ᠢᠯᠡ ᠵᠠᠰᠠᠭ   -   ᠠᠯᠪᠠᠨ ᠲᠢᠩᠬᠢᠮ᠎ᠤᠨ ᠪᠢᠴᠢᠭ ᠮᠠᠲ᠋ᠧᠷᠢᠶᠠᠯ
ᠥᠪᠡᠷᠲᠡᠭᠡᠨ ᠵᠠᠰᠠᠬᠤ ᠣᠷᠣᠨ᠎ᠤ ᠬᠠᠮᠤᠭ᠎ᠤᠨ ᠳᠣᠣᠷ᠎ᠠ ᠴᠠᠯᠢᠩ᠎ᠤᠨ ᠪᠠᠷᠢᠮᠵᠢᠶ᠎ᠠ᠎ᠳᠤ ᠲᠣᠬᠢᠷᠠᠭᠤᠯᠤᠯᠲᠠ ᠬᠢᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠨᠡᠶ᠋ᠢᠲᠡᠯᠡᠭᠰᠡᠨ ᠴᠠᠭ᠄ 2024-12-16

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ

ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠪᠢᠴᠢᠭ ᠮᠠᠲ᠋ᠧᠷᠢᠶᠠᠯ

                  ᠥᠪᠥᠷ ᠵᠠᠰᠠᠭ ᠠᠯᠪᠠᠨ ᠲᠠᠷᠬᠠᠭ᠋ᠠᠭᠰᠠᠨ [ 2024 ] 46 ᠳ᠋ᠤᠭ᠋ᠠᠷ ᠲᠣᠭ᠋ᠠᠲᠤ

 

ᠥᠪᠡᠷᠲᠡᠭᠡᠨ ᠵᠠᠰᠠᠬᠤ ᠣᠷᠣᠨ᠎ᠤ ᠬᠠᠮᠤᠭ᠎ᠤᠨ ᠳᠣᠣᠷ᠎ᠠ ᠴᠠᠯᠢᠩ᠎ᠤᠨ ᠪᠠᠷᠢᠮᠵᠢᠶ᠎ᠠ᠎ᠳᠤ  ᠲᠣᠬᠢᠷᠠᠭᠤᠯᠤᠯᠲᠠ ᠬᠢᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ

 

ᠡᠯ᠎ᠡ ᠠᠢ᠌ᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠢ᠌ᠯᠠᠯ᠂ ᠠᠵᠢᠯ ᠦᠢ᠍ᠯᠡᠰ᠎ᠤᠨ ᠨᠢᠭᠡᠴᠢ᠎ᠳᠤ ᠄

