ᠢᠯᠡ ᠵᠠᠰᠠᠭ   -   ᠠᠯᠪᠠᠨ ᠲᠢᠩᠬᠢᠮ᠎ᠤᠨ ᠪᠢᠴᠢᠭ ᠮᠠᠲ᠋ᠧᠷᠢᠶᠠᠯ
ᠪᠠᠷᠢᠯᠭ᠎ᠠ ᠵᠢᠨ ᠪᠦᠲᠦᠭᠡᠨ ᠪᠠᠢ᠌ᠭᠤᠯᠤᠯᠲᠠ᠎ᠳᠠᠬᠢ ᠲᠡᠦᠬᠡ ᠵᠢᠨ ᠳᠤᠷᠠᠰᠬᠠᠯᠲᠤ ᠵᠦᠢ᠍ᠯ᠎ᠤᠨ ᠬᠠᠮᠠᠭ᠋ᠠᠯᠠᠯᠲᠠ ᠵᠢᠨ ᠤᠷᠢᠳᠠᠴᠢ ᠬᠢᠨᠠᠨ ᠪᠠᠢ᠌ᠴᠠᠭ᠋ᠠᠬᠤ ᠠᠵᠢᠯ᠎ᠢ ᠴᠢᠩᠭ᠋ᠠᠳᠬᠠᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠨᠡᠶ᠋ᠢᠲᠡᠯᠡᠭᠰᠡᠨ ᠴᠠᠭ᠄ 2024-11-25

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠪᠢᠴᠢᠭ ᠮᠠᠲ᠋ᠧᠷᠢᠶᠠᠯ

ᠥᠪᠥᠷ ᠵᠠᠰᠠᠭ ᠠᠯᠪᠠᠨ ᠲᠠᠷᠬᠠᠭ᠋ᠠᠭᠰᠠᠨ [ 2024 ] 40 ᠳ᠋ᠦ᠍ᠭᠡᠷ ᠲᠣᠭ᠋ᠠᠲᠤ

ᠪᠠᠷᠢᠯᠭ᠎ᠠ ᠵᠢᠨ ᠪᠦᠲᠦᠭᠡᠨ ᠪᠠᠢ᠌ᠭᠤᠯᠤᠯᠲᠠ᠎ᠳᠠᠬᠢ ᠲᠡᠦᠬᠡ ᠵᠢᠨ ᠳᠤᠷᠠᠰᠬᠠᠯᠲᠤ ᠵᠦᠢ᠍ᠯ᠎ᠤᠨ ᠬᠠᠮᠠᠭ᠋ᠠᠯᠠᠯᠲᠠ ᠵᠢᠨ ᠤᠷᠢᠳᠠᠴᠢ ᠬᠢᠨᠠᠨ ᠪᠠᠢ᠌ᠴᠠᠭ᠋ᠠᠬᠤ ᠠᠵᠢᠯ᠎ᠢ

ᠴᠢᠩᠭ᠋ᠠᠳᠬᠠᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ


ᠡᠯ᠎ᠡ ᠠᠢ᠌ᠮᠠᠭ᠎ᠤᠨ ᠵᠠᠬᠢᠷᠭ᠎ᠠ ᠂  ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠂  ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ ᠂  ᠠᠯᠪᠠᠨ ᠭᠡᠷ ᠂  ᠲᠢᠩᠬᠢᠮ ᠂  ᠲᠣᠪᠴᠢᠶ᠎ᠠ ᠂  ᠡᠯ᠎ᠡ ᠲᠣᠮᠣ ᠠᠵᠤ ᠠᠬᠤᠢ᠌ᠯᠠᠯ ᠂  ᠠᠵᠢᠯ ᠦᠢ᠍ᠯᠡᠰ᠎ᠤᠨ ᠨᠢᠭᠡᠴᠢ᠎ᠳᠤ᠄

       ᠰᠢ  ᠵᠢᠨ ᠫᠢᠩ᠎ᠤᠨ ᠰᠣᠶᠣᠯ᠎ᠤᠨ ᠦᠵᠡᠯ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠂  ᠶᠡᠷᠦᠩᠬᠡᠢ ᠱᠦᠵᠢ ᠰᠢ ᠵᠢᠨ ᠫᠢᠩ᠎ᠤᠨ ᠰᠣᠶᠣᠯ᠎ᠤᠨ ᠥᠪ᠎ᠢ ᠬᠠᠮᠠᠭ᠋ᠠᠯᠠᠨ ᠤᠯᠠᠮᠵᠢᠯᠠᠬᠤ ᠲᠤᠬᠠᠢ ᠴᠢᠬᠤᠯᠠ ᠥᠭᠦᠯᠡᠯᠲᠡ ᠵᠢ ᠬᠢᠨᠠᠮᠠᠭ᠋ᠠᠢ ᠨᠠᠢ᠌ᠳᠠᠪᠤᠷᠢᠵᠢᠭᠤᠯᠵᠤ ᠂ 《ᠪᠥᠬᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠲᠡᠦᠬᠡ ᠵᠢᠨ ᠳᠤᠷᠠᠰᠬᠠᠯᠲᠤ ᠵᠦᠢ᠍ᠯ᠎ᠤᠨ ᠬᠠᠮᠠᠭ᠋ᠠᠯᠠᠯᠲᠠ ᠵᠢᠨ ᠬᠠᠤᠯᠢ 》᠂ 《ᠪᠥᠬᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠲᠡᠦᠬᠡ ᠵᠢᠨ ᠳᠤᠷᠠᠰᠬᠠᠯᠲᠤ ᠵᠦᠢ᠍ᠯ᠎ᠤᠨ ᠬᠠᠮᠠᠭ᠋ᠠᠯᠠᠯᠲᠠ ᠵᠢᠨ ᠬᠠᠤᠯᠢ ᠵᠢ ᠬᠡᠷᠡᠭᠵᠢᠭᠦᠯᠬᠦ ᠳᠦᠷᠢᠮ 》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢ᠍ᠯ᠎ᠤᠨ ᠬᠠᠮᠠᠭ᠋ᠠᠯᠠᠯᠲᠠ ᠵᠢᠨ ᠳᠦᠷᠢᠮ 》  ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠴᠢᠩᠭ᠎ᠠ ᠬᠡᠷᠡᠭᠵᠢᠭᠦᠯᠵᠦ ᠂  ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠠᠵᠢᠯ᠎ᠤᠨ ᠭᠣᠣᠯ ᠰᠢᠵᠢᠮ ᠪᠣᠯᠭ᠋ᠠᠬᠤ ᠵᠢ ᠪᠠᠷᠢᠮᠲᠠᠯᠠᠨ ᠂  ᠪᠠᠷᠢᠯᠭ᠎ᠠ ᠵᠢᠨ ᠪᠦᠲᠦᠭᠡᠨ ᠪᠠᠢ᠌ᠭᠤᠯᠤᠯᠲᠠ᠎ᠳᠤ ᠭᠠᠵᠠᠷ ᠳᠡᠭᠡᠷᠡᠬᠢ ᠲᠡᠦᠬᠡ ᠵᠢᠨ ᠳᠤᠷᠠᠰᠬᠠᠯᠲᠤ ᠵᠦᠢ᠍ᠯ ᠪᠣᠯ 《ᠤᠷᠢᠳ ᠵᠶ᠋ᠠᠷ ᠪᠠᠢ᠌ᠴᠠᠭ᠋ᠠᠯᠲᠠ ᠬᠢᠵᠦ ᠂  ᠳᠠᠷᠠᠭ᠎ᠠ᠎ᠳᠤ᠎ᠨᠢ ᠪᠦᠲᠦᠭᠡᠨ ᠪᠠᠶ᠋ᠢᠭᠤᠯᠬᠤ 》᠂  ᠭᠠᠵᠠᠷ ᠳᠣᠣᠷᠠᠬᠢ ᠲᠡᠦᠬᠡ ᠵᠢᠨ ᠳᠤᠷᠠᠰᠬᠠᠯᠲᠤ ᠵᠦᠢ᠍ᠯ ᠪᠣᠯ 《ᠤᠷᠢᠳ ᠵᠶ᠋ᠠᠷ ᠬᠠᠭᠤᠴᠢ   ᠰᠤᠳᠤᠯᠤᠯ ᠬᠢᠵᠦ ᠂  ᠳᠠᠷᠠᠭ᠎ᠠ᠎ᠳᠤ᠎ᠨᠢ ᠲᠥᠯᠥᠪᠦᠷᠢᠲᠡᠢ ᠰᠢᠯᠵᠢᠭᠦᠯᠬᠦ 》  ᠳᠦᠷᠢᠮ᠎ᠢ ᠴᠢᠩᠭ᠎ᠠ ᠨᠠᠢ᠌ᠳᠠᠪᠤᠷᠢᠵᠢᠭᠤᠯᠵᠤ ᠂  ᠲᠡᠦᠬᠡ ᠵᠢᠨ ᠳᠤᠷᠠᠰᠬᠠᠯᠲᠤ ᠵᠦᠢ᠍ᠯ᠎ᠤᠨ ᠬᠠᠮᠠᠭ᠋ᠠᠯᠠᠯᠲᠠ ᠵᠢᠨ ᠠᠵᠢᠯ᠎ᠢ ᠦᠨᠡᠨ ᠬᠦ᠌ ᠰᠠᠢ᠌ᠲᠤᠷ ᠬᠢᠬᠦ ᠵᠢᠨ ᠲᠤᠰᠠᠳᠠ ᠂  ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ ᠂  ᠡᠳᠦᠭᠡ ᠬᠣᠯᠪᠣᠭᠳᠠᠯ ᠪᠦᠬᠦᠢ ᠵᠦᠢ᠍ᠯᠡᠰ᠎ᠢ ᠳᠣᠣᠷᠠᠬᠢ ᠮᠡᠲᠦ ᠮᠡᠳᠡᠭᠳᠡᠪᠡ ᠃

       ᠨᠢᠭᠡ ᠂  ᠤᠷᠢᠳᠠᠴᠢ ᠬᠢᠨᠠᠨ ᠵᠥᠪᠰᠢᠶᠡᠷᠡᠭᠦᠯᠬᠦ ᠱᠠᠭ᠋ᠠᠷᠳᠠᠯᠭ᠎ᠠ ᠵᠢ ᠨᠠᠢ᠌ᠳᠠᠪᠤᠷᠢᠵᠢᠭᠤᠯᠬᠤ ᠬᠡᠷᠡᠭᠲᠡᠢ ᠃  ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠨᠤᠭᠤᠳ ᠪᠠᠷᠢᠯᠭ᠎ᠠ ᠵᠢᠨ ᠪᠦᠲᠦᠭᠡᠨ ᠪᠠᠢ᠌ᠭᠤᠯᠤᠯᠲᠠ ᠵᠢᠨ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠯ᠎ᠢ ᠬᠠᠷᠢᠭᠤᠴᠠᠵᠤ ᠪᠠᠢ᠌ᠭ᠎ᠠ ᠰᠠᠯᠠᠭ᠎ᠠ ᠮᠥᠴᠢᠷ᠎ᠢ ᠵᠢᠯᠣᠭᠣᠳᠴᠤ ᠪᠠᠢ᠌ᠭ᠋ᠠᠳ ᠲᠡᠦᠬᠡ ᠵᠢᠨ ᠳᠤᠷᠠᠰᠬᠠᠯᠲᠤ ᠵᠦᠢ᠍ᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠢ ᠪᠠᠭᠲᠠᠭ᠋ᠠᠭᠰᠠᠨ ᠬᠠᠮᠢᠶ᠎ᠠ ᠪᠦᠬᠦᠢ ᠰᠠᠯᠠᠭ᠎ᠠ ᠮᠥᠴᠢᠷ᠎ᠤᠳ᠎ᠤᠨ ᠬᠣᠯᠪᠤᠭ᠋ᠠᠯᠠᠨ ᠭᠦᠢ᠍ᠴᠡᠳᠬᠡᠬᠦ ᠲᠣᠭᠲᠠᠴᠠ ᠵᠢ ᠪᠠᠶ᠋ᠢᠭᠤᠯᠬᠤ ᠬᠡᠷᠡᠭᠲᠡᠢ ᠃  ᠡᠯ᠎ᠡ ᠱᠠᠲᠤᠨ᠎ᠤ ᠬᠠᠮᠢᠶ᠎ᠠ ᠪᠦᠬᠦᠢ ᠲᠤᠬᠠᠢ᠌ᠯᠠᠭᠰᠠᠨ ᠠᠵᠢᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠡᠯ᠎ᠡ ᠲᠥᠷᠥᠯ᠎ᠤᠨ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠵᠦᠢ᠍ᠯᠡᠰ ᠎ᠢ ᠬᠢᠨᠠᠮᠠᠭ᠋ᠠᠢ ᠡᠮᠬᠢᠯᠡᠵᠦ ᠂  ᠲᠥᠷᠥᠯ ᠵᠦᠢ᠍ᠯ ᠲᠣᠭᠲᠠᠭ᠋ᠠᠬᠤ ᠂  ᠭᠠᠵᠠᠷ ᠬᠡᠷᠡᠭᠯᠡᠵᠦ ᠭᠠᠵᠠᠷ ᠰᠣᠩᠭᠣᠬᠤ ᠲᠠᠯ᠎ᠠ ᠵᠢᠨ ᠠᠵᠢᠯ᠎ᠢ ᠬᠠᠷᠢᠭᠤᠴᠠᠵᠤ ᠪᠠᠢ᠌ᠭ᠎ᠠ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ᠎ᠨᠢ ᠲᠥᠷᠥᠯ ᠵᠦᠢ᠍ᠯ ᠎ᠢ ᠤᠷᠢᠳᠴᠢᠯᠠᠨ ᠬᠢᠨᠠᠬᠤ ᠱᠠᠲᠤᠨ᠎ᠳᠤ ᠠᠳᠠᠯᠢ ᠱᠠᠲᠤᠨ᠎ᠤ ᠲᠡᠦᠬᠡ ᠵᠢᠨ ᠳᠤᠷᠠᠰᠬᠠᠯᠲᠤ ᠵᠦᠢ᠍ᠯ᠎ᠤᠨ ᠰᠠᠯᠠᠭ᠎ᠠ ᠮᠥᠴᠢᠷ᠎ᠤᠨ ᠰᠠᠨᠠᠯ ᠎ᠢ ᠰᠠᠨᠠᠭ᠋ᠠᠴᠢᠯᠠᠭ᠎ᠠ᠎ᠠᠴᠠ᠎ᠪᠠᠨ ᠬᠤᠷᠢᠶᠠᠬᠤ ᠬᠡᠷᠡᠭᠲᠡᠢ; ᠲᠣᠮᠣ ᠬᠡᠯᠪᠡᠷᠢ ᠵᠢᠨ ᠦᠨᠳᠦᠰᠦᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠪᠠᠷᠢᠯᠭ᠎ᠠ ᠡᠬᠢᠯᠡᠭᠦᠯᠬᠦ ᠵᠥᠪᠰᠢᠶᠡᠷᠡᠯ᠎ᠢ ᠬᠠᠷᠢᠭᠤᠴᠠᠵᠤ ᠪᠠᠢ᠌ᠭ᠎ᠠ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ᠎ᠨᠢ ᠲᠡᠦᠬᠡ ᠵᠢᠨ ᠳᠤᠷᠠᠰᠬᠠᠯᠲᠤ ᠵᠦᠢ᠍ᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ ᠲᠡᠦᠬᠡ ᠵᠢᠨ ᠳᠤᠷᠠᠰᠬᠠᠯᠲᠤ ᠵᠦᠢ᠍ᠯ᠎ᠤᠨ ᠬᠠᠮᠠᠭ᠋ᠠᠯᠠᠯᠲᠠ ᠵᠢᠨ ᠵᠥᠪᠰᠢᠶᠡᠷᠡᠯ ᠎ᠢ ᠤᠷᠢᠳᠠᠴᠢ ᠬᠢᠨᠠᠨ   ᠪᠠᠢ᠌ᠴᠠᠭ᠋ᠠᠯᠲᠠ ᠵᠢᠨ ᠴᠢᠬᠤᠯᠠ ᠨᠥᠬᠥᠴᠡᠯ ᠪᠣᠯᠭ᠋ᠠᠨ ᠵᠢᠭᠰᠠᠭ᠋ᠠᠬᠤ ᠬᠡᠷᠡᠭᠲᠡᠢ ᠃ 

       ᠬᠣᠶᠠᠷ ᠂  ᠤᠷᠢᠳᠠᠴᠢ ᠬᠢᠨᠠᠨ ᠵᠥᠪᠰᠢᠶᠡᠷᠡᠭᠦᠯᠬᠦ ᠳᠡᠰ ᠳᠠᠷᠠᠭ᠋ᠠᠯᠠᠯ᠎ᠢ ᠵᠢᠷᠤᠮᠵᠢᠭᠤᠯᠬᠤ ᠬᠡᠷᠡᠭᠲᠡᠢ ᠃  ᠪᠦᠬᠦ ᠣᠷᠣᠨ᠎ᠤ ᠡᠯ᠎ᠡ ᠱᠠᠲᠤᠨ᠎ᠤ ᠲᠡᠦᠬᠡ ᠵᠢᠨ ᠳᠤᠷᠠᠰᠬᠠᠯᠲᠤ ᠵᠦᠢ᠍ᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠡᠯ᠎ᠡ ᠱᠠᠲᠤᠨ᠎ᠤ ᠲᠡᠦᠬᠡ ᠵᠢᠨ ᠳᠤᠷᠠᠰᠬᠠᠯᠲᠤ ᠵᠦᠢ᠍ᠯ᠎ᠤᠨ ᠬᠠᠮᠠᠭ᠋ᠠᠯᠠᠯᠲᠠ ᠵᠢᠨ ᠨᠢᠭᠡᠴᠢ ᠵᠢᠨ ᠬᠠᠮᠠᠭ᠋ᠠᠯᠠᠬᠤ ᠬᠦᠷᠢᠶ᠎ᠡ ᠬᠡᠪᠴᠢᠶ᠎ᠡ ᠪᠠ ᠪᠦᠲᠦᠭᠡᠨ ᠪᠠᠢ᠌ᠭᠤᠯᠤᠯᠲᠠ ᠵᠢ ᠬᠢᠵᠠᠭ᠋ᠠᠷᠯᠠᠬᠤ ᠣᠷᠣᠨ ᠪᠦᠰᠡ ᠵᠢᠨ ᠮᠡᠳᠡᠭᠡ ᠵᠠᠩᠭᠢ ᠵᠢ ᠨᠡᠢ᠌ᠭᠡᠮ ᠨᠡᠢ᠌ᠳᠡ᠎ᠳᠤ ᠢᠯᠡ ᠪᠣᠯᠭ᠋ᠠᠬᠤ ᠬᠡᠷᠡᠭᠲᠡᠢ ᠃  ᠲᠣᠮᠣ ᠬᠡᠯᠪᠡᠷᠢ ᠵᠢᠨ ᠦᠨᠳᠦᠰᠦᠨ ᠪᠦᠲᠦᠭᠡᠨ ᠪᠠᠢ᠌ᠭᠤᠯᠤᠯᠲᠠ ᠵᠢᠨ ᠪᠠᠷᠢᠯᠭ᠎ᠠ ᠪᠠᠷᠢᠬᠤ᠎ᠳᠤ᠎ᠪᠠᠨ ᠂  ᠪᠠᠷᠢᠯᠭ᠎ᠠ ᠪᠠᠢ᠌ᠭᠤᠯᠬᠤ ᠨᠢᠭᠡᠴᠢ᠎ᠨᠢ ᠤᠷᠢᠳ ᠵᠶ᠋ᠠᠷ ᠥᠪᠡᠷᠲᠡᠭᠡᠨ ᠵᠠᠰᠠᠬᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢ᠍ᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠲᠤ  ᠮᠡᠳᠡᠭᠦᠯᠵᠦ ᠬᠠᠭᠤᠴᠢ ᠰᠤᠳᠤᠯᠤᠯ᠎ᠤᠨ ᠨᠡᠭᠡᠭᠡᠨ ᠮᠠᠯᠲᠠᠬᠤ ᠠᠵᠢᠯ ᠬᠢᠵᠦ ᠪᠠᠢ᠌ᠭ᠎ᠠ ᠨᠢᠭᠡᠴᠢ᠎ᠨᠦᠭᠦᠳ᠎ᠢ ᠵᠣᠬᠢᠶᠠᠨ ᠪᠠᠢ᠌ᠭᠤᠯᠵᠤ ᠪᠠᠢ᠌ᠭ᠋ᠠᠳ ᠪᠠᠷᠢᠯᠭ᠎ᠠ ᠵᠢᠨ ᠭᠠᠵᠠᠷ ᠪᠣᠯᠭ᠋ᠠᠨ ᠰᠣᠩᠭᠣᠬᠤ ᠬᠡᠪᠴᠢᠶᠡᠨ ᠳᠣᠲᠣᠷ᠎ᠠ ᠬᠠᠭᠤᠴᠢ ᠰᠤᠳᠤᠯᠤᠯ᠎ᠤᠨ ᠪᠠᠢ᠌ᠴᠠᠭ᠋ᠠᠯᠲᠠ ᠪᠠ ᠬᠠᠢ᠌ᠨ ᠰᠢᠨᠵᠢᠯᠲᠡ ᠬᠢᠯᠭᠡᠬᠦ᠎ᠪᠠᠷ ᠭᠤᠶᠤᠴᠢᠯᠠᠵᠤ ᠂  ᠥᠪᠡᠷᠲᠡᠭᠡᠨ ᠵᠠᠰᠠᠬᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢ᠍ᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠬᠠᠤᠯᠢ᠎ᠳᠤ ᠲᠣᠭᠲᠠᠭ᠋ᠠᠭᠰᠠᠨ ᠴᠠᠭ ᠬᠤᠭᠤᠴᠠᠭ᠋ᠠᠨ᠎ᠤ ᠳᠣᠲᠣᠷ᠎ᠠ ᠬᠢᠨᠠᠨ ᠬᠠᠷᠭᠤᠭᠤᠯᠤᠭᠰᠠᠨ ᠰᠠᠨᠠᠯ ᠵᠶ᠋ᠡᠨ ᠭᠠᠷᠭ᠋ᠠᠬᠤ ᠬᠡᠷᠡᠭᠲᠡᠢ ᠃  ᠬᠣᠲᠠ ᠪᠠᠯᠭ᠋ᠠᠰᠤᠨ᠎ᠤ ᠲᠥᠯᠦᠪᠵᠢᠭᠦᠯᠭᠡ ᠵᠢᠨ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠡᠪᠴᠢᠶᠡᠨ ᠳᠣᠲᠣᠷ᠎ᠠ ᠵᠢᠴᠢ ᠡᠯ᠎ᠡ ᠲᠥᠷᠥᠯ᠎ᠤᠨ ᠨᠡᠭᠡᠭᠡᠯᠲᠡ ᠵᠢᠨ ᠲᠣᠭᠣᠷᠢᠭ ᠂  ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ ᠂  ᠠᠵᠤ ᠦᠢ᠍ᠯᠡᠰ᠎ᠤᠨ ᠪᠥᠭᠡᠮᠨᠡᠷᠡᠯ᠎ᠤᠨ ᠲᠣᠭᠣᠷᠢᠭ ᠂  ᠬᠣᠲᠠ ᠬᠥᠳᠡᠭᠡ ᠵᠢ ᠨᠢᠭᠡ ᠴᠣᠭᠴᠠᠵᠢᠭᠤᠯᠤᠭᠰᠠᠨ ᠵᠢᠱ᠌ᠢᠶ᠎ᠡ ᠦᠵᠡᠭᠦᠯᠬᠦ ᠲᠣᠭᠣᠷᠢᠭ ᠵᠡᠷᠭᠡ ᠬᠡᠰᠡᠭ ᠵᠶ᠋ᠡᠷ ᠨᠡᠭᠡᠭᠡᠨ ᠬᠥᠭᠵᠢᠭᠦᠯᠬᠦ᠎ᠪᠠᠷ ᠲᠥᠯᠥᠪᠵᠢᠭᠦᠯᠵᠦ ᠪᠠᠢ᠌ᠭ᠎ᠠ ᠭᠠᠵᠠᠷ ᠰᠢᠷᠣᠢ᠎ᠳᠤ ᠣᠷᠣᠨ ᠪᠦᠰᠡ ᠵᠢᠨ ᠦᠨᠡᠯᠡᠨ ᠵᠢᠱ᠌ᠢᠯᠲᠡ ᠥᠷᠨᠢᠭᠦᠯᠬᠦ᠎ᠳᠤ᠎ᠪᠠᠨ ᠂  ᠥᠪᠡᠷᠲᠡᠭᠡᠨ ᠵᠠᠰᠠᠬᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢ᠍ᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠢ ᠤᠷᠢᠵᠤ ᠣᠷᠣᠯᠴᠠᠭᠤᠯᠬᠤ ᠬᠡᠷᠡᠭᠲᠡᠢ ᠃  ᠬᠠᠭᠤᠴᠢ ᠰᠤᠳᠤᠯᠤᠯ᠎ᠤᠨ ᠪᠠᠢ᠌ᠴᠠᠭ᠋ᠠᠯᠲᠠ ᠪᠠ ᠬᠠᠢ᠌ᠨ ᠰᠢᠨᠵᠢᠯᠲᠡ ᠬᠢᠬᠦ᠎ᠪᠠᠷ ᠳᠠᠮᠵᠢᠭ᠋ᠠᠳ ᠲᠡᠦᠬᠡ ᠵᠢᠨ ᠳᠤᠷᠠᠰᠬᠠᠯᠲᠤ ᠵᠦᠢ᠍ᠯ ᠣᠯᠵᠤ ᠮᠡᠳᠡᠭᠰᠡᠨ ᠦᠭᠡᠢ ᠪᠣᠯ ᠥᠪᠡᠷᠲᠡᠭᠡᠨ ᠵᠠᠰᠠᠬᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢ᠍ᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠬᠠᠤᠯᠢ᠎ᠳᠤ ᠲᠣᠭᠲᠠᠭ᠋ᠠᠭᠰᠠᠨ ᠴᠠᠭ ᠬᠤᠭᠤᠴᠠᠭ᠋ᠠᠨ᠎ᠤ ᠳᠣᠲᠣᠷ᠎ᠠ ᠬᠢᠨᠠᠨ ᠬᠠᠷᠭᠤᠭᠤᠯᠤᠭᠰᠠᠨ ᠰᠠᠨᠠᠯ ᠵᠶ᠋ᠠᠨ ᠭᠠᠷᠭ᠋ᠠᠬᠤ ᠬᠡᠷᠡᠭᠲᠡᠢ; ᠲᠡᠦᠬᠡ ᠵᠢᠨ ᠳᠤᠷᠠᠰᠬᠠᠯᠲᠤ ᠵᠦᠢ᠍ᠯ᠎ᠢ ᠣᠯᠵᠤ ᠢᠯᠡᠷᠡᠭᠦᠯᠪᠡᠯ ᠂  ᠥᠪᠡᠷᠲᠡᠭᠡᠨ ᠵᠠᠰᠠᠬᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢ᠍ᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠬᠠᠢ᠌ᠨ ᠰᠢᠨᠵᠢᠯᠲᠡ ᠵᠢᠨ ᠠᠵᠢᠯ ᠬᠢᠭᠰᠡᠨ ᠰᠠᠭᠤᠷᠢᠨ ᠳᠡᠭᠡᠷ᠎ᠡ ᠨᠡᠭᠡᠭᠡᠨ ᠮᠠᠯᠲᠠᠬᠤ ᠲᠥᠯᠥᠪᠯᠡᠭᠡ ᠳᠤᠷᠠᠳᠴᠤ ᠂  ᠲᠥᠷᠥ ᠵᠢᠨ ᠶᠠᠪᠤᠳᠠᠯ᠎ᠤᠨ ᠬᠣᠷᠢᠶᠠᠨ᠎ᠤ ᠲᠡᠦᠬᠡ ᠵᠢᠨ ᠳᠤᠷᠠᠰᠬᠠᠯᠲᠤ ᠵᠦᠢ᠍ᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠲᠤ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠢ ᠃  ᠦᠨᠡᠨ ᠬᠦ᠌ ᠲᠡᠦᠬᠡ ᠵᠢᠨ ᠳᠤᠷᠠᠰᠬᠠᠯᠲᠤ ᠵᠦᠢ᠍ᠯ᠎ᠤᠨ ᠬᠠᠮᠠᠭ᠋ᠠᠯᠠᠯᠲᠠ ᠵᠢᠨ ᠨᠢᠭᠡᠴᠢ ᠵᠢᠨ ᠬᠠᠮᠠᠭ᠋ᠠᠯᠠᠬᠤ ᠬᠦᠷᠢᠶ᠎ᠡ ᠬᠡᠪᠴᠢᠶ᠎ᠡ ᠪᠠ ᠪᠦᠲᠦᠭᠡᠨ ᠪᠠᠢ᠌ᠭᠤᠯᠤᠯᠲᠠ ᠵᠢ ᠬᠢᠵᠠᠭ᠋ᠠᠷᠯᠠᠬᠤ ᠣᠷᠣᠨ ᠪᠦᠰᠡ ᠵᠢᠨ ᠳᠣᠲᠣᠷ᠎ᠠ ᠪᠦᠲᠦᠭᠡᠨ ᠪᠠᠢ᠌ᠭᠤᠯᠤᠯᠲᠠ ᠵᠢᠨ ᠪᠠᠷᠢᠯᠭ᠎ᠠ ᠪᠠᠷᠢᠬᠤ ᠴᠢᠬᠤᠯᠠᠲᠠᠢ ᠪᠠᠢ᠌ᠪᠠᠯ 《ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠲᠡᠦᠬᠡ ᠵᠢᠨ ᠳᠤᠷᠠᠰᠬᠠᠯᠲᠤ ᠵᠦᠢ᠍ᠯ᠎ᠤᠨ ᠬᠠᠮᠠᠭ᠋ᠠᠯᠠᠯᠲᠠ ᠵᠢᠨ ᠬᠠᠤᠯᠢ 》 ᠵᠢᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠡᠷᠡᠭᠵᠢᠭᠦᠯᠬᠦ ᠬᠡᠷᠡᠭᠲᠡᠢ ᠃

