ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ
ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠪᠢᠴᠢᠭ ᠮᠠᠲ᠋ᠧᠷᠢᠶᠠᠯ
ᠥᠪᠥᠷ ᠵᠠᠰᠠᠭ ᠠᠯᠪᠠᠨ ᠲᠠᠷᠬᠠᠭ᠋ᠠᠭᠰᠠᠨ [ 2024 ] 20 ᠳ᠋ᠤᠭ᠋ᠠᠷ ᠲᠣᠭ᠋ᠠᠲᠤ
ᠪᠦᠢ᠍ᠺᠦ ᠪᠥᠮᠪᠥᠭᠡᠨ᠎ᠤ ᠦᠢ᠍ᠯᠡᠰ᠎ᠤᠨ ᠬᠥᠭᠵᠢᠯᠲᠡ ᠵᠢ ᠠᠬᠢᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠰᠠᠨᠠᠯ
ᠡᠯ᠎ᠡ ᠠᠢ᠌ᠮᠠᠭ᠎ᠤᠨ ᠵᠠᠬᠢᠷᠭ᠎ᠠ ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ ᠂ ᠠᠯᠪᠠᠨ ᠭᠡᠷ ᠂ ᠲᠢᠩᠬᠢᠮ ᠂ ᠲᠣᠪᠴᠢᠶ᠎ᠠ ᠂ ᠡᠯ᠎ᠡ ᠲᠣᠮᠣ ᠠᠵᠤ ᠠᠬᠤᠢ᠌ᠯᠠᠯ ᠂ ᠠᠵᠢᠯ ᠦᠢ᠍ᠯᠡᠰ᠎ᠤᠨ ᠨᠢᠭᠡᠴᠢ᠎ᠳᠤ᠄
ᠪᠡᠶ᠎ᠡ ᠵᠢᠨ ᠲᠠᠮᠢᠷ᠎ᠤᠨ ᠲᠤᠬᠠᠢ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠥᠭᠦᠯᠡᠯᠲᠡ ᠵᠢ ᠭᠦᠨᠵᠡᠭᠡᠢ ᠲᠤᠭᠤᠰᠢᠯᠠᠭᠤᠯᠵᠤ ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠬᠢᠨᠠᠮᠠᠭ᠋ᠠᠢ ᠨᠠᠢ᠌ᠳᠠᠪᠤᠷᠢᠵᠢᠭᠤᠯᠤᠨ ᠂ ᠪᠤᠶ᠋ᠢᠺᠤ ᠪᠥᠮᠪᠥᠭᠡᠨ᠎ᠤ ᠲᠥᠷᠥᠯ ᠵᠦᠢ᠍ᠯ᠎ᠤᠨ ᠦᠷᠭᠦᠯᠵᠢᠯᠡᠨ ᠡᠷᠡᠭᠦᠯ ᠵᠶ᠋ᠡᠷ ᠬᠥᠭᠵᠢᠬᠦ ᠵᠢ ᠠᠬᠢᠭᠤᠯᠵᠤ ᠂ ᠪᠥᠬᠥ ᠣᠷᠣᠨ᠎ᠤ ᠪᠡᠶ᠎ᠡ ᠵᠢᠨ ᠲᠠᠮᠢᠷ᠎ᠤᠨ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠬᠥᠲᠥᠯᠥᠨ ᠳᠠᠭ᠋ᠠᠭᠤᠯᠬᠤ ᠵᠢᠨ ᠲᠤᠰᠠᠳᠠ ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ ᠂ ᠡᠳᠦᠭᠡ ᠳᠣᠣᠷᠠᠬᠢ ᠮᠡᠲᠦ ᠰᠠᠨᠠᠯ᠎ᠢ ᠳᠤᠷᠠᠳᠪᠠ ᠃
ᠨᠢᠭᠡ ᠂ ᠶᠡᠷᠦᠩᠬᠡᠢ ᠱᠠᠭ᠋ᠠᠷᠳᠠᠯᠭ᠎ᠠ
ᠬᠥᠮᠥᠨ ᠵᠶ᠋ᠡᠷ ᠦᠨᠳᠦᠰᠦ ᠪᠣᠯᠭ᠋ᠠᠬᠤ ᠂ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠬᠤ ᠵᠢ ᠪᠠᠷᠢᠮᠲᠠᠯᠠᠵᠤ ᠂ ᠮᠣᠷᠢᠨᠳᠠᠪᠠᠭ᠎ᠠ ᠳᠠᠭᠤᠷ ᠦᠨᠳᠦᠰᠦᠲᠡᠨ᠎ᠤ ᠥᠪᠡᠷᠲᠡᠭᠡᠨ ᠵᠠᠰᠠᠬᠤ ᠬᠣᠰᠢᠭᠤᠨ ( ᠳᠣᠷᠣᠭᠰᠢ ᠮᠣᠷᠢᠨᠳᠠᠪᠠᠭ᠎ᠠ ᠬᠣᠰᠢᠭᠤ ᠭᠡᠵᠦ ᠲᠣᠪᠴᠢᠯᠠᠨ᠎ᠠ)᠎ᠤ ᠪᠤᠶ᠋ᠢᠺᠤ ᠪᠥᠮᠪᠥᠭᠡᠨ᠎ᠤ ᠲᠥᠷᠥᠯ ᠵᠦᠢ᠍ᠯ᠎ᠤᠨ ᠬᠥᠭᠵᠢᠯᠲᠡ᠎ᠪᠠᠷ ᠵᠢᠱ᠌ᠢᠶ᠎ᠡ ᠦᠵᠡᠭᠦᠯᠵᠦ ᠂ ᠪᠤᠶ᠋ᠢᠺᠤ ᠪᠥᠮᠪᠥᠭᠡᠨ᠎ᠤ ᠮᠥᠷᠥᠢ᠌ᠴᠡᠭᠡᠨ᠎ᠤ ᠬᠢᠷᠢ ᠲᠦᠪᠰᠢᠨ᠎ᠢ ᠳᠡᠭᠡᠭᠰᠢᠯᠡᠭᠦᠯᠦᠨ ᠂ ᠪᠤᠶ᠋ᠢᠺᠤ ᠪᠥᠮᠪᠥᠭᠡᠨ᠎ᠤ ᠬᠥᠳᠡᠯᠭᠡᠭᠡᠨ᠎ᠳᠤ ᠣᠷᠤᠯᠴᠠᠬᠤ ᠬᠥᠮᠥᠨ ᠠᠮᠠ ᠵᠢᠨ ᠬᠡᠪᠴᠢᠶᠡᠵᠢᠯ᠎ᠢ ᠥᠷᠭᠡᠳᠬᠡᠨ᠎ᠡ ᠃ 2025 ᠣᠨ ᠪᠣᠯᠬᠤ᠎ᠳᠤ ᠂ ᠠᠷᠪᠠᠨ ᠲᠠᠪᠤᠳᠤᠭ᠋ᠠᠷ ᠬᠤᠭᠤᠴᠠᠭ᠋ᠠᠨ᠎ᠤ ᠪᠥᠬᠥ ᠤᠯᠤᠰ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠳᠤ ᠢᠳᠡᠪᠬᠢᠲᠡᠢ ᠪᠡᠯᠡᠳᠬᠡᠯ ᠬᠢᠵᠦ ᠂ ᠡᠷᠡᠭᠲᠡᠢ ᠵᠢᠨ ᠪᠤᠶ᠋ᠢᠺᠤ ᠪᠥᠮᠪᠥᠭᠡᠨ᠎ᠤ ᠲᠥᠷᠥᠯ ᠵᠦᠢ᠍ᠯ᠎ᠳᠤ 《 ᠬᠣᠶᠠᠳᠤᠭ᠋ᠠᠷ ᠵᠶ᠋ᠡᠨ ᠪᠠᠲᠤᠯᠠᠭᠰᠠᠨ ᠰᠠᠭᠤᠷᠢᠨ᠎ᠳᠤ ᠮᠠᠩᠯᠠᠢ᠌ᠯᠠᠬᠤᠪᠠᠷ ᠮᠡᠷᠡᠢ᠌ᠨ ᠲᠡᠮᠡᠴᠡᠵᠦ 》 ᠂ ᠡᠮᠡᠭᠲᠡᠢ ᠵᠢᠨ ᠪᠤᠶ᠋ᠢᠺᠤ ᠪᠥᠮᠪᠥᠭᠡᠨ᠎ᠤ ᠲᠥᠷᠥᠯ ᠵᠦᠢ᠍ᠯ᠎ᠳᠤ 《 ᠳᠤᠮᠳᠠ ᠲᠦᠪᠰᠢᠨ᠎ᠳᠤ ᠳᠠᠪᠰᠢᠨ ᠣᠷᠣᠬᠤ》 ᠵᠢ ᠪᠡᠶᠡᠯᠡᠭᠦᠯᠵᠦ ᠂ ᠱᠠᠲᠤᠯᠢᠭ ᠪᠡᠯᠡᠳᠬᠡᠯ ᠡᠩᠨᠡᠭᠡᠨ᠎ᠤ ᠪᠠᠢ᠌ᠭᠤᠯᠤᠯᠲᠠ ᠵᠢ ᠠᠩᠬ᠎ᠠ ᠠᠯᠬᠤᠮ ᠬᠡᠪᠴᠢᠶ᠎ᠡ᠎ᠲᠠᠢ ᠪᠣᠯᠭ᠋ᠠᠨ᠎ᠠ ᠃ 2030 ᠣᠨ ᠪᠣᠯᠬᠤ᠎ᠳᠤ ᠂ ᠪᠥᠬᠥ ᠣᠷᠣᠨ᠎ᠳᠤ ᠪᠤᠶ᠋ᠢᠺᠤ ᠪᠥᠮᠪᠥᠭᠡᠨ᠎ᠤ ᠪᠡᠯᠡᠳᠬᠡᠯ ᠴᠢᠳᠠᠪᠤᠷᠢᠲᠠᠨ᠎ᠤ ᠪᠣᠯᠪᠠᠰᠤᠷᠠᠯ᠎ᠤᠨ ᠰᠠᠭᠤᠷᠢᠨ ᠭᠠᠵᠠᠷ᠎ᠢ ᠨᠠᠭ᠋ᠠᠲᠤ ᠵᠠᠬ᠎ᠠ᠎ᠳᠤ᠎ᠪᠠᠨ 15 (ᠠᠢ᠌ᠮᠠᠭ ᠬᠣᠲᠠ ᠂ ᠬᠣᠰᠢᠭᠤ ᠰᠢᠶᠠᠨ᠎ᠤ ᠱᠠᠲᠤᠨ᠎ᠤ ᠰᠠᠭᠤᠷᠢᠨ ᠭᠠᠵᠠᠷ᠎ᠤᠨ ᠶᠡᠷᠦᠩᠬᠡᠢ ᠲᠣᠭ᠎ᠠ ᠬᠡᠮᠵᠢᠶ᠎ᠡ) ᠪᠠᠢ᠌ᠭᠤᠯᠵᠤ ᠂ ᠳᠠᠩᠰᠠᠯᠠᠭᠤᠯᠤᠭᠰᠠᠨ ᠲᠠᠮᠢᠷᠴᠢᠳ᠎ᠢ 2000 ᠬᠥᠮᠥᠨ᠎ᠳᠤ ᠬᠦᠷᠦᠭᠦᠯᠵᠦ ᠂ ᠪᠣᠯᠪᠠᠰᠤᠷᠠᠯ᠎ᠳᠤ ᠪᠠᠢ᠌ᠩᠭᠤ ᠣᠷᠣᠯᠴᠠᠬᠤ ᠵᠠᠯᠠᠭᠤᠴᠤᠳ ᠪᠠᠭ᠋ᠠᠴᠤᠳ᠎ᠢ ᠲᠦᠮᠡᠨ ᠬᠥᠮᠥᠨ᠎ᠠᠴᠠ ᠳᠠᠪᠠᠭᠤᠯᠤᠨ ᠂ ᠮᠥᠷᠥᠢ᠌ᠴᠡᠭᠡᠨ᠎ᠤ ᠬᠢᠷᠢ ᠲᠦᠪᠰᠢᠨ ᠲᠡᠷᠢᠭᠦᠯᠡᠭᠰᠡᠨ ᠂ ᠤᠷᠤᠯᠳᠤᠭ᠋ᠠᠨ᠎ᠤ ᠲᠣᠭᠲᠠᠯᠴᠠᠭ᠎ᠠ ᠲᠡᠭᠦᠯᠳᠡᠷ ᠂ ᠲᠠᠯᠠᠪᠤᠷ ᠪᠡᠯᠡᠳᠬᠡᠮᠵᠢ ᠵᠢᠨ ᠪᠠᠲᠤᠯᠠᠭ᠎ᠠ ᠬᠦᠴᠦᠲᠡᠢ ᠂ ᠴᠢᠳᠠᠪᠤᠷᠢᠲᠠᠨ ᠬᠥᠮᠥᠵᠢᠭᠦᠯᠬᠦ ᠲᠣᠭᠲᠠᠯᠴᠠᠭ᠎ᠠ ᠪᠦᠷᠢᠨᠰᠢᠭᠰᠡᠨ ᠂ ᠲᠠᠮᠢᠷ᠎ᠤᠨ ᠬᠥᠳᠡᠯᠭᠡᠭᠡᠨ᠎ᠤ ᠲᠦᠭᠡᠮᠡᠯᠵᠢᠭᠦᠯᠦᠯᠲᠡ ᠵᠢᠨ ᠨᠣᠷᠮ᠎ᠠ᠎ᠪᠠᠷ ᠨᠡᠯᠢᠶᠡᠳ ᠥᠨᠳᠥᠷ ᠪᠠᠢ᠌ᠬᠤ ᠪᠥᠬᠥ ᠤᠯᠤᠰ᠎ᠤᠨ ᠪᠤᠶ᠋ᠢᠺᠤ ᠪᠥᠮᠪᠥᠭᠡᠨ᠎ᠤ ᠬᠥᠭᠵᠢᠯᠲᠡ ᠵᠢᠨ ᠵᠢᠱ᠌ᠢᠶ᠎ᠡ ᠦᠵᠡᠭᠦᠯᠬᠦ ᠣᠷᠣᠨ᠎ᠢ ᠪᠠᠢ᠌ᠭᠤᠯᠤᠨ᠎ᠠ ᠃
ᠬᠣᠶᠠᠷ ᠂ ᠪᠤᠶ᠋ᠢᠺᠤ ᠪᠥᠮᠪᠥᠭᠡᠨ᠎ᠤ ᠮᠥᠷᠥᠢ᠌ᠴᠡᠭᠡᠨ᠎ᠤ ᠬᠢᠷᠢ ᠲᠦᠪᠰᠢᠨ᠎ᠢ ᠲᠦᠷᠭᠡᠬᠡᠨ ᠳᠡᠭᠡᠭᠰᠢᠯᠡᠭᠦᠯᠦᠨ᠎ᠡ
ᠰᠢᠨᠵᠢᠯᠡᠬᠦ ᠤᠬᠠᠭ᠋ᠠᠨᠴᠢ ᠪᠥᠭᠡᠳ ᠵᠢᠷᠣᠮᠵᠢᠭᠣᠨ ᠪᠦᠬᠦᠢ ᠲᠠᠮᠢᠷᠴᠢᠨ᠎ᠢ ᠰᠢᠯᠢᠨ ᠰᠣᠩᠭᠣᠬᠤ ᠲᠣᠭᠲᠠᠴᠠ ᠂ ᠰᠢᠯᠭ᠋ᠠᠨ ᠬᠢᠨᠠᠬᠤ ᠪᠠᠷᠢᠮᠵᠢᠶ᠎ᠠ ᠂ ᠡᠳᠦᠷ ᠲᠤᠳᠤᠮ᠎ᠤᠨ ᠬᠠᠮᠢᠶᠠᠷᠤᠯᠲᠠ ᠂ ᠱᠠᠩᠨᠠᠵᠤ ᠲᠣᠷᠭ᠋ᠠᠬᠤ ᠵᠡᠷᠭᠡ ᠳᠦᠷᠢᠮ᠎ᠢ ᠲᠣᠭᠲᠠᠭ᠋ᠠᠵᠤ ᠂ ᠴᠢᠳᠠᠪᠤᠷᠢᠲᠠᠨ᠎ᠢ ᠢᠯᠡᠷᠡᠭᠦᠯᠵᠦ ᠬᠥᠮᠥᠵᠢᠭᠦᠯᠦᠨ᠎ᠡ ᠃ 2025 ᠣᠨ᠎ᠤ ᠰᠡᠭᠦᠯᠴᠢ ᠪᠣᠯᠬᠤ᠎ᠳᠤ ᠂ ᠪᠥᠬᠥ ᠣᠷᠣᠨ᠎ᠤ ᠪᠤᠶ᠋ᠢᠺᠤ ᠪᠥᠮᠪᠥᠭᠡᠨ᠎ᠤ ᠲᠤᠰᠬᠠᠢ ᠮᠡᠷᠭᠡᠵᠢᠯ᠎ᠤᠨ ᠠᠩᠭᠢ ᠵᠢᠨ ᠪᠦᠲᠦᠴᠡ ᠵᠢ᠎ᠨᠢ ᠨᠠᠩ ᠰᠢᠯᠢᠳᠡᠭ ᠂ ᠪᠣᠳᠠᠲᠤ ᠬᠦᠴᠦᠨ᠎ᠢ᠎ᠨᠢ ᠨᠠᠩ ᠴᠢᠩᠭ᠎ᠠ ᠪᠣᠯᠭ᠋ᠠᠵᠤ ᠂ ᠬᠣᠶᠠᠳᠤᠭ᠋ᠠᠷ ᠹᠷᠣᠨᠲ᠎ᠤᠨ ᠡᠩᠨᠡᠭᠡᠨ᠎ᠤ ᠲᠣᠭ᠎ᠠ ᠬᠡᠮᠵᠢᠶ᠎ᠡ ᠵᠢ ᠭᠦᠢ᠍ᠴᠡᠳ ᠬᠠᠩᠭ᠋ᠠᠭ᠋ᠠᠯᠳᠠᠢ ᠂ ᠳᠠᠯᠳᠠ ᠬᠦᠴᠦᠨ᠎ᠢ᠎ᠨᠢ ᠲᠣᠪᠣᠢ᠌ᠮ᠎ᠠ ᠪᠣᠯᠭ᠋ᠠᠬᠤ᠎ᠪᠠᠷ ᠬᠦᠴᠦᠯᠡᠨ ᠴᠢᠷᠮᠠᠢ᠌ᠨ᠎ᠠ ᠃ 《 ᠬᠦᠴᠢᠷ ᠠᠭᠤᠯᠭ᠎ᠠ ᠲᠣᠬᠢᠷᠠᠭᠤᠯᠬᠤ ᠂ ᠴᠢᠩᠭ᠎ᠠ ᠱᠠᠭ᠋ᠠᠷᠳᠠᠬᠤ ᠂ ᠪᠣᠳᠠᠲᠤ ᠣᠷᠣᠯᠳᠣᠭ᠋ᠠᠨ᠎ᠠᠴᠠ ᠡᠭᠦᠰᠴᠦ ᠂ ᠪᠡᠶ᠎ᠡ ᠵᠢᠨ ᠳᠠᠭ᠋ᠠᠭ᠋ᠠᠴᠠ᠎ᠳᠤ ᠣᠢ᠌ᠷᠠᠲᠤᠭᠰᠠᠨ ᠬᠥᠳᠡᠯᠭᠡᠭᠡᠨ᠎ᠤ ᠬᠡᠮᠵᠢᠶ᠎ᠡ ᠵᠢ ᠦᠵᠡᠵᠦ ᠰᠢᠨᠵᠢᠯᠡᠬᠦ ᠤᠬᠠᠭ᠋ᠠᠨᠴᠢ᠎ᠪᠠᠷ ᠰᠤᠷᠭ᠋ᠠᠭᠤᠯᠢᠯᠠᠯ ᠬᠦᠷᠲᠡᠭᠡᠬᠦ 》 ᠵᠠᠷᠴᠢᠮ᠎ᠢ ᠪᠠᠷᠢᠮᠲᠠᠯᠠᠨ ᠂ ᠪᠤᠶ᠋ᠢᠺᠤ ᠪᠥᠮᠪᠥᠭᠡᠨ᠎ᠤ 《 ᠰᠤᠷᠭ᠋ᠠᠭᠤᠯᠢᠯᠠᠯ ᠂ ᠡᠷᠳᠡᠮ ᠰᠢᠨᠵᠢᠯᠡᠭᠡᠨ ᠂ ᠡᠮᠴᠢᠯᠡᠭᠡ ᠂ ᠵᠢᠭ᠋ᠠᠨ ᠰᠤᠷᠭ᠋ᠠᠯᠲᠠ ᠂ ᠦᠢ᠍ᠯᠡᠴᠢᠯᠡᠭᠡ》 ᠵᠢᠨ ᠬᠠᠮ ᠬᠡᠯᠪᠡᠷᠢᠲᠦ ᠰᠤᠷᠭ᠋ᠠᠭᠤᠯᠢᠯᠠᠯ᠎ᠤᠨ ᠪᠦᠯᠬᠦᠮ᠎ᠤᠨ ᠠᠵᠢᠯᠯᠠᠭ᠋ᠠᠨ᠎ᠤ ᠲᠣᠭᠲᠠᠴᠠ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ ᠂ ᠥᠨᠳᠥᠷ ᠬᠢᠷᠢ ᠲᠦᠪᠰᠢᠨ ᠪᠦᠬᠦᠢ ᠰᠤᠷᠭ᠋ᠠᠭᠴᠢ ᠵᠢᠨ ᠪᠦᠯᠬᠦᠮ᠎ᠢ ᠤᠷᠢᠵᠤ ᠂ ᠰᠢᠨᠵᠢᠯᠡᠬᠦ ᠤᠬᠠᠭ᠋ᠠᠨᠴᠢᠯᠠᠭᠰᠠᠨ ᠰᠤᠷᠭ᠋ᠠᠭᠤᠯᠢᠯᠠᠯ᠎ᠤᠨ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ ᠃ ᠤᠷᠤᠯᠳᠤᠭ᠋ᠠᠨ ᠵᠶ᠋ᠠᠷ ᠰᠤᠷᠭ᠋ᠠᠭᠤᠯᠢᠯᠠᠯ᠎ᠢ ᠠᠬᠢᠭᠤᠯᠵᠤ ᠂ ᠭᠣᠣᠯᠳᠠᠯᠭ᠎ᠠ᠎ᠲᠠᠢ ᠲᠠᠮᠢᠷᠴᠢᠨ᠎ᠢ ᠰᠣᠩᠭᠣᠨ ᠪᠤᠶ᠋ᠢᠺᠤ ᠪᠥᠮᠪᠥᠭᠡᠨ᠎ᠤ ᠬᠥᠭᠵᠢᠯᠲᠡ ᠵᠢᠨ ᠬᠢᠷᠢ ᠬᠡᠮᠵᠢᠶ᠎ᠡ᠎ᠪᠠᠷ ᠨᠡᠯᠢᠶᠡᠳ ᠥᠨᠳᠥᠷ ᠤᠯᠤᠰ᠎ᠲᠤ ᠣᠴᠢᠭᠤᠯᠤᠨ ᠰᠤᠷᠭ᠋ᠠᠭᠤᠯᠢᠯᠠᠯ ᠬᠦᠷᠲᠡᠭᠡᠵᠦ ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠴᠢᠬᠤᠯᠠ ᠶᠡᠬᠡ ᠤᠷᠤᠯᠳᠤᠭ᠋ᠠᠨ᠎ᠳᠤ ᠣᠷᠣᠯᠴᠠᠬᠤ ᠵᠢ᠎ᠨᠢ ᠲᠡᠮᠵᠢᠵᠤ ᠂ ᠪᠣᠳᠠᠲᠤ ᠣᠷᠣᠯᠳᠣᠭ᠋ᠠᠨ᠎ᠤ ᠲᠤᠷᠰᠢᠯᠭ᠎ᠠ ᠵᠢ ᠬᠤᠷᠠᠮᠳᠤᠭᠤᠯᠤᠨ᠎ᠠ ᠃
ᠭᠤᠷᠪᠠ ᠂ ᠲᠠᠯᠠᠪᠤᠷ ᠭᠠᠵᠠᠷ ᠪᠡᠯᠡᠳᠬᠡᠮᠵᠢ ᠵᠢᠨ ᠪᠦᠲᠦᠭᠡᠨ ᠪᠠᠢ᠌ᠭᠤᠯᠤᠯᠲᠠ ᠵᠢ ᠲᠦᠷᠭᠡᠬᠡᠨ ᠠᠬᠢᠭᠤᠯᠤᠨ᠎ᠠ
ᠮᠣᠷᠢᠨᠳᠠᠪᠠᠭ᠎ᠠ ᠬᠣᠰᠢᠭᠤᠨ᠎ᠤ ᠤᠯᠤᠰ᠎ᠤᠨ ᠲᠠᠰ᠎ᠤᠨ ᠪᠤᠶ᠋ᠢᠺᠤ ᠪᠥᠮᠪᠥᠭᠡᠨ᠎ᠤ ᠰᠤᠷᠭ᠋ᠠᠭᠤᠯᠢᠯᠠᠯ᠎ᠤᠨ ᠰᠠᠭᠤᠷᠢᠨ ᠭᠠᠵᠠᠷ ᠪᠠᠶ᠋ᠢᠭᠤᠯᠬᠤ᠎ᠳᠤ᠎ᠨᠢ ᠳᠡᠮᠵᠢᠯᠭᠡ ᠦᠵᠡᠭᠦᠯᠵᠦ ᠂ ᠣᠯᠠᠨ ᠤᠯᠤᠰ᠎ᠤᠨ ᠤᠷᠤᠯᠳᠤᠭ᠋ᠠᠨ᠎ᠤ ᠠᠵᠢᠯᠯᠠᠭ᠎ᠠ ᠵᠢ ᠣᠷᠣᠭᠤᠯᠤᠨ ᠠᠪᠴᠢᠷᠠᠵᠤ ᠂ ᠪᠤᠶ᠋ᠢᠺᠤ ᠪᠥᠮᠪᠥᠭᠡᠨ᠎ᠤ ᠤᠷᠤᠯᠳᠤᠭ᠋ᠠᠨ᠎ᠤ ᠠᠵᠢᠯᠯᠠᠭ᠎ᠠ ᠵᠢᠨ ᠴᠢᠨᠠᠷ ᠰᠠᠢ᠌ᠲᠠᠢ ᠰᠣᠯᠢᠯᠴᠠᠭ᠋ᠠᠨ᠎ᠤ ᠲᠠᠪᠴᠠᠩ᠎ᠢ ᠪᠠᠢ᠌ᠭᠤᠯᠤᠨ᠎ᠠ ᠃ ᠬᠥᠬᠡᠬᠣᠲᠠ ᠵᠢᠨ ᠣᠲᠣ ᠵᠢᠨ ᠪᠠᠢ᠌ᠭ᠎ᠠ ᠲᠠᠯᠠᠪᠤᠷ ᠭᠠᠵᠠᠷ ᠪᠡᠯᠡᠳᠬᠡᠮᠵᠢ ᠵᠢ ᠠᠰᠢᠭᠯᠠᠨ ᠭᠡᠷ᠎ᠤᠨ ᠭᠠᠳᠠᠨᠠᠬᠢ ᠪᠤᠶ᠋ᠢᠺᠤ ᠪᠥᠮᠪᠥᠭᠡᠨ᠎ᠤ ᠰᠤᠷᠭ᠋ᠠᠭᠤᠯᠢᠯᠠᠯ ᠤᠷᠤᠯᠳᠤᠭ᠋ᠠᠨ᠎ᠤ 2 ᠲᠠᠯᠠᠪᠤᠷ ᠭᠠᠵᠠᠷ᠎ᠢ ᠥᠭᠡᠷᠡᠴᠢᠯᠡᠨ ᠪᠠᠢ᠌ᠭᠤᠯᠵᠤ ᠂ ᠲᠤᠰᠬᠠᠢ ᠮᠡᠷᠭᠡᠵᠢᠯ᠎ᠤᠨ ᠠᠩᠭᠢ ᠵᠢᠨ ᠰᠤᠷᠭ᠋ᠠᠭᠤᠯᠢᠯᠠᠯ ᠭᠦᠷᠲᠡᠬᠦ ᠵᠢ ᠪᠠᠲᠤᠯᠠᠨ ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠲᠣᠮᠣ ᠬᠡᠯᠪᠡᠷᠢ ᠵᠢᠨ ᠤᠷᠤᠯᠳᠤᠭ᠋ᠠᠨ ᠪᠠ ᠰᠤᠷᠭ᠋ᠠᠭᠤᠯᠢᠯᠠᠯ᠎ᠤᠨ ᠡᠭᠦᠷᠭᠡ ᠵᠢ ᠳᠠᠭ᠋ᠠᠭ᠋ᠠᠵᠤ ᠠᠪᠤᠨ᠎ᠠ ᠃ ᠮᠣᠷᠢᠨᠳᠠᠪᠠᠭ᠎ᠠ ᠬᠣᠰᠢᠭᠤᠨ᠎ᠤ ᠡᠬᠢ ᠪᠠᠶᠠᠯᠢᠭ᠎ᠤᠨ ᠪᠠᠢ᠌ᠷᠢᠰᠢᠭᠤᠯᠤᠯᠲᠠ᠎ᠪᠠᠨ ᠰᠢᠯᠢᠳᠡᠭᠵᠢᠭᠦᠯᠬᠦ ᠵᠢ᠎ᠨᠢ ᠳᠡᠮᠵᠢᠵᠦ ᠂ ᠪᠤᠶ᠋ᠢᠺᠤ ᠪᠥᠮᠪᠥᠭᠡᠨ᠎ᠤ ᠪᠡᠯᠡᠳᠬᠡᠯ ᠴᠢᠳᠠᠪᠤᠷᠢᠲᠠᠨ᠎ᠤ ᠰᠤᠷᠭ᠋ᠠᠭᠤᠯᠢ ᠵᠢᠨ ᠲᠠᠯᠠᠪᠤᠷ ᠭᠠᠵᠠᠷ ᠪᠡᠯᠡᠳᠬᠡᠮᠵᠢ ᠵᠢ ᠵᠠᠰᠠᠵᠤ ᠪᠠᠶ᠋ᠢᠭᠤᠯᠬᠤ ᠪᠠ ᠥᠭᠡᠷᠡᠴᠢᠯᠡᠵᠦ ᠪᠠᠢ᠌ᠭᠤᠯᠤᠨ᠎ᠠ ᠃ ᠨᠥᠬᠥᠴᠡᠯ᠎ᠲᠠᠢ ᠠᠢ᠌ᠮᠠᠭ ᠬᠣᠲᠠ ᠂ ᠬᠣᠰᠢᠭᠤ ᠰᠢᠶᠠᠨ (ᠬᠣᠲᠠ ᠂ ᠲᠣᠭᠣᠷᠢᠭ)᠎ᠤ ᠬᠥᠮᠥᠨ ᠠᠮᠠ ᠵᠢᠨ ᠬᠡᠪᠴᠢᠶ᠎ᠡ ᠂ ᠪᠠᠢ᠌ᠭ᠋ᠠᠯᠢ ᠵᠢᠨ ᠨᠥᠬᠥᠴᠡᠯ ᠂ ᠪᠦᠢ᠍ᠺᠦ ᠪᠥᠮᠪᠥᠭᠡᠨ᠎ᠤ ᠬᠥᠭᠵᠢᠯᠲᠡ ᠵᠢᠨ ᠰᠠᠭᠤᠷᠢ᠎ᠪᠠᠨ ᠦᠨᠳᠦᠰᠦᠯᠡᠨ ᠂ ᠨᠢᠭᠡ ᠪᠦᠯᠦᠭ ᠪᠦᠢ᠍ᠺᠦ ᠪᠥᠮᠪᠥᠭᠡᠨ᠎ᠤ ᠲᠠᠯᠠᠪᠤᠷ ᠭᠠᠵᠠᠷ ᠪᠡᠯᠡᠳᠬᠡᠮᠵᠢ ᠵᠢ ᠲᠥᠯᠥᠪᠯᠡᠭᠡ᠎ᠲᠠᠢ᠎ᠪᠠᠷ ᠰᠢᠨ᠎ᠡ᠎ᠪᠠᠷ ᠪᠠᠶ᠋ᠢᠭᠤᠯᠬᠤ ᠪᠤᠶᠤ ᠥᠭᠡᠷᠡᠴᠢᠯᠡᠵᠦ ᠪᠠᠶ᠋ᠢᠭᠤᠯᠬᠤ ᠵᠢ᠎ᠨᠢ ᠳᠡᠮᠵᠢᠨ᠎ᠡ ᠃ 2026 ᠣᠨ ᠪᠣᠯᠬᠤ᠎ᠳᠤ ᠂ ᠬᠥᠬᠡᠬᠣᠲᠠ ᠂ ᠪᠤᠭᠤᠲᠤ ᠬᠣᠲᠠ ᠂ ᠬᠥᠯᠥᠨ ᠪᠣᠶ᠋ᠢᠷ ᠬᠣᠲᠠ ᠂ ᠲᠦᠩᠯᠢᠶᠣᠣ ᠬᠣᠲᠠ ᠂ ᠣᠷᠳᠣᠰ ᠬᠣᠲᠠ ᠂ ᠪᠠᠶᠠᠨᠨᠠᠭᠤᠷ ᠬᠣᠲᠠ ᠵᠡᠷᠭᠡ ᠠᠢ᠌ᠮᠠᠭ ᠬᠣᠲᠠ᠎ᠨᠤᠭᠤᠳ᠎ᠲᠤ ᠰᠤᠷᠭ᠋ᠠᠭᠤᠯᠢᠯᠠᠯ᠎ᠤᠨ ᠲᠠᠯᠠᠪᠤᠷ ᠣᠷᠳᠣᠨ ᠪᠡᠯᠡᠳᠬᠡᠮᠵᠢ ᠵᠢᠨ ᠪᠠᠷᠢᠮᠵᠢᠶᠠᠵᠢᠭᠤᠯᠤᠭᠰᠠᠨ ᠪᠦᠲᠦᠭᠡᠨ ᠪᠠᠢ᠌ᠭᠤᠯᠤᠯᠲᠠ ᠵᠢ ᠪᠡᠶᠡᠯᠡᠭᠦᠯᠵᠦ ᠂ ᠣᠯᠠᠨ ᠡᠰᠢᠵᠢᠭᠰᠡᠨ ᠪᠠᠲᠤᠯᠠᠭ᠎ᠠ ᠵᠢᠨ ᠪᠠᠢ᠌ᠷᠢᠰᠢᠯ᠎ᠢ ᠪᠣᠶ ᠪᠣᠯᠭ᠋ᠠᠨ᠎ᠠ ᠃
ᠳᠥᠷᠪᠡ ᠂ ᠪᠤᠶ᠋ᠢᠺᠤ ᠪᠥᠮᠪᠥᠭᠡᠨ᠎ᠤ ᠴᠢᠳᠠᠪᠤᠷᠢᠲᠠᠨ ᠬᠥᠮᠥᠵᠢᠭᠦᠯᠬᠦ᠎ᠪᠠᠨ ᠲᠦᠷᠭᠡᠳᠬᠡᠨ᠎ᠡ
ᠡᠯ᠎ᠡ ᠠᠢ᠌ᠮᠠᠭ ᠬᠣᠲᠠ᠎ᠨᠢ ᠡᠬᠢ ᠪᠠᠶᠠᠯᠢᠭ ᠵᠶ᠋ᠠᠨ ᠭᠦᠢ᠍ᠴᠡᠳ ᠠᠭᠤᠳᠠᠯᠵᠤ ᠂ ᠬᠥᠭᠵᠢᠯᠲᠡ ᠵᠢᠨ ᠲᠤᠯᠭ᠋ᠠᠮ ᠬᠡᠷᠡᠭᠴᠡᠭᠡ᠎ᠳᠤ ᠠᠩᠬᠠᠷᠤᠯ ᠵᠶ᠋ᠠᠨ ᠲᠥᠪᠯᠡᠷᠡᠭᠦᠯᠦᠨ ᠂ ᠴᠢᠳᠠᠪᠤᠷᠢᠲᠠᠨ ᠬᠥᠮᠥᠵᠢᠭᠦᠯᠬᠦ ᠂ ᠣᠷᠣᠭᠤᠯᠵᠤ ᠠᠪᠴᠢᠷᠠᠬᠤ ᠂ ᠦᠨᠡᠯᠡᠬᠦ ᠂ ᠤᠷᠮᠠᠰᠢᠭᠤᠯᠵᠤ ᠪᠠᠲᠤᠯᠠᠬᠤ ᠵᠡᠷᠭᠡ ᠲᠣᠭᠲᠠᠴᠠ᠎ᠪᠠᠨ ᠤᠯᠠᠮ ᠨᠢᠭᠡ ᠠᠯᠬᠤᠮ ᠲᠡᠭᠦᠯᠳᠡᠷᠵᠢᠭᠦᠯᠵᠦ ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠂ ᠮᠡᠳᠡᠯᠭᠡ᠎ᠪᠠᠨ ᠰᠢᠨᠡᠳᠬᠡᠬᠦ ᠂ ᠴᠢᠳᠠᠪᠤᠷᠢ᠎ᠪᠠᠨ ᠳᠡᠭᠡᠭᠰᠢᠯᠡᠭᠦᠯᠬᠦ ᠠᠵᠢᠯᠯᠠᠭ᠋ᠠᠨ᠎ᠢ ᠦᠷᠭᠦᠯᠵᠢᠯᠡᠨ ᠬᠡᠷᠡᠭᠵᠢᠭᠦᠯᠵᠦ ᠂ ᠪᠤᠶ᠋ᠢᠺᠤ ᠪᠥᠮᠪᠥᠭᠡᠨ᠎ᠤ ᠴᠢᠳᠠᠪᠤᠷᠢᠲᠠᠨ ᠬᠥᠮᠥᠵᠢᠭᠦᠯᠬᠦ ᠥᠨᠳᠥᠷᠯᠢᠭ᠎ᠢ ᠪᠣᠢ ᠪᠣᠯᠭ᠋ᠠᠨ᠎ᠠ ᠃ ᠵᠠᠯᠠᠭᠤᠴᠤᠳ ᠪᠠᠭ᠋ᠠᠴᠤᠳ᠎ᠤᠨ ᠡᠩᠨᠡᠭᠡᠨ᠎ᠤ ᠪᠠᠢ᠌ᠭᠤᠯᠤᠯᠲᠠ ᠵᠢ ᠴᠢᠩᠭ᠋ᠠᠳᠬᠠᠵᠤ ᠂ ᠡᠯ᠎ᠡ ᠱᠠᠲᠤᠨ᠎ᠤ ᠡᠯ᠎ᠡ ᠲᠦᠷᠦᠯ᠎ᠤᠨ ᠰᠤᠷᠭ᠋ᠠᠭᠤᠯᠢ᠎ᠳᠤ ᠪᠤᠶ᠋ᠢᠺᠤ ᠪᠥᠮᠪᠥᠭᠡ ᠵᠢ ᠲᠦᠭᠡᠮᠡᠯᠵᠢᠭᠦᠯᠬᠦ ᠬᠡᠪᠴᠢᠶ᠎ᠡ᠎ᠪᠠᠨ ᠠᠯᠬᠤᠮ ᠠᠯᠬᠤᠮ ᠵᠶ᠋ᠠᠷ ᠳᠡᠭᠡᠭᠰᠢᠯᠡᠭᠦᠯᠦᠨ᠎ᠡ ᠃ 2026 ᠣᠨ ᠪᠣᠯᠬᠤ᠎ᠳᠤ ᠂ ᠠᠢ᠌ᠮᠠᠭ ᠬᠣᠲᠠ ᠨᠢᠭᠡᠪᠦᠷᠢ᠎ᠳᠤ ᠠᠳᠠᠭ᠎ᠲᠤ᠎ᠪᠠᠨ 1 ᠪᠤᠶ᠋ᠢᠺᠤ ᠪᠥᠮᠪᠥᠭᠡᠨ᠎ᠤ ᠵᠠᠯᠠᠭᠤᠴᠤᠳ ᠪᠠᠭ᠋ᠠᠴᠤᠳ᠎ᠤᠨ ᠠᠩᠭᠢ ᠵᠣᠬᠢᠶᠠᠨ ᠪᠠᠢ᠌ᠭᠤᠯᠤᠨ᠎ᠠ ᠃ ᠬᠥᠯᠥᠨ ᠪᠣᠶ᠋ᠢᠷ ᠬᠣᠲᠠ ᠵᠢᠨ ᠴᠢᠨᠠᠷ ᠰᠠᠢ᠌ᠲᠠᠢ ᠪᠠᠭ᠎ᠠ ᠰᠤᠷᠭ᠋ᠠᠭᠤᠯᠢ ᠂ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠂ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ᠎ᠳᠤ ᠪᠤᠶ᠋ᠢᠺᠤ ᠪᠥᠮᠪᠥᠭᠡᠨ᠎ᠤ ᠲᠥᠷᠥᠯ ᠵᠦᠢ᠍ᠯ᠎ᠤᠨ 《 ᠰᠤᠷᠭ᠋ᠠᠭᠤᠯᠢ ᠳᠡᠪᠰᠢᠬᠦ᠎ᠳᠤ ᠰᠢᠭᠤᠳ ᠨᠡᠪᠲᠡᠷᠡᠬᠦ ᠲᠡᠷᠭᠡ》 ᠪᠠᠶ᠋ᠢᠭᠤᠯᠬᠤ ᠵᠢ ᠰᠦᠪᠡᠭᠴᠢᠯᠡᠵᠦ ᠂ ᠬᠠᠷᠢᠴᠠᠩᠭᠤᠢ ᠲᠣᠭᠲᠠᠩᠭᠤᠢ ᠂ ᠬᠣᠯᠪᠣᠯᠳᠤᠭᠤᠯᠵᠤ ᠠᠬᠢᠭᠤᠯᠤᠭᠰᠠᠨ ᠵᠠᠯᠠᠭᠤᠴᠤᠳ ᠪᠠᠭ᠋ᠠᠴᠤᠳ᠎ᠤᠨ ᠪᠡᠯᠡᠳᠬᠡᠯ ᠴᠢᠳᠠᠪᠤᠷᠢᠲᠠᠨ᠎ᠢ ᠬᠥᠮᠥᠵᠢᠭᠦᠯᠬᠦ ᠲᠣᠭᠲᠠᠯᠴᠠᠭ᠎ᠠ ᠵᠢ ᠪᠣᠶ ᠪᠣᠯᠭ᠋ᠠᠨ᠎ᠠ ᠃ ᠴᠢᠳᠠᠪᠤᠷᠢᠲᠠᠨ ᠰᠣᠩᠭᠣᠬᠤ ᠬᠠᠷᠠᠭ᠎ᠠ᠎ᠪᠠᠨ ᠥᠷᠭᠡᠵᠢᠭᠦᠯᠵᠦ ᠂ ᠨᠥᠬᠥᠴᠡᠯ᠎ᠳᠤ ᠨᠡᠢ᠌ᠴᠡᠬᠦ ᠪᠤᠶ᠋ᠢᠺᠤ ᠪᠥᠮᠪᠥᠭᠡᠨ᠎ᠤ ᠲᠠᠮᠢᠷᠴᠢᠳ᠎ᠢ ᠥᠪᠡᠷᠲᠡᠭᠡᠨ ᠵᠠᠰᠠᠬᠤ ᠣᠷᠣᠨ᠎ᠤ ᠰᠢᠯᠢᠳᠡᠭ ᠲᠠᠮᠢᠷᠴᠢᠨ᠎ᠤ ᠣᠷᠣᠨ ᠲᠣᠭ᠎ᠠ᠎ᠳᠤ ᠣᠷᠣᠭᠤᠯᠤᠨ᠎ᠠ ᠃ ᠥᠪᠡᠷᠲᠡᠭᠡᠨ ᠵᠠᠰᠠᠬᠤ ᠣᠷᠣᠨ᠎ᠤ ᠶᠡᠬᠡ ᠳᠡᠭᠡᠳᠦ ᠰᠤᠷᠭ᠋ᠠᠭᠤᠯᠢ ᠵᠢᠨ ᠲᠠᠮᠢᠷ᠎ᠤᠨ ᠬᠥᠳᠡᠯᠭᠡᠭᠡᠨ᠎ᠤ ᠰᠤᠷᠭ᠋ᠠᠭᠤᠯᠢᠯᠠᠯ᠎ᠤᠨ ᠲᠤᠰᠬᠠᠢ ᠮᠡᠷᠭᠡᠵᠢᠯ᠎ᠳᠤ ᠪᠤᠶ᠋ᠢᠺᠤ ᠪᠥᠮᠪᠥᠭᠡᠨ᠎ᠤ ᠰᠤᠷᠤᠯᠴᠠᠯᠭ᠎ᠠ ᠵᠢᠨ ᠴᠢᠭᠯᠡᠯ᠎ᠢ ᠨᠡᠮᠡᠵᠦ ᠲᠣᠬᠢᠷᠠᠭᠤᠯᠬᠤ ᠵᠢ ᠠᠯᠬᠤᠮ ᠠᠯᠬᠤᠮ ᠵᠶ᠋ᠠᠷ ᠰᠦᠪᠡᠭᠴᠢᠯᠡᠵᠦ ᠂ ᠲᠠᠮᠢᠷᠴᠢᠳ᠎ᠤᠨ ᠰᠤᠷᠭ᠋ᠠᠭᠤᠯᠢ ᠳᠡᠪᠰᠢᠬᠦ ᠵᠠᠮ ᠮᠥᠷ᠎ᠢ ᠰᠢᠯᠤᠭᠤᠳᠬᠠᠨ᠎ᠠ ᠃
ᠲᠠᠪᠤ ᠂ ᠰᠤᠷᠭ᠋ᠠᠭᠤᠯᠢᠯᠠᠯ ᠤᠷᠤᠯᠳᠤᠭ᠋ᠠᠨ᠎ᠤ ᠠᠵᠢᠯᠯᠠᠭ᠎ᠠ ᠵᠢᠨ ᠲᠣᠭᠲᠠᠯᠴᠠᠭ᠎ᠠ ᠵᠢ ᠲᠦᠷᠭᠡᠬᠡᠨ ᠪᠠᠢ᠌ᠭᠤᠯᠤᠨ᠎ᠠ
ᠪᠤᠶ᠋ᠢᠺᠤ ᠪᠥᠮᠪᠥᠭᠡᠨ᠎ᠤ ᠰᠤᠷᠭ᠋ᠠᠭᠤᠯᠢᠯᠠᠯ᠎ᠤᠨ ᠬᠥᠲᠥᠯᠪᠦᠷᠢ ᠵᠢ ᠨᠠᠢ᠌ᠷᠠᠭᠤᠯᠤᠨ ᠵᠣᠬᠢᠶᠠᠵᠤ ᠂ ᠨᠠᠰᠤᠨ᠎ᠤ ᠦᠶ᠎ᠡ ᠵᠢ᠎ᠨᠢ ᠦᠨᠳᠦᠰᠦᠯᠡᠨ ᠬᠥᠭᠵᠢᠯᠲᠡ ᠵᠢᠨ ᠬᠠᠷᠠᠯᠲᠠ ᠂ ᠣᠬᠣᠷ ᠬᠤᠭᠤᠴᠠᠭ᠋ᠠᠨ᠎ᠤ ᠡᠭᠦᠷᠭᠡ ᠂ ᠰᠤᠷᠭ᠋ᠠᠭᠤᠯᠢᠯᠠᠯ᠎ᠤᠨ ᠠᠭᠤᠯᠭ᠎ᠠ ᠵᠢᠨ ᠪᠠᠷᠢᠮᠵᠢᠶ᠎ᠠ ᠵᠢ ᠰᠢᠨᠵᠢᠯᠡᠬᠦ ᠤᠬᠠᠭ᠋ᠠᠨᠴᠢ᠎ᠪᠠᠷ ᠲᠣᠬᠢᠷᠠᠭᠤᠯᠤᠨ ᠂ ᠲᠤᠰᠬᠠᠢ ᠮᠡᠷᠭᠡᠵᠢᠯ᠎ᠤᠨ ᠠᠩᠭᠢ ᠬᠢᠭᠡᠳ ᠪᠡᠯᠡᠳᠬᠡᠯ ᠴᠢᠳᠠᠪᠤᠷᠢᠲᠠᠨ᠎ᠤ ᠰᠤᠷᠭ᠋ᠠᠭᠤᠯᠢ ᠵᠢᠨ ᠬᠠᠮᠲᠤᠷᠠᠨ ᠠᠵᠢᠯᠯᠠᠬᠤ ᠬᠡᠪ ᠵᠠᠭᠪᠤᠷ᠎ᠢ ᠲᠡᠭᠦᠯᠳᠡᠷᠵᠢᠭᠦᠯᠵᠦ ᠂ ᠰᠢᠨᠵᠢᠯᠡᠬᠦ ᠤᠬᠠᠭ᠋ᠠᠨᠴᠢ ᠪᠥᠭᠡᠳ ᠵᠢᠷᠣᠮᠵᠢᠭᠣᠨ ᠂ ᠠᠮᠤᠷ ᠲᠦᠪᠰᠢᠨ ᠪᠥᠭᠡᠳ ᠡᠮᠬᠢ ᠵᠢᠷᠤᠮ᠎ᠲᠠᠢ ᠰᠤᠷᠭ᠋ᠠᠭᠤᠯᠢᠯᠠᠯ᠎ᠤᠨ ᠲᠣᠭᠲᠠᠯᠴᠠᠭ᠎ᠠ ᠵᠢ ᠪᠠᠢ᠌ᠭᠤᠯᠤᠨ᠎ᠠ ᠃ ᠥᠪᠡᠷᠲᠡᠭᠡᠨ ᠵᠠᠰᠠᠬᠤ ᠣᠷᠣᠨ᠎ᠤ ᠵᠠᠯᠠᠭᠤᠴᠤᠳ ᠪᠠᠭ᠋ᠠᠴᠤᠳ᠎ᠤᠨ ᠪᠤᠶ᠋ᠢᠺᠤ ᠪᠥᠮᠪᠥᠭᠡᠨ᠎ᠤ ᠱᠠᠩᠨᠠᠯᠲᠤ ᠤᠷᠤᠯᠳᠤᠭ᠋ᠠᠨ᠎ᠢ ᠰᠠᠢ᠌ᠲᠤᠷ ᠠᠳᠬᠤᠵᠤ ᠂ 12 ᠨᠠᠰᠤ ᠂ 14 ᠨᠠᠰᠤ ᠵᠡᠷᠭᠡ ᠨᠠᠰᠤᠨ᠎ᠤ ᠦᠶ᠎ᠡ ᠵᠢᠨ U ᠰᠢᠷᠢᠰ ᠤᠷᠤᠯᠳᠤᠭ᠋ᠠᠨ᠎ᠤ ᠠᠵᠢᠯᠯᠠᠭ᠎ᠠ ᠵᠢ ᠨᠡᠮᠡᠨ ᠲᠣᠬᠢᠷᠠᠭᠤᠯᠵᠤ ᠂ ᠤᠷᠤᠯᠳᠤᠭ᠋ᠠᠨ᠎ᠤ ᠲᠣᠭᠲᠠᠯᠴᠠᠭ᠎ᠠ ᠵᠢᠨ ᠪᠠᠢ᠌ᠭᠤᠯᠤᠯᠲᠠ ᠵᠢ ᠲᠥᠷᠥᠯ ᠬᠤᠪᠢᠶᠠᠨ ᠠᠬᠢᠭᠤᠯᠤᠨ᠎ᠠ ᠃ ᠨᠥᠬᠥᠴᠡᠯ᠎ᠲᠠᠢ ᠠᠢ᠌ᠮᠠᠭ ᠬᠣᠲᠠ ᠵᠢᠨ᠎ᠬᠢᠨ᠎ᠤ ᠣᠯᠠᠨ ᠤᠯᠤᠰ᠎ᠤᠨ ᠪᠠ ᠤᠯᠤᠰ᠎ᠤᠨ ᠳᠣᠲᠣᠭ᠋ᠠᠳᠤ ᠵᠢᠨ ᠨᠠᠷᠠᠲᠤ ᠲᠡᠮᠳᠡᠭ᠎ᠤᠨ ᠤᠷᠤᠯᠳᠤᠭ᠋ᠠᠨ᠎ᠤ ᠠᠵᠢᠯᠯᠠᠭ᠎ᠠ ᠵᠢ ᠢᠳᠡᠪᠬᠢᠲᠡᠢ ᠭᠤᠶᠤᠴᠢᠯᠠᠨ ᠡᠷᠬᠢᠯᠡᠵᠦ ᠳᠠᠭ᠋ᠠᠭ᠋ᠠᠨ ᠭᠦᠢ᠍ᠴᠡᠳᠬᠡᠵᠦ ᠂ ᠣᠯᠠᠨ ᠤᠯᠤᠰ᠎ᠤᠨ ᠵᠠᠯᠠᠭᠤᠴᠤᠳ ᠪᠠᠭ᠋ᠠᠴᠤᠳ᠎ᠤᠨ ᠪᠤᠶ᠋ᠢᠺᠤ ᠪᠥᠮᠪᠥᠭᠡᠨ᠎ᠤ ᠵᠤᠨ (ᠡᠪᠦᠯ)᠎ᠤ ᠠᠮᠠᠷᠠᠯᠲᠠ ᠵᠢᠨ ᠭᠠᠵᠠᠷ ᠂ ᠪᠥᠬᠥ ᠤᠯᠤᠰ᠎ᠤᠨ ᠵᠠᠯᠠᠭᠤᠴᠤᠳ ᠪᠠᠭ᠋ᠠᠴᠤᠳ᠎ᠤᠨ ᠪᠤᠶ᠋ᠢᠺᠤ ᠪᠥᠮᠪᠥᠭᠡᠨ᠎ᠤ ᠤᠷᠢᠯᠭ᠎ᠠ ᠵᠢᠨ ᠤᠷᠤᠯᠳᠤᠭ᠋ᠠᠨ ᠵᠡᠷᠭᠡ ᠵᠢ ᠲᠣᠭᠲᠠᠮᠠᠯ ᠬᠤᠭᠤᠴᠠᠭ᠎ᠠ᠎ᠲᠠᠢ ᠪᠠᠷ ᠡᠷᠬᠢᠯᠡᠭᠦ ᠵᠢ᠎ᠨᠢ ᠵᠣᠷᠢᠭᠵᠢᠭᠤᠯᠵᠤ ᠂ ᠰᠢᠨᠵᠢᠯᠡᠬᠦ ᠤᠬᠠᠭ᠋ᠠᠨᠴᠢ ᠥᠨᠳᠥᠷ ᠪᠦᠲᠦᠮᠵᠢᠲᠡᠶ ᠂ ᠰᠢᠰᠲ᠋ᠧᠮ᠎ᠲᠠᠢ ᠪᠥᠭᠡᠳ ᠪᠦᠷᠢᠨ ᠲᠡᠭᠦᠯᠳᠡᠷ ᠂ ᠠᠮᠢᠵᠢᠷᠠᠯ᠎ᠤᠨ ᠬᠦᠴᠦᠨ ᠪᠢᠯᠬᠠᠭᠰᠠᠨ ᠤᠷᠤᠯᠳᠤᠭ᠋ᠠᠨ᠎ᠤ ᠠᠵᠢᠯᠯᠠᠭ᠋ᠠᠨ᠎ᠤ ᠲᠣᠭᠲᠠᠯᠴᠠᠭ᠎ᠠ ᠵᠢ ᠪᠦᠷᠢᠯᠳᠦᠭᠦᠯᠦᠨ᠎ᠡ ᠃