      《  ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠬᠥᠳᠡᠯᠮᠦᠷᠢ ᠵᠢᠨ ᠬᠠᠤᠯᠢ 》 ᠂ 《  ᠬᠠᠮᠤᠭ᠎ᠤᠨ ᠳᠣᠣᠷ᠎ᠠ ᠴᠠᠯᠢᠩ᠎ᠤᠨ ᠲᠣᠭᠲᠠᠭ᠋ᠠᠯ 》᠎ᠤᠨ ᠬᠠᠮᠢᠶ᠎ᠠ ᠪᠦᠬᠦᠢ ᠲᠣᠭᠲᠠᠭ᠋ᠠᠯ᠎ᠢ ᠦᠨᠳᠦᠰᠦᠯᠡᠨ᠂ ᠮᠠᠨ᠎ᠤ ᠣᠷᠣᠨ᠎ᠤ ᠠᠵᠤ ᠠᠬᠤᠢ ᠨᠡᠢ᠌ᠭᠡᠮ᠎ᠤᠨ ᠬᠥᠭᠵᠢᠯᠲᠡ ᠪᠠ ᠠᠵᠢᠯᠲᠠᠨ ᠠᠵᠢᠯᠴᠢᠨ᠎ᠤ ᠴᠠᠯᠢᠩ᠎ᠤᠨ ᠬᠢᠷᠢ ᠬᠡᠮᠵᠢᠶ᠎ᠡ ᠵᠢᠨ ᠨᠡᠮᠡᠭᠳᠡᠯ ᠵᠡᠷᠭᠡ ᠪᠠᠢ᠌ᠳᠠᠯ᠎ᠲᠠᠢ ᠤᠶᠠᠯᠳᠤᠭᠤᠯᠵᠤ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ ᠵᠶ᠋ᠠᠷ ᠬᠢᠨᠠᠨ ᠵᠥᠪᠰᠢᠶᠡᠷᠡᠭᠦᠯᠦᠭᠡᠳ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠪᠦᠬᠦ ᠣᠷᠣᠨ᠎ᠤ ᠪᠦᠬᠦᠯᠢ ᠡᠳᠦᠷ᠎ᠤᠨ ᠳᠦᠷᠢᠮᠲᠦ ᠰᠠᠷ᠎ᠠ ᠵᠢᠨ ᠬᠠᠮᠤᠭ᠎ᠤᠨ ᠳᠣᠣᠷ᠎ᠠ ᠴᠠᠯᠢᠩ᠎ᠤᠨ ᠪᠠᠷᠢᠮᠵᠢᠶ᠎ᠠ ᠪᠠ ᠪᠦᠬᠦᠯᠢ ᠡᠳᠦᠷ᠎ᠤᠨ ᠳᠦᠷᠢᠮᠲᠦ ᠪᠤᠰᠤ ᠠᠵᠢᠯ᠎ᠤᠨ ᠪᠠᠢ᠌ᠷᠢ ᠵᠢᠨ ᠨᠢᠭᠡ ᠴᠠᠭ᠎ᠤᠨ ᠬᠠᠮᠤᠭ᠎ᠤᠨ ᠳᠣᠣᠷ᠎ᠠ ᠴᠠᠯᠢᠩ᠎ᠤᠨ ᠪᠠᠷᠢᠮᠵᠢᠶ᠎ᠠ᠎ᠳᠤ ᠲᠣᠬᠢᠷᠠᠭᠤᠯᠤᠯᠲᠠ ᠬᠢᠬᠦ᠎ᠪᠠᠷ ᠲᠣᠭᠲᠠᠪᠠ ᠃ ᠡᠳᠦᠭᠡ ᠬᠣᠯᠪᠣᠭᠳᠠᠯ ᠪᠦᠬᠦᠢ ᠵᠦᠢ᠍ᠯᠡᠰ᠎ᠢ ᠳᠣᠣᠷᠠᠬᠢ ᠮᠡᠲᠦ ᠮᠡᠳᠡᠭᠳᠡᠪᠡ ᠄