       ᠭᠤᠷᠪᠠ ᠂  ᠪᠦᠲᠦᠭᠡᠨ ᠪᠠᠢ᠌ᠭᠤᠯᠬᠤ ᠪᠠᠷᠢᠯᠭ᠎ᠠ᠎ᠳᠤ ᠬᠢᠨᠠᠯᠲᠠ ᠬᠠᠮᠢᠶᠠᠷᠤᠯᠲᠠ ᠬᠢᠬᠦ᠎ᠪᠠᠨ  ᠴᠢᠩᠭ᠋ᠠᠳᠬᠠᠬᠤ ᠬᠡᠷᠡᠭᠲᠡᠢ ᠃  ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠎ᠨᠢ ᠲᠡᠦᠬᠡ ᠵᠢᠨ ᠳᠤᠷᠠᠰᠬᠠᠯᠲᠤ ᠵᠦᠢ᠍ᠯ᠎ᠤᠨ ᠬᠠᠮᠠᠭ᠋ᠠᠯᠠᠯᠲᠠ ᠵᠢᠨ ᠬᠣᠯᠪᠣᠭᠳᠠᠯ ᠪᠦᠬᠦᠢ ᠬᠠᠤᠯᠢ ᠴᠠᠭ᠋ᠠᠵᠠ ᠂  ᠬᠠᠤᠯᠢ ᠲᠣᠭᠲᠠᠭ᠋ᠠᠯ᠎ᠤᠨ ᠱᠠᠭ᠋ᠠᠷᠳᠠᠯᠭ᠎ᠠ ᠪᠠ ᠲᠤᠰ ᠮᠡᠳᠡᠭᠳᠡᠯ᠎ᠤᠨ ᠵᠣᠷᠢᠭ ᠰᠠᠨᠠᠭ᠎ᠠ ᠵᠢ ᠦᠨᠳᠦᠰᠦᠯᠡᠨ ᠂  ᠡᠯ᠎ᠡ ᠲᠥᠷᠥᠯ᠎ᠤᠨ ᠪᠦᠲᠦᠭᠡᠨ ᠪᠠᠢ᠌ᠭᠤᠯᠬᠤ ᠲᠥᠷᠥᠯ ᠵᠦᠢ᠍ᠯ᠎ᠳᠤ ᠰᠠᠢ᠌ᠲᠤᠷ ᠬᠢᠨᠠᠯᠲᠠ ᠬᠠᠮᠢᠶᠠᠷᠤᠯᠲᠠ ᠬᠢᠬᠦ ᠬᠡᠷᠡᠭᠲᠡᠢ ᠃  ᠪᠠᠷᠢᠯᠭ᠎ᠠ ᠵᠢᠨ ᠭᠠᠵᠠᠷ ᠰᠣᠩᠭᠣᠬᠤ᠎ᠳᠤ᠎ᠪᠠᠨ ᠨᠡᠭᠦᠯᠭᠡᠨ ᠰᠢᠯᠵᠢᠭᠦᠯᠵᠦ ᠪᠣᠯᠣᠰᠢ ᠦᠭᠡᠢ ᠲᠡᠦᠬᠡ ᠵᠢᠨ ᠳᠤᠷᠠᠰᠬᠠᠯᠲᠤ ᠵᠦᠢ᠍ᠯ᠎ᠠᠴᠠ ᠵᠠᠢ᠌ᠯᠠᠬᠤ ᠬᠡᠷᠡᠭᠲᠡᠢ ᠂  ᠣᠨᠴᠠᠭ᠋ᠠᠶ ᠪᠠᠢ᠌ᠳᠠᠯ᠎ᠠᠴᠠ ᠪᠣᠯᠵᠤ ᠦᠨᠡᠨ ᠬᠦ᠌ ᠵᠠᠢ᠌ᠯᠠᠭᠤᠯᠬᠤ ᠪᠣᠯᠣᠯᠴᠠᠭ᠎ᠠ ᠦᠭᠡᠢ ᠪᠣᠯᠪᠠᠯ ᠬᠠᠤᠯᠢ ᠲᠣᠭᠲᠠᠭ᠋ᠠᠯ ᠶᠣᠰᠣᠭ᠋ᠠᠷ ᠲᠡᠦᠬᠡ ᠵᠢᠨ ᠳᠤᠷᠠᠰᠬᠠᠯᠲᠤ ᠵᠦᠢ᠍ᠯ᠎ᠤᠨ ᠬᠠᠮᠠᠭ᠋ᠠᠯᠠᠯᠲᠠ ᠵᠢᠨ ᠤᠷᠢᠳᠠᠴᠢ ᠬᠢᠨᠠᠨ ᠵᠥᠪᠰᠢᠶᠡᠷᠡᠭᠦᠯᠬᠦ ᠳᠡᠰ ᠳᠠᠷᠠᠭ᠋ᠠᠯᠠᠯ᠎ᠢ ᠭᠦᠢ᠍ᠴᠡᠳᠬᠡᠬᠦ ᠬᠡᠷᠡᠭᠲᠡᠢ ᠃  ᠪᠠᠷᠢᠯᠭ᠎ᠠ ᠪᠠᠷᠢᠬᠤ ᠶᠠᠪᠤᠴᠠ᠎ᠳᠤ ᠲᠡᠦᠬᠡ ᠵᠢᠨ ᠳᠤᠷᠠᠰᠬᠠᠯᠲᠤ ᠵᠦᠢ᠍ᠯ᠎ᠢ ᠣᠯᠵᠤ ᠢᠯᠡᠷᠡᠭᠦᠯᠪᠡᠯ ᠂  ᠲᠤᠬᠠᠢ ᠵᠢᠨ ᠭᠠᠵᠠᠷ᠎ᠢ᠎ᠨᠢ ᠬᠠᠮᠠᠭ᠋ᠠᠯᠠᠵᠤ ᠂  ᠳᠠᠷᠤᠢ᠌ᠬᠠᠨ   ᠲᠤᠬᠠᠢ ᠵᠢᠨ ᠭᠠᠵᠠᠷ᠎ᠤᠨ ᠲᠡᠦᠬᠡ ᠵᠢᠨ ᠳᠤᠷᠠᠰᠬᠠᠯᠲᠤ ᠵᠦᠢ᠍ᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠲᠤ ᠮᠡᠳᠡᠭᠦᠯᠵᠦ ᠂  ᠲᠡᠦᠬᠡ ᠵᠢᠨ ᠳᠤᠷᠠᠰᠬᠠᠯᠲᠤ ᠵᠦᠢ᠍ᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ 《ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠲᠡᠦᠬᠡ ᠵᠢᠨ ᠳᠤᠷᠠᠰᠬᠠᠯᠲᠤ ᠵᠦᠢ᠍ᠯ᠎ᠤᠨ ᠬᠠᠮᠠᠭ᠋ᠠᠯᠠᠯᠲᠠ ᠵᠢᠨ ᠬᠠᠤᠯᠢ 》 ᠵᠢᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠰᠢᠢ᠍ᠳᠪᠦᠷᠢᠯᠡᠬᠦ ᠬᠡᠷᠡᠭᠲᠡᠢ ᠃  ᠪᠠᠷᠢᠯᠭ᠎ᠠ ᠵᠢᠨ ᠪᠦᠲᠦᠭᠡᠨ ᠪᠠᠢ᠌ᠭᠤᠯᠤᠯᠲᠠ ᠳᠤᠮᠳᠠ ᠢᠯᠡᠷᠡᠭᠰᠡᠨ ᠬᠠᠭᠤᠴᠢ ᠰᠤᠳᠤᠯᠤᠯ᠎ᠤᠨ ᠪᠠᠢ᠌ᠴᠠᠭ᠋ᠠᠯᠲᠠ ᠂  ᠬᠠᠢ᠌ᠨ ᠰᠢᠨᠵᠢᠯᠲᠡ ᠂  ᠨᠡᠭᠡᠭᠡᠨ ᠮᠠᠯᠲᠠᠬᠤ ᠠᠵᠢᠯ᠎ᠢ ᠬᠠᠷᠰᠢᠯᠠᠨ ᠨᠥᠯᠥᠭᠡᠯᠡᠬᠦ ᠂  ᠬᠣᠷᠢᠭᠯᠠᠨ ᠰᠠᠭ᠋ᠠᠲᠠᠭ᠋ᠠᠬᠤ ᠪᠠ ᠲᠡᠦᠬᠡ ᠵᠢᠨ ᠳᠤᠷᠠᠰᠬᠠᠯᠲᠤ ᠵᠦᠢ᠍ᠯ᠎ᠢ ᠡᠪᠳᠡᠨ ᠰᠦᠢ᠍ᠳᠬᠡᠬᠦ ᠂  ᠲᠡᠦᠬᠡ ᠵᠢᠨ ᠳᠤᠷᠠᠰᠬᠠᠯᠲᠤ ᠵᠦᠢ᠍ᠯ᠎ᠢ ᠳᠦᠷᠭᠢᠯᠳᠦᠨ ᠪᠤᠯᠢᠶᠠᠯᠳᠤᠬᠤ ᠵᠡᠷᠭᠡ ᠦᠢ᠍ᠯᠡ ᠠᠵᠢᠯᠯᠠᠭ᠎ᠠ ᠵᠢ ᠬᠠᠤᠯᠢ ᠲᠣᠭᠲᠠᠭ᠋ᠠᠯ ᠶᠣᠰᠣᠭ᠋ᠠᠷ ᠴᠢᠩᠭ᠎ᠠ ᠰᠢᠢ᠍ᠳᠪᠦᠷᠢᠯᠡᠬᠦ ᠬᠡᠷᠡᠭᠲᠡᠢ ᠃

