ᠦᠪᠦᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ
ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠪᠢᠴᠢᠭ ᠮᠠᠲ᠋ᠧᠷᠢᠶᠠᠯ
ᠦᠪᠦᠷ ᠵᠠᠰᠠᠭ ᠠᠯᠪᠠᠨ ᠲᠠᠷᠬᠠᠭ᠋ᠠᠭᠰᠠᠨ [2024] 19 ᠳ᠋ᠦ᠍ᠭᠡᠷ ᠲᠣᠭ᠋ᠠᠲᠤ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠦᠯᠵᠢᠶᠡᠨ ᠳᠡᠭᠡᠷᠡᠬᠢ ᠵᠠᠭᠤᠴᠢᠯᠠᠬᠤ ᠦᠢ᠍ᠯᠡᠴᠢᠯᠡᠭᠡᠨ᠎ᠤ ᠬᠡᠲᠦ ᠳᠡᠯᠭᠡᠭᠦᠷ᠎ᠤᠨ ᠬᠠᠮᠢᠶᠠᠷᠤᠯᠲᠠ ᠵᠢᠨ ᠠᠷᠭ᠎ᠠ》 ᠵᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠡᠯ᠎ᠡ ᠠᠢ᠌ᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠢ᠌ᠯᠠᠯ᠂ ᠠᠵᠢᠯ ᠦᠢ᠍ᠯᠡᠰ᠎ᠤᠨ ᠨᠢᠭᠡᠴᠢ᠎ᠳᠤ᠄
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠦᠯᠵᠢᠶᠡᠨ ᠳᠡᠭᠡᠷᠡᠬᠢ ᠵᠠᠭᠤᠴᠢᠯᠠᠬᠤ ᠦᠢ᠍ᠯᠡᠴᠢᠯᠡᠭᠡᠨ᠎ᠤ ᠬᠡᠲᠦ ᠳᠡᠯᠭᠡᠭᠦᠷ᠎ᠤᠨ ᠬᠠᠮᠢᠶᠠᠷᠤᠯᠲᠠ ᠵᠢᠨ ᠠᠷᠭ᠎ᠠ》 ᠵᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ ᠡᠳᠦᠭᠡ ᠲᠠ ᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭ᠋ᠠᠢ ᠵᠢᠷᠤᠮᠯᠠᠨ ᠬᠡᠷᠡᠭᠵᠢᠭᠦᠯᠲᠦᠭᠡᠢ᠃
2024 ᠣᠨ᠎ᠤ 4 ᠳ᠋ᠦ᠍ᠭᠡᠷ ᠰᠠᠷ᠎ᠠ ᠵᠢᠨ 29᠎ᠤ ᠡᠳᠦᠷ
(ᠲᠣᠰ ᠪᠢᠴᠢᠭ ᠮᠠᠲ᠋ᠧᠷᠢᠶᠠᠯ᠎ᠢ ᠢᠯᠡ ᠨᠡᠢ᠌ᠲᠡᠯᠡᠨ᠎ᠡ)
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠦᠯᠵᠢᠶᠡᠨ ᠳᠡᠭᠡᠷᠡᠬᠢ
ᠵᠠᠭᠤᠴᠢᠯᠠᠬᠤ ᠦᠢ᠍ᠯᠡᠴᠢᠯᠡᠭᠡᠨ᠎ᠤ ᠬᠡᠲᠦ ᠳᠡᠯᠭᠡᠭᠦᠷ᠎ᠤᠨ ᠬᠠᠮᠢᠶᠠᠷᠤᠯᠲᠠ ᠵᠢᠨ ᠠᠷᠭ᠎ᠠ
ᠨᠢᠭᠡᠳᠦᠭᠡᠷ ᠪᠦᠯᠦᠭ ᠶᠡᠷᠦᠩᠬᠡᠢ ᠳᠦᠷᠢᠮ
ᠨᠢᠭᠡᠳᠦᠭᠡᠷ ᠵᠦᠢ᠍ᠯ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠦᠯᠵᠢᠶᠡᠨ ᠳᠡᠭᠡᠷᠡᠬᠢ ᠵᠠᠭᠤᠴᠢᠯᠠᠬᠤ ᠦᠢ᠍ᠯᠡᠴᠢᠯᠡᠭᠡᠨ᠎ᠤ ᠬᠡᠲᠦ ᠳᠡᠯᠭᠡᠭᠦᠷ (ᠳᠣᠷᠣᠭᠰᠢ ᠵᠠᠭᠤᠴᠢᠯᠠᠬᠤ ᠬᠡᠲᠦ ᠳᠡᠯᠭᠡᠭᠦᠷ ᠭᠡᠵᠦ ᠲᠣᠪᠴᠢᠯᠠᠨ᠎ᠠ)᠎ᠤᠨ ᠠᠵᠢᠯᠯᠠᠭ᠋ᠠᠨ᠂ ᠦᠢ᠍ᠯᠡᠴᠢᠯᠡᠭᠡᠨ ᠪᠠ ᠬᠢᠨᠠᠯᠲᠠ ᠬᠠᠮᠢᠶᠠᠷᠤᠯᠲᠠ ᠵᠢ ᠵᠢᠷᠤᠮᠵᠢᠭᠤᠯᠬᠤ ᠵᠢᠨ ᠲᠤᠰᠠᠳᠠ᠂ 《ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠳᠦᠷᠢᠮ》 (ᠲᠥᠷᠥ ᠵᠢᠨ ᠶᠠᠪᠤᠳᠠᠯ᠎ᠤᠨ ᠬᠣᠷᠢᠶᠠᠨ᠎ᠤ 722 ᠳ᠋ᠤᠭ᠋ᠠᠷ ᠲᠣᠭ᠋ᠠᠲᠤ ᠵᠠᠷᠯᠢᠭ)᠎ᠤᠨ ᠬᠣᠯᠪᠣᠭᠳᠠᠯ ᠪᠦᠬᠦᠢ ᠲᠣᠭᠲᠠᠭ᠋ᠠᠯ ᠪᠠ ᠥᠪᠡᠷᠲᠡᠭᠡᠨ ᠵᠠᠰᠠᠬᠤ ᠣᠷᠣᠨ᠎ᠤ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠬᠣᠯᠪᠣᠭᠳᠠᠯ ᠪᠦᠬᠦᠢ ᠱᠠᠭ᠋ᠠᠷᠳᠠᠯᠭ᠎ᠠ ᠶᠣᠰᠣᠭ᠋ᠠᠷ᠂ ᠠᠵᠢᠯ᠎ᠤᠨ ᠪᠣᠳᠠᠲᠠᠢ᠎ᠲᠠᠢ᠎ᠪᠠᠨ ᠤᠶᠠᠯᠳᠤᠭᠤᠯᠤᠨ᠂ ᠲᠣᠰ ᠠᠷᠭ᠎ᠠ ᠵᠢ ᠲᠣᠭᠲᠠᠭ᠋ᠠᠪᠠ᠃
ᠬᠣᠶᠠᠳᠤᠭ᠋ᠠᠷ ᠵᠦᠢ᠍ᠯ ᠲᠣᠰ ᠠᠷᠭ᠎ᠠ᠎ᠳᠤ ᠬᠡᠯᠡᠵᠦ ᠪᠠᠢ᠌ᠭ᠎ᠠ ᠵᠠᠭᠤᠴᠢᠯᠠᠬᠤ ᠬᠡᠲᠦ ᠳᠡᠯᠭᠡᠭᠦᠷ ᠭᠡᠳᠡᠭ᠎ᠨᠢ ᠥᠪᠥᠷ ᠮᠣᠩᠭᠣᠯ᠎ᠤᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠰᠦᠯᠵᠢᠶ᠎ᠡ᠎ᠳᠤ ᠲᠦᠰᠢᠭᠯᠡᠨ ᠪᠠᠢ᠌ᠭᠤᠯᠵᠤ᠂ 《ᠨᠢᠭᠡᠳᠦᠯᠲᠡᠢ ᠪᠠᠷᠢᠮᠵᠢᠶ᠎ᠠ᠂ ᠨᠢᠭᠡᠳᠦᠯᠲᠡᠢ ᠵᠢᠷᠤᠮᠵᠢᠯ᠂ ᠨᠢᠭᠡᠳᠦᠯᠲᠡᠢ ᠲᠠᠪᠴᠠᠩ᠂ ᠡᠬᠢ ᠪᠠᠶᠠᠯᠢᠭ᠎ᠢ ᠬᠠᠮᠲᠤ᠎ᠪᠠᠷ ᠭᠥᠷᠳᠡᠬᠦ》 ᠵᠠᠷᠴᠢᠮ᠎ᠢ ᠵᠢᠷᠤᠮᠯᠠᠨ᠂ ᠵᠠᠭᠤᠴᠢᠯᠠᠬᠤ ᠬᠡᠲᠦ ᠳᠡᠯᠭᠡᠭᠦᠷ᠎ᠲᠤ ᠣᠷᠣᠭᠰᠠᠨ ᠵᠠᠭᠤᠴᠢᠯᠠᠬᠤ ᠦᠢ᠍ᠯᠡᠴᠢᠯᠡᠭᠡᠨ᠎ᠤ ᠪᠠᠢ᠌ᠭᠤᠯᠤᠮᠵᠢ᠎ᠳᠤ ᠬᠢᠷᠢ ᠴᠢᠳᠠᠮᠵᠢ ᠵᠢ ᠳᠠᠩᠰᠠᠯᠠᠬᠤ᠂ ᠮᠡᠳᠡᠭᠡ ᠵᠠᠩᠭᠢ ᠵᠢ ᠢᠯᠡ ᠨᠡᠢ᠌ᠲᠡᠯᠡᠬᠦ᠂ ᠢᠲᠡᠭᠡᠯ ᠬᠦᠨᠳᠦ ᠵᠢ ᠤᠬᠠᠭᠤᠯᠤᠨ ᠲᠠᠨᠢᠯᠴᠠᠭᠤᠯᠬᠤ᠂ ᠦᠢ᠍ᠯᠡᠴᠢᠯᠡᠭᠡ ᠬᠤᠳᠠᠯᠳᠤᠨ ᠠᠪᠬᠤ᠂ ᠰᠣᠩᠭᠣᠭᠳᠠᠭᠰᠠᠳᠢ ᠵᠠᠷᠯᠠᠨ ᠨᠡᠢ᠌ᠲᠡᠯᠡᠬᠦ ᠵᠡᠷᠭᠡ ᠦᠢ᠍ᠯᠡᠴᠢᠯᠡᠭᠡ ᠬᠠᠩᠭ᠋ᠠᠬᠤ ᠶᠡᠷᠦᠩᠬᠡᠢ᠌ᠯᠡᠭᠰᠡᠨ ᠬᠠᠮᠢᠶᠠᠷᠤᠯᠲᠠ ᠵᠢᠨ ᠲᠠᠪᠴᠠᠩ᠎ᠢ ᠵᠢᠭ᠋ᠠᠵᠤ ᠪᠣᠶ᠃
ᠲᠣᠰ ᠠᠷᠭ᠎ᠠ᠎ᠳᠤ ᠬᠡᠯᠡᠵᠦ ᠪᠠᠢ᠌ᠭ᠎ᠠ ᠬᠤᠳᠠᠯᠳᠤᠨ ᠠᠪᠤᠭᠴᠢ ᠭᠡᠳᠡᠭ᠎ᠨᠢ ᠵᠠᠭᠤᠴᠢᠯᠠᠬᠤ ᠬᠡᠲᠦ ᠳᠡᠯᠭᠡᠭᠦᠷ ᠵᠶ᠋ᠡᠷ ᠳᠠᠮᠵᠢᠭᠤᠯᠤᠨ ᠵᠠᠭᠤᠴᠢᠯᠠᠬᠤ ᠦᠢ᠍ᠯᠡᠴᠢᠯᠡᠭᠡ ᠬᠤᠳᠠᠯᠳᠤᠨ ᠠᠪᠬᠤ ᠪᠠᠢ᠌ᠭ᠋ᠠᠯᠢ ᠬᠥᠮᠥᠨ᠂ ᠬᠠᠤᠯᠢ ᠵᠢᠨ ᠡᠷᠬᠡᠲᠡᠨ᠂ ᠬᠠᠤᠯᠢ ᠵᠢᠨ ᠡᠷᠬᠡᠲᠡᠨ ᠪᠤᠰᠤ ᠵᠣᠬᠢᠶᠠᠨ ᠪᠠᠢ᠌ᠭᠤᠯᠤᠯᠲᠠ ᠵᠢ ᠵᠢᠭ᠋ᠠᠵᠤ ᠪᠣᠶ᠃
ᠲᠣᠰ ᠠᠷᠭ᠎ᠠ᠎ᠳᠤ ᠬᠡᠯᠡᠵᠦ ᠪᠠᠢ᠌ᠭ᠎ᠠ ᠵᠠᠭᠤᠴᠢᠯᠠᠬᠤ ᠦᠢ᠍ᠯᠡᠴᠢᠯᠡᠭᠡᠨ᠎ᠤ ᠪᠠᠢ᠌ᠭᠤᠯᠤᠮᠵᠢ ᠭᠡᠳᠡᠭ᠎ᠨᠢ ᠵᠠᠭᠤᠴᠢᠯᠠᠬᠤ ᠬᠡᠲᠦ ᠳᠡᠯᠭᠡᠭᠦᠷ ᠵᠶ᠋ᠡᠷ ᠳᠠᠮᠵᠢᠭᠤᠯᠤᠨ ᠬᠤᠳᠠᠯᠳᠤᠨ ᠠᠪᠤᠭᠴᠢ᠎ᠳᠤ ᠲᠥᠯᠥᠪᠦᠷᠢ᠎ᠲᠠᠢ ᠵᠠᠭᠤᠴᠢᠯᠠᠬᠤ ᠦᠢ᠍ᠯᠡᠴᠢᠯᠡᠭᠡ ᠬᠠᠩᠭ᠋ᠠᠬᠤ ᠬᠠᠤᠯᠢ ᠵᠢᠨ ᠡᠷᠬᠡᠲᠡᠨ᠂ ᠬᠠᠤᠯᠢ ᠵᠢᠨ ᠡᠷᠬᠡᠲᠡᠨ ᠪᠤᠰᠤ ᠵᠣᠬᠢᠶᠠᠨ ᠪᠠᠢ᠌ᠭᠤᠯᠤᠯᠲᠠ ᠵᠢ ᠵᠢᠭ᠋ᠠᠵᠤ ᠪᠣᠶ᠃
ᠲᠣᠰ ᠠᠷᠭ᠎ᠠ᠎ᠳᠤ ᠬᠡᠯᠡᠵᠦ ᠪᠠᠢ᠌ᠭ᠎ᠠ ᠵᠠᠭᠤᠴᠢᠯᠠᠬᠤ ᠦᠢ᠍ᠯᠡᠴᠢᠯᠡᠭᠡᠨ᠎ᠤ ᠵᠦᠢ᠍ᠯᠡᠰ ᠭᠡᠳᠡᠭ᠎ᠲᠤ ᠡᠯ᠎ᠡ ᠲᠥᠷᠥᠯ᠎ᠤᠨ ᠮᠡᠷᠭᠡᠵᠢᠯ᠎ᠤᠨ ᠬᠢᠨᠠᠨ ᠪᠠᠢ᠌ᠴᠠᠭ᠋ᠠᠯᠲᠠ᠂ ᠨᠤᠲᠠᠯᠠᠯᠲᠠ᠂ ᠦᠨᠡᠯᠡᠨ ᠵᠢᠱ᠌ᠢᠯᠲᠡ᠂ ᠦᠨᠡᠯᠡᠯᠲᠡ᠂ ᠪᠠᠢ᠌ᠴᠠᠭ᠋ᠠᠨ ᠰᠢᠯᠭ᠋ᠠᠯᠲᠠ᠂ ᠰᠢᠯᠭ᠋ᠠᠨ ᠰᠢᠨᠵᠢᠯᠲᠡ᠂ ᠬᠢᠨᠠᠨ ᠭᠡᠷᠡᠴᠢᠯᠡᠯᠲᠡ᠂ ᠬᠢᠨᠠᠨ ᠲᠣᠭᠲᠠᠭ᠋ᠠᠯᠲᠠ᠂ ᠭᠡᠷᠡᠴᠢᠯᠡᠭᠡ᠂ ᠯᠠᠪᠯᠠᠭ᠎ᠠ᠂ ᠲᠤᠷᠰᠢᠨ ᠰᠢᠯᠭ᠋ᠠᠯᠲᠠ ᠵᠡᠷᠭᠡ ᠲᠥᠷᠥᠯ ᠪᠠᠭᠲᠠᠨ᠎ᠠ᠃ ᠵᠠᠭᠤᠴᠢᠯᠠᠬᠤ ᠦᠢ᠍ᠯᠡᠴᠢᠯᠡᠭᠡᠨ᠎ᠤ ᠵᠦᠢ᠍ᠯᠡᠰ᠎ᠢ ᠵᠠᠰᠠᠭ ᠵᠠᠬᠢᠷᠭ᠋ᠠᠨ᠎ᠤ ᠡᠷᠬᠡ ᠵᠢ ᠬᠡᠷᠡᠭᠵᠢᠭᠦᠯᠬᠦ ᠰᠠᠯᠠᠭ᠎ᠠ ᠮᠥᠴᠢᠷ (ᠲᠣᠰ ᠵᠦᠢ᠍ᠯ᠎ᠤᠨ ᠵᠠᠭᠤᠴᠢᠯᠠᠬᠤ ᠦᠢ᠍ᠯᠡᠴᠢᠯᠡᠭᠡᠨ᠎ᠤ ᠮᠠᠲ᠋ᠧᠷᠢᠶᠠᠯ᠎ᠢ ᠬᠠᠩᠭ᠋ᠠᠯᠭ᠋ᠠᠬᠤ᠎ᠪᠠᠷ ᠱᠠᠭ᠋ᠠᠷᠳᠠᠭᠰᠠᠨ ᠰᠠᠯᠠᠭ᠎ᠠ ᠮᠦᠴᠢᠷ)᠎ᠠᠴᠠ ᠢᠯᠭ᠋ᠠᠷᠠᠭᠤᠯᠤᠨ ᠵᠢᠷᠤᠮᠵᠢᠭᠤᠯᠵᠤ᠂ ᠭᠠᠷᠴᠠᠭ᠎ᠤᠨ ᠲᠤᠳᠤᠷᠬᠠᠢ ᠬᠠᠭᠤᠳᠠᠰᠤ ᠵᠢ ᠨᠠᠢ᠌ᠷᠠᠭᠤᠯᠤᠨ ᠵᠣᠬᠢᠶᠠᠵᠤ᠂ ᠵᠦᠢ᠍ᠯᠡᠰ᠎ᠤᠨ ᠨᠡᠷᠡᠢ᠌ᠳᠦᠯ᠂ ᠪᠠᠶ᠋ᠢᠭᠤᠯᠬᠤ ᠦᠨᠳᠦᠰᠦᠯᠡᠯ᠂ ᠬᠡᠷᠡᠭᠵᠢᠭᠦᠯᠬᠦ ᠱᠠᠭ᠋ᠠᠷᠳᠠᠯᠭ᠎ᠠ ᠵᠡᠷᠭᠡ ᠬᠦᠴᠦᠨ ᠵᠦᠢ᠍ᠯ᠎ᠤᠳ᠎ᠢ ᠵᠢᠭᠰᠠᠭ᠋ᠠᠨ ᠲᠣᠳᠣᠷᠬᠠᠢ᠌ᠯᠠᠵᠤ᠂ ᠵᠠᠭᠤᠴᠢᠯᠠᠬᠤ ᠬᠡᠲᠦ ᠳᠡᠯᠭᠡᠭᠦᠷ᠎ᠲᠤ ᠢᠯᠡ ᠨᠡᠢ᠌ᠲᠡᠯᠡᠨ᠂ ᠬᠥᠳᠡᠯᠦᠩᠭᠦᠢ ᠬᠠᠮᠢᠶᠠᠷᠤᠯᠲᠠ ᠵᠢ ᠬᠡᠷᠡᠭᠵᠢᠭᠦᠯᠦᠨ᠎ᠡ᠃
ᠵᠠᠰᠠᠭ ᠵᠠᠬᠢᠷᠭ᠋ᠠᠨ᠎ᠤ ᠪᠠᠢ᠌ᠭᠤᠯᠭ᠎ᠠ᠎ᠨᠢ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠶᠠᠪᠤᠴᠠ᠎ᠳᠤ ᠵᠠᠭᠤᠴᠢᠯᠠᠬᠤ ᠦᠢ᠍ᠯᠡᠴᠢᠯᠡᠭᠡᠨ᠎ᠤ ᠪᠠᠢ᠌ᠭᠤᠯᠤᠮᠵᠢ᠎ᠳᠤ ᠨᠠᠢ᠌ᠳᠠᠨ ᠮᠡᠷᠭᠡᠵᠢᠯ᠎ᠤᠨ ᠴᠢᠨᠠᠷᠲᠠᠢ ᠦᠢ᠍ᠯᠡᠴᠢᠯᠡᠭᠡ ᠥᠷᠨᠢᠭᠦᠯᠬᠦ ᠴᠢᠬᠤᠯᠠᠲᠠᠢ ᠪᠣᠯ᠂ ᠵᠠᠭᠤᠴᠢᠯᠠᠬᠤ ᠬᠡᠲᠦ ᠳᠡᠯᠭᠡᠭᠦᠷ᠎ᠲᠤ ᠵᠡᠷᠭᠡ᠎ᠳᠤ᠎ᠨᠢ ᠣᠷᠣᠭᠤᠯᠤᠨ ᠨᠢᠭᠡᠳᠦᠯᠲᠡᠢ ᠬᠠᠮᠢᠶᠠᠷᠤᠭᠤᠯᠤᠨ᠎ᠠ᠃
ᠭᠤᠷᠪᠠᠳᠤᠭ᠋ᠠᠷ ᠵᠦᠢ᠍ᠯ ᠬᠤᠳᠠᠯᠳᠤᠨ ᠠᠪᠤᠭᠴᠢ᠎ᠨᠢ ᠡᠳ᠋᠎ᠤᠨ ᠵᠠᠰᠠᠭ᠎ᠤᠨ ᠴᠢᠨᠠᠷᠲᠠᠢ ᠪᠡᠯᠡ ᠮᠥᠩᠭᠥ ᠵᠢ ᠬᠡᠷᠡᠭᠯᠡᠵᠦ ᠬᠤᠳᠠᠯᠳᠤᠨ ᠠᠪᠤᠭᠰᠠᠨ ᠪᠣᠯ᠂ ᠨᠢᠭᠡᠨᠲᠡ ᠵᠠᠭᠤᠴᠢᠯᠠᠬᠤ ᠦᠢ᠍ᠯᠡᠴᠢᠯᠡᠭᠡᠨ᠎ᠤ ᠵᠦᠢ᠍ᠯᠡᠰ᠎ᠤᠨ ᠭᠠᠷᠴᠠᠭ᠎ᠤᠨ ᠲᠤᠳᠤᠷᠬᠠᠢ ᠬᠠᠭᠤᠳᠠᠰᠤᠨ᠎ᠳᠤ ᠵᠢᠭᠰᠠᠭ᠋ᠠᠨ ᠣᠷᠣᠭᠤᠯᠤᠭᠰᠠᠨ᠂ ᠵᠠᠰᠠᠭ᠎ᠤᠨ ᠣᠷᠳᠣᠨ᠎ᠤ ᠲᠥᠪᠯᠡᠷᠡᠭᠦᠯᠦᠨ ᠬᠤᠳᠠᠯᠳᠤᠵᠤ ᠠᠪᠬᠤ ᠭᠠᠷᠴᠠᠭ᠎ᠠᠴᠠ ᠭᠠᠳᠠᠨᠠᠬᠢ᠂ ᠲᠡᠷᠡᠴᠢᠯᠡᠨ ᠬᠤᠳᠠᠯᠳᠤᠨ ᠠᠪᠬᠤ ᠬᠢᠵᠠᠭ᠋ᠠᠷ ᠲᠣᠭ᠎ᠠ ᠵᠢᠨ ᠪᠠᠷᠢᠮᠵᠢᠶ᠎ᠠ᠎ᠳᠤ ᠥᠯᠥ ᠬᠦᠷᠦᠭᠰᠡᠨ ᠵᠠᠭᠤᠴᠢᠯᠠᠬᠤ ᠦᠢ᠍ᠯᠡᠴᠢᠯᠡᠭᠡᠨ᠎ᠤ ᠲᠦᠷᠦᠯ ᠵᠦᠢ᠍ᠯ᠎ᠢ ᠵᠠᠷᠴᠢᠮ ᠳᠡᠭᠡᠷ᠎ᠡ᠎ᠪᠠᠨ ᠵᠠᠭᠤᠴᠢᠯᠠᠬᠤ ᠬᠡᠲᠦ ᠳᠡᠯᠭᠡᠭᠦᠷ ᠵᠶ᠋ᠡᠷ ᠳᠠᠮᠵᠢᠭᠤᠯᠤᠨ ᠵᠠᠭᠤᠴᠢᠯᠠᠬᠤ ᠦᠢ᠍ᠯᠡᠴᠢᠯᠡᠭᠡᠨ᠎ᠤ ᠪᠠᠢ᠌ᠭᠤᠯᠤᠮᠵᠢ ᠵᠢ ᠢᠯᠡ᠎ᠪᠠᠷ ᠰᠤᠩᠭᠤᠨ᠎ᠠ᠂ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠳᠤ ᠠᠰᠲᠠᠭ᠋ᠠᠨ ᠲᠣᠭᠲᠠᠭ᠋ᠠᠯ᠎ᠲᠠᠢ ᠪᠠᠢ᠌ᠪᠠᠯ ᠡᠭᠦᠨ᠎ᠳᠤ ᠪᠠᠭᠲᠠᠬᠤ ᠦᠭᠡᠢ᠃
ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠡᠭᠦᠯᠡᠨ ᠲᠠᠪᠴᠠᠩ᠎ᠤᠨ ᠡᠯᠧᠺᠲᠷᠣᠨ ᠬᠤᠳᠠᠯᠳᠤᠭ᠋ᠠᠨ᠎ᠤ ᠲᠠᠯᠠᠪᠠᠶ᠎ᠳᠤ ᠵᠢᠭᠰᠠᠭ᠋ᠠᠨ ᠣᠷᠣᠭᠤᠯᠤᠭᠰᠠᠨ ᠵᠠᠭᠤᠴᠢᠯᠠᠬᠤ ᠦᠢ᠍ᠯᠡᠴᠢᠯᠡᠭᠡᠨ᠎ᠤ ᠲᠦᠷᠦᠯ ᠵᠦᠢ᠍ᠯ᠎ᠢ ᠪᠠᠢ᠌ᠩᠭᠤᠵᠢᠭᠤᠯᠤᠨ ᠡᠯᠰᠡᠵᠦ ᠴᠤᠭᠯᠠᠭᠤᠯᠬᠤ᠎ᠳᠤ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠠᠮᠢᠶ᠎ᠠ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠ ᠲᠥᠷᠥ ᠵᠢᠨ ᠪᠣᠳᠣᠯᠭ᠎ᠠ ᠵᠢᠨ ᠳᠦᠷᠢᠮ ᠶᠣᠰᠣᠭ᠋ᠠᠷ ᠬᠡᠷᠡᠭᠵᠢᠭᠦᠯᠦᠨ᠎ᠡ᠃
ᠨᠡᠢ᠌ᠭᠡᠮ᠎ᠤᠨ ᠴᠢᠨᠠᠷᠲᠠᠢ ᠪᠡᠯᠡ ᠮᠥᠩᠭᠥ ᠵᠢᠨ ᠲᠥᠷᠥᠯ ᠵᠦᠢ᠍ᠯ᠎ᠢ ᠵᠣᠷᠢᠭᠵᠢᠭᠤᠯᠵᠤ ᠪᠠᠢ᠌ᠭ᠋ᠠᠳ ᠵᠠᠭᠤᠴᠢᠯᠠᠬᠤ ᠬᠡᠲᠦ ᠳᠡᠯᠭᠡᠭᠦᠷ ᠵᠶ᠋ᠡᠷ ᠳᠠᠮᠵᠢᠭᠤᠯᠤᠨ ᠵᠠᠭᠤᠴᠢᠯᠠᠬᠤ ᠦᠢ᠍ᠯᠡᠴᠢᠯᠡᠭᠡ ᠬᠤᠳᠠᠯᠳᠤᠨ ᠠᠪᠬᠤ ᠪᠣᠯᠭ᠋ᠠᠨ᠎ᠠ᠃
ᠳᠥᠷᠪᠡᠳᠦᠭᠡᠷ ᠵᠦᠢ᠍ᠯ ᠵᠠᠭᠤᠴᠢᠯᠠᠬᠤ ᠬᠡᠲᠦ ᠳᠡᠯᠭᠡᠭᠦᠷ᠎ᠢ ᠪᠥᠬᠥ ᠤᠯᠤᠰ᠎ᠤᠨ ᠨᠥᠬᠥᠴᠡᠯ᠎ᠳᠤ ᠨᠡᠢ᠌ᠴᠡᠭᠰᠡᠨ ᠵᠠᠭᠤᠴᠢᠯᠠᠬᠤ ᠦᠢ᠍ᠯᠡᠴᠢᠯᠡᠭᠡᠨ᠎ᠤ ᠪᠠᠢ᠌ᠭᠤᠯᠤᠮᠵᠢ᠎ᠳᠤ ᠬᠠᠨᠳᠤᠭᠤᠯᠵᠤ ᠪᠠᠢ᠌ᠩᠭᠤᠵᠢᠭᠤᠯᠤᠨ ᠴᠢᠯᠥᠭᠡᠲᠡᠢ ᠪᠣᠯᠭ᠋ᠠᠨ᠎ᠠ᠃ ᠶᠠᠮᠠᠷᠪᠠ ᠨᠢᠭᠡᠴᠢ ᠪᠠ ᠬᠤᠪᠢ ᠬᠥᠮᠥᠨ ᠭᠡᠳ ᠣᠷᠣᠨ ᠪᠦᠰᠡ ᠵᠢᠨ ᠴᠢᠨᠠᠷᠲᠠᠢ᠂ ᠠᠵᠢᠯ ᠲᠥᠷᠥᠯ᠎ᠤᠨ ᠴᠢᠨᠠᠷᠲᠠᠢ ᠠᠵᠢᠯ ᠡᠷᠭᠢᠯᠡᠬᠦ ᠬᠢᠵᠠᠭ᠋ᠠᠷᠯᠠᠯ᠎ᠢ ᠲᠣᠭᠲᠠᠭ᠋ᠠᠬᠤ ᠪᠤᠶᠤ ᠬᠡᠯᠪᠡᠷᠢ ᠵᠢ᠎ᠨᠢ ᠥᠭᠡᠷᠡᠲᠦᠭᠦᠯᠦᠨ ᠲᠣᠭᠲᠠᠭ᠋ᠠᠵᠤ ᠪᠣᠯᠬᠤ ᠦᠭᠡᠢ᠂ ᠵᠠᠭᠤᠴᠢᠯᠠᠬᠤ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠵᠠᠭᠤᠴᠢᠯᠠᠬᠤ ᠬᠡᠲᠦ ᠳᠡᠯᠭᠡᠭᠦᠷ᠎ᠲᠤ ᠣᠷᠣᠬᠤ ᠵᠢ ᠬᠠᠷᠰᠢᠯᠠᠬᠤ ᠪᠠ ᠬᠢᠵᠠᠭ᠋ᠠᠷᠯᠠᠵᠤ ᠪᠣᠯᠬᠤ ᠦᠭᠡᠢ᠂ ᠶᠠᠮᠠᠷᠪᠠ ᠠᠷᠭ᠎ᠠ ᠮᠠᠶᠢᠭ ᠵᠶ᠋ᠠᠷ ᠴᠦ᠍ ᠭᠡᠳ ᠵᠠᠭᠤᠴᠢᠯᠠᠬᠤ ᠦᠢ᠍ᠯᠡᠴᠢᠯᠡᠭᠡᠨ᠎ᠤ ᠪᠠᠢ᠌ᠭᠤᠯᠤᠮᠵᠢ ᠵᠢ ᠰᠤᠩᠭᠤᠬᠤ ᠠᠵᠢᠯᠯᠠᠭ᠎ᠠ᠎ᠳᠤ ᠭᠠᠷ ᠳᠦᠷᠦᠵᠦ ᠪᠣᠯᠬᠤ ᠦᠭᠡᠢ᠃