       ᠨᠢᠭᠡ᠂ ᠬᠠᠮᠤᠭ᠎ᠤᠨ ᠳᠣᠣᠷ᠎ᠠ ᠴᠠᠯᠢᠩ᠎ᠤᠨ ᠪᠠᠷᠢᠮᠵᠢᠶ᠎ᠠ ᠵᠢ ᠳᠡᠭᠡᠭᠰᠢᠯᠡᠭᠦᠯᠦᠨ᠎ᠡ ᠃ ᠲᠣᠬᠢᠷᠠᠭᠤᠯᠤᠯᠲᠠ ᠬᠢᠭᠰᠡᠨ᠎ᠤ ᠳᠠᠷᠠᠭ᠋ᠠᠬᠢ ᠪᠦᠬᠦᠯᠢ ᠡᠳᠦᠷ᠎ᠤᠨ ᠳᠦᠷᠢᠮᠲᠦ ᠬᠥᠳᠡᠯᠮᠦᠷᠢᠴᠢᠨ᠎ᠤ ᠰᠠᠷ᠎ᠠ ᠵᠢᠨ ᠬᠠᠮᠤᠭ᠎ᠤᠨ ᠳᠣᠣᠷ᠎ᠠ ᠴᠠᠯᠢᠩ᠎ᠤᠨ ᠪᠠᠷᠢᠮᠵᠢᠶ᠎ᠠ᠎ᠨᠢ ᠨᠢᠭᠡᠳᠦᠭᠡᠷ ᠲᠥᠷᠥᠯ᠎ᠤᠨ ᠭᠠᠵᠠᠷ ᠣᠷᠣᠨ᠎ᠳᠤ 2270  ᠲᠥᠭᠥᠷᠢᠭ᠂ ᠬᠣᠶᠠᠳᠤᠭ᠋ᠠᠷ ᠲᠥᠷᠥᠯ᠎ᠤᠨ ᠭᠠᠵᠠᠷ ᠣᠷᠣᠨ᠎ᠳᠤ 2200  ᠲᠥᠭᠥᠷᠢᠭ᠂ ᠭᠤᠷᠪᠠᠳᠤᠭ᠋ᠠᠷ ᠲᠥᠷᠥᠯ᠎ᠤᠨ ᠭᠠᠵᠠᠷ ᠣᠷᠣᠨ᠎ᠳᠤ 2140  ᠲᠥᠭᠥᠷᠢᠭ ᠪᠣᠯᠤᠨ᠎ᠠ ;  ᠪᠦᠬᠦᠯᠢ ᠡᠳᠦᠷ᠎ᠤᠨ ᠳᠦᠷᠢᠮᠲᠦ ᠪᠤᠰᠤ ᠠᠵᠢᠯ᠎ᠤᠨ ᠪᠠᠢ᠌ᠷᠢ ᠵᠢᠨ ᠨᠢᠭᠡ ᠴᠠᠭ᠎ᠤᠨ ᠬᠠᠮᠤᠭ᠎ᠤᠨ ᠳᠣᠣᠷ᠎ᠠ ᠴᠠᠯᠢᠩ᠎ᠤᠨ ᠪᠠᠷᠢᠮᠵᠢᠶ᠎ᠠ᠎ᠨᠢ ᠨᠢᠭᠡᠳᠦᠭᠡᠷ ᠲᠥᠷᠥᠯ᠎ᠤᠨ ᠭᠠᠵᠠᠷ ᠣᠷᠣᠨ᠎ᠳᠤ 22.4  ᠲᠥᠭᠥᠷᠢᠭ᠂ ᠬᠣᠶᠠᠳᠤᠭ᠋ᠠᠷ ᠲᠥᠷᠥᠯ᠎ᠤᠨ ᠭᠠᠵᠠᠷ ᠣᠷᠣᠨ᠎ᠳᠤ 21.7  ᠲᠥᠭᠥᠷᠢᠭ᠂ ᠭᠤᠷᠪᠠᠳᠤᠭ᠋ᠠᠷ ᠲᠥᠷᠥᠯ᠎ᠤᠨ ᠭᠠᠵᠠᠷ ᠣᠷᠣᠨ᠎ᠳᠤ 21.1  ᠲᠥᠭᠥᠷᠢᠭ ᠪᠣᠯᠣᠨ᠎ᠠ ᠃ ᠭᠠᠵᠠᠷ ᠣᠷᠣᠨ᠎ᠤ ᠲᠥᠷᠥᠯ ᠢᠯᠭ᠋ᠠᠯ ᠪᠠ ᠲᠣᠬᠢᠷᠠᠭᠤᠯᠤᠨ ᠬᠡᠷᠡᠭᠯᠡᠬᠦ ᠪᠠᠷᠢᠮᠵᠢᠶ᠎ᠠ ᠵᠢ ᠳᠠᠭ᠋ᠠᠯᠳᠤᠭᠤᠯᠤᠯ᠎ᠳᠤ ᠨᠠᠷᠢᠨ ᠦᠵᠡᠭᠡᠷᠡᠢ ᠃

