ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ
ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠪᠢᠴᠢᠭ ᠮᠠᠲ᠋ᠧᠷᠢᠶᠠᠯ
ᠥᠪᠥᠷ ᠵᠠᠰᠠᠭ ᠠᠯᠪᠠᠨ ᠲᠠᠷᠬᠠᠭ᠋ᠠᠭᠰᠠᠨ [2024] 28 ᠳ᠋ᠤᠭ᠋ᠠᠷ ᠲᠣᠭ᠋ᠠᠲᠤ
ᠮᠠᠰᠢᠨᠲᠤ ᠲᠡᠷᠭᠡᠨ᠎ᠤ ᠬᠡᠷᠡᠭᠯᠡᠭᠡ ᠵᠢ ᠤᠯᠠᠮ ᠨᠢᠭᠡ ᠠᠯᠬᠤᠮ ᠠᠬᠢᠭᠤᠯᠬᠤ ᠲᠤᠬᠠᠢ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠡᠯ᠎ᠡ ᠠᠢ᠌ᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠢ᠌ᠯᠠᠯ᠂ ᠠᠵᠢᠯ ᠦᠢ᠍ᠯᠡᠰ᠎ᠤᠨ ᠨᠢᠭᠡᠴᠢ᠎ᠳᠤ᠄
ᠮᠠᠰᠢᠨᠲᠤ ᠲᠡᠷᠭᠡᠨ᠎ᠤ ᠬᠡᠷᠡᠭᠯᠡᠭᠡ ᠵᠢᠨ ᠵᠠᠬ᠎ᠠ ᠳᠡᠯᠭᠡᠭᠦᠷ᠎ᠢ ᠴᠡᠴᠡᠭᠯᠡᠭᠦᠯᠦᠨ ᠬᠥᠭᠵᠢᠭᠦᠯᠵᠦ᠂ ᠮᠠᠨ᠎ᠤ ᠣᠷᠣᠨ᠎ᠤ ᠮᠠᠰᠢᠨᠲᠤ ᠲᠡᠷᠭᠡᠨ᠎ᠤ ᠬᠡᠷᠡᠭᠯᠡᠭᠡ ᠵᠢ ᠤᠯᠠᠮ ᠨᠢᠭᠡ ᠠᠯᠬᠤᠮ ᠠᠬᠢᠭᠤᠯᠬᠤ ᠵᠢᠨ ᠲᠤᠰᠠᠳᠠ᠂ ᠡᠳᠦᠭᠡ ᠬᠣᠯᠪᠣᠭᠳᠠᠯ ᠪᠦᠬᠦᠢ ᠤᠴᠢᠷ᠎ᠢ ᠳᠣᠣᠷᠠᠬᠢ ᠮᠡᠲᠦ ᠮᠡᠳᠡᠭᠳᠡᠪᠡ᠃
ᠨᠢᠭᠡ᠂ ᠮᠥᠩᠭᠥᠨ ᠭᠦᠢ᠍ᠯᠭᠡᠭᠡᠨ᠎ᠤ ᠵᠢᠭᠡᠯᠡᠯᠭᠡ ᠵᠢᠨ ᠲᠥᠷᠥ ᠵᠢᠨ ᠪᠣᠳᠣᠯᠭ᠎ᠠ ᠵᠢᠨ ᠳᠡᠮᠵᠢᠯᠭᠡ ᠵᠢ ᠴᠢᠩᠭ᠋ᠠᠳᠬᠠᠨ᠎ᠠ
ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ 1 ᠳ᠋ᠦᠩᠰᠢᠭᠤᠷ ᠲᠥᠭᠥᠷᠢᠭ ᠲᠣᠬᠢᠷᠠᠭᠤᠯᠵᠤ 2024 ᠣᠨ᠎ᠤ 6 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ 2024 ᠣᠨ᠎ᠤ 12 ᠳ᠋ᠤᠭ᠋ᠠᠷ ᠰᠠᠷ᠎ᠠ ᠵᠢᠨ 31᠎ᠤ ᠡᠳᠦᠷ᠎ᠤᠨ ᠬᠣᠭᠣᠷᠣᠨᠳᠤ ᠡᠭᠦᠰᠦᠭᠰᠡᠨ ᠪᠥᠭᠡᠳ ᠱᠠᠭ᠋ᠠᠷᠳᠠᠯᠭ᠎ᠠ᠎ᠳᠤ ᠨᠡᠢ᠌ᠴᠡᠭᠰᠡᠨ ᠬᠡᠷᠡᠭᠯᠡᠭᠴᠢᠳ᠎ᠤᠨ ᠲᠡᠷᠭᠡ ᠬᠤᠳᠠᠯᠳᠤᠨ ᠠᠪᠬᠤ ᠮᠥᠩᠭᠥᠨ ᠭᠦᠢ᠍ᠯᠭᠡᠭᠡᠨ᠎ᠤ ᠵᠢᠭᠡᠯᠡᠯᠭᠡ ᠵᠢᠨ ᠳᠠᠮ ᠬᠦᠦ ᠮᠥᠩᠭᠥ᠎ᠳᠤ ᠬᠡᠷᠡᠭᠯᠡᠨ᠎ᠡ᠃ (ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠮᠥᠩᠭᠥᠨ ᠭᠦᠢ᠍ᠯᠭᠡᠭᠡᠨ᠎ᠤ ᠠᠵᠢᠯ᠎ᠤᠨ ᠠᠯᠪᠠᠨ ᠭᠡᠷ᠂ ᠡᠳ᠋᠎ᠤᠨ ᠵᠠᠰᠠᠭ᠎ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
ᠬᠣᠶᠠᠷ᠂ ᠭᠠᠢ᠌ᠯᠢ ᠲᠠᠲᠠᠪᠤᠷᠢ ᠵᠢᠨ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠤᠨ᠎ᠠ