ᠲᠠᠪᠤᠳᠤᠭ᠋ᠠᠷ ᠵᠦᠢ᠍ᠯ ᠵᠠᠭᠤᠴᠢᠯᠠᠬᠤ ᠬᠡᠲᠦ ᠳᠡᠯᠭᠡᠭᠦᠷ ᠵᠶ᠋ᠡᠷ ᠳᠠᠮᠵᠢᠭᠤᠯᠵᠤ ᠰᠣᠩᠭᠣᠭᠰᠠᠨ ᠵᠠᠭᠤᠴᠢᠯᠠᠬᠤ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠬᠠᠤᠯᠢ ᠶᠣᠰᠣᠭ᠋ᠠᠷ᠂ ᠲᠣᠭᠲᠠᠭ᠋ᠠᠯ ᠶᠣᠰᠣᠭ᠋ᠠᠷ ᠭᠠᠷᠭ᠋ᠠᠵᠤ ᠥᠭᠭᠦᠭᠰᠡᠨ ᠱᠠᠭ᠋ᠠᠷᠳᠠᠯᠭ᠎ᠠ᠎ᠳᠤ ᠨᠡᠢ᠍ᠴᠡᠬᠦ ᠦᠢ᠍ᠯᠡᠴᠢᠯᠡᠭᠡᠨ᠎ᠤ ᠦᠷ᠎ᠡ ᠪᠦᠲᠦᠭᠡᠯ᠎ᠢ ᠬᠠᠮᠢᠶ᠎ᠠ ᠪᠦᠬᠦᠢ ᠵᠠᠰᠠᠭ ᠵᠠᠬᠢᠷᠭ᠋ᠠᠨ᠎ᠤ ᠡᠷᠬᠡ ᠬᠡᠷᠡᠭᠵᠢᠭᠦᠯᠬᠦ ᠰᠠᠯᠠᠭ᠎ᠠ ᠮᠥᠴᠢᠷ ᠪᠠ ᠠᠵᠢᠯ ᠲᠥᠷᠥᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠮᠡᠳᠡᠷᠡᠨ ᠵᠥᠪᠰᠢᠶᠡᠷᠡᠬᠦ ᠬᠡᠷᠡᠭᠲᠡᠢ᠃
ᠬᠣᠶᠠᠳᠤᠭ᠋ᠠᠷ ᠪᠦᠯᠦᠭ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ
ᠵᠢᠷᠭᠤᠳᠤᠭ᠋ᠠᠷ ᠵᠦᠢ᠍ᠯ ᠡᠯ᠎ᠡ ᠱᠠᠲᠤᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠪᠠ ᠳ᠋ᠠᠢ᠌ᠲ᠋ᠠ ᠵᠢᠨ ᠬᠠᠮᠢᠶᠠᠷᠤᠯᠲᠠ ᠵᠢᠨ ᠰᠠᠯᠠᠭ᠎ᠠ ᠮᠥᠴᠢᠷ ᠪᠣᠯ ᠵᠠᠭᠤᠴᠢᠯᠠᠬᠤ ᠬᠡᠲᠦ ᠳᠡᠯᠭᠡᠭᠦᠷ᠎ᠤᠨ ᠬᠠᠮᠢᠶᠠᠷᠤᠯᠲᠠ ᠵᠢᠨ ᠪᠠᠢ᠌ᠭᠤᠯᠤᠮᠵᠢ ᠪᠣᠯᠣᠨ᠎ᠠ᠃
ᠳᠣᠯᠣᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠵᠠᠭᠤᠴᠢᠯᠠᠬᠤ ᠬᠡᠲᠦ ᠳᠡᠯᠭᠡᠭᠦᠷ᠎ᠤᠨ ᠬᠠᠮᠢᠶᠠᠷᠤᠯᠲᠠ ᠵᠢᠨ ᠪᠠᠢ᠌ᠭᠤᠯᠤᠮᠵᠢ ᠵᠢᠨ ᠭᠣᠣᠯ ᠡᠭᠦᠷᠭᠡ ᠬᠠᠷᠢᠭᠤᠴᠠᠯᠭ᠎ᠠ᠄
(ᠨᠢᠭᠡ) ᠵᠠᠭᠤᠴᠢᠯᠠᠬᠤ ᠦᠢ᠍ᠯᠡᠴᠢᠯᠡᠭᠡᠨ᠎ᠤ ᠲᠤᠬᠠᠢ ᠤᠯᠤᠰ᠎ᠤᠨ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ ᠲᠣᠭᠲᠠᠭ᠋ᠠᠯ᠎ᠢ ᠲᠤᠭᠤᠰᠢᠯᠠᠭᠤᠯᠤᠨ ᠬᠡᠷᠡᠭᠵᠢᠭᠦᠯᠦᠨ᠎ᠡ᠃
(ᠬᠣᠶᠠᠷ) ᠵᠠᠭᠤᠴᠢᠯᠠᠬᠤ ᠬᠡᠲᠦ ᠳᠡᠯᠭᠡᠭᠦᠷ᠎ᠤᠨ ᠬᠠᠮᠢᠶᠠᠷᠤᠯᠲᠠ ᠵᠢᠨ ᠳᠦᠷᠢᠮ᠎ᠢ ᠵᠣᠬᠢᠶᠠᠨ ᠪᠠᠢ᠌ᠭᠤᠯᠵᠤ ᠲᠤᠭᠤᠷᠪᠢᠨ ᠲᠣᠭᠲᠠᠭ᠋ᠠᠵᠤ᠂ ᠵᠠᠭᠤᠴᠢᠯᠠᠬᠤ ᠬᠡᠲᠦ ᠳᠡᠯᠭᠡᠭᠦᠷ᠎ᠤᠨ ᠬᠡᠷᠡᠭᠯᠡᠬᠦ ᠶᠠᠪᠤᠴᠠ᠎ᠳᠠᠬᠢ ᠬᠠᠮᠢᠶ᠎ᠠ ᠪᠦᠬᠦᠢ ᠠᠰᠠᠭᠤᠳᠠᠯ᠎ᠢ ᠵᠣᠬᠢᠴᠠᠭᠤᠯᠤᠨ ᠰᠢᠢ᠍ᠳᠪᠦᠷᠢᠯᠡᠨ᠎ᠡ᠃
(ᠭᠤᠷᠪᠠ) ᠪᠥᠬᠥ ᠣᠷᠣᠨ᠎ᠤ ᠨᠢᠭᠡᠳᠦᠯᠲᠡᠢ ᠵᠠᠭᠤᠴᠢᠯᠠᠬᠤ ᠬᠡᠲᠦ ᠳᠡᠯᠭᠡᠭᠦᠷ᠎ᠤᠨ ᠮᠡᠳᠡᠭᠡ ᠵᠠᠩᠭᠢᠴᠢᠯᠠᠯᠲᠠ ᠵᠢᠨ ᠶᠡᠷᠦᠩᠬᠡᠢ᠌ᠯᠡᠭᠰᠡᠨ ᠲᠠᠪᠴᠠᠩ᠎ᠢ ᠪᠠᠢ᠌ᠭᠤᠯᠤᠨ᠎ᠠ᠃
(ᠳᠥᠷᠪᠡ) ᠵᠠᠭᠤᠴᠢᠯᠠᠬᠤ ᠬᠡᠲᠦ ᠳᠡᠯᠭᠡᠭᠦᠷ᠎ᠤᠨ ᠡᠳᠦᠷ ᠲᠤᠲᠤᠮ᠎ᠤᠨ ᠠᠵᠢᠯᠯᠠᠭᠤᠯᠬᠤ ᠬᠠᠮᠢᠶᠠᠷᠬᠤ ᠬᠠᠮᠢᠶᠠᠷᠤᠯᠲᠠ ᠵᠢ ᠬᠠᠷᠢᠭᠤᠴᠠᠨ᠎ᠠ᠃
(ᠲᠠᠪᠤ) ᠵᠠᠭᠤᠴᠢᠯᠠᠬᠤ ᠬᠡᠲᠦ ᠳᠡᠯᠭᠡᠭᠦᠷ᠎ᠤᠨ ᠳ᠋ᠠᠢ᠌ᠲ᠋ᠠ ᠬᠥᠮᠥᠷᠭᠡ ᠵᠢ ᠪᠠᠶ᠋ᠢᠭᠤᠯᠬᠤ ᠪᠠ ᠬᠠᠮᠢᠶᠠᠷᠤᠨ᠎ᠠ᠂ ᠡᠭᠦᠨ᠎ᠳᠤ ᠵᠠᠭᠤᠴᠢᠯᠠᠬᠤ ᠦᠢ᠍ᠯᠡᠴᠢᠯᠡᠭᠡᠨ᠎ᠤ ᠵᠦᠢ᠍ᠯᠡᠰ᠎ᠤᠨ ᠬᠥᠮᠥᠷᠭᠡ᠂ ᠬᠤᠳᠠᠯᠳᠤᠨ ᠠᠪᠤᠭᠴᠢ ᠵᠢᠨ ᠮᠡᠳᠡᠭᠡ ᠵᠠᠩᠭᠢ ᠵᠢᠨ ᠬᠥᠮᠥᠷᠭᠡ᠂ ᠵᠠᠭᠤᠴᠢᠯᠠᠬᠤ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠬᠥᠮᠥᠷᠭᠡ᠂ ᠬᠤᠳᠠᠯᠳᠤᠨ ᠠᠪᠬᠤ ᠮᠡᠳᠡᠭᠡ ᠵᠠᠩᠭᠢ ᠵᠢᠨ ᠬᠥᠮᠥᠷᠭᠡ᠂ ᠳᠠᠭ᠋ᠠᠭ᠋ᠠᠴᠢᠯᠠᠯᠲᠠ ᠣᠨᠣᠭᠰᠠᠨ ᠦᠷ᠎ᠡ ᠳ᠋ᠦᠩ᠎ᠤᠨ ᠮᠡᠳᠡᠭᠡ ᠵᠠᠩᠭᠢ ᠵᠢᠨ ᠬᠥᠮᠥᠷᠭᠡ ᠵᠡᠷᠭᠡ ᠪᠠᠭᠲᠠᠨ᠎ᠠ᠃
(ᠵᠢᠷᠭᠤᠭ᠎ᠠ) ᠪᠥᠬᠥ ᠴᠤᠪᠤᠷᠠᠯ᠎ᠳᠠᠬᠢ ᠲᠠᠪᠴᠠᠩ᠎ᠤᠨ ᠴᠢᠳᠠᠮᠵᠢ ᠵᠢᠴᠢ ᠡᠯ᠎ᠡ ᠲᠥᠷᠥᠯ᠎ᠤᠨ ᠳ᠋ᠠᠢ᠌ᠲ᠋ᠠ᠂ ᠮᠡᠳᠡᠭᠦᠯᠦᠯᠲᠡ ᠵᠢᠨ ᠬᠦᠰᠦᠨᠦᠭᠲᠦ ᠵᠢ ᠡᠮᠬᠢᠯᠡᠬᠦ ᠪᠠ ᠪᠦᠷᠢᠳᠬᠡᠬᠦ ᠵᠢ᠎ᠨᠢ ᠰᠢᠯᠢᠳᠡᠭᠵᠢᠭᠦᠯᠵᠦ ᠲᠡᠭᠦᠯᠳᠡᠷᠵᠢᠭᠦᠯᠦᠨ᠎ᠡ᠃
(ᠳᠣᠯᠣᠭ᠎ᠠ) ᠵᠠᠭᠤᠴᠢᠯᠠᠬᠤ ᠬᠡᠲᠦ ᠳᠡᠯᠭᠡᠭᠦᠷ᠎ᠤᠨ ᠠᠵᠢᠯᠯᠠᠭᠤᠯᠵᠤ ᠬᠠᠮᠢᠶᠠᠷᠬᠤ ᠪᠠᠢ᠌ᠭᠤᠯᠤᠮᠵᠢ ᠵᠢ ᠬᠢᠨᠠᠨ ᠬᠠᠮᠢᠶᠠᠷᠴᠤ᠂ ᠲᠠᠪᠴᠠᠩ᠎ᠤᠨ ᠠᠵᠢᠯᠯᠠᠭ᠋ᠠᠨ᠎ᠢ᠎ᠨᠢ ᠵᠢᠭ᠋ᠠᠨ ᠵᠢᠯᠣᠭᠣᠳᠴᠤ ᠵᠢᠷᠤᠮᠵᠢᠭᠤᠯᠤᠨ᠎ᠠ᠃
(ᠨᠠᠢ᠍ᠮᠠ) ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠵᠠᠭᠤᠴᠢᠯᠠᠬᠤ ᠬᠡᠲᠦ ᠳᠡᠯᠭᠡᠭᠦᠷ᠎ᠤᠨ ᠲᠠᠪᠴᠠᠩ᠎ᠤᠨ ᠠᠵᠢᠯᠯᠠᠭ᠋ᠠᠨᠯᠤᠭᠠ ᠬᠣᠯᠪᠣᠭᠳᠠᠬᠤ ᠯᠠᠪᠯᠠᠭ᠎ᠠ᠂ ᠰᠠᠨᠠᠭᠤᠯᠭ᠎ᠠ ᠪᠠ ᠵᠠᠭ᠋ᠠᠯᠳᠤᠯᠭ᠎ᠠ ᠵᠢ ᠭᠥᠯᠢᠶᠡᠨ ᠠᠪᠴᠤ ᠰᠢᠢ᠍ᠳᠪᠦᠷᠢᠯᠡᠬᠦ ᠵᠢᠨ ᠬᠠᠮᠲᠤ᠂ ᠠᠵᠢᠯ ᠲᠥᠷᠥᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠢ ᠵᠣᠬᠢᠴᠠᠭᠤᠯᠵᠤ ᠪᠠᠢ᠌ᠭ᠋ᠠᠳ ᠠᠵᠢᠯ ᠲᠥᠷᠥᠯ᠎ᠤᠨ ᠬᠠᠮᠢᠶᠠᠷᠤᠯᠲᠠ᠎ᠳᠤ ᠬᠣᠯᠪᠣᠭᠳᠠᠭᠰᠠᠨ ᠵᠠᠭᠤᠴᠢᠯᠠᠬᠤ ᠦᠢ᠍ᠯᠡᠴᠢᠯᠡᠭᠡᠨ᠎ᠤ ᠯᠠᠪᠯᠠᠭ᠎ᠠ᠂ ᠰᠠᠨᠠᠭᠤᠯᠭ᠎ᠠ ᠪᠠ ᠵᠠᠭ᠋ᠠᠯᠳᠤᠯᠭ᠎ᠠ ᠵᠢ ᠰᠢᠢ᠍ᠳᠪᠦᠷᠢᠯᠡᠨ᠎ᠡ᠃
(ᠶᠢᠰᠦ) ᠠᠵᠢᠯ ᠲᠥᠷᠥᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠠᠵᠢᠯ ᠲᠥᠷᠥᠯ᠎ᠤᠨ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ ᠵᠢ ᠵᠣᠬᠢᠴᠠᠭᠤᠯᠵᠤ᠂ ᠵᠠᠭᠤᠴᠢᠯᠠᠬᠤ ᠬᠡᠲᠦ ᠳᠡᠯᠭᠡᠭᠦᠷ᠎ᠲᠤ ᠣᠷᠣᠬᠤ ᠨᠥᠬᠥᠴᠡᠯᠯᠦᠭᠡ ᠥᠯᠥ ᠨᠡᠢ᠌ᠴᠡᠭᠰᠡᠨ ᠵᠠᠭᠤᠴᠢᠯᠠᠬᠤ ᠦᠢ᠍ᠯᠡᠴᠢᠯᠡᠭᠡᠨ᠎ᠤ ᠪᠠᠢ᠌ᠭᠤᠯᠤᠮᠵᠢ ᠵᠢ ᠢᠯᠭ᠋ᠠᠷᠠᠭᠤᠯᠤᠨ᠎ᠠ᠃
ᠨᠠᠢ᠍ᠮᠠᠳᠤᠭ᠋ᠠᠷ ᠵᠦᠢ᠍ᠯ ᠡᠯ᠎ᠡ ᠠᠢ᠌ᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ)᠎ᠤ ᠵᠠᠭᠤᠴᠢᠯᠠᠬᠤ ᠬᠡᠲᠦ ᠳᠡᠯᠭᠡᠭᠦᠷ᠎ᠤᠨ ᠬᠠᠮᠢᠶᠠᠷᠤᠯᠲᠠ ᠵᠢᠨ ᠪᠠᠢ᠌ᠭᠤᠯᠤᠮᠵᠢ ᠵᠢᠨ ᠭᠣᠣᠯ ᠡᠭᠦᠷᠭᠡ ᠬᠠᠷᠢᠭᠤᠴᠠᠯᠭ᠎ᠠ᠄
(ᠨᠢᠭᠡ) ᠵᠠᠭᠤᠴᠢᠯᠠᠬᠤ ᠦᠢ᠍ᠯᠡᠴᠢᠯᠡᠭᠡᠨ᠎ᠤ ᠲᠤᠬᠠᠢ ᠤᠯᠤᠰ᠂ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ ᠲᠣᠭᠲᠠᠭ᠋ᠠᠯ᠎ᠢ ᠲᠤᠭᠤᠰᠢᠯᠠᠭᠤᠯᠤᠨ ᠬᠡᠷᠡᠭᠵᠢᠭᠦᠯᠦᠨ᠎ᠡ᠃
(ᠬᠣᠶᠠᠷ) ᠲᠣᠰ ᠱᠠᠲᠤᠨ᠎ᠤ᠎ᠪᠠᠨ ᠵᠠᠭᠤᠴᠢᠯᠠᠬᠤ ᠬᠡᠲᠦ ᠳᠡᠯᠭᠡᠭᠦᠷ᠎ᠤᠨ ᠬᠡᠷᠡᠭᠯᠡᠬᠦ ᠶᠠᠪᠤᠴᠠ᠎ᠳᠠᠬᠢ ᠬᠠᠮᠢᠶ᠎ᠠ ᠪᠦᠬᠦᠢ ᠠᠰᠠᠭᠤᠳᠠᠯ᠎ᠢ ᠵᠣᠬᠢᠴᠠᠭᠤᠯᠤᠨ ᠰᠢᠢ᠍ᠳᠪᠦᠷᠢᠯᠡᠨ᠎ᠡ᠃
(ᠭᠤᠷᠪᠠ) ᠲᠣᠰ ᠱᠠᠲᠤᠨ᠎ᠤ᠎ᠪᠠᠨ ᠵᠠᠭᠤᠴᠢᠯᠠᠬᠤ ᠬᠡᠲᠦ ᠳᠡᠯᠭᠡᠭᠦᠷ᠎ᠤᠨ ᠡᠳᠦᠷ ᠲᠤᠲᠤᠮ᠎ᠤᠨ ᠠᠵᠢᠯᠯᠠᠭᠤᠯᠬᠤ ᠬᠠᠮᠢᠶᠠᠷᠬᠤ ᠬᠠᠮᠢᠶᠠᠷᠤᠯᠲᠠ ᠵᠢ ᠬᠠᠷᠢᠭᠤᠴᠠᠨ᠎ᠠ᠃
(ᠳᠥᠷᠪᠡ) ᠲᠣᠰ ᠱᠠᠲᠤᠨ᠎ᠤ᠎ᠪᠠᠨ ᠵᠠᠭᠤᠴᠢᠯᠠᠬᠤ ᠬᠡᠲᠦ ᠳᠡᠯᠭᠡᠭᠦᠷ᠎ᠤᠨ ᠡᠯ᠎ᠡ ᠲᠥᠷᠥᠯ᠎ᠤᠨ ᠳ᠋ᠠᠢ᠌ᠲ᠋ᠠ᠂ ᠮᠡᠳᠡᠭᠦᠯᠦᠯᠲᠡ ᠵᠢᠨ ᠬᠦᠰᠦᠨᠦᠭᠲᠦ ᠵᠢ ᠡᠮᠬᠢᠯᠡᠬᠦ ᠪᠠ ᠪᠦᠷᠢᠳᠬᠡᠬᠦ ᠵᠢ ᠬᠠᠷᠢᠭᠤᠴᠠᠨ᠎ᠠ᠃
(ᠲᠠᠪᠤ) ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠲᠣᠰ ᠱᠠᠲᠤᠨ᠎ᠤ᠎ᠪᠠᠨ ᠵᠠᠭᠤᠴᠢᠯᠠᠬᠤ ᠬᠡᠲᠦ ᠳᠡᠯᠭᠡᠭᠦᠷ᠎ᠤᠨ ᠲᠠᠪᠴᠠᠩ᠎ᠤᠨ ᠠᠵᠢᠯᠯᠠᠭ᠋ᠠᠨᠯᠤᠭᠠ ᠬᠣᠯᠪᠣᠭᠳᠠᠬᠤ ᠯᠠᠪᠯᠠᠭ᠎ᠠ᠂ ᠰᠠᠨᠠᠭᠤᠯᠭ᠎ᠠ ᠪᠠ ᠵᠠᠭ᠋ᠠᠯᠳᠤᠯᠭ᠎ᠠ ᠵᠢ ᠭᠥᠯᠢᠶᠡᠨ ᠠᠪᠴᠤ ᠰᠢᠢ᠍ᠳᠪᠦᠷᠢᠯᠡᠬᠦ ᠵᠢᠨ ᠬᠠᠮᠲᠤ᠂ ᠲᠣᠰ ᠱᠠᠲᠤᠨ᠎ᠤ᠎ᠪᠠᠨ ᠠᠵᠢᠯ ᠲᠥᠷᠥᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠢ ᠵᠣᠬᠢᠴᠠᠭᠤᠯᠵᠤ ᠪᠠᠢ᠌ᠭ᠋ᠠᠳ ᠠᠵᠢᠯ ᠲᠥᠷᠥᠯ᠎ᠤᠨ ᠬᠠᠮᠢᠶᠠᠷᠤᠯᠲᠠ᠎ᠳᠤ ᠬᠣᠯᠪᠣᠭᠳᠠᠬᠤ ᠵᠠᠭᠤᠴᠢᠯᠠᠬᠤ ᠦᠢ᠍ᠯᠡᠴᠢᠯᠡᠭᠡᠨ᠎ᠤ ᠯᠠᠪᠯᠠᠭ᠎ᠠ᠂ ᠰᠠᠨᠠᠭᠤᠯᠭ᠎ᠠ ᠪᠠ ᠵᠠᠭ᠋ᠠᠯᠳᠤᠯᠭ᠎ᠠ ᠵᠢ ᠰᠢᠢ᠍ᠳᠪᠦᠷᠢᠯᠡᠨ᠎ᠡ᠃
(ᠵᠢᠷᠭᠤᠭ᠎ᠠ) ᠲᠣᠰ ᠱᠠᠲᠤᠨ᠎ᠤ᠎ᠪᠠᠨ ᠠᠵᠢᠯ ᠲᠥᠷᠥᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠠᠵᠢᠯ ᠲᠥᠷᠥᠯ᠎ᠤᠨ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ ᠵᠢ ᠵᠣᠬᠢᠴᠠᠭᠤᠯᠵᠤ᠂ ᠵᠠᠭᠤᠴᠢᠯᠠᠬᠤ ᠬᠡᠲᠦ ᠳᠡᠯᠭᠡᠭᠦᠷ᠎ᠲᠤ ᠣᠷᠣᠬᠤ ᠨᠥᠬᠥᠴᠡᠯ᠎ᠳᠤ ᠨᠡᠢ᠌ᠴᠡᠬᠦ ᠦᠭᠡᠢ ᠵᠠᠭᠤᠴᠢᠯᠠᠬᠤ ᠦᠢ᠍ᠯᠡᠴᠢᠯᠡᠭᠡᠨ᠎ᠤ ᠪᠠᠢ᠌ᠭᠤᠯᠤᠮᠵᠢ ᠵᠢ ᠢᠯᠭ᠋ᠠᠷᠠᠭᠤᠯᠤᠨ᠎ᠠ᠃
ᠶᠢᠰᠦᠳᠦᠭᠡᠷ ᠵᠦᠢ᠍ᠯ ᠬᠠᠮᠢᠶ᠎ᠠ ᠪᠦᠬᠦᠢ ᠠᠵᠤ ᠠᠬᠤᠢ᠌ᠯᠠᠯ᠎ᠳᠤ ᠨᠠᠢ᠌ᠳᠠᠨ ᠵᠠᠭᠤᠴᠢᠯᠠᠬᠤ ᠬᠡᠲᠦ ᠳᠡᠯᠭᠡᠭᠦᠷ᠎ᠤᠨ ᠠᠵᠢᠯᠯᠠᠭᠤᠯᠵᠤ ᠬᠠᠮᠢᠶᠠᠷᠬᠤ ᠪᠠᠢ᠌ᠭᠤᠯᠤᠮᠵᠢ (ᠳᠣᠷᠣᠭᠰᠢ ᠠᠵᠢᠯᠯᠠᠭᠤᠯᠵᠤ ᠬᠠᠮᠢᠶᠠᠷᠬᠤ ᠪᠠᠢ᠌ᠭᠤᠯᠤᠮᠵᠢ ᠭᠡᠵᠦ ᠲᠣᠪᠴᠢᠯᠠᠨ᠎ᠠ) ᠪᠣᠯᠭ᠋ᠠᠪᠠᠯ᠂ ᠰᠢᠰᠲ᠋ᠧᠮ᠎ᠤᠨ ᠠᠰᠠᠭᠤᠳᠠᠯ᠎ᠠᠴᠠ ᠪᠣᠯᠵᠤ ᠵᠠᠭᠤᠴᠢᠯᠠᠬᠤ ᠦᠢ᠍ᠯᠡᠴᠢᠯᠡᠭᠡᠨ᠎ᠤ ᠰᠤᠩᠭᠤᠬᠤ ᠭᠣᠭᠴᠣᠭ᠎ᠠ᠎ᠳᠤ ᠠᠯᠳᠠᠰᠢ ᠭᠠᠷᠪᠠᠯ᠂ ᠵᠠᠭᠤᠴᠢᠯᠠᠬᠤ ᠬᠡᠲᠦ ᠳᠡᠯᠭᠡᠭᠦᠷ᠎ᠤᠨ ᠠᠵᠢᠯᠯᠠᠭᠤᠯᠵᠤ ᠬᠠᠮᠢᠶᠠᠷᠬᠤ ᠪᠠᠢ᠌ᠭᠤᠯᠤᠮᠵᠢ᠎ᠨᠢ ᠬᠠᠷᠢᠭᠤᠴᠠᠨ᠎ᠠ᠃ ᠠᠵᠢᠯᠯᠠᠭᠤᠯᠵᠤ ᠬᠠᠮᠢᠶᠠᠷᠬᠤ ᠪᠠᠢ᠌ᠭᠤᠯᠤᠮᠵᠢ ᠵᠢᠨ ᠭᠣᠣᠯ ᠡᠭᠦᠷᠭᠡ ᠬᠠᠷᠢᠭᠤᠴᠠᠯᠭ᠎ᠠ᠄
(ᠨᠢᠭᠡ) ᠵᠠᠭᠤᠴᠢᠯᠠᠬᠤ ᠬᠡᠲᠦ ᠳᠡᠯᠭᠡᠭᠦᠷ᠎ᠤᠨ ᠡᠳᠦᠷ ᠲᠤᠲᠤᠮ᠎ᠤᠨ ᠠᠵᠢᠯᠯᠠᠭᠤᠯᠵᠤ ᠬᠠᠮᠢᠶᠠᠷᠬᠤ ᠠᠵᠢᠯ ᠵᠢᠴᠢ ᠦᠢ᠍ᠯᠡᠴᠢᠯᠡᠭᠡᠨ᠎ᠤ ᠠᠵᠢᠯ᠎ᠢ ᠡᠭᠦᠷᠭᠡᠯᠡᠨ᠎ᠡ᠃
(ᠬᠣᠶᠠᠷ) ᠵᠠᠭᠤᠴᠢᠯᠠᠬᠤ ᠬᠡᠲᠦ ᠳᠡᠯᠭᠡᠭᠦᠷ᠎ᠤᠨ ᠠᠵᠢᠯᠯᠠᠭᠤᠯᠵᠤ ᠬᠠᠮᠢᠶᠠᠷᠬᠤ ᠲᠦᠬᠦᠷ ᠳᠦᠷᠢᠮ᠎ᠢ ᠲᠣᠭᠲᠠᠭ᠋ᠠᠵᠤ᠂ ᠵᠠᠭᠤᠴᠢᠯᠠᠬᠤ ᠦᠢ᠍ᠯᠡᠴᠢᠯᠡᠭᠡᠨ᠎ᠤ ᠲᠣᠭᠲᠠᠴᠠ ᠵᠢ ᠲᠡᠭᠦᠯᠳᠡᠷᠵᠢᠭᠦᠯᠦᠨ᠂ ᠲᠤᠬᠠᠢ᠌ᠯᠠᠭᠰᠠᠨ ᠠᠵᠢᠯ᠎ᠤᠨ ᠠᠵᠢᠯᠯᠠᠭ᠋ᠠᠨ ᠪᠠ ᠦᠢ᠍ᠯᠡᠴᠢᠯᠡᠭᠡᠨ᠎ᠤ ᠪᠠᠷᠢᠮᠵᠢᠶᠠᠵᠢᠭᠤᠯᠬᠤ᠂ ᠵᠢᠷᠤᠮᠵᠢᠭᠤᠯᠬᠤ ᠪᠠᠢ᠌ᠭᠤᠯᠤᠯᠲᠠ ᠵᠢ ᠵᠢᠭ᠋ᠠᠨ ᠵᠢᠯᠣᠭᠣᠳᠤᠨ᠎ᠠ᠃
(ᠭᠤᠷᠪᠠ) ᠮᠡᠷᠭᠡᠵᠢᠯ᠎ᠤᠨ ᠬᠦᠴᠦᠨ᠎ᠢ ᠵᠣᠬᠢᠶᠠᠨ ᠪᠠᠢ᠌ᠭᠤᠯᠵᠤ ᠪᠠᠢ᠌ᠭ᠋ᠠᠳ ᠵᠠᠭᠤᠴᠢᠯᠠᠬᠤ ᠬᠡᠲᠦ ᠳᠡᠯᠭᠡᠭᠦᠷ᠎ᠤᠨ ᠠᠵᠢᠯᠯᠠᠭᠤᠯᠵᠤ ᠬᠠᠮᠢᠶᠠᠷᠬᠤ᠂ ᠮᠡᠳᠡᠭᠡ ᠵᠠᠩᠭᠢ ᠵᠢᠨ ᠠᠮᠤᠷ ᠲᠦᠪᠰᠢᠨ ᠵᠡᠷᠭᠡ᠎ᠳᠤ ᠮᠡᠷᠭᠡᠵᠢᠯ᠎ᠤᠨ ᠲᠤᠯᠭ᠋ᠠᠭᠤᠷᠢᠯᠠᠯ ᠬᠠᠩᠭ᠋ᠠᠵᠤ᠂ ᠵᠠᠭᠤᠴᠢᠯᠠᠬᠤ ᠬᠡᠲᠦ ᠳᠡᠯᠭᠡᠭᠦᠷ᠎ᠤᠨ ᠠᠮᠤᠷ ᠲᠦᠪᠰᠢᠨ ᠠᠵᠢᠯᠯᠠᠭ᠋ᠠᠨ᠎ᠢ ᠪᠠᠲᠤᠯᠠᠨ᠂ ᠵᠠᠭᠤᠴᠢᠯᠠᠬᠤ ᠬᠡᠲᠦ ᠳᠡᠯᠭᠡᠭᠦᠷ᠎ᠤᠨ ᠳ᠋ᠠᠢ᠌ᠲ᠋ᠠ ᠬᠥᠮᠥᠷᠭᠡ ᠵᠢ ᠠᠵᠢᠯᠯᠠᠭᠤᠯᠵᠤ ᠬᠠᠮᠢᠶᠠᠷᠬᠤ᠂ ᠠᠷᠠᠯᠵᠢᠶᠠᠨ᠎ᠤ ᠳ᠋ᠠᠢ᠌ᠲ᠋ᠠ᠎ᠳᠤ ᠵᠠᠳᠠᠯᠤᠯᠲᠠ ᠬᠢᠬᠦ ᠪᠠ ᠤᠷᠢᠳᠴᠢᠯᠠᠨ ᠰᠡᠷᠡᠮᠵᠢᠯᠡᠭᠦᠯᠦᠨ᠎ᠡ᠃
(ᠳᠥᠷᠪᠡ) ᠵᠠᠭᠤᠴᠢᠯᠠᠬᠤ ᠬᠡᠲᠦ ᠳᠡᠯᠭᠡᠭᠦᠷ᠎ᠤᠨ ᠮᠡᠳᠡᠭᠡ ᠵᠠᠩᠭᠢ ᠨᠡᠢ᠌ᠲᠡᠯᠡᠬᠦ᠂ ᠵᠠᠭᠤᠴᠢᠯᠠᠬᠤ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠶᠡᠷᠦᠩᠬᠡᠢ᠌ᠯᠡᠭᠰᠡᠨ ᠦᠨᠡᠯᠡᠯᠲᠡ ᠵᠢᠴᠢ ᠦᠨᠡᠯᠡᠯᠲᠡ ᠵᠢᠨ ᠮᠡᠳᠡᠭᠡ ᠵᠠᠩᠭᠢ ᠵᠢ ᠵᠠᠷᠯᠠᠬᠤ ᠵᠡᠷᠭᠡ᠎ᠳᠤ ᠮᠡᠷᠭᠡᠵᠢᠯ᠎ᠤᠨ ᠲᠤᠯᠭ᠋ᠠᠭᠤᠷᠢᠯᠠᠯ ᠬᠠᠩᠭ᠋ᠠᠨ᠎ᠠ᠃
(ᠲᠠᠪᠤ) ᠵᠠᠭᠤᠴᠢᠯᠠᠬᠤ ᠬᠡᠳᠦ ᠳᠡᠯᠭᠡᠭᠦᠷ᠎ᠤᠨ ᠮᠡᠷᠭᠡᠵᠢᠯ᠎ᠤᠨ ᠯᠠᠪᠯᠠᠭ᠎ᠠ᠂ ᠰᠠᠨᠠᠭᠤᠯᠭ᠎ᠠ ᠪᠠ ᠵᠠᠭ᠋ᠠᠯᠳᠤᠯᠭ᠎ᠠ ᠵᠢ ᠬᠦᠯᠢᠶᠡᠨ ᠠᠪᠴᠤ ᠰᠢᠢ᠍ᠳᠪᠦᠷᠢᠯᠡᠨ᠎ᠡ᠃
(ᠵᠢᠷᠭᠤᠭ᠎ᠠ) ᠮᠡᠷᠭᠡᠵᠢᠯ᠎ᠤᠨ ᠪᠣᠯᠪᠠᠰᠤᠷᠠᠯ᠎ᠢ ᠵᠣᠬᠢᠶᠠᠨ ᠪᠠᠢ᠌ᠭᠤᠯᠵᠤ ᠥᠷᠨᠢᠭᠦᠯᠦᠨ᠎ᠡ᠃
ᠠᠷᠪᠠᠳᠤᠭ᠋ᠠᠷ ᠵᠦᠢ᠍ᠯ ᠵᠠᠰᠠᠭ ᠵᠠᠬᠢᠷᠭ᠋ᠠᠨ᠎ᠤ ᠡᠷᠬᠡ ᠵᠢ ᠬᠡᠷᠡᠭᠵᠢᠭᠦᠯᠬᠦ ᠰᠠᠯᠠᠭ᠎ᠠ ᠮᠥᠴᠢᠷ᠎ᠤᠳ᠎ᠤᠨ ᠭᠣᠣᠯ ᠡᠭᠦᠷᠭᠡ ᠬᠠᠷᠢᠭᠤᠴᠠᠯᠭ᠎ᠠ᠄ 《ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠳᠦᠷᠢᠮ》 ᠵᠡᠷᠭᠡ ᠲᠣᠭᠲᠠᠭ᠋ᠠᠯ ᠶᠣᠰᠣᠭ᠋ᠠᠷ᠂ ᠲᠣᠰ ᠠᠵᠢᠯ ᠲᠥᠷᠥᠯ᠎ᠳᠠᠬᠢ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠤᠶᠤ ᠲᠥᠷᠥ ᠵᠢᠨ ᠶᠠᠪᠤᠳᠠᠯ᠎ᠤᠨ ᠬᠣᠷᠢᠶᠠᠨ᠎ᠤ ᠲᠣᠭᠲᠠᠭ᠋ᠠᠯ᠎ᠤᠨ ᠦᠨᠳᠦᠰᠦᠯᠡᠯ ᠦᠭᠡᠢ ᠵᠠᠭᠤᠴᠢᠯᠠᠬᠤ ᠦᠢ᠍ᠯᠡᠴᠢᠯᠡᠭᠡᠨ᠎ᠤ ᠵᠦᠢ᠍ᠯᠡᠰ᠎ᠢ ᠴᠠᠭ ᠲᠤᠬᠠᠢᠳᠤᠨᠢ ᠢᠯᠭ᠋ᠠᠷᠠᠭᠤᠯᠤᠨ ᠵᠢᠷᠤᠮᠵᠢᠭᠤᠯᠵᠤ᠂ ᠦᠨᠡᠨ ᠬᠦ᠌ ᠦᠯᠡᠳᠡᠭᠡᠬᠦ ᠴᠢᠬᠤᠯᠠᠲᠠᠢ ᠠᠯᠪᠠᠳᠠᠯᠭ᠎ᠠ ᠵᠢᠨ ᠴᠢᠨᠠᠷᠲᠠᠢ ᠵᠠᠭᠤᠴᠢᠯᠠᠬᠤ ᠦᠢ᠍ᠯᠡᠴᠢᠯᠡᠭᠡᠨ᠎ᠤ ᠵᠦᠢ᠍ᠯᠡᠰ ᠪᠠ ᠬᠢᠨᠠᠨ ᠵᠥᠪᠰᠢᠶᠡᠷᠡᠬᠦ ᠰᠠᠯᠠᠭ᠎ᠠ ᠮᠥᠴᠢᠷ᠎ᠤᠨ ᠨᠠᠢ᠌ᠳᠠᠨ ᠥᠷᠨᠢᠭᠦᠯᠬᠦ ᠮᠡᠷᠭᠡᠵᠢᠯ᠎ᠤᠨ ᠴᠢᠨᠠᠷᠲᠠᠢ ᠦᠢ᠍ᠯᠡᠴᠢᠯᠡᠭᠡᠨ᠎ᠤ ᠵᠦᠢ᠍ᠯᠡᠰ᠎ᠲᠤ ᠲᠤᠳᠤᠷᠬᠠᠢ ᠬᠠᠭᠤᠳᠠᠰᠤ ᠵᠢᠨ ᠬᠠᠮᠢᠶᠠᠷᠤᠯᠲᠠ ᠵᠢ ᠬᠡᠷᠡᠭᠵᠢᠭᠦᠯᠬᠦ ᠵᠢᠨ ᠬᠠᠮᠲᠤ ᠨᠡᠢ᠌ᠭᠡᠮ᠎ᠳᠤ ᠢᠯᠡ ᠨᠡᠢ᠌ᠲᠡᠯᠡᠨ᠎ᠡ᠃
ᠠᠷᠪᠠᠨ ᠨᠢᠭᠡᠳᠦᠭᠡᠷ ᠵᠦᠢ᠍ᠯ ᠠᠵᠢᠯ ᠲᠦᠷᠦᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠭᠣᠣᠯ ᠡᠭᠦᠷᠭᠡ ᠬᠠᠷᠢᠭᠤᠴᠠᠯᠭ᠎ᠠ᠄
(ᠨᠢᠭᠡ) ᠨᠢᠭᠡᠨᠲᠡ ᠵᠠᠭᠤᠴᠢᠯᠠᠬᠤ ᠬᠡᠲᠦ ᠳᠡᠯᠭᠡᠭᠦᠷ᠎ᠲᠤ ᠣᠷᠣᠭᠰᠠᠨ ᠵᠠᠭᠤᠴᠢᠯᠠᠬᠤ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠬᠢᠷᠢ ᠴᠢᠳᠠᠮᠵᠢ (ᠬᠢᠷᠢ ᠬᠡᠮ) ᠵᠢᠨ ᠬᠠᠮᠢᠶᠠᠷᠤᠯᠲᠠ ᠵᠢ ᠵᠣᠬᠢᠶᠠᠨ ᠪᠠᠢ᠌ᠭᠤᠯᠵᠤ ᠬᠡᠷᠡᠭᠵᠢᠭᠦᠯᠦᠨ᠂ ᠪᠥᠬᠥ ᠤᠯᠤᠰ᠎ᠤᠨ ᠬᠡᠪᠴᠢᠶᠡᠨ᠎ᠳᠠᠬᠢ ᠵᠠᠭᠤᠴᠢᠯᠠᠬᠤ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠳᠤᠷᠠᠳᠤᠭᠰᠠᠨ ᠬᠢᠷᠢ ᠴᠢᠳᠠᠮᠵᠢ᠎ᠪᠠᠨ ᠨᠡᠮᠡᠬᠦ ᠵᠢᠴᠢ ᠬᠤᠪᠢᠷᠠᠭᠤᠯᠬᠤ ᠭᠤᠶᠤᠴᠢᠯᠠᠯ᠎ᠢ᠎ᠨᠢ 7 ᠠᠵᠢᠯᠯᠠᠬᠤ ᠡᠳᠦᠷ᠎ᠤᠨ ᠳᠣᠲᠣᠷ᠎ᠠ ᠬᠢᠨᠠᠨ ᠬᠠᠷᠭᠤᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠠᠴᠠ ᠭᠠᠳᠠᠨᠠᠬᠢ ᠵᠠᠭᠤᠴᠢᠯᠠᠬᠤ ᠦᠢ᠍ᠯᠡᠴᠢᠯᠡᠭᠡᠨ᠎ᠤ ᠪᠠᠢ᠌ᠭᠤᠯᠤᠮᠵᠢ᠎ᠨᠢ ᠬᠢᠷᠢ ᠴᠢᠳᠠᠮᠵᠢ᠎ᠪᠠᠨ ᠨᠡᠮᠡᠬᠦ ᠵᠢᠴᠢ ᠬᠤᠪᠢᠷᠠᠭᠤᠯᠬᠤ ᠭᠤᠶᠤᠴᠢᠯᠠᠯ ᠳᠤᠷᠠᠳᠪᠠᠯ᠂ ᠠᠯᠪᠠᠨ᠎ᠤ ᠲᠠᠯ᠎ᠠ ᠵᠢᠨ ᠪᠠᠢ᠌ᠴᠠᠭ᠋ᠠᠨ ᠯᠠᠪᠯᠠᠬᠤ ᠠᠷᠭ᠎ᠠ ᠵᠠᠮ ᠪᠤᠶᠤ ᠬᠠᠮᠢᠶ᠎ᠠ ᠪᠦᠬᠦᠢ ᠭᠡᠷᠡᠴᠢᠯᠡᠬᠦ ᠮᠠᠲ᠋ᠧᠷᠢᠶᠠᠯ ᠬᠠᠩᠭ᠋ᠠᠬᠤ ᠵᠢᠨ ᠬᠠᠮᠲᠤ ᠬᠠᠩᠭ᠋ᠠᠭᠰᠠᠨ ᠮᠠᠲ᠋ᠧᠷᠢᠶᠠᠯ᠎ᠤᠨ ᠵᠶ᠋ᠠᠨ ᠬᠠᠤᠯᠢ ᠶᠣᠰᠣᠴᠢ ᠴᠢᠨᠠᠷ᠂ ᠦᠨᠡᠨ ᠪᠣᠳᠠᠲᠤ ᠴᠢᠨᠠᠷ᠎ᠲᠤ ᠠᠮᠠᠯᠠᠯᠲᠠ ᠵᠢᠨ ᠪᠢᠴᠢᠭ ᠭᠠᠷᠭ᠋ᠠᠭᠰᠠᠨ᠎ᠤ ᠳᠠᠷᠠᠭ᠎ᠠ᠂ ᠠᠵᠢᠯ ᠲᠥᠷᠥᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠬᠡᠯᠪᠡᠷᠢ ᠵᠢᠨ ᠴᠢᠬᠤᠯᠠ ᠨᠥᠬᠥᠴᠡᠯ᠎ᠢ᠎ᠨᠢ ᠬᠢᠨᠠᠵᠤ ᠬᠠᠷᠭᠤᠭᠤᠯᠤᠨ᠎ᠠ᠃ ᠵᠠᠭᠤᠴᠢᠯᠠᠬᠤ ᠬᠡᠲᠦ ᠳᠡᠯᠭᠡᠭᠦᠷ᠎ᠲᠤ ᠣᠷᠣᠬᠤ ᠨᠥᠬᠥᠴᠡᠯ᠎ᠳᠤ ᠨᠡᠢ᠌ᠴᠡᠬᠦ ᠦᠭᠡᠢ ᠵᠠᠭᠤᠴᠢᠯᠠᠬᠤ ᠦᠢ᠍ᠯᠡᠴᠢᠯᠡᠭᠡᠨ᠎ᠤ ᠪᠠᠢ᠌ᠭᠤᠯᠤᠮᠵᠢ ᠵᠢ ᠲᠣᠰ ᠱᠠᠲᠤᠨ᠎ᠤ ᠵᠠᠭᠤᠴᠢᠯᠠᠬᠤ ᠬᠡᠲᠦ ᠳᠡᠯᠭᠡᠭᠦᠷ᠎ᠤᠨ ᠬᠠᠮᠢᠶᠠᠷᠤᠯᠲᠠ ᠵᠢᠨ ᠪᠠᠢ᠌ᠭᠤᠯᠤᠮᠵᠢ᠎ᠳᠤ ᠮᠡᠳᠡᠭᠳᠡᠵᠦ ᠢᠯᠭ᠋ᠠᠷᠠᠭᠤᠯᠤᠨ ᠪᠤᠴᠠᠭ᠋ᠠᠯᠭ᠋ᠠᠨᠠ᠃
(ᠬᠣᠶᠠᠷ) ᠬᠠᠤᠯᠢ ᠲᠣᠭᠲᠠᠭ᠋ᠠᠯ ᠶᠣᠰᠣᠭ᠋ᠠᠷ ᠲᠣᠰ ᠠᠵᠢᠯ ᠲᠥᠷᠥᠯ᠎ᠤᠨ ᠵᠠᠭᠤᠴᠢᠯᠠᠬᠤ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠠᠵᠢᠯ ᠡᠷᠭᠢᠯᠡᠬᠦ ᠦᠢᠯᠡ ᠠᠵᠢᠯᠯᠠᠭ᠎ᠠ᠎ᠳᠤ 《ᠬᠣᠶᠠᠷ᠎ᠢ ᠲᠠᠰᠢᠷᠠᠮ ᠵᠶ᠋ᠠᠷ ᠰᠤᠭᠤᠴᠢᠵᠤ᠂ ᠨᠢᠭᠡ ᠵᠢ ᠢᠯᠡ ᠪᠣᠯᠭ᠋ᠠᠬᠤ》 ᠬᠢᠨᠠᠯᠲᠠ ᠬᠠᠮᠢᠶᠠᠷᠤᠯᠲᠠ ᠪᠠ ᠠᠵᠢᠯ ᠲᠥᠷᠥᠯ᠎ᠤᠨ ᠢᠲᠡᠭᠡᠮᠵᠢ ᠵᠢᠨ ᠬᠠᠮᠢᠶᠠᠷᠤᠯᠲᠠ ᠵᠢ ᠬᠡᠷᠡᠭᠵᠢᠭᠦᠯᠵᠦ᠂ ᠵᠠᠭᠤᠴᠢᠯᠠᠬᠤ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠬᠣᠯᠪᠣᠭᠳᠠᠯ ᠪᠦᠬᠦᠢ ᠬᠠᠤᠯᠢ᠎ᠠᠴᠠ ᠵᠥᠷᠢᠴᠡᠵᠦ ᠢᠳᠡᠬᠡᠮᠵᠢ ᠠᠯᠳᠠᠭᠰᠠᠨ ᠦᠢᠯᠡ ᠠᠵᠢᠯᠯᠠᠭ᠎ᠠ ᠵᠢᠨ ᠮᠡᠳᠡᠭᠡ ᠵᠠᠩᠭᠢ ᠵᠢ ᠴᠠᠭ ᠲᠤᠬᠠᠢᠳᠤᠨᠢ ᠡᠯ᠎ᠡ ᠱᠠᠲᠤᠨ᠎ᠤ ᠢᠲᠡᠭᠡᠮᠵᠢ ᠵᠢᠨ ᠮᠡᠳᠡᠭᠡ ᠵᠠᠩᠭᠢ ᠵᠢ ᠬᠠᠮᠲᠤ᠎ᠪᠠᠷ ᠭᠥᠷᠳᠡᠬᠦ ᠲᠠᠪᠴᠠᠩ᠎ᠳᠤ ᠴᠤᠭᠯᠠᠭᠤᠯᠵᠤ᠂ ᠢᠲᠡᠭᠡᠮᠵᠢ ᠵᠢ ᠬᠣᠯᠪᠤᠭ᠋ᠠᠯᠠᠨ ᠱᠠᠩᠨᠠᠵᠤ ᠲᠣᠷᠭ᠋ᠠᠬᠤ ᠠᠷᠭ᠎ᠠ ᠬᠡᠮᠵᠢᠶ᠎ᠡ ᠵᠢ ᠬᠠᠤᠯᠢ ᠲᠣᠭᠲᠠᠭ᠋ᠠᠯ ᠶᠣᠰᠣᠭ᠋ᠠᠷ ᠨᠠᠢ᠌ᠳᠠᠪᠤᠷᠢᠵᠢᠭᠤᠯᠤᠨ᠎ᠠ᠃
(ᠭᠤᠷᠪᠠ) ᠠᠵᠢᠯ ᠲᠥᠷᠥᠯ᠎ᠤᠨ ᠬᠠᠮᠢᠶᠠᠷᠤᠯᠲᠠ᠎ᠳᠤ ᠬᠣᠯᠪᠣᠭᠳᠠᠭᠰᠠᠨ ᠵᠠᠭᠤᠴᠢᠯᠠᠬᠤ ᠦᠢ᠍ᠯᠡᠴᠢᠯᠡᠭᠡᠨ᠎ᠤ ᠯᠠᠪᠯᠠᠭ᠎ᠠ᠂ ᠰᠠᠨᠠᠭᠤᠯᠭ᠎ᠠ ᠪᠠ ᠵᠠᠭ᠋ᠠᠯᠳᠤᠯᠭ᠎ᠠ ᠵᠢ ᠬᠠᠤᠯᠢ ᠲᠣᠭᠲᠠᠭ᠋ᠠᠯ ᠶᠣᠰᠣᠭ᠋ᠠᠷ ᠰᠢᠢ᠍ᠳᠪᠦᠷᠢᠯᠡᠨ᠎ᠡ᠃
ᠠᠷᠪᠠᠨ ᠬᠣᠶᠠᠳᠤᠭ᠋ᠠᠷ ᠵᠦᠢ᠍ᠯ ᠡᠯ᠎ᠡ ᠱᠠᠲᠤᠨ᠎ᠤ ᠦᠨ᠎ᠡ ᠬᠠᠩᠰᠢ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠵᠠᠰᠠᠭ᠎ᠤᠨ ᠣᠷᠳᠣᠨ᠎ᠤ ᠦᠨ᠎ᠡ ᠲᠣᠭᠲᠠᠭ᠋ᠠᠬᠤ ᠬᠠᠮᠢᠶᠠᠷᠤᠯᠲᠠ᠎ᠳᠤ ᠣᠷᠣᠭᠤᠯᠤᠭᠰᠠᠨ ᠵᠠᠭᠤᠴᠢᠯᠠᠬᠤ ᠦᠢ᠍ᠯᠡᠴᠢᠯᠡᠭᠡᠨ᠎ᠤ ᠰᠦᠢ᠍ᠳᠬᠡᠯ ᠬᠤᠷᠢᠶᠠᠬᠤ ᠲᠥᠷᠥᠯ ᠵᠦᠢ᠍ᠯ᠎ᠳᠤ ᠬᠠᠤᠯᠢ ᠲᠣᠭᠲᠠᠭ᠋ᠠᠯ ᠶᠣᠰᠣᠭ᠋ᠠᠷ ᠰᠦᠢ᠍ᠳᠬᠡᠯ ᠬᠤᠷᠢᠶᠠᠬᠤ ᠪᠠᠷᠢᠮᠵᠢᠶ᠎ᠠ ᠵᠢ ᠲᠣᠭᠲᠠᠭ᠋ᠠᠵᠤ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠬᠠᠤᠯᠢ ᠶᠣᠰᠣᠭ᠋ᠠᠷ ᠦᠨ᠎ᠡ ᠬᠠᠩᠰᠢ ᠵᠢᠨ ᠠᠵᠢᠯᠯᠠᠭ᠎ᠠ᠎ᠳᠤ ᠬᠢᠨᠠᠯᠲᠠ ᠲᠠᠯᠪᠢᠨ ᠪᠠᠢ᠌ᠴᠠᠭ᠋ᠠᠯᠲᠠ ᠬᠢᠵᠦ᠂ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠦᠨ᠎ᠡ ᠬᠠᠩᠰᠢ ᠵᠢᠨ ᠬᠠᠤᠯᠢ》 ᠵᠡᠷᠭᠡ ᠬᠠᠮᠢᠶ᠎ᠠ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠦᠨᠳᠦᠰᠦᠯᠡᠨ ᠦᠨ᠎ᠡ ᠬᠠᠩᠰᠢ ᠵᠢᠨ ᠬᠠᠤᠯᠢ᠎ᠠᠴᠠ ᠵᠥᠷᠢᠴᠡᠭᠰᠡᠨ ᠦᠢᠯᠡ ᠠᠵᠢᠯᠯᠠᠭ᠎ᠠ ᠵᠢ ᠰᠢᠢ᠍ᠳᠪᠦᠷᠢᠯᠡᠵᠦ᠂ ᠵᠠᠭᠤᠴᠢᠯᠠᠬᠤ ᠵᠠᠬ᠎ᠠ ᠳᠡᠯᠭᠡᠭᠦᠷ᠎ᠤᠨ ᠡᠮᠬᠢ ᠳᠢᠭᠯᠢᠮ᠎ᠢ ᠬᠠᠮᠠᠭ᠋ᠠᠯᠠᠨ᠎ᠠ᠃
ᠠᠷᠪᠠᠨ ᠭᠤᠷᠪᠠᠳᠤᠭ᠋ᠠᠷ ᠵᠦᠢ᠍ᠯ ᠵᠠᠰᠠᠭ ᠵᠠᠬᠢᠷᠭ᠋ᠠᠨ᠎ᠤ ᠪᠠᠢ᠌ᠭᠤᠯᠭ᠎ᠠ᠎ᠨᠢ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠶᠠᠪᠤᠴᠠ᠎ᠳᠤ ᠵᠠᠭᠤᠴᠢᠯᠠᠬᠤ ᠦᠢ᠍ᠯᠡᠴᠢᠯᠡᠭᠡᠨ᠎ᠤ ᠪᠠᠢ᠌ᠭᠤᠯᠤᠮᠵᠢ᠎ᠳᠤ ᠨᠠᠢ᠌ᠳᠠᠨ ᠮᠡᠷᠭᠡᠵᠢᠯ᠎ᠤᠨ ᠴᠢᠨᠠᠷᠲᠠᠢ ᠦᠢ᠍ᠯᠡᠴᠢᠯᠡᠭᠡ ᠥᠷᠨᠢᠭᠦᠯᠬᠦ ᠴᠢᠬᠤᠯᠠᠲᠠᠢ ᠪᠠᠢ᠌ᠪᠠᠯ᠂ ᠬᠠᠮᠢᠶ᠎ᠠ ᠪᠦᠬᠦᠢ ᠵᠠᠷᠤᠳᠠᠯ᠎ᠢ᠎ᠨᠢ ᠡᠯ᠎ᠡ ᠱᠠᠲᠤᠨ᠎ᠤ ᠡᠳ᠋᠎ᠤᠨ ᠵᠠᠰᠠᠭ᠎ᠤᠨ ᠲᠥᠰᠥᠪ᠎ᠲᠤ ᠵᠢᠭᠰᠠᠭ᠋ᠠᠨ ᠣᠷᠣᠭᠤᠯᠬᠤ ᠬᠡᠷᠡᠭᠲᠡᠢ᠂ ᠵᠠᠬ᠎ᠠ ᠳᠡᠯᠭᠡᠭᠦᠷ᠎ᠤᠨ ᠭᠣᠣᠯ ᠴᠣᠭᠴᠠ᠎ᠳᠤ ᠰᠢᠯᠵᠢᠭᠦᠯᠦᠨ ᠥᠭᠴᠦ ᠡᠭᠦᠷᠭᠡᠯᠡᠭᠦᠯᠵᠦ ᠪᠣᠯᠬᠤ ᠦᠭᠡᠢ᠃
ᠠᠷᠪᠠᠨ ᠳᠥᠷᠪᠡᠳᠦᠭᠡᠷ ᠵᠦᠢ᠍ᠯ ᠵᠠᠭᠤᠴᠢᠯᠠᠬᠤ ᠦᠢ᠍ᠯᠡᠴᠢᠯᠡᠭᠡᠨ᠎ᠤ ᠬᠦᠷᠢᠶᠡᠨ᠎ᠳᠠᠬᠢ ᠠᠵᠢᠯ ᠲᠦᠷᠦᠯ᠎ᠤᠨ ᠨᠡᠢ᠌ᠭᠡᠮᠯᠢᠭ᠂ ᠬᠤᠳᠠᠯᠳᠤᠭ᠋ᠠᠴᠢᠨ᠎ᠤ ᠡᠪᠯᠡᠯ᠎ᠨᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠪᠠ ᠳᠦᠷᠢᠮ ᠶᠣᠰᠣᠭ᠋ᠠᠷ ᠠᠵᠢᠯ ᠲᠦᠷᠦᠯ᠎ᠤᠨ ᠠᠵᠢᠯ ᠡᠷᠬᠢᠯᠡᠬᠦ ᠪᠠᠷᠢᠮᠵᠢᠶ᠎ᠠ᠂ ᠥᠪᠡᠷ᠎ᠢ᠎ᠪᠠᠨ ᠱᠠᠭ᠋ᠠᠷᠳᠠᠬᠤ ᠵᠢᠷᠤᠮᠵᠢᠯ ᠪᠠ ᠵᠠᠯᠬᠠᠭ᠋ᠠᠨ ᠴᠡᠭᠡᠷᠯᠡᠭᠦᠯᠬᠦ ᠳᠦᠷᠢᠮ ᠵᠶ᠋ᠡᠨ ᠪᠠᠢ᠌ᠭᠤᠯᠤᠨ ᠲᠡᠭᠦᠯᠳᠡᠷᠵᠢᠭᠦᠯᠵᠦ᠂ ᠭᠡᠰᠢᠭᠦᠨ ᠨᠢᠭᠡᠴᠢ ᠵᠢᠴᠢ ᠠᠵᠢᠯ ᠬᠢᠭᠰᠡᠳ᠎ᠤᠨ ᠬᠠᠮᠢᠶᠠᠷᠤᠯᠲᠠ᠎ᠪᠠᠨ ᠴᠢᠩᠭ᠋ᠠᠳᠬᠠᠨ᠂ ᠠᠵᠢᠯ ᠲᠦᠷᠦᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠯᠦᠭᠡ ᠬᠠᠮᠵᠢᠯᠴᠠᠨ ᠠᠵᠢᠯ ᠲᠦᠷᠦᠯ᠎ᠤᠨ ᠬᠢᠨᠠᠯᠲᠠ ᠬᠠᠮᠢᠶᠠᠷᠤᠯᠲᠠ ᠵᠢ ᠥᠷᠨᠢᠭᠦᠯᠦᠨ᠎ᠡ᠃
ᠭᠤᠷᠪᠠᠳᠤᠭ᠋ᠠᠷ ᠪᠦᠯᠦᠭ ᠵᠠᠭᠤᠴᠢᠯᠠᠬᠤ ᠬᠡᠲᠦ ᠳᠡᠯᠭᠡᠭᠦᠷ᠎ᠲᠤ ᠣᠷᠣᠬᠤ ᠦᠢ᠍ᠯᠡᠴᠢᠯᠡᠭᠡ
ᠠᠷᠪᠠᠨ ᠲᠠᠪᠤᠳᠤᠭ᠋ᠠᠷ ᠵᠦᠢ᠍ᠯ ᠵᠠᠭᠤᠴᠢᠯᠠᠬᠤ ᠬᠡᠲᠦ ᠳᠡᠯᠭᠡᠭᠦᠷ᠎ᠲᠤ ᠣᠷᠣᠬᠤ ᠵᠠᠭᠤᠴᠢᠯᠠᠬᠤ ᠦᠢ᠍ᠯᠡᠴᠢᠯᠡᠭᠡᠨ᠎ᠤ ᠪᠠᠢ᠌ᠭᠤᠯᠤᠮᠵᠢ᠎ᠨᠢ ᠡᠷᠬᠡᠪᠰᠢ ᠳᠣᠣᠷᠠᠬᠢ ᠨᠥᠬᠥᠴᠡᠯ᠎ᠳᠤ ᠨᠡᠢ᠌ᠴᠡᠭᠰᠡᠨ ᠪᠠᠢ᠌ᠬᠤ ᠬᠡᠷᠡᠭᠲᠡᠢ᠄
(ᠨᠢᠭᠡ) ᠬᠣᠯᠪᠣᠭᠳᠠᠯ ᠪᠦᠬᠦᠢ ᠰᠠᠯᠠᠭ᠎ᠠ ᠮᠥᠴᠢᠷ ᠵᠶ᠋ᠡᠷ ᠵᠥᠪᠰᠢᠶᠡᠷᠡᠭᠦᠯᠦᠭᠡᠳ ᠪᠠᠢ᠌ᠭᠤᠯᠤᠭᠰᠠᠨ ᠪᠤᠶᠤ ᠳᠠᠩᠰᠠᠯᠠᠨ ᠲᠡᠮᠳᠡᠭᠯᠡᠭᠦᠯᠦᠭᠰᠡᠨ᠂ ᠬᠠᠮᠢᠶ᠎ᠠ ᠪᠦᠬᠦᠢ ᠠᠵᠢᠯ ᠲᠥᠷᠥᠯ᠎ᠤᠨ ᠬᠢᠷᠢ ᠴᠢᠳᠠᠮᠵᠢ ᠵᠢᠨ ᠲᠥᠷᠥᠯ ᠬᠡᠯᠪᠡᠷᠢ ᠪᠠ ᠠᠵᠢᠯ ᠡᠷᠭᠢᠯᠡᠬᠦ ᠨᠥᠬᠥᠴᠡᠯ᠎ᠳᠤ ᠨᠡᠢ᠌ᠴᠡᠭᠰᠡᠨ ᠵᠠᠭᠤᠴᠢᠯᠠᠬᠤ ᠦᠢ᠍ᠯᠡᠴᠢᠯᠡᠭᠡᠨ᠎ᠤ ᠪᠠᠢ᠌ᠭᠤᠯᠤᠮᠵᠢ᠃
(ᠬᠣᠶᠠᠷ) ᠵᠢᠷᠤᠮᠵᠢᠭᠰᠠᠨ ᠨᠡᠷᠡᠢ᠌ᠳᠦᠯ᠂ ᠴᠢᠬᠤᠯᠠ ᠪᠦᠬᠦᠢ ᠵᠣᠬᠢᠶᠠᠨ ᠪᠠᠢ᠌ᠭᠤᠯᠤᠯᠲᠠ ᠵᠢᠨ ᠪᠠᠢ᠌ᠭᠤᠯᠤᠮᠵᠢ ᠪᠠ ᠲᠠᠯᠠᠪᠤᠷ ᠭᠠᠵᠠᠷ᠎ᠲᠠᠢ ᠪᠠᠢ᠌ᠵᠤ᠂ ᠲᠤᠬᠠᠢ᠌ᠯᠠᠭᠰᠠᠨ ᠠᠵᠢᠯ᠎ᠤᠨ ᠠᠵᠢᠯᠯᠠᠭ᠎ᠠ᠎ᠲᠠᠢ᠎ᠪᠠᠨ ᠵᠣᠬᠢᠴᠠᠭᠰᠠᠨ ᠠᠵᠢᠯ ᠬᠢᠭᠰᠡᠳ᠎ᠲᠠᠢ ᠪᠠᠢ᠌ᠬᠤ᠃
(ᠭᠤᠷᠪᠠ) ᠵᠣᠬᠢᠬᠤ ᠬᠠᠤᠯᠢ ᠵᠢᠨ ᠬᠠᠷᠢᠭᠤᠴᠠᠯᠭ᠎ᠠ ᠵᠢ ᠪᠡᠶ᠎ᠡ᠎ᠪᠠᠨ ᠳᠠᠭ᠋ᠠᠭ᠋ᠠᠵᠤ ᠡᠭᠦᠷᠭᠡᠯᠡᠵᠦ ᠳᠡᠶ᠋ᠢᠯᠬᠦ᠃