       ᠬᠣᠶᠠᠷ᠂ ᠬᠠᠮᠤᠭ᠎ᠤᠨ ᠳᠣᠣᠷ᠎ᠠ ᠴᠠᠯᠢᠩ᠎ᠤᠨ ᠪᠠᠷᠢᠮᠵᠢᠶ᠎ᠠ᠎ᠳᠤ ᠨᠠᠰᠤᠵᠢᠯ᠎ᠤᠨ ᠦᠨᠳᠦᠰᠦᠨ ᠳᠠᠭ᠋ᠠᠳᠬᠠᠯ᠂ ᠡᠮᠴᠢᠯᠡᠭᠡ ᠵᠢᠨ ᠳᠠᠭ᠋ᠠᠳᠬᠠᠯ᠂ ᠠᠵᠢᠯ ᠠᠯᠳᠠᠯᠲᠠ ᠵᠢᠨ ᠳᠠᠭ᠋ᠠᠳᠬᠠᠯ ᠪᠠ ᠣᠷᠣᠨ ᠰᠠᠭᠤᠴᠠ ᠵᠢᠨ ᠨᠡᠶ᠋ᠢᠲᠡ ᠵᠢᠨ ᠬᠤᠷᠠᠮᠳᠤᠭᠤᠯᠭ᠎ᠠ ᠵᠢᠨ ᠮᠥᠩᠭᠥ ᠵᠢᠨ ᠬᠤᠪᠢ ᠬᠥᠮᠥᠨ᠎ᠤ ᠰᠦᠢ᠍ᠳᠬᠡᠯ ᠲᠤᠰᠢᠶᠠᠬᠤ ᠬᠡᠰᠡᠭ᠎ᠢ ᠪᠠᠭᠲᠠᠭ᠋ᠠᠨ᠎ᠠ ;  ᠠᠵᠢᠯᠯᠠᠬᠤ ᠴᠠᠭ᠎ᠢ ᠤᠷᠲᠤᠳᠬᠠᠭᠰᠠᠨ ᠬᠤᠭᠤᠴᠠᠭ᠋ᠠᠨ᠎ᠤ ᠴᠠᠯᠢᠩ᠂ ᠦᠳᠡ ᠵᠢᠨ ᠡᠭᠡᠯᠵᠢ᠂ ᠰᠥᠨᠢ ᠵᠢᠨ ᠡᠭᠡᠯᠵᠢ᠂ ᠥᠨᠳᠥᠷ ᠳᠤᠯᠠᠭ᠋ᠠᠨ᠂ ᠳᠣᠣᠷ᠎ᠠ ᠳᠤᠯᠠᠭ᠋ᠠᠨ᠂ ᠬᠤᠳᠳᠤᠭ ᠳᠣᠲᠣᠷ᠎ᠠ᠂ ᠬᠣᠣᠷ ᠬᠥᠨᠥᠭᠡᠯ᠎ᠲᠠᠢ ᠵᠡᠷᠭᠡ   ᠤᠨᠴᠠᠭ᠋ᠠᠢ ᠨᠥᠬᠥᠴᠡᠯ ᠳᠣᠣᠷᠠᠬᠢ ᠨᠡᠮᠡᠯᠭᠡ᠂ ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠪᠠ ᠤᠯᠤᠰ᠎ᠠᠴᠠ ᠲᠣᠭᠲᠠᠭ᠋ᠠᠭᠰᠠᠨ ᠬᠥᠳᠡᠯᠮᠦᠷᠢᠯᠡᠭᠴᠢ ᠵᠢᠨ ᠠᠰᠠᠷᠠᠮᠵᠢ ᠣᠯᠭᠣᠮᠵᠢ ᠵᠡᠷᠭᠡ ᠵᠢ ᠪᠠᠭᠲᠠᠭ᠋ᠠᠬᠤ ᠦᠭᠡᠢ ᠃