       ᠳᠥᠷᠪᠡ ᠂  ᠤᠷᠢᠳᠠᠴᠢ ᠬᠢᠨᠠᠨ ᠵᠥᠪᠰᠢᠶᠡᠷᠡᠭᠦᠯᠬᠦ ᠦᠷ᠎ᠡ ᠪᠦᠲᠦᠮᠵᠢ ᠵᠢ ᠳᠡᠭᠡᠭᠰᠢᠯᠡᠭᠦᠯᠬᠦ ᠬᠡᠷᠡᠭᠲᠡᠢ ᠃  ᠪᠦᠬᠦ ᠣᠷᠣᠨ᠎ᠤ ᠡᠯ᠎ᠡ ᠱᠠᠲᠤᠨ᠎ᠤ ᠲᠡᠦᠬᠡ ᠵᠢᠨ ᠳᠤᠷᠠᠰᠬᠠᠯᠲᠤ ᠵᠦᠢ᠍ᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠪᠦᠬᠦ ᠤᠯᠤᠰ᠎ᠤᠨ ᠲᠡᠦᠬᠡ ᠵᠢᠨ ᠳᠤᠷᠠᠰᠬᠠᠯᠲᠤ ᠵᠦᠢ᠍ᠯ᠎ᠤᠨ ᠨᠡᠢ᠌ᠳᠡᠮ ᠪᠠᠢ᠌ᠴᠠᠭ᠋ᠠᠯᠲᠠ ᠵᠢᠨ ᠬᠠᠮᠤᠭ᠎ᠤᠨ ᠰᠢᠨ᠎ᠡ ᠲᠣᠭ᠎ᠠ ᠪᠠᠷᠢᠮᠲᠠ ᠵᠢ ᠦᠨᠳᠦᠰᠦᠯᠡᠨ ᠲᠡᠦᠬᠡ ᠵᠢᠨ ᠳᠤᠷᠠᠰᠬᠠᠯᠲᠤ ᠵᠦᠢ᠍ᠯ᠎ᠤᠨ ᠤᠷᠢᠳᠠᠴᠢ ᠬᠢᠨᠠᠨ ᠵᠥᠪᠰᠢᠶᠡᠷᠡᠭᠦᠯᠬᠦ ᠠᠵᠢᠯ᠎ᠢ ᠥᠷᠨᠢᠭᠦᠯᠬᠦ ᠬᠡᠷᠡᠭᠲᠡᠢ ᠃  ᠬᠠᠭᠤᠴᠢ ᠰᠤᠳᠤᠯᠤᠯ᠎ᠤᠨ ᠪᠠᠢ᠌ᠴᠠᠭ᠋ᠠᠯᠲᠠ ᠂  ᠬᠠᠢ᠌ᠨ ᠰᠢᠨᠵᠢᠯᠲᠡ ᠂  ᠨᠡᠭᠡᠭᠡᠨ ᠮᠠᠯᠲᠠᠯᠲᠠ ᠵᠢᠨ ᠨᠢᠭᠡᠴᠢ ᠵᠢᠨ ᠬᠢᠷᠢ ᠭᠡᠮ᠎ᠢ ᠴᠢᠩᠭ᠎ᠠ ᠬᠢᠨᠠᠨ ᠪᠠᠢ᠌ᠴᠠᠭ᠋ᠠᠵᠤ ᠂  ᠬᠠᠭᠤᠴᠢ ᠰᠤᠳᠤᠯᠤᠯ᠎ᠤᠨ ᠠᠵᠢᠯ᠎ᠤᠨ ᠶᠠᠰᠤ ᠴᠢᠨᠠᠷ᠎ᠲᠤ ᠬᠢᠨᠠᠯᠲᠠ ᠬᠠᠮᠢᠶᠠᠷᠤᠯᠲᠠ ᠬᠢᠬᠦ᠎ᠪᠠᠨ  ᠴᠢᠩᠭ᠋ᠠᠳᠬᠠᠬᠤ ᠬᠡᠷᠡᠭᠲᠡᠢ ᠃  ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠴᠤᠪᠤᠷᠠᠯ᠎ᠢ ᠰᠢᠯᠢᠳᠡᠭᠵᠢᠭᠦᠯᠵᠦ ᠂  ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠦᠷ᠎ᠡ ᠪᠦᠲᠦᠮᠵᠢ ᠵᠢ ᠳᠡᠭᠡᠭᠰᠢᠯᠡᠭᠦᠯᠦᠨ ᠂  ᠬᠠᠤᠯᠢ᠎ᠳᠤ ᠲᠣᠭᠲᠠᠭ᠋ᠠᠭᠰᠠᠨ ᠴᠠᠭ ᠬᠤᠭᠤᠴᠠᠭ᠋ᠠᠨ᠎ᠤ ᠳᠣᠲᠣᠷ᠎ᠠ ᠪᠠᠷᠢᠯᠭ᠎ᠠ ᠵᠢᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠲᠡᠦᠬᠡ ᠵᠢᠨ ᠳᠤᠷᠠᠰᠬᠠᠯᠲᠤ ᠵᠦᠢ᠍ᠯ᠎ᠤᠨ ᠬᠠᠮᠠᠭ᠋ᠠᠯᠠᠯᠲᠠ ᠵᠢᠨ ᠵᠥᠪᠰᠢᠶᠡᠷᠡᠯ᠎ᠢ ᠪᠡᠶᠡᠯᠡᠭᠦᠯᠬᠦ ᠵᠢ ᠦᠨᠡᠨ ᠬᠦ᠌ ᠪᠠᠲᠤᠯᠠᠬᠤ ᠬᠡᠷᠡᠭᠲᠡᠢ ᠃  ᠬᠠᠭᠤᠴᠢ ᠰᠤᠳᠤᠯᠤᠯ᠎ᠤᠨ ᠪᠠᠢ᠌ᠴᠠᠭ᠋ᠠᠯᠲᠠ ᠂  ᠬᠠᠢ᠌ᠨ ᠰᠢᠨᠵᠢᠯᠲᠡ ᠂  ᠨᠡᠭᠡᠭᠡᠨ ᠮᠠᠯᠲᠠᠬᠤ ᠠᠵᠢᠯ᠎ᠢ ᠬᠡᠷᠡᠭᠵᠢᠭᠦᠯᠬᠦ ᠨᠢᠭᠡᠴᠢ᠎ᠨᠦᠭᠦᠳ ᠦᠢ᠍ᠯᠡᠴᠢᠯᠡᠭᠡᠨ᠎ᠤ ᠤᠬᠠᠮᠰᠠᠷ ᠵᠶ᠋ᠠᠨ ᠴᠢᠩᠭ᠋ᠠᠳᠬᠠᠵᠤ ᠂  ᠠᠵᠢᠯᠯᠠᠬᠤ ᠠᠷᠭ᠎ᠠ ᠵᠢᠨ ᠲᠠᠯ᠎ᠠ᠎ᠳᠤ ᠰᠢᠨ᠎ᠡ ᠵᠢ ᠡᠭᠦᠳᠴᠦ ᠂  ᠬᠠᠤᠯᠢ ᠲᠣᠭᠲᠠᠭ᠋ᠠᠯ ᠶᠣᠰᠣᠭ᠋ᠠᠷ ᠰᠢᠨᠵᠢᠯᠡᠬᠦ ᠤᠬᠠᠭ᠋ᠠᠨᠴᠢ ᠪᠥᠭᠡᠳ ᠥᠨᠳᠥᠷ ᠪᠦᠲᠦᠮᠵᠢᠲᠡᠶ᠎ᠪᠠᠷ ᠠᠵᠢᠯ ᠵᠶ᠋ᠠᠨ ᠥᠷᠨᠢᠭᠦᠯᠬᠦ ᠬᠡᠷᠡᠭᠲᠡᠢ ᠃  ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ ᠂  ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠎ᠨᠢ ᠲᠥᠷᠥᠯ ᠵᠦᠢ᠍ᠯ᠎ᠤᠨ ᠬᠢᠨᠠᠨ ᠵᠥᠪᠰᠢᠶᠡᠷᠡᠬᠦ ᠶᠠᠪᠤᠴᠠ᠎ᠳᠤ ᠮᠡᠳᠡᠭᠡ ᠵᠠᠩᠭᠢ ᠵᠢ ᠬᠠᠮᠲᠤ᠎ᠳᠤ᠎ᠪᠠᠨ  ᠬᠦᠷᠲᠡᠬᠦ ᠪᠠ ᠰᠦᠪᠡᠭᠴᠢ ᠵᠢ ᠰᠢᠯᠵᠢᠭᠦᠯᠦᠨ ᠬᠦᠷᠭᠡᠬᠦ ᠲᠣᠭᠲᠠᠴᠠ ᠂  ᠬᠠᠮᠵᠢᠯᠴᠠᠨ ᠬᠠᠮᠠᠭ᠋ᠠᠯᠠᠬᠤ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠵᠦ ᠂  ᠪᠠᠷᠢᠯᠭ᠎ᠠ ᠵᠢᠨ ᠪᠦᠲᠦᠭᠡᠨ ᠪᠠᠢ᠌ᠭᠤᠯᠤᠯᠲᠠ᠎ᠳᠠᠬᠢ ᠲᠡᠦᠬᠡ ᠵᠢᠨ ᠳᠤᠷᠠᠰᠬᠠᠯᠲᠤ ᠵᠦᠢ᠍ᠯ᠎ᠢ ᠬᠠᠮᠠᠭ᠋ᠠᠯᠠᠬᠤ ᠬᠠᠷᠢᠭᠤᠴᠠᠯᠭ᠎ᠠ᠎ᠪᠠᠨ ᠦᠨᠡᠨ ᠬᠦ᠌ ᠰᠠᠢ᠌ᠲᠤᠷ ᠭᠦᠢ᠍ᠴᠡᠳᠬᠡᠬᠦ ᠬᠡᠷᠡᠭᠲᠡᠢ ᠃