(ᠳᠥᠷᠪᠡ) ᠦᠢ᠍ᠯᠡᠴᠢᠯᠡᠭᠡᠨ᠎ᠤ ᠢᠲᠡᠭᠡᠯ ᠬᠦᠨᠳᠦ᠎ᠪᠠᠷ ᠰᠠᠢ᠌ᠨ ᠪᠠᠢ᠌ᠬᠤ᠃
(ᠲᠠᠪᠤ) ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠪᠤᠰᠤᠳ ᠨᠥᠬᠥᠴᠡᠯ᠎ᠤᠳ᠃
ᠠᠷᠪᠠᠨ ᠵᠢᠷᠭᠤᠳᠤᠭ᠋ᠠᠷ ᠵᠦᠢ᠍ᠯ ᠵᠠᠭᠤᠴᠢᠯᠠᠬᠤ ᠦᠢ᠍ᠯᠡᠴᠢᠯᠡᠭᠡᠨ᠎ᠤ ᠪᠠᠢ᠌ᠭᠤᠯᠤᠮᠵᠢ᠎ᠨᠢ ᠰᠠᠢ᠌ᠨ ᠳᠤᠷ᠎ᠠ᠎ᠠᠴᠠ᠎ᠪᠠᠨ ᠪᠠᠢ᠌ᠬᠤ ᠵᠠᠷᠴᠢᠮ ᠶᠣᠰᠣᠭ᠋ᠠᠷ ᠵᠠᠭᠤᠴᠢᠯᠠᠬᠤ ᠬᠡᠳᠦ ᠳᠡᠯᠭᠡᠭᠦᠷ᠎ᠲᠤ ᠣᠷᠣᠬᠤ᠎ᠪᠠᠷ ᠭᠤᠶᠤᠴᠢᠯᠠᠬᠤ ᠵᠢᠨ ᠬᠠᠮᠲᠤ᠂ ᠬᠠᠮᠢᠶ᠎ᠠ ᠪᠦᠬᠦᠢ ᠮᠠᠲ᠋ᠧᠷᠢᠶᠠᠯ ᠵᠶ᠋ᠠᠨ ᠲᠠᠭᠯᠠᠵᠤ ᠲᠤᠰᠢᠶᠠᠨ᠎ᠠ᠃ ᠵᠠᠭᠤᠴᠢᠯᠠᠬᠤ ᠦᠢ᠍ᠯᠡᠴᠢᠯᠡᠭᠡᠨ᠎ᠤ ᠪᠠᠢ᠌ᠭᠤᠯᠤᠮᠵᠢ᠎ᠨᠢ 3 ᠵᠢᠯ ᠠᠯᠤᠰᠯᠠᠬᠤ ᠪᠦᠷᠢ ᠵᠠᠭᠤᠴᠢᠯᠠᠬᠤ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠠᠮᠠᠯᠠᠯᠲᠠ ᠵᠢᠨ ᠪᠢᠴᠢᠭ᠎ᠲᠤ ᠰᠦᠯᠵᠢᠶᠡᠨ ᠳᠡᠭᠡᠷ᠎ᠡ ᠭᠠᠷᠤᠨ ᠥᠰᠥᠭ ᠵᠢᠷᠤᠵᠤ᠂ ᠬᠠᠩᠭ᠋ᠠᠭᠰᠠᠨ ᠮᠡᠳᠡᠭᠡ ᠵᠠᠩᠭᠢ ᠪᠠ ᠮᠠᠲ᠋ᠧᠷᠢᠶᠠᠯ᠎ᠤᠨ ᠵᠶ᠋ᠠᠨ ᠬᠠᠤᠯᠢ ᠶᠣᠰᠣᠴᠢ ᠴᠢᠨᠠᠷ᠂ ᠦᠨᠡᠨ ᠪᠣᠳᠠᠲᠤ ᠴᠢᠨᠠᠷ᠂ ᠣᠨᠣᠪᠴᠢᠲᠤ ᠴᠢᠨᠠᠷ᠎ᠲᠤ ᠬᠠᠷᠢᠭᠤᠴᠠᠬᠤ ᠵᠢᠨ ᠬᠠᠮᠲᠤ᠂ ᠦᠨᠡᠨᠴᠢ ᠢᠲᠡᠭᠡᠮᠵᠢᠲᠡᠢ ᠦᠢ᠍ᠯᠡᠴᠢᠯᠡᠭᠡᠨ᠎ᠳᠤ᠎ᠪᠠᠨ ᠠᠮᠠᠯᠠᠯᠲᠠ ᠬᠢᠵᠦ᠂ 3 ᠵᠢᠯ᠎ᠤᠨ ᠳᠣᠲᠣᠷᠠᠬᠢ ᠡᠵᠡᠩᠨᠡᠯᠲᠡ ᠵᠢᠨ ᠠᠵᠢᠯᠯᠠᠭ᠎ᠠ ᠳᠤᠮᠳᠠ ᠬᠠᠤᠯᠢ᠎ᠠᠴᠠ ᠵᠥᠷᠢᠴᠡᠭᠰᠡᠨ ᠬᠦᠨᠳᠦ ᠬᠡᠴᠡᠭᠦᠦ ᠲᠡᠮᠳᠡᠭᠯᠡᠯ ᠪᠠᠢ᠌ᠯᠭ᠋ᠠᠬᠤ ᠦᠭᠡᠢ ᠪᠠᠢ᠌ᠬᠤ ᠵᠢ ᠠᠮᠠᠯᠠᠵᠤ᠂ ᠵᠠᠭᠤᠴᠢᠯᠠᠬᠤ ᠬᠡᠲᠦ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠭᠲᠠᠭ᠋ᠠᠯ᠎ᠢ ᠵᠦᠪᠰᠢᠶᠡᠷᠡᠬᠦ ᠪᠦᠭᠡᠳ ᠵᠢᠷᠤᠮᠯᠠᠨ ᠰᠠᠬᠢᠨ᠎ᠠ᠃ ᠵᠠᠭᠤᠴᠢᠯᠠᠬᠤ ᠦᠢ᠍ᠯᠡᠴᠢᠯᠡᠭᠡᠨ᠎ᠤ ᠪᠠᠢ᠌ᠭᠤᠯᠤᠮᠵᠢ᠎ᠨᠢ ᠵᠠᠭᠤᠴᠢᠯᠠᠬᠤ ᠬᠡᠲᠦ ᠳᠡᠯᠭᠡᠭᠦᠷ᠎ᠲᠤ ᠣᠷᠣᠬᠤ ᠠᠮᠠᠯᠠᠯᠲᠠ᠎ᠪᠠᠨ ᠵᠥᠷᠢᠴᠡᠭᠰᠡᠨ ᠪᠠᠢ᠌ᠪᠠᠯ᠂ ᠠᠵᠢᠯ ᠲᠥᠷᠥᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠬᠠᠤᠯᠢ ᠶᠣᠰᠣᠭ᠋ᠠᠷ ᠪᠠᠢ᠌ᠴᠠᠭ᠋ᠠᠨ ᠰᠢᠢ᠍ᠳᠪᠦᠷᠢᠯᠡᠬᠦ ᠵᠢᠨ ᠬᠠᠮᠲᠤ ᠢᠲᠡᠭᠡᠮᠵᠢ ᠵᠢᠨ ᠲᠡᠮᠳᠡᠭᠯᠡᠯ᠎ᠳᠤ ᠣᠷᠣᠭᠤᠯᠵᠤ᠂ ᠢᠲᠡᠭᠡᠮᠵᠢ ᠠᠯᠳᠠᠭᠰᠠᠨ᠎ᠢ ᠵᠠᠯᠬᠠᠭ᠋ᠠᠨ ᠴᠡᠭᠡᠷᠯᠡᠭᠦᠯᠦᠨ᠎ᠡ; ᠬᠠᠮᠢᠶ᠎ᠠ ᠪᠦᠬᠦᠢ ᠲᠠᠯ᠎ᠠ ᠵᠢᠨ᠎ᠬᠢᠨ᠎ᠳᠤ ᠬᠣᠬᠢᠷᠠᠯ ᠤᠴᠠᠷᠠᠭᠤᠯᠤᠭᠰᠠᠨ ᠪᠠᠢ᠌ᠪᠠᠯ᠂ ᠬᠠᠤᠯᠢ ᠶᠣᠰᠣᠭ᠋ᠠᠷ ᠲᠥᠯᠥᠪᠦᠷᠢ ᠵᠢᠨ ᠬᠠᠷᠢᠭᠤᠴᠠᠯᠭ᠎ᠠ ᠡᠭᠦᠷᠭᠡᠯᠡᠭᠦᠯᠦᠨ᠎ᠡ᠃
ᠠᠷᠪᠠᠨ ᠳᠣᠯᠣᠳᠤᠭ᠋ᠠᠷ ᠵᠦᠢ᠍ᠯ ᠬᠤᠳᠠᠯᠳᠤᠨ ᠠᠪᠤᠭᠴᠢ ᠵᠢ ᠬᠤᠪᠢ ᠵᠢᠨ ᠬᠡᠷᠡᠭᠯᠡᠭᠴᠢ ᠪᠠ ᠬᠠᠤᠯᠢ ᠵᠢᠨ ᠡᠷᠬᠡᠲᠡᠨ ᠬᠡᠷᠡᠭᠯᠡᠭᠴᠢ ᠭᠡᠵᠦ ᠬᠤᠪᠢᠶᠠᠨ᠂ ᠰᠢᠰᠲ᠋ᠧᠮ᠎ᠳᠤ ᠳᠠᠩᠰᠠᠯᠠᠭᠤᠯᠬᠤ ᠠᠷᠭ᠎ᠠ ᠮᠠᠶᠢᠭ ᠵᠶ᠋ᠠᠷ ᠵᠠᠭᠤᠴᠢᠯᠠᠬᠤ ᠬᠡᠳᠦ ᠳᠡᠯᠭᠡᠭᠦᠷ᠎ᠲᠤ ᠣᠷᠣᠭᠤᠯᠤᠨ᠎ᠠ᠃ ᠬᠤᠪᠢ ᠵᠢᠨ ᠬᠡᠷᠡᠭᠯᠡᠭᠴᠢ᠎ᠪᠠᠷ ᠳᠠᠩᠰᠠᠯᠠᠭᠤᠯᠬᠤ᠎ᠳᠤ ᠲᠠᠭᠯᠠᠨ ᠮᠡᠳᠡᠭᠦᠯᠬᠦ ᠶᠣᠰᠣᠲᠠᠢ ᠮᠡᠳᠡᠭᠡ ᠵᠠᠩᠭᠢ᠎ᠳᠤ ᠬᠡᠷᠡᠭᠯᠡᠭᠴᠢ ᠵᠢᠨ ᠣᠪᠣᠭ ᠨᠡᠷ᠎ᠡ᠂ ᠪᠡᠶ᠎ᠡ ᠵᠢᠨ ᠦᠨᠡᠮᠯᠡᠯ᠎ᠤᠨ ᠨᠣᠮᠧᠷ᠂ ᠪᠡᠶ᠎ᠡ ᠵᠢᠨ ᠦᠨᠡᠮᠯᠡᠯ᠎ᠤᠨ ᠬᠦᠴᠦᠨ᠎ᠲᠠᠢ ᠬᠤᠭᠤᠴᠠᠭ᠎ᠠ᠂ ᠭᠠᠷ ᠤᠲᠠᠰᠤᠨ᠎ᠤ ᠨᠣᠮᠧᠷ ᠵᠡᠷᠭᠡ ᠠᠭᠤᠯᠭ᠎ᠠ ᠵᠢ ᠪᠠᠭᠲᠠᠭ᠋ᠠᠭᠰᠠᠨ ᠪᠠᠢ᠌ᠬᠤ ᠬᠡᠷᠡᠭᠲᠡᠢ᠂ ᠬᠠᠤᠯᠢ ᠵᠢᠨ ᠡᠷᠬᠡᠲᠡᠨ ᠬᠡᠷᠡᠭᠯᠡᠭᠴᠢ᠎ᠪᠠᠷ ᠳᠠᠩᠰᠠᠯᠠᠭᠤᠯᠬᠤ᠎ᠳᠤ ᠲᠠᠭᠯᠠᠨ ᠮᠡᠳᠡᠭᠦᠯᠬᠦ ᠶᠣᠰᠣᠲᠠᠢ ᠮᠡᠳᠡᠭᠡ ᠵᠠᠩᠭᠢ᠎ᠳᠤ ᠠᠵᠤ ᠠᠬᠤᠢ᠌ᠯᠠᠯ᠎ᠤᠨ ᠨᠡᠷᠡᠢ᠌ᠳᠦᠯ᠂ ᠨᠡᠢ᠌ᠭᠡᠮ᠎ᠤᠨ ᠢᠲᠡᠭᠡᠮᠵᠢ ᠵᠢᠨ ᠨᠢᠭᠡᠳᠦᠯᠲᠡᠢ ᠣᠷᠣᠯᠠᠬᠤ ᠨᠣᠮᠧᠷ᠂ ᠬᠠᠤᠯᠢ᠎ᠪᠠᠷ ᠲᠣᠭᠲᠠᠭ᠋ᠠᠭᠰᠠᠨ ᠲᠦᠯᠦᠭᠡᠯᠡᠬᠦ ᠬᠦᠮᠦᠨ᠂ ᠬᠠᠤᠯᠢ᠎ᠪᠠᠷ ᠲᠣᠭᠲᠠᠭ᠋ᠠᠭᠰᠠᠨ ᠲᠦᠯᠦᠭᠡᠯᠡᠬᠦ ᠬᠦᠮᠦᠨ᠎ᠤ ᠪᠡᠶ᠎ᠡ ᠵᠢᠨ ᠦᠨᠡᠮᠯᠡᠯ᠎ᠤᠨ ᠨᠣᠮᠧᠷ᠂ ᠬᠠᠤᠯᠢ᠎ᠪᠠᠷ ᠲᠣᠭᠲᠠᠭ᠋ᠠᠭᠰᠠᠨ ᠲᠦᠯᠦᠭᠡᠯᠡᠬᠦ ᠬᠦᠮᠦᠨ᠎ᠤ ᠭᠠᠷ ᠤᠲᠠᠰᠤᠨ᠎ᠤ ᠨᠣᠮᠧᠷ ᠵᠡᠷᠭᠡ ᠠᠭᠤᠯᠭ᠎ᠠ ᠵᠢ ᠪᠠᠭᠲᠠᠭ᠋ᠠᠭᠰᠠᠨ ᠪᠠᠢ᠌ᠬᠤ ᠬᠡᠷᠡᠭᠲᠡᠢ ᠪᠦᠭᠡᠳ ᠬᠠᠩᠭ᠋ᠠᠭᠰᠠᠨ ᠮᠡᠳᠡᠭᠡ ᠵᠠᠩᠭᠢ ᠪᠠ ᠮᠠᠲ᠋ᠧᠷᠢᠶᠠᠯ᠎ᠤᠨ ᠵᠶ᠋ᠡᠨ ᠬᠠᠤᠯᠢ ᠶᠣᠰᠣᠴᠢ ᠴᠢᠨᠠᠷ᠂ ᠦᠨᠡᠨ ᠪᠣᠳᠠᠲᠤ ᠴᠢᠨᠠᠷ᠂ ᠣᠨᠣᠪᠴᠢᠲᠤ ᠴᠢᠨᠠᠷ᠎ᠲᠤ ᠬᠠᠷᠢᠭᠤᠴᠠᠨ᠎ᠠ᠃
ᠬᠤᠳᠠᠯᠳᠤᠨ ᠠᠪᠤᠭᠴᠢ᠎ᠨᠢ ᠬᠠᠤᠯᠢ ᠵᠢᠨ ᠡᠷᠬᠡᠲᠡᠨ ᠬᠡᠷᠡᠭᠯᠡᠭᠴᠢ ᠪᠠᠢ᠌ᠪᠠᠯ᠂ ᠲᠤᠰ ᠬᠠᠤᠯᠢ ᠵᠢᠨ ᠡᠷᠬᠡᠲᠡᠨ ᠬᠡᠷᠡᠭᠯᠡᠭᠴᠢ᠎ᠨᠢ ᠤᠯᠠᠨ ᠣᠷᠣᠯᠠᠭᠴᠢ ᠬᠦᠮᠦᠨ᠎ᠤ ᠲᠠᠨᠭ᠌ᠰᠠᠨ ᠨᠣᠮᠧᠷ ᠲᠣᠬᠢᠷᠠᠭᠤᠯᠵᠤ ᠪᠣᠯᠣᠨ᠎ᠠ᠃
ᠠᠷᠪᠠᠨ ᠨᠠᠢ᠍ᠮᠠᠳᠤᠭ᠋ᠠᠷ ᠵᠦᠢ᠍ᠯ ᠵᠠᠭᠤᠴᠢᠯᠠᠬᠤ ᠦᠢ᠍ᠯᠡᠴᠢᠯᠡᠭᠡᠨ᠎ᠤ ᠪᠠᠢ᠌ᠭᠤᠯᠤᠮᠵᠢ᠎ᠨᠢ ᠵᠠᠭᠤᠴᠢᠯᠠᠬᠤ ᠬᠡᠳᠦ ᠳᠡᠯᠭᠡᠭᠦᠷ᠎ᠲᠤ ᠣᠷᠣᠭᠰᠠᠨ᠎ᠤ ᠳᠠᠷᠠᠭ᠎ᠠ᠂ ᠬᠠᠮᠢᠶ᠎ᠠ ᠪᠦᠬᠦᠢ ᠮᠡᠳᠡᠭᠡ ᠵᠠᠩᠭᠢ᠎ᠳᠤᠨᠢ ᠬᠤᠪᠢᠷᠠᠯᠲᠠ ᠭᠠᠷᠪᠠᠯ᠂ ᠴᠠᠭ ᠲᠤᠬᠠᠢᠳᠤᠨᠢ ᠵᠠᠭᠤᠴᠢᠯᠠᠬᠤ ᠬᠡᠲᠦ ᠳᠡᠯᠭᠡᠭᠦᠷ ᠵᠶ᠋ᠡᠷ ᠳᠠᠮᠵᠢᠭᠤᠯᠤᠨ ᠬᠤᠪᠢᠷᠠᠭᠤᠯᠬᠤ ᠬᠡᠷᠡᠭᠲᠡᠢ᠃
ᠠᠷᠪᠠ ᠶᠢᠰᠦᠳᠦᠭᠡᠷ ᠵᠦᠢ᠍ᠯ ᠨᠢᠭᠡᠨᠲᠡ ᠵᠠᠭᠤᠴᠢᠯᠠᠬᠤ ᠬᠡᠲᠦ ᠳᠡᠯᠭᠡᠭᠦᠷ᠎ᠲᠤ ᠣᠷᠣᠭᠰᠠᠨ ᠵᠠᠭᠤᠴᠢᠯᠠᠬᠤ ᠦᠢ᠍ᠯᠡᠴᠢᠯᠡᠭᠡᠨ᠎ᠤ ᠪᠠᠢ᠌ᠭᠤᠯᠤᠮᠵᠢ᠎ᠳᠤ ᠬᠥᠳᠡᠯᠦᠩᠭᠦᠢ ᠬᠠᠮᠢᠶᠠᠷᠤᠯᠲᠠ ᠬᠡᠷᠡᠭᠵᠢᠭᠦᠯᠵᠦ᠂ ᠵᠠᠭᠤᠴᠢᠯᠠᠬᠤ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠢᠯᠭ᠋ᠠᠷᠠᠭᠤᠯᠤᠨ ᠪᠤᠴᠠᠭ᠋ᠠᠬᠤ ᠲᠣᠭᠲᠠᠴᠠ ᠵᠢ ᠪᠠᠢ᠌ᠭᠤᠯᠤᠨ᠎ᠠ᠃
ᠳᠥᠷᠪᠡᠳᠦᠭᠡᠷ ᠪᠦᠯᠦᠭ ᠠᠷᠠᠯᠵᠢᠶᠠᠨ᠎ᠤ ᠦᠢ᠍ᠯᠡᠴᠢᠯᠡᠭᠡ
ᠬᠣᠷᠢᠳᠤᠭ᠋ᠠᠷ ᠵᠦᠢ᠍ᠯ ᠬᠤᠳᠠᠯᠳᠤᠨ ᠠᠪᠤᠭᠴᠢ᠎ᠨᠢ ᠵᠠᠭᠤᠴᠢᠯᠠᠬᠤ ᠬᠡᠳᠦ ᠳᠡᠯᠭᠡᠭᠦᠷ᠎ᠲᠤ ᠬᠤᠳᠠᠯᠳᠤᠨ ᠠᠪᠬᠤ ᠠᠯᠪᠠᠨ ᠵᠠᠷ ᠵᠶ᠋ᠠᠨ ᠪᠠᠷᠢᠮᠵᠢᠶᠠᠲᠤ ᠵᠠᠭᠪᠤᠷ ᠶᠣᠰᠣᠭ᠋ᠠᠷ ᠲᠠᠭᠯᠠᠨ ᠲᠤᠰᠢᠶᠠᠵᠤ᠂ ᠭᠣᠣᠯᠴᠢ᠎ᠪᠠᠷ ᠥᠷᠢᠰᠦᠯᠳᠦᠬᠦ ᠵᠠᠷᠴᠢᠮ᠎ᠢ ᠪᠠᠷᠢᠮᠲᠠᠯᠠᠬᠤ ᠵᠢᠨ ᠬᠠᠮᠲᠤ᠂ ᠠᠯᠪᠠᠨ ᠵᠠᠷ᠎ᠤᠨ ᠠᠭᠤᠯᠭ᠎ᠠ ᠵᠢᠨ ᠬᠠᠤᠯᠢ ᠶᠣᠰᠣᠴᠢ ᠴᠢᠨᠠᠷ᠂ ᠦᠨᠡᠨ ᠪᠣᠳᠠᠲᠤ ᠴᠢᠨᠠᠷ᠂ ᠣᠨᠣᠪᠴᠢᠲᠤ ᠴᠢᠨᠠᠷ᠎ᠲᠤ ᠬᠠᠷᠢᠭᠤᠴᠠᠨ᠎ᠠ᠃ ᠬᠤᠳᠠᠯᠳᠤᠨ ᠠᠪᠬᠤ ᠠᠯᠪᠠᠨ ᠵᠠᠷ᠎ᠲᠤ ᠳᠣᠣᠷᠠᠬᠢ ᠠᠭᠤᠯᠭ᠎ᠠ ᠵᠢ ᠪᠠᠭᠲᠠᠭ᠋ᠠᠬᠤ ᠪᠣᠯᠪᠠᠴᠤ ᠲᠡᠭᠦᠨ᠎ᠳᠤ ᠬᠢᠵᠠᠭ᠋ᠠᠷᠯᠠᠭᠳᠠᠬᠤ ᠦᠭᠡᠢ᠄
(ᠨᠢᠭᠡ) ᠨᠠᠢ᠌ᠳᠠᠬᠤ ᠲᠥᠷᠥᠯ ᠵᠦᠢ᠍ᠯ᠎ᠤᠨ ᠬᠠᠶᠢᠭ᠂ ᠬᠡᠪᠴᠢᠶ᠎ᠡ᠂ ᠲᠥᠷᠥᠯ ᠵᠦᠢ᠍ᠯ ᠲᠣᠭᠲᠠᠭ᠋ᠠᠬᠤ᠂ ᠪᠡᠯᠡ ᠮᠦᠩᠭᠦᠨ᠎ᠤ ᠢᠷᠡᠯᠲᠡ ᠵᠡᠷᠭᠡ ᠦᠨᠳᠦᠰᠦᠨ ᠪᠠᠢ᠌ᠳᠠᠯ᠃
(ᠬᠣᠶᠠᠷ) ᠵᠠᠭᠤᠴᠢᠯᠠᠬᠤ ᠦᠢ᠍ᠯᠡᠴᠢᠯᠡᠭᠡᠨ᠎ᠤ ᠬᠠᠷᠠᠯᠲᠠ ᠡᠳ᠋᠎ᠤᠨ ᠪᠣᠳᠠᠲᠠᠢ ᠠᠭᠤᠯᠭ᠎ᠠ᠂ ᠴᠠᠭ᠎ᠤᠨ ᠬᠢᠵᠠᠭ᠋ᠠᠷ᠂ ᠪᠠᠷᠢᠮᠵᠢᠶ᠎ᠠ ᠪᠠ ᠭᠦᠨᠴᠡ ᠵᠢᠨ ᠱᠠᠭ᠋ᠠᠷᠳᠠᠯᠭ᠎ᠠ ᠵᠡᠷᠭᠡ᠃
(ᠭᠤᠷᠪᠠ) ᠨᠡᠷ᠎ᠡ ᠮᠡᠳᠡᠭᠦᠯᠬᠦ ᠵᠠᠭᠤᠴᠢᠯᠠᠬᠤ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠲᠥᠷᠥᠯ ᠢᠯᠭ᠋ᠠᠯ᠂ ᠠᠵᠢᠯ ᠲᠥᠷᠥᠯ᠂ ᠲᠤᠰᠬᠠᠢ ᠮᠡᠷᠭᠡᠵᠢᠯ᠂ ᠦᠢ᠍ᠯᠡᠴᠢᠯᠡᠭᠡᠨ᠎ᠤ ᠬᠦᠷᠢᠶ᠎ᠡ ᠬᠡᠪᠴᠢᠶ᠎ᠡ᠂ ᠬᠢᠷᠢ ᠴᠢᠳᠠᠮᠵᠢ (ᠬᠢᠷᠢ ᠬᠡᠮ) ᠪᠠ ᠬᠠᠤᠯᠢ᠎ᠪᠠᠷ ᠲᠣᠭᠲᠠᠭ᠋ᠠᠭᠰᠠᠨ ᠠᠵᠢᠯ ᠡᠷᠭᠢᠯᠡᠬᠦ (ᠠᠵᠢᠯ ᠮᠡᠷᠭᠡᠵᠢᠯ᠎ᠤᠨ) ᠠᠵᠢᠯᠲᠠᠨ ᠵᠡᠷᠭᠡ ᠵᠢᠨ ᠱᠠᠭ᠋ᠠᠷᠳᠠᠯᠭ᠎ᠠ ᠪᠣᠯᠣᠨ᠎ᠠ᠂ ᠭᠡᠬᠦ᠎ᠳᠤ᠎ᠪᠠᠨ ᠨᠡᠷ᠎ᠡ ᠮᠡᠳᠡᠭᠦᠯᠬᠦ᠎ᠳᠤ ᠵᠦᠷᠢᠶᠡᠴᠢᠯᠡᠭᠰᠡᠨ᠂ ᠭᠠᠳᠠᠭᠤᠷᠴᠢᠯᠠᠬᠤ ᠴᠢᠨᠠᠷᠲᠠᠢ ᠬᠢᠵᠠᠭ᠋ᠠᠷᠯᠠᠯ᠎ᠤᠨ ᠨᠥᠬᠥᠴᠡᠯ ᠭᠠᠷᠭ᠋ᠠᠵᠤ ᠪᠣᠯᠬᠤ ᠦᠭᠡᠢ᠃
(ᠳᠥᠷᠪᠡ) ᠵᠠᠭᠤᠴᠢᠯᠠᠬᠤ ᠦᠢ᠍ᠯᠡᠴᠢᠯᠡᠭᠡᠨ᠎ᠤ ᠪᠠᠢ᠌ᠭᠤᠯᠤᠮᠵᠢ ᠵᠢ ᠢᠯᠡ᠎ᠪᠠᠷ ᠰᠤᠩᠭᠤᠨ ᠠᠪᠬᠤ ᠠᠷᠭ᠎ᠠ ᠮᠠᠶᠢᠭ᠃
(ᠲᠠᠪᠤ) ᠨᠡᠷ᠎ᠡ ᠮᠡᠳᠡᠭᠦᠯᠵᠦ ᠳᠠᠭᠤᠰᠬᠤ ᠴᠠᠭ᠂ ᠢᠯᠡ᠎ᠪᠠᠷ ᠰᠤᠩᠭᠤᠨ ᠠᠪᠬᠤ ᠴᠠᠭ᠂ ᠠᠰᠠᠭᠤᠨ ᠯᠠᠪᠯᠠᠬᠤ ᠤᠲᠠᠰᠤ᠂ ᠬᠠᠷᠢᠯᠴᠠᠬᠤ ᠬᠥᠮᠥᠨ ᠵᠡᠷᠭᠡ ᠵᠢᠨ ᠮᠡᠳᠡᠭᠡ ᠵᠠᠩᠭᠢ᠃
(ᠵᠢᠷᠭᠤᠭ᠎ᠠ) ᠬᠤᠳᠠᠯᠳᠤᠨ ᠠᠪᠬᠤ ᠦᠨ᠎ᠡ ᠬᠠᠩᠰᠢ᠂ ᠬᠤᠳᠠᠯᠳᠤᠨ ᠠᠪᠬᠤ ᠦᠨ᠎ᠡ ᠬᠠᠩᠰᠢ ᠵᠢᠨ ᠪᠦᠷᠢᠯᠳᠦᠯ᠎ᠤᠨ ᠲᠣᠳᠣᠷᠬᠠᠢ᠌ᠯᠠᠯᠲᠠ᠂ ᠦᠢ᠍ᠯᠡᠴᠢᠯᠡᠭᠡᠨ᠎ᠤ ᠬᠢᠵᠠᠭ᠋ᠠᠷᠲᠤ ᠦᠨ᠎ᠡ ᠵᠢᠨ ᠲᠣᠳᠣᠷᠬᠠᠢ᠌ᠯᠠᠯᠲᠠ ᠵᠡᠷᠭᠡ᠃
ᠬᠣᠷᠢᠨ ᠨᠢᠭᠡᠳᠦᠭᠡᠷ ᠵᠦᠢ᠍ᠯ ᠵᠠᠭᠤᠴᠢᠯᠠᠬᠤ ᠬᠡᠲᠦ ᠳᠡᠯᠭᠡᠭᠦᠷ᠎ᠤᠨ ᠬᠠᠮᠢᠶᠠᠷᠤᠯᠲᠠ ᠵᠢᠨ ᠪᠠᠢ᠌ᠭᠤᠯᠤᠮᠵᠢ᠎ᠨᠢ 2 ᠠᠵᠢᠯᠯᠠᠬᠤ ᠡᠳᠦᠷ᠎ᠤᠨ ᠳᠣᠲᠣᠷ᠎ᠠ᠂ ᠬᠤᠳᠠᠯᠳᠤᠨ ᠠᠪᠤᠭᠴᠢ ᠵᠢᠨ ᠲᠤᠰᠢᠶᠠᠭᠰᠠᠨ ᠲᠥᠷᠥᠯ ᠵᠦᠢ᠍ᠯ ᠬᠤᠳᠠᠯᠳᠤᠨ ᠠᠪᠬᠤ ᠠᠯᠪᠠᠨ ᠵᠠᠷ᠎ᠤᠨ ᠮᠡᠳᠡᠭᠡ ᠵᠠᠩᠭᠢ᠎ᠳᠤ ᠬᠡᠯᠪᠡᠷᠢ ᠵᠢᠨ ᠬᠢᠨᠠᠨ ᠪᠠᠢ᠌ᠴᠠᠭ᠋ᠠᠯᠲᠠ ᠬᠢᠭᠰᠡᠨ᠎ᠤ ᠳᠠᠷᠠᠭ᠎ᠠ ᠨᠡᠢ᠌ᠲᠡᠯᠡᠬᠦ ᠬᠡᠷᠡᠭᠲᠡᠢ᠃
ᠬᠣᠷᠢᠨ ᠬᠣᠶᠠᠳᠤᠭ᠋ᠠᠷ ᠵᠦᠢ᠍ᠯ ᠬᠤᠳᠠᠯᠳᠤᠨ ᠠᠪᠤᠭᠴᠢ ᠵᠢᠨ ᠵᠠᠭᠤᠴᠢᠯᠠᠬᠤ ᠬᠡᠳᠦ ᠳᠡᠯᠭᠡᠭᠦᠷ᠎ᠠᠴᠠ ᠵᠠᠭᠤᠴᠢᠯᠠᠬᠤ ᠦᠢ᠍ᠯᠡᠴᠢᠯᠡᠭᠡᠨ᠎ᠤ ᠪᠠᠢ᠌ᠭᠤᠯᠤᠮᠵᠢ ᠵᠢ ᠢᠯᠡ᠎ᠪᠠᠷ ᠰᠣᠩᠭᠣᠨ ᠠᠪᠬᠤ ᠠᠷᠭ᠎ᠠ ᠮᠠᠶᠢᠭ᠎ᠨᠢ ᠭᠣᠣᠯᠳᠠᠭᠤ ᠳᠣᠣᠷᠠᠬᠢ ᠮᠡᠲᠦ᠄
(ᠨᠢᠭᠡ) ᠪᠡᠶ᠎ᠡ᠎ᠪᠠᠨ ᠳᠠᠭ᠋ᠠᠭ᠋ᠠᠵᠤ ᠰᠤᠩᠭᠤᠬᠤ᠃ ᠬᠤᠳᠠᠯᠳᠤᠨ ᠠᠪᠤᠭᠴᠢ ᠪᠡᠶ᠎ᠡ᠎ᠪᠠᠨ ᠳᠠᠭ᠋ᠠᠭ᠋ᠠᠵᠤ ᠰᠣᠩᠭᠣᠬᠤ ᠬᠡᠪ ᠵᠠᠭᠪᠤᠷ ᠵᠶ᠋ᠠᠷ ᠬᠡᠷᠡᠭᠴᠡᠭᠡ ᠱᠠᠭ᠋ᠠᠷᠳᠠᠯᠭ᠎ᠠ ᠵᠢᠨ ᠠᠯᠪᠠᠨ ᠵᠠᠷ ᠨᠡᠢ᠌ᠲᠡᠯᠡᠬᠦ᠎ᠳᠤ᠂ ᠨᠠᠭ᠋ᠠᠲᠤ ᠵᠠᠬ᠎ᠠ᠎ᠳᠤ᠎ᠪᠠᠨ 1 ᠵᠠᠭᠤᠴᠢᠯᠠᠬᠤ ᠦᠢ᠍ᠯᠡᠴᠢᠯᠡᠭᠡᠨ᠎ᠤ ᠪᠠᠢ᠌ᠭᠤᠯᠤᠮᠵᠢ ᠨᠡᠷ᠎ᠡ ᠮᠡᠳᠡᠭᠦᠯᠦᠭᠰᠡᠨ ᠪᠠᠢ᠌ᠬᠤ ᠬᠡᠷᠡᠭᠲᠡᠢ᠂ ᠨᠡᠷ᠎ᠡ ᠮᠡᠳᠡᠭᠦᠯᠦᠭᠰᠡᠨ ᠵᠠᠭᠤᠴᠢᠯᠠᠬᠤ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠳᠣᠲᠣᠷ᠎ᠠ᠎ᠠᠴᠠ ᠠᠯᠢ ᠨᠢᠭᠡᠨ ᠵᠠᠭᠤᠴᠢᠯᠠᠬᠤ ᠦᠢ᠍ᠯᠡᠴᠢᠯᠡᠭᠡᠨ᠎ᠤ ᠪᠠᠢ᠌ᠭᠤᠯᠤᠮᠵᠢ ᠵᠢ ᠪᠡᠶ᠎ᠡ᠎ᠪᠠᠨ ᠳᠠᠭ᠋ᠠᠭ᠋ᠠᠵᠤ ᠰᠣᠩᠭᠣᠭᠰᠠᠨ᠎ᠤ ᠳᠠᠷᠠᠭ᠎ᠠ᠂ ᠲᠣᠰ ᠵᠠᠭᠤᠴᠢᠯᠠᠬᠤ ᠦᠢ᠍ᠯᠡᠴᠢᠯᠡᠭᠡᠨ᠎ᠤ ᠲᠦᠷᠦᠯ ᠵᠦᠢ᠍ᠯ᠎ᠤᠨ ᠠᠷᠠᠯᠵᠢᠭᠰᠠᠨ ᠮᠡᠳᠡᠭᠡ ᠵᠠᠩᠭᠢ ᠵᠢ ᠰᠢᠰᠲ᠋ᠧᠮ᠎ᠠᠴᠠ ᠠᠶᠠᠨᠳᠠᠭ᠋ᠠᠨ ᠨᠡᠢ᠌ᠲᠡᠯᠡᠨ᠎ᠡ᠃
