡᠭ ᠵᠶ᠋ᠡᠷ ᠨᠡᠢ᠌ᠳᠡᠮ᠎ᠢ ᠳᠠᠶ᠋ᠢᠴᠢᠯᠠᠨ ᠥᠪᠡᠷᠲᠡᠭᠡᠨ ᠵᠠᠰᠠᠬᠤ ᠣᠷᠣᠨ᠎ᠤ ᠳᠣᠣᠷ᠎ᠠ ᠠᠭ᠋ᠠᠷ᠎ᠤᠨ ᠠᠵᠤ ᠠᠬᠤᠢ ᠵᠢᠨ ᠬᠥᠭᠵᠢᠯᠲᠡ ᠵᠢ ᠠᠬᠢᠭᠤᠯᠤᠨ᠎ᠠ᠃
(ᠨᠠᠢ᠍ᠮᠠ) ᠳᠣᠣᠷ᠎ᠠ ᠠᠭ᠋ᠠᠷ᠎ᠤᠨ ᠠᠵᠤ ᠠᠬᠤᠢ ᠵᠢᠨ ᠦᠢ᠍ᠯᠡᠴᠢᠯᠡᠭᠡᠨ᠎ᠤ ᠦᠢ᠍ᠯᠡᠰ᠎ᠢ ᠪᠣᠢ᠌ᠵᠢᠭᠤᠯᠤᠨ᠎ᠠ᠃ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠂ ᠤᠯᠤᠰ᠎ᠤᠨ ᠥᠮᠴᠢᠯᠡᠯᠲᠦ ᠠᠵᠤ ᠠᠬᠤᠢ᠌ᠯᠠᠯ ᠪᠠ ᠨᠡᠢ᠌ᠭᠡᠮ᠎ᠤᠨ ᠬᠥᠷᠥᠩᠭᠡ ᠵᠢᠨ᠎ᠬᠢᠨ᠎ᠤ ᠨᠢᠰᠦᠯᠲᠡ ᠵᠢᠨ ᠦᠢ᠍ᠯᠡᠴᠢᠯᠡᠭᠡᠨ᠎ᠤ ᠪᠠᠲᠤᠯᠠᠭ᠎ᠠ ᠵᠢᠨ ᠲᠣᠭᠲᠠᠯᠴᠠᠭ᠎ᠠ ᠵᠢᠨ ᠪᠦᠲᠦᠭᠡᠨ ᠪᠠᠢ᠌ᠭᠤᠯᠤᠯᠲᠠ᠎ᠳᠤ ᠣᠷᠣᠯᠴᠠᠬᠤ ᠵᠢ ᠵᠣᠷᠢᠭᠵᠢᠭᠤᠯᠤᠨ᠎ᠠ᠃ ᠬᠡᠷᠡᠭᠯᠡᠭᠡᠨ᠎ᠤ ᠠᠬᠤᠢ ᠪᠠᠢ᠌ᠳᠠᠯ᠎ᠢ ᠪᠣᠳᠠᠲᠠᠢ ᠰᠢᠯᠭ᠋ᠠᠨ ᠰᠢᠨᠵᠢᠬᠦ ᠪᠠ ᠵᠠᠬ᠎ᠠ ᠳᠡᠯᠭᠡᠭᠦᠷ᠎ᠤᠨ ᠰᠢᠯᠭ᠋ᠠᠨ ᠪᠠᠲᠤᠯᠠᠬᠤ ᠠᠵᠢᠯ᠎ᠢ ᠢᠳᠡᠪᠬᠢᠲᠡᠢ ᠥᠷᠨᠢᠭᠦᠯᠵᠦ᠂ ᠰᠢᠨ᠎ᠡ ᠮᠡᠷᠭᠡᠵᠢᠯ ᠰᠢᠨ᠎ᠡ ᠦᠢ᠍ᠯᠡᠳᠬᠦᠨ᠎ᠢ ᠳᠡᠯᠭᠡᠷᠡᠭᠦᠯᠦᠨ ᠬᠡᠷᠡᠭᠯᠡᠬᠦ ᠠᠵᠢᠯ᠎ᠢ ᠠᠬᠢᠭᠤᠯᠤᠨ᠎ᠠ᠃ ᠨᠢᠰᠦᠯᠲᠡ ᠵᠢᠨ ᠪᠣᠯᠪᠠᠰᠤᠷᠠᠯ᠂ ᠰᠡᠯᠪᠢᠨ ᠵᠠᠰᠠᠬᠤ ᠪᠠᠲᠤᠯᠠᠭ᠎ᠠ᠂ ᠨᠢᠰᠦᠭᠦᠷ᠎ᠢ ᠨᠠᠢ᠌ᠳᠠᠨ ᠬᠠᠮᠢᠶᠠᠷᠤᠭᠤᠯᠬᠤ ᠪᠠ ᠲᠦᠷᠢᠶᠡᠰᠦᠯᠡᠬᠦ ᠵᠡᠷᠭᠡ ᠳᠣᠣᠷ᠎ᠠ ᠠᠭ᠋ᠠᠷ᠎ᠤᠨ ᠠᠵᠤ ᠠᠬᠤᠢ ᠵᠢᠨ ᠦᠢ᠍ᠯᠡᠴᠢᠯᠡᠭᠡᠨ᠎ᠤ ᠦᠢ᠍ᠯᠡᠰ᠎ᠢ ᠪᠣᠢ᠌ᠵᠢᠭᠤᠯᠵᠤ᠂ ᠳᠣᠣᠷ᠎ᠠ ᠠᠭ᠋ᠠᠷ᠎ᠤᠨ ᠠᠵᠤ ᠠᠬᠤᠢ ᠵᠢᠨ ᠲᠣᠮᠣ ᠳ᠋ᠠᠢ᠌ᠲ᠋ᠠ ᠵᠢᠴᠢ ᠬᠠᠮᠢᠶ᠎ᠠ ᠪᠦᠬᠦᠢ ᠬᠡᠷᠡᠭᠯᠡᠭᠡᠨ᠎ᠤ ᠠᠵᠤ ᠦᠢ᠍ᠯᠡᠰ᠎ᠤᠨ ᠬᠥᠭᠵᠢᠯᠲᠡ ᠵᠢ ᠳᠡᠮᠵᠢᠨ᠎ᠡ᠃ ᠠᠵᠢᠯ ᠲᠥᠷᠥᠯ᠎ᠤᠨ ᠨᠡᠢ᠌ᠭᠡᠮᠯᠢᠭ᠂ ᠡᠷᠳᠡᠮ ᠰᠢᠨᠵᠢᠯᠡᠭᠡᠨ᠎ᠤ ᠨᠡᠢ᠌ᠭᠡᠮᠯᠢᠭ᠎ᠲᠤ ᠲᠦᠰᠢᠭᠯᠡᠨ᠂ ᠡᠯ᠎ᠡ ᠲᠥᠷᠥᠯ᠎ᠤᠨ ᠦᠵᠡᠰᠬᠦᠯᠡᠩ ᠦᠵᠡᠭᠦᠯᠭᠡ᠂ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠬᠥᠮᠦᠵᠢᠯ᠂ ᠦᠢ᠍ᠯᠡᠳᠪᠦᠷᠢᠯᠡᠬᠦ ᠵᠢᠭ᠋ᠠᠬᠤ ᠰᠤᠳᠤᠯᠬᠤ ᠬᠡᠷᠡᠭᠯᠡᠬᠦ ᠮᠡᠷᠭᠡᠵᠢᠯ᠎ᠤᠨ ᠰᠣᠯᠢᠯᠴᠠᠭ᠋ᠠᠨ᠎ᠤ ᠠᠵᠢᠯᠯᠠᠭ᠎ᠠ ᠵᠢ ᠡᠷᠬᠢᠯᠡᠨ᠎ᠡ᠃
ᠭᠤᠷᠪᠠ᠂ ᠳᠡᠮᠵᠢᠯᠭᠡ ᠵᠢᠨ ᠲᠥᠷᠥ ᠵᠢᠨ ᠪᠣᠳᠣᠯᠭ᠎ᠠ
(ᠨᠢᠭᠡ) ᠰᠠᠭᠤᠷᠢ ᠪᠡᠯᠡᠳᠬᠡᠮᠵᠢ ᠵᠢᠨ ᠪᠦᠲᠦᠭᠡᠨ ᠪᠠᠢ᠌ᠭᠤᠯᠤᠯᠲᠠ ᠵᠢ ᠳᠡᠮᠵᠢᠨ᠎ᠡ᠃ ᠡᠯ᠎ᠡ ᠠᠢ᠌ᠮᠠᠭ ᠬᠣᠲᠠ ᠵᠢᠨ᠎ᠬᠢᠨ᠎ᠤ ᠨᠥᠬᠥᠵᠦ ᠨᠡᠮᠡᠷᠢᠯᠡᠬᠦ ᠪᠠ ᠪᠡᠯᠡ ᠣᠷᠣᠭᠤᠯᠬᠤ ᠵᠢ ᠤᠶᠠᠯᠳᠤᠭᠤᠯᠬᠤ ᠠᠷᠭ᠎ᠠ ᠮᠠᠶᠢᠭ ᠵᠶ᠋ᠠᠷ ᠳᠣᠣᠷ᠎ᠠ ᠠᠭ᠋ᠠᠷ᠎ᠤᠨ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠢ᠌ᠭᠤᠯᠤᠯᠲᠠ ᠵᠢ ᠠᠬᠢᠭᠤᠯᠤᠨ ᠵᠣᠷᠢᠭᠵᠢᠭᠤᠯᠤᠨ᠎ᠠ᠃ ᠨᠥᠬᠥᠴᠡᠯ᠎ᠲᠠᠢ ᠭᠠᠵᠠᠷ ᠣᠷᠣᠨ᠎ᠳᠤ ᠨᠡᠢ᠌ᠳᠡᠮ ᠬᠡᠷᠡᠭᠯᠡᠭᠡᠨ᠎ᠤ ᠠᠭ᠋ᠠᠷ᠎ᠤᠨ ᠠᠶᠠᠯᠠᠯ᠎ᠤᠨ ᠠᠵᠢᠯᠯᠠᠭ᠋ᠠᠨ᠎ᠤ ᠪᠠᠲᠤᠯᠠᠭ᠎ᠠ ᠵᠢᠨ ᠰᠠᠭᠤᠷᠢᠨ ᠭᠠᠵᠠᠷ᠂ ᠵᠢᠯᠣᠭᠣᠴᠢ ᠦᠭᠡᠢ ᠠᠭ᠋ᠠᠷ᠎ᠤᠨ ᠨᠢᠰᠦᠭᠦᠷ᠎ᠤᠨ ᠰᠢᠯᠭ᠋ᠠᠨ ᠲᠤᠷᠰᠢᠬᠤ ᠲᠠᠯᠠᠪᠤᠷ ᠵᠢᠴᠢ eVTOL᠂ ᠡᠭᠴᠡ ᠨᠢᠰᠬᠡᠯ᠂ ᠲᠣᠮᠣ ᠳᠤᠮᠳᠠ ᠬᠡᠯᠪᠡᠷᠢ ᠵᠢᠨ ᠵᠢᠯᠣᠭᠣᠴᠢ ᠦᠭᠡᠢ ᠨᠢᠰᠬᠡᠯ᠎ᠤᠨ ᠬᠦᠢ᠍ᠰᠦ ᠪᠣᠯᠬᠤ ᠨᠢᠰᠴᠦ ᠭᠠᠵᠠᠷᠳᠠᠬᠤ ᠲᠠᠯᠠᠪᠤᠷ ᠪᠠᠶ᠋ᠢᠭᠤᠯᠬᠤ ᠵᠢ ᠳᠡᠮᠵᠢᠨ᠎ᠡ᠃ ᠨᠡᠢ᠌ᠭᠡᠮ᠎ᠤᠨ ᠬᠥᠷᠥᠩᠭᠡ ᠵᠢᠨ ᠰᠢᠯᠭ᠋ᠠᠨ ᠲᠤᠷᠰᠢᠬᠤ ᠲᠠᠯᠠᠪᠤᠷ᠂ ᠨᠢᠰᠴᠦ ᠭᠠᠵᠠᠷᠳᠠᠬᠤ ᠲᠠᠯᠠᠪᠤᠷ ᠵᠡᠷᠭᠡ ᠤᠯᠠᠨ ᠨᠡᠢ᠌ᠳᠡ ᠵᠢᠨ ᠰᠠᠭᠤᠷᠢ ᠪᠡᠯᠡᠳᠬᠡᠮᠵᠢ ᠵᠢ ᠪᠡᠯᠡ ᠣᠷᠣᠭᠤᠯᠵᠤ ᠪᠦᠲᠦᠭᠡᠨ ᠪᠠᠢ᠌ᠭᠤᠯᠬᠤ ᠪᠠ ᠡᠵᠡᠩᠨᠡᠨ ᠠᠵᠢᠯᠯᠠᠭᠤᠯᠬᠤ ᠵᠢ ᠵᠣᠷᠢᠭᠵᠢᠭᠤᠯᠤᠨ᠎ᠠ᠃
(ᠬᠣᠶᠠᠷ) ᠬᠡᠷᠡᠭᠯᠡᠭᠡᠨ᠎ᠤ ᠠᠬᠤᠢ ᠪᠠᠢ᠌ᠳᠠᠯ᠎ᠢ ᠥᠷᠭᠡᠳᠬᠡᠬᠦ ᠵᠢ ᠳᠡᠮᠵᠢᠨ᠎ᠡ᠃ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ᠎ᠤᠳ᠎ᠤᠨ ᠳᠣᠣᠷ᠎ᠠ ᠠᠭ᠋ᠠᠷ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠨ ᠲᠤᠰᠠᠯᠠᠬᠤ᠂ ᠡᠮᠴᠢᠯᠡᠭᠡ᠎ᠪᠠᠷ ᠠᠪᠤᠷᠠᠨ ᠲᠤᠰᠠᠯᠠᠬᠤ᠂ ᠨᠡᠢ᠌ᠭᠡᠮ᠎ᠤᠨ ᠵᠠᠰᠠᠯᠲᠠ ᠬᠢᠬᠦ ᠵᠡᠷᠭᠡ ᠲᠤᠰᠢᠶᠠᠯ ᠵᠶ᠋ᠠᠨ ᠭᠦᠢ᠍ᠴᠡᠳᠬᠡᠬᠦ ᠲᠤᠰᠠᠯᠠᠬᠤ ᠴᠢᠨᠠᠷᠲᠠᠢ ᠦᠢ᠍ᠯᠡᠴᠢᠯᠡᠭᠡ ᠵᠢ ᠵᠠᠰᠠᠭ᠎ᠤᠨ ᠣᠷᠳᠣᠨ᠎ᠤ ᠦᠢ᠍ᠯᠡᠴᠢᠯᠡᠭᠡ ᠬᠤᠳᠠᠯᠳᠤᠨ ᠠᠪᠬᠤ ᠭᠠᠷᠴᠠᠭ᠎ᠲᠤ ᠣᠷᠣᠭᠤᠯᠬᠤ ᠵᠢ ᠵᠣᠷᠢᠭᠵᠢᠭᠤᠯᠤᠨ᠎ᠠ᠃ ᠠᠵᠤ ᠠᠬᠤᠢ᠌ᠯᠠᠯ᠎ᠤᠨ ᠳᠣᠣᠷ᠎ᠠ ᠠᠭ᠋ᠠᠷ᠎ᠤᠨ ᠪᠠᠷᠠᠭ᠋ᠠᠨ᠎ᠤ ᠭᠦᠢ᠍ᠯᠭᠡᠭᠡ ᠵᠢᠨ ᠲᠣᠬᠢᠷᠠᠭᠤᠯᠤᠨ ᠬᠦᠷᠭᠡᠬᠦ ᠠᠵᠢᠯ᠎ᠢ ᠪᠤᠵᠠᠭ᠋ᠠᠢ᠌ᠷᠠᠭᠤᠯᠤᠨ ᠬᠦᠴᠦᠷᠬᠡᠭᠵᠢᠭᠦᠯᠵᠦ ᠬᠢᠬᠦ ᠵᠢ᠎ᠨᠢ ᠲᠡᠮᠵᠢᠵᠦ᠂ ᠴᠠᠬᠢᠯᠭ᠋ᠠᠨ ᠤᠲᠠᠰᠤ ᠵᠢ ᠲᠣᠭᠣᠷᠢᠨ ᠪᠠᠢ᠌ᠴᠠᠭ᠋ᠠᠬᠤ᠂ ᠠᠭ᠋ᠠᠷ᠎ᠠᠴᠠ ᠰᠡᠭᠦᠳᠡᠷᠯᠡᠵᠦ ᠬᠡᠮᠵᠢᠨ ᠵᠢᠷᠤᠬᠤ᠂ ᠲᠠᠷᠢᠶᠠᠯᠠᠩ ᠤᠢ ᠰᠢᠭᠤᠢ ᠵᠢᠨ ᠤᠷᠭᠤᠮᠠᠯ᠎ᠢ ᠬᠠᠮᠠᠭ᠋ᠠᠯᠠᠬᠤ᠂ ᠠᠮᠢ ᠠᠬᠤᠢ ᠵᠢ ᠬᠢᠨᠠᠨ ᠰᠢᠨᠵᠢᠬᠦ ᠵᠡᠷᠭᠡ ᠬᠦᠷᠢᠶ᠎ᠡ ᠴᠠᠷᠠᠭ᠋ᠠᠨ᠎ᠳᠠᠬᠢ ᠬᠤᠳᠠᠯᠳᠤᠭ᠋ᠠᠴᠢᠯᠠᠭᠰᠠᠨ ᠬᠡᠷᠡᠭᠯᠡᠯᠲᠡ ᠵᠢ ᠥᠷᠨᠢᠭᠦᠯᠦᠨ᠂ ᠠᠭ᠋ᠠᠷ᠎ᠤᠨ ᠵᠤᠭ᠋ᠠᠴᠠᠯ᠂ ᠠᠭ᠋ᠠᠷ᠎ᠤᠨ ᠪᠡᠶ᠎ᠡ ᠵᠢᠨ ᠲᠠᠮᠢᠷ ᠵᠡᠷᠭᠡ ᠦᠢ᠍ᠯᠡᠴᠢᠯᠡᠭᠡᠨ᠎ᠤ ᠲᠦᠷᠦᠯ ᠵᠦᠢ᠍ᠯ ᠵᠢᠴᠢ ᠵᠠᠬᠢᠶᠠᠯᠠᠭ᠎ᠠ ᠵᠢᠨ ᠦᠢ᠍ᠯᠡᠴᠢᠯᠡᠭᠡ ᠪᠠ ᠦᠢ᠍ᠯᠡᠳᠬᠦᠨ᠎ᠢ ᠨᠡᠭᠡᠭᠡᠨ ᠬᠥᠭᠵᠢᠭᠦᠯᠦᠨ᠎ᠡ᠃