       ᠲᠠᠪᠤ ᠂  ᠪᠤᠰᠤᠳ ᠬᠣᠯᠪᠣᠭᠳᠠᠯ ᠪᠦᠬᠦᠢ ᠵᠦᠢ᠍ᠯᠡᠰ ᠃  ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ ᠂  ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠎ᠨᠢ ᠲᠡᠦᠬᠡ ᠵᠢᠨ ᠳᠤᠷᠠᠰᠬᠠᠯᠲᠤ ᠵᠦᠢ᠍ᠯ᠎ᠤᠨ ᠬᠠᠮᠠᠭ᠋ᠠᠯᠠᠯᠲᠠ ᠵᠢᠨ ᠠᠵᠢᠯ᠎ᠤᠨ ᠴᠢᠬᠤᠯᠠ ᠴᠢᠨᠠᠷ ᠪᠠ ᠵᠠᠢ᠌ᠯᠠᠰᠢ ᠦᠭᠡᠢ ᠴᠢᠨᠠᠷ᠎ᠢ ᠭᠦᠢ᠍ᠴᠡᠳ ᠲᠠᠨᠢᠵᠤ ᠂  ᠲᠡᠦᠬᠡ ᠵᠢᠨ ᠳᠤᠷᠠᠰᠬᠠᠯᠲᠤ ᠵᠦᠢ᠍ᠯ᠎ᠢ ᠬᠠᠮᠠᠭ᠋ᠠᠯᠠᠵᠤ ᠪᠠᠢ᠌ᠭ᠎ᠠ ᠶᠠᠪᠤᠳᠠᠯ ᠪᠣᠯ ᠮᠥᠨ ᠴᠦ᠍ ᠵᠠᠰᠠᠭ᠎ᠤᠨ ᠠᠵᠢᠯ᠎ᠤᠨ ᠠᠮᠵᠢᠯᠲᠠ ᠪᠦᠲᠦᠮᠵᠢ ᠪᠣᠯᠬᠤ ᠰᠢᠨᠵᠢᠯᠡᠬᠦ ᠤᠬᠠᠭ᠋ᠠᠨᠴᠢ ᠣᠨᠣᠯᠵᠢᠬᠤᠨ ᠎ᠢ ᠪᠠᠲᠤ ᠪᠡᠬᠢ ᠪᠣᠶ ᠪᠣᠯᠭ᠋ᠠᠵᠤ ᠂  ᠰᠣᠶᠣᠯ᠎ᠤᠨ ᠥᠪ᠎ᠤᠨ ᠬᠠᠮᠠᠭ᠋ᠠᠯᠠᠯᠲᠠ ᠵᠢᠨ ᠬᠠᠷᠢᠭᠤᠴᠠᠯᠭ᠎ᠠ ᠵᠢᠨ ᠳᠦᠷᠢᠮ᠎ᠢ ᠪᠠᠢ᠌ᠭᠤᠯᠤᠨ ᠪᠦᠷᠢᠨᠰᠢᠭᠦᠯᠵᠦ ᠂  ᠰᠣᠶᠣᠯ᠎ᠤᠨ ᠥᠪ᠎ᠤᠨ ᠬᠠᠮᠠᠭ᠋ᠠᠯᠠᠯᠲᠠ ᠵᠢᠨ ᠲᠣᠭᠲᠠᠮᠠᠯ ᠬᠤᠭᠤᠴᠠᠭ᠎ᠠ᠎ᠲᠠᠢ᠎ᠪᠠᠷ ᠨᠡᠪᠲᠡᠷᠡᠭᠦᠯᠦᠨ ᠮᠡᠳᠡᠭᠡᠯᠡᠬᠦ ᠳᠦᠷᠢᠮ ᠂  ᠲᠤᠰᠬᠠᠢ ᠮᠡᠷᠭᠡᠵᠢᠯᠲᠡᠨ᠎ᠠᠴᠠ ᠯᠠᠪᠯᠠᠭ᠎ᠠ ᠠᠪᠬᠤ ᠳᠦᠷᠢᠮ ᠵᠢᠴᠢ ᠣᠯᠠᠨ ᠨᠡᠶ᠋ᠢᠲᠡ ᠪᠠ ᠶᠠᠷᠢᠶ᠎ᠠ ᠬᠡᠯᠡᠯᠴᠡᠭᠡ᠎ᠪᠠᠷ ᠬᠢᠨᠠᠯᠲᠠ ᠲᠠᠯᠪᠢᠬᠤ ᠲᠣᠭᠲᠠᠴᠠ ᠵᠢ ᠪᠠᠢ᠌ᠭᠤᠯᠵᠤ ᠂  ᠪᠠᠷᠢᠯᠭ᠎ᠠ ᠵᠢᠨ ᠪᠦᠲᠦᠭᠡᠨ ᠪᠠᠢ᠌ᠭᠤᠯᠤᠯᠲᠠ᠎ᠳᠠᠬᠢ ᠲᠡᠦᠬᠡ ᠵᠢᠨ ᠳᠤᠷᠠᠰᠬᠠᠯᠲᠤ ᠵᠦᠢ᠍ᠯ᠎ᠤᠨ ᠤᠷᠢᠳᠠᠴᠢ ᠬᠢᠨᠠᠨ ᠵᠥᠪᠰᠢᠶᠡᠷᠡᠭᠦᠯᠬᠦ ᠱᠠᠭ᠋ᠠᠷᠳᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠬᠤ ᠬᠡᠷᠡᠭᠲᠡᠢ ᠃  ᠲᠡᠦᠬᠡ ᠵᠢᠨ ᠳᠤᠷᠠᠰᠬᠠᠯᠲᠤ ᠵᠦᠢ᠍ᠯ᠎ᠤᠨ ᠬᠠᠮᠠᠭ᠋ᠠᠯᠠᠯᠲᠠ ᠵᠢᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠥᠷᠭᠡᠨ ᠵᠶ᠋ᠠᠷ ᠤᠬᠠᠭᠤᠯᠵᠤ ᠂ 《ᠰᠣᠶᠣᠯ ᠪᠠ ᠪᠠᠢ᠌ᠭ᠋ᠠᠯᠢ ᠵᠢᠨ ᠥᠪ᠎ᠤᠨ ᠡᠳᠦᠷ 》᠂ 《5.18᠎ᠤ ᠣᠯᠠᠨ ᠤᠯᠤᠰ᠎ᠤᠨ ᠮᠦᠽᠧᠢ ᠵᠢᠨ ᠡᠳᠦᠷ 》  ᠵᠡᠷᠭᠡ ᠲᠣᠬᠢᠶᠠᠯ᠎ᠢ ᠠᠰᠢᠭᠯᠠᠨ ᠂ 《ᠲᠣᠰᠬᠤᠨ ᠪᠣᠯᠭ᠋ᠠᠨ᠎ᠳᠤ ᠳᠠᠭᠤᠷᠢᠰᠤᠭᠤᠯᠬᠤ 》  ᠷᠠᠳᠢᠣ᠋ ᠨᠡᠪᠲᠡᠷᠡᠭᠦᠯᠭᠡ ᠵᠢᠨ ᠲᠠᠪᠴᠠᠩ ᠂  ᠤᠬᠠᠭᠤᠯᠭ᠎ᠠ ᠵᠢᠨ ᠪᠤᠯᠤᠩ ᠂  ᠤᠬᠠᠭᠤᠯᠭ᠎ᠠ ᠵᠢᠨ ᠲᠣᠪᠬᠢᠮᠠᠯ ᠵᠡᠷᠭᠡ ᠠᠴᠢᠶᠠᠯᠠᠪᠤᠷᠢ ᠵᠢ ᠰᠠᠢ᠌ᠲᠤᠷ ᠬᠡᠷᠡᠭᠯᠡᠵᠦ ᠂  ᠲᠡᠦᠬᠡ ᠵᠢᠨ ᠳᠤᠷᠠᠰᠬᠠᠯᠲᠤ   ᠵᠦᠢ᠍ᠯ᠎ᠤᠨ ᠬᠠᠮᠠᠭ᠋ᠠᠯᠠᠯᠲᠠ ᠵᠢᠨ ᠬᠠᠤᠯᠢ ᠳᠦᠷᠢᠮ᠎ᠤᠨ ᠤᠬᠠᠭᠤᠯᠭ᠎ᠠ ᠵᠢ ᠥᠷᠭᠡᠨ ᠵᠶ᠋ᠠᠷ ᠥᠷᠨᠢᠭᠦᠯᠵᠦ ᠂  ᠲᠡᠦᠬᠡ ᠵᠢᠨ ᠳᠤᠷᠠᠰᠬᠠᠯᠲᠤ ᠵᠦᠢ᠍ᠯ᠎ᠢ ᠬᠠᠮᠠᠭ᠋ᠠᠯᠠᠬᠤ ᠲᠤᠬᠠᠢ ᠣᠯᠠᠨ ᠨᠡᠶ᠋ᠢᠲᠡ ᠵᠢᠨ ᠬᠠᠤᠯᠢ ᠳᠦᠷᠢᠮ᠎ᠤᠨ ᠦᠵᠡᠯᠲᠡ ᠵᠢ᠎ᠨᠢ ᠴᠢᠩᠭ᠋ᠠᠷᠠᠭᠤᠯᠤᠨ ᠂  ᠨᠡᠢ᠌ᠭᠡᠮ ᠳᠠᠶᠠᠭ᠋ᠠᠷ᠎ᠤᠨ ᠲᠡᠦᠬᠡ ᠵᠢᠨ ᠳᠤᠷᠠᠰᠬᠠᠯᠲᠤ ᠵᠦᠢ᠍ᠯ᠎ᠤᠨ ᠬᠠᠮᠠᠭ᠋ᠠᠯᠠᠯᠲᠠ᠎ᠳᠤ ᠣᠷᠣᠯᠴᠠᠬᠤ ᠤᠬᠠᠮᠰᠠᠷ᠎ᠢ᠎ᠨᠢ ᠳᠡᠭᠡᠭᠰᠢᠯᠡᠭᠦᠯᠬᠦ ᠬᠡᠷᠡᠭᠲᠡᠢ ᠃  ᠪᠥᠬᠦ ᠣᠷᠣᠨ᠎ᠤ ᠡᠯ᠎ᠡ ᠱᠠᠲᠤᠨ᠎ᠤ ᠲᠡᠦᠬᠡ ᠵᠢᠨ ᠳᠤᠷᠠᠰᠬᠠᠯᠲᠤ ᠵᠦᠢ᠍ᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠲᠦᠷᠦᠭᠦᠯᠡᠨ ᠬᠠᠷᠢᠭᠤᠴᠠᠵᠤ ᠶᠡᠷᠦᠩᠬᠡᠢ᠌ᠯᠡᠨ ᠠᠳᠬᠤᠵᠤ ᠂  ᠨᠢᠭᠡᠳᠦᠯᠲᠡᠢ ᠲᠥᠯᠥᠪᠯᠡᠨ ᠵᠣᠬᠢᠴᠠᠭᠤᠯᠵᠤ ᠂  ᠲᠡᠦᠬᠡ ᠵᠢᠨ ᠳᠤᠷᠠᠰᠬᠠᠯᠲᠤ ᠵᠦᠢ᠍ᠯ᠎ᠤᠨ ᠠᠮᠤᠷ ᠲᠦᠪᠰᠢᠨ᠎ᠤ ᠪᠠᠢ᠌ᠴᠠᠭ᠋ᠠᠯᠲᠠ ᠪᠠ ᠴᠠᠭᠳᠠᠨ ᠪᠠᠢ᠌ᠴᠠᠭ᠋ᠠᠯᠲᠠ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠥᠷᠨᠢᠭᠦᠯᠦᠨ ᠂  ᠡᠯ᠎ᠡ ᠲᠡᠦᠬᠡ ᠵᠢᠨ ᠳᠤᠷᠠᠰᠬᠠᠯᠲᠤ ᠵᠦᠢ᠍ᠯ᠎ᠤᠨ ᠬᠠᠮᠠᠭ᠋ᠠᠯᠠᠯᠲᠠ ᠵᠢᠨ ᠨᠢᠭᠡᠴᠢ ᠵᠢ ᠰᠢᠮᠳᠠᠭᠤᠯᠤᠨ ᠵᠢᠯᠤᠭᠣᠳᠴᠤ ᠪᠠᠢ᠌ᠭ᠋ᠠᠳ 《ᠳᠥᠷᠪᠡ ᠵᠢ ᠪᠦᠷᠢᠯᠳᠦᠭᠦᠯᠦᠭᠰᠡᠨ (ᠬᠠᠮᠠᠭ᠋ᠠᠯᠠᠬᠤ ᠬᠡᠪᠴᠢᠶ᠎ᠡ᠎ᠲᠠᠢ ᠂  ᠲᠡᠮᠳᠡᠭ ᠬᠠᠲᠠᠭᠰᠠᠨ ᠲᠣᠳᠣᠷᠬᠠᠢ᠌ᠯᠠᠯᠲᠠ᠎ᠲᠠᠢ ᠂  ᠲᠡᠮᠳᠡᠭᠯᠡᠯ᠎ᠤᠨ ᠲᠠᠩᠰᠠ ᠡᠪᠬᠡᠮᠡᠯ᠎ᠲᠠᠢ ᠂  ᠲᠤᠰᠬᠠᠢ ᠪᠠᠢ᠌ᠭᠤᠯᠤᠮᠵᠢ᠎ᠲᠠᠢ ᠪᠤᠶᠤ ᠲᠤᠰᠬᠠᠢ ᠬᠥᠮᠥᠨ ᠵᠶ᠋ᠠᠷ ᠬᠠᠷᠢᠭᠤᠴᠠᠭᠤᠯᠤᠨ ᠬᠠᠮᠢᠶᠠᠷᠤᠭᠤᠯᠤᠭᠰᠠᠨ ᠪᠠᠢ᠌ᠬᠤ) ᠲᠠᠩᠰᠠ ᠡᠪᠬᠡᠮᠡᠯ 》᠎ᠢ ᠦᠷᠭᠦᠯᠵᠢᠯᠡᠨ ᠪᠦᠷᠢᠨᠰᠢᠭᠦᠯᠵᠦ ᠂  ᠬᠠᠮᠠᠭ᠋ᠠᠯᠠᠯᠲᠠ ᠵᠢ ᠲᠡᠷᠢᠭᠦᠨ ᠪᠠᠢ᠌ᠷᠢᠨ᠎ᠳᠤ ᠲᠠᠯᠪᠢᠬᠤ ᠂  ᠬᠠᠮᠢᠶᠠᠷᠤᠯᠲᠠ ᠵᠢ ᠴᠢᠩᠭ᠋ᠠᠳᠬᠠᠬᠤ ᠂  ᠦᠨ᠎ᠡ ᠥᠷᠲᠡᠭ᠎ᠢ ᠠᠭᠤᠳᠠᠯᠬᠤ ᠂  ᠪᠦᠲᠦᠮᠵᠢᠲᠡᠶ ᠠᠰᠢᠭᠯᠠᠬᠤ ᠂  ᠲᠡᠦᠬᠡ ᠵᠢᠨ ᠳᠤᠷᠠᠰᠬᠠᠯᠲᠤ ᠵᠦᠢ᠍ᠯ᠎ᠢ ᠰᠡᠷᠭᠦᠭᠡᠨ ᠠᠮᠢᠯᠠᠭᠤᠯᠬᠤ ᠵᠢ ᠦᠨᠡᠨ ᠬᠦ᠌ ᠪᠡᠶᠡᠯᠡᠭᠦᠯᠬᠦ ᠬᠡᠷᠡᠭᠲᠡᠢ ᠃                       

         2024 ᠣᠨ᠎ᠤ10 ᠳ᠋ᠤᠭ᠋ᠠᠷ ᠰᠠᠷ᠎ᠠ ᠵᠢᠨ 15᠎ᠤ ᠡᠳᠦᠷ

      (  ᠲᠣᠰ ᠪᠢᠴᠢᠭ ᠮᠠᠲ᠋ᠧᠷᠢᠶᠠᠯ᠎ᠢ ᠢᠯᠡ ᠨᠡᠢ᠌ᠲᠡᠯᠡᠨ᠎ᠡ)

       ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ

      2024 ᠣᠨ᠎ᠤ 10 ᠳ᠋ᠤᠭ᠋ᠠᠷ ᠰᠠᠷ᠎ᠠ ᠵᠢᠨ 15᠎ᠤ ᠡᠳᠦᠷ ᠳᠠᠷᠤᠮᠠᠯᠯᠠᠨ ᠲᠠᠷᠬᠠᠭ᠋ᠠᠪᠠ

      

 

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