ᠨᠡᠷ᠎ᠡ ᠮᠡᠳᠡᠭᠦᠯᠵᠦ ᠳᠠᠭᠤᠰᠤᠭᠰᠠᠨ᠎ᠤ ᠳᠠᠷᠠᠭ᠋ᠠᠬᠢ 48 ᠴᠠᠭ᠎ᠤᠨ ᠳᠣᠲᠣᠷ᠎ᠠ ᠬᠤᠳᠠᠯᠳᠤᠨ ᠠᠪᠤᠭᠴᠢ᠎ᠨᠢ ᠶᠠᠮᠠᠷ ᠴᠤ᠌ ᠠᠵᠢᠯᠯᠠᠭ᠋ᠠᠨ ᠶᠠᠪᠤᠭᠳᠠᠭᠤᠯᠤᠭᠰᠠᠨ ᠦᠭᠡᠢ ᠪᠠᠢ᠌ᠪᠠᠯ ᠰᠢᠰᠲ᠋ᠧᠮ᠎ᠠᠴᠠ ᠠᠶᠠᠨᠳᠠᠭ᠋ᠠᠨ ᠠᠯᠪᠠᠨ ᠵᠠᠷ ᠨᠡᠢ᠌ᠲᠡᠯᠡᠵᠦ᠂ ᠪᠣᠳᠠᠲᠠᠢ ᠪᠠᠢ᠌ᠳᠠᠯ᠎ᠢ ᠢᠯᠡ ᠨᠡᠢ᠌ᠲᠡᠯᠡᠬᠦ ᠪᠣᠯᠣᠨ᠎ᠠ᠃
(ᠬᠣᠶᠠᠷ) ᠲᠠᠰᠢᠷᠠᠮ ᠵᠶ᠋ᠡᠷ ᠰᠣᠩᠭᠣᠬᠤ᠃ ᠡᠭᠦᠨ᠎ᠢ ᠬᠤᠳᠠᠯᠳᠤᠨ ᠠᠪᠬᠤ ᠦᠨ᠎ᠡ ᠬᠠᠩᠰᠢ᠎ᠨᠢ ᠲᠣᠳᠣᠷᠬᠠᠢ᠂ ᠦᠨ᠎ᠡ ᠬᠠᠶᠠᠯᠴᠠᠵᠤ ᠥᠷᠢᠰᠦᠯᠳᠦᠭᠦᠯᠦᠨ ᠠᠳᠠᠯᠢᠳᠬᠠᠬᠤ ᠴᠢᠬᠤᠯᠠ ᠦᠭᠡᠢ ᠲᠦᠷᠦᠯ ᠵᠦᠢ᠍ᠯ᠎ᠳᠤ ᠲᠣᠬᠢᠷᠠᠭᠤᠯᠤᠨ ᠬᠡᠷᠡᠭᠯᠡᠨ᠎ᠡ᠃ ᠨᠠᠭ᠋ᠠᠲᠤ ᠵᠠᠬ᠎ᠠ᠎ᠳᠤ᠎ᠪᠠᠨ 3 ᠵᠠᠭᠤᠴᠢᠯᠠᠬᠤ ᠦᠢ᠍ᠯᠡᠴᠢᠯᠡᠭᠡᠨ᠎ᠤ ᠪᠠᠢ᠌ᠭᠤᠯᠤᠮᠵᠢ ᠨᠡᠷ᠎ᠡ ᠮᠡᠳᠡᠭᠦᠯᠦᠭᠰᠡᠨ ᠪᠠᠢ᠌ᠬᠤ ᠬᠡᠷᠡᠭᠲᠡᠢ᠂ ᠺᠣᠮᠫᠢᠦ᠋ᠲ᠋ᠧᠷ ᠵᠶ᠋ᠠᠷ ᠲᠠᠰᠢᠷᠠᠮ ᠲᠠᠭ᠋ᠠᠬᠤ ᠨᠣᠮᠧᠷ ᠰᠤᠭᠤᠯᠬᠤ ᠠᠷᠭ᠎ᠠ ᠮᠠᠶᠢᠭ ᠵᠶ᠋ᠠᠷ ᠨᠡᠷ᠎ᠡ ᠮᠡᠳᠡᠭᠦᠯᠦᠭᠰᠡᠨ ᠵᠠᠭᠤᠴᠢᠯᠠᠬᠤ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠳᠣᠲᠣᠷ᠎ᠠ᠎ᠠᠴᠠ ᠰᠤᠩᠭᠤᠭᠳᠠᠬᠤ ᠲᠠᠯ᠎ᠠ ᠵᠢ ᠲᠠᠰᠢᠷᠠᠮ ᠵᠶ᠋ᠠᠷ ᠰᠤᠩᠭᠤᠨ᠎ᠠ᠃
(ᠭᠤᠷᠪᠠ) ᠮᠡᠳᠡᠭᠦᠯᠦᠭᠰᠡᠨ ᠦᠨ᠎ᠡ᠎ᠪᠠᠷ ᠰᠣᠩᠭᠣᠬᠤ᠃ ᠬᠤᠳᠠᠯᠳᠤᠨ ᠠᠪᠤᠭᠴᠢ᠎ᠨᠢ ᠦᠨ᠎ᠡ ᠮᠡᠳᠡᠭᠦᠯᠦᠨ ᠰᠤᠩᠭᠤᠬᠤ ᠬᠡᠪ ᠵᠠᠭᠪᠤᠷ᠎ᠢ ᠬᠡᠷᠡᠭᠯᠡᠨ ᠬᠡᠷᠡᠭᠴᠡᠭᠡ ᠱᠠᠭ᠋ᠠᠷᠳᠠᠯᠭ᠎ᠠ ᠵᠢᠨ ᠠᠯᠪᠠᠨ ᠵᠠᠷ ᠨᠡᠢ᠌ᠲᠡᠯᠡᠬᠦ᠎ᠳᠤ᠂ ᠨᠠᠭ᠋ᠠᠲᠤ ᠵᠠᠬ᠎ᠠ᠎ᠳᠤ᠎ᠪᠠᠨ 1 ᠵᠠᠭᠤᠴᠢᠯᠠᠬᠤ ᠦᠢ᠍ᠯᠡᠴᠢᠯᠡᠭᠡᠨ᠎ᠤ ᠪᠠᠢ᠌ᠭᠤᠯᠤᠮᠵᠢ ᠨᠡᠷ᠎ᠡ ᠮᠡᠳᠡᠭᠦᠯᠦᠭᠰᠡᠨ ᠪᠠᠢ᠌ᠬᠤ ᠬᠡᠷᠡᠭᠲᠡᠢ᠂ ᠨᠢᠭᠡᠨᠲᠡ ᠨᠡᠷ᠎ᠡ ᠮᠡᠳᠡᠭᠦᠯᠦᠭᠰᠡᠨ ᠵᠠᠭᠤᠴᠢᠯᠠᠬᠤ ᠦᠢ᠍ᠯᠡᠴᠢᠯᠡᠭᠡᠨ᠎ᠤ ᠪᠠᠢ᠌ᠭᠤᠯᠤᠮᠵᠢ᠎ᠨᠢ ᠬᠡᠷᠡᠭᠴᠡᠭᠡ ᠱᠠᠭ᠋ᠠᠷᠳᠠᠯᠭ᠎ᠠ ᠵᠢᠨ ᠠᠯᠪᠠᠨ ᠵᠠᠷ᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠥᠪᠡᠷ᠎ᠤᠨ ᠭᠥᠯᠢᠶᠡᠨ ᠠᠪᠴᠤ ᠳᠡᠶ᠋ᠢᠯᠬᠦ ᠦᠨ᠎ᠡ ᠬᠠᠩᠰᠢ ᠵᠢ ᠮᠡᠳᠡᠭᠦᠯᠦᠨ᠎ᠡ᠃ ᠨᠡᠷ᠎ᠡ ᠮᠡᠳᠡᠭᠦᠯᠬᠦ ᠴᠠᠭ ᠳᠠᠭᠤᠰᠤᠭᠰᠠᠨ᠎ᠤ ᠳᠠᠷᠠᠭ᠎ᠠ᠂ ᠲᠥᠷᠥᠯ ᠵᠦᠢ᠍ᠯ᠎ᠤᠨ ᠬᠤᠳᠠᠯᠳᠤᠨ ᠠᠪᠤᠭᠴᠢ᠎ᠨᠢ ᠦᠨ᠎ᠡ ᠮᠡᠳᠡᠭᠦᠯᠦᠭᠰᠡᠨ ᠵᠠᠭᠤᠴᠢᠯᠠᠬᠤ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠳᠣᠲᠣᠷ᠎ᠠ᠎ᠠᠴᠠ ᠨᠢᠭᠡ ᠵᠢ ᠰᠤᠩᠭᠤᠨ᠎ᠠ᠃ ᠨᠡᠷ᠎ᠡ ᠮᠡᠳᠡᠭᠦᠯᠬᠦ ᠬᠤᠭᠤᠴᠠᠭ᠋ᠠᠨ᠎ᠳᠤ ᠵᠠᠭᠤᠴᠢᠯᠠᠬᠤ ᠦᠢ᠍ᠯᠡᠴᠢᠯᠡᠭᠡᠨ᠎ᠤ ᠪᠠᠢ᠌ᠭᠤᠯᠤᠮᠵᠢ᠎ᠨᠢ ᠮᠡᠳᠡᠭᠦᠯᠦᠭᠰᠡᠨ ᠦᠨᠡᠳᠤ᠎ᠪᠠᠨ ᠣᠯᠠᠨ ᠤᠳᠠᠭ᠎ᠠ ᠲᠣᠬᠢᠷᠠᠭᠤᠯᠤᠯᠲᠠ ᠬᠢᠵᠦ ᠪᠣᠯᠣᠨ᠎ᠠ᠂ ᠬᠠᠮᠤᠭ ᠰᠡᠭᠦᠯᠴᠢ ᠵᠢᠨ ᠨᠢᠭᠡ ᠤᠳᠠᠭ᠎ᠠ ᠵᠢᠨ ᠮᠡᠳᠡᠭᠦᠯᠦᠭᠰᠡᠨ ᠦᠨ᠎ᠡ᠎ᠪᠠᠷ ᠡᠴᠦᠰ᠎ᠤᠨ ᠦᠨ᠎ᠡ ᠪᠣᠯᠭ᠋ᠠᠨ᠎ᠠ᠃
ᠬᠡᠷᠪᠡ ᠲᠥᠷᠥᠯ ᠵᠦᠢ᠍ᠯ ᠬᠤᠳᠠᠯᠳᠤᠨ ᠠᠪᠤᠭᠴᠢ᠎ᠨᠢ ᠵᠠᠭᠤᠴᠢᠯᠠᠬᠤ ᠦᠢ᠍ᠯᠡᠴᠢᠯᠡᠭᠡᠨ᠎ᠤ ᠪᠠᠢ᠌ᠭᠤᠯᠤᠮᠵᠢ ᠵᠢ ᠰᠣᠩᠭᠣᠬᠤ᠎ᠪᠠᠨ ᠪᠣᠯᠢᠪᠠᠯ᠂ ᠰᠢᠯᠲᠠᠭ᠋ᠠᠨ ᠵᠶ᠋ᠠᠨ ᠲᠣᠳᠣᠷᠬᠠᠢ᠌ᠯᠠᠬᠤ ᠴᠢᠬᠤᠯᠠᠲᠠᠢ᠂ ᠰᠢᠰᠲ᠋ᠧᠮ᠎ᠠᠴᠠ ᠲᠣᠰ ᠰᠢᠯᠲᠠᠭ᠋ᠠᠨ᠎ᠢ᠎ᠨᠢ ᠦᠨᠳᠦᠰᠦᠯᠡᠨ ᠬᠡᠷᠡᠭᠴᠡᠭᠡ ᠱᠠᠭ᠋ᠠᠷᠳᠠᠯᠭ᠎ᠠ ᠵᠢ ᠬᠦᠴᠦᠨ ᠦᠭᠡᠢ ᠪᠣᠯᠭ᠋ᠠᠬᠤ ᠠᠯᠪᠠᠨ ᠵᠠᠷ᠎ᠢ ᠠᠶᠠᠨᠳᠠᠭ᠋ᠠᠨ ᠨᠡᠢ᠌ᠲᠡᠯᠡᠨ᠎ᠡ᠃ ᠨᠡᠷ᠎ᠡ ᠮᠡᠳᠡᠭᠦᠯᠵᠦ ᠳᠠᠭᠤᠰᠤᠭᠰᠠᠨ᠎ᠤ ᠳᠠᠷᠠᠭ᠋ᠠᠬᠢ 48 ᠴᠠᠭ᠎ᠤᠨ ᠳᠣᠲᠣᠷ᠎ᠠ᠂ ᠲᠥᠷᠥᠯ ᠵᠦᠢ᠍ᠯ᠎ᠤᠨ ᠬᠤᠳᠠᠯᠳᠤᠨ ᠠᠪᠤᠭᠴᠢ᠎ᠨᠢ ᠵᠠᠭᠤᠴᠢᠯᠠᠬᠤ ᠦᠢ᠍ᠯᠡᠴᠢᠯᠡᠭᠡᠨ᠎ᠤ ᠪᠠᠢ᠌ᠭᠤᠯᠤᠮᠵᠢ ᠵᠢ ᠰᠣᠩᠭᠣᠭᠰᠠᠨ ᠦᠭᠡᠢ ᠮᠥᠷᠲᠡᠭᠡᠨ ᠵᠠᠭᠤᠴᠢᠯᠠᠬᠤ ᠦᠢ᠍ᠯᠡᠴᠢᠯᠡᠭᠡᠨ᠎ᠤ ᠪᠠᠢ᠌ᠭᠤᠯᠤᠮᠵᠢ ᠰᠣᠩᠭᠣᠬᠤ ᠵᠢ ᠪᠣᠯᠢᠭᠰᠠᠨ ᠵᠶ᠋ᠠᠨ ᠥᠯᠦ ᠢᠯᠡᠷᠬᠡᠢ᠌ᠯᠡᠭᠰᠡᠨ ᠪᠠᠢ᠌ᠪᠠᠯ᠂ ᠰᠢᠰᠲ᠋ᠧᠮ᠎ᠠᠴᠠ ᠠᠶᠠᠨᠳᠠᠭ᠋ᠠᠨ ᠠᠯᠪᠠᠨ ᠵᠠᠷ ᠨᠡᠢ᠌ᠲᠡᠯᠡᠵᠦ᠂ ᠪᠣᠳᠠᠲᠠᠢ ᠪᠠᠢ᠌ᠳᠠᠯ᠎ᠢ᠎ᠨᠢ ᠨᠡᠢ᠌ᠲᠡᠯᠡᠨ᠎ᠡ᠃
(ᠳᠥᠷᠪᠡ) ᠦᠨ᠎ᠡ ᠬᠠᠶᠠᠯᠴᠠᠵᠤ ᠥᠷᠢᠰᠦᠯᠳᠦᠭᠦᠯᠦᠨ ᠰᠣᠩᠭᠣᠬᠤ᠃ ᠬᠤᠳᠠᠯᠳᠤᠨ ᠠᠪᠤᠭᠴᠢ᠎ᠨᠢ ᠦᠨ᠎ᠡ ᠬᠠᠶᠠᠯᠴᠠᠵᠤ ᠥᠷᠢᠰᠦᠯᠳᠦᠭᠦᠯᠦᠨ ᠰᠣᠩᠭᠣᠬᠤ ᠬᠡᠪ ᠵᠠᠭᠪᠤᠷ ᠵᠶ᠋ᠡᠷ ᠬᠡᠷᠡᠭᠴᠡᠭᠡ ᠱᠠᠭ᠋ᠠᠷᠳᠠᠯᠭ᠎ᠠ ᠵᠢᠨ ᠠᠯᠪᠠᠨ ᠵᠠᠷ ᠵᠶ᠋ᠡᠨ ᠨᠡᠢ᠌ᠲᠡᠯᠡᠬᠦ᠎ᠳᠤ᠂ ᠵᠦᠢ ᠵᠣᠬᠢᠰᠲᠠᠢ ᠬᠠᠮᠤᠭ᠎ᠤᠨ ᠳᠣᠣᠷ᠎ᠠ ᠬᠢᠵᠠᠭ᠋ᠠᠷ ᠦᠨ᠎ᠡ ᠲᠣᠬᠢᠷᠠᠭᠤᠯᠤᠨ᠂ ᠨᠠᠭ᠋ᠠᠲᠤ ᠵᠠᠬ᠎ᠠ᠎ᠳᠤ᠎ᠪᠠᠨ 3 ᠵᠠᠭᠤᠴᠢᠯᠠᠬᠤ ᠦᠢ᠍ᠯᠡᠴᠢᠯᠡᠭᠡᠨ᠎ᠤ ᠪᠠᠢ᠌ᠭᠤᠯᠤᠮᠵᠢ ᠨᠡᠷ᠎ᠡ ᠮᠡᠳᠡᠭᠦᠯᠦᠭᠰᠡᠨ ᠪᠠᠢ᠌ᠬᠤ ᠬᠡᠷᠡᠭᠲᠡᠢ᠃ ᠲᠣᠭᠲᠠᠭᠰᠠᠨ ᠦᠨ᠎ᠡ ᠬᠠᠶᠠᠯᠴᠠᠨ ᠦᠷᠢᠰᠦᠯᠳᠦᠭᠦᠯᠬᠦ ᠴᠠᠭ ᠪᠣᠯᠤᠭᠰᠠᠨ᠎ᠤ ᠳᠠᠷᠠᠭ᠎ᠠ᠂ ᠨᠢᠭᠡᠨᠲᠡ ᠨᠡᠷ᠎ᠡ ᠮᠡᠳᠡᠭᠦᠯᠦᠭᠰᠡᠨ ᠵᠠᠭᠤᠴᠢᠯᠠᠬᠤ ᠦᠢ᠍ᠯᠡᠴᠢᠯᠡᠭᠡᠨ᠎ᠤ ᠪᠠᠢ᠌ᠭᠤᠯᠤᠮᠵᠢ᠎ᠨᠢ ᠡᠬᠢᠯᠡᠨ ᠦᠨ᠎ᠡ ᠬᠠᠶᠠᠯᠴᠠᠵᠤ ᠦᠷᠢᠰᠦᠯᠳᠦᠨ᠂ ᠤᠳᠠᠭ᠎ᠠ ᠪᠦᠷᠢ ᠵᠢᠨ ᠦᠨ᠎ᠡ ᠮᠡᠳᠡᠭᠦᠯᠬᠦ ᠬᠦᠴᠦᠨ᠎ᠲᠠᠢ ᠬᠤᠭᠤᠴᠠᠭ᠎ᠠ᠎ᠨᠢ 5 ᠮᠢᠨᠦ᠋ᠲ ᠪᠣᠯᠣᠨ᠎ᠠ᠂ ᠬᠠᠮᠤᠭ᠎ᠤᠨ ᠳᠣᠣᠷ᠎ᠠ ᠬᠢᠵᠠᠭ᠋ᠠᠷ ᠦᠨᠡᠳᠤ ᠬᠦᠷᠬᠦ᠎ᠠᠴᠠ ᠡᠮᠦᠨ᠎ᠡ ᠠᠳᠠᠯᠢ ᠦᠨ᠎ᠡ ᠵᠢ ᠮᠡᠳᠡᠭᠦᠯᠵᠦ ᠪᠣᠯᠬᠤ ᠦᠭᠡᠢ᠂ ᠤᠯᠠᠮ ᠳᠣᠣᠷ᠎ᠠ ᠰᠢᠨ᠎ᠡ ᠦᠨ᠎ᠡ ᠭᠠᠷᠪᠠᠯ᠂ ᠬᠦᠴᠦᠨ᠎ᠲᠠᠢ ᠬᠤᠭᠤᠴᠠᠭ᠎ᠠ ᠵᠢ᠎ᠨᠢ ᠳᠠᠭᠢᠵᠤ ᠲᠣᠬᠢᠷᠠᠭᠤᠯᠤᠨ᠎ᠠ᠃ ᠬᠤᠳᠠᠯᠳᠤᠨ ᠠᠪᠬᠤ ᠲᠥᠷᠥᠯ ᠵᠦᠢ᠍ᠯ ᠨᠢᠭᠡᠪᠦᠷᠢ ᠵᠢᠨ ᠦᠨ᠎ᠡ ᠬᠠᠶᠠᠯᠴᠠᠵᠤ ᠥᠷᠢᠰᠦᠯᠳᠦᠬᠦ ᠴᠠᠭ᠎ᠢ 30 ᠮᠢᠨᠦ᠋ᠲ ᠵᠶ᠋ᠡᠷ ᠬᠢᠵᠠᠭ᠋ᠠᠷᠯᠠᠵᠤ᠂ ᠬᠠᠮᠤᠭ᠎ᠤᠨ ᠳᠣᠣᠷ᠎ᠠ ᠵᠦᠢ ᠵᠣᠬᠢᠰᠲᠠᠢ ᠦᠨ᠎ᠡ ᠮᠡᠳᠡᠭᠦᠯᠦᠭᠰᠡᠳ᠎ᠤᠨ ᠳᠣᠲᠣᠷ᠎ᠠ᠎ᠠᠴᠠ ᠰᠣᠩᠭᠣᠨ᠎ᠠ᠃
ᠮᠡᠳᠡᠭᠦᠯᠦᠭᠰᠡᠨ ᠦᠨᠡᠨ᠎ᠢ ᠵᠦᠢ ᠵᠣᠬᠢᠰᠲᠠᠢ ᠬᠠᠮᠤᠭ᠎ᠤᠨ ᠳᠣᠣᠷ᠎ᠠ ᠬᠢᠵᠠᠭ᠋ᠠᠷ ᠦᠨᠡᠳᠤ ᠬᠦᠷᠪᠡᠯ᠂ ᠪᠤᠰᠤᠳ ᠵᠠᠭᠤᠴᠢᠯᠠᠬᠤ ᠦᠢ᠍ᠯᠡᠴᠢᠯᠡᠭᠡᠨ᠎ᠤ ᠪᠠᠢ᠌ᠭᠤᠯᠤᠮᠵᠢ᠎ᠨᠢ ᠬᠠᠮᠲᠤ᠎ᠳᠤ᠎ᠪᠠᠨ ᠦᠨ᠎ᠡ ᠮᠡᠳᠡᠭᠦᠯᠵᠦ ᠪᠣᠯᠣᠨ᠎ᠠ᠂ 5 ᠮᠢᠨᠦ᠋ᠲ᠎ᠤᠨ ᠦᠨ᠎ᠡ ᠮᠡᠳᠡᠭᠦᠯᠬᠦ ᠬᠦᠴᠦᠨ᠎ᠲᠠᠢ ᠬᠤᠭᠤᠴᠠᠭ᠎ᠠ ᠳᠠᠭᠤᠰᠤᠭᠰᠠᠨ᠎ᠤ ᠳᠠᠷᠠᠭ᠎ᠠ᠂ ᠰᠢᠰᠲ᠋ᠧᠮ᠎ᠠᠴᠠ ᠬᠠᠮᠤᠭ᠎ᠤᠨ ᠳᠣᠣᠷ᠎ᠠ ᠦᠨ᠎ᠡ ᠬᠠᠶᠠᠯᠴᠠᠵᠤ ᠥᠷᠢᠰᠦᠯᠳᠦᠭᠰᠡᠨ ᠵᠠᠭᠤᠴᠢᠯᠠᠬᠤ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠳᠣᠲᠣᠷ᠎ᠠ᠎ᠠᠴᠠ ᠲᠠᠰᠢᠷᠠᠮ ᠵᠶ᠋ᠠᠷ ᠰᠣᠩᠭᠣᠵᠤ ᠪᠣᠯᠣᠨ᠎ᠠ᠃
(ᠲᠠᠪᠤ) ᠥᠪᠡᠷᠲᠡᠭᠡᠨ ᠵᠠᠰᠠᠬᠤ ᠣᠷᠣᠨ᠎ᠤ ᠵᠠᠭᠤᠴᠢᠯᠠᠬᠤ ᠬᠡᠲᠦ ᠳᠡᠯᠭᠡᠭᠦᠷ᠎ᠤᠨ ᠬᠠᠮᠢᠶᠠᠷᠤᠯᠲᠠ ᠵᠢᠨ ᠪᠠᠢ᠌ᠭᠤᠯᠤᠮᠵᠢ᠎ᠪᠠᠷ ᠲᠣᠭᠲᠠᠭ᠋ᠠᠯᠭ᠋ᠠᠭᠰᠠᠨ ᠪᠤᠰᠤᠳ ᠢᠯᠡ᠎ᠪᠠᠷ ᠰᠣᠩᠭᠣᠬᠤ ᠠᠷᠭ᠎ᠠ ᠮᠠᠶᠢᠭ᠃
ᠵᠠᠭᠤᠴᠢᠯᠠᠬᠤ ᠬᠡᠲᠦ ᠳᠡᠯᠭᠡᠭᠦᠷ᠎ᠨᠢ ᠵᠥᠪᠬᠡᠨ ᠲᠠᠪᠴᠠᠩ᠎ᠤᠨ ᠦᠢ᠍ᠯᠡᠴᠢᠯᠡᠭᠡ ᠬᠠᠩᠭ᠋ᠠᠨ᠎ᠠ᠂ ᠬᠤᠳᠠᠯᠳᠤᠨ ᠠᠪᠤᠭᠴᠢ᠎ᠨᠢ ᠤᠯᠤᠰ᠂ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ ᠶᠣᠰᠣᠭ᠋ᠠᠷ ᠰᠣᠩᠭᠣᠬᠤ ᠠᠷᠭ᠎ᠠ ᠮᠠᠶᠢᠭ ᠵᠶ᠋ᠡᠨ ᠰᠣᠩᠭᠣᠬᠤ ᠵᠢᠨ ᠬᠠᠮᠲᠤ᠂ ᠥᠪᠡᠷ᠎ᠤᠨ ᠬᠤᠳᠠᠯᠳᠤᠨ ᠠᠪᠬᠤ ᠦᠢᠯᠡ ᠠᠵᠢᠯᠯᠠᠭ᠎ᠠ᠎ᠳᠤ᠎ᠪᠠᠨ ᠬᠠᠷᠢᠭᠤᠴᠠᠬᠤ ᠬᠡᠷᠡᠭᠲᠡᠢ᠃
ᠬᠣᠷᠢᠨ ᠭᠤᠷᠪᠠᠳᠤᠭ᠋ᠠᠷ ᠵᠦᠢ᠍ᠯ ᠬᠤᠳᠠᠯᠳᠤᠨ ᠠᠪᠬᠤ ᠠᠯᠪᠠᠨ ᠵᠠᠷ᠎ᠢ ᠨᠡᠢ᠌ᠲᠡᠯᠡᠭᠰᠡᠨ᠎ᠤ ᠲᠠᠷᠠᠭ᠎ᠠ᠂ ᠳᠣᠣᠷᠠᠬᠢ ᠶᠠᠮᠠᠷ ᠨᠢᠭᠡᠨ ᠪᠠᠢ᠌ᠳᠠᠯ ᠣᠷᠣᠰᠢᠵᠤ ᠪᠠᠢ᠌ᠪᠠᠯ᠂ ᠬᠤᠳᠠᠯᠳᠤᠨ ᠠᠪᠤᠭᠴᠢ᠎ᠨᠢ ᠨᠡᠷ᠎ᠡ ᠮᠡᠳᠡᠭᠦᠯᠬᠦ ᠬᠤᠭᠤᠴᠠᠭ᠎ᠠ ᠳᠠᠭᠤᠰᠬᠤ᠎ᠠᠴᠠ ᠡᠮᠦᠨ᠎ᠡ ᠬᠦᠴᠦᠨ ᠦᠭᠡᠢ ᠪᠣᠯᠭ᠋ᠠᠬᠤ ᠭᠤᠶᠤᠴᠢᠯᠠᠯ ᠳᠤᠷᠠᠳᠴᠤ ᠪᠣᠯᠣᠨ᠎ᠠ᠄
(ᠨᠢᠭᠡ) ᠲᠠᠰᠢᠷᠠᠮ ᠵᠶ᠋ᠠᠷ ᠰᠣᠩᠭᠣᠬᠤ ᠪᠤᠶᠤ ᠦᠨ᠎ᠡ ᠬᠠᠶᠠᠯᠴᠠᠵᠤ ᠥᠷᠢᠰᠦᠯᠳᠦᠭᠦᠯᠦᠨ ᠰᠣᠩᠭᠣᠬᠤ ᠠᠷᠭ᠎ᠠ ᠮᠠᠶᠢᠭ ᠵᠶ᠋ᠠᠷ ᠵᠠᠭᠤᠴᠢᠯᠠᠬᠤ ᠦᠢ᠍ᠯᠡᠴᠢᠯᠡᠭᠡᠨ᠎ᠤ ᠪᠠᠢ᠌ᠭᠤᠯᠤᠮᠵᠢ ᠵᠢ ᠰᠤᠩᠭᠤᠬᠤ᠎ᠳᠤ ᠨᠡᠷ᠎ᠡ ᠮᠡᠳᠡᠭᠦᠯᠬᠦ ᠴᠠᠭ᠎ᠨᠢ ᠳᠠᠭᠤᠰᠴᠤ᠂ ᠨᠡᠷ᠎ᠡ ᠮᠡᠳᠡᠭᠦᠯᠦᠭᠰᠡᠨ ᠵᠠᠭᠤᠴᠢᠯᠠᠬᠤ ᠦᠢ᠍ᠯᠡᠴᠢᠯᠡᠭᠡᠨ᠎ᠤ ᠪᠠᠢ᠌ᠭᠤᠯᠤᠮᠵᠢ᠎ᠨᠢ 3 ᠬᠦᠷᠬᠦ ᠦᠭᠡᠢ ᠪᠠᠢ᠌ᠬᠤ᠃
(ᠬᠣᠶᠠᠷ) ᠴᠠᠬᠢᠯᠭ᠋ᠠᠨ ᠬᠦᠴᠦᠨ ᠲᠠᠰᠤᠯᠳᠠᠭᠰᠠᠨ᠂ ᠰᠦᠯᠵᠢᠶᠡᠨ᠎ᠳᠤ ᠰᠠᠭ᠋ᠠᠳ ᠭᠠᠷᠤᠭᠰᠠᠨ᠂ ᠡᠰᠡᠬᠦᠯ᠎ᠡ ᠡᠰᠡᠷᠭᠦᠴᠡᠰᠢ ᠦᠭᠡᠢ ᠬᠦᠴᠦᠨ ᠵᠦᠢ᠍ᠯ᠎ᠤᠨ ᠰᠢᠯᠲᠠᠭ᠋ᠠᠨ᠎ᠠᠴᠠ ᠪᠣᠯᠣᠭ᠋ᠠᠳ ᠢᠯᠡ᠎ᠪᠠᠷ ᠰᠤᠩᠭᠤᠬᠤ ᠠᠵᠢᠯᠯᠠᠭ᠎ᠠ ᠵᠢ ᠬᠡᠪ᠎ᠤᠨ ᠶᠣᠰᠣᠭ᠋ᠠᠷ ᠥᠷᠨᠢᠭᠦᠯᠵᠦ ᠴᠢᠳᠠᠭᠰᠠᠨ ᠦᠭᠡᠢ᠃
(ᠭᠤᠷᠪᠠ) ᠲᠥᠷᠥᠯ ᠵᠦᠢ᠍ᠯ᠎ᠤᠨ ᠬᠤᠳᠠᠯᠳᠤᠨ ᠠᠪᠤᠭᠴᠢ᠎ᠨᠢ ᠵᠠᠭᠤᠴᠢᠯᠠᠬᠤ ᠦᠢ᠍ᠯᠡᠴᠢᠯᠡᠭᠡ ᠬᠤᠳᠠᠯᠳᠤᠨ ᠠᠪᠬᠤ᠎ᠪᠠᠨ ᠪᠣᠯᠢᠭᠰᠠᠨ᠃
ᠬᠣᠷᠢᠨ ᠳᠥᠷᠪᠡᠳᠦᠭᠡᠷ ᠵᠦᠢ᠍ᠯ ᠰᠤᠩᠭᠤᠭᠳᠠᠭᠰᠠᠨ ᠠᠯᠪᠠᠨ ᠵᠠᠷ᠎ᠢ ᠨᠡᠢ᠌ᠲᠡᠯᠡᠭᠰᠡᠨ᠎ᠤ ᠲᠠᠷᠠᠭ᠎ᠠ᠂ ᠳᠣᠣᠷ᠎ᠠ ᠵᠢᠭᠰᠠᠭ᠋ᠠᠭᠰᠠᠨ ᠪᠠᠢ᠌ᠳᠠᠯ᠎ᠤᠨ ᠨᠢᠭᠡ᠎ᠨᠢ ᠪᠠᠢ᠌ᠪᠠᠯ᠂ ᠰᠤᠩᠭᠤᠭᠳᠠᠭᠰᠠᠨ ᠠᠯᠪᠠᠨ ᠵᠠᠷ᠎ᠢ ᠬᠦᠴᠦᠨ ᠦᠭᠡᠢ ᠪᠣᠯᠭ᠋ᠠᠨ᠎ᠠ᠄
(ᠨᠢᠭᠡ) ᠰᠤᠩᠭᠤᠭᠳᠠᠭᠰᠠᠨ ᠵᠠᠭᠤᠴᠢᠯᠠᠬᠤ ᠦᠢ᠍ᠯᠡᠴᠢᠯᠡᠭᠡᠨ᠎ᠤ ᠪᠠᠢ᠌ᠭᠤᠯᠤᠮᠵᠢ᠎ᠨᠢ ᠬᠤᠳᠠᠯ ᠬᠠᠭᠤᠷᠮᠠᠭ ᠮᠡᠳᠡᠭᠡ ᠵᠠᠩᠭᠢ ᠬᠠᠩᠭ᠋ᠠᠭᠰᠠᠨ᠃
(ᠬᠣᠶᠠᠷ) ᠰᠤᠩᠭᠤᠭᠳᠠᠭᠰᠠᠨ ᠵᠠᠭᠤᠴᠢᠯᠠᠬᠤ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠬᠢᠷᠢ ᠴᠢᠳᠠᠮᠵᠢ ᠪᠤᠶᠤ ᠪᠤᠰᠤᠳ ᠭᠡᠷᠡᠴᠢᠯᠡᠬᠦ ᠮᠠᠲ᠋ᠧᠷᠢᠶᠠᠯ᠎ᠨᠢ ᠪᠦᠷᠢᠨ ᠪᠤᠰᠤ᠃
(ᠭᠤᠷᠪᠠ) ᠰᠣᠩᠭᠣᠭᠳᠠᠭᠰᠠᠨ ᠵᠠᠭᠤᠴᠢᠯᠠᠬᠤ ᠦᠢ᠍ᠯᠡᠴᠢᠯᠡᠭᠡᠨ᠎ᠤ ᠪᠠᠢ᠌ᠭᠤᠯᠤᠮᠵᠢ᠎ᠨᠢ ᠪᠦᠬᠦ ᠦᠢ᠍ᠯᠡᠴᠢᠯᠡᠭᠡᠨ᠎ᠤ ᠠᠭᠤᠯᠭ᠎ᠠ᠎ᠪᠠᠨ ᠬᠠᠩᠭ᠋ᠠᠬᠤ ᠵᠢᠨ ᠠᠷᠭ᠎ᠠ ᠦᠭᠡᠢ ᠪᠠᠢ᠌ᠬᠤ᠃
(ᠳᠥᠷᠪᠡ) ᠰᠤᠩᠭᠤᠭᠳᠠᠭᠰᠠᠨ ᠵᠠᠭᠤᠴᠢᠯᠠᠬᠤ ᠦᠢ᠍ᠯᠡᠴᠢᠯᠡᠭᠡᠨ᠎ᠤ ᠪᠠᠢ᠌ᠭᠤᠯᠤᠮᠵᠢ᠎ᠨᠢ ᠥᠪᠡᠷ᠎ᠤᠨ ᠪᠡᠶᠡᠴᠢ ᠮᠠᠭᠤ ᠰᠠᠨᠠᠭ᠎ᠠ᠎ᠠᠴᠠ᠎ᠪᠠᠨ ᠪᠣᠯᠵᠤ ᠭᠦᠢ᠍ᠴᠡᠳᠬᠡᠭᠰᠡᠨ ᠦᠭᠡᠢ᠃
(ᠲᠠᠪᠤ) ᠰᠤᠩᠭᠤᠭᠳᠠᠭᠰᠠᠨ ᠵᠠᠭᠤᠴᠢᠯᠠᠬᠤ ᠦᠢ᠍ᠯᠡᠴᠢᠯᠡᠭᠡᠨ᠎ᠤ ᠪᠠᠢ᠌ᠭᠤᠯᠤᠮᠵᠢ᠎ᠨᠤᠭᠤᠳ᠎ᠨᠢ ᠬᠠᠷᠢᠯᠴᠠᠨ ᠰᠥᠯᠪᠡᠭᠡᠯᠳᠦᠨ ᠦᠨ᠎ᠡ ᠬᠠᠶᠠᠯᠴᠠᠵᠤ ᠥᠷᠢᠰᠦᠯᠳᠦᠬᠦ ᠵᠢ ᠵᠠᠬᠢᠷᠤᠨ ᠡᠵᠡᠮᠳᠡᠵᠦ᠂ ᠬᠡᠭᠡᠯᠢ ᠲᠦᠯᠬᠢᠬᠦ ᠠᠷᠭ᠎ᠠ ᠪᠠᠷᠢᠯ ᠵᠶ᠋ᠠᠷ ᠰᠤᠩᠭᠤᠭᠳᠠᠭᠰᠠᠨ᠃