(ᠭᠤᠷᠪᠠ) ᠠᠵᠤ ᠠᠬᠤᠢ᠌ᠯᠠᠯ᠎ᠢ ᠪᠤᠵᠠᠭ᠋ᠠᠢ᠌ᠷᠠᠭᠤᠯᠤᠨ ᠬᠦᠴᠦᠷᠬᠡᠭᠵᠢᠭᠦᠯᠬᠦ ᠵᠢ ᠳᠡᠮᠵᠢᠨ᠎ᠡ᠃ ᠨᠥᠬᠥᠴᠡᠯ᠎ᠳᠤ ᠨᠡᠢ᠌ᠴᠡᠬᠦ ᠳᠣᠣᠷ᠎ᠠ ᠠᠭ᠋ᠠᠷ᠎ᠤᠨ ᠠᠵᠤ ᠠᠬᠤᠢ ᠵᠢᠨ ᠠᠵᠤ ᠠᠬᠤᠢ᠌ᠯᠠᠯ᠎ᠤᠳ᠎ᠤᠨ ᠤᠯᠤᠰ᠎ᠤᠨ ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠢ᠌ᠯᠠᠯ᠂ ᠤᠯᠤᠰ ᠬᠢᠭᠡᠳ ᠥᠪᠡᠷᠲᠡᠭᠡᠨ ᠵᠠᠰᠠᠬᠤ ᠣᠷᠣᠨ᠎ᠤ ᠲᠤᠰᠬᠠᠢ᠌ᠵᠢᠭᠰᠠᠨ ᠰᠣᠳᠣᠨ ᠥᠪᠡᠷᠮᠢᠴᠡ ᠰᠢᠨ᠎ᠡ ᠳᠤᠮᠳᠠ ᠵᠢᠵᠢᠭ ᠠᠵᠤ ᠠᠬᠤᠢ᠌ᠯᠠᠯ ᠵᠶ᠋ᠠᠷ ᠦᠨᠡᠮᠰᠢᠭᠦᠯᠬᠦ᠎ᠪᠠᠷ ᠭᠤᠶᠤᠴᠢᠯᠠᠨ ᠮᠡᠳᠡᠭᠦᠯᠬᠦ ᠵᠢ᠎ᠨᠢ ᠳᠡᠮᠵᠢᠨ᠎ᠡ᠃ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ᠎ᠨᠤᠭᠤᠳ᠎ᠤᠨ ᠳᠣᠣᠷ᠎ᠠ ᠠᠭ᠋ᠠᠷ᠎ᠤᠨ ᠠᠵᠤ ᠠᠬᠤᠢ ᠵᠢᠨ ᠰᠢᠨ᠎ᠡ ᠡᠭᠦᠳᠦᠯᠲᠡ᠎ᠲᠠᠢ ᠰᠤᠳᠤᠯᠤᠨ ᠨᠡᠭᠡᠭᠡᠬᠦ᠂ ᠮᠡᠷᠭᠡᠵᠢᠯ᠎ᠤᠨ ᠥᠭᠡᠷᠡᠴᠢᠯᠡᠯᠲᠡ ᠬᠢᠬᠦ ᠵᠡᠷᠭᠡ᠎ᠳᠤ ᠬᠠᠨᠳᠤᠭᠤᠯᠤᠭᠰᠠᠨ ᠵᠢᠭᠡᠯᠡᠯᠭᠡ ᠵᠢᠨ ᠨᠡᠷᠡᠳᠬᠦᠨ ᠨᠡᠭᠡᠭᠡᠨ ᠬᠥᠭᠵᠢᠭᠦᠯᠬᠦ ᠵᠢ ᠵᠣᠷᠢᠭᠵᠢᠭᠤᠯᠤᠨ᠎ᠠ᠃ ᠳᠠᠭ᠋ᠠᠳᠬᠠᠯ᠎ᠤᠨ ᠺᠣᠮᠫᠠᠨᠢ ᠵᠢ ᠵᠣᠷᠢᠭᠵᠢᠭᠤᠯᠵᠤ ᠪᠠᠢ᠌ᠭ᠋ᠠᠳ ᠳᠣᠣᠷ᠎ᠠ ᠠᠭ᠋ᠠᠷ᠎ᠤᠨ ᠬᠤᠳᠠᠯᠳᠤᠭ᠋ᠠᠨ᠎ᠤ ᠬᠡᠷᠡᠭᠯᠡᠭᠡᠨ᠎ᠤ ᠳᠠᠭ᠋ᠠᠳᠬᠠᠯ᠎ᠤᠨ ᠲᠦᠷᠦᠯ ᠵᠦᠢ᠍ᠯ᠎ᠢ ᠨᠡᠭᠡᠭᠡᠨ ᠭᠦᠭᠵᠢᠬᠦᠯᠦᠬᠦᠯᠵᠦ᠂ ᠳᠠᠭ᠋ᠠᠳᠬᠠᠯ᠎ᠤᠨ ᠬᠠᠮᠤᠷᠬᠤ ᠬᠡᠪᠴᠢᠶ᠎ᠡ ᠪᠠ ᠬᠤᠳᠠᠯᠳᠤᠭ᠋ᠠᠨ᠎ᠤ ᠠᠬᠤᠢ ᠪᠠᠢ᠌ᠳᠠᠯ᠎ᠤᠨ ᠲᠣᠬᠢᠷᠠᠯᠴᠠᠬᠤ ᠬᠡᠮᠵᠢᠶ᠎ᠡ ᠵᠢ ᠥᠷᠭᠡᠳᠬᠡᠨ᠂ ᠲᠦᠭᠰᠢᠭᠦᠷᠢ ᠵᠢᠨ ᠬᠠᠮᠤᠷᠬᠤ ᠬᠡᠪᠴᠢᠶ᠎ᠡ ᠥᠷᠭᠡᠨ ᠳᠡᠯᠭᠡᠷ ᠪᠦᠬᠦᠢ ᠳᠣᠣᠷ᠎ᠠ ᠠᠭ᠋ᠠᠷ᠎ᠤᠨ ᠠᠵᠤ ᠠᠬᠤᠢ ᠵᠢᠨ ᠳᠠᠭ᠋ᠠᠳᠬᠠᠯ᠎ᠤᠨ ᠦᠢ᠍ᠯᠡᠴᠢᠯᠡᠭᠡᠨ᠎ᠤ ᠲᠣᠭᠲᠠᠯᠴᠠᠭ᠎ᠠ ᠵᠢ ᠪᠠᠢ᠌ᠭᠤᠯᠤᠨ᠎ᠠ᠃
(ᠳᠥᠷᠪᠡ) ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠡᠭᠦᠳᠦᠯᠲᠡ᠎ᠲᠠᠢ ᠬᠥᠭᠵᠢᠯᠲᠡ ᠵᠢ ᠳᠡᠮᠵᠢᠨ᠎ᠡ᠃ ᠠᠵᠤ ᠠᠬᠤᠢ᠌ᠯᠠᠯ᠂ ᠶᠡᠬᠡ ᠳᠡᠭᠡᠳᠦ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠦᠷᠢᠶᠡᠯᠡᠩ ᠭᠠᠵᠠᠷ᠎ᠲᠤ ᠳᠣᠣᠷ᠎ᠠ ᠠᠭ᠋ᠠᠷ᠎ᠤᠨ ᠠᠵᠤ ᠠᠬᠤᠢ ᠵᠢᠨ ᠰᠢᠨ᠎ᠡ ᠵᠢ ᠡᠭᠦᠳᠬᠦ ᠰᠤᠳᠤᠯᠤᠯ᠎ᠤᠨ ᠪᠠᠢ᠌ᠭᠤᠯᠤᠮᠵᠢ ᠪᠠᠶ᠋ᠢᠭᠤᠯᠬᠤ ᠵᠢ ᠵᠣᠷᠢᠭᠵᠢᠭᠤᠯᠵᠤ᠂ ᠪᠣᠳᠠᠲᠠᠢ᠌ᠵᠢᠨ ᠨᠠᠢ᠌ᠳᠠᠪᠤᠷᠢᠵᠢᠵᠤ ᠠᠵᠢᠯᠯᠠᠭ᠋ᠠᠨ᠎ᠳᠤ ᠣᠷᠣᠭᠰᠠᠨ ᠰᠤᠳᠤᠯᠤᠨ ᠨᠡᠭᠡᠭᠡᠬᠦ ᠠᠴᠢᠶᠠᠯᠠᠪᠤᠷᠢ᠎ᠳᠤ ᠲᠥᠷᠥ ᠵᠢᠨ ᠪᠣᠳᠣᠯᠭ᠎ᠠ ᠵᠢᠨ ᠶᠣᠰᠣᠭ᠋ᠠᠷ ᠡᠳ᠋᠎ᠤᠨ ᠵᠠᠰᠠᠭ᠎ᠤᠨ ᠪᠡᠯᠡ ᠮᠥᠩᠭᠥᠨ᠎ᠤ ᠳᠡᠮᠵᠢᠯᠭᠡ ᠦᠵᠡᠭᠦᠯᠦᠨ᠎ᠡ᠃ ᠠᠵᠤ ᠠᠬᠤᠢ᠌ᠯᠠᠯ᠎ᠤᠨ ᠳᠣᠣᠷ᠎ᠠ ᠠᠭ᠋ᠠᠷ᠎ᠤᠨ ᠨᠢᠰᠦᠭᠦᠷ᠎ᠤᠨ ᠪᠦᠬᠦᠯᠢ ᠮᠠᠰᠢᠨ᠂ ᠵᠠᠩᠭᠢᠯᠠᠭ᠎ᠠ ᠵᠢᠨ ᠰᠢᠰᠲ᠋ᠧᠮ᠂ ᠰᠡᠯᠪᠢᠭ ᠲᠣᠨᠣᠭ᠎ᠢ ᠡᠵᠡ ᠮᠡᠳᠡᠵᠦ ᠰᠤᠳᠤᠯᠬᠤ ᠪᠤᠶᠤ ᠬᠠᠮᠲᠤᠷᠠᠨ ᠰᠤᠳᠤᠯᠬᠤ ᠠᠵᠢᠯ ᠥᠷᠨᠢᠭᠦᠯᠬᠦ ᠵᠢ᠎ᠨᠢ ᠳᠡᠮᠵᠢᠵᠤ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠥᠯᠥᠪᠯᠡᠭᠡ ᠵᠢᠨ ᠲᠥᠷᠥᠯ ᠵᠦᠢ᠍ᠯᠤᠨᠬᠢᠨᠤ ᠬᠠᠮᠢᠶ᠎ᠠ ᠪᠦᠬᠦᠢ ᠬᠦᠷᠢᠶ᠎ᠡ ᠴᠠᠷᠠᠭ᠎ᠠ᠎ᠳᠤ ᠭᠣᠣᠯ ᠪᠣᠯᠬᠤ ᠵᠠᠩᠭᠢᠯᠠᠭ᠎ᠠ ᠵᠢᠨ ᠮᠡᠷᠭᠡᠵᠢᠯ᠎ᠤᠨ ᠪᠣᠭᠣᠮᠲᠠ ᠰᠢᠪᠲᠤᠯᠬᠤ ᠠᠵᠢᠯ ᠥᠷᠨᠢᠭᠦᠯᠬᠦ ᠵᠢ ᠲᠡᠮᠵᠢᠨ᠎ᠡ᠃ ᠵᠠᠩᠭᠢᠯᠠᠭ᠎ᠠ ᠵᠢᠨ ᠭᠣᠣᠯᠯᠠᠬᠤ ᠮᠡᠷᠭᠡᠵᠢᠯ᠎ᠤᠨ 《ᠵᠠᠷᠯᠠᠯ ᠬᠦᠯᠢᠶᠡᠵᠦ ᠬᠣᠰᠢᠭᠤᠷᠠᠨ ᠠᠵᠢᠯᠯᠠᠬᠤ》 ᠲᠣᠭᠲᠠᠴᠠ ᠵᠢ ᠭᠦᠨᠵᠡᠭᠡᠢ᠌ᠷᠡᠭᠦᠯᠵᠦ᠂ ᠳᠣᠣᠷ᠎ᠠ ᠠᠭ᠋ᠠᠷ᠎ᠤᠨ ᠦᠢ᠍ᠯᠡᠳᠬᠡᠯ᠎ᠤᠨ ᠬᠠᠮᠢᠶ᠎ᠠ ᠪᠦᠬᠦᠢ ᠮᠡᠷᠭᠡᠵᠢᠯ᠎ᠤᠨ ᠬᠡᠷᠡᠭᠴᠡᠭᠡ ᠱᠠᠭ᠋ᠠᠷᠳᠠᠯᠭ᠎ᠠ ᠶᠣᠰᠣᠭ᠋ᠠᠷ᠂ ᠬᠥᠲᠥᠴᠢ ᠠᠵᠤ ᠠᠬᠤᠢ᠌ᠯᠠᠯ ᠲᠦᠷᠦᠭᠦᠯᠡᠨ ᠰᠢᠨ᠎ᠡ ᠵᠢ ᠡᠭᠦᠳᠬᠦ ᠬᠣᠯᠪᠣᠭ᠋ᠠᠲᠤ ᠴᠣᠭᠴᠠ ᠵᠣᠬᠢᠶᠠᠨ ᠪᠠᠢ᠌ᠭᠤᠯᠵᠤ ᠪᠠᠢ᠌ᠭ᠋ᠠᠳ ᠵᠠᠷᠯᠠᠯ ᠬᠦᠯᠢᠶᠡᠬᠦ ᠵᠢ᠎ᠨᠢ ᠳᠡᠮᠵᠢᠨ᠎ᠡ᠃