2025 ᠣᠨ᠎ᠤ 12 ᠳ᠋ᠤᠭ᠋ᠠᠷ ᠰᠠᠷ᠎ᠠ ᠵᠢᠨ 31᠎ᠤ ᠡᠳᠦᠷ᠎ᠠᠴᠠ ᠡᠮᠦᠨ᠎ᠡ᠂ ᠪᠠᠷᠠᠭ᠋ᠠᠨ᠎ᠤ ᠲᠡᠷᠭᠡ᠂ ᠴᠢᠷᠦᠭᠦᠯ ᠲᠡᠷᠭᠡ᠂ ᠲᠤᠰᠬᠠᠢ ᠬᠡᠷᠡᠭᠴᠡᠭᠡᠲᠦ ᠠᠵᠢᠯ᠎ᠤᠨ ᠲᠡᠷᠭᠡ᠂ ᠲᠤᠰᠬᠠᠢ ᠬᠡᠷᠡᠭᠴᠡᠭᠡᠲᠦ ᠬᠦᠷᠳᠦᠲᠦ ᠮᠧᠬᠠᠨᠢᠭ ᠲᠡᠷᠭᠡᠨ᠎ᠤ ᠲᠡᠷᠭᠡ ᠣᠩᠭᠣᠴᠠᠨ᠎ᠤ ᠭᠠᠢ᠌ᠯᠢ᠎ᠳᠤ ᠲᠣᠬᠢᠷᠠᠭᠤᠯᠤᠨ ᠬᠡᠷᠡᠭᠯᠡᠬᠦ ᠭᠠᠢ᠌ᠯᠢ ᠵᠢᠨ ᠲᠣᠭ᠎ᠠ᠎ᠳᠤ ᠣᠲᠣ ᠵᠢᠨ ᠬᠡᠷᠡᠭᠵᠢᠭᠦᠯᠵᠦ ᠪᠠᠢ᠌ᠭ᠎ᠠ ᠲᠡᠷᠭᠡ ᠣᠩᠭᠣᠴᠠᠨ᠎ᠤ ᠭᠠᠢ᠌ᠯᠢ᠎ᠳᠤ ᠲᠣᠬᠢᠷᠠᠭᠤᠯᠤᠨ ᠬᠡᠷᠡᠭᠯᠡᠬᠦ ᠭᠠᠢ᠌ᠯᠢ ᠵᠢᠨ ᠲᠣᠭ᠎ᠠ ᠵᠢᠨ 50%᠎ᠪᠠᠷ ᠲᠠᠲᠠᠪᠤᠷᠢᠯᠠᠬᠤ ᠲᠥᠷᠥ ᠵᠢᠨ ᠪᠣᠳᠣᠯᠭ᠎ᠠ ᠵᠢ ᠦᠷᠭᠦᠯᠵᠢᠯᠡᠨ ᠬᠡᠷᠡᠭᠵᠢᠭᠦᠯᠦᠨ᠎ᠡ᠃ (ᠥᠪᠥᠷ ᠮᠣᠩᠭᠣᠯ᠎ᠤᠨ ᠭᠠᠢ᠌ᠯᠢ ᠵᠢᠨ ᠶᠠᠪᠤᠳᠠᠯ᠎ᠤᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
ᠭᠤᠷᠪᠠ᠂ ᠰᠢᠨ᠎ᠡ ᠡᠨᠧᠷᠭᠢ ᠵᠢᠨ ᠮᠠᠰᠢᠨ ᠲᠡᠷᠭᠡᠨ᠎ᠤ ᠴᠠᠬᠢᠯᠭ᠋ᠠᠨ ᠬᠡᠷᠡᠭᠯᠡᠬᠦ ᠥᠪᠡᠷ᠎ᠤᠨ ᠥᠷᠲᠡᠭ᠎ᠢ ᠪᠠᠭᠤᠷᠠᠭᠤᠯᠤᠨ᠎ᠠ
2030 ᠣᠨ ᠪᠣᠯᠬᠤ᠎ᠠᠴᠠ ᠡᠮᠦᠨ᠎ᠡ᠂ ᠬᠣᠶᠠᠷ ᠵᠦᠢ᠍ᠯ᠎ᠤᠨ ᠳᠦᠷᠢᠮᠲᠦ ᠴᠠᠬᠢᠯᠭ᠋ᠠᠨ᠎ᠤ ᠦᠨ᠎ᠡ ᠵᠢ ᠬᠡᠷᠡᠭᠵᠢᠭᠦᠯᠵᠦ ᠪᠠᠢ᠌ᠭ᠎ᠠ ᠲᠥᠪᠯᠡᠷᠡᠩᠭᠦᠢ᠎ᠪᠠᠷ ᠴᠠᠬᠢᠯᠭ᠋ᠠᠨ ᠴᠡᠨᠡᠭᠯᠡᠬᠦ ᠪᠡᠯᠡᠳᠬᠡᠮᠵᠢ᠎ᠪᠠᠷ ᠴᠠᠬᠢᠯᠭ᠋ᠠᠨ ᠬᠡᠷᠡᠭᠯᠡᠬᠦ᠎ᠳᠤ ᠬᠡᠷᠡᠭᠰᠡᠬᠦ ᠬᠡᠮᠵᠢᠶᠡᠨ (ᠪᠠᠭᠲᠠᠭ᠋ᠠᠮᠵᠢ)᠎ᠤ ᠴᠠᠬᠢᠯᠭ᠋ᠠᠨ᠎ᠤ ᠵᠠᠷᠤᠳᠠᠯ᠎ᠢ ᠬᠡᠯᠲᠦᠷᠢᠭᠦᠯᠦᠨ᠎ᠡ᠃ [ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠡᠨᠧᠷᠭᠢ ᠵᠢᠨ ᠲᠣᠪᠴᠢᠶ᠎ᠠ᠂ ᠥᠪᠥᠷ ᠮᠣᠩᠭᠣᠯ᠎ᠤᠨ ᠴᠠᠬᠢᠯᠭ᠋ᠠᠨ ᠬᠦᠴᠦᠨ (ᠪᠦᠯᠦᠭᠯᠡᠯ)᠎ᠤ ᠺᠣᠮᠫᠠᠨᠢ᠂ ᠤᠯᠤᠰ᠎ᠤᠨ ᠴᠠᠬᠢᠯᠭ᠋ᠠᠨ ᠲᠣᠣᠷ᠎ᠤᠨ ᠥᠪᠥᠷ ᠮᠣᠩᠭᠣᠯ᠎ᠤᠨ ᠵᠡᠭᠦᠨ ᠬᠡᠰᠡᠭ᠎ᠤᠨ ᠴᠠᠬᠢᠯᠭ᠋ᠠᠨ ᠬᠦᠴᠦᠨ᠎ᠤ ᠺᠣᠮᠫᠠᠨᠢ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ]
ᠳᠥᠷᠪᠡ᠂ ᠰᠢᠨ᠎ᠡ ᠡᠨᠧᠷᠭᠢ ᠵᠢᠨ ᠲᠣᠭᠣᠷᠢᠯᠭᠠ ᠲᠦᠷᠢᠶᠡᠰᠦᠨ ᠮᠠᠰᠢᠨ ᠬᠤᠳᠠᠯᠳᠤᠨ ᠠᠪᠴᠤ ᠬᠡᠷᠡᠭᠯᠡᠬᠦ ᠵᠢ ᠳᠡᠮᠵᠢᠨ᠎ᠡ
《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠬᠤᠭᠤᠴᠠᠭ᠋ᠠᠨ᠎ᠳᠤ᠂ ᠲᠣᠭᠲᠠᠭ᠋ᠠᠭᠰᠠᠨ ᠨᠥᠬᠥᠴᠡᠯ᠎ᠳᠤ ᠨᠡᠢ᠌ᠴᠡᠬᠦ ᠴᠠᠬᠢᠯᠭ᠋ᠠᠨ ᠴᠡᠨᠡᠭᠯᠡᠬᠦ (ᠵᠠᠯᠭ᠋ᠠᠬᠤ) ᠬᠡᠯᠪᠡᠷᠢ ᠵᠢᠨ ᠰᠢᠨ᠎ᠡ ᠡᠨᠧᠷᠭᠢ ᠵᠢᠨ ᠲᠣᠭᠣᠷᠢᠯᠭᠠ ᠲᠦᠷᠢᠶᠡᠰᠦᠨ ᠮᠠᠰᠢᠨ ᠬᠤᠳᠠᠯᠳᠤᠨ ᠠᠪᠤᠪᠠᠯ᠂ ᠮᠠᠰᠢᠨ ᠲᠡᠷᠭᠡ ᠪᠦᠷᠢ᠎ᠳᠤ 4 ᠲᠦᠮᠡᠨ ᠲᠥᠭᠥᠷᠢᠭ᠎ᠤᠨ ᠪᠠᠷᠢᠮᠵᠢᠶ᠎ᠠ᠎ᠪᠠᠷ ᠨᠢᠭᠡ ᠯᠡ ᠤᠳᠠᠭ᠎ᠠ᠎ᠳᠤ ᠨᠡᠮᠡᠭᠦᠷᠢ ᠣᠯᠭᠣᠨ᠎ᠠ; ᠲᠣᠭᠲᠠᠭ᠋ᠠᠭᠰᠠᠨ ᠨᠥᠬᠥᠴᠡᠯ᠎ᠳᠤ ᠨᠡᠢ᠌ᠴᠡᠬᠦ ᠴᠡᠨᠡᠭ ᠰᠣᠯᠢᠬᠤ ᠬᠡᠯᠪᠡᠷᠢ ᠵᠢᠨ ᠰᠢᠨ᠎ᠡ ᠡᠨᠧᠷᠭᠢ ᠵᠢᠨ ᠲᠣᠭᠣᠷᠢᠯᠭᠠ ᠲᠦᠷᠢᠶᠡᠰᠦᠨ ᠮᠠᠰᠢᠨ ᠬᠤᠳᠠᠯᠳᠤᠨ ᠠᠪᠤᠪᠠᠯ᠂ ᠮᠠᠰᠢᠨ ᠲᠡᠷᠭᠡ ᠪᠦᠷᠢ᠎ᠳᠤ 4.5 ᠲᠦᠮᠡᠨ ᠲᠥᠭᠥᠷᠢᠭ᠎ᠤᠨ ᠪᠠᠷᠢᠮᠵᠢᠶ᠎ᠠ᠎ᠪᠠᠷ ᠨᠢᠭᠡ ᠯᠡ ᠤᠳᠠᠭ᠎ᠠ᠎ᠳᠤ ᠨᠡᠮᠡᠭᠦᠷᠢ ᠣᠯᠭᠣᠨ᠎ᠠ; ᠤᠯᠤᠰ᠎ᠠᠴᠠ ᠲᠣᠭᠲᠠᠭ᠋ᠠᠭᠰᠠᠨ ᠠᠯᠪᠠᠳᠠᠯᠭ᠎ᠠ᠎ᠪᠠᠷ ᠬᠡᠷᠡᠭᠯᠡᠭᠡᠨ᠎ᠠᠴᠠ ᠭᠠᠷᠭ᠋ᠠᠬᠤ ᠪᠠᠷᠢᠮᠵᠢᠶ᠎ᠠ᠎ᠪᠠᠷ ᠪᠣᠳᠣᠵᠤ᠂ ᠰᠢᠲᠠᠭ᠋ᠠᠯᠭ᠎ᠠ ᠵᠢᠨ ᠲᠣᠰᠣ (ᠰᠢᠲᠠᠮᠠᠬᠠᠢ ᠬᠡᠢ) ᠰᠢᠲᠠᠭ᠋ᠠᠬᠤ ᠲᠣᠭᠣᠷᠢᠯᠭᠠ ᠲᠦᠷᠢᠶᠡᠰᠦᠨ ᠮᠠᠰᠢᠨ᠎ᠢ ᠬᠡᠷᠡᠭᠯᠡᠭᠡᠨ᠎ᠠᠴᠠ ᠭᠠᠷᠭ᠋ᠠᠬᠤ ᠬᠤᠭᠤᠴᠠᠭ᠎ᠠ ᠲᠤᠯᠬᠤ᠎ᠠᠴᠠ ᠡᠮᠦᠨ᠎ᠡ 12 ᠰᠠᠷ᠎ᠠ᠎ᠠᠴᠠ ᠢᠯᠡᠭᠦᠦ ᠵᠢᠨ ᠵᠠᠢ᠎ᠳᠤ ᠤᠷᠢᠳᠴᠢᠯᠠᠭ᠋ᠠᠳ ᠰᠢᠨ᠎ᠡ ᠡᠨᠧᠷᠭᠢ ᠵᠢᠨ ᠲᠣᠭᠣᠷᠢᠯᠭᠠ ᠲᠦᠷᠢᠶᠡᠰᠦᠨ ᠮᠠᠰᠢᠨ ᠪᠣᠯᠭ᠋ᠠᠨ ᠰᠢᠨᠡᠳᠬᠡᠪᠡᠯ᠂ ᠮᠠᠰᠢᠨ ᠲᠡᠷᠭᠡ ᠪᠦᠷᠢ᠎ᠳᠤ 0.5 ᠲᠦᠮᠡᠨ ᠲᠥᠭᠥᠷᠢᠭ ᠨᠡᠮᠡᠵᠦ ᠱᠠᠩᠨᠠᠨ᠎ᠠ᠃ (ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
ᠲᠠᠪᠤ᠂ ᠮᠠᠰᠢᠨ ᠲᠡᠷᠭᠡ ᠪᠣᠷᠣᠯᠠᠭᠤᠯᠬᠤ ᠠᠵᠤ ᠠᠬᠤᠢ᠌ᠯᠠᠯ᠎ᠢ ᠳᠡᠮᠵᠢᠨ᠎ᠡ
ᠡᠯ᠎ᠡ ᠭᠠᠵᠠᠷ ᠣᠷᠣᠨ᠎ᠤ᠎ᠬᠢᠨ ᠲᠠᠯᠠᠪᠤᠷ ᠭᠠᠵᠠᠷ᠎ᠤᠨ ᠲᠦᠷᠢᠶᠡᠰᠦᠨ ᠮᠥᠩᠭᠥ᠂ ᠠᠳᠠᠯ ᠠᠬᠤᠢ ᠵᠢᠨ ᠬᠠᠮᠢᠶᠠᠷᠤᠯᠲᠠ ᠵᠡᠷᠭᠡ ᠲᠠᠯ᠎ᠠ᠎ᠪᠠᠷ᠎ᠬᠢ ᠮᠠᠰᠢᠨ ᠲᠡᠷᠭᠡ ᠪᠣᠷᠣᠯᠠᠭᠤᠯᠬᠤ ᠠᠵᠤ ᠠᠬᠤᠢ᠌ᠯᠠᠯ᠎ᠤᠨ ᠵᠠᠷᠤᠳᠠᠯ᠎ᠢ ᠬᠠᠰᠤᠵᠤ ᠬᠡᠯᠲᠦᠷᠢᠭᠦᠯᠬᠦ ᠵᠢ ᠳᠡᠮᠵᠢᠵᠦ᠂ ᠮᠠᠰᠢᠨ ᠲᠡᠷᠭᠡᠨ᠎ᠤ ᠨᠡᠷᠡᠲᠦ ᠲᠡᠮᠳᠡᠭ᠎ᠤᠨ 4S ᠳᠡᠯᠭᠡᠭᠦᠷ ᠪᠠᠶ᠋ᠢᠭᠤᠯᠬᠤ ᠪᠡᠯᠡ ᠮᠥᠩᠭᠥᠨ᠎ᠤ ᠱᠠᠩᠨᠠᠯ᠎ᠤᠨ ᠲᠥᠷᠥ ᠵᠢᠨ ᠪᠣᠳᠣᠯᠭ᠎ᠠ ᠵᠢ ᠲᠤᠬᠠᠢ ᠵᠢᠨ ᠭᠠᠵᠠᠷ᠎ᠤᠨ ᠪᠠᠢ᠌ᠳᠠᠯ ᠵᠶ᠋ᠠᠨ ᠦᠨᠳᠦᠰᠦᠯᠡᠨ ᠲᠣᠭᠲᠠᠭ᠋ᠠᠨ᠎ᠠ᠃ (ᠡᠯ᠎ᠡ ᠠᠢ᠌ᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠬᠠᠷᠢᠭᠤᠴᠠᠨ᠎ᠠ)
ᠵᠢᠷᠭᠤᠭ᠎ᠠ᠂ ᠮᠠᠰᠢᠨ ᠲᠡᠷᠭᠡ ᠳᠠᠩᠰᠠᠯᠠᠨ ᠲᠡᠮᠳᠡᠭᠯᠡᠬᠦ ᠦᠢ᠍ᠯᠡᠴᠢᠯᠡᠭᠡᠨ᠎ᠳᠤ ᠳᠦᠭᠦᠮ ᠦᠵᠡᠭᠦᠯᠦᠨ᠎ᠡ
ᠪᠠᠢ᠌ᠴᠠᠭ᠋ᠠᠨ ᠰᠢᠯᠭ᠋ᠠᠬᠤ᠂ ᠫᠠᠢ᠌ᠰᠠ ᠠᠪᠬᠤ᠂ ᠳᠠᠭ᠋ᠠᠳᠬᠠᠯ᠎ᠳᠤ ᠣᠷᠣᠯᠴᠠᠬᠤ ᠵᠡᠷᠭᠡ᠎ᠳᠤ 《ᠨᠢᠭᠡ ᠥᠷᠲᠡᠭᠡᠴᠢᠯᠡᠭᠰᠡᠨ ᠮᠠᠶᠢᠭ》᠎ᠤᠨ ᠶᠡᠷᠦᠩᠬᠡᠢ᠌ᠯᠡᠭᠰᠡᠨ ᠦᠢ᠍ᠯᠡᠴᠢᠯᠡᠭᠡ ᠵᠢ ᠬᠡᠷᠡᠭᠵᠢᠭᠦᠯᠵᠦ᠂ ᠦᠢ᠍ᠯᠡᠴᠢᠯᠡᠬᠦ ᠴᠠᠭ ᠵᠶ᠋ᠠᠨ ᠤᠷᠲᠤᠳᠬᠠᠬᠤ᠂ ᠲᠣᠣᠷ ᠴᠡᠭ ᠨᠡᠮᠡᠨ ᠲᠣᠬᠢᠷᠠᠭᠤᠯᠬᠤ᠎ᠪᠠᠷ ᠳᠠᠮᠵᠢᠭᠤᠯᠤᠨ ᠬᠡᠷᠡᠭᠯᠡᠭᠴᠢᠳ᠎ᠤᠨ ᠣᠢ᠌ᠷ᠎ᠠ ᠬᠠᠪᠢ᠎ᠳᠤ᠎ᠪᠠᠨ ᠲᠡᠷᠭᠡ ᠬᠥᠰᠬᠡ ᠳᠠᠩᠰᠠᠯᠠᠨ ᠲᠡᠮᠳᠡᠭᠯᠡᠭᠦᠯᠬᠦ ᠦᠢ᠍ᠯᠡᠴᠢᠯᠡᠭᠡᠨ᠎ᠤ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠨ᠎ᠠ᠃ ᠰᠢᠨ᠎ᠡ ᠡᠨᠧᠷᠭᠢ ᠵᠢᠨ ᠮᠠᠰᠢᠨ ᠲᠡᠷᠭᠡᠨ᠎ᠤ ᠬᠡᠷᠡᠭᠯᠡᠭᠡ ᠵᠢᠨ ᠥᠪᠡᠷᠮᠢᠴᠡ ᠦᠢ᠍ᠯᠡᠴᠢᠯᠡᠭᠡᠨ᠎ᠤ ᠠᠷᠭ᠎ᠠ ᠬᠡᠮᠵᠢᠶ᠎ᠡ ᠵᠢ ᠬᠡᠷᠡᠭᠵᠢᠭᠦᠯᠵᠦ᠂ ᠫᠠᠢ᠌ᠰᠠ ᠡᠯᠭᠦᠨ ᠳ᠋ᠤᠭ᠋ᠠᠷ ᠰᠣᠩᠭᠣᠬᠤ᠎ᠳᠤ ᠥᠪᠡᠷ ᠵᠶ᠋ᠡᠨ ᠳ᠋ᠤᠭ᠋ᠠᠷᠯᠠᠵᠤ ᠥᠪᠡᠷ ᠵᠶ᠋ᠡᠨ ᠰᠣᠩᠭᠣᠬᠤ ᠪᠤᠶᠤ ᠲᠠᠰᠢᠷᠠᠮ ᠵᠶ᠋ᠠᠷ ᠰᠣᠩᠭᠣᠬᠤ ᠠᠷᠭ᠎ᠠ ᠮᠠᠶᠢᠭ᠎ᠢ ᠬᠡᠷᠡᠭᠯᠡᠵᠦ ᠪᠣᠯᠣᠨ᠎ᠠ᠃ ᠠᠵᠤ ᠠᠬᠤᠢ᠌ᠯᠠᠯ ᠲᠥᠪᠯᠡᠷᠡᠩᠭᠦᠢ᠎ᠪᠠᠷ ᠪᠤᠶᠤ ᠬᠤᠪᠢ ᠬᠥᠮᠥᠨ ᠲᠡᠷᠭᠡ ᠬᠥᠰᠬᠡ ᠬᠤᠳᠠᠯᠳᠤᠨ ᠠᠪᠬᠤ ᠭᠤᠶᠤᠴᠢᠯᠠᠯ ᠳᠤᠷᠠᠳᠪᠠᠯ᠂ ᠡᠭᠦᠳᠡ ᠪᠣᠱ᠌ᠤᠭ᠋ᠠᠳᠠᠨ ᠬᠦᠷᠴᠦ ᠲᠡᠷᠭᠡ ᠬᠥᠰᠬᠡ ᠪᠠᠢ᠌ᠴᠠᠭ᠋ᠠᠨ ᠰᠢᠯᠭ᠋ᠠᠬᠤ ᠦᠢ᠍ᠯᠡᠴᠢᠯᠡᠭᠡ ᠬᠠᠩᠭ᠋ᠠᠵᠤ ᠪᠣᠯᠣᠨ᠎ᠠ᠃ (ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ ᠬᠠᠷᠢᠭᠤᠴᠠᠨ᠎ᠠ)