(ᠵᠢᠷᠭᠤᠭ᠎ᠠ) ᠰᠤᠩᠭᠤᠭᠳᠠᠭᠰᠠᠨ ᠵᠠᠭᠤᠴᠢᠯᠠᠬᠤ ᠦᠢ᠍ᠯᠡᠴᠢᠯᠡᠭᠡᠨ᠎ᠤ ᠪᠠᠢ᠌ᠭᠤᠯᠤᠮᠵᠢ᠎ᠨᠢ ᠪᠤᠰᠤᠳ ᠵᠦᠢ ᠪᠤᠰᠤ ᠠᠷᠭ᠎ᠠ ᠪᠠᠷᠢᠯ ᠵᠶ᠋ᠠᠷ ᠰᠣᠩᠭᠣᠭᠳᠠᠬᠤ ᠬᠢᠷᠢ ᠬᠡᠮ᠎ᠢ ᠣᠯᠣᠭᠰᠠᠨ᠃
ᠬᠣᠷᠢᠨ ᠲᠠᠪᠤᠳᠤᠭ᠋ᠠᠷ ᠵᠦᠢ᠍ᠯ ᠨᠡᠷ᠎ᠡ ᠮᠡᠳᠡᠭᠦᠯᠬᠦ ᠴᠠᠭ ᠳᠠᠭᠤᠰᠤᠭᠰᠠᠨ᠎ᠤ ᠳᠠᠷᠠᠭ᠎ᠠ᠂ ᠨᠥᠬᠥᠴᠡᠯ᠎ᠳᠤ ᠨᠡᠢ᠌ᠴᠡᠬᠦ ᠨᠡᠷ᠎ᠡ ᠮᠡᠳᠡᠭᠦᠯᠦᠭᠰᠡᠨ ᠵᠠᠭᠤᠴᠢᠯᠠᠬᠤ ᠦᠢ᠍ᠯᠡᠴᠢᠯᠡᠭᠡᠨ᠎ᠤ ᠪᠠᠢ᠌ᠭᠤᠯᠤᠮᠵᠢ᠎ᠨᠢ ᠨᠡᠷ᠎ᠡ ᠮᠡᠳᠡᠭᠦᠯᠬᠦ ᠬᠠᠮᠤᠭ᠎ᠤᠨ ᠴᠥᠭᠡᠨ ᠲᠣᠭ᠎ᠠ᠎ᠠᠴᠠ ᠳᠤᠲᠠᠭᠤ ᠪᠠᠢ᠌ᠪᠠᠯ᠂ ᠵᠠᠭᠤᠴᠢᠯᠠᠬᠤ ᠬᠡᠲᠦ ᠳᠡᠯᠭᠡᠭᠦᠷ ᠠᠶᠠᠨᠳᠠᠭ᠋ᠠᠨ ᠬᠦᠴᠦᠨ ᠦᠭᠡᠢ ᠪᠣᠯᠭ᠋ᠠᠬᠤ ᠠᠯᠪᠠᠨ ᠵᠠᠷ ᠨᠡᠢ᠌ᠲᠡᠯᠡᠵᠦ᠂ ᠬᠤᠳᠠᠯᠳᠤᠨ ᠠᠪᠤᠭᠴᠢ᠎ᠠᠴᠠ ᠬᠤᠳᠠᠯᠳᠤᠨ ᠠᠪᠬᠤ ᠠᠯᠪᠠᠨ ᠵᠠᠷ᠎ᠢ ᠬᠣᠶᠠᠳᠠᠭᠢ ᠤᠳᠠᠭ᠎ᠠ ᠨᠡᠢ᠌ᠲᠡᠯᠡᠬᠦ᠎ᠪᠠᠷ ᠭᠤᠶᠤᠴᠢᠯᠠᠨ᠎ᠠ᠃
ᠬᠣᠷᠢᠨ ᠵᠢᠷᠭᠤᠳᠤᠭ᠋ᠠᠷ ᠵᠦᠢ᠍ᠯ ᠲᠥᠷᠥᠯ ᠵᠦᠢ᠍ᠯ ᠬᠤᠳᠠᠯᠳᠤᠨ ᠠᠪᠬᠤ ᠠᠯᠪᠠᠨ ᠵᠠᠷ᠎ᠤᠨ ᠨᠡᠷ᠎ᠡ ᠮᠡᠳᠡᠭᠦᠯᠵᠦ ᠡᠬᠢᠯᠡᠭᠰᠡᠨ᠎ᠠᠴᠠ ᠠᠪᠤᠭ᠋ᠠᠳ ᠨᠡᠷ᠎ᠡ ᠮᠡᠳᠡᠭᠦᠯᠵᠦ ᠳᠠᠭᠤᠰᠬᠤ ᠴᠠᠭ᠎ᠨᠢ 3 ᠠᠵᠢᠯᠯᠠᠬᠤ ᠡᠳᠦᠷ᠎ᠠᠴᠠ ᠳᠤᠲᠠᠭᠤ ᠪᠠᠢ᠌ᠵᠤ ᠪᠣᠯᠬᠤ ᠦᠭᠡᠢ᠃
ᠬᠣᠷᠢᠨ ᠳᠣᠯᠣᠳᠤᠭ᠋ᠠᠷ ᠵᠦᠢ᠍ᠯ ᠵᠠᠭᠤᠴᠢᠯᠠᠬᠤ ᠦᠢ᠍ᠯᠡᠴᠢᠯᠡᠭᠡᠨ᠎ᠤ ᠪᠠᠢ᠌ᠭᠤᠯᠤᠮᠵᠢ᠎ᠳᠤ ᠳᠣᠣᠷ᠎ᠠ ᠵᠢᠭᠰᠠᠭ᠋ᠠᠭᠰᠠᠨ ᠪᠠᠢ᠌ᠳᠠᠯ᠎ᠤᠨ ᠨᠢᠭᠡ᠎ᠨᠢ ᠪᠠᠢ᠌ᠪᠠᠯ᠂ ᠵᠠᠢ᠌ᠯᠠᠭᠤᠯᠬᠤ ᠬᠡᠷᠡᠭᠲᠡᠢ᠄
(ᠨᠢᠭᠡ) ᠠᠳᠠᠯᠢ ᠨᠢᠭᠡᠨ ᠵᠠᠭᠤᠴᠢᠯᠠᠬᠤ ᠦᠢ᠍ᠯᠡᠴᠢᠯᠡᠭᠡᠨ᠎ᠤ ᠲᠥᠷᠥᠯ ᠵᠦᠢ᠍ᠯ᠎ᠳᠤ ᠣᠷᠣᠯᠴᠠᠬᠤ᠎ᠪᠠᠷ ᠨᠡᠷ᠎ᠡ ᠮᠡᠳᠡᠭᠦᠯᠦᠭᠰᠡᠨ ᠠᠳᠠᠯᠢ ᠪᠤᠰᠤ ᠵᠠᠭᠤᠴᠢᠯᠠᠬᠤ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠬᠦ ᠬᠦᠮᠦᠨ ᠪᠤᠶᠤ ᠪᠣᠳᠠᠲᠠᠢ ᠡᠵᠡᠮᠳᠡᠭᠴᠢ᠎ᠨᠢ ᠨᠢᠭᠡ ᠯᠡ ᠬᠥᠮᠥᠨ ᠪᠠᠢ᠌ᠬᠤ᠃
(ᠬᠣᠶᠠᠷ) ᠵᠠᠭᠤᠴᠢᠯᠠᠬᠤ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠬᠦ ᠬᠦᠮᠦᠨ ᠪᠤᠶᠤ ᠪᠣᠳᠠᠲᠠᠢ ᠡᠵᠡᠮᠳᠡᠭᠴᠢ᠎ᠨᠢ ᠬᠤᠳᠠᠯᠳᠤᠨ ᠠᠪᠤᠭᠴᠢ ᠵᠢᠨ ᠨᠢᠭᠡᠴᠢ ᠵᠢᠨ ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠬᠦ ᠬᠦᠮᠦᠨ ᠪᠤᠶᠤ ᠲᠦᠷᠦᠯ ᠵᠦᠢ᠍ᠯ᠎ᠤᠨ ᠬᠠᠷᠢᠭᠤᠴᠠᠯᠭ᠋ᠠᠲᠠᠨᠯᠤᠭᠠ ᠬᠣᠯᠪᠣᠭ᠋ᠠᠰᠤ᠂ ᠰᠢᠭᠤᠳ ᠴᠢᠰᠤᠨ ᠲᠦᠷᠦᠯ (ᠴᠢᠰᠤᠨ ᠲᠦᠷᠦᠯ᠎ᠤᠨ ᠬᠠᠷᠢᠴᠠᠭ᠎ᠠ᠎ᠲᠠᠢ ᠬᠡᠮᠡᠨ ᠲᠣᠭᠲᠠᠭ᠋ᠠᠭᠳᠠᠭᠰᠠᠨ ᠪᠠᠭᠲᠠᠨ᠎ᠠ)᠂ ᠭᠤᠷᠪᠠᠨ ᠦᠶ᠎ᠡ ᠵᠢᠨ ᠳᠣᠲᠣᠷᠠᠬᠢ ᠦᠶᠡᠯᠢᠳ ᠬᠠᠶᠠᠯᠢᠳ ᠴᠢᠰᠤᠨ ᠲᠦᠷᠦᠯ ᠪᠤᠶᠤ ᠣᠢ᠌ᠷ᠎ᠠ ᠤᠷᠤᠭ ᠰᠠᠳᠤᠨ᠎ᠤ ᠬᠠᠷᠢᠴᠠᠭ᠎ᠠ᠎ᠲᠠᠢ ᠪᠠᠢ᠌ᠬᠤ᠃
(ᠭᠤᠷᠪᠠ) ᠵᠠᠭᠤᠴᠢᠯᠠᠬᠤ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠡᠷᠬᠡ ᠲᠡᠭᠰᠢ᠂ ᠲᠥᠪ ᠭᠣᠣᠯᠴᠢ᠂ ᠲᠤᠰᠠᠭ᠋ᠠᠷ ᠵᠶ᠋ᠠᠨ ᠰᠤᠩᠭᠤᠬᠤ ᠵᠢ ᠨᠥᠯᠥᠭᠡᠯᠡᠵᠦ ᠮᠡᠳᠡᠬᠦ ᠪᠤᠰᠤᠳ ᠪᠠᠢ᠌ᠳᠠᠯ᠎ᠤᠳ᠃
ᠬᠣᠷᠢᠨ ᠨᠠᠢ᠍ᠮᠠᠳᠤᠭ᠋ᠠᠷ ᠵᠦᠢ᠍ᠯ ᠢᠯᠠ᠎ᠪᠠᠷ ᠰᠣᠩᠭᠣᠭᠰᠠᠨ ᠦᠷ᠎ᠡ ᠳ᠋ᠦᠩ ᠭᠠᠷᠤᠭᠰᠠᠨ᠎ᠤ ᠲᠡᠷᠡᠭ᠎ᠠ᠂ ᠬᠤᠳᠠᠯᠳᠤᠨ ᠠᠪᠤᠭᠴᠢ᠎ᠨᠢ 3 ᠠᠵᠢᠯᠯᠠᠬᠤ ᠡᠳᠦᠷ᠎ᠤᠨ ᠳᠣᠲᠣᠷ᠎ᠠ ᠨᠤᠲᠠᠯᠠᠨ ᠵᠥᠪᠰᠢᠶᠡᠷᠡᠬᠦ ᠬᠡᠷᠡᠭᠲᠡᠢ᠃ ᠵᠠᠭᠤᠴᠢᠯᠠᠬᠤ ᠬᠡᠲᠦ ᠳᠡᠯᠭᠡᠭᠦᠷ᠎ᠤᠨ ᠬᠠᠮᠢᠶᠠᠷᠤᠯᠲᠠ ᠵᠢᠨ ᠪᠠᠢ᠌ᠭᠤᠯᠤᠮᠵᠢ᠎ᠨᠢ ᠨᠣᠲᠠᠯᠠᠨ ᠵᠥᠪᠰᠢᠶᠡᠷᠡᠭᠰᠡᠨ ᠦᠷ᠎ᠡ ᠳ᠋ᠦᠩ᠎ᠢ ᠦᠨᠳᠦᠰᠦᠯᠡᠨ ᠰᠤᠩᠭᠤᠭᠳᠠᠭᠰᠠᠨ ᠠᠯᠪᠠᠨ ᠵᠠᠷ ᠨᠡᠢ᠌ᠲᠡᠯᠡᠬᠦ ᠵᠢᠨ ᠬᠠᠮᠲᠤ ᠵᠠᠷᠯᠠᠨ ᠨᠡᠢ᠍ᠲᠡᠯᠡᠵᠦ᠂ ᠵᠡᠷᠬᠡ᠎ᠳᠤᠨᠢ ᠰᠤᠩᠭᠤᠭᠳᠠᠭᠰᠠᠨ ᠵᠠᠭᠤᠴᠢᠯᠠᠬᠤ ᠦᠢ᠍ᠯᠡᠴᠢᠯᠡᠭᠡᠨ᠎ᠤ ᠪᠠᠢ᠌ᠭᠤᠯᠤᠮᠵᠢ᠎ᠳᠤ 《ᠰᠤᠩᠭᠤᠭᠳᠠᠭᠰᠠᠨ ᠮᠡᠳᠡᠭᠳᠡᠯ᠎ᠤᠨ ᠪᠢᠴᠢᠭ》 ᠭᠠᠷᠭ᠋ᠠᠨ ᠥᠭᠴᠦ᠂ ᠪᠡᠯᠡ ᠮᠥᠩᠭᠥ ᠣᠯᠭᠣᠵᠤ ᠥᠭᠬᠦ ᠴᠢᠬᠤᠯᠠ ᠪᠦᠬᠦᠢ ᠦᠨᠳᠦᠰᠦᠯᠡᠯ ᠪᠣᠯᠭ᠋ᠠᠨ᠎ᠠ᠃
ᠬᠣᠷᠢ ᠶᠢᠰᠦᠳᠦᠭᠡᠷ ᠵᠦᠢ᠍ᠯ ᠬᠤᠳᠠᠯᠳᠤᠨ ᠠᠪᠤᠭᠴᠢ ᠪᠠ ᠰᠤᠩᠭᠤᠭᠳᠠᠭᠰᠠᠨ ᠵᠠᠭᠤᠴᠢᠯᠠᠬᠤ ᠦᠢ᠍ᠯᠡᠴᠢᠯᠡᠭᠡᠨ᠎ᠤ ᠪᠠᠢ᠌ᠭᠤᠯᠤᠮᠵᠢ᠎ᠨᠢ 《ᠰᠤᠩᠭᠤᠭᠳᠠᠭᠰᠠᠨ ᠮᠡᠳᠡᠭᠳᠡᠯ᠎ᠤᠨ ᠪᠢᠴᠢᠭ》᠎ᠢ ᠦᠨᠳᠦᠰᠦᠯᠡᠨ ᠭᠡᠷ᠎ᠡ ᠲᠣᠭᠲᠠᠭ᠋ᠠᠨ᠎ᠠ᠃ ᠰᠣᠩᠭᠣᠭᠳᠠᠭᠰᠠᠨ ᠵᠠᠭᠤᠴᠢᠯᠠᠬᠤ ᠦᠢ᠍ᠯᠡᠴᠢᠯᠡᠭᠡᠨ᠎ᠤ ᠪᠠᠢ᠌ᠭᠤᠯᠤᠮᠵᠢ᠎ᠨᠢ ᠭᠡᠷ᠎ᠡ ᠵᠢᠨ ᠪᠣᠯᠵᠣᠯ ᠶᠣᠰᠣᠭ᠋ᠠᠷ ᠭᠡᠷ᠎ᠡ᠎ᠪᠠᠷ ᠲᠣᠭᠲᠠᠭ᠋ᠠᠭᠰᠠᠨ ᠴᠠᠭ᠎ᠤᠨ ᠳᠣᠲᠣᠷ᠎ᠠ ᠬᠤᠳᠠᠯᠳᠤᠨ ᠠᠪᠤᠭᠴᠢ᠎ᠳᠤ ᠦᠢ᠍ᠯᠡᠴᠢᠯᠡᠭᠡ ᠬᠠᠩᠭ᠋ᠠᠬᠤ ᠬᠡᠷᠡᠭᠲᠡᠢ᠃
ᠲᠠᠪᠤᠳᠤᠭ᠋ᠠᠷ ᠪᠦᠯᠦᠭ ᠦᠢ᠍ᠯᠡᠴᠢᠯᠡᠭᠡᠨ᠎ᠤ ᠦᠨᠡᠯᠡᠯᠲᠡ
ᠭᠤᠴᠢᠳᠤᠭ᠋ᠠᠷ ᠵᠦᠢ᠍ᠯ ᠵᠠᠭᠤᠴᠢᠯᠠᠬᠤ ᠦᠢ᠍ᠯᠡᠴᠢᠯᠡᠭᠡᠨ᠎ᠤ ᠪᠠᠢ᠌ᠭᠤᠯᠤᠮᠵᠢ᠎ᠨᠢ ᠬᠤᠳᠠᠯᠳᠤᠨ ᠠᠪᠤᠭᠴᠢ᠎ᠳᠤ ᠦᠢ᠍ᠯᠡᠴᠢᠯᠡᠭᠡᠨ᠎ᠤ ᠦᠷ᠎ᠡ ᠪᠦᠲᠦᠭᠡᠯ ᠵᠶ᠋ᠠᠨ ᠬᠠᠩᠭ᠋ᠠᠭᠰᠠᠨ᠎ᠤ ᠲᠠᠷᠠᠭ᠎ᠠ᠂ ᠬᠤᠳᠠᠯᠳᠤᠨ ᠠᠪᠤᠭᠴᠢ᠎ᠨᠢ ᠵᠠᠭᠤᠴᠢᠯᠠᠬᠤ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠦᠢ᠍ᠯᠡᠴᠢᠯᠡᠭᠡᠨ᠎ᠤ ᠶᠠᠰᠤ ᠴᠢᠨᠠᠷ᠂ ᠦᠢ᠍ᠯᠡᠴᠢᠯᠡᠭᠡᠨ᠎ᠤ ᠬᠦᠴᠦᠨ᠎ᠲᠠᠢ ᠬᠤᠭᠤᠴᠠᠭ᠎ᠠ᠂ ᠦᠢ᠍ᠯᠡᠴᠢᠯᠡᠭᠡᠨ᠎ᠤ ᠣᠪᠣᠷ᠂ ᠦᠢ᠍ᠯᠡᠴᠢᠯᠡᠭᠡᠨ᠎ᠤ ᠬᠤᠷᠢᠶᠠᠬᠤ ᠰᠦᠢ᠍ᠳᠬᠡᠯ ᠪᠠ ᠦᠢ᠍ᠯᠡᠴᠢᠯᠡᠭᠡᠨ᠎ᠤ ᠵᠢᠷᠤᠮᠵᠢᠯ ᠵᠡᠷᠭᠡ ᠲᠠᠯ᠎ᠠ᠎ᠳᠤ ᠬᠠᠨᠤᠮᠵᠢ ᠵᠢᠨ ᠬᠡᠮᠵᠢᠶᠡᠨ᠎ᠤ ᠦᠨᠡᠯᠡᠯᠲᠡ ᠬᠢᠬᠦ ᠬᠡᠷᠡᠭᠲᠡᠢ᠃
ᠵᠠᠭᠤᠴᠢᠯᠠᠬᠤ ᠦᠢ᠍ᠯᠡᠴᠢᠯᠡᠭᠡᠨ᠎ᠤ ᠪᠠᠢ᠌ᠭᠤᠯᠤᠮᠵᠢ᠎ᠳᠤ ᠳᠣᠣᠷᠠᠬᠢ ᠪᠠᠢ᠌ᠳᠠᠯ ᠣᠷᠣᠰᠢᠵᠤ ᠪᠠᠢ᠌ᠪᠠᠯ᠂ ᠬᠤᠳᠠᠯᠳᠤᠨ ᠠᠪᠤᠭᠴᠢ᠎ᠠᠴᠠ ᠬᠦᠨᠳᠦ ᠨᠣᠴᠢᠲᠠᠢ ᠵᠢᠨ ᠬᠡᠮᠵᠢᠶ᠎ᠡ᠎ᠪᠠᠷ᠎ᠨᠢ ᠬᠠᠨᠤᠮᠵᠢ ᠵᠢᠨ ᠬᠡᠮᠵᠢᠶᠡᠨ᠎ᠤ ᠦᠨᠡᠯᠡᠯᠲᠡ ᠬᠢᠬᠦ ᠬᠡᠷᠡᠭᠲᠡᠢ᠄
(ᠨᠢᠭᠡ) ᠬᠠᠮᠢᠶ᠎ᠠ ᠪᠦᠬᠦᠢ ᠠᠵᠢᠯ᠎ᠢ ᠬᠣᠯᠪᠣᠭᠳᠠᠯ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠂ ᠮᠡᠷᠭᠡᠵᠢᠯ᠎ᠤᠨ ᠪᠠᠷᠢᠮᠵᠢᠶ᠎ᠠ ᠪᠠ ᠵᠢᠷᠤᠮᠵᠢᠯ ᠵᠡᠷᠭᠡ ᠵᠢᠨ ᠶᠣᠰᠣᠭ᠋ᠠᠷ ᠬᠢᠭᠰᠡᠨ ᠦᠭᠡᠢ᠂ ᠵᠠᠭᠤᠴᠢᠯᠠᠬᠤ ᠦᠢ᠍ᠯᠡᠴᠢᠯᠡᠭᠡᠨ᠎ᠤ ᠶᠠᠰᠤ ᠴᠢᠨᠠᠷ᠎ᠤᠨ ᠠᠰᠠᠭᠤᠳᠠᠯ᠎ᠠᠴᠠ ᠪᠣᠯᠵᠤ ᠲᠥᠷᠥᠯ ᠵᠦᠢ᠍ᠯ᠎ᠤᠨ ᠬᠢᠨᠠᠨ ᠵᠥᠪᠰᠢᠶᠡᠷᠡᠬᠦ ᠵᠢ ᠨᠥᠯᠥᠭᠡᠯᠡᠭᠰᠡᠨ᠃
(ᠬᠣᠶᠠᠷ) ᠦᠢ᠍ᠯᠡᠴᠢᠯᠡᠭᠡ ᠵᠢ ᠬᠡᠷᠡᠭᠵᠢᠭᠦᠯᠬᠦ ᠶᠠᠪᠤᠴᠠ᠎ᠳᠤ ᠬᠤᠳᠠᠯᠳᠤᠨ ᠠᠪᠤᠭᠴᠢ ᠵᠢᠨ ᠳᠤᠷᠠᠳᠤᠭᠰᠠᠨ ᠵᠦᠢ ᠵᠣᠬᠢᠰᠲᠠᠢ ᠬᠡᠷᠡᠭᠴᠡᠭᠡ ᠱᠠᠭ᠋ᠠᠷᠳᠠᠯᠭ᠎ᠠ ᠵᠢ ᠴᠠᠭ ᠲᠤᠬᠠᠢᠳᠤᠨᠢ ᠲᠠᠭ᠋ᠠᠵᠤ ᠳᠡᠢ᠌ᠯᠦᠭᠰᠡᠨ ᠦᠭᠡᠢ᠃
(ᠭᠤᠷᠪᠠ) ᠬᠤᠳᠠᠯᠳᠤᠨ ᠠᠪᠤᠭᠴᠢ᠎ᠳᠤ ᠬᠠᠩᠭ᠋ᠠᠬᠤ ᠴᠢᠬᠤᠯᠠᠲᠠᠢ ᠮᠠᠲ᠋ᠧᠷᠢᠶᠠᠯ᠎ᠢ ᠨᠢᠭᠡ ᠯᠡ ᠤᠳᠠᠭ᠎ᠠ᠎ᠳᠤ ᠮᠡᠳᠡᠭᠳᠡᠭᠰᠡᠨ ᠦᠭᠡᠢ᠂ ᠵᠠᠭᠤᠴᠢᠯᠠᠬᠤ ᠦᠢ᠍ᠯᠡᠴᠢᠯᠡᠭᠡᠨ᠎ᠤ ᠲᠦᠷᠦᠯ ᠵᠦᠢ᠍ᠯ᠎ᠤᠨ ᠠᠬᠢᠴᠠ ᠪᠠ ᠠᠰᠠᠭᠤᠳᠠᠯ᠎ᠢ ᠴᠠᠭ ᠲᠤᠬᠠᠢᠳᠤᠨᠢ ᠮᠡᠳᠡᠭᠳᠡᠭᠰᠡᠨ ᠦᠭᠡᠢ᠂ ᠤᠷᠢᠳᠴᠢᠯᠠᠨ ᠮᠡᠳᠡᠰᠢ ᠦᠭᠡᠢ ᠬᠡᠷᠡᠭᠴᠡᠭᠡ ᠪᠠ ᠪᠠᠢ᠌ᠳᠠᠯ᠎ᠢ ᠨᠥᠬᠥᠷᠰᠡᠭ ᠵᠶ᠋ᠡᠷ ᠵᠦᠪᠳᠡᠯᠴᠡᠬᠦ᠂ ᠴᠠᠭ ᠲᠤᠬᠠᠢᠳᠤᠨᠢ ᠰᠢᠢ᠍ᠳᠪᠦᠷᠢᠯᠡᠵᠦ ᠴᠢᠳᠠᠭᠰᠠᠨ ᠦᠭᠡᠢ᠃
(ᠳᠥᠷᠪᠡ) ᠡᠯ᠎ᠡ ᠵᠦᠢ᠍ᠯ᠎ᠤᠨ ᠵᠠᠷᠤᠳᠠᠯ᠎ᠢ ᠬᠤᠷᠢᠶᠠᠬᠤ᠎ᠳᠤ᠎ᠪᠠᠨ ᠰᠦᠢ᠍ᠳᠬᠡᠯ ᠬᠤᠷᠢᠶᠠᠬᠤ ᠪᠠᠷᠢᠮᠵᠢᠶ᠎ᠠ ᠵᠢ ᠵᠢᠷᠤᠮᠯᠠᠭᠰᠠᠨ ᠦᠭᠡᠢ ᠪᠤᠶᠤ ᠵᠠᠬ᠎ᠠ ᠳᠡᠯᠭᠡᠭᠦᠷ᠎ᠤᠨ ᠲᠣᠭᠲᠠᠭ᠋ᠠᠭᠰᠠᠨ ᠦᠨ᠎ᠡ ᠵᠢᠨ ᠬᠡᠪᠴᠢᠶ᠎ᠡ᠎ᠠᠴᠠ ᠢᠯᠡᠳᠲᠡ ᠳᠠᠪᠠᠭᠰᠠᠨ᠃
(ᠲᠠᠪᠤ) ᠵᠠᠭᠤᠴᠢᠯᠠᠬᠤ ᠦᠢ᠍ᠯᠡᠴᠢᠯᠡᠭᠡ᠎ᠪᠠᠨ ᠭᠡᠷ᠎ᠡ ᠵᠢᠨ ᠪᠣᠯᠵᠣᠯ ᠶᠣᠰᠣᠭ᠋ᠠᠷ ᠬᠠᠩᠭ᠋ᠠᠭᠰᠠᠨ ᠦᠭᠡᠢ᠂ ᠨᠢᠭᠤᠴᠠ ᠵᠢ ᠬᠠᠮᠠᠭ᠋ᠠᠯᠠᠬᠤ ᠪᠣᠯᠵᠣᠯ᠎ᠢ ᠵᠢᠷᠤᠮᠯᠠᠭᠰᠠᠨ ᠦᠭᠡᠢ᠃
(ᠵᠢᠷᠭᠤᠭ᠎ᠠ) ᠢᠲᠡᠭᠡᠯ ᠠᠯᠳᠠᠭᠰᠠᠨ ᠥᠢ᠍ᠯᠡ ᠠᠵᠢᠯᠯᠠᠭ᠎ᠠ ᠪᠤᠶᠤ ᠬᠤᠳᠠᠯᠳᠤᠨ ᠠᠪᠤᠭᠴᠢ ᠵᠢᠨ ᠠᠰᠢᠭ ᠲᠤᠰᠠ ᠵᠢ ᠬᠣᠬᠢᠷᠠᠭᠤᠯᠤᠭᠰᠠᠨ ᠪᠤᠰᠤᠳ ᠥᠢ᠍ᠯᠡ ᠠᠵᠢᠯᠯᠠᠭ᠎ᠠ ᠣᠷᠣᠰᠢᠵᠤ ᠪᠠᠢ᠌ᠬᠤ᠃
ᠭᠤᠴᠢᠨ ᠨᠢᠭᠡᠳᠦᠭᠡᠷ ᠵᠦᠢ᠍ᠯ ᠡᠯ᠎ᠡ ᠱᠠᠲᠤᠨ᠎ᠤ ᠠᠵᠢᠯ ᠲᠦᠷᠦᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠵᠠᠭᠤᠴᠢᠯᠠᠬᠤ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠦᠢ᠍ᠯᠡᠴᠢᠯᠡᠭᠡᠨ᠎ᠤ ᠦᠷ᠎ᠡ ᠪᠦᠲᠦᠭᠡᠯ᠎ᠤᠨ ᠶᠠᠰᠤ ᠴᠢᠨᠠᠷ᠂ ᠦᠢ᠍ᠯᠡᠴᠢᠯᠡᠭᠡᠨ᠎ᠤ ᠦᠷ᠎ᠡ ᠪᠦᠲᠦᠮᠵᠢ᠂ ᠲᠣᠭᠲᠠᠭ᠋ᠠᠯ ᠶᠣᠰᠣᠭ᠋ᠠᠷ ᠰᠦᠢ᠍ᠳᠬᠡᠯ ᠬᠤᠷᠢᠶᠠᠭᠰᠠᠨ ᠪᠠᠢ᠌ᠳᠠᠯ᠂ ᠢᠲᠡᠭᠡᠮᠵᠢ ᠵᠢᠨ ᠪᠠᠢ᠌ᠳᠠᠯ ᠵᠡᠷᠭᠡ᠎ᠳᠤ ᠲᠣᠭᠲᠠᠮᠠᠯ ᠬᠤᠭᠤᠴᠠᠭ᠎ᠠ᠎ᠲᠠᠢ᠎ᠪᠠᠷ ᠶᠡᠷᠦᠩᠬᠡᠢ᠌ᠯᠡᠭᠰᠡᠨ ᠦᠨᠡᠯᠡᠯᠲᠡ ᠬᠢᠨ᠎ᠡ᠃
ᠵᠠᠭᠤᠴᠢᠯᠠᠬᠤ ᠦᠢ᠍ᠯᠡᠴᠢᠯᠡᠭᠡᠨ᠎ᠤ ᠪᠠᠢ᠌ᠭᠤᠯᠤᠮᠵᠢ᠎ᠳᠤ ᠳᠣᠣᠷᠠᠬᠢ ᠪᠠᠢ᠌ᠳᠠᠯ ᠣᠷᠣᠰᠢᠵᠤ ᠪᠠᠢ᠌ᠪᠠᠯ᠂ ᠠᠵᠢᠯ ᠲᠦᠷᠦᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠬᠦᠨᠳᠦ ᠨᠣᠴᠢᠲᠠᠢ ᠵᠢᠨ ᠬᠡᠮᠵᠢᠶ᠎ᠡ᠎ᠪᠠᠷ᠎ᠨᠢ ᠶᠡᠷᠦᠩᠬᠡᠢ᠌ᠯᠡᠭᠰᠡᠨ ᠦᠨᠡᠯᠡᠯᠲᠡ ᠬᠢᠨ᠎ᠡ᠄
(ᠨᠢᠭᠡ) ᠵᠦᠢ ᠵᠣᠬᠢᠰᠲᠠᠢ᠎ᠪᠠᠷ ᠵᠠᠭ᠋ᠠᠯᠳᠤᠭᠳᠠᠭᠰᠠᠨ᠃
(ᠬᠣᠶᠠᠷ) ᠨᠡᠢ᠌ᠭᠡᠮ᠎ᠤᠨ ᠢᠲᠡᠭᠡᠮᠵᠢ ᠵᠢᠨ ᠮᠡᠳᠡᠭᠡ ᠵᠠᠩᠭᠢ ᠵᠢᠨ ᠲᠠᠪᠴᠠᠩ ᠪᠤᠶᠤ ᠬᠠᠮᠢᠶ᠎ᠠ ᠪᠦᠬᠦᠢ ᠠᠵᠢᠯ ᠲᠥᠷᠥᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠬᠤᠪᠢ ᠣᠯᠭᠣᠬᠤ ᠲᠣᠭᠲᠠᠯᠴᠠᠭ᠎ᠠ᠎ᠳᠤ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠵᠡᠷᠭᠡ ᠮᠡᠳᠡᠭᠡ ᠵᠠᠩᠭᠢ ᠵᠢᠨ ᠲᠡᠮᠳᠡᠭᠯᠡᠯ᠎ᠲᠠᠢ ᠪᠠᠢ᠌ᠬᠤ᠃
(ᠭᠤᠷᠪᠠ) ᠬᠠᠮᠢᠶ᠎ᠠ ᠪᠦᠬᠦᠢ ᠠᠵᠢᠯ ᠲᠥᠷᠥᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠳᠠᠩ ᠭᠠᠭᠴᠠ ᠦᠢ᠍ᠯᠡᠴᠢᠯᠡᠭᠡᠨ᠎ᠤ ᠵᠦᠢ᠍ᠯᠡᠰ᠎ᠲᠤ ᠭᠤᠷᠪᠠᠳᠠᠭᠢ ᠡᠲᠡᠭᠡᠳ᠎ᠤᠨ ᠶᠡᠷᠦᠩᠬᠡᠢ᠌ᠯᠡᠭᠰᠡᠨ ᠦᠨᠡᠯᠡᠯᠲᠡ ᠬᠢᠬᠦ᠎ᠳᠤ ᠬᠤᠪᠢ ᠬᠠᠰᠤᠭᠰᠠᠨ ᠪᠠᠢ᠌ᠳᠠᠯ ᠣᠷᠣᠰᠢᠵᠤ ᠪᠠᠢ᠌ᠬᠤ᠃