(ᠲᠠᠪᠤ) ᠴᠢᠳᠠᠪᠤᠷᠢᠲᠠᠨ᠎ᠢ ᠣᠷᠣᠭᠤᠯᠤᠨ ᠠᠪᠴᠢᠷᠠᠵᠤ ᠪᠣᠢ᠌ᠵᠢᠭᠤᠯᠬᠤ ᠵᠢ ᠳᠡᠮᠵᠢᠨ᠎ᠡ᠃ ᠰᠤᠷᠭ᠋ᠠᠭᠤᠯᠢ ᠪᠠ ᠠᠵᠤ ᠠᠬᠤᠢ᠌ᠯᠠᠯ᠎ᠤᠨ ᠬᠠᠮᠲᠤᠷᠠᠯᠴᠠᠭ᠎ᠠ ᠵᠢ ᠭᠦᠨᠵᠡᠭᠡᠢ᠌ᠷᠡᠭᠦᠯᠵᠦ᠂ ᠶᠡᠬᠡ ᠳᠡᠭᠡᠳᠦ ᠰᠤᠷᠭ᠋ᠠᠭᠤᠯᠢ ᠵᠢᠨ ᠡᠬᠢ ᠪᠠᠶᠠᠯᠢᠭ ᠬᠢᠭᠡᠳ ᠵᠠᠬ᠎ᠠ ᠳᠡᠯᠭᠡᠭᠦᠷ᠎ᠤᠨ ᠬᠡᠷᠡᠭᠴᠡᠭᠡ ᠱᠠᠭ᠋ᠠᠷᠳᠠᠯᠭ᠎ᠠ ᠵᠢᠨ ᠬᠠᠷᠢᠯᠴᠠᠨ ᠨᠥᠬᠥᠪᠦᠷᠢᠯᠡᠬᠦ ᠵᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠳᠣᠣᠷ᠎ᠠ ᠠᠭ᠋ᠠᠷ᠎ᠤᠨ ᠠᠵᠤ ᠠᠬᠤᠢ ᠵᠢᠨ ᠬᠥᠭᠵᠢᠯᠲᠡ᠎ᠳᠤ ᠴᠢᠳᠠᠪᠤᠷᠢᠲᠠᠨ᠎ᠤ ᠲᠤᠯᠭ᠋ᠠᠭᠤᠷᠢᠯᠠᠯ ᠬᠠᠩᠭ᠋ᠠᠨ᠎ᠠ᠃ ᠴᠢᠳᠠᠪᠤᠷᠢᠲᠠᠨ᠎ᠢ ᠤᠶᠠᠨ ᠬᠠᠳᠠᠨ ᠴᠢᠨᠠᠷᠲᠠᠢ ᠪᠤᠶᠤ ᠴᠢᠩᠳᠠᠯᠢᠭ ᠴᠢᠨᠠᠷᠲᠠᠢ ᠣᠷᠣᠭᠤᠯᠤᠨ ᠠᠪᠴᠢᠷᠠᠬᠤ ᠠᠷᠭ᠎ᠠ ᠬᠡᠯᠪᠡᠷᠢ᠎ᠪᠠᠷ ᠳᠣᠣᠷ᠎ᠠ ᠠᠭ᠋ᠠᠷ᠎ᠤᠨ ᠠᠵᠤ ᠠᠬᠤᠢ ᠵᠢᠨ ᠲᠣᠯᠣᠭ᠋ᠠᠢ᠌ᠯᠠᠭᠴᠢ ᠠᠵᠤ ᠠᠬᠤᠢ᠌ᠯᠠᠯ᠂ ᠴᠡᠷᠢᠭ᠎ᠤᠨ ᠠᠵᠤ ᠦᠢ᠍ᠯᠡᠳᠪᠦᠷᠢ᠂ ᠲᠥᠪ᠎ᠤᠨ ᠠᠵᠤ ᠠᠬᠤᠢ᠌ᠯᠠᠯ᠎ᠠᠴᠠ ᠭᠠᠷᠴᠤ ᠢᠷᠡᠭᠰᠡᠨ ᠳᠡᠭᠡᠳᠦ ᠲᠡᠰ ᠳᠠᠪᠬᠤᠷᠭ᠎ᠠ ᠵᠢᠨ ᠴᠢᠳᠠᠪᠤᠷᠢᠲᠠᠨ ᠪᠠ ᠪᠦᠯᠬᠦᠮ ᠨᠡᠶ᠋ᠢᠲᠡ ᠵᠢ ᠲᠡᠳᠡᠨ ᠠᠪᠴᠢᠷᠠᠵᠤ ᠨᠤᠲᠤᠭᠰᠢᠭᠤᠯᠤᠨ᠂ ᠦᠵᠦᠭᠦᠷᠯᠡᠭᠰᠡᠨ ᠭᠠᠷᠮᠠᠭ᠋ᠠᠢ ᠴᠢᠳᠠᠪᠤᠷᠢᠲᠠᠨ᠎ᠳᠤ ᠠᠵᠢᠯ ᠦᠢ᠍ᠯᠡᠰ᠎ᠤᠨ ᠲᠠᠪᠴᠠᠩ᠂ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠵᠠᠷᠤᠳᠠᠯ᠂ ᠦᠢ᠍ᠯᠡᠴᠢᠯᠡᠭᠡᠨ᠎ᠤ ᠪᠠᠲᠤᠯᠠᠭ᠎ᠠ ᠵᠡᠷᠭᠡ ᠲᠦᠷᠦ ᠵᠢᠨ ᠪᠣᠳᠣᠯᠭ᠎ᠠ ᠵᠢᠨ ᠳᠡᠮᠵᠢᠯᠭᠡ ᠦᠵᠡᠭᠦᠯᠵᠦ᠂ ᠨᠥᠬᠥᠴᠡᠯ᠎ᠳᠤ ᠨᠡᠢ᠌ᠴᠡᠬᠦ ᠳᠣᠣᠷ᠎ᠠ ᠠᠭ᠋ᠠᠷ᠎ᠤᠨ ᠠᠵᠤ ᠠᠬᠤᠢ ᠵᠢᠨ ᠳᠡᠭᠡᠳᠦ ᠲᠡᠰ᠎ᠤᠨ ᠴᠢᠳᠠᠪᠤᠷᠢᠲᠠᠨ᠎ᠤ ᠡᠯ᠎ᠡ ᠲᠦᠷᠦᠯ᠎ᠤᠨ ᠴᠢᠳᠠᠪᠤᠷᠢᠲᠠᠨ᠎ᠤ ᠱᠠᠩᠨᠠᠯ᠎ᠤᠨ ᠲᠦᠷᠦᠯ ᠵᠦᠢ᠍ᠯ ᠭᠤᠶᠤᠴᠢᠯᠠᠨ ᠮᠡᠳᠡᠭᠦᠯᠬᠦ᠎ᠳᠤ ᠳᠡᠮᠵᠢᠯᠭᠡ ᠦᠵᠡᠭᠦᠯᠦᠨ᠎ᠡ᠃ ᠣᠷᠣᠨ᠎ᠤ ᠳᠣᠲᠣᠷᠠᠬᠢ ᠶᠡᠬᠡ ᠳᠡᠭᠡᠳᠦ ᠰᠤᠷᠭ᠋ᠠᠭᠤᠯᠢ᠂ ᠠᠵᠤ ᠠᠬᠤᠢ᠌ᠯᠠᠯ᠎ᠤᠨ ᠨᠡᠢ᠌ᠳᠡᠮ ᠬᠡᠷᠡᠭᠯᠡᠭᠡᠨ᠎ᠤ ᠠᠭ᠋ᠠᠷ᠎ᠤᠨ ᠠᠶᠠᠯᠠᠯ᠎ᠤᠨ ᠬᠤᠳᠠᠯᠳᠤᠭ᠋ᠠᠨ᠎ᠤ ᠬᠡᠷᠡᠭᠯᠡᠭᠡᠨ᠎ᠤ ᠨᠢᠰᠦᠯᠭᠡ ᠵᠢᠨ ᠦᠨᠡᠮᠯᠡᠯ᠂ ᠬᠤᠪᠢ ᠵᠢᠨ ᠬᠡᠷᠡᠭᠯᠡᠭᠡᠨ᠎ᠤ ᠵᠢᠯᠣᠭᠣᠴᠢ ᠵᠢᠨ ᠦᠨᠡᠮᠯᠡᠯ᠂ ᠲᠠᠮᠢᠷ᠎ᠤᠨ ᠬᠥᠳᠡᠯᠭᠡᠭᠡᠨ᠎ᠤ ᠲᠥᠷᠥᠯ᠎ᠤᠨ ᠦᠨᠡᠮᠯᠡᠯ᠂ ᠠᠷᠠᠳ᠎ᠤᠨ ᠬᠡᠷᠡᠭᠯᠡᠭᠡᠨ᠎ᠤ ᠵᠢᠯᠣᠭᠣᠴᠢ ᠦᠭᠡᠢ ᠨᠢᠰᠬᠡᠯ᠎ᠤᠨ ᠵᠢᠯᠣᠭᠣᠴᠢ ᠵᠢᠨ ᠦᠨᠡᠮᠯᠡᠯ᠂ ᠠᠯᠤᠰ ᠡᠵᠡᠮᠰᠢᠯᠲᠦ ᠠᠭ᠋ᠠᠷ᠎ᠤᠨ ᠵᠠᠭᠪᠤᠷ ᠨᠢᠰᠦᠭᠦᠷ᠎ᠤᠨ ᠨᠢᠰᠬᠡᠭᠴᠢ ᠵᠢᠨ ᠦᠨᠡᠮᠯᠡᠯ ᠵᠡᠷᠭᠡ ᠪᠣᠯᠪᠠᠰᠤᠷᠠᠯ ᠥᠷᠨᠢᠭᠦᠯᠬᠦ ᠵᠢ ᠳᠡᠮᠵᠢᠨ᠎ᠡ᠃
ᠳᠥᠷᠪᠡ᠂ ᠠᠵᠢᠯ᠎ᠤᠨ ᠱᠠᠭ᠋ᠠᠷᠳᠠᠯᠭ᠎ᠠ
ᠥᠪᠡᠷᠲᠡᠭᠡᠨ ᠵᠠᠰᠠᠬᠤ ᠣᠷᠣᠨ᠎ᠤ ᠳᠣᠣᠷ᠎ᠠ ᠠᠭ᠋ᠠᠷ᠎ᠤᠨ ᠠᠵᠤ ᠠᠬᠤᠢ ᠵᠢᠨ ᠴᠢᠨᠠᠷ ᠰᠠᠢ᠌ᠲᠠᠢ ᠬᠥᠭᠵᠢᠯᠲᠡ ᠵᠢ ᠵᠣᠬᠢᠴᠠᠭᠤᠯᠤᠨ ᠠᠬᠢᠭᠤᠯᠬᠤ ᠲᠣᠭᠲᠠᠴᠠ ᠵᠢ ᠪᠠᠢ᠌ᠭᠤᠯᠵᠤ᠂ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ᠎ᠢ ᠲᠣᠳᠣᠷᠬᠠᠢ᠌ᠯᠠᠨ᠂ ᠰᠠᠯᠠᠭ᠎ᠠ ᠮᠥᠴᠢᠷ ᠠᠯᠤᠰᠯᠠᠭᠰᠠᠨ ᠵᠣᠬᠢᠴᠠᠭᠤᠯᠭ᠎ᠠ᠎ᠪᠠᠨ ᠴᠢᠩᠭ᠋ᠠᠳᠬᠠᠵᠤ᠂ ᠳᠣᠣᠷ᠎ᠠ ᠠᠭ᠋ᠠᠷ᠎ᠤᠨ ᠠᠵᠤ ᠠᠬᠤᠢ ᠵᠢᠨ ᠠᠵᠤ ᠦᠢ᠍ᠯᠡᠰ᠎ᠤᠨ ᠬᠥᠭᠵᠢᠯᠲᠡ ᠵᠢ ᠨᠢᠭᠡᠳᠦᠯᠲᠡᠢ ᠲᠥᠯᠥᠪᠯᠡᠨ᠂ ᠴᠢᠬᠤᠯᠠ ᠶᠡᠬᠡ ᠵᠦᠢ᠍ᠯᠡᠰ᠎ᠢ ᠵᠣᠬᠢᠴᠠᠭᠤᠯᠤᠨ ᠠᠬᠢᠭᠤᠯᠤᠨ᠎ᠠ᠃ ᠴᠡᠷᠢᠭ ᠠᠩᠭᠢ ᠣᠷᠣᠨ ᠨᠤᠲᠤᠭ ᠠᠷᠠᠳ ᠤᠯᠠᠨ ᠭᠤᠷᠪᠠᠨ ᠲᠠᠯ᠎ᠠ᠎ᠪᠠᠷ ᠵᠶ᠋ᠠᠨ ᠬᠠᠮᠲᠤ᠎ᠪᠠᠷ ᠣᠷᠣᠯᠴᠠᠭᠰᠠᠨ ᠳᠣᠣᠷ᠎ᠠ ᠠᠭ᠋ᠠᠷ᠎ᠤᠨ ᠣᠷᠣᠨ᠎ᠤ ᠬᠠᠮᠢᠶᠠᠷᠤᠯᠲᠠ ᠵᠢᠨ ᠵᠣᠬᠢᠴᠠᠭᠤᠯᠬᠤ ᠲᠣᠭᠲᠠᠴᠠ ᠵᠢ ᠪᠠᠢ᠌ᠭᠤᠯᠵᠤ᠂ ᠬᠠᠮᠢᠶ᠎ᠠ ᠪᠦᠬᠦᠢ ᠪᠠᠢ᠌ᠭᠤᠯᠤᠮᠵᠢ ᠵᠢᠨ ᠣᠷᠣᠨ ᠲᠣᠭ᠋ᠠᠨ᠎ᠤ ᠪᠠᠲᠤᠯᠠᠭ᠎ᠠ ᠵᠢ ᠴᠢᠩᠭ᠋ᠠᠳᠬᠠᠨ᠂ ᠳᠣᠣᠷ᠎ᠠ ᠠᠭ᠋ᠠᠷ᠎ᠤᠨ ᠣᠷᠣᠨ᠎ᠳᠤ ᠬᠠᠮᠵᠢᠯᠴᠠᠨ ᠬᠠᠮᠢᠶᠠᠷᠤᠯᠲᠠ ᠬᠢᠬᠦ᠎ᠪᠠᠨ ᠴᠢᠩᠭ᠋ᠠᠳᠬᠠᠨ᠎ᠠ᠃ ᠥᠪᠥᠷ ᠮᠣᠩᠭᠣᠯ᠎ᠤᠨ ᠳᠣᠣᠷ᠎ᠠ ᠠᠭ᠋ᠠᠷ᠎ᠤᠨ ᠠᠵᠤ ᠠᠬᠤᠢ ᠵᠢᠨ ᠠᠵᠤ ᠦᠢ᠍ᠯᠡᠰ᠎ᠢ ᠠᠬᠢᠭᠤᠯᠬᠤ ᠬᠤᠷᠠᠯ ᠪᠠ ᠳᠣᠣᠷ᠎ᠠ ᠠᠭ᠋ᠠᠷ᠎ᠤᠨ ᠠᠵᠤ ᠠᠬᠤᠢ ᠵᠢᠨ ᠰᠤᠳᠤᠯᠤᠯ᠎ᠤᠨ ᠬᠦᠷᠢᠶᠡᠯᠡᠩ᠎ᠢ ᠪᠡᠯᠡᠳᠬᠡᠨ ᠪᠠᠢ᠌ᠭᠤᠯᠵᠤ᠂ ᠠᠬᠤᠢ ᠪᠠᠢ᠌ᠳᠠᠯ᠎ᠤᠨ ᠬᠡᠷᠡᠭᠯᠡᠭᠡᠨ᠂ ᠠᠵᠤ ᠦᠢ᠍ᠯᠡᠰ᠎ᠤᠨ ᠬᠠᠮᠵᠢᠯᠴᠠᠭ᠎ᠠ᠂ ᠰᠢᠨ᠎ᠡ ᠡᠭᠦᠳᠦᠯᠲᠡ᠎ᠲᠠᠢ ᠬᠥᠭᠵᠢᠯᠲᠡ᠎ᠳᠤ ᠰᠢᠢ᠍ᠳᠪᠦᠷᠢᠲᠦ ᠪᠣᠳᠣᠯᠭ᠎ᠠ ᠵᠢᠨ ᠵᠥᠪᠯᠡᠯᠭᠡ ᠪᠠ ᠲᠤᠯᠭ᠋ᠠᠭᠤᠷᠢᠯᠠᠬᠤ ᠴᠢᠳᠠᠪᠤᠷᠢ ᠬᠠᠩᠭ᠋ᠠᠨ᠎ᠠ᠃ ᠳᠣᠣᠷ᠎ᠠ ᠠᠭ᠋ᠠᠷ᠎ᠤᠨ ᠣᠷᠣᠨ᠎ᠤ ᠬᠡᠷᠡᠭᠯᠡᠭᠡᠨ᠎ᠤ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠲᠦᠭᠰᠢᠭᠦᠷᠢ ᠵᠢ ᠰᠡᠷᠭᠡᠢ᠌ᠯᠡᠬᠦ ᠲᠣᠭᠲᠠᠴᠠ ᠵᠢ ᠪᠦᠷᠢᠨᠰᠢᠭᠦᠯᠦᠨ᠂ ᠦᠢ᠍ᠯᠡᠳᠪᠦᠷᠢᠯᠡᠯ᠎ᠤᠨ ᠠᠮᠤᠷ ᠲᠦᠪᠰᠢᠨ᠂ ᠮᠡᠳᠡᠭᠡ ᠵᠠᠩᠭᠢ ᠵᠢᠨ ᠠᠮᠤᠷ ᠲᠦᠪᠰᠢᠨ ᠪᠠ ᠨᠢᠰᠦᠯᠲᠡ ᠵᠢᠨ ᠠᠮᠤᠷ ᠲᠦᠪᠰᠢᠨ᠎ᠢ ᠰᠦᠷᠳᠡᠭᠦᠯᠬᠦ᠂ ᠣᠯᠠᠨ ᠨᠡᠶ᠋ᠢᠲᠡ ᠵᠢᠨ ᠡᠮᠬᠢ ᠳᠢᠭᠯᠢᠮ᠎ᠢ ᠰᠠᠮᠠᠭᠤᠷᠠᠭᠤᠯᠬᠤ ᠪᠤᠶᠤ ᠣᠯᠠᠨ ᠨᠡᠶ᠋ᠢᠲᠡ ᠵᠢᠨ ᠠᠮᠤᠷ ᠲᠦᠪᠰᠢᠨ᠎ᠳᠤ ᠬᠥᠨᠥᠭᠡᠯ ᠪᠣᠯᠬᠤ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠭᠦᠨ᠎ᠡ᠃ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠷᠠᠭᠤᠯᠵᠤ᠂ ᠵᠠᠬᠢᠷᠤᠨ ᠬᠠᠮᠢᠶᠠᠷᠬᠤ ᠣᠷᠣᠨ ᠪᠦᠰᠡ ᠪᠠ ᠴᠢᠬᠤᠯᠠ ᠶᠡᠬᠡ ᠠᠵᠢᠯᠯᠠᠭ᠎ᠠ᠎ᠳᠤ ᠴᠢᠭᠯᠡᠭᠦᠯᠵᠦ ᠴᠢᠬᠤᠯᠠ ᠭᠠᠵᠠᠷ ᠣᠷᠣᠨ᠎ᠳᠤ ᠬᠠᠨᠳᠤᠭᠤᠯᠤᠭᠰᠠᠨ ᠷᠠᠳᠢᠣ᠋᠎ᠪᠠᠷ ᠬᠣᠷᠢᠭᠯᠠᠬᠤ ᠠᠷᠭ᠎ᠠ ᠪᠠᠷᠢᠯ᠎ᠤᠨ ᠪᠠᠢ᠌ᠭᠤᠯᠤᠯᠲᠠ ᠥᠷᠨᠢᠭᠦᠯᠬᠦ ᠵᠢ ᠳᠡᠮᠵᠢᠵᠦ᠂ ᠠᠭ᠋ᠠᠷ᠎ᠤᠨ ᠠᠶᠠᠯᠠᠯ᠎ᠤᠨ ᠲᠠᠮᠢᠷ᠎ᠤᠨ ᠬᠥᠳᠡᠯᠭᠡᠭᠡᠨ᠎ᠤ ᠬᠠᠮᠢᠶ᠎ᠠ ᠪᠦᠬᠦᠢ ᠤᠷᠤᠯᠳᠤᠭ᠋ᠠᠨ᠎ᠤ ᠠᠵᠢᠯᠯᠠᠭ᠎ᠠ᠎ᠳᠠᠬᠢ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠡᠵᠡᠩᠨᠡᠯᠲᠡ ᠵᠢᠨ ᠡᠮᠬᠢ ᠳᠢᠭᠯᠢᠮ ᠵᠢᠴᠢ ᠵᠠᠬ᠎ᠠ ᠳᠡᠯᠭᠡᠭᠦᠷ᠎ᠤᠨ ᠥᠷᠢᠰᠦᠯᠳᠦᠭᠡᠨ᠎ᠤ ᠣᠷᠴᠢᠨ ᠨᠥᠬᠥᠴᠡᠯ᠎ᠢ ᠵᠢᠷᠤᠮᠵᠢᠭᠤᠯᠤᠨ᠎ᠠ᠃ ᠡᠯ᠎ᠡ ᠠᠢ᠌ᠮᠠᠭ ᠬᠤᠲᠠ᠎ᠨᠢ ᠬᠠᠷᠢᠭᠤᠴᠠᠯᠭ᠎ᠠ ᠵᠢᠨ ᠭᠣᠣᠯ ᠴᠣᠭᠴᠠ ᠪᠣᠯᠤᠭᠰᠠᠨ᠎ᠤ ᠬᠤᠪᠢ᠎ᠳᠤ᠂ ᠵᠣᠬᠢᠶᠠᠨ ᠪᠠᠢ᠌ᠭᠤᠯᠤᠯᠲᠠ ᠵᠢᠨ ᠪᠠᠲᠤᠯᠠᠭ᠎ᠠ ᠵᠢᠨ ᠲᠣᠭᠲᠠᠯᠴᠠᠭ᠎ᠠ ᠪᠠ ᠠᠵᠢᠯ᠎ᠤᠨ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠵᠦ᠂ ᠠᠬᠢᠭᠤᠯᠬᠤ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠲᠣᠭᠲᠠᠭ᠋ᠠᠨ᠂ ᠡᠭᠦᠷᠭᠡ ᠵᠢᠨ ᠨᠠᠢ᠌ᠳᠠᠪᠤᠷᠢᠵᠢᠭᠤᠯᠤᠯᠲᠠ ᠵᠢ ᠠᠬᠢᠭᠤᠯᠵᠤ᠂ ᠪᠣᠳᠠᠲᠤ ᠦᠷ᠎ᠡ ᠪᠦᠲᠦᠮᠵᠢ ᠣᠯᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃
ᠳᠠᠭ᠋ᠠᠯᠳᠤᠭᠤᠯᠤᠯ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠣᠣᠷ᠎ᠠ ᠠᠭ᠋ᠠᠷ + ᠠᠬᠤᠢ ᠪᠠᠢ᠌ᠳᠠᠯ᠎ᠢ ᠳᠡᠯᠭᠡᠷᠡᠭᠦᠯᠦᠨ ᠬᠡᠷᠡᠭᠯᠡᠬᠦ ᠵᠦᠭᠯᠡᠭᠦᠷ
ᠳᠠᠭ᠋ᠠᠯᠳᠤᠭᠤᠯᠤᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠣᠣᠷ᠎ᠠ ᠠᠭ᠋ᠠᠷ + ᠠᠬᠤᠢ ᠪᠠᠢ᠌ᠳᠠᠯ᠎ᠢ ᠳᠡᠯᠭᠡᠷᠡᠭᠦᠯᠦᠨ ᠬᠡᠷᠡᠭᠯᠡᠬᠦ ᠵᠦᠭᠯᠡᠭᠦᠷ
ᠳᠣᠣᠷ᠎ᠠ ᠠᠭ᠋ᠠᠷ + ᠬᠡᠷᠡᠭᠯᠡᠭᠡᠨ᠎ᠤ ᠠᠬᠤᠢ ᠪᠠᠢ᠌ᠳᠠᠯ᠎ᠢ ᠲᠦᠷᠭᠡᠳᠬᠡᠨ ᠪᠣᠢ᠌ᠵᠢᠭᠤᠯᠵᠤ᠂ ᠳᠣᠣᠷ᠎ᠠ ᠠᠭ᠋ᠠᠷ᠎ᠤᠨ ᠠᠵᠤ ᠠᠬᠤᠢ ᠵᠢᠨ ᠰᠢᠨ᠎ᠡ ᠮᠡᠷᠭᠡᠵᠢᠯ ᠰᠢᠨ᠎ᠡ ᠦᠢ᠍ᠯᠡᠳᠬᠦᠨ ᠰᠢᠨ᠎ᠡ ᠵᠠᠭᠪᠤᠷ᠎ᠢ ᠥᠪᠡᠷᠲᠡᠭᠡᠨ ᠵᠠᠰᠠᠬᠤ ᠣᠷᠣᠨ᠎ᠳᠤ ᠲᠤᠷᠰᠢᠨ ᠨᠢᠰᠦᠭᠦᠯᠵᠦ ᠰᠢᠯᠭ᠋ᠠᠨ ᠪᠠᠲᠤᠯᠠᠬᠤ ᠪᠠ ᠬᠡᠪᠴᠢᠶᠡᠵᠢᠭᠦᠯᠬᠦ᠂ ᠵᠠᠬ᠎ᠠ ᠳᠡᠯᠭᠡᠭᠦᠷᠴᠢᠯᠡᠬᠦ᠂ ᠬᠤᠳᠠᠯᠳᠤᠭ᠋ᠠᠴᠢᠯᠠᠨ ᠬᠡᠷᠡᠭᠯᠡᠬᠦ ᠵᠢ ᠠᠬᠢᠭᠤᠯᠤᠨ᠂ ᠠᠬᠤᠢ ᠪᠠᠢ᠌ᠳᠠᠯ᠎ᠤᠨ ᠬᠡᠷᠡᠭᠯᠡᠭᠡᠨ ᠵᠶ᠋ᠡᠷ ᠳᠠᠮᠵᠢᠭᠤᠯᠤᠨ ᠳᠣᠣᠷ᠎ᠠ ᠠᠭ᠋ᠠᠷ᠎ᠤᠨ ᠵᠠᠬ᠎ᠠ ᠳᠡᠯᠭᠡᠭᠦᠷ᠎ᠢ ᠪᠣᠢ᠌ᠵᠢᠭᠤᠯᠤᠨ ᠪᠤᠵᠠᠭ᠋ᠠᠢ᠌ᠷᠠᠭᠤᠯᠵᠤ᠂ ᠳᠣᠣᠷ᠎ᠠ ᠠᠭ᠋ᠠᠷ᠎ᠤᠨ ᠨᠢᠰᠦᠯᠲᠡ ᠵᠢᠨ ᠦᠢ᠍ᠯᠡᠴᠢᠯᠡᠭᠡᠨ᠎ᠤ ᠦᠢ᠍ᠯᠡᠰ᠎ᠤᠨ ᠬᠥᠭᠵᠢᠯᠲᠡ ᠵᠢ ᠬᠥᠲᠥᠯᠥᠨ ᠬᠥᠭᠵᠢᠭᠡᠬᠦ ᠵᠢᠨ ᠲᠤᠰᠠᠳᠠ᠂ ᠲᠤᠰ ᠳᠡᠯᠭᠡᠷᠡᠭᠦᠯᠦᠨ ᠬᠡᠷᠡᠭᠯᠡᠬᠦ ᠵᠦᠭᠯᠡᠭᠦᠷ᠎ᠢ ᠲᠣᠭᠲᠠᠭ᠋ᠠᠪᠠ᠃
ᠨᠢᠭᠡ᠂ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠥᠷᠥᠯ᠎ᠤᠨ ᠬᠡᠷᠡᠭᠯᠡᠭᠡᠨ᠎ᠤ ᠠᠬᠤᠢ ᠪᠠᠢ᠌ᠳᠠᠯ
ᠡᠭᠦᠨ᠎ᠳᠤ ᠭᠣᠣᠯᠳᠠᠭᠤ ᠳᠣᠣᠷ᠎ᠠ ᠠᠭ᠋ᠠᠷ + ᠪᠠᠴᠢᠮ ᠪᠠᠢ᠌ᠳᠠᠯ᠎ᠢ ᠠᠷᠭ᠋ᠠᠴᠠᠭ᠋ᠠᠬᠤ ᠠᠪᠤᠷᠠᠨ ᠲᠤᠰᠠᠯᠠᠯᠲᠠ᠂ ᠬᠡᠮᠵᠢᠨ ᠵᠢᠷᠤᠭᠯᠠᠬᠤ ᠭᠠᠵᠠᠷ ᠵᠦᠢ᠂ ᠬᠤᠳᠠ ᠵᠢᠨ ᠵᠠᠰᠠᠯᠲᠠ᠂ ᠣᠷᠴᠢᠨ ᠲᠣᠭᠣᠷᠢᠨ᠎ᠤ ᠬᠢᠨᠠᠨ ᠰᠢᠨᠵᠢᠯᠲᠡ᠂ ᠴᠠᠭᠳᠠᠭ᠋ᠠᠨ᠎ᠤ ᠠᠮᠤᠷ ᠲᠦᠪᠰᠢᠨ᠎ᠤ ᠰᠡᠷᠭᠡᠢ᠌ᠯᠡᠯᠲᠡ᠂ ᠮᠡᠳᠡᠭᠡ ᠵᠠᠩᠭᠢ ᠴᠢᠮᠡᠭᠡ ᠬᠤᠯᠪᠣᠭ᠎ᠠ᠂ ᠴᠠᠭ ᠠᠭᠤᠷ᠎ᠤᠨ ᠬᠠᠢ᠌ᠨ ᠰᠢᠨᠵᠢᠯᠲᠡ᠂ ᠵᠠᠮ᠎ᠤᠨ ᠶᠠᠪᠤᠳᠠᠯ᠎ᠤᠨ ᠲᠣᠭᠣᠷᠢᠨ ᠪᠠᠢ᠌ᠴᠠᠭ᠋ᠠᠯᠲᠠ᠂ ᠭᠣᠣᠯ ᠮᠥᠷᠡᠨ ᠨᠠᠭᠤᠷ ᠴᠥᠭᠦᠷᠥᠮ᠎ᠤᠨ ᠲᠣᠭᠣᠷᠢᠨ ᠪᠠᠢ᠌ᠴᠠᠭ᠋ᠠᠯᠲᠠ᠂ ᠤᠢ ᠰᠢᠭᠤᠢ ᠵᠢᠨ ᠰᠡᠷᠭᠡᠢ᠌ᠯᠡᠨ ᠬᠠᠮᠠᠭ᠋ᠠᠯᠠᠯᠲᠠ ᠵᠡᠷᠭᠡ ᠬᠡᠷᠡᠭᠯᠡᠭᠡᠨ᠎ᠤ ᠠᠬᠤᠢ ᠪᠠᠢ᠌ᠳᠠᠯ᠎ᠢ ᠬᠠᠩᠭ᠋ᠠᠬᠤ ᠴᠢᠳᠠᠪᠤᠷᠢ ᠪᠠᠭᠲᠠᠨ᠎ᠠ᠃
(ᠨᠢᠭᠡ) ᠳᠣᠣᠷ᠎ᠠ ᠠᠭ᠋ᠠᠷ + ᠪᠠᠴᠢᠮ ᠪᠠᠢ᠌ᠳᠠᠯ᠎ᠢ ᠠᠷᠭ᠋ᠠᠴᠠᠭ᠋ᠠᠬᠤ ᠠᠪᠤᠷᠠᠨ ᠲᠤᠰᠠᠯᠠᠯᠲᠠ᠃ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠨ ᠲᠤᠰᠠᠯᠠᠬᠤ ᠬᠦᠷᠢᠶᠡᠨ᠎ᠳᠠᠬᠢ ᠵᠢᠯᠣᠭᠣᠴᠢ ᠦᠭᠡᠢ ᠨᠢᠰᠬᠡᠯ᠎ᠤᠨ ᠵᠢᠱ᠌ᠢᠶ᠎ᠡ ᠦᠵᠡᠭᠦᠯᠬᠦ ᠬᠡᠷᠡᠭᠯᠡᠭᠡᠨ᠎ᠢ ᠳᠡᠯᠭᠡᠷᠡᠭᠦᠯᠬᠦ᠎ᠪᠠᠨ ᠲᠦᠷᠭᠡᠳᠬᠡᠵᠦ᠂ ᠬᠥᠯᠥᠨ ᠪᠤᠶ᠋ᠢᠷ ᠬᠤᠲᠠ᠂ ᠬᠢᠩᠭ᠋ᠠᠨ ᠠᠢ᠌ᠮᠠᠭ᠂ ᠰᠢᠯᠢ ᠵᠢᠨ ᠭᠣᠣᠯ ᠠᠢ᠌ᠮᠠᠭ᠎ᠲᠤ ᠠᠭ᠋ᠠᠷ᠎ᠤᠨ ᠠᠶᠠᠯᠠᠯ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠨ ᠲᠤᠰᠠᠯᠠᠬᠤ ᠰᠠᠭᠤᠷᠢᠨ ᠭᠠᠵᠠᠷ᠎ᠢ ᠪᠦᠲᠦᠭᠡᠨ ᠪᠠᠢ᠌ᠭᠤᠯᠵᠤ᠂ ᠪᠠᠢ᠌ᠭ᠋ᠠᠯᠢ ᠵᠢᠨ ᠭᠠᠢ ᠭᠠᠮᠰᠢᠭ᠂ ᠠᠶᠤᠯ ᠦᠭᠡᠢ ᠦᠢ᠍ᠯᠡᠳᠪᠦᠷᠢᠯᠡᠯ ᠵᠢᠴᠢ ᠡᠮᠴᠢᠯᠡᠭᠡᠨ᠎ᠤ ᠠᠪᠤᠷᠠᠨ ᠵᠠᠰᠠᠯᠲᠠ᠂ ᠵᠠᠮ ᠬᠠᠷᠢᠯᠴᠠᠭ᠋ᠠᠨ᠎ᠤ ᠠᠳᠡᠯ ᠬᠡᠷᠡᠭ᠎ᠤᠨ ᠠᠪᠤᠷᠠᠨ ᠲᠤᠰᠠᠯᠠᠯᠲᠠ ᠵᠡᠷᠭᠡ᠎ᠪᠠᠷ ᠭᠣᠣᠯᠳᠠᠯᠭ᠎ᠠ ᠪᠣᠯᠭ᠋ᠠᠨ᠂ 《ᠠᠭ᠋ᠠᠷ᠎ᠤᠨ ᠠᠶᠠᠯᠠᠯ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠨ ᠲᠤᠰᠠᠯᠠᠬᠤ ᠬᠦᠴᠦᠨ᠎ᠤ ᠨᠢᠭᠡᠳᠪᠦᠷᠢ ᠰᠦᠯᠵᠢᠶ᠎ᠡ》 ᠵᠢᠨ ᠪᠠᠢ᠌ᠷᠢᠰᠢᠭᠤᠯᠤᠯᠲᠠ ᠵᠢ ᠴᠢᠩᠭ᠋ᠠᠳᠬᠠᠵᠤ᠂ ᠠᠭ᠋ᠠᠷ ᠭᠠᠵᠠᠷ᠎ᠢ ᠨᠢᠭᠡ ᠴᠣᠭᠴᠠᠵᠢᠭᠤᠯᠤᠭᠰᠠᠨ᠂ ᠪᠠᠢ᠌ᠷᠢᠰᠢᠭᠤᠯᠤᠯᠲᠠ᠎ᠨᠢ ᠵᠦᠢ ᠵᠣᠬᠢᠰᠲᠠᠢ᠂ ᠬᠠᠮᠵᠢᠯᠴᠠᠭ᠎ᠠ᠎ᠨᠢ ᠥᠨᠳᠥᠷ ᠪᠦᠲᠦᠮᠵᠢᠲᠡᠶ ᠴᠢᠨᠠᠷ ᠰᠠᠢ᠌ᠲᠠᠢ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠨ ᠲᠤᠰᠠᠯᠠᠬᠤ ᠲᠣᠭᠲᠠᠯᠴᠠᠭ᠎ᠠ ᠵᠢ ᠪᠠᠢ᠌ᠭᠤᠯᠤᠨ᠎ᠠ᠃
(ᠬᠣᠶᠠᠷ) ᠳᠣᠣᠷ᠎ᠠ ᠠᠭ᠋ᠠᠷ + ᠤᠯᠤᠰ᠎ᠤᠨ ᠭᠠᠵᠠᠷ ᠰᠢᠷᠣᠢ ᠵᠢᠨ ᠬᠡᠮᠵᠢᠨ ᠵᠢᠷᠤᠭᠯᠠᠯᠲᠠ᠃ ᠭᠠᠵᠠᠷ ᠵᠦᠢ ᠵᠢᠨ ᠮᠡᠳᠡᠭᠡ ᠵᠠᠩᠭᠢ ᠵᠢᠨ ᠠᠵᠤ ᠦᠢ᠍ᠯᠡᠰ᠎ᠤᠨ ᠬᠦᠷᠢᠶᠡᠨ᠎ᠳᠠᠬᠢ ᠳᠣᠣᠷ᠎ᠠ ᠠᠭ᠋ᠠᠷ᠎ᠤᠨ ᠨᠢᠰᠦᠯᠲᠡ ᠵᠢᠨ ᠲᠤᠬᠠᠢ᠌ᠯᠠᠭᠰᠠᠨ ᠠᠵᠢᠯ᠎ᠢ ᠨᠡᠭᠡᠭᠡᠨ ᠠᠰᠢᠭᠯᠠᠵᠤ ᠴᠢᠯᠦᠭᠡᠲᠡᠢ ᠪᠣᠯᠭ᠋ᠠᠵᠦ᠂ ᠳᠣᠣᠷ᠎ᠠ ᠠᠭ᠋ᠠᠷ᠎ᠤᠨ ᠠᠶᠠᠯᠠᠯ᠎ᠤᠨ ᠬᠡᠮᠵᠢᠯᠲᠡ᠂ ᠳᠣᠣᠷ᠎ᠠ ᠠᠭ᠋ᠠᠷ᠎ᠤᠨ ᠪᠣᠳᠠᠰ᠎ᠤᠨ ᠬᠠᠢ᠌ᠯᠲᠠ ᠬᠢᠭᠡᠳ ᠳᠣᠬᠢᠭᠤᠷ ᠲᠤᠯᠤᠭ᠋ᠠᠨ ᠤᠳᠤᠨ᠎ᠤ ᠵᠠᠮᠴᠢᠯᠠᠭ᠎ᠠ ᠵᠢᠨ ᠪᠠᠢ᠌ᠷᠢ ᠲᠣᠭᠲᠠᠭ᠋ᠠᠯᠲᠠ᠂ ᠳ᠋ᠢᠵᠢᠲ᠋ᠠᠯ ᠭᠠᠵᠠᠷ᠎ᠤᠨ ᠵᠢᠷᠤᠭ᠂ ᠠᠯᠤᠰ ᠰᠡᠷᠡᠯ ᠵᠡᠷᠭᠡ ᠵᠢᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠣᠲᠣ ᠦᠶ᠎ᠡ ᠵᠢᠨ ᠬᠡᠮᠵᠢᠨ ᠵᠢᠷᠤᠭᠯᠠᠬᠤ ᠰᠠᠭᠤᠷᠢ ᠪᠠᠷᠢᠮᠵᠢᠶ᠎ᠠ᠂ ᠪᠣᠳᠠᠲᠤ ᠦᠵᠡᠮᠵᠢ ᠵᠢᠨ ᠭᠤᠷᠪᠠᠨ ᠬᠡᠮᠵᠢᠯᠲᠦ ᠳᠤᠮᠳᠠᠳᠤ ᠤᠯᠤᠰ᠂ ᠴᠠᠭ ᠪᠠ ᠣᠷᠣᠨ ᠵᠠᠢ ᠵᠢᠨ ᠲᠣᠮᠣ ᠳ᠋ᠠᠢ᠌ᠲ᠋ᠠ ᠵᠢᠨ ᠲᠠᠪᠴᠠᠩ ᠵᠶ᠋ᠠᠷ ᠭᠣᠣᠯ ᠠᠭᠤᠯᠭ᠎ᠠ ᠪᠣᠯᠭ᠋ᠠᠭᠰᠠᠨ 《ᠣᠭᠲᠠᠷᠭᠤᠢ ᠠᠭ᠋ᠠᠷ ᠭᠠᠵᠠᠷ᠎ᠢ ᠨᠢᠭᠡ ᠴᠣᠭᠴᠠᠵᠢᠭᠤᠯᠬᠤ》 ᠰᠢᠨ᠎ᠡ ᠬᠡᠯᠪᠡᠷᠢ ᠵᠢᠨ ᠬᠡᠮᠵᠢᠨ ᠵᠢᠷᠤᠭᠯᠠᠬᠤ ᠰᠠᠭᠤᠷᠢ ᠲᠣᠭᠲᠠᠯᠴᠠᠭ᠎ᠠ ᠵᠢ ᠪᠠᠢ᠌ᠭᠤᠯᠤᠨ᠎ᠠ᠃
(ᠭᠤᠷᠪᠠ) ᠳᠣᠣᠷ᠎ᠠ ᠠᠭ᠋ᠠᠷ + ᠠᠮᠢ ᠠᠬᠤᠢ ᠵᠢᠨ ᠬᠢᠨᠠᠨ ᠰᠢᠨᠵᠢᠯᠲᠡ᠃ ᠳᠠᠭ᠋ᠠᠭᠤᠯᠢ ᠣᠳᠣᠨ᠎ᠤ ᠡᠬᠢ ᠪᠠᠶᠠᠯᠢᠭ᠂ ᠠᠭ᠋ᠠᠷ᠎ᠤᠨ ᠠᠶᠠᠯᠠᠯ᠎ᠤᠨ ᠵᠢᠯᠣᠭᠣᠴᠢ᠎ᠲᠠᠢ ᠪᠠ ᠵᠢᠯᠣᠭᠣᠴᠢ ᠦᠭᠡᠢ ᠨᠢᠰᠬᠡᠯ᠂ ᠭᠠᠵᠠᠷ ᠳᠡᠭᠡᠷᠡᠬᠢ ᠲᠣᠭᠲᠠᠮᠠᠯ ᠪᠠ ᠰᠢᠯᠵᠢᠮᠡᠯ ᠲᠣᠭᠣᠷᠢᠨ ᠪᠠᠢ᠌ᠴᠠᠭ᠋ᠠᠵᠤ ᠬᠢᠨᠠᠨ ᠰᠢᠨᠵᠢᠬᠦ ᠵᠡᠷᠭᠡ ᠠᠷᠭ᠎ᠠ ᠪᠠᠷᠢᠯ᠎ᠢ ᠠᠰᠢᠭᠯᠠᠵᠤ᠂ 《ᠣᠭᠲᠠᠷᠭᠤᠢ ᠠᠭ᠋ᠠᠷ ᠭᠠᠵᠠᠷ᠎ᠢ ᠨᠢᠭᠡ ᠴᠣᠭᠴᠠᠵᠢᠭᠤᠯᠬᠤ》 ᠠᠮᠢ ᠠᠬᠤᠢ ᠵᠢᠨ ᠬᠢᠨᠠᠨ ᠰᠢᠨᠵᠢᠬᠦ ᠲᠣᠣᠷ ᠰᠦᠯᠵᠢᠶ᠎ᠡ ᠵᠢ ᠪᠠᠢ᠌ᠭᠤᠯᠵᠤ᠂ ᠪᠠᠢ᠌ᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠂ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠂ ᠭᠣᠣᠯᠳᠠᠯᠭ᠎ᠠ᠎ᠲᠠᠢ ᠠᠮᠢ ᠠᠬᠤᠢ ᠵᠢᠨ ᠴᠢᠳᠠᠮᠵᠢᠲᠤ ᠣᠷᠣᠨ᠎ᠤ ᠠᠮᠢ ᠠᠬᠤᠢ᠎ᠳᠤ ᠬᠢᠨᠠᠯᠲᠠ ᠲᠠᠯᠪᠢᠵᠤ ᠬᠢᠨᠠᠨ ᠰᠢᠨᠵᠢᠬᠦ ᠶᠠᠰᠤ ᠴᠢᠨᠠᠷ᠎ᠢ ᠳᠡᠭᠡᠭᠰᠢᠯᠡᠭᠦᠯᠵᠦ᠂ ᠤᠯᠤᠰ᠎ᠤᠨ ᠤᠮᠠᠷᠠᠲᠤ ᠵᠢᠨ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢᠨ ᠪᠦᠲᠦᠭᠡᠨ ᠪᠠᠢ᠌ᠭᠤᠯᠤᠯᠲᠠ᠎ᠳᠤ ᠬᠦᠴᠦᠨ ᠨᠡᠮᠡᠷᠢᠯᠡᠨ᠎ᠡ᠃
(ᠳᠥᠷᠪᠡ) ᠳᠣᠣᠷ᠎ᠠ ᠠᠭ᠋ᠠᠷ + ᠨᠡᠢ᠌ᠭᠡᠮ᠎ᠤᠨ ᠵᠠᠰᠠᠯᠲᠠ᠃ ᠨᠡᠢ᠌ᠭᠡᠮ᠎ᠤᠨ ᠵᠠᠰᠠᠯᠲᠠ ᠵᠢᠨ ᠳᠣᠣᠷ᠎ᠠ ᠠᠭ᠋ᠠᠷ᠎ᠤᠨ ᠲᠣᠣᠷ ᠰᠦᠯᠵᠢᠶ᠎ᠡ ᠵᠢ ᠪᠦᠲᠦᠭᠡᠨ ᠪᠠᠢ᠌ᠭᠤᠯᠵᠤ᠂ ᠠᠮᠤᠷ᠎ᠢ ᠬᠠᠮᠠᠭ᠋ᠠᠯᠠᠬᠤ᠂ ᠭᠠᠯ ᠰᠡᠷᠭᠡᠢ᠌ᠯᠡᠵᠦ ᠤᠨᠲᠠᠷᠠᠭ᠋ᠠᠬᠤ᠂ ᠵᠠᠮ ᠬᠠᠷᠢᠯᠴᠠᠭ᠎ᠠ᠂ ᠣᠷᠴᠢᠨ ᠲᠣᠭᠣᠷᠢᠨ᠂ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ᠂ ᠬᠤᠲᠠ ᠵᠢᠨ ᠬᠠᠮᠢᠶᠠᠷᠤᠯᠲᠠ᠂ ᠤᠰᠤᠨ᠎ᠤ ᠶᠠᠪᠤᠳᠠᠯ᠂ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠵᠡᠷᠭᠡ ᠲᠤᠬᠠᠢ᠌ᠯᠠᠭᠰᠠᠨ ᠠᠵᠢᠯ᠎ᠳᠠᠬᠢ ᠪᠥᠬᠦ ᠶᠠᠪᠤᠴᠠ ᠵᠢᠨ ᠠᠦ᠋ᠲ᠋ᠣᠴᠢᠯᠠᠭᠰᠠᠨ ᠬᠠᠮᠢᠶᠠᠷᠤᠯᠲᠠ ᠵᠢ ᠪᠡᠶᠡᠯᠡᠭᠦᠯᠵᠦ᠂ ᠬᠡᠷᠡᠭ ᠶᠠᠪᠤᠳᠠᠯ᠎ᠢ ᠲᠤᠰᠠᠯᠠᠨ ᠰᠢᠢ᠍ᠳᠪᠦᠷᠢᠯᠡᠵᠦ᠂ ᠴᠤᠤᠷᠢᠶᠠᠲᠤᠨ ᠳᠠᠭ᠋ᠠᠬᠤ ᠬᠤᠷᠳᠤᠴᠠ ᠵᠢ ᠲᠦᠷᠭᠡᠳᠬᠡᠨ᠂ ᠬᠠᠮᠢᠶᠠᠷᠤᠯᠲᠠ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ ᠦᠨᠳᠦᠰᠦᠨ ᠱᠠᠲᠤᠨ᠎ᠤ ᠵᠠᠰᠠᠯᠲᠠ ᠵᠢᠨ ᠬᠦᠴᠦᠨ ᠴᠢᠳᠠᠮᠵᠢ ᠵᠢ ᠡᠷᠴᠢᠮᠯᠡᠨ᠎ᠡ᠃ ᠬᠥᠬᠡᠬᠣᠲᠠ᠂ ᠪᠤᠭᠤᠲᠤ ᠬᠣᠲᠠ᠂ ᠣᠷᠳᠣᠰ ᠬᠣᠲᠠ ᠵᠡᠷᠭᠡ ᠭᠠᠵᠠᠷ ᠣᠷᠣᠨ᠎ᠳᠤ ᠳᠣᠣᠷ᠎ᠠ ᠠᠭ᠋ᠠᠷ᠎ᠤᠨ ᠴᠠᠭᠳᠠᠭ᠋ᠠᠨ᠎ᠤ ᠶᠠᠪᠤᠳᠠᠯ᠎ᠤᠨ ᠲᠤᠷᠰᠢᠯᠲᠠ ᠵᠢ ᠰᠦᠪᠡᠭᠴᠢᠯᠡᠨ ᠬᠡᠷᠡᠭᠵᠢᠭᠦᠯᠦᠨ᠎ᠡ᠃
ᠬᠣᠶᠠᠷ᠂ ᠦᠢ᠍ᠯᠡᠳᠪᠦᠷᠢᠯᠡᠯ᠎ᠤᠨ ᠠᠵᠢᠯᠯᠠᠭ᠋ᠠᠨ᠎ᠤ ᠲᠥᠷᠥᠯ᠎ᠤᠨ ᠬᠡᠷᠡᠭᠯᠡᠭᠡᠨ᠎ᠤ ᠠᠬᠤᠢ ᠪᠠᠢ᠌ᠳᠠᠯ
ᠡᠭᠦᠨ᠎ᠳᠤ ᠭᠣᠣᠯᠳᠠᠭᠤ ᠳᠣᠣᠷ᠎ᠠ ᠠᠭ᠋ᠠᠷ + ᠠᠵᠤ ᠦᠢ᠍ᠯᠡᠳᠪᠦᠷᠢ ᠵᠢᠨ ᠬᠡᠷᠡᠭᠯᠡᠯᠲᠡ᠂ ᠲᠠᠷᠢᠶᠠᠯᠠᠩ ᠤᠢ ᠰᠢᠭᠤᠢ ᠵᠢᠨ ᠠᠵᠢᠯ᠂ ᠪᠠᠷᠠᠭ᠋ᠠᠨ᠎ᠤ ᠭᠦᠢ᠍ᠯᠭᠡᠭᠡᠨ᠎ᠤ ᠲᠦᠷᠭᠡᠨ ᠬᠦᠷᠭᠡᠯᠲᠡ᠂ ᠡᠨᠧᠷᠭᠢ ᠵᠢᠨ ᠲᠣᠭᠣᠷᠢᠨ ᠪᠠᠢ᠌ᠴᠠᠭ᠋ᠠᠯᠲᠠ᠂ ᠠᠭᠤᠷᠬᠠᠢ ᠵᠢᠨ ᠭᠠᠷᠤᠯᠲᠠ ᠵᠢᠨ ᠬᠠᠢ᠌ᠨ ᠪᠠᠢ᠌ᠴᠠᠭ᠋ᠠᠯᠲᠠ ᠵᠡᠷᠭᠡ ᠬᠡᠷᠡᠭᠯᠡᠭᠡᠨ᠎ᠤ ᠠᠬᠤᠢ ᠪᠠᠢ᠌ᠳᠠᠯ᠎ᠢ ᠬᠠᠩᠭ᠋ᠠᠬᠤ ᠴᠢᠳᠠᠪᠤᠷᠢ ᠪᠠᠭᠲᠠᠨ᠎ᠠ᠃