       ᠭᠤᠷᠪᠠ᠂ ᠪᠦᠬᠦᠯᠢ ᠡᠳᠦᠷ᠎ᠤᠨ  ᠳᠦᠷᠢᠮᠲᠦ ᠬᠥᠳᠡᠯᠮᠦᠷᠢᠴᠢᠨ ᠬᠡᠪ᠎ᠤᠨ ᠬᠥᠳᠡᠯᠮᠦᠷᠢ ᠬᠠᠩᠭ᠋ᠠᠭᠰᠠᠨ ᠪᠠᠢ᠌ᠳᠠᠯ᠎ᠳᠤ᠂ ᠬᠥᠮᠥᠨ ᠬᠡᠷᠡᠭᠯᠡᠬᠦ ᠨᠢᠭᠡᠴᠢ᠎ᠨᠢ ᠲᠣᠬᠢᠷᠠᠭᠤᠯᠤᠯᠲᠠ ᠬᠢᠭᠰᠡᠨ᠎ᠤ ᠳᠠᠷᠠᠭ᠋ᠠᠬᠢ ᠰᠠᠷ᠎ᠠ ᠵᠢᠨ ᠬᠠᠮᠤᠭ᠎ᠤᠨ ᠳᠣᠣᠷ᠎ᠠ ᠴᠠᠯᠢᠩ᠎ᠤᠨ ᠪᠠᠷᠢᠮᠵᠢᠶ᠎ᠠ᠎ᠠᠴᠠ ᠳᠣᠣᠷ᠎ᠠ ᠦᠭᠡᠢ ᠪᠠᠷᠢᠮᠵᠢᠶ᠎ᠠ᠎ᠪᠠᠷ ᠴᠠᠯᠢᠩ ᠥᠭᠬᠦ ᠬᠡᠷᠡᠭᠲᠡᠢ ;  ᠪᠦᠬᠦᠯᠢ ᠡᠳᠦᠷ᠎ᠤᠨ  ᠳᠦᠷᠢᠮᠲᠦ ᠪᠤᠰᠤ ᠠᠵᠢᠯ ᠬᠢᠵᠦ ᠪᠠᠢ᠌ᠭ᠎ᠠ ᠬᠥᠳᠡᠯᠮᠦᠷᠢᠯᠡᠭᠴᠢ᠎ᠳᠤ ᠬᠥᠮᠥᠨ ᠬᠡᠷᠡᠭᠯᠡᠬᠦ ᠨᠢᠭᠡᠴᠢ ᠵᠢᠨ ᠣᠯᠭᠣᠬᠤ ᠵᠣᠭᠣᠰ᠎ᠤᠨ ᠴᠠᠯᠢᠩ᠎ᠨᠢ ᠴᠠᠭ᠎ᠤᠨ ᠬᠠᠮᠤᠭ᠎ᠤᠨ ᠳᠣᠣᠷ᠎ᠠ ᠴᠠᠯᠢᠩ᠎ᠤᠨ ᠪᠠᠷᠢᠮᠵᠢᠶ᠎ᠠ᠎ᠠᠴᠠ ᠳᠣᠣᠷ᠎ᠠ ᠪᠠᠢ᠌ᠵᠤ ᠪᠣᠯᠬᠤ ᠦᠭᠡᠢ ᠃ ᠨᠢᠭᠡᠴᠢ ᠵᠢᠨ ᠬᠠᠤᠯᠢ ᠶᠣᠰᠣᠭ᠋ᠠᠷ ᠲᠤᠰᠢᠶᠠᠬᠤ ᠨᠡᠢ᠌ᠭᠡᠮ᠎ᠤᠨ ᠳᠠᠭ᠋ᠠᠳᠬᠠᠯ᠎ᠤᠨ ᠰᠦᠢ᠍ᠳᠬᠡᠯ ᠪᠠ ᠣᠷᠣᠨ ᠰᠠᠭᠤᠴᠠ ᠵᠢᠨ ᠨᠡᠶ᠋ᠢᠲᠡ ᠵᠢᠨ ᠬᠤᠷᠠᠮᠳᠤᠭᠤᠯᠭ᠎ᠠ ᠵᠢᠨ ᠮᠥᠩᠭᠥ ᠵᠢ ᠬᠥᠮᠥᠨ ᠬᠡᠷᠡᠭᠯᠡᠬᠦ ᠨᠢᠭᠡᠴᠢ ᠲᠣᠭᠲᠠᠭ᠋ᠠᠯ ᠶᠣᠰᠣᠭ᠋ᠠᠷ ᠠᠰ᠎ᠲᠤ᠎ᠨᠢ ᠥᠭᠬᠦ ᠬᠡᠷᠡᠭᠲᠡᠢ ᠃

       ᠳᠥᠷᠪᠡ᠂ ᠲᠣᠬᠢᠷᠠᠭᠤᠯᠤᠯᠲᠠ ᠬᠢᠭᠰᠡᠨ᠎ᠤ ᠳᠠᠷᠠᠭ᠋ᠠᠬᠢ ᠪᠦᠬᠦᠯᠢ ᠡᠳᠦᠷ᠎ᠤᠨ ᠳᠦᠷᠢᠮᠲᠦ ᠰᠠᠷ᠎ᠠ ᠵᠢᠨ ᠬᠠᠮᠤᠭ᠎ᠤᠨ ᠳᠣᠣᠷ᠎ᠠ ᠴᠠᠯᠢᠩ᠎ᠤᠨ ᠪᠠᠷᠢᠮᠵᠢᠶ᠎ᠠ ᠪᠠ ᠪᠦᠬᠦᠯᠢ ᠡᠳᠦᠷ᠎ᠤᠨ ᠳᠦᠷᠢᠮᠲᠦ ᠪᠤᠰᠤ ᠠᠵᠢᠯ᠎ᠤᠨ ᠪᠠᠢ᠌ᠷᠢ ᠵᠢᠨ ᠨᠢᠭᠡ ᠴᠠᠭ᠎ᠤᠨ ᠬᠠᠮᠤᠭ᠎ᠤᠨ ᠳᠣᠣᠷ᠎ᠠ ᠴᠠᠯᠢᠩ᠎ᠤᠨ ᠪᠠᠷᠢᠮᠵᠢᠶ᠎ᠠ ᠵᠢ 2024  ᠣᠨ᠎ᠤ 12 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ ᠃ ᠤᠤᠯ᠎ᠤᠨ 《ᠥᠪᠡᠷᠲᠡᠭᠡᠨ ᠵᠠᠰᠠᠬᠤ ᠣᠷᠣᠨ᠎ᠤ ᠬᠠᠮᠤᠭ᠎ᠤᠨ ᠳᠣᠣᠷ᠎ᠠ ᠴᠠᠯᠢᠩ᠎ᠤᠨ ᠪᠠᠷᠢᠮᠵᠢᠶ᠎ᠠ ᠵᠢᠴᠢ ᠪᠦᠬᠦᠯᠢ ᠡᠳᠦᠷ᠎ᠤᠨ ᠳᠦᠷᠢᠮᠲᠦ ᠪᠤᠰᠤ ᠠᠵᠢᠯ᠎ᠤᠨ ᠪᠠᠢ᠌ᠷᠢ ᠵᠢᠨ ᠨᠢᠭᠡ ᠴᠠᠭ᠎ᠤᠨ ᠬᠠᠮᠤᠭ᠎ᠤᠨ ᠳᠣᠣᠷ᠎ᠠ ᠴᠠᠯᠢᠩ᠎ᠤᠨ ᠪᠠᠷᠢᠮᠵᠢᠶ᠎ᠠ᠎ᠳᠤ ᠲᠣᠬᠢᠷᠠᠭᠤᠯᠤᠯᠲᠠ ᠬᠢᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ 》 (ᠥᠪᠥᠷ ᠵᠠᠰᠠᠭ ᠠᠯᠪᠠᠨ ᠲᠠᠷᠬᠠᠭ᠋ᠠᠭᠰᠠᠨ [ 2021] 69 ᠳ᠋ᠦ᠍ᠭᠡᠷ ᠲᠣᠭ᠋ᠠᠲᠤ )᠎ᠢ ᠬᠠᠮᠲᠤ᠎ᠳᠤ᠎ᠨᠢ ᠬᠦᠴᠦᠨ ᠦᠭᠡᠢ ᠪᠣᠯᠭ᠋ᠠᠨ᠎ᠠ ᠃