(ᠳᠥᠷᠪᠡ) ᠭᠡᠷᠡᠴᠢ (ᠦᠨᠡᠮᠯᠡᠯ)᠎ᠨᠢ ᠪᠦᠷᠢᠨ ᠪᠤᠰᠤ᠂ ᠲᠣᠭᠲᠠᠭ᠋ᠠᠭᠰᠠᠨ ᠬᠢᠷᠢ ᠴᠢᠳᠠᠮᠵᠢ ᠵᠢᠨ ᠬᠡᠪᠴᠢᠶᠡᠨ᠎ᠳᠤ ᠲᠤᠬᠠᠢ᠌ᠯᠠᠭᠰᠠᠨ ᠠᠵᠢᠯ᠎ᠢ ᠳᠠᠭ᠋ᠠᠭ᠋ᠠᠵᠤ ᠠᠪᠤᠭᠰᠠᠨ ᠦᠭᠡᠢ᠂ ᠮᠠᠭᠤ ᠰᠠᠨᠠᠭ᠎ᠠ᠎ᠲᠠᠢ᠎ᠪᠠᠷ ᠲᠤᠬᠠᠢ᠌ᠯᠠᠭᠰᠠᠨ ᠠᠵᠢᠯ᠎ᠢ ᠳᠠᠭ᠋ᠠᠭ᠋ᠠᠨ ᠠᠪᠤᠭᠰᠠᠨ᠂ ᠬᠠᠷᠢᠯᠴᠠᠨ ᠦᠨ᠎ᠡ ᠪᠠᠭᠤᠷᠠᠭᠤᠯᠤᠭᠰᠠᠨ᠂ ᠠᠵᠢᠯ ᠲᠦᠷᠦᠯ᠎ᠤᠨ ᠳᠦᠷᠢᠮ᠎ᠢ ᠡᠪᠳᠡᠭᠰᠡᠨ᠃
(ᠲᠠᠪᠤ) ᠢᠲᠡᠭᠡᠯ ᠠᠯᠳᠠᠭᠰᠠᠨ ᠥᠢ᠍ᠯᠡ ᠠᠵᠢᠯᠯᠠᠭ᠎ᠠ ᠪᠤᠶᠤ ᠵᠠᠭᠤᠴᠢᠯᠠᠬᠤ ᠬᠡᠳᠦ ᠳᠡᠯᠭᠡᠭᠦᠷ᠎ᠤᠨ ᠬᠠᠮᠢᠶᠠᠷᠤᠯᠲᠠ ᠵᠢᠨ ᠡᠮᠬᠢ ᠳᠢᠭᠯᠢᠮ ᠪᠠ ᠠᠵᠢᠯ ᠲᠥᠷᠥᠯ᠎ᠤᠨ ᠳᠦᠷᠢᠮ᠎ᠢ ᠡᠪᠳᠡᠭᠰᠡᠨ ᠪᠤᠰᠤᠳ ᠥᠢ᠍ᠯᠡ ᠠᠵᠢᠯᠯᠠᠭ᠎ᠠ ᠣᠷᠣᠰᠢᠵᠤ ᠪᠠᠢ᠌ᠬᠤ᠃
ᠭᠤᠴᠢᠨ ᠬᠣᠶᠠᠳᠤᠭ᠋ᠠᠷ ᠵᠦᠢ᠍ᠯ ᠬᠠᠨᠤᠮᠵᠢ ᠵᠢᠨ ᠬᠡᠮᠵᠢᠶᠡᠨ᠎ᠤ ᠦᠨᠡᠯᠡᠯᠲᠡ᠎ᠳᠤ 《ᠨᠢᠭᠡ ᠤᠴᠢᠷ᠎ᠲᠤ ᠨᠢᠭᠡ ᠦᠨᠡᠯᠡᠯᠲᠡ ᠬᠢᠬᠦ》 ᠵᠢ ᠬᠡᠷᠡᠭᠵᠢᠭᠦᠯᠵᠦ᠂ ᠦᠨᠡᠯᠡᠬᠦ ᠳᠦᠷᠢᠮ ᠪᠠ ᠦᠨᠡᠯᠡᠭᠰᠡᠨ ᠦᠷ᠎ᠡ ᠳ᠋ᠦᠩ᠎ᠢ ᠵᠠᠭᠤᠴᠢᠯᠠᠬᠤ ᠬᠡᠲᠦ ᠳᠡᠯᠭᠡᠭᠦᠷ᠎ᠲᠤ ᠢᠯᠡ ᠪᠣᠯᠭ᠋ᠠᠵᠤ᠂ ᠬᠤᠳᠠᠯᠳᠤᠨ ᠠᠪᠤᠭᠴᠢ ᠵᠢᠨ ᠵᠠᠭᠤᠴᠢᠯᠠᠬᠤ ᠦᠢ᠍ᠯᠡᠴᠢᠯᠡᠭᠡᠨ᠎ᠤ ᠪᠠᠢ᠌ᠭᠤᠯᠤᠮᠵᠢ ᠵᠢ ᠰᠣᠩᠭᠣᠬᠤ᠎ᠳᠤ ᠯᠠᠪᠯᠠᠯᠲᠠ ᠬᠠᠩᠭ᠋ᠠᠨ᠎ᠠ᠃
ᠵᠢᠷᠭᠤᠳᠤᠭ᠋ᠠᠷ ᠪᠦᠯᠦᠭ ᠬᠢᠨᠠᠯᠲᠠ ᠬᠠᠮᠢᠶᠠᠷᠤᠯᠲᠠ
ᠭᠤᠴᠢᠨ ᠭᠤᠷᠪᠠᠳᠤᠭ᠋ᠠᠷ ᠵᠦᠢ᠍ᠯ ᠡᠯ᠎ᠡ ᠱᠠᠲᠤᠨ᠎ᠤ ᠵᠠᠭᠤᠴᠢᠯᠠᠬᠤ ᠬᠡᠳᠦ ᠳᠡᠯᠭᠡᠭᠦᠷ᠎ᠤᠨ ᠬᠠᠮᠢᠶᠠᠷᠤᠯᠲᠠ ᠵᠢᠨ ᠪᠠᠢ᠌ᠭᠤᠯᠤᠮᠵᠢ ᠵᠢᠴᠢ ᠲᠡᠳᠡᠭᠡᠷ᠎ᠤᠨ ᠠᠵᠢᠯᠲᠠᠳ ᠳᠣᠣᠷ᠎ᠠ ᠵᠢᠭᠰᠠᠭ᠋ᠠᠭᠰᠠᠨ ᠦᠢ᠍ᠯᠡ ᠠᠵᠢᠯᠯᠠᠭ᠎ᠠ᠎ᠲᠠᠢ ᠪᠠᠢ᠌ᠵᠤ ᠪᠣᠯᠬᠤ ᠦᠭᠡᠢ᠄
(ᠨᠢᠭᠡ) ᠵᠠᠭᠤᠴᠢᠯᠠᠬᠤ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠵᠠᠭᠤᠴᠢᠯᠠᠬᠤ ᠬᠡᠳᠦ ᠳᠡᠯᠭᠡᠭᠦᠷ᠎ᠲᠤ ᠣᠷᠣᠬᠤ ᠵᠢ ᠬᠠᠷᠰᠢᠯᠠᠭᠰᠠᠨ ᠪᠠ ᠬᠢᠵᠠᠭ᠋ᠠᠷᠯᠠᠭᠰᠠᠨ᠃
(ᠬᠣᠶᠠᠷ) ᠢᠯᠡ᠎ᠪᠠᠷ ᠰᠣᠩᠭᠣᠬᠤ᠎ᠠᠴᠠ ᠡᠮᠦᠨ᠎ᠡ ᠲᠥᠷᠥᠯ ᠵᠦᠢ᠍ᠯ᠎ᠤᠨ ᠨᠡᠷ᠎ᠡ ᠮᠡᠳᠡᠭᠦᠯᠦᠭᠰᠡᠨ ᠵᠠᠭᠤᠴᠢᠯᠠᠬᠤ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠨᠡᠷᠡᠰ᠎ᠢ ᠳᠤᠷ᠎ᠠ᠎ᠪᠠᠷ ᠵᠠᠳᠠᠷᠠᠭᠤᠯᠤᠭᠰᠠᠨ᠃
(ᠭᠤᠷᠪᠠ) ᠬᠤᠳᠠᠯᠳᠤᠨ ᠠᠪᠤᠭᠴᠢ ᠵᠢᠨ ᠲᠦᠷ ᠢᠯᠡ ᠪᠣᠯᠭ᠋ᠠᠬᠤ ᠦᠭᠡᠢ ᠭᠡᠵᠦ ᠱᠠᠭ᠋ᠠᠷᠳᠠᠵᠤ ᠪᠠᠢ᠌ᠭ᠎ᠠ ᠰᠤᠩᠭᠤᠭᠳᠠᠭᠰᠠᠨ ᠦᠷ᠎ᠡ ᠳ᠋ᠦᠩ᠎ᠢ ᠵᠠᠳᠠᠷᠠᠭᠤᠯᠤᠭᠰᠠᠨ᠃
(ᠳᠥᠷᠪᠡ) ᠵᠠᠭᠤᠴᠢᠯᠠᠬᠤ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠰᠣᠩᠭᠣᠨ ᠠᠪᠬᠤ ᠠᠵᠢᠯᠯᠠᠭ᠎ᠠ᠎ᠳᠤ ᠭᠠᠷ ᠳᠦᠷᠦᠭᠰᠡᠨ ᠪᠤᠰᠤᠳ ᠦᠢ᠍ᠯᠡ ᠠᠵᠢᠯᠯᠠᠭ᠎ᠠ᠃
ᠭᠤᠴᠢᠨ ᠳᠥᠷᠪᠡᠳᠦᠭᠡᠷ ᠵᠦᠢ᠍ᠯ ᠡᠯ᠎ᠡ ᠱᠠᠲᠤᠨ᠎ᠤ ᠠᠵᠢᠯ ᠲᠦᠷᠦᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠢᠴᠢ ᠲᠡᠭᠦᠨ᠎ᠤ ᠠᠵᠢᠯᠲᠠᠳ ᠳᠣᠣᠷ᠎ᠠ ᠵᠢᠭᠰᠠᠭ᠋ᠠᠭᠰᠠᠨ ᠠᠵᠢᠯᠯᠠᠭ᠎ᠠ᠎ᠲᠠᠢ ᠪᠠᠢ᠌ᠵᠤ ᠪᠣᠯᠬᠤ ᠦᠭᠡᠢ᠄
(ᠨᠢᠭᠡ) ᠣᠷᠣᠨ ᠪᠦᠰᠡ ᠵᠢᠨ ᠴᠢᠨᠠᠷᠲᠠᠢ᠂ ᠠᠵᠢᠯ ᠲᠥᠷᠥᠯ᠎ᠤᠨ ᠴᠢᠨᠠᠷᠲᠠᠢ ᠵᠠᠭᠤᠴᠢᠯᠠᠬᠤ ᠦᠢ᠍ᠯᠡᠴᠢᠯᠡᠭᠡᠨ᠎ᠤ ᠠᠵᠢᠯ ᠡᠷᠭᠢᠯᠡᠬᠦ ᠬᠢᠵᠠᠭ᠋ᠠᠷᠯᠠᠯ᠎ᠢ ᠲᠣᠬᠢᠷᠠᠭᠤᠯᠤᠭᠰᠠᠨ ᠪᠤᠶᠤ ᠬᠡᠯᠪᠡᠷᠢ ᠵᠢ᠎ᠨᠢ ᠥᠭᠡᠷᠡᠲᠦᠭᠦᠯᠵᠦ ᠲᠣᠬᠢᠷᠠᠭᠤᠯᠤᠭᠰᠠᠨ᠃
(ᠬᠣᠶᠠᠷ) ᠬᠣᠯᠪᠣᠭᠳᠠᠯ ᠪᠦᠬᠦᠢ ᠵᠠᠭᠤᠴᠢᠯᠠᠬᠤ ᠦᠢ᠍ᠯᠡᠴᠢᠯᠡᠭᠡᠨ᠎ᠤ ᠪᠠᠢ᠌ᠭᠤᠯᠤᠮᠵᠢ ᠵᠢ ᠭᠠᠴᠢᠵᠤ᠂ ᠵᠠᠭᠤᠴᠢᠯᠠᠬᠤ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠳᠡᠪᠰᠢᠭᠦᠯᠵᠦ ᠲᠤᠰᠢᠶᠠᠭᠰᠠᠨ ᠦᠢ᠍ᠯᠡᠴᠢᠯᠡᠭᠡᠨ᠎ᠤ ᠦᠷ᠎ᠡ ᠪᠦᠲᠦᠭᠡᠯ᠎ᠢ ᠵᠦᠢ ᠶᠣᠰᠣᠨ᠎ᠤ ᠰᠢᠯᠲᠠᠭ᠋ᠠᠨ ᠦᠭᠡᠢ᠎ᠪᠠᠷ ᠦᠭᠡᠢ᠌ᠰᠬᠡᠭᠰᠡᠨ᠃
(ᠭᠤᠷᠪᠠ) ᠬᠤᠳᠠᠯᠳᠤᠨ ᠠᠪᠤᠭᠴᠢ ᠪᠤᠶᠤ ᠵᠠᠭᠤᠴᠢᠯᠠᠬᠤ ᠦᠢ᠍ᠯᠡᠴᠢᠯᠡᠭᠡᠨ᠎ᠤ ᠪᠠᠢ᠌ᠭᠤᠯᠤᠮᠵᠢ᠎ᠪᠠᠷ ᠵᠣᠴᠢᠯᠠᠭᠤᠯᠵᠤ ᠳᠠᠢ᠌ᠯᠠᠭᠤᠯᠤᠭᠰᠠᠨ᠂ ᠲᠡᠳᠡᠨ᠎ᠢ ᠲᠦᠪᠡᠭᠳᠡᠬᠦᠯᠦᠭᠰᠡᠨ᠂ ᠭᠠᠴᠢᠭᠰᠠᠨ᠂ ᠡᠳ᠋ ᠪᠠᠷᠠᠭ᠎ᠠ ᠠᠪᠤᠭᠰᠠᠨ ᠪᠤᠶᠤ ᠵᠠᠭᠤᠴᠢᠯᠠᠬᠤ ᠦᠢ᠍ᠯᠡᠴᠢᠯᠡᠭᠡᠨ᠎ᠤ ᠪᠠᠢ᠌ᠭᠤᠯᠤᠮᠵᠢ᠎ᠯᠤᠭ᠎ᠠ ᠵᠦᠢ ᠪᠤᠰᠤ ᠠᠰᠢᠭ ᠲᠤᠰᠠ ᠬᠦᠷᠭᠡᠬᠦ ᠪᠠᠢ᠌ᠳᠠᠯ ᠭᠠᠷᠤᠭᠰᠠᠨ᠃
(ᠳᠥᠷᠪᠡ) ᠬᠠᠷᠢᠭᠤᠴᠠᠯᠭ᠎ᠠ ᠨᠡᠬᠡᠮᠵᠢᠯᠡᠬᠦ ᠴᠢᠬᠤᠯᠠᠲᠠᠢ ᠪᠤᠰᠤᠳ ᠥᠢ᠍ᠯᠡ ᠠᠵᠢᠯᠯᠠᠭ᠎ᠠ᠃
ᠭᠤᠴᠢᠨ ᠲᠠᠪᠤᠳᠤᠭ᠋ᠠᠷ ᠵᠦᠢ᠍ᠯ ᠡᠳ᠋᠎ᠤᠨ ᠵᠠᠰᠠᠭ᠎ᠤᠨ ᠴᠢᠨᠠᠷᠲᠠᠢ ᠪᠡᠯᠡ ᠮᠥᠩᠭᠥ ᠵᠢ ᠬᠡᠷᠡᠭᠯᠡᠨ ᠦᠢ᠍ᠯᠡᠴᠢᠯᠡᠭᠡ ᠬᠤᠳᠠᠯᠳᠤᠨ ᠠᠪᠬᠤ ᠬᠤᠳᠠᠯᠳᠤᠨ ᠠᠪᠤᠭᠴᠢ ᠵᠢᠴᠢ ᠲᠡᠳᠡᠭᠡᠷ᠎ᠤᠨ ᠠᠵᠢᠯᠲᠠᠳ ᠳᠣᠣᠷ᠎ᠠ ᠵᠢᠭᠰᠠᠭ᠋ᠠᠭᠰᠠᠨ ᠦᠢ᠍ᠯᠡ ᠠᠵᠢᠯᠯᠠᠭ᠎ᠠ᠎ᠲᠠᠢ ᠪᠠᠢ᠌ᠵᠤ ᠪᠣᠯᠬᠤ ᠦᠭᠡᠢ᠄
(ᠨᠢᠭᠡ) ᠠᠷᠠᠯᠵᠢᠶᠠᠨ᠎ᠤ ᠠᠵᠢᠯᠯᠠᠭ᠎ᠠ᠎ᠳᠤ ᠣᠷᠣᠯᠴᠠᠬᠤ ᠵᠠᠭᠤᠴᠢᠯᠠᠬᠤ ᠦᠢ᠍ᠯᠡᠴᠢᠯᠡᠭᠡᠨ᠎ᠤ ᠪᠠᠢ᠌ᠭᠤᠯᠤᠮᠵᠢ ᠵᠢ ᠵᠦᠢ ᠵᠣᠬᠢᠰ ᠦᠭᠡᠢ ᠨᠥᠬᠥᠴᠡᠯ ᠵᠶ᠋ᠡᠷ ᠬᠢᠵᠠᠭ᠋ᠠᠷᠯᠠᠬᠤ ᠪᠠ ᠭᠠᠳᠠᠭᠤᠷᠴᠢᠯᠠᠵᠤ᠂ ᠵᠠᠭᠤᠴᠢᠯᠠᠬᠤ ᠦᠢ᠍ᠯᠡᠴᠢᠯᠡᠭᠡᠨ᠎ᠤ ᠪᠠᠢ᠌ᠭᠤᠯᠤᠮᠵᠢ᠎ᠳᠤ ᠢᠯᠭ᠋ᠠᠭ᠎ᠠ᠎ᠲᠠᠢ ᠬᠠᠨᠳᠤᠬᠤ ᠪᠤᠶᠤ ᠭᠠᠳᠠᠭᠤᠷᠴᠢᠯᠠᠯ᠎ᠲᠠᠢ ᠬᠠᠨᠳᠤᠬᠤ ᠵᠢ ᠬᠡᠷᠡᠭᠵᠢᠭᠦᠯᠦᠭᠰᠡᠨ᠃
(ᠬᠣᠶᠠᠷ) ᠲᠣᠰ ᠠᠷᠭ᠎ᠠ ᠵᠢᠨ ᠶᠣᠰᠣᠭ᠋ᠠᠷ ᠵᠠᠭᠤᠴᠢᠯᠠᠬᠤ ᠦᠢ᠍ᠯᠡᠴᠢᠯᠡᠭᠡᠨ᠎ᠤ ᠪᠠᠢ᠌ᠭᠤᠯᠤᠮᠵᠢ᠎ᠪᠠᠨ ᠢᠯᠡ᠎ᠪᠠᠷ ᠰᠣᠩᠭᠣᠬᠤ ᠵᠢ ᠵᠣᠬᠢᠶᠠᠨ ᠪᠠᠢ᠌ᠭᠤᠯᠤᠭᠰᠠᠨ ᠦᠭᠡᠢ᠂ ᠥᠪᠡᠰᠦᠪᠡᠨ ᠵᠠᠭᠤᠴᠢᠯᠠᠬᠤ ᠦᠢ᠍ᠯᠡᠴᠢᠯᠡᠭᠡᠨ᠎ᠤ ᠪᠠᠢ᠌ᠭᠤᠯᠤᠮᠵᠢ᠎ᠳᠤ ᠨᠠᠢ᠌ᠳᠠᠭᠰᠠᠨ᠃
(ᠭᠤᠷᠪᠠ) ᠵᠦᠢ ᠶᠣᠰᠣᠨ᠎ᠤ ᠰᠢᠯᠲᠠᠭ᠋ᠠᠨ ᠦᠭᠡᠢ᠎ᠪᠠᠷ ᠢᠯᠡ᠎ᠪᠠᠷ ᠰᠣᠩᠭᠣᠭᠰᠠᠨ ᠦᠷ᠎ᠡ ᠳ᠋ᠦᠩ᠎ᠢ ᠨᠣᠲᠠᠯᠠᠵᠤ ᠵᠦᠪᠰᠢᠶᠡᠷᠡᠭᠰᠡᠨ ᠦᠭᠡᠢ᠂ ᠡᠰᠡᠬᠦᠯ᠎ᠡ ᠢᠯᠡ᠎ᠪᠠᠷ ᠰᠣᠩᠭᠣᠭᠰᠠᠨ ᠦᠷ᠎ᠡ ᠳ᠋ᠦᠩ᠎ᠢ ᠴᠠᠭ ᠲᠤᠬᠠᠢᠳᠤᠨᠢ ᠨᠣᠲᠠᠯᠠᠵᠤ ᠵᠦᠪᠰᠢᠶᠡᠷᠡᠭᠰᠡᠨ ᠦᠭᠡᠢ᠃
(ᠳᠥᠷᠪᠡ) ᠰᠣᠩᠭᠣᠭᠳᠠᠭᠰᠠᠨ ᠵᠠᠭᠤᠴᠢᠯᠠᠬᠤ ᠦᠢ᠍ᠯᠡᠴᠢᠯᠡᠭᠡᠨ᠎ᠤ ᠪᠠᠢ᠌ᠭᠤᠯᠤᠮᠵᠢ ᠵᠢ ᠭᠠᠴᠢᠵᠤ᠂ ᠰᠣᠩᠭᠣᠭᠳᠠᠭᠰᠠᠨ ᠵᠠᠭᠤᠴᠢᠯᠠᠬᠤ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠠᠵᠢᠯ ᠵᠶ᠋ᠠᠨ ᠥᠷᠨᠢᠭᠦᠯᠬᠦ ᠵᠢ ᠦᠯᠦ ᠳᠡᠮᠵᠢᠭᠰᠡᠨ᠃
(ᠲᠠᠪᠤ) ᠤᠴᠢᠷ ᠰᠢᠯᠲᠠᠭ᠋ᠠᠨ ᠦᠭᠡᠢ᠎ᠪᠠᠷ ᠦᠢ᠍ᠯᠡᠴᠢᠯᠡᠭᠡᠨ᠎ᠤ ᠭᠡᠷ᠎ᠡ ᠲᠣᠭᠲᠠᠭᠰᠠᠨ ᠦᠭᠡᠢ᠃
(ᠵᠢᠷᠭᠤᠭ᠎ᠠ) ᠮᠡᠬᠡᠯᠡᠨ ᠬᠢᠬᠠᠬᠤ᠂ ᠠᠯᠪᠠᠳᠠᠵᠤ ᠰᠦᠷᠳᠡᠭᠦᠯᠬᠦ᠂ ᠬᠡᠭᠡᠯᠢ ᠠᠪᠬᠤ ᠵᠡᠷᠭᠡ ᠬᠠᠤᠯᠢ ᠪᠤᠰᠤ ᠠᠷᠭ᠎ᠠ ᠪᠠᠷᠢᠯ ᠵᠶ᠋ᠠᠷ ᠵᠠᠭᠤᠴᠢᠯᠠᠬᠤ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠠᠰᠢᠭ ᠲᠤᠰᠠ ᠵᠢ ᠬᠣᠬᠢᠷᠠᠭᠤᠯᠤᠭᠰᠠᠨ᠃
(ᠳᠣᠯᠣᠭ᠎ᠠ) ᠦᠢ᠍ᠯᠡᠴᠢᠯᠡᠭᠡᠨ᠎ᠤ ᠵᠠᠷᠤᠳᠠᠯ᠎ᠢ ᠤᠴᠢᠷ ᠰᠢᠯᠲᠠᠭ᠋ᠠᠨ ᠦᠭᠡᠢ᠎ᠪᠠᠷ ᠦᠷᠢᠲᠦᠭᠰᠡᠨ᠃
(ᠨᠠᠢ᠍ᠮᠠ) ᠬᠠᠷᠢᠭᠤᠴᠠᠯᠭ᠎ᠠ ᠨᠡᠬᠡᠮᠵᠢᠯᠡᠬᠦ ᠴᠢᠬᠤᠯᠠᠲᠠᠢ ᠪᠤᠰᠤᠳ ᠥᠢ᠍ᠯᠡ ᠠᠵᠢᠯᠯᠠᠭ᠎ᠠ᠃
ᠭᠤᠴᠢᠨ ᠵᠢᠷᠭᠤᠳᠤᠭ᠋ᠠᠷ ᠵᠦᠢ᠍ᠯ ᠵᠠᠭᠤᠴᠢᠯᠠᠬᠤ ᠦᠢ᠍ᠯᠡᠴᠢᠯᠡᠭᠡᠨ᠎ᠤ ᠪᠠᠢ᠌ᠭᠤᠯᠤᠮᠵᠢ᠎ᠳᠤ ᠳᠣᠣᠷᠠᠬᠢ ᠮᠡᠲᠦ ᠮᠠᠭᠤ ᠥᠢ᠍ᠯᠡ ᠠᠵᠢᠯᠯᠠᠭ᠎ᠠ ᠵᠢᠨ ᠨᠢᠭᠡ᠎ᠨᠢ ᠣᠷᠣᠰᠢᠵᠤ ᠪᠠᠢ᠌ᠪᠠᠯ᠂ ᠬᠢᠨᠠᠨ ᠬᠠᠷᠭᠤᠭᠤᠯᠤᠭᠰᠠᠨ᠎ᠤ ᠲᠠᠷᠠᠭ᠎ᠠ᠂ ᠵᠠᠭᠤᠴᠢᠯᠠᠬᠤ ᠭᠡᠳᠤ ᠳᠡᠯᠭᠡᠭᠦᠷ᠎ᠤᠨ ᠬᠠᠮᠢᠶᠠᠷᠤᠯᠲᠠ ᠵᠢᠨ ᠪᠠᠢ᠌ᠭᠤᠯᠤᠮᠵᠢ᠎ᠠᠴᠠ ᠲᠡᠳᠡᠭᠡᠷ᠎ᠤᠨ ᠮᠠᠭᠤ ᠥᠢ᠍ᠯᠡ ᠠᠵᠢᠯᠯᠠᠭ᠎ᠠ᠎ᠳᠤ᠎ᠨᠢ ᠵᠣᠬᠢᠬᠤ ᠲᠡᠮᠳᠡᠭᠯᠡᠯ ᠬᠢᠵᠦ᠂ ᠬᠠᠮᠢᠶ᠎ᠠ ᠪᠦᠬᠦᠢ ᠮᠡᠳᠡᠭᠡ ᠵᠠᠩᠭᠢ ᠵᠢ ᠬᠤᠳᠠᠯᠳᠤᠨ ᠠᠪᠤᠭᠴᠢ᠎ᠳᠤ ᠢᠯᠡ ᠨᠡᠢ᠌ᠲᠡᠯᠡᠬᠦ ᠵᠢᠨ ᠬᠠᠮᠲᠤ᠂ ᠴᠠᠭ ᠲᠤᠬᠠᠢᠳᠤᠨᠢ ᠨᠡᠢ᠌ᠭᠡᠮ᠎ᠤᠨ ᠢᠲᠡᠭᠡᠮᠵᠢ ᠵᠢᠨ ᠮᠡᠳᠡᠭᠡ ᠵᠠᠩᠭᠢ ᠵᠢᠨ ᠲᠠᠪᠴᠠᠩ᠎ᠳᠤ ᠮᠡᠳᠡᠭᠡ ᠵᠠᠩᠭᠢ ᠵᠢ ᠳᠡᠮᠵᠢᠭᠤᠯᠵᠤ ᠥᠭᠭᠦᠨ᠎ᠡ᠃
(ᠨᠢᠭᠡ) ᠰᠤᠩᠭᠤᠭᠳᠠᠭᠰᠠᠨ ᠬᠢᠷᠢ ᠬᠡᠮ ᠵᠶ᠋ᠡᠨ ᠤᠴᠢᠷ ᠰᠢᠯᠲᠠᠭ᠋ᠠᠨ ᠦᠭᠡᠢ᠎ᠪᠠᠷ ᠣᠷᠬᠢᠬᠤ ᠪᠤᠶᠤ ᠵᠦᠢ ᠶᠣᠰᠣᠨ᠎ᠤ ᠤᠴᠢᠷ ᠰᠢᠯᠲᠠᠭ᠋ᠠᠨ ᠦᠭᠡᠢ᠎ᠪᠠᠷ ᠨᠠᠢ᠌ᠳᠠᠭᠴᠢᠯᠤᠭᠠ ᠲᠣᠭᠲᠠᠭᠰᠠᠨ ᠴᠠᠭ᠎ᠲᠤ᠎ᠪᠠᠨ ᠭᠡᠷ᠎ᠡ ᠦᠯᠦ ᠲᠣᠭᠲᠠᠭᠰᠠᠨ᠃
(ᠬᠣᠶᠠᠷ) ᠦᠢ᠍ᠯᠡᠴᠢᠯᠡᠭᠡᠨ᠎ᠤ ᠰᠦᠢ᠍ᠳᠬᠡᠯ᠎ᠢ ᠳᠤᠷ᠎ᠠ᠎ᠪᠠᠷ ᠵᠶ᠋ᠠᠨ ᠳᠡᠭᠡᠭᠰᠢᠯᠡᠭᠦᠯᠬᠦ ᠪᠤᠶᠤ ᠦᠢ᠍ᠯᠡᠴᠢᠯᠡᠭᠡᠨ᠎ᠤ ᠰᠦᠢ᠍ᠳᠬᠡᠯ᠎ᠢ ᠨᠡᠮᠡᠭᠳᠡᠭᠦᠯᠬᠦ᠎ᠪᠠᠷ ᠨᠠᠢ᠌ᠳᠠᠭᠴᠢ᠎ᠳᠤ ᠬᠡᠯᠪᠡᠷᠢ ᠵᠢ᠎ᠨᠢ ᠥᠭᠡᠷᠡᠲᠦᠭᠦᠯᠵᠦ ᠱᠠᠭ᠋ᠠᠷᠳᠠᠭᠰᠠᠨ᠃
(ᠭᠤᠷᠪᠠ) ᠵᠦᠢ ᠶᠣᠰᠣᠨ᠎ᠤ ᠤᠴᠢᠷ ᠰᠢᠯᠲᠠᠭ᠋ᠠᠨ ᠦᠭᠡᠢ᠎ᠪᠠᠷ ᠭᠡᠷ᠎ᠡ᠎ᠳᠤ ᠱᠠᠭ᠋ᠠᠷᠳᠠᠭᠰᠠᠨ ᠦᠢ᠍ᠯᠡᠴᠢᠯᠡᠭᠡ ᠬᠢᠬᠦ ᠴᠠᠭ᠎ᠲᠤ ᠦᠢ᠍ᠯᠡᠴᠢᠯᠡᠭᠡ᠎ᠪᠠᠨ ᠦᠯᠦ ᠪᠡᠶᠡᠯᠡᠭᠦᠯᠦᠭᠰᠡᠨ᠃
(ᠳᠥᠷᠪᠡ) ᠠᠵᠢᠯ ᠡᠷᠭᠢᠯᠡᠬᠦ ᠵᠢᠷᠤᠮᠵᠢᠯ ᠶᠣᠰᠣᠭ᠋ᠠᠷ ᠦᠢ᠍ᠯᠡᠴᠢᠯᠡᠭᠡ ᠬᠠᠩᠭ᠋ᠠᠬᠤ ᠦᠭᠡᠢ᠂ ᠦᠢ᠍ᠯᠡᠴᠢᠯᠡᠭᠡᠨ᠎ᠤ ᠶᠠᠰᠤ ᠴᠢᠨᠠᠷ᠎ᠨᠢ ᠪᠠᠷᠢᠮᠵᠢᠶ᠎ᠠ᠎ᠳᠤ ᠥᠯᠥ ᠬᠦᠷᠦᠭᠰᠡᠨ᠂ ᠦᠢ᠍ᠯᠡᠴᠢᠯᠡᠭᠡᠨ᠎ᠤ ᠦᠷ᠎ᠡ ᠪᠦᠲᠦᠭᠡᠯ᠎ᠨᠢ ᠠᠵᠢᠯ ᠡᠷᠭᠢᠯᠡᠬᠦ ᠵᠢᠷᠤᠮᠵᠢᠯ᠎ᠤᠨ ᠱᠠᠭ᠋ᠠᠷᠳᠠᠯᠭ᠎ᠠ᠎ᠳᠤ ᠥᠯᠥ ᠨᠡᠢ᠌ᠴᠡᠭᠰᠡᠨ᠎ᠠᠴᠠ ᠪᠣᠯᠵᠤ ᠠᠵᠢᠯ ᠲᠥᠷᠥᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠴᠠᠭ᠋ᠠᠭᠰᠠᠨ᠃
(ᠲᠠᠪᠤ) ᠵᠠᠢ᠌ᠯᠠᠬᠤ ᠶᠣᠰᠣᠲᠠᠢ ᠪᠠᠢ᠌ᠳᠠᠯ ᠣᠷᠣᠰᠢᠵᠤ ᠪᠠᠢ᠌ᠲᠠᠯ᠎ᠠ ᠦᠯᠦ ᠵᠠᠢ᠌ᠯᠠᠭᠰᠠᠨ᠃
(ᠵᠢᠷᠭᠤᠭ᠎ᠠ) ᠬᠠᠤᠯᠢ᠎ᠪᠠᠷ ᠲᠣᠭᠲᠠᠭ᠋ᠠᠭᠰᠠᠨ ᠲᠦᠯᠦᠭᠡᠯᠡᠬᠦ ᠬᠦᠮᠦᠨ᠂ ᠲᠤᠬᠠᠢ᠌ᠯᠠᠭᠰᠠᠨ ᠠᠵᠢᠯ᠎ᠤᠨ ᠡᠷᠬᠡ ᠣᠯᠭᠣᠭᠴᠢ ᠵᠡᠷᠭᠡ ᠵᠢᠨ ᠬᠠᠷᠢᠯᠴᠠᠬᠤ ᠤᠲᠠᠰᠤ ᠪᠠ ᠮᠡᠳᠡᠭᠡ ᠵᠠᠩᠭᠢ ᠵᠢ ᠲᠣᠭᠲᠠᠭ᠋ᠠᠯ ᠶᠣᠰᠣᠭ᠋ᠠᠷ ᠦᠨᠡᠨ ᠨᠡᠷ᠎ᠡ᠎ᠪᠠᠷ ᠵᠶ᠋ᠠᠨ ᠦᠯᠦ ᠳᠠᠩᠰᠠᠯᠠᠭᠤᠯᠤᠭᠰᠠᠨ᠃
(ᠳᠣᠯᠣᠭ᠎ᠠ) ᠬᠢᠷᠢ ᠴᠢᠳᠠᠮᠵᠢ ᠵᠢᠨ ᠨᠥᠬᠥᠴᠡᠯ ᠵᠡᠷᠭᠡ ᠴᠢᠬᠤᠯᠠ ᠮᠡᠳᠡᠭᠡ ᠵᠠᠩᠭᠢ᠎ᠳᠤᠨᠢ ᠬᠤᠪᠢᠷᠠᠯᠲᠠ ᠭᠠᠷᠤᠭᠰᠠᠨ ᠪᠣᠯᠪᠠᠴᠤ ᠵᠠᠭᠤᠴᠢᠯᠠᠬᠤ ᠬᠡᠲᠦ ᠳᠡᠯᠭᠡᠭᠦᠷ᠎ᠲᠤ ᠴᠠᠭ ᠲᠤᠬᠠᠢᠳᠤᠨᠢ ᠥᠯᠥ ᠬᠤᠪᠢᠷᠠᠭᠤᠯᠤᠭᠰᠠᠨ ᠮᠦᠷᠲᠡᠭᠡᠨ ᠨᠡᠷ᠎ᠡ ᠮᠡᠳᠡᠭᠦᠯᠵᠦ ᠥᠷᠢᠰᠦᠯᠳᠦᠬᠦ᠎ᠳᠤ ᠣᠷᠣᠯᠴᠠᠭᠰᠠᠨ᠃