(ᠨᠢᠭᠡ) ᠳᠣᠣᠷ᠎ᠠ ᠠᠭ᠋ᠠᠷ + ᠠᠵᠤ ᠦᠢ᠍ᠯᠡᠳᠪᠦᠷᠢ ᠵᠢᠨ ᠬᠡᠷᠡᠭᠯᠡᠭᠡᠨ᠃ ᠠᠭᠤᠷᠬᠠᠢ ᠵᠢᠨ ᠭᠠᠷᠤᠯᠲᠠ ᠵᠢ ᠬᠠᠢ᠌ᠨ ᠰᠢᠨᠵᠢᠬᠦ᠂ ᠡᠨᠧᠷᠭᠢ ᠵᠢ ᠨᠡᠭᠡᠭᠡᠨ ᠠᠰᠢᠭᠯᠠᠬᠤ᠂ ᠠᠶᠤᠯ ᠦᠭᠡᠢ ᠦᠢ᠍ᠯᠡᠳᠪᠦᠷᠢᠯᠡᠯ ᠵᠡᠷᠭᠡ ᠬᠦᠷᠢᠶ᠎ᠡ ᠴᠠᠷᠠᠭ᠋ᠠᠨ᠎ᠤ ᠲᠣᠭᠣᠷᠢᠨ᠎ᠳᠤ᠂ ᠳᠣᠣᠷ᠎ᠠ ᠠᠭ᠋ᠠᠷ᠎ᠤᠨ ᠬᠡᠷᠡᠭᠯᠡᠭᠡᠨ᠎ᠤ ᠬᠡᠪᠴᠢᠶ᠎ᠡ ᠵᠢ ᠥᠷᠭᠡᠳᠬᠡᠨ᠂ ᠳᠣᠣᠷ᠎ᠠ ᠠᠭ᠋ᠠᠷ + ᠡᠨᠧᠷᠭᠢ᠂ ᠳᠣᠣᠷ᠎ᠠ ᠠᠭ᠋ᠠᠷ + ᠠᠵᠤ ᠦᠢ᠍ᠯᠡᠳᠪᠦᠷᠢ᠂ ᠳᠣᠣᠷ᠎ᠠ ᠠᠭ᠋ᠠᠷ + ᠠᠶᠤᠯ ᠦᠭᠡᠢ ᠵᠡᠷᠭᠡ ᠠᠬᠤᠢ ᠪᠠᠢ᠌ᠳᠠᠯ᠎ᠢ ᠪᠤᠶ ᠪᠣᠯᠭ᠋ᠠᠨ᠎ᠠ᠃ ᠴᠠᠬᠢᠯᠭ᠋ᠠᠨ ᠤᠲᠠᠰᠤᠨ᠎ᠤ ᠲᠣᠭᠣᠷᠢᠨ ᠪᠠᠢ᠌ᠴᠠᠭ᠋ᠠᠯᠲᠠ᠂ ᠰᠠᠯᠬᠢ ᠨᠡᠪᠲᠡᠷᠡᠭᠦᠯᠬᠦ ᠮᠠᠰᠢᠨ᠎ᠤ ᠳᠡᠯᠪᠢ ᠪᠠ ᠭᠡᠷᠡᠯᠴᠢ ᠴᠡᠨᠡᠭ᠎ᠤᠨ ᠬᠠᠪᠲᠠᠰᠤᠨ᠎ᠤ ᠠᠷᠢᠭᠤᠨ ᠴᠡᠪᠡᠷ ᠵᠢᠴᠢ ᠭᠡᠮᠲᠦᠯ᠎ᠤᠨ ᠬᠡᠮ ᠰᠣᠭᠣᠭ᠎ᠤᠨ ᠵᠢᠭᠰᠠᠭ᠋ᠠᠨ ᠪᠠᠢ᠌ᠴᠠᠭ᠋ᠠᠯᠲᠠ ᠵᠡᠷᠭᠡ ᠵᠢᠯᠣᠭᠣᠴᠢ ᠦᠭᠡᠢ ᠨᠢᠰᠬᠡᠯ᠎ᠤᠨ ᠬᠡᠷᠡᠭᠯᠡᠭᠡᠨ᠎ᠤ ᠠᠬᠤᠢ ᠪᠠᠢ᠌ᠳᠠᠯ᠎ᠢ ᠪᠤᠵᠠᠭ᠋ᠠᠢ᠌ᠷᠠᠭᠤᠯᠤᠨ ᠬᠦᠴᠦᠷᠬᠡᠭᠵᠢᠭᠦᠯᠵᠦ᠂ ᠰᠢᠨ᠎ᠡ ᠬᠡᠯᠪᠡᠷᠢ ᠵᠢᠨ ᠠᠵᠤ ᠦᠢ᠍ᠯᠡᠳᠪᠦᠷᠢᠵᠢᠯᠲᠡ ᠵᠢᠨ ᠬᠥᠭᠵᠢᠯᠲᠡ᠎ᠳᠤ ᠬᠦᠴᠦᠨ ᠨᠡᠮᠡᠷᠢᠯᠡᠨ᠎ᠡ᠃
(ᠬᠣᠶᠠᠷ) ᠳᠣᠣᠷ᠎ᠠ ᠠᠭ᠋ᠠᠷ + ᠲᠠᠷᠢᠶᠠᠯᠠᠩ ᠤᠢ ᠰᠢᠭᠤᠢ ᠵᠢᠨ ᠠᠵᠢᠯ᠃ ᠬᠢᠩᠭ᠋ᠠᠨ ᠠᠢ᠌ᠮᠠᠭ᠂ ᠲᠦᠩᠯᠢᠶᠣᠣ ᠬᠤᠲᠠ᠂ ᠤᠯᠠᠭ᠋ᠠᠨᠬᠠᠳᠠ ᠬᠤᠲᠠ᠂ ᠪᠠᠶᠠᠨᠨᠠᠭᠤᠷ ᠬᠤᠲᠠ ᠵᠡᠷᠭᠡ ᠲᠠᠷᠢᠶᠠᠯᠠᠩ᠎ᠤᠨ ᠭᠣᠣᠯ ᠭᠠᠷᠤᠯᠲᠠ ᠵᠢᠨ ᠣᠷᠣᠨ᠎ᠳᠤ ᠤᠷᠭᠤᠮᠠᠯ᠎ᠤᠨ ᠬᠠᠮᠠᠭ᠋ᠠᠯᠠᠯᠲᠠ᠎ᠳᠤ ᠵᠣᠷᠢᠭᠤᠯᠤᠭᠰᠠᠨ ᠵᠢᠯᠣᠭᠣᠴᠢ ᠦᠭᠡᠢ ᠨᠢᠰᠬᠡᠯ᠎ᠤᠨ ᠵᠢᠷᠤᠮᠵᠢᠭᠰᠠᠨ ᠬᠡᠷᠡᠭᠯᠡᠭᠡᠨ ᠪᠠ ᠴᠢᠨᠠᠷ ᠰᠠᠢ᠌ᠲᠠᠢ ᠠᠵᠢᠯ᠎ᠤᠨ ᠵᠢᠱ᠌ᠢᠶ᠎ᠡ ᠦᠵᠡᠭᠦᠯᠬᠦ ᠲᠤᠷᠰᠢᠯᠭ᠎ᠠ ᠵᠢ ᠳᠡᠯᠭᠡᠷᠡᠭᠦᠯᠦᠨ᠎ᠡ᠃ ᠬᠥᠯᠥᠨ ᠪᠤᠶ᠋ᠢᠷ ᠬᠣᠲᠠ᠂ ᠰᠢᠯᠢ ᠵᠢᠨ ᠭᠣᠣᠯ ᠠᠢ᠌ᠮᠠᠭ᠂ ᠠᠯᠠᠱ᠌ᠠ ᠠᠢ᠌ᠮᠠᠭ ᠪᠠ ᠪᠤᠰᠤᠳ ᠠᠢ᠌ᠮᠠᠭ ᠬᠣᠲᠠ ᠵᠢᠨ ᠮᠠᠯᠵᠢᠬᠤ ᠬᠣᠰᠢᠭᠤ ᠰᠢᠶᠠᠨ᠎ᠳᠤ ᠵᠢᠯᠣᠭᠣᠴᠢ ᠦᠭᠡᠢ ᠨᠢᠰᠬᠡᠯ ᠵᠶ᠋ᠠᠷ ᠮᠠᠯ ᠬᠠᠷᠢᠭᠤᠯᠬᠤ ᠵᠢ ᠳᠡᠯᠭᠡᠷᠡᠭᠦᠯᠦᠨ᠎ᠡ᠃ ᠣᠶ ᠰᠢᠭᠤᠢ ᠨᠤᠲᠤᠭ ᠪᠡᠯᠴᠢᠭᠡᠷ᠎ᠤᠨ ᠭᠠᠯ ᠰᠡᠷᠭᠡᠢ᠌ᠯᠡᠬᠦ ᠭᠠᠯ ᠤᠨᠲᠠᠷᠠᠭ᠋ᠠᠬᠤ ᠠᠵᠢᠯ᠎ᠤᠨ ᠶᠠᠪᠤᠴᠠ᠎ᠳᠠᠬᠢ ᠠᠭ᠋ᠠᠷ᠎ᠤᠨ ᠠᠶᠠᠯᠠᠯ ᠵᠶ᠋ᠠᠷ ᠤᠢ ᠰᠢᠭᠤᠢ ᠵᠢ ᠬᠠᠮᠠᠭ᠋ᠠᠯᠠᠬᠤ ᠬᠡᠷᠡᠭᠯᠡᠭᠡᠨ᠎ᠢ ᠴᠢᠩᠭ᠋ᠠᠳᠬᠠᠵᠤ᠂ ᠤᠯᠠᠭ᠋ᠠᠨᠴᠠᠪ ᠬᠤᠲᠠ᠂ ᠠᠯᠠᠱ᠌ᠠ ᠠᠢ᠌ᠮᠠᠭ᠎ᠤᠨ ᠠᠭ᠋ᠠᠷ᠎ᠤᠨ ᠠᠶᠠᠯᠠᠯ᠎ᠤᠨ ᠣᠶ ᠰᠢᠭᠤᠢ ᠬᠠᠮᠠᠭ᠋ᠠᠯᠠᠬᠤ ᠥᠷᠲᠡᠭᠡ ᠵᠢᠨ ᠪᠦᠲᠦᠭᠡᠨ ᠪᠠᠢ᠌ᠭᠤᠯᠤᠯᠲᠠ ᠵᠢ ᠠᠬᠢᠭᠤᠯᠤᠨ᠂ ᠨᠢᠰᠬᠦ ᠵᠢ ᠴᠠᠭ᠋ᠠᠵᠠᠯᠠᠬᠤ ᠣᠷᠣᠨ᠎ᠠᠴᠠ ᠭᠠᠳᠠᠨᠠᠬᠢ ᠣᠷᠣᠨ ᠪᠦᠰᠡ᠎ᠳᠤ ᠵᠢᠯᠣᠭᠣᠴᠢ ᠦᠭᠡᠢ ᠨᠢᠰᠬᠡᠯ ᠵᠶ᠋ᠠᠷ ᠣᠶ ᠰᠢᠭᠤᠢ ᠵᠢ ᠬᠠᠮᠠᠭ᠋ᠠᠯᠠᠬᠤ ᠠᠵᠢᠯ᠂ ᠲᠠᠷᠢᠵᠦ ᠣᠢ᠌ᠵᠢᠭᠤᠯᠤᠭᠰᠠᠨ ᠤᠢ ᠵᠢ ᠬᠠᠷᠭᠤᠭᠤᠯᠤᠨ ᠪᠠᠢ᠌ᠴᠠᠭ᠋ᠠᠬᠤ ᠵᠢᠴᠢ ᠣᠶ ᠰᠢᠭᠤᠢ ᠵᠢᠨ ᠬᠠᠤᠯᠢ ᠬᠡᠷᠡᠭᠵᠢᠭᠦᠯᠬᠦ ᠵᠡᠷᠭᠡ ᠲᠤᠬᠠᠢ᠌ᠯᠠᠭᠰᠠᠨ ᠠᠵᠢᠯ᠎ᠢ ᠬᠥᠭᠵᠢᠭᠦᠯᠦᠨ᠎ᠡ᠃ ᠵᠢᠯᠣᠭᠣᠴᠢ ᠦᠭᠡᠢ ᠨᠢᠰᠬᠡᠯ ᠬᠡᠷᠡᠭᠯᠡᠵᠦ ᠬᠥᠮᠥᠨ᠎ᠤ ᠬᠦᠴᠦ᠎ᠪᠠᠷ ᠬᠤᠷ᠎ᠠ ᠪᠣᠷᠣᠭ᠋ᠠᠨ ᠨᠡᠮᠡᠭᠳᠡᠭᠦᠯᠬᠦ ᠬᠡᠷᠡᠭᠯᠡᠭᠡᠨ᠎ᠢ ᠥᠷᠨᠢᠭᠦᠯᠵᠦ᠂ ᠲᠠᠷᠢᠶᠠᠯᠠᠩ ᠮᠠᠯ ᠠᠵᠤ ᠠᠬᠤᠢ ᠵᠢᠨ ᠭᠠᠩ ᠬᠠᠭᠰᠠᠷᠠᠭ᠋ᠠᠨ᠎ᠲᠠᠢ ᠲᠡᠮᠡᠴᠡᠵᠦ ᠭᠠᠮᠰᠢᠭ᠎ᠢ ᠪᠠᠭ᠋ᠠᠰᠬᠠᠬᠤ ᠪᠠ ᠣᠶ ᠰᠢᠭᠤᠢ ᠨᠤᠲᠤᠭ ᠪᠡᠯᠴᠢᠭᠡᠷ᠎ᠤᠨ ᠭᠠᠯ ᠰᠡᠷᠭᠡᠢ᠌ᠯᠡᠨ ᠤᠨᠲᠠᠷᠠᠭ᠋ᠠᠬᠤ ᠠᠵᠢᠯ᠎ᠳᠤ ᠦᠢ᠍ᠯᠡᠴᠢᠯᠡᠭᠦᠯᠦᠨ᠎ᠡ᠃
(ᠭᠤᠷᠪᠠ) ᠳᠣᠣᠷ᠎ᠠ ᠠᠭ᠋ᠠᠷ + ᠣᠶᠤᠨᠯᠢᠭ ᠪᠠᠷᠠᠭ᠋ᠠᠨ᠎ᠤ ᠭᠦᠢ᠍ᠯᠭᠡᠭᠡ᠃ ᠣᠶᠤᠨᠯᠢᠭ ᠪᠠᠷᠠᠭ᠋ᠠᠨ᠎ᠤ ᠭᠦᠢ᠍ᠯᠭᠡᠭᠡᠨ᠎ᠤ ᠰᠢᠨ᠎ᠡ ᠵᠠᠭᠪᠤᠷ᠎ᠢ ᠬᠠᠢ᠌ᠨ ᠰᠦᠪᠡᠭᠴᠢᠯᠡᠵᠦ᠂ ᠬᠥᠬᠡᠬᠤᠲᠠ ᠪᠤᠭᠤᠲᠤ ᠣᠷᠳᠣᠰ᠎ᠤᠨ ᠭᠠᠵᠠᠷ ᠣᠷᠣᠨ᠎ᠳᠤ ᠵᠢᠯᠣᠭᠣᠴᠢ ᠦᠭᠡᠢ ᠨᠢᠰᠬᠡᠯ᠎ᠤᠨ ᠬᠤᠲᠠ ᠵᠢᠨ ᠬᠤᠭᠤᠷᠣᠨᠳᠣᠬᠢ ᠲᠡᠭᠡᠭᠡᠪᠦᠷᠢ ᠵᠢᠴᠢ ᠲᠡᠭᠦᠰᠬᠡᠯ ᠦᠵᠦᠭᠦᠷ᠎ᠤᠨ ᠪᠠᠷᠠᠭ᠋ᠠᠨ᠎ᠤ ᠭᠦᠢ᠍ᠯᠭᠡᠭᠡᠨ᠎ᠤ ᠲᠣᠬᠢᠷᠠᠭᠤᠯᠤᠨ ᠬᠦᠷᠭᠡᠬᠦ ᠲᠤᠷᠰᠢᠯᠲᠠ ᠵᠢᠨ ᠴᠡᠭ᠎ᠢ ᠰᠢᠯᠭ᠋ᠠᠨ ᠪᠠᠲᠤᠯᠠᠬᠤ ᠪᠠ ᠳᠡᠯᠭᠡᠷᠡᠭᠦᠯᠦᠨ ᠵᠢᠱ᠌ᠢᠶ᠎ᠡ ᠦᠵᠡᠭᠦᠯᠬᠦ ᠠᠵᠢᠯᠯᠠᠭ᠎ᠠ ᠵᠢ ᠤᠷᠢᠳ ᠵᠶ᠋ᠠᠷ ᠥᠷᠨᠢᠭᠦᠯᠵᠦ᠂ ᠵᠢᠯᠣᠭᠣᠴᠢ ᠦᠭᠡᠢ ᠨᠢᠰᠬᠡᠯ ᠵᠶ᠋ᠠᠷ ᠲᠣᠬᠢᠷᠠᠭᠤᠯᠤᠨ ᠬᠦᠷᠭᠡᠬᠦ ᠲᠣᠣᠷ ᠰᠦᠯᠵᠢᠶ᠎ᠡ ᠵᠢ ᠪᠦᠲᠦᠭᠡᠨ ᠪᠠᠢ᠌ᠭᠤᠯᠵᠤ᠂ ᠵᠢᠯᠣᠭᠣᠴᠢ ᠦᠭᠡᠢ ᠨᠢᠰᠬᠡᠯ᠎ᠤᠨ ᠪᠠᠷᠠᠭ᠋ᠠᠨ᠎ᠤ ᠭᠦᠢ᠍ᠯᠭᠡᠭᠡᠨ᠎ᠤ ᠲᠣᠬᠢᠷᠠᠭᠤᠯᠤᠨ ᠬᠦᠷᠭᠡᠬᠦ ᠠᠶᠠᠯᠠᠯ᠎ᠤᠨ ᠵᠠᠮ ᠱᠤᠭᠤᠮ᠎ᠢ ᠨᠡᠪᠲᠡᠷᠡᠭᠦᠯᠦᠨ᠎ᠡ᠃ ᠰᠢᠭᠤᠢ᠌ᠲᠤ (ᠮᠠᠯᠵᠢᠬᠤ) ᠣᠷᠣᠨ ᠪᠠ ᠡᠯᠡᠰᠦᠨ ᠴᠦᠯ ᠭᠣᠪᠢ ᠴᠥᠯᠡᠷᠬᠡᠭ ᠣᠷᠣᠨ ᠵᠡᠷᠭᠡ ᠵᠠᠮ ᠨᠡᠪᠲᠡᠷᠡᠭᠦᠯᠭᠡ᠎ᠨᠢ ᠳᠥᠭᠦᠮ ᠦᠭᠡᠢ ᠭᠠᠵᠠᠷ ᠣᠷᠣᠨ᠎ᠳᠤ ᠵᠢᠯᠣᠭᠣᠴᠢ ᠦᠭᠡᠢ ᠨᠢᠰᠬᠡᠯ᠎ᠤᠨ ᠪᠠᠷᠠᠭ᠋ᠠᠨ᠎ᠤ ᠲᠡᠭᠡᠭᠡᠪᠦᠷᠢ ᠵᠢᠨ ᠠᠶᠠᠯᠠᠯ᠎ᠤᠨ ᠵᠠᠮ ᠱᠤᠭᠤᠮ᠎ᠢ ᠲᠥᠯᠥᠪᠵᠢᠭᠦᠯᠦᠨ ᠨᠠᠪᠲᠠᠷᠡᠭᠦᠯᠵᠦ᠂ B2B᠂ B2C ᠳᠣᠣᠷ᠎ᠠ ᠠᠭ᠋ᠠᠷ᠎ᠤᠨ ᠣᠢ᠌ᠷ᠎ᠠ ᠵᠠᠮ᠎ᠤᠨ ᠲᠡᠭᠡᠭᠡᠪᠦᠷᠢ ᠵᠢᠨ ᠲᠤᠬᠠᠢ᠌ᠯᠠᠭᠰᠠᠨ ᠠᠵᠢᠯ᠎ᠢ ᠲᠤᠷᠰᠢᠨ ᠠᠬᠢᠭᠤᠯᠤᠨ᠎ᠠ᠃