ᠵᠢᠷᠭᠤᠭ᠎ᠠ ᠂ ᠪᠤᠶ᠋ᠢᠺᠤ ᠪᠥᠮᠪᠥᠭᠡᠨ᠎ᠤ ᠠᠵᠤ ᠦᠢ᠍ᠯᠡᠰ᠎ᠢ ᠲᠦᠷᠭᠡᠬᠡᠨ ᠬᠥᠭᠵᠢᠭᠦᠯᠦᠨ᠎ᠡ
ᠡᠯ᠎ᠡ ᠭᠠᠵᠠᠷ ᠣᠷᠣᠨ᠎ᠤ ᠲᠤᠬᠠᠢ ᠵᠢᠨ ᠭᠠᠵᠠᠷ ᠣᠷᠣᠨ᠎ᠤ ᠪᠠᠢ᠌ᠳᠠᠯ᠎ᠳᠤ᠎ᠪᠠᠨ ᠲᠣᠬᠢᠷᠠᠭᠤᠯᠤᠨ ᠪᠦᠢ᠍ᠺᠦ ᠪᠥᠮᠪᠥᠭᠡ ᠮᠥᠷᠥᠢ᠌ᠴᠡᠬᠦ ᠲᠣᠭᠯᠠᠯᠲᠠ ᠂ ᠮᠡᠷᠭᠡᠵᠢᠯ ᠴᠢᠳᠠᠪᠤᠷᠢ ᠵᠢᠨ ᠪᠣᠯᠪᠠᠰᠤᠷᠠᠯ ᠂ ᠪᠡᠶ᠎ᠡ ᠴᠢᠭᠢᠷᠠᠭᠵᠢᠭᠤᠯᠤᠯᠲᠠ ᠰᠡᠯᠡᠭᠦᠴᠡᠯ ᠂ ᠲᠣᠨᠣᠭ ᠲᠥᠬᠦᠭᠡᠷᠦᠮᠵᠢ ᠦᠢ᠍ᠯᠡᠳᠬᠦ ᠵᠡᠷᠭᠡ ᠠᠵᠤ ᠦᠢ᠍ᠯᠡᠰ᠎ᠢ ᠬᠥᠭᠵᠢᠭᠦᠯᠬᠦ ᠵᠢ᠎ᠨᠢ ᠵᠣᠷᠢᠭᠵᠢᠭᠤᠯᠵᠤ ᠂ ᠦᠢ᠍ᠯᠡᠳᠬᠦᠨ ᠪᠠ ᠦᠢ᠍ᠯᠡᠴᠢᠯᠡᠭᠡᠨ᠎ᠤ ᠬᠠᠩᠭ᠋ᠠᠯᠭ᠎ᠠ᠎ᠪᠠᠨ ᠪᠠᠶᠠᠯᠢᠭᠵᠢᠭᠤᠯᠤᠨ ᠂ ᠤᠷᠤᠯᠳᠤᠭ᠋ᠠᠨ᠎ᠤ ᠠᠵᠢᠯᠯᠠᠭ᠋ᠠᠨ᠎ᠤ ᠳᠠᠢ᠌ᠴᠢᠯᠠᠬᠤ ᠦᠢ᠍ᠯᠡᠳᠦᠯ᠎ᠢ᠎ᠨᠢ ᠪᠠᠳᠠᠷᠠᠭᠤᠯᠵᠤ ᠂ ᠨᠠᠩ ᠣᠯᠠᠨ ᠰᠢᠭᠢᠣᠡᠭᠡᠯᠳᠣ ᠮᠠᠶᠢᠭ᠎ᠤᠨ ᠂ ᠪᠡᠶᠡᠴᠢᠯᠡᠨ ᠣᠢ᠌ᠯᠠᠭ᠋ᠠᠬᠤ ᠮᠠᠶᠢᠭ᠎ᠤᠨ ᠦᠢ᠍ᠯᠡᠳᠬᠦᠨ ᠪᠠ ᠦᠢ᠍ᠯᠡᠴᠢᠯᠡᠭᠡ ᠵᠢ ᠰᠡᠳᠦᠵᠦ ᠂ ᠪᠦᠢ᠍ᠺᠦ ᠪᠥᠮᠪᠥᠭᠡᠨ᠎ᠤ ᠬᠥᠳᠡᠯᠭᠡᠭᠡᠨ ᠬᠢᠭᠡᠳ ᠰᠣᠶᠣᠯ ᠂ ᠵᠢᠭᠤᠯᠴᠢᠯᠠᠯ ᠵᠡᠷᠭᠡ ᠵᠢᠨ ᠠᠭᠤᠰᠤᠯᠴᠠᠨ ᠬᠥᠭᠵᠢᠬᠦ ᠰᠢᠨ᠎ᠡ ᠡᠵᠡᠩᠨᠡᠯᠲᠡ ᠵᠢᠨ ᠪᠠᠢ᠌ᠳᠠᠯ᠎ᠢ ᠠᠬᠢᠭᠤᠯᠤᠨ᠎ᠠ ᠃ ᠮᠣᠷᠢᠨᠳᠠᠪᠠᠭ᠎ᠠ ᠬᠣᠰᠢᠭᠤᠨ᠎ᠤ ᠪᠤᠶ᠋ᠢᠺᠤ ᠪᠥᠮᠪᠥᠭᠡᠨ᠎ᠤ ᠠᠵᠤ ᠦᠢ᠍ᠯᠡᠰ᠎ᠤᠨ ᠬᠥᠭᠵᠢᠯᠲᠡ ᠵᠢᠨ ᠥᠨᠳᠥᠷᠯᠢᠭ ᠪᠠᠶ᠋ᠢᠭᠤᠯᠬᠤ᠎ᠳᠤ᠎ᠨᠢ ᠳᠡᠮᠵᠢᠯᠭᠡ ᠦᠵᠡᠭᠦᠯᠦᠨ᠎ᠡ ᠃
ᠳᠣᠯᠣᠭ᠎ᠠ ᠂ ᠪᠤᠶ᠋ᠢᠺᠤ ᠪᠥᠮᠪᠥᠭᠡᠨ᠎ᠤ ᠰᠣᠶᠣᠯ᠎ᠢ ᠲᠦᠷᠭᠡᠬᠡᠨ ᠪᠣᠢ᠌ᠵᠢᠭᠤᠯᠤᠨ᠎ᠠ
ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠠᠵᠢᠯ᠎ᠤᠨ ᠭᠣᠣᠯ ᠰᠢᠵᠢᠮ ᠪᠣᠯᠭ᠋ᠠᠬᠤ ᠵᠢ ᠪᠠᠷᠢᠮᠲᠠᠯᠠᠵᠤ ᠂ ᠪᠦᠢ᠍ᠺᠦ ᠪᠥᠮᠪᠥᠭᠡᠨ᠎ᠤ ᠰᠣᠶᠣᠯ᠎ᠤᠨ ᠥᠪᠡᠷᠮᠢᠴᠡ ᠡᠭᠦᠰᠦᠯ ᠵᠢᠴᠢ ᠬᠥᠭᠵᠢᠯᠲᠡ ᠵᠢᠨ ᠶᠠᠪᠤᠴᠠ ᠵᠢ ᠭᠦᠨᠵᠡᠭᠡᠢ ᠠᠭᠤᠳᠠᠯᠤᠨ ᠂ ᠪᠦᠢ᠍ᠺᠦ ᠪᠥᠮᠪᠥᠭᠡᠨ᠎ᠤ ᠰᠣᠶᠣᠯ᠎ᠤᠨ ᠤᠬᠢ ᠰᠣᠳᠣ ᠵᠢ ᠠᠭᠤᠳᠠᠯᠤᠨ ᠭᠠᠷᠭ᠋ᠠᠵᠤ ᠂ ᠤᠮᠠᠷᠠᠲᠤ ᠬᠢᠯᠢ ᠵᠢᠨ ᠰᠣᠶᠣᠯ᠎ᠤᠨ ᠪᠠᠢ᠌ᠭᠤᠯᠤᠯᠲᠠ᠎ᠳᠤ ᠠᠭᠤᠰᠤᠯᠴᠠᠭᠤᠯᠤᠨ ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠲᠠᠪᠴᠠᠩ᠎ᠢ ᠴᠣᠭᠴᠠᠯᠠᠨ ᠪᠠᠢ᠌ᠭᠤᠯᠤᠨ᠎ᠠ ᠃ ᠳᠠᠭᠤᠷ ᠦᠨᠳᠦᠰᠦᠲᠡᠨ᠎ᠤ ᠤᠯᠠᠮᠵᠢᠯᠠᠯᠲᠤ ᠪᠤᠶ᠋ᠢᠺᠤ ᠪᠥᠮᠪᠥᠭᠡᠨ᠎ᠤ ᠮᠥᠷᠥᠢ᠌ᠴᠡᠭᠡᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠢ ᠤᠯᠠᠮᠵᠢᠯᠠᠨ ᠬᠠᠮᠠᠭ᠋ᠠᠯᠠᠬᠤ᠎ᠪᠠᠨ ᠴᠢᠩᠭ᠋ᠠᠳᠬᠠᠵᠤ ᠂ ᠮᠣᠷᠢᠨᠳᠠᠪᠠᠭ᠎ᠠ ᠬᠣᠰᠢᠭᠤᠨ᠎ᠤ ᠪᠤᠶ᠋ᠢᠺᠤ ᠪᠥᠮᠪᠥᠭᠡᠨ᠎ᠤ ᠰᠤᠳᠤᠯᠭ᠋ᠠᠨ ᠰᠤᠷᠭ᠋ᠠᠯᠲᠠ ᠵᠢᠨ ᠰᠠᠭᠤᠷᠢᠨ ᠭᠠᠵᠠᠷ᠎ᠢ ᠪᠠᠢ᠌ᠭᠤᠯᠤᠨ᠎ᠠ ᠃ ᠪᠤᠶ᠋ᠢᠺᠤ ᠪᠥᠮᠪᠥᠭᠡᠨ᠎ᠤ ᠰᠣᠶᠣᠯ ᠪᠠ ᠤᠷᠤᠯᠳᠤᠭ᠋ᠠᠨ᠎ᠤ ᠠᠵᠢᠯᠯᠠᠭ᠎ᠠ ᠵᠢ ᠤᠬᠠᠭᠤᠯᠤᠨ ᠬᠥᠲᠥᠯᠥᠨ ᠵᠢᠯᠤᠭᠣᠳᠬᠤ᠎ᠪᠠᠨ ᠴᠢᠩᠭ᠋ᠠᠳᠬᠠᠵᠤ ᠂ ᠣᠯᠠᠨ ᠲᠦᠮᠡᠨ᠎ᠤ ᠲᠠᠭ᠋ᠠᠰᠢᠶᠠᠵᠤ ᠪᠠᠬᠠᠰᠢᠶᠠᠬᠤ ᠠᠷᠭ᠎ᠠ ᠮᠠᠶᠢᠭ ᠪᠠ ᠠᠷᠭ᠎ᠠ ᠵᠠᠮ᠎ᠢ ᠠᠰᠢᠭᠯᠠᠨ ᠪᠤᠶ᠋ᠢᠺᠤ ᠪᠥᠮᠪᠥᠭᠡᠨ᠎ᠤ ᠲᠤᠬᠠᠢ ᠰᠠᠢ᠌ᠲᠤᠷ ᠦᠯᠢᠭᠡᠷᠯᠡᠨ ᠶᠠᠷᠢᠵᠤ ᠂ ᠪᠤᠶ᠋ᠢᠺᠤ ᠪᠥᠮᠪᠥᠭᠡᠨ᠎ᠤ ᠮᠡᠳᠡᠯᠭᠡ ᠵᠢ ᠲᠦᠭᠡᠮᠡᠯᠵᠢᠭᠦᠯᠦᠨ ᠂ ᠪᠤᠶ᠋ᠢᠺᠤ ᠪᠥᠮᠪᠥᠭᠡᠨ᠎ᠤ ᠲᠤᠬᠠᠢ ᠣᠯᠠᠨ ᠨᠡᠶ᠋ᠢᠲᠡ ᠵᠢᠨ ᠲᠠᠨᠢᠨ ᠮᠡᠳᠡᠬᠦ ᠬᠡᠮᠵᠢᠶ᠎ᠡ ᠪᠠ ᠬᠠᠯᠠᠮᠵᠢᠯᠠᠨ ᠠᠩᠬᠠᠷᠬᠤ ᠬᠡᠮᠵᠢᠶ᠎ᠡ ᠵᠢ ᠳᠡᠭᠡᠭᠰᠢᠯᠡᠭᠦᠯᠦᠨ᠎ᠡ ᠃
ᠨᠠᠢ᠍ᠮᠠ ᠂ ᠳᠡᠮᠵᠢᠵᠦ ᠪᠠᠲᠤᠯᠠᠬᠤ ᠡᠷᠴᠢᠮ ᠵᠶ᠋ᠡᠨ ᠴᠢᠩᠭ᠋ᠠᠷᠠᠭᠤᠯᠤᠨ᠎ᠠ
ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠠᠴᠠ ᠵᠢᠯ ᠪᠦᠷᠢ ᠬᠡᠷᠡᠭᠴᠡᠭᠡ᠎ᠪᠠᠨ ᠦᠨᠳᠦᠰᠦᠯᠡᠨ ᠵᠣᠬᠢᠬᠤ ᠬᠡᠮᠵᠢᠶᠡᠨ᠎ᠤ ᠪᠡᠯᠡ ᠮᠥᠩᠭᠥ ᠵᠢ ᠨᠢᠭᠡᠳᠦᠯᠲᠡᠢ ᠲᠥᠯᠥᠪᠯᠡᠨ ᠲᠣᠬᠢᠷᠠᠭᠤᠯᠵᠤ ᠂ ᠪᠤᠶ᠋ᠢᠺᠤ ᠪᠥᠮᠪᠥᠭᠡᠨ᠎ᠤ ᠲᠠᠯᠠᠪᠤᠷ ᠣᠷᠳᠣᠨ ᠲᠠᠯᠠᠪᠤᠷ ᠭᠠᠵᠠᠷ ᠪᠡᠯᠡᠳᠬᠡᠮᠵᠢ ᠵᠢ ᠪᠦᠲᠦᠭᠡᠨ ᠪᠠᠢ᠌ᠭᠣᠯᠬᠣ ᠂ ᠪᠠᠭ᠋ᠠᠵᠢ ᠬᠡᠷᠡᠭᠰᠡᠯ ᠬᠤᠳᠠᠯᠳᠤᠨ ᠠᠪᠬᠤ ᠂ ᠴᠢᠳᠠᠪᠤᠷᠢᠲᠠᠨ᠎ᠢ ᠣᠷᠣᠭᠤᠯᠵᠤ ᠠᠪᠴᠢᠷᠠᠬᠤ ᠂ ᠪᠣᠯᠪᠠᠰᠤᠷᠠᠯ ᠰᠣᠯᠢᠯᠴᠠᠭ᠎ᠠ ᠬᠢᠬᠦ ᠂ ᠭᠠᠳᠠᠭ᠋ᠠᠳᠤ᠎ᠳᠤ ᠭᠠᠷᠴᠤ ᠰᠤᠷᠭ᠋ᠠᠭᠤᠯᠢᠯᠠᠯ ᠬᠦᠷᠲᠡᠵᠦ ᠤᠷᠤᠯᠳᠤᠭ᠋ᠠᠨ᠎ᠳᠤ ᠣᠷᠤᠯᠴᠠᠬᠤ ᠵᠡᠷᠭᠡ ᠵᠢ᠎ᠨᠢ ᠳᠡᠮᠵᠢᠨ᠎ᠡ ᠃ ᠪᠤᠶ᠋ᠢᠺᠤ ᠪᠥᠮᠪᠥᠭᠡᠨ᠎ᠤ ᠲᠠᠮᠢᠷᠴᠢᠳ᠎ᠤᠨ ᠠᠯᠪᠠᠨ᠎ᠠᠴᠠ ᠪᠠᠭᠤᠬᠤ ᠂ ᠠᠵᠢᠯ᠎ᠤᠨ ᠪᠠᠢ᠌ᠷᠢ ᠰᠣᠯᠢᠬᠤ ᠂ ᠠᠵᠢᠯ ᠣᠯᠭᠣᠬᠤ ᠠᠵᠢᠯ᠎ᠤᠳ᠎ᠢ ᠢᠳᠡᠪᠬᠢᠲᠡᠢ ᠰᠠᠢ᠌ᠲᠤᠷ ᠬᠢᠵᠦ ᠂ ᠡᠯ᠎ᠡ ᠠᠢ᠌ᠮᠠᠭ ᠬᠣᠲᠠ ᠂ ᠡᠯ᠎ᠡ ᠶᠡᠬᠡ ᠳᠡᠭᠡᠳᠦ ᠰᠤᠷᠭ᠋ᠠᠭᠤᠯᠢ᠎ᠨᠢ ᠶᠡᠬᠡ ᠳᠤᠮᠳᠠᠳᠤ ᠪᠠᠭ᠎ᠠ ᠰᠤᠷᠭ᠋ᠠᠭᠤᠯᠢ᠎ᠳᠤ ᠪᠡᠶ᠎ᠡ ᠵᠢᠨ ᠲᠠᠮᠢᠷ᠎ᠤᠨ ᠰᠤᠷᠭ᠋ᠠᠭᠴᠢ ᠵᠢᠨ ᠲᠤᠰᠬᠠᠢ ᠮᠡᠷᠭᠡᠵᠢᠯ᠎ᠤᠨ ᠠᠵᠢᠯ᠎ᠤᠨ ᠪᠠᠢ᠌ᠷᠢ ᠲᠣᠬᠢᠷᠠᠭᠤᠯᠬᠤ ᠲᠤᠬᠠᠢ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠰᠠᠨᠠᠯ ᠶᠣᠰᠣᠭ᠋ᠠᠷ ᠂ ᠬᠡᠷᠡᠭᠴᠡᠭᠡ᠎ᠪᠠᠨ ᠦᠨᠳᠦᠰᠦᠯᠡᠨ ᠪᠤᠶ᠋ᠢᠺᠤ ᠪᠥᠮᠪᠥᠭᠡᠨ᠎ᠤ ᠰᠤᠷᠭ᠋ᠠᠭᠴᠢ ᠵᠢᠨ ᠠᠵᠢᠯ᠎ᠤᠨ ᠪᠠᠢ᠌ᠷᠢ ᠵᠢ ᠲᠣᠬᠢᠷᠠᠭᠤᠯᠵᠤ ᠂ ᠮᠡᠷᠭᠡᠵᠢᠯ᠎ᠤᠨ ᠴᠣᠯᠠ ᠰᠢᠯᠭ᠋ᠠᠷᠠᠭᠤᠯᠬᠤ ᠪᠠ ᠤᠷᠢᠵᠤ ᠬᠡᠷᠡᠭᠯᠡᠬᠦ ᠪᠠᠷᠢᠮᠵᠢᠶ᠎ᠠ᠎ᠪᠠᠨ ᠲᠡᠭᠦᠯᠳᠡᠷᠵᠢᠭᠦᠯᠦᠨ ᠂ ᠪᠤᠶ᠋ᠢᠺᠤ ᠪᠥᠮᠪᠥᠭᠡᠨ᠎ᠤ ᠰᠤᠷᠭ᠋ᠠᠭᠴᠢ ᠵᠢᠨ ᠮᠡᠷᠭᠡᠵᠢᠯ᠎ᠤᠨ ᠴᠣᠯᠠ ᠳᠡᠪᠰᠢᠬᠦ ᠂ ᠵᠢᠭ᠋ᠠᠨ ᠰᠤᠷᠭ᠋ᠠᠯᠲᠠ ᠵᠢᠨ ᠡᠷᠳᠡᠮ ᠰᠢᠨᠵᠢᠯᠡᠭᠡᠨ᠎ᠤ ᠦᠷ᠎ᠡ ᠪᠦᠲᠦᠭᠡᠯ᠎ᠢ ᠦᠨᠡᠯᠡᠨ ᠲᠣᠭᠲᠠᠭ᠋ᠠᠬᠤ ᠵᠡᠷᠭᠡ ᠲᠠᠯ᠎ᠠ᠎ᠳᠤ ᠡᠯ᠎ᠡ ᠬᠢᠴᠢᠶᠡᠯ ᠲᠥᠷᠥᠯ᠎ᠤᠨ ᠪᠠᠭᠰᠢ᠎ᠯᠤᠭ᠎ᠠ ᠠᠳᠠᠯᠢᠬᠠᠨ ᠣᠯᠭᠣᠮᠵᠢ ᠬᠠᠷᠠᠭ᠋ᠠᠯᠵᠠᠯ ᠭᠥᠷᠳᠡᠬᠦ ᠵᠢ᠎ᠨᠢ ᠦᠨᠡᠨ ᠬᠦ᠌ ᠪᠠᠲᠤᠯᠠᠬᠤ ᠬᠡᠷᠡᠭᠲᠡᠢ ᠃