(ᠨᠠᠢ᠍ᠮᠠ) ᠬᠣᠯᠪᠣᠭᠳᠠᠯ ᠪᠦᠬᠦᠢ ᠢᠲᠡᠭᠡᠮᠵᠢ᠎ᠲᠠᠢ ᠪᠠᠢ᠌ᠬᠤ ᠠᠮᠠᠯᠠᠯᠲᠠ᠎ᠪᠠᠨ ᠦᠯᠦ ᠭᠦᠢ᠍ᠴᠡᠳᠬᠡᠭᠰᠡᠨ᠃
(ᠶᠢᠰᠦ) ᠮᠠᠭᠤ ᠦᠢ᠍ᠯᠡ ᠠᠵᠢᠯᠯᠠᠭ᠎ᠠ᠎ᠪᠠᠷ ᠲᠡᠮᠳᠡᠭᠯᠡᠬᠦ ᠶᠣᠰᠣᠲᠠᠢ ᠪᠤᠰᠤᠳ ᠪᠠᠢ᠌ᠳᠠᠯ᠃
ᠭᠤᠴᠢᠨ ᠳᠣᠯᠣᠳᠤᠭ᠋ᠠᠷ ᠵᠦᠢ᠍ᠯ ᠬᠤᠳᠠᠯᠳᠤᠨ ᠠᠪᠤᠭᠴᠢ᠂ ᠵᠠᠭᠤᠴᠢᠯᠠᠬᠤ ᠦᠢ᠍ᠯᠡᠴᠢᠯᠡᠭᠡᠨ᠎ᠤ ᠪᠠᠢ᠌ᠭᠤᠯᠤᠮᠵᠢ᠎ᠨᠤᠭᠤᠳ᠎ᠨᠢ ᠵᠠᠭᠤᠴᠢᠯᠠᠬᠤ ᠬᠡᠲᠦ ᠳᠡᠯᠭᠡᠭᠦᠷ᠎ᠲᠤ ᠣᠷᠣᠬᠤ ᠶᠠᠪᠤᠴᠠ ᠪᠠ ᠦᠷ᠎ᠡ ᠳ᠋ᠦᠩ ᠵᠢᠴᠢ ᠪᠤᠰᠤᠳ ᠬᠠᠮᠢᠶ᠎ᠠ ᠪᠦᠬᠦᠢ ᠦᠢ᠍ᠯᠡᠴᠢᠯᠡᠭᠡᠨ᠎ᠤ ᠶᠠᠰᠤ ᠴᠢᠨᠠᠷ᠂ ᠦᠢ᠍ᠯᠡᠴᠢᠯᠡᠭᠡᠨ᠎ᠤ ᠬᠦᠴᠦᠨ᠎ᠲᠠᠢ ᠬᠤᠭᠤᠴᠠᠭ᠎ᠠ ᠵᠡᠷᠭᠡ ᠵᠦᠢ᠍ᠯᠡᠰ᠎ᠤᠨ ᠲᠤᠬᠠᠢ ᠵᠠᠭ᠋ᠠᠯᠳᠤᠯᠭ᠎ᠠ ᠵᠢ ᠵᠠᠭᠤᠴᠢᠯᠠᠬᠤ ᠬᠡᠲᠦ ᠳᠡᠯᠭᠡᠭᠦᠷ᠎ᠤᠨ ᠬᠠᠮᠢᠶᠠᠷᠤᠯᠲᠠ ᠵᠢᠨ ᠪᠠᠢ᠌ᠭᠤᠯᠤᠮᠵᠢ ᠵᠢᠴᠢ ᠲᠡᠳᠡᠭᠡᠷ᠎ᠤᠨ ᠠᠵᠢᠯᠲᠠᠳ᠎ᠤᠨ ᠬᠣᠯᠪᠣᠭᠳᠠᠯ ᠪᠦᠬᠦᠢ ᠲᠤᠬᠠᠢ᠌ᠯᠠᠭᠰᠠᠨ ᠠᠵᠢᠯ ᠵᠶ᠋ᠡᠨ ᠭᠦᠢ᠍ᠴᠡᠳᠬᠡᠭᠰᠡᠨ ᠡᠳᠦᠷ᠎ᠠᠴᠠ ᠡᠬᠢᠯᠡᠨ 5 ᠠᠵᠢᠯᠯᠠᠬᠤ ᠡᠳᠦᠷ᠎ᠤᠨ ᠳᠣᠲᠣᠷ᠎ᠠ ᠳᠤᠷᠠᠳᠬᠤ ᠬᠡᠷᠡᠭᠲᠡᠢ᠃ ᠵᠠᠭᠤᠴᠢᠯᠠᠬᠤ ᠦᠢ᠍ᠯᠡᠴᠢᠯᠡᠭᠡᠨ᠎ᠤ ᠪᠠᠢ᠌ᠭᠤᠯᠤᠮᠵᠢ᠎ᠨᠢ ᠬᠤᠳᠠᠯᠳᠤᠨ ᠠᠪᠤᠭᠴᠢ ᠵᠢᠨ ᠰᠣᠩᠭᠣᠨ ᠠᠪᠬᠤ ᠬᠡᠷᠡᠭᠴᠡᠭᠡ ᠱᠠᠭ᠋ᠠᠷᠳᠠᠯᠭ᠎ᠠ ᠵᠢᠨ ᠠᠯᠪᠠᠨ ᠵᠠᠷ᠂ ᠰᠣᠩᠭᠣᠨ ᠠᠪᠬᠤ ᠶᠠᠪᠤᠴᠠ ᠵᠢᠴᠢ ᠦᠷ᠎ᠡ ᠳ᠋ᠦᠩ᠎ᠤᠨ ᠲᠤᠬᠠᠢ ᠵᠠᠭ᠋ᠠᠯᠳᠤᠯᠭ᠎ᠠ᠂ ᠡᠰᠡᠬᠦᠯ᠎ᠡ ᠰᠣᠩᠭᠣᠨ ᠠᠪᠬᠤ ᠠᠵᠢᠯᠯᠠᠭ᠎ᠠ᠎ᠳᠤ ᠣᠷᠣᠯᠴᠠᠭᠰᠠᠨ ᠪᠤᠰᠤᠳ ᠵᠠᠭᠤᠴᠢᠯᠠᠬᠤ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠲᠤᠬᠠᠢ ᠵᠠᠭ᠋ᠠᠯᠳᠤᠯᠭ᠎ᠠ ᠵᠢ ᠰᠤᠩᠭᠤᠭᠳᠠᠭᠰᠠᠨ ᠠᠯᠪᠠᠨ ᠵᠠᠷ᠎ᠤᠨ ᠵᠠᠷᠯᠠᠨ ᠨᠡᠢ᠌ᠲᠡᠯᠡᠬᠦ ᠬᠤᠭᠤᠴᠠᠭ᠎ᠠ ᠳᠠᠭᠤᠰᠬᠤ᠎ᠠᠴᠠ ᠡᠮᠦᠨ᠎ᠡ ᠳᠤᠷᠠᠳᠬᠤ ᠬᠡᠷᠡᠭᠲᠡᠢ᠃
ᠭᠤᠴᠢᠨ ᠨᠠᠢ᠍ᠮᠠᠳᠤᠭ᠋ᠠᠷ ᠵᠦᠢ᠍ᠯ ᠵᠠᠭ᠋ᠠᠯᠳᠤᠭᠴᠢ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠠᠷᠠᠳ᠎ᠲᠤ ᠳᠦᠭᠦᠮᠯᠡᠬᠦ ᠬᠠᠯᠠᠮᠰᠢᠯ ᠤᠲᠠᠰᠤ 12345᠎ᠪᠠᠷ ᠪᠠᠢ᠌ᠭ᠎ᠠ ᠭᠠᠵᠠᠷ᠎ᠤᠨ ᠵᠶ᠋ᠠᠨ ᠵᠠᠭᠤᠴᠢᠯᠠᠬᠤ ᠬᠡᠲᠦ ᠳᠡᠯᠭᠡᠭᠦᠷ᠎ᠤᠨ ᠬᠠᠮᠢᠶᠠᠷᠤᠯᠲᠠ ᠵᠢᠨ ᠪᠠᠢ᠌ᠭᠤᠯᠤᠮᠵᠢ ᠪᠤᠶᠤ ᠬᠣᠯᠪᠣᠭᠳᠠᠯ ᠪᠦᠬᠦᠢ ᠠᠵᠢᠯ ᠲᠥᠷᠥᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠵᠠᠭ᠋ᠠᠯᠳᠤᠯᠭ᠎ᠠ ᠬᠢᠵᠦ ᠪᠣᠯᠣᠨ᠎ᠠ᠃ ᠵᠠᠭᠤᠴᠢᠯᠠᠬᠤ ᠬᠡᠲᠦ ᠳᠡᠯᠭᠡᠭᠦᠷ᠎ᠤᠨ ᠬᠠᠮᠢᠶᠠᠷᠤᠯᠲᠠ ᠵᠢᠨ ᠪᠠᠢ᠌ᠭᠤᠯᠤᠮᠵᠢ ᠪᠤᠶᠤ ᠠᠵᠢᠯ ᠲᠥᠷᠥᠯ᠎ᠤᠨ ᠡᠷᠭᠢᠯᠡᠨ ᠬᠠᠮᠢᠶᠠᠷᠬᠤ ᠰᠠᠯᠠᠭ᠎ᠠ ᠮᠥᠴᠢᠷ᠎ᠤᠳ᠎ᠨᠢ ᠵᠠᠭ᠋ᠠᠯᠳᠤᠯᠭ᠎ᠠ ᠵᠢ ᠣᠯᠣᠭᠰᠠᠨ᠎ᠤ ᠳᠠᠷᠠᠭ᠎ᠠ᠂ ᠵᠠᠭ᠋ᠠᠯᠳᠤᠯᠭ᠎ᠠ ᠵᠢᠨ ᠵᠦᠢ᠍ᠯᠡᠰ᠎ᠲᠤ ᠡᠷᠬᠡᠪᠰᠢ ᠪᠠᠢ᠌ᠴᠠᠭ᠋ᠠᠯᠲᠠ ᠬᠢᠵᠦ᠂ ᠵᠠᠷᠴᠢᠮ ᠳᠡᠭᠡᠷ᠎ᠡ᠎ᠪᠠᠨ 3 ᠠᠵᠢᠯᠯᠠᠬᠤ ᠡᠳᠦᠷ᠎ᠤᠨ ᠳᠣᠲᠣᠷ᠎ᠠ ᠰᠢᠢ᠍ᠳᠪᠦᠷᠢᠯᠡᠬᠦ ᠲᠣᠭᠲᠠᠭ᠋ᠠᠯ ᠭᠠᠷᠭ᠋ᠠᠨ᠎ᠠ᠂ ᠴᠠᠭ ᠲᠤᠬᠠᠢᠳᠤᠨᠢ ᠰᠢᠢ᠍ᠳᠪᠦᠷᠢᠯᠡᠵᠦ ᠳᠡᠶ᠋ᠢᠯᠬᠦ ᠦᠭᠡᠢ ᠪᠣᠯ ᠡᠷᠬᠡᠪᠰᠢ ᠵᠠᠭ᠋ᠠᠯᠳᠤᠭᠴᠢ᠎ᠳᠤ ᠰᠢᠯᠲᠠᠭ᠋ᠠᠨ᠎ᠢ᠎ᠨᠢ ᠲᠣᠳᠣᠷᠬᠠᠢ᠌ᠯᠠᠬᠤ ᠬᠡᠷᠡᠭᠲᠡᠢ᠃ ᠵᠠᠭᠤᠴᠢᠯᠠᠬᠤ ᠦᠢ᠍ᠯᠡᠴᠢᠯᠡᠭᠡᠨ᠎ᠤ ᠪᠠᠢ᠌ᠭᠤᠯᠤᠮᠵᠢ᠂ ᠬᠤᠳᠠᠯᠳᠤᠨ ᠠᠪᠤᠭᠴᠢ᠎ᠨᠢ ᠵᠠᠭ᠋ᠠᠯᠳᠤᠯᠭ᠎ᠠ ᠵᠢᠨ ᠵᠦᠢ᠍ᠯᠡᠰ᠎ᠤᠨ ᠪᠠᠢ᠌ᠴᠠᠭ᠋ᠠᠯᠲᠠ᠎ᠳᠤ ᠬᠠᠮᠵᠢᠯᠴᠠᠬᠤ ᠬᠡᠷᠡᠭᠲᠡᠢ ᠪᠥᠭᠡᠳ ᠱᠠᠭ᠋ᠠᠷᠳᠠᠯᠭ᠎ᠠ ᠶᠣᠰᠣᠭ᠋ᠠᠷ ᠲᠣᠭᠲᠠᠭᠰᠠᠨ ᠬᠤᠭᠤᠴᠠᠭ᠋ᠠᠨ᠎ᠳᠤ ᠬᠣᠯᠪᠣᠭᠳᠠᠯ ᠪᠦᠬᠦᠢ ᠭᠡᠷᠡᠴᠢ ᠪᠠᠷᠢᠮᠲᠠ᠂ ᠦᠨᠳᠦᠰᠦᠯᠡᠯ ᠵᠡᠷᠭᠡ ᠵᠢᠨ ᠮᠠᠲ᠋ᠧᠷᠢᠶᠠᠯ ᠵᠶ᠋ᠡᠨ ᠬᠠᠩᠭ᠋ᠠᠬᠤ ᠬᠡᠷᠡᠭᠲᠡᠢ᠃ ᠵᠠᠭ᠋ᠠᠯᠳᠤᠭᠴᠢ᠎ᠨᠢ ᠪᠠᠢ᠌ᠴᠠᠭ᠋ᠠᠯᠲᠠ᠎ᠳᠤ ᠬᠠᠮᠵᠢᠯᠴᠠᠬᠤ ᠵᠢ ᠲᠡᠪᠴᠢᠭᠰᠡᠨ ᠪᠠᠢ᠌ᠪᠠᠯ᠂ ᠵᠠᠭ᠋ᠠᠯᠳᠤᠯᠭ᠎ᠠ᠎ᠪᠠᠨ ᠠᠶᠠᠨᠳᠠᠭ᠋ᠠᠨ ᠪᠤᠴᠠᠭ᠋ᠠᠭᠰᠠᠨ ᠵᠶ᠋ᠠᠷ ᠰᠢᠢ᠍ᠳᠪᠦᠷᠢᠯᠡᠨ᠎ᠡ; ᠵᠠᠭ᠋ᠠᠯᠳᠤᠭᠳᠠᠭᠴᠢ᠎ᠨᠢ ᠪᠠᠢ᠌ᠴᠠᠭ᠋ᠠᠯᠲᠠ᠎ᠳᠤ ᠬᠠᠮᠵᠢᠯᠴᠠᠬᠤ ᠵᠢ ᠲᠡᠪᠴᠢᠭᠰᠡᠨ ᠪᠠᠢ᠌ᠪᠠᠯ᠂ ᠵᠠᠭ᠋ᠠᠯᠳᠤᠯᠭ᠎ᠠ ᠵᠢᠨ ᠵᠦᠢ᠍ᠯᠡᠰ᠎ᠢ ᠮᠡᠳᠡᠷᠡᠨ ᠵᠥᠪᠰᠢᠶᠡᠷᠡᠭᠰᠡᠨ ᠵᠶ᠋ᠡᠷ ᠦᠵᠡᠨ᠎ᠡ᠃
ᠭᠤᠴᠢ ᠶᠢᠰᠦᠳᠦᠭᠡᠷ ᠵᠦᠢ᠍ᠯ ᠪᠠᠢ᠌ᠴᠠᠭ᠋ᠠᠯᠲᠠ᠎ᠪᠠᠷ ᠳᠠᠮᠵᠢᠭ᠋ᠠᠳ᠂ ᠵᠠᠭ᠋ᠠᠯᠳᠤᠯᠭ᠎ᠠ ᠵᠢᠨ ᠵᠦᠢ᠍ᠯᠡᠰ᠎ᠨᠢ ᠦᠨᠡᠨ ᠪᠣᠳᠠᠲᠠᠢ ᠪᠠᠢ᠌ᠪᠠᠯ᠂ ᠳᠣᠣᠷᠠᠬᠢ ᠪᠠᠢ᠌ᠳᠠᠯ ᠵᠶ᠋ᠠᠷ ᠲᠤᠰ ᠲᠤᠰ ᠰᠢᠢ᠍ᠳᠪᠦᠷᠢᠯᠡᠨ᠎ᠡ᠄
(ᠨᠢᠭᠡ) ᠲᠥᠷᠥᠯ ᠵᠦᠢ᠍ᠯ᠎ᠤᠨ ᠨᠡᠷ᠎ᠡ ᠮᠡᠳᠡᠭᠦᠯᠬᠦ ᠨᠥᠬᠥᠴᠡᠯ᠎ᠨᠢ ᠢᠯᠡᠷᠬᠡᠢ ᠬᠠᠨᠳᠤᠯᠭ᠋ᠠᠲᠤ ᠴᠢᠨᠠᠷᠲᠠᠢ ᠪᠤᠶᠤ ᠭᠠᠳᠠᠭᠤᠷᠴᠢᠯᠠᠯ᠎ᠤᠨ ᠴᠢᠨᠠᠷᠲᠠᠢ ᠪᠠᠢ᠌ᠪᠠᠯ᠂ ᠰᠣᠩᠭᠣᠨ ᠠᠪᠬᠤ ᠶᠠᠪᠤᠴᠠ ᠵᠢ ᠡᠬᠢᠯᠡᠭᠦᠯᠬᠦ ᠦᠭᠡᠢ᠂ ᠬᠤᠳᠠᠯᠳᠤᠨ ᠠᠪᠤᠭᠴᠢ᠎ᠠᠴᠠ ᠨᠡᠷ᠎ᠡ ᠮᠡᠳᠡᠭᠦᠯᠬᠦ ᠨᠥᠬᠥᠴᠡᠯ᠎ᠳᠤ ᠵᠠᠰᠠᠪᠤᠷᠢ ᠣᠷᠣᠭᠤᠯᠤᠭᠰᠠᠨ᠎ᠤ ᠳᠠᠷᠠᠭ᠎ᠠ ᠳᠠᠬᠢᠵᠤ ᠡᠬᠢᠯᠡᠭᠦᠯᠦᠭᠡᠳ ᠰᠣᠩᠭᠣᠨ ᠠᠪᠤᠨ᠎ᠠ᠃
(ᠬᠣᠶᠠᠷ) ᠲᠥᠷᠥᠯ ᠵᠦᠢ᠍ᠯ᠎ᠢ ᠰᠣᠩᠭᠣᠨ ᠠᠪᠬᠤ ᠶᠠᠪᠤᠴᠠ᠎ᠳᠤ᠎ᠨᠢ ᠬᠥᠮᠥᠨ᠎ᠤ ᠬᠦᠴᠦ᠎ᠪᠠᠷ ᠬᠢᠭᠰᠡᠨ ᠠᠵᠢᠯᠯᠠᠭ᠋ᠠᠨ᠎ᠤ ᠠᠯᠳᠠᠰᠢ ᠪᠤᠶᠤ ᠰᠢᠰᠲ᠋ᠧᠮ᠎ᠤᠨ ᠰᠠᠭ᠋ᠠᠲᠠᠯ᠎ᠠᠴᠠ ᠪᠣᠯᠵᠤ ᠵᠢᠷᠤᠮ᠎ᠤᠨ ᠴᠢᠨᠠᠷᠲᠠᠢ ᠲᠣᠭᠲᠠᠭ᠋ᠠᠯ᠎ᠠᠴᠠ ᠵᠥᠷᠢᠴᠡᠭᠰᠡᠨ ᠪᠠᠢ᠌ᠳᠠᠯ ᠭᠠᠷᠴᠤ᠂ ᠰᠣᠩᠭᠣᠨ ᠠᠪᠤᠭᠰᠠᠨ ᠦᠷ᠎ᠡ ᠳ᠋ᠦᠩ᠎ᠨᠢ ᠬᠦᠴᠦᠨ ᠦᠭᠡᠢ ᠪᠣᠯ ᠳᠠᠬᠢᠵᠤ ᠡᠬᠢᠯᠡᠭᠦᠯᠦᠭᠡᠳ ᠰᠣᠩᠭᠣᠨ ᠠᠪᠤᠨ᠎ᠠ᠃
(ᠭᠤᠷᠪᠠ) ᠰᠣᠩᠭᠣᠭᠳᠠᠭᠰᠠᠨ ᠵᠠᠭᠤᠴᠢᠯᠠᠬᠤ ᠦᠢ᠍ᠯᠡᠴᠢᠯᠡᠭᠡᠨ᠎ᠤ ᠪᠠᠢ᠌ᠭᠤᠯᠤᠮᠵᠢ᠎ᠨᠤᠭᠤᠳ᠎ᠨᠢ ᠲᠥᠷᠥᠯ ᠵᠦᠢ᠍ᠯ᠎ᠤᠨ ᠨᠡᠷ᠎ᠡ ᠮᠡᠳᠡᠭᠦᠯᠬᠦ ᠵᠤᠷᠪᠤᠰ᠎ᠢ ᠪᠦᠷᠢᠨ ᠬᠠᠩᠭ᠋ᠠᠵᠤ ᠳᠡᠢ᠌ᠯᠦᠭᠰᠡᠨ ᠦᠭᠡᠢ ᠪᠠᠢ᠌ᠪᠠᠯ᠂ ᠰᠤᠩᠭᠤᠭᠳᠠᠬᠤ ᠬᠢᠷᠢ ᠭᠡᠮ᠎ᠢ᠎ᠨᠢ ᠬᠦᠴᠦᠨ ᠦᠭᠡᠢ ᠪᠣᠯᠭ᠋ᠠᠵᠤ᠂ ᠳᠠᠬᠢᠵᠤ ᠡᠬᠢᠯᠡᠭᠦᠯᠦᠭᠡᠳ ᠰᠣᠩᠭᠣᠨ ᠠᠪᠤᠨ᠎ᠠ᠃
(ᠳᠥᠷᠪᠡ) ᠵᠠᠭᠤᠴᠢᠯᠠᠬᠤ ᠦᠢ᠍ᠯᠡᠴᠢᠯᠡᠭᠡᠨ᠎ᠤ ᠪᠠᠢ᠌ᠭᠤᠯᠤᠮᠵᠢ᠎ᠨᠤᠭᠤᠳ᠎ᠤᠨ ᠦᠢ᠍ᠯᠡᠴᠢᠯᠡᠭᠡᠨ᠎ᠤ ᠶᠠᠰᠤ ᠴᠢᠨᠠᠷ᠂ ᠦᠢ᠍ᠯᠡᠴᠢᠯᠡᠭᠡᠨ᠎ᠤ ᠴᠠᠭ᠎ᠤᠨ ᠬᠢᠵᠠᠭ᠋ᠠᠷ ᠪᠤᠶᠤ ᠭᠡᠷ᠎ᠡ᠎ᠳᠤ ᠪᠣᠯᠵᠣᠨ ᠲᠣᠭᠲᠠᠭᠰᠠᠨ ᠶᠣᠰᠣᠭ᠋ᠠᠷ ᠥᠯᠥ ᠭᠦᠢ᠍ᠴᠡᠳᠬᠡᠭᠰᠡᠨ ᠪᠤᠰᠤᠳ ᠪᠠᠢ᠌ᠳᠠᠯ᠎ᠨᠢ ᠦᠨᠡᠨ ᠪᠣᠳᠠᠲᠠᠢ ᠪᠠᠢ᠌ᠪᠠᠯ᠂ ᠢᠲᠡᠭᠡᠮᠵᠢ ᠵᠢᠨ ᠬᠠᠮᠢᠶᠠᠷᠤᠯᠲᠠ ᠵᠢᠨ ᠬᠣᠯᠪᠣᠭᠳᠠᠯ ᠪᠦᠬᠦᠢ ᠵᠦᠢ᠍ᠯ ᠵᠤᠷᠪᠤᠰ ᠶᠣᠰᠣᠭ᠋ᠠᠷ ᠰᠢᠢ᠍ᠳᠪᠦᠷᠢᠯᠡᠨ᠎ᠡ᠃
(ᠲᠠᠪᠤ) ᠬᠤᠳᠠᠯᠳᠤᠨ ᠠᠪᠤᠭᠴᠢ ᠰᠢᠯᠲᠠᠭ᠋ᠠᠨ ᠦᠭᠡᠢ᠎ᠪᠠᠷ ᠭᠡᠷ᠎ᠡ᠎ᠪᠠᠨ ᠥᠯᠥ ᠭᠦᠢ᠍ᠴᠡᠳᠬᠡᠭᠰᠡᠨ᠂ ᠦᠢ᠍ᠯᠡᠴᠢᠯᠡᠭᠡᠨ᠎ᠤ ᠵᠠᠷᠤᠳᠠᠯ᠎ᠢ ᠥᠷᠢᠲᠦᠵᠦ ᠤᠳᠠᠭ᠋ᠠᠰᠢᠷᠠᠭᠤᠯᠤᠭᠰᠠᠨ ᠵᠡᠷᠭᠡ ᠪᠠᠢ᠌ᠳᠠᠯ᠎ᠨᠢ ᠦᠨᠡᠨ ᠪᠣᠲᠠᠲᠠᠢ ᠪᠠᠢ᠌ᠪᠠᠯ᠂ ᠬᠠᠮᠢᠶ᠎ᠠ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ᠎ᠠᠴᠠ ᠬᠠᠤᠯᠢ ᠶᠣᠰᠣᠭ᠋ᠠᠷ ᠪᠠᠢ᠌ᠴᠠᠭ᠋ᠠᠨ ᠰᠢᠢ᠍ᠳᠪᠦᠷᠢᠯᠡᠵᠦ᠂ ᠬᠣᠯᠪᠤᠭ᠋ᠠᠯᠠᠨ ᠵᠠᠯᠬᠠᠭ᠋ᠠᠵᠤ ᠴᠡᠭᠡᠷᠯᠡᠭᠦᠯᠬᠦ ᠵᠢ ᠬᠡᠷᠡᠭᠵᠢᠭᠦᠯᠦᠨ᠎ᠡ᠃
ᠳᠥᠴᠢᠳᠦᠭᠡᠷ ᠵᠦᠢ᠍ᠯ ᠵᠠᠭᠤᠴᠢᠯᠠᠬᠤ ᠬᠡᠲᠦ ᠳᠡᠯᠭᠡᠭᠦᠷ᠎ᠤᠨ ᠲᠠᠪᠴᠠᠩ᠎ᠨᠢ ᠢᠲᠡᠭᠡᠮᠵᠢᠲᠦ ᠳᠤᠮᠳᠠᠳᠤ ᠤᠯᠤᠰ (ᠥᠪᠥᠷ ᠮᠣᠩᠭᠣᠯ)᠎ᠯᠤᠭ᠎ᠠ ᠬᠠᠷᠢᠯᠴᠠᠨ ᠬᠣᠯᠪᠣᠭ᠋ᠠᠯᠠᠵᠤ ᠬᠠᠷᠢᠯᠴᠠᠨ ᠨᠡᠪᠲᠡᠷᠡᠯᠴᠡᠬᠦ ᠵᠢ ᠪᠡᠶᠡᠯᠡᠭᠦᠯᠵᠦ᠂ ᠳ᠋ᠠᠢ᠌ᠲ᠋ᠠ ᠵᠢ ᠬᠠᠮᠲᠤ᠎ᠪᠠᠷ ᠭᠥᠷᠳᠡᠬᠦ᠎ᠪᠠᠷ ᠳᠠᠮᠵᠢᠭᠤᠯᠤᠨ ᠬᠡᠲᠦ ᠳᠡᠯᠭᠡᠭᠦᠷ᠎ᠲᠤ ᠣᠷᠣᠬᠤ᠎ᠪᠠᠷ ᠭᠤᠶᠤᠴᠢᠯᠠᠭᠰᠠᠨ ᠵᠠᠭᠤᠴᠢᠯᠠᠬᠤ ᠦᠢ᠍ᠯᠡᠴᠢᠯᠡᠭᠡᠨ᠎ᠤ ᠪᠠᠢ᠌ᠭᠤᠯᠤᠮᠵᠢ᠎ᠳᠤ ᠢᠲᠡᠭᠡᠮᠵᠢ ᠵᠢᠨ ᠬᠢᠨᠠᠨ ᠪᠠᠢ᠌ᠴᠠᠭ᠋ᠠᠯᠲᠠ ᠬᠢᠵᠦ᠂ ᠨᠢᠭᠡᠨᠲᠡ ᠬᠡᠲᠦ ᠳᠡᠯᠭᠡᠭᠦᠷ᠎ᠲᠤ ᠣᠷᠣᠭᠰᠠᠨ ᠵᠠᠭᠤᠴᠢᠯᠠᠬᠤ ᠦᠢ᠍ᠯᠡᠴᠢᠯᠡᠭᠡᠨ᠎ᠤ ᠪᠠᠢ᠌ᠭᠤᠯᠤᠮᠵᠢ᠎ᠳᠤ ᠬᠥᠳᠡᠯᠦᠩᠭᠦᠢ ᠬᠢᠨᠠᠯᠲᠠ ᠬᠠᠮᠢᠶᠠᠷᠤᠯᠲᠠ ᠬᠢᠵᠦ᠂ ᠢᠲᠡᠭᠡᠯ ᠠᠯᠳᠠᠭᠰᠠᠨ ᠦᠢᠯᠡ ᠠᠵᠢᠯᠯᠠᠭ᠎ᠠ᠎ᠲᠠᠢ ᠡᠲᠡᠭᠡᠳ᠎ᠤᠨ ᠨᠡᠷᠡᠰ᠎ᠲᠤ ᠵᠢᠭᠰᠠᠭ᠋ᠠᠭᠳᠠᠭᠰᠠᠨ ᠵᠠᠭᠤᠴᠢᠯᠠᠬᠤ ᠦᠢ᠍ᠯᠡᠴᠢᠯᠡᠭᠡᠨ᠎ᠤ ᠪᠠᠢ᠌ᠭᠤᠯᠤᠮᠵᠢ ᠵᠢ ᠢᠯᠭ᠋ᠠᠷᠠᠭᠤᠯᠤᠨ ᠪᠤᠴᠠᠭ᠋ᠠᠨ᠎ᠠ᠃
ᠳᠥᠴᠢᠨ ᠨᠢᠭᠡᠳᠦᠭᠡᠷ ᠵᠦᠢ᠍ᠯ ᠵᠠᠭᠤᠴᠢᠯᠠᠬᠤ ᠬᠡᠲᠦ ᠳᠡᠯᠭᠡᠭᠦᠷ᠎ᠤᠨ ᠬᠠᠮᠢᠶᠠᠷᠤᠯᠲᠠ ᠵᠢᠨ ᠪᠠᠢ᠌ᠭᠤᠯᠤᠮᠵᠢ᠎ᠨᠤᠭᠤᠳ᠎ᠨᠢ ᠵᠠᠭᠤᠴᠢᠯᠠᠬᠤ ᠬᠡᠲᠦ ᠳᠡᠯᠭᠡᠭᠦᠷ᠎ᠤᠨ ᠲᠠᠩᠰᠠ ᠡᠪᠬᠡᠮᠡᠯ᠎ᠤᠨ ᠬᠠᠮᠢᠶᠠᠷᠤᠯᠲᠠ᠎ᠪᠠᠨ ᠴᠢᠩᠭ᠋ᠠᠳᠬᠠᠵᠤ᠂ ᠬᠠᠮᠢᠶ᠎ᠠ ᠪᠦᠬᠦᠢ ᠡᠯᠧᠺᠲᠷᠣᠨ ᠲᠠᠩᠰᠠ ᠡᠪᠬᠡᠮᠡᠯ ᠵᠡᠷᠭᠡ ᠶᠠᠪᠤᠴᠠ ᠵᠢᠨ ᠮᠡᠳᠡᠭᠡ ᠵᠠᠩᠭᠢ ᠵᠢ ᠲᠣᠬᠢᠷᠠᠮᠵᠢᠲᠠᠢ ᠬᠠᠳᠠᠭ᠋ᠠᠯᠠᠨ ᠬᠠᠮᠢᠶᠠᠷᠴᠤ᠂ ᠵᠠᠭᠤᠴᠢᠯᠠᠬᠤ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠢᠲᠡᠭᠡᠮᠵᠢ ᠵᠢᠨ ᠲᠠᠩᠰᠠ ᠡᠪᠬᠡᠮᠡᠯ᠎ᠤᠨ ᠮᠡᠳᠡᠭᠡ ᠵᠠᠩᠭᠢ ᠵᠢᠨ ᠴᠢᠬᠤᠯᠠ ᠢᠷᠡᠯᠲᠡ ᠪᠣᠯᠭ᠋ᠠᠬᠤ ᠬᠡᠷᠡᠭᠲᠡᠢ᠃
ᠳᠣᠯᠣᠳᠤᠭ᠋ᠠᠷ ᠪᠦᠯᠦᠭ ᠳᠠᠭ᠋ᠠᠯᠳᠤᠭᠤᠯᠤᠯ ᠳᠦᠷᠢᠮ
ᠳᠥᠴᠢᠨ ᠬᠣᠶᠠᠳᠤᠭ᠋ᠠᠷ ᠵᠦᠢ᠍ᠯ ᠲᠣᠰ ᠠᠷᠭ᠎ᠠ ᠵᠢ ᠬᠡᠷᠡᠭᠵᠢᠭᠦᠯᠬᠦ ᠶᠠᠪᠤᠴᠠ᠎ᠳᠤ᠂ ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠪᠠ ᠳᠦᠷᠢᠮ ᠲᠣᠭᠲᠠᠭ᠋ᠠᠯ᠎ᠳᠤ ᠠᠰᠲᠠᠭ᠋ᠠᠨ ᠲᠣᠭᠲᠠᠭ᠋ᠠᠯ᠎ᠲᠠᠢ ᠪᠠᠢ᠌ᠪᠠᠯ᠂ ᠲᠡᠷᠡ ᠲᠣᠭᠲᠠᠭ᠋ᠠᠯ ᠵᠶ᠋ᠠᠷ ᠬᠡᠷᠡᠭᠵᠢᠭᠦᠯᠦᠨ᠎ᠡ᠃
ᠳᠥᠴᠢᠨ ᠭᠤᠷᠪᠠᠳᠤᠭ᠋ᠠᠷ ᠵᠦᠢ᠍ᠯ ᠲᠣᠰ ᠠᠷᠭ᠎ᠠ ᠵᠢ 2024 ᠣᠨ᠎ᠤ 5 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠨ ᠬᠡᠷᠡᠭᠵᠢᠭᠦᠯᠦᠨ᠎ᠡ᠂ ᠬᠡᠷᠡᠭᠵᠢᠭᠦᠯᠬᠦ ᠶᠠᠪᠤᠴᠠ᠎ᠳᠠᠬᠢ ᠪᠣᠳᠠᠲᠠᠢ ᠠᠰᠠᠭᠤᠳᠠᠯ᠎ᠢ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠪᠠ ᠳ᠋ᠠᠢ᠌ᠲ᠋ᠠ ᠵᠢᠨ ᠬᠠᠮᠢᠶᠠᠷᠤᠯᠲᠠ ᠵᠢᠨ ᠲᠣᠪᠴᠢᠶ᠎ᠠ᠎ᠠᠴᠠ ᠬᠠᠷᠢᠭᠤᠴᠠᠨ ᠲᠠᠢ᠌ᠯᠪᠤᠷᠢᠯᠠᠨ᠎ᠠ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ
ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ
2024 ᠣᠨ᠎ᠤ 4 ᠳ᠋ᠦ᠍ᠭᠡᠷ ᠰᠠᠷ᠎ᠠ ᠵᠢᠨ 30᠎ᠤ ᠡᠳᠦᠷ ᠳᠠᠷᠤᠮᠠᠯᠯᠠᠨ ᠲᠠᠷᠬᠠᠭ᠋ᠠᠪᠠ