ᠭᠤᠷᠪᠠ᠂ ᠬᠡᠷᠡᠭᠯᠡᠭᠡ ᠦᠢ᠍ᠯᠡᠴᠢᠯᠡᠭᠡᠨ᠎ᠤ ᠲᠥᠷᠥᠯ᠎ᠤᠨ ᠬᠡᠷᠡᠭᠯᠡᠭᠡᠨ᠎ᠤ ᠠᠬᠤᠢ ᠪᠠᠢ᠌ᠳᠠᠯ
ᠡᠭᠦᠨ᠎ᠳᠤ ᠭᠣᠣᠯᠳᠠᠭᠤ ᠳᠣᠣᠷ᠎ᠠ ᠠᠭ᠋ᠠᠷ + ᠰᠣᠶᠣᠯ ᠵᠢᠭᠤᠯᠴᠢᠯᠠᠯ᠂ ᠣᠢ᠌ᠷ᠎ᠠ ᠵᠠᠮ᠎ᠤᠨ ᠠᠶᠠᠨᠴᠢᠳ᠎ᠤᠨ ᠵᠥᠭᠡᠭᠡᠪᠦᠷᠢ᠂ ᠨᠢᠰᠦᠯᠲᠡ ᠵᠢᠨ ᠪᠣᠯᠪᠠᠰᠤᠷᠠᠯ᠂ ᠨᠢᠰᠦᠯᠲᠡ ᠵᠢᠨ ᠤᠷᠤᠯᠳᠤᠭ᠋ᠠᠨ᠎ᠤ ᠠᠵᠢᠯᠯᠠᠭ᠎ᠠ᠂ ᠠᠭ᠋ᠠᠷ᠎ᠤᠨ ᠠᠶᠠᠯᠠᠯ᠎ᠤᠨ ᠲᠠᠮᠢᠷ᠎ᠤᠨ ᠬᠥᠳᠡᠯᠭᠡᠭᠡᠨ᠂ ᠠᠭ᠋ᠠᠷ᠎ᠤᠨ ᠠᠶᠠᠯᠠᠯ᠎ᠤᠨ ᠦᠵᠡᠭᠦᠯᠭᠡ᠂ ᠠᠭ᠋ᠠᠷ᠎ᠤᠨ ᠠᠶᠠᠯᠠᠯ᠎ᠤᠨ ᠭᠡᠷᠡᠯ ᠵᠢᠷᠤᠭ ᠪᠠ ᠳᠦᠷᠰᠦ ᠰᠢᠩᠭᠡᠭᠡᠯᠲᠡ ᠵᠡᠷᠭᠡ ᠬᠡᠷᠡᠭᠯᠡᠭᠡᠨ᠎ᠤ ᠠᠬᠤᠢ ᠪᠠᠢ᠌ᠳᠠᠯ᠎ᠢ ᠬᠠᠩᠭ᠋ᠠᠬᠤ ᠴᠢᠳᠠᠪᠤᠷᠢ ᠪᠠᠭᠲᠠᠨ᠎ᠠ᠃
(ᠨᠢᠭᠡ) ᠳᠣᠣᠷ᠎ᠠ ᠠᠭ᠋ᠠᠷ + ᠰᠣᠶᠣᠯ ᠵᠢᠭᠤᠯᠴᠢᠯᠠᠯ᠃ ᠥᠷᠭᠡᠨ ᠲᠠᠯ᠎ᠠ ᠨᠤᠲᠤᠭ᠂ ᠭᠦᠨ ᠣᠶ ᠰᠢᠭᠤᠢ᠂ ᠨᠡᠯᠦᠭᠡᠷ ᠭᠣᠣᠯ ᠨᠠᠭᠤᠷ᠂ ᠲᠣᠮᠣ ᠡᠯᠡᠰᠦ ᠮᠠᠩᠬ᠎ᠠ ᠵᠡᠷᠭᠡ ᠠᠮᠢ ᠠᠬᠤᠢ ᠵᠢᠨ ᠡᠬᠢ ᠪᠠᠶᠠᠯᠢᠭ ᠪᠠ ᠤᠮᠠᠷᠠᠲᠤ ᠬᠢᠯᠢ ᠵᠢᠨ ᠰᠣᠶᠣᠯ᠎ᠤᠨ ᠡᠬᠢ ᠪᠠᠶᠠᠯᠢᠭ᠎ᠲᠤ ᠲᠦᠰᠢᠭᠯᠡᠵᠦ᠂ ᠳᠣᠣᠷ᠎ᠠ ᠠᠭ᠋ᠠᠷ᠎ᠤᠨ ᠵᠢᠭᠤᠯᠴᠢᠯᠠᠯ᠎ᠤᠨ ᠱᠤᠭᠤᠮ᠎ᠢ ᠵᠢᠷᠤᠭᠯᠠᠨ ᠲᠥᠯᠥᠪᠯᠡᠵᠦ᠂ ᠳᠣᠣᠷ᠎ᠠ ᠠᠭ᠋ᠠᠷ᠎ᠤᠨ ᠵᠢᠭᠤᠯᠴᠢᠯᠠᠯ᠎ᠤᠨ ᠪᠦᠲᠦᠭᠡᠭᠳᠡᠬᠦᠨ᠎ᠢ ᠨᠡᠭᠡᠭᠡᠨ ᠬᠥᠭᠵᠢᠭᠦᠯᠵᠦ᠂ ᠳᠣᠣᠷ᠎ᠠ ᠠᠭ᠋ᠠᠷ᠎ᠤᠨ ᠨᠢᠰᠦᠯᠲᠡ ᠵᠢᠨ ᠬᠤᠸᠠᠷᠠᠨ᠎ᠢ ᠪᠠᠢ᠌ᠭᠤᠯᠵᠤ᠂ 《ᠤᠢ ᠰᠢᠭᠤᠢ᠎ᠪᠠᠷ ᠳᠡᠭᠦᠯᠢᠬᠦᠢ》᠂ 《ᠲᠠᠯ᠎ᠠ ᠨᠤᠲᠤᠭ ᠵᠶ᠋ᠠᠷ ᠳᠡᠭᠦᠯᠢᠬᠦᠢ》᠂ 《ᠡᠯᠡᠰᠦ ᠮᠠᠩᠬ᠎ᠠ᠎ᠪᠠᠷ ᠳᠡᠭᠦᠯᠢᠬᠦᠢ》᠂ 《ᠬᠠᠳᠤᠨ ᠭᠣᠣᠯ ᠵᠶ᠋ᠠᠷ ᠳᠡᠭᠦᠯᠢᠬᠦᠢ》᠂ 《ᠤᠷᠳᠤ ᠴᠠᠭ᠋ᠠᠨ ᠬᠡᠷᠡᠮ ᠵᠶ᠋ᠠᠷ ᠳᠡᠭᠦᠯᠢᠬᠦᠢ》 ᠵᠡᠷᠭᠡ ᠳᠣᠣᠷ᠎ᠠ ᠠᠭ᠋ᠠᠷ᠎ᠤᠨ ᠰᠣᠶᠣᠯ ᠵᠢᠭᠤᠯᠴᠢᠯᠠᠯ᠎ᠤᠨ ᠠᠶᠠᠯᠠᠯ᠎ᠤᠨ ᠵᠠᠮ ᠱᠤᠭᠤᠮ᠎ᠤᠨ ᠨᠡᠷᠡᠲᠦ ᠲᠡᠮᠳᠡᠭ᠎ᠢ ᠴᠣᠭᠴᠠᠯᠠᠨ᠎ᠠ᠃ ᠠᠮᠢ ᠠᠬᠤᠢ ᠵᠢᠨ ᠬᠡᠯᠪᠡᠷᠢ ᠪᠦᠬᠦᠢ ᠵᠢᠭᠤᠯᠴᠢᠯᠠᠯ᠎ᠤᠨ ᠦᠵᠡᠮᠵᠢ ᠵᠢᠨ ᠣᠷᠣᠨ᠎ᠳᠤ ᠠᠭ᠋ᠠᠷ᠎ᠤᠨ ᠵᠢᠭᠤᠯᠴᠢᠯᠠᠯ᠂ ᠠᠭ᠋ᠠᠷ᠎ᠤᠨ ᠠᠶᠠᠯᠠᠯ᠎ᠤᠨ ᠲᠠᠮᠢᠷ᠎ᠤᠨ ᠬᠥᠳᠡᠯᠭᠡᠭᠡᠨ᠂ ᠨᠢᠰᠦᠯᠲᠡ ᠵᠢᠨ ᠪᠠᠶᠠᠳᠠᠨ ᠣᠢ᠌ᠯᠠᠭ᠋ᠠᠯᠲᠠ ᠵᠡᠷᠭᠡ ᠳᠣᠣᠷ᠎ᠠ ᠠᠭ᠋ᠠᠷ᠎ᠤᠨ ᠨᠢᠰᠦᠯᠲᠡ ᠵᠢᠨ ᠵᠢᠭᠤᠯᠴᠢᠯᠠᠯ ᠪᠠ ᠨᠢᠰᠦᠯᠲᠡ ᠵᠢᠨ ᠲᠤᠨᠨᠯᠠᠯᠲᠠ ᠵᠢᠨ ᠠᠵᠢᠯᠯᠠᠭ᠎ᠠ ᠥᠷᠨᠢᠭᠦᠯᠬᠦ ᠵᠢ ᠵᠣᠷᠢᠭᠵᠢᠭᠤᠯᠤᠨ᠎ᠠ᠃ ᠬᠢᠩᠭ᠋ᠠᠨ ᠠᠢ᠌ᠮᠠᠭ᠎ᠤᠨ ᠠᠭ᠋ᠠᠷ ᠭᠠᠵᠠᠷ᠎ᠤᠨ ᠬᠣᠯᠪᠤᠭ᠋ᠠᠯᠠᠨ ᠬᠥᠳᠡᠯᠦᠯᠴᠡᠭᠰᠡᠨ ᠬᠤᠪᠢᠰᠬᠠᠯᠲᠤ ᠰᠣᠶᠣᠯ᠎ᠤᠨ ᠵᠢᠭᠤᠯᠴᠢᠯᠠᠯ᠂ ᠤᠯᠠᠭ᠋ᠠᠨᠪᠤᠲᠤᠩ᠎ᠤᠨ ᠠᠭ᠋ᠠᠷ᠎ᠤᠨ ᠠᠶᠠᠯᠠᠯ᠎ᠤᠨ ᠵᠢᠭᠤᠯᠴᠢᠯᠠᠯ᠎ᠤᠨ ᠰᠠᠢ᠌ᠨ ᠰᠠᠢ᠌ᠬᠠᠨ ᠴᠠᠭ ᠦᠶ᠎ᠡ ᠵᠡᠷᠭᠡ ᠠᠵᠢᠯᠯᠠᠭ᠎ᠠ ᠥᠷᠨᠢᠭᠦᠯᠬᠦ ᠵᠢ ᠳᠡᠮᠵᠢᠨ᠎ᠡ᠃
(ᠬᠣᠶᠠᠷ) ᠳᠣᠣᠷ᠎ᠠ ᠠᠭ᠋ᠠᠷ + ᠬᠣᠲᠠ ᠵᠢᠨ ᠵᠠᠮ ᠬᠠᠷᠢᠯᠴᠠᠭ᠎ᠠ᠃ ᠬᠣᠲᠠ ᠵᠢᠨ ᠠᠭ᠋ᠠᠷ᠎ᠤᠨ ᠵᠠᠮ ᠬᠠᠷᠢᠯᠴᠠᠭ᠋ᠠᠨ᠎ᠤ ᠬᠦᠷᠢᠶᠡᠨ᠎ᠳᠠᠬᠢ eVTOL᠎ᠤᠨ ᠵᠢᠱ᠌ᠢᠶ᠎ᠡ ᠦᠵᠡᠭᠦᠯᠦᠨ ᠬᠡᠷᠡᠭᠯᠡᠭᠳᠡᠬᠦ ᠵᠢ ᠠᠬᠢᠭᠤᠯᠵᠤ᠂ ᠬᠥᠬᠡᠬᠣᠲᠠ ᠪᠤᠭᠤᠲᠤ ᠣᠷᠳᠣᠰ᠎ᠤᠨ ᠳᠣᠣᠷ᠎ᠠ ᠠᠭ᠋ᠠᠷ᠎ᠤᠨ ᠠᠵᠤ ᠠᠬᠤᠢ ᠵᠢᠨ ᠬᠥᠭᠵᠢᠯᠲᠡ ᠵᠢᠨ ᠲᠣᠭᠣᠷᠢᠭ᠎ᠲᠤ ᠤᠷᠢᠳ ᠵᠶ᠋ᠠᠷ ᠶᠠᠪᠤᠭᠳᠠᠭᠤᠯᠵᠤ ᠤᠷᠢᠳ ᠵᠶ᠋ᠠᠷ ᠲᠤᠷᠰᠢᠨ᠎ᠠ᠃ ᠨᠥᠬᠥᠴᠡᠯ᠎ᠲᠠᠢ ᠬᠣᠲᠠ ᠵᠢ ᠳᠡᠮᠵᠢᠵᠦ ᠪᠠᠢ᠌ᠭ᠋ᠠᠳ ᠢᠷᠡᠭᠡᠳᠦᠢ ᠵᠢᠨ ᠬᠣᠲᠠ ᠵᠢᠨ ᠠᠭ᠋ᠠᠷ᠎ᠤᠨ ᠵᠠᠮ ᠬᠠᠷᠢᠯᠴᠠᠭ᠋ᠠᠨ᠎ᠤ ᠬᠡᠷᠡᠭᠴᠡᠭᠡ᠎ᠳᠤ ᠵᠣᠬᠢᠴᠠᠭᠤᠯᠤᠨ᠂ ᠬᠣᠲᠠ ᠵᠢᠨ ᠠᠭ᠋ᠠᠷ᠎ᠤᠨ ᠵᠠᠮ ᠬᠠᠷᠢᠯᠴᠠᠭ᠋ᠠᠨ᠎ᠤ ᠲᠤᠷᠰᠢᠯᠲᠠ ᠵᠢᠨ ᠴᠡᠭ ᠪᠤᠯᠬᠣ᠎ᠪᠠᠷ ᠢᠳᠡᠪᠬᠢᠲᠡᠢ ᠭᠤᠶᠤᠴᠢᠯᠠᠨ ᠮᠡᠳᠡᠭᠦᠯᠦᠨ᠎ᠡ᠃ ᠬᠤᠳᠠᠯᠳᠤᠭ᠋ᠠᠨ᠎ᠤ ᠶᠠᠪᠤᠳᠠᠯ᠎ᠤᠨ ᠶᠠᠪᠤᠵᠤ ᠰᠠᠭᠤᠬᠤ᠂ ᠠᠭ᠋ᠠᠷ᠎ᠤᠨ ᠭᠠᠳᠤᠯᠤᠭᠤᠷ ᠣᠩᠭᠣᠴᠠ᠂ ᠬᠤᠪᠢ ᠵᠢᠨ ᠳᠠᠭ᠋ᠠᠭ᠋ᠠᠴᠢᠯᠠᠭᠰᠠᠨ ᠨᠢᠰᠬᠡᠯ ᠵᠡᠷᠭᠡ ᠬᠥᠮᠥᠨ ᠲᠡᠭᠡᠭᠡᠪᠦᠷᠢᠯᠡᠬᠦ ᠠᠭ᠋ᠠᠷ᠎ᠤᠨ ᠵᠠᠮ ᠬᠠᠷᠢᠯᠴᠠᠭ᠋ᠠᠨ᠎ᠤ ᠰᠢᠨ᠎ᠡ ᠡᠵᠡᠩᠨᠡᠯᠲᠡ ᠵᠢᠨ ᠪᠠᠢ᠌ᠳᠠᠯ᠎ᠢ ᠪᠣᠢ᠌ᠵᠢᠭᠤᠯᠵᠤ᠂ ᠠᠮᠢᠳᠤᠯᠢᠭ ᠵᠶ᠋ᠠᠷ ᠣᠯᠡᠨ ᠶᠠᠩᠵᠤ ᠵᠢᠨ ᠶᠠᠪᠤᠵᠤ ᠰᠠᠭᠤᠬᠤ ᠬᠡᠷᠡᠭᠴᠡᠭᠡ ᠱᠠᠭ᠋ᠠᠷᠳᠠᠯᠭ᠎ᠠ ᠵᠢ ᠭᠦᠢ᠍ᠴᠡᠳ ᠬᠠᠩᠭ᠋ᠠᠨ᠎ᠠ᠃