ᠳᠣᠯᠤᠭ᠎ᠠ᠂ ᠬᠡᠷᠡᠭᠯᠡᠭᠴᠢᠳ᠎ᠤᠨ ᠡᠷᠬᠡ ᠠᠰᠢᠭ᠎ᠢ ᠬᠠᠮᠠᠭ᠋ᠠᠯᠠᠨ᠎ᠠ
ᠮᠠᠰᠢᠨ ᠲᠡᠷᠭᠡ ᠡᠵᠡᠩᠨᠡᠨ ᠪᠣᠷᠣᠯᠠᠭᠤᠯᠬᠤ ᠠᠵᠤ ᠠᠬᠤᠢ᠌ᠯᠠᠯ᠎ᠤᠨ ᠵᠠᠭ᠋ᠠᠯᠳᠤᠯᠭ᠎ᠠ ᠵᠢᠨ ᠮᠡᠳᠡᠭᠡ ᠵᠠᠩᠭᠢ ᠵᠢᠨ 《ᠤᠯᠠᠭ᠋ᠠᠨ ᠬᠠᠷ᠎ᠠ ᠰᠠᠮᠪᠠᠷ᠎ᠠ》 ᠵᠢᠨ ᠢᠯᠡ ᠨᠡᠢ᠌ᠲᠡᠯᠡᠬᠦ ᠠᠵᠢᠯ᠎ᠢ ᠥᠷᠨᠢᠭᠦᠯᠵᠦ᠂ ᠳᠣᠯᠣᠭ᠋ᠠᠨ ᠬᠣᠨᠣᠭ᠎ᠲᠤ ᠰᠢᠯᠲᠠᠭ᠋ᠠᠨ ᠦᠭᠡᠢ᠎ᠪᠠᠷ ᠪᠣᠯᠵᠣᠭ᠋ᠠᠨ᠎ᠤ ᠮᠥᠩᠭᠥ (ᠵᠠᠬᠢᠶᠠᠯᠠᠭ᠎ᠠ) ᠪᠤᠴᠠᠭ᠋ᠠᠬᠤ ᠵᠢ ᠠᠮᠠᠯᠳᠠᠭᠰᠠᠨ ᠨᠢᠭᠡᠴᠢ ᠪᠠ ᠭᠠᠷ ᠳᠠᠮᠵᠢᠭᠰᠠᠨ ᠮᠠᠰᠢᠨ ᠲᠡᠷᠭᠡ ᠡᠵᠡᠩᠨᠡᠨ ᠪᠣᠷᠣᠯᠠᠭᠤᠯᠬᠤ ᠬᠤᠳᠠᠯᠳᠤᠭ᠋ᠠᠴᠢᠨ᠎ᠤ ᠦᠨᠡᠨᠴᠢ ᠢᠲᠡᠭᠡᠮᠵᠢᠲᠡᠢ ᠬᠡᠷᠡᠭᠯᠡᠭᠡ ᠵᠢᠨ ᠵᠢᠱ᠌ᠢᠶ᠎ᠡ ᠦᠵᠡᠭᠦᠯᠬᠦ ᠨᠢᠭᠡᠴᠢ᠎ᠨᠦᠭᠦᠳ᠎ᠢ ᠡᠭᠦᠳᠦᠨ ᠪᠠᠢ᠌ᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠬᠠᠷᠢᠭᠤᠴᠠᠨ᠎ᠠ)
2024 ᠣᠨ᠎ᠤ 6 ᠳ᠋ᠤᠭ᠋ᠠᠷ ᠰᠠᠷ᠎ᠠ ᠵᠢᠨ 13᠎ᠤ ᠡᠳᠦᠷ
(ᠲᠤᠰ ᠪᠢᠴᠢᠭ ᠮᠠᠲ᠋ᠧᠷᠢᠶᠠᠯ᠎ᠢ ᠢᠯᠡ ᠨᠡᠢ᠌ᠲᠡᠯᠡᠨ᠎ᠡ)
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ
2024 ᠣᠨ᠎ᠤ 6 ᠳ᠋ᠤᠭ᠋ᠠᠷ ᠰᠠᠷ᠎ᠠ ᠵᠢᠨ 13᠎ᠤ ᠡᠳᠦᠷ ᠳᠠᠷᠤᠮᠠᠯᠯᠠᠨ ᠲᠠᠷᠬᠠᠭ᠋ᠠᠪᠠ