       ᠲᠠᠪᠤ᠂ ᠡᠯ᠎ᠡ ᠠᠢ᠌ᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ ) ᠎ᠨᠢ ᠬᠠᠮᠤᠭ᠎ᠤᠨ ᠳᠣᠣᠷ᠎ᠠ ᠴᠠᠯᠢᠩ᠎ᠤᠨ ᠪᠠᠷᠢᠮᠵᠢᠶᠠᠨ᠎ᠤ ᠲᠤᠬᠠᠢ ᠤᠬᠠᠭᠤᠯᠭ᠎ᠠ᠎ᠪᠠᠨ ᠴᠢᠩᠭ᠋ᠠᠳᠬᠠᠨ᠂ ᠲᠤᠬᠠᠢ ᠵᠢᠨ ᠭᠠᠵᠠᠷ᠎ᠤᠨ ᠵᠶ᠋ᠠᠨ ᠭᠣᠣᠯ ᠪᠣᠯᠬᠤ ᠵᠠᠭᠤᠴᠢᠯᠠᠭᠤᠷ ᠳᠡᠭᠡᠷ᠎ᠡ ᠬᠠᠮᠤᠭ᠎ᠤᠨ ᠳᠣᠣᠷ᠎ᠠ ᠴᠠᠯᠢᠩ᠎ᠤᠨ ᠪᠠᠷᠢᠮᠵᠢᠶ᠎ᠠ ᠵᠢ ᠨᠡᠢ᠌ᠲᠡᠯᠡᠵᠦ᠂ ᠬᠥᠮᠥᠨ ᠬᠡᠷᠡᠭᠯᠡᠬᠦ ᠨᠢᠭᠡᠴᠢ᠂ ᠬᠥᠳᠡᠯᠮᠦᠷᠢᠯᠡᠭᠴᠢ ᠪᠠ ᠣᠯᠠᠨ ᠨᠡᠶ᠋ᠢᠲᠡ᠎ᠳᠤ ᠲᠥᠷᠥ ᠵᠢᠨ ᠪᠣᠳᠣᠯᠭ᠎ᠠ ᠵᠢᠨ ᠲᠣᠭᠲᠠᠭ᠋ᠠᠯ᠎ᠢ ᠥᠷᠭᠡᠨ ᠵᠶ᠋ᠡᠷ ᠣᠢ᠌ᠯᠠᠭ᠋ᠠᠭᠤᠯᠬᠤ ᠬᠡᠷᠡᠭᠲᠡᠢ ᠃ ᠬᠥᠮᠥᠨ ᠬᠡᠷᠡᠭᠯᠡᠬᠦ ᠨᠢᠭᠡᠴᠢ ᠵᠢᠨ ᠬᠠᠮᠤᠭ᠎ᠤᠨ ᠳᠣᠣᠷ᠎ᠠ ᠴᠠᠯᠢᠩ᠎ᠤᠨ ᠪᠠᠷᠢᠮᠵᠢᠶ᠎ᠠ ᠵᠢ ᠬᠡᠷᠡᠭᠵᠢᠭᠦᠯᠵᠦ ᠪᠠᠢ᠌ᠭ᠎ᠠ ᠪᠠᠢ᠌ᠳᠠᠯ᠎ᠳᠤ ᠬᠢᠨᠠᠯᠲᠠ ᠲᠠᠯᠪᠢᠵᠤ ᠪᠠᠢ᠌ᠴᠠᠭ᠋ᠠᠬᠤ᠎ᠪᠠᠨ ᠤᠯᠠᠮ ᠨᠢᠭᠡ ᠠᠯᠬᠤᠮ ᠴᠢᠩᠭ᠋ᠠᠳᠬᠠᠵᠤ᠂ 《ᠬᠠᠮᠤᠭ᠎ᠤᠨ ᠳᠣᠣᠷ᠎ᠠ ᠴᠠᠯᠢᠩ᠎ᠤᠨ ᠲᠣᠭᠲᠠᠭ᠋ᠠᠯ 》᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠬᠠᠤᠯᠢ ᠶᠣᠰᠣᠭ᠋ᠠᠷ ᠪᠠᠢ᠌ᠴᠠᠭ᠋ᠠᠨ ᠰᠢᠢ᠍ᠳᠪᠦᠷᠢᠯᠡᠵᠦ᠂ ᠬᠥᠳᠡᠯᠮᠦᠷᠢᠯᠡᠭᠴᠢᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠦᠨᠡᠨ ᠬᠦ᠌ ᠬᠠᠮᠠᠭ᠋ᠠᠯᠠᠬᠤ ᠬᠡᠷᠡᠭᠲᠡᠢ ᠃

       ᠳᠠᠭ᠋ᠠᠯᠳᠤᠭᠤᠯᠤᠯ ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠮᠤᠭ᠎ᠤᠨ ᠳᠣᠣᠷ᠎ᠠ ᠴᠠᠯᠢᠩ᠎ᠤᠨ ᠭᠠᠵᠠᠷ ᠣᠷᠣᠨ᠎ᠤ ᠲᠥᠷᠥᠯ ᠢᠯᠭ᠋ᠠᠯ ᠪᠠ ᠪᠠᠷᠢᠮᠵᠢᠶ᠎ᠠ ᠵᠢᠨ ᠬᠦᠰᠦᠨᠦᠭᠲᠦ

                                                                            2024 ᠣᠨ᠎ᠤ 11 ᠳ᠋ᠦ᠍ᠭᠡᠷ ᠰᠠᠷ᠎ᠠ ᠵᠢᠨ 12᠎ᠤᠨ ᠡᠳᠦᠷ

 

      (ᠲᠣᠰ ᠪᠢᠴᠢᠭ ᠮᠠᠲ᠋ᠧᠷᠢᠶᠠᠯ᠎ᠢ ᠢᠯᠡ ᠨᠡᠢ᠌ᠲᠡᠯᠡᠨ᠎ᠡ )

 

1216内政办发46号附件_01.png 

1216内政办发46号附件_02.png

 

1216内政办发46号附件_03.png

         ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ

           2024 ᠣᠨ᠎ᠤ 11 ᠳ᠋ᠦ᠍ᠭᠡᠷ ᠰᠠᠷ᠎ᠠ ᠵᠢᠨ 12᠎ᠤᠨ ᠡᠳᠦᠷ ᠳᠠᠷᠤᠮᠠᠯᠯᠠᠨ ᠲᠠᠷᠬᠠᠭ᠋ᠠᠪᠠ

 

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