(ᠭᠤᠷᠪᠠ) ᠳᠣᠣᠷ᠎ᠠ ᠠᠭ᠋ᠠᠷ + ᠬᠥᠮᠦᠵᠢᠯ ᠪᠣᠯᠪᠠᠰᠤᠷᠠᠯ᠃ ᠡᠩ᠎ᠤᠨ ᠳᠡᠭᠡᠳᠦ ᠵᠡᠷᠭᠡ ᠵᠢᠨ ᠰᠤᠷᠭ᠋ᠠᠭᠤᠯᠢ ᠵᠢᠨ ᠠᠭ᠋ᠠᠷ᠎ᠤᠨ ᠠᠶᠠᠯᠠᠯ᠎ᠤᠨ ᠰᠤᠷᠤᠯᠭ᠎ᠠ ᠵᠢᠨ ᠨᠠᠮᠲᠠᠷ᠎ᠤᠨ ᠰᠤᠷᠭ᠋ᠠᠨ ᠬᠥᠮᠦᠵᠢᠯ ᠥᠷᠨᠢᠭᠦᠯᠬᠦ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠪᠣᠯᠪᠠᠰᠤᠷᠠᠯ᠎ᠤᠨ ᠪᠠᠢ᠌ᠭᠤᠯᠤᠮᠵᠢ᠎ᠨᠤᠭᠤᠳ᠎ᠤᠨ ᠠᠭ᠋ᠠᠷ᠎ᠤᠨ ᠠᠶᠠᠯᠠᠯ᠎ᠤᠨ ᠮᠡᠷᠭᠡᠵᠢᠯ ᠴᠢᠳᠠᠪᠤᠷᠢ ᠵᠢᠨ ᠪᠣᠯᠪᠠᠰᠤᠷᠠᠯ ᠥᠷᠨᠢᠭᠦᠯᠬᠦ ᠵᠢ ᠳᠡᠮᠵᠢᠵᠦ᠂ ᠳᠣᠣᠷ᠎ᠠ ᠠᠭ᠋ᠠᠷ᠎ᠤᠨ ᠨᠢᠰᠦᠯᠲᠡ ᠵᠢᠨ ᠮᠡᠷᠭᠡᠵᠢᠯ᠂ ᠳᠣᠣᠷ᠎ᠠ ᠠᠭ᠋ᠠᠷ᠎ᠤᠨ ᠢᠨᠵᠧᠨᠧᠷᠢᠩ᠎ᠤᠨ ᠮᠡᠷᠭᠡᠵᠢᠯ᠂ ᠳᠣᠣᠷ᠎ᠠ ᠠᠭ᠋ᠠᠷ᠎ᠤᠨ ᠠᠵᠢᠯᠯᠠᠭ᠋ᠠᠨ᠎ᠤ ᠬᠠᠮᠢᠶᠠᠷᠤᠯᠲᠠ᠂ ᠳᠣᠣᠷ᠎ᠠ ᠠᠭ᠋ᠠᠷ᠎ᠤᠨ ᠠᠮᠤᠷ ᠲᠦᠪᠰᠢᠨ᠎ᠤ ᠪᠠᠲᠤᠯᠠᠭ᠎ᠠ᠂ ᠳᠣᠣᠷ᠎ᠠ ᠠᠭ᠋ᠠᠷ᠎ᠤᠨ ᠲᠣᠭ᠎ᠠ ᠪᠠᠷᠢᠮᠲᠠ ᠬᠢᠭᠡᠳ ᠳ᠋ᠢᠵᠢᠲ᠋ᠠᠯ᠎ᠤᠨ ᠮᠡᠳᠡᠭᠡ ᠵᠠᠩᠭᠢᠴᠢᠯᠠᠯᠲᠠ᠂ ᠳᠣᠣᠷ᠎ᠠ ᠠᠭ᠋ᠠᠷ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠡᠭᠦᠳᠦᠯᠲᠡ ᠵᠡᠷᠭᠡ ᠵᠢ ᠬᠠᠮᠤᠷᠤᠭᠰᠠᠨ ᠴᠢᠳᠠᠪᠤᠷᠢᠲᠠᠨ᠎ᠢ ᠬᠥᠮᠥᠵᠢᠭᠦᠯᠦᠨ᠎ᠡ᠃ ᠬᠥᠬᠡᠬᠣᠲᠠ᠂ ᠬᠥᠯᠥᠨ ᠪᠤᠶ᠋ᠢᠷ ᠬᠣᠲᠠ᠂ ᠬᠢᠩᠭ᠋ᠠᠨ ᠠᠢ᠌ᠮᠠᠭ᠂ ᠰᠢᠯᠢ ᠵᠢᠨ ᠭᠣᠣᠯ ᠠᠢ᠌ᠮᠠᠭ᠂ ᠣᠷᠳᠣᠰ ᠬᠤᠲᠠ ᠵᠡᠷᠭᠡ ᠭᠠᠵᠠᠷ ᠣᠷᠣᠨ᠎ᠳᠤ ᠣᠳᠣ ᠪᠠᠢ᠌ᠭ᠎ᠠ ᠨᠢᠰᠬᠡᠯ᠎ᠤᠨ ᠪᠠᠭᠤᠳᠠᠯ ᠵᠶ᠋ᠠᠨ ᠠᠰᠢᠭᠯᠠᠨ ᠠᠭ᠋ᠠᠷ᠎ᠤᠨ ᠠᠶᠠᠯᠠᠯ᠎ᠤᠨ ᠬᠥᠮᠦᠵᠢᠯ ᠪᠣᠯᠪᠠᠰᠤᠷᠠᠯ ᠵᠢᠴᠢ ᠳᠡᠯᠭᠡᠨ ᠦᠵᠡᠭᠦᠯᠬᠦ ᠰᠠᠭᠤᠷᠢᠨ ᠭᠠᠵᠠᠷ ᠪᠠᠶ᠋ᠢᠭᠤᠯᠬᠤ᠎ᠪᠠᠷ ᠬᠠᠢ᠌ᠨ ᠰᠦᠪᠡᠭᠴᠢᠯᠡᠯᠲᠡ ᠬᠢᠵᠦ᠂ ᠨᠢᠰᠦᠯᠲᠡ ᠵᠢᠨ ᠪᠣᠯᠪᠠᠰᠤᠷᠠᠯ᠂ ᠨᠢᠰᠦᠯᠲᠡ ᠵᠢᠨ ᠵᠢᠯᠣᠭᠣᠴᠢ ᠵᠢᠨ ᠦᠨᠡᠮᠯᠡᠯ ᠭᠠᠷᠳᠠᠬᠤ ᠰᠢᠯᠭ᠋ᠠᠯᠲᠠ᠂ ᠠᠭ᠋ᠠᠷ᠎ᠤᠨ ᠨᠢᠰᠦᠭᠦᠷ᠎ᠢ ᠰᠡᠯᠪᠢᠨ ᠵᠠᠰᠠᠬᠤ ᠲᠤᠬᠠᠢ᠌ᠯᠠᠭᠰᠠᠨ ᠠᠵᠢᠯ᠎ᠤᠨ ᠪᠣᠯᠪᠠᠰᠤᠷᠠᠯ᠂ ᠵᠢᠯᠣᠭᠣᠴᠢ ᠦᠭᠡᠢ ᠨᠢᠰᠬᠡᠯ᠎ᠤᠨ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠤ ᠪᠣᠯᠪᠠᠰᠤᠷᠠᠯ᠂ ᠠᠭ᠋ᠠᠷ᠎ᠤᠨ ᠠᠶᠠᠯᠠᠯ᠎ᠤᠨ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠵᠡᠷᠭᠡ ᠦᠢ᠍ᠯᠡᠴᠢᠯᠡᠭᠡᠨ᠎ᠢ ᠥᠷᠨᠢᠭᠦᠯᠦᠨ᠎ᠡ᠃
(ᠳᠥᠷᠪᠡ) ᠳᠣᠣᠷ᠎ᠠ ᠠᠭ᠋ᠠᠷ + ᠪᠠᠢ᠌ᠴᠠᠭ᠋ᠠᠨ ᠰᠢᠨᠵᠢᠵᠦ ᠲᠤᠷᠰᠢᠨ ᠨᠢᠰᠦᠭᠦᠯᠬᠦ᠃ ᠥᠪᠡᠷᠲᠡᠭᠡᠨ ᠵᠠᠰᠠᠬᠤ ᠣᠷᠣᠨ᠎ᠤ ᠠᠭ᠋ᠠᠷ᠎ᠤᠨ ᠣᠷᠣᠨ᠂ ᠴᠠᠬᠢᠯᠭ᠋ᠠᠨ ᠰᠣᠷᠢᠨᠵᠢᠨᠲᠤ ᠣᠷᠴᠢᠨ ᠲᠣᠭᠣᠷᠢᠨ᠂ ᠨᠡᠢ᠌ᠳᠡᠮ ᠬᠡᠷᠡᠭᠯᠡᠭᠡᠨ᠎ᠤ ᠠᠭ᠋ᠠᠷ᠎ᠤᠨ ᠠᠶᠠᠯᠠᠯ᠎ᠤᠨ ᠨᠢᠰᠬᠡᠯ᠎ᠤᠨ ᠪᠠᠭᠤᠳᠠᠯ᠎ᠤᠨ ᠪᠠᠢ᠌ᠷᠢᠰᠢᠭᠤᠯᠤᠯᠲᠠ ᠵᠡᠷᠭᠡ ᠳᠣᠣᠷ᠎ᠠ ᠠᠭ᠋ᠠᠷ᠎ᠤᠨ ᠠᠵᠤ ᠠᠬᠤᠢ ᠵᠢᠨ ᠬᠦᠷᠢᠶᠡᠨ᠎ᠤ ᠡᠬᠢ ᠪᠠᠶᠠᠯᠢᠭ᠎ᠤᠨ ᠳᠠᠪᠠᠭᠤᠯᠢᠭ᠎ᠢ ᠠᠰᠢᠭᠯᠠᠨ᠂ ᠪᠦᠬᠦ ᠤᠯᠤᠰ᠎ᠲᠤ ᠬᠠᠨᠳᠤᠭᠤᠯᠤᠭᠰᠠᠨ ᠵᠢᠯᠣᠭᠣᠴᠢ ᠦᠭᠡᠢ ᠨᠢᠰᠬᠡᠯ᠎ᠤᠨ ᠳᠣᠣᠷ᠎ᠠ ᠠᠭ᠋ᠠᠷ᠎ᠤᠨ ᠨᠢᠰᠦᠭᠦᠷ᠎ᠤᠨ ᠲᠤᠷᠰᠢᠨ ᠠᠶᠠᠯᠠᠵᠤ ᠲᠤᠷᠰᠢᠨ ᠨᠢᠰᠬᠦ ᠰᠠᠭᠤᠷᠢᠨ ᠭᠠᠵᠠᠷ᠎ᠢ ᠪᠦᠲᠦᠭᠡᠨ ᠪᠠᠢ᠌ᠭᠤᠯᠤᠨ᠎ᠠ᠃ ᠬᠥᠬᠡᠬᠣᠲᠠ᠂ ᠬᠥᠯᠥᠨ ᠪᠤᠶ᠋ᠢᠷ ᠬᠣᠲᠠ᠂ ᠰᠢᠯᠢ ᠵᠢᠨ ᠭᠣᠣᠯ ᠠᠢ᠌ᠮᠠᠭ᠂ ᠠᠯᠠᠱ᠌ᠠ ᠠᠢ᠌ᠮᠠᠭ ᠵᠡᠷᠭᠡ ᠭᠠᠵᠠᠷ ᠣᠷᠣᠨ᠎ᠤ ᠣᠷᠴᠢᠨ ᠲᠣᠭᠣᠷᠢᠨ᠎ᠤ ᠨᠥᠬᠥᠴᠡᠯ᠎ᠢ ᠠᠭᠤᠳᠠᠯᠵᠤ᠂ ᠳᠣᠣᠷ᠎ᠠ ᠠᠭ᠋ᠠᠷ᠎ᠤᠨ ᠨᠢᠰᠦᠯᠲᠡ ᠵᠢ ᠰᠢᠯᠭ᠋ᠠᠨ ᠰᠣᠷᠢᠬᠤ ᠦᠢ᠍ᠯᠡᠴᠢᠯᠡᠭᠡᠨ᠎ᠢ ᠥᠷᠨᠢᠭᠦᠯᠦᠨ᠂ ᠤᠯᠤᠰ᠎ᠤᠨ ᠲᠠᠰ᠎ᠤᠨ ᠳᠣᠣᠷ᠎ᠠ ᠠᠭ᠋ᠠᠷ᠎ᠤᠨ ᠨᠢᠰᠦᠭᠦᠷ᠎ᠤᠨ ᠰᠢᠯᠭ᠋ᠠᠨ ᠰᠣᠷᠢᠬᠤ ᠰᠠᠭᠤᠷᠢᠨ ᠭᠠᠵᠠᠷ᠎ᠢ ᠪᠣᠢ᠌ᠵᠢᠭᠤᠯᠤᠨ᠎ᠠ᠃
(ᠲᠠᠪᠤ) ᠳᠣᠣᠷ᠎ᠠ ᠠᠭ᠋ᠠᠷ + ᠤᠯᠠᠷᠢᠨ ᠡᠭᠦᠰᠬᠦ ᠦᠢ᠍ᠯᠡᠴᠢᠯᠡᠭᠡ᠃ ᠨᠥᠬᠥᠴᠡᠯ ᠪᠦᠷᠢᠳᠦᠭᠦᠯᠦᠭᠰᠡᠨ ᠨᠡᠢ᠌ᠳᠡᠮ ᠬᠡᠷᠡᠭᠯᠡᠭᠡᠨ᠎ᠤ ᠠᠭ᠋ᠠᠷ᠎ᠤᠨ ᠠᠶᠠᠯᠠᠯ᠎ᠤᠨ ᠨᠢᠰᠬᠡᠯ᠎ᠤᠨ ᠪᠠᠭᠤᠳᠠᠯ᠂ ᠳᠣᠣᠷ᠎ᠠ ᠠᠭ᠋ᠠᠷ᠎ᠤᠨ ᠡᠵᠡᠩᠨᠡᠨ ᠲᠡᠭᠡᠭᠡᠪᠦᠷᠢᠯᠡᠬᠦ ᠦᠢ᠍ᠯᠡᠴᠢᠯᠡᠭᠡᠨ᠎ᠤ ᠠᠵᠤ ᠠᠬᠤᠢ᠌ᠯᠠᠯ᠎ᠢ ᠵᠣᠷᠢᠭᠵᠢᠭᠤᠯᠤᠨ᠂ ᠳᠣᠣᠷ᠎ᠠ ᠠᠭ᠋ᠠᠷ᠎ᠤᠨ ᠨᠢᠰᠦᠭᠦᠷ᠎ᠤᠨ ᠰᠡᠯᠪᠢᠭ ᠲᠣᠨᠣᠭ᠂ ᠮᠠᠰᠢᠨ ᠴᠣᠭᠴᠠ᠂ ᠬᠥᠳᠡᠯᠭᠡᠭᠴᠢ ᠬᠦᠴᠦᠨ᠎ᠤ ᠰᠢᠰᠲ᠋ᠧᠮ ᠵᠡᠷᠭᠡ ᠵᠢ ᠰᠡᠯᠪᠢᠨ ᠵᠠᠰᠠᠬᠤ ᠵᠢᠴᠢ ᠲᠠᠯᠠᠪᠤᠷ ᠭᠠᠵᠠᠷ᠂ ᠲᠥᠬᠦᠭᠡᠷᠦᠮᠵᠢ ᠪᠠ ᠲᠣᠰᠣ ᠴᠠᠬᠢᠯᠭ᠋ᠠᠨ ᠬᠠᠩᠭ᠋ᠠᠬᠤ ᠵᠡᠷᠭᠡ ᠬᠦᠷᠢᠶ᠎ᠡ ᠴᠠᠷᠠᠭ᠋ᠠᠨ᠎ᠤ ᠲᠣᠭᠣᠷᠢᠨ᠎ᠳᠤ᠂ ᠠᠭ᠋ᠠᠷ᠎ᠤᠨ ᠠᠶᠠᠯᠠᠯ᠎ᠤᠨ ᠲᠣᠨᠣᠭ ᠲᠥᠬᠦᠭᠡᠷᠦᠮᠵᠢ ᠵᠢ ᠲᠥᠬᠥᠷᠵᠢᠭᠦᠯᠬᠦ᠂ ᠰᠡᠯᠪᠢᠨ ᠵᠠᠰᠠᠵᠤ ᠪᠠᠲᠤᠯᠠᠬᠤ ᠪᠠ ᠳᠣᠣᠷ᠎ᠠ ᠠᠭ᠋ᠠᠷ᠎ᠤᠨ ᠪᠡᠯᠡᠳᠬᠡᠮᠵᠢ ᠵᠢ ᠬᠠᠮᠠᠭ᠋ᠠᠯᠠᠬᠤ ᠲᠤᠬᠠᠢ᠌ᠯᠠᠭᠰᠠᠨ ᠠᠵᠢᠯ᠎ᠢ ᠥᠷᠨᠢᠭᠦᠯᠵᠦ᠂ ᠨᠢᠰᠦᠯᠲᠡ ᠵᠢᠨ ᠮᠠᠰᠢᠨ᠎ᠢ ᠨᠠᠢ᠌ᠳᠠᠨ ᠬᠠᠮᠢᠶᠠᠷᠤᠭᠤᠯᠬᠤ ᠪᠠ ᠲᠦᠷᠢᠶᠡᠰᠦᠯᠡᠭᠦᠯᠬᠦ ᠦᠢ᠍ᠯᠡᠴᠢᠯᠡᠭᠡᠨ᠎ᠢ ᠬᠥᠭᠵᠢᠭᠦᠯᠦᠨ᠂ ᠬᠡᠷᠡᠭᠯᠡᠭᠡᠨ᠎ᠠᠴᠠ ᠭᠠᠷᠤᠭᠰᠠᠨ ᠪᠠ ᠬᠡᠷᠡᠭᠯᠡᠭᠡᠨ᠎ᠠᠴᠠ ᠭᠠᠷᠭ᠋ᠠᠭᠰᠠᠨ ᠨᠢᠰᠬᠡᠯ᠎ᠢ ᠵᠠᠳᠠᠯᠤᠨ ᠰᠠᠯᠭ᠋ᠠᠬᠤ ᠲᠤᠬᠠᠢ᠌ᠯᠠᠭᠰᠠᠨ ᠠᠵᠢᠯ᠎ᠢ ᠥᠷᠭᠡᠵᠢᠭᠦᠯᠵᠦ᠂ ᠳᠣᠣᠷ᠎ᠠ ᠠᠭ᠋ᠠᠷ᠎ᠤᠨ ᠠᠶᠠᠯᠠᠯ᠎ᠤᠨ ᠠᠵᠤ ᠦᠢ᠍ᠯᠡᠰ᠎ᠤᠨ ᠬᠡᠯᠬᠢᠶ᠎ᠡ ᠵᠢ ᠤᠷᠲᠤᠳᠬᠠᠨ᠎ᠠ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ
2024 ᠣᠨ᠎ᠤ 9 ᠳ᠋ᠦ᠍ᠭᠡᠷ ᠰᠠᠷ᠎ᠠ ᠵᠢᠨ 14᠎ᠤ ᠡᠳᠦᠷ ᠳᠠᠷᠤᠮᠠᠯᠯᠠᠨ ᠲᠠᠷᠬᠠᠭ᠋ᠠᠪᠠ