ᠶᠢᠰᠦ ᠂ ᠠᠵᠢᠯ᠎ᠤᠨ ᠬᠠᠷᠢᠭᠤᠴᠠᠯᠭ᠎ᠠ ᠵᠢ ᠪᠣᠳᠠᠲᠠᠢ᠌ᠵᠢᠭᠤᠯᠤᠨ ᠴᠢᠩᠭ᠋ᠠᠳᠬᠠᠨ᠎ᠠ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠪᠤᠶ᠋ᠢᠺᠤ ᠪᠥᠮᠪᠥᠭᠡᠨ᠎ᠤ ᠬᠥᠭᠵᠢᠯᠲᠡ ᠵᠢ ᠨᠢᠭᠡᠳᠦᠯᠲᠡᠢ ᠲᠥᠯᠥᠪᠯᠡᠨ ᠠᠬᠢᠭᠤᠯᠵᠤ ᠂ ᠣᠷᠣᠰᠢᠵᠤ ᠪᠠᠢ᠌ᠭ᠎ᠠ ᠬᠦᠴᠢᠷᠳᠡᠯ ᠪᠠ ᠠᠰᠠᠭᠤᠳᠠᠯ᠎ᠢ ᠴᠠᠭ ᠲᠤᠬᠠᠢᠳᠤᠨᠢ ᠰᠤᠳᠤᠯᠤᠨ ᠰᠢᠢ᠍ᠳᠪᠦᠷᠢᠯᠡᠨ᠎ᠡ ᠃ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ᠎ᠨᠢ ᠪᠥᠬᠥ ᠣᠷᠣᠨ᠎ᠤ ᠪᠤᠶ᠋ᠢᠺᠤ ᠪᠥᠮᠪᠥᠭᠡᠨ᠎ᠤ ᠡᠩᠨᠡᠭᠡ ᠵᠢᠨ ᠪᠠᠢ᠌ᠭᠤᠯᠤᠯᠲᠠ ᠂ ᠲᠠᠯᠠᠪᠤᠷ ᠭᠠᠵᠠᠷ᠎ᠤᠨ ᠪᠠᠲᠤᠯᠠᠭ᠎ᠠ ᠂ ᠤᠷᠤᠯᠳᠤᠭ᠋ᠠᠨ᠎ᠤ ᠠᠵᠢᠯᠯᠠᠭ᠎ᠠ ᠵᠡᠷᠭᠡ ᠵᠢ ᠨᠢᠭᠡᠳᠦᠯᠲᠡᠢ ᠲᠥᠯᠥᠪᠵᠢᠭᠦᠯᠵᠦ ᠂ ᠰᠢᠨᠵᠢᠯᠡᠬᠦ ᠤᠬᠠᠭ᠋ᠠᠨᠴᠢ᠎ᠪᠠᠷ ᠪᠠᠢ᠌ᠷᠢᠰᠢᠭᠤᠯᠤᠨ ᠂ ᠵᠢᠯᠣᠭᠣᠳᠤᠯᠭ᠎ᠠ᠎ᠪᠠᠨ ᠴᠢᠩᠭ᠋ᠠᠳᠬᠠᠵᠤ ᠂ ᠲᠣᠭᠲᠠᠮᠠᠯ ᠬᠤᠭᠤᠴᠠᠭ᠎ᠠ᠎ᠲᠠᠢ᠎ᠪᠠᠷ ᠲᠣᠬᠢᠷᠠᠭᠤᠯᠤᠨ ᠂ ᠡᠯ᠎ᠡ ᠵᠦᠢ᠍ᠯ᠎ᠤᠨ ᠡᠭᠦᠷᠭᠡ᠎ᠪᠠᠨ ᠨᠠᠢ᠌ᠳᠠᠪᠤᠷᠢᠵᠢᠭᠤᠯᠬᠤ ᠵᠢ ᠵᠣᠬᠢᠴᠠᠭᠤᠯᠤᠨ ᠠᠬᠢᠭᠤᠯᠬᠤ ᠬᠡᠷᠡᠭᠲᠡᠢ ᠃ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠨᠢ ᠪᠦᠢ᠍ᠺᠦ ᠪᠥᠮᠪᠥᠭᠡᠨ᠎ᠤ ᠲᠥᠷᠥᠯ ᠵᠦᠢ᠍ᠯ᠎ᠢ ᠰᠤᠷᠭ᠋ᠠᠭᠤᠯᠢ ᠵᠢᠨ ᠬᠦᠷᠢᠶᠡᠨ᠎ᠳᠤ ᠣᠷᠣᠭᠤᠯᠬᠤ ᠵᠢ ᠢᠳᠡᠪᠬᠢᠲᠡᠢ ᠠᠬᠢᠭᠤᠯᠵᠤ ᠂ ᠰᠤᠷᠭ᠋ᠠᠭᠤᠯᠢ ᠵᠢᠨ ᠬᠦᠷᠢᠶᠡᠨ᠎ᠤ ᠪᠦᠢ᠍ᠺᠦ ᠪᠥᠮᠪᠥᠭᠡᠨ᠎ᠤ ᠬᠥᠭᠵᠢᠯᠲᠡ ᠵᠢ ᠠᠬᠢᠭᠤᠯᠬᠤ ᠬᠡᠷᠡᠭᠲᠡᠢ ᠃ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠨᠢ ᠪᠡᠯᠡ ᠮᠥᠩᠭᠥᠨ᠎ᠤ ᠪᠠᠲᠤᠯᠠᠭ᠎ᠠ ᠵᠢ ᠨᠢᠭᠡᠳᠦᠯᠲᠡᠢ ᠲᠥᠯᠥᠪᠯᠡᠨ ᠨᠠᠢ᠌ᠳᠠᠪᠤᠷᠢᠵᠢᠭᠤᠯᠬᠤ ᠬᠡᠷᠡᠭᠲᠡᠢ ᠃ ᠬᠥᠯᠥᠨ ᠪᠣᠶ᠋ᠢᠷ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠨᠢ ᠮᠣᠷᠢᠨᠳᠠᠪᠠᠭ᠎ᠠ ᠬᠣᠰᠢᠭᠤᠨ᠎ᠤ ᠪᠤᠶ᠋ᠢᠺᠤ ᠪᠥᠮᠪᠥᠭᠡᠨ᠎ᠤ ᠲᠥᠷᠥᠯ ᠵᠦᠢ᠍ᠯ᠎ᠢ ᠳᠡᠮᠵᠢᠬᠦ ᠡᠷᠴᠢᠮ ᠵᠶ᠋ᠡᠨ ᠴᠢᠩᠭ᠋ᠠᠷᠠᠭᠤᠯᠵᠤ ᠂ ᠵᠢᠱ᠌ᠢᠶ᠎ᠡ ᠦᠵᠡᠭᠦᠯᠦᠨ ᠬᠥᠲᠥᠯᠥᠨ ᠳᠠᠭ᠋ᠠᠭᠤᠯᠬᠤ ᠦᠢ᠍ᠯᠡᠳᠦᠯ᠎ᠢ᠎ᠨᠢ ᠪᠠᠳᠠᠷᠠᠭᠤᠯᠬᠤ ᠬᠡᠷᠡᠭᠲᠡᠢ ᠃ ᠡᠯ᠎ᠡ ᠭᠠᠵᠠᠷ ᠣᠷᠣᠨ ᠂ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠨᠢ ᠡᠭᠦᠷᠭᠡ ᠬᠠᠷᠢᠭᠤᠴᠠᠯᠭ᠎ᠠ᠎ᠪᠠᠨ ᠦᠨᠡᠨ ᠬᠦ᠌ ᠭᠦᠢ᠍ᠴᠡᠳᠬᠡᠵᠦ ᠂ ᠠᠵᠢᠯ᠎ᠤᠨ ᠵᠣᠯᠭ᠋ᠠᠭᠤᠯᠤᠯᠲᠠ᠎ᠪᠠᠨ ᠴᠢᠩᠭ᠋ᠠᠳᠬᠠᠨ ᠂ ᠡᠯ᠎ᠡ ᠵᠦᠢ᠍ᠯ᠎ᠤᠨ ᠡᠭᠦᠷᠭᠡ᠎ᠪᠠᠨ ᠪᠦᠲᠦᠮᠵᠢᠲᠡᠶ ᠨᠠᠢ᠌ᠳᠠᠪᠤᠷᠢᠵᠢᠭᠤᠯᠬᠤ ᠵᠢ ᠦᠨᠡᠨ ᠬᠦ᠌ ᠪᠠᠲᠤᠯᠠᠵᠤ ᠂ ᠪᠤᠶ᠋ᠢᠺᠤ ᠪᠥᠮᠪᠥᠭᠡᠨ᠎ᠤ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠬᠡᠷᠡᠭᠲᠡᠢ ᠃
2024 ᠣᠨ᠎ᠤ 5 ᠳ᠋ᠤᠭ᠋ᠠᠷ ᠰᠠᠷ᠎ᠠ ᠵᠢᠨ 9᠎ᠤ ᠡᠳᠦᠷ
( ᠲᠣᠰ ᠪᠢᠴᠢᠭ ᠮᠠᠲ᠋ᠧᠷᠢᠶᠠᠯ᠎ᠢ ᠢᠯᠡ ᠨᠡᠢ᠌ᠲᠡᠯᠡᠨ᠎ᠡ )
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ
2024 ᠣᠨ᠎ᠤ 5 ᠳ᠋ᠤᠭ᠋ᠠᠷ ᠰᠠᠷ᠎ᠠ ᠵᠢᠨ 11᠎ᠤ ᠡᠳᠦᠷ ᠳᠠᠷᠤᠮᠠᠯᠯᠠᠨ ᠲᠠᠷᠬᠠᠭ᠋ᠠᠪᠠ